ᠵᠠᠰᠠᠭ ᠤᠨ ᠣᠷᠳᠣᠨ ᠤ ᠠᠵᠢᠯ ᠤᠨ ᠢᠯᠡᠳᠭᠡᠯ | | — | ᠡᠷᠢᠶᠠᠨ ᠬᠤᠳᠠ ᠶᠢᠨ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ | | ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯᠳᠣᠭᠠᠨ ᠳᠡᠭᠡᠷ᠎ᠡ | | ᠬᠤᠳᠠ ᠶᠢᠨ ᠳᠠᠷᠤᠭ᠎ᠠ ᠯᠥᠸᠧ ᠴᠢᠩ | ᠲᠦᠯᠦᠭᠡᠯᠡᠭᠴᠢᠳ ᠡ᠄ | ᠣᠳᠣ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠡ᠃ ︽ ᠡᠷᠢᠶᠡᠨ ᠬᠤᠲᠡ ᠶᠢᠨ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ | ᠬᠦᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠦᠲᠦᠯᠪᠤᠷᠢ ︵ ᠲᠦᠰᠦᠯ︶︾ | ᠲᠠᠢ ᠬᠠᠮᠲᠤ ᠳᠤᠨᠢ ᠬᠢᠨᠠᠨ ᠵᠦᠪᠯᠡᠬᠦ ᠪᠤᠯᠪᠠᠤ︕ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ | ᠬᠤᠷᠠᠯ ᠳᠤ ᠰᠣᠯᠠ ᠤᠷᠤᠯᠴᠠᠭᠰᠠᠨ ᠨᠦᠬᠦᠳ ᠰᠠᠨᠠᠯ ᠢᠶᠠᠨ ᠳᠣᠷᠠᠳᠣᠭᠠᠷᠠᠢ᠃ | ᠨᠢᠭᠡ᠂ ︽ ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠦᠶ᠎ᠡ ᠪᠠ 2015 ᠤᠨ | ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠡᠷᠬᠢᠴᠡᠭᠦᠯᠦᠯ | ︽ ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠦᠶ᠎ᠡ ᠪᠤᠯ᠂ ᠮᠠᠨ ᠤ ᠬᠤᠲᠡ ᠶᠢᠨ | ᠠᠵᠤ ᠠᠬᠤᠢ ᠨᠡᠶᠢᠭᠡᠮ ᠤᠨᠬᠦ᠋ᠭᠵᠢᠯᠲᠡ ᠶᠢᠨ ᠦᠰᠦᠷᠦᠩᠭᠦᠢ ᠳᠠᠪᠰᠢᠯᠲᠠ ᠶᠢᠨ ᠴᠢᠬᠤᠯᠠ ᠦᠶ᠎ᠡ ᠶᠤᠮ᠃ ᠳᠡᠭᠡᠷ᠎ᠡ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠪᠤᠯᠤᠨ ᠬᠤᠲᠡ ᠶᠢᠨ ᠨᠠᠮ ᠤᠨ ᠬᠤᠷᠢᠶᠠᠨ ᠤ ᠵᠦᠪ | ᠤᠨᠤᠪᠴᠢᠲᠡᠢ ᠤᠳᠤᠷᠢᠳᠤᠯᠭ᠎ᠠ ᠳᠤᠤᠷ᠎ᠠ᠂ ᠬᠤᠲᠡ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠠ᠂ ᠪᠢᠳᠡ ᠨᠠᠮ ᠤᠨ ᠠᠷᠪᠠᠨ ᠨᠠᠢᠮᠠᠳᠣᠭᠠᠷ | ᠤᠳᠠᠭᠠᠨ ᠤ ᠠᠷᠠᠳ ᠤᠨ ᠲᠦᠯᠦᠭᠡᠯᠡᠭᠴᠢᠳ ᠤᠨ ᠬᠤᠷᠠᠯ ᠪᠠ ᠠᠷᠪᠠᠨ ᠨᠠᠶᠢᠮᠠᠳᠤᠭᠠᠷ ᠬᠤᠭᠤᠴᠠᠭᠠᠨ ᠤ ᠭᠤᠷᠪᠠᠳᠤᠭᠠᠷ | ᠤᠳᠠᠭᠠᠨ ᠤ ᠪᠦᠭᠦᠳᠡ ᠬᠤᠷᠠᠯᠳᠤᠭᠠᠨ᠂ ᠳᠦᠷᠪᠡᠳᠦᠭᠡᠷ ᠤᠳᠠᠭᠠᠨ ᠤ ᠪᠦᠭᠦᠳᠡ ᠬᠤᠷᠠᠯᠳᠤᠭᠠᠨ᠂ ᠲᠠᠪᠤᠳᠤᠭᠠᠷ | ᠤᠳᠠᠭᠠᠨ ᠤ ᠪᠦᠭᠦᠳᠡ ᠬᠤᠷᠠᠯᠳᠤᠭᠠᠨ ᠤ ᠦᠵᠡᠯ ᠰᠠᠨᠠᠭ᠎ᠠ ᠪᠠᠷ ᠵᠢᠭᠠᠨ ᠵᠢᠯᠤᠭᠤᠳᠤᠯᠭ᠎ᠠ ᠪᠠᠨ ᠪᠤᠯᠭᠠᠵᠤ᠂ | ᠲᠤᠬᠢᠶᠠᠯ ᠢ ᠠᠳᠬᠤᠨ᠂ ᠬᠦᠴᠢᠷ ᠪᠡᠷᠬᠡᠰᠢᠶᠡᠯ ᠢ ᠰᠢᠷᠭᠠᠭᠤ ᠬᠠᠲᠠᠭᠤᠵᠢᠯᠲᠠᠢ ᠢᠯᠠᠨ ᠳᠠᠪᠠᠵᠤ᠂ ᠪᠤᠭᠤᠮᠲᠡ ᠶᠢᠨ | ᠬᠦᠭᠵᠢᠭᠦᠯᠦᠯᠲᠡᠨᠡᠭᠡᠭᠡᠯᠲᠡ ᠪᠤᠯᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ | ᠡᠬᠢᠯᠡᠭᠦᠯᠵᠤ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠲᠡᠮᠡᠴᠡᠯᠲᠡ ᠬᠠᠷᠠᠯᠲᠠ | ᠶᠢ ᠪᠡᠶᠡᠯᠡᠬᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | — — — — ᠶᠡᠷᠤᠩᠬᠡᠶᠢᠯᠡᠭᠰᠡᠨ ᠠᠵᠤ ᠠᠬᠤᠢ ᠶᠢᠨ ᠪᠤᠲᠠᠲᠤ ᠬᠦᠴᠦᠨ ᠲᠤᠭᠲᠠᠭᠤᠨ ᠢᠶᠠᠷ | ᠳᠡᠭᠡᠭᠰᠢᠯᠡᠪᠡ᠃ ︽ ᠠᠷᠪᠠᠨ ᠨᠢᠭᠡᠳᠤᠭᠡᠷ ᠲᠠᠪᠤᠨ ᠵᠢᠯ ᠤᠨ ᠲᠦᠯᠦᠪᠵᠢᠭᠦᠯᠭᠡ︾ ᠶᠢᠨ ᠰᠡᠭᠦᠯᠴᠢ ᠶᠢᠨ | ᠬᠤᠭᠤᠴᠠᠭ᠎ᠠ ᠶᠢ 2010 ᠤᠨ ᠲᠠᠢ ᠬᠠᠷᠢᠴᠠᠭᠤᠯᠪᠠᠯ᠂2015 ᠤᠨ ᠤ ᠡᠴᠤᠰ ᠬᠦᠷᠲᠡᠯ᠎ᠡ ᠂ ᠪᠦᠬᠦ ᠵᠢᠯ ᠤᠨ | ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 47.6 ᠳ᠋ᠦᠩᠰᠢᠭᠤᠷ ᠲᠦᠭᠦᠷᠢᠭ ᠠᠴᠠ100 | ᠳ᠋ᠦᠩᠰᠢᠭᠤᠷ ᠲᠦᠭᠦᠷᠢᠭ ᠬᠦᠷᠲᠡᠯ᠎ᠡ ᠨᠡᠮᠡᠭᠳᠡᠵᠤ᠂ ᠵᠢᠯ ᠳᠤ 16% ᠪᠠᠷ ᠨᠡᠮᠡᠭᠳᠡᠵᠠᠢ᠃ ᠣᠯᠠᠨ ᠨᠡᠶᠢᠳᠡ ᠶᠢᠨ ᠡᠳ᠋ | ᠤᠨ ᠵᠠᠰᠠᠭ ᠤᠨ ᠲᠦᠰᠦᠪ ᠤᠨ ᠣᠷᠣᠯᠭ᠎ᠠ ᠨᠢ 2.35 ᠳ᠋ᠦᠩᠰᠢᠭᠤᠷ ᠲᠦᠭᠦᠷᠢᠭ ᠠᠴᠠ 5.2 ᠳ᠋ᠦᠩᠰᠢᠭᠤᠷ | ᠲᠦᠭᠦᠷᠢᠭ ᠬᠦᠷᠲᠡᠯ᠎ᠡ ᠨᠡᠮᠡᠭᠳᠡᠵᠤ᠂ ᠵᠢᠯ ᠳᠤ 17.2% ᠢᠶᠠᠷ ᠨᠡᠮᠡᠭᠳᠡᠵᠠᠢ᠃ ᠨᠡᠶᠢᠭᠡᠮ ᠤᠨ ᠬᠡᠷᠡᠭᠯᠡᠭᠡᠨ ᠤ ᠵᠦᠢᠯ | ᠤᠨ ᠵᠢᠵᠢᠭᠯᠡᠨ ᠬᠤᠳᠠᠯᠳᠣᠬᠤ ᠶᠡᠷᠦᠩᠭᠡᠢ ᠬᠡᠮᠵᠢᠶ᠎ᠡ ᠨᠢ16.8 ᠳ᠋ᠦᠩᠰᠢᠭᠤᠷ ᠲᠦᠭᠦᠷᠢᠭ ᠠᠴᠠ30.3 ᠳ᠋ᠦᠩᠰᠢᠭᠤᠷ | ᠲᠦᠭᠦᠷᠢᠭ ᠬᠦᠷᠲᠡᠯ᠎ᠡ ᠨᠡᠮᠡᠭᠳᠡᠵᠤ᠂ ᠵᠢᠯ ᠳᠤ 12.5% ᠪᠠᠷ ᠨᠡᠮᠡᠭᠳᠡᠵᠠᠢ᠃ ᠲᠠᠪᠤᠨ ᠵᠢᠯ ᠪᠦᠬᠦ ᠨᠡᠶᠢᠭᠡᠮ ᠤᠨ | ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠨᠢ 202 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠳᠤ | 14.1% ᠪᠠᠷ ᠨᠡᠮᠡᠭᠳᠡᠵᠠᠢ᠃ | — — — — ᠨᠡᠭᠡᠭᠡᠯᠲᠡ ᠬᠦᠭᠵᠢᠭᠦᠯᠦᠯᠲᠡ ᠨᠢ ᠲᠠᠰᠤᠷᠠᠯᠲᠠ ᠦᠭᠡᠢ ᠬᠦᠨᠵᠡᠭᠡᠶᠢᠷᠡᠪᠡ ᠃ ᠤᠯᠤᠰ | ᠤᠨ ᠭᠤᠤᠯᠳᠠᠯᠭ᠎ᠠ ᠲᠠᠢ ᠨᠡᠭᠡᠭᠡᠯᠲᠡ ᠬᠦᠭᠵᠢᠭᠦᠯᠦᠯᠲᠡ ᠶᠢᠨ ᠲᠤᠷᠰᠢᠯᠲᠠ ᠶᠢᠨ ᠲᠤᠭᠤᠷᠢᠭ ᠨᠢ ᠵᠦᠪᠰᠢᠶᠡᠷᠡᠭᠳᠡᠵᠤ᠂ | ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤ ᠶᠢᠨ ᠠᠵᠢᠯᠯᠠᠭᠠᠨ ᠤ ᠪᠦᠰᠡ᠂ ᠬᠢᠯᠢ ᠶᠢᠨ ᠢᠷᠭᠡᠳ ᠤᠨ | ᠠᠷᠠᠯᠵᠢᠶᠠᠨ ᠤ ᠲᠤᠭᠤᠷᠢᠭ ᠵᠡᠷᠭᠡ ᠵᠠᠮᠴᠢᠯᠠᠭᠰᠠᠨ ᠢᠨᠵᠧᠨᠧᠷᠢᠩ ᠡᠬᠢᠯᠡᠨ ᠪᠦᠲᠦᠭᠡᠨ ᠪᠠᠶᠢᠭᠤᠯᠤᠭᠳᠠᠭᠰᠠᠨ ᠪᠠᠶᠢᠨ᠎ᠠ ᠃ | ᠳᠤᠮᠳᠠᠳᠤ ᠮᠤᠩᠭᠤᠯ ᠤᠷᠤᠰ ᠤᠨ ᠠᠷᠠᠯᠵᠢᠶᠠᠨ ᠤ ᠬᠠᠮᠲᠤ ᠶᠢᠨ ᠠᠵᠢᠯᠯᠠᠭᠠᠨ ᠤ ᠴᠢᠭᠤᠯᠠᠭᠠ ᠠᠭᠤᠯᠵᠠᠯᠲᠠ ᠶᠢ | ᠵᠤᠬᠢᠶᠠᠨ ᠪᠠᠶᠢᠭᠤᠯᠵᠤ᠂ ᠲᠠᠪᠤᠨ ᠵᠢᠯ ᠨᠡᠶᠢᠲᠡ ᠬᠠᠮᠲᠤᠷᠠᠭᠰᠠᠨ ᠲᠤᠬᠢᠷᠠᠯᠴᠠᠭ᠎ᠠ102 ᠲᠦᠷᠦᠯ᠂ ᠲᠤᠬᠢᠷᠠᠯᠴᠠᠭᠠᠨ ᠤ | ᠪᠡᠯᠡ ᠮᠦᠩᠭᠦ 64.4 ᠳ᠋ᠦᠩᠰᠢᠭᠤᠷ ᠳ᠋ᠤᠯᠯᠠᠷ ᠬᠦᠷᠴᠠᠢ᠃ ᠮᠤᠩᠭᠤᠯ ᠤᠷᠤᠰ ᠲᠤ ᠬᠠᠨᠳᠤᠭᠰᠠᠨ ᠬᠠᠮᠲᠤ ᠶᠢᠨ | ᠠᠵᠢᠯᠯᠠᠭᠠᠨ ᠤ ᠪᠠᠶᠢᠭᠤᠯᠤᠮᠵᠢ ᠶᠢ ᠪᠠᠶᠢᠭᠤᠯᠬᠤ ᠪᠠ ᠰᠢᠨᠡᠳᠬᠡᠵᠤ᠂ ᠤᠯᠠᠭᠠᠨᠪᠠᠭᠠᠲᠤᠷ ᠲᠤ ᠰᠠᠭᠤᠭ᠎ᠠ | ᠲᠦᠯᠦᠭᠡᠯᠡᠭᠴᠢ ᠶᠢᠨ ᠭᠠᠵᠠᠷ ᠢ ᠪᠠᠶᠢᠭᠤᠯᠵᠤ᠂ ᠳᠤᠮᠳᠠᠳᠤ ᠤᠯᠤᠰ ᠤᠨ ᠵᠠᠮ ᠤᠨ ᠡᠭᠦᠳᠡ ᠳᠤ ᠰᠠᠭᠤᠭ᠎ᠠ ᠶᠡᠷᠤᠩᠬᠡᠢ | ᠺᠤᠨᠰᠤᠯ ᠤᠨ ᠭᠠᠵᠠᠷ ᠢ ᠪᠠᠶᠢᠭᠤᠯᠵᠤ᠂ ᠮᠤᠩᠭᠤᠯ ᠤᠯᠤᠰ ᠤᠨ ᠰᠡᠯᠡᠩᠭᠡ ᠠᠶᠢᠮᠠᠭ᠂ ᠤᠷᠤᠰ ᠤᠨ ᠤᠯᠠᠭᠠᠠᠦ᠋ᠳᠡ | ᠵᠡᠷᠭᠡ 7 ᠭᠠᠵᠠᠷ ᠤᠷᠤᠨ ᠲᠠᠢ ᠨᠠᠶᠢᠷᠰᠠᠭ ᠢᠶᠠᠷ ᠬᠠᠮᠲᠤᠷᠠᠨ ᠠᠵᠢᠯᠯᠠᠬᠤ ᠭᠡᠷ᠎ᠡ ᠶᠢ ᠪᠠᠶᠢᠭᠤᠯᠵᠠᠢ᠃ ᠪᠤᠭᠤᠮᠲᠠ ᠶᠢᠨ | ᠭᠠᠶᠢᠯᠢ ᠪᠠ ᠬᠢᠵᠢᠭ ᠠᠴᠠ ᠰᠡᠷᠬᠡᠶᠢᠯᠡᠨ ᠪᠠᠶᠢᠴᠠᠭᠠᠬᠤ ᠲᠤᠪᠴᠢᠶ᠎ᠡ ᠬᠠᠮᠲᠤᠷᠠᠨ ︽ᠭᠤᠷᠪᠠᠨ ᠨᠢᠭᠡ︾ ᠵᠠᠭᠪᠤᠷ ᠤᠨ | ᠪᠦᠭᠦᠳᠡ ᠶᠢ ᠪᠦᠷᠬᠦᠬᠦ ᠶᠢ ᠪᠡᠶᠡᠯᠡᠭᠦᠯᠵᠤ᠂ ︽ᠭᠤᠷᠪᠠᠨ ᠬᠠᠮᠲᠤᠷᠠᠭᠰᠠᠨ︾ ᠪᠤᠭᠤᠮᠲᠡ ᠶᠢᠨ ᠶᠡᠭᠡ ᠨᠡᠪᠲᠡᠷᠡᠭᠦᠯᠭᠡ | ᠶᠢᠨ ᠨᠢᠭᠡᠳᠤᠭᠡᠷ ᠬᠤᠭᠤᠴᠠᠭᠠᠨ ᠤ ᠲᠤᠷᠰᠢᠯᠲᠡ ᠶᠢᠨ ᠲᠦᠷᠦᠯ ᠵᠦᠢᠯ ᠪᠦᠭᠦ ᠲᠠᠯ᠎ᠠ ᠪᠠᠷ ᠳᠠᠭᠤᠰᠴᠤ᠂ | ᠬᠤᠳᠠᠯᠳᠤᠭ᠎ᠠ ᠠᠵᠤ ᠠᠬᠤᠢ ᠶᠢᠨ ᠪᠤᠭᠤᠮᠲᠡ ᠶᠢᠨ ᠬᠢᠯᠢ ᠪᠠᠷ ᠨᠡᠪᠲᠡᠷᠡᠬᠦ ᠶᠢ ᠳᠦᠭᠦᠮ ᠪᠤᠯᠭᠠᠬᠤ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠵᠠᠢ᠃ | — — — —ᠤᠨᠴᠠᠯᠢᠭᠲᠤ ᠦᠢᠯᠡᠰ ᠡᠷᠡᠭᠦᠯ ᠢᠶᠠᠷ ᠬᠦᠭᠵᠢᠪᠡ᠃ ᠤᠯᠠᠨ ᠤᠯᠤᠰ ᠤᠨ ᠠᠷᠠᠯᠵᠢᠶᠠᠨ ᠤ | ᠪᠠᠷᠠᠭᠠᠨ ᠤ ᠤᠷᠤᠰᠬᠠᠯ ᠤᠨ ᠦᠢᠯᠡᠰ ᠲᠤᠭᠲᠠᠪᠤᠷᠢᠲᠠᠢ ᠬᠦᠭᠵᠢᠭᠰᠡᠨ ᠪᠠᠶᠢᠨ᠎ᠠ᠃ ᠭᠠᠳᠠᠭᠠᠳᠣ ᠬᠤᠳᠠᠯᠳᠤᠭ᠎ᠠ ᠶᠢᠨ | ᠠᠵᠣ ᠠᠬᠤᠶᠢᠯᠠᠯ 502 ᠪᠠᠶᠢᠭᠰᠠᠨ ᠠᠴᠠ973 ᠪᠤᠯᠤᠨ ᠨᠡᠮᠡᠭᠳᠡᠵᠣ᠂ ᠬᠢᠯᠢ ᠶᠢᠨ ᠭᠠᠳᠠᠨ᠎ᠠ ᠪᠡᠯᠡ ᠮᠦᠩᠬᠦ | ᠤᠷᠤᠭᠤᠯᠤᠭᠰᠠᠨ ᠠᠵᠤ ᠠᠬᠤᠶᠢᠯᠠᠯ 5 ᠪᠠᠶᠢᠭᠰᠠᠨ ᠠᠴᠠ 26 ᠪᠤᠯᠵᠤ ᠨᠡᠮᠡᠭᠳᠡᠭᠰᠡᠨ ᠪᠠᠶᠢᠨ᠎ᠠ᠃ ᠬᠤᠸᠠᠨ ᠢᠦᠢ᠂ | ᠬᠤᠢ ᠲᠦᠩ ᠵᠡᠷᠭᠡ ᠪᠠᠷᠠᠭᠠᠨ ᠤ ᠡᠷᠬᠢᠯᠲᠡ ᠪᠠ ᠪᠦᠷᠢᠨ ᠪᠠᠷᠠᠭᠠᠲᠤ᠂ ᠲᠢᠶᠠᠨ ᠯᠢ ᠵᠡᠷᠭᠡ ᠲᠤᠰᠬᠠᠢ ᠵᠠᠬ᠎ᠠ ᠳᠡᠯᠭᠡᠭᠦᠷ | ᠨᠢ ᠪᠠᠶᠢᠭᠤᠯᠤᠭᠳᠠᠨ ᠠᠰᠢᠭᠯᠠᠯᠲᠠ ᠳᠤ ᠤᠷᠤᠵᠤ᠂ ᠬᠤᠳᠠᠯᠳᠤᠭ᠎ᠠ ᠠᠵᠤ ᠠᠬᠤᠢ ᠪᠠᠷᠠᠭᠠᠨ ᠤ ᠡᠷᠬᠢᠯᠲᠡ ᠶᠢᠨ | ᠬᠦᠭᠵᠢᠯᠲᠡ ᠶᠢᠨ ᠨᠦᠬᠦᠴᠡᠯ ᠤᠯᠠᠮ ᠨᠢᠭᠡ ᠠᠯᠬᠤᠮ ᠰᠠᠶᠢᠵᠢᠷᠠᠪᠠ ᠃ ᠪᠤᠭᠤᠮᠲᠡ ᠶᠢᠨ ᠤᠷᠤᠭᠤᠯᠵᠤ ᠭᠠᠷᠭᠠᠬᠤ | ᠪᠠᠷᠠᠭᠠᠨ ᠤ ᠬᠡᠮᠵᠢᠶ᠎ᠡ ᠨᠢ 862.1 ᠲᠦᠮᠡᠨ ᠲᠤᠨ ᠪᠠᠶᠢᠭᠰᠠᠨ ᠠᠴᠠ1400 ᠲᠦᠮᠡᠨ ᠲᠤᠨ ᠪᠤᠯᠵᠤ᠂ ᠵᠢᠯ ᠳᠤ10. | 2% ᠢᠶᠠᠷ ᠨᠡᠮᠡᠭᠳᠡᠭᠰᠡᠨ ᠪᠠᠶᠢᠨ᠎ᠠ ᠃ ᠭᠠᠳᠠᠭᠠᠳᠤ ᠠᠴᠠ ᠤᠷᠤᠭᠤᠯᠵᠤ ᠭᠠᠷᠭᠠᠬᠤ ᠪᠤᠯᠪᠠᠰᠤᠷᠠᠭᠤᠯᠤᠯᠲᠠ ᠶᠢᠨ | ᠦᠢᠯᠡᠰ ᠤᠨ ᠬᠡᠪᠴᠢᠶ᠎ᠡ ᠨᠢ ᠪᠤᠵᠠᠭᠠᠶᠢᠷᠠᠪᠠ ᠃ ᠬᠢᠯᠢ ᠤᠷᠴᠢᠮ ᠤᠨ ᠠᠵᠤ ᠠᠬᠤᠢ ᠶᠢᠨ ᠬᠠᠮᠵᠢᠯᠴᠠᠭᠠᠨ ᠤ | ᠲᠤᠭᠤᠷᠢᠭ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠵᠤ᠂ ᠪᠤᠯᠪᠠᠰᠤᠷᠠᠭᠤᠯᠤᠯᠲᠠ ᠶᠢᠨ | ᠲᠦᠯᠦᠪᠯᠡᠭᠡ ᠶᠢᠨ ᠲᠤᠭᠤᠷᠢᠭ ᠨᠢ 22 ᠬᠠᠪᠲᠠᠭᠠᠢ ᠳᠦᠷᠪᠡᠯᠵᠢᠨ ᠺᠢᠯᠤᠮᠧᠲᠷ ᠪᠠᠶᠢᠭᠰᠠᠨ ᠠᠴᠠ49.75ᠬᠠᠪᠲᠠᠭᠠᠢ | ᠳᠦᠷᠪᠡᠯᠵᠢᠨ ᠺᠢᠯᠤᠮᠧᠲᠷ ᠪᠤᠯᠤᠨ ᠦᠷᠭᠡᠳᠴᠠᠢ᠃ ᠪᠤᠯᠪᠠᠰᠤᠷᠠᠭᠤᠯᠤᠯᠲᠠ ᠶᠢᠨ ᠲᠦᠰᠦᠯ ᠢ ᠲᠠᠲᠠᠨ ᠤᠷᠤᠭᠤᠯᠬᠤ | ᠪᠠ ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠵᠤ᠂ ᠵᠦᠩ ᠲᠥᠩ ᠱᠧᠩ ᠳ᠋ᠠ ᠰᠢᠨ᠎ᠡ ᠮᠠᠶ᠋ᠢᠭ ᠤᠨ ᠬᠠᠨ᠎ᠠ ᠶᠢᠨ | ᠮᠠᠲ᠋ᠧᠷᠢᠶᠠᠯ᠂ ᠭᠡᠶᠢᠭᠦᠯ ᠮᠢᠬ᠎ᠠ ᠪᠤᠯᠪᠠᠰᠤᠷᠠᠭᠤᠯᠬᠤ ᠵᠡᠷᠭᠡ ᠲᠦᠷᠦᠯ ᠵᠦᠢᠯ ᠨᠢ ᠠᠰᠢᠭᠯᠠᠯᠲᠠ ᠳᠤ ᠤᠷᠤᠵᠤ᠂ ᠰᠢᠨ | ᠲᠢᠶᠠᠨ ᠰᠦᠨ ᠴᠢᠷᠭᠡᠤᠯ ᠲᠡᠷᠭᠡ ᠰᠠᠪᠠᠯᠠᠭᠤᠷ ᠲᠡᠷᠭᠡ ᠶᠢᠨ ᠲᠦᠷᠦᠯ ᠵᠦᠢᠯ ᠢ ᠲᠤᠷᠰᠢᠨ ᠦᠢᠯᠡᠳᠪᠤᠷᠢᠯᠡᠵᠤ᠂ ᠴᠢᠨ | ᠯᠥᠩ᠂ ᠪᠦᠸᠧᠬᠠᠢ ᠲᠡᠮᠤᠷ 200 ᠲᠦᠮᠡᠨ ᠲᠤᠨ ᠤ ᠨᠠᠷᠢᠯᠢᠭ ᠬᠦᠳᠡᠷ ᠪᠠ ᠯᠥᠩ ᠮᠢᠩ ᠪᠤᠬ᠎ᠠ ᠲᠡᠷᠬᠡ | ᠦᠢᠯᠡᠳᠪᠤᠷᠢᠯᠡᠨ ᠵᠠᠰᠠᠪᠤᠷᠢᠯᠠᠬᠤ ᠵᠡᠷᠭᠡ ᠲᠦᠷᠦᠯ ᠵᠦᠢᠯ ᠤᠨ ᠭᠤᠤᠯ ᠴᠤᠭᠴᠠ ᠶᠢᠨ ᠠᠵᠢᠯ ᠳᠠᠭᠤᠰᠴᠠᠢ᠃ | ᠬᠡᠪᠴᠢᠶᠡᠵᠢᠯ ᠠᠴᠠ ᠳᠡᠭᠡᠭᠰᠢ ᠠᠵᠤ ᠦᠢᠯᠡᠳᠪᠤᠷᠷᠢᠯᠡᠯ ᠤᠨ ᠠᠵᠤ ᠠᠬᠤᠶᠢᠯᠠᠯ 27 ᠪᠠᠶᠢᠭᠰᠠᠨ ᠠᠴᠠ33 ᠠᠵᠤ | ᠠᠬᠤᠶᠢᠯᠠᠯ ᠪᠤᠯᠵᠤ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢ ᠠᠵᠤ ᠦᠢᠯᠡᠳᠪᠤᠷᠢ ᠶᠢᠨ ᠨᠡᠮᠡᠭᠳᠡᠭᠰᠡᠨ ᠦᠷᠲᠡᠭ12 | ᠳ᠋ᠦᠩᠰᠢᠭᠤᠷ ᠲᠦᠭᠦᠷᠢᠭ ᠠᠴᠠ27ᠳ᠋ᠦᠩᠰᠢᠭᠤᠷ ᠲᠦᠭᠦᠷᠢᠭ ᠪᠤᠯᠤᠨ ᠨᠡᠮᠡᠭᠳᠡᠵᠤ᠂ ᠵᠢᠯ ᠳᠤ17.6% ᠪᠠᠷ | ᠨᠡᠮᠡᠭᠳᠡᠵᠠᠢ᠃ ᠰᠤᠶᠤᠯ ᠵᠢᠭᠤᠴᠢᠯᠠᠯ ᠤᠨ ᠦᠢᠯᠡᠰ ᠤᠨ ᠠᠮᠢᠵᠢᠷᠠᠯ ᠤᠨ ᠬᠦᠴᠦᠨ ᠨᠡᠮᠡᠭᠳᠡᠪᠡ᠃ ᠤᠯᠤᠰ ᠤᠨ ᠭᠠᠵᠠᠷ | ᠰᠢᠨᠵᠢᠯᠡᠭᠡᠨ ᠤ ᠴᠡᠴᠡᠷᠯᠢᠭ 4A ᠳᠡᠰ ᠵᠡᠷᠬᠡᠯᠡᠯ ᠤᠨ ᠲᠤᠭᠤᠷᠢᠭ ᠪᠤᠯᠤᠨ ᠲᠡᠪᠰᠢᠵᠤ᠂ ᠤᠯᠤᠰ ᠤᠨ ᠡᠭᠦᠳᠡ ᠶᠢᠨ | ᠦᠵᠡᠮᠵᠢ ᠶᠢᠨ ᠲᠤᠭᠤᠷᠢᠭ ᠨᠢ 3A ᠳᠡᠰ ᠵᠡᠷᠬᠡᠯᠡᠯ ᠤᠨ ᠦᠵᠡᠮᠵᠢ ᠶᠢᠨ ᠲᠤᠭᠤᠷᠢᠭ ᠪᠤᠯᠤᠨ ᠳᠠᠪᠰᠢᠵᠠᠢ᠃ ᠬᠢᠯᠢ | ᠤᠷᠴᠢᠮ ᠤᠨ ︽ ᠨᠢᠭᠡ ᠡᠳᠤᠷ ᠤᠨ ᠠᠶᠠᠯᠠᠯ︾ ᠰᠡᠷᠭᠦᠭᠳᠡᠵᠤ᠂ ︽ ᠴᠠᠢ ᠶᠢᠨ ᠵᠠᠮ︾ ᠤᠨ ᠰᠤᠶᠤᠯ ᠵᠢᠭᠤᠯᠴᠢᠯᠠᠯ | ᠤᠨ ᠪᠠᠶᠠᠷ ᠤᠨ ᠡᠳᠦᠷ᠂ ︽ ᠴᠠᠢ ᠶᠢᠨ ᠵᠠᠮ ᠢᠶᠠᠷ ᠳᠠᠬᠢᠨ ᠠᠶᠠᠯᠠᠬᠤ︾ ᠵᠡᠷᠭᠡ ᠰᠢᠷᠢᠰ ᠬᠦᠳᠡᠯᠭᠡᠭᠡᠨ ᠢ ᠠᠮᠵᠢᠯᠲᠠ | ᠲᠠᠢ ᠵᠤᠬᠢᠶᠠᠨ ᠪᠠᠶᠢᠭᠤᠯᠵᠤ᠂ ᠳᠤᠮᠳᠠᠳᠤ ᠮᠤᠩᠭᠤᠯ ᠤᠷᠤᠰ ᠤᠨ ᠦᠪᠡᠷᠲᠡᠭᠡᠨ ᠮᠠᠰᠢᠨ ᠪᠠᠷᠢᠵᠤ ᠠᠶᠠᠯᠠᠬᠤ | ᠲᠤᠭᠤᠷᠢᠭ ᠵᠠᠮ ᠪᠦᠷᠢᠯᠳᠤᠵᠤ᠂ ᠡᠷᠢᠶᠡᠨ ᠬᠤᠲᠡ ᠠᠴᠠ ᠤᠯᠠᠭᠠᠨᠪᠠᠭᠠᠲᠤᠷ ᠬᠤᠲᠡ ᠬᠦᠷᠬᠦ ᠲᠦᠷ ᠴᠠᠭ ᠤᠨ ᠤᠯᠠᠨ | ᠤᠯᠤᠰ ᠤᠨ ᠠᠶᠠᠯᠠᠯ ᠤᠨ ᠱᠤᠭᠤᠮ ᠂ ᠮᠦᠰᠺᠧᠨ ᠬᠦᠷᠬᠦ ᠠᠶᠠᠯᠠᠯ ᠵᠢᠭᠤᠯᠴᠢᠯᠠᠯ ᠤᠨ ᠲᠤᠰᠬᠠᠢ ᠭᠠᠯᠲᠤ ᠲᠡᠷᠭᠡ | ᠶᠢ ᠨᠡᠪᠲᠡᠷᠡᠭᠦᠯᠵᠠᠢ᠃ ᠲᠠᠪᠤᠨ ᠵᠢᠯ ᠨᠡᠶᠢᠲᠡ ᠤᠯᠤᠰ ᠤᠨ ᠭᠠᠳᠠᠨ᠎ᠠ ᠳᠤᠲᠤᠨ᠎ᠠ ᠶᠢᠨ ᠵᠢᠭᠤᠯᠴᠢᠳ ᠢ 800 ᠲᠦᠮᠡᠨ | ᠬᠦᠮᠦᠨ ᠤᠳᠠᠭ᠎ᠠ ᠶᠢ ᠬᠦᠯᠢᠶᠡᠨ ᠠᠪᠴᠤ᠂ ᠵᠢᠯ ᠳᠤ5.1% ᠪᠠᠷ ᠨᠡᠮᠡᠭᠳᠡᠵᠠᠢ ︔ ᠠᠶᠠᠯᠠᠯ ᠵᠢᠭᠤᠴᠢᠯᠠᠯ ᠤᠨ | ᠶᠡᠷᠤᠩᠬᠡᠢ ᠤᠷᠤᠯᠭ᠎ᠠ ᠨᠢ173 ᠳ᠋ᠦᠩᠰᠢᠭᠤᠷ ᠲᠦᠭᠦᠷᠢᠭ ᠬᠦᠷᠴᠤ᠂17.9 % ᠪᠠᠷ ᠨᠡᠮᠡᠭᠳᠡᠵᠠᠢ᠃ ᠨᠤᠭᠤᠭᠠᠨ | ᠪᠠᠶᠢᠭᠤᠯᠤᠮᠵᠢ ᠰᠡᠷᠭᠦᠭᠳᠡᠬᠦ ᠡᠷᠴᠢᠮ ᠬᠦᠴᠦᠨ ᠤ ᠦᠢᠯᠡᠰ ᠦᠷᠬᠦᠯᠵᠢᠯᠡᠨ ᠬᠦᠭᠵᠢᠪᠡ᠃ ᠵᠦᠩ ᠬᠠᠢ ᠶᠧᠦ᠂ ᠬᠤᠸᠠ | ᠳ᠋ᠢᠶᠠᠨ ᠵᠡᠷᠭᠡ 5 ᠡᠷᠴᠢᠮ ᠬᠦᠴᠦᠨ ᠤ ᠲᠦᠷᠦᠯ ᠵᠦᠢᠯ ᠨᠢ ᠰᠦᠯᠵᠢᠶ᠎ᠡ ᠬᠤᠯᠪᠤᠨ ᠴᠠᠬᠢᠯᠭᠠᠨ ᠭᠠᠷᠭᠠᠬᠤ ᠶᠢ | ᠪᠡᠶᠡᠯᠡᠭᠦᠯᠵᠤ᠂ ᠪᠦᠬᠦ ᠬᠤᠳᠠ ᠶᠢᠨ ᠨᠠᠷᠠ ᠰᠠᠯᠬᠢᠨ ᠤ ᠡᠨᠧᠷᠬᠢ ᠶᠢᠨ ᠴᠠᠬᠢᠯᠭᠠᠨ ᠮᠠᠰᠢᠨ ᠴᠣᠭᠴᠠᠯᠠᠪᠣᠷᠢ ᠶᠢᠨ | ᠪᠠᠭᠳᠠᠭᠠᠮᠵᠢ ᠨᠢ 34 ᠲᠦᠮᠡᠨ ᠺᠢᠯᠣᠸᠠᠲ ᠬᠦᠷᠴᠦ᠂ ᠵᠢᠯ ᠳᠤ ᠴᠠᠬᠢᠯᠭᠠᠨ ᠭᠠᠷᠭᠠᠬᠤ ᠬᠡᠮᠵᠢᠶ᠎ᠡ ᠨᠢ 5.4 | ᠳ᠋ᠦᠩᠰᠢᠭᠤᠷ ᠺᠢᠯᠣᠸᠠᠲ ᠴᠠᠭ᠃ | — — — — ᠰᠠᠭᠤᠷᠢ ᠪᠦᠲᠦᠭᠡᠨ ᠪᠠᠶᠢᠭᠤᠯᠤᠯᠲᠠ ᠶᠢᠨ ᠨᠦᠬᠦᠴᠡᠯ ᠤᠯᠠᠮ ᠨᠢᠭᠡ ᠠᠯᠬᠤᠮ | ᠰᠠᠶᠢᠵᠢᠷᠠᠪᠠ᠃ 9.5ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠤᠷᠤᠭᠤᠯᠵᠤ ᠵᠠᠰᠠᠮᠠᠯ ᠵᠠᠮ ᠤᠨ ᠠᠶᠠᠨᠴᠢᠳ ᠢ | ᠰᠢᠯᠭᠠᠨ ᠪᠠᠶᠢᠴᠠᠭᠠᠬᠤ ᠭᠠᠷᠤᠴᠠ᠂ ᠭᠠᠷᠠᠮ ᠨᠡᠪᠲᠡᠷᠡᠭᠦᠯᠬᠦ ᠵᠠᠰᠠᠮᠠᠯ ᠵᠠᠮ᠂ ᠡᠷᠢᠶᠡᠨ ᠬᠤᠲᠡ ᠠᠴᠠ ᠵᠠᠮ ᠤᠨ ᠡᠭᠦᠳᠡ | ᠬᠦᠷᠬᠦ ᠲᠡᠮᠤᠷ ᠵᠠᠮ ᠤᠨ ᠬᠠᠷᠢᠯᠴᠠᠬᠤ ᠱᠤᠭᠤᠮ ᠵᠡᠷᠭᠡ ᠭᠤᠤᠯ ᠪᠤᠯᠬᠤ ᠲᠦᠷᠦᠯ ᠵᠦᠢᠯ ᠢ ᠦᠷᠭᠡᠳᠬᠡᠨ | ᠰᠢᠨᠡᠴᠢᠯᠡᠵᠤ᠂ ᠪᠤᠭᠤᠮᠲᠡ ᠶᠢᠨ ᠰᠠᠭᠤᠷᠢ ᠪᠦᠲᠦᠭᠡᠨ ᠪᠠᠶᠢᠭᠤᠯᠤᠯᠲᠡ ᠶᠢᠨ ᠳᠠᠭᠠᠭᠠᠴᠠ ᠶᠢᠨ ᠴᠢᠳᠠᠪᠤᠷᠢ ᠶᠢ ᠤᠯᠠᠮ | ᠢᠶᠠᠷ ᠴᠢᠩᠭᠠᠳᠬᠠᠵᠠᠢ᠃15 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠤᠷᠤᠭᠤᠯᠤᠨ ᠬᠤᠲᠡ ᠶᠢᠨ ᠨᠡᠶᠢᠲᠡ ᠶᠢᠨ | ᠰᠠᠭᠤᠷᠢ ᠪᠦᠲᠦᠭᠡᠨ ᠪᠠᠶᠢᠭᠤᠯᠤᠯᠲᠠ ᠶᠢ ᠪᠦᠷᠢᠨᠰᠢᠭᠦᠯᠵᠤ᠂ ᠬᠤᠳᠠ ᠶᠢᠨ ᠤᠰᠤᠨ ᠬᠠᠩᠭᠠᠬᠤ᠂ ᠤᠰᠤ ᠵᠠᠶᠢᠯᠠᠭᠤᠯᠬᠤ | ᠂ ᠳᠤᠯᠠᠭᠠᠯᠠᠯᠲᠠ᠂ ᠨᠤᠭᠤᠭᠠᠷᠠᠭᠤᠯᠤᠯᠳᠡ᠂ ᠬᠡᠷᠡᠯᠲᠤᠭᠦᠯᠭᠡ᠂ ᠭᠤᠶᠤᠵᠢᠭᠤᠯᠤᠯᠲᠠ᠂ ᠬᠠᠲᠠᠭᠤᠵᠢᠭᠤᠯᠤᠯᠲᠠ ᠵᠡᠷᠭᠡ | ᠢᠨᠵᠧᠨᠧᠷᠢᠩ ᠢ ᠭᠤᠤᠯ ᠪᠤᠯᠭᠠᠨ ᠬᠡᠷᠡᠭᠵᠢᠭᠦᠯᠵᠤ᠂ ᠲᠦᠪᠯᠡᠷᠡᠭᠦᠯᠦᠭᠰᠡᠨ ᠲᠤᠯᠠᠭᠠᠯᠭ᠎ᠠ ᠶᠢᠨ ᠨᠤᠷᠮ᠎ᠠ ᠂ ᠪᠤᠬᠢᠷ ᠤᠰᠤ | ᠶᠢ ᠲᠦᠪᠯᠡᠷᠡᠭᠦᠯᠤᠨ ᠴᠡᠪᠡᠷᠰᠢᠭᠦᠯᠬᠦ ᠨᠤᠷᠮ᠎ᠠ ᠪᠠ ᠨᠤᠭᠤᠭᠠᠷᠠᠭᠤᠯᠤᠯᠳᠡ ᠶᠢᠨ ᠪᠦᠷᠬᠦᠴᠡ ᠶᠢᠨ ᠨᠤᠷᠮ᠎ᠠ ᠨᠢ ᠲᠤᠰ | ᠲᠤᠰ 89.8% ᠂ 95.7% ᠂ ᠪᠠ 36.5 ᠬᠦᠷᠴᠠᠢ ᠃ ᠪᠦᠬᠦ ᠤᠯᠤᠰ ᠤᠨ ᠤᠰᠤ ᠠᠷᠪᠢᠯᠠᠬᠤ ᠮᠠᠶ᠋ᠢᠭ ᠤᠨ | ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠡ ᠶᠢᠨ ᠴᠡᠭ ᠤᠨ ᠰᠢᠯᠭᠠᠨ ᠪᠠᠶᠢᠴᠠᠭᠠᠯᠲᠠ ᠶᠢ ᠤᠷᠤᠭᠰᠢᠲᠠᠢ | ᠦᠩᠭᠡᠷᠡᠭᠦᠯᠦᠭᠰᠡᠨ ᠪᠠᠶᠢᠨ᠎ᠠ᠃ ᠪᠤᠷᠤ ᠭᠡᠷ ᠤᠨ ᠲᠤᠭᠤᠷᠢᠭ ᠨᠡᠭᠦᠯᠭᠡᠨ ᠰᠢᠨᠡᠳᠬᠡᠭᠰᠡᠨ ᠨᠢ1374 ᠡᠷᠦᠬᠡ᠂15 | ᠲᠦᠮᠡᠨ ᠬᠠᠪᠲᠠᠭᠠᠢ ᠳᠦᠷᠪᠡᠯᠵᠢᠨ ᠮᠧᠲᠷ᠂ ᠰᠢᠨ᠎ᠡ ᠪᠠᠷ ᠪᠠᠶᠢᠭᠤᠯᠤᠭᠰᠠᠨ ᠬᠤᠳᠠᠯᠳᠤᠭᠠᠨ ᠤ ᠤᠷᠤᠨ | ᠰᠠᠭᠤᠴᠠ140 ᠲᠦᠮᠡᠨ ᠬᠠᠪᠲᠠᠭᠠᠢ ᠳᠦᠷᠪᠡᠯᠵᠢᠨ ᠮᠧᠲᠷ᠃ ︽ ᠠᠷᠪᠠ ᠶᠢ ᠪᠦᠷᠬᠦᠭᠦᠯᠬᠦ︾ ᠢᠨᠵᠧᠨᠧᠷᠢᠩ ᠢ | ᠭᠦᠵᠡᠭᠡᠶᠢᠷᠡᠨ ᠲᠤᠤᠱᠯᠠᠭᠤᠯᠵᠤ᠂ ᠰᠠᠶᠢᠵᠢᠷᠠᠭᠤᠯᠤᠯᠲᠠ ᠶᠢᠨ ᠴᠢᠨᠠᠷᠲᠠᠢ ᠤᠷᠤᠨ ᠰᠠᠭᠤᠴᠠ102 ᠢ ᠪᠠᠶᠢᠭᠤᠯᠵᠤ᠂ | ᠬᠠᠭᠤᠴᠢᠨ ᠠᠶᠤᠯᠲᠠᠢ ᠭᠡᠷ ᠪᠠᠶᠢᠰᠢᠩ120 ᠶᠢ ᠵᠠᠰᠠᠨ ᠰᠢᠨᠡᠳᠬᠡᠵᠤ᠂ ᠰᠢᠨ᠎ᠡ ᠪᠠᠷ50 ᠴᠠᠬᠢᠯᠭᠠᠨ ᠬᠤᠳᠳᠤᠭ ᠢ | ᠮᠠᠯᠲᠠᠵᠤ᠂ ᠤᠰᠤ ᠴᠡᠪᠡᠷᠰᠢᠭᠦᠯᠬᠦ ᠲᠤᠨᠤᠭ ᠲᠦᠬᠦᠭᠡᠷᠤᠮᠵᠢ 430 ᠶᠢ ᠤᠭᠰᠠᠷᠠᠭᠰᠠᠨ ᠪᠠᠶᠢᠨ᠎ᠠ᠃ ᠬᠦᠳᠡᠭᠡ | ᠲᠤᠰᠬᠤᠨ ᠤ ᠴᠠᠬᠢᠯᠭᠠᠨ ᠰᠦᠯᠵᠢᠶ᠎ᠡ 167 ᠺᠢᠯᠤᠮᠧᠲᠷ ᠢ ᠰᠢᠨᠡᠴᠢᠯᠡᠵᠤ᠂ 40 ᠡᠷᠦᠭᠡ ᠳᠤ 3000 ᠸᠤᠯᠲ | ᠰᠢᠨ᠎ᠡ ᠡᠷᠴᠢᠮ ᠬᠦᠴᠦᠨ ᠤ ᠰᠠᠯᠬᠢ ᠭᠡᠷᠡᠯ ᠤᠨ ᠨᠦᠬᠦᠪᠦᠷᠢᠯᠡᠭᠰᠡᠨ ᠴᠠᠬᠢᠯᠭᠠᠨ ᠰᠢᠰᠲ᠋ᠧᠮ ᠢ ᠰᠢᠨᠡᠳᠬᠡᠨ | ᠰᠠᠶᠢᠵᠢᠷᠠᠭᠤᠯᠵᠠᠢ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠢ73.9 ᠺᠢᠯᠤᠮᠧᠲᠷ ᠢ ᠪᠠᠶᠢᠭᠤᠯᠵᠠᠢ ᠃ | ᠪᠡᠭᠡᠵᠢᠩ ᠲᠢᠶᠠᠨᠵᠢᠨ ᠤ ᠡᠯᠡᠰᠤ ᠰᠢᠭᠤᠷᠭ᠎ᠠ ᠶᠢᠨ ᠡᠬᠢ ᠰᠤᠷᠪᠤᠯᠵᠢ ᠶᠢ ᠵᠠᠰᠠᠬᠤ ᠢᠨᠵᠧᠨᠧᠷᠢᠩ ᠢ ᠯᠠᠪᠳᠠᠭᠤᠨ ᠢᠶᠠᠷ | ᠲᠦᠯᠬᠢᠨ ᠠᠬᠢᠭᠤᠯᠵᠤ᠂ 66 ᠲᠦᠮᠡᠨ ᠮᠤ᠋ ᠵᠦᠯᠭᠡ ᠶᠢ ᠵᠠᠰᠠᠨ᠂ ᠲᠠᠯ᠎ᠠ ᠨᠤᠲᠤᠭ ᠤᠨ ᠠᠮᠢ ᠠᠬᠤᠢ ᠶᠢᠨ ᠤᠷᠴᠢᠨ ᠢ | ᠢᠳᠡᠪᠬᠢᠲᠡᠢ ᠰᠠᠶᠢᠵᠢᠷᠠᠭᠤᠯᠵᠠᠢ᠃ | — — — —ᠡᠯ᠎ᠡ ᠲᠦᠷᠦᠯ ᠤᠨ ᠨᠡᠶᠢᠭᠡᠮ ᠤᠨ ᠠᠵᠤ ᠦᠢᠯᠡᠰ ᠪᠦᠬᠦ ᠲᠠᠯ᠎ᠠ ᠪᠠᠷ ᠳᠠᠪᠰᠢᠪᠠ᠃ 2 | ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠤᠷᠤᠭᠤᠯᠤᠨ ᠬᠤᠲᠡ ᠶᠢᠨ ᠬᠡᠤᠭᠡᠳ ᠤᠨ ᠴᠡᠴᠡᠷᠯᠢᠭ᠂ ᠮᠤᠩᠭᠤᠯ | ᠦᠨᠳᠦᠰᠦᠲᠡᠨ ᠤ ᠬᠡᠤᠭᠡᠳ ᠤᠨ ᠴᠡᠴᠡᠷᠯᠢᠭ ᠪᠠ ᠦᠨᠳᠦᠰᠦᠲᠡᠨ ᠤ ᠳᠤᠮᠳᠠᠳᠤ ᠰᠤᠷᠭᠠᠭᠤᠯᠢ ᠵᠡᠷᠭᠡ ᠭᠤᠤᠯ ᠪᠤᠯᠬᠤ | ᠲᠦᠷᠦᠯ ᠵᠦᠢᠯ ᠢ ᠬᠡᠷᠡᠭᠵᠢᠭᠦᠯᠵᠤ᠂ ᠰᠤᠷᠭᠠᠭᠤᠯᠢ ᠡᠷᠬᠢᠯᠡᠬᠦ ᠨᠦᠬᠦᠴᠡᠯ ᠤᠯᠠᠮ ᠨᠢᠭᠡ ᠠᠯᠬᠤᠮ ᠰᠠᠶᠢᠵᠢᠷᠠᠪᠠ᠃ | ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠢᠶᠡᠨ ᠬᠤᠲᠡ ᠶᠢᠨ ᠤᠯᠠᠨ ᠤᠯᠤᠰ ᠤᠨ ᠳᠡᠭᠡᠳᠤ | ᠰᠤᠷᠭᠠᠭᠤᠯᠢ ᠶᠢ ᠪᠠᠶᠢᠭᠤᠯᠵᠤ᠂ ᠦᠨᠳᠦᠷ ᠵᠡᠷᠭᠡ ᠶᠢᠨ ᠰᠤᠷᠭᠠᠨ ᠬᠦᠮᠦᠵᠢᠯ ᠡᠬᠢᠯᠡᠨ ᠬᠦᠭᠵᠢᠪᠡ ᠃ ᠪᠦᠬᠦ ᠲᠠᠯ᠎ᠠ | ᠪᠠᠷ ᠨᠡᠶᠢᠲᠡ ᠶᠢᠨ ᠡᠮᠨᠡᠯᠭᠡ ᠳᠤ ᠦᠭᠡᠷᠡᠴᠢᠯᠡᠯᠲᠡ ᠬᠢᠬᠦ ᠶᠢ ᠠᠬᠢᠭᠤᠯᠵᠤ᠂ ᠡᠮᠨᠡᠯᠭᠡ ᠶᠢᠨ ᠡᠮᠴᠢᠯᠡᠭᠡᠨ ᠤ ᠤᠨᠤᠰᠢᠯᠡᠨ | ᠡᠮᠴᠢᠯᠡᠬᠦ ᠲᠦᠪᠰᠢᠨ ᠮᠡᠳᠡᠭᠳᠡᠮ᠎ᠡ ᠲᠡᠭᠡᠭᠰᠢᠯᠡᠵᠠᠢ᠃ ᠦᠨᠳᠦᠰᠦᠲᠡᠨ ᠤ ᠲᠤᠮᠤ ᠪᠦᠵᠢᠭ ᠤᠨ ᠵᠦᠴᠦᠭᠡ ︽ ᠢ ᠯᠢᠨ | ᠲᠡᠤᠬᠡ︾ ᠶᠢ ᠨᠠᠶᠢᠷᠠᠭᠤᠯᠤᠨ ᠵᠤᠬᠢᠶᠠᠵᠤ᠂ ᠪᠦᠬᠦ ᠤᠷᠤᠨ ᠤ ᠰᠢᠯᠢᠳᠡᠭ ᠵᠦᠴᠦᠭᠡ ᠶᠢᠨ ᠱᠠᠩᠨᠠᠯ ᠢ ᠬᠦᠷᠲᠡᠵᠠᠢ᠃ | ᠨᠡᠶᠢᠭᠡᠮ ᠲᠤᠭᠤᠷᠢᠭ ᠤᠨ ᠰᠢᠨᠡᠴᠢᠯᠡᠯᠲᠡ ᠦᠭᠡᠷᠡᠴᠢᠯᠡᠯᠲᠡ ᠶᠢᠨ ᠲᠤᠷᠰᠢᠯᠲᠡ ᠶᠢᠨ ᠴᠡᠭ ᠤᠨ ᠡᠭᠦᠷᠭᠡ ᠶᠢ | ᠪᠡᠶᠡᠯᠡᠭᠦᠯᠵᠤ᠂ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠬᠠᠮᠢᠶᠠᠷᠤᠯᠲᠠ ᠨᠢ ᠬᠠᠪᠲᠠᠭᠠᠶᠢᠵᠢᠭᠤᠯᠤᠯᠲᠠ᠂ | ᠲᠤᠤᠷᠵᠢᠭᠤᠯᠤᠯᠲᠠ᠂ ᠰᠤᠷᠠᠭ ᠵᠠᠩᠬᠢᠵᠢᠭᠤᠯᠤᠯᠲᠠ ᠪᠠ ᠨᠡᠶᠢᠭᠡᠮᠵᠢᠭᠦᠯᠦᠯᠲᠡ ᠶᠢ ᠪᠡᠶᠡᠯᠡᠭᠦᠯᠵᠠᠢ᠃ | — — — — ᠠᠷᠠᠳ ᠲᠦᠮᠡᠨ ᠤ ᠠᠮᠢᠳᠤᠷᠠᠯ ᠤᠨ ᠲᠦᠪᠰᠢᠨ ᠮᠡᠳᠡᠭᠳᠡᠮ᠎ᠡ ᠳᠡᠭᠡᠭᠰᠢᠯᠡᠪᠡ᠃ ᠠᠵᠢᠯ | ᠤᠯᠭᠤᠬᠤ ᠠᠵᠢᠯ ᠦᠢᠯᠡᠰ ᠡᠷᠬᠢᠯᠡᠬᠦ ᠠᠵᠢᠯ ᠯᠠᠪᠳᠠᠭᠤᠨ ᠢᠶᠠᠷ ᠬᠡᠷᠡᠭᠵᠢᠭᠦᠯᠵᠤ᠂ ᠲᠠᠪᠤᠨ ᠵᠢᠯ ᠨᠡᠶᠢᠲᠡ3103 | ᠬᠦᠮᠦᠨ ᠳᠤ ᠠᠵᠢᠯ ᠤᠯᠭᠤᠵᠤ᠂ ᠬᠤᠲᠡ ᠪᠠᠯᠭᠠᠰᠤ` ᠶᠢᠨ ᠠᠵᠢᠯ ᠠᠯᠳᠠᠭᠰᠠᠳ ᠤᠨ ᠨᠤᠷᠮ᠎ᠡ ᠶᠢ 2.4% ᠪᠠᠷ | ᠬᠢᠵᠠᠭᠠᠷᠯᠠᠵᠠᠢ᠃ ᠨᠡᠶᠢᠭᠡᠮ ᠤᠨ ᠪᠠᠲᠤᠯᠠᠭᠠᠨ ᠤ ᠪᠦᠷᠬᠦᠴᠡ ᠶᠢᠨ ᠬᠡᠮᠵᠢᠶ᠎ᠡ ᠶᠢ ᠲᠠᠰᠤᠷᠠᠯᠲᠠ ᠦᠭᠡᠢ ᠶᠡᠬᠡᠰᠬᠡᠵᠤ᠂ | ᠬᠤᠲᠡ ᠬᠦᠳᠡᠭᠡ ᠶᠢᠨ ᠬᠠᠮᠤᠭ ᠤᠨ ᠳᠤᠤᠷ᠎ᠠ ᠠᠮᠢᠳᠤᠷᠠᠯ ᠤᠨ ᠪᠠᠲᠤᠯᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠬᠤ | ᠂ ᠬᠤᠲᠡ ᠪᠠᠯᠭᠠᠰᠤ ᠶᠢᠨ ︽ ᠭᠤᠷᠪᠠ ᠦᠭᠡᠢ︾ ᠬᠦᠮᠦᠰ ᠢ ᠠᠰᠠᠷᠠᠨ ᠬᠠᠷᠠᠭᠠᠯᠵᠠᠵᠤ᠂ ︽ ᠲᠠᠪᠤᠨ ᠪᠠᠲᠤᠯᠠᠭᠠᠲᠤ | ᠡᠷᠦᠬᠡ︾ ᠪᠠ ᠦᠨᠦᠴᠢᠨ ᠬᠡᠤᠬᠡᠳ ᠤᠨ ᠠᠰᠠᠷᠠᠨ ᠬᠠᠷᠠᠭᠠᠯᠵᠠᠯ᠂ ᠦᠨᠳᠦᠷ ᠨᠠᠰᠤᠲᠠᠨ ᠤ ᠠᠮᠢᠳᠤᠷᠠᠯ ᠤᠨ | ᠨᠦᠬᠦᠪᠦᠷᠢ ᠮᠦᠩᠭᠦ ᠵᠡᠷᠭᠡ ᠠᠷᠠᠳ ᠤᠨ ᠠᠮᠢᠵᠢᠷᠠᠭ᠎ᠠ ᠶᠢᠨ ᠪᠠᠷᠢᠮᠵᠢᠶ᠎ᠠ ᠨᠢ ᠪᠦᠬᠦ ᠠᠶᠢᠮᠠᠭ ᠤᠨ ᠲᠡᠷᠢᠭᠦᠨ ᠪᠠᠶᠢᠷᠢᠨ | ᠳᠤ ᠤᠷᠤᠵᠠᠢ ᠃ ᠲᠠᠯ᠎ᠠ ᠨᠤᠲᠤᠭ ᠤᠨ ᠠᠮᠢ ᠠᠬᠤᠢ ᠶᠢᠨ ᠨᠦᠬᠦᠨ ᠬᠦᠬᠢᠭᠦᠯᠬᠦ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠤ᠂ ᠮᠠᠯᠴᠢᠳ ᠤᠨ ᠮᠠᠯᠵᠢᠯ ᠤᠨ ᠪᠤᠰᠤ ᠤᠷᠤᠯᠭ᠎ᠠ ᠮᠡᠳᠡᠭᠳᠡᠮ᠎ᠡ ᠳᠡᠭᠡᠭᠰᠢᠯᠡᠪᠡ᠃ ᠪᠦᠬᠦ ᠰᠠᠭᠤᠭᠠᠯᠢ | ᠠᠷᠠᠳ ᠤᠨ ᠤᠷᠤᠯᠭ᠎ᠠ ᠨᠢ 7490 ᠲᠦᠭᠦᠷᠢᠭ ᠠᠴᠠ38409 ᠲᠦᠭᠦᠷᠢᠭ ᠪᠤᠯᠤᠨ ᠨᠡᠮᠡᠭᠳᠡᠵᠠᠢ᠃ | — — — — ᠠᠷᠠᠳᠴᠢᠯᠠᠯ ᠬᠠᠤᠯᠢ ᠪᠠᠷ ᠵᠠᠰᠠᠬᠤ ᠪᠠ ᠵᠠᠰᠠᠭ ᠤᠨ ᠤᠷᠳᠤᠨ ᠤ ᠦᠪᠡᠷ ᠢ ᠪᠠᠨ | ᠪᠦᠲᠦᠭᠡᠨ ᠪᠠᠶᠢᠭᠤᠯᠬᠤ ᠨᠢ ᠴᠢᠩᠭᠠᠷᠠᠪᠠ᠃ ᠤᠶᠤᠨ ᠤ ᠪᠤᠯᠪᠠᠰᠤᠨ ᠢ ᠡᠭᠦᠳᠡᠨ ᠪᠠᠶᠢᠭᠤᠯᠬᠤ ᠬᠦᠳᠡᠯᠭᠡᠭᠡᠨ ᠢ | ᠬᠦᠨᠵᠡᠭᠡᠢ ᠬᠡᠷᠡᠭᠵᠢᠭᠦᠯᠵᠤ᠂ ︽ ᠪᠦᠬᠦ ᠤᠯᠤᠰ ᠤᠨ ᠬᠤᠶᠠᠷ ᠢ ᠬᠦᠷᠢᠶᠡᠯᠡᠬᠦ ᠬᠤᠲᠡ︾᠂ ︽ ᠦᠪᠡᠷᠲᠡᠭᠡᠨ | ᠵᠠᠰᠠᠬᠤ ᠤᠷᠤᠨ ᠤ ᠪᠤᠯᠪᠠᠰᠤᠨ ᠬᠤᠲᠡ︾᠂ ︽ ᠦᠪᠡᠷᠲᠡᠭᠡᠨ ᠵᠠᠰᠠᠬᠤ ᠤᠷᠤᠨ ᠤ ᠴᠡᠴᠡᠷᠯᠢᠭᠲᠦ ᠬᠤᠲᠡ︾ ᠭᠡᠬᠦ | ᠴᠤᠯᠠ ᠶᠢ ᠬᠦᠷᠲᠡᠵᠠᠢ᠃ ᠪᠦᠬᠦ ᠵᠢᠯ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠠᠤᠯᠢ ᠶᠤᠰᠤᠨ ᠤ ᠬᠢᠨᠠᠯᠲᠠ ᠪᠠ ᠤᠯᠣᠰ ᠲᠦᠷᠦ ᠶᠢᠨ ᠵᠦᠪᠯᠡᠯᠭᠡᠨ ᠤ ᠠᠷᠳᠴᠢᠯᠠᠯ ᠤᠨ ᠬᠢᠨᠠᠯᠲᠡ ᠶᠢ | ᠤᠬᠠᠮᠰᠠᠷ ᠠᠴᠠ ᠪᠠᠨ ᠬᠦᠯᠢᠶᠡᠨ ᠠᠪᠴᠤ᠂ ᠲᠠᠪᠤᠨ ᠵᠢᠯ ᠨᠡᠶᠢᠲᠡ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢ ᠶᠢᠨ ᠰᠠᠨᠠᠯ᠂ ᠤᠯᠣᠰ ᠲᠦᠷᠦ ᠶᠢᠨ ᠵᠦᠪᠯᠡᠯᠭᠡᠨ ᠤ ᠭᠡᠰᠢᠬᠦᠨ ᠤ ᠲᠣᠷᠠᠳᠣᠭᠰᠠᠨ 381 | ᠲᠦᠰᠦᠯ ᠢ ᠰᠢᠢᠳᠪᠦᠷᠢᠯᠡᠵᠡᠢ᠃ ᠬᠠᠤᠯᠢ ᠪᠠᠷ ᠬᠤᠲᠡ ᠪᠠᠨ ᠵᠠᠰᠠᠬᠤ ᠶᠢ ᠢᠳᠡᠪᠬᠢᠲᠠᠢ ᠠᠬᠢᠭᠤᠯᠵᠤ᠂ ︽ | ᠵᠢᠷᠭᠤᠳᠣᠭᠠᠷ ᠲᠠᠪᠣᠨ ᠵᠢᠯ ᠤᠨ ᠬᠠᠣᠯᠢ ᠲᠦᠭᠡᠮᠡᠯᠵᠢᠭᠦᠯᠬᠦᠤ᠋︾ ᠠᠵᠢᠯ ᠢ ᠰᠠᠶᠢᠲᠤᠷ ᠪᠡᠶᠡᠯᠡᠭᠦᠯᠵᠠᠢ᠃ ︽ | ᠠᠮᠤᠭᠤᠯᠠᠩ ᠡᠷᠢᠶᠡᠨ︾ ᠠᠵᠢᠯ ᠢ ᠬᠦᠨᠵᠡᠭᠡᠶᠢᠷᠡᠭᠦᠯᠦᠨ ᠦᠷᠨᠢᠭᠦᠯᠵᠤ᠂ ᠪᠤᠭᠤᠮᠲᠡ ᠶᠢ ᠬᠠᠮᠢᠶᠠᠷᠤᠬᠤ ᠪᠤᠭᠤᠮᠲᠡ ᠶᠢ | ᠡᠷᠬᠡᠰᠢᠶᠡᠬᠦ ᠬᠦᠴᠦᠯᠡᠴᠡ ᠶᠢ ᠴᠢᠩᠭᠠᠳᠬᠠᠵᠤ᠂ ᠬᠠᠣᠯᠢ ᠶᠣᠰᠣᠭᠠᠷ ᠡᠯ᠎ᠡ ᠲᠦᠷᠦᠯ ᠤᠨ ᠬᠠᠣᠯᠢ ᠵᠦᠷᠢᠴᠡᠭᠰᠡᠨ | ᠶᠠᠯᠠᠳᠣ ᠦᠢᠯᠡ ᠠᠵᠢᠯᠯᠠᠭ᠎ᠠ ᠳᠤ ᠴᠣᠬᠢᠯᠳᠠ ᠦᠭᠴᠦ᠂ ᠤᠯᠤᠰ ᠤᠨ ᠴᠢᠬᠤᠯᠠ ᠶᠡᠭᠡ ᠬᠦᠳᠡᠯᠭᠡᠭᠡᠨ ᠤ | ᠬᠤᠭᠤᠴᠠᠭᠠᠨ ᠤ ᠳᠤᠮᠳᠠ ᠪᠤᠭᠤᠮᠲᠡ ᠶᠢᠨ ᠬᠠᠮᠭᠠᠯᠠᠯᠲᠠ ᠶᠢᠨ ᠡᠭᠦᠷᠭᠡ ᠶᠢ ᠠᠮᠵᠢᠯᠲᠠᠢ ᠪᠡᠶᠡᠯᠡᠭᠦᠯᠵᠠᠢ᠃ ᠠᠯᠪᠠᠨ | ᠭᠡᠷ ᠢ ᠬᠤᠭᠤᠰᠤᠯᠠᠬᠤ ᠪᠠ ᠠᠯᠪᠠᠨ ᠤ ᠮᠠᠰᠢᠨ ᠲᠡᠷᠭᠡ ᠶᠢ ᠵᠤᠭᠰᠤᠭᠠᠬᠤ ᠠᠵᠢᠯ ᠢ ᠴᠢᠩᠭ᠎ᠠ ᠬᠡᠷᠡᠭᠵᠢᠭᠦᠯᠵᠤ᠂ | ᠨᠡᠶᠢᠲᠡ 5478 ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠠᠯᠪᠠᠨ ᠭᠡᠷ ᠢ ᠬᠤᠭᠤᠰᠣᠯᠠᠨ ᠭᠠᠷᠭᠠᠵᠣ᠂ 68 | ᠠᠯᠪᠠᠨ ᠤ ᠮᠠᠰᠢᠨ ᠲᠡᠷᠭᠡ ᠶᠢ ᠦᠨ᠎ᠡ ᠬᠠᠶᠠᠯᠴᠠᠬᠤ ᠮᠠᠶ᠋ᠢᠭ ᠢᠶᠠᠷ ᠰᠢᠢᠳᠪᠤᠷᠢᠯᠠᠵᠠᠢ᠃ ᠡᠭᠦᠨ ᠠᠴᠠ ᠭᠠᠳᠠᠨ᠎ᠠ᠂ | ᠲᠤᠭ᠎ᠠ ᠪᠦᠷᠢᠳᠬᠡᠯ᠂ ᠬᠢᠨᠠᠨ ᠪᠤᠳᠤᠬᠤ᠂ ᠬᠢᠨᠠᠨ ᠪᠠᠶᠢᠴᠠᠭᠠᠬᠤ᠂ ᠦᠨᠳᠦᠰᠦᠲᠡᠨ᠂ ᠱᠠᠰᠢᠨ ᠰᠤᠷᠲᠠᠬᠤᠨ᠂ ᠠᠭᠠᠷ | ᠤᠨ ᠰᠡᠷᠭᠡᠶᠢᠯᠡᠯᠲᠡ᠂ ᠭᠠᠯ ᠰᠡᠷᠭᠡᠶᠢᠯᠡᠯᠲᠡ᠂ ᠴᠠᠭ ᠠᠭᠤᠷ᠂ ᠨᠠᠰᠤᠨ ᠳᠤ ᠦᠯᠦ ᠬᠦᠷᠦᠭᠰᠡᠳ᠂ ᠵᠡᠮᠳᠡᠭᠴᠤᠳ ᠤᠨ | ᠠᠵᠢᠯ ᠵᠡᠷᠭᠡ ᠪᠦᠷ ᠰᠢᠨ᠎ᠡ ᠠᠮᠵᠢᠯᠲᠡ ᠤᠯᠪᠠ᠃ | ᠲᠦᠯᠦᠭᠡᠯᠡᠭᠴᠢᠳ ᠡ᠂ ᠰᠠᠶ᠋ᠢᠬᠠᠨ ᠦᠩᠭᠡᠷᠡᠭᠰᠡᠨ 2015 ᠤᠨ ᠳᠤ᠂ ᠪᠢᠳᠡ ᠤᠯᠤᠰ ᠤᠨ ᠭᠠᠳᠠᠨ᠎ᠠ | ᠳᠤᠲᠤᠨ᠎ᠠ ᠶᠢᠨ ᠠᠵᠤ ᠠᠬᠤᠢ ᠶᠢᠨ ᠪᠠᠭᠤᠷᠠᠯᠲᠠ ᠵᠢᠨᠠᠰᠢᠭ ᠦᠭᠡᠢ ᠨᠦᠯᠦᠭᠡ ᠶᠢ ᠢᠯᠠᠨ ᠳᠠᠪᠠᠵᠤ᠂ ᠲᠤᠭᠲᠠᠭᠤᠨ | ᠢᠶᠠᠷ ᠦᠰᠴᠤ᠂ ᠪᠦᠲᠦᠴᠡ ᠶᠢ ᠲᠤᠬᠢᠷᠠᠭᠤᠯᠤᠨ᠂ ᠨᠡᠭᠡᠭᠡᠯᠲᠡ ᠶᠢ ᠠᠳᠬᠤᠨ᠂ ᠦᠭᠡᠷᠡᠴᠢᠯᠡᠯᠲᠡ ᠶᠢ ᠠᠬᠢᠭᠤᠯᠤᠨ᠂ | ᠠᠷᠠᠳ ᠤᠨ ᠠᠮᠢᠳᠣᠷᠠᠯ ᠢ ᠬᠠᠷᠠᠭᠠᠯᠵᠠᠵᠤ᠂ ᠪᠤᠭᠤᠮᠲᠡ ᠶᠢᠨ ᠠᠵᠤ ᠠᠬᠤᠢ ᠨᠡᠶᠢᠭᠡᠮ ᠲᠤᠭᠲᠠᠭᠤᠨ ᠡᠷᠡᠭᠦᠯ ᠢᠶᠠᠷ | ᠬᠦᠭᠵᠢᠭᠦ ᠶᠢ ᠪᠡᠶᠡᠯᠡᠭᠦᠯᠵᠠᠢ᠃ | ᠨᠢᠭᠡᠳᠦᠭᠡᠷ ᠲᠤ᠂ ᠲᠦᠷᠦᠭᠦᠯᠡᠨ ᠬᠡᠷᠡᠭᠵᠢᠭᠦᠯᠵᠤ ᠤᠷᠢᠳᠴᠢᠯᠠᠨ ᠲᠤᠷᠰᠢᠬᠤ᠂ ᠪᠤᠰᠤᠳ ᠠᠴᠠ ᠡᠮᠦᠨ᠎ᠡ | ᠲᠤᠷᠰᠢᠨ᠂ ᠦᠭᠡᠷᠡᠴᠢᠯᠡᠯᠲᠡ ᠬᠢᠵᠤ ᠴᠢᠯᠤᠭᠡᠲᠠᠢ ᠶᠠᠪᠤᠯᠴᠠᠬᠤ ᠶᠢ ᠪᠡᠶᠡᠯᠡᠭᠦᠯᠦᠨ᠎ᠡ᠃ | ᠪᠦᠬᠦ ᠪᠠᠶᠢᠷᠢᠯᠠᠯ ᠪᠠᠷ ᠭᠠᠳᠠᠭᠠᠳᠤ ᠨᠡᠭᠡᠭᠡᠯᠲᠡ ᠶᠢ ᠦᠷᠭᠡᠳᠬᠡᠨ᠎ᠡ᠃ ᠲᠤᠷᠰᠢᠯᠲᠡ ᠶᠢᠨ ᠲᠤᠭᠤᠷᠢᠭ ᠤᠨ | ᠪᠦᠲᠦᠭᠡᠨ ᠪᠠᠶᠢᠭᠤᠯᠤᠯᠲᠠ ᠶᠢᠨ ᠶᠡᠷᠤᠩᠬᠡᠢ ᠲᠦᠯᠦᠪᠯᠡᠭᠡ ᠶᠢ ᠦᠪᠡᠷᠲᠡᠭᠡᠨ ᠵᠠᠰᠠᠬᠤ ᠤᠷᠤᠨ ᠳᠤ ᠮᠡᠳᠡᠭᠦᠯᠦᠨ | ᠵᠦᠪᠰᠢᠶᠡᠷᠡᠯ ᠤᠯᠭᠤᠬᠤ ᠶᠢ ᠬᠦᠯᠢᠶᠡᠵᠣ ᠪᠠᠶᠢᠨ᠎ᠠ᠃ ᠳᠤᠮᠳᠠᠳᠤ ᠮᠤᠩᠭᠤᠯ ᠤᠨ ᠬᠢᠯᠢ ᠠᠯᠤᠰᠯᠠᠭᠰᠠᠨ ᠠᠵᠤ ᠠᠬᠤᠢ | ᠶᠢᠨ ᠬᠠᠮᠵᠢᠯᠴᠠᠭᠠᠨ ᠤ ᠲᠤᠭᠤᠷᠢᠭ ᠤᠨ ᠨᠢᠭᠡᠳᠤᠭᠠᠷ ᠤᠳᠠᠭᠠᠨ ᠤ ᠵᠦᠪᠳᠡᠯᠴᠡᠭᠡᠨ ᠤ ᠬᠤᠷᠠᠯ ᠢ ᠬᠠᠷᠢᠭᠤᠴᠠᠨ | ᠭᠦᠢᠴᠡᠳᠬᠡᠵᠤ᠂ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠪᠠ ᠮᠤᠩᠭᠤᠯ ᠤᠯᠤᠰ ᠤᠨ ᠠᠵᠤ | ᠦᠢᠯᠡᠳᠪᠤᠷᠢ ᠶᠢᠨ ᠶᠠᠮᠤᠨ ᠠᠴᠠ ︽ ᠡᠷᠢᠶᠡᠨ ᠬᠤᠲᠡ — ᠵᠠᠮ ᠤᠨ ᠡᠭᠦᠳᠡ ᠳᠤᠮᠳᠠᠳᠤ ᠮᠤᠩᠭᠤᠯ ᠤᠯᠤᠰ ᠤᠨ | ᠬᠢᠯᠢ ᠠᠯᠤᠰᠯᠠᠭᠰᠠᠨ ᠠᠵᠤ ᠠᠬᠤᠢ ᠶᠢᠨ ᠬᠠᠮᠵᠢᠯᠴᠠᠭᠠᠨ ᠤ ᠬᠠᠮᠲᠤ ᠶᠢᠨ ᠶᠡᠷᠤᠩᠬᠡᠶᠢᠯᠡᠭᠰᠡᠨ ᠲᠦᠰᠦᠯ︾ ᠢ ᠵᠠᠰᠠᠵᠤ | ᠂ ᠭᠠᠷ ᠤᠨ ᠦᠰᠦᠭ ᠵᠢᠷᠤᠬᠤ ᠴᠠᠭ ᠲᠤ ᠰᠠᠨᠠᠯ ᠨᠢᠭᠡᠳᠦᠭᠰᠡᠨ ᠢᠶᠠᠨ ᠢᠯᠡᠳᠬᠡᠵᠠᠢ᠃ ᠬᠢᠯᠢ ᠠᠯᠤᠰᠯᠠᠭᠰᠠᠨ | ᠲᠤᠭᠤᠷᠢᠭ ᠤᠨ ᠶᠡᠷᠤᠩᠬᠡᠢ ᠲᠦᠯᠦᠪᠯᠡᠭᠡ᠂ ᠠᠵᠤ ᠦᠢᠯᠡᠳᠪᠤᠷᠢ ᠶᠢᠨ ᠲᠦᠯᠦᠪᠯᠡᠭᠡ ᠶᠢ ᠨᠠᠶᠢᠷᠠᠭᠤᠯᠤᠨ ᠵᠤᠬᠢᠶᠠᠨ | ᠳᠠᠭᠤᠰᠴᠣ᠂ ᠬᠢᠵᠠᠭᠠᠷᠳᠠᠮᠠᠯ ᠴᠢᠨᠠᠷ ᠲᠠᠢ ᠨᠠᠷᠢᠯᠢᠭᠵᠢᠭᠤᠯᠤᠭᠰᠠᠨ ᠲᠦᠯᠦᠪᠵᠢᠭᠦᠯᠬᠡ ᠪᠠ ᠵᠠᠰᠠᠨ ᠪᠠᠶᠢᠭᠤᠯᠤᠯᠲᠠ ᠶᠢᠨ | ᠴᠢᠨᠠᠷᠲᠠᠢ ᠨᠠᠷᠢᠯᠢᠭᠵᠢᠭᠤᠯᠤᠭᠰᠠᠨ ᠲᠦᠯᠦᠪᠵᠢᠭᠦᠯᠭᠡ ᠶᠢ ᠡᠬᠢᠯᠡᠨ ᠨᠠᠶᠢᠷᠠᠭᠤᠯᠵᠤ᠂ ᠬᠢᠯᠢ ᠬᠠᠮᠭᠠᠯᠠᠯᠲᠠ ᠶᠢᠨ ᠰᠠᠭᠤᠷᠢ | ᠪᠦᠲᠦᠭᠡᠨ ᠪᠠᠶᠢᠭᠤᠯᠤᠯᠲᠠ ᠶᠢ ᠨᠡᠭᠦᠯᠭᠡᠨ ᠪᠠᠶᠢᠭᠤᠯᠬᠤ ᠶᠢ ᠪᠡᠶᠡᠯᠡᠭᠦᠯᠵᠤ᠂ ᠭᠠᠳᠠᠷ ᠤᠷᠴᠢᠨ ᠤ ᠵᠠᠮ ᠤᠨ | ᠢᠨᠵᠧᠨᠧᠷᠢᠩ ᠢ ᠡᠬᠢᠯᠡᠨ ᠪᠠᠶᠢᠭᠤᠯᠵᠠᠢ᠃ ᠬᠢᠯᠢ ᠶᠢᠨ ᠢᠷᠭᠡᠳ ᠤᠨ ᠠᠷᠠᠯᠵᠢᠶᠠᠨ ᠤ ᠲᠤᠭᠤᠷᠢᠭ ᠤᠨ ᠨᠢᠭᠡᠳᠤᠭᠡᠷ | ᠬᠤᠭᠤᠴᠠᠭᠠᠨ ᠤ ᠢᠨᠵᠧᠨᠧᠷᠢᠩ ᠨᠢ ᠲᠤᠷᠰᠢᠨ ᠠᠰᠢᠭᠯᠠᠬᠤ ᠬᠤᠭᠤᠴᠠᠭᠠᠨ ᠳᠠᠭᠠᠨ ᠤᠷᠤᠵᠠᠢ᠃ ᠮᠤᠩᠭᠤᠯ ᠤᠷᠤᠰ | ᠤᠨ ᠬᠠᠷᠢᠯᠴᠠᠨ ᠬᠤᠯᠪᠤᠯᠳᠤᠨ ᠬᠠᠷᠢᠯᠴᠠᠨ ᠨᠡᠪᠲᠡᠷᠡᠯᠴᠡᠬᠦ ᠲᠤᠮᠤ ᠴᠢᠬᠤᠯᠠ ᠲᠦᠷᠦᠯ ᠵᠦᠢᠯ ᠨᠢ ᠤᠯᠤᠰ ᠪᠠ | ᠦᠪᠡᠷᠡᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠦᠯᠦᠪᠯᠡᠭᠡ ᠳᠤ ᠤᠷᠤᠭᠰᠠᠨ ᠪᠠᠶᠢᠨ᠎ᠠ᠃ ᠭᠠᠳᠠᠭᠠᠳᠤ | ᠰᠤᠷᠭᠠᠨ ᠬᠦᠮᠦᠵᠢᠯ ᠲᠠᠢ ᠰᠠᠨᠠᠯ ᠰᠤᠯᠢᠯᠴᠠᠨ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠮᠤᠩᠭᠤᠯ ᠤᠯᠤᠰ | ᠤᠨ5 ᠰᠤᠷᠭᠠᠭᠤᠯᠢ ᠲᠠᠢ ᠨᠠᠶᠢᠷᠰᠠᠭ ᠬᠠᠮᠲᠤᠷᠠᠨ ᠠᠵᠢᠯᠯᠠᠬᠤ ᠬᠠᠷᠢᠴᠠᠭ᠎ᠠ ᠶᠢ ᠪᠠᠶᠢᠭᠤᠯᠵᠠᠢ᠃ ᠤᠯᠠᠨ ᠤᠯᠤᠰ ᠤᠨ | ᠳᠡᠭᠡᠳᠤ ᠰᠤᠷᠭᠠᠭᠤᠯᠢ ᠶᠢᠨ 82 ᠰᠤᠷᠤᠭᠴᠢ ᠶᠢ ᠰᠢᠯᠢᠨ ᠮᠤᠩᠭᠤᠯ ᠤᠷᠤᠰ ᠤᠨ ᠳᠡᠭᠡᠳᠣ ᠰᠤᠷᠭᠠᠭᠤᠯᠢ ᠳᠤ | ᠰᠤᠷᠤᠯᠴᠠᠭᠤᠯᠪᠠ᠃ ︽ ᠮᠤᠩᠭᠤᠯ ᠤᠯᠤᠰ ᠤᠨ ᠬᠠᠷᠢᠶᠠᠯᠠᠯ ᠲᠠᠢ ᠰᠤᠷᠤᠭᠴᠢ ᠶᠢᠨ ᠰᠤᠷᠭᠠᠯᠲᠡ ᠶᠢᠨ ᠳᠡᠳᠬᠦᠯᠭᠡ ᠶᠢ | ᠬᠡᠷᠡᠭᠵᠢᠭᠦᠯᠬᠦ ᠠᠷᠭ᠎ᠠ ︵ ᠲᠦᠷ ᠬᠡᠷᠡᠭᠵᠢᠭᠦᠯᠬᠦ︶︾ ᠶᠢ ᠬᠡᠷᠡᠭᠵᠢᠭᠦᠯᠵᠤ᠂ ᠮᠠᠨ ᠤ ᠬᠤᠲᠡ ᠳᠤ ᠰᠤᠷᠤᠯᠴᠠᠵᠤ | ᠪᠠᠶᠢᠭ᠎ᠠ ᠮᠤᠩᠭᠤᠯ ᠤᠯᠤᠰ ᠤᠨ ᠰᠤᠷᠤᠭᠴᠢ 421 ᠬᠦᠮᠦᠨ ᠳᠤ ᠬᠦᠷᠴᠤ᠂ 43.7 % ᠪᠠᠷ ᠨᠡᠮᠡᠭᠳᠡᠵᠠᠢ ᠃ | ᠡᠷᠢᠶᠡᠨ ᠬᠤᠲᠡ — ᠵᠠᠮ ᠤᠨ ᠡᠭᠦᠳᠡ ᠶᠢᠨ ᠦᠰᠪᠦᠷᠢ ᠬᠡᠤᠬᠡᠳ ᠤᠨ ᠬᠦᠯ ᠪᠦᠮᠪᠦᠭᠡ ᠶᠢᠨ ᠲᠤᠷᠰᠢᠯᠭ᠎ᠠ | ᠰᠤᠯᠢᠯᠴᠠᠬᠤ ᠰᠠᠭᠤᠷᠢᠨ ᠭᠠᠵᠠᠷ ᠠᠰᠢᠭᠯᠠᠯᠲᠠ ᠳᠤ ᠤᠷᠤᠪᠠ ᠃ ᠮᠤᠩᠭᠤᠯ ᠤᠯᠤᠰ ᠲᠤ ᠬᠠᠨᠳᠤᠭᠰᠠᠨ ᠴᠠᠭᠳᠠᠭᠠᠨ ᠤ | ᠠᠵᠢᠯ ᠤᠨ ᠲᠤᠷᠰᠢᠯᠭ᠎ᠠ ᠰᠤᠯᠢᠯᠴᠠᠨ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ ᠳᠤᠮᠳᠠᠳᠤ ᠮᠤᠩᠭᠤᠯ ᠤᠨ | ᠬᠠᠮᠲᠤᠷᠠᠨ ᠰᠦᠷᠳᠡᠭᠦᠯᠦᠯ ᠢ ᠡᠰᠡᠷᠭᠦᠴᠡᠬᠦ ᠪᠠ ᠬᠤᠤᠷ ᠢ ᠬᠤᠷᠢᠭᠯᠠᠬᠤ ᠰᠤᠷᠢᠯᠲᠡ ᠶᠢ ᠶᠠᠪᠤᠭᠤᠯᠵᠠᠢ ᠃ | ᠦᠭᠡᠷᠡᠴᠢᠯᠡᠨ ᠰᠢᠨᠡᠴᠢᠯᠡᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠠᠬᠢᠭᠤᠯᠤᠨ᠎ᠠ᠃ ᠨᠡᠶᠢᠲᠡ ᠶᠢᠨ ᠡᠮᠨᠡᠯᠭᠡ ᠶᠢᠨ | ᠶᠡᠷᠤᠩᠬᠡᠶᠢᠯᠡᠨ ᠦᠭᠡᠷᠡᠴᠢᠯᠡᠬᠦ ᠰᠢᠨᠡᠴᠢᠯᠡᠯᠲᠡ ᠶᠢᠨ ᠴᠡᠭ ᠤᠨ ᠠᠵᠢᠯ ᠤᠨ ᠠᠬᠢᠴᠠ ᠤᠷᠤᠭᠰᠢᠲᠠᠢ᠂ ᠬᠤᠲᠡ ᠶᠢᠨ | ᠡᠮᠨᠡᠯᠭᠡ ᠶᠢᠨ ᠬᠤᠷᠢᠶ᠎ᠠ ᠬᠤᠶᠠᠷ ᠬᠦᠬᠡ ᠡᠮᠨᠡᠯᠭᠡ ᠶᠢᠨ ᠰᠢᠭᠦᠨ ᠰᠢᠯᠭᠠᠷᠠᠭᠤᠯᠤᠯᠲᠠ ᠶᠢ ᠦᠩᠭᠡᠷᠡᠭᠦᠯᠵᠤ᠂ ᠮᠤᠩᠭᠤᠯ | ᠦᠨᠳᠦᠰᠦᠲᠡᠨ ᠤ ᠡᠮᠨᠡᠯᠭᠡ ᠶᠢᠨ ᠬᠤᠷᠢᠶ᠎ᠡ ᠨᠢ ᠬᠤᠶᠠᠷ ᠬᠦᠬᠡᠭᠴᠢᠨ ᠦᠨᠳᠦᠰᠦᠲᠡᠨ ᠤ ᠡᠮᠨᠡᠯᠭᠡ ᠪᠠᠷ ᠦᠨᠡᠯᠡᠭᠳᠡᠵᠠᠢ᠃ | ᠲᠣᠭᠳᠠᠮᠠᠯ ᠬᠦᠷᠦᠩᠭᠡ ᠶᠢ ᠪᠦᠷᠢᠳᠬᠡᠬᠦ ᠠᠵᠢᠯ ᠤᠷᠤᠭᠰᠢᠲᠠᠢ ᠶᠠᠪᠤᠭᠳᠠᠵᠤ᠂ ᠵᠡᠬᠦᠨ ᠬᠤᠶᠢᠲᠤ ᠪᠦᠰᠡ ᠨᠤᠲᠤᠭ | ᠤᠨ ᠨᠢᠭᠡᠳᠤᠭᠡᠷ ᠲᠤᠭᠲᠠᠮᠠᠯ ᠬᠦᠷᠦᠩᠭᠡ ᠶᠢᠨ ᠦᠮᠴᠢᠯᠡᠬᠦ ᠡᠷᠭᠡ ᠶᠢᠨ ᠦᠨᠡᠮᠯᠡᠯ ᠢ ᠭᠠᠷᠳᠠᠭᠤᠯᠵᠠᠢ᠃ ︽ ᠤᠷᠢᠳᠠᠪᠡᠷ | ᠦᠨᠡᠮᠯᠡᠯ ᠰᠡᠭᠦᠯ ᠳᠤ ᠭᠠᠷ ᠭᠦᠢᠴᠡᠳᠬᠡᠯ︾᠂ ︽ ᠭᠤᠷᠪᠠᠨ ᠦᠨᠡᠮᠯᠡᠯ ᠢ ᠨᠢᠭᠡᠳᠬᠡᠬᠦ︾ ᠂ ︽ᠨᠢᠭᠡ ᠦᠨᠡᠮᠯᠡᠯ ᠨᠢᠭᠡ | ᠺᠤᠳ᠋ ︾ ᠪᠦᠷᠢᠳᠬᠡᠭᠦᠯᠬᠦ ᠦᠭᠡᠷᠡᠴᠢᠯᠡᠯᠲᠡ ᠶᠢ ᠭᠦᠢᠴᠡᠳᠬᠡᠵᠠᠢ᠃ ︽ ᠡᠷᠬᠡ ᠶᠢ ᠦᠷᠭᠡᠳᠬᠡᠵᠤ ᠰᠢᠶᠠᠨ ᠢ | ᠬᠦᠴᠦᠷᠭᠡᠭᠵᠢᠭᠦᠯᠬᠦ︾᠂ ︽ ᠭᠤᠷᠪᠠᠨ ᠲᠠᠯ᠎ᠠ ᠪᠠᠷ ᠬᠠᠷᠢᠯᠴᠠᠨ ᠬᠠᠮᠲᠤᠷᠠᠬᠤ ᠶᠡᠭᠡ ᠪᠤᠭᠤᠮᠲᠡ ᠨᠡᠪᠲᠡᠷᠡᠯᠲᠡ︾᠂ | ᠠᠮᠤ ᠬᠦᠨᠡᠰᠤᠨ ᠤ ᠡᠭᠦᠰᠤᠯ ᠢ ᠮᠦᠷᠳᠡᠨ ᠨᠡᠬᠡᠮᠵᠢᠯᠡᠬᠦ ᠰᠢᠰᠲ᠋ᠧᠮ ᠨᠢ ᠦᠪᠡᠷᠲᠡᠭᠡᠨ ᠵᠠᠰᠠᠬᠤ ᠤᠷᠤᠨ ᠤ | ᠦᠭᠡᠷᠡᠴᠢᠯᠡᠯᠡᠲᠡ ᠶᠢᠨ ᠴᠡᠭ ᠪᠤᠯᠤᠭᠰᠠᠨ ᠪᠠᠶᠢᠨ᠎ᠠ ᠃ ᠮᠦᠩᠭᠦᠨ ᠭᠦᠢᠯᠡᠭᠡᠨ ᠤ ᠰᠢᠨᠡᠴᠢᠯᠡᠯᠲᠡ ᠶᠢ ᠢᠳᠡᠪᠬᠢᠲᠠᠢ ᠪᠠᠷ | ᠲᠦᠯᠬᠢᠨ ᠠᠬᠢᠭᠤᠯᠵᠤ᠂ ᠲᠠᠷᠢᠶᠠᠯᠠᠩ ᠤᠨ ᠪᠠᠩᠬᠢ ᠨᠢ ᠮᠤᠩᠭᠤᠯ ᠤᠯᠤᠰ ᠤᠨ ᠬᠢᠯᠢ ᠠᠯᠤᠰᠯᠠᠭᠰᠠᠨ ᠠᠷᠠᠳ ᠤᠨ | ᠵᠤᠭᠤᠰ ᠤᠨ ᠠᠵᠢᠯ ᠤᠨ ᠲᠦᠪ ᠫᠠᠶᠢᠰᠠ ᠪᠠᠨ ᠰᠡᠬᠦᠵᠤ᠂ ᠳᠤᠮᠳᠠᠳᠤ ᠤᠯᠤᠰ ᠤᠨ ᠪᠠᠩᠬᠢ ᠠᠷᠠᠳ ᠤᠨ ᠵᠤᠭᠤᠰ ᠪᠠ | ᠮᠤᠩᠭᠤᠯ ᠲᠦᠭᠦᠷᠢᠭ ᠤᠨ ᠪᠡᠯᠡ ᠮᠦᠩᠭᠦ ᠰᠤᠯᠢᠬᠤ ᠠᠵᠢᠯ ᠢ ᠡᠬᠢᠯᠡᠵᠤ ᠬᠡᠷᠡᠭᠵᠢᠭᠦᠯᠵᠠᠢ᠃ | ᠬᠤᠶᠠᠳᠣᠭᠠᠷ ᠲᠤ᠂ ᠶᠡᠷᠤᠩᠬᠡᠢ ᠬᠡᠮᠵᠢᠶ᠎ᠡ ᠢ ᠲᠤᠭᠲᠠᠪᠤᠷᠢᠵᠢᠭᠤᠯᠵᠤ᠂ ᠪᠦᠲᠦᠴᠡ ᠶᠢ ᠲᠤᠬᠢᠷᠠᠭᠤᠯᠵᠤ᠂ | ᠤᠯᠠᠨ ᠤᠯᠤᠰ ᠤᠨ ᠬᠤᠳᠠᠯᠳᠤᠭ᠎ᠠ ᠪᠠ ᠪᠠᠷᠠᠭᠠᠨ ᠤ ᠭᠦᠢᠯᠭᠡᠭᠡᠨ ᠤ ᠦᠢᠯᠡᠰ ᠤᠨ ᠬᠦᠭᠵᠢᠯᠲᠡ ᠰᠢᠨ᠎ᠡ ᠠᠮᠵᠢᠯᠲᠡ | ᠤᠯᠪᠠ᠃ | ︽ ᠬᠢᠯᠢ ᠤᠷᠴᠢᠮ ᠤᠨ ᠠᠷᠠᠯᠵᠢᠶᠠᠨ ᠤ ᠠᠵᠣ ᠠᠬᠤᠶᠢᠯᠠᠯ ᠤᠨ ᠴᠢᠳᠠᠪᠣᠷᠢ ᠶᠢᠨ ᠪᠠᠶᠢᠭᠤᠯᠣᠯᠳᠠ ᠶᠢ | ᠳᠡᠳᠭᠦᠨ ᠳᠡᠮᠵᠢᠬᠦ ︵ᠲᠦᠷ ᠬᠡᠷᠡᠭᠵᠢᠬᠦᠯᠬᠦ︶ ᠠᠷᠭ᠎ᠠ︾ ᠶᠢ ᠳᠣᠭᠳᠠᠭᠠᠨ ᠬᠡᠷᠡᠭᠵᠢᠭᠦᠯᠵᠤ᠂ ᠭᠠᠳᠠᠭᠠᠳᠤ | ᠬᠤᠳᠠᠯᠳᠤᠭᠠᠨ ᠤ ᠠᠵᠤ ᠠᠬᠤᠶᠢᠯᠠᠯ ᠢ ᠲᠠᠲᠠᠨ ᠤᠷᠤᠭᠤᠯᠬᠤ ᠪᠠ ᠲᠤᠭᠲᠠᠪᠤᠷᠢᠵᠢᠭᠤᠯᠵᠤ᠂ ᠪᠤᠭᠤᠮᠲᠠ ᠳᠤ | ᠪᠦᠷᠢᠳᠬᠡᠭᠦᠯᠦᠨ ᠡᠵᠡᠩᠨᠡᠵᠤ᠂ ᠪᠤᠭᠤᠮᠲᠡ ᠪᠠᠷ ᠪᠠᠷᠠᠭ᠎ᠠ ᠦᠩᠭᠡᠷᠡᠭᠦᠯᠦᠨ᠎ᠡ ᠃ ᠮᠤᠩᠭᠤᠯ ᠤᠷᠤᠰ ᠵᠢᠴᠢ | ᠺᠠᠽᠠᠭᠰᠲᠠᠨ ᠵᠡᠷᠭᠡ ᠤᠯᠤᠰ ᠤᠨ ᠰᠢᠮᠡᠯᠳᠡᠭ ᠤᠨ ᠦᠷ᠎ᠡ᠂ ᠨᠠᠷᠠᠨ ᠬᠤᠸᠠᠷ ᠤᠨ ᠦᠷ᠎ᠡ᠂ ᠠᠷᠪᠠᠢ ᠵᠡᠷᠭᠡ ᠲᠤᠰᠤ | ᠪᠤᠳᠠᠭᠠᠨ ᠤ ᠪᠦᠲᠦᠬᠡᠭᠳᠡᠬᠦᠨ ᠢ ᠭᠠᠳᠠᠭᠠᠳᠤ ᠠᠴᠠ ᠤᠷᠤᠭᠤᠯᠬᠤ ᠶᠢ ᠪᠡᠶᠡᠯᠡᠬᠦᠯᠵᠤ᠂ ᠠᠮᠤ ᠲᠤᠰᠤ ᠶᠢ ᠭᠠᠳᠠᠭᠠᠳᠣ | ᠠᠴᠠ8 ᠲᠦᠮᠡᠨ ᠲᠤᠨ ᠤᠷᠤᠭᠤᠯᠵᠤ ᠂ 75% ᠪᠠᠷ ᠨᠡᠮᠡᠭᠳᠡᠵᠠᠢ᠃ ᠢᠮᠠᠭᠠᠨ ᠤ ᠨᠤᠤᠯᠤᠷ 4900 ᠲᠤᠨ | ᠭᠠᠳᠠᠭᠠᠳᠤ ᠠᠴᠠ ᠤᠷᠤᠭᠤᠯᠵᠤ᠂160% ᠪᠠᠷ ᠨᠡᠮᠡᠭᠳᠡᠵᠠᠢ᠃ ᠴᠠᠭᠠᠰᠤᠨ ᠡᠭᠡᠳᠡᠩ 50.4 ᠲᠦᠮᠡᠨ ᠲᠤᠨ | ᠭᠠᠳᠠᠭᠠᠳᠤ ᠠᠴᠠ ᠤᠷᠤᠭᠤᠯᠵᠤ᠂ 44.5% ᠪᠠᠷ ᠨᠡᠮᠡᠭᠳᠡᠵᠠᠢ᠃ ᠲᠦᠷᠦ ᠶᠢᠨ ᠪᠤᠳᠤᠯᠭ᠎ᠠ ᠬᠦᠭᠡᠴᠡᠯᠳᠤᠬᠦ | ᠬᠦᠴᠦᠯᠡᠴᠡ ᠪᠠᠨ ᠴᠢᠩᠭᠠᠳᠬᠠᠵᠤ᠂ ᠮᠤᠩᠭᠤᠯ ᠤᠯᠤᠰ ᠤᠨ ᠡᠪᠡᠰᠤ ᠲᠡᠵᠢᠭᠡᠯ ᠢ ᠤᠷᠤᠭᠤᠯᠬᠤ ᠵᠦᠪᠰᠢᠶᠡᠷᠡᠯ ᠢ | ᠤᠯᠵᠤ᠂ ᠪᠦᠬᠦᠯᠢ ᠲᠡᠷᠭᠡ ᠪᠠᠷ ᠪᠤᠭᠤᠮᠲᠡ ᠳᠤ ᠮᠡᠳᠡᠭᠦᠯᠬᠦ ᠶᠠᠪᠤᠴᠡ ᠨᠢ ᠪᠤᠭᠤᠮᠲᠡ ᠶᠢᠨ ᠶᠡᠷᠤᠩᠬᠡᠢ ᠭᠠᠵᠠᠷ ᠤᠨ | ᠰᠢᠯᠭᠠᠨ ᠨᠤᠲᠠᠯᠠᠯᠲᠠ ᠶᠢᠨ ᠱᠠᠲᠤ ᠬᠦᠷᠦᠭᠰᠡᠨ ᠪᠠᠶᠢᠨ᠎ᠠ ᠃ ᠬᠦᠬᠡᠬᠤᠲᠡ ᠪᠤᠭᠤᠮᠲᠡ ᠲᠠᠢ ᠲᠤᠬᠢᠷᠠᠯᠴᠠᠵᠤ | ᠲᠡᠮᠦᠷ ᠤᠨ ᠬᠦᠳᠡᠷ᠂ ᠮᠤᠳᠤᠨ ᠮᠠᠲ᠋ᠧᠷᠢᠶᠠᠯ ᠵᠡᠷᠭᠡ ᠭᠠᠳᠠᠭᠠᠳᠤ ᠠᠴᠠ ᠤᠷᠤᠭᠤᠯᠬᠤ ᠭᠤᠤᠯ ᠪᠦᠲᠦᠭᠡᠭᠳᠡᠬᠦᠨ ᠤ | ᠪᠤᠭᠤᠮᠲᠠ ᠳᠤ ᠮᠡᠳᠡᠬᠦᠯᠬᠦ ᠦᠨ᠎ᠡ ᠬᠠᠩᠰᠢ ᠶᠢᠨ ᠬᠦᠳᠡᠯᠭᠡᠭᠡᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ | ᠲᠡᠮᠤᠷ ᠤᠨ ᠬᠦᠳᠡᠷ ᠤᠨ ᠭᠠᠳᠠᠭᠠᠳᠤ ᠠᠴᠠ ᠣᠷᠤᠭᠤᠯᠬᠤ ᠪᠤᠭᠤᠮᠲᠡ ᠳᠤ ᠮᠡᠳᠡᠬᠦᠯᠬᠦ ᠦᠨ᠎ᠡ ᠬᠠᠩᠰᠢ ᠳᠤᠮᠳᠠᠴᠢ ᠪᠠᠷ | 47% ᠪᠠᠷ ᠪᠠᠭᠤᠷᠠᠵᠠᠢ᠃ ︽ᠵᠧᠩᠵᠸᠤ᠂ ᠡᠷᠢᠶᠡᠨ᠂ ᠡᠸᠦ᠋ᠷᠤᠫᠡ︾ ᠵᠡᠷᠭᠡ ᠲᠠᠪᠤᠨ ᠲᠤᠭᠲᠠᠭᠰᠠᠨ ᠭᠠᠯᠲᠤ | ᠲᠡᠷᠭᠡ ᠶᠢᠨ ᠪᠠᠶᠢᠩᠭᠤ ᠶᠢᠨ ᠠᠵᠢᠯᠯᠠᠭ᠎ᠠ ᠶᠢ ᠪᠤᠢ ᠪᠤᠯᠭᠠᠵᠤ᠂ ᠪᠦᠬᠦ ᠵᠢᠯ 77 ᠤᠳᠠᠭ᠎ᠠ ᠭᠠᠯᠲᠤ ᠲᠡᠷᠭᠡ | ᠶᠠᠪᠤᠭᠤᠯᠵᠤ 68 ᠤᠳᠠᠭ᠎ᠠ ᠨᠡᠮᠡᠭᠳᠡᠵᠠᠢ᠃ ᠧᠦ ᠬᠤᠸᠠ ᠠᠰᠠᠷ ᠪᠠ ᠬᠤᠸᠠᠨ ᠢᠦᠢ ᠤᠯᠠᠨ ᠤᠯᠤᠰ ᠤᠨ | ᠠᠷᠠᠯᠵᠢᠶ᠎ᠠ ᠬᠤᠳᠠᠯᠳᠣᠭᠠᠨ ᠤ ᠭᠠᠵᠠᠷ ᠤᠨ ᠨᠢᠭᠡᠳᠤᠭᠡᠷ ᠬᠤᠭᠤᠴᠠᠭᠠᠨ ᠤ ᠢᠨᠵᠧᠨᠧᠷᠢᠩ ᠳᠠᠭᠤᠰᠴᠤ᠂ ᠹᠦ᠋ ᠬᠤᠸᠠᠩ | ᠮᠠᠰᠢᠨ ᠲᠡᠷᠭᠡᠨ ᠤ ᠰᠡᠯᠪᠢᠭ ᠵᠠᠰᠠᠪᠤᠷᠢ ᠶᠢᠨ ᠭᠠᠵᠠᠷ ᠠᠰᠢᠭᠯᠠᠯᠲᠠ ᠳᠤ ᠤᠷᠤᠵᠠᠢ ᠃ ᠡᠯᠧᠺᠲᠷᠤᠨ ᠪᠤᠭᠤᠮᠲᠡ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠰᠠᠮᠠᠯ ᠵᠠᠮ ᠤᠨ ᠠᠶᠠᠨᠴᠢᠳ ᠤᠨ ᠦᠪᠡᠷ ᠲᠡᠭᠡᠨ ᠦᠢᠯᠡᠴᠢᠯᠡᠨ | ᠪᠤᠭᠤᠮᠲᠡ ᠨᠡᠪᠲᠡᠷᠡᠬᠦ ᠲᠦᠷᠦᠯ ᠵᠦᠢᠯ ᠪᠠ ᠪᠠᠷᠠᠭᠠᠨ ᠤ ᠭᠠᠷᠤᠴᠠ ᠶᠢᠨ ᠠᠤᠲ᠋ᠤ᠋ ᠰᠢᠯᠭᠠᠯᠲᠠ ᠶᠢᠨ ᠰᠢᠰᠲ᠋ᠧᠮ ᠡᠬᠢᠯᠡᠨ | ᠬᠡᠷᠡᠭᠵᠢᠭᠦᠯᠵᠠᠢ᠃ | ᠭᠤᠷᠪᠠᠳᠣᠭᠠᠷ ᠲᠤ᠂ ᠤᠷᠴᠢᠨ ᠲᠤᠭᠤᠷᠢᠨ ᠢ ᠰᠠᠶᠢᠵᠢᠷᠠᠭᠤᠯᠵᠤ᠂ ᠠᠵᠣ ᠦᠢᠯᠡᠳᠪᠤᠷᠢ ᠶᠢᠨ ᠠᠵᠤ | ᠠᠬᠤᠢ ᠶᠢᠨ ᠬᠦᠭᠵᠢᠯᠲᠡ ᠰᠢᠨ᠎ᠡ ᠠᠯᠬᠤᠮ ᠳᠡᠪᠰᠢᠪᠡ᠃ | ᠬᠢᠯᠢ ᠶᠢᠨ ᠠᠵᠤ ᠠᠬᠤᠢ ᠶᠢᠨ ᠬᠠᠮᠵᠢᠯᠴᠢᠭᠠᠨ ᠤ ᠲᠤᠭᠤᠷᠢᠭ ᠤᠨ ᠪᠦᠬᠦᠯᠢ ᠴᠤᠭᠴᠠ ᠶᠢᠨ ᠲᠦᠯᠦᠪᠯᠡᠭᠡ | ᠶᠢᠨ ᠵᠠᠰᠠᠪᠤᠷᠢᠯᠠᠨ ᠨᠠᠶᠢᠷᠠᠭᠤᠯᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠤ᠂ ︽ ᠠᠵᠤ ᠦᠢᠯᠡᠳᠪᠤᠷᠢ ᠶᠢᠨ | ᠠᠵᠤ ᠠᠬᠤᠶᠢᠯᠠᠯ ᠤᠨ ᠬᠦᠭᠵᠢᠯᠳᠡ ᠶᠢ ᠳᠡᠮᠵᠢᠬᠦ ᠬᠡᠷᠡᠭᠵᠢᠭᠦᠯᠬᠦ ᠰᠠᠨᠠᠯ︾ ᠢ ᠲᠤᠭᠲᠠᠭᠠᠨ ᠬᠡᠷᠡᠭᠵᠢᠭᠦᠯᠵᠤ᠂ ᠠᠵᠤ | ᠦᠢᠯᠡᠳᠪᠤᠷᠢ ᠶᠢᠨ ᠠᠵᠤ ᠠᠬᠤᠶᠢᠯᠠᠯ ᠤᠨ ᠦᠢᠯᠡᠴᠢᠯᠡᠬᠦ ᠤᠷᠴᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠤᠨ᠎ᠡ᠃ | ︽ ᠲᠤᠰᠠᠯᠠᠨ ᠬᠠᠮᠭᠠᠯᠠᠬᠤ ᠵᠢᠭᠡᠯᠡᠭᠡ︾ ᠶᠢᠨ ᠠᠵᠢᠯ ᠢ ᠬᠡᠷᠡᠭᠵᠢᠭᠦᠯᠵᠤ᠂ ᠨᠡᠶᠢᠲᠡ3150 ᠲᠦᠮᠡᠨ ᠲᠦᠭᠦᠷᠢᠭ ᠤᠨ | ᠵᠢᠭᠡᠯᠡᠯᠭᠡ ᠲᠠᠯᠪᠢᠵᠠᠢ᠃ ᠠᠮᠤ ᠪᠤᠳᠠᠭᠠᠨ ᠤ ᠭᠠᠳᠠᠭᠠᠳᠤ ᠠᠴᠠ ᠤᠷᠤᠭᠤᠯᠤᠨ ᠪᠤᠯᠪᠠᠰᠣᠷᠠᠭᠤᠯᠬᠤ ᠠᠵᠤ | ᠦᠢᠯᠡᠳᠪᠤᠷᠢ ᠶᠢᠨ ᠲᠤᠭᠤᠷᠢᠭ ᠢ ᠪᠦᠲᠦᠭᠡᠨ ᠪᠠᠶᠢᠭᠤᠯᠵᠤ᠂ ᠠᠮᠤ ᠪᠤᠳᠠᠭ᠎ᠠ ᠬᠠᠳᠠᠭᠠᠯᠠᠬᠤ ᠬᠦᠮᠦᠷᠭᠡ ᠶᠢ | ᠦᠭᠡᠷᠡᠴᠢᠯᠡᠨ ᠰᠢᠨᠡᠳᠬᠡᠬᠦ ᠠᠵᠢᠯ ᠤᠨ ᠨᠢᠭᠡᠳᠤᠭᠡᠷ ᠬᠤᠭᠤᠴᠠᠭᠠᠨ ᠤ ᠠᠵᠢᠯ ᠳᠠᠭᠤᠰᠴᠤ ᠬᠤᠣ ᠲᠢᠶᠠᠨ᠂ ᠶᠢᠨ ᠭᠦ᠋ | ᠶᠤᠸᠠᠨ᠂ ᠰᠢᠨ ᠱᠧᠩ ᠳ᠋ᠠ ᠠᠮᠤ ᠪᠤᠳᠠᠭ᠎ᠠ ᠲᠤᠰᠤ ᠪᠤᠯᠪᠠᠰᠤᠷᠠᠭᠤᠯᠬᠤ ᠠᠵᠤ ᠠᠬᠤᠶᠢᠯᠠᠯ ᠲᠤᠭᠤᠷᠢᠭ ᠲᠤ ᠤᠷᠤᠵᠠᠢ | ᠃ ᠠᠵᠤ ᠦᠢᠯᠡᠳᠪᠤᠷᠢᠯᠡᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠽᠢ | ᠶᠤᠸᠠᠨᠬᠦ᠋ᠨᠳᠡᠡᠶᠢᠷᠡᠭᠦᠯᠦᠭᠴᠢ ᠬᠦᠩᠭᠡᠨ ᠴᠠᠭᠠᠨ᠂ ᠮᠧᠩ ᠰᠢᠨ ᠳ᠋ᠠ ᠦᠩᠭᠡᠲᠤ ᠲᠡᠮᠤᠷ ᠤᠨ ᠲᠦᠷᠦᠯ ᠵᠦᠢᠯ ᠡᠬᠢᠯᠡᠨ | ᠠᠵᠢᠯᠯᠠᠵᠤ᠂ ᠶᠠᠩ ᠯᠠᠨ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ ᠤᠨ ᠨᠢᠭᠡᠳᠤᠭᠡᠷ ᠬᠤᠭᠤᠴᠠᠭ᠎ᠠ ᠂ ᠶᠤᠸᠠᠨ | ᠲᠦᠩ ᠬᠦᠨᠳᠡᠶᠢᠷᠡᠭᠦᠯᠦᠭᠴᠢ ᠬᠦᠩᠭᠡᠨ ᠴᠠᠭᠠᠨ ᠵᠡᠷᠭᠡ ᠲᠦᠷᠦᠯ ᠵᠦᠢᠯ ᠨᠢ ᠨᠢᠭᠡᠨᠲᠡ ᠠᠰᠢᠭᠯᠠᠯᠲᠠ ᠳᠤ ᠤᠷᠤᠵᠠᠢ᠃ | ᠰᠢᠨ᠎ᠡ ᠡᠨᠧᠷᠬᠢ ᠶᠢᠨ ᠪᠢᠴᠢᠯ ᠴᠠᠬᠢᠯᠭᠠᠨ ᠲᠤᠤᠷ ᠤᠨ ᠲᠦᠷᠦᠯ ᠵᠦᠢᠯ ᠨᠢ ᠤᠯᠤᠰ ᠤᠨ ᠡᠷᠴᠢᠮ ᠬᠦᠴᠦ ᠶᠢᠨ | ᠲᠤᠪᠴᠢᠶᠠᠨ ᠤ ᠴᠣᠬᠤᠯᠠᠪᠣᠷᠢᠯᠠᠯᠳᠠ ᠶᠢ ᠤᠯᠪᠠ᠃ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠬᠤ ᠨᠤᠷᠮ᠎ᠠ ᠶᠢ | ᠬᠦᠭᠡᠭᠡᠴᠡᠯᠳᠤᠨ ᠤᠯᠵᠤ᠂ ᠲᠢᠶᠠᠨ ᠬᠤᠩ ᠶᠠᠩ ᠭᠤᠸᠠᠩ ᠂ ᠬᠤᠸᠠ ᠳ᠋ᠢᠶᠠᠨ5 ᠲᠦᠮᠡᠨ ᠺᠢᠯᠤᠸᠠᠲ ᠭᠡᠷᠡᠯ | ᠴᠠᠬᠢᠯᠭᠠᠨ ᠤ ᠲᠦᠷᠦᠯ ᠵᠦᠢᠯ ᠨᠢ ᠰᠦᠯᠵᠢᠶ᠎ᠡ ᠨᠢᠬᠡᠳᠤᠨ ᠴᠠᠬᠢᠯᠭᠠᠨ ᠭᠠᠷᠭᠠᠵᠠᠢ᠃ ᠬᠦᠬᠡᠬᠤᠲᠡ ᠶᠢᠨ ᠲᠡᠮᠤᠷ ᠵᠠᠮ | ᠤᠨ ᠲᠤᠪᠴᠢᠶ᠎ᠡ ᠲᠠᠢ ᠵᠤᠬᠢᠴᠠᠵᠤ᠂ ᠴᠢᠨ ᠯᠥᠩ᠂ ᠪᠦᠸᠧᠬᠠᠢ ᠵᠡᠷᠭᠡ ᠠᠵᠤ ᠠᠬᠤᠶᠢᠯᠠᠯ ᠤᠨ ᠲᠡᠮᠤᠷ ᠵᠠᠮ ᠤᠨ | ᠴᠠᠷᠬᠢ ᠵᠠᠯᠭᠠᠬᠤ ᠲᠤᠬᠢᠷᠠᠯᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠤᠨ ᠠᠮᠵᠢᠯᠲᠠ ᠲᠠᠢ ᠪᠠᠷ ᠠᠰᠢᠭᠯᠠᠯᠲᠠ ᠳᠤ | ᠤᠷᠤᠬᠤ ᠨᠦᠬᠦᠴᠡᠯ ᠢ ᠪᠤᠢ ᠪᠤᠯᠭᠠᠵᠠᠢ᠃ ᠫᠧᠩ ᠱᠦᠨ ᠠᠭᠤᠯᠠ ᠠᠭᠤᠷᠬᠠᠢ᠂ ᠵᠦᠩ ᠱᠧᠩ ᠠᠮᠤ ᠪᠣᠳᠠᠭ᠎ᠠ᠂ | ᠱᠧᠩ ᠬᠤᠢ ᠶᠢᠩ ᠯᠢ ᠵᠡᠷᠭᠡ ᠠᠵᠤ ᠠᠬᠤᠶᠢᠯᠠᠯ ᠤᠨ ᠬᠡᠪᠴᠢᠶᠡᠵᠢᠯ ᠠᠴᠠ ᠳᠤᠭᠤᠭᠰᠢ ᠪᠠᠶᠢᠭᠰᠠᠨ ᠠᠴᠠ | ᠬᠡᠪᠴᠢᠶᠡᠵᠢᠯ ᠠᠴᠠ ᠳᠡᠭᠡᠭᠰᠢ ᠪᠤᠯᠭᠠᠬᠤ ᠠᠵᠢᠯ ᠳᠠᠭᠤᠰᠴᠠᠢ᠃ ᠠᠵᠤ ᠦᠢᠯᠡᠳᠪᠤᠷᠢ ᠶᠢᠨ ᠨᠡᠮᠡᠭᠳᠡᠯ ᠦᠷᠲᠡᠭ 32. | 1 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂153.% ᠪᠠᠷ ᠨᠡᠮᠡᠭᠳᠡᠵᠠᠢ᠃ ᠠᠶᠤᠯᠬᠦᠢ ᠦᠢᠯᠡᠳᠪᠤᠷᠢᠯᠡᠬᠦ ᠪᠠ | ᠤᠷᠴᠢᠨ ᠲᠤᠭᠤᠷᠢᠨ ᠢ ᠬᠠᠮᠭᠠᠯᠠᠬᠤ ᠬᠠᠤᠯᠢ ᠶᠢ ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠵᠤ᠂ ᠶᠤᠸᠠᠨ | ᠾᠧᠩ᠂ ᠠᠨ ᠲᠠᠢ ᠵᠡᠷᠭᠡ ᠮᠤᠳᠤᠨ ᠮᠠᠲ᠋ᠧᠷᠢᠶᠠᠯ ᠪᠤᠯᠪᠠᠰᠤᠷᠠᠭᠤᠯᠬᠤ ᠠᠵᠤ ᠠᠬᠤᠶᠢᠯᠠᠯ ᠤᠨ ᠭᠠᠯ ᠠᠴᠠ ᠰᠡᠷᠭᠡᠶᠢᠯᠡᠬᠦ | ᠳᠠᠯᠳᠠ ᠠᠶᠤᠯ ᠢ ᠰᠡᠷᠭᠡᠶᠢᠯᠡᠬᠦ ᠠᠵᠢᠯ ᠢ ᠴᠡᠭᠴᠡᠯᠡᠨ ᠦᠭᠡᠷᠡᠴᠢᠯᠡᠬᠦ ᠶᠢ ᠱᠠᠯᠠᠪᠳᠠᠨ ᠪᠠᠶᠢᠴᠠᠭᠠᠵᠤ᠂ ᠠᠵᠤ | ᠦᠢᠯᠡᠳᠪᠤᠷᠢ ᠶᠢᠨ ᠬᠠᠲᠠᠭᠤ ᠪᠡᠶᠡᠲᠤ ᠬᠠᠶᠠᠭᠳᠠᠯ ᠢ ᠲᠦᠪᠯᠡᠷᠡᠭᠦᠯᠦᠨ ᠰᠢᠢᠳᠪᠤᠷᠢᠯᠡᠬᠦ ᠲᠦᠪ ᠢ ᠡᠬᠢᠯᠡᠨ ᠪᠠᠶᠢᠭᠤᠯᠵᠤ᠂ | ᠠᠭᠤᠯᠠ ᠠᠭᠤᠷᠬᠠᠢ ᠶᠢᠨ ᠰᠢᠭᠠᠷᠤ 70 ᠭᠠᠷᠤᠢ ᠲᠦᠮᠡᠨ ᠲᠤᠨ ᠰᠢᠢᠳᠪᠤᠷᠢᠯᠠᠵᠤ᠂ 3 ᠬᠦᠳᠡᠷ ᠰᠢᠯᠢᠬᠦ ᠠᠵᠤ | ᠠᠬᠤᠶᠢᠯᠠᠯ ᠳᠠᠬᠢᠨ ᠠᠰᠢᠭᠯᠠᠬᠤ ᠡᠷᠬᠢᠯᠲᠡ ᠶᠢᠨ ᠤᠰᠤᠨ ᠴᠦᠬᠦᠷᠡᠮ ᠢ ᠪᠠᠶᠢᠭᠤᠯᠵᠤ᠂ ᠠᠵᠤ ᠠᠬᠤᠶᠢᠯᠠᠯ ᠤᠨ | ᠦᠢᠯᠡᠳᠪᠤᠷᠢᠯᠡᠯ ᠤᠨ ᠡᠵᠡᠩᠨᠡᠯᠲᠡ ᠨᠢ ᠬᠡᠪ ᠵᠢᠷᠤᠮ ᠳᠠᠭᠠᠨ ᠤᠷᠤᠵᠠᠢ᠃ ᠬᠢᠮᠢ ᠶᠢᠨ ᠪᠤᠳᠠᠰ ᠤᠨ ᠪᠦᠲᠦᠬᠡᠭᠳᠡᠬᠦᠨ | ᠤ ᠬᠢᠨᠠᠨ ᠪᠠᠶᠢᠴᠠᠭᠠᠯᠲᠠ ᠶᠢ ᠴᠠᠩᠭᠠᠳᠬᠠᠵᠤ᠂ ᠡᠯ᠎ᠡ ᠲᠦᠷᠦᠯ ᠤᠨ ᠬᠠᠮᠢᠶᠠᠷᠤᠯᠲᠠ ᠶᠢᠨ ᠳᠦᠷᠢᠮ ᠪᠠ ᠤᠨᠴᠠᠭᠠᠢ | ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠦᠯᠦᠪᠯᠡᠭᠡ ᠶᠢ ᠪᠦᠷᠢᠨᠰᠢᠭᠦᠯᠵᠤ᠂ ᠰᠢᠯᠵᠢᠯᠲᠡ ᠶᠢᠨ ᠦᠶ᠎ᠡ ᠶᠢᠨ | ᠪᠤᠭᠤᠮᠲᠡ ᠶᠢᠨ ᠠᠶᠤᠯᠲᠠᠢ ᠬᠢᠮᠢ ᠶᠢᠨ ᠪᠤᠳᠠᠰ ᠤᠨ ᠪᠦᠲᠦᠬᠡᠭᠲᠡᠬᠦᠨ ᠤ ᠬᠠᠳᠠᠭᠠᠯᠠᠬᠤ ᠲᠠᠯᠠᠪᠠᠢ ᠢ ᠲᠦᠯᠦᠪᠯᠡᠵᠤ᠂ | ᠠᠶᠤᠯᠲᠠᠢ ᠬᠢᠮᠢ ᠶᠢᠨ ᠪᠤᠳᠠᠰ ᠤᠨ ᠪᠦᠲᠦᠭᠡᠭᠳᠡᠬᠦᠨ ᠤ ᠭᠠᠳᠠᠭᠠᠳᠤ ᠳᠤ ᠭᠠᠷᠭᠠᠬᠤ ᠪᠠ ᠭᠠᠳᠠᠭᠠᠳᠤ ᠠᠴᠠ | ᠤᠷᠤᠭᠤᠯᠬᠤ ᠬᠠᠮᠢᠶᠠᠷᠤᠯᠲᠠ ᠶᠢᠨ ᠴᠢᠳᠠᠪᠤᠷᠢ ᠮᠡᠳᠡᠭᠳᠡᠮ᠎ᠡ ᠳᠡᠭᠡᠭᠰᠢᠯᠡᠵᠠᠢ᠃ | ᠲᠦᠷᠪᠡᠳᠦᠭᠡᠷ ᠲᠤ᠂ ᠳᠡᠰ ᠵᠡᠷᠭᠡᠯᠡᠯ ᠢ ᠳᠡᠭᠡᠭᠰᠢᠯᠡᠭᠦᠯᠵᠤ᠂ ᠲᠤᠰᠠᠯᠠᠨ ᠳᠡᠮᠵᠢᠬᠦ ᠢ ᠴᠢᠩᠭᠠᠳᠬᠠᠵᠤ᠂ | ᠰᠤᠶᠤᠯ ᠠᠶᠠᠯᠠᠯ ᠵᠢᠭᠤᠯᠴᠢᠯᠠᠯ ᠤᠨ ᠬᠦᠭᠵᠢᠯᠲᠡ ᠰᠢᠨ᠎ᠡ ᠠᠬᠢᠴᠠ ᠲᠠᠢ ᠪᠤᠯᠪᠠ᠃ | ᠳᠤᠮᠳᠠᠳᠤ ᠮᠤᠩᠭᠤᠯ ᠤᠨ ᠬᠢᠯᠢ ᠠᠯᠤᠰᠯᠠᠭᠰᠠᠨ ᠠᠶᠠᠯᠠᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠭᠤᠷᠢᠭ | ᠢ ᠪᠦᠲᠦᠭᠡᠨ ᠪᠠᠶᠢᠭᠤᠯᠬᠤ ᠶᠢ ᠢᠳᠡᠪᠬᠢᠲᠠᠢ ᠪᠠᠷ ᠲᠦᠯᠬᠢᠨ ᠠᠬᠢᠭᠤᠯᠵᠤ᠂ ᠤᠯᠤᠰ ᠤᠨ ᠡᠭᠦᠳᠡ ᠶᠢᠨ ᠦᠵᠡᠮᠵᠢ ᠶᠢᠨ | ᠲᠤᠭᠤᠷᠢᠭ ᠤᠨ ᠶᠡᠷᠤᠩᠬᠡᠶᠢᠯᠡᠭᠰᠡᠨ ᠦᠢᠯᠡᠴᠢᠯᠡᠭᠡᠨ ᠤ ᠪᠦᠰᠡ ᠶᠢᠨ ᠲᠦᠷᠦᠯ ᠵᠦᠢᠯ ᠤᠨ ᠭᠤᠤᠯ ᠴᠤᠭᠴᠠ ᠶᠢᠨ | ᠪᠠᠷᠢᠯᠭ᠎ᠠ ᠂ ᠶᠡᠷᠤᠩᠬᠡᠶᠢᠯᠡᠭᠰᠡᠨ ᠮᠦᠽᠸᠢ ᠶᠢᠨ ᠵᠢᠭᠰᠠᠭᠠᠯᠲᠠ ᠶᠢᠨ ᠵᠠᠰᠠᠪᠤᠷᠢ ᠶᠢᠨ ᠬᠡᠷᠡᠭᠵᠢᠭᠦᠯᠦᠯᠲᠡ ᠶᠢ | ᠪᠡᠶᠡᠯᠡᠭᠦᠯᠵᠠᠢ᠃ ᠳᠤᠮᠳᠠᠳᠤ ᠮᠤᠩᠭᠤᠯ ᠬᠤᠶᠠᠷ ᠤᠯᠤᠰ ᠤᠨ ᠠᠶᠠᠯᠠᠯ ᠵᠢᠭᠤᠯᠴᠢᠯᠠᠯ ᠤᠨ ᠲᠤᠬᠢᠷᠠᠯᠴᠠᠭ᠎ᠠ ᠶᠢ | ᠠᠬᠢᠭᠤᠯᠵᠤ᠂ ᠵᠢᠭᠤᠴᠢᠯᠠᠯ ᠤᠨ ᠪᠦᠯᠬᠦᠮ ᠤᠨ ᠬᠠᠷᠢᠯᠴᠠᠨ ᠸᠢᠰᠠ ᠦᠭᠡᠢ ᠠᠶᠠᠯᠠᠯ ᠪᠠ 8 ᠰᠠᠭᠤᠳᠠᠯ ᠠᠴᠠ | ᠳᠤᠭᠤᠭᠰᠢ ᠲᠡᠷᠭᠡ ᠤᠨᠤᠭ᠎ᠠ ᠶᠢᠨ ᠦᠪᠡᠷᠲᠡᠭᠡᠨ ᠵᠢᠭᠤᠳᠬᠤ ᠠᠶᠠᠯᠠᠯ ᠤᠨ ᠱᠤᠭᠤᠮ ᠵᠡᠷᠭᠡ ᠠᠰᠠᠭᠤᠳᠠᠯ ᠢ | ᠵᠤᠬᠢᠴᠠᠭᠤᠯᠤᠨ ᠰᠢᠢᠳᠪᠤᠷᠢᠯᠠᠵᠠᠢ᠃ ᠠᠩᠬᠠᠳᠤᠭᠠᠷ ᠤᠳᠠᠭᠠᠨ ᠤ ᠡᠷᠢᠶᠡᠨ ᠬᠤᠲᠡ — ᠵᠠᠮ ᠤᠨ ᠡᠭᠦᠳᠡ ᠶᠢᠨ ᠤᠯᠠᠨ | ᠤᠯᠤᠰ ᠤᠨ ᠨᠠᠭᠠᠳᠤᠮ ᠢ ᠵᠤᠬᠢᠶᠠᠨ ᠪᠠᠶᠢᠭᠤᠯᠵᠤ᠂ ᠬᠤᠶᠠᠳᠤᠭᠠᠷ ᠬᠤᠭᠤᠴᠠᠭᠠᠨ ᠤ ︽ ᠴᠠᠢ ᠶᠢᠨ ᠵᠠᠮ︾ ᠰᠤᠶᠤᠯ | ᠵᠢᠭᠤᠯᠴᠢᠯᠠᠯ ᠤᠨ ᠡᠳᠦᠷ ᠵᠡᠷᠭᠡ ᠰᠢᠷᠢᠰ ᠠᠵᠢᠯᠯᠠᠭ᠎ᠠ ᠶᠢ ᠦᠷᠨᠢᠭᠦᠯᠵᠤ᠂ ᠪᠤᠭᠤᠮᠲᠡ ᠶᠢᠨ ᠨᠡᠷ᠎ᠡ ᠨᠦᠯᠦᠭᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ ᠵᠠᠮ ᠤᠨ ᠡᠭᠦᠳᠡ ᠬᠤᠲᠡ ᠲᠠᠢ ︽ ᠬᠢᠯᠢ ᠠᠯᠤᠰᠯᠠᠭᠰᠠᠨ ᠠᠶᠠᠯᠠᠯ | ᠵᠢᠭᠤᠯᠴᠢᠯᠠᠯ ᠤᠨ ᠬᠠᠮᠲᠤᠷᠠᠨ ᠠᠵᠢᠯᠯᠠᠬᠤ ᠲᠤᠶᠢᠮᠤ ᠲᠤᠬᠢᠷᠠᠯᠴᠠᠭ᠎ᠠ︾ ᠶᠢ ᠪᠠᠶᠢᠭᠤᠯᠵᠤ᠂ ᠵᠠᠮ ᠤᠨ ᠡᠭᠦᠳᠡ ᠬᠤᠲᠡ | ᠶᠢᠨ ︽ᠨᠢᠭᠡ ᠡᠳᠤᠷ ᠤᠨ ᠠᠶᠠᠯᠠᠯ︾ ᠤᠨ ᠵᠠᠷᠤᠳᠠᠯ ᠢ ᠵᠤᠬᠢᠴᠠᠭᠤᠯᠤᠨ ᠪᠠᠭᠤᠷᠠᠭᠤᠯᠵᠤ᠂ ᠬᠢᠯᠢ ᠪᠠᠷ ᠭᠠᠷᠤᠭᠰᠠᠨ | ᠠᠶᠠᠨᠴᠢᠳ ᠤᠨ ᠬᠦᠮᠦᠨ ᠤ ᠲᠤᠭ᠎ᠠ ᠠᠳᠠᠯᠢ ᠬᠤᠭᠤᠴᠠᠭᠠᠨ ᠤ ᠠᠴᠠ 233% ᠪᠠᠷ ᠨᠡᠮᠡᠭᠳᠡᠵᠠᠢ᠃ ᠠᠶᠠᠯᠠᠯ | ᠵᠢᠭᠤᠯᠴᠢᠯᠠᠯ ᠤᠨ ᠠᠵᠤ ᠠᠬᠤᠶᠢᠯᠠᠯ ᠤᠨ ᠬᠦᠬᠢᠭᠦᠯᠬᠦ ᠠᠷᠭ᠎ᠠ ᠶᠢ ᠬᠡᠷᠡᠭᠵᠢᠭᠦᠯᠵᠤ᠂ ᠮᠠᠨ ᠤ ᠬᠤᠲᠡ ᠳᠤ ᠭᠠᠳᠠᠨ᠎ᠠ | ᠠᠴᠠ ᠢᠷᠡᠭᠰᠡᠨ ᠵᠢᠭᠤᠯᠴᠢᠳ ᠤᠨ ᠪᠦᠯᠬᠦᠮ 231% ᠪᠠᠷ ᠨᠡᠮᠡᠭᠳᠡᠵᠠᠢ᠃ ᠰᠤᠶᠤᠯ ᠵᠢᠭᠤᠯᠴᠢᠯᠠᠯ ᠤᠨ | ᠰᠤᠷᠲᠠᠯᠴᠢᠯᠭᠠ ᠤᠬᠠᠭᠤᠯᠭ᠎ᠠ ᠶᠢᠨ ᠡᠷᠴᠢᠮ ᠢ ᠴᠢᠩᠭᠠᠳᠬᠠᠵᠤ᠂ ᠤᠶᠢᠷ᠎ᠡ ᠤᠷᠴᠢᠮ ᠤᠨ ᠪᠦᠰᠡ ᠨᠤᠳᠤᠭ᠂ | ᠮᠤᠩᠭᠤᠯ ᠤᠯᠤᠰ ᠤᠨ ᠤᠯᠠᠭᠠᠨᠪᠠᠭᠠᠲᠤᠷ ᠬᠤᠲᠡ᠂ ᠤᠷᠤᠰ ᠤᠨ ᠤᠯᠠᠭᠠᠨ ᠡᠭᠦᠳᠡ᠂ ᠢᠷᠺᠤᠽᠺ ᠵᠡᠷᠭᠡ ᠭᠠᠵᠠᠷ ᠲᠤ | ᠠᠶᠠᠯᠠᠯ ᠵᠢᠭᠤᠯᠴᠢᠯᠠᠯ ᠤᠨ ᠰᠣᠷᠲᠠᠯᠴᠢᠯᠠᠭ᠎ᠠ ᠤᠬᠠᠭᠤᠯᠭ᠎ᠠ ᠤᠨ ᠲᠠᠨᠢᠯᠴᠠᠭᠤᠯᠭ᠎ᠠ ᠶᠢᠨ ᠬᠤᠷᠠᠯ ᠢ ᠵᠤᠬᠢᠶᠠᠨ | ᠪᠠᠶᠢᠭᠤᠯᠵᠤ ᠂ ᠪᠤᠭᠤᠮᠲᠡ ᠶᠢᠨ ᠰᠤᠶᠤᠯ ᠵᠢᠭᠤᠯᠴᠢᠯᠠᠯ ᠤᠨ ᠲᠠᠲᠠᠬᠤ ᠬᠦᠴᠤᠨ ᠢ ᠤᠯᠠᠮ ᠨᠢᠭᠡ ᠠᠯᠬᠤᠮ | ᠴᠢᠩᠭᠠᠳᠬᠠᠨ᠎ᠠ᠃ ᠪᠦᠬᠦ ᠵᠢᠯ ᠳᠤ ᠤᠯᠣᠰ ᠤᠨ ᠳᠣᠳᠣᠭᠠᠳᠣ ᠭᠠᠳᠠᠭᠠᠳᠣ ᠶᠢᠨ ᠵᠢᠭᠤᠯᠴᠢᠳ 183 ᠲᠦᠮᠡᠨ | ᠬᠦᠮᠦᠨ ᠤᠳᠠᠭ᠎ᠠ ᠶᠢ ᠬᠦᠯᠢᠶᠠᠨ ᠠᠪᠴᠣ᠂ 8.2% ᠪᠠᠷ ᠨᠡᠮᠡᠭᠳᠡᠵᠠᠢ᠃ ᠠᠶᠠᠯᠠᠯ ᠵᠢᠭᠤᠯᠴᠢᠯᠠᠯ ᠤᠨ ᠶᠡᠷᠦᠩᠭᠡᠢ | ᠣᠷᠣᠯᠭ᠎ᠠ 40 ᠳ᠋ᠦᠩᠰᠢᠭᠤᠷ ᠲᠦᠭᠦᠷᠢᠭ ᠲᠤ ᠬᠦᠷᠴᠦ᠂ 13% ᠪᠠᠷ ᠨᠡᠮᠡᠭᠳᠡᠵᠠᠢ᠃ | ᠳᠠᠪᠣᠳᠣᠭᠠᠷ ᠲᠤ᠂ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠠᠮᠢᠵᠢᠷᠠᠭᠠᠨ | ᠳᠤ ᠦᠢᠯᠡᠴᠢᠯᠡᠵᠤ᠂ ᠬᠤᠲᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠨᠢ ᠰᠢᠨ᠎ᠡ | ᠳᠡᠭᠡᠭᠡᠭᠰᠢᠯᠡᠯᠲᠡ ᠲᠠᠢ ᠪᠤᠯᠪᠠ᠃ | ᠰᠢᠯᠢ ᠶᠢᠨ ᠭᠤᠤᠯ — ᠡᠷᠢᠶᠡᠨ ᠬᠤᠲᠡ ᠴᠢᠭᠯᠡᠯ ᠤᠨ ᠲᠡᠮᠤᠷ ᠵᠠᠮ ᠤᠨ ᠲᠦᠷᠦᠯ ᠵᠦᠢᠯ ᠨᠢ ᠪᠦᠬᠦ ᠱᠤᠭᠤᠮ | ᠢᠶᠠᠷ ᠨᠡᠪᠲᠡᠷᠡᠨ ᠠᠰᠢᠭᠯᠠᠯᠲᠠ ᠳᠤ ᠤᠷᠤᠵᠤ᠂ ᠡᠷᠢᠶᠡᠨ ᠬᠤᠲᠡ — ᠮᠠᠨᠵᠤᠤᠷ ᠬᠤᠲᠡ ᠶᠢᠨ ᠨᠢᠭᠡᠳᠤᠭᠡᠷ ᠳᠡᠰ ᠤᠨ | ᠵᠠᠰᠠᠮᠠᠯ ᠵᠠᠮ᠂ ᠮᠤᠵᠢ ᠶᠢᠨ ᠳᠡᠰ ᠤᠨ312 ᠱᠤᠭᠤᠮ ᠵᠠᠰᠠᠮᠠᠯ ᠵᠠᠮ ᠤᠨ ᠡᠷᠢᠶᠡᠨ ᠬᠤᠲᠡ ᠶᠢᠨ ᠬᠡᠰᠡᠭ᠂ ᠤᠯᠤᠰ | ᠤᠨ ᠳᠡᠰ ᠤᠨ ᠵᠠᠰᠠᠮᠠᠯ ᠵᠠᠮ331 ᠪᠠ ᠮᠤᠵᠢ ᠶᠢᠨ ᠳᠡᠰ ᠤᠨ ᠬᠦᠨᠳᠦ ᠠᠴᠢᠶᠠᠯᠠᠯ ᠤᠨ ᠵᠠᠰᠠᠮᠠᠯ ᠵᠠᠮ ᠤᠨ ᠬᠤᠯᠪᠤᠬᠤ | ᠵᠡᠷᠭᠡ ᠵᠠᠰᠠᠮᠠᠯ ᠵᠠᠮ ᠤᠨ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠨᠢᠰᠭᠡᠯ ᠤᠨ ᠪᠠᠭᠤᠳᠠᠯ ᠤᠨ | ᠦᠷᠭᠡᠳᠬᠡᠨ ᠪᠠᠶᠢᠭᠤᠯᠬᠤ ᠢᠨᠵᠧᠨ᠋ᠷᠢᠩ ᠨᠢ ᠰᠢᠯᠭᠠᠨ ᠪᠠᠶᠢᠴᠠᠭᠠᠬᠤ ᠨᠦᠭᠦᠴᠡᠯ ᠳᠤ ᠬᠦᠷᠦᠭᠰᠡᠨ ᠪᠠᠶᠢᠨ᠎ᠠ᠃ 1 | ᠳ᠋ᠦᠩᠰᠢᠭᠤᠷ ᠲᠦᠭᠦᠷᠢᠭ ᠤᠨ ᠪᠡᠯᠡ ᠬᠤᠷᠠᠮᠳᠤᠭᠤᠯᠤᠨ ᠠᠷᠠᠳ ᠤᠨ ᠠᠮᠢᠳᠣᠷᠠᠯ ᠤᠨ ᠬᠦᠷᠢᠶᠡᠨ ᠳᠠᠬᠢ ᠵᠠᠮ᠂ | ᠳᠤᠯᠠᠭᠠᠯᠠᠯᠲᠠ᠂ ᠣᠰᠣ ᠬᠠᠩᠭᠠᠬᠤ ᠵᠠᠶᠢᠯᠠᠭᠤᠯᠬᠤ ᠵᠡᠷᠭᠡ ᠭᠤᠤᠯᠳᠠᠯᠭ᠎ᠠ ᠲᠠᠢ ᠠᠰᠠᠭᠤᠳᠠᠯ ᠢ ᠰᠢᠢᠳᠪᠤᠷᠢᠯᠡᠵᠤ᠂ | ᠵᠠᠰᠠᠮᠠᠯ ᠵᠠᠮ ᠤᠨᠬᠠᠲᠠᠭᠤᠵᠢᠯᠠᠭᠤᠯᠤᠯᠲᠠ ᠪᠠ ᠰᠡᠯᠪᠢᠨ ᠨᠦᠬᠦᠭᠰᠡᠨ ᠨᠢ1.8 ᠲᠦᠮᠡᠨ ᠬᠠᠪᠲᠠᠭᠠᠢ ᠳᠦᠷᠪᠡᠯᠵᠢᠨ | ᠮᠧᠲᠷ ᠂ ᠰᠢᠨ᠎ᠡ ᠪᠠᠷ ᠨᠡᠮᠡᠭᠳᠡᠭᠰᠡᠨ ᠲᠦᠪᠯᠡᠷᠡᠬᠦᠯᠦᠭᠰᠡᠨ ᠲᠣᠯᠠᠭᠠᠨ ᠬᠠᠩᠭᠠᠮᠵᠢ ᠶᠢᠨ ᠲᠠᠯᠠᠪᠠᠢ 60 ᠲᠦᠮᠡᠨ ᠲᠡᠭᠰᠢ | ᠲᠦᠷᠪᠡᠯᠵᠢᠨ ᠮᠧᠲᠷ ᠬᠦᠷᠴᠤ᠂ ᠨᠣᠭᠤᠭᠠᠷᠠᠭᠤᠯᠤᠯᠳᠡ ᠶᠢᠨ ᠬᠡᠮᠵᠢᠶ᠎ᠡ ᠨᠢ 32 ᠲᠦᠮᠡᠨ ᠬᠠᠪᠲᠠᠭᠠᠢ ᠳᠦᠷᠪᠡᠯᠵᠢᠨ | ᠮᠧᠲᠷ ᠬᠦᠷᠦᠭᠰᠡᠨ ᠪᠠᠶᠢᠨ᠎ᠠ᠃ 22 ᠬᠠᠭᠤᠴᠢᠨ ᠭᠡᠷ ᠬᠤᠷᠢᠶᠠᠯᠠᠯ ᠢ ᠨᠢᠭᠡᠳᠦᠯᠳᠡᠢ ᠴᠡᠭᠴᠡᠯᠡᠨ᠂ 10 ᠰᠠᠭᠤᠷᠢ | ᠨᠡᠶᠢᠲᠡ ᠶᠢᠨ ᠵᠤᠷᠯᠤᠩ ᠢ ᠰᠢᠨ᠎ᠡ ᠪᠠᠷ ᠪᠠᠶᠢᠭᠤᠯᠤᠭᠰᠠᠨ ᠪᠤᠶᠤ ᠵᠠᠰᠠᠨ ᠰᠡᠯᠪᠢᠵᠠᠢ ᠃ ︽ᠨᠧᠩᠵᠢᠶᠠᠩ ᠮᠦᠷᠡᠨ ᠤ | ᠤᠰᠤ ᠶᠢ ᠬᠤᠤᠯᠢᠨ ᠭᠤᠤᠯ ︵ ᠰᠢᠯᠢ ᠶᠢᠨ ᠭᠤᠤᠯ︶ ︾ ᠳᠤ ᠲᠠᠲᠠᠬᠤ ᠢᠨᠵᠧᠨᠧᠷᠢᠩ ᠤᠨ ᠡᠷᠢᠶᠡᠨ ᠬᠤᠲᠡ ᠳᠤ | ᠦᠷᠬᠦᠯᠵᠢᠯᠡᠭᠰᠡᠨ ᠲᠦᠷᠦᠯ ᠵᠦᠢᠯ ᠢ ᠤᠯᠤᠰ ᠤᠨ ︽ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ | ᠶᠢᠨ ᠤᠰᠤᠨ ᠠᠰᠢᠭᠯᠠᠯᠲᠠ ᠶᠢᠨ ᠲᠦᠯᠦᠪᠯᠡᠯᠭᠡ ᠳᠤ ᠤᠷᠤᠭᠤᠯᠬᠤ ᠶᠢ ᠴᠢᠷᠮᠠᠶᠢᠨ᠎ᠠ᠃ ᠪᠤᠭᠤᠲᠤ ᠬᠤᠲᠡ ᠶᠢᠨ | ᠪᠤᠯᠤᠳ ᠲᠡᠮᠤᠷ ᠤᠨ ᠪᠠᠷᠠᠭᠤᠨ ᠬᠤᠶᠢᠲᠤ ᠶᠢᠨ ᠠᠵᠢᠯ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ | ᠾᠧ ᠬᠠᠢ ᠶᠡᠭᠡ ᠰᠤᠷᠭᠠᠭᠤᠯᠢ ᠲᠠᠢ ᠬᠠᠮᠵᠢᠯᠴᠢᠨ ᠰᠢᠨ᠎ᠡ ᠪᠠᠷ ᠤᠰᠤᠨ ᠤ ᠰᠤᠷᠪᠤᠯᠵᠢ ᠬᠠᠶᠢᠬᠤ ᠨᠢ ᠠᠩᠬ᠎ᠠ | ᠠᠯᠬᠤᠮ ᠤᠨ ᠦᠷ᠎ᠡ ᠪᠦᠲᠦᠭᠡᠯ ᠢ ᠤᠯᠤᠭᠰᠠᠨ ᠪᠠᠶᠢᠨ᠎ᠠ ᠃ ᠴᠢᠬᠢᠷᠠᠭᠲᠤ ᠶᠢᠨ ᠬᠦᠬᠡ ᠨᠤᠭᠤᠭᠠᠨ ᠤ ᠡᠪᠡᠰᠤᠨ | ᠲᠡᠵᠢᠭᠡᠯ ᠤᠨ ᠰᠠᠭᠤᠷᠢᠨ ᠭᠠᠵᠠᠷ ᠤᠨ 7 ᠰᠠᠭᠤᠷᠢ ᠬᠤᠣᠳᠤᠭ ᠢ ᠤᠰᠤᠨ ᠰᠣᠷᠪᠤᠯᠵᠢ ᠶᠢᠨ ᠬᠤᠤᠳᠤᠭ ᠪᠤᠯᠭᠠᠨ | ᠦᠭᠡᠷᠡᠴᠢᠯᠡᠨ ᠬᠤᠲᠡ ᠶᠢᠨ ᠤᠰᠤ ᠬᠠᠩᠭᠠᠬᠤ ᠬᠤᠭᠤᠯᠠᠢ ᠲᠠᠢ ᠨᠢᠭᠡᠳᠬᠡᠨ᠂ ᠡᠳᠦᠷ ᠲᠤ 8000 ᠲᠤᠨ ᠤᠰᠤ | ᠬᠠᠩᠭᠠᠬᠤ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠦᠭᠰᠡᠨ ᠪᠠᠶᠢᠨ᠎ᠠ᠃ ᠨᠤᠭᠤᠭᠠᠷᠠᠭᠤᠯᠤᠯᠳᠡ ᠶᠢᠨ ᠴᠢᠨᠠᠷ ᠬᠤᠪᠢᠶᠠᠨ | ᠤᠰᠤ ᠬᠠᠩᠭᠠᠬᠤ ᠢᠨᠵᠧᠨᠧᠷᠢᠩ ᠢ ᠪᠡᠶᠡᠯᠡᠭᠦᠯᠵᠤ᠂ ᠲᠦᠭᠡᠭᠡᠯ ᠤᠰᠤᠨ ᠤ ᠬᠤᠭᠤᠯᠠᠢ ᠶᠢᠨ ᠱᠤᠭᠤᠮ ᠤᠨ ᠲᠠᠷᠤᠯᠲᠠ | ᠪᠠᠨ ᠠᠯᠳᠠᠬᠤ ᠠᠰᠠᠭᠤᠳᠠᠯ ᠢ ᠰᠢᠢᠳᠪᠤᠷᠢᠯᠠᠵᠤ᠂ ᠵᠤᠨ ᠤ ᠴᠠᠭ ᠤᠨ ᠤᠰᠤ ᠬᠡᠷᠡᠭᠯᠡᠬᠦ ᠤᠷᠬᠢᠯ ᠤᠨ ᠬᠤᠭᠤᠴᠠᠭᠠᠨ | ᠤ ᠤᠰᠤ ᠬᠡᠷᠡᠭᠯᠡᠬᠦ ᠳᠠᠷᠤᠭᠠᠰᠤ ᠶᠢ ᠬᠦᠩᠭᠡᠷᠡᠭᠦᠯᠦᠭᠰᠡᠨ ᠪᠠᠶᠢᠨ᠎ᠠ᠃ ᠵᠡᠭᠦᠨ ᠬᠤᠲᠡ ᠲᠤᠭᠤᠷᠢᠭ ᠤᠨ110 | ᠺᠢᠯᠤᠸᠣᠯᠲ ᠴᠠᠬᠢᠯᠭᠠᠨ ᠬᠤᠪᠢᠰᠬᠤ ᠦᠷᠲᠡᠭᠡ ᠶᠢ ᠪᠠᠶᠢᠭᠤᠯᠵᠤ᠂ ᠬᠤᠲᠡ ᠶᠢᠨ ᠲᠤᠭᠤᠷᠢᠭ ᠤᠨ8 ᠵᠤᠷᠪᠤᠰ ᠵᠠᠮ | ᠱᠤᠭᠤᠮ ᠨᠢ ︽ᠭᠠᠷ ᠢᠶᠠᠨ ᠬᠤᠯᠪᠤᠨ︾ ᠴᠠᠬᠢᠯᠭᠠᠨ ᠬᠠᠩᠭᠠᠬᠤ ᠢ ᠪᠡᠶᠡᠯᠡᠭᠦᠯᠵᠤ᠂1.4 ᠲᠦᠮᠡᠨ ᠡᠷᠦᠬᠡ ᠶᠢᠨ | ᠬᠠᠭᠤᠴᠢᠨ ᠴᠠᠬᠢᠯᠭᠠᠨ ᠬᠡᠮᠵᠢᠭᠦᠷ ᠢ ᠦᠭᠡᠷᠡᠴᠢᠯᠡᠨ ᠰᠢᠨᠡᠳᠬᠡᠵᠤ᠂ ᠬᠤᠲᠡ ᠶᠢᠨ ᠴᠠᠬᠢᠯᠭᠠᠨ ᠬᠠᠩᠭᠠᠯᠲᠠ ᠶᠢ | ᠪᠠᠲᠤᠯᠠᠬᠤ ᠪᠠ ᠦᠢᠯᠡᠴᠢᠯᠡᠭᠡᠨ ᠤ ᠲᠦᠪᠰᠢᠨ ᠮᠡᠳᠡᠭᠳᠡᠮ᠎ᠡ ᠳᠡᠭᠡᠭᠰᠢᠯᠡᠵᠠᠢ᠃ ᠤᠷᠤᠨ ᠰᠠᠭᠤᠴᠠ ᠶᠢᠨ ᠳᠡᠯᠭᠡᠨ | ᠦᠵᠡᠭᠦᠯᠭᠡ ᠶᠢᠨ ᠬᠤᠷᠠᠯ ᠢ ᠵᠤᠬᠢᠶᠠᠨ ᠪᠠᠶᠢᠭᠤᠯᠵᠤ᠂ ᠤᠷᠤᠨ ᠰᠠᠭᠤᠴᠠᠨ ᠤ ᠪᠤᠷᠤᠯᠠᠭᠤᠯᠭ᠎ᠠ ᠶᠢ 33.8 ᠲᠦᠮᠡᠨ | ᠬᠠᠪᠲᠠᠭᠠᠢ ᠳᠦᠷᠪᠡᠯᠵᠢᠨ ᠮᠧᠲᠷ ᠢ ᠪᠤᠷᠤᠯᠠᠭᠤᠯᠤᠨ ᠠᠬᠢᠭᠤᠯᠵᠤ᠂ ᠤᠯᠠᠨ ᠲᠦᠮᠡᠨ ᠳᠤ ᠤᠷᠤᠨ ᠰᠠᠭᠤᠴᠠ | ᠬᠤᠳᠠᠯᠳᠤᠨ ᠠᠪᠤᠭᠰᠠᠨ ᠨᠦᠬᠦᠪᠦᠷᠢ ᠶᠢᠨ ᠮᠦᠩᠭᠦ 165 ᠲᠦᠮᠡᠨ ᠲᠦᠭᠦᠷᠢᠭ ᠨᠦᠬᠦᠪᠡ᠃ ᠤᠷᠤᠨ ᠰᠠᠭᠤᠴᠠ | ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠦᠩᠭᠦ ᠶᠢᠨ ᠳᠦᠷᠢᠮ ᠢ ᠦᠭᠡᠷᠡᠴᠢᠯᠡᠨ ᠰᠢᠨᠡᠳᠬᠡᠵᠤ᠂ 67 ᠡᠷᠦᠬᠡ | ᠬᠤᠪᠢ ᠶᠢᠨ ᠠᠵᠤ ᠠᠬᠤᠢ ᠶᠢᠨ ᠨᠢᠭᠡᠴᠢ᠂ ᠴᠢᠯᠦᠭᠡᠲᠤ ᠠᠵᠢᠯ ᠮᠡᠷᠭᠡᠵᠢᠯ ᠤᠨ ᠬᠦᠮᠦᠰ ᠲᠤ ᠨᠡᠶᠢᠲᠡ ᠶᠢᠨ | ᠬᠤᠷᠠᠮᠳᠤᠯᠭ᠎ᠠ ᠶᠢᠨ ᠮᠦᠩᠭᠦ ᠶᠢ ᠲᠤᠰᠢᠶᠠᠨ ᠭᠦᠢᠴᠡᠳᠬᠡᠭᠰᠡᠨ ᠪᠠᠶᠢᠨ᠎ᠠ᠃ ᠪᠦᠬᠦ ᠤᠯᠤᠰ ᠤᠨ ᠪᠤᠯᠪᠠᠰᠤᠨ ᠬᠤᠲᠡ | ᠶᠢᠨ ᠡᠭᠦᠰᠭᠡᠨ ᠪᠠᠶᠢᠭᠤᠯᠬᠤ ᠲᠤᠬᠢᠶᠠᠯ ᠢᠶᠠᠷ ᠲᠠᠮᠵᠢᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ | ᠬᠤᠲᠡ ᠶᠢᠨ ᠵᠡᠭᠡᠯᠢ ᠭᠤᠳᠤᠮᠵᠢ ᠶᠢ ᠪᠦᠬᠦᠨ ᠪᠠᠷ ᠳᠠᠭᠠᠭᠠᠴᠢᠯᠠᠬᠤ ᠠᠵᠢᠯᠯᠠᠭ᠎ᠠ ᠶᠢ ᠦᠷᠨᠢᠭᠦᠯᠵᠤ ᠮᠠᠰᠢᠨᠲ᠋ᠡᠷᠬᠡ | ᠶᠢᠨ ᠳᠤᠷ᠎ᠠ ᠪᠠᠷ ᠢᠶᠠᠨ ᠵᠤᠭᠰᠤᠭᠠᠵᠤ ᠲᠠᠯᠪᠢᠬᠤ᠂ ᠲᠡᠨᠤᠮᠡᠯ ᠨᠤᠬᠠᠢ ᠵᠡᠷᠭᠡ ᠦᠵᠡᠭᠳᠡᠯ ᠳᠤ ᠴᠢᠭᠯᠡᠭᠦᠯᠦᠨ ᠲᠤᠰᠬᠠᠢ | ᠵᠦᠢᠯ ᠤᠨ ᠰᠢᠢᠳᠬᠡᠯ ᠢ ᠬᠡᠷᠡᠭᠵᠢᠭᠦᠯᠵᠤ᠂ ᠬᠤᠲᠡ ᠶᠢᠨ ᠳᠦᠷᠢ ᠳᠦᠷᠬᠦ ᠤᠯᠠᠮ ᠨᠢᠭᠡ ᠠᠯᠬᠤᠮ ᠰᠠᠶᠢᠵᠢᠷᠠᠭᠰᠠᠨ | ᠪᠠᠶᠢᠨ᠎ᠠ ᠃ ᠠᠭᠠᠷ ᠤᠨ ᠪᠤᠬᠢᠷᠳᠠᠯ ᠢ ᠰᠡᠷᠭᠡᠶᠢᠯᠡᠬᠦ ᠠᠵᠢᠯ ᠢ ᠴᠢᠩᠭᠠᠳᠬᠠᠨ᠂16 ᠨᠡᠭᠦᠷᠡᠰᠤ ᠰᠢᠲᠠᠭᠠᠨ | ᠪᠤᠴᠠᠯᠭᠠᠭᠴᠢ ᠶᠢ ᠨᠤᠷᠠᠭᠠᠨ ᠰᠢᠨᠡᠳᠬᠡᠭᠰᠡᠨ ᠪᠠᠶᠢᠨ᠎ᠠ᠃ | ᠵᠢᠷᠭᠤᠳᠣᠭᠠᠷ ᠲᠤ᠂ ᠦᠷᠢᠲᠤᠯ ᠢ ᠨᠦᠬᠦᠪᠦᠷᠢᠯᠡᠨ᠂ ᠠᠵᠤ ᠦᠢᠯᠡᠳᠪᠤᠷᠢᠯᠡᠯ ᠢ ᠬᠦᠭᠵᠢᠭᠦᠯᠤᠨ᠂ | ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠰᠢᠨ᠎ᠡ ᠳᠦᠷᠬᠦ ᠪᠠᠶᠢᠳᠠᠯ ᠲᠤᠳᠤᠷᠠᠪᠠ᠃ | ᠤᠯᠤᠰ᠂ ᠦᠪᠡᠷᠲᠡᠭᠡᠨ ᠵᠠᠰᠠᠬᠤ ᠤᠷᠤᠨ ᠤ ᠪᠤᠳᠤᠯᠭ᠎ᠠ ᠶᠢᠨ ᠳᠣᠬᠢᠶᠠᠯ ᠢ ᠠᠳᠬᠤᠨ᠂ ᠮᠠᠯᠵᠢᠬᠤ | ᠲᠠᠷᠢᠶᠠᠯᠠᠬᠤ ᠤᠷᠤᠨ ᠤ ᠬᠦᠭᠵᠢᠯᠲᠡ ᠶᠢᠨ ᠨᠦᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠬᠡᠳᠤᠨ ᠠᠷᠪᠠᠨ ᠵᠢᠯ | ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠷᠢ ᠪᠦᠲᠦᠭᠡᠨ ᠪᠠᠶᠢᠭᠤᠯᠤᠯᠲᠠ ᠳᠣᠷᠤᠢ ᠪᠠᠭᠤᠷᠠᠢ᠂ ᠨᠡᠶᠢᠲᠡ ᠶᠢᠨ | ᠦᠢᠯᠡᠴᠢᠯᠡᠭᠡᠨ ᠤ ᠪᠠᠶᠢᠭᠤᠯᠤᠮᠵᠢ ᠬᠤᠴᠤᠷᠤᠩᠭᠤᠢ ᠪᠠᠶᠢᠭᠰᠠᠨ ᠲᠡᠤᠬᠡ ᠶᠢᠨ ᠦᠷᠢᠲᠤᠯ ᠢ ᠪᠤᠲᠠᠲᠠᠢ ᠪᠠᠷ | ᠨᠦᠬᠦᠪᠦᠷᠢᠯᠡᠨ᠂ ᠪᠦᠬᠦ ᠬᠤᠲᠡ ᠶᠢᠨ ᠮᠠᠯᠴᠢᠨ ᠲᠦᠮᠡᠨ ᠳᠤ ᠡᠷᠲᠡᠭᠡᠨ ᠦᠨᠳᠦᠷ ᠬᠡᠮᠵᠢᠶ᠎ᠡ ᠪᠠᠷ ᠠᠷᠠᠳ ᠲᠤ | ᠬᠠᠷᠠᠭᠠᠯᠵᠠᠯ ᠲᠠᠢ ᠲᠦᠷᠦ ᠶᠢᠨ ᠪᠤᠳᠤᠯᠭ᠎ᠠ ᠶᠢ ᠡᠳ᠋ᠯᠡᠭᠦᠯᠦᠨ᠎ᠡ᠃ ᠪᠦᠬᠦ ᠵᠢᠯ1.2 ᠳ᠋ᠦᠩᠰᠢᠭᠤᠷ ᠲᠦᠭᠦᠷᠢᠭ ᠪᠡᠯᠡ | ᠮᠦᠩᠭᠦ ᠬᠤᠷᠠᠮᠳᠠᠭᠤᠯᠤᠨ ︽ ᠠᠷᠪᠠ ᠶᠢ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠵᠤ᠂ ᠡᠭᠦᠨ ᠤ ᠳᠣᠮᠳᠠ | ᠳᠡᠭᠡᠷ᠎ᠡ ᠱᠠᠲᠣᠨ ᠠᠴᠠ 1.08 ᠳ᠋ᠦᠩᠰᠢᠭᠤᠷ ᠲᠦᠭᠦᠷᠢᠭ ᠬᠦᠭᠡᠭᠡᠴᠢᠯᠳᠣᠨ ᠤᠯᠵᠠᠢ᠃ 58 ᠡᠷᠦᠬᠡ ᠳᠤ ᠣᠷᠣᠨ | ᠰᠠᠭᠤᠴᠠ ᠶᠢ ᠰᠢᠨᠡᠳᠬᠡᠨ ᠵᠠᠰᠠᠪᠤᠷᠢᠯᠠᠵᠤ᠂ 35 ᠮᠠᠰᠢᠨ ᠬᠤᠳᠳᠤᠭ ᠮᠠᠯᠳᠠᠨ᠂7 ᠤᠰᠤ ᠬᠠᠳᠠᠭᠠᠯᠠᠬᠤ ᠵᠤᠭᠤᠷᠢ | ᠪᠠᠶᠢᠭᠤᠯᠵᠤ᠂297 ᠡᠷᠦᠬᠡ ᠶᠢᠨ ᠠᠶᠤᠯᠭᠦᠢ ᠤᠰᠤᠨ ᠤ ᠠᠰᠠᠭᠤᠳᠠᠯ ᠢ ᠰᠢᠢᠳᠪᠤᠷᠢᠯᠡᠭᠰᠡᠨ ᠪᠠᠶᠢᠨ᠎ᠠ ︔ ᠰᠢᠨ᠎ᠡ ᠪᠠᠷ | ᠢᠳᠡᠰᠢᠨ ᠨᠤᠭᠤᠭᠠᠨ ᠤ ᠳᠤᠯᠠᠭᠠᠨ ᠫᠧᠩ 20 ᠰᠠᠭᠤᠷᠢ ᠶᠢ ᠪᠠᠶᠢᠭᠤᠯᠵᠤ᠂ ᠮᠠᠯᠵᠢᠬᠤ ᠤᠷᠤᠨ ᠳᠤ ᠨᠡᠶᠢᠲᠡ269 | ᠡᠷᠦᠬᠡ ᠮᠠᠯᠴᠢᠳ ᠤᠨ ᠤᠷᠤᠨ ᠰᠠᠭᠤᠴᠠ ᠳᠤ ᠭᠠᠳᠠᠨ᠎ᠠ ᠬᠠᠨ᠎ᠠ ᠶᠢᠨ ᠳᠤᠯᠠᠭᠠᠯᠭ᠎ᠠ᠂ ᠡᠭᠦᠳᠡ ᠴᠤᠩᠬᠤ ᠶᠢ | ᠰᠤᠯᠢᠵᠠᠢ︔ 3 ᠵᠤᠷᠪᠤᠰ ᠲᠤᠰᠬᠤᠨ ᠳᠤ ᠨᠡᠪᠲᠡᠷᠡᠬᠦ ᠵᠠᠰᠠᠮᠠᠯ ᠵᠠᠰᠠᠵᠤ᠂ 52.4 ᠺᠢᠯᠣᠮᠧᠲᠷ ᠬᠠᠳᠠᠭᠤ ᠬᠤᠴᠢᠯᠳᠠ | ᠲᠠᠢ ᠵᠡᠭᠡᠯᠢ ᠭᠤᠳᠣᠮᠵᠢ ᠶᠢ ᠪᠠᠶᠢᠭᠤᠯᠵᠤ᠂ ᠭᠠᠴᠠᠭ᠎ᠠ ᠬᠦᠷᠬᠦ ᠵᠠᠰᠠᠮᠠᠯ ᠵᠠᠮ ᠤᠨ ᠪᠦᠷᠬᠦᠴᠡ ᠨᠢ 100% ᠳᠤ | ᠬᠦᠷᠦᠭᠰᠡᠨ ᠪᠠᠶᠢᠨ᠎ᠠ᠃ ᠰᠢᠨ᠎ᠡ ᠪᠠᠷ 35 ᠺᠢᠯᠣᠸᠣᠯᠲ ᠶᠢᠨ ᠬᠦᠴᠦᠳᠡᠯ ᠦᠭᠡᠷᠡᠴᠢᠯᠡᠬᠦ ᠦᠷᠲᠡᠭᠡ ᠶᠢ ᠪᠠᠶᠢᠭᠤᠯᠵᠤ᠂ | ᠷᠠᠳᠢᠣ᠋ ᠲᠧᠯᠸᠢᠰ ᠢ ᠳᠠᠮᠵᠢᠭᠤᠯᠣᠨ ᠪᠦᠷᠬᠦᠬᠦᠯᠬᠦ ᠰᠦᠯᠵᠢᠶ᠎ᠠ ᠶᠢ ᠲᠤᠰ ᠲᠤᠰ ᠨᠢᠭᠡ ᠶᠢ ᠪᠠᠶᠢᠭᠤᠯᠵᠤ᠂ ᠰᠠᠶᠢᠬᠤᠰᠤ | ᠶᠢᠨ ᠨᠤᠭᠤᠭᠠᠨ ᠤ ᠲᠠᠷᠢᠶᠠᠴᠢᠨ ᠳᠤ ᠬᠡᠷᠡᠯ ᠰᠢᠷᠭᠡᠭ ᠤᠨ ᠲᠠᠲᠠᠯᠭ᠎ᠠ ᠶᠢ ᠪᠡᠶᠡᠯᠡᠭᠦᠯᠦᠭᠰᠡᠨ ᠪᠠᠶᠢᠨ᠎ᠠ ︔ ᠰᠠᠶᠢᠬᠤᠰᠤ | ᠶᠢᠨ ᠶᠡᠷᠤᠩᠬᠡᠶᠢᠯᠡᠭᠰᠡᠨ ᠦᠢᠯᠡᠴᠢᠯᠡᠭᠡᠨ ᠤ ᠠᠰᠠᠷ ᠢ ᠪᠠᠶᠢᠭᠤᠯᠵᠤ᠂ 4 ᠭᠠᠴᠠᠭᠠᠨ ᠳᠤ ᠰᠤᠶᠤᠯ ᠤᠨ ᠦᠷᠦᠭᠡ ᠪᠠ | 3 ᠠᠷᠠᠳ ᠲᠤ ᠦᠢᠯᠡᠴᠢᠯᠡᠬᠦ ᠬᠡᠲᠤ ᠳᠡᠯᠭᠡᠭᠦᠷ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ | ᠤᠷᠤᠰᠢᠨ ᠰᠠᠭᠤᠬᠤ ᠬᠦᠮᠦᠰ ᠤᠨ ᠳᠤᠤᠷ᠎ᠠ ᠪᠠᠲᠤᠯᠠᠭ᠎ᠠ᠂ ᠡᠮ ᠡᠮᠨᠡᠯᠭᠡ᠂ ᠨᠠᠰᠤᠵᠢᠯ ᠤᠨ ᠳᠠᠭᠠᠳᠬᠠᠯ ᠨᠢ | ᠦᠷᠬᠦᠯᠵᠢᠯᠡᠨ ᠠᠶᠢᠮᠠᠭ ᠤᠨ ᠲᠡᠷᠢᠭᠦᠨ ᠪᠠᠶᠢᠷᠢᠨ ᠳᠤ ᠤᠷᠤᠪᠠ᠃ ᠮᠠᠯᠵᠢᠬᠤ ᠲᠠᠷᠢᠶᠠᠯᠠᠬᠤ ᠦᠢᠯᠡᠰ ᠤᠨ ᠠᠵᠤ | ᠦᠢᠯᠡᠳᠪᠤᠷᠢᠵᠢᠭᠦᠯᠦᠯᠲᠡ ᠬᠦᠭᠵᠢᠯᠲᠡ ᠶᠢ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠦᠢᠯᠡᠰ ᠤᠨ ᠵᠢᠭᠡᠯᠡᠭᠡ | ᠶᠢᠨ ᠮᠦᠩᠭᠦ 1.5 ᠳ᠋ᠦᠩᠰᠢᠭᠤᠷ ᠲᠦᠭᠦᠷᠢᠭ ᠲᠠᠯᠪᠢᠵᠠᠢ᠃ ᠠᠶᠢᠮᠠᠭ ᠤᠨ ᠳᠡᠰ ᠠᠴᠠ ᠳᠡᠭᠡᠭᠰᠢ ᠮᠠᠯᠵᠢᠬᠤ | ᠲᠠᠷᠢᠶᠠᠯᠠᠬᠤ ᠦᠢᠯᠡᠳᠪᠤᠷᠢᠵᠢᠯᠡᠯᠲᠡ ᠤᠨ ᠲᠤᠯᠤᠭᠠᠶᠢᠯᠠᠭᠴᠢ ᠶᠢᠨ ᠠᠵᠤ ᠦᠢᠯᠡᠳᠪᠤᠷᠢ 4 ᠡᠷᠦᠬᠡ ᠶᠢ ᠬᠦᠮᠦᠵᠢᠭᠦᠯᠤᠨ | ᠪᠤᠶᠢᠵᠢᠭᠤᠯᠵᠤ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ 4 ᠡᠷᠦᠬᠡ ᠶᠢ ᠪᠠᠶᠢᠭᠤᠯᠵᠠᠢ ᠃ ᠨᠤᠲᠤᠭ | ᠪᠡᠯᠴᠢᠭᠡᠷ ᠤᠨ ᠳᠠᠭᠠᠭᠠᠴᠢᠯᠠᠬᠤ ᠡᠷᠬᠡ ᠶᠢ ᠵᠦᠪᠰᠢᠶᠡᠷᠡᠬᠦ ᠳᠠᠩᠰᠠᠨ ᠳᠤ ᠲᠡᠮᠳᠡᠭᠯᠡᠨ ᠬᠡᠷᠡᠴᠢ ᠲᠡᠮᠳᠡᠭ ᠦᠭᠬᠦ ᠠᠵᠢᠯ ᠢ | ᠶᠠᠪᠤᠭᠳᠠᠭᠤᠯᠵᠤ ᠂ ᠳᠠᠩᠰᠠᠯᠠᠭᠳᠠᠭᠰᠠᠨ ᠨᠤᠷᠮ᠎ᠠ ᠨᠢ 95% ᠳᠤ ᠬᠦᠷᠦᠭᠰᠡᠨ ᠪᠠᠶᠢᠨ᠎ᠠ᠃ | ᠳᠣᠯᠣᠳᠣᠭᠠᠷ ᠲᠤ᠂ ᠭᠤᠤᠯ ᠬᠡᠰᠡᠭ ᠢ ᠳᠤᠪᠤᠶᠢᠯᠭᠠᠵᠤ᠂ ᠪᠤᠭᠤᠮᠢ ᠶᠢ ᠰᠢᠪᠲᠤᠯᠤᠨ᠂ ᠠᠷᠠᠳ ᠤᠨ | ᠠᠮᠢᠳᠤᠷᠠᠯ ᠪᠠ ᠨᠡᠶᠢᠭᠡᠮ ᠤᠨ ᠠᠵᠤ ᠦᠢᠯᠡᠰ ᠮᠡᠳᠡᠭᠳᠡᠮ᠎ᠡ ᠰᠢᠨ᠎ᠡ ᠲᠠᠪᠰᠢᠯᠲᠠ ᠲᠠᠢ ᠪᠣᠯᠪᠠ᠃ | ᠠᠳᠠᠯᠢ ᠠᠵᠢᠯ ᠳᠤ ᠠᠳᠠᠯᠢ ᠴᠠᠯᠢᠩ ᠪᠠᠷ 52 ᠨᠡᠷ᠎ᠡ ᠪᠠᠭᠰᠢ ᠵᠠᠯᠠᠵᠤ᠂ 11 ᠨᠡᠷ᠎ᠡ ᠮᠠᠭᠢᠰᠲ᠋ᠧᠷ ᠪᠠᠭᠰᠢ ᠪᠠ | ᠡᠮᠴᠢ ᠤᠷᠢᠵᠤ᠂ ᠤᠯᠠᠮ ᠨᠢᠭᠡ ᠠᠯᠬᠤᠮ ᠪᠠᠭᠰᠢ ᠪᠠ ᠡᠮᠴᠢ ᠲᠤᠲᠠᠭᠳᠠᠵᠤ ᠪᠠᠶᠢᠬᠤ ᠠᠰᠠᠭᠤᠳᠠᠯ ᠢ ᠬᠦᠩᠭᠡᠷᠡᠭᠦᠯᠵᠠᠢ᠃ | 2011 ᠠᠴᠠ ᠨᠠᠰᠢᠬᠢ ᠰᠤᠷᠭᠠᠨ ᠬᠦᠮᠦᠵᠢᠯ᠂ ᠡᠮ ᠡᠮᠨᠡᠯᠭᠡ ᠵᠡᠷᠭᠡ ᠠᠵᠢᠯ ᠦᠢᠯᠡᠰ ᠤᠨ ᠨᠢᠭᠡᠴᠢ ᠶᠢᠨ | ᠮᠡᠷᠭᠡᠵᠢᠯ ᠤᠨ ᠴᠤᠯᠠ ᠬᠦᠯᠤᠰᠯᠡᠬᠦ ᠠᠰᠠᠭᠤᠳᠠᠯ ᠢ ᠴᠠᠭ ᠲᠤᠬᠠᠢ ᠳᠤᠨᠢ ᠰᠢᠢᠳᠪᠤᠷᠢᠯᠠᠵᠠᠢ᠃ ᠪᠦᠯᠦᠭ ᠬᠤᠪᠢᠶᠠᠨ | ᠮᠡᠷᠭᠡᠵᠢᠯ ᠤᠨ ᠴᠤᠯᠠ ᠶᠢᠨ ᠴᠠᠯᠢᠩ ᠬᠦᠯᠤᠰᠦ ᠶᠢ ᠦᠭᠭᠦᠭᠰᠡᠨ ᠪᠠᠶᠢᠨ᠎ᠠ᠃ ᠦᠨᠳᠦᠰᠦᠲᠡᠨ ᠤ ᠰᠣᠷᠭᠠᠭᠤᠯᠢ᠂ ᠤᠯᠠᠨ | ᠤᠯᠤᠰ ᠤᠨ ᠳᠡᠭᠡᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ | ᠤᠷᠤᠭᠰᠢᠲᠠᠢ ᠶᠠᠪᠤᠭᠳᠠᠵᠤ᠂ ᠯᠠᠨ ᠲᠢᠶᠠᠨ ᠴᠡᠴᠡᠷᠯᠢᠭ ᠤᠨ ᠪᠠᠷᠢᠯᠭ᠎ᠠ ᠶᠢᠨ ᠭᠤᠤᠯ ᠴᠤᠭᠴᠠ ᠶᠢᠨ ᠠᠵᠢᠯ ᠳᠠᠭᠤᠰᠴᠠᠢ | ᠃ 500 ᠲᠦᠮᠡᠨ ᠲᠦᠭᠦᠷᠢᠭ ᠤᠨ ᠪᠡᠯᠡ ᠮᠦᠩᠭᠦ ᠬᠤᠷᠠᠮᠳᠤᠭᠤᠯᠤᠨ ᠲᠠᠰᠤᠯᠭᠠᠨ ᠤ ᠬᠦᠯ ᠪᠦᠮᠪᠦᠭᠡ ᠶᠢᠨ ᠲᠠᠯᠠᠪᠠᠢ | 9 ᠶᠢ ᠪᠠᠶᠢᠭᠤᠯᠵᠤ᠂ ᠰᠤᠷᠭᠠᠭᠤᠯᠢ ᠶᠢᠨ5 ᠲᠠᠮᠢᠷ ᠤᠨ ᠪᠠᠶᠢᠷᠢ ᠲᠠᠯᠠᠪᠠᠢ ᠶᠢ ᠬᠤᠲᠡ ᠶᠢᠨ ᠠᠷᠠᠳ ᠲᠤ ᠨᠡᠭᠡᠭᠡᠯᠲᠡ | ᠲᠠᠢ ᠪᠤᠯᠭᠠᠵᠠᠢ᠃ 1490 ᠲᠦᠮᠡᠨ ᠲᠦᠭᠦᠷᠢᠭ ᠪᠡᠯᠡ ᠮᠦᠩᠭᠦ ᠬᠤᠷᠠᠮᠳᠤᠭᠤᠯᠤᠨ ᠬᠤᠲᠡ ᠶᠢᠨ ᠡᠮᠨᠡᠯᠭᠡ ᠳᠤ | ᠲᠤᠨᠤᠭ ᠲᠦᠬᠦᠭᠡᠷᠤᠮᠵᠢ ᠬᠤᠳᠠᠯᠳᠤᠨ ᠠᠪᠤᠭᠰᠠᠨ ᠪᠠᠶᠢᠨ᠎ᠠ᠃ ᠬᠤᠳᠠ ᠪᠠᠯᠭᠠᠰᠣᠨ ᠤ ᠠᠵᠢᠯᠳᠠᠨ ᠪᠠ ᠰᠠᠭᠤᠭᠠᠯᠢ | ᠠᠷᠠᠳ ᠤᠨ ᠡᠮᠨᠡᠯᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠵᠣ ᠲᠠᠩᠰᠠ ᠴᠠᠶᠢᠷᠠᠭᠤᠯᠬᠤ ᠬᠠᠷᠢᠴᠠᠯ ᠨᠢ ᠲᠤᠰ | ᠲᠤᠰ 85.3% ᠪᠠ 75.3% ᠳᠤ ᠬᠦᠷᠭᠡᠵᠤ᠂ ᠬᠠᠮᠤᠭ ᠤᠨ ᠥᠨᠳᠥᠷ ᠨᠦᠬᠦᠨ ᠲᠥᠯᠦᠬᠦ ᠬᠢᠵᠠᠭᠠᠷ ᠲᠤᠰ | ᠲᠤᠰ48.3 ᠲᠦᠮᠡᠨ ᠲᠦᠭᠦᠷᠢᠭ ᠪᠠ 26.9 ᠲᠦᠮᠡᠨ ᠲᠦᠭᠦᠷᠢᠭ ᠬᠦᠷᠳᠡᠯ᠎ᠡ ᠳᠡᠭᠡᠭᠰᠢᠯᠡᠬᠦᠯᠵᠠᠢ᠃ ᠬᠦᠬᠡᠬᠤᠲᠡ᠂ | ᠰᠢᠯᠢ ᠶᠢᠨ ᠭᠤᠤᠯ ᠵᠡᠷᠭᠡ ᠭᠠᠵᠠᠷ ᠤᠨ ᠡᠮ ᠬᠤᠳᠠᠯᠳᠤᠨ ᠠᠪᠴᠤ ᠡᠮᠴᠢᠯᠡᠭᠦᠯᠬᠦ ᠶᠢ ᠰᠢᠭᠤᠳ ᠪᠤᠳᠤᠵᠠᠢ᠃ ᠰᠢᠨ᠎ᠡ | ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠳᠠᠭᠠᠳᠬᠠᠯ ᠤᠨ ᠳᠠᠩᠰᠠ ᠴᠠᠶᠢᠷᠠᠭᠤᠯᠬᠤ ᠬᠠᠷᠢᠴᠠᠯ ᠨᠢ 85% | ᠳᠤ ᠬᠦᠷᠴᠤ᠂ ᠬᠠᠮᠤᠭ ᠤᠨ ᠥᠨᠳᠥᠷ ᠨᠦᠬᠦᠨ ᠲᠥᠯᠦᠬᠦ ᠬᠢᠵᠠᠭᠠᠷ ᠢ14 ᠲᠦᠮᠡᠨ ᠲᠦᠭᠦᠷᠢᠭ ᠬᠦᠷᠳᠡᠯ᠎ᠡ | ᠳᠡᠭᠡᠭᠰᠢᠯᠡᠬᠦᠯᠵᠠᠢ᠃ ᠠᠵᠢᠯ ᠤᠯᠭᠤᠬᠤ᠂ ᠠᠵᠢᠯ ᠦᠢᠯᠡᠰ ᠡᠬᠢᠯᠡᠭᠦᠯᠬᠦ ᠢᠨᠵᠧᠨᠧᠷᠢᠩ ᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠦᠨᠳᠦᠰᠦᠲᠡᠨ ᠤ ᠰᠤᠶᠦᠯ ᠤᠨ ᠠᠵᠢᠯ ᠦᠢᠯᠡᠰ ᠡᠷᠬᠢᠯᠡᠬᠦ ᠲᠤᠭᠤᠷᠢᠭ ᠢ ᠪᠠᠶᠢᠭᠤᠯᠵᠤ᠂ ᠪᠦᠬᠦ ᠵᠢᠯ | 843 ᠨᠡᠷ᠎ᠡ ᠰᠢᠨ᠎ᠡ ᠪᠠᠷ ᠠᠵᠢᠯ ᠳᠤ ᠤᠷᠤᠵᠠᠢ᠃ ᠨᠡᠶᠢᠭᠡᠮ ᠤᠨ ᠪᠠᠳᠣᠯᠠᠭᠠᠨ ᠤ ᠪᠦᠷᠬᠦᠴᠡ ᠶᠢᠨ ᠬᠡᠮᠵᠢᠶ᠎ᠠ ᠶᠢ | ᠦᠷᠭᠡᠳᠭᠡᠨ᠂ ᠨᠠᠰᠤᠲᠠᠨ ᠢ ᠠᠰᠠᠷᠠᠬᠤ ᠠᠰᠠᠷᠠᠮᠵᠢ ᠶᠢᠨ ᠮᠦᠩᠭᠦ ᠨᠢ ᠬᠦᠮᠦᠨ ᠪᠦᠷᠢ754.7 ᠲᠦᠭᠦᠷᠢᠭ | ᠬᠦᠷᠴᠠᠢ᠃ ᠬᠤᠲᠡ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠳᠣᠣᠷ᠎ᠠ ᠪᠠᠲᠤᠯᠠᠭᠠᠨ ᠤ ᠪᠠᠷᠢᠮᠵᠢᠶ᠎ᠠ ᠶᠢ | 590 ᠲᠦᠭᠦᠷᠢᠭ ᠪᠤᠯᠭᠠᠨ ᠳᠡᠭᠡᠭᠰᠢᠯᠡᠭᠦᠯᠵᠤ᠂ ᠪᠦᠬᠦ ᠤᠷᠤᠨᠳᠤ ᠨᠢᠭᠡᠳᠤᠭᠡᠷ ᠲᠤ ᠤᠷᠤᠵᠠᠢ᠃ ᠮᠠᠯᠴᠢᠨ | ᠲᠠᠷᠢᠶᠠᠴᠢᠨ ᠤ ᠳᠠᠭᠠᠳᠬᠠᠯ ᠳᠤ ᠤᠷᠤᠬᠤ ᠶᠢ ᠪᠦᠭᠦᠳᠡ ᠪᠦᠷᠬᠦᠵᠠᠢ᠃ ᠲᠠᠪᠤᠨ ᠪᠠᠲᠤᠭᠠᠯᠠᠲᠤ ᠡᠷᠦᠬᠡ᠂ ᠬᠤᠲᠡ | ᠬᠦᠳᠡᠭᠡ ᠶᠢᠨ ︽ ᠭᠤᠷᠪᠠᠨ ᠦᠭᠡᠢ︾ ᠬᠦᠮᠦᠰ ᠤᠨ ᠲᠦᠪᠯᠡᠷᠡᠭᠦᠯᠦᠨ ᠠᠰᠠᠷᠠᠬᠤ ᠪᠠᠷᠢᠮᠵᠢᠶ᠎ᠠ ᠶᠢ ᠳᠡᠭᠡᠭᠰᠢᠯᠡᠭᠦᠯᠵᠤ᠂ | ᠰᠠᠷ᠎ᠠ ᠶᠢᠨ ᠨᠦᠬᠦᠪᠦᠷᠢ ᠲᠤᠰᠪᠤᠷᠢ 2000 ᠲᠦᠭᠦᠷᠢᠭ ᠪᠠ1700 ᠲᠦᠭᠦᠷᠢᠭ ᠲᠤ ᠬᠦᠷᠴᠠᠢ᠃ ᠬᠤᠲᠡ | ᠬᠦᠳᠡᠭᠡ᠂ ᠮᠠᠯᠵᠢᠬᠤ ᠲᠠᠷᠢᠶᠠᠯᠠᠬᠤ ᠤᠷᠤᠨ ᠤ ᠬᠦᠴᠢᠷᠳᠡᠯᠲᠠᠢ ᠵᠡᠮᠳᠡᠭ ᠬᠦᠮᠤᠨ ᠤ ᠠᠮᠢᠳᠤᠷᠠᠯ ᠤᠨ ᠨᠦᠬᠦᠪᠦᠷᠢ ᠢ | ᠲᠤᠰᠪᠤᠷᠢ1100 ᠲᠦᠭᠦᠷᠢᠭ ᠪᠠ 860 ᠲᠦᠭᠦᠷᠢᠭ ᠪᠤᠯᠭᠠᠨ ᠳᠡᠭᠡᠭᠰᠢᠯᠡᠭᠦᠯᠪᠡ᠃ ᠨᠠᠷᠢᠯᠢᠭ ᠤᠨᠤᠪᠴᠢᠲᠠᠢ | ᠶᠠᠳᠠᠭᠤ ᠶᠢ ᠳᠡᠳᠬᠦᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ ᠂15 ᠡᠷᠦᠬᠡ 47 ᠨᠡᠷ᠎ᠡ ᠬᠦᠴᠢᠷᠳᠡᠯᠲᠠᠢ | ᠮᠠᠯᠴᠢᠨ ᠶᠠᠳᠠᠭᠤ ᠠᠴᠠ ᠠᠩᠭᠢᠵᠢᠷᠠᠪᠠ᠃ ᠦᠨᠳᠦᠷ ᠨᠠᠰᠤᠲᠠᠨ ᠤ ᠠᠵᠢᠯ ᠢ ᠴᠢᠬᠤᠯᠴᠢᠯᠠᠨ ᠦᠵᠡᠵᠤ᠂ ᠪᠦᠬᠦ | ᠵᠢᠯ1029 ᠨᠠᠰᠤᠲᠠᠨ ᠳᠤ ᠦᠨᠳᠦᠷ ᠨᠠᠰᠤᠲᠠᠨ ᠤ ᠨᠦᠬᠦᠪᠦᠷᠢ 204.4 ᠲᠦᠮᠡᠨ ᠲᠦᠭᠦᠷᠢᠭ ᠤᠯᠭᠤᠵᠠᠢ᠃ | ᠦᠪᠡᠷᠲᠡᠭᠡᠨ ᠵᠠᠰᠠᠬᠤ ᠤᠷᠤᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠡ ᠶᠢᠨ ᠪᠠᠶᠢᠴᠠᠭᠠᠨ ᠰᠢᠯᠭᠠᠯᠲᠠ ᠶᠢ | ᠠᠮᠵᠢᠯᠲᠠᠢ ᠦᠩᠭᠡᠷᠡᠭᠦᠯᠵᠠᠢ᠃ | ᠨᠠᠢᠮᠠᠳᠣᠭᠠᠷ ᠲᠤ᠂ ᠠᠷᠠᠳ ᠲᠦᠮᠡᠨ ᠳᠤ ᠦᠢᠯᠡᠴᠢᠯᠡᠨ᠂ ᠴᠢᠭᠲᠡ ᠬᠡᠮᠨᠡᠬᠦ᠂ ᠵᠠᠰᠠᠭ ᠤᠨ ᠤᠷᠳᠤᠨ ᠤ ᠡᠷᠬᠡ | ᠶᠢ ᠠᠰᠢᠭᠯᠠᠬᠤ ᠳᠤ ᠰᠢᠨ᠎ᠡ ᠳᠦᠷᠢᠮ ᠲᠠᠢ ᠪᠤᠯᠪᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭ᠎ᠠ᠂ ᠵᠠᠰᠠᠭ | ᠵᠠᠬᠢᠷᠭᠠᠨ ᠤ ᠴᠢᠳᠠᠪᠬᠢ ᠶᠢ ᠬᠢᠨᠠᠨ ᠪᠠᠶᠢᠴᠠᠭᠠᠬᠤ ︽ ᠭᠤᠷᠪᠠ ᠶᠢ ᠨᠢᠭᠡ ᠴᠤᠭᠴᠠ ᠪᠤᠯᠭᠠᠭᠰᠠᠨ︾ ᠠᠵᠢᠯ ᠤᠨ | ᠲᠤᠭᠲᠠᠯᠴᠠᠭ᠎ᠠ ᠶᠢ ᠪᠠᠶᠢᠭᠤᠯᠵᠤ᠂ 26 ᠰᠠᠯᠠᠭ᠎ᠠ ᠮᠦᠴᠢᠷ ᠤᠨ 172 ᠵᠦᠢᠯ ᠵᠠᠰᠠᠭ ᠵᠠᠬᠢᠷᠭᠠᠨ ᠤ ᠵᠦᠪᠰᠢᠶᠡᠷᠡᠯ | ᠢ ᠨᠢᠬᠡᠳᠬᠡᠨ ᠲᠦᠪᠯᠡᠷᠡᠭᠦᠯᠦᠨ ᠲᠢᠩᠬᠢᠮ ᠳᠤ ᠤᠷᠤᠨ ᠠᠵᠢᠯᠯᠠᠭᠤᠯᠤᠨ᠂ ᠪᠦᠬᠦ ᠵᠢᠯ ᠳᠤ ᠵᠠᠰᠠᠭ ᠵᠠᠬᠢᠷᠭᠠᠨ ᠤ | ᠬᠢᠨᠠᠨ ᠵᠦᠪᠰᠢᠶᠡᠷᠡᠷᠡᠯᠲᠡ ᠶᠢ 7 ᠲᠦᠮᠡ ᠭᠠᠷᠤᠢ ᠬᠤᠪᠢ ᠶᠢ ᠪᠡᠶᠡᠯᠡᠭᠦᠯᠦᠨ ᠳᠠᠭᠤᠰᠬᠠᠵᠤ᠂ ᠪᠡᠶᠡᠯᠡᠭᠦᠯᠦᠨ | ᠳᠠᠭᠤᠰᠬᠠᠭᠰᠠᠨ ᠨᠤᠷᠮ᠎ᠠ ᠨᠢ 99.97% ᠳᠤ ᠬᠦᠷᠴᠤ ᠃ ᠬᠠᠨᠤᠮᠵᠢ ᠶᠢᠨ ᠬᠡᠮᠵᠢᠶ᠎ᠡ 92.3 %᠃ ᠬᠤᠲᠡ | ᠶᠢᠨ33 ᠨᠢᠭᠡᠴᠢ ᠪᠠᠶᠢᠭᠤᠯᠠᠭ᠎ᠠ ᠪᠠ ᠬᠤᠲᠡ ᠳᠤ ᠰᠠᠭᠤᠭ᠎ᠠ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠡᠷᠬᠡ ᠶᠢ | ᠡᠮᠬᠢᠯᠡᠨ᠂ 2748 ᠲᠦᠷᠦᠯ ᠡᠷᠬᠡ ᠶᠢᠨ ᠵᠢᠭᠰᠠᠭᠠᠯᠲᠠ ᠪᠦᠷᠢᠯᠳᠦᠭᠰᠡᠨ ᠪᠠ ᠨᠡᠶᠢᠭᠡᠮ ᠳᠤ ᠨᠡᠶᠢᠲᠡᠯᠡᠨ ᠵᠠᠷᠯᠠᠵᠠᠢ᠃ | ᠡᠳ᠋ ᠤᠨ ᠵᠠᠰᠠᠭ ᠤᠨ ᠬᠢᠨᠠᠨ ᠰᠢᠬᠦᠬᠦ ᠲᠦᠪ ᠢ ᠪᠠᠶᠢᠭᠤᠯᠵᠤ᠂ ᠪᠦᠬᠦ ᠵᠢᠯ ᠳᠤ ᠨᠡᠶᠢᠲᠡ83 ᠲᠦᠷᠦᠯ ᠵᠦᠢᠯ ᠳᠤ | ᠬᠢᠨᠠᠨ ᠰᠢᠯᠭᠠᠯᠲᠠ ᠬᠢᠵᠤ᠂ ᠬᠢᠨᠠᠵᠤ ᠰᠢᠯᠭᠠᠵᠤ ᠪᠠᠭᠠᠰᠬᠠᠭᠰᠠᠨ ᠬᠡᠮᠵᠢᠶ᠎ᠡ ᠨᠢ 1.3 ᠳ᠋ᠦᠩᠰᠢᠭᠤᠷ ᠲᠦᠭᠦᠷᠢᠭ | ᠬᠦᠷᠴᠤ ᠬᠢᠨᠠᠵᠤ ᠰᠢᠯᠭᠠᠭᠰᠠᠨ ᠨᠤᠷᠮ᠎ᠠ ᠨᠢ 35.4%᠃ ᠵᠠᠰᠠᠭ ᠤᠨ ᠤᠷᠳᠤᠨ ᠤ ᠡᠩ ᠤᠨ ᠵᠠᠷᠤᠳᠠᠯ ᠢ | ᠪᠠᠭᠠᠰᠬᠠᠵᠤ᠂ ᠭᠤᠷᠪᠠᠨ ᠢᠯᠡ ᠵᠠᠷᠤᠳᠠᠯ ᠢ 804 ᠲᠦᠮᠡᠨ ᠲᠦᠭᠦᠷᠢᠭ ᠪᠠᠭᠠᠰᠬᠠᠵᠠᠢ ᠃ ᠪᠦᠬᠦ ᠬᠤᠲᠡ ᠶᠢᠨ80 | ᠭᠠᠷᠤᠢ ᠵᠠᠰᠠᠭ ᠵᠠᠬᠢᠷᠭᠠᠨ᠂ ᠠᠵᠤ ᠠᠬᠤᠢ ᠶᠢᠨ ᠨᠢᠭᠡᠴᠢ᠂ ᠰᠤᠷᠭᠠᠭᠤᠯᠢ ᠪᠠ ᠨᠡᠶᠢᠭᠡᠮ ᠤᠨ ᠬᠠᠮᠲᠤ ᠤᠯᠠᠨ ᠤ | ᠪᠠᠶᠢᠭᠤᠯᠠᠭ᠎ᠠ ᠶᠢᠨ ᠡᠳ᠋ ᠤᠨ ᠰᠠᠩ ᠢ ᠳᠦᠷᠢᠮᠵᠢᠭᠦᠯᠵᠤ᠂ ᠬᠢᠵᠠᠭᠠᠷ ᠲᠠᠢ ᠰᠠᠩ ᠬᠦᠤ ᠶᠢᠨ ᠴᠢᠳᠠᠯ ᠢ | ᠲᠦᠪᠯᠡᠷᠡᠭᠦᠯᠦᠨ ᠬᠡᠷᠡᠭᠯᠡᠬᠦ ᠶᠢ ᠪᠠᠲᠤᠯᠠᠵᠠᠢ᠃ ᠵᠠᠰᠠᠭ ᠤᠨ ᠤᠷᠳᠤᠨ ᠤ ᠴᠢᠨᠠᠷᠲᠠᠢ ᠦᠷᠢ ᠰᠢᠷᠢ ᠶᠢ ᠴᠢᠩᠭ᠎ᠠ | ᠬᠢᠵᠠᠭᠠᠷᠯᠠᠵᠤ᠂ ᠪᠦᠬᠦ ᠵᠢᠯ ᠤᠨ ᠲᠤᠷᠰᠢ ᠦᠷᠢ ᠶᠢᠨ ᠲᠡᠮᠳᠡᠭ ᠤᠨ ᠤᠷᠤᠯᠠᠨ ᠰᠤᠯᠢᠯᠲᠠ ᠶᠢ ᠰᠢᠢᠳᠪᠤᠷᠢᠯᠠᠭᠰᠠᠨ | ᠬᠡᠮᠵᠢᠶ᠎ᠡ ᠨᠢ 5.5 ᠳ᠋ᠦᠩᠰᠢᠭᠤᠷ ᠲᠦᠭᠦᠷᠢᠭ᠃ | ᠡᠯ᠎ᠡ ᠲᠦᠯᠤᠭᠡᠯᠡᠭᠴᠢᠳ ᠡ᠂ ᠦᠩᠭᠡᠷᠡᠭᠰᠡᠨ ᠲᠠᠪᠤᠨ ᠵᠢᠯ ᠳᠤ ᠮᠠᠨ ᠤ ᠬᠤᠲᠡ ᠶᠢᠨ ᠠᠵᠤ ᠠᠬᠤᠢ | ᠨᠡᠶᠢᠭᠡᠮ ᠲᠤᠭᠲᠠᠭᠤᠨ ᠢᠶᠠᠷ ᠡᠷᠡᠭᠦᠯ ᠬᠦᠭᠵᠢᠭᠰᠡᠨ ᠶᠤᠮ᠃ ᠠᠷᠠᠳ ᠲᠦᠮᠡᠨ ᠠᠰᠢᠭ ᠬᠦᠷᠲᠡᠭᠰᠡᠨ ᠨᠢ ᠨᠡᠯᠢᠶᠡᠳ | ᠶᠡᠭᠡ ᠲᠠᠪᠤᠨ ᠵᠢᠯ ᠶᠤᠮ︔ ᠤᠮᠠᠷᠠᠰᠢ ᠨᠡᠭᠡᠭᠡᠯᠲᠡ ᠶᠢᠨ ᠠᠯᠬᠤᠮ ᠮᠡᠳᠡᠭᠳᠡᠮ᠎ᠡ ᠲᠦᠷᠭᠡᠳᠴᠤ᠂ ᠨᠡᠭᠡᠭᠡᠯᠲᠡ | ᠬᠦᠭᠵᠢᠭᠦᠯᠦᠯᠲᠡ ᠵᠢᠨᠲ᠋ᠦ᠋ᠪᠰᠢᠨ ᠮᠡᠳᠡᠭᠳᠡᠮ᠎ᠡ ᠳᠡᠭᠡᠭᠰᠢᠯᠡᠭᠰᠡᠨ ᠲᠠᠪᠤᠨ ᠵᠢᠯ᠂ ᠪᠤᠭᠤᠮᠲᠡ ᠶᠢᠨ ᠰᠠᠭᠤᠷᠢ ᠪᠦᠲᠦᠭᠡᠨ | ᠪᠠᠶᠢᠭᠤᠯᠤᠯᠲᠡ ᠮᠡᠳᠡᠭᠳᠡᠮ᠎ᠡ ᠴᠢᠩᠭᠠᠷᠠᠵᠤ᠂ ᠬᠦᠭᠵᠢᠯᠲᠡ ᠶᠢᠨ ᠨᠦᠬᠦᠴᠡᠯ ᠮᠡᠳᠡᠭᠳᠡᠮ᠎ᠡ ᠰᠠᠶᠢᠵᠢᠷᠠᠭᠰᠠᠨ ᠲᠠᠪᠤᠨ ᠵᠢᠯ | ᠶᠤᠮ᠃ᠡᠳᠡᠭᠡᠷ ᠠᠮᠵᠢᠯᠳᠠ ᠤᠯᠤᠭᠰᠠᠨ ᠨᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠦᠪ ᠣᠨᠣᠪᠴᠢᠳᠠᠢ ᠤᠳᠣᠷᠢᠳᠣᠯᠭ᠎ᠠ᠂ | ᠡᠮᠦᠨᠡᠬᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠠᠯᠪᠢᠭᠰᠠᠨ ᠰᠠᠭᠤᠷᠢ᠂ ᠪᠦᠬᠦ ᠬᠤᠲᠡ ᠶᠢᠨ ᠺᠠᠳ᠋ᠷ ᠪᠠ | ᠨᠡᠶᠢᠭᠡᠮ ᠤᠨ ᠤᠯᠠᠨ ᠡᠳᠡᠬᠡᠳ ᠤᠨ ᠬᠠᠮᠲᠤ ᠶᠢᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠃ ᠠᠳᠠ ᠪᠢ | ᠬᠤᠳᠠ ᠶᠢᠨ ᠵᠠᠰᠠᠭ ᠤᠨ ᠣᠷᠳᠣᠨ ᠢ ᠲᠦᠯᠦᠭᠡᠯᠡᠨ᠂ ᠰᠢᠷᠭᠠᠭᠤ ᠬᠦᠳᠡᠯᠮᠦᠷᠢᠯᠡᠭᠰᠡᠨ ᠪᠦᠬᠦ ᠺᠠᠳ᠋ᠷ ᠣᠯᠠᠨ ᠲᠦᠮᠡᠨ ᠪᠠ | ᠪᠣᠭᠤᠮᠳᠠ ᠶᠢᠨ ᠪᠦᠲᠦᠭᠡᠨ ᠪᠠᠶᠢᠭᠤᠯᠣᠯᠳᠠ ᠳᠤ ᠠᠩᠬᠠᠷᠣᠯ ᠲᠠᠯᠪᠢᠵᠣ ᠳᠡᠮᠵᠢᠯᠭᠡ ᠦᠵᠡᠬᠦᠯᠦᠭᠰᠡᠨ ᠨᠦᠬᠦᠳ ᠲᠤ | ᠴᠢᠩ ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠬᠦᠯᠵᠣ ᠪᠠᠶᠢᠨ᠎ᠠ︕ | ᠦᠷ᠎ᠡ ᠪᠦᠲᠦᠮᠵᠢ ᠪᠠᠨ ᠨᠤᠲᠠᠯᠠᠬᠤ ᠶᠢᠨ ᠵᠡᠷᠭᠡᠴᠡᠭᠡ᠂ ᠪᠢᠳᠡ ᠪᠠᠰᠠ ᠤᠷᠤᠰᠢᠵᠤ ᠪᠠᠶᠢᠭ᠎ᠠ ᠵᠦᠷᠢᠴᠡᠯᠳᠦᠭᠡᠨ | ᠪᠠ ᠠᠰᠠᠭᠤᠳᠠᠯ ᠢ ᠰᠡᠷᠭᠡᠭ ᠲᠠᠨᠢᠵᠤ᠂ ᠭᠤᠤᠯ ᠢᠯᠡᠷᠡᠵᠤ ᠪᠠᠶᠢᠭ᠎ᠠ ᠨᠢ᠄ ᠨᠢᠭᠡ ᠳᠤ ᠠᠵᠤ ᠠᠬᠤᠢ ᠶᠢᠨ ᠭᠡᠪ ᠮᠠᠶ᠋ᠢᠭ | ᠢᠯᠡ ᠲᠤᠳᠤᠷᠬᠠᠢ ᠪᠤᠰᠤ᠂ ᠳᠤᠷᠤᠭᠰᠢᠯᠠᠬᠤ ᠳᠠᠷᠤᠯᠲᠠ ᠶᠡᠭᠡ ᠪᠠᠶᠢᠭᠰᠠᠭᠠᠷ᠃ ᠤᠯᠤᠰ ᠤᠨ ᠳᠤᠲᠤᠭᠠᠳᠤ ᠶᠢᠨ ᠠᠵᠤ | ᠠᠬᠤᠢ ᠰᠢᠨ᠎ᠡ ᠬᠡᠪ ᠤᠨ ᠪᠠᠶᠢᠳᠠᠯ ᠳᠤ ᠤᠷᠤᠵᠤ ᠂ ᠬᠦᠭᠵᠢᠯᠲᠡ ᠶᠢᠨ ᠲᠦᠷᠦᠯ ᠵᠦᠢᠯ ᠬᠦᠨ ᠲᠦᠪᠰᠢᠨ ᠤ | ᠲᠤᠬᠢᠷᠠᠭᠤᠯᠤᠯᠲᠠ ᠬᠢᠵᠤ᠂ ᠪᠦᠲᠦᠴᠡ ᠶᠢᠨ ᠲᠡᠩᠴᠡᠭᠦᠷᠢ ᠪᠠᠨ ᠠᠯᠳᠠᠬᠤ ᠠᠰᠠᠭᠤᠳᠠᠯ ᠢ ᠤᠶᠢᠷ᠎ᠡ ᠶᠢᠨ ᠬᠤᠭᠤᠴᠠᠭᠠᠨ | ᠳᠤ ᠰᠢᠢᠳᠪᠤᠷᠢᠯᠡᠵᠤ ᠳᠡᠶᠢᠯᠬᠦ ᠦᠭᠡᠢ ᠂ ᠲᠡᠮᠤᠷ᠂ ᠪᠠᠷᠢᠯᠭ᠎ᠠ ᠵᠡᠷᠭᠡ ᠠᠵᠢᠯ ᠲᠦᠷᠦᠯ ᠤᠨ ᠮᠠᠭᠤᠲᠠᠭᠰᠠᠨ ᠪᠠᠶᠢᠳᠠᠯ | ᠨᠢ ᠦᠨᠳᠦᠰᠦᠨ ᠴᠢᠨᠠᠷ ᠠᠴᠠ ᠰᠠᠶᠢᠵᠢᠷᠠᠭᠰᠠᠨ ᠦᠭᠡᠢ᠃ ᠮᠤᠩᠭᠤᠯ ᠣᠷᠣᠰ ᠬᠤᠶᠠᠷ ᠤᠯᠤᠰ ᠤᠨ ᠬᠤᠷᠸ᠎ᠠ ᠠᠵᠤ | ᠠᠬᠤᠢ ᠶᠢᠨ ᠪᠠᠶᠢᠳᠠᠯ ᠰᠠᠶᠢᠨ ᠪᠤᠰᠤ᠂ ᠵᠤᠭᠤᠰ ᠮᠦᠩᠭᠦᠨ ᠤ ᠴᠢᠳᠠᠯ ᠪᠠᠭᠤᠷᠠᠭᠰᠠᠨ ᠠᠴᠠ ᠬᠤᠳᠠᠯᠳᠤᠨ ᠠᠪᠬᠤ | ᠴᠢᠳᠠᠪᠤᠷᠢ ᠦᠷᠬᠦᠯᠵᠢᠯᠡᠨ ᠪᠠᠭᠤᠷᠠᠵᠤ᠂ ᠳᠤᠮᠳᠠᠳᠤ ᠤᠯᠤᠰ ᠤᠨ ᠪᠠᠷᠠᠭᠠᠨ ᠤ ᠬᠡᠷᠡᠭᠴᠡᠭᠡ ᠤᠯᠠᠮ ᠨᠢᠭᠡ ᠠᠯᠬᠤᠮ | ᠪᠠᠭᠤᠷᠠᠪᠠ ᠃ ᠮᠤᠩᠭᠤᠯ ᠤᠯᠤᠰ ᠤᠨ ᠱᠦᠢᠨᠢ᠂ ᠪᠤᠯᠤᠳ ᠲᠡᠮᠤᠷ ᠵᠡᠷᠭᠡ ᠭᠠᠳᠠᠭᠠᠳᠤ ᠠᠴᠠ ᠣᠷᠣᠭᠤᠯᠬᠤ | ᠣᠷᠣᠯᠠᠭᠴᠢ ᠡᠳ᠋ ᠤᠨ ᠲᠦᠷᠦᠯ ᠵᠦᠢᠯ ᠦᠢᠯᠡᠳᠪᠤᠷᠢᠯᠡᠭᠳᠡᠵᠤ᠂ ᠳᠤᠮᠳᠠᠳᠤ ᠤᠯᠤᠰ ᠤᠨ ᠪᠦᠲᠦᠬᠡᠭᠳᠡᠬᠦᠨ ᠤ | ᠬᠡᠷᠡᠭᠴᠡᠭᠡ ᠪᠠᠭᠤᠷᠠᠭᠰᠠᠨ ᠢᠯᠡᠷᠡᠵᠠᠢ ᠃ ᠬᠤᠶᠠᠷ ᠲᠤ ᠪᠤᠭᠤᠮᠲᠡ ᠶᠢᠨ ᠠᠵᠤ ᠦᠢᠯᠡᠳᠪᠤᠷᠢ ᠶᠢᠨ ᠪᠦᠲᠦᠴᠡ | ᠪᠤᠲᠠᠷᠠᠮᠠᠯ᠂ ᠬᠦᠭᠵᠢᠯᠲᠡ ᠬᠦᠢᠴᠡᠳ ᠪᠤᠰᠤ᠃ ᠪᠤᠭᠤᠮᠲᠡ ᠶᠢᠨ ᠬᠦᠭᠵᠢᠯᠲᠡ ᠳᠤ ᠲᠤᠯᠭᠠᠭᠤᠷᠢᠯᠠᠬᠤ ᠴᠢᠨᠠᠷᠲᠠᠢ ᠠᠵᠤ | ᠦᠢᠯᠡᠳᠪᠤᠷᠢ ᠪᠠ ᠠᠵᠤ ᠠᠬᠤᠶᠢᠯᠠᠯ ᠳᠤᠲᠠᠮᠠᠭ ᠤᠨ ᠪᠤᠲᠠᠲᠤ ᠪᠠᠶᠢᠳᠠᠯ ᠮᠦᠨᠴᠤ ᠦᠨᠳᠦᠰᠤᠨ ᠠᠴᠠ ᠨᠢ | ᠰᠢᠢᠳᠪᠤᠷᠢᠯᠡᠭᠳᠡᠵᠤ ᠴᠢᠳᠠᠭ᠎ᠠ ᠦᠭᠡᠢ᠂ ᠠᠵᠤ ᠠᠬᠤᠢ ᠶᠢᠨ ᠬᠦᠭᠵᠢᠯᠲᠡ ᠨᠢ ᠭᠤᠤᠯᠳᠠᠭᠤ ᠭᠠᠳᠠᠭᠠᠳᠣ ᠠᠴᠠ | ᠤᠷᠤᠭᠤᠯᠬᠤ ᠠᠷᠠᠯᠵᠢᠶ᠎ᠠ ᠶᠢ ᠲᠦᠰᠢᠭᠯᠡᠵᠤ᠂ ᠠᠵᠤ ᠠᠬᠤᠶᠢᠯᠠᠯ ᠤᠨ ᠬᠡᠪᠴᠢᠶ᠎ᠡ ᠪᠠᠭ᠎ᠠ᠂ ᠪᠤᠯᠪᠠᠰᠤᠷᠠᠭᠤᠯᠤᠯᠲᠠ ᠶᠢᠨ | ᠠᠵᠤ ᠠᠬᠤᠶᠢᠯᠠᠯ ᠬᠤᠴᠤᠷᠤᠩᠭᠤᠢ᠂ ᠡᠶᠢᠮᠤ ᠠᠴᠠ ᠪᠤᠭᠤᠮᠲᠡ ᠶᠢᠨ ᠬᠤᠷᠸ᠎ᠠ ᠠᠵᠤ ᠠᠬᠤᠢ ᠳᠤ ᠬᠡᠯᠪᠡᠯᠵᠡᠯ ᠤᠨ | ᠨᠦᠯᠦᠭᠡ ᠪᠠᠷ ᠶᠡᠭᠡ ᠂ ᠡᠷᠡᠰᠳᠡᠯ ᠢ ᠠᠷᠭᠠᠴᠠᠬᠤ ᠴᠢᠳᠠᠪᠤᠷᠢ ᠳᠤᠷᠤᠢ᠂ ᠭᠠᠶᠢᠯᠢ ᠶᠢᠨ ᠰᠠᠭᠤᠷᠢ ᠭᠠᠶᠢᠯᠢ ᠶᠢᠨ | ᠡᠭᠦᠰᠪᠤᠷᠢ ᠲᠤᠭᠲᠠᠭᠤᠨ ᠪᠤᠰᠤ᠂ ᠡᠳ᠋ ᠤᠨ ᠵᠠᠰᠠᠭ ᠤᠨ ᠦᠢᠯᠡᠴᠢᠯᠡᠭᠡᠨ ᠤ ᠠᠷᠠᠳ ᠤᠨ ᠠᠮᠢᠵᠢᠷᠠᠭᠠᠨ ᠤ ᠴᠢᠳᠠᠪᠤᠷᠢ | ᠳᠤᠷᠤᠢ᠃ ᠭᠤᠷᠪᠠ ᠳᠤ ᠲᠦᠷᠦ ᠶᠢᠨ ᠪᠤᠳᠤᠯᠭ᠎ᠠ ᠶᠢᠨ ᠠᠰᠢᠭ ᠢ ᠬᠠᠷᠠᠬᠠᠨ ᠵᠢᠩᠬᠢᠨᠢ ᠪᠠᠷ ᠪᠦᠷᠢᠮᠰᠤᠨ ᠰᠤᠯᠠᠯᠠᠵᠤ | ᠴᠢᠳᠠᠭ᠎ᠠ ᠦᠭᠡᠢ᠃ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ᠂ ᠤᠯᠤᠰ ᠤᠨ ᠨᠡᠭᠡᠭᠡᠯᠲᠡᠬᠦ᠋ᠭᠵᠢᠭᠦᠯᠦᠯᠲᠡ ᠶᠢᠨ | ᠲᠤᠷᠰᠢᠯᠲᠡ ᠶᠢᠨ ᠲᠤᠭᠤᠷᠢᠭ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠵᠢᠯᠴᠠᠭᠠᠨ ᠤ ᠲᠤᠭᠤᠷᠢᠭ᠂ ᠬᠢᠯᠢ | ᠶᠢᠨ ᠢᠷᠭᠡᠳ ᠤᠨ ᠠᠷᠠᠯᠵᠢᠶᠠᠨ ᠤ ᠲᠤᠭᠤᠷᠢᠭ ᠵᠡᠷᠭᠡ ᠲᠦᠷᠦ ᠶᠢᠨ ᠪᠤᠳᠤᠯᠭ᠎ᠠ ᠶᠢᠨ ᠲᠠᠪᠴᠡᠭ ᠤᠨ ᠪᠦᠲᠦᠭᠡᠨ | ᠪᠠᠶᠢᠭᠤᠯᠤᠯᠲᠠ ᠪᠦᠬᠦᠳᠡ ᠴᠢᠬᠤᠯᠠ ᠳᠠᠪᠠᠯᠲᠠ ᠶᠢ ᠤᠯᠵᠤ᠂ ᠭᠡᠪᠡᠴᠤ ᠠᠭᠤᠯᠠᠭᠳᠠᠴᠠ ᠶᠢᠨ ᠬᠡᠮᠵᠢᠶ᠎ᠡ ᠦᠨᠳᠦᠷ᠂ | ᠰᠢᠢᠳᠪᠤᠷᠢᠯᠡᠬᠦ ᠴᠢᠨᠠᠷ ᠲᠠᠢ ᠲᠦᠷᠦ ᠶᠢᠨ ᠪᠤᠳᠤᠯᠭ᠎ᠠ ᠬᠡᠷᠡᠭᠵᠢᠭᠦᠯᠬᠦ ᠱᠠᠭᠠᠷᠳᠠᠯᠭ᠎ᠠ ᠳᠤ ᠬᠦᠷᠤᠭᠡᠳᠦᠢ᠂ ᠬᠦᠴᠦᠷᠬᠡᠭ | ᠶᠡᠭᠡ ᠠᠬᠢᠭᠤᠯᠬᠤ ᠦᠢᠯᠡᠳᠤᠯ ᠢ ᠪᠠᠳᠠᠷᠠᠭᠤᠯᠵᠤ ᠴᠢᠳᠠᠭ᠎ᠠ ᠦᠭᠡᠢ᠃ ᠳᠦᠷᠪᠡ ᠳᠤ ᠨᠡᠶᠢᠲᠡ ᠵᠢᠨᠦᠢᠯᠡᠴᠢᠯᠡᠭᠡᠨ ᠤ | ᠲᠦᠪᠰᠢᠨ ᠪᠠ ᠨᠡᠶᠢᠭᠡᠮ ᠤᠨ ᠬᠠᠮᠢᠶᠠᠷᠤᠯᠲᠠ ᠨᠢ ᠠᠷᠠᠳ ᠲᠦᠮᠡᠨ ᠤ ᠬᠦᠰᠡᠯᠲᠡ ᠱᠠᠭᠠᠷᠳᠠᠯᠭ᠎ᠠ ᠠᠴᠠ ᠵᠦᠷᠢᠶ᠎ᠡ | ᠲᠠᠢ᠃ ᠬᠤᠲᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠬᠠᠷᠢᠴᠠᠩᠭᠤᠢ ᠪᠠᠷ ᠬᠤᠴᠤᠷᠤᠩᠭᠤᠢ᠂ | ᠨᠠᠷᠢᠯᠢᠭᠵᠢᠭᠤᠯᠤᠯᠲᠡ ᠶᠢᠨ ᠬᠠᠮᠢᠶᠠᠷᠤᠯᠲᠡ ᠶᠢᠨ ᠲᠦᠪᠰᠢᠨ ᠳᠤᠤᠷ᠎ᠠ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ | ᠵᠡᠷᠭᠡ ᠨᠡᠶᠢᠭᠡᠮ ᠤᠨ ᠠᠵᠤ ᠠᠬᠤᠢ ᠶᠢᠨ ᠦᠢᠯᠡᠰ ᠨᠢ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠤᠯᠠᠮ ᠶᠡᠭᠡ | ᠬᠡᠮᠵᠢᠶᠡᠨ ᠠᠴᠠ ᠬᠠᠩᠭᠠᠵᠤ ᠴᠢᠳᠠᠭᠰᠠᠨ ᠦᠭᠡᠢ᠃ ᠲᠠᠪᠤ ᠳᠤ᠂ ᠬᠦᠴᠢᠷ ᠢ ᠳᠠᠪᠠᠨ ᠰᠢᠮᠳᠠᠨ ᠴᠢᠷᠮᠠᠶᠢᠵᠤ᠂ | ᠪᠡᠶᠡᠯᠡᠬᠦᠶᠢᠴᠡ ᠶᠢ ᠴᠢᠩᠭ᠎ᠠ ᠠᠳᠬᠤᠬᠤ ᠡᠷᠴᠢ ᠵᠤᠷᠢᠭ ᠮᠦᠴᠢᠳ᠃ ᠵᠠᠷᠢᠮ ᠵᠠᠰᠠᠭ ᠤᠨ ᠤᠷᠳᠤᠨ ᠤ ᠰᠠᠯᠠᠭ᠎ᠠ | ᠮᠦᠴᠢᠷ ᠨᠢ ᠰᠠᠨᠠᠭᠠᠴᠢᠯᠠᠬᠤ ᠬᠦᠰᠡᠯ ᠪᠠ ᠡᠷᠴᠢ ᠬᠦᠴᠤ ᠪᠠᠷ ᠳᠤᠲᠠᠮᠠᠭ᠂ ᠴᠢᠬᠤᠯᠠ ᠠᠵᠢᠯ ᠤᠨ | ᠪᠠᠶᠢᠷᠢᠰᠢᠭᠤᠯᠤᠯᠲᠠ ᠶᠢᠨ ᠪᠡᠶᠡᠯᠡᠬᠦᠶᠢᠴᠡ ᠨᠢ ᠴᠠᠭ ᠲᠤᠬᠠᠢ ᠳᠤᠨᠢ ᠪᠤᠰᠤ᠂ ᠰᠠᠭᠠᠷᠳᠠᠯᠭ᠎ᠠ ᠳᠤ ᠬᠦᠷᠬᠦ ᠦᠭᠡᠢ᠃ | ᠬᠤᠶᠠᠷ᠂ ︽ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭᠠᠨ ᠳᠠᠬᠢ | ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠡᠮᠡᠴᠡᠬᠦ ᠬᠠᠷᠠᠯᠲᠠ ᠪᠠ ᠠᠵᠢᠯ ᠤᠨ ᠭᠤᠤᠯ ᠪᠤᠯᠬᠤ ᠡᠭᠦᠷᠭᠡ | ᠬᠤᠲᠡ ᠶᠢᠨ ᠨᠠᠮ ᠤᠨ ᠬᠤᠷᠢᠶᠠᠨ ᠤ ︽ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ | ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠭᠡ ᠶᠢ ᠲᠤᠭᠲᠠᠭᠠᠬᠤ ᠲᠤᠬᠠᠢ ᠰᠠᠨᠠᠯ︾ ᠤᠨ ᠵᠤᠷᠢᠭ | ᠰᠠᠨᠠᠭ᠎ᠠ ᠶᠢ ᠦᠨᠳᠦᠰᠦᠯᠡᠨ᠂ ︽ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭᠠᠨ | ᠳᠤ ᠮᠠᠨ ᠤ ᠬᠤᠲᠡ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠰᠡᠨ ᠶᠡᠷᠤᠩᠬᠡᠢ ᠱᠠᠭᠠᠷᠳᠠᠯᠭ᠎ᠠ | ᠪᠤᠯ᠄ 2020 ᠤᠨ ᠪᠤᠯᠲᠡᠯ᠎ᠡ ᠂ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 169 | ᠳ᠋ᠦᠩᠰᠢᠭᠤᠷ ᠲᠦᠭᠦᠷᠢᠭ ᠪᠤᠯᠵᠤ᠂ ᠵᠢᠯ ᠳᠤ 11% ᠢᠶᠠᠷ ᠨᠡᠮᠡᠭᠳᠡᠨ᠎ᠡ᠃ ᠣᠯᠠᠨ ᠨᠡᠶᠢᠳᠡ ᠶᠢᠨ ᠡᠳ᠋ ᠤᠨ ᠵᠠᠰᠠᠭ | ᠤᠨ ᠲᠦᠰᠦᠪ ᠤᠨ ᠣᠷᠣᠯᠭ᠎ᠠ ᠨᠢ 8.4 ᠳ᠋ᠦᠩᠰᠢᠭᠤᠷ ᠲᠦᠭᠦᠷᠢᠭ ᠪᠤᠯᠵᠤ ᠂ ᠵᠢᠯ ᠳᠤ 10% ᠢᠶᠠᠷ ᠨᠡᠮᠡᠭᠳᠡᠨ᠎ᠡ᠃ | ᠲᠠᠪᠤᠨ ᠵᠢᠯ ᠪᠦᠬᠦ ᠨᠡᠶᠢᠭᠡᠮ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠨᠢ 300 ᠳ᠋ᠦᠩᠰᠢᠭᠤᠷ | ᠲᠦᠭᠦᠷᠢᠭ ᠲᠤ ᠬᠦᠷᠴᠦ ᠂᠂ᠵᠢᠯ ᠳᠤ 15% ᠢᠶᠠᠷ ᠨᠡᠮᠡᠭᠳᠡᠨ᠎ᠡ᠃ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠣᠬᠤ ᠶᠡᠷᠦᠩᠭᠡᠢ ᠬᠡᠮᠵᠢᠶ᠎ᠡ ᠨᠢ 51 ᠳ᠋ᠦᠩᠰᠢᠭᠤᠷ ᠲᠦᠭᠦᠷᠢᠭ ᠬᠦᠷᠴᠤ᠂ ᠵᠢᠯ ᠳᠤ 11% | ᠢᠶᠠᠷ ᠨᠡᠮᠡᠭᠳᠡᠨ᠎ᠡ᠃ ᠪᠦᠬᠦ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠣᠮᠳᠠᠴᠢ ᠡᠵᠡᠮᠳᠡᠬᠦ ᠣᠷᠣᠯᠭ᠎ᠠ ᠨᠢ | 56435 ᠲᠦᠭᠦᠷᠢᠭ ᠲᠤ ᠬᠦᠷᠴᠦ᠂ 8 % ᠪᠠᠷ ᠨᠡᠮᠡᠭᠳᠡᠨ᠎ᠡ᠃ | ᠳᠡᠭᠡᠷ᠎ᠡ ᠳᠤᠷᠠᠳᠤᠭᠰᠠᠨ ᠡᠳᠡᠭᠡᠷ ᠰᠡᠳᠬᠢᠴᠡ ᠪᠠ ᠬᠠᠷᠠᠯᠲᠠ ᠶᠢ ᠪᠡᠶᠡᠯᠡᠭᠦᠯᠬᠦ ᠳᠤ᠂ ᠢᠷᠡᠬᠦ ᠲᠠᠪᠤᠨ ᠵᠢᠯ | ᠪᠢᠳᠡᠨ ᠳᠤᠤᠷᠠᠬᠢ ᠬᠡᠳᠤᠨ ᠲᠠᠯ᠎ᠠ ᠠᠴᠠ ᠠᠵᠢᠯ ᠢ ᠠᠳᠬᠤᠬᠤ ᠴᠢᠬᠤᠯᠲᠠᠢ᠃ | ︵ᠨᠢᠭᠡ︶ ᠰᠢᠨ᠎ᠡ ᠶᠢ ᠰᠠᠨᠠᠭᠠᠴᠢᠯᠠᠬᠤ ᠬᠦᠭᠵᠢᠯᠲᠡ ᠶᠢ ᠪᠠᠷᠢᠮᠲᠠᠯᠠᠵᠤ᠂ ᠬᠦᠳᠡᠯᠭᠡᠭᠡᠨ ᠤ ᠬᠦᠴᠦ ᠪᠠ ᠡᠷᠴᠢ | ᠬᠦᠴᠦ ᠶᠢ ᠬᠦᠭᠵᠢᠭᠦᠯᠬᠦ ᠪᠠᠷ ᠬᠦᠴᠦᠯᠡᠨ ᠴᠢᠷᠮᠠᠶᠢᠨ᠎ᠠ᠃ ᠵᠠᠬ᠎ᠠ ᠳᠡᠯᠭᠡᠭᠦᠷ ᠤᠨ ᠰᠦᠬᠡᠷᠡᠬᠦ ᠬᠦᠴᠦᠨ ᠤ | ᠵᠢᠭᠰᠠᠭᠠᠯᠲᠠ ᠶᠢᠨ ᠬᠠᠮᠢᠶᠠᠷᠤᠯᠲᠠ ᠶᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠴᠢᠬᠤᠯᠠ ᠡᠯᠧᠮᠧᠨ᠋ᠲ ᠤᠨ | ᠦᠭᠡᠷᠡᠴᠢᠯᠡᠯᠲᠡ ᠶᠢ ᠬᠦᠨᠵᠡᠭᠡᠢ ᠠᠬᠢᠭᠤᠯᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠡᠷᠡᠭ ᠤᠨ ᠳᠤᠮᠳᠠᠴᠢ | ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ ᠲᠤᠭᠲᠠᠯᠴᠠᠭ᠎ᠠ ᠶᠢ ᠲᠡᠭᠦᠯᠳᠡᠷᠵᠢᠭᠦᠯᠵᠤ᠂ ᠵᠠᠰᠠᠭ ᠤᠨ ᠤᠷᠳᠤᠨ ᠤ | ᠨᠡᠭᠡᠭᠡᠯᠳᠡ ᠠᠵᠤ ᠠᠬᠤᠢ ᠶᠢᠨ ᠨᠡᠭᠡᠭᠡᠯᠲᠡ ᠴᠢᠳᠠᠪᠬᠢ ᠪᠠ ᠲᠦᠪᠰᠢᠨ ᠢ ᠳᠡᠭᠡᠭᠰᠢᠯᠡᠭᠦᠯᠦᠨ᠎ᠡ ᠃ ᠪᠦᠬᠦ ᠲᠠᠯ᠎ᠠ ᠪᠠᠷ ︽ | ᠭᠤᠷᠪᠠᠨ ᠲᠠᠯ᠎ᠠ ᠪᠠᠷ ᠬᠠᠷᠢᠯᠴᠠᠨ ᠬᠠᠮᠲᠤᠷᠠᠬᠤ︾ ᠶᠡᠭᠡ ᠪᠤᠭᠤᠮᠲᠡ ᠨᠡᠪᠲᠡᠷᠡᠬᠦ ᠦᠭᠡᠷᠡᠴᠢᠯᠡᠯᠲᠡ ᠶᠢ ᠪᠦᠬᠦ ᠲᠠᠯ᠎ᠠ | ᠪᠠᠷ ᠲᠦᠯᠬᠢᠨ ᠠᠬᠢᠭᠤᠯᠵᠤ᠂ ᠤᠯᠠᠨ ᠤᠯᠤᠰ ᠤᠨ ᠬᠤᠳᠠᠯᠳᠤᠭᠠᠨ ᠤ ︽ ᠭᠠᠭᠴᠠ ᠴᠤᠩᠬᠤ︾ ᠶᠢᠨ ᠪᠦᠲᠦᠭᠡᠨ | ᠪᠠᠶᠢᠭᠤᠯᠤᠯᠲᠠ ᠶᠢ ᠬᠦᠢᠴᠡᠳᠬᠡᠵᠤ ᠂ ᠦᠪᠡᠷᠲᠡᠭᠡᠨ ᠵᠠᠰᠠᠬᠤ ᠤᠷᠤᠨ ᠤ ᠶᠡᠭᠡ ᠪᠤᠭᠤᠮᠲᠡ ᠨᠡᠪᠲᠡᠷᠡᠯᠲᠡ ᠶᠢᠨ | ᠵᠢᠱᠢᠶᠡᠴᠢ ᠪᠤᠭᠤᠮᠲᠡ ᠪᠤᠯᠬᠤ ᠪᠠᠷ ᠴᠢᠷᠮᠠᠶᠢᠨ᠎ᠠ᠃ ᠡᠯᠧᠺᠲᠷᠤᠨ ᠪᠤᠭᠤᠮᠲᠡ ᠶᠢ ᠪᠦᠲᠦᠭᠡᠨ ᠪᠠᠶᠢᠭᠤᠯᠬᠤ ᠶᠢ | ᠲᠦᠷᠭᠡᠳᠬᠡᠨ᠂ ᠪᠤᠭᠤᠮᠲᠡ ᠨᠡᠪᠲᠡᠷᠡᠯᠲᠡ ᠶᠢᠨ ᠪᠦᠲᠦᠮᠵᠢ ᠶᠢ ᠪᠤᠲᠠᠲᠠᠢ ᠪᠠᠷ ᠨᠡᠮᠡᠭᠳᠡᠭᠦᠯᠦᠨ᠎ᠡ᠃ ᠳᠤᠮᠳᠠᠳᠤ ᠤᠷᠤᠰ | ᠤᠨ ᠭᠠᠯᠲᠤ ᠲᠡᠷᠬᠡᠨ ᠤ ᠪᠤᠭᠤᠮᠲᠡ ᠨᠡᠪᠲᠡᠷᠡᠯᠲᠡ ᠶᠢᠨ ᠳᠦᠭᠦᠮ ᠠᠪᠰᠠᠷ ᠪᠤᠯᠭᠠᠬᠤ ᠶᠢᠨ ᠬᠤᠷᠰᠢᠨ ᠠᠵᠢᠯᠯᠠᠬᠤ | ᠲᠤᠭᠲᠠᠯᠴᠠᠭ᠎ᠠ ᠶᠢ ᠴᠢᠩᠭᠠᠳᠬᠠᠵᠤ᠂ ᠤᠯᠠᠨ ᠮᠠᠶ᠋ᠢᠭ ᠤᠨ ᠬᠠᠮᠲᠤᠷᠠᠨ ᠳᠡᠭᠡᠭᠡᠪᠤᠷᠢᠯᠠᠬᠤ ᠶᠢᠨ ᠬᠠᠮᠢᠶᠠᠷᠤᠯᠲᠠ ᠶᠢᠨ | ᠰᠢᠰᠲ᠋ᠧᠮ ᠢ ᠡᠭᠦᠳᠴᠤ᠂ ᠪᠦᠰᠡ ᠨᠤᠲᠤᠭ ᠤᠨ ᠪᠤᠭᠤᠮᠲᠡ ᠨᠡᠪᠲᠡᠷᠡᠯᠲᠡ ᠶᠢᠨ ᠨᠢᠭᠡ ᠴᠤᠭᠴᠠ ᠪᠤᠯᠬᠤ ᠶᠢ | ᠪᠡᠶᠡᠯᠡᠭᠦᠯᠭᠦᠨᠡ᠃ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨᠡᠴᠢᠯᠡᠭᠰᠡᠨᠰᠢᠰᠲ᠋ᠧᠮ ᠢ ᠪᠠᠶᠢᠭᠤᠯᠤᠨ᠎ᠠ᠃ | ᠮᠤᠩᠭᠤᠯ ᠤᠯᠤᠰ ᠲᠤ ᠬᠤᠶᠠᠷ ᠴᠢᠭᠯᠡᠯ ᠤᠨ ᠵᠢᠭᠡᠯᠡᠯᠭᠡ ᠤᠨ ᠲᠤᠷᠰᠢᠯᠲᠡ ᠶᠢᠨ ᠴᠡᠭ ᠪᠠᠶᠢᠭᠤᠯᠬᠤ ᠶᠢ ᠰᠦᠪᠡᠭᠴᠢᠯᠡᠨ | ᠂ ᠬᠢᠯᠢ ᠠᠯᠤᠰᠯᠠᠭᠰᠠᠨ ᠠᠷᠠᠳ ᠤᠨ ᠵᠤᠭᠤᠰ ᠤᠨ ᠠᠵᠢᠯ ᠢ ᠦᠷᠭᠡᠳᠬᠡᠨ᠎ᠡ᠃ ᠮᠤᠩᠭᠤᠯ ᠤᠷᠤᠰ ᠳᠤ ᠡᠯᠧᠺᠲᠷᠤᠨ | ᠠᠷᠠᠯᠵᠢᠶ᠎ᠠ ᠶᠢᠨ ᠭᠠᠳᠠᠭᠠᠳᠤ ᠭᠤᠪᠢᠭᠤᠯᠭ᠎ᠠ ᠪᠠᠷ ᠲᠦᠯᠦᠬᠦ ᠲᠤᠷᠰᠢᠯᠲᠡ ᠶᠢᠨ ᠴᠡᠭ ᠤᠨ ᠮᠡᠳᠡᠭᠦᠯᠦᠨ ᠪᠦᠷᠢᠳᠬᠡᠭᠦᠯᠬᠦ | ᠠᠵᠢᠯ ᠢ ᠦᠷᠨᠢᠭᠦᠯᠵᠤ᠂ ᠮᠤᠩᠭᠤᠯ ᠲᠦᠭᠦᠷᠢᠭ᠂ ᠷᠦᠪᠯᠢ ᠤᠨ ᠰᠦᠯᠵᠢᠶᠡᠨ ᠳᠡᠭᠡᠷ᠎ᠡ ᠨᠢᠭᠡ ᠱᠤᠭᠤᠮᠲᠤ ᠲᠤᠭᠠᠴᠠᠯᠲᠠ | ᠶᠢᠨ ᠰᠢᠭᠤᠷᠬᠠᠢ ᠨᠡᠪᠲᠡᠷᠡᠬᠦ ᠭᠠᠷᠤᠴᠠ ᠴᠢᠳᠠᠪᠤᠷᠢᠲᠠᠨ ᠢ ᠤᠷᠢᠨ ᠤᠷᠤᠭᠤᠯᠬᠤ ᠪᠠ ᠬᠦᠮᠦᠵᠢᠭᠦᠯᠦᠨ | ᠪᠤᠯᠪᠠᠰᠤᠷᠠᠭᠤᠯᠬᠤ ᠰᠢᠰᠲ᠋ᠧᠮ ᠢ ᠰᠢᠨᠡᠴᠢᠯᠡᠨ᠎ᠡ᠃ ᠰᠢᠨ᠎ᠡ ᠶᠢ ᠡᠭᠦᠳᠬᠦ ᠬᠡᠯᠪᠡᠷᠢ ᠶᠢᠨ ᠡᠵᠡᠩᠨᠡᠯᠲᠡ ᠬᠠᠮᠢᠶᠠᠷᠤᠯᠲᠠ | ᠶᠢᠨ ᠴᠢᠳᠠᠪᠤᠷᠢᠲᠠᠨ ᠪᠠ ᠦᠨᠳᠦᠷ ᠵᠡᠷᠭᠡᠯᠡᠯ ᠤᠨ ᠠᠵᠤ ᠦᠢᠯᠡᠳᠪᠤᠷᠢ ᠶᠢᠨ ᠮᠡᠷᠭᠡᠵᠢᠯᠲᠡᠨ ᠢ ᠤᠷᠢᠨ ᠤᠷᠤᠭᠤᠯᠬᠤ | ᠪᠠ ᠬᠦᠮᠦᠵᠢᠭᠦᠯᠬᠦ ᠶᠢ ᠴᠢᠬᠤᠯᠴᠢᠯᠠᠵᠤ᠂ ᠠᠵᠤ ᠦᠢᠯᠡᠳᠪᠤᠷᠢ ᠶᠢᠨ ᠬᠦᠭᠵᠢᠯᠲᠡ ᠳᠤ ᠴᠢᠳᠠᠪᠤᠷᠢᠲᠠᠨ ᠬᠠᠩᠭᠠᠬᠤ ᠶᠢ | ᠪᠠᠲᠤᠯᠠᠨ᠎ᠠ᠃ ᠴᠢᠳᠠᠪᠤᠷᠢᠲᠠᠨ ᠢ ᠦᠨᠡᠯᠡᠬᠦ ᠪᠠ ᠵᠤᠷᠢᠭᠵᠢᠭᠤᠯᠬᠤ ᠰᠢᠰᠲ᠋ᠧᠮ ᠢ ᠪᠦᠷᠢᠨᠰᠢᠭᠦᠯᠵᠤ᠂ ᠨᠠᠮ ᠪᠠ ᠵᠠᠰᠠᠭ | ᠤᠨ ᠠᠯᠪᠠᠨ ᠪᠠᠶᠢᠭᠤᠯᠭ᠎ᠠ ᠶᠢᠨ ᠴᠢᠳᠠᠪᠤᠷᠢᠲᠠᠨ᠂ ᠨᠡᠶᠢᠭᠡᠮ ᠠᠵᠤ ᠦᠢᠯᠡᠰ ᠤᠨ ᠴᠢᠳᠠᠪᠤᠷᠢᠲᠠᠨ ᠤ ᠬᠦᠮᠦᠵᠢᠭᠦᠯᠦᠨ | ᠪᠤᠯᠪᠠᠰᠤᠷᠠᠭᠤᠯᠤᠯᠲᠠ᠂ ᠪᠠᠭᠰᠢ᠂ ᠡᠷᠡᠭᠦᠯ ᠬᠠᠮᠭᠠᠯᠠᠯ ᠤᠨ ᠴᠢᠳᠠᠪᠤᠷᠢᠲᠠᠨ ᠤ ᠲᠤᠲᠠᠭᠳᠠᠵᠤ ᠪᠠᠶᠢᠭ᠎ᠠ ᠲᠤᠪᠤᠶᠢᠭᠰᠠᠨ | ᠠᠰᠠᠭᠤᠳᠠᠯ ᠢ ᠬᠦᠴᠦᠯᠡᠨ ᠰᠢᠢᠳᠪᠤᠷᠢᠯᠡᠵᠤ᠂ ᠴᠢᠳᠠᠪᠤᠷᠢᠲᠠᠨ ᠤ ᠴᠤᠭᠯᠠᠯᠲᠠ ᠶᠢ ᠠᠬᠢᠭᠤᠯᠤᠨ᠎ᠠ ᠃ | ︵ᠬᠤᠶᠠᠷ︶ ᠵᠤᠬᠢᠴᠠᠭᠤᠯᠤᠯᠲᠡ ᠶᠢᠨ ᠬᠦᠭᠵᠢᠯᠲᠡ ᠶᠢ ᠪᠠᠷᠢᠮᠲᠠᠯᠠᠵᠤ᠂ ᠦᠷᠬᠦᠯᠵᠢᠯᠡᠨ ᠬᠦᠭᠵᠢᠬᠦ ᠲᠤᠪᠰᠢᠨ ᠢ | ᠦᠨᠡᠨᠬᠦ ᠨᠡᠮᠡᠭᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠲᠠ ᠶᠢ ᠠᠬᠢᠭᠤᠯᠤᠨ᠎ᠠ ᠃ | ᠰᠠᠶᠢᠬᠤᠰᠤ ᠢᠳᠡᠰᠢᠨ ᠨᠤᠭᠤᠭ᠎ᠠ ᠲᠠᠷᠢᠬᠤ ᠪᠠ ᠰᠡᠯᠡᠭᠦᠴᠡᠨᠦᠵᠡᠮᠵᠢ ᠰᠤᠨᠢᠷᠬᠠᠬᠤ ᠠᠶᠠᠯᠠᠯ ᠵᠢᠭᠤᠴᠢᠯᠠᠯ ᠤᠨ | ᠦᠢᠯᠡᠰ᠂ ᠲᠠᠷᠢᠶᠠᠯᠠᠩ ᠤᠨ ᠡᠷᠴᠢᠮᠵᠢᠭᠦᠯᠦᠯᠲᠡ᠂ ᠨᠡᠷᠡᠲᠤ ᠪᠠᠷᠠᠭᠤᠵᠢᠭᠤᠯᠤᠯᠲᠠ ᠶᠢᠨ ᠦᠢᠯᠡᠳᠪᠤᠷᠢᠯᠡᠯᠲᠡ | ᠡᠵᠡᠩᠨᠡᠯᠲᠡ ᠶᠢᠨ ᠲᠦᠪᠰᠢᠨ ᠢ ᠳᠡᠭᠡᠭᠰᠢᠯᠡᠬᠦᠯᠦᠨ᠎ᠡ᠃ ᠲᠠᠷᠢᠶᠠᠴᠢᠨ ᠮᠠᠯᠴᠢᠳ ᠤᠨ ᠬᠤᠷᠰᠢᠶᠠᠵᠢᠯ ᠪᠠᠶᠢᠭᠤᠯᠬᠤ ᠶᠢ | ᠦᠷᠬᠦᠯᠵᠢᠯᠡᠨ ᠵᠤᠷᠢᠭᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠲᠡᠬᠦᠨ ᠤ ᠪᠠᠷᠢᠮᠵᠢᠶᠠᠯᠠᠨ | ᠦᠢᠯᠡᠳᠪᠤᠷᠢᠯᠡᠬᠦ ᠪᠠ ᠬᠦᠨᠵᠡᠭᠡᠢ ᠪᠤᠯᠪᠠᠰᠤᠷᠠᠭᠤᠯᠤᠯᠲᠠ ᠶᠢ ᠬᠦᠭᠵᠢᠭᠦᠯᠵᠤ᠂ ᠲᠠᠷᠢᠶᠠᠯᠠᠩ ᠮᠠᠯ ᠠᠵᠤ ᠠᠬᠤᠢ ᠶᠢᠨ | ᠪᠦᠲᠦᠭᠡᠭᠲᠡᠬᠦᠨ ᠤ ᠨᠡᠮᠡᠯᠲᠡ ᠦᠷᠲᠡᠭ ᠢ ᠳᠡᠭᠡᠭᠰᠢᠯᠡᠭᠦᠯᠦᠨ᠎ᠡ᠃ 2020 ᠤᠨ ᠪᠤᠯᠲᠠᠯ᠎ᠠ᠂ ᠲᠠᠷᠢᠶᠠᠯᠠᠩ ᠮᠠᠯ ᠠᠵᠤ | ᠠᠬᠤᠢ ᠶᠢᠨ ᠪᠦᠲᠦᠭᠡᠭᠲᠡᠬᠦᠨ ᠤ ᠦᠷᠲᠡᠭ1 ᠳ᠋ᠦ᠋ᠩᠰᠢᠭᠤᠷ ᠲᠦᠭᠦᠷᠢᠭ ᠢ ᠳᠠᠪᠠᠨ᠎ᠠ᠃ ᠪᠤᠯᠪᠠᠰᠤᠷᠠᠭᠤᠯᠲᠠ ᠶᠢᠨ ᠠᠵᠤ | ᠦᠢᠯᠡᠰ ᠤᠨ ᠰᠢᠯᠵᠢᠯᠲᠡ ᠳᠡᠰ ᠳᠠᠪᠰᠢᠬᠤ ᠶᠢ ᠠᠬᠢᠭᠤᠯᠤᠨ᠎ᠠ᠃ ᠤᠳᠤ ᠪᠠᠶᠢᠬᠤ ᠲᠤᠭᠤᠷᠢᠭ ᠤᠨ ᠨᠢᠭᠡᠳᠬᠡᠨ ᠨᠡᠭᠡᠭᠡᠬᠦ | ᠬᠦᠴᠦᠯᠡᠴᠡ ᠪᠠᠨ ᠲᠦᠯᠦᠪᠯᠡᠨ ᠠᠳᠬᠤᠵᠤ᠂ ᠳᠤᠮᠳᠠᠳᠤ ᠮᠤᠩᠭᠤᠯ ᠤᠨ ᠬᠢᠯᠢ ᠠᠯᠤᠰᠯᠠᠭᠰᠠᠨ ᠠᠵᠤ ᠠᠬᠤᠢ ᠶᠢᠨ | ᠬᠠᠮᠵᠢᠯᠴᠢᠭᠠᠨ ᠤ ᠲᠤᠭᠤᠷᠢᠭ ᠪᠠ ᠬᠢᠯᠢ ᠤᠷᠤᠨ ᠤ ᠠᠵᠤ ᠠᠬᠤᠢ ᠶᠢᠨ ᠬᠠᠮᠵᠢᠯᠴᠢᠭᠠᠨ ᠤ ᠲᠤᠭᠤᠷᠢᠭ ᠢ ᠭᠤᠤᠯᠯᠠᠨ | ᠪᠠᠶᠢᠭᠤᠯᠤᠨ᠎ᠠ ᠃ ᠮᠤᠩᠭᠤᠯ ᠤᠷᠤᠰ ᠤᠨ ᠭᠠᠳᠠᠭᠠᠳᠤ ᠠᠴᠠ ᠣᠷᠤᠭᠤᠯᠬᠤ ᠡᠬᠢ ᠪᠠᠶᠠᠯᠢᠭ ᠢ ᠠᠰᠢᠭᠯᠠᠵᠤ᠂ | ᠭᠠᠳᠠᠭᠠᠳᠤ ᠠᠴᠠ ᠤᠷᠤᠭᠤᠯᠬᠤ ᠪᠤᠯᠪᠠᠰᠤᠷᠠᠭᠤᠯᠤᠯᠲᠡ ᠶᠢᠨ ᠠᠵᠤ ᠦᠢᠯᠡᠳᠪᠤᠷᠢ ᠶᠢ ᠶᠡᠬᠡᠪᠡᠷ ᠬᠦᠭᠵᠢᠭᠦᠯᠵᠤ᠂ | ᠭᠠᠶᠢᠯᠢ ᠠᠴᠠ ᠬᠠᠮᠭᠠᠯᠠᠬᠤ ᠪᠤᠯᠪᠠᠰᠤᠷᠠᠭᠤᠯᠤᠯᠲᠡ ᠶᠢᠨ ᠪᠤᠳᠤᠯᠭ᠎ᠠ ᠶᠢ ᠭᠠᠵᠠᠷ ᠲᠤ ᠨᠢ ᠪᠠᠭᠤᠯᠭᠠᠬᠤ ᠪᠠᠷ | ᠴᠢᠷᠮᠠᠶᠢᠨ᠎ᠠ᠃ ᠮᠤᠩᠭᠤᠯ ᠤᠷᠤᠰ ᠤᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠵᠤᠬᠢᠴᠠᠵᠤ᠂ ᠰᠢᠨ᠎ᠡ ᠮᠠᠶ᠋ᠢᠭ ᠤᠨ | ᠪᠠᠷᠢᠯᠭ᠎ᠠ ᠶᠢᠨ ᠮᠠᠲ᠋ᠧᠷᠢᠶᠠᠯ᠂ ᠠᠭᠤᠷᠬᠠᠢ ᠶᠢᠨ ᠮᠠᠰᠢᠨ ᠲᠤᠨᠤᠭᠯᠠᠯ᠂ ᠰᠡᠷᠭᠦᠭᠳᠡᠬᠦ ᠡᠷᠴᠢᠮ ᠬᠦᠴᠦ ᠶᠢᠨ ᠲᠤᠨᠤᠭᠯᠠᠯ | ᠶᠢ ᠦᠢᠯᠡᠳᠬᠦ ᠵᠡᠷᠭᠡ ᠭᠠᠳᠠᠭᠠᠳᠤ ᠳᠤ ᠭᠠᠷᠭᠠᠵᠤ ᠪᠤᠯᠪᠠᠰᠤᠷᠠᠭᠤᠯᠤᠯᠲᠡ ᠶᠢᠨ ᠠᠵᠤ ᠦᠢᠯᠡᠳᠪᠤᠷᠢ ᠶᠢ ᠶᠡᠬᠡᠪᠡᠷ | ᠬᠦᠭᠵᠢᠭᠦᠯᠦᠨ᠎ᠡ᠃ 2020 ᠤᠨ ᠪᠤᠯᠲᠠᠯ᠎ᠠ᠂1000 ᠲᠦᠮᠡᠨ ᠲᠤᠨ ᠲᠡᠮᠤᠷ ᠤᠨ ᠬᠦᠳᠡᠷ ᠪᠤᠯᠪᠠᠰᠤᠷᠠᠭᠤᠯᠬᠤ᠂ | 60 ᠲᠦᠮᠡᠨ ᠲᠤᠨ ᠠᠮᠤ ᠲᠤᠰᠤ᠂50 ᠲᠦᠮᠡᠨ ᠬᠠᠪᠲᠠᠭᠠᠢ ᠳᠦᠷᠪᠡᠯᠵᠢᠨ ᠮᠧᠲᠷ ᠰᠢᠨ᠎ᠡ ᠮᠠᠶ᠋ᠢᠭ ᠤᠨ ᠪᠠᠷᠢᠯᠭ᠎ᠠ | ᠶᠢᠨ ᠮᠠᠲ᠋ᠧᠷᠢᠶᠠᠯ ᠢ ᠦᠢᠯᠡᠳᠪᠤᠷᠢᠯᠡᠬᠦ ᠴᠢᠳᠠᠪᠤᠷᠢ ᠶᠢ ᠪᠦᠷᠢᠯᠳᠤᠭᠦᠯᠦᠨ᠎ᠡ᠃ ᠦᠢᠯᠡᠴᠢᠯᠡᠭᠡᠨ ᠤ ᠦᠢᠯᠡᠰ ᠤᠨ | ᠬᠦᠭᠵᠢᠯᠲᠡ ᠶᠢᠨ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠦᠨ᠎ᠡ᠃ ᠭᠠᠳᠠᠭᠠᠳᠤ ᠶᠢᠨ ᠬᠤᠳᠠᠯᠳᠤᠭ᠎ᠠ ᠶᠢᠨ | ᠪᠠᠶᠢᠷᠢᠰᠢᠭᠤᠯᠤᠯᠲᠠ ᠶᠢ ᠪᠦᠷᠢᠨᠰᠢᠭᠦᠯᠵᠤ᠂ ᠮᠤᠩᠭᠤᠯ ᠳᠠᠬᠢ ᠠᠷᠠᠯᠵᠢᠶ᠎ᠠ ᠬᠤᠳᠠᠯᠳᠤᠭ᠎ᠠ ᠶᠢ ᠪᠠᠲᠤᠳᠬᠠᠵᠤ᠂ ᠤᠷᠤᠰ | ᠤᠨ ᠵᠠᠬ᠎ᠠ ᠵᠡᠭᠡᠯᠢ ᠬᠤᠳᠠᠯᠳᠤᠭᠠᠨ ᠳᠤ ᠦᠷᠭᠡᠵᠢᠵᠤ᠂ ᠡᠸᠦ᠋ᠷᠦᠫᠡ ᠤᠨ ᠵᠠᠬ᠎ᠠ ᠵᠡᠭᠡᠯᠢ ᠬᠤᠳᠠᠯᠳᠤᠭ᠎ᠠ ᠬᠦᠷᠲᠡᠯ᠎ᠡ | ᠦᠷᠬᠦᠯᠵᠢᠯᠡᠨ᠎ᠡ᠃ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠶᠢ ᠶᠡᠬᠡᠪᠡᠷ ᠬᠦᠭᠵᠢᠭᠦᠯᠵᠤ᠂ ᠤᠯᠤᠰ ᠤᠨ | ᠬᠢᠯᠢ ᠠᠯᠤᠰᠯᠠᠭᠰᠠᠨᠡᠯᠧᠺᠲᠷᠤᠨ ᠬᠤᠳᠠᠯᠳᠤᠭᠠᠨ ᠤ ᠲᠤᠷᠰᠢᠯᠲᠡ ᠶᠢᠨ ᠴᠡᠭ ᠤᠨ ᠬᠤᠲᠡ ᠶᠢᠨ ᠵᠢᠭᠰᠠᠭᠠᠯ ᠳᠤ | ᠤᠷᠤᠬᠤ ᠪᠠᠷ ᠴᠢᠷᠮᠠᠶᠢᠨ᠎ᠠ ᠃ 2020 ᠤᠨ ᠪᠤᠯᠲᠠᠯ᠎ᠠ᠂ ᠪᠤᠭᠤᠮᠲᠡ ᠶᠢᠨ ᠤᠷᠤᠭᠤᠯᠵᠤ ᠭᠠᠷᠭᠠᠬᠤ ᠪᠠᠷᠠᠭᠠᠨ ᠤ | ᠬᠡᠮᠵᠢᠶ᠎ᠡ ᠶᠢ 2000 ᠲᠦᠮᠡᠨ ᠲᠤᠨ ᠪᠤᠯᠭᠠᠬᠤ ᠪᠠᠷ ᠴᠢᠷᠮᠠᠶᠢᠵᠤ᠂ ᠵᠢᠯ ᠳᠤ7.4% ᠢᠶᠠᠷ ᠨᠡᠮᠡᠭᠳᠡᠨ᠎ᠡ᠃ | ᠭᠠᠳᠠᠭᠠᠳᠤ ᠠᠴᠠ ᠤᠷᠤᠭᠤᠯᠵᠤ ᠭᠠᠷᠭᠠᠬᠤ ᠠᠷᠠᠯᠵᠢᠶᠠᠨ ᠤ ᠦᠷᠲᠡᠭ ᠢ 265 ᠳ᠋ᠦᠩᠰᠢᠭᠤᠷ ᠲᠦᠭᠦᠷᠢᠭ | ᠭᠦᠷᠭᠡᠵᠤ ᠂ ᠵᠢᠯ ᠳᠤ 8% ᠪᠠᠷ ᠨᠡᠮᠡᠭᠳᠡᠨ᠎ᠡ᠃ ᠯᠠᠪᠳᠠᠭᠤᠨ ᠢᠶᠠᠷ ᠳᠤᠮᠳᠠᠳᠤ ᠮᠤᠩᠭᠤᠯ ᠤᠨ ᠬᠢᠯᠢ ᠠᠯᠤᠰᠯᠠᠭᠰᠠᠨ | ᠠᠶᠠᠯᠠᠯ ᠵᠢᠭᠤᠯᠴᠢᠯᠠᠯ ᠤᠨ ᠬᠠᠮᠵᠢᠯᠴᠢᠭᠠᠨ ᠤ ᠵᠢᠱᠢᠶ᠎ᠡ ᠦᠵᠡᠭᠦᠯᠬᠦ ᠲᠤᠭᠤᠷᠢᠭ ᠢ ᠪᠦᠲᠦᠭᠡᠨ ᠪᠠᠶᠢᠭᠤᠯᠵᠤ᠂ | ᠮᠤᠩᠭᠤᠯ ᠤᠷᠤᠰ ᠲᠠᠢ ︽ ᠲᠦᠮᠡᠨ ᠭᠠᠵᠠᠷ ᠤᠨ ᠴᠠᠢ ᠶᠢᠨ ᠵᠠᠮ︾ ᠬᠢᠯᠢ ᠠᠯᠤᠰᠯᠠᠭᠰᠠᠨ ᠠᠶᠠᠯᠠᠯ ᠵᠢᠭᠤᠯᠴᠢᠯᠠᠯ | ᠤᠨᠤᠬᠢ ᠱᠤᠭᠤᠮ ᠢ ᠬᠠᠮᠲᠤᠷᠠᠨ ᠨᠡᠭᠡᠭᠡᠵᠤ᠂ ᠤᠮᠠᠷᠠᠲᠤ ᠤᠷᠤᠨ ᠤ ᠴᠢᠬᠤᠯᠠ ᠬᠢᠯᠢ ᠠᠯᠤᠰᠯᠠᠭᠰᠠᠨ ᠰᠤᠶᠤᠯ ᠠᠶᠠᠯᠠᠯ | ᠵᠢᠭᠤᠯᠴᠢᠯᠠᠯ ᠤᠨ ᠲᠦᠪᠯᠡᠷᠡᠭᠦᠯᠦᠨ ᠲᠠᠷᠬᠠᠬᠤ ᠭᠠᠵᠠᠷ ᠪᠤᠯᠬᠤ ᠪᠠᠷ ᠴᠢᠷᠮᠠᠶᠢᠨ᠎ᠠ᠃ 2020 ᠣᠨ ᠪᠣᠯᠳᠠᠯ᠎ᠠ᠂ | ᠤᠯᠤᠰ ᠤᠨ ᠳᠣᠳᠣᠭᠠᠳᠣ ᠭᠠᠳᠠᠭᠠᠳᠣ ᠶᠢᠨ ᠵᠤᠷᠴᠢᠭᠴᠢᠳ ᠢ 280 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ | ᠵᠢᠯ ᠪᠣᠯᠭᠠᠨ 9% ᠪᠠᠷ ᠨᠡᠮᠡᠭᠳᠡᠭᠦᠯᠦᠨ᠎ᠡ︔ ᠠᠶᠠᠯᠠᠯ ᠵᠢᠭᠤᠯᠴᠢᠯᠠᠯ ᠤᠨ ᠶᠡᠷᠦᠩᠬᠡᠢ ᠤᠷᠤᠯᠭ᠎ᠠ ᠶᠢ 60 | ᠳ᠋ᠦᠩᠰᠢᠭᠤᠷ ᠲᠦᠭᠦᠷᠢᠭ ᠲᠤ ᠬᠦᠷᠭᠡᠵᠤ᠂ ᠵᠢᠯ ᠪᠦᠷᠢ 8.5% ᠪᠠᠷ ᠨᠡᠮᠡᠭᠳᠡᠭᠦᠯᠦᠨ᠎ᠡ᠃ ᠬᠤᠲᠠ ᠬᠦᠳᠡᠭᠡ ᠶᠢᠨ | ᠵᠤᠬᠢᠴᠠᠯᠳᠣᠨ ᠬᠦᠭᠵᠢᠬᠦ ᠶᠢ ᠲᠦᠯᠬᠢᠨ ᠠᠬᠢᠭᠤᠯᠤᠨ᠎ᠠ᠃ ᠰᠢᠨ᠎ᠡ ᠮᠠᠶ᠋ᠢᠭ ᠤᠨ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠳᠡ ᠶᠢ ᠢᠳᠡᠪᠬᠢᠲᠠᠢ ᠲᠦᠯᠬᠢᠨ ᠠᠬᠢᠭᠤᠯᠵᠤ᠂ ᠬᠤᠲᠠ ᠶᠢᠨ ᠶᠠᠪᠣᠳᠠᠯ ᠤᠨ ᠰᠠᠭᠤᠷᠢ ᠲᠦᠭᠦᠭᠡᠷᠦᠮᠵᠢ ᠶᠢ | ᠦᠷᠭᠦᠯᠵᠢᠯᠡᠨ ᠲᠡᠭᠦᠯᠳᠡᠷᠵᠢᠭᠦᠯᠵᠤ᠂ ᠬᠤᠲᠠ ᠶᠢᠨ ᠨᠤᠭᠤᠭᠠᠷᠠᠭᠤᠯᠤᠯᠳᠡ᠂ ᠬᠠᠲᠠᠭᠤᠷᠠᠭᠤᠯᠤᠯᠳᠡ᠂ ᠭᠡᠷᠡᠯᠳᠦᠭᠦᠯᠭᠡ | ᠪᠣᠯᠣᠨ ᠵᠠᠰᠠᠨ ᠴᠢᠮᠡᠭᠯᠡᠯᠳᠡ ᠶᠢᠨ ᠢᠨᠵᠧᠨᠧᠷᠢᠩ ᠢ ᠨᠠᠷᠢᠯᠢᠭ ᠬᠡᠷᠡᠭᠵᠢᠭᠦᠯᠦᠨ᠂ ᠬᠤᠲᠠ ᠶᠢᠨ ᠪᠦᠲᠦᠭᠡᠨ ᠪᠠᠶᠢᠭᠤᠯᠤᠨ | ᠬᠠᠮᠢᠶᠠᠷᠬᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃ ᠬᠦᠳᠡᠭᠡ ᠲᠤᠰᠬᠤᠨ ᠮᠠᠯᠵᠢᠬᠤ ᠤᠷᠤᠨ ᠳᠠᠬᠢ | ᠤᠷᠤᠭᠤᠯᠤᠯᠳᠡ ᠶᠢᠨ ᠬᠦᠴᠦᠯᠡᠴᠡ ᠪᠠᠨ ᠶᠡᠭᠡᠰᠭᠡᠨ᠂ ᠨᠡᠶᠢᠳᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠤ | ᠂ ᠬᠤᠲᠠ ᠬᠦᠳᠡᠭᠡ ᠶᠢᠨ ᠦᠨᠳᠦᠰᠦᠨ ᠨᠡᠶᠢᠳᠡ ᠶᠢᠨ ᠦᠢᠯᠡᠴᠢᠯᠡᠭᠡᠨ ᠤ ᠲᠡᠩᠴᠡᠪᠦᠷᠢᠵᠢᠯᠳᠡ ᠶᠢ ᠪᠡᠶᠡᠯᠡᠭᠦᠯᠦᠨ᠎ᠡ᠃ | ︵ᠭᠤᠷᠪᠡ︶ ᠪᠤᠬᠢᠷᠳᠣᠯ ᠦᠭᠡᠢ ᠬᠦᠭᠵᠢᠯᠳᠡ ᠶᠢ ᠪᠠᠷᠢᠮᠲᠠᠯᠠᠨ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠴᠢᠷᠮᠠᠶᠢᠨ ᠪᠠᠶᠢᠭᠤᠯᠤᠨ᠎ᠠ᠃ ᠤᠷᠴᠢᠨ ᠲᠤᠭᠤᠷᠢᠨ ᠤ ᠬᠠᠮᠠᠭᠠᠯᠠᠯᠳᠡ ᠪᠤᠯᠤᠨ ᠪᠦᠲᠦᠭᠡᠨ | ᠪᠠᠶᠢᠭᠤᠯᠤᠯᠳᠡ ᠶᠢ ᠴᠢᠩᠭᠠᠳᠬᠠᠨ᠎ᠠ᠃ ᠮᠠᠯᠵᠢᠬᠤ ᠠᠴᠠ ᠬᠤᠷᠢᠭᠯᠠᠬᠤ ᠮᠠᠯᠵᠢᠯ ᠢ ᠠᠮᠠᠷᠠᠭᠤᠯᠬᠤ ᠪᠤᠯᠤᠨ ᠮᠠᠯ ᠪᠡᠯᠴᠢᠭᠡᠷ | ᠤᠨ ᠲᠡᠩᠴᠡᠭᠦᠷᠢᠰᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠪᠡᠰᠤ ᠪᠡᠯᠴᠢᠭᠡᠷ ᠤᠨ ᠬᠢᠨᠠᠨ | ᠬᠠᠮᠢᠶᠠᠷᠤᠯᠳᠡ ᠪᠠᠨ ᠦᠨᠡᠨᠬᠦ ᠴᠢᠩᠭᠠᠳᠬᠠᠨ᠂ ᠪᠡᠭᠡᠵᠢᠩ ᠲᠢᠶᠠᠨᠵᠢᠨ ᠤᠨ ᠡᠯᠡᠰᠤ ᠰᠢᠭᠤᠷᠭᠠᠨ ᠤ ᠡᠬᠢ ᠰᠤᠷᠪᠣᠯᠵᠢ ᠶᠢ | ᠵᠠᠰᠠᠬᠤ ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠤ᠂ ᠲᠠᠯ᠎ᠠ ᠨᠤᠲᠤᠭ ᠤᠨ ᠠᠮᠢ ᠠᠬᠤᠢ ᠶᠢᠨ ᠤᠷᠴᠢᠨ | ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠪᠤᠬᠢᠷᠳᠣᠯ ᠦᠭᠡᠢ ᠴᠡᠪᠡᠷ ᠡᠨᠧᠷᠬᠢ ᠶᠢᠨ | ᠦᠢᠯᠡᠰ ᠢ ᠬᠦᠭᠵᠢᠭᠦᠯᠦᠨ᠎ᠡ᠃ ᠲᠤᠷᠰᠢᠯᠳᠡ ᠶᠢᠨ ᠲᠤᠭᠤᠷᠢᠭ ᠤᠨ ᠤᠬᠠᠭᠠᠯᠢᠭ ᠴᠠᠬᠢᠯᠭᠠᠨ ᠲᠤᠤᠷ ᠤᠨ ᠪᠦᠲᠦᠭᠡᠨ | ᠪᠠᠶᠢᠭᠤᠯᠣᠯᠳᠡ ᠶᠢ ᠲᠦᠷᠭᠡᠨ ᠲᠦᠯᠬᠢᠨ ᠠᠬᠢᠭᠤᠯᠵᠤ᠂ ᠤᠨᠴᠠ ᠦᠨᠳᠦᠷ ᠬᠦᠴᠦᠳᠡᠯᠳᠣ ᠴᠠᠬᠢᠯᠭᠠᠨ ᠬᠦᠷᠭᠡᠬᠦ ᠵᠠᠮ | ᠬᠤᠭᠤᠯᠠᠢ ᠶᠢᠨ ᠪᠦᠲᠦᠭᠡᠨ ᠪᠠᠶᠢᠭᠤᠯᠤᠯᠳᠡ ᠶᠢ ᠴᠢᠩᠭᠠᠳᠬᠠᠨ᠂ ᠰᠢᠨ᠎ᠠ ᠡᠨᠧᠷᠬᠢ ᠶᠢᠨ ᠪᠢᠴᠢᠯ ᠴᠢᠬᠢᠯᠭᠠᠨ ᠳᠣᠣᠷ | ᠵᠡᠷᠭᠡ ᠨᠢᠭᠡ ᠪᠦᠯᠦᠭ ᠰᠠᠯᠬᠢ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠡᠬᠢᠯᠡᠭᠦᠯᠦᠨ | ᠪᠦᠲᠦᠭᠡᠨ ᠪᠠᠶᠢᠭᠤᠯᠵᠤ᠂ ᠵᠠᠭᠤᠨ ᠲᠦᠮᠡᠨ ᠺᠢᠯᠤᠸᠠᠲ ᠤᠨ ᠰᠠᠯᠬᠢ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ | ᠰᠠᠭᠤᠷᠢᠨ ᠭᠠᠵᠠᠷ ᠢ ᠪᠦᠬᠦ ᠬᠦᠴᠦ ᠪᠠᠷ ᠡᠭᠦᠳᠦᠨ ᠪᠠᠶᠢᠭᠤᠯᠤᠨ᠎ᠠ᠃ 2020 ᠤᠨ ᠪᠤᠯᠬᠤ ᠳᠤ᠂ ᠰᠠᠯᠬᠢ ᠨᠠᠷᠠᠨ | ᠡᠨᠧᠷᠬᠢ ᠪᠠᠷ ᠭᠠᠷᠭᠠᠭᠰᠠᠨ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠪᠠᠭᠲᠠᠭᠠᠮᠵᠢ ᠶᠢ 200 ᠲᠦᠮᠡᠨ ᠺᠢᠯᠤᠸᠠᠲ | ᠲᠤ ᠬᠦᠷᠭᠡᠨ᠎ᠡ᠃ ᠡᠬᠢ ᠪᠠᠶᠠᠯᠢᠭ ᠢ ᠠᠷᠪᠢᠯᠠᠨ ᠠᠰᠢᠭᠯᠠᠬᠤ ᠬᠦᠴᠦᠯᠡᠴᠡ ᠪᠠᠨ ᠶᠡᠭᠡᠰᠭᠡᠨ᠎ᠡ᠃ ᠲᠦᠷᠦᠯ ᠵᠦᠢᠯ ᠤᠨ | ᠡᠨᠧᠷᠬᠢ ᠠᠷᠪᠢᠯᠠᠬᠤ ᠦᠨᠡᠯᠡᠭᠡ ᠶᠢ ᠴᠢᠩᠭᠠᠳᠬᠠᠵᠤ᠂ ᠬᠤᠴᠤᠷᠤᠩᠭᠤᠢ ᠦᠢᠯᠡᠳᠪᠦᠷᠢᠯᠡᠯ ᠤᠨ ᠭᠠᠷ ᠤᠷᠠᠯᠠᠯ ᠪᠣᠯᠣᠨ | ᠦᠢᠯᠡᠳᠪᠦᠷᠢᠯᠡᠯ ᠤᠨ ᠴᠢᠳᠠᠪᠬᠢ ᠶᠢ ᠰᠢᠭᠰᠢᠨ ᠬᠠᠶᠠᠨ᠎ᠠ᠃ ᠠᠷᠪᠢᠯᠠᠨ ᠭᠠᠮᠨᠠᠵᠤ ᠲᠦᠪᠯᠡᠷᠡᠭᠦᠯᠦᠨ ᠭᠠᠵᠠᠷ ᠰᠢᠷᠤᠢ | ᠬᠡᠷᠡᠭᠯᠡᠬᠦ ᠳᠦᠷᠢᠮ ᠢ ᠪᠠᠷᠢᠮᠲᠠᠯᠠᠵᠤ᠂ ᠭᠠᠵᠠᠷ ᠰᠢᠷᠤᠢ ᠠᠰᠢᠭᠯᠠᠬᠤ ᠲᠦᠯᠦᠪᠡᠯᠭᠡ ᠶᠢ ᠬᠢᠨᠠᠨ ᠡᠷᠬᠡᠰᠢᠶᠡᠬᠦ ᠪᠠᠨ | ᠴᠢᠩᠭᠠᠳᠬᠠᠨ᠂ ᠬᠤᠲᠠ ᠶᠢᠨ ᠳᠣᠣᠷ᠎ᠠ ᠦᠷ᠎ᠡ ᠠᠰᠢᠭ ᠲᠠᠢ ᠬᠡᠷᠡᠭᠯᠡᠭᠰᠡᠨ ᠭᠠᠵᠠᠷ ᠰᠢᠷᠤᠢ ᠶᠢ ᠳᠠᠬᠢᠨ ᠨᠡᠭᠡᠭᠡᠨ | ᠠᠰᠢᠭᠯᠠᠬᠤ ᠪᠠ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠤᠨ ᠨᠦᠭᠦᠨ ᠰᠡᠷᠭᠡᠭᠡᠯᠳᠡ ᠶᠢ ᠲᠦᠯᠬᠢᠨ | ᠠᠬᠢᠭᠤᠯᠤᠨ᠎ᠠ᠃ ᠬᠠᠮᠤᠭ ᠤᠨ ᠴᠢᠩᠭ᠎ᠠ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠡ ᠶᠢᠨ ᠲᠦᠷᠢᠮ ᠢ | ᠬᠡᠷᠡᠭᠵᠢᠭᠦᠯᠵᠤ᠂ ᠤᠰᠤ ᠪᠠᠷ ᠦᠢᠯᠡᠳᠪᠦᠷᠢᠯᠡᠯ ᠢ ᠲᠤᠭᠲᠠᠭᠠᠵᠤ᠂ ᠤᠰᠤ ᠪᠠᠷ ᠬᠤᠲᠠ ᠶᠢ ᠲᠤᠭᠲᠠᠭᠠᠨ᠂ ᠤᠰᠤ | ᠠᠷᠪᠢᠯᠠᠬᠤ ᠮᠠᠶ᠋ᠢᠭ ᠤᠨ ᠨᠡᠶᠢᠭᠡᠮ ᠢ ᠪᠦᠲᠦᠭᠡᠨ ᠪᠠᠶᠢᠭᠤᠯᠤᠨ᠎ᠠ᠃ | ︵ᠳᠦᠷᠪᠡ︶ ᠨᠡᠭᠡᠭᠡᠨ ᠬᠦᠭᠵᠢᠭᠦᠯᠤᠯᠳᠡ ᠶᠢ ᠪᠠᠷᠢᠮᠲᠠᠯᠠᠨ᠂ ᠳᠣᠮᠳᠠᠳᠣ ᠮᠤᠩᠭᠤᠯ ᠤᠷᠤᠰ ᠤᠨ ᠠᠵᠤ | ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠳᠡ ᠳᠤ ᠠᠭᠤᠰᠤᠯᠳᠣᠨ ᠤᠷᠤᠨ᠎ᠠ᠃ ᠨᠡᠭᠡᠭᠡᠨ ᠬᠦᠭᠵᠢᠭᠦᠯᠦᠯᠳᠡ | ᠶᠢᠨ ᠠᠴᠢᠶᠠᠯᠠᠯ ᠤᠨ ᠪᠦᠲᠦᠭᠡᠨ ᠪᠠᠶᠢᠭᠤᠯᠤᠯᠳᠡ ᠶᠢ ᠲᠦᠯᠬᠢᠨ ᠠᠬᠢᠭᠤᠯᠤᠨ᠎ᠠ᠃ ᠤᠯᠤᠰ ᠠᠴᠠ ᠬᠡᠷᠡᠭᠵᠢᠭᠦᠯᠵᠤ | ᠪᠠᠶᠢᠭ᠎ᠠ ︽ᠨᠢᠭᠡ ᠪᠦᠰᠡ ᠨᠢᠭᠡ ᠵᠠᠮ︾ ᠤᠨ ᠪᠠᠶᠢᠯᠳᠣᠬᠤ ᠪᠤᠳᠣᠯᠭ᠎ᠠ ᠪᠤᠯᠤᠨ ᠳᠣᠮᠳᠠᠳᠣ ᠮᠤᠩᠭᠤᠯ ᠤᠷᠤᠰ ᠤᠨ | ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠳᠡ ᠶᠢᠨ ᠴᠢᠬᠤᠯᠠ ᠶᠡᠭᠡ ᠲᠤᠬᠢᠶᠠᠯ ᠢ ᠠᠳᠬᠤᠨ᠂ | ᠡᠷᠢᠶᠡᠨ ᠬᠤᠲᠠ — ᠵᠠᠮ ᠤᠨ ᠡᠭᠦᠳᠡ ᠶᠢᠨ ᠬᠢᠯᠢ ᠠᠯᠭᠠᠰᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ | ᠲᠤᠭᠤᠷᠢᠭ ᠢ ᠠᠩᠬ᠎ᠠ ᠠᠯᠬᠤᠮ ᠪᠦᠲᠦᠭᠡᠨ ᠪᠠᠶᠢᠭᠤᠯᠵᠤ᠂ ᠨᠢᠭᠡ ᠪᠦᠯᠦᠭ ᠴᠢᠬᠤᠯᠠ ᠲᠤᠮᠤ ᠲᠤᠯᠭᠠᠭᠤᠷᠢᠯᠠᠬᠤ | ᠲᠦᠷᠦᠯ ᠵᠦᠢᠯ ᠢ ᠭᠠᠵᠠᠷ ᠲᠤᠨᠢ ᠪᠠᠭᠤᠯᠭᠠᠨ᠂ ᠪᠤᠭᠤᠮᠲᠠ ᠶᠢᠨ ᠬᠦᠭᠵᠢᠯᠳᠡ ᠶᠢᠨ ᠰᠢᠨ᠎ᠡ ᠦᠰᠦᠯᠳᠡ ᠶᠢᠨ ᠲᠤᠶᠢᠯ | ᠢ ᠪᠤᠢ ᠪᠤᠯᠭᠠᠨ᠎ᠠ᠃ ᠬᠢᠯᠢ ᠶᠢᠨ ᠢᠷᠭᠡᠳ ᠤᠨ ᠠᠷᠠᠯᠵᠢᠶᠠᠨ ᠤ ᠵᠠᠬ᠎ᠠ ᠶᠢᠨ ᠲᠤᠭᠤᠷᠢᠭ ᠤᠨ ᠡᠵᠡᠩᠨᠡᠨ ᠬᠠᠮᠢᠶᠠᠷᠬᠤ ᠶᠢ | ᠪᠦᠬᠦ ᠬᠦᠴᠦ ᠪᠠᠷ ᠢᠶᠠᠨ ᠰᠠᠶᠢᠳᠣᠷ ᠬᠢᠵᠤ᠂ ᠡᠶᠡᠷᠬᠦ ᠨᠠᠷᠢᠨ ᠳᠠᠩᠰᠠ ᠠᠴᠠ ᠰᠦᠭᠡᠷᠬᠦ ᠨᠠᠷᠢᠨ ᠳᠠᠩᠰᠠ ᠤᠷᠤᠭᠤ | ᠠᠯᠭᠤᠷ ᠰᠢᠯᠵᠢᠭᠦᠯᠦᠨ᠂ ᠪᠤᠭᠤᠮᠲᠠ ᠶᠢᠨ ᠬᠤᠳᠠᠯᠳᠤᠭ᠎ᠠ ᠪᠤᠯᠤᠨ ᠪᠠᠷᠠᠭ᠎ᠠ ᠬᠤᠳᠠᠯᠳᠣᠨ ᠠᠪᠬᠤ ᠵᠢᠭᠤᠯᠴᠢᠯᠠᠯ ᠤᠨ | ᠳᠠᠳᠠᠬᠤ ᠬᠦᠴᠦᠨ ᠢ ᠲᠡᠭᠡᠭᠰᠢᠯᠡᠭᠦᠯᠦᠨ᠎ᠡ᠃ ᠤᠯᠤᠰ ᠤᠨ ᠳᠡᠰ ᠳᠠᠪᠬᠤᠷᠭ᠎ᠠ ᠶᠢᠨ ᠳᠣᠮᠳᠠᠳᠣ ᠮᠤᠩᠭᠤᠯ ᠤᠨ | ᠴᠢᠯᠦᠭᠡᠲᠤ ᠬᠤᠳᠠᠯᠳᠣᠭᠠᠨ ᠤ ᠭᠡᠷ᠎ᠡ ᠬᠡᠯᠡᠯᠴᠡᠭᠡᠷ ᠪᠤᠯᠤᠨ ︽ᠳᠣᠮᠳᠠᠳᠣ ᠮᠤᠩᠭᠤᠯ ᠤᠨ ᠤᠨᠴᠠᠭᠠᠢ ᠤᠷᠤᠨ︾ ᠢ | ᠪᠠᠶᠢᠭᠤᠯᠬᠤ ᠲᠠᠯ᠎ᠠ ᠶᠢᠨ ᠠᠵᠢᠯ ᠳᠤ ᠢᠳᠡᠪᠬᠢᠲᠠᠢ ᠤᠷᠤᠯᠴᠠᠨ᠎ᠠ᠃ ᠬᠦᠨᠳᠣ ᠴᠢᠬᠤᠯᠠ ᠰᠠᠭᠤᠷᠢ ᠲᠦᠭᠦᠭᠡᠷᠦᠮᠵᠢ ᠶᠢᠨ | ᠬᠠᠷᠢᠯᠴᠠᠨ ᠵᠠᠯᠭᠠᠯᠳᠣᠨ ᠬᠠᠷᠢᠯᠴᠠᠨ ᠨᠡᠪᠲᠡᠷᠡᠯᠴᠡᠬᠦ ᠶᠢ ᠲᠦᠯᠬᠢᠨ ᠠᠬᠢᠭᠤᠯᠤᠨ᠎ᠠ᠃ ᠵᠢᠨᠢᠩ — ᠡᠷᠢᠶᠡᠨ ᠬᠤᠲᠠ ᠶᠢᠨ | ᠴᠠᠬᠢᠯᠭᠠᠨᠵᠢᠭᠤᠯᠤᠭᠰᠠᠨ ᠲᠡᠮᠦᠷ ᠵᠠᠮ ᠪᠤᠯᠭᠠᠨ ᠦᠭᠡᠷᠡᠴᠢᠯᠡᠨ ᠰᠠᠶᠢᠵᠢᠷᠠᠭᠤᠯᠬᠤ᠂ ᠡᠷᠢᠶᠡᠨ ᠬᠤᠲᠠ — ᠮᠠᠨᠳᠣᠯᠳᠣ | ᠪᠣᠭᠤᠮᠲᠠ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠳᠡ ᠶᠢ ᠡᠬᠢᠯᠡᠭᠦᠯᠵᠤ᠂ ᠡᠷᠢᠶᠡᠨ ᠲᠡᠮᠦᠷ ᠵᠠᠮ ᠤᠨ ᠦᠷᠲᠡᠭᠡ | ᠶᠢ ᠦᠷᠭᠡᠳᠭᠡᠨ ᠵᠠᠰᠠᠵᠤ ᠰᠠᠶᠢᠵᠢᠷᠠᠭᠤᠯᠬᠤ ᠪᠠᠷᠢᠯᠭ᠎ᠠ ᠶᠢᠨ ᠠᠵᠢᠯ ᠢ ᠲᠠᠭᠤᠰᠬᠠᠨ᠎ᠠ᠃ ᠡᠷᠢᠶᠡᠨ ᠬᠤᠲᠠ — | ᠮᠠᠨᠳᠠᠯᠳᠣ ᠪᠠᠯᠭᠠᠰᠤ ᠶᠢᠨ ᠨᠢᠭᠡᠳᠦᠭᠡᠷ ᠳᠡᠰ ᠤᠨ ᠵᠠᠰᠠᠮᠠᠯ ᠵᠠᠮ᠂ ᠡᠷᠢᠶᠡᠨ ᠭᠤᠸᠠᠩᠵᠸᠤ ᠱᠤᠭᠤᠮ ᠤᠨ ᠡᠷᠢᠶᠡᠨ | ᠬᠤᠲᠠ — ᠰᠠᠶᠢᠬᠠᠠᠲᠠᠯ᠎ᠠ ᠬᠡᠰᠡᠭ ᠤᠨ ᠲᠦᠷᠭᠡᠨ ᠬᠤᠷᠳᠣᠴᠠᠲᠤ ᠵᠠᠰᠠᠮᠠᠯ ᠵᠠᠮ ᠢ ᠪᠠᠶᠢᠭᠤᠯᠦᠨ᠎ᠠ᠃ ᠤᠯᠠᠨ ᠤᠯᠤᠰ | ᠤᠨ ᠠᠭᠠᠷ ᠤᠨ ᠲᠡᠭᠡᠭᠡᠪᠦᠷᠢ ᠶᠢᠨ ᠪᠤᠭᠤᠮᠲᠠ ᠶᠢᠨ ᠭᠠᠳᠠᠭᠰᠢ ᠨᠡᠭᠡᠭᠡᠯᠳᠡ ᠶᠢ ᠪᠡᠶᠡᠯᠡᠭᠦᠯᠵᠤ᠂ ᠮᠤᠩᠭᠤᠯ ᠤᠷᠤᠰ ᠤᠨ | ᠵᠠᠷᠢᠮ ᠭᠠᠵᠠᠷ ᠲᠤ ᠤᠯᠠᠨ ᠤᠯᠤᠰ ᠤᠨ ᠠᠭᠠᠷ ᠤᠨ ᠱᠤᠭᠤᠮ ᠢ ᠨᠡᠭᠡᠭᠡᠨ᠎ᠠ᠃ ᠤᠯᠤᠰ ᠠᠴᠠ ᠮᠤᠩᠭᠤᠯ ᠳᠤ ᠲᠦᠷᠦᠯ | ᠵᠦᠢᠯ ᠲᠤᠰᠠᠯᠠᠨ ᠪᠠᠶᠢᠭᠤᠯᠬᠤ ᠬᠦᠴᠦᠯᠡᠴᠡ ᠪᠠᠨ ᠶᠡᠬᠡᠰᠭᠡᠵᠤ ᠪᠠᠶᠢᠬᠤ ᠲᠠᠢ ᠢᠳᠡᠪᠬᠢᠲᠠᠢ ᠵᠤᠬᠢᠴᠠᠯᠳᠣᠨ᠂ ᠡᠷᠢᠶᠡᠨ | ᠬᠤᠲᠠ — ᠬᠢᠶᠠᠭᠲᠤ — ᠤᠯᠠᠭᠠᠠᠦ᠋ᠳᠡ ᠶᠢᠨ ᠬᠤᠤᠰ ᠦᠷᠭᠡᠴᠡ ᠲᠠᠢ ᠲᠡᠮᠦᠷ ᠵᠠᠮ᠂ ᠲᠦᠷᠭᠡᠨ ᠬᠤᠷᠳᠣᠴᠠᠲᠤ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠳᠡ ᠶᠢ ᠲᠦᠯᠬᠢᠨ ᠠᠬᠢᠭᠤᠯᠵᠤ᠂ ᠡᠷᠢᠶᠡᠨ ᠬᠤᠲᠠ ᠪᠠᠨ ᠤᠯᠠᠨ ᠤᠯᠤᠰ | ᠤᠨ ᠵᠠᠩᠬᠢᠯᠭ᠎ᠠ ᠶᠢᠨ ᠪᠤᠭᠤᠮᠲᠠ ᠬᠤᠲᠠ ᠪᠤᠯᠭᠠᠨ ᠠᠯᠭᠤᠷ ᠪᠦᠲᠦᠭᠡᠨ ᠪᠡᠶᠢᠭᠤᠯᠤᠨ᠎ᠠ᠃ ᠭᠠᠳᠠᠭᠠᠳᠣ ᠨᠡᠭᠡᠭᠡᠯᠳᠡ ᠶᠢ | ᠪᠦᠬᠦ ᠲᠠᠯ᠎ᠠ ᠪᠠᠷ ᠦᠷᠭᠡᠳᠭᠡᠨ᠎ᠡ᠃ ᠮᠤᠩᠭᠤᠯ ᠤᠯᠤᠰ ᠯᠤᠭ᠎ᠠ ᠰᠤᠷᠭᠠᠨ ᠬᠦᠮᠦᠵᠢᠯ ᠰᠢᠨᠵᠢᠯᠡᠭᠡ ᠲᠧᠭᠨᠢᠭ᠂ ᠰᠤᠶᠤᠯ | ᠲᠠᠮᠢᠷ᠂ ᠡᠷᠡᠭᠦᠯ ᠬᠠᠮᠠᠭᠠᠯᠠᠯ ᠬᠡᠵᠢᠭ ᠰᠡᠷᠭᠡᠶᠢᠯᠡᠬᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠳᠡ ᠵᠡᠷᠭᠡ ᠬᠦᠷᠢᠶ᠎ᠡ | ᠴᠠᠷ ᠲᠤ ᠬᠢ ᠬᠠᠷᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠬᠦᠨᠵᠡᠭᠡᠶᠢᠷᠡᠭᠦᠯᠵᠤ᠂ ᠪᠦᠬᠦ ᠲᠠᠯ᠎ᠠ ᠶᠢᠨ᠂ ᠦᠷᠭᠡᠨ | ᠬᠦᠷᠢᠶ᠎ᠡ ᠲᠠᠢ᠂ ᠬᠦᠨ ᠳᠠᠪᠬᠤᠷᠭ᠎ᠠ ᠶᠢᠨ ᠭᠠᠳᠠᠭᠠᠳᠣ ᠨᠡᠭᠡᠭᠡᠯᠳᠡ ᠶᠢᠨ ᠪᠠᠶᠢᠷᠢᠯᠠᠭᠤᠯᠤᠯᠳᠡ ᠶᠢ ᠡᠭᠦᠰᠭᠡᠨ | ᠪᠠᠶᠢᠭᠤᠯᠤᠨ᠎ᠠ᠃ | ︵ᠲᠠᠪᠤ︶ ᠬᠦᠭᠵᠢᠯᠳᠡ ᠪᠠᠨ ᠬᠤᠪᠢᠶᠠᠯᠴᠠᠬᠤ ᠶᠢ ᠪᠠᠷᠢᠮᠲᠠᠯᠠᠨ᠂ ᠠᠷᠠᠳ ᠤᠨ ᠪᠣᠶᠠᠨ ᠬᠡᠰᠢᠭ ᠢ ᠴᠢᠷᠮᠠᠶᠢᠨ | ᠨᠡᠮᠡᠭᠳᠡᠭᠦᠯᠦᠨ᠎ᠡ᠃ | ᠰᠠᠭᠤᠭᠠᠯᠢ ᠠᠷᠠᠳ ᠤᠨ ᠤᠷᠤᠯᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ | ᠴᠠᠯᠢᠩ ᠤᠨ ᠲᠦᠪᠰᠢᠨ ᠢ ᠲᠤᠭᠲᠠᠭᠠᠬᠤ ᠲᠤᠭᠲᠠᠯᠴᠠᠭ᠎ᠠ᠂ ᠭᠡᠪ ᠤᠨ ᠪᠠᠶᠢᠳᠠᠯ ᠢᠶᠠᠷ ᠦᠰᠭᠦ ᠲᠤᠭᠲᠠᠯᠴᠠᠭ᠎ᠠ᠂ | ᠵᠤᠭᠤᠰ ᠦᠭᠬᠦ ᠪᠠᠲᠤᠯᠠᠭᠠᠨ ᠤ ᠲᠤᠭᠲᠠᠯᠴᠠᠭ᠎ᠠ ᠶᠢ ᠪᠦᠷᠢᠨᠰᠢᠭᠦᠯᠵᠤ᠂ ᠠᠵᠤ ᠠᠬᠤᠶᠢᠯᠠᠯ ᠤᠨ ᠴᠠᠯᠢᠩ ᠢ ᠬᠠᠮᠲᠤᠪᠡᠷ | ᠶᠠᠷᠢᠯᠴᠠᠬᠤ ᠲᠦᠷᠢᠮ ᠢ ᠲᠦᠯᠬᠢᠨ ᠬᠡᠷᠡᠭᠵᠢᠭᠦᠯᠦᠨ᠎ᠡ᠃ ᠬᠠᠮᠤᠭ ᠳᠣᠣᠷ᠎ᠠ ᠴᠠᠯᠢᠩ ᠤᠨ ᠤᠨ ᠦᠰᠦᠯᠳᠡ ᠶᠢᠨ | ᠲᠤᠭᠲᠠᠯᠴᠠᠭ᠎ᠠ ᠶᠢ ᠳᠡᠭᠦᠯᠳᠡᠷᠵᠢᠭᠦᠯᠦᠨ᠂ ᠰᠢᠨ᠎ᠡ ᠨᠢᠭᠡ ᠡᠷᠬᠢᠯᠳᠡ ᠶᠢᠨ ᠠᠯᠪᠠᠨ ᠪᠠᠶᠢᠭᠤᠯᠭ᠎ᠠ ᠠᠵᠢᠯ ᠦᠢᠯᠡᠰ ᠤᠨ | ᠨᠢᠭᠡᠴᠢ ᠶᠢᠨ ᠴᠠᠯᠢᠩ ᠪᠤᠯᠤᠨ ᠱᠠᠩᠨᠠᠯ ᠨᠦᠬᠦᠪᠦᠷᠢ ᠶᠢᠨ ᠳᠦᠷᠢᠮ ᠤᠨ ᠦᠭᠡᠷᠡᠴᠢᠯᠡᠯᠳᠡ ᠶᠢ ᠳᠠᠭᠤᠰᠬᠠᠨ᠎ᠠ᠃ ᠤᠯᠠᠨ | ᠠᠷᠭ᠎ᠠ ᠵᠡᠮ ᠢ ᠠᠰᠢᠭᠯᠠᠨ ᠮᠠᠯᠴᠢᠨ ᠲᠠᠷᠢᠶᠡᠴᠢᠨ ᠤ ᠡᠵᠡᠩᠨᠡᠯᠳᠡ ᠶᠢᠨ ᠴᠢᠨᠠᠷᠲᠠᠢ᠂ ᠴᠠᠯᠢᠩᠵᠢᠭᠰᠠᠨ᠂ ᠰᠢᠯᠵᠢᠯᠳᠡ | ᠶᠢᠨ ᠴᠢᠨᠠᠷᠲᠠᠢ᠂ ᠡᠳ᠋ ᠬᠦᠷᠦᠩᠭᠡ ᠶᠢᠨ ᠴᠢᠨᠠᠷᠲᠠᠢ ᠤᠷᠤᠯᠭ᠎ᠠ ᠢ ᠨᠡᠮᠡᠭᠳᠡᠭᠦᠯᠵᠤ᠂ ᠮᠠᠯᠴᠢᠨ ᠲᠠᠷᠢᠶᠠᠴᠢᠨ ᠤ ᠤᠷᠤᠯᠭ᠎ᠠ | ᠶᠢ ᠦᠷᠭᠦᠯᠵᠢᠯᠡᠨ ᠲᠤᠭᠲᠠᠭᠤᠨ ᠢᠶᠠᠷ ᠦᠰᠭᠡᠭᠦ ᠶᠢ ᠠᠬᠢᠭᠤᠯᠤᠨ᠎ᠠ᠃ ᠠᠷᠠᠳ ᠤᠨ ᠠᠮᠢᠵᠢᠷᠭ᠎ᠠ ᠶᠢ ᠰᠠᠶᠢᠵᠢᠷᠠᠭᠤᠯᠬᠤ | ᠳᠤ ᠨᠡᠩ ᠢᠯᠡᠭᠦᠤ ᠠᠩᠬᠠᠷᠤᠯ ᠲᠠᠯᠪᠢᠨ᠎ᠡ᠃ ᠠᠵᠢᠯ ᠤᠯᠭᠤᠬᠤ ᠪᠠ ᠦᠢᠯᠡᠰ ᠪᠤᠰᠬᠠᠬᠤ ᠠᠷᠭ᠎ᠠ ᠵᠠᠮ ᠢ | ᠦᠷᠭᠡᠳᠭᠡᠵᠤ᠂ ᠠᠭᠤᠵᠢᠭᠤ ᠲᠠᠯᠪᠢᠭᠤ ᠠᠵᠢᠯ ᠤᠯᠭᠤᠬᠤ ᠤᠷᠴᠢᠨ ᠢ ᠢᠳᠡᠪᠬᠢᠲᠠᠢ ᠪᠠᠶᠢᠭᠤᠯᠤᠨ᠎ᠠ᠃ ᠨᠡᠶᠢᠭᠡᠮ ᠤᠨ | ᠪᠠᠲᠤᠯᠠᠭᠠᠨ ᠤ ᠲᠤᠭᠲᠠᠯᠴᠠᠭᠠᠨ ᠤ ᠪᠦᠲᠦᠭᠡᠨ ᠪᠠᠶᠢᠭᠤᠯᠤᠯᠳᠡ ᠶᠢ ᠲᠡᠡᠭᠦᠯᠳᠡᠷᠵᠢᠭᠦᠯᠵᠤ᠂ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠪᠣᠯᠣᠨ ᠡᠮ ᠡᠮᠨᠡᠯᠭᠡ ᠶᠢᠨ ᠳᠠᠭᠠᠳᠬᠠᠯ ᠤᠨ | ᠪᠦᠷᠭᠦᠴᠡ ᠶᠢ ᠦᠷᠭᠡᠳᠭᠡᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠣ ᠡᠪᠡᠳᠴᠢᠨ ᠤ ᠳᠠᠭᠠᠳᠬᠠᠯ | ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠲᠠ ᠬᠦᠳᠡᠭᠡ ᠶᠢᠨ ᠬᠦᠴᠢᠷᠳᠡᠯᠳᠡᠢ ᠤᠯᠠᠨ ᠲᠦᠮᠡᠨ᠂ ᠤᠨᠴᠠᠭᠠᠢ ᠤᠯᠠᠨ | ᠲᠦᠮᠡᠨ ᠤ ᠨᠡᠶᠢᠭᠡᠮ ᠤᠨ ᠪᠠᠲᠤᠯᠠᠭᠠᠨ ᠤ ᠲᠤᠭᠲᠠᠯᠴᠠᠭ᠎ᠠ ᠶᠢ ᠪᠦᠷᠢᠨ ᠲᠡᠭᠦᠯᠳᠡᠷ ᠪᠤᠯᠭᠠᠨ᠎ᠠ᠃ ᠨᠠᠷᠢᠯᠢᠭ | ᠤᠨᠤᠪᠴᠢᠲᠠᠢ ᠶᠠᠳᠠᠭᠤ ᠶᠢ ᠳᠡᠳᠭᠦᠬᠦ ᠶᠢ ᠬᠡᠷᠡᠭᠵᠢᠭᠦᠯᠦᠨ᠂ ᠬᠤᠲᠠ ᠬᠦᠳᠡᠭᠡ ᠶᠢᠨ ᠶᠠᠳᠠᠭᠤ ᠬᠦᠴᠢᠷᠳᠡᠯᠳᠡᠢ ᠭᠡᠷ | ᠪᠦᠯᠢ ᠶᠢᠨ ᠶᠠᠳᠠᠭᠤ ᠠᠴᠠ ᠠᠩᠬᠢᠵᠢᠷᠠᠬᠤ ᠶᠢ ᠪᠠᠲᠤᠯᠠᠨ᠎ᠠ᠃ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ᠃ ᠰᠤᠷᠭᠠᠨ ᠬᠦᠮᠦᠵᠢᠯ ᠢ ᠤᠷᠢᠳᠠᠪᠡᠷ ᠬᠦᠭᠵᠢᠭᠦᠯᠬᠦ ᠰᠠᠨᠠᠭᠠᠴᠢᠯᠠᠭ᠎ᠠ ᠶᠢ ᠪᠠᠷᠢᠮᠲᠠᠯᠠᠨ᠂ ᠰᠤᠷᠭᠠᠨ | ᠬᠦᠮᠦᠵᠢᠯ ᠰᠤᠷᠭᠠᠯᠳᠡ ᠶᠢᠨ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠦᠨ᠎ᠡ᠃ ᠤᠯᠠᠨ ᠤᠯᠤᠰ ᠤᠨ ᠬᠡᠷᠡᠭᠯᠡᠭᠡᠨ ᠤ | ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠲᠤ ᠰᠤᠷᠭᠠᠭᠤᠯᠢ ᠶᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠢ ᠬᠦᠭᠵᠢᠭᠦᠯᠦᠨ᠎ᠡ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠡᠨ ᠤ ᠶᠡᠷᠦᠩᠬᠡᠶᠢᠯᠡᠭᠰᠡᠨ | ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠬᠤᠲᠠ ᠶᠢᠨ ᠡᠮᠨᠡᠯᠭᠡ ᠶᠢᠨ ᠬᠤᠷᠢᠶ᠎ᠠ ᠪᠣᠯᠣᠨ ᠮᠤᠩᠭᠤᠯ ᠬᠢᠲᠠᠳ | ᠡᠮᠨᠡᠯᠭᠡ ᠶᠢᠨ ᠬᠤᠷᠢᠶ᠎ᠠ ᠶᠢ ᠰᠠᠶᠢᠳᠣᠷ ᠡᠷᠬᠢᠯᠡᠨ᠎ᠡ᠃ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ | ᠲᠤᠭᠲᠠᠯᠴᠠᠭᠠᠨ ᠤ ᠪᠦᠲᠦᠭᠡᠨ ᠪᠠᠶᠢᠭᠤᠯᠤᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠭᠤᠷᠪᠠ᠂ 2016 ᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠠᠷᠠᠯᠳᠡ ᠶᠢᠨ ᠡᠭᠦᠷᠭᠡ | ᠪᠣᠯᠣᠨ ᠭᠤᠤᠯᠳᠠᠯᠭ᠎ᠠ ᠲᠠᠢ ᠠᠵᠢᠯ | ᠡᠨᠡ ᠵᠢᠯ ᠤᠨ ᠵᠠᠰᠠᠭ ᠤᠨ ᠤᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ | ᠨᠠᠢᠮᠠᠳᠣᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠦᠷᠪᠡᠳᠦᠭᠡᠷ᠂ | ᠲᠠᠪᠤᠳᠣᠭᠠᠷ ᠪᠦᠬᠦᠳᠡ ᠬᠤᠷᠠᠯ ᠤᠨ ᠵᠤᠷᠢᠭ ᠰᠨᠠᠭ᠎ᠠ ᠪᠠᠷ ᠵᠢᠯᠤᠭᠤᠳᠣᠯᠭ᠎ᠠ ᠪᠤᠯᠭᠠᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠠᠯᠢ ᠤᠯᠠᠨ ᠴᠢᠬᠤᠯᠠ ᠶᠠᠷᠢᠶ᠎ᠠ ᠪᠣᠯᠤᠨ ᠦᠪᠦᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂ ︽ᠳᠦᠷᠪᠡᠨ ᠪᠦᠬᠦ ᠲᠠᠯ᠎ᠠ︾ ᠶᠢᠨ | ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠤᠯᠳᠡ ᠪᠠᠷ ᠴᠢᠩᠭ᠎ᠠ ᠭᠤᠤᠯᠯᠠᠵᠤ᠂ ︽8337︾ ᠬᠦᠭᠵᠢᠯᠳᠡ ᠶᠢᠨ | ᠪᠤᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠪᠡᠷᠲᠡᠭᠡᠨ ᠵᠠᠰᠠᠬᠤ ᠤᠷᠤᠨ ᠤ ᠶᠢᠰᠦᠳᠦᠭᠡᠷ | ᠬᠤᠭᠤᠴᠠᠭᠠᠨ ᠤ ᠠᠷᠪᠠᠨ ᠳᠦᠷᠪᠡᠳᠦᠭᠡᠷ ᠤᠳᠠᠭᠠᠨ ᠤ ᠪᠦᠬᠦ ᠬᠡᠰᠢᠭᠦᠨ ᠤ ︵ᠦᠷᠭᠡᠳᠭᠡᠭᠰᠡᠨ︶ ᠬᠤᠷᠠᠯ᠂ ᠠᠶᠢᠮᠠᠭ | ᠤᠨ ᠨᠠᠮ ᠤᠨ ᠬᠤᠷᠢᠶᠠᠨ ᠤ ᠶᠢᠰᠦᠳᠦᠭᠡᠷ ᠤᠳᠠᠭᠠᠨ ᠤ ︵ᠦᠷᠭᠡᠳᠭᠡᠭᠰᠡᠨ︶ ᠬᠤᠷᠠᠯ ᠪᠤᠯᠤᠨ ᠬᠤᠲᠠ ᠶᠢᠨ ᠠᠷᠪᠠᠨ | ᠬᠤᠶᠠᠳᠣᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠦᠬᠦ ᠭᠡᠰᠢᠭᠦᠨ ᠤ ︵ᠦᠷᠭᠡᠳᠭᠡᠭᠰᠡᠨ︶ ᠬᠤᠷᠠᠯ ᠤᠨ | ᠱᠠᠭᠠᠷᠳᠠᠯᠭ᠎ᠠ ᠶᠤᠰᠤᠭᠠᠷ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠲᠠᠢ ᠰᠠᠨᠠᠭᠠᠴᠢᠯᠭ᠎ᠠ ᠠᠴᠠ ᠪᠠᠨ | ᠵᠤᠬᠢᠴᠠᠯᠳᠣᠨ᠂ ᠬᠦᠭᠵᠢᠯᠳᠡ ᠪᠣᠯ ᠲᠡᠷᠢᠭᠦᠨ ᠡᠭᠦᠷᠭᠡ ᠭᠡᠳᠡᠭ ᠢ ᠪᠠᠷᠢᠮᠲᠠᠯᠠᠵᠤ᠂ ᠬᠦᠭᠵᠢᠯᠳᠡ ᠶᠢᠨ ᠴᠢᠨᠠᠷ ᠴᠢᠨᠰᠠᠭ᠎ᠠ | ᠪᠣᠯᠣᠨ ᠦᠷ᠎ᠡ ᠠᠰᠢᠭ ᠢ ᠳᠡᠭᠡᠭᠰᠢᠯᠡᠬᠦᠯᠬᠦ ᠪᠠᠷ ᠭᠤᠤᠯᠯᠠᠨ᠂ ᠰᠢᠨ᠎ᠡ ᠶᠢ ᠡᠭᠦᠳᠬᠦ᠂ ᠵᠤᠬᠢᠴᠠᠭᠤᠯᠬᠤ᠂ ᠪᠤᠬᠢᠷᠳᠣᠯ | ᠦᠭᠡᠢ᠂ ᠨᠡᠭᠡᠭᠡᠯᠳᠡᠳᠡᠢ᠂ ᠬᠦᠭᠵᠢᠯᠳᠡ ᠶᠢ ᠬᠠᠮᠲᠤᠪᠡᠷ ᠡᠳ᠋ᠯᠡᠬᠦ ᠦᠵᠡᠯᠳᠡ ᠶᠢ ᠪᠠᠷᠢᠮᠲᠠᠯᠠᠵᠤ᠂ ᠤᠮᠠᠷᠠᠰᠢ | ᠨᠡᠭᠡᠭᠡᠯᠳᠡᠳᠡᠢ ︽ᠠᠯᠲᠠᠨ ᠲᠦᠰᠢᠴᠡ︾᠂ ᠲᠤᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠴᠢᠬᠤᠯᠠ ᠪᠤᠯᠬᠤ | ᠤᠯᠠᠨ ᠤᠯᠤᠰ ᠤᠨ ᠪᠠᠷᠠᠭ᠎ᠠ ᠭᠦᠢᠯᠭᠡᠭᠡᠨ ᠤ ᠲᠦᠪ᠂ ᠦᠪᠡᠷᠲᠡᠭᠡᠨ ᠵᠠᠰᠠᠬᠤ ᠤᠷᠤᠨ ᠤ ᠬᠢᠯᠢ ᠬᠢᠵᠠᠭᠠᠷ ᠤᠨ ᠠᠵᠤ | ᠠᠬᠤᠢ ᠶᠢᠨ ᠪᠦᠰᠡ ᠶᠢᠨ ᠴᠢᠬᠤᠯᠠ ᠨᠡᠮᠡᠭᠳᠡᠯ ᠤᠨ ᠲᠤᠶᠢᠯ᠂ ᠤᠨᠴᠠᠯᠢᠭ ᠳᠣᠳᠣ ᠤᠳᠣᠬᠢᠴᠢᠯᠠᠭᠰᠠᠨ ᠬᠢᠯᠢ ᠶᠢᠨ | ᠪᠤᠭᠤᠮᠲᠠ ᠬᠤᠲᠠ᠂ ᠠᠷᠠᠳ ᠨᠢ ᠪᠠᠶᠠᠨ ᠬᠢᠯᠢ ᠨᠢ ᠠᠮᠤᠭᠤᠯᠠᠩ ᠬᠦᠷᠰᠢ ᠲᠠᠢ ᠪᠠᠨ ᠨᠠᠶᠢᠷᠰᠠᠭ ᠵᠢᠱᠢᠶᠡᠴᠢ ᠪᠤᠭᠤᠮᠲᠠ | ᠶᠢ ᠲᠦᠷᠭᠡᠨ ᠪᠠᠶᠢᠭᠤᠯᠵᠤ᠂ ᠤᠯᠤᠰ ᠤᠨ ᠭᠤᠤᠯᠳᠠᠯᠭ᠎ᠠ ᠲᠠᠢ ᠨᠡᠭᠡᠭᠡᠯᠳᠡ ᠬᠦᠭᠵᠢᠭᠦᠯᠦᠯᠳᠡ ᠶᠢᠨ ᠲᠤᠷᠰᠢᠯᠳᠡ ᠶᠢᠨ | ᠲᠤᠭᠤᠷᠢᠭ ᠤᠨ ᠪᠦᠲᠦᠭᠡᠨ ᠪᠠᠶᠢᠭᠤᠯᠣᠯᠳᠡ ᠶᠢᠨ ᠰᠢᠨ᠎ᠡ ᠪᠠᠶᠢᠳᠠᠯ ᠢ ᠬᠦᠴᠦᠯᠡᠨ ᠡᠭᠦᠳᠦᠨ᠎ᠡ᠃ | ᠭᠤᠤᠯ ᠵᠢᠱᠢᠭᠰᠡᠨ ᠬᠠᠷᠠᠯᠳᠡ ᠪᠤᠯ᠄ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 115 | ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠭᠦᠯᠦᠨ᠎ᠡ︔ | ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 5.72 ᠳ᠋ᠦᠩᠰᠢᠭᠤᠷ ᠲᠦᠭᠦᠷᠢᠭ ᠲᠤ | ᠭᠦᠷᠭᠡᠵᠤ᠂ 10% ᠪᠠᠷ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠡᠯᠡ | ᠤᠷᠤᠭᠤᠯᠤᠯᠳᠡ 60 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ 54.7% ᠪᠠᠷ ᠨᠡᠮᠡᠭᠳᠡᠭᠦᠯᠦᠨ᠎ᠡ︔ ᠨᠡᠶᠢᠭᠡᠮ ᠤᠨ | ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠣᠬᠤ ᠶᠡᠷᠦᠩᠬᠡᠢ ᠲᠤᠭ᠎ᠠ ᠶᠢ 33 ᠳ᠋ᠦᠩᠰᠢᠭᠤᠷ ᠲᠦᠭᠦᠷᠢᠭ ᠲᠤ | ᠬᠦᠷᠭᠡᠵᠤ᠂ 10% ᠪᠠᠷ ᠨᠡᠮᠡᠭᠳᠡᠭᠦᠯᠦᠨ᠎ᠡ︔ ᠬᠢᠯᠢ ᠪᠠᠷ ᠤᠷᠤᠭᠤᠯᠵᠤ ᠭᠠᠷᠭᠠᠬᠤ ᠪᠠᠷᠠᠭ᠎ᠠ ᠲᠡᠭᠡᠭᠡᠪᠦᠷᠢ ᠶᠢᠨ | ᠬᠡᠮᠵᠢᠶ᠎ᠡ ᠶᠢ 1500 ᠲᠦᠮᠡᠨ ᠲᠤᠨ ᠭᠦᠷᠭᠡᠵᠤ᠂ 7% ᠪᠠᠷ ᠨᠡᠮᠡᠭᠳᠡᠭᠦᠯᠦᠨ᠎ᠡ︔ ᠪᠦᠬᠦ ᠰᠠᠭᠤᠭᠠᠯᠢ ᠠᠷᠠᠳ ᠤᠨ | ᠬᠦᠮᠦᠨ ᠪᠦᠷᠢ ᠶᠢᠨ ᠡᠵᠡᠮᠳᠠᠵᠤ ᠪᠤᠯᠬᠤ ᠳᠤᠮᠳᠠᠴᠢ ᠤᠷᠤᠯᠭ᠎ᠠ ᠶᠢ 41480 ᠲᠦᠭᠦᠷᠢᠭ ᠲᠤ ᠬᠦᠷᠭᠡᠵᠤ᠂ 8 % | ᠪᠠᠷ ᠨᠡᠮᠡᠭᠳᠡᠭᠦᠯᠦᠨ᠎ᠡ᠃ | ᠳᠡᠭᠡᠷ᠎ᠡ ᠵᠢᠱᠢᠭᠰᠡᠨ ᠬᠠᠷᠠᠯᠳᠡ ᠪᠠᠨ ᠪᠡᠶᠡᠯᠡᠭᠦᠯᠬᠦ ᠶᠢᠨ ᠲᠦᠯᠦᠭᠡ᠂ ᠳᠣᠣᠷᠠᠬᠢ ᠬᠡᠳᠣᠨ ᠭᠤᠤᠯᠳᠠᠯᠭ᠎ᠠ ᠲᠠᠢ | ᠠᠵᠢᠯ ᠢ ᠰᠠᠶᠢᠳᠣᠷ ᠬᠢᠬᠦ ᠬᠡᠷᠡᠭᠲᠡᠢ᠄ | ︵ᠨᠢᠭᠡ︶ ᠤᠯᠤᠰ ᠤᠨ ᠰᠢᠨ᠎ᠡ ᠨᠢᠭᠡ ᠡᠷᠬᠢᠯᠳᠡ ᠶᠢᠨ ᠦᠭᠡᠷᠡᠴᠢᠯᠡᠯᠳᠡ ᠬᠦᠭᠵᠢᠭᠦᠯᠦᠯᠳᠡ ᠶᠢᠨ ᠰᠢᠨ᠎ᠡ | ᠲᠤᠬᠢᠶᠠᠯ ᠢ ᠠᠳᠬᠤᠵᠤ᠂ ᠲᠤᠷᠰᠢᠯᠳᠡ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠳᠡ ᠶᠢᠨ ᠠᠯᠬᠤᠴᠠ ᠪᠠᠨ | ᠤᠯᠠᠮ ᠨᠢᠭᠡ ᠠᠯᠬᠤᠮ ᠲᠦᠷᠭᠡᠳᠭᠡᠨ᠎ᠡ᠃ | ᠲᠦᠷᠦ ᠶᠢᠨ ᠪᠣᠳᠣᠯᠭ᠎ᠠ ᠶᠢᠨ ᠲᠤᠭᠲᠠᠯᠴᠠᠭᠠᠨ ᠤ ᠪᠦᠲᠦᠭᠡᠨ ᠪᠠᠶᠢᠭᠤᠯᠤᠯᠳᠡ ᠶᠢ ᠲᠦᠷᠭᠡᠳᠭᠡᠨ᠎ᠡ᠃ | ᠲᠤᠷᠰᠢᠯᠳᠡ ᠶᠢᠨ ᠲᠤᠭᠤᠷᠢᠭ ᠤᠨ ᠶᠡᠷᠦᠩᠬᠡᠢ ᠲᠦᠯᠦᠪᠵᠢᠭᠦᠯᠭᠡ ᠶᠢᠨ ᠵᠦᠪᠰᠢᠶᠡᠷᠡᠯ ᠤᠯᠵᠤ ᠵᠤᠬᠢᠶᠠᠨ | ᠪᠠᠶᠢᠭᠤᠯᠤᠭᠳᠠᠨ ᠬᠡᠷᠡᠭᠵᠢᠭᠦᠯᠦᠭᠳᠡᠭᠦ ᠶᠢ ᠲᠦᠯᠬᠢᠨ ᠠᠬᠢᠭᠤᠯᠤᠨ᠎ᠠ᠃ ᠤᠯᠤᠰ ᠤᠨ ᠳᠡᠰ ᠠᠴᠠ ᠲᠤᠭᠲᠠᠭᠠᠭᠰᠠᠨ | ᠲᠤᠷᠰᠢᠯᠳᠡ ᠶᠢᠨ ᠲᠤᠭᠤᠷᠢᠭ ᠤᠨ ᠬᠦᠭᠵᠢᠯᠳᠡ ᠶᠢ ᠳᠡᠮᠵᠢᠬᠦ ᠪᠦᠬᠦᠨ ᠢ ᠬᠠᠮᠤᠷᠤᠭᠰᠠᠨ ᠲᠦᠷᠦ ᠶᠢᠨ ᠪᠤᠳᠣᠯᠭ᠎ᠠ ᠂ | ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠢᠩᠬᠢᠮ ᠲᠤᠪᠴᠢᠶ᠎ᠠ᠂ ᠰᠢᠯᠢ ᠶᠢᠨ ᠭᠤᠤᠯ ᠠᠶᠢᠮᠠᠭ ᠠᠴᠠ | ᠲᠤᠭᠲᠠᠭᠠᠭᠰᠠᠨ ᠲᠤᠷᠰᠢᠯᠳᠡ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠳᠡ ᠶᠢ ᠳᠡᠮᠵᠢᠬᠦ ᠪᠣᠳᠠᠳᠠᠢ ᠠᠷᠭ᠎ᠠ | ᠬᠡᠮᠵᠢᠶ᠎ᠡ ᠶᠢ ᠬᠦᠭᠡᠭᠡᠴᠡᠯᠳᠦᠨ᠎ᠡ᠃ ︽ᠭᠤᠷᠪᠠᠨ ᠬᠠᠷᠢᠯᠴᠠᠨ︾ ᠶᠡᠭᠡ ᠨᠡᠪᠲᠡᠷᠡᠯᠳᠡ ᠶᠢᠨ ᠦᠭᠡᠷᠡᠴᠢᠯᠡᠯᠳᠡ ᠶᠢ | ᠦᠷᠭᠦᠯᠵᠢᠯᠡᠨ ᠲᠦᠯᠬᠢᠨ ᠠᠬᠢᠭᠤᠯᠵᠤ᠂ ᠬᠢᠯᠢ ᠶᠢᠨ ᠬᠠᠮᠠᠭᠠᠯᠠᠯᠳᠡ ᠶᠢᠨ ᠪᠠᠶᠢᠴᠠᠭᠠᠬᠤ ᠦᠷᠳᠡᠭᠡ ᠶᠢ ᠵᠤᠷᠴᠢᠭᠴᠢᠳ | ᠤᠨ ᠬᠢᠯᠢ ᠪᠠᠷ ᠭᠠᠷᠬᠤ ᠶᠢ ᠬᠤᠯᠪᠣᠭᠠᠯᠠᠨ ᠪᠠᠶᠢᠴᠠᠭᠠᠬᠤ ᠪᠠᠶᠢᠭᠤᠯᠤᠮᠵᠢ ᠳᠤ ᠤᠷᠤᠭᠤᠯᠵᠤ᠂ ᠠᠴᠢᠶ᠎ᠠ ᠲᠡᠭᠡᠭᠡᠪᠦᠷᠢ᠂ | ᠵᠢᠵᠢᠭ ᠮᠠᠰᠢᠨ ᠨᠡᠪᠲᠡᠷᠡᠬᠦ ᠵᠠᠮ ︽ᠭᠤᠷᠪᠠᠨ ᠬᠠᠷᠢᠯᠴᠠᠨ︾ ᠶᠡᠭᠡ ᠨᠡᠪᠲᠡᠷᠡᠯᠳᠡ ᠶᠢᠨ ᠦᠭᠡᠷᠡᠴᠢᠯᠡᠯᠳᠡ ᠶᠢᠨ | ᠬᠤᠶᠠᠳᠤᠭᠠᠷ ᠱᠠᠲᠤᠨ ᠤ ᠲᠤᠷᠰᠢᠯᠳᠡ ᠶᠢᠨ ᠴᠡᠭ ᠤᠨ ᠲᠦᠷᠦᠯ ᠵᠦᠢᠯ ᠢ ᠳᠠᠭᠤᠰᠬᠠᠨ᠎ᠠ᠃ ᠳᠣᠮᠳᠠᠳᠣ ᠮᠤᠩᠭᠤᠯ ᠤᠨ | ᠪᠤᠭᠤᠮᠳᠠ ᠶᠢᠨ ᠬᠤᠯᠪᠤᠭᠠᠯᠠᠨ ᠬᠢᠨᠠᠨ ᠬᠠᠮᠢᠶᠠᠷᠬᠤ ᠲᠤᠷᠰᠢᠯᠳᠡ ᠶᠢᠨ ᠴᠡᠭ ᠢ ᠲᠦᠯᠬᠢᠨ ᠠᠬᠢᠭᠤᠯᠤᠨ᠎ᠠ᠃ ︽ᠡᠷᠭᠡ | ᠪᠠᠨ ᠦᠷᠭᠡᠵᠢᠭᠦᠯᠵᠤ ᠰᠢᠶᠠᠨ ᠢᠶᠠᠨ ᠬᠦᠴᠦᠷᠭᠡᠵᠢᠭᠦᠯᠬᠦ︾ ᠠᠯᠢᠪᠡ ᠦᠭᠡᠷᠡᠴᠢᠯᠡᠯᠳᠡ ᠶᠢᠨ ᠲᠦᠷᠦᠯ ᠵᠦᠢᠯ ᠤᠨ ᠵᠢᠯ | ᠤᠨ ᠳᠣᠳᠣᠷ᠎ᠠ ᠪᠦᠬᠦᠨ ᠢᠶᠠᠷ ᠢᠶᠠᠨ ᠤᠷᠤᠨ ᠳᠠᠭᠠᠨ ᠤᠷᠤᠵᠤ ᠨᠠᠶᠢᠳᠠᠪᠤᠷᠢᠵᠢᠭᠤᠯᠤᠭᠳᠠᠬᠤ ᠶᠢ ᠴᠢᠷᠮᠠᠶᠢᠨ | ᠬᠦᠭᠡᠭᠡᠴᠡᠯᠳᠦᠨ᠂ ᠦᠪᠡᠷᠳᠡᠭᠡᠨ ᠵᠠᠰᠠᠬᠤ ᠤᠷᠤᠨ ᠤ ᠰᠢᠨ᠎ᠡ ᠨᠢᠭᠡ ᠡᠷᠬᠢᠯᠳᠡ ᠶᠢᠨ ᠡᠷᠭᠡ ᠮᠡᠳᠡᠯ ᠢ ᠳᠤᠷᠤᠭᠰᠢ | ᠲᠠᠯᠪᠢᠬᠤ ᠠᠵᠢᠯ ᠢ ᠲᠦᠯᠬᠢᠨᠠ᠃ ᠬᠢᠯᠢ ᠠᠯᠭᠠᠰᠠᠭᠰᠠᠨ ᠠᠷᠠᠯᠵᠢᠶ᠎ᠠ ᠬᠤᠳᠠᠯᠳᠤᠭ᠎ᠠ ᠪᠤᠯᠤᠨ ᠠᠷᠠᠳ ᠤᠨ ᠲᠦᠭᠦᠷᠢᠭ | ᠢᠶᠠᠷ ᠳ᠋ᠦᠩᠨᠠᠨ ᠪᠤᠳᠣᠬᠤ ᠠᠵᠢᠯ ᠤᠨ ᠳᠠᠷᠠᠭᠠᠯᠠᠯ ᠢ ᠬᠢᠯᠪᠠᠷᠴᠢᠯᠠᠵᠤ᠂ ᠮᠤᠩᠭᠤᠯ ᠳᠤ ᠬᠠᠨᠳᠣᠭᠰᠠᠨ ᠠᠷᠠᠳ ᠤᠨ | ᠲᠦᠭᠦᠷᠢᠭ ᠢᠶᠠᠷ ᠲᠤᠭᠠᠴᠠᠭᠠᠯᠠᠬᠤ ᠲᠦᠪ ᠪᠣᠯᠣᠨ ᠪᠡᠯᠡᠨ ᠮᠦᠩᠬᠦ ᠰᠢᠯᠵᠢᠭᠦᠯᠦᠨ ᠵᠦᠭᠡᠭᠡᠪᠦᠷᠢᠯᠡᠬᠦ ᠲᠦᠪ ᠢ | ᠪᠦᠲᠦᠭᠡᠨ ᠪᠠᠶᠢᠭᠤᠯᠬᠤ ᠶᠢ ᠡᠷᠢᠯᠬᠢᠯᠡᠨ᠎ᠡ᠃ | ᠬᠤᠰᠢᠭᠤᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠳᠡ ᠶᠢ ᠲᠦᠯᠬᠢᠨᠠ᠃ ︽ᠬᠢᠯᠢ ᠠᠯᠭᠠᠰᠠᠭᠰᠠᠨ | ᠲᠤᠭᠤᠷᠢᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠡ ᠶᠢᠨ ᠤᠨ︾ ᠤ ᠠᠵᠢᠯ ᠢ ᠬᠦᠨᠵᠡᠭᠡᠢ ᠲᠦᠯᠬᠢᠨ | ᠠᠬᠢᠭᠤᠯᠵᠤ᠂ ᠬᠢᠯᠢ ᠠᠯᠭᠠᠰᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠲᠤᠭᠤᠷᠢᠭ ᠤᠨ ᠡᠵᠡᠮᠰᠢᠯ ᠤᠨ | ᠴᠢᠨᠠᠷᠲᠠᠢ᠂ ᠪᠠᠶᠢᠭᠤᠯᠤᠯᠳᠡ ᠶᠢᠨ ᠴᠢᠨᠠᠷᠲᠠᠢ ᠨᠠᠷᠢᠪᠴᠢᠯᠠᠭᠰᠠᠨ ᠲᠦᠯᠦᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ | ᠵᠢᠯ ᠤᠨ ᠳᠣᠳᠣᠷ᠎ᠠ ︽ᠬᠠᠮᠲᠤ ᠶᠢᠨ ᠶᠡᠷᠦᠩᠬᠡᠶᠢᠯᠡᠭᠰᠡᠨ ᠲᠦᠰᠦᠯ︾ ᠳᠤ ᠭᠠᠷ ᠤᠨ ᠦᠰᠦᠭ ᠵᠢᠷᠤᠬᠤ ᠶᠢ | ᠬᠦᠭᠡᠭᠡᠴᠡᠯᠳᠦᠨ᠎ᠡ᠃ ᠬᠢᠯᠢ ᠠᠯᠭᠠᠰᠠᠭᠰᠠᠨ ᠲᠤᠭᠤᠷᠢᠭ ᠤᠨ ᠬᠢᠯᠢ ᠶᠢᠨ ᠬᠠᠮᠠᠭᠠᠯᠠᠯᠳᠡ ᠶᠢᠨ ᠲᠦᠭᠦᠭᠡᠷᠦᠮᠵᠢ ᠶᠢ | ᠨᠡᠭᠦᠯᠭᠡᠨ ᠪᠠᠷᠢᠬᠤ ᠪᠠᠷᠢᠯᠭ᠎ᠠ ᠶᠢᠨ ᠠᠵᠢᠯ ᠤᠨ ᠰᠢᠯᠭᠠᠨ ᠵᠦᠪᠰᠢᠶᠡᠷᠡᠯᠳᠡ ᠶᠢ ᠲᠦᠯᠬᠢᠵᠤ᠂ ᠤᠯᠤᠰ ᠠᠴᠠ | ᠵᠦᠪᠰᠢᠶᠡᠷᠡᠨ ᠬᠡᠷᠡᠭᠵᠢᠭᠦᠯᠬᠦ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠡ ᠶᠢ ᠬᠦᠭᠡᠭᠡᠴᠡᠯᠳᠦᠨ᠎ᠡ᠃ | ᠵᠠᠰᠠᠭ ᠤᠨ ᠤᠷᠳᠣᠨ ᠪᠡᠯᠡ ᠮᠦᠩᠬᠦ ᠤᠷᠤᠭᠤᠯᠬᠤ᠂ ᠨᠡᠶᠢᠭᠡᠮ ᠤᠨ ᠬᠢᠨ ᠤᠷᠤᠯᠴᠠᠬᠤ ᠵᠡᠷᠭᠡ ᠠᠷᠭ᠎ᠠ ᠬᠡᠯᠪᠡᠷᠢ ᠶᠢ | ᠠᠪᠴᠤ ᠤᠷᠤᠭᠤᠯᠤᠯᠳᠡ ᠪᠠᠨ ᠶᠡᠭᠡᠰᠭᠡᠵᠤ᠂ ᠬᠢᠯᠢ ᠠᠯᠭᠠᠰᠠᠭᠰᠠᠨ ᠲᠤᠭᠤᠷᠢᠭ ᠤᠨ ᠲᠦᠪ ᠲᠤᠭᠤᠷᠢᠭ ᠤᠨ 3 | km2 ᠤᠨ ᠰᠠᠭᠤᠷᠢ ᠲᠦᠭᠦᠭᠡᠷᠦᠮᠵᠢ ᠵᠢᠴᠢ ᠶᠡᠷᠦᠩᠬᠡᠶᠢᠯᠡᠭᠰᠡᠨ ᠪᠠᠶᠢᠴᠠᠭᠠᠨ ᠰᠢᠯᠭᠠᠬᠤ ᠲᠦᠪ ᠵᠡᠷᠭᠡ ᠲᠦᠷᠦᠯ | ᠵᠦᠢᠯ ᠤᠨ ᠪᠦᠲᠦᠭᠡᠨ ᠪᠠᠶᠢᠭᠤᠯᠤᠯᠳᠡ ᠶᠢ ᠡᠬᠢᠯᠡᠭᠦᠯᠵᠤ᠂ ᠳᠣᠮᠳᠠᠳᠣ ᠮᠤᠩᠭᠤᠯ ᠬᠤᠶᠠᠷ ᠲᠠᠯ᠎ᠠ ᠶᠢᠨ ᠬᠢᠯᠢ | ᠠᠯᠭᠠᠰᠠᠭᠰᠠᠨ ᠲᠤᠭᠤᠷᠢᠭ ᠤᠨ ᠬᠤᠳᠠᠯᠳᠣᠭᠠᠴᠢᠨ ᠤᠷᠢᠬᠤ ᠠᠵᠢᠯ ᠢ ᠬᠠᠮᠲᠤ ᠳᠤᠨᠢ ᠰᠠᠶᠢᠳᠤᠷ ᠬᠢᠨ᠎ᠡ᠃ ︽ᠬᠢᠯᠢ | ᠶᠢᠨ ᠢᠷᠭᠡᠳ ᠤᠨ ᠠᠷᠠᠯᠵᠢᠶᠠᠨ ᠤ ᠲᠤᠭᠤᠷᠢᠭ ᠤᠨ ᠬᠠᠮᠢᠶᠠᠷᠤᠯᠳᠡ ᠶᠢᠨ ᠠᠷᠭ᠎ᠠ ᠬᠡᠮᠵᠢᠶ᠎ᠡ︾ ᠶᠢᠨ ᠲᠦᠷᠭᠡᠭᠡᠨ | ᠵᠦᠪᠰᠢᠶᠡᠷᠡᠯ ᠤᠯᠬᠤ ᠶᠢ ᠬᠦᠭᠡᠭᠡᠴᠡᠯᠳᠦᠨ᠂ ᠬᠢᠯᠢ ᠶᠢᠨ ᠢᠷᠭᠡᠳ ᠤᠨ ᠠᠷᠠᠯᠵᠢᠶᠠᠨ ᠤ ᠲᠤᠭᠤᠷᠢᠭ ᠤᠨ ᠡᠬᠢᠨ ᠤ | ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠦᠨ ᠠᠵᠢᠯᠯᠠᠭᠠᠯᠵᠤ᠂ ᠬᠤᠶᠠᠳᠠᠭᠴᠢ ᠬᠤᠭᠤᠴᠠᠭᠠᠨ ᠤ ᠪᠦᠲᠦᠭᠡᠨ | ᠪᠠᠶᠢᠭᠤᠯᠤᠯᠳᠡ ᠶᠢ ᠡᠮᠬᠢ ᠳᠠᠷᠠᠭ᠎ᠠ ᠲᠠᠢ ᠲᠦᠯᠬᠢᠨᠠ᠃ ᠦᠪᠡᠷᠲᠡᠭᠡᠨ ᠵᠠᠰᠠᠬᠤ ᠤᠷᠤᠨ ᠤ ᠳᠡᠰ ᠤᠨ ᠠᠷᠠᠯᠵᠢᠶᠠᠨ ᠤ | ᠲᠤᠭᠤᠷᠢᠭ ᠤᠨ ᠨᠡᠷ᠎ᠡ ᠳᠡᠮᠳᠡᠭ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠣᠮᠳᠠᠳᠣ ᠮᠤᠩᠭᠤᠯ ᠤᠨ ᠠᠵᠤ | ᠠᠬᠤᠶᠢᠯᠠᠯ᠂ ᠬᠤᠳᠠᠯᠳᠣᠭᠠᠴᠢᠳ ᠤᠨ ᠤᠷᠤᠵᠤ ᠢᠷᠡᠬᠦ ᠶᠢ ᠳᠠᠳᠠᠵᠤ᠂ ᠪᠤᠭᠤᠮᠳᠠ ᠶᠢᠨ ᠬᠤᠳᠠᠯᠳᠣᠭᠠᠨ ᠤ ᠵᠠᠬ᠎ᠠ ᠶᠢ | ᠪᠠᠳᠠᠷᠠᠨ ᠬᠦᠭᠵᠢᠭᠦᠯᠦᠨ᠎ᠡ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠱᠤᠭᠤᠮ ᠢ ᠰᠢᠭᠤᠷᠬᠠᠢ ᠪᠤᠯᠭᠠᠨ᠎ᠠ᠃ ᠡᠷᠢᠶᠡᠨ ᠮᠠᠨᠳᠠᠯᠳᠣ ᠱᠤᠭᠤᠮ᠂ | ᠮᠤᠵᠢ ᠶᠢᠨ ᠳᠡᠰ ᠤᠨ ᠵᠠᠮ ᠤᠨ 312 ᠱᠤᠭᠤᠮ ᠤᠨ ᠡᠷᠢᠶᠡᠨ ᠤ ᠬᠡᠰᠡᠭ᠂ ᠤᠯᠤᠰ ᠤᠨ ᠳᠡᠰ ᠤᠨ ᠵᠠᠮ ᠤᠨ 331 | ᠱᠤᠭᠤᠮ ᠬᠢᠬᠡᠳ ᠮᠤᠵᠢ ᠶᠢᠨ ᠳᠡᠰ ᠤᠨ ᠵᠠᠮ ᠤᠨ 312 ᠱᠤᠭᠤᠮ ᠤᠨ ᠬᠦᠨᠳᠣ ᠠᠴᠢᠶᠠᠯᠠᠯ ᠤᠨ ᠬᠤᠯᠪᠤᠭᠠᠰᠤ | ᠵᠠᠰᠠᠮᠠᠯ ᠵᠠᠮ ᠤᠨ ᠪᠠᠷᠢᠯᠭ᠎ᠠ ᠶᠢ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠪᠦᠬᠦ ᠬᠦᠴᠦ ᠪᠠᠷ ᠲᠦᠯᠬᠢᠨ ᠠᠬᠢᠭᠤᠯᠵᠤ᠂ | ᠡᠷᠢᠶᠡᠨ ᠭᠤᠸᠠᠩᠵᠸᠤ ᠱᠤᠭᠤᠮ ᠤᠨ ᠡᠷᠢᠶᠡᠨ ᠠᠴᠠ ᠰᠠᠶᠢᠬᠠᠨᠳᠠᠯ᠎ᠠ ᠬᠦᠷᠬᠦ ᠲᠦᠷᠭᠡᠨ ᠬᠤᠷᠳᠣᠴᠠᠲᠤ ᠵᠠᠰᠠᠮᠠᠯ ᠵᠠᠮ | ᠤᠨ ᠲᠦᠷᠦᠯ ᠵᠦᠢᠯ ᠢ ᠡᠬᠢᠯᠡᠭᠦᠯᠬᠦ ᠪᠠᠷ ᠴᠢᠷᠮᠠᠶᠢᠨ᠎ᠠ᠃ ᠵᠢᠨᠢᠩ ᠡᠷᠢᠶᠡᠨ ᠱᠤᠭᠤᠮ ᠤᠨ ᠲᠡᠮᠦᠷ ᠵᠠᠮ ᠢ ᠦᠭᠡᠷᠡᠴᠢᠯᠡᠨ | ᠰᠠᠶᠢᠵᠢᠷᠠᠭᠤᠯᠬᠤ ᠲᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠢᠳᠡᠪᠬᠢᠲᠠᠢ ᠲᠦᠯᠬᠢᠵᠤ᠂ ᠲᠡᠮᠦᠷ ᠵᠠᠮ | ᠤᠨ ᠦᠷᠲᠡᠭᠡ ᠶᠢ ᠦᠷᠭᠡᠳᠭᠡᠨ ᠰᠠᠶᠢᠵᠢᠷᠠᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠬᠦ ᠪᠠᠷ | ᠴᠢᠷᠮᠠᠶᠢᠨ᠎ᠠ᠃ ᠨᠢᠰᠭᠡᠯ ᠤᠨ ᠪᠠᠭᠤᠳᠠᠯ ᠢ ᠦᠷᠭᠡᠳᠭᠡᠨ ᠵᠠᠰᠠᠬᠤ ᠪᠠᠷᠢᠯᠭ᠎ᠠ ᠶᠢᠨ ᠰᠢᠯᠭᠠᠨ ᠪᠠᠶᠢᠴᠠᠭᠠᠯᠳᠡ ᠶᠢ | ᠦᠩᠭᠡᠷᠡᠭᠦᠯᠬᠦ ᠶᠢ ᠲᠦᠯᠬᠢᠨ ᠠᠬᠢᠭᠤᠯᠵᠤ᠂ ᠤᠯᠠᠨ ᠤᠯᠤᠰ ᠤᠨ ᠠᠭᠠᠷ ᠤᠨ ᠠᠶᠠᠯᠠᠯ ᠤᠨ ᠪᠤᠭᠤᠮᠲᠠ ᠶᠢ | ᠪᠠᠶᠢᠭᠤᠯᠬᠤ ᠪᠠᠷ ᠴᠢᠷᠮᠠᠶᠢᠨ᠎ᠠ᠃ ᠨᠢᠰᠭᠡᠯ ᠤᠨ ᠪᠠᠭᠤᠳᠠᠯ ᠤᠨ ᠬᠠᠮᠢᠶᠠᠷᠤᠯᠳᠡ ᠶᠢᠨ ᠲᠤᠭᠲᠠᠯᠴᠠᠭ᠎ᠠ ᠶᠢ ᠤᠯᠠᠮ ᠨᠢᠭᠡ | ᠠᠯᠬᠤᠮ ᠰᠢᠯᠤᠭᠤᠳᠬᠠᠵᠤ᠂ ᠨᠢᠰᠭᠡᠯ ᠤᠨ ᠪᠠᠭᠤᠳᠠᠯ ᠤᠨ ᠲᠡᠭᠡᠭᠡᠪᠦᠷᠢᠯᠡᠯᠳᠡ ᠡᠵᠡᠩᠨᠡᠯᠳᠡ ᠪᠣᠯᠣᠨ ᠨᠦᠭᠦᠪᠦᠷᠢ ᠶᠢ | ᠲᠦᠷᠢᠮᠵᠢᠭᠦᠯᠦᠨ᠂ ᠨᠢᠰᠭᠡᠯ ᠤᠨ ᠪᠠᠭᠤᠳᠠᠯ ᠤᠨ ᠠᠵᠢᠯᠯᠠᠭᠠᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠵᠠᠰᠠᠮᠠᠯ | ᠵᠠᠮ ᠤᠨ ᠪᠤᠭᠤᠮᠲᠠ ᠶᠢᠨ ᠠᠶᠠᠨᠴᠢᠳ ᠤᠨ ᠦᠪᠡᠷᠲᠡᠭᠡᠨ ᠬᠢᠯᠢ ᠨᠡᠪᠲᠡᠷᠡᠬᠦ ᠲᠦᠷᠦᠯ ᠵᠦᠢᠯ ᠤᠨ ᠪᠦᠲᠦᠭᠡᠨ | ᠪᠠᠶᠢᠭᠤᠯᠤᠯᠳᠡ ᠶᠢ ᠳᠠᠭᠤᠰᠬᠠᠨ᠂ ᠵᠠᠰᠠᠮᠠᠯ ᠵᠠᠮ ᠤᠨ ᠪᠤᠭᠤᠮᠲᠠ ᠶᠢᠨ ᠪᠠᠷᠠᠭ᠎ᠠ ᠲᠡᠭᠡᠭᠡᠪᠦᠷᠢ ᠪᠤᠯᠤᠨ ᠠᠶᠠᠨᠴᠢᠳ ᠤᠨ | ᠮᠠᠰᠢᠨ ᠤ ᠨᠡᠪᠲᠡᠷᠡᠯᠳᠡ ᠶᠢᠨ ᠪᠤᠭᠤᠮᠲᠠ ᠶᠢᠨ ᠦᠪᠡᠷᠲᠡᠭᠡᠨ ᠬᠢᠨᠠᠨ ᠰᠢᠯᠭᠠᠬᠤ ᠰᠢᠰᠲ᠋ᠧᠮ ᠢ ᠡᠬᠢᠯᠡᠭᠦᠯᠦᠨ | ᠠᠵᠢᠯᠯᠠᠭᠤᠯᠵᠤ᠂ ᠪᠤᠭᠤᠮᠲᠠ ᠶᠢᠨ ᠨᠡᠪᠲᠡᠷᠡᠯᠳᠡ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠭᠠᠳᠠᠭᠠᠳᠣ ᠨᠡᠭᠡᠭᠡᠯᠳᠡ ᠶᠢᠨ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠦᠨ᠎ᠡ᠃ ᠮᠤᠩᠭᠤᠯ ᠤᠷᠤᠰ ᠤᠨ | ᠬᠠᠮᠢᠶ᠎ᠠ ᠪᠦᠬᠦᠢ ᠭᠠᠵᠠᠷ ᠤᠷᠤᠨ ᠲᠠᠢ ᠬᠠᠮᠲᠤᠷᠠᠨ ᠠᠵᠢᠯᠯᠠᠬᠤ ᠪᠠ ᠠᠭᠤᠯᠵᠠᠯᠳᠡ ᠬᠢᠬᠦ ᠲᠤᠭᠲᠠᠯᠴᠠᠭ᠎ᠠ ᠪᠠᠨ | ᠦᠷᠭᠦᠯᠵᠢᠯᠡᠨ ᠲᠡᠭᠦᠯᠳᠡᠷᠵᠢᠭᠦᠯᠵᠤ᠂ ᠠᠯᠪᠠᠨ ᠶᠤᠰᠤᠨ ᠤ ᠪᠤᠯᠤᠨ ᠢᠷᠭᠡᠳ ᠤᠨ ᠬᠤᠭᠤᠷᠤᠨᠳᠣᠬᠢ ᠬᠠᠷᠢᠯᠴᠠᠨ | ᠠᠶᠢᠯᠴᠢᠯᠠᠬᠤ ᠪᠠᠨ ᠴᠢᠩᠭᠠᠳᠬᠠᠵᠤ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠮᠦᠩᠬᠦᠨ | ᠭᠦᠢᠯᠭᠡᠭᠡᠨ ᠤ ᠬᠠᠮᠲᠤᠷᠠᠯᠴᠠᠭ᠎ᠠ ᠰᠢᠨ᠎ᠠ ᠠᠯᠬᠤᠮ ᠠᠬᠢᠬᠤ ᠶᠢ ᠲᠦᠯᠬᠢᠨ᠎ᠡ᠃ ᠨᠠᠢᠮᠠᠳᠤᠭᠠᠷ ᠬᠤᠭᠤᠴᠠᠭᠠᠨ ᠤ ︽ | ᠡᠷᠢᠶᠡᠨ ᠬᠤᠲᠠ ᠴᠢᠭᠤᠯᠭ᠎ᠠ ᠠᠭᠤᠯᠵᠠᠯᠳᠡ︾ ᠶᠢ ᠰᠠᠶᠢᠳᠤᠷ ᠵᠤᠬᠢᠶᠠᠨ ᠪᠠᠶᠢᠭᠤᠯᠵᠤ᠂ ᠤᠯᠤᠰ ᠤᠨ ᠳᠡᠰ ᠤᠨ | ᠦᠵᠡᠭᠦᠯᠭᠡ ᠶᠢᠨ ᠬᠤᠷᠠᠯ ᠪᠤᠯᠭᠠᠨ ᠳᠡᠰ ᠳᠡᠪᠰᠢᠭᠦᠯᠬᠦ ᠶᠢ ᠬᠦᠭᠡᠭᠡᠴᠡᠯᠳᠦᠨ᠎ᠡ᠃ ᠤᠯᠠᠨ ᠤᠯᠤᠰ ᠤᠨ ᠬᠤᠷᠠᠯ | ᠦᠵᠡᠰᠭᠦᠯᠡᠩ ᠤᠨ ᠲᠦᠪ ᠢ ᠪᠠᠷᠢᠵᠤ ᠳᠠᠭᠤᠰᠬᠠᠨ᠎ᠠ᠃ ︽ᠭᠠᠷᠴᠤ ᠶᠠᠪᠤᠬᠤ︾ ᠪᠠᠶᠢᠯᠳᠣᠬᠤ ᠪᠤᠳᠣᠯᠭ᠎ᠠ ᠶᠢ | ᠲᠦᠷᠭᠡᠪᠴᠢᠯᠡᠨ ᠬᠡᠷᠡᠭᠵᠢᠭᠦᠯᠵᠣ᠂ ᠣᠯᠣᠰ ᠤᠨ ᠳᠣᠳᠣᠭᠠᠳᠣ ᠶᠢᠨ ᠠᠵᠣ ᠠᠬᠤᠶᠢᠯᠠᠯ ᠤᠨ ᠮᠣᠩᠭᠤᠯ ᠣᠷᠣᠰ ᠲᠤ | ᠬᠦᠷᠴᠤ ᠠᠭᠤᠷᠬᠠᠢ᠂ ᠲᠠᠷᠢᠶᠠᠯᠠᠩ᠂ ᠤᠢ ᠰᠢᠭᠤᠢ ᠶᠢᠨ ᠦᠢᠯᠡᠰ ᠵᠡᠷᠭᠡ ᠬᠦᠷᠢᠶᠡᠨ ᠳᠤ ᠨᠡᠭᠡᠭᠡᠨ ᠠᠰᠢᠭᠯᠠᠯᠳᠡ | ᠬᠠᠮᠲᠤᠷᠠᠯᠴᠠᠭ᠎ᠠ ᠬᠢᠬᠦ ᠶᠢ ᠤᠳᠣᠷᠢᠳᠣᠨ ᠳᠠᠭᠠᠭᠤᠯᠵᠤ᠂ ᠬᠢᠯᠢ ᠪᠠᠷ ᠤᠷᠤᠭᠤᠯᠬᠤ ᠪᠠᠷᠠᠭᠠᠨ ᠤ ᠲᠦᠷᠦᠯ ᠵᠦᠢᠯ | ᠪᠤᠯᠤᠨ ᠬᠡᠪᠴᠢᠶ᠎ᠡ ᠶᠢ ᠤᠯᠠᠮ ᠨᠡᠭᠡ ᠠᠯᠬᠤᠮ ᠲᠤᠭᠲᠠᠭᠤᠨ ᠪᠤᠯᠭᠠᠵᠤ ᠦᠷᠭᠡᠳᠭᠡᠨ᠎ᠡ᠃ ᠮᠤᠩᠭᠤᠯ ᠤᠯᠤᠰ ᠤᠨ | ᠤᠯᠠᠭᠠᠠᠪᠠᠭᠠᠲᠤᠷ ᠲᠤ ᠰᠠᠭᠤᠭ᠎ᠠ ᠲᠦᠯᠦᠭᠡᠯᠡᠭᠴᠢ ᠶᠢᠨ ᠭᠠᠵᠠᠷ ᠤᠨ ᠠᠵᠢᠯ ᠤᠨ ᠬᠦᠴᠦᠨ ᠢ ᠦᠨᠠᠨᠬᠦ ᠴᠢᠩᠭᠠᠳᠬᠠᠵᠤ | ᠂ ᠡᠷᠢᠶᠡᠨ ᠬᠤᠲᠠ ᠶᠢᠨ ᠢᠷᠭᠡᠳ ᠤᠨ ᠭᠠᠳᠠᠭᠠᠳᠣ ᠤᠷᠤᠨ ᠯᠤᠭ᠎ᠠ ᠶᠢᠨ ᠨᠦᠭᠦᠷᠰᠡᠭ ᠨᠡᠶᠢᠭᠡᠮᠯᠢᠭ ᠢ ᠪᠠᠶᠢᠭᠤᠯᠤᠨ᠎ᠠ᠃ | ᠮᠤᠩᠭᠤᠯ ᠤᠷᠤᠰ ᠯᠤᠭ᠎ᠠ ᠶᠢᠨ ᠨᠦᠭᠦᠷᠰᠡᠭ ᠬᠤᠲᠠ ᠶᠢᠨ ᠪᠦᠲᠦᠭᠡᠨ ᠪᠠᠶᠢᠭᠤᠯᠤᠯᠳᠡ ᠪᠠᠨ ᠪᠠᠬᠢᠵᠢᠭᠦᠯᠵᠤ᠂ ᠵᠢᠯ | ᠤᠨ ᠳᠣᠳᠣᠷ᠎ᠠ ᠮᠤᠩᠭᠤᠯ ᠤᠯᠤᠰ ᠤᠨ ᠵᠠᠮ ᠤᠨ ᠡᠭᠦᠳᠡ᠂ ᠤᠷᠤᠰ ᠤᠨ ᠢᠷᠺᠣᠽᠺ ᠵᠸᠤ ᠶᠢᠨ ᠠᠩᠭᠠᠷᠰᠺ ᠬᠤᠲᠠ᠂ | ᠲᠤᠸᠠ ᠪᠦᠭᠦᠳᠡ ᠨᠠᠶᠢᠷᠠᠮᠳᠠᠬᠤ ᠤᠯᠤᠰ ᠤᠨ ᠺᠡᠶᠢᠽᠡᠶᠢᠯ ᠬᠤᠲᠠ ᠲᠠᠢ ᠨᠦᠭᠦᠷᠰᠡᠭ ᠬᠤᠲᠠ ᠶᠢᠨ ᠬᠠᠷᠢᠴᠠᠭ᠎ᠠ | ᠪᠠᠶᠢᠭᠤᠯᠤᠨ᠎ᠠ᠃ ᠮᠤᠩᠭᠤᠯ ᠤᠯᠤᠰ ᠤᠨ ᠳᠤᠷᠤᠨᠠᠭᠤᠪᠢ ᠠᠶᠢᠮᠠᠭ ᠲᠠᠢ ᠬᠠᠮᠲᠤᠷᠠᠨ ᠺᠦᠩᠽᠢ ᠶᠢᠨ ᠬᠢᠴᠢᠶᠡᠯ ᠤᠨ | ᠲᠠᠩᠬᠢᠮ ᠭᠤᠶᠤᠴᠢᠯᠠᠨ ᠪᠠᠶᠢᠭᠤᠯᠬᠤ᠂ ᠤᠯᠠᠭᠠᠠᠪᠠᠭᠠᠲᠤᠷ ᠬᠤᠲᠠ ᠶᠢᠨ ᠤᠯᠤᠰ ᠤᠨ ᠡᠮᠨᠡᠯᠭᠡ ᠶᠢᠨ ᠬᠤᠷᠢᠶ᠎ᠠ ᠲᠠᠢ | ᠨᠦᠭᠦᠷᠰᠡᠭ ᠬᠠᠷᠢᠯᠴᠠᠭ᠎ᠠ ᠪᠠᠶᠢᠭᠤᠯᠬᠤ᠂ ᠮᠤᠩᠭᠤᠯ ᠤᠷᠤᠰ ᠤᠨ ᠳᠡᠭᠡᠲᠤ ᠰᠤᠷᠭᠠᠭᠤᠯᠢ ᠲᠠᠢ ︽2+2︾ ᠪᠤᠯᠤᠨ | ︽3+1︾ ᠬᠤᠯᠪᠤᠭᠠᠯᠠᠭᠰᠠᠨ ᠰᠤᠷᠭᠠᠯᠳᠡ ᠬᠢᠬᠦ ᠵᠡᠷᠭᠡ ᠠᠵᠢᠯ ᠢ ᠰᠠᠶᠢᠳᠣᠷ ᠠᠳᠬᠤᠵᠤ᠂ ᠭᠠᠳᠠᠭᠠᠳᠣ ᠨᠡᠭᠡᠭᠡᠯᠳᠡ | ᠶᠢᠨ ᠬᠦᠷᠢᠶ᠎ᠡ ᠴᠠᠷ ᠢᠶᠠᠨ ᠲᠠᠰᠤᠷᠠᠯᠳᠡ ᠦᠭᠡᠢ ᠦᠷᠭᠡᠳᠭᠡᠨ᠎ᠡ ᠃ | ︵ᠬᠤᠶᠠᠷ︶ ᠤᠨᠴᠠᠯᠢᠭᠲᠤ ᠠᠵᠤ ᠦᠢᠯᠡᠰ ᠤᠨ ᠬᠦᠭᠵᠢᠯᠳᠡ ᠶᠢ ᠲᠦᠯᠬᠢᠵᠤ᠂ ᠠᠵᠤ ᠠᠬᠤᠢ ᠶᠢᠨ | ᠬᠦᠭᠵᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠨᠡᠩ ᠢᠯᠡᠭᠦᠤ ᠴᠢᠬᠤᠯᠠᠴᠢᠯᠠᠨ᠎ᠠ᠃ | ᠤᠯᠠᠨ ᠤᠯᠤᠰ ᠤᠨ ᠬᠤᠳᠠᠯᠳᠤᠭ᠎ᠠ ᠪᠤᠯᠤᠨ ᠪᠠᠷᠠᠭᠠᠨ ᠤ ᠭᠦᠢᠯᠭᠡᠭᠡᠨ ᠤ ᠦᠢᠯᠡᠰ ᠢ ᠲᠤᠪᠤᠶᠢᠯᠭᠠᠵᠤ | ᠠᠳᠬᠤᠨ᠎ᠠ᠃ ︽ᠦᠪᠡᠷ ᠤᠨ ᠦᠷᠲᠡᠭ ᠢ ᠪᠠᠭᠤᠷᠠᠭᠤᠯᠬᠤ︾ ᠱᠠᠭᠠᠷᠳᠠᠯᠭ᠎ᠠ ᠶᠢᠨ ᠲᠤᠭᠤᠷᠢᠨ ᠳᠤ᠂ ᠬᠢᠯᠢ ᠶᠢᠨ | ᠠᠵᠤ ᠠᠬᠤᠶᠢᠯᠠᠯ ᠤᠨ ᠴᠢᠳᠠᠪᠦᠷᠢ ᠶᠢᠨ ᠪᠦᠲᠦᠭᠡᠨ ᠪᠠᠶᠢᠭᠤᠯᠤᠯᠳᠡ ᠶᠢ ᠳᠡᠮᠵᠢᠬᠦ ᠲᠦᠷᠦ ᠶᠢᠨ ᠪᠤᠳᠣᠯᠭ᠎ᠠ ᠶᠢ | ᠲᠡᠭᠦᠯᠳᠡᠷᠵᠢᠭᠦᠯᠵᠤ᠂ ᠪᠤᠭᠤᠮᠲᠠ ᠶᠢᠨ ᠰᠦᠢᠳᠭᠡᠯ ᠬᠤᠷᠢᠶᠠᠬᠤ ᠶᠢ ᠲᠤᠰᠬᠠᠢ ᠵᠠᠰᠠᠨ ᠴᠡᠭᠴᠡᠯᠡᠬᠦ ᠶᠢ ᠦᠷᠭᠦᠯᠵᠢᠯᠡᠨ | ᠶᠠᠪᠤᠭᠳᠠᠭᠤᠯᠵᠤ᠂ ᠬᠢᠯᠢ ᠨᠡᠪᠲᠡᠷᠡᠯᠳᠡ ᠶᠢᠨ ᠦᠪᠡᠷ ᠤᠨ ᠦᠷᠲᠡᠭ ᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ | ᠠᠵᠤ ᠠᠬᠤᠶᠢᠯᠠᠯ ᠤᠨ ᠲᠡᠮᠦᠷ ᠤᠨ ᠬᠦᠳᠡᠷ᠂ ᠮᠤᠳᠣᠨ ᠮᠠᠲ᠋ᠧᠷᠢᠶᠠᠯ ᠵᠡᠷᠭᠡ ᠪᠡᠯᠡᠨ ᠪᠠᠷᠠᠭᠠᠨ ᠤ ᠬᠢᠯᠢ ᠪᠠᠷ | ᠤᠷᠤᠭᠤᠯᠬᠤ ᠬᠡᠪᠴᠢᠶ᠎ᠡ ᠪᠠᠨ ᠲᠤᠭᠲᠠᠭᠤᠨ ᠪᠠᠶᠢᠯᠭᠠᠬᠤ ᠶᠢ ᠳᠡᠮᠵᠢᠨ᠂ ᠴᠠᠭᠠᠰᠤᠨ ᠡᠭᠡᠳᠡᠩ᠂ ᠠᠮᠤ ᠲᠤᠰᠤ ᠵᠡᠷᠭᠡ | ᠰᠢᠨ᠎ᠡ ᠪᠠᠷ ᠨᠡᠮᠡᠭᠳᠡᠭᠰᠡᠨ ᠪᠠᠷᠠᠭᠠᠨ ᠤ ᠬᠢᠯᠢ ᠪᠠᠷ ᠤᠷᠤᠭᠤᠯᠬᠤ ᠬᠡᠮᠵᠢᠶ᠎ᠡ ᠶᠢ ᠶᠡᠭᠡᠰᠭᠡᠨ᠂ ᠴᠠᠭᠠᠰᠤᠨ ᠡᠭᠡᠳᠡᠩ ᠵᠡᠷᠭᠡ | ᠪᠠᠷᠠᠭᠠᠨ ᠤ ᠭᠠᠶᠢᠯᠢ ᠠᠴᠠ ᠪᠠᠲᠤᠯᠠᠬᠤ ᠬᠦᠮᠦᠷᠭᠡᠯᠡᠨ ᠬᠠᠳᠠᠭᠠᠯᠠᠬᠤ ᠠᠵᠢᠯ ᠲᠦᠷᠦᠯ ᠢ ᠢᠳᠡᠪᠬᠢᠲᠠᠢ ᠲᠦᠯᠬᠢᠨ | ᠶᠠᠪᠤᠭᠳᠠᠭᠤᠯᠵᠤ᠂ ᠶᠡᠭᠡ ᠬᠡᠯᠪᠡᠷᠢ ᠶᠢᠨ ᠰᠤᠯᠢᠯᠴᠠᠭᠠᠨ ᠤ ᠵᠠᠬ᠎ᠠ ᠶᠢᠨ ᠤᠮᠠᠷᠠᠲᠤ ᠶᠢᠨ ᠰᠢᠯᠵᠢᠭᠦᠯᠦᠨ ᠲᠤᠰᠢᠶᠠᠬᠤ | ᠬᠦᠮᠦᠷᠭᠡ ᠶᠢᠨ ᠪᠠᠶᠢᠷᠢ ᠰᠠᠭᠤᠷᠢ ᠶᠢ ᠬᠦᠭᠡᠭᠡᠴᠡᠯᠳᠦᠨ᠎ᠡ᠃ ᠤᠯᠤᠰ ᠠᠴᠠ ᠠᠮᠤ ᠪᠤᠳᠠᠭ᠎ᠠ ᠂ ᠰᠠᠯᠠᠭ᠎ᠠ ᠲᠤᠭᠤᠷᠠᠢ | ᠲᠠᠢ ᠠᠮᠢᠲᠠᠨ ᠵᠢᠴᠢ ᠪᠦᠲᠦᠭᠡᠭᠳᠡᠭᠦᠨ ᠢ ᠬᠢᠯᠢ ᠪᠠᠷ ᠤᠷᠤᠭᠤᠯᠬᠤ ᠶᠢ ᠠᠭᠤᠵᠢᠭᠤ ᠪᠤᠯᠭᠠᠭᠰᠠᠨ ᠢ ᠢᠳᠡᠪᠬᠢᠲᠠᠢ | ᠬᠦᠭᠡᠭᠡᠴᠡᠯᠳᠦᠵᠤ᠂ ᠮᠠᠰᠢᠨ ᠲᠡᠷᠭᠡ ᠶᠢ ᠪᠦᠬᠦᠯᠢ ᠭᠡᠪ ᠢᠶᠠᠷ ᠨᠢ ᠬᠢᠯᠢ ᠪᠠᠷ ᠤᠷᠤᠭᠤᠯᠵᠤ ᠪᠤᠯᠬᠤ ᠪᠤᠭᠤᠮᠲᠠ ᠶᠢᠨ | ᠵᠦᠪᠰᠢᠶᠡᠷᠡᠯ ᠤᠯᠬᠤ ᠶᠢ ᠵᠤᠬᠢᠴᠠᠭᠤᠯᠤᠨ ᠲᠦᠯᠬᠢᠵᠤ᠂ ᠬᠢᠯᠢ ᠪᠠᠷ ᠤᠷᠤᠭᠤᠯᠬᠤ ᠪᠠᠷᠠᠭᠠᠨ ᠤ ᠲᠦᠷᠦᠯ ᠵᠦᠢᠯ ᠢ | ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠵᠧᠩᠵᠸᠤ ᠡᠷᠢᠶᠡᠨ ᠡᠸᠤᠷᠦ᠋ᠫᠠ ᠤᠯᠠᠨ ᠤᠯᠤᠰ ᠤᠨ ᠭᠠᠯᠲᠤ ᠲᠡᠷᠭᠡ ᠶᠢᠨ | ᠡᠬᠡᠯᠵᠢ ᠶᠢ ᠨᠡᠮᠡᠭᠳᠡᠭᠦᠯᠬᠦ ᠶᠢ ᠵᠤᠬᠢᠴᠠᠭᠤᠯᠤᠨ ᠲᠦᠯᠬᠢᠵᠤ᠂ ᠲᠦᠷᠭᠡᠨ ᠬᠤᠷᠳᠣᠴᠠ ᠪᠠᠷ ᠬᠢᠯᠢ ᠨᠡᠪᠲᠡᠷᠡᠬᠦ᠂ ᠵᠢᠷᠤᠭ | ᠤᠨ ᠲᠤᠭᠲᠠᠭᠠᠯ ᠢᠶᠠᠷ ᠠᠵᠢᠯᠯᠠᠬᠤ ᠶᠢ ᠪᠡᠶᠡᠯᠡᠭᠦᠯᠦᠨ᠂ ᠪᠤᠭᠤᠮᠲᠠ ᠳᠠᠮᠵᠢᠨ ᠬᠢᠯᠢ ᠪᠠᠷ ᠦᠩᠭᠡᠷᠡᠬᠦ ᠬᠤᠳᠠᠯᠳᠤᠭ᠎ᠠ ᠶᠢ | ᠬᠦᠭᠵᠢᠭᠦᠯᠦᠨ ᠪᠤᠵᠠᠭᠠᠶᠢᠷᠠᠭᠤᠯᠤᠨ᠎ᠠ᠃ ᠬᠢᠯᠢ ᠠᠯᠭᠠᠰᠠᠭᠰᠠᠨ ᠡᠯᠧᠺᠲᠷᠤᠨ ᠬᠤᠳᠠᠯᠳᠣᠭᠠᠨ ᠤ ᠬᠦᠭᠵᠢᠯᠳᠡ ᠶᠢ | ᠲᠦᠷᠭᠡᠳᠭᠡᠵᠤ᠂ ᠬᠠᠮᠢᠶ᠎ᠠ ᠪᠦᠭᠦᠢ ᠤᠯᠠᠨ ᠨᠡᠶᠢᠳᠡ ᠳᠤ ᠦᠢᠯᠡᠴᠢᠯᠡᠬᠦ ᠳᠠᠪᠴᠠᠩ᠂ ᠠᠵᠤ ᠦᠢᠯᠡᠰ ᠤᠨ ᠰᠠᠭᠤᠷᠢᠨ | ᠭᠠᠵᠠᠷ ᠤᠨ ᠲᠦᠷᠦᠯ ᠵᠦᠢᠯ ᠢ ᠵᠢᠯ ᠤᠨ ᠳᠣᠳᠣᠷ᠎ᠠ ᠡᠷᠬᠢᠯᠳᠦᠭᠦᠯᠦᠨ ᠠᠵᠢᠯᠯᠠᠭᠤᠯᠬᠤ ᠶᠢ ᠲᠦᠯᠬᠢᠵᠤ᠂ ᠳᠣᠮᠳᠠᠳᠣ | ᠮᠤᠩᠭᠤᠯ ᠤᠷᠤᠰ ᠤᠨ ᠬᠢᠯᠢ ᠠᠯᠭᠠᠰᠠᠭᠰᠠᠨ ᠡᠯᠧᠺᠲᠷᠤᠨ ᠬᠤᠳᠠᠯᠳᠣᠭᠠᠨ ᠤ ᠪᠠᠷᠠᠭ᠎ᠠ ᠭᠦᠢᠯᠭᠡᠭᠡᠨ ᠤ ᠵᠠᠮ ᠢ | ᠰᠢᠯᠤᠭᠤᠳᠬᠠᠨ᠂ ᠭᠠᠳᠠᠭᠠᠳᠣ ᠬᠤᠳᠠᠯᠳᠣᠭᠠᠨ ᠤ ᠰᠢᠨ᠎ᠠ ᠵᠠᠮ ᠱᠤᠭᠤᠮ ᠢ ᠡᠭᠦᠳᠦᠨ᠎ᠡ᠃ ᠦᠩᠭᠡᠲᠤ ᠲᠡᠮᠦᠷᠯᠢᠭ | ᠮᠠᠰᠢᠨ ᠴᠠᠬᠢᠯᠭᠠᠨ ᠤ ᠬᠤᠳᠠᠯᠳᠣᠭᠠᠨ ᠤ ᠭᠠᠵᠠᠷ ᠵᠡᠷᠭᠡ ᠲᠦᠷᠦᠯ ᠵᠦᠢᠯ ᠤᠨ ᠡᠷᠲᠡᠭᠡᠨ ᠠᠰᠢᠭᠯᠠᠯᠳᠡ ᠤᠷᠤᠵᠤ | ᠡᠷᠬᠢᠯᠳᠦᠬᠦ ᠶᠢ ᠳᠡᠮᠵᠢᠨ᠎ᠡ᠃ ᠲᠢᠶᠠᠨᠵᠢᠨ ᠭᠠᠷᠠᠮ᠂ ᠵᠢᠩᠵᠸᠤ ᠭᠠᠷᠠᠮ ᠲᠠᠢ ᠬᠠᠮᠲᠤᠷᠠᠯᠴᠠᠬᠤ ᠪᠠᠨ ᠴᠢᠩᠭᠠᠳᠬᠠᠵᠤ᠂ | ᠡᠭᠡ ᠬᠠᠭᠤᠷᠠᠢ ᠭᠠᠷᠠᠮ ᠤᠨ ᠪᠠᠷᠠᠭᠠᠨ ᠤ ᠭᠦᠢᠯᠭᠡᠭᠡ ᠨᠢᠭᠡ ᠴᠤᠭᠴᠠᠵᠢᠭᠰᠠᠨ ᠬᠠᠮᠲᠤᠷᠠᠯᠴᠠᠭᠠᠨ ᠤ ᠬᠦᠷᠢᠶ᠎ᠠ ᠴᠠᠷ ᠢ | ᠦᠷᠭᠡᠳᠭᠡᠨ᠂ ᠳᠣᠮᠳᠠᠳᠣ ᠮᠤᠩᠭᠤᠯ ᠤᠷᠤᠰ ᠤᠨ ᠬᠦᠢᠳᠡᠨ ᠬᠦᠮᠦᠷᠭᠡ ᠶᠢᠨ ᠬᠡᠯᠬᠢᠶ᠎ᠡ ᠪᠠᠷᠠᠭᠠᠨ ᠤ ᠭᠦᠢᠯᠭᠡᠭᠡᠨ ᠤ | ᠭᠠᠷᠠᠮ ᠤᠨ ᠭᠠᠵᠠᠷ ᠲᠠᠭᠠᠨ ᠪᠠᠭᠤᠵᠤ ᠠᠵᠢᠯ ᠡᠬᠢᠯᠡᠭᠦᠯᠬᠦ ᠶᠢ ᠪᠦᠬᠦ ᠬᠦᠴᠦ ᠪᠠᠷ ᠲᠦᠯᠬᠢᠨᠠ᠃ ᠠᠵᠤ ᠠᠬᠤᠶᠢᠯᠠᠯ | ᠤᠷᠢᠨ ᠳᠠᠳᠠᠵᠤ ᠠᠭᠤᠷᠬᠠᠢ ᠶᠢᠨ ᠪᠦᠲᠦᠭᠡᠭᠳᠡᠭᠦᠨ ᠤ ᠰᠤᠯᠢᠯᠴᠠᠭᠠᠨ ᠤ ᠲᠦᠪ ᠪᠠᠶᠢᠭᠤᠯᠵᠤ᠂ ᠳᠣᠮᠳᠠᠳᠣ ᠮᠤᠩᠭᠤᠯ | ᠤᠨ ᠤᠯᠠᠨ ᠤᠯᠤᠰ ᠤᠨ ᠠᠭᠤᠷᠬᠠᠢ ᠶᠢᠨ ᠦᠢᠯᠡᠰ ᠤᠨ ᠰᠤᠯᠢᠯᠴᠠᠭᠠᠨ ᠤ ᠳᠠᠪᠴᠠᠩ ᠢ ᠪᠤᠢ ᠪᠤᠯᠭᠠᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠢᠶᠠᠨ ᠳᠡᠭᠡᠭᠰᠢᠯᠡᠭᠦᠯᠵᠤ ᠦᠷ᠎ᠡ ᠠᠰᠢᠭ ᠢᠶᠠᠨ | ᠨᠡᠮᠡᠭᠳᠡᠬᠦᠯᠬᠦ ᠶᠢ ᠠᠬᠢᠭᠤᠯᠤᠨ᠎ᠠ᠃ ︽ᠬᠠᠩᠭᠠᠯᠭ᠎ᠠ ᠶᠢᠨ ᠬᠠᠵᠠᠭᠤ ᠲᠠᠯ᠎ᠠ ᠶᠢᠨ ᠪᠦᠲᠦᠴᠡ ᠶᠢᠨ ᠦᠭᠡᠷᠡᠴᠢᠯᠡᠯᠳᠡ︾ | ᠪᠤᠯᠤᠨ ︽ᠦᠢᠯᠡᠳᠪᠦᠷᠢᠯᠡᠯ ᠤᠨ ᠴᠢᠳᠠᠪᠤᠷᠢ ᠤᠷᠤᠭᠤ ᠤᠷᠤᠬᠤ︾ ᠱᠠᠭᠠᠷᠳᠠᠯᠭ᠎ᠠ ᠶᠢᠨ ᠲᠤᠭᠤᠷᠢᠨ ᠳᠤ᠂ | ᠤᠯᠠᠮᠵᠢᠯᠠᠯᠳᠣ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠢᠨᠠᠷ ᠢᠶᠠᠨ ᠳᠡᠭᠡᠭᠰᠢᠯᠡᠭᠦᠯᠦᠨ ᠳᠡᠰ ᠳᠡᠪᠰᠢᠬᠦ ᠶᠢ | ᠲᠦᠯᠬᠢᠨ ᠠᠬᠢᠭᠤᠯᠵᠤ᠂ ᠬᠤᠴᠤᠷᠠᠩᠭᠤᠢ ᠢᠯᠡᠭᠦᠤ ᠦᠢᠯᠡᠳᠪᠦᠷᠢᠯᠡᠯ ᠤᠨ ᠴᠢᠳᠠᠪᠬᠢ ᠶᠢ ᠢᠳᠡᠪᠬᠢᠲᠠᠢ ᠯᠠᠪᠳᠠᠭᠤᠨ | ᠢᠶᠠᠷ ᠰᠢᠭᠰᠢᠨ ᠬᠠᠶᠠᠨ᠎ᠠ᠃ ᠠᠵᠤ ᠦᠢᠯᠡᠳᠪᠦᠷᠢ ᠶᠢᠨ ᠲᠤᠭᠤᠷᠢᠭ ᠤᠨ ᠰᠠᠭᠤᠷᠢ ᠲᠦᠭᠦᠭᠡᠷᠦᠮᠵᠢ ᠶᠢ ᠤᠯᠠᠮ ᠨᠢᠭᠡ | ᠠᠯᠬᠤᠮ ᠲᠠᠭᠦᠯᠳᠡᠷᠵᠢᠭᠦᠯᠦᠨ᠂ ᠠᠮᠤ ᠪᠣᠳᠠᠭᠠᠨ ᠤ ᠦᠷᠲᠡᠭᠡᠨ ᠲᠠᠯᠠᠪᠠᠢ ᠶᠢᠨ ᠵᠠᠰᠠᠨ ᠰᠠᠶᠢᠵᠢᠷᠠᠭᠤᠯᠤᠯᠳᠡ ᠶᠢᠨ | ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠬᠦᠯᠦᠨ ᠬᠡᠷᠡᠭᠵᠢᠭᠦᠯᠵᠤ᠂ ᠠᠮᠤ ᠪᠤᠳᠠᠭ᠎ᠠ ᠬᠠᠳᠠᠭᠠᠯᠠᠬᠤ ᠭᠠᠶᠢᠯᠢ | ᠠᠴᠠ ᠪᠠᠲᠤᠯᠠᠬᠤ ᠬᠦᠮᠦᠷᠭᠡ ᠪᠠᠶᠢᠭᠤᠯᠬᠤ ᠶᠢ ᠳᠡᠭᠡᠭᠰᠢ ᠮᠡᠳᠡᠭᠦᠯᠦᠨ ᠵᠦᠪᠰᠢᠶᠡᠷᠡᠭᠦᠯᠦᠨ᠎ᠡ᠃ ᠠᠵᠤ ᠦᠢᠯᠡᠳᠪᠦᠷᠢ | ᠶᠢᠨ ᠬᠠᠶᠠᠭᠳᠠᠮᠠᠯ ᠢ ᠰᠢᠢᠳᠪᠦᠷᠢᠯᠡᠬᠦ ᠲᠦᠪ ᠢ ᠪᠠᠶᠢᠭᠤᠯᠵᠤ᠂ ᠠᠵᠤ ᠦᠢᠯᠡᠳᠪᠦᠷᠢ ᠶᠢ ᠱᠠᠯᠠᠪᠳᠠᠨ ᠦᠯᠡᠳᠡᠭᠳᠡᠯ | ᠠᠭᠤᠷᠬᠠᠢ ᠶᠢᠨ ᠬᠠᠶᠠᠭᠳᠠᠮᠠᠯ ᠢᠶᠠᠨ ᠦᠷᠭᠦᠯᠵᠢᠯᠡᠨ ᠴᠡᠪᠡᠷᠯᠡᠬᠦ᠂ ᠠᠮᠢᠳᠣ ᠤᠰᠤᠨ ᠴᠦᠭᠦᠷᠦᠮ ᠤᠨ ᠪᠦᠲᠦᠭᠡᠨ | ᠪᠠᠶᠢᠭᠤᠯᠤᠯᠳᠡ ᠶᠢ ᠳᠦᠷᠢᠮᠵᠢᠭᠦᠯᠵᠤ᠂ ᠠᠵᠤ ᠦᠢᠯᠡᠳᠪᠦᠷᠢ ᠶᠢᠨ ᠲᠤᠭᠤᠷᠢᠭ ᠤᠨ ᠬᠠᠶᠠᠭᠳᠠᠮᠠᠯ ᠢᠶᠠᠨ ᠡᠮᠬᠢ ᠴᠡᠭᠴᠢ | ᠲᠠᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠮᠤᠳᠣᠨ ᠮᠠᠲ᠋ᠧᠷᠢᠶᠡᠯ ᠪᠤᠯᠪᠠᠰᠤᠷᠠᠭᠤᠯᠬᠤ ᠮᠡᠷᠭᠡᠵᠢᠯ ᠤᠨ ᠰᠢᠨ᠎ᠡ ᠶᠢ | ᠡᠭᠦᠳᠬᠦ ᠲᠦᠪ ᠢ ᠤᠷᠢᠨ ᠳᠠᠳᠠᠵᠤ᠂ ᠹᠦ᠋ ᠯᠢᠨ᠂ ᠶᠢᠤ ᠢ ᠵᠡᠷᠭᠡ ᠮᠤᠳᠣᠨ ᠮᠠᠲ᠋ᠧᠷᠢᠶᠡᠯ ᠪᠤᠯᠪᠠᠰᠤᠷᠠᠭᠤᠯᠬᠤ ᠠᠵᠤ | ᠠᠬᠤᠶᠢᠯᠠᠯ ᠤᠨ ᠠᠵᠤ ᠦᠢᠯᠡᠰ ᠤᠨ ᠬᠢᠯᠬᠢᠶ᠎ᠡ ᠪᠠᠨ ᠤᠷᠳᠣᠳᠬᠠᠬᠤ ᠶᠢ ᠵᠤᠷᠢᠭᠵᠢᠭᠤᠯᠤᠨ᠂ ᠣᠳᠣ ᠪᠠᠶᠢᠭ᠎ᠠ ᠠᠵᠤ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠠᠨ ᠳᠡᠰ ᠳᠡᠪᠰᠢᠬᠦ ᠶᠢ ᠠᠬᠢᠭᠤᠯᠤᠨ᠎ᠠ᠃ | ᠪᠦᠸᠧᠬᠠᠢ ᠪᠤᠯᠤᠳ ᠲᠡᠮᠦᠷ ᠤᠨ 200 ᠲᠦᠮᠡᠨ ᠳᠣᠨ ᠢᠰᠦᠯᠳᠦᠭᠦᠯᠦᠭᠰᠡᠨ ᠪᠦᠮᠪᠦᠭᠡᠯᠢᠭ ᠬᠦᠳᠡᠷ ᠤᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠳᠡ ᠶᠢᠨ ᠪᠠᠷᠢᠯᠭ᠎ᠠ ᠶᠢ ᠡᠬᠢᠯᠡᠭᠦᠯᠬᠦ ᠶᠢ ᠲᠦᠯᠬᠢᠵᠤ᠂ 200 ᠲᠦᠮᠡᠨ ᠳᠣᠨ | ᠲᠡᠮᠦᠷ ᠤᠨ ᠨᠠᠷᠢᠯᠢᠭ ᠬᠦᠳᠡᠷ ᠤᠨ ᠲᠦᠷᠦᠯ ᠵᠦᠢᠯ ᠢ ᠠᠰᠢᠭᠯᠠᠯᠳᠡ ᠳᠤ ᠤᠷᠤᠭᠤᠯᠤᠨ᠎ᠠ᠃ ᠵᠦᠩ ᠭᠠᠩ ᠠᠤᠭ᠎ᠠ | ᠦᠢᠯᠡᠰ᠂ ᠬᠤᠤ ᠲᠢᠶᠠᠨ ᠠᠮᠤ ᠲᠤᠰᠤ ᠵᠡᠷᠭᠡ ᠨᠢᠭᠡ ᠪᠦᠯᠦᠭ ᠳᠣᠮᠳᠠ ᠵᠢᠵᠢᠭ ᠠᠵᠤ ᠦᠢᠯᠡᠳᠪᠦᠷᠢ ᠶᠢᠨ ᠲᠦᠷᠦᠯ | ᠵᠦᠢᠯ ᠤᠨ ᠪᠠᠷᠢᠯᠭ᠎ᠠ ᠳᠠᠭᠤᠰᠬᠠᠵᠤ ᠠᠰᠢᠭᠯᠠᠯᠳᠠᠨ ᠳᠤ ᠤᠷᠤᠬᠤ ᠶᠢ ᠪᠦᠬᠦ ᠬᠦᠴᠦ ᠪᠠᠷ ᠢᠶᠠᠨ ᠲᠦᠯᠬᠢᠨ | ᠠᠬᠢᠭᠤᠯᠤᠨ᠎ᠠ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠡ ᠶᠢ ᠴᠢᠩᠭᠠᠳᠬᠠᠵᠤ᠂ | 4 ᠡᠷᠦᠭᠡ ᠠᠵᠤ ᠠᠬᠤᠶᠢᠯᠠᠯ ᠤᠨ ᠬᠡᠪᠴᠢᠶᠡᠵᠢᠯ ᠠᠴᠠ ᠳᠣᠷᠤᠭᠰᠢ ᠪᠠᠶᠢᠭᠰᠠᠨ ᠠᠴᠠ ᠨᠢ ᠬᠡᠪᠴᠢᠶᠡᠵᠢᠯ ᠠᠴᠠ | ᠳᠡᠭᠡᠭᠰᠢ ᠪᠤᠯᠭᠠᠬᠤ ᠠᠵᠢᠯ ᠢ ᠪᠡᠶᠡᠯᠡᠭᠦᠯᠦᠨ᠎ᠡ᠃ ᠠᠵᠤ ᠦᠢᠯᠡᠰ ᠤᠨ ᠨᠡᠮᠡᠭᠳᠡᠯ ᠦᠷᠳᠡᠭ ᠢ 40 ᠳ᠋ᠦᠩᠰᠢᠭᠤᠷ | ᠲᠦᠭᠦᠷᠢᠭ ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃ | ᠰᠤᠶᠤᠯ ᠠᠶᠠᠯᠠᠯ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠢᠳᠡᠪᠬᠢ ᠬᠦᠴᠦᠨ ᠢ ᠴᠢᠩᠭᠠᠳᠬᠠᠨ᠎ᠠ᠃ | ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠡ ᠶᠢ | ᠦᠷᠭᠦᠯᠵᠢᠯᠡᠨ ᠲᠡᠭᠦᠯᠳᠡᠷᠵᠢᠭᠦᠯᠵᠤ᠂ ᠤᠯᠤᠰ ᠤᠨ ᠡᠭᠦᠳᠡ ᠶᠢᠨ ᠦᠵᠡᠮᠦᠷᠢ ᠶᠢᠨ ᠲᠤᠭᠤᠷᠢᠭ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠤᠭᠤᠷᠢᠭ ᠤᠨ ᠪᠠᠷᠢᠯᠭ᠎ᠠ ᠳᠠᠭᠤᠰᠬᠠᠵᠤ ᠠᠰᠢᠭᠯᠠᠯᠳᠡ ᠳᠤ ᠤᠷᠤᠬᠤ ᠶᠢ ᠪᠠᠲᠤᠯᠠᠨ᠂ | ᠦᠨᠳᠦᠰᠦᠳᠡᠨ ᠤ ᠰᠤᠶᠤᠯ ᠤᠨ ᠦᠵᠡᠰᠭᠦᠯᠡᠩ ᠤᠨ ᠤᠷᠳᠣᠨ ᠵᠢᠴᠢ ᠤᠯᠠᠨ ᠤᠯᠤᠰ ᠤᠨ ᠵᠠᠯᠠᠭᠤᠴᠤᠳ ᠤᠨ | ᠵᠢᠭᠤᠯᠴᠢᠯᠠᠯ ᠤᠨ ᠭᠠᠵᠠᠷ ᠤᠨ ᠲᠦᠷᠦᠯ ᠵᠦᠢᠯ ᠢ ᠠᠰᠢᠭᠯᠠᠯᠳᠡ ᠳᠤ ᠤᠷᠤᠭᠤᠯᠵᠤ ᠠᠵᠢᠯᠯᠠᠭᠤᠯᠬᠤ ᠶᠢ ᠲᠦᠯᠬᠢᠨ | ᠠᠬᠢᠭᠤᠯᠵᠤ᠂ ᠶᠡᠷᠦᠩᠬᠡᠶᠢᠯᠡᠭᠰᠡᠨ ᠮᠦᠽᠸᠢ ᠶᠢᠨ ᠵᠠᠰᠠᠨ ᠴᠢᠮᠡᠭᠯᠡᠯᠳᠡ ᠪᠠ ᠦᠵᠡᠭᠦᠯᠭᠡ ᠳᠡᠯᠭᠡᠯᠳᠡ ᠶᠢ ᠲᠦᠷᠭᠡᠳᠭᠡᠨ᠎ᠡ | ᠃ ᠤᠯᠤᠰ ᠤᠨ ᠡᠭᠦᠳᠡ ᠶᠢᠨ 4A ᠵᠡᠷᠭᠡᠯᠡᠯ᠂ ᠴᠡᠭ ᠦᠨᠳᠦᠰᠦᠳᠡᠨ ᠤ ᠵᠠᠩ ᠦᠢᠯᠡ ᠶᠢᠨ ᠬᠦᠷᠢᠶᠡᠯᠡᠩ ᠤᠨ 3A | ᠵᠡᠷᠭᠡᠯᠡᠯ ᠤᠨ ᠦᠵᠡᠮᠦᠷᠢ ᠶᠢᠨ ᠳᠣᠭᠤᠷᠢᠭ ᠢ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠢᠳᠡᠪᠬᠢᠲᠠᠢ ᠶᠠᠪᠤᠭᠳᠠᠭᠤᠯᠵᠤ᠂ | ᠤᠯᠤᠰ ᠤᠨ ᠪᠦᠷᠢᠨ ᠲᠤᠶᠢᠮᠤ ᠶᠢᠨ ᠵᠢᠭᠤᠯᠴᠢᠯᠠᠯ ᠤᠨ ᠵᠢᠱᠢᠶᠡᠴᠢ ᠲᠤᠭᠤᠷᠢᠭ ᠢ ᠴᠢᠷᠮᠠᠶᠢᠨ ᠡᠭᠦᠳᠦᠨ᠎ᠡ᠃ ᠳᠣᠮᠳᠠᠳᠣ | ᠮᠤᠩᠭᠤᠯ ᠬᠤᠶᠠᠷ ᠤᠯᠤᠰ ᠤᠨ ᠵᠢᠭᠤᠯᠴᠢᠯᠠᠯ ᠤᠨ ᠭᠡᠷ᠎ᠡ ᠳᠤ ᠭᠠᠷ ᠤᠨ ᠦᠰᠦᠭ ᠵᠢᠷᠤᠬᠤ ᠶᠢ ᠪᠦᠬᠦ ᠬᠦᠴᠦ ᠪᠠᠷ | ᠲᠦᠯᠬᠢᠨ ᠠᠬᠢᠭᠤᠯᠵᠤ᠂ ᠪᠦᠯᠭᠦᠮ ᠤᠨ ᠵᠢᠭᠤᠯᠴᠢᠯᠠᠯ ᠤᠨ ᠬᠠᠷᠢᠯᠴᠠᠨ ᠸᠢᠰᠠ ᠠᠴᠠ ᠴᠢᠯᠦᠭᠡᠯᠡᠬᠦ ᠶᠢ ᠴᠢᠷᠮᠠᠶᠢᠨ | ᠪᠡᠶᠡᠯᠡᠭᠦᠯᠦᠨ᠎ᠡ᠃ ︽ᠴᠠᠢ ᠶᠢᠨ ᠵᠠᠮ︾ ᠰᠤᠶᠤᠯ ᠵᠢᠭᠤᠯᠴᠢᠯᠠᠯ ᠤᠨ ᠨᠠᠶᠢᠷ᠂ ᠤᠯᠠᠨ ᠤᠯᠤᠰ ᠤᠨ ᠨᠠᠭᠠᠳᠣᠮ᠂ | ᠰᠤᠶᠤᠯ ᠤᠨ ᠠᠵᠢᠯᠯᠠᠭ᠎ᠠ ᠶᠢᠨ ᠡᠳᠦᠷᠯᠢᠭ ᠵᠡᠷᠭᠡ ᠤᠯᠠᠨ ᠤᠯᠤᠰ ᠤᠨ ᠰᠤᠶᠤᠯ ᠤᠨ ᠰᠤᠯᠢᠯᠴᠠᠭᠠᠨ ᠤ ᠠᠵᠢᠯᠯᠠᠭ᠎ᠠ ᠶᠢ | ᠰᠠᠶᠢᠳᠤᠷ ᠵᠤᠬᠢᠶᠠᠨ ᠪᠠᠶᠢᠭᠤᠯᠵᠤ᠂ ᠤᠯᠠᠮᠵᠢᠯᠠᠯᠳᠣ ᠬᠡᠪᠯᠡᠯ ᠮᠡᠳᠡᠭᠡᠯᠡᠯ ᠬᠢᠬᠡᠳ ᠰᠢᠨ᠎ᠡ ᠬᠦᠭᠵᠢᠵᠤ ᠪᠠᠶᠢᠭ᠎ᠠ ᠬᠡᠪᠯᠡᠯ | ᠮᠡᠳᠡᠭᠡᠯᠡᠯ ᠢᠶᠠᠷ ᠰᠤᠷᠲᠠᠯᠴᠢᠯᠠᠨ ᠤᠬᠠᠭᠤᠯᠬᠤ ᠶᠢ ᠬᠠᠮᠲᠤ ᠳᠤᠨᠢ ᠶᠠᠪᠤᠭᠳᠠᠭᠤᠯᠬᠤ ᠶᠢ ᠪᠠᠷᠢᠮᠲᠠᠯᠠᠨ᠂ ᠵᠢᠭᠤᠯᠴᠢᠯᠠᠯ | ᠪᠤᠯᠤᠨ ᠬᠤᠲᠠ ᠶᠢᠨ ᠨᠡᠷ᠎ᠡ ᠳᠡᠮᠳᠡᠭ ᠢ ᠭᠠᠳᠠᠭᠰᠢ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠵᠤ᠂ ᠪᠤᠭᠤᠮᠲᠠ | ᠶᠢᠨ ᠨᠡᠷ᠎ᠡ ᠠᠯᠳᠡᠷ ᠪᠤᠯᠤᠨ ᠳᠠᠳᠠᠬᠤ ᠬᠦᠴᠦᠨ ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ | ᠠᠵᠤ ᠠᠬᠤᠶᠢᠯᠠᠯ ᠢ ᠱᠠᠩᠨᠠᠨ ᠳᠡᠮᠵᠢᠬᠦ ᠬᠦᠴᠦᠯᠡᠴᠡ ᠪᠠᠨ ᠦᠷᠭᠦᠯᠵᠢᠯᠡᠨ ᠶᠡᠭᠡᠰᠭᠡᠵᠤ᠂ ᠪᠡᠭᠡᠵᠢᠩ ᠲᠢᠶᠠᠨᠵᠢᠨ | ᠾᠧᠪᠸᠢ᠂ ᠬᠦᠬᠡᠬᠤᠳᠠ ᠪᠤᠭᠤᠲᠤ ᠤᠷᠳᠣᠰ ᠵᠡᠷᠭᠡ ᠤᠯᠤᠰ ᠤᠨ ᠳᠣᠳᠣᠭᠠᠳᠣ ᠶᠢᠨ ᠵᠤᠷᠴᠢᠭᠴᠢ ᠶᠢᠨ ᠡᠬᠢ | ᠰᠤᠷᠪᠤᠯᠵᠢ ᠪᠦᠬᠦᠢ ᠭᠠᠵᠠᠷ ᠲᠠᠢ ᠬᠠᠮᠲᠤᠷᠠᠯᠴᠠᠬᠤ ᠪᠠᠨ ᠬᠦᠨᠵᠡᠭᠡᠶᠢᠷᠡᠭᠦᠯᠦᠨ᠎ᠡ᠃ ᠵᠢᠭᠤᠯᠴᠢᠯᠠᠯ ᠤᠨ ᠶᠡᠷᠦᠩᠬᠡᠶᠢᠯᠡᠭᠰᠡᠨ | ᠠᠰᠠᠭᠤᠨ ᠯᠠᠪᠯᠠᠯᠳᠡ ᠶᠢᠨ ᠦᠢᠯᠡᠴᠢᠯᠡᠭᠡᠨ ᠤ ᠲᠦᠪ ᠪᠤᠯᠤᠨA ᠵᠡᠷᠭᠡᠯᠡᠯ ᠤᠨ ᠵᠢᠭᠤᠯᠴᠢᠯᠠᠯ ᠤᠨ ᠵᠤᠷᠯᠤᠩ ᠤᠨ | ᠪᠦᠲᠦᠭᠡᠨ ᠪᠠᠶᠢᠭᠤᠯᠤᠯᠳᠡ ᠶᠢ ᠡᠬᠢᠯᠡᠭᠦᠯᠦᠨ᠂ ᠵᠢᠭᠤᠯᠴᠢᠯᠠᠯ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠣᠳᠣᠨ | ᠳᠡᠰ ᠤᠨ ᠦᠨᠡᠯᠡᠭᠡ ᠤᠯᠵᠤ ᠵᠡᠷᠭᠡᠯᠡᠯ ᠳᠡᠪᠰᠢᠬᠦ ᠶᠢ ᠵᠤᠷᠢᠭᠵᠢᠭᠤᠯᠤᠨ ᠳᠠᠭᠠᠭᠤᠯᠵᠤ᠂ ᠬᠦᠯᠢᠶᠡᠨ ᠠᠪᠬᠤ ᠴᠢᠳᠠᠪᠤᠷᠢ | ᠪᠠᠨ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃ ᠪᠦᠬᠦ ᠵᠢᠯ ᠳᠤ ᠬᠦᠯᠢᠶᠠᠨ ᠠᠪᠬᠤ ᠣᠯᠣᠰ ᠤᠨ ᠳᠣᠳᠣᠭᠠᠳᠣ | ᠭᠠᠳᠠᠭᠠᠳᠣ ᠶᠢᠨ ᠵᠢᠭᠤᠯᠴᠢᠳ ᠤᠨ ᠵᠢᠱᠢᠯᠳᠡ ᠳᠤᠭ᠎ᠠ ᠶᠢ 200 ᠲᠦᠮᠡᠨ ᠬᠦᠮᠦᠨ ᠣᠳᠠᠭ᠎ᠠ ᠳᠤ ᠬᠦᠷᠭᠡᠵᠣ᠂ 9. | 9% ᠪᠠᠷ ᠨᠡᠮᠡᠭᠳᠡᠭᠦᠯᠦᠨ᠎ᠡ︔ ᠠᠶᠠᠯᠠᠯ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 43.3 ᠳ᠋ᠦᠩᠰᠢᠭᠤᠷ | ᠲᠦᠭᠦᠷᠢᠭ ᠬᠦᠷᠭᠡᠵᠣ᠂ 8.3% ᠪᠠᠷ ᠨᠡᠮᠡᠭᠳᠡᠭᠦᠯᠦᠨ᠎ᠡ᠃ | ᠪᠤᠬᠢᠷᠳᠣᠯ ᠦᠭᠡᠢ ᠴᠡᠪᠡᠷ ᠡᠨᠧᠷᠬᠢ ᠶᠢᠨ ᠦᠢᠯᠡᠰ ᠢ ᠲᠦᠷᠭᠡᠨ ᠬᠦᠭᠵᠢᠭᠦᠯᠦᠨ᠎ᠡ᠃ ᠰᠢᠨ᠎ᠡ ᠡᠨᠧᠷᠬᠢ ᠶᠢᠨ | ᠪᠢᠴᠢᠯ ᠴᠠᠬᠢᠯᠭᠠᠨ ᠳᠣᠤᠷ ᠤᠨ ᠲᠦᠷᠦᠯ ᠵᠦᠢᠯ ᠢ ᠡᠬᠢᠯᠡᠭᠦᠯᠦᠨ ᠬᠡᠷᠡᠭᠵᠢᠭᠦᠯᠦᠨ᠎ᠡ᠃ ᠦᠪᠦᠷ ᠮᠤᠩᠭᠤᠯ ᠤᠨ | ᠴᠠᠬᠢᠯᠭᠠᠨ ᠬᠦᠴᠦᠨ ᠤ ᠺᠤᠮᠫᠠᠨᠢ ᠯᠤᠭ᠎ᠠ ᠶᠢᠨ ᠬᠤᠯᠪᠣᠨ ᠵᠠᠯᠭᠠᠯᠳᠡ ᠪᠠᠨ ᠴᠢᠩᠭᠠᠳᠬᠠᠵᠤ᠂ ᠰᠢᠨ᠎ᠡ ᠡᠨᠧᠷᠬᠢ ᠪᠠᠷ | ᠲᠤᠯᠠᠭᠠᠯᠭ᠎ᠠ ᠬᠠᠩᠭᠠᠬᠤ ᠲᠤᠷᠰᠢᠯᠳᠡ ᠶᠢᠨ ᠴᠡᠭ ᠤᠨ ᠲᠦᠯᠦᠪᠵᠢᠭᠦᠯᠭᠡ ᠶᠢᠨ ᠨᠤᠲᠠᠯᠠᠯᠳᠡ ᠶᠢᠨ ᠠᠵᠢᠯ ᠢ | ᠢᠳᠡᠪᠬᠢᠲᠡᠢ ᠶᠡᠪᠤᠭᠳᠠᠭᠤᠯᠤᠨᠠ᠃ ᠡᠷᠢᠶᠡᠨ ᠬᠤᠲᠠ ᠠᠴᠠ ᠰᠢᠯᠢᠩᠬᠤᠳᠠ ᠬᠦᠷᠬᠦ ᠤᠨᠴᠠ ᠦᠨᠳᠦᠷ ᠬᠦᠴᠦᠳᠡᠯ ᠤᠨ | ᠴᠠᠬᠢᠯᠭᠠᠨ ᠬᠦᠷᠭᠡᠬᠦ ᠨᠡᠪᠲᠡᠷᠡᠯᠳᠡ ᠶᠢᠨ ᠵᠠᠮ ᠤᠨ ᠪᠦᠲᠦᠭᠡᠨ ᠪᠠᠶᠢᠭᠤᠯᠤᠯᠳᠡ ᠢ ᠵᠤᠬᠢᠴᠠᠭᠤᠯᠤᠨ ᠲᠦᠯᠬᠢᠵᠤ᠂ ᠰᠢᠨ᠎ᠡ | ᠡᠨᠧᠷᠬᠢ ᠶᠢᠨ ᠴᠠᠬᠢᠯᠭᠠᠨ ᠤ ᠰᠤᠷᠪᠤᠯᠵᠢ ᠶᠢᠨ ᠲᠦᠷᠦᠯ ᠵᠦᠢᠯ ᠢ ᠭᠠᠵᠠᠷ ᠳᠡᠭᠡᠷ᠎ᠡ ᠨᠢ ᠪᠠᠶᠢᠭᠤᠯᠬᠤ ᠶᠢ | ᠬᠦᠭᠡᠭᠡᠴᠡᠯᠳᠦᠨ᠎ᠡ᠃ ᠲᠢᠶᠡᠨ ᠬᠤᠩ ᠶᠠᠩ ᠭᠤᠸᠠᠩ᠂ ᠬᠤᠸᠠ ᠳ᠋ᠢᠶᠡᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ | ᠲᠦᠷᠦᠯ ᠵᠦᠢᠯ ᠪᠦᠬᠦᠨ ᠢᠶᠠᠷ ᠢᠶᠠᠨ ᠲᠤᠤᠷ ᠨᠡᠶᠢᠯᠡᠭᠦᠯᠦᠨ ᠴᠠᠬᠢᠯᠭᠠᠨ ᠭᠠᠷᠭᠠᠵᠤ᠂ ᠰᠠᠯᠬᠢ ᠨᠠᠷᠠᠨ ᠡᠨᠧᠷᠬᠢ ᠪᠠᠷ | ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢᠨ ᠪᠠᠭᠲᠠᠭᠠᠮᠵᠢ ᠶᠢᠨ ᠬᠡᠮᠵᠢᠶ᠎ᠡ ᠶᠢ 42 ᠲᠦᠮᠡᠨ ᠺᠢᠯᠤᠸᠠᠲ ᠳᠤ | ᠬᠦᠷᠭᠡᠬᠦ ᠶᠢ ᠲᠦᠯᠬᠢᠨ ᠠᠬᠢᠭᠤᠯᠤᠨ᠎ᠠ᠃ | ︵ᠭᠤᠷᠪᠠ︶ ᠤᠷᠤᠰᠢᠨ ᠰᠠᠭᠤᠬᠤ ᠤᠷᠴᠢᠨ ᠢ ᠬᠦᠴᠦᠯᠡᠨ ᠰᠠᠶᠢᠵᠢᠷᠠᠭᠤᠯᠵᠤ᠂ ᠬᠤᠲᠠ ᠪᠠᠯᠭᠠᠰᠤᠨ ᠤ ᠨᠢᠭᠡ | ᠴᠤᠭᠴᠠᠯᠠᠯᠳᠡ ᠶᠢᠨ ᠬᠦᠭᠵᠢᠯᠳᠡ ᠶᠢ ᠨᠢᠭᠡᠳᠭᠡᠨ᠎ᠡ᠃ | ᠬᠤᠲᠠ ᠶᠢᠨ ᠪᠦᠲᠦᠭᠡᠨ ᠪᠠᠶᠢᠭᠤᠯᠤᠯᠳᠡ ᠶᠢ ᠴᠢᠩᠭᠠᠳᠬᠠᠨ᠎ᠠ᠃ ᠬᠤᠲᠠ ᠶᠢᠨ ᠶᠡᠷᠦᠩᠬᠡᠢ ᠲᠦᠯᠦᠪᠵᠢᠭᠦᠯᠭᠡ | ᠶᠢᠨ ᠳᠣᠯᠣᠳᠣᠭᠠᠷ ᠤᠳᠠᠭᠠᠨ ᠤ ᠵᠠᠰᠠᠨ ᠨᠠᠶᠢᠷᠠᠭᠤᠯᠬᠤ ᠪᠤᠯᠤᠨ ᠡᠯ᠎ᠡ ᠲᠦᠷᠦᠯ ᠤᠨ ᠲᠤᠰᠬᠠᠢ ᠵᠦᠢᠯ ᠤᠨ | ᠲᠦᠯᠦᠪᠵᠢᠭᠦᠯᠭᠡ ᠶᠢ ᠨᠠᠶᠢᠷᠠᠭᠤᠯᠬᠤ ᠠᠵᠢᠯ ᠢ ᠦᠨᠳᠦᠷ ᠪᠠᠷᠢᠮᠵᠢᠶ᠎ᠠ ᠪᠠᠷ ᠳᠠᠭᠤᠰᠬᠠᠵᠤ᠂ ᠬᠤᠲᠠ ᠶᠢᠨ ᠪᠦᠲᠦᠭᠡᠨ | ᠪᠠᠶᠢᠭᠤᠯᠤᠯᠳᠡ ᠶᠢᠨ ᠭᠤᠤᠯ ᠴᠤᠭᠴᠠᠲᠤ ᠬᠡᠪ ᠨᠠᠮᠪᠠ ᠶᠢ ᠳᠣᠳᠣᠷᠬᠠᠶᠢᠯᠠᠨ᠂ ᠤᠨᠴᠠᠯᠢᠭᠲᠤ ᠬᠤᠲᠠ ᠶᠢ ᠪᠦᠲᠦᠭᠡᠨ | ᠪᠠᠶᠢᠭᠤᠯᠤᠨ᠎ᠠ᠃ ᠪᠦᠬᠦ ᠤᠯᠤᠰ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠨᠢᠭᠡᠳᠦᠯᠳᠡᠢ ᠳᠠᠭᠠᠭᠤᠯᠭ᠎ᠠ | ᠪᠤᠯᠭᠠᠵᠤ᠂ ᠬᠤᠲᠠ ᠶᠢᠨ ᠶᠠᠪᠤᠳᠠᠯ ᠤᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠡ ᠶᠢᠨ ᠲᠦᠪᠰᠢᠨ ᠢ | ᠰᠠᠶᠢᠵᠢᠷᠠᠭᠤᠯᠤᠨ ᠳᠡᠭᠡᠭᠰᠢᠯᠡᠭᠦᠯᠬᠦ ᠪᠠᠷ ᠰᠠᠭᠤᠷᠢ ᠪᠤᠯᠭᠠᠨ᠂ ᠤᠷᠤᠰᠢᠨ ᠰᠠᠭᠤᠬᠤ ᠳᠤ ᠲᠠᠭᠠᠯᠠᠮᠵᠢᠲᠠᠢ ᠬᠤᠲᠠ ᠶᠢᠨ | ᠪᠦᠲᠦᠭᠡᠨ ᠪᠠᠶᠢᠭᠤᠯᠤᠯᠳᠡ ᠶᠢ ᠲᠦᠷᠭᠡᠳᠭᠡᠨ ᠲᠦᠯᠬᠢᠨ ᠠᠬᠢᠭᠤᠯᠵᠤ᠂ ᠬᠤᠲᠠ ᠶᠢᠨ ᠠᠷᠠᠳ ᠤᠨ ᠠᠮᠢᠳᠣᠷᠠᠯ ᠤᠨ | ᠨᠦᠭᠦᠴᠡᠯ ᠢ ᠰᠠᠶᠢᠵᠢᠷᠠᠭᠤᠯᠬᠤ ᠶᠢ ᠪᠠᠲᠤᠯᠠᠨ᠎ᠠ᠃ 5.2 ᠳ᠋ᠦᠩᠰᠢᠭᠤᠷ ᠲᠦᠭᠦᠷᠢᠭ ᠤᠨ ᠪᠡᠯᠡ ᠮᠦᠩᠬᠦ ᠤᠷᠤᠭᠤᠯᠵᠤ | ᠬᠤᠲᠠ ᠶᠢᠨ ᠵᠠᠮ᠂ ᠲᠤᠯᠠᠭᠠᠯᠭ᠎ᠠ᠂ ᠲᠦᠭᠡᠭᠡᠯ ᠤᠰᠤ ᠪᠤᠬᠢᠷ ᠤᠰᠤ ᠵᠡᠷᠭᠡ ᠬᠤᠲᠠ ᠶᠢᠨ ᠶᠠᠪᠤᠳᠠᠯ ᠤᠨ ᠲᠤᠨᠤᠭ | ᠲᠦᠬᠦᠭᠡᠷᠦᠮᠵᠢ ᠵᠢᠴᠢ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠵᠠᠰᠠᠨ ᠰᠠᠶᠢᠵᠢᠷᠠᠭᠤᠯᠬᠤ ᠶᠢ | ᠦᠷᠬᠦᠯᠵᠢᠯᠡᠨ ᠬᠡᠷᠡᠭᠵᠢᠭᠦᠯᠵᠤ᠂ ᠵᠠᠬᠡᠯᠢ ᠶᠢ ᠪᠦᠬᠦᠯᠢ ᠴᠤᠭᠴᠠ ᠪᠠᠷ ᠨᠢ ᠴᠢᠨᠠᠷᠵᠢᠭᠤᠯᠤᠨ ᠰᠠᠶᠢᠵᠢᠷᠠᠭᠤᠯᠬᠤ | ᠢᠨᠵᠧᠨᠧᠷᠢᠩ ᠢ ᠲᠦᠯᠬᠢᠨ ᠠᠬᠢᠭᠤᠯᠵᠤ᠂ ᠭᠤᠪᠢ ᠠᠮᠢ ᠠᠬᠤᠢ ᠶᠢᠨ ᠬᠦᠷᠢᠶᠡᠯᠡᠩ᠂ ᠨᠢᠰᠭᠡᠯ ᠤᠨ ᠪᠠᠭᠤᠳᠠᠯ ᠤᠨ | ᠲᠤᠭᠤᠷᠢᠭᠰᠠᠨ ᠵᠠᠮ ᠵᠢᠴᠢ ᠤᠶᠢᠷ᠎ᠠ ᠬᠠᠪᠢ ᠶᠢᠨ ᠨᠤᠭᠤᠭᠠᠷᠠᠭᠤᠯᠤᠯᠳᠡ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠳᠡ ᠶᠢ ᠲᠦᠯᠬᠢᠨ ᠠᠬᠢᠭᠤᠯᠤᠨ᠎ᠠ᠃ ︽ᠬᠦᠮᠦᠷᠭᠡ ᠶᠢᠨ ᠬᠦᠷᠦᠩᠭᠡ ᠳᠤ ᠤᠷᠤᠬᠤ︾ ᠠᠵᠢᠯ ᠢ | ᠢᠳᠡᠪᠬᠢᠲᠠᠢ ᠲᠦᠯᠬᠢᠨ᠂ ᠭᠡᠷ ᠪᠠᠶᠢᠰᠢᠩ ᠤᠨ ᠳᠡᠯᠭᠡᠨ ᠦᠵᠡᠭᠦᠯᠭᠡ ᠶᠢᠨ ᠬᠤᠷᠠᠯ ᠢ ᠰᠠᠶᠢᠳᠣᠷ ᠪᠡᠯᠡᠳᠭᠡᠨ ᠵᠤᠬᠢᠶᠠᠨ | ᠪᠠᠶᠢᠭᠤᠯᠤᠨ᠂ ᠨᠡᠶᠢᠳᠡ ᠶᠢᠨ ᠬᠤᠷᠠᠮᠳᠣᠯᠭ᠎ᠠ ᠶᠢᠨ ᠮᠦᠩᠬᠦ ᠶᠢᠨ ᠬᠠᠮᠤᠷᠠᠬᠤ ᠬᠦᠷᠢᠶ᠎ᠡ ᠶᠢ ᠦᠷᠭᠡᠳᠭᠡᠬᠦ ᠠᠵᠢᠯ ᠢ | ᠰᠠᠶᠢᠳᠤᠷ ᠬᠢᠵᠤ᠂ ᠨᠡᠭᠡᠭᠡᠯᠳᠡ ᠭᠦᠭᠵᠢᠭᠦᠯᠦᠯᠳᠡ ᠶᠢᠨ ᠪᠠᠩᠬᠢ ᠶᠢᠨ ᠬᠠᠭᠤᠴᠢᠨ ᠲᠤᠭᠤᠷᠢᠭ ᠤᠨ ᠪᠤᠷᠤ ᠭᠡᠷ ᠢ ᠵᠠᠰᠠᠨ | ᠰᠠᠶᠢᠵᠢᠷᠠᠭᠤᠯᠬᠤ ᠵᠢᠭᠡᠯᠡᠯᠭᠡ ᠶᠢ ᠪᠦᠷᠢᠨ ᠲᠡᠭᠦᠯᠳᠡᠷ ᠠᠰᠢᠭᠯᠠᠨ᠂ ᠬᠠᠳᠠᠭᠠᠯᠠᠵᠤ ᠪᠦᠬᠦᠢ ᠬᠤᠳᠠᠯᠳᠣᠭᠠᠨ ᠤ ᠤᠷᠤᠨ | ᠰᠠᠭᠤᠴᠠ ᠶᠢ ᠰᠢᠩᠭᠡᠭᠡᠵᠤ᠂ ᠬᠠᠭᠤᠴᠢᠨ ᠬᠤᠲᠠ ᠲᠤᠭᠤᠷᠢᠭ ᠤᠨ ᠪᠤᠷᠤ ᠬᠡᠷ ᠤᠨ ᠲᠤᠭᠤᠷᠢᠭ ᠢ ᠰᠠᠶᠢᠵᠢᠷᠠᠭᠤᠯᠤᠨ | ᠦᠭᠡᠷᠡᠴᠢᠯᠡᠬᠦ ᠬᠦᠴᠦᠯᠡᠴᠠ ᠪᠠᠨ ᠶᠡᠭᠡᠰᠭᠡᠨ᠂ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠦᠢᠯᠡᠰ ᠤᠨ ᠡᠷᠡᠭᠦᠯ | ᠢᠶᠠᠷ ᠬᠦᠭᠵᠢᠬᠦ ᠶᠢ ᠠᠬᠢᠭᠤᠯᠤᠨ᠎ᠠ᠃ ᠤᠰᠤᠨ ᠤ ᠡᠬᠢ ᠰᠤᠷᠪᠤᠯᠵᠢ ᠶᠢᠨ ᠤᠷᠤᠨ ᠢ ᠵᠠᠰᠠᠨ ᠦᠷᠭᠡᠳᠭᠡᠵᠤ | ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠤ᠂ ᠭᠤᠷᠪᠠᠳᠣᠭᠠᠷ ᠤᠰᠤᠨ ᠤ ᠦᠢᠯᠡᠳᠪᠦᠷᠢ ᠶᠢᠨ ᠪᠦᠲᠦᠭᠡᠨ | ᠪᠠᠶᠢᠭᠤᠯᠤᠯᠳᠡ ᠶᠢ ᠡᠬᠢᠯᠡᠭᠦᠯᠦᠨ᠂ ᠬᠤᠲᠠ ᠶᠢᠨ ᠡᠳᠦᠷ ᠤᠨ ᠤᠰᠤ ᠬᠠᠩᠭᠠᠬᠤ ᠴᠢᠳᠠᠪᠤᠷᠢ ᠶᠢ 1 ᠲᠦᠮᠡᠨ ᠲᠤᠨ | ᠰᠢᠨ᠎ᠡ ᠪᠠᠷ ᠨᠡᠮᠡᠭᠳᠡᠭᠦᠯᠦᠨ᠎ᠡ᠃ ︽ᠬᠡᠶᠢᠵᠢᠯᠳᠡ ᠶᠢᠨ ᠡᠷᠢᠶᠡᠨ︾ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠦᠨ | ᠬᠡᠷᠡᠭᠵᠢᠭᠦᠯᠦᠨ᠎ᠡ᠃ ᠭᠠᠵᠠᠷ ᠰᠢᠷᠤᠢ ᠬᠤᠷᠢᠶᠠᠨ ᠬᠠᠳᠠᠭᠠᠯᠠᠬᠤ ᠵᠢᠭᠡᠯᠡᠯᠭᠡ ᠶᠢ ᠳᠡᠭᠡᠷ᠎ᠡ ᠱᠠᠲᠤᠨ ᠠᠴᠠ ᠢᠳᠡᠪᠬᠢᠲᠠᠢ | ᠬᠦᠭᠡᠭᠡᠴᠡᠯᠳᠦᠵᠤ᠂ ᠰᠤᠯᠠ ᠲᠠᠯᠪᠢᠵᠤ ᠪᠠᠶᠢᠭ᠎ᠠ ᠭᠠᠵᠠᠷ ᠢ ᠴᠡᠪᠡᠷᠯᠡᠨ ᠰᠢᠢᠳᠪᠦᠷᠢᠯᠡᠬᠦ ᠬᠦᠴᠦᠯᠡᠴᠠ ᠪᠠᠨ ᠶᠡᠭᠡᠰᠭᠡᠨ᠂ | ᠭᠠᠵᠠᠷ ᠰᠢᠷᠤᠢ ᠲᠦᠪᠯᠡᠷᠭᠦᠯᠦᠨ ᠠᠷᠪᠢᠯᠡᠨ ᠠᠰᠢᠭᠯᠠᠬᠤ ᠶᠢ ᠠᠬᠢᠭᠤᠯᠤᠨ᠎ᠠ᠃ | ᠬᠤᠲᠠ ᠶᠢᠨ ᠬᠠᠮᠢᠶᠠᠷᠤᠯᠳᠡ ᠶᠢᠨ ᠲᠦᠪᠰᠢᠨ ᠢᠶᠠᠨ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠳᠡ ᠶᠢᠨ | ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠤᠷᠰᠢᠯᠳᠡ ᠶᠢᠨ ᠴᠡᠭ ᠢ ᠯᠠᠪᠳᠠᠭᠤᠨ ᠲᠦᠯᠬᠢᠨ ᠠᠬᠢᠭᠤᠯᠵᠤ᠂ ᠬᠤᠲᠠ ᠶᠢᠨ | ᠬᠠᠮᠢᠶᠠᠷᠤᠯᠳᠡ ᠪᠤᠯᠤᠨ ᠤᠷᠴᠢᠨ ᠲᠤᠭᠤᠷᠢᠨ ᠤ ᠠᠷᠢᠭᠤᠨ ᠴᠡᠪᠡᠷ ᠵᠡᠷᠭᠡ ᠲᠠᠯ᠎ᠠ ᠶᠢᠨ ᠤᠷᠤᠭᠤᠯᠤᠯᠳᠡ ᠪᠠᠨ ᠶᠡᠬᠡᠰᠭᠡᠨ | ᠂ ᠬᠤᠯᠪᠤᠭᠠᠯᠠᠨ ᠬᠠᠤᠯᠢ ᠬᠡᠷᠡᠭᠵᠢᠬᠦᠯᠬᠦ ᠲᠤᠭᠲᠠᠯᠴᠠᠭ᠎ᠠ ᠶᠢ ᠲᠡᠭᠦᠯᠳᠡᠷᠵᠢᠭᠦᠯᠵᠤ᠂ ᠬᠤᠲᠠ ᠶᠢᠨ ᠳᠡᠰ ᠲᠤᠭᠤᠷᠢᠭ | ᠬᠤᠪᠢᠶᠠᠬᠤ ᠬᠠᠮᠢᠶᠠᠷᠤᠯᠳᠡ ᠶᠢᠨ ᠬᠦᠴᠦᠯᠡᠴᠡ ᠪᠠᠨ ᠶᠡᠭᠡᠰᠭᠡᠨ᠂ ᠬᠤᠲᠠ ᠶᠢᠨ ᠬᠠᠮᠢᠶᠠᠷᠤᠯᠳᠡ ᠶᠢᠨ | ᠨᠠᠷᠢᠯᠢᠭᠵᠢᠭᠤᠯᠤᠯᠳᠡ ᠶᠢ ᠲᠦᠯᠬᠢᠨ ᠠᠬᠢᠭᠤᠯᠦᠨ᠎ᠠ᠃ ︽ᠡᠭᠦᠳᠡᠨ ᠡᠮᠦᠨᠡᠭᠢ ᠭᠤᠷᠪᠠᠨ ᠳᠠᠭᠠᠭᠠᠴᠢᠯᠠᠯᠳᠡ︾ ᠶᠢᠨ | ᠬᠠᠷᠢᠭᠤᠴᠠᠯᠭ᠎ᠠ ᠶᠢ ᠨᠢᠬᠲᠠᠷᠠᠭᠤᠯᠵᠤ᠂ ᠨᠡᠶᠢᠳᠡ ᠶᠢᠨ ᠲᠤᠨᠤᠭ ᠲᠦᠭᠦᠭᠡᠷᠦᠮᠵᠢ ᠶᠢᠨ ᠡᠳᠦᠷ ᠳᠣᠳᠣᠮ ᠤᠨ ᠵᠠᠰᠠᠨ | ᠬᠠᠮᠠᠭᠠᠯᠠᠬᠤ ᠬᠢᠬᠡᠳ ᠬᠢᠨᠠᠨ ᠬᠠᠮᠢᠶᠠᠷᠬᠤ ᠶᠢ ᠴᠢᠩᠭᠠᠳᠬᠠᠨ᠂ ᠬᠤᠲᠠ ᠶᠢᠨ ᠶᠠᠪᠤᠳᠠᠯ ᠤᠨ ᠲᠤᠨᠤᠭ ᠲᠦᠭᠦᠭᠡᠷᠦᠮᠵᠢ | ᠪᠤᠯᠤᠨ ᠬᠤᠲᠠ ᠶᠢᠨ ᠳᠦᠷᠢ ᠲᠦᠷᠬᠦ ᠶᠢ ᠡᠪᠳᠡᠭᠰᠡᠨ ᠵᠡᠷᠭᠡ ᠪᠤᠯᠪᠠᠰᠤᠨ ᠪᠤᠰᠤ ᠠᠵᠢᠯᠯᠠᠭ᠎ᠠ ᠳᠤ ᠬᠠᠤᠯᠢ | ᠬᠡᠷᠡᠭᠵᠢᠭᠦᠯᠬᠦ ᠬᠦᠴᠦᠯᠡᠴᠡ ᠪᠠᠨ ᠶᠡᠭᠡᠰᠭᠡᠨ᠎ᠡ᠃ ᠰᠠᠭᠤᠭᠠᠯᠢ ᠠᠷᠠᠳ ᠤᠨ ᠠᠷᠢᠭᠤᠨ ᠴᠡᠪᠡᠷ ᠪᠤᠯᠤᠨ ᠭᠡᠷ ᠠᠳᠠᠯ | ᠠᠬᠤᠢ ᠶᠢᠨ ᠬᠠᠮᠢᠶᠠᠷᠤᠯᠳᠡ ᠶᠢ ᠴᠢᠩᠭᠠᠳᠬᠠᠨ᠂ ᠴᠡᠪᠡᠷ ᠲᠤᠬᠢᠯᠢᠭ ᠤᠷᠤᠰᠢᠨ ᠰᠠᠭᠤᠬᠤ ᠤᠷᠴᠢᠨ ᠲᠤᠭᠤᠷᠢᠨ ᠢ ᠪᠤᠢ | ᠪᠤᠯᠭᠠᠨ᠎ᠠ᠃ ︽ᠤᠶᠤᠨᠴᠢ ᠬᠤᠲᠠ︾ ᠶᠢᠨ ᠪᠦᠲᠦᠭᠡᠨ ᠪᠠᠶᠢᠭᠤᠯᠤᠯᠳᠡ ᠶᠢ ᠲᠦᠷᠭᠡᠳᠭᠡᠨ᠂ ᠵᠠᠰᠠᠭ ᠤᠨ ᠶᠠᠪᠣᠳᠠᠯ | ᠤᠨ ᠲᠤᠭ᠎ᠠ ᠪᠦᠷᠢᠳᠭᠡᠯ ᠤᠨ ᠲᠦᠪ᠂ ᠠᠮᠤᠭᠤᠯᠠᠩ ᠡᠷᠢᠶᠡᠨ᠂ ᠤᠶᠤᠨᠴᠢ ᠵᠠᠮ ᠬᠠᠷᠢᠯᠴᠠᠭ᠎ᠠ᠂ ︽12345︾ | ᠶᠡᠷᠦᠩᠭᠡᠶᠢᠯᠡᠭᠰᠡᠨ ᠦᠢᠯᠡᠴᠢᠯᠡᠭᠡᠨ ᠤ ᠰᠢᠭᠤᠳ ᠤᠳᠠᠰᠤ ᠵᠡᠷᠭᠡ ᠰᠢᠰᠲ᠋ᠧᠮ ᠤᠨ ᠢᠨᠵᠧᠨᠧᠷᠢᠩ ᠢ ᠵᠢᠯ ᠤᠨ ᠳᠣᠳᠣᠷ᠎ᠠ | ᠳᠠᠭᠤᠰᠬᠠᠵᠤ᠂ ᠬᠤᠲᠠ ᠶᠢᠨ ᠬᠠᠮᠢᠶᠠᠷᠤᠯᠳᠡ ᠶᠢᠨ ᠰᠤᠷᠠᠭ ᠵᠠᠩᠬᠢᠵᠢᠯᠳᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠮᠠᠯᠵᠢᠬᠤ ᠲᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠠᠯ ᠢ ᠦᠷᠭᠦᠯᠵᠢᠯᠡᠨ | ᠰᠠᠶᠢᠵᠢᠷᠠᠭᠤᠯᠤᠨ᠎ᠠ᠃ ︽ᠠᠷᠪᠠ ᠶᠢ ᠪᠦᠷᠬᠦᠬᠦᠯᠬᠦ︾ ᠶᠢᠨ ᠪᠠᠷᠢᠮᠵᠢᠶ᠎ᠡ ᠶᠢ ᠳᠡᠭᠡᠭᠰᠢᠯᠡᠬᠦᠯᠦᠨ᠂ ᠬᠠᠮᠤᠷᠠᠬᠤ ᠬᠦᠷᠢᠶ᠎ᠡ | ᠶᠢ ᠦᠷᠭᠡᠳᠬᠡᠬᠦ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ 26 ᠰᠢᠨ᠎ᠡ ᠮᠠᠰᠢᠨ ᠬᠤᠳᠳᠤᠭ ᠮᠠᠯᠲᠠᠬᠤ᠂ 5. | 8km ᠤᠨ ᠲᠤᠰᠬᠤᠨ ᠳᠤ ᠨᠡᠪᠲᠡᠷᠡᠬᠦ ᠵᠡᠮ᠂ 142km ᠤᠨ ᠬᠦᠳᠡᠭᠡ ᠤᠷᠤᠨ ᠨᠤᠲᠤᠭ ᠤᠨ ᠴᠠᠬᠢᠯᠭᠠᠨ ᠲᠤᠤᠷ | ᠰᠦᠯᠵᠢᠶ᠎ᠡ ᠶᠢ ᠳᠡᠰ ᠳᠡᠪᠰᠢᠭᠦᠯᠦᠨ ᠰᠠᠶᠢᠵᠢᠷᠠᠭᠤᠯᠬᠤ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠡ ᠶᠢ | ᠳᠡᠭᠤᠰᠬᠠᠨ᠂ ᠰᠦᠵᠢ ᠭᠠᠴᠠᠭ᠎ᠠ — ᠲᠤᠯᠢ ᠭᠠᠴᠠᠭ᠎ᠠ ᠶᠢᠨ 34km ᠤᠨ ᠬᠠᠶᠢᠷ ᠡᠯᠡᠰᠦᠨ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠳᠡ ᠶᠢ ᠡᠬᠢᠯᠡᠭᠦᠯᠬᠦ ᠪᠠᠷ ᠴᠢᠷᠮᠠᠶᠢᠨ᠎ᠠ᠃ ᠰᠠᠶᠢᠬᠤᠰᠤ᠂ ᠴᠢᠬᠢᠷᠠᠭᠲᠤ ᠶᠢᠨ ᠬᠦᠮᠦᠨ ᠠᠮᠠ | ᠲᠦᠪᠯᠡᠷᠡᠭᠰᠡᠨ ᠭᠠᠵᠠᠷ ᠤᠨ ᠤᠷᠴᠢᠨ ᠲᠤᠭᠤᠷᠢᠨ ᠢ ᠵᠠᠰᠠᠨ ᠴᠡᠭᠴᠡᠯᠡᠬᠦ ᠢᠨᠵᠧᠨᠧᠷᠢᠩ ᠢ ᠨᠠᠷᠢᠯᠢᠭ ᠬᠡᠷᠡᠭᠵᠢᠭᠦᠯᠦᠨ᠂ | ᠤᠷᠴᠢᠨ ᠲᠤᠭᠤᠷᠢᠨ ᠤ ᠠᠷᠢᠭᠤᠨ ᠴᠠᠪᠡᠷ ᠵᠡᠷᠭᠡ ᠶᠢᠨ ᠰᠠᠭᠤᠷᠢ ᠲᠦᠭᠦᠭᠡᠷᠦᠮᠵᠢ ᠬᠡᠷᠡᠭᠯᠡᠭᠡ ᠶᠢ ᠢᠵᠢ ᠪᠦᠷᠢᠨᠰᠢᠭᠦᠯᠦᠨ | ᠂ ᠦᠵᠡᠰᠭᠦᠯᠡᠩᠲᠤ ᠰᠠᠶᠢᠬᠠᠨ ᠬᠦᠳᠡᠭᠡ ᠲᠤᠰᠬᠤᠨ ᠢ ᠪᠦᠬᠦ ᠬᠦᠴᠦ ᠪᠠᠷ ᠢᠶᠠᠨ ᠪᠠᠶᠢᠭᠤᠯᠤᠨ᠎ᠠ᠃ 197 ᠰᠠᠭᠤᠷᠢ | ᠢᠳᠡᠰᠢᠨ ᠨᠤᠭᠤᠭᠠᠨ ᠤ ᠲᠤᠮᠤ ᠫᠧᠩ ᠢ ᠰᠢᠨ᠎ᠡ ᠪᠠᠷ ᠪᠠ ᠰᠠᠶᠢᠵᠢᠷᠠᠭᠤᠯᠤᠨ ᠵᠠᠰᠠᠵᠤ ᠪᠠᠶᠢᠭᠤᠯᠤᠨ᠂ ᠲᠤᠯᠠᠭᠠᠨ ᠫᠧᠩ | ᠪᠤᠯᠤᠨ ᠡᠪᠡᠰᠤ ᠪᠤᠷᠳᠣᠭᠤᠷ ᠤᠨ ᠫᠧᠩ ᠲᠤᠰᠪᠤᠷᠢ 50 ᠰᠠᠭᠤᠷᠢ ᠰᠢᠨ᠎ᠡ ᠪᠠᠷ ᠪᠠᠶᠢᠭᠤᠯᠵᠤ᠂ ᠮᠠᠯᠵᠢᠬᠤ ᠲᠠᠷᠢᠶᠠᠯᠠᠬᠤ | ᠦᠢᠯᠡᠰ ᠤᠨ ᠦᠢᠯᠡᠳᠪᠦᠷᠢᠯᠡᠯ ᠤᠨ ᠨᠦᠭᠦᠴᠡᠯ ᠢ ᠰᠠᠶᠢᠵᠢᠷᠠᠭᠤᠯᠤᠨ᠎ᠠ᠃ ᠬᠠᠭᠤᠴᠢᠨ ᠡᠷᠢᠶᠡᠨ ᠤ ᠠᠮᠢᠲᠠᠨ ᠤ | ᠲᠤᠰᠬᠠᠷᠯᠠᠯᠳᠡ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠳᠡ ᠶᠢ ᠳᠠᠭᠤᠰᠬᠠᠨ᠎ᠠ᠃ ᠮᠠᠯᠵᠢᠬᠤ ᠲᠠᠷᠢᠶᠠᠯᠠᠬᠤ ᠦᠢᠯᠡᠰ | ᠤᠨ ᠠᠵᠤ ᠦᠢᠯᠡᠰᠵᠢᠯᠳᠡ ᠶᠢᠨ ᠬᠦᠭᠵᠢᠯᠳᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠵᠢᠯ ᠤᠨ ᠳᠣᠳᠣᠷ᠎ᠠ 10 | ᠡᠷᠦᠭᠡ ᠪᠠᠷᠢᠮᠵᠢᠶᠠᠵᠢᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠵᠢᠱᠢᠶᠡᠴᠢ ᠡᠷᠦᠭᠡ᠂ 2 ᠡᠷᠦᠭᠡ | ᠦᠪᠡᠷᠲᠡᠭᠡᠨ ᠵᠠᠰᠠᠬᠤ ᠤᠷᠤᠨ ᠤ ᠳᠡᠰ ᠤᠨ ᠮᠠᠯᠵᠢᠬᠤ ᠲᠠᠷᠢᠶᠠᠯᠬᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ | ᠢ ᠪᠤᠶᠢᠵᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠭᠦᠨ ᠢ ᠪᠠᠶᠢᠴᠠᠭᠠᠨ ᠰᠢᠯᠭᠠᠬᠤ ᠲᠤᠭᠲᠠᠯᠴᠠᠭ᠎ᠠ ᠶᠢ | ᠲᠡᠭᠦᠯᠳᠡᠷᠵᠢᠭᠦᠯᠵᠤ᠂ ᠢᠳᠡᠰᠢᠨ ᠨᠤᠭᠤᠭᠠᠨ ᠤ ᠪᠤᠬᠢᠷᠳᠣᠯ ᠦᠭᠡᠢ ᠬᠤᠤᠷ ᠬᠦᠨᠦᠭᠡᠯ ᠦᠭᠡᠢ ᠭᠠᠷᠤᠯᠳᠡ ᠶᠢᠨ ᠭᠠᠵᠠᠷ | ᠤᠨ ᠳᠡᠮᠳᠡᠭ ᠭᠡᠷᠡᠴᠢᠯᠡᠭᠡ ᠶᠢ ᠲᠦᠯᠬᠢᠨ ᠠᠬᠢᠭᠤᠯᠵᠤ᠂ ᠰᠠᠶᠢᠬᠤᠰᠤ ᠶᠢᠨ ᠪᠤᠬᠢᠷᠳᠣᠯ ᠦᠭᠡᠢ ᠢᠳᠡᠰᠢᠨ ᠨᠤᠭᠤᠭᠠᠨ ᠤ | ᠲᠠᠷᠢᠮᠠᠯ ᠤᠨ ᠨᠡᠷ᠎ᠡ ᠳᠡᠮᠳᠡᠭ ᠢ ᠪᠤᠢ ᠪᠤᠯᠭᠠᠨ᠎ᠠ᠃ ᠨᠤᠲᠤᠭ ᠪᠡᠯᠴᠢᠭᠡᠷ ᠤᠨ ᠳᠠᠭᠠᠭᠠᠴᠢᠯᠠᠬᠤ ᠡᠷᠭᠡ ᠶᠢ ᠵᠦᠪᠰᠢᠶᠡᠷᠡᠬᠦ | ᠳᠠᠩᠰᠠᠨ ᠳᠤ ᠳᠡᠮᠳᠡᠭᠯᠡᠨ ᠭᠡᠷᠡᠴᠢ ᠳᠡᠮᠳᠡᠭ ᠦᠭᠬᠦ ᠠᠵᠢᠯ ᠢ ᠳᠠᠭᠤᠰᠬᠠᠨ᠎ᠠ᠃ ᠲᠠᠯ᠎ᠠ ᠨᠤᠲᠤᠭ ᠢ ᠬᠠᠮᠠᠭᠠᠯᠠᠬᠤ | ᠲᠦᠷᠢᠮ ᠢ ᠴᠢᠩᠭ᠎ᠠ ᠬᠡᠷᠡᠭᠵᠢᠭᠦᠯᠵᠤ᠂ ᠵᠢᠯ ᠤᠨ ᠳᠣᠳᠣᠷ᠎ᠠ ᠮᠠᠯ ᠤᠨ ᠭᠠᠷᠭᠠᠯᠳᠡ ᠶᠢᠨ ᠲᠤᠭ᠎ᠠ ᠶᠢ 4.5 ᠲᠦᠮᠡᠨ | ᠲᠤᠯᠤᠭᠠᠢ ᠳᠣᠳᠣᠷ᠎ᠠ ᠬᠢᠵᠠᠭᠠᠷᠯᠡᠨ᠎ᠠ᠃ | ︵ᠳᠦᠷᠪᠡ︶ ᠠᠷᠠᠳ ᠤᠨ ᠠᠮᠢᠵᠢᠷᠭᠠᠨ ᠤ ᠤᠷᠤᠭᠤᠯᠤᠯᠳᠡ ᠪᠠᠨ ᠦᠷᠭᠦᠯᠵᠢᠯᠡᠨ ᠶᠡᠭᠡᠰᠭᠡᠵᠤ᠂ ᠤᠯᠠᠨ | ᠲᠦᠮᠡᠨ ᠤ ᠵᠤᠯ ᠵᠢᠷᠭᠠᠯᠳᠣ ᠰᠡᠳᠬᠢᠭᠳᠡᠯ ᠢ ᠳᠡᠭᠡᠭᠰᠢᠯᠡᠭᠦᠯᠦᠨ᠎ᠡ᠃ | ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠢᠶᠠᠷ ᠭᠤᠤᠯ ᠪᠤᠯᠭᠠᠭᠰᠠᠨ ᠨᠡᠶᠢᠭᠡᠮ ᠤᠨ ᠠᠵᠢᠯ ᠲᠦᠷᠦᠯ ᠢ | ᠪᠦᠬᠦ ᠲᠠᠯ᠎ᠠ ᠪᠠᠷ ᠬᠦᠭᠵᠢᠭᠦᠯᠦᠨ᠎ᠡ᠃ ᠪᠦᠬᠦ ᠵᠢᠯ ᠳᠤ 3.1 ᠳ᠋ᠦᠩᠰᠢᠭᠤᠷ ᠲᠦᠭᠦᠷᠢᠭ ᠢ ᠰᠤᠷᠭᠠᠨ ᠬᠦᠮᠦᠵᠢᠯ ᠪᠤᠯᠤᠨ | ᠡᠷᠡᠭᠦᠯ ᠬᠠᠮᠠᠭᠠᠯᠠᠯ ᠤᠨ ᠠᠵᠤ ᠦᠢᠯᠡᠰ ᠤᠨ ᠬᠦᠭᠵᠢᠯᠳᠡ ᠳᠤ ᠵᠠᠷᠤᠴᠠᠭᠤᠯᠤᠨ᠎ᠠ᠃ ᠳᠣᠮᠳᠠᠳᠣ ᠪᠠᠭ᠎ᠠ ᠰᠤᠷᠭᠠᠭᠤᠯᠢ | ᠶᠢᠨ ᠵᠢᠭᠠᠨ ᠰᠤᠷᠭᠠᠯᠳᠡ ᠶᠢᠨ ᠬᠠᠮᠢᠶᠠᠷᠤᠯᠳᠡ ᠪᠤᠯᠤᠨ ᠪᠠᠭᠰᠢ ᠶᠢᠨ ᠮᠡᠷᠭᠡᠵᠢᠯ ᠤᠨ ᠴᠤᠯᠠ ᠶᠢᠨ ᠬᠦᠮᠦᠵᠢᠯ ᠢ | ᠴᠢᠩᠭ᠎ᠠ ᠠᠳᠬᠤᠨ᠂ ᠪᠠᠶᠢᠩᠭᠤ ᠶᠢᠨ ᠴᠢᠨᠠᠷᠲᠠᠢ ᠰᠢᠯᠢᠳᠡᠭ ᠪᠠᠭᠰᠢ ᠡᠯᠰᠡᠨ ᠬᠡᠷᠡᠭᠯᠡᠵᠤ᠂ ᠪᠠᠭᠰᠢ ᠶᠢᠨ ᠮᠡᠷᠭᠡᠵᠢᠯ ᠤᠨ | ᠴᠤᠯᠠ ᠶᠢᠨ ᠴᠠᠯᠢᠩ ᠢ ᠵᠢᠯ ᠤᠨ ᠳᠣᠳᠣᠷ᠎ᠠ ᠦᠭᠴᠤ ᠳᠠᠭᠤᠰᠬᠠᠨ᠂ ᠪᠠᠭᠰᠢ ᠶᠢᠨ ᠰᠢᠯᠭᠠᠨ ᠪᠠᠶᠢᠴᠠᠭᠠᠵᠤ | ᠵᠤᠷᠢᠭᠵᠢᠭᠤᠯᠬᠤ ᠲᠤᠭᠲᠠᠯᠴᠠᠭ᠎ᠠ ᠶᠢ ᠪᠠᠶᠢᠭᠤᠯᠵᠤ᠂ ᠪᠠᠭᠰᠢ ᠶᠢᠨ ᠢᠳᠡᠪᠬᠢᠵᠢᠯ ᠢ ᠲᠠᠰᠤᠷᠠᠯᠳᠡ ᠦᠭᠡᠢ ᠳᠠᠶᠢᠴᠢᠯᠠᠨ᠂ | ᠵᠢᠭᠠᠨ ᠰᠤᠷᠭᠠᠯᠳᠡ ᠶᠢᠨ ᠴᠢᠨᠠᠷ ᠴᠢᠨᠰᠠᠭ᠎ᠠ ᠪᠠᠨ ᠦᠨᠡᠨᠬᠦ ᠳᠡᠭᠡᠭᠰᠢᠯᠡᠭᠦᠯᠵᠤ᠂ ᠤᠯᠠᠨ ᠲᠦᠮᠡᠨ ᠤ ᠬᠠᠨᠤᠮᠵᠢᠲᠠᠢ | ᠰᠤᠷᠭᠠᠨ ᠬᠦᠮᠦᠵᠢᠯ ᠢ ᠡᠷᠬᠢᠯᠡᠨ᠎ᠡ᠃ ᠡᠷᠢᠶᠡᠨ ᠬᠤᠲᠠ ᠶᠢᠨ ᠤᠯᠠᠨ ᠤᠯᠤᠰ ᠤᠨ ᠬᠡᠷᠡᠭᠯᠡᠭᠡᠨ ᠤ ᠮᠡᠷᠭᠡᠵᠢᠯ ᠤᠨ | ᠠᠵᠢᠯ ᠮᠡᠷᠭᠡᠵᠢᠯ ᠤᠨ ᠳᠡᠭᠡᠲᠤ ᠰᠤᠷᠭᠠᠭᠤᠯᠢ ᠶᠢᠨ ᠵᠦᠪᠰᠢᠶᠡᠷᠡᠯ ᠤᠯᠵᠤ ᠪᠠᠶᠢᠭᠤᠯᠤᠭᠳᠠᠬᠤ ᠶᠢ ᠬᠦᠭᠡᠭᠡᠴᠡᠯᠳᠣᠨᠠ᠃ | ᠮᠣᠩᠭᠤᠯ ᠦᠨᠳᠦᠰᠦᠳᠡᠨ ᠤ ᠳᠣᠮᠳᠠᠳᠣ ᠰᠤᠷᠭᠠᠭᠤᠯᠢ᠂ ᠤᠯᠠᠨ ᠤᠯᠤᠰ ᠤᠨ ᠳᠡᠭᠡᠲᠤ ᠰᠤᠷᠭᠠᠭᠤᠯᠢ ᠶᠢᠨ ᠰᠢᠨ᠎ᠡ | ᠰᠤᠷᠭᠠᠭᠤᠯᠢ ᠶᠢᠨ ᠲᠤᠭᠤᠷᠢᠭ᠂ ᠯᠠᠨ ᠲᠢᠶᠠᠨ ᠬᠡᠤᠭᠡᠳ ᠤᠨ ᠴᠡᠴᠡᠷᠯᠢᠭ ᠤᠨ ᠪᠠᠷᠢᠯᠭ᠎ᠠ ᠳᠠᠭᠤᠰᠬᠠᠵᠤ ᠠᠰᠢᠭᠯᠠᠯᠳᠡ | ᠳᠤ ᠤᠷᠤᠬᠤ ᠶᠢ ᠲᠦᠯᠬᠢᠨ ᠠᠬᠢᠭᠤᠯᠤᠨ᠎ᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠦᠭᠡᠷᠡᠴᠢᠯᠡᠯᠳᠡ ᠶᠢᠨ ᠲᠤᠷᠰᠢᠯᠳᠡ ᠶᠢᠨ ᠴᠡᠭ ᠢ ᠯᠠᠪᠳᠠᠭᠤᠨ ᠲᠦᠯᠬᠢᠨ ᠠᠬᠢᠭᠤᠯᠵᠤ᠂ ᠡᠭᠡ | ᠨᠢᠯᠬᠠᠰ ᠤᠨ ᠡᠷᠡᠭᠦᠯ ᠮᠡᠨᠳᠣ ᠶᠢᠨ ᠡᠮᠨᠡᠯᠭᠡ ᠶᠢᠨ ᠬᠤᠷᠢᠶ᠎ᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠪᠠᠴᠢᠮ ᠳᠣᠲᠠᠭᠳᠠᠵᠤ ᠪᠠᠶᠢᠭ᠎ᠠ ᠡᠮᠴᠢᠯᠡᠭᠡᠨ ᠤ ᠴᠢᠳᠠᠪᠤᠷᠢᠳᠠᠨ ᠢ ᠤᠷᠢᠨ ᠤᠷᠤᠭᠤᠯᠵᠤ᠂ ᠡᠮᠴᠢᠯᠡᠭᠡ ᠠᠪᠤᠷᠠᠨ ᠵᠠᠰᠠᠬᠤ | ᠲᠦᠪᠰᠢᠨ ᠢᠶᠠᠨ ᠦᠨᠡᠨᠬᠦ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠠᠵᠢᠯᠳᠠᠨ᠂ ᠰᠠᠭᠤᠭᠠᠯᠢ ᠠᠷᠠᠳ ᠤᠨ | ᠡᠮᠨᠡᠯᠭᠡ ᠶᠢᠨ ᠳᠠᠭᠠᠳᠬᠠᠯ ᠪᠤᠯᠤᠨ ᠰᠢᠨ᠎ᠡ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠲᠦᠷᠢᠮ ᠢ ᠦᠷ᠎ᠡ | ᠪᠦᠲᠦᠮᠵᠢᠲᠠᠢ ᠨᠢᠭᠡᠳᠭᠡᠬᠦ ᠶᠢ ᠲᠦᠯᠬᠢᠨ ᠠᠬᠢᠭᠤᠯᠵᠤ᠂ ︽ᠭᠤᠷᠪᠠᠨ ᠳᠠᠭᠠᠳᠬᠠᠯ ᠢ ᠨᠢᠭᠡ ᠪᠤᠯᠭᠠᠬᠤ︾ ᠶᠢ | ᠪᠡᠶᠡᠯᠡᠭᠦᠯᠦᠨ᠎ᠡ᠃ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ | ᠪᠠᠶᠢᠭᠤᠯᠤᠯᠳᠡ ᠶᠢ ᠲᠦᠯᠬᠢᠨ ᠠᠬᠢᠭᠤᠯᠵᠤ᠂ ᠨᠤᠮ ᠤᠨ ᠰᠠᠩ ᠪᠠᠶᠢᠭᠤᠯᠤᠨ᠎ᠠ᠃ ᠢᠳᠡᠭᠡᠨ ᠤ ᠵᠦᠢᠯᠡᠰ ᠤᠨ | ᠵᠢᠵᠢᠭᠯᠡᠨᠨ ᠪᠤᠯᠪᠠᠰᠤᠷᠠᠭᠤᠯᠬᠤ ᠠᠵᠤ ᠦᠢᠯᠡᠳᠪᠦᠷᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠳᠡ ᠶᠢ ᠲᠦᠯᠬᠢᠨ | ᠠᠬᠢᠭᠤᠯᠵᠤ᠂ ᠢᠳᠡᠭᠡᠨ ᠤ ᠵᠦᠢᠯᠡᠰ ᠤᠨ ᠨᠢᠭᠡᠴᠢ ᠳᠠᠮᠵᠢᠭᠤᠯᠤᠯᠳᠡ ᠶᠢᠨ ᠪᠠᠶᠢᠭᠤᠯᠤᠮᠵᠢ ᠶᠢᠨ ᠪᠦᠲᠦᠭᠡᠨ | ᠪᠠᠶᠢᠭᠤᠯᠤᠯᠳᠡ ᠶᠢᠨ ᠲᠤᠷᠰᠢᠯᠳᠡ ᠶᠢᠨ ᠴᠡᠭ ᠤᠨ ᠡᠭᠦᠷᠭᠡ ᠶᠢ ᠪᠡᠶᠡᠯᠡᠭᠦᠯᠦᠨ᠂ ᠡᠮ ᠤᠨ ᠵᠦᠢᠯᠡᠰ ᠤᠨ ᠬᠢᠨᠠᠨ | ᠬᠠᠮᠢᠶᠠᠷᠤᠯᠳᠡ ᠶᠢ ᠴᠢᠩᠭᠠᠳᠬᠠᠵᠤ᠂ ᠤᠯᠠᠨ ᠲᠦᠮᠡᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ | ᠪᠠᠲᠤᠯᠠᠨ᠎ᠠ᠃ ᠪᠦᠬᠦ ᠬᠤᠲᠠ ᠶᠢᠨ ᠬᠦᠯ ᠪᠦᠮᠪᠦᠭᠡ ᠶᠢᠨ ᠦᠭᠡᠷᠡᠴᠢᠯᠡᠯᠳᠡ ᠬᠦᠭᠵᠢᠯᠳᠡ ᠶᠢᠨ ᠭᠤᠷᠪᠠᠨ ᠵᠢᠯ ᠤᠨ | ᠠᠵᠢᠯᠯᠠᠭᠠᠨ ᠤ ᠲᠦᠯᠦᠪᠯᠡᠭᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠮᠤᠩᠭᠤᠯ ᠤᠷᠤᠰ ᠤᠨ ᠬᠠᠮᠢᠶ᠎ᠠ ᠪᠦᠬᠦᠢ | ᠭᠠᠵᠠᠷ ᠤᠷᠤᠨ ᠲᠠᠢ ᠬᠦᠯ ᠪᠦᠮᠪᠦᠭᠡ ᠶᠢᠨ ᠰᠤᠯᠢᠯᠴᠠᠭ᠎ᠠ ᠦᠷᠨᠢᠭᠦᠯᠦᠨ᠎ᠡ᠃ | ᠨᠡᠶᠢᠭᠡᠮ ᠤᠨ ᠪᠠᠲᠤᠯᠠᠭᠠᠨ ᠤ ᠲᠤᠭᠲᠠᠯᠴᠠᠭ᠎ᠠ ᠶᠢ ᠳᠡᠭᠦᠯᠳᠡᠷᠵᠢᠭᠦᠯᠦᠨ᠎ᠡ᠃ ︽ᠵᠢᠷᠭᠤᠭᠠᠨ ᠨᠠᠷᠢᠯᠢᠭ | ᠤᠨᠤᠪᠴᠢᠲᠠᠢ᠂ ᠲᠠᠪᠤᠨ ᠨᠢᠭᠡ ᠪᠦᠯᠦᠭ︾ ᠤᠨ ᠱᠠᠭᠠᠷᠳᠠᠯᠭ᠎ᠠ ᠪᠠᠷ᠂ ᠶᠠᠳᠠᠭᠤ ᠶᠢ ᠳᠡᠳᠭᠦᠬᠦ ᠪᠠᠲᠤ ᠴᠢᠩᠭ᠎ᠠ | ᠬᠡᠷᠡᠭᠵᠢᠭᠦᠯᠦᠯᠳᠡ ᠶᠢᠨ ᠠᠷᠭ᠎ᠠ ᠬᠡᠮᠵᠢᠶ᠎ᠡ ᠶᠢ ᠲᠤᠭᠲᠠᠭᠠᠨ᠂ ᠠᠵᠤ ᠦᠢᠯᠡᠰ ᠢ ᠬᠦᠭᠵᠢᠭᠦᠯᠦᠨ ᠪᠤᠵᠠᠭᠠᠶᠢᠷᠠᠭᠤᠯᠬᠤ | ᠠᠷᠭ᠎ᠠ ᠬᠡᠮᠵᠢᠶ᠎ᠡ ᠠᠪᠬᠤ᠂ ᠠᠵᠢᠯ ᠤᠯᠭᠤᠬᠤ ᠦᠢᠯᠡᠰ ᠪᠤᠰᠬᠠᠬᠤ ᠶᠢ ᠴᠢᠩᠭᠠᠳᠬᠠᠬᠤ᠂ ᠡᠮ ᠡᠮᠨᠡᠯᠭᠡ ᠶᠢᠨ ᠠᠪᠤᠷᠠᠨ | ᠲᠤᠰᠠᠯᠠᠬᠤ ᠪᠤᠯᠤᠨ ᠰᠤᠷᠤᠯᠭ᠎ᠠ ᠶᠢ ᠳᠡᠮᠵᠢᠬᠦ ᠨᠦᠭᠦᠪᠦᠷᠢ᠂ ᠨᠡᠶᠢᠭᠡᠮ ᠤᠨ ᠪᠠᠲᠤᠯᠠᠭᠠᠨ ᠤ ᠨᠠᠷᠢᠨ ᠵᠦᠢᠯᠡᠰ ᠢ | ᠢᠯᠡᠷᠡᠬᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠵᠢᠯ ᠤᠨ ᠳᠣᠳᠣᠷ᠎ᠠ ᠳᠡᠩᠰᠨᠯᠠᠨ ᠳᠡᠮᠳᠡᠭᠯᠡᠵᠤ ᠪᠠᠶᠢᠭ᠎ᠠ ᠶᠠᠳᠠᠭᠤ | ᠬᠦᠴᠢᠷᠳᠡᠯᠳᠡᠢ ᠮᠠᠯᠴᠢᠨ ᠲᠠᠷᠢᠶᠡᠴᠢᠨ ᠢ ᠪᠦᠬᠦᠨ ᠢ ᠲᠤᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ | ᠪᠠᠲᠤᠯᠠᠨ᠎ᠠ᠃ ᠬᠤᠳᠠ ᠬᠦᠳᠡᠭᠡ ᠶᠢᠨ ᠳᠣᠣᠷ᠎ᠠ ᠪᠠᠲᠤᠯᠠᠭᠠᠲᠤ ᠡᠷᠦᠭᠡ ᠶᠢ ᠬᠦᠳᠡᠯᠦᠩᠭᠦᠢ ᠬᠠᠮᠢᠶᠠᠷᠴᠤ᠂ ᠲᠦᠷᠦᠯ | ᠬᠤᠪᠢᠶᠠᠨ ᠶᠠᠳᠠᠭᠤ ᠠᠴᠠ ᠠᠩᠬᠢᠵᠢᠷᠠᠭᠤᠯᠤᠨ᠎ᠠ᠃ ᠠᠵᠢᠯᠳᠠᠳ ᠤᠨ ᠦᠨᠳᠦᠰᠤᠨ ᠨᠠᠰᠤᠵᠢᠯ ᠤᠨ ᠳᠠᠭᠠᠳᠬᠠᠯ ᠤᠨ | ᠪᠦᠷᠬᠦᠴᠡ ᠶᠢ ᠦᠷᠭᠡᠳᠭᠡᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠬᠢᠭᠡᠳ ᠠᠵᠤ ᠠᠬᠤᠶᠢᠯᠠᠯ ᠤᠨ | ᠠᠵᠢᠯᠳᠠᠨ ᠤ ᠨᠠᠰᠤᠵᠢᠯ ᠤᠨ ᠳᠠᠭᠠᠳᠬᠠᠯ ᠢ ᠬᠠᠮᠲᠤ ᠳᠤᠨᠢ ᠬᠠᠮᠢᠶᠠᠷᠬᠤ ᠶᠢ ᠪᠡᠶᠡᠯᠡᠭᠦᠯᠦᠨ᠂ ᠬᠤᠲᠠ ᠪᠠᠯᠭᠠᠰᠤᠨ ᠤ | ᠠᠵᠢᠯᠳᠠᠳ ᠤᠨ ᠦᠨᠳᠦᠰᠤᠨ ᠨᠠᠰᠤᠵᠢᠯ ᠤᠨ ᠳᠠᠭᠠᠳᠬᠠᠯ ᠪᠤᠯᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ ᠢ ᠰᠢᠯᠵᠢᠭᠦᠯᠦᠨ ᠦᠷᠬᠦᠯᠵᠢᠯᠡᠬᠦᠯᠬᠦ ᠠᠵᠯ ᠢ ᠰᠠᠶᠢᠳᠣᠷ ᠬᠢᠨ᠎ᠠ᠃ ᠦᠨᠳᠦᠰᠤᠨ ᠡᠮ | ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠶᠡᠷᠦᠩᠬᠡᠢ ᠦᠨ᠎ᠡ ᠶᠢ ᠬᠢᠵᠠᠭᠠᠷᠯᠠᠬᠤ ᠶᠢ ᠶᠠᠪᠤᠭᠳᠠᠭᠤᠯᠵᠤ᠂ | ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠬᠦ ᠶᠢ ᠬᠡᠷᠡᠭᠯᠡᠬᠦ ᠦᠷ᠎ᠡ ᠨᠤᠷᠮ᠎ᠡ ᠶᠢ ᠳᠡᠭᠡᠭᠰᠢᠯᠡᠭᠦᠯᠦᠨ᠎ᠡ᠃ | ᠠᠩᠬᠠᠳᠠᠭᠴᠢ ᠨᠡᠶᠢᠭᠡᠮᠴᠢᠯᠡᠭᠰᠡᠨ ᠨᠠᠰᠤᠵᠢᠯ ᠤᠨ ᠲᠦᠷᠦᠯ ᠵᠦᠢᠯ ᠢ ᠡᠬᠢᠯᠡᠭᠦᠯᠬᠦ ᠶᠢ ᠲᠦᠯᠬᠢᠵᠤ᠂ ᠬᠠᠶᠢᠨᠠᠨ ᠮᠤᠵᠢ | ᠶᠢᠨ ᠰᠠᠨ ᠶᠠ ᠬᠤᠲᠠ — ᠡᠷᠢᠶᠡᠨ ᠬᠤᠲᠠ — ᠮᠤᠩᠭᠤᠯ ᠤᠯᠤᠰ ᠤᠨ ᠲᠦᠪ ᠠᠶᠢᠮᠠᠭ ᠬᠤᠶᠠᠷ ᠤᠯᠤᠰ ᠭᠤᠷᠪᠠᠨ | ᠭᠠᠵᠠᠷ ᠤᠨ ᠤᠯᠠᠨ ᠤᠯᠤᠰ ᠤᠨ ᠬᠠᠮᠲᠤᠷᠠᠯᠴᠠᠭᠠᠨ ᠤ ᠨᠠᠰᠤᠵᠢᠯ ᠤᠨ ᠲᠦᠷᠦᠯ ᠵᠦᠢᠯ ᠢ ᠲᠦᠯᠬᠢᠨ ᠠᠬᠢᠭᠤᠯᠵᠤ᠂ | ᠪᠤᠭᠤᠮᠲᠠ ᠶᠢᠨ ᠤᠨᠴᠠᠯᠢᠭᠲᠤ ᠨᠠᠰᠤᠵᠢᠯ ᠤᠨ ᠠᠵᠤ ᠦᠢᠯᠡᠰ ᠢ ᠬᠦᠭᠵᠢᠬᠦᠯᠦᠨ᠎ᠠ᠃ ᠨᠡᠶᠢᠭᠡᠮ ᠤᠨ ᠠᠪᠤᠷᠠᠨ | ᠲᠤᠰᠠᠯᠠᠯᠳᠡ ᠶᠢᠨ ᠲᠤᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠬᠠᠮᠤᠭ ᠳᠣᠣᠷ᠎ᠠ ᠠᠮᠢᠳᠣᠷᠠᠯ ᠤᠨ ᠪᠠᠲᠤᠯᠠᠭᠠᠨ ᠤ ᠪᠠᠷᠢᠮᠵᠢᠶ᠎ᠠ ᠶᠢ ᠳᠡᠭᠡᠭᠰᠢᠯᠡᠬᠦᠯᠦᠨ᠂ ᠬᠤᠲᠠ ᠬᠦᠳᠡᠭᠡ | ᠶᠢᠨ ᠬᠦᠴᠢᠷᠳᠡᠯᠳᠡᠢ ᠤᠯᠠᠨ ᠲᠦᠮᠡᠨ ᠤ ᠦᠨᠳᠦᠰᠦᠨ ᠠᠮᠢᠳᠣᠷᠠᠯ ᠤᠨ ᠱᠠᠭᠠᠷᠳᠠᠯᠭ᠎ᠠ ᠶᠢ ᠪᠠᠲᠤᠯᠠᠨ᠎ᠠ᠃ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠦᠭᠡᠷᠡᠴᠢᠯᠡᠯᠳᠡ ᠶᠢ ᠦᠷᠭᠦᠯᠵᠢᠯᠡᠨ ᠰᠠᠶᠢᠳᠤᠷ ᠬᠢᠵᠤ᠂ | ᠰᠢᠶᠡᠨ ᠤ ᠳᠡᠰ ᠠᠴᠠ ᠲᠤᠷᠤᠭᠰᠢᠬᠢ ᠤᠯᠤᠰ ᠤᠨ ᠠᠯᠪᠠᠲᠠᠨ ᠤ ᠲᠤᠰᠢᠶᠠᠯ ᠬᠢᠭᠡᠳ ᠳᠡᠰ ᠵᠡᠷᠭᠡ ᠶᠢ ᠬᠠᠮᠲᠤ ᠳᠤᠨᠢ | ᠶᠠᠪᠤᠭᠳᠠᠭᠤᠯᠬᠤ ᠲᠦᠷᠢᠮ ᠢ ᠨᠠᠶᠢᠳᠠᠪᠤᠷᠢᠵᠢᠭᠤᠯᠦᠨᠠ᠃ ᠬᠠᠮᠤᠭ ᠳᠣᠣᠷ᠎ᠠ ᠴᠠᠯᠢᠩ ᠪᠤᠯᠤᠨ ᠴᠠᠯᠢᠩ ᠢ ᠬᠠᠮᠲᠤ ᠳᠠᠭᠠᠨ | ᠶᠠᠷᠢᠯᠴᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠰᠢᠯᠭᠠᠵᠤ ᠪᠠᠶᠢᠴᠠᠭᠠᠬᠤ ᠬᠦᠴᠦᠯᠡᠴᠠ ᠪᠠᠨ | ᠴᠢᠩᠭᠠᠳᠬᠠᠨ᠂ ᠬᠦᠳᠡᠯᠮᠦᠷᠢᠴᠢᠳ ᠤᠨ ᠬᠠᠤᠯᠢ ᠶᠤᠰᠤᠨ ᠤ ᠡᠷᠭᠡ ᠠᠰᠢᠭ ᠢ ᠦᠨᠡᠨᠬᠦ ᠬᠠᠮᠠᠭᠠᠯᠠᠨ᠎ᠠ᠃ | ᠬᠤᠲᠠ ᠬᠦᠳᠡᠭᠡ ᠶᠢᠨ ᠪᠦᠷᠢᠨ ᠲᠡᠭᠦᠯᠳᠡᠷ ᠠᠵᠢᠯ ᠤᠯᠭᠤᠬᠤ ᠶᠢ ᠠᠬᠢᠭᠤᠯᠤᠨ᠎ᠠ᠃ ︽ᠤᠯᠠᠨ ᠲᠦᠮᠡᠨ ᠢᠶᠠᠷ | ᠢᠶᠠᠨ ᠦᠢᠯᠡᠰ ᠪᠤᠰᠬᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾ ᠶᠢ ᠲᠦᠯᠬᠢᠨ ᠠᠬᠢᠭᠤᠯᠵᠤ᠂ ᠠᠵᠢᠯ | ᠤᠯᠭᠤᠬᠤ ᠦᠢᠯᠡᠰ ᠪᠤᠰᠬᠠᠬᠤ ᠲᠦᠷᠦ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠨ᠂ ᠡᠯᠧᠺᠲᠷᠤᠨ ᠬᠤᠳᠠᠯᠳᠣᠭᠠᠨ ᠤ | ᠪᠤᠳᠠᠳᠠᠢ ᠪᠤᠯᠪᠠᠰᠤᠷᠠᠯᠳᠡ ᠶᠢ ᠶᠠᠪᠤᠭᠳᠠᠭᠤᠯᠵᠤ᠂ ᠦᠢᠯᠡᠰ ᠪᠤᠰᠬᠠᠬᠤ ᠠᠵᠢᠯ ᠤᠯᠭᠤᠬᠤ ᠠᠵᠢᠯ ᠤᠨ ᠰᠢᠨ᠎ᠡ ᠬᠡᠯᠪᠡᠷᠢ | ᠶᠢ ᠡᠭᠦᠳᠦᠨ᠎ᠡ᠃ ᠲᠢᠶᠠᠨ ᠯᠢ ᠦᠢᠯᠡᠰ ᠪᠤᠰᠬᠠᠬᠤ ᠨᠡᠪᠴᠢᠯᠳᠡ ᠶᠢᠨ ᠰᠠᠭᠤᠷᠢᠨ ᠭᠠᠵᠠᠷ᠂ ᠦᠨᠳᠦᠰᠦᠳᠡᠨ ᠤ ᠰᠤᠶᠤᠯ | ᠤᠨ ᠦᠢᠯᠡᠰ ᠪᠤᠰᠬᠠᠬᠤ ᠬᠦᠷᠢᠶᠡᠯᠡᠩ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠳᠡᠭᠡᠳᠣ ᠰᠤᠷᠭᠠᠭᠤᠯᠢ ᠠᠴᠠ | ᠲᠡᠭᠦᠰᠦᠭᠰᠡᠨ ᠰᠤᠷᠤᠭᠴᠢ᠂ ᠬᠤᠲᠠ ᠤᠷᠤᠭᠰᠠᠨ ᠮᠠᠯᠴᠢᠨ ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ ᠵᠡᠷᠭᠡ | ᠤᠯᠠᠨ ᠲᠦᠮᠡᠨ ᠳᠤ ᠪᠦᠷᠢᠨ ᠲᠡᠭᠦᠯᠳᠡᠷ ᠠᠵᠢᠯ ᠤᠯᠭᠤᠬᠤ ᠶᠢ ᠠᠬᠢᠭᠤᠯᠤᠨ᠎ᠠ᠃ ︽ᠠᠵᠢᠯ ᠦᠭᠡᠢ︾ ᠭᠡᠷ ᠪᠦᠯᠢ ᠶᠢ | ᠲᠤᠰᠠᠯᠠᠨ ᠳᠡᠮᠵᠢᠬᠦ ᠬᠦᠴᠦᠯᠡᠴᠡ ᠪᠠᠨ ᠶᠡᠭᠡᠰᠭᠡᠨ᠂ ︽ᠠᠵᠢᠯ ᠦᠭᠡᠢ︾ ᠭᠡᠷ ᠪᠦᠯᠢ ᠳᠤ ᠠᠳᠠᠭ ᠲᠠᠭᠠᠨ 1 ᠬᠦᠮᠦᠨ | ᠳᠤ ᠲᠤᠭᠲᠠᠭᠤᠨ ᠠᠵᠢᠯ ᠤᠯᠭᠤᠬᠤ ᠶᠢ ᠪᠠᠲᠤᠯᠠᠨ᠎ᠠ᠃ ᠪᠦᠬᠦ ᠵᠢᠯ ᠤᠨ ᠬᠤᠷᠠᠮᠳᠠᠭᠤᠯᠤᠭᠰᠠᠨ ᠠᠵᠢᠯ ᠤᠨ ᠪᠠᠶᠢᠷᠢ | 2023᠂ ᠰᠢᠨ᠎ᠡ ᠪᠠᠷ ᠨᠡᠮᠡᠭᠳᠡᠭᠰᠡᠨ ᠠᠵᠢᠯ ᠤᠯᠤᠭᠰᠠᠨ ᠬᠦᠮᠦᠨ ᠤ ᠲᠤᠭ᠎ᠠ 843 ᠬᠦᠮᠦᠨ᠂ ᠬᠤᠲᠠ ᠪᠠᠯᠭᠠᠰᠤᠨ | ᠤ ᠳᠡᠩᠰᠠᠯᠠᠵᠤ ᠳᠡᠮᠳᠡᠭᠯᠡᠭᠰᠡᠨ ᠠᠵᠢᠯ ᠠᠯᠳᠠᠭᠰᠠᠨ ᠨᠤᠷᠮ᠎ᠡ ᠶᠢ 2.4% ᠳᠣᠳᠣᠷ᠎ᠠ ᠬᠢᠵᠠᠭᠠᠷᠯᠡᠨ᠎ᠠ᠃ | ᠨᠡᠶᠢᠭᠡᠮ ᠤᠨ ᠵᠠᠰᠠᠨ ᠬᠠᠮᠢᠶᠠᠷᠤᠯᠳᠡ ᠶᠢᠨ ᠠᠷᠭ᠎ᠠ ᠬᠡᠯᠪᠡᠷᠢ ᠪᠠᠨ ᠰᠠᠶᠢᠵᠢᠷᠠᠭᠤᠯᠤᠨ᠎ᠠ᠃ ᠨᠡᠶᠢᠭᠡᠮ ᠲᠤᠭᠤᠷᠢᠭ | ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠰᠤᠷᠠᠭ ᠵᠠᠩᠬᠢ ᠶᠢᠨ ᠲᠠᠪᠴᠠᠩ ᠤᠨ ᠪᠦᠲᠦᠭᠡᠨ | ᠪᠠᠶᠢᠭᠤᠯᠤᠯᠳᠡ ᠶᠢ ᠲᠦᠯᠬᠢᠨ ᠠᠬᠢᠭᠤᠯᠵᠤ᠂ ᠠᠷᠠᠳ ᠲᠤ ᠲᠦᠬᠦᠮ ᠦᠢᠯᠡᠴᠢᠯᠡᠭᠡᠨ ᠤ ᠲᠢᠩᠬᠢᠮ ᠤᠨ ᠴᠢᠳᠠᠪᠬᠢ ᠶᠢ | ᠪᠠᠶᠠᠯᠢᠭᠵᠢᠭᠤᠯᠦᠨ᠂ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠬᠠᠮᠢᠶᠠᠷᠤᠯᠳᠡ ᠶᠢᠨ ᠨᠠᠷᠢᠯᠢᠭᠵᠢᠭᠰᠠᠨ ᠲᠦᠪᠰᠢᠨ | ᠢ ᠳᠡᠭᠡᠭᠰᠢᠯᠡᠭᠦᠯᠦᠨ᠎ᠡ᠃ ᠵᠦᠷᠢᠴᠡᠯ ᠢ ᠮᠦᠷᠳᠡᠨ ᠪᠠᠶᠢᠴᠠᠭᠠᠵᠤ ᠡᠶᠡᠳᠡᠭᠦᠯᠬᠦ ᠠᠵᠢᠯᠯᠠᠭ᠎ᠠ ᠶᠢ ᠬᠦᠨᠵᠡᠭᠡᠢ | ᠶᠠᠪᠤᠭᠳᠠᠭᠤᠯᠤᠨ᠂ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠭ᠎ᠠ ᠬᠦᠯᠢᠶᠡᠨ ᠠᠪᠬᠤ ᠠᠵᠢᠯ ᠢ ᠰᠠᠶᠢᠳᠤᠷ ᠬᠢᠵᠤ᠂ | ᠡᠯ᠎ᠡ ᠲᠦᠷᠦᠯ ᠤᠨ ᠵᠠᠬᠢᠳᠠᠯ ᠰᠤᠷᠪᠤᠯᠵᠢᠯᠭ᠎ᠠ ᠶᠢᠨ ᠬᠡᠷᠡᠭ ᠢ ᠵᠦᠪ ᠤᠨᠤᠪᠴᠢᠲᠠᠢ ᠰᠢᠢᠳᠪᠦᠷᠢᠯᠡᠨ᠎ᠠ᠃ ᠨᠡᠶᠢᠭᠡᠮ ᠤᠨ | ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠪᠠᠨ ᠴᠢᠩᠭᠠᠳᠬᠠᠨ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ | ᠶᠠᠯᠠᠳᠣ ᠠᠵᠢᠯᠯᠠᠭ᠎ᠠ ᠳᠤ ᠴᠢᠩᠭ᠎ᠠ ᠴᠤᠬᠢᠯᠳᠡ ᠦᠭᠴᠤ᠂ ᠬᠢᠯᠢ ᠪᠠᠨ ᠬᠠᠮᠢᠶᠠᠷᠬᠤ ᠬᠢᠯᠢ ᠪᠠᠨ ᠡᠷᠬᠡᠰᠢᠶᠡᠬᠦ | ᠬᠦᠴᠦᠯᠡᠴᠡ ᠪᠠᠨ ᠶᠡᠭᠡᠰᠭᠡᠨ᠂ ᠪᠤᠭᠤᠮᠳᠠ ᠶᠢᠨ ᠠᠮᠤᠷ ᠲᠠᠶᠢᠪᠤᠩ ᠲᠤᠭᠲᠠᠭᠤᠨ ᠢ ᠪᠠᠲᠤᠯᠠᠨ᠎ᠠ᠃ ᠬᠡᠨᠡᠳᠳᠡ ᠡᠭᠦᠰᠬᠦ | ᠤᠯᠠᠨ ᠨᠠᠶᠢᠳᠡ ᠶᠢᠨ ᠭᠡᠷᠡᠭ ᠤᠴᠢᠷ ᠢ ᠪᠠᠴᠢᠮ ᠠᠷᠭᠠᠴᠠᠬᠤ ᠲᠤᠭᠲᠠᠯᠴᠠᠭ᠎ᠠ ᠶᠢ ᠲᠡᠭᠦᠯᠳᠡᠷᠵᠢᠭᠦᠯᠵᠤ᠂ ᠨᠡᠶᠢᠭᠡᠮ ᠤᠨ | ᠠᠶᠤᠯ ᠤᠨ ᠦᠨᠳᠦᠰᠤ ᠶᠢ ᠮᠦᠷᠳᠡᠨ ᠪᠠᠶᠢᠴᠠᠭᠠᠬᠤ ᠪᠠᠨ ᠴᠢᠩᠭᠠᠳᠬᠠᠨ᠂ ᠬᠦᠨᠳᠣ ᠶᠡᠭᠡ ᠬᠡᠷᠡᠭ ᠤᠴᠢᠷ ᠡᠭᠦᠰᠬᠦ ᠶᠢ | ᠬᠤᠷᠢᠭᠯᠠᠨ᠎ᠠ᠃ ︽ᠤᠷᠤᠰᠢᠨ ᠰᠠᠭᠤᠬᠤ ᠦᠨᠡᠮᠯᠡᠯ ᠤᠨ ᠲᠦᠷ ᠬᠡᠷᠡᠭᠵᠢᠭᠦᠯᠬᠦ ᠲᠦᠷᠢᠮ︾ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ᠡᠷᠦᠭᠡ ᠠᠮᠠ ᠶᠢᠨ ᠲᠦᠷᠢᠮ ᠤᠨ ᠦᠭᠡᠷᠡᠴᠢᠯᠡᠯᠳᠡ ᠶᠢ ᠢᠳᠡᠪᠬᠢᠲᠠᠢ ᠲᠦᠯᠬᠢᠨ | ᠠᠬᠢᠭᠤᠯᠤᠨ᠎ᠠ᠃ ᠦᠨᠳᠦᠰᠦᠳᠡᠨ ᠪᠤᠯᠤᠨ ᠱᠠᠰᠢᠨ ᠰᠤᠷᠲᠠᠬᠤᠨ ᠤ ᠠᠵᠢᠯ ᠢ ᠪᠦᠬᠦ ᠬᠦᠴᠦ ᠪᠠᠷ ᠰᠠᠶᠢᠳᠣᠷ ᠬᠢᠵᠤ᠂ | ᠦᠨᠳᠦᠰᠦᠳᠡᠨ ᠤ ᠪᠤᠯᠭᠦᠮᠳᠡᠯ᠂ ᠨᠡᠶᠢᠭᠡᠮ ᠤᠨ ᠲᠤᠭᠲᠠᠭᠤᠨ ᠢ ᠬᠠᠮᠠᠭᠠᠯᠠᠨ᠎ᠠ᠃ | ︵ᠲᠠᠪᠤ︶ ᠵᠠᠰᠠᠭ ᠤᠨ ᠤᠷᠳᠣᠨ ᠤ ᠦᠪᠡᠷ ᠤᠨ ᠪᠡᠶ᠎ᠡ ᠶᠢᠨ ᠪᠦᠲᠦᠭᠡᠨ ᠪᠠᠶᠢᠭᠤᠯᠤᠯᠳᠡ ᠶᠢ ᠦᠨᠡᠨᠬᠦ | ᠴᠢᠩᠭᠠᠳᠬᠠᠵᠤ᠂ ᠠᠷᠠᠳ ᠲᠦᠮᠡᠨ ᠤ ᠬᠠᠨᠤᠮᠵᠢᠲᠠᠢ ᠵᠠᠰᠠᠭ ᠤᠨ ᠤᠷᠳᠣᠨ ᠢ ᠴᠢᠷᠮᠠᠶᠢᠨ ᠪᠠᠶᠢᠭᠤᠯᠤᠨ᠎ᠠ᠃ | ᠬᠡᠷᠡᠭᠵᠢᠭᠦᠯᠬᠦ ᠬᠦᠴᠦᠨ ᠤ ᠪᠦᠲᠦᠭᠡᠨ ᠪᠠᠶᠢᠭᠤᠯᠤᠯᠳᠡ ᠶᠢ ᠴᠢᠩᠭ᠎ᠠ ᠠᠳᠬᠤᠨ᠎ᠠ᠃ ᠱᠠᠯᠠᠪᠳᠡᠨ | ᠪᠠᠶᠢᠴᠠᠭᠠᠬᠤ ᠬᠦᠴᠦᠯᠡᠴᠡ ᠪᠠᠨ ᠶᠡᠭᠡᠰᠭᠡᠵᠤ᠂ ᠬᠦᠨᠳᠣ ᠴᠢᠬᠤᠯᠠ ᠰᠢᠢᠳᠪᠦᠷᠢᠲᠤ ᠪᠤᠳᠣᠯᠭ᠎ᠠ᠂ ᠭᠤᠤᠯᠳᠠᠯᠭ᠎ᠠ ᠲᠠᠢ | ᠠᠵᠢᠯ᠂ ᠭᠤᠤᠯᠳᠠᠯᠭ᠎ᠠ ᠲᠠᠢ ᠲᠦᠷᠦᠯ ᠵᠦᠢᠯ ᠢ ᠱᠠᠯᠠᠪᠳᠠᠨ ᠪᠠᠶᠢᠴᠠᠭᠠᠬᠤ ᠪᠠᠨ ᠴᠢᠩᠭᠠᠳᠬᠠᠨ᠂ ᠬᠤᠲᠠ ᠶᠢᠨ ᠨᠠᠮ | ᠤᠨ ᠬᠤᠷᠢᠶ᠎ᠠ᠂ ᠵᠠᠰᠠᠭ ᠤᠨ ᠤᠷᠳᠣᠨ ᠤ ᠲᠤᠭᠲᠠᠭᠠᠭᠰᠠᠨ ᠰᠢᠢᠳᠪᠦᠷᠢᠳᠣ ᠪᠤᠳᠣᠯᠭ᠎ᠠ ᠶᠢᠨ ᠪᠠᠶᠢᠷᠢᠯᠠᠭᠤᠯᠤᠯᠳᠡ | ᠪᠤᠯᠤᠨ ᠡᠯ᠎ᠡ ᠲᠦᠷᠦᠯ ᠤᠨ ᠠᠵᠢᠯ ᠤᠨ ᠡᠭᠦᠷᠭᠡ ᠶᠢ ᠪᠠᠲᠤᠯᠠᠵᠤ᠂ ᠴᠢᠨᠠᠷ ᠬᠡᠮᠵᠢᠶ᠎ᠡ ᠶᠢ ᠪᠠᠲᠤᠯᠠᠨ ᠴᠠᠭ ᠲᠤᠬᠠᠢ | ᠳᠤᠨᠢ ᠨᠠᠶᠢᠳᠠᠪᠤᠷᠢᠵᠢᠭᠤᠯᠤᠨ᠎ᠠ᠃ ᠠᠵᠢᠯ ᠤᠨ ᠨᠠᠶᠢᠳᠠᠪᠤᠷᠢᠵᠢᠭᠤᠯᠤᠯᠳᠡ ᠶᠢᠨ ᠬᠦᠴᠦᠨ ᠴᠢᠩᠭ᠎ᠠ ᠪᠣᠰᠤ᠂ | ᠰᠢᠯᠲᠠᠭᠯᠠᠨ ᠲᠦᠯᠬᠢᠯᠴᠡᠭᠰᠡᠨ ᠠᠴᠠ ᠪᠤᠯᠵᠤ ᠮᠠᠭᠤ ᠨᠦᠯᠦᠭᠡ ᠲᠤᠰᠬᠠᠯ ᠤᠴᠠᠷᠠᠭᠤᠯᠤᠭᠰᠠᠨ ᠪᠠᠶᠢᠪᠠᠯ᠂ | ᠬᠠᠷᠢᠭᠤᠴᠠᠯᠭ᠎ᠠ ᠲᠤᠯᠭᠠᠬᠤ ᠬᠦᠴᠦᠯᠡᠴᠡ ᠪᠠᠨ ᠤᠯᠠᠮ ᠨᠢᠭᠡ ᠠᠯᠬᠤᠮ ᠶᠡᠭᠡᠰᠭᠡᠨ᠎ᠡ᠃ | ᠤᠯᠠᠨ ᠲᠦᠮᠡᠨ ᠳᠤ ᠦᠢᠯᠡᠴᠢᠯᠡᠬᠦ ᠬᠠᠨᠤᠮᠵᠢ ᠶᠢᠨ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠦᠨ᠎ᠡ᠃ ᠬᠠᠤᠯᠢ | ᠶᠤᠰᠤᠭᠠᠷ ᠵᠠᠰᠠᠭ ᠶᠠᠪᠤᠭᠤᠯᠬᠤ᠂ ᠡᠷᠭᠡ ᠶᠢᠨ ᠵᠢᠬᠰᠠᠭᠠᠯᠳᠡ ᠶᠢᠨ ᠬᠦᠳᠡᠯᠦᠯ ᠤᠨ ᠲᠤᠬᠢᠷᠠᠭᠤᠯᠭ᠎ᠠ ᠪᠤᠯᠤᠨ | ᠬᠠᠷᠢᠭᠤᠴᠠᠯᠭ᠎ᠠ ᠶᠢᠨ ᠵᠢᠬᠰᠠᠭᠠᠯᠳᠡ ᠶᠢ ᠨᠠᠶᠢᠷᠠᠭᠤᠯᠬᠤ ᠠᠵᠢᠯ ᠢ ᠲᠦᠯᠬᠢᠨ ᠠᠬᠢᠭᠤᠯᠵᠤ᠂ ᠡᠷᠭᠡ ᠬᠠᠷᠢᠭᠤᠴᠠᠯᠭ᠎ᠠ | ᠶᠢᠨ ᠵᠢᠬᠰᠠᠭᠠᠯᠳᠡ ᠶᠢ ᠬᠠᠮᠲᠤᠳᠬᠠᠵᠤ ᠶᠢᠨ ᠳᠠᠭᠠᠤ ᠴᠠᠭ ᠲᠤᠬᠠᠢ ᠳᠤᠨᠢ ᠨᠡᠶᠢᠭᠡᠮ ᠳᠤ ᠲᠤᠩᠬᠠᠭᠯᠠᠨ᠎ᠠ᠃ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠯ ᠤᠨ ᠳᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ᠵᠠᠰᠠᠭ ᠵᠡᠬᠢᠷᠭᠠᠨ ᠤ | ᠬᠢᠨᠠᠨ ᠵᠦᠪᠰᠢᠶᠡᠷᠡᠬᠦ ᠰᠢᠰᠲ᠋ᠧᠮ ᠢ ᠳᠡᠰ ᠳᠡᠪᠰᠢᠭᠦᠯᠦᠨ᠂ ᠳᠣᠣᠷ ᠰᠦᠯᠵᠢᠶᠡᠨ ᠳᠡᠭᠡᠷ᠎ᠡ ᠬᠢᠨᠠᠨ ᠵᠦᠪᠰᠢᠶᠡᠷᠡᠬᠦ᠂ | ᠬᠤᠯᠪᠤᠭᠠᠯᠠᠨ ᠬᠢᠨᠠᠨ ᠵᠦᠪᠰᠢᠶᠡᠷᠡᠬᠦ ᠵᠡᠷᠭᠡ ᠠᠷᠭ᠎ᠠ ᠬᠡᠯᠪᠡᠷᠢ ᠶᠢ ᠲᠦᠭᠡᠮᠡᠯᠵᠢᠭᠦᠯᠵᠤ᠂ ᠤᠯᠠᠨ ᠲᠦᠮᠡᠨ ᠤ ᠠᠵᠢᠯ | ᠡᠷᠬᠢᠯᠡᠬᠦ ᠳᠤ ᠲᠦᠭᠦᠮ ᠦᠵᠡᠭᠦᠯᠦᠨ᠎ᠡ᠃ ᠠᠵᠢᠯ ᠤᠨ ᠰᠤᠷᠳᠡᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠤᠯᠠᠨ | ᠲᠦᠮᠡᠨ ᠤ ᠬᠤᠪᠢ ᠪᠡᠶ᠎ᠡ ᠶᠢᠨ ᠡᠷᠭᠡ ᠠᠰᠢᠭ ᠲᠤ ᠬᠤᠯᠪᠤᠭᠳᠠᠭᠰᠠᠨ ᠬᠠᠯᠠᠮᠰᠢᠯ᠂ ᠬᠦᠴᠢᠷ ᠲᠠᠢ ᠠᠰᠠᠭᠤᠳᠠᠯ ᠢ | ᠰᠠᠶᠢᠳᠣᠷ ᠰᠢᠢᠳᠪᠦᠷᠢᠯᠡᠨ᠂ ᠵᠠᠰᠠᠭ ᠤᠨ ᠤᠷᠳᠣᠨ ᠤ ᠠᠵᠢᠯ ᠤᠨ ᠬᠠᠨᠳᠣᠯᠭᠠᠳᠣ ᠴᠢᠨᠠᠷ ᠢ ᠳᠡᠭᠡᠭᠰᠢᠯᠡᠭᠦᠯᠦᠨ᠎ᠡ᠃ | ᠵᠠᠰᠠᠭ ᠤᠨ ᠶᠠᠪᠤᠳᠠᠯ ᠤᠨ ᠰᠢᠳᠣᠷᠭᠤ ᠦᠨᠡᠨᠴᠢ ᠪᠦᠲᠦᠭᠡᠨ ᠪᠠᠶᠢᠭᠤᠯᠤᠯᠳᠡ ᠶᠢ ᠴᠢᠩᠭᠠᠳᠬᠠᠨ᠂ ᠵᠠᠰᠠᠭ ᠤᠨ ᠶᠠᠪᠤᠳᠠᠯ | ᠢ ᠢᠡᠯᠡ ᠪᠤᠯᠭᠠᠬᠤ ᠪᠠ ᠰᠤᠷᠠᠭ ᠵᠠᠩᠬᠢ ᠶᠢ ᠢᠯᠡ ᠪᠤᠯᠭᠠᠬᠤ ᠶᠢ ᠬᠦᠨᠵᠡᠭᠡᠢ ᠲᠦᠯᠬᠢᠨ ᠠᠬᠢᠭᠤᠯᠵᠤ᠂ ᠤᠯᠠᠨ ᠲᠦᠮᠡᠨ | ᠤ ᠬᠢᠨᠠᠯᠳᠡ ᠲᠠᠯᠪᠢᠵᠤ ᠰᠢᠭᠦᠮᠵᠢᠯᠡᠬᠦ ᠵᠠᠮ ᠢ ᠰᠢᠯᠤᠭᠤᠳᠬᠠᠨ᠂ ᠵᠠᠰᠠᠭ ᠤᠨ ᠤᠷᠳᠣᠨ ᠤ ᠠᠵᠢᠯ ᠤᠨ ᠢᠯᠡ ᠳᠣᠳᠣ | ᠶᠠᠪᠤᠭᠳᠠᠬᠤ ᠶᠢ ᠳᠡᠭᠡᠭᠰᠢᠯᠡᠭᠦᠯᠦᠨ᠎ᠡ᠃ | ᠤᠯᠠᠨ ᠨᠡᠶᠢᠳᠡ ᠶᠢᠨ ᠡᠳ᠋ ᠤᠨ ᠵᠠᠰᠠᠭ ᠤᠨ ᠪᠡᠯᠡ ᠮᠦᠩᠬᠦ ᠬᠡᠷᠡᠭᠯᠡᠬᠦ ᠦᠷ᠎ᠡ ᠪᠦᠲᠦᠮᠵᠢ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠤᠨ ᠪᠠᠶᠢᠩᠭᠤ ᠶᠢᠨ ᠴᠢᠨᠠᠷᠲᠠᠢ ᠵᠠᠷᠤᠯᠭ᠎ᠠ ᠪᠤᠯᠤᠨ ︽ᠭᠤᠷᠪᠠᠨ ᠢᠯᠡ | ᠵᠠᠷᠤᠳᠠᠯ︾ ᠢ ᠤᠯᠠᠮ ᠨᠢᠭᠡ ᠠᠯᠬᠤᠮ ᠰᠢᠬᠠᠨ ᠬᠠᠰᠤᠵᠤ᠂ ︽ᠲᠢᠭ ᠳᠡᠭᠡᠷ᠎ᠡ ᠰᠠᠭᠤᠷᠢᠯᠠᠭᠰᠠᠨ ᠲᠦᠰᠦᠪ︾ ᠢ | ᠴᠢᠩᠭ᠎ᠠ ᠬᠡᠷᠡᠭᠵᠢᠭᠦᠯᠵᠤ᠂ ᠵᠠᠰᠠᠭ ᠤᠨ ᠤᠷᠳᠣᠨ ᠤ ᠤᠷᠤᠯᠭ᠎ᠠ ᠵᠠᠷᠤᠯᠭ᠎ᠠ ᠶᠢ ᠪᠦᠬᠦᠨ ᠢ ᠲᠦᠰᠦᠯ ᠤᠨ | ᠬᠠᠮᠢᠶᠠᠷᠤᠯᠳᠡ ᠳᠤ ᠤᠷᠤᠭᠤᠯᠵᠤ᠂ ᠲᠦᠰᠦᠯ ᠳᠤ ᠤᠷᠤᠭᠤᠯᠭᠰᠨ ᠦᠭᠡᠢ ᠶᠢ ᠢ ᠲᠠᠬᠢᠵᠤ ᠨᠡᠮᠡᠬᠦ ᠦᠭᠡᠢ᠂ ᠦᠪᠡᠷ | ᠤᠨ ᠦᠷᠳᠡᠭ ᠢ ᠬᠠᠮᠤᠭ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ᠲᠤᠰᠬᠠᠢ ᠲᠦᠷᠦᠯ ᠤᠨ ᠪᠡᠯᠡ ᠮᠦᠩᠬᠦᠨ ᠤ | ᠲᠦᠷᠦᠯ ᠵᠦᠢᠯ ᠢ ᠬᠢᠨᠠᠨ ᠰᠢᠯᠭᠠᠬᠤ ᠪᠠᠨ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠦᠩᠬᠦ ᠬᠡᠷᠡᠭᠯᠡᠭᠰᠡᠨ | ᠪᠠᠶᠢᠳᠠᠯ ᠢ ᠬᠢᠨᠠᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠵᠤ᠂ ᠡᠳ᠋ ᠤᠨ ᠵᠠᠰᠠᠭ ᠤᠨ ᠪᠡᠯᠡ ᠮᠦᠩᠬᠦ ᠶᠢ ᠠᠮᠤᠷ | ᠲᠦᠪᠰᠢᠨ ᠬᠡᠷᠡᠭᠯᠡᠬᠦ ᠶᠢ ᠪᠠᠲᠤᠯᠠᠨ᠎ᠠ᠃ ᠵᠠᠰᠠᠭ ᠤᠨ ᠤᠷᠳᠣᠨ ᠤ ᠬᠤᠳᠠᠯᠳᠣᠨ ᠠᠪᠬᠤ ᠳᠡᠰ ᠳᠠᠷᠠᠭᠠᠯᠠᠯ ᠪᠤᠯᠤᠨ | ᠳᠣᠣᠷ ᠰᠦᠯᠵᠢᠶᠡᠨ ᠤ ᠪᠦᠲᠦᠭᠡᠨ ᠪᠠᠶᠢᠭᠤᠯᠤᠯᠳᠡ ᠶᠢ ᠲᠦᠷᠢᠮᠵᠢᠭᠦᠯᠵᠤ᠂ ᠬᠤᠳᠠᠯᠳᠣᠨ ᠠᠪᠬᠤ ᠲᠦᠰᠦᠯ | ᠳᠠᠭᠠᠭᠠᠴᠢᠯᠠᠯᠳᠡ ᠵᠠᠷᠯᠠᠬᠤ ᠳᠤ ᠬᠢᠨᠠᠯᠳᠡ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ᠵᠠᠰᠠᠭ ᠤᠨ ᠤᠷᠳᠣᠨ ᠤ | ᠪᠡᠯᠡ ᠤᠷᠤᠭᠤᠯᠬᠤ ᠲᠦᠷᠦᠯ ᠵᠦᠢᠯ ᠢ ᠡᠳ᠋ ᠤᠨ ᠵᠠᠰᠠᠭ ᠠᠴᠠ ᠦᠨᠡᠯᠡᠨ ᠬᠢᠨᠠᠬᠤ ᠶᠢ ᠦᠷᠭᠦᠯᠵᠢᠯᠡᠨ ᠶᠠᠪᠤᠭᠳᠠᠭᠤᠯᠵᠤ | ᠂ ᠲᠦᠰᠦᠯ ᠤᠨ ᠵᠢᠭᠠᠯᠳᠡ ᠲᠤᠭ᠎ᠠ ᠬᠢᠬᠡᠳ ᠤᠯᠤᠰ ᠤᠨ ᠬᠦᠮᠦᠷᠭᠡ ᠠᠴᠠ ᠲᠦᠪᠯᠡᠷᠡᠭᠦᠯᠦᠨ ᠦᠭᠬᠦ᠂ ᠦᠷ᠎ᠡ | ᠪᠦᠲᠦᠮᠵᠢ ᠶᠢᠨ ᠦᠨᠡᠯᠡᠭᠡ᠂ ᠡᠳ᠋ ᠤᠨ ᠵᠠᠰᠠᠭ ᠠᠴᠠ ᠬᠢᠨᠠᠯᠳᠡ ᠲᠠᠯᠪᠢᠬᠤ᠂ ᠦᠷᠢ ᠶᠢᠨ ᠬᠠᠮᠢᠶᠠᠷᠤᠯᠳᠡ ᠵᠡᠷᠭᠡ | ᠤᠷᠤᠯᠭ᠎ᠠ ᠵᠠᠷᠤᠯᠭ᠎ᠠ ᠨᠢᠭᠡ ᠴᠤᠭᠴᠠᠵᠢᠭᠰᠠᠨ ᠬᠠᠮᠢᠶᠠᠷᠤᠯᠳᠡ ᠶᠢᠨ ᠰᠢᠰᠲ᠋ᠧᠮ ᠢ ᠪᠠᠶᠢᠭᠤᠯᠤᠨ᠎ᠠ᠃ ᠤᠯᠠᠨ ᠲᠦᠮᠡᠨ ᠤ | ᠬᠤᠪᠢ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠭᠰᠠᠨ ᠤᠴᠢᠷ ᠢ ᠬᠢᠨᠠᠨ ᠪᠤᠳᠣᠬᠤ ᠬᠦᠴᠦᠯᠡᠴᠡ ᠪᠠᠨ ᠶᠡᠭᠡᠰᠭᠡᠵᠤ | ᠂ ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠳᠡ ᠶᠢᠨ ᠪᠦᠬᠦ ᠦᠩᠭᠡᠷᠡᠯᠳᠡ ᠶᠢ ᠮᠦᠷᠳᠡᠨ ᠬᠢᠨᠠᠨ | ᠪᠤᠳᠣᠬᠤ ᠪᠠ ᠵᠠᠰᠠᠭ ᠤᠨ ᠤᠷᠳᠣᠨ ᠠᠴᠠ ᠪᠡᠯᠡ ᠤᠷᠤᠭᠤᠯᠤᠭᠰᠨ ᠪᠠᠷᠢᠯᠭ᠎ᠠ ᠶᠢᠨ ᠠᠵᠢᠯ ᠳᠠᠭᠤᠰᠤᠭᠰᠠᠨ ᠤ | ᠳᠠᠷᠠᠭᠠᠬᠢ ᠳ᠋ᠦᠩᠨᠡᠨ ᠪᠦᠷᠢᠳᠭᠡᠵᠤ ᠬᠢᠨᠠᠨ ᠪᠣᠳᠣᠬᠤ ᠪᠠᠨ ᠴᠢᠩᠭᠠᠳᠬᠠᠨ᠂ ᠪᠡᠯᠡ ᠮᠦᠩᠬᠦ ᠵᠠᠷᠤᠬᠤ ᠦᠷ᠎ᠡ ᠠᠰᠢᠭ ᠢ | ᠳᠡᠭᠡᠭᠰᠢᠯᠡᠭᠦᠯᠦᠨ᠎ᠡ᠃ | ᠠᠷᠢᠭᠤᠨ ᠴᠢᠭᠡᠴᠢ ᠵᠠᠰᠠᠭ ᠤᠨ ᠤᠷᠳᠣᠨ ᠤ ᠪᠦᠲᠦᠭᠡᠨ ᠪᠠᠶᠢᠭᠤᠯᠤᠯᠳᠡ ᠶᠢ ᠲᠠᠰᠤᠷᠠᠯᠳᠡ ᠦᠭᠡᠢ | ᠴᠢᠩᠭᠠᠳᠬᠠᠨ᠎ᠠ᠃ ᠨᠠᠮ ᠤᠨ ᠰᠤᠷᠳᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠳᠡ ᠶᠢᠨ ᠬᠠᠷᠢᠭᠤᠴᠠᠯᠭ᠎ᠠ ᠶᠢᠨ | ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ | ᠨᠠᠷᠢᠨ ᠬᠢᠨᠠᠮᠠᠭᠠᠢ ᠬᠡᠷᠡᠭᠵᠢᠭᠦᠯᠦᠨ᠂ ᠤᠭ ᠡᠬᠢ ᠠᠴᠠ ᠢᠯᠵᠢᠷᠡᠬᠦ ᠶᠢ ᠴᠢᠷᠮᠠᠶᠢᠨ ᠰᠡᠷᠭᠡᠶᠢᠯᠡᠨ᠎ᠡ᠃ ᠲᠦᠪ ᠤᠨ ᠨᠠᠢᠮᠠᠨ | ᠵᠦᠢᠯ ᠤᠨ ᠲᠤᠭᠲᠠᠭᠠᠯ ᠢ ᠴᠢᠩᠭ᠎ᠠ ᠬᠡᠷᠡᠭᠵᠢᠭᠦᠯᠵᠤ᠂ ᠠᠯᠪᠠᠨ ᠬᠦᠯᠢᠶᠡᠨ ᠠᠪᠤᠯᠳᠡ᠂ ᠠᠯᠪᠠᠨ ᠤ ᠭᠡᠷ ᠬᠡᠷᠡᠭᠯᠡᠬᠦ | ᠬᠠᠮᠢᠶᠠᠷᠤᠯᠳᠡ ᠶᠢ ᠤᠯᠠᠮ ᠨᠢᠭᠡ ᠠᠯᠬᠤᠮ ᠲᠦᠷᠢᠮᠵᠢᠭᠦᠯᠦᠨ᠂ ᠠᠯᠪᠠᠨ ᠮᠠᠰᠢᠨ ᠤ ᠦᠭᠡᠷᠡᠴᠢᠯᠡᠯᠳᠡ ᠶᠢᠨ ᠡᠭᠦᠷᠭᠡ ᠶᠢ | ᠳᠠᠭᠤᠰᠬᠠᠨ᠎ᠠ᠃ ᠵᠠᠰᠠᠭ ᠤᠨ ᠤᠷᠳᠣᠨ ᠤ ᠳᠡᠰ ᠳᠠᠪᠬᠤᠷᠭ᠎ᠠ ᠶᠢᠨ ᠬᠢᠨᠠᠨ ᠪᠠᠶᠢᠴᠠᠭᠠᠯᠳᠡ ᠪᠠᠨ ᠴᠢᠩᠭᠠᠳᠬᠠᠵᠤ᠂ | ᠴᠢᠬᠤᠯᠠ ᠤᠷᠤᠨ ᠵᠠᠢ᠂ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠨ | ᠴᠢᠩᠭᠠᠷᠠᠭᠤᠯᠤᠨ᠂ ᠡᠷᠭᠡ ᠪᠠᠨ ᠲᠤᠷ᠎ᠠ ᠪᠠᠷ ᠬᠡᠷᠡᠭᠯᠡᠬᠦ ᠶᠢ ᠦᠨᠡᠨᠬᠦ ᠰᠡᠷᠭᠡᠶᠢᠯᠡᠨ᠎ᠡ᠃ ᠠᠯᠪᠠᠨ ᠠᠵᠢᠯᠳᠠᠨ ᠤ ᠰᠤᠷᠭᠠᠨ | ᠬᠦᠮᠦᠵᠢᠯ᠂ ᠬᠠᠮᠢᠶᠠᠷᠤᠯᠳᠡ ᠪᠤᠯᠤᠨ ᠬᠢᠨᠠᠨ ᠪᠠᠶᠢᠴᠠᠭᠠᠯᠳᠡ ᠪᠠᠨ ᠴᠢᠩᠭᠠᠳᠬᠠᠨ᠂ ᠠᠷᠠᠳ ᠤᠨ ᠲᠦᠯᠦᠭᠡ ᠪᠤᠳᠠᠳᠠᠢ | ᠠᠵᠢᠯ ᠬᠢᠬᠦ᠂ ᠠᠷᠢᠭᠤᠨ ᠴᠢᠭᠡᠴᠢ᠂ ᠠᠵᠢᠯ ᠤᠨ ᠦᠷ᠎ᠡ ᠪᠦᠲᠦᠮᠵᠢ ᠦᠨᠳᠦᠷ ᠦᠢᠯᠡᠴᠢᠯᠡᠭᠡᠨ ᠤ ᠬᠡᠯᠪᠡᠷᠢ ᠶᠢᠨ ᠵᠠᠰᠠᠭ | ᠤᠨ ᠤᠷᠳᠣᠨ ᠢ ᠴᠢᠷᠮᠠᠶᠢᠨ ᠪᠠᠶᠢᠭᠤᠯᠤᠨ᠎ᠠ᠃ | ᠲᠦᠯᠦᠭᠡᠯᠡᠭᠴᠢᠳ ᠡ᠂ ᠨᠡᠭᠡᠭᠡᠯᠳᠡ ᠨᠢ ᠰᠢᠨ᠎ᠡ ᠵᠢᠷᠤᠭ ᠲᠦᠯᠦᠪᠯᠡᠭᠡ ᠶᠢ ᠵᠢᠷᠤᠭᠯᠠᠵᠤ᠂ ᠴᠠᠭ ᠦᠶ᠎ᠡ ᠢ | ᠰᠢᠨ᠎ᠡ ᠡᠭᠦᠷᠭᠡ ᠲᠤᠰᠢᠶᠠᠯ ᠢ ᠰᠤᠶᠤᠷᠬᠠᠨ᠎ᠠ᠃ ᠪᠢᠳᠡ ᠬᠤᠲᠠ ᠶᠢᠨ ᠨᠠᠮ ᠤᠨ ᠬᠤᠷᠢᠶᠠᠨ ᠤ ᠵᠦᠪ ᠤᠨᠤᠪᠴᠢᠲᠠᠢ | ᠤᠳᠤᠷᠢᠳᠣᠯᠭ᠎ᠠ ᠳᠣᠣᠷ᠎ᠠ᠂ ᠪᠦᠬᠦ ᠬᠤᠲᠠ ᠶᠢᠨ ᠠᠷᠠᠳ ᠲᠦᠮᠡᠨ ᠳᠡᠭᠡᠨ ᠴᠢᠩᠭ᠎ᠠ ᠲᠦᠰᠢᠭᠯᠡᠵᠤ᠂ ᠦᠭᠡᠷᠡᠴᠢᠯᠡᠯᠳᠡ | ᠬᠦᠭᠵᠢᠯᠳᠡ ᠶᠢᠨ ᠲᠤᠭᠲᠠᠭᠤᠨ ᠵᠦᠪ ᠡᠨᠧᠷᠬᠢ ᠶᠢ ᠤᠯᠠᠮ ᠨᠢᠭᠡ ᠠᠯᠬᠤᠮ ᠨᠢᠭᠡᠳᠭᠡᠨ᠂ ᠡᠷᠡᠰ ᠵᠤᠷᠢᠭᠯᠠᠨ ᠵᠢᠳᠭᠦᠨ | ᠴᠢᠷᠮᠠᠶᠢᠵᠤ᠂ ᠦᠨᠡᠨᠬᠦ ᠠᠳᠬᠠᠵᠤ ᠰᠢᠷᠭᠠᠬᠤ ᠠᠵᠢᠯᠯᠠᠨ᠂ ᠪᠦᠬᠦ ᠤᠷᠤᠨ ᠳᠠᠭᠠᠨ ᠪᠡᠶ᠎ᠡ ᠪᠠᠷ ᠢᠶᠠᠨ ᠦᠯᠢᠭᠡᠷ | ᠲᠠᠭᠤᠷᠢᠶᠠᠯ ᠪᠤᠯᠤᠨ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠶᠢᠨ ᠲᠦᠯᠦᠭᠡ᠂ ᠡᠭᠡ | ᠤᠯᠤᠰ ᠤᠨ ᠢᠶᠠᠨ ᠤᠮᠠᠷᠠᠲᠤ ᠬᠢᠯᠢ ᠶᠢᠨ ᠭᠤᠶᠤ ᠬᠡᠬᠡᠨᠴᠢᠷ ᠦᠵᠡᠮᠵᠢ ᠶᠢᠨ ᠱᠤᠭᠤᠮ ᠢ ᠪᠤᠢ ᠪᠤᠯᠭᠠᠬᠤ ᠶᠢᠨ | ᠲᠦᠯᠦᠭᠡ ᠴᠢᠷᠮᠠᠶᠢᠨ ᠲᠡᠮᠡᠴᠡᠵᠡᠭᠡᠶ᠎ᠡ︕ |