ᠮᠠᠨᠳᠣᠪᠠᠶᠠᠷ ᠳᠣᠰᠬᠠᠢ ᠮᠡᠷᠬᠡᠵᠢᠯᠳᠠᠨ ᠪᠡᠯᠴᠢᠬᠡᠷ ᠰᠡᠷᠬᠦᠬᠡᠬᠦ ᠬᠤᠭᠤᠴᠠᠭᠠᠨ ᠳᠠᠬᠢ ᠮᠠᠯᠴᠢᠳ ᠤᠨ ᠬᠠᠯᠠᠮᠵᠢᠯᠠᠵᠦ ᠪᠠᠶᠢᠭ᠎ᠠ ᠠᠰᠠᠭᠤᠳᠠᠯ ᠤᠨ ᠳᠣᠬᠠᠢ ᠶᠠᠭᠤ ᠶᠠᠷᠢᠪᠠ︖
ᠨᠡᠶᠢᠲᠡᠯᠡᠭᠰᠡᠨ ᠴᠠᠭ᠄
2018/4/20
ᠬᠠᠮ ᠵᠠᠭᠤᠴᠢᠯᠠᠭᠤᠷ ᠤᠨ ᠰᠣᠷᠪᠣᠯᠵᠢᠯᠠᠭᠴᠢ ᠢᠷᠠᠭᠤᠬᠠᠨ       ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠳᠣᠷ  ᠳᠣᠭᠤᠱᠢᠯᠠᠭᠤᠯᠣᠨ ᠨᠠᠶᠢᠳᠠᠪᠣᠷᠢᠵᠢᠭᠤᠯᠵᠦ᠂ ᠨᠣᠳᠤᠭ ᠪᠠᠯᠴᠢᠬᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠣᠬᠠᠭᠠᠨᠴᠢ ᠵᠦᠢ ᠵᠣᠬᠢᠰᠲᠠᠢ ᠠᠰᠢᠭᠯᠠᠨ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠣᠯᠠᠮ ᠴᠢᠨᠠᠭᠰᠢᠲᠠ ᠠᠬᠢᠭᠤᠯᠬᠤ ᠶᠢᠨ ᠳᠦᠯᠦᠬᠡ᠂ ᠮᠠᠨ ᠤ ᠠᠶᠢᠮᠠᠭ ᠤᠨ13 ᠬᠤᠰᠢᠭᠤ  ᠰᠢᠶᠠᠨ ᠬᠤᠲᠠ ︵ ᠣᠷᠣᠨ︶  ᠶᠢᠨ2.24 ᠳ᠋ᠦᠩᠰᠢᠭᠤᠷ ᠮᠦ ᠨᠣᠳᠤᠭ ᠪᠡᠯᠴᠢᠬᠡᠷ ᠲᠤ ᠨᠢᠬᠡ ᠰᠠᠷ᠎ᠠ ᠶᠢᠨ ᠬᠤᠭᠤᠴᠠᠭ᠎ᠠ ᠲᠠᠢ ᠬᠠᠪᠣᠷ ᠤᠨ ᠣᠯᠠᠷᠢᠯ ᠤᠨ ᠪᠡᠯᠴᠢᠭᠡᠷ ᠰᠡᠷᠬᠦᠬᠡᠬᠦ ᠠᠵᠢᠯ ᠢ ᠦᠷᠨᠢᠬᠦᠯᠬᠦ ᠪᠠᠷ ᠳᠣᠭᠳᠠᠵᠦ᠂ ᠣᠳᠣᠬᠠᠨ ᠣᠯᠠᠩᠬᠢ ᠭᠠᠵᠠᠷ ᠣᠷᠣᠨ ᠪᠡᠯᠴᠢᠬᠡᠷ ᠰᠡᠷᠬᠦᠬᠡᠬᠦ ᠠᠵᠢᠯ ᠢᠶᠠᠨ ᠶᠠᠪᠣᠭᠳᠠᠭᠤᠯᠵᠦ ᠪᠠᠶᠢᠨ᠎ᠠ᠃ ᠡᠶᠢᠨᠬᠦ ᠰᠣᠷᠪᠣᠯᠵᠢᠯᠠᠭᠴᠢ ᠪᠡᠯᠴᠢᠬᠡᠷ ᠰᠡᠷᠬᠦᠬᠡᠬᠦ ᠬᠤᠭᠤᠴᠠᠭᠠᠨ ᠳᠤ ᠮᠠᠨ ᠤ ᠮᠠᠯᠴᠢᠳ ᠤᠨ ᠬᠠᠮᠤᠭ ᠠᠴᠠ ᠬᠠᠯᠠᠮᠵᠢᠯᠠᠵᠦ ᠪᠠᠶᠢᠭ᠎ᠠ ᠮᠠᠯ ᠤᠨ ᠬᠡᠵᠢᠭ ᠬᠡᠮ ᠤᠨ ᠰᠡᠷᠬᠡᠶᠢᠯᠡᠯᠲᠠ᠂ ᠮᠠᠯ ᠤᠨ ᠠᠷᠠᠴᠢᠯᠠᠭ᠎ᠠ ᠮᠠᠯᠵᠢᠯᠭ᠎ᠠ ᠶᠢᠨ ᠳᠣᠬᠠᠢ ᠰᠢᠯᠢ ᠶᠢᠨ ᠭᠤᠣᠯ ᠠᠵᠢᠯ ᠮᠡᠷᠬᠡᠵᠢᠯ ᠤᠨ ᠳᠡᠬᠡᠳᠦ ᠰᠣᠷᠭᠠᠭᠤᠯᠢ ᠶᠢᠨ ᠳᠡᠳ᠋ ᠫᠷᠣᠹᠧᠰᠰᠣᠷ᠂ ᠣᠯᠣᠰ ᠤᠨ ᠳᠣᠬᠠᠶᠢᠯᠠᠭᠰᠠᠨ ᠠᠵᠢᠯ ᠤᠨ ᠮᠠᠯ ᠤᠨ ᠡᠮᠴᠢ ᠶᠢᠨ ᠪᠠᠭᠰᠢ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠬᠡᠳᠦ ᠰᠣᠷᠭᠠᠭᠤᠯᠢ ᠶᠢᠨ ᠠᠯᠣᠰ ᠡᠵᠡᠮᠰᠢᠯᠳᠦ ᠠᠮᠢᠳᠠᠨ ᠤ ᠡᠪᠡᠳᠴᠢᠨ ᠢ ᠰᠡᠷᠬᠡᠶᠢᠯᠡᠨ ᠵᠠᠰᠠᠬᠤ ᠳᠦᠪ ᠤᠨ ᠡᠬᠦᠰᠬᠡᠨ ᠪᠠᠶᠢᠭᠤᠯᠣᠭᠴᠢ ᠮᠠᠨᠳᠣᠪᠠᠶᠠᠷ ᠭᠤᠸᠠᠢ ᠶᠢ ᠳᠣᠰᠬᠠᠶᠢᠯᠠᠨ ᠰᠣᠷᠪᠣᠯᠵᠢᠯᠠᠵᠦ ᠪᠢᠯᠡ᠃ᠰᠣᠷᠪᠣᠯᠵᠢᠯᠠᠭᠴᠢ᠄ ᠪᠡᠯᠴᠢᠬᠡᠷ ᠰᠡᠷᠬᠡᠶᠢᠯᠡᠬᠦ ᠬᠤᠭᠤᠴᠠᠭᠠᠨ ᠳᠤ ᠮᠠᠯ ᠤᠨ ᠬᠡᠵᠢᠭ ᠬᠡᠮ ᠢ ᠶᠠᠭᠠᠬᠢᠵᠦ ᠰᠡᠷᠬᠡᠶᠢᠯᠡᠬᠦ ᠪᠣᠢ︖ ᠠᠩᠬᠠᠷᠬᠤ ᠴᠢᠬᠤᠯᠠ ᠲᠠᠢ ᠵᠦᠢᠯ ᠤᠳ ᠶᠠᠭᠤ  ᠪᠠᠶᠢᠨ᠎ᠠ︖ᠮᠠᠨᠳᠣᠪᠠᠶᠠᠷ᠄ ᠬᠠᠪᠣᠷ ᠤᠨ ᠣᠯᠠᠷᠢᠯ ᠤᠨ ᠮᠠᠯ ᠤᠨ ᠬᠡᠵᠢᠭ ᠬᠡᠮ ᠠᠮᠠᠷᠬᠠᠨ ᠡᠬᠦᠰᠳᠡᠭ᠂ ᠳᠠᠷᠢᠯᠭ᠎ᠠ ᠶᠢᠨ ᠬᠤᠭᠤᠴᠠᠭ᠎ᠠ ᠴᠦ ᠬᠦᠷᠦᠬᠡᠳ ᠢᠷᠡᠭᠰᠡᠨ᠂ ᠣᠨᠴᠠᠭᠠᠶᠢᠯᠠᠨ ᠬᠠᠰᠢᠶᠠᠯᠠᠵᠦ ᠪᠠᠶᠢᠭ᠎ᠠ ᠪᠣᠯᠬᠤᠷ ᠮᠠᠯ ᠳᠤ ᠨᠠᠶᠢᠳᠡᠮ ᠳᠡᠯᠬᠡᠷᠡᠳᠡᠭ ᠪᠣᠶᠣ ᠬᠠᠯᠳᠠᠪᠣᠷᠢᠯᠠᠳᠠᠭ ᠡᠪᠡᠳᠴᠢᠨ ᠬᠢᠯᠪᠠᠷ ᠡᠬᠦᠰᠳᠡᠭ᠃ ᠡᠨᠡ ᠦᠶ᠎ᠡ ᠳᠤ ᠮᠠᠯᠴᠢᠳ ᠡᠷᠬᠡᠪᠰᠢ ᠬᠡᠵᠢᠭ ᠰᠡᠷᠬᠡᠶᠢᠯᠡᠭᠴᠢ  ᠲᠠᠢ ᠰᠠᠶᠢᠳᠣᠷ ᠬᠠᠮᠵᠢᠯᠴᠠᠵᠦ᠂ ᠮᠠᠯ ᠤᠨ ᠢᠶᠠᠨ ᠡᠪᠡᠳᠴᠢᠨ ᠳᠤᠨᠢ  ᠳᠣᠬᠢᠷᠠᠭᠤᠯᠣᠨ ᠡᠮ ᠳᠠᠷᠢᠬᠤ ᠶᠢ  ᠠᠩᠬᠠᠷᠴᠦ ᠰᠣᠬᠤᠷ ᠪᠠᠯᠠᠢ ᠪᠠᠷ ᠳᠠᠷᠢᠬᠤ ᠶᠢ ᠵᠠᠪᠠᠯ ᠴᠡᠭᠡᠷᠯᠡᠬᠦ ᠬᠡᠷᠡᠭᠲᠠᠢ᠃ᠡᠩ ᠳᠡᠷᠢᠬᠦᠨ ᠳᠤ᠂ ᠡᠩ ᠳᠡᠷᠢᠬᠦᠨ ᠳᠤ ᠣᠳᠣᠬᠠᠨ ᠤ ᠭᠤᠣᠯᠳᠠᠯᠭ᠎ᠠ ᠲᠠᠢ ᠬᠠᠯᠳᠠᠪᠣᠷᠢᠳᠦ ᠡᠪᠡᠳᠴᠢᠨ ᠪᠣᠯ5 ᠨᠣᠮᠧᠷᠳᠦ ᠡᠪᠡᠳᠴᠢᠨ ᠪᠣᠯᠣᠨ᠎ᠠ᠂ ᠡᠬᠦᠨ ᠤ ᠳᠠᠷᠢᠯᠭ᠎ᠠ ᠶᠢ ᠳᠠᠷᠢᠬᠤ ᠳᠤ ᠮᠠᠯᠴᠢᠳ ᠳᠣᠶᠢᠯ ᠤᠨ ᠠᠮᠠᠷᠬᠠᠨ ᠨᠢᠬᠡ ᠠᠯᠳᠠᠭ᠎ᠠ ᠶᠢ ᠭᠠᠷᠭᠠᠳᠠᠭ᠂5 ᠨᠣᠮᠧᠷᠳᠦ ᠡᠪᠡᠳᠴᠢᠨ ᠤ ᠸᠠᠺᠼᠢᠨ ᠢ ᠣᠯᠣᠰ ᠠᠴᠠ ᠦᠨ᠎ᠡ ᠳᠦᠯᠦᠪᠣᠷᠢ ᠦᠭᠡᠢ ᠪᠠᠷ ᠠᠯᠪᠠᠳᠣᠯᠭ᠎ᠠ ᠪᠠᠷ ᠳᠠᠷᠢᠵᠦ ᠦᠭᠳᠡᠭ᠂ ᠳᠣᠰᠬᠠᠢ ᠬᠢᠵᠢᠭ ᠰᠡᠷᠬᠡᠶᠢᠯᠡᠭᠴᠢ ᠠᠴᠠ ᠮᠠᠯ ᠳᠤᠨᠢ ᠳᠠᠷᠢᠵᠦ ᠦᠭᠬᠦᠨ᠎ᠡ ᠬᠡᠬᠦᠯᠡᠷ ᠵᠠᠷᠢᠮ ᠮᠠᠯᠴᠢᠳ ᠡᠨᠡ ᠲᠡᠷᠡ  ᠣᠴᠢᠷ ᠢᠶᠠᠷ ᠰᠢᠯᠳᠠᠭᠯᠠᠨ ᠡᠮ ᠢ ᠨᠢ ᠠᠪᠴᠦ ᠬᠤᠴᠣᠷᠬᠤ᠂ ᠮᠠᠯ ᠳᠠᠭᠠᠨ ᠳᠣᠷ᠎ᠠ ᠪᠠᠷ ᠳᠠᠷᠢᠬᠤ ᠪᠣᠶᠣ ᠬᠤᠭᠤᠴᠠᠭ᠎ᠠ ᠠᠴᠠ ᠨᠢ ᠬᠡᠲᠦᠷᠡᠳᠡᠯ᠎ᠡ ᠬᠠᠳᠠᠭᠠᠯᠠᠭᠠᠳ ᠮᠠᠯ ᠳᠠᠭᠠᠨ ᠳᠠᠷᠢᠴᠢᠬᠠᠳᠠᠭ᠂ ᠡᠨᠡ  ᠨᠢ ᠬᠡᠳᠡᠷᠬᠦ ᠪᠠᠨ  ᠮᠠᠯ ᠳᠤ ᠬᠤᠣᠷ  ᠪᠣᠯᠬᠤ ᠶᠤᠮ᠃  ᠦᠨᠡᠨᠳᠡᠬᠡᠨ ᠳᠣᠰ ᠸᠠᠺᠼᠢᠨ ᠢ ᠬᠠᠳᠠᠭᠠᠯᠠᠬᠤ ᠳᠤ ᠣᠨᠴᠠ ᠶᠢᠨ ᠱᠠᠭᠠᠷᠳᠠᠯᠭ᠎ᠠ ᠲᠠᠢ᠂ ᠭᠷᠡᠳᠦ᠋ᠰ ᠢ ᠨᠢ ᠳᠡᠩᠴᠡᠬᠦᠯᠦᠭᠰᠡᠨ ᠳᠣᠰᠬᠠᠢ ᠬᠦᠯᠳᠡᠬᠡᠬᠦᠷ ᠲᠤ ᠬᠠᠳᠠᠭᠠᠯᠠᠵᠦ᠂ ᠬᠦᠯᠳᠡᠬᠡᠬᠦᠷ ᠠᠴᠠ ᠭᠠᠷᠭᠠᠭᠰᠠᠨ ᠤ ᠳᠠᠷᠠᠭ᠎ᠠ6 ᠴᠠᠭ ᠤᠨ ᠳᠣᠳᠣᠷ᠎ᠠ ᠡᠷᠬᠡᠪᠰᠢ ᠳᠠᠷᠢᠵᠦ ᠳᠠᠭᠤᠰᠬᠠᠬᠤ ᠮᠦᠷᠳᠡᠬᠡᠨ ᠦᠯᠡᠳᠡᠭᠰᠡᠨ ᠡᠮ ᠢ ᠨᠢ ᠬᠠᠶᠠᠬᠤ ᠬᠡᠷᠡᠭᠲᠠᠢ᠃  ᠣᠨᠴᠠᠭᠠᠶᠢᠯᠠᠨ ᠳᠦᠯᠯᠡᠬᠦ ᠬᠤᠭᠤᠴᠠᠭᠠᠨ ᠳᠤ ᠳᠣᠭᠤᠯ ᠬᠤᠷᠠᠭ᠎ᠠ ᠳᠤ ᠬᠠᠯᠳᠠᠪᠣᠷᠢᠯᠠᠴᠢᠬᠠᠪᠠᠯ ᠦᠬᠦᠬᠦ ᠨᠣᠷᠮ᠎ᠠ ᠨᠢ ᠳᠣᠩ ᠦᠨᠳᠣᠷ ᠪᠠᠶᠢᠳᠠᠭ ᠣᠴᠢᠷ ᠠᠴᠠ ᠮᠠᠯᠴᠢᠳ ᠣᠬᠠᠮᠰᠠᠷ ᠠᠴᠠ ᠪᠠᠨ ᠬᠢᠵᠢᠭ ᠰᠡᠷᠬᠡᠶᠢᠯᠡᠭᠴᠢ ᠲᠠᠢ ᠬᠠᠮᠳᠣᠷᠠᠵᠦ᠂ ᠳᠠᠷᠢᠯᠭ᠎ᠠ ᠪᠠᠨ ᠵᠦᠪ ᠶᠣᠰᠣᠭᠠᠷ ᠳᠠᠷᠢᠬᠤ ᠶᠢ ᠰᠠᠨᠠᠭᠤᠯᠣᠶ᠎ᠠ᠃ᠳᠠᠷᠠᠭ᠎ᠠ ᠨᠢ᠂ ᠭᠤᠷᠪᠠᠨ  ᠬᠤᠣᠷᠠᠳᠠᠯ ᠢ ᠰᠡᠷᠬᠡᠶᠢᠯᠡᠬᠦ ᠳᠠᠷᠢᠯᠭ᠎ᠠ ᠶᠢ ᠬᠢᠵᠦ ᠪᠠᠶᠢᠳᠠᠭ᠂ ᠡᠨᠡ ᠨᠢ ᠮᠥᠨ ᠣᠯᠣᠰ ᠠᠴᠠ ᠦᠨ᠎ᠡ ᠳᠦᠯᠦᠪᠣᠷᠢ ᠦᠭᠡᠢ ᠪᠠᠷ  ᠠᠯᠪᠠᠳᠠᠯᠭ᠎ᠠ ᠶᠢᠨ ᠴᠢᠨᠠᠷᠲᠠᠢ ᠳᠠᠷᠢᠵᠦ ᠦᠭᠳᠡᠭ᠂ ᠶᠠᠷᠦᠩᠬᠡᠢ ᠳᠡᠭᠡᠨ ᠬᠤᠨᠢᠨ ᠳᠤ  ᠵᠢᠯ ᠳᠤ ᠨᠢᠬᠡ ᠣᠳᠠᠭ᠎ᠠ ᠳᠠᠷᠢᠨ᠎ᠠ᠃ ᠬᠡᠷᠪᠡ ᠬᠤᠷᠠᠭᠠᠨ ᠳᠤ ᠬᠤᠷᠠᠭᠠᠨ ᠳᠤ ᠬᠠᠯᠳᠠᠪᠣᠷᠢᠯᠠᠪᠡᠯ  ᠬᠡᠳᠡᠰᠦ ᠨᠢ ᠡᠪᠡᠳᠴᠦ ᠦᠬᠦᠳᠡᠭ᠂ ᠡᠬᠦᠨ ᠤr ᠬᠠᠯᠳᠠᠪᠣᠷᠢᠯᠠᠬᠤ ᠰᠢᠯᠳᠠᠭᠠᠨ ᠨᠢ ᠭᠤᠣᠯᠳᠠᠭᠤ ᠸᠠᠺᠽᠢᠨ ᠢ ᠳᠠᠷᠢᠬᠤ ᠠᠷᠭ᠎ᠠ᠂ ᠳᠠᠷᠢᠬᠤ ᠬᠤᠭᠤᠴᠠᠭ᠎ᠠ᠂ ᠵᠦᠬᠡᠬᠡᠪᠣᠷᠢᠯᠡᠬᠦ ᠳᠠᠯ᠎ᠠ ᠪᠠᠷ ᠠᠯᠳᠠᠭ᠎ᠠ ᠭᠠᠷᠣᠭᠰᠠᠨ ᠳᠡᠭᠡᠷ᠎ᠡ ᠪᠠᠶᠢᠨ᠎ᠠ᠂ ᠡᠶᠢᠮᠦᠷᠬᠦ ᠸᠠᠺᠽᠢᠨ ᠢ ᠨᠡᠭᠡᠭᠡᠭᠰᠡᠨ ᠤ ᠪᠠᠨ ᠳᠠᠷᠠᠭ᠎ᠠ ᠡᠷᠬᠡᠪᠰᠢ2 ~4 ᠴᠠᠭ ᠤᠨ ᠳᠣᠳᠣᠷ᠎ᠠ ᠳᠠᠷᠢᠵᠦ ᠪᠠᠷᠠᠬᠤ ᠬᠡᠷᠡᠭᠲᠠᠢ᠃ ᠮᠠᠯᠴᠢᠳ ᠳᠣᠰ ᠡᠪᠡᠳᠴᠢᠨ ᠢ ᠰᠡᠷᠬᠡᠶᠢᠯᠡᠬᠦ  ᠬᠡᠪᠡᠯ ᠸᠠᠺᠽᠢᠨ ᠢ ᠬᠤᠨᠢ ᠪᠦᠷᠢ ᠳᠤ ᠣᠷᠬᠢᠭᠳᠠᠭᠤᠯᠣᠯ ᠦᠭᠡᠢ  ᠳᠠᠯᠪᠢᠪᠡᠯ ᠡᠶᠢᠮᠦ ᠵᠦᠢᠯ ᠤᠨ ᠡᠪᠡᠳᠴᠢᠨ ᠳᠠᠬᠢᠵᠦ ᠮᠠᠯ ᠳᠤ ᠬᠦᠷᠳᠡᠭ ᠦᠭᠡᠢ ᠶᠤᠮ᠃ᠰᠣᠷᠪᠣᠯᠵᠢᠯᠠᠭᠴᠢ᠄ ᠣᠳᠣᠬᠢ  ᠬᠤᠭᠤᠴᠠᠭᠠᠨ ᠳᠤ ᠮᠠᠯᠴᠢᠳ ᠤᠨ ᠬᠠᠮᠤᠭ ᠠᠴᠠ ᠠᠩᠬᠠᠷᠬᠤ ᠴᠢᠬᠤᠯᠠ ᠲᠠᠢ  ᠠᠰᠠᠭᠤᠳᠠᠯ ᠨᠢ ᠶᠠᠭᠤ ᠪᠣᠢ︖ᠮᠠᠳᠦᠪᠠᠶᠠᠷ᠄2015 ᠣᠨ ᠪᠢᠳᠠ ᠰᠢᠯᠢ ᠶᠢᠨ ᠭᠤᠣᠯ ᠠᠵᠢᠯ ᠮᠡᠷᠬᠡᠵᠢᠯ ᠤᠨ ᠳᠡᠬᠡᠳᠦ ᠰᠣᠷᠭᠠᠭᠤᠯᠢ ᠶᠢᠨ ᠠᠯᠣᠰ ᠡᠵᠡᠮᠰᠢᠯᠳᠦ ᠠᠮᠢᠳᠠᠨ ᠤ ᠡᠪᠡᠳᠴᠢᠨ ᠢ ᠰᠡᠷᠬᠡᠶᠢᠯᠡᠨ ᠵᠠᠰᠠᠬᠤ ᠳᠦᠪ ᠢ ᠪᠠᠶᠢᠭᠤᠯᠵᠦ᠂ ᠭᠤᠣᠯᠳᠠᠭᠤ  ᠵᠢᠷᠬᠢᠶ᠎ᠡ ᠰᠦᠯᠵᠢᠶ᠎ᠡ ᠪᠠᠷ ᠳᠠᠮᠵᠢᠭᠤᠯᠵᠦ ᠮᠠᠯᠴᠢᠳ ᠲᠤ ᠦᠨ᠎ᠡ ᠳᠦᠯᠦᠪᠣᠷᠢ ᠦᠭᠡᠢ ᠪᠠᠷ ᠦᠢᠯᠡᠴᠢᠯᠡᠭᠡ  ᠬᠠᠩᠭᠠᠳᠠᠭ  ᠃ ᠳᠡᠬᠡᠪᠡᠯ ᠣᠳᠣᠬᠠᠨ ᠤ ᠬᠤᠭᠤᠴᠠᠭᠠᠨ ᠳᠤ ᠮᠠᠯᠴᠢᠳ ᠤᠨ ᠮᠠᠯ ᠤᠨ ᠰᠢᠮ᠎ᠡ ᠳᠡᠵᠢᠬᠡᠯ ᠳᠣᠳᠠᠭᠳᠠᠭᠰᠠᠨ ᠠᠴᠠ ᠪᠣᠯᠣᠭᠰᠠᠨ ᠡᠪᠡᠳᠴᠢᠨ ᠤ ᠳᠣᠬᠠᠢ ᠠᠰᠠᠭᠤᠵᠦ ᠪᠠᠶᠢᠭ᠎ᠠ ᠨᠢ ᠳᠣᠩ ᠣᠯᠠᠨ᠂ ᠡᠳᠡᠬᠡᠷ ᠠᠰᠠᠭᠤᠳᠠᠯ ᠤᠨ ᠳᠣᠬᠠᠢ ᠪᠢ ᠦᠪᠡᠷ ᠤᠨ ᠣᠳᠠᠭᠠᠨ ᠵᠢᠯ ᠤᠨ ᠳᠣᠷᠰᠢᠯᠭ᠎ᠠ ᠠᠴᠠ ᠪᠠᠨ ᠶᠠᠷᠢᠪᠡᠯ᠂ ᠡᠮ  ᠬᠡᠳᠡᠭ ᠬᠠᠮᠤᠭ ᠤᠨ ᠴᠢᠬᠤᠯᠠ ᠶᠠᠭᠤᠮ᠎ᠠ ᠪᠠᠶᠢᠭ᠎ᠠ᠂ ᠶᠠᠮᠠᠷ ᠰᠠᠶᠢᠨ ᠡᠮᠴᠢ ᠪᠠᠶᠢᠯ᠎ᠠ ᠭᠡᠳ ᠡᠮ ᠢ ᠳᠣᠬᠢᠷᠠᠮᠵᠢ ᠦᠭᠡᠢ ᠬᠡᠷᠡᠭᠯᠡᠪᠡᠯ ᠲᠡᠷᠡ ᠨᠢ ᠪᠦᠷ ᠳᠠᠯᠠᠭᠠᠷ ᠵᠦᠢᠯ᠂ ᠡᠮ ᠢ ᠬᠠᠮᠢᠶ᠎ᠠ ᠦᠭᠡᠢ ᠬᠡᠷᠡᠭᠯᠡᠬᠦ ᠶᠢ ᠣᠨᠴᠠᠭᠠᠢ ᠴᠡᠭᠡᠷᠯᠡᠬᠦ ᠬᠡᠷᠡᠭᠲᠠᠢ᠃ ᠠᠳᠠ ᠮᠠᠯᠴᠢᠳ ᠲᠤ ᠰᠠᠨᠠᠭᠤᠯᠬᠤ  ᠨᠢ᠂ ᠬᠡᠷᠪᠡ ᠮᠠᠯ ᠤᠨ ᠡᠪᠡᠳᠴᠢᠨ ᠢ ᠡᠮᠨᠡᠬᠦ ᠳᠠᠯ᠎ᠠ ᠪᠠᠷ ᠬᠦᠴᠢᠷ ᠠᠰᠠᠭᠤᠳᠠᠯ ᠪᠠᠶᠢᠪᠡᠯ᠂ ᠮᠠᠨ ᠤ ᠳᠠᠪᠴᠠᠩ ᠲᠠᠢ ᠰᠢᠭᠤᠳ ᠬᠠᠷᠢᠯᠴᠠᠵᠦ ᠪᠣᠯᠣᠨ᠎ᠠ᠂ ᠬᠡᠬᠦ ᠳᠤ ᠪᠠᠨ ᠮᠠᠯ ᠤᠨ ᠢᠶᠠᠨ ᠭᠠᠳᠠᠷ ᠪᠠᠶᠢᠳᠠᠯ ᠢ ᠰᠠᠶᠢᠨ ᠠᠵᠢᠭᠯᠠᠵᠦ᠂ ᠡᠪᠡᠳᠴᠢᠨ ᠤ ᠪᠠᠨ ᠢᠯᠡᠷᠡᠯ ᠢ ᠰᠠᠶᠢᠳᠣᠷ ᠣᠶᠢᠯᠠᠭᠠᠭᠰᠠᠨ ᠰᠠᠭᠤᠷᠢᠨ ᠳᠡᠭᠡᠷ᠎ᠡ ᠰᠠᠶ᠋ᠢ ᠪᠢᠳᠠ ᠲᠠ ᠨᠠᠷ ᠲᠤ ᠣᠨᠣᠪᠴᠢᠳᠠᠢ ᠬᠠᠷᠢᠭᠤᠯᠲᠠ ᠦᠭᠴᠦ ᠴᠢᠳᠠᠨ᠎ᠠ᠃
 
ᠢᠷᠡᠯᠲᠡ᠄ ᠬᠠᠮ ᠵᠠᠭᠤᠴᠢᠯᠠᠭᠤᠷ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号