2015 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2018/5/18
                                 ᠵᠠᠰᠠᠭ ᠤᠨ ᠣᠷᠳᠣᠨ ᠤ ᠠᠵᠢᠯ ᠤᠨ ᠢᠯᠡᠳᠬᠡᠯ    ——  ᠡᠷᠢᠶᠠᠨ ᠬᠤᠳᠠ ᠶᠢᠨ ᠠᠷᠪᠠᠨ ᠳᠦᠷᠪᠡᠳᠦᠭᠡᠷ ᠬᠤᠭᠤᠴᠠᠭᠠᠨ ᠤ  ᠠᠷᠠᠳ   ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯᠳᠣᠭᠠᠨ ᠳᠡᠭᠡᠷ᠎ᠡ                              ᠣᠷᠣᠯᠠᠭᠴᠢ ᠬᠤᠳᠠ ᠶᠢᠨ ᠳᠠᠷᠤᠭ᠎ᠠ    ᠯᠥᠸᠧ ᠴᠢᠩᠲᠦᠯᠦᠭᠡᠯᠡᠭᠴᠢᠳ ᠡ᠄       ᠣᠳᠣ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ︕ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠣᠯᠠ ᠤᠷᠤᠯᠴᠠᠭᠰᠠᠨ ᠨᠦᠬᠦᠳ ᠰᠠᠨᠠᠯ ᠢᠶᠠᠨ ᠳᠣᠷᠠᠳᠣᠭᠠᠷᠠᠢ᠃                                                   2014 ᠣᠨ ᠤ ᠠᠵᠢᠯ ᠤᠨ ᠡᠷᠬᠢᠴᠡᠭᠦᠯᠦᠯ      2014 ᠣᠨ ᠳᠤ᠂ ᠬᠤᠳᠠ ᠶᠢᠨ ᠵᠠᠰᠠᠭ ᠤᠨ ᠣᠷᠳᠣᠨ ᠨᠢ ᠪᠦᠬᠦ ᠬᠤᠳᠠ ᠶᠢᠨ ᠡᠯ᠎ᠡ ᠦᠨᠳᠦᠰᠦᠳᠡᠨ ᠤ ᠠᠷᠠᠳ ᠲᠦᠮᠡᠨ ᠲᠠᠢ ᠪᠦᠯᠬᠦᠮᠳᠡᠨ᠂ ᠨᠠᠮ ᠤᠨ ᠠᠷᠪᠠᠨ ᠭᠤᠷᠪᠠᠳᠣᠭᠠᠷ ᠬᠤᠭᠤᠴᠠᠭᠠᠨ ᠤ ᠭᠤᠷᠪᠠᠳᠣᠭᠠᠷ ᠪᠦᠭᠦᠳᠡ ᠬᠤᠷᠠᠯᠳᠣᠭᠠᠨ᠂ ᠲᠦᠷᠪᠡᠳᠦᠭᠡᠷ ᠪᠦᠬᠦᠳᠡ ᠬᠤᠷᠠᠯᠳᠣᠭᠠᠨ ᠪᠠ ᠰᠢ ᠶᠢᠨ ᠫᠢᠩ ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ᠂ ᠥᠪᠥᠷ ᠮᠣᠩᠭᠤᠯ ᠢ ᠲᠣᠭᠤᠷᠢᠨ ᠪᠠᠶᠢᠴᠠᠭᠠᠭᠰᠠᠨ ᠴᠢᠬᠤᠯᠠ ᠶᠠᠷᠢᠶ᠎ᠠ ᠶᠢᠨ ᠦᠵᠡᠯ ᠰᠠᠨᠠᠭ᠎ᠠ ᠶᠢ ᠭᠦᠨᠵᠡᠭᠡᠶᠢᠷᠡᠬᠦᠯᠦᠨ ᠲᠤᠤᠱᠯᠠᠭᠤᠯᠵᠣ᠂ ᠳᠡᠭᠡᠷ᠎ᠡ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ  ᠶᠢᠨ ᠨᠠᠮ ᠤᠨ ᠬᠤᠷᠢᠶᠠᠨ ᠤ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠲᠣᠭᠳᠠᠭᠤᠨ ᠢᠶᠠᠷ ᠣᠷᠣᠭᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠲᠣᠭᠳᠠᠭᠤᠨ ᠢᠶᠠᠷ ᠨᠡᠮᠡᠭᠳᠡᠬᠦᠯᠬᠦ᠂ ᠪᠦᠳᠦᠴᠡ ᠶᠢ ᠲᠣᠬᠢᠷᠠᠭᠤᠯᠬᠤ᠂ ᠨᠡᠭᠡᠭᠡᠯᠳᠠ ᠶᠢ ᠠᠳᠬᠤᠬᠤ᠂ ᠦᠭᠡᠷᠡᠴᠢᠯᠡᠯᠳᠠ  ᠶᠢ ᠠᠬᠢᠭᠤᠯᠬᠤ᠂ ᠠᠷᠠᠳ ᠤᠨ ᠠᠮᠢᠵᠢᠷᠠᠭ᠎ᠠ ᠶᠢ ᠰᠠᠶᠢᠵᠢᠷᠠᠭᠤᠯᠬᠤ ᠵᠡᠷᠭᠡ ᠡᠯ᠎ᠡ ᠲᠦᠷᠦᠯ ᠤᠨ ᠠᠵᠢᠯ ᠢ ᠶᠡᠷᠦᠩᠭᠡᠶᠢᠯᠡᠨ ᠲᠦᠯᠦᠪᠯᠡᠵᠣ ᠠᠬᠢᠭᠤᠯᠣᠨ᠂ ᠠᠵᠣ ᠠᠬᠤᠢ ᠨᠡᠶᠢᠭᠡᠮ ᠤᠨ ᠬᠥᠭᠵᠢᠯᠳᠠ ᠨᠢ ᠲᠣᠭᠳᠠᠪᠣᠷᠢᠳᠠᠢ ᠤᠷᠣᠭᠰᠢᠯᠠᠭᠰᠠᠨ᠂ ᠲᠣᠭᠳᠠᠪᠣᠷᠢᠳᠠᠢ ᠰᠠᠶᠢᠵᠢᠷᠠᠭᠰᠠᠨ ᠪᠠᠶᠢᠳᠠᠯ ᠬᠠᠷᠠᠭᠳᠠᠵᠣ ᠪᠠᠶᠢᠨ᠎ᠠ᠃      ᠨᠢᠭᠡ᠂ ᠠᠵᠣ ᠦᠢᠯᠡᠰ ᠤᠨ ᠰᠠᠭᠤᠷᠢ ᠲᠠᠰᠣᠷᠠᠯᠳᠠ ᠦᠭᠡᠢ ᠰᠠᠶᠢᠵᠢᠷᠠᠨ᠂ ᠶᠡᠷᠦᠩᠭᠡᠶᠢᠯᠡᠭᠰᠡᠨ ᠬᠦᠴᠦ ᠲᠣᠭᠳᠠᠭᠤᠨ ᠢᠶᠠᠷ ᠳᠡᠭᠡᠭᠰᠢᠯᠡᠪᠡ      ᠪᠦᠬᠦ ᠵᠢᠯ ᠤᠨ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 85.8 ᠳ᠋ᠦᠩᠰᠢᠭᠤᠷ ᠲᠦᠭᠦᠷᠢᠭ ᠬᠦᠷᠴᠦ᠂ ᠪᠠᠷᠣᠭᠴᠠᠭᠠᠯᠠᠪᠠᠯ ᠨᠢᠳᠣᠨᠣᠨ ᠤ ᠠᠴᠠ 8.2% ᠢᠶᠠᠷ ᠨᠡᠮᠡᠭᠳᠡᠵᠠᠢ᠃ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠨᠢ 4.38 ᠳ᠋ᠦᠩᠰᠢᠭᠤᠷ ᠲᠦᠭᠦᠷᠢᠭ ᠬᠦᠷᠴᠦ᠂ 9% ᠪᠠᠷ ᠨᠡᠮᠡᠭᠳᠡᠵᠡᠢ᠃ ᠪᠦᠬᠦ ᠨᠡᠶᠢᠭᠡᠮ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠨᠢ 50 ᠳ᠋ᠦᠩᠰᠢᠭᠤᠷ ᠲᠦᠭᠦᠷᠢᠭ ᠲᠤ ᠬᠦᠷᠴᠦ᠂ 16.1% ᠪᠠᠷ ᠨᠡᠮᠡᠭᠳᠡᠵᠡᠢ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠣᠬᠤ ᠶᠡᠷᠦᠩᠭᠡᠢ ᠬᠡᠮᠵᠢᠶ᠎ᠡ ᠨᠢ 28 ᠳ᠋ᠦᠩᠰᠢᠭᠤᠷ ᠲᠦᠭᠦᠷᠢᠭ ᠬᠦᠷᠴᠦ᠂ 11% ᠪᠠᠷ ᠨᠡᠮᠡᠭᠳᠡᠵᠡᠢ᠃ ᠪᠦᠬᠦ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠣᠮᠳᠠᠴᠢ ᠡᠵᠡᠮᠳᠡᠬᠦ ᠣᠷᠣᠯᠭ᠎ᠠ ᠨᠢ 36580 ᠲᠦᠭᠦᠷᠢᠭ ᠲᠤ ᠬᠦᠷᠴᠦ᠂ 8% ᠪᠠᠷ ᠨᠡᠮᠡᠭᠳᠡᠵᠠᠢ᠃     ᠬᠤᠳᠠᠯᠳᠤᠭ᠎ᠠ ᠪᠠᠷᠠᠭᠠᠨ ᠤ ᠣᠷᠣᠰᠬᠠᠯ ᠤᠨ ᠦᠢᠯᠡᠰ ᠲᠣᠭᠲᠠᠪᠣᠷᠢᠳᠠᠢ ᠬᠦᠭᠵᠢᠭᠰᠡᠨ ᠪᠠᠶᠢᠨ᠎ᠠ᠃ ᠪᠣᠭᠤᠮᠳᠠ  ᠶᠢᠨ ᠬᠤᠳᠠᠯᠳᠤᠭ᠎ᠠ ᠶᠢᠨ ᠭᠤᠣᠯ ᠴᠣᠭᠴᠠ ᠶᠢ ᠢᠳᠡᠪᠬᠢᠳᠡᠢ ᠪᠣᠢ ᠪᠣᠯᠭᠠᠵᠣ ᠦᠷᠭᠡᠳᠭᠡᠨ᠂ ᠭᠠᠳᠠᠭᠠᠳᠣ ᠬᠤᠳᠠᠯᠳᠤᠭ᠎ᠠ ᠶᠢᠨ ᠠᠵᠣ ᠠᠬᠤᠶᠢᠯᠠᠯ ᠰᠢᠨ᠎ᠡ ᠪᠠᠷ 97 ᠨᠡᠮᠡᠭᠳᠡᠵᠣ᠂ 861 ᠳᠤ ᠬᠦᠷᠦᠭᠰᠡᠨ ᠪᠠᠶᠢᠨ᠎ᠠ᠃ ᠬᠢᠯᠢ ᠣᠷᠴᠢᠮ ᠤᠨ ᠬᠤᠳᠠᠯᠳᠣᠭᠠᠨ ᠤ ᠪᠦᠰᠡ᠂ ᠬᠤᠸᠠᠨ ᠢᠦᠢ ᠣᠯᠠᠨ ᠤᠯᠣᠰ ᠤᠨ ᠬᠤᠳᠠᠯᠳᠣᠭᠠᠨ ᠤ ᠬᠤᠳᠠ ᠶᠢᠨ ᠪᠦᠲᠦᠭᠡᠨ ᠪᠠᠶᠢᠭᠤᠯᠣᠯᠳᠠ ᠶᠢᠨ ᠠᠵᠢᠯ ᠡᠬᠢᠯᠡᠵᠣ᠂ ᠲᠣᠮᠳᠠᠳᠣ ᠤᠯᠣᠰ ᠤᠨ ᠨᠡᠬᠦᠷᠡᠰᠦᠨ ᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠶᠢᠨ ᠠᠭᠤᠯᠠ ᠠᠭᠤᠷᠬᠠᠢ ᠶᠢᠨ ᠮᠠᠰᠢᠨ ᠮᠧᠬᠠᠨᠢᠭ ᠤᠨ ᠰᠣᠯᠢᠯᠴᠠᠭᠠᠨ ᠤ ᠲᠦᠪ ᠤᠨ ᠬᠡᠰᠡᠭ ᠬᠤᠳᠠᠯᠳᠣᠭᠠᠨ ᠤ ᠠᠰᠠᠷ ᠪᠠ ᠲᠡᠮᠦᠷᠯᠢᠭ ᠴᠠᠬᠢᠯᠭᠠᠨ ᠮᠠᠰᠢᠨ ᠤ ᠪᠦᠭᠡᠮ ᠢᠶᠠᠷ ᠬᠤᠳᠠᠯᠳᠣᠬᠤ ᠵᠠᠬ᠎ᠠ ᠳᠡᠯᠭᠡᠭᠦᠷ  ᠤᠨ ᠪᠠᠷᠢᠯᠭ᠎ᠠ ᠶᠢᠨ ᠠᠵᠢᠯ ᠳᠠᠭᠤᠰᠴᠣ᠂ ᠦᠷᠭᠡᠨ ᠬᠡᠷᠡᠭᠯᠡᠭᠡᠨ ᠤ ᠪᠠᠷᠠᠭ᠎ᠠ ᠶᠢᠨ ᠪᠦᠭᠡᠮ ᠢᠶᠠᠷ ᠬᠤᠳᠠᠯᠳᠣᠬᠤ ᠵᠠᠬ᠎ᠠ ᠳᠡᠯᠭᠡᠭᠦᠷ ᠤᠨ ᠪᠠᠷᠢᠯᠭ᠎ᠠ ᠶᠢᠨ ᠵᠠᠰᠠᠨ ᠴᠢᠮᠡᠭᠯᠡᠬᠦ ᠠᠵᠢᠯ ᠳᠠᠭᠤᠰᠣᠨ᠂ ᠪᠣᠭᠤᠮᠳᠠ ᠶᠢᠨ ᠬᠤᠳᠠᠯᠳᠤᠭ᠎ᠠ ᠪᠠᠷᠠᠭᠠᠨ ᠤ ᠣᠷᠣᠰᠬᠠᠯ ᠤᠨ ᠦᠢᠯᠡᠰ ᠤᠨ ᠬᠦᠭᠵᠢᠯᠳᠠ ᠶᠢᠨ ᠨᠦᠬᠦᠴᠡᠯ ᠠᠭᠠᠵᠢᠮ ᠢᠶᠠᠷ ᠰᠠᠶᠢᠵᠢᠷᠠᠭᠰᠠᠨ ᠪᠠᠶᠢᠨ᠎ᠠ᠃ ᠤᠯᠣᠰ ᠤᠨ ᠠᠮᠣ ᠪᠣᠳᠠᠭ᠎ᠠ ᠶᠢ ᠬᠢᠯᠢ ᠪᠠᠷ ᠣᠷᠣᠭᠤᠯᠬᠤ ᠲᠣᠭᠳᠠᠭᠰᠠᠨ ᠪᠣᠭᠤᠮᠳᠠ ᠭᠡᠬᠦ ᠵᠦᠪᠰᠢᠶᠡᠷᠡᠯ ᠣᠯᠣᠭᠰᠠᠨ ᠪᠠᠶᠢᠨ᠎ᠠ᠃ ATA ᠪᠣᠭᠤᠮᠳᠠ ᠪᠠᠷ ᠨᠡᠪᠳᠡᠷᠡᠬᠦᠯᠬᠦ ᠪᠢᠴᠢᠭ ᠤᠨ ᠠᠵᠢᠯ ᠪᠠ ︽ᠨᠢᠭᠡ ᠤᠳᠠᠭ᠎ᠠ ᠪᠣᠭᠤᠮᠳᠠ ᠶᠢᠨ ᠮᠡᠳᠡᠬᠦᠯᠦᠯᠳᠠ ᠬᠢᠬᠦ᠂ ᠨᠢᠭᠡ ᠣᠳᠠᠭ᠎ᠠ ᠪᠠᠶᠢᠴᠠᠭᠠᠯᠳᠠ ᠬᠢᠬᠦ᠂ ᠨᠢᠭᠡ ᠤᠳᠠᠭ᠎ᠠ ᠬᠢᠯᠢ ᠪᠠᠷ ᠭᠠᠷᠭᠠᠬᠤ︾ ᠪᠣᠭᠤᠮᠳᠠ ᠶᠢᠨ ᠪᠠᠶᠢᠴᠠᠭᠠᠯᠳᠠ ᠪᠠ ᠬᠢᠵᠢᠭ ᠤᠨ ᠪᠠᠶᠢᠴᠠᠭᠠᠯᠳᠠ ᠶᠢ ᠨᠢᠭᠡᠳᠭᠡᠭᠰᠡᠨ ᠬᠢᠯᠢ ᠪᠠᠷ ᠨᠡᠪᠲᠡᠷᠡᠬᠦᠯᠬᠦ ᠦᠭᠡᠷᠡᠴᠢᠯᠡᠯᠳᠠ ᠶᠢ ᠡᠬᠢᠯᠡᠬᠦᠯᠦᠨ᠂ ᠬᠢᠯᠢ ᠪᠠᠷ ᠨᠡᠪᠲᠡᠷᠡᠬᠦᠯᠬᠦ ᠦᠷ᠎ᠠ  ᠪᠦᠳᠦᠮᠵᠢ ᠲᠠᠰᠣᠷᠠᠯᠳᠠ ᠦᠭᠡᠢ ᠳᠡᠭᠡᠭᠰᠢᠯᠡᠭᠰᠡᠨ ᠪᠠᠶᠢᠨ᠎ᠠ᠃ ︽ᠮᠣᠳᠣᠨ ᠮᠠᠲ᠋ᠧᠷᠢᠶᠠᠯ ᠬᠢᠯᠢ ᠪᠠᠷ ᠣᠷᠣᠭᠤᠯᠬᠤ ᠶᠢ ᠠᠬᠢᠭᠤᠯᠬᠤ ᠲᠣᠬᠠᠢ ᠳᠡᠮᠵᠢᠬᠦ ᠠᠷᠭ᠎ᠠ︾ ᠶᠢ ᠬᠡᠷᠡᠭᠵᠢᠬᠦᠯᠦᠨ᠂ ᠬᠢᠯᠢ ᠪᠠᠷ ᠣᠷᠣᠭᠤᠯᠵᠣ ᠭᠠᠷᠭᠠᠬᠤ ᠪᠠᠷᠠᠭᠠᠨ ᠤ ᠢᠷᠡᠯᠳᠠ ᠶᠢᠨ ᠵᠣᠬᠢᠶᠠᠨ ᠪᠠᠶᠢᠭᠤᠯᠣᠯᠳᠠ ᠶᠢ ᠴᠢᠩᠭᠠᠳᠬᠠᠨ᠂ ᠪᠣᠭᠤᠮᠳᠠ ᠶᠢᠨ ᠪᠠᠷᠠᠭ᠎ᠠ ᠨᠡᠪᠲᠡᠷᠡᠬᠦᠯᠬᠦ ᠬᠡᠮᠵᠢᠶ᠎ᠠ ᠪᠠ ᠬᠤᠳᠠᠯᠳᠣᠭᠠᠨ ᠤ ᠬᠡᠮᠵᠢᠶ᠎ᠠ ᠲᠣᠭᠲᠠᠪᠣᠷᠢᠳᠠᠢ ᠨᠡᠮᠡᠭᠳᠡᠭᠰᠡᠨ ᠪᠠᠶᠢᠨ᠎ᠠ᠃ ᠪᠦᠬᠦ ᠵᠢᠯ ᠤᠨ ᠬᠢᠯᠢ ᠪᠠᠷ ᠣᠷᠣᠭᠤᠯᠵᠣ ᠭᠠᠷᠭᠠᠭᠰᠠᠨ ᠪᠠᠷᠠᠭᠠᠨ ᠤ ᠬᠡᠮᠵᠢᠶ᠎ᠠ 1350 ᠲᠦᠮᠡᠨ ᠲᠣᠨ ᠢ ᠪᠡᠶᠡᠯᠡᠬᠦᠯᠵᠣ᠂ 3.4% ᠪᠠᠷ ᠨᠡᠮᠡᠭᠳᠡᠵᠠᠢ᠃  ᠬᠢᠯᠢ ᠪᠠᠷ ᠣᠷᠣᠭᠤᠯᠵᠣ ᠭᠠᠷᠭᠠᠭᠰᠠᠨ ᠬᠤᠳᠠᠯᠳᠣᠭᠠᠨ ᠤ ᠬᠡᠮᠵᠢᠶ᠎ᠠ 38 ᠳ᠋ᠦᠩᠰᠢᠭᠤᠷ ᠲᠦᠭᠦᠷᠢᠭ ᠲᠤ ᠬᠦᠷᠴᠦ᠂ 4% ᠪᠠᠷ ᠨᠡᠮᠡᠭᠳᠡᠵᠡᠢ᠃      ᠠᠵᠣ ᠦᠢᠯᠡᠳᠪᠦᠷᠢ ᠶᠢᠨ ᠠᠵᠣ ᠠᠬᠤᠢ ᠦᠷᠭᠦᠯᠵᠢᠯᠡᠨ ᠨᠡᠮᠡᠭᠳᠡᠭᠰᠡᠨ ᠪᠠᠶᠢᠨ᠎ᠠ᠃ 1.1 ᠳ᠋ᠦᠩᠰᠢᠭᠤᠷ ᠲᠦᠭᠦᠷᠢᠭ ᠤᠨ ᠪᠡᠯᠡ ᠮᠦᠩᠬᠦ ᠴᠣᠭᠯᠠᠭᠤᠯᠣᠨ᠂ 12.3 ᠺᠢᠯᠣᠮᠧᠲᠷ ᠠᠵᠣ ᠦᠢᠯᠡᠳᠪᠦᠷᠢ ᠶᠢᠨ ᠲᠣᠭᠤᠷᠢᠭ ᠤᠨ ᠵᠠᠮ  ᠪᠠ 7 ᠺᠢᠯᠣᠮᠧᠲᠷ ᠤᠰᠣ ᠵᠠᠶᠢᠯᠠᠭᠤᠯᠬᠤ ᠬᠤᠭᠤᠯᠠᠢ ᠶᠢ ᠰᠢᠨ᠎ᠡ ᠪᠠᠷ ᠪᠠᠶᠢᠭᠤᠯᠣᠨ᠂ ᠵᠡᠬᠦᠨ ᠬᠤᠳᠠ ᠲᠣᠭᠤᠷᠢᠭ ᠤᠨ 110 ᠺᠢᠯᠣᠸᠣᠯᠲ ᠴᠠᠬᠢᠯᠭᠠᠨ ᠳᠠᠮᠵᠢᠭᠤᠯᠬᠤ ᠦᠷᠳᠡᠭᠡ ᠠᠰᠢᠭᠯᠠᠯᠳᠠ ᠳᠤ ᠣᠷᠣᠵᠣ᠂ ᠲᠣᠭᠤᠷᠢᠭ ᠤᠨ ᠶᠡᠷᠦᠩᠭᠡᠶᠢᠯᠡᠭᠰᠡᠨ ᠳᠠᠭᠠᠭᠠᠴᠠ ᠴᠢᠳᠠᠯ ᠤᠯᠠᠮ ᠨᠢᠭᠡ ᠠᠯᠬᠤᠮ ᠳᠡᠭᠡᠭᠰᠢᠯᠡᠭᠰᠡᠨ ᠪᠠᠶᠢᠨ᠎ᠠ᠃ ᠠᠵᠣ ᠦᠢᠯᠡᠳᠪᠦᠷᠢ ᠶᠢᠨ ᠲᠦᠷᠦᠯ ᠵᠦᠢᠯ ᠢ ᠲᠠᠲᠠᠨ ᠣᠷᠣᠭᠤᠯᠵᠣ ᠬᠡᠷᠡᠭᠵᠢᠬᠦᠯᠬᠦ ᠶᠢ ᠴᠢᠩᠭ᠎ᠠ ᠠᠳᠬᠤᠨ᠂ ᠪᠦᠸᠧ ᠬᠠᠢ ᠪᠣᠯᠣᠳ ᠲᠡᠮᠦᠷ ᠤᠨ ᠦᠢᠯᠡᠳᠪᠦᠷᠢ ᠶᠢᠨ 200 ᠲᠦᠮᠡᠨ ᠲᠣᠨ ᠲᠡᠮᠦᠷ ᠤᠨ ᠬᠦᠳᠡᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ  ᠶᠢᠨ ᠠᠵᠢᠯ ᠡᠬᠢᠯᠡᠵᠣ᠂ ᠴᠢᠨ ᠯᠦᠩ 200 ᠲᠦᠮᠡᠨ ᠲᠣᠨ ᠤ ᠨᠠᠷᠢᠯᠢᠭ ᠬᠦᠳᠡᠷ᠂ ᠯᠦᠩ ᠮᠢᠩ ᠪᠣᠬ᠎ᠠ ᠲᠡᠷᠭᠡ ᠦᠢᠯᠡᠳᠪᠦᠷᠢᠯᠡᠨ ᠵᠠᠰᠠᠪᠣᠷᠢᠯᠠᠬᠤ ᠲᠦᠷᠦᠯ ᠵᠦᠢᠯ ᠤᠨ ᠭᠤᠣᠯ ᠴᠣᠭᠴᠠ ᠶᠢᠨ ᠠᠵᠢᠯ ᠳᠠᠭᠤᠰᠴᠣ᠂ ᠱᠧᠩ ᠬᠤᠢ ᠢᠩ ᠯᠢ ᠴᠠᠬᠢᠯᠭᠠᠨ ᠤ ᠲᠣᠨᠤᠭ ᠲᠦᠭᠦᠭᠡᠷᠦᠮᠵᠢ ᠶᠢᠨ ᠤᠭᠰᠠᠷᠠᠯᠳᠠ ᠶᠢᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ᠂ ᠵᠦᠩ ᠲᠦᠩ ᠱᠧᠩ ᠳ᠋ᠠ ᠰᠢᠨ᠎ᠡ ᠮᠠᠶ᠋ᠢᠭ ᠤᠨ ᠬᠠᠨ᠎ᠠ ᠶᠢᠨ ᠮᠠᠲ᠋ᠧᠷᠢᠶᠠᠯ ᠤᠨ ᠬᠤᠶᠠᠳᠣᠭᠠᠷ ᠬᠤᠭᠤᠴᠠᠭᠠᠨ  ᠤ ᠲᠦᠷᠦᠯ ᠵᠦᠢᠯ ᠠᠰᠢᠭᠯᠠᠯᠳᠠ ᠳᠤ ᠣᠷᠣᠭᠰᠠᠨ ᠪᠠᠶᠢᠨ᠎ᠠ᠃ ᠤᠯᠣᠰ ᠤᠨ ᠴᠠᠬᠢᠯᠭᠠᠨ ᠰᠦᠯᠵᠢᠶ᠎ᠠ ᠶᠢᠨ 2 ᠲᠦᠮᠡᠨ ᠺᠢᠯᠣᠸᠠᠲ ᠶᠢᠨ ᠨᠠᠷᠠᠨ ᠤ ᠡᠨᠧᠷᠬᠢ ᠶᠢᠨ ᠴᠠᠬᠢᠯᠭᠠᠨ ᠤ ᠲᠦᠷᠦᠯ ᠵᠦᠢᠯ ᠨᠢ ᠰᠦᠯᠵᠢᠶ᠎ᠠ ᠬᠤᠯᠪᠣᠨ ᠴᠠᠬᠢᠯᠭᠠᠨ ᠭᠠᠷᠭᠠᠵᠣ᠂ ᠪᠦᠬᠦ ᠬᠤᠳᠠ ᠶᠢᠨ ᠨᠠᠷᠠ ᠰᠠᠯᠬᠢᠨ ᠤ ᠡᠨᠧᠷᠬᠢ ᠶᠢᠨ ᠴᠠᠬᠢᠯᠭᠠᠨ ᠮᠠᠰᠢᠨ ᠴᠣᠭᠴᠠᠯᠠᠪᠣᠷᠢ ᠶᠢᠨ ᠪᠠᠭᠳᠠᠭᠠᠮᠵᠢ ᠨᠢ 32 ᠲᠦᠮᠡᠨ ᠺᠢᠯᠣᠸᠠᠲ ᠬᠦᠷᠴᠦ᠂ ᠰᠠᠯᠬᠢ ᠨᠠᠷᠠᠨ ᠤ ᠡᠨᠧᠷᠬᠢ ᠶᠢᠨ ᠴᠠᠬᠢᠯᠭᠠᠨ ᠭᠠᠷᠭᠠᠬᠤ ᠬᠡᠮᠵᠢᠶ᠎ᠠ 5.35 ᠳ᠋ᠦᠩᠰᠢᠭᠤᠷ ᠺᠢᠯᠣᠸᠠᠲ ᠴᠠᠭ ᠪᠠᠶᠢᠵᠣ᠂ 8% ᠪᠠᠷ ᠨᠡᠮᠡᠭᠳᠡᠵᠡᠢ᠃  ᠨᠠᠷᠢᠯᠢᠭ ᠬᠦᠳᠡᠷ᠂ ᠱᠦᠢᠨᠢ  ᠶᠢ ᠲᠣᠰ ᠲᠤᠰ 97.6 ᠲᠦᠮᠡᠨ ᠲᠣᠨ ᠪᠠ 352 ᠲᠦᠮᠡᠨ ᠲᠣᠨ ᠦᠢᠯᠡᠳᠪᠦᠷᠢᠯᠡᠨ᠂ 14.5% ᠪᠠ 18.8 % ᠪᠠᠷ ᠨᠡᠮᠡᠭᠳᠡᠵᠡᠢ᠃ ᠪᠦᠬᠦ ᠵᠢᠯ ᠤᠨ ᠠᠵᠣ ᠦᠢᠯᠡᠳᠪᠦᠷᠢ ᠶᠢᠨ ᠶᠡᠷᠦᠩᠭᠡᠢ ᠦᠢᠯᠡᠳᠪᠦᠷᠢᠯᠡᠯ ᠤᠨ ᠦᠷᠳᠡᠭ ᠨᠢ 75.4 ᠳ᠋ᠦᠩᠰᠢᠭᠤᠷ ᠲᠦᠭᠦᠷᠢᠭ ᠢ ᠪᠡᠶᠡᠯᠡᠬᠦᠯᠦᠨ᠂ 10.7% ᠪᠠᠷ ᠨᠡᠮᠡᠭᠳᠡᠵᠡᠢ᠃ ᠠᠵᠣ ᠦᠢᠯᠡᠳᠪᠦᠷᠢ ᠶᠢᠨ ᠨᠡᠮᠡᠭᠳᠡᠭᠰᠡᠨ ᠦᠷᠳᠡᠭ 29.1 ᠳ᠋ᠦᠩᠰᠢᠭᠤᠷ ᠲᠦᠭᠦᠷᠢᠭ ᠲᠤ ᠬᠦᠷᠴᠦ᠂ 11.8% ᠪᠠᠷ ᠨᠡᠮᠡᠭᠳᠡᠵᠡᠢ᠃      ᠰᠣᠶᠣᠯ ᠠᠶᠠᠯᠠᠯ ᠵᠢᠭᠤᠯᠴᠢᠯᠠᠯ ᠤᠨ ᠦᠢᠯᠡᠰ ᠤᠨ ᠠᠮᠢᠵᠢᠷᠠᠯ ᠤᠨ ᠬᠦᠴᠦᠨ ᠨᠡᠮᠡᠭᠳᠡᠭᠰᠡᠨ ᠪᠠᠶᠢᠨ᠎ᠠ᠃ ᠤᠯᠣᠰ  ᠤᠨ ᠡᠬᠦᠳᠠ ᠶᠢᠨ ᠦᠵᠡᠮᠵᠢ ᠶᠢᠨ ᠲᠣᠭᠤᠷᠢᠭ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ ᠪᠦᠰᠨ ᠶᠢᠨ ᠲᠦᠷᠦᠯ ᠵᠦᠢᠯ ᠤᠨ ᠵᠡᠬᠦᠨ ᠬᠡᠰᠡᠭ ᠤᠨ ᠬᠤᠳᠠᠯᠳᠣᠭᠠᠨ ᠤ ᠵᠡᠭᠡᠯᠢ ᠶᠢᠨ ᠭᠤᠣᠯ ᠴᠣᠭᠴᠠ ᠶᠢᠨ ᠠᠵᠢᠯ ᠳᠠᠭᠤᠰᠴᠠᠢ᠃ ︽ᠰᠣᠶᠣᠯ ᠠᠶᠠᠯᠠᠯ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢ ᠲᠦᠷᠭᠡᠳᠭᠡᠬᠦ ᠲᠤᠬᠠᠢ ᠰᠠᠨᠠᠯ︾ ᠪᠠ ︽ᠡᠷᠢᠶᠠᠨ ᠬᠤᠳᠠ ᠶᠢᠨ ᠠᠶᠠᠯᠠᠯ ᠵᠢᠭᠤᠯᠴᠢᠯᠠᠯ ᠢ ᠬᠦᠬᠢᠬᠦᠯᠬᠦ ᠲᠣᠬᠠᠢ ᠲᠦᠷ ᠬᠡᠷᠡᠭᠵᠢᠬᠦᠯᠬᠦ ᠠᠷᠭ᠎ᠠ ᠬᠡᠮᠵᠢᠶ᠎ᠠ︾ ᠶᠢ ᠲᠣᠭᠳᠠᠭᠠᠵᠣ᠂ ᠰᠣᠶᠣᠯ ᠠᠶᠠᠯᠠᠯ ᠵᠢᠭᠤᠯᠴᠢᠯᠠᠯ ᠤᠨ ᠦᠢᠯᠡᠰ ᠤᠨ ᠬᠦᠭᠵᠢᠯᠳᠠ ᠨᠡᠩ ᠶᠡᠭᠡ ᠠᠮᠢᠵᠢᠷᠠᠯ ᠤᠨ ᠬᠦᠴᠦᠨ  ᠲᠠᠢ ᠪᠣᠯᠣᠭᠰᠠᠨ ᠪᠠᠶᠢᠨ᠎ᠠ᠃ ᠠᠩᠬᠠᠳᠣᠭᠠᠷ ᠬᠤᠭᠤᠴᠠᠭᠠᠨ ᠤ  ︽ᠴᠠᠢ ᠶᠢᠨ ᠵᠠᠮ︾ ᠤᠨ ᠰᠣᠶᠣᠯ ᠤᠨ ᠨᠠᠶᠢᠷ᠂ ︽ᠴᠠᠢ ᠶᠢᠨ ᠵᠠᠮ ᠢᠶᠠᠷ ᠳᠠᠬᠢᠨ ᠠᠶᠠᠯᠠᠬᠤ︾ ᠵᠡᠷᠭᠡ ᠰᠢᠷᠢᠰ ᠬᠦᠳᠡᠯᠭᠡᠭᠡᠨ ᠢ ᠠᠮᠵᠢᠯᠳᠠ ᠲᠠᠢ ᠵᠣᠬᠢᠶᠠᠨ ᠪᠠᠶᠢᠭᠤᠯᠵᠣ᠂ ᠲᠦᠪ ᠤᠨ ᠲᠧᠯᠸᠢᠰ ᠬᠤᠷᠢᠶᠠᠨ ᠤ ᠨᠢᠭᠡᠳᠦᠭᠡᠷ ᠰᠣᠪᠠᠭ ᠤᠨ ᠠᠯᠳᠠᠨ ᠴᠠᠭ ᠲᠤ ᠬᠤᠳᠠ ᠶᠢᠨ ᠲᠦᠷᠢ ᠲᠦᠷᠬᠦ ᠶᠢ ᠤᠬᠠᠭᠤᠯᠣᠨ᠂ ᠪᠣᠭᠤᠮᠳᠠ ᠤᠨ ᠨᠡᠷ᠎ᠡ ᠨᠦᠯᠦᠭᠡ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠭᠰᠡᠨ ᠪᠠᠶᠢᠨ᠎ᠠ᠃ ᠣᠷᠣᠰ  ᠤᠨ ᠠᠶᠠᠯᠠᠯ ᠵᠢᠭᠤᠯᠴᠢᠯᠠᠯ ᠤᠨ ᠪᠦᠯᠬᠦᠮ ᠤᠨ ᠠᠯᠪᠠᠨ ᠪᠢᠴᠢᠭ ᠠᠪᠴᠣ ᠸᠢᠰᠠ ᠦᠭᠡᠢ ᠬᠢᠯᠢ ᠪᠠᠷ ᠣᠷᠣᠬᠤ ᠠᠵᠢᠯ ᠢ ᠠᠯᠪᠠᠨ ᠶᠣᠰᠣᠭᠠᠷ ᠦᠷᠨᠢᠬᠦᠯᠦᠨ᠂ ᠡᠷᠢᠶᠠᠨ ᠬᠤᠳᠠ ᠠᠴᠠ ᠰᠠᠶᠢᠨᠱᠠᠩᠳᠠ ᠬᠦᠷᠳᠡᠯᠡᠬᠢ ᠥᠪᠡᠷᠳᠡᠭᠡᠨ ᠮᠠᠰᠢᠨ ᠵᠢᠯᠣᠭᠤᠳᠣᠨ ᠠᠶᠠᠯᠠᠬᠤ ᠪᠠᠷᠢᠮᠳᠠ ᠪᠢᠴᠢᠭ ᠠᠪᠬᠤ ᠨᠦᠬᠦᠴᠡᠯ ᠢ ᠴᠢᠯᠦᠭᠡᠳᠠᠢ ᠪᠣᠯᠭᠠᠨ᠂ ᠡᠷᠢᠶᠠᠨ ᠬᠤᠳᠠ ᠠᠴᠠ ᠤᠯᠠᠭᠠᠨᠪᠠᠭᠠᠳᠣᠷ ᠬᠦᠷᠳᠡᠯᠡᠬᠢ ︽ᠲᠠᠯ᠎ᠠ ᠨᠣᠳᠤᠭ ᠤᠨ ᠣᠳᠣᠨ︾ ᠠᠶᠠᠯᠠᠯ ᠵᠢᠭᠤᠯᠴᠢᠯᠠᠯ ᠤᠨ ᠲᠤᠰᠬᠠᠢ ᠭᠠᠯᠳᠣ ᠲᠡᠷᠭᠡ ᠶᠢ ᠠᠮᠵᠢᠯᠳᠠ ᠲᠠᠢ ᠨᠡᠪᠲᠡᠷᠡᠬᠦᠯᠦᠨ᠂ ᠪᠣᠭᠤᠮᠳᠠ ᠶᠢᠨ ᠠᠶᠠᠯᠠᠯ ᠵᠢᠭᠤᠯᠴᠢᠯᠠᠯ ᠤᠨ ᠵᠠᠬ᠎ᠠ ᠲᠡᠯᠭᠡᠬᠦᠷ ᠦᠷᠭᠡᠵᠢᠭᠰᠡᠨ ᠪᠠᠶᠢᠨ᠎ᠠ᠃ ᠪᠦᠬᠦ ᠵᠢᠯ ᠳᠤ ᠤᠯᠣᠰ ᠤᠨ ᠳᠣᠳᠣᠭᠠᠳᠣ ᠭᠠᠳᠠᠭᠠᠳᠣ ᠶᠢᠨ ᠵᠢᠭᠤᠯᠴᠢᠳ 169 ᠲᠦᠮᠡᠨ ᠬᠦᠮᠦᠨ ᠤᠳᠠᠭ᠎ᠠ ᠶᠢ ᠬᠦᠯᠢᠶᠠᠨ ᠠᠪᠴᠣ᠂ 13.1% ᠪᠠᠷ ᠨᠡᠮᠡᠭᠳᠡᠵᠠᠢ᠃ ᠠᠶᠠᠯᠠᠯ ᠵᠢᠭᠤᠯᠴᠢᠯᠠᠯ ᠤᠨ ᠶᠡᠷᠦᠩᠭᠡᠢ ᠣᠷᠣᠯᠭ᠎ᠠ 35.4 ᠳ᠋ᠦᠩᠰᠢᠭᠤᠷ ᠲᠦᠭᠦᠷᠢᠭ ᠲᠤ ᠬᠦᠷᠴᠦ᠂ 31% ᠪᠠᠷ ᠨᠡᠮᠡᠭᠳᠡᠵᠠᠢ᠃       ᠬᠤᠶᠠᠷ᠂ ᠰᠠᠭᠤᠷᠢ ᠪᠦᠲᠦᠭᠡᠨ ᠪᠠᠶᠢᠭᠤᠯᠣᠯᠳᠠ ᠡᠳᠦᠷ ᠢᠷᠠᠬᠦᠶ᠎ᠠ ᠲᠡᠭᠦᠯᠳᠡᠷᠵᠢᠨ᠂ ᠬᠤᠳᠠ ᠶᠢᠨ ᠬᠦᠴᠦᠨ ᠴᠢᠳᠠᠯ ᠠᠭᠠᠵᠢᠮ ᠢᠶᠠᠷ ᠨᠡᠮᠡᠭᠳᠡᠪᠡ       ᠰᠢᠯᠢ ᠶᠢᠨ ᠬᠤᠳᠠ — ᠡᠷᠢᠶᠠᠨ ᠬᠤᠳᠠ ᠴᠢᠭᠯᠡᠯ ᠤᠨ ᠲᠡᠮᠦᠷ ᠵᠠᠮ ᠤᠨ ᠲᠦᠷᠦᠯ ᠵᠦᠢᠯ ᠤᠷᠣᠭᠰᠢᠲᠠᠢ ᠶᠠᠪᠣᠭᠳᠠᠵᠣ᠂ ᠨᠢᠰᠭᠡᠯ ᠤᠨ ᠪᠠᠭᠤᠳᠠᠯ ᠤᠨ ᠣᠯᠠᠨ ᠤᠯᠣᠰ ᠤᠨ ᠲᠧᠷᠮᠢᠨᠠᠯ ᠤᠨ ᠭᠤᠣᠯ ᠴᠣᠭᠴᠠ ᠪᠠ ᠨᠢᠰᠬᠦ ᠲᠣᠭᠤᠷᠢᠭ ᠤᠨ ᠰᠢᠨᠡᠴᠢᠯᠡᠨ ᠵᠠᠰᠠᠪᠣᠷᠢᠯᠠᠬᠤ ᠪᠠᠷᠢᠯᠭ᠎ᠠ ᠶᠢᠨ ᠠᠵᠢᠯ ᠳᠠᠭᠤᠰᠴᠠᠢ᠃ 2.4 ᠳ᠋ᠦᠩᠰᠢᠭᠤᠷ ᠲᠦᠭᠦᠷᠢᠭ  ᠤᠨ ᠪᠡᠯᠡ ᠮᠦᠩᠬᠦ ᠴᠣᠭᠯᠠᠭᠤᠯᠣᠨ᠂ ᠬᠤᠳᠠ ᠶᠢᠨ ᠰᠠᠭᠤᠷᠢ ᠪᠦᠲᠦᠭᠡᠨ ᠪᠠᠶᠢᠭᠤᠯᠣᠯᠳᠠ ᠪᠠ ᠨᠣᠭᠤᠭᠠᠷᠠᠭᠤᠯᠬᠤ᠂ ᠴᠢᠮᠡᠭᠯᠡᠬᠦ᠂ ᠭᠡᠷᠡᠯᠳᠦᠬᠦᠯᠬᠦ ᠢᠨᠵᠧᠨᠧᠷᠢᠩ ᠤᠨ ᠠᠵᠢᠯ ᠢ ᠬᠢᠵᠠᠢ᠃ ᠤᠰᠣᠨ ᠤ ᠡᠬᠢ ᠰᠤᠷᠪᠣᠯᠵᠢ ᠶᠢᠨ ᠭᠠᠵᠠᠷ ᠢ ᠦᠷᠭᠡᠳᠭᠡᠨ ᠪᠦᠲᠦᠭᠡᠨ ᠪᠠᠶᠢᠭᠤᠯᠬᠤ ᠪᠠ ᠨᠣᠭᠤᠭᠠᠨ ᠪᠠᠶᠢᠭᠤᠯᠣᠮᠵᠢ ᠳᠤ ᠵᠣᠷᠢᠭᠤᠯᠣᠭᠰᠠᠨ ᠤᠰᠣᠨ ᠬᠠᠩᠭᠠᠮᠵᠢ ᠪᠠ ᠤᠰᠣ ᠴᠡᠪᠡᠷᠰᠢᠬᠦᠯᠬᠦ ᠢᠨᠵᠧᠨᠧᠷᠢᠩ ᠤᠨ ᠠᠵᠢᠯ ᠠᠰᠢᠭᠯᠠᠯᠳᠠ ᠳᠤ ᠣᠷᠣᠵᠣ᠂ ᠢᠦᠢ ᠯᠦᠩ 220 ᠺᠢᠯᠣᠸᠣᠯᠲ ᠴᠠᠬᠢᠯᠭᠠᠨ ᠳᠠᠮᠵᠢᠭᠤᠯᠬᠤ ᠦᠷᠳᠡᠭᠡ ᠶᠢ ᠰᠢᠨᠡᠴᠢᠯᠡᠨ ᠵᠠᠰᠠᠪᠣᠷᠢᠯᠠᠵᠣ ᠳᠠᠭᠤᠰᠬᠠᠨ᠂ ᠬᠤᠳᠠ ᠶᠢᠨ ᠤᠰᠣᠨ ᠬᠠᠩᠭᠠᠮᠵᠢ ᠴᠠᠬᠢᠯᠭᠠᠨ ᠬᠠᠩᠭᠠᠮᠵᠢ ᠶᠢᠨ ᠪᠠᠳᠣᠯᠠᠭᠠᠨ ᠤ ᠴᠢᠳᠠᠪᠣᠷᠢ ᠲᠠᠰᠤᠷᠠᠯᠳᠠ ᠦᠭᠡᠢ ᠳᠡᠭᠡᠭᠰᠢᠯᠡᠭᠰᠡᠨ ᠪᠠᠶᠢᠨ᠎ᠠ᠃ 7.8 ᠺᠢᠯᠣᠮᠧᠲᠷ ᠤᠰᠣ ᠵᠠᠶᠢᠯᠠᠭᠤᠯᠬᠤ ᠬᠤᠭᠤᠯᠠᠢ ᠶᠢ ᠰᠢᠨ᠎ᠡ ᠪᠠᠷ ᠪᠠᠶᠢᠭᠤᠯᠬᠤ ᠪᠠ ᠰᠢᠨᠡᠴᠢᠯᠡᠨ ᠵᠠᠰᠠᠪᠣᠷᠢᠯᠠᠵᠣ᠂ ᠪᠣᠬᠢᠷ ᠤᠰᠣ ᠶᠢ ᠲᠦᠪᠯᠡᠷᠡᠬᠦᠯᠦᠨ ᠴᠡᠪᠡᠷᠰᠢᠬᠦᠯᠬᠦ ᠨᠣᠷᠮ᠎ᠠ᠂ ᠳᠠᠬᠢᠨ ᠠᠰᠢᠭᠯᠠᠬᠤ ᠨᠣᠷᠮ᠎ᠠ ᠨᠢ ᠲᠤᠰ ᠲᠤᠰ 94% ᠪᠠ 88% ᠳᠤ ᠬᠦᠷᠴᠠᠢ᠃ 3.3 ᠺᠢᠯᠣᠮᠧᠲᠷ ᠲᠤᠯᠠᠭᠠᠨ ᠬᠠᠩᠭᠠᠬᠤ ᠬᠤᠭᠤᠯᠠᠢ ᠪᠠ 7 ᠢᠯᠴᠢ ᠰᠣᠯᠢᠯᠴᠠᠬᠤ ᠦᠷᠳᠡᠭᠡ ᠶᠢ ᠰᠢᠨ᠎ᠡ ᠪᠠᠷ ᠪᠠᠶᠢᠭᠤᠯᠣᠨ᠂ ᠰᠢᠨ᠎ᠡ ᠪᠠᠷ ᠨᠡᠮᠡᠭᠳᠡᠭᠰᠡᠨ ᠲᠦᠪᠯᠡᠷᠡᠬᠦᠯᠦᠭᠰᠡᠨ ᠲᠣᠯᠠᠭᠠᠨ ᠬᠠᠩᠭᠠᠮᠵᠢ ᠶᠢᠨ ᠲᠠᠯᠠᠪᠠᠢ 46 ᠲᠦᠮᠡᠨ ᠲᠡᠭᠰᠢ ᠲᠦᠷᠪᠡᠯᠵᠢᠨ ᠮᠧᠲᠷ ᠪᠠᠶᠢᠵᠣ᠂ ᠲᠦᠪᠯᠡᠷᠡᠬᠦᠯᠦᠨ ᠲᠤᠯᠠᠭᠠᠨ ᠬᠠᠩᠭᠠᠬᠤ ᠨᠣᠷᠮ᠎ᠠ ᠨᠢ 88% ᠳᠤ ᠬᠦᠷᠴᠠᠢ᠃ ᠰᠢᠨ᠎ᠡ ᠪᠠᠷ ᠨᠡᠮᠡᠭᠳᠡᠭᠰᠡᠨ ᠨᠣᠭᠤᠭᠠᠨ ᠪᠠᠶᠢᠭᠤᠯᠣᠮᠵᠢ ᠶᠢᠨ ᠲᠠᠯᠠᠪᠠᠢ 58 ᠲᠦᠮᠡᠨ ᠲᠡᠭᠰᠢ ᠲᠦᠷᠪᠡᠯᠵᠢᠨ ᠮᠧᠲᠷ ᠪᠠᠶᠢᠵᠣ᠂ ᠨᠣᠭᠤᠭᠠᠨ ᠪᠠᠶᠢᠭᠤᠯᠣᠮᠵᠢ ᠶᠢᠨ ᠪᠦᠷᠬᠦᠯᠳᠠ ᠶᠢᠨ ᠨᠣᠷᠮ᠎ᠠ 36.2 %   ᠳᠤ ᠬᠦᠷᠴᠠᠢ᠃ ᠬᠠᠳᠠᠭᠤ ᠬᠤᠴᠢᠯᠳᠠ ᠲᠠᠢ ᠵᠠᠮ ᠤᠨ ᠲᠠᠯᠠᠪᠠᠢ 7.6 ᠲᠦᠮᠡᠨ ᠲᠡᠭᠰᠢ ᠲᠦᠷᠪᠡᠯᠵᠢᠨ ᠮᠧᠲᠷ ᠪᠠᠶᠢᠵᠣ᠂ ᠤᠰᠣ ᠪᠠᠷ ᠴᠡᠪᠡᠷᠯᠡᠬᠦ ᠨᠡᠶᠢᠳᠠ ᠶᠢᠨ ᠵᠣᠷᠯᠣᠩ 20᠂ ᠵᠠᠮ ᠤᠨ ᠲᠡᠮᠳᠡᠭ 216 ᠶᠢ ᠰᠢᠨ᠎ᠡ ᠪᠠᠷ ᠪᠠᠶᠢᠭᠤᠯᠣᠨ᠂ 530 ᠵᠠᠮ ᠬᠠᠷᠢᠯᠴᠠᠭᠠᠨ ᠤ ᠲᠣᠬᠢᠶᠠᠨ ᠳ᠋ᠧᠩ ᠢ ᠤᠭᠰᠠᠷᠠᠨ ᠵᠠᠰᠠᠪᠣᠷᠢᠯᠠᠭᠰᠠᠨ ᠪᠠᠶᠢᠨ᠎ᠠ᠃ 1500 ᠲᠦᠮᠡᠨ ᠲᠦᠭᠦᠷᠢᠭ ᠤᠨ ᠪᠡᠯᠡ ᠣᠷᠣᠭᠤᠯᠣᠯᠳᠠ ᠬᠢᠵᠣ᠂ 12 ᠬᠠᠭᠤᠴᠢᠨ ᠭᠡᠷ ᠬᠤᠷᠢᠶᠠᠯᠠᠯ ᠢ ᠨᠢᠭᠡᠳᠦᠯᠳᠡᠢ ᠴᠡᠭᠴᠡᠯᠡᠨ᠂ ᠭᠡᠷ ᠬᠤᠷᠢᠶᠠᠯᠠᠯ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠣᠭᠰᠠᠨ ᠪᠠᠶᠢᠨ᠎ᠠ ᠃ ᠪᠦᠬᠦ ᠵᠢᠯ ᠳᠤ 11 ᠬᠡᠰᠡᠭ᠂ 20 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠰᠣᠯᠠ ᠪᠠᠶᠢᠬᠤ ᠭᠠᠵᠠᠷ ᠢ ᠴᠡᠪᠡᠷᠯᠡᠨ ᠬᠤᠷᠢᠶᠠᠵᠣ᠂ ᠭᠠᠵᠠᠷ ᠰᠢᠷᠣᠢ ᠶᠢ ᠠᠷᠪᠢᠯᠠᠨ ᠭᠠᠮᠨᠠᠵᠣ ᠠᠰᠢᠭᠯᠠᠬᠤ ᠶᠢ ᠠᠬᠢᠭᠤᠯᠣᠭᠰᠠᠨ ᠪᠠᠶᠢᠨ᠎ᠠ᠃  ︽12319︾ ᠬᠤᠳᠠ ᠶᠢᠨ ᠬᠠᠮᠢᠶᠠᠷᠣᠯᠳᠠ ᠶᠢᠨ ᠦᠢᠯᠡᠴᠢᠯᠡᠭᠡᠨ ᠤ ᠤᠳᠠᠰᠣ᠂ ᠳᠣᠭᠠᠴᠢᠯᠠᠭᠰᠠᠨ ᠬᠤᠳᠠ ᠶᠢᠨ ᠬᠠᠮᠢᠶᠠᠷᠣᠯᠳᠠ ᠪᠠ ᠪᠢᠴᠢᠯ ᠮᠡᠳᠡᠭᠡᠨ ᠤ ᠣᠯᠠᠨ ᠨᠡᠶᠢᠳᠡ ᠶᠢᠨ ᠲᠠᠪᠴᠠᠩ ᠢ ᠨᠡᠪᠲᠡᠷᠡᠬᠦᠯᠦᠨ᠂ 11 ᠬᠤᠳᠠ ᠶᠢᠨ ᠬᠠᠮᠢᠶᠠᠷᠣᠯᠳᠠ ᠶᠢᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠶᠡᠭᠡ ᠠᠩᠭᠢ ᠶᠢ ᠪᠠᠶᠢᠭᠤᠯᠣᠨ᠂ ᠬᠤᠳᠠ ᠶᠢᠨ ᠨᠠᠷᠢᠪᠴᠢᠯᠠᠭᠰᠠᠨ ᠬᠠᠮᠢᠶᠠᠷᠣᠯᠳᠠ ᠶᠢ ᠴᠢᠩᠭᠠᠳᠬᠠᠭᠰᠠᠨ ᠪᠠᠶᠢᠨ᠎ᠠ᠃      ᠭᠤᠷᠪᠠ᠂ ᠲᠤᠷᠰᠢᠯᠳᠠ ᠶᠢᠨ ᠲᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠲᠦᠷᠭᠡᠨ ᠠᠬᠢᠭᠤᠯᠵᠣ᠂  ᠨᠡᠭᠡᠭᠡᠯᠳᠠ ᠲᠠᠢ ᠬᠦᠭᠵᠢᠬᠦᠯᠬᠦ ᠲᠦᠪᠰᠢᠨ ᠲᠠᠰᠤᠷᠠᠯᠳᠠ ᠦᠭᠡᠢ ᠳᠡᠭᠡᠭᠰᠢᠯᠡᠪᠡ      ᠭᠤᠣᠯᠳᠠᠯᠭ᠎ᠠ ᠲᠠᠢ  ᠨᠡᠭᠡᠭᠡᠯᠳᠠ ᠬᠦᠭᠵᠢᠬᠦᠯᠦᠯᠳᠠ ᠶᠢᠨ ᠲᠣᠷᠰᠢᠯᠳᠠ ᠶᠢᠨ ᠲᠣᠭᠤᠷᠢᠭ ᠨᠢ ᠲᠦᠷᠦ ᠶᠢᠨ ᠶᠠᠪᠣᠳᠠᠯ ᠤᠨ ᠬᠤᠷᠢᠶᠠᠨ ᠤ ᠵᠦᠪᠰᠢᠶᠡᠷᠡᠯ ᠢ ᠣᠯᠣᠭᠰᠠᠨ ᠪᠠᠶᠢᠨ᠎ᠠ᠃ ᠥᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠡᠷᠢᠶᠠᠨ ᠬᠤᠳᠠ ᠶᠢᠨ ᠤᠯᠣᠰ ᠤᠨ ᠭᠤᠣᠯᠳᠠᠯᠭ᠎ᠠ ᠲᠠᠢ ᠨᠡᠭᠡᠭᠡᠯᠳᠠ ᠬᠥᠭᠵᠢᠬᠦᠯᠦᠯᠳᠠ ᠶᠢᠨ ᠲᠣᠷᠰᠢᠯᠳᠠ ᠶᠢᠨ ᠲᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠳᠡᠮᠵᠢᠬᠦ ᠲᠣᠬᠠᠢ ᠰᠠᠨᠠᠯ︾ ᠢ ᠲᠣᠭᠳᠠᠭᠠᠭᠰᠠᠨ ᠪᠠᠶᠢᠨ᠎ᠠ᠃ ᠬᠢᠯᠢ ᠳᠠᠮᠵᠢᠭᠰᠠᠨ ᠠᠵᠣ ᠠᠬᠤᠢ ᠶᠢᠨ ᠬᠠᠮᠳᠣ ᠶᠢᠨ ᠠᠵᠢᠯᠯᠠᠭᠠᠨ ᠤ ᠲᠣᠭᠤᠷᠢᠭ ᠨᠢ ᠲᠣᠮᠳᠠᠳᠣ ᠤᠯᠣᠰ ᠪᠠ ᠮᠣᠩᠭᠤᠯ ᠤᠯᠣᠰ ᠤᠨ ᠲᠦᠷᠦ ᠶᠢᠨ ᠳᠡᠭᠡᠳᠦ ᠲᠦᠪᠰᠢᠨ ᠤ ᠣᠳᠣᠷᠢᠳᠣᠯᠭ᠎ᠠ ᠶᠢᠨ ᠭᠠᠷ ᠤᠨ ᠦᠰᠦᠭ ᠵᠢᠷᠣᠭᠰᠠᠨ ᠬᠠᠷᠢᠯᠴᠠᠨ ᠣᠶᠢᠯᠠᠭᠠᠯᠴᠠᠬᠤ ᠰᠠᠨᠠᠮᠵᠢ ᠪᠢᠴᠢᠭ ᠲᠤ ᠪᠢᠴᠢᠭᠳᠡᠨ ᠣᠷᠣᠭᠰᠠᠨ ᠪᠠᠶᠢᠨ᠎ᠠ᠃ ᠥᠪᠡᠷᠳᠡᠭᠡᠨ ᠵᠠᠰᠠᠬᠤ ᠣᠷᠣᠨ ᠤ ᠤᠯᠣᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠨᠦᠭᠡᠴᠡ ᠶᠢᠨ ᠰᠣᠯᠢᠯᠴᠠᠭᠠᠨ ᠤ ᠪᠦᠷᠢᠳᠭᠡᠬᠦ ᠲᠦᠪ ᠲᠠᠢ ᠭᠡᠷ᠎ᠡ ᠪᠠᠶᠢᠭᠤᠯᠵᠣ᠂ ᠲᠣᠮᠳᠠᠳᠣ ᠮᠣᠩᠭᠤᠯ ᠤᠨ ᠠᠭᠤᠯᠠ ᠠᠭᠤᠷᠬᠠᠢ ᠶᠢᠨ ᠮᠦᠩᠬᠦᠨ ᠭᠦᠢᠯᠭᠡᠭᠡ ᠪᠠ ᠦᠢᠯᠡᠴᠢᠯᠡᠭᠡᠨ ᠤ ᠬᠤᠳᠠᠯᠳᠣᠭᠠᠨ ᠤ ᠲᠦᠪ ᠢ ᠪᠠᠶᠢᠭᠤᠯᠬᠤ ᠪᠠᠯᠡᠳᠭᠡᠯ ᠠᠵᠢᠯ ᠢᠳᠡᠪᠬᠢᠳᠡᠢ ᠶᠠᠪᠣᠭᠳᠠᠵᠣ ᠪᠠᠶᠢᠨ᠎ᠠ᠃ ᠡᠷᠢᠶᠠᠨ ᠬᠤᠳᠠ— ᠣᠯᠠᠭᠠᠨᠪᠠᠭᠠᠳᠣᠷ ᠴᠢᠭᠯᠡᠯ ᠤᠨ ᠲᠦᠷ ᠵᠠᠭᠤᠷ᠎ᠠ ᠶᠢᠨ ᠠᠭᠠᠷ ᠤᠨ ᠵᠠᠮ  ᠢ ᠦᠷᠭᠦᠯᠵᠢᠯᠡᠬᠦᠯᠦᠨ ᠨᠡᠪᠲᠡᠷᠡᠬᠦᠯᠵᠣ᠂ ᠵᠢᠷᠭᠤᠳᠣᠭᠠᠷ ᠤᠳᠠᠭᠠᠨ ᠤ  ︽ᠡᠷᠢᠶᠠᠨ ᠬᠤᠳᠠ ᠶᠢᠨ ᠲᠣᠮᠳᠠᠳᠣ ᠮᠣᠩᠭᠤᠯ ᠣᠷᠣᠰ ᠤᠨ ᠬᠤᠳᠠᠯᠳᠤᠭ᠎ᠠ ᠠᠵᠣ ᠠᠬᠤᠢ ᠶᠢᠨ ᠬᠠᠮᠳᠣ ᠶᠢᠨ ᠠᠵᠢᠯᠯᠠᠭᠠᠨ ᠤ ᠬᠤᠷᠠᠯ︾᠂ ᠬᠤᠶᠠᠳᠣᠭᠠᠷ ᠬᠤᠭᠤᠴᠠᠭᠠᠨ ᠤ ᠲᠣᠮᠳᠠᠳᠣ ᠮᠣᠩᠭᠤᠯ ᠣᠷᠣᠰ ᠤᠨ ᠵᠠᠯᠠᠭᠤᠴᠣᠳ ᠤᠨ  ︽ᠠᠭᠤᠣ ᠶᠡᠭᠡ ᠴᠠᠢ ᠶᠢᠨ ᠵᠠᠮ— ᠲᠣᠮᠳᠠᠳᠣ ᠶᠢᠨ ᠠᠶᠠᠯᠠᠯ︾ ᠣᠯᠠᠨ ᠤᠯᠣᠰ ᠤᠨ ᠵᠣᠨ ᠤ ᠵᠣᠰᠠᠯᠠᠩ ᠤᠨ ᠬᠦᠳᠡᠯᠭᠡᠭᠡᠨ᠂ ᠲᠣᠮᠳᠠᠳᠣ ᠮᠣᠩᠭᠤᠯ ᠤᠨ ᠵᠠᠯᠠᠭᠤᠴᠣᠳ ᠤᠨ ᠬᠦᠯ ᠪᠦᠮᠪᠦᠭᠡ ᠶᠢᠨ ᠣᠷᠢᠯᠭ᠎ᠠ ᠶᠢᠨ ᠣᠷᠣᠯᠳᠣᠭᠠᠨ ᠢ ᠠᠮᠵᠢᠯᠲᠠ ᠲᠠᠢ ᠵᠣᠬᠢᠶᠠᠨ ᠪᠠᠶᠢᠭᠤᠯᠣᠨ᠂ ᠭᠠᠳᠠᠭᠠᠳᠣ ᠬᠠᠮᠳᠣ ᠶᠢᠨ ᠠᠵᠢᠯᠯᠠᠭᠠᠨ ᠤ ᠰᠠᠯᠪᠣᠷᠢ ᠲᠠᠰᠣᠷᠠᠯᠳᠠ ᠦᠭᠡᠢ ᠦᠷᠭᠡᠵᠢᠭᠰᠡᠨ ᠪᠠᠶᠢᠨ᠎ᠠ᠃ ᠪᠡᠯᠡ ᠣᠷᠣᠭᠤᠯᠣᠯᠳᠠ ᠶᠢ ᠲᠠᠲᠠᠬᠤ ᠬᠦᠴᠦᠯᠡᠴᠡ ᠶᠢ ᠦᠨᠡᠨᠬᠦ ᠴᠢᠩᠭᠠᠳᠬᠠᠨ᠂ ᠡᠷᠢᠶᠠᠨ ᠬᠤᠳᠠ ᠶᠢᠨ ᠪᠡᠯᠡ ᠣᠷᠣᠭᠤᠯᠣᠯᠳᠠ ᠶᠢ ᠠᠬᠢᠭᠤᠯᠬᠤ ᠨᠡᠶᠢᠭᠡᠮᠯᠢᠭ ᠪᠠ ᠣᠯᠠᠨ ᠤᠯᠣᠰ ᠤᠨ ᠬᠤᠳᠠᠯᠳᠣᠭᠠᠨ ᠤ ᠨᠡᠶᠢᠭᠡᠮᠯᠢᠭ ᠢ ᠪᠠᠶᠢᠭᠤᠯᠵᠣ ᠂ ᠲᠣᠮᠳᠠᠳᠣ ᠤᠯᠣᠰ ᠤᠨ ᠵᠡᠬᠦᠨ ᠪᠠᠷᠠᠭᠤᠨ ᠬᠡᠰᠡᠭ ᠤᠨ ᠬᠠᠮᠳᠣ ᠶᠢᠨ ᠠᠵᠢᠯᠯᠠᠭ᠎ᠠ ᠪᠠ ᠪᠡᠯᠡ ᠣᠷᠣᠭᠤᠯᠣᠯᠳᠠ ᠶᠢᠨ ᠬᠤᠳᠠᠯᠳᠣᠭᠠᠨ ᠤ ᠬᠤᠷᠠᠯ᠂ ᠲᠣᠮᠳᠠᠳᠣ ᠤᠯᠣᠰ ᠤᠨ ᠪᠠᠷᠠᠭᠤᠨ ᠬᠡᠰᠡᠭ ᠤᠨ ᠣᠯᠠᠨ ᠤᠯᠣᠰ ᠤᠨ ᠦᠵᠡᠬᠦᠯᠦᠯᠭᠡ ᠶᠢᠨ ᠬᠤᠷᠠᠯ ᠵᠡᠷᠭᠡ ᠶᠡᠭᠡ ᠬᠡᠮᠵᠢᠶᠠᠨ ᠤ ᠦᠵᠡᠬᠦᠯᠦᠯᠭᠡ ᠶᠢᠨ ᠬᠤᠷᠠᠯ ᠤᠨ ᠲᠠᠪᠴᠠᠩ ᠢ ᠪᠦᠷᠢᠨ ᠭᠦᠢᠴᠡᠳ ᠠᠰᠢᠭᠯᠠᠨ ᠪᠡᠯᠡ ᠣᠷᠣᠭᠤᠯᠣᠯᠳᠠ ᠶᠢ ᠲᠠᠲᠠᠬᠤ ᠠᠵᠢᠯ ᠢ ᠦᠷᠨᠢᠬᠦᠯᠦᠨ᠂ ᠲᠣᠮᠳᠠᠳᠣ ᠶᠢᠨ ᠴᠠᠬᠢᠯᠭᠠᠨ ᠬᠦᠴᠦᠨ ᠤ ᠪᠡᠯᠡ ᠣᠷᠣᠭᠤᠯᠣᠯᠳᠠ ᠶᠢᠨ ᠺᠣᠮᠫᠠᠨᠢ᠂ ᠬᠤᠸᠠ ᠴᠧᠨ ᠡᠨᠧᠷᠭᠢ᠂ ᠪᠣᠭᠤᠳᠣ ᠶᠢᠨ ᠪᠣᠯᠣᠳ ᠲᠡᠮᠦᠷ ᠤᠨ ᠦᠢᠯᠡᠳᠪᠦᠷᠢ ᠵᠡᠷᠭᠡ ᠠᠵᠣ  ᠠᠬᠤᠶᠢᠯᠠᠯ ᠲᠠᠢ ᠬᠠᠮᠳᠣᠷᠠᠨ ᠠᠵᠢᠯᠯᠠᠬᠤ ᠭᠡᠷ᠎ᠡ ᠪᠠᠶᠢᠭᠤᠯᠵᠣ᠂ ᠨᠡᠶᠢᠳᠡ 52 ᠲᠦᠷᠦᠯ ᠵᠦᠢᠯ ᠣᠷᠣᠭᠤᠯᠣᠨ᠂ ᠪᠣᠳᠠᠳᠠᠢ ᠪᠡᠯᠡ ᠣᠷᠣᠭᠤᠯᠣᠭᠰᠠᠨ ᠨᠢ 35 ᠳ᠋ᠦᠩᠰᠢᠭᠤᠷ ᠲᠦᠭᠦᠷᠢᠭ ᠲᠤ ᠬᠦᠷᠴᠠᠢ᠃ ᠪᠣᠭᠤᠮᠳᠠ ᠶᠢᠨ ᠮᠦᠩᠬᠦᠨ ᠭᠦᠢᠯᠭᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠣᠯᠳᠠ ᠶᠢ ᠲᠦᠷᠭᠡᠳᠭᠡᠨ᠂ ᠥᠪᠥᠷ ᠮᠣᠩᠭᠤᠯ ᠪᠠᠩᠭᠢ ᠶᠢᠨ ᠡᠷᠢᠶᠠᠨ ᠬᠤᠳᠠ ᠶᠢᠨ ᠰᠠᠯᠪᠣᠷᠢ ᠪᠠᠩᠭᠢ ᠨᠢ ᠠᠰᠢᠭᠯᠠᠯᠳᠠ ᠳᠤ ᠣᠷᠣᠵᠣ᠂ ᠪᠣᠭᠤᠳᠣ ᠶᠢᠨ ᠬᠤᠳᠠᠯᠳᠣᠭᠠᠨ ᠤ ᠪᠠᠩᠭᠢ  ᠶᠢᠨ ᠡᠷᠢᠶᠠᠨ ᠬᠤᠳᠠ ᠳᠤ ᠰᠠᠯᠪᠣᠷᠢ ᠪᠠᠩᠭᠢ ᠪᠠᠶᠢᠭᠤᠯᠬᠤ ᠲᠣᠬᠠᠢ ᠤᠯᠣᠰ ᠤᠨ ᠪᠠᠩᠭᠢ ᠶᠢᠨ ᠬᠢᠨᠠᠯᠳᠠ ᠬᠠᠮᠢᠶᠠᠷᠣᠯᠳᠠ  ᠶᠢᠨ ᠵᠦᠪᠯᠡᠯ ᠠᠴᠠ ᠠᠯᠪᠠᠨ ᠪᠢᠴᠢᠭ ᠤᠨ ᠬᠠᠷᠢᠭᠤ ᠢᠷᠡᠬᠦᠯᠵᠣ᠂ ᠮᠦᠩᠬᠦᠨ ᠭᠦᠢᠯᠭᠡᠭᠡᠨ ᠤ ᠪᠠᠶᠢᠭᠤᠯᠣᠯᠭ᠎ᠠ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠭᠳᠡᠯ ᠨᠢ ᠲᠤᠰ ᠲᠤᠰ 60.5 ᠳ᠋ᠦᠩᠰᠢᠭᠤᠷ ᠲᠦᠭᠦᠷᠢᠭ ᠪᠠ 53.2 ᠳ᠋ᠦᠩᠰᠢᠭᠤᠷ ᠲᠦᠭᠦᠷᠢᠭ ᠲᠤ ᠬᠦᠷᠴᠦ᠂ ᠲᠤᠰ ᠲᠤᠰ 9.4% ᠪᠠ 6.8% ᠪᠠᠷ ᠨᠡᠮᠡᠭᠳᠡᠵᠠᠢ᠃        ᠳᠦᠷᠪᠠ᠂ ︽ᠮᠠᠯᠴᠢᠳ᠂ ᠮᠠᠯ ᠠᠵᠣ ᠠᠬᠤᠢ᠂ ᠮᠠᠯᠵᠢᠬᠤ ᠣᠷᠣᠨ︾ ᠤ ᠠᠵᠢᠯ ᠰᠢᠨ᠎ᠡ ᠦᠷ᠎ᠡ ᠪᠦᠳᠦᠭᠡᠯ ᠭᠠᠷᠭᠠᠵᠣ᠂ ᠲᠠᠯ᠎ᠠ ᠨᠣᠳᠤᠭ ᠤᠨ ᠠᠮᠢ ᠠᠬᠤᠢ ᠶᠢᠨ ᠣᠷᠴᠢᠨ ᠲᠣᠭᠤᠷᠢᠨ ᠠᠭᠠᠵᠢᠮ ᠢᠶᠠᠷ ᠰᠠᠶᠢᠵᠢᠷᠠᠪᠠ      ᠪᠦᠬᠦ ᠵᠢᠯ ᠳᠤ 4321 ᠲᠦᠮᠡᠨ ᠲᠦᠭᠦᠷᠢᠭ ᠤᠨ ᠲᠣᠬᠢᠷᠠᠭᠤᠯᠣᠯᠳᠠ ᠬᠢᠵᠣ᠂ ᠮᠠᠯᠵᠢᠬᠤ ᠲᠠᠷᠢᠶᠠᠯᠠᠬᠤ ᠣᠷᠣᠨ ᠳᠤ  ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠬᠡᠷᠡᠭᠵᠢᠬᠦᠯᠵᠡᠢ᠃ ᠮᠠᠯᠵᠢᠬᠤ ᠲᠠᠷᠢᠶᠠᠯᠠᠬᠤ ᠣᠷᠣᠨ ᠤ 164 ᠣᠷᠣᠨ ᠰᠠᠭᠤᠴᠠ ᠶᠢ ᠰᠢᠨ᠎ᠡ ᠪᠠᠷ ᠪᠠᠷᠢᠬᠤ ᠪᠠ ᠵᠠᠰᠠᠪᠣᠷᠢᠯᠠᠭᠰᠠᠨ ᠪᠠᠶᠢᠨ᠎ᠠ᠃ 15 ᠮᠠᠰᠢᠨ ᠬᠤᠳᠳᠤᠭ ᠮᠠᠯᠳᠠᠨ᠂ 430 ᠮᠠᠯᠴᠢᠨ ᠡᠷᠦᠭᠡ ᠳᠤ ᠤᠰᠣ ᠴᠡᠪᠡᠷᠰᠢᠬᠦᠯᠬᠦ ᠲᠦᠭᠦᠭᠡᠷᠦᠮᠵᠢ ᠤᠭᠰᠠᠷᠠᠭᠰᠠᠨ ᠪᠠᠶᠢᠨ᠎ᠠ᠃ 6.8 ᠺᠢᠯᠣᠮᠧᠲᠷ ᠵᠠᠮ ᠪᠠ ᠬᠠᠳᠠᠭᠤ ᠬᠤᠴᠢᠯᠳᠠ ᠲᠠᠢ ᠵᠡᠭᠡᠯᠢ ᠭᠤᠳᠣᠮᠵᠢ ᠶᠢ ᠰᠢᠨ᠎ᠡ ᠪᠠᠷ ᠪᠠᠶᠢᠭᠤᠯᠵᠠᠢ᠃ 63 ᠮᠠᠯᠴᠢᠨ ᠡᠷᠦᠭᠡ ᠶᠢᠨ ᠰᠠᠯᠬᠢ ᠪᠠ ᠨᠠᠷᠠᠨ ᠤ ᠬᠠᠷᠢᠯᠴᠠᠨ ᠨᠦᠭᠦᠪᠦᠷᠢᠯᠡᠬᠦ ᠰᠢᠨᠡᠴᠢᠯᠡᠯ ᠪᠣᠯᠣᠨ ᠴᠠᠬᠢᠯᠭᠠᠨ ᠰᠦᠯᠵᠢᠶᠠᠨ ᠳᠤ ᠨᠢᠭᠡᠳᠭᠡᠬᠦ ᠢᠨᠵᠧᠨᠧᠷᠢᠩ ᠢ ᠬᠢᠵᠣ ᠭᠦᠢᠴᠡᠳᠭᠡᠭᠰᠡᠨ ᠪᠠᠶᠢᠨ᠎ᠠ᠃ ︽ᠡᠷᠦᠭᠡ ᠪᠣᠯᠭᠠᠨ ᠳᠤ ᠨᠡᠪᠲᠡᠷᠡᠬᠦᠯᠬᠦ︾ ᠵᠠᠷᠴᠢᠮ  ᠢᠶᠠᠷ ᠬᠤᠣᠰ ᠵᠠᠭᠪᠣᠷ ᠤᠨ 300 ᠲᠣᠬᠢᠶᠠᠨ ᠤ ᠬᠠᠶᠢᠷᠴᠠᠭ ᠢ ᠰᠢᠨ᠎ᠡ ᠪᠠᠷ ᠤᠭᠰᠠᠷᠴᠠᠢ᠃ 5 ᠭᠠᠴᠠᠭᠠᠨ ᠤ ᠰᠣᠶᠣᠯ  ᠤᠨ ᠬᠦᠳᠡᠯᠭᠡᠭᠡᠨ ᠤ ᠭᠡᠷ ᠠᠰᠢᠭᠯᠠᠯᠳᠠ ᠳᠤ ᠣᠷᠣᠭᠰᠠᠨ ᠪᠠᠶᠢᠨ᠎ᠠ᠃ ᠬᠥᠳᠡᠭᠡ ᠲᠣᠰᠬᠤᠨ ᠮᠠᠯᠵᠢᠬᠤ ᠣᠷᠣᠨ ᠤ ᠪᠠᠶᠢᠩᠭᠤ ᠶᠢᠨ ᠣᠷᠣᠰᠢᠨ ᠰᠠᠭᠤᠵᠣ ᠪᠠᠶᠢᠭ᠎ᠠ ᠬᠦᠮᠦᠨ ᠠᠮᠠ ᠶᠢᠨ ᠳᠣᠣᠷ᠎ᠠ ᠪᠠᠲᠣᠯᠠᠭ᠎ᠠ᠂ ᠡᠮᠴᠢᠯᠡᠭᠡ᠂ ᠨᠠᠰᠣᠵᠢᠯ ᠤᠨ  ᠳᠠᠭᠠᠳᠬᠠᠯ ᠨᠢ ᠪᠦᠬᠦ ᠣᠷᠣᠨ᠂ ᠪᠦᠬᠦ ᠠᠶᠢᠮᠠᠭ ᠤᠨ ᠲᠣᠮᠳᠠᠴᠢ ᠲᠦᠪᠰᠢᠨ ᠠᠴᠠ ᠥᠨᠳᠥᠷ ᠪᠠᠶᠢᠨ᠎ᠠ᠃ ᠪᠡᠭᠡᠵᠢᠩ ᠲᠢᠶᠠᠨᠵᠢᠨ ᠤ ᠡᠯᠡᠰᠣᠨ ᠤ ᠡᠬᠢ ᠰᠣᠷᠪᠣᠯᠵᠢ ᠶᠢ ᠵᠠᠰᠠᠬᠤ ᠪᠠ ᠬᠢᠯᠢ ᠶᠢᠨ ᠪᠣᠭᠤᠮᠳᠠ ᠶᠢ ᠭᠦᠭᠵᠢᠬᠦᠯᠦᠨ ᠠᠷᠠᠳ ᠢ ᠪᠠᠶᠠᠵᠢᠭᠤᠯᠬᠤ ᠢᠨᠵᠧᠨᠧᠷᠢᠩ ᠢ ᠨᠠᠷᠢᠨ ᠬᠢᠨᠠᠮᠠᠭᠠᠢ ᠬᠡᠷᠡᠭᠵᠢᠬᠦᠯᠵᠣ᠂ 10320 ᠲᠡᠭᠰᠢ ᠲᠦᠷᠪᠡᠯᠵᠢᠨ ᠮᠧᠲᠷ ᠳᠣᠯᠠᠭᠠᠨ ᠫᠧᠩ᠂ 3820 ᠲᠡᠭᠰᠢ ᠲᠦᠷᠪᠡᠯᠵᠢᠨ ᠮᠧᠲᠷ ᠡᠪᠡᠰᠦ ᠬᠠᠳᠠᠭᠠᠯᠠᠬᠤ ᠫᠧᠩ ᠰᠢᠨ᠎ᠡ ᠪᠠᠷ ᠪᠠᠶᠢᠭᠤᠯᠵᠠᠢ᠃ ᠲᠠᠯ᠎ᠠ ᠨᠣᠳᠤᠭ ᠤᠨ ᠠᠮᠢ ᠠᠬᠤᠢ ᠶᠢᠨ ᠨᠦᠭᠦᠪᠦᠷᠢ ᠮᠦᠩᠬᠦᠨ ᠤ ᠲᠣᠭᠲᠠᠯᠴᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠡᠯ᠎ᠡ ᠲᠦᠷᠦᠯ ᠤᠨ ᠨᠦᠬᠦᠪᠦᠷᠢ ᠮᠦᠩᠬᠦ 1356.9 ᠲᠦᠮᠡᠨ ᠲᠦᠭᠦᠷᠢᠭ ᠣᠯᠭᠤᠭᠰᠠᠨ ᠪᠠᠶᠢᠨ᠎ᠠ᠃ ᠮᠠᠯ ᠪᠠ ᠪᠡᠯᠴᠢᠭᠡᠷ ᠤᠨ ᠲᠡᠩᠴᠡᠪᠦᠷᠢ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠪᠦᠬᠦ ᠵᠢᠯ ᠤᠨ ᠮᠠᠯ ᠤᠨ ᠭᠠᠷᠭᠠᠯᠳᠠ 5 ᠲᠦᠮᠡᠨ ᠲᠣᠯᠣᠭᠠᠢ ᠪᠠᠶᠢᠵᠣ᠂ ᠮᠠᠯᠴᠢᠨ ᠡᠷᠦᠭᠡ ᠶᠢᠨ ᠪᠣᠰᠣ ᠮᠠᠯ ᠢ 2600 ᠲᠣᠯᠣᠭᠠᠢ ᠠᠷᠢᠯᠭᠠᠨ᠂ ᠲᠠᠯ᠎ᠠ ᠨᠣᠳᠤᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠣ ᠰᠠᠶᠢᠵᠢᠷᠠᠭᠤᠯᠣᠭᠰᠠᠨ ᠪᠠᠶᠢᠨ᠎ᠠ᠃      ᠲᠠᠪᠤ᠂ ᠨᠡᠶᠢᠭᠡᠮ ᠤᠨ ᠪᠦᠲᠦᠭᠡᠨ ᠪᠠᠶᠢᠭᠤᠯᠣᠯᠳᠠ ᠪᠦᠬᠦ ᠲᠠᠯ᠎ᠠ ᠪᠠᠷ ᠣᠷᠣᠭᠰᠢᠯᠠᠨ᠂ ᠠᠷᠠᠳ ᠤᠨ ᠠᠮᠢᠵᠢᠷᠠᠭᠠᠨ ᠤ ᠴᠢᠨᠠᠷ ᠴᠢᠨᠰᠠᠭ᠎ᠠ ᠦᠷᠭᠦᠯᠵᠢᠯᠡᠨ ᠳᠡᠭᠡᠭᠰᠢᠯᠡᠪᠡ      ᠨᠡᠶᠢᠭᠡᠮ ᠤᠨ ᠠᠵᠣ ᠦᠢᠯᠡᠰ ᠵᠣᠬᠢᠴᠠᠯᠳᠣᠨ ᠬᠦᠭᠵᠢᠭᠰᠡᠨ ᠪᠠᠶᠢᠨ᠎ᠠ᠃ ᠪᠦᠬᠦ ᠵᠢᠯ ᠤᠨ ᠪᠠᠭᠰᠢ ᠨᠠᠷ ᠤᠨ ᠲᠠᠪᠳᠠᠨ ᠪᠣᠯᠪᠠᠰᠣᠷᠠᠭᠤᠯᠣᠯᠳᠠ 4000 ᠬᠦᠮᠦᠨ ᠤᠳᠠᠭ᠎ᠠ ᠳᠤ ᠬᠦᠷᠴᠣ᠂ ᠪᠠᠭᠰᠢ ᠶᠢᠨ ᠡᠩᠨᠡᠭᠡ ᠶᠢᠨ ᠬᠡᠪ ᠴᠢᠨᠠᠷ ᠪᠠ ᠵᠢᠭᠠᠨ ᠰᠣᠷᠭᠠᠬᠤ ᠴᠢᠨᠠᠷ ᠴᠢᠨᠰᠠᠭ᠎ᠠ ᠳᠡᠭᠡᠭᠰᠢᠯᠡᠵᠠᠢ᠃ 2014 ᠣᠨ ᠳᠤ ᠵᠢᠩᠬᠢᠨᠢ ᠠᠩᠭᠢ ᠶᠢᠨ ᠬᠤᠪᠢ ᠳᠤ ᠬᠦᠷᠦᠭᠰᠡᠨ ᠨᠣᠷᠮ᠎ᠠ 55.8% ᠪᠠᠶᠢᠵᠣ᠂ ᠥᠪᠡᠷᠳᠡᠭᠡᠨ ᠵᠠᠰᠠᠬᠤ ᠣᠷᠣᠨ ᠤ ᠲᠣᠮᠳᠠᠴᠢ ᠲᠦᠪᠰᠢᠨ ᠠᠴᠠ 14.3% ᠪᠠᠷ ᠥᠨᠳᠥᠷ ᠪᠠᠶᠢᠨ᠎ᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠡᠷᠢᠶᠠᠨ ᠬᠤᠳᠠ ᠶᠢᠨ ᠣᠯᠠᠨ ᠣᠯᠣᠰ ᠤᠨ ᠳᠡᠭᠡᠳᠣ ᠰᠣᠷᠭᠠᠭᠤᠯᠢ ᠪᠠ ᠮᠣᠩᠭᠤᠯ ᠣᠷᠣᠰ ᠤᠨ ᠳᠡᠭᠡᠳᠦ ᠵᠡᠷᠭᠡ ᠶᠢᠨ ᠰᠣᠷᠭᠠᠭᠤᠯᠢ ᠶᠢᠨ ᠬᠠᠮᠳᠣᠷᠠᠨ ᠰᠣᠷᠭᠠᠭᠤᠯᠢ ᠡᠷᠬᠢᠯᠡᠬᠦ ᠠᠵᠢᠯ ᠲᠣᠭᠲᠠᠪᠣᠷᠢᠳᠠᠢ ᠣᠷᠣᠭᠰᠢᠯᠠᠨ᠂ ᠨᠢᠭᠡᠳᠦᠭᠡᠷ ᠪᠦᠯᠦᠭ ᠭᠠᠳᠠᠭᠠᠳᠣ ᠳᠤ ᠰᠣᠷᠣᠯᠴᠠᠬᠤ ᠣᠶᠣᠳᠠᠳ ᠣᠷᠣᠰ ᠤᠨ ᠪᠣᠷᠢᠶᠠᠳ ᠤᠯᠣᠰ ᠤᠨ ᠶᠡᠭᠡ ᠰᠣᠷᠭᠠᠭᠤᠯᠢ ᠳᠤ ᠰᠣᠷᠣᠯᠴᠠᠬᠤ ᠪᠠᠷ ᠶᠠᠪᠣᠭᠰᠠᠨ ᠪᠠᠶᠢᠨ᠎ᠠ᠃ ᠦᠨᠳᠦᠰᠦᠳᠡᠨ ᠤ ᠰᠣᠷᠭᠠᠭᠤᠯᠢ᠂ ᠯᠠᠨ ᠲᠢᠶᠠᠨ ᠴᠡᠴᠡᠷᠯᠢᠭ ᠤᠨ ᠪᠠᠷᠢᠯᠭ᠎ᠠ ᠶᠢᠨ ᠭᠤᠣᠯ ᠴᠣᠭᠴᠠ ᠶᠢᠨ ᠠᠵᠢᠯ ᠳᠠᠭᠤᠰᠴᠣ᠂ ᠣᠯᠠᠨ ᠤᠯᠣᠰ ᠤᠨ ᠳᠡᠭᠡᠳᠣ ᠰᠣᠷᠭᠠᠭᠤᠯᠢ ᠶᠢᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠳᠠ ᠶᠢᠨ ᠠᠵᠢᠯ ᠡᠬᠢᠯᠡᠵᠣ᠂ 5 ᠲᠣᠮᠳᠠᠳᠣ ᠪᠠᠭ᠎ᠠ ᠰᠣᠷᠭᠠᠭᠤᠯᠢ ᠶᠢᠨ ᠪᠠᠷᠢᠮᠵᠢᠶ᠎ᠠ ᠳᠤ ᠨᠡᠶᠢᠴᠡᠭᠰᠡᠨ ᠲᠠᠮᠢᠷ ᠤᠨ ᠲᠠᠯᠠᠪᠠᠢ ᠶᠢ ᠰᠢᠨ᠎ᠡ ᠪᠠᠷ ᠪᠠᠶᠢᠭᠤᠯᠣᠨ᠂ 7 ᠰᠣᠷᠠᠭᠠᠭᠤᠯᠢ ᠶᠢᠨ ᠲᠠᠮᠢᠷ ᠤᠨ ᠲᠠᠯᠠᠪᠠᠢ ᠶᠢ ᠰᠢᠨᠡᠴᠢᠯᠡᠬᠦ ᠢᠨᠵᠧᠨᠧᠷᠢᠩ ᠤᠨ ᠠᠵᠢᠯ ᠢ ᠬᠢᠵᠣ ᠭᠦᠢᠴᠡᠳᠭᠡᠵᠣ᠂ ᠰᠣᠷᠭᠠᠨ ᠬᠦᠮᠦᠵᠢᠬᠦᠯᠬᠦ ᠦᠢᠯᠡᠰ ᠤᠨ ᠭᠦᠭᠵᠢᠯᠳᠠ ᠶᠢᠨ ᠨᠦᠬᠦᠴᠡᠯ ᠣᠯᠠᠮ ᠨᠢᠭᠡ ᠠᠯᠬᠤᠮ ᠰᠠᠶᠢᠵᠢᠷᠠᠭᠰᠠᠨ ᠪᠠᠶᠢᠨ᠎ᠠ᠃ ᠡᠮ ᠡᠮᠨᠡᠯᠭᠡ ᠡᠷᠡᠬᠦᠯ ᠮᠡᠨᠳᠣ ᠶᠢᠨ ᠲᠣᠭᠲᠠᠯᠴᠠᠭ᠎ᠠ ᠶᠢᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠦᠨ᠂ ᠰᠢᠨ᠎ᠡ ᠬᠦᠳᠡᠭᠡ ᠲᠣᠰᠬᠤᠨ ᠤ ᠬᠤᠷᠰᠢᠭᠰᠠᠨ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠮᠠᠯᠴᠢᠨ ᠲᠠᠷᠢᠶᠠᠴᠢᠨ ᠨᠢ 100% ᠳᠤ ᠬᠦᠷᠴᠠᠢ᠃ 1500 ᠲᠦᠮᠡᠨ ᠲᠦᠭᠦᠷᠢᠭ ᠤᠨ ᠪᠡᠯᠡ ᠮᠦᠩᠬᠦ ᠴᠣᠭᠯᠠᠭᠤᠯᠣᠨ ᠶᠡᠭᠡ ᠬᠡᠮᠵᠢᠶᠠᠨ ᠤ ᠡᠮᠨᠡᠯᠭᠡ ᠶᠢᠨ ᠲᠣᠨᠤᠭ ᠲᠦᠭᠦᠭᠡᠷᠦᠮᠵᠢ ᠶᠢ ᠬᠤᠳᠠᠯᠳᠣᠨ ᠠᠪᠴᠣ᠂ ᠭᠤᠣᠯᠳᠠᠯᠭ᠎ᠠ ᠲᠠᠢ ᠰᠢᠨᠵᠢᠯᠡᠭᠡ ᠪᠠ ᠡᠮᠴᠢ ᠶᠢᠨ ᠡᠩᠨᠡᠭᠡ ᠶᠢᠨ ᠪᠦᠲᠦᠭᠡᠨ ᠪᠠᠶᠢᠭᠤᠯᠣᠯᠳᠠ ᠶᠢ ᠴᠢᠩᠭᠠᠳᠬᠠᠨ᠂ ᠬᠤᠳᠠ ᠶᠢᠨ ᠡᠮᠨᠡᠯᠭᠡ ᠶᠢᠨ ᠬᠤᠷᠢᠶᠠᠨ ᠤ ᠡᠮᠴᠢᠯᠡᠬᠦ ᠨᠦᠬᠦᠴᠡᠯ ᠪᠠ ᠠᠪᠣᠷᠠᠨ ᠡᠳᠡᠭᠡᠷᠡᠬᠦᠯᠬᠦ ᠲᠦᠪᠰᠢᠨ ᠳᠡᠭᠡᠭᠰᠢᠯᠡᠭᠰᠡᠨ ᠪᠠᠶᠢᠨ᠎ᠠ᠃ ᠬᠦᠮᠦᠨ ᠠᠮᠠ ᠶᠢᠨ ᠲᠦᠯᠦᠪᠯᠡᠭᠡᠳᠦ ᠦᠷᠡᠵᠢᠯ ᠤᠨ ᠠᠵᠢᠯ ᠢ ᠴᠢᠩᠭᠠᠳᠬᠠᠨ᠂ ᠲᠦᠷᠦ ᠶᠢᠨ ᠪᠣᠳᠣᠯᠭ᠎ᠠ ᠳᠤ ᠨᠡᠶᠢᠴᠡᠭᠰᠡᠨ ᠦᠷᠡᠵᠢᠯ ᠤᠨ ᠨᠣᠷᠮ᠎ᠠ 98.8% ᠳᠤ ᠬᠦᠷᠴᠠᠢ᠃ ᠰᠣᠶᠣᠯ ᠢᠶᠠᠷ ᠠᠷᠠᠳ ᠢ ᠲᠣᠰᠠᠯᠠᠬᠤ ᠢᠨᠵᠧᠨᠧᠷᠢᠩ ᠢ ᠪᠣᠳᠠᠳᠠᠢ ᠠᠬᠢᠭᠤᠯᠣᠨ᠂ ᠰᠣᠶᠣᠯ ᠤᠨ ᠦᠢᠯᠡᠴᠢᠯᠡᠭᠡᠨ ᠤ ᠰᠦᠯᠵᠢᠶ᠎ᠠ ᠬᠤᠳᠠ ᠬᠦᠳᠡᠭᠡ ᠶᠢ ᠪᠦᠷᠬᠦᠬᠦ ᠶᠢ ᠪᠡᠶᠡᠯᠡᠬᠦᠯᠦᠭᠰᠡᠨ ᠪᠠᠶᠢᠨ᠎ᠠ᠃  ︽ᠢ ᠯᠢᠨ ᠤ ᠲᠡᠦᠭᠡ︾ ᠶᠢ ᠨᠠᠶᠢᠷᠠᠭᠤᠯᠣᠨ ᠵᠣᠬᠢᠶᠠᠵᠣ᠂ ᠮᠠᠨ ᠤ ᠬᠤᠳᠠ ᠶᠢᠨ ᠪᠦᠵᠢᠭᠳᠦ ᠵᠦᠴᠦᠭᠡ ᠶᠢᠨ ᠵᠣᠬᠢᠶᠠᠨ ᠪᠦᠳᠦᠭᠡᠬᠦ ᠰᠠᠯᠪᠣᠷᠢ ᠶᠢᠨ ᠬᠤᠭᠤᠰᠣᠨ ᠲᠠᠯ᠎ᠠ ᠶᠢ ᠨᠦᠬᠦᠵᠡᠢ᠃ ᠪᠦᠬᠦ ᠣᠷᠣᠨ ᠤ ᠬᠦᠯ ᠪᠦᠮᠪᠦᠭᠡ ᠶᠢᠨ ᠦᠭᠡᠷᠡᠴᠢᠯᠡᠯᠳᠠ ᠶᠢᠨ ᠲᠣᠷᠰᠢᠯᠳᠠ  ᠶᠢᠨ ᠴᠡᠭ ᠤᠨ ᠬᠤᠷᠠᠯ ᠮᠠᠨ ᠤ ᠬᠤᠳᠠ ᠳᠤ ᠵᠣᠬᠢᠶᠠᠨ ᠪᠠᠶᠢᠭᠤᠯᠣᠭᠳᠠᠵᠣ᠂ ᠬᠦᠯ ᠪᠦᠮᠪᠦᠭᠡ ᠶᠢᠨ ᠦᠭᠡᠷᠡᠴᠢᠯᠡᠯᠳᠠ  ᠶᠢᠨ ᠠᠵᠢᠯ ᠰᠢᠨ᠎ᠡ ᠠᠬᠢᠴᠠ ᠲᠠᠢ ᠪᠣᠯᠣᠭᠰᠠᠨ ᠪᠠᠶᠢᠨ᠎ᠠ᠃ ᠷᠠᠳᠢᠣ᠋ ᠲᠧᠯᠸᠢᠰ ᠢ ᠳᠠᠮᠵᠢᠭᠤᠯᠣᠨ ᠪᠦᠷᠬᠦᠬᠦᠯᠬᠦ ᠰᠦᠯᠵᠢᠶ᠎ᠠ ᠶᠢᠨ ᠪᠦᠲᠦᠭᠡᠨ ᠪᠠᠶᠢᠭᠤᠯᠣᠯᠳᠠ ᠶᠢ ᠴᠢᠩᠭᠠᠳᠬᠠᠨ᠂ ᠷᠠᠳᠢᠣ᠋ ᠲᠧᠯᠸᠢᠰ ᠤᠨ ᠪᠦᠷᠬᠦᠴᠡ ᠶᠢᠨ ᠨᠣᠷᠮ᠎ᠠ 98.3% ᠳᠤ ᠬᠦᠷᠴᠠᠢ᠃        ᠠᠷᠠᠳ ᠤᠨ ᠠᠮᠢᠵᠢᠷᠠᠭᠠᠨ ᠤ ᠴᠢᠨᠠᠷ ᠴᠢᠨᠰᠠᠭ᠎ᠠ ᠲᠣᠭᠳᠠᠭᠤᠨ ᠢᠶᠠᠷ ᠳᠡᠭᠡᠭᠰᠢᠯᠡᠵᠠᠢ᠃ ︽ᠴᠢᠳᠠᠪᠣᠷᠢᠳᠠᠨ  ᠢᠶᠠᠷ ᠬᠤᠳᠠ ᠶᠢ ᠬᠦᠭᠵᠢᠬᠦᠯᠬᠦ︾ ᠪᠠᠶᠢᠯᠳᠣᠬᠤ ᠪᠣᠳᠣᠯᠭ᠎ᠠ ᠶᠢ ᠲᠦᠷᠭᠡᠳᠭᠡᠨ ᠬᠡᠷᠡᠭᠵᠢᠬᠦᠯᠵᠣ᠂  ︽ᠰᠢᠯᠢᠳᠡᠭ ᠴᠢᠳᠠᠪᠣᠷᠢᠳᠠᠨ ᠢ ᠡᠯᠰᠡᠬᠦ ᠬᠦᠮᠦᠵᠢᠬᠦᠯᠬᠦ ᠬᠡᠷᠡᠭᠯᠡᠬᠦ ᠬᠦᠬᠢᠬᠦᠯᠬᠦ ᠲᠣᠬᠠᠢ ᠲᠦᠷ ᠬᠡᠷᠡᠭᠵᠢᠬᠦᠯᠬᠦ ᠠᠷᠭ᠎ᠠ︾ ᠶᠢ ᠲᠣᠭᠳᠠᠭᠠᠨ᠂ ᠪᠦᠬᠦ ᠬᠤᠳᠠ ᠶᠢᠨ ᠬᠡᠪᠴᠢᠶᠠᠨ ᠳᠤ 53 ᠨᠡᠷᠡᠰ ᠲᠤᠰᠬᠠᠢ ᠮᠡᠷᠭᠡᠵᠢᠯ ᠤᠨ ᠠᠵᠢᠯᠳᠠᠨ ᠢ ᠢᠯᠡ ᠰᠢᠯᠭᠠᠯᠳᠠ ᠪᠠᠷ ᠳᠠᠮᠵᠢᠨ ᠡᠯᠰᠡᠵᠣ᠂ 58 ᠨᠡᠷᠡᠰ ᠴᠡᠷᠢᠭ ᠠᠴᠠ ᠬᠠᠯᠠᠭᠳᠠᠭᠰᠠᠨ ᠬᠦᠮᠦᠰ ᠢ ᠲᠣᠬᠢᠷᠠᠭᠤᠯᠣᠨ᠂ 88 ᠨᠡᠷᠡᠰ 1997 ᠣᠨ ᠪᠠ ᠡᠬᠦᠨ ᠠᠴᠠ ᠡᠮᠦᠨ᠎ᠡ ᠰᠣᠷᠭᠠᠭᠤᠯᠢ ᠳᠤ ᠣᠷᠣᠭᠰᠠᠨ ᠳᠡᠭᠡᠳᠣ ᠲᠣᠮᠳᠠᠳᠣ ᠵᠡᠷᠭᠡ ᠶᠢᠨ ᠰᠣᠷᠭᠠᠭᠤᠯᠢ ᠲᠡᠭᠦᠰᠦᠭᠴᠢᠳ ᠤᠨ ᠠᠵᠢᠯ ᠣᠯᠭᠤᠬᠤ ᠠᠰᠠᠭᠤᠳᠠᠯ ᠢ ᠵᠣᠬᠢᠰᠳᠠᠢ ᠰᠢᠢᠳᠪᠦᠷᠢᠯᠡᠭᠰᠡᠨ ᠪᠠᠶᠢᠨ᠎ᠠ᠃ ᠪᠦᠬᠦ ᠵᠢᠯ ᠳᠤ ᠨᠡᠶᠢᠳᠠ 1675 ᠠᠵᠢᠯ ᠤᠨ ᠪᠠᠶᠢᠷᠢ ᠡᠯᠰᠡᠨ᠂ 859 ᠬᠦᠮᠦᠨ ᠰᠢᠨ᠎ᠡ ᠪᠠᠷ ᠠᠵᠢᠯ ᠳᠤ ᠣᠷᠣᠵᠣ᠂ ᠬᠤᠳᠠ ᠪᠠᠯᠭᠠᠰᠣᠨ ᠳᠤ ᠪᠦᠷᠢᠳᠭᠡᠯ ᠲᠠᠢ ᠠᠵᠢᠯ ᠠᠯᠳᠠᠭᠰᠠᠳ ᠤᠨ ᠨᠣᠷᠮ᠎ᠠ ᠶᠢ 2.4% ᠪᠠᠷ ᠬᠢᠵᠠᠭᠠᠷᠯᠠᠵᠠᠢ᠃ ᠨᠡᠶᠢᠭᠡᠮ ᠤᠨ ᠪᠠᠳᠣᠯᠠᠭᠠᠨ ᠤ ᠪᠦᠷᠬᠦᠴᠡ ᠶᠢᠨ ᠬᠡᠮᠵᠢᠶ᠎ᠠ ᠶᠢ ᠦᠷᠭᠡᠳᠭᠡᠨ᠂ ᠪᠦᠬᠦ ᠵᠢᠯ ᠤᠨ ᠰᠢᠨ᠎ᠡ ᠪᠠᠷ ᠨᠡᠮᠡᠭᠳᠡᠭᠰᠡᠨ ᠳᠠᠭᠠᠳᠬᠠᠯ ᠳᠤ ᠣᠷᠣᠯᠴᠠᠭᠰᠠᠨ ᠬᠦᠮᠦᠨ ᠤ ᠲᠤᠭ᠎ᠠ 3431 ᠪᠠᠶᠢᠵᠣ᠂ ᠨᠡᠶᠢᠳᠡ ᠲᠤᠭ᠎ᠠ   ᠨᠢ 4.67 ᠲᠦᠮᠡ ᠳᠤ ᠬᠦᠷᠴᠠᠢ᠃ ᠬᠤᠳᠠ ᠪᠠᠯᠭᠠᠰᠣᠨ ᠤ ᠠᠵᠢᠯᠳᠠᠨ ᠪᠠ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠡᠮᠨᠡᠯᠭᠡ  ᠳᠤ ᠰᠠᠭᠤᠵᠣ ᠲᠠᠩᠰᠠ ᠴᠠᠶᠢᠷᠠᠭᠤᠯᠬᠤ ᠬᠠᠷᠢᠴᠠᠯ ᠨᠢ ᠲᠤᠰ ᠲᠤᠰ 87.5% ᠪᠠ 75% ᠳᠤ ᠬᠦᠷᠴᠣ᠂ ᠬᠠᠮᠤᠭ  ᠤᠨ ᠥᠨᠳᠥᠷ ᠨᠦᠬᠦᠨ ᠲᠥᠯᠦᠬᠦ ᠬᠢᠵᠠᠭᠠᠷ ᠢ ᠲᠤᠰ ᠲᠤᠰ 47.9 ᠲᠦᠮᠡᠨ ᠲᠦᠭᠦᠷᠢᠭ ᠪᠠ 24.4 ᠲᠦᠮᠡᠨ ᠲᠦᠭᠦᠷᠢᠭ ᠬᠦᠷᠳᠡᠯ᠎ᠡ ᠳᠡᠭᠡᠭᠰᠢᠯᠡᠬᠦᠯᠵᠠᠢ᠃ ᠠᠵᠣ ᠠᠬᠤᠶᠢᠯᠠᠯ ᠤᠨ ᠨᠠᠰᠣᠨ ᠤ ᠠᠮᠠᠷᠠᠯᠳᠠ ᠪᠠᠨ ᠠᠪᠣᠭᠰᠠᠨ ᠬᠦᠮᠦᠰ  ᠤᠨ ᠨᠠᠰᠣᠳᠠᠨ ᠢ ᠠᠰᠠᠷᠠᠬᠤ ᠮᠦᠩᠬᠦᠨ ᠤ ᠰᠠᠷ᠎ᠠ ᠶᠢᠨ ᠪᠠᠷᠢᠮᠵᠢᠶ᠎ᠠ ᠶᠢ 1815 ᠲᠦᠭᠦᠷᠢᠭ ᠪᠣᠯᠭᠠᠵᠣ ᠳᠡᠭᠡᠭᠰᠢᠯᠡᠬᠦᠯᠦᠭᠰᠡᠨ ᠪᠠᠶᠢᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠤᠨ ᠳᠣᠣᠷ᠎ᠠ ᠠᠮᠢᠳᠣᠷᠠᠯ  ᠤᠨ ᠪᠠᠲᠣᠯᠠᠭ᠎ᠠ᠂ ᠲᠠᠪᠣᠨ ᠪᠠᠲᠣᠯᠠᠭᠠᠳᠣ ᠬᠦᠮᠦᠰ ᠤᠨ ᠲᠡᠳᠭᠦᠮᠵᠢ ᠶᠢᠨ ᠮᠦᠩᠬᠦ᠂ ᠭᠤᠷᠪᠠᠨ ᠦᠭᠡᠢ ᠬᠦᠮᠦᠰ ᠤᠨ ᠲᠡᠳᠭᠦᠮᠵᠢ ᠶᠢᠨ ᠮᠦᠩᠬᠦ᠂ ᠦᠨᠦᠴᠢᠨ ᠬᠡᠦᠭᠡᠳ ᠤᠨ ᠲᠡᠳᠬᠦᠮᠵᠢ ᠶᠢᠨ ᠮᠦᠩᠬᠦ᠂ ᠦᠨᠳᠦᠷ ᠨᠠᠰᠣᠳᠠᠨ ᠤ ᠨᠦᠭᠦᠪᠦᠷᠢ ᠮᠦᠩᠬᠦ ᠵᠡᠷᠭᠡ ᠭᠤᠣᠯ ᠪᠣᠯᠬᠤ ᠪᠠᠲᠣᠯᠠᠭᠠᠨ ᠤ ᠲᠡᠳᠬᠦᠮᠵᠢ ᠶᠢᠨ ᠮᠦᠩᠬᠦ ᠶᠢᠨ ᠪᠠᠷᠢᠮᠵᠢᠶ᠎ᠠ ᠨᠢ ᠦᠷᠭᠦᠯᠵᠢᠯᠡᠨ ᠪᠦᠬᠦ ᠣᠷᠣᠨ ᠤ ᠡᠮᠦᠨ᠎ᠡ ᠬᠡᠳᠦᠨ ᠨᠡᠷᠡᠰ ᠲᠤ ᠵᠢᠭᠰᠠᠵᠣ ᠪᠠᠶᠢᠨ᠎ᠠ᠃ ᠪᠦᠬᠦ ᠵᠢᠯ ᠳᠤ ᠳᠣᠣᠷ᠎ᠠ ᠪᠠᠲᠣᠯᠠᠭᠠᠳᠣ ᠭᠡᠷ ᠪᠦᠯᠢ ᠶᠢᠨ ᠣᠶᠣᠳᠠᠨ ᠤ ᠲᠡᠳᠬᠦᠮᠵᠢ ᠶᠢᠨ ᠮᠦᠩᠬᠦ ᠪᠠ ᠳᠣᠣᠷ᠎ᠠ ᠣᠷᠣᠯᠭ᠎ᠠ ᠲᠠᠢ ᠮᠠᠯᠴᠢᠨ ᠲᠠᠷᠢᠶᠠᠴᠢᠨ ᠤ ᠨᠡᠬᠦᠷᠡᠰᠦᠨ ᠤ ᠨᠦᠭᠦᠪᠦᠷᠢ ᠮᠦᠩᠬᠦ 129.6 ᠲᠦᠮᠡᠨ ᠲᠦᠭᠦᠷᠢᠭ ᠣᠯᠭᠤᠵᠣ᠂ ︽ᠠᠵᠢᠯ ᠦᠭᠡᠢ ᠭᠡᠷ ᠪᠦᠯᠢ︾ ᠨᠢᠭᠡ ᠴᠦ ᠪᠠᠶᠢᠬᠤ ᠦᠭᠡᠢ ᠪᠣᠯᠵᠠᠢ᠃ ᠪᠧᠢ ᠵᠢᠶᠠᠩ ᠨᠡᠶᠢᠭᠡᠮ ᠲᠣᠭᠤᠷᠢᠭ᠂ ᠰᠢᠯᠢᠨ ᠨᠡᠶᠢᠭᠡᠮ ᠲᠣᠭᠤᠷᠢᠭ ᠤᠨ ᠨᠠᠰᠣᠳᠠᠶᠢᠴᠣᠳ ᠤᠨ ᠬᠦᠳᠡᠯᠭᠡᠭᠡᠨ ᠤ ᠲᠦᠪ ᠪᠠ ᠰᠠᠶᠢᠬᠤᠰᠣ ᠶᠢᠨ ᠬᠦᠳᠡᠭᠡ ᠲᠣᠰᠬᠤᠨ ᠤ ᠬᠠᠷᠢᠯᠴᠠᠨ ᠬᠠᠪᠰᠣᠷᠣᠯᠴᠠᠬᠤ ᠵᠣᠯ ᠵᠢᠷᠭᠠᠯᠳᠣ ᠬᠤᠷᠢᠶ᠎ᠠ ᠶᠢ ᠪᠠᠶᠢᠭᠤᠯᠣᠨ᠂ ᠨᠠᠰᠣᠳᠠᠶᠢᠴᠣᠳ ᠤᠨ ᠦᠢᠯᠡᠰ ᠲᠣᠭᠳᠠᠭᠤᠨ ᠢᠶᠠᠷ ᠬᠦᠭᠵᠢᠭᠰᠡᠨ ᠪᠠᠶᠢᠨ᠎ᠠ᠃ ᠪᠠᠲᠣᠯᠠᠭᠠᠳᠣ ᠣᠷᠣᠨ ᠰᠠᠭᠤᠴᠨ ᠶᠢᠨ ᠢᠨᠵᠧᠨᠧᠷᠢᠩ ᠢ ᠢᠳᠡᠪᠬᠢᠳᠡᠢ ᠠᠬᠢᠭᠤᠯᠣᠨ᠂ 50 ᠣᠯᠠᠨ ᠨᠡᠶᠢᠳᠠ ᠶᠢᠨ ᠲᠦᠷᠢᠶᠠᠰᠦᠨ ᠤ ᠣᠷᠣᠨ ᠰᠠᠭᠤᠴᠠ ᠶᠢ ᠪᠠᠷᠢᠵᠣ᠂ 86 ᠳᠣᠣᠷ᠎ᠠ ᠲᠦᠷᠢᠶᠠᠰᠦᠨ ᠤ ᠦᠨ᠎ᠡ ᠪᠦᠬᠦᠢ ᠣᠷᠣᠨ ᠰᠠᠭᠤᠴᠠ ᠶᠢ ᠬᠤᠪᠢᠶᠠᠷᠢᠯᠠᠵᠠᠢ᠃      ᠵᠢᠷᠭᠤᠭ᠎ᠠ᠂ ᠣᠶᠣᠨ ᠤ ᠪᠣᠯᠪᠠᠰᠣᠨ ᠪᠠ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠣᠯᠳᠠ ᠶᠢ ᠴᠢᠩᠭᠠᠳᠬᠠᠨ᠂ ᠵᠠᠰᠠᠭ ᠤᠨ ᠣᠷᠳᠣᠨ ᠤ ᠦᠷ᠎ᠡ ᠪᠦᠳᠦᠮᠵᠢ ᠢᠯᠡᠳᠳᠡ ᠳᠡᠭᠡᠭᠰᠢᠯᠡᠪᠡ      ᠣᠶᠣᠨ ᠤ ᠪᠣᠯᠪᠠᠰᠣᠨ ᠤ ᠪᠦᠲᠦᠭᠡᠨ ᠪᠠᠶᠢᠭᠤᠯᠣᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠪᠦᠬᠦ ᠠᠶᠢᠮᠠᠭ  ᠤᠨ ᠣᠶᠣᠨ ᠤ ᠪᠣᠯᠪᠠᠰᠣᠨ ᠤ ᠪᠦᠲᠦᠭᠡᠨ ᠪᠠᠶᠢᠭᠤᠯᠣᠯᠳᠠ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠵᠣᠬᠢᠶᠠᠨ  ᠪᠠᠶᠢᠭᠤᠯᠵᠣ᠂ ᠪᠦᠬᠦ ᠣᠯᠣᠰ ᠤᠨ ᠪᠣᠯᠪᠠᠰᠣᠨ ᠬᠤᠳᠠ ᠶᠢ ᠪᠦᠳᠦᠭᠡᠨ ᠪᠠᠶᠢᠭᠤᠯᠬᠤ ᠨᠡᠷ᠎ᠡ ᠳᠣᠷᠠᠳᠣᠭᠰᠠᠨ ᠬᠤᠳᠠ  ᠶᠢᠨ ᠵᠢᠭᠰᠠᠭᠠᠯᠳᠠ ᠳᠤ ᠣᠷᠣᠭᠰᠠᠨ ᠪᠠᠶᠢᠨ᠎ᠠ᠃ ᠤᠯᠣᠰ ᠤᠨ ᠳᠦᠷᠪᠡᠳᠦᠭᠡᠷ ᠪᠦᠯᠦᠭ ᠤᠰᠣ ᠠᠷᠪᠢᠯᠠᠬᠤ ᠬᠡᠯᠪᠡᠷᠢᠳᠦ ᠨᠡᠶᠢᠭᠡᠮ ᠤᠨ ᠪᠦᠲᠦᠭᠡᠨ ᠪᠠᠶᠢᠭᠤᠯᠣᠯᠳᠠ ᠶᠢᠨ ᠲᠣᠷᠰᠢᠯᠳᠠ ᠶᠢᠨ ᠴᠡᠭ ᠤᠨ ᠬᠤᠳᠠ ᠶᠢᠨ ᠰᠢᠯᠭᠠᠯᠳᠠ ᠶᠢ ᠠᠮᠵᠢᠯᠳᠠ  ᠲᠠᠢ ᠳᠠᠪᠠᠭᠰᠠᠨ ᠪᠠᠶᠢᠨ᠎ᠠ᠃ ᠮᠣᠩᠭᠤᠯ ᠬᠡᠯᠡ ᠪᠢᠴᠢᠭ ᠤᠨ ᠠᠵᠢᠯ ᠤᠨ ᠦᠷ᠎ᠡ ᠪᠦᠳᠦᠮᠵᠢ ᠢᠯᠡᠷᠭᠡᠢ ᠪᠠᠶᠢᠵᠣ᠂ ᠮᠠᠨ  ᠤ ᠬᠤᠳᠠ ᠨᠢ ︽ᠪᠦᠬᠦ ᠣᠷᠣᠨ ᠤ ᠬᠤᠳᠠ ᠶᠢᠨ ᠦᠨᠳᠦᠰᠦᠳᠡᠨ ᠤ ᠠᠵᠢᠯ ᠤᠨ ᠲᠣᠷᠰᠢᠯᠳᠠ ᠶᠢᠨ ᠴᠡᠭ ᠤᠨ ᠠᠶᠢᠮᠠᠭ ᠬᠤᠳᠠ︾ ᠪᠣᠯᠣᠭᠰᠠᠨ ᠪᠠᠶᠢᠨ᠎ᠠ᠃ ᠴᠢᠷᠢᠭ ᠠᠩᠬᠢ ᠪᠠ ᠣᠯᠣᠰ ᠤᠨ ᠪᠠᠳᠣᠯᠠᠨ ᠬᠠᠮᠠᠭᠠᠯᠠᠯᠳᠠ ᠶᠢᠨ ᠨᠦᠭᠡᠴᠡ ᠬᠦᠴᠦᠨ ᠤ ᠪᠦᠲᠦᠭᠡᠨ ᠪᠠᠶᠢᠭᠤᠯᠣᠯᠳᠠ ᠶᠢ ᠳᠡᠮᠵᠢᠨ᠂ ᠬᠤᠶᠠᠷ ᠢ ᠬᠦᠷᠢᠶᠡᠯᠡᠬᠦ ᠪᠦᠲᠦᠭᠡᠨ ᠪᠠᠶᠢᠭᠤᠯᠣᠯᠳᠠ  ᠶᠢᠨ ᠦᠷ᠎ᠡ ᠪᠦᠳᠦᠭᠡᠯ ᠲᠠᠰᠣᠷᠠᠯᠳᠠ ᠦᠭᠡᠢ ᠪᠠᠬᠢᠵᠢᠭ᠍ᠰᠡᠨ ᠪᠠᠶᠢᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠣᠰ ᠲᠦᠷᠦ ᠶᠢᠨ ᠵᠦᠪᠯᠡᠯᠭᠡᠨ ᠤ ᠬᠠᠣᠯᠢ ᠪᠠ ᠠᠷᠠᠳᠴᠢᠯᠠᠯ ᠤᠨ ᠬᠢᠨᠠᠯᠳᠠ ᠶᠢ ᠬᠦᠯᠢᠶᠠᠨ ᠠᠪᠴᠣ᠂ ᠪᠦᠬᠦ ᠵᠢᠯ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ 6 ᠤᠳᠠᠭ᠎ᠠ᠂ 14 ᠠᠯᠪᠠᠨ ᠪᠢᠴᠢᠭ ᠢᠶᠠᠷ ᠠᠵᠢᠯ ᠤᠨ ᠬᠠᠷᠢᠭᠤ ᠮᠡᠳᠡᠭᠦᠯᠦᠯᠳᠠ ᠬᠢᠵᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠯ᠂ ᠤᠯᠣᠰ ᠲᠦᠷᠦ ᠶᠢᠨ ᠵᠦᠪᠯᠡᠯᠭᠡᠨ ᠤ ᠭᠡᠰᠢᠬᠦᠨ ᠤ ᠲᠣᠷᠠᠳᠣᠭᠰᠠᠨ 86 ᠲᠦᠰᠦᠯ ᠢ ᠰᠢᠢᠳᠪᠦᠷᠢᠯᠡᠵᠡᠢ᠃  ︽ᠵᠢᠷᠭᠤᠳᠣᠭᠠᠷ ᠲᠠᠪᠣᠨ ᠵᠢᠯ ᠤᠨ ᠬᠠᠣᠯᠢ ᠲᠦᠭᠡᠭᠡᠮᠡᠯᠵᠢᠬᠦᠯᠬᠦ︾ ᠠᠵᠢᠯ ᠢ ᠰᠠᠶᠢᠳᠣᠷ ᠦᠷᠨᠢᠬᠦᠯᠦᠨ᠂ ᠠᠷᠠᠳᠴᠢᠯᠠᠯ ᠬᠠᠣᠯᠢ ᠲᠦᠷᠢᠮ ᠤᠨ ᠪᠠᠶᠢᠭᠤᠯᠣᠯᠳᠠ ᠶᠢ ᠲᠠᠰᠣᠷᠠᠯᠳᠠ ᠦᠭᠡᠢ ᠴᠢᠩᠭᠠᠳᠬᠠᠭᠰᠠᠨ ᠪᠠᠶᠢᠨ᠎ᠠ᠃ ᠤᠳᠣᠷᠢᠳᠣᠯᠭ᠎ᠠ ᠺᠠᠳ᠋ᠷ ᠤᠨ ᠵᠠᠬᠢᠳᠠᠯ ᠰᠣᠷᠪᠣᠯᠵᠢᠯᠠᠭ᠎ᠠ ᠶᠢ ᠬᠦᠯᠢᠶᠠᠨ ᠠᠪᠬᠤ ᠬᠦᠳᠡᠯᠭᠡᠭᠡᠨ ᠦᠷᠨᠢᠬᠦᠯᠵᠣ᠂ 95% ᠠᠴᠠ ᠳᠡᠭᠡᠭᠰᠢ ᠶᠢᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠵᠣᠬᠢᠰᠳᠠᠢ ᠰᠢᠢᠳᠪᠦᠷᠢᠯᠡᠭᠰᠡᠨ ᠪᠠᠶᠢᠨ᠎ᠠ᠃ ᠬᠠᠣᠯᠢ ᠶᠣᠰᠣᠭᠠᠷ ᠡᠯ᠎ᠡ ᠲᠦᠷᠦᠯ ᠤᠨ ᠬᠠᠣᠯᠢ ᠵᠦᠷᠢᠴᠡᠭᠰᠡᠨ ᠶᠠᠯᠠᠳᠣ ᠦᠢᠯᠡ ᠠᠵᠢᠯᠯᠠᠭ᠎ᠠ ᠳᠤ ᠴᠣᠬᠢᠯᠳᠠ ᠦᠭᠴᠦ᠂ ᠠᠷᠠᠳ ᠲᠦᠮᠡᠨ ᠤ ᠠᠮᠣᠷ ᠲᠠᠶᠢᠪᠣᠩ ᠲᠦᠷᠦᠭᠳᠡᠯ ᠣᠯᠠᠮ ᠨᠢᠭᠡ ᠠᠯᠬᠤᠮ ᠨᠡᠮᠡᠭᠳᠡᠵᠡᠢ᠃ ᠠᠶᠣᠯ ᠦᠭᠡᠢ ᠦᠢᠯᠡᠳᠪᠦᠷᠢᠯᠡᠯ ᠪᠠ ᠢᠳᠡᠭᠡᠨ ᠤᠮᠳᠠᠭᠠᠨ ᠡᠮ ᠤᠨ ᠠᠶᠣᠯ ᠦᠭᠡᠢ ᠪᠠᠶᠢᠳᠠᠯ ᠤᠨ ᠬᠢᠨᠠᠯᠳᠠ ᠶᠢ ᠴᠢᠩᠭᠠᠳᠬᠠᠨ᠂ ᠪᠦᠬᠦ ᠵᠢᠯ ᠳᠤ ᠣᠨᠴᠠ ᠨᠣᠴᠢᠳᠠᠢ ᠠᠶᠣᠯ ᠦᠭᠡᠢ ᠪᠠᠶᠢᠳᠠᠯ ᠤᠨ ᠬᠡᠷᠡᠭ ᠡᠭᠦᠰᠦᠭᠰᠡᠨ ᠦᠭᠡᠢ ᠪᠠᠶᠢᠨ᠎ᠠ᠃      ᠬᠤᠶᠠᠳᠣᠭᠠᠷ ᠤᠳᠠᠭᠠᠨ ᠤ ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠦᠷᠨᠢᠬᠦᠯᠬᠦ ᠲᠣᠬᠢᠶᠠᠯ ᠢ ᠠᠰᠢᠭᠯᠠᠨ᠂ ᠠᠵᠢᠯ ᠤᠨ ᠬᠡᠪ ᠰᠣᠷᠳᠠᠯ ᠢᠶᠠᠨ ᠶᠡᠬᠡᠪᠡᠷ ᠦᠭᠡᠷᠡᠴᠢᠯᠡᠨ᠂ ᠪᠦᠬᠦ ᠬᠤᠳᠠ ᠶᠢᠨ ᠪᠢᠴᠢᠭ ᠮᠠᠲ᠋ᠧᠷᠢᠶᠠᠯ ᠪᠠ ᠬᠤᠷᠠᠯ ᠤᠨ ᠲᠤᠭ᠎ᠠ ᠶᠢ ᠲᠣᠮᠳᠠᠴᠢ ᠪᠠᠷ 12.5% ᠪᠠᠷ ᠬᠠᠰᠣᠵᠣ᠂ ︽ᠭᠤᠷᠪᠠᠨ ᠨᠡᠶᠢᠳᠠ ᠶᠢᠨ ᠵᠠᠷᠣᠳᠠᠯ︾ ᠨᠢ ᠨᠢᠳᠣᠨᠣᠨ ᠤ ᠠᠴᠠ 14.1% ᠪᠠᠷ ᠪᠠᠭᠤᠷᠠᠨ᠂ ᠪᠦᠬᠦ ᠵᠢᠯ ᠳᠤ 9120 ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠠᠯᠪᠠᠨ ᠭᠡᠷ ᠢ ᠬᠤᠭᠤᠰᠣᠯᠠᠨ ᠭᠠᠷᠭᠠᠵᠣ᠂ 93 ᠠᠯᠪᠠᠨ ᠤ ᠮᠠᠰᠢᠨ ᠲᠡᠷᠭᠡ ᠶᠢ ᠰᠢᠢᠳᠪᠦᠷᠢᠯᠡᠨ ᠵᠣᠭᠰᠣᠭᠠᠵᠣ᠂ 60 ᠵᠠᠰᠠᠭ ᠤᠨ ᠣᠷᠳᠣᠨ ᠤ ᠬᠡᠯᠡᠯᠴᠡᠨ ᠵᠣᠬᠢᠴᠠᠭᠤᠯᠬᠤ ᠪᠠᠶᠢᠭᠤᠯᠣᠯᠭ᠎ᠠ  ᠶᠢ ᠬᠦᠴᠦᠨ ᠦᠭᠡᠢ ᠪᠣᠯᠭᠠᠨ᠂ ᠣᠯᠠᠨ ᠲᠦᠮᠡᠨ ᠤ ᠠᠰᠢᠭ ᠲᠣᠰᠠ ᠲᠠᠢ ᠬᠤᠯᠪᠣᠭᠳᠠᠭᠰᠠᠨ 9 ᠠᠷᠠᠳ ᠤᠨ ᠠᠮᠢᠵᠢᠷᠠᠭᠠᠨ ᠤ ᠲᠣᠮᠣ ᠶᠠᠪᠣᠳᠠᠯ ᠢ ᠲᠦᠪᠯᠡᠷᠡᠬᠦᠯᠦᠨ ᠰᠢᠢᠳᠪᠦᠷᠢᠯᠡᠵᠣ᠂ ᠬᠠᠣᠯᠢ ᠲᠣᠭᠳᠠᠭᠠᠯ ᠵᠦᠷᠢᠴᠡᠭᠰᠡᠨ ᠬᠡᠷᠡᠭ ᠢ ᠬᠠᠣᠯᠢ ᠶᠣᠰᠣᠭᠠᠷ ᠪᠠᠶᠢᠴᠠᠭᠠᠵᠣ ᠰᠢᠢᠳᠪᠦᠷᠢᠯᠡᠨ᠂ 7 ᠨᠡᠷᠡᠰ ᠠᠯᠪᠠᠨ ᠠᠵᠢᠯᠳᠠᠨ ᠳᠤ ᠵᠠᠰᠠᠭ ᠵᠠᠬᠢᠷᠭᠠᠨ ᠤ ᠰᠢᠳᠭᠡᠯ ᠦᠭᠴᠦ᠂ ᠠᠷᠠᠳ ᠲᠦᠮᠡᠨ ᠤ ᠲᠦᠯᠦᠭᠡ ᠪᠣᠳᠠᠳᠣ ᠠᠵᠢᠯ ᠬᠢᠳᠡᠭ ᠲᠦᠪ ᠴᠢᠭᠡᠴᠢ ᠵᠠᠰᠠᠭ ᠤᠨ ᠣᠷᠳᠣᠨ ᠤ ᠲᠦᠷᠢ ᠲᠦᠷᠬᠦ ᠶᠢ ᠪᠣᠢ ᠪᠣᠯᠭᠠᠭᠰᠠᠨ ᠪᠠᠶᠢᠨ᠎ᠠ  ᠃ ᠵᠠᠰᠠᠭ ᠤᠨ ᠣᠷᠳᠣᠨ ᠤ ᠮᠡᠳᠡᠭᠡᠯᠡᠯ ᠢ ᠢᠯᠡ ᠲᠣᠳᠣ ᠪᠣᠯᠭᠠᠬᠤ ᠠᠵᠢᠯ ᠢ ᠶᠡᠬᠡᠪᠡᠷ ᠲᠦᠯᠬᠢᠨ ᠠᠬᠢᠭᠤᠯᠵᠣ᠂ ᠵᠠᠰᠠᠭ ᠤᠨ ᠣᠷᠳᠣᠨ ᠤ ᠰᠦᠯᠵᠢᠶ᠎ᠠ ᠶᠢᠨ ᠪᠦᠲᠦᠭᠡᠨ ᠪᠠᠶᠢᠭᠤᠯᠣᠯᠳᠠ ᠶᠢ ᠴᠢᠩᠭᠠᠳᠬᠠᠨ᠂ ᠬᠤᠳᠠ ᠶᠢᠨ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ ᠬᠦᠢᠴᠡᠳᠭᠡᠯ ᠪᠣᠯᠣᠨ ︽ᠭᠤᠷᠪᠠᠨ ᠨᠡᠶᠢᠳᠠ ᠶᠢᠨ ᠵᠠᠷᠣᠳᠠᠯ︾ ᠤᠨ ᠲᠦᠰᠦᠪ ᠪᠠ ᠲᠦᠰᠦᠪ ᠤᠨ ᠭᠦᠢᠴᠡᠳᠭᠡᠯ ᠢ ᠨᠡᠶᠢᠭᠡᠮ ᠳᠤ ᠢᠯᠡ ᠪᠠᠷ ᠨᠡᠶᠢᠳᠡᠯᠡᠭᠰᠡᠨ ᠪᠠᠶᠢᠨ᠎ᠠ᠃ ᠣᠯᠠᠨ ᠨᠡᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠢ ᠪᠠᠶᠢᠭᠤᠯᠵᠣ᠂ ᠵᠠᠰᠠᠭ ᠵᠠᠬᠢᠷᠭᠠᠨ  ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠠ ᠶᠢ ᠬᠦᠨᠵᠡᠭᠡᠶᠢᠷᠡᠬᠦᠯᠦᠨ᠂ 48 ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠳᠤ ᠲᠣᠬᠢᠷᠠᠭᠤᠯᠣᠯᠳᠠ ᠬᠢᠵᠣ᠂ ᠵᠠᠰᠠᠭ ᠵᠠᠬᠢᠷᠭᠠᠨ ᠤ ᠠᠵᠣ ᠦᠢᠯᠡᠰ ᠤᠨ ᠴᠢᠨᠠᠷᠲᠠᠢ 16 ᠵᠦᠢᠯ ᠤᠨ ᠲᠦᠯᠦᠪᠦᠷᠢ ᠬᠤᠷᠢᠶᠠᠮᠵᠢ ᠶᠢ ᠪᠠᠭᠤᠷᠠᠭᠤᠯᠬᠤ ᠪᠣᠶᠣ ᠬᠦᠴᠦᠨ ᠦᠭᠡᠢ ᠪᠣᠯᠭᠠᠨ᠂ ᠵᠠᠰᠠᠭ ᠵᠠᠬᠢᠷᠭᠠᠨ ᠤ ᠦᠷ᠎ᠡ ᠪᠦᠳᠦᠮᠵᠢ ᠢᠯᠡᠳᠳᠡ ᠳᠡᠭᠡᠭᠰᠢᠯᠡᠭᠰᠡᠨ ᠪᠠᠶᠢᠨ᠎ᠠ᠃ ᠡᠬᠦᠨ ᠠᠴᠠ ᠭᠠᠳᠠᠨ᠎ᠠ᠂ ᠬᠢᠨᠠᠨ ᠪᠣᠳᠣᠬᠤ᠂ ᠬᠢᠨᠠᠨ ᠪᠠᠶᠢᠴᠠᠭᠠᠬᠤ᠂ ᠭᠠᠯ ᠤᠨ ᠠᠶᠣᠯ ᠠᠴᠠ ᠰᠡᠷᠭᠡᠶᠢᠯᠡᠬᠦ᠂ ᠴᠠᠭ ᠠᠭᠤᠷ᠂ ᠰᠢᠣᠳᠠᠨ᠂ ᠮᠡᠳᠡᠭᠡ ᠬᠤᠯᠪᠣᠭ᠎ᠠ᠂ ᠤᠯᠠᠭᠠᠨ ᠵᠠᠭᠠᠯᠮᠠᠢ᠂ ᠨᠠᠰᠣᠨ ᠳᠤ ᠦᠯᠦ ᠬᠦᠷᠦᠭᠰᠡᠳ᠂ ᠵᠡᠮᠳᠡᠭ ᠬᠦᠮᠦᠰ ᠵᠡᠷᠭᠡ ᠶᠢᠨ ᠠᠵᠢᠯ ᠦᠢᠯᠡᠰ ᠴᠦᠮ ᠰᠢᠨ᠎ᠡ ᠦᠷ᠎ᠡ ᠪᠦᠳᠦᠮᠵᠢ  ᠣᠯᠣᠭᠰᠠᠨ ᠪᠠᠶᠢᠨ᠎ᠠ᠃       ᠲᠦᠯᠦᠭᠡᠯᠡᠭᠴᠢᠳ ᠡ᠂ ᠣᠯᠣᠰ ᠤᠨ ᠭᠠᠳᠠᠭᠠᠳᠣ ᠲᠣᠳᠣᠭᠠᠳᠣ ᠶᠢᠨ ᠠᠵᠣ ᠠᠬᠤᠢ ᠶᠢᠨ ᠨᠦᠬᠦᠴᠡᠯ ᠪᠠᠶᠢᠳᠠᠯ ᠪᠣᠳᠣᠯᠢᠶᠠᠨ ᠲᠠᠢ᠂ ᠪᠣᠭᠤᠮᠳᠠ ᠶᠢᠨ ᠬᠥᠭᠵᠢᠯᠳᠠ ᠮᠠᠰᠢ ᠣᠯᠠᠨ ᠪᠡᠷᠭᠡᠰᠢᠶᠡᠯ ᠲᠤᠯᠭᠠᠷᠠᠭᠰᠠᠨ ᠵᠢᠯ ᠳᠤ ᠪᠢᠳᠠ ᠡᠨᠡᠬᠦ ᠦᠷ᠎ᠡ ᠪᠦᠳᠦᠮᠵᠢ ᠶᠢ ᠭᠠᠷᠭᠠᠭᠰᠠᠨ ᠨᠢ ᠮᠠᠰᠢ ᠶᠡᠭᠡ ᠠᠮᠠᠷ ᠦᠭᠡᠢ ᠶᠠᠪᠣᠳᠠᠯ ᠶᠤᠮ᠃ ᠡᠳᠡᠭᠡᠷ ᠠᠮᠵᠢᠯᠳᠠ ᠪᠣᠯ ᠳᠡᠭᠡᠳᠣ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠲᠦᠷᠦ ᠶᠢᠨ ᠪᠣᠳᠣᠯᠭ᠎ᠠ᠂ ᠣᠨᠣᠪᠴᠢᠳᠠᠢ ᠤᠳᠣᠷᠢᠳᠣᠯᠭ᠎ᠠ ᠶᠢᠨ ᠦᠷ᠎ᠡ ᠳ᠋ᠦᠩ ᠮᠥᠨ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠪᠠ ᠨᠡᠶᠢᠭᠡᠮ  ᠤᠨ ᠡᠯ᠎ᠡ ᠡᠳᠡᠭᠡᠳ ᠤᠨ ᠬᠠᠣᠯᠢ ᠶᠣᠰᠣᠭᠠᠷ ᠬᠢᠨᠠᠯᠳᠠ ᠲᠠᠯᠪᠢᠵᠣ᠂ ᠶᠡᠬᠡᠪᠡᠷ ᠳᠡᠮᠵᠢᠯᠭᠡ ᠦᠵᠡᠬᠦᠯᠦᠭᠰᠡᠨ ᠤ ᠦᠷ᠎ᠡ ᠳ᠋ᠦᠩ ᠮᠥᠨ᠂ ᠪᠦᠬᠦ ᠬᠤᠳᠠ ᠶᠢᠨ ᠦᠷᠭᠡᠨ ᠣᠯᠠᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠃ ᠠᠳᠠ ᠪᠢ ᠬᠤᠳᠠ ᠶᠢᠨ ᠵᠠᠰᠠᠭ ᠤᠨ ᠣᠷᠳᠣᠨ ᠢ ᠲᠦᠯᠦᠭᠡᠯᠡᠨ᠂ ᠰᠢᠷᠭᠠᠭᠤ ᠬᠦᠳᠡᠯᠮᠦᠷᠢᠯᠡᠭᠰᠡᠨ ᠪᠦᠬᠦ ᠺᠠᠳ᠋ᠷ ᠣᠯᠠᠨ ᠲᠦᠮᠡᠨ ᠪᠠ ᠪᠣᠭᠤᠮᠳᠠ ᠶᠢᠨ ᠪᠦᠲᠦᠭᠡᠨ ᠪᠠᠶᠢᠭᠤᠯᠣᠯᠳᠠ ᠳᠤ ᠠᠩᠬᠠᠷᠣᠯ ᠲᠠᠯᠪᠢᠵᠣ ᠳᠡᠮᠵᠢᠯᠭᠡ ᠦᠵᠡᠬᠦᠯᠦᠭᠰᠡᠨ ᠨᠦᠬᠦᠳ ᠲᠤ ᠴᠢᠩ ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠬᠦᠯᠵᠣ ᠪᠠᠶᠢᠨ᠎ᠠ︕      ᠦᠷ᠎ᠡ ᠪᠦᠳᠦᠮᠵᠢ ᠪᠠᠨ ᠨᠣᠳᠠᠯᠠᠬᠤ ᠶᠢᠨ ᠵᠡᠷᠭᠡᠴᠡᠭᠡ᠂ ᠪᠢᠳᠠ ᠪᠠᠰᠠ ᠬᠦᠭᠵᠢᠯᠳᠠ ᠶᠢᠨ ᠲᠣᠮᠳᠠ ᠲᠣᠯᠭᠠᠷᠴᠣ ᠪᠠᠶᠢᠭ᠎ᠠ ᠪᠡᠷᠭᠡᠰᠢᠶᠡᠯ ᠵᠶ᠋ᠡᠨ‌‍ᠲ᠋ᠣᠳᠣᠷᠬᠠᠢ ᠲᠠᠨᠢᠬᠤ ᠬᠡᠷᠡᠭᠳᠡᠢ᠂ ᠭᠠᠳᠠᠭᠠᠳᠣ ᠣᠷᠴᠢᠨ ᠲᠣᠭᠤᠷᠢᠨ ᠠᠴᠠ ᠠᠪᠴᠣ ᠦᠵᠡᠬᠦ  ᠳᠤ᠂ ᠤᠯᠤᠰ ᠤᠨ ᠳᠣᠳᠣᠭᠠᠳᠣ ᠭᠠᠳᠠᠭᠠᠳᠣ ᠶᠢᠨ ᠬᠤᠷᠸ᠎ᠠ ᠠᠵᠣ ᠠᠬᠤᠢ ᠶᠢᠨ ᠨᠦᠬᠦᠴᠡᠯ ᠪᠠᠶᠢᠳᠠᠯ ᠲᠣᠳᠣᠷᠬᠠᠢ ᠪᠣᠰᠣ᠂ ᠪᠣᠭᠤᠮᠳᠠ ᠶᠢᠨ ᠲᠣᠯᠭᠠᠷᠴᠣ ᠪᠠᠶᠢᠭ᠎ᠠ ᠤᠯᠣᠰ ᠤᠨ ᠳᠣᠳᠣᠭᠠᠳᠣ ᠭᠠᠳᠠᠭᠠᠳᠣ ᠶᠢᠨ ᠬᠤᠶᠠᠷ ᠵᠠᠬ᠎ᠠ ᠳᠡᠯᠭᠡᠭᠦᠷ ᠴᠢᠩᠭ᠎ᠠ ᠦᠷᠢᠰᠦᠯᠳᠦᠭᠡᠨ ᠳᠤ ᠣᠷᠣᠰᠢᠵᠣ᠂ ᠤᠯᠣᠰ ᠤᠨ ᠳᠣᠳᠣᠭᠠᠳᠣ ᠶᠢᠨ ᠣᠷᠣᠨ ᠰᠠᠭᠤᠴᠠ᠂ ᠪᠣᠯᠣᠳ ᠲᠡᠮᠦᠷ ᠵᠡᠷᠭᠡ ᠦᠢᠯᠡᠳᠪᠦᠷᠢᠯᠡᠯ ᠤᠨ ᠤᠨᠠᠯᠳᠠ ᠨᠢ ᠬᠢᠯᠢ ᠪᠠᠷ ᠣᠷᠣᠭᠤᠯᠬᠤ ᠪᠠᠷᠠᠭᠠᠨ ᠤ ᠨᠡᠮᠡᠭᠳᠡᠯ ᠢ ᠪᠠᠭᠤᠷᠠᠭᠤᠯᠣᠭᠰᠠᠨ︔ ᠮᠣᠩᠭᠤᠯ ᠣᠷᠣᠰ ᠤᠨ ᠭᠤᠪᠢᠭᠤᠯᠣᠮᠵᠢ ᠶᠢᠨ ᠬᠡᠯᠪᠡᠯᠵᠡᠯᠳᠠ᠂ ᠬᠤᠳᠠᠯᠳᠣᠨ ᠠᠪᠬᠤ ᠴᠢᠳᠠᠪᠣᠷᠢ ᠶᠢᠨ ᠤᠨᠠᠯᠳᠠ ᠠᠴᠠ ᠪᠣᠯᠵᠣ ᠭᠠᠳᠠᠭᠠᠳᠣ ᠳᠤ ᠭᠠᠷᠭᠠᠬᠤ ᠬᠡᠷᠡᠭᠴᠡᠭᠡ  ᠱᠠᠭᠠᠷᠳᠠᠯᠭ᠎ᠠ ᠬᠦᠷᠦᠯᠴᠡᠬᠦ ᠦᠭᠡᠢ ᠪᠠᠶᠢᠨ᠎ᠠ᠃ ᠲᠤᠰ ᠪᠡᠶ᠎ᠡ ᠶᠢᠨ ᠭᠦᠭᠵᠢᠯᠳᠠ ᠶᠢᠨ ᠨᠦᠬᠦᠴᠡᠯ ᠠᠴᠠ ᠠᠪᠴᠣ ᠦᠵᠡᠬᠦ ᠳᠤ᠂ ᠤᠰᠣ᠂ ᠠᠭᠤᠯᠠ ᠠᠭᠤᠷᠬᠠᠢ ᠵᠡᠷᠭᠡ ᠡᠬᠢ ᠪᠠᠶᠠᠯᠢᠭ ᠤᠨ ᠨᠦᠬᠦᠴᠡᠯ ᠨᠢ ᠲᠠᠪᠠᠭᠤᠯᠢᠭ ᠪᠣᠰᠣ᠂ ᠪᠣᠭᠤᠮᠳᠠ ᠶᠢᠨ ᠬᠦᠭᠵᠢᠯᠳᠠ ᠨᠢ ᠡᠳᠡᠭᠡᠷ ᠨᠦᠬᠦᠴᠡᠯ ᠠᠴᠠ ᠪᠣᠯᠵᠣ ᠬᠢᠵᠠᠭᠠᠷᠯᠠᠭᠳᠠᠵᠣ ᠪᠠᠶᠢᠨ᠎ᠠ᠃ ᠦᠢᠯᠡᠳᠪᠦᠷᠢᠯᠡᠯ ᠤᠨ ᠭᠦᠭᠵᠢᠯᠳᠠ ᠨᠢ ᠭᠤᠣᠯᠳᠠᠭᠤ ᠬᠢᠯᠢ ᠶᠢᠨ ᠬᠤᠳᠠᠯᠳᠤᠭ᠎ᠠ ᠪᠠ ᠪᠠᠷᠠᠭ᠎ᠠ ᠣᠷᠣᠰᠬᠠᠯ ᠤᠨ ᠦᠢᠯᠡᠴᠢᠯᠡᠭᠡᠨ ᠤ ᠰᠠᠯᠪᠣᠷᠢ ᠶᠢ ᠲᠦᠰᠢᠭᠯᠡᠨ᠂ ᠬᠤᠶᠠᠳᠣᠭᠠᠷ ᠠᠵᠣ ᠦᠢᠯᠡᠰ ᠤᠨ ᠭᠦᠭᠵᠢᠯᠳᠠ ᠪᠦᠷᠢᠨ ᠭᠦᠢᠴᠡᠳ ᠪᠣᠰᠣ᠂ ᠦᠢᠯᠡᠳᠪᠦᠷᠢᠯᠡᠯ ᠤᠨ ᠬᠢᠨᠵᠢ ᠪᠣᠭᠤᠨᠢ᠂ ᠲᠣᠮᠣ ᠲᠦᠷᠦᠯ ᠵᠦᠢᠯ ᠪᠠᠭ᠎ᠠ᠂ ᠬᠢᠯᠢ ᠪᠠᠷ ᠣᠷᠣᠭᠤᠯᠵᠣ ᠭᠠᠷᠭᠠᠬᠤ ᠪᠦᠳᠦᠭᠡᠭᠳᠡᠬᠦᠨ ᠤ ᠪᠣᠯᠪᠠᠰᠣᠷᠠᠭᠤᠯᠬᠤ ᠳᠡᠰ ᠨᠢ ᠳᠣᠣᠷ᠎ᠠ  ᠪᠠᠶᠢᠳᠠᠭ᠃ ᠣᠯᠠᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠦᠨᠳᠦᠷ ᠪᠣᠰᠣ᠂ ᠣᠯᠠᠨ ᠨᠡᠶᠢᠳᠠ ᠶᠢᠨ ᠪᠦᠳᠦᠭᠡᠭᠳᠡᠬᠦᠨ ᠤ ᠬᠠᠩᠭᠠᠯᠳᠠ  ᠶᠢᠨ ᠴᠢᠳᠠᠪᠣᠷᠢ ᠮᠠᠭᠤ᠂ ᠰᠣᠷᠭᠠᠨ ᠬᠦᠮᠦᠵᠢᠯ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠠᠵᠣ ᠦᠢᠯᠡᠰ ᠤᠨ ᠭᠦᠭᠵᠢᠯᠳᠠ ᠶᠢᠨ ᠲᠦᠪᠰᠢᠨ ᠪᠠ ᠬᠤᠳᠠ ᠶᠢᠨ ᠠᠷᠠᠳ ᠤᠨ ᠪᠣᠳᠠᠳᠣ ᠱᠠᠭᠠᠷᠳᠠᠯᠭ᠎ᠠ ᠶᠢᠨ ᠬᠤᠭᠤᠷᠣᠨᠳᠣ ᠵᠦᠷᠢᠶ᠎ᠠ  ᠲᠠᠢ ᠪᠠᠶᠢᠵᠣ᠂ ᠦᠷᠭᠡᠨ ᠣᠯᠠᠨ ᠠᠷᠠᠳ ᠲᠦᠮᠡᠨ ᠢ ᠰᠡᠳᠬᠢᠯ ᠬᠠᠨᠣᠮᠵᠢᠳᠠᠢ ᠪᠠᠶᠢᠯᠭᠠᠬᠤ ᠬᠡᠮᠵᠢᠶᠠᠨ ᠳᠤ ᠬᠦᠷᠦᠭᠡᠳᠦᠢ ᠪᠠᠶᠢᠨ᠎ᠠ᠃ ᠲᠦᠷᠦ ᠶᠢᠨ ᠪᠣᠳᠣᠯᠭ᠎ᠠ ᠶᠢᠨ ᠠᠰᠢᠭᠯᠠᠯᠳᠠ ᠶᠢᠨ ᠲᠦᠪᠰᠢᠨ ᠠᠴᠠ ᠦᠵᠡᠬᠦ ᠳᠤ᠂ ᠦᠩᠭᠡᠷᠡᠭᠰᠡᠨ ᠳᠤ ᠬᠦᠴᠦ ᠬᠦᠳᠡᠯᠮᠦᠷᠢ ᠵᠠᠷᠣᠴᠠᠭᠤᠯᠣᠨ ᠴᠢᠷᠮᠠᠶᠢᠵᠣ ᠣᠯᠣᠭᠰᠠᠨ ᠳᠡᠭᠡᠳᠣ ᠱᠠᠳᠣᠨ ᠤ ᠲᠣᠮᠣ ᠴᠢᠬᠤᠯᠠ ᠳᠡᠮᠵᠢᠬᠦ ᠲᠦᠷᠦ  ᠶᠢᠨ ᠪᠣᠳᠣᠯᠭ᠎ᠠ ᠶᠢ ᠤᠩᠰᠢᠵᠣ ᠣᠶᠢᠯᠠᠭᠠᠬᠤ᠂ ᠨᠠᠶᠢᠳᠠᠪᠣᠷᠢᠵᠢᠭᠤᠯᠬᠤ ᠪᠠ ᠠᠰᠢᠭᠯᠠᠬᠤ ᠲᠠᠯ᠎ᠠ ᠪᠠᠷ ᠲᠣᠳᠠᠮᠠᠭ ᠪᠠᠶᠢᠵᠣ ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠪᠣᠭᠤᠮᠳᠠ ᠶᠢᠨ ᠬᠥᠭᠵᠢᠯᠳᠠ ᠳᠤ ᠦᠵᠡᠬᠦᠯᠬᠦ  ᠲᠦᠯᠬᠢᠬᠦ ᠬᠦᠴᠦᠨ ᠢ ᠪᠦᠷᠢᠨ ᠭᠦᠢᠴᠡᠳ ᠪᠠᠳᠠᠷᠠᠭᠤᠯᠣᠭᠰᠠᠨ ᠦᠭᠡᠢ ᠪᠠᠶᠢᠨ᠎ᠠ᠃ ᠵᠠᠰᠠᠭ ᠤᠨ ᠣᠷᠳᠣᠨ ᠤ ᠠᠵᠢᠯ ᠤᠨ ᠪᠠᠶᠢᠳᠠᠯ  ᠠᠴᠠ ᠦᠵᠡᠬᠦ ᠳᠤ᠂ ᠭᠦᠭᠵᠢᠯᠳᠠ ᠶᠢ ᠲᠦᠷᠭᠡᠳᠭᠡᠬᠦ ᠪᠠᠴᠢᠮ ᠲᠦᠷᠦᠭᠳᠡᠯ ᠴᠢᠩᠭ᠎ᠠ ᠪᠤᠰᠣ᠂ ᠪᠦᠳᠦᠭᠡᠯᠴᠢ ᠴᠢᠨᠠᠷ   ᠢᠶᠠᠷ ᠠᠵᠢᠯ ᠢᠶᠠᠨ ᠦᠷᠨᠢᠬᠦᠯᠬᠦ ᠠᠷᠭ᠎ᠠ ᠵᠠᠮ ᠴᠦᠭᠡᠨ᠂ ᠠᠵᠢᠯ ᠢ ᠡᠬᠢᠨ ᠠᠴᠠ ᠠᠳᠠᠭ ᠲᠤ ᠬᠦᠷᠳᠡᠯ᠎ᠡ ᠬᠢᠬᠦ ᠵᠣᠷᠢᠭ ᠮᠡᠬᠦᠰ᠂ ᠠᠵᠢᠯ ᠳᠠᠭᠠᠨ ᠰᠢᠮᠳᠠᠵᠣ᠂ ᠲᠦᠷᠦ ᠶᠢᠨ ᠪᠣᠳᠣᠯᠭ᠎ᠠ ᠶᠢ ᠰᠠᠶᠢᠳᠣᠷ ᠣᠶᠢᠯᠠᠭᠠᠬᠤ ᠲᠦᠪ ᠴᠢᠩᠭ᠎ᠠ ᠨᠠᠷᠢᠨ ᠬᠢᠨᠠᠮᠠᠭᠠᠢ ᠣᠪᠣᠷ ᠬᠦᠷᠦᠯᠴᠡᠬᠦ ᠦᠭᠡᠢ ᠪᠥᠭᠡᠳ ᠡᠷᠢᠶᠡᠨ ᠬᠤᠳᠠ ᠶᠢᠨ ᠬᠥᠭᠵᠢᠯᠳᠠ ᠶᠢᠨ ᠲᠦᠯᠦᠭᠡ ᠬᠦᠴᠦ ᠬᠦᠯᠦᠰᠣ ᠪᠠᠨ ᠣᠷᠤᠰᠬᠠᠨ ᠴᠠᠭ ᠢᠮᠠᠭᠳᠠ ᠪᠡᠯᠡᠳᠭᠡᠯ ᠲᠠᠢ ᠪᠠᠶᠢᠬᠤ ᠦᠵᠡᠯ ᠰᠠᠨᠠᠭ᠎ᠠ ᠪᠠᠨ ᠳᠡᠭᠡᠭᠰᠢᠯᠡᠬᠦᠯᠬᠦ ᠴᠢᠬᠤᠯᠠ ᠲᠠᠢ ᠪᠠᠶᠢᠭᠰᠠᠭᠠᠷ ᠪᠢᠯᠡ᠃ ᠡᠨᠡ ᠪᠣᠯ ᠪᠢᠳᠡᠨ ᠤ ᠲᠣᠯᠭᠠᠷᠴᠣ ᠪᠠᠶᠢᠭ᠎ᠠ ᠪᠣᠳᠠᠳᠠᠢ ᠠᠰᠠᠭᠤᠳᠠᠯ ᠮᠥᠨ᠂ ᠪᠢᠳᠡ ᠴᠢᠬᠤᠯᠠᠴᠢᠯᠠᠨ ᠦᠵᠡᠵᠣ᠂ ᠦᠷᠬᠦᠯᠵᠢᠯᠡᠨ ᠴᠢᠷᠮᠠᠶᠢᠵᠣ ᠰᠢᠢᠳᠪᠦᠷᠢᠯᠡᠬᠦ ᠬᠡᠷᠡᠭᠳᠡᠢ᠃                                                                  2015 ᠣᠨ ᠤ ᠭᠤᠣᠯ ᠠᠵᠢᠯ       2015 ᠣᠨ ᠪᠣᠯ ︽ᠠᠷᠪᠠᠨ ᠬᠤᠶᠠᠳᠣᠭᠠᠷ ᠳᠠᠪᠣᠨ ᠵᠢᠯ ᠤᠨ ᠲᠦᠯᠦᠪᠡᠯᠡᠭᠡ︾ ᠶᠢᠨ ᠡᠴᠦᠰ ᠤᠨ ᠣᠨ᠂ ᠮᠦᠨᠴᠦ ᠨᠡᠭᠡᠭᠡᠯᠳᠡ ᠬᠦᠭᠵᠢᠭᠦᠯᠦᠯᠳᠡ ᠶᠢᠨ ᠳᠣᠷᠰᠢᠯᠳᠠ ᠶᠢᠨ ᠳᠣᠭᠤᠷᠢᠭ ᠢ ᠪᠦᠲᠦᠭᠡᠨ ᠪᠠᠶᠢᠭᠤᠯᠬᠤ ᠵᠠᠩᠬᠢᠯᠠᠭ᠎ᠠ ᠶᠢᠨ ᠣᠨ ᠪᠣᠯᠣᠨ᠎ᠠ᠃ ᠪᠢᠳᠡ ᠣᠷᠣᠰᠢᠵᠣ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠰᠡᠷᠭᠡᠭ ᠢᠶᠠᠷ ᠵᠠᠳᠠᠯᠣᠯᠳᠠ ᠬᠢᠬᠦ ᠶᠢᠨ ᠵᠡᠷᠭᠡᠴᠡᠭᠡ᠂ ᠨᠡᠩ ᠢᠳᠡᠭᠡᠯ ᠲᠦᠭᠦᠷᠡᠩ ᠢᠶᠠᠷ ᠡᠷᠢᠶᠡᠨ ᠤ ᠣᠶᠢᠷ᠎ᠡ ᠶᠢᠨ ᠬᠤᠭᠤᠴᠠᠭᠠᠨ ᠳᠤ ᠳᠣᠯᠭᠠᠷᠴᠣ ᠪᠠᠶᠢᠭ᠎ᠠ ᠬᠦᠨᠳᠦ ᠴᠢᠬᠤᠯᠠ ᠬᠦᠭᠵᠢᠯᠳᠡ ᠶᠢᠨ ᠳᠣᠬᠢᠶᠠᠯ ᠢ ᠣᠯᠵᠣ ᠬᠠᠷᠠᠬᠤ ᠬᠡᠷᠡᠭᠳᠡᠢ᠃ ᠳᠣᠮᠳᠠᠳᠣ ᠮᠣᠩᠭᠤᠯ ᠣᠷᠣᠰ ᠭᠤᠷᠪᠠᠨ ᠣᠯᠣᠰ ᠤᠨ ᠬᠠᠷᠢᠯᠴᠠᠭ᠎ᠠ ᠣᠯᠠᠮ ᠨᠢᠭᠳᠠᠷᠠᠵᠣ᠂ ᠳᠣᠮᠳᠠᠳᠣ ᠮᠣᠩᠭᠤᠯ ᠤᠨ ᠬᠠᠷᠢᠴᠠᠭ᠎ᠠ ᠳᠡᠭᠡᠭᠰᠢᠯᠡᠭᠡᠳ ᠪᠦᠬᠦ ᠳᠠᠯ᠎ᠠ ᠶᠢᠨ ᠪᠠᠶᠢᠯᠳᠣᠬᠤ ᠪᠣᠳᠣᠯᠭ᠎ᠠ ᠶᠢᠨ ᠠᠨᠳᠠ ᠶᠢᠨ ᠬᠠᠷᠢᠴᠠᠭ᠎ᠠ ᠪᠣᠯᠵᠣ᠂ ᠳᠣᠮᠳᠠᠳᠣ ᠣᠷᠣᠰ ᠤᠨ ᠬᠠᠷᠢᠴᠠᠭ᠎ᠠ ᠪᠦᠬᠦ ᠳᠠᠯ᠎ᠠ ᠶᠢᠨ ᠪᠠᠶᠢᠯᠳᠣᠬᠤ ᠪᠣᠳᠣᠯᠭ᠎ᠠ ᠶᠢᠨ ᠬᠠᠮᠵᠢᠯᠴᠠᠭᠠᠨ ᠤ ᠠᠨᠳᠠ ᠶᠢᠨ ᠬᠠᠷᠢᠴᠠᠭᠠᠨ ᠤ ᠰᠢᠨ᠎ᠡ ᠱᠠᠳᠣᠨ ᠳᠤ ᠠᠬᠢᠵᠣ᠂ ᠮᠠᠨ ᠤ ᠬᠤᠳᠠ ᠶᠢᠨ ᠮᠣᠩᠭᠤᠯ ᠳᠤ ᠬᠠᠨᠳᠣᠭᠰᠠᠨ ᠬᠤᠳᠠᠯᠳᠤᠭ᠎ᠠ  ᠪᠠᠨ ᠣᠯᠠᠮ ᠨᠢᠭᠡᠨ ᠠᠯᠬᠤᠮ ᠪᠠᠳᠣᠳᠬᠠᠨ᠂ ᠣᠷᠣᠰ ᠳᠤ ᠬᠠᠨᠳᠣᠭᠰᠠᠨ ᠬᠤᠳᠠᠯᠳᠤᠭ᠎ᠠ ᠶᠢ ᠦᠷᠭᠡᠳᠭᠡᠬᠦ ᠳᠤ ᠲᠦᠢᠯ ᠤᠨ ᠠᠰᠢᠭᠳᠠᠢ ᠭᠠᠳᠠᠭᠠᠳᠣ ᠣᠷᠴᠢᠨ ᠢ ᠪᠦᠷᠢᠯᠳᠦᠭᠦᠯᠵᠣ ᠦᠭᠪᠡ᠃ ᠣᠯᠣᠰ᠂ ᠦᠪᠡᠷᠲᠡᠭᠡᠨ ᠵᠠᠰᠠᠬᠤ ᠣᠷᠣᠨ ᠪᠠ ᠠᠶᠢᠮᠠᠭ ᠠᠴᠠ ᠣᠮᠠᠷᠠᠰᠢ ᠨᠡᠭᠡᠭᠡᠬᠦ ᠶᠢ ᠨᠠᠩ ᠴᠢᠬᠤᠯᠠᠴᠢᠯᠠᠵᠣ᠂ ᠲᠦᠷᠦ ᠶᠢᠨ ᠶᠠᠪᠣᠳᠠᠯ ᠤᠨ ᠬᠤᠷᠢᠶ᠎ᠠ ︽ᠬᠢᠯᠢ ᠣᠷᠴᠢᠮ ᠤᠨ ᠣᠷᠣᠨ ᠤ ᠨᠡᠭᠡᠭᠡᠯᠳᠡ ᠬᠦᠭᠵᠢᠯᠳᠡ ᠶᠢ ᠴᠢᠩᠭᠠᠳᠬᠠᠬᠤ ᠳᠣᠬᠠᠢ ᠬᠠᠮᠢᠶ᠎ᠠ ᠪᠦᠬᠦᠢ ᠰᠠᠨᠠᠯ︾ ᠢ ᠬᠡᠷᠡᠭᠵᠢᠭᠦᠯᠣᠨ᠂ ᠦᠪᠡᠷᠲᠡᠭᠡᠨ ᠵᠠᠰᠠᠬᠤ ᠣᠷᠣᠨ ᠣᠷᠢᠳ ᠬᠤᠵᠢᠳ ︽ᠣᠷᠣᠰ ᠪᠠ ᠮᠣᠩᠭᠤᠯ ᠯᠤᠭ᠎ᠠ ᠶᠢᠨ ᠶᠠᠪᠣᠯᠴᠠᠭ᠎ᠠ ᠬᠠᠮᠳᠣ ᠶᠢᠨ ᠠᠵᠢᠯᠯᠠᠭ᠎ᠠ ᠶᠢ ᠴᠢᠩᠭᠠᠳᠬᠠᠬᠤ ᠳᠣᠬᠠᠢ ᠰᠠᠨᠠᠯ︾᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠣᠩᠭᠤᠯ ᠣᠯᠣᠰ ᠲᠠᠢ ᠪᠦᠬᠦ ᠲᠠᠯ᠎ᠠ ᠶᠢᠨ ᠬᠠᠮᠳᠣ ᠶᠢᠨ ᠠᠵᠢᠯᠯᠠᠭ᠎ᠠ ᠪᠠᠨ ᠬᠦᠨᠵᠡᠭᠡᠶᠢᠷᠡᠭᠦᠯᠬᠦ ᠲᠦᠯᠦᠪᠵᠢᠭᠦᠯᠭᠡ ᠶᠢᠨ ᠬᠦᠲᠦᠯᠪᠦᠷᠢ︾᠂ ︽ᠣᠷᠣᠰ᠂ ᠮᠣᠩᠭᠤᠯ ᠲᠠᠢ ᠬᠠᠮᠳᠣᠷᠠᠨ ᠠᠵᠢᠯᠯᠠᠬᠤ ᠳᠣᠭᠳᠠᠯᠴᠠᠭ᠎ᠠ ᠶᠢ ᠰᠢᠨᠡᠴᠢᠯᠡᠨ ᠰᠠᠶᠢᠵᠢᠷᠠᠭᠤᠯᠬᠤ ᠬᠡᠷᠡᠭᠵᠢᠭᠦᠯᠬᠦ ᠲᠦᠰᠦᠯ︾ ᠵᠡᠷᠭᠡ ᠴᠢᠬᠤᠯᠠ ᠪᠢᠴᠢᠭ ᠮᠠᠲ᠋ᠧᠷᠢᠶᠠᠯ ᠢ ᠬᠡᠷᠡᠭᠵᠢᠭᠦᠯᠵᠣ᠂ ᠠᠶᠢᠮᠠᠭ ᠠᠴᠠ ᠪᠠᠰᠠ ᠡᠷᠢᠶᠡᠨ ᠬᠤᠳᠠ ᠶᠢᠨ ᠣᠯᠣᠰ ᠤᠨ ᠭᠤᠣᠯᠳᠠᠯᠭ᠎ᠠ ᠲᠠᠢ ᠨᠡᠭᠡᠭᠡᠯᠳᠡ ᠬᠦᠭᠵᠢᠭᠦᠯᠦᠯᠳᠡ ᠶᠢᠨ ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠳᠡᠮᠵᠢᠭᠦ ᠰᠠᠨᠠᠯ ᠢ ᠬᠡᠷᠡᠭᠵᠢᠭᠦᠯᠬᠦ ᠪᠠᠷ ᠳᠣᠭᠳᠠᠵᠣ᠂ ᠡᠳᠡᠭᠡᠷ ᠨᠢ ᠳᠣᠷᠰᠢᠯᠳᠠ ᠶᠢᠨ ᠳᠣᠭᠤᠷᠢᠭ ᠤᠨ ᠨᠡᠭᠡᠭᠡᠯᠳᠡ ᠬᠦᠭᠵᠢᠯᠳᠡ᠂ ᠣᠷᠢᠳᠴᠢᠯᠠᠨ ᠳᠣᠷᠰᠢᠵᠣ ᠣᠷᠢᠳᠴᠢᠯᠠᠨ ᠬᠡᠷᠡᠭᠵᠢᠭᠦᠯᠬᠦ ᠳᠤ ᠰᠢᠨ᠎ᠡ ᠬᠦᠳᠡᠯᠭᠡᠬᠦ ᠬᠦᠴᠦᠨ ᠢ ᠣᠯᠭᠤᠭᠰᠠᠨ ᠶᠣᠮ᠃ ᠪᠢᠳᠡ ᠡᠷᠬᠡᠪᠰᠢ ᠴᠠᠭ ᠦᠶ᠎ᠡ ᠶᠢᠨ ᠪᠠᠶᠢᠳᠠᠯ ᠢ ᠵᠦᠪ ᠢᠶᠠᠷ ᠳᠠᠨᠢᠵᠣ᠂ ᠦᠵᠡᠯ ᠰᠠᠨᠠᠭ᠎ᠠ ᠪᠠᠨ ᠴᠢᠯᠦᠭᠡᠯᠡᠨ᠂ ᠢᠳᠡᠭᠡᠯ ᠢᠶᠠᠨ ᠴᠢᠩᠭᠠᠯᠠᠵᠣ᠂ ᠦᠷᠭᠦᠯᠵᠢᠯᠡᠨ ᠡᠷᠡᠰ ᠰᠢᠭᠤᠷᠬᠠᠢ ᠴᠢᠷᠮᠡᠶᠢᠨ ᠠᠵᠢᠯᠯᠠᠵᠣ᠂ ᠪᠠᠳᠣ ᠪᠠᠬᠢᠯᠡᠯᠳᠡ ᠶᠢ ᠢᠯᠡᠨ ᠳᠠᠪᠠᠭ᠋ᠣ ᠵᠣᠷᠢᠭ ᠰᠦᠰᠣ ᠲᠠᠢ ᠪᠠᠶᠢᠵᠣ᠂ ᠪᠣᠭᠤᠮᠳᠠ ᠶᠢᠨ ᠠᠷᠠᠳ ᠲᠦᠮᠡᠨ ᠳᠤ ᠬᠠᠷᠢᠭᠤᠴᠠᠬᠤ ᠲᠡᠦᠬᠡ ᠶᠢᠨ ᠬᠠᠷᠢᠭᠤᠴᠠᠯᠭᠠᠳᠣ ᠰᠡᠳᠬᠢᠯᠭᠡ ᠪᠠᠷ᠂ ᠰᠢᠨ᠎ᠡ ᠠᠵᠠ ᠳᠣᠬᠢᠶᠠᠯ ᠢ ᠠᠯᠳᠠᠯ ᠦᠬᠡᠢ᠂ ᠰᠢᠨ᠎ᠡ ᠦᠷᠢᠰᠦᠯᠳᠦᠭᠡᠨ ᠢ ᠣᠭᠳᠣᠨ ᠠᠪᠴᠣ᠂ ᠰᠢᠨ᠎ᠡ ᠠᠵᠢᠯ ᠤᠨ ᠦᠷ᠎ᠡ ᠪᠦᠲᠦᠮᠵᠢ ᠶᠢ ᠴᠣᠭᠴᠠᠯᠠᠶ᠎ᠠ᠃       ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠦᠪᠦᠷ ᠮᠣᠩᠭᠤᠯ ᠳᠤ ᠪᠠᠶᠢᠴᠠᠭᠠᠯᠳᠠ ᠬᠢᠬᠦ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ ᠪᠦᠬᠦᠳᠡ ᠬᠤᠷᠠᠯᠳᠣᠭᠠᠨ᠂ ᠲᠦᠷᠪᠡᠳᠦᠭᠡᠷ ᠪᠦᠬᠦᠳᠡ ᠬᠤᠷᠠᠯᠳᠣᠭᠠᠨ ᠪᠠ ᠲᠦᠪ ᠤᠨ ᠠᠵᠣ ᠠᠬᠤᠢ ᠶᠢᠨ ᠠᠵᠢᠯ ᠤᠨ ᠬᠤᠷᠠᠯ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠭᠤᠷᠪᠠᠳᠣᠭᠠᠷ ᠪᠦᠬᠦᠳᠡ ᠬᠤᠷᠠᠯᠳᠣᠭᠠᠨ ᠵᠢᠴᠢ ᠪᠦᠬᠦ ᠣᠷᠣᠨ ᠤ ᠠᠵᠣ ᠠᠬᠤᠢ ᠶᠢᠨ ᠠᠵᠢᠯ ᠤᠨ ᠶᠡᠭᠡ ᠬᠤᠷᠠᠯ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠭᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠣ ᠠᠬᠤᠢ ᠶᠢᠨ ᠠᠵᠢᠯ ᠤᠨ ᠬᠤᠷᠠᠯ ᠪᠠ ᠬᠤᠳᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠣᠭᠠᠷ ᠬᠤᠭᠤᠴᠠᠭᠠᠨ ᠤ ᠨᠠᠢᠮᠠᠳᠣᠭᠠᠷ ᠣᠳᠠᠭᠠᠨ ᠤ ᠪᠦᠬᠦ ᠬᠡᠰᠢᠭᠦᠨ ︵ᠦᠷᠭᠡᠳᠭᠡᠭᠰᠡᠨ︶ ᠤ ᠬᠤᠷᠠᠯ ᠵᠢᠴᠢ ᠪᠦᠬᠦ ᠬᠤᠳᠠ ᠶᠢᠨ ᠠᠵᠣ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠳᠣᠣᠱᠯᠠᠭᠤᠯᠵᠣ᠂ ᠳᠣᠭᠳᠠᠭᠤᠨ ᠢᠶᠠᠷ ᠣᠷᠣᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠠᠵᠣ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠯᠳᠣᠵᠣ᠂ ᠨᠡᠭᠡᠭᠡᠯᠳᠡ ᠬᠦᠭᠵᠢᠯᠳᠡ᠂ ᠠᠷᠠᠳ ᠪᠠᠨ ᠪᠠᠶᠠᠵᠢᠭᠤᠯᠣᠨ ᠬᠤᠳᠠ ᠪᠠᠨ ᠬᠦᠴᠦᠷᠭᠡᠭᠵᠢᠭᠦᠯᠬᠦ ᠭᠤᠣᠯ ᠰᠡᠳᠦᠪ ᠢ ᠳᠣᠪᠣᠶᠢᠯᠭᠠᠵᠣ᠂ ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠪᠠᠷ ᠶᠡᠷᠦᠩᠬᠡᠢ ᠵᠢᠯᠣᠭᠤᠳᠣᠯᠭ᠎ᠠ ᠪᠣᠯᠭᠠᠨ᠂ ᠬᠦᠳᠡᠯᠭᠡᠭᠦᠷ ᠤᠨ ᠳᠠᠶᠢᠴᠢᠯᠠᠯᠳᠠ᠂ ᠳᠣᠳᠣᠭᠠᠳᠣ ᠭᠠᠳᠠᠭᠠᠳᠣ ᠳᠤ ᠨᠡᠪᠳᠡᠷᠡᠬᠦ᠂ ᠶᠡᠷᠦᠩᠬᠡᠢ ᠳᠠᠭᠠᠭᠠᠴᠠ᠂ ᠠᠵᠣ ᠦᠢᠯᠡᠰ ᠤᠨ ᠳᠣᠯᠭᠠᠭᠤᠷᠢᠯᠠᠬᠤ ᠴᠢᠳᠠᠪᠬᠢ ᠶᠢ ᠬᠦᠴᠦᠯᠡᠨ ᠳᠡᠭᠡᠭᠰᠢᠯᠡᠭᠦᠯᠵᠣ᠂ ᠪᠦᠲᠦᠭᠡᠯᠴᠢ ᠪᠠᠷ ᠬᠦᠭᠵᠢᠭᠦ᠂ ᠬᠠᠮᠳᠣᠷᠠᠨ ᠬᠦᠭᠵᠢᠬᠦ ᠂ ᠡᠶ᠎ᠡ ᠵᠣᠬᠢᠴᠠᠯ ᠲᠠᠢ ᠬᠦᠭᠵᠢᠭᠦ ᠴᠢᠳᠠᠪᠣᠷᠢ ᠪᠠᠨ ᠬᠦᠴᠦᠯᠡᠨ ᠳᠡᠭᠡᠭᠰᠢᠯᠡᠭᠦᠯᠵᠣ᠂ ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢᠨ ᠵᠣᠬᠢᠶᠠᠨ ᠪᠠᠶᠢᠭᠤᠯᠣᠯᠳᠠ ᠣᠳᠣᠷᠢᠳᠣᠯᠭ᠎ᠠ ᠶᠢᠨ ᠴᠢᠳᠠᠪᠣᠷᠢ ᠪᠠᠨ ᠬᠦᠴᠦᠯᠡᠨ ᠳᠡᠭᠡᠭᠰᠢᠯᠡᠭᠦᠯᠵᠣ᠂ ᠦᠵᠡᠯ ᠰᠠᠨᠠᠭ᠎ᠠ ᠪᠠᠨ ᠴᠢᠯᠦᠭᠡᠯᠡᠨ᠂ ᠣᠷᠮ᠎ᠠ ᠵᠣᠷᠢᠭ ᠢᠶᠠᠨ ᠬᠦᠭᠵᠢᠭᠡᠵᠣ᠂ ᠠᠵᠠ ᠳᠣᠬᠢᠶᠠᠯ ᠢ ᠡᠵᠡᠮᠳᠡᠨ᠂ ᠣᠷᠢᠳᠴᠢᠯᠠᠨ ᠳᠣᠷᠰᠢᠨ ᠣᠷᠢᠳᠴᠢᠯᠠᠨ ᠬᠡᠷᠡᠭᠵᠢᠭᠦᠯᠵᠣ᠂ ᠪᠣᠭᠤᠮᠳᠠ ᠶᠢᠨ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠴᠢᠷᠮᠠᠶᠢᠨ ᠴᠣᠭᠴᠠᠯᠠᠨ᠎ᠠ᠃ ᠭᠤᠣᠯ ᠣᠷᠢᠳᠴᠢᠯᠠᠭᠰᠠᠨ ᠬᠠᠷᠠᠯᠳᠠ ᠪᠣᠯ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 100 ᠳ᠋ᠦᠩᠰᠢᠭᠤᠷ ᠲᠦᠭᠦᠷᠢᠭ ᠬᠦᠷᠭᠡᠵᠣ᠂ 15.4% ᠪᠠᠷ ᠨᠡᠮᠡᠭᠳᠡᠭᠦᠯᠦᠨ᠎ᠡ︔ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 5 ᠳ᠋ᠦᠩᠰᠢᠭᠤᠷ ᠲᠦᠭᠦᠷᠢᠭ ᠬᠦᠷᠭᠡᠵᠣ᠂ 14.2% ᠢᠶᠠᠷ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠳᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢ 60 ᠳ᠋ᠦᠩᠰᠢᠭᠤᠷ ᠲᠦᠭᠦᠷᠢᠭ ᠬᠦᠷᠭᠡᠵᠣ᠂ 20% ᠪᠠᠷ ᠨᠡᠮᠡᠭᠳᠡᠭᠦᠯᠦᠨ᠎ᠡ ︔ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠣᠬᠤ ᠶᠡᠷᠦᠩᠭᠡᠢ ᠦᠷᠳᠡᠭ ᠢ 31 ᠳ᠋ᠦᠩᠰᠢᠭᠤᠷ ᠲᠦᠭᠦᠷᠢᠭ ᠬᠦᠷᠭᠡᠵᠣ᠂ 11% ᠪᠠᠷ ᠨᠡᠮᠡᠭᠳᠡᠭᠦᠯᠦᠨ᠎ᠡ︔ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠪᠠᠷᠠᠭᠠᠨ ᠤ ᠬᠡᠮᠵᠢᠶ᠎ᠡ ᠶᠢ 1500 ᠲᠦᠮᠡᠨ ᠳᠣᠨ ᠬᠦᠷᠭᠡᠵᠣ᠂ 11% ᠪᠠᠷ ᠨᠡᠮᠡᠭᠳᠡᠭᠦᠯᠦᠨ᠎ᠡ︔ ᠭᠠᠳᠠᠭᠠᠳᠣ ᠬᠤᠳᠠᠯᠳᠣᠭᠠᠨ ᠤ ᠦᠷᠳᠡᠭ ᠢ 42 ᠳ᠋ᠦᠩᠰᠢᠭᠤᠷ ᠳ᠋ᠣᠯᠯᠠᠷ ᠬᠦᠷᠭᠡᠵᠣ᠂ 10.5% ᠪᠠᠷ ᠨᠡᠮᠡᠭᠳᠡᠭᠦᠯᠦᠨ᠎ᠡ︔ ᠬᠢᠯᠢ  ᠪᠠᠷ ᠣᠷᠣᠵᠣ ᠭᠠᠷᠬᠤ ᠬᠦᠮᠦᠨ ᠤ ᠳᠤᠭ᠎ᠠ ᠶᠢ 200 ᠲᠦᠮᠡᠨ ᠬᠦᠮᠦᠨ ᠣᠳᠠᠭ᠎ᠠ ᠬᠦᠷᠭᠡᠵᠣ᠂ 4.2% ᠢᠶᠠᠷ ᠨᠡᠮᠡᠭᠳᠡᠭᠦᠯᠦᠨ᠎ᠡ︔ ᠪᠦᠬᠦ ᠢᠷᠭᠡᠳ ᠤᠨ ᠬᠦᠮᠦᠨ ᠳᠣᠮᠳᠠᠴᠢ ᠡᠵᠡᠮᠳᠡᠵᠣ ᠪᠣᠯᠬᠤ ᠣᠷᠣᠯᠭ᠎ᠠ ᠶᠢ 38400 ᠲᠦᠭᠦᠷᠢᠭ ᠬᠦᠷᠭᠡᠵᠣ᠂ 5% ᠪᠠᠷ ᠨᠡᠮᠡᠭᠳᠡᠭᠦᠯᠦᠨ᠎ᠡ᠃      ᠳᠡᠭᠡᠷᠡᠬᠢ ᠬᠠᠷᠯᠳᠠ ᠶᠢ ᠪᠡᠶᠡᠯᠡᠭᠦᠯᠬᠦ ᠳᠤ᠂ ᠪᠢᠳᠡ ᠳᠣᠣᠷᠠᠬᠢ ᠵᠢᠷᠭᠤᠭᠠᠨ ᠳᠠᠯ᠎ᠠ ᠶᠢᠨ ᠠᠵᠢᠯ ᠢ ᠳᠣᠪᠣᠶᠢᠮ᠎ᠠ ᠠᠳᠬᠤᠬᠤ ᠴᠢᠬᠤᠯᠠᠳᠠᠢ᠄      ᠨᠢᠭᠡ᠂ ᠨᠡᠭᠡᠭᠡᠯᠳᠡ ᠬᠦᠭᠵᠢᠯᠳᠡ ᠶᠢ ᠪᠦᠬᠦ ᠳᠠᠯ᠎ᠠ ᠪᠠᠷ ᠦᠷᠭᠡᠳᠭᠡᠵᠣ᠂ ᠪᠣᠭᠤᠮᠳᠠ ᠶᠢᠨ ᠬᠦᠭᠵᠢᠯᠳᠡ ᠶᠢᠨ ᠬᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠪᠠᠳᠠᠷᠠᠭᠤᠯᠣᠨ᠎ᠠ      ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠲᠦᠷᠭᠡᠳᠭᠡᠨ ᠠᠬᠢᠭᠤᠯᠣᠨ᠎ᠠ᠃ ᠳᠣᠷᠰᠢᠯᠳᠠ ᠶᠢᠨ ᠳᠣᠭᠤᠷᠢᠭ ᠤᠨ ᠶᠡᠷᠦᠩᠬᠡᠢ ᠲᠦᠯᠦᠪᠵᠢᠭᠦᠯᠭᠡ ᠪᠠ ᠡᠯ᠎ᠡ ᠲᠦᠷᠦᠯ ᠤᠨ ᠳᠣᠰᠬᠠᠢ ᠲᠦᠯᠦᠪᠵᠢᠭᠦᠯᠭᠡ ᠶᠢ ᠨᠠᠶᠢᠷᠠᠭᠤᠯᠬᠤ ᠠᠵᠢᠯ ᠢ ᠳᠠᠷᠣᠢ ᠲᠦᠷᠭᠡᠨ ᠳᠠᠭᠤᠰᠬᠠᠵᠣ᠂ ᠴᠢᠳᠠᠪᠬᠢ ᠪᠠᠶᠢᠷᠢᠰᠢᠯ ᠪᠠ ᠠᠵᠣ ᠦᠢᠯᠡᠰ ᠤᠨ ᠪᠠᠶᠢᠷᠢᠰᠢᠭᠤᠯᠣᠯᠳᠠ ᠶᠢ ᠳᠣᠳᠣᠷᠬᠠᠢ ᠪᠣᠯᠭᠠᠨ᠎ᠠ᠃ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠳᠡᠮᠵᠢᠬᠦ 37 ᠵᠣᠷᠪᠣᠰ ᠰᠠᠨᠠᠯ ᠢ ᠳᠣᠣᠱᠯᠠᠭᠤᠯᠬᠤ ᠶᠢ ᠲᠦᠯᠬᠢᠨ ᠣᠷᠣᠭᠰᠢᠯᠠᠭᠤᠯᠵᠣ᠂ ᠣᠯᠣᠰ ᠤᠨ ᠶᠠᠮᠣᠨ ᠵᠦᠪᠯᠡᠯ᠂ ᠦᠪᠡᠷᠳᠡᠭᠡᠨ ᠵᠠᠰᠠᠬᠤ ᠣᠷᠣᠨ ᠤ ᠲᠢᠩᠬᠢᠮ ᠳᠣᠪᠴᠢᠶ᠎ᠠ ᠪᠠ ᠰᠢᠯᠢ ᠶᠢᠨ ᠭᠤᠣᠯ ᠠᠶᠢᠮᠠᠭ ᠲᠠᠢ ᠬᠠᠷᠢᠯᠴᠠᠭ᠎ᠠ ᠬᠤᠯᠪᠣᠭ᠎ᠠ ᠪᠠᠨ ᠴᠢᠩᠭᠠᠳᠬᠠᠨ᠂ ᠲᠦᠷᠦᠯ ᠵᠦᠢᠯ ᠪᠠ ᠲᠦᠷᠦ ᠶᠢᠨ ᠪᠣᠳᠣᠯᠭ᠎ᠠ ᠶᠢᠨ ᠣᠶᠠᠯᠳᠤᠭ᠎ᠠ ᠶᠢ ᠴᠢᠩᠭᠠᠳᠬᠠᠵᠣ᠂ ᠢᠵᠢ ᠪᠦᠷᠢᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠭᠳᠡᠬᠦ ᠶᠢ ᠬᠦᠭᠡᠭᠡᠴᠡᠯᠳᠦᠨ᠎ᠡ᠃ ᠦᠪᠡᠷᠲᠡᠭᠡᠨ ᠵᠠᠰᠠᠬᠤ ᠣᠷᠣᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠢ ᠨᠦᠬᠡᠴᠡᠯᠡᠬᠦ ᠪᠠ ᠰᠣᠯᠢᠯᠴᠠᠬᠤ ᠪᠦᠷᠢᠳᠭᠡᠯ ᠤᠨ ᠲᠦᠪ ᠢ ᠵᠣᠬᠢᠴᠠᠭᠤᠯᠣᠨ᠂ ᠬᠢᠯᠢ ᠠᠯᠣᠰᠯᠠᠭᠰᠠᠨ ᠠᠭᠤᠷᠬᠠᠢ ᠶᠢᠨ ᠦᠢᠯᠡᠰ ᠤᠨ ᠦᠮᠴᠢ ᠶᠢᠨ ᠡᠷᠬᠡ ᠶᠢᠨ ᠰᠣᠯᠢᠯᠴᠠᠭ᠎ᠠ ᠶᠢ ᠦᠷᠨᠢᠭᠦᠯᠬᠦ ᠶᠢ ᠲᠦᠷᠭᠡᠪᠴᠢᠯᠡᠨ ᠬᠠᠶᠢᠨ ᠰᠦᠪᠡᠭᠴᠢᠯᠡᠵᠣ᠂ ᠳᠣᠮᠳᠠᠳᠣ ᠮᠣᠩᠭᠤᠯ ᠤᠨ ᠠᠭᠤᠷᠬᠠᠢ ᠶᠢᠨ ᠦᠢᠯᠡᠰ ᠤᠨ ᠮᠦᠩᠭᠦᠨ ᠭᠦᠢᠯᠭᠡᠭᠡ ᠪᠠ ᠬᠤᠳᠠᠯᠳᠣᠭᠠᠨ ᠤ ᠦᠢᠯᠡᠴᠢᠯᠡᠭᠡᠨ ᠤ ᠲᠦᠪ ᠢ ᠪᠠᠶᠢᠭᠤᠯᠣᠨ᠎ᠠ᠃ ᠠᠵᠣ ᠠᠬᠤᠶᠢᠯᠠᠯ ᠢ ᠣᠷᠢᠨ ᠣᠷᠣᠭᠤᠯᠵᠣ ᠪᠣᠭᠤᠮᠳᠠ ᠶᠢᠨ ᠪᠠᠩᠬᠢ ᠶᠢ ᠪᠡᠯᠡᠳᠭᠡᠨ ᠪᠠᠶᠢᠭᠤᠯᠵᠣ᠂ ᠬᠢᠯᠢ ᠠᠯᠣᠰᠯᠠᠭᠰᠠᠨ ᠠᠷᠠᠳ ᠤᠨ ᠵᠣᠭᠤᠰ ᠤᠨ ᠠᠵᠢᠯ ᠢ ᠢᠳᠡᠪᠬᠢᠳᠡᠢ ᠲᠦᠯᠬᠢᠨ ᠠᠬᠢᠭᠤᠯᠵᠣ᠂ ᠲᠦᠭᠦᠷᠢᠭ ᠪᠠ ᠠᠷᠠᠳ ᠤᠨ ᠵᠣᠭᠤᠰ ᠤᠨ ᠪᠡᠯᠡᠨ ᠮᠦᠩᠭᠦ ᠪᠠᠷ ᠰᠣᠯᠢᠬᠤ ᠶᠢ ᠪᠡᠶᠡᠯᠡᠭᠦᠯᠦᠨ᠂ ᠣᠷᠣᠨ ᠪᠦᠰᠡ ᠶᠢᠨ ᠴᠢᠨᠡᠷᠳᠣ ᠮᠣᠩᠭᠤᠯ ᠳᠤ ᠬᠠᠨᠳᠣᠭᠰᠠᠨ ᠪᠡᠯᠡ ᠮᠦᠩᠭᠦ ᠳ᠋ᠦᠩᠨᠡᠨ ᠪᠣᠳᠣᠬᠤ ᠲᠦᠪ ᠪᠠ ᠳᠣᠮᠳᠠᠳᠣ ᠮᠣᠩᠭᠤᠯ ᠤᠨ ᠪᠡᠯᠡᠨ ᠮᠦᠩᠭᠦ ᠰᠢᠯᠵᠢᠭᠦᠯᠦᠨ ᠵᠦᠭᠡᠭᠡᠬᠦ ᠲᠦᠪ ᠤᠨ ᠡᠷᠳᠡᠬᠡᠨ ᠵᠦᠪᠰᠢᠶᠡᠷᠡᠯ ᠣᠯᠵᠣ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠬᠤᠯᠪᠣᠭᠠᠯᠠᠨ ᠪᠠᠶᠢᠴᠠᠭᠠᠵᠣ ᠬᠤᠯᠪᠣᠭᠠᠯᠠᠨ ᠳᠡᠭᠡᠭᠡᠪᠦᠷᠢᠯᠡᠬᠦ ᠬᠢᠨᠠᠯᠳᠠ ᠬᠠᠮᠢᠶᠠᠷᠣᠯᠳᠠ ᠶᠢᠨ ᠦᠭᠡᠷᠡᠴᠢᠯᠡᠯᠳᠡ ᠶᠢ ᠲᠦᠷᠭᠡᠳᠬᠡᠵᠣ᠂ ᠣᠯᠠᠨ ᠣᠯᠣᠰ ᠤᠨ ᠬᠤᠳᠠᠯᠳᠣᠭᠠᠨ ᠤ ︽ᠭᠠᠭᠴᠠ ᠴᠣᠩᠬᠤ︾ ᠳᠡᠭᠡᠷ᠎ᠡ ᠭᠦᠢᠴᠡᠳᠭᠡᠭᠦ ᠳᠣᠷᠰᠢᠯᠳᠠ ᠶᠢᠨ ᠴᠡᠭ ᠢ ᠦᠷᠨᠢᠭᠦᠯᠬᠦ ᠶᠢ ᠬᠠᠶᠢᠨ ᠰᠦᠪᠡᠭᠴᠢᠯᠡᠵᠣ᠂ ᠰᠣᠷᠠᠭ ᠵᠠᠩᠬᠢ ᠬᠠᠷᠢᠯᠴᠠᠨ ᠰᠣᠯᠢᠯᠴᠠᠬᠤ᠂ ᠬᠢᠨᠠᠯᠳᠠ ᠬᠠᠮᠢᠶᠠᠷᠣᠯᠳᠠ ᠶᠢ ᠬᠠᠷᠢᠯᠴᠠᠨ ᠵᠦᠪᠰᠢᠶᠡᠷᠡᠬᠦ᠂ ᠬᠠᠦᠯᠢ ᠬᠡᠷᠡᠭᠵᠢᠭᠦᠯᠬᠦ ᠳᠤ ᠬᠠᠷᠢᠯᠴᠠᠨ ᠬᠠᠪᠰᠣᠷᠣᠯᠴᠠᠬᠤ ᠶᠢ ᠠᠭᠠᠵᠢᠮ ᠢᠶᠠᠷ ᠪᠡᠶᠡᠯᠡᠭᠦᠯᠣᠨ᠂ ᠪᠣᠭᠤᠮᠳᠠ ᠶᠢᠨ ᠪᠣᠭᠤᠮᠳᠠ ᠨᠡᠪᠳᠡᠷᠡᠯᠳᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠎ᠡ᠃ ᠴᠢᠳᠠᠪᠣᠷᠢᠳᠠᠨ ᠢ ᠣᠷᠢᠨ ᠣᠷᠣᠭᠤᠯᠬᠤ ᠪᠠ ᠬᠦᠮᠦᠵᠢᠬᠦᠯᠦᠨ ᠪᠣᠯᠪᠠᠰᠣᠷᠠᠭᠤᠯᠬᠤ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠣ᠂ ᠠᠷᠠᠳ ᠠᠴᠠ ᠡᠷᠬᠢᠯᠡᠭᠰᠡᠨ ᠠᠵᠣ ᠠᠬᠤᠶᠢᠯᠠᠯ ᠤᠨ ᠬᠤᠪᠢᠴᠠᠭᠠᠨ ᠤ ᠡᠷᠬᠡ ᠶᠢ ᠵᠣᠷᠢᠭᠵᠢᠭᠤᠯᠬᠤ ᠂ ᠳᠣᠰᠢᠶᠠᠯ ᠬᠠᠪᠰᠣᠷᠭᠠᠬᠤ ᠪᠠ ᠴᠠᠯᠢᠩ ᠬᠠᠪᠰᠣᠷᠭᠠᠬᠤ᠂ ᠵᠦᠪᠯᠡᠭᠴᠢ ᠶᠢ ᠣᠨᠴᠠ ᠣᠷᠢᠬᠤ ᠵᠡᠷᠭᠡ ᠬᠡᠯᠪᠡᠷᠢ ᠪᠠᠷ᠂ ᠦᠨᠳᠦᠷ ᠵᠡᠷᠭᠡᠯᠡᠯ ᠤᠨ ᠴᠢᠳᠠᠪᠣᠷᠢᠳᠠᠨ ᠢ ᠢᠳᠡᠪᠬᠢᠳᠡᠢ ᠣᠷᠢᠨ ᠣᠷᠣᠭᠤᠯᠵᠣ᠂ ᠡᠷᠢᠶᠡᠨ ᠬᠤᠳᠠ ᠶᠢᠨ ᠴᠢᠳᠠᠪᠣᠷᠢᠳᠠᠨ ᠤ ᠣᠨᠴᠠ ᠳᠣᠭᠤᠷᠢᠭ ᠢ ᠪᠠᠶᠢᠭᠤᠯᠬᠤ ᠶᠢ ᠬᠠᠶᠢᠨ ᠰᠦᠪᠡᠭᠴᠢᠯᠠᠬᠦ ᠶᠢ ᠵᠣᠷᠢᠭᠵᠢᠭᠤᠯᠣᠨ᠎ᠠ᠃      ᠬᠢᠯᠢ ᠠᠯᠣᠰᠯᠠᠭᠰᠠᠨ ᠠᠵᠣ ᠠᠬᠤᠢ ᠶᠢᠨ ᠬᠠᠮᠵᠢᠯᠴᠠᠭᠠᠨ ᠤ ᠳᠣᠭᠤᠷᠢᠭ ᠢ ᠲᠦᠷᠭᠡᠪᠴᠢᠯᠡᠨ ᠪᠦᠲᠦᠭᠡᠨ ᠪᠠᠶᠢᠭᠤᠯᠵᠣ ᠡᠬᠢᠯᠡᠨ᠎ᠡ᠃ᠦᠪᠡᠷᠲᠡᠭᠡᠨ ᠵᠠᠰᠠᠬᠤ ᠣᠷᠣᠨ ᠪᠠ ᠣᠯᠣᠰ ᠤᠨ ᠲᠦᠪᠰᠢᠨ ᠳᠤ ᠳᠣᠮᠳᠠᠳᠣ ᠮᠣᠩᠭᠤᠯ ᠤᠨ ᠳᠡᠭᠡᠳᠣ ᠲᠦᠪᠰᠢᠨ ᠤ ᠵᠣᠬᠢᠴᠠᠭᠤᠯᠬᠤ ᠳᠣᠭᠳᠠᠯᠴᠠᠭ᠎ᠠ ᠶᠢ ᠲᠦᠯᠬᠢᠨ ᠠᠬᠢᠭᠤᠯᠵᠣ᠂ ᠬᠢᠯᠢ ᠠᠯᠣᠰᠯᠠᠭᠰᠠᠨ ᠠᠵᠣ ᠠᠬᠤᠢ ᠶᠢᠨ ᠬᠠᠮᠵᠢᠯᠴᠠᠭᠠᠨ ᠤ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠬᠠᠮᠳᠣᠪᠠᠷ ᠲᠦᠯᠬᠢᠨ ᠠᠬᠢᠭᠤᠯᠣᠨ᠎ᠠ᠃ ᠮᠣᠩᠭᠤᠯ ᠤᠨ ᠳᠠᠯ᠎ᠠ ᠲᠠᠢ ᠵᠣᠬᠢᠴᠠᠭᠤᠯᠣᠨ ᠵᠦᠪᠳᠡᠯᠴᠡᠬᠦ ᠪᠠᠨ ᠴᠢᠩᠭᠠᠳᠬᠠᠵᠣ᠂ ᠣᠷᠣᠨ ᠵᠠᠢ ᠪᠠᠶᠢᠷᠢᠰᠢᠭᠤᠯᠣᠯᠳᠠ ᠪᠠ ᠠᠵᠣ ᠦᠢᠯᠡᠰ ᠤᠨ ᠪᠠᠶᠢᠷᠢᠰᠢᠯ ᠢᠶᠠᠨ ᠣᠯᠠᠮ ᠨᠢᠭᠡᠨ ᠠᠯᠬᠤᠮ ᠳᠣᠳᠣᠷᠬᠠᠢ ᠳᠣᠭᠳᠠᠭᠠᠨ᠂ ᠬᠢᠯᠢ ᠠᠯᠣᠰᠯᠠᠭᠰᠠᠨ ᠠᠵᠣ ᠠᠬᠤᠢ ᠶᠢᠨ ᠬᠠᠮᠵᠢᠯᠴᠠᠭᠠᠨ ᠤ ᠳᠣᠭᠤᠷᠢᠭ ᠤᠨ ᠶᠡᠷᠦᠩᠬᠡᠢ ᠲᠦᠯᠦᠪᠵᠢᠭᠦᠯᠭᠡ ᠪᠠ ᠡᠵᠡᠮᠰᠢᠯ ᠤᠨ ᠴᠢᠨᠠᠷᠳᠣ ᠨᠠᠷᠢᠯᠢᠭ ᠲᠦᠯᠦᠪᠵᠢᠭᠦᠯᠭᠡ ᠶᠢ ᠲᠦᠷᠭᠡᠪᠴᠢᠯᠡᠨ ᠪᠣᠯᠪᠠᠰᠣᠷᠠᠭᠤᠯᠣᠨ᠎ᠠ᠃ ᠴᠡᠷᠢᠭ ᠤᠨ ᠶᠠᠪᠣᠳᠠᠯ ᠤᠨ ᠬᠠᠮᠢᠶᠠᠷᠣᠯᠳᠠ ᠶᠢᠨ ᠳᠣᠭᠤᠷᠢᠭ ᠤᠨ ᠳᠣᠳᠣᠷᠠᠬᠢ ᠭᠠᠵᠠᠷ ᠠᠰᠢᠭᠯᠠᠯᠳᠠ ᠶᠢ ᠲᠦᠷᠭᠡᠨ ᠵᠦᠪᠰᠢᠶᠡᠷᠡᠭᠦᠯᠬᠦ ᠶᠢ ᠬᠦᠭᠡᠭᠡᠴᠡᠯᠳᠦᠵᠣ᠂ ᠲᠦᠷᠦᠯ ᠵᠦᠢᠯ ᠤᠨ ᠪᠠᠷᠢᠯᠭ᠎ᠠ ᠡᠬᠢᠯᠡᠭᠦᠯᠬᠦ ᠳᠤ ᠨᠦᠬᠦᠴᠡᠯ ᠪᠦᠷᠢᠯᠳᠦᠭᠦᠯᠵᠣ ᠦᠭᠭᠦᠨ᠎ᠡ᠃ ᠬᠤᠳᠠᠯᠳᠣᠭᠠᠨ ᠤ ᠶᠠᠪᠣᠳᠠᠯ ᠤᠨ ᠶᠠᠮᠣᠨ ᠢ ᠵᠣᠬᠢᠴᠠᠭᠤᠯᠣᠨ ᠳᠡᠭᠡᠷ᠎ᠡ ᠬᠠᠭᠠᠰ ᠵᠢᠯ ᠳᠤ ᠬᠢᠯᠢ ᠠᠯᠣᠰᠯᠠᠭᠰᠠᠨ ᠠᠵᠣ ᠠᠬᠤᠢ ᠶᠢᠨ ᠬᠠᠮᠵᠢᠯᠴᠠᠭᠠᠨ ᠤ ᠳᠣᠭᠤᠷᠢᠭ ᠤᠨ ᠶᠡᠷᠦᠩᠬᠡᠢ ᠲᠦᠰᠦᠯ ᠤᠨ ᠵᠦᠪᠰᠢᠶᠡᠷᠡᠯ ᠣᠯᠭᠤᠬᠤ ᠶᠢ ᠬᠦᠭᠡᠭᠡᠴᠡᠯᠳᠣᠨ᠎ᠡ᠃ ᠵᠠᠰᠠᠭ ᠤᠨ ᠣᠷᠳᠣᠨ ᠬᠦᠷᠦᠩᠭᠡ ᠬᠤᠷᠠᠮᠳᠣᠭᠤᠯᠣᠨ᠂ ᠨᠡᠶᠢᠭᠡᠮ ᠣᠷᠣᠯᠴᠠᠬᠤ ᠵᠡᠷᠭᠡ ᠬᠡᠯᠪᠡᠷᠢ  ᠪᠠᠷ ᠪᠡᠯᠡ ᠣᠷᠣᠭᠤᠯᠣᠯᠳᠠ ᠪᠠᠨ ᠶᠡᠬᠡᠰᠬᠡᠵᠣ᠂ ᠳᠣᠮᠳᠠᠳᠣ ᠶᠢᠨ ᠳᠠᠯ᠎ᠠ ᠶᠢᠨ ᠬᠠᠷᠢᠶᠠᠯᠠᠭᠳᠠᠬᠤ ᠬᠡᠰᠡᠭ ᠤᠨ ᠣᠰᠣ᠂ ᠴᠠᠬᠢᠯᠭᠠᠨ᠂ ᠵᠠᠮ ᠵᠡᠷᠭᠡ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠶᠢ ᠵᠢᠯ ᠤᠨ ᠳᠣᠮᠳᠠᠴᠢ ᠪᠣᠯᠳᠠᠯ᠎ᠠ ᠡᠬᠢᠯᠡᠭᠦᠯᠬᠦ ᠪᠠᠷ ᠬᠦᠭᠡᠭᠡᠴᠡᠯᠳᠦᠨ᠎ᠡ᠃ ᠬᠢᠯᠢ ᠠᠯᠣᠰᠯᠠᠭᠰᠠᠨ ᠠᠵᠣ ᠠᠬᠤᠢ ᠶᠢᠨ ᠬᠠᠮᠵᠢᠯᠴᠠᠭᠠᠨ ᠤ ᠳᠣᠭᠤᠷᠢᠭ ᠤᠨ ᠮᠣᠩᠭᠤᠯ ᠤᠨ ᠳᠠᠯ᠎ᠠ ᠶᠢᠨ ᠬᠠᠷᠢᠶᠠᠯᠠᠭᠳᠠᠬᠤ ᠬᠡᠰᠡᠭ ᠤᠨ ᠬᠤᠳᠠᠯᠳᠣᠭᠠᠴᠢᠨ ᠣᠷᠢᠬᠤ ᠠᠵᠢᠯ ᠳᠤ ᠣᠷᠢᠳᠴᠢᠯᠠᠨ ᠣᠷᠣᠯᠴᠠᠵᠣ᠂ ᠮᠣᠩᠭᠤᠯ ᠤᠨ ᠳᠠᠯ᠎ᠠ ᠶᠢ ᠬᠠᠮᠵᠢᠯᠴᠠᠨ ᠲᠦᠷᠦᠯ ᠵᠦᠢᠯ ᠤᠨ ᠪᠣᠳᠠᠳᠠᠶᠢᠵᠢᠨ ᠬᠡᠷᠡᠭᠵᠢᠭᠦᠯᠦᠭᠳᠡᠬᠦ ᠶᠢ ᠡᠷᠳᠡ ᠡᠳᠦᠷ ᠪᠡᠶᠡᠯᠡᠭᠦᠯᠦᠨ᠎ᠡ᠃ ᠬᠢᠯᠢ ᠶᠢᠨ ᠠᠵᠣ ᠠᠬᠤᠢ ᠶᠢᠨ ᠬᠠᠮᠵᠢᠯᠴᠠᠭᠠᠨ ᠤ ᠴᠢᠳᠠᠪᠬᠢ ᠶᠢ ᠭᠦᠢᠴᠡᠳ ᠪᠠᠳᠠᠷᠠᠭᠤᠯᠵᠣ᠂ ᠬᠢᠯᠢ ᠠᠯᠣᠰᠯᠠᠭᠰᠠᠨ ᠠᠵᠣ ᠠᠬᠤᠢ ᠶᠢᠨ ᠬᠠᠮᠵᠢᠯᠴᠠᠭᠠᠨ ᠤ ᠳᠣᠭᠤᠷᠢᠭ ᠤᠨ ᠳᠣᠭᠤᠷᠢᠨ ᠳᠤ ᠠᠵᠣ ᠦᠢᠯᠡᠰ ᠤᠨ ᠵᠠᠯᠭᠠᠯᠳᠠ ᠶᠢ ᠰᠠᠶᠢᠳᠣᠷ ᠬᠢᠵᠣ᠂ ᠬᠠᠷᠢᠯᠴᠠᠨ ᠬᠦᠳᠡᠯᠦᠯᠴᠡᠨ ᠬᠦᠭᠵᠢᠭᠦ ᠶᠢ ᠪᠡᠶᠡᠯᠡᠭᠦᠯᠦᠨ᠎ᠡ᠃      ᠬᠦᠨᠳᠦ ᠴᠢᠬᠤᠯᠠ ᠰᠠᠭᠤᠷᠢ ᠲᠦᠭᠦᠭᠡᠷᠦᠮᠵᠢ ᠶᠢᠨ ᠬᠠᠷᠢᠯᠴᠠᠨ ᠬᠤᠯᠪᠣᠯᠳᠣᠨ ᠨᠡᠪᠳᠡᠷᠡᠬᠦ ᠶᠢ ᠲᠦᠯᠬᠢᠨ ᠠᠬᠢᠭᠤᠯᠣᠨ᠎ᠠ᠃ ᠰᠢᠯᠢ ᠶᠢᠨ ᠬᠤᠳᠠ — ᠡᠷᠢᠶᠡᠨ ᠴᠢᠭᠯᠡᠯ ᠤᠨ ᠳᠡᠮᠦᠷ ᠵᠠᠮ ᠤᠨ ᠲᠦᠷᠦᠯ ᠵᠦᠢᠯ ᠤᠨ ᠵᠢᠯ ᠳᠣᠳᠣᠷ᠎ᠠ ᠳᠡᠷᠭᠡ ᠨᠡᠪᠳᠡᠷᠡᠨ ᠠᠰᠢᠭᠯᠠᠯᠳᠠ ᠳᠤ ᠣᠷᠣᠬᠤ᠂ ᠡᠷᠢᠶᠡᠨ — ᠮᠠᠨᠳᠣᠯᠳᠣ ᠴᠢᠭᠯᠡᠯ ᠤᠨ ᠨᠢᠭᠡᠳᠦᠭᠡᠷ ᠳᠡᠰ ᠤᠨ ᠵᠠᠰᠠᠮᠠᠯ ᠵᠠᠮ ᠢ ᠪᠠᠷᠢᠯᠭ᠎ᠠ ᠡᠬᠢᠯᠡᠨ ᠪᠦᠲᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠣᠨ᠎ᠠ᠃ ᠨᠢᠰᠭᠡᠯ ᠤᠨ ᠪᠠᠭᠤᠳᠠᠯ ᠢ ᠦᠷᠭᠡᠳᠭᠡᠨ ᠪᠠᠶᠢᠭᠤᠯᠬᠤ ᠲᠦᠷᠦᠯ ᠵᠦᠢᠯ ᠢ ᠳᠠᠭᠤᠰᠬᠠᠵᠣ ᠠᠰᠢᠭᠯᠠᠯᠳᠠ  ᠳᠤ ᠣᠷᠣᠭᠤᠯᠣᠨ᠂ ᠣᠯᠠᠨ ᠣᠯᠣᠰ ᠤᠨ ᠠᠭᠠᠷ ᠤᠨ ᠭᠠᠷᠠᠮ ᠢ ᠪᠠᠶᠢᠭᠤᠯᠬᠤ ᠶᠢ ᠳᠡᠭᠡᠷ᠎ᠡ ᠱᠠᠳᠣᠨ ᠳᠤ ᠢᠳᠡᠪᠬᠢᠳᠡᠢ  ᠪᠠᠷ ᠬᠦᠭᠡᠭᠡᠴᠡᠯᠳᠦᠵᠣ᠂ ᠣᠯᠠᠭᠠᠨᠪᠠᠭᠠᠳᠣᠷ ᠬᠦᠷᠬᠦ ᠣᠯᠠᠨ ᠣᠯᠣᠰ ᠤᠨ ᠠᠭᠠᠷ ᠤᠨ ᠱᠣᠭᠤᠮ ᠢ ᠵᠢᠯ ᠳᠣᠷᠰᠢ ᠨᠡᠪᠳᠡᠷᠡᠭᠦᠯᠦᠨ᠂ ᠣᠯᠠᠭᠠᠨ ᠦᠳᠡ ᠬᠦᠷᠬᠦ ᠣᠯᠠᠨ ᠣᠯᠣᠰ ᠤᠨ ᠠᠭᠠᠷ ᠤᠨ ᠱᠣᠭᠤᠮ ᠢ ᠨᠡᠭᠡᠭᠡᠨ ᠨᠡᠪᠳᠡᠷᠡᠭᠦᠯᠬᠦ ᠡᠬᠢᠨ  ᠤ ᠬᠤᠭᠤᠴᠠᠭᠠᠨ ᠤ ᠠᠵᠢᠯ ᠢ ᠦᠷᠨᠢᠭᠦᠯᠦᠨ᠎ᠡ᠃ ᠵᠠᠰᠠᠮᠠᠯ ᠵᠠᠮ ᠤᠨ ᠪᠣᠭᠤᠮᠳᠠ ᠶᠢᠨ ᠬᠢᠯᠢ ᠠᠯᠣᠰᠯᠠᠭᠰᠠᠨ ᠪᠦᠰᠡ ᠳᠠᠮᠵᠢᠭᠤᠯᠭ᠎ᠠ ᠶᠢᠨ ᠭᠠᠷᠣᠴᠠ ᠶᠢᠨ ᠲᠦᠷᠦᠯ ᠵᠦᠢᠯ ᠢ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠵᠣ᠂ ᠲᠡᠮᠦᠷ ᠵᠠᠮ ᠤᠨ ᠦᠷᠳᠡᠭᠡ ᠳᠠᠯᠠᠪᠠᠢ ᠶᠢ ᠦᠷᠭᠡᠳᠭᠡᠨ ᠪᠠᠶᠢᠭᠤᠯᠬᠤ ᠲᠦᠷᠦᠯ ᠵᠦᠢᠯ ᠢ ᠣᠯᠣᠰ ᠤᠨ ᠳᠡᠮᠦᠷ ᠵᠠᠮ ᠤᠨ ᠪᠡᠯᠡ ᠣᠷᠣᠭᠤᠯᠣᠯᠳᠠ ᠶᠢᠨ ᠲᠦᠯᠦᠪᠯᠡᠭᠡ ᠳᠤ ᠣᠷᠣᠭᠤᠯᠬᠤ ᠪᠠᠷ ᠴᠢᠷᠮᠠᠶᠢᠨ᠂ ᠵᠢᠯ ᠳᠣᠳᠣᠷ᠎ᠠ ᠬᠡᠷᠡᠭᠵᠢᠭᠦᠯᠦᠨ᠎ᠡ᠃ ᠵᠢᠨᠢᠩ — ᠡᠷᠢᠶᠡᠨ ᠴᠢᠭᠯᠡᠯ ᠤᠨ ᠳᠡᠮᠦᠷ ᠵᠠᠮ ᠢ ᠰᠢᠨᠡᠴᠢᠯᠡᠨ ᠵᠠᠰᠠᠬᠤ ᠲᠦᠷᠦᠯ ᠵᠦᠢᠯ ᠢ ᠪᠠᠷᠢᠯᠭ᠎ᠠ ᠡᠬᠢᠯᠡᠨ ᠪᠦᠲᠦᠭᠡᠨ ᠪᠠᠶᠢᠭᠤᠯᠬᠤ ᠶᠢ ᠢᠳᠡᠪᠬᠢᠳᠡᠢ ᠲᠦᠯᠬᠢᠨ ᠠᠬᠢᠭᠤᠯᠣᠨ᠎ᠠ᠃ ᠡᠯᠧᠺᠲᠷᠣᠨ ᠪᠣᠭᠤᠮᠳᠠ ᠶᠢᠨ ᠪᠦᠲᠦᠭᠡᠨ ᠪᠠᠶᠢᠭᠤᠯᠣᠯᠳᠠ ᠶᠢ ᠲᠦᠷᠭᠡᠳᠭᠡᠵᠣ᠂ ᠪᠣᠭᠤᠮᠳᠠ ᠶᠢᠨ ᠰᠢᠯᠭᠠᠨ ᠪᠠᠶᠢᠴᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠷᠢᠶᠡᠨ ᠬᠤᠳᠠ ᠪᠠᠷ ᠳᠠᠮᠵᠢᠨ ᠬᠡᠷᠡᠯ ᠳᠠᠳᠠᠯᠭ᠎ᠠ ᠵᠠᠮᠨᠠᠭᠤᠷ ᠤᠨ ᠲᠦᠷᠦᠯ ᠵᠦᠢᠯ ᠤᠨ ᠡᠬᠢᠨ ᠤ ᠬᠤᠭᠤᠴᠠᠭᠠᠨ ᠤ ᠦᠨᠡᠯᠡᠭᠡ ᠬᠢᠬᠦ ᠠᠵᠢᠯ ᠢ ᠡᠬᠢᠯᠡᠭᠦᠯᠦᠨ᠎ᠡ᠃ ᠣᠯᠣᠰ ᠠᠴᠠ ᠬᠡᠷᠡᠭᠵᠢᠭᠦᠯᠵᠣ ᠪᠠᠶᠢᠭ᠎ᠠ ︽ᠨᠢᠭᠡ ᠪᠦᠰᠡ ᠨᠢᠭᠡ ᠵᠠᠮ︾ ᠤᠨ ᠪᠠᠶᠢᠯᠳᠣᠬᠤ ᠪᠣᠳᠣᠯᠭ᠎ᠠ ᠶᠢᠨ ᠬᠦᠨᠳᠦ ᠴᠢᠬᠤᠯᠠ ᠳᠣᠬᠢᠶᠠᠯ ᠢ ᠴᠢᠩᠭ᠎ᠠ ᠠᠳᠬᠤᠨ᠂ ᠳᠡᠭᠡᠳᠣ ᠱᠠᠳᠣᠨ ᠳᠤ ᠬᠦᠭᠡᠭᠡᠴᠡᠯᠳᠦᠬᠦ ᠬᠦᠴᠦᠯᠡᠴᠡ ᠪᠠᠨ ᠶᠡᠬᠡᠰᠬᠡᠵᠣ᠂ ᠡᠷᠢᠶᠡᠨ ᠬᠤᠳᠠ — ᠣᠯᠠᠭᠠᠨᠪᠠᠭᠠᠳᠣᠷ — ᠣᠯᠠᠭᠠᠨ ᠦᠳᠡ ᠴᠢᠭᠯᠡᠯ ᠤᠨ ᠲᠡᠮᠦᠷ ᠵᠠᠮ ᠤᠨ ᠬᠤᠣᠰ ᠱᠣᠭᠤᠮ ᠤᠨ ᠴᠠᠬᠢᠯᠭᠠᠨᠵᠢᠭᠤᠯᠣᠨ ᠰᠢᠨᠡᠴᠢᠯᠠᠨ ᠦᠭᠡᠷᠡᠴᠢᠯᠠᠬᠦ ᠢᠨᠵᠧᠨᠧᠷᠢᠩ ᠪᠠ ᠡᠷᠢᠶᠡᠨ ᠬᠤᠳᠠ — ᠣᠯᠠᠭᠠᠨᠪᠠᠭᠠᠳᠣᠷ — ᠠᠯᠠᠳᠠᠨᠪᠣᠯᠠᠭ ᠴᠢᠭᠯᠡᠯ ᠤᠨ ᠦᠨᠳᠦᠷ ᠵᠡᠷᠭᠡᠯᠡᠯ ᠤᠨ ᠵᠠᠰᠠᠮᠠᠯ ᠵᠠᠮ᠂ ᠡᠷᠢᠶᠡᠨ ᠬᠤᠳᠠ — ᠰᠠᠶᠢᠨᠱᠠᠩᠳᠠ ᠴᠢᠭᠯᠡᠯ ᠤᠨ ᠬᠦᠨᠳᠦ ᠳᠠᠭᠠᠭᠠᠴᠠ ᠶᠢᠨ ᠵᠠᠰᠠᠮᠠᠯ ᠵᠠᠮ ᠵᠢᠴᠢ ᠳᠣᠮᠳᠠᠳᠣ ᠮᠣᠩᠭᠤᠯ ᠣᠷᠣᠰ ᠤᠨ ᠳᠣᠰᠣ ᠳᠠᠮᠵᠢᠭᠤᠯᠬᠤ᠂ ᠬᠡᠢ ᠳᠠᠮᠵᠢᠭᠤᠯᠬᠤ᠂ ᠣᠰᠣ ᠳᠠᠮᠵᠢᠭᠤᠯᠬᠤ ᠭᠤᠣᠷᠰᠣ ᠰᠦᠯᠵᠢᠶ᠎ᠠ ᠵᠡᠷᠭᠡ ᠲᠦᠷᠦᠯ ᠵᠦᠢᠯ ᠢ ᠣᠯᠣᠰ ᠤᠨ ᠳᠣᠷᠭᠠᠨ ᠵᠠᠮ ᠤᠨ ᠠᠵᠣ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠣᠯᠳᠠ ᠶᠢᠨ ᠳᠣᠰᠬᠠᠢ ᠲᠦᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃      ᠭᠠᠳᠠᠭᠰᠢ ᠨᠡᠭᠡᠭᠡᠯᠳᠡ ᠶᠢ ᠪᠦᠬᠦ ᠲᠠᠯ᠎ᠠ ᠪᠠᠷ ᠦᠷᠭᠡᠳᠭᠡᠨ᠎ᠡ᠃ ︽ᠳᠣᠮᠳᠠᠳᠣ ᠮᠣᠩᠭᠤᠯ ᠤᠨ ᠪᠠᠶᠢᠯᠳᠣᠬᠤ ᠪᠣᠳᠣᠯᠭ᠎ᠠ ᠶᠢᠨ ᠠᠨᠳᠠ ᠶᠢᠨ ᠬᠠᠷᠢᠴᠠᠭᠠᠨ ᠤ ᠳᠣᠮᠳᠠ ᠣᠷᠳᠣ ᠬᠤᠭᠤᠴᠠᠭᠠᠨ ᠤ ᠬᠦᠭᠵᠢᠯᠳᠡ ᠶᠢᠨ ᠬᠦᠲᠦᠯᠪᠦᠷᠢ︾ ᠶᠢᠨ ᠨᠠᠶᠢᠳᠠᠪᠣᠷᠢᠵᠢᠭᠤᠯᠣᠭᠳᠠᠬᠤ ᠶᠢ ᠲᠦᠯᠬᠢᠨ ᠠᠬᠢᠭᠤᠯᠵᠣ᠂ ᠮᠣᠩᠭᠤᠯ ᠣᠯᠣᠰ ᠤᠨ ᠬᠤᠯᠪᠣᠭᠳᠠᠯ ᠪᠦᠬᠦᠢ ᠭᠠᠵᠠᠷ ᠣᠷᠣᠨ ᠤ ᠵᠠᠰᠠᠭ ᠤᠨ ᠣᠷᠳᠣᠨ ᠲᠠᠢ ᠬᠠᠮᠳᠣᠷᠠᠨ ᠠᠵᠢᠯᠯᠠᠬᠤ ᠳᠣᠭᠳᠠᠯᠴᠠᠭ᠎ᠠ ᠪᠠ ᠳᠣᠭᠳᠠᠮᠠᠯ ᠬᠤᠭᠤᠴᠠᠭ᠎ᠠ ᠲᠠᠢ ᠬᠤᠷᠠᠯᠳᠣᠬᠤ ᠳᠣᠭᠳᠠᠯᠴᠠᠭ᠎ᠠ ᠶᠢ ᠪᠦᠷᠢᠨᠰᠢᠭᠦᠯᠦᠨ ᠳᠡᠭᠦᠯᠳᠡᠷᠵᠢᠭᠦᠯᠵᠣ᠂ ᠠᠭᠤᠯᠠ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠳᠠ᠂ ᠮᠦᠩᠭᠦᠨ ᠭᠦᠢᠯᠭᠡᠭᠡᠨ ᠤ ᠬᠠᠮᠳᠣ ᠶᠢᠨ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠮᠦᠨ ᠴᠢᠨᠡᠷ ᠤᠨ ᠦᠰᠦᠷᠦᠯᠳᠡ ᠶᠢ ᠪᠣᠢ ᠪᠣᠯᠭᠠᠬᠤ ᠪᠠᠷ ᠴᠢᠷᠮᠠᠶᠢᠨ᠎ᠠ᠃ ᠳᠣᠯᠣᠳᠣᠭᠠᠷ ᠬᠤᠭᠤᠴᠠᠭᠠᠨ ᠤ ︽ᠡᠷᠢᠶᠡᠨ ᠬᠤᠳᠠ ᠴᠢᠭᠤᠯᠭ᠎ᠠ ᠠᠭᠤᠯᠵᠠᠯᠳᠠ︾ ᠶᠢ ᠰᠠᠶᠢᠳᠣᠷ ᠵᠣᠬᠢᠶᠠᠨ ᠪᠠᠶᠢᠭᠤᠯᠵᠣ᠂ ᠣᠯᠣᠰ ᠤᠨ ᠬᠤᠳᠠᠯᠳᠣᠭᠠᠨ ᠤ ᠶᠠᠪᠣᠳᠠᠯ ᠤᠨ ᠶᠠᠮᠣᠨ ᠤ ᠭᠤᠣᠯᠳᠠᠯᠭ᠎ᠠ ᠲᠠᠢ ᠳᠡᠮᠵᠢᠬᠦ ᠬᠤᠷᠠᠯ ᠦᠵᠡᠰᠭᠦᠯᠡᠩ ᠤᠨ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃ ︽ᠭᠠᠳᠠᠭᠰᠢ ᠭᠠᠷᠬᠤ︾ ᠪᠠᠶᠢᠯᠳᠣᠬᠤ ᠪᠣᠳᠣᠯᠭ᠎ᠠ ᠶᠢ ᠲᠦᠷᠭᠡᠪᠴᠢᠯᠡᠨ ᠬᠡᠷᠡᠭᠵᠢᠭᠦᠯᠵᠣ᠂ ᠣᠯᠣᠰ ᠤᠨ ᠳᠣᠳᠣᠭᠠᠳᠣ ᠶᠢᠨ ᠠᠵᠣ ᠠᠬᠤᠶᠢᠯᠠᠯ ᠤᠨ ᠮᠣᠩᠭᠤᠯ ᠣᠷᠣᠰ ᠲᠤ ᠪᠡᠯᠡ ᠣᠷᠣᠭᠤᠯᠬᠤ ᠶᠢ ᠵᠣᠷᠢᠭᠵᠢᠭᠤᠯᠣᠨ ᠵᠢᠯᠣᠭᠤᠳᠴᠣ᠂ ᠠᠮᠣ ᠬᠦᠨᠡᠰᠦ᠂ ᠳᠣᠰᠣᠯᠢᠭ ᠡᠳ᠋ ᠢ ᠲᠠᠷᠢᠬᠤ ᠳᠠᠯᠠᠪᠠᠢ ᠶᠢ ᠦᠷᠭᠡᠳᠭᠡᠨ᠂ ᠡᠷᠢᠶᠡᠨ ᠠᠮᠣ ᠬᠦᠨᠡᠰᠦᠨ ᠤ ᠪᠣᠭᠤᠮᠳᠠ ᠶᠢᠨ ᠪᠦᠲᠦᠭᠡᠨ ᠪᠠᠶᠢᠭᠤᠯᠣᠯᠳᠠ ᠶᠢ ᠳᠡᠮᠵᠢᠨ᠎ᠡ᠃ ᠮᠣᠩᠭᠤᠯ ᠣᠯᠣᠰ ᠤᠨ ᠣᠯᠠᠭᠠᠨᠪᠠᠭᠠᠳᠣᠷ ᠲᠤ ᠰᠠᠭᠤᠭ᠎ᠠ ᠲᠦᠯᠦᠭᠡᠯᠡᠭᠴᠢ ᠶᠢᠨ ᠭᠠᠵᠠᠷ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠣ᠂ ᠮᠣᠩᠭᠤᠯ ᠲᠠᠢ ᠬᠠᠷᠢᠯᠴᠠᠬᠤ ᠪᠠ ᠵᠣᠬᠢᠴᠠᠭᠤᠯᠬᠤ ᠪᠠᠨ ᠴᠢᠩᠭᠠᠳᠬᠠᠨ᠂ ᠮᠣᠩᠭᠤᠯ ᠳᠤ ᠬᠠᠨᠳᠣᠭᠰᠠᠨ ᠬᠤᠳᠠᠯᠳᠤᠭ᠎ᠠ ᠪᠠ ᠪᠡᠯᠡ ᠣᠷᠣᠭᠤᠯᠣᠯᠳᠠ ᠶᠢ ᠦᠷᠭᠡᠳᠭᠡᠬᠦ ᠳᠤ ᠦᠢᠯᠡᠴᠢᠯᠡᠭᠡ ᠬᠠᠩᠭᠠᠨ᠎ᠠ᠃ ᠡᠬᠡ ᠬᠠᠭᠤᠷᠠᠢ ᠶᠢᠨ ᠬᠦᠬᠦᠷᠭᠡ ᠶᠢᠨ ᠵᠠᠮ ᠳᠠᠭᠠᠣ ᠬᠢ ᠣᠷᠣᠨ ᠨᠣᠳᠤᠭ ᠤᠨ ᠬᠤᠭᠤᠷᠣᠨᠳᠣᠬᠢ ᠬᠠᠮᠳᠣ ᠶᠢᠨ ᠠᠵᠢᠯᠯᠠᠭᠠᠨ ᠤ ᠦᠷ᠎ᠡ ᠪᠦᠲᠦᠮᠵᠢ ᠪᠠᠨ ᠪᠠᠳᠣᠳᠬᠠᠨ ᠦᠷᠭᠡᠳᠭᠡᠵᠣ᠂ ᠰᠣᠷᠭᠠᠨ ᠬᠦᠮᠦᠵᠢᠯ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ᠂ ᠰᠣᠶᠣᠯ ᠲᠠᠮᠢᠷ᠂ ᠡᠷᠡᠭᠦᠯ ᠬᠠᠮᠠᠭᠠᠯᠠᠯ ᠬᠢᠵᠢᠭ ᠠᠴᠠ ᠰᠡᠷᠭᠡᠶᠢᠯᠡᠬᠦ᠂ ᠣᠷᠴᠢᠨ ᠳᠣᠭᠤᠷᠢᠨ ᠤ ᠬᠠᠮᠠᠭᠠᠯᠠᠯᠳᠠ ᠵᠡᠷᠭᠡ ᠬᠦᠷᠢᠶᠠᠨ ᠳᠠᠬᠢ ᠬᠦᠮᠦᠨ ᠰᠣᠶᠣᠯ ᠤᠨ ᠶᠠᠪᠣᠯᠴᠠᠭ᠎ᠠ ᠬᠠᠮᠳᠣ ᠶᠢᠨ  ᠠᠵᠢᠯᠯᠠᠭ᠎ᠠ ᠪᠠᠨ ᠬᠦᠨᠵᠡᠭᠡᠶᠢᠷᠡᠭᠦᠯᠵᠣ᠂ ᠭᠠᠳᠠᠭᠰᠢ ᠨᠡᠭᠡᠭᠡᠯᠳᠡ ᠶᠢᠨ ᠳᠡᠰ ᠵᠡᠷᠭᠡᠯᠡᠯ ᠪᠠ ᠬᠢᠷᠢ ᠲᠦᠪᠰᠢᠨ ᠢᠶᠠᠨ ᠳᠠᠰᠣᠷᠠᠯᠳᠠ ᠦᠭᠡᠢ ᠳᠡᠭᠡᠭᠰᠢᠯᠡᠭᠦᠯᠦᠨ᠎ᠡ᠃      ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠬᠦᠴᠦᠯᠡᠴᠡ ᠪᠠᠨ ᠦᠨᠡᠨᠬᠦ ᠶᠡᠬᠡᠰᠬᠡᠨ᠎ᠡ᠃ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠶᠢ ᠪᠣᠭᠤᠮᠳᠠ ᠶᠢᠨ ᠠᠵᠣ ᠠᠬᠤᠢ ᠶᠢᠨ ᠬᠦᠭᠵᠢᠯᠳᠡ ᠶᠢ ᠲᠦᠯᠬᠢᠨ ᠠᠬᠢᠭᠤᠯᠬᠤ ︽ᠲᠣᠯᠣᠭᠠᠶᠢᠯᠠᠬᠤ ᠢᠨᠵᠧᠨᠧᠷᠢᠩ︾ ᠪᠣᠯᠭᠠᠬᠤ ᠶᠢ ᠡᠬᠦᠷᠢᠳᠡ ᠪᠠᠷᠢᠮᠳᠠᠯᠠᠵᠣ᠂ ᠰᠠᠯᠠᠭ᠎ᠠ ᠮᠦᠴᠢᠷ ᠤᠨ ᠬᠤᠳᠠᠯᠳᠣᠭᠠᠴᠢᠨ ᠣᠷᠢᠬᠤ ᠡᠭᠦᠷᠭᠡ ᠬᠠᠷᠢᠭᠤᠴᠠᠯᠭ᠎ᠠ ᠶᠢ ᠣᠯᠠᠮ ᠨᠢᠭᠡᠨ ᠠᠯᠬᠤᠮ ᠨᠠᠶᠢᠳᠠᠪᠣᠷᠢᠵᠢᠭᠤᠯᠣᠨ᠂ ᠰᠢᠨ᠎ᠡ ᠦᠰᠦᠷᠦᠯᠳᠡ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠣᠳᠣ ᠪᠠᠶᠢᠭ᠎ᠠ ᠬᠠᠷᠠᠭᠠᠯᠵᠠᠯ ᠤᠨ ᠪᠣᠳᠣᠯᠭ᠎ᠠ ᠶᠢ ᠴᠡᠭᠴᠡᠯᠡᠨ ᠲᠦᠷᠢᠮᠵᠢᠭᠦᠯᠵᠣ᠂ ᠭᠤᠣᠯᠳᠠᠯᠭ᠎ᠠ ᠲᠠᠢ ᠨᠡᠭᠡᠭᠡᠯᠳᠡ ᠬᠦᠭᠵᠢᠭᠦᠯᠦᠯᠳᠡ ᠶᠢᠨ ᠳᠣᠷᠰᠢᠯᠳᠠ ᠶᠢᠨ ᠳᠣᠭᠤᠷᠢᠭ ᠪᠠ ᠪᠣᠭᠤᠮᠳᠠ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠳᠡᠭᠡᠷ᠎ᠡ ᠱᠠᠳᠣᠨ ᠤ ᠳᠣᠭᠳᠠᠭᠠᠯ ᠪᠠ ᠪᠣᠭᠤᠮᠳᠠ ᠶᠢᠨ ᠪᠣᠳᠠᠳᠠᠢ ᠲᠠᠢ ᠨᠡᠶᠢᠴᠡᠭᠰᠡᠨ ᠠᠵᠣ ᠦᠢᠯᠡᠰ ᠢ ᠳᠡᠮᠵᠢᠬᠦ ᠪᠣᠳᠣᠯᠭ᠎ᠠ ᠶᠢ ᠰᠣᠳᠣᠯᠣᠨ ᠬᠡᠷᠡᠭᠵᠢᠭᠦᠯᠵᠣ᠂ ᠲᠦᠷᠦ ᠶᠢᠨ ᠪᠣᠳᠣᠯᠭ᠎ᠠ ᠪᠠᠷ ᠪᠡᠯᠡ ᠮᠦᠩᠭᠦ ᠶᠢ ᠣᠳᠣᠷᠢᠳᠣᠨ ᠵᠢᠯᠣᠭᠤᠳᠬᠤ ᠬᠦᠰᠢᠭᠦᠷᠭᠡ ᠶᠢᠨ ᠦᠢᠯᠡᠳᠦᠯ ᠢ ᠪᠠᠳᠠᠷᠠᠭᠤᠯᠣᠨ᠎ᠠ᠃ ᠪᠣᠭᠤᠮᠳᠠ ᠶᠢᠨ ᠡᠬᠢ ᠪᠠᠶᠠᠯᠢᠭ ᠪᠠ ᠵᠠᠬ᠎ᠠ ᠳᠡᠯᠭᠡᠭᠦᠷ ᠵᠡᠷᠭᠡ ᠡᠯ᠎ᠡ ᠲᠦᠷᠦᠯ ᠤᠨ ᠦᠢᠯᠡᠳᠪᠦᠷᠢᠯᠡᠯ ᠤᠨ ᠡᠯᠧᠮᠧᠨ᠋ᠲ ᠤᠨ ᠨᠦᠬᠦᠴᠡᠯ ᠲᠠᠢ ᠣᠶᠠᠯᠳᠣᠭᠤᠯᠣᠨ᠂ ᠬᠢᠯᠢ ᠠᠯᠣᠰᠯᠠᠭᠰᠠᠨ ᠠᠵᠣ ᠠᠬᠤᠢ ᠶᠢᠨ ᠬᠠᠮᠵᠢᠯᠴᠠᠭᠠᠨ ᠤ ᠳᠣᠭᠤᠷᠢᠭ᠂ ᠲᠦᠷᠪᠡᠨ ᠶᠡᠭᠡ ᠳᠣᠯᠭᠠᠭᠤᠷᠢ ᠠᠵᠣ ᠦᠢᠯᠡᠰ᠂ ᠪᠣᠭᠤᠮᠳᠠ ᠶᠢᠨ ᠰᠠᠭᠤᠷᠢ ᠲᠦᠭᠦᠭᠡᠷᠦᠮᠵᠢ ᠵᠡᠷᠭᠡ ᠬᠦᠷᠢᠶᠡᠨ ᠤ ᠳᠣᠭᠤᠷᠢᠨ ᠳᠤ᠂ ᠨᠢᠭᠡ ᠪᠦᠯᠦᠭ ᠲᠦᠷᠦᠯ ᠵᠦᠢᠯ ᠢ ᠲᠦᠰᠦᠪᠯᠡᠨ ᠪᠣᠯᠪᠠᠰᠣᠷᠠᠭᠤᠯᠵᠣ᠂ ᠲᠦᠷᠦᠯ ᠵᠦᠢᠯ ᠤᠨ ᠬᠦᠮᠦᠷᠭᠡ ᠶᠢ ᠣᠯᠠᠮ ᠨᠢᠭᠡᠨ ᠠᠯᠬᠤᠮ ᠳᠡᠭᠦᠯᠳᠡᠷᠵᠢᠭᠦᠯᠦᠨ ᠰᠠᠶᠢᠵᠢᠷᠠᠭᠤᠯᠣᠨ᠎ᠠ᠃ ᠠᠵᠣ ᠦᠢᠯᠡᠰ ᠤᠨ ᠬᠡᠯᠬᠢᠶ᠎ᠡ ᠶᠢᠨ ᠳᠠᠭᠠᠣ ᠬᠤᠳᠠᠯᠳᠣᠭᠠᠴᠢᠨ ᠣᠷᠢᠬᠤ ᠬᠦᠴᠦᠯᠡᠴᠡ ᠪᠠᠨ ᠶᠡᠬᠡᠰᠬᠡᠵᠣ᠂ ᠲᠠᠷᠢᠶᠠᠯᠠᠩ ᠮᠠᠯ ᠠᠵᠣ ᠠᠬᠤᠢ ᠶᠢᠨ ᠪᠦᠲᠦᠭᠡᠭᠳᠡᠭᠦᠨ᠂ ᠮᠣᠳᠣᠨ ᠮᠠᠲ᠋ᠧᠷᠢᠶᠠᠯ᠂ ᠲᠡᠮᠦᠷ ᠤᠨ ᠬᠦᠳᠡᠷ ᠢ ᠨᠠᠷᠢᠯᠢᠭ ᠪᠣᠯᠪᠠᠰᠣᠷᠠᠭᠤᠯᠬᠤ ᠲᠦᠷᠦᠯ ᠵᠦᠢᠯ ᠤᠨ ᠪᠣᠳᠠᠳᠠᠶᠢᠵᠢᠨ ᠬᠡᠷᠡᠭᠵᠢᠭᠦᠯᠦᠭᠳᠡᠬᠦ ᠶᠢ ᠲᠦᠯᠬᠢᠨ ᠠᠬᠢᠭᠤᠯᠵᠣ᠂ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠪᠣᠯᠪᠠᠰᠣᠷᠠᠭᠤᠯᠬᠤ ᠠᠵᠣ ᠦᠢᠯᠡᠰ ᠤᠨ ᠬᠡᠯᠬᠢᠶ᠎ᠡ ᠶᠢᠨ ᠰᠣᠨᠵᠠᠷᠠᠨ ᠵᠡᠷᠭᠡ ᠳᠡᠪᠰᠢᠬᠦ ᠶᠢ ᠡᠬᠢᠭᠤᠯᠣᠨ᠎ᠠ᠃ ᠪᠣᠭᠤᠳᠣ ᠶᠢᠨ ᠬᠤᠳᠠᠯᠳᠣᠭᠠᠨ ᠤ ᠪᠠᠩᠬᠢ᠂ ᠣᠷᠳᠣᠰ ᠪᠠᠩᠬᠢ ᠶᠢᠨ ᠮᠠᠨ ᠤ ᠬᠤᠳᠠ ᠳᠤ ᠰᠠᠯᠪᠣᠷᠢ ᠪᠠᠶᠢᠭᠤᠯᠣᠮᠵᠢ ᠪᠠᠶᠢᠭᠤᠯᠬᠤ ᠶᠢ ᠶᠡᠭᠡ ᠬᠦᠴᠦᠨ ᠢᠶᠠᠷ ᠲᠦᠯᠬᠢᠨ ᠠᠬᠢᠭᠤᠯᠣᠨ᠎ᠠ᠃ ᠣᠷᠢᠳᠴᠢᠯᠠᠨ ᠲᠦᠰᠦᠪᠯᠡᠵᠣ᠂ ᠵᠠᠮ ᠤᠨ ᠡᠭᠦᠳᠡ ᠶᠢᠨ ᠠᠵᠣ ᠠᠬᠤᠢ ᠶᠢᠨ ᠪᠦᠰᠡ ᠶᠢᠨ ᠬᠤᠳᠠᠯᠳᠣᠭᠠᠴᠢᠨ ᠣᠷᠢᠬᠤ ᠠᠵᠢᠯ ᠢ ᠮᠣᠩᠭᠤᠯ ᠤᠨ ᠳᠠᠯ᠎ᠠ ᠳᠤ ᠢᠳᠡᠪᠬᠢᠲᠡᠢ ᠳᠡᠮᠵᠢᠯᠭᠡ ᠦᠵᠡᠭᠦᠯᠵᠣ᠂ ᠪᠣᠭᠤᠮᠳᠠ ᠶᠢᠨ ᠬᠦᠮᠦᠨ ᠤ ᠣᠷᠣᠰᠬᠠᠯ᠂ ᠪᠠᠷᠠᠭᠠᠨ ᠤ ᠭᠦᠢᠯᠭᠡᠭᠡ᠂ ᠮᠦᠩᠭᠦᠨ ᠤ ᠭᠦᠢᠯᠭᠡᠭᠡ ᠪᠠ ᠰᠣᠷᠠᠭ ᠵᠠᠩᠬᠢ ᠶᠢᠨ ᠣᠷᠣᠰᠬᠠᠯ ᠤᠨ ᠨᠡᠮᠡᠭᠳᠡᠬᠦ ᠶᠢ ᠳᠠᠶᠢᠴᠢᠯᠠᠨ᠎ᠠ᠃ ᠪᠡᠯᠡ ᠣᠷᠣᠭᠤᠯᠣᠯᠳᠠ ᠶᠢᠨ ᠵᠦᠭᠡᠯᠡᠨ ᠣᠷᠴᠢᠨ ᠢ ᠬᠦᠴᠦ ᠳᠠᠯᠪᠢᠨ ᠰᠠᠶᠢᠵᠢᠷᠠᠭᠤᠯᠵᠣ᠂ ᠴᠢᠨᠠᠷ ᠰᠠᠶᠢᠨ ᠦᠨᠳᠦᠷ ᠦᠷ᠎ᠡ ᠠᠰᠢᠭ ᠪᠦᠬᠦᠢ ᠦᠢᠯᠡᠴᠢᠯᠡᠭᠡ ᠶᠢ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠪᠦᠬᠦ ᠶᠠᠪᠣᠴᠠ ᠳᠤᠨᠢ ᠰᠢᠩᠬᠡᠬᠡᠵᠣ᠂ ᠰᠠᠨᠠᠭᠠᠴᠢᠯᠠᠭ᠎ᠠ ᠠᠴᠠ ᠪᠠᠨ ᠪᠡᠯᠡ ᠣᠷᠣᠭᠤᠯᠣᠭᠴᠢᠳ ᠳᠤ ᠠᠷᠭ᠎ᠠ ᠣᠬᠠᠭᠠᠨ ᠭᠠᠷᠭᠠᠨ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠦᠭᠴᠦ᠂ ︽ᠬᠤᠳᠠᠯᠳᠣᠭᠠᠴᠢᠨ ᠢ ᠳᠣᠳᠣᠨᠣᠴᠢᠯᠠᠬᠤ᠂ ᠬᠤᠳᠠᠯᠳᠣᠭᠠᠴᠢᠨ ᠢ ᠳᠣᠭᠳᠠᠪᠣᠷᠢᠵᠢᠭᠤᠯᠬᠤ᠂ ᠬᠤᠳᠠᠯᠳᠣᠭᠠᠴᠢᠨ ᠢ ᠪᠠᠶᠠᠵᠢᠭᠤᠯᠬᠤ︾ ᠦᠳᠭᠡᠨ ᠵᠣᠵᠠᠭᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠪᠣᠢ ᠪᠣᠯᠭᠠᠨ᠎ᠠ᠃      ᠬᠤᠶᠠᠷ᠂ ᠳᠠᠪᠠᠭᠤᠯᠢᠭ ᠣᠨᠴᠠᠯᠢᠭᠳᠣ ᠠᠵᠣ ᠦᠢᠯᠡᠰ ᠢ ᠲᠦᠷᠭᠡᠪᠴᠢᠯᠡᠨ ᠪᠣᠶᠢᠵᠢᠭᠤᠯᠵᠣ᠂ ᠠᠵᠣ ᠠᠬᠤᠢ ᠶᠢᠨ ᠦᠷᠭᠦᠯᠵᠢᠯᠡᠨ ᠬᠦᠭᠵᠢᠭᠦ ᠨᠦᠬᠡᠴᠡ ᠬᠦᠴᠦᠨ ᠢ ᠳᠡᠭᠡᠭᠰᠢᠯᠡᠭᠦᠯᠦᠨ᠎ᠡ      ᠣᠯᠠᠨ ᠣᠯᠣᠰ ᠤᠨ ᠬᠤᠳᠠᠯᠳᠤᠭ᠎ᠠ ᠪᠠ ᠪᠠᠷᠠᠭᠠᠨ ᠤ ᠭᠦᠢᠯᠭᠡᠭᠡᠨ ᠤ ᠦᠢᠯᠡᠰ ᠢ ᠶᠡᠭᠡ ᠪᠠᠷ ᠬᠦᠭᠵᠢᠭᠦᠯᠦᠨ᠎ᠡ᠃ ᠬᠢᠯᠢ ᠪᠠᠷ ᠣᠷᠣᠭᠤᠯᠵᠣ ᠭᠠᠷᠭᠠᠬᠤ ᠬᠤᠳᠠᠯᠳᠤᠭ᠎ᠠ ᠶᠢ ᠦᠷᠭᠡᠳᠭᠡᠨ᠎ᠡ᠃ ᠣᠯᠣᠰ ᠤᠨ ᠳᠣᠳᠣᠭᠠᠳᠣ ᠭᠠᠳᠠᠭᠠᠳᠣ ᠶᠢᠨ ᠠᠵᠣ ᠠᠬᠤᠢ ᠳᠣᠷᠣᠭᠰᠢᠯᠠᠵᠣ ᠪᠠᠶᠢᠭ᠎ᠠ ᠳᠠᠷᠣᠯᠳᠠ ᠶᠢ ᠢᠳᠡᠪᠬᠢᠳᠡᠢ ᠠᠷᠭᠠᠴᠠᠵᠣ᠂ ᠭᠠᠳᠠᠭᠠᠳᠣ ᠬᠤᠳᠠᠯᠳᠣᠭᠠᠨ ᠤ ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠮᠣᠩᠭᠤᠯ ᠳᠤ ᠬᠠᠨᠳᠣᠭᠰᠠᠨ ᠬᠤᠳᠠᠯᠳᠤᠭ᠎ᠠ ᠶᠢ ᠪᠠᠳᠣᠳᠬᠠᠵᠣ᠂ ᠣᠷᠣᠰ ᠲᠤ ᠬᠠᠨᠳᠣᠭᠰᠠᠨ ᠬᠤᠳᠠᠯᠳᠤᠭ᠎ᠠ ᠶᠢ ᠦᠷᠭᠡᠳᠭᠡᠨ᠂ ᠡᠸᠦᠷᠦ᠋ᠫᠡ ᠳᠤ ᠬᠠᠨᠳᠣᠭᠰᠠᠨ ᠬᠤᠳᠠᠯᠳᠤᠭ᠎ᠠ ᠶᠢ ᠰᠣᠨᠵᠠᠷᠠᠭᠤᠯᠣᠨ᠎ᠠ᠃ ᠲᠡᠮᠦᠷ ᠤᠨ ᠬᠦᠳᠡᠷ᠂ ᠲᠦᠭᠦᠭᠡᠢ ᠳᠣᠰᠣ᠂ ᠮᠣᠳᠣᠨ ᠮᠠᠲ᠋ᠧᠷᠢᠶᠠᠯ ᠵᠡᠷᠭᠡ ᠭᠤᠣᠯ ᠨᠡᠷ᠎ᠡ ᠶᠢᠨ ᠪᠠᠷᠠᠭ᠎ᠠ ᠪᠦᠲᠦᠭᠡᠭᠳᠡᠭᠦᠨ ᠢ ᠭᠠᠳᠠᠭᠠᠳᠣ ᠠᠴᠠ ᠣᠷᠣᠭᠤᠯᠬᠤ ᠬᠡᠪᠴᠢᠶ᠎ᠡ ᠶᠢ ᠦᠷᠭᠦᠯᠵᠢᠯᠡᠨ ᠦᠷᠭᠡᠳᠭᠡᠵᠣ᠂ ᠴᠠᠭᠠᠰᠣᠨ ᠰᠢᠬᠠᠳᠠᠰᠣ᠂ ᠠᠮᠣ ᠬᠦᠨᠡᠰᠦ ᠵᠡᠷᠭᠡ ᠪᠠᠷᠠᠭ᠎ᠠ ᠪᠦᠲᠦᠭᠡᠭᠳᠡᠭᠦᠨ ᠢ ᠭᠠᠳᠠᠭᠠᠳᠣ ᠠᠴᠠ ᠣᠷᠣᠭᠤᠯᠬᠤ ᠬᠡᠮᠵᠢᠶ᠎ᠡ ᠶᠢ ᠦᠷᠭᠡᠳᠭᠡᠨ᠂ ᠲᠡᠮᠦᠷ ᠵᠠᠮ ᠤᠨ ᠪᠣᠭᠤᠮᠳᠠ ᠪᠠᠷ ᠳᠠᠮᠵᠢᠨ ᠨᠡᠭᠦᠷᠡᠰᠣ ᠶᠢ ᠭᠠᠳᠠᠭᠠᠳᠣ ᠠᠴᠠ ᠣᠷᠣᠭᠤᠯᠬᠤ ᠶᠢ ᠬᠦᠭᠡᠭᠡᠴᠡᠯᠳᠣᠵᠣ᠂ ᠣᠷᠣᠰ ᠠᠴᠠ ᠠᠮᠣ ᠪᠣᠳᠠᠭ᠎ᠠ ᠣᠷᠣᠭᠤᠯᠬᠤ ᠵᠦᠪᠰᠢᠶᠡᠷᠡᠯ ᠢ ᠣᠯᠬᠤ ᠪᠠᠷ ᠴᠢᠷᠮᠠᠶᠢᠨ᠂ ᠮᠠᠰᠢᠨ ᠲᠡᠷᠭᠡ ᠶᠢ ᠪᠦᠲᠦᠨ ᠢᠶᠠᠷ ᠨᠢ ᠭᠠᠳᠠᠭᠠᠳᠣ ᠠᠴᠠ ᠣᠷᠣᠭᠤᠯᠬᠤ ᠪᠣᠭᠤᠮᠳᠠ ᠶᠢ ᠳᠡᠭᠡᠭᠰᠢ ᠮᠡᠳᠡᠭᠦᠯᠦᠨ ᠵᠦᠪᠰᠢᠶᠡᠷᠡᠭᠦᠯᠵᠣ᠂ ᠭᠠᠳᠠᠭᠠᠳᠣ ᠠᠴᠠ ᠣᠷᠣᠭᠤᠯᠬᠤ ᠪᠠᠷᠠᠭ᠎ᠠ ᠪᠦᠲᠦᠭᠡᠭᠳᠡᠭᠦᠨ ᠤ ᠲᠦᠷᠦᠯ ᠬᠡᠯᠪᠡᠷᠢ ᠶᠢ ᠣᠯᠠᠮ ᠨᠢᠭᠡᠨ ᠠᠯᠬᠤᠮ ᠨᠡᠮᠡᠭᠳᠡᠭᠦᠯᠦᠨ᠎ᠡ᠃ ᠣᠯᠣᠰ ᠠᠴᠠ ᠮᠣᠩᠭᠤᠯ ᠣᠷᠣᠭᠤ ᠠᠮᠣ ᠬᠦᠨᠡᠰᠦ᠂ ᠡᠳ᠋ᠰᠢᠭᠦᠯᠦᠭᠰᠡᠨ ᠳᠣᠰᠣᠨ ᠤ ᠪᠦᠲᠦᠭᠡᠭᠳᠡᠭᠦᠨ ᠢ ᠭᠠᠷᠭᠠᠬᠤ ᠬᠢᠵᠠᠭᠠᠷᠯᠠᠯ ᠢ ᠰᠣᠯᠠᠷᠠᠭᠤᠯᠬᠤ ᠶᠢ ᠢᠳᠡᠪᠬᠢᠲᠡᠢ ᠬᠦᠭᠡᠭᠡᠴᠡᠯᠳᠦᠵᠣ᠂ ᠲᠡᠮᠦᠷ ᠵᠠᠮ ᠤᠨ ᠪᠣᠭᠤᠮᠳᠠ ᠪᠠᠷ ᠬᠤᠭᠤᠰᠣᠨ ᠪᠣᠴᠠᠬᠤ ᠦᠷᠭᠡᠨ ᠲᠡᠮᠦᠷ ᠵᠠᠮ ᠤᠨ ᠸᠠᠭᠤᠨ ᠢ ᠠᠰᠢᠭᠯᠠᠨ ᠭᠠᠳᠠᠭᠠᠳᠣ ᠳᠤ ᠭᠠᠷᠭᠠᠬᠤ ᠪᠠᠷᠠᠭ᠎ᠠ ᠪᠦᠲᠦᠭᠡᠭᠳᠡᠭᠦᠨ ᠢ ᠠᠴᠢᠨ ᠳᠡᠭᠡᠭᠡᠪᠦᠷᠢᠯᠡᠬᠦ ᠬᠦᠷᠢᠶ᠎ᠡ ᠬᠡᠪᠴᠢᠶ᠎ᠡ ᠶᠢ ᠦᠷᠭᠡᠳᠭᠡᠨ᠂ ᠠᠵᠣ ᠠᠬᠤᠶᠢᠯᠠᠯ ᠢ ᠣᠳᠣᠷᠢᠳᠣᠨ ᠵᠢᠯᠣᠭᠤᠳᠴᠣ ᠮᠣᠩᠭᠤᠯ ᠣᠷᠣᠰ ᠲᠤ ᠮᠣᠳᠣᠨ ᠮᠠᠲ᠋ᠧᠷᠢᠶᠠᠯ᠂ ᠮᠠᠰᠢᠨ ᠴᠠᠬᠢᠯᠭᠠᠨ᠂ ᠵᠢᠮᠢᠰ ᠨᠣᠭᠤᠭ᠎ᠠ᠂ ᠡᠳᠦᠷ ᠳᠣᠳᠣᠮ ᠤᠨ ᠬᠡᠷᠡᠭᠯᠡᠬᠡᠨ ᠤ ᠪᠠᠷᠠᠭ᠎ᠠ ᠵᠡᠷᠭᠡ ᠪᠠᠷᠠᠭ᠎ᠠ ᠪᠦᠲᠦᠭᠡᠭᠳᠡᠭᠦᠨ ᠢ ᠵᠢᠵᠢᠭᠯᠡᠨ ᠪᠣᠷᠣᠯᠠᠭᠤᠯᠬᠤ ᠲᠦᠪ ᠪᠠ ᠬᠤᠳᠠᠯᠳᠣᠨ ᠣᠷᠣᠯᠠᠭᠤᠯᠬᠤ ᠰᠦᠯᠵᠢᠶ᠎ᠡ ᠶᠢ ᠪᠠᠶᠢᠭᠤᠯᠣᠨ᠂ ᠭᠠᠳᠠᠭᠠᠳᠣ ᠳᠤ ᠭᠠᠷᠭᠠᠬᠤ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠶᠢ ᠳᠠᠰᠣᠷᠠᠯᠳᠠ ᠦᠬᠡᠢ ᠦᠷᠭᠡᠳᠭᠡᠨ᠎ᠡ᠃ ᠣᠯᠣᠰ ᠤᠨ ᠳᠣᠳᠣᠭᠠᠳᠣ ᠠᠴᠠ ᠡᠷᠢᠶᠡᠨ ᠢᠶᠠᠷ ᠳᠠᠮᠵᠢᠨ ᠡᠸᠦᠷᠦ᠋ᠫᠠ ᠲᠢᠪ ᠬᠦᠷᠬᠦ ᠴᠢᠩᠭᠡᠯᠢᠭ ᠠᠴᠢᠶᠠᠨ ᠤ ᠳᠡᠭᠡᠭᠡᠪᠦᠷᠢ ᠶᠢᠨ ᠸᠠᠭᠤᠨ ᠢ ᠠᠰᠢᠭᠯᠠᠨ ᠡᠸᠦᠷᠦ᠋ᠫᠡ ᠳᠤ ᠬᠠᠨᠳᠣᠭᠰᠠᠨ ᠬᠤᠳᠠᠯᠳᠤᠭ᠎ᠠ ᠶᠢ ᠬᠦᠭᠵᠢᠭᠦᠯᠦᠨ᠎ᠡ᠃ ᠭᠠᠳᠠᠭᠠᠳᠣ  ᠬᠤᠳᠠᠯᠳᠣᠭᠠᠨ ᠤ ᠬᠦᠭᠵᠢᠯᠳᠡ ᠶᠢᠨ ᠣᠷᠴᠢᠨ ᠢ ᠰᠢᠯᠢᠳᠡᠭᠵᠢᠭᠦᠯᠦᠨ᠎ᠡ᠃ ᠬᠢᠯᠢ ᠶᠢᠨ ᠢᠷᠭᠡᠳ ᠲᠤ ᠲᠦᠭᠦᠮ ᠦᠵᠡᠭᠦᠯᠬᠦ ᠬᠤᠳᠠᠯᠳᠣᠭᠠᠨ ᠤ ᠳᠣᠭᠤᠷᠢᠭ ᠢ ᠵᠢᠯ ᠳᠣᠳᠣᠷ᠎ᠠ ᠠᠰᠢᠭᠯᠠᠯᠳᠠ ᠳᠤ ᠣᠷᠣᠭᠤᠯᠵᠣ᠂ ᠣᠯᠣᠰ ᠠᠴᠠ ᠣᠯᠭᠤᠭᠰᠠᠨ ᠲᠦᠷᠦ ᠶᠢᠨ ᠪᠣᠳᠣᠯᠭ᠎ᠠ ᠶᠢ ᠠᠮᠢᠳᠣᠯᠢᠭ ᠢᠶᠠᠷ ᠬᠡᠷᠡᠭᠯᠡᠨ᠂ ᠰᠣᠯᠢᠯᠴᠠᠭᠠᠨ ᠤ ᠪᠠᠷᠠᠭ᠎ᠠ ᠪᠦᠲᠦᠭᠡᠭᠳᠡᠭᠦᠯᠨ ᠤ ᠲᠦᠷᠦᠯ ᠬᠡᠯᠪᠡᠷᠢ ᠶᠢ ᠠᠭᠠᠵᠢᠮ ᠢᠶᠠᠷ ᠦᠷᠭᠡᠳᠭᠡᠵᠣ᠂ ᠳᠠᠳᠠᠪᠣᠷᠢ ᠠᠴᠠ ᠬᠡᠯᠲᠦᠷᠢᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠣᠷᠢᠳᠴᠢᠯᠠᠨ ᠳᠠᠭᠠᠮᠠᠭᠯᠠᠭᠰᠠᠨ ᠬᠦᠲᠦᠯᠦᠨ ᠳᠠᠶᠢᠴᠢᠯᠠᠬᠤ ᠦᠢᠯᠡᠳᠦᠯ ᠳᠤ ᠪᠠᠨ ᠬᠦᠷᠬᠦ ᠶᠢ ᠪᠠᠳᠣᠯᠠᠨ᠎ᠠ᠃ ᠬᠢᠯᠢ ᠶᠢᠨ ᠢᠷᠭᠡᠳ ᠳᠤ ᠲᠦᠭᠦᠮ ᠦᠵᠡᠭᠦᠯᠬᠦ ᠬᠤᠳᠠᠯᠳᠣᠭᠠᠨ ᠤ ᠳᠣᠭᠤᠷᠢᠭ ᠤᠨ ᠬᠠᠮᠢᠶᠠᠷᠣᠯᠳᠠ ᠶᠢᠨ ᠵᠦᠪᠯᠡᠯ ᠢ ᠪᠠᠶᠢᠭᠤᠯᠬᠤ  ᠪᠠᠷ ᠳᠡᠭᠡᠭᠰᠢ ᠮᠡᠳᠡᠭᠦᠯᠦᠨ᠂ ᠬᠢᠯᠢ ᠶᠢᠨ ᠢᠷᠭᠡᠳ ᠲᠤ ᠲᠦᠭᠦᠮ ᠦᠵᠡᠭᠦᠯᠬᠦ ᠬᠤᠳᠠᠯᠳᠣᠭᠠᠨ ᠤ ᠳᠣᠭᠤᠷᠢᠭ ᠤᠨ ᠪᠦᠲᠦᠭᠡᠨ ᠪᠠᠶᠢᠭᠤᠯᠣᠯᠳᠠ ᠪᠠ ᠡᠵᠡᠩᠨᠡᠯᠳᠡ ᠬᠠᠮᠢᠶᠠᠷᠣᠯᠳᠠ ᠶᠢ ᠴᠢᠩᠭᠠᠳᠬᠠᠨ᠎ᠠ᠃ ᠭᠠᠳᠠᠭᠠᠳᠣ ᠬᠤᠳᠠᠯᠳᠣᠭᠠᠨ ᠤ ᠨᠦᠬᠦᠪᠦᠷᠢ ᠱᠠᠩᠨᠠᠯ ᠤᠨ ᠪᠣᠳᠣᠯᠭ᠎ᠠ ᠶᠢ ᠬᠡᠷᠡᠭᠵᠢᠭᠦᠯᠣᠨ᠂ ᠡᠷᠢᠶᠡᠨ ᠪᠣᠭᠤᠮᠳᠠ ᠪᠠᠷ ᠳᠠᠮᠵᠢᠨ ᠪᠠᠷᠠᠭ᠎ᠠ ᠦᠩᠭᠡᠷᠡᠭᠦᠯᠬᠦ ᠭᠠᠳᠠᠷ ᠣᠷᠣᠨ ᠤ ᠠᠵᠣ ᠠᠬᠤᠶᠢᠯᠠᠯ ᠤᠨ ᠮᠠᠨ ᠤ ᠬᠤᠳᠠ ᠳᠤ ᠪᠠᠶ᠎ᠠ ᠪᠠᠨ ᠳᠠᠭᠠᠭᠠᠭᠰᠠᠨ ᠬᠠᠦᠯᠢ ᠶᠢᠨ ᠡᠷᠬᠡᠳᠡᠨ ᠤ ᠪᠠᠶᠢᠭᠤᠯᠣᠮᠵᠢ ᠪᠠᠶᠢᠭᠤᠯᠬᠤ ᠶᠢ ᠶᠡᠭᠡ ᠬᠦᠴᠦᠨ ᠢᠶᠠᠷ ᠣᠳᠣᠷᠢᠳᠣᠨ ᠵᠢᠯᠣᠭᠤᠳᠴᠣ᠂ ᠬᠤᠳᠠᠯᠳᠣᠭᠠᠨ ᠤ ᠪᠠᠶᠠᠴᠢ ᠴᠣᠭᠴᠠ ᠶᠢ ᠬᠦᠭᠵᠢᠭᠡᠨ᠂ ᠭᠠᠵᠠᠷ ᠣᠷᠣᠨ ᠤ ᠠᠵᠣ ᠠᠬᠤᠢ ᠶᠢᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠦᠨ᠎ᠡ᠃ ᠵᠢᠯ ᠳᠣᠳᠣᠷ᠎ᠠ ᠮᠣᠩᠭᠤᠯ ᠳᠤ ᠬᠠᠨᠳᠣᠭᠰᠠᠨ ᠠᠮᠣ ᠬᠦᠨᠡᠰᠦᠨ ᠤ ᠪᠣᠭᠤᠮᠳᠠ ᠶᠢ ᠪᠠᠶᠢᠭᠤᠯᠵᠣ ᠳᠠᠭᠤᠰᠬᠠᠨ᠎ᠠ᠃ ᠣᠯᠣᠰ ᠤᠨ ᠬᠢᠯᠢ ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ᠵᠢᠱᠢᠶᠡᠴᠢ ᠬᠤᠳᠠ ᠶᠢᠨ ᠳᠣᠷᠰᠢᠯᠳᠠ ᠶᠢᠨ ᠴᠡᠭ ᠤᠨ ᠡᠩᠨᠡᠭᠡᠨ  ᠳᠤ ᠵᠢᠭᠰᠠᠭᠠᠭᠳᠠᠬᠤ ᠪᠠᠷ ᠢᠳᠡᠪᠬᠢᠲᠡᠢ ᠳᠡᠭᠡᠭᠰᠢ ᠬᠦᠭᠡᠭᠡᠴᠡᠯᠳᠦᠵᠣ᠂ ᠬᠢᠯᠢ ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ᠬᠦᠭᠵᠢᠯᠳᠡ ᠶᠢ ᠲᠦᠯᠬᠢᠨ ᠠᠬᠢᠭᠤᠯᠣᠨ᠎ᠠ᠃ ᠮᠣᠩᠭᠤᠯ ᠣᠷᠣᠰ ᠯᠤᠭ᠎ᠠ ᠶᠢᠨ ᠬᠢᠯᠢ ᠳᠠᠮᠵᠢᠨ ᠳᠡᠭᠡᠭᠡᠪᠦᠷᠢᠯᠡᠬᠦ ᠬᠠᠮᠳᠣ ᠶᠢᠨ ᠠᠵᠢᠯᠯᠠᠭ᠎ᠠ ᠪᠠᠨ ᠴᠢᠩᠭᠠᠳᠬᠠᠵᠣ᠂ ᠳᠣᠮᠳᠠᠳᠣ ᠮᠣᠩᠭᠤᠯ ᠣᠷᠣᠰ ᠭᠤᠷᠪᠠᠨ ᠣᠯᠣᠰ ᠤᠨ ᠵᠠᠰᠠᠮᠠᠯ ᠵᠠᠮ ᠤᠨ ᠳᠡᠭᠡᠭᠡᠪᠦᠷᠢ ᠶᠢᠨ ᠬᠡᠯᠡᠯᠴᠡᠭᠡᠷ ᠢ ᠪᠠᠶᠢᠭᠤᠯᠬᠤ ᠶᠢ ᠲᠦᠯᠬᠢᠨ ᠠᠬᠢᠭᠤᠯᠣᠨ᠂ ᠵᠠᠰᠠᠮᠠᠯ ᠵᠠᠮ ᠤᠨ ᠪᠠᠷᠠᠭᠠᠨ ᠤ ᠭᠦᠢᠯᠭᠡᠭᠡ ᠶᠢ ᠨᠡᠪᠳᠡᠷᠡᠭᠦᠯᠦᠨ᠎ᠡ᠃ ᠠᠭᠠᠷ ᠳᠣᠬᠢᠷᠠᠭᠤᠯᠣᠭᠴᠢ ᠲᠠᠢ ᠬᠦᠢᠳᠡᠨ ᠬᠦᠮᠦᠷᠭᠡ ᠶᠢᠨ ᠬᠡᠯᠬᠢᠶ᠎ᠡ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠢ ᠰᠢᠨ᠎ᠡ ᠪᠠᠷ ᠪᠠᠷᠢᠯᠭ᠎ᠠ ᠡᠬᠢᠯᠡᠭᠦᠯᠵᠣ᠂ ᠪᠣᠭᠤᠮᠳᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠦᠭᠵᠢᠯᠳᠡ ᠶᠢᠨ ᠨᠦᠬᠦᠴᠡᠯ ᠢ ᠠᠭᠠᠵᠢᠮ ᠢᠶᠠᠷ ᠰᠠᠶᠢᠵᠢᠷᠠᠭᠤᠯᠣᠨ᠎ᠠ᠃ ᠳᠣᠰᠬᠠᠢ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠣᠯᠳᠠ ᠶᠢ ᠴᠢᠩᠭᠠᠳᠬᠠᠨ᠎ᠠ᠃ ᠹᠦ᠋ ᠬᠤᠸᠠᠩ᠂ ᠭᠤᠸᠠᠩ ᠰᠢᠨ ᠮᠠᠰᠢᠨ ᠳᠡᠷᠭᠡᠨ ᠤ ᠬᠤᠳᠠᠯᠳᠣᠭᠠᠨ ᠤ ᠬᠤᠳᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠲᠦᠷᠭᠡᠳᠭᠡᠨ ᠠᠬᠢᠭᠤᠯᠵᠣ᠂ ᠲᠡᠮᠦᠷᠯᠢᠭ ᠮᠠᠰᠢᠨ ᠴᠠᠬᠢᠯᠭᠠᠨ ᠤ ᠪᠦᠭᠡᠮ ᠤᠨ ᠵᠠᠬ᠎ᠠ ᠳᠡᠯᠭᠡᠭᠦᠷ᠂ ᠡᠳᠦᠷ ᠳᠣᠳᠣᠮ ᠤᠨ ᠬᠡᠷᠡᠭᠯᠡᠭᠡᠨ ᠤ ᠪᠠᠷᠠᠭᠠᠨ ᠤ ᠪᠦᠬᠡᠮ ᠤᠨ ᠵᠠᠬ᠎ᠠ ᠳᠡᠯᠭᠡᠭᠦᠷ᠂ ᠳᠣᠮᠳᠠᠳᠣ ᠣᠯᠣᠰ ᠤᠨ ᠨᠡᠭᠦᠷᠡᠰᠦᠨ ᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠶᠢᠨ ᠠᠭᠤᠷᠬᠠᠢ ᠶᠢᠨ ᠮᠠᠰᠢᠨ ᠲᠦᠭᠦᠭᠡᠷᠦᠮᠵᠢ ᠶᠢᠨ ᠰᠣᠯᠢᠯᠴᠠᠭᠠᠨ ᠤ ᠲᠦᠪ᠂ ᠬᠤᠸᠠᠨ ᠢᠦᠢ ᠣᠯᠠᠨ ᠣᠯᠣᠰ ᠤᠨ ᠪᠠᠷᠠᠭ᠎ᠠ ᠬᠤᠳᠠᠯᠳᠣᠭᠠᠨ ᠤ ᠬᠤᠳᠠ ᠶᠢᠨ ᠵᠢᠯ ᠳᠣᠳᠣᠷ᠎ᠠ ᠠᠰᠢᠭᠯᠠᠯᠳᠠ ᠳᠤ ᠣᠷᠣᠬᠤ ᠶᠢ ᠪᠠᠲᠣᠯᠠᠨ᠂ ᠪᠣᠭᠤᠮᠳᠠ ᠶᠢᠨ ᠵᠠᠬ᠎ᠠ ᠳᠡᠯᠭᠡᠭᠦᠷ ᠤᠨ ᠬᠡᠪᠴᠢᠶᠡᠵᠢᠬᠦ᠂ ᠳᠣᠰᠬᠠᠶᠢᠵᠢᠬᠤ ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠲᠦᠷᠦᠯ ᠢ ᠨᠢᠭᠡᠲᠦᠯᠳᠡᠢ ᠲᠦᠯᠦᠪᠵᠢᠭᠦᠯᠬᠦ ᠪᠠ ᠢᠵᠢᠯ ᠬᠡᠯᠪᠡᠷᠢ ᠶᠢᠨ ᠵᠠᠬ᠎ᠠ ᠳᠡᠯᠭᠡᠬᠦᠷ ᠢ ᠴᠡᠭᠴᠡᠯᠡᠬᠦ ᠣᠳᠣᠷᠢᠳᠣᠨ ᠵᠢᠯᠣᠭᠤᠳᠬᠤ ᠬᠦᠴᠦᠯᠡᠴᠡ ᠪᠠᠨ ᠴᠢᠩᠭᠠᠳᠬᠠᠵᠣ᠂ ᠳᠣᠰᠬᠠᠢ ᠵᠠᠬ᠎ᠠ ᠳᠡᠯᠭᠡᠭᠦᠷ ᠤᠨ ᠴᠢᠨᠡᠷ ᠰᠠᠶᠢᠵᠢᠷᠠᠵᠣ ᠳᠡᠰ ᠳᠡᠪᠰᠢᠬᠦ ᠪᠠ ᠡᠮᠬᠢ ᠵᠢᠷᠣᠮ ᠲᠠᠢ ᠡᠷᠡᠭᠦᠯ ᠢᠶᠠᠷ ᠦᠷᠢᠰᠦᠯᠳᠦᠬᠦ ᠶᠢ ᠠᠬᠢᠭᠤᠯᠣᠨ᠎ᠠ᠃      ᠭᠠᠳᠠᠭᠠᠳᠣ ᠠᠴᠠ ᠣᠷᠣᠭᠤᠯᠬᠤ ᠪᠠ ᠭᠠᠳᠠᠭᠠᠳᠣ ᠳᠤ ᠭᠠᠷᠭᠠᠬᠤ ᠪᠣᠯᠪᠠᠰᠣᠷᠠᠭᠤᠯᠬᠤ ᠦᠢᠯᠡᠰ ᠢ ᠬᠦᠴᠦᠷᠬᠡᠭᠵᠢᠭᠦᠯᠦᠨ᠎ᠡ᠃ ᠠᠵᠣ ᠦᠢᠯᠡᠳᠪᠦᠷᠢ ᠶᠢᠨ ᠬᠦᠭᠵᠢᠯᠳᠡ ᠶᠢᠨ ᠨᠦᠬᠦᠴᠡᠯ ᠢ ᠰᠠᠶᠢᠵᠢᠷᠠᠭᠤᠯᠣᠨ᠎ᠠ᠃ ᠠᠵᠣ ᠦᠢᠯᠡᠳᠪᠦᠷᠢ ᠶᠢᠨ ᠳᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠶᠢᠨ ᠬᠦᠴᠦᠯᠡᠴᠡ ᠶᠢ ᠶᠡᠬᠡᠰᠬᠡᠵᠣ᠂ ᠣᠷᠴᠢᠨ ᠳᠣᠭᠤᠷᠢᠨ ᠤ ᠬᠠᠮᠠᠭᠠᠯᠠᠯᠳᠠ ᠪᠠ ᠭᠠᠯ ᠠᠴᠠ ᠰᠡᠷᠭᠡᠶᠢᠯᠡᠬᠦ᠂ ᠠᠶᠣᠯᠭᠦᠢ ᠢᠵᠢ ᠪᠦᠷᠢᠨ ᠳᠣᠨᠤᠭ ᠲᠦᠭᠦᠭᠡᠷᠦᠮᠵᠢ ᠶᠢ ᠬᠦᠴᠦ ᠳᠠᠯᠪᠢᠨ ᠰᠠᠶᠢᠵᠢᠷᠠᠭᠤᠯᠣᠨ᠂ ᠳᠣᠭᠤᠷᠢᠭ ᠤᠨ ᠳᠠᠭᠠᠭᠠᠴᠠ ᠴᠢᠳᠠᠪᠬᠢ ᠶᠢ ᠣᠯᠠᠮ ᠨᠢᠭᠡᠨ ᠠᠯᠬᠤᠮ ᠳᠡᠭᠡᠭᠰᠢᠯᠡᠭᠦᠯᠦᠨ᠎ᠡ᠃ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠴᠢ ᠭᠠᠮᠳᠠᠢ ᠪᠠᠷ ᠠᠰᠢᠭᠯᠠᠬᠤ ᠶᠢ ᠪᠠᠷᠢᠮᠳᠠᠯᠠᠵᠣ᠂ ᠳᠣᠭᠤᠷᠢᠭ ᠤᠨ ᠰᠣᠯᠠ ᠳᠠᠯᠪᠢᠭᠳᠠᠵᠣ ᠪᠠᠶᠢᠭ᠎ᠠ ᠭᠠᠵᠠᠷ ᠰᠢᠷᠣᠢ ᠶᠢ ᠲᠦᠷᠭᠡᠨ ᠴᠡᠭᠴᠡᠯᠡᠨ ᠵᠠᠰᠠᠨ᠂ ᠰᠢᠨ᠎ᠡ ᠲᠦᠷᠦᠯ ᠵᠦᠢᠯ ᠳᠤ ᠨᠡᠩ ᠣᠯᠠᠨ ᠣᠷᠣᠨ ᠵᠠᠢ ᠶᠢ ᠭᠠᠷᠭᠠᠵᠣ ᠦᠭᠭᠦᠨ᠎ᠡ᠃ ᠣᠷᠴᠢᠨ ᠳᠣᠭᠤᠷᠢᠨ ᠤ ᠬᠠᠮᠠᠭᠠᠯᠠᠯᠳᠠ ᠶᠢᠨ ︽ᠭᠤᠷᠪᠠ ᠶᠢ ᠵᠡᠷᠭᠡ ᠪᠠᠷ ᠶᠠᠪᠣᠭᠳᠠᠭᠤᠯᠬᠤ︾ ︵ᠵᠢᠷᠤᠭ ᠲᠦᠯᠦᠪᠯᠡᠭᠡ᠂ ᠪᠠᠷᠢᠯᠭ᠎ᠠ ᠶᠢᠨ ᠠᠵᠢᠯ᠂ ᠠᠰᠢᠭᠯᠠᠯᠳᠠ ᠳᠤ ᠣᠷᠣᠭᠤᠯᠬᠤ ᠭᠤᠷᠪᠠ ᠶᠢ ᠵᠡᠷᠭᠡ ᠪᠠᠷ ᠶᠠᠪᠣᠭᠳᠠᠭᠤᠯᠬᠤ︶ ᠶᠢ ᠬᠡᠷᠡᠭᠵᠢᠭᠦᠯᠦᠭᠰᠡᠨ ᠦᠭᠡᠢ ᠪᠠ ᠣᠷᠴᠢᠨ ᠳᠣᠭᠤᠷᠢᠨ ᠤ ᠬᠠᠮᠠᠭᠠᠯᠠᠯᠳᠠ ᠶᠢᠨ ᠭᠠᠷ ᠭᠦᠢᠴᠡᠳᠭᠡᠯ ᠪᠦᠷᠢᠨ ᠪᠣᠰᠣ ᠠᠵᠣ ᠦᠢᠯᠡᠳᠪᠦᠷᠢ ᠶᠢᠨ ᠠᠵᠣ ᠠᠬᠤᠶᠢᠯᠠᠯ ᠢ ᠴᠡᠭᠴᠡᠯᠡᠨ ᠵᠠᠰᠠᠵᠣ᠂ ᠠᠭᠤᠷᠬᠠᠢ ᠶᠢᠨ ᠪᠦᠲᠦᠭᠡᠭᠳᠡᠭᠦᠨ ᠪᠣᠯᠪᠠᠰᠣᠷᠠᠭᠤᠯᠬᠤ ᠠᠵᠣ ᠠᠬᠤᠶᠢᠯᠠᠯ ᠤᠨ ᠬᠠᠦᠯᠢ ᠶᠣᠰᠣ ᠪᠠᠷ ᠬᠦᠳᠡᠷ ᠤᠨ ᠰᠢᠭᠠᠷᠣ ᠪᠠᠨ ᠰᠢᠢᠳᠪᠦᠷᠢᠯᠡᠬᠦ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠬᠦ ᠶᠢ ᠬᠢᠨᠠᠨ ᠬᠠᠮᠢᠶᠠᠷᠴᠣ᠂ ᠠᠵᠣ ᠦᠢᠯᠡᠳᠪᠦᠷᠢ ᠶᠢᠨ ᠬᠠᠳᠠᠭᠤ ᠪᠠᠶᠡᠳᠣ ᠬᠠᠶᠠᠭᠳᠠᠯ ᠢ ᠲᠦᠪᠯᠡᠷᠡᠭᠦᠯᠦᠨ ᠰᠢᠢᠳᠪᠦᠷᠢᠯᠡᠬᠦ  ᠪᠠᠨ ᠴᠢᠩᠭᠠᠳᠬᠠᠨ᠂ ᠣᠷᠴᠢᠨ ᠳᠣᠭᠤᠷᠢᠨ ᠤ ᠪᠣᠬᠢᠷᠳᠠᠯ ᠠᠴᠠ ᠰᠡᠷᠭᠡᠶᠢᠯᠡᠨ᠎ᠡ᠃ ᠭᠤᠣᠯᠳᠠᠯᠭ᠎ᠠ ᠲᠠᠢ ᠠᠵᠣ ᠦᠢᠯᠡᠳᠪᠦᠷᠢ ᠶᠢᠨ ᠲᠦᠷᠦᠯ ᠵᠦᠢᠯ ᠤᠨ ᠬᠡᠷᠡᠭᠵᠢᠭᠦᠯᠦᠯᠳᠡ ᠶᠢ ᠲᠦᠷᠭᠡᠨ ᠲᠦᠯᠬᠢᠨ ᠠᠬᠢᠭᠤᠯᠣᠨ᠎ᠠ᠃ ᠣᠳᠣ ᠪᠠᠶᠢᠭ᠎ᠠ ᠮᠣᠳᠣᠨ ᠮᠠᠲ᠋ᠧᠷᠢᠶᠠᠯ ᠤᠨ ᠠᠵᠣ ᠠᠬᠤᠶᠢᠯᠠᠯ ᠤᠨ ᠠᠵᠣ ᠦᠢᠯᠡᠰ ᠤᠨ ᠬᠡᠯᠬᠢᠶ᠎ᠡ ᠪᠠᠨ ᠰᠣᠨᠵᠠᠷᠠᠭᠤᠯᠬᠤ ᠶᠢ ᠶᠡᠭᠡ ᠬᠦᠴᠦᠨ ᠢᠶᠠᠷ ᠲᠦᠯᠬᠢᠨ ᠠᠬᠢᠭᠤᠯᠵᠣ᠂ ᠠᠨ ᠬᠠᠢ᠂ ᠰᠢᠨ ᠰᠢᠨ ᠶᠣᠸᠠᠨ ᠵᠡᠷᠭᠡ ᠠᠭᠤᠷᠬᠠᠢ ᠰᠢᠯᠢᠯᠳᠡ ᠶᠢᠨ ᠠᠵᠣ ᠠᠬᠤᠶᠢᠯᠠᠯ ᠤᠨ ᠬᠠᠭᠤᠷᠠᠢ ᠰᠣᠷᠢᠨᠵᠢᠨ ᠰᠢᠯᠢᠯᠳᠡ ᠶᠢᠨ ᠮᠡᠷᠭᠡᠵᠢᠯ ᠳᠤ ᠦᠭᠡᠷᠡᠴᠢᠯᠡᠯᠳᠡ ᠰᠢᠨᠡᠴᠢᠯᠡᠯᠳᠡ ᠣᠷᠣᠭᠤᠯᠬᠤ ᠶᠢ ᠨᠢ ᠣᠳᠣᠷᠢᠳᠣᠨ ᠵᠢᠯᠣᠭᠤᠳᠴᠣ᠂ ᠦᠢᠯᠡᠳᠪᠦᠷᠢᠯᠡᠯ ᠤᠨ ᠬᠡᠪᠴᠢᠶ᠎ᠡ ᠶᠢ ᠦᠷᠭᠡᠳᠭᠡᠨ᠎ᠡ᠃ ᠠᠮᠣ ᠳᠣᠰᠣ᠂ ᠨᠣᠣᠰᠣ ᠨᠣᠯᠣᠣᠷ ᠵᠡᠷᠭᠡ ᠲᠠᠷᠢᠶᠠᠯᠠᠩ ᠮᠠᠯ ᠠᠵᠣ ᠠᠬᠤᠢ ᠶᠢᠨ ᠪᠦᠲᠦᠭᠡᠭᠳᠡᠭᠦᠨ ᠪᠣᠯᠪᠠᠰᠣᠷᠠᠭᠤᠯᠬᠤ ᠦᠢᠯᠡᠰ ᠢ ᠢᠳᠡᠪᠬᠢᠲᠡᠢ ᠬᠦᠭᠵᠢᠭᠦᠯᠵᠣ᠂ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠪᠣᠯᠪᠠᠰᠣᠷᠠᠭᠤᠯᠬᠤ ᠦᠢᠯᠡᠰ ᠤᠨ ᠰᠢᠨ᠎ᠡ ᠦᠰᠦᠯᠳᠡ ᠶᠢᠨ ᠴᠡᠭ ᠢ ᠪᠣᠶᠢᠵᠢᠭᠤᠯᠣᠨ᠎ᠠ᠃ ᠶᠠᠩ ᠯᠠᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠶᠣᠸᠠᠨ ᠲᠦᠩ ᠳᠣᠰᠬᠠᠷᠯᠠᠭᠴᠢ ᠬᠦᠩᠭᠡᠨᠴᠠᠭᠠᠨ ᠪᠣᠯᠪᠠᠰᠣᠷᠠᠭᠤᠯᠬᠤ ᠲᠦᠷᠦᠯ ᠵᠦᠢᠯ ᠢ ᠪᠦᠲᠦᠭᠡᠨ ᠪᠠᠶᠢᠭᠤᠯᠵᠣ ᠠᠰᠢᠭᠯᠠᠯᠳᠠ ᠳᠤ ᠣᠷᠣᠭᠤᠯᠬᠤ ᠶᠢ ᠲᠦᠯᠬᠢᠨ ᠠᠬᠢᠭᠤᠯᠵᠣ᠂ ᠪᠣᠭᠤᠮᠳᠠ ᠶᠢᠨ ᠮᠣᠳᠣᠨ ᠮᠠᠲ᠋ᠧᠷᠢᠶᠠᠯ ᠤᠨ ᠪᠣᠯᠪᠠᠰᠣᠷᠠᠭᠤᠯᠬᠤ ᠦᠢᠯᠡᠰ ᠢ ᠬᠦᠭᠵᠢᠭᠦᠯᠦᠨ ᠪᠣᠵᠠᠭᠠᠶᠢᠷᠠᠭᠤᠯᠣᠨ᠎ᠠ᠃ ᠪᠦᠸᠧᠬᠠᠢ ᠪᠣᠯᠣᠳ ᠲᠡᠮᠦᠷ ᠤᠨ ᠺᠣᠮᠫᠠᠨᠢ ᠶᠢᠨ 200 ᠲᠦᠮᠡᠨ ᠳᠣᠨ  ᠢᠰᠦᠯᠳᠦᠭᠦᠯᠦᠭᠰᠡᠨ ᠪᠦᠮᠪᠦᠭᠡᠯᠢᠭ ᠬᠦᠳᠡᠷ ᠤᠨ ᠲᠦᠷᠦᠯ ᠵᠦᠢᠯ ᠤᠨ ᠬᠡᠷᠡᠭᠵᠢᠵᠣ ᠪᠠᠷᠢᠯᠭ᠎ᠠ ᠡᠬᠢᠯᠡᠭᠦᠯᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠣ ᠂ ᠪᠦᠸᠧᠬᠠᠢ ᠪᠣᠯᠣᠳ ᠲᠡᠮᠦᠷ ᠤᠨ ᠺᠣᠮᠫᠠᠨᠢ ᠶᠢᠨ 200 ᠲᠦᠮᠡᠨ ᠳᠣᠨ ᠲᠡᠮᠦᠷ ᠤᠨ ᠨᠠᠷᠢᠯᠢᠭ ᠬᠦᠳᠡᠷ ᠤᠨ ᠲᠦᠷᠦᠯ ᠵᠦᠢᠯ ᠢ ᠳᠠᠭᠤᠰᠬᠠᠨ᠂ ᠲᠠᠢ ᠯᠦᠩ ᠺᠣᠮᠫᠠᠨᠢ ᠶᠢᠨ 200 ᠲᠦᠮᠡᠨ ᠳᠣᠨ ᠲᠡᠮᠦᠷ ᠤᠨ ᠨᠠᠷᠢᠯᠢᠭ ᠬᠦᠳᠡᠷ᠂ ᠵᠦᠩ ᠵᠢᠢ ᠺᠣᠮᠫᠠᠨᠢ ᠶᠢᠨ 180 ᠲᠦᠮᠡᠨ ᠳᠣᠨ ᠲᠡᠮᠦᠷ ᠤᠨ ᠨᠠᠷᠢᠯᠢᠭ ᠬᠦᠳᠡᠷ ᠤᠨ ᠲᠦᠷᠦᠯ ᠵᠦᠢᠯ ᠢ ᠠᠰᠢᠭᠯᠠᠯᠳᠠ ᠳᠤ ᠣᠷᠣᠭᠤᠯᠵᠣ ᠠᠰᠢᠭ ᠭᠠᠷᠬᠤ ᠶᠢ ᠪᠠᠳᠣᠯᠠᠨ᠎ᠠ᠃ ᠯᠦᠩ ᠮᠢᠩ ᠪᠣᠬ᠎ᠠ ᠲᠡᠷᠭᠡ ᠦᠢᠯᠡᠳᠦᠨ ᠵᠠᠰᠠᠬᠤ᠂ ᠰᠢᠨ ᠲᠢᠶᠠᠨ ᠱᠦᠨ ᠮᠠᠰᠢᠨ ᠲᠡᠷᠭᠡ ᠣᠭᠰᠠᠷᠠᠬᠤ ᠲᠦᠷᠦᠯ ᠵᠦᠢᠯ ᠤᠨ ᠠᠰᠢᠭᠯᠠᠯᠳᠠ ᠳᠤ ᠣᠷᠣᠬᠤ ᠶᠢ ᠲᠦᠯᠬᠢᠨ ᠠᠬᠢᠭᠤᠯᠵᠣ᠂ ᠱᠦᠨ ᠢ ᠺᠣᠮᠫᠠᠨᠢ ᠶᠢᠨ 6 ᠲᠦᠮᠡᠨ ᠳᠣᠨ ᠳᠡᠯᠪᠡᠷᠡᠬᠦ ᠳᠠᠷᠢ ᠶᠢᠨ ᠲᠦᠷᠦᠯ ᠵᠦᠢᠯ ᠢ ᠵᠢᠯ ᠳᠣᠳᠣᠷ᠎ᠠ ᠪᠠᠷᠢᠯᠭ᠎ᠠ ᠡᠬᠢᠯᠡᠭᠦᠯᠬᠦ ᠪᠠᠷ ᠬᠦᠭᠡᠭᠡᠴᠡᠯᠳᠦᠨ᠂ ᠪᠣᠭᠤᠮᠳᠠ ᠶᠢᠨ ᠳᠣᠨᠣᠭᠯᠠᠯ ᠦᠢᠯᠡᠳᠦᠨ ᠪᠣᠯᠪᠠᠰᠣᠷᠠᠭᠤᠯᠬᠤ ᠦᠢᠯᠡᠰ ᠤᠨ ᠬᠡᠪᠴᠢᠶ᠎ᠡ ᠶᠢ ᠣᠯᠠᠮ ᠨᠢᠭᠡᠨ ᠠᠯᠬᠤᠮ ᠦᠷᠭᠡᠳᠭᠡᠨ᠎ᠡ᠃ ᠪᠦᠬᠦ ᠵᠢᠯ ᠳᠤ ᠦᠢᠯᠡᠳᠪᠦᠷᠢᠯᠡᠯ ᠤᠨ ᠦᠢᠯᠡᠰ ᠤᠨ ᠨᠡᠮᠡᠯᠳᠡ ᠦᠷᠳᠡᠭ ᠢ 34 ᠳ᠋ᠦᠩᠰᠢᠭᠤᠷ ᠲᠦᠭᠦᠷᠢᠭ ᠬᠦᠷᠭᠡᠵᠣ᠂ 18.9% ᠪᠠᠷ ᠨᠡᠮᠡᠭᠳᠡᠭᠦᠯᠦᠨ᠎ᠡ᠃       ᠬᠢᠯᠢ ᠬᠢᠵᠠᠭᠠᠷ ᠤᠨ ᠰᠣᠶᠣᠯ ᠵᠢᠭᠤᠯᠴᠢᠯᠠᠯ ᠤᠨ ᠦᠢᠯᠡᠰ ᠢ ᠰᠢᠯᠢᠳᠡᠭᠵᠢᠭᠦᠯᠦᠨ᠎ᠡ᠃ ᠦᠵᠡᠮᠦᠷᠢ ᠶᠢᠨ ᠳᠣᠭᠤᠷᠢᠭ ᠴᠡᠭ ᠤᠨ ᠪᠦᠲᠦᠭᠡᠨ ᠪᠠᠶᠢᠭᠤᠯᠣᠯᠳᠠ ᠶᠢ ᠴᠢᠩᠭᠠᠳᠬᠠᠨ᠎ᠠ᠃ ᠣᠯᠣᠰ ᠤᠨ ᠡᠭᠦᠳᠡ ᠦᠵᠡᠮᠦᠷᠢ ᠶᠢᠨ ᠳᠣᠭᠤᠷᠢᠭ ᠤᠨ ᠶᠡᠷᠦᠩᠬᠡᠢ ᠦᠢᠯᠡᠴᠢᠯᠡᠭᠡᠨ ᠤ ᠭᠠᠵᠠᠷ ᠢ ᠪᠦᠲᠦᠭᠡᠨ ᠪᠠᠶᠢᠭᠤᠯᠵᠣ ᠠᠰᠢᠭᠯᠠᠯᠳᠠ ᠳᠤ ᠣᠷᠣᠭᠤᠯᠬᠤ ᠶᠢ ᠲᠦᠯᠬᠢᠨ ᠠᠬᠢᠭᠤᠯᠵᠣ᠂ ᠣᠯᠣᠰ ᠤᠨ ᠡᠭᠦᠳᠡ 4A ᠵᠡᠷᠭᠡᠯᠡᠯ ᠤᠨ ᠦᠵᠡᠮᠦᠷᠢ ᠶᠢᠨ ᠳᠣᠭᠤᠷᠢᠭ ᠢ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠰᠠᠶᠢᠳᠣᠷ ᠬᠢᠨ᠎ᠡ᠃ ᠠᠵᠣ ᠠᠬᠤᠶᠢᠯᠠᠯ ᠢ ᠣᠷᠢᠨ ᠣᠷᠣᠭᠤᠯᠵᠣ ᠮᠠᠰᠢᠨ ᠳᠡᠷᠭᠡ ᠶᠢᠨ ᠬᠡᠭᠡᠷ᠎ᠡ ᠬᠤᠨᠣᠭᠯᠠᠬᠤ ᠭᠠᠵᠠᠷ ᠤᠨ ᠲᠦᠷᠦᠯ ᠵᠦᠢᠯ ᠢ ᠪᠠᠶᠢᠭᠤᠯᠵᠣ᠂ ᠠᠶᠠᠯᠠᠯ ᠵᠢᠭᠤᠯᠴᠢᠯᠠᠯ ᠤᠨ ᠰᠣᠨᠢᠷᠬᠠᠯᠳᠣ ᠴᠡᠭ ᠢ ᠣᠯᠠᠮ ᠨᠢᠭᠡᠨ ᠠᠯᠬᠤᠮ ᠨᠡᠮᠡᠭᠳᠡᠭᠦᠯᠦᠨ᠎ᠡ᠃ ᠠᠶᠠᠯᠠᠯ ᠵᠢᠭᠤᠯᠴᠢᠯᠠᠯ ᠤᠨ ᠪᠣᠭᠤᠮᠳᠠ ᠬᠢᠵᠠᠭᠠᠷᠯᠠᠯ ᠢ ᠰᠢᠢᠳᠪᠦᠷᠢᠯᠡᠨ᠎ᠡ᠃ ᠳᠣᠮᠳᠠᠳᠣ ᠶᠢᠨ ᠵᠢᠭᠤᠯᠴᠢᠯᠠᠯ ᠤᠨ ᠪᠦᠯᠭᠦᠮ ᠨᠠᠷ᠎ᠡ ᠶᠢᠨ ᠵᠢᠭᠰᠠᠭᠠᠯᠳᠠ ᠪᠠᠷ ᠸᠢᠰᠠ ᠦᠬᠡᠢ ᠪᠠᠷ ᠣᠷᠣᠰ ᠲᠤ ᠵᠢᠭᠤᠯᠴᠢᠯᠠᠬᠤ ᠶᠢ ᠢᠳᠡᠪᠬᠢᠲᠡᠢ ᠲᠦᠯᠬᠢᠨ ᠠᠬᠢᠭᠤᠯᠵᠣ᠂ ᠳᠣᠮᠳᠠᠳᠣ ᠶᠢᠨ ᠵᠢᠭᠤᠯᠴᠢᠯᠠᠯ ᠤᠨ ᠪᠦᠯᠬᠦᠮ ᠮᠣᠩᠭᠤᠯ ᠳᠤ ᠸᠢᠰᠠ ᠦᠬᠡᠢ ᠪᠠᠷ ᠵᠢᠭᠤᠯᠴᠢᠯᠠᠬᠤ ᠠᠵᠢᠯ ᠢ ᠦᠷᠨᠢᠭᠦᠯᠬᠦ ᠶᠢ ᠲᠦᠯᠬᠢᠨ ᠠᠬᠢᠭᠤᠯᠵᠣ᠂ ᠵᠠᠮ ᠤᠨ ᠡᠭᠦᠳᠡ ᠶᠢᠨ ᠨᠢᠭᠡ ᠡᠳᠦᠷ ᠤᠨ ᠵᠢᠭᠤᠯᠴᠢᠯᠠᠯ ᠤᠨ ᠵᠠᠷᠣᠳᠠᠯ ᠢ ᠳᠣᠷᠣᠭᠰᠢᠯᠠᠭᠤᠯᠬᠤ ᠶᠢ ᠵᠣᠬᠢᠴᠠᠭᠤᠯᠵᠣ᠂ ᠪᠣᠭᠤᠮᠳᠠ ᠶᠢᠨ ᠠᠶᠠᠯᠠᠯ ᠵᠢᠭᠤᠯᠴᠢᠯᠠᠯ ᠤᠨ ᠳᠠᠳᠠᠬᠤ ᠬᠦᠴᠦᠨ ᠢ ᠳᠠᠰᠣᠷᠠᠯᠳᠠ ᠦᠬᠡᠢ ᠳᠡᠭᠡᠭᠰᠢᠯᠡᠭᠦᠯᠦᠨ᠎ᠡ᠃ ᠡᠷᠢᠶᠡᠨ ᠬᠤᠳᠠ — ᠮᠣᠰᠺᠸᠠ᠂ ᠡᠷᠢᠶᠡᠨ ᠬᠤᠳᠠ — ᠪᠡᠭᠡᠵᠢᠩ ᠴᠢᠭᠯᠡᠯ ᠤᠨ ᠵᠢᠭᠤᠯᠴᠢᠯᠠᠯ ᠤᠨ ᠳᠣᠰᠬᠠᠢ ᠭᠠᠯᠳᠣ ᠳᠡᠷᠭᠡ ᠶᠢ ᠵᠢᠯ ᠳᠣᠳᠣᠷ᠎ᠠ ᠨᠡᠪᠳᠡᠷᠡᠭᠦᠯᠬᠦ ᠪᠠᠷ ᠴᠢᠷᠮᠠᠶᠢᠵᠣ᠂ ᠡᠷᠢᠶᠡᠨ ᠬᠤᠳᠠ — ᠣᠯᠠᠭᠠᠨᠪᠠᠭᠠᠳᠣᠷ — ᠢᠷᠺᠣᠽᠺ — ᠮᠠᠨᠵᠣᠣᠷ  ᠴᠢᠭᠯᠡᠯ ᠤᠨ ᠬᠤᠪᠢ ᠶᠢᠨ ᠮᠠᠰᠢᠨ ᠤ ᠠᠶᠠᠯᠠᠯ ᠤᠨ ᠱᠣᠭᠤᠮ ᠢ ᠬᠦᠨᠵᠡᠭᠡᠢ ᠨᠡᠭᠡᠭᠡᠨ᠂ ᠠᠭᠠᠵᠢᠮ ᠢᠶᠠᠷ ᠡᠷᠢᠶᠡᠨ ᠬᠤᠳᠠ ᠶᠢ ᠡᠸᠦᠷᠦ᠋ᠫᠠ ᠠᠽᠢᠶ᠎ᠠ ᠶᠢᠨ ᠡᠬᠡ ᠬᠠᠭᠤᠷᠠᠢ ᠶᠢᠨ ᠬᠦᠬᠦᠷᠭᠡ ᠶᠢᠨ ᠴᠢᠬᠤᠯᠠ ᠵᠢᠭᠤᠯᠴᠢᠯᠠᠯ ᠤᠨ ᠲᠦᠪᠯᠡᠷᠡᠭᠦᠯᠦᠨ ᠳᠠᠷᠬᠠᠭᠠᠬᠤ ᠭᠠᠵᠠᠷ ᠪᠣᠯᠭᠠᠨ ᠪᠠᠶᠢᠭᠤᠯᠣᠨ᠎ᠠ᠃ ᠰᠣᠶᠣᠯ ᠵᠢᠭᠤᠯᠴᠢᠯᠠᠯ ᠤᠨ ᠰᠣᠯᠢᠯᠴᠠᠭ᠎ᠠ ᠬᠠᠮᠳᠣ ᠶᠢᠨ ᠠᠵᠢᠯᠯᠠᠭ᠎ᠠ ᠶᠢ ᠲᠦᠯᠬᠢᠨ ᠠᠬᠢᠭᠤᠯᠣᠨ᠎ᠠ᠃ ᠬᠦᠬᠢᠭᠦᠯᠦᠨ ᠱᠠᠩᠨᠠᠵᠣ ᠳᠣᠰᠠᠯᠠᠨ ᠳᠡᠮᠵᠢᠬᠦ ᠬᠦᠴᠦᠯᠡᠴᠡ  ᠪᠠᠨ ᠶᠡᠬᠡᠰᠬᠡᠵᠣ᠂ ᠣᠳᠣ ᠪᠠᠶᠢᠭ᠎ᠠ ᠠᠶᠠᠯᠠᠯ ᠵᠢᠭᠤᠯᠴᠢᠯᠠᠯ ᠤᠨ ᠺᠣᠮᠫᠠᠨᠢ ᠶᠢ ᠬᠦᠴᠦᠷᠭᠡᠭᠵᠢᠭᠦᠯᠦᠨ ᠪᠣᠵᠠᠭᠠᠶᠢᠷᠠᠭᠤᠯᠵᠣ᠂ ᠪᠡᠭᠡᠵᠢᠩ᠂ ᠬᠦᠬᠡᠬᠤᠳᠠ᠂ ᠰᠢᠯᠢ ᠶᠢᠨ ᠬᠤᠳᠠ ᠵᠡᠷᠭᠡ ᠣᠶᠢᠷ᠎ᠠ ᠬᠠᠪᠢ ᠶᠢᠨ ᠣᠷᠣᠨ ᠨᠤᠭᠤᠳ ᠤᠨ ᠠᠶᠠᠯᠠᠯ ᠵᠢᠭᠤᠯᠴᠢᠯᠠᠯ ᠤᠨ ᠺᠣᠮᠫᠠᠨᠢ ᠲᠠᠢ ᠬᠠᠮᠳᠣᠷᠠᠨ ᠠᠵᠢᠯᠯᠠᠬᠤ ᠪᠠᠨ ᠴᠢᠩᠭᠠᠳᠬᠠᠨ᠂ ᠵᠢᠭᠤᠯᠴᠢᠳ ᠤᠨ ᠡᠬᠢ ᠰᠣᠷᠪᠣᠯᠵᠢ ᠶᠢ ᠬᠠᠷᠢᠯᠴᠠᠨ ᠬᠦᠷᠬᠡᠵᠣ᠂ ᠵᠢᠭᠤᠯᠴᠢᠯᠠᠯ ᠤᠨ ᠪᠦᠯᠬᠦᠮ ᠢ ᠳᠠᠨᠢᠯᠴᠠᠭᠤᠯᠣᠨ᠂ ᠵᠠᠬ᠎ᠠ ᠳᠡᠯᠭᠡᠭᠦᠷ ᠢ ᠬᠠᠮᠳᠣᠪᠡᠷ ᠪᠠᠶᠢᠭᠤᠯᠣᠨ᠂ ᠬᠠᠮᠳᠣᠪᠡᠷ ᠠᠰᠢᠭ ᠬᠦᠷᠳᠡᠬᠦ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠬᠠᠪᠰᠣᠷᠣᠨ ᠳᠡᠮᠵᠢᠵᠣ᠂ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠬᠤ ᠵᠠᠷᠴᠢᠮ ᠢ ᠪᠠᠷᠢᠮᠳᠠᠯᠠᠨ᠂ ︽ᠴᠠᠢ ᠶᠢᠨ ᠵᠠᠮ︾ ᠰᠣᠶᠣᠯ ᠤᠨ ᠨᠠᠶᠢᠷ᠂ ︽ᠴᠠᠢ ᠶᠢᠨ ᠵᠠᠮ︾ ᠢᠶᠠᠷ ᠳᠠᠬᠢᠨ ᠠᠶᠠᠯᠠᠬᠤ ᠳᠣᠮᠳᠠᠳᠣ ᠮᠣᠩᠭᠤᠯ ᠣᠷᠣᠰ ᠤᠨ ᠣᠯᠠᠨ ᠣᠯᠣᠰ ᠤᠨ ᠬᠤᠪᠢ ᠶᠢᠨ ᠮᠠᠰᠢᠨ ᠵᠢᠯᠣᠭᠤᠳᠣᠨ ᠴᠣᠭᠯᠠᠷᠠᠬᠤ ᠣᠷᠣᠯᠳᠣᠭᠠᠨ ᠵᠡᠷᠭᠡ ᠨᠡᠷᠡᠳᠣ ᠬᠦᠳᠡᠯᠭᠡᠭᠡᠨ ᠢ ᠦᠷᠭᠦᠯᠵᠢᠯᠡᠨ ᠰᠠᠶᠢᠳᠣᠷ ᠵᠣᠬᠢᠶᠠᠨ ᠪᠠᠶᠢᠭᠤᠯᠵᠣ᠂ ᠪᠣᠭᠤᠮᠳᠠ ᠶᠢᠨ ᠰᠣᠶᠣᠯ ᠵᠢᠭᠤᠯᠴᠢᠯᠠᠯ ᠤᠨ ᠨᠡᠷ᠎ᠡ ᠨᠦᠯᠦᠭᠡ ᠶᠢ ᠳᠠᠰᠣᠷᠠᠯᠳᠠ ᠦᠬᠡᠢ ᠳᠡᠭᠡᠭᠰᠢᠯᠡᠭᠦᠯᠦᠨ᠎ᠡ᠃ ᠮᠣᠩᠭᠤᠯ ᠣᠯᠣᠰ ᠤᠨ ᠳᠣᠷᠣᠨᠠᠭᠤᠪᠢ ᠠᠶᠢᠮᠠᠭ᠂ ᠣᠯᠠᠭᠠᠨᠪᠠᠭᠠᠳᠣᠷ ᠬᠤᠳᠠ ᠲᠠᠢ ᠬᠠᠷᠢᠯᠴᠠᠨ ᠶᠠᠪᠣᠭᠳᠠᠭᠤᠯᠵᠣ ᠪᠠᠶᠢᠭ᠎ᠠ ᠰᠣᠶᠣᠯ ᠤᠨ ᠭᠠᠷᠠᠭ ᠤᠨ ᠬᠦᠳᠡᠯᠭᠡᠭᠡᠨ ᠢ ᠰᠠᠶᠢᠳᠣᠷ ᠵᠣᠬᠢᠶᠠᠨ ᠪᠠᠶᠢᠭᠤᠯᠵᠣ᠂ ᠳᠣᠮᠳᠠᠳᠣ ᠮᠣᠩᠭᠤᠯ ᠤᠨ ᠣᠷᠣᠨ ᠨᠣᠳᠤᠭ ᠤᠨ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠬᠠᠮᠳᠣ ᠶᠢᠨ ᠠᠵᠢᠯᠯᠠᠭ᠎ᠠ ᠶᠢ ᠣᠯᠠᠮ ᠨᠢᠭᠡᠨ ᠠᠯᠬᠤᠮ ᠴᠢᠩᠭᠠᠳᠬᠠᠨ᠎ᠠ᠃ ᠠᠶᠠᠯᠠᠯ ᠵᠢᠭᠤᠯᠴᠢᠯᠠᠯ ᠤᠨ ᠣᠬᠠᠭᠤᠯᠭ᠎ᠠ ᠰᠣᠷᠳᠠᠯᠴᠢᠯᠠᠭ᠎ᠠ ᠪᠠ ᠳᠣᠬᠠᠶᠢᠯᠠᠭᠰᠠᠨ ᠠᠵᠢᠯ ᠤᠨ ᠬᠠᠮᠢᠶᠠᠷᠣᠯᠳᠠ ᠶᠢ ᠴᠢᠩᠭᠠᠳᠬᠠᠨ᠎ᠠ᠃ ᠲᠦᠪ ᠤᠨ ᠲᠧᠯᠸᠢᠰ ᠬᠤᠷᠢᠶ᠎ᠠ ᠵᠢᠴᠢ ᠡᠯ᠎ᠡ ᠲᠦᠷᠦᠯ ᠤᠨ ᠰᠢᠨ᠎ᠡ ᠵᠠᠭᠤᠴᠢᠯᠠᠭᠤᠷ ᠢ ᠠᠰᠢᠭᠯᠠᠨ ᠠᠶᠠᠯᠠᠯ ᠵᠢᠭᠤᠯᠴᠢᠯᠠᠯ ᠤᠨ ᠣᠬᠠᠭᠤᠯᠭ᠎ᠠ ᠰᠣᠷᠳᠠᠯᠴᠢᠯᠠᠭᠠᠨ ᠤ ᠬᠦᠴᠦᠯᠡᠴᠡ ᠪᠠᠨ ᠶᠡᠬᠡᠰᠬᠡᠵᠣ᠂ ᠪᠣᠭᠤᠮᠳᠠ ᠶᠢᠨ ᠨᠡᠷ᠎ᠡ ᠨᠦᠯᠦᠭᠡ ᠶᠢ ᠦᠨᠡᠨᠬᠦ ᠳᠡᠭᠡᠭᠰᠢᠯᠡᠭᠦᠯᠦᠨ᠎ᠡ᠃ ᠳᠣᠬᠠᠶᠢᠯᠠᠭᠰᠠᠨ ᠠᠵᠢᠯ ᠤᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠣ᠂ ᠠᠵᠢᠯᠳᠠᠳ ᠤᠨ ᠪᠣᠯᠪᠠᠰᠣᠷᠠᠯ ᠢ ᠴᠢᠩᠭᠠᠳᠬᠠᠨ᠂ ᠵᠢᠭᠤᠯᠴᠢᠯᠠᠯ ᠤᠨ ᠦᠢᠯᠡᠴᠢᠯᠡᠭᠡᠨ ᠤ ᠠᠵᠣ ᠠᠬᠤᠶᠢᠯᠠᠯ ᠤᠨ ᠣᠳᠣᠨ ᠳᠡᠰ ᠲᠤ ᠳᠡᠪᠰᠢᠬᠦ ᠶᠢ ᠣᠳᠣᠷᠢᠳᠣᠨ ᠵᠢᠯᠣᠭᠤᠳᠴᠣ᠂ ᠠᠶᠠᠯᠠᠯ ᠵᠢᠭᠤᠯᠴᠢᠯᠠᠯ ᠤᠨ ᠨᠡᠷᠡᠳᠣ ᠱᠣᠰᠢᠭ᠎ᠠ ᠶᠢ ᠳᠡᠭᠦᠯᠳᠡᠷᠵᠢᠭᠦᠯᠣᠨ᠂ ᠠᠶᠠᠯᠠᠯ ᠵᠢᠭᠤᠯᠴᠢᠯᠠᠯ ᠤᠨ ᠦᠢᠯᠡᠴᠢᠯᠡᠭᠡᠨ ᠤ ᠲᠦᠪᠰᠢᠨ ᠢ ᠳᠠᠰᠣᠷᠠᠯᠳᠠ ᠦᠬᠡᠢ ᠳᠡᠭᠡᠭᠰᠢᠯᠡᠭᠦᠯᠦᠨ᠎ᠡ᠃ ᠪᠦᠬᠦ ᠵᠢᠯ  ᠳᠤ ᠬᠦᠯᠢᠶᠠᠨ ᠠᠪᠬᠤ ᠣᠯᠣᠰ ᠤᠨ ᠳᠣᠳᠣᠭᠠᠳᠣ ᠭᠠᠳᠠᠭᠠᠳᠣ ᠶᠢᠨ ᠵᠢᠭᠤᠯᠴᠢᠳ ᠤᠨ ᠳᠤᠭ᠎ᠠ ᠶᠢ 180 ᠲᠦᠮᠡᠨ ᠬᠦᠮᠦᠨ ᠣᠳᠠᠭ᠎ᠠ ᠳᠤ ᠬᠦᠷᠭᠡᠵᠣ᠂ 6.8% ᠪᠠᠷ ᠨᠡᠮᠡᠭᠳᠡᠭᠦᠯᠦᠨ᠎ᠡ︔ ᠠᠶᠠᠯᠠᠯ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 37 ᠳ᠋ᠦᠩᠰᠢᠭᠤᠷ ᠲᠦᠭᠦᠷᠢᠭ ᠬᠦᠷᠭᠡᠵᠣ᠂ 5.7% ᠢᠶᠠᠷ ᠨᠡᠮᠡᠭᠳᠡᠭᠦᠯᠦᠨ᠎ᠡ᠃      ᠪᠤᠬᠢᠷᠳᠣᠯ ᠦᠭᠡᠢ ᠴᠡᠪᠡᠷ ᠡᠨᠧᠷᠬᠢ ᠶᠢᠨ ᠦᠢᠯᠡᠰ ᠢ ᠬᠦᠭᠵᠢᠭᠦᠯᠦᠨ᠎ᠡ᠃ ᠪᠤᠭᠤᠮᠲᠠ ᠶᠢᠨ ᠡᠯᠪᠡᠭ ᠪᠠᠶᠠᠯᠢᠭ ᠰᠠᠯᠬᠢ ᠨᠠᠷᠠᠨ ᠤ ᠡᠨᠧᠷᠬᠢ ᠶᠢᠨ ᠡᠬᠢ ᠪᠠᠶᠠᠯᠢᠭ ᠲᠤ ᠲᠦᠰᠢᠭᠯᠡᠵᠤ᠂ ᠦᠪᠡᠷᠲᠡᠭᠡᠨ ᠵᠠᠰᠠᠬᠤ ᠤᠷᠤᠨ ᠤ ᠡᠨᠧᠷᠬᠢ ᠶᠢᠨ ᠲᠤᠪᠴᠢᠶ᠎ᠠ ᠯᠤᠭ᠎ᠠ ᠵᠤᠬᠢᠴᠠᠭᠤᠯᠬᠤ ᠬᠦᠴᠦᠯᠡᠴᠠ ᠪᠠᠨ ᠶᠡᠭᠡᠰᠭᠡᠨ᠂ ᠨᠡᠩ ᠶᠡᠭᠡ ᠰᠠᠯᠬᠢ ᠨᠠᠷᠠᠨ ᠤ ᠡᠨᠧᠷᠬᠢ ᠶᠢᠨ ᠴᠠᠬᠢᠯᠭᠠᠨ ᠭᠠᠷᠭᠠᠬᠤ ᠵᠢᠭᠠᠯᠳᠠ ᠲᠤᠭ᠎ᠠ ᠶᠢ ᠪᠤᠭᠤᠮᠲᠠ ᠤᠷᠤᠭᠤ ᠬᠡᠯᠪᠡᠶᠢᠯᠭᠡᠨ᠎ᠡ᠃ ᠰᠢᠨ᠎ᠡ ᠡᠨᠧᠷᠬᠢ ᠶᠢᠨ ᠦᠢᠯᠡᠰ  ᠤᠨ ᠬᠦᠭᠵᠢᠯᠳᠡ ᠶᠢᠨ ᠲᠦᠯᠦᠪᠯᠡᠭᠡ ᠶᠢ ᠨᠠᠶᠢᠷᠠᠭᠤᠯᠬᠤ ᠪᠠᠨ ᠲᠦᠷᠭᠡᠳᠭᠡᠵᠤ᠂ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠬᠤᠭᠤᠯᠠᠢ ᠶᠢᠨ ᠲᠦᠯᠦᠪᠯᠡᠭᠡ ᠶᠢ ᠨᠤᠲᠠᠯᠠᠬᠤ ᠠᠵᠢᠯ ᠢ ᠢᠳᠡᠪᠬᠢᠲᠠᠢ ᠶᠠᠪᠤᠭᠳᠠᠭᠤᠯᠵᠤ᠂ ᠡᠷᠢᠶᠡᠨ ᠠᠴᠠ ᠰᠢᠯᠢ ᠶᠢᠨ ᠭᠤᠣᠯ ᠠᠶᠢᠮᠠᠭ ᠬᠦᠷᠬᠦ ᠤᠨᠴᠠ ᠦᠨᠳᠦᠷ ᠬᠦᠴᠦᠳᠡᠯ ᠤᠨ ᠴᠠᠬᠢᠯᠭᠠᠨ ᠬᠦᠷᠭᠡᠬᠦ ᠨᠡᠪᠲᠡᠷᠡᠯᠳᠡ ᠶᠢᠨ ᠵᠠᠮ  ᠤᠨ ᠪᠦᠲᠦᠭᠡᠨ ᠪᠠᠶᠢᠭᠤᠯᠤᠯᠳᠡ ᠶᠢᠨ ᠡᠬᠢᠨ ᠤ ᠬᠤᠭᠤᠴᠠᠭᠠᠨ ᠤ ᠠᠵᠢᠯ ᠢ ᠭᠤᠤᠯᠳᠠᠯᠭ᠎ᠠ ᠲᠠᠢ ᠲᠦᠯᠬᠢᠨ᠎ᠡ᠃ ᠰᠢᠨ᠎ᠠ ᠡᠨᠧᠷᠬᠢ ᠶᠢᠨ ᠠᠵᠤ ᠦᠢᠯᠡᠰ ᠤᠨ ᠬᠡᠯᠬᠢᠶ᠎ᠡ ᠶᠢ ᠶᠡᠭᠡᠪᠡᠷ ᠤᠷᠳᠣᠳᠬᠠᠵᠤ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ᠂ ᠨᠠᠷᠠᠨ ᠤ ᠡᠨᠧᠷᠭᠢ ᠢᠶᠠᠷ ᠴᠠᠬᠢᠯᠭᠠᠨ ᠭᠠᠷᠭᠠᠬᠤ ᠪᠠ ᠡᠨᠧᠷᠬᠢ ᠬᠠᠳᠠᠭᠠᠯᠠᠬᠤ ᠲᠦᠷᠦᠯ ᠵᠦᠢᠯ ᠢ ᠤᠷᠢᠨ ᠤᠷᠤᠭᠤᠯᠬᠤ ᠪᠠᠨ ᠲᠦᠷᠭᠡᠳᠭᠡᠨ᠂ ᠰᠠᠯᠬᠢ ᠨᠠᠷᠠᠨ ᠤ ᠡᠨᠧᠷᠭᠢ ᠢᠶᠠᠷ ᠴᠠᠬᠢᠯᠭᠠᠨ ᠭᠠᠷᠭᠠᠬᠤ ᠲᠦᠬᠦᠭᠡᠷᠦᠮᠵᠢ ᠬᠢᠬᠦ ᠦᠢᠯᠡᠰ ᠢ ᠢᠳᠡᠪᠬᠢᠲᠠᠢ ᠬᠦᠭᠵᠢᠭᠦᠯᠦᠨ᠎ᠠ᠃ ᠠᠵᠤ ᠠᠬᠤᠶᠢᠯᠠᠯ ᠳᠤ ᠰᠠᠯᠬᠢ ᠨᠠᠷᠠᠨ ᠤ ᠡᠨᠧᠷᠭᠢ ᠢᠶᠠᠷ ᠴᠠᠬᠢᠯᠭᠠᠨ ᠭᠠᠷᠭᠠᠬᠤ ︽ᠵᠠᠮ ᠤᠨ ᠬᠡᠷᠡᠴᠢ︾ ᠤᠯᠭᠤᠬᠤ ᠶᠢ ᠪᠦᠬᠦ ᠬᠦᠴᠦ ᠪᠠᠷ ᠬᠠᠪᠰᠤᠷᠴᠤ᠂ ᠳᠣᠮᠳᠠᠳᠣ ᠤᠯᠤᠰ ᠤᠨ ᠭᠤᠷᠪᠠᠨ ᠬᠠᠪᠴᠢᠯ ᠤᠨ 10 ᠲᠦᠮᠡᠨ ᠺᠢᠯᠤᠸᠠᠲ ᠤᠨ ᠨᠠᠷᠠᠨ ᠤ ᠡᠨᠧᠷᠭᠢ ᠢᠶᠠᠷ ᠴᠠᠬᠢᠯᠭᠠᠨ ᠭᠠᠷᠭᠠᠬᠤ᠂ ᠬᠤᠸᠠ ᠳ᠋ᠢᠶᠠᠨ ᠤ 5 ᠲᠦᠮᠡᠨ ᠺᠢᠯᠤᠸᠠᠲ ᠤᠨ ᠨᠠᠷᠠᠨ ᠤ ᠡᠨᠧᠷᠭᠢ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠡᠯ᠎ᠡ ᠲᠦᠷᠦᠯ ᠤᠨ ᠡᠬᠢᠨ ᠤ ᠬᠤᠭᠤᠴᠠᠭᠠᠨ ᠤ ᠠᠵᠢᠯ ᠢ ᠳᠠᠭᠤᠰᠬᠠᠬᠤ ᠶᠢ ᠲᠦᠯᠬᠢᠨ᠂ ᠰᠢᠨ᠎ᠡ ᠡᠨᠧᠷᠬᠢ ᠶᠢᠨ ᠪᠢᠴᠢᠯ ᠴᠠᠬᠢᠯᠭᠠᠨ ᠲᠤᠤᠷ ᠤᠨ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠸᠠ ᠳ᠋ᠢᠶᠠᠨ ᠤ 4.95 ᠲᠦᠮᠡᠨ ᠺᠢᠯᠤᠸᠠᠲ ᠤᠨ ᠰᠠᠯᠬᠢᠨ ᠬᠦᠴᠤ ᠪᠠᠷ ᠴᠠᠬᠢᠯᠭᠠᠨ ᠭᠠᠷᠭᠠᠬᠤ᠂ ᠲᠢᠶᠡᠨ ᠬᠤᠩ ᠶᠠᠩ ᠭᠤᠸᠠᠩ ᠤᠨ 5 ᠲᠦᠮᠡᠨ ᠺᠢᠯᠤᠸᠠᠲ ᠤᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠳᠠᠭᠤᠰᠬᠠᠨ᠂ ᠵᠢᠯ ᠤᠨ ᠳᠣᠳᠣᠷ᠎ᠠ ᠰᠠᠯᠬᠢᠨ ᠬᠦᠴᠤ ᠪᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢᠨ ᠪᠠᠭᠲᠠᠭᠠᠮᠵᠢ ᠶᠢᠨ ᠬᠡᠮᠵᠢᠶ᠎ᠡ ᠶᠢ 42 ᠲᠦᠮᠡᠨ ᠺᠢᠯᠤᠸᠠᠲ ᠳᠤ ᠬᠦᠷᠭᠡᠬᠦ ᠪᠠᠷ ᠴᠢᠷᠮᠠᠶᠢᠨ᠎ᠠ᠃      ᠭᠤᠷᠪᠠ᠂ ᠢᠷᠭᠡᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠬᠦᠴᠦᠯᠡᠨ ᠰᠠᠶᠢᠵᠢᠷᠠᠭᠤᠯᠵᠤ᠂ ᠬᠤᠲᠠ ᠪᠠᠯᠭᠠᠰᠤᠨ ᠤ ᠨᠢᠭᠡ ᠴᠣᠭᠴᠠᠯᠠᠯᠳᠠ ᠶᠢᠨ ᠬᠦᠭᠵᠢᠯᠳᠡ ᠶᠢ ᠠᠬᠢᠭᠤᠯᠤᠨ᠎ᠠ      ᠤᠷᠤᠰᠢᠨ ᠰᠠᠭᠤᠵᠤ ᠠᠲᠠᠯ ᠪᠤᠰᠬᠠᠬᠤ ᠳᠤ ᠲᠠᠭᠠᠯᠠᠮᠵᠢᠲᠠᠢ ᠬᠤᠲᠠ ᠶᠢ ᠲᠦᠷᠭᠡᠨ ᠪᠦᠲᠦᠭᠡᠨ ᠪᠠᠶᠢᠭᠤᠯᠤᠨ᠎ᠠ᠃ ᠨᠡᠭᠡᠭᠡᠯᠳᠡ ᠬᠦᠭᠵᠢᠭᠦᠯᠦᠯᠳᠡ ᠶᠢᠨ ᠲᠤᠷᠰᠢᠯᠳᠡ ᠶᠢᠨ ᠲᠤᠭᠤᠷᠢᠭ ᠢ ᠪᠦᠲᠦᠭᠡᠨ ᠪᠠᠶᠢᠭᠤᠯᠬᠤ ᠲᠠᠢ ᠤᠶᠠᠯᠳᠣᠭᠤᠯᠤᠨ᠂ ᠳᠣᠯᠣᠳᠣᠭᠠᠷ ᠡᠭᠡᠯᠵᠢ ᠶᠢᠨ ᠬᠤᠲᠠ ᠶᠢᠨ ᠶᠡᠷᠦᠩᠭᠡᠢ ᠲᠦᠯᠦᠪᠯᠡᠭᠡ ᠶᠢ ᠵᠠᠰᠠᠨ ᠨᠠᠶᠢᠷᠠᠭᠤᠯᠬᠤ ᠠᠵᠢᠯ ᠢ ᠳᠠᠭᠤᠰᠬᠠᠵᠤ ᠂ ᠲᠦᠯᠦᠪᠯᠡᠭᠡᠨ ᠤ ᠲᠤᠭᠲᠠᠯᠴᠠᠭ᠎ᠠ ᠶᠢ ᠠᠭᠠᠵᠢᠮ ᠢᠶᠠᠷ ᠲᠡᠭᠦᠯᠳᠡᠷᠵᠢᠭᠦᠯᠦᠨ᠎ᠡ᠃ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠬᠤ᠂ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠲᠦᠭᠦᠮ ᠦᠵᠡᠬᠦᠯᠬᠦ ᠠᠵᠢᠯᠯᠠᠭ᠎ᠠ ᠶᠢ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠡ ᠶᠢᠨ ᠴᠢᠬᠤᠯᠠ ᠠᠭᠤᠯᠭ᠎ᠠ ᠪᠤᠯᠭᠠᠬᠤ ᠶᠢ ᠢᠮᠬᠠᠳᠠ ᠪᠠᠷᠢᠮᠲᠠᠯᠠᠨ᠂ ᠪᠠᠶᠢᠰᠢᠩ ᠭᠡᠷ ᠤᠨ ᠲᠤᠭᠤᠷᠢᠭ ᠤᠨ ᠵᠠᠮ᠂ ᠭᠤᠳᠣᠮᠵᠢ ᠶᠢᠨ ᠵᠦᠷᠢᠭ ᠵᠠᠮ ᠤᠨ ᠬᠠᠳᠠᠭᠤᠷᠠᠭᠤᠯᠤᠯᠳᠡ ᠵᠢᠴᠢ ᠲᠦᠭᠡᠭᠡᠯ ᠤᠰᠤ ᠪᠤᠬᠢᠷ ᠤᠰᠤ ᠵᠡᠷᠭᠡ ᠶᠢᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠡ ᠶᠢ ᠴᠢᠩᠭᠠᠳᠬᠠᠨ᠎ᠠ᠃ ᠬᠤᠲᠠ ᠶᠢᠨ ᠣᠨᠴᠠᠯᠢᠭᠳᠣ ᠣᠶᠢᠯᠠᠭᠠᠭᠳᠠᠬᠤᠨ ᠢ ᠳᠣᠪᠣᠶᠢᠯᠭᠠᠨ᠂ ᠪᠡᠯᠡ ᠮᠦᠩᠬᠦ ᠪᠠᠨ ᠨᠢᠭᠡᠳᠣᠯᠳᠡᠢ ᠲᠦᠯᠦᠪᠵᠢᠭᠦᠯᠦᠨ ᠨᠢᠭᠡᠳᠭᠡᠨ ᠬᠡᠷᠡᠭᠯᠡᠵᠤ᠂ ᠵᠡᠭᠡᠯᠢ ᠶᠢ ᠪᠦᠬᠦᠯᠢ ᠴᠤᠭᠴᠠ ᠪᠠᠷ ᠨᠢ ᠰᠠᠭᠤᠷᠢ ᠲᠦᠭᠦᠭᠡᠷᠦᠮᠵᠢ ᠶᠢ ᠨᠢ ᠰᠠᠶᠢᠵᠢᠷᠠᠭᠤᠯᠬᠤ ᠢᠨ᠋ᠧᠨᠧᠷᠢᠩ ᠢ ᠲᠦᠪᠯᠡᠷᠡᠭᠦᠯᠦᠨ ᠲᠦᠯᠬᠢᠨ ᠠᠬᠢᠭᠤᠯᠵᠤ᠂ ᠤᠨᠴᠠᠯᠢᠭᠲᠤ ᠨᠠᠷᠢᠯᠢᠭ ᠪᠦᠲᠦᠭᠡᠭᠳᠡᠭᠦᠨ ᠤ ᠵᠡᠬᠡᠯᠢ ᠲᠤᠭᠤᠷᠢᠭ ᠢ ᠪᠦᠬᠦ ᠬᠦᠴᠦ ᠪᠠᠷ ᠢᠶᠠᠨ ᠡᠭᠦᠳᠦᠨ ᠪᠠᠶᠢᠭᠤᠯᠤᠨ᠂ ᠬᠤᠲᠠ ᠶᠢᠨ ᠳᠡᠰ ᠵᠡᠷᠭᠡᠯᠡᠯ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃ ᠮᠦᠽᠸᠢ ᠶᠢᠨ ᠤᠶᠢᠷ᠎ᠠ ᠬᠠᠪᠢ ᠶᠢᠨ ᠤᠷᠴᠢᠨ ᠲᠤᠭᠤᠷᠢᠨ ᠤ ᠪᠦᠲᠦᠭᠡᠨ ᠪᠠᠶᠢᠭᠤᠯᠤᠯᠳᠡ ᠪᠠ ᠤᠳᠤ ᠪᠠᠶᠢᠭ᠎ᠠ ᠴᠡᠴᠡᠷᠯᠢᠭ ᠤᠨ ᠨᠤᠭᠤᠭᠠᠷᠠᠭᠤᠯᠤᠯᠳᠡ ᠶᠢ ᠬᠠᠮᠠᠭᠠᠯᠠᠬᠤ ᠶᠢ ᠨᠠᠷᠢᠯᠢᠭ ᠬᠡᠷᠡᠭᠵᠢᠭᠦᠯᠦᠨ᠂ ᠢᠷᠭᠡᠳ ᠤᠨ ᠤᠷᠤᠰᠢᠨ ᠰᠠᠭᠤᠬᠤ ᠤᠷᠴᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠶᠢᠯᠠᠯ ᠤᠨ ᠬᠠᠭᠤᠴᠢᠨ ᠬᠤᠲᠠ ᠲᠤᠭᠤᠷᠢᠭ ᠤᠨ ᠪᠤᠷᠤ ᠬᠡᠷ ᠤᠨ ᠲᠤᠭᠤᠷᠢᠭ ᠢ ᠰᠠᠶᠢᠵᠢᠷᠠᠭᠤᠯᠤᠨ ᠦᠭᠡᠷᠡᠴᠢᠯᠡᠬᠦ ᠶᠢ ᠳᠡᠮᠵᠢᠨ᠎ᠡ᠃ ᠾᠧ ᠬᠠᠢ ᠶᠡᠭᠡ ᠰᠤᠷᠭᠠᠭᠤᠯᠢ ᠲᠠᠢ ᠬᠠᠮᠲᠤᠷᠠᠯᠴᠠᠨ ᠬᠠᠷᠢᠶ᠎ᠠ ᠲᠤᠭᠤᠷᠢᠭ ᠤᠨ ᠤᠰᠤᠨ ᠤ ᠡᠬᠢ ᠪᠠᠶᠠᠯᠢᠭ ᠢ ᠬᠠᠶᠢᠨ ᠰᠢᠨᠵᠢᠬᠦ ᠬᠦᠴᠦᠯᠡᠴᠡ ᠪᠠᠨ ᠶᠡᠭᠡᠰᠭᠡᠵᠤ᠂ ᠰᠢᠨ᠎ᠡ ᠤᠰᠤᠨ ᠰᠤᠷᠪᠤᠯᠵᠢ ᠡᠷᠢᠨ ᠨᠡᠭᠡᠭᠡᠨ᠎ᠠ᠃ ᠬᠤᠲᠠ ᠶᠢᠨ ᠤᠰᠤ ᠬᠠᠩᠭᠠᠬᠤ ᠬᠤᠭᠤᠯᠠᠢ ᠰᠦᠯᠵᠢᠶ᠎ᠡ ᠶᠢᠨ ᠪᠦᠲᠦᠴᠡ ᠶᠢ ᠲᠡᠭᠦᠯᠳᠡᠷᠵᠢᠭᠦᠯᠵᠤ᠂ ᠴᠢᠨᠠᠷ ᠬᠤᠪᠢᠶᠠᠨ ᠤᠰᠤ ᠬᠠᠩᠭᠠᠬᠤ ᠪᠠ ᠴᠡᠪᠡᠷᠰᠢᠭᠦᠯᠦᠭᠰᠡᠨ ᠤᠰᠤᠨ ᠤ ᠬᠤᠭᠤᠯᠠᠢ ᠶᠢᠨ ᠪᠦᠲᠦᠭᠡᠨ ᠪᠠᠶᠢᠭᠤᠯᠤᠯᠳᠡ ᠶᠢ ᠴᠢᠩᠭᠠᠳᠬᠠᠨ᠂ ᠳᠣᠰᠣᠯᠭᠠᠨ ᠤᠰᠤᠯᠠᠬᠤ᠂ ᠰᠦᠷᠴᠢᠨ ᠤᠰᠤᠯᠠᠬᠤ᠂ ᠤᠰᠤᠨ ᠵᠤᠭᠤᠷᠢ ᠪᠠᠶᠢᠭᠤᠯᠬᠤ ᠵᠡᠷᠭᠡ ᠤᠰᠤ ᠠᠷᠪᠢᠯᠠᠬᠤ ᠠᠷᠭ᠎ᠠ ᠬᠡᠮᠵᠢᠶ᠎ᠠ  ᠶᠢ ᠬᠡᠷᠡᠭᠯᠡᠨ᠂ ᠤᠳᠤ ᠪᠠᠶᠢᠭ᠎ᠠ ᠡᠯ᠎ᠡ ᠲᠦᠷᠦᠯ ᠤᠨ ᠤᠰᠤᠨ ᠤ ᠡᠬᠢ ᠪᠠᠶᠠᠯᠢᠭ ᠢᠶᠠᠨ ᠬᠦᠢᠴᠡᠳ ᠠᠰᠢᠭᠯᠠᠵᠤ᠂ ᠬᠤᠲᠠ ᠶᠢᠨ ᠤᠰᠤ ᠬᠠᠩᠭᠠᠬᠤ ᠪᠠᠲᠤᠯᠭ᠎ᠠ ᠶᠢᠨ ᠴᠢᠳᠠᠪᠬᠢ ᠶᠢ ᠦᠨᠡᠨᠬᠦ ᠲᠡᠭᠡᠭᠰᠢᠯᠡᠭᠦᠯᠵᠤ᠂ ᠵᠤᠨ ᠤ ᠤᠯᠠᠷᠢᠯ ᠤᠨ ᠤᠰᠤ ᠬᠡᠷᠡᠭᠯᠡᠬᠦ ᠤᠷᠬᠢᠯ ᠤᠨ ᠬᠤᠭᠤᠴᠠᠭᠠᠨ ᠳᠤ ︽ᠤᠰᠤᠨ ᠤ ᠭᠠᠴᠢᠭ︾ ᠤᠨ ᠪᠠᠶᠢᠳᠠᠯ ᠡᠭᠦᠰᠬᠦ ᠦᠭᠡᠢ ᠶᠢ ᠪᠠᠲᠤᠯᠠᠨ᠎ᠠ᠃      ᠬᠤᠲᠠ ᠶᠢᠨ ᠨᠠᠷᠢᠯᠢᠭᠵᠢᠭᠤᠯᠤᠨ ᠬᠠᠮᠢᠶᠠᠷᠬᠤ ᠶᠢ ᠯᠠᠪᠳᠠᠭᠤᠨ ᠲᠦᠯᠬᠢᠨ ᠠᠬᠢᠭᠤᠯᠤᠨ᠎ᠠ᠃ ᠬᠤᠲᠠ ᠶᠢᠨ ᠳᠦᠷᠢ ᠳᠦᠷᠬᠦ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠢ ᠴᠢᠩᠭᠠᠳᠬᠠᠨ᠂ ︽ᠡᠭᠦᠳᠡᠨ ᠡᠮᠦᠨᠡᠭᠢ ᠭᠤᠷᠪᠡᠨ ᠳᠠᠭᠠᠭᠠᠴᠢᠯᠠᠯᠳᠡ︾᠂ ᠡᠷᠦᠭᠡ ᠶᠢᠨ ᠭᠠᠳᠠᠨᠠᠬᠢ ᠵᠠᠷ ᠢᠯᠡᠷᠬᠡᠶᠢᠯᠡᠯ᠂ ᠲᠦᠷᠢᠮ ᠵᠦᠷᠢᠴᠡᠭᠰᠡᠨ ᠪᠠᠷᠢᠯᠭ᠎ᠠ ᠶᠢᠨ ᠬᠢᠨᠠᠨ ᠬᠠᠮᠢᠶᠠᠷᠴᠤ ᠠᠷᠢᠯᠭᠠᠬᠤ ᠶᠢ ᠪᠦᠬᠦ ᠲᠠᠯ᠎ᠠ ᠪᠠᠷ ᠰᠠᠶᠢᠳᠣᠷ ᠠᠳᠬᠤᠵᠤ᠂ ᠵᠠᠮ ᠡᠵᠡᠯᠡᠨ ᠡᠵᠡᠩᠨᠡᠬᠦ᠂ ᠶᠠᠪᠤᠭᠤᠯ ᠬᠤᠳᠠᠯᠳᠣᠭᠠᠴᠢᠨ᠂ ᠵᠡᠬᠡᠯᠢ ᠶᠢᠨ ᠵᠢᠵᠢᠭ ᠵᠠᠷ ᠮᠡᠳᠡᠭᠡ ᠵᠡᠷᠭᠡ ᠪᠠᠶᠢᠳᠠᠯ ᠢ ᠭᠤᠤᠯᠳᠠᠭ᠎ᠠ ᠲᠠᠢ ᠴᠡᠪᠡᠷᠯᠡᠵᠤ᠂ ᠬᠤᠲᠠ ᠶᠢᠨ ᠨᠠᠷᠢᠯᠢᠭᠵᠢᠭᠤᠯᠤᠨ ᠬᠠᠮᠢᠶᠠᠷᠬᠤ ᠲᠦᠪᠰᠢᠨ ᠢ ᠳᠡᠭᠡᠭᠰᠢᠯᠡᠭᠦᠯᠦᠨ᠎ᠡ᠃ ︽ᠤᠶᠤᠨᠴᠢ ᠬᠤᠲᠠ︾ ᠶᠢᠨ ᠪᠦᠲᠦᠭᠡᠨ ᠪᠠᠶᠢᠭᠤᠯᠤᠯᠳᠡ ᠶᠢ ᠢᠳᠡᠪᠬᠢᠲᠠᠢ ᠲᠦᠯᠬᠢᠨ ᠠᠬᠢᠭᠤᠯᠤᠨ᠎ᠠ᠃ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠶᠡᠷᠦᠩᠬᠡᠶᠢᠯᠡᠨ ᠵᠠᠰᠠᠬᠤ ᠪᠠᠨ ᠦᠷᠭᠦᠯᠵᠢᠯᠡᠭᠦᠯᠦᠨ ᠶᠠᠪᠤᠭᠳᠠᠭᠤᠯᠵᠤ᠂ ᠬᠡᠷ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠡ ᠶᠢᠨ ᠨᠦᠭᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠭᠡᠷ ᠠᠬᠤᠢ ᠶᠢᠨ ᠬᠠᠮᠢᠶᠠᠷᠤᠯᠳᠡ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃ ᠭᠠᠵᠠᠷ ᠬᠡᠷᠡᠭᠯᠡᠬᠦ ᠬᠦᠢᠴᠡᠳᠭᠡᠯ ᠲᠤᠭ᠎ᠠ ᠶᠢ ᠳᠡᠭᠡᠷ᠎ᠡ ᠱᠠᠲᠤᠨ ᠠᠴᠠ ᠢᠳᠡᠪᠬᠢᠲᠠᠢ ᠬᠦᠭᠡᠭᠡᠴᠡᠯᠳᠦᠨ᠂ ᠤᠯᠤᠰ ᠤᠨ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠢ ᠳᠠᠬᠢᠨ ᠠᠰᠢᠭᠯᠠᠬᠤ ᠲᠤᠷᠰᠢᠯᠳᠡ ᠶᠢᠨ ᠴᠢᠭ ᠤᠨ ᠬᠦᠷᠢᠶ᠎ᠡ ᠬᠡᠪᠴᠢᠶᠡᠨ ᠳᠤ ᠵᠢᠬᠰᠠᠭᠠᠭᠳᠠᠬᠤ ᠶᠢ ᠬᠦᠭᠡᠭᠡᠴᠡᠯᠳᠦᠵᠤ᠂ ᠬᠤᠲᠠ ᠶᠢᠨ ᠪᠦᠲᠦᠭᠡᠨ ᠪᠠᠶᠢᠭᠤᠯᠤᠯᠳᠡ ᠬᠦᠭᠵᠢᠯᠳᠡ ᠶᠢᠨ ᠭᠠᠵᠠᠷ ᠬᠡᠷᠡᠭᠯᠡᠬᠦ ᠱᠠᠭᠠᠷᠳᠠᠯᠭ᠎ᠠ ᠶᠢ ᠪᠦᠬᠦ ᠬᠦᠴᠦ ᠪᠠᠷ ᠪᠠᠲᠤᠯᠠᠨ᠎ᠠ᠃ ᠬᠤᠲᠠ ᠶᠢᠨ ᠲᠦᠯᠦᠪᠵᠢᠭᠦᠯᠭᠡ ᠶᠢᠨ ᠬᠠᠤᠯᠢ ᠬᠡᠷᠡᠭᠵᠢᠭᠦᠯᠬᠦ ᠶᠢ ᠬᠢᠨᠠᠨ ᠪᠠᠶᠢᠴᠠᠭᠠᠬᠤ ᠬᠦᠴᠦᠯᠡᠴᠠ ᠪᠠᠨ ᠶᠡᠭᠡᠰᠭᠡᠨ᠂ ᠬᠤᠲᠠ ᠶᠢᠨ ᠶᠠᠪᠤᠳᠠᠯ ᠤᠨ ᠰᠠᠭᠤᠷᠢ ᠪᠦᠲᠦᠭᠡᠨ ᠪᠠᠶᠢᠭᠤᠯᠤᠯᠳᠡ᠂ ᠪᠠᠷᠢᠯᠭ᠎ᠠ ᠶᠢᠨ ᠢᠨᠵᠧᠨᠧᠷᠢᠩ ᠤᠨ ᠴᠢᠨᠠᠷ ᠪᠤᠯᠤᠨ ᠠᠮᠤᠷ ᠲᠦᠪᠰᠢᠨ ᠤ ᠬᠠᠮᠢᠶᠠᠷᠤᠯᠳᠡ  ᠶᠢ ᠴᠢᠩᠭᠠᠳᠬᠠᠨ᠂ ᠪᠠᠷᠢᠯᠭ᠎ᠠ ᠶᠢᠨ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃      ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠳᠡ ᠪᠠ ᠪᠦᠲᠦᠭᠡᠨ ᠪᠠᠶᠢᠭᠤᠯᠤᠯᠳᠡ ᠶᠢ ᠴᠢᠩᠭᠠᠳᠬᠠᠨ᠎ᠠ᠃ ᠮᠠᠯ ᠪᠡᠯᠴᠢᠭᠡᠷ ᠤᠨ ᠲᠡᠩᠴᠡᠭᠦᠷᠢ ᠶᠢᠨ ᠳᠦᠷᠢᠮ ᠢ ᠴᠢᠩᠭ᠎ᠠ ᠲᠤᠤᠱᠯᠠᠭᠤᠯᠵᠤ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠡ ᠶᠢ ᠦᠨᠡᠨᠬᠦ ᠴᠢᠩᠭᠠᠳᠬᠠᠨ᠂ ᠵᠢᠯ ᠤᠨ ᠳᠣᠳᠣᠷ᠎ᠠ  ᠮᠠᠯ ᠤᠨ ᠲᠤᠭ᠎ᠠ ᠲᠤᠯᠤᠭᠠᠢ ᠶᠢ 4.3 ᠲᠦᠮᠡᠨ ᠳᠣᠯᠣᠭᠠᠢ ᠶᠢᠨ ᠳᠣᠳᠣᠷ᠎ᠠ ᠬᠢᠵᠠᠭᠠᠷᠯᠡᠨ᠎ᠠ᠃ᠮᠠᠯᠴᠢᠳ ᠤᠨ ᠲᠤᠰᠬᠠᠢ ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠡ ᠪᠠᠶᠢᠭᠤᠯᠬᠤ ᠶᠢ ᠢᠳᠡᠪᠬᠢᠲᠠᠢ ᠤᠳᠤᠷᠢᠳᠣᠨ ᠳᠠᠭᠠᠭᠤᠯᠵᠤ᠂ ᠤᠯᠠᠨ ᠲᠦᠷᠦᠯ ᠤᠨ ᠬᠡᠯᠪᠡᠷᠢ ᠶᠢᠨ ᠬᠡᠪᠴᠢᠶᠡᠵᠢᠭᠰᠡᠨ ᠡᠵᠡᠩᠨᠡᠯᠳᠡ ᠶᠢ ᠬᠦᠭᠵᠢᠭᠦᠯᠦᠨ᠂ ᠮᠠᠯᠵᠢᠬᠤ ᠲᠠᠷᠢᠶᠠᠯᠠᠬᠤ ᠠᠵᠤ ᠠᠬᠤᠶᠢᠯᠠᠯ ᠤᠨ ᠡᠷᠴᠢᠮᠵᠢᠭᠦᠯᠦᠨ ᠡᠵᠡᠩᠨᠡᠬᠦ ᠲᠦᠪᠰᠢᠨ ᠢ ᠳᠡᠭᠡᠭᠰᠢᠯᠡᠭᠦᠯᠦᠨ᠎ᠡ᠃ ᠰᠢᠯᠵᠢᠭᠦᠯᠦᠨ ᠬᠤᠲᠠ ᠤᠷᠤᠭᠤᠯᠬᠤ ᠮᠠᠯᠴᠢᠨ ᠲᠠᠷᠢᠶᠠᠴᠢᠨ ᠤ ᠪᠤᠯᠪᠠᠰᠤᠷᠠᠯ ᠤᠨ ᠬᠦᠴᠦᠯᠡᠴᠡ ᠶᠢ ᠶᠡᠭᠡᠰᠭᠡᠨ᠂ ᠮᠠᠯᠴᠢᠳ ᠤᠨ ᠬᠦᠳᠡᠯᠮᠦᠷᠢᠯᠡᠬᠦ ᠴᠢᠨᠠᠷ ᠴᠢᠨᠰᠠᠭ᠎ᠠ ᠪᠠ ᠠᠵᠢᠯ ᠤᠯᠬᠤ ᠠᠳᠠᠯ ᠪᠤᠰᠬᠠᠬᠤ ᠴᠢᠳᠠᠪᠤᠷᠢ ᠶᠢ ᠳᠡᠭᠡᠭᠰᠢᠯᠡᠭᠦᠯᠵᠤ᠂ ᠦᠪᠡᠷ ᠤᠨ ᠬᠦᠴᠤ ᠪᠠᠷ ᠦᠢᠯᠡᠰ ᠪᠤᠰᠬᠠᠬᠤ ᠶᠢ ᠵᠤᠷᠢᠭᠵᠢᠭᠤᠯᠤᠨ᠎ᠠ᠃  ᠮᠠᠯ ᠤᠨ ᠲᠤᠭ᠎ᠠ ᠲᠤᠯᠤᠭᠠᠢ ᠶᠢ ᠤᠯᠠᠮ ᠨᠢᠭᠡ ᠠᠯᠬᠤᠮ ᠴᠦᠭᠡᠳᠭᠡᠨ᠂  ᠴᠢᠬᠢ ᠮᠤᠳᠣ ᠪᠠ ᠦᠷ᠎ᠡ ᠮᠠᠯ ᠤᠨ ᠢᠨᠵᠧᠨᠧᠷᠢᠩ ᠢ ᠦᠷᠭᠦᠯᠵᠢᠯᠡᠭᠦᠯᠦᠨ ᠰᠠᠶᠢᠳᠣᠷ ᠠᠳᠬᠤᠵᠤ᠂ ᠰᠠᠶᠢᠬᠤᠰᠤ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠤᠨ ᠴᠢᠬᠢ ᠪᠣᠶᠢᠵᠢᠭᠤᠯᠬᠤ ᠴᠢᠨᠠᠷ ᠢ ᠲᠠᠰᠤᠷᠠᠯᠳᠡ ᠦᠭᠡᠢ ᠳᠡᠭᠡᠭᠰᠢᠯᠡᠭᠦᠯᠦᠨ᠂ ᠰᠦᠨᠢᠳ ᠦᠷ᠎ᠡ ᠶᠢᠨ ᠮᠠᠯ ᠪᠤᠶᠢᠵᠢᠭᠤᠯᠬᠤ ᠴᠢᠭ  ᠤᠨ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠵᠤ᠂ ᠰᠦᠨᠢᠳ ᠬᠤᠨᠢᠨ ᠤ ᠦᠷ᠎ᠡ ᠶᠢᠨ ᠮᠠᠯ ᠤᠨ ᠲᠠᠯᠠᠪᠠᠢ ᠶᠢ ᠪᠦᠲᠦᠭᠡᠨ ᠪᠠᠶᠢᠭᠤᠯᠤᠨ᠎ᠠ᠃ ᠲᠠᠯ᠎ᠠ ᠨᠤᠲᠤᠭ ᠤᠨ ᠳᠠᠭᠠᠭᠠᠴᠢᠯᠠᠬᠤ ᠡᠷᠭᠡ ᠶᠢ ᠵᠦᠪᠰᠢᠶᠡᠷᠬᠦ ᠳᠡᠩᠰᠠᠨ ᠳᠤ ᠳᠡᠮᠳᠡᠭᠯᠡᠨ ᠬᠡᠷᠡᠴᠢ ᠳᠡᠮᠳᠡᠭ ᠦᠭᠬᠦ ᠠᠵᠢᠯ ᠢ ᠢᠳᠡᠪᠬᠢᠲᠠᠢ ᠬᠢᠵᠤ᠂ ᠲᠠᠯ᠎ᠠ ᠨᠤᠲᠤᠭ ᠤᠨ ᠠᠮᠢ ᠠᠬᠤᠢ ᠶᠢᠨ ᠨᠦᠬᠦᠨ ᠱᠠᠩᠨᠠᠬᠤ ᠲᠤᠭᠲᠠᠯᠴᠠᠭ᠎ᠠ ᠶᠢ ᠪᠦᠬᠦ ᠲᠠᠯ᠎ᠠ ᠲᠤᠤᠱᠯᠠᠭᠤᠯᠵᠤ᠂ ᠪᠡᠭᠡᠵᠢᠩ ᠲᠢᠶᠠᠨᠵᠢᠨ ᠤ ᠡᠯᠡᠰᠤ ᠰᠢᠭᠤᠷᠭ᠎ᠠ ᠶᠢᠨ ᠡᠬᠢ ᠰᠤᠷᠪᠣᠯᠵᠢ ᠶᠢ ᠵᠠᠰᠠᠬᠤ ᠢᠨᠵᠧᠨᠧᠷᠢᠩ ᠢ ᠯᠠᠪᠳᠠᠭᠤᠨ ᠲᠦᠯᠬᠢᠨ ᠠᠬᠢᠭᠤᠯᠵᠤ᠂ 3260 ᠮᠤ᠋ ᠶᠢᠨ ᠭᠤᠤᠯᠳᠠᠯᠭ᠎ᠠ  ᠲᠠᠢ ᠤᠷᠤᠨ ᠨᠤᠲᠤᠭ ᠤᠨ ᠨᠤᠭᠤᠭᠠᠷᠠᠭᠤᠯᠤᠯᠳᠡ ᠶᠢᠨ ᠢᠨᠵᠧᠨᠧᠷᠢᠩ ᠢ ᠰᠠᠶᠢᠳᠣᠷ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠲᠠᠯ᠎ᠠ ᠨᠤᠲᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠦᠷᠭᠦᠯᠵᠢᠯᠡᠭᠦᠯᠦᠨ ᠰᠠᠶᠢᠵᠢᠷᠠᠭᠤᠯᠬᠤ ᠶᠢ ᠠᠬᠢᠭᠤᠯᠤᠨ᠎ᠠ᠃      ᠳᠦᠷᠪᠡ᠂ ᠨᠡᠶᠢᠭᠡᠮ ᠤᠨ ᠠᠵᠤ ᠦᠢᠯᠡᠰ ᠢ ᠨᠢᠭᠡᠳᠦᠯᠳᠡᠢ ᠲᠦᠯᠦᠪᠵᠢᠭᠦᠯᠦᠨ ᠬᠦᠭᠵᠢᠭᠦᠯᠵᠤ᠂ ᠠᠷᠠᠳ ᠤᠨ ᠠᠮᠢᠵᠢᠷᠭ᠎ᠠ ᠶᠢ ᠪᠠᠲᠤᠯᠠᠨ ᠰᠠᠶᠢᠵᠢᠷᠠᠭᠤᠯᠤᠨ᠎ᠠ     ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠶᠡᠭᠡ ᠬᠦᠴᠤ ᠪᠠᠷ ᠬᠡᠷᠡᠭᠵᠢᠭᠦᠯᠦᠨ᠎ᠡ᠃ ᠪᠠᠷᠢᠮᠵᠢᠶᠠᠲᠤ ᠭᠠᠴᠠᠭ᠎ᠠ ᠶᠢ ᠪᠦᠲᠦᠭᠡᠨ ᠪᠠᠶᠢᠭᠤᠯᠬᠤ ᠶᠢ ᠰᠠᠶᠢᠳᠣᠷ ᠠᠳᠬᠤᠬᠤ ᠰᠠᠭᠤᠷᠢᠨ ᠳᠡᠭᠡᠷ᠎ᠡ᠂ ᠵᠢᠱᠢᠶᠡᠴᠢ ᠢᠨᠵᠧᠨᠧᠷᠢᠩ ᠢ ᠪᠦᠬᠦ ᠬᠦᠴᠦ ᠪᠠᠷ ᠡᠭᠦᠳᠦᠨ ᠪᠠᠶᠢᠭᠤᠯᠤᠨ᠎ᠠ᠃ ᠰᠠᠶᠢᠬᠤᠰᠤ ᠭᠠᠴᠠᠭᠠᠨ ᠤ ᠴᠤᠭᠴᠠᠭᠰᠠᠨ ᠲᠦᠯᠦᠪᠵᠭᠦᠯᠭᠡ ᠶᠢ ᠨᠠᠶᠢᠷᠠᠭᠤᠯᠤᠨ ᠵᠤᠬᠢᠶᠠᠵᠤ᠂ ᠵᠡᠭᠡᠯᠢ ᠭᠤᠳᠣᠮᠵᠢ ᠶᠢ 5 ᠺᠢᠯᠤᠮᠧᠲᠷ ᠬᠠᠲᠠᠭᠤᠷᠠᠭᠤᠯᠵᠤ᠂ ᠬᠠᠭᠤᠴᠢᠨ ᠠᠶᠤᠯᠲᠠᠢ ᠭᠡᠷ ᠪᠠᠶᠢᠰᠢᠩ ᠢ ᠰᠡᠯᠪᠢᠨ ᠵᠠᠰᠠᠵᠤ᠂ ᠰᠠᠶᠢᠬᠤᠰᠤ ᠳᠤ ᠮᠤᠩᠭᠤᠯ ᠬᠢᠲᠠᠳ ᠬᠤᠶᠠᠷ ᠬᠡᠯᠡᠨ ᠤ ᠬᠡᠤᠬᠡᠳ ᠤᠨ ᠴᠡᠴᠡᠷᠯᠢᠭ ᠢ ᠪᠠᠶᠢᠭᠤᠯᠤᠨ᠂ ᠰᠤᠶᠤᠯ ᠤᠨ ᠴᠡᠴᠡᠷᠯᠢᠭ ᠪᠠ ᠪᠡᠯᠭᠡ ᠳᠡᠮᠳᠡᠭᠲᠤ ᠦᠵᠡᠮᠵᠢ ᠶᠢ ᠲᠦᠯᠦᠪᠯᠡᠨ ᠪᠠᠶᠢᠭᠤᠯᠵᠤ᠂ ᠲᠤᠰᠬᠤᠨ ᠪᠠᠯᠭᠠᠰᠤ ᠶᠢᠨ ᠳᠦᠷᠢ ᠳᠦᠷᠬᠦ ᠶᠢ ᠦᠨᠡᠨᠬᠦ ᠰᠠᠶᠢᠵᠢᠷᠠᠭᠤᠯᠤᠨ᠎ᠠ᠃ 102 ᠢᠵᠢ ᠰᠠᠶᠢᠵᠢᠷᠠᠭᠤᠯᠤᠯᠳᠡ ᠶᠢᠨ ᠴᠢᠨᠠᠷᠲᠠᠢ ᠤᠷᠤᠨ ᠰᠠᠭᠤᠴᠠ ᠶᠢᠨ ᠳᠣᠳᠣᠷ ᠵᠠᠰᠠᠯ ᠴᠢᠮᠡᠭᠯᠡᠯ ᠪᠠ ᠭᠠᠳᠠᠷ ᠬᠠᠨ᠎ᠠ ᠶᠢ ᠰᠢᠨᠡᠳᠭᠡᠨ ᠵᠠᠰᠠᠬᠤ ᠪᠠᠷᠢᠯᠭ᠎ᠠ ᠶᠢ ᠳᠠᠭᠤᠰᠬᠠᠵᠤ᠂ ᠳᠡᠭᠡᠷ᠎ᠡ ᠬᠠᠭᠠᠰ ᠵᠢᠯ ᠳᠤ ᠨᠡᠭᠦᠵᠤ ᠤᠷᠤᠬᠤ ᠶᠢ ᠪᠠᠲᠤᠯᠠᠨ᠎ᠠ᠃ ᠵᠠᠰᠠᠭ ᠤᠨ ᠤᠷᠳᠣᠨ ᠤ ᠳᠡᠮᠵᠢᠯᠭᠡ᠂ ᠨᠡᠶᠢᠭᠡᠮ ᠤᠨ ᠪᠡᠯᠡ ᠤᠷᠤᠭᠤᠯᠤᠯᠳᠡ᠂ ᠮᠠᠯᠴᠢᠨ ᠲᠠᠷᠢᠶᠠᠴᠢᠨ ᠦᠪᠡᠷ ᠢᠶᠠᠨ ᠴᠤᠭᠯᠠᠭᠤᠯᠬᠤ ᠠᠷᠭ᠎ᠠ ᠬᠡᠯᠪᠡᠷᠢ ᠶᠢ ᠬᠡᠷᠡᠭᠯᠡᠨ᠂ ᠵᠢᠯ ᠤᠨ ᠳᠣᠳᠣᠷ᠎ᠠ 46 ᠰᠠᠭᠤᠷᠢ ᠳᠣᠯᠠᠭᠠᠨ ᠫᠧᠩ ᠰᠢᠨᠡᠳᠭᠡᠨ ᠵᠠᠰᠠᠵᠤ᠂ ᠮᠠᠯᠴᠢᠨ ᠲᠠᠷᠢᠶᠠᠴᠢᠨ ᠤ ᠪᠤᠬᠢᠷᠳᠣᠯ ᠦᠭᠡᠢ ᠲᠠᠷᠢᠵᠤ ᠤᠷᠭᠤᠭᠤᠯᠬᠤ ᠦᠢᠯᠡᠰ ᠬᠦᠭᠵᠢᠭᠦᠯᠬᠦ ᠶᠢ ᠤᠳᠣᠷᠢᠳᠣᠨ ᠳᠠᠭᠠᠭᠤᠯᠵᠤ᠂ ᠪᠤᠬᠢᠷᠳᠣᠯ ᠦᠭᠡᠢ ᠵᠢᠮᠢᠰ ᠨᠤᠭᠤᠭ᠎ᠠ ᠲᠡᠭᠦᠬᠦ᠂ ᠬᠦᠳᠡᠭᠡ ᠲᠤᠰᠬᠤᠨ ᠤ ᠬᠤᠭᠤᠯᠠ ᠣᠮᠳᠠ ᠵᠡᠷᠭᠡ ᠤᠨᠴᠠᠯᠢᠭᠲᠤ ᠰᠡᠯᠡᠭᠦᠴᠡᠯ ᠤᠨ ᠲᠦᠷᠦᠯ ᠵᠦᠢᠯ ᠢ ᠨᠡᠭᠡᠭᠡᠨ ᠬᠦᠭᠵᠢᠭᠦᠯᠵᠤ᠂ ᠠᠯᠭᠤᠷ ᠠᠭᠠᠵᠢᠮ ᠢᠶᠠᠷ ᠰᠠᠶᠢᠬᠤᠰᠤ ᠶᠢ ᠰᠡᠯᠡᠭᠦᠴᠡᠨ ᠦᠵᠡᠮᠵᠢ ᠰᠤᠨᠢᠷᠬᠠᠬᠤ ᠮᠠᠯᠵᠢᠬᠤ ᠲᠠᠷᠢᠶᠠᠯᠠᠬᠤ ᠦᠢᠯᠡᠰ ᠤᠨ ᠰᠠᠭᠤᠷᠢᠨ ᠭᠠᠵᠠᠷ ᠪᠤᠯᠭᠠᠨ ᠪᠦᠲᠦᠭᠡᠨ ᠪᠠᠶᠢᠭᠤᠯᠤᠨ᠎ᠠ᠃ ᠠᠶᠢᠮᠠᠭ  ᠠᠴᠠ ᠦᠷᠨᠢᠭᠦᠯᠵᠤ ᠪᠠᠶᠢᠭ᠎ᠠ ︽ᠦᠵᠡᠰᠭᠦᠯᠡᠩᠲᠤ ᠤᠷᠲᠤ ᠬᠤᠩᠬᠢᠯ︾ ᠤᠨ ᠠᠵᠢᠯᠯᠠᠭ᠎ᠠ ᠶᠢᠨ ᠱᠠᠭᠠᠷᠳᠠᠯᠭ᠎ᠠ ᠪᠠᠷ᠂ 208 ᠤᠯᠤᠰ ᠤᠨ ᠵᠠᠮ᠂ ᠵᠢᠨᠢᠩ ᠡᠷᠢᠶᠡᠨ ᠲᠡᠮᠦᠷ ᠵᠠᠮ ᠤᠨ ᠱᠤᠭᠤᠮ᠂ ᠡᠷᠢᠶᠡᠨ ᠮᠠᠨᠳᠣᠯᠳᠣ ᠵᠠᠰᠮᠠᠯ ᠵᠠᠮ ᠳᠠᠭᠠᠤ ᠪᠠᠶᠢᠷᠢᠯᠡᠵᠤ ᠪᠠᠶᠢᠭ᠎ᠠ  ᠭᠡᠷ ᠪᠠᠶᠢᠰᠢᠩ ᠢ ᠰᠢᠨᠡᠳᠭᠡᠨ ᠵᠠᠰᠠᠵᠤ ᠴᠢᠮᠡᠭᠯᠡᠨ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ  ᠤᠨ ᠨᠦᠬᠦᠴᠡᠯ ᠢ ᠰᠠᠶᠢᠵᠢᠷᠠᠭᠤᠯᠤᠨ᠎ᠠ᠃     ᠠᠵᠢᠯ ᠤᠯᠭᠤᠬᠤ ᠠᠳᠠᠯ ᠪᠤᠰᠬᠠᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠠᠵᠢᠯ ᠤᠯᠭᠤᠬᠤ ᠠᠳᠠᠯ ᠪᠤᠰᠬᠠᠬᠤ ᠶᠢ ᠳᠡᠮᠵᠢᠬᠦ ᠲᠦᠷᠦ ᠶᠢᠨ ᠪᠤᠳᠣᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠦᠢᠯᠡᠴᠢᠯᠡᠭᠡᠨ ᠤ  ᠳᠣᠭᠳᠠᠯᠴᠠᠭ᠎ᠠ ᠶᠢ ᠲᠠᠰᠤᠷᠠᠯᠳᠡ ᠦᠭᠡᠢ ᠲᠡᠭᠦᠯᠳᠡᠷᠵᠢᠭᠦᠯᠦᠨ᠂ ᠵᠢᠯ ᠤᠨ ᠳᠣᠳᠣᠷ᠎ᠠ 800 ᠠᠵᠢᠯ ᠤᠯᠭᠤᠭᠰᠠᠨ ᠬᠦᠮᠦᠨ ᠢ ᠰᠢᠨ᠎ᠡ ᠪᠠᠷ ᠨᠡᠮᠡᠭᠳᠡᠭᠦᠯᠵᠤ᠂ ᠬᠤᠲᠠ ᠪᠠᠯᠭᠠᠰᠤᠨ ᠤ ᠳᠠᠩᠰᠠᠨ ᠳᠤ ᠳᠡᠮᠳᠡᠭᠯᠡᠭᠰᠡᠨ ᠠᠵᠢᠯ ᠠᠯᠳᠠᠭᠰᠠᠨ ᠨᠤᠷᠮ᠎ᠠ ᠶᠢ 2.4% ᠳᠣᠳᠣᠷ᠎ᠠ ᠬᠢᠵᠠᠭᠠᠷᠯᠡᠨ᠎ᠠ᠃ ᠠᠵᠢᠯ ᠤᠯᠭᠤᠬᠤ ᠠᠳᠠᠯ ᠪᠤᠰᠬᠠᠬᠤ ᠦᠢᠯᠡᠴᠢᠯᠡᠭᠡᠨ ᠤ ᠳᠠᠪᠴᠠᠩ  ᠢ ᠦᠷᠭᠡᠳᠭᠡᠵᠤ᠂ ᠪᠸᠢ ᠵᠢᠶᠠᠩ ᠤᠯᠠᠨ ᠤᠯᠤᠰ ᠤᠨ ᠤᠷᠠᠯᠢᠭ ᠤᠨ ᠪᠦᠲᠦᠭᠡᠭᠳᠡᠭᠦᠨ ᠤ ᠰᠤᠯᠢᠯᠴᠠᠭᠠᠨ ᠤ ᠲᠦᠪ ᠲᠤ ᠲᠦᠰᠢᠭᠯᠡᠨ ᠰᠤᠶᠤᠯ ᠵᠢᠭᠤᠯᠴᠢᠯᠠᠯ ᠤᠨ ᠠᠳᠠᠯ ᠪᠤᠰᠬᠠᠬᠤ ᠲᠤᠭᠤᠷᠢᠭ ᠢ ᠪᠡᠯᠡᠳᠭᠡᠨ ᠪᠠᠶᠢᠭᠤᠯᠵᠤ᠂ ᠠᠳᠠᠯ ᠪᠤᠰᠬᠠᠬᠤ ᠨᠡᠪᠴᠢᠯᠳᠡ ᠶᠢᠨ ᠰᠠᠭᠤᠷᠢᠨ ᠭᠠᠵᠠᠷ ᠤᠨ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠭᠡᠨ᠂ ᠡᠯ᠎ᠡ ᠲᠦᠷᠦᠯ ᠤᠨ ᠠᠷᠠᠳ ᠤᠯᠠᠨ ᠤ ᠦᠪᠡᠷ ᠢᠶᠠᠨ ᠠᠵᠢᠯ ᠲᠦᠷᠦᠯ ᠤᠯᠬᠤ᠂ ᠦᠪᠡᠷ ᠢᠶᠠᠨ ᠠᠳᠠᠯ ᠪᠤᠰᠬᠠᠬᠤ ᠶᠢ ᠳᠡᠮᠵᠢᠨ ᠵᠤᠷᠢᠭᠵᠢᠭᠤᠯᠤᠨ᠎ᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠢ ᠳᠠᠭᠠᠭᠤᠯᠤᠨ ᠤᠳᠤᠷᠢᠳᠴᠤ ᠦᠢᠯᠡᠰ ᠰᠤᠩᠭᠤᠬᠤ ᠲᠠᠨᠢᠯᠳᠡ ᠶᠢ ᠨᠢ ᠬᠤᠪᠢᠷᠠᠭᠠᠨ᠂ ᠵᠢᠵᠢᠭ ᠪᠢᠴᠢᠯ ᠠᠵᠤ ᠠᠬᠤᠢ ᠶᠢᠨ ᠠᠵᠢᠯ ᠤᠯᠭᠤᠬᠤ ᠪᠠᠭᠲᠠᠭᠠᠮᠵᠢ ᠶᠢ  ᠨᠢ ᠦᠷᠭᠦᠯᠵᠢᠯᠡᠨ ᠦᠷᠭᠡᠳᠭᠡᠵᠤ᠂ ᠵᠠᠰᠠᠭ ᠤᠨ ᠤᠷᠳᠣᠨ ᠠᠴᠠ ᠬᠤᠳᠠᠯᠳᠣᠨ ᠠᠪᠬᠤ ᠪᠠ ᠨᠡᠶᠢᠳᠡ ᠶᠢᠨ ᠠᠰᠠᠷᠠᠮᠵᠢ  ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠶᠡᠭᠡᠰᠭᠡᠨ᠂ ᠳᠡᠭᠡᠲᠤ ᠰᠤᠷᠭᠠᠭᠤᠯᠢ ᠲᠡᠭᠦᠰᠦᠭᠰᠡᠨ ᠰᠤᠷᠤᠭᠴᠢ᠂ ᠬᠤᠲᠠ ᠤᠷᠤᠭᠰᠠᠨ ᠮᠠᠯᠴᠢᠨ ᠲᠠᠷᠢᠶᠠᠴᠢᠨ᠂ ᠴᠡᠷᠢᠭ ᠠᠴᠠ ᠪᠠᠭᠤᠭᠰᠠᠳ ᠵᠡᠷᠭᠡ ᠤᠯᠠᠨ ᠲᠦᠮᠡᠨ ᠳᠤ ᠪᠦᠷᠢᠮᠦᠰᠦᠨ ᠠᠵᠢᠯ ᠤᠯᠭᠤᠬᠤ ᠶᠢ ᠠᠬᠢᠭᠤᠯᠤᠨ᠎ᠠ᠃ ᠬᠦᠴᠢᠷᠳᠡᠯᠳᠡᠢ ᠤᠯᠠᠨ ᠲᠦᠮᠡᠨ᠂ ᠤᠨᠴᠠᠭᠠᠢ ᠤᠯᠠᠨ ᠲᠦᠮᠡᠨ  ᠳᠤ ᠠᠵᠢᠯ ᠤᠯᠭᠤᠬᠤ ᠠᠵᠢᠯ ᠢ ᠲᠤᠪᠤᠶᠢᠮ᠎ᠠ ᠰᠠᠶᠢᠳᠣᠷ ᠠᠳᠬᠤᠵᠤ᠂ ︽ᠠᠵᠢᠯ ᠦᠭᠡᠢ︾ ᠭᠡᠷ ᠪᠦᠯᠢ ᠶᠢ ᠬᠠᠪᠰᠤᠷᠤᠨ ᠳᠡᠮᠵᠢᠬᠦ ᠬᠦᠴᠦᠯᠡᠴᠡ ᠪᠠᠨ ᠶᠡᠭᠡᠰᠭᠡᠨ᠂ ︽ᠠᠵᠢᠯ ᠦᠭᠡᠢ︾ ᠭᠡᠷ ᠪᠦᠯᠢ ᠶᠢᠨ ᠪᠠᠶᠢᠳᠠᠯ ᠤᠷᠤᠰᠢᠬᠤ ᠦᠭᠡᠢ ᠪᠠᠶᠢᠬᠤ ᠪᠠ ᠠᠳᠠᠭ ᠲᠠᠭᠠᠨ 1 ᠭᠦᠮᠦᠨ ᠲᠤᠭᠲᠠᠭᠤᠨ ᠠᠵᠢᠯ ᠤᠯᠬᠤ ᠶᠢ ᠪᠠᠲᠤᠯᠠᠨ᠎ᠠ᠃     ᠨᠡᠶᠢᠭᠡᠮ ᠤᠨ ᠪᠠᠲᠤᠯᠠᠭᠠᠨ ᠤ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠪᠠᠲᠤᠯᠠᠭᠠᠨ ᠤ ᠪᠦᠷᠭᠦᠴᠡ ᠶᠢ ᠦᠷᠭᠦᠯᠵᠢᠯᠡᠨ ᠶᠡᠭᠡᠰᠭᠡᠵᠤ᠂ ᠳᠣᠣᠷ᠎ᠠ ᠤᠷᠤᠯᠭ᠎ᠠ ᠲᠠᠢ ᠤᠯᠠᠨ ᠲᠦᠮᠡᠨ ᠤ ᠪᠠᠲᠤᠯᠠᠭ᠎ᠠ ᠳᠤ ᠤᠷᠤᠯᠴᠠᠬᠤ ᠠᠵᠢᠯ ᠢ ᠰᠠᠶᠢᠳᠣᠷ ᠬᠢᠵᠤ᠂ ᠪᠦᠬᠦ ᠬᠤᠲᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠪᠤᠯᠤᠨ ᠤᠯᠤᠰ ᠤᠨ ᠠᠯᠪᠠᠲᠠᠨ ᠤ ᠪᠠᠷᠢᠮᠵᠢᠶ᠎ᠠ ᠪᠠᠷ ᠯᠠᠪᠯᠠᠯᠳᠡ ᠪᠤᠯᠭᠠᠵᠤ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠢ ᠠᠵᠢᠯ ᠠᠴᠠ ᠪᠤᠯᠤᠭᠰᠠᠨ ᠬᠡᠮᠳᠣᠯ ᠤᠨ ᠳᠠᠭᠠᠳᠬᠠᠯ ᠤᠨ ᠬᠦᠷᠢᠶ᠎ᠡ ᠬᠡᠪᠴᠢᠶᠡᠨ ᠳᠤ ᠤᠷᠤᠭᠤᠯᠤᠨ᠎ᠠ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠨᠳᠣ ᠶᠡᠭᠡ ᠡᠪᠡᠳᠴᠢᠨ ᠤ ᠳᠠᠭᠠᠳᠬᠠᠯ ᠢ ᠪᠦᠬᠦ ᠲᠠᠯ᠎ᠠ ᠪᠠᠷ ᠬᠡᠷᠡᠭᠵᠢᠭᠦᠯᠵᠤ᠂ ᠡᠪᠡᠳᠴᠢᠨ ᠡᠮᠬᠡᠭ ᠤᠨ ᠪᠠᠴᠢᠮ ᠪᠠᠶᠢᠳᠠᠯ ᠢ ᠲᠤᠰᠠᠯᠠᠨ ᠳᠡᠮᠵᠢᠬᠦ ᠲᠤᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠬᠦᠯᠦᠨ᠎ᠡ ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠣᠵᠢᠯ ᠤᠨ ᠳᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠶᠢ ᠲᠤᠭᠲᠠᠭᠤᠨ ᠢᠶᠠᠷ ᠲᠦᠯᠬᠢᠨ ᠠᠬᠢᠭᠤᠯᠤᠨ᠎ᠠ᠃ ᠵᠢᠭᠠᠨ ᠲᠤᠭᠲᠠᠭᠠᠭᠰᠠᠨ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠰᠦᠢᠳᠭᠡᠯ ᠢ ᠰᠢᠭᠤᠳ ᠳ᠋ᠦᠩᠨᠡᠨ ᠪᠤᠳᠣᠬᠤ ᠠᠵᠢᠯ ᠢ ᠢᠳᠡᠪᠬᠢᠲᠠᠢ ᠲᠦᠯᠬᠢᠵᠤ᠂ ᠦᠭᠡᠷ᠎ᠡ ᠭᠠᠵᠠᠷ ᠡᠪᠡᠳᠴᠢᠨ ᠦᠵᠡᠬᠦᠯᠬᠦ ᠳᠤ ᠲᠡᠷᠡ ᠳᠠᠷᠤᠢ ᠳᠤᠨᠢ ᠳ᠋ᠦᠩᠨᠡᠨ ᠪᠤᠳᠣᠬᠤ ᠠᠵᠢᠯ ᠲᠦᠷᠦᠯ ᠢ ᠨᠡᠭᠡᠭᠡᠵᠤ᠂ ᠳᠦᠭᠦᠮ ᠳᠦᠳᠡ ᠦᠨᠳᠦᠷ ᠦᠷ᠎ᠡ ᠠᠰᠢᠭᠲᠤ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠠᠯᠭᠤᠷ ᠪᠠᠶᠢᠭᠤᠯᠤᠨ᠎ᠠ᠃ ᠨᠠᠰᠤᠵᠢᠯ ᠤᠨ ᠦᠢᠯᠡᠴᠢᠯᠡᠭᠡᠨ ᠤ ᠲᠤᠭᠲᠠᠯᠴᠠᠭᠠᠨ  ᠤ ᠪᠦᠲᠦᠭᠡᠨ ᠪᠠᠶᠢᠭᠤᠯᠤᠯᠳᠡ ᠶᠢ ᠲᠦᠷᠭᠡᠳᠭᠡᠨ᠂ ︽12349︾ ᠠᠷᠠᠳ ᠲᠤ ᠳᠦᠬᠦᠮ ᠨᠠᠰᠤᠲᠠᠶᠢᠴᠤᠤᠯ ᠳᠤ ᠵᠤᠷᠢᠭᠤᠯᠤᠭᠰᠠᠨ ᠰᠤᠷᠠᠭ ᠴᠢᠮᠡᠭᠡᠨ ᠤ ᠦᠢᠯᠡᠴᠢᠯᠡᠭᠡᠨ ᠤ ᠳᠠᠪᠴᠠᠩ ᠤᠨ ᠴᠢᠳᠠᠪᠤᠷᠢ ᠶᠢ ᠳᠡᠭᠦᠯᠳᠡᠷᠵᠢᠭᠦᠯᠵᠤ᠂ ᠨᠠᠰᠤᠲᠠᠶᠢᠴᠤᠤᠯ ᠳᠤ ᠬᠠᠷᠠᠭᠠᠯᠵᠠᠯ ᠲᠠᠢ ᠲᠦᠷᠦ ᠶᠢᠨ ᠪᠤᠳᠣᠯᠭ᠎ᠠ ᠶᠢ ᠰᠠᠶᠢᠳᠣᠷ ᠲᠤᠤᠱᠯᠠᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠲᠤᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠬᠤᠲᠠ ᠪᠠᠯᠭᠠᠰᠤᠨ ᠤ ᠬᠠᠮᠤᠭ ᠳᠣᠣᠷ᠎ᠠ ᠪᠠᠲᠤᠯᠠᠭ᠎ᠠ᠂ ︽ᠲᠠᠪᠤᠨ ᠪᠠᠲᠤᠯᠠᠭᠠᠲᠤ ᠡᠲᠡᠭᠡᠳ︾᠂ ︽ᠭᠤᠷᠪᠡᠨ ᠪᠠᠶᠢᠬᠤ ᠦᠭᠡᠢ ᠬᠦᠮᠦᠰ︾᠂ ᠦᠨᠦᠴᠢᠨ ᠬᠡᠤᠭᠡᠳ ᠤᠨ ᠨᠦᠭᠦᠪᠦᠷᠢ ᠶᠢᠨ ᠪᠠᠷᠢᠮᠵᠢᠶ᠎ᠠ ᠶᠢ ᠲᠤᠬᠢᠷᠠᠮᠵᠢᠲᠠᠢ ᠳᠡᠭᠡᠭᠰᠢᠯᠡᠭᠦᠯᠦᠨ᠂ ᠬᠤᠲᠠ ᠪᠠᠯᠭᠠᠰᠤᠨ ᠤ ᠬᠦᠴᠢᠷᠳᠡᠯᠳᠡᠢ ᠤᠯᠠᠨ ᠲᠦᠮᠡᠨ ᠤ ᠦᠨᠳᠦᠰᠦᠨ ᠠᠮᠢᠳᠣᠷᠠᠯ ᠤᠨ ᠱᠠᠭᠠᠷᠳᠠᠯᠭ᠎ᠠ ᠶᠢ ᠪᠠᠲᠤᠯᠠᠨ᠎ᠠ᠃ ᠨᠠᠷᠢᠯᠢᠭ ᠤᠨᠤᠪᠴᠢᠲᠠᠢ ᠶᠠᠳᠠᠭᠤ ᠶᠢ ᠳᠡᠳᠭᠦᠬᠦ ᠠᠵᠢᠯ ᠢ ᠡᠬᠢᠯᠡᠭᠦᠯᠦᠨ ᠭᠡᠷᠡᠭᠵᠢᠭᠦᠯᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠠᠮᠢᠳᠣᠷᠠᠯ ᠤᠨ ᠴᠢᠨᠠᠷ ᠴᠢᠨᠰᠠᠭ᠎ᠠ ᠶᠢ ᠦᠷ᠎ᠡ ᠪᠦᠲᠦᠮᠵᠢᠲᠠᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠴᠠᠯᠢᠩ ᠤᠨ ᠵᠢᠯᠤᠭᠤᠳᠤᠯᠭ᠎ᠠ ᠶᠢᠨ ᠱᠤᠭᠤᠮ ᠢ ᠲᠤᠬᠢᠷᠠᠮᠵᠢᠲᠠᠢ ᠲᠤᠬᠢᠷᠠᠭᠤᠯᠵᠤ᠂ ᠠᠵᠤ ᠠᠬᠤᠶᠢᠯᠠᠯ ᠤᠨ ᠠᠵᠢᠯ  ᠠᠴᠠ ᠪᠠᠨ ᠪᠠᠭᠤᠭᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠮᠦᠩᠬᠦᠨ ᠤ ᠬᠠᠷᠠᠭᠠᠯᠵᠠᠯ ᠢ ᠲᠤᠭᠲᠠᠭᠤᠨ ᠳᠡᠭᠡᠭᠰᠢᠯᠡᠭᠦᠯᠦᠨ᠎ᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠪᠤᠯᠤᠨ ᠨᠦᠬᠦᠪᠦᠷᠢ ᠶᠢᠨ ᠳᠦᠷᠢᠮ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠦᠷ᠎ᠡ ᠪᠦᠲᠦᠮᠵᠢ  ᠶᠢᠨ ᠴᠠᠯᠢᠩ ᠤᠨ ᠲᠦᠷᠢᠮ ᠢ ᠴᠢᠩᠭ᠎ᠠ ᠬᠡᠷᠡᠭᠵᠢᠭᠦᠯᠦᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠠᠵᠢᠯᠴᠢᠨ ᠤ ᠤᠷᠤᠯᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠴᠠᠯᠢᠩ ᠤᠨ ᠨᠢᠭᠡᠳᠦᠯᠳᠡᠢ ᠶᠠᠷᠢᠯᠴᠠᠬᠤ ᠳᠦᠷᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠠᠮᠤᠭ ᠳᠣᠣᠷ᠎ᠠ ᠴᠠᠯᠢᠩ ᠤᠨ ᠪᠠᠷᠢᠮᠵᠢᠶᠠᠨ ᠤ ᠬᠠᠤᠯᠢ ᠬᠡᠷᠡᠭᠵᠢᠭᠦᠯᠦᠨ ᠪᠠᠶᠢᠴᠠᠭᠠᠬᠤ ᠶᠢ ᠴᠢᠩᠭᠠᠳᠬᠠᠨ᠂ ᠬᠦᠳᠡᠯᠮᠦᠷᠢᠴᠢᠳ ᠤᠨ ᠬᠠᠤᠯᠢ ᠶᠤᠰᠤᠨ ᠤ ᠡᠷᠭᠡ ᠠᠰᠢᠭ ᠢ ᠦᠨᠡᠨᠬᠦ ᠬᠠᠮᠠᠭᠠᠯᠠᠨ᠎ᠠ᠃      ᠨᠡᠶᠢᠭᠡᠮ ᠤᠨ ᠠᠵᠢᠯ ᠦᠢᠯᠡᠰ ᠢ ᠴᠡᠴᠡᠭᠯᠡᠭᠦᠯᠦᠨ ᠬᠦᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠭᠦᠷᠢᠲᠡᠢ ᠬᠦᠭᠵᠢᠭᠦᠯᠬᠦ ᠶᠢ ᠯᠠᠪᠳᠠᠭᠤᠨ ᠲᠦᠯᠬᠢᠵᠤ᠂ ᠳᠣᠮᠳᠠᠳᠣ ᠪᠠᠭ᠎ᠠ ᠰᠤᠷᠭᠠᠭᠤᠯᠢ ᠶᠢᠨ ᠰᠤᠷᠭᠠᠯᠳᠡ ᠶᠢᠨ ᠬᠠᠮᠢᠶᠠᠷᠤᠯᠳᠡ ᠶᠢ ᠴᠢᠩᠭ᠎ᠠ ᠠᠳᠬᠤᠨ᠂ ᠪᠠᠭᠰᠢ ᠤᠷᠢᠨ ᠤᠷᠤᠭᠤᠯᠬᠤ ᠪᠠ ᠬᠦᠮᠦᠵᠢᠭᠦᠯᠬᠦ ᠲᠠᠪᠲᠠᠨ ᠪᠤᠯᠪᠠᠰᠤᠷᠠᠭᠤᠯᠬᠤ ᠬᠦᠴᠦᠯᠡᠴᠡ ᠪᠠᠨ ᠶᠡᠭᠡᠰᠭᠡᠵᠤ᠂ ᠪᠠᠭᠰᠢ ᠶᠢᠨ ᠮᠡᠷᠭᠡᠵᠢᠯ ᠤᠨ ᠴᠤᠯᠠ ᠪᠠᠷ ᠤᠷᠢᠨ ᠬᠡᠷᠡᠭᠯᠡᠬᠦ ᠪᠤᠯᠤᠨ ᠴᠠᠯᠢᠩ ᠢ ᠨᠢ ᠦᠭᠬᠦ ᠪᠡᠶᠡᠯᠡᠭᠦᠯᠬᠦ ᠠᠰᠠᠭᠤᠳᠠᠯ ᠢ ᠵᠢᠯ ᠤᠨ ᠳᠣᠳᠣᠷ᠎ᠠ ᠡᠬᠢᠯᠡᠭᠦᠯᠦᠨ ᠰᠢᠢᠳᠪᠦᠷᠢᠯᠡᠵᠤ᠂ ᠵᠢᠯ ᠳᠠᠷᠠᠭᠠᠯᠠᠨ ᠬᠦᠳᠡᠯᠦᠩᠭᠦᠢ ᠪᠡᠶᠡᠯᠡᠭᠦᠯᠬᠦ ᠤᠷᠳᠣ ᠬᠤᠭᠤᠴᠠᠭᠠᠨ ᠤ ᠲᠤᠭᠲᠠᠯᠴᠠᠭ᠎ᠠ ᠶᠢ ᠲᠤᠭᠲᠠᠭᠠᠨ᠂ ᠪᠠᠭᠰᠢ ᠶᠢᠨ ᠢᠳᠡᠪᠬᠢᠵᠢᠯ ᠢ ᠬᠦᠢᠴᠡᠳ ᠳᠠᠶᠢᠴᠢᠯᠠᠵᠤ᠂ ᠵᠢᠭᠠᠨ ᠰᠤᠷᠭᠠᠯᠳᠡ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠪᠤᠭᠤᠮᠲᠠ ᠶᠢᠨ ᠤᠨᠴᠠᠯᠢᠭᠲᠤ ᠳᠡᠭᠡᠲᠤ ᠵᠡᠷᠭᠡ ᠶᠢᠨ ᠰᠤᠷᠭᠠᠨ ᠬᠦᠮᠦᠵᠢᠯ ᠢ ᠢᠳᠡᠪᠬᠢᠲᠠᠢ ᠬᠦᠭᠵᠢᠭᠦᠯᠵᠤ᠂ ᠤᠯᠠᠨ ᠤᠯᠤᠰ ᠤᠨ ᠳᠡᠭᠡᠲᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠡᠪᠴᠢᠶ᠎ᠡ ᠶᠢ ᠶᠡᠭᠡᠰᠭᠡᠨ᠂ ᠮᠤᠩᠭᠤᠯ ᠤᠷᠤᠰ ᠤᠨ ᠳᠡᠭᠡᠳᠣ ᠵᠡᠷᠭᠡ ᠶᠢᠨ ᠰᠤᠷᠭᠠᠭᠤᠯᠢ ᠯᠤᠭ᠎ᠠ ︽2+2︾ ᠬᠤᠯᠪᠤᠭᠠᠯᠠᠨ ᠰᠤᠷᠭᠠᠭᠤᠯᠢ ᠡᠷᠬᠢᠯᠡᠬᠦ ᠲᠦᠪᠰᠢᠨ ᠢᠶᠠᠨ ᠳᠡᠭᠡᠭᠰᠢᠯᠡᠭᠦᠯᠦᠨ᠎ᠡ᠃ ᠡᠷᠢᠶᠡᠨ ᠬᠤᠲᠠ ᠶᠢᠨ ᠤᠯᠠᠨ ᠤᠯᠤᠰ ᠤᠨ ᠬᠡᠷᠡᠭᠯᠡᠭᠡᠨ ᠤ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠲᠤ ᠰᠤᠷᠭᠠᠭᠤᠯᠢ ᠶᠢ ᠭᠤᠶᠤᠴᠢᠯᠠᠨ ᠪᠠᠶᠢᠭᠤᠯᠵᠤ᠂ ᠪᠤᠭᠤᠮᠲᠠ ᠶᠢᠨ ᠬᠤᠪᠤᠷ ᠬᠤᠮᠰᠠ᠂ ᠬᠡᠷᠡᠭᠯᠡᠭᠡᠨ ᠤ ᠲᠦᠷᠦᠯ ᠤᠨ ᠴᠢᠳᠠᠪᠤᠷᠢᠳᠠᠨ ᠢ ᠬᠦᠮᠦᠵᠢᠭᠦᠯᠬᠦ ᠶᠢ ᠲᠦᠷᠭᠡᠳᠭᠡᠨ᠎ᠡ᠃ ᠯᠠᠨ ᠲᠢᠶᠠᠨ  ᠬᠡᠤᠭᠡᠳ ᠤᠨ ᠴᠡᠴᠡᠷᠯᠢᠭ᠂ ᠦᠨᠳᠦᠰᠤᠳᠡᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠳᠡ ᠶᠢ ᠪᠡᠶᠡᠯᠡᠭᠦᠯᠵᠤ᠂ ᠤᠯᠠᠨ ᠤᠯᠤᠰ  ᠤᠨ ᠳᠡᠭᠡᠲᠤ ᠰᠤᠷᠭᠠᠭᠤᠯᠢ ᠶᠢᠨ ᠰᠢᠨ᠎ᠡ ᠰᠣᠷᠭᠠᠭᠤᠯᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠳᠡ ᠶᠢᠨ ᠠᠬᠢᠴᠠ  ᠶᠢ ᠲᠦᠷᠭᠡᠳᠭᠡᠵᠤ᠂ ᠰᠤᠷᠭᠠᠨ ᠬᠦᠮᠦᠵᠢᠯ ᠤᠨ ᠬᠦᠭᠵᠢᠯᠳᠡ ᠶᠢᠨ ᠬᠠᠳᠠᠭᠤ ᠲᠤᠨᠤᠭ ᠤᠨ ᠨᠦᠭᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ  ᠶᠡᠷᠦᠩᠬᠡᠢ ᠦᠭᠡᠷᠡᠴᠢᠯᠡᠯᠳᠡ  ᠶᠢᠨ ᠲᠤᠷᠰᠢᠯᠳᠡ ᠶᠢᠨ ᠴᠡᠭ ᠢ ᠲᠦᠯᠬᠢᠨ ᠠᠬᠢᠭᠤᠯᠬᠤ ᠪᠠᠷ ᠭᠤᠤᠯᠳᠠᠯᠭ᠎ᠠ ᠪᠤᠯᠭᠠᠵᠤ᠂ ᠬᠤᠲᠠ ᠶᠢᠨ ᠡᠮᠨᠡᠯᠭᠡ ᠶᠢᠨ ᠬᠤᠷᠢᠶ᠎ᠠ ᠪᠤᠯᠤᠨ ᠮᠤᠩᠭᠤᠯ ᠬᠢᠲᠠᠳ ᠡᠮᠨᠡᠯᠭᠡ ᠶᠢᠨ ᠬᠤᠷᠢᠶᠠᠨ ᠤ ᠭᠤᠤᠯᠳᠠᠯᠭ᠎ᠠ ᠲᠠᠢ ᠲᠤᠰᠬᠠᠢ ᠰᠠᠯᠠᠭᠠᠨ ᠤ ᠪᠦᠲᠦᠭᠡᠨ ᠪᠠᠶᠢᠭᠤᠯᠤᠯᠳᠡ ᠪᠠ ᠲᠤᠬᠠᠶᠢᠯᠠᠭᠰᠠᠨ ᠠᠵᠢᠯ ᠤᠨ ᠭᠤᠤᠯᠯᠠᠭᠴᠢ ᠶᠢ ᠬᠦᠮᠦᠵᠢᠭᠦᠯᠬᠦ ᠪᠠᠨ ᠴᠢᠩᠭᠠᠳᠬᠠᠨ᠂ ᠡᠮᠴᠢᠯᠡᠭᠡᠨ ᠤ ᠠᠪᠤᠷᠠᠨ ᠵᠠᠰᠠᠬᠤ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠤᠨ ᠬᠦᠷᠢᠶ᠎ᠡ ᠴᠠᠷ ᠳᠠᠬᠢ ᠴᠢᠳᠠᠪᠤᠷᠢᠲᠠᠨ ᠢ ᠤᠷᠢᠬᠤ ᠰᠢᠯᠭᠠᠨ ᠠᠪᠬᠤ ᠵᠢᠯ ᠤᠨ ᠲᠦᠯᠦᠪᠯᠡᠭᠡ ᠶᠢ ᠪᠠᠶᠢᠭᠤᠯᠤᠨ᠂ ᠤᠯᠠᠨ ᠳᠠᠪᠬᠤᠷᠭ᠎ᠠ ᠪᠠᠷ ᠴᠢᠳᠠᠪᠤᠷᠢᠲᠠᠨ ᠤᠷᠢᠨ ᠤᠷᠤᠭᠤᠯᠬᠤ ᠶᠢ ᠬᠡᠪᠰᠢᠭᠦᠯᠬᠦ ᠶᠢ ᠪᠡᠶᠡᠯᠡᠭᠦᠯᠵᠤ᠂ ᠪᠦᠬᠦ ᠬᠤᠲᠠ ᠶᠢᠨ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪᠰᠢᠨ ᠤ ᠵᠢᠯ ᠳᠠᠷᠠᠭᠠᠯᠠᠨ ᠳᠡᠭᠡᠭᠰᠢᠯᠡᠭᠦᠯᠬᠦ ᠶᠢ ᠪᠠᠲᠤᠯᠠᠨ᠎ᠠ᠃ ᠬᠦᠮᠦᠨ ᠠᠮᠠ ᠲᠦᠯᠦᠪᠯᠡᠭᠡᠲᠤ ᠦᠷᠡᠵᠢᠯ ᠤᠨ ᠠᠵᠢᠯ ᠢ ᠴᠢᠩᠭᠠᠳᠬᠠᠨ᠂ ᠲᠦᠷᠦᠵᠤ ᠭᠠᠷᠬᠤ ᠬᠦᠮᠦᠨ ᠠᠮᠠ ᠶᠢᠨ ᠤᠤᠷ ᠴᠢᠨᠠᠷ ᠢ ᠳᠡᠭᠡᠭᠰᠢᠯᠡᠭᠦᠯᠦᠨ᠎ᠡ᠃ ᠢᠳᠡᠭᠡᠨ ᠡᠮ ᠤᠨ ᠵᠦᠢᠯᠡᠰ ᠤᠨ ᠬᠢᠨᠠᠨ ᠬᠠᠮᠢᠶᠠᠷᠤᠯᠳᠡ ᠶᠢ ᠴᠢᠩᠭᠠᠳᠬᠠᠨ᠂ ᠤᠤᠭᠤᠵᠤ ᠢᠳᠡᠬᠦ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ ᠤᠯᠠᠨ ᠨᠡᠶᠢᠳᠡ ᠶᠢᠨ ᠰᠤᠶᠤᠯ ᠶᠢᠨ ᠦᠢᠯᠡᠰ ᠤᠨ ᠬᠦᠭᠵᠢᠯᠳᠡ ᠶᠢ ᠲᠦᠷᠭᠡᠳᠭᠡᠨ᠂ ᠨᠤᠮ ᠤᠨ ᠰᠠᠩ ᠢ ᠠᠵᠢᠯ ᠡᠬᠢᠯᠡᠭᠦᠯᠦᠨ ᠪᠠᠶᠢᠭᠤᠯᠵᠤ᠂ ᠬᠤᠲᠠ ᠶᠢᠨ ᠲᠤᠭᠠᠴᠢᠯᠠᠭᠰᠠᠨ ᠺᠢᠨᠤ᠋ ᠶᠢᠨ ᠤᠷᠳᠣᠨ ᠤ ᠡᠷᠬᠢᠯᠡᠨ ᠡᠵᠡᠩᠨᠡᠬᠦ ᠶᠢ ᠲᠦᠯᠬᠢᠨ᠎ᠠ᠃ ᠬᠦᠯ ᠪᠦᠮᠪᠦᠭᠡ ᠶᠢᠨ ᠬᠦᠳᠡᠯᠭᠡᠭᠡᠨ ᠢ ᠶᠡᠭᠡᠪᠡᠷ ᠳᠡᠯᠭᠡᠷᠡᠭᠦᠯᠦᠨ ᠲᠦᠭᠡᠮᠡᠯᠵᠢᠭᠦᠯᠵᠤ᠂ ᠪᠦᠬᠦ ᠬᠤᠲᠠ  ᠶᠢᠨ ᠬᠦᠯ ᠪᠦᠮᠪᠦᠭᠡ ᠶᠢᠨ ᠦᠭᠡᠷᠡᠴᠢᠯᠡᠯᠳᠡ ᠬᠦᠭᠵᠢᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠬᠡᠷᠡᠭᠵᠢᠭᠦᠯᠵᠤ᠂ ᠮᠤᠩᠭᠤᠯ ᠤᠷᠤᠰ ᠤᠨ ᠬᠠᠮᠢᠶ᠎ᠠ ᠪᠦᠬᠦᠢ ᠭᠠᠵᠠᠷ ᠤᠷᠤᠨ ᠯᠤᠭ᠎ᠠ ᠬᠦᠯ ᠪᠦᠮᠪᠦᠭᠡ ᠶᠢᠨ ᠬᠤᠯᠪᠤᠭᠠᠲᠤ ᠲᠡᠮᠡᠴᠡᠭᠡᠨ ᠤ ᠠᠵᠢᠯᠯᠠᠭ᠎ᠠ ᠶᠢ ᠦᠷᠨᠢᠭᠦᠯᠦᠨ᠂ ᠳᠣᠮᠳᠠᠳᠣ ᠮᠤᠩᠭᠤᠯ ᠤᠷᠤᠰ ᠤᠨ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠬᠤ ᠶᠢ ᠲᠦᠯᠬᠢᠵᠤ ᠫᠠᠶᠢᠰᠠ ᠡᠯᠭᠦᠵᠤ ᠪᠠᠶᠢᠭᠤᠯᠤᠨ᠎ᠠ᠃     ᠲᠠᠪᠤ᠂ ᠨᠡᠶᠢᠭᠡᠮ ᠤᠨ ᠵᠠᠰᠠᠨ ᠬᠠᠮᠢᠶᠠᠷᠤᠯᠳᠡ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠪᠤᠯᠪᠠᠰᠤᠨ ᠡᠶ᠎ᠡ ᠵᠤᠬᠢᠴᠠᠩᠭᠤᠢ ᠪᠤᠭᠤᠮᠲᠠ ᠶᠢ ᠪᠠᠶᠢᠭᠤᠯᠤᠨ᠎ᠠ     ᠨᠡᠶᠢᠭᠡᠮ ᠤᠨ ᠵᠠᠰᠠᠨ ᠬᠠᠮᠢᠶᠠᠷᠤᠯᠳᠡ ᠶᠢ ᠡᠮᠬᠢ ᠳᠠᠷᠠᠭ᠎ᠠ ᠲᠠᠢ ᠲᠦᠯᠬᠢᠨ ᠠᠬᠢᠭᠤᠯᠤᠨ᠎ᠠ᠃ ᠨᠡᠶᠢᠭᠡᠮ ᠲᠤᠭᠤᠷᠢᠭ  ᠤᠨ ᠦᠢᠯᠡᠴᠢᠯᠡᠭᠡ ᠪᠣᠯᠤᠨ ᠬᠠᠮᠢᠶᠠᠷᠤᠯᠳᠡ ᠶᠢᠨ ᠴᠢᠳᠠᠪᠬᠢ ᠶᠢ ᠦᠷᠭᠡᠳᠭᠡᠨ᠂ ᠨᠡᠶᠢᠭᠡᠮ ᠲᠤᠭᠤᠷᠢᠭ ᠨᠡᠶᠢᠭᠡᠮ ᠤᠨ ᠵᠤᠬᠢᠶᠠᠨ ᠪᠠᠶᠢᠭᠤᠯᠤᠯᠳᠡ ᠶᠢ ᠢᠳᠡᠪᠬᠢᠲᠠᠢ ᠪᠤᠶᠢᠵᠢᠭᠤᠯᠵᠤ᠂ ᠡᠯ᠎ᠡ ᠲᠦᠷᠦᠯ ᠤᠨ ᠲᠤᠬᠠᠶᠢᠯᠠᠭᠰᠠᠨ ᠠᠵᠢᠯ ᠤᠨ ᠨᠡᠶᠢᠭᠡᠮ ᠤᠨ ᠰᠠᠶᠢᠨ ᠳᠤᠷ᠎ᠠ ᠶᠢᠨ ᠠᠵᠢᠯᠳᠠᠨ ᠤ ᠡᠩᠨᠡᠭᠡ ᠶᠢ ᠬᠦᠭᠵᠢᠭᠦᠯᠦᠨ ᠪᠤᠵᠠᠭᠠᠶᠢᠷᠠᠭᠤᠯᠵᠤ᠂ ᠨᠡᠶᠢᠭᠡᠮ ᠲᠤᠭᠤᠷᠢᠭ᠂ ᠨᠡᠶᠢᠭᠡᠮ ᠤᠨ ᠵᠤᠬᠢᠶᠠᠨ ᠪᠠᠶᠢᠭᠤᠯᠤᠯᠳᠡ᠂ ᠨᠡᠶᠢᠭᠡᠮ ᠲᠤᠭᠤᠷᠢᠭ ᠤᠨ ᠰᠠᠶᠢᠨ ᠲᠤᠷ᠎ᠠ ᠶᠢᠨ ᠠᠵᠢᠯᠲᠠᠨ ︽ᠭᠤᠷᠪᠠᠨ ᠨᠡᠶᠢᠭᠡᠮ ᠬᠤᠯᠪᠤᠭᠠᠯᠠᠨ ᠬᠦᠳᠡᠯᠤᠯᠴᠡᠬᠦ︾ ᠪᠠᠶᠢᠷᠢᠯᠠᠭᠤᠯᠤᠯᠳᠡ ᠶᠢ ᠠᠯᠬᠤᠮ ᠳᠠᠷᠠᠭᠠᠯᠠᠨ ᠪᠤᠢ ᠪᠤᠯᠭᠠᠨ᠎ᠠ᠃ ᠨᠡᠶᠢᠭᠡᠮ ᠤᠨ ᠲᠤᠭᠲᠠᠭᠤᠨ ᠲᠦᠭᠰᠢᠭᠦᠷᠢ ᠶᠢ ᠦᠨᠡᠯᠡᠨ ᠵᠢᠱᠢᠬᠦ ᠲᠤᠭᠲᠠᠯᠴᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠵᠦᠷᠢᠴᠡᠯ ᠮᠠᠷᠭᠤᠭᠠᠨ ᠢ ᠠᠷᠢᠯᠭᠠᠨ ᠪᠠᠶᠢᠴᠠᠭᠠᠵᠤ ᠦᠭᠡᠶᠢᠰᠭᠡᠬᠦ ᠠᠵᠢᠯᠯᠠᠭ᠎ᠠ ᠶᠢ ᠬᠦᠨᠵᠡᠭᠡᠢ ᠦᠷᠨᠢᠭᠦᠯᠵᠤ᠂ ᠤᠳᠤᠷᠢᠳᠣᠯᠭ᠎ᠠ ᠶᠢᠨ ᠬᠡᠷᠡᠭ ᠵᠠᠷᠭᠤ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠲᠤᠤᠱᠯᠠᠭᠤᠯᠤᠨ᠂ ᠤᠳᠤᠷᠢᠳᠬᠤ ᠺᠠᠳ᠋ᠷ ᠤᠨ ᠶᠡᠭᠡ ᠵᠠᠬᠢᠳᠠᠯ ᠰᠤᠷᠪᠤᠯᠵᠢᠯᠠᠭ᠎ᠠ ᠲᠤᠰᠬᠤ ᠶᠡᠷᠦᠮᠳᠡᠭ ᠪᠠᠶᠢᠳᠠᠯ ᠢ ᠲᠦᠯᠬᠢᠨ ᠠᠬᠢᠭᠤᠯᠵᠤ᠂ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠠᠶᠢᠳᠣᠷ ᠰᠢᠢᠳᠪᠦᠷᠢᠯᠡᠨ᠎ᠠ᠃ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠬᠦᠴᠦᠯᠡᠴᠡ ᠶᠢ ᠶᠡᠭᠡᠰᠭᠡᠨ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠶᠢᠨ ᠴᠢᠩᠭ᠎ᠠ ᠳᠠᠷᠤᠩᠭᠤᠶᠢᠯᠠᠬᠤ ᠪᠠᠶᠢᠳᠠᠯ ᠢᠶᠠᠨ ᠴᠠᠭ ᠢᠮᠠᠭᠳᠡ ᠪᠠᠲᠤᠯᠠᠨ᠂ ᠠᠷᠠᠳ ᠲᠦᠮᠡᠨ ᠤ ᠠᠮᠤᠷ ᠲᠠᠶᠢᠪᠤᠩ ᠰᠡᠳᠬᠢᠭᠳᠡᠯ ᠢ ᠳᠡᠭᠡᠭᠰᠢᠯᠡᠭᠦᠯᠦᠨ᠎ᠡ᠃ ᠬᠢᠯᠢ ᠶᠢ ᠬᠠᠮᠢᠶᠠᠷᠬᠤ ᠬᠢᠯᠢ  ᠶᠢ ᠡᠷᠬᠡᠰᠢᠶᠡᠬᠦ ᠬᠦᠴᠦᠯᠡᠴᠡ ᠪᠠᠨ ᠦᠷᠭᠦᠯᠵᠢᠯᠡᠨ ᠶᠡᠭᠡᠰᠭᠡᠵᠤ᠂ ᠬᠢᠯᠢ ᠬᠢᠵᠠᠭᠠᠷ ᠤᠨ ᠠᠮᠤᠷ ᠲᠠᠶᠢᠪᠤᠩ ᠲᠤᠭᠲᠠᠭᠤᠨ  ᠢ ᠪᠠᠲᠤᠯᠠᠨ᠎ᠠ᠃ ᠭᠡᠨᠡᠳᠳᠡ ᠡᠭᠦᠰᠬᠦ ᠤᠯᠠᠨ ᠨᠡᠶᠢᠳᠡ ᠶᠢᠨ ᠬᠡᠷᠡᠭ ᠤᠴᠢᠷ ᠢ ᠪᠠᠴᠢᠮ ᠠᠷᠭᠠᠴᠠᠬᠤ ᠲᠤᠭᠲᠠᠯᠴᠠᠭ᠎ᠠ ᠶᠢ ᠪᠦᠷᠢᠨᠰᠢᠭᠦᠯᠵᠤ  ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠ ᠰᠢᠢᠳᠭᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠦᠨᠳᠦᠷ ᠠᠶᠤᠯᠳᠣ ᠠᠵᠢᠯ ᠦᠢᠯᠡᠰ᠂ ᠤᠯᠠᠨ ᠨᠡᠶᠢᠳᠡ ᠶᠢᠨ ᠲᠠᠯᠠᠪᠤᠷ ᠵᠡᠷᠭᠡ ᠭᠤᠤᠯᠳᠠᠯᠭ᠎ᠠ  ᠲᠠᠢ ᠬᠦᠷᠢᠶ᠎ᠡ ᠴᠠᠷ ᠤᠨ ᠠᠶᠤᠯ ᠤᠨ ᠦᠨᠳᠦᠰᠤ ᠶᠢ ᠠᠷᠢᠯᠭᠠᠨ ᠪᠠᠶᠢᠴᠠᠭᠠᠵᠤ ᠵᠠᠰᠠᠨ ᠴᠡᠭᠴᠡᠯᠡᠬᠦ ᠪᠠᠨ ᠴᠢᠩᠭᠠᠳᠬᠠᠨ᠂ ᠬᠦᠨᠳᠣ ᠶᠡᠭᠡ ᠬᠡᠷᠡᠭ ᠤᠴᠢᠷ ᠤᠨ ᠡᠭᠦᠰᠬᠦ ᠶᠢ ᠪᠦᠲᠦᠮᠵᠢᠲᠠᠢ ᠬᠤᠷᠢᠭᠯᠠᠨ᠎ᠠ᠃ ᠬᠤᠲᠠ ᠶᠢᠨ ᠦᠨᠳᠦᠰᠦᠳᠡᠨ ᠤ ᠠᠵᠢᠯ ᠢ ᠴᠢᠩᠭᠠᠳᠬᠠᠨ᠂ ᠡᠯ᠎ᠡ ᠲᠦᠷᠦᠯ ᠤᠨ ᠱᠠᠰᠢᠨ ᠰᠤᠷᠲᠠᠬᠤᠨ ᠤ ᠠᠵᠢᠯᠯᠠᠭ᠎ᠠ ᠶᠢ ᠬᠠᠤᠯᠢ ᠶᠤᠰᠤᠭᠠᠷ ᠬᠠᠮᠢᠶᠠᠷᠴᠤ᠂ ᠦᠨᠳᠦᠰᠦᠳᠠᠨ ᠤ ᠪᠦᠯᠭᠦᠮᠳᠡᠯ᠂ ᠱᠠᠰᠢᠨ ᠰᠤᠷᠲᠠᠬᠤᠨ ᠤ ᠡᠶ᠎ᠡ ᠵᠤᠬᠢᠴᠠᠯ ᠲᠠᠢ ᠪᠠᠶᠢᠬᠤ ᠶᠢ ᠪᠦᠬᠦ ᠬᠦᠴᠦ ᠪᠠᠷ ᠢᠶᠠᠨ ᠬᠠᠮᠠᠭᠠᠯᠠᠨ᠎ᠠ᠃ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ︽ᠭᠤᠷᠪᠠᠨᠳᠡ ᠮᠠᠩᠯᠠᠶᠢᠯᠠᠬᠤ︾ ᠶᠢ ᠲᠡᠮᠡᠴᠡᠨ ᠤᠯᠵᠤ᠂ ᠴᠡᠷᠢᠭ ᠴᠠᠭᠳᠠᠭ᠎ᠠ ᠠᠷᠠᠳ ᠬᠠᠮᠲᠤᠪᠠᠷ ᠬᠤᠯᠪᠤᠭᠠᠯᠠᠨ ᠰᠠᠷᠭᠡᠶᠢᠯᠡᠬᠦ ᠲᠤᠭᠲᠠᠯᠴᠠᠭ᠎ᠠ ᠶᠢ ᠲᠡᠭᠦᠯᠳᠡᠷᠵᠢᠭᠦᠯᠦᠨ᠂ ᠡᠭᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠤᠭᠲᠠᠭᠤᠨ ᠬᠠᠯᠬᠠᠪᠴᠢ ᠶᠢ ᠪᠠᠬᠢᠵᠢᠭᠦᠯᠦᠨ᠎ᠡ᠃      ᠤᠶᠤᠨ ᠤ ᠪᠤᠯᠪᠠᠰᠤᠨ ᠪᠤᠯᠤᠨ ᠠᠷᠠᠳᠴᠢᠯᠠᠯ ᠬᠠᠤᠯᠢ ᠲᠦᠷᠢᠮ ᠤᠨ ᠪᠦᠲᠦᠭᠡᠨ ᠪᠠᠶᠢᠭᠤᠯᠤᠯᠳᠡ ᠶᠢ ᠴᠢᠩᠭᠠᠳᠬᠠᠨ᠎ᠠ᠃ ᠪᠦᠬᠦ ᠤᠯᠤᠰ ᠤᠨ ᠪᠤᠯᠪᠠᠰᠤᠨ ᠬᠤᠲᠠ ᠶᠢ ᠲᠡᠮᠡᠴᠡᠨ ᠪᠠᠶᠢᠭᠤᠯᠬᠤ ᠪᠠᠷ ᠲᠤᠬᠢᠶᠠᠯ ᠪᠤᠯᠭᠠᠨ᠂ ᠤᠯᠠᠨ ᠲᠦᠮᠡᠨᠴᠢ ᠴᠢᠨᠠᠷᠲᠠᠢ ᠤᠶᠤᠨ ᠤ ᠪᠤᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠡᠨ ᠳᠡᠯᠭᠡᠷᠡᠩᠭᠦᠢ ᠦᠷᠨᠢᠭᠦᠯᠵᠤ᠂ ᠦᠷᠭᠡᠨ ᠤᠯᠠᠨ ᠬᠤᠲᠠ ᠶᠢᠨ ᠠᠷᠠᠳ ᠤᠨ ᠶᠤᠰᠤ ᠰᠤᠷᠲᠠᠬᠤᠨ ᠪᠤᠯᠪᠠᠰᠤᠨ ᠤᠤᠷ ᠴᠢᠨᠠᠷ ᠪᠤᠯᠤᠨ ᠪᠤᠭᠤᠮᠲᠠ ᠶᠢᠨ ᠨᠡᠶᠢᠭᠡᠮ ᠤᠨ ᠪᠤᠯᠪᠠᠰᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠠᠰᠠᠭ ᠤᠨ ᠤᠷᠳᠣᠨ ᠤ ᠴᠢᠳᠠᠪᠬᠢ ᠶᠢ ᠪᠦᠬᠦ ᠲᠠᠯ᠎ᠠ ᠪᠠᠷ ᠬᠠᠤᠯᠢ ᠶᠤᠰᠤᠭᠠᠷ ᠬᠡᠷᠡᠭᠵᠢᠭᠦᠯᠵᠤ᠂ ᠵᠠᠰᠠᠭ ᠤᠨ ᠤᠷᠳᠣᠨ ᠤ ᠡᠷᠭᠡ  ᠶᠢᠨ ᠨᠠᠷᠢᠨ ᠳᠠᠩᠰᠠ ᠶᠢᠨ ᠳᠦᠷᠢᠮ ᠢ ᠢᠳᠡᠪᠬᠢᠲᠠᠢ ᠲᠦᠯᠬᠢᠨ᠂ ᠬᠠᠤᠯᠢ ᠶᠤᠰᠤᠭᠠᠷ ᠬᠤᠲᠠ ᠪᠠᠨ ᠵᠠᠰᠠᠬᠤ ᠠᠬᠢᠴᠠ  ᠶᠢ ᠪᠦᠬᠦ ᠬᠦᠴᠦ ᠪᠠᠷ ᠲᠦᠯᠬᠢᠨ ᠠᠬᠢᠭᠤᠯᠤᠨ᠎ᠠ᠃ ᠵᠠᠰᠠᠭ ᠤᠨ ᠤᠷᠳᠣᠨ ᠤ ᠬᠠᠤᠯᠢ ᠶᠤᠰᠤᠨ ᠤ ᠰᠢᠢᠳᠪᠦᠷᠢᠲᠤ ᠪᠤᠳᠣᠯᠭ᠎ᠠ ᠶᠢᠨ ᠳᠦᠷᠢᠮ ᠲᠤᠭᠲᠠᠯᠴᠠᠭ᠎ᠠ ᠶᠢ ᠪᠦᠷᠢᠨᠰᠢᠭᠦᠯᠵᠤ᠂ ᠤᠯᠠᠨ ᠲᠦᠮᠡᠨ ᠤᠷᠤᠯᠴᠠᠬᠤ᠂ ᠲᠤᠰᠬᠠᠢ ᠮᠡᠷᠭᠡᠵᠢᠯᠳᠡᠨ ᠨᠤᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠤᠰᠤᠨ ᠤ ᠬᠢᠨᠠᠨ ᠪᠠᠶᠢᠴᠠᠭᠠᠬᠤ ᠪᠠ ᠤᠯᠠᠨ ᠨᠡᠶᠢᠳᠡ ᠪᠠᠷ ᠶᠠᠷᠢᠯᠴᠠᠨ ᠲᠤᠭᠲᠠᠭᠠᠬᠤ ᠶᠢ ᠬᠠᠤᠯᠢ ᠳᠤ ᠲᠤᠭᠲᠠᠭᠠᠭᠰᠠᠨ ᠲᠡᠰ ᠳᠠᠷᠠᠭ᠎ᠠ ᠪᠤᠯᠭᠠᠨ᠂ ᠵᠠᠰᠠᠭ  ᠤᠨ ᠤᠷᠳᠣᠨ ᠤ ᠰᠢᠢᠳᠪᠦᠷᠢᠲᠤ ᠪᠤᠳᠣᠯᠭ᠎ᠠ ᠶᠢᠨ ᠰᠢᠨᠵᠢᠯᠡᠬᠦ ᠤᠬᠠᠭᠠᠨᠴᠢ᠂ ᠠᠷᠠᠳᠴᠢᠯᠠᠭᠰᠠᠨ ᠪᠤᠯᠤᠨ ᠬᠠᠤᠯᠢ ᠳᠦᠷᠢᠮᠵᠢᠬᠦ ᠶᠢ ᠲᠦᠯᠬᠢᠨ ᠠᠬᠢᠭᠤᠯᠤᠨ᠎ᠠ᠃ ︽ᠵᠢᠷᠭᠤᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠦᠯᠦᠪᠵᠢᠭᠦᠯᠭᠡ ᠶᠢᠨ ᠬᠠᠷᠠᠯᠳᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠤ᠂ ᠨᠡᠶᠢᠭᠡᠮ ᠵᠢᠷᠦᠮ ᠤᠨ ᠬᠠᠤᠯᠢ  ᠪᠠᠷ ᠵᠠᠰᠠᠬᠤ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠦᠷᠭᠡᠨ ᠤᠯᠠᠨ ᠬᠤᠲᠠ ᠶᠢᠨ ᠠᠷᠠᠳ ᠤᠨ ᠬᠠᠤᠯᠢ  ᠪᠠᠷ ᠵᠠᠰᠠᠬᠤ ᠰᠠᠨᠠᠭᠠᠴᠢᠯᠭᠠᠲᠤ ᠴᠢᠨᠠᠷ ᠢ ᠴᠢᠩᠭᠠᠳᠬᠠᠵᠤ᠂ ᠬᠠᠤᠯᠢ ᠶᠢ ᠰᠠᠬᠢᠪᠠᠯ ᠦᠩᠭᠡ ᠭᠡᠷᠡᠯᠳᠡᠢ᠂ ᠬᠠᠤᠯᠢ ᠠᠴᠠ ᠵᠦᠷᠢᠴᠡᠪᠡᠯ ᠢᠴᠢᠭᠦᠷᠢᠳᠡᠢ ᠬᠡᠬᠦ ᠨᠡᠶᠢᠭᠡᠮ ᠤᠨ ᠪᠠᠶᠢᠳᠠᠯ ᠢ ᠪᠤᠢ ᠪᠤᠯᠭᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠳᠡ ᠶᠢ ᠦᠪᠡᠷ ᠤᠨ ᠤᠬᠠᠮᠰᠠᠷ ᠠᠴᠠ  ᠪᠠᠨ ᠬᠦᠯᠢᠶᠡᠨ ᠠᠪᠴᠤ᠂ ᠤᠯᠤᠰ ᠲᠦᠷᠤ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠡ ᠪᠤᠯᠤᠨ ᠲᠦᠷᠤ ᠶᠢᠨ ᠶᠠᠪᠤᠳᠠᠯ ᠳᠤ ᠤᠷᠤᠯᠴᠠᠨ ᠲᠦᠷᠤ ᠶᠢᠨ ᠶᠠᠪᠤᠳᠠᠯ ᠢ ᠵᠦᠪᠯᠡᠬᠦ ᠶᠢ ᠶᠡᠭᠡ ᠬᠦᠴᠦ ᠪᠠᠷ ᠳᠡᠮᠵᠢᠨ᠂ ᠠᠷᠠᠳ ᠤᠨ ᠲᠦᠯᠦᠭᠡᠯᠡᠭᠴᠢ ᠶᠢᠨ ᠰᠠᠨᠠᠯ᠂ ᠵᠦᠪᠯᠡᠯᠭᠡ ᠪᠤᠯᠤᠨ ᠤᠯᠤᠰ ᠲᠦᠷᠦ ᠶᠢᠨ ᠵᠦᠪᠯᠡᠯᠭᠡᠨ ᠤ ᠰᠠᠨᠠᠯ ᠳᠣᠷᠠᠳᠣᠯᠭ᠎ᠠ ᠶᠢ ᠨᠠᠷᠢᠨ ᠬᠢᠨᠠᠮᠠᠭᠠᠢ ᠪᠡᠶᠡᠯᠡᠭᠦᠯᠦᠨ᠎ᠡ᠃ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠣᠭᠠᠨ ᠤ ᠬᠤᠯᠪᠤᠭᠠᠲᠤ ᠬᠤᠷᠠᠯ᠂ ᠨᠠᠮ ᠪᠦᠯᠦᠭ ᠤᠨ ᠪᠤᠰᠤ ᠬᠦᠮᠦᠰ ᠵᠢᠴᠢ ᠠᠷᠠᠳ ᠤᠨ ᠨᠡᠶᠢᠭᠡᠮᠯᠢᠭ ᠤᠨ ᠰᠠᠨᠠᠯ ᠢ ᠦᠷᠭᠡᠨ  ᠢᠶᠠᠷ ᠰᠤᠨᠤᠰᠴᠤ᠂ ᠤᠯᠠᠨ ᠲᠦᠮᠠᠨ ᠤ ᠬᠢᠨᠠᠯᠳᠡ ᠪᠠ ᠶᠠᠷᠢᠶ᠎ᠡ ᠬᠡᠯᠡᠯᠴᠡᠭᠡᠨ ᠤ ᠬᠢᠨᠠᠯᠳᠡ ᠶᠢ ᠰᠠᠨᠠᠭᠠᠴᠢᠯᠭ᠎ᠠ ᠠᠴᠠ ᠪᠠᠨ ᠬᠦᠯᠢᠶᠡᠨ ᠠᠪᠴᠤ᠂ ᠬᠢᠨᠠᠨ ᠪᠠᠶᠢᠴᠠᠭᠠᠬᠤ᠂ ᠬᠢᠨᠠᠨ ᠪᠤᠳᠣᠬᠤ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠪᠠᠶᠢᠭᠤᠯᠭ᠎ᠠ ᠶᠢᠨ ᠬᠠᠤᠯᠢ ᠶᠤᠰᠤᠭᠠᠷ ᠪᠡᠶ᠎ᠡ ᠪᠠᠨ ᠳᠠᠭᠠᠭᠠᠨ ᠬᠢᠨᠠᠯᠳᠡ ᠪᠠᠨ ᠬᠡᠷᠡᠭᠵᠢᠭᠦᠯᠬᠦ ᠲᠤᠰᠢᠶᠠᠯ ᠬᠠᠷᠢᠭᠤᠴᠠᠯᠭ᠎ᠠ  ᠶᠢ ᠳᠡᠮᠵᠢᠨ᠎ᠠ᠃     ᠵᠢᠷᠭᠤᠭ᠎ᠠ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠵᠠᠰᠠᠭ ᠤᠨ ᠤᠷᠳᠣᠨ ᠤ ᠬᠡᠷᠡᠭᠵᠢᠭᠦᠯᠬᠦ ᠴᠢᠳᠠᠪᠣᠷᠢ ᠶᠢ ᠦᠨᠡᠨᠬᠦ ᠳᠡᠭᠡᠭᠰᠢᠯᠡᠭᠦᠯᠦᠨ᠎ᠡ     ᠵᠠᠰᠠᠭ ᠢ ᠴᠤᠮᠬᠠᠳᠬᠠᠵᠤ ᠡᠷᠭᠡ ᠶᠢ ᠲᠠᠯᠪᠢᠵᠤ᠂ ᠬᠦᠴᠦᠨ ᠴᠢᠳᠠᠯ ᠢᠶᠠᠨ ᠳᠡᠭᠡᠭᠰᠢᠯᠡᠭᠦᠯᠦᠨ᠎ᠡ᠃ ᠵᠠᠬ᠎ᠠ ᠵᠡᠭᠡᠯᠢ ᠪᠤᠯᠤᠨ ᠵᠠᠰᠠᠭ ᠤᠨ ᠤᠷᠳᠣᠨ ᠤ ᠬᠠᠷᠢᠴᠠᠭ᠎ᠠ ᠶᠢ ᠵᠦᠪ ᠤᠨᠤᠪᠴᠢᠲᠠᠢ ᠰᠢᠢᠳᠪᠦᠷᠢᠯᠡᠵᠤ᠂ ᠵᠠᠰᠠᠭ ᠤᠨ ᠤᠷᠳᠣᠨ ᠤ ᠬᠤᠮᠠᠬᠢ ᠠᠵᠤ ᠠᠬᠤᠢ ᠶᠢᠨ ᠠᠵᠢᠯᠯᠠᠭ᠎ᠠ ᠳᠤ ᠭᠠᠷ ᠳᠦᠷᠦᠬᠦ ᠶᠢ ᠪᠠᠭᠠᠰᠬᠠᠨ᠂ ᠵᠠᠬ᠎ᠠ ᠵᠡᠭᠡᠯᠢ ᠶᠢᠨ ᠡᠬᠢ ᠪᠠᠶᠠᠯᠢᠭ ᠢ ᠬᠤᠪᠢᠶᠠᠷᠢᠯᠠᠬᠤ ᠳᠣᠮᠳᠠᠬᠢ ᠰᠢᠢᠳᠪᠦᠷᠢᠲᠤ ᠦᠢᠯᠡᠳᠦᠯ ᠢ ᠪᠠᠳᠠᠷᠠᠭᠤᠯᠵᠤ᠂ ᠬᠠᠤᠯᠢ ᠪᠠᠷ ᠡᠷᠭᠡ ᠤᠯᠭᠤᠭᠰᠠᠨ ᠦᠭᠡᠢ ᠪᠤᠯ ᠦᠯᠦ ᠬᠢᠬᠦ᠂ ᠬᠠᠤᠯᠢ ᠳᠤ ᠲᠤᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠵᠠᠪᠠᠯ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠡᠷᠭᠡ ᠶᠢᠨ ᠬᠢᠵᠠᠭᠠᠷ ᠤᠨ ︽ᠬᠦᠯᠢᠶᠡᠨ ᠠᠪᠬᠤ᠂ ᠬᠠᠮᠢᠶᠠᠷᠬᠤ᠂ ᠲᠠᠯᠪᠢᠬᠤ︾ ᠠᠵᠢᠯ ᠢ ᠰᠠᠶᠢᠳᠤᠷ ᠬᠢᠵᠤ᠂ ᠵᠠᠰᠠᠭ ᠵᠠᠬᠢᠷᠭᠠᠨ ᠤ ᠵᠦᠪᠰᠢᠶᠡᠷᠡᠬᠦ ᠬᠢᠨᠡᠨ ᠵᠦᠪᠰᠢᠶᠡᠷᠡᠬᠦ ᠪᠤᠰᠤ ᠵᠦᠢᠯᠡᠰ ᠢ ᠴᠡᠪᠡᠷᠯᠡᠵᠤ ᠂ ᠡᠮᠦᠨ᠎ᠡ ᠨᠢ ᠬᠢᠨᠡᠨ ᠵᠦᠪᠰᠢᠶᠡᠷᠡᠬᠦ ᠶᠢ ᠪᠠᠭᠠᠰᠬᠠᠨ᠂ ᠲᠤᠤᠷ ᠰᠦᠯᠵᠢᠶᠡᠨ ᠳᠡᠭᠡᠷ᠎ᠡ ᠬᠢᠬᠦ ᠪᠠ ᠵᠡᠷᠭᠡᠴᠡᠭᠦᠯᠦᠨ ᠬᠢᠨᠠᠨ ᠵᠦᠪᠰᠢᠶᠡᠷᠡᠬᠦ ᠠᠷᠭ᠎ᠠ ᠬᠡᠯᠪᠡᠷᠢ ᠶᠢ ᠲᠦᠭᠡᠮᠡᠯᠵᠢᠭᠦᠯᠵᠤ᠂ ᠬᠢᠨᠠᠨ ᠵᠦᠪᠰᠢᠶᠡᠷᠡᠬᠦ ᠠᠯᠬᠤᠮ ᠢ ᠲᠦᠭᠦᠮᠴᠢᠯᠡᠨ᠂ ᠪᠡᠶᠡᠯᠡᠭᠦᠯᠬᠦ ᠴᠠᠭ ᠬᠤᠭᠤᠴᠠᠭ᠎ᠠ ᠶᠢ ᠬᠠᠰᠤᠵᠤ᠂ ᠠᠵᠤ ᠠᠬᠤᠶᠢᠯᠠᠯ᠂ ᠦᠨᠳᠦᠰᠦᠨ ᠱᠠᠲᠤ ᠪᠤᠯᠤᠨ ᠤᠯᠠᠨ ᠲᠦᠮᠡᠨ  ᠳᠤ ᠬᠤᠷᠳᠣᠨ ᠦᠨᠳᠦᠷ ᠦᠷ᠎ᠡ ᠠᠰᠢᠭᠲᠤ ᠦᠢᠯᠡᠴᠢᠯᠡᠭᠡ ᠬᠠᠩᠭᠠᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠪᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠵᠠᠰᠠᠭ ᠤᠨ ᠤᠷᠳᠣᠨ ᠤ ᠠᠵᠢᠯ ᠤᠨ ᠬᠡᠵᠢᠶᠡᠳᠡ ᠢᠯᠡ ᠪᠠᠷ ᠶᠠᠪᠤᠭᠳᠠᠭᠤᠯᠤᠨ᠎ᠠ᠃      ᠨᠠᠶᠢᠳᠠᠪᠤᠷᠢᠵᠢᠭᠤᠯᠤᠯᠳᠡ ᠶᠢ ᠴᠢᠩᠭ᠎ᠠ ᠠᠳᠬᠤᠵᠤ᠂ ᠦᠷ᠎ᠡ ᠪᠦᠲᠦᠮᠵᠢ ᠶᠢ ᠮᠦᠷᠳᠡᠬᠦ᠃ ︽ᠨᠢᠭᠡ ᠶᠢ ᠲᠤᠬᠢᠷᠠᠭᠤᠯᠵᠤ᠂ ᠶᠢᠰᠤ ᠶᠢ ᠨᠠᠶᠢᠳᠠᠪᠤᠷᠢᠵᠢᠭᠤᠯᠬᠤ︾ ᠤᠬᠠᠬᠳᠠᠬᠤᠨ ᠢ ᠴᠢᠩᠭᠠᠳᠬᠠᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠣᠨ ᠠᠴᠠ ᠲᠤᠭᠲᠠᠭᠠᠭᠰᠠᠨ ᠬᠦᠨᠳᠣ ᠴᠢᠬᠤᠯᠠ ᠰᠢᠢᠳᠪᠦᠷᠢᠲᠤ ᠪᠤᠳᠣᠯᠭ᠎ᠠ ᠶᠢᠨ ᠲᠤᠬᠢᠷᠠᠭᠤᠯᠤᠯᠳᠡ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ᠂ ᠲᠤᠭᠲᠠᠭᠰᠠᠨ ᠴᠠᠭ ᠬᠤᠭᠤᠴᠭᠠᠨ ᠳᠤᠨᠢ ᠱᠠᠭᠠᠷᠳᠠᠯᠭ᠎ᠠ ᠶᠤᠰᠤᠭᠠᠷ ᠡᠴᠦᠰ ᠲᠤ ᠨᠢ ᠳᠣᠯᠳᠠᠯ᠎ᠠ ᠴᠢᠩᠭ᠎ᠠ ᠠᠳᠬᠤᠵᠤ᠂ ᠨᠠᠶᠢᠳᠠᠪᠤᠷᠢᠵᠢᠭᠤᠯᠤᠨ᠂ ᠵᠠᠰᠠᠭ ᠤᠨ ᠵᠠᠷᠯᠢᠭ ᠤᠨ ᠰᠢᠭᠤᠷᠬᠠᠢ ᠪᠠᠶᠢᠬᠤ ᠶᠢ ᠪᠠᠲᠤᠯᠠᠵᠤ᠂ ᠵᠠᠰᠠᠭ ᠤᠨ ᠤᠷᠳᠣᠨ ᠤ ᠬᠦᠢᠴᠡᠳᠭᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠴᠢᠨᠠᠭᠰᠢᠳᠡ ᠬᠦᠨ ᠰᠡᠳᠬᠢᠨ᠂ ᠦᠨᠳᠦᠷ ᠲᠦᠪᠰᠢᠨ ᠳᠤ ᠠᠵᠢᠯ ᠢᠶᠠᠨ ᠪᠡᠶᠡᠯᠡᠭᠦᠯᠬᠦ ᠠᠵᠢᠯ` ᠤᠨ ᠰᠤᠷᠳᠠᠯ ᠢ ᠶᠡᠭᠡᠪᠡᠷ ᠰᠤᠷᠳᠠᠯᠴᠢᠯᠠᠨ᠂ ᠠᠵᠢᠯ ᠢ ᠨᠠᠷᠢᠯᠢᠭ ᠶᠠᠪᠤᠴᠠ ᠠᠴᠠ ᠨᠢ ᠡᠬᠢᠯᠡᠨ ᠠᠳᠬᠤᠬᠤ ᠶᠢ ᠲᠦᠯᠬᠢᠵᠤ᠂  ᠤᠴᠢᠷ ᠰᠢᠯᠲᠠᠭᠠᠨ ᠢ ᠨᠢ ᠬᠦᠨᠵᠡᠭᠡᠢ ᠤᠶᠢᠯᠭᠠᠵᠤ ᠮᠡᠳᠡᠬᠦ ᠬᠡᠷᠡᠭᠲᠡᠢ᠂ ᠡᠯ᠎ᠡ ᠲᠦᠷᠦᠯ ᠤᠨ ᠠᠵᠢᠯ ᠢ ᠭᠦᠨᠵᠡᠭᠡᠢ ᠪᠣᠳᠠᠳᠠᠢ ᠬᠢᠨ᠎ᠡ᠃ ᠬᠢᠨᠠᠨ ᠪᠠᠶᠢᠴᠠᠭᠠᠬᠤ ᠬᠦᠴᠦᠯᠡᠴᠡ ᠪᠠᠨ ᠦᠨᠡᠨᠬᠦ ᠶᠡᠭᠡᠰᠭᠡᠨ᠂ ᠬᠠᠷᠠᠯᠳᠡ ᠶᠢᠨ ᠬᠠᠷᠢᠭᠤᠴᠠᠯᠭ᠎ᠠ ᠶᠢ ᠬᠢᠨᠠᠨ ᠰᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠤ᠂ ᠬᠠᠷᠠᠯᠳᠡ ᠪᠠᠷ ᠠᠬᠢᠴᠠ ᠶᠢ ᠰᠢᠬᠠᠵᠤ᠂ ᠬᠢᠨᠠᠨ ᠪᠠᠶᠢᠴᠭᠠᠬᠤ ᠪᠠᠷ ᠦᠷ᠎ᠡ ᠠᠰᠢᠭ ᠢ ᠰᠢᠬᠠᠵᠤ᠂ ᠲᠤᠬᠢᠷᠠᠭᠤᠯᠤᠨ ᠪᠠᠶᠢᠷᠢᠯᠠᠭᠤᠯᠭᠰᠠᠨ ᠡᠯ᠎ᠡ ᠲᠦᠷᠦᠯ ᠤᠨ ᠠᠵᠢᠯ  ᠤᠨ ᠨᠠᠶᠢᠳᠠᠪᠤᠷᠢᠵᠢᠭᠤᠯᠤᠯᠳᠡᠳᠡᠢ᠂ ᠡᠭᠡᠯᠳᠡᠳᠡᠢ᠂ ᠦᠷ᠎ᠡ ᠳ᠋ᠦᠩ ᠲᠠᠢ ᠪᠠᠶᠢᠬᠤ ᠶᠢ ᠪᠠᠲᠤᠯᠠᠨ᠎ᠠ᠃     ᠬᠢᠨᠠᠯᠳᠡ ᠶᠢ ᠴᠢᠩᠭᠠᠳᠬᠠᠨ᠂ ᠠᠷᠢᠭᠤᠨ ᠴᠢᠭᠡᠴᠢ ᠪᠠᠷ ᠵᠠᠰᠠᠭ ᠪᠠᠷᠢᠨ᠎ᠠ᠃ ᠶᠠᠯᠠᠯᠠᠨ ᠰᠢᠢᠳᠭᠡᠬᠦ ᠪᠠ ᠢᠯᠵᠠᠷᠠᠯ  ᠢ ᠰᠡᠷᠭᠡᠶᠢᠯᠡᠬᠦ ᠲᠤᠭᠲᠠᠯᠴᠠᠭᠠᠨ ᠤ ᠪᠦᠲᠦᠭᠡᠨ ᠪᠠᠶᠢᠭᠤᠯᠤᠯᠳᠡ ᠶᠢ ᠬᠦᠨᠵᠡᠭᠡᠢ ᠲᠦᠯᠬᠢᠨ ᠠᠬᠢᠭᠤᠯᠵᠤ᠂ ᠴᠢᠭᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠬᠦ ᠠᠵᠢᠯ ᠢ ᠯᠠᠪᠳᠠᠭᠤᠨ ᠶᠠᠪᠤᠭᠳᠠᠭᠤᠯᠵᠤ᠂ ︽ᠭᠤᠷᠪᠠᠨ ᠬᠦᠨᠳᠣ ᠨᠢᠭᠡ ᠶᠡᠭᠡ ︾ ᠰᠢᠢᠳᠪᠤᠷᠢᠲᠤ ᠪᠤᠳᠣᠯᠭ᠎ᠠ ᠶᠢᠨ ᠲᠤᠭᠲᠠᠯᠴᠠᠭ᠎ᠠ ᠶᠢ ᠴᠢᠩᠭ᠎ᠠ ᠬᠡᠷᠡᠭᠵᠢᠭᠦᠯᠵᠤ᠂ ᠡᠷᠭᠡ ᠪᠠᠨ ᠬᠡᠷᠡᠭᠵᠢᠭᠦᠯᠬᠦ ᠳᠤ ᠬᠢᠨᠠᠯᠳᠡ ᠲᠠᠯᠪᠢᠬᠤ ᠪᠠ ᠬᠢᠵᠠᠭᠠᠷᠯᠠᠬᠤ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠬᠢᠨᠠᠨ ᠲᠤᠭᠲᠠᠭᠠᠬᠤ ᠲᠤᠭᠲᠠᠯᠴᠠᠭ᠎ᠠ ᠶᠢ ᠪᠠᠶᠢᠭᠤᠯᠵᠤ᠂ ᠵᠠᠰᠠᠭ ᠤᠨ ᠤᠷᠳᠣᠨ ᠠᠴᠠ ᠪᠡᠯᠡ ᠤᠷᠤᠭᠤᠯᠬᠤ ᠪᠠ ᠬᠤᠳᠠᠯᠳᠣᠨ ᠠᠪᠬᠤ ᠲᠦᠷᠦᠯ ᠵᠦᠢᠯ ᠤᠨ ᠬᠢᠨᠠᠨ ᠪᠤᠳᠣᠬᠤ ᠪᠠ ᠬᠢᠨᠠᠠᠯᠳᠡ ᠲᠠᠯᠪᠢᠬᠤ ᠶᠢ ᠴᠢᠩᠭᠠᠳᠬᠠᠨ᠎ᠠ᠃ ᠵᠠᠰᠠᠭ ᠤᠨ ᠤᠷᠳᠣᠨ ᠤ ᠴᠢᠨᠠᠷᠲᠠᠢ ᠦᠷᠢ ᠶᠢᠨ ᠬᠠᠮᠢᠶᠠᠷᠤᠯᠳᠡ ᠶᠢᠨ ᠳᠦᠷᠢᠮ ᠢ ᠲᠡᠭᠦᠯᠳᠡᠷᠵᠢᠭᠦᠯᠵᠤ᠂ ᠬᠠᠳᠠᠭᠠᠯᠠᠭᠳᠠᠵᠤ ᠪᠠᠶᠢᠭ᠎ᠠ ᠦᠷᠢ ᠪᠠᠨ ᠢᠳᠡᠪᠬᠢᠲᠠᠢ ᠳᠠᠭᠤᠰᠬᠠᠵᠤ᠂ ᠰᠢᠨ᠎ᠡ ᠪᠠᠷ ᠦᠷᠢ ᠨᠡᠮᠡᠭᠳᠡᠬᠦ ᠶᠢ ᠴᠢᠩᠭ᠎ᠠ ᠬᠢᠵᠠᠭᠠᠷᠯᠡᠨ᠎ᠠ᠃ ᠲᠦᠷᠤ ᠶᠢᠨ ᠶᠠᠪᠣᠳᠠᠯ ᠤᠨ ᠬᠤᠷᠢᠶᠠᠨ ᠤ ︽ᠲᠦᠷᠢᠮ ᠰᠠᠬᠢᠯᠭ᠎ᠠ ᠲᠤᠭᠲᠠᠭᠠᠬᠤ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠯᠪᠠᠨ ᠮᠠᠰᠢᠨ  ᠤ ᠬᠠᠮᠢᠶᠠᠷᠤᠯᠳᠡ ᠶᠢ ᠴᠢᠩᠭᠠᠳᠬᠠᠨ᠂ ᠠᠯᠪᠠᠨ ᠶᠠᠪᠤᠳᠠᠯ ᠢᠶᠠᠷ ᠭᠠᠳᠠᠭᠠᠳᠣ ᠳᠤ ᠶᠠᠪᠤᠬᠤ ︵ᠬᠢᠯᠢ︶ ᠭᠠᠷᠬᠤ ᠬᠢᠨᠠᠨ ᠵᠦᠪᠰᠢᠶᠡᠷᠡᠯ ᠢ ᠳᠦᠷᠢᠮᠵᠢᠭᠦᠯᠵᠤ᠂  ︽ᠭᠤᠷᠪᠠᠨ ᠢᠯᠡ ᠵᠠᠷᠤᠳᠠᠯ︾ ᠢ ᠦᠷ᠎ᠡ ᠪᠦᠲᠦᠮᠵᠢᠲᠠᠢ ᠬᠢᠵᠠᠭᠠᠷᠯᠠᠨ᠎ᠠ᠃ ᠤᠯᠠᠨ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠦᠪ ᠢ ᠡᠬᠢᠯᠡᠭᠦᠯᠵᠤ᠂ ᠤᠯᠠᠨ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠦᠢᠯᠡ ᠠᠵᠢᠯᠯᠠᠭ᠎ᠠ ᠶᠢ ᠳᠦᠷᠢᠮᠵᠢᠭᠦᠯᠵᠤ᠂ ᠭᠠᠵᠠᠷ ᠰᠢᠷᠤᠢ ᠬᠤᠳᠠᠯᠳᠣᠬᠤ᠂ ᠤᠯᠤᠰ  ᠤᠨ ᠦᠮᠴᠢᠲᠤ ᠬᠦᠷᠦᠩᠭᠡ ᠶᠢ ᠰᠢᠯᠵᠢᠭᠦᠯᠦᠨ ᠦᠭᠬᠦ᠂ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠳᠡ ᠵᠠᠷᠯᠠᠬᠤ ᠬᠦᠯᠢᠶᠡᠬᠦ᠂ ᠵᠠᠰᠠᠭ ᠤᠨ ᠤᠷᠳᠣᠨ ᠠᠴᠠ ᠬᠤᠳᠠᠯᠳᠣᠨ ᠠᠪᠬᠤ ᠵᠡᠷᠭᠡ ᠬᠦᠷᠢᠶ᠎ᠡ ᠴᠠᠷ ᠤᠨ ᠢᠯᠵᠡᠷᠡᠯ ᠤᠨ ᠲᠦᠭᠰᠢᠭᠦᠷᠢ  ᠶᠢ ᠳᠦᠷᠢᠮ ᠲᠤᠭᠲᠠᠭᠠᠯ ᠤᠨ ᠲᠠᠯ᠎ᠠ ᠠᠴᠠ ᠬᠤᠷᠢᠭᠯᠠᠨ᠎ᠠ᠃ ᠠᠯᠪᠠᠨ ᠠᠵᠢᠯᠲᠠᠨ ᠤ ᠠᠷᠢᠭᠤᠨ ᠴᠢᠭᠡᠴᠢ ᠪᠠᠷ ᠵᠠᠰᠠᠭ ᠪᠠᠷᠢᠬᠤ ᠬᠢᠨᠠᠨ ᠬᠠᠮᠢᠶᠠᠷᠤᠯᠳᠡ ᠶᠢ ᠴᠢᠩᠭᠠᠳᠬᠠᠨ᠂ ᠡᠷᠭᠡ ᠪᠠᠨ ᠠᠰᠢᠭᠯᠠᠨ ᠠᠮᠢ ᠪᠠᠨ ᠪᠤᠷᠳᠣᠬᠤ᠂ ᠬᠠᠷᠢᠭᠤᠴᠠᠯᠭ᠎ᠠ  ᠪᠠᠨ ᠠᠯᠳᠠᠬᠤ ᠲᠤᠰᠢᠶᠠᠯ ᠢᠶᠠᠨ ᠭᠤᠲᠤᠭᠠᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠠᠷᠢᠭᠤᠨ ᠴᠢᠭᠡᠴᠢ ᠰᠢᠨ᠎ᠡ ᠳᠦᠷᠬᠦ ᠶᠢ ᠪᠤᠢ ᠪᠤᠯᠭᠠᠨ᠎ᠠ᠃      ᠲᠦᠯᠦᠭᠡᠯᠡᠭᠴᠢᠳ ᠡ᠂ ᠠᠯᠤᠰ ᠤᠨ ᠠᠶᠠᠯᠠᠯ ᠢ ᠬᠦᠭᠡᠭᠡᠬᠦ ᠳᠤ ᠠᠩᠬ᠎ᠠ ᠠᠯᠬᠤᠮ ᠠᠴᠠ ᠡᠬᠢᠯᠡᠳᠡᠭ᠃ ᠪᠢᠳᠡ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠣᠨ ᠪᠤᠯᠤᠨ ᠬᠤᠲᠠ ᠶᠢᠨ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠣᠯᠭ᠎ᠠ ᠳᠣᠣᠷ᠎ᠠ᠂ ᠦᠵᠡᠯ ᠰᠠᠨᠠᠭ᠎ᠠ ᠪᠠᠨ ᠴᠢᠯᠦᠭᠡᠯᠡᠨ᠂ ᠬᠦᠴᠢᠷ ᠢ ᠲᠠᠪᠠᠨ ᠪᠡᠷᠭᠡᠰᠢᠶᠡᠯ ᠢ ᠳᠤᠭᠤᠯᠵᠤ᠂ ᠤᠯᠤᠰ ᠤᠨ ᠭᠤᠤᠯᠳᠠᠯᠭ᠎ᠠ ᠲᠠᠢ ᠨᠡᠭᠡᠭᠡᠯᠳᠡ ᠬᠦᠭᠵᠢᠭᠦᠯᠦᠯᠳᠡ ᠶᠢᠨ ᠲᠤᠷᠰᠢᠯᠳᠡ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠳᠡ ᠶᠢ ᠲᠦᠷᠭᠡᠳᠭᠡᠬᠦ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠤᠨ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠶᠢᠨ ᠲᠦᠯᠦᠭᠡ ᠴᠢᠷᠮᠠᠶᠢᠨ ᠲᠡᠮᠡᠴᠡᠶ᠎ᠡ︕      
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号