ᠬᠠᠹᠣᠩᠭ᠎ᠠ
ᠨᠡᠶᠢᠲᠡᠯᠡᠭᠰᠡᠨ ᠴᠠᠭ᠄
2018/3/30
     ᠬᠠᠹᠣᠩᠭ᠎ᠠ 1908 ᠣᠨ ᠤ 3 ᠰᠠᠷᠠᠶᠢᠨ16᠎ ᠤ ᠡᠳᠦᠷ ᠥᠪᠥᠷ ᠮᠣᠩᠭᠤᠯ ᠤᠨ ᠵᠢᠷᠢᠮ ᠤᠨ ᠴᠢᠭᠤᠯᠭᠠᠨ ᠤ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ︵ᠣᠳᠣ ᠶᠢᠨ ᠲᠥᠩᠯᠢᠶᠤᠤ ᠬᠤᠲᠠ ᠶᠢᠨ ᠬᠤᠷᠴᠢᠨ ᠵᠡᠭᠦᠨ ᠭᠠᠷᠣᠨ ᠳᠤᠮᠳᠠᠳᠤ ᠬᠤᠰᠢᠭᠤ︶᠎ ᠤ ᠴᠠᠭᠠᠨ ᠲᠣᠯᠣᠭᠠᠢ ᠠᠶᠢᠯ ᠳᠤ ᠲᠥᠷᠦᠵᠡᠢ᠂ ᠲᠡᠭᠦᠨ ᠤ ᠬᠢᠲᠠᠳ ᠨᠠᠷ᠎ᠡ ᠨᠢ ᠲᠸᠡᠭ ᠰᠢᠦᠢ ᠸᠧᠨ ᠭᠡᠳᠡᠭ᠃      ᠬᠠᠹᠣᠩᠭ᠎ᠠ ᠶᠢᠨ ᠡᠴᠢᠭᠡ ᠷᠢᠨᠴᠢᠨᠨᠢᠩᠪᠤ ︵ᠬᠢᠲᠠᠳ ᠨᠡᠷ᠎ᠡ ᠨᠢ ᠲᠸᠡᠭ ᠬᠠᠢ ᠱᠠᠨ︶ ᠪᠣᠯ ᠬᠤᠰᠢᠭᠤ ᠴᠡᠷᠢᠭ ᠤᠨ ᠲᠦᠩᠯᠢᠩ ᠪᠠᠶᠢᠭᠰᠠᠨ ᠪᠦᠭᠡᠳ ᠪᠠᠶᠠᠨ ᠴᠢᠨᠡᠭᠡᠯᠢᠭ ᠠᠮᠢᠳᠤᠷᠠᠯ ᠲᠠᠢ ᠬᠦᠮᠦᠨ ᠪᠠᠶᠢᠵᠠᠢ᠃ ᠡᠶᠢᠮᠦ ᠠᠴᠠ ᠬᠠᠹᠣᠩᠭ᠎ᠠ ᠬᠠᠷᠠᠬᠠᠨ ᠪᠠᠭ᠎ᠠ ᠠᠴᠠ ᠪᠠᠨ ᠭᠡᠷ ᠤᠨ ᠰᠤᠷᠭᠠᠭᠤᠯᠢ ᠳᠤ ᠰᠠᠭᠤᠵᠤ᠂ ᠪᠢᠴᠢᠭ ᠦᠵᠡᠭᠡᠳ ᠮᠣᠩᠭᠤᠯ᠂ ᠬᠢᠲᠠᠳ᠂ ᠮᠠᠨᠵᠤ ᠪᠢᠴᠢᠭ ᠲᠤ ᠨᠡᠪᠲᠡᠷᠡᠵᠡᠢ᠃      1924 ᠣᠨ ᠳᠤ ᠬᠠᠹᠣᠩᠭ᠎ᠠ ᠬᠤᠷᠴᠢᠨ ᠵᠡᠭᠦᠨ ᠭᠠᠷᠣᠨ ᠳᠤᠮᠳᠠᠳᠤ ᠬᠤᠰᠢᠭᠤᠨ ᠤ ᠲᠠᠮᠠᠭ᠎ᠠ ᠶᠢᠨ ᠭᠡᠷ ᠲᠤ ᠪᠢᠴᠢᠭᠡᠴᠢ ᠪᠠᠷ ᠠᠵᠢᠯᠯᠠᠵᠤ᠂1928 ᠣᠨ ᠳᠤ ᠮᠦᠭᠳᠡᠨ ᠤ ᠵᠡᠭᠦᠨ ᠬᠤᠶᠢᠲᠦ ᠶᠢᠨ ᠮᠣᠩᠭᠤᠯ ᠬᠤᠰᠢᠭᠤᠳ ᠤᠨ ᠪᠠᠭᠰᠢ ᠶᠢᠨ ᠰᠤᠷᠭᠠᠭᠤᠯᠢ ᠳᠤ ᠰᠢᠯᠭᠠᠨ ᠣᠷᠣᠭᠠᠳ ᠬᠤᠶᠠᠷ ᠵᠢᠯ ᠣᠨᠴᠠ ᠪᠦᠲᠦᠮᠵᠢᠲᠡᠢ ᠰᠤᠷᠤᠯᠴᠠᠵᠤ᠂ ᠲᠤᠬᠠᠢ ᠶᠢᠨ ᠦᠶ᠎ᠡ ᠠᠴᠠ ᠪᠠᠨ ᠮᠣᠩᠭᠤᠯ ᠬᠢᠲᠠᠳ ᠢᠶᠠᠷ ᠰᠢᠯᠦᠭ ᠨᠠᠶᠢᠷᠠᠭ ᠵᠣᠬᠢᠶᠠᠬᠤ ᠪᠣᠯᠣᠭᠰᠠᠨ ᠪᠠᠶᠢᠨ᠎ᠠ᠃     1930 ᠣᠨ ᠤ ᠵᠣᠨ ᠯᠢᠶᠣᠣᠨᠢᠩ ᠮᠤᠵᠢ ᠶᠢᠨ ᠵᠠᠯᠠᠭᠤᠴᠤᠳ ᠤᠨ ᠡᠪᠯᠡᠯ ᠠᠴᠠ ᠪᠦᠬᠦ ᠮᠤᠵᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠶᠠᠷᠢᠶᠠᠨ ᠤ ᠤᠷᠤᠯᠳᠤᠭᠠᠨ ᠢ ᠮᠦᠭᠳᠡᠨ ᠬᠤᠲᠠᠨ᠎ᠠ ᠡᠷᠬᠢᠯᠡᠨ ᠶᠠᠪᠤᠭᠳᠠᠭᠤᠯᠤᠭᠰᠠᠨ ᠳᠤ᠂ ᠬᠠᠹᠣᠩᠭ᠎ᠠ ᠰᠤᠷᠭᠠᠭᠤᠯᠢ ᠪᠠᠨ ᠲᠥᠯᠦᠭᠡᠯᠡᠨ ᠤᠷᠤᠯᠳᠤᠭᠠᠨ ᠳᠤ ᠣᠷᠣᠯᠴᠠᠵᠤ ︿︿ᠮᠣᠩᠭᠤᠯ ᠬᠢᠲᠡᠳ ᠰᠤᠷᠭᠠᠨ ᠬᠦᠮᠦᠵᠢᠯ﹀﹀ ᠭᠡᠰᠡᠨ ᠰᠡᠳᠦᠪ ᠢᠶᠠᠷ ᠶᠠᠷᠢᠶ᠎ᠠ ᠲᠠᠯᠪᠢᠵᠦ᠂ ᠮᠠᠰᠢ ᠰᠠᠶᠢᠨ ᠠᠮᠵᠢᠯᠲᠠ ᠣᠯᠵᠤ᠂ ᠲᠡᠷᠢᠭᠦᠨ ᠱᠠᠩᠨᠠᠯ ᠲᠣᠰᠣᠭᠰᠠᠨ ᠲᠡᠳᠦᠢ ᠦᠭᠡᠢ᠂ ᠲᠡᠭᠦᠨ ᠠᠴᠠ ᠬᠤᠶᠢᠰᠢ ᠰᠤᠷᠭᠠᠨ ᠬᠦᠮᠦᠵᠢᠯ ᠤᠨ ᠡᠳᠡᠭᠡᠳ᠂ ᠨᠠᠩ ᠢᠯᠠᠩᠭᠤᠶ᠎ᠠ᠂ ᠮᠣᠩᠭᠤᠯᠴᠣᠳ ᠤᠨ ᠲᠣᠳᠤᠷ᠎ᠠ ᠲᠡᠭᠦᠨ ᠤ ᠠᠯᠳᠠᠷ ᠨᠡᠷ᠎ᠡ ᠶᠡᠬᠡᠲᠡ ᠮᠠᠨᠳᠤᠵᠤ ᠡᠬᠢᠯᠡᠭᠰᠡᠨ ᠪᠠᠶᠢᠯ᠎ᠠ᠃     1932 ᠣᠨ ᠤ 4 ᠰᠠᠷ᠎ᠠ ᠳᠤ ᠭᠤᠷᠪᠠᠳᠤᠭᠠᠷ ᠢᠨᠲ᠋ᠧᠷᠨᠠᠼᠢᠦᠨᠠᠯ ᠤᠨ ᠲᠣᠮᠢᠯᠠᠯᠲᠠ ᠪᠠᠷ ︿︿ᠥᠪᠥᠷ ᠮᠣᠩᠭᠤᠯ ᠤᠨ ᠦᠪᠡᠷᠲᠡᠭᠡᠨ ᠵᠠᠰᠠᠬᠤ ᠴᠡᠷᠢᠭ﹀﹀᠎ ᠤᠨ ᠳᠣᠲᠣᠷ᠎ᠠ ᠬᠤᠪᠢᠰᠬᠠᠯ ᠤᠨ ᠨᠢᠭᠤᠴᠠ ᠠᠵᠢᠯᠯᠠᠭ᠎ᠠ ᠥᠷᠨᠢᠭᠦᠯᠵᠦ ᠪᠠᠶᠢᠭᠰᠠᠨ ᠲᠡᠮᠦᠷᠪᠠᠭᠠᠨ᠎ᠠ᠂ ᠫᠣᠩᠰᠤᠭ ᠬᠤᠶᠠᠭᠤᠯᠠ ᠶᠢᠨ ᠳᠠᠭᠠᠭᠤᠯᠭ᠎ᠠ ᠪᠠᠷ ᠬᠠᠹᠣᠩᠭ᠎ᠠ᠂ ᠠᠰᠬᠠᠨ᠂ ᠨᠠᠴᠢᠡᠱᠣᠩᠬᠤᠷ ᠵᠡᠷᠭᠡ 20 ᠭᠠᠷᠣᠢ ᠬᠦᠮᠦᠨ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠳᠤ ᠡᠯᠰᠡᠭᠳᠡᠭᠰᠡᠨ ᠮᠦᠷᠲᠡᠭᠡᠨ ᠬᠠᠹᠣᠩᠭ᠎ᠠ ᠲᠤᠰ ᠵᠢᠯ ᠳᠤᠨᠢ ᠳᠠᠷᠣᠢ ︿︿ᠬᠥᠬᠡ ᠲᠤᠭ﹀﹀ ᠭᠡᠳᠡᠭ ᠳᠠᠭᠤᠤ ᠪᠠᠨ ᠪᠢᠴᠢᠭᠰᠡᠨ ᠪᠠᠶᠢᠯ᠎ᠠ᠃ ᠲᠤᠰ ᠳᠠᠭᠤᠨ ᠳᠤ᠄︿︿ᠬᠥᠬᠡ ᠲᠤᠭ ᠢᠶᠠᠨ ᠮᠠᠨᠳᠤᠭᠤᠯᠤᠭᠠᠳᠬᠦᠴᠦᠨ ᠰᠦᠷ ᠢᠶᠠᠨ ᠪᠠᠳᠠᠷᠠᠭᠤᠯᠤᠶ᠎ᠠᠬᠦᠴᠦᠷᠬᠡᠭ ᠬᠠᠲᠠᠭᠤ ᠳᠠᠶᠢᠰᠤᠨ ᠢᠬᠦᠴᠦᠯᠡᠨ ᠴᠢᠷᠮᠠᠶᠢᠵᠦ ᠠᠷᠢᠯᠭᠠᠶ᠎ᠠ᠃ᠠᠷᠢᠭᠤᠨ ᠶᠣᠰᠣᠨ ᠢ ᠶᠠᠪᠤᠭᠤᠯᠤᠭᠠᠳᠠᠷᠠᠳ ᠣᠯᠠᠨ ᠢᠶᠠᠨ ᠬᠠᠮᠠᠭᠠᠯᠠᠶ᠎ᠠᠠᠪᠲᠠᠭᠰᠠᠨ ᠭᠠᠵᠠᠷ ᠣᠷᠣᠨ ᠢᠶᠠᠨᠠᠷᠢᠭᠤᠳᠬᠠᠨ ᠬᠤᠷᠢᠶᠠᠵᠤ ᠠᠪᠴᠠᠭᠠᠶ᠎ᠠ᠃ᠣᠯᠠᠨ ᠮᠣᠩᠭᠤᠯ ᠪᠢᠳᠡ ᠨᠠᠷᠤᠨᠲᠠᠭᠰᠠᠨ ᠠᠴᠠ ᠪᠠᠨ ᠰᠡᠷᠡᠵᠡᠭᠡᠶ᠎ᠡᠤᠯᠤᠰ ᠲᠥᠷᠥ ᠶᠢ ᠪᠠᠶᠢᠭᠤᠯᠤᠭᠠᠳᠣᠯᠠᠨ ᠪᠦᠭᠦᠳᠡᠭᠡᠷ ᠢᠶᠠᠨ ᠵᠢᠷᠭᠠᠵᠠᠭᠠᠶ᠎ᠠ﹀﹀ ᠭᠡᠵᠦ ᠳᠠᠭᠤᠯᠠᠳᠠᠭ᠃ ᠡᠨᠡ ᠳᠠᠭᠤᠤ ᠪᠠᠨ ᠬᠠᠹᠣᠩᠭ᠎ᠠ ︿︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠴᠡᠷᠢᠭ﹀﹀᠎ ᠤᠨ ᠳᠣᠲᠤᠷ᠎ᠠ ᠰᠤᠷᠲᠠᠯ ᠤᠬᠠᠭᠤᠯᠭ᠎ᠠ ᠶᠢᠨ ᠠᠵᠢᠯ ᠬᠢᠵᠦ᠂ ᠶᠠᠫᠤᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠭᠠᠷᠭᠠᠬᠤ ᠶᠢᠨ ᠲᠥᠯᠦᠭᠡ ᠵᠣᠬᠢᠶᠠᠭᠰᠠᠨ ᠶᠤᠮ᠃     1946 ᠣᠨ ᠤ12 ᠰᠠᠷ᠎ᠠ ᠳᠤ ᠬᠠᠹᠣᠩᠭ᠎ᠠ ︿︿ᠠᠭᠤᠤ ᠶᠡᠭᠡ ᠨᠢᠭᠡ ᠵᠢᠯ﹀﹀ ᠭᠡᠳᠡᠭ ᠵᠣᠬᠢᠶᠠᠯ ᠪᠢᠴᠢᠵᠦ ︿︿1946 ᠣᠨ ᠪᠣᠯ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠲᠡᠦᠬᠡᠨ ᠬᠠᠭᠤᠳᠠᠰᠤᠨ ᠳᠤ ᠪᠢᠴᠢᠵᠦ ᠲᠡᠮᠳᠡᠭᠯᠡᠪᠡᠰᠦ ᠵᠣᠬᠢᠬᠤ ᠨᠢᠭᠡ ᠵᠢᠯ ᠪᠣᠯᠣᠨ᠎ᠠ᠂ ᠡᠨᠡ ᠵᠢᠯ᠂ ᠮᠠᠨ ᠤ ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠰᠡᠬᠡᠭᠡᠷᠡᠨ ᠤᠬᠠᠮᠰᠠᠷᠠᠵᠤ᠂ ᠪᠣᠳᠤᠯᠢᠶᠠᠨᠲᠠᠢ ᠮᠦᠷᠲᠡᠭᠡᠨ ᠮᠣᠷᠣᠢ ᠰᠠᠷᠤᠢ ᠲᠡᠮᠡᠴᠡᠯ ᠢ ᠥᠩᠭᠡᠷᠡᠭᠡᠭᠡᠳ ᠢᠯᠠᠯᠲᠠ ᠣᠯᠬᠤ ᠰᠠᠭᠤᠷᠢ ᠪᠣᠯᠣᠨ ᠢᠲᠡᠭᠡᠯ ᠵᠣᠷᠢᠭ ᠲᠠᠢ ᠪᠣᠯᠵᠠᠢ᠃ ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠤᠨ ᠢ ᠪᠠᠶᠢᠭᠤᠯᠬᠤ ᠪᠠᠷ ᠵᠣᠬᠢᠶᠠᠨ ᠪᠠᠶᠢᠭᠤᠯᠤᠯᠲᠠ᠂ ᠲᠥᠷᠥ ᠶᠢᠨ ᠪᠣᠳᠤᠯᠭ᠎ᠠ᠂ ᠦᠵᠡᠯ ᠰᠠᠨᠠᠭ᠎ᠠ᠂ ᠪᠡᠶᠡᠴᠢ ᠲᠠᠯ᠎ᠠ ᠶᠢᠨ ᠴᠢᠷᠮᠠᠶᠢᠯᠭ᠎ᠠ ᠵᠡᠷᠭᠡ ᠡᠯ᠎ᠡ ᠲᠠᠯ᠎ᠠ ᠪᠠᠷ ᠪᠦᠷ ᠰᠠᠶᠢᠲᠤᠷ ᠪᠡᠯᠡᠳᠬᠡᠯ ᠬᠢᠭᠰᠡᠨ ᠮᠦᠷᠲᠡᠭᠡᠨ ᠳᠤᠮᠳᠠᠳᠤ ᠤᠯᠤᠰ ᠤᠨ ᠪᠣᠢ ᠪᠦᠬᠦᠢ ᠠᠷᠠᠳᠴᠢᠯᠠᠭᠰᠠᠨ ᠬᠦᠮᠦᠰ ᠤᠨ ᠰᠠᠶᠢᠰᠢᠶᠠᠯ ᠳᠡᠮᠵᠢᠯᠭᠡ ᠶᠢ ᠣᠯᠪᠠ ᠁﹀﹀ ᠭᠡᠵᠡᠢ᠃     1947 ᠣᠨ ᠤ 3 ᠰᠠᠷ᠎ᠠ ᠳᠤ᠂ ᠤᠯᠠᠭᠠᠨᠬᠦᠦ᠂ ᠬᠠᠹᠣᠩᠭ᠎ᠠ᠂ ᠲᠡᠮᠦᠷᠪᠠᠭᠠᠨ᠎ᠠ ᠵᠡᠷᠭᠡ ᠬᠦᠮᠦᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠮᠤᠵᠢ ᠶᠢᠨ ᠬᠤᠪᠢᠶᠠᠷᠢ ᠲᠣᠪᠴᠢᠶ᠎ᠠ ᠪᠠᠷ ᠳᠠᠮᠵᠢᠨ ᠬᠠᠷᠪᠢᠨ ᠳᠤ ᠬᠦᠷᠴᠦ ᠯᠦᠸᠧ ᠷᠥᠡᠭ ᠬᠤᠸᠠᠨ ᠵᠡᠷᠭᠡ ᠤᠳᠤᠷᠢᠳᠬᠤ ᠨᠥᠭᠦᠳ ᠲᠠᠢ ᠠᠭᠤᠯᠵᠠᠨ᠂ ︿︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠮᠦᠷ ᠤᠨ ᠬᠥᠲᠥᠯᠪᠦᠷᠢ﹀﹀᠂ ︿︿ᠵᠣᠬᠢᠶᠠᠨ ᠪᠠᠶᠢᠭᠤᠯᠬᠤ ᠬᠠᠣᠯᠢ﹀﹀᠂ ︿︿ᠵᠥᠪᠯᠡᠭᠴᠢᠳ ᠤᠨ ᠲᠢᠩᠬᠢᠮ ᠤᠨ ᠵᠣᠬᠢᠶᠠᠨ ᠪᠠᠶᠢᠭᠤᠯᠬᠤ ᠳᠦᠷᠢᠮ﹀﹀ ᠵᠡᠷᠭᠡ ᠬᠡᠳᠦᠨ ᠴᠢᠬᠤᠯᠡ ᠪᠢᠴᠢᠭ ᠮᠠᠲ᠋ᠧᠷᠢᠶᠠᠯ ᠤᠨ ᠡᠬᠡ ᠨᠣᠣᠷᠠᠭ ᠢ ᠲᠤᠭᠤᠷᠪᠢᠨ ᠭᠠᠷᠭᠠᠵᠠᠢ᠃     ᠮᠦᠨ ᠲᠣᠰ ᠵᠢᠯ ᠤᠨ ᠬᠢᠨᠢ 4 ᠰᠠᠷ᠎ᠠ ᠶᠢᠨ 23᠎ ᠳᠤ ᠥᠪᠥᠷ ᠮᠣᠩᠭᠤᠯ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠢ ᠸᠠᠩ ᠤᠨ ᠰᠦᠮ᠎ᠡ ᠳᠤ ᠦᠪᠡᠲᠡᠭᠰᠢ ᠶᠡᠬᠡᠪᠡᠷ ᠬᠤᠷᠠᠯᠳᠤᠭᠤᠯᠵᠤ ︿︿ᠦᠨᠳᠦᠰᠦᠲᠡᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠬᠦ᠂ ᠵᠡᠭᠦᠨ ᠪᠠᠷᠠᠭᠤᠨ ᠮᠣᠩᠭᠤᠯ ᠢᠶᠠᠷ ᠨᠢᠭᠡᠳᠦᠯᠲᠡᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠁﹀﹀ ᠵᠡᠷᠭᠡ ᠬᠡᠳᠦ ᠬᠡᠳᠦᠨ ᠴᠢᠬᠤᠯᠡ ᠰᠢᠢᠳᠪᠤᠷᠢ ᠶᠢ ᠰᠠᠨᠠᠯ ᠨᠢᠭᠡᠲᠡᠢ ᠪᠠᠲᠤᠯᠠᠭᠰᠠᠨ ᠪᠠᠶᠢᠯ᠎ᠠ᠃ ᠢᠩᠭᠢᠭᠡᠳ 1947 ᠣᠨ ᠤ5 ᠰᠠᠷ᠎ᠠ ᠶᠢᠨ 1᠎ ᠤ ᠡᠳᠦᠷ᠂ ᠥᠪᠥᠷ ᠮᠣᠩᠭᠤᠯ ᠤᠨ ᠦᠪᠡᠷᠲᠡᠭᠡᠨ ᠵᠠᠰᠠᠬᠤ ᠵᠠᠰᠠᠭ ᠤᠨ ᠣᠷᠳᠤᠨ ᠤ ᠲᠡᠷᠢᠭᠦᠯᠡᠭᠴᠢ ᠪᠠᠷ ᠤᠯᠠᠭᠠᠨᠬᠦᠦ ᠂ ᠳᠡᠳ᠋ ᠲᠡᠷᠢᠭᠦᠯᠡᠭᠴᠢ ᠪᠠᠷ ᠬᠠᠹᠣᠩᠭ᠎ᠠ᠂ ᠵᠦᠪᠯᠡᠭᠴᠢᠳ ᠤᠨ ᠬᠤᠷᠠᠯ ᠤᠨ ᠳᠠᠷᠤᠭ᠎ᠠ ᠪᠠᠷ ᠪᠤᠶᠠᠨᠮᠠᠨᠳᠤᠬᠤ᠂ ᠳᠡᠳ᠋ ᠳᠠᠷᠤᠭ᠎ᠠ ᠪᠠᠷ ᠵᠠᠶᠠᠭᠠᠲᠠᠢ ᠨᠠᠷ ᠲᠣᠰ ᠲᠣᠰ ᠰᠣᠩᠭᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠢ ᠠᠯᠪᠠᠨ ᠶᠣᠰᠣᠭᠠᠷ ᠲᠣᠩᠬᠠᠭᠯᠠᠭᠰᠠᠨ ᠶᠤᠮ᠃    1954 ᠣᠨ᠂ 1958 ᠣᠨ ᠳᠤ ᠬᠠᠹᠣᠩᠭ᠎ᠠ ᠨᠥᠬᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡ᠂ ᠬᠤᠶᠠᠳᠤᠭᠠᠷ ᠤᠳᠠᠭᠠᠨ ᠤ ᠲᠥᠯᠦᠭᠡᠯᠡᠭᠴᠢᠳ ᠤᠨ ᠶᠡᠭᠡ ᠬᠤᠷᠠᠯ ᠳᠡᠭᠡᠷ᠎ᠡ ᠲᠤᠰ ᠲᠤᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠷ ᠰᠣᠩᠭᠤᠭᠳᠠᠭᠰᠠᠨ ᠮᠦᠷᠲᠡᠭᠡᠨ ᠡᠨᠡ ᠬᠤᠭᠤᠴᠠᠭᠠᠨ ᠳᠤ ᠬᠠᠹᠣᠩᠭ᠎ᠠ ᠨᠥᠬᠦᠷ ᠤᠷᠢᠳ ᠬᠤᠵᠢᠳ ᠥᠪᠥᠷ ᠮᠣᠩᠭᠤᠯ ᠤᠨ ᠰᠤᠷᠭᠠᠨ ᠬᠦᠮᠦᠵᠢᠯ ᠤᠨ ᠬᠡᠯᠲᠡᠰ ᠤᠨ ᠳᠠᠷᠤᠭ᠎ᠠ᠂ ᠥᠪᠥᠷ ᠮᠣᠩᠭᠤᠯ ᠤᠨ ᠰᠣᠶᠣᠯ ᠰᠤᠷᠭᠠᠨ ᠬᠦᠮᠦᠵᠢᠯ ᠤᠨ ᠵᠥᠪᠯᠡᠯ ᠤᠨ ᠡᠷᠬᠢᠯᠡᠭᠴᠢ᠂ ᠥᠪᠥᠷ ᠮᠣᠩᠭᠤᠯ ᠤᠨ ᠠᠷᠠᠳ ᠤᠨ ᠵᠥᠪᠯᠡᠯ ᠤᠨ ᠰᠣᠶᠣᠯ ᠰᠤᠷᠭᠠᠨ ᠬᠦᠮᠦᠵᠢᠯ ᠤᠨ ᠠᠯᠪᠠᠨ ᠭᠡᠷ ᠤᠨ ᠡᠷᠬᠢᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠡᠷᠬᠢᠯᠡᠭᠴᠢ ᠵᠡᠷᠭᠡ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠠᠶᠢᠭᠰᠠᠨ ᠪᠢᠯᠡ᠃     1965 ᠣᠨ ᠳᠤ ᠬᠠᠹᠣᠩᠭ᠎ᠠ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠦᠷᠪᠡᠳᠦᠭᠡᠷ ᠬᠤᠭᠤᠴᠠᠭᠠᠨ ᠤ ᠶᠡᠭᠡ ᠬᠤᠷᠠᠯ ᠳᠡᠭᠡᠷ᠎ᠡ ᠲᠤᠰ ᠵᠥᠪᠯᠡᠯᠭᠡᠨ ᠤ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠨ ᠠᠵᠢᠯᠯᠠᠵᠤ ᠪᠠᠶᠢᠭᠰᠠᠨ ᠢᠶᠠᠨ᠂1966 ᠣᠨ ᠳᠤ ︿︿ᠰᠣᠶᠣᠯ ᠤᠨ ᠶᠡᠭᠡ ᠬᠤᠪᠢᠰᠬᠠᠯ﹀﹀ ᠡᠬᠢᠯᠡᠭᠰᠡᠨ ᠠᠴᠠ ᠬᠤᠶᠢᠰᠢ ︿︿ᠶᠠᠫᠤᠨ ᠤ ᠲᠠᠩᠨᠠᠭᠤᠯ﹀﹀᠂ ︿︿ᠵᠥᠪᠯᠡᠯᠲᠦ ᠮᠣᠩᠭᠤᠯ ᠤᠨ ᠵᠠᠰᠠᠪᠤᠷᠢᠯᠠᠬᠤ ᠦᠵᠡᠯᠲᠡᠨ﹀﹀᠂ ︿︿ᠤᠯᠠᠭᠠᠨᠬᠦᠦ ᠶᠢᠨ ᠦᠬᠦᠯᠦᠭᠦᠳᠡ ᠨᠠᠮᠲᠠᠨ﹀﹀ ᠁ ᠵᠡᠷᠭᠡ ᠶᠠᠩᠵᠤ ᠪᠦᠷᠢ ᠶᠢᠨ ᠬᠢᠯᠢᠰ ᠭᠦᠵᠢᠷ ᠨᠡᠷ᠎ᠡ ᠵᠡᠭᠦᠵᠦ᠂ ︿︿ᠳᠥᠷᠪᠡᠨ ᠬᠦᠮᠦᠨ ᠤ ᠪᠦᠯᠦᠭ﹀﹀᠎ ᠤᠨ ᠬᠤᠣᠷᠯᠠᠯ ᠢ ᠠᠮᠰᠠᠵᠤ᠂ 1970 ᠣᠨ ᠤ 11 ᠰᠠᠷ᠎ᠠ ᠶᠢᠨ 29᠎ ᠤ ᠡᠳᠦᠷ ᠵᠢᠷᠠᠨ ᠬᠤᠶᠠᠷᠬᠠᠨ ᠨᠠᠰᠤᠲᠠᠢ ᠳᠠᠭᠠᠨ ᠬᠢᠯᠢᠰ ᠢᠶᠠᠷ ᠨᠠᠰᠤ ᠨᠥᠭᠴᠢᠵᠡᠢ᠃     1979 ᠣᠨ ᠤ 4 ᠰᠠᠷ᠎ᠠ ᠶᠢᠨ 17᠎ ᠤ ᠡᠳᠦᠷ᠂ ᠪᠡᠭᠡᠵᠢᠩ ᠤᠨ ᠪᠠ ᠪᠣᠥ ᠱᠠᠨ ᠤ ᠬᠤᠪᠢᠰᠬᠠᠯᠴᠢᠳ ᠤᠨ ᠨᠡᠶᠢᠲᠡ ᠶᠢᠨ ᠪᠣᠩᠬᠤᠨ ᠤ ᠭᠠᠵᠠᠷ ᠲᠤ ᠬᠠᠹᠣᠩᠭ᠎ᠠ ᠨᠥᠬᠦᠷ ᠤᠨ ᠭᠠᠰᠢᠭᠤᠳᠠᠯ ᠤᠨ ᠬᠤᠷᠠᠯ ᠢ ᠨᠥᠬᠦᠨ ᠬᠤᠷᠠᠯᠳᠤᠭᠤᠯᠵᠤ᠂ ᠨᠡᠷ᠎ᠡ ᠬᠦᠨᠳᠦ ᠶᠢ ᠨᠢ ᠰᠡᠷᠭᠦᠭᠡᠨ᠂ ᠰᠦᠡᠭ ᠷᠧᠨ ᠴᠢᠶᠦ᠋ᠡᠭ ᠨᠥᠬᠦᠷ ᠠᠴᠠ᠄ ︿︿ᠬᠠᠹᠣᠩᠭ᠎ᠠ ᠨᠥᠬᠦᠷ ᠪᠣᠯ ᠰᠢᠷᠭᠠᠭᠤ ᠠᠵᠢᠯᠰᠠᠭ᠂ ᠡᠶᠡᠯᠳᠡᠭ ᠳᠣᠲᠣᠨᠣ᠂ ᠨᠥᠬᠦᠳ ᠲᠠᠢ ᠪᠠᠨ ᠪᠦᠯᠭᠦᠮᠳᠡᠳᠡᠭ᠂ ᠮᠠᠨ ᠤ ᠨᠠᠮ ᠤᠨ ᠰᠠᠶᠢᠨ ᠭᠡᠰᠢᠭᠦᠨ᠂ ᠰᠠᠶᠢᠨ ᠺᠠᠳ᠋ᠷ ᠮᠦᠨ᠃ ᠲᠡᠭᠦᠨ ᠤ ᠨᠠᠰᠤ ᠨᠥᠭᠴᠢᠭᠰᠡᠨ ᠶᠠᠪᠤᠳᠠᠯ ᠪᠣᠯ ᠮᠠᠨ ᠤ ᠨᠠᠮ ᠤᠨ ᠨᠢᠭᠡᠨ ᠶᠡᠭᠡ ᠬᠤᠬᠢᠷᠠᠯ ᠪᠣᠯᠣᠨ᠎ᠠ﹀﹀ ᠭᠡᠰᠡᠨ ᠪᠦᠭᠡᠳ ᠤᠯᠠᠭᠠᠨᠬᠦᠦ ᠨᠥᠬᠦᠷ ᠴᠦ᠄ ︿︿ᠬᠠᠹᠣᠩᠭ᠎ᠠ ᠨᠥᠬᠦᠷ ᠬᠡᠳᠦᠨ ᠠᠷᠪᠠᠨ ᠵᠢᠯ ᠤᠨ ᠠᠵᠢᠯ ᠤᠨ ᠳᠤᠮᠳᠠ ᠪᠠᠨ ᠨᠠᠮ ᠢᠶᠠᠨ ᠬᠠᠶᠢᠷᠠᠯᠠᠨ᠂ ᠠᠷᠠᠳ ᠲᠦᠮᠡᠨ ᠢᠶᠠᠨ ᠬᠠᠶᠢᠷᠠᠯᠠᠨ᠂ ᠨᠡᠶᠢᠭᠡᠮ ᠵᠢᠷᠦᠮᠲᠦ ᠡᠬᠡ ᠤᠯᠣᠰ ᠢᠶᠠᠨ ᠬᠠᠶᠢᠷᠠᠯᠠᠵᠤ᠂ ᠨᠠᠮ ᠤᠨ ᠡᠯ᠎ᠡ ᠵᠦᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠮᠣᠩᠭᠤᠯ ᠦᠨᠳᠦᠰᠦᠲᠡᠨ ᠤ ᠪᠦᠯᠭᠦᠮᠳᠡᠯ ᠪᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠨᠢᠭᠲᠠᠷᠠᠭᠤᠯᠬᠤ ᠶᠢᠨ ᠲᠥᠯᠦᠭᠡ᠂ ᠨᠠᠮ ᠪᠣᠯᠣᠨ ᠠᠷᠠᠳ ᠲᠦᠮᠡᠨ ᠤ ᠦᠢᠯᠡᠰ ᠤᠨ ᠲᠥᠯᠦᠭᠡ᠂ ᠢᠯᠠᠩᠭᠤᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠲᠥᠯᠥᠭᠡ ᠬᠤᠪᠢ ᠨᠡᠮᠡᠷᠢ ᠪᠠᠨ ᠦᠵᠡᠭᠦᠯᠦᠭᠰᠡᠨ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ﹀﹀ ᠭᠡᠵᠦ ᠦᠨᠡᠯᠡᠭᠰᠡᠨ ᠶᠤᠮ᠃
 
ᠢᠷᠡᠯᠲᠡ᠄ ᠬᠤᠯᠪᠣᠭ᠎ᠠ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号