︽ᠡᠷᠢᠶᠡᠨ ᠬᠤᠲᠠ — ᠬᠦᠬᠡᠬᠤᠲᠠ— ᠠᠯᠠᠱᠠ ᠵᠡᠬᠦᠨ  ᠬᠤᠰᠢᠭᠤ︾ ᠴᠢᠭᠯᠡᠯ ᠤᠨ ᠠᠭᠠᠷ ᠤᠨ ᠱᠣᠭᠤᠮ ᠤᠨ ᠠᠩᠬᠠᠨ ᠤ ᠠᠶᠠᠯᠠᠯ  ᠠᠮᠵᠢᠯᠲᠠ ᠲᠠᠢ ᠨᠢᠰᠦᠯ᠎ᠡ
ᠨᠡᠶᠢᠲᠡᠯᠡᠭᠰᠡᠨ ᠴᠠᠭ᠄
2018/4/23
      3 ᠰᠠᠷ᠎ᠠ ᠶᠢᠨ 25 ᠡᠳᠦᠷ ᠤᠨ 12 ᠴᠠᠭ 12 ᠮᠢᠨᠦ᠋ᠲ ᠳᠤ ᠬᠦᠳᠡᠯᠭᠡᠬᠦᠷ ᠮᠠᠰᠢᠨ ᠤ ᠬᠦᠷᠴᠢᠬᠢᠨᠡᠬᠦ ᠳᠠᠭᠤᠨ ᠢ ᠳᠠᠭᠠᠯᠳᠣᠨ᠂ ᠬᠤᠸᠠ ᠰᠢᠶᠠ ᠨᠢᠰᠬᠡᠯ ᠤᠨ ᠺᠣᠮᠫᠠᠨᠢ ᠶᠢᠨ CRJ900 ᠨᠢᠰᠬᠡᠯ ᠠᠯᠠᠱᠠ ᠵᠡᠬᠦᠨ ᠬᠤᠰᠢᠭᠤᠨ ᠤ ᠨᠢᠰᠬᠡᠯ ᠤᠨ ᠪᠠᠭᠤᠳᠠᠯ ᠳᠤ ᠠᠶᠠᠷᠬᠠᠨ ᠪᠠᠭᠤᠯ᠎ᠠ᠃ ᠡᠨᠡ ᠨᠢ ᠬᠤᠸᠠ ᠰᠢᠶᠠ ᠨᠢᠰᠬᠡᠯ ᠤᠨ ᠺᠣᠮᠫᠠᠨᠢ ᠶᠢᠨ ︽ᠡᠷᠢᠶᠡᠨ ᠬᠤᠲᠠ — ᠬᠦᠬᠡᠬᠤᠲᠠ— ᠠᠯᠠᠱᠠ ᠵᠡᠬᠦᠨ ᠬᠤᠰᠢᠭᠤ︾ ᠴᠢᠭᠯᠡᠯ ᠤᠨ ᠠᠭᠠᠷ ᠤᠨ ᠱᠣᠭᠤᠮ ᠤᠨ ᠠᠩᠬᠠᠨ ᠤ ᠨᠢᠰᠦᠯᠲᠠ ᠠᠮᠵᠢᠯᠲᠠ ᠲᠠᠢ ᠶᠠᠪᠣᠭᠳᠠᠭᠰᠠᠨ ᠢ ᠬᠠᠷᠠᠭᠤᠯᠵᠦ ᠪᠠᠶᠢᠨ᠎ᠠ᠃       ᠳᠣᠰ  ᠠᠭᠠᠷ ᠤᠨ ᠱᠣᠭᠤᠮ ᠪᠣᠯ ᠬᠠᠪᠣᠷ ᠨᠠᠮᠣᠷ ᠤᠨ ᠣᠯᠠᠷᠢᠯ ᠰᠣᠯᠢᠭᠳᠠᠭᠰᠠᠨ ᠤ ᠳᠠᠷᠠᠭᠠᠬᠢ ᠰᠢᠨ᠎ᠡ ᠨᠡᠮᠡᠭᠳᠡᠭᠰᠡᠨ ᠱᠣᠭᠤᠮ ᠪᠣᠯᠣᠨ᠎ᠠ᠃ ᠳᠣᠰ ᠡᠬᠡᠯᠵᠢ ᠶᠢᠨ ᠨᠢᠰᠦᠯᠲᠠ ᠶᠢᠨ ᠳ᠋ᠣᠭᠠᠷ ᠨᠢ G52697/G52698  ᠂ ᠡᠳᠦᠷ  ᠪᠦᠷᠢ ᠨᠢᠰᠦᠯᠲᠠ ᠲᠠᠢ᠂ ᠨᠢᠰᠦᠯᠲᠠ ᠶᠢᠨ ᠴᠠᠭ ᠨᠢ 09᠄ 45 ᠠᠴᠠ ᠡᠷᠢᠶᠡᠨ ᠬᠤᠲᠠ ᠶᠢᠨ ᠡᠬᠢᠯᠡᠵᠦ ᠨᠢᠰᠴᠦ᠂ 10᠄ 25 ᠬᠦᠬᠡᠬᠤᠲᠠ  ᠬᠦᠷᠦᠨ᠎ᠡ  ᠂ 11᠄ 05 ᠬᠦᠬᠡᠬᠤᠲᠠ ᠠᠴᠠ ᠨᠢᠰᠴᠦ᠂ 12᠄ 40 ᠠᠯᠠᠱᠠ ᠵᠡᠬᠦᠨ ᠬᠤᠰᠢᠭᠤ ᠳᠤ ᠬᠦᠷᠦᠨ᠎ᠡ︔ ᠳᠠᠬᠢᠨ13᠄ 20  ᠠᠯᠠᠱᠠ ᠵᠡᠬᠦᠨ ᠬᠤᠰᠢᠭᠤ ᠠᠴᠠ ᠡᠬᠢᠯᠡᠵᠦ ᠨᠢᠰᠴᠦ᠂ 14 ᠄ 55 ᠬᠦᠬᠡᠬᠤᠲᠠ ᠳᠤ ᠬᠦᠷᠦᠨ᠎ᠡ᠂ 15᠄ 40 ᠬᠦᠬᠡᠬᠤᠲᠠ ᠠᠴᠠ ᠨᠢᠰᠴᠦ᠂ 16᠄ 35 ᠡᠷᠢᠶᠡᠨ ᠬᠤᠲᠠ ᠳᠤ ᠬᠦᠷᠦᠨ᠎ᠡ᠃      ︽ᠡᠷᠢᠶᠡᠨ ᠬᠤᠲᠠ— ᠬᠦᠬᠡᠬᠤᠲᠠ— ᠠᠯᠠᠱᠠ ᠵᠡᠬᠦᠨ ᠬᠤᠰᠢᠭᠤ︾ ᠱᠣᠭᠤᠮ ᠤᠨ ᠨᠡᠪᠳᠡᠷᠡᠭᠰᠡᠨ ᠨᠢ ᠭᠤᠷᠪᠠᠨ ᠣᠷᠣᠨ ᠤ ᠠᠷᠠᠳ ᠳᠦᠮᠡᠨ ᠤ ᠬᠠᠷᠢᠯᠴᠠᠭ᠎ᠠ ᠪᠠ ᠠᠶᠠᠯᠠᠨ ᠵᠣᠷᠴᠢᠬᠤ ᠳᠤ ᠳᠦᠬᠦᠮ ᠦᠵᠡᠬᠦᠯᠦᠭᠰᠡᠨ ᠢᠶᠠᠷ ᠪᠠᠷᠠᠬᠤ ᠦᠭᠡᠢ᠂ ᠭᠤᠷᠪᠠᠨ ᠣᠷᠣᠨ ᠤ ᠠᠵᠦ ᠠᠬᠤᠢ ᠶᠢᠨ ᠬᠦᠭᠵᠢᠯᠲᠠ  ᠶᠢ  ᠠᠬᠢᠭᠤᠯᠵᠦ᠂ ᠠᠷᠠᠳ ᠤᠨ ᠠᠮᠢᠳᠣᠷᠠᠯ ᠤᠨ ᠴᠢᠨᠠᠷ ᠴᠢᠨᠰᠠᠭ᠎ᠠ  ᠳᠡᠭᠡᠭᠰᠢᠯᠡᠵᠦ ᠪᠠᠶᠢᠭ᠎ᠠ ᠶᠢ ᠬᠠᠷᠠᠭᠤᠯᠵᠦ  ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号