2017 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2018/5/22
                            ᠵᠠᠰᠠᠭ ᠤᠨ ᠣᠷᠳᠣᠨ ᠤ ᠠᠵᠢᠯ ᠤᠨ ᠢᠯᠡᠳᠭᠡᠯ                                                                                    ᠡᠷᠢᠶᠠᠨ ᠬᠤᠳᠠ ᠶᠢᠨ ᠠᠷᠪᠠᠨ ᠳᠦᠷᠪᠡᠳᠦᠭᠡᠷ ᠬᠤᠭᠤᠴᠠᠭᠠᠨ ᠤ  ᠠᠷᠠᠳ   ᠤᠨ                                                                                    ᠲᠦᠯᠦᠭᠡᠯᠡᠭᠴᠢᠳ ᠤᠨ ᠶᠡᠭᠡ ᠬᠤᠷᠠᠯ ᠤᠨ  ᠲᠠᠪᠤᠳᠤᠭᠠᠷ ᠬᠤᠷᠠᠯᠳᠣᠭᠠᠨ ᠳᠡᠭᠡᠷ᠎ᠡ                                                                                                  ᠬᠤᠳᠠ ᠶᠢᠨ ᠤᠷᠤᠯᠠᠭᠴᠢ ᠳᠠᠷᠤᠭ᠎ᠠ      ᠲᠢᠶᠠᠨ ᠶᠥᠩᠲᠦᠯᠦᠭᠡᠯᠡᠭᠴᠢᠳ ᠡ᠄      ᠣᠳᠣ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠃ ᠬᠢᠨᠠᠨ ᠵᠦᠪᠯᠡᠬᠦ ᠪᠤᠯᠪᠠᠤ︕ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠣᠯᠠ ᠤᠷᠤᠯᠴᠠᠭᠰᠠᠨ ᠨᠦᠬᠦᠳ ᠰᠠᠨᠠᠯ ᠢᠶᠠᠨ ᠳᠣᠷᠠᠳᠣᠭᠠᠷᠠᠢ᠃                                    2016 ᠤᠨ ᠤ ᠠᠵᠢᠯ ᠤᠨ ᠡᠷᠬᠢᠴᠡᠭᠦᠯᠦᠯ      2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠬᠢᠯᠡᠯᠲᠡ ᠶᠢᠨ ᠵᠢᠯ᠃ ᠲᠤᠷᠰᠢᠯᠲᠠ  ᠶᠢᠨ ᠲᠤᠭᠤᠷᠢᠭ ᠤᠨ ᠪᠦᠲᠦᠬᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠵᠢᠯ ᠪᠤᠯᠤᠨ᠎ᠠ᠃  ᠨᠢᠭᠡ ᠵᠢᠯ ᠤᠨ ᠲᠤᠷᠰᠢ᠂ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ  ᠪᠤᠯᠤᠨ ᠬᠤᠲᠡ ᠶᠢᠨ ᠨᠠᠮ ᠤᠨ ᠬᠤᠷᠢᠶᠠᠨ ᠤ ᠵᠦᠪ ᠤᠨᠤᠪᠴᠢᠲᠡᠢ ᠤᠳᠤᠷᠢᠳᠤᠯᠭ᠎ᠠ ᠳᠤᠤᠷ᠎ᠠ᠂ ᠬᠤᠲᠡ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠠ᠂ ᠲᠤᠬᠢᠶᠠᠯ ᠢ ᠠᠳᠬᠤᠨ᠂ ᠬᠦᠴᠢᠷ ᠪᠡᠷᠬᠡᠰᠢᠶᠡᠯ  ᠢ ᠰᠢᠷᠭᠠᠭᠤ ᠬᠠᠲᠠᠭᠤᠵᠢᠯᠲᠠᠢ ᠢᠯᠠᠨ ᠳᠠᠪᠠᠵᠤ᠂ ᠨᠡᠭᠡᠭᠡᠯᠲᠡ ᠶᠢ ᠠᠳᠬᠤᠵᠤ᠂ ᠦᠭᠡᠷᠡᠴᠢᠯᠡᠯᠲᠡ ᠶᠢ ᠠᠬᠢᠭᠤᠯᠵᠤ᠂ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠳᠤ  ᠬᠠᠷᠠᠭᠠᠯᠵᠠᠯ ᠦᠵᠡᠭᠦᠯᠦᠨ᠂ ᠪᠤᠭᠤᠮᠲᠡ ᠶᠢᠨ ᠠᠵᠤ ᠠᠬᠤᠢ ᠨᠡᠶᠢᠭᠡᠮ  ᠲᠤᠭᠲᠠᠭᠤᠨ ᠡᠷᠡᠭᠦᠯ ᠪᠠᠷ ᠬᠦᠭᠵᠢᠪᠡ᠃ ᠪᠠᠷᠤᠭᠴᠠᠯᠠᠪᠠᠯ ᠪᠦᠬᠦ ᠵᠢᠯ ᠤᠨ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 109 ᠳ᠋ᠦᠩᠰᠢᠭᠤᠷ ᠲᠦᠭᠦᠷᠢᠭ  ᠬᠦᠷᠴᠤ᠂ ᠠᠳᠠᠯᠢ ᠬᠤᠭᠤᠴᠠᠭᠠᠨ ᠤ ᠬᠢ ᠠᠴᠠ 9.6 % ᠪᠠᠷ ᠨᠡᠮᠡᠭᠳᠡᠵᠠᠢ︔ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠨᠢ 5.81 ᠳ᠋ᠦᠩᠰᠢᠭᠤᠷ ᠲᠦᠭᠦᠷᠢᠭ  ᠬᠦᠷᠴᠤ᠂ ᠠᠳᠠᠯᠢ ᠬᠤᠭᠤᠴᠠᠭᠠᠨ ᠤ ᠬᠢ ᠠᠴᠠ 11.7 % ᠪᠠᠷ ᠨᠡᠮᠡᠭᠳᠡᠵᠠᠢ︔ ᠨᠡᠶᠢᠭᠡᠮ ᠤᠨ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ 42 ᠳ᠋ᠦᠩᠰᠢᠭᠤᠷ ᠲᠦᠭᠦᠷᠢᠭ ᠲᠤ ᠬᠦᠷᠴᠦ᠂ 8.2 % ᠪᠠᠷ ᠨᠡᠮᠡᠭᠳᠡᠵᠠᠢ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠣᠬᠤ ᠶᠡᠷᠦᠩᠭᠡᠢ ᠬᠡᠮᠵᠢᠶ᠎ᠡ  33.9 ᠳ᠋ᠦᠩᠰᠢᠭᠤᠷ ᠲᠦᠭᠦᠷᠢᠭ ᠲᠤ ᠬᠦᠷᠴᠤ᠂  10 % ᠢᠶᠠᠷ ᠨᠡᠮᠡᠭᠳᠡᠵᠠᠢ︔  ᠪᠦᠬᠦ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠠᠵᠤ ᠪᠤᠯᠬᠤ ᠳᠤᠮᠳᠠᠴᠢ ᠤᠷᠤᠯᠭ᠎ᠠ  41480 ᠲᠦᠭᠦᠷᠢᠭ ᠲᠤ  ᠬᠦᠷᠴᠤ᠂ 8 % ᠪᠠᠷ  ᠨᠡᠮᠡᠭᠳᠡᠪᠡ᠃     ᠨᠢᠭᠡ᠂ ᠲᠤᠷᠰᠢᠯᠲᠠ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠦᠭᠦᠯᠦᠨ ᠬᠡᠷᠡᠭᠵᠢᠭᠦᠯᠵᠤ ᠤᠷᠢᠳᠴᠢᠯᠠᠨ ᠲᠤᠷᠰᠢᠬᠤ ᠦᠷ᠎ᠡ ᠪᠦᠲᠦᠮᠵᠢ ᠮᠡᠳᠡᠭᠳᠡᠮ᠎ᠡ      ︽ᠡᠷᠢᠶᠡᠨ ᠬᠤᠲᠡ ᠶᠢᠨ ᠬᠦᠭᠵᠢᠭᠦᠯᠦᠯᠲᠡ‌‍ᠶᠢᠨ‌ᠨᠡᠭᠡᠭᠡᠯᠲᠡ ᠲᠤᠷᠰᠢᠯᠲᠠ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ︾ ᠨᠢ ᠵᠦᠪᠰᠢᠶᠡᠷᠡᠯ ᠤᠯᠵᠤ᠂ ᠦᠪᠡᠷᠲᠡᠭᠡᠨ ᠵᠠᠰᠠᠬᠤ ᠤᠷᠤᠨ ᠰᠢᠨ᠎ᠡ ᠨᠢᠭᠡ ᠡᠭᠡᠯᠵᠢ ᠶᠢᠨ ᠲᠤᠷᠰᠢᠯᠲᠠ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠳᠤᠢ ᠲᠡᠳᠤᠢ ᠰᠠᠨᠠᠯ ᠬᠡᠷᠡᠭᠵᠢᠭᠦᠯᠬᠦ ᠪᠠᠷ ᠪᠠᠶᠢᠨ᠎ᠠ᠃ ᠲᠤᠷᠰᠢᠯᠲᠠ ᠶᠢᠨ ᠲᠤᠭᠤᠷᠢᠭ ᠤᠨ ᠵᠠᠮᠴᠢᠯᠠᠭᠰᠠᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠡᠷᠢᠶᠡᠨ ᠬᠤᠲᠡ —  ᠵᠠᠮ ᠤᠨ ᠡᠭᠦᠳᠡ ᠳᠤᠮᠳᠠᠳᠤ ᠮᠤᠩᠭᠤᠯ  ᠤᠨ ᠬᠢᠯᠢ ᠠᠯᠤᠰᠯᠠᠭᠰᠠᠨ ᠠᠵᠤ ᠠᠬᠤᠢ ᠶᠢᠨ ᠬᠠᠮᠵᠢᠯᠴᠠᠭᠠᠨ ᠤ ᠬᠠᠮᠲᠤ ᠶᠢᠨ ᠶᠡᠷᠤᠩᠬᠡᠢ ᠲᠦᠰᠦᠯ︾ ᠳᠤ ᠠᠯᠪᠠᠨ ᠶᠤᠰᠤ ᠪᠠᠷ ᠭᠠᠷ ᠤᠨ ᠦᠰᠦᠭ ᠵᠢᠷᠤᠵᠤ᠂ ᠬᠢᠯᠢ ᠠᠯᠤᠰᠯᠠᠭᠰᠠᠨ ᠲᠤᠭᠤᠷᠢᠭ ᠤᠨ ᠳᠤᠮᠳᠠᠳᠤ ᠤᠯᠤᠰ ᠤᠨ ᠲᠠᠯ᠎ᠠ ᠶᠢᠨ ᠶᠡᠷᠤᠩᠬᠡᠢ ᠲᠦᠯᠦᠪᠵᠢᠭᠦᠯᠭᠡ᠂ ᠠᠵᠤ ᠦᠢᠯᠡᠰ ᠤᠨ ᠲᠦᠯᠦᠪᠵᠢᠭᠦᠯᠬᠡ ᠬᠢᠭᠡᠳ ᠵᠠᠰᠠᠨ ᠪᠠᠶᠢᠭᠤᠯᠤᠯᠲᠠ ᠶᠢᠨ ᠴᠢᠨᠠᠷᠲᠠᠢ ᠨᠠᠷᠢᠯᠢᠭᠵᠢᠭᠤᠯᠤᠭᠰᠠᠨ ᠲᠦᠯᠦᠪᠵᠢᠭᠦᠯᠭᠡ ᠶᠢ ᠨᠠᠶᠢᠷᠠᠭᠤᠯᠤᠨ ᠳᠠᠭᠤᠰᠴᠣ᠂ ᠭᠠᠳᠠᠷ ᠤᠷᠴᠢᠨ ᠤ ᠬᠢᠯᠢ ᠬᠠᠮᠭᠠᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠨᠡᠭᠦᠯᠭᠡᠨ᠂ ᠵᠠᠮ᠂ ᠬᠠᠰᠢᠶᠠᠯᠠᠬᠤ ᠢᠨᠵᠧᠨᠧᠷᠢᠩ ᠢ  ᠪᠠᠶᠢᠭᠤᠯᠤᠨ ᠳᠠᠭᠤᠰᠴᠤ᠂ 3 ᠬᠠᠪᠲᠠᠭᠠᠢ ᠳᠦᠷᠪᠡᠯᠵᠢᠨ ᠭᠤᠤᠯ ᠪᠤᠯᠬᠤ ᠵᠠᠮ᠂ ᠤᠰᠤ ᠬᠠᠩᠭᠠᠬᠤ ᠭᠠᠳᠠᠭᠰᠢᠯᠠᠭᠤᠯᠬᠤ ᠢᠨᠵᠧᠨᠧᠷᠢᠩ ᠢ ᠡᠬᠢᠯᠡᠵᠤ ᠪᠠᠶᠢᠭᠤᠯᠵᠠᠢ᠃ ︽ᠡᠷᠢᠶᠡᠨ ᠬᠤᠲᠡ ᠶᠢᠨ ᠬᠢᠯᠢ ᠶᠢᠨ ᠢᠷᠭᠡᠳ ᠤᠨ ᠬᠤᠳᠠᠯᠳᠤᠭᠠᠨ ᠤ ᠲᠤᠭᠤᠷᠢᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠤᠭᠲᠠᠭᠠᠯ︾ ᠨᠢ ᠵᠦᠪᠰᠢᠶᠡᠷᠡᠭᠳᠡᠵᠤ᠂ ᠨᠢᠭᠡᠳᠤᠭᠡᠷ ᠬᠤᠭᠤᠴᠠᠭᠠᠨ ᠤ ᠢᠨᠵᠧᠨᠧᠷᠢᠩ ᠤᠨ ᠬᠢᠨᠠᠨ ᠬᠠᠮᠢᠶᠠᠷᠬᠤ ᠲᠠᠯᠠᠪᠠᠢ ᠰᠢᠯᠭᠠᠨ ᠦᠨᠡᠯᠡᠯᠲᠡ ᠶᠢ ᠦᠩᠭᠡᠷᠡᠭᠦᠯᠵᠤ ᠡᠬᠢᠯᠡᠵᠤ ᠲᠤᠷᠰᠢᠨ ᠠᠵᠢᠯᠯᠠᠭᠤᠯᠵᠠᠢ᠃ ᠬᠦᠷᠢᠶᠡᠯᠡᠨ ᠡᠵᠡᠩᠨᠡᠬᠦ ᠴᠣᠬᠤᠯᠠᠪᠣᠷᠢ ᠶᠢ ᠤᠶᠢᠷ᠎ᠡ ᠶᠢᠨ ᠬᠤᠭᠤᠴᠠᠭᠠᠨ ᠳᠤ ᠪᠠᠭᠤᠯᠭᠠᠬᠤ ᠪᠠᠷ ᠪᠤᠯᠵᠤ᠂ ᠦᠪᠡᠷᠲᠡᠭᠡᠨ ᠵᠠᠰᠠᠬᠤ ᠤᠷᠤᠨ ᠠᠴᠠ ᠨᠡᠩ ᠢᠯᠡᠭᠦᠤ ᠨᠡᠭᠡᠭᠡᠯᠲᠡ ᠶᠢᠨ ᠴᠢᠨᠠᠷᠲᠡᠢ ᠬᠠᠮᠢᠶᠠᠷᠤᠯᠲᠠ ᠶᠢᠨ ᠠᠷᠭ᠎ᠠ ᠶᠢ ᠤᠳᠠᠯ ᠦᠭᠡᠢ ᠬᠡᠷᠡᠭᠵᠢᠭᠦᠯᠦᠨ᠎ᠡ᠃ ᠭᠤᠤᠯ ᠪᠤᠯᠬᠤ ᠰᠠᠯᠪᠤᠷᠢ ᠬᠢᠭᠡᠳ ᠵᠠᠩᠭᠢᠯᠠᠭ᠎ᠠ ᠶᠢᠨ ᠲᠠᠯ᠎ᠠ ᠶᠢᠨ ᠦᠭᠡᠷᠡᠴᠢᠯᠡᠯᠲᠡ ᠶᠢ ᠯᠠᠪᠳᠠᠭᠤᠨ ᠪᠠᠷ ᠠᠬᠢᠭᠤᠯᠵᠤ᠂ ︽ᠬᠤᠶᠠᠷ ᠢ ᠦᠭᠡᠶᠢᠰᠬᠡᠵᠤ᠂ ᠨᠢᠭᠡ ᠶᠢ ᠪᠠᠭᠤᠷᠠᠭᠤᠯᠵᠤ᠂ ᠨᠢᠭᠡ ᠶᠢ ᠨᠦᠬᠦᠬᠦ︾  ᠰᠠᠨᠠᠯ ᠢ ᠬᠡᠷᠡᠭᠵᠢᠭᠦᠯᠵᠤ᠂ 6 ᠠᠵᠤ ᠠᠬᠤᠶᠢᠯᠠᠯ ᠢ ᠬᠠᠮᠲᠤᠳᠬᠠᠨ ᠨᠡᠶᠢᠯᠡᠭᠦᠯᠦᠨ ᠳᠠᠬᠢᠨ ᠨᠢᠭᠡᠳᠬᠡᠵᠤ᠂ 3 ᠠᠵᠤ ᠠᠬᠤᠶᠢᠯᠠᠯ ᠳᠤ ᠮᠡᠷᠭᠡᠵᠢᠯ ᠦᠭᠡᠷᠡᠴᠢᠯᠡᠨ ᠰᠠᠶᠢᠵᠢᠷᠠᠭᠤᠯᠬᠤ ᠶᠢ ᠪᠡᠶᠡᠯᠡᠭᠦᠯᠵᠤ᠂ 1038 ᠢᠵᠢ ᠬᠤᠳᠠᠯᠳᠤᠵᠤ ᠭᠠᠷᠤᠭ᠎ᠠ ᠦᠭᠡᠢ ᠭᠡᠷ ᠢ ᠬᠤᠳᠠᠯᠳᠤᠨ ᠭᠠᠷᠭᠠᠵᠤ᠂ 77 ᠵᠦᠢᠯ ᠰᠦᠢᠳᠬᠡᠯ ᠬᠤᠷᠢᠶᠠᠬᠤ ᠲᠦᠷᠦᠯ ᠵᠦᠢᠯ ᠢ ᠦᠭᠡᠶᠢᠰᠬᠡᠭᠰᠡᠨ ᠪᠤᠶᠤ ᠬᠦᠩᠭᠡᠯᠡᠵᠤ᠂ ᠬᠠᠩᠭᠠᠯᠭ᠎ᠠ ᠶᠢᠨ ᠬᠡᠰᠡᠭ ᠤᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠱᠠᠲᠤᠴᠢ ᠴᠢᠨᠠᠷ ᠲᠠᠢ ᠦᠷ᠎ᠡ ᠪᠦᠲᠦᠮᠵᠢ ᠶᠢ ᠤᠯᠤᠭᠰᠠᠨ ᠪᠠᠶᠢᠨ᠎ᠠ᠃ ᠵᠠᠰᠠᠮᠠᠯ ᠵᠠᠮ᠂ ᠲᠡᠮᠤᠷ ᠵᠠᠮ ᠤᠨ ᠪᠤᠭᠤᠮᠲᠡ ᠶᠢᠨ ᠵᠤᠷᠴᠢᠭᠴᠢᠳ ᠤᠨ ︽ᠭᠤᠷᠪᠠᠨ ᠬᠠᠷᠢᠯᠴᠠᠨ ᠬᠠᠮᠳᠣᠷᠠᠬᠤ︾ ᠶᠡᠭᠡ ᠨᠡᠪᠲᠡᠷᠡᠯᠲᠡ ᠶᠢᠨ ᠦᠭᠡᠷᠡᠴᠢᠯᠡᠯᠲᠡ ᠳᠠᠭᠤᠰᠴᠤ᠂ ᠵᠤᠷᠴᠢᠭᠴᠢᠳ᠂ ᠮᠠᠰᠢᠨ ᠲᠡᠷᠭᠡᠨ ᠤ ᠬᠢᠯᠢ ᠦᠩᠭᠡᠷᠡᠬᠦ ᠬᠤᠭᠤᠴᠠᠭ᠎ᠠ ᠶᠢ 40 %   ᠠᠴᠠ ᠳᠡᠭᠡᠭᠰᠢ  ᠪᠠᠭᠠᠰᠬᠠᠵᠠᠢ᠃ ︽ᠡᠷᠭᠡ ᠪᠠᠨ ᠦᠷᠭᠡᠵᠢᠭᠦᠯᠵᠤ ᠰᠢᠶᠠᠨ ᠢᠶᠠᠨ ᠬᠦᠴᠦᠷᠭᠡᠵᠢᠭᠦᠯᠬᠦ︾  ᠦᠭᠡᠷᠡᠴᠢᠯᠡᠯᠳᠡ ᠶᠢᠨ ᠲᠤᠷᠰᠢᠯᠲᠠ ᠶᠢᠨ ᠴᠡᠭ ᠦᠨᠳᠦᠰᠦᠨ ᠳᠡᠭᠡᠨ ᠳᠠᠭᠤᠰᠴᠤ᠂ ᠦᠪᠡᠷᠲᠡᠭᠡᠨ ᠵᠠᠰᠠᠬᠤ ᠤᠷᠤᠨ ᠤ ᠡᠷᠬᠡ ᠶᠢ ᠦᠷᠭᠡᠳᠬᠡᠬᠦ ᠵᠢᠭᠰᠠᠭᠠᠯᠲᠠ ᠳᠤ ᠬᠤᠯᠪᠤᠭᠳᠠᠭᠰᠠᠨ 61 ᠢᠵᠢ ᠬᠠᠮᠢᠶᠠᠷᠤᠯᠲᠠ ᠶᠢᠨ ᠡᠷᠬᠡ ᠮᠡᠳᠡᠯ ᠤᠨ 60 ᠢᠵᠢ ᠶᠢ ᠪᠡᠶᠡᠯᠡᠭᠦᠯᠵᠠᠢ᠃ ᠨᠡᠶᠢᠭᠡᠮ ᠤᠨ ᠢᠲᠡᠭᠡᠯᠲᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠶᠢᠲᠡ 210 ᠵᠤᠷᠪᠤᠰ ︽ᠬᠠᠷ᠎ᠠ ᠴᠠᠭᠠᠨ ᠳᠠᠩᠰᠠ︾  ᠶᠢ ᠨᠡᠶᠢᠲᠡᠯᠡᠭᠰᠡᠨ ᠪᠠᠶᠢᠨ᠎ᠠ᠃  ᠠᠷᠠᠯᠵᠢᠶᠠᠨ ᠤ ᠰᠢᠰᠲ᠋ᠧᠮ ‍ᠤᠨ‌‍ᠲ᠋ᠦ᠋ᠷᠢᠮ ᠤᠨ ᠦᠭᠡᠷᠡᠴᠢᠯᠡᠯᠲᠡ ᠤᠷᠤᠭᠰᠢᠲᠠᠢ ᠶᠠᠪᠤᠭᠳᠠᠵᠣ᠂  ᠪᠦᠬᠦ ᠠᠶᠢᠮᠠᠭ ᠤᠨ ᠠᠩᠬᠠᠳᠠᠭᠴᠢ ︽ᠢᠳᠡᠭᠡᠨ ᠤ ᠵᠦᠢᠯᠡᠰ ᠤᠨ ᠡᠵᠡᠩᠨᠡᠯᠲᠡ ᠶᠢᠨ ᠵᠦᠪᠰᠢᠶᠡᠷᠡᠯ ᠤᠨ ᠪᠢᠴᠢᠭ︾  ᠂ ᠬᠤᠪᠢ ᠶᠢᠨ ᠡᠵᠡᠩᠨᠡᠯᠳᠣ ᠬᠤᠳᠠᠯᠳᠤᠭ᠎ᠠ ᠡᠷᠬᠢᠯᠡᠭᠰᠡᠨ ᠡᠷᠦᠬᠡ ᠶᠢᠨ ︽ᠬᠤᠶᠠᠷ ᠦᠨᠡᠮᠡᠯ ᠢ ᠨᠢᠭᠡᠳᠬᠡᠬᠦ ︾ ᠬᠤᠳᠠᠯᠳᠤᠭᠠᠨ ᠤ ᠵᠦᠪᠰᠢᠶᠡᠷᠡᠯ ᠢ ᠤᠯᠭᠤᠵᠠᠢ᠃ ᠡᠳ᠋ ᠤᠨ ᠵᠠᠰᠠᠭ ᠭᠠᠶᠢᠯᠢ ᠲᠦᠷᠢᠮ ᠤᠨ ᠦᠭᠡᠷᠡᠴᠢᠯᠡᠯᠲᠡ ᠶᠢ ᠯᠠᠪᠳᠠᠭᠤᠨ ᠪᠠᠷ  ᠲᠦᠯᠬᠢᠨ ᠠᠬᠢᠭᠤᠯᠵᠤ᠂ ᠳᠦᠷᠪᠡᠨ ᠲᠤᠮᠤ ᠠᠵᠢᠯ ᠲᠦᠷᠦᠯ ‍ᠤᠨ‌ᠡᠵᠡᠩᠨᠡᠯᠲᠡ ᠶᠢᠨ ᠭᠠᠶᠢᠯᠢ ᠠᠴᠠ ᠦᠷᠲᠡᠭ ᠤᠨ ᠨᠡᠮᠡᠭᠳᠡᠯ ᠤᠨ ᠭᠠᠶᠢᠯᠢ ᠪᠤᠯᠭᠠᠬᠤ ᠠᠵᠢᠯ ᠢ ᠪᠦᠬᠦ ᠲᠠᠯ ᠪᠠᠷ ᠬᠡᠷᠡᠭᠵᠢᠭᠦᠯᠪᠡ᠃ ᠮᠤᠩᠭᠤᠯ ᠳᠤ ᠬᠠᠨᠳᠤᠭᠰᠠᠨ ᠪᠦᠰᠡ ᠨᠤᠲᠤᠭ ᠤᠨ ᠮᠦᠩᠬᠦᠨ ᠭᠦᠢᠯᠭᠡᠭᠡᠨ ᠤ ᠬᠠᠮᠲᠤ ᠶᠢᠨ ᠠᠵᠢᠯᠯᠠᠭ᠎ᠠ ᠶᠢ ᠦᠷᠭᠡᠳᠬᠡᠨ ᠪᠠᠲᠤᠳᠬᠠᠵᠤ᠂ ᠳᠤᠮᠳᠠᠳᠤ ᠮᠤᠩᠭᠤᠯ ᠤᠨ ᠠᠷᠠᠳ ᠤᠨ ᠵᠤᠭᠤᠰ ᠪᠤᠯᠤᠨ ᠮᠤᠩᠭᠤᠯ ᠲᠦᠭᠦᠷᠢᠭ ᠤᠨ ᠰᠤᠯᠢᠬᠤ ᠲᠤᠬᠢᠷᠠᠯᠴᠠᠭ᠎ᠠ ᠳᠤᠲᠤᠷᠠᠬᠢ  ᠮᠤᠩᠭᠤᠯ ᠲᠦᠭᠦᠷᠢᠭ ᠤᠨ ᠬᠦᠷᠦᠩᠭᠡ ᠬᠤᠷᠠᠮᠳᠤᠭᠤᠯᠬᠤ ᠠᠵᠢᠯ ᠢ ᠡᠬᠢᠯᠡᠭᠦᠯᠵᠤ᠂ ᠠᠩᠬ᠎ᠠ ᠤᠳᠠᠭ᠎ᠠ ᠮᠤᠩᠭᠤᠯ ᠲᠦᠭᠦᠷᠢᠭ ᠤᠨ ᠪᠡᠯᠡᠨ ᠮᠦᠩᠬᠦ ᠬᠢᠯᠢ ᠪᠠᠷ ᠤᠷᠤᠵᠤ ᠢᠷᠡᠨ᠂ ᠬᠢᠯᠢ ᠠᠯᠤᠰᠯᠠᠭᠰᠠᠨ ᠠᠷᠠᠳ ᠤᠨ ᠵᠤᠭᠤᠰ ᠤᠨ ᠲᠤᠭᠠᠴᠠᠯᠠᠭᠰᠠᠨ ᠨᠤᠷᠮ᠎ᠠ 53 ᠳ᠋ᠦ᠋ᠩᠰᠢᠭᠤᠷ ᠲᠦᠭᠦᠷᠢᠭ ᠲᠤ ᠬᠦᠷᠪᠡ᠃  ᠪᠦᠬᠦ ᠲᠠᠯ᠎ᠠ  ᠪᠠᠷ ᠤᠮᠠᠷᠠᠲᠤ ᠨᠡᠭᠡᠭᠡᠯᠲᠡ ᠶᠢ ᠦᠷᠭᠡᠳᠬᠡᠵᠤ᠂ ᠨᠠᠢᠮᠠᠳᠤᠭᠠᠷ ᠤᠳᠠᠭᠠᠨ ᠤ ︽ᠡᠷᠢᠶᠡᠨ ᠬᠤᠲᠡ ᠶᠢᠨ ᠴᠢᠭᠤᠯᠭ᠎ᠠ ᠠᠭᠤᠯᠵᠠᠯᠲᠠ︾   ᠶᠢ ᠵᠤᠬᠢᠶᠠᠨ ᠪᠠᠶᠢᠭᠤᠯᠵᠤ᠂  ᠤᠯᠤᠰ ᠤᠨ ᠬᠤᠳᠠᠯᠳᠤᠭ᠎ᠠ ᠶᠢ ᠠᠬᠢᠭᠤᠯᠬᠤ ᠨᠡᠶᠢᠭᠡᠮᠯᠢᠭ ᠠᠴᠠ ᠵᠤᠬᠢᠶᠠᠨ ᠪᠠᠶᠢᠭᠤᠯᠤᠭᠰᠠᠨ ᠬᠤᠷᠠᠯ ᠦᠵᠡᠰᠬᠦᠯᠡᠩ ᠪᠤᠯᠤᠨ ᠳᠡᠰ ᠳᠡᠪᠰᠢᠵᠤ᠂ ︽ᠡᠷᠢᠶᠡᠨ ᠬᠤᠲᠡ ᠶᠢᠨ ᠴᠢᠭᠤᠯᠭ᠎ᠠ ᠠᠭᠤᠯᠵᠠᠯᠲᠠ︾ ᠤᠨ ᠡᠭᠦᠷᠢᠳᠡ ᠶᠢᠨ ᠬᠤᠷᠠᠯ ᠬᠤᠷᠠᠯᠳᠤᠬᠤ ᠭᠠᠵᠠᠷ— ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠦᠪ ᠢ ᠪᠠᠶᠢᠭᠤᠯᠤᠨ ᠠᠰᠢᠭᠯᠠᠯᠲᠠ ᠳᠤ ᠤᠷᠤᠭᠤᠯᠪᠠ᠃ ᠤᠷᠤᠰ ᠮᠤᠩᠭᠤᠯ ᠤᠨ ᠬᠠᠮᠲᠤ ᠶᠢᠨ ᠠᠵᠢᠯᠯᠠᠭ᠎ᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠵᠤ᠂ ᠮᠤᠩᠭᠤᠯ ᠤᠯᠤᠰ ᠠᠴᠠ ᠡᠷᠢᠶᠡᠨ ᠬᠤᠲᠡ ᠳᠤ ᠰᠠᠭᠤᠭ᠎ᠠ ᠺᠤᠨᠰᠤᠯ ᠤᠨ ᠭᠠᠵᠠᠷ ᠲᠠᠢ ᠲᠤᠭᠲᠠᠭᠰᠠᠨ ᠬᠤᠭᠤᠴᠠᠭᠠᠨ ᠳᠤ ᠵᠦᠪᠰᠢᠯᠴᠡᠬᠦ ᠲᠤᠭᠲᠠᠯᠴᠠᠭ᠎ᠠ ᠶᠢ ᠪᠠᠶᠢᠭᠤᠯᠵᠤ᠂ ᠤᠷᠤᠰ ᠤᠨ ᠬᠤᠯᠪᠤᠭᠠᠲᠤ ᠤᠯᠤᠰ ᠤᠨ  ᠠᠩᠭᠠᠷᠰᠺ ᠬᠤᠲᠠ᠂ ᠺᠡᠶᠢᠽᠡᠶᠢᠯ ᠬᠤᠲᠠ ᠲᠠᠢ ᠨᠦᠬᠦᠷᠰᠡᠭ ᠬᠤᠲᠡ ᠶᠢᠨ ᠬᠠᠷᠢᠴᠠᠭ᠎ᠠ ᠶᠢ ᠵᠢᠩᠬᠢᠨᠢ ᠪᠠᠷ ᠪᠠᠶᠢᠭᠤᠯᠵᠠᠢ᠃ ᠭᠠᠳᠠᠭᠠᠳᠤ ᠲᠠᠢ ᠰᠤᠷᠭᠠᠨ ᠬᠦᠮᠦᠵᠢᠯ ᠤᠨ ᠰᠤᠯᠢᠯᠴᠠᠭ᠎ᠠ ᠬᠠᠮᠲᠤᠷᠠᠨ ᠠᠵᠢᠯᠯᠠᠬᠤ ᠶᠢ ᠴᠢᠩᠭᠠᠳᠬᠠᠵᠤ᠂ 66 ᠨᠡᠷ᠎ᠡ ᠰᠤᠷᠤᠭᠴᠢ ᠶᠢ ᠮᠤᠩᠭᠤᠯ ᠤᠷᠤᠰ ᠤᠨ ᠳᠡᠭᠡᠳᠤ ᠵᠡᠷᠭᠡ ᠶᠢᠨ ᠰᠤᠷᠭᠠᠭᠤᠯᠢ ᠳᠤ ᠰᠤᠷᠤᠯᠴᠠᠭᠤᠯᠵᠤ᠂ ᠮᠤᠩᠭᠤᠯ ᠤᠷᠤᠰ ᠵᠡᠷᠭᠡ ᠭᠠᠳᠠᠭᠠᠳᠤ ᠶᠢᠨ ᠰᠤᠷᠤᠭᠴᠢ ᠳᠤ 604 ᠲᠦᠮᠡᠨ ᠲᠦᠭᠦᠷᠢᠭ ᠤᠨ ᠰᠤᠷᠭᠠᠯᠲᠠ ᠶᠢᠨ ᠳᠡᠳᠬᠦᠯᠭᠡ ᠶᠢᠨ ᠮᠦᠩᠭᠦ ᠶᠢ ᠲᠠᠷᠬᠠᠭᠠᠵᠤ᠂ ᠮᠠᠨ ᠤ ᠬᠤᠲᠡ ᠳᠤ ᠰᠤᠷᠤᠯᠴᠠᠵᠤ ᠪᠠᠶᠢᠭ᠎ᠠ ᠭᠠᠳᠠᠭᠠᠳᠤ ᠬᠠᠷᠢᠶᠠᠯᠠᠯ ᠲᠠᠢ ᠰᠤᠷᠤᠭᠴᠢ 814 ᠨᠡᠷ᠎ᠡ ᠪᠤᠯᠵᠤ᠂ 86.3% ᠢᠶᠠᠷ ᠨᠡᠮᠡᠭᠳᠡᠵᠠᠢ᠃ ᠳᠤᠮᠳᠠᠳᠣ ᠮᠤᠩᠭᠤᠯ ᠤᠨ ᠬᠦᠯ ᠪᠦᠮᠪᠦᠭᠡ ᠤᠨ ᠰᠤᠯᠢᠯᠴᠠᠭ᠎ᠠ ᠬᠠᠮᠲᠤ ᠶᠢᠨ ᠠᠵᠢᠯᠯᠠᠭ᠎ᠠ ᠰᠢᠨ᠎ᠡ ᠠᠯᠬᠤᠮ ᠳᠠᠪᠰᠢᠵᠤ᠂ ︽ᠡᠷᠢᠶᠡᠨ ᠬᠤᠨᠳᠠᠭᠠᠲᠤ︾ ︽ ᠾᠧ ᠯᠢ ᠬᠤᠨᠳᠠᠭᠠᠲᠤ︾ ︽ᠨᠠᠬᠢᠶ᠎ᠠ ᠬᠤᠨᠳᠠᠭᠠᠲᠤ︾ ᠵᠡᠷᠭᠡ ᠠᠭᠠᠵᠢᠮ ᠢᠶᠠᠷ ᠨᠡᠷᠡᠲᠤ ᠲᠡᠮᠳᠡᠭᠲᠤ ᠤᠷᠤᠯᠳᠤᠭᠠᠨ ᠪᠤᠯᠪᠠ᠃  ᠤᠯᠤᠰ ᠤᠨ ᠳᠤᠲᠤᠭᠠᠳᠤ ᠲᠠᠢ ᠬᠠᠮᠲᠤᠷᠠᠨ ᠠᠵᠢᠯᠯᠠᠬᠤ ᠪᠠᠨ ᠭᠦᠨᠵᠡᠭᠡᠶᠢᠷᠡᠭᠦᠯᠵᠤ᠂ ᠼᠣᠣ ᠹᠧᠢ ᠳ᠋ᠢᠶᠠᠨ ᠭᠠᠷᠠᠮ ‍ᠤᠨ‌ᠡᠷᠢᠶᠠᠨ ᠳᠤᠲᠤᠭᠠᠳᠤ ᠬᠠᠭᠤᠷᠠᠢ ᠶᠢᠨ ᠭᠠᠷᠠᠮ ᠠᠯᠪᠠᠨ ᠶᠤᠰᠤ  ᠪᠠᠷ ᠪᠠᠶᠢᠭᠤᠯᠤᠭᠳᠠᠵᠤ᠂ ᠵᠡᠭᠦᠨ ᠪᠠᠷᠠᠭᠤᠨ ᠤᠷᠤᠨ ᠤ ᠬᠠᠮᠲᠤ ᠶᠢᠨ ᠠᠵᠢᠯᠯᠠᠭ᠎ᠠ ᠪᠤᠯᠤᠨ ᠬᠤᠳᠠᠯᠳᠤᠭᠠᠨ ᠤ ᠬᠦᠷᠦᠩᠭᠡ ᠤᠷᠤᠭᠤᠯᠤᠯᠲᠠ ᠶᠢᠨ ᠴᠢᠭᠤᠯᠭ᠎ᠠ ᠠᠭᠤᠯᠵᠠᠯᠲᠠ᠂ ᠪᠠᠷᠠᠭᠤᠨ ᠤᠷᠤᠨ ᠤ ᠬᠤᠳᠠᠯᠳᠤᠭ᠎ᠠ ᠦᠵᠡᠰᠭᠦᠯᠡᠩ  ᠤᠨ ᠠᠭᠤᠯᠵᠠᠯᠲᠠ᠂ ᠡᠷᠢᠶᠡᠨ ᠬᠤᠲᠡ ᠶᠢᠨ ᠴᠢᠭᠤᠯᠭ᠎ᠠ ᠠᠭᠤᠯᠵᠠᠯᠲᠠ ᠵᠡᠷᠭᠡ ᠲᠤᠮᠤ ᠬᠡᠮᠵᠢᠶᠡᠨ ᠤ ᠬᠤᠷᠠᠯ ᠦᠵᠡᠰᠬᠦᠯᠡᠩ ᠢ ᠪᠦᠷᠢᠮᠰᠤᠨ‌ᠠᠰᠢᠭᠯᠠᠵᠤ᠂ ᠬᠤᠳᠠᠯᠳᠤᠭᠠᠴᠢᠨ ᠤᠷᠢᠵᠤ ᠲᠠᠨᠢᠯᠴᠠᠭᠤᠯᠤᠨ᠂ ᠪᠤᠲᠠᠲᠠᠢ ᠲᠠᠩᠰᠠ ᠳᠤ ᠤᠷᠤᠭᠰᠠᠨ ᠪᠡᠯᠡ ᠮᠦᠩᠭᠦ ᠤᠨ ᠲᠤᠭ᠎ᠠ 35.2 ᠳ᠋ᠦᠩᠰᠢᠭᠤᠷ ᠲᠦᠭᠦᠷᠭ ᠲᠤ ᠬᠦᠷᠪᠡ  ᠃        ᠬᠤᠶᠠᠷ᠂ ᠤᠨᠴᠠᠯᠢᠭᠲᠤ ᠠᠵᠤ ᠦᠢᠯᠡᠰ ᠤᠨ ᠪᠦᠲᠦᠴᠡ ᠰᠢᠨᠡᠴᠢᠯᠡᠨ ᠳᠡᠭᠡᠭᠰᠢᠯᠡᠵᠤ᠂ ᠡᠳ᠋ ᠤᠨ ᠵᠠᠰᠠᠭ  ᠤᠨ ᠬᠦᠭᠵᠢᠯᠲᠡ ᠦᠷᠬᠦᠯᠵᠢᠯᠡᠨ ᠰᠠᠶᠢᠵᠢᠷᠠᠪᠠ       ᠤᠯᠠᠨ ᠤᠯᠤᠰ ᠤᠨ ᠬᠤᠳᠠᠯᠳᠤᠭ᠎ᠠ ᠪᠠ ᠪᠠᠷᠠᠭᠠᠨ ᠤ ᠭᠦᠢᠯᠭᠡᠭᠡᠨ ᠤ ᠦᠢᠯᠡᠰ ᠯᠠᠪᠳᠠᠭᠤᠨ ᠪᠠᠷ  ᠬᠦᠭᠵᠢᠪᠡ᠃  ︽ᠬᠢᠯᠢ ᠤᠷᠴᠢᠮ ᠤᠨ ᠬᠤᠳᠠᠯᠳᠤᠭ᠎ᠠ ᠠᠵᠤ ᠠᠬᠤᠢ ᠤᠨ ᠴᠢᠳᠠᠪᠤᠷᠢ ᠶᠢ ᠪᠦᠲᠦᠭᠡᠨ ᠪᠠᠶᠢᠭᠤᠯᠬᠤ ︵ᠲᠦᠷ ᠬᠡᠷᠡᠭᠵᠢᠬᠦᠯᠬᠦ︶ ᠠᠷᠭ᠎ᠠ ᠬᠡᠮᠵᠢᠶ᠎ᠡ︾ ᠶᠢ ᠬᠡᠷᠡᠭᠵᠢᠭᠦᠯᠵᠤ᠂ ᠪᠤᠭᠤᠮᠲᠡ ᠶᠢᠨ ᠬᠤᠳᠠᠯᠳᠤᠭᠠᠨ ᠤ ᠭᠤᠤᠯ ᠴᠤᠭᠴᠠ ᠶᠢ ᠬᠦᠴᠦᠷᠬᠡᠭᠵᠢᠭᠦᠯᠵᠤ᠂ ᠭᠠᠳᠠᠭᠠᠳᠤ ᠬᠤᠳᠠᠯᠳᠤᠭ᠎ᠠ ᠶᠢᠨ ᠠᠵᠤ ᠠᠬᠤᠶᠢᠯᠠᠯ 1000 ᠡᠷᠦᠬᠡ ᠶᠢ ᠳᠠᠪᠠᠪᠠ᠃  ᠮᠤᠩᠭᠤᠯ ᠤᠯᠤᠰ ᠤᠨ ᠪᠤᠯᠪᠠᠰᠤᠷᠠᠭᠤᠯᠤᠭᠰᠠᠨ ᠮᠢᠬᠠᠨ ᠤ ᠪᠦᠲᠦᠭᠡᠭᠳᠡᠬᠦᠨ᠂ ᠤᠷᠤᠰ᠂ ᠺᠠᠽᠠᠭᠰᠲ᠋ᠠᠨ ᠤᠯᠤᠰ ᠤᠨ ᠪᠤᠭᠤᠳᠠᠢ᠂ ᠰᠢᠷ᠎ᠠ ᠪᠤᠷᠴᠠᠭ᠂ ᠤᠰᠤᠨ ᠲᠤᠲᠤᠷᠭ᠎ᠠ᠂ ᠤᠯᠤᠰᠤᠨ ᠦᠷ᠎ᠡ ᠤᠷᠤᠭᠤᠯᠬᠤ ᠵᠦᠪᠰᠢᠶᠡᠷᠡᠯ ᠢ ᠤᠯᠵᠤ᠂  ᠪᠤᠭᠤᠮᠲᠡ ᠪᠠᠷ ᠤᠷᠤᠭᠤᠯᠬᠤ ᠪᠦᠲᠦᠭᠡᠭᠳᠡᠬᠦᠨ ᠤ ᠲᠦᠷᠦᠯ ᠵᠦᠢᠯ ᠤᠯᠠᠮ ᠨᠢᠭᠡ ᠠᠯᠬᠤᠮ ᠪᠠᠶᠠᠯᠢᠭᠵᠢᠪᠠ᠃ ︽ᠵᠧᠩᠵᠸᠤ ᠡᠷᠢᠶᠡᠨ ᠡᠸᠦ᠋ᠷᠤᠫᠡ︾  ᠤᠯᠠᠨ ᠤᠯᠤᠰ ᠤᠨ ᠪᠠᠷᠠᠭ᠎ᠠ ᠲᠡᠭᠡᠭᠡᠪᠤᠷᠢᠯᠡᠯᠲᠡ ᠶᠢᠨ  ᠸᠠᠭᠤᠨ ᠲᠤᠭᠲᠠᠭᠤᠨ  ᠪᠠᠷ ᠠᠵᠢᠯᠯᠠᠵᠤ᠂  ︽ᠦᠪᠦᠷ ᠮᠤᠩᠭᠤᠯ ᠡᠷᠢᠶᠡᠨ ᠡᠸᠦ᠋ᠷᠤᠫᠡ︾ ︽ᠲᠢᠶᠠᠨᠵᠢᠨ ᠡᠷᠢᠶᠡᠨ ᠡᠸᠦ᠋ᠷᠤᠫᠡ︾ ᠤᠯᠠᠨ ᠤᠯᠤᠰ ᠤᠨ ᠪᠠᠷᠠᠭ᠎ᠠ ᠲᠡᠭᠡᠭᠡᠪᠤᠷᠢᠯᠡᠯᠲᠡ ᠶᠢᠨ ᠸᠠᠭᠤᠨ ᠵᠢᠩᠬᠢᠨᠢ ᠪᠠᠷ ᠡᠬᠢᠯᠡᠵᠤ ᠠᠵᠢᠯᠯᠠᠵᠤ᠂ ᠪᠦᠬᠦ ᠵᠢᠯ 514 ᠴᠤᠪᠤᠭ᠎ᠠ ᠳᠤᠮᠳᠠᠳᠤ ᠡᠸᠦ᠋ᠷᠤᠫᠡ᠂ ᠳᠤᠮᠳᠠᠳᠤ ᠠᠽᠢᠶ᠎ᠠ ᠶᠢᠨ ᠸᠠᠭᠤᠨ ᠢ ᠰᠢᠯᠭᠠᠨ ᠨᠡᠪᠲᠡᠷᠡᠭᠦᠯᠵᠤ᠂ ᠡᠭᠦᠨ ᠤ ᠳᠤᠮᠳᠠ ᠳᠤᠮᠳᠠᠳᠤ ᠡᠸᠦ᠋ᠷᠤᠫᠡ ᠶᠢᠨ ᠸᠠᠭᠤᠨ ᠳᠠᠬᠢᠨ ᠪᠠᠷ ᠦᠰᠴᠤ᠂ 161 ᠴᠤᠪᠤᠭ᠎ᠠ ᠬᠦᠷᠦᠭᠰᠡᠨ ᠪᠠᠶᠢᠨ᠎ᠠ᠃ ᠳᠤᠮᠳᠠᠳᠤ ᠮᠤᠩᠭᠤᠯ ᠤᠷᠤᠰ ᠤᠨ ᠤᠯᠠᠨ ᠤᠯᠤᠰ ᠤᠨ ᠵᠠᠮ ᠬᠢᠯᠢ ᠠᠯᠤᠰᠯᠠᠭᠰᠠᠨ ᠲᠡᠭᠡᠭᠡᠪᠤᠷᠢᠯᠡᠯᠲᠡ ᠶᠢ ᠡᠬᠢᠯᠡᠨ ᠲᠤᠷᠰᠢᠨ ᠠᠰᠢᠭᠯᠠᠪᠠ᠃ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠪᠠᠷᠠᠭᠠᠨ ᠤ ᠰᠢᠭᠤᠷᠬᠠᠢ ᠭᠠᠷᠤᠴᠠ  ᠶᠢ ᠡᠬᠢᠯᠡᠵᠤ ᠬᠡᠷᠡᠭᠯᠡᠵᠤ᠂ ᠬᠢᠯᠢ ᠠᠯᠤᠰᠯᠠᠭᠰᠠᠨ ᠡᠯᠧᠺᠲ᠋ᠤᠷᠤᠨ ᠬᠤᠳᠠᠯᠳᠤᠭ᠎ᠠ ᠪᠠᠷ ᠪᠠᠷᠠᠭ᠎ᠠ ᠰᠤᠯᠢᠯᠴᠠᠭᠰᠠᠨ ᠶᠡᠷᠤᠩᠬᠡᠢ ᠲᠤᠭ᠎ᠠ 260 ᠭᠠᠷᠤᠢ ᠲᠦᠮᠡ ᠬᠦᠷᠴᠤ᠂ ᠬᠢᠯᠢ ᠦᠩᠭᠡᠷᠡᠭᠰᠡᠨ ᠪᠠᠷᠠᠭᠠᠨ ᠤ ᠬᠡᠮᠵᠢᠶ᠎ᠡ ᠮᠢᠩᠭᠠᠨ ᠲᠤᠨ ᠢ ᠳᠠᠪᠠᠵᠠᠢ᠃  ᠵᠠᠰᠠᠮᠠᠯ ᠵᠠᠮ ᠤᠨ ᠪᠤᠭᠤᠮᠲᠡ ᠶᠢᠨ ᠠᠭᠤᠷ ᠪᠠᠷ ᠠᠷᠢᠭᠤᠳᠬᠠᠬᠤ ᠬᠦᠮᠦᠷᠭᠡ ᠶᠢᠨ ᠨᠢᠭᠡᠳᠤᠭᠡᠷ ᠬᠤᠭᠤᠴᠠᠭ᠎ᠠ ᠶᠢ ᠡᠬᠢᠯᠡᠵᠤ ᠪᠦᠲᠦᠭᠡᠨ ᠪᠠᠶᠢᠭᠤᠯᠵᠤ᠂ ᠬᠦᠯᠳᠡᠭᠡᠭᠦᠷ ᠬᠢᠨᠵᠢ ᠶᠢᠨ ᠰᠢᠯᠭᠠᠨ ᠪᠠᠶᠢᠴᠠᠭᠠᠬᠤ ᠬᠦᠮᠦᠷᠭᠡ ᠪᠠ ᠨᠢᠭᠡ ᠴᠤᠭᠴᠠᠲᠤ ᠲᠦᠬᠦᠭᠡᠷᠤᠮᠵᠢ ᠶᠢᠨ ᠲᠦᠷᠦᠯ ᠵᠦᠢᠯ ᠤᠨ ᠨᠢᠭᠡᠳᠤᠭᠡᠷ ᠬᠤᠭᠤᠴᠠᠭ᠎ᠠ ᠶᠢᠨ ᠪᠠᠷᠢᠯᠭ᠎ᠠ ᠶᠢ ᠠᠰᠢᠭᠯᠠᠯᠲᠠ ᠳᠤ ᠤᠷᠤᠭᠤᠯᠵᠤ᠂ ᠠᠮᠤ ᠪᠤᠳᠠᠭᠠᠨ ᠤ ᠦᠷᠲᠡᠭᠡ ᠲᠠᠯᠠᠪᠠᠢ ᠶᠢ ᠦᠭᠡᠷᠡᠴᠢᠯᠡᠬᠦ ᠨᠢᠭᠡᠳᠤᠭᠡᠷ ᠬᠤᠭᠤᠴᠠᠭ᠎ᠠ  ᠶᠢᠨ ᠪᠠᠷᠢᠯᠭ᠎ᠠ ᠠᠰᠢᠭᠯᠠᠯᠲᠠ ᠳᠤ ᠤᠷᠤᠵᠤ᠂ ᠪᠠᠷᠠᠭᠠᠨ ᠤ ᠭᠦᠢᠯᠭᠡᠭᠡᠨ ᠤ ᠨᠦᠬᠦᠴᠡᠯ ᠤᠯᠠᠮ ᠨᠢᠭᠡ ᠠᠯᠬᠤᠮ ᠰᠠᠶᠢᠵᠢᠷᠠᠪᠠ᠃ ᠪᠠᠷᠤᠭᠴᠠᠯᠠᠪᠠᠯ ᠪᠦᠬᠦ ᠵᠢᠯ ᠤᠨ ᠪᠤᠭᠤᠮᠲᠡ ᠪᠠᠷ ᠤᠷᠤᠭᠤᠯᠵᠤ ᠭᠠᠷᠭᠠᠬᠤ ᠪᠠᠷᠠᠭ᠎ᠠ 1435 ᠲᠦᠮᠡᠨ ᠲᠤᠨ ᠬᠦᠷᠴᠤ᠂ 2.3 % ᠢᠶᠠᠷ  ᠨᠡᠮᠡᠭᠳᠡᠨ᠎ᠡ᠃      ᠭᠠᠳᠠᠭᠠᠳᠤ ᠠᠴᠠ ᠤᠷᠤᠭᠤᠯᠵᠤ ᠭᠠᠷᠭᠠᠬᠤ ᠪᠤᠯᠪᠠᠰᠤᠷᠠᠭᠤᠯᠤᠯᠲᠠ ᠶᠢᠨ ᠦᠢᠯᠡᠰ ᠤᠨ ᠬᠡᠪᠴᠢᠶ᠎ᠡ ᠨᠢ ᠪᠤᠵᠠᠭᠠᠶᠢᠷᠠᠪᠠ᠃ ᠬᠠᠮᠵᠢᠯᠴᠠᠭᠠᠨ ᠤ ᠲᠤᠭᠤᠷᠢᠭ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠬᠤᠷᠳᠤᠳᠬᠠᠵᠤ᠂  ᠬᠠᠮᠵᠢᠯᠴᠠᠭᠠᠨ ᠤ ᠲᠤᠭᠤᠷᠢᠭ ᠤᠨ ᠴᠢᠳᠠᠪᠬᠢ ᠤᠨ ᠵᠡᠷᠬᠡᠯᠡᠯ ᠢ ᠤᠯᠠᠮ ᠨᠢᠭᠡ ᠠᠯᠬᠤᠮ ᠲᠤᠳᠤᠳᠬᠠᠵᠤ᠂  ᠪᠡᠯᠡ ᠤᠷᠤᠭᠤᠯᠤᠯᠲᠠ ᠶᠢᠨ ᠲᠦᠷᠦᠯ ᠵᠦᠢᠯ ᠢ ᠱᠠᠯᠠᠪᠳᠠᠨ ᠪᠠᠶᠢᠴᠠᠭᠠᠬᠤ ᠶᠢᠨ ᠬᠠᠮᠢᠶᠠᠷᠤᠯᠲᠠ ᠶᠢᠨ ᠰᠢᠰᠲ᠋ᠧᠮ ᠢ ᠲᠤᠷᠰᠢᠨ ᠬᠡᠷᠡᠭᠯᠡᠵᠤ᠂ ᠲᠦᠷᠦᠯ ᠵᠦᠢᠯ ᠤᠨ ᠭᠠᠷ ᠭᠦᠢᠴᠡᠳᠬᠡᠯ ᠢ ᠬᠦᠢᠴᠡᠳᠬᠡᠬᠦ ᠬᠤᠭᠤᠴᠠᠭ᠎ᠠ ᠶᠢ 50 %   ᠠᠴᠠ ᠳᠡᠭᠡᠭᠰᠢ ᠪᠠᠭᠠᠰᠬᠠᠵᠤ᠂ ᠲᠤᠭᠤᠷᠢᠭ ᠤᠨ ᠳᠠᠭᠠᠭᠠᠴᠠ ᠴᠢᠳᠠᠪᠤᠷᠢ ᠮᠡᠳᠡᠭᠳᠡᠮ᠎ᠡ ᠳᠡᠭᠡᠭᠰᠢᠯᠡᠵᠠᠢ᠃ ᠠᠵᠤ ᠦᠢᠯᠡᠳᠪᠤᠷᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠵᠦᠩ ᠱᠧᠩ ᠠᠨ ᠲᠠᠢ᠂ ᠮᠧᠢ ᠬᠤᠣ ᠵᠢᠶᠠ ᠶᠤᠸᠠᠨ ᠵᠡᠷᠭᠡ ᠮᠤᠳᠤᠨ ᠪᠦᠲᠦᠴᠡ ᠦᠢᠯᠡᠳᠬᠦ ᠲᠦᠷᠦᠯ ᠵᠦᠢᠯ ᠪᠠᠶᠢᠭᠤᠯᠤᠭᠳᠠᠵᠣ ᠠᠰᠢᠭᠯᠠᠯᠲᠠ ᠳᠤ ᠤᠷᠤᠵᠤ ᠂ ᠶᠤᠸᠠᠨ ᠳ᠋ᠦᠩ ᠮᠤᠳᠤᠨ ᠮᠠᠲ᠋ᠧᠷᠢᠶᠠᠯ ᠠᠷᠠᠯᠵᠢᠶᠠᠯᠠᠬᠤ ᠬᠦᠷᠢᠶᠡᠯᠡᠩ᠂ ᠫᠧᠩ ᠱᠦᠨ ᠠᠭᠤᠷᠬᠠᠢ ᠶᠢᠨ ᠰᠢᠭᠠᠷᠤ ᠠᠴᠠ ᠸᠣᠯᠹᠷᠠᠮ ᠢᠯᠭᠠᠷᠠᠭᠤᠯᠬᠤ ᠲᠦᠷᠦᠯ  ᠵᠦᠢᠯ ᠠᠰᠢᠭᠯᠠᠯᠲᠠ ᠳᠤ ᠤᠷᠤᠵᠠᠢ᠃ ᠠᠵᠤ ᠦᠢᠯᠡᠳᠪᠤᠷᠢᠯᠡᠯ ᠤᠨ ᠠᠶᠤᠯᠬᠦᠢ ᠦᠢᠯᠡᠳᠪᠤᠷᠢᠯᠡᠬᠦ ᠪᠠ ᠤᠷᠴᠢᠨ ᠲᠤᠭᠤᠷᠢᠨ ᠢ ᠬᠠᠮᠭᠠᠯᠠᠬᠤ  ᠬᠠᠤᠯᠢ ᠶᠢ ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠵᠤ᠂ ᠠᠨ ᠬᠠᠢ᠂  ᠫᠧᠩ ᠱᠦᠨ᠂ ᠰᠢᠨ ᠨᠧᠩ ᠶᠤᠸᠠᠨ ᠬᠦᠳᠡᠷ ᠰᠢᠯᠢᠬᠦ ᠠᠵᠤ ᠠᠬᠤᠶᠢᠯᠠᠯ ᠤᠨ ᠠᠭᠤᠷᠬᠠᠢ ᠶᠢᠨ ᠰᠢᠭᠠᠷᠤ ᠶᠢ ᠰᠢᠢᠳᠪᠤᠷᠢᠯᠡᠬᠦ ᠪᠠ ᠳᠠᠬᠢᠨ ᠠᠰᠢᠭᠯᠠᠬᠤ ᠡᠷᠭᠢᠯᠲᠡ ᠶᠢᠨ ᠤᠰᠤᠨ ᠴᠦᠭᠦᠷᠡᠮ ᠢ ᠴᠡᠭᠴᠡᠯᠡᠨ ᠪᠠᠶᠢᠴᠠᠭᠠᠬᠤ ᠠᠵᠢᠯ ᠢ ᠪᠡᠶᠡᠯᠡᠭᠦᠯᠵᠠᠢ᠃ ︽ᠬᠠᠪᠰᠤᠷᠤᠨ ᠳᠠᠭᠠᠭᠠᠴᠢᠯᠠᠭᠰᠠᠨ ᠮᠦᠩᠭᠦ︾ ᠶᠢᠨ ᠵᠠᠮᠴᠢᠯᠠᠭᠰᠠᠨ ᠵᠢᠭᠡᠯᠡᠭᠡ ᠮᠦᠩᠭᠦ ᠶᠢᠨ ᠦᠢᠯᠡᠳᠤᠯ ᠢ ᠪᠠᠳᠠᠷᠠᠭᠤᠯᠵᠤ᠂ 28 ᠡᠷᠦᠬᠡ ᠪᠢᠴᠢᠯ ᠵᠢᠵᠢᠭ ᠠᠵᠤ ᠠᠬᠤᠶᠢᠯᠠᠯ  ᠳᠤ 7600 ᠲᠦᠮᠡᠨ ᠲᠦᠭᠦᠷᠢᠭ ᠤᠨ ᠵᠢᠭᠡᠯᠡᠯᠭᠡ ᠲᠠᠯᠪᠢᠵᠤ᠂ ᠠᠵᠤ ᠠᠬᠤᠶᠢᠯᠠᠯ ᠤᠨ ᠬᠦᠷᠦᠩᠭᠡ ᠴᠤᠭᠯᠠᠭᠤᠯᠬᠤ ᠬᠦᠴᠢᠷ᠂ ᠬᠦᠷᠦᠩᠭᠡ ᠴᠤᠭᠯᠠᠭᠤᠯᠬᠤ ᠳᠤ ᠦᠨᠳᠦᠷ ᠦᠷᠲᠡᠭ ᠲᠠᠢ ᠪᠠᠶᠢᠬᠤ ᠠᠰᠠᠭᠤᠳᠠᠯ ᠢ ᠬᠦᠩᠭᠡᠷᠡᠭᠦᠯᠵᠠᠢ᠃ ᠶᠥᠩ ᠱᠧᠩ ᠪᠤᠭᠤᠳᠠᠯᠯᠠᠨ ᠰᠠᠪᠯᠠᠬᠤ᠂ ᠭᠡᠶᠢᠭᠦᠯ ᠵᠡᠷᠭᠡ 4 ᠠᠵᠤ ᠠᠬᠤᠶᠢᠯᠠᠯ ᠳᠤ  ᠪᠡᠯᠡ ᠮᠦᠩᠬᠦ ᠠᠪᠬᠤ ᠶᠢ ᠪᠡᠶᠡᠯᠡᠭᠦᠯᠪᠡ᠃  ᠪᠦᠬᠦ ᠵᠢᠯ ᠳᠤ ᠭᠤᠤᠯ ᠪᠤᠯᠬᠤ ᠠᠵᠤ ᠦᠢᠯᠡᠳᠪᠤᠷᠢ ᠶᠢᠨ ᠪᠦᠲᠦᠭᠡᠭᠳᠡᠬᠦᠨ ᠲᠡᠮᠤᠷ ᠤᠨ ᠨᠠᠷᠢᠯᠢᠭ ᠬᠦᠳᠡᠷ᠂ ᠨᠤᠤᠯᠤᠷ᠂ ᠰᠢᠮᠡᠯᠳᠡᠭ ᠤᠨ ᠦᠷ᠎ᠡ ᠶᠢᠨ ᠲᠤᠰᠤ ᠦᠢᠯᠡᠳᠪᠤᠷᠢᠯᠡᠬᠦ ᠬᠡᠮᠵᠢᠶ᠎ᠡ ᠨᠢ ᠲᠤᠰᠪᠤᠷᠢ 46.6%᠂ 23.1%  ᠂ 93.8% ᠪᠠᠷ ᠨᠡᠮᠡᠭᠳᠡᠵᠠᠢ︔ ᠪᠠᠷᠤᠭᠴᠠᠯᠠᠪᠠᠯ ᠪᠦᠬᠦ ᠠᠵᠤ ᠦᠢᠯᠡᠳᠪᠤᠷᠢ ᠶᠢᠨ ᠨᠡᠮᠡᠭᠳᠡᠯ ᠦᠷᠲᠡᠭ 34.6 ᠳ᠋ᠦᠩᠰᠢᠭᠤᠷ ᠲᠦᠭᠦᠷᠢᠭ ᠬᠦᠷᠴᠤ᠂ 14% ᠪᠠᠷ ᠨᠡᠮᠡᠭᠳᠡᠨ᠎ᠡ  ᠃       ᠬᠢᠯᠢ ᠶᠢᠨ ᠰᠤᠶᠤᠯ  ᠵᠢᠭᠤᠯᠴᠢᠯᠠᠯ ᠤᠨ ᠦᠢᠯᠡᠰ ᠡᠷᠡᠭᠦᠯ ᠪᠠᠷ ᠬᠦᠭᠵᠢᠪᠡ᠃ ᠪᠦᠬᠦ ᠬᠡᠪᠴᠢᠶᠡᠨ ᠤ ᠵᠢᠭᠤᠯᠴᠢᠯᠠᠯ ᠤᠨ ᠵᠢᠱᠢᠶᠡᠴᠢ ᠲᠤᠭᠤᠷᠢᠭ ᠢ ᠡᠭᠦᠳᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠳᠤᠮᠳᠠᠳᠤ ᠮᠤᠩᠭᠤᠯ ᠤᠨ ᠬᠢᠯᠢ ᠠᠯᠤᠰᠯᠠᠭᠰᠠᠨ ᠠᠶᠠᠯᠠᠯ ᠵᠢᠭᠤᠯᠴᠢᠯᠠᠯ ᠤᠨ ᠬᠠᠮᠲᠤᠷᠠᠭᠰᠠᠨ ᠲᠤᠭᠤᠷᠢᠭ ᠢ ᠪᠦᠲᠦᠭᠡᠨ ᠪᠠᠶᠢᠭᠤᠯᠬᠤ  ᠶᠢ ᠲᠦᠯᠬᠢᠨ ᠠᠬᠢᠭᠤᠯᠵᠤ᠂ ᠳᠤᠮᠳᠠᠳᠤ ᠮᠤᠩᠭᠤᠯ ᠤᠨ ᠤᠯᠠᠨ ᠤᠯᠤᠰ ᠤᠨ ᠮᠤᠷᠢ ᠤᠨᠤᠬᠤ ᠤᠷᠯᠢᠭ ᠤᠨ ᠲᠤᠭᠯᠠᠯᠲᠠ ᠶᠢᠨ ᠰᠠᠭᠤᠷᠢᠨ ᠭᠠᠵᠠᠷ᠂ ᠤᠯᠤᠰ ᠤᠨ ᠡᠭᠦᠳᠡ ᠦᠵᠡᠮᠤᠷᠢ ᠶᠢᠨ ᠤᠷᠤᠨ ᠤ ᠵᠢᠭᠤᠯᠴᠢᠨ ᠤ ᠲᠦᠪ᠂ ᠬᠤᠲᠡ ᠶᠢᠨ ᠡᠮᠤᠨ᠎ᠡ ᠡᠭᠦᠳᠡ ᠶᠢᠨ ᠠᠶᠠᠯᠠᠯ ᠵᠢᠭᠤᠯᠴᠢᠯᠠᠯ ᠤᠨ ᠦᠷᠲᠡᠭᠡ ᠪᠠᠶᠢᠭᠤᠯᠤᠭᠳᠠᠨ ᠠᠰᠢᠭᠯᠠᠯᠲᠠ ᠳᠤ ᠤᠷᠤᠵᠤ᠂  ᠶᠡᠷᠤᠩᠬᠡᠶᠢᠯᠡᠭᠰᠡᠨ ᠮᠦᠼᠸᠢ ᠶᠢᠨ ᠦᠵᠡᠭᠦᠯᠭᠡ ᠳᠡᠯᠭᠡᠯᠲᠡ ᠶᠢᠨ ᠨᠢᠭᠡᠳᠤᠭᠡᠷ ᠬᠤᠭᠤᠴᠠᠭᠠᠨ ᠤ ᠠᠵᠢᠯ ᠳᠠᠭᠤᠰᠴᠤ᠂  ᠠᠶᠠᠯᠠᠯ ᠵᠢᠭᠤᠯᠴᠢᠯᠠᠯ ᠤᠨ ᠶᠡᠷᠤᠩᠬᠡᠶᠢᠯᠡᠭᠰᠡᠨ ᠦᠢᠯᠡᠴᠢᠯᠡᠭᠡᠨ ᠤ ᠲᠦᠪ᠂ ᠳᠤᠮᠳᠠᠳᠤ ᠮᠤᠩᠭᠤᠯ ᠤᠷᠤᠰ ᠤᠨ ᠤᠯᠠᠨ ᠤᠯᠤᠰ ᠤᠨ ᠮᠠᠰᠢᠨ ᠲᠡᠷᠭᠡᠨ ᠤ ᠬᠡᠭᠡᠷ᠎ᠡ ᠬᠤᠨᠤᠭᠯᠠᠬᠤ ᠴᠡᠴᠡᠷᠯᠢᠭ᠂ ᠭᠠᠵᠠᠷ ᠰᠢᠨᠵᠢᠯᠡᠭᠡᠨ ᠤ ᠴᠡᠴᠡᠷᠯᠢᠭ ᠤᠨ ᠵᠢᠭᠤᠯᠴᠢᠨ ᠤᠨ ᠦᠢᠯᠡᠴᠢᠯᠡᠭᠡᠨ ᠤ ᠲᠦᠪ ᠵᠡᠷᠭᠡ ᠲᠦᠷᠦᠯ ᠵᠦᠢᠯ ᠢ ᠡᠬᠢᠯᠡᠵᠤ ᠪᠠᠶᠢᠭᠤᠯᠵᠠᠢ᠃ ᠭᠤᠷᠪᠠᠳᠤᠭᠠᠷ ᠤᠳᠠᠭᠠᠨ ᠤ ︽ᠴᠠᠢ ᠶᠢᠨ ᠵᠠᠮ︾ ᠤᠯᠠᠨ ᠤᠯᠤᠰ ᠤᠨ ᠰᠤᠶᠤᠯ ᠵᠢᠭᠤᠯᠴᠢᠯᠠᠯ ᠤᠨ ᠡᠳᠦᠷ᠂ ᠬᠤᠶᠠᠳᠤᠭᠠᠷ ᠤᠳᠠᠭᠠᠨ ᠤ ᠡᠷᠢᠶᠡᠨ ᠬᠤᠲᠡ — ᠵᠠᠮ ᠤᠨ ᠡᠭᠦᠳᠡ ᠶᠢᠨ ᠪᠦᠬᠦ ᠠᠷᠠᠳ ᠤᠨ ᠪᠡᠶ᠎ᠡ ᠪᠤᠯᠪᠠᠰᠤᠷᠠᠭᠤᠯᠬᠤ ᠲᠠᠮᠢᠷ ᠤᠨ ᠨᠠᠭᠠᠳᠤᠮ ᠵᠡᠷᠭᠡ ᠰᠢᠷᠢᠰ ᠤᠯᠠᠨ ᠤᠯᠤᠰ ᠤᠨ ᠰᠤᠶᠤᠯ ᠲᠠᠮᠢᠷ ᠤᠨ ᠬᠦᠳᠡᠯᠭᠡᠭᠡᠨ ᠢ ᠦᠷᠨᠢᠭᠦᠯᠵᠤ᠂ ᠪᠤᠭᠤᠮᠲᠡ ᠶᠢᠨ ᠠᠶᠠᠯᠠᠯ ᠵᠢᠭᠤᠯᠴᠢᠯᠠᠯ ᠤᠨ ᠰᠤᠨᠢᠷᠬᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠠᠢ᠃ ︽ᠠᠶᠠᠯᠠᠯ ᠵᠢᠭᠤᠯᠴᠢᠯᠠᠯ ᠤᠨ ᠠᠵᠤ ᠠᠬᠤᠶᠢᠯᠠᠯ ᠢ ᠬᠦᠬᠢᠭᠦᠯᠦᠨ ᠱᠠᠩᠨᠠᠬᠤ ᠲᠦᠷ ᠬᠡᠷᠡᠭᠵᠢᠭᠦᠯᠬᠦ ᠠᠷᠭ᠎ᠠ︾ ᠶᠢ ᠵᠠᠰᠠᠨ ᠨᠡᠶᠢᠲᠡᠯᠡᠵᠤ᠂ ᠠᠶᠠᠯᠠᠯ ᠵᠢᠭᠤᠯᠴᠢᠯᠠᠯ ᠤᠨ ᠠᠵᠤ ᠠᠬᠤᠶᠢᠯᠠᠯ ᠳᠤ ᠬᠦᠬᠢᠭᠦᠯᠵᠤ ᠨᠦᠬᠦᠬᠦ ᠬᠦᠴᠦᠯᠡᠴᠡ ᠪᠠᠨ ᠴᠢᠩᠭᠠᠳᠬᠠᠵᠤ᠂ ᠬᠤᠭᠤᠯᠠᠨ ᠭᠡᠷ  ᠪᠠᠭᠤᠳᠠᠯ ᠤᠨ ᠵᠡᠷᠬᠡᠯᠡᠯ ᠢ ᠲᠡᠭᠡᠭᠰᠢᠯᠡᠬᠦᠯᠵᠤ᠂ ᠵᠢᠭᠤᠯᠴᠢᠨ ᠤ ᠪᠦᠯᠬᠦᠮ 83.2 % ᠪᠠᠷ ᠨᠡᠮᠡᠭᠳᠡᠵᠠᠢ᠃ ᠪᠦᠬᠦ ᠵᠢᠯ ᠳᠤ ᠤᠯᠣᠰ ᠤᠨ ᠳᠣᠳᠣᠭᠠᠳᠣ ᠭᠠᠳᠠᠭᠠᠳᠣ ᠶᠢᠨ ᠵᠢᠭᠤᠯᠴᠢᠳ ᠢ 198  ᠲᠦᠮᠡᠨ ᠬᠦᠮᠦᠨ ᠤᠳᠠᠭ᠎ᠠ ᠬᠦᠯᠢᠶᠠᠨ ᠠᠪᠴᠣ᠂ 8.3% ᠪᠠᠷ ᠨᠡᠮᠡᠭᠳᠡᠵᠠᠢ᠃ ᠠᠶᠠᠯᠠᠯ ᠵᠢᠭᠤᠯᠴᠢᠯᠠᠯ ᠤᠨ ᠶᠡᠷᠦᠩᠭᠡᠢ ᠣᠷᠣᠯᠭ᠎ᠠ 43.3 ᠳ᠋ᠦᠩᠰᠢᠭᠤᠷ ᠲᠦᠭᠦᠷᠢᠭ ᠲᠤ ᠬᠦᠷᠴᠦ᠂ 8.2 % ᠪᠠᠷ ᠨᠡᠮᠡᠭᠳᠡᠵᠠᠢ᠃      ᠪᠤᠬᠢᠷᠳᠠᠯ ᠦᠭᠡᠢ ᠴᠡᠪᠡᠷ ᠡᠨᠧᠷᠬᠢ ᠤᠨ ᠦᠢᠯᠡᠰ ᠢ ᠯᠠᠪᠳᠠᠭᠤᠨ ᠪᠠᠷ ᠠᠬᠢᠭᠤᠯᠪᠠ᠃ ᠰᠢᠨ᠎ᠡ ᠡᠨᠧᠷᠭᠢ ᠶᠢᠨ ᠪᠢᠴᠢᠯ ᠴᠠᠬᠢᠯᠭᠠᠨ ᠤ ᠲᠤᠤᠷ  ‍ᠤᠨ‌ᠵᠢᠱᠢᠶᠡᠴᠢ ᠲᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ   ᠤᠨ ᠠᠬᠢᠴᠠ ᠤᠷᠤᠭᠰᠢᠲᠠᠢ᠂ ᠲᠦᠷᠦᠯ ᠵᠦᠢᠯ ᠤᠨ ᠳᠠᠭᠠᠭᠠᠴᠢᠯᠠᠯᠲᠠ ᠳᠤ ᠵᠠᠷᠯᠠᠬᠤ᠂  ᠺᠤᠮᠫᠠᠨᠢ ᠪᠦᠷᠢᠳᠬᠡᠭᠦᠯᠬᠦ᠂ ᠨᠢᠭᠡᠳᠤᠭᠡᠷ ᠬᠤᠭᠤᠴᠠᠭᠠᠨ ᠤ ᠪᠠᠷᠢᠯᠭ᠎ᠠ ᠪᠠᠶᠢᠭᠤᠯᠤᠮᠵᠢ ᠳᠠᠩᠰᠠ ᠳᠤ ᠲᠡᠮᠳᠡᠭᠯᠡᠬᠦᠯᠬᠦ ᠠᠵᠢᠯ ᠢ ᠪᠡᠶᠡᠯᠡᠭᠦᠯᠪᠡ᠃ ᠠᠷᠢᠭᠤᠨ ᠴᠡᠪᠡᠷ ᠡᠨᠧᠷᠬᠢ ᠶᠢᠨ  ᠴᠠᠬᠢᠯᠭᠠᠨ ᠰᠤᠷᠪᠤᠯᠵᠢ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ  ᠵᠢᠭᠠᠯᠲᠠ ᠲᠤᠭ᠎ᠠ ᠶᠢ ᠬᠦᠭᠡᠭᠡᠴᠡᠯᠳᠤᠵᠤ᠂ ᠠᠷᠢᠭᠤᠨ ᠴᠡᠪᠡᠷ ᠡᠨᠧᠷᠬᠢ ᠶᠢ ᠭᠠᠳᠠᠭᠰᠢ ᠭᠠᠷᠭᠠᠬᠤ ᠱᠤᠭᠤᠮ ᠪᠠᠶᠢᠭᠤᠯᠪᠠ᠃ ᠲᠢᠶᠠᠨ ᠬᠤᠩ ᠶᠠᠩ ᠭᠤᠸᠠᠩ 2 ᠲᠦᠮᠡᠨ ᠺᠢᠯᠤᠸᠠᠲ ᠴᠠᠬᠢᠯᠭᠠᠨ ᠬᠤᠪᠢᠰᠬᠠᠬᠤ ᠦᠷᠲᠡᠭᠡ ᠡᠬᠢᠯᠡᠵᠤ ᠴᠠᠬᠢᠯᠭᠠᠨ ᠭᠠᠷᠭᠠᠵᠠᠢ᠃  ᠪᠦᠬᠦ ᠵᠢᠯ ᠰᠠᠯᠬᠢ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠴᠤᠭᠴᠠᠯᠠᠪᠤᠷᠢ ᠶᠢᠨ ᠪᠠᠭᠲᠠᠭᠠᠮᠵᠢ ᠶᠢᠨ ᠬᠡᠮᠵᠢᠶ᠎ᠡ 36 ᠲᠦᠮᠡᠨ ᠺᠢᠯᠤᠸ᠋ᠲ᠂ 6.3 ᠳ᠋ᠦᠩᠰᠢᠭᠤᠷ ᠺᠢᠯᠤᠸ᠋ᠲ ᠴᠠᠬᠢᠯᠭᠠᠨ ᠭᠠᠷᠭᠠᠵᠤ᠂ 4.9 % ᠪᠠᠷ ᠨᠡᠮᠡᠭᠳᠡᠵᠠᠢ᠃        ᠭᠤᠷᠪᠠ᠂ ᠰᠠᠭᠤᠷᠢ ᠪᠦᠲᠦᠭᠡᠨ ᠪᠠᠶᠢᠭᠤᠯᠤᠯᠲᠠ ᠡᠳᠣᠷ ᠢᠷᠡᠬᠦᠶ᠎ᠡ ᠲᠠᠭᠦᠯᠳᠡᠷᠵᠢᠵᠤ᠂ ᠤᠷᠤᠰᠢᠨ ᠰᠠᠭᠤᠬᠤ ᠤᠷᠴᠢᠨ ᠲᠤᠭᠤᠷᠢᠨ ᠲᠠᠰᠤᠷᠠᠯᠲᠠ ᠦᠭᠡᠢ ᠰᠠᠶᠢᠵᠢᠷᠠᠪᠠ      ᠰᠢᠯᠢ ᠶᠢᠨ ᠭᠤᠤᠯ — ᠡᠷᠢᠶᠡᠨ ᠬᠤᠲᠡ ᠴᠢᠭᠯᠡᠯ ᠤᠨ ᠲᠡᠮᠤᠷ ᠵᠠᠮ ᠤᠨ ᠠᠶᠠᠨᠴᠢᠨ ᠤ ᠲᠡᠭᠡᠭᠡᠪᠤᠷᠢ ᠠᠰᠢᠭᠯᠠᠯᠲᠠ ᠳᠤ ᠤᠷᠤᠵᠤ᠂ ᠵᠢᠨᠢᠩ — ᠡᠷᠢᠶᠡᠨ ᠬᠤᠲᠡ ᠲᠡᠮᠤᠷ ᠵᠠᠮ ᠢ ᠦᠷᠭᠡᠳᠬᠡᠨ ᠪᠠᠶᠢᠭᠤᠯᠬᠤ ᠵᠢᠴᠢ ᠦᠷᠲᠡᠭᠡ ᠲᠠᠯᠠᠪᠠᠢ ᠶᠢ ᠵᠠᠰᠠᠨ ᠰᠢᠨᠡᠴᠢᠯᠡᠬᠦ ᠲᠦᠷᠦᠯ ᠵᠦᠢᠯ ᠨᠢ ᠦᠪᠡᠷᠲᠡᠭᠡᠨ ᠵᠠᠰᠠᠬᠤ ᠤᠷᠤᠨ ᠤ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠲᠡᠮᠤᠷ ᠵᠠᠮ ᠤᠨ ᠬᠦᠭᠵᠢᠯᠲᠡ ᠶᠢᠨ ᠲᠦᠯᠦᠪᠯᠡᠭᠡ ᠳᠤ ᠤᠷᠤᠭᠰᠠᠨ ᠪᠠᠶᠢᠨ᠎ᠠ᠃ ᠮᠤᠵᠢ ᠶᠢᠨ ᠳᠡᠰ ᠤᠨ ᠵᠠᠰᠠᠮᠠᠯ ᠵᠠᠮ ᠤᠨ 312 ᠱᠤᠭᠤᠮ ᠤᠨ ᠡᠷᠢᠶᠡᠨ ᠬᠤᠲᠡ ᠶᠢᠨ ᠬᠡᠰᠡᠭ᠂ ᠤᠯᠤᠰ ᠤᠨ ᠳᠡᠰ ᠤᠨ ᠵᠠᠰᠠᠮᠠᠯ ᠵᠠᠮ ᠤᠨ 331 ᠱᠤᠭᠤᠮ ᠪᠠ ᠮᠤᠵᠢ ᠶᠢᠨ ᠳᠡᠰ ᠤᠨ ᠵᠠᠰᠠᠮᠠᠯ ᠵᠠᠮ ᠤᠨ 312 ᠱᠤᠭᠤᠮ ᠬᠦᠨᠳᠤ ᠠᠴᠢᠶᠠᠯᠠᠯ ᠤᠨ ᠵᠠᠰᠠᠮᠠᠯ ᠵᠠᠮ ᠲᠠᠢ ᠬᠤᠯᠪᠤᠨ ᠠᠰᠢᠭᠯᠠᠯᠲᠠ ᠳᠤ ᠤᠷᠤᠵᠤ᠂ ᠡᠷᠢᠶᠡᠨ — ᠮᠠᠨᠳᠤᠯᠠᠲᠤ ᠴᠢᠭᠯᠡᠯ ᠤᠨ ᠨᠢᠭᠡᠳᠤᠭᠡᠷ ᠳᠡᠰ ᠤᠨ ᠵᠠᠰᠠᠮᠠᠯ ᠵᠠᠮ ᠢ ᠪᠠᠶᠢᠭᠤᠯᠪᠠ᠃ ᠵᠠᠰᠠᠮᠠᠯ ᠵᠠᠮ ᠤᠨ ᠪᠤᠭᠤᠮᠲᠡ ᠶᠢᠨ ᠪᠦᠬᠦ ᠤᠷᠤᠨ ᠤ ᠠᠩᠬᠠᠳᠤᠭᠠᠷ ᠵᠤᠷᠴᠢᠭᠴᠢᠳ ᠢ ᠦᠪᠡᠰᠤᠪᠡᠨ ᠬᠢᠨᠠᠨ ᠰᠢᠯᠭᠠᠬᠤ ᠰᠢᠰᠲ᠋ᠧᠮ ᠲᠠᠢ ᠭᠠᠷᠤᠴᠠ ᠶᠢ ᠲᠤᠲᠤᠭᠠᠳᠤ ᠶᠢ ᠬᠠᠮᠭᠠᠯᠠᠬᠤ ᠶᠠᠮᠤᠨ ᠤ ᠰᠢᠯᠭᠠᠨ ᠬᠤᠷᠢᠶᠠᠬᠤ ᠶᠢ ᠦᠩᠭᠡᠷᠡᠭᠦᠯᠵᠤ᠂ ᠡᠯᠧᠺᠲ᠋ᠤᠷᠤᠨ ᠪᠤᠭᠤᠮᠲᠡ ᠶᠢᠨ ᠪᠦᠲᠦᠭᠡᠨ ᠪᠠᠶᠢᠭᠤᠯᠤᠯᠲᠠ ᠰᠢᠨ᠎ᠡ ᠰᠢᠪᠲᠤᠯᠤᠯᠲᠠ ᠶᠢ ᠤᠯᠵᠠᠢ᠃ ᠳᠤᠮᠳᠠᠳᠤ ᠮᠤᠩᠭᠤᠯ ᠤᠷᠤᠰ ᠤᠨ ᠬᠢᠯᠢ ᠠᠯᠤᠰᠯᠠᠭᠰᠠᠨ ᠬᠤᠤᠰ ᠱᠤᠭᠤᠮᠵᠢᠲᠤ ᠴᠠᠬᠢᠯᠭᠠᠨᠵᠢᠭᠤᠯᠤᠭᠰᠠᠨ ᠦᠭᠡᠷᠡᠴᠢᠯᠡᠯᠲᠡ᠂ ᠳᠤᠮᠳᠠᠳᠤ ᠮᠤᠩᠭᠤᠯ ᠤᠷᠤᠰ ᠬᠢᠯᠢ ᠠᠯᠤᠰᠯᠠᠭᠰᠠᠨ ᠦᠨᠳᠦᠷ ᠬᠤᠷᠳᠤᠴᠠᠲᠤ ᠲᠡᠮᠤᠷ ᠵᠠᠮ ᠤᠨ ᠳᠤᠮᠳᠠ ᠱᠣᠭᠤᠮ ᠤᠨ ᠢᠨᠵᠧᠨᠧᠷᠢᠩ᠂ ᠳᠤᠮᠳᠠᠳᠤ ᠮᠤᠩᠭᠤᠯ ᠤᠨ ᠬᠢᠯᠢ ᠠᠯᠤᠰᠯᠠᠭᠰᠠᠨ ᠦᠨᠳᠦᠷ ᠬᠤᠷᠳᠤᠴᠠᠲᠤ ᠵᠠᠰᠠᠮᠠᠯ ᠵᠠᠮ ᠵᠡᠷᠭᠡ ᠬᠠᠷᠢᠯᠴᠠᠨ ᠬᠤᠯᠪᠤᠯᠳᠠᠬᠤ ᠭᠤᠤᠯ ᠪᠤᠯᠬᠤ ᠲᠦᠷᠦᠯ ᠵᠦᠢᠯ ᠨᠢ ︽ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠲᠦᠯᠦᠪᠵᠢᠭᠦᠯᠬᠡ ᠶᠢᠨ ᠲᠦᠰᠦᠯ︾ ᠳᠤ ᠵᠢᠭᠰᠠᠭᠳᠠᠪᠠ᠃ 3.5 ᠳ᠋ᠦᠩᠰᠢᠭᠤᠷ ᠲᠦᠭᠦᠷᠢᠭ ᠬᠤᠷᠠᠮᠳᠠᠭᠤᠯᠤᠨ ᠬᠤᠲᠡ  ᠶᠢᠨ ᠰᠠᠭᠤᠷᠢ ᠲᠦᠬᠦᠭᠡᠷᠤᠮᠵᠢ ᠶᠢ ᠲᠡᠭᠦᠯᠳᠡᠷᠵᠢᠭᠦᠯᠵᠤ᠂ 38.8 ᠲᠦᠮᠡᠨ ᠬᠠᠪᠲᠠᠭᠠᠢ ᠳᠦᠷᠪᠡᠯᠵᠢᠨ ᠮᠧᠲᠷ ᠵᠡᠭᠡᠯᠢ ᠭᠤᠳᠤᠮᠵᠢ ᠶᠢ ᠰᠢᠨ᠎ᠡ ᠪᠠᠷ ᠪᠠᠶᠢᠭᠤᠯᠤᠭᠰᠠᠨ ᠪᠤᠶᠤ ᠵᠠᠰᠠᠨ ᠰᠢᠨᠡᠳᠬᠡᠵᠤ᠂ 20.6 ᠲᠦᠮᠡᠨ ᠬᠠᠪᠲᠠᠭᠠᠢ ᠳᠦᠷᠪᠡᠯᠵᠢᠨ ᠮᠧᠲᠷ ᠶᠠᠪᠠᠭᠠᠨ ᠬᠦᠮᠦᠨ ᠤ ᠵᠠᠮ ᠢ ᠬᠠᠲᠠᠭᠤᠵᠢᠭᠤᠯᠵᠤ᠂ 4.9  ᠲᠦᠮᠡᠨ ᠬᠠᠪᠲᠠᠭᠠᠢ ᠳᠦᠷᠪᠡᠯᠵᠢᠨ ᠮᠧᠲᠷ  ᠭᠤᠳᠤᠮᠵᠢ  ᠳᠠᠭᠠᠭᠰᠠᠨ ᠪᠠᠷᠢᠯᠭ᠎ᠠ ᠶᠢᠨ ᠭᠠᠳᠠᠷ ᠬᠠᠨ᠎ᠠ ᠶᠢ ᠵᠠᠰᠠᠨ ᠰᠠᠶᠢᠵᠢᠷᠠᠭᠤᠯᠵᠤ᠂ ᠰᠢᠨ᠎ᠡ ᠪᠠᠷ ᠨᠡᠮᠡᠭᠳᠡᠭᠰᠡᠨ ᠨᠤᠭᠤᠭᠠᠵᠢᠯᠲᠠ ᠶᠢᠨ ᠲᠠᠯᠠᠪᠠᠢ 48.8 ᠲᠦᠮᠡᠨ ᠬᠠᠪᠲᠠᠭᠠᠢ ᠳᠦᠷᠪᠡᠯᠵᠢᠨ ᠮᠧᠲᠷ ᠳᠤ ᠬᠦᠷᠴᠤ᠂ ᠨᠤᠭᠤᠭᠠᠵᠢᠯᠲᠠ  ᠶᠢᠨ ᠪᠦᠷᠬᠦᠭᠰᠡᠨ ᠬᠡᠪᠴᠢᠶ᠎ᠡ 36.5 % ᠬᠦᠷᠴᠠᠢ᠃ ᠭᠤᠷᠪᠠᠳᠤᠭᠠᠷ ᠤᠰᠤ ᠬᠠᠩᠭᠠᠬᠤ ᠦᠢᠯᠡᠳᠪᠤᠷᠢ ᠶᠢᠨ ᠭᠤᠤᠯ ᠴᠤᠭᠴᠠᠲᠤ ᠪᠠᠷᠢᠯᠭ᠎ᠠ ᠶᠢ ᠪᠠᠶᠢᠭᠤᠯᠵᠤ ᠳᠠᠭᠤᠰᠬᠠᠨ᠂ ᠰᠢᠨ᠎ᠡ ᠪᠠᠷ 10 ᠰᠠᠭᠤᠷᠢ ᠬᠤᠳᠳᠤᠭ ᠮᠠᠯᠲᠠᠵᠤ᠂ 28.4 ᠺᠢᠯᠤᠮᠧᠲᠷ ᠤᠰᠤ ᠬᠠᠩᠭᠠᠬᠤ ᠬᠤᠭᠤᠯᠠᠢ ᠰᠢᠨ᠎ᠡ ᠪᠠᠷ ᠪᠠᠶᠢᠭᠤᠯᠤᠭᠰᠠᠨ ᠪᠤᠶᠤ ᠵᠠᠰᠠᠨ ᠰᠡᠯᠪᠢᠵᠠᠢ᠃  ᠬᠤᠲᠡ ᠶᠢᠨ ᠳᠤᠯᠠᠭᠠᠯᠭ᠎ᠠ ᠬᠠᠩᠭᠠᠬᠤ ᠬᠤᠭᠤᠯᠠᠢ ᠶᠢ ᠵᠠᠰᠠᠨ ᠰᠢᠨᠡᠳᠬᠡᠬᠦ ᠢᠨᠵᠧᠨᠧᠷᠢᠩ ᠢ ᠬᠡᠷᠡᠭᠵᠢᠭᠦᠯᠵᠤ᠂ 44 ᠡᠷᠦᠬᠡ 10 ᠲᠤᠨ ᠠᠴᠠ ᠳᠤᠭᠤᠭᠰᠢ ᠨᠡᠭᠦᠷᠡᠰᠤ ᠪᠠᠷ ᠰᠢᠲᠠᠭᠠᠬᠤ ᠵᠤᠤᠬ᠎ᠠ ᠶᠢ ᠴᠡᠭᠴᠡᠯᠡᠨ ᠨᠤᠷᠠᠭᠠᠵᠤ᠂ 3  ᠡᠷᠦᠬᠡ ᠲᠦᠪᠯᠡᠷᠡᠭᠦᠯᠦᠨ ᠳᠤᠯᠠᠭᠠᠯᠭ᠎ᠠ ᠬᠠᠩᠭᠠᠬᠤ ᠶᠢᠨ ᠠᠵᠤ ᠠᠬᠤᠶᠢᠯᠠᠯ ᠶᠢᠨ ᠵᠤᠤᠬ᠎ᠠ ᠳᠤ ᠬᠦᠬᠦᠷ ᠤᠨ ᠬᠤᠤᠷᠳᠠᠯ ᠪᠠ ᠲᠤᠭᠤᠰᠤ ᠶᠢ ᠪᠠᠭᠠᠰᠬᠠᠬᠤ ᠦᠭᠡᠷᠡᠴᠢᠯᠡᠯᠲᠡ ᠶᠢᠨ ᠢᠨᠵᠧᠨᠧᠷᠢᠩ ᠪᠠᠶᠢᠭᠤᠯᠤᠭᠳᠠᠨ ᠠᠰᠢᠭᠯᠠᠯᠲᠠ ᠳᠤ ᠤᠷᠤᠵᠤ᠂ ᠰᠢᠨ᠎ᠡ ᠪᠠᠷ ᠲᠦᠪᠯᠡᠷᠡᠭᠦᠯᠦᠨ ᠳᠤᠯᠠᠭᠠᠯᠠᠬᠤ ᠲᠠᠯᠠᠪᠠᠢ 30 ᠲᠦᠮᠡᠨ ᠬᠠᠪᠲᠠᠭᠠᠢ ᠳᠦᠷᠪᠡᠯᠵᠢᠨ ᠮᠧᠲᠷ ᠨᠡᠮᠡᠭᠳᠡᠵᠤ᠂ ᠲᠦᠪᠯᠡᠷᠡᠭᠦᠯᠦᠨ ᠳᠤᠯᠠᠭᠠᠯᠠᠬᠤ  ᠪᠦᠷᠬᠦᠭᠰᠡᠨ ᠨᠤᠷᠮ᠎ᠠ ᠨᠢ 86.8% ᠲᠤ ᠬᠦᠷᠴᠠᠢ᠃ ᠪᠦᠬᠦ ᠤᠯᠤᠰ ᠤᠨ ᠪᠤᠯᠪᠠᠰᠤᠨ ᠬᠤᠲᠡ ᠡᠭᠦᠰᠬᠡᠨ ᠪᠠᠶᠢᠭᠤᠯᠬᠤ ᠲᠤᠬᠢᠶᠠᠯ ᠪᠠᠷ᠂ ︽ 12345︾ ᠶᠡᠷᠤᠩᠬᠡᠶᠢᠯᠡᠭᠰᠡᠨ ᠦᠢᠯᠡᠴᠢᠯᠡᠭᠡᠨ ᠤ ᠰᠢᠭᠤᠤᠳ ᠤᠳᠠᠰᠤ᠂ ᠡᠯᠧᠺᠲ᠋ᠤᠷᠤᠨ ᠴᠠᠭᠳᠠᠭ᠎ᠠ ᠵᠡᠷᠭᠡ  ︽ᠤᠶᠤᠨᠴᠢ ᠬᠤᠲᠡ︾ ᠶᠢᠨ ᠨᠢᠭᠡᠳᠤᠭᠡᠷ ᠬᠤᠭᠤᠴᠠᠭᠠᠨ  ᠤ ᠪᠦᠲᠦᠭᠡᠨ ᠪᠠᠶᠢᠭᠤᠯᠤᠯᠲᠠ ᠠᠰᠢᠭᠯᠠᠯᠲᠠ ᠳᠤ ᠤᠷᠤᠵᠤ᠂ ᠬᠤᠲᠡ ᠳᠤ ᠳᠡᠰ ᠬᠤᠪᠢᠶᠠᠵᠤ ᠲᠤᠭᠤᠷᠢᠭ ᠬᠤᠪᠢᠶᠠᠨ ᠬᠠᠮᠢᠶᠠᠷᠤᠬᠤ ᠬᠦᠴᠦᠯᠡᠴᠡ ᠪᠠᠨ ᠴᠢᠩᠭᠠᠳᠬᠠᠵᠤ᠂ 33 ᠬᠠᠭᠤᠴᠢᠨ ᠬᠤᠷᠢᠶᠠᠯᠠᠯ ᠳᠤ ᠶᠡᠷᠤᠩᠬᠡᠶᠢᠯᠡᠭᠰᠡᠨ ᠦᠭᠡᠷᠡᠴᠢᠯᠡᠯᠲᠡ ᠬᠢᠵᠤ᠂ 18 ᠬᠤᠷᠢᠶᠠᠯᠠᠯ ᠳᠤ ᠡᠨᠧᠷᠬᠢ ᠬᠡᠮᠨᠡᠬᠦ ᠦᠭᠡᠷᠡᠴᠢᠯᠡᠯᠲᠡ ᠬᠢᠵᠤ᠂ ᠪᠦᠬᠦ ᠬᠤᠲᠡ ᠶᠢᠨ 93% ᠰᠠᠭᠤᠭᠠᠯᠢ ᠠᠷᠠᠳ ᠤᠨ ᠬᠤᠷᠢᠶᠠᠯᠠᠯ ᠳᠤ ᠡᠷᠦᠭᠡ ᠶᠢᠨ ᠦᠮᠴᠢᠲᠡᠨ ᠤ ᠵᠦᠪᠯᠡᠯ ᠢ ᠪᠠᠶᠢᠭᠤᠯᠵᠤ᠂ ᠬᠤᠳᠠ  ᠶᠢᠨ ᠨᠠᠷᠢᠯᠢᠭᠵᠢᠭᠤᠯᠣᠭᠰᠠᠨ ᠬᠠᠮᠢᠶᠠᠷᠣᠯᠳᠠ ᠶᠢᠨ ᠲᠦᠪᠰᠢᠨ ᠳᠠᠰᠣᠷᠠᠯᠳᠠ ᠦᠬᠡᠢ ᠳᠡᠭᠡᠭᠰᠢᠯᠡᠪᠡ᠃ ᠭᠠᠵᠠᠷ ᠰᠢᠷᠣᠢ  ᠶᠢ ᠠᠷᠪᠢᠴᠢ ᠭᠠᠮᠳᠠᠢ ᠲᠦᠪᠯᠡᠷᠡᠭᠦᠯᠦᠨ ᠠᠰᠢᠭᠯᠠᠬᠤ ᠶᠢ ᠲᠦᠯᠬᠢᠨ ᠠᠬᠢᠭᠤᠯᠵᠣ᠂ 19 ᠬᠡᠰᠡᠭ ᠰᠣᠯᠠ ᠳᠠᠯᠪᠢᠭᠳᠠᠵᠣ ᠪᠠᠶᠢᠭ᠎ᠠ ᠭᠠᠵᠠᠷ ᠢ ᠴᠡᠭᠴᠡᠯᠡᠨ ᠬᠤᠷᠢᠶᠠᠵᠣ ᠳᠣᠬᠢᠷᠠᠭᠤᠯᠣᠨ᠂ ︽ᠭᠤᠷᠪᠠᠳᠣᠭᠠᠷ ᠬᠤᠭᠤᠴᠠᠭᠠᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠢ ᠠᠷᠪᠢᠴᠢ ᠭᠠᠮᠳᠠᠢ ᠲᠦᠪᠯᠡᠷᠡᠭᠦᠯᠦᠨ ᠠᠰᠢᠭᠯᠠᠬᠤ ᠵᠢᠱᠢᠶᠠᠴᠢ ᠬᠤᠳᠠ︾ ᠶᠢᠨ ᠴᠣᠯᠠ ᠶᠢ ᠬᠦᠷᠳᠡᠪᠡ᠃       ᠲᠦᠷᠪᠡ᠂ ᠰᠢᠨ᠎ᠡ ᠬᠦᠳᠡᠭᠡ ᠳᠣᠰᠬᠤᠨ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠣᠯᠳᠠ ᠶᠢᠨ ᠦᠷ᠎ᠡ ᠪᠦᠲᠦᠮᠵᠢ ᠮᠡᠳᠡᠭᠳᠡᠮ᠎ᠡ ᠪᠣᠯᠵᠣ᠂ ᠳᠠᠯ᠎ᠠ ᠨᠣᠳᠤᠭ ᠤᠨ ᠠᠮᠢ ᠠᠬᠤᠢ ᠶᠢᠨ ᠣᠷᠴᠢᠨ ᠠᠭᠠᠵᠢᠮ ᠢᠶᠠᠷ ᠰᠠᠶᠢᠵᠢᠷᠠᠪᠠ       ᠰᠢᠨ᠎ᠡ ᠬᠦᠳᠡᠭᠡ ᠳᠣᠰᠬᠤᠨ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠣᠯᠳᠠ ᠶᠢ ᠦᠨᠳᠦᠷ ᠪᠠᠷᠢᠮᠵᠢᠶ᠎ᠠ᠂ ᠦᠨᠳᠦᠷ ᠴᠢᠨᠠᠷ ᠴᠢᠨᠰᠠᠭ᠎ᠠ ᠲᠠᠢ ᠪᠠᠷ ᠲᠦᠯᠬᠢᠨ ᠠᠬᠢᠭᠤᠯᠵᠣ᠂ ᠨᠡᠶᠢᠳᠡ 222 ᠢᠵᠢ ᠰᠠᠭᠤᠬᠤ ᠭᠡᠷ ᠪᠠᠷᠢᠨ᠂ ᠬᠦᠳᠡᠭᠡ ᠳᠣᠰᠬᠤᠨ ᠮᠠᠯᠵᠢᠬᠤ ᠣᠷᠣᠨ ᠤ ᠪᠠᠶᠢᠰᠢᠩ ᠦᠬᠡᠢ᠂ ᠰᠢᠪᠠᠷ ᠪᠠᠶᠢᠰᠢᠩ᠂ ᠬᠦᠮᠦᠨ ᠮᠠᠯ ᠬᠤᠯᠢᠯᠳᠣᠨ ᠰᠠᠭᠤᠭᠰᠠᠨ ᠡᠷᠦᠬᠡ ᠶᠢᠨ 390 ᠭᠠᠷᠣᠢ ᠬᠦᠮᠦᠨ ᠳᠤ ᠰᠠᠭᠤᠬᠤ ᠭᠡᠷ ᠤᠨ ᠠᠮᠣᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ︔ ᠰᠢᠨ᠎ᠡ ᠪᠠᠷ 50 ᠮᠠᠰᠢᠨ ᠬᠤᠳᠳᠤᠭ ᠮᠠᠯᠲᠠᠵᠤ᠂ 430 ᠢᠵᠢ ᠣᠰᠣ ᠴᠡᠪᠡᠷᠰᠢᠭᠦᠯᠬᠦ ᠲᠦᠭᠦᠭᠡᠷᠦᠮᠵᠢ ᠶᠢ ᠣᠭᠰᠠᠷᠠᠨ᠂ ᠪᠠᠶᠢᠩᠭᠤ ᠰᠠᠭᠤᠷᠢᠰᠢᠵᠣ ᠪᠠᠶᠢᠭ᠎ᠠ ᠮᠠᠯᠵᠢᠬᠤ ᠡᠷᠦᠬᠡ ᠶᠢᠨ ᠣᠰᠣ ᠠᠪᠬᠤ ᠵᠠᠢ ᠶᠢ 3 ᠺᠢᠯᠣᠮᠧᠲᠷ ᠳᠣᠲᠣᠷ᠎ᠠ ᠬᠢᠵᠠᠭᠠᠷᠯᠠᠪᠠ︔ 85 ᠡᠷᠦᠬᠡ ᠶᠢᠨ ᠲᠠᠷᠢᠶᠠᠯᠠᠩ ᠤᠨ ᠴᠠᠬᠢᠯᠭᠠᠨ ᠳᠣᠣᠷ  ᠤᠨ ᠳᠡᠰ ᠳᠡᠪᠰᠢᠭᠦᠯᠦᠨ ᠵᠠᠰᠠᠨ ᠰᠢᠨᠡᠴᠢᠯᠡᠬᠦ ᠶᠢ ᠪᠡᠶᠡᠯᠡᠭᠦᠯᠵᠣ᠂ 31 ᠡᠷᠦᠬᠡ ᠳᠤ ᠰᠢᠨ᠎ᠡ ᠡᠨᠧᠷᠬᠢ ᠨᠠᠷᠠ ᠰᠠᠯᠬᠢ ᠬᠠᠷᠢᠯᠴᠢᠨ ᠨᠦᠬᠦᠪᠦᠷᠢᠯᠡᠭᠰᠡᠨ ᠴᠠᠬᠢᠯᠭᠠᠨ ᠨᠡᠪᠳᠡᠷᠡᠭᠦᠯᠬᠦ ᠲᠦᠭᠦᠭᠡᠷᠦᠮᠵᠢ ᠶᠢ ᠵᠠᠰᠠᠨ ᠰᠢᠨᠡᠴᠢᠯᠡᠨ᠂ ᠪᠦᠬᠦ ᠪᠠᠶᠢᠩᠭᠤ ᠰᠠᠭᠤᠷᠢᠰᠢᠵᠣ ᠪᠠᠶᠢᠭ᠎ᠠ ᠮᠠᠯᠵᠢᠬᠤ ᠡᠷᠦᠬᠡ ᠳᠤ ᠳᠣᠣᠷ ᠴᠠᠬᠢᠯᠭᠠᠨ ᠢ ᠬᠤᠯᠪᠣᠨ ᠨᠡᠪᠳᠡᠷᠡᠭᠦᠯᠪᠡ︔ ︽ᠡᠷᠦᠬᠡ ᠪᠣᠯᠭᠠᠨ  ᠳᠤ ᠨᠡᠪᠳᠡᠷᠡᠭᠦᠯᠬᠦ︾ 300 ᠢᠵᠢ ᠲᠧᠯᠸᠢᠽᠣᠷ ᠤᠨ ᠳᠡᠭᠡᠷᠡᠬᠢ ᠬᠠᠶᠢᠷᠴᠠᠭ ᠢ ᠣᠭᠰᠠᠷᠠᠵᠣ᠂ ᠷᠠᠳᠢᠣ᠋ ᠲᠧᠯᠸᠢᠰ ᠴᠢᠮᠡᠭᠡ ᠨᠡᠪᠳᠡᠷᠡᠯᠭᠡ ᠳᠣᠰᠬᠤᠨ ᠪᠦᠷᠢ ᠳᠤ ᠨᠡᠪᠳᠡᠷᠬᠦ ᠶᠢ ᠬᠦᠳᠡᠭᠡ ᠳᠣᠰᠬᠤᠨ ᠮᠠᠯᠵᠢᠬᠤ ᠣᠷᠣᠨ ᠳᠤ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ︔ 150 ᠺᠢᠯᠣᠮᠧᠲᠷ ᠳᠣᠰᠬᠤᠨ ᠳᠤ ᠨᠡᠪᠳᠡᠷᠡᠬᠦ ᠵᠠᠰᠠᠮᠠᠯ ᠵᠠᠮ ᠢ ᠵᠠᠰᠠᠵᠣ᠂ ᠳᠣᠭᠤᠷᠢᠭ ᠱᠣᠭᠤᠮᠳᠣ ᠵᠠᠮ ᠤᠨ ᠰᠦᠯᠵᠢᠶ᠎ᠡ ᠶᠢ ᠦᠨᠳᠦᠰᠦᠨ ᠳᠤ ᠪᠠᠨ ᠪᠦᠷᠢᠯᠳᠦᠭᠦᠯᠦᠨ᠂ ᠮᠠᠯᠴᠢᠨ ᠲᠠᠷᠢᠶᠠᠴᠢᠳ  ᠤᠨ ᠶᠠᠪᠣᠵᠣ ᠰᠠᠭᠤᠬᠤ ᠳᠤ ᠲᠦᠢᠯ ᠤᠨ ᠲᠦᠭᠦᠮ ᠦᠵᠡᠭᠦᠯᠦᠭᠰᠡᠨ ᠪᠠᠶᠢᠨ᠎ᠠ︔ ᠮᠠᠯᠴᠢᠨ ᠲᠠᠷᠢᠶᠠᠴᠢᠳ ᠤᠨ ᠦᠨᠳᠦᠰᠦᠨ ᠨᠠᠰᠣᠵᠢᠯ ᠤᠨ ᠳᠠᠭᠠᠳᠬᠠᠯ ᠤᠨ ᠮᠦᠩᠭᠦ ᠶᠢ ᠬᠦᠮᠦᠨ ᠪᠦᠷᠢ ᠰᠠᠷ᠎ᠠ ᠪᠦᠷᠢ 735 ᠲᠦᠭᠦᠷᠢᠭ ᠲᠤ ᠬᠦᠷᠭᠡᠵᠣ᠂ ᠪᠠᠳᠣᠯᠠᠭ᠎ᠠ ᠶᠢᠨ ᠪᠠᠷᠢᠮᠵᠢᠶ᠎ᠠ ᠦᠪᠡᠷᠳᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ ︽ᠳᠣᠯᠣᠭᠠᠶᠢᠯᠠᠭᠴᠢ ᠠᠵᠣ ᠠᠬᠤᠶᠢᠯᠠᠯ ᠪᠣᠯᠣᠨ ᠮᠠᠯᠴᠢᠨ ᠲᠠᠷᠢᠶᠠᠴᠢᠳ ᠤᠨ ᠠᠰᠢᠭ ᠳᠣᠰᠠ ᠲᠠᠢ ᠬᠤᠯᠪᠣᠬᠤ ᠳᠣᠭᠳᠠᠯᠴᠠᠭ᠎ᠠ ᠶᠢ ᠪᠠᠶᠢᠭᠤᠯᠣᠨ ᠳᠡᠭᠦᠯᠳᠡᠷᠵᠢᠭᠦᠯᠬᠦ ᠳᠣᠬᠠᠢ ᠬᠡᠷᠡᠭᠵᠢᠭᠦᠯᠬᠦ ᠲᠦᠰᠦᠯ︾ ᠢ ᠬᠡᠷᠡᠭᠵᠢᠭᠦᠯᠵᠣ᠂  ᠭᠦ᠋ ᠢ ᠯᠢᠨ ᠠᠮᠢᠳᠣ ᠠᠮᠢᠳᠠᠨ ᠢ ᠳᠣᠰᠬᠠᠷᠯᠠᠬᠤ ᠳᠠᠯᠠᠪᠠᠢ᠂ ᠰᠢ ᠪᠸᠢ ᠬᠤᠩ ᠰᠦᠨ ᠦᠨᠢᠶ᠎ᠡ ᠠᠷᠠᠴᠢᠯᠠᠨ ᠳᠡᠵᠢᠭᠡᠬᠦ ᠳᠠᠯᠠᠪᠠᠢ  ᠶᠢ ᠪᠠᠶᠢᠭᠤᠯᠵᠣ ᠠᠰᠢᠭᠯᠠᠯᠳᠠ ᠳᠤ ᠣᠷᠣᠭᠤᠯᠪᠠ᠃ ᠬᠤᠣ ᠭᠠᠩ᠂ ᠵᠦᠩ ᠰᠢᠩ᠂ ᠮᠣᠣ ᠶᠣᠸᠠᠨ ᠵᠡᠷᠭᠡ ᠠᠵᠣ ᠠᠬᠤᠶᠢᠯᠠᠯ ᠢ ᠣᠳᠣᠷᠢᠳᠣᠨ ᠮᠠᠯᠴᠢᠨ ᠲᠡᠷᠢᠶᠡᠴᠢᠨ ᠡᠷᠦᠬᠡ ᠲᠠᠢ ᠣᠷᠳᠣ ᠬᠤᠭᠤᠴᠠᠭᠠᠨ ᠤ ᠬᠠᠮᠳᠣᠷᠠᠨ ᠠᠵᠢᠯᠯᠠᠬᠤ ᠬᠠᠷᠢᠴᠠᠭ᠎ᠠ ᠶᠢ ᠪᠠᠶᠢᠭᠤᠯᠣᠭᠤᠯᠵᠣ᠂ ᠲᠠᠷᠢᠶᠠᠯᠠᠩ ᠮᠠᠯ ᠠᠵᠣ ᠠᠬᠤᠢ ᠶᠢᠨ ᠪᠦᠲᠦᠭᠡᠭᠳᠡᠬᠦᠨ ᠢ ᠪᠣᠷᠣᠯᠠᠭᠤᠯᠬᠤ ᠠᠷᠭ᠎ᠠ ᠵᠠᠮ ᠢ ᠦᠷᠭᠡᠳᠭᠡᠪᠡ᠃ ᠳᠠᠯ᠎ᠠ ᠨᠣᠳᠤᠭ ᠤᠨ ᠡᠷᠭᠡ ᠶᠢ ᠪᠠᠳᠣᠳᠬᠠᠨ ᠳᠠᠩᠰᠠᠯᠠᠬᠤ ᠠᠵᠢᠯ ᠢ ᠯᠠᠪᠳᠠᠭᠤᠨ ᠪᠠᠳᠣᠳᠠᠢ ᠲᠦᠯᠬᠢᠨ ᠠᠬᠢᠭᠤᠯᠵᠣ᠂ ᠡᠷᠬᠡ ᠶᠢ ᠪᠠᠳᠣᠳᠬᠠᠭᠰᠠᠨ ᠨᠣᠷᠮ᠎ᠠ 98% ᠳᠤ ᠬᠦᠷᠪᠡ᠃ ᠰᠢᠨ᠎ᠡ ᠡᠭᠡᠯᠵᠢ ᠶᠢᠨ ᠳᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠳᠣᠭᠳᠠᠯᠴᠠᠭ᠎ᠠ ᠶᠢ ᠡᠬᠢᠯᠡᠨ ᠬᠡᠷᠡᠭᠵᠢᠭᠦᠯᠵᠣ᠂ ᠨᠦᠬᠦᠪᠦᠷᠢ ᠱᠠᠩᠨᠠᠯ ᠤᠨ ᠮᠦᠩᠭᠦ 1140 ᠲᠦᠮᠡᠨ ᠲᠦᠭᠦᠷᠢᠭ ᠢ ᠳᠠᠷᠬᠠᠭᠠᠪᠠ᠃ ᠪᠡᠭᠡᠵᠢᠩ ᠲᠢᠶᠡᠨᠵᠢᠨ ᠤ ᠡᠯᠡᠰᠦᠨ ᠰᠣᠷᠪᠣᠯᠵᠢ ᠶᠢ ᠵᠠᠰᠠᠬᠤ ᠢᠨᠵᠧᠨᠧᠷᠢᠩ ᠢ ᠨᠠᠷᠢᠨ ᠬᠢᠨᠠᠮᠠᠭᠠᠢ ᠬᠡᠷᠡᠭᠵᠢᠭᠦᠯᠵᠣ᠂ 15 ᠲᠦᠮᠡᠨ ᠮᠣ᠋ ᠭᠠᠵᠠᠷ ᠰᠢᠷᠣᠢ ᠳᠤ ᠬᠠᠰᠢᠶᠠᠯᠠᠨ ᠪᠣᠶᠢᠵᠢᠭᠤᠯᠬᠤ᠂ ᠡᠯᠡᠰᠦ ᠶᠢ ᠬᠦᠷᠢᠶᠡᠯᠡᠨ ᠮᠣᠳᠣ ᠰᠠᠭᠤᠯᠭᠠᠬᠤ ᠵᠡᠷᠭᠡ ᠶᠢ ᠪᠡᠶᠡᠯᠡᠭᠦᠯᠵᠣ᠂ ᠳᠠᠯ᠎ᠠ ᠨᠣᠳᠤᠭ ᠤᠨ ᠠᠮᠢ ᠠᠬᠤᠢ ᠶᠢᠨ ᠣᠷᠴᠢᠨ ᠦᠷᠭᠦᠯᠵᠢᠯᠡᠨ ᠰᠠᠶᠢᠵᠢᠷᠠᠪᠠ᠃        ᠳᠠᠪᠤ᠂ ᠨᠡᠶᠢᠭᠡᠮ ᠤᠨ ᠦᠢᠯᠡᠰ ᠦᠷᠨᠢᠨ ᠬᠦᠭᠵᠢᠵᠣ᠂ ᠠᠷᠠᠳ ᠤᠨ ᠠᠮᠢᠳᠣᠷᠠᠯ ᠤᠨ ᠴᠢᠨᠡᠷ ᠦᠷᠭᠦᠯᠵᠢᠯᠡᠨ ᠳᠡᠭᠡᠭᠰᠢᠯᠡᠪᠡ       ᠨᠡᠶᠢᠭᠡᠮ ᠤᠨ ᠦᠢᠯᠡᠰ ᠵᠣᠬᠢᠴᠠᠩᠭᠤᠢ ᠬᠦᠭᠵᠢᠪᠡ᠃ ᠦᠪᠦᠷ ᠮᠣᠩᠭᠤᠯ ᠤᠨ ᠪᠠᠭᠰᠠᠢ ᠶᠢᠨ ᠶᠡᠭᠡ ᠰᠣᠷᠭᠠᠭᠤᠯᠢ ᠶᠢᠨ ᠡᠷᠢᠶᠡᠨ ᠣᠯᠠᠨ ᠣᠯᠣᠰ ᠤᠨ ᠳᠡᠭᠡᠳᠣ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠳᠣᠭᠤᠷᠢᠭ᠂ ᠮᠣᠩᠭᠤᠯ ᠦᠨᠳᠦᠰᠦᠳᠡᠨ ᠤ ᠳᠣᠮᠳᠠᠳᠣ ᠰᠣᠷᠭᠠᠭᠤᠯᠢ᠂ ᠬᠦᠬᠡ ᠲᠡᠭᠷᠢ ᠬᠡᠦᠬᠡᠳ ᠤᠨ ᠴᠡᠴᠡᠷᠯᠢᠭ ᠢ ᠪᠠᠶᠢᠭᠤᠯᠣᠨ ᠠᠰᠢᠭᠯᠠᠯᠳᠠ ᠳᠤ ᠣᠷᠣᠭᠤᠯᠵᠣ᠂ ᠰᠣᠷᠭᠠᠨ ᠬᠦᠮᠦᠵᠢᠯ ᠤᠨ ᠰᠠᠭᠤᠷᠢ ᠨᠦᠬᠦᠴᠡᠯ ᠣᠯᠠᠮ ᠨᠢᠭᠡᠨ ᠠᠯᠬᠤᠮ ᠰᠠᠶᠢᠵᠢᠷᠠᠪᠠ᠃ ᠵᠢᠭᠠᠨ ᠰᠣᠷᠭᠠᠯᠳᠠ ᠶᠢᠨ ᠬᠠᠮᠢᠶᠠᠷᠣᠯᠳᠠ ᠪᠠ ᠪᠠᠭᠰᠢ ᠶᠢᠨ ᠪᠣᠯᠪᠠᠰᠣᠷᠠᠯ ᠢ ᠴᠢᠩᠭ᠎ᠠ ᠠᠳᠬᠤᠵᠣ᠂ ᠣᠷᠣᠨ ᠤ ᠳᠣᠳᠣᠭᠠᠳᠣ ᠶᠢᠨ ᠨᠡᠷᠡᠳᠣ ᠰᠣᠷᠭᠠᠭᠤᠯᠢ ᠲᠠᠢ ᠵᠢᠱᠢᠶᠡᠴᠢ ᠰᠢᠯᠭᠠᠷᠠᠭᠤᠯᠬᠤ ᠳᠣᠭᠳᠠᠯᠴᠠᠭ᠎ᠠ ᠶᠢ ᠪᠠᠶᠢᠭᠤᠯᠣᠨ᠂ ᠣᠯᠣᠰ ᠤᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠲᠡᠩᠴᠡᠭᠦᠷᠢ ᠲᠠᠢ ᠬᠦᠭᠵᠢᠯᠳᠡ ᠶᠢᠨ ᠰᠢᠯᠭᠠᠨ ᠦᠨᠡᠯᠡᠯᠳᠡ ᠶᠢ ᠣᠷᠣᠭᠰᠢᠳᠠᠢ ᠦᠩᠭᠡᠷᠡᠵᠣ᠂ ᠠᠩᠬ᠎ᠠ ᠳᠣᠮᠳᠠᠳᠣ ᠶᠢᠨ ᠰᠣᠷᠭᠠᠭᠤᠯᠢ ᠳᠡᠭᠦᠰᠬᠦ ᠰᠢᠯᠭᠠᠯᠳᠠ  ᠶᠢᠨ ᠬᠢᠷᠢ ᠪᠦᠲᠦᠮᠵᠢ ᠪᠦᠬᠦ ᠠᠶᠢᠮᠠᠭ ᠳᠠᠬᠢ ᠨᠠᠷᠡᠰ ᠤᠨ ᠵᠢᠭᠰᠠᠭᠠᠯᠳᠠ ᠣᠷᠣᠭᠰᠢ ᠠᠬᠢᠵᠣ᠂ ᠦᠨᠳᠦᠷ ᠳᠣᠮᠳᠠᠳᠣ  ᠶᠢᠨ ᠰᠣᠷᠭᠠᠭᠤᠯᠢ ᠳᠡᠭᠦᠰᠬᠦ ᠰᠢᠯᠭᠠᠯᠳᠠ ᠶᠢᠨ ᠬᠢᠳᠠᠳ᠂ ᠮᠣᠩᠭᠤᠯ ᠵᠢᠩᠬᠢᠨᠢ ᠠᠩᠬᠢ ᠶᠢᠨ ᠬᠢᠷᠢ ᠲᠡᠩᠴᠡᠬᠦ ᠱᠣᠭᠤᠮ  ᠢ ᠳᠠᠪᠠᠭᠰᠠᠨ ᠨᠣᠷᠮ᠎ᠠ ᠳᠣᠰ ᠪᠦᠷᠢ 57.4%᠂ 80% ᠬᠦᠷᠪᠡ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠣ᠂ ︽ᠬᠤᠳᠠ ᠶᠢᠨ ᠡᠮᠨᠡᠯᠭᠡ ᠶᠢᠨ ᠬᠤᠷᠢᠶ᠎ᠠ ᠶᠢᠨ ᠭᠤᠣᠯᠳᠠᠯᠭ᠎ᠠ ᠲᠠᠢ ᠳᠣᠰᠬᠠᠢ ᠰᠠᠯᠠᠭ᠎ᠠ ᠶᠢᠨ ᠪᠦᠲᠦᠭᠡᠨ ᠪᠠᠶᠢᠭᠤᠯᠣᠯᠳᠠ ᠶᠢᠨ ᠲᠦᠯᠦᠪᠵᠢᠭᠦᠯᠭᠡ︾ ᠶᠢ ᠬᠡᠷᠡᠭᠵᠢᠭᠦᠯᠣᠨ᠂ ᠪᠡᠭᠡᠵᠢᠩ ᠤᠨ ᠱᠢ ᠵᠢᠢ ᠲᠠᠨ ᠡᠮᠨᠡᠯᠭᠡ ᠶᠢᠨ ᠬᠤᠷᠢᠶ᠎ᠠ ᠲᠠᠢ ᠬᠠᠮᠳᠣᠷᠠᠨ ᠠᠵᠢᠯᠯᠠᠬᠤ ᠬᠡᠯᠡᠯᠴᠡᠭᠡᠷ ᠪᠠᠶᠢᠭᠤᠯᠣᠨ᠂ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢ ᠡᠬᠢᠯᠡᠨ ᠪᠠᠶᠢᠭᠤᠯᠵᠣ᠂ ᠪᠣᠭᠤᠮᠳᠠ ᠶᠢᠨ ᠡᠮ ᠡᠮᠨᠡᠯᠭᠡ  ᠶᠢᠨ ᠦᠢᠯᠡᠴᠢᠯᠡᠭᠡᠨ ᠤ ᠲᠦᠪᠰᠢᠨ ᠳᠣᠭᠳᠠᠭᠤᠨ ᠢᠶᠠᠷ ᠳᠡᠭᠡᠭᠰᠢᠯᠡᠪᠡ᠃ ᠣᠳᠣ ᠦᠶ᠎ᠡ ᠶᠢᠨ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠳᠭᠡᠨ ᠪᠠᠶᠢᠭᠤᠯᠵᠣ᠂ ᠰᠢᠩᠬᠤᠸᠠ ᠨᠣᠮ ᠤᠨ ᠳᠡᠯᠭᠡᠭᠦᠷ ᠢ ᠵᠠᠰᠠᠨ ᠪᠠᠶᠢᠭᠤᠯᠬᠤ ᠶᠢ ᠳᠠᠭᠤᠰᠬᠠᠵᠣ ᠠᠰᠢᠭᠯᠠᠯᠳᠠ ᠳᠤ ᠣᠷᠣᠭᠤᠯᠣᠨ᠂ ᠪᠣᠳᠠᠳᠣ ᠦᠵᠡᠮᠵᠢᠳᠣ ᠲᠡᠦᠬᠡᠨ ᠵᠦᠴᠦᠭᠡ ︽ᠴᠢᠩᠬᠢᠰ ᠬᠠᠭᠠᠨ ᠤ ᠬᠠᠷ᠎ᠠ ᠰᠦᠯᠳᠡ︾ ᠶᠢ ᠭᠠᠷᠭᠠᠵᠣ᠂ ᠠᠷᠠᠳ ᠲᠤ ᠰᠣᠶᠣᠯ ᠤᠨ ᠬᠠᠷᠠᠭᠠᠯᠵᠠᠯ ᠬᠦᠷᠳᠡᠭᠡᠬᠦ ᠦᠨᠳᠦᠰᠦᠨ ᠱᠠᠳᠣᠨ ᠤ ᠳᠣᠭᠯᠠᠯᠳᠠ ᠶᠢ 62 ᠳᠠᠯᠠᠪᠠᠢ ᠦᠷᠨᠢᠭᠦᠯᠣᠨ᠂ ᠡᠷᠢᠶᠡᠨ ᠬᠤᠳᠠ— ᠵᠠᠮ ᠤᠨ ᠡᠭᠦᠳᠡ ᠳᠣᠮᠳᠠᠳᠣ ᠮᠣᠩᠭᠤᠯ ᠤᠨ ᠣᠯᠠᠨ ᠣᠯᠣᠰ ᠤᠨ ᠨᠠᠭᠠᠳᠣᠮ ︽ᠦᠪᠡᠷᠳᠡᠭᠡᠨ ᠵᠠᠰᠠᠬᠤ ᠣᠷᠣᠨ ᠤ ᠣᠨᠴᠠᠯᠢᠭᠳᠣ ᠨᠡᠷ᠎ᠡ ᠳᠡᠮᠳᠡᠭᠳᠣ ᠶᠢᠨ ᠲᠦᠷᠦᠯ ᠵᠦᠢᠯ︾ ᠤᠨ ᠴᠣᠯᠠ ᠶᠢ ᠬᠦᠷᠳᠡᠪᠡ᠃ ᠪᠣᠳᠠᠰ ᠤᠨ ᠪᠣᠰᠣ ᠰᠣᠶᠣᠯ ᠤᠨ ᠦᠯᠡᠳᠡᠭᠳᠡᠯ ᠢ ᠬᠠᠮᠠᠭᠠᠯᠠᠬᠤ ᠪᠠ ᠣᠯᠠᠮᠵᠢᠯᠠᠬᠤ ᠶᠢ ᠴᠢᠩᠭᠠᠳᠬᠠᠵᠣ᠂ ︽ᠬᠠᠩᠬᠢᠨ ᠰᠦᠰᠦᠭ ᠪᠢᠰᠢᠷᠡᠯ︾ ᠳᠠᠬᠢᠯᠭ᠎ᠠ᠂ ︽ᠳᠡᠮᠡᠭᠡᠨ ᠳᠠᠯᠠᠯᠠᠭ᠎ᠠ︾ ᠶᠣᠰᠣᠯᠠᠯ ᠳᠣᠰ ᠪᠦᠷᠢ ᠳᠠᠪᠣᠳᠣᠭᠠᠷ ᠡᠭᠡᠯᠵᠢ ᠶᠢᠨ ᠦᠪᠡᠷᠳᠡᠭᠡᠨ ᠵᠠᠰᠠᠬᠤ ᠣᠷᠣᠨ ᠤ ᠪᠣᠳᠠᠰ ᠤᠨ ᠪᠣᠰᠣ ᠰᠣᠶᠣᠯ ᠤᠨ ᠦᠯᠡᠳᠡᠭᠳᠡᠯ ᠤᠨ ᠲᠦᠯᠦᠭᠡᠯᠡᠭᠴᠢ ᠴᠢᠨᠡᠷᠳᠡᠢ᠂ ᠦᠷᠭᠡᠳᠭᠡᠨ ᠬᠦᠭᠵᠢᠭᠦᠯᠬᠦ ᠲᠦᠷᠦᠯ ᠵᠦᠢᠯ ᠢᠶᠠᠷ ᠦᠨᠡᠯᠡᠭᠳᠡᠪᠡ᠃ ᠬᠢᠳᠠᠳ ᠮᠣᠩᠭᠤᠯ ᠡᠮ᠂ ᠬᠢᠮᠢ ᠶᠢᠨ ᠡᠮ ᠤᠨ ᠳᠣᠷᠰᠢᠯᠳᠠ ᠶᠢᠨ ᠦᠷᠦᠭᠡ ᠪᠠ ᠭᠡᠷᠡᠯᠳᠣᠠᠣᠳᠣ ᠰᠣᠮᠣ᠂ ᠪᠣᠣ ᠳ᠋ᠢᠩ ᠲᠦᠪᠯᠡᠷᠡᠩᠭᠦᠢ ᠬᠤᠳᠠᠯᠳᠣᠭᠠᠨ ᠤ ᠵᠠᠬ᠎ᠠ ᠳᠡᠯᠭᠡᠭᠦᠷ ᠤᠨ ᠢᠳᠡᠭᠡᠨ ᠤ ᠵᠦᠢᠯ ᠳᠤ ᠲᠦᠷᠭᠡᠨ ᠰᠢᠯᠭᠠᠨ ᠬᠢᠨᠠᠬᠤ ᠦᠷᠦᠭᠡᠨ ᠤ ᠦᠭᠡᠷᠡᠴᠢᠯᠡᠨ ᠵᠠᠰᠠᠯᠳᠠ ᠶᠢ ᠳᠠᠭᠤᠰᠬᠠᠵᠣ᠂ ᠢᠳᠡᠭᠡᠨ ᠤ ᠵᠦᠢᠯ ᠤᠨ ᠵᠢᠵᠢᠭ ᠦᠢᠯᠡᠳᠪᠦᠷᠢ ᠶᠢᠨ ᠪᠣᠯᠪᠠᠰᠣᠷᠠᠭᠤᠯᠬᠤ ᠬᠦᠷᠢᠶᠡᠯᠡᠩ ᠤᠨ ᠭᠤᠣᠯ ᠴᠣᠭᠴᠠᠳᠣ ᠪᠠᠷᠢᠯᠭ᠎ᠠ ᠶᠢ ᠳᠠᠭᠤᠰᠬᠠᠪᠠ᠃       ᠠᠷᠠᠳ ᠤᠨ ᠠᠮᠢᠳᠣᠷᠠᠯ ᠤᠨ ᠪᠠᠳᠣᠯᠠᠭ᠎ᠠ ᠳᠠᠰᠣᠷᠠᠯᠳᠠ ᠦᠬᠡᠢ ᠳᠡᠭᠡᠭᠰᠢᠯᠡᠪᠡ᠃ ᠪᠦᠬᠦ ᠨᠡᠶᠢᠳᠡ ᠪᠠᠷ ᠢᠶᠠᠨ ᠦᠢᠯᠡᠰ ᠪᠣᠰᠬᠠᠨ᠂ ᠣᠯᠠᠨ ᠨᠡᠶᠢᠳᠡ ᠪᠠᠷ ᠢᠶᠠᠨ ᠰᠢᠨ᠎ᠡ ᠶᠢ ᠡᠭᠦᠳᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠣ᠂ ᠡᠯᠧᠺᠲᠷᠣᠨ ᠬᠤᠳᠠᠯᠳᠤᠭ᠎ᠠ ᠵᠢᠴᠢ ᠰᠢᠨ᠎ᠡ ᠶᠢ ᠡᠭᠦᠳᠦᠨ ᠦᠢᠯᠡᠰ ᠪᠣᠰᠬᠠᠬᠤ ᠶᠢ ᠨᠡᠪᠴᠢᠭᠦᠯᠬᠦ ᠰᠠᠭᠤᠷᠢᠨ ᠪᠠ ᠦᠨᠳᠦᠰᠦᠳᠡᠨ ᠤ ᠰᠣᠶᠣᠯ ᠤᠨ ᠦᠢᠯᠡᠰ ᠪᠣᠰᠬᠠᠬᠤ ᠬᠦᠷᠢᠶᠡᠯᠡᠩ ᠢ ᠪᠠᠶᠢᠭᠤᠯᠣᠨ᠂ ᠦᠢᠯᠡᠰ ᠪᠣᠰᠬᠠᠬᠤ ᠳᠤ ᠵᠣᠷᠢᠭᠤᠯᠣᠭᠰᠠᠨ ᠵᠢᠭᠡᠯᠡᠯᠭᠡ ᠶᠢᠨ ᠡᠷᠦᠬᠡ ᠠᠮᠠ ᠶᠢᠨ ᠬᠢᠵᠠᠭᠠᠷᠯᠠᠯ ᠢ ᠦᠭᠡᠶᠢᠰᠭᠡᠵᠣ᠂ ᠵᠢᠭᠡᠯᠡᠯᠭᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠦᠢᠯᠡᠰ ᠪᠣᠰᠬᠠᠬᠤ ᠶᠢ ᠪᠠᠳᠣᠯᠠᠬᠤ ᠵᠢᠭᠡᠯᠡᠯᠭᠡ 1248 ᠲᠦᠮᠡᠨ ᠲᠦᠭᠦᠷᠢᠭ ᠢ ᠳᠠᠷᠬᠠᠭᠠᠵᠣ᠂ ᠪᠦᠬᠦ ᠬᠤᠳᠠ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠳᠠ ᠶᠢᠨ ᠳᠤᠭ᠎ᠠ 892 ᠬᠦᠮᠦᠨ ᠳᠤ ᠬᠦᠷᠴᠦ᠂ ᠬᠤᠳᠠ ᠪᠠᠯᠭᠠᠰᠣᠨ ᠤ ᠠᠵᠢᠯ ᠠᠯᠳᠠᠭᠰᠠᠳ ᠢ ᠳᠠᠩᠰᠠᠯᠠᠬᠤ ᠨᠣᠷᠮ᠎ᠠ ᠶᠢ 2.36% ᠳᠣᠳᠣᠷ᠎ᠠ ᠬᠢᠵᠠᠭᠠᠷᠯᠠᠭᠰᠠᠨ ᠪᠠᠶᠢᠨ᠎ᠠ᠃ ᠨᠡᠶᠢᠭᠡᠮ ᠤᠨ ᠪᠠᠳᠣᠯᠠᠭ᠎ᠠ ᠶᠢᠨ ᠪᠦᠷᠬᠦᠴᠡ ᠳᠠᠰᠣᠷᠠᠯᠳᠠ ᠦᠬᠡᠢ ᠦᠷᠭᠡᠳᠴᠦ᠂ ᠬᠤᠳᠠ ᠪᠠᠯᠭᠠᠰᠣᠨ ᠤ ᠡᠮ ᠡᠮᠨᠡᠯᠭᠡ ᠶᠢᠨ ᠳᠠᠭᠠᠳᠬᠠᠯ ᠪᠣᠯᠣᠨ ᠰᠢᠨ᠎ᠡ ᠬᠡᠯᠪᠡᠷᠢ ᠶᠢᠨ ᠬᠦᠳᠡᠭᠡ ᠳᠣᠰᠬᠤᠨ ᠤ ᠬᠤᠷᠰᠢᠭᠰᠠᠨ ᠡᠮᠨᠡᠯᠭᠡ ᠶᠢᠨ ᠳᠠᠭᠠᠳᠬᠠᠯ ᠢ ᠨᠢᠭᠡᠳᠭᠡᠬᠦ ᠠᠵᠢᠯ ᠢ ᠳᠠᠭᠤᠰᠬᠠᠨ᠂ ᠬᠤᠳᠠ ᠬᠦᠳᠡᠭᠡ ᠶᠢᠨ ᠨᠠᠰᠣᠵᠢᠯ ᠤᠨ ᠳᠠᠭᠠᠳᠬᠠᠯ ᠤᠨ ᠮᠦᠩᠭᠦ  ᠶᠢᠨ ᠰᠠᠷ᠎ᠠ ᠶᠢᠨ ᠪᠠᠷᠢᠮᠵᠢᠶ᠎ᠠ ᠪᠦᠬᠦ ᠣᠷᠣᠨ ᠤ ᠡᠮᠦᠨ᠎ᠡ ᠡᠩᠨᠡᠭᠡᠨ ᠳᠤ ᠵᠢᠭᠰᠠᠭᠠᠭᠳᠠᠵᠣ᠂ ᠬᠦᠳᠡᠭᠡ ᠳᠣᠰᠬᠤᠨ ᠮᠠᠯᠵᠢᠬᠤ ᠣᠷᠣᠨ ᠤ ᠨᠠᠰᠣᠵᠢᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 100% ᠳᠤ ᠬᠦᠷᠪᠡ᠃ ᠬᠤᠳᠠ ᠬᠦᠳᠡᠭᠡ ᠶᠢᠨ ᠳᠣᠣᠷ᠎ᠠ ᠪᠠᠳᠣᠯᠠᠭ᠎ᠠ᠂ ︽ᠭᠤᠷᠪᠠᠨ ᠦᠬᠡᠢ︾ ᠬᠦᠮᠦᠰ᠂ ᠳᠠᠪᠣᠨ ᠪᠠᠳᠣᠯᠠᠭᠠᠳᠣ ᠡᠳᠡᠭᠡᠳ᠂ ᠦᠨᠦᠴᠢᠨ ᠬᠡᠦᠬᠡᠳ ᠤᠨ ᠠᠰᠠᠷᠠᠮᠵᠢ ᠶᠢᠨ ᠮᠦᠩᠭᠦ ᠶᠢᠨ ᠰᠠᠷ᠎ᠠ ᠶᠢᠨ ᠪᠠᠷᠢᠮᠵᠢᠶ᠎ᠠ ᠪᠦᠬᠦ ᠣᠷᠣᠨ ᠠᠶᠢᠮᠠᠭ ᠬᠤᠳᠠ ᠶᠢᠨ ᠲᠡᠷᠢᠭᠦᠨ ᠳᠤ ᠵᠢᠭᠰᠠᠭᠠᠭᠳᠠᠪᠠ᠃ ᠨᠠᠰᠣᠳᠠᠳ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠶᠡᠭᠡ ᠬᠦᠴᠦᠨ  ᠢᠶᠠᠷ ᠬᠦᠭᠵᠢᠭᠦᠯᠵᠣ᠂ ᠵᠢᠦᠢ ᠰᠢᠶᠠᠩ ᠹᠦ᠋ ᠨᠠᠰᠣᠳᠠᠳ ᠤᠨ ᠠᠰᠠᠷᠠᠮᠵᠢ ᠶᠢᠨ ᠬᠦᠷᠢᠶᠡᠯᠡᠩ ᠤᠨ ᠲᠦᠷᠦᠯ ᠵᠦᠢᠯ ᠢ ᠲᠦᠷᠭᠡᠳᠭᠡᠨ ᠪᠠᠶᠢᠭᠤᠯᠵᠣ᠂ ︽ᠬᠤᠶᠠᠷ ᠣᠯᠣᠰ ᠤᠨ ᠭᠤᠷᠪᠠᠨ ᠣᠷᠣᠨ︾ ᠤ ᠬᠠᠷᠢ ᠭᠠᠵᠠᠷ ᠲᠤ ᠨᠠᠰᠣᠳᠠᠳ ᠤᠨ ᠠᠰᠠᠷᠠᠮᠵᠢ ᠶᠢᠨ ᠲᠦᠷᠦᠯ ᠵᠦᠢᠯ ᠨᠡᠶᠢᠳᠡ 5 ᠣᠳᠠᠭ᠎ᠠ 108 ᠨᠡᠷᠡᠰ ᠨᠠᠰᠣᠳᠠᠨ ᠢ ᠬᠠᠢ ᠨᠠᠨ ᠮᠣᠵᠢ᠂ ᠮᠣᠩᠭᠤᠯ ᠣᠯᠣᠰ ᠤᠨ ᠲᠦᠪ ᠠᠶᠢᠮᠠᠭ ᠲᠤ ᠬᠦᠷᠴᠦ ᠠᠮᠠᠷᠠᠭᠤᠯᠣᠨ ᠠᠰᠠᠷᠠᠭᠤᠯᠪᠠ᠃ ᠬᠤᠳᠠ ᠬᠦᠳᠡᠭᠡ ᠶᠢᠨ ᠳᠣᠣᠷ᠎ᠠ ᠣᠷᠣᠯᠠᠭᠠᠳᠣ ᠬᠦᠮᠦᠰ ᠢ ᠳᠡᠮᠵᠢᠨ ᠳᠡᠳᠭᠦᠬᠦ ᠳᠣᠭᠳᠠᠯᠴᠠᠭ᠎ᠠ ᠶᠢ  ᠰᠢᠨᠡᠴᠢᠯᠡᠨ᠂ ᠣᠯᠣᠰ ᠤᠨ ᠶᠠᠳᠠᠭᠤᠷᠠᠯ ᠤᠨ ᠱᠣᠭᠤᠮ ᠤᠨ ᠳᠣᠷᠣᠭᠰᠢ ᠮᠠᠯᠴᠢᠨ ᠲᠠᠷᠢᠶᠠᠴᠢᠳ ᠢ ᠪᠦᠬᠦᠨ ᠢ ᠶᠠᠳᠠᠭᠤ ᠠᠴᠠ ᠠᠩᠵᠢᠷᠠᠭᠤᠯᠵᠣ᠂ 53 ᠡᠷᠦᠬᠡ ᠳᠣᠣᠷ᠎ᠠ ᠣᠷᠣᠯᠠᠭᠠᠳᠣ ᠡᠷᠦᠬᠡ ᠳᠣᠭᠳᠠᠭᠤᠨ ᠢᠶᠠᠷ ᠶᠠᠳᠠᠭᠤ ᠠᠴᠠ ᠠᠩᠵᠢᠷᠠᠪᠠ᠃      ᠵᠢᠷᠭᠤᠭ᠎ᠠ᠂ ᠵᠠᠰᠠᠭ ᠤᠨ ᠣᠷᠳᠣᠨ ᠤ ᠬᠤᠪᠢ ᠪᠡᠶ᠎ᠡ ᠶᠢᠨ ᠪᠠᠶᠢᠭᠤᠯᠣᠯᠳᠠ ᠣᠯᠠᠮ ᠨᠢᠭᠡᠨ ᠠᠯᠬᠤᠮ ᠴᠢᠩᠭᠠᠷᠠᠵᠣ᠂ ᠵᠠᠰᠠᠭ ᠵᠠᠬᠢᠷᠭᠠᠨ ᠤ ᠦᠷ᠎ᠡ ᠪᠦᠲᠦᠮᠵᠢ ᠳᠠᠰᠣᠷᠠᠯᠳᠠ ᠦᠬᠡᠢ ᠳᠡᠭᠡᠭᠰᠢᠯᠡᠪᠡ      ᠨᠡᠶᠢᠭᠡᠮ ᠳᠣᠭᠤᠷᠢᠭ ᠤᠨ ᠵᠠᠰᠠᠨ ᠴᠡᠭᠴᠡᠯᠡᠯᠳᠡ ᠶᠢᠨ ᠦᠭᠡᠷᠡᠴᠢᠯᠡᠯᠳᠡ ᠰᠢᠨᠡᠴᠢᠯᠡᠯᠳᠡ ᠶᠢ ᠬᠦᠨᠵᠡᠭᠡᠢ ᠲᠦᠯᠬᠢᠨ ᠠᠬᠢᠭᠤᠯᠵᠣ᠂ ᠪᠦᠬᠦ ᠣᠯᠣᠰ ᠤᠨ ᠨᠡᠶᠢᠭᠡᠮ ᠳᠣᠭᠤᠷᠢᠭ ᠤᠨ ᠵᠠᠰᠠᠨ ᠴᠡᠭᠴᠡᠯᠡᠯᠳᠡ ᠪᠠ ᠦᠢᠯᠡᠴᠢᠯᠡᠭᠡ ᠳᠤ ᠰᠢᠨ᠎ᠡ ᠶᠢ ᠡᠭᠦᠳᠬᠦ ᠳᠣᠷᠰᠢᠯᠳᠠ ᠶᠢᠨ ᠣᠷᠣᠨ ᠨᠢ ᠠᠷᠠᠳ ᠤᠨ ᠶᠠᠪᠣᠳᠠᠯ ᠤᠨ ᠶᠠᠮᠣᠨ ᠤ ᠰᠢᠯᠭᠠᠨ ᠦᠨᠡᠯᠡᠬᠦ ᠳᠣᠭᠤᠶᠢᠯᠠᠩ ᠤᠨ ᠰᠢᠯᠭᠠᠨ ᠦᠨᠡᠯᠡᠯᠳᠡ ᠶᠢ ᠦᠩᠭᠡᠷᠡᠪᠡ᠃ ᠪᠦᠬᠦ ᠣᠯᠣᠰ ᠤᠨ ᠪᠣᠯᠪᠠᠰᠣᠨ ᠬᠤᠳᠠ ᠶᠢ ᠪᠦᠬᠦ ᠬᠦᠴᠦᠨ ᠢᠶᠠᠷ ᠴᠢᠷᠮᠠᠶᠢᠨ ᠴᠣᠭᠴᠠᠯᠠᠵᠣ᠂ ᠦᠪᠡᠷᠳᠡᠭᠡᠨ ᠵᠠᠰᠠᠬᠤ ᠣᠷᠣᠨ ᠤ ᠳᠡᠰ ᠤᠨ ᠪᠣᠯᠪᠠᠰᠣᠨ ᠨᠢᠭᠡᠴᠡ ᠶᠢᠨ ᠵᠢᠱᠢᠶᠡᠴᠢ 2᠂ ᠦᠪᠡᠷᠳᠡᠭᠡᠨ ᠵᠠᠰᠠᠬᠤ ᠣᠷᠣᠨ ᠤ ᠪᠣᠯᠪᠠᠰᠣᠨ ᠨᠢᠭᠡᠴᠡ 4 ᠶᠢ ᠴᠣᠭᠴᠠᠯᠠᠨ ᠪᠠᠶᠢᠭᠤᠯᠵᠣ᠂ 3 ᠬᠦᠮᠦᠨ ︽ᠪᠦᠬᠦ ᠣᠷᠣᠨ ᠤ ᠶᠣᠰᠣ ᠰᠣᠷᠳᠠᠬᠤᠨ ᠤ ᠵᠢᠱᠢᠶᠠᠴᠢ︾ ᠴᠣᠯᠠ ᠶᠢ ᠬᠦᠷᠳᠡᠨ᠂ 2 ᠬᠦᠮᠦᠨ ︽ᠳᠣᠮᠳᠠᠳᠣ ᠣᠯᠣᠰ ᠤᠨ ᠰᠠᠶᠢᠨ ᠬᠦᠮᠦᠨ ᠤ ᠵᠢᠭᠰᠠᠭᠠᠯᠳᠠ︾ ᠳᠤ ᠰᠣᠩᠭᠤᠭᠳᠠᠨ ᠣᠷᠣᠪᠠ᠃  ︽ᠳᠣᠯᠣᠳᠣᠭᠠᠷ ᠳᠠᠪᠣᠨ ᠵᠢᠯ︾  ᠤᠨ ᠬᠠᠦᠯᠢ  ᠲᠦᠭᠡᠭᠡᠮᠡᠯᠵᠢᠭᠦᠯᠬᠦ ᠶᠢ ᠡᠬᠢᠯᠡᠨ ᠬᠡᠷᠡᠭᠵᠢᠭᠦᠯᠵᠣ᠂ ︽ᠬᠠᠦᠯᠢ ᠵᠢᠷᠭᠤᠭ᠎ᠠ ᠳᠤ ᠣᠷᠣᠬᠤ︾ ᠬᠦᠳᠡᠯᠭᠡᠭᠡᠨ  ᠢ ᠬᠦᠨᠵᠡᠭᠡᠢ ᠦᠷᠨᠢᠭᠦᠯᠦᠨ᠂ ᠪᠦᠬᠦ ᠠᠷᠠᠳ ᠬᠠᠦᠯᠢ ᠶᠢ ᠵᠢᠷᠣᠮᠯᠠᠬᠤ ᠬᠠᠦᠯᠢ ᠶᠢ ᠰᠣᠷᠬᠤ ᠬᠠᠦᠯᠢ ᠶᠢ ᠰᠠᠬᠢᠬᠤ ᠰᠠᠦᠯᠢ  ᠶᠢ ᠬᠡᠷᠡᠭᠯᠡᠬᠦ ᠶᠢ ᠲᠦᠯᠬᠢᠨ ᠠᠬᠢᠭᠤᠯᠵᠣ᠂ ᠵᠠᠰᠠᠭ ᠤᠨ ᠣᠷᠳᠣᠨ ᠤ ᠬᠠᠦᠯᠢ ᠶᠢᠨ ᠵᠦᠪᠯᠡᠭᠴᠢ ᠶᠢᠨ ᠲᠦᠷᠢᠮ ᠢ ᠬᠡᠷᠡᠭᠵᠢᠭᠦᠯᠦᠨ᠂ ᠬᠠᠦᠯᠢ ᠶᠢᠨ ᠳᠠᠭᠠᠣ ᠵᠠᠰᠠᠭ ᠪᠠᠷᠢᠬᠤ ᠲᠦᠪᠰᠢᠨ ᠣᠯᠠᠮ ᠨᠢᠭᠡᠨ ᠠᠯᠬᠤᠮ ᠳᠡᠭᠡᠭᠰᠢᠯᠡᠪᠡ᠃ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠦᠯᠢ ᠶᠣᠰᠣᠨ ᠤ ᠬᠢᠨᠠᠯᠳᠠ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ᠂ ᠣᠯᠣᠰ ᠲᠦᠷᠦ ᠶᠢᠨ ᠵᠦᠪᠯᠡᠯᠭᠡᠨ ᠤ ᠰᠠᠨᠠᠯ ᠳᠣᠷᠠᠳᠣᠯᠭ᠎ᠠ  ᠶᠢ 119 ᠭᠦᠢᠴᠡᠳᠭᠡᠨ ᠰᠢᠢᠳᠪᠦᠷᠢᠯᠡᠵᠣ᠂ ᠬᠠᠷᠢᠭᠤ ᠦᠭᠭᠦᠭᠰᠡᠨ ᠨᠣᠷᠮ᠎ᠠ ᠪᠠ ᠰᠡᠳᠭᠢᠯ ᠬᠠᠨᠣᠮᠵᠢ ᠶᠢᠨ ᠨᠣᠷᠮ᠎ᠠ ᠴᠦᠮ 100% ᠬᠦᠷᠪᠡ᠃ ᠬᠠᠯᠠᠭᠳᠠᠭᠰᠠᠳ ᠢ ᠲᠦᠪᠬᠢᠨᠡᠭᠦᠯᠬᠦ ᠪᠠ ᠬᠤᠶᠠᠷ ᠢ ᠬᠦᠷᠢᠶᠡᠯᠡᠬᠦ ᠠᠵᠢᠯ ᠢ ᠴᠢᠩᠭᠠᠳᠬᠠᠵᠣ᠂ ᠴᠡᠷᠢᠭ ᠠᠴᠠ ᠬᠠᠯᠠᠭᠳᠠᠭᠰᠠᠳ᠂ ᠴᠡᠷᠢᠭ ᠲᠤ ᠳᠠᠭᠠᠭᠰᠠᠨ ᠭᠡᠷ ᠪᠦᠯᠢ ᠶᠢᠨ ᠬᠢᠨ 13 ᠬᠦᠮᠦᠨ ᠢ ᠵᠣᠬᠢᠰᠳᠠᠢ ᠲᠦᠪᠬᠢᠨᠡᠭᠦᠯᠦᠨ᠂ ᠭᠤᠷᠪᠠᠨ ᠵᠢᠯ ᠳᠠᠷᠠᠭᠠᠯᠠᠨ ᠪᠦᠬᠦ ᠣᠯᠣᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ ᠴᠣᠯᠠ ᠶᠢ ᠬᠦᠷᠳᠡᠪᠡ᠃ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠬᠠᠦᠯᠢ ᠶᠣᠰᠣ ᠪᠠᠷ ᠰᠢᠢᠳᠪᠦᠷᠢᠯᠡᠬᠦ ᠬᠦᠴᠦᠯᠡᠴᠡ ᠪᠠᠨ ᠶᠡᠬᠡᠰᠬᠡᠵᠣ᠂ ᠪᠦᠬᠦ ᠵᠢᠯ ᠳᠤ 16 ᠵᠠᠬᠢᠳᠠᠯ ᠰᠣᠷᠪᠣᠯᠵᠢᠯᠠᠭ᠎ᠠ ᠶᠢᠨ ᠬᠤᠷᠠᠮᠳᠣᠭᠰᠠᠨ ᠬᠡᠷᠡᠭ ᠢ ᠰᠢᠢᠳᠪᠦᠷᠢᠯᠡᠪᠡ᠃ ︽ᠠᠮᠣᠭᠤᠯᠠᠩ ᠡᠷᠢᠶᠡᠨ︾ ᠤ ᠪᠠᠶᠢᠭᠤᠯᠣᠯᠳᠠ ᠶᠢ ᠶᠡᠭᠡ ᠬᠦᠴᠦᠨ ᠢᠶᠠᠷ ᠲᠦᠯᠬᠢᠨ ᠠᠬᠢᠭᠤᠯᠵᠣ᠂ ᠬᠢᠯᠢ ᠶᠢᠨ ᠬᠠᠮᠢᠶᠠᠷᠣᠯᠳᠠ ᠬᠢᠯᠢ ᠶᠢᠨ ᠡᠷᠬᠡᠰᠢᠶᠡᠯᠳᠡ ᠶᠢᠨ ᠬᠦᠴᠦᠯᠡᠴᠡ ᠪᠠᠨ ᠶᠡᠬᠡᠰᠬᠡᠨ᠂ ᠬᠦᠷᠰᠢ ᠣᠷᠣᠨ  ᠨᠤᠭᠤᠳ ᠲᠠᠢ ᠨᠡᠶᠢᠭᠡᠮ ᠤᠨ ᠠᠮᠣᠷ ᠢ ᠬᠠᠮᠠᠭᠠᠯᠠᠵᠣ ᠶᠡᠷᠦᠩᠬᠡᠶᠢᠯᠡᠨ ᠵᠠᠰᠠᠬᠤ ᠶᠢᠨ ᠬᠤᠯᠪᠣᠭᠠᠯᠠᠨ ᠰᠡᠷᠭᠡᠶᠢᠯᠡᠵᠣ ᠬᠤᠯᠪᠣᠭᠠᠯᠠᠨ ᠡᠷᠬᠡᠰᠢᠶᠡᠨ ᠬᠤᠯᠪᠣᠭᠠᠯᠠᠨ ᠵᠠᠰᠠᠬᠤ ᠵᠣᠬᠢᠴᠠᠭᠤᠯᠣᠯᠳᠠ ᠶᠢᠨ ᠬᠤᠷᠠᠯ ᠤᠨ ᠠᠵᠢᠯ ᠤᠨ ᠳᠣᠭᠳᠠᠯᠴᠠᠭ᠎ᠠ  ᠶᠢ ᠪᠠᠶᠢᠭᠤᠯᠵᠣ᠂ ︽ᠪᠦᠷᠭᠦᠳ ᠬᠤᠶᠠᠳᠣᠭᠠᠷ ᠨᠣᠮᠧᠷᠲᠣ︾ ᠰᠦᠷᠳᠡᠭᠦᠯᠭᠡ ᠶᠢ ᠡᠰᠡᠷᠭᠦᠴᠡᠬᠦ ᠰᠣᠷᠢᠯᠳᠠ ᠪᠠ 13 ᠣᠳᠠᠭ᠎ᠠ  ᠠᠶᠤᠯᠭᠠᠨ ᠰᠦᠷᠳᠡᠬᠦᠯᠬᠦ ᠳᠣᠰᠬᠠᠢ ᠠᠵᠢᠯᠯᠠᠭ᠎ᠠ ᠶᠢ ᠦᠷᠨᠢᠭᠦᠯᠵᠣ᠂ ᠡᠯ᠎ᠡ ᠲᠦᠷᠦᠯ ᠤᠨ ᠬᠠᠦᠯᠢ ᠵᠦᠷᠢᠴᠡᠭᠰᠡᠨ ᠶᠠᠯᠠᠳᠣ ᠠᠵᠢᠯᠯᠠᠭ᠎ᠠ ᠳᠤ ᠬᠦᠨᠳᠦ ᠴᠣᠬᠢᠯᠳᠠ ᠦᠭᠴᠦ᠂ ᠦᠷᠭᠦᠯᠵᠢᠯᠡᠨ 16 ᠵᠢᠯ ᠠᠮᠢ ᠶᠢᠨ ᠬᠡᠷᠡᠭ ᠢ ᠪᠦᠬᠦᠨ ᠢ ᠢᠯᠡᠷᠡᠭᠦᠯᠦᠨ ᠰᠢᠢᠳᠪᠦᠷᠢᠯᠡᠬᠦ ᠶᠢ ᠪᠠᠳᠣᠯᠠᠨ᠂ ᠪᠣᠭᠤᠮᠳᠠ ᠶᠢᠨ ᠡᠶ᠎ᠡ ᠵᠣᠬᠢᠴᠠᠯ ᠳᠣᠭᠳᠠᠭᠤᠨ ᠢ ᠬᠦᠴᠦᠳᠡᠢ ᠬᠠᠮᠠᠭᠠᠯᠠᠪᠠ᠃       ︽ᠬᠤᠶᠠᠷ ᠢ ᠰᠣᠷᠣᠯᠴᠠᠵᠣ ᠬᠢᠷᠢ ᠳᠡᠩᠴᠡᠭᠰᠡᠨ ᠨᠠᠮ ᠤᠨ ᠭᠡᠰᠢᠭᠦᠨ ᠪᠣᠯᠬᠤ︾ ᠰᠣᠷᠣᠯᠴᠠᠯᠭ᠎ᠠ ᠬᠦᠮᠦᠵᠢᠯ ᠢ ᠯᠠᠪᠳᠠᠭᠤᠨ ᠪᠠᠳᠣᠳᠠᠢ ᠦᠷᠨᠢᠭᠦᠯᠵᠣ᠂ ᠵᠠᠰᠠᠭ ᠤᠨ ᠣᠷᠳᠣᠨ ᠵᠢᠴᠢ ᠳᠡᠭᠦᠨ ᠤ ᠠᠵᠢᠯ ᠤᠨ ᠰᠠᠯᠠᠭ᠎ᠠ ᠮᠦᠴᠢᠷ ᠤᠨ ᠭᠦᠢᠴᠡᠳᠭᠡᠬᠦ ᠴᠢᠳᠠᠪᠣᠷᠢ ᠴᠢᠩᠭᠠᠷᠠᠪᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠣ᠂ ᠦᠪᠡᠷᠳᠡᠭᠡᠨ ᠵᠠᠰᠠᠬᠤ ᠣᠷᠣᠨ ᠤ ᠬᠢ ᠶᠢ ᠵᠠᠯᠭᠠᠨ 188 ᠲᠦᠷᠦᠯ ᠤᠨ ᠵᠠᠰᠠᠭ ᠵᠠᠬᠢᠷᠭᠠᠨ ᠤ ᠡᠷᠬᠡ ᠶᠢ ᠳᠣᠭᠤᠭᠰᠢ ᠪᠠᠭᠤᠯᠭᠠᠨ᠂ ᠡᠷᠬᠡ ᠬᠠᠷᠢᠭᠤᠴᠠᠯᠭ᠎ᠠ ᠶᠢᠨ ᠳᠠᠩᠰᠠ ᠪᠠ ᠳᠣᠬᠢᠶᠠᠯᠳᠣᠯ  ᠢᠶᠠᠷ ᠰᠣᠩᠭᠤᠨ ᠪᠠᠶᠢᠴᠠᠭᠠᠬᠤ ᠬᠡᠷᠡᠭ ᠶᠠᠪᠣᠳᠠᠯ ᠤᠨ ᠳᠠᠩᠰᠠ ᠶᠢ ᠨᠡᠶᠢᠭᠡᠮ ᠳᠤ ᠢᠯᠡ ᠪᠠᠷ ᠵᠠᠷᠯᠠᠵᠣ᠂ ᠪᠡᠯᠡ ᠣᠷᠣᠭᠤᠯᠣᠯᠳᠠ ᠶᠢᠨ ᠲᠦᠷᠦᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠦᠪᠰᠢᠶᠡᠷᠡᠬᠦ ᠶᠢ ᠪᠦᠬᠦ ᠣᠷᠣᠨ ᠳᠤ ᠣᠷᠢᠳᠴᠢᠯᠠᠨ ᠪᠡᠶᠡᠯᠡᠭᠦᠯᠪᠡ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠶᠡᠭᠡ ᠬᠦᠴᠦᠨ ᠢᠶᠠᠷ ᠲᠦᠯᠬᠢᠨ ᠠᠬᠢᠭᠤᠯᠵᠣ᠂ ᠵᠠᠰᠠᠭ ᠤᠨ ᠣᠷᠳᠣᠨ ᠤ ᠠᠯᠪᠠᠨ ᠮᠡᠳᠡᠭᠡ ᠪᠠ ᠬᠡᠪᠯᠡᠯ ᠮᠡᠳᠡᠭᠡᠯᠡᠯ ᠤᠨ ᠲᠦᠯᠦᠭᠡᠯᠡᠭᠴᠢ ᠶᠢᠨ ᠲᠦᠷᠢᠮ ᠢ ᠬᠡᠷᠡᠭᠵᠢᠭᠦᠯᠦᠨ᠂ ᠵᠠᠰᠠᠭ ᠤᠨ ᠣᠷᠳᠣᠨ ᠤ ᠢᠯᠡ ᠳᠣᠳᠣ ᠶᠢᠨ ᠬᠡᠮᠵᠢᠶ᠎ᠡ ᠳᠠᠰᠣᠷᠠᠯᠳᠠ ᠦᠬᠡᠢ ᠳᠡᠭᠡᠭᠰᠢᠯᠡᠪᠡ᠃ ᠨᠠᠮ ᠵᠠᠰᠠᠭ ᠤᠨ ᠪᠠᠶᠢᠭᠤᠯᠭ᠎ᠠ ᠪᠠ ᠣᠯᠣᠰ ᠤᠨ ᠠᠯᠪᠠᠳᠠᠨ ᠢᠶᠠᠷ ᠯᠠᠪᠯᠠᠯᠳᠠ ᠪᠣᠯᠭᠠᠬᠤ ᠠᠵᠢᠯ ᠦᠢᠯᠡᠰ ᠤᠨ ᠨᠢᠭᠡᠴᠡ ᠶᠢᠨ ᠠᠯᠪᠠᠨ ᠲᠡᠷᠭᠡ ᠶᠢᠨ ᠦᠭᠡᠷᠡᠴᠢᠯᠡᠯᠳᠡ ᠶᠢᠨ ᠡᠭᠦᠷᠭᠡ ᠶᠢ ᠴᠠᠭ ᠲᠣᠬᠠᠢ ᠳᠤ ᠨᠢ ᠳᠠᠭᠤᠰᠬᠠᠵᠣ᠂ ︽ᠭᠤᠷᠪᠠᠨ ᠠᠯᠪᠠᠨ  ᠤ ᠵᠠᠷᠣᠳᠠᠯ︾ 8.9% ᠢᠶᠠᠷ ᠪᠠᠭᠤᠷᠠᠪᠠ᠃ ᠬᠢᠨᠠᠨ ᠪᠠᠶᠢᠴᠠᠭᠠᠬᠤ ᠰᠠᠯᠠᠭ᠎ᠠ ᠮᠦᠴᠢᠷ ᠤᠨ ᠬᠢᠨᠠᠯᠳᠠ ᠳᠠᠯᠪᠢᠬᠤ ᠬᠠᠷᠢᠭᠤᠴᠠᠯᠭ᠎ᠠ ᠪᠠᠨ ᠬᠡᠷᠡᠭᠵᠢᠭᠦᠯᠬᠦ ᠶᠢ ᠳᠡᠮᠵᠢᠵᠣ᠂ 3 ᠬᠦᠮᠦᠨ ᠳᠤ ᠵᠠᠰᠠᠭ ᠤᠨ ᠰᠠᠬᠢᠯᠭ᠎ᠠ ᠶᠢᠨ ᠰᠢᠢᠳᠭᠡᠯ ᠣᠯᠭᠤᠨ᠂ ︽2.08︾ ︽9.19︾ ᠤᠨ ᠭᠠᠯ ᠤᠨ ᠠᠶᠣᠯ ᠤᠨ ᠠᠳᠡᠯ ᠳᠤ 16 ᠬᠦᠮᠦᠨ ᠢ ᠬᠠᠷᠢᠭᠤᠴᠠᠯᠭ᠎ᠠ ᠨᠡᠬᠡᠮᠵᠢᠯᠡᠨ ᠰᠢᠢᠳᠪᠦᠷᠢᠯᠡᠪᠡ᠃ ᠬᠤᠳᠠ ᠶᠢᠨ ᠬᠠᠷᠢᠶ᠎ᠠ ᠪᠠᠶᠢᠭᠤᠯᠭ᠎ᠠ ᠨᠢᠭᠡᠴᠡ ᠳᠤ ᠡᠳ᠋ ᠤᠨ ᠶᠠᠪᠣᠳᠠᠯ ᠤᠨ ᠶᠡᠭᠡ ᠪᠠᠶᠢᠴᠠᠭᠠᠯᠳᠠ ᠶᠢ ᠪᠦᠬᠦ ᠳᠠᠯ᠎ᠠ ᠪᠠᠷ ᠦᠷᠨᠢᠭᠦᠯᠦᠨ᠂ 22 ᠲᠦᠷᠦᠯ ᠤᠨ ᠠᠰᠠᠭᠤᠳᠠᠯ ᠢ ᠵᠠᠯᠬᠠᠭᠠᠵᠣ᠂ ᠳᠣᠭᠳᠠᠭᠠᠯ  ᠠᠴᠠ ᠵᠦᠷᠢᠴᠡᠨ ᠳᠠᠷᠬᠠᠭᠠᠭᠰᠠᠨ ᠨᠦᠬᠦᠪᠦᠷᠢ᠂ ᠴᠢᠮᠡᠭᠡ ᠨᠡᠪᠳᠡᠷᠡᠯᠭᠡ ᠶᠢᠨ ᠵᠠᠷᠣᠳᠠᠯ ᠢ ᠳᠠᠩᠰᠠ ᠴᠠᠶᠢᠷᠠᠭᠤᠯᠣᠭᠰᠠᠨ 205 ᠲᠦᠮᠡᠨ ᠲᠦᠭᠦᠷᠢᠭ ᠢ ᠬᠤᠷᠢᠶᠠᠨ ᠠᠪᠣᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠭᠠᠯ ᠠᠴᠠ ᠰᠡᠷᠭᠡᠶᠢᠯᠡᠬᠦ᠂ ᠴᠠᠭ ᠠᠭᠤᠷ᠂ ᠴᠢᠮᠡᠭᠡ ᠨᠡᠪᠳᠡᠷᠡᠯᠭᠡ᠂ ᠣᠯᠠᠭᠠᠨ ᠵᠠᠯᠠᠭᠠᠮᠠᠶᠢᠳᠠᠨ ᠤ ᠨᠡᠶᠢᠭᠡᠮᠯᠢᠭ᠂ ᠨᠠᠰᠣᠨ ᠳᠤ  ᠦᠯᠦ ᠬᠦᠷᠦᠭᠰᠡᠳ ᠂ ᠵᠡᠮᠳᠡᠭᠴᠣᠳ ᠵᠡᠷᠭᠡ ᠦᠢᠯᠡᠰ ᠴᠦᠮ ᠰᠢᠨ᠎ᠡ ᠠᠮᠵᠢᠯᠳᠠ ᠪᠦᠲᠦᠮᠵᠢ ᠶᠢ ᠣᠯᠣᠭᠰᠠᠨ ᠪᠠᠶᠢᠨ᠎ᠠ᠃       ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠤᠨ ᠠᠮᠵᠢᠯᠳᠠ ᠪᠦᠲᠦᠮᠵᠢ ᠶᠢ ᠣᠯᠣᠭᠰᠠᠨ ᠨᠢ ᠬᠢᠯᠪᠡᠷ ᠪᠢᠰᠢ᠂ ᠡᠨᠡ ᠨᠢ ᠳᠡᠭᠡᠳᠣ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶ᠎ᠠ ᠶᠢᠨ ᠰᠢᠨᠵᠢᠯᠡᠬᠦ ᠣᠬᠠᠭᠠᠨᠴᠢ ᠰᠢᠢᠳᠪᠦᠷᠢᠳᠣ ᠪᠣᠳᠣᠯᠭ᠎ᠠ᠂ ᠵᠦᠪ ᠣᠨᠣᠪᠴᠢᠳᠠᠢ ᠣᠳᠣᠷᠢᠳᠣᠯᠭ᠎ᠠ ᠶᠢᠨ ᠦᠷ᠎ᠡ ᠳ᠋ᠦᠩ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠡ ᠳᠠᠪᠬᠤᠷᠭ᠎ᠠ ᠶᠢᠨ ᠬᠠᠦᠯᠢ ᠶᠣᠰᠣᠨ ᠤ ᠬᠢᠨᠠᠯᠳᠠ ᠪᠠ ᠬᠦᠴᠦᠲᠡᠢ ᠳᠡᠮᠵᠢᠯᠭᠡ ᠶᠢᠨ ᠦᠷ᠎ᠡ ᠳ᠋ᠦᠩ᠂ ᠪᠦᠬᠦ ᠬᠤᠳᠠ ᠶᠢᠨ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠤ ᠬᠠᠷᠢᠯᠴᠠᠨ ᠬᠠᠷᠠᠭᠠᠯᠵᠠᠵᠣ ᠪᠦᠯᠬᠦᠮᠳᠡᠨ ᠳᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠣᠭᠤᠮᠳᠠ ᠶᠢᠨ ᠬᠦᠭᠵᠢᠯᠳᠡ ᠳᠤ ᠬᠤᠪᠢ ᠨᠡᠮᠡᠷᠢ ᠪᠠᠨ ᠦᠵᠡᠭᠦᠯᠦᠭᠰᠡᠨ ᠪᠦᠬᠦ ᠨᠠᠶᠢᠵᠠ ᠨᠦᠬᠦᠳ ᠲᠤ ᠴᠢᠩ ᠰᠡᠳᠭᠢᠯ ᠤᠨ ᠳᠠᠯᠠᠷᠬᠠᠯ ᠢᠶᠠᠨ ᠳᠡᠪᠰᠢᠭᠦᠯᠬᠦ ᠶᠢᠨ ᠬᠠᠮᠳᠣ ᠡᠷᠬᠢᠮ ᠳᠡᠭᠡᠳᠣ ᠬᠦᠨᠳᠦᠳᠭᠡᠯ ᠢᠶᠠᠨ ᠳᠡᠪᠰᠢᠭᠦᠯᠦᠶ᠎ᠡ︕      ᠠᠮᠵᠢᠯᠳᠠ ᠪᠦᠲᠦᠮᠵᠢ ᠪᠠᠨ ᠨᠣᠳᠠᠯᠠᠬᠤ ᠶᠢᠨ ᠵᠡᠷᠭᠡᠴᠡᠭᠡ᠂ ᠪᠢᠳᠡ ᠪᠠᠰᠠ ᠣᠷᠣᠰᠢᠵᠣ ᠪᠠᠶᠢᠭ᠎ᠠ ᠵᠦᠷᠢᠴᠡᠯ ᠪᠠ ᠠᠰᠠᠭᠤᠳᠠᠯ ᠢ ᠰᠡᠷᠭᠡᠭ ᠢᠶᠠᠷ ᠳᠠᠨᠢᠬᠤ ᠴᠢᠬᠤᠯᠠᠳᠠᠢ᠂ ᠭᠤᠣᠯ ᠢᠯᠡᠷᠡᠯ ᠨᠢ᠄ ᠨᠢᠭᠡ ᠳᠤ᠂ ᠠᠵᠣ ᠦᠢᠯᠡᠰ ᠤᠨ ᠳᠣᠯᠭᠠᠭᠤᠷᠢᠯᠠᠬᠤ ᠴᠢᠳᠠᠪᠣᠷᠢ ᠬᠦᠷᠦᠯᠴᠡᠬᠦ ᠦᠬᠡᠢ᠃ ᠣᠯᠣᠰ ᠤᠨ ᠳᠣᠳᠣᠭᠠᠳᠣ ᠶᠢᠨ ᠵᠠᠬ᠎ᠠ ᠳᠡᠯᠭᠡᠭᠦᠷ ᠤᠨ ᠬᠡᠷᠡᠭᠯᠡᠭᠡ ᠱᠠᠭᠠᠷᠳᠠᠯᠭ᠎ᠠ ᠪᠠᠭᠠᠰᠴᠣ᠂ ᠮᠣᠩᠭᠤᠯ ᠣᠷᠣᠰ ᠤᠨ ᠠᠵᠣ ᠠᠬᠤᠢ ᠵᠣᠭᠰᠣᠩᠭᠤᠶᠢᠷᠠᠵᠣ ᠮᠠᠭᠤᠳᠠᠭᠰᠠᠨ ᠨᠦᠯᠦᠭᠡ ᠶᠢ ᠬᠦᠷᠳᠡᠵᠣ᠂ ᠬᠢᠯᠢ ᠪᠠᠷ ᠣᠷᠣᠭᠤᠯᠵᠣ ᠭᠠᠷᠭᠠᠬᠤ ᠬᠤᠳᠠᠯᠳᠣᠭᠠᠨ ᠤ ᠦᠰᠦᠯᠳᠡ ᠴᠢᠳᠠᠯ ᠮᠡᠬᠦᠰ ᠪᠠᠶᠢᠨ᠎ᠠ︔ ᠪᠣᠯᠪᠠᠰᠣᠷᠠᠭᠤᠯᠬᠤ ᠠᠵᠣ ᠦᠢᠯᠡᠳᠪᠦᠷᠢ ᠳᠤ ᠳᠣᠯᠣᠭᠠᠶᠢᠯᠠᠭᠴᠢ ᠠᠵᠣ ᠠᠬᠤᠶᠢᠯᠠᠯ ᠳᠣᠳᠠᠭᠳᠠᠵᠣ᠂ ᠭᠢᠨᠵᠢ ᠣᠬᠤᠷ᠂ ᠬᠡᠪᠴᠢᠶ᠎ᠡ ᠪᠠᠭ᠎ᠠ᠂  ᠳᠡᠰ ᠳᠣᠣᠷ᠎ᠠ ᠪᠠᠶᠢᠨ᠎ᠠ︔ ᠵᠢᠭᠤᠯᠴᠢᠯᠠᠯ ᠤᠨ ᠦᠵᠡᠮᠦᠷᠢ ᠶᠢᠨ ᠴᠡᠭ ᠬᠤᠳᠠᠯᠳᠣᠭᠠᠨ ᠤ ᠴᠡᠭ ᠴᠦᠬᠡᠨ᠂ ᠢᠵᠢ ᠪᠦᠷᠢᠨ ᠴᠢᠳᠠᠪᠬᠢ ᠳᠡᠭᠦᠯᠳᠡᠷ ᠪᠣᠰᠣ᠂ ᠳᠠᠳᠠᠬᠤ ᠬᠦᠴᠦᠨ ᠪᠠᠭᠤᠷᠠᠢ ᠪᠠᠶᠢᠨ᠎ᠠ︔ ᠴᠠᠬᠢᠯᠭᠠᠨ ᠬᠦᠴᠦᠨ ᠤ ᠠᠴᠢᠶᠠᠯᠠᠯ ᠪᠠᠭ᠎ᠠ᠂ ᠭᠠᠳᠠᠭᠰᠠᠢ ᠬᠦᠷᠭᠡᠬᠦ ᠭᠠᠷᠣᠴᠠ ᠳᠣᠳᠠᠮᠠᠭ ᠪᠠᠶᠢᠭ᠎ᠠ ᠨᠢ ᠠᠷᠢᠭᠤᠨ ᠴᠡᠪᠡᠷ ᠡᠨᠧᠷᠬᠢ  ᠶᠢᠨ ᠠᠵᠣ ᠦᠢᠯᠡᠰ ᠤᠨ ᠬᠦᠭᠵᠢᠯᠳᠡ ᠶᠢ ᠬᠦᠯᠢᠶᠡᠰᠦᠯᠡᠵᠣ ᠪᠠᠶᠢᠨ᠎ᠠ᠃ ᠬᠤᠶᠠᠷ ᠲᠤ᠂ ᠬᠦᠭᠵᠢᠭᠦᠯᠦᠯᠳᠡ ᠨᠡᠭᠡᠭᠡᠯᠳᠡ  ᠶᠢᠨ ᠬᠢᠷᠢ ᠲᠦᠪᠰᠢᠨ ᠦᠨᠳᠦᠷ ᠪᠢᠰᠢ᠃ ᠮᠣᠩᠭᠤᠯ ᠣᠷᠣᠰ ᠯᠤᠭ᠎ᠠ ᠶᠢᠨ ᠪᠣᠳᠠᠳᠣ ᠬᠠᠮᠳᠣ ᠶᠢᠨ ᠠᠵᠢᠯᠯᠠᠭ᠎ᠠ ᠶᠢᠨ ᠬᠦᠨᠴᠡ ᠶᠢᠨ ᠲᠦᠪᠰᠢᠨ ᠬᠦᠷᠦᠯᠴᠡᠬᠦ ᠦᠬᠡᠢ ᠪᠠᠶᠢᠵᠣ᠂ ᠨᠡᠩ ᠣᠯᠠᠨ ᠪᠣᠳᠠᠳᠣ ᠦᠷ᠎ᠡ ᠪᠦᠲᠦᠮᠵᠢ ᠣᠯᠤᠭ᠎ᠠ ᠦᠭᠡᠢ ᠪᠠᠶᠢᠭᠰᠠᠭᠠᠷ︔ ᠰᠠᠭᠤᠷᠢ ᠲᠦᠭᠦᠭᠡᠷᠦᠮᠵᠢ ᠬᠠᠷᠢᠯᠴᠠᠨ ᠬᠤᠯᠪᠣᠨ ᠬᠠᠷᠢᠯᠴᠠᠨ ᠨᠡᠪᠳᠡᠷᠡᠯᠴᠠᠬᠦ ᠪᠠᠶᠢᠭᠤᠯᠣᠯᠳᠠ ᠣᠳᠠᠭᠠᠭᠪᠳᠣᠷ ᠪᠠᠶᠢᠵᠣ᠂ ᠡᠮᠦᠨ᠎ᠡ ᠬᠤᠶᠢᠨ᠎ᠠ ᠳᠠᠯ᠎ᠠ ᠶᠢᠨ ᠭᠠᠷᠣᠴᠠ ᠶᠢ ᠰᠠᠭᠠᠳ ᠦᠬᠡᠢ ᠨᠡᠪᠳᠡᠷᠡᠭᠦᠯᠬᠦ ᠠᠰᠠᠭᠤᠳᠠᠯ  ᠢ ᠪᠠᠰᠠ ᠬᠠᠷᠠᠬᠠᠨ ᠰᠢᠢᠳᠪᠦᠷᠢᠯᠡᠵᠣ ᠴᠢᠳᠠᠭ᠎ᠠ ᠦᠬᠡᠢ ᠪᠠᠶᠢᠨ᠎ᠠ︔ ᠲᠦᠷᠦᠭᠦᠯᠡᠨ ᠬᠡᠷᠡᠭᠵᠢᠭᠦᠯᠵᠣ ᠣᠷᠢᠳᠴᠢᠯᠠᠨ ᠳᠣᠷᠰᠢᠬᠤ ᠪᠣᠳᠣᠯᠭ᠎ᠠ ᠶᠢ ᠨᠠᠶᠢᠳᠠᠪᠣᠷᠢᠵᠢᠭᠤᠯᠬᠤ ᠶᠢ ᠲᠦᠯᠬᠢᠨ ᠠᠬᠢᠭᠤᠯᠬᠤ ᠳᠠᠯ᠎ᠠ ᠪᠠᠷ ᠬᠦᠷᠦᠯᠴᠡᠬᠦ ᠦᠬᠡᠢ ᠪᠠᠶᠢᠵᠣ ᠂ ᠳᠣᠷᠰᠢᠯᠳᠠ ᠶᠢᠨ ᠳᠣᠭᠤᠷᠢᠭ ᠤᠨ ᠪᠣᠳᠣᠯᠭ᠎ᠠ ᠶᠢᠨ ᠠᠰᠢᠭ ᠰᠢᠮ᠎ᠡ ᠶᠢ ᠬᠠᠷᠠᠬᠠᠨ ᠭᠦᠢᠴᠡᠳ ᠠᠰᠢᠭᠯᠠᠵᠣ ᠴᠢᠳᠠᠭ᠎ᠠ ᠦᠬᠡᠢ᠂ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠳᠠᠪᠠᠭᠤᠯᠢᠭ ᠪᠣᠯᠭᠠᠨ ᠬᠠᠷᠠᠬᠠᠨ ᠬᠤᠪᠢᠷᠠᠭᠤᠯᠵᠣ ᠴᠢᠳᠠᠭ᠎ᠠ ᠦᠬᠡᠢ ᠪᠠᠶᠢᠨ᠎ᠠ᠃ ᠭᠤᠷᠪᠠ ᠳᠤ᠂ ᠣᠯᠠᠨ ᠨᠡᠶᠢᠳᠡ ᠶᠢᠨ ᠦᠢᠯᠡᠴᠢᠯᠡᠭᠡ ᠬᠠᠷᠢᠴᠠᠩᠭᠤᠢ ᠬᠤᠴᠤᠷᠤᠩᠭᠤᠢ ᠪᠠᠶᠢᠨ᠎ᠠ᠃ ᠬᠤᠳᠠ ᠶᠢᠨ ᠶᠠᠪᠣᠳᠠᠯ ᠤᠨ ᠰᠠᠭᠤᠷᠢ ᠲᠦᠭᠦᠭᠡᠷᠦᠮᠵᠢ ᠶᠢᠨ ᠦᠷᠢ ᠣᠯᠠᠨ᠂ ᠬᠤᠳᠠ ᠶᠢᠨ ᠲᠦᠯᠦᠪᠵᠢᠭᠦᠯᠭᠡ ᠶᠢᠨ  ᠡᠷᠬᠡᠰᠢᠶᠡᠯᠲᠤ ᠴᠢᠨᠡᠷ ᠳᠣᠷᠣᠢ᠂ ᠬᠤᠳᠠ ᠶᠢᠨ ᠬᠠᠮᠢᠶᠠᠷᠣᠯᠳᠠ ᠨᠠᠷᠢᠯᠢᠭ ᠪᠣᠰᠣ︔ ᠰᠣᠷᠭᠠᠨ ᠬᠦᠮᠦᠵᠢᠯ᠂ ᠡᠮ ᠡᠮᠨᠡᠯᠭᠡ᠂ ᠳᠣᠯᠠᠭᠠᠨ ᠬᠠᠩᠭᠠᠯᠳᠠ᠂ ᠭᠡᠷ ᠠᠬᠤᠢ ᠶᠢᠨ ᠦᠢᠯᠡᠴᠢᠯᠡᠭᠡ ᠵᠡᠷᠭᠡ ᠣᠯᠠᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠦᠨᠳᠦᠷ ᠪᠣᠰᠣ᠂ ᠠᠷᠠᠳ ᠣᠯᠠᠨ ᠤ ᠱᠠᠭᠠᠷᠳᠠᠯᠭ᠎ᠠ ᠲᠠᠢ ᠪᠠᠰᠠ ᠳᠣᠩ ᠶᠡᠭᠡ ᠵᠦᠷᠢᠶ᠎ᠡ ᠣᠷᠣᠰᠢᠵᠣ ᠪᠠᠶᠢᠨ᠎ᠠ︔ ᠣᠰᠣᠨ ᠤ ᠡᠬᠢ ᠰᠣᠷᠪᠣᠯᠵᠢ ᠳᠣᠳᠠᠮᠠᠭ ᠪᠠᠶᠢᠭ᠎ᠠ ᠨᠢ ᠮᠦᠨᠴᠦ ᠪᠣᠭᠤᠮᠳᠠ ᠶᠢᠨ ᠠᠵᠣ ᠠᠬᠤᠢ ᠨᠡᠶᠢᠭᠡᠮ ᠤᠨ ᠬᠦᠭᠵᠢᠯᠳᠡ ᠶᠢ ᠬᠦᠯᠢᠶᠡᠰᠦᠯᠡᠵᠣ ᠪᠠᠶᠢᠭ᠎ᠠ ᠳᠣᠪᠣᠶᠢᠮ᠎ᠠ ᠪᠣᠭᠤᠮᠢ ᠬᠦᠯᠢᠶᠡᠰᠦᠯᠡᠯ ᠪᠣᠯᠣᠭᠰᠠᠭᠠᠷ ᠪᠠᠶᠢᠨ᠎ᠠ᠃ ᠲᠦᠷᠪᠡ ᠳᠤ᠂ ᠵᠠᠰᠠᠭ ᠤᠨ ᠣᠷᠳᠣᠨ ᠤ ᠬᠤᠪᠢ ᠪᠡᠶ᠎ᠡ ᠶᠢᠨ ᠪᠠᠶᠢᠭᠤᠯᠣᠯᠳᠠ ᠶᠢ ᠪᠠᠰᠠ ᠴᠢᠩᠭᠠᠳᠬᠠᠬᠤ ᠴᠢᠬᠤᠯᠠᠳᠠᠢ᠃ ᠨᠢᠭᠡ ᠪᠦᠯᠦᠭ ᠵᠠᠰᠠᠭ ᠤᠨ ᠣᠷᠳᠣᠨ ᠤ ᠰᠠᠯᠠᠭ᠎ᠠ ᠮᠦᠴᠢᠷ ᠨᠢ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠤ ᠵᠣᠬᠢᠴᠠᠬᠤ ᠦᠬᠡᠢ ᠪᠠᠶᠢᠵᠣ᠂ ᠰᠡᠳᠭᠢᠬᠦᠢ ᠣᠶᠢᠯᠠᠭᠠᠭᠳᠠᠬᠤᠨ᠂ ᠠᠷᠭ᠎ᠠ ᠬᠡᠯᠪᠡᠷᠢ ᠨᠢ ᠬᠠᠭᠤᠴᠢᠪᠳᠣᠷ᠂ ᠨᠠᠶᠢᠳᠠᠪᠣᠷᠢᠵᠢᠭᠤᠯᠬᠤ ᠴᠢᠳᠠᠪᠣᠷᠢ ᠪᠠᠨ ᠣᠯᠠᠮ ᠨᠢᠭᠡᠨ ᠠᠯᠬᠤᠮ ᠳᠡᠭᠡᠭᠰᠢᠯᠡᠭᠦᠯᠬᠦ ᠴᠢᠬᠤᠯᠠᠳᠠᠢ︔ ᠬᠡᠰᠡᠭ ᠵᠠᠷᠢᠮ ᠺᠠᠳ᠋ᠷ ᠤᠨ ᠬᠠᠦᠯᠢ ᠪᠠᠷ ᠵᠠᠰᠠᠬᠤ ᠣᠬᠠᠮᠰᠠᠷ᠂ ᠬᠠᠷᠢᠭᠤᠴᠠᠯᠭᠠᠳᠣ ᠣᠬᠠᠮᠰᠠᠷ ᠪᠠ ᠡᠭᠦᠷᠭᠡᠳᠣ ᠣᠬᠠᠮᠰᠠᠷ ᠰᠣᠯᠠ ᠳᠣᠷᠣᠢ ᠪᠠᠶᠢᠵᠣ᠂ ᠠᠵᠢᠯ ᠢᠶᠠᠨ ᠭᠦᠢᠴᠡᠳᠭᠡᠬᠦ ᠦᠬᠡᠢ ᠪᠣᠶᠣ ᠣᠳᠠᠭᠠᠨ ᠭᠦᠢᠴᠡᠳᠭᠡᠬᠦ ᠵᠡᠷᠭᠡ ᠵᠠᠯᠬᠠᠭᠤ ᠬᠤᠶᠢᠷᠭᠤ ᠦᠢᠯᠡ ᠠᠵᠢᠯᠯᠠᠭ᠎ᠠ ᠮᠦᠨᠴᠦ ᠣᠷᠣᠰᠢᠭᠰᠠᠭᠠᠷ ᠪᠠᠶᠢᠨ᠎ᠠ᠃ ᠡᠳᠡᠭᠡᠷ ᠢ ᠪᠢᠳᠡ ᠡᠷᠬᠡᠪᠰᠢ ᠴᠢᠬᠤᠯᠠᠴᠢᠯᠠᠨ ᠦᠵᠡᠵᠣ᠂ ᠬᠦᠴᠦᠲᠡᠢ ᠠᠷᠭ᠎ᠠ ᠬᠡᠮᠵᠢᠶ᠎ᠡ ᠠᠪᠴᠣ ᠨᠠᠷᠢᠨ ᠬᠢᠨᠠᠮᠠᠭᠠᠢ ᠰᠢᠢᠳᠪᠦᠷᠢᠯᠡᠬᠦ ᠴᠢᠬᠤᠯᠠᠳᠠᠢ᠃                                        2017 ᠣᠨ ᠤ ᠭᠤᠣᠯ ᠠᠵᠢᠯ        2017 ᠣᠨ ᠪᠣᠯ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠦᠯᠦᠪᠵᠢᠭᠦᠯᠭᠡ ᠶᠢᠨ ᠡᠮᠦᠨᠡᠬᠢ ᠶᠢ ᠵᠠᠯᠭᠠᠨ ᠬᠤᠶᠢᠨᠠᠬᠢ ᠳᠤ ᠣᠯᠠᠮᠵᠢᠯᠠᠬᠤ ᠴᠢᠬᠤᠯᠠ ᠨᠢᠭᠡ ᠵᠢᠯ᠂ ᠪᠦᠬᠦ ᠵᠢᠯ ᠤᠨ ᠡᠯ᠎ᠡ ᠲᠦᠷᠦᠯ ᠤᠨ ᠠᠵᠢᠯ ᠢ ᠰᠠᠶᠢᠳᠣᠷ ᠬᠢᠬᠦ ᠨᠢ ᠬᠦᠨᠳᠦ ᠴᠢᠬᠤᠯᠠ ᠠᠴᠢ ᠬᠤᠯᠪᠣᠭᠳᠠᠯ ᠲᠠᠢ ᠶᠣᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠠ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ᠂ ᠲᠦᠷᠪᠡᠳᠦᠭᠡᠷ᠂ ᠳᠠᠪᠣᠳᠣᠭᠠᠷ᠂ ᠵᠢᠷᠭᠤᠳᠣᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠲᠦᠪ ᠤᠨ ᠠᠵᠣ ᠠᠬᠤᠢ ᠶᠢᠨ ᠠᠵᠢᠯ ᠤᠨ ᠬᠤᠷᠠᠯᠳᠣᠭᠠᠨ᠂ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠠᠷᠪᠠᠳᠣᠭᠠᠷ ᠬᠤᠭᠤᠴᠠᠭᠠᠨ ᠤ ᠬᠤᠶᠠᠳᠣᠭᠠᠷ ᠣᠳᠠᠭᠠᠨ ᠤ ᠪᠦᠬᠦᠳᠡ ᠬᠡᠰᠢᠭᠦᠳ ︵ᠦᠷᠭᠡᠳᠭᠡᠭᠰᠡᠨ︶ ᠤᠨ ᠬᠤᠷᠠᠯ᠂ ᠬᠤᠳᠠ ᠶᠢᠨ ᠠᠷᠪᠠᠨ ᠭᠤᠷᠪᠠᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠪᠠ ᠠᠷᠪᠠᠨ ᠭᠤᠷᠪᠠᠳᠣᠭᠠᠷ ᠬᠤᠭᠤᠴᠠᠭᠠᠨ ᠤ ᠬᠤᠶᠠᠳᠣᠭᠠᠷ ᠣᠳᠠᠭᠠᠨ ᠤ ᠪᠦᠬᠦᠳᠡ ᠬᠡᠰᠢᠭᠦᠳ ︵ᠦᠷᠭᠡᠳᠭᠡᠭᠰᠡᠨ︶ ᠤᠨ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠳᠣᠣᠱᠯᠠᠭᠤᠯᠣᠨ᠂ ︽ᠳᠠᠪᠤ ᠶᠢ ᠨᠢᠭᠡ ᠴᠣᠭᠴᠠᠯᠠᠬᠤ︾ ᠶᠡᠷᠦᠩᠬᠡᠢ ᠪᠠᠶᠢᠷᠢᠯᠠᠭᠤᠯᠣᠯᠳᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠨᠢᠭᠡᠲᠦᠯᠲᠡᠢ ᠲᠦᠯᠬᠢᠨ ᠠᠬᠢᠭᠤᠯᠵᠣ᠂ ᠳᠣᠭᠳᠠᠭᠤᠨ ᠳᠣᠮᠳᠠ ᠬᠦᠭᠵᠢᠯᠳᠡ ᠶᠢ ᠡᠷᠢᠯᠬᠢᠯᠡᠬᠦ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ ᠣᠶᠢᠯᠠᠭᠠᠭᠳᠠᠬᠤᠨ ᠢ ᠪᠠᠳᠣᠳᠠᠢ ᠪᠣᠢ ᠪᠣᠯᠭᠠᠬᠤ ᠪᠠ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠠᠵᠣ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠨ ᠡᠵᠡᠮᠳᠡᠵᠣ ᠣᠳᠣᠷᠢᠳᠣᠨ ᠳᠠᠭᠠᠭᠤᠯᠣᠨ᠂ ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠣ᠂ ᠦᠯᠡᠭᠦᠦ ᠦᠢᠯᠡᠳᠪᠦᠷᠢᠯᠡᠯ ᠤᠨ ᠴᠢᠳᠠᠪᠬᠢ ᠶᠢ ᠬᠠᠰᠣᠨ᠂ ᠬᠦᠮᠦᠷᠭᠡᠯᠡᠨ ᠬᠠᠳᠠᠭᠠᠯᠠᠬᠤ ᠶᠢ ᠬᠠᠰᠣᠵᠣ᠂ ᠦᠷᠳᠡᠭ ᠢ ᠪᠠᠭᠤᠷᠠᠭᠤᠯᠣᠨ᠂ ᠳᠣᠳᠠᠭᠳᠠᠯ ᠢᠶᠠᠨ ᠨᠦᠬᠦᠪᠦᠷᠢᠯᠡᠬᠦ ᠵᠡᠷᠭᠡ ᠡᠯ᠎ᠡ ᠲᠦᠷᠦᠯ ᠤᠨ ᠠᠵᠢᠯ ᠢ ᠪᠦᠬᠦ ᠲᠠᠯ᠎ᠠ  ᠪᠠᠷ ᠰᠠᠶᠢᠳᠣᠷ ᠬᠢᠵᠣ᠂ ᠣᠯᠣᠰ ᠤᠨ ᠭᠤᠣᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠳᠡ ᠶᠢᠨ ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢᠨ ᠰᠢᠨ᠎ᠡ ᠬᠡᠪ ᠪᠠᠶᠢᠳᠠᠯ ᠢ ᠴᠢᠷᠮᠠᠶᠢᠨ ᠴᠣᠭᠴᠠᠯᠠᠨ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠣᠬᠤ ᠶᠢ ᠣᠭᠳᠣᠨ ᠠᠪᠴᠣ᠂ ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠳᠤ ᠪᠡᠯᠡᠭ ᠪᠣᠯᠭᠠᠶ᠎ᠠ᠃       ᠭᠤᠣᠯ ᠣᠷᠢᠳᠴᠢᠯᠠᠭᠰᠠᠨ ᠬᠠᠷᠠᠯᠳᠠ ᠪᠣᠯ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 119.7 ᠳ᠋ᠦᠩᠰᠢᠭᠤᠷ ᠲᠦᠭᠦᠷᠢᠭ ᠢ ᠪᠡᠶᠡᠯᠡᠭᠦᠯᠵᠣ᠂ 9% ᠪᠠᠷ ᠦᠰᠭᠡᠨ᠎ᠡ︔ ᠡᠩ ᠤᠨ ᠣᠯᠠᠨ ᠨᠡᠶᠢᠳᠡ  ᠶᠢᠨ ᠲᠦᠰᠦᠪ ᠤᠨ ᠣᠷᠣᠯᠭ᠎ᠠ ᠶᠢ 6.22 ᠳ᠋ᠦᠩᠰᠢᠭᠤᠷ ᠲᠦᠭᠦᠷᠢᠭ ᠬᠦᠷᠭᠡᠵᠣ᠂ 7% ᠪᠠᠷ ᠦᠰᠭᠡᠨ᠎ᠡ︔ ᠪᠦᠬᠦ ᠨᠡᠶᠢᠭᠡᠮ ᠤᠨ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ 48.3 ᠳ᠋ᠦᠩᠰᠢᠭᠤᠷ ᠲᠦᠭᠦᠷᠢᠭ ᠬᠦᠷᠭᠡᠵᠣ᠂ 15% ᠪᠠᠷ ᠦᠰᠭᠡᠨ᠎ᠡ︔ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠣᠷᠣᠯᠠᠭᠤᠯᠬᠤ ᠶᠡᠷᠦᠩᠬᠡᠢ ᠦᠷᠲᠡᠭ ᠢ 37.3 ᠳ᠋ᠦᠩᠰᠢᠭᠤᠷ ᠲᠦᠭᠦᠷᠢᠭ ᠬᠦᠷᠭᠡᠵᠣ᠂ 10% ᠪᠠᠷ ᠦᠰᠭᠡᠨ᠎ᠡ︔ ᠬᠢᠯᠢ ᠪᠠᠷ ᠣᠷᠣᠭᠤᠯᠵᠣ ᠭᠠᠷᠭᠠᠬᠤ ᠪᠠᠷᠠᠭ᠎ᠠ ᠳᠡᠭᠡᠭᠡᠪᠦᠷᠢ ᠶᠢᠨ ᠬᠡᠮᠵᠢᠶ᠎ᠡ ᠶᠢ 1470 ᠲᠦᠮᠡᠨ ᠳᠣᠨ ᠬᠦᠷᠭᠡᠵᠣ᠂ 2.4% ᠪᠠᠷ ᠦᠰᠭᠡᠨ᠎ᠡ︔ ᠪᠦᠬᠦ ᠰᠠᠭᠤᠭᠠᠯᠢ ᠠᠷᠠᠳ ᠤᠨ ᠬᠦᠮᠦᠨ ᠳᠣᠮᠳᠠᠴᠢ ᠡᠵᠡᠮᠳᠡᠵᠣ ᠪᠣᠯᠬᠤ ᠣᠷᠣᠯᠭ᠎ᠠ ᠶᠢ 44798 ᠲᠦᠭᠦᠷᠢᠭ ᠬᠦᠷᠭᠡᠵᠣ᠂ 8% ᠪᠠᠷ ᠦᠰᠭᠡᠨ᠎ᠡ᠃      ᠳᠡᠭᠡᠷᠡᠬᠢ ᠬᠠᠷᠠᠯᠳᠠ ᠡᠭᠦᠷᠭᠡ ᠶᠢ ᠪᠡᠶᠡᠯᠡᠭᠦᠯᠬᠦ ᠳᠤ᠂ ᠭᠤᠣᠯᠳᠠᠭᠤ ᠳᠣᠣᠷᠠᠬᠢ ᠳᠠᠪᠣᠨ ᠳᠠᠯ᠎ᠠ ᠶᠢᠨ ᠠᠵᠢᠯ ᠢ ᠰᠠᠶᠢᠳᠣᠷ ᠬᠢᠬᠦ ᠬᠡᠷᠡᠭᠳᠡᠢ᠄      ᠨᠢᠭᠡ᠂ ᠬᠦᠭᠵᠢᠭᠦᠯᠦᠯᠳᠡ ᠨᠡᠭᠡᠭᠡᠯᠳᠡ ᠶᠢᠨ ᠲᠦᠪᠰᠢᠨ ᠢ ᠬᠦᠴᠦ ᠳᠠᠯᠪᠢᠨ ᠳᠡᠭᠡᠭᠰᠢᠯᠡᠭᠦᠯᠵᠣ᠂ ᠳᠣᠷᠰᠢᠯᠳᠠ  ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠲᠦᠯᠬᠢᠨ ᠠᠬᠢᠭᠤᠯᠣᠬᠤ ᠳᠡᠭᠡᠷ᠎ᠡ ᠰᠢᠨ᠎ᠡ ᠰᠢᠪᠳᠣᠯᠣᠯᠳᠠ ᠶᠢ ᠪᠡᠶᠡᠯᠡᠭᠦᠯᠦᠨ᠎ᠡ      ᠳᠣᠷᠰᠢᠯᠳᠠ ᠶᠢᠨ ᠳᠣᠭᠤᠷᠢᠭ ᠤᠨ ᠲᠦᠷᠦᠭᠦᠯᠡᠨ ᠬᠡᠷᠡᠭᠵᠢᠭᠦᠯᠵᠣ ᠣᠷᠢᠳᠴᠢᠯᠠᠨ ᠳᠣᠷᠰᠢᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠣᠨ᠎ᠠ᠃ ᠬᠢᠯᠢ ᠳᠠᠭᠠᠣ ᠭᠤᠣᠯᠳᠠᠯᠭ᠎ᠠ ᠲᠠᠢ ᠭᠠᠵᠠᠷ ᠣᠷᠣᠨ ᠤ ᠬᠦᠭᠵᠢᠭᠦᠯᠦᠯᠳᠡ ᠨᠡᠭᠡᠭᠡᠯᠳᠡ ᠶᠢ ᠳᠡᠮᠵᠢᠬᠦ ᠲᠣᠬᠠᠢ ᠲᠦᠷᠦ ᠶᠢᠨ ᠶᠠᠪᠣᠳᠠᠯ ᠤᠨ ᠬᠤᠷᠢᠶ᠎ᠠ ᠶᠢᠨ ᠡᠳᠦᠢ ᠲᠡᠳᠦᠢ ᠰᠠᠨᠠᠯ ᠪᠠ ᠡᠷᠢᠶᠡᠨ ᠬᠤᠳᠠ ᠶᠢᠨ ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠳᠡᠮᠵᠢᠬᠦ ᠳᠣᠬᠠᠢ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠢ ᠳᠡᠳᠦᠢ ᠰᠠᠨᠠᠯ ᠵᠡᠷᠭᠡ ᠰᠢᠷᠢᠰ ᠪᠢᠴᠢᠭ ᠮᠠᠲ᠋ᠧᠷᠢᠶᠠᠯ ᠢ ᠳᠣᠣᠱᠯᠠᠭᠤᠯᠣᠨ ᠨᠠᠶᠢᠳᠠᠪᠣᠷᠢᠵᠢᠭᠤᠯᠬᠤ ᠶᠢ ᠪᠦᠬᠦ ᠳᠠᠯ᠎ᠠ ᠪᠠᠷ ᠠᠳᠬᠤᠵᠣ᠂ ᠣᠯᠣᠰ ᠤᠨ ᠬᠠᠮᠢᠶ᠎ᠠ ᠪᠦᠬᠦᠢ ᠶᠠᠮᠣᠨ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠢᠩᠬᠢᠮ ᠳᠣᠪᠴᠢᠶ᠎ᠠ ᠶᠢᠨ ᠢᠵᠢ ᠪᠦᠷᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠣᠨ᠎ᠠ᠃ ︽ᠭᠤᠷᠪᠠᠨ ᠬᠠᠷᠢᠯᠴᠠᠨ ᠬᠠᠮᠳᠣᠷᠠᠬᠤ︾ ᠪᠣᠭᠤᠮᠳᠠ ᠨᠡᠪᠳᠡᠷᠡᠯᠳᠡ ᠶᠢᠨ ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠣ᠂ ᠵᠠᠰᠠᠮᠠᠯ ᠵᠠᠮ ᠤᠨ ᠪᠣᠭᠤᠮᠳᠠ ᠶᠢᠨ ᠪᠠᠷᠠᠭ᠎ᠠ ᠳᠡᠭᠡᠭᠡᠪᠦᠷᠢ ᠶᠢᠨ ᠭᠠᠷᠣᠴᠠ ᠶᠢᠨ ᠬᠤᠶᠠᠳᠣᠭᠠᠷ᠂ ᠭᠤᠷᠪᠠᠳᠣᠭᠠᠷ ᠱᠠᠳᠣᠨ ᠤ ᠳᠣᠷᠰᠢᠯᠳᠠ  ᠶᠢᠨ ᠴᠡᠭ ᠤᠨ ᠡᠭᠦᠷᠭᠡ ᠶᠢ ᠪᠡᠶᠡᠯᠡᠭᠦᠯᠦᠨ᠎ᠡ᠃ ᠣᠯᠠᠨ ᠣᠯᠣᠰ ᠤᠨ ᠠᠷᠠᠯᠵᠢᠶ᠎ᠠ ᠶᠢᠨ ︽ᠳᠠᠩ ᠭᠠᠭᠴᠠ ᠴᠣᠩᠬᠤ︾  ᠶᠢᠨ ᠪᠦᠲᠦᠭᠡᠨ ᠪᠠᠶᠢᠭᠤᠯᠣᠯᠳᠠ ᠶᠢ ᠢᠳᠡᠪᠬᠢᠲᠡᠢ ᠲᠦᠯᠬᠢᠨ ᠠᠬᠢᠭᠤᠯᠵᠣ᠂ ᠪᠣᠭᠤᠮᠳᠠ ᠶᠢᠨ ᠪᠣᠭᠤᠮᠳᠠ ᠨᠡᠪᠳᠡᠷᠡᠭᠦᠯᠬᠦ  ᠶᠢ ᠬᠢᠨᠠᠨ ᠡᠷᠬᠡᠰᠢᠶᠡᠬᠦ ᠣᠳᠣᠷᠢᠳᠬᠤ ᠰᠢᠰᠲ᠋ᠧᠮ ᠪᠠ ᠣᠯᠠᠨ ᠨᠡᠶᠢᠳᠡ ᠶᠢᠨ ᠮᠡᠳᠡᠭᠡ ᠵᠠᠩᠬᠢ ᠶᠢᠨ ᠳᠠᠪᠴᠠᠩ ᠤᠨ ᠪᠠᠶᠢᠭᠤᠯᠣᠯᠳᠠ ᠶᠢ ᠳᠡᠭᠦᠯᠳᠡᠷᠵᠢᠭᠦᠯᠦᠨ᠂ ᠪᠣᠭᠤᠮᠳᠠ ᠶᠢᠨ ᠬᠠᠦᠯᠢ ᠬᠡᠷᠡᠭᠵᠢᠭᠦᠯᠬᠦ ᠦᠷ᠎ᠡ ᠪᠦᠲᠦᠮᠵᠢ ᠪᠠ ᠬᠢᠨᠠᠯᠳᠠ ᠬᠠᠮᠢᠶᠠᠷᠣᠯᠳᠠ ᠶᠢᠨ ᠬᠦᠴᠦᠨ ᠴᠢᠳᠠᠯ ᠢ ᠣᠯᠠᠮ ᠨᠢᠭᠡᠨ ᠠᠯᠬᠤᠮ ᠳᠡᠭᠡᠭᠰᠢᠯᠡᠭᠦᠯᠪᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠦᠯᠢ ᠬᠡᠷᠡᠭᠵᠢᠭᠦᠯᠬᠦ ᠪᠠᠶᠢᠭᠤᠯᠣᠮᠵᠢ ᠶᠢᠨ ᠦᠭᠡᠷᠡᠴᠢᠯᠡᠯᠳᠡ ᠶᠢᠨ ᠳᠣᠷᠰᠢᠯᠳᠠ ᠶᠢᠨ ᠴᠡᠭ ᠢ ᠯᠠᠪᠳᠠᠭᠤᠨ ᠪᠠᠳᠣᠳᠠᠢ ᠲᠦᠯᠬᠢᠨ ᠠᠬᠢᠭᠤᠯᠵᠣ᠂ ᠬᠠᠦᠯᠢ ᠬᠡᠷᠡᠭᠵᠢᠭᠦᠯᠬᠦ ᠪᠠᠶᠢᠭᠤᠯᠣᠮᠵᠢ ᠶᠢ ᠨᠢᠭᠡᠳᠭᠡᠨ ᠴᠣᠮᠬᠠᠳᠬᠠᠨ᠂ ᠬᠠᠮᠢᠶ᠎ᠠ ᠪᠦᠬᠦᠢ ᠬᠦᠷᠢᠶᠡᠨ ᠤ ᠦᠭᠡᠷᠡᠴᠢᠯᠡᠯᠳᠡ ᠶᠢᠨ ᠡᠭᠦᠷᠭᠡ ᠶᠢ ᠵᠢᠯ ᠳᠣᠳᠣᠷ᠎ᠠ ᠳᠠᠭᠤᠰᠬᠠᠨ᠎ᠠ᠃ ᠳᠣᠮᠳᠠᠳᠣ ᠮᠣᠩᠭᠤᠯ ᠤᠨ ᠮᠦᠩᠭᠦᠨ ᠭᠦᠢᠯᠭᠡᠭᠡᠨ ᠤ ᠬᠠᠮᠳᠣ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠪᠠᠳᠣᠳᠬᠠᠨ᠂ ᠲᠦᠭᠰᠢᠭᠦᠷᠢ ᠶᠢᠨ ᠬᠠᠮᠢᠶᠠᠷᠣᠯᠳᠠ ᠶᠢᠨ ᠠᠵᠢᠯ ᠢ ᠴᠢᠩᠭᠠᠳᠬᠠᠵᠣ᠂ ᠳᠣᠮᠳᠠᠳᠣ ᠮᠣᠩᠭᠤᠯ ᠤᠨ ᠮᠦᠩᠭᠦᠨ ᠭᠦᠢᠯᠭᠡᠭᠡᠨ ᠤ ᠳᠣᠭᠠᠴᠠᠭ᠎ᠠ ᠪᠣᠳᠣᠬᠤ ᠦᠢᠯᠡᠴᠢᠯᠡᠭᠡ ᠶᠢ ᠦᠷᠭᠡᠳᠭᠡᠨ᠂ ᠳᠣᠭᠳᠠᠭᠤᠨ ᠭᠤᠪᠢᠭᠤᠯᠣᠮᠵᠢ ᠪᠦᠷᠢᠯᠳᠦᠬᠦ ᠳᠣᠭᠳᠠᠯᠴᠠᠭ᠎ᠠ ᠶᠢ ᠢᠳᠡᠪᠬᠢᠲᠡᠢ ᠬᠠᠶᠢᠨ ᠪᠠᠶᠢᠭᠤᠯᠵᠣ᠂ ᠮᠦᠩᠭᠦᠨ ᠭᠦᠢᠯᠭᠡᠭᠡᠨ ᠤ ᠪᠦᠲᠦᠭᠡᠭᠳᠡᠭᠦᠨ ᠤ ᠦᠢᠯᠡᠴᠢᠯᠡᠭᠡ ᠳᠤ ᠰᠢᠨ᠎ᠡ ᠶᠢ ᠡᠭᠦᠳᠦᠨ᠂ ᠬᠢᠯᠢ ᠠᠯᠣᠰᠯᠠᠭᠰᠠᠨ ᠳᠠᠭᠠᠳᠬᠠᠯ ᠤᠨ ᠠᠵᠢᠯ ᠤᠨ ᠬᠠᠮᠳᠣ ᠶᠢᠨ ᠠᠵᠢᠯᠯᠠᠭ᠎ᠠ ᠶᠢ ᠲᠦᠯᠬᠢᠨ ᠠᠬᠢᠭᠤᠯᠵᠣ᠂ ᠳᠣᠮᠳᠠᠳᠣ ᠮᠣᠩᠭᠤᠯ ᠤᠨ ᠮᠦᠩᠭᠦᠨ ᠭᠦᠢᠯᠭᠡᠭᠡᠨ ᠤ ᠬᠠᠮᠳᠣ ᠶᠢᠨ ᠠᠵᠢᠯᠯᠠᠭ᠎ᠠ ᠶᠢᠨ ᠲᠦᠪᠰᠢᠨ ᠢ ᠳᠠᠰᠣᠷᠠᠯᠳᠠ ᠦᠬᠡᠢ ᠳᠡᠭᠡᠭᠰᠢᠯᠡᠭᠦᠯᠪᠡ᠃ ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢᠨ ᠪᠠᠶᠢᠴᠠᠭᠠᠨ ᠰᠣᠳᠣᠯᠵᠣ ᠦᠨᠡᠯᠡᠭᠡ ᠭᠡᠷᠡᠴᠢᠯᠡᠭᠡ ᠬᠢᠬᠦ ᠠᠵᠢᠯ ᠢ ᠲᠦᠷᠭᠡᠳᠭᠡᠵᠣ᠂ ᠱᠠᠩᠬᠠᠢ᠂ ᠲᠢᠶᠡᠨᠵᠢᠨ ᠤ ᠴᠢᠯᠦᠭᠡᠳᠣ ᠬᠤᠳᠠᠯᠳᠣᠭᠠᠨ ᠤ ᠳᠣᠭᠤᠷᠢᠭ ᠤᠨ ᠠᠮᠵᠢᠯᠳᠠ ᠲᠠᠢ ᠳᠣᠷᠰᠢᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠣᠷᠢᠳᠠᠢ  ᠬᠡᠷᠡᠭᠵᠢᠭᠦᠯᠦᠭᠳᠡᠬᠦ ᠶᠢ ᠲᠦᠷᠭᠡᠳᠭᠡᠨ᠂ ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢᠨ ︽ᠡᠷᠢᠶᠡᠨ ᠤ ᠳᠣᠷᠰᠢᠯᠭ᠎ᠠ︾ ᠶᠢ ᠶᠡᠷᠦᠩᠬᠡᠶᠢᠯᠡᠨ ᠳᠡᠯᠭᠡᠷᠡᠭᠦᠯᠬᠦ ᠶᠢ ᠲᠦᠷᠭᠡᠳᠭᠡᠵᠣ᠂ ᠡᠷᠢᠶᠡᠨ ᠪᠣᠭᠤᠮᠳᠠ ᠶᠢ ᠦᠨᠡᠨᠬᠦ ︽ᠳᠣᠷᠰᠢᠯᠳᠠ ᠶᠢᠨ ᠳᠠᠷᠢᠶ᠎ᠠ︾ ︽ ᠳᠡᠯᠭᠡᠷᠡᠭᠦᠯᠬᠦ ᠦᠷᠳᠡᠭᠡ︾ ᠪᠣᠯᠭᠠᠨ᠎ᠠ᠃        ᠣᠳᠣᠷᠢᠳᠣᠮᠵᠢ ᠶᠢᠨ ᠴᠢᠨᠠᠷᠳᠠᠢ ᠢᠨᠵᠧᠨᠧᠷᠢᠩ ᠪᠦᠳᠦᠭᠡᠨ ᠪᠠᠶᠢᠭᠤᠯᠤᠯᠳᠠ   ᠶᠢ ᠲᠦᠯᠬᠢᠨ ᠠᠬᠢᠭᠤᠯᠤᠨ᠎ᠠ᠃ ᠵᠢᠯ ᠤᠨ ᠲᠤᠳᠤᠷ᠎ᠠ ᠲᠤᠮᠳᠠᠳᠤ  ᠮᠤᠩᠭᠤᠯ ᠤᠯᠤᠰ ᠤᠨ ᠵᠠᠰᠠᠭ ᠤᠨ ᠤᠷᠳᠤᠨ ︽ᠡᠷᠢᠶᠠᠨ — ᠵᠠᠮ ᠤᠨ ᠡᠭᠦᠳᠠ  ᠶᠢᠨ ᠳᠤᠮᠳᠠᠳᠤ ᠮᠤᠩᠭᠤᠯ ᠤᠨ ᠬᠢᠯᠢ ᠠᠯᠤᠰᠯᠠᠭᠰᠡᠨ ᠠᠵᠤ ᠠᠬᠤᠢ ᠶᠢᠨ ᠬᠠᠮᠳᠣᠷᠠᠯᠴᠠᠭᠠᠨ ᠤ ᠲᠤᠭᠤᠷᠢᠭ ᠢ ᠪᠦᠳᠦᠭᠡᠨ ᠪᠠᠶᠢᠭᠤᠯᠬᠤ  ᠬᠡᠯᠡᠯᠴᠭᠡᠷ  ︾ ᠲᠤ ᠭᠠᠷ ᠤᠨ ᠦᠰᠦᠭ ᠵᠢᠷᠤᠬᠤ ᠶᠢ ᠲᠦᠯᠬᠢᠨ ᠠᠬᠢᠭᠤᠯᠵᠤ᠂ ppp ᠬᠡᠯᠪᠠᠷᠢ ᠪᠠᠷ ᠲᠠᠮᠵᠢᠨ ᠪᠡᠯᠡ ᠬᠤᠷᠠᠮᠳᠠᠭᠤᠯᠤᠨ ᠲᠦᠷᠢᠶᠡᠰᠤᠯᠡᠬᠦ᠂ ᠠᠵᠤ ᠦᠢᠯᠡᠰ ᠤᠨ ᠰᠠᠭᠤᠷᠢ ᠮᠦᠩᠭᠦ ᠶᠢ ᠲᠡᠮᠡᠴᠠᠨ ᠤᠯᠬᠤ ᠵᠡᠷᠭᠡ ᠠᠷᠭ᠎ᠠ ᠬᠡᠯᠪᠠᠷᠢ ᠶᠢ ᠦᠷᠭᠡᠳᠬᠡᠬᠦ ᠴᠢᠳᠠᠪᠬᠢ ᠶᠢ ᠳᠡᠭᠡᠭᠰᠢᠯᠡᠭᠦᠯᠦᠨ᠎ᠡ  ᠃ ᠵᠢᠯ ‍ᠣᠨ‌‍ᠲ᠋ᠤᠳᠤᠷ᠎ᠠ ᠤᠰᠤ ᠭᠠᠳᠠᠭᠰᠢᠯᠭᠤᠯᠬᠤ ᠬᠤᠭᠤᠯᠠᠢ   ᠶᠢᠨ ᠢᠨᠵᠧᠨᠧᠷᠢᠩ ᠤᠨ  ᠪᠦᠳᠦᠭᠡᠨ ᠪᠠᠶᠢᠭᠤᠯᠤᠯᠤᠳᠠ‌‍ᠶᠢ ᠪᠡᠶᠡᠯᠡᠭᠦᠯᠵᠤ  ᠭᠤᠤᠯᠳᠠᠯᠭ᠎ᠠ ᠲᠠᠢ ᠤᠷᠤᠨ ᠤ ᠵᠠᠮ ᠰᠤᠭᠤᠮ᠂ ᠤᠰᠤ ᠭᠠᠳᠠᠭᠰᠢᠯᠠᠭᠤᠯᠬᠤ᠂ ᠲᠤᠯᠠᠭᠠᠯᠭ᠎ᠠ ᠬᠠᠩᠭᠠᠬᠤ ᠵᠡᠷᠭᠡ ᠰᠠᠭᠤᠷᠢ  ᠲᠦᠬᠦᠭᠡᠷᠤᠮᠵᠢ ᠶᠢᠨ ᠪᠦᠳᠦᠬᠡᠨ  ᠪᠠᠶᠢᠭᠤᠯᠤᠯᠳᠠ‌‍ᠶᠢ ᠲᠤᠷᠭᠡᠳᠬᠡᠵᠤ᠂  ᠶᠡᠷᠤᠩᠬᠡᠶᠢᠯᠡᠭᠰᠡᠨ ᠬᠤᠭᠤᠯᠠᠢ ᠬᠤᠩᠬᠢᠯ᠂ ᠪᠠᠷᠢᠮᠵᠢᠶᠠᠯᠠᠭᠰᠡᠨ ᠦᠢᠯᠡᠳᠪᠤᠷᠢ ᠶᠢᠨ ᠲᠠᠰᠤᠭ ᠵᠡᠷᠭᠡ ᠲᠦᠷᠤᠯ ᠵᠦᠢᠯ ᠢ ᠪᠦᠳᠦᠭᠡᠨ ᠪᠠᠶᠢᠭᠤᠯᠵᠤ᠂ ᠤᠯᠤᠰ ‍ᠣᠨ‌‍ᠲ᠋ᠤᠳᠤᠭᠠᠳᠤ ᠭᠠᠳᠠᠭᠠᠳᠤ ᠶᠢᠨ ᠠᠷᠠᠯᠵᠢᠶᠠᠴᠢᠳ‌ᠢ ᠤᠷᠢᠨ ᠠᠪᠴᠢᠷᠠᠨ᠎ᠠ᠃ ᠦᠪᠡᠷᠳᠡᠭᠡᠨ ᠵᠠᠰᠠᠬᠤ ᠤᠷᠤᠨ  ᠤ ᠲᠤᠷᠠᠳᠤᠨ ᠭᠠᠷᠭᠠᠬᠰᠡᠨ‌‍ᠬᠢᠯᠢ ᠶᠢᠨ ᠠᠷᠠᠯᠵᠢᠶᠠᠨ ᠤ ᠲᠤᠭᠤᠷᠢᠭ ᠤᠨ ᠬᠠᠮᠢᠶᠠᠷᠤᠯᠳᠠ‌‍ᠣᠨ ᠠᠷᠭ᠎ᠠ ᠶᠢ ᠲᠦᠯᠬᠢᠨ ᠠᠬᠢᠭᠤᠯᠵᠤ᠂ ᠤᠷᠤᠰ ᠵᠢᠴᠢ ᠭᠤᠷᠪᠠᠳᠠᠭᠴᠢ ᠣᠯᠣᠰ ᠤᠨ ᠪᠦᠳᠦᠭᠡᠭᠳᠡᠭᠦᠨ ᠢ ᠲᠤᠭᠤᠷᠢᠭ ᠲᠤ ᠤᠷᠤᠭᠤᠯᠤᠨ ᠰᠤᠯᠢᠯᠴᠠᠭ᠎ᠠ ᠬᠢᠭᠦ ᠶᠢ ᠤᠯᠤᠰ ᠠᠴᠠ ᠴᠠᠷᠮᠠᠶᠢᠨ ᠵᠦᠪᠰᠢᠶᠡᠷᠡᠭᠦᠯᠬᠦ ᠶᠢᠨ ᠬᠠᠮᠳᠤ ᠭᠠᠶᠢᠯᠢ ᠭᠡᠯᠳᠦᠷᠢᠭᠦᠯᠭᠦ ᠨᠤᠷᠮ᠎ᠠ ᠶᠢ ᠲᠡᠭᠡᠭᠰᠢᠯᠡᠭᠦᠯᠵᠤ᠂ ᠬᠢᠯᠢ ᠵᠢᠨ‌ᠢᠷᠭᠡᠳ ᠤᠨ ᠬᠤᠳᠠᠯᠳᠤᠭᠠᠨ ᠤ ᠲᠤᠭᠤᠷᠢᠭ ᠤᠨ ᠬᠤᠳᠠᠯᠳᠤᠭᠠᠨ ᠤ ᠪᠦᠳᠦᠭᠡᠭᠳᠡᠭᠦᠨ ᠤ ᠲᠦᠰᠤᠪ ᠤᠨ ᠬᠠᠮᠢᠶᠠᠷᠤᠯᠳᠠ ᠶᠢ ᠲᠦᠯᠬᠢᠨ ᠠᠬᠢᠭᠤᠯᠤᠨ᠎ᠠ᠃ ᠬᠢᠯᠢ ᠤᠨ ᠠᠷᠠᠳ ᠤᠨ ᠬᠤᠳᠠᠯᠳᠤᠭᠠᠨ ᠤ ᠲᠤᠭᠤᠷᠢᠭ  ᠤᠨ ᠭᠠᠶᠢᠯᠢ ᠶᠢᠨ ᠪᠠᠳᠤᠯᠭᠠᠳᠤ ᠰᠠᠩ ᠬᠦᠮᠦᠷᠭᠡ ᠶᠢ ᠦᠳᠳᠦᠷ ᠪᠦᠳᠦᠭᠡᠨ ᠪᠠᠶᠢᠭᠤᠯᠵᠤ  ᠂ ᠲᠤᠮᠳᠠᠳᠤ ᠮᠤᠩᠭᠤᠯ ‍ᠣᠨ‌ᠠᠵᠤ ᠠᠬᠤᠶᠢᠯᠠᠯ᠂ ᠬᠤᠳᠠᠯᠳᠤᠭᠠᠨ ᠤ ᠡᠷᠤᠭᠡ   ᠶᠢ ᠤᠷᠢᠨ ᠤᠷᠤᠯᠴᠠᠭᠤᠯᠵᠤ᠂ ᠬᠢᠯᠢ ᠶᠢᠨ ᠠᠷᠠᠳ ᠤᠨ ᠬᠤᠳᠠᠯᠳᠤᠭᠠᠨ ᠤ ᠲᠤᠭᠤᠷᠢᠭ ᠢ ᠨᠡᠭᠡᠭᠡᠨ ᠬᠦᠭᠵᠢᠭᠦᠯᠦᠨ᠎ᠠ᠃       ᠰᠠᠭᠤᠷᠢ ᠲᠦᠬᠡᠷᠦᠭᠦᠮᠵᠢ ᠶᠢ ᠬᠠᠷᠢᠯᠴᠠᠨ ᠬᠤᠯᠪᠤᠵᠤ ᠬᠠᠷᠢᠯᠴᠠᠨ ᠨᠡᠭᠡᠭᠡᠨ ᠬᠦᠭᠵᠢᠭᠦᠯᠬᠦ ᠶᠢ ᠠᠬᠢᠭᠤᠯᠤᠨ᠎ᠠ᠃  ᠡᠷᠢᠶᠠᠨ ᠮᠠᠨᠳᠤᠯᠠᠲᠤ ᠱᠤᠭᠤᠮ ᠤᠨ ᠵᠠᠰᠠᠮᠠᠯ ᠵᠠᠮ ᠢ ᠪᠦᠳᠦᠭᠡᠨ ᠪᠠᠶᠢᠭᠤᠯᠵᠤ ᠲᠡᠷᠭᠡ ᠨᠡᠪᠳᠡᠷᠡᠭᠦ   ᠶᠢ ᠢᠳᠡᠪᠬᠢᠳᠠᠢ ᠲᠦᠯᠬᠢᠨ ᠠᠬᠢᠭᠤᠯᠵᠤ᠂ ᠣᠯᠣᠰ ᠤᠨ331 ᠵᠠᠮ ᠱᠤᠭᠤᠮ ᠡᠷᠢᠶᠠᠨ ᠠᠴᠠ ᠠᠶᠢᠷᠠᠭ ᠰᠦᠮ᠎ᠠ ᠭᠦᠷᠭᠦ ᠵᠠᠰᠠᠮᠠᠯ ᠵᠠᠮ᠂ ᠡᠷᠢᠶᠠᠨ  ᠭᠤᠸᠠᠩᠵᠸᠤ ᠵᠠᠮ ᠱᠤᠭᠤᠮ᠂ ᠡᠷᠢᠶᠠᠨ ᠰᠠᠶᠢᠬᠠᠨᠳᠠᠯ᠎ᠠ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠤᠨ ᠲᠦᠷᠣᠯ ᠵᠦᠢᠯ ᠢ ᠪᠦᠳᠦᠭᠡᠨ ᠪᠠᠶᠢᠭᠤᠯᠤᠨ᠎ᠠ᠃ ᠮᠦᠨᠴᠦ ᠪᠦᠬᠦ ᠬᠦᠴᠤᠨ ᠢᠶᠠᠷ ᠢᠶᠠᠨ ᠵᠢᠨᠢᠩ ᠡᠷᠢᠶᠠᠨ ᠲᠠᠮᠦᠷ ᠵᠠᠮ ᠢ ᠦᠷᠭᠡᠳᠬᠡᠬᠦ ᠪᠤᠯᠤᠨ ᠲᠡᠮᠦᠷ ᠵᠠᠮ ᠤᠨ ᠦᠷᠳᠡᠭᠡ ᠶᠢ ᠰᠢᠨᠡᠴᠢᠯᠠᠠ ᠵᠠᠰᠠᠬᠤ ᠲᠦᠷᠦᠯ ᠵᠦᠢᠯ ᠢ ᠪᠠᠷᠢᠯᠭ᠎ᠠ ᠡᠬᠢᠯᠡᠭᠦᠯᠵᠤ ᠪᠦᠳᠦᠭᠡᠨ ᠪᠠᠶᠢᠭᠤᠯᠤᠨ᠎ᠠ᠃ ᠡᠷᠢᠶᠠᠨ ᠠᠴᠠ ᠤᠯᠠᠭᠠᠡᠭᠦᠳᠠ ᠬᠦᠷᠬᠦ ᠲᠦᠷ ᠴᠠᠭ ᠤᠨ ᠤᠯᠤᠰ ᠤᠨ ᠠᠭᠠᠷ ᠠᠶᠠᠯᠠᠯ  ᠤᠨ ᠱᠤᠭᠤᠮ ᠢ ᠲᠠᠰᠤᠷᠠᠯᠳᠠ ᠦᠭᠡᠢ ᠦᠷᠭᠦᠯᠵᠢᠯᠠᠨ ᠨᠡᠪᠳᠡᠷᠡᠭᠦᠯᠵᠤ᠂ ᠤᠷᠤᠰ ᠤᠨ ᠢᠷᠺᠤᠽᠺ᠂ ᠤᠯᠠᠭᠠᠡᠭᠦᠳᠠ ᠬᠦᠷᠬᠦ ᠲᠦᠷ ᠴᠠᠭ ᠤᠨ ᠠᠭᠠᠷ ᠠᠶᠠᠯᠠᠯ ᠤᠨ  ᠱᠤᠭᠤᠮ ᠢ ᠨᠡᠭᠡᠭᠡᠵᠤ ᠲᠢᠶᠠᠨᠵᠢᠨ᠂ ᠳ᠋ᠠᠯᠢᠶᠠᠨ᠂ ᠲᠠᠶᠢᠶᠥᠸᠠᠨ ᠬᠦᠷᠬᠦ ᠤᠯᠤᠰ ᠤᠨ ᠲᠤᠳᠤᠭᠠᠳᠤ ᠤᠨ ᠠᠭᠠᠷ ᠠᠶᠠᠯᠠᠯ ᠤᠨ ᠱᠤᠭᠤᠮ ᠢ ᠲᠦᠯᠬᠢᠨ ᠤᠷᠤᠭᠰᠢᠯᠠᠭᠤᠯᠵᠤ᠂ ᠤᠯᠠᠨ ᠤᠯᠤᠰ ᠤᠨ ᠠᠭᠠᠷ ᠠᠶᠠᠯᠠᠯ ‍ᠣᠨ‌‍ᠪᠤᠭᠤᠮᠳᠠ ᠶᠢᠨ ᠵᠦᠪᠰᠢᠶᠡᠷᠠᠯ ᠤᠯᠬᠤ ᠳᠤ ᠪᠠᠳᠤ ᠰᠠᠭᠤᠷᠢ ᠲᠠᠯᠪᠢᠭᠰᠡᠨ ᠪᠠᠶᠢᠨ᠎ᠠ᠃ ᠮᠦᠨᠴᠤ᠂ ᠡᠯᠧᠺᠲᠷᠤᠨ ᠪᠤᠭᠤᠮᠳᠠ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠤ ᠪᠦᠬᠦ ᠲᠠᠯ᠎ᠠ ᠪᠠᠷ ᠵᠠᠰᠠᠮᠠᠯ ᠵᠠᠮ ᠤᠨ ᠪᠤᠭᠤᠮᠳᠠ ᠶᠢᠨ ᠵᠤᠷᠴᠢᠭᠰᠠᠳ ᠦᠪᠡᠷᠰᠡᠳ ᠢᠶᠠᠨ ᠪᠤᠭᠤᠮᠳᠠ ᠨᠡᠪᠳᠡᠷᠡᠬᠦ ᠰᠢᠰᠲ᠋ᠧᠮ ᠢ ᠡᠬᠢᠯᠡᠨ ᠬᠡᠷᠡᠭᠯᠡᠵᠤ᠂ ᠠᠴᠢᠶ᠎ᠠ ᠪᠠᠷᠠᠭᠠᠨ ᠤ ᠪᠤᠭᠤᠮᠳᠠ ᠨᠡᠪᠳᠡᠷᠡᠬᠦ ᠵᠢᠴᠢ ᠲᠡᠷᠭᠡ ᠤᠨᠤᠭᠠᠨ ᠤ ᠦᠪᠡᠷᠳᠡᠭᠡᠨ ᠬᠢᠨᠠᠨ ᠰᠢᠯᠭᠠᠬᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠵᠤ᠂ ᠲᠡᠮᠦᠷ ᠵᠠᠮ ᠤᠨ ᠪᠤᠭᠤᠮᠳᠠ ᠪᠠᠷ ᠵᠤᠷᠴᠢᠭᠰᠡᠳ ᠦᠪᠡᠷᠳᠡᠭᠡᠨ ᠪᠤᠭᠤᠮᠳᠠ ᠨᠡᠪᠳᠡᠷᠡᠬᠦ ᠰᠢᠰᠲ᠋ᠧᠮᠳᠤ ᠲᠦᠷᠤᠯ ᠵᠦᠢᠯ ᠢ ᠪᠦᠳᠦᠬᠡᠨ ᠪᠠᠶᠢᠭᠤᠯᠤᠨ᠎ᠠ᠃ ᠤᠯᠤᠰ ᠤᠨ ᠲᠡᠮᠵᠢᠯᠭᠡ ᠶᠢ ᠤᠯᠬᠤ ᠪᠠᠷ ᠭᠦᠭᠡᠭᠡᠴᠡᠯᠳᠤᠵᠤ᠂ ᠡᠷᠢᠶᠠᠨ — ᠤᠯᠠᠭᠠᠨᠪᠠᠭᠠᠳᠤᠷ — ᠤᠯᠠᠭᠠᠡᠭᠦᠳᠠ ᠲᠡᠮᠦᠷ ᠵᠠᠮ ᠤᠨ ᠬᠤᠤᠰ ᠱᠤᠭᠤᠮᠲᠤ ᠴᠠᠬᠢᠯᠭᠠᠨᠵᠢᠭᠰᠡᠨ ᠰᠢᠰᠲ᠋ᠧᠮ ᠢ ᠬᠠᠯᠠᠨ ᠦᠭᠡᠷᠡᠴᠢᠯᠡᠵᠤ᠂ ᠪᠡᠭᠡᠵᠢᠩ — ᠤᠯᠠᠭᠠᠨᠪᠠᠭᠠᠳᠤᠷ — ᠤᠯᠠᠭᠠᠭᠦᠳᠡ ᠬᠦᠷᠬᠦ ᠦᠨᠳᠦᠷ ᠬᠤᠷᠳᠦᠴᠠᠳᠤ ᠵᠠᠰᠠᠮᠠᠯ ᠵᠠᠮ ᠵᠡᠷᠭᠡ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠳᠡᠷᠡᠬᠦ ᠲᠦᠷᠦᠯ ᠵᠦᠢᠯ   ᠢ ᠡᠷᠴᠢᠮᠳᠠᠢ ᠨᠠᠶᠢᠳᠠᠪᠤᠷᠢᠵᠢᠭᠤᠯᠤᠨ᠎ᠠ᠃       ᠤᠮᠠᠷᠠᠰᠢ ᠨᠡᠭᠡᠭᠡᠯᠳᠠ ᠶᠢ ᠪᠦᠬᠦ ᠲᠠᠯ᠎ᠠ ᠪᠠᠷ ᠦᠷᠭᠡᠳᠬᠡᠨ᠎ᠠ᠃ ︽ᠲᠤᠮᠳᠠᠳᠤ ᠮᠤᠩᠭᠤᠯ ᠤᠷᠤᠰ ᠤᠨ ᠠᠵᠤ ᠠᠬᠤᠢ ᠠᠷᠠᠯᠵᠢᠶᠠᠨ ᠤ ᠲᠦᠯᠦᠪᠵᠢᠭᠦᠯᠭᠡ ᠶᠢᠨ ᠲᠦᠰᠦᠪ︾ ᠢ ᠲᠦᠯᠬᠢᠨ ᠨᠠᠶᠢᠳᠠᠪᠤᠷᠢᠵᠢᠭᠤᠯᠵᠤ᠂ ᠮᠤᠩᠭᠤᠯ ᠤᠷᠤᠰ  ᠤᠨ ᠭᠠᠵᠠᠷ ᠤᠷᠤᠨ ᠤ ᠬᠠᠮᠳᠤᠷᠠᠯᠴᠠᠭ᠎ᠠ ᠶᠢ ᠴᠢᠩᠭᠠᠳᠬᠠᠨ᠂ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠲᠡᠮᠡᠴᠠᠨ ᠤᠯᠵᠤ᠂ ᠪᠤᠭᠤᠮᠳᠠ ᠶᠢᠨ ᠪᠤᠭᠤᠮᠳᠠ  ᠨᠡᠪᠳᠡᠷᠡᠬᠦ ᠬᠢᠨᠠᠨ ᠬᠠᠮᠢᠶᠠᠷᠤᠯᠳᠠ᠂ ᠦᠢᠯᠡᠳᠭᠦᠨ ᠪᠠ ᠪᠡᠯᠠ ᠤᠷᠤᠭᠤᠯᠤᠯᠳᠠ ᠶᠢᠨ ᠬᠠᠮᠳᠤᠷᠠᠯᠴᠠᠭ᠎ᠠ ᠵᠡᠷᠭᠡ ᠭᠤᠤᠯᠳᠠᠯᠭᠠᠳᠤ ᠲᠦᠷᠦᠯ ᠵᠦᠢᠯ ᠳᠤ ᠲᠤᠪᠦᠶᠢᠮ᠎ᠠ ᠠᠮᠵᠢᠯᠳᠠ ᠭᠠᠷᠭᠠᠨ᠎ᠠ᠃ ᠮᠤᠩᠭᠤᠯ ᠣᠷᠣᠰ ᠤᠨ ᠵᠠᠰᠠᠭ ᠤᠨ ᠣᠷᠳᠣᠨ ᠤ ᠬᠠᠮᠳᠤᠷᠠᠯᠴᠠᠭ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠵᠤ ᠡᠷᠢᠶᠠᠨ ᠬᠤᠳᠠ   ᠶᠢᠨ ᠠᠷᠠᠳ‌ᠤᠯᠠᠨ ᠤ ᠭᠠᠳᠠᠭᠰᠢ ᠨᠦᠬᠦᠷᠰᠡᠭ   ᠪᠠᠷ ᠬᠠᠷᠢᠯᠴᠠᠬᠤ ᠲᠠᠪᠴᠠᠩ ᠢ ᠪᠤᠢ ᠪᠤᠯᠭᠠᠵᠤ᠂ ᠤᠯᠠᠭᠠᠨᠪᠠᠭᠠᠳᠤᠷ ᠬᠤᠳᠠ ᠶᠢᠨ ᠬᠠᠠ ᠠᠭᠤᠯᠠ ᠲᠤᠭᠤᠷᠢᠭ᠂ ᠤᠷᠤᠰ ᠤᠨ ᠣᠯᠠᠭᠠᠡᠭᠦᠳᠠ ᠵᠡᠷᠭᠡ ᠲᠤᠮᠳᠠᠳᠤ ᠮᠤᠩᠭᠤᠯ ᠤᠨ 14 ᠨᠦᠬᠦᠷᠰᠡᠭ ᠬᠤᠳᠠ ᠲᠠᠢ ᠬᠠᠮᠳᠤᠷᠠᠨ ᠠᠵᠢᠯᠯᠠᠬᠤ ᠬᠢᠷᠢ ᠲᠦᠪᠰᠢᠨ ᠢᠶᠠᠨ ᠲᠡᠭᠡᠭᠰᠢᠯᠡᠭᠦᠯᠵᠤ᠂ ᠵᠢᠯ ᠤᠨ ᠲᠤᠲᠤᠷ᠎ᠡ ᠮᠤᠩᠭᠤᠯ ᠤᠯᠤᠰ ᠤᠨ ᠵᠠᠮ ‍ᠣᠨ‌ᠡᠭᠦᠳᠠ ᠬᠤᠳᠠ᠂ ᠤᠷᠤᠰ ᠤᠨ ᠠᠩᠭᠠᠷᠰᠺ ᠬᠤᠳᠠ᠂ ᠺᠠᠶᠢᠽᠠᠶᠢᠯ ᠬᠤᠳᠠ ᠲᠠᠢ ᠨᠦᠬᠦᠷᠰᠡᠭ ᠬᠤᠳᠠ ᠶᠢᠨ ᠬᠠᠷᠢᠯᠴᠠᠭ᠎ᠠ ᠶᠢ ᠪᠠᠶᠢᠭᠤᠯᠵᠤ ᠴᠢᠳᠠᠭᠰᠡᠨ ᠪᠠᠶᠢᠨ᠎ᠠ᠃ ︽ᠭᠠᠷᠴᠤ ᠶᠠᠪᠤᠬᠤ︾ ᠲᠦᠷᠤ ᠶᠢᠨ ᠪᠤᠳᠤᠯᠭ᠎ᠠ ᠶᠢ ᠬᠦᠴᠦᠳᠠᠢ ᠨᠠᠶᠢᠳᠠᠪᠤᠷᠢᠵᠢᠭᠤᠯᠵᠤ ᠮᠤᠩᠭᠤᠯ ᠤᠷᠤᠰ ᠲᠤ  ᠬᠦᠷᠴᠤ ᠠᠭᠤᠷᠬᠠᠢ᠂ ᠲᠠᠷᠢᠶᠠᠯᠠᠩ᠂ ᠤᠢ ᠰᠢᠭᠤᠢ ᠶᠢᠨ ᠦᠢᠯᠡᠰ ᠢ ᠨᠡᠭᠡᠭᠡᠨ ᠬᠦᠭᠵᠢᠭᠦᠯᠬᠦ ᠬᠠᠮᠳᠤᠷᠠᠯᠴᠠᠭ᠎ᠠ ᠬᠢᠬᠦ ᠶᠢ ᠤᠳᠤᠷᠢᠳᠤᠨ ᠲᠠᠭᠠᠭᠤᠯᠵᠤ᠂ ᠬᠢᠯᠢ ᠶᠢᠨ ᠭᠠᠳᠠᠨ᠎ᠠ ᠪᠦᠳᠦᠬᠡᠭᠳᠡᠭᠦᠨ ᠪᠤᠷᠤᠯᠠᠭᠤᠯᠬᠤ ᠲᠤᠤᠷ ᠰᠦᠯᠵᠢᠶ᠎ᠠ ᠶᠢ ᠦᠷᠭᠡᠳᠬᠡᠨ᠂ ᠲᠤᠨᠤᠭ ᠲᠦᠭᠦᠭᠡᠷᠤᠮᠵᠢ᠂ ᠪᠦᠳᠦᠬᠡᠭᠳᠡᠭᠦᠨ᠂ ᠮᠠᠰᠢᠨ ᠮᠡᠷᠭᠡᠵᠢᠯ ᠢ ᠬᠢᠯᠢ ᠪᠠᠷ ᠭᠠᠷᠭᠠᠬᠤ ᠵᠢᠴᠢ ᠬᠦᠳᠡᠯᠮᠦᠷᠢ ᠬᠦᠴᠦ ᠶᠢ ᠬᠢᠯᠢ ᠪᠠᠷ ᠭᠠᠷᠭᠠᠬᠤ ᠶᠢ ᠪᠦᠬᠦ ᠲᠠᠯ᠎ᠠ ᠪᠠᠷ ᠦᠷᠭᠡᠳᠬᠡᠨ᠎ᠠ᠃ ᠪᠠᠰᠠᠴᠤ  ᠮᠤᠩᠭᠤᠯ ᠣᠯᠣᠰ  ᠤᠨ ᠵᠠᠮ ᠤᠨ ᠡᠭᠦᠳᠠ ᠬᠤᠳᠠ ᠲᠠᠢ ᠺᠦᠩᠴᠢ ᠶᠢᠨ ᠬᠢᠴᠢᠶᠠᠯ ᠤᠨ ᠲᠢᠩᠬᠢᠮ ᠢ ᠬᠠᠮᠳᠤᠷᠠᠨ ᠪᠠᠶᠢᠭᠤᠯᠵᠤ᠂ ᠮᠤᠩᠭᠤᠯ ᠣᠯᠣᠰ ᠤᠨ ᠢᠳᠡᠭᠡᠨ ᠤᠮᠳᠠᠭᠠᠨ ᠪᠠ ᠡᠮ ᠡᠮᠨᠡᠯᠭᠡ ᠶᠢᠨ ᠲᠠᠯ᠎ᠠ ᠳᠤ ᠨᠦᠭᠦᠷᠰᠩ ᠬᠠᠷᠢᠯᠴᠠᠭ᠎ᠠ ᠶᠢ ᠪᠠᠶᠢᠭᠤᠯᠤᠨ᠂ ᠮᠤᠩᠭᠤᠯ ᠤᠷᠣᠰ ᠤᠨ ᠰᠤᠶᠤᠯ ᠲᠠᠮᠢᠷ ᠤᠨ ᠰᠤᠯᠢᠯᠴᠠᠭᠠᠨ ᠤ ᠠᠵᠢᠯ ᠢ ᠡᠷᠬᠢᠯᠡᠨ ᠭᠠᠳᠠᠭᠠᠳᠤ ᠲᠠᠢ ᠬᠠᠮᠳᠤᠷᠠᠨ ᠠᠵᠢᠯᠯᠠᠬᠤ ᠬᠦᠷᠢᠶ᠎ᠠ ᠬᠡᠪᠴᠢᠶ᠎ᠠ   ᠶᠢ ᠤᠯᠠᠮ ᠨᠢᠭᠡ ᠠᠯᠬᠤᠮ‌‍ᠲ᠋ᠠᠰᠤᠷᠠᠯᠳᠠ ᠦᠭᠡᠢ ᠦᠷᠭᠡᠳᠬᠡᠨ᠎ᠡ᠃        ᠠᠷᠠᠯᠵᠢᠶᠠᠴᠢᠨ ᠤᠷᠢᠵᠤ ᠪᠡᠯᠠ ᠤᠷᠤᠭᠤᠯᠬᠤ ᠴᠢᠳᠠᠪᠬᠢ   ᠪᠠᠨ ᠦᠷᠭᠡᠳᠬᠡᠨ᠎ᠠ᠃ ᠤᠯᠤᠰ ᠤᠨ ᠬᠢᠯᠢ ᠲᠠᠭᠤ ᠤᠷᠤᠨ ᠶᠢ ᠨᠡᠭᠡᠭᠡᠨ ᠬᠦᠭᠵᠢᠭᠦᠯᠬᠦ᠂ ᠭᠤᠤᠯᠳᠠᠯᠭᠠᠳᠤ ᠲᠤᠷᠰᠢᠯᠳᠠ ᠶᠢᠨ ᠲᠤᠭᠤᠷᠢᠭ ᠢ ᠨᠡᠭᠡᠭᠡᠨ ᠬᠦᠭᠵᠢᠭᠦᠯᠬᠦ  ᠲᠦᠷᠤ ᠵᠢᠨ‌‍ᠪᠤᠳᠤᠯᠭ᠎ᠠ ᠶᠢ ᠭᠦᠢᠴᠡᠳ‌‍ᠬᠡᠷᠡᠭᠵᠢᠭᠦᠯᠵᠤ᠂ ᠬᠢᠯᠢ ᠠᠯᠤᠰᠠᠯᠠᠭᠰᠡᠨ‌‍ᠲ᠋ᠤᠭᠤᠷᠢᠭ᠂ ᠬᠢᠯᠢ ᠶᠢᠨ ᠬᠠᠮᠳᠤᠷᠠᠯᠴᠭᠠᠨ ᠤ ᠲᠤᠭᠤᠷᠢᠭ᠂ ᠠᠵᠤ ᠠᠬᠤᠢ ᠶᠢᠨ ᠬᠠᠮᠳᠤᠷᠠᠯᠴᠭᠠᠨ ᠤ ᠲᠤᠭᠤᠷᠢᠭ ᠨᠢ ᠠᠷᠠᠯᠵᠢᠶᠠᠴᠢᠨ‌ᠤᠷᠢᠵᠤ ᠤᠯᠤᠰ ᠤᠨ ᠲᠤᠳᠤᠭᠠᠳᠤ ᠭᠠᠳᠠᠭᠠᠳᠤ ᠶᠢᠨ ᠠᠵᠤ ᠠᠬᠤᠶᠢᠯᠠᠯ ᠤᠨ ᠪᠡᠯᠠ ᠤᠷᠤᠭᠤᠯᠵᠤ ᠦᠢᠯᠡᠰ ᠬᠦᠭᠵᠢᠭᠦᠯᠬᠦ ᠶᠢ ᠠᠬᠢᠭᠤᠯᠤᠨ᠎ᠠ᠃ ᠠᠷᠢᠯᠵᠢᠶᠠᠴᠢᠨ ᠤᠷᠢᠬᠤ ᠠᠷᠭ᠎ᠠ ᠬᠡᠯᠪᠡᠷᠢ ᠪᠠᠨ ᠦᠭᠡᠷᠡᠴᠢᠯᠡᠵᠤ ᠦᠨᠳᠦᠷ ᠦᠷ᠎ᠡ ᠠᠰᠢᠭ ᠲᠠᠢ ᠪᠤᠳᠦᠭᠡᠭᠳᠡᠭᠦᠨ ᠤ ᠲᠦᠷᠦᠯ ᠵᠦᠢᠯ ᠢ ᠲᠠᠳᠠᠨ ᠠᠪᠴᠢᠷᠠᠨ᠎ᠠ᠃ ᠠᠷᠠᠳ ᠤᠨ ᠲᠤᠲᠤᠷᠠᠬᠢ ᠪᠡᠯᠠ ᠤᠷᠤᠭᠤᠯᠤᠯᠳᠠ ᠶᠢ ᠪᠦᠬᠦ ᠲᠠᠯ᠎ᠠ ᠪᠠᠷ ᠲᠡᠮᠵᠢᠵᠤ ᠨᠠᠶᠢᠳᠠ ᠶᠢᠨ ᠪᠤᠰᠤ ᠠᠵᠤ ᠠᠬᠤᠢ ᠶᠢᠨ ᠬᠦᠭᠵᠢᠯᠳᠠ ᠶᠢᠨ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ   ᠶᠢ ᠲᠡᠮᠵᠢᠵᠤ᠂ ᠨᠠᠩ ᠤᠯᠠᠨ ᠠᠷᠠᠳ ᠤᠨ ᠲᠤᠮᠳᠠᠬᠢ ᠪᠡᠯᠠ ᠤᠷᠤᠭᠤᠯᠤᠯᠳᠠ ᠶᠢ ᠴᠢᠬᠤᠯᠴᠢᠯᠠᠨ‌ᠠᠵᠤ ᠠᠬᠤᠶᠢᠯᠠᠯ ᠤᠨ ᠦᠨᠳᠦᠰᠦᠨ ᠲᠤᠨᠤᠭ ᠲᠦᠬᠦᠭᠡᠷᠦᠮᠵᠢ ᠪᠤᠯᠤᠨ ᠨᠠᠶᠢᠳᠠ ᠶᠢᠨ ᠦᠢᠯᠡᠴᠢᠯᠡᠭᠡᠨ ᠤ ᠬᠦᠷᠢᠶ᠎ᠠ ᠬᠡᠪᠴᠢᠶ᠎ᠠ ᠶᠢ ᠲᠦᠯᠬᠢᠨ ᠠᠬᠢᠭᠤᠯᠤᠨ᠎ᠠ᠃ ᠪᠤᠭᠤᠮᠳᠠ ᠪᠠᠷ ᠤᠷᠤᠭᠤᠯᠬᠤ ᠡᠬᠢ ᠪᠠᠶᠠᠯᠢᠭ ᠲᠤ ᠲᠦᠰᠢᠭᠯᠡᠨ᠂ ᠲᠦᠷᠪᠡᠨ ᠶᠡᠭᠡ ᠤᠨᠴᠠᠯᠢᠭᠳᠤ ᠠᠵᠤ ᠦᠢᠯᠡᠰ ᠪᠠᠷ ᠭᠤᠤᠯᠯᠠᠵᠤ᠂ ᠨᠤᠤᠰᠤ ᠨᠤᠯᠤᠤᠷ᠂ ᠠᠮᠤ ᠲᠤᠰᠤ᠂ ᠮᠤᠳᠤᠨ ᠮᠡᠲ᠋ᠧᠷᠢᠶᠠᠯ᠂ ᠠᠭᠤᠷᠬᠠᠢ ᠵᠢᠨ‌‍ᠪᠦ᠋ᠳᠦᠭᠡᠭᠳᠡᠭᠦᠨ ᠡᠳ᠋ᠰᠢᠭᠦᠯᠬᠦ ᠲᠠᠯ᠎ᠠ ᠳᠤ ᠰᠢᠨ᠎ᠠ ᠠᠬᠢᠴᠠ ᠲᠠᠢ ᠪᠤᠯᠵᠤ᠂ ᠠᠵᠤ ᠠᠬᠤᠶᠢᠯᠠᠯ ᠤᠨ ︽ᠬᠤᠶᠠᠷ ᠲᠠᠯ᠎ᠠ ᠳᠤ ᠦᠢᠯᠡᠳᠪᠤᠷᠢ ᠪᠠᠶᠢᠭᠤᠯᠬᠤ︾  ᠬᠢᠯᠢ ᠠᠯᠤᠰᠤᠯᠠᠨ ᠡᠳ᠋ᠰᠢᠭᠦᠯᠵᠤ ᠪᠤᠯᠪᠠᠰᠤᠷᠠᠭᠤᠯᠬᠤ ᠠᠵᠢᠯ ᠢ ᠵᠢᠯᠤᠭᠤᠳᠤᠨ ᠳᠠᠭᠠᠭᠤᠯᠤᠨ᠎ᠠ᠃ ᠲᠤᠬᠠᠢ ᠶᠢᠨ ᠭᠠᠵᠠᠷ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠵᠢᠴᠢ ᠠᠵᠤ ᠠᠬᠤᠶᠢᠯᠠᠯ ᠤᠨ ᠬᠤᠪᠢ ᠤᠷᠤᠭᠤᠯᠬᠤ ᠬᠠᠮᠳᠤᠷᠠᠯᠴᠠᠭ᠎ᠠ ᠶᠢ ᠲᠡᠮᠵᠢᠵᠤ᠂ ᠨᠠᠶᠢᠳᠠ  ᠶᠢᠨ ᠪᠤᠰᠤ ᠠᠵᠤ ᠠᠬᠤᠶᠢᠯᠠᠯ ᠤᠨ ᠬᠦᠭᠵᠢᠯᠳᠠ ᠶᠢᠨ ᠴᠢᠳᠠᠪᠬᠢ ᠬᠦᠴᠦᠨ ᠶᠢ ᠵᠤᠷᠢᠭᠵᠢᠭᠤᠯᠤᠨ᠎ᠠ᠃ ᠪᠡᠯᠡ ᠤᠷᠤᠭᠤᠯᠤᠯᠳᠠ ᠶᠢᠨ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠤ᠂ ᠪᠡᠯᠠ ᠤᠷᠤᠭᠤᠯᠤᠯᠳᠠ  ᠶᠢᠨ ᠲᠦᠷᠤᠯ ᠵᠦᠢᠯ ᠤᠨ ᠬᠢᠨᠠᠨ ᠵᠦᠪᠰᠢᠶᠠᠷᠡᠬᠦ ᠪᠤᠯᠤᠨ ᠬᠢᠯᠢ ᠬᠢᠵᠠᠭᠠᠷ ᠤᠷᠤᠨ ᠤ ᠪᠡᠯᠠ ᠤᠷᠤᠭᠤᠯᠤᠯᠳᠠ ᠶᠢᠨ ᠲᠦᠷᠤᠯ ᠵᠦᠢᠯ ᠢ ᠱᠠᠭᠠᠷᠳᠠᠨ ᠬᠢᠬᠦ ᠬᠢᠨᠠᠨ ᠬᠠᠮᠢᠶᠠᠷᠤᠯᠳᠠ ᠶᠢᠨ ᠰᠢᠰᠲ᠋ᠧᠮ ᠢ ᠦᠷᠭᠦᠯᠵᠢᠯᠠᠨ ᠰᠢᠯᠢᠳᠡᠭᠵᠢᠭᠦᠯᠵᠤ᠂ ᠲᠦᠷᠦᠯ ᠵᠦᠢᠯ ᠢ ᠬᠢᠨᠠᠨ‌ᠵᠦ᠋ᠪᠰᠢᠶᠡᠷᠡᠬᠦ ᠦᠷ᠎ᠡ ᠪᠦᠳᠦᠮᠵᠢ ᠶᠢ ᠦᠨᠡᠨᠬᠦ ᠲᠡᠭᠡᠭᠰᠢᠯᠡᠭᠦᠯᠦᠨ᠎ᠠ᠃ ᠦᠢᠯᠡᠴᠢᠯᠡᠭᠡᠨ ᠤ ᠰᠢᠨᠵᠢᠳᠠᠢ ᠲᠤᠭᠳᠠᠯᠴᠠᠭ᠎ᠠ ᠶᠢ ᠲᠡᠭᠦᠯᠳᠠᠷᠵᠢᠭᠦᠯᠵᠤ᠂ ᠬᠤᠳᠠᠯᠳᠤᠭᠠᠴᠢᠨ ᠤᠷᠢᠬᠤ ᠲᠦᠷᠦᠯ ᠵᠦᠢᠯ ᠢ ᠲᠤᠰᠬᠠᠢ ᠬᠦᠮᠦᠨ ᠢ ᠵᠤᠬᠢᠴᠠᠭᠤᠯᠤᠨ ᠬᠠᠷᠢᠴᠠᠭᠤᠯᠭᠤᠯᠬᠤ ᠲᠤᠭᠳᠠᠯᠴᠠᠭ᠎ᠠ ᠶᠢ ᠬᠡᠷᠡᠭᠵᠢᠭᠦᠯᠵᠤ᠂ ᠰᠢᠯᠢᠳᠡᠭᠵᠢᠭᠰᠡᠨ ᠦᠢᠯᠡᠴᠢᠯᠡᠭᠡᠨ ᠤ ᠲᠦᠷᠦᠯ ᠵᠦᠢᠯ ᠢ ᠰᠦᠪᠡᠭᠴᠢᠯᠠᠬᠦ᠂ ᠵᠦᠪᠳᠡᠨ ᠬᠡᠯᠡᠯᠴᠡᠬᠦ᠂ ᠭᠡᠷ᠎ᠠ ᠲᠤᠭᠳᠠᠬᠤ᠂  ᠰᠠᠭᠤᠷᠢᠰᠢᠬᠤ᠂ ᠪᠦᠳᠦᠭᠡᠨ ᠪᠠᠶᠢᠭᠤᠯᠬᠤ᠂ ᠠᠰᠢᠭᠯᠠᠯᠳᠠ ᠳᠤ ᠤᠷᠤᠭᠤᠯᠬᠤ ᠪᠦᠬᠦ ᠶᠠᠪᠤᠴᠠ ᠶᠢ ᠲᠤᠤᠱᠠᠯᠠᠭᠤᠯᠵᠤ᠂ ︽ᠬᠤᠳᠠᠯᠳᠤᠭᠠᠴᠢᠨ ᠳᠤ ᠲᠤᠳᠤᠨᠤᠰᠤᠭ ᠪᠠᠷ ᠬᠠᠨᠳᠤᠨ ᠲᠡᠮᠵᠢᠯᠭᠡ  ᠬᠦᠷᠲᠡᠭᠡᠨ ᠳᠦᠬᠦᠮ ᠦᠵᠡᠭᠦᠯᠬᠦ  ︾ ᠬᠤᠳᠠᠯᠳᠤᠭᠠᠴᠢᠨ  ᠤᠷᠢᠬᠤ ᠤᠷᠴᠢᠨ ᠲᠤᠭᠤᠷᠢᠨ ᠢ ᠪᠦᠭᠦ ᠲᠠᠯ᠎ᠠ ᠪᠠᠷ ᠪᠠᠶᠢᠭᠤᠯᠤᠨ᠎ᠠ᠃       ᠬᠤᠶᠠᠷ  ᠂ ᠤᠨᠴᠠᠯᠢᠭᠳᠤ ᠭᠤᠤᠯᠯᠠᠬᠤ ᠠᠵᠤ ᠦᠢᠯᠡᠰ ᠢ ᠬᠦᠮᠦᠵᠢᠭᠦᠯᠵᠤ᠂ ᠪᠤᠭᠤᠮᠳᠠ ᠶᠢᠨ ᠠᠵᠤ ᠠᠬᠤᠢ  ᠶᠢᠨ ᠶᠠᠷᠦᠩᠬᠢ ᠬᠢᠷᠢ ᠬᠡᠮᠵᠢᠶ᠎ᠠ ᠶᠢ ᠶᠡᠬᠡᠰᠬᠡᠭᠦ ᠰᠢᠨ᠎ᠠ ᠲᠠᠪᠴᠠᠩ ᠢ ᠪᠤᠢ ᠪᠤᠯᠭᠠᠨ᠎ᠠ      ᠤᠯᠠᠨ ᠣᠯᠣᠰ ᠤᠨ ᠠᠷᠠᠯᠵᠢᠶ᠎ᠠ᠂ ᠪᠠᠷᠠᠭᠠᠨ ᠤ ᠭᠦᠢᠯᠭᠡᠭᠡᠨ ᠤ ᠦᠢᠯᠡᠰ ᠢ ᠶᠡᠬᠡᠰᠬᠡᠨ ᠬᠦᠴᠦᠷᠭᠡᠭᠵᠢᠭᠦᠯᠵᠤ᠂ ᠭᠠᠳᠠᠭᠠᠳᠤ ᠠᠷᠠᠯᠵᠢᠶ᠎ᠠ ᠠᠵᠤ ᠠᠬᠤᠶᠢᠯᠠᠯ ᠤᠨ ᠴᠢᠳᠠᠪᠬᠢ ᠶᠢᠨ ᠪᠦᠳᠦᠭᠡᠨ ᠪᠠᠶᠢᠭᠤᠯᠤᠯᠳᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠲᠡᠮᠦᠷ ᠤᠨ ᠠᠭᠤᠷᠬᠠᠢ᠂ ᠵᠠᠰ ᠤᠨ ᠠᠭᠤᠷᠬᠠᠢ᠂ ᠮᠤᠳᠤᠨ ᠮᠠᠲ᠋ᠧᠷᠢᠶᠠᠯ ᠵᠡᠷᠭᠡ ᠤᠯᠠᠮᠵᠢᠯᠠᠯᠳᠤ ᠦᠢᠯᠡᠳᠭᠦᠨ ᠢ ᠪᠤᠭᠤᠮᠳᠠ ᠪᠠᠷ ᠤᠷᠤᠭᠤᠯᠵᠤ᠂ ᠴᠠᠭᠠᠰᠤᠨ ᠡᠭᠡᠳᠡᠩ᠂ ᠠᠮᠤ ᠲᠤᠰᠤ᠂ ᠡᠪᠡᠰᠤ ᠪᠤᠷᠳᠤᠭ᠎ᠠ᠂ ᠪᠤᠯᠭᠤᠭᠰᠡᠨ ᠮᠢᠬᠠᠨ ᠤ ᠪᠦᠳᠦᠭᠡᠭᠳᠡᠭᠦᠨ ᠵᠡᠷᠭᠡ ᠰᠢᠨ᠎ᠠ ᠪᠠᠷ ᠨᠡᠮᠡᠭᠳᠡᠭᠰᠡᠨ ᠪᠦᠳᠦᠭᠡᠭᠳᠡᠭᠦᠨ ᠢ ᠪᠤᠭᠤᠮᠳᠠ  ᠪᠠᠷ ᠤᠷᠤᠭᠤᠯᠬᠤ ᠶᠢ ᠦᠷᠭᠡᠳᠬᠡᠵᠤ᠂ ᠪᠤᠭᠤᠮᠳᠠ ᠪᠠᠷ ᠤᠷᠤᠭᠤᠯᠬᠤ ᠪᠠᠷᠠᠭᠠᠨ ᠤ ᠬᠡᠮᠵᠢᠶ᠎ᠠ ᠶᠢ ᠠᠯᠭᠤᠷ ᠨᠡᠮᠡᠭᠳᠡᠭᠦᠯᠬᠦ  ᠶᠢ ᠠᠬᠢᠭᠤᠯᠤᠨ᠎ᠠ᠃ ᠤᠯᠤᠰ ᠠᠴᠠ ᠡᠷᠢᠶᠠᠨ ᠪᠤᠭᠤᠮᠳᠠ ᠪᠠᠷ ᠤᠷᠤᠭᠤᠯᠬᠤ ᠮᠤᠩᠭᠤᠯ ᠣᠯᠣᠰ ᠤᠨ ᠬᠤᠪᠤᠷ ᠴᠤᠬᠠᠭ ᠠᠮᠢᠳᠠᠨ ᠤ ᠬᠢᠵᠠᠭᠠᠷᠯᠠᠯ ᠢ ᠦᠷᠭᠡᠳᠬᠡᠵᠤ᠂ ᠮᠠᠰᠢᠨ ᠲᠡᠷᠭᠡᠨ ᠤ ᠬᠢᠯᠢ ᠪᠠᠷ ᠤᠷᠤᠬᠤ ᠶᠢ ᠬᠦᠴᠦᠯᠠᠨ ᠴᠢᠷᠮᠠᠶᠢᠵᠤ᠂ ᠪᠤᠭᠤᠮᠳᠠ ᠪᠠᠷ ᠤᠷᠤᠭᠤᠯᠬᠤ ᠪᠠᠷᠠᠭᠠᠨ ᠤ ᠲᠦᠷᠦᠯ ᠵᠦᠢᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠠ᠃ ᠠᠵᠤ ᠠᠬᠤᠶᠢᠯᠠᠯ ᠢ ᠵᠢᠯᠤᠭᠤᠳᠤᠨ ᠪᠠᠷᠠᠭᠠᠨ ᠤ ᠢᠷᠠᠯᠳᠠ ᠶᠢ ᠵᠤᠬᠢᠴᠠᠭᠤᠯᠬᠤ ᠪᠤᠯᠤᠨ ᠪᠤᠷᠤᠯᠠᠭᠤᠯᠭ᠎ᠠ ᠶᠢᠨ ᠵᠠᠯᠭᠠᠯᠲᠠ ᠶᠢ ᠴᠢᠩᠭᠠᠳᠬᠠᠵᠤ᠂ ︽ᠦᠪᠦᠷ ᠮᠤᠩᠭᠤᠯ ᠡᠷᠢᠶᠡᠨ ᠧᠦ᠋ᠷᠤᠫᠠ︾ ᠶᠢᠨ ᠤᠯᠠᠨ ᠤᠯᠤᠰ ᠤᠨ ᠪᠠᠷᠠᠭ᠎ᠠ ᠲᠡᠭᠡᠭᠡᠪᠤᠷᠢ ᠶᠢᠨ ᠸᠠᠭᠤᠨ ᠪᠤᠯᠤᠨ ᠲᠤᠮᠳᠠᠳᠤ ᠮᠤᠩᠭᠤᠯ ᠤᠷᠤᠰ ᠤᠨ ᠤᠯᠠᠠ ᠤᠯᠤᠰ ᠤᠨ ᠵᠠᠰᠠᠮᠠᠯ ᠵᠠᠮ ᠤᠨ  ᠪᠠᠷᠠᠭ᠎ᠠ ᠲᠡᠭᠡᠭᠡᠪᠤᠷᠢ  ᠶᠢᠨ ᠲᠦᠷᠭᠡᠨ ᠨᠡᠪᠳᠡᠷᠡᠯᠳᠠ ᠶᠢᠨ ᠭᠠᠷᠤᠴᠠ ᠶᠢ ᠭᠦᠢᠴᠡᠳ ᠠᠰᠢᠭᠯᠠᠵᠤ᠂ ᠪᠠᠷᠢᠯᠭ᠎ᠠ ᠶᠢᠨ ᠮᠠᠲ᠋ᠧᠷᠢᠶᠠᠯ᠂ ᠨᠤᠭᠤᠭ᠎ᠠ ᠵᠢᠮᠢᠰ᠂ ᠡᠳᠦᠷ ᠲᠤᠳᠤᠮ ᠤᠨ ᠬᠡᠷᠡᠭᠯᠡᠭᠡᠨ ᠤ ᠵᠦᠢᠯ ᠵᠡᠷᠭᠡ  ᠪᠠᠷᠠᠭ᠎ᠠ ᠲᠠᠸᠠᠷ ᠢ ᠪᠤᠭᠤᠮᠳᠠ ᠪᠠᠷ ᠭᠠᠷᠭᠠᠬᠤ ᠬᠡᠮᠵᠢᠶ᠎ᠠ  ᠶᠢ ᠤᠯᠠᠮ ᠨᠢᠭᠡ ᠠᠯᠬᠤᠮ ᠦᠷᠭᠡᠳᠬᠡᠨ᠎ᠠ᠃ ︽ᠲᠤᠮᠳᠠᠳᠤ ᠧᠦ᠋ᠷᠤᠫᠠ︾   ᠶᠢᠨ ᠲᠡᠭᠡᠭᠡᠪᠤᠷᠢ ᠶᠢᠨ ᠭᠠᠯᠳᠤ ᠲᠡᠷᠭᠡᠨ  ᠤ ᠪᠦᠳᠦᠭᠡᠨ ᠪᠠᠶᠢᠭᠤᠯᠤᠯᠳᠠ ᠶᠢᠨ ᠬᠦᠭᠵᠢᠯᠳᠠ ᠶᠢᠨ ᠲᠦᠯᠦᠪᠵᠢᠭᠦᠯᠭᠡ ︵2016 —2020 ᠣᠨ︶︾ ᠶᠢ ᠲᠦᠯᠬᠢᠨ ᠠᠬᠢᠭᠤᠯᠣᠨ᠎ᠠ᠃ ︽ᠵᠧᠩᠵᠸᠤ ᠡᠷᠢᠶᠡᠨ ᠧᠦ᠋ᠷᠤᠫᠠ︾ ᠴᠢᠭᠯᠡᠯ ᠤᠨ ᠤᠯᠠᠨ ᠤᠯᠤᠰ ᠤᠨ ᠳᠡᠭᠡᠭᠡᠪᠦᠷᠢ  ᠶᠢᠨ ᠸᠠᠭᠤᠨ ᠤ ᠡᠭᠡᠯᠵᠢ ᠶᠢ ᠵᠤᠬᠢᠴᠠᠭᠤᠯᠵᠤ᠂ ︽ᠬᠤᠨᠠᠨ ᠡᠷᠢᠶᠡᠨ ᠧᠦ᠋ᠷᠤᠫᠠ  ︾ ᠴᠢᠭᠯᠡᠯ ᠤᠨ ᠣᠯᠠᠨ ᠣᠯᠣᠰ  ᠤᠨ ᠳᠡᠭᠡᠭᠡᠪᠦᠷᠢ ᠶᠢᠨ ᠸᠠᠭᠤᠨ ᠤ ᠬᠡᠪ ᠤᠨ ᠪᠠᠶᠢᠳᠠᠯ ᠤᠨ ᠡᠷᠬᠢᠯᠳᠠ ᠶᠢ ᠲᠦᠯᠬᠢᠨ ᠤᠷᠤᠭᠰᠢᠯᠠᠭᠤᠯᠵᠤ᠂ ᠲᠢᠶᠠᠨᠵᠢᠨ᠂ ᠴᠦᠩᠴᠢᠩ᠂ ᠦᠬᠠᠨ ᠵᠡᠷᠭᠡ ᠭᠠᠵᠡᠷ ᠨᠢ ᠡᠷᠢᠶᠠᠨ ᠪᠠᠷ ᠲᠠᠮᠵᠢᠨ ᠧᠦ᠋ᠷᠤᠫᠠ ᠲᠢᠪ  ᠬᠦᠷᠬᠦ ᠤᠯᠠᠨ ᠤᠯᠤᠰ ᠤᠨ ᠲᠡᠭᠡᠭᠡᠪᠤᠷᠢ ᠶᠢᠨ ᠸᠠᠭᠤᠨ ᠢ ᠨᠡᠪᠳᠡᠷᠡᠭᠦᠯᠦᠨ᠎ᠠ᠃ ᠱᠠᠩᠬᠠᠢ᠂ ᠲᠢᠶᠠᠨᠵᠢᠨ ᠬᠤᠳᠠ ᠶᠢᠨ ᠠᠷᠠᠯᠵᠢᠶ᠎ᠠ ᠬᠤᠳᠠᠯᠳᠤᠭᠠᠨ ᠤ ᠲᠤᠭᠤᠷᠢᠭ ᠤᠨ ᠠᠷᠭ᠎ᠠ ᠲᠤᠷᠰᠢᠯᠭ᠎ᠠ ᠪᠠᠷ ᠰᠤᠷᠭᠠᠮᠵᠢ  ᠪᠤᠯᠭᠠᠵᠤ ᠭᠠᠳᠠᠭᠠᠳᠤ   ᠠᠴᠠ ᠤᠷᠤᠭᠤᠯᠬᠤ ᠪᠦᠳᠦᠭᠡᠭᠳᠡᠭᠦᠨ  ᠤ ᠰᠢᠭᠤᠳ ᠡᠵᠡᠭᠡᠨᠠ ᠪᠤᠷᠤᠭᠤᠯᠤᠯᠳᠠ ᠶᠢᠨ ᠲᠦᠪ᠂ ᠭᠠᠳᠠᠭᠠᠳᠤ ᠠᠴᠠ ᠤᠷᠤᠭᠤᠯᠬᠤ ᠮᠠᠰᠢᠨ ᠲᠡᠷᠭᠡᠨ ᠤ ᠪᠤᠷᠤᠯᠠᠭᠤᠯᠤᠯᠳᠠ ᠶᠢᠨ ᠲᠤᠬᠠᠶᠢᠯᠠᠭᠰᠡᠨ ᠠᠵᠢᠯ ᠤᠨ ᠰᠠᠭᠤᠷᠢᠨ ᠭᠠᠵᠠᠷ ᠢ ᠬᠦᠴᠦᠯᠠᠨ  ᠤᠯᠵᠤ᠂ ᠤᠯᠠᠨ ᠤᠯᠤᠰ  ᠤᠨ ᠠᠷᠠᠯᠵᠢᠶ᠎ᠠ ᠬᠤᠳᠠᠯᠳᠤᠭᠠᠨ ᠤ ᠬᠦᠷᠢᠶᠠᠯᠡᠩ ᠤᠨ ᠰᠢᠨ᠎ᠠ ᠠᠬᠢᠴᠨ ᠶᠢ ᠪᠤᠢ ᠪᠤᠯᠭᠠᠨ᠎ᠠ᠃ ᠬᠢᠯᠢ ᠠᠯᠤᠰᠯᠠᠭᠰᠡᠨ ᠡᠯᠧᠺᠲᠷᠣᠨ ᠬᠤᠳᠠᠯᠳᠤᠭ᠎ᠠ ᠶᠢ ᠤᠯᠠᠮ ᠲᠦᠷᠭᠡᠨ ᠪᠠᠷ ᠬᠦᠭᠵᠢᠭᠦᠯᠵᠦ᠂ ᠬᠢᠯᠢ ᠠᠯᠣᠰᠯᠠᠭᠰᠡᠨ ᠡᠯᠧᠺᠲᠷᠣᠨ ᠬᠤᠳᠠᠯᠳᠤᠭᠠᠨ ᠤ ᠵᠠᠮ ᠱᠤᠭᠤᠮ ᠢ ᠦᠭᠡᠷᠡᠴᠢᠯᠡᠬᠦ ᠲᠦᠷᠦᠯ ᠵᠦᠢᠯ ᠢ ᠪᠡᠶᠡᠯᠡᠭᠦᠯᠵᠤ᠂ ᠤᠳᠤᠬᠠᠨ ᠤ ᠪᠠᠶᠢᠭ᠎ᠠ ᠡᠯᠧᠺᠲᠷᠣᠨ ᠠᠵᠤ ᠠᠬᠤᠶᠢᠯᠠᠯ ᠤᠨ ᠬᠦᠷᠢᠶ᠎ᠠ ᠬᠡᠪᠴᠢᠶ᠎ᠠ ᠶᠢ ᠲᠡᠮᠵᠢᠵᠤ ᠦᠪᠡᠷᠳᠡᠭᠡᠨ ᠵᠠᠰᠠᠬᠤ ᠤᠷᠤᠨ ᠤ ᠬᠢᠯᠢ ᠠᠯᠤᠰᠯᠠᠭᠰᠡᠨ ᠡᠯᠧᠺᠲᠷᠣᠨ ᠬᠤᠳᠠᠯᠳᠤᠭᠠᠨ ᠤ ᠲᠤᠷᠰᠢᠯᠳᠠ ᠶᠢᠨ ᠬᠤᠳᠠ ᠵᠢᠴᠢ  ᠵᠢᠱᠢᠶ᠎ᠠ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ᠬᠦᠬᠡᠬᠤᠳᠠ ᠶᠢᠨ ᠴᠠᠭᠠᠨ ᠰᠤᠪᠤᠷᠭ᠎ᠠ ᠨᠢᠰᠭᠡᠯ ᠤᠨ  ᠪᠠᠭᠤᠳᠠᠯ  ᠪᠦᠯᠦᠭᠯᠠᠯ  ᠤᠨ ᠵᠤᠬᠢᠴᠠᠭᠤᠯᠤᠯᠳᠠ ᠶᠢᠨ ᠬᠦᠴᠦᠯᠡᠴᠠ ᠶᠢ ᠶᠡᠬᠡᠰᠬᠡᠵᠤ᠂ ᠤᠯᠠᠨ ᠤᠯᠤᠰ ᠤᠨ ᠲᠦᠷᠭᠡᠨ ᠭᠤᠤᠪᠢᠭᠤᠯᠭ᠎ᠠ ᠶᠢ ᠠᠭᠠᠷ ᠬᠠᠭᠤᠷᠢ ᠬᠤᠯᠪᠤᠭᠠᠯᠠᠨ ᠲᠡᠭᠡᠭᠡᠪᠤᠷᠢᠯᠡᠬᠦ ᠠᠵᠢᠯ ᠢ ᠬᠠᠮᠳᠤᠷᠠᠨ ᠦᠷᠨᠢᠭᠦᠯᠦᠨ᠎ᠡ᠃ ᠬᠦᠴᠦ ᠬᠠᠮᠳᠦᠷᠠᠨ ᠠᠴᠢᠨ ᠲᠡᠭᠡᠭᠡᠪᠤᠷᠢᠯᠡᠬᠦ ᠮᠠᠰᠢᠨ ᠵᠡᠷᠭᠡ ᠮᠠᠰᠢᠨ ᠲᠡᠷᠭᠡᠨ ᠤ 4S ᠲᠡᠯᠭᠡᠭᠦᠷ ᠪᠠᠷᠢᠯᠭ᠎ᠠ ᠡᠬᠢᠯᠡᠵᠤ᠂ ᠪᠦᠳᠦᠭᠡᠨ ᠪᠠᠶᠢᠭᠤᠯᠬᠤ ᠠᠵᠢᠯ ᠢ ᠲᠡᠮᠵᠢᠵᠤ ᠬᠤᠸᠠᠨ ᠢᠦᠢ ᠤᠯᠠᠠ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠳᠠ᠂ ᠰᠢᠨ ᠯᠢ ᠭᠡᠷ ᠤᠨ ᠴᠠᠬᠢᠯᠭᠠᠨ ᠬᠡᠷᠡᠭᠰᠡᠯ ᠤᠨ ᠲᠡᠯᠭᠡᠭᠦᠷ ᠢ ᠪᠦᠳᠦᠭᠡᠨ ᠪᠠᠶᠢᠭᠤᠯᠵᠤ ᠠᠰᠢᠭᠯᠠᠯᠳᠠ ᠳᠤ ᠤᠷᠤᠭᠤᠯᠬᠤ ᠶᠢ ᠠᠬᠢᠭᠤᠯᠤᠨ᠎ᠠ᠃ ᠵᠠᠬ᠎ᠠ ᠲᠡᠯᠭᠡᠭᠦᠷ ᠤᠨ ᠬᠤᠳᠠᠯᠳᠤᠨ ᠠᠪᠬᠤ ᠠᠷᠠᠯᠵᠢᠶ᠎ᠠ ᠬᠤᠳᠠᠯᠳᠤᠭᠠᠨ ᠤ ᠲᠤᠷᠰᠢᠯᠳᠠ ᠶᠢᠨ ᠬᠤᠳᠠ ᠶᠢ ᠢᠳᠡᠪᠬᠢᠳᠠᠢ  ᠪᠠᠷ ᠭᠤᠶᠤᠴᠢᠯᠠᠨ ᠪᠠᠶᠢᠭᠤᠯᠵᠤ᠂ ᠤᠳᠤᠬᠠᠨ ᠳᠤ ᠪᠠᠶᠢᠭ᠎ᠠ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠪᠤᠷᠤᠯᠠᠭᠤᠯᠤᠯᠳᠠ ᠢ ᠪᠠᠳᠤᠳᠬᠠᠵᠤ᠂ ᠬᠦᠭᠵᠢᠯᠳᠠ ᠶᠢᠨ ᠡᠭᠦᠷᠭᠡ   ᠶᠢ ᠲᠤᠰᠠᠯᠠᠨ ᠲᠡᠮᠵᠢᠵᠤ ᠪᠤᠭᠤᠮᠳᠠ ᠶᠢᠨ ᠠᠷᠠᠯᠵᠢᠶ᠎ᠠ ᠬᠤᠳᠠᠯᠳᠤᠭᠠᠨ ᠤ ᠵᠠᠬ᠎ᠠ ᠲᠡᠯᠭᠡᠭᠦᠷ ᠤᠨ ᠦᠷᠨᠢᠬᠦᠨ ᠬᠦᠭᠵᠢᠯᠳᠠ ᠶᠢ ᠲᠦᠯᠬᠢᠨ ᠠᠬᠢᠭᠤᠯᠤᠨ᠎ᠠ᠃      ᠦᠢᠯᠡᠳᠪᠤᠷᠢ ᠬᠤᠳᠠᠯᠳᠤᠭᠠᠨ ᠤ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠵᠤ ᠶᠠᠰᠤ ᠴᠢᠨᠠᠷ ᠢ ᠲᠡᠭᠡᠭᠰᠢᠯᠡᠭᠦᠯᠦᠨ᠎ᠠ᠃ ᠪᠦᠬᠦ ᠬᠦᠴᠦᠨ ᠴᠢᠳᠠᠯ ᠢᠶᠠᠷ ᠢᠶᠠᠨ ᠬᠢᠯᠢ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠲᠤᠭᠤᠷᠢᠭ ᠤᠨ ᠵᠠᠮ ᠱᠤᠭᠤᠮ᠂ ᠤᠰᠤ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ᠂ ᠲᠤᠯᠠᠭᠠᠯᠭ᠎ᠠ ᠬᠠᠩᠭᠠᠬᠤ᠂ ᠴᠢᠮᠡᠭᠡ ᠬᠤᠯᠪᠤᠭ᠎ᠠ ᠨᠡᠪᠳᠡᠷᠡᠭᠦᠯᠬᠦ ᠵᠡᠷᠭᠡ ᠰᠠᠭᠤᠷᠢ ᠲᠦᠬᠦᠭᠡᠷᠦᠮᠵᠢ ᠶᠢ ᠵᠠᠰᠠᠨ ᠰᠠᠶᠢᠵᠢᠷᠠᠭᠤᠯᠵᠤ᠂ ᠬᠦᠷᠢᠶᠡᠯᠡᠩ ᠤᠨ ᠪᠠᠷᠢᠶᠠᠮᠵᠢᠶᠠᠭᠰᠡᠨ ᠦᠢᠯᠡᠳᠪᠤᠷᠢ ᠶᠢᠨ ᠪᠠᠶᠢᠰᠢᠩ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠤ᠂ ᠲᠤᠮᠳᠠ ᠵᠢᠵᠢᠭ ᠠᠵᠤ ᠠᠬᠤᠶᠢᠯᠠᠯ ᠤᠨ ︽ᠤᠬᠤᠷ᠂ ᠲᠤᠭᠳᠠᠭᠤᠨ᠂ ᠲᠦᠷᠭᠡᠨ︾ ᠲᠦᠷᠦᠯ ᠵᠦᠢᠯ ᠳᠤ ᠪᠦᠬᠦ ᠲᠠᠯ᠎ᠠ ᠪᠠᠷ ᠲᠦᠭᠦᠮ ᠦᠢᠯᠡᠴᠢᠯᠡᠭᠡ ᠬᠠᠩᠭᠠᠵᠤ᠂ ᠵᠠᠬ᠎ᠠ ᠲᠡᠯᠭᠡᠭᠦᠷᠵᠢᠭᠰᠡᠨ ᠬᠠᠶᠠᠭᠳᠠᠮᠠᠯ ᠪᠤᠳᠠᠰ ᠢ ᠰᠢᠢᠳᠪᠤᠷᠢᠯᠡᠬᠦ ᠲᠦᠪ ᠢ ᠪᠦᠳᠦᠭᠡᠨ ᠪᠠᠶᠢᠭᠤᠯᠵᠤ ᠬᠦᠷᠢᠶᠡᠯᠡᠩ ᠤᠨ ᠶᠡᠷᠤᠩᠬᠡᠶᠢᠯᠡᠭᠰᠡᠨ ᠠᠴᠢᠶᠠᠯᠠᠬᠤ ᠴᠢᠳᠠᠪᠬᠢ ᠶᠢ ᠤᠯᠠᠮ ᠨᠢᠬᠡ ᠠᠯᠬᠤᠮ ᠳᠡᠭᠡᠭᠰᠢᠯᠡᠭᠦᠯᠦᠨ᠎ᠡ᠃ ᠤᠳᠤᠬᠠᠨ ᠳᠤ ᠪᠠᠶᠢᠭ᠎ᠠ ᠮᠤᠳᠤᠨ ᠮᠡᠲ᠋ᠧᠷᠢᠶᠠᠯ ᠡᠳ᠋ᠰᠢᠭᠦᠯᠬᠦ ᠠᠵᠤ ᠠᠬᠤᠶᠢᠯᠠᠯ ᠤᠨ ᠠᠵᠤ ᠦᠢᠯᠡᠳᠪᠤᠷᠢᠯᠠᠯ ᠤᠨ ᠬᠡᠯᠬᠢᠶ᠎ᠡ ᠬᠤᠯᠪᠤᠭᠠᠰᠤ ᠶᠢ ᠤᠷᠳᠤᠳᠬᠠᠬᠤ ᠶᠢ ᠵᠤᠷᠢᠭᠵᠢᠭᠤᠯᠤᠨ ᠵᠢᠯᠤᠭᠤᠳᠴᠤ᠂ ᠶᠤᠸᠠᠨ ᠳ᠋ᠦᠩ ᠮᠤᠳᠤᠨ ᠮᠡᠲ᠋ᠧᠷᠢᠶᠠᠯ ᠤᠨ ᠰᠤᠯᠢᠯᠴᠠᠭᠠᠨ ᠤ ᠬᠦᠷᠢᠶᠡᠯᠡᠩ ᠤᠨ ᠲᠦᠷᠦᠯ ᠵᠦᠢᠯ ᠤᠨ ᠦᠷ᠎ᠡ ᠠᠰᠢᠭ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠮᠤᠳᠤᠨ ᠮᠡᠲ᠋ᠧᠷᠢᠶᠠᠯ ᠡᠳ᠋ᠰᠢᠭᠦᠯᠬᠦ ᠠᠵᠤ ᠠᠬᠤᠶᠢᠯᠠᠯ ᠤᠨ ᠲᠦᠯᠦᠪᠵᠢᠭᠦᠯᠭᠡ ᠶᠢᠨ ᠴᠢᠨᠠᠷᠳᠠᠢ ᠬᠦᠭᠵᠢᠯᠳᠠ ᠶᠢ ᠠᠬᠢᠭᠤᠯᠵᠤ ᠪᠦᠳᠦᠭᠡᠭᠳᠡᠭᠦᠨ ᠤ ᠡᠳ᠋ᠰᠢᠭᠦᠯᠬᠦ ᠴᠢᠳᠠᠪᠬᠢ ᠶᠢ ᠳᠡᠭᠡᠭᠰᠢᠯᠡᠭᠦᠯᠦᠨ᠎ᠡ᠃ ᠠᠭᠤᠷᠬᠠᠢ ᠰᠤᠩᠭᠤᠵᠤ ᠡᠳ᠋ᠰᠢᠭᠦᠯᠬᠦ ᠠᠵᠢᠯ ᠢ ᠭᠦᠭᠵᠢᠭᠦᠯᠵᠤ᠂ ᠠᠯᠳᠠᠢ ᠠᠭᠤᠷᠬᠠᠢ ᠶᠢᠨ ᠦᠢᠯᠡᠰ ᠤᠨ ᠵᠠᠬ᠎ᠠ ᠳᠡᠯᠭᠡᠭᠦᠷᠵᠢᠭᠦᠯᠦᠭᠰᠡᠨ ᠲᠡᠮᠦᠷ ᠤᠨ ᠠᠭᠤᠷᠬᠠᠢ ᠶᠢᠨ ᠲᠦᠷᠦᠯ ᠵᠦᠢᠯ ᠢ ᠵᠤᠬᠢᠴᠠᠭᠤᠯᠵᠤ᠂ ᠫᠧᠩ ᠱᠦᠨ ᠬᠦᠳᠡᠷ ᠤᠨ ᠰᠢᠭᠠᠷᠤ ᠰᠤᠩᠭᠤᠬᠤ ᠲᠦᠷᠦᠯ ᠵᠦᠢᠯ ᠤᠨ ᠪᠠᠷᠢᠯᠭ᠎ᠠ ᠡᠬᠢᠯᠡᠬᠦ ᠶᠢ ᠬᠦᠴᠦᠯᠠᠨ ᠤᠯᠵᠤ᠂ ᠫᠧᠩ ᠱᠦᠨ ᠬᠦᠳᠡᠷ ᠤᠨ ᠰᠢᠭᠠᠷᠤ ᠸᠣᠯᠹᠷᠤᠮ ᠰᠤᠩᠭᠤᠬᠤ᠂ ᠲᠢᠶᠠᠨ ᠯᠢ ᠲᠠᠮᠦᠷ ᠤᠨ ᠠᠭᠤᠷᠬᠠᠢ᠂ ᠰᠢᠨ ᠢ ᠬᠠᠶᠢᠯᠤᠭᠤᠷ ᠵᠤᠩᠰᠢ ᠶᠢᠨ ᠠᠭᠤᠷᠬᠠᠢ ᠰᠤᠩᠭᠤᠬᠤ ᠲᠦᠷᠦᠯ ᠵᠦᠢᠯ ᠢ ᠨᠡᠭᠡᠭᠡᠨ ᠠᠰᠢᠭᠯᠠᠵᠤ  ᠪᠦᠳᠦᠭᠡᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠭᠦᠨ ᠢ ᠡᠳ᠋ᠰᠢᠭᠦᠯᠬᠦ ᠦᠢᠯᠡᠰ ᠢ ᠢᠳᠡᠪᠬᠢᠳᠠᠢ ᠪᠠᠷ ᠬᠦᠭᠵᠢᠭᠦᠯᠵᠤ᠂ ᠵᠦᠩ ᠱᠠᠩ ᠶᠢᠨ ᠳ᠋ᠢᠩ ᠱᠧᠩ ᠲᠠᠢ ᠭᠤᠸᠠ ᠵᠢᠮᠢᠰ ᠮᠢᠬᠠᠨ ᠤ ᠢᠳᠡᠭᠡᠨ ᠪᠤᠯᠪᠠᠰᠤᠷᠠᠭᠤᠯᠬᠤ ᠬᠦᠷᠢᠶᠡᠯᠡᠩ᠂ ᠡᠷᠳᠡᠨ  ᠤ ᠢ ᠯᠢᠨ ᠮᠠᠯ ᠤᠨ ᠠᠰᠢᠭ ᠰᠢᠮ᠎ᠠ ᠡᠳ᠋ᠰᠢᠭᠦᠯᠬᠦ ᠦᠢᠯᠡᠰ᠂ ᠳ᠋ᠦᠩ ᠰᠢᠨ ᠠᠮᠤ ᠪᠤᠳᠠᠭ᠎ᠠ ᠢᠳᠡᠰᠢᠨ ᠲᠤᠰᠤ ᠪᠤᠯᠪᠠᠰᠤᠷᠠᠭᠤᠯᠬᠤ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠤ᠂ ᠶᠢᠨ ᠭᠦ᠋ ᠶᠤᠸᠠᠨ ᠠᠮᠤ ᠲᠤᠰᠤᠨ ᠤ ᠮᠡᠷᠭᠡᠵᠢᠯ ᠤᠨ ᠦᠭᠡᠷᠡᠴᠢᠯᠠᠯᠳᠠ᠂ ᠮᠢᠩ ᠢᠦᠢ ᠸᠧᠢ ᠶᠧ ᠨᠤᠤᠰᠤ ᠨᠤᠤᠯᠤᠷ ᠡᠳ᠋ᠰᠢᠭᠦᠯᠬᠦ ᠲᠦᠷᠦᠯ ᠵᠦᠢᠯ ᠢ  ᠪᠦᠳᠦᠭᠡᠨ  ᠪᠠᠶᠢᠭᠤᠯᠵᠤ ᠠᠰᠢᠭᠯᠠᠯᠳᠠ ᠳᠤ ᠤᠷᠤᠭᠤᠯᠵᠤ᠂ ᠪᠦᠬᠦ ᠵᠢᠯ ᠤᠨ ᠠᠵᠤ ᠦᠢᠯᠡᠳᠪᠤᠷᠢ ᠶᠢᠨ ᠨᠡᠮᠡᠯᠳᠠ  ᠦᠷᠳᠡᠭ ᠢ 38.3 ᠳ᠋ᠦᠩᠰᠢᠭᠤᠷ ᠲᠦᠭᠦᠷᠢᠭ ᠪᠠᠷ ᠪᠡᠶᠡᠯᠡᠭᠦᠯᠵᠤ᠂10.4% ᠪᠠᠷ  ᠨᠡᠮᠡᠭᠳᠡᠭᠦᠯᠦᠨ᠎ᠡ  ᠃        ᠰᠤᠶᠤᠯ ᠵᠢᠭᠤᠯᠴᠢᠯᠠᠯ ᠤᠨ ᠦᠢᠯᠠᠰ ᠤᠨ ᠳᠡᠰ ᠳᠡᠪᠰᠢᠬᠦ ᠶᠢ ᠠᠬᠢᠭᠤᠯᠤᠨ᠎ᠠ᠃ ᠲᠤᠮᠳᠠᠳᠤ ᠮᠤᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠳᠤᠷᠠᠯᠴᠠᠭᠠᠨ ᠤ ᠲᠤᠭᠤᠷᠢᠭ᠂ ᠬᠢᠯᠢ ᠳᠠᠭᠠᠣ ᠵᠢᠭᠤᠯᠴᠢᠯᠠᠯ ᠤᠨ ᠲᠤᠷᠰᠢᠯᠳᠠ ᠵᠢᠨ‌ᠤᠷᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠤ ᠵᠢᠯ ᠤᠨ ᠲᠤᠳᠤᠷ᠎ᠠ ᠵᠢᠭᠤᠯᠴᠢᠯᠠᠯ ᠤᠨ ᠵᠢᠱᠢᠶ᠎ᠠ ᠦᠵᠡᠭᠦᠯᠬᠦ ᠤᠷᠤᠨ ᠪᠤᠯᠭᠠᠨ᠎ᠠ᠃ ᠲᠤᠮᠳᠠᠳᠤ ᠮᠤᠩᠭᠤᠯ ᠤᠷᠤᠰ ᠤᠨ ᠤᠯᠠᠨ ᠤᠯᠤᠰ ᠤᠨ ᠮᠠᠰᠢᠨ ᠲᠡᠷᠭᠡᠨ ᠤ ᠰᠠᠭᠤᠷᠢᠰᠢᠯ ᠤᠨ ᠬᠦᠷᠢᠶᠡᠯᠡᠩ᠂ ᠶᠡᠷᠦᠩᠬᠢᠯᠡᠭᠰᠡᠨ ᠮᠦᠽᠸᠢ ᠶᠢᠨ ᠬᠤᠶᠠᠷᠳᠡᠬᠢ ᠬᠤᠭᠤᠴᠠᠭᠠᠨ ᠤ ᠦᠵᠡᠭᠦᠯᠭᠡ ᠶᠢᠨ ᠭᠠᠵᠠᠷ᠂ ᠢ ᠯᠢᠨ ᠤᠯᠠᠭ᠎ᠠ ᠦᠷᠳᠡᠭᠡᠨ ᠤ ᠪᠠᠭᠤᠷᠢ ᠶᠢ ᠬᠠᠮᠠᠭᠠᠯᠠᠬᠤ ᠲᠦᠷᠦᠯ ᠵᠦᠢᠯ ᠢ ᠪᠦᠳᠦᠭᠡᠨ  ᠪᠠᠶᠢᠭᠤᠯᠤᠨ ᠨᠡᠭᠡᠭᠡᠨ ᠠᠰᠢᠭᠯᠠᠵᠤ᠂ ᠠᠪᠤᠷᠭᠤ ᠭᠦᠷᠪᠠᠯ ᠤᠨ ᠭᠠᠵᠠᠷ ᠰᠢᠨᠵᠢᠯᠡᠭᠡᠨ ᠤ ᠬᠦᠷᠢᠶᠡᠯᠡᠩ᠂ ᠤᠯᠤᠰ ᠤᠨ ᠡᠭᠦᠳ᠋ᠨ ᠵᠢᠭᠤᠯᠴᠢᠯᠠᠯ ᠤᠨ ᠦᠵᠡᠮᠵᠢ ᠶᠢᠨ ᠤᠷᠤᠨ᠂ ᠲᠤᠮᠳᠠᠳᠤ ᠮᠤᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠲᠤᠭᠯᠠᠯᠳᠠ ᠶᠢᠨ ᠰᠠᠭᠤᠷᠢᠨ ᠭᠠᠵᠡᠷ ᠲᠤ ᠲᠡᠰ ᠲᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠤ᠂ ᠤᠨᠴᠠᠯᠢᠭᠳᠤ ᠵᠢᠭᠤᠯᠴᠢᠯᠠᠯ ᠤᠨ ᠬᠦᠳᠡᠭᠡ ᠲᠤᠰᠬᠤᠨ᠂ ᠠᠪᠤᠷᠭᠤ ᠭᠦᠷᠪᠡᠯ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠦᠵᠡᠮᠵᠢ  ᠶᠢᠨ ᠤᠷᠤᠨ ᠤ ᠲᠦᠷᠦᠯ ᠵᠦᠢᠯ   ᠶᠢ ᠪᠠᠷᠢᠯᠭ᠎ᠠ ᠡᠬᠢᠯᠡᠭᠦᠯᠵᠤ ᠪᠦᠳᠦᠭᠡᠨ ᠪᠠᠶᠢᠭᠤᠯᠵᠠᠢ᠃ ᠲᠤᠮᠳᠠᠳᠤ ᠮᠤᠩᠭᠤᠯ ᠤᠨ ᠵᠢᠭᠤᠯᠴᠢᠯᠠᠯ ᠤᠨ ᠬᠠᠮᠳᠤᠷᠠᠯᠴᠠᠭᠠᠨ ᠤ ᠬᠡᠯᠡᠯᠴᠡᠭᠡᠷ ᠢ ᠲᠦᠯᠬᠢᠨ ᠤᠷᠤᠭᠰᠢᠯᠠᠭᠤᠯᠵᠤ᠂ ᠮᠤᠩᠭᠤᠯ ᠤᠨ ᠲᠠᠯ᠎ᠠ ᠶᠢᠨ ᠵᠦᠪᠳᠡᠯᠴᠡᠭᠡᠷ ᠤᠨ ᠬᠦᠴᠦᠯᠡᠴᠨ ᠶᠢ ᠴᠢᠩᠭᠠᠳᠬᠠᠵᠤ᠂ ᠮᠤᠩᠭᠤᠯ ᠳᠤ  ᠵᠢᠭᠤᠯᠴᠢᠯᠠᠬᠤ ᠭᠡᠷᠡᠴᠢ ᠲᠡᠮᠳᠡᠭ ᠶᠢ ᠬᠡᠷᠡᠭᠯᠡᠬᠦ᠂ ᠲᠤᠮᠳᠠᠳᠤ ᠮᠤᠩᠭᠤᠯ ᠤᠨ ᠪᠦᠯᠬᠦᠮ ᠳᠤ ᠨᠠᠶᠢᠳᠠ ᠶᠢᠨ ᠸᠢᠰᠡ ᠶᠢ ᠬᠠᠷᠢᠯᠴᠠᠨ ᠬᠡᠯᠳᠦᠷᠢᠭᠦᠯᠵᠤ  ᠨᠡᠢᠮᠠᠨ ᠰᠠᠭᠤᠳᠠᠯ ᠠᠴᠠ ᠲᠤᠷᠤᠭᠰᠢ ᠲᠡᠷᠭᠡᠨ ᠤ ᠦᠪᠡᠷᠳᠡᠭᠡᠨ ᠲᠤᠭᠤᠷᠢᠨ ᠵᠢᠭᠤᠯᠴᠢᠯᠠᠬᠤ ᠵᠢᠭᠤᠯᠴᠢᠯᠠᠯ ᠤᠨ ᠬᠢᠯᠢ ᠨᠡᠪᠳᠡᠷᠡᠬᠦ ᠠᠰᠠᠭᠤᠳᠠᠯ ᠲᠡᠭᠡᠷ᠎ᠠ  ᠰᠢᠪᠳᠤᠯᠤᠯᠳᠠ ᠶᠢᠨ ᠴᠢᠨᠠᠷᠳᠠᠢ ᠠᠬᠢᠴᠠ ᠲᠠᠢ ᠪᠤᠯᠭᠠᠨ᠎ᠠ᠃ ︽ᠲᠦᠮᠡᠨ ᠭᠠᠵᠠᠷ ᠤᠨ ᠴᠠᠢ ᠶᠢᠨ ᠵᠠᠮ︾ ᠤᠨ ᠠᠵᠢᠯ ᠳᠤ ᠢᠳᠡᠪᠬᠢᠳᠠᠢ ᠤᠷᠤᠯᠴᠠᠨ᠂ ︽ᠴᠠᠢ ᠶᠢᠨ ᠵᠠᠮ︾ ᠤᠨ ᠤᠯᠠᠨ ᠤᠯᠤᠰ ᠤᠨ ᠰᠤᠶᠤᠯ ᠵᠢᠭᠤᠯᠴᠢᠯᠠᠯ ᠤᠨ ᠪᠠᠶᠠᠷ᠂ ᠲᠤᠮᠳᠠᠳᠤ ᠮᠤᠩᠭᠤᠯ ᠤᠯᠠᠨ ᠤᠯᠤᠰ ᠤᠨ ᠨᠠᠭᠠᠳᠤᠮ᠂ ᠲᠤᠮᠳᠠᠳᠤ ᠮᠤᠩᠭᠤᠯ ᠤᠷᠤᠰ ᠤᠨ ᠵᠠᠯᠠᠭᠤᠴᠤᠳ ᠪᠠᠭᠠᠴᠤᠳ ᠤᠨ ᠬᠦᠯ ᠪᠦᠮᠪᠦᠭᠡᠨ ᠤ ᠤᠷᠢᠯᠭ᠎ᠠ ᠶᠢᠨ ᠤᠷᠤᠯᠳᠤᠭᠠᠨ ᠵᠡᠷᠭᠡ ᠤᠨᠴᠠᠯᠢᠭᠳᠤ ᠨᠡᠷᠡᠳᠤ ᠲᠡᠮᠳᠡᠭᠳᠤ ᠰᠤᠶᠤᠯ ᠲᠠᠮᠢᠷ ᠤᠨ ᠰᠤᠯᠢᠯᠴᠠᠭᠠᠨ ᠤ ᠠᠵᠢᠯᠯᠠᠭ᠎ᠠ ᠢ ᠰᠠᠶᠢᠳᠤᠷ ᠬᠢᠵᠤ᠂ ᠪᠤᠭᠤᠮᠳᠠ ᠶᠢᠨ ᠨᠡᠷ᠎ᠡ ᠬᠦᠨᠳᠤ ᠪᠠ ᠨᠦᠯᠦᠭᠡ ᠲᠤᠰᠬᠠᠯ ᠢ ᠤᠯᠠᠮ ᠢᠶᠠᠷ ᠳᠡᠭᠡᠭᠰᠢᠯᠡᠭᠦᠯᠦᠨ᠎ᠡ᠃ ᠰᠤᠶᠤᠯ ᠵᠢᠭᠤᠯᠴᠢᠯᠠᠯ ᠤᠨ ᠪᠡᠯᠠ ᠮᠦᠩᠭᠦᠨ ᠤ ᠬᠦᠷᠢᠶ᠎ᠠ ᠬᠡᠪᠴᠢᠶ᠎ᠠ ᠶᠢ ᠨᠡᠮᠡᠭᠳᠡᠭᠦᠯᠵᠤ ᠲᠠᠰᠤᠷᠠᠯ ᠦᠭᠡᠢ ᠰᠤᠶᠤᠯ ᠵᠢᠭᠤᠯᠴᠢᠯᠠᠯ ᠤᠨ ᠠᠵᠤ ᠠᠬᠤᠶᠢᠯᠠᠯ ᠢ ᠱᠠᠩᠨᠠᠨ ᠬᠦᠬᠢᠭᠦᠯᠬᠦ ᠬᠦᠴᠦᠯᠡᠴᠠ ᠪᠠᠨ ᠶᠡᠬᠡᠰᠬᠡᠵᠤ᠂ ᠪᠡᠭᠡᠵᠢᠩ ᠲᠢᠶᠠᠨᠵᠢᠨ ᠾᠧᠪᠸᠢ ᠬᠦᠬᠡᠬᠤᠳᠠ ᠪᠤᠭᠤᠳᠤ ᠤᠷᠳᠤᠰ ᠪᠤᠯᠤᠨ ᠮᠤᠩᠭᠤᠯ ᠤᠷᠤᠰ ᠵᠡᠷᠭᠡ ᠤᠯᠤᠰ ᠤᠨ ᠲᠤᠲᠤᠭᠠᠳᠤ ᠭᠠᠳᠠᠭᠠᠳᠤ ᠶᠢᠨ ᠵᠢᠭᠤᠯᠴᠢᠯᠠᠭᠰᠳ ᠤᠨ ᠢᠷᠡᠯᠳᠠ ᠤᠨ ᠬᠠᠮᠳᠤᠷᠠᠯᠴᠠᠭ᠎ᠠ ᠶᠢ ᠰᠢᠯᠢᠭᠳᠡᠵᠢᠭᠦᠯᠵᠤ᠂ ᠨᠠᠩ ᠤᠯᠠᠨ ᠵᠤᠷᠴᠢᠭᠰᠠᠳ ᠪᠠ ᠵᠢᠭᠤᠯᠴᠢᠯᠠᠯ ᠤᠨ ᠪᠠᠷᠠᠭ᠎ᠠ ᠪᠦᠳᠦᠭᠡᠭᠳᠡᠭᠦᠨ ᠰᠤᠨᠢᠷᠬᠠᠨ ᠦᠵᠡᠵᠤ ᠵᠢᠭᠤᠯᠴᠢᠯᠠᠯ ᠤᠨ ᠶᠡᠷᠤᠩᠬᠡᠶᠢᠯᠡᠭᠰᠡᠨ ᠦᠢᠯᠡᠴᠢᠯᠡᠭᠡᠨ ᠤ ᠲᠦᠪ ᠢ ᠪᠦᠳᠦᠭᠡᠨ ᠪᠠᠶᠢᠭᠤᠯᠵᠤ᠂ 30 ᠰᠠᠭᠤᠷᠢ ᠵᠢᠭᠤᠯᠴᠢᠯᠠᠯ ᠤᠨ ᠵᠤᠷᠯᠤᠩ ᠢ ᠰᠢᠨ᠎ᠠ ᠪᠠᠷ ᠪᠠᠶᠢᠭᠤᠯᠤᠨ ᠵᠠᠰᠠᠨ ᠦᠭᠡᠷᠡᠴᠢᠯᠡᠵᠤ ᠵᠢᠭᠤᠯᠴᠢᠯᠠᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠤ᠂ ᠢᠳᠡᠭᠡᠨ ᠤᠮᠳᠠᠭᠠᠨ᠂ ᠬᠤᠨᠤᠵᠤ ᠰᠠᠭᠤᠬᠤ ᠭᠠᠵᠠᠷ᠂ ᠨᠠᠶᠢᠳᠠ ᠶᠢᠨ ᠴᠡᠩᠭᠡᠭᠦᠨ ᠤ ᠲᠠᠯᠠᠪᠤᠷ ᠤᠨ ᠲᠡᠰ ᠲᠡᠭᠡᠭᠰᠢᠯᠡᠭᠦᠯᠬᠦ ᠪᠠᠷᠢᠯᠭ᠎ᠠ ᠶᠢᠨ ᠠᠵᠢᠯ ᠢ ᠶᠠᠪᠤᠭᠳᠠᠭᠤᠯᠵᠤ ᠂᠂ ᠵᠢᠭᠤᠯᠴᠢᠳ ᠢ ᠬᠦᠯᠢᠶᠠᠨ ᠠᠪᠬᠤ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠦᠨ᠎ᠡ᠃ ᠪᠠᠷᠤᠭᠴᠠᠭᠠᠯᠠᠪᠠᠯ᠂ ᠪᠦᠬᠦ ᠵᠢᠯ ᠳᠤ ᠤᠯᠤᠰ ᠤᠨ ᠲᠤᠳᠤᠭᠠᠳᠤ ᠭᠠᠳᠠᠭᠠᠳᠤ   ᠶᠢᠨ ᠵᠤᠷᠴᠢᠭᠰᠡᠳ ᠢ 206 ᠲᠦᠮᠡᠨ ᠬᠦᠮᠦᠨ ᠤᠳᠠᠭ᠎ᠠ ᠬᠦᠯᠢᠶᠠᠨ ᠠᠪᠴᠤ᠂ 4.2% ᠪᠠᠷ ᠨᠡᠮᠡᠭᠳᠡᠨ᠂ ᠵᠢᠭᠤᠯᠴᠢᠯᠠᠯ ᠤᠨ ᠶᠠᠷᠦᠩᠬᠢ ᠤᠷᠤᠯᠭ᠎ᠠ 45 ᠳ᠋ᠦᠩᠰᠢᠭᠤᠷ ᠲᠦᠭᠦᠷᠢᠭ ᠢ  ᠪᠡᠶᠡᠯᠡᠭᠦᠯᠵᠤ᠂ 4 % ᠪᠠᠷ  ᠨᠡᠮᠡᠭᠳᠡᠭᠦᠯᠦᠨ᠎ᠡ᠃       ᠪᠤᠬᠢᠷᠳᠠᠯ ᠦᠭᠡᠢ ᠴᠡᠪᠡᠷ ᠡᠨᠧᠷᠬᠢ ᠤᠨ ᠦᠢᠯᠡᠰ ᠢ  ᠪᠤᠶᠢᠵᠢᠭᠤᠯᠤᠨ ᠬᠦᠴᠦᠷᠭᠡᠭᠵᠢᠭᠦᠯᠦᠨ᠎ᠡ᠃ ᠳᠠᠬᠢᠨ ᠰᠡᠷᠭᠦᠭᠳᠡᠬᠦ ᠰᠢᠨ᠎ᠡ ᠡᠨᠧᠷᠭᠢ ᠶᠢᠨ ᠪᠢᠴᠢᠯ ᠴᠠᠬᠢᠯᠭᠠᠨ ᠤ ᠲᠤᠤᠷ   ᠤᠨ ᠲᠤᠷᠰᠢᠯᠲᠡ ᠶᠢᠨ ᠲᠦᠷᠦᠯ ᠵᠦᠢᠯ ᠢ ᠡᠬᠢᠯᠡᠨ ᠬᠡᠷᠡᠭᠵᠢᠭᠦᠯᠵᠤ᠂ 9 ᠲᠦᠮᠡᠨ ᠺᠢᠯᠤᠸᠠᠲ ᠭᠡᠷᠡᠯ ᠴᠠᠬᠢᠯᠭᠠᠨ ᠤ ᠲᠦᠷᠦᠯ ᠵᠦᠢᠯ ᠵᠡᠷᠭᠡ ᠨᠢᠭᠡᠳᠤᠭᠡᠷ ᠬᠤᠭᠤᠴᠠᠭᠠᠨ ᠤ ᠢᠨᠵᠧᠨᠧᠷᠢᠩ ᠲᠤᠤᠷ ᠨᠡᠶᠢᠯᠡᠭᠦᠯᠦᠨ ᠴᠠᠬᠢᠯᠭᠠᠨ ᠭᠠᠷᠭᠠᠪᠠ᠃ ᠰᠢᠯᠢ ᠶᠢᠨ ᠭᠤᠤᠯ ᠠᠶᠢᠮᠠᠭ ᠠᠴᠠ  ᠵᠢᠶᠠᠩᠰᠤ ᠲᠠᠢ ᠵᠧᠦ  ᠴᠢᠭᠯᠡᠯ ᠤᠨ ᠲᠤᠭᠲᠠᠮᠠᠯ  ᠬᠦᠶᠦᠳᠡᠯᠲᠤ ᠤᠨᠴᠠᠭᠠᠢ ᠦᠨᠳᠦᠷ  ᠬᠦᠴᠦᠳᠡᠯ ᠤᠨ ᠴᠠᠬᠢᠯᠭᠠᠨ ᠳᠠᠮᠵᠢᠭᠤᠯᠬᠤ ᠢᠨᠵᠧᠨᠧᠷᠢᠩ ᠢ ᠲᠦᠰᠢᠭᠯᠡᠵᠤ᠂  ᠪᠤᠬᠢᠷᠳᠠᠯ ᠦᠭᠡᠢ  ᠡᠨᠧᠷᠬᠢ ᠶᠢᠨ ᠲᠡᠵᠢᠭᠡᠯ ᠤᠨ ᠴᠡᠭ ᠪᠠ 500 ᠺᠢᠯᠤᠸᠠᠲ ᠪᠤᠬᠢᠷᠳᠠᠯ ᠦᠭᠡᠢ ᠡᠨᠧᠷᠬᠢ ᠶᠢᠨ ᠴᠠᠬᠢᠯᠭᠠᠨ ᠳᠠᠮᠵᠢᠭᠤᠯᠬᠤ ᠱᠤᠭᠤᠮ ᠢ ᠪᠠᠶᠢᠭᠤᠯᠤᠨ᠎ᠠ᠃ ᠦᠪᠡᠷᠳᠡᠭᠡᠨ‌ᠵᠠᠰᠠᠬᠤ ᠣᠷᠣᠨ ᠤ ᠡᠨᠧᠷᠭᠢ ᠶᠢᠨ ᠳᠣᠪᠴᠢᠶ᠎ᠠ ᠲᠠᠢ ᠬᠠᠮᠵᠢᠯᠴᠢᠬᠤ ᠬᠦᠴᠦᠯᠡᠴᠡ ᠪᠠᠨ ᠨᠡᠮᠡᠭᠳᠡᠭᠦᠯᠵᠥ᠂ ᠨᠡᠩ ᠣᠯᠠᠨ ᠭᠡᠷᠡᠯ ᠴᠠᠬᠢᠯᠭᠠᠨ ᠤ ᠵᠢᠭᠠᠯᠳᠠ ᠶᠢ ᠮᠠᠨ ᠤ ᠪᠣᠭᠤᠮᠳᠠ ᠳᠤ ᠣᠷᠣᠭᠤᠯᠬᠤ ᠶᠢ ᠬᠦᠭᠡᠭᠡᠴᠡᠯᠳᠥᠨ᠎ᠡ᠃ ᠰᠢᠨ᠎ᠡ ᠡᠨᠧᠷᠭᠢ ᠪᠠᠷ ᠢᠯᠴᠢ ᠬᠠᠩᠭᠠᠬᠤ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠳᠦᠷᠭᠡᠳᠭᠡᠨ᠂ ︽ᠴᠠᠬᠢᠯᠭᠠᠨ ᠢᠶᠠᠷ ᠨᠡᠭᠦᠷᠡᠰᠥ ᠶᠢ ᠣᠷᠣᠯᠠᠭᠤᠯᠬᠤ︾ ᠬᠠᠯᠠᠭᠠᠯᠳᠠ ᠶᠢᠨ ᠳᠣᠷᠰᠢᠬᠤ ᠴᠡᠭ ᠢ ᠪᠠᠶᠢᠭᠤᠯᠵᠤ᠂ ᠭᠡᠷᠡᠯ ᠰᠠᠯᠬᠢᠨ ᠬᠦᠴᠦᠨ ᠤ ᠴᠠᠬᠢᠯᠭᠠᠨ ᠡᠨᠧᠷᠭᠢ ᠶᠢ ᠳᠣᠬᠠᠢ ᠶᠢᠨ ᠭᠠᠵᠠᠷ ᠲᠤ ᠨᠢ ᠬᠦᠢᠴᠡᠳ ᠳᠥᠪᠯᠡᠷᠡᠭᠦᠯᠬᠦ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠦᠢᠯᠡᠳᠪᠦᠷᠢᠯᠡᠯ ᠤᠨ ᠬᠡᠯᠬᠢᠶᠡᠰᠥ ᠶᠢ ᠣᠯᠠᠮ ᠣᠷᠳᠣᠰᠬᠠᠵᠤ᠂ ᠰᠠᠯᠬᠢᠨ ᠬᠦᠴᠦᠨ ᠤ ᠴᠠᠬᠢᠯᠭᠠᠨ ᠡᠨᠧᠷᠭᠢ᠂ ᠭᠡᠷᠡᠯ ᠤᠨ ᠡᠨᠧᠷᠭᠢ ᠶᠢᠨ ᠴᠠᠬᠢᠯᠭᠠᠨ ᠵᠢᠴᠢ ᠡᠨᠧᠷᠭᠢ ᠬᠠᠳᠠᠭᠠᠯᠠᠬᠤ ᠳᠦᠭᠦᠭᠡᠷᠥᠮᠵᠢ ᠦᠢᠯᠡᠳᠪᠦᠷᠢᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠡᠷᠴᠢᠮᠵᠢᠭᠦᠯᠥᠨ᠂ ᠰᠠᠯᠬᠢᠨ ᠬᠦᠴᠦᠨ ᠢᠶᠠᠷ ᠴᠠᠬᠢᠯᠭᠠᠨ ᠬᠠᠩᠭᠠᠬᠤ ᠳᠦᠭᠦᠭᠡᠷᠥᠮᠵᠢ ᠦᠢᠯᠡᠳᠪᠦᠷᠢᠯᠡᠬᠦ ᠲᠠᠯ᠎ᠠ ᠪᠠᠷ ᠰᠢᠨ᠎ᠡ ᠳᠡᠪᠰᠢᠯᠳᠡ ᠭᠠᠷᠭᠠᠵᠤ ᠠᠵᠢᠯᠯᠠᠨ᠎ᠠ᠃       ᠭᠤᠷᠪᠠ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠳᠠ ᠪᠠ ᠬᠠᠮᠢᠶᠠᠷᠣᠯᠳᠠ ᠶᠢ ᠴᠢᠩᠭᠠᠳᠬᠠᠵᠤ᠂ ᠬᠤᠳᠠ ᠬᠦᠳᠡᠭᠡ ᠶᠢᠨ ᠨᠢᠭᠡ ᠴᠣᠭᠴᠠᠵᠢᠯᠳᠡ ᠶᠢ ᠰᠢᠨ᠎ᠡ ᠱᠠᠳᠣᠨ ᠳᠤ ᠠᠬᠢᠭᠤᠯᠤᠨ᠎ᠠ      ᠬᠤᠳᠠ ᠶᠢᠨ ᠠᠮᠢᠳᠣᠷᠠᠯ ᠤᠨ ᠳᠣᠬᠢᠳᠠᠢ ᠣᠷᠴᠢᠨ ᠢ ᠤᠯᠠᠮ ᠦᠨᠳᠥᠷ ᠳᠥᠪᠰᠢᠨ ᠳᠤ ᠠᠬᠢᠭᠤᠯᠤᠨ᠎ᠠ᠃  ᠪᠤᠬᠢᠷᠳᠠᠯ ᠦᠭᠡᠢ᠂ ᠠᠮᠢ  ᠠᠬᠤᠶᠢᠴᠢ᠂ ᠣᠰᠣ ᠭᠠᠮᠨᠠᠬᠤ ᠦᠵᠡᠯ ᠣᠬᠠᠮᠰᠠᠷ ᠢ ᠪᠣᠢ ᠪᠣᠯᠭᠠᠨ᠂ ᠬᠤᠳᠠ ᠶᠢᠨ ᠳᠣᠯᠣᠳᠣᠭᠠᠷ ᠣᠳᠠᠭᠠᠨ ᠤ ᠶᠡᠷᠥᠩᠭᠡᠢ ᠳᠥᠯᠥᠪᠵᠢᠭᠦᠯᠭᠡ ᠪᠠ ᠭᠠᠵᠠᠷ ᠳᠣᠣᠷᠠᠬᠢ ᠣᠰᠣᠨ ᠱᠤᠭᠤᠮ ᠪᠠᠶᠢᠭᠤᠯᠬᠤ ᠳᠤᠰᠬᠠᠢ ᠳᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠳᠠᠭᠤᠰᠬᠠᠨ᠎ᠠ᠃ ᠬᠤᠳᠠ ᠶᠢᠨ ᠵᠠᠮ ᠬᠠᠷᠢᠯᠴᠠᠭ᠎ᠠ᠂ ᠪᠤᠬᠢᠷ  ᠤᠨ ᠱᠣᠭᠤᠮ᠂ ᠬᠠᠯᠠᠭᠠᠯᠠᠯᠳᠠ ᠶᠢᠨ ᠳᠣᠣᠷ ᠱᠣᠭᠤᠮ᠂ ᠬᠠᠳᠠᠭᠤᠵᠢᠯᠳᠠ ᠭᠤᠶᠣᠵᠢᠭᠤᠯᠤᠯᠳᠠ ᠭᠡᠭᠡᠵᠢᠷᠡᠭᠦᠯᠥᠯᠳᠡ ᠵᠡᠷᠭᠡ ᠬᠤᠳᠠ ᠶᠢᠨ ᠰᠠᠭᠤᠷᠢ ᠳᠦᠭᠦᠭᠡᠷᠥᠮᠵᠢ ᠶᠢᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠡᠪᠳᠡᠷᠬᠡᠢ ᠬᠠᠭᠤᠴᠢᠨ ᠣᠷᠣᠨ ᠰᠠᠭᠤᠴᠠ ᠶᠢᠨ ᠳᠣᠭᠤᠷᠢᠭ᠂ ᠠᠪᠣᠷᠭᠤ ᠬᠦᠷᠪᠡᠯ ᠤᠨ ᠳᠠᠯᠠᠪᠠᠢ᠂ ᠠᠶᠣᠯ ᠠᠴᠠ ᠵᠠᠶᠢᠯᠠᠬᠤ ᠳᠠᠯᠠᠪᠦᠷ ᠤᠨ ᠶᠡᠷᠥᠩᠭᠡᠢ ᠵᠠᠰᠠᠨ ᠰᠢᠨᠡᠴᠢᠯᠡᠯᠳᠡ ᠶᠢᠨ ᠢᠨᠵᠧᠨᠧᠷᠢᠩ ᠢ ᠠᠯᠬᠤᠮ ᠳᠠᠷᠠᠭ᠎ᠠ ᠲᠠᠢ ᠠᠬᠢᠭᠤᠯᠤᠨ ᠂ ᠠᠴᠢᠶ᠎ᠠ ᠰᠣᠯᠠᠯᠠᠬᠤ ᠵᠠᠮ ᠳᠠᠭᠠᠤ ᠬᠢ ᠡᠯᠡᠰᠥ ᠰᠠᠯᠬᠢ ᠬᠠᠰᠢᠬᠤ ᠣᠢ᠂ ᠵᠢᠭᠤᠯᠴᠢᠯᠠᠯ ᠤᠨ ᠶᠡᠷᠥᠩᠭᠡᠢ ᠦᠢᠯᠡᠴᠢᠯᠡᠯᠭᠡ ᠶᠢᠨ ᠳᠦᠪ ᠪᠣᠯᠣᠨ ᠮᠣᠷᠢᠳᠣ ᠴᠠᠢ ᠶᠢᠨ ᠥᠷᠭᠡᠨ ᠴᠢᠯᠥᠭᠡᠨ ᠤ ᠨᠣᠭᠤᠭᠠᠷᠠᠵᠢᠭᠤᠯᠤᠯᠳᠠ ᠶᠢᠨ ᠳᠦᠷᠥᠯ ᠵᠦᠢᠯ ᠢ ᠬᠢᠨᠠᠮᠠᠭᠠᠢ ᠶᠠᠪᠣᠭᠳᠠᠭᠤᠯᠣᠨ᠎ᠠ᠃ ᠤᠰᠤ ᠴᠡᠪᠡᠷᠰᠢᠭᠦᠯᠬᠦ ᠦᠢᠯᠡᠳᠪᠦᠷᠢ᠂ ᠭᠤᠷᠪᠠᠳᠣᠭᠠᠷ  ᠤᠰᠤ ᠬᠠᠩᠭᠠᠬᠤ ᠦᠢᠯᠡᠳᠪᠦᠷᠢ᠂ ᠣᠰᠣᠨ ᠰᠣᠷᠪᠣᠯᠵᠢ ᠶᠢᠨ ᠣᠷᠣᠨ ᠤ ᠦᠷᠭᠡᠳᠭᠡᠨ ᠪᠠᠶᠢᠭᠤᠯᠤᠯᠳᠠ᠂ ᠬᠤᠳᠠ ᠶᠢᠨ ᠳᠣᠭᠤᠷᠢᠭ ᠤᠨ ᠡᠪᠳᠡᠷᠭᠡᠢ ᠬᠠᠭᠤᠴᠢᠨ ᠣᠰᠣᠨ ᠱᠣᠭᠤᠮ ᠢ ᠦᠭᠡᠷᠡᠴᠢᠯᠡᠨ ᠰᠢᠨᠡᠳᠭᠡᠬᠦ ᠢᠨᠵᠧᠨᠧᠷᠢᠩ ᠤᠨ ᠪᠠᠶᠢᠭᠤᠯᠤᠭᠳᠠᠵᠤ ᠠᠰᠢᠭᠯᠠᠯᠳᠠ ᠳᠤ ᠣᠷᠣᠬᠤ ᠶᠢ ᠢᠳᠡᠪᠬᠢᠳᠡᠢ ᠳᠦᠯᠬᠢᠨ ᠠᠬᠢᠭᠤᠯᠤᠨ᠎ᠠ᠃ ︽ᠬᠠᠳᠠᠭᠠᠯᠠᠭ᠎ᠠ ᠪᠠᠨ ᠪᠠᠭᠠᠰᠬᠠᠬᠤ︾ ᠠᠵᠢᠯ ᠢ ᠰᠠᠶᠢᠳᠣᠷ ᠠᠳᠬᠤᠵᠣ᠂ ᠮᠠᠯᠴᠢᠨ ᠳᠠᠷᠢᠶᠠᠴᠢᠳ ᠪᠣᠯᠣᠨ ᠭᠠᠳᠠᠷ ᠣᠷᠣᠨ ᠤ ᠬᠦᠮᠥᠰ ᠤᠨ ᠭᠡᠷ ᠪᠠᠶᠢᠰᠢᠩ ᠬᠤᠳᠠᠯᠳᠣᠨ ᠠᠪᠴᠣ ᠨᠣᠳᠣᠭᠰᠢᠬᠤ ᠳᠤ ᠪᠣᠳᠣᠯᠭ᠎ᠠ ᠶᠢᠨ ᠬᠥᠩᠭᠡᠯᠡᠯᠳᠡ ᠣᠯᠭᠤᠬᠤ ᠲᠠᠯ᠎ᠠ ᠪᠠᠷ ᠰᠢᠭᠤᠷᠬᠠᠢ ᠠᠵᠢᠯᠯᠠᠵᠤ᠂ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠨ ᠤ ᠭᠠᠵᠠᠷ ᠤᠨ ᠦᠵᠡᠰᠭᠦᠯᠡᠩ ᠢ ᠰᠠᠶᠢᠳᠣᠷ ᠵᠣᠬᠢᠶᠠᠨ ᠪᠠᠶᠢᠭᠤᠯᠵᠤ᠂ ᠨᠢᠭᠡᠳᠦᠭᠡᠷ ᠡᠭᠡᠯᠵᠢᠨ ᠤ ᠡᠪᠳᠡᠷᠬᠡᠢ ᠬᠠᠭᠤᠴᠢᠨ ᠪᠠᠶᠢᠷᠢ ᠶᠢ ᠰᠣᠯᠢᠨ ᠰᠢᠨᠡᠳᠭᠡᠬᠦ ᠠᠵᠢᠯᠯᠠᠭ᠎ᠠ  ᠶᠢ ᠬᠦᠢᠴᠡᠳᠭᠡᠨ᠂ ᠦᠯᠡᠳᠡᠭᠳᠡᠯ ᠭᠡᠷ ᠪᠠᠶᠢᠰᠢᠩ ᠢ ᠡᠷᠭᠢᠯᠳᠡ ᠳᠤ ᠣᠷᠣᠭᠤᠯᠣᠨ᠎ᠠ᠃      ᠬᠤᠳᠠ ᠶᠢᠨ ᠨᠠᠷᠢᠪᠴᠢᠯᠠᠭᠰᠠᠨ ᠬᠠᠮᠢᠶᠠᠷᠣᠯᠳᠠ ᠶᠢ ᠴᠢᠩᠭᠠᠳᠬᠠᠨ᠎ᠠ᠃ ᠬᠤᠳᠠ ᠶᠢᠨ ᠬᠠᠮᠢᠶᠠᠷᠣᠯᠳᠠ ᠶᠢᠨ ᠵᠠᠰᠠᠭ ᠵᠠᠬᠢᠷᠭᠠᠨ ᠤ ᠬᠠᠣᠯᠢ  ᠬᠡᠷᠡᠭᠵᠢᠭᠦᠯᠬᠦ ᠦᠭᠡᠷᠡᠴᠢᠯᠡᠯᠳᠡ ᠶᠢ ᠳᠦᠷᠭᠡᠳᠭᠡᠨ᠂ ᠬᠤᠳᠠ ᠶᠢᠨ ᠬᠠᠮᠢᠶᠠᠷᠣᠯᠳᠠ ᠶᠢᠨ ᠳᠣᠪᠴᠢᠶ᠎ᠠ᠂ ᠨᠣᠭᠤᠭᠠᠷᠠᠭᠤᠯᠤᠯᠳᠠ ᠶᠢᠨ ᠳᠣᠪᠴᠢᠶᠠᠨ ᠤ ᠳᠥᠯᠥᠪᠯᠡᠨ ᠰᠢᠯᠵᠢᠭᠦᠯᠬᠦ ᠠᠵᠢᠯ ᠢ ᠳᠠᠭᠤᠰᠬᠠᠵᠤ᠂ ᠭᠡᠷᠡᠯᠳᠥᠠᠣᠳᠣ ᠰᠣᠮᠣᠨ ᠤ ᠳᠣᠰᠬᠤᠨ ᠬᠠᠮᠢᠶᠠᠷᠣᠯᠳᠠ ᠶᠢᠨ ᠶᠡᠷᠥᠩᠬᠡᠢ ᠬᠠᠣᠯᠢ ᠬᠡᠷᠡᠭᠵᠢᠭᠦᠯᠬᠦ ᠠᠩᠬᠢ ᠶᠢ ᠪᠠᠶᠢᠭᠤᠯᠵᠤ ᠂ ᠬᠤᠳᠠ ᠬᠦᠳᠡᠭᠡ ᠨᠢᠭᠡ ᠴᠣᠭᠴᠠᠵᠢᠭᠰᠠᠨ᠂ ᠦᠷ᠎ᠡ ᠪᠦᠳᠣᠮᠵᠢᠳᠠᠢ ᠬᠠᠮᠢᠶᠠᠷᠣᠯᠳᠠ ᠶᠢᠨ ᠳᠣᠭᠳᠠᠯᠴᠠᠭ᠎ᠠ ᠶᠢ ᠪᠠᠶᠢᠭᠤᠯᠤᠨ᠎ᠠ᠃ ᠬᠤᠳᠠ ᠶᠢ ᠳᠡᠰ ᠳᠡᠭᠦᠷᠭᠡ ᠬᠤᠪᠢᠶᠠᠨ ᠬᠠᠮᠢᠶᠠᠷᠬᠤ ᠠᠵᠢᠯ ᠢ ᠴᠢᠩᠭᠠᠳᠬᠠᠨ᠂ ᠡᠳᠦᠷ ᠳᠣᠳᠣᠮ  ᠤᠨ ᠬᠠᠣᠯᠢ ᠶᠢᠨ ᠬᠡᠷᠡᠭᠵᠢᠯᠳᠡ ᠪᠠ ᠬᠢᠨᠠᠨ ᠪᠠᠶᠢᠴᠠᠭᠠᠯᠳᠠ ᠶᠢᠨ ᠬᠦᠴᠦᠯᠡᠴᠡ ᠶᠢ  ᠨᠡᠮᠡᠭᠳᠡᠭᠦᠯᠵᠥ᠂ ᠬᠤᠳᠠ ᠶᠢᠨ ᠰᠠᠭᠤᠷᠢ ᠳᠦᠭᠦᠭᠡᠷᠥᠮᠵᠢ ᠶᠢᠨ ᠬᠠᠮᠠᠭᠠᠯᠠᠯᠳᠠ᠂ ᠬᠤᠳᠠ ᠶᠢᠨ ᠳᠦᠷᠢ ᠳᠦᠷᠭᠦ᠂ ᠵᠠᠮ ᠬᠠᠷᠢᠯᠴᠠᠭᠠᠨ ᠤ ᠡᠮᠬᠢ ᠴᠡᠭᠴᠡ ᠵᠡᠷᠭᠡ ᠳᠣᠰᠬᠠᠢ ᠵᠠᠰᠠᠨ ᠴᠡᠭᠴᠡᠯᠡᠬᠦ ᠠᠵᠢᠯ ᠤᠨ ᠦᠷ᠎ᠡ ᠪᠦᠳᠦᠮᠵᠢ ᠶᠢ ᠳᠠᠰᠣᠷᠠᠯᠳᠠ ᠦᠭᠡᠢ ᠭᠦᠨᠵᠡᠭᠡᠶᠢᠷᠡᠭᠦᠯᠥᠨ᠂ ᠣᠯᠠᠨ ᠳᠦᠮᠡᠨ ᠤ ᠠᠩᠬᠠᠷᠣᠯ ᠤᠨ ᠳᠥᠪᠯᠡᠷᠡᠯ ᠴᠡᠭ ᠲᠤ ᠣᠷᠣᠰᠢᠬᠤ ᠬᠤᠳᠠ ᠬᠠᠮᠢᠶᠠᠷᠣᠯᠳᠠ ᠶᠢᠨ ᠠᠵᠢᠯᠯᠠᠭ᠎ᠠ ᠵᠢᠴᠢ ᠬᠥᠨᠳᠥ ᠪᠡᠷᠭᠡᠰᠢᠶᠡᠯ ᠲᠠᠢ ᠠᠰᠠᠭᠤᠳᠠᠯ ᠤᠳ ᠢ ᠦᠨᠡᠨᠬᠦ ᠰᠢᠢᠳᠪᠦᠷᠢᠯᠡᠨ᠎ᠡ᠃ ᠪᠠᠶᠢᠭᠤᠯᠤᠯᠭ᠎ᠠ ᠠᠵᠢᠯ ᠦᠢᠯᠡᠰ  ᠤᠨ ᠨᠢᠭᠡᠴᠢ ᠬᠠᠷᠢᠭᠤᠴᠠᠯᠭᠠᠳᠣ ᠵᠡᠭᠡᠯᠢ ᠭᠤᠳᠤᠮᠵᠢ᠂ ᠣᠷᠣᠨ ᠰᠠᠭᠤᠴᠠ ᠶᠢᠨ ᠳᠣᠭᠤᠷᠢᠭ ᠤᠨ ᠠᠵᠢᠯ ᠢᠶᠠᠨ ᠰᠠᠶᠢᠳᠣᠷ ᠦᠷᠨᠢᠭᠦᠯᠵᠥ᠂ ᠵᠡᠭᠡᠯᠢ ᠨᠢᠭᠤᠷᠯᠠᠵᠤ ᠪᠤᠢ ᠪᠠᠶᠢᠭᠤᠯᠤᠯᠭ᠎ᠠ ᠨᠢᠭᠡᠴᠢ ᠶᠢᠨ ᠡᠭᠦᠳᠡᠨ ᠡᠮᠣᠨᠡᠬᠢ ᠣᠷᠴᠢᠨ ᠳᠣᠭᠤᠷᠢᠨ ᠤ ᠠᠷᠢᠭᠤᠨ ᠴᠡᠪᠡᠷ ᠢ ᠪᠠᠳᠣᠯᠠᠵᠤ᠂ ᠠᠵᠤ ᠠᠬᠤᠶᠢᠯᠠᠯ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠳᠠ ᠵᠢᠴᠢ ᠦᠷᠭᠡᠨ ᠣᠯᠠᠨ ᠬᠤᠳᠠ ᠶᠢᠨ ᠢᠷᠭᠡᠳ ᠤᠨ ᠬᠤᠳᠠ ᠪᠠᠶᠢᠭᠤᠯᠤᠯᠳᠠ ᠪᠣᠯᠣᠨ ᠬᠠᠮᠢᠶᠠᠷᠣᠯᠳᠠ  ᠶᠢᠨ ᠦᠢᠯᠡ ᠠᠵᠢᠯᠯᠠᠭᠠᠨ ᠳᠤ ᠣᠷᠣᠯᠴᠠᠬᠤ ᠶᠢ ᠤᠳᠤᠷᠢᠳᠤᠨ ᠳᠠᠭᠠᠭᠤᠯᠤᠨ᠎ᠠ᠃ ᠬᠤᠳᠠ ᠶᠢᠨ ᠣᠷᠴᠢᠨ ᠳᠣᠭᠤᠷᠢᠨ  ᠢ ᠬᠠᠮᠠᠭᠠᠯᠠᠬᠤ ᠰᠠᠭᠤᠷᠢ ᠳᠦᠭᠦᠭᠡᠷᠥᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠳᠠᠷᠢᠶᠠᠯᠠᠩ ᠬᠦᠳᠡᠭᠡ ᠳᠣᠰᠬᠤᠨ ᠤ ᠣᠷᠴᠢᠨ ᠳᠣᠭᠤᠷᠢᠨ ᠤ ᠠᠷᠢᠭᠤᠨ ᠴᠡᠪᠡᠷ ᠢ ᠰᠠᠶᠢᠵᠢᠷᠠᠭᠤᠯᠵᠤ᠂ ︽ᠬᠤᠳᠠ ᠬᠦᠳᠡᠭᠡ ᠨᠢᠭᠡ ᠴᠣᠭᠴᠠᠵᠢᠭᠰᠠᠨ︾ ᠣᠷᠴᠢᠨ ᠳᠣᠭᠤᠷᠢᠨ ᠤ ᠠᠷᠢᠭᠤᠨ ᠴᠡᠪᠡᠷ ᠤᠨ ᠬᠠᠮᠢᠶᠠᠷᠣᠯᠳᠠ ᠶᠢᠨ ᠬᠡᠯᠪᠡᠷᠢ ᠶᠢ ᠠᠯᠬᠤᠮ ᠳᠠᠷᠠᠭ᠎ᠠ ᠲᠠᠢ ᠪᠣᠢ ᠪᠣᠯᠭᠠᠨ᠎ᠠ᠃ ︽12345︾ ᠶᠡᠷᠥᠩᠭᠡᠢ ᠦᠢᠯᠡᠴᠢᠯᠡᠭᠡᠨ ᠤ ᠤᠳᠠᠰᠤ ᠶᠢᠨ ᠠᠴᠢ ᠬᠤᠯᠪᠣᠭᠳᠠᠯ ᠢ ᠬᠦᠢᠴᠡᠳ ᠪᠠᠳᠠᠷᠠᠭᠤᠯᠵᠤ᠂ ︽ ᠤᠶᠤᠨᠴᠢ ᠬᠤᠳᠠ︾ ᠶᠢᠨ ᠪᠠᠶᠢᠭᠤᠯᠤᠯᠳᠠ ᠶᠢᠨ ᠬᠤᠶᠠᠳᠣᠭᠠᠷ ᠬᠤᠭᠤᠴᠠᠭᠠᠨ ᠤ ᠪᠦᠳᠦᠭᠡᠨ ᠪᠠᠶᠢᠭᠤᠯᠤᠯᠳᠠ ᠶᠢ ᠳᠠᠭᠤᠰᠬᠠᠵᠤ᠂ ᠳᠤᠭ᠎ᠠ ᠪᠠᠷᠢᠮᠳᠠ ᠶᠢ ᠨᠢᠭᠡᠳᠭᠡᠨ ᠬᠠᠮᠳᠣ ᠪᠠᠷ ᠬᠤᠪᠢᠶᠠᠯᠴᠠᠬᠤ ᠬᠦᠴᠦᠯᠡᠴᠡ ᠪᠠᠨ ᠨᠡᠮᠡᠭᠳᠡᠭᠦᠯᠵᠥ᠂ ᠬᠤᠳᠠ ᠬᠠᠮᠢᠶᠠᠷᠣᠯᠳᠠ ᠶᠢᠨ ᠨᠠᠷᠢᠪᠴᠢᠯᠠᠭᠰᠠᠨ᠂ ᠤᠬᠠᠭᠠᠯᠢᠭᠵᠢᠭᠰᠠᠨ ᠳᠦᠪᠰᠢᠨ  ᠢ ᠳᠡᠭᠡᠭᠰᠢᠯᠡᠭᠦᠯᠥᠨ᠎ᠡ᠃         ᠰᠢᠨ᠎ᠡ ᠬᠦᠳᠡᠭᠡ ᠳᠣᠰᠬᠤᠨ ᠮᠠᠯᠵᠢᠬᠤ ᠣᠷᠣᠨ ᠤ ᠪᠦᠳᠦᠭᠡᠨ ᠪᠠᠶᠢᠭᠤᠯᠤᠯᠳᠠ ᠶᠢ ᠳᠥᠯᠬᠢᠨ ᠠᠬᠢᠭᠤᠯᠤᠨ᠎ᠠ᠃ G208 — ᠦᠨᠢᠶᠡᠨ ᠳᠣᠰᠬᠤᠨ — ᠨᠡᠶᠢᠳᠡ ᠶᠢᠨ ᠤᠩᠭᠤᠨ ᠴᠢᠭᠯᠡᠯ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢ ᠳᠠᠭᠤᠰᠬᠠᠨ᠂ ᠰᠦᠵᠢ ᠭᠠᠴᠠᠭ᠎ᠠ ᠠᠴᠠ ᠣᠷᠪᠠᠨ ᠳᠤ ᠬᠦᠷᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢ ᠡᠬᠢᠯᠡᠭᠦᠯᠬᠦ ᠪᠠᠷ ᠴᠢᠷᠮᠠᠶᠢᠵᠤ᠂ ᠰᠢᠨ᠎ᠡ ᠪᠠᠷ ᠪᠠᠶᠢᠭᠤᠯᠵᠤ᠂ ᠵᠠᠰᠠᠨ ᠰᠢᠨᠡᠳᠭᠡᠭᠰᠡᠨ ᠳᠤᠯᠠᠭᠠᠨ ᠫᠧᠩ ᠬᠤᠷᠢᠭ᠎ᠠ74 ᠰᠠᠭᠤᠷᠢ ᠪᠠᠶᠢᠵᠤ᠂ ᠮᠠᠯᠴᠢᠨ ᠳᠠᠷᠢᠶᠠᠴᠢᠨ ᠤ ᠦᠢᠯᠡᠳᠪᠦᠷᠢ ᠠᠮᠢᠳᠣᠷᠠᠯ ᠤᠨ ᠳᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠥᠨ᠎ᠡ᠃ ᠮᠠᠯᠴᠢᠳ ᠤᠨ ᠮᠠᠯ ᠤᠨ ᠪᠦᠳᠦᠴᠡ ᠶᠢ ᠰᠢᠯᠢᠳᠡᠭᠵᠢᠭᠦᠯᠬᠦ ᠳᠠᠯ᠎ᠠ ᠪᠠᠷ ᠣᠳᠣᠷᠢᠳᠣᠨ ᠳᠠᠭᠠᠭᠤᠯᠵᠤ᠂ ᠵᠠᠬ᠎ᠠ ᠳᠡᠯᠭᠡᠭᠦᠷ ᠤᠨ ᠱᠠᠭᠠᠷᠳᠠᠯᠭ᠎ᠠ ᠶᠢᠨ ᠳᠠᠭᠠᠤ ︽ᠬᠤᠨᠢ ᠶᠢᠨ ᠳᠤᠭ᠎ᠠ ᠳᠣᠯᠣᠭᠠᠢ ᠶᠢ ᠬᠠᠰᠣᠵᠣ᠂ ᠦᠭᠡᠷ ᠤᠨ ᠳᠤᠭ᠎ᠠ ᠳᠣᠯᠣᠭᠠᠢ ᠶᠢ ᠨᠡᠮᠡᠭᠳᠡᠭᠦᠯᠵᠥ︾᠂ ᠰᠢᠯᠢᠳᠡᠭ ᠡᠭᠦᠯᠳᠡᠷ ᠤᠨ ᠦᠭᠡᠷ ᠤᠨ ᠮᠢᠬ᠎ᠠ ᠶᠢ ᠶᠡᠭᠡ ᠪᠠᠷ ᠣᠷᠣᠭᠤᠯᠵᠤ᠂ ᠢᠳᠡᠰᠢᠨ ᠤ ᠦᠭᠡᠷ ᠪᠡᠯᠡᠳᠬᠦ ᠳᠡᠵᠢᠭᠡᠪᠦᠷᠢ ᠶᠢᠨ ᠦᠢᠯᠡᠰ ᠢ ᠬᠥᠭᠵᠢᠭᠦᠯᠥᠨ᠎ᠡ᠃ ᠢᠳᠡᠰᠢᠨ ᠨᠣᠭᠤᠭᠠᠨ ᠤ ᠳᠠᠷᠢᠶᠠᠴᠢᠳ ᠤᠨ ᠰᠢᠨᠵᠢᠯᠡᠬᠦ ᠣᠬᠠᠭᠠᠨᠴᠢ ᠳᠠᠷᠢᠵᠤ ᠪᠣᠶᠢᠵᠢᠭᠤᠯᠬᠤ ᠪᠠ ᠪᠣᠷᠣᠭᠤᠯᠠᠬᠤ ᠴᠢᠳᠠᠪᠣᠷᠢ ᠪᠠᠨ ᠳᠡᠭᠡᠭᠰᠢᠯᠡᠭᠦᠯᠬᠦ ᠳᠠᠯ᠎ᠠ ᠪᠠᠷ ᠣᠳᠣᠷᠢᠳᠣᠨ ᠳᠠᠭᠠᠭᠤᠯᠵᠤ᠂ ᠨᠣᠭᠤᠭᠠᠨ ᠢᠳᠡᠰᠢᠨ ᠨᠣᠭᠤᠭ᠎ᠠ᠂ ᠳᠠᠷᠢᠮᠠᠯ ᠴᠡᠴᠡᠭ ᠤᠨ ᠦᠢᠯᠡᠰ ᠢ ᠬᠥᠭᠵᠢᠭᠦᠯᠵᠥ᠂ ᠰᠠᠶᠢᠬᠤᠰᠤ ᠶᠢᠨ ᠨᠣᠭᠤᠭᠠᠨ ᠬᠤᠤᠷ ᠦᠭᠡᠢ ᠢᠳᠡᠰᠢᠨ ᠨᠣᠭᠤᠭᠠᠨ ᠤ ᠳᠡᠮᠳᠡᠭᠳᠥ ᠶᠢᠨ ᠨᠥᠯᠥᠭᠡᠯᠡᠬᠦ ᠬᠦᠴᠦᠨ ᠢ ᠳᠠᠰᠣᠷᠠᠯᠳᠠ ᠦᠭᠡᠢ ᠳᠡᠭᠡᠭᠰᠢᠯᠡᠭᠦᠯᠥᠨ᠎ᠡ᠃ ᠳᠠᠷᠢᠶᠠᠯᠠᠩ ᠬᠦᠳᠡᠭᠡ ᠠᠵᠤ ᠠᠬᠤᠢ ᠶᠢᠨ ᠦᠢᠯᠡᠳᠪᠦᠷᠢᠵᠢᠯᠡᠯ ᠤᠨ ᠬᠦᠭᠵᠢᠯᠳᠡ ᠶᠢ ᠳᠦᠯᠬᠢᠨ ᠠᠬᠢᠭᠤᠯᠵᠤ᠂ ᠪᠠᠷᠢᠮᠵᠢᠶᠠᠳᠤ ᠮᠠᠯᠵᠢᠯ ᠤᠨ ᠳᠠᠯᠠᠪᠠᠢ ᠶᠢᠨ ᠵᠢᠱᠢᠶ᠎ᠡ ᠦᠵᠡᠭᠦᠯᠬᠦ ᠡᠷᠦᠬᠡ ᠪᠣᠯᠣᠨ ᠵᠢᠱᠢᠶ᠎ᠡ ᠦᠵᠡᠭᠦᠯᠬᠦ ᠬᠤᠷᠰᠢᠶᠠᠵᠢᠯ ᠤᠨ ᠪᠦᠳᠦᠭᠡᠨ ᠪᠠᠶᠢᠭᠤᠯᠤᠯᠳᠠ ᠳᠤ ᠳᠡᠮᠵᠢᠯᠭᠡ ᠦᠵᠡᠭᠦᠯᠥᠨ᠎ᠡ᠃ ᠮᠠᠯᠴᠢᠨ ᠳᠠᠷᠢᠶᠠᠴᠢᠳ ᠪᠣᠯᠣᠨ ᠠᠵᠤ ᠠᠬᠤᠶᠢᠯᠠᠯ ᠤᠨ ᠨᠢᠭᠡᠴᠢ  ᠶᠢᠨ ᠬᠤᠭᠤᠷᠣᠨᠳᠣᠬᠢ ᠨᠢᠭᠡᠳᠣᠮᠡᠯ ᠠᠰᠢᠭ ᠳᠣᠰᠠ ᠶᠢᠨ ᠳᠣᠭᠳᠠᠯᠴᠠᠭ᠎ᠠ ᠶᠢ ᠳᠡᠭᠦᠯᠳᠡᠷᠵᠢᠭᠦᠯᠵᠥ᠂ ᠣᠳᠣ ᠪᠠᠶᠢᠭ᠎ᠠ ᠵᠢᠮᠢᠰ ᠢᠳᠡᠰᠢᠨ ᠨᠣᠭᠤᠭ᠎ᠠ᠂ ᠨᠣᠣᠯᠣᠷ ᠡᠯᠳᠡᠬᠦ ᠠᠵᠤ ᠠᠬᠤᠶᠢᠯᠠᠯ ᠤᠨ ᠨᠢᠭᠡᠴᠢ ᠪᠣᠯᠣᠨ ᠮᠠᠯᠴᠢᠨ ᠳᠠᠷᠢᠶᠠᠴᠢᠳ ᠤᠨ ᠬᠤᠭᠤᠷᠣᠨᠳᠣ ᠳᠣᠭᠳᠠᠪᠦᠷᠢᠳᠠᠢ ᠬᠠᠮᠳᠣᠷᠠᠨ ᠠᠵᠢᠯᠯᠠᠬᠤ ᠬᠠᠷᠢᠴᠠᠭ᠎ᠠ ᠶᠢ ᠪᠠᠶᠢᠭᠤᠯᠬᠤ ᠳᠤ ᠵᠢᠯᠥᠭᠤᠳᠣᠯᠭ᠎ᠠ ᠦᠭᠴᠥ᠂ ᠳᠠᠷᠢᠶᠠᠯᠠᠩ ᠮᠠᠯ ᠤᠨ ᠪᠦᠳᠦᠭᠡᠭᠳᠡᠭᠦᠨ ᠤ ᠣᠷᠣᠭᠰᠢᠳᠠᠢ ᠪᠣᠷᠣᠯᠠᠭᠤᠯᠤᠯᠳᠠ ᠪᠣᠯᠣᠨ ᠮᠠᠯᠴᠢᠨ ᠳᠠᠷᠢᠶᠠᠴᠢᠳ ᠤᠨ ᠣᠷᠣᠯᠭ᠎ᠠ ᠶᠢᠨ ᠳᠣᠭᠳᠠᠪᠦᠷᠢᠳᠠᠢ ᠦᠰᠦᠯᠳᠡ ᠶᠢ ᠠᠬᠢᠭᠤᠯᠤᠨ᠎ᠠ᠃ ᠰᠢᠨ᠎ᠡ ᠨᠢᠭᠡ ᠡᠭᠡᠯᠵᠢᠨ ᠤ ᠨᠣᠳᠤᠭ ᠪᠡᠯᠴᠢᠭᠡᠷ  ᠤᠨ ᠠᠮᠢ ᠠᠬᠤᠢ ᠶᠢ ᠬᠠᠮᠠᠭᠠᠯᠠᠵᠤ ᠳᠡᠳᠭᠦᠭᠦ ᠬᠥᠬᠢᠭᠦᠯᠬᠦ ᠪᠣᠳᠣᠯᠭ᠎ᠠ ᠶᠢ ᠴᠢᠩᠭ᠎ᠠ ᠬᠡᠷᠡᠭᠵᠢᠭᠦᠯᠥᠨ᠂ ᠳᠠᠯ᠎ᠠ ᠨᠣᠳᠤᠭ  ᠤᠨ ᠠᠮᠢ ᠠᠬᠤᠢ ᠶᠢᠨ ᠬᠠᠮᠢᠶᠠᠷᠣᠯᠳᠠ ᠬᠠᠮᠠᠭᠠᠯᠠᠯᠳᠠ ᠶᠢᠨ ᠬᠦᠴᠦᠯᠡᠴᠡ ᠶᠢ ᠨᠡᠮᠡᠭᠳᠡᠭᠦᠯᠵᠥ᠂ ᠳᠣᠰ ᠵᠢᠯ ᠤᠨ ᠮᠠᠯ  ᠤᠨ ᠳᠤᠭ᠎ᠠ ᠳᠣᠯᠣᠭᠠᠢ ᠶᠢ 4.5 ᠳᠦᠮᠡᠨ ᠳᠣᠯᠣᠭᠠᠢ ᠳᠤ ᠬᠢᠵᠠᠭᠠᠷᠯᠠᠨ᠎ᠠ᠃ ᠪᠡᠭᠡᠵᠢᠩ ᠳᠢᠶᠠᠨᠵᠢᠨ ᠣᠷᠣᠨ ᠤ ᠡᠯᠡᠰᠥᠨ ᠤ ᠡᠬᠢ ᠰᠣᠷᠪᠣᠯᠵᠢ ᠶᠢ ᠵᠠᠰᠠᠬᠤ ᠢᠨᠵᠧᠨᠧᠷᠢᠩ ᠤᠨ ᠵᠢᠯ ᠤᠨ ᠡᠭᠦᠷᠭᠡ ᠶᠢ ᠭᠦᠢᠴᠡᠳᠭᠡᠵᠥ᠂ ᠳᠠᠯ᠎ᠠ ᠨᠣᠳᠤᠭ ᠤᠨ ᠠᠮᠢ ᠠᠬᠤᠢ ᠶᠢᠨ ᠰᠠᠶᠢᠨ ᠳᠡᠰᠢ ᠭᠦᠭᠵᠢᠯᠳᠡ ᠶᠢ ᠠᠬᠢᠭᠤᠯᠤᠨ᠎ᠠ᠃        ᠳᠦᠷᠪᠡ᠂ ᠨᠡᠶᠢᠭᠡᠮ ᠤᠨ ᠠᠮᠢᠵᠢᠷᠠᠭ᠎ᠠ ᠶᠢᠨ ᠦᠢᠯᠡᠰ ᠤᠨ ᠪᠠᠳᠠᠷᠠᠨ ᠬᠥᠭᠵᠢᠯᠳᠡ ᠶᠢ ᠠᠬᠢᠭᠤᠯᠵᠤ᠂ ᠠᠷᠠᠳ ᠳᠦᠮᠡᠨ ᠤ ᠠᠮᠢᠳᠣᠷᠠᠯ ᠢ ᠨᠡᠩ ᠥᠨᠳᠥᠷ ᠳᠦᠪᠰᠢᠨ ᠳᠤ ᠳᠡᠭᠡᠭᠰᠢᠯᠡᠭᠦᠯᠥᠨ᠎ᠡ       ᠠᠵᠢᠯ ᠦᠢᠯᠡᠰ ᠡᠷᠭᠢᠯᠡᠯᠳᠡ ᠵᠢᠴᠢ ᠠᠵᠢᠯ ᠣᠯᠭᠤᠯᠳᠠ ᠶᠢᠨ ᠢᠨᠵᠧᠨᠧᠷᠢᠩ ᠢ ᠰᠠᠶᠢᠳᠣᠷ ᠠᠳᠬᠤᠨ᠎ᠠ᠃ ᠠᠵᠢᠯ ᠣᠯᠭᠤᠯᠳᠠ ᠶᠢ ᠨᠡᠮᠡᠭᠳᠡᠭᠦᠯᠵᠤ ᠦᠢᠯᠡᠰ ᠡᠷᠬᠢᠯᠡᠯᠳᠡ ᠶᠢ ᠠᠬᠢᠭᠤᠯᠬᠤ ᠪᠣᠳᠣᠯᠭ᠎ᠠ ᠶᠢ ᠪᠦᠬᠦ ᠳᠠᠯ᠎ᠠ ᠪᠠᠷ ᠬᠡᠷᠡᠭᠵᠢᠭᠦᠯᠵᠥ᠂ ᠪᠦᠬᠦ ᠵᠢᠯ ᠤᠨ ᠳᠣᠷᠰᠢ ᠨᠡᠶᠢᠳᠡ1500 ᠠᠵᠢᠯ ᠤᠨ ᠪᠠᠶᠢᠷᠢ ᠶᠢ ᠬᠠᠩᠭᠠᠵᠤ᠂800 ᠬᠦᠮᠥᠨ ᠢ ᠰᠢᠨ᠎ᠡ ᠪᠠᠷ ᠠᠵᠢᠯ ᠳᠤ ᠡᠯᠰᠡᠨ᠂ ᠬᠤᠳᠠ ᠶᠢᠨ ᠪᠦᠷᠢᠳᠭᠡᠯ ᠲᠠᠢ ᠠᠵᠢᠯ ᠠᠯᠳᠠᠯᠳᠠ ᠶᠢᠨ ᠨᠣᠷᠮ᠎ᠠ ᠶᠢ 2.4%  ᠠᠴᠠ ᠳᠣᠷᠣᠭᠰᠢ ᠬᠢᠵᠠᠭᠠᠷᠯᠠᠨ᠎ᠠ᠃ ᠡᠯᠧᠺᠲᠷᠣᠨ ᠬᠤᠳᠠᠯᠳᠤᠭᠠᠨ ᠤ  ᠪᠤᠯᠪᠠᠰᠤᠷᠠᠯ ᠢ ᠶᠡᠭᠡᠪᠡᠷ ᠦᠷᠨᠢᠭᠦᠯᠥᠨ᠂ ᠬᠤᠪᠢ ᠶᠢᠨ ᠬᠡᠪᠰᠢᠯ ᠤᠨ ᠦᠢᠯᠡᠳᠪᠦᠷᠢ ᠬᠤᠳᠠᠯᠳᠣᠭᠠᠴᠢᠳ ᠤᠨ ᠰᠦᠯᠵᠢᠶᠡᠨ ᠤ ᠳᠣᠳᠣᠨ᠎ᠠ ᠭᠠᠳᠠᠨ᠎ᠠ ᠪᠣᠷᠣᠯᠠᠭᠤᠯᠬᠤ ᠭᠡᠬᠦ ᠮᠡᠳᠣ ᠰᠢᠨ᠎ᠡ ᠬᠡᠯᠪᠡᠷᠢ ᠪᠠᠷ ᠠᠵᠢᠯᠯᠠᠬᠤ ᠶᠢ ᠵᠣᠷᠢᠭᠵᠢᠭᠤᠯᠤᠨ ᠣᠳᠣᠷᠢᠳᠣᠨ᠎ᠠ᠃ ᠲᠢᠶᠠᠨ ᠯᠢ ᠦᠢᠯᠡᠰ ᠡᠷᠭᠢᠯᠡᠯᠳᠡ ᠶᠢ ᠳᠡᠮᠵᠢᠬᠦ ᠬᠦᠷᠢᠶᠡᠯᠡᠩ᠂ ᠦᠨᠳᠥᠰᠥᠳᠡᠨ ᠤ ᠰᠣᠶᠣᠯ ᠤᠨ ᠦᠢᠯᠡᠰ ᠡᠷᠬᠢᠯᠡᠯᠳᠡ ᠶᠢᠨ ᠬᠦᠷᠢᠶᠡᠯᠡᠩ᠂ ᠡᠯᠧᠺᠲᠷᠣᠨ ᠬᠤᠳᠠᠯᠳᠤᠭ᠎ᠠ ᠵᠢᠴᠢ ᠰᠢᠨ᠎ᠡ ᠶᠢ ᠡᠭᠦᠳᠥᠨ ᠦᠢᠯᠡᠰ ᠡᠷᠬᠢᠯᠡᠯᠳᠡ ᠶᠢ ᠳᠡᠮᠵᠢᠬᠦ ᠰᠠᠭᠤᠷᠢᠨ ᠭᠠᠵᠠᠷ ᠵᠡᠷᠭᠡ ᠶᠢᠨ ᠬᠡᠪᠴᠢᠶ᠎ᠡ ᠶᠢ ᠣᠯᠠᠮ ᠦᠷᠭᠡᠳᠭᠡᠵᠥ᠂ ᠦᠨᠳᠥᠷ ᠳᠡᠭᠡᠳᠥ ᠰᠣᠷᠭᠠᠭᠤᠯᠢ ᠠᠴᠠ ᠳᠡᠭᠦᠰᠬᠦ ᠰᠣᠷᠣᠭᠴᠢ᠂ ᠬᠤᠳᠠ ᠣᠷᠣᠵᠣ ᠠᠵᠢᠯᠯᠠᠬᠤ ᠮᠠᠯᠴᠢᠨ ᠳᠠᠷᠢᠶᠠᠴᠢᠳ᠂ ᠬᠠᠯᠠᠭᠳᠠᠭᠰᠠᠨ ᠴᠡᠷᠢᠭ ᠵᠡᠷᠭᠡ ᠬᠦᠮᠥᠰ ᠤᠨ ᠬᠦᠢᠴᠡᠳ ᠠᠵᠢᠯ ᠣᠯᠭᠤᠯᠳᠠ ᠶᠢ ᠠᠬᠢᠭᠤᠯᠤᠨ᠎ᠠ᠃ ︽ᠠᠵᠢᠯ ᠦᠭᠡᠶᠢᠳᠡᠭᠰᠡᠨ︾ ᠭᠡᠷ ᠪᠦᠯᠢ ᠶᠢ ᠳᠡᠮᠵᠢᠨ ᠳᠣᠰᠠᠯᠠᠬᠤ ᠬᠦᠴᠦᠯᠡᠴᠡ ᠪᠠᠨ ᠨᠡᠮᠡᠭᠳᠡᠭᠦᠯᠵᠥ᠂ ︽ᠠᠵᠢᠯ ᠦᠭᠡᠶᠢᠳᠡᠭᠰᠡᠨ︾ ᠭᠡᠷ ᠪᠦᠯᠢ ᠳᠤ  ᠬᠦᠳᠡᠯᠦᠩᠭᠦᠢ ᠪᠠᠶᠢᠳᠠᠯ ᠢ ᠦᠭᠡᠶᠢᠰᠬᠡᠵᠤ᠂ 1 ᠠᠴᠠ ᠳᠡᠭᠡᠭᠰᠢ ᠬᠥᠮᠥᠨ ᠠᠵᠢᠯ ᠣᠯᠣᠭᠰᠠᠨ ᠪᠠᠶᠢᠬᠤ ᠶᠢ ᠪᠠᠳᠣᠯᠠᠨ᠎ᠠ᠃       ᠨᠡᠶᠢᠭᠡᠮ ᠤᠨ ᠪᠠᠳᠣᠯᠠᠭᠠᠨ ᠤ ᠰᠢᠰᠲ᠋ᠧᠮ ᠢ ᠳᠡᠭᠦᠯᠳᠡᠷᠵᠢᠭᠦᠯᠥᠨ᠎ᠡ᠃ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ  ᠳᠠᠭᠠᠳᠬᠠᠯ ᠤᠨ ᠳᠦᠷᠢᠮ ᠤᠨ ᠦᠭᠡᠷᠡᠴᠢᠯᠡᠯᠳᠡ ᠶᠢ ᠯᠠᠪᠳᠠᠭᠤᠨ ᠶᠠᠪᠣᠭᠳᠠᠭᠤᠯᠤᠨ᠎ᠠ᠃ ᠬᠤᠳᠠ ᠶᠢᠨ ᠠᠵᠢᠯᠳᠠᠳ ᠤᠨ ᠦᠨᠳᠥᠰᠥᠨ ᠡᠮ ᠡᠮᠨᠡᠯᠭᠡ ᠶᠢᠨ ᠳᠠᠭᠠᠳᠬᠠᠯ ᠤᠨ ᠳᠦᠯᠥᠪᠦᠷᠢ ᠶᠢᠨ ᠶᠡᠷᠥᠩᠭᠡᠢ ᠦᠨ᠎ᠡ  ᠶᠢᠨ ᠬᠢᠵᠠᠭᠠᠷᠯᠠᠯᠳᠠ ᠶᠢ ᠴᠢᠨᠠᠭᠰᠢᠳᠠ ᠬᠡᠷᠡᠭᠵᠢᠭᠦᠯᠥᠨ᠂ ᠬᠠᠷᠢ ᠣᠷᠣᠨ ᠳᠤ ᠡᠮᠴᠢᠯᠡᠭᠦᠯᠬᠦ ᠳᠤ ᠳᠠᠭᠠᠳᠬᠠᠯ ᠳᠤ ᠰᠢᠭᠤᠳ ᠬᠠᠮᠣᠷᠠᠭᠳᠠᠬᠤ ᠠᠵᠢᠯ ᠤᠨ ᠠᠬᠢᠴᠠ ᠶᠢ ᠳᠦᠷᠭᠡᠳᠭᠡᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠨᠢᠭᠡᠳᠥᠯᠳᠡᠢ ᠬᠡᠷᠡᠭᠵᠢᠭᠦᠯᠥᠨ᠎ᠡ᠃ ᠨᠡᠶᠢᠭᠡᠮ ᠤᠨ ᠠᠪᠣᠷᠠᠨ ᠳᠣᠰᠠᠯᠠᠬᠤ ᠰᠢᠰᠲ᠋ᠧᠮ ᠢ ᠳᠡᠭᠦᠯᠳᠡᠷᠵᠢᠭᠦᠯᠵᠥ᠂ ᠬᠠᠯᠠᠮᠵᠢ ᠶᠢᠨ ᠴᠢᠨᠠᠷᠳᠠᠢ ᠳᠡᠮᠵᠢᠨ ᠳᠣᠰᠠᠯᠠᠬᠤ ᠠᠷᠭ᠎ᠠ ᠵᠠᠮ ᠢ ᠳᠠᠰᠣᠷᠠᠯᠳᠠ ᠦᠭᠡᠢ ᠦᠷᠭᠡᠳᠭᠡᠨ᠂ ᠬᠤᠳᠠ ᠬᠦᠳᠡᠭᠡ ᠶᠢᠨ ᠳᠣᠣᠷ᠎ᠠ ᠪᠠᠳᠣᠯᠠᠭᠠᠳᠣ᠂ ᠲᠠᠪᠣᠨ ᠪᠠᠳᠣᠯᠠᠭᠠᠳᠣ ᠡᠲᠡᠬᠡᠳ ᠂ ︽ᠭᠤᠷᠪᠠ ᠦᠭᠡᠢ︾ ᠬᠦᠮᠥᠰ ᠵᠢᠴᠢ ᠥᠨᠥᠴᠢᠨ ᠬᠡᠣᠬᠡᠳ ᠤᠳ ᠢ ᠳᠡᠳᠭᠦᠨ ᠳᠣᠰᠠᠯᠠᠬᠤ ᠪᠠᠷᠢᠮᠵᠢᠶ᠎ᠠ ᠶᠢ ᠵᠣᠬᠢᠰᠲᠠᠢ ᠳᠡᠭᠡᠭᠰᠢᠯᠡᠭᠦᠯᠥᠨ᠎ᠡ᠃ ᠶᠠᠳᠠᠭᠤ ᠶᠢ ᠳᠡᠳᠭᠦᠨ ᠬᠦᠴᠢᠷᠳᠡᠯ ᠢ ᠠᠷᠢᠯᠭᠠᠬᠤ ᠠᠵᠢᠯ ᠤᠨ ᠳᠦᠰᠥᠯ ᠤᠨ ᠮᠥᠩᠭᠦ ᠶᠢ ᠨᠢᠭᠡᠳᠥᠯᠳᠡᠢ ᠨᠡᠮᠡᠭᠳᠡᠭᠦᠯᠵᠥ᠂ ᠬᠤᠳᠠ ᠬᠦᠳᠡᠭᠡ ᠶᠢᠨ ᠳᠣᠣᠷ᠎ᠠ ᠣᠷᠣᠯᠭᠠᠳᠣ ᠬᠦᠮᠥᠰ ᠢ ᠳᠡᠳᠭᠦᠨ ᠳᠡᠮᠵᠢᠬᠦ ᠠᠵᠢᠯ ᠤᠨ ᠪᠠᠶᠢᠩᠭᠤ ᠶᠢᠨ ᠴᠢᠨᠠᠷᠳᠠᠢ ᠬᠥᠭᠵᠢᠯᠳᠡ ᠶᠢ ᠳᠦᠯᠬᠢᠨ ᠠᠬᠢᠭᠤᠯᠵᠤ᠂ ᠳᠣᠣᠷ᠎ᠠ ᠣᠷᠣᠯᠭᠠᠳᠣ ᠬᠦᠮᠥᠰ ᠢ ᠴᠠᠭ ᠳᠣᠬᠠᠢ ᠳᠤᠨᠢ ᠳᠠᠮᠵᠢᠨ ᠳᠣᠰᠠᠯᠠᠵᠣ᠂ ᠡᠷᠳᠡ ᠨᠢᠭᠡ ᠡᠳᠦᠷ ᠶᠠᠳᠠᠭᠤ ᠠᠴᠠ ᠠᠩᠭᠢᠵᠢᠷᠠᠬᠤ ᠶᠢ ᠪᠠᠳᠣᠯᠠᠨ᠎ᠠ᠃  ᠨᠠᠰᠤᠲᠠᠳ ᠤᠨ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ ᠠᠬᠢᠭᠤᠯᠵᠤ᠂ ᠵᠢᠦᠢ ᠹᠦ᠋ ᠰᠢᠶᠠᠩ ᠠᠰᠠᠷᠠᠮᠵᠢ ᠶᠢᠨ ᠭᠠᠵᠠᠷ ᠤᠨ ᠪᠠᠶᠢᠭᠤᠯᠤᠭᠳᠠᠵᠤ ᠠᠰᠢᠭᠯᠠᠯᠳᠠ ᠳᠤ ᠣᠷᠣᠬᠤ ᠶᠢ ᠠᠬᠢᠭᠤᠯᠤᠨ᠎ᠠ᠃ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠬᠥᠯᠥᠰᠥ ᠨᠥᠭᠦᠪᠦᠷᠢ ᠣᠯᠭᠤᠬᠤ ᠳᠦᠷᠢᠮ ᠢ ᠦᠭᠡᠷᠡᠴᠢᠯᠡᠵᠥ᠂ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠳᠠᠳ ᠤᠨ ᠣᠷᠣᠯᠭ᠎ᠠ ᠶᠢᠨ ᠳᠦᠪᠰᠢᠨ ᠢ ᠳᠡᠭᠡᠭᠰᠢᠯᠡᠭᠦᠯᠥᠨ᠎ᠡ ᠃ ᠴᠠᠯᠢᠩ ᠣᠯᠭᠤᠯᠳᠠ ᠶᠢ ᠬᠠᠮᠳᠣ ᠪᠠᠷ ᠵᠥᠪᠳᠡᠯᠴᠡᠨ ᠳᠣᠭᠳᠠᠭᠠᠬᠤ ᠠᠵᠤ ᠠᠬᠤᠶᠢᠯᠠᠯ ᠤᠨ ᠨᠢᠭᠡᠴᠢ ᠶᠢᠨ ᠬᠡᠪᠴᠢᠶ᠎ᠡ  ᠶᠢ ᠳᠣᠭᠳᠠᠪᠦᠷᠢᠳᠠᠢ ᠳᠡᠯᠡᠵᠥ᠂ ᠬᠠᠮᠤᠭ ᠳᠣᠣᠷᠠᠳᠣ ᠴᠠᠯᠢᠩ ᠤᠨ ᠪᠠᠷᠢᠮᠵᠢᠶᠠᠨ ᠤ ᠬᠠᠣᠯᠢ ᠶᠣᠰᠣᠨ ᠤ ᠪᠠᠶᠢᠴᠠᠭᠠᠯᠳᠠ  ᠶᠢ ᠴᠢᠩᠭᠠᠳᠬᠠᠵᠤ᠂ ᠬᠦᠳᠡᠯᠮᠦᠷᠢᠴᠢᠳ ᠤᠨ ᠬᠠᠣᠯᠢ ᠶᠣᠰᠣᠨ ᠤ ᠡᠷᠬᠡ ᠠᠰᠢᠭ ᠢ ᠪᠠᠳᠣᠯᠠᠨ ᠬᠠᠮᠠᠭᠠᠯᠠᠨ᠎ᠠ᠃       ᠨᠡᠶᠢᠭᠡᠮ ᠤᠨ ᠠᠵᠢᠯ ᠦᠢᠯᠡᠰ ᠤᠨ ᠬᠥᠭᠵᠢᠯᠳᠡ ᠶᠢᠨ ᠳᠥᠪᠰᠢᠨ ᠢ ᠳᠡᠭᠡᠭᠰᠢᠯᠡᠭᠦᠯᠥᠨ᠎ᠡ᠃ ᠪᠣᠭᠤᠮᠳᠠ ᠶᠢᠨ ᠰᠣᠷᠭᠠᠨ ᠬᠥᠮᠥᠵᠢᠯ ᠤᠨ ᠰᠠᠭᠤᠷᠢ ᠳᠦᠭᠦᠭᠡᠷᠥᠮᠵᠢ ᠶᠢᠨ ᠨᠦᠭᠦᠴᠡᠯ ᠢ ᠳᠠᠰᠣᠷᠠᠯᠳᠠ ᠦᠭᠡᠢ ᠰᠠᠶᠢᠵᠢᠷᠠᠭᠤᠯᠵᠤ᠂ ᠪᠦᠬᠦ ᠬᠤᠳᠠ ᠶᠢᠨ ᠳᠣᠮᠳᠠ ᠪᠠᠭ᠎ᠠ ᠰᠣᠷᠭᠠᠭᠤᠯᠢ᠂ ᠴᠡᠴᠡᠷᠯᠢᠭ ᠤᠨ ᠪᠠᠷᠢᠯᠭ᠎ᠠ ᠪᠠᠶᠢᠷᠢ ᠶᠢᠨ ᠵᠠᠰᠠᠨ ᠰᠡᠯᠪᠢᠯᠳᠡ ᠶᠢ ᠳᠠᠭᠤᠰᠬᠠᠵᠤ᠂ ᠡᠷᠢᠶᠡᠨ ᠬᠤᠳᠠ ᠶᠢᠨ ᠣᠯᠠᠨ ᠣᠯᠣᠰ ᠤᠨ ᠳᠡᠭᠡᠳᠥ ᠰᠣᠷᠭᠠᠭᠤᠯᠢ ᠶᠢᠨ ᠳᠠᠮᠢᠷ ᠤᠨ ᠳᠠᠯᠠᠪᠦᠷ᠂ ᠮᠣᠩᠭᠤᠯ ᠦᠨᠳᠦᠰᠦᠳᠡᠨ ᠤ ᠳᠣᠮᠳᠠ ᠰᠣᠷᠭᠠᠭᠤᠯᠢ ᠶᠢᠨ ᠬᠢᠴᠢᠶᠡᠯ ᠤᠨ ᠠᠰᠠᠷ ᠪᠣᠯᠣᠨ ᠪᠠᠶᠢᠷᠢ ᠶᠢᠨ ᠠᠰᠠᠷ᠂ ᠬᠤᠶᠠᠳᠣᠭᠠᠷ ᠪᠠᠭ᠎ᠠ ᠰᠣᠷᠭᠠᠭᠤᠯᠢ ᠶᠢᠨ  ᠶᠡᠷᠤᠩᠬᠡᠶᠢᠯᠡᠭᠰᠡᠨ‌ᠠᠰᠠᠷ ᠵᠡᠷᠭᠡ  ᠪᠠᠷᠢᠯᠭ᠎ᠠ ᠶᠢ ᠳᠣᠰ ᠵᠢᠯ ᠳᠡᠭᠡᠨ ᠪᠠᠭᠳᠠᠭᠠᠨ ᠪᠠᠶᠢᠭᠤᠯᠵᠤ ᠠᠰᠢᠭᠯᠠᠯᠳᠠ ᠳᠤ ᠣᠷᠣᠭᠤᠯᠣᠨ᠎ᠠ᠃ ᠰᠢᠯᠢᠳᠡᠭ ᠪᠠᠭᠰᠢ ᠡᠯᠰᠡᠬᠦ ᠪᠠ ᠣᠳᠣᠬᠠᠨ ᠳᠤ ᠪᠠᠶᠢᠭ᠎ᠠ ᠪᠠᠭᠰᠢ  ᠶᠢᠨ ᠡᠩᠨᠡᠭᠡ ᠶᠢ ᠪᠦᠳᠦᠭᠡᠨ ᠪᠠᠶᠢᠭᠤᠯᠬᠤ ᠬᠦᠴᠦᠯᠡᠴᠡ ᠪᠠᠨ ᠨᠡᠮᠡᠭᠳᠡᠭᠦᠯᠵᠥ᠂ ᠬᠠᠷᠠᠯᠳᠠᠳᠣ ᠰᠤᠷᠭᠠᠭᠤᠯᠢ ᠲᠠᠢ ᠪᠠᠷᠢᠮᠵᠢᠶ᠎ᠠ ᠪᠠᠨ ᠨᠢᠭᠡᠳᠭᠡᠬᠦ ᠠᠵᠢᠯ ᠤᠨ ᠳᠣᠭᠳᠠᠯᠴᠠᠭ᠎ᠠ ᠶᠢ ᠣᠯᠠᠮ ᠨᠢᠭᠡ ᠠᠯᠬᠤᠮ ᠳᠡᠭᠦᠯᠳᠡᠷᠵᠢᠭᠦᠯᠵᠥ᠂ ᠪᠠᠭᠰᠢ ᠠᠵᠢᠯᠳᠠᠳ ᠤᠨ ᠠᠵᠢᠯ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ  ᠪᠠᠨ ᠳᠣᠭᠳᠠᠪᠦᠷᠢᠳᠠᠢ ᠳᠡᠭᠡᠭᠰᠢᠯᠡᠭᠦᠯᠥᠨ᠎ᠡ᠃ ᠡᠷᠢᠶᠡᠨ ᠬᠤᠳᠠ ᠣᠯᠠᠨ ᠣᠯᠣᠰ ᠤᠨ ᠳᠡᠭᠡᠳᠥ ᠰᠣᠷᠭᠠᠭᠤᠯᠢ ᠪᠠ ᠮᠣᠩᠭᠤᠯ ᠣᠷᠣᠰ ᠤᠨ ᠬᠤᠯᠪᠣᠭᠳᠠᠬᠤ ᠳᠡᠭᠡᠳᠥ ᠶᠡᠭᠡ ᠰᠣᠷᠭᠠᠭᠤᠯᠢ ᠨᠤᠭᠤᠳ ᠲᠠᠢ ᠬᠠᠮᠳᠣᠷᠴᠣ ᠵᠢᠭᠠᠨ ᠰᠣᠷᠭᠠᠯᠳᠠ ᠡᠷᠬᠢᠯᠡᠬᠦ  ᠴᠡᠷ᠎ᠡ ᠬᠦᠷᠢᠶ᠎ᠡ ᠪᠠᠨ ᠳᠡᠯᠡᠵᠥ᠂ ᠤᠯᠠᠨ ᠤᠯᠤᠰ ᠤᠨ ᠬᠡᠷᠡᠭᠯᠡᠭᠡᠨ ᠤ ᠠᠵᠢᠯ ᠮᠡᠷᠭᠡᠵᠢᠯ ᠤᠨ ᠳᠡᠭᠡᠳᠥ ᠰᠣᠷᠭᠠᠭᠤᠯᠢ ᠪᠠᠶᠢᠭᠤᠯᠬᠤ ᠵᠥᠪᠰᠢᠶᠡᠷᠡᠯ ᠢ ᠳᠣᠰ ᠵᠢᠯ ᠤᠨ ᠳᠣᠳᠣᠷ᠎ᠠ ᠬᠦᠭᠡᠭᠡᠴᠡᠯᠳᠥᠨ ᠣᠯᠬᠤ ᠪᠠᠷ ᠬᠦᠴᠦᠯᠡᠨ ᠴᠢᠷᠮᠠᠶᠢᠵᠤ᠂ ᠤᠯᠠᠨ ᠤᠯᠤᠰᠴᠢᠯᠠᠭᠰᠠᠨ ᠰᠤᠷᠭᠠᠭᠤᠯᠢ ᠡᠷᠬᠢᠯᠡᠬᠦ ᠳᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠥᠨ᠎ᠡ᠃ ᠨᠡᠶᠢᠳᠡ ᠶᠢᠨ ᠡᠮᠨᠡᠯᠭᠡ ᠶᠢᠨ ᠦᠭᠡᠷᠡᠴᠢᠯᠡᠯᠳᠡ ᠶᠢ ᠳᠦᠯᠬᠢᠨ ᠠᠬᠢᠭᠤᠯᠵᠤ᠂ ᠤᠳᠤᠬᠢᠴᠢᠯᠠᠭᠰᠠᠨ ᠡᠮᠨᠡᠯᠭᠡ ᠶᠢᠨ ᠬᠠᠮᠢᠶᠠᠷᠤᠯᠳᠠ ᠶᠢᠨ ᠳᠦᠷᠢᠮ ᠢ ᠬᠠᠶᠢᠨ ᠰᠦᠪᠡᠭᠴᠢᠯᠡᠵᠥ᠂ ᠭᠤᠤᠯᠳᠠᠯᠭ᠎ᠠ ᠲᠠᠢ ᠮᠡᠷᠭᠡᠵᠢᠯ ᠤᠨ ᠰᠠᠯᠪᠦᠷᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠡᠷᠡᠭᠦᠯ ᠬᠠᠮᠠᠭᠠᠯᠠᠯ ᠤᠨ ᠦᠢᠯᠡᠰ ᠲᠤ ᠪᠠᠴᠢᠮ ᠱᠠᠭᠠᠷᠳᠠᠭᠳᠠᠬᠤ ᠴᠢᠳᠠᠪᠦᠷᠢᠳᠠᠨ ᠤ ᠨᠥᠭᠡᠴᠡ ᠶᠢ ᠬᠠᠩᠭᠠᠵᠤ᠂ ᠣᠨᠣᠰᠢᠯᠠᠵᠤ ᠡᠮᠴᠢᠯᠡᠬᠦ ᠴᠢᠳᠠᠪᠦᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠥᠨ᠎ᠡ᠃ ᠡᠬᠡ ᠨᠢᠯᠬᠠᠰ ᠤᠨ ᠡᠷᠡᠭᠦᠯᠵᠢᠬᠦ ᠡᠮᠨᠡᠯᠭᠡ᠂ ᠬᠤᠳᠠ ᠶᠢᠨ ᠳᠦᠷᠭᠡᠨ ᠠᠪᠣᠷᠠᠯᠳᠠ ᠶᠢᠨ ᠳᠦᠪ ᠢ ᠳᠣᠰ ᠵᠢᠯ ᠳᠤ ᠪᠠᠭᠳᠠᠭᠠᠨ ᠪᠠᠶᠢᠭᠤᠯᠵᠤ ᠠᠰᠢᠭᠯᠠᠯᠳᠠ ᠳᠤ ᠣᠷᠣᠭᠤᠯᠣᠨ᠎ᠠ᠃ ᠰᠣᠶᠣᠯ ᠲᠠᠮᠢᠷ ᠤᠨ ᠠᠵᠤ ᠦᠢᠯᠡᠰ ᠢ ᠶᠡᠬᠡᠪᠡᠷ ᠬᠥᠭᠵᠢᠭᠦᠯᠵᠥ᠂ ᠨᠣᠮ ᠤᠨ ᠰᠠᠩ ᠪᠠᠶᠢᠭᠤᠯᠬᠤ ᠳᠦᠷᠦᠯ ᠵᠦᠢᠯ ᠤᠨ ᠠᠰᠢᠭᠯᠠᠯᠳᠠ ᠳᠤ ᠣᠷᠣᠬᠤ  ᠶᠢ ᠳᠦᠯᠬᠢᠨ ᠠᠬᠢᠭᠤᠯᠵᠤ᠂ ᠪᠦᠬᠦ ᠠᠷᠠᠳ ᠢᠶᠠᠷ ᠢᠶᠠᠨ ᠪᠡᠶ᠎ᠡ ᠪᠠᠨ ᠪᠣᠯᠪᠠᠰᠣᠷᠠᠭᠤᠯᠬᠤ ᠬᠦᠳᠡᠯᠭᠡᠭᠡᠨ ᠢ ᠴᠢᠨᠠᠭᠰᠢᠳᠠ ᠭᠦᠨᠵᠡᠭᠡᠶᠢᠷᠡᠭᠦᠯᠥᠨ᠂ ᠠᠷᠠᠳ ᠣᠯᠠᠨ ᠤ ᠠᠵᠢᠯ ᠤᠨ ᠰᠡᠯᠡᠭᠦᠤ ᠴᠠᠭ ᠲᠠᠬᠢ ᠣᠶᠣᠨ ᠤ ᠠᠮᠢᠳᠣᠷᠠᠯ ᠢ ᠪᠠᠶᠠᠯᠢᠭᠵᠢᠭᠤᠯᠤᠨ᠎ᠠ᠃ ᠤᠯᠤᠰ ᠤᠨ ᠳᠡᠰ ᠤᠨ ᠢᠳᠡᠭᠡᠨ ᠤ ᠠᠮᠣᠷ ᠳᠦᠪᠰᠢᠨ ᠬᠤᠳᠠ ᠶᠢ ᠪᠠᠶᠢᠭᠤᠯᠬᠤ ᠠᠵᠢᠯ ᠤᠨ ᠬᠦᠷᠢᠶᠡᠨ ᠳᠤ᠂ ᠬᠦᠨᠡᠰᠥ ᠢᠳᠡᠭᠡᠨ ᠢ ᠰᠢᠭᠤᠷᠬᠠᠢ ᠬᠢᠨᠠᠨ ᠪᠠᠶᠢᠴᠠᠭᠠᠬᠤ ᠴᠢᠳᠠᠪᠦᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠢᠳᠡᠭᠡᠨ ᠤ ᠡᠬᠢ ᠡᠭᠦᠰᠦᠪᠦᠷᠢ ᠶᠢ ᠬᠠᠶᠢᠵᠤ ᠪᠣᠯᠬᠤᠶᠢᠴᠠ ᠰᠢᠰᠲ᠋ᠧᠮ ᠢ ᠪᠠᠶᠢᠭᠤᠯᠵᠤ᠂ ᠵᠢᠵᠢᠭ ᠬᠦᠨᠡᠰᠥᠨ ᠤ ᠪᠣᠯᠪᠠᠰᠣᠷᠠᠭᠤᠯᠬᠤ ᠦᠢᠯᠡᠳᠪᠦᠷᠢ ᠶᠢᠨ ᠪᠠᠶᠢᠭᠤᠯᠵᠤ ᠠᠰᠢᠭᠯᠠᠯᠳᠠ ᠳᠤ ᠣᠷᠣᠬᠤ ᠶᠢ ᠠᠬᠢᠭᠤᠯᠤᠨ᠎ᠠ᠃ ᠡᠮ ᠲᠠᠩ ‍ᠤᠨ‌ᠡᠳᠥᠷ ᠳᠣᠳᠣᠮ ᠤᠨ ᠬᠢᠨᠠᠨ ᠬᠠᠮᠢᠶᠠᠷᠬᠤ ᠬᠦᠴᠦᠯᠡᠴᠡ ᠶᠢ ᠨᠡᠮᠡᠭᠳᠡᠭᠦᠯᠵᠥ᠂ ᠡᠷᠢᠶᠡᠨ ᠪᠣᠭᠤᠮᠳᠠ ᠶᠢᠨ ᠬᠦᠨᠡᠰᠥ ᠢᠳᠡᠭᠡᠨ ᠡᠮ ᠤᠨ ᠵᠦᠢᠯ ᠤᠨ ᠬᠢᠨᠠᠨ ᠪᠠᠶᠢᠴᠠᠭᠠᠬᠤ ᠳᠠᠰᠤᠭ ᠤᠨ ᠪᠦᠳᠦᠭᠡᠨ ᠪᠠᠶᠢᠭᠤᠯᠤᠯᠳᠠ ᠶᠢ ᠡᠬᠢᠯᠡᠭᠦᠯᠥᠨ᠎ᠡ᠃ ᠬᠦᠯ ᠪᠦᠮᠪᠦᠭᠡ ᠶᠢᠨ ᠬᠦᠳᠡᠯᠭᠡᠭᠡᠨ ᠢ ᠳᠦᠭᠡᠮᠡᠯᠵᠢᠭᠦᠯᠬᠦ ᠠᠵᠢᠯ ᠢ ᠰᠠᠶᠢᠳᠤᠷ ᠬᠢᠵᠤ᠂ ᠮᠣᠩᠭᠤᠯ ᠤᠷᠤᠰ ᠤᠨ ᠬᠠᠮᠢᠶ᠎ᠠ ᠪᠦᠬᠦᠢ ᠭᠠᠵᠠᠷ ᠣᠷᠣᠨ ᠲᠠᠢ ᠬᠦᠯ ᠪᠦᠮᠪᠦᠭᠡ ᠶᠢᠨ ᠨᠡᠷᠡᠮᠵᠢᠳᠥ ᠳᠡᠮᠡᠴᠡᠭᠡᠨ ᠢ ᠦᠷᠨᠢᠭᠦᠯᠵᠥ᠂ ᠬᠥᠯ ᠪᠦᠮᠪᠦᠭᠡ ᠶᠢᠨ ᠦᠢᠯᠡᠰ ᠤᠨ ᠦᠭᠡᠷᠡᠴᠢᠯᠡᠯᠳᠡ ᠬᠦᠭᠵᠢᠯᠳᠡ ᠰᠢᠨ᠎ᠡ ᠣᠯᠣᠯᠳᠠ ᠠᠮᠵᠢᠯᠳᠠ ᠳᠤ ᠬᠦᠷᠬᠦ ᠶᠢ ᠠᠬᠢᠭᠤᠯᠤᠨ᠎ᠠ᠃       ᠨᠡᠶᠢᠭᠡᠮ ᠤᠨ ᠵᠠᠰᠠᠨ ᠴᠡᠭᠴᠡᠯᠡᠯᠳᠡ ᠶᠢᠨ ᠳᠦᠷᠢᠮ ᠢ ᠰᠢᠨᠡᠴᠢᠯᠡᠨ᠎ᠡ᠃ ᠨᠡᠶᠢᠭᠡᠮ ᠳᠣᠭᠤᠷᠢᠭ ᠤᠨ ᠵᠠᠰᠠᠨ ᠴᠡᠭᠴᠡᠯᠡᠯᠳᠡ ᠪᠠ ᠦᠢᠯᠡᠴᠢᠯᠡᠭᠡᠨ ᠳᠤ ᠰᠢᠨ᠎ᠡ ᠶᠢ ᠡᠭᠦᠳᠬᠦ ᠪᠦᠬᠦ ᠣᠯᠣᠰ ᠤᠨ ᠳᠣᠷᠰᠢᠯᠳᠠ ᠶᠢᠨ ᠪᠦᠰᠡ ᠶᠢᠨ ᠦᠷ᠎ᠡ ᠪᠦᠳᠦᠭᠡᠯ ᠢᠶᠠᠨ ᠬᠠᠮᠠᠭᠠᠯᠠᠵᠤ᠂ ᠪᠣᠭᠤᠮᠳᠠ ᠶᠢᠨ ᠨᠡᠶᠢᠭᠡᠮ ᠢ ᠵᠠᠰᠠᠨ ᠴᠡᠭᠴᠡᠯᠡᠬᠦ ᠴᠢᠳᠠᠪᠦᠷᠢ ᠪᠣᠯᠣᠨ ᠦᠢᠯᠴᠢᠯᠡᠯᠭᠡᠨ ᠤ ᠳᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠥᠨ᠎ᠡ᠃ ᠨᠡᠶᠢᠭᠡᠮ ᠤᠨ ᠵᠦᠷᠢᠴᠡᠯ ᠢ ᠪᠦᠬᠦ ᠳᠠᠯ᠎ᠠ ᠪᠠᠷ ᠡᠶᠡᠳᠡᠭᠦᠯᠥᠨ ᠰᠢᠢᠳᠪᠦᠷᠢᠯᠡᠵᠥ᠂ ᠤᠳᠤᠷᠢᠳᠤᠬᠤ ᠺᠠᠳ᠋ᠷ ᠤᠨ ᠵᠠᠬᠢᠳᠠᠯ ᠰᠤᠷᠪᠤᠯᠵᠢᠯᠭ᠎ᠠ ᠬᠦᠯᠢᠶᠡᠨ ᠠᠪᠬᠤ ᠠᠵᠢᠯ ᠢ ᠰᠠᠶᠢᠳᠣᠷ ᠬᠢᠵᠤ᠂ ᠳᠣᠣᠷ ᠰᠦᠯᠵᠢᠶ᠎ᠡ ᠪᠠᠷ ᠭᠤᠮᠤᠳᠠᠯ ᠡᠷᠭᠦᠬᠦ ᠶᠢ ᠬᠡᠷᠡᠭᠵᠢᠭᠦᠯᠵᠥ᠂ ᠭᠤᠮᠤᠳᠠᠯ ᠳᠤᠭᠠᠴᠢᠯᠳᠠ ᠶᠢᠨ ᠠᠰᠠᠭᠤᠳᠠᠯ ᠢ ᠬᠠᠣᠯᠢ ᠶᠣᠰᠣᠭᠠᠷ ᠵᠦᠢ ᠵᠣᠬᠢᠰᠳᠠᠢ ᠰᠢᠢᠳᠪᠦᠷᠢᠯᠡᠨ᠎ᠡ᠃ ᠨᠡᠶᠢᠭᠡᠮ ᠤᠨ ᠠᠮᠣᠷ ᠢ ᠬᠠᠮᠠᠭᠠᠯᠠᠬᠤ ᠶᠡᠷᠥᠩᠭᠡᠢ ᠵᠠᠰᠠᠨ ᠴᠡᠭᠴᠡᠯᠡᠯᠳᠡ ᠶᠢᠨ ᠣᠳᠣᠷᠢᠳᠣᠯᠭ᠎ᠠ ᠶᠢᠨ ᠬᠠᠷᠢᠭᠤᠴᠠᠯᠭᠠᠳᠣ ᠳᠦᠷᠢᠮ ᠢ ᠬᠡᠷᠡᠭᠵᠢᠭᠦᠯᠥᠨ᠂ ᠨᠡᠶᠢᠭᠡᠮ  ᠤᠨ ᠠᠮᠣᠷ ᠢ ᠬᠠᠮᠠᠭᠠᠯᠠᠵᠤ ᠰᠡᠷᠭᠡᠶᠢᠯᠡᠬᠦ ᠴᠣᠭᠴᠠᠵᠢᠭᠰᠠᠨ ᠰᠢᠰᠲ᠋ᠧᠮ ᠢ ᠪᠠᠶᠢᠭᠤᠯᠵᠤ᠂ ᠰᠦᠷᠳᠡᠭᠦᠯᠥᠯ ᠤᠷᠪᠠᠯᠭᠠᠨ ᠤ ᠡᠰᠡᠷᠡᠭ ᠰᠡᠷᠭᠡᠶᠢᠯᠡᠯᠳᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠂ ᠡᠯ᠎ᠡ ᠲᠦᠷᠦᠯ ᠤᠨ ᠬᠠᠣᠯᠢ ᠪᠣᠰᠣ ᠶᠠᠯᠠᠳᠣ ᠦᠢᠯᠡ ᠠᠵᠢᠯᠯᠠᠭ᠎ᠠ ᠲᠠᠢ ᠡᠷᠡᠰ ᠳᠡᠮᠡᠴᠡᠵᠥ᠂ ᠭᠡᠮᠳᠥ ᠬᠡᠷᠡᠭ ᠢ ᠮᠥᠷᠳᠡᠨ ᠳᠣᠳᠣᠷᠠᠭᠤᠯᠬᠤ ᠠᠬᠢᠴᠠ ᠶᠢ ᠳᠦᠷᠭᠡᠳᠭᠡᠵᠥ᠂ ᠬᠤᠳᠠ ᠶᠢᠨ ᠠᠷᠠᠳ ᠤᠨ ᠠᠶᠣᠯ ᠦᠭᠡᠢ ᠪᠠᠶᠢᠳᠠᠯ ᠪᠠ ᠬᠠᠨᠣᠮᠵᠢᠳᠣ ᠰᠡᠳᠬᠢᠯᠭᠡ ᠶᠢ ᠪᠣᠢ ᠪᠣᠯᠭᠠᠨ᠎ᠠ ᠃ ᠤᠯᠤᠰ ᠤᠨ ᠪᠠᠳᠣᠯᠠᠨ ᠬᠠᠮᠠᠭᠠᠯᠠᠯᠳᠠ ᠶᠢᠨ ᠳᠠᠶᠢᠴᠢᠯᠠᠨ ᠳᠠᠭᠠᠭᠤᠯᠤᠯᠳᠠ᠂ ᠴᠡᠷᠢᠭ ᠠᠷᠠᠳ ᠤᠨ ᠠᠭᠤᠰᠤᠯᠴᠠᠯ ᠪᠠ ᠴᠡᠷᠢᠭ ᠴᠠᠭᠳᠠᠭ᠎ᠠ ᠠᠷᠠᠳ ᠬᠤᠯᠪᠤᠭᠠᠯᠠᠭᠰᠠᠨ ᠬᠢᠯᠢ ᠶᠢᠨ ᠬᠠᠮᠠᠭᠠᠯᠠᠯᠳᠠ ᠶᠢᠨ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠳᠦᠯᠬᠢᠨ ᠠᠬᠢᠭᠤᠯᠵᠤ᠂ ᠬᠢᠯᠢ ᠶᠢ ᠬᠢᠨᠠᠵᠤ ᠬᠠᠮᠢᠶᠠᠷᠬᠤ ᠬᠦᠴᠦᠯᠡᠴᠡ ᠪᠠᠨ ᠨᠡᠮᠡᠭᠳᠡᠭᠦᠯᠵᠥ᠂ ᠬᠢᠯᠢ ᠬᠢᠵᠠᠭᠠᠷ ᠣᠷᠣᠨ ᠤ ᠠᠮᠣᠷ ᠳᠣᠭᠳᠠᠭᠤᠨ ᠪᠠᠶᠢᠳᠠᠯ ᠢ ᠪᠠᠳᠣᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠦᠳᠦᠭᠡᠨ ᠪᠠᠶᠢᠭᠤᠯᠤᠯᠳᠠ ᠪᠠ ᠠᠪᠣᠷᠠᠨ ᠳᠣᠰᠠᠯᠠᠬᠤ ᠳᠠᠳᠣᠯᠭ᠎ᠠ ᠶᠢ ᠴᠢᠩᠭᠠᠳᠬᠠᠵᠤ᠂ ᠭᠡᠨᠡᠳᠳᠡ ᠶᠢᠨ ᠬᠡᠷᠡᠭ ᠶᠠᠪᠦᠳᠠᠯ ᠢ ᠠᠷᠭᠠᠴᠠᠨ ᠰᠢᠢᠳᠪᠦᠷᠢᠯᠡᠬᠦ ᠴᠢᠳᠠᠪᠦᠷᠢ ᠪᠠᠨ ᠳᠡᠭᠡᠭᠰᠢᠯᠡᠭᠦᠯᠥᠨ᠎ᠡ᠃ ᠠᠶᠣᠯ ᠦᠭᠡᠢ ᠦᠢᠯᠡᠳᠪᠦᠷᠢᠯᠡᠬᠦ ᠬᠠᠷᠢᠭᠤᠴᠠᠯᠭᠠᠳᠤ ᠳᠦᠷᠢᠮ   ᠢ ᠴᠢᠩᠭ᠎ᠠ ᠬᠡᠷᠡᠭᠵᠢᠭᠦᠯᠵᠥ᠂ ︽ᠨᠠᠮ ᠵᠠᠰᠠᠭ ᠬᠠᠷᠢᠭᠤᠴᠠᠯᠭ᠎ᠠ ᠨᠢᠭᠡᠳᠡᠢ᠂ ᠨᠢᠭᠡ ᠠᠵᠢᠯ  ᠤᠨ ᠪᠠᠶᠢᠷᠢ ᠬᠤᠶᠠᠷ ᠬᠤᠪᠢ ᠬᠠᠷᠢᠭᠤᠴᠠᠯᠭ᠎ᠠ᠂ ᠬᠠᠷᠢᠭᠤᠴᠠᠯᠭ᠎ᠠ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ︽ᠭᠤᠷᠪᠠ ᠶᠢ ᠬᠠᠮᠢᠶᠠᠷᠴᠣ ᠭᠤᠷᠪᠠᠨ ᠡᠷᠬᠡᠪᠰᠢ︾ ᠶᠢᠨ ᠵᠠᠷᠴᠢᠮ ᠢ ᠪᠠᠷᠢᠮᠳᠠᠯᠠᠵᠥ᠂ ᠬᠥᠮᠥᠨ ᠨᠢᠭᠲᠠᠷᠠᠭᠰᠠᠨ ᠭᠠᠵᠠᠷ᠂ ᠦᠢᠯᠡᠳᠪᠦᠷᠢᠯᠡᠯ ᠪᠣᠯᠪᠠᠰᠣᠷᠠᠭᠤᠯᠤᠯᠳᠠ᠂ ᠵᠠᠮ ᠬᠠᠷᠢᠯᠴᠠᠭ᠎ᠠ᠂ ᠪᠠᠷᠢᠯᠭ᠎ᠠ ᠪᠠᠶᠢᠭᠤᠯᠤᠯᠳᠠ᠂ ᠠᠶᠤᠯᠲᠣ ᠬᠢᠮᠢ ᠶᠢᠨ ᠪᠣᠳᠠᠰ᠂ ᠣᠨᠴᠠᠭᠠᠢ ᠲᠦᠷᠦᠯ ᠤᠨ ᠳᠦᠭᠦᠭᠡᠷᠥᠮᠵᠢ᠂ ᠢᠳᠡᠭᠡᠨ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠰᠠᠯᠪᠣᠷᠢ  ᠨᠤᠭᠤᠳ ᠤᠨ ᠬᠢᠨᠠᠨ ᠬᠠᠮᠢᠶᠠᠷᠣᠯᠳᠠ ᠶᠢ ᠰᠠᠶᠢᠳᠣᠷ ᠠᠳᠬᠤᠵᠣ᠂ ᠬᠦᠨᠳᠥ ᠨᠣᠴᠢᠳᠠᠢ ᠣᠰᠣᠯ ᠠᠳᠡᠯ ᠭᠠᠷᠬᠤ ᠶᠢ ᠡᠷᠡᠰ ᠬᠢᠵᠠᠭᠠᠷᠯᠠᠨ᠎ᠠ᠃ ᠦᠨᠳᠦᠰᠦᠳᠡᠨ ᠤ ᠳᠠᠪᠰᠢᠯᠳᠠ ᠪᠦᠯᠬᠦᠮᠳᠡᠯ ᠢ ᠠᠬᠢᠭᠤᠯᠬᠤ ᠬᠦᠳᠡᠯᠭᠡᠭᠡᠨ ᠢ ᠢᠳᠡᠪᠬᠢᠳᠡᠢ ᠦᠷᠨᠢᠭᠦᠯᠵᠥ᠂ ᠱᠠᠰᠢᠨ ᠰᠣᠷᠳᠠᠬᠤᠨ ᠤ ᠬᠡᠷᠡᠭ ᠶᠠᠪᠦᠳᠠᠯ ᠢ ᠬᠠᠣᠯᠢ ᠶᠣᠰᠣᠭᠠᠷ ᠳᠦᠷᠢᠮᠵᠢᠭᠦᠯᠵᠥ᠂ ᠦᠨᠳᠦᠰᠥᠳᠡᠨ ᠤ ᠪᠦᠯᠭᠦᠮᠳᠡᠯ ᠨᠢᠭ᠌ᠳᠡᠷᠠᠯ᠂ ᠨᠡᠶᠢᠭᠡᠮ ᠤᠨ ᠠᠮᠣᠷ ᠳᠣᠭᠳᠠᠭᠤᠨ ᠪᠠᠶᠢᠳᠠᠯ ᠢ ᠬᠠᠮᠠᠭᠠᠯᠠᠨ᠎ᠠ᠃ ᠣᠶᠣᠨ ᠤ ᠪᠣᠯᠪᠠᠰᠣᠨ ᠤ ᠪᠦᠳᠦᠭᠡᠨ ᠪᠠᠶᠢᠭᠤᠯᠤᠯᠳᠠ ᠶᠢ ᠢᠳᠡᠪᠬᠢᠳᠡᠢ ᠳᠦᠯᠬᠢᠨ ᠠᠬᠢᠭᠤᠯᠵᠤ᠂ ᠨᠡᠶᠢᠭᠡᠮ ᠵᠢᠷᠣᠮ ᠤᠨ  ᠭᠤᠤᠯᠯᠠᠬᠤ ᠦᠷᠳᠡᠭ  ᠤᠨ ᠦᠵᠡᠯᠳᠡ ᠶᠢᠨ ᠰᠣᠷᠭᠠᠨ ᠬᠦᠮᠥᠵᠢᠭᠦᠯᠥᠯᠳᠡ ᠶᠢ ᠴᠢᠩᠭᠠᠳᠬᠠᠨ᠂ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠪᠣᠯᠪᠠᠰᠣᠨ ᠰᠣᠷᠳᠠᠯ ᠪᠠ ᠬᠤᠳᠠ ᠶᠢᠨ ᠪᠣᠯᠪᠠᠰᠣᠨ ᠤ ᠬᠡᠮᠵᠢᠶ᠎ᠡ ᠶᠢ ᠳᠡᠭᠡᠭᠰᠢᠯᠡᠭᠦᠯᠵᠥ᠂ ᠪᠦᠬᠦ ᠣᠯᠣᠰ ᠤᠨ ᠪᠣᠯᠪᠠᠰᠣᠨ ᠬᠤᠳᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠨ᠎ᠠ᠃       ᠳᠠᠪᠦ᠂ ᠬᠤᠪᠢ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠳᠬᠠᠨ᠂ ᠠᠷᠠᠳ ᠲᠤ  ᠬᠠᠨᠤᠮᠵᠢᠲᠠᠢ ᠵᠠᠰᠠᠭ ᠤᠨ ᠣᠷᠳᠣᠨ ᠢ ᠪᠦᠳᠦᠭᠡᠨ ᠪᠠᠶᠢᠭᠤᠯᠬᠤ ᠠᠵᠢᠯ ᠳᠤ ᠰᠢᠨ᠎ᠡ ᠦᠷᠨᠢᠯ ᠳᠠᠪᠰᠢᠯᠳᠠ ᠶᠢ ᠭᠠᠷᠭᠠᠨ᠎ᠠ      ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠪᠦᠳᠦᠭᠡᠨ ᠪᠠᠶᠢᠭᠤᠯᠤᠨ᠎ᠠ᠃ ᠬᠠᠣᠯᠢ ᠶᠣᠰᠣᠭᠠᠷ ᠵᠠᠰᠠᠭ ᠪᠠᠷᠢᠵᠤ᠂ ᠬᠠᠣᠯᠢ ᠳᠤ ᠳᠣᠭᠳᠠᠭᠠᠭᠰᠠᠨ ᠡᠷᠭᠡ ᠶᠢᠨ ᠬᠢᠵᠠᠭᠠᠷ᠂ ᠬᠠᠣᠯᠢ ᠶᠣᠰᠣᠨ ᠤ ᠠᠯᠬᠤᠮ ᠳᠠᠷᠠᠭ᠎ᠠ ᠵᠢᠴᠢ ᠡᠷᠭᠡ ᠡᠭᠦᠷᠭᠡ ᠶᠢᠨ ᠵᠢᠭᠰᠠᠭᠠᠯᠳᠠ ᠶᠢᠨ ᠳᠠᠭᠠᠤ ᠬᠠᠷᠢᠭᠤᠴᠠᠯᠭ᠎ᠠ ᠡᠭᠦᠷᠭᠡᠯᠡᠵᠥ᠂ ︽ᠬᠤᠶᠠᠷ ᠳᠣᠷ᠎ᠠ ᠶᠢᠨ ᠳᠣᠬᠢᠶᠠᠯᠳᠣᠯ᠂ ᠨᠢᠭᠡ ᠢᠯᠡ ᠳᠣᠳᠣ ᠪᠠᠶᠢᠳᠠᠯ ︵ᠳᠣᠷ᠎ᠠ ᠶᠢᠨ ᠳᠣᠬᠢᠶᠠᠯᠳᠣᠯ ᠢᠶᠠᠷ ᠪᠠᠶᠢᠴᠠᠭᠠᠬᠤ ᠡᠳᠡᠭᠡᠳ ᠢ ᠰᠣᠭᠤᠯᠬᠤ᠂ ᠳᠣᠷ᠎ᠠ  ᠶᠢᠨ ᠳᠣᠬᠢᠶᠠᠯᠳᠣᠯ ᠢᠶᠠᠷ ᠬᠠᠣᠯᠢ ᠬᠡᠷᠡᠭᠵᠢᠭᠦᠯᠬᠦ ᠪᠠᠶᠢᠴᠭᠠᠬᠤ ᠠᠵᠢᠯᠳᠠᠳ ᠢ ᠰᠣᠩᠭᠤᠨ ᠳᠣᠮᠢᠯᠠᠬᠤ᠂ ᠬᠡᠷᠡᠭ ᠪᠠᠶᠢᠳᠠᠯ  ᠢ ᠪᠠᠶᠢᠴᠠᠭᠠᠨ ᠳᠣᠳᠣᠯᠠᠬᠤ ᠵᠢᠴᠢ ᠰᠢᠢᠳᠪᠦᠷᠢᠯᠡᠬᠦ ᠪᠠ ᠴᠠᠭ ᠳᠤᠬᠠᠢ ᠳᠤᠨᠢ ᠨᠡᠶᠢᠭᠡᠮ ᠨᠡᠶᠢᠳᠡ ᠳᠤ ᠨᠡᠶᠢᠳᠡᠯᠡᠬᠦ︶︾ ᠠᠵᠢᠯ ᠤᠨ ᠳᠣᠭᠳᠠᠯᠴᠠᠭ᠎ᠠ ᠶᠢ ᠪᠦᠬᠦ ᠳᠠᠯ᠎ᠠ ᠪᠠᠷ ᠬᠡᠷᠡᠭᠵᠢᠭᠦᠯᠵᠥ᠂ ᠵᠠᠰᠠᠭ ᠤᠨ ᠣᠷᠳᠣᠨ ᠤ ᠠᠵᠢᠯ ᠢ ᠬᠠᠣᠯᠢ ᠶᠣᠰᠣᠭᠠᠷ ᠶᠠᠪᠣᠭᠳᠠᠭᠤᠯᠤᠨ᠎ᠠ᠃ ︽ᠭᠤᠷᠪᠠᠨ ᠭᠦᠨᠳᠥ ᠴᠢᠬᠤᠯᠠ ᠨᠢᠭᠡ ᠶᠡᠭᠡ ᠬᠡᠮᠵᠢᠶᠡᠨ ︵ᠬᠦᠨᠳᠥ ᠴᠢᠬᠤᠯᠠ ᠠᠰᠠᠭᠤᠳᠠᠯ ᠤᠨ ᠰᠢᠢᠳᠪᠦᠷᠢ᠂ ᠬᠦᠨᠳᠥ ᠴᠢᠬᠤᠯᠠ  ᠺᠠᠳ᠋ᠷ ᠤᠨ ᠳᠣᠮᠢᠯᠠᠯᠳᠠ᠂ ᠬᠦᠨᠳᠥ ᠴᠢᠬᠤᠯᠠ ᠳᠦᠷᠥᠯ ᠵᠦᠢᠯ  ᠤᠨ ᠪᠡᠯᠡ ᠣᠷᠣᠭᠤᠯᠣᠯᠳᠠ ᠶᠢᠨ ᠰᠢᠢᠳᠪᠦᠷᠢ ᠪᠠ ᠶᠡᠭᠡ ᠬᠡᠮᠵᠢᠶᠡᠨ ᠤ ᠪᠡᠯᠡ ᠮᠥᠩᠭᠦᠨ ᠤ ᠬᠡᠷᠡᠭᠯᠡᠯᠳᠡ︶︾ ᠤ ᠠᠵᠢᠯ ᠬᠡᠷᠡᠭ ᠲᠤ ᠬᠠᠮᠳᠣᠪᠠᠷ ᠰᠢᠢᠳᠪᠦᠷᠢ ᠭᠠᠷᠭᠠᠬᠤ ᠳᠦᠷᠢᠮ ᠢ ᠬᠡᠷᠡᠭᠵᠢᠭᠦᠯᠵᠥ᠂ ᠵᠠᠰᠠᠭ ᠤᠨ ᠣᠷᠳᠣᠨ ᠤ ᠬᠠᠣᠯᠢ  ᠶᠢᠨ ᠵᠥᠪᠯᠡᠬᠦ ᠬᠠᠩᠭᠠᠬᠤ ᠳᠦᠷᠢᠮ ᠢ ᠳᠡᠭᠦᠯᠳᠡᠷᠵᠢᠭᠦᠯᠥᠨ᠂ ᠵᠠᠰᠠᠭ ᠵᠠᠬᠢᠷᠭᠠᠨ ᠤ ᠰᠢᠢᠳᠪᠦᠷᠢ ᠳᠣᠭᠳᠠᠭᠠᠬᠤ ᠶᠠᠪᠣᠴᠠ  ᠶᠢ ᠣᠯᠠᠮ ᠨᠢᠭᠡ ᠠᠯᠬᠤᠮ ᠳᠦᠷᠢᠮᠵᠢᠭᠦᠯᠵᠥ᠂ ᠰᠢᠢᠳᠪᠦᠷᠢ ᠶᠢᠨ ᠰᠢᠨᠵᠢᠯᠡᠬᠦ ᠣᠬᠠᠭᠠᠨᠴᠢ ᠳᠦᠪᠰᠢᠨ ᠢ ᠳᠡᠭᠡᠭᠰᠢᠯᠡᠭᠦᠯᠥᠨ᠎ᠡ᠃ ︽ᠵᠠᠰᠠᠭ ᠤᠨ ᠣᠷᠳᠣᠨ ᠤ ᠬᠥᠨᠳᠥ ᠴᠢᠬᠤᠯᠠ ᠠᠵᠢᠯ ᠬᠡᠷᠡᠭ ᠢ ᠠᠷᠠᠳ ᠤᠨ ᠳᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠬᠦ ᠳᠦᠷᠢᠮ︾ ︽ᠵᠠᠰᠠᠭ ᠤᠨ ᠣᠷᠳᠣᠨ ᠤ ᠪᠠᠶᠢᠭᠤᠯᠤᠯᠭ᠎ᠠ ᠨᠢᠭᠡᠴᠢ ᠠᠷᠠᠳ ᠤᠨ ᠳᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠲᠡᠭᠦᠨ ᠤ ᠠᠵᠢᠯ ᠤᠨ ᠵᠥᠪᠯᠡᠯ ᠳᠤ ᠵᠢᠯ ᠤᠨ ᠡᠴᠣᠰ ᠤᠨ ᠠᠵᠢᠯ ᠤᠨ ᠬᠠᠷᠢᠭᠤ ᠮᠡᠳᠡᠭᠦᠯᠥᠯᠳᠡ ᠬᠢᠬᠦ ᠳᠦᠷᠢᠮ︾ ᠢ ᠪᠦᠬᠦ ᠳᠠᠯ᠎ᠠ ᠪᠠᠷ ᠳᠣᠣᠱᠯᠠᠭᠤᠯᠵᠤ᠂ ᠠᠷᠠᠳ ᠤᠨ ᠳᠥᠯᠥᠭᠡᠯᠡᠭᠴᠢᠳ ᠤᠨ ᠶᠡᠭᠡ ᠬᠤᠷᠠᠯ ᠤᠨ ᠬᠠᠣᠯᠢ  ᠶᠢᠨ ᠬᠢᠨᠠᠯᠳᠠ᠂ ᠣᠯᠣᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠳᠠ ᠵᠢᠴᠢ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠦᠨᠡᠯᠡᠯᠭᠡ ᠶᠢ ᠬᠠᠣᠯᠢ ᠶᠣᠰᠣᠭᠠᠷ ᠬᠦᠯᠢᠶᠡᠵᠤ᠂ ᠡᠯ᠎ᠡ ᠠᠷᠠᠳᠴᠢᠯᠠᠭᠰᠠᠨ ᠨᠠᠮ ᠪᠦᠯᠥᠭ᠂ ᠦᠢᠯᠡᠳᠪᠦᠷᠢ  ᠬᠤᠳᠠᠯᠳᠤᠭᠠᠨ ᠤ ᠬᠤᠯᠪᠣᠭ᠎ᠠ᠂ ᠨᠠᠮ ᠤᠨ ᠬᠠᠷᠢᠶᠠᠯᠠᠯ ᠦᠭᠡᠢ ᠬᠦᠮᠥᠰ ᠵᠢᠴᠢ ᠠᠷᠠᠳ ᠤᠨ ᠪᠦᠯᠭᠦᠮ  ᠤᠨ ᠰᠠᠨᠠᠯ ᠳᠣᠷᠠᠳᠣᠯᠭ᠎ᠠ ᠶᠢ ᠭᠦᠴᠡᠳ ᠬᠦᠯᠢᠶᠡᠨ ᠰᠣᠨᠣᠰᠣᠨ᠎ᠠ᠃ ︽ᠳᠣᠯᠣᠳᠣᠭᠠᠷ  ᠳᠠᠪᠣᠨ ᠵᠢᠯ︾ ᠤᠨ ᠬᠠᠣᠯᠢ ᠳᠦᠭᠡᠮᠡᠯᠵᠢᠭᠦᠯᠬᠦ ᠭᠦᠳᠡᠯᠭᠡᠭᠡᠨ ᠢ ᠥᠷᠨᠢᠭᠦᠯᠵᠥ᠂ ᠪᠦᠬᠦ ᠠᠷᠠᠳ ᠤᠨ ᠬᠠᠣᠯᠢ ᠪᠠᠷ ᠵᠠᠰᠠᠬᠤ ᠦᠵᠡᠯ ᠣᠬᠠᠮᠰᠠᠷ ᠢ ᠴᠢᠩᠭᠠᠳᠬᠠᠨ᠂ ︽ᠬᠡᠨ ᠬᠠᠣᠯᠢ ᠬᠡᠷᠡᠭᠵᠢᠭᠦᠯᠪᠡᠯ᠂ ᠲᠡᠷᠡ ᠬᠠᠣᠯᠢ ᠳᠦᠭᠡᠮᠡᠯᠵᠢᠭᠦᠯᠬᠦ︾ ᠬᠠᠷᠢᠭᠤᠴᠠᠯᠭᠠᠳᠤ ᠳᠦᠷᠢᠮ  ᠢ ᠪᠠᠶᠢᠭᠤᠯᠵᠤ ᠬᠡᠷᠡᠭᠵᠢᠭᠦᠯᠥᠨ᠂ ᠬᠠᠣᠯᠢ ᠪᠠᠷ ᠬᠤᠳᠠ ᠪᠠᠨ ᠵᠠᠰᠠᠬᠤ ᠪᠠ ᠠᠷᠠᠳᠴᠢᠯᠠᠭᠰᠠᠨ ᠬᠠᠣᠯᠢ ᠶᠢᠨ ᠳᠦᠭᠡᠮᠡᠯᠵᠢᠭᠦ ᠠᠬᠢᠴᠠ ᠶᠢ ᠳᠦᠯᠬᠢᠨ ᠣᠷᠣᠭᠰᠢᠯᠠᠭᠤᠯᠤᠨ᠎ᠠ᠃      ᠵᠠᠰᠠᠭ ᠪᠠᠷᠢᠬᠤ ᠦᠷ᠎ᠡ ᠪᠦᠳᠥᠮᠵᠢ ᠪᠠᠨ ᠳᠡᠭᠡᠭᠰᠢᠯᠡᠭᠦᠯᠥᠨ᠎ᠡ᠃ ᠨᠠᠮ ᠤᠨ ᠣᠯᠣᠰ ᠲᠥᠷᠥ ᠶᠢᠨ ᠰᠠᠬᠢᠯᠭ᠎ᠠ ᠪᠠᠳᠣ ᠪᠠ ᠳᠦᠷᠢᠮ ᠳᠣᠭᠳᠠᠭᠠᠯ ᠢ ᠴᠢᠩᠭ᠎ᠠ ᠵᠢᠷᠣᠮᠯᠠᠵᠣ᠂ ᠣᠯᠣᠰ ᠲᠥᠷᠥ ᠶᠢᠨ ᠦᠵᠡᠯ ᠣᠬᠠᠮᠰᠠᠷ᠂ ᠪᠦᠬᠦ ᠳᠠᠯ᠎ᠠ  ᠶᠢ ᠬᠠᠷᠭᠠᠯᠵᠠᠬᠤ ᠣᠬᠠᠮᠰᠠᠷ᠂ ᠭᠤᠣᠯᠳᠠᠯᠭ᠎ᠠ ᠶᠢ ᠪᠠᠷᠢᠬᠤ ᠣᠬᠠᠮᠰᠠᠷ᠂ ᠨᠠᠮ ᠢᠶᠠᠷ ᠳᠠᠭᠤᠷᠢᠶᠠᠯ ᠪᠣᠯᠭᠠᠬᠤ ᠤᠬᠠᠮᠰᠠᠷ ᠢ ᠤᠯᠠᠮ ᠴᠢᠩᠭᠠᠳᠬᠠᠨ᠂ ᠳᠡᠭᠡᠳᠥ ᠱᠠᠳᠣᠨ ᠤ ᠪᠣᠯᠣᠨ ᠬᠤᠳᠠ ᠶᠢᠨ ᠨᠠᠮ ᠤᠨ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠳᠣ ᠪᠣᠳᠣᠯᠭ᠎ᠠ ᠶᠢ ᠨᠠᠶᠢᠳᠠᠪᠣᠷᠢᠵᠢᠭᠤᠯᠬᠤ ᠶᠢ ᠪᠠᠳᠣᠯᠠᠨ᠎ᠠ᠃ ᠵᠠᠰᠠᠭ ᠵᠠᠬᠢᠷᠭᠠᠨ ᠤ ᠵᠦᠪᠰᠢᠶᠡᠷᠡᠯ ᠣᠯᠭᠤᠬᠤ ᠪᠠᠷᠢᠮᠵᠢᠶᠠᠳᠣ ᠴᠢᠨᠠᠷ ᠤᠨ ᠪᠠᠶᠢᠭᠤᠯᠤᠯᠳᠠ ᠶᠢ ᠳᠦᠷᠭᠡᠳᠭᠡᠨ᠂ ᠵᠠᠰᠠᠭ ᠵᠠᠬᠢᠷᠭᠠᠨ ᠤ ᠵᠥᠪᠰᠢᠶᠡᠷᠡᠯ ᠢ ᠨᠡᠶᠢᠳᠡᠯᠡᠬᠦ ᠳᠦᠷᠢᠮ ᠢ ᠬᠡᠷᠡᠭᠵᠢᠭᠦᠯᠵᠥ᠂ ᠳᠣᠣᠷ ᠰᠦᠯᠵᠢᠶ᠎ᠡ ᠪᠠᠷ ᠵᠥᠪᠰᠢᠶᠡᠷᠡᠯ ᠣᠯᠭᠤᠬᠤ᠂ ᠯᠠᠪᠯᠠᠬᠤ ᠦᠢᠯᠡᠴᠢᠯᠡᠯᠭᠡ ᠬᠠᠩᠭᠠᠬᠤ ᠠᠵᠢᠯ ᠢ ᠶᠡᠬᠡᠪᠡᠷ ᠦᠷᠨᠢᠭᠦᠯᠵᠥ᠂ ᠵᠠᠰᠠᠭ ᠵᠠᠬᠢᠷᠭᠠᠨ ᠤ ᠦᠷ᠎ᠡ ᠪᠦᠳᠦᠮᠵᠢ ᠪᠣᠯᠣᠨ ᠠᠵᠢᠯ ᠤᠨ ᠦᠷ᠎ᠡ ᠠᠰᠢᠭ ᠢ ᠳᠠᠰᠣᠷᠠᠯᠳᠠ ᠦᠭᠡᠢ ᠳᠡᠭᠡᠭᠰᠢᠯᠡᠭᠦᠯᠥᠨ᠎ᠡ᠃ ᠵᠠᠰᠠᠭ ᠤᠨ ᠣᠷᠳᠣᠨ ᠤ ᠭᠦᠢᠴᠡᠳᠭᠡᠬᠦ ᠴᠢᠳᠠᠪᠦᠷᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠪᠠᠨ ᠨᠡᠮᠡᠭᠳᠡᠭᠦᠯᠵᠥ᠂ ᠡᠯ᠎ᠡ ᠲᠦᠷᠦᠯ ᠤᠨ ᠠᠵᠢᠯ ᠤᠨ ᠪᠣᠳᠠᠳᠠᠶᠢᠵᠢᠵᠥ᠂ ᠪᠦᠳᠦᠮᠵᠢᠳᠡᠢ ᠶᠠᠪᠣᠭᠳᠠᠬᠤ ᠶᠢ ᠪᠠᠳᠣᠯᠠᠨ᠎ᠠ᠃ ᠵᠠᠰᠠᠭ ᠤᠨ ᠶᠠᠪᠦᠳᠠᠯ ᠤᠨ ᠢᠯᠡ ᠳᠣᠳᠣ ᠪᠠᠶᠢᠳᠠᠯ ᠢ ᠪᠦᠬᠦ ᠳᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠤ ᠡᠯ᠎ᠡ ᠪᠠᠶᠢᠭᠤᠯᠤᠯᠭ᠎ᠠ ᠨᠢᠭᠡᠴᠢ ᠨᠢ ᠬᠡᠪᠯᠡᠯ ᠮᠡᠳᠡᠭᠡᠯᠡᠯ ᠳᠤ ᠨᠡᠶᠢᠳᠡᠯᠡᠭᠴᠢ ᠶᠢᠨ ᠳᠦᠷᠢᠮ ᠢ ᠪᠣᠳᠠᠳᠠᠢ ᠬᠡᠷᠡᠭᠵᠢᠭᠦᠯᠵᠥ᠂ ᠵᠠᠰᠠᠭ ᠤᠨ ᠶᠠᠪᠣᠳᠠᠯ ᠤᠨ ᠬᠤᠯᠪᠣᠭᠳᠠᠬᠤ ᠮᠡᠳᠡᠭᠡ ᠵᠠᠩᠭᠢ ᠶᠢ ᠴᠠᠭ ᠳᠣᠬᠠᠢ ᠳᠤᠨᠢ ᠨᠡᠶᠢᠳᠡᠯᠡᠵᠥ᠂ ᠨᠡᠶᠢᠭᠡᠮ ᠤᠨ ᠨᠡᠶᠢᠳᠡ ᠶᠢᠨ ᠠᠩᠬᠠᠷᠣᠯ ᠳᠤ ᠣᠷᠣᠰᠢᠬᠤ ᠠᠰᠠᠭᠤᠳᠠᠯ ᠳᠤ ᠬᠠᠷᠢᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡ ᠳᠣᠳᠣ ᠪᠠᠶᠢᠳᠠᠯ ᠪᠠ ᠨᠡᠶᠢᠭᠡᠮ ᠤᠨ ᠢᠳᠡᠭᠡᠮᠵᠢ ᠶᠢᠨ ᠬᠦᠴᠦᠨ ᠢ ᠨᠡᠮᠡᠭᠳᠡᠭᠦᠯᠥᠨ᠎ᠡ᠃      ᠴᠢᠭᠡᠴᠢ  ᠵᠠᠰᠠᠭ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠨᠠᠮ ᠤᠨ ᠰᠠᠬᠢᠯᠭ᠎ᠠ ᠶᠢ ᠴᠢᠩᠳᠠᠯᠠᠬᠤ ᠠᠵᠢᠯ  ᠤᠨ ᠱᠠᠭᠠᠷᠳᠠᠯᠭ᠎ᠠ ᠶᠤᠰᠤᠭᠠᠷ᠂ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠳᠠ ᠶᠢᠨ ᠨᠠᠮ ᠤᠨ ᠰᠣᠷᠳᠠᠯ ᠴᠢᠭᠡᠴᠢ ᠵᠠᠰᠠᠭ ᠢ ᠪᠦᠳᠦᠭᠡᠨ ᠪᠠᠶᠢᠭᠤᠯᠬᠤ ᠬᠠᠷᠢᠭᠤᠴᠠᠯᠭᠠᠳᠣ ᠳᠦᠷᠢᠮ ᠢ ᠴᠢᠩᠭᠠᠳᠬᠠᠵᠤ᠂ ᠬᠦᠨᠳᠥ ᠴᠢᠬᠤᠯᠠ ᠰᠠᠯᠪᠦᠷᠢ᠂ ᠭᠤᠤᠯᠳᠠᠯᠭ᠎ᠠ ᠲᠠᠢ ᠠᠵᠢᠯ ᠤᠨ ᠪᠠᠶᠢᠷᠢ ᠳᠠᠬᠢ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠪᠠ ᠦᠨᠡᠯᠡᠯᠭᠡ ᠬᠢᠨᠡᠯᠳᠠ  ᠶᠢ ᠴᠢᠩᠭᠠᠳᠬᠠᠨ᠂ ᠳᠦᠷᠢᠮ ᠰᠠᠬᠢᠯᠭ᠎ᠠ ᠪᠠᠳᠣ ᠵᠦᠷᠢᠴᠡᠭᠰᠡᠨ ᠬᠡᠷᠡᠭ ᠣᠴᠢᠷ ᠪᠠ ᠣᠯᠠᠨ ᠲᠦᠮᠡᠨ ᠤ ᠳᠡᠷᠭᠡᠳᠡ ᠢᠯᠡᠷᠡᠵᠥ ᠪᠣᠢ ᠢᠯᠵᠠᠷᠠᠮᠠᠯ ᠠᠰᠠᠭᠤᠳᠠᠯ ᠢ ᠴᠢᠩᠭ᠎ᠠ ᠬᠠᠳᠠᠭᠤ ᠪᠠᠷ ᠰᠢᠢᠳᠭᠡᠨ᠎ᠡ᠃ ᠣᠯᠠᠨ ᠨᠡᠶᠢᠳᠡ ᠶᠢᠨ ᠡᠬᠢ ᠪᠠᠶᠠᠯᠢᠭ ᠢ ᠠᠷᠠᠯᠵᠢᠬᠤ ᠲᠦᠷᠢᠮ ᠤᠨ ᠪᠦᠳᠦᠭᠡᠨ ᠪᠠᠶᠢᠭᠤᠯᠤᠯᠳᠠ ᠶᠢ ᠳᠡᠭᠦᠯᠳᠡᠷᠵᠢᠭᠦᠯᠥᠨ᠂ ᠬᠦᠷᠥᠩᠭᠡ ᠶᠢᠨ ᠰᠢᠯᠵᠢᠭᠦᠯᠥᠯᠳᠡ᠂ ᠳᠦᠷᠢᠶᠡᠰᠥᠯᠡᠬᠦᠯᠬᠦ ᠦᠢᠯᠡᠴᠢᠯᠡᠯᠭᠡ᠂ ᠳᠠᠭᠠᠭᠠᠴᠢᠯᠠᠯᠳᠠ ᠵᠢᠴᠢ ᠡᠯ᠎ᠡ ᠲᠦᠷᠦᠯ ᠤᠨ ᠦᠢᠯᠡᠴᠢᠯᠡᠯᠭᠡ ᠬᠤᠳᠠᠯᠳᠣᠨ ᠠᠪᠣᠯᠳᠠ ᠵᠡᠷᠭᠡ ᠶᠢ ᠳᠣᠬᠠᠢ ᠶᠢᠨ ᠠᠷᠠᠯᠵᠢᠶᠠᠨ ᠤ ᠳᠠᠪᠴᠠᠩ ᠳᠤ ᠬᠠᠮᠣᠷᠠᠨ ᠣᠷᠣᠭᠤᠯᠵᠤ᠂ ᠢᠯᠵᠠᠷᠠᠮᠠᠯ ᠳᠣᠷᠣᠶᠢᠳᠠᠯ ᠢ ᠤᠯᠠᠮ ᠨᠢᠭᠡ ᠠᠯᠬᠤᠮ ᠰᠡᠷᠭᠡᠶᠢᠯᠡᠨ ᠬᠢᠵᠠᠭᠠᠷᠯᠠᠨ᠎ᠠ᠃ ︽ᠭᠤᠷᠪᠠᠨ ᠳᠦᠷᠦᠯ ᠤᠨ ᠠᠯᠪᠠᠨ ᠵᠠᠷᠣᠳᠠᠯ︾ ᠪᠠ ᠡᠩ ᠤᠨ ᠴᠢᠨᠠᠷᠳᠠᠢ ᠵᠠᠷᠣᠯᠭ᠎ᠠ ᠶᠢ ᠴᠢᠩᠭ᠎ᠠ ᠬᠢᠵᠠᠭᠠᠷᠯᠠᠵᠤ᠂ ᠠᠯᠪᠠᠨ ᠤ ᠬᠦᠯᠢᠶᠡᠨ ᠠᠪᠣᠯᠳᠠ᠂ ᠠᠯᠪᠠᠨ ᠭᠡᠷ  ᠤᠨ ᠬᠠᠮᠢᠶᠠᠷᠣᠯᠳᠠ ᠶᠢ ᠤᠯᠠᠮ ᠨᠢᠭᠡ ᠠᠯᠬᠤᠮ ᠳᠦᠷᠢᠮᠵᠢᠭᠦᠯᠵᠥ᠂ ᠠᠵᠢᠯ ᠦᠢᠯᠡᠰ ᠤᠨ ᠨᠢᠭᠡᠴᠢ ᠪᠠ ᠤᠯᠤᠰ ᠤᠨ ᠥᠮᠴᠢᠳᠣ ᠠᠵᠤ ᠠᠬᠤᠶᠢᠯᠠᠯ ᠤᠨ ᠨᠢᠭᠡᠴᠢ ᠶᠢᠨ ᠠᠯᠪᠠᠨ ᠮᠠᠰᠢᠨ ᠬᠡᠷᠡᠭᠯᠡᠬᠦ ᠳᠦᠷᠢᠮ ᠤᠨ ᠦᠭᠡᠷᠡᠴᠢᠯᠡᠯᠳᠡ ᠶᠢ ᠪᠡᠶᠡᠯᠡᠭᠦᠯᠥᠨ᠎ᠡ᠃ ᠠᠯᠪᠠᠨ ᠠᠵᠢᠯᠳᠠᠳ ᠤᠨ ᠬᠢᠨᠠᠯᠳᠠ ᠬᠠᠮᠢᠶᠠᠷᠣᠯᠳᠠ ᠰᠣᠷᠭᠠᠨ ᠬᠦᠮᠥᠵᠢᠭᠦᠯᠥᠯᠳᠡ ᠶᠢ ᠴᠢᠩᠭᠠᠳᠬᠠᠨ ᠂ ︽ᠰᠠᠬᠢᠯᠭ᠎ᠠ ᠶᠢᠨ ᠳᠣᠣᠷᠠᠳᠣ ᠬᠢᠵᠠᠭᠠᠷ︾ ᠢ ᠴᠢᠩᠭ᠎ᠠ ᠵᠢᠷᠣᠮᠯᠠᠵᠤ᠂ ︽ᠰᠡᠷᠭᠡᠶᠢᠯᠡᠯᠳᠡ ᠶᠢᠨ ᠱᠤᠭᠤᠮ︾ ᠢ ᠪᠠᠬᠢᠵᠢᠭᠦᠯᠥᠨ᠂ ︽ᠶᠣᠰᠣ ᠰᠣᠷᠳᠠᠬᠤᠨ ᠤ ᠬᠢᠵᠠᠭᠠᠷᠳᠣ ᠱᠣᠭᠤᠮ︾ ᠳᠤ ᠣᠶᠢᠷᠠᠳᠠᠬᠤ ᠦᠭᠡᠢ ᠪᠠᠶᠢᠬᠤ ᠶᠢ ᠡᠷᠡᠰ ᠪᠠᠳᠣᠯᠠᠨ᠎ᠠ᠃      ᠳᠦᠯᠥᠭᠡᠯᠡᠭᠴᠢᠳ ᠡ᠂ ᠠᠳᠠᠯ ᠦᠢᠯᠡᠰ ᠢᠶᠠᠷ ᠬᠥᠴᠥ ᠨᠢᠭᠳᠠᠷᠠᠵᠤ᠂ ᠠᠵᠢᠯ ᠬᠡᠷᠡᠭᠴᠢ ᠪᠠᠷ ᠢᠷᠡᠭᠡᠳᠦᠢ ᠶᠢ ᠴᠣᠭᠴᠠᠯᠠᠳᠠᠭ ᠭᠡᠭᠴᠢ ᠪᠠᠷ ᠪᠢᠳᠡ ᠬᠤᠲᠠ ᠶᠢᠨ ᠨᠠᠮ ᠤᠨ ᠬᠤᠷᠢᠶᠠᠨ ᠤ ᠵᠥᠪ ᠣᠨᠣᠪᠴᠢᠳᠠᠢ ᠤᠳᠤᠷᠢᠳᠤᠯᠭ᠎ᠠ ᠶᠢᠨ ᠳᠣᠣᠷ᠎ᠠ᠂ ᠪᠦᠬᠦ ᠬᠤᠳᠠ ᠶᠢᠨ ᠡᠯ᠎ᠡ ᠦᠨᠳᠥᠰᠥᠳᠡᠨ ᠤ  ᠺᠠᠳ᠋ᠷ ᠣᠯᠠᠨ ᠳᠦᠮᠡᠨ ᠤ ᠬᠠᠮᠳᠣ ᠶᠢᠨ ᠴᠢᠷᠮᠠᠶᠢᠯᠭ᠎ᠠ ᠪᠠᠷ᠂ ᠢᠲᠡᠭᠡᠯ ᠵᠣᠷᠢᠭ ᠢᠶᠠᠨ ᠬᠦᠪᠴᠢᠯᠡᠵᠥ᠂ ᠪᠥᠬᠦ ᠰᠡᠳᠬᠢᠯ ᠪᠦᠬᠦ ᠵᠣᠷᠢᠭ ᠢᠶᠠᠷ ᠰᠢᠷᠭᠠᠭᠤ ᠠᠵᠢᠯᠯᠠᠵᠤ ᠬᠠᠳᠠᠭᠤᠵᠢᠯᠳᠠᠢ ᠲᠡᠮᠡᠴᠡᠨ᠂ ᠬᠦᠴᠢᠷ ᠪᠡᠷᠬᠡᠰᠢᠶᠡᠯ ᠢ ᠳᠠᠪᠠᠨ ᠳᠣᠭᠤᠯᠵᠣ᠂ ᠪᠦᠬᠦ ᠣᠷᠣᠨ ᠤ ᠬᠡᠪᠴᠢᠶᠡᠨ ᠳᠤ ᠴᠢᠨᠡᠭᠡᠯᠢᠭ ᠨᠡᠶᠢᠭᠡᠮ ᠢ ᠣᠷᠢᠳᠴᠢᠯᠠᠨ ᠪᠦᠳᠦᠭᠡᠨ ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号