ᠳᠣᠮᠳᠠᠳᠦ᠂ ᠮᠣᠩᠭᠤᠯ᠂ ᠣᠷᠣᠰ ᠤᠨ ᠮᠣᠩᠭᠤᠯ ᠪᠦᠬᠡ ᠶᠢᠨ ᠪᠠᠷᠢᠯᠳᠣᠭᠠᠨ ᠪᠣᠯᠣᠯ᠎ᠠ
ᠨᠡᠶᠢᠲᠡᠯᠡᠭᠰᠡᠨ ᠴᠠᠭ᠄
2018/4/4
      ︽ᠰᠦᠯᠳᠡ︾ ᠬᠤᠨᠳᠠᠭᠠᠳᠤ ᠳᠤᠮᠳᠠᠳᠤ ᠮᠤᠩᠭᠤᠯ ᠤᠷᠤᠰ ᠤᠨ ᠮᠤᠩᠭᠤᠯ ᠪᠦᠭᠡ ᠶᠢᠨ ᠪᠠᠷᠢᠯᠳᠤᠭᠠᠨ 3 ᠳ᠋ᠤᠭᠠᠷ ᠰᠠᠷ᠎ᠠ ᠶᠢᠨ 15 ᠤ ᠡᠳᠦᠷ ᠡᠷᠢᠶᠡᠨ ᠬᠤᠳᠠ ᠳᠤ ᠪᠤᠯᠤᠯ᠎ᠠ᠃ᠤᠷᠤᠯᠳᠤᠭᠠᠨ ᠳᠤ ᠳᠠᠯᠠᠢ ᠠᠪᠤᠷᠭᠤ ᠮᠢ᠊ · ᠰᠤᠶᠤᠯ᠂ ᠴᠠᠭᠠᠨᠵᠠᠭᠠᠨ᠂ ᠠᠪᠤᠷᠭᠤ ᠪᠠᠶᠠᠷᠪᠠᠭᠠᠳᠤᠷ ᠵᠡᠷᠭᠡ ᠬᠦᠴᠦᠳᠡᠨ  ᠠᠴᠠ ᠭᠠᠳᠠᠨ᠎ᠠ᠂ ᠮᠤᠩᠭᠤᠯ ᠤᠯᠤᠰ ᠤᠨ ᠤᠯᠤᠰ ᠤᠨ ᠠᠷᠰᠯᠠᠨ ᠪᠠᠳᠤᠰᠠᠭᠤᠷᠢ᠂ ᠤᠯᠤᠰ ᠤᠨ ᠵᠠᠭᠠᠨ ᠫᠦᠷᠪᠦᠰᠠᠶᠢᠬᠠᠨ᠂ ᠤᠯᠤᠰ ᠤᠨ ᠬᠠᠷᠴᠠᠭᠠᠢ ᠪᠠᠳᠤᠵᠠᠶᠠᠭ᠎ᠠ᠂ ᠬᠠᠩᠭᠠᠢ᠂ ᠤᠯᠤᠰ ᠤᠨ ᠨᠠᠴᠢᠨ ᠠᠮᠤᠷᠵᠠᠶᠠᠭ᠎ᠠ ᠵᠡᠷᠭᠡ 18 ᠪᠦᠭᠡᠴᠢᠨ᠂ ᠤᠷᠤᠰ ᠤᠨ ᠬᠤᠯᠪᠤᠭᠠᠨ ᠤ ᠪᠦᠬᠦᠳᠡ ᠨᠠᠶᠢᠷᠠᠮᠳᠠᠬᠤ ᠳᠤᠸᠠ ᠤᠯᠤᠰ ᠤᠨ 2 ᠪᠦᠭᠡ ᠤᠷᠢᠯᠭ᠎ᠠ  ᠪᠠᠷ ᠤᠷᠤᠯᠴᠠᠵᠦ᠂ ᠨᠡᠶᠢᠳᠡ 256 ᠪᠦᠭᠡ ᠵᠤᠳᠤᠭᠯᠠᠭᠰᠠᠨ ᠪᠠᠶᠢᠨ᠎ᠠ᠃      ᠤᠷᠤᠯᠳᠤᠭᠠᠨ ᠢ ᠡᠷᠢᠶᠡᠨ ᠬᠤᠳᠠ ᠶᠢᠨ ᠰᠤᠶᠤᠯ ᠲᠠᠮᠢᠷ ᠰᠤᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠳᠤᠪᠴᠢᠶ᠎ᠠ᠂ ᠡᠷᠢᠶᠡᠨ ᠬᠤᠳᠠ ᠶᠢᠨ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ    ᠳᠤᠪᠴᠢᠶ᠎ᠠ ᠡᠷᠬᠢᠯᠡᠵᠦ᠂ ᠡᠷᠢᠶᠡᠨ ᠬᠤᠳᠠ ᠶᠢᠨ ᠰᠦᠯᠳᠡ ᠪᠦᠭᠡ ᠶᠢᠨ ᠨᠡᠶᠢᠬᠡᠮᠯᠢᠭ ᠬᠠᠷᠢᠭᠤᠴᠠᠨ ᠵᠤᠬᠢᠶᠠᠨ ᠪᠠᠶᠢᠭᠤᠯᠤᠭᠰᠠᠨ ᠶᠤᠮ      ᠡᠨᠡ ᠤᠳᠠᠭ᠎ᠠ ᠵᠤᠬᠢᠶᠠᠨ ᠪᠠᠶᠢᠭᠤᠯᠤᠭᠴᠢ ᠨᠢᠭᠡᠴᠡ ᠶᠢᠨ ᠬᠢᠨ ᠪᠠᠰᠠ ᠡᠷᠢᠶᠡᠨ ᠬᠤᠳᠠ ᠶᠢᠨ ᠮᠤᠩᠭᠤᠯ ᠪᠠᠭ᠎ᠠ ᠰᠤᠷᠭᠠᠭᠤᠯᠢ ᠶᠢᠨ ᠰᠤᠷᠤᠯᠭ᠎ᠠ ᠬᠢᠴᠢᠶᠡᠯ ᠳᠤ ᠪᠠᠨ ᠴᠢᠷᠮᠠᠶᠢᠯᠳᠠ ᠲᠠᠢ ᠭᠤᠷᠪᠠᠨ ᠰᠠᠶᠢᠨᠳᠠᠢ ᠰᠤᠷᠤᠭᠴᠢ ᠶᠢ ᠤᠷᠮᠠᠰᠢᠭᠤᠯᠤᠨ ᠱᠠᠩᠨᠠᠭᠰᠠᠨ ᠪᠠᠶᠢᠨ᠎ᠠ᠃      ᠰᠤᠳᠤᠨ ᠪᠥᠬᠡᠴᠢᠳ ᠤᠨ ᠬᠦᠴᠦ ᠰᠣᠷᠢᠭᠰᠠᠨ ᠡᠨᠡᠬᠦ ᠪᠠᠷᠢᠯᠳᠤᠭᠠᠨ ᠳᠤ ᠵᠡᠬᠦᠨ ᠦᠵᠦᠮᠦᠴᠢᠨ ᠤ ᠴᠢᠬᠢᠷᠠᠭ ᠲᠡᠷᠢᠬᠦᠯᠡᠵᠦ᠂ ᠵᠡᠬᠦᠨ ᠦᠵᠦᠮᠦᠴᠢᠨ ᠤ ᠪᠠᠶᠠᠷᠪᠠᠭᠠᠳᠤᠷ ᠳᠡᠳ᠋ᠯᠡᠵᠡᠢ᠃ᠳᠡᠭᠡᠲᠦ ᠨᠠᠢᠮᠠ᠄1. ᠴᠢᠬᠢᠷᠠᠭ ︵ᠵᠡᠬᠦᠨ ᠦᠵᠦᠮᠦᠴᠢᠨ︶᠄2. ᠪᠠᠶᠠᠷᠪᠠᠭᠠᠳᠤᠷ ︵ᠵᠡᠬᠦᠨ ᠦᠵᠦᠮᠦᠴᠢᠨ︶3. ᠴᠠᠭᠠᠨᠵᠠᠭᠠᠨ ︵ᠪᠠᠷᠠᠭᠤᠨ ᠦᠵᠦᠮᠦᠴᠢᠨ︶4. ᠮᠤᠩᠭᠤᠯ ᠤᠯᠤᠰ ᠤᠨ ᠬᠠᠷᠴᠠᠭᠠᠢ ᠬᠠᠩᠭᠠᠢ5. ᠪᠦᠷᠢᠨᠰᠠᠶᠢᠨ ︵ᠰᠢᠯᠤᠭᠤᠨ ᠴᠠᠭᠠᠨ ᠬᠤᠰᠢᠭᠤ︶6. ᠴᠢᠳᠠᠷᠪᠠᠯ ︵ᠠᠪᠠᠭ᠎ᠠ ᠬᠤᠰᠢᠭᠤ︶7. ᠮᠤᠩᠭᠤᠯ ᠤᠯᠤᠰ ᠤᠨ ᠬᠠᠷᠴᠠᠭᠠᠢ ᠪᠠᠳᠤᠠᠦ᠋ᠯᠵᠡᠢ8. ᠠᠯᠳᠠᠠᠳᠤᠭᠤᠯᠠᠭ᠎ᠠ ︵ᠠᠪᠠᠭ᠎ᠠ ᠬᠤᠰᠢᠭᠤ︶
                                            ᠰᠤᠷᠪᠤᠯᠵᠢᠯᠠᠭᠴᠢ ᠪᠦᠷᠢᠩᠭᠤᠸ᠎ᠠ ᠮᠡᠳᠡᠭᠡᠯᠡᠪᠡ
 
ᠢᠷᠡᠯᠲᠡ᠄ ᠡᠷᠢᠶᠡᠨ ᠬᠤᠳᠠ ᠶᠢᠨ ᠷᠠᠳᠢᠤ᠋ ᠲᠧᠯᠸᠢᠰ ᠬᠤᠷᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号