ᠭᠠᠳᠠᠭᠠᠳᠣ ᠬᠠᠷᠢᠯᠴᠠᠭ᠎ᠠ
ᠨᠡᠶᠢᠲᠡᠯᠡᠭᠰᠡᠨ ᠴᠠᠭ᠄
2018/4/20
      ᠡᠷᠢᠶᠠᠨ ᠬᠤᠳᠠ ᠨᠢ ᠮᠠᠨ ᠤ ᠣᠯᠣᠰ ᠤᠨ ᠮᠣᠩᠭᠤᠯ ᠣᠯᠣᠰ ᠲᠤ ᠬᠠᠨᠳᠣᠭᠰᠠᠨ ᠬᠠᠮᠤᠭ ᠳᠣᠮᠣ ᠪᠣᠭᠤᠮᠳᠠ᠂ ᠣᠮᠠᠷᠠᠰᠢ ᠨᠡᠭᠡᠭᠡᠯᠳᠡ ᠶᠢᠨ ᠴᠣᠩᠬᠤ ᠪᠣᠯᠣᠨ᠎ᠠ᠂ ᠣᠶᠢᠷ᠎ᠠ ᠶᠢᠨ ᠵᠢᠯ ᠤᠳ ᠲᠤ᠂ ᠣᠯᠣᠰ ᠪᠠ ᠦᠪᠡᠷᠳᠡᠭᠡᠨ ᠵᠠᠰᠠᠬᠤ ᠣᠷᠣᠨ ᠤ ᠮᠣᠩᠭᠤᠯ ᠣᠷᠣᠰ ᠯᠤᠭ᠎ᠠ ᠪᠣᠳᠠᠳᠠᠢ ᠬᠠᠮᠳᠣᠷᠠᠨ ᠠᠵᠢᠯᠯᠠᠬᠤ ᠰᠢᠢᠳᠪᠦᠷᠢᠳᠣ ᠪᠠᠶᠢᠷᠢᠯᠠᠭᠤᠯᠣᠯᠳᠠ ᠶᠢ ᠬᠦᠨᠵᠡᠭᠡᠢ ᠳᠣᠣᠱᠯᠠᠭᠤᠯᠵᠣ᠂ ︽ᠨᠢᠭᠡ ᠪᠦᠰᠡ ᠨᠢᠭᠡ ᠵᠠᠮ︾ ᠤᠨ ᠪᠠᠶᠢᠯᠳᠣᠬᠤ ᠪᠣᠳᠣᠯᠭ᠎ᠠ ᠪᠠ ᠳᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠣᠯᠳᠠ ᠳᠤ ᠰᠠᠨᠠᠭᠠᠴᠢᠯᠠᠭ᠎ᠠ ᠠᠴᠠ ᠪᠠᠨ ᠠᠭᠤᠰᠣᠯᠳᠣᠨ᠂ ︽ᠲᠦᠷᠦ ᠶᠢᠨ ᠪᠣᠳᠣᠯᠭ᠎ᠠ ᠨᠡᠪᠲᠡᠷᠡᠯᠴᠡᠬᠦ᠂ ᠲᠥᠬᠦᠭᠡᠷᠥᠮᠵᠢ ᠬᠤᠯᠪᠣᠯᠳᠣᠨ ᠨᠡᠪᠲᠡᠷᠡᠯᠴᠡᠬᠦ᠂ ᠠᠷᠠᠯᠵᠢᠶ᠎ᠠ ᠰᠠᠭᠠᠳ ᠦᠭᠡᠢ ᠨᠡᠪᠲᠡᠷᠡᠯᠴᠡᠬᠦ᠂  ᠪᠡᠯᠡ ᠮᠥᠩᠭᠦᠨ ᠤ ᠬᠦᠢᠯᠬᠡᠬᠡ ᠠᠭᠤᠰᠤᠯᠴᠠᠨ ᠨᠡᠪᠳᠡᠷᠡᠯᠴᠡᠬᠦ᠂ ᠠᠷᠠᠳ ᠤᠨ ᠰᠡᠳᠬᠢᠯ ᠨᠡᠪᠲᠡᠷᠡᠯᠴᠡᠬᠦ︾ ᠳᠠᠪᠣᠨ ᠳᠠᠯ᠎ᠠ ᠶᠢᠨ ᠳᠣᠭᠤᠷᠢᠨ ᠳᠤ᠂ ︽ᠳᠠᠪᠤ ᠨᠡᠪᠳᠡᠷᠡᠯᠴᠡᠬᠦ ᠵᠢᠱᠢᠶ᠎ᠡ ᠦᠵᠡᠭᠦᠯᠬᠦ ᠳᠣᠭᠤᠷᠢᠭ︾ ᠢ ᠪᠦᠬᠦ ᠬᠦᠴᠦᠨ ᠢᠶᠠᠷ ᠴᠣᠭᠴᠠᠯᠠᠪᠠ᠃ ᠨᠢᠭᠡ ᠳᠤ᠂ ᠵᠠᠰᠠᠭ ᠤᠨ ᠣᠷᠳᠣᠨ ᠤ ᠬᠤᠭᠤᠷᠣᠨᠳᠣᠬᠢ ᠨᠡᠪᠳᠡᠷᠡᠯᠴᠡᠭᠡ ᠬᠤᠯᠪᠣᠭ᠎ᠠ ᠪᠠᠨ ᠴᠢᠩᠭᠠᠳᠬᠠᠵᠣ᠂ ᠲᠦᠷᠦ  ᠶᠢᠨ ᠪᠣᠳᠣᠯᠭ᠎ᠠ ᠨᠡᠪᠳᠡᠷᠡᠯᠴᠡᠭᠰᠡᠨ ᠵᠢᠱᠢᠶ᠎ᠡ ᠦᠵᠡᠭᠦᠯᠬᠦ ᠳᠣᠭᠤᠷᠢᠭ ᠢ ᠪᠦᠬᠦ ᠬᠦᠴᠦᠨ ᠢᠶᠠᠷ ᠴᠣᠭᠴᠠᠯᠠᠪᠠ᠃     ᠰᠢ ᠶᠢᠨ ᠫᠢᠩ ᠶᠡᠷᠦᠩᠬᠡᠢ ᠱᠦᠵᠢ ᠦᠪᠦᠷ ᠮᠣᠩᠭᠤᠯ ᠢᠶᠠᠷ ᠳᠣᠭᠤᠷᠢᠨ ᠪᠠᠶᠢᠴᠠᠭᠠᠬᠤ ᠦᠶ᠎ᠡ ᠳᠤ ᠪᠠᠨ ᠮᠣᠩᠭᠤᠯ ᠣᠷᠣᠰ ᠯᠤᠭ᠎ᠠ ᠬᠠᠮᠳᠣᠷᠠᠨ ᠠᠵᠢᠯᠯᠠᠬᠤ ᠳᠣᠭᠳᠠᠯᠴᠠᠭ᠎ᠠ ᠳᠤ ᠰᠢᠨ᠎ᠡ ᠶᠢ ᠡᠭᠦᠳᠬᠦ ᠶᠢ ᠨᠠᠶᠢᠳᠠᠭᠰᠠᠨ ᠵᠢᠯᠣᠭᠤᠳᠬᠤ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ︽ᠣᠮᠠᠷᠠᠰᠢ ᠨᠡᠭᠡᠭᠡᠯᠳᠡ ᠶᠢ ᠣᠯᠠᠮ ᠨᠢᠭᠡ ᠠᠯᠬᠤᠮ ᠬᠦᠨᠵᠡᠭᠡᠶᠢᠷᠡᠭᠦᠯᠬᠦ ᠳᠣᠬᠠᠢ ᠬᠡᠷᠡᠭᠵᠢᠭᠦᠯᠬᠦ ᠰᠠᠨᠠᠯ︾ ᠢ ᠨᠡᠶᠢᠳᠡᠯᠡᠨ ᠬᠡᠷᠡᠭᠵᠢᠭᠦᠯᠵᠣ᠂ ᠮᠣᠩᠭᠤᠯ ᠣᠷᠣᠰ  ᠯᠤᠭ᠎ᠠ ᠶᠢᠨ ᠪᠣᠳᠠᠳᠣ ᠬᠠᠮᠳᠣ ᠶᠢᠨ ᠠᠵᠢᠯᠯᠠᠭ᠎ᠠ ᠳᠤ ᠰᠢᠨ᠎ᠡ ᠶᠢ ᠡᠭᠦᠳᠬᠦ ᠳᠤ ᠴᠢᠭᠯᠡᠯ ᠢ ᠵᠢᠭᠠᠨ ᠦᠭᠪᠡ᠃ ᠮᠣᠩᠭᠤᠯ ᠣᠯᠣᠰ ᠤᠨ ᠣᠯᠠᠭᠠᠨᠪᠠᠭᠠᠳᠣᠷ ᠬᠤᠳᠠ᠂ ᠳᠣᠷᠣᠨᠠᠭᠤᠪᠢ ᠠᠶᠢᠮᠠᠭ᠂ ᠰᠡᠯᠡᠩᠭᠡ ᠠᠶᠢᠮᠠᠭ ᠪᠠ ᠣᠷᠣᠰ ᠤᠨ ᠢᠷᠺᠣᠽᠲᠺ ᠬᠤᠳᠠ᠂ ᠣᠯᠠᠭᠠᠨ ᠡᠭᠦᠳᠡ ᠵᠡᠷᠭᠡ ᠮᠣᠩᠭᠤᠯ ᠣᠷᠣᠰ ᠤᠨ 17 ᠠᠶᠢᠮᠠᠭ ᠬᠤᠳᠠ ᠲᠠᠢ ᠨᠦᠬᠦᠷᠰᠡᠭ ᠬᠤᠳᠠ ᠶᠢᠨ ᠬᠠᠷᠢᠴᠠᠭ᠎ᠠ ᠶᠢ ᠪᠠᠶᠢᠭᠤᠯᠵᠣ᠂ ᠡᠷᠢᠶᠡᠨ ᠬᠤᠳᠠ ᠶᠢᠨ ᠠᠷᠠᠳ ᠲᠦᠮᠡᠨ ᠤ ᠭᠠᠳᠠᠭᠠᠳᠣ ᠲᠠᠢ ᠨᠦᠬᠦᠷᠰᠡᠭ  ᠢᠶᠠᠷ ᠬᠠᠷᠢᠯᠴᠠᠬᠤ ᠨᠡᠶᠢᠭᠡᠮᠯᠢᠭ ᠢ ᠪᠠᠶᠢᠭᠤᠯᠣᠨ᠂ ᠳᠣᠮᠳᠠᠳᠣ ᠮᠣᠩᠭᠤᠯ ᠣᠷᠣᠰ ᠤᠨ ᠳᠡᠮᠦᠷ ᠵᠠᠮ ᠳᠠᠭᠠᠣ ᠣᠷᠣᠨ ᠨᠣᠳᠤᠭ ᠤᠨ ᠵᠠᠰᠠᠭ ᠵᠠᠬᠢᠷᠭᠠᠨ ᠤ ᠳᠠᠷᠤᠭ᠎ᠠ ᠨᠠᠷ ᠤᠨ ᠳᠣᠭᠳᠠᠮᠠᠯ ᠬᠤᠭᠤᠴᠠᠭ᠎ᠠ ᠲᠠᠢ ᠬᠤᠷᠠᠯᠳᠣᠬᠤ ᠳᠣᠭᠳᠠᠯᠴᠠᠭ᠎ᠠ  ᠶᠢ ᠪᠠᠶᠢᠭᠤᠯᠵᠣ᠂ ᠣᠷᠣᠨ ᠨᠣᠳᠤᠭ ᠤᠨ ᠵᠠᠰᠠᠭ ᠤᠨ ᠣᠷᠳᠣᠨ ᠤ ᠬᠤᠭᠤᠷᠣᠨᠳᠣᠬᠢ ᠨᠡᠪᠳᠡᠷᠡᠯᠴᠡᠨ ᠬᠤᠯᠪᠣᠯᠳᠣᠬᠤ ᠬᠦᠴᠦᠯᠡᠴᠡ ᠶᠢ ᠶᠡᠬᠡᠰᠬᠡᠵᠣ᠂ ᠦᠷᠭᠡᠨ ᠳᠡᠯᠭᠡᠷ ᠨᠢᠭᠡᠳᠦᠭᠰᠡᠨ ᠰᠠᠨᠠᠯ ᠢ ᠨᠢᠭᠳᠠᠷᠠᠭᠤᠯᠣᠨ᠂ ᠬᠠᠷᠢᠯᠴᠠᠨ ᠠᠰᠢᠭ ᠬᠦᠷᠳᠡᠨ ᠬᠠᠮᠳᠣ ᠶᠢᠨ ᠢᠯᠠᠯᠳᠠ ᠳᠤ ᠬᠦᠷᠬᠦ ᠶᠢ ᠠᠬᠢᠭᠤᠯᠪᠠ᠃ ᠠᠷᠠᠯᠵᠢᠶᠠᠨ ᠤ ᠪᠣᠭᠤᠮᠳᠠ ᠨᠡᠪᠳᠡᠷᠡᠯᠳᠡ ᠶᠢ  ᠬᠢᠯᠪᠠᠷᠴᠢᠯᠠᠬᠤ ᠶᠢ ᠢᠳᠡᠪᠬᠢᠳᠡᠢ ᠲᠦᠯᠬᠢᠨ ᠠᠬᠢᠭᠤᠯᠵᠣ᠂ ︽ᠭᠤᠷᠪᠠᠨ ᠬᠠᠷᠢᠯᠴᠠᠨ ᠬᠠᠮᠳᠣᠷᠠᠬᠤ︾ ᠪᠣᠭᠤᠮᠳᠠ ᠨᠡᠪᠳᠡᠷᠡᠯᠳᠡ ᠶᠢᠨ ᠦᠭᠡᠷᠡᠴᠢᠯᠡᠯᠳᠡ ᠶᠢ ᠪᠦᠬᠦ ᠣᠷᠣᠨ ᠳᠤ ᠣᠷᠢᠳᠴᠢᠯᠠᠨ ᠦᠷᠨᠢᠭᠦᠯᠣᠨ᠂ ᠳᠣᠮᠳᠠᠳᠣ ᠮᠣᠩᠭᠤᠯ ᠤᠨ ᠭᠠᠶᠢᠯᠢ ᠶᠢᠨ ᠪᠣᠭᠤᠮᠳᠠ ᠶᠢᠨ ᠠᠴᠢᠶ᠎ᠠ ᠪᠠᠷᠠᠭᠠᠨ ᠤ ᠨᠠᠷᠢᠨ ᠳᠠᠩᠰᠠ ᠶᠢᠨ ᠪᠣᠭᠤᠮᠳᠠ ᠨᠡᠪᠳᠡᠷᠡᠯᠳᠡ ᠶᠢᠨ ᠬᠡᠪ ᠵᠠᠭᠪᠣᠷ  ᠢ ᠳᠡᠭᠦᠯᠳᠡᠷᠵᠢᠭᠦᠯᠵᠣ᠂ ᠡᠷᠢᠶᠠᠨ ᠬᠤᠳᠠ— ᠵᠠᠮ ᠤᠨ ᠡᠭᠦᠳᠡ ᠪᠣᠭᠤᠮᠳᠠ ᠶᠢᠨ ᠬᠠᠮᠳᠣᠷᠠᠭᠰᠠᠨ ᠬᠤᠷᠠᠯᠳᠣᠭᠠᠨ ᠤ ᠳᠣᠭᠳᠠᠯᠴᠠᠭ᠎ᠠ ᠶᠢ ᠪᠠᠶᠢᠭᠤᠯᠣᠨ ᠳᠡᠭᠦᠯᠳᠡᠷᠵᠢᠭᠦᠯᠵᠣ᠂ ᠬᠤᠶᠠᠷ ᠳᠠᠯ᠎ᠠ ᠶᠢᠨ ᠪᠣᠭᠤᠮᠳᠠ ᠶᠢᠨ ᠪᠣᠭᠤᠮᠳᠠ ᠨᠡᠪᠳᠡᠷᠡᠯᠳᠡ᠂ ᠠᠷᠠᠳ ᠢᠷᠭᠡᠳ ᠤᠨ ᠶᠠᠪᠣᠯᠴᠠᠭ᠎ᠠ ᠪᠣᠯᠣᠨ ᠠᠷᠠᠯᠵᠢᠶ᠎ᠠ ᠬᠤᠳᠠᠯᠳᠣᠭᠠᠨ ᠤ ᠰᠣᠯᠢᠯᠴᠠᠭ᠎ᠠ ᠵᠡᠷᠭᠡ ᠳᠠᠯ᠎ᠠ ᠪᠠᠷ ᠣᠷᠣᠰᠢᠵᠣ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠳᠣᠬᠠᠢ ᠳᠤ ᠨᠢ ᠵᠣᠬᠢᠴᠠᠭᠤᠯᠣᠨ ᠰᠢᠢᠳᠪᠦᠷᠢᠯᠡᠵᠣ᠂ ᠳᠣᠮᠳᠠᠳᠣ ᠮᠣᠩᠭᠤᠯ ᠬᠤᠶᠠᠷ ᠳᠠᠯ᠎ᠠ ᠶᠢᠨ ᠰᠢᠯᠭᠠᠨ ᠪᠠᠶᠢᠴᠠᠭᠠᠯᠳᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠲᠦᠯᠬᠢᠨ ᠠᠬᠢᠭᠤᠯᠵᠣ᠂ ᠬᠦᠮᠦᠨ ᠬᠠᠷ᠎ᠠ᠂ ᠳᠡᠷᠭᠡ ᠬᠦᠰᠬᠡ  ᠶᠢᠨ ᠪᠣᠭᠤᠮᠳᠠ ᠨᠡᠪᠳᠡᠷᠡᠭᠦᠯᠬᠦ ᠬᠤᠭᠤᠴᠠᠭ᠎ᠠ  ᠪᠣᠭᠤᠨᠢᠰᠬᠠᠵᠦ‌‍ᠶᠢ ᠳᠣᠮᠳᠠᠴᠢ ᠪᠠᠷ 40%   ᠳᠣᠣᠷ᠎ᠠ ᠪᠠᠶᠢᠯᠭᠠᠵᠦ ᠪᠣᠯᠬᠤ ᠦᠭᠡᠢ᠃ ᠮᠣᠩᠭᠤᠯ ᠣᠯᠣᠰ ᠲᠤ ᠰᠠᠭᠤᠭ᠎ᠠ ᠲᠦᠯᠦᠭᠡᠯᠡᠭᠴᠢ ᠶᠢᠨ ᠭᠠᠵᠠᠷ ᠪᠠ ᠮᠣᠩᠭᠤᠯ ᠣᠯᠣᠰ ᠤᠨ ᠬᠤᠳᠠᠯᠳᠤᠭ᠎ᠠ ᠠᠵᠣ ᠦᠢᠯᠡᠳᠪᠦᠷᠢ ᠶᠢᠨ ᠳᠠᠩᠬᠢᠮ ᠠᠴᠠ ᠡᠷᠢᠶᠡᠨ ᠬᠤᠳᠠ ᠳᠤ ᠰᠠᠭᠤᠭ᠎ᠠ ᠲᠦᠯᠦᠭᠡᠯᠡᠭᠴᠢ ᠶᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠣ᠂ ᠮᠣᠩᠭᠤᠯ ᠣᠷᠣᠰ ᠤᠨ ᠬᠤᠯᠪᠣᠭᠳᠠᠬᠤ ᠣᠷᠣᠨ ᠨᠣᠳᠤᠭ ᠤᠨ ᠰᠠᠯᠠᠭ᠎ᠠ ᠮᠦᠴᠢᠷ ᠲᠠᠢ ᠣᠶᠢᠯᠠᠭᠠᠯᠴᠠᠯ ᠵᠣᠬᠢᠴᠠᠭᠤᠯᠣᠯᠳᠠ ᠪᠠᠨ ᠶᠡᠬᠡᠰᠬᠡᠨ᠂ ᠮᠣᠩᠭᠤᠯ ᠣᠷᠣᠰ ᠤᠨ ᠭᠠᠳᠠᠭᠠᠳᠣ ᠠᠷᠠᠯᠵᠢᠶᠠᠨ ᠤ ᠪᠣᠳᠣᠯᠭ᠎ᠠ᠂ ᠵᠠᠬ᠎ᠠ ᠳᠡᠯᠭᠡᠭᠦᠷ ᠤᠨ ᠬᠠᠨᠳᠣᠰᠢ ᠵᠡᠷᠭᠡ ᠪᠠᠶᠢᠳᠠᠯ ᠢ ᠴᠠᠭ ᠳᠣᠬᠠᠢ ᠳᠤ ᠨᠢ ᠡᠵᠡᠮᠰᠢᠵᠣ᠂ ᠠᠵᠣ ᠠᠬᠤᠶᠢᠯᠠᠯ ᠤᠨ ︽ᠭᠠᠷᠴᠣ ᠶᠠᠪᠣᠬᠤ︾ ᠳᠤ ᠪᠣᠳᠣᠯᠭ᠎ᠠ ᠶᠢᠨ ᠦᠢᠯᠡᠴᠢᠯᠡᠭᠡ ᠶᠢ ᠬᠠᠩᠭᠠᠨ᠂ ᠣᠳᠣᠬᠠᠨ ᠳᠤ ᠨᠢᠭᠡᠨᠳᠡ 29 ᠡᠷᠦᠬᠡ ᠠᠵᠣ ᠠᠬᠤᠶᠢᠯᠠᠯ ᠤᠨ ︽ᠭᠠᠷᠴᠣ ᠶᠠᠪᠣᠵᠣ︾ ᠬᠢᠯᠢ ᠶᠢᠨ ᠭᠠᠳᠠᠨ᠎ᠠ ᠪᠡᠯᠡ ᠣᠷᠣᠭᠤᠯᠬᠤ ᠶᠢ ᠲᠦᠯᠬᠢᠨ ᠠᠬᠢᠭᠤᠯᠵᠣ᠂ ᠡᠭᠦᠨ ᠳᠤ 11 ᠡᠷᠦᠬᠡ ᠠᠵᠣ ᠠᠬᠤᠶᠢᠯᠠᠯ ᠮᠣᠩᠭᠤᠯ ᠣᠷᠣᠰ ᠲᠤ ᠬᠢᠯᠢ ᠶᠢᠨ ᠭᠠᠳᠠᠨᠠᠬᠢ ᠡᠬᠢ ᠪᠠᠶᠠᠯᠢᠭ ᠢ ᠦᠢᠯᠡᠳᠪᠦᠷᠢᠯᠡᠨ ᠪᠣᠯᠪᠠᠰᠣᠷᠠᠭᠤᠯᠬᠤ ᠰᠠᠭᠤᠷᠢᠨ ᠭᠠᠵᠠᠷ ᠢ ᠪᠠᠶᠢᠭᠤᠯᠵᠣ᠂ 5 ᠡᠷᠦᠬᠡ ᠠᠵᠣ ᠠᠬᠤᠶᠢᠯᠠᠯ ᠮᠣᠩᠭᠤᠯ ᠣᠷᠣᠰ ᠲᠤ ᠠᠮᠣ ᠪᠣᠳᠠᠭ᠎ᠠ ᠳᠠᠷᠢᠵᠣ ᠣᠷᠭᠤᠭᠤᠯᠬᠤ ᠰᠠᠭᠤᠷᠢᠨ ᠭᠠᠵᠠᠷ ᠢ ᠪᠠᠶᠢᠭᠤᠯᠪᠠ᠃ ᠬᠤᠶᠠᠷ ᠲᠤ᠂ ᠰᠠᠭᠤᠷᠢ ᠲᠦᠭᠦᠭᠡᠷᠦᠮᠵᠢ ᠶᠢ ᠬᠠᠷᠢᠯᠴᠠᠨ ᠬᠤᠯᠪᠣᠨ ᠬᠠᠷᠢᠯᠴᠠᠨ ᠨᠡᠪᠳᠡᠷᠡᠭᠦᠯᠬᠦ ᠶᠢ ᠴᠢᠩᠭᠠᠳᠬᠠᠵᠣ᠂ ᠲᠦᠭᠦᠭᠡᠷᠦᠮᠵᠢ ᠬᠤᠯᠪᠣᠯᠳᠣᠨ ᠨᠡᠪᠳᠡᠷᠡᠯᠴᠡᠭᠰᠡᠨ ᠵᠢᠱᠢᠶ᠎ᠡ ᠦᠵᠡᠭᠦᠯᠬᠦ ᠳᠣᠭᠤᠷᠢᠭ ᠢ ᠪᠦᠬᠦ ᠬᠦᠴᠦᠨ ᠢᠶᠠᠷ ᠴᠣᠭᠴᠠᠯᠠᠪᠠ᠃     ︽ᠮᠣᠩᠭᠤᠯ ᠣᠷᠣᠰ ᠯᠤᠭ᠎ᠠ ᠰᠠᠭᠤᠷᠢ ᠲᠦᠭᠦᠭᠡᠷᠦᠮᠵᠢ ᠶᠢ ᠬᠠᠷᠢᠯᠴᠠᠨ ᠬᠤᠯᠪᠣᠨ ᠬᠠᠷᠢᠯᠴᠠᠨ ᠨᠡᠪᠳᠡᠷᠡᠭᠦᠯᠬᠦ ᠲᠦᠯᠦᠪᠵᠢᠭᠦᠯᠭᠡ ︵2014—2035 ᠣᠨ︶︾ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ᠨᠢᠭᠡ ᠪᠦᠯᠦᠭ ᠰᠠᠭᠤᠷᠢ ᠲᠦᠭᠦᠭᠡᠷᠦᠮᠵᠢ ᠶᠢ ᠬᠠᠷᠢᠯᠴᠠᠨ ᠬᠤᠯᠪᠣᠨ ᠬᠠᠷᠢᠯᠴᠠᠨ ᠨᠡᠪᠳᠡᠷᠡᠭᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠣᠷᠢᠳᠴᠢᠯᠠᠨ ᠲᠦᠯᠦᠪᠯᠡᠭᠰᠡᠨ ᠪᠠ ᠲᠦᠯᠬᠢᠨ ᠠᠬᠢᠭᠤᠯᠪᠠ᠃ ᠡᠷᠢᠶᠡᠨ ᠬᠤᠳᠠ ᠠᠴᠠ ᠮᠣᠩᠭᠤᠯ ᠣᠯᠣᠰ ᠤᠨ ᠵᠠᠮ ᠤᠨ ᠡᠭᠦᠳᠡ ᠬᠦᠷᠬᠦ ᠲᠡᠮᠦᠷ ᠵᠠᠮ ᠤᠨ ᠱᠣᠭᠤᠮ᠂ ᠡᠷᠢᠶᠡᠨ ᠬᠤᠳᠠ ᠠᠴᠠ ᠰᠢᠯᠢ ᠶᠢᠨ ᠬᠤᠳᠠ ᠬᠦᠷᠬᠦ ᠳᠡᠮᠦᠷ ᠵᠠᠮ᠂ ᠠᠮᠣ ᠪᠣᠳᠠᠭᠠᠨ ᠤ ᠦᠷᠳᠡᠭᠡ ᠳᠠᠯᠠᠪᠠᠢ ᠶᠢ ᠵᠠᠰᠠᠨ ᠰᠢᠨᠡᠴᠢᠯᠡᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ᠂ ᠵᠠᠰᠠᠮᠠᠯ ᠵᠠᠮ ᠤᠨ ᠪᠣᠭᠤᠮᠳᠠ ᠵᠣᠷᠴᠢᠭᠴᠢᠳ ᠢ ᠰᠢᠯᠭᠠᠨ ᠨᠡᠪᠳᠡᠷᠡᠭᠦᠯᠬᠦ ᠭᠠᠷᠴᠠ ᠵᠠᠮ ᠤᠨ ᠦᠪᠡᠰᠦᠪᠡᠨ ᠦᠢᠯᠡᠴᠢᠯᠡᠨ ᠪᠣᠭᠤᠮᠳᠠ ᠨᠡᠪᠳᠡᠷᠡᠬᠦ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ  ᠤᠳ ᠬᠤᠶᠢᠨ᠎ᠠ ᠬᠤᠶᠢᠨ᠎ᠠ ᠠᠴᠠ ᠪᠠᠨ ᠠᠰᠢᠭᠯᠠᠯᠳᠠ ᠳᠤ ᠣᠷᠣᠪᠠ᠃ ᠮᠣᠵᠢ ᠶᠢᠨ ᠳᠡᠰ ᠤᠨ ᠵᠠᠮ ᠤᠨ 312 ᠱᠣᠭᠤᠮ ᠤᠨ ᠡᠷᠢᠶᠡᠨ ᠤ ᠬᠡᠰᠡᠭ᠂ ᠮᠣᠵᠢ ᠶᠢᠨ ᠳᠡᠰ ᠤᠨ ᠵᠠᠮ ᠤᠨ 312 ᠱᠣᠭᠤᠮ ᠠᠴᠠ ᠣᠯᠣᠰ ᠤᠨ ᠳᠡᠰ ᠤᠨ ᠵᠠᠮ ᠤᠨ 331 ᠱᠣᠭᠤᠮ ᠬᠦᠷᠬᠦ ᠬᠦᠨᠳᠦ ᠠᠴᠢᠶᠠᠨ ᠤ ᠵᠠᠰᠠᠮᠠᠯ ᠵᠠᠮ ᠢ ᠵᠠᠰᠠᠨ ᠳᠡᠷᠭᠡ ᠨᠡᠪᠳᠡᠷᠡᠭᠦᠯᠵᠣ᠂ ᠡᠷᠢᠶᠡᠨ  ᠠᠴᠠ ᠮᠠᠨᠳᠠᠯᠳᠣ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠢ ᠡᠬᠢᠯᠡᠨ ᠪᠦᠲᠦᠭᠡᠨ ᠪᠠᠶᠢᠭᠤᠯᠵᠣ᠂ ᠡᠷᠢᠶᠡᠨ ᠨᠢᠰᠭᠡᠯ  ᠤᠨ ᠪᠠᠭᠤᠳᠠᠯ ᠢ ᠦᠷᠭᠡᠳᠭᠡᠨ ᠪᠠᠶᠢᠭᠤᠯᠬᠤ ᠲᠦᠷᠦᠯ ᠵᠦᠢᠯ ᠰᠢᠯᠭᠠᠨ ᠬᠦᠯᠢᠶᠡᠯᠳᠡ ᠶᠢ ᠦᠩᠭᠡᠷᠡᠭᠡᠵᠣ᠂ ᠮᠣᠩᠭᠤᠯ ᠣᠯᠣᠰ ᠤᠨ ᠣᠯᠠᠭᠠᠨᠪᠠᠭᠠᠳᠣᠷ ᠬᠦᠷᠬᠦ ᠲᠦᠷ ᠬᠤᠭᠤᠴᠠᠭᠠᠨ ᠤ ᠠᠭᠠᠷ ᠠᠶᠠᠯᠠᠯ ᠤᠨ ᠱᠣᠭᠤᠮ ᠢ ᠨᠡᠪᠳᠡᠷᠡᠭᠦᠯᠪᠡ᠃ ᠡᠷᠢᠶᠡᠨ ᠠᠴᠠ ᠵᠢᠨᠢᠩ ᠬᠦᠷᠬᠦ ᠲᠡᠮᠦᠷ ᠵᠠᠮ ᠢ ᠦᠷᠭᠡᠳᠭᠡᠨ ᠰᠢᠨᠡᠴᠢᠯᠡᠬᠦ ᠲᠦᠷᠦᠯ ᠵᠦᠢᠯ᠂ ᠡᠷᠢᠶᠡᠨ— ᠭᠤᠸᠠᠩᠵᠸᠦ ᠴᠢᠭᠯᠡᠯ ᠤᠨ ᠦᠨᠳᠦᠷ ᠬᠤᠷᠳᠣᠴᠠᠳᠣ ᠵᠠᠰᠠᠮᠠᠯ ᠵᠠᠮ ᠤᠨ ᠡᠷᠢᠶᠠᠨ ᠠᠴᠠ ᠰᠠᠶᠢᠬᠠᠨᠳᠠᠯ᠎ᠠ ᠬᠦᠷᠬᠦ ᠬᠡᠰᠡᠭ  ᠤᠨ ᠨᠢᠭᠡᠳᠦᠭᠡᠷ ᠳᠡᠰ ᠤᠨ ᠵᠠᠰᠠᠮᠠᠯ ᠵᠠᠮ ᠢ ᠪᠢᠳᠡᠭᠦᠯᠡᠨ ᠰᠢᠨᠡᠴᠢᠯᠡᠨ ᠵᠠᠰᠠᠬᠤ ᠲᠦᠷᠦᠯ ᠵᠦᠢᠯ ᠢ ᠣᠯᠣᠰ᠂ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠦᠯᠦᠪᠵᠢᠭᠦᠯᠭᠡ ᠳᠤ ᠣᠷᠣᠭᠤᠯᠪᠠ᠃ ᠡᠷᠢᠶᠡᠨ ᠬᠤᠳᠠ— ᠣᠯᠠᠭᠠᠨᠪᠠᠭᠠᠳᠣᠷ— ᠣᠯᠠᠭᠠᠨ ᠡᠭᠦᠳᠡ ᠴᠢᠭᠯᠡᠯ ᠤᠨ ᠬᠤᠣᠰ ᠬᠦᠶᠦᠳᠡᠯᠳᠦ ᠲᠡᠮᠦᠷ ᠵᠠᠮ᠂ ᠦᠨᠳᠦᠷ ᠬᠤᠷᠳᠣᠴᠠᠳᠣ ᠵᠠᠰᠠᠮᠠᠯ ᠵᠠᠮ ᠤᠨ ᠵᠠᠰᠠᠨ ᠰᠢᠨᠡᠴᠢᠯᠡᠯᠳᠡ ᠵᠢᠴᠢ ᠳᠣᠮᠳᠠᠳᠣ ᠮᠣᠩᠭᠤᠯ ᠣᠷᠣᠰ ᠤᠨ ᠬᠢᠯᠢ ᠠᠯᠣᠰᠯᠠᠭᠰᠠᠨ ᠦᠨᠳᠦᠷ ᠬᠤᠷᠳᠣᠴᠠᠳᠣ ᠲᠡᠮᠦᠷ ᠵᠠᠮ ᠤᠨ ᠳᠣᠮᠳᠠ ᠱᠣᠭᠤᠮ ᠤᠨ ᠢᠨᠵᠧᠨᠧᠷᠢᠩ᠂ ᠳᠣᠮᠳᠠᠳᠣ ᠮᠣᠩᠭᠤᠯ ᠣᠷᠣᠰ ᠤᠨ ᠰᠢᠳᠠᠮᠠᠬᠠᠢ ᠬᠡᠢ ᠶᠢᠨ ᠬᠤᠭᠤᠯᠠᠢ ᠵᠡᠷᠭᠡ ᠬᠦᠨᠳᠦ ᠴᠢᠬᠤᠯᠠ ᠲᠦᠷᠦᠯ ᠵᠦᠢᠯ ᠢ ︽ᠳᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠬᠢᠯ ᠢ ᠪᠦᠲᠦᠭᠡᠨ ᠪᠠᠶᠢᠭᠤᠯᠬᠤ ᠲᠦᠯᠦᠪᠵᠢᠭᠦᠯᠬᠡ ᠶᠢᠨ ᠬᠦᠲᠦᠯᠪᠦᠷᠢ︾ ᠳᠤ ᠣᠷᠣᠭᠤᠯᠵᠣ᠂ ᠡᠳᠡᠭᠡᠷ ᠲᠦᠷᠦᠯ ᠵᠦᠢᠯ ᠤᠳ ᠢ ᠪᠦᠬᠦᠨ ᠢ ᠪᠠᠶᠢᠭᠤᠯᠣᠨ ᠳᠠᠭᠤᠰᠬᠠᠪᠠᠯ᠂ ᠡᠷᠢᠶᠡᠨ ᠬᠤᠳᠠ ᠶᠢᠨ ᠣᠷᠣᠨ ᠪᠦᠰᠡ  ᠶᠢᠨ ᠴᠢᠨᠠᠷᠳᠣ ᠣᠯᠠᠨ ᠣᠯᠣᠰ ᠤᠨ ᠪᠠᠷᠠᠭᠠᠨ ᠤ ᠭᠦᠢᠯᠭᠡᠭᠡᠨ ᠤ ᠵᠠᠩᠬᠢᠯᠠᠭ᠎ᠠ ᠶᠢᠨ ᠦᠢᠯᠡᠳᠦᠯ ᠨᠡᠩ ᠳᠣᠪᠣᠶᠢᠮ᠎ᠠ ᠪᠣᠯᠵᠣ᠂ ᠣᠮᠠᠷᠠᠰᠢ ᠨᠡᠭᠡᠭᠡᠯᠳᠡ ᠶᠢᠨ ᠴᠢᠳᠠᠪᠬᠢ ᠨᠡᠩ ᠳᠡᠭᠦᠯᠳᠡᠷᠵᠢᠭᠦ ᠪᠣᠯᠣᠨ᠎ᠠ᠃ ᠭᠤᠷᠪᠠ ᠳᠤ᠂ ᠭᠠᠳᠠᠭᠠᠳᠣ ᠠᠷᠠᠯᠵᠢᠶᠠᠨ ᠤ ᠬᠠᠮᠳᠣ ᠶᠢᠨ ᠠᠵᠢᠯᠯᠠᠭᠠᠨ ᠤ ᠲᠦᠪᠰᠢᠨ ᠢᠶᠠᠨ ᠳᠡᠭᠡᠭᠰᠢᠯᠡᠭᠦᠯᠵᠣ᠂ ᠠᠷᠠᠯᠵᠢᠶ᠎ᠠ ᠶᠢ ᠰᠠᠭᠠᠳ ᠦᠬᠡᠢ ᠨᠡᠪᠳᠡᠷᠡᠭᠦᠯᠬᠦ ᠵᠢᠱᠢᠶ᠎ᠡ ᠦᠵᠡᠭᠦᠯᠬᠦ ᠳᠣᠭᠤᠷᠢᠭ ᠢ ᠪᠦᠬᠦ ᠬᠦᠴᠦᠨ ᠢᠶᠠᠷ  ᠴᠣᠭᠴᠠᠯᠠᠪᠠ᠃     ᠪᠣᠭᠤᠮᠳᠠ ᠶᠢᠨ ᠭᠠᠳᠠᠭᠠᠳᠣ ᠠᠷᠠᠯᠵᠢᠶ᠎ᠠ ᠶᠢ ᠬᠦᠭᠵᠢᠭᠦᠯᠬᠦ ᠶᠢ ᠮᠣᠩᠭᠤᠯ ᠣᠷᠣᠰ ᠲᠠᠢ ᠪᠣᠳᠠᠳᠠᠢ ᠬᠠᠮᠳᠣᠷᠠᠨ ᠠᠵᠢᠯᠯᠠᠬᠤ ᠶᠢᠨ ᠴᠢᠬᠤᠯᠠ ᠭᠠᠷᠳᠠᠴᠠ ᠪᠣᠯᠭᠠᠨ᠂ ᠠᠷᠠᠳ ᠢᠶᠠᠨ ᠪᠠᠶᠠᠵᠢᠭᠤᠯᠣᠨ ᠬᠤᠳᠠ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠬᠦ ᠶᠢᠨ ᠴᠢᠬᠤᠯᠠ ᠠᠷᠭ᠎ᠠ ᠵᠠᠮ ᠪᠣᠯᠭᠠᠵᠣ᠂ ᠭᠠᠳᠠᠭᠠᠳᠣ ᠠᠷᠠᠯᠵᠢᠶᠠᠨ ᠤ ᠬᠦᠭᠵᠢᠯᠳᠡ ᠶᠢᠨ ᠬᠡᠯᠪᠡᠷᠢ ᠶᠢ ᠲᠦᠷᠭᠡᠳᠭᠡᠨ᠂ ᠭᠠᠳᠠᠭᠠᠳᠣ ᠠᠷᠠᠯᠵᠢᠶᠠᠨ ᠤ ᠣᠯᠠᠨ ᠲᠦᠷᠦᠯᠵᠢᠯᠳᠡ᠂ ᠬᠢᠯᠪᠠᠷᠴᠢᠯᠠᠯᠳᠠ ᠳᠡᠰᠢ ᠬᠦᠭᠵᠢᠭᠦ ᠶᠢ ᠠᠬᠢᠭᠤᠯᠣᠨ᠎ᠠ᠃ ᠪᠣᠭᠤᠮᠳᠠ ᠶᠢᠨ ᠭᠠᠳᠠᠭᠠᠳᠣ ᠠᠷᠠᠯᠵᠢᠶ᠎ᠠ ᠣᠷᠣᠭᠤᠳᠠᠨ ᠮᠠᠭᠤᠳᠠᠬᠤ ᠳᠠᠷᠣᠯᠳᠠ ᠬᠦᠨᠳᠦᠷᠡᠵᠣ ᠪᠠᠶᠢᠭ᠎ᠠ ᠪᠣᠳᠠᠳᠣ ᠪᠠᠶᠢᠳᠠᠯ ᠳᠤ ᠴᠢᠭᠯᠡᠭᠦᠯᠦᠨ᠂ ︽ᠬᠢᠯᠢ ᠶᠢᠨ ᠠᠷᠠᠯᠵᠢᠶᠠᠨ ᠤ ᠠᠵᠣ ᠠᠬᠤᠶᠢᠯᠠᠯ ᠤᠨ ᠴᠢᠳᠠᠪᠣᠷᠢ ᠶᠢᠨ ᠪᠠᠶᠢᠭᠤᠯᠣᠯᠳᠠ ᠶᠢ ᠳᠡᠮᠵᠢᠬᠦ ᠠᠷᠭ᠎ᠠ ︵ᠲᠦᠷ ᠬᠡᠷᠡᠭᠵᠢᠭᠦᠯᠬᠦ︶︾ ᠶᠢ ᠴᠠᠭ ᠲᠣᠬᠠᠢ ᠳᠤ ᠨᠢ ᠨᠡᠶᠢᠳᠡᠯᠡᠨ ᠬᠡᠷᠡᠭᠵᠢᠭᠦᠯᠵᠣ᠂ ᠪᠣᠭᠤᠮᠳᠠ ᠶᠢᠨ ᠪᠠᠷᠠᠭ᠎ᠠ ᠳᠡᠭᠡᠭᠡᠪᠦᠷᠢ ᠶᠢᠨ ᠬᠡᠮᠵᠢᠶ᠎ᠡ ᠶᠢᠨ ᠳᠣᠭᠳᠠᠭᠤᠨ ᠦᠰᠦᠯᠳᠡ ᠶᠢ ᠠᠬᠢᠭᠤᠯᠪᠠ ᠃ ︽ᠦᠯᠡᠭᠦᠦ ᠦᠢᠯᠡᠳᠪᠦᠷᠢᠯᠡᠯ ᠤᠨ ᠴᠢᠳᠠᠪᠬᠢ ᠶᠢ ᠬᠠᠰᠣᠬᠤ︾ ᠨᠢ ᠡᠭᠢ ᠪᠠᠶᠠᠯᠢᠭ ᠤᠨ ᠴᠢᠨᠠᠷᠳᠣ ᠪᠠᠷᠠᠭ᠎ᠠ ᠪᠦᠲᠦᠭᠡᠭᠳᠡᠭᠦᠨ ᠤ ᠱᠠᠭᠠᠷᠳᠠᠯᠭ᠎ᠠ ᠶᠢ ᠪᠠᠭᠠᠰᠬᠠᠬᠤ ᠠᠴᠠ ᠪᠦᠷᠢᠯᠳᠦᠭᠰᠡᠨ ᠬᠡᠳᠡᠷᠬᠦ ᠰᠢᠬᠠᠮᠳᠠᠭᠤᠯᠬᠤ ᠳᠣᠭᠳᠠᠯᠴᠠᠭ᠎ᠠ  ᠶᠢ ᠠᠰᠢᠭᠯᠠᠨ᠂ ᠠᠵᠣ ᠠᠬᠤᠶᠢᠯᠠᠯ ᠤᠨ ᠭᠠᠳᠠᠭᠠᠳᠣ ᠠᠴᠠ ᠣᠷᠣᠭᠤᠯᠬᠤ ᠲᠦᠷᠦᠯ ᠬᠡᠯᠪᠡᠷᠢ ᠪᠠᠨ ᠳᠠᠰᠣᠷᠠᠯᠳᠠ ᠦᠬᠡᠢ ᠦᠷᠭᠡᠳᠭᠡᠬᠦ ᠶᠢ ᠵᠣᠷᠢᠭᠵᠢᠭᠤᠯᠣᠨ ᠣᠳᠣᠷᠢᠳᠴᠣ᠂ ᠮᠣᠩᠭᠤᠯ ᠣᠯᠣᠰ ᠤᠨ  ᠪᠣᠯᠪᠠᠰᠣᠷᠠᠭᠤᠯᠣᠭᠰᠠᠨ ᠮᠢᠬᠠᠨ ᠪᠦᠲᠦᠭᠡᠭᠳᠡᠭᠦᠨ᠂ ᠡᠪᠡᠰᠦ ᠪᠣᠷᠳᠤᠭ᠎ᠠ ᠪᠠ ᠣᠷᠣᠰ ᠤᠨ ᠶᠠᠮᠠ ᠣᠯᠣᠰᠣᠨ ᠦᠷ᠎ᠡ ᠶᠢ ᠭᠠᠳᠠᠭᠠᠳᠣ ᠠᠴᠠ ᠣᠷᠣᠭᠤᠯᠬᠤ ᠵᠦᠪᠰᠢᠶᠡᠷᠡᠯ ᠢ ᠣᠯᠵᠣ᠂ ᠲᠡᠮᠦᠷ ᠤᠨ ᠬᠦᠳᠡᠷ᠂ ᠮᠣᠳᠣᠨ ᠮᠠᠲ᠋ᠧᠷᠢᠶᠠᠯ ᠵᠡᠷᠭᠡ ᠣᠯᠠᠮᠵᠢᠯᠠᠯᠳᠣ ᠪᠠᠷᠠᠭ᠎ᠠ ᠪᠦᠲᠦᠭᠡᠭᠳᠡᠬᠦᠨ ᠪᠠ ᠠᠮᠣ ᠬᠦᠨᠡᠰᠦ᠂ ᠳᠣᠰᠣᠯᠢᠭ ᠣᠷᠭᠤᠮᠠᠯ ᠵᠡᠷᠭᠡ ᠰᠢᠨ᠎ᠡ ᠪᠠᠷ ᠨᠡᠮᠡᠭᠳᠡᠭᠰᠡᠨ ᠪᠠᠷᠠᠭ᠎ᠠ ᠪᠦᠲᠦᠭᠡᠭᠳᠡᠭᠦᠨ ᠢ ᠭᠠᠳᠠᠭᠠᠳᠣ ᠠᠴᠠ ᠣᠷᠣᠭᠤᠯᠬᠤ ᠬᠡᠮᠵᠢᠶ᠎ᠡ ᠣᠯᠠᠮ ᠨᠢᠭᠡ ᠠᠯᠬᠤᠮ ᠦᠷᠭᠡᠳᠴᠣ᠂ ᠬᠢᠮᠢ ᠶᠢᠨ ᠦᠢᠯᠡᠳᠪᠦᠷᠢ ᠶᠢᠨ ᠪᠦᠲᠦᠭᠡᠭᠳᠡᠭᠦᠨ᠂ ᠵᠢᠮᠢᠰ ᠨᠣᠭᠤᠭ᠎ᠠ ᠵᠡᠷᠭᠡ ᠪᠦᠲᠦᠭᠡᠭᠳᠡᠭᠦᠨ ᠢ ᠭᠠᠳᠠᠭᠠᠳᠣ ᠳᠤ ᠭᠠᠷᠭᠠᠬᠤ ᠬᠡᠮᠵᠢᠶ᠎ᠡ ᠳᠣᠭᠳᠠᠭᠤᠨ ᠢᠶᠠᠷ ᠦᠰᠴᠦ᠂ ᠪᠣᠭᠤᠮᠳᠠ ᠶᠢᠨ ᠪᠠᠷᠠᠭ᠎ᠠ ᠨᠠᠪᠳᠡᠷᠡᠭᠦᠯᠬᠦ ᠬᠡᠮᠵᠢᠶ᠎ᠡ ᠵᠠᠯᠭᠠᠭ᠎ᠠ ᠵᠠᠯᠭᠠᠭ᠎ᠠ ᠪᠠᠷ ᠲᠡᠦᠬᠡ ᠶᠢᠨ ᠰᠢᠨ᠎ᠡ ᠳᠡᠮᠳᠡᠭᠯᠡᠯ ᠢ ᠡᠭᠦᠳᠪᠡ᠃ ᠦᠪᠦᠷ ᠮᠣᠩᠭᠤᠯ— ᠡᠷᠢᠶᠡᠨ— ᠧᠦ᠋ᠷᠦᠫᠡ ᠴᠢᠭᠯᠡᠯ ᠤᠨ ᠪᠠᠷᠠᠭ᠎ᠠ ᠳᠡᠭᠡᠭᠡᠪᠦᠷᠢ ᠶᠢᠨ ᠸᠠᠭᠤᠨ ᠢ ᠨᠡᠭᠡᠭᠡᠨ ᠨᠡᠪᠳᠡᠷᠡᠭᠦᠯᠵᠣ᠂ ᠵᠧᠩᠵᠸᠦ— ᠡᠷᠢᠶᠠᠨ— ᠧᠦ᠋ᠷᠦᠫᠡ ᠴᠢᠭᠯᠡᠯ  ᠤᠨ ᠸᠠᠭᠤᠨ ᠢ ᠪᠠᠶᠢᠩᠭᠤ ᠶᠢᠨ ᠴᠢᠨᠠᠷᠳᠠᠢ ᠠᠵᠢᠯᠯᠠᠬᠤ ᠶᠢ ᠲᠦᠯᠬᠢᠨ ᠠᠬᠢᠭᠤᠯᠵᠣ᠂ ︽ᠳᠣᠮᠳᠠᠳᠣ ᠮᠣᠩᠭᠤᠯ ᠣᠷᠣᠰ  ᠤᠨ ᠠᠵᠣ ᠠᠬᠤᠢ ᠬᠤᠳᠠᠯᠳᠣᠭᠠᠨ ᠤ ᠬᠠᠮᠳᠣᠷᠠᠯᠴᠠᠭᠠᠨ ᠤ ᠡᠷᠢᠶᠡᠨ ᠬᠤᠳᠠ ᠳᠠᠬᠢ ᠴᠢᠭᠤᠯᠭ᠎ᠠ ᠠᠭᠤᠯᠵᠠᠯᠳᠠ︾ ᠶᠢ ᠦᠷᠭᠦᠯᠵᠢᠯᠡᠨ 8 ᠬᠤᠭᠤᠴᠠᠭ᠎ᠠ ᠠᠮᠵᠢᠯᠳᠠ ᠲᠠᠢ ᠡᠷᠬᠢᠯᠡᠨ᠂ ᠣᠨᠴᠠᠭᠠᠶᠢᠯᠠᠨ ᠡᠨᠡ ᠵᠢᠯ ᠤᠨ ᠨᠠᠢᠮᠠᠳᠣᠭᠠᠷ ᠬᠤᠭᠤᠴᠠᠭᠠᠨ ᠤ ︽ᠡᠷᠢᠶᠠᠨ ᠬᠤᠳᠠ ᠳᠠᠬᠢ ᠴᠢᠭᠤᠯᠭ᠎ᠠ ᠠᠭᠤᠯᠵᠠᠯᠳᠠ︾ ᠨᠢ ᠳᠡᠰ ᠳᠡᠪᠰᠢᠭᠡᠳ ᠣᠯᠣᠰ ᠤᠨ ᠬᠤᠳᠠᠯᠳᠤᠭ᠎ᠠ ᠶᠢ ᠠᠬᠢᠭᠤᠯᠬᠤ ᠵᠦᠪᠯᠡᠯ ᠪᠠ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ ᠦᠵᠡᠰᠭᠦᠯᠡᠩ ᠬᠤᠷᠠᠯᠳᠣᠭᠠᠨ ᠪᠣᠯᠵᠣ᠂ ᠬᠤᠷᠠᠯ ᠤᠨ ᠨᠦᠯᠦᠬᠡᠯᠡᠬᠦ ᠬᠦᠴᠦᠨ ᠪᠠ ᠦᠵᠡᠰᠭᠦᠯᠡᠩ ᠬᠤᠷᠠᠯᠳᠣᠭᠠᠨ ᠤ ᠬᠦᠷᠢᠶ᠎ᠡ ᠬᠡᠪᠴᠢᠶ᠎ᠡ ᠦᠷᠭᠦᠯᠵᠢᠯᠡᠨ ᠦᠷᠭᠡᠳᠪᠡ᠃ ᠣᠯᠣᠰ ᠠᠴᠠ ︽ᠢᠨᠲ᠋ᠧᠷ ᠰᠦᠯᠵᠢᠶ᠎ᠡ +︾ ᠶᠢ ᠶᠡᠭᠡ ᠪᠠᠷ ᠬᠦᠭᠵᠢᠭᠦᠯᠬᠦ ᠠᠵᠢᠯᠯᠠᠭ᠎ᠠ ᠶᠢᠨ ᠳᠣᠬᠢᠶᠠᠯ ᠢ ᠠᠳᠬᠤᠵᠣ᠂ ᠬᠢᠯᠢ ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ᠠᠵᠣ ᠦᠢᠯᠡᠰ ᠢ ᠢᠳᠡᠪᠬᠢᠳᠡᠢ ᠬᠦᠭᠵᠢᠭᠦᠯᠵᠣ᠂ 4 ᠡᠷᠦᠬᠡ ᠡᠯᠧᠺᠲᠷᠣᠨ ᠬᠤᠳᠠᠯᠳᠣᠭᠠᠨ ᠤ ᠠᠵᠣ ᠠᠬᠤᠶᠢᠯᠠᠯ ᠡᠷᠢᠶᠡᠨ ᠳᠤ ᠨᠣᠳᠣᠭᠰᠢᠨ᠂ ᠰᠦᠯᠵᠢᠶᠡᠨ ᠳᠡᠭᠡᠷ᠎ᠡ ᠠᠵᠢᠯᠯᠠᠪᠠ᠂ ᠡᠭᠦᠨ ᠳᠤ ᠢᠦᠢ ᠯᠢ ᠺᠣᠮᠫᠠᠨᠢ ᠶᠢᠨ ︽ᠬᠤᠳᠠ ᠶᠢᠨ ᠳᠡᠯᠭᠡᠭᠦᠷ︾ ᠨᠡᠷᠡᠮᠵᠢᠳᠣ ᠰᠦᠯᠵᠢᠶᠡᠨ ᠳᠡᠯᠭᠡᠭᠦᠷ ᠨᠢ ᠨᠢᠭᠡᠨᠳᠡ ᠮᠣᠩᠭᠤᠯ ᠣᠯᠣᠰ ᠤᠨ ᠬᠠᠮᠤᠭ ᠤᠨ ᠳᠣᠮᠣ ᠡᠯᠧᠺᠲᠷᠣᠨ ᠬᠤᠳᠠᠯᠳᠣᠭᠠᠨ ᠤ ᠰᠣᠯᠢᠯᠴᠠᠭᠠᠨ ᠤ ᠳᠠᠪᠴᠠᠩ ᠪᠣᠯᠪᠠ᠃ ᠲᠦᠷᠪᠡ ᠳᠤ᠂ ᠬᠢᠯᠢ ᠠᠯᠣᠰᠯᠠᠭᠰᠠᠨ ᠮᠦᠩᠭᠦᠨ ᠭᠦᠢᠯᠭᠡᠭᠡᠨ ᠤ ᠪᠣᠳᠠᠳᠣ ᠬᠠᠮᠳᠣ ᠶᠢᠨ ᠠᠵᠢᠯᠯᠠᠭ᠎ᠠ ᠳᠤ ᠰᠢᠨ᠎ᠡ ᠶᠢ ᠡᠭᠦᠳᠦᠨ᠂ ᠪᠡᠯᠡ ᠮᠦᠩᠭᠦ ᠶᠢ ᠡᠷᠭᠢᠯᠳᠦᠭᠦᠯᠬᠦ ᠵᠢᠱᠢᠶ᠎ᠡ ᠦᠵᠡᠭᠦᠯᠬᠦ ᠳᠣᠭᠤᠷᠢᠭ ᠢ ᠪᠦᠬᠦ ᠬᠦᠴᠦᠨ ᠢᠶᠠᠷ  ᠴᠣᠭᠴᠠᠯᠠᠪᠠ᠃     ᠮᠦᠩᠭᠦᠨ ᠭᠦᠢᠯᠭᠡᠭᠡᠨ ᠤ ᠬᠠᠮᠳᠣ ᠶᠢᠨ ᠠᠵᠢᠯᠯᠠᠭ᠎ᠠ ᠳᠤ ᠰᠢᠨ᠎ᠡ ᠶᠢ ᠡᠭᠦᠳᠬᠦ ᠪᠣᠯ ᠪᠡᠯᠡ ᠣᠷᠣᠭᠤᠯᠣᠯᠳᠠ ᠠᠷᠠᠯᠵᠢᠶ᠎ᠠ ᠬᠤᠳᠠᠯᠳᠣᠭᠠᠨ ᠤ ᠬᠢᠯᠪᠠᠷᠴᠢᠯᠠᠯᠳᠠ ᠶᠢ ᠠᠬᠢᠭᠤᠯᠬᠤ ᠦᠨᠡᠨ ᠪᠣᠳᠠᠳᠠᠢ ᠠᠷᠭ᠎ᠠ ᠵᠠᠮ ᠪᠣᠯᠣᠨ᠎ᠠ᠃ ᠮᠣᠩᠭᠤᠯ  ᠳᠤ ᠬᠠᠨᠳᠣᠭᠰᠠᠨ ᠮᠦᠩᠭᠦᠨ ᠭᠦᠢᠯᠭᠡᠭᠡᠨ ᠤ ᠰᠣᠯᠢᠯᠴᠠᠭ᠎ᠠ ᠬᠠᠮᠳᠣ ᠶᠢᠨ ᠠᠵᠢᠯᠯᠠᠭᠠᠨ ᠤ ᠳᠣᠭᠳᠠᠯᠴᠠᠭ᠎ᠠ ᠶᠢ ᠪᠠᠶᠢᠭᠤᠯᠣᠨ ᠪᠦᠷᠢᠨᠰᠢᠭᠦᠯᠵᠣ᠂ ᠮᠦᠩᠭᠦᠨ ᠭᠦᠢᠯᠭᠡᠭᠡᠨ ᠤ ᠬᠠᠮᠳᠣ ᠶᠢᠨ ᠠᠵᠢᠯᠯᠠᠭᠠᠨ ᠤ ᠠᠷᠭ᠎ᠠ ᠵᠠᠮ ᠢ ᠰᠠᠭᠠᠳ ᠦᠬᠡᠢ ᠨᠡᠪᠳᠡᠷᠡᠭᠦᠯᠵᠣ᠂ ᠬᠢᠯᠢ ᠠᠯᠣᠰᠯᠠᠭᠰᠠᠨ ᠮᠦᠩᠭᠦᠨ ᠭᠦᠢᠯᠭᠡᠭᠡᠨ ᠢ ᠶᠡᠭᠡ ᠪᠠᠷ ᠬᠦᠭᠵᠢᠭᠦᠯᠦᠨ᠂ ᠬᠢᠯᠢ ᠠᠯᠣᠰᠯᠠᠭᠰᠠᠨ ᠮᠦᠩᠭᠦᠨ ᠭᠦᠢᠯᠭᠡᠭᠡᠨ ᠤ ᠦᠢᠯᠡᠴᠢᠯᠡᠬᠡᠨ ᠤ ᠲᠦᠪᠰᠢᠨ ᠢ ᠳᠡᠭᠡᠭᠰᠢᠯᠡᠭᠦᠯᠪᠡ᠃ ᠮᠣᠩᠭᠤᠯ ᠳᠤ ᠬᠠᠨᠳᠣᠭᠰᠠᠨ ᠬᠢᠯᠢ ᠠᠯᠣᠰᠯᠠᠭᠰᠠᠨ ᠠᠷᠠᠳ ᠤᠨ ᠵᠣᠭᠤᠰ ᠤᠨ ᠠᠵᠢᠯ ᠤᠨ ᠲᠦᠪ ᠢ ᠪᠠᠶᠢᠭᠤᠯᠵᠣ᠂ ᠡᠷᠢᠶᠡᠨ ᠬᠤᠳᠠ  ᠶᠢᠨ ᠬᠠᠷᠢᠶ᠎ᠠ ᠳᠣᠭᠤᠷᠢᠭ ᠤᠨ ᠮᠦᠩᠭᠦᠨ ᠭᠦᠢᠯᠭᠡᠭᠡᠨ ᠤ ᠪᠠᠶᠢᠭᠤᠯᠣᠮᠵᠢ ᠪᠣᠯᠣᠨ ᠮᠣᠩᠭᠤᠯ ᠤᠨ ᠳᠠᠯ᠎ᠠ ᠶᠢᠨ ᠬᠤᠳᠠᠯᠳᠣᠭᠠᠨ ᠤ ᠪᠠᠩᠬᠢ ᠲᠠᠢ ᠳᠣᠭᠳᠠᠮᠠᠯ ᠬᠤᠭᠤᠴᠠᠭ᠎ᠠ ᠲᠠᠢ ᠬᠠᠷᠢᠯᠴᠠᠨ ᠠᠶᠢᠯᠴᠢᠯᠠᠬᠤ ᠳᠣᠭᠳᠠᠯᠴᠠᠭ᠎ᠠ ᠶᠢ ᠪᠠᠶᠢᠭᠤᠯᠵᠣ᠂ ᠬᠠᠷᠢᠶ᠎ᠠ ᠳᠣᠭᠤᠷᠢᠭ ᠤᠨ 5 ᠬᠤᠳᠠᠯᠳᠣᠭᠠᠨ ᠤ ᠪᠠᠩᠬᠢ ᠮᠣᠩᠭᠤᠯ ᠤᠨ ᠳᠠᠯ᠎ᠠ ᠲᠠᠢ ᠬᠠᠮᠳᠣᠷᠠᠭᠰᠠᠨ ᠪᠠᠩᠬᠢ ᠶᠢᠨ ᠬᠠᠷᠢᠴᠠᠭ᠎ᠠ ᠪᠠᠶᠢᠭᠤᠯᠵᠣ᠂ 3 ᠪᠠᠩᠬᠢ ᠮᠣᠩᠭᠤᠯ ᠤᠨ ᠳᠠᠯ᠎ᠠ ᠳᠤ ᠠᠷᠠᠳ ᠤᠨ ᠵᠣᠭᠤᠰ ᠤᠨ ᠪᠡᠯᠡᠨ ᠮᠦᠩᠭᠦ ᠶᠢ ᠰᠢᠯᠵᠢᠭᠦᠯᠦᠨ ᠳᠡᠭᠡᠭᠡᠪᠦᠷᠢᠯᠡᠬᠦ ᠠᠵᠢᠯ ᠢ ᠦᠷᠨᠢᠭᠦᠯᠦᠨ᠂ 2 ᠪᠠᠩᠬᠢ ᠮᠣᠩᠭᠤᠯ ᠲᠦᠭᠦᠷᠢᠭ ᠤᠨ ᠪᠡᠯᠡᠨ ᠮᠦᠩᠭᠦ ᠶᠢ ᠰᠣᠯᠢᠬᠤ ᠠᠵᠢᠯ ᠢ ᠦᠷᠨᠢᠭᠦᠯᠵᠣ᠂ 1 ᠪᠠᠩᠬᠢ ᠮᠣᠩᠭᠤᠯ ᠲᠦᠭᠦᠷᠢᠭ ᠤᠨ ᠪᠡᠯᠡᠨ ᠮᠦᠩᠭᠦ ᠶᠢ ᠰᠢᠯᠵᠢᠭᠦᠯᠦᠨ ᠳᠡᠭᠡᠭᠡᠪᠦᠷᠢᠯᠡᠵᠣ ᠬᠢᠯᠢ ᠪᠠᠷ ᠣᠷᠣᠭᠤᠯᠬᠤ ᠶᠢ ᠣᠷᠣᠭᠰᠢᠳᠠᠢ ᠪᠡᠶᠡᠯᠡᠭᠦᠯᠪᠡ᠃ 2016 ᠣᠨ ᠤ 1—11 ᠰᠠᠷ᠎ᠠ ᠳᠤ᠂ ᠠᠷᠠᠳ ᠤᠨ ᠵᠣᠭᠤᠰ ᠤᠨ ᠪᠡᠯᠡᠨ ᠮᠦᠩᠭᠦ ᠶᠢ 38 ᠣᠳᠠᠭ᠎ᠠ ᠳᠤ 10.5 ᠳ᠋ᠦᠩᠰᠢᠭᠤᠷ ᠲᠦᠭᠦᠷᠢᠭ ᠢ ᠰᠢᠯᠵᠢᠭᠦᠯᠦᠨ ᠳᠡᠭᠡᠭᠡᠪᠦᠷᠢᠯᠡᠵᠣ᠂ ᠠᠷᠠᠳ ᠤᠨ ᠵᠣᠭᠤᠰ ᠤᠨ ᠪᠡᠯᠡᠨ ᠮᠦᠩᠭᠦ ᠶᠢ 2.9 ᠳ᠋ᠦᠩᠰᠢᠭᠤᠷ ᠮᠣᠩᠭᠤᠯ ᠲᠦᠭᠦᠷᠢᠭ ᠰᠣᠯᠢᠵᠣ᠂ ᠬᠢᠯᠢ ᠠᠯᠣᠰᠯᠠᠭᠰᠠᠨ ᠠᠷᠠᠳ ᠤᠨ ᠵᠣᠭᠤᠰ ᠤᠨ ᠠᠷᠠᠯᠵᠢᠶᠠᠨ ᠤ ᠳ᠋ᠦᠩᠨᠡᠨ ᠪᠣᠳᠣᠯᠳᠠ ᠶᠢᠨ ᠬᠡᠮᠵᠢᠶ᠎ᠡ 53 ᠳ᠋ᠦᠩᠰᠢᠭᠤᠷ ᠲᠦᠭᠦᠷᠢᠭ ᠲᠤ ᠬᠦᠷᠪᠡ᠃ ᠳᠠᠪᠤ ᠳᠤ᠂ ᠬᠦᠮᠦᠨ ᠰᠣᠶᠣᠯ ᠤᠨ ᠬᠠᠷᠢᠯᠴᠠᠭ᠎ᠠ ᠬᠠᠮᠳᠣᠷᠠᠯᠴᠠᠭᠠᠨ ᠤ ᠬᠦᠷᠢᠶ᠎ᠡ ᠶᠢ ᠦᠷᠭᠡᠵᠢᠭᠦᠯᠵᠣ᠂ ᠠᠷᠠᠳ ᠤᠨ ᠰᠡᠳᠬᠢᠯ ᠨᠡᠪᠳᠡᠷᠡᠯᠴᠡᠭᠰᠡᠨ ᠵᠢᠱᠢᠶ᠎ᠡ ᠦᠵᠡᠭᠦᠯᠬᠦ ᠳᠣᠭᠤᠷᠢᠭ ᠢ ᠪᠦᠬᠦ ᠬᠦᠴᠦᠨ ᠢᠶᠠᠷ ᠴᠣᠭᠴᠠᠯᠠᠪᠠ᠃       ︽ᠳᠣᠳᠣᠨᠣ ᠦᠨᠡᠨᠴᠢ ᠪᠦᠭᠡᠳ ᠠᠰᠢᠭᠳᠠᠢ ᠪᠠᠭᠳᠠᠭᠠᠮᠵᠢᠳᠠᠢ ᠪᠠᠶᠢᠬᠤ︾ ᠣᠶᠢᠯᠠᠭᠠᠭᠳᠠᠬᠤᠨ ᠢ ᠳᠡᠭᠡᠳᠦᠯᠡᠨ ᠪᠠᠷᠢᠮᠳᠠᠯᠠᠵᠣ᠂ ᠬᠦᠮᠦᠨ ᠰᠣᠶᠣᠯ ᠤᠨ ᠬᠠᠷᠢᠯᠴᠠᠭ᠎ᠠ ᠶᠢ ᠬᠠᠷᠢᠯᠴᠠᠨ ᠬᠤᠯᠪᠣᠨ ᠬᠠᠷᠢᠯᠴᠠᠨ ᠨᠡᠪᠳᠡᠷᠡᠭᠦᠯᠬᠦ ᠶᠢ ᠠᠬᠢᠭᠤᠯᠵᠣ᠂ ᠮᠣᠩᠭᠤᠯ ᠣᠷᠣᠰ ᠤᠨ ᠶᠡᠭᠡ ᠳᠡᠭᠡᠳᠣ ᠰᠣᠷᠭᠠᠭᠤᠯᠢ ᠲᠠᠢ ︽2 +2︾ ᠬᠠᠮᠳᠣᠷᠠᠨ ᠰᠣᠷᠭᠠᠭᠤᠯᠢ ᠡᠷᠬᠢᠯᠡᠬᠦ ᠳᠣᠭᠳᠠᠯᠴᠠᠭ᠎ᠠ ᠶᠢ ᠪᠦᠷᠢᠨᠰᠢᠭᠦᠯᠦᠨ᠂ 2016 ᠣᠨ ᠳᠤ 66 ᠨᠡᠷ᠎ᠡ ᠰᠣᠷᠣᠭᠴᠢ ᠶᠢ ᠰᠣᠩᠭᠤᠨ ᠮᠣᠩᠭᠤᠯ ᠣᠷᠣᠰ ᠤᠨ ᠶᠡᠭᠡ ᠳᠡᠭᠡᠳᠣ ᠰᠣᠷᠭᠠᠭᠤᠯᠢ ᠳᠤ ᠳᠠᠪᠳᠠᠨ ᠪᠣᠯᠪᠠᠰᠣᠷᠠᠭᠤᠯᠵᠣ᠂ 140 ᠭᠠᠷᠣᠢ ᠨᠡᠷ᠎ᠡ ᠮᠣᠩᠭᠤᠯ ᠣᠷᠣᠰ ᠤᠨ ᠰᠣᠷᠣᠭᠴᠢ ᠶᠢ ᠡᠯᠰᠡᠨ ᠡᠷᠢᠶᠡᠨ ᠬᠤᠳᠠ ᠶᠢᠨ ᠣᠯᠠᠨ ᠣᠯᠣᠰ ᠤᠨ ᠳᠡᠭᠡᠳᠦ ᠰᠣᠷᠭᠠᠭᠤᠯᠢ ᠳᠤ ᠰᠣᠷᠣᠯᠴᠠᠭᠤᠯᠪᠠ᠃ ᠡᠷᠢᠶᠡᠨ ᠬᠤᠳᠠ ᠶᠢᠨ ᠨᠢᠭᠡᠳᠦᠭᠡᠷ ᠳᠣᠮᠳᠠᠳᠣ ᠰᠣᠷᠭᠠᠭᠤᠯᠢ ᠪᠣᠯᠣᠨ ᠣᠷᠣᠰ ᠤᠨ ᠪᠣᠷᠢᠶᠠᠳ ᠤᠨ ᠣᠯᠣᠰ ᠤᠨ ᠶᠡᠭᠡ ᠰᠣᠷᠭᠠᠭᠤᠯᠢ᠂ ᠰᠡᠨᠲ ᠫᠧᠲ᠋ᠧᠷᠪᠦ᠋ᠷᠡᠭ ᠶᠡᠭᠡ ᠰᠣᠷᠭᠠᠭᠤᠯᠢ᠂ ᠺᠠᠽᠠᠨ ᠶᠡᠭᠡ ᠰᠣᠷᠭᠠᠭᠤᠯᠢ ᠲᠠᠢ ᠬᠠᠮᠳᠣᠷᠠᠨ ᠠᠵᠢᠯᠯᠠᠬᠤ ᠬᠡᠯᠡᠯᠴᠡᠭᠡᠷ ᠪᠠᠶᠢᠭᠤᠯᠵᠣ᠂ ᠡᠷᠢᠶᠡᠨ ᠬᠤᠳᠠ ᠶᠢᠨ ᠮᠣᠩᠭᠤᠯ ᠦᠨᠳᠦᠰᠦᠳᠡᠨ ᠤ ᠳᠣᠮᠳᠠᠳᠣ ᠰᠣᠷᠭᠠᠭᠤᠯᠢ ᠪᠣᠯᠣᠨ ᠮᠣᠩᠭᠤᠯ ᠣᠯᠣᠰ ᠤᠨ ᠣᠯᠣᠰ ᠤᠨ ᠰᠣᠷᠭᠠᠨ ᠬᠦᠮᠦᠵᠢᠯ ᠤᠨ ᠶᠡᠭᠡ ᠰᠣᠷᠭᠠᠭᠤᠯᠢ ᠵᠡᠷᠭᠡ ᠬᠠᠮᠳᠣᠷᠠᠨ ᠠᠵᠢᠯᠯᠠᠬᠤ ᠬᠡᠯᠡᠯᠴᠡᠭᠡᠷ ᠪᠠᠶᠢᠭᠤᠯᠪᠠ᠃ ᠡᠨᠡ ᠵᠢᠯ ᠮᠣᠩᠭᠤᠯ ᠣᠯᠣᠰ ᠤᠨ ᠠᠶᠢᠯᠴᠢᠯᠠᠯ ᠤᠨ ᠪᠦᠯᠬᠦᠮ ᠢ 88 ᠪᠦᠯᠦᠭ 1174 ᠬᠦᠮᠦᠨ ᠣᠳᠠᠭ᠎ᠠ ᠬᠦᠯᠢᠶᠡᠨ ᠠᠪᠴᠣ᠂ ᠮᠣᠩᠭᠤᠯ ᠣᠷᠣᠰ ᠤᠨ ᠰᠣᠷᠣᠭᠴᠢ ᠳᠤ 604 ᠲᠦᠮᠡᠨ ᠲᠦᠭᠦᠷᠢᠭ ᠤᠨ ᠰᠣᠷᠣᠯᠭ᠎ᠠ ᠶᠢᠨ ᠬᠦᠬᠢᠬᠦᠯᠦᠯ ᠤᠨ ᠮᠦᠩᠭᠦ ᠶᠢ ᠳᠠᠷᠬᠠᠭᠠᠵᠣ᠂ ᠡᠷᠢᠶᠡᠨ ᠬᠤᠳᠠ ᠳᠤ ᠰᠣᠷᠣᠯᠴᠠᠵᠣ ᠪᠠᠶᠢᠭ᠎ᠠ ᠮᠣᠩᠭᠤᠯ ᠣᠯᠣᠰ ᠤᠨ ᠰᠣᠷᠣᠭᠴᠢ ᠨᠡᠮᠡᠭᠳᠡᠭᠡᠳ 778 ᠨᠡᠷ᠎ᠡ ᠬᠦᠷᠪᠡ᠃ ᠮᠣᠩᠭᠤᠯ ᠳᠤ ᠬᠠᠨᠳᠣᠭᠰᠠᠨ ᠡᠮ ᠡᠮᠨᠡᠯᠭᠡ ᠶᠢᠨ ᠬᠠᠷᠢᠯᠴᠠᠭ᠎ᠠ ᠬᠠᠮᠳᠣᠷᠠᠯᠴᠠᠭ᠎ᠠ ᠪᠠᠨ ᠴᠢᠩᠭᠠᠳᠬᠠᠵᠣ᠂ ᠮᠣᠩᠭᠤᠯ ᠣᠯᠣᠰ ᠤᠨ ᠡᠷᠡᠭᠦᠯ ᠮᠡᠨᠳᠦ ᠣᠯᠣᠰ ᠤᠨ ᠶᠡᠭᠡ ᠰᠣᠷᠭᠠᠭᠤᠯᠢ ᠲᠠᠢ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠣ᠂ ᠵᠠᠮ ᠤᠨ ᠡᠭᠦᠳᠡ ᠬᠤᠳᠠ ᠶᠢᠨ ᠡᠮᠨᠡᠯᠭᠡ ᠶᠢᠨ ᠬᠤᠷᠢᠶ᠎ᠠ ᠲᠠᠢ ᠡᠮ ᠡᠮᠨᠡᠯᠭᠡ ᠶᠢᠨ ᠬᠠᠮᠳᠣᠷᠠᠯᠴᠠᠭᠠᠨ ᠤ ᠬᠡᠯᠡᠯᠴᠡᠭᠡᠷ ᠪᠠᠶᠢᠭᠤᠯᠵᠣ᠂ ᠮᠣᠩᠭᠤᠯ ᠣᠯᠣᠰ ᠤᠨ ᠰᠡᠯᠡᠩᠭᠡ ᠠᠶᠢᠮᠠᠭ ᠤᠨ ᠰᠠᠶᠢᠬᠠᠨ ᠰᠣᠮᠣ ᠶᠢᠨ ᠡᠮᠨᠡᠯᠬᠡ ᠶᠢᠨ ᠬᠤᠷᠢᠶ᠎ᠠ ᠶᠢᠨ ᠪᠠᠶᠢᠴᠠᠭᠠᠨ ᠰᠣᠳᠣᠯᠣᠯᠳᠠ ᠶᠢᠨ ᠪᠦᠯᠬᠦᠮ ᠢ ᠬᠦᠯᠢᠶᠡᠨ ᠠᠪᠴᠣ᠂ ᠳᠣᠷᠣᠨᠠᠭᠤᠪᠢ ᠠᠶᠢᠮᠠᠭ ᠤᠨ ᠡᠮᠨᠡᠯᠭᠡ ᠶᠢᠨ ᠬᠤᠷᠢᠶ᠎ᠠ ᠲᠠᠢ ᠡᠮ ᠡᠮᠨᠡᠯᠭᠡ ᠶᠢᠨ ᠬᠠᠮᠳᠣᠷᠠᠯᠴᠠᠭᠠᠨ ᠤ ᠵᠦᠪᠳᠡᠯᠴᠡᠭᠡᠷ ᠬᠢᠵᠣ᠂ ᠮᠣᠩᠭᠤᠯ ᠡᠮ ᠡᠮᠨᠡᠯᠭᠡ ᠶᠢᠨ  ᠰᠣᠳᠣᠯᠭᠠᠨ᠂ ᠬᠠᠯᠳᠠᠪᠣᠷᠢᠳᠣ ᠡᠪᠡᠳᠴᠢᠨ ᠤ ᠰᠡᠷᠭᠡᠶᠢᠯᠡᠯᠳᠡ᠂ ᠡᠮ ᠡᠮᠨᠡᠯᠭᠡ ᠶᠢᠨ ᠠᠵᠢᠯᠳᠠᠨ ᠢ ᠬᠠᠷᠢᠯᠴᠠᠨ ᠠᠶᠢᠯᠴᠢᠯᠠᠭᠤᠯᠵᠣ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠠᠮᠳᠣᠷᠠᠯᠴᠠᠭ᠎ᠠ ᠦᠷᠨᠢᠭᠦᠯᠬᠦ ᠵᠡᠷᠭᠡ ᠬᠦᠷᠢᠶᠡᠨ ᠳᠤ ᠪᠠᠶᠢᠩᠭᠤ ᠶᠢᠨ ᠬᠠᠮᠳᠣᠷᠠᠯᠴᠠᠭᠠᠨ ᠤ ᠳᠣᠭᠳᠠᠯᠴᠠᠭ᠎ᠠ ᠶᠢ ᠪᠠᠶᠢᠭᠤᠯᠪᠠ᠃ ᠬᠤᠳᠠ ᠶᠢᠨ ᠡᠮᠨᠡᠯᠭᠡ ᠶᠢᠨ ᠬᠤᠷᠢᠶᠠᠨ ᠳᠤ ᠮᠣᠩᠭᠤᠯ ᠣᠯᠣᠰ ᠤᠨ ᠡᠪᠡᠳᠴᠢᠳᠡᠨ ᠢ ᠬᠦᠯᠢᠶᠡᠨ ᠠᠪᠴᠣ ᠡᠮᠴᠢᠯᠡᠬᠦ ᠭᠠᠵᠠᠷ ᠢ ᠪᠠᠶᠢᠭᠤᠯᠵᠣ᠂ ᠡᠮᠴᠢᠯᠡᠭᠦᠯᠬᠦ ᠪᠠᠷ ᠢᠷᠡᠭᠰᠡᠨ ᠮᠣᠩᠭᠤᠯ ᠣᠯᠣᠰ ᠤᠨ ᠡᠪᠡᠳᠴᠢᠳᠡᠳ ᠤᠨ 20% ᠶᠢᠨ ᠡᠮᠴᠢᠯᠡᠭᠡᠨ ᠤ ᠵᠠᠷᠣᠳᠠᠯ ᠢ ᠬᠡᠯᠳᠦᠷᠢᠭᠦᠯᠬᠦ ᠪᠣᠳᠣᠯᠭ᠎ᠠ ᠶᠢ ᠬᠡᠷᠡᠭᠵᠢᠭᠦᠯᠦᠨ᠂ ᠮᠣᠩᠭᠤᠯ ᠣᠯᠣᠰ ᠤᠨ ᠡᠪᠡᠳᠴᠢᠳᠡᠨ ᠢ ᠳᠣᠮᠳᠠᠴᠢ ᠪᠠᠷ ᠵᠢᠯ ᠪᠦᠷᠢ 5000 ᠢᠯᠡᠭᠦᠦ ᠬᠦᠮᠦᠨ ᠣᠳᠠᠭ᠎ᠠ ᠬᠦᠯᠢᠶᠡᠨ ᠠᠪᠴᠣ ᠡᠮᠴᠢᠯᠡᠪᠡ᠃ ᠡᠷᠢᠶᠡᠨ ᠬᠤᠳᠠ— ᠵᠠᠮ ᠤᠨ ᠡᠭᠦᠳᠡ ᠶᠢᠨ ᠳᠣᠮᠳᠠᠳᠣ ᠮᠣᠩᠭᠤᠯ ᠤᠨ ᠣᠯᠠᠨ ᠣᠯᠣᠰ ᠤᠨ ᠨᠠᠭᠠᠳᠣᠮ ᠢ ᠦᠪᠡᠷᠳᠡᠭᠡᠨ ᠵᠠᠰᠠᠬᠤ ᠣᠷᠣᠨ ᠤ ᠣᠨᠴᠠᠯᠢᠭᠳᠣ ᠨᠡᠷ᠎ᠡ ᠳᠡᠮᠳᠡᠭᠳᠣ ᠲᠦᠷᠦᠯ ᠵᠦᠢᠯ  ᠳᠤ ᠣᠷᠣᠭᠤᠯᠪᠠ᠃ ᠡᠨᠡ ᠵᠢᠯ ᠭᠤᠷᠪᠠᠳᠣᠭᠠᠷ ᠬᠤᠭᠤᠴᠠᠭᠠᠨ ᠤ ᠦᠪᠦᠷ ᠮᠣᠩᠭᠤᠯ ᠤᠨ ᠡᠷᠢᠶᠡᠨ ᠬᠤᠳᠠ ᠶᠢᠨ ︽ᠴᠠᠢ ᠶᠢᠨ ᠵᠠᠮ︾ ᠣᠯᠠᠨ ᠣᠯᠣᠰ ᠤᠨ ᠰᠣᠶᠣᠯ ᠵᠢᠭᠤᠯᠴᠢᠯᠠᠯ ᠤᠨ ᠪᠠᠶᠠᠷ᠂ ᠲᠦᠷᠪᠡᠳᠦᠭᠡᠷ ᠬᠤᠭᠤᠴᠠᠭᠠᠨ ᠤ ᠳᠣᠮᠳᠠᠳᠣ ᠣᠯᠣᠰ ᠤᠨ ᠦᠪᠦᠷ ᠮᠣᠩᠭᠤᠯ ︵ᠡᠷᠢᠶᠡᠨ ᠬᠤᠳᠠ︶ ᠤᠨ ᠨᠠᠶᠢᠷᠠᠯ ᠳᠠᠭᠤᠣ ᠶᠢᠨ ᠣᠷᠠᠯᠢᠭ ᠤᠨ ᠪᠠᠶᠠᠷ ᠵᠢᠴᠢ ᠳᠣᠮᠳᠠᠳᠣ ᠮᠣᠩᠭᠤᠯ ᠣᠷᠣᠰ ᠤᠨ ᠣᠯᠠᠨ ᠣᠯᠣᠰ ᠤᠨ ᠨᠠᠶᠢᠷᠠᠯ ᠳᠠᠭᠤᠣ ᠶᠢᠨ ᠶᠡᠭᠡ ᠬᠤᠷᠠᠯ᠂ ᠳᠣᠮᠳᠠᠳᠣ ᠮᠣᠩᠭᠤᠯ ᠣᠷᠣᠰ  ᠺᠣᠷᠢᠶᠠ ᠠᠦ᠋ᠰᠲᠷᠠᠯᠢᠶ᠎ᠡ ᠶᠢᠨ ᠣᠯᠠᠨ ᠣᠯᠣᠰ ᠤᠨ ᠨᠠᠶᠢᠷᠠᠯ ᠳᠠᠭᠤᠣ ᠶᠢᠨ ᠪᠠᠶᠠᠷ᠂ ︽ᠴᠠᠢ ᠶᠢᠨ ᠵᠠᠮ ᠤᠨ ᠣᠶᠠᠩᠭ᠎ᠠ︾ ᠳᠣᠮᠳᠠᠳᠣ ᠮᠣᠩᠭᠤᠯ ᠣᠷᠣᠰ ᠤᠨ ᠣᠳᠬ᠎ᠠ ᠣᠷᠠᠯᠢᠭ ᠤᠨ ᠦᠳᠡᠰᠢᠯᠡᠭᠡ ᠵᠡᠷᠭᠡ ᠳᠣᠮᠣ ᠬᠡᠪᠴᠢᠶᠡᠨ ᠤ ᠬᠦᠳᠡᠯᠭᠡᠭᠡᠨ ᠢ ᠠᠮᠵᠢᠯᠳᠠ ᠲᠠᠢ ᠡᠷᠬᠢᠯᠡᠵᠣ᠂ ᠮᠣᠩᠭᠤᠯ ᠣᠯᠣᠰ ᠤᠨ ᠳᠣᠰᠣᠨ ᠪᠣᠳᠤᠭ ᠤᠨ ᠵᠢᠷᠤᠭ  ᠤᠨ ᠦᠵᠡᠭᠦᠯᠦᠯᠭᠡ ᠶᠢ ᠳᠠᠭᠠᠭᠠᠴᠢᠯᠠᠨ ᠡᠷᠬᠢᠯᠡᠵᠣ᠂ ᠳᠣᠮᠳᠠᠳᠣ ᠮᠣᠩᠭᠤᠯ ᠣᠷᠣᠰ ᠤᠨ ᠰᠣᠶᠣᠯ ᠤᠨ ᠰᠣᠯᠢᠯᠴᠠᠭ᠎ᠠ ᠡᠳᠦᠷ ᠢᠷᠡᠭᠦᠶ᠎ᠡ ᠨᠢᠭᠳᠠᠷᠠᠪᠠ᠃ ᠳᠣᠮᠳᠠᠳᠣ ᠮᠣᠩᠭᠤᠯ ᠤᠨ ᠬᠦᠯ ᠪᠦᠮᠪᠦᠭᠡ ᠶᠢᠨ ᠰᠣᠳᠣᠨ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠣ᠂ ᠦᠪᠡᠷᠳᠡᠭᠡᠨ ᠵᠠᠰᠠᠬᠤ ᠣᠷᠣᠨ ᠠᠴᠠ ᠳᠣᠰᠠᠯᠠᠨ ᠪᠠᠶᠢᠭᠤᠯᠣᠭᠰᠠᠨ ᠡᠷᠢᠶᠡᠨ ᠬᠤᠳᠠ— ᠵᠠᠮ ᠤᠨ ᠡᠭᠦᠳᠡ ᠶᠢᠨ ᠵᠠᠯᠠᠭᠤᠴᠣᠳ ᠪᠠᠭᠠᠴᠣᠳ ᠤᠨ ᠬᠦᠯ ᠪᠦᠮᠪᠦᠭᠡ ᠶᠢᠨ ᠬᠠᠷᠢᠯᠴᠠᠭᠠᠨ ᠤ ᠰᠠᠭᠤᠷᠢᠨ ᠭᠠᠵᠠᠷ ᠠᠰᠢᠭᠯᠠᠯᠳᠠ ᠳᠤ ᠣᠷᠣᠵᠣ᠂ ᠣᠷᠣᠰ ᠤᠨ ᠪᠣᠷᠢᠶᠠᠳ ᠤᠨ ︽ᠪᠠᠩᠬᠢ ᠬᠤᠨᠳᠠᠭᠠᠳᠣ︾ U12᠂ ︽ᠾᠧᠯᠢ ᠬᠤᠨᠳᠠᠭᠠᠳᠣ︾ ᠳᠣᠮᠳᠠᠳᠣ ᠮᠣᠩᠭᠤᠯ ᠤᠨ ᠵᠠᠯᠠᠭᠤᠴᠣᠳ ᠪᠠᠭᠠᠴᠣᠳ ᠤᠨ ᠬᠦᠯ ᠪᠦᠮᠪᠦᠭᠡ ᠶᠢᠨ ᠣᠷᠢᠯᠭᠠᠳᠣ ᠣᠷᠣᠯᠳᠣᠭᠠᠨ ᠳᠤ ᠵᠣᠬᠢᠶᠠᠨ ᠪᠠᠶᠢᠭᠤᠯᠣᠨ ᠣᠷᠣᠯᠴᠠᠵᠣ᠂ 2016 ᠣᠨ ᠤ ︽ᠨᠠᠬᠢᠶ᠎ᠠ ᠬᠤᠨᠳᠠᠭᠠᠳᠣ︾ ᠳᠣᠮᠳᠠᠳᠣ ᠮᠣᠩᠭᠤᠯ ᠤᠨ ᠴᠡᠴᠡᠷᠯᠢᠭ ᠤᠨ ᠬᠡᠦᠬᠡᠳ ᠤᠨ ᠬᠦᠯ ᠪᠦᠮᠪᠦᠭᠡ ᠶᠢᠨ ᠣᠷᠣᠯᠳᠣᠭᠠᠨ᠂ ᠬᠤᠶᠠᠳᠣᠭᠠᠷ ᠬᠤᠭᠤᠴᠠᠭᠠᠨ ᠤ ︽ᠡᠷᠢᠶᠡᠨ— ᠵᠠᠮ ᠤᠨ ᠡᠭᠦᠳᠡ ᠬᠤᠨᠳᠠᠭᠠᠳᠣ︾ ᠵᠠᠯᠠᠭᠤᠴᠣᠳ ᠪᠠᠭᠠᠴᠣᠳ ᠤᠨ ᠣᠯᠠᠨ ᠣᠯᠣᠰ ᠤᠨ ᠬᠦᠯ ᠪᠦᠮᠪᠦᠭᠡ ᠶᠢᠨ ᠣᠷᠢᠯᠭᠠᠳᠣ ᠣᠷᠣᠯᠳᠣᠭᠠᠨ ᠵᠡᠷᠭᠡ ᠳᠠᠮᠢᠷ ᠤᠨ ᠣᠷᠣᠯᠳᠣᠭᠠᠨ ᠢ ᠠᠮᠵᠢᠯᠳᠠ ᠲᠠᠢ ᠵᠣᠬᠢᠶᠠᠨ ᠪᠠᠶᠢᠭᠤᠯᠵᠣ᠂ ᠮᠣᠩᠭᠤᠯ ᠣᠷᠣᠰ ᠤᠨ ᠬᠤᠯᠪᠣᠭᠳᠠᠬᠤ ᠭᠠᠵᠠᠷ ᠣᠷᠣᠨ ᠨᠤᠭᠤᠳ ᠲᠠᠢ ᠬᠦᠯ ᠪᠦᠮᠪᠦᠭᠡ ᠶᠢᠨ ᠬᠠᠷᠢᠯᠴᠠᠭᠠᠨ ᠤ ᠪᠠᠶᠢᠩᠭᠤ ᠶᠢᠨ ᠳᠣᠭᠳᠠᠯᠴᠠᠭ᠎ᠠ ᠶᠢ ᠪᠦᠷᠢᠯᠳᠦᠭᠦᠯᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号