ᠦᠪᠡᠷᠳᠡᠬᠡᠨ ᠵᠠᠰᠠᠬᠤ ᠣᠷᠣᠨ ᠤ ︽ᠳᠠᠯ᠎ᠠ ᠨᠣᠳᠤᠭ ᠤᠨ ᠰᠣᠷᠣᠯᠴᠠᠯᠭ᠎ᠠ ᠶᠢᠨ ᠬᠦᠩᠬᠡᠨ ᠮᠣᠷᠢᠳᠦ ᠴᠡᠷᠢᠭ︾ ᠣᠠᠬᠠᠭᠤᠯᠣᠨ ᠳᠠᠶᠢᠯᠪᠣᠷᠢᠯᠠᠬᠤ ᠪᠦᠯᠬᠦᠮ ᠤᠨ ᠬᠡᠰᠢᠬᠦᠨ ᠮᠠᠨ ᠤ ᠬᠤᠲᠠ ᠳᠤ ᠢᠷᠡᠵᠦ ᠪᠦᠬᠦ ᠣᠯᠣᠰ ᠤᠨ ︽ᠬᠤᠶᠠᠷ ᠬᠤᠷᠠᠯ ︾  ᠤᠨ  ᠵᠣᠷᠢᠭ ᠰᠠᠨᠠᠭ᠎ᠠ ᠶᠢ  ᠣᠬᠠᠭᠤᠯᠣᠨ ᠳᠠᠶᠢᠯᠪᠣᠷᠢᠯᠠᠪᠠ
ᠨᠡᠶᠢᠲᠡᠯᠡᠭᠰᠡᠨ ᠴᠠᠭ᠄
2018/4/10
          ᠪᠦᠬᠦ ᠣᠯᠣᠰ ᠤᠨ ᠣᠯᠣᠰ ᠲᠦᠷᠦ ᠶᠢᠨ ᠵᠦᠪᠯᠡᠯᠭᠡᠨ ᠤ ᠬᠡᠰᠢᠬᠦᠨ᠂ ᠰᠦᠨᠢᠳ  ᠪᠠᠷᠠᠭᠤᠨ ᠬᠤᠰᠢᠭᠤᠨ ᠤ ᠣᠯᠠᠭᠠᠨᠮᠦ᠋ᠴᠢᠷ ᠤᠨ ᠬᠡᠰᠢᠬᠦᠨ ᠬᠠᠰᠳᠠᠨ᠎ᠠ ︽ ᠳᠠᠯ᠎ᠠ ᠨᠣᠳᠤᠭ ᠤᠨ ᠰᠣᠷᠣᠯᠴᠠᠯᠭ᠎ᠠ ᠶᠢᠨ ᠬᠦᠩᠬᠡᠨ ᠮᠣᠷᠢᠳᠦ ᠴᠡᠷᠢᠭ︾ ᠦᠪᠣᠷ ᠮᠣᠩᠭᠤᠯ  ᠤᠨ  ᠣᠬᠠᠭᠤᠯᠣᠨ ᠳᠠᠶᠢᠯᠪᠣᠷᠢᠯᠠᠬᠤ ᠪᠦᠯᠬᠦᠮ ᠤᠨ ᠰᠢᠯᠢ ᠶᠢᠨ ᠭᠤᠣᠯ ᠠᠶᠢᠮᠠᠭ  ᠲᠠᠬᠢ ᠰᠠᠯᠪᠣᠷᠢ ᠳᠣᠭᠤᠶᠢᠯᠠᠩ ᠤᠨ ᠬᠡᠰᠢᠬᠦᠨ ᠪᠣᠯᠣᠭᠰᠠᠨ ᠤ ᠬᠤᠪᠢ ᠳᠤ᠂ ᠪᠦᠬᠦ ᠠᠶᠢᠮᠠᠭ ᠤᠨ ᠡᠯ᠎ᠡ ᠭᠠᠵᠠᠷ ᠢᠶᠠᠷ ᠳᠣᠭᠤᠷᠢᠨ ᠶᠠᠭᠠᠷᠠᠯᠳᠠᠢ ᠪᠠᠷ ᠪᠦᠬᠦ ᠣᠯᠣᠰ ᠤᠨ ︽ ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠣᠬᠠᠭᠤᠯᠣᠨ ᠳᠠᠶᠢᠯᠪᠣᠷᠢᠯᠠᠵᠣ ᠶᠠᠪᠣᠨ᠎ᠠ᠃ 4 ᠰᠠᠷ᠎ᠠ ᠶᠢᠨ 3 ᠤ ᠡᠳᠦᠷ᠂ ᠳᠡᠳᠡᠨ ᠤ ᠳᠣᠭᠤᠶᠢᠯᠠᠩ ᠮᠠᠨ ᠤ ᠬᠤᠲᠠ ᠳᠤ ᠢᠷᠡᠵᠦ ᠴᠠᠬᠢᠯᠭᠠᠨ ᠬᠠᠩᠭᠠᠬᠤ ᠳᠣᠪᠴᠢᠶ᠎ᠠ᠂ ᠦᠪᠣᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠡᠷᠢᠶᠡᠨ ᠬᠤᠲᠠ ᠶᠢᠨ ᠣᠯᠠᠨ ᠣᠯᠣᠰ ᠤᠨ ᠶᠡᠭᠡ ᠰᠣᠷᠭᠠᠭᠤᠯᠢ ᠳᠤ ᠬᠦᠨᠵᠡᠬᠡᠶᠢᠷᠡᠵᠦ᠂ ᠣᠠᠬᠠᠭᠤᠯᠣᠨ ᠳᠠᠶᠢᠯᠪᠣᠷᠢᠯᠠᠬᠤ ᠠᠵᠢᠯᠯᠠᠭ᠎ᠠ ᠦᠷᠨᠢᠭᠦᠯᠵᠣ᠂ ᠪᠦᠬᠦ ᠣᠯᠣᠰ ᠤᠨ ︽ ᠬᠤᠶᠠᠷ ᠬᠤᠷᠠᠯ ︾  ᠤᠨ ᠰᠠᠶᠢᠨ ᠳᠦᠷᠦ ᠶᠢᠨ ᠪᠣᠳᠣᠯᠭ᠎ᠠ  ᠪᠠ ᠴᠢᠮᠡᠭᠡ ᠵᠠᠩᠬᠢ ᠶᠢ ᠦᠨᠳᠣᠰᠣᠨ ᠱᠠᠳᠣᠨ ᠳᠤ ᠳᠠᠮᠵᠢᠭᠤᠯᠪᠠ᠃
          ᠬᠠᠰᠳᠠᠨ᠎ᠠ ᠣᠬᠠᠭᠤᠯᠭ᠎ᠠ ᠳᠠᠶᠢᠯᠣᠮᠵᠢ ᠬᠢᠵᠣ ᠪᠠᠶᠢᠭ᠎ᠠ           ᠬᠠᠰᠳᠠᠨ᠎ᠠ ᠡᠷᠢᠶᠡᠨ ᠬᠤᠲᠠ ᠶᠢᠨ ᠴᠠᠬᠢᠯᠭᠠᠨ ᠬᠠᠩᠭᠠᠬᠤ  ᠳᠣᠪᠴᠢᠶᠠᠨ ᠳᠤ  ᠬᠦᠷᠦᠬᠡᠳ᠂  ᠰᠢ ᠶᠢᠨ ᠫᠢᠩ ᠶᠡᠷᠦᠩᠬᠡᠢ  ᠱᠦᠵᠢ ᠶᠢᠨ ︽ ᠬᠤᠶᠠᠷ ᠬᠤᠷᠠᠯ︾  ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠭᠤᠣᠯᠳᠠᠯᠭ᠎ᠠ ᠪᠣᠯᠭᠠᠵᠦ᠂ ᠪᠦᠬᠦ ᠣᠯᠣᠰ ᠤᠨ  ︽ ᠬᠤᠶᠠᠷ ᠬᠤᠷᠠᠯ ︾ ᠤᠨ  ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠣᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠳᠤ ᠴᠢᠩᠭᠠᠳᠬᠠᠭᠰᠠᠨ ᠦᠨᠳᠣᠰᠣᠳᠡᠨ ᠤ ᠪᠦᠯᠬᠦᠮᠳᠡᠯ ᠂ ᠰᠠᠬᠢᠨ ᠪᠠᠷᠠᠯᠠᠵᠣ  ᠬᠠᠷᠢᠯᠴᠠᠨ  ᠬᠠᠪᠰᠣᠷᠣᠯᠴᠠᠬᠤ᠂ ᠶᠠᠳᠠᠭᠤ ᠶᠢ ᠳᠡᠳᠬᠦᠬᠦ ᠵᠡᠷᠭᠡ ᠠᠭᠤᠯᠭ᠎ᠠ ᠶᠢᠨ ᠳᠣᠭᠤᠷᠢᠨ ᠳᠤ ᠪᠦᠬᠦ ᠳᠠᠯ᠎ᠠ ᠪᠠᠷ ᠰᠢᠰᠲ᠋ᠧᠮ ᠲᠠᠢ ᠳᠣᠭᠠᠴᠢᠨ ᠳᠠᠶᠢᠯᠪᠣᠷᠢᠯᠠᠵᠦ᠂ ᠣᠯᠠᠨ ᠤ ᠰᠣᠷᠣᠯᠴᠠᠬᠤ ᠢᠳᠡᠪᠬᠢᠵᠢᠯ ᠢ ᠳᠠᠶᠢᠴᠢᠯᠠᠨ᠂ ︽ ᠬᠤᠶᠠᠷ  ᠬᠤᠷᠠᠯ︾ ᠤᠨ ᠠᠭᠤᠯᠭ᠎ᠠ ᠶᠢ ᠵᠢᠷᠦᠬᠡ ᠰᠡᠳᠬᠢᠯ ᠳᠤ ᠬᠠᠳᠠᠩᠰᠢᠭᠤᠯᠪᠠ᠃            ᠣᠬᠠᠭᠤᠯᠭ᠎ᠠ ᠳᠠᠶᠢᠯᠣᠮᠵᠢ ᠨᠢ ᠣᠷᠣᠯᠴᠠᠭᠰᠠᠨ ᠪᠦᠬᠦ ᠬᠦᠮᠦᠰ ᠲᠤ ᠰᠢ ᠶᠢᠨ ᠫᠢᠩ ᠶᠠᠷᠦᠩᠬᠡᠢ ᠱᠦᠵᠢ ᠶᠢᠨ ᠴᠦᠬᠡᠨ ᠳᠣᠭᠠᠲᠦ ᠦᠨᠳᠣᠰᠦᠳᠡᠨ ᠤ ᠭᠠᠵᠠᠷ  ᠣᠷᠣᠨ ᠤ ᠬᠦᠭᠵᠢᠯᠲᠠ ᠳᠤ ᠠᠩᠬᠠᠷᠦᠯ ᠳᠠᠯᠪᠢᠵᠦ ᠰᠠᠨᠠᠭᠠᠰᠢᠷᠠᠵᠦ ᠪᠠᠶᠢᠭ᠎ᠠ ᠪᠠᠶᠢᠳᠠᠯ ᠪᠠ ᠬᠦᠨ ᠵᠣᠵᠠᠭᠠᠨ ᠬᠠᠶᠢᠷ᠎ᠠ ᠰᠡᠳᠬᠢᠯᠭᠡ ᠲᠠᠢ ᠪᠠᠶᠢᠭ᠎ᠠ ᠶᠢ ᠬᠦᠨᠵᠡᠭᠡᠢ  ᠳᠠᠨᠢᠭᠤᠯᠣᠭᠰᠠᠨ ᠪᠠᠶᠢᠨ᠎ᠠ᠃ ᠡᠷᠢᠶᠡᠨ ᠬᠤᠲᠠ ᠶᠢᠨ ᠴᠠᠬᠢᠯᠭᠠᠨ ᠬᠠᠩᠭᠠᠬᠤ ᠳᠣᠪᠴᠢᠶᠠᠨ ᠤ ᠠᠵᠢᠯᠳᠠᠨ ᠵᠠᠩ  ᠰᠢᠨ ᠢᠣᠢ  ᠄ ︽ᠣᠬᠠᠭᠤᠯᠭ᠎ᠠ ᠳᠠᠶᠢᠯᠣᠮᠵᠢ ᠶᠢ ᠰᠣᠨᠣᠰᠬᠤ ᠪᠠᠷ ᠳᠠᠮᠵᠢᠨ᠂ ᠳᠠᠬᠢᠨ ᠨᠢᠭᠡ ᠣᠳᠠᠭ᠎ᠠ ︿ ᠬᠤᠶᠠᠷ ᠬᠤᠷᠠᠯ ﹀ ᠤᠨ  ᠵᠣᠷᠢᠭ ᠰᠠᠨᠠᠭ᠎ᠠ ᠶᠢ ᠰᠣᠷᠣᠯᠴᠠᠵᠦ᠂ ᠬᠦᠨ ᠰᠠᠭᠤᠭᠳᠠᠯ ᠲᠠᠢ ᠪᠣᠯᠪᠠ  ᠃ ︿ᠬᠤᠶᠠᠷ ᠬᠤᠷᠠᠯ﹀ ᠪᠣᠯ ᠨᠠᠮ ᠤᠨ ᠳᠦᠪ ᠬᠤᠷᠢᠶᠠᠨ ᠤ  ᠣᠳᠣᠷᠢᠳᠣᠯᠭ᠎ᠠ ᠳᠣᠣᠷ᠎ᠠ  ᠬᠤᠷᠠᠯᠳᠣᠭᠰᠠᠨ ᠨᠢᠬᠡᠨ ᠣᠳᠠᠭᠠᠨ ᠤ ᠳᠤᠭ ᠢᠶᠠᠨ ᠦᠨᠳᠦᠷ ᠮᠠᠨᠳᠣᠭᠤᠯᠵᠣ  ᠂ ᠰᠢᠨᠵᠢᠯᠡᠬᠦ ᠣᠬᠠᠭᠠᠨᠴᠢ ᠪᠠᠷ ᠬᠦᠭᠵᠢᠨ ᠂ ᠦᠬᠡᠷᠡᠴᠢᠯᠡᠵᠦ ᠰᠢᠨ᠎ᠡ ᠶᠢ ᠡᠬᠦᠳᠬᠦ᠂ ᠳᠣᠭᠳᠠᠭᠤᠨ ᠢᠶᠠᠷ ᠬᠦᠭᠵᠢᠬᠦ  ᠶᠡᠭᠡ ᠬᠤᠷᠠᠯ  ᠪᠣᠯᠣᠨ᠎ᠠ᠂ ᠠᠮᠢᠯᠠᠯ ᠤᠨ ᠬᠦᠴᠦᠨ ᠢᠶᠠᠷ  ᠪᠢᠯᠬᠠᠮ᠎ᠠ᠂ ᠦᠷ᠎ᠡ ᠠᠰᠢᠭ  ᠳᠣᠪᠣᠶᠢᠮ᠎ᠡ ᠬᠤᠷᠠᠯ ᠪᠣᠯᠣᠭᠰᠠᠨ  ᠪᠠᠶᠢᠨ᠎ᠠ  ᠃ ᠨᠢᠭᠡᠨ ᠦᠨᠳᠣᠰᠣᠨ ᠱᠠᠳᠣᠨ ᠤ ᠴᠠᠬᠢᠯᠭᠠᠨ ᠬᠠᠩᠭᠠᠬᠤ ᠠᠵᠣ ᠠᠬᠤᠶᠢᠯᠠᠯ ᠤᠨ ᠠᠵᠢᠯᠳᠠᠨ ᠪᠣᠯᠣᠭᠰᠠᠨ ᠤ ᠬᠤᠪᠢ ᠳᠤ᠂ ᠪᠢ ᠬᠤᠶᠢᠰᠢᠳᠠ ᠶᠢᠨ ᠠᠵᠢᠯ ᠳᠤ ᠪᠠᠨ‌‍ᠨ ᠳᠣᠬᠠᠶᠢᠯᠠᠭᠰᠠᠨ ᠭᠡᠵᠣ ᠬᠡᠯᠡᠭᠰᠡᠨ ᠪᠠᠶᠢᠨ᠎ᠠ᠃‍ᠵᠢᠯ ᠢᠶᠠᠷ ᠭᠤᠣᠯ ᠵᠣᠭᠰᠣᠴᠠ   ᠪᠠᠨ  ᠪᠣᠯᠭᠠᠵᠤ᠂ ᠦᠢᠯᠡᠴᠢᠯᠡᠭᠡᠨ ᠤ ᠴᠢᠨᠠᠷ ᠢᠶᠠᠨ ᠳᠡᠭᠡᠭᠰᠢᠯᠡᠬᠦᠯᠦᠨ᠂ ᠬᠤᠲᠠ ᠶᠢᠨ ᠪᠦᠳᠦᠬᠡᠨ ᠪᠠᠶᠢᠭᠤᠯᠣᠯᠲᠠ ᠬᠦᠭᠵᠢᠯᠳᠡ  ᠳᠤ ᠦᠪᠡᠷ ᠤᠨ ᠬᠤᠪᠢ ᠨᠠᠮᠠᠷᠢ ᠪᠠᠨ ᠦᠵᠡᠬᠦᠯᠦᠨ᠎ᠡ᠃︾ ᠭᠡᠵᠣ ᠬᠡᠯᠡᠭᠰᠡᠨ ᠪᠠᠶᠢᠨ᠎ᠠ᠃
            ᠰᠣᠷᠭᠠᠭᠤᠯᠢ ᠶᠢᠨ ᠬᠦᠷᠢᠶᠡᠨ ᠳᠠᠬᠢ ᠣᠬᠠᠭᠤᠯᠭ᠎ᠠ ᠳᠠᠶᠢᠯᠣᠮᠵᠢ ᠶᠢᠨ ᠠᠬᠤᠢ ᠳᠠᠯᠠᠪᠠᠢ            ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠡᠷᠢᠶᠡᠨ ᠬᠤᠲᠠ  ᠶᠢᠨ ᠣᠯᠠᠨ ᠣᠯᠣᠰ ᠤᠨ ᠶᠡᠭᠡ ᠰᠣᠷᠭᠠᠭᠤᠯᠢ ᠪᠣᠯ ᠮᠠᠨ ᠤ ᠬᠤᠲᠠ ᠶᠢᠨ ᠪᠦᠲᠦᠨ ᠡᠳᠦᠷ ᠤᠨ ᠳᠦᠷᠢᠮᠳᠦ ᠡᠩ ᠤᠨ ᠳᠡᠬᠡᠳᠦ ᠵᠡᠷᠭᠡ ᠶᠢᠨ ᠰᠣᠷᠭᠠᠭᠤᠯᠢ ᠪᠣᠯᠣᠨ᠎ᠠ᠃ ᠮᠣᠩᠭᠤᠯ ᠣᠯᠣᠰ᠂ ᠣᠷᠣᠰ᠂ ᠨᠣᠫᠠᠯ ᠵᠡᠷᠭᠡ ᠣᠯᠣᠰ ᠤᠨ ᠣᠯᠠᠨ ᠠᠷᠪᠢᠨ ᠣᠶᠣᠳᠠᠳ ᠢᠷᠡᠵᠦ ᠰᠣᠷᠣᠯᠴᠠᠳᠠᠭ᠃ ᠦᠪᠣᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠡᠷᠢᠶᠡᠨ ᠬᠤᠲᠠ ᠶᠢᠨ ᠣᠯᠠᠨ ᠣᠯᠣᠰ ᠤᠨ ᠶᠡᠭᠡ ᠰᠣᠷᠭᠠᠭᠤᠯᠢ ᠳᠤ ᠬᠠᠰᠳᠠᠨ᠎ᠠ ᠮᠣᠩᠭᠤᠯ ᠬᠡᠯᠡ ᠪᠠᠷ ︽ᠬᠤᠶᠠᠷ ᠬᠤᠷᠠᠯ︾  ᠤᠨ ᠵᠣᠷᠢᠭ ᠰᠠᠨᠠᠭ᠎ᠠ  ᠲᠠᠢ ᠣᠶᠠᠯᠳᠣᠭᠤᠯᠣᠨ᠂ ᠪᠠᠭᠰᠢ ᠰᠣᠷᠣᠭᠴᠢᠳ ᠲᠤ ᠨᠢᠬᠡᠨ ᠰᠡᠳᠬᠢᠯ ᠳᠣᠭᠳᠣᠯᠣᠮ᠎ᠠ ᠣᠯᠣᠰ ᠳᠦᠷᠦ ᠶᠢᠨ ᠬᠢᠴᠢᠶᠡᠯ ᠣᠷᠣᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号