ᠡᠷᠢᠶᠡᠨ ᠪᠣᠭᠤᠮᠳᠠ ᠶᠢᠨ 1 ᠳ᠋ᠤᠭᠡᠷ ᠰᠠᠷ᠎ᠠ ᠶᠢᠨ ᠭᠠᠳᠠᠭᠠᠳᠤ ᠠᠷᠠᠯᠵᠢᠶ᠎ᠠ ᠠᠮᠵᠢᠯᠳᠠ ᠳᠡᠭᠦᠯᠳᠡᠷ
ᠨᠡᠶᠢᠲᠡᠯᠡᠭᠰᠡᠨ ᠴᠠᠭ᠄
2018/4/23
        ᠡᠷᠢᠶᠡᠨ ᠪᠣᠭᠤᠮᠳᠠ ᠶᠢᠨ 2018 ᠣᠨ ᠤ 1 ᠳ᠋ᠤᠭᠡᠷ ᠰᠠᠷ᠎ᠠ ᠶᠢᠨ ᠭᠠᠳᠠᠭᠠᠳᠤ ᠠᠷᠠᠯᠵᠢᠶᠠᠨ ᠤ ᠦᠷᠳᠡᠭ 19.35 ᠳ᠋ᠦᠩᠰᠢᠭᠤᠷ ᠳᠦᠭᠦᠷᠢᠭ ᠬᠦᠷᠴᠥ᠂ ᠠᠳᠠᠯᠢ ᠬᠤᠭᠤᠴᠠᠭ᠎ᠠ ᠠᠴᠠ 57.01% ᠪᠠᠷ ᠦᠰᠴᠡᠢ᠃ ᠡᠭᠦᠨ  ᠳᠤ᠂ ᠭᠠᠳᠠᠭᠠᠳᠤ ᠣᠷᠣᠭᠤᠯᠣᠯᠳᠠ ᠶᠢᠨ ᠦᠷᠳᠡᠭ 16.01 ᠳ᠋ᠦᠩᠰᠢᠭᠤᠷ ᠳᠦᠭᠦᠷᠢᠭ ᠪᠠᠶᠢᠵᠤ᠂ ᠠᠳᠠᠯᠢ ᠬᠤᠭᠤᠴᠠᠭ᠎ᠠ ᠠᠴᠠ 68.96% ᠪᠠᠷ ᠦᠰᠥᠭᠰᠡᠨ︔ ᠭᠠᠳᠠᠭᠠᠳᠤ ᠳᠤ ᠭᠠᠷᠭᠠᠭᠰᠠᠨ  ᠦᠷᠳᠡᠭ 3.34 ᠳ᠋ᠦᠩᠰᠢᠭᠤᠷ ᠳᠦᠭᠦᠷᠢᠭ ᠪᠠᠶᠢᠵᠤ᠂ ᠠᠳᠠᠯᠢ ᠬᠤᠭᠤᠴᠠᠭ᠎ᠠ ᠠᠴᠠ17.27% ᠪᠠᠷ ᠦᠰᠴᠡᠢ᠃ ᠭᠠᠳᠠᠭᠠᠳᠤ ᠠᠴᠠ ᠣᠷᠣᠭᠤᠯᠵᠤ ᠭᠠᠷᠭᠠᠬᠤ ᠭᠤᠤᠯ ᠪᠤᠯᠬᠤ ᠦᠷᠭᠡᠨ ᠬᠡᠷᠡᠭᠯᠡᠭᠡᠨ ᠤ ᠪᠠᠷᠠᠭ᠎ᠠ ᠪᠦᠳᠦᠭᠡᠭᠳᠡᠭᠦᠨ ᠴᠥᠮ ᠠᠳᠠᠯᠢ ᠪᠤᠰᠤ ᠬᠡᠮᠵᠢᠶᠡᠨ ᠳᠤ ᠨᠡᠮᠡᠭᠳᠡᠬᠦ ᠬᠠᠨᠳᠤᠰᠢ ᠲᠠᠢ ᠪᠠᠶᠢᠵᠤ᠂ ᠡᠭᠦᠨ ᠳᠤ᠂ ᠴᠠᠭᠠᠰᠤᠨ ᠡᠭᠡᠳᠡᠩ᠂ ᠳᠡᠮᠦᠷ ᠤᠨ ᠬᠦᠳᠡᠷ᠂ ᠵᠡᠰ  ᠤᠨ ᠨᠣᠨᠳᠠᠭ ᠵᠡᠷᠭᠡ ᠦᠨᠳᠦᠷ ᠦᠷᠳᠡᠭ ᠲᠠᠢ ᠪᠠᠷᠠᠭ᠎ᠠ ᠪᠦᠳᠦᠭᠡᠭᠳᠡᠭᠦᠨ ᠤ ᠠᠷᠠᠯᠵᠢᠶᠠᠨ ᠤ ᠨᠣᠷᠮ᠎ᠠ ᠨᠢ ᠳᠣᠰ ᠳᠣᠰ 127.3%᠂ 86.4% ᠪᠠ  68.5% ᠪᠠᠷ ᠦᠰᠴᠥ᠂ ᠪᠣᠭᠤᠮᠳᠠ ᠶᠢᠨ ᠠᠷᠠᠯᠵᠢᠶᠠᠨ ᠤ ᠨᠣᠷᠮ᠎ᠠ ᠶᠢᠨ ᠦᠰᠦᠯᠳᠡ ᠶᠢ ᠪᠦᠳᠦᠮᠵᠢᠳᠡᠢ ᠳᠡᠭᠡᠭᠰᠢ ᠳᠠᠳᠠᠵᠤ᠂ ᠡᠷᠢᠶᠡᠨ ᠪᠣᠭᠤᠮᠳᠠ ᠶᠢ ᠰᠢᠨ᠎ᠡ ᠨᠢᠭᠡ ᠵᠢᠯ ᠳᠤ ᠣᠯᠵᠠ ᠣᠮᠤᠭ  ᠲᠠᠢ ᠠᠯᠬᠤᠨ ᠣᠷᠣᠭᠤᠯᠤᠭᠰᠠᠨ ᠶᠤᠮ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号