ᠡᠮᠨᠡᠯᠭᠡ ᠶᠢᠨ ᠲᠠᠭᠠᠳᠬᠠᠯ ᠤᠨ ᠡᠪᠡᠳᠴᠢᠨ ᠤ ᠲᠦᠷᠦᠯ ᠢᠶᠠᠷ ᠵᠠᠷᠤᠳᠠᠯ ᠲᠦᠯᠦᠬᠦ  ᠦᠭᠡᠷᠡᠴᠢᠯᠡᠯᠲᠡ ᠡᠬᠢᠯᠡᠪᠡ
ᠨᠡᠶᠢᠲᠡᠯᠡᠭᠰᠡᠨ ᠴᠠᠭ᠄
2018/4/18
         ᠠᠷᠠᠳ ᠤᠨ ᠡᠳᠤᠷ ᠤᠨ ᠰᠤᠨᠢᠨ ᠤ ᠪᠡᠭᠡᠵᠢᠩ ᠤᠨ 4 ᠰᠠᠷ᠎ᠠ ᠶᠢᠨ 16 ᠤ ᠡᠳᠤᠷ ᠤᠨ ᠮᠡᠳᠡᠭᠡ  ︵ᠰᠤᠷᠪᠤᠯᠵᠢᠯᠠᠬᠴᠢ ᠶᠧ ᠽᠢ︶ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠲᠦᠷᠦᠬᠦᠭᠡᠨ ᠳᠤ ︽ᠡᠮᠨᠡᠯᠭᠡ ᠶᠢᠨ ᠲᠠᠭᠠᠳᠬᠠᠯ ᠤᠨ ᠡᠪᠡᠳᠴᠢᠨ   ᠤ  ᠲᠦᠷᠦᠯ   ᠢᠶᠠᠷ  ᠵᠠᠷᠤᠳᠠᠯ  ᠲᠦᠯᠦᠬᠦ  ᠡᠪᠡᠳᠴᠢᠨ   ᠤ  ᠲᠦᠷᠦᠯ   ᠤᠨ ᠲᠠᠨᠢᠯᠴᠠᠭᠤᠯᠭ᠎ᠠ ᠶᠢᠨ ᠭᠠᠷᠴᠠᠭ︾ ᠢ ᠨᠡᠶᠢᠲᠡᠯᠡᠵᠤ᠂ ᠠᠭᠤᠰᠬᠢᠨ ᠰᠦᠷᠢᠶ᠎ᠡ ᠡᠪᠡᠳᠴᠢᠨ ᠤ ᠠᠭᠤᠰᠬᠢᠨ ᠲᠡᠯᠪᠢ ᠤᠭᠳᠤᠯᠬᠤ ᠮᠡᠰᠡ ᠵᠠᠰᠠᠯ᠂ ᠬᠤᠤᠷᠳᠤ ᠬᠠᠪᠤᠳᠠᠷ᠂ ᠴᠠᠭᠠᠨ ᠬᠠᠷᠠᠩ ᠡᠪᠡᠳᠴᠢᠨ ᠤ ᠵᠤᠬᠢᠶᠠᠮᠠᠯ ᠲᠠᠯᠠᠰᠳᠤ ᠰᠠᠭᠤᠷᠢᠰᠢᠭᠤᠯᠬᠤ  ᠮᠡᠰᠡ  ᠵᠠᠰᠠᠯ  ᠵᠡᠷᠭᠡ 130 ᠡᠪᠡᠳᠴᠢᠨ ᠤ ᠲᠦᠷᠦᠯ ᠳᠤ ᠡᠪᠡᠳᠴᠢᠨ ᠤ ᠲᠦᠷᠦᠯ ᠢᠶᠠᠷ ᠵᠠᠷᠤᠳᠠᠯ ᠲᠦᠯᠦᠬᠦ ᠲᠦᠷᠢᠮ   ᠶᠢ  ᠬᠡᠷᠡᠭᠵᠢᠬᠦᠯᠵᠤ  ᠪᠤᠯᠬᠤ ᠪᠤᠯᠪᠠ᠃ 4 ᠰᠠᠷ᠎ᠠ ᠶᠢᠨ 12 ᠤᠨ ᠡᠳᠤᠷ᠂ ᠨᠠᠨᠵᠢᠩ ᠬᠤᠲᠠ ᠶᠢᠨ ᠵᠠᠰᠠᠭ ᠤᠨ  ᠤᠷᠳᠤᠨ  ᠨᠢᠭᠡᠨᠲᠡ  ᠡᠩ  ᠲᠡᠷᠢᠬᠦᠨ   ᠳᠤ ᠡᠮᠨᠡᠯᠭᠡ ᠶᠢᠨ ᠲᠠᠭᠠᠳᠬᠠᠯ  ᠤᠨ ᠵᠠᠷᠤᠳᠠᠯ ᠲᠦᠯᠦᠬᠦ ᠠᠷᠭ᠎ᠠ  ᠬᠡᠯᠪᠡᠷᠢ   ᠶᠢᠨ  ᠦᠭᠡᠷᠡᠴᠢᠯᠡᠯᠲᠡ   ᠶᠢᠨ  ᠬᠡᠷᠡᠭᠵᠢᠬᠦᠯᠬᠦ  ᠲᠦᠰᠦᠯ ᠨᠡᠶᠢᠲᠡᠯᠡᠵᠤ᠂ 2018 ᠤᠨ ᠳᠤ ᠡᠪᠡᠳᠴᠢᠨ ᠤ ᠲᠦᠷᠦᠯ ᠢᠶᠠᠷ ᠵᠠᠷᠤᠳᠠᠯ ᠲᠦᠯᠦᠬᠦ ᠡᠪᠡᠳᠴᠢᠨ ᠤ ᠲᠦᠷᠦᠯ ᠤᠨ ᠲᠤᠭ᠎ᠠ   ᠶᠢ 180 ᠲᠦᠷᠦᠯ ᠠᠴᠠ ᠲᠡᠭᠡᠭᠰᠢ ᠪᠤᠯᠭᠠᠨ᠂ 2020 ᠤᠨ ᠳᠤ ᠡᠪᠡᠳᠴᠢᠨ ᠤ ᠲᠦᠷᠦᠯ ᠢᠶᠠᠷ ᠵᠠᠷᠤᠳᠠᠯ ᠲᠦᠯᠦᠬᠦ  ᠡᠪᠡᠳᠴᠢᠨ ᠤ ᠲᠦᠷᠦᠯ ᠤᠨ ᠲᠤᠭ᠎ᠠ ᠶᠢ 260 ᠲᠦᠷᠦᠯ ᠳᠤ ᠬᠦᠷᠭᠡᠨ᠎ᠡ ᠭᠡᠵᠤ ᠲᠤᠭᠲᠠᠭᠠᠵᠠᠢ᠃  
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号