| ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠬᠤᠳᠠᠯᠳᠤᠨ ᠠᠪᠬᠤ ᠭᠠᠶᠢᠯᠢ ᠶᠢ | ᠬᠡᠯᠲᠦᠷᠢᠭᠦᠯᠦᠨ᠎ᠡ | | | ᠡᠳ᠋ ᠤᠨ ᠵᠠᠰᠠᠭ ᠤᠨ ᠶᠠᠮᠤᠨ ᠵᠡᠷᠭᠡ ᠳᠦᠷᠪᠡᠨ ᠰᠠᠯᠠᠭ᠎ᠠ ᠮᠦᠴᠢᠷ 2017 ᠣᠨ ᠤ ᠵᠢᠯ ᠤᠨ ᠡᠴᠦᠰ ᠲᠤ | ᠮᠡᠳᠡᠭᠳᠡᠯ ᠨᠡᠶᠢᠲᠡᠯᠡᠨ᠂ 2018 ᠣᠨ ᠤ 1 ᠰᠠᠷ᠎ᠠ ᠶᠢᠨ 1 ᠤ ᠡᠳᠦᠷ ᠠᠴᠠ 2020 ᠣᠨ ᠤ 12 ᠰᠠᠷ᠎ᠠ ᠶᠢᠨ | 31 ᠤ ᠡᠳᠦᠷ ᠪᠣᠯᠲᠠᠯ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠬᠤᠳᠠᠯᠳᠤᠨ ᠠᠪᠬᠤ | ᠭᠠᠶᠢᠯᠢ ᠶᠢ ᠬᠡᠯᠲᠦᠷᠢᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ | ᠬᠡᠯᠲᠦᠷᠢᠭᠦᠯᠦᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ︽ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ | ᠬᠡᠯᠲᠦᠷᠢᠭᠦᠯᠦᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠬᠡᠯᠪᠡᠷᠢ ᠮᠠᠶ᠋ᠢᠭ ᠤᠨ ᠭᠠᠷᠴᠠᠭ︾ ᠢᠶᠠᠷ ᠳᠠᠮᠵᠢᠭᠤᠯᠤᠨ | ᠨᠡᠶᠢᠲᠡᠯᠡᠵᠦ ᠬᠠᠮᠢᠶᠠᠷᠤᠯᠲᠠ ᠶᠠᠪᠤᠭᠤᠯᠤᠨ᠎ᠠ᠃ | | | ᠣᠯᠠᠨ ᠨᠡᠶᠢᠲᠡ ᠶᠢᠨ ᠨᠣᠮ ᠤᠨ ᠰᠠᠩ ᠤᠨ ᠣᠯᠠᠨ ᠵᠦᠢᠯ ᠤᠨ ᠦᠢᠯᠡᠴᠢᠯᠡᠭᠡᠨ ᠨᠢ ᠰᠦᠢᠳᠬᠡᠯ ᠬᠤᠷᠢᠶᠠᠬᠤ | ᠦᠭᠡᠢ | | | ︽ᠣᠯᠠᠨ ᠨᠡᠶᠢᠲᠡ ᠶᠢᠨ ᠨᠣᠮ ᠤᠨ ᠰᠠᠩ ᠤᠨ ᠬᠠᠥᠯᠢ︾ ᠶᠢ 2018 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠬᠠᠥᠯᠢ ᠶᠢᠨ ᠲᠣᠭᠲᠠᠭᠠᠯ ᠶᠣᠰᠣᠭᠠᠷ᠂ ᠨᠡᠶᠢᠲᠡ ᠶᠢᠨ ᠨᠣᠮ ᠤᠨ ᠰᠠᠩ ᠨᠢ | ᠨᠡᠶᠢᠭᠡᠮ ᠣᠯᠠᠨ ᠨᠡᠶᠢᠲᠡ ᠳᠤ ᠳᠦᠷᠪᠡᠨ ᠵᠦᠢᠯ ᠤᠨ ᠦᠢᠯᠡᠴᠢᠯᠡᠭᠡ ᠶᠢ ᠦᠨ᠎ᠡ ᠲᠦᠯᠦᠪᠦᠷᠢ ᠦᠭᠡᠢ ᠬᠠᠩᠭᠠᠬᠤ | ᠬᠡᠷᠡᠭᠲᠡᠢ᠂ ᠲᠡᠭᠦᠨ ᠳᠤ᠄ | ① ᠪᠢᠴᠢᠭ ᠮᠠᠲ᠋ᠧᠷᠢᠶᠠᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠵᠢᠭᠡᠯᠡᠨ ᠦᠵᠡᠬᠦ︔ | ② ᠤᠩᠰᠢᠯᠭ᠎ᠠ ᠶᠢᠨ ᠥᠷᠥᠭᠡ᠂ ᠳᠠᠪᠲᠠᠯᠭ᠎ᠠ ᠶᠢᠨ ᠥᠷᠦᠭᠡ ᠵᠡᠷᠭᠡ ᠣᠶᠢᠯᠠᠨ ᠨᠡᠶᠢᠲᠡ ᠶᠢᠨ ᠣᠷᠣᠨ ᠵᠠᠢ ᠪᠣᠯᠣᠨ | ᠲᠥᠬᠦᠭᠡᠷᠦᠮᠵᠢ ᠲᠠᠯᠠᠪᠤᠷ ᠢ ᠴᠢᠯᠦᠭᠡᠲᠡᠢ ᠨᠡᠭᠡᠭᠡᠨ᠎ᠡ︔ | ③ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠶᠠᠷᠢᠶ᠎ᠠ ᠲᠠᠶᠢᠯᠤᠮᠵᠢ᠂ ᠤᠩᠰᠢᠨ ᠳᠡᠯᠭᠡᠷᠡᠭᠦᠯᠬᠦ ᠠᠵᠢᠯᠯᠠᠭ᠎ᠠ᠂ | ᠪᠣᠯᠪᠠᠰᠤᠷᠠᠯ᠂ ᠦᠵᠡᠭᠦᠯᠦᠯᠭᠡ︔ | ④ ᠤᠯᠤᠰ ᠠᠴᠠ ᠲᠣᠭᠲᠠᠭᠠᠭᠰᠠᠨ ᠪᠤᠰᠤᠳ ᠰᠦᠢᠳᠬᠡᠯ ᠬᠤᠷᠢᠶᠠᠬᠤ ᠦᠭᠡᠢ ᠦᠢᠯᠡᠴᠢᠯᠡᠭᠡᠨ ᠤ ᠲᠦᠷᠦᠯ ᠵᠦᠢᠯ | ᠪᠠᠭᠲᠠᠨ᠎ᠠ᠃ | | 2018 ᠣᠨ ᠳᠤ ᠬᠤᠷᠳᠤᠨ ᠤ ᠵᠠᠮ ᠤᠨ ᠪᠠᠶᠠᠷ ᠳᠤᠷᠠᠰᠬᠠᠯ ᠤᠨ ᠡᠳᠦᠷ ᠰᠦᠢᠳᠭᠡᠯ ᠦᠯᠦ ᠬᠤᠷᠢᠶᠠᠬᠤ | ᠬᠦᠰᠦᠨᠦᠭᠲᠦ | | | | ︽2018 ᠣᠨ ᠤ ᠬᠡᠰᠡᠭ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠲᠣᠬᠢᠷᠠᠭᠤᠯᠤᠯᠲᠠ ᠶᠢᠨ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠦᠨᠳᠦᠰᠦᠯᠡᠵᠦ᠂ | ᠦᠩᠭᠡᠷᠡᠭᠰᠡᠨ ᠵᠢᠯ ᠤᠨ ᠬᠤᠷᠳᠤᠨ ᠤ ᠵᠠᠮ ᠤᠨ ᠪᠠᠶᠠᠷ ᠳᠤᠷᠠᠰᠬᠠᠯ ᠤᠨ ᠡᠳᠦᠷ ᠤᠨ ᠰᠦᠢᠳᠬᠡᠯ ᠦᠯᠦ ᠬᠤᠷᠢᠶᠠᠬᠤ | ᠲᠥᠷᠥ ᠶᠢᠨ ᠪᠣᠳᠤᠯᠭ᠎ᠠ ᠲᠠᠢ ᠤᠶᠠᠯᠳᠤᠭᠤᠯᠤᠨ᠂ 2018 ᠣᠨ ᠳᠤ᠂ ᠡᠳᠡᠭᠡᠷ ᠴᠠᠭ ᠤᠨ ᠬᠤᠭᠤᠷᠣᠨᠳᠣᠬᠢ | ᠬᠤᠷᠳᠤᠨ ᠤ ᠵᠠᠮ ᠠᠴᠠ ᠰᠦᠢᠳᠬᠡᠯ ᠬᠤᠷᠢᠶᠠᠬᠤ ᠦᠭᠡᠢ ᠪᠣᠯᠣᠯᠴᠠᠭ᠎ᠠ ᠲᠠᠢ᠃ | ① ᠴᠠᠭᠠᠨ ᠰᠠᠷ᠎ᠠ᠄ 2 ᠰᠠᠷ᠎ᠠ ᠶᠢᠨ 15 ᠤ ᠡᠳᠦᠷ ︵ᠪᠢᠲᠡᠭᠦᠨ︶ ᠤᠨ 0 ᠴᠠᠭ ᠠᠴᠠ 2 ᠰᠠᠷ᠎ᠠ ᠶᠢᠨ 21 ᠤ | ᠡᠳᠦᠷ ᠤᠨ ︵ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ︶ 24 ᠴᠠᠭ ② ᠬᠠᠩᠰᠢ᠄ 4 ᠰᠠᠷ᠎ᠠ ᠶᠢᠨ 5 ᠤ | ᠡᠳᠦᠷ ᠤᠨ 0 ᠴᠠᠭ ᠠᠴᠠ 4 ᠰᠠᠷ᠎ᠠ ᠶᠢᠨ 7 ᠤ ᠡᠳᠦᠷ ᠤᠨ 24 ᠴᠠᠭ | ③ ᠬᠥᠳᠡᠯᠮᠦᠷᠢᠴᠢᠳ ᠤᠨ ᠪᠠᠶᠠᠷ᠄ 4 ᠰᠠᠷ᠎ᠠ ᠶᠢᠨ 29 ᠤ ᠡᠳᠦᠷ ᠤᠨ 0 ᠴᠠᠭ ᠠᠴᠠ 5 ᠰᠠᠷ᠎ᠠ ᠶᠢᠨ 1 ᠤ | ᠡᠳᠦᠷ ᠤᠨ 24 ᠴᠠᠭ | ④ ᠤᠯᠤᠰ ᠤᠨ ᠪᠠᠶᠠᠷ᠄ 10 ᠰᠠᠷ᠎ᠠ ᠶᠢᠨ 1 ᠤ ᠡᠳᠦᠷ ᠤᠨ 0 ᠴᠠᠭ ᠠᠴᠠ 10 ᠰᠠᠷ᠎ᠠ ᠶᠢᠨ 7 ᠤ ᠡᠳᠦᠷ ᠤᠨ | 24 ᠴᠠᠭ | | | ᠭᠠᠳᠠᠭᠠᠳᠤ ᠠᠴᠠ ᠣᠷᠣᠭᠤᠯᠬᠤ ᠬᠡᠰᠡᠭ ᠲᠠᠸᠠᠷ ᠤᠨ ᠪᠣᠭᠤᠮᠲᠠ ᠶᠢᠨ ᠭᠠᠶᠢᠯᠢ ᠶᠢ ᠪᠠᠭᠤᠷᠠᠭᠤᠯᠤᠨ᠎ᠠ | | | ᠲᠥᠷᠥ ᠶᠢᠨ ᠶᠠᠪᠤᠳᠠᠯ ᠤᠨ ᠬᠤᠷᠢᠶᠠᠨ ᠤ ᠪᠣᠭᠤᠮᠲᠠ ᠶᠢᠨ ᠭᠠᠶᠢᠯᠢ ᠶᠢᠨ ᠭᠠᠶᠢᠯᠢ ᠶᠢᠨ ᠪᠠᠶᠢᠭᠤᠯᠤᠯ ᠤᠨ | ᠺᠣᠮᠢᠰ ᠤᠨ ᠬᠢᠨᠠᠨ ᠶᠠᠷᠢᠯᠴᠠᠵᠦ᠂ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠭᠡᠳ᠂ | 2017 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ᠂ ᠬᠡᠰᠡᠭ ᠬᠡᠷᠡᠭᠯᠡᠭᠡᠨ ᠤ ᠡᠳ᠋ ᠤᠨ ᠭᠠᠳᠠᠭᠠᠳᠤ ᠠᠴᠠ | ᠣᠷᠣᠭᠤᠯᠬᠤ ᠪᠣᠭᠤᠮᠲᠠ ᠶᠢᠨ ᠭᠠᠶᠢᠯᠢ ᠶᠢ ᠪᠠᠭᠤᠷᠠᠭᠤᠯᠤᠭᠰᠠᠨ ᠤ ᠳᠠᠷᠠᠭ᠎ᠠ᠂ 2018 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ᠂ ᠮᠠᠨ ᠤ ᠤᠯᠤᠰ ᠨᠢ ᠪᠠᠰᠠ ᠪᠣᠰᠣᠳ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠪᠣᠭᠤᠮᠲᠠ ᠶᠢᠨ ᠭᠠᠶᠢᠯᠢ ᠶᠢ ᠬᠡᠰᠡᠭ ᠲᠠᠯ᠎ᠠ ᠪᠠᠷ ᠲᠣᠬᠢᠷᠠᠭᠤᠯᠬᠤ ᠪᠣᠯᠣᠨ᠎ᠠ᠃ ᠡᠨᠡ ᠵᠢᠯ ᠤᠨ 7 ᠰᠠᠷ᠎ᠠ ᠶᠢᠨ | 1 ᠤ ᠡᠳᠤᠷ ᠠᠴᠠ ᠡᠬᠢᠯᠡᠨ᠂ ᠮᠠᠨ ᠤ ᠤᠯᠤᠰ ᠨᠢ ᠪᠠᠰᠠ ᠮᠡᠳᠡᠭᠡ ᠵᠠᠩᠭᠢ ᠶᠢᠨ ᠮᠡᠷᠭᠡᠵᠢᠯ ᠵᠡᠷᠭᠡ ᠦᠢᠯᠡᠳᠬᠦᠨ ᠤ | ᠭᠤᠷᠪᠠᠳᠤᠭᠠᠷ ᠤᠳᠠᠭᠠᠨ ᠤ ᠭᠠᠶᠢᠯᠢ ᠪᠠᠭᠤᠷᠠᠭᠤᠯᠤᠯᠲᠠ ᠶᠢ ᠡᠬᠢᠯᠡᠨ ᠬᠡᠷᠡᠭᠵᠢᠭᠦᠯᠦᠨ᠎ᠡ᠃ | | | ᠳᠤᠮᠳᠠ ᠵᠢᠵᠢᠭ ᠠᠵᠤ ᠠᠬᠤᠶᠢᠯᠠᠯ ᠤᠨ ᠬᠦᠭᠵᠢᠯᠲᠡ ᠳᠤ ᠬᠠᠷᠠᠭᠠᠯᠵᠠᠯ ᠬᠦᠷᠲᠡᠭᠡᠨ᠎ᠡ | | | ︽ᠳᠤᠮᠳᠠ ᠵᠢᠵᠢᠭ ᠠᠵᠤ ᠠᠬᠤᠶᠢᠯᠠᠯ ᠤᠨ ᠬᠦᠭᠵᠢᠯᠲᠡ ᠶᠢ ᠠᠬᠢᠭᠤᠯᠬᠤ ᠬᠠᠥᠯᠢ︾ ᠶᠢ 2018 ᠣᠨ ᠤ 1 | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | | ᠬᠡᠰᠡᠭ ᠬᠤᠲᠠ ᠵᠠᠮ ᠬᠡᠷᠡᠭᠯᠡᠬᠦ ᠰᠦᠢᠳᠬᠡᠯ ᠢ ᠬᠦᠴᠦᠨ ᠦᠭᠡᠢ ᠪᠣᠯᠭᠠᠪᠠ | | | ᠣᠯᠠᠨ ᠭᠠᠵᠠᠷ ᠤᠨ ᠵᠠᠰᠠᠭ ᠤᠨ ᠣᠷᠳᠣᠨ ᠵᠠᠷᠯᠠᠯ ᠨᠡᠶᠢᠲᠡᠯᠡᠵᠦ᠂ 2018 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ᠂ ᠲᠡᠷᠭᠡ ᠬᠥᠰᠬᠡ ᠨᠡᠪᠲᠡᠷᠡᠬᠦ ᠰᠦᠢᠳᠬᠡᠯ᠂ ᠵᠠᠮ ᠤᠨ ᠬᠦᠭᠦᠷᠭᠡ ᠶᠢᠨ ᠵᠠᠷᠤᠳᠠᠯ | ᠲᠠᠲᠠᠪᠤᠷᠢᠯᠠᠬᠤ ᠪᠠᠨ ᠵᠣᠭᠰᠣᠭᠠᠬᠤ ᠶᠢ ᠵᠠᠷᠯᠠᠪᠠ᠃ | | | | | |