ᠪᠣᠭᠤᠮᠳᠠ ᠶᠢᠨ ᠠᠴᠢᠶ᠎ᠠ ᠳᠡᠭᠡᠭᠡᠪᠦᠷᠢ
ᠨᠡᠶᠢᠲᠡᠯᠡᠭᠰᠡᠨ ᠴᠠᠭ᠄
2018/4/10
                          ᠪᠣᠭᠤᠮᠳᠠ ᠶᠢᠨ ᠠᠴᠢᠶ᠎ᠠ ᠳᠡᠭᠡᠭᠡᠪᠦᠷᠢ      ᠡᠷᠢᠶᠡᠨ ᠪᠣᠭᠤᠮᠳᠠ ᠨᠢ ᠶᠠᠫᠤᠨ ᠺᠣᠷᠢᠶᠠ᠂ ᠵᠡᠭᠦᠨ ᠡᠮᠥᠨᠡᠳᠤ ᠠᠽᠢᠶ᠎ᠠ ᠶᠢᠨ ᠡᠯ᠎ᠡ ᠤᠯᠤᠰ ᠠᠴᠠ ᠮᠣᠩᠭᠤᠯ᠂ ᠣᠷᠣᠰ ᠲᠠᠢ ᠪᠣᠭᠤᠮᠳᠠ ᠳᠠᠮᠵᠢᠬᠤ ᠠᠷᠠᠯᠵᠢᠶ᠎ᠠ ᠬᠢᠬᠦ ᠪᠣᠯᠣᠮᠵᠢ ᠶᠢᠨ ᠭᠠᠷᠴᠠ ᠵᠠᠮ ᠪᠣᠯᠬᠤ ᠪᠦᠭᠡᠳ᠂ ᠮᠣᠩᠭᠤᠯ ᠤᠯᠤᠰ ᠳᠠᠯᠠᠢ ᠶᠢᠨ ᠭᠠᠷᠠᠮ ᠳᠤ ᠨᠡᠪᠳᠡᠷᠡᠬᠦ ᠳᠤ ︵ᠲᠢᠶᠠᠨᠵᠢᠨ ᠭᠠᠷᠠᠮ︶  ᠵᠠᠪᠠᠯ ᠦᠩᠭᠡᠷᠡᠬᠦ ᠪᠣᠭᠤᠮᠳᠠ ᠪᠠᠶᠢᠵᠤ᠂ ᠪᠠᠷᠠᠭ᠎ᠠ ᠵᠦᠭᠡᠭᠡᠪᠦᠷᠢᠯᠡᠵᠤ ᠬᠢᠯᠢ ᠨᠡᠪᠳᠡᠷᠡᠬᠦ ᠳᠤ ᠳᠣᠶᠢᠯ ᠤᠨ ᠳᠦᠭᠦᠮ ᠳᠥᠳᠡ ᠪᠠᠶᠢᠳᠠᠭ᠃ 2013 ᠣᠨ ᠳᠤ᠂ ᠵᠧᠩᠵᠸᠤ᠂ ᠴᠧᠩᠳᠦ᠋ ᠵᠡᠷᠭᠡ ᠬᠤᠳᠠ ᠠᠴᠠ ᠡᠷᠢᠶᠡᠨ ᠪᠤᠭᠤᠮᠳᠠ ᠪᠠᠷ ᠳᠠᠮᠵᠢᠨ ᠡᠸᠥ᠋ᠷᠦᠫᠡ ᠶᠢᠨ ᠣᠷᠣᠨ ᠨᠤᠭᠤᠳ  ᠲᠤ ᠭᠦᠷᠬᠦ ᠰᠢᠩᠭᠡᠯᠢᠭᠲᠦ ᠠᠴᠢᠶ᠎ᠠ ᠳᠡᠭᠡᠭᠡᠪᠦᠷᠢ ᠶᠢᠨ ᠳᠤᠰᠬᠠᠢ ᠸᠠᠭᠤᠨ ᠳᠡᠷᠭᠡ ᠨᠡᠪᠳᠡᠷᠡᠵᠤ᠂ ᠮᠥᠨᠴᠤ ᠠᠽᠢᠶ᠎ᠠ ᠳᠢᠪ  ᠤᠨ ᠵᠠᠮ ᠳᠡᠭᠡᠭᠡᠪᠦᠷᠢ ᠶᠢᠨ ᠰᠠᠶᠢᠳ ᠨᠠᠷ ᠤᠨ ᠴᠢᠭᠤᠯᠭ᠎ᠠ ᠠᠭᠤᠯᠵᠠᠯᠳᠠ ᠶᠢᠨ ᠬᠤᠶᠠᠳᠤᠭᠠᠷ ᠤᠳᠠᠭᠠᠨ ᠤ ᠬᠤᠷᠠᠯᠳᠣᠭᠠᠨ ᠳᠡᠭᠡᠷ᠎ᠡ᠂ ᠡᠷᠢᠶᠡᠨ ᠬᠤᠳᠠ ᠶᠢ ᠠᠩᠬᠠᠳᠤᠭᠠᠷ ᠡᠭᠡᠯᠵᠢ ᠶᠢᠨ ᠣᠯᠠᠨ ᠤᠯᠤᠰ ᠤᠨ ᠬᠠᠭᠤᠷᠠᠢ ᠭᠠᠷᠠᠮ  ᠤᠨ ᠬᠤᠳᠠ ᠪᠣᠯᠭᠠᠨ ᠳᠣᠭᠳᠠᠭᠠᠭᠰᠠᠨ ᠢᠶᠠᠷ᠂ ᠪᠣᠭᠤᠮᠳᠠ ᠶᠢᠨ ᠵᠠᠮ ᠳᠡᠭᠡᠭᠡᠪᠦᠷᠢ ᠶᠢᠨ ᠨᠥᠯᠥᠭᠡᠯᠡᠬᠦ ᠬᠦᠴᠦᠨ ᠪᠠ ᠬᠠᠮᠣᠷᠠᠬᠤ ᠬᠦᠷᠢᠶ᠎ᠡ ᠬᠡᠪᠴᠢᠶ᠎ᠡ ᠨᠢ ᠤᠯᠠᠮ ᠨᠢᠭᠡ ᠠᠯᠬᠤᠮ ᠦᠷᠭᠡᠵᠢᠭᠰᠡᠨ ᠪᠠᠶᠢᠨ᠎ᠠ᠃ ᠡᠷᠢᠶᠡᠨ ᠬᠤᠳᠠ ᠨᠢ ᠡᠷᠢᠶᠡᠨ — ᠭᠤᠸᠠᠩᠵᠸᠤ ᠴᠢᠭᠯᠡᠯ ᠤᠨ ᠬᠤᠷᠳᠤᠨ ᠤ ᠵᠠᠰᠠᠮᠠᠯ ᠵᠠᠮ ︵G55︶ ᠪᠠ ᠤᠯᠤᠰ ᠤᠨ ᠳᠡᠰ ᠤᠨ ᠵᠠᠰᠠᠮᠠᠯ ᠵᠠᠮ  ᠤᠨ 208 ᠱᠣᠭᠤᠮ ᠤᠨ ᠡᠬᠢᠯᠡᠯᠳᠡ ᠶᠢᠨ ᠴᠡᠭ ᠲᠤ ᠪᠠᠶᠢᠷᠢᠯᠠᠳᠠᠭ᠃ 1964 ᠤᠨ ᠳᠤ᠂ ᠡᠷᠢᠶᠡᠨ ᠬᠤᠳᠠ ᠶᠢᠨ ᠣᠯᠠᠨ ᠤᠯᠤᠰ ᠤᠨ ᠰᠢᠤᠳᠠᠨ ᠨᠡᠪᠳᠡᠷᠡᠯᠴᠡᠭᠡᠨ ᠤ ᠦᠷᠳᠡᠭᠡ ᠠᠰᠢᠭᠯᠠᠯᠳᠠ ᠳᠤ ᠤᠷᠤᠭᠰᠠᠨ ᠢᠶᠠᠷ᠂ ᠣᠯᠠᠨ ᠤᠯᠤᠰ  ᠤᠨ ᠰᠢᠤᠳᠠᠨ ᠢᠯᠡᠭᠡᠮᠵᠢ ᠨᠢ ᠡᠷᠢᠶᠡᠨ ᠪᠣᠭᠤᠮᠳᠠ ᠪᠠᠷ ᠳᠠᠮᠵᠢᠨ ᠮᠤᠩᠭᠤᠯ᠂ ᠤᠷᠤᠰ ᠵᠢᠴᠢ ᠪᠤᠰᠤᠳ ᠳᠤᠰᠭᠠᠷ ᠤᠯᠤᠰ ᠤᠳ ᠤᠨ ᠬᠤᠯᠪᠣᠭᠠᠨ ᠳᠤ ᠢᠯᠡᠭᠡᠭᠳᠡᠨ ᠬᠦᠷᠴᠤ ᠴᠢᠳᠠᠳᠠᠭ ᠪᠣᠯᠣᠭᠰᠠᠨ᠃ ᠥᠨᠥᠳᠦᠷ ᠤᠨ ᠡᠷᠢᠶᠡᠨ ᠬᠤᠳᠠ  ᠨᠢ ᠨᠢᠭᠡᠨᠳᠡ ᠵᠠᠰᠠᠮᠠᠯ ᠵᠠᠮ᠂ ᠳᠡᠮᠥᠷ ᠵᠠᠮ᠂ ᠠᠭᠠᠷ ᠤᠨ ᠵᠠᠮ ᠭᠤᠷᠪᠠ ᠶᠢ ᠨᠢᠭᠡ ᠴᠤᠭᠴᠠᠵᠢᠭᠤᠯᠤᠭᠰᠠᠨ ᠣᠯᠠᠨ ᠤᠯᠤᠰ ᠤᠨ ᠳᠡᠭᠡᠭᠡᠪᠦᠷᠢ ᠵᠣᠬᠢᠴᠠᠭᠤᠯᠬᠤ ᠭᠠᠷᠴᠠ ᠪᠣᠯᠵᠤ ᠭᠦᠭᠵᠢᠨ ᠳᠡᠭᠦᠯᠳᠡᠷᠵᠢᠭᠰᠡᠨ ᠪᠠᠶᠢᠨ᠎ᠠ᠃      ᠰᠢᠯᠢ ᠶᠢᠨ ᠬᠤᠳᠠ — ᠡᠷᠢᠶᠡᠨ ᠴᠢᠭᠯᠡᠯ ᠤᠨ ᠠᠶᠠᠨᠴᠢᠳ ᠤᠨ ᠭᠠᠯᠳᠤ ᠳᠡᠷᠭᠡ ᠨᠡᠪᠳᠡᠷᠡᠵᠥ᠂ ᠵᠢᠨᠢᠩ — ᠡᠷᠢᠶᠡᠨ ᠴᠢᠭᠯᠡᠯ ᠤᠨ ᠲᠡᠮᠥᠷ ᠵᠠᠮ ᠤᠨ ᠬᠦᠴᠦᠨ ᠴᠢᠳᠠᠯ ᠢ ᠨᠡᠮᠡᠭᠳᠡᠭᠦᠯᠬᠦ ᠪᠠ ᠥᠷᠳᠡᠭᠡ ᠳᠠᠯᠠᠪᠠᠢ ᠶᠢ ᠰᠢᠨᠡᠴᠢᠯᠡᠨ ᠪᠠᠶᠢᠭᠤᠯᠬᠤ ᠳᠦᠷᠦᠯ ᠵᠦᠢᠯ ᠢ ᠦᠪᠡᠷᠳᠡᠭᠡᠨ ᠵᠠᠰᠠᠬᠤ ᠣᠷᠣᠨ ᠤ ᠳᠡᠮᠥᠷ ᠵᠠᠮ ᠢ ᠬᠥᠭᠵᠢᠭᠦᠯᠬᠦ ︽ᠠᠷᠪᠠᠨ ᠭᠤᠷᠪᠠᠳᠤᠭᠠᠷ ᠲᠠᠪᠦᠨ ᠵᠢᠯ ᠤᠨ ᠳᠥᠯᠥᠪᠵᠢᠭᠦᠯᠬᠡ︾ ᠳᠤ ᠣᠷᠣᠭᠤᠯᠤᠭᠰᠠᠨ ᠪᠠᠶᠢᠨ᠎ᠠ᠃ ᠮᠥᠨᠴᠥ  ᠮᠣᠵᠢ ᠶᠢᠨ ᠳᠡᠰ ᠤᠨ ᠵᠠᠰᠠᠮᠠᠯ ᠵᠠᠮ ᠤᠨ 312 ᠱᠣᠭᠤᠮ ᠤᠨ ᠡᠷᠢᠶᠡᠨ ᠤ ᠬᠡᠰᠡᠭ ᠤᠨ ᠵᠠᠰᠠᠮᠠᠯ ᠵᠠᠮ᠂ ᠤᠯᠤᠰ ᠤᠨ ᠳᠡᠰ ᠤᠨ ᠵᠠᠮ ᠤᠨ 331 ᠱᠣᠭᠤᠮ ᠪᠠ ᠮᠣᠵᠢ ᠶᠢᠨ ᠳᠡᠰ ᠤᠨ ᠵᠠᠮ ᠤᠨ 312 ᠱᠣᠭᠤᠮ ᠤᠨ ᠬᠦᠨᠳᠥ ᠠᠴᠢᠶᠠᠨ ᠤ ᠵᠠᠮ ᠱᠣᠭᠤᠮ ᠨᠢ ᠨᠢᠭᠡᠨᠳᠡ ᠳᠡᠷᠭᠡ ᠨᠡᠪᠳᠡᠷᠡᠵᠤ᠂ ᠡᠷᠢᠶᠡᠨ — ᠮᠠᠨᠳᠠᠯᠳᠣ ᠴᠢᠭᠯᠡᠯ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠤᠷᠤᠭᠰᠢᠳᠠᠢ ᠶᠠᠪᠤᠭᠳᠠᠵᠤ ᠪᠤᠢ᠃ ᠨᠢᠰᠭᠡᠯ ᠤᠨ ᠪᠠᠭᠤᠳᠠᠯ ᠢ ᠦᠷᠭᠡᠳᠭᠡᠨ ᠪᠠᠶᠢᠭᠤᠯᠬᠤ ᠢᠨᠵᠧᠨᠧᠷᠢᠩ ᠪᠠᠷᠢᠯᠭ᠎ᠠ ᠳᠠᠭᠤᠰᠤᠨ ᠬᠥᠯᠢᠶᠡᠯᠭᠡᠨ ᠦᠭᠭᠦ ᠶᠢᠨ ᠬᠠᠮᠳᠤ᠂ ᠣᠯᠠᠨ ᠤᠯᠤᠰ ᠤᠨ ᠠᠭᠠᠷ  ᠤᠨ ᠪᠤᠭᠤᠮᠳᠠ ᠨᠡᠭᠡᠭᠡᠬᠦ ᠠᠵᠢᠯ ᠢ ᠣᠯᠣᠰ ᠤᠨ ᠪᠤᠭᠤᠮᠳᠠ ᠶᠢ ᠬᠥᠭᠵᠢᠭᠦᠯᠬᠦ ︽ᠠᠷᠪᠠᠨ ᠭᠤᠷᠪᠠᠳᠤᠭᠠᠷ ᠲᠠᠪᠦᠨ ᠵᠢᠯ︾ ᠤᠨ ᠳᠥᠯᠥᠪᠯᠡᠭᠡ ᠳᠤ ᠤᠷᠤᠭᠤᠯᠤᠭᠰᠠᠨ ᠪᠠᠶᠢᠨ᠎ᠠ᠃ ᠪᠦᠬᠦ ᠣᠷᠣᠨ ᠤ ᠠᠩᠬᠠᠳᠠᠭᠴᠢ ᠠᠶᠠᠨᠴᠢᠳ ᠤᠨ ᠦᠪᠡᠰᠦᠪᠡᠨ ᠦᠢᠯᠡᠴᠢᠯᠡᠨ ᠪᠣᠭᠤᠮᠳᠠ ᠪᠠᠷ ᠰᠢᠯᠭᠠᠨ ᠨᠡᠪᠳᠡᠷᠡᠬᠦ ᠭᠠᠷᠴᠠ ᠨᠢ ᠳᠣᠳᠤᠭᠠᠳᠤ ᠶᠢ ᠬᠠᠮᠠᠭᠠᠯᠠᠬᠤ ᠶᠠᠮᠣᠨ ᠤ ᠰᠢᠯᠭᠠᠨ ᠪᠠᠶᠢᠴᠠᠭᠠᠯᠳᠠ ᠶᠢ ᠦᠩᠭᠡᠷᠡᠭᠦᠯᠥᠭᠰᠡᠨ ᠢᠶᠠᠷ᠂ ᠡᠯᠧᠺᠲᠷᠣᠨ ᠪᠣᠭᠤᠮᠳᠠ ᠶᠢᠨ ᠪᠦᠳᠦᠭᠡᠨ ᠪᠠᠶᠢᠭᠤᠯᠤᠯᠳᠠ ᠰᠢᠨ᠎ᠡ ᠠᠮᠵᠢᠯᠳᠠ ᠳᠤ ᠬᠦᠷᠦᠭᠰᠡᠨ ᠶᠤᠮ᠃ ᠳᠣᠮᠳᠠᠳᠣ ᠮᠣᠩᠭᠤᠯ ᠣᠷᠣᠰ ᠤᠨ ᠬᠢᠯᠢ ᠠᠯᠤᠰᠯᠠᠭᠰᠠᠨ ᠬᠤᠣᠰ ᠬᠦᠶᠦᠳᠡᠯᠳᠣ ᠲᠡᠮᠥᠷ ᠵᠠᠮ ᠢ ᠴᠠᠬᠢᠯᠭᠠᠨᠵᠢᠭᠤᠯᠬᠤ ᠰᠢᠨᠡᠴᠢᠯᠡᠯ ᠤᠨ ᠠᠵᠢᠯ᠂ ᠳᠣᠮᠳᠠᠳᠣ ᠮᠣᠩᠭᠤᠯ ᠣᠷᠣᠰ ᠤᠨ ᠬᠢᠯᠢ ᠠᠯᠤᠰᠯᠠᠭᠰᠠᠨ ᠬᠤᠷᠳᠤᠨ ᠤ ᠳᠡᠮᠥᠷ ᠵᠠᠮ ᠤᠨ ᠳᠣᠮᠳᠠ ᠱᠣᠭᠤᠮ ᠤᠨ ᠢᠨᠵᠧᠨᠧᠷᠢᠩ᠂ ᠳᠣᠮᠳᠠᠳᠣ ᠮᠣᠩᠭᠤᠯ ᠤᠨ ᠬᠢᠯᠢ ᠠᠯᠤᠰᠯᠠᠭᠰᠠᠨ ᠬᠤᠷᠳᠣᠨ ᠤ ᠵᠠᠰᠠᠮᠠᠯ ᠵᠠᠮ ᠵᠡᠷᠭᠡ ᠰᠠᠭᠤᠷᠢ ᠳᠥᠭᠦᠭᠡᠷᠥᠮᠵᠢ ᠶᠢ ᠬᠠᠷᠢᠯᠴᠠᠨ ᠬᠤᠯᠪᠣᠨ ᠨᠡᠪᠳᠡᠷᠡᠭᠦᠯᠬᠦ ᠳᠣᠮᠣ ᠴᠢᠬᠤᠯᠠ ᠳᠦᠷᠥᠯ ᠵᠦᠢᠯ ᠤᠳ ᠢ ︽ᠳᠣᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠳᠦᠭᠡᠨ ᠪᠠᠶᠢᠭᠤᠯᠤᠯᠳᠠ ᠶᠢᠨ ᠳᠥᠯᠥᠪᠵᠢᠭᠦᠯᠬᠡ ᠶᠢᠨ ᠬᠦᠳᠦᠯᠪᠦᠷᠢ︾ ᠳᠤ ᠵᠢᠭᠰᠠᠭᠠᠨ ᠣᠷᠣᠭᠤᠯᠤᠭᠰᠠᠨ ᠪᠠᠶᠢᠨ᠎ᠠ᠃      ᠳᠣᠮᠣ ᠴᠢᠬᠤᠯᠠ ᠰᠠᠭᠤᠷᠢ ᠳᠦᠭᠦᠭᠡᠷᠥᠮᠵᠢ ᠶᠢ ᠬᠠᠷᠢᠯᠴᠠᠨ ᠬᠤᠯᠪᠤᠨ ᠨᠡᠪᠳᠡᠷᠡᠭᠦᠯᠬᠦ ᠠᠬᠢᠴᠠ ᠶᠢ ᠳᠦᠷᠭᠡᠳᠭᠡᠨ᠎ᠡ᠃ ᠡᠷᠢᠶᠡᠨ — ᠮᠠᠨᠳᠠᠯᠳᠣ ᠴᠢᠭᠯᠡᠯ ᠤᠨ ᠨᠢᠭᠡᠳᠦᠭᠡᠷ ᠳᠡᠰ ᠤᠨ ᠵᠠᠰᠠᠮᠠᠯ ᠵᠠᠮ ᠢ ᠪᠠᠶᠢᠭᠤᠯᠤᠨ  ᠳᠡᠷᠭᠡ ᠨᠡᠪᠳᠡᠷᠡᠭᠦᠯᠬᠦ ᠶᠢ ᠳᠦᠯᠬᠢᠨ ᠠᠬᠢᠭᠤᠯᠵᠤ᠂ ᠤᠯᠤᠰ ᠤᠨ ᠳᠡᠰ ᠤᠨ ᠵᠠᠮ ᠤᠨ 331 ᠱᠤᠭᠤᠮ ᠤᠨ ᠡᠷᠢᠶᠡᠨ ᠠᠴᠠ ᠠᠶᠢᠷᠠᠭ ᠰᠦᠮ᠎ᠡ ᠬᠦᠷᠬᠦ ᠬᠡᠰᠡᠭ ᠪᠠ ᠡᠷᠢᠶᠡᠨ — ᠭᠤᠸᠠᠩᠵᠸᠤ ᠴᠢᠭᠯᠡᠯ ᠤᠨ ᠵᠠᠰᠠᠮᠠᠯ ᠵᠠᠮ ᠳᠡᠭᠡᠷᠡᠬᠢ ᠡᠷᠢᠶᠡᠨ ᠠᠴᠠ ᠰᠠᠶᠢᠬᠠᠨᠳᠠᠯ᠎ᠠ ᠬᠦᠷᠬᠦ ᠬᠡᠰᠡᠭ ᠤᠨ ᠬᠤᠷᠳᠤᠨ ᠤ ᠵᠠᠰᠠᠮᠠᠯ ᠵᠠᠮ ᠢ ᠪᠦᠳᠦᠭᠡᠨ ᠪᠠᠶᠢᠭᠤᠯᠬᠤ ᠳᠦᠷᠦᠯ ᠵᠦᠢᠯ ᠢ ᠡᠷᠳᠡ ᠨᠢᠭᠡ ᠡᠳᠦᠷ ᠠᠵᠢᠯ ᠡᠬᠢᠯᠡᠭᠦᠯᠵᠥ᠂ ᠵᠢᠨᠢᠩ — ᠡᠷᠢᠶᠡᠨ ᠴᠢᠭᠯᠡᠯ ᠤᠨ ᠳᠡᠮᠥᠷ ᠵᠠᠮ ᠤᠨ ᠬᠦᠴᠦᠨ ᠴᠢᠳᠠᠯ ᠢ ᠨᠡᠮᠡᠭᠳᠡᠭᠦᠯᠬᠦ ᠵᠢᠴᠢ ᠦᠷᠳᠡᠭᠡ ᠳᠠᠯᠠᠪᠠᠢ ᠶᠢ ᠦᠭᠡᠷᠡᠴᠢᠯᠡᠨ ᠪᠠᠶᠢᠭᠤᠯᠬᠤ ᠳᠦᠷᠦᠯ ᠵᠦᠢᠯ ᠢ ᠪᠦᠬᠦ ᠳᠠᠯ᠎ᠠ ᠪᠠᠷ ᠳᠦᠯᠬᠢᠨ ᠠᠬᠢᠭᠤᠯᠤᠨ᠎ᠠ᠃ ᠤᠯᠠᠭᠠᠨᠪᠠᠭᠠᠳᠤᠷ ᠬᠦᠷᠬᠦ ᠣᠯᠠᠨ ᠤᠯᠤᠰ ᠤᠨ ᠳᠦᠷ ᠴᠠᠭ ᠤᠨ ᠠᠭᠠᠷ ᠠᠶᠠᠯᠠᠯ ᠤᠨ ᠱᠤᠭᠤᠮ ᠢ ᠦᠷᠭᠦᠯᠵᠢᠯᠡᠨ ᠨᠡᠪᠳᠡᠷᠡᠭᠦᠯᠬᠦ ᠶᠢᠨ ᠬᠠᠮᠳᠤ ᠣᠷᠣᠰ ᠤᠨ ᠢᠷᠺᠣᠽᠲᠺ ᠬᠤᠳᠠ᠂ ᠤᠯᠠᠭᠠᠨ᠋ᠦ᠋ᠳᠡ ᠬᠦᠷᠬᠦ ᠤᠯᠠᠨ ᠤᠯᠤᠰ ᠤᠨ ᠳᠦᠷ ᠴᠠᠭ ᠤᠨ ᠠᠭᠠᠷ ᠤᠨ ᠱᠣᠭᠤᠮ ᠵᠢᠴᠢ ᠲᠢᠶᠠᠨᠵᠢᠨ᠂ ᠳ᠋ᠠᠯᠢᠶᠠᠨ᠂ ᠲᠠᠶᠢᠶᠤᠸᠠᠨ ᠬᠦᠷᠬᠦ ᠤᠯᠤᠰ ᠤᠨ ᠳᠣᠳᠣᠭᠠᠳᠣ ᠶᠢᠨ ᠠᠭᠠᠷ ᠤᠨ ᠱᠣᠭᠤᠮ ᠢ ᠨᠡᠮᠡᠨ ᠨᠡᠪᠳᠡᠷᠡᠭᠦᠯᠬᠦ ᠪᠠᠷ ᠴᠢᠷᠮᠠᠶᠢᠵᠤ᠂ ᠣᠯᠠᠨ ᠤᠯᠤᠰ ᠤᠨ ᠠᠭᠠᠷ ᠤᠨ ᠪᠣᠭᠤᠮᠳᠠ ᠪᠠᠷ ᠡᠷᠳᠡ ᠨᠢᠭᠡ ᠡᠳᠦᠷ ᠵᠥᠪᠰᠢᠶᠡᠷᠡᠭᠳᠡᠬᠦ ᠳᠤ ᠪᠠᠳᠤ ᠪᠠᠬᠢ ᠦᠨᠳᠦᠰᠥ ᠰᠠᠭᠤᠷᠢ ᠶᠢ ᠳᠠᠯᠪᠢᠵᠤ ᠦᠭᠭᠦᠨ᠎ᠡ᠃ ᠡᠯᠧᠺᠲᠷᠣᠨ ᠪᠤᠭᠤᠮᠳᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠵᠠᠰᠠᠮᠠᠯ ᠵᠠᠮ  ᠤᠨ ᠪᠣᠭᠤᠮᠳᠠ ᠤᠨ ᠠᠴᠢᠶ᠎ᠠ ᠳᠡᠭᠡᠭᠡᠪᠦᠷᠢ ᠶᠢᠨ ᠭᠠᠷᠴᠠ ᠶᠢᠨ ᠦᠭᠡᠷᠡᠴᠢᠯᠡᠯᠳᠡ ᠪᠠ ᠮᠠᠰᠢᠨ ᠳᠡᠷᠭᠡ ᠦᠪᠡᠰᠦᠪᠡᠨ ᠦᠢᠯᠡᠴᠢᠯᠡᠨ ᠰᠢᠯᠭᠠᠨ ᠨᠡᠪᠳᠡᠷᠡᠬᠦ ᠰᠢᠰᠲ᠋ᠧᠮ ᠢ ᠪᠠᠶᠢᠭᠤᠯᠤᠨ ᠳᠡᠭᠦᠯᠳᠡᠷᠵᠢᠭᠦᠯᠵᠥ᠂ ᠲᠡᠮᠥᠷ ᠵᠠᠮ ᠤᠨ ᠪᠣᠭᠤᠮᠳᠠ ᠪᠠᠷ ᠠᠶᠠᠨᠴᠢᠳ ᠦᠪᠡᠰᠦᠪᠡᠨ ᠦᠢᠯᠡᠴᠢᠯᠡᠨ ᠰᠢᠯᠭᠠᠨ ᠨᠠᠪᠳᠡᠷᠡᠬᠦ ᠰᠢᠰᠲ᠋ᠧᠮ ᠤᠨ ᠳᠦᠷᠦᠯ ᠵᠦᠢᠯ ᠢ ᠡᠬᠢᠯᠡᠨ ᠪᠠᠶᠢᠭᠤᠯᠤᠨ᠎ᠠ᠃ ᠤᠯᠤᠰ   ᠤᠨ ᠳᠡᠮᠵᠢᠯᠭᠡ ᠶᠢ ᠢᠳᠡᠪᠬᠢᠳᠡᠢ ᠬᠦᠭᠡᠭᠡᠴᠡᠯᠳᠦᠨ᠂ ᠪᠡᠭᠡᠵᠢᠩ — ᠡᠷᠢᠶᠡᠨ — ᠮᠤᠰᠺᠸᠠ ᠴᠢᠭᠯᠡᠯ ᠤᠨ ᠬᠤᠷᠳᠣᠨ ᠤ ᠳᠡᠮᠥᠷ ᠵᠠᠮ᠂ ᠡᠷᠢᠶᠡᠨ — ᠣᠯᠠᠭᠠᠨᠪᠠᠭᠠᠳᠤᠷ — ᠤᠯᠠᠭᠠᠨ᠋ᠦ᠋ᠳᠡ ᠴᠢᠭᠯᠡᠯ ᠤᠨ ᠬᠤᠣᠰ ᠭᠦᠶᠦᠳᠡᠯᠳᠦ ᠳᠡᠮᠥᠷ ᠵᠠᠮ ᠢ ᠴᠠᠬᠢᠯᠭᠠᠨᠵᠢᠭᠤᠯᠬᠤ ᠰᠢᠨᠡᠴᠢᠯᠡᠯ ᠤᠨ ᠠᠵᠢᠯ ᠪᠠ ᠬᠤᠷᠳᠣᠨ ᠤ ᠵᠠᠰᠠᠮᠠᠯ ᠵᠠᠮ ᠵᠡᠷᠭᠡ ᠳᠣᠮᠣ ᠴᠢᠬᠤᠯᠠ ᠰᠠᠭᠤᠷᠢ ᠳᠦᠭᠦᠭᠡᠷᠥᠮᠵᠢ ᠶᠢ ᠬᠠᠷᠢᠯᠴᠠᠨ ᠬᠤᠯᠪᠣᠨ ᠨᠡᠪᠳᠡᠷᠡᠭᠦᠯᠬᠦ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠳᠦᠯᠬᠢᠨ ᠠᠬᠢᠭᠤᠯᠤᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号