ᠡᠷᠡᠭᠦᠯ ᠢᠳᠡᠭᠡᠨ ᠤᠮᠳᠠᠭᠠᠨ ᠡᠳ᠋ᠯᠡᠬᠦ ᠶᠢ ᠠᠩᠬᠠᠷᠤᠭᠰᠠᠨ ᠰᠠᠭᠤᠷᠢᠨ ᠳᠡᠭᠡᠷ᠎ᠡ ᠰᠢᠩᠭᠡᠭᠡᠨ ᠠᠪᠬᠤ ᠢᠯᠴᠢ ᠶᠢᠨ | ᠬᠡᠮᠵᠢᠶ᠎ᠠ ᠪᠠᠨ ᠳᠤᠬᠢᠳᠠᠢ ᠡᠵᠡᠮᠳᠡᠵᠦ ᠳᠡᠶᠢᠯᠬᠦ ᠪᠤᠯ ᠵᠢᠷᠦᠬᠡ ᠪᠠᠨ ᠬᠠᠮᠠᠭᠠᠯᠠᠬᠤ ᠰᠠᠶᠢᠨ ᠠᠷᠭ᠎ᠠ ᠪᠤᠯᠤᠨ᠎ᠠ᠃ | ᠠᠮᠧᠷᠢᠺᠠ ᠶᠢᠨ ᠵᠢᠷᠦᠭᠡᠨ ᠤ ᠨᠡᠶᠢᠭᠡᠮᠯᠢᠭ ᠤᠨ ᠬᠢᠨ ᠡᠳᠦᠷ ᠳᠤᠳᠤᠮ ᠤᠨ ᠬᠦᠨᠡᠰᠦᠨ ᠳᠡᠭᠡᠨ ᠢᠳᠡᠰᠢᠨ ᠨᠤᠭᠤᠭ᠎ᠠ᠂ | ᠵᠢᠮᠢᠰ᠂ ᠨᠠᠷᠢᠮᠤ ᠶᠢᠨ ᠳᠦᠷᠦᠯ ᠤᠨ ᠢᠳᠡᠭᠡᠨ᠂ ᠦᠭᠡᠬᠦ ᠶᠢᠨ ᠠᠭᠤᠯᠤᠭᠳᠠᠴᠠ ᠪᠠᠷ ᠪᠠᠭ᠎ᠠ ᠴᠠᠭᠠᠨ ᠢᠳᠡᠭᠡᠨ᠂ | ᠳᠡᠵᠢᠭᠡᠪᠦᠷᠢ ᠵᠢᠭᠦᠷᠳᠡᠨ ᠤ ᠮᠢᠬ᠎ᠠ ᠦᠨᠳᠡᠭᠡ᠂ ᠵᠢᠭᠠᠰᠤᠨ ᠮᠢᠬ᠎ᠠ᠂ ᠰᠠᠮᠤᠷ ᠢᠯᠡᠭᠦᠦ ᠢᠳᠡᠬᠦ ᠶᠢ ᠰᠠᠨᠠᠭᠤᠯᠤᠭᠰᠠᠭᠠᠷ | ᠢᠷᠡᠵᠡᠢ᠃ ᠳᠤᠤᠷ᠎ᠠ ᠪᠢᠳᠠ ᠠᠮᠧᠷᠢᠺᠠ ᠶᠢᠨ ᠵᠢᠷᠦᠭᠡᠨ ᠤ ᠨᠡᠶᠢᠭᠡᠮᠯᠢᠭ ᠤᠨ ᠰᠠᠨᠠᠭᠤᠯᠭ᠎ᠠ ᠳᠤ ᠰᠠᠭᠤᠷᠢᠯᠠᠨ 10 | ᠵᠦᠢᠯ ᠤᠨ ᠵᠢᠷᠦᠭᠡᠨ ᠳᠤ ᠳᠤᠰᠠᠳᠠᠢ ᠢᠳᠡᠭᠡᠨ ᠢ ᠳᠠᠨᠢᠯᠴᠠᠭᠤᠯᠤᠶ᠎ᠠ᠃ | ᠤᠯᠠᠭᠠᠨ ᠠᠯᠮᠤᠷᠠᠳ | ᠤᠯᠠᠭᠠᠨ ᠠᠯᠮᠤᠷᠠᠳ ᠲᠤ ᠭᠤᠮ ᠤᠨ ᠰᠢᠷ᠎ᠠ ᠡᠳ᠋ ᠭᠡᠳᠡᠭ ᠨᠢᠭᠡ ᠵᠦᠢᠯ ᠤᠨ ᠤᠷᠭᠤᠮᠠᠯ ᠤᠨ ᠬᠢᠮᠢ ᠶᠢᠨ | ᠡᠯᠧᠮᠧᠨ᠋ᠲ ᠠᠭᠤᠯᠳᠠᠭ᠂ ᠲᠡᠷᠡ ᠨᠢ ᠪᠠᠶᠢᠭᠠᠯᠢ ᠶᠢᠨ ᠦᠷᠪᠢᠰᠦᠯ ᠢ ᠡᠰᠡᠷᠭᠦᠴᠡᠬᠦ ᠦᠢᠯᠡᠳᠦᠯ ᠲᠠᠢ ᠪᠠᠶᠢᠳᠠᠭ ᠪᠦᠭᠡᠳ | ᠴᠢᠰᠦ ᠪᠦᠭᠡᠮᠨᠡᠷᠡᠬᠦ ᠶᠢ ᠴᠤ ᠰᠡᠷᠭᠡᠶᠢᠯᠡᠬᠦ ᠦᠢᠯᠡᠳᠦᠯ ᠲᠠᠢ ᠪᠠᠶᠢᠵᠤ ᠮᠡᠳᠡᠨ᠎ᠠ᠃ ᠠᠯᠮᠤᠷᠠᠳ ᠲᠤ ᠶᠡᠷᠦᠨᠢ ᠸᠢᠲ᠋ᠠᠮᠢᠨ ᠪᠠ | ᠰᠢᠷᠭᠡᠭᠯᠢᠭ ᠡᠯᠪᠡᠭ ᠠᠭᠤᠯᠳᠠᠭ᠃ ᠠᠯᠮᠤᠷᠠᠳ ᠢ ᠬᠤᠰᠢᠭ᠎ᠠ ᠪᠤᠶᠤ ᠬᠦᠢᠯᠡᠰᠦᠨ ᠴᠦᠮ᠎ᠠ ᠲᠠᠢ ᠬᠤᠯᠢᠵᠤ ᠢᠳᠡᠪᠡᠯ | ᠦᠢᠯᠡᠳᠦᠯ ᠨᠢ ᠨᠡᠩ ᠰᠠᠶᠢᠨ ᠪᠠᠶᠢᠳᠠᠭ᠂ ᠶᠠᠷᠢᠶᠠᠨ ᠦᠭᠡᠢ ᠵᠢᠵᠢᠭᠯᠡᠵᠦ ᠭᠡᠷᠴᠢᠭᠡᠳ ᠰᠠᠯᠠᠳ᠋ ᠬᠢᠵᠦ ᠢᠳᠡᠭᠰᠡᠨ ᠴᠤ | ᠪᠤᠯᠤᠨ᠎ᠠ᠃ | ᠳᠠᠪᠬ᠎ᠠ ᠵᠢᠭᠠᠰᠤ | ᠳᠠᠪᠬ᠎ᠠ ᠵᠢᠭᠠᠰᠤ ᠳᠤ ᠦᠭᠡᠭᠦᠨ ᠬᠦᠴᠢᠯ ᠡᠯᠪᠡᠭ ᠠᠭᠤᠯᠤᠬᠳᠠᠳᠠᠭ᠂ ᠳᠡᠭᠡᠭᠡᠳ ᠭᠤᠤᠯᠳᠠᠭᠤ ᠦᠷᠪᠢᠰᠦᠯ | ᠡᠭᠦᠰᠬᠦ ᠪᠠ ᠴᠢᠰᠦ ᠪᠦᠭᠡᠮᠨᠡᠷᠡᠬᠦ ᠠᠶᠤᠯ ᠢ ᠪᠠᠭᠠᠰᠬᠠᠵᠤ ᠵᠢᠷᠦᠬᠡ ᠶᠢ ᠬᠠᠮᠠᠭᠠᠯᠠᠳᠠᠭ᠃ ᠦᠭᠡᠬᠦᠨ ᠬᠦᠴᠢᠯ ᠨᠢ ᠪᠠᠰᠠ | ᠡᠷᠡᠭᠦᠯ ᠰᠦᠰᠦᠨ ᠤ ᠴᠢᠯᠠᠭᠤᠯᠢᠬ ᠠᠯᠺᠤᠤᠯ ᠤᠨ ᠴᠢᠨᠠᠷ ᠢ ᠪᠠᠳᠤᠯᠠᠳᠠᠭ᠃ ᠭᠠᠷᠠᠭ ᠲᠤ ᠶᠠᠳᠠᠬᠤ ᠳᠠᠭᠠᠨ ᠬᠤᠶᠠᠷ | ᠤᠳᠠᠭ᠎ᠠ ᠳᠠᠪᠬ᠎ᠠ ᠵᠢᠭᠠᠰᠤ ᠪᠤᠶᠤ ᠰᠠᠷᠳᠢᠨ ᠵᠢᠭᠠᠰᠤ᠂ ᠰᠠᠷᠢᠶ᠎ᠠ ᠵᠢᠭᠠᠰᠤ ᠮᠡᠳᠦ ᠶᠢᠨ ᠭᠦᠨ ᠳᠠᠯᠠᠢ ᠶᠢᠨ ᠵᠢᠭᠠᠰᠤ | ᠢᠳᠡᠪᠡᠯ ᠰᠠᠶᠢᠨ᠃ ᠵᠢᠷᠦᠭᠡ ᠶᠢ ᠬᠠᠮᠠᠭᠠᠯᠠᠬᠤ ᠭᠤᠤᠯ ᠢᠳᠡᠭᠡᠨ ᠤ ᠬᠤᠪᠢ ᠳᠤ᠂ ᠳᠠᠪᠬ᠎ᠠ ᠵᠢᠭᠠᠰᠣ ᠶᠢ ᠰᠢᠷᠠᠵᠤ | ᠢᠳᠡᠵᠦ ᠪᠤᠯᠤᠨ᠎ᠠ᠃ ᠶᠠᠷᠢᠶᠠᠨ ᠦᠭᠡᠢ ᠢᠳᠡᠰᠢᠨ ᠨᠤᠭᠤᠭ᠎ᠠ ᠪᠠᠷ ᠬᠠᠪᠰᠤᠷᠭᠠᠬᠤ ᠴᠢᠬᠤᠯᠠᠳᠠᠢ᠂ ᠪᠠᠭ᠎ᠠ ᠰᠠᠭ᠎ᠠ ᠰᠠᠯᠠᠳ᠋ | ᠨᠡᠮᠡᠭᠰᠡᠨ ᠴᠤ ᠪᠤᠯᠤᠨ᠎ᠠ᠂ ᠭᠡᠬᠦ ᠳᠡᠭᠡᠨ ᠰᠠᠯᠠᠳ᠋ ᠲᠠᠭᠠᠨ ᠪᠠᠭ᠎ᠠ ᠰᠠᠭ᠎ᠠ ᠨᠢᠮᠪᠡᠭᠡ ᠶᠢᠨ ᠰᠢᠭᠦᠰᠦ ᠨᠡᠮᠡᠪᠡᠯ ᠢᠯᠴᠢ ᠶᠢᠨ | ᠬᠡᠮᠵᠢᠶ᠎ᠡ ᠶᠢ ᠪᠠᠭᠤᠷᠠᠭᠤᠯᠬᠤ ᠦᠢᠯᠡᠳᠦᠯ ᠲᠠᠢ ᠪᠠᠶᠢᠳᠠᠭ᠃ | ᠬᠤᠰᠢᠭ᠎ᠠ | ᠬᠤᠰᠢᠭ᠎ᠠ ᠳᠤ ᠳᠠᠩ ᠡᠰᠢᠳᠦ ᠳᠤᠳᠠᠭᠤ ᠦᠭᠡᠬᠦᠨ ᠬᠦᠴᠢᠯ᠂ ᠸᠢᠲ᠋ᠠᠮᠢᠨ E ᠪᠠ ᠪᠤᠰᠤᠳ ᠡᠷᠡᠭᠦᠯ | ᠰᠦᠰᠦᠨ ᠤ ᠴᠢᠯᠠᠭᠤᠯᠢᠬ ᠠᠯᠺᠤᠤᠯ ᠤᠨ ᠴᠢᠨᠠᠷ ᠢ ᠪᠠᠳᠤᠯᠠᠬᠤ ᠪᠠᠶᠢᠭᠠᠯᠢ ᠶᠢᠨ ᠪᠤᠳᠠᠰ ᠢ ᠠᠭᠤᠯᠳᠠᠭ᠃ | ᠬᠤᠰᠢᠭ᠎ᠠ ᠶᠢᠨ ᠪᠠᠰᠠ ᠨᠢᠭᠡ ᠳᠠᠪᠠᠭᠤᠯᠢᠬ ᠳᠠᠯ᠎ᠠ ᠨᠢ ᠴᠢᠨᠠᠷ ᠰᠠᠶᠢᠳᠠᠢ ᠦᠭᠡᠬᠦᠨ ᠬᠦᠴᠢᠯ ᠤᠨ ᠭᠤᠤᠯ ᠢᠷᠡᠯᠳᠡ | ᠪᠤᠯᠬᠤ ᠢᠳᠡᠭᠡᠨ ᠪᠠᠶᠢᠭ᠎ᠠ ᠳᠤ ᠤᠷᠤᠰᠢᠨ᠎ᠠ᠃ ᠠᠯᠮᠤᠷᠠᠳ᠂ ᠬᠤᠰᠢᠭ᠎ᠠ ᠶᠢ ᠬᠠᠪᠰᠤᠷᠭᠠᠬᠤ ᠪᠤᠯ ᠵᠢᠷᠦᠭᠡ ᠶᠢ | ᠬᠠᠮᠠᠭᠠᠯᠠᠬᠤ ᠳᠤᠩ ᠰᠠᠶᠢᠨ ᠢᠳᠡᠭᠡᠨ ᠪᠤᠯᠤᠨ᠎ᠠ᠂ ᠡᠷᠳᠡ ᠶᠢᠨ ᠬᠤᠭᠤᠯᠠᠨ ᠳᠠᠭᠠᠨ ᠢᠳᠡᠪᠡᠯ ᠨᠤᠬᠠᠢ ᠶᠢᠨ | ᠬᠤᠰᠢᠭᠤ ᠳᠠᠭᠠᠨ ᠬᠤᠯᠢᠴᠠ ᠪᠤᠯᠭᠠᠵᠤ ᠪᠤᠯᠤᠨ᠎ᠠ᠃ ᠳᠡᠭᠡᠷ᠎ᠡ ᠨᠢ ᠪᠠᠭ᠎ᠠ ᠰᠠᠭ᠎ᠠ ᠵᠦᠭᠡᠢ ᠶᠢᠨ ᠪᠡᠯ ᠨᠡᠮᠡᠭᠰᠡᠨ ᠴᠤ | ᠶᠠᠭᠠᠬᠢᠬᠤᠪ᠃ | ᠰᠦᠳᠠᠢ ᠵᠢᠮᠢᠰ | ᠰᠦᠳᠠᠢ ᠵᠢᠮᠢᠰ ᠲᠤ ᠳᠠᠩ ᠡᠰᠢᠳᠦ ᠳᠤᠳᠠᠭᠤ ᠦᠭᠡᠬᠦᠨ ᠬᠦᠴᠢᠯ ᠡᠯᠪᠡᠭ ᠠᠭᠤᠯᠳᠠᠭ᠂ ᠪᠠᠰᠠ ᠰᠦᠳᠠᠢ | ᠵᠢᠮᠢᠰ ᠲᠤ ᠸᠢᠲ᠋ᠠᠮᠢᠨ ᠪᠠ ᠤᠷᠭᠤᠮᠠᠯ ᠤᠨ ᠡᠳ᠋ ᠡᠯᠪᠡᠭ ᠠᠭᠤᠯᠳᠠᠭ ᠪᠤᠯᠬᠤᠷ ᠦᠯᠦ ᠢᠰᠦᠯᠳᠦᠬᠦᠯᠬᠦ ᠦᠢᠯᠡᠳᠦᠯ | ᠭᠠᠷᠭᠠᠵᠤ ᠵᠢᠷᠦᠭᠡ ᠶᠢ ᠬᠠᠮᠠᠭᠠᠯᠠᠳᠠᠭ᠃ | ᠲᠦᠪᠡᠳ ᠬᠠᠰᠢ | ᠳᠦᠪᠡᠳ ᠬᠠᠰᠢ ᠳᠤ ᠸᠢᠲ᠋ᠠᠮᠢᠨ ᠡᠯᠪᠡᠭ ᠠᠭᠤᠯᠳᠠᠭ᠂ ᠳᠦᠪᠡᠳ ᠬᠠᠰᠢ ᠶᠢᠨ ᠪᠦᠲᠦᠭᠡᠭᠳᠡᠭᠦᠨ ᠳᠤ ᠴᠤ | ᠳᠦᠪᠡᠳ ᠬᠠᠰᠢ ᠶᠢᠨ ᠤᠯᠠᠭᠠᠨ ᠡᠳ᠋ ᠡᠯᠪᠡᠭ ᠠᠭᠤᠯᠳᠠᠭ᠃ ᠳᠠᠨ ᠤ ᠡᠳᠦᠷ ᠳᠤᠳᠤᠮ ᠤᠨ ᠢᠳᠡᠭᠡᠨ ᠤ ᠴᠢᠨᠢ ᠦᠯᠦ | ᠢᠰᠦᠯᠳᠦᠭᠦᠯᠬᠦ ᠡᠳ᠋ ᠬᠠᠷᠢᠴᠠᠩᠭᠤᠢ ᠪᠠᠭ᠎ᠠ ᠪᠠᠶᠢᠬᠤ ᠪᠤᠶᠤ ᠬᠦᠷᠦᠯᠴᠡᠭᠡ ᠮᠠᠭᠤᠳᠠᠢ ᠪᠠᠶᠢᠪᠠᠯ᠂ ᠳᠦᠪᠡᠳ ᠬᠠᠰᠢ | ᠢᠯᠡᠭᠦᠦ ᠢᠳᠡᠪᠡᠯ ᠮᠦᠨ ᠵᠢᠷᠦᠭᠡ ᠶᠢ ᠬᠠᠮᠠᠭᠠᠯᠠᠬᠤ ᠦᠢᠯᠡᠳᠦᠯ ᠦᠵᠡᠭᠦᠯᠬᠦ ᠶᠤᠰᠤᠳᠠᠢ᠃ ᠳᠦᠪᠡᠳ ᠬᠠᠰᠢ ᠶᠢ | ᠳᠦᠭᠦᠭᠡᠢ ᠪᠠᠷ᠂ ᠪᠤᠯᠭᠤᠵᠤ ᠢᠳᠡᠵᠦ ᠪᠦᠷ ᠪᠤᠯᠤᠨ᠎ᠠ᠂ ᠳᠦᠪᠡᠳ ᠬᠠᠰᠢ ᠶᠢᠨ ᠵᠢᠶᠠᠩ ᠢ ᠴᠤ ᠡᠳᠦᠷ ᠳᠤᠳᠤᠮ | ᠢᠳᠡᠵᠦ ᠪᠤᠯᠤᠨ᠎ᠠ᠃ | ᠤᠯᠠᠭᠠᠨ ᠠᠷᠢᠬᠢ | ᠤᠯᠠᠭᠠᠨ ᠠᠷᠢᠬᠢᠨ ᠳᠤ ᠠᠭᠤᠯᠳᠠᠭ ᠡᠯᠪᠡᠭ ᠹᠧᠨᠤᠯ ᠨᠢ ᠵᠢᠷᠦᠭᠡᠨ ᠳᠤ ᠰᠠᠶᠢᠨ ᠳᠠᠯ᠎ᠠ ᠲᠠᠢ᠂ ᠭᠡᠪᠡᠴᠦ | ᠬᠡᠮᠵᠢᠶ᠎ᠠ ᠲᠠᠢ ᠤᠤᠭᠤᠬᠤ ᠭᠡᠷᠡᠭᠳᠡᠢ᠃ ᠨᠢᠭᠡ ᠬᠦᠮᠦᠨ ᠡᠳᠦᠷ ᠲᠤ ᠵᠦᠪᠬᠡᠨ ᠪᠠᠭ᠎ᠠ ᠯᠡ ᠬᠡᠮᠵᠢᠶᠠᠨ ᠤ ᠤᠯᠠᠭᠠᠨ | ᠠᠷᠢᠬᠢ ᠤᠤᠭᠤᠪᠠᠯ ᠬᠠᠮᠤᠭ ᠰᠠᠶᠢᠨ᠃ | ᠨᠤᠬᠠᠢ ᠶᠢᠨ ᠬᠤᠰᠢᠭᠤ | ᠨᠤᠬᠠᠢ ᠶᠢᠨ ᠬᠤᠰᠢᠭᠤ ᠳᠤ ᠨᠢᠭᠡ ᠵᠦᠢᠯ ᠤᠨ ᠦᠵᠦᠮ ᠤᠨ ᠪᠦᠭᠡᠮᠨᠡᠷᠡᠯ ᠰᠢᠬᠢᠷ ᠭᠡᠳᠡᠭ ᠠᠭᠤᠰᠤᠮᠠᠳᠠᠭᠠᠢ | ᠰᠢᠷᠭᠡᠭᠯᠢᠭ ᠠᠭᠤᠯᠳᠠᠭ᠂ ᠳᠡᠷᠡ ᠨᠢ ᠰᠦᠰᠦᠨ ᠤ ᠴᠢᠯᠠᠭᠤᠯᠢᠬ ᠠᠯᠺᠤᠤᠯ ᠢ ᠪᠠᠭᠠᠰᠬᠠᠳᠠᠭ ᠢᠶᠠᠷ ᠪᠠᠷᠠᠬᠤ ᠦᠭᠡᠢ᠂ | ᠰᠢᠩᠭᠡᠭᠡᠯᠳᠡ ᠶᠢᠨ ᠰᠢᠰᠲ᠋ᠧᠮ ᠤᠨ ᠡᠷᠡᠭᠦᠯ ᠮᠡᠨᠳᠦ ᠶᠢ ᠬᠠᠮᠠᠭᠠᠯᠠᠳᠠᠭ᠃ ᠨᠤᠬᠠᠢ ᠶᠢᠨ ᠬᠤᠰᠢᠭᠤ ᠳᠤ ᠪᠠᠭ᠎ᠠ | ᠬᠡᠮᠵᠢᠶᠡᠨ ᠤ ᠪᠤᠷᠠᠮ ᠪᠠ ᠬᠤᠰᠢᠭ᠎ᠠ ᠨᠡᠮᠡᠵᠦ ᠡᠷᠳᠡ ᠶᠢᠨ ᠬᠤᠭᠤᠯᠠ ᠪᠤᠯᠭᠠᠵᠤ ᠪᠤᠯᠤᠨ᠎ᠠ᠃ ᠬᠠᠷᠢᠨ ᠰᠢᠬᠢᠷ ᠤᠨ | ᠠᠭᠤᠯᠤᠭᠳᠠᠴᠠ ᠪᠠᠷ ᠭᠡᠳᠦ ᠦᠨᠳᠦᠷ ᠨᠤᠬᠠᠢ ᠶᠢᠨ ᠬᠤᠰᠢᠭᠤ ᠶᠢ ᠰᠤᠩᠭᠤᠵᠤ ᠪᠤᠯᠬᠤ ᠦᠭᠡᠢ᠃ | ᠨᠤᠭᠤᠭᠠᠨ ᠨᠠᠪᠴᠢᠳᠤ ᠢᠳᠡᠰᠢᠨ ᠨᠤᠭᠤᠭ᠎ᠠ | ᠨᠤᠭᠤᠭᠠᠨ ᠨᠠᠪᠴᠢᠲᠤ ᠢᠳᠡᠰᠢᠨ ᠨᠤᠭᠤᠭ᠎ᠠ ᠳᠤ ᠸᠢᠲ᠋ᠠᠮᠢᠨ᠂ ᠡᠷᠦᠳᠡᠰᠦ ᠪᠠ ᠰᠢᠷᠭᠡᠭᠯᠢᠭ ᠡᠯᠪᠡᠭ ᠠᠭᠤᠯᠳᠠᠭ | ᠪᠦᠭᠡᠳ ᠢᠯᠴᠢ ᠶᠢᠨ ᠬᠡᠮᠵᠢᠶ᠎ᠠ ᠨᠢ ᠳᠤᠤᠷ᠎ᠠ ᠪᠠᠶᠢᠳᠠᠭ᠃ ᠨᠤᠭᠤᠭᠠᠨ ᠨᠠᠪᠴᠢᠲᠤ ᠢᠳᠡᠰᠢᠨ ᠨᠤᠭᠤᠭ᠎ᠠ ᠦᠷᠭᠦᠯᠵᠢ | ᠢᠳᠡᠪᠡᠯ ᠨᠠᠰᠤ ᠨᠡᠮᠡᠭᠳᠡᠬᠦ ᠶᠢ ᠳᠠᠭᠠᠯᠳᠤᠨ ᠪᠤᠢ ᠪᠤᠯᠳᠠᠭ ᠴᠡᠭᠡᠵᠢᠯᠡᠬᠦ ᠴᠢᠳᠠᠪᠤᠷᠢ ᠮᠠᠭᠤᠳᠠᠬᠤ ᠪᠠᠶᠢᠳᠠᠯ ᠢ ᠨᠠᠮᠳᠠᠭᠤᠯᠳᠠᠭ | ᠃ ᠵᠢᠱᠢᠶᠡᠯᠡᠪᠡᠯ ᠰᠢᠨ᠎ᠠ ᠰᠤᠷᠭᠤᠭ ᠦᠷᠭᠡᠰᠦᠳᠦ ᠨᠤᠭᠤᠭ᠎ᠠ ᠪᠠᠷ ᠰᠠᠯᠠᠳ᠋ ᠬᠢᠵᠦ ᠢᠳᠡᠪᠠᠯ ᠰᠠᠶᠢᠨ ᠪᠠᠶᠢᠳᠠᠭ᠃ | ᠠᠷᠤᠷ᠎ᠠ ᠶᠢᠨ ᠳᠤᠰᠤ | ᠠᠷᠤᠷ᠎ᠠ ᠶᠢᠨ ᠳᠤᠰᠤ ᠨᠢ ᠳᠤᠤᠷ᠎ᠠ ᠨᠢᠬᠳᠠᠴᠠᠳᠤ ᠦᠭᠡᠭᠦᠨ ᠤᠭᠤᠷᠠᠭᠳᠤ ᠰᠦᠰᠦᠨ ᠤ ᠴᠢᠯᠠᠭᠤᠯᠢᠬ | ᠠᠯᠺᠤᠤᠯ ᠤᠨ ᠵᠡᠷᠭᠡ ᠳᠡᠰ ᠢ ᠪᠠᠭᠤᠷᠠᠭᠤᠯᠬᠤ ᠪᠠᠷ ᠳᠠᠮᠵᠢᠨ ᠵᠢᠷᠦᠭᠡᠨ ᠡᠪᠡᠳᠴᠢᠨ ᠤ ᠠᠶᠤᠯ ᠢ ᠪᠠᠭᠠᠰᠬᠠᠳᠠᠭ᠃ | ᠠᠷᠤᠷ᠎ᠠ ᠶᠢᠨ ᠳᠤᠰᠤ ᠪᠤᠯ ᠭᠠᠵᠠᠷ ᠤᠨ ᠳᠤᠮᠳᠠᠳᠤ ᠳᠠᠩᠭᠢᠰ ᠤᠨ ᠤᠷᠤᠨ ᠤ ᠢᠳᠡᠭᠡᠨ ᠳᠤ ᠳᠤᠳᠠᠭᠳᠠᠵᠤ ᠪᠤᠯᠤᠰᠢ | ᠦᠭᠡᠢ ᠵᠦᠢᠯ ᠪᠤᠯᠤᠨ᠎ᠠ᠃ ᠠᠷᠤᠷ᠎ᠠ ᠶᠢᠨ ᠳᠤᠰᠤ ᠪᠠᠷ ᠬᠤᠭᠤᠯᠠ ᠬᠢᠵᠤ ᠪᠤᠯᠤᠨ᠎ᠠ᠂ ᠮᠦᠨ ᠰᠢᠭᠤᠳ ᠳᠠᠯᠬ᠎ᠠ ᠪᠠᠨ | ᠳᠦᠷᠦᠵᠦ ᠢᠳᠡᠵᠦ ᠪᠤᠯᠤᠨ᠎ᠠ᠃ | ᠰᠢᠷ᠎ᠠ ᠪᠤᠷᠴᠠᠭ ᠤᠨ ᠢᠳᠡᠭᠡᠨ | ᠰᠢᠷ᠎ᠡ ᠪᠤᠷᠴᠠᠭ ᠤᠨ ᠤᠭᠤᠷᠠᠭ ᠨᠢ ᠵᠢᠷᠦᠭᠡᠨ ᠡᠪᠡᠳᠴᠢᠨ ᠢ ᠰᠡᠷᠭᠡᠶᠢᠯᠡᠬᠦ ᠳᠤ ᠳᠤᠰᠠᠳᠠᠢ᠂ ᠤᠨᠴᠠᠭᠠᠢᠢᠯᠠᠨ | ᠪᠤᠷᠴᠠᠭ ᠤᠨ ᠢᠳᠡᠭᠡᠨ ᠢᠶᠠᠷ ᠤᠯᠠᠭᠠᠨ ᠢᠳᠡᠭᠡᠨ ᠢ ᠤᠷᠤᠯᠠᠭᠤᠯᠪᠠᠯ ᠬᠦᠢᠴᠡᠳ ᠦᠭᠡᠬᠦᠨ ᠬᠦᠴᠢᠯ ᠤᠨ ᠬᠡᠮᠵᠢᠶ᠎ᠠ ᠶᠢ | ᠪᠠᠭᠠᠰᠬᠠᠵᠤ᠂ ᠦᠭᠡᠬᠦᠨ ᠬᠦᠴᠢᠯ ᠤᠨ ᠳᠦᠪᠰᠢᠨ ᠢ ᠳᠡᠭᠡᠭᠰᠢᠯᠡᠭᠦᠯᠵᠦ ᠪᠤᠯᠤᠨ᠎ᠠ᠃ ᠡᠩ ᠤᠨ ᠦᠶ᠎ᠠ ᠳᠡᠭᠡᠨ ᠳ᠋ᠧᠦᠹᠦ᠋᠂ | ᠪᠤᠷᠴᠠᠭ ᠲᠠᠢ ᠰᠦ ᠢᠯᠡᠭᠦᠭᠡᠨ ᠤᠤᠭᠤᠵᠤ ᠪᠤᠯᠤᠨ᠎ᠠ᠃ | | | | |