ᠡᠷᠢᠶᠡᠨ ᠭᠠᠶᠢᠯᠢ ᠶᠢᠨ ᠪᠣᠭᠤᠮᠲᠠ ᠪᠣᠯᠣᠨ ᠮᠣᠩᠭᠤᠯ ᠣᠯᠣᠰ ᠤᠨ ᠵᠠᠮ ᠤᠨ  ᠡᠬᠦᠳᠠ ᠭᠠᠶᠢᠯᠢ ᠶᠢᠨ ᠪᠣᠭᠤᠮᠲᠠ ᠠᠭᠤᠯᠵᠠᠯᠲᠠ ᠬᠢᠵᠦ᠂ ᠣᠯᠠᠨ ᠳᠠᠯ᠎ᠠ ᠶᠢᠨ ᠬᠠᠮᠳᠣᠷᠠᠨ ᠠᠵᠢᠯᠯᠠᠬᠤ ᠬᠡᠯᠡᠯᠴᠡᠬᠡᠷ ᠳᠣᠭᠳᠠᠪᠠ
ᠨᠡᠶᠢᠲᠡᠯᠡᠭᠰᠡᠨ ᠴᠠᠭ᠄
2018/4/26
      4 ᠰᠠᠷ᠎ᠠ ᠶᠢᠨ18  ᠤ ᠡᠳᠦᠷ᠂ ᠡᠷᠢᠶᠠᠨ ᠭᠠᠶᠢᠯᠢ ᠶᠢᠨ ᠪᠣᠭᠤᠮᠲᠠ ᠪᠣᠯᠣᠨ ᠮᠣᠩᠭᠤᠯ ᠣᠯᠣᠰ ᠤᠨ ᠵᠠᠮ ᠤᠨ ᠡᠬᠦᠳᠠ  ᠭᠠᠶᠢᠯᠢ ᠶᠢᠨ ᠪᠣᠭᠤᠮᠲᠠ 2018 ᠣᠨ ᠤ ᠨᠢᠭᠡᠳᠦᠬᠡᠷ ᠣᠯᠠᠷᠢᠯ ᠤᠨ ᠠᠵᠢᠯ ᠤᠨ ᠠᠭᠤᠯᠵᠠᠯᠲᠠ ᠬᠢᠵᠦ᠂  ᠬᠠᠮᠳᠣᠷᠠᠨ ᠠᠵᠢᠯᠯᠠᠬᠤ ᠳᠣᠮᠳᠠ ᠣᠷᠣᠰᠢᠵᠦ ᠪᠠᠶᠢᠭ᠎ᠠ ᠠᠰᠠᠭᠤᠳᠠᠯ ᠢ  ᠵᠦᠪᠳᠡᠯᠴᠡᠨ ᠰᠢᠢᠳᠪᠣᠷᠢᠯᠡᠵᠦ᠂  ᠪᠣᠳᠠᠳᠠᠢ ᠠᠰᠠᠭᠤᠳᠠᠯ ᠢ ᠰᠢᠢᠳᠬᠦ ᠶᠢᠨ ᠬᠠᠮᠳᠦ ᠪᠣᠰᠣᠳ ᠠᠵᠢᠯ ᠤᠨ ᠨᠠᠶᠢᠳᠠᠪᠣᠷᠢᠵᠢᠭᠤᠯᠣᠯᠳᠠ ᠶᠢ  ᠳᠦᠯᠬᠢᠨ ᠠᠬᠢᠭᠤᠯᠪᠠ᠃       ᠬᠤᠷᠠᠯ ᠳᠤ 2017 ᠣᠨ ᠤ ᠳᠣᠣᠷ᠎ᠠ ᠬᠠᠭᠠᠰ ᠵᠢᠯ  ᠤᠨ ᠠᠭᠤᠯᠵᠠᠯᠲᠠ ᠶᠢᠨ ᠦᠶ᠎ᠡ ᠪᠠᠷ ᠶᠠᠷᠢᠯᠴᠠᠵᠦ ᠳᠣᠭᠳᠠᠭᠰᠠᠨ ᠠᠵᠢᠯ ᠤᠨ ᠨᠠᠶᠢᠳᠠᠪᠣᠷᠢᠵᠢᠭᠤᠯᠣᠯᠲᠠ ᠶᠢᠨ ᠪᠠᠶᠢᠳᠠᠯ ᠪᠣᠯᠣᠨ 2018 ᠣᠨ ᠤ ᠨᠢᠬᠡᠳᠦᠭᠡᠷ ᠣᠯᠠᠷᠢᠯ ᠤᠨ ᠠᠵᠢᠯ ᠤᠨ ᠦᠷᠨᠢᠯᠲᠠ ᠶᠢᠨ ᠪᠠᠶᠢᠳᠠᠯ ᠢ ᠵᠠᠷᠯᠠᠵᠦ ᠨᠠᠶᠢᠲᠡᠯᠡᠪᠡ᠃ ᠳᠣᠮᠳᠠᠳᠦ ᠮᠣᠩᠭᠤᠯ ᠬᠤᠶᠠᠷ ᠣᠯᠣᠰ ᠤᠨ ᠭᠠᠶᠢᠯᠢ ᠶᠢᠨ ᠪᠣᠭᠤᠮᠲᠠ  ︽ᠪᠦᠬᠦᠳᠠ  ᠨᠠᠶᠢᠷᠠᠮᠳᠠᠬᠤ ᠳᠣᠮᠳᠠᠳᠦ ᠠᠷᠠᠳ ᠣᠯᠣᠰ ᠤᠨ ᠭᠠᠶᠢᠯᠢ ᠶᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠬᠢᠯᠢ ᠶᠢᠨ ᠬᠠᠦᠯᠢ ᠪᠣᠰᠣ ᠠᠷᠠᠯᠵᠢᠶ᠎ᠠ ᠶᠢ ᠴᠠᠭᠳᠠᠨ ᠪᠠᠶᠢᠴᠠᠭᠠᠬᠤ ᠳᠣᠪᠴᠢᠶ᠎ᠠ ᠪᠣᠯᠣᠨ ᠮᠣᠩᠭᠤᠯ ᠣᠯᠣᠰ ᠤᠨ ᠭᠠᠶᠢᠯᠢ ᠶᠢᠨ ᠪᠣᠭᠤᠮᠲᠠ ᠶᠢᠨ ᠶᠠᠷᠦᠩᠬᠡᠢ ᠳᠣᠪᠴᠢᠶᠠᠨ ᠤ  ᠨᠢᠭᠤᠴᠠ ᠠᠷᠠᠯᠵᠢᠶ᠎ᠠ ᠶᠢ ᠢᠯᠡᠴᠢᠯᠡᠨ ᠪᠠᠷᠢᠪᠴᠢᠯᠡᠬᠤ ᠳᠣᠪᠴᠢᠶ᠎ᠠ  ᠶᠢᠨ 2018 —2019 ᠣᠨ ᠤ ᠬᠤᠭᠤᠴᠠᠭᠠᠨ ᠤ ᠠᠵᠢᠯ ᠤᠨ ᠳᠦᠯᠦᠪᠯᠡᠭᠡ︾  ᠶᠢᠨ ᠶᠠᠪᠣᠴᠠ ᠳᠣᠮᠳᠠ ᠬᠤᠶᠠᠷ ᠪᠣᠭᠤᠮᠲᠠ ᠶᠢᠨ ᠰᠢᠢᠳᠪᠣᠷᠢᠯᠡᠬᠦ ᠴᠢᠬᠤᠯᠠ ᠲᠠᠢ ᠠᠰᠠᠭᠤᠳᠠᠯ  ᠵᠢᠴᠢ 2018 ᠣᠨ ᠳᠤ  ᠬᠠᠷᠢᠯᠴᠠᠭ᠎ᠠ ᠬᠠᠮᠳᠣᠷᠠᠯᠴᠠᠭ᠎ᠠ ᠪᠠᠨ ᠣᠯᠠᠮ ᠨᠢᠭᠡ ᠠᠯᠬᠤᠮ ᠴᠢᠩᠭᠠᠳᠬᠠᠨ᠂ ᠠᠵᠢᠯ ᠤᠨ ᠠᠭᠤᠯᠵᠠᠯᠲᠠ ᠵᠣᠬᠢᠶᠠᠨ ᠪᠠᠶᠢᠭᠤᠯᠬᠤ᠂ ᠰᠣᠶᠣᠯ ᠳᠠᠮᠢᠷ ᠤᠨ ᠬᠦᠳᠡᠯᠭᠡᠭᠡᠨ ᠢ ᠦᠷᠨᠢᠬᠦᠯᠬᠦ ᠵᠡᠷᠭᠡ  ᠳᠠᠯ᠎ᠠ ᠪᠠᠷ ᠵᠦᠪᠳᠡᠯᠴᠡᠨ ᠶᠠᠷᠢᠯᠴᠠᠪᠠ᠃ ᠬᠤᠶᠠᠷ ᠳᠠᠯ᠎ᠠ ᠪᠠᠷ ᠢᠶᠠᠨ ᠦᠨᠡᠨᠴᠢ ᠢᠳᠡᠬᠡᠯ ᠢ ᠡᠷᠬᠢᠮᠯᠠᠵᠦ  ᠂ ᠪᠣᠳᠠᠲᠠᠢ  ᠠᠰᠠᠭᠤᠳᠠᠯ ᠢ ᠰᠢᠢᠳᠣᠨ᠂ ᠡᠶ᠎ᠡ ᠨᠦᠬᠦᠷᠰᠡᠭ ᠠᠭᠤᠷ ᠠᠮᠢᠰᠬᠤᠯ ᠢ ᠪᠣᠢ ᠪᠣᠯᠭᠠᠨ᠂ ᠬᠤᠶᠢᠰᠢᠲᠠ ᠶᠢᠨ ᠬᠠᠮᠳᠣᠷᠠᠨ ᠠᠵᠢᠯᠯᠠᠬᠤ  ᠳᠠᠯ᠎ᠠ ᠪᠠᠷ ᠨᠢᠭᠡᠳᠦᠭᠰᠡᠨ ᠰᠠᠨᠠᠯ ᠳᠤ ᠬᠦᠷᠪᠡ᠃ ᠣᠯᠠᠨ ᠵᠢᠯ ᠤᠨ ᠳᠣᠷᠰᠢ᠂ ᠬᠤᠶᠠᠷ ᠳᠠᠯ᠎ᠠ ᠶᠢᠨ ᠭᠠᠶᠢᠯᠢ ᠶᠢᠨ ᠪᠣᠭᠤᠮᠲᠠ ᠶᠢᠨ ᠳᠠᠰᠣᠷᠠᠯᠲᠠ ᠦᠭᠡᠢ ᠬᠠᠷᠢᠯᠴᠠᠭ᠎ᠠ ᠬᠠᠮᠳᠣᠷᠠᠯᠴᠠᠭ᠎ᠠ ᠪᠠᠨ ᠬᠦᠨᠵᠡᠬᠡᠶᠢᠷᠡᠬᠦᠯᠦᠨ᠂ ᠬᠢᠯᠢ ᠦᠩᠬᠡᠷᠡᠬᠦ ᠪᠠᠷᠠᠭᠠᠨ ᠤ ᠬᠢᠨᠠᠨ ᠬᠠᠮᠢᠶᠠᠷᠦᠯᠲᠠ᠂ ᠠᠷᠠᠯᠵᠢᠶᠠᠨ ᠤ ᠪᠦᠷᠢᠳᠬᠡᠯ ᠤᠨ ᠳ᠋ᠠᠶᠢᠲ᠋ᠠ  ᠰᠣᠳᠣᠯᠣᠯ ᠤᠨ ᠬᠠᠷᠢᠴᠠᠭᠤᠯᠣᠯ᠂ ᠬᠤᠣᠷᠳᠦ ᠡᠳ᠋ ᠵᠡᠷᠭᠡ ᠣᠨᠴᠠᠭᠠᠢ ᠳᠠᠸᠠᠷ ᠲᠤ ᠴᠣᠬᠢᠯᠲᠠ ᠦᠭᠬᠦ ᠳᠠᠯ᠎ᠠ ᠳᠡᠭᠡᠷ᠎ᠡ  ᠮᠡᠳᠡᠭᠳᠡᠮ᠎ᠡ ᠦᠷ᠎ᠡ ᠪᠦᠳᠦᠮᠵᠢ ᠣᠯᠪᠠ᠃ ᠳᠠᠷᠠᠭᠠᠴᠢ ᠶᠢᠨ ᠠᠯᠬᠤᠮ ᠳᠤ ᠰᠣᠷᠠᠭ ᠵᠠᠩᠬᠢ ᠪᠠᠨ ᠣᠯᠠᠮ ᠨᠢᠭᠡ ᠠᠯᠬᠤᠮ ᠬᠤᠪᠢᠶᠠᠯᠴᠠᠵᠦ᠂ ᠬᠠᠮᠳᠦ ᠪᠠᠷ ᠠᠷᠭ᠎ᠠ ᠠᠪᠴᠠᠯ ᠠᠪᠴᠦ᠂ ᠳᠣᠮᠳᠠᠳᠦ ᠮᠣᠩᠭᠤᠯ ᠤᠨ ᠬᠠᠮᠳᠣᠷᠠᠭᠰᠠᠨ ᠬᠢᠨᠠᠯᠲᠠ ᠳᠣᠣᠷᠠᠬᠢ  ︽ ᠨᠢᠬᠡᠳᠦᠯᠲᠠᠢ ᠪᠠᠷᠠᠭ᠎ᠠ ᠳᠡᠭᠡᠭᠡᠪᠣᠷᠢᠯᠡᠬᠦ ᠨᠠᠷᠢᠨ ᠳᠠᠩᠰᠠ ︾  ᠶᠢ ᠡᠯᠧᠺᠲᠷᠣᠨ ᠰᠦᠯᠵᠢᠶ᠎ᠡ ᠪᠠᠷ ᠬᠠᠷᠢᠯᠴᠠᠨ  ᠳᠠᠮᠵᠢᠭᠤᠯᠬᠤ ᠳᠠᠯ᠎ᠠ  ᠪᠠᠷ ᠬᠠᠮᠳᠣᠷᠠᠯᠴᠠᠬᠤ ᠶᠢ ᠠᠬᠢᠭᠤᠯᠣᠨ᠎ᠠ︔ ᠭᠠᠶᠢᠯᠢ ᠶᠢᠨ ᠪᠣᠭᠤᠮᠲᠠ ᠶᠢᠨ ᠳᠦᠷᠦ ᠶᠢᠨ ᠪᠣᠳᠣᠯᠭ᠎ᠠ ᠶᠢ ᠣᠬᠠᠭᠤᠯᠣᠨ ᠰᠣᠷᠳᠠᠯᠴᠢᠯᠠᠵᠦ᠂ ᠬᠤᠶᠠᠷ ᠣᠯᠣᠰ ᠤᠨ ᠠᠵᠦ ᠠᠬᠤᠶᠢᠯᠠᠯ ᠤᠨ ᠬᠢᠯᠢ ᠪᠠᠷ ᠣᠷᠣᠭᠤᠯᠵᠦ ᠭᠠᠷᠭᠠᠬᠤ ᠶᠢ ᠳᠦᠷᠢᠮᠵᠢᠬᠦᠯᠵᠦ᠂ ᠬᠢᠯᠢ ᠪᠠᠷ ᠣᠷᠣᠭᠤᠯᠵᠦ ᠭᠠᠷᠭᠠᠬᠤ ᠠᠷᠠᠯᠵᠢᠶᠠᠨ ᠤ ᠳᠦᠷᠢᠮ  ᠳᠣᠭᠳᠠᠭᠠᠯ ᠤᠨ ᠬᠡᠪ ᠶᠣᠰᠣᠭᠠᠷ ᠶᠠᠪᠣᠭᠳᠠᠬᠤ ᠶᠢ ᠬᠠᠮᠠᠭᠠᠯᠠᠨ᠎ᠠ︔ ᠬᠤᠣᠷᠳᠦ ᠡᠳ᠋ ᠪᠠ ᠫᠣᠣ ᠰᠣᠮᠣ ᠰᠠᠷᠢᠭᠠᠯᠠᠬᠤ ᠠᠵᠢᠯᠯᠠᠭ᠎ᠠ ᠳᠤ ᠬᠠᠮᠳᠣ ᠪᠠᠷ ᠴᠣᠬᠢᠯᠲᠠ ᠦᠭᠴᠦ᠂ ᠪᠣᠭᠤᠮᠲᠠ ᠨᠡᠪᠳᠡᠷᠡᠬᠦ ᠣᠷᠴᠢᠨ ᠳᠣᠭᠤᠷᠢᠨ ᠢ ᠴᠡᠪᠡᠷᠰᠢᠬᠦᠯᠬᠦ ᠬᠡᠷᠡᠭᠲᠠᠢ︔ ᠬᠠᠷᠢᠯᠴᠠᠭ᠎ᠠ ᠬᠠᠮᠳᠦ ᠶᠢᠨ ᠠᠵᠢᠯᠯᠠᠭ᠎ᠠ ᠪᠠᠨ ᠴᠢᠩᠭᠠᠳᠬᠠᠵᠦ᠂ ᠳᠣᠭᠳᠠᠭᠰᠠᠨ ᠬᠤᠭᠤᠴᠠᠭ᠎ᠠ ᠲᠠᠢ ᠰᠣᠶᠣᠯ ᠳᠠᠮᠢᠷ ᠤᠨ ᠬᠦᠳᠡᠯᠭᠡᠭᠡᠨ ᠦᠷᠨᠢᠬᠦᠯᠦᠨ᠎ᠡ᠃ ᠬᠤᠶᠠᠷ ᠣᠯᠣᠰ ᠤᠨ  ᠭᠠᠶᠢᠯᠢ ᠶᠢᠨ ᠪᠣᠭᠤᠮᠲᠠ ᠶᠢᠨ ᠠᠵᠢᠯᠳᠠᠨ ᠢ ᠬᠠᠷᠢᠯᠴᠠᠨ ᠳᠣᠮᠢᠯᠠᠨ ᠰᠣᠷᠣᠯᠴᠠᠭᠤᠯᠣᠨ᠂ ᠬᠠᠮᠳᠣᠷᠠᠯᠴᠠᠭ᠎ᠠ ᠪᠠᠨ ᠳᠠᠰᠣᠷᠠᠯᠲᠠ ᠦᠭᠡᠢ  ᠬᠦᠨᠵᠡᠬᠡᠶᠢᠷᠡᠬᠦᠯᠵᠦ ᠦᠷᠬᠡᠳᠬᠡᠨ᠂ ᠪᠣᠭᠤᠮᠲᠠ ᠶᠢᠨ ᠠᠷᠠᠯᠵᠢᠶᠠᠨ ᠤ  ᠬᠦᠭᠵᠢᠯᠲᠠ ᠳᠤ ᠰᠢᠨ᠎ᠡ ᠬᠦᠳᠡᠯᠬᠡᠬᠦ ᠬᠦᠴᠦ ᠨᠡᠮᠡᠵᠦ᠂ ᠰᠢᠨ᠎ᠡ ᠠᠮᠢᠯᠠᠯ ᠤᠨ ᠬᠦᠴᠦᠨ ᠠᠪᠴᠢᠷᠠᠨ᠎ᠠ᠃     ᠬᠤᠷᠠᠯ ᠤᠨ ᠬᠤᠭᠤᠴᠠᠭᠠᠨ ᠳᠤ᠂ ᠬᠤᠶᠠᠷ ᠳᠠᠯ᠎ᠠ ᠪᠠᠷ ᠢᠶᠠᠨ ᠪᠠᠰᠠ ᠪᠣᠰᠣᠳ ᠠᠵᠢᠯ ᠤᠨ ᠳᠠᠯ᠎ᠠ ᠪᠠᠷ ᠵᠦᠪᠳᠡᠯᠴᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号