ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠣᠰᠬᠠᠢ ᠳᠡᠮᠡᠴᠡᠯ ᠦᠷᠨᠢᠬᠦᠯᠬᠦ ᠳᠣᠮᠳᠠᠬᠢ ᠬᠢᠨᠠᠨ ᠪᠠᠶᠢᠴᠠᠭᠠᠬᠤ ᠰᠠᠬᠢᠯᠭ᠎ᠠ ᠪᠠᠳᠦ ᠬᠡᠷᠡᠭᠵᠢᠬᠦᠯᠬᠦ ᠬᠠᠷᠢᠭᠤᠴᠠᠯᠭ᠎ᠠ ᠳᠣᠯᠭᠠᠬᠤ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2018/3/27
     ᠤᠶᠢᠷ᠎ᠠ ᠳᠤ᠂ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ︽︿ᠨᠠᠮ ᠤᠨ ᠲᠦᠪ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠦᠷᠨᠢᠬᠦᠯᠬᠦ ᠳᠤᠮᠳᠠ ᠬᠢᠨᠠᠨ ᠪᠠᠶᠢᠴᠠᠭᠠᠬᠤ ᠰᠠᠬᠢᠯᠭ᠎ᠠ ᠪᠠᠳᠤ ᠭᠡᠷᠡᠭᠵᠢᠬᠦᠯᠬᠦ ᠬᠠᠷᠢᠭᠤᠴᠠᠯᠭ᠎ᠠ ᠲᠤᠯᠭᠠᠬᠤ ᠶᠢ  ᠴᠢᠩᠭᠠᠳᠬᠠᠬᠤ ᠲᠤᠬᠠᠢ ᠰᠠᠨᠠᠯ﹀ ᠢ ᠨᠠᠶᠢᠳᠠᠪᠤᠷᠢᠵᠢᠭᠤᠯᠬᠤ ᠲᠤᠬᠠᠢ ᠭᠡᠷᠡᠭᠵᠢᠬᠦᠯᠬᠦ ᠲᠦᠰᠦᠯ︾ ︵ᠲᠤᠷᠤᠬᠰᠢ ︽ᠭᠡᠷᠡᠭᠵᠢᠬᠦᠯᠬᠦ ᠲᠦᠰᠦᠯ︾ ᠭᠡᠵᠦ ᠲᠦᠬᠦᠮᠴᠢᠯᠡᠨ᠎ᠠ︶ ᠢ ᠳᠠᠷᠤᠮᠠᠯᠯᠠᠨ ᠳᠠᠷᠬᠠᠭᠠᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠶᠢ ᠢᠯᠵᠢᠷᠡᠯ ᠢ ᠡᠰᠡᠷᠬᠦᠴᠡᠬᠦ ᠲᠡᠮᠡᠴᠡᠯ ᠪᠠ ᠦᠨᠳᠦᠰᠦᠨ ᠱᠠᠳᠤᠨ ᠤ ︽ᠢᠯᠠᠭ᠎ᠠ ᠶᠢ ᠴᠤᠬᠢᠬᠤ︾ ᠲᠠᠢ ᠤᠶᠠᠯᠳᠤᠭᠤᠯᠵᠦ᠂ ᠬᠢᠨᠡᠨ ᠪᠠᠶᠢᠴᠠᠭᠠᠬᠤ ᠰᠠᠬᠢᠯᠭ᠎ᠠ ᠪᠠᠳᠤ ᠭᠡᠷᠡᠭᠵᠢᠬᠦᠯᠬᠦ ᠬᠠᠷᠢᠭᠤᠴᠠᠯᠭ᠎ᠠ ᠲᠤᠯᠭᠠᠬᠤ ᠶᠢ  ᠴᠢᠩᠭᠠᠳᠬᠠᠵᠦ᠂ ︽ᠬᠠᠷᠢᠴᠠᠭᠠᠨ ᠤ ᠲᠤᠤᠷ︾ ᠢ ᠡᠷᠡᠰ ᠡᠪᠳᠡᠵᠦ᠂ ︽ᠬᠠᠮᠠᠭᠠᠯᠠᠬᠤ ᠰᠢᠬᠦᠷ︾ ᠢ ᠠᠷᠢᠯᠭᠠᠵᠦ᠂ ᠪᠦᠬᠦ ᠲᠠᠯ᠎ᠠ ᠪᠠᠷ ᠨᠠᠮ ᠢ  ᠴᠢᠩᠭ᠎ᠠ ᠵᠠᠰᠠᠬᠤ ᠶᠢ ᠦᠨᠳᠦᠰᠦᠨ ᠱᠠᠳᠤ ᠲᠡᠰᠢ ᠤᠷᠳᠤᠳᠬᠠᠬᠤ ᠶᠢ ᠠᠬᠢᠭᠤᠯᠤᠨ᠎ᠠ ᠭᠡᠵᠦ ᠲᠤᠭᠳᠠᠪᠠ᠃      ︽ᠭᠡᠷᠡᠭᠵᠢᠬᠦᠯᠬᠦ ᠲᠦᠰᠦᠯ︾ ᠳᠤ ᠳᠤᠳᠤᠷᠬᠠᠶᠢᠯᠠᠭᠰᠠᠨ ᠨᠢ᠂ ᠴᠡᠭᠴᠡᠯᠡᠨ ᠵᠠᠰᠠᠬᠤ ᠭᠤᠤᠯᠳᠠᠯᠭ᠎ᠠ ᠶᠢ ᠮᠠᠯᠵᠢᠬᠤ ᠲᠠᠷᠢᠶᠠᠯᠠᠬᠤ ᠤᠷᠤᠨ ᠪᠠ ᠬᠤᠳᠠ ᠬᠦᠳᠡᠭᠡ ᠶᠢᠨ ᠵᠠᠯᠭᠠᠯᠳᠤᠭᠰᠠᠨ ᠭᠡᠰᠡᠭ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠭᠰᠠᠨ ᠠᠰᠠᠭᠤᠳᠠᠯ ᠤᠯᠠᠨ ᠡᠬᠦᠰᠬᠦ ᠭᠠᠵᠠᠷ ᠤᠷᠤᠨ᠂ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ᠂ ᠵᠠᠮ ᠳᠡᠭᠡᠭᠡᠪᠦᠷᠢ᠂ ᠠᠭᠤᠷᠬᠠᠢ ᠶᠢᠨ ᠡᠬᠢ ᠪᠠᠶᠠᠯᠢᠭ᠂ ᠬᠤᠳᠠᠯᠳᠤᠭ᠎ᠠ ᠠᠷᠠᠯᠵᠢᠶ᠎ᠠ ᠴᠤᠬᠯᠠᠭ᠎ᠠ ᠮᠠᠶᠢᠮᠠᠢ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠤᠷᠢᠯᠡᠯ ᠵᠡᠷᠭᠡ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠭᠰᠠᠨ ᠠᠰᠠᠭᠤᠳᠠᠯ ᠤᠯᠠᠨ ᠡᠬᠦᠰᠬᠦ ᠠᠵᠢᠯ ᠲᠦᠷᠦᠯ ᠪᠠ ᠬᠦᠷᠢᠶ᠎ᠠ ᠬᠡᠪᠴᠢᠶ᠎ᠠ ᠵᠢᠴᠢ ᠭᠠᠴᠠᠭ᠎ᠠ ᠲᠤᠰᠬᠤᠨ ᠤ ︽ᠬᠤᠶᠠᠷ ᠵᠦᠪᠯᠡᠯ︾᠂ ᠰᠤᠮᠤ ᠰᠢᠶᠠᠩ ᠪᠠᠯᠭᠠᠰᠤ ᠦᠷᠳᠡᠭᠡ ᠶᠢᠨ ᠠᠵᠢᠯᠳᠠᠨ ᠵᠡᠷᠭᠡ ᠦᠨᠳᠦᠰᠦᠨ ᠱᠠᠳᠤᠨ ᠤ ᠨᠠᠮ ᠤᠨ ᠭᠡᠰᠢᠬᠦᠨ ᠺᠠᠳ᠋ᠷ ᠪᠠ ᠤᠯᠠᠨ ᠨᠡᠶᠢᠳᠡ ᠶᠢᠨ ᠡᠷᠭᠡ ᠭᠡᠷᠡᠭᠵᠢᠬᠦᠯᠵᠦ ᠪᠠᠶᠢᠭ᠎ᠠ ᠪᠤᠰᠤᠳ ᠠᠯᠪᠡᠨ ᠲᠤᠰᠢᠶᠠᠯᠳᠠᠨ ᠵᠡᠷᠭᠡ ᠳᠤ ᠲᠠᠯᠪᠢᠨ᠎ᠠ᠃ ᠤᠯᠠᠨ ᠲᠦᠮᠡᠨ ᠤ ᠳᠡᠷᠭᠡᠳᠡᠬᠢ ᠬᠠᠷ᠎ᠠ ᠪᠦᠯᠦᠭᠳᠡᠨ ᠬᠠᠷᠬᠢᠰ ᠬᠦᠴᠦᠨ ᠳᠤ ᠬᠤᠯᠪᠤᠭᠳᠠᠭᠰᠠᠨ ᠢᠯᠵᠢᠷᠡᠯ᠂ ᠨᠠᠮ ᠤᠨ ᠭᠡᠰᠢᠬᠦᠨ ᠺᠠᠳ᠋ᠷ ᠪᠠ ᠪᠤᠰᠤᠳ ᠤᠯᠠᠨ ᠨᠡᠶᠢᠳᠡ ᠶᠢᠨ ᠡᠷᠭᠡ ᠶᠢ ᠭᠡᠷᠡᠭᠵᠢᠬᠦᠯᠵᠦ ᠪᠠᠶᠢᠭ᠎ᠠ ᠠᠯᠪᠡᠨ ᠲᠤᠰᠢᠶᠠᠯᠳᠠᠨ ᠬᠠᠷ᠎ᠠ ᠪᠦᠯᠦᠭᠳᠡᠨ ᠬᠠᠷᠬᠢᠰ ᠬᠦᠴᠦᠨ ᠤ ︽ᠬᠠᠮᠠᠭᠠᠯᠠᠬᠤ ᠰᠢᠬᠦᠷ︾ ᠪᠤᠯᠬᠤ᠂ ᠤᠷᠤᠨ ᠨᠤᠳᠤᠭ ᠤᠨ ᠨᠠᠮ ᠤᠨ ᠬᠤᠷᠢᠶ᠎ᠠ ᠪᠠ ᠵᠠᠰᠠᠭ ᠤᠨ ᠤᠷᠳᠤᠨ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ᠂ ᠬᠠᠮᠢᠶ᠎ᠠ ᠪᠦᠬᠦᠢ ᠡᠬᠦᠷᠭᠡ ᠴᠢᠳᠠᠪᠬᠢᠳᠦ ᠰᠠᠯᠠᠭ᠎ᠠ ᠮᠦᠴᠢᠷ ᠵᠢᠴᠢ ᠲᠡᠬᠦᠨ ᠤ ᠠᠵᠢᠯᠳᠠᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠳᠤᠮᠳᠠ ᠠᠵᠢᠯ ᠢᠶᠠᠨ ᠠᠬᠢᠭᠤᠯᠬᠤ ᠬᠦᠴᠦᠯᠡᠴᠡ ᠠᠨᠠᠢ ᠪᠠᠶᠢᠬᠤ ᠭᠤᠷᠪᠡᠨ ᠲᠦᠷᠦᠯ ᠤᠨ ᠠᠰᠠᠭᠤᠳᠠᠯ ᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠤᠷᠢᠯᠡᠨ᠎ᠠ ᠭᠡᠪᠠ᠃      ︽ᠭᠡᠷᠡᠭᠵᠢᠬᠦᠯᠬᠦ ᠲᠦᠰᠦᠯ︾ ᠳᠤ ᠱᠠᠭᠠᠷᠳᠠᠭᠰᠠᠨ ᠨᠢ᠂ ᠪᠦᠬᠦ ᠤᠷᠤᠨ ᠤ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠢᠨᠡᠨ ᠪᠠᠶᠢᠴᠠᠭᠠᠬᠤ ᠪᠠᠶᠢᠭᠤᠯᠭ᠎ᠠ ᠨᠤᠭᠤᠳ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠤᠨ ᠨᠧᠲ᠂ ᠭᠠᠷ ᠤᠳᠠᠰᠤᠨ ᠤ APP᠂ ᠵᠢᠷᠬᠢᠶ᠎ᠠ ᠶᠢᠨ ᠤᠯᠠᠨ ᠨᠡᠶᠢᠳᠡ ᠶᠢᠨ ᠲᠠᠪᠴᠠᠩ ᠳᠡᠭᠡᠷ᠎ᠠ ᠢᠯᠡᠴᠢᠯᠡᠨ ᠮᠡᠳᠡᠬᠦᠯᠬᠦ ᠲᠤᠰᠬᠠᠢ ᠪᠤᠯᠤᠩ ᠭᠠᠷᠭᠠᠵᠦ᠂ ᠢᠯᠡᠴᠢᠯᠡᠨ ᠮᠡᠳᠡᠬᠦᠯᠬᠦ ᠤᠳᠠᠰᠤ᠂ ᠵᠠᠬᠢᠳᠠᠯ ᠤᠨ ᠬᠠᠶᠢᠷᠴᠠᠭ ᠢ ᠢᠯᠠ ᠨᠡᠶᠢᠳᠡᠯᠡᠵᠦ᠂ ᠠᠰᠠᠭᠤᠳᠠᠯ ᠤᠨ ᠰᠦᠪᠡᠭᠴᠢ ᠶᠢ ᠦᠷᠭᠡᠨ ᠳᠡᠯᠭᠡᠷ ᠬᠤᠷᠢᠶᠠᠨ ᠰᠢᠭᠰᠢᠨ ᠪᠠᠶᠢᠴᠠᠭᠠᠬᠤ ᠭᠡᠷᠡᠭᠲᠡᠢ᠃ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠭᠰᠠᠨ ᠢᠯᠵᠢᠷᠡᠯ ᠤᠨ ᠠᠰᠠᠭᠤᠳᠠᠯ ᠢ ᠲᠤᠭᠤᠷᠢᠨ ᠪᠠᠶᠢᠴᠠᠭᠠᠬᠤ ᠠᠵᠢᠯ ᠤᠨ ᠠᠭᠤᠯᠭ᠎ᠠ ᠳᠤ ᠤᠷᠤᠭᠤᠯᠵᠦ᠂ ᠠᠰᠠᠭᠤᠳᠠᠯ ᠤᠨ ᠰᠦᠪᠡᠭᠴᠢ ᠶᠢ ᠬᠦᠴᠦᠯᠡᠨ ᠢᠯᠡᠷᠡᠬᠦᠯᠬᠦ ᠭᠡᠷᠡᠭᠲᠡᠢ᠃ ᠳᠤᠳᠤᠭᠠᠳᠦ ᠶᠢ ᠬᠠᠮᠠᠭᠠᠯᠠᠬᠤ ᠪᠠᠶᠢᠴᠠᠭᠠᠬᠤ ᠰᠢᠬᠦᠬᠦ ᠬᠠᠤᠯᠢ ᠴᠠᠭᠠᠵᠠ ᠶᠢᠨ ᠪᠠᠶᠢᠭᠤᠯᠤᠮᠵᠢ ᠪᠠ ᠬᠠᠮᠢᠶ᠎ᠠ ᠪᠦᠬᠦᠢ ᠡᠬᠦᠷᠭᠡ ᠴᠢᠳᠠᠪᠬᠢᠳᠦ ᠰᠠᠯᠠᠭ᠎ᠠ ᠮᠦᠴᠢᠷ ᠲᠠᠢ ᠬᠠᠮᠳᠤᠷᠠᠵᠦ᠂ ᠨᠠᠮ ᠤᠨ ᠠᠷᠪᠡᠨ ᠨᠠᠶᠮᠠᠳᠤᠭᠠᠷ ᠶᠡᠭᠡ ᠬᠤᠷᠠᠯ ᠠᠴᠠ ᠨᠠᠰᠢᠬᠢ ᠤᠯᠠᠨ ᠨᠡᠶᠢᠳᠡ ᠶᠢᠨ ᠡᠷᠭᠡ ᠶᠢ ᠭᠡᠷᠡᠭᠵᠢᠬᠦᠯᠬᠦ ᠠᠯᠢᠪᠠ ᠠᠯᠪᠡᠨ ᠲᠤᠰᠢᠶᠠᠯᠳᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠬᠤ ᠠᠰᠠᠭᠤᠳᠠᠯ ᠤᠨ ᠰᠦᠪᠡᠭᠴᠢ ᠶᠢ ᠲᠤᠤᠱᠳᠠᠢ ᠪᠠᠶᠢᠴᠠᠭᠠᠵᠦ᠂ ᠪᠦᠬᠦ ᠲᠠᠯ᠎ᠠ ᠪᠠᠷ ᠰᠢᠭᠰᠢᠨ ᠲᠢᠭᠯᠢᠵᠦ᠂ ᠠᠰᠠᠭᠤᠳᠠᠯ ᠤᠨ ᠰᠠᠭᠤᠷᠢ ᠲᠤᠭ᠎ᠠ ᠶᠢ ᠳᠤᠳᠤᠷᠬᠠᠢ ᠪᠠᠶᠢᠴᠠᠭᠠᠬᠤ ᠬᠡᠷᠡᠭᠲᠡᠢ᠃ ︽ᠦᠩᠭᠡᠷᠡᠬᠦ ᠭᠠᠯᠠᠭᠤ ᠶᠢᠨ ᠦᠳᠦ ᠶᠢ ᠦᠭᠳᠡᠭᠡᠬᠦ︾  ᠮᠠᠶ᠋ᠢᠭ ᠤᠨ ᠢᠯᠵᠢᠷᠡᠯ ᠢ ᠲᠦᠪᠯᠡᠷᠡᠬᠦᠯᠦᠨ ᠴᠡᠭᠴᠡᠯᠡᠨ ᠵᠠᠰᠠᠬᠤ᠂ ︽ᠢᠯᠠᠭ᠎ᠠ ᠶᠢ ᠴᠤᠬᠢᠬᠤ︾ ᠠᠵᠢᠯᠯᠠᠭ᠎ᠠ᠂ ᠶᠠᠳᠠᠭᠤ ᠶᠢ ᠳᠡᠳᠬᠦᠬᠦ ᠬᠦᠷᠢᠶᠡᠨ ᠳᠠᠬᠢ ᠢᠯᠵᠢᠷᠡᠯ ᠪᠠ ᠰᠤᠷᠳᠠᠯ ᠤᠨ ᠠᠰᠠᠭᠤᠳᠠᠯ ᠤᠨ ᠲᠤᠰᠬᠠᠢ ᠵᠠᠰᠠᠯᠳᠠ᠂ ᠦᠨᠳᠦᠰᠦᠨ ᠱᠠᠳᠤᠨ ᠤ ︽ᠭᠤᠷᠪᠡᠨ ᠶᠠᠪᠤᠳᠠᠯ︾ ᠢ ᠢᠯᠡ ᠪᠤᠯᠭᠠᠬᠤ ᠲᠤᠰᠬᠠᠢ ᠠᠵᠢᠯᠯᠠᠭ᠎ᠠ ᠳᠤᠮᠳᠠ ᠤᠯᠠᠨ ᠨᠡᠶᠢᠳᠡ ᠶᠢᠨ ᠡᠷᠭᠡ ᠶᠢ ᠭᠡᠷᠡᠭᠵᠢᠬᠦᠯᠬᠦ ᠠᠯᠪᠡᠨ ᠲᠤᠰᠢᠶᠠᠯᠳᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠠᠩᠬᠠᠷᠤᠨ ᠢᠯᠡᠷᠡᠬᠦᠯᠬᠦ ᠶᠢᠨ ᠳᠠᠭᠠᠤ ᠪᠠᠶᠢᠴᠠᠭᠠᠨ ᠰᠢᠢᠳᠪᠤᠷᠢᠯᠡᠵᠦ᠂ ᠡᠩ ᠲᠡᠷᠢᠬᠦᠨ ᠳᠤ ᠪᠠᠶᠢᠴᠠᠭᠠᠨ ᠰᠢᠢᠳᠪᠤᠷᠢᠯᠡᠵᠦ᠂ ᠲᠤᠰᠬᠠᠶᠢᠯᠠᠨ ᠱᠠᠯᠠᠪᠳᠠᠭᠤᠯᠤᠨ ᠰᠢᠢᠳᠪᠤᠷᠢᠯᠡᠵᠦ᠂ ᠡᠴᠦᠰ ᠲᠤᠨᠢ ᠲᠤᠯᠳᠠᠯ᠎ᠠ ᠪᠠᠶᠢᠴᠠᠭᠠᠬᠤ ᠭᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠮᠵᠢ ᠯᠤᠭ᠎ᠠ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠬᠤᠯᠪᠤᠭᠳᠠᠬᠤ ᠠᠰᠠᠭᠤᠳᠠᠯ ᠤᠨ ᠰᠦᠪᠡᠭᠴᠢ ᠪᠤᠯᠤᠨ ᠬᠠᠷ᠎ᠠ ᠪᠦᠯᠦᠭᠳᠡᠨ ᠬᠠᠷᠬᠢᠰ ᠬᠦᠴᠦᠨ ᠤ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠶᠢᠨ ᠰᠦᠪᠡᠭᠴᠢ ᠶᠢ ᠬᠤᠤᠰ ᠴᠢᠭᠯᠡᠯ ᠢᠶᠠᠷ ᠰᠢᠯᠵᠢᠬᠦᠯᠦᠨ ᠬᠦᠷᠭᠡᠬᠦ ᠪᠠ ᠪᠠᠶᠢᠴᠠᠭᠠᠨ ᠰᠢᠢᠳᠪᠤᠷᠢᠯᠡᠭᠰᠡᠨ ᠦᠷ᠎ᠠ ᠳ᠋ᠦᠩ ᠢ ᠬᠠᠷᠢᠭᠤ ᠲᠤᠰᠬᠠᠬᠤ ᠲᠤᠭᠳᠠᠴᠠ ᠶᠢ ᠪᠠᠶᠢᠭᠤᠯᠵᠦ᠂ ᠰᠠᠬᠢᠯᠭ᠎ᠠ ᠪᠠᠳᠤ ᠪᠠ ᠬᠠᠤᠯᠢ ᠴᠠᠭᠠᠵᠠ ᠶᠢ ᠵᠤᠯᠭᠠᠭᠤᠯᠬᠤ᠂ ᠵᠤᠬᠢᠴᠠᠭᠤᠯᠤᠨ ᠠᠬᠢᠭᠤᠯᠬᠤ ᠶᠢ ᠪᠡᠶᠡᠯᠡᠬᠦᠯᠬᠦ ᠭᠡᠷᠡᠭᠲᠡᠢ ᠭᠡᠪᠠ᠃      ᠡᠬᠦᠨ ᠤ ᠬᠠᠮᠲᠤ᠂ ᠥᠪᠥᠷ  ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠢᠯᠡᠴᠢᠯᠡᠨ ᠮᠡᠳᠡᠬᠦᠯᠬᠦ ᠠᠷᠭ᠎ᠠ ᠶᠢ ᠢᠯᠡ ᠨᠡᠶᠢᠳᠡᠯᠡᠪᠡ᠂ ᠤᠳᠠᠰᠤ᠄ 0471 — 12388︔ ᠨᠧᠲ᠄ neimeng.12388.gov.cn︔  ᠬᠠᠶ᠋ᠢᠭ᠄ ᠦᠪᠦᠷ  ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠡᠨ ᠪᠠᠶᠢᠴᠠᠭᠠᠬᠤ ᠵᠦᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠳᠠᠰᠤᠭ ︵ᠬᠦᠬᠡᠬᠤᠳᠠ ᠶᠢᠨ ᠰᠢᠨ᠎ᠠ ᠬᠤᠳᠠ ᠬᠤᠶᠢᠳᠦ ᠵᠡᠭᠡᠯᠢ ᠶᠢᠨ ᠴᠢᠩᠴᠧᠩ ᠭᠤᠳᠤᠮᠵᠢ ᠶᠢᠨ 1 ᠳ᠋ᠤᠭᠠᠷ ᠨᠤᠮᠧᠷ᠂ ᠰᠢᠤᠳᠠᠨ ᠨᠤᠮᠧᠷ᠄ 010015︶᠃       ᠡᠷᠢᠶᠡᠨ ᠬᠤᠲᠠ ᠳᠠᠬᠢ ᠢᠯᠡᠴᠢᠯᠡᠨ ᠮᠡᠳᠡᠬᠦᠯᠬᠦ ᠣᠲᠠᠰᠦ᠄ 110    ᠂    7527110    ᠢᠯᠡᠴᠢᠯᠡᠨ ᠮᠡᠳᠡᠬᠦᠯᠬᠦ ᠨᠧᠲ᠄    elgaj@.com
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号