2017 ᠣᠨ ᠳᠤ ᠡᠷᠢᠶᠡᠨ ᠪᠣᠭᠤᠮᠳᠠ ᠪᠠᠷ ᠣᠷᠣᠵᠤ ᠭᠠᠷᠤᠭᠰᠠᠨ ᠵᠣᠷᠴᠢᠭᠰᠠᠳ ᠤᠨ ᠳᠤᠭ᠎ᠠ 200 ᠲᠦᠮᠡᠨ ᠬᠦᠮᠥᠨ ᠣᠳᠠᠭ᠎ᠠ ᠶᠢ ᠳᠠᠪᠠᠵᠠᠢ
ᠨᠡᠶᠢᠲᠡᠯᠡᠭᠰᠡᠨ ᠴᠠᠭ᠄
2018/4/19
        2017 ᠣᠨ ᠳᠤ᠂ ᠡᠷᠢᠶᠡᠨ ᠬᠤᠳᠠ ᠶᠢᠨ ᠬᠢᠵᠢᠭ ᠰᠢᠯᠭᠠᠨ ᠪᠠᠶᠢᠴᠠᠭᠠᠬᠤ ᠭᠠᠵᠠᠷ ᠠᠴᠠ ᠨᠡᠶᠢᠳᠡ 217.24 ᠲᠦᠮᠡᠨ ᠬᠦᠮᠥᠨ ᠤᠳᠠᠭ᠎ᠠ ᠢᠷᠡᠵᠥ ᠶᠠᠪᠤᠬᠤ ᠵᠣᠷᠴᠢᠭᠰᠠᠳ ᠢ ᠬᠢᠯᠢ ᠪᠠᠷ ᠰᠢᠯᠭᠠᠨ ᠨᠡᠪᠳᠡᠷᠡᠭᠦᠯᠵᠥ᠂ ᠲᠡᠣᠬᠡᠨ ᠰᠢᠨ᠎ᠡ ᠳᠡᠮᠳᠡᠭᠯᠡᠯ ᠢ ᠡᠭᠦᠳᠥᠭᠰᠡᠨ ᠪᠠᠶᠢᠨ᠎ᠠ᠃         ᠣᠶᠢᠷ᠎ᠠ ᠶᠢᠨ ᠵᠢᠯ ᠤᠳ ᠠᠴᠠ᠂ ᠣᠯᠣᠰ ᠤᠨ ︽ᠨᠢᠭᠡ ᠪᠦᠰᠡ ᠨᠢᠭᠡ ᠵᠠᠮ︾ ᠪᠣᠯᠣᠨ ᠳᠣᠮᠳᠠᠳᠣ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠳᠦᠭᠡᠨ  ᠪᠠᠶᠢᠭᠤᠯᠤᠯᠳᠠ ᠳᠠᠰᠣᠷᠠᠯᠳᠠ ᠦᠭᠡᠢ ᠣᠷᠣᠭᠰᠢᠯᠠᠬᠤ ᠶᠢ ᠳᠠᠭᠠᠯᠳᠤᠨ᠂ ᠡᠷᠢᠶᠡᠨ ᠪᠣᠭᠤᠮᠳᠠ ᠶᠢᠨ ︽ᠳᠣᠮᠳᠠ ᠭᠠᠷᠴᠠ︾ ᠪᠣᠯᠣᠨ ︽ᠴᠢᠬᠤᠯᠠ ᠠᠭᠤᠯᠵᠠᠪᠦᠷᠢ︾ ᠪᠣᠯᠬᠤ ᠪᠠᠶᠢᠷᠢᠰᠢᠯ ᠤᠨ ᠳᠠᠪᠠᠭᠤᠯᠢᠭ ᠤᠯᠠᠮ ᠢᠶᠠᠷ ᠳᠣᠪᠣᠶᠢᠵᠤ᠂ ᠣᠯᠠᠨ ᠤᠯᠤᠰ ᠤᠨ ᠬᠤᠭᠤᠷᠤᠨᠳᠤᠬᠢ ᠬᠤᠳᠠᠯᠳᠤᠭ᠎ᠠ ᠠᠵᠤ ᠠᠬᠤᠢ ᠶᠢᠨ ᠬᠠᠷᠢᠯᠴᠠᠭ᠎ᠠ ᠡᠳᠦᠷ ᠢᠷᠡᠭᠦᠶ᠎ᠡ ᠨᠢᠭᠳᠠᠷᠠᠭᠰᠠᠨ ᠢᠶᠠᠷ᠂ ᠬᠢᠯᠢ ᠪᠠᠷ ᠤᠷᠤᠵᠤ ᠭᠠᠷᠬᠤ ᠬᠦᠮᠥᠨ ᠤ ᠳᠤᠭ᠎ᠠ ᠦᠷᠭᠦᠯᠵᠢᠯᠡᠨ ᠨᠡᠮᠡᠭᠳᠡᠵᠥ᠂ ᠣᠨᠴᠠᠭᠠᠶᠢᠯᠠᠨ ᠵᠤᠨ ᠤ ᠵᠢᠭᠤᠯᠴᠢᠯᠠᠯ ᠤᠨ ᠤᠯᠠᠷᠢᠯ ᠳᠤ ᠡᠳᠦᠷ ᠪᠦᠷᠢ ᠶᠢᠨ ᠰᠢᠯᠭᠠᠨ ᠨᠡᠪᠳᠡᠷᠡᠭᠦᠯᠬᠦ ᠵᠣᠷᠴᠢᠭᠴᠢ ᠶᠢᠨ ᠳᠤᠭ᠎ᠠ 8000 ᠭᠠᠷᠤᠢ ᠬᠦᠮᠥᠨ ᠤᠳᠠᠭ᠎ᠠ ᠳᠤ ᠬᠦᠷᠳᠡᠭ᠃        ᠡᠨᠡᠬᠦ ᠪᠠᠶᠢᠳᠠᠯ ᠳᠤ ᠴᠢᠭᠯᠡᠭᠦᠯᠥᠨ᠂ ᠡᠷᠢᠶᠡᠨ ᠬᠤᠳᠠ ᠶᠢᠨ ᠬᠢᠵᠢᠭ ᠰᠢᠯᠭᠠᠨ ᠪᠠᠶᠢᠴᠠᠭᠠᠬᠤ ᠭᠠᠵᠠᠷ ᠨᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠥ᠂ ᠦᠷ᠎ᠡ ᠪᠦᠳᠦᠮᠵᠢ ᠪᠠᠨ ᠳᠡᠭᠡᠭᠰᠢᠯᠡᠭᠦᠯᠥᠨ᠂ ᠰᠠᠭᠠᠳ ᠦᠭᠡᠢ ᠨᠡᠪᠳᠡᠷᠡᠯᠳᠡ ᠶᠢ ᠪᠠᠳᠤᠯᠠᠵᠤ᠂ ᠪᠤᠭᠤᠮᠳᠠ ᠶᠢᠨ ᠰᠢᠯᠭᠠᠨ ᠨᠡᠪᠳᠡᠷᠡᠭᠦᠯᠬᠦ ᠦᠷ᠎ᠡ ᠠᠰᠢᠭ ᠢ ᠪᠦᠬᠦ ᠳᠠᠯ᠎ᠠ ᠪᠠᠷ ᠠᠬᠢᠭᠤᠯᠵᠤ᠂ ᠵᠣᠷᠴᠢᠭᠰᠠᠳ ᠤᠨ ᠬᠢᠯᠢ ᠪᠠᠷ ᠨᠡᠪᠳᠡᠷᠡᠬᠦ ᠬᠤᠭᠤᠴᠠᠭ᠎ᠠ ᠶᠢ ᠬᠠᠮᠤᠭ ᠶᠡᠭᠡ ᠬᠡᠮᠵᠢᠶᠡᠨ ᠳᠤ ᠪᠣᠭᠤᠨᠢᠰᠬᠠᠵᠠᠢ᠃ ᠨᠢᠭᠡ ᠳᠤ᠂ ᠳᠡᠮᠦᠷ ᠵᠠᠮ᠂ ᠵᠠᠰᠠᠮᠠᠯ ᠵᠠᠮ ᠪᠣᠯᠣᠨ ᠳᠦᠷ ᠴᠠᠭ ᠤᠨ ᠠᠭᠠᠷ ᠤᠨ ᠪᠣᠭᠤᠮᠳᠠ ᠶᠢᠨ ᠳᠣᠰᠪᠦᠷᠢ ᠶᠢᠨ ᠰᠢᠯᠭᠠᠨ ᠨᠡᠪᠳᠡᠷᠡᠭᠦᠯᠬᠦ ᠣᠨᠴᠠᠯᠢᠭ ᠲᠤ ᠨᠢ ᠳᠣᠬᠢᠷᠠᠭᠤᠯᠤᠨ᠂ ᠰᠢᠯᠭᠠᠨ ᠪᠠᠶᠢᠴᠠᠭᠠᠬᠤ ᠠᠷᠭ᠎ᠠ ᠳᠦᠰᠥᠯ ᠪᠣᠯᠣᠨ ᠠᠵᠢᠯ ᠤᠨ ᠳᠣᠭᠳᠠᠯᠴᠠᠭ᠎ᠠ ᠶᠢ ᠪᠠᠶᠢᠭᠤᠯᠵᠤ᠂ ᠬᠢᠯᠢ ᠪᠠᠷ ᠵᠣᠷᠴᠢᠬᠤ ᠣᠷᠬᠢᠯ ᠴᠠᠭ ᠲᠤ᠂ ᠰᠢᠯᠭᠠᠨ ᠪᠠᠶᠢᠴᠠᠭᠠᠬᠤ ᠬᠦᠴᠦᠯᠡᠴᠡ ᠪᠠᠨ ᠳᠥᠪᠯᠡᠷᠡᠭᠦᠯᠵᠥ᠂ ᠵᠣᠷᠴᠢᠭᠰᠠᠳ ᠤᠨ ᠰᠢᠭᠤᠷᠬᠠᠢ ᠨᠡᠪᠳᠡᠷᠡᠯᠳᠡ ᠶᠢ ᠪᠠᠳᠤᠯᠠᠭᠰᠠᠨ ᠪᠠᠶᠢᠨ᠎ᠠ᠃ ᠬᠤᠶᠠᠷ ᠲᠤ᠂ ︽ᠭᠠᠶᠢᠯᠢ ᠶᠢᠨ ᠪᠣᠭᠤᠮᠳᠠ ᠪᠠ ᠬᠢᠵᠢᠭ ᠰᠢᠯᠭᠠᠨ ᠪᠠᠶᠢᠴᠠᠭᠠᠯᠳᠠ︾ ᠶᠢᠨ ᠤᠶᠠᠯᠳᠤᠭ᠎ᠠ  ᠶᠢ ᠴᠢᠩᠭᠠᠳᠬᠠᠨ᠂ ᠬᠤᠶᠠᠷ ᠪᠠᠶᠢᠭᠤᠯᠭ᠎ᠠ ᠶᠢᠨ ︽ᠨᠢᠭᠡ ᠮᠠᠰᠢᠨ ᠨᠢᠭᠡ ᠳᠡᠯᠭᠡᠴᠡ ᠨᠢᠭᠡ ᠳᠠᠪᠴᠠᠩ︾ ᠤᠨ ᠰᠢᠯᠭᠠᠨ ᠪᠠᠶᠢᠴᠠᠭᠠᠬᠤ ᠬᠡᠪ ᠵᠠᠭᠪᠤᠷ ᠢ ᠳᠦᠭᠡᠮᠡᠯᠵᠢᠭᠦᠯᠵᠥ᠂ ᠳᠠᠪᠬᠤᠷ ᠪᠠᠶᠢᠴᠠᠭᠠᠬᠤ ᠠᠴᠠ ᠪᠤᠯᠭᠤᠮᠵᠢᠯᠠᠨ᠂ ᠮᠠᠰᠢᠨ ᠪᠣᠯᠣᠨ ᠵᠣᠷᠴᠢᠭᠰᠠᠳ ᠤᠨ ᠬᠢᠯᠢ ᠪᠠᠷ ᠨᠡᠪᠳᠡᠷᠡᠭᠦ ᠬᠤᠭᠤᠴᠠᠭ᠎ᠠ ᠶᠢ ᠶᠡᠬᠡᠪᠡᠷ ᠪᠣᠭᠤᠨᠢᠰᠬᠠᠭᠰᠠᠨ ᠪᠠᠶᠢᠨ᠎ᠠ᠃ ᠭᠤᠷᠪᠠ ᠳᠤ᠂ ︽ᠣᠬᠠᠭᠠᠨᠯᠢᠭ ᠰᠢᠯᠭᠠᠨ ᠨᠡᠪᠳᠡᠷᠡᠭᠦᠯᠬᠦ ᠳᠠᠪᠴᠠᠩ︾ ᠵᠡᠷᠭᠡ ᠮᠡᠳᠡᠭᠡ ᠵᠠᠩᠭᠢᠴᠢᠯᠠᠯᠳᠠ ᠶᠢᠨ ᠠᠷᠭ᠎ᠠ ᠠᠪᠴᠠᠯ ᠢᠶᠠᠷ ᠳᠠᠮᠵᠢᠨ᠂ ᠰᠤᠭᠤᠴᠢᠨ ᠪᠠᠶᠢᠴᠠᠭᠠᠯᠳᠠ ᠦᠩᠭᠡᠷᠡᠭᠦᠯᠥᠭᠰᠡᠨ ᠦᠭᠡᠢ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠠᠦ᠋ᠲ᠋ᠣᠮᠠᠲ ᠪᠠᠷ ᠰᠢᠯᠭᠠᠨ ᠨᠡᠪᠳᠡᠷᠡᠭᠦᠯᠥᠨ᠂ ᠬᠦᠮᠥᠨ ᠤ ᠬᠦᠴᠦᠨ ᠤ ᠣᠷᠣᠯᠴᠠᠭ᠎ᠠ ᠶᠢ ᠪᠠᠭᠠᠰᠬᠠᠵᠤ᠂  ᠨᠡᠪᠳᠡᠷᠡᠯᠳᠡ  ᠶᠢᠨ ᠬᠤᠭᠤᠴᠠᠭ᠎ᠠ ᠶᠢ ᠪᠤᠭᠤᠨᠢᠰᠬᠠᠭᠰᠠᠨ ᠪᠠᠶᠢᠨ᠎ᠠ᠃ ᠳᠦᠷᠪᠡ ᠳᠤ᠂ ᠪᠤᠭᠤᠮᠳᠠ ᠶᠢᠨ ᠬᠢᠵᠢᠭ ᠰᠢᠯᠭᠠᠨ ᠪᠠᠶᠢᠴᠠᠭᠠᠯᠳᠠ ᠶᠢᠨ ᠬᠦᠴᠦᠯᠡᠴᠡ ᠪᠠᠨ ᠶᠡᠬᠡᠰᠭᠡᠵᠥ᠂ ᠬᠢᠯᠢ ᠪᠠᠷ ᠨᠡᠪᠳᠡᠷᠡᠭᠦ ᠬᠤᠷᠳᠤᠴᠠ ᠶᠢ ᠪᠠᠳᠣᠯᠠᠬᠤ ᠶᠢᠨ ᠳᠠᠭᠠᠤ᠂ ᠪᠠᠰᠠ ᠬᠢᠯᠢ ᠶᠢᠨ ᠭᠠᠳᠠᠨᠠᠬᠢ ᠬᠢᠵᠢᠭ ᠡᠪᠡᠳᠴᠢᠨ ᠤ ᠳᠠᠷᠬᠠᠨ ᠤᠷᠤᠬᠤ ᠠᠴᠠ ᠴᠢᠩᠭ᠎ᠠ ᠰᠡᠷᠭᠡᠶᠢᠯᠡᠵᠥ᠂ ᠪᠦᠬᠦ ᠵᠢᠯ  ᠳᠤ ᠨᠡᠶᠢᠳᠡ 169 ᠬᠠᠯᠳᠠᠪᠤᠷᠢᠳᠤ ᠡᠪᠡᠳᠴᠢᠨ ᠲᠠᠢ ᠵᠣᠷᠴᠢᠭᠰᠠᠳ ᠢ ᠪᠠᠶᠢᠴᠠᠭᠠᠨ ᠳᠣᠳᠣᠯᠠᠵᠤ᠂ 628 ᠪᠦᠯᠦᠭ ᠨᠡᠶᠢᠳᠡ 25 ᠳᠣᠨ ᠬᠤᠷᠢᠶ᠎ᠠ ᠲᠠᠢ ᠠᠮᠢᠳᠠᠨ ᠤᠷᠭᠤᠮᠠᠯ ᠤᠨ ᠪᠦᠳᠦᠭᠡᠭᠳᠡᠭᠦᠨ ᠢ ᠣᠯᠵᠠᠯᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号