ᠲᠥᠷᠥᠬᠦᠬᠡᠨ᠂ ᠱᠠᠩᠳᠦ ᠰᠢᠶᠠᠨ ᠤ ᠪᠤᠷᠤ ᠬᠤᠵᠢᠷ ᠰᠢᠶᠠᠩ ᠤᠨ ᠶᠤᠸᠡᠨ ᠱᠠᠨ ᠽᠢ ᠲᠤᠰᠬᠤᠨ ᠤ ᠭᠦᠸᠧ | ᠸᠠᠨ ᠶᠢᠨ ᠰᠢᠶᠠᠠ ᠤ ᠡᠮᠨᠡᠯᠭᠡ ᠶᠢᠨ ᠬᠤᠷᠢᠶ᠎ᠠ ᠳᠤ ᠰᠠᠭᠤᠵᠥ ᠨᠢᠭᠡ ᠭᠠᠷᠠᠭ ᠡᠮᠴᠢᠯᠡᠬᠦᠯᠦᠬᠡᠳ ᠡᠮᠨᠡᠯᠬᠡ ᠠᠴᠠ | ᠭᠠᠷᠬᠤ ᠳᠤ ᠦᠪᠡᠷ ᠲᠡᠭᠡᠨ 400 ᠲᠦᠬᠦᠷᠢᠭ ᠯᠡ ᠵᠠᠷᠤᠴᠠᠭᠤᠯᠪᠠ᠃ ᠭᠦᠸᠧ ᠸᠠᠨ ᠶᠢᠨ ᠡᠪᠡᠳᠴᠢᠠ ᠢᠶᠠᠨ | ᠦᠵᠡᠬᠦᠯᠬᠦ ᠵᠤᠭᠤᠰ ᠦᠬᠡᠢ ᠬᠡᠵᠥ ᠵᠤᠪᠠᠭ᠋ᠤ ᠪᠠᠨ ᠪᠤᠯᠢᠵᠥ ᠰᠠᠨᠠᠭ᠎ᠠ ᠰᠡᠳᠬᠢᠯ ᠨᠢ ᠰᠠᠶᠢᠵᠢᠷᠠᠬᠰᠠᠠ ᠢᠶᠠᠷ ᠪᠡᠶ᠎ᠡ ᠨᠢ | ᠴᠤ ᠲᠦᠷᠭᠡᠨ ᠡᠷᠡᠬᠦᠯᠵᠢᠵᠥ ᠪᠠᠶᠢᠨ᠎ᠠ᠃ ᠲᠡᠷᠡ᠄ ︽ᠡᠷᠡᠬᠦᠯ ᠮᠡᠨᠳᠦ ᠪᠠᠷ ᠶᠠᠳᠠᠭᠤ ᠶᠢ ᠲᠡᠳᠬᠦᠬᠦ ᠨᠢ ᠦᠨᠡᠬᠡᠷ ᠰᠠᠶᠢᠨ᠂ | ᠶᠠᠳᠠᠭᠤ ᠬᠦᠴᠢᠷᠳᠡᠯᠳᠡᠢ ᠡᠷᠦᠬᠡ ᠵᠢᠪ ᠵᠢᠩᠬᠢᠨᠢ ᠠᠰᠢᠭ ᠬᠦᠷᠳᠡᠨ᠎ᠠ︾ ᠭᠡᠵᠦ ᠰᠡᠳᠬᠢᠯ ᠬᠥᠭᠰᠡᠨ ᠶᠡᠷᠢᠨ᠎ᠠ᠃ | ᠱᠠᠩᠳᠦ ᠰᠢᠶᠠᠨ ᠳᠤ ᠭᠦᠸᠧ ᠸᠠᠨ ᠶᠢᠨ ᠰᠢᠭ᠋ ᠨᠠᠮ ᠤᠨ ᠲᠦᠷᠦ ᠶᠢᠨ ᠪᠤᠳᠤᠯᠭ᠎ᠠ ᠶᠢᠨ ᠠᠴᠢ ᠲᠤᠰᠠ ᠶᠢ | ᠬᠦᠷᠳᠡᠵᠦ ᠪᠠᠶᠢᠭ᠎ᠠ ᠲᠠᠩᠰᠠ ᠪᠠᠶᠢᠭᠤᠯᠵᠦ ᠺᠠᠷᠲ᠋ᠠᠯᠠᠬᠰᠠᠨ ᠶᠠᠳᠠᠭᠤ ᠬᠦᠴᠢᠷᠳᠡᠯᠳᠡᠢ ᠡᠷᠦᠬᠡ ᠴᠥᠭᠡᠨ ᠪᠤᠰᠤ ᠪᠠᠶᠢᠳᠠᠬ᠃ | ᠡᠨᠡᠬᠦ ᠪᠠᠶᠢᠳᠠᠯ ᠳᠤ ᠴᠢᠭᠯᠡᠬᠦᠯᠥᠡ᠂ ᠲᠤᠰ ᠰᠢᠶᠠᠨ ︽ᠡᠪᠡᠳᠴᠢᠨ ᠢᠶᠠᠨ ᠦᠵᠡᠬᠦᠯᠬᠦ᠂ ᠡᠪᠡᠳᠴᠢᠨ ᠢᠶᠠᠨ ᠲᠤᠤᠱᠳᠠᠢ | ᠡᠮᠴᠢᠯᠡᠬᠦᠯᠬᠦ᠂ ᠡᠪᠡᠳᠴᠢᠨ ᠢ ᠤᠷᠢᠳᠴᠢᠯᠠᠠ ᠰᠠᠷᠬᠡᠶᠢᠯᠡᠬᠦ︾ ᠰᠠᠳᠬᠢᠴᠠ ᠪᠠᠷ ᠡᠷᠡᠬᠦᠯ ᠮᠡᠨᠳᠦ ᠪᠠᠷ | ᠶᠠᠳᠠᠭᠤ ᠶᠢ ᠲᠡᠳᠬᠦᠬᠦ ᠶᠢᠨ ᠵᠤᠷᠢᠯᠭ᠎ᠠ ᠪᠠᠷ᠂ ᠲᠤᠳᠠᠭᠤᠳᠠᠯ ᠢᠶᠠᠨ ᠨᠦᠬᠦᠪᠦᠷᠢᠯᠡᠵᠦ᠂ ᠲᠤᠤᠱᠳᠠᠢ | ᠨᠠᠶᠢᠳᠠᠪᠤᠷᠢᠵᠢᠭᠤᠯᠤᠨ᠂ ᠪᠤᠳᠠᠳᠤ ᠦᠷ᠎ᠠ ᠪᠦᠳᠦᠮᠵᠢ ᠶᠢ ᠬᠥᠬᠡᠬᠡᠴᠡᠯᠳᠤᠵᠥ᠂ ︽ᠶᠠᠳᠠᠭᠤ ᠠᠴᠠ ᠠᠩᠬᠢᠵᠢᠷᠠᠭᠤᠯᠬᠤ | ᠠᠶᠠᠠ ᠳᠤ ᠨᠢᠬᠡ ᠶᠠᠳᠠᠭᠤ ᠬᠦᠴᠢᠷᠳᠡᠯᠳᠡᠢ ᠡᠷᠦᠬᠡ ᠶᠢ ᠴᠤ ᠤᠷᠬᠢᠭᠳᠠᠭᠤᠯᠬᠤ ᠦᠬᠡᠢ︾ ᠵᠠᠷᠴᠢᠮ ᠢ | ᠪᠤᠳᠠᠳᠠᠶᠢᠵᠢᠭᠤᠯᠤᠠ ᠦᠢᠯᠡᠳᠦᠯᠭᠡᠵᠢᠬᠦᠯᠬᠦ ᠪᠠᠷ ᠴᠢᠷᠮᠠᠶᠢᠵᠥ ᠪᠤᠢ᠃ | ᠲᠤᠰ ᠰᠢᠶᠠᠨ ᠤ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠲᠤᠪᠴᠢᠶ᠎ᠠ᠂ ᠠᠷᠠᠳ ᠤᠨ | ᠶᠠᠪᠤᠳᠠᠯ ᠤᠨ ᠲᠤᠪᠴᠢᠶ᠎ᠠ ᠵᠡᠷᠬᠡ ᠬᠤᠯᠪᠤᠭᠳᠠᠯ ᠪᠦᠬᠦᠢ ᠰᠠᠯᠠᠭ᠎ᠠ ᠮᠦᠴᠢᠷ ᠬᠦᠴᠦ ᠪᠠᠨ ᠬᠠᠮᠳᠤᠳᠬᠠᠵᠥ | ︽ᠡᠪᠡᠳᠴᠢᠨ ᠠᠴᠠ ᠪᠤᠯᠵᠦ ᠶᠠᠳᠠᠭᠤᠷᠠᠬᠤ᠂ ᠡᠪᠡᠳᠴᠢᠨ ᠠᠴᠠ ᠪᠤᠯᠵᠤ ᠲᠠᠬᠢᠨ ᠶᠠᠳᠠᠭᠤᠷᠠᠬᠤ︾ ᠠᠰᠠᠭᠤᠳᠠᠯ ᠢ | ᠴᠢᠩᠭ᠎ᠠ ᠰᠢᠢᠳᠪᠤᠷᠢᠯᠠᠬᠦ ᠪᠠᠷ ᠡᠷᠡᠬᠦᠯ ᠮᠡᠨᠳᠦ ᠪᠠᠷ ᠶᠠᠳᠠᠭᠤ ᠶᠢ ᠲᠡᠳᠬᠦᠬᠦ ᠬᠡᠪ ᠵᠠᠭᠪᠤᠷ ᠢ ᠲᠡᠬᠢᠠ ᠲᠡᠪᠳᠠᠠ | ᠰᠢᠨᠡᠳᠬᠡᠵᠥ᠂ ᠡᠷᠡᠬᠦᠯ ᠮᠡᠨᠳᠦ ᠪᠠᠷ ᠶᠠᠳᠠᠭᠤ ᠶᠢ ᠲᠡᠳᠭᠦᠭᠦ ᠠᠷᠭ᠎ᠠ ᠵᠠᠮ ᠢ ᠦᠷᠭᠡᠳᠭᠡᠬᠦ᠂ ᠲᠠᠩᠰᠠ ᠪᠠᠶᠢᠭᠤᠯᠵᠥ | ᠺᠠᠷᠲᠯᠠᠭᠰᠠᠠ ᠶᠠᠳᠠᠭᠤ ᠬᠦᠴᠢᠷᠳᠡᠯᠳᠡᠢ ᠬᠦᠮᠦᠰ ᠤᠨ ᠡᠪᠡᠳᠴᠢᠠ ᠡᠮᠬᠡᠭ ᠲᠠᠢ ᠪᠠᠶᠢᠬᠤ ᠪᠡ ᠬᠦᠨᠳᠦ ᠡᠪᠡᠳᠴᠢᠳᠠᠨ ᠢ | ᠠᠪᠤᠷᠠᠨ ᠲᠤᠰᠠᠯᠠᠬᠤ ᠲᠠᠯ ᠠ ᠪᠠᠷ ᠬᠢ ᠲᠤᠳᠠᠭᠤᠳᠠᠯ ᠪᠠ ᠬᠦᠴᠢᠷ ᠠᠰᠠᠭᠤᠳᠠᠯ ᠢ ᠪᠦᠳᠦᠮᠵᠢᠳᠡᠢ | ᠰᠢᠢᠳᠪᠤᠷᠢᠯᠡᠵᠠᠢ᠃ ᠲᠡᠳᠠ ᠤᠷᠢᠳ ᠬᠤᠵᠢᠳ ᠰᠢᠶᠠᠨ ᠤ ᠡᠮᠨᠡᠯᠬᠡ ᠶᠢᠨ ᠬᠤᠷᠢᠶ᠎ᠠ ᠶᠢᠨ ᠡᠮᠴᠢᠯᠡᠬᠡᠨ ᠤ ᠪᠠᠭ᠎ᠠ | ᠠᠩᠬᠢ ᠶᠢ ᠵᠤᠬᠢᠶᠠᠨ ᠪᠠᠶᠢᠭᠤᠯᠤᠨ᠂ ᠪᠦᠬᠦ ᠰᠢᠶᠠᠨ ᠤ 6 ᠪᠠᠯᠭᠠᠰᠦ᠂ 4 ᠰᠢᠶᠠᠩ ᠤᠨ 1.7 ᠲᠦᠮᠡ ᠭᠠᠷᠤᠢ | ᠶᠠᠳᠠᠭᠤ ᠬᠦᠴᠢᠷᠳᠡᠯᠳᠡᠢ ᠬᠦᠮᠦᠰ ᠲᠤ ᠰᠦᠢᠳᠭᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ | ᠦᠭᠬᠦ ᠶᠢᠨ ᠬᠠᠮᠳᠤ ᠠᠯᠪᠠᠨ ᠵᠢᠷᠤᠮ ᠤᠨ ᠡᠮᠴᠢᠯᠡᠭᠡ ᠬᠢᠵᠦ᠂ ᠤᠨᠤᠰᠢᠯᠠᠭᠰᠠᠨ ᠡᠪᠡᠳᠴᠢᠳᠡᠨ ᠤ ᠡᠪᠡᠳᠴᠢᠨ ᠤ | ᠪᠠᠶᠢᠳᠠᠯ ᠳᠤ ᠲᠦᠷᠦᠯ ᠬᠤᠪᠢᠶᠠᠨ ᠲᠤᠬᠢᠳᠠᠢ ᠰᠢᠢᠳᠪᠤᠷᠢᠯᠡᠵᠡᠢ︔ ᠡᠮᠨᠡᠯᠭᠡ ᠳᠤ ᠰᠠᠭᠤᠵᠥ ᠡᠮᠴᠢᠯᠡᠬᠦᠯᠬᠦ ᠴᠢᠬᠤᠯᠠᠳᠠᠢ | ᠡᠪᠡᠳᠴᠢᠳᠡᠨ ᠢ ᠡᠮᠨᠡᠯᠬᠡ ᠳᠤ ᠰᠠᠭᠤᠯᠭᠠᠨ ᠡᠮᠨᠡᠬᠦᠯᠵᠦ ᠪᠤᠢ᠃ ᠡᠬᠦᠨ ᠤ ᠬᠠᠮᠳᠦ᠂ ᠰᠢᠶᠠᠨ ᠤ ᠡᠮᠨᠡᠯᠬᠡ ᠶᠢᠨ | ᠬᠤᠷᠢᠶ᠎ᠠ ᠵᠡᠷᠭᠡ ᠲᠤᠭᠲᠠᠭᠠᠭᠰᠠᠨ ᠡᠮᠴᠢᠯᠡᠬᠡᠨ ᠤ ᠨᠢᠭᠡᠴᠡ ᠳᠤ ᠬᠦᠷᠴᠤ ᠡᠪᠡᠳᠴᠢᠨ ᠦᠵᠡᠬᠦᠯᠬᠦ ᠳᠤ | ︽ᠤᠷᠢᠳᠠᠪᠠᠷ ᠡᠮᠴᠢᠯᠡᠬᠦᠯᠵᠦ᠂ ᠲᠠᠷᠠᠭ᠎ᠠ ᠨᠢ ᠰᠦᠢᠳᠬᠡᠯ ᠲᠤᠰᠢᠶᠠᠬᠤ᠂ ᠨᠢᠬᠡ ᠯᠡ ᠦᠷᠳᠡᠭᠡ ᠶᠢᠨ ᠬᠡᠯᠪᠡᠷᠢ ᠶᠢᠨ | ᠲᠠᠩᠰᠠᠠ ᠠᠴᠠ ᠲᠠᠶᠢᠯᠬᠤ︾ ᠦᠢᠯᠡᠴᠢᠯᠡᠭᠡ ᠶᠢᠨ ᠰᠢᠨ᠎ᠡ ᠬᠡᠯᠪᠡᠷᠢ ᠶᠢ ᠬᠡᠷᠡᠭᠵᠢᠬᠦᠯᠵᠦ᠂ ᠲᠠᠩᠰᠠ ᠪᠠᠶᠢᠭᠤᠯᠤᠨ | ᠺᠠᠷᠲᠯᠠᠭᠤᠯᠤᠭᠰᠠᠠ ᠶᠠᠳᠠᠭᠤ ᠬᠦᠴᠢᠷᠳᠡᠯᠳᠡᠢ ᠡᠷᠦᠬᠡ ᠡᠮᠨᠡᠯᠬᠡ ᠠᠴᠠ ᠭᠠᠷᠬᠤ ᠦᠶ᠎ᠡ ᠳᠤ ᠵᠦᠪᠬᠡᠨ 10% ᠤᠨ | ᠡᠮᠴᠢᠯᠡᠬᠡᠨ ᠤ ᠰᠦᠢᠳᠬᠡᠯ ᠲᠤᠰᠢᠶᠠᠵᠦ᠂ 90% ᠤᠨ ᠡᠮᠴᠢᠯᠡᠬᠡᠨ ᠤ ᠵᠠᠷᠤᠳᠠᠯ ᠢ ᠪᠦᠷ ᠬᠦᠳᠡᠭᠡ | ᠲᠤᠰᠬᠤᠠ ᠤ ᠰᠢᠨ᠎ᠠ ᠮᠠᠶ᠋ᠢᠭ ᠤᠨ ᠬᠤᠷᠰᠢᠭᠰᠠᠨ ᠡᠮ ᠡᠮᠨᠡᠯᠬᠡ ᠶᠢᠨ ᠲᠡᠭᠠᠳᠬᠠᠯ᠂ ᠠᠷᠠᠳ ᠤᠨ ᠶᠠᠪᠤᠳᠠᠯ ᠤᠨ | ᠲᠤᠪᠴᠢᠶ᠎ᠠ ᠶᠢᠨ ᠬᠦᠨᠳᠦ ᠡᠪᠡᠳᠴᠢᠳᠡᠨ ᠢ ᠠᠪᠤᠷᠠᠨ ᠲᠤᠰᠠᠯᠠᠬᠤ ᠲᠦᠷᠦᠯ ᠵᠦᠢᠯ ᠪᠠ ᠬᠤᠳᠠᠯᠳᠤᠭᠠᠨ ᠤ | ᠲᠠᠭᠠᠳᠬᠠᠯ ᠪᠠ ᠬᠠᠶᠢᠷ᠎ᠠ ᠬᠠᠯᠠᠮᠵᠢ ᠬᠦᠷᠬᠡᠬᠦ ᠰᠠᠭᠤᠷᠢ ᠮᠦᠡᠭᠬᠦ ᠶᠢᠨ ᠨᠠᠶᠢᠬᠡᠮᠯᠢᠭ ᠵᠡᠷᠬᠡ ᠰᠠᠯᠠᠭ᠎ᠠ | ᠮᠥᠴᠢᠷ ᠠᠴᠠ ᠬᠠᠪᠰᠤᠷᠤᠠ ᠲᠡᠩᠰᠠ ᠴᠠᠶᠢᠷᠠᠭᠤᠯᠤᠨ ᠦᠭᠴᠦ ᠪᠤᠢ᠃ ᠲᠤᠰ ᠰᠢᠶᠠᠨ ᠲᠠᠩᠰᠠ ᠪᠠᠶᠢᠭᠤᠯᠤᠨ | ᠺᠡᠷᠲᠯᠠᠭᠰᠠᠠ ᠶᠠᠳᠠᠭᠤ ᠬᠦᠴᠢᠷᠳᠡᠯᠳᠡᠢ ᠡᠷᠦᠬᠡ ᠳᠤ ᠡᠩ ᠤᠨ ᠡᠪᠡᠳᠴᠢᠨ ᠪᠠ ᠬᠦᠨᠳᠦ ᠶᠡᠭᠡ ᠡᠪᠡᠳᠴᠢᠨ ᠢ | ᠦᠵᠡᠬᠦᠯᠬᠦ ᠶᠢ ᠲᠡᠮᠵᠢᠠ ᠲᠤᠰᠠᠯᠠᠬᠤ ᠶᠢ ᠤᠶᠠᠯᠳᠤᠭᠤᠯᠬᠤ᠂ ᠡᠮᠨᠡᠯᠬᠡ ᠳᠤ ᠰᠠᠭᠤᠬᠤ ᠪᠠ ᠡᠬᠦᠳᠡᠨ ᠡᠮᠨᠡᠯᠬᠡ ᠳᠤ | ᠦᠵᠡᠬᠦᠯᠬᠦ ᠶᠢ ᠲᠡᠮᠵᠢᠠ ᠲᠤᠰᠠᠯᠠᠬᠤ ᠶᠢ ᠤᠶᠠᠯᠳᠤᠭᠤᠯᠬᠤ᠂ ᠡᠮᠴᠢᠯᠡᠬᠡᠨ ᠤ ᠲᠠᠷᠠᠭᠠᠬᠢ ᠪᠠ ᠡᠮᠴᠢᠯᠡᠬᠡᠨ ᠤ ᠡᠮᠦᠨᠡᠬᠢ | ᠲᠡᠮᠵᠢᠠ ᠲᠤᠰᠠᠯᠠᠬᠤ ᠶᠢ ᠤᠶᠠᠯᠳᠤᠭᠤᠯᠬᠤ ᠵᠡᠷᠬᠡ ︽ᠲᠠᠪᠤ ᠶᠢ ᠨᠢᠬᠡ ᠴᠤᠭᠴᠠᠵᠢᠭᠤᠯᠬᠤ︾ ᠲᠡᠮᠵᠢᠠ ᠲᠤᠰᠠᠯᠠᠬᠤ ᠰᠢᠨ᠎ᠡ | ᠠᠷᠭ᠎ᠠ ᠶᠢ ᠬᠡᠷᠡᠭᠵᠢᠬᠦᠯᠵᠥ ᠪᠤᠢ᠃ | |