ᠮᠤᠩᠭᠤᠯ ᠨᠤᠮ ᠤᠨ ᠲᠠᠯᠠᠬᠡᠢ ᠶᠢᠨ ᠠᠪᠤᠷᠭᠤ — ︽ᠭᠠᠨᠵᠤᠤᠷ ᠳ᠋ᠠᠠᠵᠤᠤᠷ︾
ᠨᠡᠶᠢᠲᠡᠯᠡᠭᠰᠡᠨ ᠴᠠᠭ᠄
2018/4/2
         ᠮᠤᠩᠭᠤᠯ ᠰᠤᠶᠤᠯ ᠤᠨ ᠭᠤᠤᠯ ᠴᠢᠮᠦᠬᠡ ᠪᠤᠯ ᠪᠤᠷᠠᠬᠨ ᠤ ᠱᠠᠰᠢᠨ ᠤ ᠵᠤᠬᠢᠶᠠᠯ ᠪᠤᠯᠤᠨ᠎ᠠ᠂ ᠤᠤᠯ ᠳᠠᠭᠠᠨ ᠬᠦᠮᠦᠰ ᠡᠬᠦᠨ ᠢ ᠮᠤᠬᠤᠷ ᠪᠢᠰᠢᠷᠠᠯ ᠤᠨ ᠨᠤᠮ ᠬᠡᠵᠤ ᠲᠡᠨᠢᠵᠤ ᠪᠠᠶᠢᠵᠠᠢ᠃ ᠦᠨᠡᠨ ᠳᠡᠭᠡᠨ ᠭᠠᠨᠵᠤᠤᠷ ᠳ᠋ᠠᠨᠵᠤᠤᠷ ᠪᠤᠯ ᠪᠤᠷᠬᠠᠨ ᠱᠠᠰᠢᠨ᠂ ᠤᠳᠤᠨ ᠤᠷᠤᠨ᠂ ᠵᠢᠷᠤᠬᠠᠢ᠂ ᠲᠡᠤᠭᠡ᠂ ᠤᠷᠠᠨ ᠵᠤᠬᠢᠶᠠᠯ᠂ ᠬᠦᠨ ᠤᠬᠠᠭᠠᠨ᠂ ᠡᠮ ᠡᠮᠨᠡᠯᠭᠡ᠂ ᠭᠠᠷ ᠤᠷᠠᠯᠢᠬ ᠵᠡᠷᠭᠡ ᠤᠯᠠᠨ ᠲᠡᠯ᠎ᠡ ᠶᠢ ᠬᠠᠮᠤᠷᠴᠦ ᠪᠠᠶᠢᠳᠠᠬ᠃ ᠮᠤᠩᠭᠤᠯ ᠭᠠᠨᠵᠤᠤᠷ ᠳ᠋ᠠᠨᠵᠤᠤᠷ ᠢ ᠬᠡᠪᠯᠡᠬᠦᠯᠬᠦ ᠬᠡᠵᠤ ᠤᠯᠠᠨ ᠬᠦᠮᠦᠰ ᠤᠷᠳᠦ ᠬᠤᠭᠤᠴᠠᠭ᠎ᠠ ᠪᠠᠷ ᠴᠢᠷᠮᠡᠶᠢᠬᠰᠡᠨ ᠪᠤᠯᠪᠠᠴᠦ ᠤᠯᠠᠨ ᠵᠦᠢᠯ ᠤᠨ ᠰᠢᠯᠳᠠᠭᠠᠨ ᠢᠶᠠᠷ ᠪᠡᠶᠡᠯᠡᠭᠳᠡᠵᠤ ᠴᠢᠳᠠᠭ᠎ᠠ ᠦᠬᠡᠢ ᠪᠠᠶᠢᠵᠠᠢ᠃ ᠮᠤᠩᠭᠤᠯ ᠦᠨᠳᠦᠰᠦᠳᠡᠨ ᠤ ᠬᠡᠳᠦᠨ ᠦᠶ᠎ᠡ ᠶᠢᠨ ᠡᠷᠳᠡᠮᠳᠡᠨ ᠰᠡᠭᠡᠭᠡᠳᠡᠳ ᠪᠦᠷ ᠡᠬᠦᠨ ᠢ ᠠᠪᠤᠷᠠᠶ᠎ᠠ ᠬᠡᠮᠡᠨ ᠴᠢᠷᠮᠡᠶᠢᠵᠤ ᠦᠡᠭᠭᠡᠷᠡᠯ᠎ᠡ᠂ 1999 ᠤᠨ ᠳᠤ ᠠᠯᠳ᠋ᠬᠠᠤᠷᠬᠢᠯ ᠫᠷᠤᠹᠧᠰᠰᠤᠷ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠪᠠᠶᠢᠬᠤ ᠦᠶ᠎ᠡ ᠳᠡᠭᠡᠨ ᠰᠢᠨᠵᠢᠶᠠᠩ ᠤᠨ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠬᠤ · ᠪᠠᠳᠠᠢ᠂ ᠠᠷᠪᠠᠨ ᠨᠢᠭᠡᠳᠦᠭᠡᠷ ᠳᠦᠷᠢ ᠶᠢᠨ ᠤᠯᠠᠭᠠᠨ ᠬᠡᠬᠡᠨ ᠲᠠᠢ ᠬᠠᠮᠳᠦ ᠲᠤᠷᠠᠳᠤᠯᠭ᠎ᠠ ᠭᠠᠷᠭᠠᠨ ᠰᠠᠨᠠᠯ ᠲᠡᠪᠰᠢᠬᠦᠯᠵᠤ᠂ ᠬᠠᠮᠤᠬ ᠰᠡᠬᠦᠯ ᠳᠤᠨᠢ ᠪᠦᠬᠦ ᠤᠯᠤᠰ ᠤᠨ ᠰᠤᠨᠢᠨ ᠮᠡᠳᠡᠭᠡ ᠬᠡᠪᠯᠡᠯ ᠤᠨ ᠶᠡᠷᠦᠩᠭᠡᠢ ᠵᠠᠬᠢᠷᠭ᠎ᠠ ᠠᠴᠠ ᠭᠤᠤᠯᠳᠠᠯᠭ᠎ᠠ ᠲᠠᠢ ᠲᠦᠯᠦᠪᠯᠡᠭᠡ ᠳᠡᠭᠡᠨ ᠤᠷᠤᠭᠤᠯᠵᠠᠢ᠃ 2003 ᠤᠨ ᠳᠤ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠰᠤᠶᠤᠯ ᠤᠨ ᠪᠠᠶᠢᠭᠤᠯᠤᠯᠳᠠ ᠶᠢᠨ ᠬᠦᠳᠤᠯᠪᠤᠷᠢ︾ ᠳᠤ ᠤᠷᠤᠭᠤᠯᠵᠤ᠂ ᠲᠦᠪ ᠤᠨ ᠤᠳᠤᠷᠢᠳᠤᠯᠭ᠎ᠠ ᠶᠢᠨ ᠵᠦᠪᠰᠢᠶᠡᠷᠡᠯ ᠢᠶᠠᠷ ᠶᠠᠪᠣᠭᠳᠠᠭᠰᠠᠨ ᠤᠯᠤᠰ ᠤᠨ ᠭᠤᠤᠯᠳᠠᠯᠭᠠᠳᠤ ᠨᠤᠮ ᠪᠢᠴᠢᠭ ᠬᠡᠪᠯᠡᠬᠦ ᠲᠦᠯᠦᠪᠵᠢᠭᠦᠯᠭᠡ ᠪᠤᠯᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 60 ᠵᠢᠯ ᠤᠨ ᠤᠢ ᠶᠢᠨ ᠦᠶ᠎ᠡ ᠳᠤ ᠦᠨᠳᠦᠰᠦᠳᠡᠨ ᠤ ᠲᠤᠮᠤ ᠤᠷᠤᠨ ᠢ ᠪᠠᠶᠢᠭᠤᠯᠬᠤ ᠢᠨᠵᠧᠨᠧᠷᠢᠩ ᠳᠤ ᠤᠷᠤᠵᠤ᠂ ᠠᠷᠪᠡᠨ ᠭᠡᠳᠤᠨ ᠠᠵᠢᠯᠴᠢᠨ ᠤ ᠬᠤᠶᠠᠷ ᠵᠢᠯ ᠤᠨ ᠰᠢᠷᠪᠢᠯᠳᠠ᠂ ᠠᠷᠪᠠᠨ ᠬᠤᠶᠠᠷ ᠬᠦᠮᠦᠨ ᠢᠶᠠᠷ ᠪᠦᠷᠢᠯᠳᠦᠭᠰᠡᠨ ᠨᠠᠶᠢᠷᠠᠭᠤᠯᠬᠤ ᠳᠤᠭᠤᠶᠢᠯᠠᠩ ᠤᠨ ᠬᠢᠨ ᠤ ᠠᠷᠪᠠᠭᠠᠳ ᠵᠢᠯ ᠤᠨ ᠴᠢᠷᠮᠡᠶᠢᠯᠭ᠎ᠠ ᠪᠠᠷ 2014 ᠤᠨ ᠳᠤ ᠠᠮᠵᠢᠯᠳᠡ ᠲᠠᠢ ᠲᠠᠭᠤᠰᠴᠠᠢ᠃            ᠠᠯᠳ᠋ᠬᠠᠤᠷᠬᠢᠯ ᠫᠷᠤᠹᠧᠰᠰᠤᠷ᠄ ︽ᠭᠠᠨᠵᠤᠤᠷ ᠳ᠋ᠠᠨᠵᠤᠤᠷ ᠤᠨ ᠤᠳᠬ᠎ᠠ ᠠᠭᠤᠯᠭ᠎ᠠ ᠶᠢ ᠤᠳᠤᠬᠠᠨ ᠳᠤ ᠬᠦᠮᠦᠰ ᠪᠦᠷᠢᠮᠦᠰᠦᠨ ᠬᠡᠯᠡᠵᠤ ᠴᠢᠳᠡᠬᠤ ᠦᠬᠡᠢ᠂ ᠴᠠᠬ ᠦᠶ᠎ᠡ ᠶᠢ ᠲᠠᠭᠠᠯᠳᠤᠨ ᠮᠤᠩᠭᠤᠯ ᠤᠳᠬ᠎ᠠ ᠰᠤᠶᠤᠯ ᠬᠡᠳᠦ ᠬᠦᠭᠵᠢᠵᠤ᠂ ᠬᠡᠳᠦ ᠬᠦᠨᠵᠡᠬᠡᠶᠢᠷᠡᠭᠰᠡᠨ ᠤ ᠲᠠᠷᠠᠭ᠎ᠠ ᠡᠬᠦᠨ ᠤ ᠴᠢᠬᠤᠯᠡ ᠴᠢᠨᠡᠷ ᠤᠯᠠᠮ ᠪᠠᠳᠠᠷᠠᠵᠤ᠂ ᠬᠦᠮᠦᠰ ᠤᠯᠠᠮ ᠮᠡᠳᠡᠷᠡᠬᠦ ᠶᠤᠮ᠃ ᠲᠡᠯᠡᠬᠡᠢ ᠲᠡᠭᠡᠷ᠎ᠡ ᠬᠢᠳᠡᠳ᠂ ᠲᠦᠪᠡᠳ᠂ ᠮᠠᠨᠵᠤ᠂ ᠶᠡᠫᠤᠨ ᠭᠠᠨᠵᠤᠤᠷ ᠬᠡᠵᠤ ᠤᠯᠠᠨ ᠵᠦᠢᠯ ᠤᠨ ᠭᠠᠨᠵᠤᠤᠷ ᠳ᠋ᠠᠨᠵᠤᠤᠷ ᠪᠠᠶᠢᠳᠠᠭ ᠴᠤ ᠵᠦᠪᠭᠡᠨ ᠡᠨᠡᠬᠦ ᠮᠤᠩᠭᠤᠯ ︿ᠭᠠᠨᠵᠤᠤᠷ ᠳ᠋ᠠᠨᠵᠤᠤᠷ﹀ ᠪᠤᠯ ᠬᠠᠮᠤᠭ ᠤᠨ ᠪᠦᠷᠢᠨ ᠪᠦᠳᠦᠨ᠂ ᠵᠦᠪᠬᠡᠨ ᠮᠤᠩᠭᠤᠯ ᠭᠠᠨᠵᠤᠤᠷ ᠳ᠋ᠠᠨᠵᠤᠤᠷ ᠲᠤ ᠯᠡ ᠲᠦᠷᠪᠡᠨ ᠵᠦᠢᠯ ᠤᠨ ᠦᠰᠦᠭ ᠤᠨ ᠭᠠᠷᠴᠠᠬ ᠲᠠᠢ᠃ ᠭᠠᠨᠵᠤᠤᠷ ᠪᠤᠯ ᠮᠠᠨ ᠤ ᠤᠯᠤᠰ ᠲᠤ ᠤᠳᠤ ᠠᠷᠪᠡᠨ ᠵᠢᠷᠭᠤᠭᠠᠨ ᠢᠵᠢ ᠪᠤᠢ᠂ ᠤᠳᠤ ᠬᠠᠳᠠᠭᠠᠯᠠᠭᠳᠠᠵᠤ ᠪᠠᠶᠢᠭ᠎ᠠ ᠨᠢ ᠦᠪᠦᠷ ᠮᠤᠩᠭᠤᠯ ᠤᠨ ᠨᠤᠮ ᠤᠨ ᠰᠠᠩ᠂ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠠᠯᠡᠩ ᠂ ᠮᠤᠩᠭᠤᠯ ᠤᠯᠤᠰ ᠤᠨ ᠤᠯᠠᠭᠠᠨᠪᠠᠭᠠᠳᠤᠷ ᠤᠨ ᠨᠤᠮ ᠤᠨ ᠰᠠᠩ ᠳᠤ ᠪᠦᠷ ᠪᠤᠢ᠃ ᠬᠡᠬᠦ ᠳᠤ ᠭᠤᠷᠪᠠᠨ ᠭᠠᠵᠠᠷ ᠤᠨ ᠭᠠᠨᠵᠤᠤᠷ ᠠᠯᠢ ᠴᠦ ᠪᠦᠷᠢᠨ ᠪᠢᠰᠢ᠂ ᠡᠨᠡ ᠪᠠᠶᠢᠳᠠᠯ ᠳᠤ ᠪᠢᠳᠡ ᠭᠤᠷᠪᠠᠨ ᠵᠦᠢᠯ ᠤᠨ ᠭᠠᠨᠵᠤᠤᠷ ᠢ ᠬᠠᠷᠭᠤᠭᠤᠯᠤᠨ ᠶᠡᠭᠡ ᠬᠦᠴᠦ ᠬᠦᠳᠡᠯᠮᠤᠷᠢ ᠤᠷᠤᠭᠤᠯᠤᠨ ᠪᠦᠷᠢᠨ ᠪᠤᠯᠭᠠᠵᠠᠢ︾ ᠬᠡᠯ᠎ᠡ᠃         — ᠮᠤᠩᠭᠤᠯ ᠭᠠᠨᠵᠤᠤᠷ ᠳ᠋ᠠᠨᠵᠤᠤᠷ ᠢ ᠠᠪᠤᠷᠠᠨ ᠬᠡᠪᠯᠡᠬᠦᠯᠬᠦ ᠠᠷᠪᠠᠭᠠᠳ ᠵᠢᠯ ᠤᠨ ᠲᠤᠷᠰᠢ᠂ ᠮᠤᠩᠭᠤᠯ ᠤᠯᠤᠰ ᠤᠨ ᠠᠺᠡᠳᠧᠮᠢᠴᠢ ᠱ᠊ · ᠪᠢᠷᠡ᠂ ᠲᠡᠮᠤᠷᠲᠤᠭᠤᠭ᠎ᠠ᠂ ᠳ᠋᠊ · ᠴᠠᠷᠡᠨᠰᠤᠳᠨᠠᠮ ᠨᠡᠷ ᠤᠳᠠᠭ᠎ᠠ ᠲᠡᠷᠠᠭ᠎ᠠ ᠬᠦᠬᠡᠬᠤᠳᠡᠨ᠎ᠡ ᠢᠷᠡᠵᠤ᠂ ᠰᠠᠶᠢᠨ ᠰᠠᠶᠢᠬᠠᠨ ᠰᠠᠨᠠᠯ ᠵᠦᠪᠯᠡᠯᠬᠡ ᠪᠠᠨ ᠦᠭᠴᠦ ᠪᠠᠶᠢᠯ᠎ᠠ᠃ ᠬᠡᠪᠯᠡᠯ ᠪᠦᠷᠢᠨ ᠪᠤᠯᠤᠬᠰᠠᠨ ᠴᠠᠬ ᠲᠤ ᠰᠡᠳᠬᠢᠯ ᠶᠡᠭᠡ ᠲᠤᠬᠳᠤᠯᠤᠬᠰᠠᠨ᠂ ᠮᠢᠨᠦ ᠨᠢᠬᠡ ᠨᠠᠰᠤᠨ ᠳᠤ ᠠᠪᠴᠦ ᠬᠡᠯᠡᠭᠰᠡᠨ ᠴᠦ ᠡᠨᠡ ᠪᠤᠯ ᠨᠢᠬᠡ ᠶᠡᠭᠡ ᠪᠦᠳᠦᠭᠡᠯ᠂ ᠪᠢ ᠪᠠᠭ᠎ᠠ ᠠᠴᠠ ᠪᠠᠨ ᠮᠤᠩᠭᠤᠯ ᠲᠡᠤᠬᠡ ᠰᠤᠷᠴᠡᠢ᠂ ᠮᠤᠩᠭᠤᠯ ᠲᠡᠤᠭᠡ ᠠᠴᠠ ᠪᠠᠨ ᠴᠢᠨᠠᠬᠰᠢᠯᠡᠨ ᠱᠠᠰᠢᠨ ᠤ ᠨᠤᠮ ᠢ ᠰᠤᠳᠤᠯᠵᠠᠢ᠃ ᠪᠤᠷᠬᠠᠨ ᠱᠠᠰᠢᠨ ᠤ ᠰᠤᠶᠤᠯ ᠪᠤᠯ ᠮᠤᠩᠭᠤᠯ ᠰᠤᠶᠤᠯ ᠳᠠᠬᠢ ᠴᠢᠬᠤᠯᠠ ᠵᠦᠢᠯ ᠬᠡᠮᠡᠨ ᠪᠤᠳᠤᠵᠤ ᠡᠨᠡ ᠠᠵᠢᠯ ᠢ ᠲᠠᠭᠤᠰᠬᠠᠬᠰᠠᠨ᠂ ᠲᠤᠬᠠᠢ ᠶᠢᠨ ᠦᠶ᠎ᠡ ᠳᠤ ᠤᠯᠠᠩᠬᠢ ᠬᠦᠮᠦᠰ ᠪᠦᠷ ᠤᠢᠢᠯᠠᠭᠠᠬᠤ ᠦᠬᠡᠢ᠂ ᠨᠠᠳᠠ ᠶᠢ ᠬᠠᠯᠠᠭᠤᠨ ᠰᠡᠳᠬᠢᠯ ᠢᠶᠠᠷ ᠯᠡ ᠠᠵᠢᠯᠯᠠᠵᠤ ᠪᠠᠶᠢᠬᠤ ᠠᠴᠠ ᠪᠢᠰᠢ ᠳᠠᠭᠤᠰᠬᠠᠵᠦ ᠲᠡᠶᠢᠯᠬᠦ ᠦᠬᠡᠢ ᠬᠡᠵᠤ ᠪᠠᠶᠢᠬᠰᠠᠨ᠃ ᠤᠳᠤ ᠪᠢ ᠪᠤᠳᠤᠬᠰᠠᠨ ᠳᠠᠭᠠᠨ ᠬᠦᠷᠴᠦ ᠡᠨᠡᠬᠦ ᠠᠭᠤᠤ ᠪᠦᠳᠦᠭᠡᠯ ᠢ ᠠᠪᠤᠷᠠᠵᠤ ᠭᠠᠷᠭᠠᠬᠰᠠᠨ ᠳᠠᠭᠠᠨ ᠶᠡᠭᠡ ᠪᠠᠶᠠᠷᠯᠠᠵᠤ ᠪᠠᠶᠢᠨ᠎ᠠ᠂ ᠪᠦᠬᠦᠳᠡ 130 ᠬᠤᠪᠢ ᠬᠡᠪᠯᠡᠬᠦᠯᠵᠤ ᠤᠳᠤᠬᠠᠨ᠎ᠠ ᠳᠠᠷᠬᠠᠭᠠᠳ ᠲᠠᠭᠤᠰᠤᠬᠰᠠᠨ᠂ ᠰᠦᠮ᠎ᠡ ᠬᠡᠶᠢᠳ ᠤᠨ ᠬᠢ ᠠᠪᠬᠤ ᠠᠴᠠ ᠭᠠᠳᠠᠨ᠎ᠠ ᠬᠤᠪᠢ ᠬᠦᠮᠦᠨ ᠴᠦ ᠠᠪᠤᠬᠰᠠᠨ ᠪᠤᠢ᠂ ᠲᠠᠬᠢᠭᠠᠳ ᠵᠠᠬᠢᠶᠠᠯᠠᠬᠤ ᠬᠦᠮᠦᠨ ᠭᠤᠴᠢ ᠠᠴᠠ ᠲᠡᠭᠡᠭᠰᠢ ᠬᠦᠷᠪᠡᠯ ᠪᠠᠰᠠ ᠲᠡᠬᠢᠨ ᠬᠡᠪᠯᠡᠬᠦᠯᠵᠤ ᠪᠤᠯᠤᠨ᠎ᠡ ᠬᠡᠵᠤ ᠠᠯᠳ᠋ᠬᠠᠤᠷᠬᠢᠯ ᠫᠷᠤᠹᠧᠰᠰᠤᠷ ᠪᠤᠳᠤᠯ ᠢᠶᠠᠨ ᠶᠡᠷᠢᠯ᠎ᠡ᠃              ︽ᠭᠠᠨᠵᠤᠤᠷ ᠳ᠋ᠠᠨᠵᠤᠤᠷ︾ ᠪᠦᠳᠦᠭᠡᠭᠳᠡᠭᠰᠠᠨ 15 ᠵᠢᠯ          ᠮᠤᠩᠭᠤᠯ ︽ᠭᠠᠨᠵᠤᠤᠷ ᠳ᠋ᠠᠨᠵᠤᠤᠷ︾ ᠪᠤᠷᠬᠠᠨ ᠱᠠᠰᠢᠨ᠂ ᠬᠦᠨ ᠤᠬᠠᠭᠠᠨ᠂ ᠡᠮ ᠡᠮᠨᠡᠯᠭᠡ᠂ ᠲᠡᠤᠭᠡ᠂ ᠤᠷᠠᠨ ᠵᠤᠬᠢᠶᠠᠯ ᠵᠡᠷᠭᠡ ᠤᠯᠠᠨ ᠬᠦᠷᠢᠶ᠎ᠠ ᠲᠠᠢ ᠬᠤᠯᠪᠤᠬᠳᠠᠬᠤ ᠮᠠᠨ ᠤ ᠤᠯᠤᠰ ᠤᠨ ᠡᠷᠳᠡᠨ ᠤ ᠪᠦᠷᠢᠨ ᠲᠤᠯᠢ ᠪᠠᠶᠢᠵᠤ ᠂ ᠲᠤᠮᠳᠡᠳᠦ ᠶᠢᠨ ᠤᠯᠠᠮᠵᠢᠯᠠᠯᠳᠦ ᠰᠤᠶᠤᠯ ᠤᠨ ᠭᠤᠷᠪᠠᠨ ᠶᠡᠭᠡ ᠰᠠᠭᠤᠷᠢ ᠴᠢᠯᠠᠭᠤ ᠶᠢᠨ ᠨᠢᠬᠡ ᠮᠦᠨ᠃ ᠪᠤᠷᠬᠠᠨ ᠱᠠᠰᠢᠨ ᠨᠢ ᠡᠷᠳᠡᠨ ᠤ ᠡᠨᠡᠳᠭᠡᠭ ᠠᠴᠠ ᠡᠬᠦᠰᠦᠯᠳᠡᠢ ᠪᠠᠶᠢᠵᠤ᠂ ᠰᠡᠬᠦᠯᠡᠷ ᠨᠢ ᠲᠤᠮᠳᠡᠳᠦ ᠤᠯᠤᠰ ᠲᠤ ᠦᠷᠭᠡᠨ ᠢᠶᠠᠷ ᠲᠡᠯᠭᠡᠷᠡᠵᠤ᠂ ᠲᠤᠮᠳᠡᠳᠦ ᠤᠯᠤᠰ ᠨᠢ ᠪᠤᠷᠬᠠᠨ ᠱᠠᠰᠢᠨ ᠤ ᠬᠤᠶᠠᠳᠤᠭᠠᠷ ᠡᠬᠡ ᠨᠤᠳᠤᠬ ᠪᠤᠯᠤᠬᠰᠠᠨ ᠪᠠᠶᠢᠨ᠎ᠠ᠃ ᠪᠤᠷᠬᠠᠨ ᠱᠠᠰᠢᠨ ᠳᠤ ᠨᠡᠬᠡᠬᠡᠯᠳᠡᠳᠦ ᠴᠢᠨᠡᠷ᠂ ᠪᠠᠭᠳᠠᠭᠠᠮᠵᠢᠳᠦ ᠴᠢᠨᠡᠷ᠂ ᠨᠢᠭᠦᠯᠡᠰᠦᠩᠬᠦᠢ ᠴᠢᠨᠡᠷ ᠢᠯᠡᠷᠬᠡᠢ᠂ ᠤᠯᠤᠰ ᠤᠨ ᠬᠠᠷᠢᠶ᠎ᠠ᠂ ᠦᠨᠳᠦᠰᠦᠳᠡᠨ᠂ ᠵᠠᠷᠭᠡ ᠲᠠᠰ ᠤᠨ ᠢᠯᠭᠠᠯ ᠦᠬᠡᠢ᠂ ᠦᠷᠬᠡᠨ ᠲᠡᠯᠬᠡᠷᠡᠩᠬᠦᠢ᠂ ᠡᠷᠭᠡ ᠲᠡᠭᠰᠢ ᠶᠢ ᠬᠦᠬᠡᠬᠡᠴᠡᠯᠳᠦᠳᠡᠭ᠃ ᠪᠤᠷᠬᠠᠨ ᠱᠠᠰᠢᠨ ᠲᠤᠮᠳᠡᠳᠦ ᠤᠯᠤᠰ ᠲᠤ ᠤᠯᠠᠮᠵᠢᠯᠠᠬᠳᠠᠨ ᠤᠷᠤᠵᠤ ᠢᠷᠡᠭᠰᠡᠨ ᠬᠤᠶᠠᠷ ᠮᠢᠩᠭ᠎ᠠ ᠭᠠᠷᠤᠢ ᠵᠢᠯ ᠤᠨ ᠲᠡᠤᠭᠡᠨ ᠬᠤᠭᠤᠴᠠᠭᠠᠨ ᠳᠤ᠂ ᠲᠤᠮᠳᠡᠳᠦ ᠶᠢᠨ ᠰᠤᠶᠤᠯ᠂ ᠤᠨᠴᠠᠭᠠᠢᠢᠯᠠᠨ ᠲᠤᠮᠳᠡᠳᠦ ᠶᠢᠨ ᠨᠡᠬᠦᠳᠡᠯ ᠰᠤᠶᠤᠯ ᠲᠠᠢ ᠨᠢᠬᠳᠡ ᠤᠶᠠᠯᠳᠤᠬᠤ ᠪᠡ ᠡᠯ᠎ᠡ ᠦᠨᠳᠦᠰᠦᠳᠡᠨ ᠤ ᠦᠵᠡᠯ ᠤᠬᠠᠮᠰᠠᠷ ᠤᠨ ᠬᠡᠯᠪᠡᠷᠢ ᠠᠴᠠ ᠢᠵᠢᠯᠢ ᠪᠠᠨ ᠡᠷᠢᠵᠤ᠂ ᠲᠤᠮᠳᠡᠳᠦ ᠶᠢᠨ ᠤᠯᠠᠨ ᠦᠨᠳᠦᠰᠦᠳᠡᠨ ᠤ ᠪᠦᠷᠢᠯᠳᠦᠬᠦ᠂ ᠲᠤᠮᠳᠡᠳᠦ ᠶᠢᠨ ᠶᠡᠭᠡ ᠨᠢᠭᠡᠳᠦᠯ ᠢ ᠪᠡᠶᠡᠯᠡᠬᠦᠯᠬᠦ ᠪᠡ ᠦᠨᠳᠦᠰᠦᠳᠡᠨ ᠤ ᠵᠤᠬᠢᠴᠠᠯ ᠢ ᠪᠡᠶᠡᠯᠡᠬᠦᠯᠬᠦ ᠳᠤ ᠶᠡᠭᠡ ᠦᠢᠯᠡᠳᠦᠯ ᠦᠵᠡᠬᠦᠯᠵᠤ᠂ ᠲᠡᠤᠭᠡᠨ ᠳᠤ ᠪᠤᠷᠬᠠᠨ ᠱᠠᠰᠢᠨ ᠤ ᠰᠤᠶᠤᠯ ᠨᠢ ᠲᠤᠮᠳᠡᠳᠦ ᠶᠢᠨ ᠦᠷᠨᠢᠨ ᠮᠡᠨᠳᠤᠬᠤ ᠶᠢᠨ ᠬᠦᠴᠦᠨ ᠪᠠᠶᠢᠵᠠᠢ᠃ ᠰᠤᠳᠤᠷ᠂ ᠨᠤᠮ᠂ ᠯᠠᠮᠠ ᠨᠢ ᠪᠤᠷᠬᠠᠨ ᠱᠠᠰᠢᠨ ᠤ ᠦᠨᠳᠦᠰᠦᠨ ᠪᠦᠷᠢᠯᠳᠦᠬᠦᠨ ᠪᠠᠶᠢᠵᠤ᠂ ᠪᠤᠷᠬᠠᠨ ᠱᠠᠰᠢᠨ ᠤ ᠭᠤᠷᠪᠠᠨ ᠡᠷᠳᠡᠨᠢ ᠬᠡᠮᠡᠭᠳᠡᠳᠡᠭ᠃ ᠪᠤᠷᠬᠠᠨ ᠱᠠᠰᠢᠨ ᠤ ᠡᠬᠦᠳᠦᠭᠴᠢ ᠱᠠᠬᠵᠠᠮᠤᠨᠢ ᠠᠯᠢᠪᠡ ᠳᠤ ᠪᠤᠷᠬᠠᠨ ᠨᠤᠮ ᠢᠶᠠᠷ ᠦᠨᠳᠦᠰᠦ ᠪᠤᠯᠭᠠᠬᠤ ᠶᠢ ᠰᠠᠨᠠᠭᠠᠰᠢᠷᠠᠵᠤ᠂ ᠪᠤᠷᠬᠠᠨ ᠨᠤᠮ ᠪᠤᠯ ᠪᠤᠷᠬᠠᠨ ᠱᠠᠰᠢᠨ ᠤ ᠰᠠᠭᠤᠷᠢ᠂ ᠭᠤᠷᠪᠠᠨ ᠡᠷᠳᠡᠨᠢ ᠶᠢᠨ ᠦᠨᠳᠦᠰᠦ ᠬᠡᠳᠡᠭ᠃ ︽ᠭᠠᠨᠵᠤᠤᠷ ᠳ᠋ᠠᠨᠵᠤᠤᠷ︾ ᠪᠤᠯ ᠲᠠᠷᠤᠢ ᠪᠤᠷᠬᠠᠨ ᠨᠤᠮ ᠤᠨ ᠶᠡᠷᠦᠩᠭᠡᠶᠢᠯᠡᠯ ᠪᠤᠯᠤᠨ᠎ᠠ᠃ ᠲᠤᠮᠳᠡᠳᠦ ᠤᠯᠤᠰ ᠪᠤᠯ ᠪᠤᠷᠬᠠᠨ ᠱᠠᠰᠢᠨ ᠤ ᠰᠤᠳᠤᠷ ᠰᠤᠷᠪᠤᠯᠵᠢ ᠪᠢᠴᠢᠭ ᠬᠠᠮᠤᠬ ᠠᠴᠠ ᠤᠯᠠᠨ ᠬᠠᠳᠠᠭᠠᠯᠠᠬᠳᠠᠵᠤ ᠪᠠᠶᠢᠭ᠎ᠠ ᠤᠯᠤᠰ ᠪᠠᠶᠢᠵᠤ᠂ ᠮᠤᠩᠭᠤᠯ᠂ ᠲᠦᠪᠡᠳ᠂ ᠬᠢᠳᠡᠳ᠂ ᠮᠠᠨᠵᠤ᠂ ᠳ᠋ᠡᠢ ᠦᠨᠳᠦᠰᠦᠳᠡᠨ ᠵᠢᠴᠢ ᠪᠠᠷᠠᠭᠤᠨ ᠰᠢᠶᠠ ᠤᠯᠤᠰ ᠤᠨ ᠡᠯ᠎ᠡ ᠲᠦᠷᠦᠯ ᠤᠨ ᠬᠡᠪᠯᠡᠯ ᠤᠳ ᠪᠠᠶᠢᠳᠠᠬ᠃         ᠮᠤᠩᠭᠤᠯᠴᠤᠳ ᠦᠪᠡᠷ ᠤᠨ ᠤᠬᠰᠠᠭ᠎ᠠ ᠦᠨᠳᠦᠰᠦᠳᠡᠨ ᠤ ᠪᠠᠨ ᠰᠤᠶᠤᠯ ᠤᠨ ᠴᠢᠬᠤᠯᠡ ᠦᠪ ᠬᠦᠷᠦᠩᠭᠡ ᠪᠤᠯᠬᠤ ᠮᠤᠩᠭᠤᠯ ᠭᠠᠨᠵᠤᠤᠷ ᠳ᠋ᠠᠨᠵᠤᠤᠷ ᠢ ᠠᠪᠤᠷᠠᠨ ᠬᠡᠪᠯᠡᠬᠦᠯᠬᠦ ᠬᠡᠵᠤ ᠤᠷᠳᠦ ᠤᠳᠠᠭᠠᠨ ᠬᠤᠭᠤᠴᠠᠭ᠎ᠠ ᠰᠠᠨᠠᠭᠠᠴᠢᠯᠠᠵᠤ ᠴᠦᠬᠦᠷᠡᠰᠢ ᠦᠬᠡᠢ ᠵᠢᠳᠭᠦᠭᠰᠡᠭᠡᠷ ᠢᠷᠡᠭᠰᠡᠨ ᠪᠤᠯᠪᠠᠴᠦ ᠳᠠᠯ᠎ᠠ ᠳᠠᠯ᠎ᠠ ᠶᠢᠨ ᠰᠢᠯᠳᠠᠭᠠᠨ ᠠᠴᠠ ᠪᠤᠯᠵᠤ ᠶᠡᠷᠦ ᠪᠡᠶᠡᠯᠡᠭᠳᠡᠵᠤ ᠴᠢᠳᠠᠬᠰᠠᠨ ᠦᠬᠡᠢ ᠪᠢᠯᠡ᠃ ᠰᠡᠬᠦᠯᠡᠷ ᠨᠢ ᠠᠯᠳ᠋ᠬᠠᠤᠷᠬᠢᠯ ᠪᠠᠭᠰᠢ ᠶᠢᠨ ᠵᠢᠭᠠᠨ ᠵᠢᠯᠦᠭᠤᠳᠤᠯᠭ᠎ᠠ ᠲᠤᠤᠷ᠎ᠠ ᠬᠤᠶᠠᠷ ᠵᠢᠯ ᠰᠢᠷᠪᠢᠵᠤ᠂ ᠬᠠᠷᠭᠤᠭᠤᠯᠬᠤ ᠠᠵᠢᠯ ᠠᠷᠪᠠᠨ ᠭᠤᠷᠪᠠᠨ ᠵᠢᠯ ᠶᠠᠪᠤᠬᠳᠠᠬᠰᠠᠨ ᠮᠤᠩᠭᠤᠯ ︽ᠭᠠᠨᠵᠤᠤᠷ ᠳ᠋ᠠᠨᠵᠤᠤᠷ︾ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ ᠵᠢᠷᠠᠨ ᠵᠢᠯ ᠤᠨ ᠤᠢ ᠶᠢᠨ ᠦᠶ᠎ᠡ ᠳᠤ ᠬᠡᠪᠯᠡᠯ ᠳᠤ ᠦᠭᠴᠦ᠂ 2007 ᠤᠨ ᠤ ᠰᠤᠨᠢᠨ ᠮᠡᠳᠡᠭᠡᠨ ᠤ ᠬᠡᠪᠯᠡᠯ ᠤᠨ ᠨᠢᠬᠡᠳᠦᠬᠡᠷ ᠵᠦᠢᠯ ᠳᠤ ᠪᠠᠶᠢᠷᠢᠯᠠᠭᠤᠯᠤᠬᠳᠠᠵᠤ᠂ ᠨᠠᠮ ᠵᠠᠰᠠᠬ ᠤᠨ ᠦᠨᠳᠦᠷ ᠬᠦᠨᠳᠦᠳᠭᠡᠯ ᠢ ᠤᠯᠵᠠᠢ᠃                 ᠡᠬᠢᠯᠠᠨ ᠡᠮᠬᠢᠤᠠᠬᠡᠬᠦ ᠨᠠᠶᠢᠷᠠᠭᠤᠯᠬᠤ ᠵᠦᠪᠯᠠᠯ ᠨᠠᠮ ᠵᠠᠰᠠᠭ ᠤᠨ ᠲᠤᠬᠢᠷᠠᠭᠤᠯᠭ᠎ᠠ ᠲᠤᠤᠷ᠎ᠠ ᠠᠩᠬ᠎ᠠ ᠡᠬᠢᠨ ᠳᠡᠭᠡᠨ 12 ᠬᠦᠮᠤᠨ ᠤᠷᠤᠯᠴᠠᠵᠤ᠂ ᠠᠯᠳ᠋ᠬᠠᠤᠷᠬᠢᠯ ᠫᠷᠤᠹᠧᠰᠰᠤᠷ ᠭᠤᠤᠯ ᠨᠠᠶᠢᠷᠠᠭᠤᠯᠤᠭᠴᠢ ᠶᠢᠨ ᠠᠵᠢᠯ ᠢ ᠬᠠᠷᠢᠭᠤᠴᠠᠵᠤ᠂ ᠦᠪᠤᠷ ᠮᠤᠩᠭᠤᠯ ᠤᠨ ᠨᠤᠮ ᠤᠨ ᠰᠠᠩ ᠤᠨ ᠰᠠᠴᠡᠡᠪᠢᠯᠢᠭ ᠲᠠᠳ᠋ ᠶᠠᠷᠤᠩᠬᠡᠢ ᠨᠠᠶᠢᠷᠠᠭᠤᠯᠤᠭᠴᠢ᠂ ᠦᠪᠤᠷ ᠮᠤᠩᠭᠤᠯ ᠤᠨ ᠨᠠᠶᠢᠬᠡᠮ ᠤᠨ ᠰᠢᠠᠵᠢᠯᠠᠬᠦ ᠤᠬᠠᠭᠠᠨ ᠤ ᠬᠦᠷᠢᠶᠠᠯᠡᠩ ᠤᠨ ᠲᠤᠶᠠᠭ᠎ᠠ᠂ ᠦᠪᠤᠷ ᠮᠤᠩᠭᠤᠯ ᠤᠨ ᠠᠷᠠᠤᠨ ᠤᠨ ᠬᠡᠪᠯᠠᠯ ᠤᠨ ᠬᠤᠷᠢᠶ᠎ᠠ᠂ ᠦᠪᠤᠷ ᠮᠤᠩᠭᠤᠯ ᠤᠨ ᠰᠤᠨᠢᠨ ᠮᠠᠲᠠᠬᠡᠨ ᠤ ᠲᠤᠪᠴᠢᠶ᠎ᠠ᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠵᠡᠷᠬᠡ ᠠᠯᠪᠠᠨ ᠨᠢᠬᠡᠴᠠ ᠶᠢᠨ ᠠᠷᠪᠠᠭᠠᠤᠨ ᠡᠷᠲᠠᠮᠲᠠᠨ ᠪᠠᠭᠰᠢ ᠨᠠᠷ ᠤᠷᠤᠯᠴᠠᠵᠤ᠂ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠡᠰᠢᠬᠦᠨ᠂ ᠤᠬᠠᠭᠤᠯᠬᠤ ᠬᠡᠯᠲᠠᠰ ᠤᠨ ᠲᠠᠷᠤᠭ᠎ᠠ ᠤᠯᠠᠭᠠᠨ ᠪᠠᠶ᠎ᠠ ᠪᠠᠷ ᠢᠶᠠᠨ ᠬᠡᠪᠯᠠᠯ ᠤᠨ ᠲᠤᠭᠤᠢᠢᠯᠡᠩ ᠤᠨ ᠲᠠᠷᠤᠭ᠎ᠠ ᠪᠤᠯᠵᠤ᠂ ᠡᠤ ᠲᠤᠧᠨᠨ ᠶᠢᠩ᠂ ᠱᠢ ᠢᠤᠢ ᠫᠢᠡᠭ᠂ ᠶᠡᠩ ᠢ ᠵᠢᠶᠡᠩ ᠨᠠᠷ ᠬᠡᠪᠯᠠᠯ ᠤᠨ ᠲᠠᠷᠤᠭ᠎ᠠ ᠶᠢᠨ ᠲᠤᠭᠤᠢᠢᠯᠡᠩ ᠳᠤ ᠤᠷᠤᠯᠴᠠᠨ ᠵᠢᠭᠠᠨ ᠲᠤᠬᠢᠷᠠᠭᠤᠯᠤᠯᠲᠠ ᠬᠢᠵᠤ ᠪᠠᠶᠢᠵᠠᠢ  ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠰᠢᠨ᠎ᠡ ᠮᠠᠯᠴᠢᠳ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号