ᠮᠠᠰᠢᠨᠳᠦ ᠳᠡᠷᠭᠡ ᠶᠢ ᠰᠢᠯᠵᠢᠬᠦᠯᠦᠨ ᠪᠦᠷᠢᠳᠬᠡᠬᠦᠯᠬᠦ
ᠨᠡᠶᠢᠲᠡᠯᠡᠭᠰᠡᠨ ᠴᠠᠭ᠄
2018/3/26
     ᠳᠠᠩᠰᠠᠯᠠᠭᠤᠯᠤᠨ ᠪᠦᠷᠢᠳᠭᠡᠭᠦᠯᠥᠭᠰᠡᠨ ᠮᠠᠰᠢᠨᠲᠦ ᠲᠡᠷᠭᠡ ᠶᠢᠨ ᠦᠮᠴᠢᠯᠡᠬᠦ ᠡᠷᠭᠡ ᠶᠢ ᠰᠢᠯᠵᠢᠬᠦᠯᠬᠦ ᠶᠠᠪᠤᠳᠠᠯ ᠭᠠᠷᠪᠠᠯ᠂ ᠮᠠᠰᠢᠨᠲᠦ ᠲᠡᠷᠭᠡᠨ ᠤ ᠤᠳᠤ ᠶᠢᠨ ᠦᠮᠴᠢᠯᠡᠭᠴᠢ ᠨᠢ ᠮᠠᠰᠢᠨᠲᠦ ᠲᠡᠷᠭᠡ ᠶᠢ ᠲᠤᠰᠢᠶᠠᠭᠰᠠᠨ ᠡᠳᠥᠷ ᠠᠴᠠ ᠡᠬᠢᠯᠡᠨ 30 ᠡᠳᠦᠷ ᠤᠨ ᠳᠤᠲᠤᠷ᠎ᠠ ᠪᠦᠷᠢᠳᠭᠡᠭᠦᠯᠥᠭᠰᠡᠨ ᠭᠠᠵᠠᠷ ᠤᠨ ᠲᠡᠷᠭᠡ ᠬᠦᠰᠭᠡ ᠶᠢᠨ ᠬᠠᠮᠢᠶᠠᠷᠤᠯᠲᠠ ᠶᠢᠨ ᠭᠠᠵᠠᠷ ᠲᠤ ᠰᠢᠯᠵᠢᠬᠦᠯᠥᠨ ᠪᠦᠷᠢᠳᠭᠡᠭᠦᠯᠬᠦ ᠪᠠᠷ ᠭᠤᠶᠤᠴᠢᠯᠠᠬᠤ ᠬᠡᠷᠡᠭᠲᠡᠢ᠃      ᠮᠠᠰᠢᠨᠲᠦ ᠲᠡᠷᠭᠡᠨ ᠤ ᠦᠮᠴᠢᠯᠡᠭᠴᠢ ᠰᠢᠯᠵᠢᠬᠦᠯᠦᠨ ᠪᠦᠷᠢᠳᠭᠡᠭᠦᠯᠬᠦ ᠶᠢ ᠭᠤᠶᠤᠴᠢᠯᠠᠬᠤ ᠠᠴᠠ ᠡᠮᠦᠨ᠎ᠡ᠂ ᠲᠤᠰ ᠲᠡᠷᠭᠡᠨ ᠤ ᠵᠠᠮ ᠬᠠᠷᠢᠯᠴᠠᠭᠠᠨ ᠤ ᠠᠶᠤᠯ ᠦᠭᠡᠢ ᠶᠢᠨ ᠬᠠᠤᠯᠢ ᠠᠴᠠ ᠵᠦᠷᠢᠴᠡᠭᠰᠡᠨ ᠳᠤ ᠬᠤᠯᠪᠤᠭᠳᠠᠬᠤ ᠦᠢᠯᠡ ᠠᠵᠢᠯᠯᠠᠭ᠎ᠠ ᠪᠠ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠵᠦ ᠳᠠᠭᠤᠰᠬᠠᠭᠰᠠᠨ ᠪᠠᠶᠢᠬᠤ ᠬᠡᠷᠡᠭᠲᠠᠢ᠃     ᠰᠢᠯᠵᠢᠬᠦᠯᠥᠨ ᠪᠦᠷᠢᠳᠭᠡᠭᠦᠯᠬᠦ ᠪᠠᠷ ᠭᠤᠶᠤᠴᠢᠯᠠᠬᠤ ᠳᠤ᠂ ᠮᠠᠰᠢᠨᠲᠦ ᠲᠡᠷᠭᠡᠨ ᠤ ᠤᠳᠤ ᠶᠢᠨ ᠦᠮᠴᠢᠯᠡᠭᠴᠢ ᠭᠤᠶᠤᠴᠢᠯᠠᠯ ᠤᠨ ᠬᠦᠰᠦᠨᠦᠭᠲᠦ ᠲᠠᠭᠯᠠᠵᠤ᠂ ᠮᠠᠰᠢᠨ ᠲᠡᠷᠭᠡ ᠶᠢ ᠲᠤᠰᠢᠶᠠᠨ ᠰᠢᠯᠭᠠᠭᠤᠯᠬᠤ ᠶᠢᠨ ᠬᠠᠮᠲᠤ ᠳᠤᠤᠷᠠᠬᠢ ᠬᠡᠷᠡᠴᠢ᠂ ᠪᠠᠷᠢᠮᠲᠠ ᠶᠢ ᠲᠤᠰᠢᠶᠠᠬᠤ ᠬᠡᠷᠡᠭᠲᠡᠢ᠄ ︵ᠨᠢᠭᠡ︶ ᠮᠠᠰᠢᠨᠲᠦ ᠲᠡᠷᠭᠡᠨ ᠤ ᠤᠳᠤ ᠶᠢᠨ ᠦᠮᠴᠢᠯᠡᠭᠴᠢ ᠶᠢᠨ ᠪᠡᠶ᠎ᠡ ᠶᠢᠨ ᠬᠡᠷᠡᠴᠢ︔ ︵ᠬᠤᠶᠠᠷ︶ ᠮᠠᠰᠢᠨᠲᠦ ᠲᠡᠷᠭᠡᠨ ᠤ ᠦᠮᠴᠢᠯᠡᠬᠦ ᠡᠷᠭᠡ ᠶᠢ ᠰᠢᠯᠵᠢᠭᠦᠯᠦᠭᠰᠡᠨ ᠬᠡᠷᠡᠴᠢ᠂ ᠪᠠᠷᠢᠮᠲᠠ︔ ︵ᠭᠤᠷᠪᠠ︶ ᠮᠠᠰᠢᠨᠲᠦ ᠲᠡᠷᠭᠡ ᠶᠢ ᠪᠦᠷᠢᠳᠭᠡᠭᠦᠯᠥᠭᠰᠡᠨ ᠦᠨᠡᠮᠯᠡᠯ︔ ︵ᠳᠦᠷᠪᠡ︶ ᠮᠠᠰᠢᠨᠲᠦ ᠲᠡᠷᠭᠡᠨ ᠤ ᠵᠢᠯᠤᠭᠤᠳᠬᠤ ᠦᠨᠡᠮᠯᠡᠯ︔ ︵ᠲᠠᠪᠤ︶ ᠪᠤᠭᠤᠮᠲᠠ ᠠᠴᠠ ᠬᠢᠨᠠᠨ ᠬᠠᠮᠢᠶᠠᠷᠴᠦ ᠪᠠᠶᠢᠭ᠎ᠠ ᠮᠠᠰᠢᠨᠲᠦ ᠲᠡᠷᠭᠡ ᠳᠤ ᠬᠠᠷᠢᠶᠠᠯᠠᠭᠳᠠᠪᠠᠯ᠂ ᠪᠠᠰᠠ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠪᠤᠭᠤᠮᠲᠠ ᠠᠴᠠ ᠬᠢᠨᠠᠨ ᠬᠠᠮᠢᠶᠠᠷᠴᠦ ᠪᠠᠶᠢᠭ᠎ᠠ ᠲᠡᠷᠭᠡ ᠬᠦᠰᠭᠡ ᠶᠢᠨ ᠬᠢᠨᠠᠨ ᠬᠠᠮᠢᠶᠠᠷᠬᠤ ᠶᠢ ᠲᠠᠶᠢᠯᠤᠭᠰᠠᠨ ᠬᠡᠷᠡᠴᠢ︾ ᠪᠤᠶᠤ ᠪᠤᠭᠤᠮᠲᠠ ᠶᠢᠨ ᠰᠢᠯᠵᠢᠬᠦᠯᠥᠨ ᠦᠭᠬᠦ ᠶᠢ ᠵᠦᠪᠰᠢᠶᠡᠷᠡᠭᠰᠡᠨ ᠬᠡᠷᠡᠴᠢ ᠶᠢ ᠲᠤᠰᠢᠶᠠᠬᠤ ᠬᠡᠷᠡᠭᠲᠡᠢ︔ ︵ᠵᠢᠷᠭᠤᠭ᠎ᠠ︶ ᠰᠢᠯᠭᠠᠨ ᠪᠠᠶᠢᠴᠠᠭᠠᠬᠤ ᠬᠦᠴᠦᠨ ᠲᠠᠢ ᠬᠤᠭᠤᠴᠠᠭ᠎ᠠ ᠨᠢ ᠬᠡᠲᠦᠷᠡᠭᠰᠡᠨ ᠮᠠᠰᠢᠨᠲᠦ ᠲᠡᠷᠭᠡ ᠳᠤ ᠬᠠᠷᠢᠶᠠᠯᠠᠭᠳᠠᠪᠠᠯ᠂ ᠪᠠᠰᠠ ᠮᠠᠰᠢᠨᠲᠦ ᠲᠡᠷᠭᠡᠨ ᠤ ᠠᠶᠤᠯ ᠦᠭᠡᠢ ᠶᠢᠨ ᠮᠡᠷᠭᠡᠵᠢᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠡᠷᠡᠴᠢ ᠪᠠ ᠵᠠᠮ ᠬᠠᠷᠢᠯᠴᠠᠭᠠᠨ ᠤ ᠠᠳᠡᠯ ᠤᠨ ᠬᠠᠷᠢᠭᠤᠴᠠᠯᠭ᠎ᠠ ᠶᠢᠨ ᠠᠯᠪᠠᠳᠠᠯᠭᠠᠲᠦ ᠳᠠᠭᠠᠳᠬᠠᠯ ᠤᠨ ᠬᠡᠷᠡᠴᠢ ᠶᠢ ᠲᠤᠰᠢᠶᠠᠬᠤ ᠬᠡᠷᠡᠭᠲᠠᠢ᠃      ᠮᠠᠰᠢᠨᠲᠦ ᠲᠡᠷᠭᠡᠨ ᠤ ᠤᠳᠤ ᠶᠢᠨ ᠦᠮᠴᠢᠯᠡᠭᠴᠢ ᠶᠢᠨ ᠰᠠᠭᠤᠵᠦ ᠪᠠᠶᠢᠭ᠎ᠠ ᠭᠠᠵᠠᠷ ᠨᠢ ᠲᠡᠷᠭᠡ ᠬᠦᠰᠭᠡ ᠶᠢᠨ ᠬᠠᠮᠢᠶᠠᠷᠤᠯᠲᠠ ᠶᠢᠨ ᠭᠠᠵᠠᠷ ᠤᠨ ᠬᠠᠷᠢᠶ᠎ᠠ ᠣᠷᠣᠨ ᠳᠤ ᠪᠠᠶᠢᠪᠠᠯ᠂ ᠲᠡᠷᠭᠡ ᠬᠦᠰᠬᠡ ᠶᠢᠨ ᠬᠠᠮᠢᠶᠠᠷᠤᠯᠲᠠ ᠶᠢᠨ ᠭᠠᠵᠠᠷ ᠭᠤᠶᠤᠴᠢᠯᠠᠯ ᠢ ᠬᠦᠯᠢᠶᠡᠨ ᠠᠪᠤᠭᠰᠠᠨ ᠡᠳᠥᠷ ᠠᠴᠠ ᠡᠬᠢᠯᠡᠨ ᠨᠢᠭᠡ ᠡᠳᠦᠷ ᠤᠨ ᠳᠤᠲᠤᠷ᠎ᠠ᠂ ᠮᠠᠰᠢᠨᠲᠦ ᠲᠡᠷᠭᠡ ᠶᠢ ᠨᠤᠲᠠᠯᠠᠵᠦ᠂ ᠲᠡᠷᠭᠡ ᠬᠦᠰᠭᠡ ᠶᠢ ᠢᠯᠭᠠᠨ ᠲᠠᠨᠢᠬᠤ ᠣᠷᠣᠯᠠᠬᠤ ᠳ᠋ᠤᠭᠠᠷ ᠤᠨ ᠳᠠᠷᠤᠮᠠᠯ ᠬᠡᠪ ᠢ ᠬᠠᠷᠭᠤᠭᠤᠯᠤᠨ᠂ ᠲᠤᠰᠢᠶᠠᠭᠰᠠᠨ ᠬᠡᠷᠡᠴᠢ᠂ ᠪᠠᠷᠢᠮᠲᠠ ᠶᠢ ᠬᠢᠨᠠᠨ ᠪᠠᠶᠢᠴᠠᠭᠠᠵᠤ᠂ ᠨᠣᠮᠧᠷᠲᠦ ᠫᠠᠶᠢᠰᠠᠨ᠂ ᠲᠡᠷᠭᠡ ᠶᠠᠪᠤᠭᠤᠯᠬᠤ ᠦᠨᠡᠮᠯᠡᠯ ᠢ ᠬᠤᠷᠢᠶᠠᠵᠤ᠂ ᠮᠠᠰᠢᠨᠲᠦ ᠲᠡᠷᠭᠡᠨ ᠤ ᠰᠢᠨ᠎ᠡ ᠨᠣᠮᠧᠷᠲᠦ ᠫᠠᠶᠢᠰᠠ ᠶᠢᠨ ᠨᠤᠮᠧᠷ ᠢ ᠲᠣᠭᠲᠠᠭᠠᠨ᠂ ᠮᠠᠰᠢᠨᠲᠦ ᠲᠡᠷᠭᠡ ᠶᠢ ᠪᠦᠷᠢᠳᠭᠡᠭᠦᠯᠥᠭᠰᠡᠨ ᠦᠨᠡᠮᠯᠡᠯ ᠳᠡᠭᠡᠷ᠎ᠡ ᠰᠢᠯᠵᠢᠬᠦᠯᠥᠭᠰᠡᠨ ᠵᠦᠢᠯᠡᠰ ᠢ ᠴᠣᠬᠤᠯᠠᠪᠥᠷᠢᠯᠠᠵᠦ᠂ ᠨᠣᠮᠧᠷᠲᠦ ᠫᠠᠶᠢᠰᠠ᠂ ᠲᠡᠷᠭᠡ ᠶᠠᠪᠤᠭᠤᠯᠬᠤ ᠦᠨᠡᠮᠯᠡᠯ ᠪᠠ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠲᠡᠮᠳᠡᠭ ᠢ ᠳᠠᠬᠢᠵᠦ ᠬᠢᠨᠠᠨ ᠣᠯᠭᠤᠬᠤ ᠬᠡᠷᠡᠭᠲᠡᠢ᠃  
 
ᠢᠷᠡᠯᠲᠡ᠄ ᠦᠪᠣᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号