ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠳᠠ ᠪᠠᠷ ᠳᠠᠮᠵᠢᠨ ᠦᠩᠭᠡᠷᠡᠭᠰᠡᠨ ᠳᠣᠮᠳᠠᠳᠣ ᠡᠸᠥ᠋ᠷᠥᠫᠡ ᠴᠢᠭᠯᠡᠯ ᠤᠨ ᠸᠠᠭᠤᠨ ᠲᠡᠣᠬᠡᠨ ᠰᠢᠨ᠎ᠡ ᠳᠡᠮᠳᠡᠭᠯᠡᠯ ᠢ ᠡᠭᠦᠳᠴᠡᠢ
ᠨᠡᠶᠢᠲᠡᠯᠡᠭᠰᠡᠨ ᠴᠠᠭ᠄
2018/4/23
       ᠳᠣᠮᠳᠠᠳᠣ ᠮᠣᠩᠭᠤᠯ ᠤᠨ ᠬᠠᠮᠤᠭ ᠲᠣᠮᠣ ᠲᠡᠮᠦᠷ ᠵᠠᠮ ᠤᠨ ᠪᠣᠭᠤᠮᠳᠠ᠂ ᠮᠥᠨᠴᠥ ᠳᠣᠮᠳᠠᠳᠣ ᠡᠸᠥ᠋ᠷᠥᠫᠡ ᠴᠢᠭᠯᠡᠯ ᠤᠨ ᠸᠠᠭᠤᠨ ᠤ ︽ᠳᠣᠮᠳᠠ ᠭᠠᠷᠴᠠ︾ ᠳᠡᠭᠡᠷᠡᠬᠢ ᠴᠣᠷ ᠤᠨ ᠭᠠᠭᠴᠠ ᠬᠢᠯᠢ ᠭᠠᠷᠬᠤ ᠪᠣᠭᠤᠮᠳᠠ ᠪᠣᠯᠣᠭᠰᠠᠨ  ᠤ ᠬᠤᠪᠢ ᠳᠤ᠂ ᠡᠷᠢᠶᠡᠨ ᠲᠡᠮᠦᠷ ᠵᠠᠮ ᠤᠨ ᠪᠣᠭᠤᠮᠳᠠ ᠨᠢ ᠴᠠᠭᠠᠨ ᠰᠠᠷ᠎ᠠ ᠶᠢᠨ ᠬᠤᠭᠤᠴᠠᠭᠠᠨ ᠳᠤ ᠨᠡᠶᠢᠳᠡ 27.7 ᠳᠦᠮᠡᠨ ᠲᠣᠨ ᠤ ᠠᠴᠢᠶ᠎ᠠ ᠪᠠᠷᠠᠭ᠎ᠠ ᠶᠢ ᠬᠢᠯᠢ ᠪᠠᠷ ᠨᠡᠪᠳᠡᠷᠡᠭᠦᠯᠵᠥ᠂ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ  ᠠᠴᠠ 115% ᠪᠠᠷ ᠦᠰᠴᠡᠢ᠃ ᠵᠢᠯ ᠭᠠᠷᠤᠭᠰᠠᠨ ᠠᠴᠠ ᠳᠠᠷᠠᠭ᠎ᠠ 2 ᠰᠠᠷ᠎ᠠ ᠶᠢᠨ 25 ᠤ ᠡᠳᠦᠷ ᠬᠦᠷᠳᠡᠯ᠎ᠡ᠂ ᠡᠷᠢᠶᠡᠨ ᠪᠤᠭᠤᠮᠳᠠ ᠶᠢᠨ ᠭᠠᠳᠠᠭᠠᠳᠤ ᠣᠷᠣᠭᠤᠯᠤᠯᠳᠠ ᠭᠠᠷᠭᠠᠯᠳᠠ ᠶᠢᠨ ᠶᠡᠷᠥᠩᠭᠡᠢ ᠬᠡᠮᠵᠢᠶ᠎ᠡ 196 ᠲᠦᠮᠡᠨ ᠳᠣᠨ ᠢ ᠳᠠᠪᠠᠵᠤ᠂ ᠠᠳᠠᠯᠢ ᠬᠤᠭᠤᠴᠠᠭ᠎ᠠ ᠠᠴᠠ 61% ᠪᠠᠷ ᠦᠰᠴᠥ᠂ ᠬᠢᠯᠢ ᠪᠠᠷ ᠨᠡᠪᠳᠡᠷᠡᠭᠰᠡᠨ ᠳᠣᠮᠳᠠᠳᠣ ᠡᠸᠥ᠋ᠷᠥᠫᠡ  ᠶᠢᠨ ᠸᠠᠭᠤᠨ 155 ᠴᠣᠪᠣᠭ᠎ᠠ ᠳᠤ ᠬᠦᠷᠴᠥ᠂ ᠠᠳᠠᠯᠢ ᠬᠤᠭᠤᠴᠠᠭ᠎ᠠ ᠠᠴᠠ 467% ᠪᠠᠷ ᠦᠰᠴᠥ᠂ ᠳᠡᠦᠬᠡᠨ ᠰᠢᠨ᠎ᠡ ᠳᠡᠮᠳᠡᠭᠯᠡᠯ ᠢ ᠡᠭᠦᠳᠴᠡᠢ᠃        ᠣᠶᠢᠯᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠤ ᠪᠤᠭᠤᠮᠳᠠ ᠶᠢᠨ ᠠᠴᠢᠶ᠎ᠠ ᠳᠡᠭᠡᠭᠡᠪᠦᠷᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠳᠤᠯᠠᠳᠠ᠂ ᠡᠷᠢᠶᠡᠨ ᠲᠡᠮᠦᠷ ᠵᠠᠮ ᠶᠢᠨ ᠳᠣᠪᠴᠢᠶ᠎ᠠ ᠨᠢ ᠳᠣᠮᠳᠠᠳᠣ ᠮᠣᠩᠭᠤᠯ ᠬᠤᠶᠠᠷ ᠤᠯᠤᠰ ᠤᠨ ᠳᠡᠮᠦᠷ ᠵᠠᠮ ᠤᠨ ᠡᠳᠦᠷ ᠪᠦᠷᠢ ᠶᠢᠨ ᠠᠴᠢᠶ᠎ᠠ ᠳᠡᠭᠡᠭᠡᠪᠦᠷᠢ ᠶᠢᠨ ᠬᠡᠮᠵᠢᠶ᠎ᠡ ᠶᠢ ᠵᠢᠷᠣᠮ ᠤᠨ ᠳᠠᠭᠠᠤ ᠵᠣᠬᠢᠴᠠᠭᠤᠯᠵᠤ᠂ ᠦᠷᠭᠡᠨ ᠨᠠᠷᠢᠨ ᠴᠠᠷᠭᠢ ᠶᠢ ᠰᠣᠯᠢᠨ ᠨᠡᠪᠳᠡᠷᠭᠦᠯᠬᠦ ᠵᠢᠴᠢ ᠬᠤᠭᠤᠰᠤᠨ ᠭᠠᠯᠳᠤ ᠳᠡᠷᠭᠡ ᠶᠢ ᠡᠭᠡᠭᠦᠯᠥᠨ ᠪᠤᠴᠠᠭᠠᠬᠤ ᠳᠣᠭᠳᠠᠯᠴᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠥᠨ᠂ ᠴᠢᠯᠠᠭᠤᠨ ᠳᠣᠰᠣ᠂ ᠳᠡᠮᠦᠷ  ᠤᠨ ᠬᠦᠳᠡᠷ᠂ ᠨᠡᠭᠦᠷᠡᠰᠥ ᠵᠡᠷᠭᠡ ᠠᠭᠤᠷᠬᠠᠢ ᠶᠢᠨ ᠭᠠᠷᠤᠯᠳᠠ ᠶᠢᠨ ᠰᠢᠭᠤᠷᠬᠠᠢ ᠵᠦᠭᠡᠭᠡᠪᠦᠷᠢᠯᠡᠯᠳᠡ ᠳᠤ ᠪᠦᠳᠦᠮᠵᠢᠳᠡᠢ ᠠᠷᠭ᠎ᠠ ᠠᠪᠴᠠᠯ ᠢ ᠬᠡᠷᠡᠭᠵᠢᠭᠦᠯᠵᠥ ᠶᠡᠬᠡᠪᠡᠷ ᠳᠦᠯᠬᠢᠴᠡ ᠦᠭᠴᠥ ᠠᠵᠢᠯᠯᠠᠭᠰᠠᠨ ᠶᠤᠮ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号