2017 ᠣᠨ ᠳᠤ ᠳᠣᠮᠳᠠᠳᠤ ᠮᠣᠩᠭᠤᠯ ᠤᠨ ᠬᠠᠮᠤᠭ ᠲᠣᠮᠣ ᠲᠡᠮᠦᠷ ᠵᠠᠮ ᠤᠨ ᠪᠣᠭᠤᠮᠳᠠ ᠪᠣᠯᠬᠤ ᠡᠷᠢᠶᠡᠨ ᠲᠡᠮᠦᠷ ᠵᠠᠮ ᠤᠨ ᠪᠣᠭᠤᠮᠳᠠ ᠶᠢᠨ ᠪᠦᠬᠦ ᠵᠢᠯ ᠤᠨ ᠭᠠᠳᠠᠭᠠᠳᠤ ᠠᠴᠠ ᠣᠷᠣᠭᠤᠯᠤᠭᠰᠠᠨ ᠠᠴᠢᠶ᠎ᠠ ᠪᠠᠷᠠᠭᠠᠨ ᠤ ᠬᠡᠮᠵᠢᠶ᠎ᠡ ᠮᠢᠩᠭᠠᠨ ᠳᠦᠮᠡᠨ ᠳᠣᠨ ᠢ ᠳᠠᠪᠠᠵᠠᠢ
ᠨᠡᠶᠢᠲᠡᠯᠡᠭᠰᠡᠨ ᠴᠠᠭ᠄
2018/4/18
      2017 ᠣᠨ ᠤ 12 ᠰᠠᠷ᠎ᠠ ᠶᠢᠨ 30 ᠤ ᠡᠳᠦᠷ᠂ ᠳᠣᠮᠳᠠᠳᠣ ᠤᠯᠤᠰ ᠤᠨ ᠳᠡᠮᠦᠷ ᠵᠠᠮ ᠤᠨ ᠬᠦᠬᠡᠬᠤᠳᠠ ᠶᠢᠨ ᠰᠠᠯᠪᠤᠷᠢ ᠺᠣᠮᠫᠠᠨᠢ ᠶᠢᠨ ᠮᠡᠳᠡᠭᠡᠯᠡᠭᠰᠡᠨ ᠢᠶᠠᠷ᠂ ᠳᠣᠮᠳᠠᠳᠣ ᠮᠣᠩᠭᠤᠯ ᠤᠨ ᠬᠠᠮᠤᠭ ᠲᠤᠮᠤ ᠲᠡᠮᠦᠷ ᠵᠠᠮ ᠤᠨ ᠪᠣᠭᠤᠮᠳᠠ— ᠡᠷᠢᠶᠡᠨ ᠲᠡᠮᠦᠷ ᠵᠠᠮ ᠤᠨ ᠪᠣᠭᠤᠮᠳᠠ ᠶᠢᠨ 2017 ᠣᠨ ᠤ ᠪᠦᠬᠦ ᠵᠢᠯ ᠤᠨ ᠭᠠᠳᠠᠭᠠᠳᠤ  ᠠᠴᠠ ᠣᠷᠣᠭᠤᠯᠣᠭᠰᠠᠨ ᠠᠴᠢᠶ᠎ᠠ ᠳᠡᠭᠡᠭᠡᠪᠦᠷᠢ ᠶᠢᠨ ᠬᠡᠮᠵᠢᠶ᠎ᠡ ᠮᠢᠩᠭᠠᠨ ᠳᠦᠮᠡᠨ ᠳᠣᠨ ᠢ ᠳᠠᠪᠠᠭᠰᠠᠨ ᠪᠠᠶᠢᠨ᠎ᠠ᠃       ᠡᠷᠢᠶᠡᠨ ᠲᠡᠮᠦᠷ ᠵᠠᠮ ᠤᠨ ᠪᠣᠭᠤᠮᠳᠠ ᠪᠤᠯ ᠳᠣᠮᠳᠠᠳᠣ ᠤᠯᠤᠰ ᠠᠴᠠ ᠮᠣᠩᠭᠤᠯ ᠣᠷᠣᠰ ᠢ ᠳᠠᠮᠵᠢᠨ ᠡᠸᠥ᠋ᠷᠥᠫᠡ ᠳᠢᠪ ᠳᠤ ᠨᠡᠪᠳᠡᠷᠡᠬᠦ ᠭᠤᠤᠯ ᠪᠤᠯᠬᠤ ᠠᠴᠢᠶ᠎ᠠ ᠳᠡᠭᠡᠭᠡᠪᠦᠷᠢ ᠶᠢᠨ ᠭᠠᠷᠤᠴᠠ ᠪᠣᠯᠣᠨ᠎ᠠ᠃ 1956 ᠣᠨ  ᠳᠤ ᠳᠣᠰ ᠪᠣᠭᠤᠮᠳᠠ ᠣᠯᠠᠨ ᠣᠯᠣᠰ ᠤᠨ ᠴᠢᠨᠠᠷ ᠲᠠᠢ ᠠᠵᠢᠯ ᠦᠢᠯᠡᠴᠢᠯᠡᠭᠡ ᠬᠠᠩᠭᠠᠵᠤ ᠢᠷᠡᠭᠰᠡᠨ ᠠᠴᠠ ᠨᠠᠭᠠᠰᠢ᠂ ᠠᠩᠬ᠎ᠠ ᠣᠳᠠᠭ᠎ᠠ ᠮᠢᠩᠭᠠᠨ ᠳᠦᠮᠡᠨ ᠳᠣᠨ ᠤ ᠳᠠᠪᠠᠭ᠎ᠠ ᠶᠢ ᠳᠠᠭᠤᠯᠵᠤ ᠪᠠᠶᠢᠭ᠎ᠠ ᠨᠢ ᠡᠨᠡ ᠶᠤᠮ᠃       ᠬᠠᠮᠢᠶ᠎ᠠ ᠪᠦᠬᠦᠢ ᠮᠡᠳᠡᠭᠡᠯᠡᠯ ᠢ ᠦᠨᠳᠦᠰᠦᠯᠡᠪᠡᠯ᠂ 2017 ᠣᠨ ᠳᠤ ᠡᠷᠢᠶᠡᠨ ᠲᠡᠮᠦᠷ ᠵᠠᠮ ᠤᠨ ᠪᠣᠭᠤᠮᠳᠠ ᠨᠡᠶᠢᠳᠡ 1003.3 ᠲᠦᠮᠡᠨ ᠲᠣᠨ ᠤ ᠠᠴᠢᠶ᠎ᠠ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ᠂ ᠦᠩᠭᠡᠷᠡᠭᠰᠡᠨ ᠵᠢᠯ  ᠤᠨ ᠠᠳᠠᠯᠢ ᠬᠤᠭᠤᠴᠠᠭᠠᠨ ᠠᠴᠠ 15% ᠪᠠᠷ ᠦᠰᠪᠡ︔ 570 ᠴᠣᠪᠣᠭ᠎ᠠ ᠳᠣᠮᠳᠠᠳᠣ ᠡᠸᠦ᠋ᠷᠥᠫᠡ ᠴᠢᠭᠯᠡᠯ ᠤᠨ ᠡᠭᠡᠯᠵᠢ ᠶᠢᠨ ᠸᠠᠭᠤᠨ ᠳᠤᠰ ᠪᠤᠭᠤᠮᠳᠠ ᠪᠠᠷ ᠳᠠᠮᠵᠢᠨ ᠦᠩᠭᠡᠷᠡᠵᠥ᠂ ᠲᠡᠣᠬᠡᠨ ᠰᠢᠨ᠎ᠡ ᠳᠡᠮᠳᠡᠭᠯᠡᠯ ᠢ ᠡᠭᠦᠳᠴᠡᠢ᠃       2017 ᠣᠨ ᠠᠴᠠ ᠨᠠᠭᠠᠰᠢ᠂ ᠳᠣᠮᠳᠠᠳᠣ ᠶᠢᠨ ᠵᠠᠬ᠎ᠠ ᠳᠡᠯᠭᠡᠭᠦᠷ ᠳᠠᠬᠢ ᠲᠡᠮᠦᠷ ᠤᠨ ᠬᠦᠳᠡᠷ ᠵᠡᠷᠭᠡ ᠳᠦᠭᠦᠭᠡᠢ ᠮᠠᠲ᠋ᠧᠷᠢᠶᠠᠯ ᠤᠨ ᠬᠡᠷᠡᠭᠴᠡᠭᠡ ᠱᠠᠭᠠᠷᠳᠠᠯᠭ᠎ᠠ ᠨᠡᠮᠡᠭᠳᠡᠭᠰᠡᠨ ᠠᠴᠠ ᠪᠣᠯᠵᠤ᠂ ᠳᠣᠰ ᠪᠣᠭᠤᠮᠳᠠ ᠨᠢ ᠡᠳᠦᠷ ᠪᠦᠷᠢ 10 ᠠᠴᠠ ᠳᠡᠭᠡᠭᠰᠢ ᠴᠣᠪᠣᠭ᠎ᠠ ᠮᠣᠩᠭᠤᠯ ᠤᠨ ᠠᠴᠢᠶ᠎ᠠ ᠳᠡᠭᠡᠭᠡᠪᠦᠷᠢ ᠶᠢᠨ ᠸᠠᠭᠤᠨ ᠢ ᠳᠣᠰᠣᠨ ᠠᠪᠴᠣ ᠪᠠᠶᠢᠭ᠎ᠠ ᠨᠢ ᠳᠣᠰ ᠪᠣᠭᠤᠮᠳᠠ ᠶᠢᠨ ᠭᠠᠳᠠᠭᠠᠳᠤ ᠠᠴᠠ ᠣᠷᠣᠭᠤᠯᠬᠤ ᠠᠴᠢᠶ᠎ᠠ ᠪᠠᠷᠠᠭᠠᠨ ᠤ ᠬᠡᠮᠵᠢᠶ᠎ᠡ ᠠᠩᠬ᠎ᠠ ᠤᠳᠠᠭ᠎ᠠ ᠮᠢᠩᠭᠠᠨ ᠳᠦᠮᠡᠨ ᠳᠣᠨ ᠤ ᠲᠠᠪᠠᠭ᠎ᠠ ᠶᠢ ᠳᠠᠪᠠᠭᠰᠠᠨ ᠤ ᠭᠤᠤᠯ ᠰᠢᠯᠳᠠᠭᠠᠨ ᠪᠣᠯᠣᠨ᠎ᠠ᠃    
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号