ᠨᠢᠭᠡᠳᠦᠭᠡᠷ ᠤᠯᠠᠷᠢᠯ ᠳᠠᠬᠢ ᠡᠷᠢᠶᠡᠨ ᠪᠣᠭᠤᠮᠳᠠ ᠪᠠᠷ ᠣᠷᠣᠵᠣ ᠢᠷᠡᠭᠰᠡᠨ ᠨᠡᠭᠦᠷᠡᠰᠥᠨ ᠤ ᠬᠡᠮᠵᠢᠶ᠎ᠡ ᠨᠡᠮᠡᠭᠳᠡᠬᠦ ᠬᠠᠨᠳᠤᠰᠢ ᠢᠯᠡᠷᠡᠭᠰᠡᠨ
ᠨᠡᠶᠢᠲᠡᠯᠡᠭᠰᠡᠨ ᠴᠠᠭ᠄
2018/4/28
      ᠨᠢᠭᠡᠳᠦᠭᠡᠷ ᠣᠯᠠᠷᠢᠯ ᠳᠤ᠂ ᠡᠷᠢᠶᠡᠨ ᠪᠣᠭᠤᠮᠳᠠ ᠶᠢᠨ ᠭᠠᠳᠠᠭᠠᠳᠤ ᠠᠴᠠ ᠣᠷᠣᠭᠤᠯᠣᠭᠰᠠᠨ ᠨᠡᠭᠦᠷᠡᠰᠥᠨ ᠤ ᠬᠡᠮᠵᠢᠶ᠎ᠡ 40.1 ᠳᠦᠮᠡᠨ ᠳᠣᠨ᠂ ᠶᠡᠷᠥᠩᠭᠡᠢ ᠥᠷᠳᠡᠭ ᠨᠢ 8641.6 ᠲᠦᠮᠡᠨ ᠲᠦᠭᠦᠷᠢᠭ ᠲᠤ ᠬᠦᠷᠴᠥ᠂ ᠦᠩᠭᠡᠷᠡᠭᠰᠡᠨ ᠵᠢᠯ ᠤᠨ ᠠᠳᠠᠯᠢ ᠬᠤᠭᠤᠴᠠᠭ᠎ᠠ ᠠᠴᠠ 21.9% ᠪᠠ 48% ᠪᠠᠷ ᠦᠰᠴᠡᠢ᠃ ᠨᠢᠳᠣᠨᠣᠨ ᠵᠢᠯ  ᠠᠴᠠ ᠨᠠᠭᠠᠰᠢ᠂ ᠮᠠᠨ ᠤ ᠣᠯᠣᠰ ᠤᠨ ᠭᠠᠯ ᠴᠠᠬᠢᠯᠭᠠᠨ᠂ ᠪᠣᠯᠣᠳ ᠲᠡᠮᠦᠷ ᠵᠡᠷᠭᠡ ᠨᠡᠭᠦᠷᠡᠰᠥ ᠱᠠᠭᠠᠷᠳᠠᠭᠳᠠᠬᠤ ᠠᠵᠢᠯ ᠲᠦᠷᠦᠯ ᠨᠢ ᠳᠠᠰᠣᠷᠠᠯᠳᠠ ᠦᠭᠡᠢ ᠬᠦᠭᠵᠢᠨ ᠪᠣᠵᠠᠭᠠᠶᠢᠷᠠᠵᠤ᠂ ᠨᠡᠭᠦᠷᠡᠰᠦᠨ ᠤ ᠭᠠᠳᠠᠭᠠᠳᠤ ᠣᠷᠣᠭᠤᠯᠤᠯᠳᠠ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠥᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠮᠣᠩᠭᠤᠯ ᠤᠨ ᠨᠡᠭᠦᠷᠡᠰᠥ ᠦᠨ᠎ᠡ ᠶᠢᠨ ᠳᠠᠪᠠᠭᠤᠯᠢᠭ ᠮᠡᠳᠡᠭᠳᠡᠮ᠎ᠡ ᠪᠠᠶᠢᠵᠣ᠂ ᠠᠵᠤ ᠠᠬᠤᠶᠢᠯᠠᠯ ᠤᠳ ᠤᠨ ᠭᠠᠳᠠᠭᠠᠳᠣ ᠠᠴᠠ ᠣᠷᠣᠭᠤᠯᠬᠤ ᠳᠣᠷ᠎ᠠ ᠰᠣᠨᠢᠷᠬᠠᠯ ᠢ ᠶᠡᠬᠡᠪᠡᠷ ᠳᠠᠳᠠᠵᠤ᠂ ᠪᠣᠭᠤᠮᠳᠠ ᠶᠢᠨ ᠭᠠᠳᠠᠭᠠᠳᠤ ᠠᠴᠠ ᠣᠷᠣᠭᠤᠯᠬᠤ ᠨᠡᠭᠦᠷᠡᠰᠦᠨ  ᠤ ᠬᠡᠮᠵᠢᠶ᠎ᠡ ᠶᠢ ᠣᠯᠠᠮ ᠨᠡᠮᠡᠭᠳᠡᠭᠦᠯᠥᠭᠰᠡᠨ ᠶᠤᠮ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号