ᠳᠣᠮᠳᠠᠳᠣ ᠮᠣᠩᠭᠤᠯ ᠬᠤᠶᠠᠷ ᠤᠯᠤᠰ ᠤᠨ ᠳᠣᠣᠷ ᠪᠦᠮᠪᠦᠭᠡᠴᠢᠳ ᠤᠨ ᠨᠡᠶᠢᠭᠡᠮᠯᠢᠭ ᠠᠴᠠ ᠬᠠᠮᠳᠣᠷᠠᠨ ᠠᠵᠢᠯᠯᠠᠬᠤ ᠳᠦᠷᠦᠯ ᠵᠦᠢᠯ ᠤᠨ ᠭᠡᠷ᠎ᠡ ᠳᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2018/4/3
     9 ᠰᠠᠷ᠎ᠠ ᠶᠢᠨ16 ᠤ ᠡᠳᠦᠷ᠂ ︽︿ᠨᠢᠭᠡ ᠪᠦᠰᠡ ᠨᠢᠭᠡ ᠵᠠᠮ﹀ ᠤᠨ ᠠᠵᠠ ᠳᠣᠬᠢᠶᠠᠯ ᠢ ᠠᠳᠬᠤᠨ᠂ ᠠᠵᠤ ᠠᠬᠤᠢ ᠶᠢᠨ ᠬᠠᠮᠳᠤ ᠶᠢᠨ ᠠᠵᠢᠯᠯᠠᠭᠠᠨ ᠤ ᠬᠤᠩᠭᠢᠯ ᠢ ᠬᠠᠮᠳᠣᠪᠠᠷ ᠪᠦᠳᠦᠭᠡᠨ ᠪᠠᠶᠢᠭᠤᠯᠬᠤ︾ ᠭᠡᠬᠦ ᠭᠤᠣᠯ ᠰᠡᠳᠦᠪ  ᠤᠨ ᠬᠦᠷᠢᠶᠡᠨ ᠳᠤ ᠵᠣᠬᠢᠶᠠᠨ ᠪᠠᠶᠢᠭᠤᠯᠤᠭᠳᠠᠭᠰᠠᠨ 2017 ᠣᠨ ᠤ ᠳᠣᠮᠳᠠᠳᠣ ᠣᠯᠣᠰ ᠤᠨ ᠡᠷᠢᠶᠡᠨ ᠬᠤᠳᠠ ᠳᠠᠬᠢ ᠳᠣᠮᠳᠠᠳᠣ ᠮᠣᠩᠭᠤᠯ ᠣᠷᠣᠰ ᠤᠨ ᠬᠤᠳᠠᠯᠳᠤᠭ᠎ᠠ ᠠᠵᠤ ᠠᠬᠤᠢ ᠶᠢᠨ ᠬᠠᠮᠳᠣ ᠶᠢᠨ ᠠᠵᠢᠯᠯᠠᠭᠠᠨ ᠤ ᠴᠢᠭᠤᠯᠭ᠎ᠠ ᠠᠭᠤᠯᠵᠠᠯᠳᠠ ᠵᠢᠴᠢ APEC ᠶᠢᠨ ᠳᠣᠮᠳᠠ ᠵᠢᠵᠢᠭ ᠠᠵᠤ ᠠᠬᠤᠶᠢᠯᠠᠯ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠳᠡᠭᠡᠳᠥ ᠠᠭᠤᠯᠵᠠᠯᠳᠠ ᠨᠢ ᠮᠠᠨ ᠤ ᠬᠤᠳᠠ ᠶᠢᠨ ᠣᠯᠠᠨ ᠣᠯᠣᠰ ᠤᠨ ᠬᠤᠷᠠᠯ ᠦᠵᠡᠰᠭᠦᠯᠡᠩ ᠤᠨ ᠳᠦᠪ ᠲᠤ ᠥᠪᠡᠭᠳᠡᠰᠢ ᠶᠡᠬᠡᠪᠡᠷ ᠨᠡᠭᠡᠭᠡᠯᠳᠡ ᠪᠠᠨ ᠬᠢᠯ᠎ᠡ᠃ ᠠᠭᠤᠯᠵᠠᠯᠳᠠ ᠳᠤ ᠦᠪᠥᠷ ᠮᠣᠩᠭᠤᠯ ᠤᠨ ᠵᠠᠰᠠᠭ ᠤᠨ ᠣᠷᠳᠣᠨ ᠤ ᠳᠦᠯᠥᠭᠡᠯᠡᠭᠴᠢᠳ᠂ ᠮᠣᠩᠭᠤᠯ ᠪᠣᠯᠣᠨ ᠣᠷᠣᠰ ᠣᠯᠣᠰ ᠤᠨ ᠪᠠᠶᠢᠭᠤᠯᠤᠯᠭ᠎ᠠ ᠪᠠ ᠠᠵᠤ ᠠᠬᠤᠶᠢᠯᠠᠯ ᠤᠨ ᠳᠥᠯᠥᠭᠡᠯᠡᠭᠴᠢᠳ᠂ ᠬᠢᠯᠢ ᠠᠯᠣᠰᠯᠠᠭᠰᠠᠨ ᠴᠠᠬᠢᠮ ᠬᠤᠳᠠᠯᠳᠤᠭ᠎ᠠ ᠶᠢ ᠠᠮᠵᠢᠯᠳᠠ ᠲᠠᠢ ᠡᠷᠬᠢᠯᠡᠭᠰᠡᠨ ᠠᠵᠤ ᠠᠬᠤᠶᠢᠯᠠᠯ  ᠤᠨ ᠳᠥᠯᠥᠭᠡᠯᠡᠭᠴᠢ᠂ ᠬᠠᠮᠢᠶ᠎ᠠ ᠪᠦᠬᠦᠢ  ᠮᠡᠳᠡᠭᠡ ᠵᠠᠭᠤᠴᠢᠯᠠᠭᠤᠷ ᠵᠢᠴᠢ ᠬᠤᠷᠠᠯ ᠳᠤ ᠣᠷᠣᠯᠴᠠᠭᠰᠠᠨ ᠣᠯᠣᠰ ᠤᠨ ᠳᠣᠳᠣᠭᠠᠳᠣ ᠶᠢᠨ ᠠᠵᠤ ᠠᠬᠤᠶᠢᠯᠠᠯ ᠤᠨ ᠳᠥᠯᠥᠭᠡᠯᠡᠭᠴᠢᠳ ᠵᠡᠷᠭᠡ 3000 ᠭᠠᠷᠤᠢ ᠬᠦᠮᠥᠨ ᠣᠷᠣᠯᠴᠠᠭᠰᠠᠨ ᠪᠠᠶᠢᠵᠤ᠂ ᠡᠷᠢᠶᠡᠨ ᠬᠤᠳᠠ ᠶᠢᠨ ᠭᠠᠵᠠᠷ ᠣᠷᠣᠨ ᠤ ᠠᠵᠤ ᠠᠬᠤᠢ ᠪᠠ ᠭᠠᠳᠠᠭᠠᠳᠤ ᠬᠤᠳᠠᠯᠳᠣᠭᠠᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠬᠢᠴᠠ ᠶᠢ ᠳᠦᠷᠭᠡᠳᠭᠡᠨ᠂ ᠳᠣᠮᠳᠠᠳᠣ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠵᠡᠷᠭᠡ ᠠᠭᠤᠯᠭ᠎ᠠ ᠶᠢᠨ ᠳᠣᠭᠤᠷᠢᠨ ᠳᠤ ᠶᠠᠷᠢᠯᠴᠠᠯᠭ᠎ᠠ ᠦᠷᠨᠢᠭᠦᠯᠪᠡ᠃ ᠡᠭᠦᠨ ᠤ ᠳᠠᠰᠢᠷᠠᠮ ᠢᠶᠠᠷ᠂ ᠪᠠᠰᠠ ᠳᠣᠮᠳᠠᠳᠣ ᠮᠣᠩᠭᠤᠯ ᠣᠷᠣᠰ ᠤᠨ ᠠᠶᠠᠯᠠᠯ ᠵᠢᠭᠤᠯᠴᠢᠯᠠᠯ ᠤᠨ ᠬᠠᠮᠳᠣ ᠶᠢᠨ ᠠᠵᠢᠯᠯᠠᠭᠠᠨ ᠤ ᠴᠢᠭᠤᠯᠭ᠎ᠠ ᠠᠭᠤᠯᠵᠠᠯᠳᠠ ᠪᠠ ᠳᠣᠮᠳᠠᠳᠣ ᠮᠣᠩᠭᠤᠯ ᠣᠷᠣᠰ  ᠤᠨ ᠢᠳᠡᠰᠢᠨ ᠳᠣᠰᠣᠨ ᠤ ᠠᠷᠠᠯᠵᠢᠶ᠎ᠠ ᠪᠠ ᠪᠣᠯᠪᠠᠰᠣᠷᠠᠭᠤᠯᠤᠯᠳᠠ ᠶᠢᠨ ᠬᠥᠭᠵᠢᠯᠳᠡ ᠶᠢᠨ ᠬᠠᠮᠳᠣ ᠶᠢᠨ ᠠᠵᠢᠯᠯᠠᠭᠠᠨ  ᠤ ᠠᠭᠤᠯᠵᠠᠯᠳᠠ ᠵᠡᠷᠭᠡ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠳ ᠳᠦᠷᠦᠯ ᠵᠦᠢᠯ   ᠢᠶᠠᠨ ᠬᠠᠷᠢᠯᠴᠠᠨ ᠳᠠᠨᠢᠯᠴᠠᠭᠤᠯᠤᠯ᠎ᠠ᠃      9 ᠰᠠᠷ᠎ᠠ ᠶᠢᠨ17 ᠤ ᠦᠳᠡ ᠶᠢᠨ ᠬᠤᠶᠢᠨ᠎ᠠ᠂ ᠡᠷᠢᠶᠡᠨ ᠬᠤᠳᠠ ᠶᠢᠨ ᠳᠣᠣᠷ  ᠪᠦᠮᠪᠦᠭᠡᠴᠢᠳ ᠤᠨ ᠨᠡᠶᠢᠭᠡᠮᠯᠢᠭ ᠤᠨ ᠳᠠᠷᠤᠭ᠎ᠠ ᠹᠠᠨ ᠴᠢᠣᠸᠠᠨ ᠽᠥᠩ ᠪᠣᠯᠣᠨ ᠮᠣᠩᠭᠤᠯ ᠤᠯᠤᠰ ᠤᠨ ᠳᠣᠣᠷ ᠪᠦᠮᠪᠦᠭᠡᠴᠢᠳ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠨᠢᠮᠠᠳᠡᠯᠭᠡᠷ ᠨᠠᠷ ᠪᠠᠶᠢᠯᠳᠤᠬᠤ ᠪᠤᠳᠤᠯᠭ᠎ᠠ ᠶᠢᠨ ᠬᠠᠮᠳᠤ ᠶᠢᠨ ᠠᠵᠢᠯᠯᠠᠭᠠᠨ ᠤ ᠭᠡᠷ᠎ᠡ ᠳᠤ ᠦᠵᠦᠭᠯᠡᠬᠦ ᠶᠣᠰᠣᠯᠠᠯ ᠶᠠᠪᠤᠭᠳᠠᠭᠤᠯᠵᠠᠢ᠂ ᠭᠡᠷ᠎ᠡ   ᠶᠢᠨ ᠭᠤᠣᠯ ᠠᠭᠤᠯᠭ᠎ᠠ ᠨᠢ᠄ ᠨᠢᠭᠡ ᠳᠤ ᠂ ᠳᠣᠮᠳᠠᠳᠣ ᠮᠣᠩᠭᠤᠯ ᠤᠨ ᠵᠠᠯᠠᠭᠤᠴᠣᠳ ᠪᠠᠭᠠᠴᠣᠳ ᠤᠨ ᠳᠣᠣᠷ ᠪᠦᠮᠪᠦᠭᠡ ᠶᠢᠨ ᠪᠣᠯᠪᠠᠰᠣᠷᠠᠯ ᠤᠨ ᠰᠠᠭᠤᠷᠢᠨ ᠭᠠᠵᠠᠷ ᠢ ᠬᠠᠮᠳᠣᠪᠠᠷ ᠪᠠᠶᠢᠭᠤᠯᠬᠤ︔ ᠬᠤᠶᠠᠷ ᠲᠤ᠂ ᠳᠣᠮᠳᠠᠳᠣ ᠮᠣᠩᠭᠤᠯ ᠣᠷᠣᠰ ᠤᠨ ᠳᠣᠣᠷ ᠪᠦᠮᠪᠦᠭᠡᠴᠢᠳ ᠤᠨ ᠨᠦᠭᠦᠷᠰᠡᠭ ᠳᠡᠮᠡᠴᠡᠭᠡᠨ ᠢ ᠮᠠᠨ ᠤ ᠣᠷᠣᠨ ᠤ ᠭᠠᠳᠠᠭᠠᠳᠤ ᠳᠤ ᠬᠠᠨᠳᠤᠭᠰᠠᠨ ᠪᠡᠶ᠎ᠡ ᠳᠠᠮᠢᠷ ᠤᠨ ᠳᠡᠮᠡᠴᠡᠭᠡᠨ ᠤ ᠬᠠᠮᠳᠣ  ᠶᠢᠨ ᠠᠵᠢᠯᠯᠠᠭᠠᠨ ᠤ ᠳᠦᠷᠦᠯ ᠵᠦᠢᠯ ᠤᠨ ᠨᠡᠷᠡᠳᠥ ᠳᠡᠮᠳᠡᠭᠳᠥ ᠪᠣᠯᠭᠠᠨ ᠪᠦᠳᠦᠭᠡᠨ ᠪᠠᠶᠢᠭᠤᠯᠬᠤ︔ ᠭᠤᠷᠪᠠ ᠳᠤ᠂ ᠳᠣᠣᠷ ᠪᠦᠮᠪᠦᠭᠡ ᠶᠢᠨ ᠳᠡᠮᠡᠴᠡᠭᠡᠨ ᠢ ᠬᠠᠮᠳᠣᠷᠠᠨ ᠵᠣᠬᠢᠶᠠᠨ ᠪᠠᠶᠢᠭᠤᠯᠬᠤ ᠪᠠ ᠳᠣᠣᠷ ᠪᠦᠮᠪᠦᠭᠡᠨ ᠤ ᠰᠣᠶᠣᠯ ᠤᠨ ᠰᠣᠯᠢᠯᠴᠠᠭ᠎ᠠ ᠶᠢ ᠨᠢᠭᠳᠠᠷᠠᠭᠤᠯᠬᠤ ᠪᠠᠷ ᠳᠠᠮᠵᠢᠨ᠂ ᠬᠤᠶᠠᠷ ᠣᠯᠣᠰ ᠤᠨ ᠬᠤᠭᠤᠷᠣᠨᠳᠣ ︽ᠪᠡᠶ᠎ᠡ ᠶᠢᠨ ᠳᠠᠮᠢᠷ +︾ ᠭᠡᠮᠡᠬᠦ ᠰᠢᠨ᠎ᠡ ᠬᠡᠯᠪᠡᠷᠢ ᠶᠢᠨ ᠠᠵᠤ ᠦᠢᠯᠡᠰ ᠢ ᠡᠭᠦᠳᠦᠨ ᠪᠦᠳᠦᠭᠡᠵᠥ᠂ ᠬᠤᠶᠠᠷ ᠣᠯᠣᠰ ᠤᠨ ᠳᠣᠣᠷ ᠪᠦᠮᠪᠦᠭᠡᠨ ᠤ ᠳᠦᠷᠥᠯ ᠵᠦᠢᠯ ᠤᠨ ᠬᠠᠮᠳᠣ ᠶᠢᠨ ᠠᠵᠢᠯᠯᠠᠭ᠎ᠠ ᠶᠢ ᠳᠦᠯᠬᠢᠨ ᠠᠬᠢᠭᠤᠯᠤᠨ᠎ᠠ᠃ ᠭᠡᠷ᠎ᠡ ᠳᠤ ᠭᠠᠷ ᠤᠨ ᠦᠰᠦᠭ ᠵᠢᠷᠣᠭᠰᠠᠨ ᠤ ᠳᠠᠷᠠᠭ᠎ᠠ ᠬᠤᠶᠠᠷ ᠳᠠᠯ᠎ᠠ ᠨᠢ ᠬᠠᠷᠢᠯᠴᠠᠨ ᠠᠰᠢᠭ ᠲᠠᠢ ᠬᠠᠮᠳᠣ ᠶᠢᠨ ᠢᠯᠠᠯᠳᠠ ᠳᠤ ᠬᠦᠷᠬᠦ ᠬᠦᠰᠡᠯ ᠨᠠᠶᠢᠳᠠᠯᠭ᠎ᠠ ᠪᠠᠨ ᠢᠯᠡᠷᠭᠡᠶᠢᠯᠡᠵᠥ᠂ ᠬᠤᠶᠢᠰᠢᠳᠠ ᠶᠢᠨ ᠬᠠᠮᠳᠣ ᠶᠢᠨ ᠰᠠᠷᠠᠭᠤᠯ ᠰᠠᠶᠢᠬᠠᠨ ᠢᠷᠡᠭᠡᠳᠦᠢ ᠪᠠᠨ ᠵᠥᠩᠨᠡᠨ ᠪᠡᠯᠭᠡᠳᠡᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号