ᠡᠷᠶᠢᠶᠡᠨ ᠬᠤᠳᠠ ᠠᠴᠠ 2017 ᠣᠨ ᠤ ᠭᠤᠷᠪᠠᠳᠤᠭᠠᠷ ᠬᠤᠭᠤᠴᠠᠭᠠᠨ ᠤ ︽ᠡᠷᠢᠶᠡᠨ — ᠵᠠᠮ ᠤᠨ ᠡᠭᠦᠳᠡ ᠬᠤᠨᠳᠠᠭᠠᠳᠤ︾ ᠣᠯᠠᠨ ᠤᠯᠤᠰ ᠤᠨ ᠵᠠᠯᠠᠭᠤᠴᠣᠳ ᠪᠠᠭᠠᠴᠤᠳ ᠤᠨ ᠬᠥᠯ ᠪᠥᠮᠪᠦᠭᠡ ᠶᠢᠨ ᠨᠥᠭᠦᠷᠰᠡᠭ ᠳᠡᠮᠡᠴᠡᠭᠡᠨ ᠢ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2018/4/3
   7 ᠰᠠᠷ᠎ᠠ ᠶᠢᠨ 18 ᠤ ᠡᠳᠦᠷ᠂ ᠡᠷᠢᠶᠡᠨ ᠬᠤᠳᠠ ᠶᠢᠨ ᠮᠣᠩᠭᠤᠯ ᠳᠣᠮᠳᠠᠳᠣ ᠰᠤᠷᠭᠠᠭᠤᠯᠢ ᠠᠴᠠ ᠭᠤᠤᠯᠯᠠᠨ ᠡᠷᠬᠢᠯᠡᠭᠰᠡᠨ 2017 ᠣᠨ ᠤ ᠭᠤᠷᠪᠠᠳᠣᠭᠠᠷ ᠬᠤᠭᠤᠴᠠᠭᠠᠨ ᠤ ︽ᠡᠷᠢᠶᠡᠨ — ᠵᠠᠮ ᠤᠨ ᠡᠭᠦᠳᠡ ᠬᠤᠨᠳᠠᠭᠠᠳᠣ︾ ᠣᠯᠠᠨ ᠣᠯᠣᠰ ᠤᠨ ᠵᠠᠯᠠᠭᠤᠴᠣᠳ ᠪᠠᠭᠠᠴᠤᠳ ᠤᠨ ᠬᠥᠯ ᠪᠦᠮᠪᠦᠭᠡ ᠶᠢᠨ ᠨᠥᠬᠦᠷᠰᠡᠭ ᠳᠡᠮᠡᠴᠡᠭᠡᠨ ᠨᠢ ᠡᠷᠢᠶᠡᠨ ᠬᠤᠳᠠ ᠶᠢᠨ ᠮᠣᠩᠭᠤᠯ ᠳᠣᠮᠳᠠᠳᠣ ᠰᠣᠷᠭᠠᠭᠤᠯᠢ ᠶᠢᠨ ᠲᠠᠮᠢᠷ ᠤᠨ ᠳᠠᠯᠠᠪᠣᠷ ᠲᠤ ᠨᠡᠭᠡᠭᠡᠯᠳᠡ ᠪᠠᠨ ᠬᠢᠯ᠎ᠡ᠃ ᠮᠤᠩᠭᠤᠯ ᠤᠯᠤᠰ ᠤᠨ ᠤᠯᠠᠭᠠᠨᠪᠠᠭᠠᠳᠤᠷ ᠬᠤᠳᠠ ᠶᠢᠨ ︽ᠳᠡᠷᠡᠨ︾ ᠺᠯᠥ᠋ᠪ᠂ ᠣᠷᠣᠰ ᠤᠨ ︽ᠺᠧᠷᠡᠩᠭᠡ︾ ᠺᠯᠦ᠋ᠪ᠂ ᠰᠦᠨᠢᠳ ᠵᠡᠭᠦᠨ ᠬᠤᠰᠢᠭᠤ᠂ ᠰᠦᠨᠢᠳ ᠪᠠᠷᠠᠭᠤᠨ ᠬᠤᠰᠢᠭᠤ᠂ ᠤᠯᠠᠭᠠᠨᠬᠠᠳᠠ ᠬᠤᠳᠠ ᠶᠢᠨ ᠪᠠᠭᠠᠷᠢᠨ ᠵᠡᠭᠦᠨ ᠬᠤᠰᠢᠭᠤ ᠵᠢᠴᠢ ᠮᠠᠨ ᠤ ᠬᠤᠳᠠ ᠶᠢᠨ 16 ᠳᠥᠯᠥᠭᠡᠯᠡᠭᠴᠢᠳ ᠤᠨ ᠪᠦᠯᠬᠦᠮ ᠤᠨ 270 ᠨᠡᠷᠡᠰ ᠳᠠᠮᠢᠷᠴᠢᠳ ᠤᠷᠤᠯᠳᠤᠭᠠᠨ ᠳᠤ ᠤᠷᠤᠯᠴᠠᠪᠠ᠃ ᠳᠣᠰ ᠣᠳᠠᠭᠠᠨ ᠤ ᠤᠷᠤᠯᠳᠤᠭᠠᠨ ᠨᠢ 3 ᠬᠤᠨᠤᠭ ᠶᠠᠪᠣᠭᠳᠠᠵᠤ᠂ ᠡᠷᠡᠭᠳᠡᠢ ᠶᠢᠨ 11 ᠬᠦᠮᠥᠨ ᠤ ᠳᠦᠷᠢᠮᠳᠤ ᠪᠠ ᠡᠮᠡᠭᠳᠡᠢ ᠶᠢᠨ 5 ᠬᠦᠮᠥᠨ ᠤ ᠳᠦᠷᠢᠮᠳᠤ ᠬᠦᠯ ᠪᠦᠮᠪᠦᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠵᠤ᠂ ᠨᠢᠭᠡᠳᠦᠭᠡᠷ ᠦᠶ᠎ᠡ ᠱᠠᠳᠣᠨ ᠳᠤ ᠳᠣᠭᠤᠶᠢᠯᠠᠩ ᠬᠤᠪᠢᠶᠠᠵᠤ ᠡᠭᠡᠯᠵᠢᠯᠡᠨ ᠤᠷᠤᠯᠳᠤᠬᠤ ᠪᠠ ᠬᠤᠶᠠᠳᠤᠭᠠᠷ ᠦᠶ᠎ᠡ ᠱᠠᠳᠤᠨ ᠳᠤ ᠰᠣᠯᠪᠢᠴᠠᠨ ᠰᠢᠭᠰᠢᠬᠦ ᠪᠠᠷ ᠳᠠᠮᠵᠢᠨ ᠡᠷᠡᠭᠳᠡᠢ᠂ ᠡᠮᠡᠭᠳᠡᠢ ᠳᠣᠭᠤᠶᠢᠯᠠᠩ ᠤᠨ ᠡᠮᠦᠨ᠎ᠡ ᠭᠤᠷᠪᠠᠨ ᠨᠡᠷᠡᠰ ᠢ ᠳᠣᠳᠣᠷᠠᠭᠤᠯᠤᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
加⓫