ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠳᠠ ᠶᠢᠨ ᠠᠴᠢᠶ᠎ᠠ ᠳᠡᠭᠡᠭᠡᠪᠦᠷᠢ ᠶᠢᠨ ᠬᠡᠮᠵᠢᠶ᠎ᠡ ᠰᠢᠨ᠎ᠡ ᠦᠨᠳᠥᠷ ᠲᠥᠪᠰᠢᠨ ᠳᠤ ᠬᠦᠷᠦᠯ᠎ᠡ
ᠨᠡᠶᠢᠲᠡᠯᠡᠭᠰᠡᠨ ᠴᠠᠭ᠄
2018/4/23
       ᠳᠣᠮᠳᠠᠳᠣ ᠶᠢᠨ ᠳᠠᠭᠤᠨ ᠬᠤᠭᠤᠯᠠᠢ ︽ᠴᠠᠭ ᠮᠦᠴᠡ︾ ᠮᠡᠳᠡᠭᠡᠯᠡᠯ ᠤᠨ ᠮᠡᠳᠡᠭᠡᠯᠡᠭᠰᠡᠨ ᠢᠶᠠᠷ᠂ ᠡᠷᠢᠶᠡᠨ ᠬᠤᠳᠠ ᠶᠢᠨ ᠳᠡᠮᠦᠷ ᠵᠠᠮ ᠤᠨ ᠪᠣᠭᠤᠮᠳᠠ ᠶᠢᠨ ᠨᠢᠭᠡᠳᠦᠭᠡᠷ ᠤᠯᠠᠷᠢᠯ ᠳᠠᠬᠢ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ 314.2 ᠲᠦᠮᠡᠨ ᠲᠣᠨ ᠢ ᠳᠠᠪᠠᠵᠤ᠂ ᠦᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ  ᠲᠠᠢ ᠬᠠᠷᠢᠴᠠᠭᠤᠯᠪᠠᠯ 44.2% ᠢᠶᠠᠷ ᠦᠰᠴᠥ᠂ ᠲᠡᠣᠬᠡᠨ ᠰᠢᠨ᠎ᠡ ᠦᠨᠳᠥᠷ ᠳᠥᠪᠰᠢᠨ ᠳᠤ ᠬᠦᠷᠪᠡ᠃        ᠡᠷᠢᠶᠡᠨ ᠬᠤᠳᠠ ᠨᠢ ᠳᠣᠮᠳᠠᠳᠣ ᠮᠣᠩᠭᠤᠯ ᠣᠷᠣᠰ ᠤᠨ ᠬᠤᠳᠠᠯᠳᠤᠭ᠎ᠠ ᠠᠵᠤ ᠠᠬᠤᠢ ᠵᠢᠴᠢ ᠪᠣᠳᠠᠰ ᠤᠨ ᠬᠦᠢᠯᠭᠡᠭᠡᠨ ᠤ ᠣᠯᠠᠨ ᠤᠯᠤᠰ ᠤᠨ ᠴᠢᠨᠠᠷᠳᠠᠢ ᠴᠢᠬᠤᠯᠠ ᠭᠠᠷᠴᠠ ᠪᠠᠶᠢᠵᠤ᠂ 22 ᠵᠣᠷᠪᠣᠰ ᠳᠣᠮᠳᠠᠳᠣ ᠡᠸᠥ᠋ᠷᠥᠫᠡ  ᠶᠢᠨ ᠸᠠᠭᠤᠨ ᠤ ᠵᠠᠮ ᠱᠣᠭᠤᠮ ᠮᠠᠨ ᠤ ᠬᠤᠳᠠ ᠪᠠᠷ ᠳᠠᠮᠵᠢᠨ ᠦᠩᠭᠡᠷᠡᠳᠡᠭ᠃ ᠡᠨᠡ ᠵᠢᠯ ᠠᠴᠠ ᠨᠠᠭᠠᠰᠢ᠂ ᠡᠷᠢᠶᠡᠨ ᠪᠣᠭᠤᠮᠳᠠ ᠨᠢ ︽ᠨᠢᠭᠡ ᠪᠦᠰᠡ ᠨᠢᠭᠡ ᠵᠠᠮ︾ ᠤᠨ ᠪᠣᠳᠣᠯᠭ᠎ᠠ ᠰᠠᠨᠠᠭᠠᠴᠢᠯᠭ᠎ᠠ ᠳᠣᠣᠷ᠎ᠠ᠂ ᠪᠦᠬᠦ ᠬᠦᠴᠤ ᠪᠠᠷ ᠪᠣᠭᠤᠮᠳᠠ ᠶᠢᠨ ᠠᠴᠢᠶ᠎ᠠ ᠳᠡᠭᠡᠭᠡᠪᠦᠷᠢ ᠶᠢᠨ ᠪᠦᠳᠦᠴᠡ ᠶᠢ ᠰᠢᠯᠢᠳᠡᠭᠵᠢᠭᠦᠯᠵᠥ᠂ ᠴᠢᠯᠠᠭᠤᠨ ᠳᠣᠰᠣ᠂ ᠲᠡᠮᠦᠷ ᠤᠨ ᠬᠦᠳᠡᠷ᠂ ᠨᠡᠭᠦᠷᠡᠰᠥ ᠵᠡᠷᠭᠡ ᠡᠯ᠎ᠡ ᠲᠦᠷᠦᠯ ᠤᠨ ᠦᠷᠭᠡᠨ ᠬᠡᠷᠡᠭᠯᠡᠭᠡᠨ ᠤ ᠪᠠᠷᠠᠭ᠎ᠠ ᠪᠦᠳᠦᠭᠡᠭᠳᠡᠭᠦᠨ ᠤ ᠵᠦᠭᠡᠭᠡᠪᠦᠷᠢᠯᠡᠯᠳᠡ ᠶᠢ ᠵᠡᠷᠭᠡᠪᠡᠷ ᠠᠳᠬᠤᠵᠤ ᠨᠡᠶᠢᠳᠡᠮ ᠳᠤᠨᠢ ᠬᠦᠭᠵᠢᠭᠦᠯᠥᠭᠰᠡᠨ ᠶᠤᠮ᠃ ᠳᠠᠮᠵᠢᠨ ᠦᠩᠭᠡᠷᠡᠭᠰᠡᠨ ᠳᠣᠮᠳᠠᠳᠣ ᠡᠸᠦ᠋ᠷᠦᠫᠡ ᠶᠢᠨ ᠸᠠᠭᠤᠨ ᠨᠡᠶᠢᠳᠡ 261 ᠴᠣᠪᠣᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 307.8% ᠪᠠᠷ ᠨᠡᠮᠡᠭᠳᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号