2017 ᠣᠨ ᠳᠤ ᠡᠷᠢᠶᠡᠨ ᠪᠣᠭᠤᠮᠳᠠ ᠶᠢᠨ ᠵᠣᠷᠴᠢᠭᠰᠠᠨᠳ ᠤᠨ ᠳᠤᠭ᠎ᠠ ᠳᠡᠣᠬᠡᠨ ᠰᠢᠨ᠎ᠡ ᠳᠡᠮᠳᠡᠭᠯᠡᠯ ᠢ ᠡᠭᠦᠳᠥᠭᠰᠡᠨ
ᠨᠡᠶᠢᠲᠡᠯᠡᠭᠰᠡᠨ ᠴᠠᠭ᠄
2018/4/20
      2017 ᠣᠨ ᠤ 1-12 ᠳ᠋ᠣᠭᠠᠷ ᠰᠠᠷ᠎ᠠ ᠳᠤ᠂ ᠡᠷᠢᠶᠡᠨ ᠪᠣᠭᠤᠮᠳᠠ ᠪᠠᠷ ᠣᠷᠣᠵᠤ ᠭᠠᠷᠤᠭᠰᠠᠨ ᠵᠣᠷᠴᠢᠭᠰᠠᠳ ᠤᠨ ᠳᠤᠭ᠎ᠠ ᠳᠠᠬᠢᠨᠳᠠ ᠲᠡᠣᠬᠡᠨ ᠰᠢᠨ᠎ᠡ ᠳᠡᠮᠳᠡᠭᠯᠡᠯ ᠢ ᠡᠭᠦᠳᠴᠥ 223.4 ᠲᠦᠮᠡᠨ ᠬᠦᠮᠥᠨ ᠤᠳᠠᠭ᠎ᠠ  ᠳᠤ ᠬᠦᠷᠴᠤ᠂ ᠦᠩᠭᠡᠷᠡᠭᠰᠡᠨ ᠵᠢᠯ ᠤᠨ ᠠᠳᠠᠯᠢ ᠬᠤᠭᠤᠴᠠᠭ᠎ᠠ ᠠᠴᠠ 6% ᠪᠠᠷ ᠥᠰᠴᠥ᠂ ᠪᠦᠬᠦ ᠣᠷᠣᠨ ᠤ ᠲᠡᠷᠢᠭᠦᠨ ᠡᠩᠨᠡᠭᠡ ᠳᠤ ᠦᠷᠭᠦᠯᠵᠢᠯᠡᠨ ᠵᠢᠭᠰᠠᠭᠠᠭᠳᠠᠭᠰᠠᠨ ᠪᠠᠶᠢᠨ᠎ᠠ᠃ ᠡᠭᠦᠨ ᠳᠤ᠂ ᠬᠢᠯᠢ ᠪᠠᠷ ᠣᠷᠣᠵᠤ ᠢᠷᠡᠭᠰᠡᠨ ᠵᠣᠷᠴᠢᠭᠰᠠᠳ 112.1 ᠲᠦᠮᠡᠨ ᠬᠦᠮᠥᠨ ᠤᠳᠠᠭ᠎ᠠ᠂ ᠠᠳᠠᠯᠢ ᠬᠤᠭᠤᠴᠠᠭ᠎ᠠ ᠠᠴᠠ 6.4% ᠪᠠᠷ ᠦᠰᠴᠦ︔ ᠬᠢᠯᠢ  ᠪᠠᠷ ᠭᠠᠷᠤᠭᠰᠠᠨ ᠵᠣᠷᠴᠢᠭᠰᠠᠳ 111.3 ᠲᠦᠮᠡᠨ ᠬᠦᠮᠥᠨ ᠤᠳᠠᠭ᠎ᠠ᠂ ᠠᠳᠠᠯᠢ ᠬᠤᠭᠤᠴᠠᠭ᠎ᠠ ᠠᠴᠠ 5.6% ᠪᠠᠷ ᠦᠰᠴᠡᠢ᠃       ᠦᠰᠦᠯᠳᠡ ᠶᠢᠨ ᠭᠤᠤᠯ ᠪᠤᠯᠬᠤ ᠰᠢᠯᠳᠠᠭᠠᠨ ᠳᠣᠣᠷᠠᠬᠢ ᠬᠡᠳᠦᠨ ᠵᠦᠢᠯ ᠪᠤᠢ᠄ ᠨᠢᠭᠡ ᠳᠤ᠂ ᠮᠣᠩᠭᠤᠯ ᠤᠯᠤᠰ ᠤᠨ ᠠᠵᠤ ᠠᠬᠤᠢ ᠰᠡᠷᠭᠦᠯᠳᠡ ᠲᠠᠢ ᠪᠤᠯᠵᠤ᠂ ᠠᠶᠠᠨᠴᠢᠳ ᠤᠨ ᠬᠤᠳᠠᠯᠳᠤᠨ ᠠᠪᠬᠤ ᠴᠢᠳᠠᠪᠦᠷᠢ ᠶᠡᠬᠡᠪᠡᠷ ᠳᠡᠭᠡᠭᠰᠢᠯᠡᠪᠡ︔ ᠬᠤᠶᠠᠷ ᠲᠤ᠂ ᠡᠷᠢᠶᠡᠨ ᠪᠣᠭᠤᠮᠳᠠ ᠨᠢ ᠠᠳᠠᠯᠢᠳᠬᠠᠰᠢ ᠦᠭᠡᠢ ᠣᠷᠣᠨ ᠪᠠᠶᠢᠷᠢ ᠶᠢᠨ ᠳᠠᠪᠠᠭᠤᠯᠢᠭ  ᠲᠠᠢ ᠪᠠᠶᠢᠳᠠᠭ᠄ ᠡᠷᠢᠶᠡᠨ ᠨᠢ ᠪᠤᠭᠤᠮᠳᠠ ᠶᠢᠨ ᠰᠠᠭᠤᠷᠢ ᠳᠡᠭᠡᠷ᠎ᠡ ᠭᠦᠭᠵᠢᠨ ᠪᠣᠵᠠᠭᠠᠶᠢᠷᠠᠭᠰᠠᠨ ᠬᠤᠳᠠ ᠪᠠᠶᠢᠵᠤ᠂ ᠤᠯᠠᠮ ᠢᠶᠠᠷ ᠪᠣᠭᠤᠮᠳᠠ ᠶᠢᠨ ᠰᠠᠭᠤᠷᠢ ᠳᠦᠭᠦᠭᠡᠷᠥᠮᠵᠢ ᠪᠦᠷᠢᠮ ᠳᠦᠭᠦᠷ ᠪᠣᠯᠵᠤ᠂ ᠢᠳᠡᠵᠥ ᠡᠮᠥᠰᠬᠦ ᠰᠠᠭᠤᠬᠤ ᠶᠠᠪᠤᠬᠤ ᠠᠶᠠᠯᠠᠬᠤ ᠳᠤ ᠳᠦᠭᠦᠮ ᠪᠣᠯᠤᠭᠰᠠᠨ ᠢᠶᠠᠷ᠂ ᠡᠷᠢᠶᠡᠨ ᠪᠣᠭᠤᠮᠳᠠ ᠨᠢ ᠮᠣᠩᠭᠤᠯ ᠣᠯᠣᠰ ᠤᠨ ᠠᠶᠠᠨᠴᠢᠳ ᠤᠨ ᠬᠡᠷᠡᠭᠯᠡᠭᠡᠨ ᠤ ᠪᠣᠳᠠᠰ ᠢᠶᠠᠨ ᠬᠤᠳᠠᠯᠳᠣᠨ ᠠᠪᠬᠤ ᠳᠡᠷᠢᠭᠦᠨ ᠰᠣᠩᠭᠤᠯᠳᠠ ᠶᠢᠨ ᠭᠠᠵᠠᠷ ᠪᠣᠯᠣᠭᠰᠠᠨ ᠪᠠᠶᠢᠨ᠎ᠠ︔ ᠭᠤᠷᠪᠠ ᠳᠤ᠂ ᠪᠣᠭᠤᠮᠳᠠ ᠶᠢᠨ ᠬᠠᠮᠢᠶᠠᠷᠣᠯᠳᠠ ᠶᠢᠨ ᠰᠠᠯᠠᠭ᠎ᠠ ᠮᠦᠴᠢᠷ ᠵᠣᠬᠢᠴᠠᠭᠤᠯᠤᠯᠳᠠ ᠶᠢ ᠶᠡᠬᠡᠪᠡᠷ ᠠᠬᠢᠭᠤᠯᠵᠤ᠂ ᠡᠯ᠎ᠡ ᠰᠢᠯᠭᠠᠨ ᠪᠠᠶᠢᠴᠠᠭᠠᠬᠤ ᠬᠡᠯᠳᠡᠰ ᠤᠳ ᠣᠷᠢᠳ ᠬᠤᠵᠢᠳ ᠣᠯᠠᠨ ᠲᠦᠷᠦᠯ ᠤᠨ ᠬᠦᠩᠭᠡᠯᠡᠯᠳᠡᠳᠡᠢ ᠪᠣᠳᠣᠯᠭ᠎ᠠ ᠠᠷᠭ᠎ᠠ ᠳᠦᠰᠦᠯ ᠢ ᠭᠠᠷᠠᠭᠠᠨ᠂ ᠪᠣᠭᠤᠮᠳᠠ ᠶᠢᠨ ᠬᠢᠯᠢ ᠪᠠᠷ ᠨᠡᠪᠳᠡᠷᠡᠭᠦᠯᠬᠦ ᠦᠷ᠎ᠡ ᠪᠦᠳᠥᠮᠵᠢ ᠪᠣᠯᠣᠨ ᠦᠢᠯᠡᠴᠢᠯᠡᠭᠡᠨ  ᠤ ᠬᠢᠷᠢ ᠲᠦᠪᠰᠢᠨ ᠢ ᠳᠡᠭᠡᠭᠰᠢᠯᠡᠭᠦᠯᠥᠭᠰᠡᠨ ᠤ ᠣᠯᠠᠮ ᠢᠶᠠᠷ ᠮᠣᠩᠭᠤᠯ ᠤᠨ ᠵᠣᠷᠴᠢᠭᠰᠠᠳ ᠤᠨ ᠡᠷᠢᠶᠡᠨ ᠪᠣᠭᠤᠮᠳᠠ  ᠠᠴᠠ ᠡᠳ᠋ ᠪᠠᠷᠠᠭ᠎ᠠ ᠬᠤᠳᠠᠯᠳᠤᠨ ᠠᠪᠬᠤ ᠳᠤᠷᠠᠰᠢᠯ ᠮᠡᠳᠡᠭᠳᠡᠮ᠎ᠡ ᠰᠠᠶᠢᠵᠢᠷᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号