ᠴᠢᠷᠮᠠᠶᠢᠯᠭ᠎ᠠ —— ᠣᠶᠢᠷ᠎ᠠ ᠶᠢᠨ ᠬᠤᠷᠢᠨ ᠵᠢᠯ ᠤᠨ | ᠲᠤᠷᠰᠢᠬᠢ ᠮᠣᠩᠭᠤᠯᠴᠤᠳ ᠤᠨ ᠴᠢᠷᠮᠠᠶᠢᠯᠭ᠎ᠠ | | | ᠦᠭᠡᠯᠡᠳ ᠷᠠ᠊᠂ ᠡᠷᠳᠡᠮᠳᠦ | | 1997 ᠣᠨ ᠤ ᠵᠣᠨ᠂ ᠪᠢ ᠬᠦᠬᠡᠬᠤᠲᠠ ᠣᠷᠣᠨ ᠤ ᠮᠣᠩᠭᠤᠯ ᠬᠡᠯᠨ ᠪᠢᠴᠢᠭ ᠢ ᠨᠡᠶᠢᠭᠡᠮ ᠳᠠᠶᠠᠭᠠᠷ | ᠬᠡᠷᠡᠭᠯᠡᠵᠦ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠨ ᠰᠣᠳᠣᠯᠣᠯᠳᠠ ᠬᠢᠵᠦ᠂ ︽ᠬᠦᠬᠡᠬᠤᠳᠠ ᠮᠢᠨᠢ ᠡ᠂ | ᠭᠤᠳᠤᠮᠵᠢ ᠪᠠᠷ ᠴᠢᠨᠢ ᠪᠢ ᠪᠣᠳᠣᠯᠭᠠᠰᠢᠷᠠᠨ ᠠᠯᠬᠤᠯ᠎ᠠ︾ ᠭᠡᠰᠡᠨ ᠪᠠᠶᠢᠴᠠᠭᠠᠭᠰᠠᠨ ᠮᠡᠳᠡᠭᠦᠯᠦᠯᠳᠡ ᠪᠠᠨ ᠪᠢᠴᠢᠵᠦ᠂ | ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ᠂ ᠤᠯᠤᠰ ᠲᠦᠷᠦ ᠶᠢᠨ ᠵᠦᠪᠯᠡᠯᠭᠡᠨ᠂ ᠦᠪᠦᠷ ᠮᠣᠩᠭᠤᠯ | ᠤᠨ ᠡᠳᠦᠷ ᠤᠨ ᠰᠣᠨᠢᠨ ( ᠬᠢᠳᠠᠳ ᠬᠡᠪᠯᠡᠯ ) ᠳᠤ ᠳᠡᠪᠰᠢᠭᠦᠯᠦᠭᠰᠡᠨ ᠪᠢᠯᠨ᠃ ᠲᠡᠷᠡ ᠦᠶ᠎ᠡ ᠳᠤ ᠶᠠᠭ | ᠰᠠᠶᠢᠬᠠᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ ᠲᠠᠪᠢᠨ ᠵᠢᠯ ᠤᠨ ᠣᠢ ᠪᠠᠨ | ᠳᠤᠷᠠᠰᠬᠠᠨ ᠲᠡᠮᠳᠡᠭᠯᠡᠬᠦ ᠪᠠᠷ ᠪᠡᠯᠡᠳᠬᠡᠵᠦ ᠪᠠᠶᠢᠯ᠎ᠠ᠃ ᠭᠡᠪᠡᠴᠦ᠂ ᠲᠤᠬᠠᠢ ᠶᠢᠨ ᠦᠶ᠎ᠡ ᠶᠢᠨ ᠪᠠᠶᠢᠳᠠᠯ ᠢᠶᠠᠷ ᠦᠪᠦᠷ | ᠮᠣᠩᠭᠤᠯ ᠳᠤ ᠮᠣᠩᠭᠤᠯ ᠬᠡᠯᠨ ᠪᠢᠴᠢᠭ ᠢ ᠬᠡᠷᠡᠭᠯᠡᠵᠦ ᠪᠠᠶᠢᠭ᠎ᠠ ᠪᠠᠶᠢᠳᠠᠯ ᠳᠤ ᠲᠣᠩ ᠶᠡᠭᠡ ᠠᠰᠠᠭᠤᠳᠠᠯ ᠣᠷᠣᠰᠢᠵᠦ | ᠪᠠᠶᠢᠪᠠ᠃ ᠬᠡᠳᠦᠶᠢᠪᠡᠷ 1996 ᠣᠨ ᠳᠤ ᠦᠪᠦᠷ ᠮᠣᠩᠭᠤᠯ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ | ︽ᠨᠡᠶᠢᠬᠡᠮ ᠨᠡᠶᠢᠳᠡ ᠳᠤ ᠮᠣᠩᠭᠤᠯ ᠬᠢᠳᠠᠳ ᠦᠰᠦᠭ ᠪᠢᠴᠢᠭ ᠢ ᠵᠡᠷᠭᠡ ᠳᠤ ᠨᠢ ᠬᠡᠷᠡᠭᠯᠡᠬᠦ ᠶᠢ ᠬᠠᠮᠢᠶᠠᠷᠬᠤ ᠠᠷᠭ᠎ᠠ︾ | ᠶᠢ ᠨᠡᠶᠢᠳᠡᠯᠡᠭᠰᠡᠨ ᠪᠣᠯᠪᠠᠴᠦ᠂ ᠲᠡᠶᠢᠮᠦ ᠶᠡᠭᠡ ᠶᠠᠪᠤᠭᠤᠷᠢ ᠦᠭᠡᠢ ᠪᠠᠶᠢᠯ᠎ᠠ᠃ ᠡᠳᠡᠭᠡᠷ ᠪᠠᠶᠢᠳᠠᠯ ᠳᠤ ᠴᠢᠭᠯᠡᠭᠦᠯᠦᠨ᠂ | ᠦᠪᠡᠷᠳᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠲᠠᠪᠢᠨ ᠵᠢᠯ ᠤᠨ ᠣᠢ ᠶᠢ ᠳᠣᠬᠢᠶᠠᠯᠳᠣᠭᠤᠯᠣᠨ᠂ ᠪᠢ ᠲᠡᠷᠡᠬᠦ | ᠪᠠᠶᠢᠴᠠᠭᠠᠨ ᠰᠣᠳᠣᠯᠣᠯᠳᠠ ᠶᠢ ᠬᠢᠭᠰᠡᠨ ᠰᠠᠨ᠃ | ᠲᠡᠷᠡ ᠴᠠᠭ ᠦᠶ᠎ᠡ ᠪᠣᠯ ᠮᠣᠩᠭᠤᠯ ᠰᠣᠷᠭᠠᠭᠤᠯᠢ ᠶᠢᠨ ᠰᠣᠷᠣᠭᠴᠢ ᠶᠢᠨ ᠢᠷᠡᠯᠳᠡ ᠴᠦᠬᠡᠷᠡᠵᠦ᠂ ᠮᠣᠩᠭᠤᠯ | ᠰᠣᠨᠢᠨ ᠰᠡᠳᠬᠦᠯ ᠴᠦᠬᠡᠷᠡᠵᠦ᠂ ᠨᠡᠶᠢᠭᠡᠮ ᠳᠠᠶᠠᠭᠠᠷ ᠮᠣᠩᠭᠤᠯ ᠬᠡᠯᠡ ᠪᠢᠴᠢᠭ ᠢ ᠰᠤᠷᠴᠤ ᠬᠡᠷᠡᠭᠯᠡᠬᠦ ᠪᠠᠶᠢᠳᠠᠯ ᠲᠣᠩ | ᠮᠠᠭᠤᠳᠠᠵᠤ ᠪᠠᠶᠢᠭᠰᠠᠨ᠂ ᠮᠣᠩᠭᠤᠯᠴᠤᠳ ᠤᠨ ᠬᠡᠯᠡ ᠰᠣᠶᠣᠯ ᠢᠶᠠᠨ ᠭᠡᠰᠡᠨ ᠢᠳᠡᠬᠡᠯ ᠴᠦ ᠶᠠᠭᠠᠬᠢᠬᠤ ᠠᠷᠭ᠎ᠠ ᠦᠭᠡᠢ | ᠰᠤᠯᠠᠷᠠᠵᠤ ᠪᠠᠶᠢᠭᠰᠠᠨ ᠴᠠᠭ ᠦᠶ᠎ᠡ᠂ ᠮᠣᠩᠭᠤᠯ ᠬᠡᠯᠡ ᠰᠣᠶᠣᠯ ᠮᠠᠨᠢ ᠬᠢᠮᠤᠷᠠᠯ ᠳᠤ ᠤᠴᠠᠷᠠᠵᠤ ᠪᠠᠶᠢᠭᠰᠠᠨ ᠴᠠᠭ | ᠦᠶ᠎ᠡ᠃ ᠲᠡᠭᠡᠭᠡᠳ ᠲᠡᠷᠡ ᠦᠶ᠎ᠡ ᠳᠤ ᠮᠣᠩᠭᠤᠯ ᠬᠦᠮᠦᠨ ᠪᠦᠷᠢ ᠰᠠᠨᠠᠭᠠᠰᠢᠷᠠᠨ ᠵᠣᠪᠠᠨᠢᠵᠤ᠂ ᠪᠤᠬᠢᠨᠢᠳᠤᠨ | ᠪᠠᠴᠢᠮᠳᠠᠬᠤ ᠪᠠᠶᠢᠳᠠᠯ ᠳᠤ ᠶᠠᠭᠠᠬᠢᠬᠤ ᠠᠷᠭ᠎ᠠ ᠦᠭᠡᠢ ᠣᠷᠣᠵᠣ᠂ ᠰᠡᠳᠬᠢᠯ ᠢᠶᠠᠷ ᠤᠨᠠᠬᠤ ᠪᠤᠯᠤᠭᠰᠠᠨ ᠨᠢ ᠠᠷᠭ᠎ᠠ | ᠦᠬᠡᠢ᠃ ᠠᠷᠪᠠᠨ ᠵᠢᠯ ᠤᠨ ᠳᠠᠷᠠᠭ᠎ᠠ᠂ ᠬᠤᠷᠢᠨ ᠵᠢᠯ ᠤᠨ ᠳᠠᠷᠠᠭ᠎ᠠ ᠮᠣᠩᠭᠤᠯ ᠬᠡᠯᠡ ᠰᠣᠶᠣᠯ᠂ ᠮᠣᠩᠭᠤᠯᠴᠤᠳ ᠤᠨ | ᠠᠮᠢᠳᠤᠷᠠᠬᠤ ᠬᠡᠯᠪᠡᠷᠢ᠂ ᠬᠦᠭᠵᠢᠯ ᠳᠦᠪᠰᠢᠯ ᠴᠣᠬᠤᠮ ᠶᠠᠭᠤ ᠪᠣᠯᠳᠠᠭ ᠪᠣᠯ ᠭᠡᠳᠡᠭ ᠰᠠᠨᠠᠭᠠᠰᠢᠷᠠᠯ ᠨᠢ ᠲᠤᠬᠠᠢ ᠶᠢᠨ | ᠦᠶ᠎ᠡ ᠳᠤ ᠦᠪᠦᠷ ᠮᠣᠩᠭᠤᠯ ᠳᠠᠶᠠᠭᠠᠷ ᠭᠠᠵᠠᠷ ᠠᠪᠴᠦ ᠪᠠᠶᠢᠭᠰᠠᠨ᠂ ᠢᠳᠡᠬᠡᠯ ᠠᠯᠳᠠᠷᠠᠭᠰᠠᠨ᠂ ᠵᠣᠷᠢᠭ ᠮᠣᠬᠤᠭᠰᠠᠨ | ᠶᠠᠷᠢᠶ᠎ᠠ ᠬᠡᠯᠡᠯᠴᠡᠭᠡ᠂ ᠣᠶᠢᠯᠨ ᠠᠵᠢᠯᠯᠠᠭ᠎ᠠ ᠴᠦ ᠮᠣᠩᠭᠤᠯᠴᠤᠳ ᠤᠨ ᠰᠠᠨᠠᠭ᠎ᠠ ᠰᠡᠳᠬᠢᠯ ᠢ ᠶᠠᠭᠠᠬᠢᠬᠤ ᠠᠷᠭ᠎ᠠ ᠦᠭᠡᠢ | ᠨᠦᠯᠦᠭᠡᠯᠡᠵᠦ ᠪᠠᠶᠢᠯ᠎ᠠ᠂᠂᠂᠂ | ᠮᠢᠨᠦ ᠪᠠᠶᠢᠴᠠᠭᠠᠭᠰᠠᠨ ᠮᠡᠳᠡᠭᠦᠯᠦᠯᠳᠠ ᠳᠤ ᠭᠤᠣᠯᠳᠠᠭᠤ ᠬᠤᠶᠠᠷ ᠵᠤᠶᠢᠯ ᠢ ᠲᠤᠰᠬᠠᠪᠠ᠂ ᠨᠢᠭᠡ ᠨᠢ ᠣᠷᠣᠨ ᠤ | ᠲᠦᠪ ᠪᠣᠯᠣᠭᠰᠠᠨ ᠤ ᠬᠤᠪᠢ ᠳᠤ ᠬᠦᠬᠡᠬᠤᠳᠠ ᠨᠢ ᠮᠣᠩᠭᠤᠯ ᠬᠡᠯᠡ ᠪᠢᠴᠢᠭ ᠢ ᠨᠡᠶᠢᠬᠡᠮ ᠳᠠᠶᠠᠭᠠᠷ ᠡᠷᠴᠢᠮᠳᠡᠢ | ᠬᠡᠷᠡᠭᠯᠡᠵᠦ ᠦᠭᠡᠢ ᠠᠰᠠᠭᠤᠳᠠᠯ᠂ ᠲᠤᠬᠠᠢ ᠶᠢᠨ ᠦᠶ᠎ᠡ ᠶᠢᠨ ᠦᠪᠦᠷ ᠮᠣᠩᠭᠤᠯ ᠤᠨ ᠵᠠᠰᠠᠭ ᠤᠨ ᠣᠷᠳᠣᠨ᠂ ᠲᠧᠯᠸᠢᠰ | ᠬᠤᠷᠢᠶ᠎ᠠ᠂ ᠰᠣᠶᠣᠯ ᠤᠨ ᠲᠠᠩᠬᠢᠮ ᠤᠨ ᠬᠠᠪᠢ ᠶᠢᠨ ᠵᠡᠭᠡᠯᠢ ᠭᠤᠳᠤᠮᠵᠢ ᠪᠠᠷ ᠭᠤᠣᠯᠳᠠᠵᠤ᠂ ᠮᠣᠩᠭᠤᠯ ᠦᠰᠦᠭ | ᠦᠭᠡᠢ ᠪᠣᠶᠣ ᠪᠣᠷᠣᠭᠤ ᠪᠢᠴᠢᠭᠰᠡᠨ᠂ ᠪᠤᠷᠤᠭᠤ ᠣᠷᠴᠢᠭᠤᠯᠣᠭᠰᠠᠨ ᠫᠠᠶᠢᠰᠠ ᠢᠯᠡᠷᠬᠡᠶᠢᠯᠡᠯ ᠢ ᠰᠡᠭᠦᠳᠡᠷᠯᠡᠨ ᠠᠪᠴᠦ᠂ | ᠪᠠᠶᠢᠴᠠᠭᠠᠭᠰᠠᠨ ᠮᠡᠳᠡᠭᠦᠯᠦᠯᠳᠡ ᠶᠢᠨ ᠬᠠᠮᠳᠤ ᠢᠯᠡᠭᠡᠪᠡ᠃ ᠬᠤᠶᠠᠷ ᠨᠢ ᠬᠦᠬᠡᠬᠤᠳᠠ᠂ ᠲᠡᠷᠡᠴᠢᠯᠡᠨ ᠪᠦᠬᠦᠶᠢᠯᠡ | ᠦᠪᠦᠷ ᠮᠣᠩᠭᠤᠯ ᠣᠷᠣᠨ ᠳᠤ ᠮᠣᠩᠭᠤᠯ ᠦᠨᠳᠦᠰᠦᠳᠡᠨ ᠤ ᠦᠪᠡᠷ ᠤᠨ ᠡᠷᠬᠢᠯᠡᠭᠰᠡᠨ ᠠᠵᠤ ᠠᠬᠤᠶᠢᠯᠠᠯ ᠲᠣᠩ | ᠴᠦᠬᠡᠨ ᠪᠠᠶᠢᠭ᠎ᠠ ᠲᠤᠬᠠᠢ᠃ ︽ᠬᠦᠬᠡᠬᠤᠳᠠ ᠳᠤ ᠤᠯᠠᠭᠠᠨ ᠬᠤᠭᠤᠯᠠᠨ ᠭᠡᠷ᠂ ᠪᠠᠶᠠᠨᠳᠠᠯ᠎ᠠ ᠪᠠᠭᠤᠳᠠᠯ ᠠᠴᠠ ᠦᠭᠡᠷ᠎ᠡ | ᠪᠠᠷᠤᠭ ᠮᠣᠩᠭᠤᠯ ᠨᠡᠷ᠎ᠡ ᠲᠠᠢ ᠠᠵᠤ ᠠᠬᠤᠶᠢᠯᠠᠯ ᠬᠠᠷᠠᠭᠳᠠᠬᠤ ᠦᠭᠡᠢ ᠪᠠᠶᠢᠨ᠎ᠠ︾ ᠭᠡᠵᠦ ᠪᠢ ᠪᠠᠶᠢᠴᠠᠭᠠᠭᠰᠠᠨ | ᠮᠡᠳᠡᠭᠦᠯᠦᠯᠳᠠ ᠳᠡᠭᠡᠨ ᠪᠢᠴᠢᠭᠰᠡᠨ ᠪᠢᠯᠡ (ᠳᠡᠮᠡᠢ ᠤᠳᠠᠭᠰᠠᠨ ᠦᠭᠡᠢ ᠪᠢ ᠪᠠᠰᠠ ᠲᠤᠰ ᠠᠰᠠᠭᠤᠳᠠᠯ ᠤᠨ ᠲᠤᠬᠠᠢ | ︽ᠦᠪᠦᠷ ᠮᠣᠩᠭᠤᠯ ᠦᠵᠡᠭᠳᠡᠯ ᠬᠢᠭᠡᠳ ᠮᠣᠩᠭᠤᠯᠴᠤᠳ︾ ᠭᠡᠰᠡᠨ ᠨᠡᠶᠢᠳᠡᠯᠡᠯ ᠪᠢᠴᠢᠭᠰᠡᠨ )᠃ ᠶᠠᠭᠠᠬᠢᠬᠤᠪ᠂ | ᠲᠤᠬᠠᠢ ᠶᠢᠨ ᠦᠶ᠎ᠡ ᠳᠤ ᠣᠷᠣᠨ ᠤ ᠵᠠᠰᠠᠭ ᠤᠨ ᠣᠷᠳᠣᠨ ᠤ ᠪᠤᠶᠠᠨᠳᠡᠯᠭᠡᠷ ᠳᠡᠳ᠋ ᠲᠡᠷᠢᠭᠦᠯᠡᠭᠴᠢ᠂ ᠤᠯᠤᠰ ᠲᠦᠷᠦ | ᠶᠢᠨ ᠵᠦᠪᠯᠡᠯᠭᠡᠨ ᠤ ᠨᠠᠶᠢᠳᠠᠨ ᠳᠡᠳ᠋ ᠲᠡᠷᠢᠭᠦᠯᠡᠭᠴᠢ ᠮᠢᠨᠦ ᠪᠠᠶᠢᠴᠠᠭᠠᠭᠰᠠᠨ ᠮᠡᠳᠡᠭᠦᠯᠦᠯᠳᠡ ᠳᠡᠭᠡᠷ᠎ᠡ ᠴᠤᠬᠤᠯᠠᠪᠤᠷᠢ | ᠪᠢᠴᠢᠭᠰᠡᠨ ᠠᠴᠠ᠂ ᠲᠤᠰᠬᠠᠬᠰᠠᠨ ᠠᠰᠠᠭᠤᠳᠠᠯ᠂ ᠢᠯᠠᠩᠭᠤᠶ᠎ᠠ ᠵᠢᠷᠤᠭ ᠰᠡᠭᠦᠳᠡᠷ ᠢᠶᠠᠷ ᠲᠤᠰᠬᠠᠭᠰᠠᠨ ᠠᠰᠠᠭᠤᠳᠠᠯ ᠢ | ᠪᠣᠯ ᠳᠡᠮᠡᠢ ᠤᠳᠠᠬᠤ ᠦᠭᠡᠢ ᠰᠢᠢᠳᠪᠦᠷᠢᠯᠡᠭᠰᠡᠨ ᠪᠠᠶᠢᠪᠠ᠃ | ᠭᠡᠪᠡᠴᠦ᠂ ᠬᠤᠷᠢᠨ ᠵᠢᠯ ᠤᠨ ᠳᠠᠷᠠᠭ᠎ᠠ ᠡᠷᠭᠢᠭᠡᠳ ᠬᠠᠷᠠᠬᠤ ᠳᠤ ᠮᠣᠩᠭᠤᠯ ᠬᠡᠯᠡ ᠰᠣᠶᠣᠯ ᠤᠨ ᠲᠠᠯ᠎ᠠ ᠪᠠᠷ ᠬᠢ | ᠠᠰᠠᠭᠤᠳᠠᠯ ᠮᠦᠨ ᠯᠡ ᠣᠷᠣᠰᠢᠭᠰᠠᠭᠠᠷ ᠪᠦᠭᠡᠳ ᠵᠠᠷᠢᠮ ᠲᠠᠯ᠎ᠠ ᠪᠠᠷ ᠪᠠᠰᠠ ᠬᠦᠨᠳᠦ ᠨᠣᠴᠢᠳᠠᠢ ᠪᠠᠶᠢᠭᠰᠠᠭᠠᠷ᠂᠂᠂ | ᠬᠠᠷᠢᠨ ᠮᠢᠨᠦ ᠬᠤᠪᠢ ᠳᠤ ᠠᠳᠡ ᠬᠡᠯᠡᠬᠦ ᠭᠡᠳ ᠪᠠᠶᠢᠭ᠎ᠠ ᠵᠤᠶᠢᠯ ᠪᠤᠶᠤ ᠬᠤᠷᠢᠨ ᠵᠢᠯ ᠶᠢᠨ ᠳᠠᠷᠠᠭ᠎ᠠ ᠦᠪᠦᠷ ᠮᠣᠩᠭᠤᠯ | ᠤᠨ ᠦᠪᠡᠷᠳᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠳᠠᠯᠠᠨ ᠵᠢᠯ ᠤᠨ ᠤᠢ ᠶᠢᠨ ᠳᠠᠰᠢᠷᠠᠮ ᠢᠶᠠᠷ ᠡᠷᠬᠢᠨ ᠬᠠᠷᠠᠬᠤ | ᠳᠤ ᠶᠠᠮᠠᠷ ᠴᠣ᠋ ᠪᠤᠯᠤᠭᠰᠠᠨ ᠰᠡᠳᠬᠢᠯ ᠲᠠᠶᠢᠪᠤᠰᠢᠷᠠᠨ ᠤᠮᠤᠭᠰᠢᠯ ᠪᠠᠭ᠋ᠠᠳᠣᠯ ᠲᠦᠷᠦᠬᠦ ᠵᠣᠶᠢᠯ ᠪᠣᠯᠪᠠᠰᠣ | ᠮᠣᠩᠭᠤᠯᠴᠤᠳ ᠤᠨ ᠮᠠᠨᠢ ᠦᠪᠡᠷ ᠤᠨ ᠵᠢᠳᠬᠦᠭᠰᠡᠨ ᠴᠢᠷᠮᠠᠶᠢᠯᠭ᠎ᠠ ᠪᠢᠯᠡ ᠡ᠃ | ᠶᠠᠭ ᠲᠡᠷᠡ ᠯᠡ ᠦᠶ᠎ᠡ ᠠᠴᠠ ᠡᠬᠢᠯᠡᠵᠦ᠂ ᠦᠪᠦᠷ ᠮᠣᠩᠭᠤᠯᠴᠤᠳ ᠤᠨ ᠮᠠᠨᠢ ᠬᠢᠮᠤᠷᠠᠯ ᠤᠨ ᠤᠬᠠᠮᠰᠠᠷ ᠨᠢ | ᠬᠦᠨᠳᠡᠭᠳᠡᠵᠦ᠂ ᠦᠨᠳᠦᠰᠦᠳᠡᠨ ᠳᠡᠭᠡᠨ ᠬᠠᠷᠢᠭᠤᠴᠠᠬᠤ ᠰᠡᠳᠬᠢᠯᠭᠡ ᠳᠤ ᠬᠦᠳᠦᠯᠦᠭᠳᠡᠨ᠂ ᠦᠨᠳᠦᠰᠦᠳᠡᠨ ᠤ ᠪᠠᠨ | ᠬᠡᠯᠡ ᠰᠣᠶᠣᠯ ᠤᠨ ᠡᠮᠦᠨ᠎ᠡ ᠠᠴᠠ ᠶᠠᠩᠵᠤ ᠪᠦᠷᠢ ᠶᠢᠨ ᠬᠡᠯᠪᠡᠷᠢ ᠪᠠᠷ ᠰᠢᠢᠳᠴᠦ ᠡᠬᠢᠯᠡᠭᠰᠡᠨ ᠪᠣᠯᠪᠠ ᠤᠤ ᠳ᠋ᠠ︖ | ᠡᠶᠢᠮᠦ ᠪᠠᠶᠢᠳᠠᠯ ᠰᠤᠶᠤᠯ ᠤᠨ ᠬᠤᠪᠢᠰᠬᠠᠯ ᠤᠨ ᠳᠠᠷᠠᠭ᠎ᠠ ᠨᠠᠶᠠᠭᠠᠳ ᠣᠨ ᠤ ᠡᠬᠢ ᠪᠠᠷ ᠨᠢᠭᠡ ᠦᠶ᠎ᠡ ᠦᠪᠦᠷ | ᠮᠣᠩᠭᠤᠯ ᠳᠠᠶᠠᠭᠠᠷ ᠦᠷᠨᠢᠵᠦ ᠪᠠᠶᠢᠭᠰᠠᠨ᠃ ᠵᠦᠪᠬᠡᠨ ᠴᠢᠷᠮᠠᠶᠢᠯᠭ᠎ᠠ ᠶᠤᠭᠠᠨ ᠦᠶ᠎ᠡ ᠳᠡᠮᠵᠢᠨ ᠤᠯᠠᠮᠵᠢᠯᠠᠨ | ᠵᠢᠳᠬᠦᠳᠡᠭ ᠯᠡ ᠶᠤᠮ ᠪᠤᠯ ᠮᠣᠩᠭᠤᠯ ᠬᠡᠯᠡ ᠰᠣᠶᠣᠯ ᠤᠨ ᠮᠠᠨᠢ ᠬᠤᠪᠢ ᠵᠠᠶᠠᠭ᠎ᠠ ᠦᠪᠡᠷ ᠤᠨ ᠭᠠᠷ ᠲᠤ ᠪᠠᠶᠢᠳᠠᠭ | ᠭᠡᠰᠡᠨ ᠶᠤᠰᠤ ᠶᠢ ᠳᠡᠭᠡᠳᠦᠰ ᠠᠴᠠ ᠪᠠᠨ ᠦᠪᠯᠡᠭᠰᠡᠨ ᠤᠴᠢᠷ᠂ ᠦᠪᠦᠷ ᠮᠣᠩᠭᠤᠯᠴᠤᠳ ᠭᠠᠷ ᠢᠶᠠᠨ ᠨᠤᠬᠤᠯᠠᠨ | ᠰᠠᠭᠤᠭᠰᠠᠨ ᠦᠭᠡᠢ ᠡ᠃ | ᠶᠠᠭᠤᠨ ᠤ ᠡᠮᠦᠨ᠎ᠡ᠂ ᠶᠢᠷᠡᠭᠡᠳ ᠣᠨ ᠤ ᠰᠡᠭᠦᠯᠴᠢ ᠪᠠᠷ ᠦᠪᠦᠷ ᠮᠣᠩᠭᠤᠯ ᠤᠨ ᠰᠣᠨᠢᠨ ᠰᠡᠳᠬᠦᠯ ᠤᠳ᠂ | ᠲᠤᠬᠠᠶᠢᠯᠠᠪᠠᠯ ︽ᠦᠪᠦᠷ ᠮᠣᠩᠭᠤᠯ ᠤᠨ ᠡᠳᠦᠷ ᠤᠨ ᠰᠣᠨᠢᠨ︾᠂ ︽ᠰᠢᠨᠵᠢᠯᠡᠬᠦ ᠤᠬᠠᠭᠠᠨ ᠠᠮᠢᠳᠣᠷᠠᠯ︾ ᠰᠡᠳᠬᠦᠯ᠂ | ︽ᠦᠪᠦᠷ ᠮᠣᠩᠭᠤᠯ ᠤᠨ ᠵᠠᠯᠠᠭᠤᠴᠤᠳ︾ ᠰᠡᠳᠬᠦᠯ᠂ ᠦᠪᠦᠷ ᠮᠣᠩᠭᠤᠯ ᠣᠳᠣᠨ ᠲᠸᠢᠯᠸᠢᠰ ᠤᠨ ︽ᠨᠡᠶᠢᠬᠡᠮ | ᠠᠵᠢᠭᠯᠠᠯᠳᠠ︾ ᠳᠡᠯᠭᠡᠴᠡ ᠵᠡᠷᠭᠡ ᠠᠯᠢ ᠣᠯᠠᠨ ᠮᠡᠳᠡᠭᠡᠯᠡᠯ ᠤᠨ ᠬᠢᠨ ᠬᠡᠯᠡ ᠰᠣᠶᠣᠯ ᠤᠨ ᠬᠢᠮᠤᠷᠠᠯ ᠤᠨ ᠠᠰᠠᠭᠤᠳᠠᠯ | ᠢ ᠵᠣᠷᠢᠭᠳᠠᠢ ᠬᠦᠨᠳᠡᠵᠦ ᠰᠢᠭᠤᠷᠬᠠᠢ ᠨᠡᠶᠢᠳᠡᠯᠡᠵᠦ ᠨᠡᠪᠳᠡᠷᠡᠭᠦᠯᠳᠡᠭ ᠪᠣᠯᠣᠭᠰᠠᠨ ᠠᠴᠠ ᠬᠦᠮᠦᠰ ᠤᠨ ᠠᠩᠬᠠᠷᠤᠯ ᠢ | ᠳᠠᠲᠠᠭᠰᠠᠨ ᠨᠡᠶᠢᠳᠡᠯᠡᠯ᠂ ᠬᠤᠴᠢ ᠵᠣᠬᠢᠶᠠᠯ ᠵᠠᠯᠭ᠎ᠠ ᠵᠠᠯᠭ᠎ᠠ ᠪᠠᠷ ᠤᠩᠰᠢᠭᠴᠢᠳ ᠪᠣᠯᠣᠨ ᠦᠵᠡᠭᠴᠢᠳ ᠲᠠᠢ ᠵᠤᠯᠭᠠᠵᠦ | ᠂ ᠬᠦᠮᠦᠨ ᠠᠷᠠᠳ ᠢᠶᠠᠨ ᠤᠷᠢᠶᠠᠯᠠᠨ ᠳᠠᠭᠤᠳᠠᠵᠤ᠂ ᠤᠷᠮ᠎ᠠ ᠵᠤᠷᠢᠭ ᠬᠠᠶᠢᠷᠠᠯᠠᠬᠤ ᠡᠷᠴᠢ ᠬᠦᠴᠦᠨ ᠪᠣᠯᠵᠣ ᠪᠠᠶᠢᠯ᠎ᠠ᠃ | ᠡᠭᠦᠨ ᠤ ᠳᠠᠭᠠᠤ ᠪ᠊᠂ ᠲᠦᠮᠬᠠᠦ᠋ᠯᠵᠡᠢ ᠶᠢᠨ ︽ᠴᠢᠷᠠᠢ︾᠂ ︽ᠭᠤᠤᠯ ᠤᠨ ᠳᠠᠭᠤᠨ︾᠂ ᠪ᠊᠂᠂ ᠠᠯᠳᠠᠨᠪᠠᠭᠠᠨ᠎ᠠ ᠶᠢᠨ | ︽ᠰᠠᠨᠠᠭ᠎ᠠ ᠵᠠᠶᠠᠭ᠎ᠠ ᠬᠤᠶᠠᠷ︾᠂ ᠳ᠋᠊᠂ ᠦᠨᠡᠨᠴᠢ ᠶᠢᠨ ︽ᠮᠠᠨ ᠤ ᠬᠢᠨ ᠤ ᠮᠣᠩᠭᠤᠯ ᠬᠡᠯᠨ︾᠂ ᠭᠣ᠂ ᠰᠠᠶᠢᠨᠪᠠᠶᠠᠷ | ᠤᠨ ︽ᠬᠠᠤᠯᠢ᠂ ᠬᠡᠯᠡ᠂ ᠠᠮᠢᠳᠤᠷᠠᠯ︾᠂ ᠦᠭᠡᠯᠡᠳ ᠷᠠ᠊᠂ ᠡᠷᠳᠡᠮᠳᠦ ᠶᠢᠨ ︽ᠤᠨᠤᠭ᠎ᠠ︾᠂ ᠪᠠᠶᠠᠭᠤᠳ ᠬᠠᠰᠪᠢᠯᠢᠭ᠌ | ᠤᠨ ︽ᠪᠠᠶᠢᠨ᠎ᠠ ᠪᠠᠶᠢᠨ᠎ᠠ︾ ᠵᠡᠷᠭᠡ ᠨᠣᠮ ᠤᠳ ᠬᠡᠪᠯᠡᠭᠳᠡᠵᠦ ᠤᠩᠰᠢᠭᠴᠢᠳ ᠤᠨ ᠢᠶᠠᠨ ᠲᠠᠭᠠᠰᠢᠶᠠᠯ ᠳᠤ | ᠬᠦᠷᠦᠭᠰᠡᠨ᠃ ᠷᠠᠳᠢᠤ᠋ ᠲᠧᠯᠸᠢᠰ ᠳᠡᠭᠡᠷ᠎ᠡ ᠴᠤ ᠮᠣᠩᠭᠤᠯ ᠬᠡᠯᠡ ᠰᠣᠶᠣᠯ ᠤᠨ ᠲᠤᠬᠠᠢ ᠴᠢᠯᠦᠭᠡᠳᠦ ᠶᠠᠷᠢᠯᠴᠠᠭ᠎ᠠ | ᠰᠢᠭᠦᠮᠵᠢᠯᠡᠯ ᠪᠠᠶᠢᠩᠭᠤ ᠨᠡᠪᠳᠡᠷᠡᠭᠦᠯᠳᠡᠭ ᠪᠣᠯᠣᠭᠰᠠᠨ᠃ ᠡᠳᠡᠭᠡᠷ ᠪᠣᠯ ᠮᠣᠩᠭᠤᠯᠴᠤᠳ ᠤᠨ ᠴᠢᠷᠮᠠᠶᠢᠯᠭ᠎ᠠ ᠶᠢᠨ | ᠰᠠᠭᠤᠷᠢ ᠪᠤᠯ ᠤᠤ︖ ᠭᠡᠵᠦ ᠪᠢ ᠪᠣᠳᠣᠵᠣ ᠪᠠᠶᠢᠨ᠎ᠠ᠃ | ᠮᠣᠩᠭᠤᠯ ᠢᠶᠠᠷ ᠵᠠᠬᠢᠳᠠᠯ ᠬᠠᠶ᠋ᠢᠭᠯᠠᠬᠤ ᠲᠤᠬᠠᠢ᠂ ᠪᠠᠩᠬᠢᠨ ᠳᠤ ᠮᠣᠩᠭᠤᠯ ᠢᠶᠠᠷ ᠭᠠᠷ ᠤᠨ ᠦᠰᠦᠭ ᠵᠢᠷᠤᠵᠤ | ᠪᠣᠯᠬᠤ ᠲᠤᠬᠠᠢ᠂ ᠬᠤᠳᠠᠯᠳᠤᠭ᠎ᠠ ᠦᠢᠯᠡᠴᠢᠯᠡᠭᠡ ᠳᠤ ᠮᠣᠩᠭᠤᠯ ᠪᠠᠷᠢᠮᠳᠠ ᠠᠪᠴᠤ ᠪᠣᠯᠬᠤ ᠲᠤᠬᠠᠢ᠂ ᠪᠡᠶ᠎ᠡ ᠶᠢᠨ | ᠦᠨᠡᠮᠯᠡᠯ ᠳᠡᠭᠡᠷ᠎ᠡ ᠪᠠᠨ ᠮᠣᠩᠭᠤᠯ ᠦᠰᠦᠭ ᠨᠡᠮᠡᠬᠦ ᠲᠤᠬᠠᠢ ᠵᠠᠷᠢᠮ ᠢ ᠨᠢ ᠪᠡᠶᠡᠯᠡᠬᠦᠯᠵᠦ᠂ ᠵᠠᠷᠢᠮ ᠢ ᠨᠢ ᠪᠡᠶᠡᠯᠡᠭᠦᠯᠬᠦ | ᠶᠢᠨ ᠲᠦᠯᠦᠭᠡ ᠴᠢᠷᠮᠠᠶᠢᠵᠤ ᠯᠨ ᠶᠠᠪᠤᠨ᠎ᠠ᠃ ᠶᠢᠷᠡᠭᠡᠳ ᠣᠨ ᠤ ᠰᠡᠭᠦᠯᠴᠢ᠂ ᠰᠢᠨ᠎ᠡ ᠵᠠᠭᠤᠨ ᠤ ᠡᠬᠢ ᠪᠠᠷ | ᠴᠤᠴᠠᠯᠠᠭᠳᠠᠭᠰᠠᠨ ᠰᠤᠮᠤᠨ ᠤ ᠰᠤᠷᠭᠠᠭᠤᠯᠢ ᠴᠡᠴᠡᠷᠯᠢᠭ ᠢᠶᠠᠨ ᠨᠢᠭᠡ ᠬᠤᠶᠠᠷ ᠢᠶᠠᠷ ᠲᠦᠰᠢᠨ ᠪᠣᠰᠬᠠᠵᠤ᠂ ᠬᠤᠳᠠ | ᠰᠠᠭᠤᠷᠢᠨ ᠳᠠᠬᠢ ᠮᠣᠩᠭᠤᠯ ᠰᠤᠷᠭᠠᠭᠤᠯᠢ ᠴᠡᠴᠡᠷᠯᠢᠭ ᠢᠶᠠᠨ ᠴᠣᠯᠣ ᠮᠣᠩᠭᠤᠯ ᠢᠶᠠᠷ ᠬᠢᠴᠢᠶᠡᠯᠯᠡᠨ ᠪᠠᠷᠢᠮᠳᠠᠯᠠᠵᠤ ᠯᠡ | ᠶᠠᠪᠤᠨ᠎ᠠ᠃ | ᠰᠢᠨ᠎ᠡ ᠵᠠᠭᠤᠨ ᠳᠤ ᠣᠷᠣᠭᠠᠳ ᠰᠢᠨ᠎ᠡ ᠮᠡᠷᠭᠡᠵᠢᠯ ᠲᠦᠭᠡᠭᠡᠮᠡᠯᠵᠢᠬᠦ ᠶᠢᠨ ᠳᠠᠭᠠᠤ᠂ ᠠᠯᠪᠠᠨ ᠤ ᠲᠠᠯ᠎ᠠ ᠠᠴᠠ ︽ | ᠳᠤᠮᠳᠠᠳᠣ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠠ︾᠂ ︽ᠲᠦᠪ ᠲᠧᠯᠸᠢᠰ ᠤᠨ | ᠮᠣᠩᠭᠤᠯ ᠬᠡᠯᠡᠨ ᠤ ᠰᠦᠯᠵᠢᠶ᠎ᠡ︾᠂ ︽ᠠᠷᠠᠳ ᠮᠣᠩᠭᠤᠯ ᠰᠦᠯᠵᠢᠶ᠎ᠠ︾᠂ ︽ᠰᠢᠨᠬᠤᠸᠠ ᠮᠣᠩᠭᠤᠯ ᠰᠦᠯᠵᠢᠶ᠎ᠠ︾᠂ | ︽ᠲᠦᠪ ᠷᠠᠳᠢᠤ᠋ ᠶᠢᠨ ᠮᠣᠩᠭᠤᠯ ᠰᠦᠯᠵᠢᠶ᠎ᠡ︾ ᠵᠡᠷᠭᠡ ᠪᠠᠶᠢᠭᠤᠯᠭ᠎ᠠ ᠨᠢᠭᠡᠴᠡ ᠶᠢᠨ ᠲᠣᠣᠷ ᠰᠦᠯᠵᠢᠶ᠎ᠡ᠂ ᠬᠤᠪᠢ | ᠬᠦᠮᠦᠨ ᠪᠤᠶᠤ ᠠᠵᠤ ᠠᠬᠤᠶᠢᠯᠠᠯ ᠠᠴᠠ ᠡᠷᠬᠢᠯᠡᠭᠰᠡᠨ ︽ᠮᠣᠩᠭᠤᠯ ᠰᠣᠶᠣᠯ︾᠂ ︽ᠬᠤᠯᠪᠣᠭ᠎ᠠ︾᠂ ︽ᠴᠢᠩᠭᠢᠰ︾ | ᠂ ︽ᠠᠯᠳᠠᠨ ᠬᠦᠷᠳᠦ︾ ᠵᠡᠷᠭᠡ ᠮᠠᠰᠢ ᠣᠯᠠᠨ ᠬᠤᠯᠪᠣᠭ᠎ᠠ ᠰᠦᠯᠵᠢᠶ᠎ᠠ ᠡᠷᠴᠢᠮᠳᠡᠢ ᠠᠵᠢᠯᠯᠠᠵᠤ ᠡᠬᠢᠯᠡᠭᠰᠡᠨ ᠨᠢ | ᠮᠣᠩᠭᠤᠯ ᠬᠡᠯᠡ ᠰᠣᠶᠣᠯ ᠤᠨ ᠰᠡᠷᠭᠦᠨ ᠮᠠᠨᠳᠣᠯᠳᠣ᠂ ᠬᠦᠭᠵᠢᠨ ᠴᠡᠴᠡᠭᠯᠡᠯᠳᠡ ᠳᠤ ᠲᠦᠯᠬᠢᠴᠡ ᠬᠦᠴᠦᠨ ᠪᠣᠯᠣᠭᠰᠠᠨ | ᠪᠠᠶᠢᠨ᠎ᠠ᠃ | ᠣᠶᠣᠨᠴᠢ ᠭᠠᠷ ᠤᠲᠠᠰᠤ ᠲᠦᠭᠡᠮᠡᠯᠵᠢᠬᠦ ᠶᠢᠨ ᠳᠠᠭᠠᠤ ᠳᠤ ᠮᠣᠩᠭᠤᠯᠴᠤᠳ ᠵᠦᠭᠡᠷ ᠰᠠᠭᠤᠭᠰᠠᠨ ᠦᠭᠡᠢ᠂ ᠴᠠᠭ | ᠤᠨ ᠦᠩᠭᠡ ᠶᠢ ᠲᠠᠭᠠᠨ ᠤᠶᠤᠨ ᠤᠬᠠᠭᠠᠨ ᠢᠶᠠᠨ ᠰᠢᠪᠬᠠᠵᠤ᠂ ᠳᠡᠭᠡᠳᠦ ᠵᠡᠷᠭᠡ ᠤᠨ ᠮᠡᠷᠭᠡᠵᠢᠯ ᠢ ᠴᠠᠭ ᠲᠤᠬᠠᠢ ᠳᠤ | ᠨᠢ ᠡᠵᠡᠮᠰᠢᠵᠦ᠂ ᠭᠠᠷ ᠤᠳᠠᠰᠤᠨ ᠳᠤ ᠬᠡᠷᠡᠭᠯᠡᠳᠡᠭ ᠮᠣᠩᠭᠤᠯ ᠦᠰᠦᠭ ᠤᠨ ᠰᠣᠹᠲ ᠤᠳ ᠢ ᠰᠣᠳᠣᠯᠣᠨ | ᠪᠦᠳᠦᠭᠡᠵᠡᠢ᠃ ︽ᠳᠡᠯᠡᠬᠡᠢ︾᠂ ︽ᠴᠢᠮᠡᠭᠡ︾ ᠭᠡᠳ ᠬᠤᠶᠢᠨ᠎ᠠ ᠬᠤᠶᠢᠨ᠎ᠠ ᠠᠴᠠ ᠪᠠᠨ ᠮᠡᠨᠳᠦᠯᠡᠵᠦ ᠯᠡ ᠪᠠᠶᠢᠯ᠎ᠠ᠃ | ᠸᠢᠴᠠᠲ᠂ ᠹᠢᠰᠪᠦᠺ ᠲᠠᠢ ᠮᠦᠷᠦᠶᠢᠴᠡᠬᠦ ︽ᠪᠠᠶᠢᠨᠠᠤ︾ ᠶᠢᠨ ᠦᠢᠯᠡᠴᠢᠯᠡᠭᠦᠯᠦᠭᠴᠢ ᠡᠨᠡ ᠵᠢᠯ ᠤᠨ ᠡᠬᠢ ᠪᠠᠷ ᠨᠢᠭᠡᠨᠳᠡ | ᠲᠥᠴᠢᠨ ᠲᠦᠮᠡ ᠶᠢ ᠳᠠᠪᠠᠭᠰᠠᠨ ᠰᠠᠶᠢᠬᠠᠨ ᠴᠢᠮᠡᠭᠡ ᠰᠣᠨᠣᠷ ᠪᠠᠶᠠᠰᠬᠠᠵᠤ ᠪᠠᠶᠢᠨ᠎ᠠ᠃ ᠸᠢᠴᠠᠲ᠂ ᠪᠠᠶᠢᠨᠠᠤ ᠳᠠᠭᠠᠨ | ᠵᠢᠷᠭᠢᠭᠡ ᠬᠤᠯᠪᠤᠭ᠎ᠠ ᠪᠠᠶᠢᠭᠤᠯᠤᠨ᠂ ᠮᠣᠩᠭᠤᠯ ᠬᠡᠯᠡ ᠰᠣᠶᠣᠯ ᠤᠨ ᠳᠠᠭᠠᠤ ᠳᠤ ᠴᠢᠯᠦᠭᠡᠳᠡᠢ ᠶᠠᠷᠢᠯᠴᠠᠬᠤ ᠪᠣᠯᠣᠭᠰᠠᠨ | ᠲᠤᠬᠠᠢ ᠲᠤᠭ᠎ᠠ ᠪᠠᠷᠢᠮᠳᠠ ᠶᠢ ᠪᠣᠯ ᠪᠦᠷ ᠪᠦᠷᠢᠳᠬᠡᠬᠦ ᠶᠢᠨ ᠠᠷᠭ᠎ᠠ ᠦᠭᠡᠢ᠂᠂᠂᠂ | ᠰᠡᠭᠦᠯ ᠤᠨ ᠬᠡᠳᠦᠨ ᠵᠢᠯ ᠳᠠᠩᠳᠠ ᠴᠢᠷᠮᠠᠶᠢᠯᠭ᠎ᠠ ᠪᠠᠨ ᠳ᠋ᠦᠩᠨᠡᠳᠡᠭ᠂ ᠴᠢᠷᠮᠠᠶᠢᠯᠭ᠎ᠠ ᠶᠢ ᠤᠷᠢᠶᠠᠯᠠᠳᠠᠭ ᠤᠶᠢᠯᠡ | ᠠᠵᠢᠯᠯᠠᠭ᠎ᠠ ᠶᠠᠪᠤᠭᠳᠠᠳᠠᠭ ᠪᠤᠯᠤᠭᠰᠠᠨ ᠶᠤᠮᠰᠠᠨ᠂ ︽ᠠᠮᠢᠳᠤᠷᠠᠯ ᠭᠠᠷᠠᠭ ᠤᠨ ᠰᠤᠨᠢᠨ︾ ᠬᠡᠪᠯᠡᠭᠳᠡᠭᠰᠡᠨ ᠠᠷᠪᠠᠨ | ᠵᠢᠯ ᠤᠨ ᠣᠢ᠂ ᠦᠪᠦᠷ ᠮᠣᠩᠭᠤᠯ ᠤᠨ ᠣᠳᠣᠨ ᠲᠧᠯᠸᠢᠰ ᠤᠨ ᠳᠥᠴᠢᠨ ᠵᠢᠯ ᠤᠨ ᠣᠢ᠂ ᠮᠣᠩᠭᠤᠯ ᠲᠧᠯᠸᠢᠰ ᠤᠨ | ᠠᠪᠢᠶᠠᠯᠠᠭ᠎ᠠ ᠶᠢᠨ ᠬᠡᠯᠳᠡᠰ ᠪᠠᠶᠢᠭᠤᠯᠣᠭᠳᠠᠭᠰᠠᠨ ᠭᠤᠴᠢᠨ ᠵᠢᠯ ᠤᠨ ᠣᠢ᠂ ᠲᠡᠭᠷᠢ ᠶᠢᠨ ᠪᠤᠳᠤᠭᠤ ᠨᠠᠭᠠᠳᠤᠮ᠂ | ᠭᠢᠯᠦᠭᠡᠨ ᠤᠶᠠᠩᠭ᠎ᠠ ᠲᠡᠮᠡᠴᠡᠭᠡᠨ᠂ ᠨᠠᠢᠮᠠᠨ ᠰᠢᠷᠭ᠎ᠠ ᠤᠷᠤᠯᠳᠤᠭᠠᠨ᠂ ᠪᠦᠤᠪᠡᠢ ᠳᠡᠯᠡᠬᠡᠢ ᠨᠠᠭᠠᠳᠤᠮ᠂ ᠲᠠᠷᠬᠠᠨ ᠬᠡᠯᠡ | ᠤᠷᠤᠯᠳᠤᠭᠠᠨ᠂ ᠠᠷᠭᠠᠰᠤᠨ ᠬᠤᠷᠴᠢ ᠮᠠᠷᠭᠤᠭᠠᠨ᠂᠂᠂᠂᠂ ᠠᠳᠡ ᠠᠯᠢ ᠪᠦᠬᠦᠨ ᠢ ᠵᠢᠭᠰᠠᠭᠠᠬᠤ ᠶᠢᠨ ᠠᠷᠭ᠎ᠠ | ᠦᠭᠡᠢ᠃ ᠡᠳᠡᠭᠡᠷ ᠠᠮᠵᠢᠯᠳᠠ ᠲᠠᠢ ᠴᠢᠷᠮᠠᠶᠢᠭᠰᠠᠨ ᠵᠢᠱᠢᠶᠡᠨ ᠳᠤ᠂ ᠰᠡᠭᠦᠯ ᠤᠨ ᠬᠤᠷᠢᠨ ᠵᠢᠯ ᠤᠨ ᠴᠢᠷᠮᠠᠶᠢᠯᠭ᠎ᠠ᠂ | ᠰᠡᠭᠦᠯ ᠤᠨ ᠬᠤᠷᠢᠨ ᠵᠢᠯ ᠤᠨ ᠠᠮᠵᠢᠯᠳᠠ ᠭᠤᠣᠯ ᠪᠠᠶᠢᠷᠢ ᠶᠢ ᠡᠵᠡᠯᠡᠬᠦ ᠨᠢ ᠳᠠᠮᠵᠢᠭ ᠦᠭᠡᠢ᠃ | ︽ᠮᠣᠩᠭᠤᠯ ᠬᠡᠯᠨ ᠪᠢᠴᠢᠭ ᠤᠨ ᠠᠵᠢᠯ ᠤᠨ ᠳᠥᠷᠢᠮ︾᠂ ︽ᠦᠨᠳᠦᠰᠦᠳᠡᠨ ᠤ ᠰᠤᠷᠭᠠᠨ ᠬᠦᠮᠦᠵᠢᠯ ᠤᠨ | ᠳᠦᠷᠢᠮ︾ ᠵᠡᠷᠭᠡ ᠬᠠᠤᠯᠢ ᠳᠦᠷᠢᠮ ᠢ ᠠᠯᠪᠠᠨ ᠶᠣᠰᠣᠭᠠᠷ ᠨᠡᠶᠢᠳᠡᠯᠡᠵᠦ ᠬᠡᠷᠡᠭᠵᠢᠭᠦᠯᠦᠭᠰᠡᠨ᠂ ᠮᠣᠩᠭᠤᠯ ᠬᠡᠯᠨ | ᠰᠣᠶᠣᠯ᠂ ᠰᠤᠷᠭᠠᠨ ᠬᠦᠮᠦᠵᠢᠯ ᠤᠨ ᠠᠰᠠᠭᠤᠳᠠᠯ ᠢ ᠬᠠᠤᠯᠢ ᠳᠦᠷᠢᠮ ᠢᠶᠠᠷ ᠰᠢᠢᠳᠬᠦ ᠪᠣᠯᠣᠮᠵᠢ ᠲᠠᠢ ᠪᠣᠯᠣᠭᠰᠠᠨ ᠢ | ᠴᠣ᠋ ᠳᠤᠷᠠᠳᠬᠤ ᠶᠤᠰᠣᠳᠠᠢ᠃ | ᠣᠶᠢᠷ᠎ᠠ ᠳᠤ ᠬᠦᠬᠡᠬᠤᠳᠠ ᠳᠤ ᠪᠣᠯᠣᠭᠰᠠᠨ ᠦᠪᠦᠷ ᠮᠣᠩᠭᠤᠯ ᠤᠨ ᠮᠠᠯᠵᠢᠬᠤ ᠣᠷᠣᠨ ᠤ ᠨᠦᠭᠡᠴᠡ ᠪᠠᠶᠠᠯᠢᠭ | ᠤᠨ ᠳᠡᠭᠡᠳᠦ ᠬᠡᠮᠵᠢᠶᠠᠨ ᠤ ᠦᠭᠦᠯᠡᠬᠦ ᠲᠠᠪᠴᠠᠩ ᠬᠡᠬᠦ ᠴᠢᠭᠤᠯᠭ᠎ᠠ ᠠᠭᠤᠯᠵᠠᠯᠳᠠ ᠳᠤ ᠣᠷᠣᠯᠴᠠᠯ᠎ᠠ᠃ ᠬᠤᠷᠢᠨ ᠵᠢᠯ | ᠤᠨ ᠳᠠᠷᠠᠭᠠᠬᠢ ᠦᠨᠦᠳᠦᠷ ᠬᠦᠬᠡ ᠬᠤᠳᠠ ᠶᠢᠨ ᠵᠡᠭᠡᠯᠢ ᠭᠤᠳᠤᠮᠵᠢ ᠪᠠᠷ ᠠᠯᠬᠤᠬᠤ ᠳᠤ ᠮᠣᠩᠭᠤᠯ ᠨᠡᠷ᠎ᠡ ᠲᠠᠢ | ᠬᠤᠭᠤᠯᠠᠨ ᠭᠡᠷ᠂ ᠪᠠᠭᠤᠳᠠᠯ᠂ ᠳᠡᠯᠭᠡᠬᠦᠷ ᠬᠠᠶᠠ ᠦᠭᠡᠢ ᠯᠨ ᠲᠠᠭᠠᠷᠠᠯᠳᠣᠨᠠ᠃ ᠲᠡᠷᠡ ᠮᠦᠷᠳᠡᠭᠡᠨ ︽ᠮᠣᠩᠭᠤᠯ | ᠬᠤᠳᠠ︾ ᠬᠡᠮᠡᠬᠦ ᠲᠤᠮᠤᠬᠠᠨ ᠬᠤᠳᠠᠯᠳᠣᠭᠠᠨ ᠤ ᠲᠦᠪ ᠬᠦᠬᠡᠬᠤᠳᠠ ᠶᠢᠨ ᠬᠤᠳᠠᠯᠳᠤᠭᠠᠨ ᠤ ᠭᠤᠣᠯ ᠬᠦᠢᠰᠦᠨ ᠳᠤ | ᠨᠡᠭᠡᠭᠡᠭᠳᠡᠭᠰᠡᠨ᠃ | ᠡᠨᠡ ᠤᠳᠠᠭᠠᠨ ᠤ ᠴᠢᠭᠤᠯᠭ᠎ᠠ ᠠᠭᠤᠯᠵᠠᠯᠳᠠ ᠳᠤ ᠣᠷᠣᠯᠴᠠᠭᠠᠳ᠂ ᠮᠣᠩᠭᠤᠯᠴᠤᠳ ᠤᠨ ᠢᠶᠠᠨ ᠬᠢᠵᠦ | ᠤᠶᠢᠯᠡᠳᠪᠦᠷᠢᠯᠡᠭᠰᠡᠨ ᠮᠠᠰᠢ ᠣᠯᠠᠨ ᠦᠨᠳᠦᠰᠦᠳᠡᠨ ᠤ ᠪᠦᠳᠦᠭᠡᠭᠳᠡᠬᠦᠨ ᠲᠠᠢ ᠲᠠᠨᠢᠯᠴᠠᠯ᠎ᠠ᠃ ᠬᠢᠬᠦ ᠮᠦᠷᠳᠡᠭᠡᠨ ᠮᠠᠰᠢ | ᠨᠠᠷᠢᠨ ᠪᠤᠯᠪᠠᠰᠣᠷᠠᠭᠤᠯᠳᠠᠭ ᠪᠣᠯᠣᠭᠰᠠᠨ ᠪᠠᠶᠢᠨ᠎ᠠ᠂ ᠵᠠᠬ᠎ᠠ ᠵᠡᠭᠡᠯᠢ ᠶᠢᠨ ᠦᠷᠢᠰᠦᠯᠳᠦᠭᠡᠨ ᠢ ᠳᠠᠭᠠᠭᠠᠵᠤ ᠴᠢᠳᠠᠬᠤ | ᠪᠠᠷᠠᠭ᠎ᠠ ᠲᠠᠸᠠᠷ ᠢ ᠰᠣᠳᠣᠯᠣᠨ ᠪᠦᠳᠦᠭᠡᠵᠦ᠂ ᠦᠪᠡᠷ ᠤᠨ ᠭᠠᠷ ᠢᠶᠠᠷ ᠢᠶᠠᠨ ᠣᠶᠢᠯᠡᠳᠪᠦᠷᠢᠯᠡᠳᠡᠭ ᠪᠣᠯᠣᠭᠰᠠᠨ ᠪᠠᠶᠢᠨ᠎ᠠ | ᠃ ᠪᠦᠳᠦᠭᠡᠭᠳᠡᠬᠦᠨ ᠢᠶᠠᠨ ᠲᠠᠨᠢᠯᠴᠠᠭᠤᠯᠬᠤ ᠦᠶ᠎ᠡ ᠳᠤ᠂ ᠲᠠᠶᠢᠰᠠᠨ ᠳᠡᠭᠡᠷ᠎ᠡ᠂ ᠭᠢᠯᠠᠷᠠᠭᠰᠠᠨ ᠵᠠᠯᠠᠭᠤᠴᠤᠳ ᠡᠬᠡ | ᠮᠣᠩᠭᠤᠯ ᠬᠡᠯᠡ ᠪᠠᠷ ᠢᠶᠠᠨ ᠪᠦᠳᠦᠭᠡᠭᠳᠡᠬᠦᠨ ᠢᠶᠠᠨ ᠵᠢᠷᠤᠭ ᠳᠦᠷᠰᠦ ᠲᠠᠢ ᠲᠠᠨᠢᠯᠴᠠᠭᠤᠯᠵᠤ᠂ ᠲᠠᠶᠢᠰᠠᠨ ᠳᠣᠣᠷ᠎ᠠ᠂ | ᠬᠠᠰᠢᠷ ᠪᠣᠯᠣᠭᠰᠠᠨ ᠡᠷᠳᠡᠮᠳᠡᠨ ᠪᠠᠭᠰᠢ᠂ ᠡᠳ᠋ ᠤᠨ ᠵᠠᠰᠠᠭ ᠤᠨ ᠤᠬᠠᠭᠠᠨᠳᠠᠨ᠂ ᠠᠵᠤ ᠠᠬᠤᠶᠢᠯᠠᠯᠳᠠᠳ ᠮᠦᠨ ᠯᠨ | ᠡᠬᠡ ᠮᠣᠩᠭᠤᠯ ᠬᠡᠯᠡ ᠪᠠᠷ ᠢᠶᠠᠨ ᠪᠦᠳᠦᠭᠡᠭᠳᠡᠬᠦᠨ ᠤ ᠬᠢᠨᠢ ᠲᠤᠬᠠᠢ᠂ ᠪᠣᠷᠣᠯᠠᠭᠤᠯᠭ᠎ᠠ ᠶᠢᠨ ᠬᠢᠨᠢ ᠲᠤᠬᠠᠢ᠂ | ᠬᠠᠮᠢᠶᠠᠷᠤᠯᠳᠠ ᠶᠢᠨ ᠬᠢᠨᠢ ᠲᠤᠬᠠᠢ ᠰᠠᠨᠠᠯ ᠢᠶᠠᠨ ᠦᠭᠴᠦ ᠪᠠᠶᠢᠯ᠎ᠠ᠃ ᠦᠪᠦᠷ ᠮᠣᠩᠭᠤᠯ ᠣᠷᠣᠨ ᠳᠤ ᠮᠠᠨᠢ᠂ ᠮᠣᠩᠭᠤᠯ | ᠬᠦᠮᠦᠨ ᠢᠶᠠᠷ ᠪᠦᠷᠢᠯᠳᠦᠭᠰᠡᠨ ᠠᠵᠤ ᠠᠬᠤᠶᠢᠯᠠᠯᠳᠠᠨ᠂ ᠰᠣᠳᠣᠯᠣᠨ ᠪᠦᠳᠦᠭᠡᠭᠴᠢ᠂ ᠠᠵᠤ ᠠᠬᠤᠶᠢᠯᠠᠯ ᠡᠵᠡᠩᠨᠡᠭᠴᠢ᠂ | ᠵᠦᠪᠯᠡᠭᠴᠢ᠂ ᠪᠣᠷᠣᠯᠣᠭᠤᠯᠣᠭᠴᠢ ᠶᠢᠨ ᠡᠩᠨᠡᠭᠡ ᠨᠢᠭᠡᠨᠳᠡ ᠪᠦᠷᠢᠯᠳᠦᠵᠦ ᠡᠬᠢᠯᠡᠭᠰᠡᠨ ᠭᠡᠳᠡᠭ ᠨᠢ ᠲᠣᠳᠣᠷᠬᠠᠢ ᠡ᠃ | ᠪᠠᠰᠠ ᠪᠡᠭᠡᠵᠢᠩ ᠱᠠᠩᠬᠠᠢ ᠠᠴᠠ ᠬᠦᠷᠦᠯᠴᠡᠨ ᠢᠷᠡᠭᠰᠡᠨ ᠨᠡᠯᠢᠶᠡᠳ ᠣᠯᠠᠨ ᠬᠠᠤᠯᠢᠴᠢ᠂ ᠠᠬᠤᠢ ᠲᠠᠯᠠᠪᠠᠢ ᠳᠤ | ᠱᠣᠰᠢᠭ᠎ᠠ ᠮᠠᠷᠺ᠂ ᠤᠶᠤᠨ ᠤ ᠦᠮᠴᠢ᠂ ᠳᠠᠩᠰᠠᠯᠠᠨ ᠪᠦᠷᠢᠳᠬᠡᠭᠦᠯᠬᠦ ᠲᠤᠬᠠᠢ ᠮᠣᠩᠭᠤᠯ ᠬᠡᠯᠡ ᠪᠠᠷ ᠢᠶᠠᠨ ᠵᠦᠪᠯᠡᠯᠭᠡ | ᠦᠭᠴᠦ ᠪᠠᠶᠢᠯ᠎ᠠ᠃ | ᠡᠨᠡ ᠪᠣᠯ ᠴᠢᠷᠮᠠᠶᠢᠯᠭ᠎ᠠ᠂ ᠣᠶᠢᠷ᠎ᠠ ᠶᠢᠨ ᠬᠤᠷᠢᠨ ᠵᠢᠯ ᠤᠨ ᠲᠤᠷᠰᠢᠬᠢ ᠮᠣᠩᠭᠤᠯᠴᠤᠳ ᠤᠨ ᠴᠢᠷᠮᠠᠶᠢᠯᠭ᠎ᠠ︕ | ᠮᠣᠩᠭᠤᠯ ᠬᠡᠯᠡ ᠰᠣᠶᠣᠯ ᠢᠶᠠᠨ ᠭᠡᠰᠡᠨ᠂ ᠮᠣᠩᠭᠤᠯ ᠤᠨ ᠢᠶᠠᠨ ᠬᠦᠭᠵᠢᠯ ᠮᠠᠨᠳᠣᠯ ᠤᠨ ᠲᠦᠯᠦᠭᠡ ᠭᠡᠰᠡᠨ | ᠴᠢᠷᠮᠠᠶᠢᠯᠭ᠎ᠠ᠃ ᠬᠤᠷᠢᠨ ᠵᠢᠯ ᠤᠨ ᠡᠮᠦᠨᠡᠬᠢ ᠲᠠᠢ ᠬᠠᠷᠢᠴᠠᠭᠤᠯᠪᠠᠯ᠂ ᠮᠣᠩᠭᠤᠯᠴᠤᠳ ᠮᠠᠨᠢ᠂ ᠢᠯᠠᠩᠭᠤᠶ᠎ᠠ ᠮᠣᠩᠭᠤᠯ | ᠵᠠᠯᠠᠭᠤᠴᠤᠳ ᠮᠠᠨᠢ ᠮᠠᠰᠢ ᠶᠡᠭᠡ ᠶᠠᠭᠤᠮ᠎ᠠ ᠬᠢᠵᠡᠢ᠃ ᠲᠣᠰ ᠤᠳᠠᠭᠠᠨ ᠤ ᠴᠢᠭᠤᠯᠭ᠎ᠠ ᠠᠭᠤᠯᠵᠠᠯᠳᠠ ᠳᠤ | ᠣᠷᠣᠯᠴᠠᠭᠰᠠᠨ ᠠᠵᠤ ᠠᠬᠤᠶᠢᠯᠠᠯᠳᠠᠳ ᠤᠨ ᠳᠣᠲᠣᠷ᠎ᠠ ᠰᠠᠶ᠋ᠢᠬᠠᠨ ᠲᠡᠭᠦᠰᠦᠭᠰᠡᠨ ᠤᠶᠣᠳᠠᠳ ᠪᠠᠶᠢᠨ᠎ᠠ᠂ ᠪᠡᠭᠡᠵᠢᠩ | ᠵᠡᠷᠭᠡ ᠲᠤᠮᠤ ᠬᠤᠳᠠ ᠪᠠᠷ ᠬᠡᠰᠦᠵᠦ ᠬᠠᠷ᠎ᠠ ᠠᠵᠢᠯ ᠬᠢᠵᠦ ᠬᠠᠰᠢᠷ ᠰᠠᠭᠤᠵᠤ ᠬᠠᠷᠢᠵᠦ ᠢᠷᠡᠭᠰᠡᠳ ᠪᠠᠶᠢᠨ᠎ᠠ᠂ | ᠭᠠᠳᠠᠭᠠᠳᠤ ᠳᠤ ᠰᠣᠷᠣᠯᠴᠠᠭᠠᠳ ᠬᠠᠷᠢᠵᠦ ᠢᠷᠡᠭᠰᠡᠨ ᠳ᠋ᠤᠺᠲ᠋ᠤᠷ ᠪᠠᠶᠢᠨ᠎ᠠ᠃ ᠨᠡᠩ ᠪᠠᠶᠠᠷᠯᠠᠭᠤᠰᠢᠳᠠᠢ ᠨᠢ ᠮᠠᠰᠢ | ᠣᠯᠠᠨ ᠮᠠᠯᠴᠢᠨ ᠠᠵᠤ ᠠᠬᠤᠶᠢᠯᠠᠯᠳᠠᠨ ᠢᠷᠡᠵᠦ ᠣᠷᠣᠯᠴᠠᠪᠠ᠂ ᠭᠠᠭᠴᠠ ᠬᠤᠶᠠᠷ ᠢᠶᠠᠷ ᠢᠶᠠᠨ ᠣᠶᠢᠯᠡᠰ ᠪᠣᠰᠬᠠᠭᠰᠠᠨ | ᠮᠠᠯᠴᠢᠨ ᠪᠠᠶᠢᠨ᠎ᠠ᠂ ᠬᠤᠷᠰᠢᠶᠠᠵᠢᠯ ᠢᠶᠠᠷ ᠬᠠᠮᠳᠣᠷᠠᠵᠣ ᠣᠶᠢᠯᠡᠳᠪᠦᠷᠢ ᠬᠤᠳᠠᠯᠳᠤᠭ᠎ᠠ ᠡᠷᠬᠢᠯᠡᠭᠰᠡᠨ ᠬᠠᠮᠳᠣᠯᠢᠭ ᠴᠦ | ᠨᠡᠯᠢᠶᠡᠳ ᠣᠯᠠᠨ ᠪᠠᠶᠢᠨ᠎ᠠ᠂ ᠡᠭᠦᠨ ᠢᠶᠠᠷ ᠪᠢᠳᠡ ᠪᠦᠬᠦ ᠦᠪᠦᠷ ᠮᠣᠩᠭᠤᠯ ᠳᠠᠶᠠᠭᠠᠷ ᠮᠣᠩᠭᠤᠯᠴᠤᠳ ᠠᠵᠤ | ᠠᠬᠤᠶᠢᠯᠠᠯ ᠡᠷᠬᠢᠯᠡᠵᠦ᠂ ᠬᠤᠳᠠᠯᠳᠤᠭ᠎ᠠ ᠮᠠᠶᠢᠮᠠᠢ ᠡᠵᠡᠩᠨᠡᠬᠦ ᠦᠷᠨᠢᠯᠳᠡ ᠳᠤ ᠣᠷᠣᠭᠰᠠᠨ ᠢ ᠬᠠᠷᠠᠵᠦ ᠪᠤᠯᠬᠤ ᠶᠤᠮ᠃ | | ᠬᠤᠷᠢᠨ ᠵᠢᠯ ᠤᠨ ᠡᠮᠦᠨ᠎ᠡ᠂ ᠨᠠᠮᠠᠢᠢ ᠬᠦᠬᠡᠬᠤᠳᠠ ᠶᠢᠨ ᠭᠤᠳᠤᠮᠵᠢ ᠪᠠᠷ ᠪᠣᠳᠣᠯᠭᠠᠰᠢᠷᠠᠨ᠂ ᠪᠣᠬᠢᠮᠳᠠᠨ᠂ | ᠪᠠᠴᠢᠮᠳᠠᠵᠤ ᠶᠠᠪᠤᠬᠤ ᠦᠶ᠎ᠡ᠂ ᠬᠤᠷᠢᠨ ᠵᠢᠯ ᠤᠨ ᠳᠠᠷᠠᠭ᠎ᠠ ᠣᠷᠣᠨ ᠤ ᠲᠦᠪ ᠬᠤᠳᠠ ᠶᠢᠨ ᠲᠤᠮᠤ ᠲᠠᠩᠬᠢᠮ ᠳᠤ | ᠬᠡᠳᠦ ᠬᠡᠳᠦᠨ ᠵᠠᠭᠤᠨ ᠮᠣᠩᠭᠤᠯ ᠴᠤᠭᠯᠠᠷᠠᠨ᠂ ᠡᠳ᠋ ᠤᠨ ᠵᠠᠰᠠᠭ ᠤᠨ ᠲᠤᠬᠠᠢ᠂ ᠬᠦᠷᠦᠩᠭᠡ ᠶᠢᠨ ᠲᠤᠬᠠᠢ᠂ ᠵᠠᠬ᠎ᠠ | ᠵᠡᠭᠡᠯᠢ ᠶᠢᠨ ᠲᠤᠬᠠᠢ ᠮᠣᠩᠭᠤᠯ ᠢᠶᠠᠷ ᠢᠶᠠᠨ ᠬᠦᠦᠷᠨᠢᠨ ᠶᠠᠷᠢᠯᠴᠠᠵᠤ᠂ ᠪᠦᠳᠦᠭᠡᠭᠳᠡᠬᠦᠨ ᠢᠶᠠᠨ ᠲᠠᠨᠢᠯᠴᠠᠭᠤᠯᠤᠨ᠂ | ᠳᠣᠷᠰᠢᠯᠭ᠎ᠠ ᠪᠠᠨ ᠰᠣᠯᠢᠯᠴᠠᠵᠤ᠂ ᠪᠣᠷᠣᠯᠠᠭᠤᠯᠣᠯᠳᠠ ᠶᠢ ᠰᠦᠪᠡᠭᠴᠢᠯᠡᠨ᠎ᠡ ᠭᠡᠭᠴᠢ᠂ ᠶᠤᠰᠤᠳᠠᠢ ᠵᠡᠭᠦᠳᠦ ᠯᠡ | ᠪᠠᠶᠢᠭᠰᠠᠨ ᠪᠠᠶᠢᠬ᠎ᠠ᠃ ᠴᠢᠷᠮᠠᠶᠢᠯᠭ᠎ᠠ ᠪᠠᠶᠢᠭᠰᠠᠨ ᠠᠴᠠ ᠵᠡᠭᠦᠳᠦ ᠪᠡᠶᠡᠯᠡᠵᠦ ᠪᠠᠶᠢᠨ᠎ᠠ᠂ ᠴᠢᠷᠮᠠᠶᠢᠯᠭ᠎ᠠ ᠪᠠᠶᠢᠭᠰᠠᠨ ᠠᠴᠠ | ᠠᠮᠵᠢᠯᠳᠠ ᠮᠣᠩᠭᠤᠯᠴᠤᠳ ᠢ ᠳᠠᠯᠠᠯᠵᠤ ᠪᠠᠶᠢᠨ᠎ᠠ᠃ | ᠮᠣᠩᠭᠤᠯᠴᠤᠳ ᠤᠨ ᠴᠢᠷᠮᠠᠶᠢᠯᠭ᠎ᠠ ᠦᠷᠭᠦᠯᠵᠢᠯᠡᠬᠦ ᠪᠤᠯᠤᠨ᠎ᠠ᠂ ᠢᠳᠡᠬᠡᠯ ᠵᠤᠷᠢᠭ᠂ ᠤᠬᠠᠭᠠᠨ ᠲᠠᠮᠢᠷ ᠲᠤ | ᠲᠦᠰᠢᠭᠯᠡᠨ ᠦᠷᠭᠦᠯᠵᠢᠯᠡᠬᠦ ᠪᠣᠯᠣᠨ᠎ᠠ ᠡ᠂᠂᠂᠂᠂ | ᠰᠢᠨ᠎ᠡ ᠣᠨ ᠤ ᠪᠣᠱᠣᠭᠠᠨ ᠳᠡᠭᠡᠷ᠎ᠡ᠂ ᠡᠷᠢᠶᠡᠨ ᠬᠤᠳᠠᠨ᠎ᠠ | |