ᠡᠷᠢᠶᠡᠨ ᠭᠠᠶᠢᠯᠢ ᠶᠢᠨ ᠪᠣᠭᠤᠮᠳᠠ ᠶᠢᠨ ᠰᠢᠯᠭᠠᠨ ᠨᠡᠪᠳᠡᠷᠡᠭᠦᠯᠥᠭᠰᠡᠨ ᠳᠣᠮᠳᠠᠳᠣ ᠡᠸᠥ᠋ᠷᠦᠫᠡ ᠶᠢᠨ ᠸᠠᠭᠤᠨ 200 ᠴᠣᠪᠤᠭ᠎ᠠ ᠶᠢ ᠳᠠᠪᠠᠵᠠᠢ
ᠨᠡᠶᠢᠲᠡᠯᠡᠭᠰᠡᠨ ᠴᠠᠭ᠄
2018/4/23
       ᠡᠷᠢᠶᠡᠨ ᠭᠠᠶᠢᠯᠢ ᠶᠢᠨ ᠪᠣᠭᠤᠮᠳᠠ ᠶᠢᠨ ᠪᠦᠷᠢᠳᠭᠡᠭᠰᠡᠨ ᠳᠤᠭ᠎ᠠ ᠪᠠᠷᠢᠮᠳᠠ ᠶᠢ ᠦᠨᠳᠦᠰᠦᠯᠡᠪᠡᠯ᠂ ᠡᠨᠡ ᠵᠢᠯ  ᠤᠨ 3 ᠰᠠᠷ᠎ᠠ ᠶᠢᠨ 11 ᠤ ᠡᠳᠦᠷ ᠬᠦᠷᠳᠡᠯ᠎ᠡ᠂ ᠡᠷᠢᠶᠡᠨ  ᠭᠠᠶᠢᠯᠢ ᠶᠢᠨ ᠪᠣᠭᠤᠮᠳᠠ ᠶᠢᠨ ᠰᠢᠯᠭᠠᠨ ᠨᠡᠪᠳᠡᠷᠡᠭᠦᠯᠥᠭᠰᠡᠨ ᠳᠣᠮᠳᠠᠳᠣ ᠡᠸᠥ᠋ᠷᠦᠫᠡ ᠶᠢᠨ ᠸᠠᠭᠤᠨ 200 ᠴᠣᠪᠣᠭ᠎ᠠ ᠶᠢ ᠳᠠᠪᠠᠵᠤ᠂ ᠡᠭᠦᠨ ᠳᠤ ᠬᠢᠯᠢ ᠪᠠᠷ ᠣᠷᠣᠵᠤ ᠢᠷᠡᠭᠰᠡᠨ ᠸᠠᠭᠤᠨ 92 ᠴᠣᠪᠣᠭ᠎ᠠ᠂ ᠬᠢᠯᠢ ᠪᠠᠷ ᠭᠠᠷᠤᠭᠰᠠᠨ ᠸᠠᠭᠤᠨ 108 ᠴᠣᠪᠣᠭ᠎ᠠ ᠪᠠᠶᠢᠵᠤ᠂ ᠨᠡᠶᠢᠳᠡ 8871 ᠰᠢᠩᠭᠡᠯᠢᠭ ᠲᠠᠢ᠂ 78684.9118 ᠳᠦᠮᠡᠨ ᠳ᠋ᠣᠯᠯᠠᠷ ᠤᠨ ᠦᠷᠳᠡᠭ ᠲᠠᠢ 130240.233 ᠳᠣᠨ ᠠᠴᠢᠶ᠎ᠠ ᠪᠠᠷᠠᠭ᠎ᠠ ᠶᠢ ᠨᠡᠪᠳᠡᠷᠡᠭᠦᠯᠵᠡᠢ᠃ ᠰᠢᠯᠭᠠᠨ ᠨᠡᠪᠳᠡᠷᠡᠭᠦᠯᠥᠭᠰᠡᠨ ᠸᠠᠭᠤᠨ ᠤ  ᠳᠤᠭ᠎ᠠ ᠨᠢ ᠨᠢᠭᠡᠨᠳᠡ 2017 ᠣᠨ ᠤ ᠪᠦᠬᠦ ᠵᠢᠯ ᠤᠨ ᠬᠡᠮᠵᠢᠶᠡᠨ ᠤ 34.78% ᠬᠤᠪᠢ ᠶᠢ ᠳᠠᠪᠠᠭᠰᠠᠨ ᠪᠠᠶᠢᠨ᠎ᠠ᠃        ᠡᠷᠢᠶᠡᠨ ᠬᠤᠳᠠ ᠶᠢᠨ ᠭᠠᠶᠢᠯᠢ ᠶᠢᠨ ᠪᠤᠭᠤᠮᠳᠠ ᠨᠢ ︽ᠳᠣᠰᠬᠠᠢ ᠠᠵᠢᠯᠳᠠᠨ  ᠳᠤᠰᠬᠠᠶᠢᠵᠢᠭᠰᠠᠨ ᠠᠵᠢᠯ  ᠤᠨ ᠪᠠᠶᠢᠷᠢ᠂ ᠳᠣᠰᠬᠠᠢ ᠠᠵᠢᠯ ᠤᠨ ᠴᠣᠩᠬᠤ᠂ 24 ᠴᠠᠭ ᠢᠶᠠᠷ ᠤᠷᠢᠳᠴᠢᠯᠠᠨ ᠪᠤᠯᠵᠤᠵᠤ ᠰᠢᠯᠭᠠᠨ ᠨᠡᠪᠳᠡᠷᠡᠭᠦᠯᠬᠦ︾ ᠵᠠᠷᠴᠢᠮ ᠤᠨ ᠳᠠᠭᠠᠤ ᠳᠣᠮᠳᠠᠳᠣ ᠡᠸᠥ᠋ᠷᠥᠫᠡ ᠶᠢᠨ ᠸᠠᠭᠤᠨ ᠤ ᠬᠢᠯᠢ ᠪᠠᠷ ᠰᠢᠭᠤᠷᠬᠠᠢ ᠨᠡᠪᠳᠡᠷᠡᠬᠦ ᠳᠤ ᠰᠢᠯᠢᠳᠡᠭ ᠦᠢᠯᠡᠴᠢᠯᠡᠭᠡ ᠶᠢ ᠬᠠᠩᠭᠠᠵᠤ ᠠᠵᠢᠯᠯᠠᠨ᠂ ᠠᠳᠠᠯᠢ ᠪᠤᠰᠤ ᠸᠠᠭᠤᠨ ᠤ ᠠᠳᠠᠯᠢ ᠪᠤᠰᠤ ᠣᠨᠴᠠᠯᠢᠭ ᠲᠤ ᠨᠢ ᠳᠣᠬᠢᠷᠠᠭᠤᠯᠵᠤ᠂ ︽ᠡᠮᠬᠢᠳᠭᠡᠨ ᠪᠦᠷᠢᠳᠭᠡᠬᠦ︾ ︽ᠪᠦᠬᠦᠨ ᠢ ᠨᠡᠪᠳᠡᠷᠡᠭᠦᠯᠤᠨ ᠪᠦᠷᠢᠳᠭᠡᠬᠦ︾ ︽ᠰᠢᠯᠭᠠᠬᠤ ᠨᠡᠪᠳᠡᠷᠡᠭᠦᠯᠬᠦ ᠶᠢ ᠨᠢᠭᠡ ᠴᠣᠭᠴᠠᠵᠢᠭᠤᠯᠬᠤ︾  ᠭᠡᠬᠦ ᠵᠡᠷᠭᠡ ᠪᠦᠳᠦᠮᠵᠢᠳᠡᠢ ᠠᠷᠭ᠎ᠠ ᠠᠪᠴᠠᠯ ᠤᠳ ᠢ ᠠᠰᠢᠭᠯᠠᠨ ᠬᠢᠯᠢ  ᠪᠠᠷ ᠨᠡᠪᠳᠡᠷᠡᠭᠦ ᠳᠤ ᠳᠦᠭᠦᠮ ᠦᠵᠡᠭᠦᠯᠵᠡᠢ᠃        ᠳᠣᠮᠳᠠᠳᠣ ᠡᠸᠥ᠋ᠷᠥᠫᠡ ᠶᠢᠨ ᠸᠠᠭᠤᠨ ᠨᠢ ᠡᠷᠴᠢ ᠬᠦᠴᠦ ᠲᠠᠢ ᠠᠵᠢᠯᠯᠠᠵᠤ᠂ ᠣᠳᠣ ᠳᠤ ᠬᠦᠷᠳᠡᠯᠡᠬᠢ ᠨᠡᠪᠳᠡᠷᠡᠭᠦᠯᠥᠭᠰᠡᠨ ᠳᠣᠮᠳᠠᠴᠢ ᠬᠡᠮᠵᠢᠶ᠎ᠡ ᠶᠢ ᠦᠨᠳᠦᠰᠦᠯᠡᠨ ᠤᠷᠢᠳᠴᠢᠯᠠᠨ ᠪᠠᠷᠣᠭᠴᠠᠭᠠᠯᠠᠪᠠᠯ᠂ 2018 ᠣᠨ ᠳᠤ ᠡᠷᠢᠶᠡᠨ ᠲᠡᠮᠦᠷ ᠵᠠᠮ ᠤᠨ ᠪᠣᠭᠤᠮᠳᠠ ᠶᠢᠨ ᠪᠦᠬᠦ ᠵᠢᠯ ᠤᠨ ᠰᠢᠯᠭᠠᠨ ᠨᠡᠪᠳᠡᠷᠡᠭᠦᠯᠬᠦ ᠬᠡᠮᠵᠢᠶ᠎ᠡ ᠨᠢ ᠮᠢᠩᠭᠠᠨ ᠴᠣᠪᠣᠭ᠎ᠠ  ᠶᠢ ᠳᠠᠪᠠᠭ᠋ᠤ ᠪᠣᠯᠣᠮᠵᠢᠳᠠᠢ ᠶᠤᠮ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号