ᠦᠪᠣᠷ ᠮᠣᠩᠭᠤᠯ ᠶᠠᠳᠠᠭᠤ ᠶᠢ  ᠳᠡᠳᠬᠦᠬᠦ ᠬᠠᠮᠤᠭ ᠳᠣᠣᠷ᠎ᠠ ᠪᠠᠳᠣᠯᠠᠭ᠎ᠠ ᠶᠢᠨ  ᠪᠠᠶᠢᠭᠤᠯᠣᠮᠵᠢ ᠶᠢ  ᠳᠡᠬᠦᠯᠳᠡᠷᠵᠢᠬᠦᠯᠦᠨ᠎ᠡ
ᠨᠡᠶᠢᠲᠡᠯᠡᠭᠰᠡᠨ ᠴᠠᠭ᠄
2018/4/3
    ᠤᠶᠢᠷ᠎ᠠ ᠳᠤ᠂ ᠦᠪᠦᠷ ᠮᠤᠩᠬᠤᠯ ᠤᠨ ᠦᠪᠡᠷᠳᠡᠬᠡᠨ ᠵᠠᠰᠠᠬᠤ ᠤᠷᠤᠨ ︽ᠡᠷᠡᠬᠦᠯ ᠮᠡᠨᠳᠤ ᠪᠠᠷ ᠶᠠᠳᠠᠭᠤ ᠶᠢ ᠲᠡᠳᠬᠦᠬᠦ ᠠᠵᠢᠯ ᠢ ᠠᠬᠢᠭᠤᠯᠬᠤ ᠲᠦᠰᠦᠯ︾ ᠭᠠᠷᠭᠠᠵᠤ᠂ ᠦᠪᠦᠷ ᠮᠤᠩᠬᠤᠯ ᠤᠨ ᠦᠪᠡᠷᠳᠡᠬᠡᠨ ᠵᠠᠰᠠᠬᠤ ᠤᠷᠤᠨ ᠬᠠᠮᠤᠭ ᠤᠨ ᠲᠤᠤᠷ᠎ᠠ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠲᠤᠭᠳᠠᠭᠠᠬᠤ ᠶᠢ ᠲᠤᠷᠠᠳᠴᠤ᠂ ᠬᠠᠮᠢᠶᠠᠳᠠᠢ ᠰᠠᠯᠠᠭ᠎ᠠ ᠮᠦᠴᠢᠷ ᠤᠨ ᠬᠢᠨ ᠢᠳᠡᠪᠬᠢᠲᠡᠢ ᠬᠠᠮᠵᠢᠯᠴᠠᠵᠤ᠂ ᠡᠯ᠎ᠡ ᠱᠠᠳᠤᠨ ᠤ ᠵᠠᠰᠠᠭ ᠤᠨ ᠤᠷᠳᠤᠨ ᠲᠠᠩᠰᠠ ᠪᠠᠶᠢᠭᠤᠯᠤᠭᠰᠠᠨ ᠶᠠᠳᠠᠭᠤ ᠬᠦᠴᠢᠷᠲᠡᠯᠲᠡᠢ ᠬᠦᠮᠦᠨ ᠠᠮᠠ ᠶᠢ ᠠᠵᠤ ᠠᠬᠤᠶᠢᠯᠠᠯ ᠤᠨ ᠨᠦᠬᠦᠪᠦᠷᠢᠯᠡᠬᠦ ᠲᠠᠭᠠᠳᠬᠠᠯ ᠳᠤ ᠤᠷᠤᠭᠤᠯᠵᠤ᠂ ᠬᠠᠮᠤᠭ ᠤᠨ ᠲᠤᠤᠷ᠎ᠠ ᠪᠠᠳᠤᠯᠠᠭ᠎ᠠ ᠶᠢᠨ ᠪᠠᠶᠢᠭᠤᠯᠤᠮᠵᠢ ᠪᠠᠨ ᠲᠡᠬᠦᠯᠳᠡᠷᠵᠢᠬᠦᠯᠦᠨ᠎ᠡ ᠬᠡᠵᠡᠢ᠃     ᠤᠷᠤᠨ ᠲᠠᠶᠠᠭᠠᠷ ᠤᠨ ᠡᠯ᠎ᠡ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠬᠤᠳᠠ ᠬᠦᠳᠡᠭᠡ ᠶᠢᠨ ᠰᠠᠭᠤᠭᠠᠯᠢ ᠢᠷᠭᠡᠳ ᠤᠨ ᠦᠨᠳᠦᠰᠦᠨ ᠡᠮ ᠡᠮᠨᠡᠯᠬᠡ ᠶᠢᠨ ᠲᠠᠭᠠᠳᠬᠠᠯ᠂ ᠬᠦᠨᠳᠤ ᠡᠪᠡᠳᠴᠢᠨ ᠤ ᠲᠠᠭᠠᠳᠬᠠᠯ᠂ ᠡᠪᠡᠳᠴᠢᠨ ᠠᠴᠠ ᠠᠪᠤᠷᠠᠨ ᠲᠤᠰᠠᠯᠠᠬᠤ᠂ ᠡᠮᠴᠢᠯᠡᠬᠡᠨ ᠤ ᠠᠪᠤᠷᠠᠨ ᠲᠤᠰᠠᠯᠠᠬᠤ᠂ ᠪᠤᠶᠠᠨ ᠤ ᠦᠢᠯᠡᠰ ᠢᠶᠠᠷ ᠠᠪᠤᠷᠠᠨ ᠲᠤᠰᠠᠯᠠᠬᠤ ᠵᠡᠷᠬᠡ ᠲᠦᠷᠢᠮ ᠤᠨ ᠬᠤᠯᠪᠤᠭᠠᠰᠤ ᠪᠠᠶᠢᠭᠤᠯᠤᠮᠵᠢ ᠶᠢ ᠲᠡᠬᠦᠯᠳᠡᠷᠵᠢᠬᠦᠯᠵᠤ᠂ ᠲᠠᠩᠰᠠ ᠪᠠᠶᠢᠭᠤᠯᠤᠭᠰᠠᠨ ᠶᠠᠳᠠᠭᠤ ᠬᠦᠴᠢᠷᠲᠡᠯᠳᠡᠢ ᠬᠦᠮᠦᠨ ᠠᠮᠠ ᠶᠢᠨ ᠡᠮᠴᠢᠯᠡᠬᠡᠨ ᠤ ᠪᠠᠳᠤᠯᠠᠭ᠎ᠠ ᠶᠢᠨ ᠨᠡᠶᠢᠯᠡᠮᠡᠯ ᠬᠦᠴᠦ ᠶᠢ ᠪᠦᠷᠢᠯᠳᠤᠬᠦᠯᠦᠨ᠎ᠡ ᠃ ᠠᠶᠢᠮᠠᠭ ᠬᠤᠳᠠ ᠬᠤᠰᠢᠭᠤ ᠰᠢᠶᠠᠨ ᠢᠶᠠᠷ ᠨᠢᠬᠡᠴᠢ ᠪᠤᠯᠭᠠᠨ ᠶᠠᠳᠠᠭᠤ ᠬᠦᠴᠢᠷᠲᠡᠯᠳᠡᠢ ᠬᠦᠮᠦᠨ ᠠᠮᠠ ᠶᠢᠨ ᠬᠦᠨᠳᠤ ᠡᠪᠡᠳᠴᠢᠨ ᠤ ᠪᠠᠳᠤᠯᠠᠭ᠎ᠠ ᠶᠢᠨ ᠹᠤᠨᠳ᠋᠂ ᠲᠠᠩᠰᠠ ᠪᠠᠶᠢᠭᠤᠯᠤᠭᠰᠠᠨ ᠶᠠᠳᠠᠭᠤ ᠬᠦᠴᠢᠷᠳᠡᠯᠲᠡᠢ ᠬᠦᠨᠳᠤ ᠡᠪᠡᠳᠴᠢᠳᠡᠨ ᠤ ᠡᠮᠨᠡᠯᠬᠡ ᠳᠤ ᠰᠠᠭᠤᠬᠤ ᠵᠠᠷᠤᠳᠠᠯ ᠢ ᠬᠤᠳᠠ ᠬᠦᠳᠡᠭᠡ ᠶᠢᠨ ᠰᠠᠭᠤᠭᠠᠯᠢ ᠢᠷᠭᠡᠳ ᠤᠨ ᠦᠨᠳᠦᠰᠦᠨ ᠡᠮ ᠡᠮᠨᠡᠯᠬᠡ ᠶᠢᠨ ᠲᠠᠭᠠᠳᠬᠠᠯ᠂ ᠬᠦᠨᠳᠤ ᠡᠪᠡᠳᠴᠢᠨ ᠤ ᠲᠠᠭᠠᠳᠬᠠᠯ᠂ ᠡᠪᠡᠳᠴᠢᠨ ᠠᠴᠠ ᠠᠪᠤᠷᠠᠨ ᠲᠤᠰᠠᠯᠠᠬᠤ᠂ ᠡᠮᠴᠢᠯᠡᠬᠡᠨ ᠤ ᠠᠪᠤᠷᠠᠨ ᠲᠤᠰᠠᠯᠠᠬᠤ ᠪᠤᠯᠤᠨ ᠪᠤᠶᠠᠨ ᠤ ᠦᠢᠯᠡᠰ ᠢᠶᠠᠷ ᠠᠪᠤᠷᠠᠨ ᠲᠤᠰᠠᠯᠠᠬᠤ ᠪᠠᠷ ᠴᠠᠶᠢᠷᠠᠭᠤᠯᠤᠭᠰᠠᠨ ᠤ ᠲᠠᠷᠠᠭ᠎ᠠ ᠬᠤᠪᠢ ᠬᠦᠮᠦᠨ ᠤ ᠵᠠᠷᠤᠳᠠᠯ ᠢᠶᠠᠨ ᠬᠠᠮᠤᠭ ᠤᠨ ᠲᠤᠤᠷ᠎ᠠ ᠪᠠᠳᠤᠯᠠᠭ᠎ᠠ ᠪᠠᠷ ᠦᠭᠬᠦᠨ᠎ᠡ᠃ 2019 ᠤᠨ ᠳᠤ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠶᠠᠳᠠᠭᠤ ᠠᠴᠠ ᠠᠩᠬᠢᠵᠢᠷᠠᠬᠤ ᠡᠬᠦᠷᠬᠡ ᠪᠠᠨ ᠪᠡᠶᠡᠯᠡᠬᠦᠯᠵᠤ᠂ 2020 ᠤᠨ ᠳᠤ ᠡᠨᠡᠬᠦ ᠡᠬᠦᠷᠭᠡ ᠪᠠᠨ ᠪᠠᠳᠤᠳᠬᠠᠨ᠎ᠠ ᠬᠡᠵᠤ ︽ᠲᠦᠰᠦᠯ︾ ᠳᠤ ᠲᠤᠷᠠᠳᠪᠠ᠃     ︽ᠲᠦᠰᠦᠯ︾ ᠳᠤ᠂ ᠤᠷᠤᠨ ᠲᠠᠶᠠᠭᠠᠷ ᠤᠨ ᠡᠯ᠎ᠡ ᠠᠶᠢᠮᠠᠭ ᠬᠤᠳᠠ ᠬᠤᠰᠢᠭᠤ ᠰᠢᠶᠠᠨ ᠲᠠᠩᠰᠠ ᠪᠠᠶᠢᠭᠤᠯᠤᠭᠰᠠᠨ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠡᠮᠴᠢᠯᠡᠬᠦᠯᠬᠦ ᠲᠦᠷᠢᠮ ᠢ ᠪᠠᠶᠢᠭᠤᠯᠵᠤ᠂ ᠲᠤᠭᠳᠠᠭᠰᠠᠨ ᠴᠢᠬ ᠤᠨ ᠡᠮᠴᠢᠯᠡᠬᠡᠨ ᠤ ᠪᠠᠶᠢᠭᠤᠯᠤᠮᠵᠢ ᠶᠤᠰᠤᠨ ᠲᠡᠭᠡᠷ᠎ᠡ ᠪᠠᠷ ᠦᠨᠳᠦᠰᠦᠨ ᠡᠮ ᠡᠮᠨᠡᠯᠬᠡ ᠶᠢᠨ ᠲᠠᠭᠠᠳᠬᠠᠯ ᠤᠨ ᠬᠡᠪᠴᠢᠶᠠᠨ ᠲᠤᠳᠤᠷ᠎ᠠ ᠡᠮ ᠵᠠᠷᠤᠬᠤ᠂ ᠤᠨᠤᠰᠢᠯᠠᠨ ᠵᠠᠰᠠᠬᠤ ᠪᠤᠯᠤᠨ ᠡᠮᠴᠢᠯᠡᠬᠦ ᠦᠢᠯᠡᠴᠢᠯᠡᠬᠡᠨ ᠤ ᠲᠦᠭᠦᠬᠡᠷᠦᠮᠵᠢ ᠵᠡᠷᠬᠡ ᠶᠢ ᠤᠷᠢᠳᠠᠪᠡᠷ ᠰᠤᠩᠬᠤᠨ ᠬᠡᠷᠡᠭᠯᠡᠵᠤ᠂ ᠦᠨᠳᠦᠰᠦᠨ ᠡᠮ ᠡᠮᠨᠡᠯᠬᠡ ᠶᠢᠨ ᠲᠠᠭᠠᠳᠬᠠᠯ ᠤᠨ ᠬᠡᠪᠴᠢᠶᠡᠨ ᠠᠴᠠ ᠭᠠᠳᠠᠨᠠᠬᠢ ᠲᠦᠬᠦᠬᠡᠷᠦᠮᠵᠢ ᠶᠢ ᠵᠠᠪᠠᠯ ᠬᠡᠷᠡᠭᠯᠡᠪᠡᠯ ᠬᠡᠷᠡᠭᠯᠡᠬᠦ ᠬᠠᠷᠢᠴᠠᠯ ᠢ ᠴᠢᠩᠭ᠋᠎ᠠ ᠬᠤᠷᠢᠭᠯᠠᠬᠤ ᠬᠡᠷᠡᠭᠲᠡᠢ ᠬᠡᠵᠤ ᠴᠢᠩᠬᠠᠳᠬᠠᠪᠠ᠃     ︽ᠲᠦᠰᠦᠯ︾ ᠳᠤ᠂ ᠤᠷᠤᠨ ᠲᠠᠶᠠᠭᠠᠷ ᠤᠨ ᠡᠯ᠎ᠡ ᠠᠶᠢᠮᠠᠭ ᠬᠤᠳᠠ ᠬᠤᠰᠢᠭᠤ ᠰᠢᠶᠠᠨ ᠨᠢᠬᠡ  ᠦᠷᠳᠡᠭᠡᠴᠢᠯᠡᠨ ᠲᠤᠭᠠᠴᠠᠬᠤ ᠪᠤᠯᠤᠨ ᠤᠷᠢᠳᠠᠪᠡᠷ ᠡᠮᠴᠢᠯᠡᠬᠦᠯᠵᠤ ᠲᠠᠷᠠᠭ᠎ᠠ ᠨᠢ ᠲᠤᠭᠠᠴᠠᠬᠤ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠡᠪᠡᠳᠴᠢᠳᠡᠨ ᠡᠮᠨᠡᠯᠬᠡ ᠠᠴᠠ ᠭᠠᠷᠬᠤ ᠳᠤ ᠵᠦᠪᠬᠡᠨ ᠦᠪᠡᠷ ᠤᠨ ᠲᠤᠭᠠᠴᠠᠬᠤ ᠬᠡᠰᠡᠭ ᠢᠶᠠᠨ ᠲᠦᠯᠦᠪᠡᠯ ᠪᠤᠯᠴᠢᠬᠠᠨ᠎ᠠ᠃ ᠶᠠᠳᠠᠭᠤ ᠬᠦᠴᠢᠷᠳᠡᠯᠲᠡᠢ ᠭᠠᠵᠠᠷ ᠤᠷᠤᠨ ᠲᠡᠰ ᠬᠤᠪᠢᠶᠠᠨ ᠡᠮᠴᠢᠯᠡᠬᠦᠯᠬᠦ ᠲᠦᠷᠢᠮ ᠲᠤᠭᠳᠠᠭᠠᠬᠤ ᠶᠢ ᠴᠢᠩᠬᠠᠳᠬᠠᠵᠤ᠂ ᠦᠨᠳᠦᠰᠦᠨ ᠱᠠᠳᠤᠨ ᠳᠤ ᠤᠷᠢᠳᠠᠪᠡᠷ ᠤᠨᠤᠰᠢᠯᠠᠬᠤ᠂ ᠬᠤᠤᠰ ᠴᠢᠭᠯᠡᠯ ᠳᠤ ᠰᠢᠯᠵᠢᠬᠦᠯᠦᠨ ᠤᠨᠤᠰᠢᠯᠠᠬᠤ᠂ ᠠᠷᠬᠠᠭ ᠡᠰᠡᠬᠦ ᠶᠢ ᠰᠠᠯᠭᠠᠨ ᠡᠮᠴᠢᠯᠡᠬᠦ ᠶᠢ ᠪᠠᠷᠢᠮᠳᠠᠯᠠᠵᠤ᠂ ᠬᠡᠷ ᠪᠦᠯᠢ ᠶᠢᠨ ᠡᠮᠴᠢ ᠶᠢᠨ ᠬᠡᠷ᠎ᠠ ᠶᠢᠨ ᠦᠢᠯᠡᠴᠢᠯᠡᠬᠡᠨ ᠤ ᠪᠠᠭ ᠢ ᠵᠤᠬᠢᠶᠠᠨ ᠪᠠᠶᠢᠭᠤᠯᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠳᠤ ᠪᠤᠳᠠᠳᠠᠶᠢᠴᠢᠯᠠᠭᠰᠠᠨ᠂ ᠦᠷᠬᠦᠯᠵᠢᠯᠡᠭᠰᠡᠨ ᠴᠢᠨᠠᠷ ᠲᠠᠢ ᠡᠷᠡᠬᠦᠯ ᠮᠡᠨᠳᠤ ᠶᠢᠨ ᠬᠠᠮᠢᠶᠠᠷᠤᠯᠳᠠ ᠪᠤᠯᠤᠨ ᠦᠨᠳᠦᠰᠦᠨ ᠡᠮᠴᠢᠯᠡᠬᠡᠨ ᠤ ᠦᠢᠯᠡᠴᠢᠯᠡᠭᠡ ᠬᠠᠩᠬᠠᠬᠤ ᠬᠡᠷᠡᠭᠲᠡᠢ᠃ ᠪᠡᠭᠡᠵᠢᠩ ᠦᠪᠦᠷ ᠮᠤᠩᠬᠤᠯ ᠤᠨ ᠡᠮᠴᠢᠯᠡᠬᠡᠨ ᠤ ᠪᠠᠶᠢᠭᠤᠯᠤᠮᠵᠢ ᠶᠢᠨ ᠠᠳᠠᠯᠢ ᠴᠢᠭᠯᠡᠯ ᠤᠨ ᠲᠤᠰᠠᠯᠠᠮᠵᠢ ᠪᠤᠯᠤᠨ ᠬᠤᠳᠠ ᠬᠦᠳᠡᠭᠡ ᠶᠢᠨ ᠡᠮᠨᠡᠯᠬᠡ ᠶᠢᠨ ᠠᠳᠠᠯᠢ ᠴᠢᠭᠯᠡᠯ ᠤᠨ ᠲᠤᠰᠠᠯᠠᠮᠵᠢ ᠶᠢ ᠬᠡᠷᠡᠭᠵᠢᠬᠦᠯᠵᠤ᠂ ᠦᠨᠳᠦᠰᠦᠨ ᠱᠠᠳᠤᠨ ᠤ ᠡᠮᠴᠢᠯᠡᠭᠡ ᠡᠷᠡᠬᠦᠯ ᠮᠡᠨᠳᠤ ᠶᠢᠨ ᠪᠠᠶᠢᠭᠤᠯᠤᠮᠵᠢ ᠶᠢᠨ ᠡᠩ ᠤᠨ ᠡᠪᠡᠳᠴᠢᠨ᠂ ᠤᠯᠠᠨ ᠲᠤᠬᠢᠶᠠᠯᠳᠤᠬᠤ ᠡᠪᠡᠳᠴᠢᠨ ᠢ ᠤᠨᠤᠰᠢᠯᠠᠬᠤ ᠲᠦᠪᠰᠢᠨ ᠪᠤᠯᠤᠨ ᠬᠡᠨᠡᠳᠳᠡ ᠶᠢᠨ ᠬᠦᠨᠳᠤ ᠡᠪᠡᠳᠴᠢᠨ᠂ ᠬᠡᠳᠤ ᠬᠦᠨᠳᠤ ᠡᠪᠡᠳᠴᠢᠨ ᠢ ᠰᠢᠯᠵᠢᠬᠦᠯᠦᠨ ᠡᠮᠴᠢᠯᠡᠬᠦ ᠴᠢᠳᠠᠮᠵᠢ ᠶᠢ ᠴᠢᠩᠬᠠᠳᠭᠠᠵᠤ᠂ ᠢᠷᠭᠡᠳ ᠤᠨ ᠤᠶᠢᠷ᠎ᠠ ᠭᠠᠵᠠᠷ ᠲᠤ ᠪᠠᠨ ᠨᠡᠯᠢᠶᠡᠳ ᠦᠨᠳᠤᠷ ᠬᠡᠮᠵᠢᠶᠡᠨ ᠤ ᠦᠨᠳᠦᠰᠦᠨ ᠡᠮᠴᠢᠯᠡᠬᠡᠨ ᠤ ᠦᠢᠯᠡᠴᠢᠯᠡᠭᠡ ᠶᠢ ᠡᠳ᠋ᠯᠡᠬᠦ ᠳᠤ ᠲᠦᠬᠦᠮ ᠦᠵᠡᠬᠦᠯᠵᠤ᠂ ᠡᠪᠡᠳᠴᠢᠨ ᠦᠵᠡᠬᠦᠯᠬᠦ ᠬᠦᠴᠢᠷᠳᠡᠯ ᠢ ᠨᠠᠮᠳᠠᠭᠠᠬᠤ ᠬᠡᠷᠡᠭᠲᠡᠢ ᠭᠡᠵᠤ ᠱᠠᠭᠠᠷᠳᠠᠪᠠ᠃
 
ᠢᠷᠡᠯᠲᠡ᠄ ᠠᠷᠠᠳ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号