ᠠᠵᠦ ᠠᠬᠤᠢ  ᠶᠢᠨ ᠬᠦᠭᠵᠢᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2018/4/10
     2017 ᠤᠨ ᠤ ᠰᠡᠭᠦᠯᠴᠢ ᠬᠦᠷᠬᠦ ᠳᠤ᠂ ᠤᠷᠤᠨ ᠨᠤᠳᠤᠭ ᠤᠨ ᠦᠢᠯᠡᠳᠪᠤᠷᠢᠯᠠᠯ ᠤᠨ ᠶᠠᠷᠦᠩᠭᠡᠢ ᠦᠷᠳᠡᠭ 68.3 ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ 101.8 ᠳ᠋ᠦᠩᠰᠢᠭᠤᠷ ᠲᠦᠭᠦᠷᠢᠭ ᠬᠦᠷᠴᠦ᠂ ᠵᠢᠯ ᠪᠦᠷᠢ ᠳᠣᠮᠳᠠᠴᠢ ᠪᠠᠷ 9.3% ᠪᠠᠷ ᠨᠡᠮᠡᠭᠳᠡᠵᠣ᠂ ᠨᠢᠳᠣᠨᠣᠨ ᠠᠴᠠ 5% ᠪᠠᠷ ᠨᠡᠮᠡᠭᠳᠡᠪᠡ︔ ᠡᠩ ᠤᠨ ᠤᠯᠠᠨ ᠨᠠᠶᠢᠳᠠ  ᠶᠢᠨ ᠲᠦᠰᠦᠪ ᠤᠨ ᠤᠷᠤᠯᠭ᠎ᠠ ᠶᠢ ᠳᠠᠪᠣᠨ ᠵᠢᠯ ᠳᠤ ᠨᠡᠶᠢᠳᠡ 22.9 ᠳ᠋ᠦᠩᠰᠢᠭᠤᠷ ᠲᠦᠭᠦᠷᠢᠭ ᠢ ᠪᠡᠶᠡᠯᠡᠭᠦᠯᠵᠣ᠂ ᠡᠮᠦᠨᠡᠬᠢ ᠳᠠᠪᠣᠨ ᠵᠢᠯ ᠲᠠᠢ ᠬᠠᠷᠢᠴᠠᠭᠤᠯᠪᠠᠯ 1 ᠳᠠᠬᠢᠨ ᠨᠡᠮᠡᠭᠳᠡᠭᠦᠯᠪᠡ︔ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠲᠠᠪᠤᠨ ᠵᠢᠯ ᠳᠤ ᠨᠡᠶᠢᠳᠡ 204.4 ᠳ᠋ᠦᠩᠰᠢᠭᠤᠷ ᠲᠦᠭᠦᠷᠢᠭ ᠢ ᠪᠠᠶᠡᠯᠡᠭᠦᠯᠵᠤ᠂ ᠡᠮᠦᠨᠡᠬᠢ ᠳᠠᠪᠣᠨ ᠵᠢᠯ ᠲᠠᠢ ᠬᠠᠷᠢᠴᠠᠭᠤᠯᠪᠠᠯ 37% ᠪᠠᠷ ᠨᠡᠮᠡᠭᠳᠡᠪᠡ︔ ᠪᠦᠬᠦ ᠨᠠᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠬᠤᠳᠠᠯᠳᠤᠬᠤ ᠶᠠᠷᠤᠩᠭᠡᠢ ᠦᠷᠳᠡᠭ 22.7 ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ 36.5 ᠳ᠋ᠦᠩᠰᠢᠭᠤᠷ ᠲᠦᠭᠦᠷᠢᠭ ᠬᠦᠷᠴᠤ  ᠂ ᠵᠢᠯ ᠪᠦᠷᠢ ᠳᠣᠮᠳᠠᠴᠢ ᠪᠠᠷ 10% ᠪᠠᠷ ᠨᠡᠮᠡᠭᠳᠡᠵᠣ᠂ ᠨᠢᠳᠣᠨᠣᠨ ᠠᠴᠠ 8% ᠪᠠᠷ ᠨᠡᠮᠡᠭᠳᠡᠪᠡ︔ ᠪᠦᠬᠦ ᠰᠠᠭᠤᠭᠠᠯᠢ ᠠᠷᠠᠳ ᠤᠨ ᠬᠦᠮᠦᠨ ᠳᠣᠮᠳᠠᠴᠢ ᠡᠵᠡᠮᠳᠡᠵᠤ ᠪᠤᠯᠬᠤ ᠤᠷᠤᠯᠭ᠎ᠠ 29284 ᠲᠦᠭᠦᠷᠢᠭ ᠠᠴᠠ 41800 ᠲᠦᠬᠦᠷᠢᠭ ᠪᠤᠯᠤᠨ ᠨᠡᠮᠡᠭᠳᠡᠵᠤ᠂ ᠵᠢᠯ ᠪᠦᠷᠢ ᠳᠣᠮᠳᠠᠴᠢ ᠪᠠᠷ 7.4% ᠪᠠᠷ ᠨᠡᠮᠡᠭᠳᠡᠵᠤ ᠂ ᠨᠢᠳᠣᠨᠣᠨ ᠠᠴᠠ 8.5% ᠪᠠᠷ ᠨᠡᠮᠡᠭᠳᠡᠪᠡ᠃     ᠲᠠᠪᠤᠨ ᠵᠢᠯ ᠤᠨ ᠲᠤᠷᠰᠢ᠂ ᠪᠢᠳᠠ ᠲᠤᠷᠰᠢᠯᠳᠠ ᠶᠢᠨ ᠲᠤᠭᠤᠷᠢᠭ ᠤᠨ ᠲᠦᠷᠦᠭᠦᠯᠡᠨ ᠬᠡᠷᠡᠭᠵᠢᠭᠦᠯᠵᠤ ᠤᠷᠢᠳᠴᠢᠯᠠᠨ ᠲᠤᠷᠰᠢᠬᠤ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠵᠤ᠂ ᠬᠦᠭᠵᠢᠭᠦᠯᠦᠯᠳᠠ ᠨᠡᠭᠡᠭᠡᠯᠳᠠ ᠰᠢᠨ᠎ᠠ ᠰᠢᠪᠳᠤᠯᠤᠯᠳᠠ ᠶᠢ ᠪᠠᠶᠠᠯᠡᠭᠦᠯᠦᠭᠰᠡᠨ ᠪᠠᠶᠢᠨ᠎ᠠ᠃ ᠣᠯᠣᠰ ᠤᠨ ︽ᠨᠢᠬᠡ ᠪᠦᠰᠡ ᠨᠢᠭᠡ ᠵᠠᠮ︾ ᠪᠤᠯᠤᠨ ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠳᠠ ᠳᠤ ᠢᠳᠡᠪᠬᠢᠳᠡᠢ ᠠᠭᠤᠰᠣᠯᠳᠣᠨ᠂ ᠤᠯᠤᠰ ᠤᠨ ᠭᠤᠣᠯᠳᠠᠯᠭ᠎ᠠ ᠲᠠᠢ ᠭᠦᠭᠵᠢᠭᠦᠯᠦᠯᠳᠠ ᠨᠡᠭᠡᠭᠡᠯᠳᠠ ᠶᠢᠨ ᠲᠤᠷᠰᠢᠯᠳᠠ ᠶᠢᠨ ᠲᠤᠭᠤᠷᠢᠭ ᠵᠦᠪᠰᠢᠶᠠᠷᠠᠯ ᠤᠯᠵᠤ᠂ ᠲᠤᠷᠰᠢᠯᠳᠠ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠲᠤᠰᠬᠠᠢ ᠲᠦᠷᠦᠯ ᠤᠨ ᠰᠢᠯᠵᠢᠭᠦᠯᠦᠨ ᠣᠯᠭᠤᠭᠰᠠᠨ ᠪᠡᠯᠡ ᠮᠦᠩᠭᠦ ᠨᠡᠶᠢᠳᠡ 13 ᠳ᠋ᠦᠩᠰᠢᠭᠤᠷ ᠲᠦᠭᠦᠷᠢᠭ ᠬᠦᠷᠪᠡ᠃ ᠣᠯᠣᠰ ᠤᠨ ᠬᠤᠳᠠᠯᠳᠣᠭᠠᠨ ᠤ ᠶᠠᠪᠣᠳᠠᠯ ᠤᠨ ᠶᠠᠮᠣᠨ ᠢ ᠬᠠᠮᠵᠢᠨ ᠳᠣᠮᠳᠠᠳᠣ ᠮᠣᠩᠭᠤᠯ ᠤᠨ ᠬᠢᠯᠢ ᠠᠯᠣᠰᠯᠠᠭᠰᠠᠨ ᠠᠵᠣ ᠠᠬᠤᠢ  ᠶᠢᠨ ᠬᠠᠮᠳᠣᠷᠠᠯᠴᠠᠭᠠᠨ ᠤ ᠳᠣᠭᠤᠷᠢᠭ ᠤᠨ ᠬᠤᠶᠠᠷ ᠣᠯᠣᠰ ᠤᠨ ᠬᠤᠭᠤᠷᠣᠨᠳᠣᠬᠢ ᠬᠡᠯᠡᠯᠴᠡᠭᠡᠷ ᠨᠣᠣᠷᠠᠭᠯᠠᠨ ᠪᠢᠴᠢᠬᠦ ᠠᠵᠢᠯ ᠢ ᠳᠠᠭᠤᠰᠬᠠᠨ᠂ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠦᠨ ᠪᠤᠯᠤᠨ ᠮᠤᠩᠭᠤᠯ ᠤᠯᠤᠰ ᠤᠨ ᠠᠵᠤ ᠦᠢᠯᠡᠳᠪᠤᠷᠢ ᠶᠢᠨ ᠶᠠᠮᠦᠨ ᠤ ︽ᠲᠤᠮᠳᠠᠳᠤ ᠮᠤᠩᠭᠤᠯ ᠤᠨ ᠬᠢᠯᠢ ᠠᠯᠤᠰᠤᠯᠠᠭᠰᠡᠨ ᠠᠵᠤ ᠠᠬᠤᠢ ᠶᠢᠨ ᠬᠠᠮᠳᠤᠷᠠᠯᠴᠠᠭᠠᠨ ᠤ ᠲᠤᠭᠤᠷᠢᠭ ᠤᠨ ᠬᠠᠮᠳᠤ ᠶᠢᠨ ᠶᠠᠷᠦᠩᠭᠡᠢ ᠲᠦᠰᠦᠯ︾ ᠢ ᠳᠣᠭᠳᠠᠭᠠᠬᠤ ᠪᠣᠯᠣᠨ ᠦᠪᠡᠷᠳᠡᠭᠡᠨ ᠵᠠᠰᠠᠬᠤ ᠤᠷᠤᠨ ᠠᠴᠠ ︽ᠮᠠᠨᠵᠤᠤᠷ᠂ ᠡᠷᠢᠶᠠᠨ ᠤ ᠤᠯᠤᠰ ᠤᠨ ᠭᠤᠣᠯᠳᠠᠯᠭ᠎ᠠ ᠲᠠᠢ ᠬᠦᠭᠵᠢᠭᠦᠯᠦᠯᠳᠠ ᠨᠡᠭᠡᠭᠡᠯᠳᠠ  ᠶᠢᠨ ᠲᠤᠷᠰᠢᠯᠳᠠ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠠᠮᠵᠢᠬᠦ ᠲᠤᠬᠠᠢ ᠡᠳᠦᠢ ᠲᠡᠳᠦᠢ ᠰᠠᠨᠠᠯ︾ ︽ᠦᠪᠡᠷᠳᠡᠭᠡᠨ ᠵᠠᠰᠠᠬᠤ ᠤᠷᠤᠨ ᠤ ᠬᠢᠯᠢ ᠶᠢᠨ ᠢᠷᠭᠡᠳ ᠤᠨ ᠬᠤᠳᠠᠯᠳᠤᠭᠠᠨ ᠤ ᠲᠤᠭᠤᠷᠢᠭ ᠤᠨ ᠬᠠᠮᠢᠶᠠᠷᠤᠯᠳᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠳᠡᠯᠡᠨ ᠬᠡᠷᠡᠭᠵᠢᠭᠦᠯᠬᠦ ᠶᠢ ᠲᠦᠷᠭᠡᠳᠭᠡᠵᠣ᠂ ᠣᠳᠣᠷᠢᠳᠣᠮᠵᠢ ᠶᠢᠨ ᠴᠢᠨᠠᠷᠳᠡᠢ ᠢᠨᠵᠧᠨᠧᠷᠢᠩ ᠪᠣᠯᠬᠤ ᠲᠤᠮᠳᠠᠳᠤ ᠮᠤᠩᠭᠤᠯ ᠤᠨ ᠬᠢᠯᠢ ᠠᠯᠤᠰᠤᠯᠠᠭᠰᠡᠨ ᠠᠵᠤ ᠠᠬᠤᠢ ᠶᠢᠨ ᠬᠠᠮᠳᠤᠷᠠᠯᠴᠠᠭᠠᠨ ᠤ ᠲᠤᠭᠤᠷᠢᠭ ᠤᠨ ᠭᠤᠤᠯᠯᠠᠬᠤ ᠲᠤᠭᠤᠷᠢᠭ ᠤᠨ PPP ᠬᠡᠯᠪᠠᠷᠢ ᠶᠢᠨ ᠲᠦᠷᠦᠯ ᠵᠦᠢᠯ ᠢ ᠡᠬᠢᠯᠡᠨ ᠪᠦᠳᠦᠭᠡᠨ ᠪᠠᠶᠢᠭᠤᠯᠵᠤ᠂ ᠬᠢᠯᠢ ᠶᠢᠨ ᠢᠷᠭᠡᠳ ᠤᠨ ᠬᠤᠳᠠᠯᠳᠤᠭᠠᠨ ᠤ ᠲᠤᠭᠤᠷᠢᠭ ᠪᠢᠳᠡᠭᠦᠮᠵᠢᠯᠡᠨ ᠡᠵᠡᠩᠨᠡᠵᠣ᠂ ᠦᠪᠡᠷᠳᠡᠭᠡᠨ ᠵᠠᠰᠠᠬᠤ ᠣᠷᠣᠨ ᠤ ᠬᠦᠷᠰᠢ ᠣᠯᠣᠰ ᠣᠷᠣᠨ ᠮᠣᠩᠭᠤᠯ ᠤᠷᠤᠰ ᠤᠨ ᠪᠠᠷᠠᠭ᠎ᠠ ᠶᠢ ᠬᠤᠳᠠᠯᠳᠤᠭᠠᠨ ᠤ ᠲᠤᠭᠤᠷᠢᠭ ᠲᠤ ᠤᠷᠤᠭᠤᠯᠵᠤ ᠬᠤᠳᠠᠯᠳᠣᠭᠠᠯᠠᠬᠤ ᠶᠢ ᠪᠠᠶᠡᠯᠡᠭᠦᠯᠦᠭᠰᠡᠨ ᠪᠠᠶᠢᠨ᠎ᠠ᠃ ︽ᠳᠣᠳᠣᠨᠣ᠂ ᠦᠨᠡᠨᠴᠢ᠂ ᠠᠰᠢᠭᠳᠠᠢ᠂ ᠪᠠᠭᠳᠠᠭᠠᠮᠵᠢᠳᠡᠢ︾ ᠬᠦᠷᠰᠢ ᠣᠷᠣᠨ ᠤ ᠭᠠᠳᠠᠭᠠᠳᠤ ᠬᠠᠷᠢᠯᠴᠠᠭᠠᠨ ᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠣ᠂ ᠮᠤᠩᠭᠤᠯ ᠤᠯᠤᠰ ᠢ ᠲᠤᠰᠠᠯᠠᠨ ᠲᠠᠮᠵᠢᠵᠤ ᠲᠤᠰᠠᠯᠠᠨ ᠪᠠᠶᠢᠭᠤᠯᠬᠤ ᠬᠦᠴᠦᠯᠡᠴᠡ ᠪᠠᠨ ᠶᠡᠬᠡᠰᠬᠡᠨ᠂ ᠳᠣᠷᠣᠨᠠᠭᠤᠪᠢ ᠠᠶᠢᠮᠠᠭ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠤᠷᠢᠶ᠎ᠠ ᠵᠡᠷᠭᠡ ᠨᠢᠭᠡ ᠪᠦᠯᠦᠭ ᠲᠦᠷᠦᠯ ᠵᠦᠢᠯ ᠢ ᠲᠤᠰᠠᠯᠠᠨ ᠪᠠᠶᠢᠭᠤᠯᠪᠠ᠃ ᠭᠤᠤᠯᠳᠠᠯᠭᠠᠳᠤ ᠰᠠᠯᠪᠤᠷᠢ ᠪᠠ ᠵᠠᠩᠭᠢᠯᠠᠭ᠎ᠠ ᠶᠢᠨ ᠭᠤᠭᠴᠤᠭ᠎ᠠ  ᠶᠢᠨ ᠦᠭᠡᠷᠡᠴᠢᠯᠡᠯᠳᠠ ᠶᠢ ᠲᠤᠭᠳᠠᠭᠤᠨ ᠢᠶᠠᠷ ᠲᠦᠯᠬᠢᠨ ᠤᠷᠤᠭᠰᠢᠯᠠᠭᠤᠯᠵᠤ᠂ ᠮᠤᠩᠭᠤᠯ ᠲᠦᠭᠦᠷᠢᠭ ᠤᠨ ᠪᠡᠯᠡᠨ ᠮᠦᠩᠭᠦ ᠶᠢ ᠰᠣᠯᠢᠬᠤ ᠫᠠᠶᠢᠰᠠ ᠡᠯᠭᠦᠨ᠂ ᠬᠢᠯᠢ ᠠᠯᠣᠰᠯᠠᠨ ᠰᠢᠯᠵᠢᠭᠦᠯᠦᠨ ᠳᠣᠰᠢᠶᠠᠬᠤ᠂ ᠴᠢᠯᠦᠭᠡᠳᠦ ᠭᠤᠪᠢᠭᠤᠯᠣᠯᠭ᠎ᠠ  ᠶᠢᠨ ᠫᠠᠶᠢᠰᠠ ᠡᠯᠭᠦᠬᠦ ᠶᠢ ᠪᠦᠬᠦ ᠤᠯᠤᠰ ᠤᠨ ᠬᠡᠪᠴᠢᠶᠠᠨ ᠳᠤ ᠲᠡᠷᠢᠭᠦᠯᠡᠨ ᠪᠠᠶᠠᠯᠡᠭᠦᠯᠵᠤ᠂ ︽ᠡᠷᠭᠡ ᠪᠠᠨ ᠦᠷᠭᠡᠳᠭᠡᠨ ᠰᠢᠶᠠᠨ ᠢᠶᠠᠨ ᠬᠦᠴᠦᠷᠭᠡᠭᠵᠢᠭᠦᠯᠬᠦ︾᠂ ᠦᠯᠤ ᠬᠦᠳᠡᠯᠬᠦ ᠬᠦᠷᠦᠩᠭᠡ ᠶᠢ ᠲᠠᠩᠰᠡᠯᠡᠨ ᠲᠡᠮᠳᠡᠭᠯᠡᠬᠦ ᠲᠦᠷᠢᠮ ᠤᠨ ᠦᠭᠡᠷᠡᠴᠢᠯᠡᠯᠳᠠ ᠶᠢᠨ ᠲᠤᠷᠰᠢᠯᠳᠠ ᠶᠢᠨ ᠴᠡᠭ ᠢ ᠪᠦᠭᠦ ᠤᠷᠤᠨ ᠳᠤ ᠲᠡᠷᠢᠭᠦᠯᠡᠨ ᠪᠠᠶᠡᠯᠡᠭᠦᠯᠵᠤ᠂ ᠬᠤᠸᠠᠪᠸᠢ ᠤᠷᠤᠨ ᠤ ᠠᠩᠬᠠᠳᠠᠭᠴᠢ ᠦᠯᠦ ᠭᠦᠳᠡᠯᠬᠦ ᠭᠦᠷᠦᠩᠭᠡ ᠶᠢᠨ ᠪᠦᠷᠢᠳᠭᠡᠯ ᠤᠨ ᠦᠨᠡᠮᠯᠡᠯ ᠢ ᠳᠠᠷᠬᠠᠭᠠᠪᠠ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ︵ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠣᠶᠠᠯᠳᠣᠭᠤᠯᠬᠤ᠂ ᠦᠢᠯᠡᠴᠢᠯᠡᠭᠡ ᠪᠠᠨ ᠰᠠᠶᠢᠵᠢᠷᠠᠭᠤᠯᠬᠤ︶ ᠦᠭᠡᠷᠡᠴᠢᠯᠡᠯᠳᠠ ᠨᠢ ᠱᠠᠳᠣᠴᠢ ᠴᠢᠨᠠᠷᠳᠡᠢ ᠠᠬᠢᠴᠠ  ᠣᠯᠵᠣ᠂ ᠪᠡᠯᠡ ᠣᠷᠣᠭᠤᠯᠣᠯᠳᠠ ᠶᠢᠨ ᠲᠦᠷᠦᠯ ᠵᠦᠢᠯ ᠢ ᠰᠦᠯᠵᠢᠶᠡᠨ ᠳᠡᠭᠡᠷ᠎ᠡ ᠵᠦᠪᠰᠢᠶᠡᠷᠡᠯ ᠣᠯᠭᠤᠬᠤ ᠶᠢ ᠪᠦᠬᠦ ᠣᠷᠣᠨ ᠳᠤ ᠳᠡᠷᠢᠭᠦᠯᠡᠨ ᠪᠡᠶᠡᠯᠡᠭᠦᠯᠦᠨ᠂ ︽ᠬᠤᠶᠠᠷ ᠢ ᠲᠤᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ ︵ᠪᠠᠶᠢᠴᠠᠭᠠᠭᠳᠠᠬᠤ ᠡᠳᠡᠭᠡᠳ ᠢ ᠳᠣᠬᠢᠶᠠᠯᠳᠣᠯ ᠢᠶᠠᠷ ᠰᠣᠩᠭᠤᠬᠤ᠂ ᠪᠠᠶᠢᠴᠠᠭᠠᠬᠤ ᠠᠵᠢᠯᠳᠠᠨ ᠢ ᠳᠣᠬᠢᠶᠠᠯᠳᠣᠯ ᠢᠶᠠᠷ ᠰᠣᠩᠭᠤᠬᠤ᠂ ᠪᠠᠶᠢᠴᠠᠭᠠᠯᠳᠠ ᠶᠢᠨ ᠪᠠᠶᠢᠳᠠᠯ ᠪᠠ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠬᠤ︶ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠪᠦᠬᠦ ᠤᠷᠤᠨ ᠤ ᠬᠡᠪᠴᠢᠶᠡᠨ ᠳᠤ ᠠᠩᠬᠠᠳᠠᠭᠴᠢ ᠪᠦᠯᠦᠭ ︽ᠬᠤᠷᠢᠨ ᠲᠦᠷᠪᠡᠨ ᠦᠨᠡᠮᠯᠡᠯ ᠢ ᠨᠢᠭᠡᠳᠭᠡᠭᠰᠡᠨ︾ ᠡᠵᠡᠭᠨᠡᠯᠳᠠ ᠶᠢᠨ ᠦᠨᠡᠮᠯᠡᠯ ᠢ ᠤᠯᠭᠤᠨ ᠲᠠᠷᠬᠠᠭᠠᠵᠠᠢ᠃ ᠪᠤᠭᠤᠮᠳᠠ ᠶᠢᠨ ᠵᠣᠷᠴᠢᠭᠴᠢᠳ ᠤᠨ ᠭᠠᠷᠴᠠ ᠵᠠᠮ ᠤᠨ ︽ᠭᠤᠷᠪᠠᠨ ᠨᠢᠭᠡ︾ ᠪᠠ ︽ᠭᠤᠷᠪᠠᠨ ᠬᠠᠷᠢᠯᠴᠠᠨ ᠬᠠᠮᠳᠤᠷᠠᠬᠤ︾  ᠪᠤᠭᠤᠮᠳᠠ ᠨᠡᠪᠳᠡᠷᠡᠯᠳᠡ ᠶᠢᠨ ᠦᠭᠡᠷᠡᠴᠢᠯᠡᠯᠳᠠ ᠶᠢ ᠣᠷᠣᠭᠰᠢᠳᠠᠢ ᠬᠡᠷᠡᠭᠵᠢᠭᠦᠯᠵᠣ᠂ ᠤᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ︽ᠲᠠᠩ ᠭᠠᠭᠴᠠ ᠴᠤᠩᠬᠤ︾ ᠠᠰᠢᠭᠯᠠᠯᠳᠠ ᠳᠤ ᠤᠷᠤᠵᠤ᠂ ᠪᠣᠭᠤᠮᠳᠠ ᠨᠡᠪᠳᠡᠷᠡᠬᠦ ᠬᠤᠭᠤᠴᠠᠭ᠎ᠠ  ᠶᠢ 30% ᠠᠴᠠ ᠲᠡᠭᠡᠭᠰᠢ ᠪᠠᠷ ᠪᠣᠭᠤᠨᠢᠰᠬᠠᠪᠠ᠃ ︽5 + 5︾  ᠶᠠᠷᠦᠩᠭᠡᠶᠢᠯᠡᠭᠰᠠᠡ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠦᠭᠡᠷᠡᠴᠢᠯᠡᠯᠳᠠ ᠶᠢᠨ ᠲᠤᠷᠰᠢᠯᠳᠠ ᠶᠢᠨ ᠴᠡᠭ ᠤᠨ ᠠᠵᠢᠯ ᠦᠨᠳᠦᠰᠦᠨ ᠳᠤ ᠪᠠᠨ ᠲᠠᠭᠤᠰᠪᠠ᠃ ᠪᠦᠳᠦᠭᠡᠨ ᠪᠠᠶᠢᠭᠤᠯᠤᠯᠳᠠ ᠶᠢᠨ ᠬᠡᠷᠡᠭᠴᠡᠭᠡᠳᠦ ᠭᠠᠵᠠᠷ ᠤᠨ ᠬᠡᠷᠡᠭᠯᠡᠭᠡᠨ ᠤ ᠡᠷᠭᠡ ᠶᠢ ᠰᠢᠯᠵᠢᠭᠦᠯᠬᠦ᠂ ᠲᠦᠷᠢᠶᠡᠰᠦᠯᠡᠬᠦ᠂ ᠪᠠᠷᠢᠴᠠᠭᠠᠯᠠᠬᠤ ᠬᠤᠶᠠᠳᠠᠬᠢ ᠵᠠᠬ᠎ᠠ ᠲᠡᠯᠬᠡᠭᠦᠷ ᠤᠨ ᠤᠯᠤᠰ ᠤᠨ ᠲᠤᠷᠰᠢᠯᠳᠠ ᠶᠢᠨ ᠴᠡᠭ ᠤᠨ ᠦᠭᠡᠷᠡᠴᠢᠯᠡᠯᠳᠠ ᠶᠢᠨ ᠠᠵᠢᠯ ᠢ ᠠᠮᠵᠢᠯᠳᠠ ᠲᠠᠢ ᠪᠠᠶᠡᠯᠡᠭᠦᠯᠦᠭᠰᠡᠨ ᠪᠠᠶᠢᠨ᠎ᠠ᠃ ᠤᠯᠤᠰ ᠤᠨ ᠬᠤᠳᠠᠯᠳᠤᠭ᠎ᠠ ᠶᠢ ᠠᠬᠢᠭᠤᠯᠬᠤ ᠵᠦᠪᠯᠡᠯ ᠢ ᠵᠣᠬᠢᠴᠠᠭᠤᠯᠵᠣ ᠳᠣᠮᠳᠠᠳᠣ ᠮᠣᠩᠭᠤᠯ ᠣᠷᠣᠰ ᠤᠨ ᠠᠵᠣ ᠠᠬᠤᠢ ᠠᠷᠠᠯᠵᠢᠶᠠᠨ ᠤ ᠬᠠᠮᠳᠣ ᠶᠢᠨ ᠠᠵᠢᠯᠯᠠᠭᠠᠨ ᠤ ᠡᠷᠢᠶᠡᠨ ᠬᠤᠳᠠ ᠳᠠᠬᠢ ᠴᠢᠭᠤᠯᠭ᠎ᠠ ᠠᠭᠤᠯᠵᠠᠯᠳᠠ ᠶᠢ ᠭᠤᠤᠯᠯᠠᠨ ᠡᠷᠬᠢᠯᠡᠭᠦᠯᠵᠣ᠂ APEC ᠶᠢᠨ ᠳᠣᠮᠳᠠ ᠵᠢᠵᠢᠭ ᠠᠵᠣ ᠠᠬᠤᠶᠢᠯᠠᠯ ᠤᠨ ᠬᠢᠯᠢ ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ᠳᠡᠭᠡᠳᠦ ᠠᠭᠤᠯᠵᠠᠯᠳᠠ ᠶᠢ ᠠᠩᠬᠠᠳᠣᠭᠠᠷ ᠣᠳᠠᠭ᠎ᠠ ᠠᠮᠵᠢᠯᠳᠠ ᠲᠠᠢ ᠵᠣᠬᠢᠶᠠᠨ ᠪᠠᠶᠢᠭᠤᠯᠵᠣ᠂ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠦᠪ ᠢ ᠡᠭᠦᠷᠢᠳᠡ ᠶᠢᠨ ᠬᠤᠷᠠᠯᠳᠤᠬᠤ ᠭᠠᠵᠠᠷ ᠢᠶᠠᠷ ᠳᠣᠭᠳᠠᠭᠠᠨ ᠪᠦᠳᠦᠭᠡᠨ ᠪᠠᠶᠢᠭᠤᠯᠵᠤ ᠠᠰᠢᠭᠯᠠᠯᠳᠠ ᠳᠤ ᠤᠷᠤᠭᠤᠯᠤᠭᠰᠡᠨ ᠪᠠᠶᠢᠨ᠎ᠠ᠃ ᠮᠣᠩᠭᠤᠯ ᠣᠷᠣᠰ ᠯᠤᠭ᠎ᠠ ᠬᠠᠮᠳᠣᠷᠠᠨ ᠠᠵᠢᠯᠯᠠᠬᠤ ᠳᠣᠭᠳᠠᠯᠴᠠᠭᠠᠨ ᠳᠤ ᠰᠢᠨ᠎ᠡ ᠶᠢ ᠡᠭᠦᠳᠦᠨ᠂ ᠣᠯᠣᠰ ᠠᠴᠠ ᠵᠠᠮ ᠤᠨ ᠡᠭᠦᠳᠡ ᠳᠤ ᠶᠡᠷᠦᠩᠬᠡᠢ ᠺᠤᠨᠰᠦ᠋ᠯ ᠤᠨ ᠭᠠᠵᠠᠷ ᠪᠠᠶᠢᠭᠤᠯᠬᠤ ᠶᠢ ᠡᠬᠢᠭᠤᠯᠵᠣ᠂ ᠮᠤᠩᠭᠤᠯ ᠤᠷᠤᠰ ᠯᠤᠭ᠎ᠠ ᠶᠢᠨ ᠬᠠᠮᠳᠤ ᠶᠢᠨ ᠠᠵᠢᠯᠯᠠᠭ᠎ᠠ ᠶᠢᠨ ᠲᠤᠭᠳᠠᠯᠴᠠᠭᠠᠨ ᠳᠤ ᠰᠢᠨ᠎ᠠ ᠶᠢ ᠡᠭᠦᠳᠴᠤ᠂ ᠮᠤᠩᠭᠤᠯ ᠤᠯᠤᠰ ᠤᠨ ᠰᠡᠯᠡᠩᠭᠡ ᠠᠶᠢᠮᠠᠭ᠂ ᠤᠷᠤᠰ ᠤᠨ ᠣᠯᠠᠭᠠᠨ ᠡᠭᠦᠳᠡ ᠵᠡᠷᠭᠡ 17 ᠭᠠᠵᠠᠷ ᠤᠷᠤᠨ ᠲᠠᠢ ᠨᠦᠬᠦᠷᠰᠡᠭ ᠢᠶᠠᠷ ᠬᠠᠮᠳᠣᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠤᠯᠠᠨ ᠳᠠᠪᠬᠤᠷᠭ᠎ᠠ ᠶᠢᠨ ᠬᠠᠷᠢᠯᠴᠠᠭ᠎ᠠ ᠬᠠᠮᠳᠣᠷᠠᠯᠴᠠᠭᠠᠨ ᠤ ᠲᠤᠭᠳᠠᠯᠴᠠᠭ᠎ᠠ ᠤᠯᠠᠮ ᠪᠠᠷ ᠤᠯᠠᠰᠢᠷᠠᠪᠠ᠃ ᠭᠠᠳᠠᠭᠠᠳᠤ ᠣᠯᠣᠰ ᠣᠷᠣᠨ ᠨᠤᠭᠤᠳ ᠲᠠᠢ ᠰᠤᠷᠭᠠᠨ ᠬᠦᠮᠦᠵᠢᠯ ᠤᠨ ᠰᠣᠯᠢᠯᠴᠠᠭ᠎ᠠ ᠬᠠᠮᠳᠣ ᠶᠢᠨ ᠠᠵᠢᠯᠯᠠᠭ᠎ᠠ ᠪᠠᠨ ᠴᠢᠩᠭᠠᠳᠬᠠᠵᠤ᠂ ᠮᠤᠩᠭᠤᠯ ᠤᠯᠤᠰ ᠤᠨ ᠵᠠᠮ  ᠤᠨ ᠡᠭᠦᠳᠡ ᠬᠤᠳ᠋ᠨ ᠳᠤ ᠪᠦᠬᠦ ᠤᠷᠤᠨ ᠤ ᠠᠩᠬᠠᠳᠠᠭᠴᠢ ︽ᠺᠦᠩᠽᠢ ᠶᠢᠨ ᠬᠢᠴᠢᠶᠠᠯ ᠤᠨ ᠳᠠᠩᠬᠢᠮ︾ ᠢ ᠫᠠᠶᠢᠰᠠ ᠡᠯᠬᠦᠨ ᠪᠠᠶᠢᠭᠤᠯᠵᠤ᠂ ︽ᠮᠤᠩᠭᠤᠯ ᠤᠯᠤᠰ ᠤᠨ ᠬᠠᠷᠢᠶᠠᠳᠣ ᠣᠶᠣᠳᠠᠳ ᠤᠨ ᠰᠤᠷᠤᠯᠭ᠎ᠠ ᠶᠢᠨ ᠱᠠᠩᠨᠠᠯ ᠤᠨ ᠮᠦᠩᠬᠦ  ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠳᠡᠯᠡᠨ ᠬᠡᠷᠡᠭᠵᠢᠭᠦᠯᠵᠣ᠂ ᠰᠤᠷᠤᠯᠭ᠎ᠠ ᠶᠢᠨ ᠱᠠᠩᠨᠠᠯ ᠤᠨ ᠮᠦᠩᠬᠦ ᠶᠢ ᠨᠡᠶᠢᠳᠡ 1650 ᠲᠦᠮᠡᠨ ᠲᠦᠭᠦᠷᠢᠭ ᠲᠠᠷᠬᠠᠭᠠᠵᠤ᠂ ᠭᠠᠳᠠᠭᠠᠳᠤ ᠶᠢᠨ ᠤᠶᠤᠳᠠᠳ ᠤᠨ ᠳᠤᠭ᠎ᠠ 986 ᠬᠦᠷᠪᠡ᠃ ᠮᠣᠩᠭᠤᠯ ᠣᠯᠣᠰ ᠤᠨ ᠡᠪᠡᠳᠴᠢᠳᠠᠨ ᠤ ᠡᠮᠴᠢᠯᠡᠭᠦᠯᠬᠦ ᠳᠤ ᠪᠠᠶᠢᠴᠠᠭᠠᠯᠳᠠ ᠶᠢᠨ ᠰᠦᠢᠳᠭᠡᠯ ᠢ ᠬᠡᠯᠳᠦᠷᠢᠭᠦᠯᠬᠦ ᠪᠣᠳᠣᠯᠭ᠎ᠠ ᠶᠢ ᠬᠡᠷᠡᠭᠵᠢᠭᠦᠯᠦᠨ᠂ ᠮᠣᠩᠭᠤᠯ ᠣᠯᠣᠰ ᠤᠨ ᠡᠪᠡᠳᠴᠢᠳᠡᠨ ᠢ ᠨᠡᠶᠢᠳᠡ ᠲᠦᠮᠡ ᠭᠠᠷᠣᠢ ᠬᠦᠮᠦᠨ ᠣᠳᠠᠭ᠎ᠠ ᠬᠦᠯᠢᠶᠡᠨ ᠠᠪᠴᠣ ᠡᠮᠴᠢᠯᠡᠵᠣ᠂ ᠪᠣᠭᠤᠮᠳᠠ ᠶᠢᠨ ︽ᠦᠩᠬᠡ ᠬᠡᠷᠡᠯᠳᠦ︾ ᠠᠵᠢᠯᠯᠠᠭ᠎ᠠ ᠶᠢ ᠣᠷᠣᠭᠰᠢᠳᠠᠢ ᠬᠡᠷᠡᠭᠵᠢᠭᠦᠯᠪᠡ᠃ ᠲᠤᠮᠳᠠᠳᠤ ᠮᠤᠩᠭᠤᠯ ᠤᠨ ᠭᠦᠯ ᠪᠦᠮᠪᠦᠭᠡ ᠶᠢᠨ ᠰᠤᠯᠢᠯᠴᠠᠭ᠎ᠠ ᠬᠠᠮᠳᠤ ᠶᠢᠨ ᠠᠵᠢᠯᠯᠠᠭ᠎ᠠ ᠰᠢᠨ᠎ᠠ ᠠᠯᠬᠤᠴᠠ ᠶᠢ ᠪᠡᠶᠡᠯᠡᠭᠦᠯᠵᠣ᠂ ᠵᠠᠮ ᠤᠨ ᠡᠭᠦᠳᠠ ᠬᠤᠳᠠ ᠳᠤ ᠲᠤᠰᠠᠯᠠᠨ ᠪᠠᠶᠢᠭᠤᠯᠤᠭᠰᠡᠨ ᠲᠤᠮᠳᠠᠳᠤ ᠮᠤᠩᠭᠤᠯ ᠤᠨ ᠵᠠᠯᠠᠭᠤᠴᠤᠳ ᠪᠠᠭᠠᠴᠤᠳ ᠤᠨ ᠬᠦᠯ ᠪᠦᠮᠪᠦᠭᠡᠨ ᠤ ᠰᠣᠯᠢᠯᠴᠠᠭᠠᠨ ᠤ ᠰᠠᠭᠤᠷᠢᠨ ᠭᠠᠵᠠᠷ ᠠᠰᠢᠭᠯᠠᠯᠳᠠ ᠳᠤ ᠤᠷᠤᠵᠤ᠂ ︽ᠡᠷᠢᠶᠡᠨ ᠬᠤᠨᠳᠠᠭᠠᠳᠤ︾ ︽ᠡᠷᠢᠶᠡᠨ— ᠵᠠᠮ ᠤᠨ ᠡᠭᠦᠳᠡ ᠬᠤᠨᠳᠠᠭᠠᠳᠤ︾ ︽ᠨᠡᠬᠢᠶ᠎ᠠ ᠬᠤᠨᠳᠠᠭᠠᠳᠤ︾ ᠵᠡᠷᠭᠡ ᠨᠢ ᠠᠭᠠᠵᠢᠮ ᠢᠶᠠᠷ ᠨᠡᠷ᠎ᠡ ᠲᠡᠮᠳᠡᠭᠳᠤ ᠤᠷᠤᠯᠳᠤᠭᠠᠨ ᠪᠤᠯᠤᠭᠰᠡᠨ ᠪᠠᠶᠢᠨ᠎ᠠ᠃      ᠲᠠᠪᠤᠨ ᠵᠢᠯ ᠤᠨ ᠲᠤᠷᠰᠢ᠂ ᠪᠢᠳᠡ ᠠᠵᠤ ᠦᠢᠯᠡᠰ ᠤᠨ ᠪᠦᠲᠦᠴᠡ ᠶᠢᠨ ᠳᠣᠬᠢᠷᠠᠭᠤᠯᠣᠯᠳᠠ  ᠰᠢᠯᠢᠳᠡᠭᠵᠢᠯᠳᠡ ᠶᠢ ᠲᠦᠷᠭᠡᠳᠭᠡᠵᠦ᠂ ᠤᠨᠴᠠᠯᠢᠭᠲᠦ ᠠᠵᠤ ᠦᠢᠯᠡᠰ ᠤᠨ ᠬᠦᠭᠵᠢᠯᠳᠡ ᠰᠢᠨ᠎ᠡ ᠠᠬᠢᠴᠠ ᠲᠠᠢ ᠪᠣᠯᠪᠠ᠃ ᠤᠯᠠᠨ ᠤᠯᠤᠰ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠪᠴᠢᠶ᠎ᠡ ᠦᠷᠭᠡᠳᠪᠡ᠃ ᠬᠢᠯᠢ ᠶᠢᠨ ᠠᠷᠠᠯᠵᠢᠶᠠᠨ ᠤ ᠠᠵᠤ ᠠᠬᠤᠶᠢᠯᠠᠯ ᠤᠨ ᠴᠢᠳᠠᠪᠣᠷᠢ ᠶᠢᠨ ᠪᠠᠶᠢᠭᠤᠯᠣᠯᠳᠠ ᠶᠢ ᠲᠡᠮᠵᠢᠬᠦ ᠠᠷᠭ᠎ᠠ ᠪᠤᠳᠤᠯᠭ᠎ᠠ  ᠶᠢ ᠦᠷᠭᠦᠯᠵᠢᠯᠡᠨ 3 ᠵᠢᠯ ᠬᠡᠷᠡᠭᠵᠢᠬᠦᠯᠦᠭᠰᠡᠨ ᠠᠴᠠ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ 764 ᠡᠷᠦᠬᠡ ᠪᠠᠶᠢᠭᠰᠠᠨ ᠠᠴᠠ ᠪᠠᠨ 1210 ᠡᠷᠦᠬᠡ ᠪᠤᠯᠤᠨ ᠨᠡᠮᠡᠭᠳᠡᠵᠦ᠂ ᠡᠷᠢᠶᠡᠨ ᠬᠤᠳᠠ ᠪᠠᠷ ᠳᠠᠮᠵᠢᠨ ︽ᠭᠠᠳᠠᠭᠰᠢ ᠭᠠᠷᠴᠣ ︾ ᠮᠤᠩᠭᠤᠯ ᠤᠷᠤᠰ ᠵᠡᠷᠭᠡ ᠬᠢᠯᠢ ᠶᠢᠨ ᠭᠠᠳᠠᠨ᠎ᠠ ᠪᠡᠯᠡ ᠤᠷᠤᠭᠤᠯᠤᠭᠰᠠᠨ ᠠᠵᠤ ᠠᠬᠤᠶᠢᠯᠠᠯ 14 ᠪᠠᠶᠢᠭᠰᠠᠨ ᠠᠴᠠ  ᠪᠠᠨ 33 ᠪᠤᠯᠤᠨ ᠨᠡᠮᠡᠭᠳᠡᠪᠡ᠃ ᠠᠮᠣ ᠬᠦᠨᠡᠰᠦ᠂ ᠮᠢᠬᠠᠨ ᠤ ᠲᠦᠷᠦᠯ ᠢ ᠭᠠᠳᠠᠭᠠᠳᠣ ᠠᠴᠠ ᠤᠷᠤᠭᠤᠯᠬᠤ ᠲᠤᠰᠬᠠᠢ ᠪᠤᠭᠤᠮᠳᠠ ᠶᠢᠨ ᠵᠦᠪᠰᠢᠶᠡᠷᠡᠯ ᠣᠯᠵᠣ᠂ ᠰᠢᠯᠢᠮᠳᠡᠭ ᠤᠨ ᠦᠷ᠎ᠡ᠂ ᠣᠯᠣᠰᠣᠨ ᠦᠷ᠎ᠡ᠂ ᠨᠠᠷᠠᠨ ᠬᠤᠸᠠᠷ ᠤᠨ ᠦᠷ᠎ᠡ ᠵᠡᠷᠭᠡ ᠠᠮᠤ ᠲᠤᠰᠤᠨ ᠤ ᠪᠦᠲᠦᠭᠡᠭᠳᠡᠬᠦᠨ ᠢ ᠤᠷᠤᠭᠤᠯᠵᠤ᠂ ᠠᠮᠢᠳᠣ ᠬᠤᠨᠢ ᠶᠢ ᠭᠠᠳᠠᠭᠠᠳᠣ ᠠᠴᠠ ᠣᠷᠣᠭᠤᠯᠬᠤ ᠬᠢᠷᠢ ᠭᠡᠮ ᠢ ᠣᠯᠵᠣ᠂ ᠠᠳᠤᠭᠤᠨ ᠤ ᠮᠢᠬ᠎ᠠ ᠶᠢ ᠭᠠᠳᠠᠭᠠᠳᠣ ᠠᠴᠠ ᠣᠷᠣᠭᠤᠯᠣᠭᠰᠠᠨ ᠬᠡᠮᠵᠢᠶ᠎ᠡ 2 ᠲᠦᠮᠡᠨ ᠲᠤᠨ ᠢ ᠲᠠᠪᠠᠵᠤ᠂ ᠠᠷᠠᠯᠵᠢᠶᠠᠨ ᠤ ᠦᠷᠳᠡᠭ 3 ᠳ᠋ᠦᠩᠰᠢᠭᠤᠷ ᠲᠦᠭᠦᠷᠢᠭ ᠢ ᠲᠠᠪᠠᠭᠰᠠᠨ ᠪᠠᠶᠢᠨ᠎ᠠ᠃ ᠬᠢᠯᠢ ᠲᠠᠮᠵᠢᠭᠰᠠᠨ ᠲᠤᠮᠳᠠᠳᠤ ᠡᠸᠦ᠋ᠷᠤᠫᠠ ᠴᠢᠭᠯᠡᠯ ᠤᠨ ᠸᠠᠭᠤᠨ ᠤ ᠳᠤᠭ᠎ᠠ 15 ᠪᠤᠯᠤᠨ ᠨᠡᠮᠡᠭᠳᠡᠵᠦ᠂ ︽ᠵᠧᠩᠵᠸᠦ— ᠡᠷᠢᠶᠡᠨ— ᠡᠸᠦ᠋ᠷᠤᠫᠠ︾᠂ ︽ᠴᠦᠩᠴᠢᠩ— ᠡᠷᠢᠶᠡᠨ— ᠡᠸᠦ᠋ᠷᠤᠫᠠ︾᠂ ︽ᠬᠤᠨᠠᠨ— ᠡᠷᠢᠶᠡᠨ— ᠡᠸᠦ᠋ᠷᠤᠫᠠ︾ ᠴᠢᠭᠯᠡᠯ ᠤᠨ ᠤᠯᠠᠨ ᠤᠯᠤᠰ ᠤᠨ ᠠᠴᠢᠶ᠎ᠠ ᠲᠡᠭᠡᠭᠡᠪᠦᠷᠢ ᠶᠢᠨ ᠸᠠᠭᠤᠨ ᠪᠠᠶᠢᠩᠭᠤ ᠶᠢᠨ ᠴᠢᠨᠠᠷᠳᠠᠢ ᠠᠵᠢᠯᠯᠠᠵᠣ᠂ ᠨᠡᠶᠢᠲᠡ 822 ᠸᠠᠭᠤᠨ ᠠᠶᠠᠯᠠᠵᠤ᠂ ᠵᠢᠯ ᠪᠦᠷᠢ ᠲᠤᠮᠳᠠᠴᠢ ᠪᠠᠷ 240% ᠪᠠᠷ ᠨᠡᠮᠡᠭᠳᠡᠪᠡ᠃ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠲᠠᠪᠴᠠᠩ ᠢ ᠪᠠᠶᠢᠭᠤᠯᠵᠤ᠂ ᠪᠠᠷᠠᠭ᠎ᠠ ᠲᠡᠭᠡᠭᠡᠪᠦᠷᠢ ᠶᠢᠨ ᠰᠢᠭᠤᠷᠬᠠᠢ ᠨᠡᠪᠳᠡᠷᠡᠯᠳᠡ ᠶᠢᠨ ᠭᠠᠷᠴᠠ ᠵᠠᠮ ᠢ ᠪᠠᠶᠢᠭᠤᠯᠣᠨ ᠨᠡᠪᠲᠡᠷᠡᠭᠦᠯᠵᠦ᠂ ︽ᠠᠭᠠᠷ ᠤᠨ ᠪᠣᠯᠣᠨ ᠭᠠᠵᠠᠷ ᠤᠨ ᠬᠤᠯᠪᠤᠭᠠᠯᠠᠨ ᠲᠡᠭᠡᠭᠡᠪᠦᠷᠢᠯᠡᠬᠦ︾ ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠢᠦᠢ ᠯᠢ ᠵᠡᠷᠭᠡ 7 ᠡᠷᠦᠬᠡ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠲᠠᠪᠴᠠᠩ ᠨᠢᠭᠡᠨᠳᠡ ᠰᠦᠯᠵᠢᠶᠡᠨ ᠳᠤ ᠬᠤᠯᠪᠣᠭᠳᠠᠨ ᠠᠰᠢᠭᠯᠠᠯᠳᠠ ᠳᠤ ᠣᠷᠣᠪᠠ᠃ ᠬᠤᠸᠠᠨ ᠢᠦᠢ ᠤᠯᠠᠨ ᠤᠯᠤᠰ ᠤᠨ ᠬᠤᠳᠠᠯᠳᠤᠭᠠᠨ ᠤ ᠬᠤᠳᠠ᠂ ᠹᠦ᠋ ᠬᠤᠸᠠᠩ ᠮᠠᠰᠢᠨ ᠳᠡᠷᠭᠡᠨ ᠤ ᠠᠷᠠᠯᠵᠢᠶ᠎ᠠ ᠪᠠ ᠰᠡᠯᠪᠢᠨ ᠵᠠᠰᠠᠬᠤ ᠭᠠᠵᠠᠷ ᠵᠡᠷᠭᠡ ᠲᠤᠰᠬᠠᠢ ᠵᠠᠬ᠎ᠠ ᠲᠡᠯᠭᠡᠭᠦᠷ ᠢ ᠪᠠᠶᠢᠭᠤᠯᠵᠣ ᠠᠰᠢᠭᠯᠠᠯᠳᠠ ᠳᠤ ᠣᠷᠣᠭᠤᠯᠣᠨ᠂ ᠲᠢᠶᠠᠨᠵᠢᠨ ᠤ ᠴᠢᠯᠦᠭᠡᠲᠦ ᠠᠷᠠᠯᠵᠢᠶᠠᠨ ᠤ ᠲᠤᠭᠤᠷᠢᠭ ᠤᠨ ᠳ᠋ᠦᠩ ᠵᠢᠶᠠᠩ ᠭᠠᠳᠠᠭᠠᠳᠣ ᠠᠴᠠ ᠣᠷᠣᠭᠤᠯᠣᠭᠰᠠᠨ ᠪᠠᠷᠠᠭ᠎ᠠ ᠶᠢ ᠰᠢᠭᠤᠳ ᠡᠵᠡᠩᠨᠡᠨ ᠪᠤᠷᠤᠯᠠᠭᠤᠯᠬᠤ ᠲᠦᠪ ᠢ ᠣᠷᠣᠭᠤᠯᠣᠭᠰᠠᠨ ᠪᠦᠭᠡᠳ ᠠᠯᠪᠠᠨ ᠶᠣᠰᠣ ᠪᠠᠷ ᠠᠰᠢᠭᠯᠠᠯᠳᠠ ᠳᠤ ᠣᠷᠣᠭᠤᠯᠵᠣ᠂ ᠮᠤᠩᠭᠤᠯ ᠤᠷᠤᠰ ᠠᠴᠠ ᠣᠷᠣᠭᠤᠯᠣᠭᠰᠠᠨ ᠪᠠᠷᠠᠭ᠎ᠠ ᠪᠦᠳᠦᠭᠡᠭᠳᠡᠭᠦᠨ ᠤ ᠦᠪᠡᠰᠦᠪᠡᠨ ᠰᠣᠩᠭᠤᠬᠤ ᠲᠡᠯᠭᠡᠭᠦᠷ 13 ᠡᠷᠦᠭᠡ ᠪᠤᠯᠤᠨ ᠨᠡᠮᠡᠭᠳᠡᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠬᠦᠭᠵᠢᠯᠳᠡ ᠶᠢᠨ ᠨᠦᠬᠦᠴᠡᠯ ᠣᠯᠠᠮ ᠨᠢᠭᠡ ᠠᠯᠬᠤᠮ ᠰᠠᠶᠢᠵᠢᠷᠠᠪᠠ᠃ ᠬᠢᠯᠢ ᠪᠠᠷ ᠤᠷᠤᠭᠤᠯᠵᠤ ᠭᠠᠷᠭᠠᠭᠰᠠᠨ ᠪᠠᠷᠠᠭ᠎ᠠ ᠲᠡᠭᠡᠭᠡᠪᠦᠷᠢ ᠶᠢᠨ ᠶᠡᠷᠦᠩᠬᠡᠢ ᠬᠡᠮᠵᠢᠶ᠎ᠡ 1305 ᠲᠦᠮᠡᠨ ᠲᠤᠨ ᠪᠠᠶᠢᠭᠰᠠᠨ ᠠᠴᠠ ᠪᠠᠨ 1503 ᠲᠦᠮᠡᠨ ᠲᠤᠨ ᠪᠤᠯᠤᠨ ᠨᠡᠮᠡᠭᠳᠡᠵᠦ᠂ ᠵᠢᠯ ᠪᠦᠷᠢ ᠲᠤᠮᠳᠠᠴᠢ ᠪᠠᠷ 2.9% ᠪᠠᠷ ᠨᠡᠮᠡᠭᠳᠡᠵᠦ᠂ ᠨᠢᠳᠣᠨᠣᠨ ᠠᠴᠠ 5% ᠪᠠᠷ ᠨᠡᠮᠡᠭᠳᠡᠪᠡ ᠃ ᠬᠢᠯᠢ ᠪᠠᠷ ᠣᠷᠣᠭᠤᠯᠵᠣ ᠭᠠᠷᠭᠠᠬᠤ ᠪᠤᠯᠪᠠᠰᠤᠷᠠᠭᠤᠯᠬᠤ ᠦᠢᠯᠡᠰ ᠤᠨ ᠳᠡᠰ ᠳᠡᠭᠡᠭᠰᠢᠯᠡᠪᠡ᠃ ᠬᠢᠯᠢ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠳᠣᠭᠤᠷᠢᠭ ᠤᠨ ᠠᠵᠤ ᠦᠢᠯᠡᠰ ᠤᠨ ᠪᠠᠶᠢᠷᠢᠯᠠᠭᠤᠯᠤᠯᠳᠠ ᠲᠦᠯᠦᠪᠵᠢᠭᠦᠯᠭᠡ ᠶᠢ ᠵᠠᠰᠠᠨ ᠲᠡᠭᠦᠯᠳᠡᠷᠵᠢᠬᠦᠯᠵᠦ᠂ ︽ᠠᠵᠤ ᠦᠢᠯᠡᠳᠪᠦᠷᠢ ᠶᠢᠨ ᠬᠦᠷᠢᠶᠡᠯᠡᠩ ᠤᠨ ᠡᠷᠡᠬᠦᠯ ᠢᠶᠠᠷ ᠬᠦᠭᠵᠢᠭᠦ ᠶᠢ ᠠᠬᠢᠭᠤᠯᠬᠤ ᠲᠤᠬᠠᠢ ᠬᠡᠷᠡᠭᠵᠢᠬᠦᠯᠬᠦ ᠲᠦᠰᠦᠯ︾ ᠢ ᠨᠡᠶᠢᠳᠡᠯᠡᠨ ᠬᠡᠷᠡᠭᠵᠢᠭᠦᠯᠵᠣ᠂ ᠨᠡᠶᠢᠲᠡ 1.9  ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ ᠬᠦᠷᠢᠶᠡᠯᠡᠩ ᠤᠨ ᠵᠠᠮ ᠱᠤᠭᠤᠮ᠂ ᠤᠰᠤ ᠬᠠᠩᠭᠠᠬᠤ ᠪᠠ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ ᠵᠡᠷᠭᠡ ᠰᠠᠭᠤᠷᠢ ᠲᠦᠬᠦᠭᠡᠷᠦᠮᠵᠢ ᠶᠢ ᠰᠠᠶᠢᠵᠢᠷᠠᠭᠤᠯᠵᠤ᠂ ᠬᠢᠯᠢ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠳᠣᠭᠤᠷᠢᠭ ᠤᠨ PPP ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠪᠠ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠦᠴᠦᠯᠡᠴᠠ ᠪᠠᠨ ᠨᠡᠮᠡᠭᠳᠡᠭᠦᠯᠵᠤ᠂ ᠶᠤᠸᠠᠨ ᠳ᠋ᠦᠩ ᠮᠤᠳᠤᠨ ᠮᠠᠲ᠋ᠧᠷᠢᠶᠠᠯ ᠤᠨ ᠰᠣᠯᠢᠯᠴᠠᠭᠠᠨ ᠤ ᠲᠤᠭᠤᠷᠢᠭ᠂ ᠭᠡᠶᠢᠭᠦᠯ ᠮᠠᠯ ᠠᠵᠣ ᠠᠬᠤᠢ ᠶᠢᠨ ᠪᠦᠲᠦᠭᠡᠭᠳᠡᠬᠦᠨ᠂ ᠶᠢᠨ ᠭᠦ᠋ ᠶᠤᠸᠠᠨ ᠠᠮᠤ ᠲᠤᠰᠤ ᠪᠤᠯᠪᠠᠰᠤᠷᠠᠭᠤᠯᠬᠤ ᠵᠡᠷᠭᠡ 33 ᠲᠦᠷᠦᠯ ᠵᠦᠢᠯ ᠢ ᠪᠠᠶᠢᠭᠤᠯᠣᠨ ᠠᠰᠢᠭᠯᠠᠯᠳᠠ ᠳᠤ ᠤᠷᠤᠭᠤᠯᠵᠤ᠂ ᠳ᠋ᠦᠩ ᠰᠢᠨ ᠠᠮᠤ ᠲᠤᠰᠤ᠂ ᠲᠢᠶᠠᠨ ᠯᠢ ᠶᠤᠸᠠᠨ ᠲᠡᠮᠦᠷ ᠤᠨ ᠬᠦᠳᠡᠷ᠂ ᠮᠢᠩ ᠢᠦᠢ ᠸᠧᠢ ᠶᠧ ᠨᠤᠤᠰᠤ ᠨᠣᠣᠯᠣᠷ ᠵᠡᠷᠭᠡ ᠨᠢᠭᠡ ᠪᠦᠯᠦᠭ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠵᠣ᠂ ᠬᠦᠷᠢᠶᠡᠯᠡᠩ ᠳᠤ ᠤᠷᠤᠭᠰᠠᠨ ᠠᠵᠤ ᠦᠢᠯᠡᠳᠪᠤᠷᠢ ᠶᠢᠨ ᠠᠵᠤ ᠠᠬᠤᠶᠢᠯᠠᠯ ᠨᠡᠶᠢᠲᠡ 71 ᠡᠷᠦᠬᠡ ᠳᠤ ᠭᠦᠷᠴᠤ᠂ ᠡᠭᠦᠨ ᠳᠤ ᠬᠡᠪᠴᠢᠶᠡᠵᠢᠯ ᠠᠴᠠ ᠲᠡᠭᠡᠭᠰᠢᠬᠢ 21 ᠡᠷᠦᠬᠡ ᠪᠠᠶᠢᠵᠤ ᠂ ᠮᠤᠳᠤᠨ ᠮᠠᠲ᠋ᠧᠷᠢᠶᠠᠯ᠂ ᠲᠡᠮᠦᠷ ᠤᠨ ᠬᠦᠳᠡᠷ᠂ ᠳᠠᠷᠢᠶᠠᠯᠠᠩ ᠮᠠᠯ ᠠᠵᠣ ᠠᠬᠤᠢ ᠶᠢᠨ ᠪᠦᠲᠦᠭᠡᠭᠳᠡᠬᠦᠨ᠂ ᠪᠠᠷᠢᠯᠭ᠎ᠠ  ᠶᠢᠨ ᠮᠠᠲ᠋ᠧᠷᠢᠶᠠᠯ ᠵᠡᠷᠭᠡ ᠶᠡᠷᠦᠩᠬᠡᠶᠢᠯᠡᠨ ᠪᠤᠯᠪᠠᠰᠤᠷᠠᠭᠤᠯᠬᠤ ᠲᠦᠯᠦᠪ ᠪᠠᠶᠢᠳᠠᠯ ᠦᠨᠳᠦᠰᠦᠨ ᠳᠤ ᠪᠠᠨ ᠪᠦᠷᠢᠯᠳᠦᠭᠰᠡᠨ ᠪᠠᠶᠢᠨ᠎ᠠ᠃ ᠮᠦᠩᠭᠦᠨ ᠭᠦᠢᠯᠭᠡᠭᠡᠨ ᠤ ᠪᠠᠶᠢᠭᠤᠯᠣᠮᠵᠢ ᠠᠴᠠ ᠳᠣᠮᠳᠠ ᠵᠢᠵᠢᠭ ᠠᠵᠣ ᠠᠬᠤᠶᠢᠯᠠᠯ ᠳᠤ ᠡᠯ᠎ᠡ ᠲᠦᠷᠦᠯ  ᠤᠨ ᠵᠢᠭᠡᠯᠡᠯᠭᠡ ᠶᠢ ᠨᠡᠶᠢᠳᠡ 151.6 ᠳ᠋ᠦᠩᠰᠢᠭᠤᠷ ᠲᠦᠭᠦᠷᠢᠭ ᠳᠠᠷᠬᠠᠭᠠᠵᠣ᠂ ᠠᠵᠤ ᠠᠬᠤᠶᠢᠯᠠᠯ ᠤᠨ ᠪᠡᠯᠡ ᠮᠦᠩᠭᠦ ᠬᠤᠷᠠᠮᠳᠣᠭᠤᠯᠬᠤ ᠳᠤ ᠬᠦᠴᠢᠷ᠂ ᠪᠡᠯᠡ ᠮᠦᠩᠭᠦ ᠬᠤᠷᠠᠮᠳᠣᠭᠤᠯᠬᠤ ᠳᠤ ᠦᠨ᠎ᠡ ᠲᠠᠢ ᠪᠠᠶᠢᠭ᠎ᠠ ᠠᠰᠠᠭᠤᠳᠠᠯ ᠢ ᠪᠦᠲᠦᠮᠵᠢᠳᠡᠢ ᠬᠦᠩᠭᠡᠷᠡᠭᠦᠯᠪᠠ᠃ ᠬᠢᠯᠢ ᠶᠢᠨ ᠰᠤᠶᠤᠯ ᠵᠢᠭᠤᠯᠴᠢᠯᠠᠯ ᠤᠨ ᠦᠢᠯᠡᠰ ᠤᠨ ᠠᠮᠢᠵᠢᠷᠠᠯ ᠤᠨ ᠬᠦᠴᠦᠨ ᠨᠡᠮᠡᠭᠳᠡᠪᠡ᠃ ᠤᠯᠤᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠤᠷᠤᠨ᠂ ᠲᠤᠮᠳᠠᠳᠤ ᠮᠤᠩᠭᠤᠯ ᠤᠨ ᠬᠢᠯᠢ ᠠᠯᠤᠰᠯᠠᠭᠰᠠᠨ ᠠᠶᠠᠯᠠᠯ ᠵᠢᠭᠤᠯᠴᠢᠯᠠᠯ ᠤᠨ ᠬᠠᠮᠳᠤᠷᠠᠯᠴᠠᠭᠠᠨ ᠤ ᠳᠣᠭᠤᠷᠢᠭ ᠢ ᠢᠳᠡᠪᠬᠢᠳᠡᠢ ᠡᠭᠦᠳᠦᠨ ᠪᠠᠶᠢᠭᠤᠯᠵᠤ᠂ ᠬᠢᠯᠢ ᠶᠢᠨ ᠠᠶᠠᠯᠠᠯ ᠵᠢᠭᠤᠯᠴᠢᠯᠠᠯ ᠤᠨ ᠳᠣᠷᠰᠢᠯᠳᠠ ᠶᠢᠨ ᠳᠣᠭᠤᠷᠢᠭ ᠢ ᠭᠤᠶᠣᠴᠢᠯᠠᠨ ᠮᠡᠳᠡᠭᠦᠯᠬᠦ ᠠᠵᠢᠯ ᠢ ᠲᠦᠷᠭᠡᠳᠭᠡᠨ᠂ ᠣᠯᠣᠰ ᠤᠨ ᠡᠭᠦᠳᠡ ᠵᠢᠭᠤᠯᠴᠢᠯᠠᠯ ᠤᠨ ᠦᠵᠡᠮᠵᠢ ᠶᠢᠨ ᠣᠷᠣᠨ᠂ ᠡᠷᠢᠶᠡᠨ ᠣᠯᠠᠭ᠎ᠠ ᠦᠷᠳᠡᠭᠡᠨ ᠤ ᠮᠦᠽᠸᠢ᠂ ᠲᠤᠮᠳᠠᠳᠤ ᠮᠤᠩᠭᠤᠯ ᠤᠨ ᠮᠤᠷᠢᠨ ᠮᠡᠷᠭᠡᠵᠢᠯ ᠤᠨ ᠲᠤᠭᠯᠠᠯᠳᠠ ᠶᠢᠨ ᠰᠠᠭᠤᠷᠢᠨ ᠭᠠᠵᠠᠷ᠂ ᠶᠡᠷᠦᠩᠬᠡᠶᠢᠯᠡᠭᠰᠡᠨ ᠮᠦᠽᠸᠢ᠂ ᠬᠤᠳᠠ ᠶᠢᠨ ᠡᠭᠦᠳᠡ ᠶᠢᠨ ᠠᠭᠤᠳᠠᠮ ᠳᠠᠯᠠᠪᠠᠢ᠂ ᠳᠣᠭᠤᠢ ᠳᠡᠷᠭᠡ ᠶᠢᠨ ᠠᠶᠠᠯᠠᠯ ᠤᠨ ᠱᠣᠭᠤᠮ ᠵᠡᠷᠭᠡ ᠦᠵᠡᠮᠵᠢ ᠶᠢᠨ ᠣᠷᠣᠨ ᠦᠵᠡᠮᠦᠷᠢ ᠶᠢᠨ ᠴᠡᠭ ᠢ ᠪᠠᠶᠢᠭᠤᠯᠣᠭᠰᠠᠨ ᠪᠠ ᠵᠠᠰᠠᠨ ᠰᠢᠨᠡᠴᠢᠯᠡᠵᠣ᠂ ᠠᠶᠠᠯᠠᠯ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠪ᠂ ᠭᠠᠵᠠᠷ ᠰᠢᠨᠵᠢᠯᠡᠭᠡᠨ ᠤ ᠴᠡᠴᠡᠷᠯᠢᠭ ᠢ ᠳᠡᠰ ᠳᠡᠪᠰᠢᠭᠦᠯᠬᠦ ᠵᠡᠷᠭᠡ ᠲᠦᠷᠦᠯ ᠵᠦᠢᠯ ᠢ ᠡᠬᠢᠯᠡᠨ ᠪᠠᠶᠢᠭᠤᠯᠪᠠ᠃ ᠲᠤᠮᠳᠠᠳᠤ ᠮᠤᠩᠭᠤᠯ ᠬᠤᠶᠠᠷ ᠤᠯᠤᠰ ᠤᠨ ᠠᠶᠠᠯᠠᠯ ᠵᠢᠭᠤᠯᠴᠢᠯᠠᠯ ᠤᠨ ᠰᠠᠯᠠᠭ᠎ᠠ ᠮᠦᠴᠢᠷ ᠤᠨ ᠬᠢᠨ ᠤ ᠠᠶᠠᠯᠠᠯ ᠵᠢᠭᠤᠯᠴᠢᠯᠠᠯ ᠤᠨ ᠬᠠᠮᠳᠣ ᠶᠢᠨ ᠠᠵᠢᠯᠯᠠᠭ᠎ᠠ ᠶᠢᠨ ᠬᠡᠯᠡᠯᠴᠡᠭᠡᠷ ᠳᠣᠭᠳᠠᠭᠠᠬᠤ ᠶᠢ ᠲᠦᠷᠭᠡᠳᠭᠡᠨ ᠪᠡᠶᠡᠯᠡᠭᠦᠯᠵᠣ᠂ ︽ᠴᠠᠢ ᠶᠢᠨ ᠵᠠᠮ︾ ᠤᠨ ᠤᠯᠠᠨ ᠤᠯᠤᠰ ᠤᠨ ᠰᠤᠶᠤᠯ ᠵᠢᠭᠤᠯᠴᠢᠯᠠᠯ ᠤᠨ ᠪᠠᠶᠠᠷ᠂ ᠡᠷᠢᠶᠡᠨ — ᠵᠠᠮ ᠤᠨ ᠡᠭᠦᠳᠡ ᠶᠢᠨ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠶᠡᠷᠦᠩᠬᠡᠶᠢᠯᠡᠭᠰᠡᠨ ᠲᠠᠮᠢᠷ ᠤᠨ ᠬᠦᠳᠡᠯᠬᠡᠬᠡᠨ ᠵᠡᠷᠭᠡ ᠰᠢᠷᠢᠰ ᠨᠡᠷ᠎ᠡ ᠳᠡᠮᠳᠡᠭᠳᠣ ᠬᠦᠳᠡᠯᠭᠡᠭᠡᠨ ᠢ ᠠᠮᠵᠢᠯᠳᠠᠳᠠᠢ ᠵᠤᠬᠢᠶᠠᠨ ᠪᠠᠶᠢᠭᠤᠯᠵᠤ᠂ ᠴᠠᠢ ᠶᠢᠨ ᠵᠠᠮ ᠤᠨ ᠠᠶᠠᠯᠠᠯ ᠵᠢᠭᠤᠯᠴᠢᠯᠠᠯ ᠤᠨ ᠲᠤᠰᠬᠠᠢ ᠸᠠᠭᠤᠨ ᠢ ᠨᠡᠪᠲᠡᠷᠡᠭᠦᠯᠵᠦ᠂ ᠮᠤᠩᠭᠤᠯ ᠤᠷᠤᠰ ᠪᠤᠯᠤᠨ ᠤᠯᠤᠰ ᠤᠨ ᠲᠤᠳᠤᠭᠠᠳᠤ ᠳᠠᠬᠢ ᠬᠤᠯᠪᠣᠭᠳᠠᠯ ᠪᠦᠬᠦᠢ ᠭᠠᠵᠠᠷ ᠤᠷᠤᠨ ᠤ ᠠᠭᠠᠷ ᠠᠶᠠᠯᠠᠯ ᠤᠨ ᠱᠤᠭᠤᠮ ᠢ 13 ᠵᠤᠷᠪᠤᠰ ᠪᠤᠯᠭᠠᠨ ᠨᠡᠮᠡᠵᠦ᠂ ᠪᠤᠭᠤᠮᠳᠠ ᠶᠢᠨ ᠠᠶᠠᠯᠠᠯ ᠵᠢᠭᠤᠯᠴᠢᠯᠠᠯ ᠤᠨ ᠲᠠᠳᠠᠬᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠶᠠᠯᠠᠯ ᠵᠢᠭᠤᠯᠴᠢᠯᠠᠯ ᠤᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ 4 ᠵᠢᠯ ᠬᠡᠷᠡᠭᠵᠢᠭᠦᠯᠦᠨ᠂ ᠬᠤᠭᠤᠯᠠᠨ ᠭᠡᠷ᠂ ᠪᠠᠭᠤᠳᠠᠯ᠂ ᠵᠤᠭ᠎ᠠ ᠴᠡᠩᠬᠡᠯ ᠤᠨ ᠭᠠᠵᠠᠷ ᠢ ᠲᠡᠰ ᠳᠡᠪᠰᠢᠭᠦᠯᠬᠦ ᠶᠢ ᠣᠳᠣᠷᠢᠳᠴᠣ᠂ ᠨᠡᠶᠢᠭᠡᠮ ᠤᠨ ᠪᠡᠯᠡ ᠤᠷᠤᠭᠤᠯᠤᠯᠳᠠ ᠶᠢ 2 ᠳ᠋ᠦᠩᠰᠢᠭᠤᠷ ᠭᠠᠷᠤᠢ ᠲᠦᠭᠦᠷᠢᠭ ᠳᠠᠳᠠᠨ ᠣᠷᠣᠭᠤᠯᠣᠨ᠂ ᠪᠠ ᠯᠢ ᠳ᠋ᠤᠤ᠂ ᠱᠠᠩ ᠺᠧ ᠶᠸᠦ᠂ ᡁᠢ ᠱᠢ ᠵᠡᠷᠭᠡ ᠬᠡᠯᠬᠢᠶᠡᠳᠣ ᠲᠡᠯᠭᠡᠭᠦᠷ ᠢ ᠳᠠᠳᠠᠨ ᠣᠷᠣᠭᠤᠯᠵᠣ᠂ ᠠᠶᠠᠯᠠᠯ ᠵᠢᠭᠤᠯᠴᠢᠯᠠᠯ ᠤᠨ ᠬᠦᠯᠢᠶᠡᠨ ᠠᠪᠬᠤ ᠦᠢᠯᠡᠴᠢᠯᠡᠭᠡᠨ ᠤ ᠴᠢᠳᠠᠪᠬᠢ ᠢᠯᠡᠳᠳᠡ ᠲᠡᠭᠡᠭᠰᠢᠯᠡᠵᠡᠢ᠃ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠳ  ᠢ ᠨᠡᠶᠢᠲᠡ 913.2 ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ ᠵᠢᠯ ᠪᠦᠷᠢ ᠲᠤᠮᠳᠠᠴᠢ ᠪᠠᠷ 9.4 % ᠪᠠᠷ ᠨᠡᠮᠡᠭᠳᠡᠪᠡ︔ ᠠᠶᠠᠯᠠᠯ ᠵᠢᠭᠤᠯᠴᠢᠯᠠᠯ ᠤᠨ ᠶᠡᠷᠦᠩᠬᠡᠢ ᠤᠷᠤᠯᠭ᠎ᠠ 195.9  ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠪᠦᠷᠢ ᠲᠤᠮᠳᠠᠴᠢ ᠪᠠᠷ 16 % ᠪᠠᠷ ᠨᠡᠮᠡᠭᠳᠡᠪᠡ᠃ ᠴᠡᠪᠡᠷ ᠡᠨᠧᠷᠬᠢ ᠶᠢᠨ ᠦᠢᠯᠡᠰ ᠳᠣᠭᠳᠠᠭᠤᠨ ᠢᠶᠠᠷ ᠬᠦᠭᠵᠢᠪᠡ᠃ ︽ᠰᠢᠨ᠎ᠡ ᠡᠨᠧᠷᠬᠢ ᠶᠢᠨ ᠬᠦᠭᠵᠢᠯᠳᠡ ᠶᠢᠨ ᠶᠡᠷᠦᠩᠬᠡᠢ ᠲᠦᠯᠦᠪᠵᠢᠬᠦᠯᠭᠡ︾ ︽ᠳᠠᠬᠢᠨ ᠪᠣᠯᠪᠠᠰᠣᠷᠠᠭᠤᠯᠣᠭᠰᠠᠨ ᠡᠨᠧᠷᠭᠢ ᠶᠢ 100 % ᠪᠠᠷ ᠠᠰᠢᠭᠯᠠᠬᠤ ᠵᠢᠱᠢᠶᠡᠴᠢ ᠬᠤᠳᠠ ᠶᠢᠨ ᠲᠦᠯᠦᠪᠵᠢᠬᠦᠯᠭᠡ ︵2016 — 2020 ᠣᠨ︶︾ ᠢ ᠨᠠᠶᠢᠷᠠᠭᠤᠯᠣᠨ ᠳᠠᠭᠤᠰᠬᠠᠵᠣ᠂ ᠴᠡᠪᠡᠷ ᠡᠨᠧᠷᠬᠢ ᠶᠢᠨ ᠦᠢᠯᠡᠰ ᠤᠨ ᠬᠦᠭᠵᠢᠯᠳᠡ ᠶᠢᠨ ᠪᠠᠶᠢᠷᠢᠯᠠᠭᠤᠯᠣᠯᠳᠠ ᠶᠢ ᠨᠡᠩ ᠵᠤᠬᠢᠰᠳᠠᠢ ᠪᠣᠯᠭᠠᠪᠠ᠃ ᠲᠠᠬᠢᠨ ᠪᠣᠯᠪᠠᠰᠣᠷᠠᠭᠤᠯᠣᠭᠰᠠᠨ ᠡᠨᠧᠷᠬᠢ ᠶᠢᠨ ᠪᠢᠴᠢᠯ ᠴᠠᠬᠢᠯᠭᠠᠨ ᠲᠤᠤᠷ ᠤᠨ ᠵᠢᠱᠢᠶᠡᠴᠢ ᠲᠦᠷᠦᠯ ᠵᠦᠢᠯ ᠢ ᠲᠦᠷᠭᠡᠳᠭᠡᠨ ᠠᠬᠢᠭᠤᠯᠵᠣ᠂ 9 ᠲᠦᠮᠡᠨ ᠺᠢᠯᠤᠸᠠᠲ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠣᠷᠣᠭᠰᠢᠳᠠᠢ ᠪᠠᠶᠢᠵᠣ᠂ 28 ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠬᠢᠨᠠᠨ ᠵᠦᠪᠰᠢᠶᠡᠷᠡᠭᠦᠯᠪᠡ᠃ ᠴᠡᠪᠡᠷ ᠡᠨᠧᠷᠭᠢ ᠶᠢᠨ ᠠᠵᠤ ᠦᠢᠯᠡᠰ ᠤᠨ ᠬᠡᠯᠬᠢᠶᠡᠰᠦ ᠶᠢ ᠤᠷᠳᠤᠳᠬᠠᠵᠤ᠂ ᠵᠦᠩ ᠬᠠᠢ ᠶᠸᠦ ᠂ ᠦᠪᠦᠷ ᠮᠤᠩᠭᠤᠯ ᠤᠨ ᠴᠠᠬᠢᠯᠭᠠᠨ ᠬᠦᠴᠦᠨ ᠤ ᠴᠡᠪᠡᠷ ᠡᠨ᠋ᠷᠧᠬᠢ ᠪᠠᠷ ᠳᠣᠯᠠᠭᠠᠨ ᠬᠠᠩᠭᠠᠬᠤ ᠲᠦᠷᠦᠯ ᠵᠦᠢᠯ ᠢ ᠪᠠᠶᠢᠭᠤᠯᠤᠨ ᠲᠠᠭᠤᠰᠬᠠᠵᠤ ᠠᠰᠢᠭᠯᠠᠯᠳᠠ ᠳᠤ ᠣᠷᠣᠭᠤᠯᠪᠠ᠃ ᠬᠤᠸᠠ ᠳ᠋ᠢᠶᠠᠨ᠂ ᠮᠧᠩ ᠨᠧᠩ᠂ ᠲᠢᠶᠠᠨ ᠬᠤᠩ ᠶᠠᠩ ᠭᠤᠸᠠᠩ ᠵᠡᠷᠭᠡ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠨᠢ ᠰᠦᠯᠵᠢᠶᠡᠨ ᠳᠤ ᠨᠢᠭᠡᠳᠦᠨ ᠴᠠᠬᠢᠯᠭᠠᠨ ᠭᠠᠷᠭᠠᠵᠤ᠂ ᠨᠠᠷᠠ ᠰᠠᠯᠬᠢ ᠬᠠᠷᠢᠯᠴᠠᠨ ᠨᠦᠬᠦᠪᠦᠷᠢᠯᠡᠭᠰᠡᠨ ᠴᠠᠬᠢᠯᠭᠠᠨ ᠬᠠᠩᠭᠠᠬᠤ ᠲᠦᠬᠦᠭᠡᠷᠦᠮᠵᠢ ᠶᠢᠨ ᠪᠠᠭᠳᠠᠭᠠᠮᠵᠢᠳᠣ ᠴᠢᠳᠠᠯ ᠨᠢ 36 ᠲᠦᠮᠡᠨ ᠺᠢᠯᠤᠸᠠᠲ ᠳᠤ ᠬᠦᠷᠴᠡᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号