ᠨᠡᠶᠢᠳᠡᠯᠡᠵᠤ ᠬᠡᠷᠡᠭᠵᠢᠬᠦᠯᠤᠭᠡᠳ 14 ᠵᠢᠯ ᠪᠤᠯᠤᠭᠰᠠᠨ ᠤ ᠲᠠᠷᠠᠭ᠎ᠠ᠂ ᠬᠥᠳᠡᠭᠡ ᠲᠤᠰᠬᠤᠨ ᠤ ᠭᠠᠵᠠᠷ | ᠰᠢᠷᠤᠢ ᠶᠢᠨ ᠲᠠᠭᠠᠭᠠᠴᠢᠯᠠᠯᠳᠠ ᠶᠢᠨ ᠬᠠᠤᠯᠢ ᠳᠤ ᠠᠩᠬ᠎ᠠ ᠤᠳᠠᠭ᠎ᠠ ᠲᠤᠬᠢᠷᠠᠭᠤᠯᠤᠯᠳᠡ ᠬᠢᠵᠤ᠂ ᠲᠡᠷᠢᠶᠠᠴᠢᠳ ᠲᠤ | ᠬᠥᠢᠴᠡᠳ ᠪᠦᠭᠡᠳ ᠪᠠᠳᠤᠯᠠᠭ᠎ᠠ ᠲᠠᠢ ᠭᠠᠵᠠᠷ ᠰᠢᠷᠤᠢ ᠶᠢᠨ ᠡᠷᠭᠡ ᠶᠢ ᠤᠯᠠᠮ ᠨᠢᠭᠡ ᠠᠯᠬᠤᠮ ᠤᠯᠭᠤᠬᠤ ᠪᠠᠷ ᠪᠠᠶᠢᠨ᠎ᠠ | ᠃ 10 ᠰᠠᠷ᠎ᠠ ᠶᠢᠨ 31 ᠤ ᠡᠳᠤᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠳᠤᠭᠠᠷ ᠬᠤᠷᠠᠯᠳᠤᠭᠠᠨ ᠲᠡᠭᠡᠷ᠎ᠡ᠂ | ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠶᠠᠯᠠᠩ ᠬᠢᠭᠡᠳ ᠬᠥᠳᠡᠭᠡ | ᠲᠤᠰᠬᠤᠨ ᠤ ᠺᠤᠮᠢᠰ ᠤᠨ ᠲᠡᠳ᠋ ᠡᠷᠬᠢᠯᠡᠭᠴᠢ ᠭᠡᠰᠢᠬᠦᠨ ᠯᠢᠤ ᠵᠧᠨ ᠸᠧᠢ ᠬᠥᠳᠡᠭᠡ ᠲᠤᠰᠬᠤᠨ ᠤ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠬᠠᠤᠯᠢ ᠶᠢᠨ ᠵᠠᠰᠠᠪᠤᠷᠢ ᠤᠷᠤᠭᠤᠯᠬᠤ ᠲᠦᠰᠤᠯ ᠤᠨ ᠲᠤᠬᠠᠢ ᠲᠤᠳᠤᠷᠬᠠᠶᠢᠯᠠᠯᠳᠠ ᠬᠢᠪᠠ᠃ | ᠬᠥᠳᠡᠭᠡ ᠲᠤᠰᠬᠤᠨ ᠤ ᠦᠨᠳᠤᠰᠤᠨ ᠡᠵᠡᠩᠨᠡᠯᠳᠡ ᠶᠢᠨ ᠲᠦᠷᠢᠮ ᠤᠨ ᠴᠢᠬᠤᠯᠠ ᠶᠡᠭᠡ ᠰᠢᠨ᠎ᠠ ᠡᠬᠦᠳᠤᠯᠳᠡ ᠶᠢ | ᠰᠢᠨ᠎ᠠ ᠬᠠᠤᠯᠢ ᠳᠤ ᠪᠢᠴᠢᠨ ᠤᠷᠤᠭᠤᠯᠪᠠ | ᠲᠠᠷᠢᠶᠠᠴᠢᠳ ᠲᠤ ᠭᠠᠵᠠᠷ ᠰᠢᠷᠤᠢ ᠲᠠᠭᠠᠭᠠᠴᠢᠯᠠᠨ ᠡᠵᠡᠩᠨᠡᠬᠦ ᠲᠤᠬᠳᠠᠪᠤᠷᠢᠳᠠᠢ ᠵᠢᠱᠢᠯᠳᠡ ᠦᠭᠬᠦ ᠶᠢᠨ | ᠲᠦᠯᠤᠭᠡ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠢᠯᠡᠳᠭᠡᠯ ᠳᠤ ᠬᠤᠶᠠᠳᠤᠭᠠᠷ ᠡᠭᠡᠯᠵᠢ ᠶᠢᠨ ᠭᠠᠵᠠᠷ | ᠰᠢᠷᠤᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠲᠤᠯᠤᠭᠰᠠᠨ ᠤ ᠲᠠᠷᠠᠭ᠎ᠠ ᠲᠠᠬᠢᠭᠠᠳ 30 ᠵᠢᠯ ᠤᠷᠳᠤᠳᠬᠠᠨ᠎ᠠ | ᠭᠡᠵᠤ ᠲᠤᠳᠤᠷᠬᠠᠢ ᠲᠤᠷᠠᠳᠤᠨ ᠭᠠᠷᠭᠠᠪᠠ᠃ ᠡᠨᠡ ᠤᠳᠠᠭ᠎ᠠ ᠶᠢᠨ ᠵᠠᠰᠠᠪᠤᠷᠢ ᠤᠷᠤᠭᠤᠯᠬᠤ ᠲᠦᠰᠤᠯ ᠤᠨ ᠲᠦᠰᠤᠯ ᠳᠤ | ᠲᠤᠬᠳᠠᠭᠠᠭᠰᠠᠨ ᠨᠢ᠂ ᠤᠯᠤᠰ ᠠᠴᠠ ᠬᠥᠳᠡᠭᠡ ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ | ᠬᠠᠷᠢᠴᠠᠭ᠎ᠠ ᠶᠢᠨ ᠲᠤᠬᠳᠠᠭᠤᠨ ᠪᠠᠶᠢᠬᠤ ᠶᠢ ᠬᠠᠤᠯᠢ ᠶᠤᠰᠤᠭᠠᠷ ᠬᠠᠮᠠᠭᠠᠯᠠᠬᠤ ᠪᠦᠭᠡᠳ ᠤᠷᠳᠤ ᠬᠤᠭᠤᠴᠠᠭ᠎ᠠ | ᠬᠤᠪᠢᠷᠠᠭᠤᠯᠬᠤ ᠦᠭᠡᠢ᠂ ᠲᠡᠷᠡᠴᠢᠯᠠᠨ ᠲᠠᠷᠢᠶᠠᠨ ᠭᠠᠵᠠᠷ ᠤᠨ ᠲᠠᠭᠠᠭᠠᠴᠢᠯᠠᠯᠳᠠ ᠶᠢᠨ ᠬᠤᠭᠤᠴᠠᠭ᠎ᠠ ᠲᠤᠯᠤᠭᠰᠠᠨ ᠤ | ᠲᠠᠷᠠᠭ᠎ᠠ ᠲᠠᠬᠢᠭᠠᠳ 30 ᠵᠢᠯ ᠤᠷᠳᠤᠳᠬᠠᠨ᠎ᠠ ᠭᠡᠵᠤ ᠲᠤᠳᠤᠷᠬᠠᠢ ᠲᠤᠬᠳᠠᠭᠠᠵᠠᠢ᠃ | ︽ᠬᠥᠳᠡᠭᠡ ᠲᠤᠰᠬᠤᠨ ᠤ ᠭᠠᠵᠠᠷ ᠰᠢᠷᠤᠢ ᠶᠢᠨ ᠬᠠᠮᠳᠤ ᠶᠢᠨ ᠦᠮᠴᠢᠯᠠᠯ ᠢ ᠪᠠᠷᠢᠮᠳᠠᠯᠠᠨ᠂ ᠭᠡᠷ ᠪᠦᠯᠢ ᠶᠢᠨ | ᠡᠵᠡᠩᠨᠡᠯᠳᠡ ᠶᠢᠨ ᠰᠠᠭᠤᠷᠢᠯᠠᠬᠤ ᠴᠢᠨᠠᠷᠳᠠᠢ ᠪᠠᠶᠢᠷᠢ ᠰᠠᠭᠤᠷᠢ ᠶᠢ ᠪᠠᠷᠢᠮᠳᠠᠯᠠᠵᠤ᠂ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠬᠠᠷᠢᠴᠠᠭ᠎ᠠ ᠶᠢᠨ ᠲᠤᠬᠳᠠᠭᠤᠨ ᠪᠠᠶᠢᠬᠤ ᠶᠢ ᠪᠠᠷᠢᠮᠳᠠᠯᠠᠬᠤ ᠳᠤ ᠭᠤᠤᠯᠳᠠᠯᠭ᠎ᠠ ᠨᠢ | ᠲᠠᠷᠢᠶᠠᠴᠢᠳ ᠤᠨ ᠭᠠᠵᠠᠷ ᠰᠢᠷᠤᠢ ᠶᠢᠨ ᠡᠷᠭᠡ ᠠᠰᠢᠭ ᠢ ᠬᠠᠮᠠᠭᠠᠯᠠᠬᠤ ᠶᠠᠪᠤᠳᠠᠯ ᠮᠦᠨ︾ ᠭᠡᠵᠤ ᠯᠢᠤ ᠵᠧᠨ ᠸᠧᠢ | ᠬᠡᠯᠠᠵᠠᠢ᠃ | ᠲᠦᠰᠤᠯ ᠳᠤ᠂ ᠭᠡᠷ ᠪᠦᠯᠢ ᠶᠢᠨ ᠲᠠᠭᠠᠭᠠᠴᠢᠯᠠᠯᠳᠠ ᠶᠢᠨ ᠠᠷᠭ᠎ᠠ ᠮᠠᠶ᠋ᠢᠭ ᠢᠶᠠᠷ ᠤᠯᠤᠭᠰᠠᠨ ᠭᠠᠵᠠᠷ | ᠰᠢᠷᠤᠢ ᠶᠢᠨ ᠲᠠᠭᠠᠭᠠᠴᠢᠯᠠᠨ ᠡᠵᠡᠩᠨᠡᠬᠦ ᠡᠷᠭᠡ ᠶᠢ ᠡᠷᠬᠢᠯᠳᠤᠬᠦᠯᠬᠦ ᠶᠠᠪᠤᠴᠠ ᠳᠤ ᠭᠠᠵᠠᠷ ᠰᠢᠷᠤᠢ ᠲᠠᠭᠠᠭᠠᠴᠢᠯᠠᠬᠤ ᠡᠷᠭᠡ | ᠪᠠ ᠭᠠᠵᠠᠷ ᠰᠢᠷᠤᠢ ᠡᠵᠡᠩᠨᠡᠬᠦ ᠡᠷᠭᠡ ᠭᠡᠵᠤ ᠬᠤᠪᠢᠶᠠᠨ᠎ᠠ ᠭᠡᠵᠤ ᠲᠤᠬᠳᠠᠭᠠᠪᠠ᠃ ᠲᠡᠷᠡ ᠲᠠᠶᠢᠯᠪᠤᠷᠢᠯᠠᠬᠤ ᠳᠠᠭᠠᠨ᠂ | ᠬᠥᠳᠡᠭᠡ ᠲᠤᠰᠬᠤᠨ ᠤ ᠭᠠᠵᠠᠷ ᠰᠢᠷᠤᠢ ᠶᠢᠨ ᠦᠮᠴᠢᠯᠡᠬᠦ ᠡᠷᠭᠡ᠂ ᠲᠠᠭᠠᠭᠠᠴᠢᠯᠠᠬᠤ ᠡᠷᠭᠡ ᠪᠠ ᠡᠵᠡᠩᠨᠡᠬᠦ ᠡᠷᠭᠡ ᠶᠢᠨ ︽ | ᠭᠤᠷᠪᠠᠨ ᠡᠷᠭᠡ ᠶᠢ ᠰᠠᠯᠭᠠᠬᠤ︾ ᠪᠤᠯ ᠬᠤᠷᠢᠶᠠᠯᠳᠠ ᠲᠠᠢ ᠨᠢ ᠬᠤᠯᠪᠤᠬᠳᠠᠭᠤᠯᠤᠨ ᠡᠷᠤᠭᠡ ᠳᠤ ᠲᠠᠭᠠᠭᠠᠴᠢᠯᠠᠭᠤᠯᠬᠤ | ᠬᠠᠷᠢᠭᠤᠴᠠᠯᠭ᠎ᠠ ᠶᠢᠨ ᠲᠦᠷᠢᠮ ᠤᠨ ᠲᠠᠷᠠᠭᠠᠬᠢ ᠮᠠᠨ ᠤ ᠤᠯᠤᠰ ᠤᠨ ᠬᠥᠳᠡᠭᠡ ᠲᠤᠰᠬᠤᠨ ᠤ ᠦᠭᠡᠷᠡᠴᠢᠯᠠᠯᠳᠠ ᠶᠢᠨ | ᠪᠠᠰᠠ ᠨᠢᠭᠡᠨ ᠴᠢᠬᠤᠯᠠ ᠶᠡᠭᠡ ᠲᠦᠷᠢᠮ ᠤᠨ ᠰᠢᠨ᠎ᠠ ᠡᠬᠦᠳᠤᠯᠳᠡ ᠮᠦᠨ ᠭᠡᠵᠠᠢ᠃ | ᠦᠮᠴᠢᠯᠡᠬᠦ ᠡᠷᠭᠡ᠂ ᠲᠠᠭᠠᠭᠠᠴᠢᠯᠠᠨ ᠡᠵᠡᠩᠨᠡᠬᠦ ᠡᠷᠭᠡ ᠶᠢᠨ ︽ᠬᠤᠶᠠᠷ ᠡᠷᠭᠡ ᠶᠢ ᠰᠠᠯᠭᠠᠬᠤ︾ ᠠᠴᠠ | ᠦᠮᠴᠢᠯᠡᠬᠦ ᠡᠷᠭᠡ᠂ ᠲᠠᠭᠠᠭᠠᠴᠢᠯᠠᠬᠤ ᠡᠷᠭᠡ᠂ ᠡᠵᠡᠩᠨᠡᠬᠦ ᠡᠷᠭᠡ ᠶᠢᠨ ︽ᠭᠤᠷᠪᠠᠨ ᠡᠷᠭᠡ ᠶᠢ ᠰᠠᠯᠭᠠᠬᠤ︾ ᠬᠥᠷᠳᠡᠯ᠎ᠠ᠂ | ᠲᠠᠷᠢᠶᠠᠴᠢᠳ ᠤᠨ ᠭᠠᠵᠠᠷ ᠰᠢᠷᠤᠢ ᠲᠠᠭᠠᠭᠠᠴᠢᠯᠠᠬᠤ ᠡᠷᠭᠡ ᠶᠢ ᠦᠯᠡᠳᠡᠭᠡᠵᠤ᠂ ᠭᠠᠵᠠᠷ ᠰᠢᠷᠤᠢ ᠡᠵᠡᠩᠨᠡᠬᠦ ᠡᠷᠭᠡ ᠶᠢ | ᠡᠷᠬᠢᠯᠳᠤᠬᠦᠯᠬᠦ ᠬᠥᠰᠡᠯ ᠰᠠᠨᠠᠭ᠎ᠠ ᠳᠤ ᠨᠡᠶᠢᠴᠡᠬᠦᠯᠵᠤ᠂ ᠲᠠᠷᠢᠶᠠᠨ ᠭᠠᠵᠠᠷ ᠤᠨ ᠡᠵᠡᠩᠨᠡᠯᠳᠡ ᠶᠢᠨ ᠠᠷᠭ᠎ᠠ ᠮᠠᠶ᠋ᠢᠭ ᠤᠨ | ᠴᠠᠭ ᠦᠶ᠎ᠠ ᠶᠢᠨ ᠬᠤᠪᠢᠷᠠᠯᠳᠠ ᠶᠢ ᠲᠤᠰᠬᠠᠵᠠᠢ᠃ ᠤᠳᠤ ᠪᠦᠬᠦ ᠤᠯᠤᠰ ᠤᠨ ᠬᠥᠳᠡᠭᠡ ᠲᠤᠰᠬᠤᠨ ᠳᠤ ᠨᠢᠭᠡᠨᠳᠡ | 30% ᠠᠴᠠ ᠲᠡᠭᠡᠭᠰᠢᠬᠢ ᠲᠠᠭᠠᠭᠠᠴᠢᠯᠠᠯᠳᠠ ᠶᠢᠨ ᠲᠠᠷᠢᠶᠠᠴᠢᠨ ᠡᠷᠤᠭᠡ ᠲᠠᠭᠠᠭᠠᠴᠢᠠᠯᠭ᠍ᠰᠠᠨ ᠭᠠᠵᠠᠷ ᠢᠶᠠᠨ | ᠡᠷᠬᠢᠯᠳᠤᠬᠦᠯᠵᠤ᠂ ᠡᠷᠬᠢᠯᠳᠡ ᠳᠤ ᠤᠷᠤᠬᠰᠠᠨ ᠲᠠᠯᠠᠪᠠᠢ ᠨᠢ 4.79 ᠳ᠋ᠦᠩᠰᠢᠭᠤᠷ ᠮᠤ᠋ ᠬᠥᠷᠦᠭᠰᠡᠨ ᠪᠠᠶᠢᠨ᠎ᠠ᠃ | ᠲᠠᠷᠢᠶᠠᠴᠢᠳ ᠤᠨ ᠡᠳ᠋ ᠬᠥᠷᠤᠩᠭᠡ ᠶᠢᠨ ᠡᠷᠭᠡ ︽ᠪᠡᠯᠡᠨ ᠵᠤᠭᠤᠰ︾ ᠪᠤᠯᠵᠤ ᠪᠠᠶᠢᠨ᠎ᠠ | ᠲᠦᠰᠤᠯ ᠳᠤ᠂ ᠭᠠᠵᠠᠷ ᠰᠢᠷᠤᠢ ᠶᠢᠨ ᠡᠵᠡᠩᠨᠡᠯᠳᠡ ᠶᠢᠨ ᠡᠷᠭᠡ ᠶᠢ ᠬᠠᠤᠯᠢ ᠶᠤᠰᠤᠭᠠᠷ ᠲᠦᠷᠢᠶᠡᠰᠤᠯᠡᠬᠦᠯᠬᠦ ︵ | ᠰᠢᠯᠵᠢᠬᠦᠯᠤᠨ ᠲᠠᠭᠠᠭᠠᠴᠢᠯᠠᠭᠤᠯᠬᠤ︶᠂ ᠬᠤᠪᠢ ᠤᠷᠤᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠡᠷᠬᠢᠯᠳᠡ ᠳᠤ | ᠤᠷᠤᠭᠤᠯᠵᠤ ᠪᠤᠯᠤᠨ᠎ᠠ᠃ ᠲᠠᠭᠠᠭᠠᠴᠢᠯᠠᠭᠤᠯᠤᠭᠴᠢ᠂ ᠲᠠᠭᠠᠭᠠᠴᠢᠯᠠᠭᠴᠢ ᠡᠷᠬᠢᠯᠳᠡ ᠶᠢᠨ ᠭᠡᠷ᠎ᠡ ᠶᠢᠨ ᠪᠤᠯᠵᠤᠯ ᠢ ᠬᠠᠤᠯᠢ | ᠶᠤᠰᠤᠭᠠᠷ ᠬᠥᠢᠴᠡᠳᠭᠡᠵᠤ᠂ ᠭᠤᠷᠪᠠᠳᠡᠬᠢ ᠲᠠᠯ᠎ᠠ ᠶᠢᠨ ᠬᠠᠤᠯᠢ ᠶᠤᠰᠤᠭᠠᠷ ᠭᠡᠷ᠎ᠡ ᠪᠠᠨ ᠦᠨᠳᠤᠰᠤᠯᠡᠨ ᠤᠯᠤᠭᠰᠠᠨ | ᠡᠷᠭᠡ ᠶᠢ ᠬᠥᠨᠳᠤᠳᠭᠡᠬᠦ ᠬᠡᠷᠡᠭᠳᠠᠢ ᠭᠡᠵᠤ ᠲᠤᠬᠳᠠᠭᠠᠪᠠ᠃ | ᠲᠦᠷᠤ ᠶᠢᠨ ᠶᠠᠪᠤᠳᠠᠯ ᠤᠨ ᠬᠤᠷᠢᠶᠠᠨ ᠤ ᠬᠥᠭᠵᠢᠯᠳᠡ ᠶᠢᠨ ᠰᠤᠳᠤᠯᠭᠠᠨ ᠤ ᠲᠦᠪ ᠤᠨ ᠬᠥᠳᠡᠭᠡ | ᠲᠤᠰᠬᠤᠨ ᠤ ᠠᠵᠤ ᠠᠬᠤᠢ ᠶᠢᠨ ᠰᠤᠳᠤᠯᠭᠠᠨ ᠤ ᠬᠡᠯᠳᠡᠰ ᠤᠨ ᠲᠠᠷᠤᠭ᠎ᠠ ᠶᠧ ᠰᠢᠩ ᠴᠢᠩ ᠬᠡᠯᠡᠬᠦ ᠳᠡᠭᠡᠨ᠂ | ᠡᠵᠡᠩᠨᠡᠯᠳᠡ ᠶᠢᠨ ᠡᠷᠭᠡ ᠶᠢ ᠤᠯᠤᠭᠰᠠᠨ ᠤ ᠲᠠᠷᠠᠭ᠎ᠠ᠂ ᠲᠠᠭᠠᠭᠠᠴᠢᠯᠠᠭᠰᠠᠨ ᠡᠷᠤᠭᠡ ᠶᠢᠨ ᠵᠦᠪᠰᠢᠶᠡᠷᠡᠯ ᠢᠶᠠᠷ ᠪᠠᠰᠠ | ᠪᠠᠷᠢᠴᠠᠭᠠᠯᠠᠬᠤ ᠡᠷᠭᠡ ᠭᠠᠷᠭᠠᠵᠤ ᠪᠤᠯᠤᠨ᠎ᠠ᠃ ᠵᠢᠱᠢᠶᠡᠯᠡᠪᠡᠯ ᠬᠡᠪᠴᠢᠶᠡᠳᠤ ᠡᠵᠡᠩᠨᠡᠯᠳᠡ ᠶᠢᠨ ᠪᠡᠶᠡᠴᠢ ᠴᠤᠭᠴᠠ ᠨᠢ | ᠲᠠᠭᠠᠭᠠᠴᠢᠯᠠᠭᠰᠠᠨ ᠡᠷᠤᠭᠡ ᠶᠢᠨ ᠵᠦᠪᠰᠢᠶᠡᠷᠡᠯ ᠢᠶᠠᠷ ᠲᠡᠮᠵᠢᠨ᠂ ᠬᠤᠶᠠᠷ ᠭᠤᠷᠪᠠᠨ ᠵᠠᠭᠤᠨ ᠮᠤ᠋ ᠭᠠᠵᠠᠷ ᠤᠨ | ᠡᠵᠡᠩᠨᠡᠯᠳᠡ ᠶᠢᠨ ᠡᠷᠭᠡ ᠪᠠᠷ ᠪᠠᠩᠬᠢ ᠳᠤ ᠬᠥᠷᠴᠤ ᠪᠠᠷᠢᠴᠠᠭᠠᠯᠠᠵᠤ ᠪᠡᠯᠡ ᠮᠦᠩᠬᠦᠨ ᠤ ᠠᠰᠠᠭᠤᠳᠠᠯ ᠢᠶᠠᠨ | ᠰᠢᠢᠳᠪᠤᠷᠢᠯᠡᠵᠤ ᠪᠤᠯᠤᠨ᠎ᠠ ᠭᠡᠵᠠᠢ᠃ | ᠤᠯᠠᠮ ᠠᠴᠠ ᠤᠯᠠᠨ ᠲᠠᠷᠢᠶᠠᠴᠢᠨ ᠬᠤᠳᠠ ᠳᠤ ᠤᠷᠤᠬᠤ ᠶᠢ ᠲᠠᠭᠠᠯᠳᠤᠨ᠂ ᠤᠤᠯ ᠤᠨ ᠲᠠᠭᠠᠭᠠᠴᠢᠯᠠᠭᠰᠠᠨ | ᠭᠠᠵᠠᠷ ᠢ ᠭᠡᠷᠬᠢᠨ ᠰᠢᠢᠳᠪᠤᠷᠢᠯᠡᠬᠦ ᠪᠤᠢ︖ ᠡᠨᠡ ᠬᠦ ᠠᠰᠠᠭᠤᠳᠠᠯ ᠢ ᠦᠷᠭᠡᠨ ᠤᠯᠠᠨ ᠲᠠᠷᠢᠶᠠᠴᠢᠨ ᠬᠠᠮᠤᠭ ᠠᠴᠠ | ᠢᠯᠡᠬᠦᠤ ᠠᠩᠬᠠᠷᠴᠤ ᠪᠠᠶᠢᠨ᠎ᠠ᠃ ᠲᠤᠰ ᠤᠳᠠᠭ᠎ᠠ ᠰᠢᠨ᠎ᠠ ᠬᠠᠤᠯᠢ ᠶᠢᠨ ᠲᠦᠰᠤᠯ ᠳᠤ ᠪᠠᠰᠠ ᠲᠤᠳᠤᠷᠬᠠᠢ ᠲᠤᠬᠳᠠᠭᠠᠯ | ᠭᠠᠷᠭᠠᠵᠤ᠂ ᠤᠳᠤ ᠶᠢᠨ ᠬᠡᠷᠡᠭᠵᠢᠬᠦᠯᠵᠤ ᠪᠠᠶᠢᠭ᠎ᠠ ᠬᠠᠤᠯᠢ ᠴᠠᠭᠠᠵᠠ ᠳᠠᠬᠢ ᠲᠠᠭᠠᠭᠠᠴᠢᠯᠠᠭᠴᠢ ᠪᠦᠬᠦ ᠭᠡᠷ ᠢᠶᠠᠷ ᠢᠶᠠᠨ | ᠲᠤᠭᠤᠷᠢᠭ ᠪᠠᠶᠢᠭᠤᠯᠤᠭᠰᠠᠨ ᠬᠤᠳᠠ ᠳᠤ ᠨᠡᠬᠦᠨ ᠤᠴᠢᠭᠠᠳ ᠲᠠᠷᠢᠶᠠᠯᠠᠩ ᠤᠨ ᠪᠤᠰᠤ ᠡᠷᠤᠭᠡ ᠠᠮᠠ ᠪᠤᠯᠵᠤ | ᠬᠤᠪᠢᠷᠠᠭᠰᠠᠨ ᠪᠠᠶᠢᠪᠠᠯ᠂ ᠲᠠᠭᠠᠭᠠᠴᠢᠯᠠᠭᠰᠠᠨ ᠭᠠᠵᠠᠷ ᠢ ᠲᠠᠭᠠᠭᠠᠴᠢᠯᠠᠭᠤᠯᠤᠭᠴᠢ ᠳᠤ ᠲᠤᠰᠢᠶᠠᠨ ᠦᠭᠬᠦ ᠬᠡᠷᠡᠭᠳᠠᠢ ᠭᠡᠬᠦ | ᠲᠤᠬᠳᠠᠭᠠᠯ ᠢ ᠬᠠᠰᠤᠭᠰᠠᠨ ᠪᠠᠶᠢᠨ᠎ᠠ᠃ | ᠯᠢᠤ ᠵᠧᠨ ᠸᠧᠢ ᠬᠡᠯᠡᠬᠦ ᠳᠡᠭᠡᠨ᠂ ᠬᠤᠳᠠ ᠬᠥᠳᠡᠭᠡ ᠶᠢᠨ ᠬᠥᠮᠤᠨ ᠠᠮᠠ ᠶᠢᠨ ᠪᠦᠳᠤᠴᠠ ᠶᠢᠨ ᠬᠤᠪᠢᠰᠤᠯᠳᠡ | ᠪᠤᠯ ᠨᠢᠭᠡᠨ ᠨᠡᠯᠢᠶᠡᠳ ᠤᠷᠳᠤ ᠲᠡᠤᠭᠡᠨ ᠶᠠᠪᠤᠴᠠ ᠪᠤᠯᠬᠤ ᠲᠤᠯᠠ᠂ ᠤᠳᠤᠬᠢ ᠱᠠᠳᠤᠨ ᠳᠠᠬᠢ ᠲᠠᠷᠢᠶᠠᠴᠢᠳ ᠤᠨ | ᠬᠤᠳᠠ ᠳᠤ ᠤᠷᠤᠵᠤ ᠠᠵᠢᠯ ᠬᠥᠳᠡᠯᠮᠤᠷᠢ ᠬᠢᠬᠦ᠂ ᠡᠷᠤᠭᠡ ᠠᠮᠠ ᠤᠷᠤᠭᠤᠯᠬᠤ ᠪᠠᠶᠢᠳᠠᠯ ᠴᠦ ᠮᠠᠰᠢ ᠪᠤᠳᠤᠯᠢᠶᠠᠨᠳᠠᠢ | ᠪᠠᠶᠢᠳᠠᠭ᠂ ᠡᠶᠢᠮᠤ ᠠᠴᠠ ᠲᠦᠰᠤᠯ ᠳᠤ᠂ ᠬᠤᠳᠠ ᠳᠤ ᠤᠷᠤᠵᠤ ᠠᠵᠢᠯ ᠬᠥᠳᠡᠯᠮᠤᠷᠢ ᠬᠢᠬᠦ ᠲᠠᠷᠢᠶᠠᠴᠢᠳ ᠤᠨ ᠭᠠᠵᠠᠷ | ᠰᠢᠷᠤᠢ ᠲᠠᠭᠠᠭᠠᠴᠢᠯᠠᠬᠤ ᠡᠷᠭᠡ ᠪᠠ ᠡᠵᠡᠩᠨᠡᠬᠦ ᠡᠷᠭᠡ ᠶᠢ ᠬᠠᠮᠠᠭᠠᠯᠠᠵᠤ᠂ ᠭᠠᠵᠠᠷ ᠰᠢᠷᠤᠢ ᠲᠠᠭᠠᠭᠠᠴᠢᠯᠠᠬᠤ ᠡᠷᠭᠡ ᠠᠴᠠ | ᠤᠬᠤᠷᠢᠨ ᠭᠠᠷᠬᠤ ᠪᠠᠷ ᠲᠠᠷᠢᠶᠠᠴᠢᠳ ᠤᠨ ᠬᠤᠳᠠ ᠳᠤ ᠡᠷᠤᠭᠡ ᠠᠮᠠ ᠤᠷᠤᠭᠤᠯᠬᠤ ᠨᠦᠬᠦᠴᠡᠯ ᠪᠤᠯᠭᠠᠵᠤ ᠪᠤᠯᠬᠤ | ᠦᠭᠡᠢ᠃ ᠭᠠᠵᠠᠷ ᠰᠢᠷᠤᠢ ᠲᠠᠭᠠᠭᠠᠴᠢᠯᠠᠨ ᠡᠵᠡᠩᠨᠡᠬᠦ ᠡᠷᠭᠡ ᠪᠠᠨ ᠦᠯᠡᠳᠡᠭᠡᠬᠦ ᠡᠰᠡᠬᠦ ᠶᠢ ᠲᠠᠷᠢᠶᠠᠴᠢᠳ | ᠰᠤᠩᠭᠤᠬᠤ ᠠᠴᠠ ᠪᠢᠰᠢ ᠬᠠᠷᠢᠨ ᠲᠠᠷᠢᠶᠠᠴᠢᠳ ᠤᠨ ᠡᠮᠤᠨ᠎ᠠ ᠠᠴᠠ ᠰᠤᠩᠭᠤᠯᠳᠡ ᠬᠢᠵᠤ ᠪᠤᠯᠬᠤ ᠦᠭᠡᠢ ᠭᠡᠵᠤ | ᠲᠤᠬᠳᠠᠭᠠᠭᠰᠠᠨ ᠪᠠᠶᠢᠨ᠎ᠠ ᠭᠡᠵᠠᠢ᠃ | ᠬᠠᠤᠯᠢ ᠴᠠᠭᠠᠵᠠ ᠠᠴᠠ ᠲᠠᠷᠢᠶᠠᠴᠢᠳ ᠲᠤ ᠤᠯᠭᠤᠭᠰᠠᠨ ᠭᠠᠵᠡᠷ ᠰᠢᠷᠤᠢ ᠶᠢᠨ ᠡᠷᠭᠡ ᠠᠰᠢᠭ ᠢ ᠭᠡᠷᠬᠢᠨ | ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠬᠤ ᠪᠤᠢ︖ ᠬᠥᠳᠡᠭᠡ ᠠᠵᠤ ᠠᠬᠤᠢ ᠶᠢᠨ ᠶᠠᠮᠤᠨ ᠤᠳᠤ ᠶᠠᠭ ᠭᠠᠵᠠᠷ | ᠰᠢᠷᠤᠢ ᠲᠠᠭᠠᠭᠠᠴᠢᠯᠠᠨ ᠡᠵᠡᠩᠨᠡᠬᠦ ᠡᠷᠭᠡ ᠶᠢ ᠨᠤᠳᠠᠯᠠᠨ ᠲᠤᠬᠳᠠᠭᠠᠬᠤ ᠲᠠᠩᠰᠠᠯᠠᠭᠤᠯᠬᠤ ᠦᠨᠡᠮᠯᠠᠯ ᠤᠯᠭᠤᠬᠤ | ᠲᠤᠷᠰᠢᠯᠳᠠ ᠶᠢᠨ ᠠᠵᠢᠯ ᠢ ᠢᠳᠡᠪᠬᠢᠳᠠᠢ ᠲᠦᠯᠬᠢᠨ ᠠᠬᠢᠭᠤᠯᠵᠤ ᠪᠠᠶᠢᠭ᠎ᠠ ᠪᠤᠯᠬᠤᠷ ᠲᠠᠷᠢᠶᠠᠴᠢᠳ ᠢ ᠭᠠᠵᠠᠷ ᠰᠢᠷᠤᠢ ᠶᠢ | ᠡᠷᠬᠢᠯᠳᠤᠬᠦᠯᠬᠦ ᠳᠤ ᠰᠠᠨᠠᠭ᠎ᠠ ᠠᠮᠤᠷ ᠪᠤᠯᠭᠠᠭᠰᠠᠨ ᠪᠠᠶᠢᠨ᠎ᠠ᠃ ᠤᠳᠤᠬᠠᠨ ᠳᠤ ᠪᠦᠬᠦ ᠤᠯᠤᠰ ᠤᠨ ᠡᠷᠭᠡ ᠶᠢ ᠨᠤᠳᠠᠯᠠᠨ | ᠲᠤᠬᠳᠠᠭᠠᠭᠰᠠᠨ ᠲᠠᠯᠠᠪᠠᠢ 10.8 ᠳ᠋ᠦᠩᠰᠢᠭᠤᠷ ᠮᠤ᠋ ᠬᠥᠷᠴᠤ᠂ ᠪᠠᠷᠤᠭ ᠪᠦᠬᠦ ᠤᠯᠤᠰ ᠤᠨ ᠬᠤᠶᠠᠳᠤᠭᠠᠷ | ᠡᠭᠡᠯᠵᠢ ᠶᠢᠨ ᠭᠡᠷ ᠪᠦᠯᠢ ᠶᠢᠨ ᠲᠠᠭᠠᠭᠠᠴᠢᠯᠠᠭᠰᠠᠨ ᠬᠠᠮᠳᠤ ᠶᠢᠨ ᠲᠠᠷᠢᠶᠠᠨ ᠭᠠᠵᠠᠷ ᠤᠨ ᠲᠠᠯᠠᠪᠠᠢ ᠶᠢᠨ 80% ᠶᠢ | ᠡᠵᠡᠯᠡᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠥᠳᠡᠭᠡ ᠠᠵᠤ ᠠᠬᠤᠢ ᠶᠢᠨ ᠶᠠᠮᠤᠨ ᠡᠯ᠎ᠠ ᠭᠠᠵᠠᠷ ᠢ | ᠵᠢᠯᠤᠭᠤᠳᠴᠤ ᠪᠠᠶᠢᠭᠠᠳ ᠭᠠᠵᠠᠷ ᠰᠢᠷᠤᠢ ᠡᠵᠡᠩᠨᠡᠬᠦ ᠡᠷᠭᠡ ᠶᠢ ᠡᠷᠬᠢᠯᠳᠤᠬᠦᠯᠬᠦ ᠵᠠᠬ᠎ᠠ ᠲᠡᠯᠭᠡᠬᠦᠷ ᠢ ᠪᠦᠷᠢᠨᠰᠢᠬᠦᠯᠤᠨ᠎ᠠ᠃ | | ᠲᠠᠷᠢᠶᠠᠯᠠᠩ ᠬᠥᠳᠡᠭᠡ ᠲᠤᠰᠬᠤᠨ ᠤ ᠤᠳᠤᠬᠢᠴᠢᠯᠠᠯᠳᠠ ᠳᠤ ᠲᠦᠷᠢᠮ ᠤᠨ ᠪᠠᠳᠤᠯᠠᠭ᠎ᠠ ᠬᠠᠩᠭᠠᠨ᠎ᠠ | ᠬᠥᠳᠡᠭᠡ ᠲᠤᠰᠬᠤᠨ ᠤ ᠨᠡᠶᠢᠭᠡᠮ ᠠᠵᠤ ᠠᠬᠤᠢ ᠶᠢᠨ ᠪᠦᠳᠤᠴᠠ ᠶᠢᠨ ᠬᠥᠨᠵᠡᠭᠡᠢ ᠬᠤᠪᠢᠰᠤᠯᠳᠡ ᠶᠢᠨ | ᠲᠠᠷᠢᠶᠠᠯᠠᠩ ᠤᠨ ᠬᠥᠭᠵᠢᠯᠳᠡ ᠳᠤ ᠦᠵᠡᠬᠦᠯᠬᠦ ᠨᠦᠯᠤᠭᠡ ᠶᠢ ᠪᠤᠳᠤᠯᠬᠢᠯᠠᠭᠠᠳ ᠬᠥᠳᠡᠭᠡ ᠲᠤᠰᠬᠤᠨ ᠤ ᠭᠠᠵᠠᠷ | ᠰᠢᠷᠤᠢ ᠶᠢᠨ ᠲᠠᠭᠠᠭᠠᠴᠢᠯᠠᠯᠳᠠ ᠶᠢᠨ ᠬᠠᠤᠯᠢ ᠶᠢᠨ ᠵᠠᠰᠠᠪᠤᠷᠢ ᠤᠷᠤᠭᠤᠯᠬᠤ ᠲᠦᠰᠤᠯ ᠤᠨ ᠲᠦᠰᠤᠯ ᠳᠤ ᠴᠦ | ᠵᠤᠬᠢᠴᠠᠩᠭᠤᠢ ᠪᠠᠷ ᠤᠯᠠᠨ ᠭᠠᠵᠠᠷ ᠲᠤᠬᠢᠷᠠᠭᠤᠯᠤᠯᠳᠡ ᠬᠢᠵᠠᠢ᠂ ᠵᠢᠱᠢᠶᠡᠯᠡᠪᠡᠯ᠄ | — ᠲᠠᠷᠢᠶᠠᠯᠠᠩ ᠤᠨ ᠦᠢᠯᠡᠳᠪᠦᠷᠢᠯᠠᠯ ᠤᠨ ᠦᠷ᠎ᠡ ᠠᠰᠢᠭ ᠢ ᠲᠡᠭᠡᠭᠰᠢᠯᠡᠬᠦᠯᠬᠦ ᠶᠢᠨ ᠲᠦᠯᠤᠭᠡ᠂ ᠭᠤᠷᠪᠠᠳᠠᠬᠢ | ᠲᠠᠯ᠎ᠠ ᠨᠢ ᠲᠠᠭᠠᠭᠠᠴᠢᠯᠠᠭᠴᠢ ᠪᠤᠶᠤ ᠲᠡᠬᠦᠨ ᠤ ᠨᠠᠶᠢᠳᠠᠭᠰᠠᠨ ᠤᠷᠤᠯᠠᠭᠴᠢ ᠶᠢᠨ ᠪᠢᠴᠢᠭ ᠤᠨ ᠵᠦᠪᠰᠢᠶᠡᠷᠡᠯ ᠢ | ᠤᠯᠬᠤ ᠶᠢᠨ ᠬᠠᠮᠳᠤ ᠲᠤᠰ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠡ ᠳᠤ ᠲᠠᠩᠰᠠᠯᠠᠭᠤᠯᠪᠠᠯ᠂ | ᠲᠠᠭᠠᠭᠠᠴᠢᠯᠠᠭᠰᠠᠨ ᠭᠠᠵᠠᠷ ᠰᠢᠷᠤᠢ ᠶᠢᠨ ᠡᠵᠡᠩᠨᠡᠯᠳᠡ ᠶᠢᠨ ᠡᠷᠭᠡ ᠶᠢ ᠲᠠᠬᠢᠨ ᠡᠷᠬᠢᠯᠳᠤᠬᠦᠯᠵᠤ ᠪᠤᠯᠤᠨ᠎ᠠ᠃ | — ᠲᠠᠭᠠᠭᠠᠴᠢᠯᠠᠭᠴᠢ ᠶᠢᠨ ᠵᠦᠪᠰᠢᠶᠡᠷᠡᠯ ᠢᠶᠠᠷ ᠭᠤᠷᠪᠠᠳᠠᠬᠢ ᠲᠠᠯ᠎ᠠ ᠨᠢ ᠰᠠᠶᠢᠵᠢᠷᠠᠭᠤᠯᠤᠭᠰᠠᠨ ᠬᠥᠷᠦᠰᠤᠨ ᠳᠤ | ᠬᠠᠤᠯᠢ ᠶᠤᠰᠤᠭᠠᠷ ᠪᠡᠯᠡ ᠤᠷᠤᠭᠤᠯᠵᠤ᠂ ᠴᠢᠬᠤᠯᠠ ᠪᠦᠬᠦᠢ ᠲᠠᠷᠢᠶᠠᠯᠠᠩ ᠤᠨ ᠦᠢᠯᠡᠳᠪᠤᠷᠢᠯᠠᠯ ᠤᠨ ᠲᠠᠭᠠᠯᠳᠠ | ᠲᠦᠬᠦᠭᠡᠷᠤᠮᠵᠢ᠂ ᠢᠵᠢ ᠪᠦᠷᠢᠳᠤᠬᠦᠯᠦᠭᠰᠡᠨ ᠲᠦᠬᠦᠭᠡᠷᠤᠮᠵᠢ ᠪᠠᠶᠢᠭᠤᠯᠵᠤ ᠪᠤᠯᠬᠤ ᠪᠦᠭᠡᠳ ᠭᠡᠷ᠎ᠡ ᠶᠢᠨ ᠪᠤᠯᠵᠤᠯ | ᠶᠤᠰᠤᠭᠠᠷ ᠪᠡᠯᠡ ᠤᠷᠤᠭᠤᠯᠤᠭᠰᠠᠨ ᠬᠡᠰᠡᠭ ᠠᠴᠠ ᠪᠠᠨ ᠵᠦᠢ ᠵᠤᠬᠢᠰᠳᠠᠢ ᠨᠦᠬᠦᠪᠤᠷᠢ ᠤᠯᠵᠤ ᠪᠤᠯᠤᠨ᠎ᠠ᠃ | ᠲᠠᠷᠢᠶᠠᠨ ᠭᠠᠵᠠᠷ ᠤᠨ ᠪᠤᠳᠠᠳᠠᠢ ᠡᠵᠡᠩᠨᠡᠭᠴᠢ ᠶᠢᠨ ᠬᠠᠤᠯᠢ ᠶᠤᠰᠤᠨ ᠤ ᠡᠷᠭᠡ ᠶᠢ ᠪᠠᠳᠤᠯᠠᠬᠤ ᠪᠤᠯ ᠶᠠᠭ ᠰᠢᠨ᠎ᠠ | ᠬᠠᠤᠯᠢ ᠶᠢᠨ ︽ᠭᠤᠷᠪᠠᠨ ᠡᠷᠭᠡ ᠶᠢ ᠰᠠᠯᠭᠠᠬᠤ︾ ᠦᠵᠡᠯ ᠰᠠᠨᠠᠭ᠎ᠠ ᠳᠤ ᠰᠠᠭᠤᠷᠢᠯᠠᠭᠰᠠᠨ ᠤ ᠢᠯᠡᠷᠡᠯ ᠮᠦᠨ᠃ | ᠬᠥᠳᠡᠭᠡ ᠲᠤᠰᠬᠤᠨ ᠤ ᠦᠯᠡᠬᠦᠤ ᠬᠥᠳᠡᠯᠮᠤᠷᠢ ᠶᠢᠨ ᠬᠥᠴᠤᠨ ᠤ ᠬᠤᠳᠠ ᠪᠠᠯᠭᠠᠰᠤᠨ ᠳᠤ ᠰᠢᠯᠵᠢᠵᠤ ᠠᠵᠢᠯ | ᠤᠯᠬᠤ ᠶᠢ ᠲᠠᠭᠠᠯᠳᠤᠨ᠂ ᠡᠯ᠎ᠠ ᠲᠦᠷᠤᠯ ᠤᠨ ᠬᠤᠷᠰᠢᠶ᠎ᠠ᠂ ᠲᠠᠷᠢᠶᠠᠯᠠᠩ ᠤᠨ ᠠᠵᠤ ᠦᠢᠯᠡᠰᠵᠢᠯᠳᠠ ᠶᠢᠨ | ᠲᠤᠯᠤᠭᠠᠶᠢᠯᠠᠭᠴᠢ ᠠᠵᠤ ᠠᠬᠤᠶᠢᠯᠠᠯ ᠵᠡᠷᠭᠡ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠪᠡᠶᠡᠴᠢ ᠴᠤᠭᠴᠠ ᠶᠡᠭᠡ | ᠬᠡᠮᠵᠢᠶ᠎ᠠ ᠪᠠᠷ ᠢᠯᠡᠷᠡᠨ ᠭᠠᠷᠴᠤ ᠪᠠᠶᠢᠨ᠎ᠠ᠃ | ᠬᠦᠳᠡᠭᠡ ᠠᠵᠤ ᠠᠬᠤᠢ ᠶᠢᠨ ᠶᠠᠮᠤᠨ ᠤ ᠪᠦᠷᠢᠳᠭᠡᠭᠰᠡᠨ ᠢ ᠦᠨᠳᠤᠰᠤᠯᠡᠪᠡᠯ᠂ ᠤᠳᠤᠬᠠᠨ ᠳᠤ ᠪᠦᠬᠦ | ᠤᠯᠤᠰ ᠤᠨ ᠡᠵᠡᠩᠨᠡᠯᠳᠡ ᠶᠢᠨ ᠬᠡᠪᠴᠢᠶ᠎ᠠ ᠨᠢ 50 ᠮᠤ᠋ ᠠᠴᠠ ᠲᠡᠭᠡᠭᠰᠢ ᠪᠠᠶᠢᠬᠤ ᠲᠠᠷᠢᠶᠠᠴᠢᠨ ᠡᠷᠤᠭᠡ 350 ᠲᠦᠮᠡᠨ | ᠡᠷᠤᠭᠡ ᠪᠤᠯᠵᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠳ ᠤᠨ ᠬᠤᠷᠰᠢᠶ᠎ᠠ ᠵᠡᠷᠭᠡ ᠡᠯ᠎ᠠ | ᠲᠦᠷᠤᠯ ᠤᠨ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠪᠡᠶᠡᠴᠢ ᠴᠤᠭᠴᠠ 280 ᠲᠦᠮᠡ ᠬᠥᠷᠴᠠᠢ᠃ ᠯᠢᠤ ᠵᠧᠨ ᠸᠧᠢ | ᠡᠶᠢᠮᠤᠷᠬᠦ ᠪᠠᠶᠢᠳᠠᠯ ᠢ ︽ᠭᠡᠷ ᠪᠦᠯᠢ ᠶᠢᠨ ᠲᠠᠭᠠᠭᠠᠴᠢᠯᠠᠯᠳᠠ᠂ ᠤᠯᠠᠨ ᠡᠰᠢᠳᠤ ᠡᠵᠡᠩᠨᠡᠯᠳᠡ︾ ᠶᠢᠨ ᠪᠠᠶᠢᠷᠢᠰᠢᠯ ᠭᠡᠵᠤ | ᠬᠤᠷᠢᠶᠠᠩᠭᠤᠶᠢᠯᠠᠵᠠᠢ᠃ | ︽ᠲᠠᠷᠢᠶᠠᠯᠠᠩ ᠤᠨ ᠠᠵᠤ ᠦᠢᠯᠡᠰᠵᠢᠯᠳᠠ᠂ ᠤᠰᠤᠨ ᠠᠰᠢᠭᠯᠠᠵᠢᠭᠤᠯᠤᠯᠳᠡ᠂ ᠮᠧᠬᠠᠨᠢᠬᠵᠢᠭᠤᠯᠤᠯᠳᠡ ᠵᠢᠴᠢ | ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠵᠡᠷᠭᠡ ᠨᠢ ᠴᠦᠮ ᠬᠥᠳᠡᠭᠡ ᠲᠤᠰᠬᠤᠨ ᠤ ᠦᠢᠯᠡᠳᠪᠤᠷᠢᠯᠠᠯ ᠤᠨ | ᠬᠠᠷᠢᠴᠠᠭ᠎ᠠ ᠶᠢ ᠰᠠᠶᠢᠵᠢᠷᠠᠭᠤᠯᠬᠤ ᠳᠤ ᠰᠢᠨ᠎ᠠ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃︾ ᠲᠡᠷᠡ ᠬᠡᠯᠡᠬᠦ ᠳᠡᠭᠡᠨ᠂ ︽ | ᠦᠢᠯᠡᠳᠤᠯᠭᠡ ᠪᠠᠷ ᠪᠦᠳᠤᠮᠵᠢᠳᠠᠢ ᠬᠡᠳᠡᠭ ᠢ ᠰᠢᠯᠭᠠᠨ ᠬᠡᠷᠡᠴᠢᠯᠡᠭᠰᠡᠨ ᠬᠥᠳᠡᠭᠡ ᠲᠤᠰᠬᠤᠨ ᠤ ᠭᠠᠵᠠᠷ ᠰᠢᠷᠤᠢ | ᠲᠠᠭᠠᠭᠠᠴᠢᠯᠠᠬᠤ ᠲᠦᠷᠤ ᠶᠢᠨ ᠪᠤᠳᠤᠯᠭ᠎ᠠ ᠪᠤᠯᠤᠨ ᠠᠮᠵᠢᠯᠳᠠᠳᠠᠢ ᠲᠤᠷᠰᠢᠯᠭ᠎ᠠ ᠶᠢ ᠴᠠᠭ ᠲᠤᠬᠠᠢ ᠳᠤᠨᠢ ᠬᠠᠤᠯᠢ | ᠴᠠᠭᠠᠵᠠ ᠶᠢᠨ ᠵᠢᠷᠤᠮᠵᠢᠯ ᠪᠤᠯᠭᠠᠨ ᠬᠤᠪᠢᠷᠠᠭᠤᠯᠬᠤ ᠪᠤᠯ ᠬᠥᠳᠡᠭᠡ ᠲᠤᠰᠬᠤᠨ ᠤ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠬᠠᠤᠯᠢ ᠳᠤ ᠵᠠᠰᠠᠪᠤᠷᠢ ᠤᠷᠤᠭᠤᠯᠬᠤ ᠳᠠᠭᠠᠨ ᠡᠩ ᠲᠡᠷᠢᠬᠦᠨ ᠳᠤ ᠪᠤᠳᠤᠯᠬᠢᠯᠠᠬᠤ ᠬᠡᠷᠡᠭᠳᠠᠢ | ᠠᠰᠠᠭᠤᠳᠠᠯ ᠮᠦᠨ︾ ᠭᠡᠵᠠᠢ᠃ | ᠲᠠᠷᠢᠶᠠᠨ ᠭᠠᠵᠠᠷ ᠢ ᠡᠷᠬᠢᠯᠳᠤᠬᠦᠯᠦᠭᠰᠡᠨ ᠤ ᠲᠠᠷᠠᠭ᠎ᠠ᠂ ︽ᠲᠠᠷᠢᠶᠠᠯᠠᠩ ᠤᠨ ᠪᠤᠰᠤ ᠪᠤᠯᠭᠠᠬᠤ︾ ᠶᠢ ᠭᠡᠷᠬᠢᠨ | ᠰᠡᠷᠭᠡᠶᠢᠯᠡᠬᠦ ᠲᠤᠬᠠᠢ ᠰᠢᠨ᠎ᠠ ᠬᠠᠤᠯᠢ ᠳᠤ ᠪᠠᠰᠠ ᠲᠤᠳᠤᠷᠬᠠᠢ ᠲᠤᠬᠳᠠᠭᠠᠯ ᠭᠠᠷᠭᠠᠵᠠᠢ᠂ ᠵᠢᠱᠢᠶᠡᠯᠡᠪᠡᠯ ᠭᠠᠵᠠᠷ | ᠰᠢᠷᠤᠢ ᠶᠢᠨ ᠦᠮᠴᠢᠯᠠᠯ ᠤᠨ ᠡᠷᠭᠡ ᠶᠢᠨ ᠰᠢᠨᠵᠢ ᠴᠢᠨᠠᠷ ᠪᠠ ᠭᠠᠵᠠᠷ ᠰᠢᠷᠤᠢ ᠶᠢᠨ ᠲᠠᠷᠢᠶᠠᠯᠠᠩ ᠤᠨ ᠬᠡᠷᠡᠭᠴᠡᠭᠡ ᠶᠢ | ᠬᠤᠪᠢᠷᠠᠭᠤᠯᠵᠤ ᠪᠤᠯᠬᠤ ᠦᠭᠡᠢ᠂ ᠲᠠᠷᠢᠶᠠᠯᠠᠩ ᠤᠨ ᠶᠡᠷᠤᠩᠬᠡᠶᠢᠯᠡᠭᠰᠡᠨ ᠦᠢᠯᠡᠳᠪᠤᠷᠢᠯᠠᠯ ᠤᠨ ᠴᠢᠳᠠᠪᠤᠷᠢ ᠪᠠ | ᠲᠠᠷᠢᠶᠠᠯᠠᠩ ᠤᠨ ᠠᠮᠢ ᠠᠬᠤᠢ ᠶᠢᠨ ᠤᠷᠴᠢᠨ ᠨᠦᠬᠦᠴᠡᠯ ᠢ ᠡᠪᠳᠡᠵᠤ ᠪᠤᠯᠬᠤ ᠦᠭᠡᠢ᠃ |