2017 ᠣᠨ ᠳᠤ ᠡᠷᠢᠶᠡᠨ ᠪᠣᠭᠤᠮᠳᠠ ᠪᠠᠷ ᠣᠷᠣᠭᠤᠯᠣᠭᠰᠠᠨ ᠮᠤᠩᠭᠤᠯ ᠠᠳᠣᠭᠤᠨ ᠮᠢᠬᠠᠨ ᠤ ᠦᠷᠳᠡᠭ 4800 ᠳᠦᠮᠡᠨ ᠳ᠋ᠣᠯᠯᠠᠷ ᠢ ᠳᠠᠪᠠᠵᠠᠢ
ᠨᠡᠶᠢᠲᠡᠯᠡᠭᠰᠡᠨ ᠴᠠᠭ᠄
2018/4/19
        ᠥᠪᠦᠷ ᠮᠣᠩᠭᠤᠯ ᠤᠨ ᠬᠢᠵᠢᠭ ᠰᠢᠯᠭᠠᠨ ᠪᠠᠶᠢᠴᠠᠭᠠᠬᠤ ᠳᠣᠪᠴᠢᠶᠠᠨ ᠠᠴᠠ 1 ᠰᠠᠷ᠎ᠠ ᠶᠢᠨ 5 ᠤ ᠡᠳᠦᠷ ᠨᠡᠶᠢᠳᠡᠯᠡᠭᠰᠡᠨ ᠮᠡᠳᠡᠭᠡᠨ ᠳᠤ᠂ 2017 ᠣᠨ ᠳᠤ ᠳᠣᠮᠳᠠᠳᠣ ᠮᠣᠩᠭᠤᠯ ᠤᠨ ᠬᠠᠮᠤᠭ ᠳᠣᠮᠣ ᠬᠠᠭᠤᠷᠠᠢ ᠵᠠᠮ ᠤᠨ ᠪᠣᠭᠤᠮᠳᠠ — ᠡᠷᠢᠶᠡᠨ ᠪᠣᠭᠤᠮᠳᠠ ᠪᠠᠷ ᠣᠷᠣᠭᠤᠯᠣᠭᠰᠠᠨ ᠮᠣᠩᠭᠤᠯ ᠣᠯᠣᠰ ᠤᠨ ᠠᠳᠣᠭᠤᠨ ᠮᠢᠬ᠎ᠠ 2 ᠲᠦᠮᠡᠨ ᠳᠣᠨ ᠢ ᠳᠠᠪᠠᠵᠤ᠂4832.5 ᠲᠦᠮᠡᠨ ᠳ᠋ᠣᠯᠯᠠᠷ ᠤᠨ ᠦᠷᠳᠡᠭ ᠲᠤ ᠬᠦᠷᠦᠭᠰᠡᠨ ᠪᠠᠶᠢᠨ᠎ᠠ᠃        ᠡᠷᠢᠶᠡᠨ ᠪᠣᠭᠤᠮᠳᠠ ᠨᠢ ᠳᠣᠮᠳᠠᠳᠣ ᠣᠯᠣᠰ ᠤᠨ ᠴᠣᠷ ᠤᠨ ᠭᠠᠭᠴᠠ ᠮᠣᠩᠭᠤᠯ ᠣᠯᠣᠰ ᠠᠴᠠ ᠠᠳᠣᠭᠤᠨ ᠮᠢᠬ᠎ᠠ ᠣᠷᠣᠭᠤᠯᠬᠤ ᠨᠡᠷ᠎ᠡ ᠵᠢᠭᠠᠭᠰᠠᠨ ᠪᠣᠭᠤᠮᠳᠠ ᠪᠠᠶᠢᠵᠤ᠂ 2011 ᠣᠨ ᠳᠤ ᠵᠦᠪᠰᠢᠶᠡᠷᠡᠯ ᠣᠯᠣᠭᠰᠠᠨ ᠠᠴᠠ ᠨᠠᠭᠠᠰᠢ᠂ ᠠᠳᠣᠭᠤᠨ ᠮᠢᠬᠠᠨ ᠤ ᠣᠷᠣᠭᠤᠯᠣᠯᠳᠠ ᠨᠢ ᠵᠢᠯ ᠳᠠᠷᠠᠭᠠᠯᠠᠨ ᠨᠡᠮᠡᠭᠳᠡᠬᠦ ᠬᠠᠨᠳᠣᠰᠢ ᠲᠠᠢ ᠪᠠᠶᠢᠨ᠎ᠠ᠃        ᠡᠷᠢᠶᠡᠨ ᠬᠤᠳᠠ ᠶᠢᠨ ᠬᠢᠵᠢᠭ ᠰᠢᠯᠭᠠᠨ ᠪᠠᠶᠢᠴᠠᠭᠠᠬᠤ ᠭᠠᠵᠠᠷ ᠤᠨ ᠮᠡᠳᠡᠭᠡᠯᠡᠭᠰᠡᠨ ᠢᠶᠠᠷ᠂ ᠭᠠᠳᠠᠭᠠᠳᠤ ᠠᠴᠠ ᠣᠷᠣᠭᠤᠯᠣᠭᠰᠠᠨ ᠮᠢᠬᠠᠨ ᠪᠦᠳᠦᠭᠡᠭᠳᠡᠭᠦᠨ ᠤ ᠠᠮᠣᠷ ᠳᠥᠪᠰᠢᠨ ᠢ ᠬᠢᠨᠠᠨ ᠪᠠᠶᠢᠴᠠᠭᠠᠬᠤ ᠳᠤᠰᠬᠠᠢ ᠪᠠᠶᠢᠭᠤᠯᠤᠯᠭ᠎ᠠ ᠨᠢᠭᠡᠴᠢ ᠪᠣᠯᠣᠭᠰᠠᠨ ᠤ ᠬᠤᠪᠢ ᠳᠤ᠂ 2017 ᠣᠨ ᠳᠤ ᠨᠡᠶᠢᠳᠡ 915 ᠪᠦᠯᠥᠭ᠂ 23069.3 ᠳᠣᠨ᠂ 4832.5 ᠲᠦᠮᠡᠨ ᠳ᠋ᠣᠯᠯᠠᠷ ᠦᠷᠳᠡᠭ ᠲᠠᠢ ᠠᠳᠣᠭᠤᠨ ᠮᠢᠬ᠎ᠠ ᠶᠢ ᠡᠷᠢᠶᠡᠨ ᠪᠣᠭᠤᠮᠳᠠ ᠪᠠᠷ ᠪᠠᠶᠢᠴᠠᠭᠠᠨ ᠨᠡᠪᠳᠡᠷᠡᠭᠦᠯᠥᠭᠰᠡᠨ ᠪᠠᠶᠢᠨ᠎ᠠ᠃       ᠡᠷᠢᠶᠡᠨ ᠬᠤᠳᠠ ᠶᠢᠨ ᠬᠢᠵᠢᠭ ᠰᠢᠯᠭᠠᠨ ᠪᠠᠶᠢᠴᠠᠭᠠᠬᠤ ᠭᠠᠵᠠᠷ ᠤᠨ ᠠᠮᠢᠳᠠᠨ ᠣᠷᠭᠤᠮᠠᠯ ᠤᠨ ᠬᠢᠵᠢᠭ ᠰᠢᠯᠭᠠᠬᠤ ᠬᠡᠯᠳᠡᠰ ᠤᠨ ᠳᠡᠳ᠋ ᠳᠠᠷᠤᠭ᠎ᠠ ᠯᠢ ᠰᠢᠦᠢ ᠶᠢᠨ ᠬᠡᠯᠡᠭᠰᠡᠨ ᠢᠶᠠᠷ᠂ ᠬᠢᠵᠢᠭ ᠰᠢᠯᠭᠠᠨ ᠪᠠᠶᠢᠴᠠᠭᠠᠬᠤ ᠪᠠᠶᠢᠭᠤᠯᠤᠯᠭ᠎ᠠ ᠨᠢ ᠪᠢᠴᠢᠭ ᠪᠠᠷᠢᠮᠳᠠ ᠪᠦᠷᠢᠨ ᠭᠦᠢᠴᠡᠳ ᠠᠳᠣᠭᠤᠨ ᠮᠢᠬ᠎ᠠ ᠶᠢ ᠰᠢᠭᠤᠷᠬᠠᠢ ᠨᠡᠪᠳᠡᠷᠡᠭᠦᠯᠬᠦ ᠵᠠᠷᠴᠢᠮ ᠢ ᠪᠠᠷᠢᠮᠳᠠᠯᠠᠵᠥ᠂ ᠰᠢᠯᠭᠠᠨ ᠪᠠᠶᠢᠴᠠᠭᠠᠬᠤ ᠪᠦᠬᠦ ᠶᠠᠪᠤᠴᠠ ᠶᠢ 2 ᠮᠢᠨᠦ᠋ᠲ ᠲᠤ ᠬᠢᠵᠠᠭᠠᠷᠯᠠᠨ ᠬᠦᠢᠴᠡᠳᠭᠡᠵᠥ ᠪᠤᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号