1-2 ᠳ᠋ᠤᠭᠠᠷ ᠰᠠᠷ᠎ᠠ ᠶᠢᠨ ᠡᠷᠢᠶᠡᠨ ᠪᠣᠭᠤᠮᠳᠠ ᠶᠢᠨ ᠭᠠᠳᠠᠭᠠᠳᠤ ᠠᠷᠠᠯᠵᠢᠶᠠᠨ ᠤ ᠦᠷᠳᠡᠭ ᠶᠡᠭᠡᠪᠡᠷ ᠨᠡᠮᠡᠭᠳᠡᠯ᠎ᠡ
ᠨᠡᠶᠢᠲᠡᠯᠡᠭᠰᠡᠨ ᠴᠠᠭ᠄
2018/4/23
        1-2 ᠳ᠋ᠣᠭᠠᠷ ᠰᠠᠷ᠎ᠠ ᠳᠤ᠂ ᠡᠷᠢᠶᠡᠨ ᠪᠣᠭᠤᠮᠳᠠ ᠶᠢᠨ ᠭᠠᠳᠠᠭᠠᠳᠤ ᠠᠷᠠᠯᠵᠢᠶᠠᠨ ᠤ ᠦᠷᠳᠡᠭ 34.9 ᠳ᠋ᠦᠩᠰᠢᠭᠤᠷ ᠳᠦᠭᠦᠷᠢᠭ ᠲᠤ ᠬᠦᠷᠴᠥ᠂ ᠠᠳᠠᠯᠢ ᠬᠤᠭᠤᠴᠠᠭ᠎ᠠ ᠠᠴᠠ  41.9% ᠪᠠᠷ ᠦᠰᠴᠡᠢ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠦᠷᠳᠡᠭ 29.3 ᠳ᠋ᠦᠩᠰᠢᠭᠤᠷ ᠳᠦᠭᠦᠷᠢᠭ᠂ ᠠᠳᠠᠯᠢ ᠬᠤᠭᠤᠴᠠᠭᠠᠨ ᠠᠴᠠ 45.7% ᠪᠠᠷ ᠦᠰᠴᠡᠢ︔ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ5.6 ᠳ᠋ᠦᠩᠰᠢᠭᠤᠷ ᠳᠦᠭᠦᠷᠢᠭ᠂ ᠠᠳᠠᠯᠢ ᠬᠤᠭᠤᠴᠠᠭᠠᠨ ᠠᠴᠠ 24.9% ᠪᠠᠷ ᠦᠰᠴᠡᠢ᠃ ᠵᠡᠰ ᠤᠨ ᠬᠦᠳᠡᠷ᠂ ᠲᠡᠮᠦᠷ  ᠤᠨ ᠬᠦᠳᠡᠷ᠂ ᠴᠠᠶᠢᠷ ᠤᠨ ᠬᠦᠳᠡᠷ ᠵᠡᠷᠭᠡ ᠠᠭᠤᠷᠬᠠᠢ ᠶᠢᠨ ᠭᠠᠷᠤᠯᠳᠠ ᠵᠢᠴᠢ ᠴᠠᠭᠠᠰᠤᠨ ᠡᠭᠡᠳᠡᠩ᠂ ᠳᠠᠷᠢᠶᠠᠯᠠᠩ ᠤᠨ ᠪᠦᠳᠦᠭᠡᠭᠳᠡᠭᠦᠨ ᠵᠡᠷᠭᠡ ᠦᠷᠭᠡᠨ ᠬᠡᠷᠡᠭᠯᠡᠭᠡᠨ ᠤ ᠪᠠᠷᠠᠭ᠎ᠠ ᠪᠦᠳᠦᠭᠡᠭᠳᠡᠭᠦᠨ ᠤ ᠦᠷᠳᠡᠭ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠥ᠂ ᠪᠤᠭᠤᠮᠳᠠ ᠶᠢᠨ ᠭᠠᠳᠠᠭᠠᠳᠤ ᠠᠴᠠ ᠣᠷᠣᠭᠤᠯᠬᠤ ᠠᠷᠠᠯᠵᠢᠶᠠᠨ ᠤ ᠬᠦᠭᠵᠢᠯᠳᠡ ᠶᠢ ᠤᠯᠠᠮ ᠴᠢᠨᠠᠭᠰᠢᠳᠠ ᠠᠬᠢᠭᠤᠯᠵᠠᠢ︔ ᠠᠷᠭ᠎ᠠ ᠳᠤᠶᠢᠯ ᠤᠨ ᠨᠡᠭᠦᠷᠡᠰᠦᠨ ᠬᠡᠰᠡᠭ᠂ ᠤᠰᠤᠭᠦᠶᠢᠵᠢᠭᠦᠯᠥᠭᠰᠡᠨ ᠹᠯᠣᠷᠳᠤ ᠬᠦᠩᠭᠡᠨ ᠴᠠᠭᠠᠨ ᠤ ᠢᠯᠡᠳᠳᠡ ᠦᠰᠦᠯᠳᠡ ᠨᠢ ᠪᠤᠭᠤᠮᠳᠠ ᠶᠢᠨ ᠭᠠᠳᠠᠭᠠᠳᠤ ᠳᠤ ᠭᠠᠷᠭᠠᠬᠤ ᠠᠷᠠᠯᠵᠢᠶᠠᠨ ᠤ ᠳᠣᠭᠳᠠᠪᠣᠷᠢᠳᠠᠢ ᠦᠰᠦᠯᠳᠡ  ᠶᠢ ᠳᠦᠯᠬᠢᠨ ᠠᠬᠢᠭᠤᠯᠵᠠᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号