ᠪᠡᠯᠡ ᠣᠷᠣᠭᠤᠯᠤᠯᠳᠠ ᠶᠢᠨ ᠣᠷᠴᠢᠨ ᠳᠣᠭᠤᠷᠢᠨ
ᠨᠡᠶᠢᠲᠡᠯᠡᠭᠰᠡᠨ ᠴᠠᠭ᠄
2018/4/10
                    ᠪᠡᠯᠡ ᠣᠷᠣᠭᠤᠯᠤᠯᠳᠠ ᠶᠢᠨ ᠣᠷᠴᠢᠨ ᠳᠣᠭᠤᠷᠢᠨ        ᠪᠠᠶᠢᠷᠢᠰᠢᠯ ᠪᠠ ᠵᠠᠮ ᠬᠠᠷᠢᠯᠴᠠᠭᠠᠨ ᠤ ᠳᠠᠪᠠᠭᠤᠯᠢᠭ ᠳᠠᠯ᠎ᠠ᠃ ᠡᠷᠢᠶᠡᠨ ᠬᠤᠳᠠ ᠨᠢ ᠪᠡᠭᠡᠵᠢᠩ — ᠣᠯᠭᠠᠨᠪᠠᠭᠠᠳᠤᠷ — ᠮᠣᠰᠺᠧᠨ ᠴᠢᠭᠯᠡᠯ ᠤᠨ ᠣᠯᠠᠨ ᠤᠯᠤᠰ ᠤᠨ ᠳᠡᠮᠦᠷ ᠵᠠᠮ ᠤᠨ ᠵᠠᠩᠭᠢᠯᠠᠭ᠎ᠠ ᠶᠢᠨ ᠴᠡᠭ ᠲᠤ ᠪᠠᠶᠢᠷᠢᠯᠠᠵᠤ᠂ ᠮᠣᠰᠺᠧᠨ ᠬᠤᠳᠠ ᠠᠴᠠ 7623 ᠺᠢᠯᠣᠮᠧᠲᠷ᠂ ᠤᠯᠠᠭᠠᠨᠪᠠᠭᠠᠳᠤᠷ ᠬᠤᠳᠠ ᠠᠴᠠ 714 ᠺᠢᠯᠤᠮᠧᠲᠷ᠂ ᠨᠡᠶᠢᠰᠯᠡᠯ ᠪᠡᠭᠡᠵᠢᠩ ᠠᠴᠠ 690 ᠺᠢᠯᠤᠮᠧᠲᠷ᠂ ᠲᠢᠶᠠᠨᠵᠢᠨ ᠭᠠᠷᠠᠮ ᠠᠴᠠ 830 ᠺᠢᠯᠣᠮᠧᠲᠷ ᠵᠠᠢ ᠲᠠᠢ ᠣᠷᠣᠰᠢᠨ᠎ᠠ ᠃ ᠪᠡᠭᠡᠵᠢᠩ ᠢᠶᠠᠷ ᠡᠬᠢᠯᠡᠯᠳᠡ ᠶᠢᠨ ᠴᠡᠭ ᠪᠤᠯᠭᠠᠵᠤ ᠡᠷᠢᠶᠡᠨ ᠢᠶᠠᠷ ᠳᠠᠮᠵᠢᠨ ᠮᠣᠰᠺᠧᠨ ᠬᠦᠷᠬᠦ ᠵᠠᠢ ᠨᠢ ᠪᠢᠩᠵᠸᠥ ᠬᠤᠳᠠ ᠶᠢ ᠳᠠᠮᠵᠢᠭᠰᠠᠨ ᠠᠴᠠ 1140 ᠺᠢᠯᠤᠮᠧᠲᠷ ᠤᠶᠢᠷᠠᠬᠠᠨ ᠪᠠᠶᠢᠳᠠᠭ᠃ ᠡᠷᠢᠶᠡᠨ ᠬᠤᠳᠠ ᠨᠢ ᠮᠥᠨᠴᠥ ᠨᠡᠶᠢᠰᠯᠡᠯ ᠪᠡᠭᠡᠵᠢᠩ ᠠᠴᠠ ᠬᠠᠮᠤᠭ ᠣᠶᠢᠷᠠᠬᠠᠨ ᠣᠷᠣᠰᠢᠬᠤ ᠬᠢᠯᠢ ᠣᠷᠴᠢᠮ ᠤᠨ ᠬᠠᠭᠤᠷᠠᠢ ᠵᠠᠮ ᠤᠨ ᠪᠣᠭᠤᠮᠳᠠ ᠪᠠᠶᠢᠵᠤ᠂ ᠶᠠᠫᠥᠨ᠂ ᠵᠡᠭᠦᠨ ᠡᠮᠥᠨᠡᠳᠥ ᠠᠽᠢᠶ᠎ᠠ ᠵᠢᠴᠢ ᠪᠣᠰᠣᠳ ᠬᠦᠷᠰᠢ ᠣᠯᠣᠰ ᠤᠳ ᠠᠴᠠ ᠮᠣᠩᠭᠤᠯ᠂ ᠣᠷᠣᠰ ᠵᠢᠴᠢ ᠡᠸᠦ᠋ᠷᠥᠫᠡ ᠶᠢᠨ ᠡᠯ᠎ᠡ ᠣᠯᠣᠰ ᠤᠳ ᠲᠠᠢ ᠪᠣᠭᠤᠮᠳᠠ ᠳᠠᠮᠵᠢᠬᠤ ᠠᠷᠠᠯᠵᠢᠶ᠎ᠠ ᠬᠢᠬᠦ ᠪᠣᠯᠣᠮᠵᠢ ᠶᠢᠨ ᠭᠠᠷᠴᠠ ᠵᠠᠮ ᠪᠣᠯᠬᠤ ᠪᠦᠭᠡᠳ᠂ ᠮᠣᠩᠭᠤᠯ ᠤᠯᠤᠰ ᠤᠨ  ᠳᠠᠯᠠᠢ ᠶᠢᠨ ᠭᠠᠷᠠᠮ ᠳᠤ ᠨᠡᠪᠳᠡᠷᠡᠬᠦ ᠴᠣᠷ ᠤᠨ ᠭᠠᠭᠴᠠ ᠪᠣᠭᠤᠮᠳᠠ ᠪᠣᠯᠣᠨ᠎ᠠ᠃2004 ᠣᠨ ᠳᠤ ᠨᠡᠪᠳᠡᠷᠡᠭᠰᠡᠨ ᠬᠦᠬᠡᠬᠤᠳᠠ — ᠹᠠᠷᠠᠩᠺᠹᠦ᠋ᠷᠲ ᠴᠢᠭᠯᠡᠯ ᠤᠨ ︽ᠷᠦ᠋ ᠢ ᠨᠡᠷᠢᠮᠵᠢᠳᠤ︾ ᠣᠯᠠᠨ ᠤᠯᠤᠰ ᠤᠨ ᠰᠢᠩᠭᠡᠯᠢᠭᠲᠦ ᠠᠴᠢᠶ᠎ᠠ ᠳᠡᠭᠡᠭᠡᠪᠦᠷᠢ ᠶᠢᠨ ᠳᠣᠰᠬᠠᠢ ᠸᠠᠭᠤᠨ ᠨᠢ 6 ᠤᠯᠤᠰ ᠣᠷᠣᠨ ᠢᠶᠠᠷ ᠳᠠᠭᠠᠷᠢᠨ ᠦᠩᠭᠡᠷᠡᠵᠥ᠂ ᠳᠠᠯᠠᠢ ᠶᠢᠨ ᠳᠡᠭᠡᠭᠡᠪᠦᠷᠢ   ᠲᠠᠢ ᠬᠠᠷᠢᠴᠠᠭᠤᠯᠬᠤ ᠳᠤ ᠵᠦᠭᠡᠭᠡᠪᠦᠷᠢᠯᠡᠬᠦ ᠬᠤᠭᠤᠴᠠᠭ᠎ᠠ ᠨᠢ ᠳ᠋ᠠᠩ ᠴᠢᠭᠯᠡᠯ ᠳᠤ ᠬᠠᠮᠤᠭ ᠪᠠᠭ᠎ᠠ ᠳᠠᠭᠠᠨ 27 ᠡᠳᠦᠷ ᠪᠠᠷ ᠪᠣᠭᠤᠨᠢᠰᠠᠭᠰᠠᠨ ᠪᠠᠶᠢᠨ᠎ᠠ᠃ ᠵᠢᠨᠢᠩ — ᠡᠷᠢᠶᠡᠨ ᠴᠢᠭᠯᠡᠯ  ᠤᠨ ᠲᠡᠮᠦᠷ ᠵᠠᠮ ᠨᠢ ᠪᠡᠭᠡᠵᠢᠩ — ᠪᠣᠭᠤᠳᠤ ᠴᠢᠭᠯᠡᠯ ᠪᠠ ᠪᠡᠭᠡᠵᠢᠩ — ᠱᠠᠨᠠᠭ᠎ᠠ ᠪᠣᠭᠤᠮᠳᠠ ᠴᠢᠭᠯᠡᠯ ᠤᠨ ᠲᠡᠮᠦᠷ ᠵᠠᠮ ᠢᠶᠠᠷ ᠳᠠᠮᠵᠢᠨ ᠲᠢᠶᠡᠨᠵᠢᠨ ᠭᠠᠷᠠᠮ ᠲᠠᠢ ᠵᠠᠯᠭᠠᠯᠳᠤᠵᠤ ᠪᠤᠢ᠃ ᠡᠷᠢᠶᠡᠨ ᠬᠤᠳᠠ ᠠᠴᠠ ᠰᠢᠯᠢᠨᠬᠤᠳᠠ ᠬᠦᠷᠬᠦ ᠳᠡᠮᠦᠷ ᠵᠠᠮ 2010 ᠣᠨ ᠠᠴᠠ ᠡᠬᠢᠯᠡᠨ ᠪᠠᠶᠢᠭᠤᠯᠤᠭᠳᠠᠵᠤ᠂ 2012 ᠣᠨ ᠳᠤ ᠠᠰᠢᠭᠯᠠᠯᠳᠠ ᠳᠤ ᠣᠷᠣᠵᠤ᠂ ᠡᠷᠢᠶᠡᠨ ᠬᠤᠳᠠ ᠠᠴᠠ ᠵᠢᠨᠵᠸᠥ᠂ ᠳ᠋ᠠᠯᠢᠶᠠᠨ᠂ ᠶᠢᠩᠺᠸᠦ ᠵᠡᠷᠭᠡ ᠳᠠᠯᠠᠢ ᠶᠢᠨ ᠭᠠᠷᠠᠮ ᠳᠤ ᠨᠡᠪᠳᠡᠷᠡᠬᠦ ᠠᠴᠢᠶ᠎ᠠ ᠳᠡᠭᠡᠭᠡᠪᠦᠷᠢ ᠨᠡᠩ ᠳᠦᠭᠦᠮ ᠳᠦᠳᠡ ᠪᠣᠯᠣᠭᠰᠠᠨ ᠪᠠᠶᠢᠨ᠎ᠠ᠃ ᠵᠠᠰᠠᠮᠠᠯ ᠵᠠᠮ ᠤᠨ ᠰᠦᠯᠵᠢᠶ᠎ᠡ ᠳᠦᠷᠪᠡᠨ ᠵᠦᠭ ᠨᠠᠢᠮᠠᠨ ᠵᠣᠪᠬᠢᠰ ᠲᠤ ᠨᠡᠪᠳᠡᠷᠡᠵᠥ᠂ ᠤᠯᠤᠰ ᠤᠨ ᠳᠡᠰ ᠤᠨ ᠵᠠᠮ ︵ᠡᠷᠢᠶᠡᠨ — ᠭᠤᠸᠠᠩᠵᠸᠤ ᠴᠢᠭᠯᠡᠯ ᠤᠨ ᠵᠠᠰᠠᠮᠠᠯ ᠵᠠᠮ︶ ᠤᠨ 208 ᠱᠣᠭᠤᠮ ᠨᠢ ᠪᠡᠭᠡᠵᠢᠩ — ᠬᠦᠬᠡᠬᠤᠳᠠ ᠴᠢᠭᠯᠡᠯ ᠤᠨ ᠬᠤᠷᠳᠤᠨ ᠤ ᠵᠠᠰᠠᠮᠠᠯ ᠵᠠᠮ ᠲᠠᠢ ᠵᠠᠯᠭᠠᠯᠳᠤᠵᠤ᠂ ᠳᠦᠬᠦᠮ ᠳᠦᠳᠡ ᠵᠠᠮ ᠰᠦᠯᠵᠢᠶ᠎ᠡ ᠶᠢ ᠪᠣᠢ ᠪᠣᠯᠭᠠᠭᠰᠠᠨ ᠢᠶᠠᠷ᠂ ᠬᠦᠬᠡᠬᠤᠳᠠ᠂ ᠪᠣᠭᠤᠳᠤ᠂ ᠪᠡᠭᠡᠵᠢᠩ ᠬᠦᠷᠬᠦ ᠳᠤ ᠵᠥᠪᠬᠡᠨ 4-6 ᠴᠠᠭ ᠬᠡᠷᠡᠭᠰᠡᠳᠡᠭ ᠪᠣᠯᠵᠠᠢ᠃ 2010 ᠣᠨ ᠤ 3 ᠰᠠᠷ᠎ᠠ ᠶᠢᠨ ᠰᠡᠭᠦᠯᠴᠢ ᠪᠠᠷ ᠠᠷᠠᠳ ᠤᠨ ᠠᠭᠠᠷ  ᠤᠨ ᠳᠡᠭᠡᠭᠡᠪᠦᠷᠢ ᠶᠢᠨ ᠨᠢᠰᠥᠯᠭᠡ ᠵᠢᠩᠭᠢᠨᠢ ᠨᠡᠪᠳᠡᠷᠡᠵᠥ᠂ ᠡᠷᠢᠶᠡᠨ ᠠᠴᠠ ᠬᠦᠬᠡᠬᠤᠳᠠ᠂ ᠪᠡᠭᠡᠵᠢᠩ ᠬᠦᠷᠬᠦ ᠬᠤᠳᠠ ᠬᠤᠭᠤᠷᠤᠨᠳᠤ ᠶᠢᠨ ᠠᠶᠠᠨᠴᠢᠳ ᠪᠠ ᠠᠴᠢᠶ᠎ᠠ ᠳᠡᠭᠡᠭᠡᠪᠦᠷᠢ ᠶᠢᠨ ᠠᠭᠠᠷ ᠤᠨ ᠱᠣᠭᠤᠮ ᠨᠡᠭᠡᠭᠡᠭᠳᠡᠵᠡᠢ᠃ 2013 ᠣᠨ  ᠤ 8 ᠰᠠᠷ᠎ᠠ ᠶᠢᠨ 7 ᠤ ᠡᠳᠦᠷ ᠡᠷᠢᠶᠡᠨ ᠠᠴᠠ ᠮᠣᠩᠭᠤᠯ ᠤᠯᠤᠰ ᠤᠨ ᠤᠯᠠᠭᠠᠨᠪᠠᠭᠠᠳᠤᠷ ᠬᠤᠳᠠ ᠬᠦᠷᠬᠦ ᠤᠯᠠᠨ ᠤᠯᠤᠰ ᠤᠨ ᠠᠭᠠᠷ ᠤᠨ ᠱᠤᠭᠤᠮ ᠵᠢᠩᠭᠢᠨᠢ ᠨᠡᠪᠳᠡᠷᠡᠪᠡ᠃ ᠡᠷᠢᠶᠡᠨ ᠬᠤᠳᠠ ᠨᠢ ᠨᠢᠭᠡᠨᠳᠡ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠵᠠᠮ ᠵᠡᠷᠭᠡ ᠭᠤᠷᠪᠠ ᠶᠢ ᠨᠢᠭᠡ ᠴᠣᠭᠴᠠᠵᠢᠭᠤᠯᠤᠭᠰᠠᠨ ᠣᠯᠠᠨ ᠤᠯᠤᠰ ᠤᠨ ᠳᠡᠭᠡᠭᠡᠪᠦᠷᠢ ᠵᠣᠬᠢᠴᠠᠭᠤᠯᠬᠤ ᠭᠠᠷᠴᠠ ᠪᠤᠯᠵᠤ ᠬᠦᠭᠵᠢᠭᠰᠡᠨ ᠪᠠᠶᠢᠨ᠎ᠠ᠃      ᠭᠠᠳᠠᠭᠠᠳᠤ ᠲᠠᠢ ᠴᠢᠯᠥᠭᠡᠳᠡᠢ ᠬᠠᠷᠢᠯᠴᠠᠬᠤ ᠳᠠᠪᠠᠭᠤᠯᠢᠭ ᠨᠦᠭᠦᠴᠡᠯ᠃ ᠮᠣᠩᠭᠤᠯ ᠤᠯᠤᠰ ᠨᠢ ᠵᠠᠮ ᠤᠨ ᠡᠭᠦᠳᠡ ᠬᠤᠳᠠ ᠳᠤ ᠪᠦᠳᠦᠭᠡᠨ ᠪᠠᠶᠢᠭᠤᠯᠤᠯᠳᠠ ᠶᠢᠨ ᠬᠡᠪᠴᠢᠶ᠎ᠡ ᠪᠠᠷ ᠬᠠᠮᠤᠭ ᠳᠣᠮᠣ᠂ ᠪᠡᠯᠡ ᠣᠷᠣᠭᠤᠯᠤᠯᠳᠠ ᠠᠷᠠᠯᠵᠢᠶ᠎ᠠ ᠬᠤᠳᠠᠯᠳᠤᠭᠠᠨ ᠤ ᠪᠣᠳᠣᠯᠭ᠎ᠠ ᠤᠨ ᠬᠠᠷᠠᠭᠠᠯᠵᠠᠯ ᠬᠠᠮᠤᠭ ᠳᠠᠭᠠᠯᠠᠮᠵᠢᠳᠠᠢ᠂ ᠨᠡᠭᠡᠭᠡᠯᠳᠡ ᠶᠢᠨ ᠳᠦᠪᠰᠢᠨ ᠬᠠᠮᠤᠭ ᠦᠨᠳᠦᠷ᠂ ᠦᠢᠯᠡᠳᠥᠯ ᠴᠢᠳᠠᠪᠬᠢ ᠬᠠᠮᠤᠭ ᠪᠦᠷᠢᠨ ᠳᠡᠭᠦᠯᠳᠡᠷ ᠠᠵᠤ ᠠᠬᠤᠢ ᠶᠢᠨ ᠴᠢᠯᠥᠭᠡᠳᠥ ᠳᠣᠭᠤᠷᠢᠭ ᠢ ᠪᠠᠶᠢᠭᠤᠯᠬᠤ ᠪᠠᠷ ᠳᠦᠯᠥᠪᠵᠢᠭᠦᠯᠵᠥ᠂ ᠠᠶᠠᠯᠠᠯ ᠵᠢᠭᠤᠯᠴᠢᠯᠠᠯ ᠮᠥᠷᠦᠢ ᠳᠤᠭᠯᠠᠭᠠᠮ᠂ ᠪᠣᠯᠪᠠᠰᠣᠷᠠᠭᠤᠯᠵᠤ ᠦᠢᠯᠡᠳᠦᠬᠦ ᠦᠢᠯᠡᠰ ᠵᠢᠴᠢ ᠮᠥᠩᠭᠦᠨ ᠬᠦᠢᠯᠭᠡᠭᠡ ᠠᠷᠠᠯᠵᠢᠶ᠎ᠠ ᠬᠤᠳᠠᠯᠳᠤᠭ᠎ᠠ ᠵᠡᠷᠭᠡ ᠭᠤᠷᠪᠠᠨ ᠲᠦᠷᠦᠯ ᠤᠨ ᠦᠢᠯᠡᠴᠢᠯᠡᠭᠡ ᠶᠢᠨ ᠴᠢᠳᠠᠮᠵᠢ ᠪᠦᠬᠦᠢ ᠳᠣᠭᠤᠷᠢᠭ ᠤᠳ ᠢᠶᠠᠷ ᠪᠦᠷᠢᠯᠳᠦᠨ᠎ᠡ᠃ ᠵᠠᠮ ᠤᠨ ᠡᠭᠦᠳᠡ ᠬᠤᠳᠠ ᠵᠢᠴᠢ ᠲᠡᠭᠦᠨ ᠤ ᠠᠵᠤ ᠠᠬᠤᠢ ᠶᠢᠨ ᠴᠢᠯᠥᠭᠡᠳᠥ ᠳᠣᠭᠤᠷᠢᠭ ᠪᠦᠳᠦᠭᠡᠨ ᠪᠠᠶᠢᠭᠤᠯᠤᠭᠳᠠᠬᠤ ᠶᠢ ᠳᠠᠭᠠᠯᠳᠤᠨ᠂ ᠮᠠᠨ ᠤ ᠬᠤᠳᠠ ᠨᠢ ᠡᠸᠥ᠋ᠷᠦᠫᠡ ᠠᠮᠧᠷᠢᠺᠠ ᠵᠡᠷᠭᠡ ᠬᠦᠭᠵᠢᠭᠰᠡᠨ ᠤᠯᠤᠰ ᠣᠷᠣᠨ ᠨᠤᠭᠤᠳ ᠤᠨ ᠮᠣᠩᠭᠤᠯ ᠳᠤ ᠣᠯᠭᠤᠭᠰᠠᠨ 8200 ᠳᠦᠷᠦᠯ ᠤᠨ ᠪᠠᠷᠠᠭ᠎ᠠ ᠪᠦᠳᠦᠭᠡᠭᠳᠡᠭᠦᠨ ᠤ ᠭᠠᠳᠠᠭᠠᠳᠤ ᠳᠤ ᠭᠠᠷᠭᠠᠬᠤ ᠪᠣᠭᠤᠮᠳᠠ ᠶᠢᠨ ᠭᠠᠶᠢᠯᠢ ᠶᠢᠨ ᠭᠡᠯᠳᠦᠷᠢᠭᠦᠯᠥᠯ ᠪᠠ ᠨᠣᠭᠳᠠᠯ ᠬᠤᠪᠢ ᠶᠢᠨ ᠬᠢᠵᠠᠭᠠᠷᠯᠠᠯ ᠦᠭᠡᠢ ︽ᠬᠠᠷᠠᠭᠠᠯᠵᠠᠯ ᠤᠨ ᠳᠦᠷᠢᠮ︾ ᠤᠨ ᠪᠣᠳᠣᠯᠭ᠎ᠠ ᠶᠢ ᠠᠰᠢᠭᠯᠠᠵᠤ᠂ ᠭᠠᠳᠠᠭᠠᠳᠤ ᠳᠣᠳᠣᠭᠠᠳᠣ ᠶᠢᠨ ᠬᠤᠳᠠᠯᠳᠤᠭᠠᠴᠢᠳ ᠢ ᠢᠳᠡᠪᠬᠢᠳᠡᠢ ᠣᠷᠢᠵᠤ᠂ ᠭᠠᠳᠠᠭᠠᠳᠤ ᠳᠣᠳᠣᠭᠠᠳᠤ ᠶᠢᠨ ᠳᠣᠮᠣ ᠠᠵᠤ ᠠᠬᠤᠶᠢᠯᠠᠯ ᠤᠨ ᠨᠢᠭᠡᠴᠢ ᠶᠢᠨ ᠡᠷᠢᠶᠡᠨ ᠪᠤᠭᠤᠮᠳᠠ ᠪᠣᠯᠣᠨ ᠵᠠᠮ ᠤᠨ ᠡᠭᠦᠳᠡ ᠬᠤᠳᠠ ᠳᠤ ᠪᠡᠯᠡ ᠣᠷᠣᠭᠤᠯᠣᠨ ᠦᠢᠯᠡᠳᠪᠦᠷᠢ ᠪᠠᠶᠢᠭᠤᠯᠬᠤ ᠶᠢ ᠳᠡᠮᠵᠢᠵᠤ᠂ ᠪᠣᠭᠤᠮᠳᠠ ᠶᠢᠨ ᠪᠣᠯᠪᠠᠰᠣᠷᠠᠭᠤᠯᠵᠤ ᠡᠳ᠋ᠰᠢᠭᠦᠯᠬᠦ᠂ ᠰᠠᠩ ᠬᠦᠮᠥᠷᠭᠡ᠂ ᠳᠣᠬᠢᠷᠠᠭᠤᠯᠤᠨ ᠬᠦᠷᠭᠡᠬᠦ ᠵᠢᠴᠢ ᠡᠳ᠋ ᠪᠠᠷᠠᠭᠠᠨ ᠤ ᠭᠦᠢᠯᠭᠡᠭᠡ ᠵᠡᠷᠭᠡ ᠬᠠᠮᠢᠶ᠎ᠠ ᠪᠦᠬᠦᠢ ᠠᠵᠢᠯ ᠲᠥᠷᠥᠯ ᠢ ᠶᠡᠬᠡᠪᠡᠷ ᠬᠦᠭᠵᠢᠭᠦᠯᠥᠨ᠎ᠡ᠃ ᠳᠣᠮᠳᠠᠳᠣ ᠮᠣᠩᠭᠤᠯ ᠣᠷᠣᠰ ᠤᠨ ᠡᠬᠡ ᠭᠠᠵᠠᠷ ᠤᠨ ᠬᠦᠭᠦᠷᠭᠡ ᠶᠢᠨ ᠵᠠᠮ ᠳᠠᠭᠠᠤ ᠭᠠᠵᠠᠷ ᠣᠷᠣᠨ ᠨᠤᠭᠤᠳ ᠲᠠᠢ ᠰᠣᠯᠢᠯᠴᠠᠭ᠎ᠠ ᠬᠠᠮᠳᠣ ᠶᠢᠨ ᠠᠵᠢᠯᠯᠠᠭ᠎ᠠ ᠪᠠᠨ ᠴᠢᠩᠭᠠᠳᠬᠠᠨ᠎ᠠ᠃ ᠡᠷᠢᠶᠡᠨ ᠬᠤᠳᠠ ᠠᠴᠠ ᠣᠯᠠᠭᠠᠨᠪᠠᠭᠠᠳᠣᠷ ᠲᠤ ᠰᠠᠭᠤᠬᠤ ᠳᠥᠯᠥᠭᠡᠯᠡᠭᠴᠢ ᠶᠢᠨ ᠭᠠᠵᠠᠷ ᠢ ᠡᠭᠦᠰᠭᠡᠨ ᠪᠠᠶᠢᠭᠤᠯᠵᠤ᠂ ᠮᠠᠨ ᠤ ᠤᠯᠤᠰ ᠠᠴᠠ ᠵᠠᠮ ᠤᠨ ᠡᠭᠦᠳᠡ ᠳᠤ ᠰᠠᠭᠤᠬᠤ ᠺᠤᠨᠰᠥ᠋ᠯ ᠤᠨ ᠭᠠᠵᠠᠷ ᠪᠠᠶᠢᠭᠤᠯᠬᠤ ᠵᠦᠪᠰᠢᠶᠡᠷᠡᠯ ᠢ ᠣᠯᠵᠣ᠂ ᠮᠣᠩᠭᠤᠯ ᠤᠯᠤᠰ  ᠤᠨ ᠠᠷᠠᠯᠵᠢᠶ᠎ᠠ ᠬᠤᠳᠠᠯᠳᠤᠭᠠᠨ ᠤ ᠨᠡᠶᠢᠭᠡᠮᠯᠢᠭ ᠠᠴᠠ ᠡᠷᠢᠶᠡᠨ ᠬᠤᠳᠠ ᠳᠤ ᠰᠠᠭᠤᠬᠤ ᠳᠥᠯᠥᠭᠡᠯᠡᠭᠴᠢ ᠶᠢᠨ ᠭᠠᠵᠠᠷ ᠬᠠᠶᠠᠭ ᠬᠠᠳᠠᠨ ᠪᠠᠶᠢᠭᠤᠯᠤᠭᠳᠠᠵᠠᠢ᠃ ᠮᠣᠩᠭᠤᠯ ᠤᠯᠤᠰ ᠤᠨ ᠤᠯᠭᠠᠨᠪᠠᠭᠠᠳᠤᠷ᠂ ᠣᠷᠣᠰ ᠤᠨ ᠤᠯᠠᠭᠠᠨ᠋ᠦ᠋ᠳᠡ ᠵᠡᠷᠭᠡ ᠬᠤᠳᠠ ᠤᠳ ᠲᠠᠢ ᠨᠦᠭᠦᠷᠰᠡᠭ ᠬᠤᠳᠠ ᠶᠢᠨ ᠬᠠᠷᠢᠴᠠᠭ᠎ᠠ ᠪᠠᠶᠢᠭᠤᠯᠵᠤ᠂ ᠮᠣᠩᠭᠤᠯ ᠣᠷᠣᠰ ᠤᠨ ᠠᠯᠪᠠᠨ ᠤ ᠪᠠ ᠠᠵᠤ ᠠᠬᠤᠶᠢᠯᠠᠯ ᠤᠨ ᠬᠢᠨ ᠲᠠᠢ ᠦᠷᠨᠢᠭᠦᠯᠥᠭᠰᠡᠨ ᠬᠠᠷᠢᠯᠴᠠᠨ ᠠᠶᠢᠯᠴᠢᠯᠠᠯ 3000 ᠭᠠᠷᠤᠢ ᠬᠦᠮᠥᠨ ᠤᠳᠠᠭ᠎ᠠ ᠳᠤ ᠬᠦᠷᠦᠭᠰᠡᠨ ᠪᠦᠭᠡᠳ᠂ ᠮᠣᠩᠭᠤᠯ ᠤᠯᠤᠰ ᠠᠴᠠ ᠮᠠᠨ ᠤ ᠬᠤᠳᠠ ᠳᠤ ᠰᠣᠷᠣᠯᠴᠠᠵᠤ ᠪᠠᠶᠢᠭᠰᠠᠨ ᠬᠦᠮᠥᠨ ᠤ ᠳᠤᠭ᠎ᠠ ᠨᠡᠶᠢᠳᠡ 2000 ᠭᠠᠷᠤᠢ ᠬᠦᠮᠥᠨ ᠪᠠᠶᠢᠵᠤ᠂ ᠮᠠᠨ ᠤ ᠬᠤᠳᠠ ᠳᠤ ᠡᠮᠴᠢᠯᠡᠭᠦᠯᠥᠭᠰᠡᠨ ᠮᠣᠩᠭᠤᠯ ᠤᠯᠤᠰ ᠤᠨ ᠡᠪᠡᠳᠴᠢᠳᠡᠨ ᠤ ᠳᠤᠭ᠎ᠠ 2 ᠲᠦᠮᠡᠨ ᠬᠦᠮᠥᠨ ᠤᠳᠠᠭ᠎ᠠ ᠶᠢ ᠳᠠᠪᠠᠭᠰᠠᠨ ᠪᠠᠶᠢᠨ᠎ᠠ᠃ ᠮᠠᠨ ᠤ ᠬᠤᠳᠠ ᠨᠢ ᠰᠢᠶᠠᠨ ᠭᠠᠵᠠᠷ ᠤᠨ ᠳᠡᠰ ᠠᠴᠠ ᠳᠣᠷᠣᠭᠰᠢᠬᠢ ᠺᠠᠳ᠋ᠷᠴᠦᠳ ᠲᠤ ᠮᠣᠩᠭᠤᠯ ᠳᠤ ᠭᠠᠷᠬᠤ ᠵᠦᠪᠰᠢᠶᠡᠷᠡᠯ ᠣᠯᠭᠤᠬᠤ ᠡᠷᠬᠡ ᠶᠢ ᠣᠯᠵᠤ᠂ ᠭᠠᠳᠠᠭᠠᠳᠤ ᠬᠠᠷᠢᠯᠴᠠᠭᠠᠨ ᠤ ᠶᠠᠮᠣᠨ ᠠᠴᠠ ᠣᠯᠭᠤᠭᠰᠠᠨ ︽ᠤᠯᠤᠰ ᠤᠨ ᠶᠡᠷᠥᠩᠭᠡᠢ ᠭᠠᠳᠠᠭᠠᠳᠤ ᠬᠠᠷᠢᠯᠴᠠᠭᠠᠨ ᠳᠤ ᠳᠣᠪᠣᠶᠢᠮ᠎ᠠ ᠬᠤᠪᠢ ᠨᠡᠮᠡᠷᠢ ᠣᠷᠣᠭᠤᠯᠤᠭᠰᠠᠨ ᠱᠠᠩᠨᠠᠯ︾ ᠢ ᠬᠦᠷᠳᠡᠭᠰᠡᠨ ᠪᠠᠶᠢᠨ᠎ᠠ᠃ ᠳᠦᠷᠪᠡᠨ ᠬᠤᠭᠤᠴᠠᠭ᠎ᠠ ᠳᠠᠷᠠᠭᠠᠯᠠᠨ ︽ᠡᠷᠢᠶᠡᠨ ᠬᠤᠳᠠ ᠴᠢᠭᠤᠯᠭ᠎ᠠ ᠠᠭᠤᠯᠵᠠᠯᠳᠠ︾ ᠶᠢ ᠠᠮᠵᠢᠯᠳᠠ ᠲᠠᠢ ᠵᠣᠬᠢᠶᠠᠨ ᠪᠠᠶᠢᠭᠤᠯᠵᠤ᠂ ᠮᠥᠨᠴᠥ ᠣᠷᠣᠨ ᠤ ᠳᠡᠰ ᠤᠨ ᠦᠵᠡᠰᠭᠦᠯᠡᠩ ᠬᠤᠳᠠᠯᠳᠤᠭ᠎ᠠ ᠪᠤᠯᠵᠤ ᠳᠡᠰ ᠳᠡᠪᠰᠢᠵᠤ᠂ ᠲᠢᠶᠠᠨᠵᠢᠨ ᠤ ᠠᠭᠤᠷᠬᠠᠢ ᠨᠡᠭᠡᠭᠡᠨ ᠠᠰᠢᠭᠯᠠᠬᠤ ᠡᠷᠬᠡ ᠶᠢᠨ ᠠᠷᠠᠯᠵᠢᠶᠠᠨ ᠤ ᠳᠦᠪ ᠶᠢᠨ ᠡᠷᠢᠶᠡᠨ ᠳᠠᠬᠢ ᠠᠭᠤᠷᠬᠠᠢ ᠶᠢᠨ ᠠᠷᠠᠯᠵᠢᠶᠠᠨ ᠤ ᠳᠠᠪᠴᠠᠩ ᠢ ᠪᠠᠶᠢᠭᠤᠯᠵᠤ᠂ ᠡᠷᠢᠶᠡᠨ ᠬᠤᠳᠠ ᠶᠢᠨ ᠳᠣᠮᠳᠠᠳᠣ ᠮᠣᠩᠭᠤᠯ ᠣᠷᠣᠰ ᠤᠨ ᠪᠠᠷᠠᠭ᠎ᠠ ᠪᠦᠳᠦᠭᠡᠭᠳᠡᠭᠦᠨ ᠤ ᠠᠷᠠᠯᠵᠢᠶ᠎ᠠ ᠬᠤᠳᠠᠯᠳᠣᠭᠠᠨ ᠤ ᠰᠦᠯᠵᠢᠶᠡᠨ ᠴᠡᠭ ᠢ ᠪᠠᠶᠢᠭᠤᠯᠪᠠ᠃ ᠣᠯᠣᠰ ᠤᠨ ᠭᠤᠣᠯᠳᠠᠯᠭ᠎ᠠ  ᠲᠠᠢ ᠭᠦᠭᠵᠢᠭᠦᠯᠥᠯᠳᠡ ᠨᠡᠭᠡᠭᠡᠯᠳᠡ ᠶᠢᠨ ᠳᠣᠷᠰᠢᠯᠳᠠ ᠶᠢᠨ ᠳᠣᠭᠤᠷᠢᠭ ᠢ ᠬᠤᠶᠠᠳᠣᠭᠠᠷ ᠡᠭᠡᠯᠵᠢᠨ ᠤ ᠳᠣᠷᠰᠢᠯᠳᠠ  ᠶᠢᠨ ᠴᠡᠭ ᠲᠤ ᠵᠢᠭᠰᠠᠭᠠᠨ ᠣᠷᠣᠭᠤᠯᠵᠤ᠂ ᠲᠡᠭᠦᠨ ᠢ ᠬᠡᠷᠡᠭᠵᠢᠭᠦᠯᠬᠦ ᠳᠦᠰᠥᠯ ᠨᠢ ᠤᠯᠤᠰ ᠤᠨ ᠬᠢᠨᠠᠨ ᠵᠥᠪᠰᠢᠶᠡᠷᠡᠬᠦ ᠶᠠᠪᠤᠴᠠ ᠳᠤ ᠰᠢᠯᠵᠢᠭᠰᠡᠨ ᠪᠠᠶᠢᠨ᠎ᠠ᠃ ᠪᠣᠭᠤᠮᠳᠠ ᠶᠢᠨ ᠮᠥᠩᠭᠦᠨ ᠬᠦᠢᠯᠭᠡᠭᠡᠨ ᠤ ᠰᠢᠰᠲ᠋ᠧᠮ ᠢ ᠳᠡᠭᠦᠯᠳᠡᠷᠵᠢᠭᠦᠯᠵᠥ᠂ 22 ᠨᠢᠭᠡᠴᠢ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠳᠠᠭᠤᠳᠠᠨ ᠣᠷᠣᠭᠤᠯᠬᠤ ᠪᠠ ᠡᠭᠦᠰᠭᠡᠨ ᠪᠠᠶᠢᠭᠤᠯᠤᠨ᠂ ᠪᠤᠭᠤᠮᠳᠠ ᠶᠢᠨ ᠮᠥᠩᠭᠦᠨ ᠭᠦᠢᠯᠭᠡᠭᠡ ᠬᠤᠳᠠᠯᠳᠣᠭᠠᠨ ᠤ ᠶᠠᠪᠤᠳᠠᠯ ᠤᠨ ᠳᠣᠭᠤᠷᠢᠭ ᠪᠠᠶᠢᠭᠤᠯᠬᠤ ᠪᠡᠯᠡᠳᠭᠡᠯ ᠠᠵᠢᠯ ᠣᠷᠣᠭᠰᠢᠳᠠᠢ ᠶᠠᠪᠣᠭᠳᠠᠵᠤ᠂ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠭᠳᠡᠯ ᠬᠡᠮᠵᠢᠶ᠎ᠡ ᠨᠢ ᠳᠣᠰ ᠪᠦᠷᠢ 49.7 ᠳ᠋ᠦ᠋ᠩᠰᠢᠭᠤᠷ ᠳᠥᠭᠦᠷᠢᠭ ᠪᠠ 47.7 ᠳ᠋ᠦ᠋ᠩᠰᠢᠭᠤᠷ ᠳᠦᠭᠦᠷᠢᠭ ᠲᠤ ᠬᠦᠷᠴᠤ᠂ ᠵᠢᠯ ᠤᠨ ᠳᠡᠭᠰᠢᠳᠭᠡᠭᠰᠡᠨ ᠬᠡᠮᠵᠢᠶ᠎ᠡ ᠨᠢ ᠳᠣᠰ ᠪᠦᠷᠢ 17.2% ᠪᠠ 42.5% ᠪᠠᠷ ᠦᠰᠴᠥ᠂ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ ᠨᠢ  36.1% ᠠᠴᠠ 96% ᠪᠣᠯᠵᠤ ᠦᠰᠥᠭᠰᠡᠨ ᠪᠠᠶᠢᠨ᠎ᠠ᠃ ᠠᠷᠠᠯᠵᠢᠶᠠᠴᠢᠳ ᠣᠷᠢᠵᠤ ᠪᠡᠯᠡ ᠣᠷᠣᠭᠤᠯᠣᠭᠰᠠᠨ ᠦᠷ᠎ᠡ ᠪᠦᠳᠦᠭᠡᠯ ᠮᠡᠳᠡᠭᠳᠡᠮ᠎ᠡ ᠪᠠᠶᠢᠵᠤ᠂ ᠤᠯᠤᠰ ᠤᠨ ᠳᠣᠳᠣᠭᠠᠳᠣ ᠭᠠᠳᠠᠭᠠᠳᠣ ᠠᠴᠠ ᠨᠡᠶᠢᠳᠡ 102.8 ᠳ᠋ᠦ᠋ᠩᠰᠢᠭᠤᠷ ᠳᠦᠭᠦᠷᠢᠭ ᠤᠨ ᠪᠡᠯᠡ ᠮᠥᠩᠭᠦ ᠪᠣᠰᠬᠠᠵᠤ᠂ ᠪᠣᠳᠠᠳᠠᠢ ᠬᠡᠷᠡᠭᠯᠡᠭᠰᠡᠨ ᠭᠠᠳᠠᠭᠠᠳᠤ ᠪᠡᠯᠡ ᠮᠥᠩᠭᠦᠨ ᠤ ᠬᠡᠮᠵᠢᠶ᠎ᠡ 4510 ᠲᠦᠮᠡᠨ ᠳ᠋ᠣᠯᠯᠠᠷ ᠪᠣᠯᠣᠭᠰᠠᠨ ᠪᠠᠶᠢᠨ᠎ᠠ᠃      ᠠᠴᠢᠶ᠎ᠠ ᠳᠡᠭᠡᠭᠡᠪᠦᠷᠢ ᠶᠢ ᠵᠣᠬᠢᠴᠠᠭᠤᠯᠬᠤ ᠪᠠ ᠳᠦᠪᠯᠡᠷᠡᠭᠦᠯᠥᠨ ᠳᠠᠷᠬᠠᠬᠤ ᠳᠠᠪᠠᠭᠤᠯᠢᠭ ᠲᠠᠯ᠎ᠠ᠃ ᠡᠷᠢᠶᠡᠨ ᠬᠤᠳᠠ ᠨᠢ ᠡᠸᠥ᠋ᠷᠦᠫᠡ ᠠᠴᠢᠶ᠎ᠠ ᠶᠢᠨ ᠡᠬᠡ ᠭᠠᠵᠠᠷ ᠤᠨ ︽ᠬᠦᠭᠦᠷᠭᠡᠨ ᠤ ᠪᠠᠬᠢᠯᠡᠯᠳᠡ︾ ᠪᠣᠯᠣᠭᠰᠠᠨ ᠤ ᠬᠤᠪᠢ ᠳᠤ ᠂ ᠵᠠᠰᠠᠮᠠᠯ ᠵᠠᠮ ᠪᠠ ᠲᠡᠮᠥᠷ ᠵᠠᠮ ᠤᠨ ᠪᠣᠭᠤᠮᠳᠠ ᠶᠢᠨ ᠵᠢᠯ ᠤᠨ ᠣᠷᠣᠭᠤᠯᠵᠤ ᠭᠠᠷᠭᠠᠬᠤ ᠬᠡᠮᠵᠢᠶ᠎ᠡ ᠨᠢ 1600 ᠲᠦᠮᠡᠨ ᠲᠣᠨ ᠳᠤ ᠬᠦᠷᠴᠥ ᠪᠣᠢ᠃ ᠲᠡᠷᠡ ᠨᠢ ᠳᠣᠮᠳᠠᠳᠣ ᠮᠣᠩᠭᠤᠯ ᠤᠨ ᠠᠷᠠᠯᠵᠢᠶ᠎ᠠ ᠬᠤᠳᠠᠯᠳᠣᠭᠠᠨ ᠤ 70%  ᠠᠴᠠ ᠳᠡᠭᠡᠭᠰᠢᠬᠢ ᠵᠥᠭᠡᠭᠡᠪᠦᠷᠢᠯᠡᠬᠦ ᠡᠭᠦᠷᠭᠡ ᠢ ᠳᠠᠭᠠᠭᠠᠵᠤ ᠪᠠᠶᠢᠬᠤ ᠪᠠᠷ ᠪᠠᠷᠠᠬᠤ ᠦᠭᠡᠢ᠂ ᠮᠥᠨᠴᠥ ᠳᠣᠮᠳᠠᠳᠣ ᠣᠷᠣᠰ᠂ ᠳᠣᠮᠳᠠᠳᠣ ᠡᠸᠦ᠋ᠷᠥᠫᠡ ᠶᠢᠨ ᠠᠷᠠᠯᠵᠢᠶ᠎ᠠ ᠬᠤᠳᠠᠯᠳᠣᠭᠠᠨ ᠤ ᠪᠣᠭᠤᠮᠳᠠ ᠳᠠᠮᠵᠢᠨ ᠬᠢᠯᠢ ᠠᠯᠣᠰᠯᠠᠨ ᠵᠦᠭᠡᠭᠡᠪᠦᠷᠢᠯᠡᠬᠦ ᠡᠭᠦᠷᠭᠡ ᠶᠢ ᠬᠦᠯᠢᠶᠡᠵᠥ ᠪᠤᠢ᠃ ᠡᠷᠢᠶᠡᠨ ᠬᠤᠳᠠ ᠶᠢᠨ ᠪᠣᠭᠤᠮᠳᠠ ᠶᠢᠨ ᠦᠢᠯᠡᠴᠢᠯᠡᠭᠡᠨ ᠤ ᠴᠢᠳᠠᠪᠬᠢ ᠪᠦᠷᠢᠨ ᠳᠡᠭᠦᠯᠳᠡᠷ ᠪᠠᠶᠢᠵᠤ᠂ ᠵᠠᠰᠠᠮᠠᠯ ᠵᠠᠮ ᠶᠢᠨ ᠪᠣᠭᠤᠮᠳᠠ ᠶᠢᠨ ᠬᠠᠮᠳᠣᠷᠠᠨ ᠪᠠᠶᠢᠴᠠᠭᠠᠬᠤ ᠭᠠᠷᠴᠠ᠂ ᠲᠡᠮᠦᠷ ᠵᠠᠮ ᠤᠨ H986 ᠨᠣᠮᠧᠷᠲᠣ ᠠᠴᠢᠶ᠎ᠠ ᠳᠡᠭᠡᠭᠡᠪᠦᠷᠢ ᠶᠢᠨ ᠸᠠᠭᠤᠨ ᠤ ᠪᠠᠶᠢᠴᠠᠭᠠᠨ ᠨᠡᠪᠳᠡᠷᠡᠭᠦᠯᠬᠦ ᠰᠢᠰᠲ᠋ᠧᠮ᠂ ᠪᠣᠭᠤᠮᠳᠠ ᠶᠢᠨ ᠡᠯᠧᠺᠲᠷᠣᠨ ᠮᠡᠳᠡᠭᠡ ᠵᠠᠩᠭᠢ ᠶᠢᠨ ᠳᠠᠪᠴᠠᠩ ᠵᠢᠴᠢ ᠳᠡᠯᠡᠭᠡᠢ ᠳᠡᠭᠡᠷᠡᠬᠢ ᠬᠠᠮᠤᠭ ᠳᠣᠮᠤ ᠬᠦᠷᠳᠥ ᠰᠣᠯᠢᠬᠤ ᠬᠥᠮᠥᠷᠭᠡ ᠵᠡᠷᠭᠡ ᠶᠢ ᠨᠢᠭᠡᠨᠳᠡ ᠪᠠᠶᠢᠭᠤᠯᠵᠤ᠂ ᠵᠠᠰᠠᠮᠠᠯ ᠵᠠᠮ ᠤᠨ ᠪᠣᠭᠤᠮᠳᠠ ᠶᠢᠨ ᠠᠴᠢᠶ᠎ᠠ ᠳᠡᠭᠡᠭᠡᠪᠦᠷᠢ ᠶᠢᠨ ᠰᠢᠨ᠎ᠡ ᠭᠠᠷᠴᠠ ᠪᠣᠯᠣᠨ ᠲᠡᠮᠦᠷ ᠵᠠᠮ ᠤᠨ ᠣᠯᠠᠨ ᠤᠯᠤᠰ ᠤᠨ ᠡᠳ᠋ ᠪᠠᠷᠠᠭᠠᠨ ᠤ ᠬᠦᠢᠯᠭᠡᠭᠡᠨ ᠤ ᠳᠦᠪ ᠶᠢ ᠳᠦᠯᠥᠪᠵᠢᠭᠦᠯᠥᠨ ᠪᠠᠶᠢᠭᠤᠯᠵᠤ ᠪᠣᠢ᠃ ᠵᠠᠰᠠᠮᠠᠯ ᠵᠠᠮ ᠤᠨ ᠪᠤᠭᠤᠮᠳᠠ ᠪᠠᠷ ᠭᠠᠷᠠᠭ ᠤᠨ 7 ᠬᠤᠨᠤᠭ ᠲᠤ ᠨᠡᠪᠳᠡᠷᠡᠬᠦ᠂ ᠲᠡᠮᠦᠷ ᠵᠠᠮ ᠤᠨ ᠪᠣᠭᠤᠮᠳᠠ ᠶᠢᠨ ᠵᠠᠷᠢᠮ ᠳᠣᠬᠠᠶᠢᠯᠠᠭᠰᠠᠨ ᠠᠵᠢᠯ ᠳᠤ 24 ᠴᠠᠭ ᠲᠤ ᠬᠢᠯᠢ ᠪᠠᠷ ᠨᠡᠪᠳᠡᠷᠡᠭᠦᠯᠬᠦ ᠦᠢᠯᠡᠴᠢᠯᠡᠭᠡ ᠬᠠᠩᠭᠠᠬᠤ ᠶᠢᠨ ᠬᠠᠮᠳᠤ ᠵᠢᠮᠢᠰ ᠢᠳᠡᠰᠢᠨ ᠨᠣᠭᠤᠭ᠎ᠠ᠂ ᠠᠮᠣ ᠳᠣᠰᠣ᠂ ᠬᠦᠨᠡᠰᠥᠨ ᠤ ᠪᠠᠷᠠᠭ᠎ᠠ ᠪᠦᠳᠦᠭᠡᠭᠳᠡᠭᠦᠨ ᠢ ᠭᠠᠳᠠᠭᠠᠳᠤ ᠳᠤ ᠭᠠᠷᠭᠠᠬᠤ ︽ᠨᠣᠭᠤᠭᠠᠨ ᠭᠠᠷᠴᠠ︾ ᠶᠢ ᠨᠡᠪᠳᠡᠷᠡᠭᠦᠯᠥᠭᠰᠡᠨ ᠪᠠᠶᠢᠨ᠎ᠠ᠃ ᠮᠣᠩᠭᠤᠯ ᠤᠯᠤᠰ ᠤᠨ ᠠᠭᠤᠯᠠ ᠠᠭᠤᠷᠬᠠᠢ ᠶᠢᠨ ᠨᠡᠭᠡᠭᠡᠨ ᠠᠰᠢᠭᠯᠠᠯᠳᠠ ᠣᠷᠢᠳ ᠬᠤᠵᠢᠳ ᠴᠥᠮ ᠣᠯᠪᠣᠷᠢᠯᠠᠯᠳᠠ  ᠶᠢᠨ ᠦᠶ᠎ᠡ ᠱᠠᠳᠣᠨ ᠳᠤ ᠰᠢᠯᠵᠢᠬᠦ ᠶᠢ ᠳᠠᠭᠠᠯᠳᠤᠨ᠂ ᠳᠡᠮᠥᠷ ᠤᠨ ᠬᠥᠳᠡᠷ᠂ ᠨᠡᠭᠦᠷᠡᠰᠥ᠂ ᠴᠢᠯᠠᠭᠤᠨ ᠳᠣᠰᠣ᠂ ᠴᠠᠶᠢᠷ ᠤᠨ ᠪᠠᠶᠠᠵᠢᠮᠠᠯ ᠵᠡᠷᠭᠡ ᠠᠭᠤᠯᠠ ᠠᠭᠤᠷᠬᠠᠢ ᠶᠢᠨ ᠭᠠᠷᠣᠯᠳᠠ ᠶᠢᠨ ᠭᠠᠳᠠᠭᠠᠳᠤ ᠠᠴᠠ ᠣᠷᠣᠭᠤᠯᠬᠤ ᠬᠡᠮᠵᠢᠶ᠎ᠡ ᠦᠳᠭᠡᠷ ᠨᠡᠮᠡᠭᠳᠡᠵᠥ᠂ ᠣᠶᠢᠷ᠎ᠠ ᠶᠢᠨ 2 ᠠᠴᠠ3 ᠵᠢᠯ ᠤᠨ ᠳᠣᠳᠣᠷ᠎ᠠ ᠰᠢᠨ᠎ᠡ ᠲᠦᠷᠦᠯ ᠤᠨ ᠥᠷᠭᠡᠨ ᠬᠡᠷᠡᠭᠯᠡᠭᠡᠨ ᠤ ᠭᠠᠳᠠᠭᠠᠳᠤ ᠪᠠᠷᠠᠭ᠎ᠠ ᠲᠠᠸᠠᠷ ᠪᠣᠯᠬᠤ ᠪᠣᠯᠣᠮᠵᠢᠳᠠᠢ︔ ᠭᠠᠳᠠᠭᠠᠳᠤ ᠳᠤ ᠭᠠᠷᠭᠠᠬᠤ ᠳᠠᠯ᠎ᠠ ᠪᠠᠷ᠂ ᠵᠢᠯ ᠪᠦᠷᠢ  ᠵᠠᠭᠤᠭᠠᠳ ᠳᠦᠮᠡᠨ ᠳᠤᠨ ᠪᠠᠷᠢᠯᠭ᠎ᠠ ᠶᠢᠨ ᠮᠠᠲ᠋ᠧᠷᠢᠶᠠᠯ᠂ 20 ᠭᠠᠷᠤᠢ ᠳᠦᠮᠡᠨ ᠳᠣᠨ ᠬᠦᠨᠡᠰᠥᠨ ᠤ ᠪᠠᠷᠠᠭ᠎ᠠ ᠪᠦᠳᠦᠭᠡᠭᠳᠡᠭᠦᠨ᠂10 ᠭᠠᠷᠤᠢ ᠳᠦᠮᠡᠨ ᠰᠠᠭᠤᠷᠢ ᠴᠠᠬᠢᠯᠭᠠᠨ ᠮᠧᠬᠠᠨᠢᠭ ᠢ ᠭᠠᠳᠠᠭᠠᠳᠤ ᠳᠤ ᠭᠠᠷᠭᠠᠪᠠ᠃       ᠳᠦᠷᠦ ᠶᠢᠨ ᠪᠣᠳᠣᠯᠭ᠎ᠠ ᠪᠣᠯᠣᠨ ᠰᠠᠭᠤᠷᠢ ᠳᠦᠬᠦᠭᠡᠷᠥᠮᠵᠢ ᠶᠢᠨ ᠳᠠᠪᠠᠭᠤᠯᠢᠭ ᠳᠠᠯ᠎ᠠ᠃ ᠡᠷᠢᠶᠡᠨ ᠬᠤᠳᠠ ᠨᠢ ᠤᠯᠤᠰ ᠤᠨ ᠬᠢᠯᠢ ᠳᠠᠭᠠᠤ ᠣᠷᠣᠨ ᠢ ᠨᠡᠭᠡᠭᠡᠯᠳᠡᠢ ᠬᠦᠭᠵᠢᠭᠦᠯᠬᠦ᠂ ᠪᠠᠷᠠᠭᠤᠨ ᠪᠦᠰᠡ ᠨᠣᠳᠤᠭ ᠢ ᠶᠡᠬᠡᠪᠡᠷ ᠬᠥᠭᠵᠢᠭᠦᠯᠬᠦ᠂ ᠵᠡᠭᠦᠨ ᠬᠤᠶᠢᠳᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠰᠡᠷᠭᠦᠭᠡᠨ ᠬᠦᠭᠵᠢᠭᠦᠯᠬᠦ ᠵᠢᠴᠢ ᠬᠢᠯᠢ ᠶᠢ ᠬᠦᠭᠵᠢᠭᠦᠯᠵᠥ ᠠᠷᠠᠳ ᠢ ᠪᠠᠶᠠᠵᠢᠭᠤᠯᠬᠤ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠡᠳ᠋ᠯᠡᠵᠥ᠂ ᠮᠣᠳᠣᠨ ᠮᠠᠲ᠋ᠧᠷᠢᠶᠠᠯ ᠪᠣᠯᠪᠠᠰᠣᠷᠠᠭᠤᠯᠬᠤ ᠠᠵᠤ ᠠᠬᠤᠶᠢᠯᠠᠯ ᠨᠢ ᠭᠠᠳᠠᠭᠠᠳᠤ ᠠᠴᠠ ᠣᠷᠣᠭᠤᠯᠤᠭᠰᠠᠨ ᠳᠦᠭᠦᠭᠡᠢ ᠮᠣᠳᠣ ᠶᠢᠨ ᠪᠣᠯᠪᠠᠰᠣᠷᠠᠭᠤᠯᠤᠭᠰᠠᠨ ᠡᠷᠦᠳᠡᠰᠥ ᠶᠢ ᠳᠠᠬᠢᠨ ᠭᠠᠳᠠᠭᠠᠳᠤ ᠳᠤ ᠭᠠᠷᠭᠠᠬᠤ ᠬᠥᠩᠭᠡᠯᠡᠯᠳᠡ ᠲᠠᠢ ᠲᠦᠷᠥ ᠶᠢᠨ ᠪᠣᠳᠣᠯᠭ᠎ᠠ ᠶᠢ ᠡᠳ᠋ᠯᠡᠵᠥ᠂ ᠣᠯᠣᠰ ᠤᠨ ᠳᠡᠰ ᠤᠨ ᠬᠢᠯᠢ  ᠶᠢᠨ ᠠᠵᠤ ᠠᠬᠤᠢ ᠶᠢᠨ ᠬᠠᠮᠳᠤ ᠶᠢᠨ ᠠᠵᠢᠯᠯᠠᠭᠠᠨ ᠤ ᠪᠦᠰᠡ ᠪᠠᠶᠢᠭᠤᠯᠤᠭᠳᠠᠵᠠᠢ᠃ 2008 ᠣᠨ ᠳᠤ ︽ᠡᠷᠢᠶᠡᠨ ᠬᠤᠳᠠ ᠶᠢᠨ ᠭᠡᠷ ᠬᠥᠷᠥᠩᠭᠡ ᠶᠢ ᠨᠡᠭᠡᠭᠡᠨ ᠭᠦᠭᠵᠢᠭᠦᠯᠬᠦ ᠬᠥᠩᠭᠡᠯᠡᠯᠳᠡ ᠲᠠᠢ ᠲᠥᠷᠥ ᠶᠢᠨ ᠪᠣᠳᠣᠯᠭ᠎ᠠ ︵ᠳᠣᠷᠰᠢᠨ ᠬᠡᠷᠡᠭᠵᠢᠭᠦᠯᠬᠦ︶︾᠂ ︽ᠡᠷᠢᠶᠡᠨ ᠬᠤᠳᠠ ᠶᠢᠨ ᠪᠣᠭᠤᠮᠳᠠ ᠶᠢᠨ ᠪᠣᠯᠪᠠᠰᠣᠷᠠᠭᠤᠯᠬᠤ ᠠᠵᠤ ᠦᠢᠯᠡᠳᠪᠦᠷᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠥᠩᠭᠡᠯᠡᠯᠳᠡ ᠲᠠᠢ ᠳᠦᠷᠥ ᠶᠢᠨ ᠪᠣᠳᠣᠯᠭ᠎ᠠ ︵ᠳᠣᠷᠰᠢᠨ ᠬᠡᠷᠡᠭᠵᠢᠭᠦᠯᠬᠦ︶︾ ᠵᠢᠴᠢ ︽ᠡᠷᠢᠶᠡᠨ ᠬᠤᠳᠠ ᠶᠢᠨ ᠠᠷᠠᠯᠵᠢᠶᠠᠨ ᠤ ᠠᠷᠭ᠎ᠠ ᠪᠠᠷᠢᠯ ᠢ ᠬᠤᠪᠢᠷᠠᠭᠤᠯᠬᠤ ᠶᠢ ᠭᠦᠬᠢᠭᠦᠯᠥᠨ ᠳᠡᠮᠵᠢᠵᠤ ᠬᠢᠯᠢ ᠬᠢᠵᠠᠭᠠᠷ ᠤᠨ ᠪᠠᠭ᠎ᠠ ᠬᠡᠮᠵᠢᠶᠡᠨ ᠤ ᠠᠷᠠᠯᠵᠢᠶ᠎ᠠ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠬᠤ ᠬᠥᠩᠭᠡᠯᠡᠯᠳᠡ ᠲᠠᠢ ᠲᠦᠷᠦ ᠶᠢᠨ ᠪᠣᠳᠣᠯᠭ᠎ᠠ ︵ᠳᠣᠷᠰᠢᠨ ᠬᠡᠷᠡᠭᠵᠢᠭᠦᠯᠬᠦ︶︾ ᠵᠡᠷᠭᠡ ᠭᠤᠷᠪᠠᠨ ᠲᠦᠷᠦᠯ ᠤᠨ ᠭᠠᠵᠠᠷ ᠣᠷᠣᠨ ᠤ ᠴᠢᠨᠠᠷᠳᠠᠢ ᠬᠥᠩᠭᠡᠯᠡᠯᠳᠡ ᠲᠠᠢ ᠳᠦᠷᠥ ᠶᠢᠨ ᠪᠣᠳᠣᠯᠭ᠎ᠠ ᠶᠢ ᠨᠡᠶᠢᠳᠡᠯᠡᠵᠥ᠂ ᠪᠣᠰᠣᠳ ᠬᠦᠨᠳᠥ ᠴᠢᠬᠤᠯᠠ ᠬᠡᠷᠡᠭ ᠣᠴᠢᠷ  ᠢ ᠳᠣᠬᠠᠢ ᠬᠡᠷᠡᠭ ᠲᠤᠨᠢ ᠬᠤᠯᠪᠤᠭᠳᠠᠭᠤᠯᠤᠨ ᠨᠢᠭᠡ ᠤᠴᠢᠷ ᠢ ᠨᠢᠭᠡ ᠵᠥᠪᠯᠡᠵᠥ᠂ ᠣᠨᠴᠠᠭᠠᠢ ᠤᠴᠢᠷ ᠢ ᠳᠣᠰᠬᠠᠢ ᠰᠢᠢᠳᠪᠦᠷᠢᠯᠡᠨ᠎ᠡ᠃ ᠡᠷᠢᠶᠡᠨ ᠬᠤᠳᠠ ᠶᠢᠨ ᠰᠠᠭᠤᠷᠢ ᠳᠦᠭᠦᠭᠡᠷᠥᠮᠵᠢ ᠨᠡᠯᠢᠶᠡᠳ ᠪᠦᠷᠢᠨ ᠳᠦᠭᠦᠷ᠃ ᠡᠳᠦᠷ ᠪᠦᠷᠢ  ᠶᠢᠨ ᠣᠰᠣ ᠬᠠᠩᠭᠠᠬᠤ ᠭᠦᠴᠦᠨ ᠴᠢᠳᠠᠯ ᠨᠢ 4 ᠲᠦᠮᠡᠨ ᠳᠣᠨ ᠪᠠᠶᠢᠵᠤ᠂ ᠠᠮᠢᠳᠣᠷᠠᠯ ᠪᠣᠯᠣᠨ ᠦᠢᠯᠡᠳᠪᠦᠷᠢᠯᠡᠯ ᠤᠨ ᠬᠡᠷᠡᠭᠰᠡᠬᠦ ᠣᠰᠣ ᠶᠢ ᠪᠦᠷᠢᠮᠥᠰᠥᠨ ᠬᠠᠩᠭᠠᠵᠤ ᠴᠢᠳᠠᠳᠠᠭ᠃ ᠬᠤᠶᠠᠷ ᠵᠣᠷᠪᠣᠰ 110 ᠺᠢᠯᠣᠸᠠᠲ ᠶᠢᠨ ᠴᠠᠬᠢᠯᠭᠠᠨ ᠳᠠᠮᠵᠢᠭᠤᠯᠬᠤ ᠤᠳᠠᠰᠤ᠂ ᠨᠢᠭᠡ ᠰᠠᠭᠤᠷᠢ 110 ᠺᠢᠯᠣᠸᠣᠯᠲ ᠴᠠᠬᠢᠯᠭᠠᠨ ᠬᠦᠴᠦᠳᠡᠯ ᠬᠤᠪᠢᠰᠬᠠᠬᠤ ᠦᠷᠳᠡᠭᠡ᠂ 3 ᠰᠠᠭᠤᠷᠢ 35 ᠺᠢᠯᠤᠸᠠᠲ ᠶᠢᠨ ᠴᠠᠬᠢᠯᠭᠠᠨ ᠳᠠᠮᠵᠢᠭᠤᠯᠵᠤ ᠬᠤᠪᠢᠰᠬᠠᠬᠤ ᠦᠷᠳᠡᠭᠡ ᠵᠢᠴᠢ ᠶᠠᠭ ᠤᠳᠤ ᠪᠠᠶᠢᠭᠤᠯᠤᠭᠳᠠᠵᠤ ᠪᠠᠶᠢᠭ᠎ᠠ 220 ᠺᠢᠯᠤᠸᠠᠲ ᠶᠢᠨ ᠴᠠᠬᠢᠯᠭᠠᠨ ᠳᠠᠮᠵᠢᠭᠤᠯᠵᠤ ᠬᠤᠪᠢᠰᠬᠠᠬᠤ ᠦᠷᠳᠡᠭᠡ ᠲᠠᠢ ᠪᠠᠶᠢᠵᠤ ᠂ ᠴᠠᠬᠢᠯᠭᠠᠨ ᠬᠦᠴᠦᠨ ᠤ ᠬᠠᠩᠭᠠᠯᠭ᠎ᠠ ᠰᠠᠶᠢᠳᠠᠢ᠂ ᠦᠨ᠎ᠡ ᠨᠢ ᠬᠢᠮᠳᠠᠬᠠᠨ᠃ ᠰᠠᠭᠤᠳᠠᠯ ᠤᠳᠠᠰᠤ᠂ ᠭᠠᠷ ᠤᠳᠠᠰᠤ᠂ ᠹᠠᠺᠰ ᠵᠠᠬᠢᠳᠠᠯ ᠨᠡᠪᠳᠡᠷᠡᠯᠴᠡᠭᠡ᠂ ᠢᠨᠲ᠋ᠧᠷᠨᠧᠲ ᠰᠦᠯᠵᠢᠶ᠎ᠡ᠂ ᠦᠷᠭᠡᠨ ᠵᠣᠷᠪᠣᠰ ᠤᠨ ᠰᠦᠯᠵᠢᠶ᠎ᠡ ᠵᠡᠷᠭᠡ ᠨᠡᠶᠢᠳᠡ ᠶᠢᠨ ᠬᠡᠷᠡᠭᠯᠡᠭᠡᠨ ᠤ ᠳ᠋ᠠᠶᠢᠲ᠋ᠠ ᠶᠢᠨ ᠬᠤᠯᠪᠣᠭᠠᠨ ᠤ ᠦᠢᠯᠡᠰ ᠭᠦᠭᠵᠢᠨ ᠳᠡᠭᠦᠯᠳᠡᠷᠵᠢᠵᠥ᠂ ᠪᠦᠬᠦ ᠪᠥᠮᠪᠦᠷᠴᠡᠭ ᠤᠨ ᠴᠠᠭᠢᠯᠭᠠᠨ ᠬᠤᠯᠪᠣᠭᠠᠨ ᠤ ᠦᠢᠯᠡᠴᠢᠯᠡᠭᠡ ᠶᠢ ᠬᠠᠩᠭᠠᠨ ᠠᠵᠢᠯᠯᠠᠵᠤ ᠪᠣᠢ᠃    ᠠᠵᠤ ᠦᠢᠯᠡᠳᠪᠦᠷᠢ ᠪᠣᠯᠣᠨ ᠵᠠᠬ᠎ᠠ ᠳᠡᠯᠭᠡᠭᠦᠷ ᠤᠨ ᠳᠠᠪᠠᠭᠤᠯᠢᠭ ᠨᠦᠭᠦᠴᠡᠯ᠃ ᠡᠷᠢᠶᠡᠨ ᠬᠤᠳᠠ ᠲᠠᠢ ᠡᠰᠷᠭᠦ ᠬᠠᠷᠠᠭᠤᠯᠳᠠᠬᠤ ᠮᠣᠩᠭᠤᠯ᠂ ᠣᠷᠣᠰ ᠨᠢ ᠭᠠᠵᠠᠷ ᠠᠭᠤᠳᠠᠮ ᠬᠦᠮᠥᠨ ᠰᠡᠶᠢᠷᠡᠭ᠂ ᠡᠬᠢ ᠪᠠᠶᠠᠯᠢᠭ ᠪᠠᠶᠠᠨ ᠳᠠᠩᠰᠤᠭ  ᠢᠶᠠᠷ ᠢᠶᠠᠨ ︽ᠬᠤᠷᠢᠨ ᠨᠢᠭᠡᠳᠦᠭᠡᠷ ᠵᠠᠭᠤᠨ ᠤ ᠬᠦᠮᠥᠨ ᠳᠦᠷᠥᠯᠬᠢᠳᠡᠨ ᠤ ᠪᠠᠶᠢᠭᠠᠯᠢ ᠶᠢᠨ ᠡᠬᠢ ᠪᠠᠶᠠᠯᠢᠭ ᠤᠨ ᠡᠷᠳᠡᠨᠢᠰ ᠤᠨ ᠰᠠᠩ︾ ᠬᠡᠮᠡᠨ ᠠᠯᠳᠠᠷᠰᠢᠭᠰᠠᠨ᠃ ᠮᠣᠩᠭᠤᠯ ᠤᠯᠤᠰ ᠤᠨ ᠮᠠᠯ ᠤᠨ ᠠᠰᠢᠭ ᠰᠢᠮ᠎ᠡ ᠪᠣᠯᠣᠨ ᠠᠭᠤᠷᠬᠠᠢ ᠶᠢᠨ ᠡᠬᠢ ᠪᠠᠶᠠᠯᠢᠭ ᠦᠨᠢᠷ ᠪᠠᠶᠠᠨ᠂ ᠣᠳᠣᠬᠠᠨ ᠳᠤ ᠣᠯᠳᠠᠭᠳᠠᠭᠠᠳ ᠪᠣᠢ ᠠᠭᠤᠷᠬᠠᠢ ᠶᠢᠨ ᠭᠠᠷᠤᠯᠳᠠ 80 ᠭᠠᠷᠤᠢ ᠲᠥᠷᠥᠯ᠂ ᠢᠯᠡᠷᠡᠭᠦᠯᠥᠭᠰᠡᠨ ᠠᠭᠤᠷᠬᠠᠢ ᠶᠢᠨ ᠣᠷᠳᠤ 3000 ᠣᠷᠴᠢᠮ ᠪᠠᠶᠢᠳᠠᠭ︔ ᠣᠷᠣᠰ ᠣᠯᠣᠰ  ᠨᠢ ᠮᠥᠨᠴᠤ ᠣᠢ ᠰᠢᠭᠤᠢ ᠶᠢᠨ ᠡᠬᠢ ᠪᠠᠶᠠᠯᠢᠭ ᠢᠶᠠᠷ ᠢᠶᠠᠨ ᠳᠡᠯᠡᠬᠡᠢ ᠶᠢᠨ ᠨᠢᠭᠡᠳᠦᠭᠡᠷ ᠳᠤ ᠵᠢᠭᠰᠠᠭᠳᠠᠳᠠᠭ᠃ ᠡᠷᠢᠶᠡᠨ ᠪᠣᠭᠤᠮᠳᠠ ᠪᠠᠷ ᠵᠢᠯ ᠪᠦᠷᠢ ᠶᠡᠭᠡ ᠬᠡᠮᠵᠢᠶᠡᠨ ᠤ ᠮᠣᠳᠣᠨ ᠮᠠᠲ᠋ᠧᠷᠢᠶᠠᠯ ᠪᠠ ᠠᠭᠤᠷᠬᠠᠢ ᠶᠢᠨ ᠭᠠᠷᠣᠯᠳᠠ ᠵᠡᠷᠭᠡ ᠴᠢᠬᠤᠯᠠ ᠪᠠᠶᠢᠯᠳᠤᠬᠤ ᠪᠤᠳᠤᠯᠭ᠎ᠠ ᠶᠢᠨ ᠡᠳ᠋ ᠪᠣᠳᠠᠰ ᠳᠠᠮᠵᠢᠨ ᠦᠩᠭᠡᠷᠡᠳᠡᠭ᠃ ᠡᠳᠡᠭᠡᠷ ᠭᠠᠳᠠᠭᠠᠳᠤ ᠠᠴᠠ ᠣᠷᠣᠭᠤᠯᠣᠭᠰᠠᠨ ᠦᠯᠡᠮᠵᠢ ᠶᠡᠭᠡ ᠡᠬᠢ ᠪᠠᠶᠠᠯᠢᠭ ᠢᠶᠠᠨ ᠠᠰᠢᠭᠯᠠᠨ᠂ ᠮᠣᠳᠣᠨ ᠮᠠᠲ᠋ᠧᠷᠢᠶᠠᠯ ᠤᠨ ᠪᠣᠯᠪᠠᠰᠣᠷᠠᠭᠤᠯᠤᠯᠳᠠ ᠂ ᠠᠭᠤᠷᠬᠠᠢ ᠶᠢᠨ ᠪᠦᠳᠦᠭᠡᠭᠳᠡᠭᠦᠨ ᠤ ᠠᠩᠬ᠎ᠠ ᠰᠢᠯᠢᠨ ᠪᠣᠯᠪᠠᠰᠣᠷᠠᠭᠤᠯᠣᠯᠳᠠ᠂ ᠮᠠᠯ ᠤᠨ ᠠᠰᠢᠭ ᠰᠢᠮ᠎ᠡ ᠶᠢᠨ ᠡᠳ᠋ᠰᠢᠭᠦᠯᠥᠯᠳᠡ᠂ ᠡᠨᠧᠷᠭᠢ ᠶᠢᠨ ᠰᠣᠷᠪᠣᠯᠵᠢ ᠶᠢᠨ ᠶᠡᠷᠥᠩᠭᠡᠢ ᠠᠰᠢᠭᠯᠠᠯᠳᠠ ᠵᠡᠷᠭᠡ ᠣᠨᠴᠠᠯᠢᠭᠲᠤ ᠠᠵᠤ ᠦᠢᠯᠡᠰ ᠤᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠎ᠠ᠃ ᠡᠷᠢᠶᠡᠨ ᠬᠤᠳᠠ ᠨᠢ ᠮᠣᠩᠭᠤᠯ ᠣᠷᠣᠰ ᠵᠢᠴᠢ ᠡᠸᠥ᠋ᠷᠤᠫᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠬᠠᠨᠳᠣᠳᠠᠭ᠃ ᠡᠭᠦᠨ ᠳᠤ ᠮᠣᠩᠭᠤᠯ ᠤᠯᠤᠰ ᠤᠨ 70% ᠠᠴᠠ ᠳᠡᠭᠡᠭᠰᠢᠬᠢ ᠠᠮᠢᠳᠣᠷᠠᠯ ᠤᠨ ᠬᠡᠷᠡᠭᠯᠡᠭᠡᠨ ᠤ ᠪᠣᠳᠠᠰ ᠨᠢ ᠡᠷᠢᠶᠡᠨ ᠪᠣᠭᠤᠮᠳᠠ ᠪᠠᠷ ᠵᠦᠭᠡᠭᠡᠪᠦᠷᠢᠯᠡᠭᠳᠡᠨ ᠣᠷᠣᠵᠤ᠂ ᠮᠠᠨ ᠤ ᠤᠯᠤᠰ  ᠤᠨ ᠳᠣᠳᠤᠭᠠᠳᠤ ᠶᠢᠨ ᠶᠡᠭᠡ ᠬᠡᠮᠵᠢᠶᠡᠨ ᠤ ᠪᠠᠷᠢᠯᠭ᠎ᠠ ᠶᠢᠨ ᠮᠠᠲ᠋ᠧᠷᠢᠶᠠᠯ᠂ ᠮᠧᠬᠠᠨᠢᠭ ᠪᠦᠳᠦᠭᠡᠭᠳᠡᠭᠦᠨ᠂ ᠬᠤᠪᠴᠠᠰᠤ ᠬᠤᠨᠠᠷ ᠵᠢᠴᠢ ᠬᠦᠨᠡᠰᠥᠨ ᠤ ᠪᠠᠷᠠᠭ᠎ᠠ ᠪᠦᠳᠦᠭᠡᠭᠳᠡᠭᠦᠨ ᠨᠢ ᠮᠥᠨᠴᠥ ᠡᠷᠢᠶᠡᠨ ᠪᠣᠭᠤᠮᠳᠠ ᠪᠠᠷ ᠳᠠᠮᠵᠢᠨ ᠮᠣᠩᠭᠤᠯ ᠪᠣᠯᠣᠨ ᠣᠷᠣᠰ ᠤᠨ ᠰᠢᠪᠧᠷᠢᠶ᠎ᠠ ᠶᠢᠨ ᠭᠠᠵᠠᠷ ᠣᠷᠣᠨ ᠨᠤᠭᠤᠳ ᠲᠤ ᠵᠥᠭᠡᠭᠡᠪᠦᠷᠢᠯᠡᠭᠳᠡᠨ ᠬᠦᠷᠴᠤ᠂ ᠵᠠᠷᠢᠮ ᠪᠦᠳᠦᠭᠡᠭᠳᠡᠭᠦᠨ ᠨᠢ ᠨᠡᠩ ᠠᠯᠣᠰ ᠳᠡᠷᠳᠡᠭᠡ ᠡᠸᠥ᠋ᠷᠦᠫᠡ ᠶᠢᠨ ᠵᠠᠬ᠎ᠠ ᠳᠡᠯᠭᠡᠭᠦᠷ ᠨᠦᠭᠦᠳ ᠲᠤ ᠪᠣᠷᠣᠯᠠᠭᠤᠯᠤᠭᠳᠠᠵᠤ ᠪᠤᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号