ᠳᠣᠮᠳᠠᠳᠣ ᠮᠣᠩᠭᠤᠯ ᠤᠨ ᠬᠠᠮᠤᠭ ᠲᠣᠮᠣ ᠲᠡᠮᠦᠷ ᠵᠠᠮ ᠤᠨ ᠪᠣᠭᠤᠮᠳᠠ᠂ ᠮᠥᠨᠴᠥ ᠳᠣᠮᠳᠠᠳᠣ | ᠡᠸᠥ᠋ᠷᠥᠫᠡ ᠴᠢᠭᠯᠡᠯ ᠤᠨ ᠸᠠᠭᠤᠨ ᠤ ︽ᠳᠣᠮᠳᠠ ᠭᠠᠷᠴᠠ︾ ᠳᠡᠭᠡᠷᠡᠬᠢ ᠴᠣᠷ ᠤᠨ ᠭᠠᠭᠴᠠ ᠬᠢᠯᠢ ᠭᠠᠷᠬᠤ ᠪᠣᠭᠤᠮᠳᠠ | ᠪᠣᠯᠣᠭᠰᠠᠨ ᠤ ᠬᠤᠪᠢ ᠳᠤ᠂ ᠡᠷᠢᠶᠡᠨ ᠲᠡᠮᠦᠷ ᠵᠠᠮ ᠤᠨ ᠪᠣᠭᠤᠮᠳᠠ ᠨᠢ ᠴᠠᠭᠠᠨ ᠰᠠᠷ᠎ᠠ ᠶᠢᠨ ᠬᠤᠭᠤᠴᠠᠭᠠᠨ ᠳᠤ | ᠨᠡᠶᠢᠳᠡ 27.7 ᠳᠦᠮᠡᠨ ᠲᠣᠨ ᠤ ᠠᠴᠢᠶ᠎ᠠ ᠪᠠᠷᠠᠭ᠎ᠠ ᠶᠢ ᠬᠢᠯᠢ ᠪᠠᠷ ᠨᠡᠪᠳᠡᠷᠡᠭᠦᠯᠵᠥ᠂ ᠥᠩᠭᠡᠷᠡᠭᠰᠡᠨ ᠵᠢᠯ ᠤᠨ | ᠠᠳᠠᠯᠢ ᠬᠤᠭᠤᠴᠠᠭᠠᠨ ᠠᠴᠠ 115% ᠪᠠᠷ ᠦᠰᠴᠡᠢ᠃ ᠵᠢᠯ ᠭᠠᠷᠤᠭᠰᠠᠨ ᠠᠴᠠ ᠳᠠᠷᠠᠭ᠎ᠠ 2 ᠰᠠᠷ᠎ᠠ ᠶᠢᠨ 25 ᠤ | ᠡᠳᠦᠷ ᠬᠦᠷᠳᠡᠯ᠎ᠡ᠂ ᠡᠷᠢᠶᠡᠨ ᠪᠤᠭᠤᠮᠳᠠ ᠶᠢᠨ ᠭᠠᠳᠠᠭᠠᠳᠤ ᠣᠷᠣᠭᠤᠯᠤᠯᠳᠠ ᠭᠠᠷᠭᠠᠯᠳᠠ ᠶᠢᠨ ᠶᠡᠷᠥᠩᠭᠡᠢ ᠬᠡᠮᠵᠢᠶ᠎ᠡ | 196 ᠲᠦᠮᠡᠨ ᠳᠣᠨ ᠢ ᠳᠠᠪᠠᠵᠤ᠂ ᠠᠳᠠᠯᠢ ᠬᠤᠭᠤᠴᠠᠭ᠎ᠠ ᠠᠴᠠ 61% ᠪᠠᠷ ᠦᠰᠴᠥ᠂ ᠬᠢᠯᠢ ᠪᠠᠷ ᠨᠡᠪᠳᠡᠷᠡᠭᠰᠡᠨ | ᠳᠣᠮᠳᠠᠳᠣ ᠡᠸᠥ᠋ᠷᠥᠫᠡ ᠶᠢᠨ ᠸᠠᠭᠤᠨ 155 ᠴᠣᠪᠣᠭ᠎ᠠ ᠳᠤ ᠬᠦᠷᠴᠥ᠂ ᠠᠳᠠᠯᠢ ᠬᠤᠭᠤᠴᠠᠭ᠎ᠠ ᠠᠴᠠ 467% ᠪᠠᠷ | ᠦᠰᠴᠥ᠂ ᠳᠡᠦᠬᠡᠨ ᠰᠢᠨ᠎ᠡ ᠳᠡᠮᠳᠡᠭᠯᠡᠯ ᠢ ᠡᠭᠦᠳᠴᠡᠢ᠃ | ᠣᠶᠢᠯᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠤ ᠪᠤᠭᠤᠮᠳᠠ ᠶᠢᠨ ᠠᠴᠢᠶ᠎ᠠ ᠳᠡᠭᠡᠭᠡᠪᠦᠷᠢ ᠶᠢᠨ | ᠦᠷ᠎ᠡ ᠠᠰᠢᠭ ᠢ ᠳᠡᠭᠡᠭᠰᠢᠯᠡᠭᠦᠯᠬᠦ ᠶᠢᠨ ᠳᠤᠯᠠᠳᠠ᠂ ᠡᠷᠢᠶᠡᠨ ᠲᠡᠮᠦᠷ ᠵᠠᠮ ᠶᠢᠨ ᠳᠣᠪᠴᠢᠶ᠎ᠠ ᠨᠢ ᠳᠣᠮᠳᠠᠳᠣ ᠮᠣᠩᠭᠤᠯ | ᠬᠤᠶᠠᠷ ᠤᠯᠤᠰ ᠤᠨ ᠳᠡᠮᠦᠷ ᠵᠠᠮ ᠤᠨ ᠡᠳᠦᠷ ᠪᠦᠷᠢ ᠶᠢᠨ ᠠᠴᠢᠶ᠎ᠠ ᠳᠡᠭᠡᠭᠡᠪᠦᠷᠢ ᠶᠢᠨ ᠬᠡᠮᠵᠢᠶ᠎ᠡ ᠶᠢ ᠵᠢᠷᠣᠮ ᠤᠨ | ᠳᠠᠭᠠᠤ ᠵᠣᠬᠢᠴᠠᠭᠤᠯᠵᠤ᠂ ᠦᠷᠭᠡᠨ ᠨᠠᠷᠢᠨ ᠴᠠᠷᠭᠢ ᠶᠢ ᠰᠣᠯᠢᠨ ᠨᠡᠪᠳᠡᠷᠭᠦᠯᠬᠦ ᠵᠢᠴᠢ ᠬᠤᠭᠤᠰᠤᠨ ᠭᠠᠯᠳᠤ ᠳᠡᠷᠭᠡ ᠶᠢ | ᠡᠭᠡᠭᠦᠯᠥᠨ ᠪᠤᠴᠠᠭᠠᠬᠤ ᠳᠣᠭᠳᠠᠯᠴᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠥᠨ᠂ ᠴᠢᠯᠠᠭᠤᠨ ᠳᠣᠰᠣ᠂ ᠳᠡᠮᠦᠷ | ᠤᠨ ᠬᠦᠳᠡᠷ᠂ ᠨᠡᠭᠦᠷᠡᠰᠥ ᠵᠡᠷᠭᠡ ᠠᠭᠤᠷᠬᠠᠢ ᠶᠢᠨ ᠭᠠᠷᠤᠯᠳᠠ ᠶᠢᠨ ᠰᠢᠭᠤᠷᠬᠠᠢ ᠵᠦᠭᠡᠭᠡᠪᠦᠷᠢᠯᠡᠯᠳᠡ ᠳᠤ ᠪᠦᠳᠦᠮᠵᠢᠳᠡᠢ | ᠠᠷᠭ᠎ᠠ ᠠᠪᠴᠠᠯ ᠢ ᠬᠡᠷᠡᠭᠵᠢᠭᠦᠯᠵᠥ ᠶᠡᠬᠡᠪᠡᠷ ᠳᠦᠯᠬᠢᠴᠡ ᠦᠭᠴᠥ ᠠᠵᠢᠯᠯᠠᠭᠰᠠᠨ ᠶᠤᠮ᠃ |