ᠵᠠᠰᠠᠭ ᠤᠨ ᠣᠷᠳᠣᠨ ᠤ ᠠᠵᠢᠯ ᠤᠨ ᠢᠯᠡᠳᠬᠡᠯ | | — ᠡᠷᠢᠶᠠᠨ ᠬᠤᠳᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ ᠤᠳᠠᠭᠠᠨ ᠤ ᠬᠤᠷᠠᠯᠳᠤᠭᠠᠨ | ᠲᠡᠭᠡᠷ᠎ᠠ | | ᠤᠷᠤᠯᠠᠭᠴᠢ ᠬᠤᠳᠠ ᠶᠢᠨ ᠲᠠᠷᠤᠭ᠎ᠠ ᠯᠢᠦ ᡁᠢ ᠫᠢᠩ | | ᠲᠦᠯᠦᠭᠡᠯᠡᠭᠴᠢᠳ ᠡ᠄ | ᠲᠤᠰ ᠬᠤᠭᠤᠴᠠᠭᠠᠨ ᠤ ᠵᠠᠰᠠᠭ ᠤᠨ ᠤᠷᠳᠤᠨ ᠤ ᠲᠤᠰᠢᠶᠠᠯ ᠤᠨ ᠬᠤᠭᠤᠴᠠᠭ᠎ᠠ ᠤᠳᠠᠯ ᠦᠭᠡᠢ | ᠳᠠᠭᠤᠰᠬᠤ ᠪᠣᠯᠣᠯ᠎ᠠ᠃ ᠤᠳᠤ ᠪᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ | ᠳᠤ ᠠᠵᠢᠯ ᠤᠨ ᠢᠯᠡᠳᠭᠡᠯ ᠬᠢᠶ᠎ᠠ᠃ ᠬᠢᠨᠠᠨ ᠵᠦᠪᠯᠡᠬᠦ ᠪᠤᠯᠪᠠᠤ︕ ᠤᠯᠤᠰ ᠲᠦᠷᠦ ᠶᠢᠨ ᠵᠦᠪᠯᠡᠯᠭᠡᠨ ᠤ | ᠬᠡᠰᠢᠭᠦᠳ ᠪᠤᠯᠤᠨ ᠬᠤᠷᠠᠯ ᠳᠤ ᠰᠤᠯᠠ ᠣᠷᠣᠯᠴᠠᠭᠰᠡᠨ ᠨᠦᠬᠦᠳ ᠰᠠᠨᠠᠯ ᠢᠶᠠᠨ ᠲᠤᠷᠠᠳᠤᠭᠠᠷᠠᠢ᠃ | | | ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠭᠦᠯᠦᠯ | | ᠲᠤᠰ ᠬᠤᠭᠤᠴᠠᠭᠠᠨ ᠤ ᠵᠠᠰᠠᠭ ᠤᠨ ᠤᠷᠳᠤᠨ ᠤ ᠲᠤᠰᠢᠶᠠᠯ ᠡᠭᠦᠷᠭᠡᠯᠡᠭᠰᠡᠨ ᠳᠠᠪᠣᠨ ᠵᠢᠯ ᠪᠣᠯ ᠪᠤᠭᠤᠮᠳᠠ | ᠶᠢᠨ ᠬᠦᠭᠵᠢᠯᠳᠠ ᠶᠢᠨ ᠠᠬᠢᠴᠠ ᠲᠤᠮᠳᠠᠬᠢ ᠶᠠᠷᠤ ᠪᠤᠰᠤ ᠶᠢᠨ ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ | ᠂ ᠠᠵᠤ ᠠᠬᠤᠢ ᠶᠢᠨ ᠬᠦᠭᠵᠢᠯᠳᠠ ᠰᠢᠨ᠎ᠠ ᠬᠡᠪ ᠪᠠᠶᠢᠳᠠᠯ ᠳᠤ ᠤᠷᠤᠭᠰᠡᠨ ᠪᠠ ᠤᠯᠤᠰ ᠤᠨ ᠭᠠᠳᠠᠭᠠᠳᠤ | ᠲᠤᠳᠤᠭᠠᠳᠤ ᠶᠢᠨ ᠪᠠᠶᠢᠳᠠᠯ ᠤᠨ ᠬᠦᠨᠵᠡᠭᠡᠢ ᠬᠤᠪᠢᠰᠤᠯᠳᠠ ᠳᠤ ᠬᠠᠨᠳᠣᠨ᠂ ᠪᠢᠳᠠ ᠰᠢ ᠶᠢᠨ ᠫᠢᠩ ᠨᠦᠭᠦᠷ ᠢᠶᠠᠷ | ᠭᠤᠤᠯ ᠪᠤᠯᠭᠠᠭᠰᠡᠨ ᠨᠠᠮ ᠤᠨ ᠲᠦᠪ ᠬᠤᠷᠢᠶᠠᠨ ᠤ ᠤᠳᠤᠷᠢᠳᠤᠯᠭ᠎ᠠ ᠶᠢ ᠡᠷᠡᠰ ᠪᠠᠷᠢᠮᠳᠠᠯᠠᠵᠤ᠂ ᠨᠠᠮ ᠤᠨ ᠲᠦᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ | ᠤᠨ ᠤᠷᠳᠤᠨ ᠵᠢᠴᠢ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠯ᠎ᠠ ᠲᠦᠷᠦᠯ ᠤᠨ | ᠰᠢᠢᠳᠪᠤᠷᠢᠳᠤ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠠᠯᠠᠭᠤᠯᠵᠤ᠂ ᠦᠷᠢᠰᠦᠯᠳᠦᠭᠡᠨ ᠢ ᠠᠷᠭᠠᠴᠠᠭᠠᠨ᠂ | ᠲᠤᠬᠢᠶᠠᠯ ᠢ ᠠᠳᠬᠤᠵᠣ᠂ ᠬᠦᠴᠢᠷ ᠢ ᠢᠯᠡᠨ ᠲᠠᠪᠠᠵᠤ᠂ ᠵᠤᠷᠢᠭᠳᠠᠢ ᠪᠠᠷ ᠰᠢᠨ᠎ᠠ ᠶᠢ ᠡᠭᠦᠳᠦᠨ᠂ ᠬᠤᠳᠠ ᠶᠢᠨ | ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ | ᠤᠳᠠᠭᠠᠨ ᠤ ᠬᠤᠷᠠᠯᠳᠤᠭᠠᠨ ᠪᠠᠷ ᠲᠤᠭᠳᠠᠭᠠᠭᠰᠡᠨ ᠡᠯ᠎ᠠ ᠲᠦᠷᠦᠯ ᠤᠨ ᠬᠠᠷᠠᠯᠳᠠ ᠪᠠ ᠡᠬᠦᠷᠭᠡ ᠪᠠᠨ ᠨᠡᠯᠢᠶᠡᠳ | ᠠᠮᠵᠢᠯᠳᠠ ᠲᠠᠢ ᠪᠡᠶᠡᠯᠡᠭᠦᠯᠵᠤ᠂ ᠪᠤᠭᠤᠮᠳᠠ ᠶᠢᠨ ᠠᠵᠤ ᠠᠬᠤᠢ ᠨᠠᠶᠢᠭᠡᠮ ᠤᠨ ᠬᠦᠭᠵᠢᠯᠳᠠ ᠪᠠ ᠡᠯ᠎ᠠ ᠲᠦᠷᠦᠯ ᠤᠨ | ᠠᠵᠤ ᠦᠢᠯᠡᠰ ᠰᠢᠨ᠎ᠠ ᠠᠬᠢᠴᠠ ᠰᠢᠨ᠎ᠠ ᠠᠮᠵᠢᠯᠳᠠ ᠤᠯᠤᠭᠰᠡᠨ ᠪᠠᠶᠢᠨ᠎ᠠ᠃ | ᠲᠠᠪᠤᠨ ᠵᠢᠯ ᠤᠨ ᠲᠤᠷᠰᠢ᠂ ᠪᠢᠳᠠ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ | ᠪᠦᠬᠦ ᠴᠢᠳᠠᠯ ᠢᠶᠠᠷ ᠢᠶᠠᠨ ᠲᠦᠯᠬᠢᠨ ᠠᠬᠢᠭᠤᠯᠵᠤ᠂ ᠠᠵᠤ ᠠᠬᠤᠢ ᠶᠢᠨ ᠶᠡᠷᠦᠩᠬᠡᠶᠢᠯᠡᠭᠰᠡᠨ ᠪᠤᠳᠠᠳᠤ ᠬᠦᠴᠦᠨ ᠰᠢᠨ᠎ᠠ | ᠱᠠᠳᠣᠨ ᠳᠤ ᠠᠬᠢᠪᠠ᠃ ᠲᠤᠭᠳᠠᠭᠤᠨ ᠲᠤᠮᠳᠠ ᠤᠷᠤᠭᠰᠢᠯᠠᠬᠤ ᠠᠵᠢᠯ ᠤᠨ ᠶᠠᠷᠦᠩᠭᠡᠢ ᠬᠦᠭ ᠠᠶᠠᠰ ᠢ ᠪᠠᠷᠢᠮᠳᠠᠯᠠᠵᠤ | ᠂ ᠠᠵᠤ ᠠᠬᠤᠢ ᠶᠢᠨ ᠭᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠵᠤᠬᠢᠴᠠᠵᠤ᠂ ᠠᠷᠠᠯᠵᠢᠶ᠎ᠠ ᠬᠤᠳᠠᠯᠳᠤᠭ᠎ᠠ᠂ | ᠪᠤᠯᠪᠠᠰᠤᠷᠠᠭᠤᠯᠬᠤ ᠠᠵᠣ ᠦᠢᠯᠡᠳᠪᠦᠷᠢ ᠪᠠ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢ ᠲᠦᠯᠬᠢᠨ ᠠᠬᠢᠭᠤᠯᠬᠤ | ᠵᠣᠷᠢᠭᠵᠢᠭᠤᠯᠣᠯᠳᠠ ᠶᠢᠨ ᠴᠢᠨᠠᠷᠳᠡᠢ ᠲᠦᠷᠦ ᠶᠢᠨ ᠪᠤᠳᠤᠯᠭ᠎ᠠ ᠶᠢ ᠨᠡᠶᠢᠳᠡᠯᠡᠨ ᠬᠡᠷᠡᠭᠵᠢᠭᠦᠯᠵᠤ᠂ ᠠᠵᠤ ᠠᠬᠤᠢ ᠶᠢᠨ | ᠪᠦᠳᠦᠴᠠ ᠳᠤ ᠢᠳᠡᠪᠬᠢᠳᠡᠢ ᠳᠣᠬᠢᠷᠠᠭᠤᠯᠣᠯᠳᠠ ᠬᠢᠵᠣ᠂ ᠬᠤᠷᠳᠤᠴᠠ ᠬᠡᠪᠴᠢᠶᠡᠵᠢᠯ ᠢ ᠬᠦᠬᠡᠬᠡᠴᠡᠯᠳᠦᠬᠦ ᠬᠡᠯᠪᠠᠷᠢ | ᠠᠴᠠ ᠶᠠᠰᠤ ᠴᠢᠨᠠᠷ ᠦᠷ᠎ᠠ ᠠᠰᠢᠭ ᠢ ᠬᠦᠬᠡᠬᠡᠴᠡᠯᠳᠦᠬᠦ ᠬᠡᠯᠪᠡᠷᠢ ᠳᠡᠰᠢ ᠬᠤᠪᠢᠷᠠᠭᠤᠯᠵᠣ᠂ ᠠᠵᠤ ᠠᠬᠤᠢ ᠶᠢᠨ | ᠲᠤᠭᠳᠠᠭᠤᠨ ᠪᠦᠬᠡᠳ ᠡᠷᠡᠬᠦᠯ ᠢᠶᠠᠷ ᠬᠦᠭᠵᠢᠭᠦ ᠶᠢ ᠪᠡᠶᠡᠯᠡᠭᠦᠯᠪᠡ᠃ 2012 ᠤᠨ ᠲᠠᠢ ᠬᠠᠷᠢᠴᠠᠭᠤᠯᠪᠠᠯ᠂ 2017 | ᠤᠨ ᠤ ᠰᠡᠭᠦᠯᠴᠢ ᠬᠦᠷᠬᠦ ᠳᠤ᠂ ᠤᠷᠤᠨ ᠨᠤᠳᠤᠭ ᠤᠨ ᠦᠢᠯᠡᠳᠪᠤᠷᠢᠯᠠᠯ ᠤᠨ ᠶᠠᠷᠦᠩᠭᠡᠢ ᠦᠷᠳᠡᠭ 68.3 | ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ 101.8 ᠳ᠋ᠦᠩᠰᠢᠭᠤᠷ ᠲᠦᠭᠦᠷᠢᠭ ᠬᠦᠷᠴᠦ᠂ ᠵᠢᠯ ᠪᠦᠷᠢ ᠳᠣᠮᠳᠠᠴᠢ | ᠪᠠᠷ 9.3% ᠪᠠᠷ ᠨᠡᠮᠡᠭᠳᠡᠵᠣ᠂ ᠨᠢᠳᠣᠨᠣᠨ ᠠᠴᠠ 5% ᠪᠠᠷ ᠨᠡᠮᠡᠭᠳᠡᠪᠡ︔ ᠡᠩ ᠤᠨ ᠤᠯᠠᠨ ᠨᠠᠶᠢᠳᠠ ᠶᠢᠨ | ᠲᠦᠰᠦᠪ ᠤᠨ ᠤᠷᠤᠯᠭ᠎ᠠ ᠶᠢ ᠳᠠᠪᠣᠨ ᠵᠢᠯ ᠳᠤ ᠨᠡᠶᠢᠳᠡ 22.9 ᠳ᠋ᠦᠩᠰᠢᠭᠤᠷ ᠲᠦᠭᠦᠷᠢᠭ ᠢ ᠪᠡᠶᠡᠯᠡᠭᠦᠯᠵᠣ᠂ | ᠡᠮᠦᠨᠡᠬᠢ ᠳᠠᠪᠣᠨ ᠵᠢᠯ ᠲᠠᠢ ᠬᠠᠷᠢᠴᠠᠭᠤᠯᠪᠠᠯ 1 ᠳᠠᠬᠢᠨ ᠨᠡᠮᠡᠭᠳᠡᠭᠦᠯᠪᠡ︔ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠠ ᠲᠠᠪᠤᠨ ᠵᠢᠯ ᠳᠤ ᠨᠡᠶᠢᠳᠡ 204.4 ᠳ᠋ᠦᠩᠰᠢᠭᠤᠷ ᠲᠦᠭᠦᠷᠢᠭ ᠢ ᠪᠠᠶᠡᠯᠡᠭᠦᠯᠵᠤ᠂ ᠡᠮᠦᠨᠡᠬᠢ ᠳᠠᠪᠣᠨ | ᠵᠢᠯ ᠲᠠᠢ ᠬᠠᠷᠢᠴᠠᠭᠤᠯᠪᠠᠯ 37% ᠪᠠᠷ ᠨᠡᠮᠡᠭᠳᠡᠪᠡ︔ ᠪᠦᠬᠦ ᠨᠠᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ | ᠬᠤᠳᠠᠯᠳᠤᠬᠤ ᠶᠠᠷᠤᠩᠭᠡᠢ ᠦᠷᠳᠡᠭ 22.7 ᠳ᠋ᠦᠩᠰᠢᠭᠤᠷ ᠲᠦᠭᠦᠷᠢᠭ ᠠᠴᠠ ᠨᠡᠮᠡᠭᠳᠡᠭᠡᠳ 36.5 ᠳ᠋ᠦᠩᠰᠢᠭᠤᠷ | ᠲᠦᠭᠦᠷᠢᠭ ᠬᠦᠷᠴᠤ ᠂ ᠵᠢᠯ ᠪᠦᠷᠢ ᠳᠣᠮᠳᠠᠴᠢ ᠪᠠᠷ 10% ᠪᠠᠷ ᠨᠡᠮᠡᠭᠳᠡᠵᠣ᠂ ᠨᠢᠳᠣᠨᠣᠨ ᠠᠴᠠ 8% ᠪᠠᠷ | ᠨᠡᠮᠡᠭᠳᠡᠪᠡ︔ ᠪᠦᠬᠦ ᠰᠠᠭᠤᠭᠠᠯᠢ ᠠᠷᠠᠳ ᠤᠨ ᠬᠦᠮᠦᠨ ᠳᠣᠮᠳᠠᠴᠢ ᠡᠵᠡᠮᠳᠡᠵᠤ ᠪᠤᠯᠬᠤ ᠤᠷᠤᠯᠭ᠎ᠠ 29284 | ᠲᠦᠭᠦᠷᠢᠭ ᠠᠴᠠ 41800 ᠲᠦᠬᠦᠷᠢᠭ ᠪᠤᠯᠤᠨ ᠨᠡᠮᠡᠭᠳᠡᠵᠤ᠂ ᠵᠢᠯ ᠪᠦᠷᠢ ᠳᠣᠮᠳᠠᠴᠢ ᠪᠠᠷ 7.4% ᠪᠠᠷ ᠨᠡᠮᠡᠭᠳᠡᠵᠤ | ᠂ ᠨᠢᠳᠣᠨᠣᠨ ᠠᠴᠠ 8.5% ᠪᠠᠷ ᠨᠡᠮᠡᠭᠳᠡᠪᠡ᠃ | ᠲᠠᠪᠤᠨ ᠵᠢᠯ ᠤᠨ ᠲᠤᠷᠰᠢ᠂ ᠪᠢᠳᠠ ᠲᠤᠷᠰᠢᠯᠳᠠ ᠶᠢᠨ ᠲᠤᠭᠤᠷᠢᠭ ᠤᠨ ᠲᠦᠷᠦᠭᠦᠯᠡᠨ ᠬᠡᠷᠡᠭᠵᠢᠭᠦᠯᠵᠤ | ᠤᠷᠢᠳᠴᠢᠯᠠᠨ ᠲᠤᠷᠰᠢᠬᠤ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠵᠤ᠂ ᠬᠦᠭᠵᠢᠭᠦᠯᠦᠯᠳᠠ ᠨᠡᠭᠡᠭᠡᠯᠳᠠ ᠰᠢᠨ᠎ᠠ | ᠰᠢᠪᠳᠤᠯᠤᠯᠳᠠ ᠶᠢ ᠪᠠᠶᠠᠯᠡᠭᠦᠯᠦᠭᠰᠡᠨ ᠪᠠᠶᠢᠨ᠎ᠠ᠃ ᠣᠯᠣᠰ ᠤᠨ ︽ᠨᠢᠬᠡ ᠪᠦᠰᠡ ᠨᠢᠭᠡ ᠵᠠᠮ︾ ᠪᠤᠯᠤᠨ ᠲᠤᠮᠳᠠᠳᠤ | ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠳᠠ ᠳᠤ ᠢᠳᠡᠪᠬᠢᠳᠡᠢ | ᠠᠭᠤᠰᠣᠯᠳᠣᠨ᠂ ᠤᠯᠤᠰ ᠤᠨ ᠭᠤᠣᠯᠳᠠᠯᠭ᠎ᠠ ᠲᠠᠢ ᠭᠦᠭᠵᠢᠭᠦᠯᠦᠯᠳᠠ ᠨᠡᠭᠡᠭᠡᠯᠳᠠ ᠶᠢᠨ ᠲᠤᠷᠰᠢᠯᠳᠠ ᠶᠢᠨ ᠲᠤᠭᠤᠷᠢᠭ | ᠵᠦᠪᠰᠢᠶᠠᠷᠠᠯ ᠤᠯᠵᠤ᠂ ᠲᠤᠷᠰᠢᠯᠳᠠ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠲᠤᠰᠬᠠᠢ ᠲᠦᠷᠦᠯ ᠤᠨ | ᠰᠢᠯᠵᠢᠭᠦᠯᠦᠨ ᠣᠯᠭᠤᠭᠰᠠᠨ ᠪᠡᠯᠡ ᠮᠦᠩᠭᠦ ᠨᠡᠶᠢᠳᠡ 13 ᠳ᠋ᠦᠩᠰᠢᠭᠤᠷ ᠲᠦᠭᠦᠷᠢᠭ ᠬᠦᠷᠪᠡ᠃ ᠣᠯᠣᠰ ᠤᠨ | ᠬᠤᠳᠠᠯᠳᠣᠭᠠᠨ ᠤ ᠶᠠᠪᠣᠳᠠᠯ ᠤᠨ ᠶᠠᠮᠣᠨ ᠢ ᠬᠠᠮᠵᠢᠨ ᠳᠣᠮᠳᠠᠳᠣ ᠮᠣᠩᠭᠤᠯ ᠤᠨ ᠬᠢᠯᠢ ᠠᠯᠣᠰᠯᠠᠭᠰᠠᠨ ᠠᠵᠣ ᠠᠬᠤᠢ | ᠶᠢᠨ ᠬᠠᠮᠳᠣᠷᠠᠯᠴᠠᠭᠠᠨ ᠤ ᠳᠣᠭᠤᠷᠢᠭ ᠤᠨ ᠬᠤᠶᠠᠷ ᠣᠯᠣᠰ ᠤᠨ ᠬᠤᠭᠤᠷᠣᠨᠳᠣᠬᠢ ᠬᠡᠯᠡᠯᠴᠡᠭᠡᠷ ᠨᠣᠣᠷᠠᠭᠯᠠᠨ ᠪᠢᠴᠢᠬᠦ | ᠠᠵᠢᠯ ᠢ ᠳᠠᠭᠤᠰᠬᠠᠨ᠂ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠦᠨ ᠪᠤᠯᠤᠨ ᠮᠤᠩᠭᠤᠯ ᠤᠯᠤᠰ ᠤᠨ ᠠᠵᠤ | ᠦᠢᠯᠡᠳᠪᠤᠷᠢ ᠶᠢᠨ ᠶᠠᠮᠦᠨ ᠤ ︽ᠲᠤᠮᠳᠠᠳᠤ ᠮᠤᠩᠭᠤᠯ ᠤᠨ ᠬᠢᠯᠢ ᠠᠯᠤᠰᠤᠯᠠᠭᠰᠡᠨ ᠠᠵᠤ ᠠᠬᠤᠢ ᠶᠢᠨ | ᠬᠠᠮᠳᠤᠷᠠᠯᠴᠠᠭᠠᠨ ᠤ ᠲᠤᠭᠤᠷᠢᠭ ᠤᠨ ᠬᠠᠮᠳᠤ ᠶᠢᠨ ᠶᠠᠷᠦᠩᠭᠡᠢ ᠲᠦᠰᠦᠯ︾ ᠢ ᠳᠣᠭᠳᠠᠭᠠᠬᠤ ᠪᠣᠯᠣᠨ ᠦᠪᠡᠷᠳᠡᠭᠡᠨ | ᠵᠠᠰᠠᠬᠤ ᠤᠷᠤᠨ ᠠᠴᠠ ︽ᠮᠠᠨᠵᠤᠤᠷ᠂ ᠡᠷᠢᠶᠠᠨ ᠤ ᠤᠯᠤᠰ ᠤᠨ ᠭᠤᠣᠯᠳᠠᠯᠭ᠎ᠠ ᠲᠠᠢ ᠬᠦᠭᠵᠢᠭᠦᠯᠦᠯᠳᠠ ᠨᠡᠭᠡᠭᠡᠯᠳᠠ | ᠶᠢᠨ ᠲᠤᠷᠰᠢᠯᠳᠠ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠠᠮᠵᠢᠬᠦ ᠲᠤᠬᠠᠢ ᠡᠳᠦᠢ ᠲᠡᠳᠦᠢ ᠰᠠᠨᠠᠯ︾ ︽ | ᠦᠪᠡᠷᠳᠡᠭᠡᠨ ᠵᠠᠰᠠᠬᠤ ᠤᠷᠤᠨ ᠤ ᠬᠢᠯᠢ ᠶᠢᠨ ᠢᠷᠭᠡᠳ ᠤᠨ ᠬᠤᠳᠠᠯᠳᠤᠭᠠᠨ ᠤ ᠲᠤᠭᠤᠷᠢᠭ ᠤᠨ ᠬᠠᠮᠢᠶᠠᠷᠤᠯᠳᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠳᠡᠯᠡᠨ ᠬᠡᠷᠡᠭᠵᠢᠭᠦᠯᠬᠦ ᠶᠢ ᠲᠦᠷᠭᠡᠳᠭᠡᠵᠣ᠂ ᠣᠳᠣᠷᠢᠳᠣᠮᠵᠢ ᠶᠢᠨ | ᠴᠢᠨᠠᠷᠳᠡᠢ ᠢᠨᠵᠧᠨᠧᠷᠢᠩ ᠪᠣᠯᠬᠤ ᠲᠤᠮᠳᠠᠳᠤ ᠮᠤᠩᠭᠤᠯ ᠤᠨ ᠬᠢᠯᠢ ᠠᠯᠤᠰᠤᠯᠠᠭᠰᠡᠨ ᠠᠵᠤ ᠠᠬᠤᠢ ᠶᠢᠨ | ᠬᠠᠮᠳᠤᠷᠠᠯᠴᠠᠭᠠᠨ ᠤ ᠲᠤᠭᠤᠷᠢᠭ ᠤᠨ ᠭᠤᠤᠯᠯᠠᠬᠤ ᠲᠤᠭᠤᠷᠢᠭ ᠤᠨ PPP ᠬᠡᠯᠪᠠᠷᠢ ᠶᠢᠨ ᠲᠦᠷᠦᠯ ᠵᠦᠢᠯ ᠢ ᠡᠬᠢᠯᠡᠨ | ᠪᠦᠳᠦᠭᠡᠨ ᠪᠠᠶᠢᠭᠤᠯᠵᠤ᠂ ᠬᠢᠯᠢ ᠶᠢᠨ ᠢᠷᠭᠡᠳ ᠤᠨ ᠬᠤᠳᠠᠯᠳᠤᠭᠠᠨ ᠤ ᠲᠤᠭᠤᠷᠢᠭ ᠪᠢᠳᠡᠭᠦᠮᠵᠢᠯᠡᠨ ᠡᠵᠡᠩᠨᠡᠵᠣ᠂ | ᠦᠪᠡᠷᠳᠡᠭᠡᠨ ᠵᠠᠰᠠᠬᠤ ᠣᠷᠣᠨ ᠤ ᠬᠦᠷᠰᠢ ᠣᠯᠣᠰ ᠣᠷᠣᠨ ᠮᠣᠩᠭᠤᠯ ᠤᠷᠤᠰ ᠤᠨ ᠪᠠᠷᠠᠭ᠎ᠠ ᠶᠢ ᠬᠤᠳᠠᠯᠳᠤᠭᠠᠨ ᠤ | ᠲᠤᠭᠤᠷᠢᠭ ᠲᠤ ᠤᠷᠤᠭᠤᠯᠵᠤ ᠬᠤᠳᠠᠯᠳᠣᠭᠠᠯᠠᠬᠤ ᠶᠢ ᠪᠠᠶᠡᠯᠡᠭᠦᠯᠦᠭᠰᠡᠨ ᠪᠠᠶᠢᠨ᠎ᠠ᠃ ︽ᠳᠣᠳᠣᠨᠣ᠂ ᠦᠨᠡᠨᠴᠢ᠂ | ᠠᠰᠢᠭᠳᠠᠢ᠂ ᠪᠠᠭᠳᠠᠭᠠᠮᠵᠢᠳᠡᠢ︾ ᠬᠦᠷᠰᠢ ᠣᠷᠣᠨ ᠤ ᠭᠠᠳᠠᠭᠠᠳᠤ ᠬᠠᠷᠢᠯᠴᠠᠭᠠᠨ ᠤ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠣ᠂ ᠮᠤᠩᠭᠤᠯ ᠤᠯᠤᠰ ᠢ ᠲᠤᠰᠠᠯᠠᠨ ᠲᠠᠮᠵᠢᠵᠤ ᠲᠤᠰᠠᠯᠠᠨ ᠪᠠᠶᠢᠭᠤᠯᠬᠤ ᠬᠦᠴᠦᠯᠡᠴᠡ ᠪᠠᠨ | ᠶᠡᠬᠡᠰᠬᠡᠨ᠂ ᠳᠣᠷᠣᠨᠠᠭᠤᠪᠢ ᠠᠶᠢᠮᠠᠭ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠤᠷᠢᠶ᠎ᠠ ᠵᠡᠷᠭᠡ ᠨᠢᠭᠡ | ᠪᠦᠯᠦᠭ ᠲᠦᠷᠦᠯ ᠵᠦᠢᠯ ᠢ ᠲᠤᠰᠠᠯᠠᠨ ᠪᠠᠶᠢᠭᠤᠯᠪᠠ᠃ ᠭᠤᠤᠯᠳᠠᠯᠭᠠᠳᠤ ᠰᠠᠯᠪᠤᠷᠢ ᠪᠠ ᠵᠠᠩᠭᠢᠯᠠᠭ᠎ᠠ ᠶᠢᠨ ᠭᠤᠭᠴᠤᠭ᠎ᠠ | ᠶᠢᠨ ᠦᠭᠡᠷᠡᠴᠢᠯᠡᠯᠳᠠ ᠶᠢ ᠲᠤᠭᠳᠠᠭᠤᠨ ᠢᠶᠠᠷ ᠲᠦᠯᠬᠢᠨ ᠤᠷᠤᠭᠰᠢᠯᠠᠭᠤᠯᠵᠤ᠂ ᠮᠤᠩᠭᠤᠯ ᠲᠦᠭᠦᠷᠢᠭ ᠤᠨ ᠪᠡᠯᠡᠨ | ᠮᠦᠩᠭᠦ ᠶᠢ ᠰᠣᠯᠢᠬᠤ ᠫᠠᠶᠢᠰᠠ ᠡᠯᠭᠦᠨ᠂ ᠬᠢᠯᠢ ᠠᠯᠣᠰᠯᠠᠨ ᠰᠢᠯᠵᠢᠭᠦᠯᠦᠨ ᠳᠣᠰᠢᠶᠠᠬᠤ᠂ ᠴᠢᠯᠦᠭᠡᠳᠦ ᠭᠤᠪᠢᠭᠤᠯᠣᠯᠭᠠ | ᠶᠢᠨ ᠫᠠᠶᠢᠰᠠ ᠡᠯᠭᠦᠬᠦ ᠶᠢ ᠪᠦᠬᠦ ᠤᠯᠤᠰ ᠤᠨ ᠬᠡᠪᠴᠢᠶᠠᠨ ᠳᠤ ᠲᠡᠷᠢᠭᠦᠯᠡᠨ ᠪᠠᠶᠠᠯᠡᠭᠦᠯᠵᠤ᠂ ︽ᠡᠷᠭᠡ ᠪᠠᠨ | ᠦᠷᠭᠡᠳᠭᠡᠨ ᠰᠢᠶᠠᠨ ᠢᠶᠠᠨ ᠬᠦᠴᠦᠷᠭᠡᠭᠵᠢᠭᠦᠯᠬᠦ︾᠂ ᠦᠯᠤ ᠬᠦᠳᠡᠯᠬᠦ ᠬᠦᠷᠦᠩᠭᠡ ᠶᠢ ᠲᠠᠩᠰᠡᠯᠡᠨ ᠲᠡᠮᠳᠡᠭᠯᠡᠬᠦ | ᠲᠦᠷᠢᠮ ᠤᠨ ᠦᠭᠡᠷᠡᠴᠢᠯᠡᠯᠳᠠ ᠶᠢᠨ ᠲᠤᠷᠰᠢᠯᠳᠠ ᠶᠢᠨ ᠴᠡᠭ ᠢ ᠪᠦᠭᠦ ᠤᠷᠤᠨ ᠳᠤ ᠲᠡᠷᠢᠭᠦᠯᠡᠨ ᠪᠠᠶᠡᠯᠡᠭᠦᠯᠵᠤ᠂ | ᠬᠤᠸᠠᠪᠸᠢ ᠤᠷᠤᠨ ᠤ ᠠᠩᠬᠠᠳᠠᠭᠴᠢ ᠦᠯᠦ ᠭᠦᠳᠡᠯᠬᠦ ᠭᠦᠷᠦᠩᠭᠡ ᠶᠢᠨ ᠪᠦᠷᠢᠳᠭᠡᠯ ᠤᠨ ᠦᠨᠡᠮᠯᠡᠯ ᠢ ᠳᠠᠷᠬᠠᠭᠠᠪᠠ᠃ | ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ︵ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ | ᠬᠠᠮᠢᠶᠠᠷᠬᠤ ᠶᠢ ᠣᠶᠠᠯᠳᠣᠭᠤᠯᠬᠤ᠂ ᠦᠢᠯᠡᠴᠢᠯᠡᠭᠡ ᠪᠠᠨ ᠰᠠᠶᠢᠵᠢᠷᠠᠭᠤᠯᠬᠤ︶ ᠦᠭᠡᠷᠡᠴᠢᠯᠡᠯᠳᠠ ᠨᠢ ᠱᠠᠳᠣᠴᠢ | ᠴᠢᠨᠠᠷᠳᠡᠢ ᠠᠬᠢᠴᠠ ᠣᠯᠵᠣ᠂ ᠪᠡᠯᠡ ᠣᠷᠣᠭᠤᠯᠣᠯᠳᠠ ᠶᠢᠨ ᠲᠦᠷᠦᠯ ᠵᠦᠢᠯ ᠢ ᠰᠦᠯᠵᠢᠶᠡᠨ ᠳᠡᠭᠡᠷ᠎ᠡ ᠵᠦᠪᠰᠢᠶᠡᠷᠡᠯ | ᠣᠯᠭᠤᠬᠤ ᠶᠢ ᠪᠦᠬᠦ ᠣᠷᠣᠨ ᠳᠤ ᠳᠡᠷᠢᠭᠦᠯᠡᠨ ᠪᠡᠶᠡᠯᠡᠭᠦᠯᠦᠨ᠂ ︽ᠬᠤᠶᠠᠷ ᠢ ᠲᠤᠬᠢᠶᠠᠯᠳᠤᠯ ᠢᠶᠠᠷ᠂ ᠨᠢᠭᠡ ᠶᠢ ᠢᠯᠡ | ᠪᠣᠯᠭᠠᠬᠤ︾ ︵ᠪᠠᠶᠢᠴᠠᠭᠠᠭᠳᠠᠬᠤ ᠡᠳᠡᠭᠡᠳ ᠢ ᠳᠣᠬᠢᠶᠠᠯᠳᠣᠯ ᠢᠶᠠᠷ ᠰᠣᠩᠭᠤᠬᠤ᠂ ᠪᠠᠶᠢᠴᠠᠭᠠᠬᠤ ᠠᠵᠢᠯᠳᠠᠨ ᠢ | ᠳᠣᠬᠢᠶᠠᠯᠳᠣᠯ ᠢᠶᠠᠷ ᠰᠣᠩᠭᠤᠬᠤ᠂ ᠪᠠᠶᠢᠴᠠᠭᠠᠯᠳᠠ ᠶᠢᠨ ᠪᠠᠶᠢᠳᠠᠯ ᠪᠠ ᠦᠷ᠎ᠡ ᠳ᠋ᠦᠩ ᠢ ᠨᠡᠶᠢᠭᠡᠮ ᠳᠤ ᠢᠯᠡ ᠪᠣᠯᠭᠠᠬᠤ︶ | ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠪᠦᠬᠦ ᠤᠷᠤᠨ ᠤ ᠬᠡᠪᠴᠢᠶᠡᠨ ᠳᠤ ᠠᠩᠬᠠᠳᠠᠭᠴᠢ ᠪᠦᠯᠦᠭ ︽ᠬᠤᠷᠢᠨ | ᠲᠦᠷᠪᠡᠨ ᠦᠨᠡᠮᠯᠡᠯ ᠢ ᠨᠢᠭᠡᠳᠭᠡᠭᠰᠡᠨ︾ ᠡᠵᠡᠭᠨᠡᠯᠳᠠ ᠶᠢᠨ ᠦᠨᠡᠮᠯᠡᠯ ᠢ ᠤᠯᠭᠤᠨ ᠲᠠᠷᠬᠠᠭᠠᠵᠠᠢ᠃ ᠪᠤᠭᠤᠮᠳᠠ ᠶᠢᠨ | ᠵᠣᠷᠴᠢᠭᠴᠢᠳ ᠤᠨ ᠭᠠᠷᠴᠠ ᠵᠠᠮ ᠤᠨ ︽ᠭᠤᠷᠪᠠᠨ ᠨᠢᠭᠡ︾ ᠪᠠ ︽ᠭᠤᠷᠪᠠᠨ ᠬᠠᠷᠢᠯᠴᠠᠨ ᠬᠠᠮᠳᠤᠷᠠᠬᠤ︾ | ᠪᠤᠭᠤᠮᠳᠠ ᠨᠡᠪᠳᠡᠷᠡᠯᠳᠡ ᠶᠢᠨ ᠦᠭᠡᠷᠡᠴᠢᠯᠡᠯᠳᠠ ᠶᠢ ᠣᠷᠣᠭᠰᠢᠳᠠᠢ ᠬᠡᠷᠡᠭᠵᠢᠭᠦᠯᠵᠣ᠂ ᠤᠯᠠᠨ ᠤᠯᠤᠰ ᠤᠨ ᠠᠷᠠᠯᠵᠢᠶ᠎ᠠ | ᠬᠤᠳᠠᠯᠳᠤᠭᠠᠨ ᠤ ︽ᠲᠠᠩ ᠭᠠᠭᠴᠠ ᠴᠤᠩᠬᠤ︾ ᠠᠰᠢᠭᠯᠠᠯᠳᠠ ᠳᠤ ᠤᠷᠤᠵᠤ᠂ ᠪᠣᠭᠤᠮᠳᠠ ᠨᠡᠪᠳᠡᠷᠡᠬᠦ ᠬᠤᠭᠤᠴᠠᠭ᠎ᠠ | ᠶᠢ 30% ᠠᠴᠠ ᠲᠡᠭᠡᠭᠰᠢ ᠪᠠᠷ ᠪᠣᠭᠤᠨᠢᠰᠬᠠᠪᠠ᠃ ︽5 + 5︾ ᠶᠠᠷᠦᠩᠭᠡᠶᠢᠯᠡᠭᠰᠠᠡ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠬᠦ ᠦᠭᠡᠷᠡᠴᠢᠯᠡᠯᠳᠠ ᠶᠢᠨ ᠲᠤᠷᠰᠢᠯᠳᠠ ᠶᠢᠨ ᠴᠡᠭ ᠤᠨ ᠠᠵᠢᠯ ᠦᠨᠳᠦᠰᠦᠨ ᠳᠤ ᠪᠠᠨ ᠲᠠᠭᠤᠰᠪᠠ | ᠃ ᠪᠦᠳᠦᠭᠡᠨ ᠪᠠᠶᠢᠭᠤᠯᠤᠯᠳᠠ ᠶᠢᠨ ᠬᠡᠷᠡᠭᠴᠡᠭᠡᠳᠦ ᠭᠠᠵᠠᠷ ᠤᠨ ᠬᠡᠷᠡᠭᠯᠡᠭᠡᠨ ᠤ ᠡᠷᠭᠡ ᠶᠢ ᠰᠢᠯᠵᠢᠭᠦᠯᠬᠦ᠂ | ᠲᠦᠷᠢᠶᠡᠰᠦᠯᠡᠬᠦ᠂ ᠪᠠᠷᠢᠴᠠᠭᠠᠯᠠᠬᠤ ᠬᠤᠶᠠᠳᠠᠬᠢ ᠵᠠᠬ᠎ᠠ ᠲᠡᠯᠬᠡᠭᠦᠷ ᠤᠨ ᠤᠯᠤᠰ ᠤᠨ ᠲᠤᠷᠰᠢᠯᠳᠠ ᠶᠢᠨ ᠴᠡᠭ ᠤᠨ | ᠦᠭᠡᠷᠡᠴᠢᠯᠡᠯᠳᠠ ᠶᠢᠨ ᠠᠵᠢᠯ ᠢ ᠠᠮᠵᠢᠯᠳᠠ ᠲᠠᠢ ᠪᠠᠶᠡᠯᠡᠭᠦᠯᠦᠭᠰᠡᠨ ᠪᠠᠶᠢᠨ᠎ᠠ᠃ ᠤᠯᠤᠰ ᠤᠨ ᠬᠤᠳᠠᠯᠳᠤᠭ᠎ᠠ ᠶᠢ | ᠠᠬᠢᠭᠤᠯᠬᠤ ᠵᠦᠪᠯᠡᠯ ᠢ ᠵᠣᠬᠢᠴᠠᠭᠤᠯᠵᠣ ᠳᠣᠮᠳᠠᠳᠣ ᠮᠣᠩᠭᠤᠯ ᠣᠷᠣᠰ ᠤᠨ ᠠᠵᠣ ᠠᠬᠤᠢ ᠠᠷᠠᠯᠵᠢᠶᠠᠨ ᠤ ᠬᠠᠮᠳᠣ | ᠶᠢᠨ ᠠᠵᠢᠯᠯᠠᠭᠠᠨ ᠤ ᠡᠷᠢᠶᠡᠨ ᠬᠤᠳᠠ ᠳᠠᠬᠢ ᠴᠢᠭᠤᠯᠭ᠎ᠠ ᠠᠭᠤᠯᠵᠠᠯᠳᠠ ᠶᠢ ᠭᠤᠤᠯᠯᠠᠨ ᠡᠷᠬᠢᠯᠡᠭᠦᠯᠵᠣ᠂ APEC | ᠶᠢᠨ ᠳᠣᠮᠳᠠ ᠵᠢᠵᠢᠭ ᠠᠵᠣ ᠠᠬᠤᠶᠢᠯᠠᠯ ᠤᠨ ᠬᠢᠯᠢ ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ᠳᠡᠭᠡᠳᠦ | ᠠᠭᠤᠯᠵᠠᠯᠳᠠ ᠶᠢ ᠠᠩᠬᠠᠳᠣᠭᠠᠷ ᠣᠳᠠᠭ᠎ᠠ ᠠᠮᠵᠢᠯᠳᠠ ᠲᠠᠢ ᠵᠣᠬᠢᠶᠠᠨ ᠪᠠᠶᠢᠭᠤᠯᠵᠣ᠂ ᠤᠯᠠᠨ ᠤᠯᠤᠰ ᠤᠨ ᠬᠤᠷᠠᠯ | ᠦᠵᠡᠰᠭᠦᠯᠡᠩ ᠤᠨ ᠲᠦᠪ ᠢ ᠡᠭᠦᠷᠢᠳᠡ ᠶᠢᠨ ᠬᠤᠷᠠᠯᠳᠤᠬᠤ ᠭᠠᠵᠠᠷ ᠢᠶᠠᠷ ᠳᠣᠭᠳᠠᠭᠠᠨ ᠪᠦᠳᠦᠭᠡᠨ ᠪᠠᠶᠢᠭᠤᠯᠵᠤ | ᠠᠰᠢᠭᠯᠠᠯᠳᠠ ᠳᠤ ᠤᠷᠤᠭᠤᠯᠤᠭᠰᠡᠨ ᠪᠠᠶᠢᠨ᠎ᠠ᠃ ᠮᠣᠩᠭᠤᠯ ᠣᠷᠣᠰ ᠯᠤᠭ᠎ᠠ ᠬᠠᠮᠳᠣᠷᠠᠨ ᠠᠵᠢᠯᠯᠠᠬᠤ ᠳᠣᠭᠳᠠᠯᠴᠠᠭᠠᠨ | ᠳᠤ ᠰᠢᠨ᠎ᠡ ᠶᠢ ᠡᠭᠦᠳᠦᠨ᠂ ᠣᠯᠣᠰ ᠠᠴᠠ ᠵᠠᠮ ᠤᠨ ᠡᠭᠦᠳᠡ ᠳᠤ ᠶᠡᠷᠦᠩᠬᠡᠢ ᠺᠤᠨᠰᠦ᠋ᠯ ᠤᠨ ᠭᠠᠵᠠᠷ ᠪᠠᠶᠢᠭᠤᠯᠬᠤ ᠶᠢ | ᠡᠬᠢᠭᠤᠯᠵᠣ᠂ ᠮᠤᠩᠭᠤᠯ ᠤᠷᠤᠰ ᠯᠤᠭ᠎ᠠ ᠶᠢᠨ ᠬᠠᠮᠳᠤ ᠶᠢᠨ ᠠᠵᠢᠯᠯᠠᠭ᠎ᠠ ᠶᠢᠨ ᠲᠤᠭᠳᠠᠯᠴᠠᠭᠠᠨ ᠳᠤ ᠰᠢᠨ᠎ᠠ ᠶᠢ | ᠡᠭᠦᠳᠴᠤ᠂ ᠮᠤᠩᠭᠤᠯ ᠤᠯᠤᠰ ᠤᠨ ᠰᠡᠯᠡᠩᠭᠡ ᠠᠶᠢᠮᠠᠭ᠂ ᠤᠷᠤᠰ ᠤᠨ ᠣᠯᠠᠭᠠᠨ ᠡᠭᠦᠳᠡ ᠵᠡᠷᠭᠡ 17 ᠭᠠᠵᠠᠷ | ᠤᠷᠤᠨ ᠲᠠᠢ ᠨᠦᠬᠦᠷᠰᠡᠭ ᠢᠶᠠᠷ ᠬᠠᠮᠳᠣᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠤᠯᠠᠨ ᠳᠠᠪᠬᠤᠷᠭ᠎ᠠ ᠶᠢᠨ | ᠬᠠᠷᠢᠯᠴᠠᠭ᠎ᠠ ᠬᠠᠮᠳᠣᠷᠠᠯᠴᠠᠭᠠᠨ ᠤ ᠲᠤᠭᠳᠠᠯᠴᠠᠭ᠎ᠠ ᠤᠯᠠᠮ ᠪᠠᠷ ᠤᠯᠠᠰᠢᠷᠠᠪᠠ᠃ ᠭᠠᠳᠠᠭᠠᠳᠤ ᠣᠯᠣᠰ ᠣᠷᠣᠨ | ᠨᠤᠭᠤᠳ ᠲᠠᠢ ᠰᠤᠷᠭᠠᠨ ᠬᠦᠮᠦᠵᠢᠯ ᠤᠨ ᠰᠣᠯᠢᠯᠴᠠᠭ᠎ᠠ ᠬᠠᠮᠳᠣ ᠶᠢᠨ ᠠᠵᠢᠯᠯᠠᠭ᠎ᠠ ᠪᠠᠨ ᠴᠢᠩᠭᠠᠳᠬᠠᠵᠤ᠂ ᠮᠤᠩᠭᠤᠯ | ᠤᠯᠤᠰ ᠤᠨ ᠵᠠᠮ ᠤᠨ ᠡᠭᠦᠳᠡ ᠬᠤᠳ᠋ᠨ ᠳᠤ ᠪᠦᠬᠦ ᠤᠷᠤᠨ ᠤ ᠠᠩᠬᠠᠳᠠᠭᠴᠢ ︽ᠺᠦᠩᠽᠢ ᠶᠢᠨ ᠬᠢᠴᠢᠶᠠᠯ ᠤᠨ | ᠳᠠᠩᠬᠢᠮ︾ ᠢ ᠫᠠᠶᠢᠰᠠ ᠡᠯᠬᠦᠨ ᠪᠠᠶᠢᠭᠤᠯᠵᠤ᠂ ︽ᠮᠤᠩᠭᠤᠯ ᠤᠯᠤᠰ ᠤᠨ ᠬᠠᠷᠢᠶᠠᠳᠣ ᠣᠶᠣᠳᠠᠳ ᠤᠨ ᠰᠤᠷᠤᠯᠭ᠎ᠠ | ᠶᠢᠨ ᠱᠠᠩᠨᠠᠯ ᠤᠨ ᠮᠦᠩᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠳᠡᠯᠡᠨ | ᠬᠡᠷᠡᠭᠵᠢᠭᠦᠯᠵᠣ᠂ ᠰᠤᠷᠤᠯᠭ᠎ᠠ ᠶᠢᠨ ᠱᠠᠩᠨᠠᠯ ᠤᠨ ᠮᠦᠩᠬᠦ ᠶᠢ ᠨᠡᠶᠢᠳᠡ 1650 ᠲᠦᠮᠡᠨ ᠲᠦᠭᠦᠷᠢᠭ ᠲᠠᠷᠬᠠᠭᠠᠵᠤ᠂ | ᠭᠠᠳᠠᠭᠠᠳᠤ ᠶᠢᠨ ᠤᠶᠤᠳᠠᠳ ᠤᠨ ᠳᠤᠭ᠎ᠠ 986 ᠬᠦᠷᠪᠡ᠃ ᠮᠣᠩᠭᠤᠯ ᠣᠯᠣᠰ ᠤᠨ ᠡᠪᠡᠳᠴᠢᠳᠠᠨ ᠤ ᠡᠮᠴᠢᠯᠡᠭᠦᠯᠬᠦ | ᠳᠤ ᠪᠠᠶᠢᠴᠠᠭᠠᠯᠳᠠ ᠶᠢᠨ ᠰᠦᠢᠳᠭᠡᠯ ᠢ ᠬᠡᠯᠳᠦᠷᠢᠭᠦᠯᠬᠦ ᠪᠣᠳᠣᠯᠭ᠎ᠠ ᠶᠢ ᠬᠡᠷᠡᠭᠵᠢᠭᠦᠯᠦᠨ᠂ ᠮᠣᠩᠭᠤᠯ ᠣᠯᠣᠰ ᠤᠨ | ᠡᠪᠡᠳᠴᠢᠳᠡᠨ ᠢ ᠨᠡᠶᠢᠳᠡ ᠲᠦᠮᠡ ᠭᠠᠷᠣᠢ ᠬᠦᠮᠦᠨ ᠣᠳᠠᠭ᠎ᠠ ᠬᠦᠯᠢᠶᠡᠨ ᠠᠪᠴᠣ ᠡᠮᠴᠢᠯᠡᠵᠣ᠂ ᠪᠣᠭᠤᠮᠳᠠ ᠶᠢᠨ ︽ | ᠦᠩᠬᠡ ᠬᠡᠷᠡᠯᠳᠦ︾ ᠠᠵᠢᠯᠯᠠᠭ᠎ᠠ ᠶᠢ ᠣᠷᠣᠭᠰᠢᠳᠠᠢ ᠬᠡᠷᠡᠭᠵᠢᠭᠦᠯᠪᠡ᠃ ᠲᠤᠮᠳᠠᠳᠤ ᠮᠤᠩᠭᠤᠯ ᠤᠨ ᠭᠦᠯ ᠪᠦᠮᠪᠦᠭᠡ | ᠶᠢᠨ ᠰᠤᠯᠢᠯᠴᠠᠭ᠎ᠠ ᠬᠠᠮᠳᠤ ᠶᠢᠨ ᠠᠵᠢᠯᠯᠠᠭ᠎ᠠ ᠰᠢᠨ᠎ᠠ ᠠᠯᠬᠤᠴᠠ ᠶᠢ ᠪᠡᠶᠡᠯᠡᠭᠦᠯᠵᠣ᠂ ᠵᠠᠮ ᠤᠨ ᠡᠭᠦᠳᠠ ᠬᠤᠳᠠ ᠳᠤ | ᠲᠤᠰᠠᠯᠠᠨ ᠪᠠᠶᠢᠭᠤᠯᠤᠭᠰᠡᠨ ᠲᠤᠮᠳᠠᠳᠤ ᠮᠤᠩᠭᠤᠯ ᠤᠨ ᠵᠠᠯᠠᠭᠤᠴᠤᠳ ᠪᠠᠭᠠᠴᠤᠳ ᠤᠨ ᠬᠦᠯ ᠪᠦᠮᠪᠦᠭᠡᠨ ᠤ | ᠰᠣᠯᠢᠯᠴᠠᠭᠠᠨ ᠤ ᠰᠠᠭᠤᠷᠢᠨ ᠭᠠᠵᠠᠷ ᠠᠰᠢᠭᠯᠠᠯᠳᠠ ᠳᠤ ᠤᠷᠤᠵᠤ᠂ ︽ᠡᠷᠢᠶᠡᠨ ᠬᠤᠨᠳᠠᠭᠠᠳᠤ︾ ︽ᠡᠷᠢᠶᠡᠨ— | ᠵᠠᠮ ᠤᠨ ᠡᠭᠦᠳᠡ ᠬᠤᠨᠳᠠᠭᠠᠳᠤ︾ ︽ᠨᠡᠬᠢᠶ᠎ᠠ ᠬᠤᠨᠳᠠᠭᠠᠳᠤ︾ ᠵᠡᠷᠭᠡ ᠨᠢ ᠠᠭᠠᠵᠢᠮ ᠢᠶᠠᠷ ᠨᠡᠷ᠎ᠡ ᠲᠡᠮᠳᠡᠭᠳᠤ | ᠤᠷᠤᠯᠳᠤᠭᠠᠨ ᠪᠤᠯᠤᠭᠰᠡᠨ ᠪᠠᠶᠢᠨ᠎ᠠ᠃ | ᠲᠠᠪᠤᠨ ᠵᠢᠯ ᠤᠨ ᠲᠤᠷᠰᠢ᠂ ᠪᠢᠳᠡ ᠠᠵᠤ ᠦᠢᠯᠡᠰ ᠤᠨ ᠪᠦᠲᠦᠴᠡ ᠶᠢᠨ ᠳᠣᠬᠢᠷᠠᠭᠤᠯᠣᠯᠳᠠ | ᠰᠢᠯᠢᠳᠡᠭᠵᠢᠯᠳᠡ ᠶᠢ ᠲᠦᠷᠭᠡᠳᠭᠡᠵᠦ᠂ ᠤᠨᠴᠠᠯᠢᠭᠲᠦ ᠠᠵᠤ ᠦᠢᠯᠡᠰ ᠤᠨ ᠬᠦᠭᠵᠢᠯᠳᠡ ᠰᠢᠨ᠎ᠡ ᠠᠬᠢᠴᠠ ᠲᠠᠢ ᠪᠣᠯᠪᠠ᠃ | ᠤᠯᠠᠨ ᠤᠯᠤᠰ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠪᠴᠢᠶ᠎ᠡ ᠦᠷᠭᠡᠳᠪᠡ᠃ | ᠬᠢᠯᠢ ᠶᠢᠨ ᠠᠷᠠᠯᠵᠢᠶᠠᠨ ᠤ ᠠᠵᠤ ᠠᠬᠤᠶᠢᠯᠠᠯ ᠤᠨ ᠴᠢᠳᠠᠪᠣᠷᠢ ᠶᠢᠨ ᠪᠠᠶᠢᠭᠤᠯᠣᠯᠳᠠ ᠶᠢ ᠲᠡᠮᠵᠢᠬᠦ ᠠᠷᠭ᠎ᠠ ᠪᠤᠳᠤᠯᠭ᠎ᠠ | ᠶᠢ ᠦᠷᠭᠦᠯᠵᠢᠯᠡᠨ 3 ᠵᠢᠯ ᠬᠡᠷᠡᠭᠵᠢᠬᠦᠯᠦᠭᠰᠡᠨ ᠠᠴᠠ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ 764 ᠡᠷᠦᠬᠡ | ᠪᠠᠶᠢᠭᠰᠠᠨ ᠠᠴᠠ ᠪᠠᠨ 1210 ᠡᠷᠦᠬᠡ ᠪᠤᠯᠤᠨ ᠨᠡᠮᠡᠭᠳᠡᠵᠦ᠂ ᠡᠷᠢᠶᠡᠨ ᠬᠤᠳᠠ ᠪᠠᠷ ᠳᠠᠮᠵᠢᠨ ︽ᠭᠠᠳᠠᠭᠰᠢ ᠭᠠᠷᠴᠣ | ︾ ᠮᠤᠩᠭᠤᠯ ᠤᠷᠤᠰ ᠵᠡᠷᠭᠡ ᠬᠢᠯᠢ ᠶᠢᠨ ᠭᠠᠳᠠᠨ᠎ᠠ ᠪᠡᠯᠡ ᠤᠷᠤᠭᠤᠯᠤᠭᠰᠠᠨ ᠠᠵᠤ ᠠᠬᠤᠶᠢᠯᠠᠯ 14 ᠪᠠᠶᠢᠭᠰᠠᠨ ᠠᠴᠠ | ᠪᠠᠨ 33 ᠪᠤᠯᠤᠨ ᠨᠡᠮᠡᠭᠳᠡᠪᠡ᠃ ᠠᠮᠣ ᠬᠦᠨᠡᠰᠦ᠂ ᠮᠢᠬᠠᠨ ᠤ ᠲᠦᠷᠦᠯ ᠢ ᠭᠠᠳᠠᠭᠠᠳᠣ ᠠᠴᠠ ᠤᠷᠤᠭᠤᠯᠬᠤ ᠲᠤᠰᠬᠠᠢ | ᠪᠤᠭᠤᠮᠳᠠ ᠶᠢᠨ ᠵᠦᠪᠰᠢᠶᠡᠷᠡᠯ ᠣᠯᠵᠣ᠂ ᠰᠢᠯᠢᠮᠳᠡᠭ ᠤᠨ ᠦᠷ᠎ᠡ᠂ ᠣᠯᠣᠰᠣᠨ ᠦᠷ᠎ᠡ᠂ ᠨᠠᠷᠠᠨ ᠬᠤᠸᠠᠷ ᠤᠨ ᠦᠷ᠎ᠡ | ᠵᠡᠷᠭᠡ ᠠᠮᠤ ᠲᠤᠰᠤᠨ ᠤ ᠪᠦᠲᠦᠭᠡᠭᠳᠡᠬᠦᠨ ᠢ ᠤᠷᠤᠭᠤᠯᠵᠤ᠂ ᠠᠮᠢᠳᠣ ᠬᠤᠨᠢ ᠶᠢ ᠭᠠᠳᠠᠭᠠᠳᠣ ᠠᠴᠠ ᠣᠷᠣᠭᠤᠯᠬᠤ | ᠬᠢᠷᠢ ᠭᠡᠮ ᠢ ᠣᠯᠵᠣ᠂ ᠠᠳᠤᠭᠤᠨ ᠤ ᠮᠢᠬ᠎ᠠ ᠶᠢ ᠭᠠᠳᠠᠭᠠᠳᠣ ᠠᠴᠠ ᠣᠷᠣᠭᠤᠯᠣᠭᠰᠠᠨ ᠬᠡᠮᠵᠢᠶ᠎ᠡ 2 ᠲᠦᠮᠡᠨ ᠲᠤᠨ ᠢ | ᠲᠠᠪᠠᠵᠤ᠂ ᠠᠷᠠᠯᠵᠢᠶᠠᠨ ᠤ ᠦᠷᠳᠡᠭ 3 ᠳ᠋ᠦᠩᠰᠢᠭᠤᠷ ᠲᠦᠭᠦᠷᠢᠭ ᠢ ᠲᠠᠪᠠᠭᠰᠠᠨ ᠪᠠᠶᠢᠨ᠎ᠠ᠃ ᠬᠢᠯᠢ ᠲᠠᠮᠵᠢᠭᠰᠠᠨ | ᠲᠤᠮᠳᠠᠳᠤ ᠡᠸᠦ᠋ᠷᠤᠫᠠ ᠴᠢᠭᠯᠡᠯ ᠤᠨ ᠸᠠᠭᠤᠨ ᠤ ᠳᠤᠭ᠎ᠠ 15 ᠪᠤᠯᠤᠨ ᠨᠡᠮᠡᠭᠳᠡᠵᠦ᠂ ︽ᠵᠧᠩᠵᠸᠦ— ᠡᠷᠢᠶᠡᠨ— | ᠡᠸᠦ᠋ᠷᠤᠫᠠ︾᠂ ︽ᠴᠦᠩᠴᠢᠩ— ᠡᠷᠢᠶᠡᠨ— ᠡᠸᠦ᠋ᠷᠤᠫᠠ︾᠂ ︽ᠬᠤᠨᠠᠨ— ᠡᠷᠢᠶᠡᠨ— ᠡᠸᠦ᠋ᠷᠤᠫᠠ | ︾ ᠴᠢᠭᠯᠡᠯ ᠤᠨ ᠤᠯᠠᠨ ᠤᠯᠤᠰ ᠤᠨ ᠠᠴᠢᠶ᠎ᠠ ᠲᠡᠭᠡᠭᠡᠪᠦᠷᠢ ᠶᠢᠨ ᠸᠠᠭᠤᠨ ᠪᠠᠶᠢᠩᠭᠤ ᠶᠢᠨ ᠴᠢᠨᠠᠷᠳᠠᠢ ᠠᠵᠢᠯᠯᠠᠵᠣ᠂ | ᠨᠡᠶᠢᠲᠡ 822 ᠸᠠᠭᠤᠨ ᠠᠶᠠᠯᠠᠵᠤ᠂ ᠵᠢᠯ ᠪᠦᠷᠢ ᠲᠤᠮᠳᠠᠴᠢ ᠪᠠᠷ 240% ᠪᠠᠷ ᠨᠡᠮᠡᠭᠳᠡᠪᠡ᠃ ᠬᠢᠯᠢ ᠠᠯᠤᠰᠯᠠᠭᠰᠠᠨ | ᠡᠯᠧᠺᠲᠷᠤᠨ ᠬᠤᠳᠠᠯᠳᠤᠭᠠᠨ ᠤ ᠲᠠᠪᠴᠠᠩ ᠢ ᠪᠠᠶᠢᠭᠤᠯᠵᠤ᠂ ᠪᠠᠷᠠᠭ᠎ᠠ ᠲᠡᠭᠡᠭᠡᠪᠦᠷᠢ ᠶᠢᠨ ᠰᠢᠭᠤᠷᠬᠠᠢ ᠨᠡᠪᠳᠡᠷᠡᠯᠳᠡ | ᠶᠢᠨ ᠭᠠᠷᠴᠠ ᠵᠠᠮ ᠢ ᠪᠠᠶᠢᠭᠤᠯᠣᠨ ᠨᠡᠪᠲᠡᠷᠡᠭᠦᠯᠵᠦ᠂ ︽ᠠᠭᠠᠷ ᠤᠨ ᠪᠣᠯᠣᠨ ᠭᠠᠵᠠᠷ ᠤᠨ ᠬᠤᠯᠪᠤᠭᠠᠯᠠᠨ | ᠲᠡᠭᠡᠭᠡᠪᠦᠷᠢᠯᠡᠬᠦ︾ ᠲᠦᠷᠦᠯ ᠵᠦᠢᠯ ᠢ ᠡᠬᠢᠯᠡᠨ ᠬᠡᠷᠡᠭᠵᠢᠭᠦᠯᠵᠦ᠂ ᠢᠦᠢ ᠯᠢ ᠵᠡᠷᠭᠡ 7 ᠡᠷᠦᠬᠡ ᠬᠢᠯᠢ ᠠᠯᠤᠰᠯᠠᠭᠰᠠᠨ | ᠡᠯᠧᠺᠲᠷᠤᠨ ᠬᠤᠳᠠᠯᠳᠤᠭᠠᠨ ᠤ ᠲᠠᠪᠴᠠᠩ ᠨᠢᠭᠡᠨᠳᠡ ᠰᠦᠯᠵᠢᠶᠡᠨ ᠳᠤ ᠬᠤᠯᠪᠣᠭᠳᠠᠨ ᠠᠰᠢᠭᠯᠠᠯᠳᠠ ᠳᠤ ᠣᠷᠣᠪᠠ᠃ | ᠬᠤᠸᠠᠨ ᠢᠦᠢ ᠤᠯᠠᠨ ᠤᠯᠤᠰ ᠤᠨ ᠬᠤᠳᠠᠯᠳᠤᠭᠠᠨ ᠤ ᠬᠤᠳᠠ᠂ ᠹᠦ᠋ ᠬᠤᠸᠠᠩ ᠮᠠᠰᠢᠨ ᠳᠡᠷᠭᠡᠨ ᠤ ᠠᠷᠠᠯᠵᠢᠶ᠎ᠠ ᠪᠠ | ᠰᠡᠯᠪᠢᠨ ᠵᠠᠰᠠᠬᠤ ᠭᠠᠵᠠᠷ ᠵᠡᠷᠭᠡ ᠲᠤᠰᠬᠠᠢ ᠵᠠᠬ᠎ᠠ ᠲᠡᠯᠭᠡᠭᠦᠷ ᠢ ᠪᠠᠶᠢᠭᠤᠯᠵᠣ ᠠᠰᠢᠭᠯᠠᠯᠳᠠ ᠳᠤ ᠣᠷᠣᠭᠤᠯᠣᠨ᠂ | ᠲᠢᠶᠠᠨᠵᠢᠨ ᠤ ᠴᠢᠯᠦᠭᠡᠲᠦ ᠠᠷᠠᠯᠵᠢᠶᠠᠨ ᠤ ᠲᠤᠭᠤᠷᠢᠭ ᠤᠨ ᠳ᠋ᠦᠩ ᠵᠢᠶᠠᠩ ᠭᠠᠳᠠᠭᠠᠳᠣ ᠠᠴᠠ ᠣᠷᠣᠭᠤᠯᠣᠭᠰᠠᠨ | ᠪᠠᠷᠠᠭ᠎ᠠ ᠶᠢ ᠰᠢᠭᠤᠳ ᠡᠵᠡᠩᠨᠡᠨ ᠪᠤᠷᠤᠯᠠᠭᠤᠯᠬᠤ ᠲᠦᠪ ᠢ ᠣᠷᠣᠭᠤᠯᠣᠭᠰᠠᠨ ᠪᠦᠭᠡᠳ ᠠᠯᠪᠠᠨ ᠶᠣᠰᠣ ᠪᠠᠷ | ᠠᠰᠢᠭᠯᠠᠯᠳᠠ ᠳᠤ ᠣᠷᠣᠭᠤᠯᠵᠣ᠂ ᠮᠤᠩᠭᠤᠯ ᠤᠷᠤᠰ ᠠᠴᠠ ᠣᠷᠣᠭᠤᠯᠣᠭᠰᠠᠨ ᠪᠠᠷᠠᠭ᠎ᠠ ᠪᠦᠳᠦᠭᠡᠭᠳᠡᠭᠦᠨ ᠤ | ᠦᠪᠡᠰᠦᠪᠡᠨ ᠰᠣᠩᠭᠤᠬᠤ ᠲᠡᠯᠭᠡᠭᠦᠷ 13 ᠡᠷᠦᠭᠡ ᠪᠤᠯᠤᠨ ᠨᠡᠮᠡᠭᠳᠡᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ | ᠭᠦᠢᠯᠭᠡᠭᠡᠨ ᠤ ᠦᠢᠯᠡᠰ ᠤᠨ ᠬᠦᠭᠵᠢᠯᠳᠡ ᠶᠢᠨ ᠨᠦᠬᠦᠴᠡᠯ ᠣᠯᠠᠮ ᠨᠢᠭᠡ ᠠᠯᠬᠤᠮ ᠰᠠᠶᠢᠵᠢᠷᠠᠪᠠ᠃ ᠬᠢᠯᠢ ᠪᠠᠷ | ᠤᠷᠤᠭᠤᠯᠵᠤ ᠭᠠᠷᠭᠠᠭᠰᠠᠨ ᠪᠠᠷᠠᠭ᠎ᠠ ᠲᠡᠭᠡᠭᠡᠪᠦᠷᠢ ᠶᠢᠨ ᠶᠡᠷᠦᠩᠬᠡᠢ ᠬᠡᠮᠵᠢᠶ᠎ᠡ 1305 ᠲᠦᠮᠡᠨ ᠲᠤᠨ ᠪᠠᠶᠢᠭᠰᠠᠨ | ᠠᠴᠠ ᠪᠠᠨ 1503 ᠲᠦᠮᠡᠨ ᠲᠤᠨ ᠪᠤᠯᠤᠨ ᠨᠡᠮᠡᠭᠳᠡᠵᠦ᠂ ᠵᠢᠯ ᠪᠦᠷᠢ ᠲᠤᠮᠳᠠᠴᠢ ᠪᠠᠷ 2.9% ᠪᠠᠷ ᠨᠡᠮᠡᠭᠳᠡᠵᠦ᠂ | ᠨᠢᠳᠣᠨᠣᠨ ᠠᠴᠠ 5% ᠪᠠᠷ ᠨᠡᠮᠡᠭᠳᠡᠪᠡ ᠃ ᠬᠢᠯᠢ ᠪᠠᠷ ᠣᠷᠣᠭᠤᠯᠵᠣ ᠭᠠᠷᠭᠠᠬᠤ ᠪᠤᠯᠪᠠᠰᠤᠷᠠᠭᠤᠯᠬᠤ ᠦᠢᠯᠡᠰ ᠤᠨ | ᠳᠡᠰ ᠳᠡᠭᠡᠭᠰᠢᠯᠡᠪᠡ᠃ ᠬᠢᠯᠢ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠳᠣᠭᠤᠷᠢᠭ ᠤᠨ ᠠᠵᠤ ᠦᠢᠯᠡᠰ ᠤᠨ | ᠪᠠᠶᠢᠷᠢᠯᠠᠭᠤᠯᠤᠯᠳᠠ ᠲᠦᠯᠦᠪᠵᠢᠭᠦᠯᠭᠡ ᠶᠢ ᠵᠠᠰᠠᠨ ᠲᠡᠭᠦᠯᠳᠡᠷᠵᠢᠬᠦᠯᠵᠦ᠂ ︽ᠠᠵᠤ ᠦᠢᠯᠡᠳᠪᠦᠷᠢ ᠶᠢᠨ ᠬᠦᠷᠢᠶᠡᠯᠡᠩ | ᠤᠨ ᠡᠷᠡᠬᠦᠯ ᠢᠶᠠᠷ ᠬᠦᠭᠵᠢᠭᠦ ᠶᠢ ᠠᠬᠢᠭᠤᠯᠬᠤ ᠲᠤᠬᠠᠢ ᠬᠡᠷᠡᠭᠵᠢᠬᠦᠯᠬᠦ ᠲᠦᠰᠦᠯ︾ ᠢ ᠨᠡᠶᠢᠳᠡᠯᠡᠨ ᠬᠡᠷᠡᠭᠵᠢᠭᠦᠯᠵᠣ᠂ | ᠨᠡᠶᠢᠲᠡ 1.9 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ ᠬᠦᠷᠢᠶᠡᠯᠡᠩ ᠤᠨ ᠵᠠᠮ ᠱᠤᠭᠤᠮ᠂ ᠤᠰᠤ | ᠬᠠᠩᠭᠠᠬᠤ ᠪᠠ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ ᠵᠡᠷᠭᠡ ᠰᠠᠭᠤᠷᠢ ᠲᠦᠬᠦᠭᠡᠷᠦᠮᠵᠢ ᠶᠢ ᠰᠠᠶᠢᠵᠢᠷᠠᠭᠤᠯᠵᠤ᠂ | ᠬᠢᠯᠢ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠳᠣᠭᠤᠷᠢᠭ ᠤᠨ PPP ᠲᠦᠷᠦᠯ ᠵᠦᠢᠯ ᠢ ᠡᠬᠢᠯᠡᠨ | ᠪᠦᠲᠦᠭᠡᠨ ᠪᠠᠶᠢᠭᠤᠯᠪᠠ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠦᠴᠦᠯᠡᠴᠠ ᠪᠠᠨ ᠨᠡᠮᠡᠭᠳᠡᠭᠦᠯᠵᠤ᠂ | ᠶᠤᠸᠠᠨ ᠳ᠋ᠦᠩ ᠮᠤᠳᠤᠨ ᠮᠠᠲ᠋ᠧᠷᠢᠶᠠᠯ ᠤᠨ ᠰᠣᠯᠢᠯᠴᠠᠭᠠᠨ ᠤ ᠲᠤᠭᠤᠷᠢᠭ᠂ ᠭᠡᠶᠢᠭᠦᠯ ᠮᠠᠯ ᠠᠵᠣ ᠠᠬᠤᠢ ᠶᠢᠨ | ᠪᠦᠲᠦᠭᠡᠭᠳᠡᠬᠦᠨ᠂ ᠶᠢᠨ ᠭᠦ᠋ ᠶᠤᠸᠠᠨ ᠠᠮᠤ ᠲᠤᠰᠤ ᠪᠤᠯᠪᠠᠰᠤᠷᠠᠭᠤᠯᠬᠤ ᠵᠡᠷᠭᠡ 33 ᠲᠦᠷᠦᠯ ᠵᠦᠢᠯ ᠢ ᠪᠠᠶᠢᠭᠤᠯᠣᠨ | ᠠᠰᠢᠭᠯᠠᠯᠳᠠ ᠳᠤ ᠤᠷᠤᠭᠤᠯᠵᠤ᠂ ᠳ᠋ᠦᠩ ᠰᠢᠨ ᠠᠮᠤ ᠲᠤᠰᠤ᠂ ᠲᠢᠶᠠᠨ ᠯᠢ ᠶᠤᠸᠠᠨ ᠲᠡᠮᠦᠷ ᠤᠨ ᠬᠦᠳᠡᠷ᠂ ᠮᠢᠩ | ᠢᠦᠢ ᠸᠧᠢ ᠶᠧ ᠨᠤᠤᠰᠤ ᠨᠣᠣᠯᠣᠷ ᠵᠡᠷᠭᠡ ᠨᠢᠭᠡ ᠪᠦᠯᠦᠭ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠵᠣ᠂ | ᠬᠦᠷᠢᠶᠡᠯᠡᠩ ᠳᠤ ᠤᠷᠤᠭᠰᠠᠨ ᠠᠵᠤ ᠦᠢᠯᠡᠳᠪᠤᠷᠢ ᠶᠢᠨ ᠠᠵᠤ ᠠᠬᠤᠶᠢᠯᠠᠯ ᠨᠡᠶᠢᠲᠡ 71 ᠡᠷᠦᠬᠡ ᠳᠤ ᠭᠦᠷᠴᠤ᠂ | ᠡᠭᠦᠨ ᠳᠤ ᠬᠡᠪᠴᠢᠶᠡᠵᠢᠯ ᠠᠴᠠ ᠲᠡᠭᠡᠭᠰᠢᠬᠢ 21 ᠡᠷᠦᠬᠡ ᠪᠠᠶᠢᠵᠤ ᠂ ᠮᠤᠳᠤᠨ ᠮᠠᠲ᠋ᠧᠷᠢᠶᠠᠯ᠂ ᠲᠡᠮᠦᠷ ᠤᠨ ᠬᠦᠳᠡᠷ᠂ | ᠳᠠᠷᠢᠶᠠᠯᠠᠩ ᠮᠠᠯ ᠠᠵᠣ ᠠᠬᠤᠢ ᠶᠢᠨ ᠪᠦᠲᠦᠭᠡᠭᠳᠡᠬᠦᠨ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠶᠡᠷᠦᠩᠬᠡᠶᠢᠯᠡᠨ | ᠪᠤᠯᠪᠠᠰᠤᠷᠠᠭᠤᠯᠬᠤ ᠲᠦᠯᠦᠪ ᠪᠠᠶᠢᠳᠠᠯ ᠦᠨᠳᠦᠰᠦᠨ ᠳᠤ ᠪᠠᠨ ᠪᠦᠷᠢᠯᠳᠦᠭᠰᠡᠨ ᠪᠠᠶᠢᠨ᠎ᠠ᠃ ᠮᠦᠩᠭᠦᠨ ᠭᠦᠢᠯᠭᠡᠭᠡᠨ ᠤ | ᠪᠠᠶᠢᠭᠤᠯᠣᠮᠵᠢ ᠠᠴᠠ ᠳᠣᠮᠳᠠ ᠵᠢᠵᠢᠭ ᠠᠵᠣ ᠠᠬᠤᠶᠢᠯᠠᠯ ᠳᠤ ᠡᠯ᠎ᠡ ᠲᠦᠷᠦᠯ ᠤᠨ ᠵᠢᠭᠡᠯᠡᠯᠭᠡ ᠶᠢ ᠨᠡᠶᠢᠳᠡ 151.6 | ᠳ᠋ᠦᠩᠰᠢᠭᠤᠷ ᠲᠦᠭᠦᠷᠢᠭ ᠳᠠᠷᠬᠠᠭᠠᠵᠣ᠂ ᠠᠵᠤ ᠠᠬᠤᠶᠢᠯᠠᠯ ᠤᠨ ᠪᠡᠯᠡ ᠮᠦᠩᠭᠦ ᠬᠤᠷᠠᠮᠳᠣᠭᠤᠯᠬᠤ ᠳᠤ ᠬᠦᠴᠢᠷ᠂ | ᠪᠡᠯᠡ ᠮᠦᠩᠭᠦ ᠬᠤᠷᠠᠮᠳᠣᠭᠤᠯᠬᠤ ᠳᠤ ᠦᠨ᠎ᠡ ᠲᠠᠢ ᠪᠠᠶᠢᠭ᠎ᠠ ᠠᠰᠠᠭᠤᠳᠠᠯ ᠢ ᠪᠦᠲᠦᠮᠵᠢᠳᠡᠢ ᠬᠦᠩᠭᠡᠷᠡᠭᠦᠯᠪᠠ᠃ | ᠬᠢᠯᠢ ᠶᠢᠨ ᠰᠤᠶᠤᠯ ᠵᠢᠭᠤᠯᠴᠢᠯᠠᠯ ᠤᠨ ᠦᠢᠯᠡᠰ ᠤᠨ ᠠᠮᠢᠵᠢᠷᠠᠯ ᠤᠨ ᠬᠦᠴᠦᠨ ᠨᠡᠮᠡᠭᠳᠡᠪᠡ᠃ ᠤᠯᠤᠰ ᠤᠨ ᠪᠦᠬᠦ | ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠤᠷᠤᠨ᠂ ᠲᠤᠮᠳᠠᠳᠤ ᠮᠤᠩᠭᠤᠯ ᠤᠨ ᠬᠢᠯᠢ | ᠠᠯᠤᠰᠯᠠᠭᠰᠠᠨ ᠠᠶᠠᠯᠠᠯ ᠵᠢᠭᠤᠯᠴᠢᠯᠠᠯ ᠤᠨ ᠬᠠᠮᠳᠤᠷᠠᠯᠴᠠᠭᠠᠨ ᠤ ᠳᠣᠭᠤᠷᠢᠭ ᠢ ᠢᠳᠡᠪᠬᠢᠳᠡᠢ ᠡᠭᠦᠳᠦᠨ ᠪᠠᠶᠢᠭᠤᠯᠵᠤ᠂ | ᠬᠢᠯᠢ ᠶᠢᠨ ᠠᠶᠠᠯᠠᠯ ᠵᠢᠭᠤᠯᠴᠢᠯᠠᠯ ᠤᠨ ᠳᠣᠷᠰᠢᠯᠳᠠ ᠶᠢᠨ ᠳᠣᠭᠤᠷᠢᠭ ᠢ ᠭᠤᠶᠣᠴᠢᠯᠠᠨ ᠮᠡᠳᠡᠭᠦᠯᠬᠦ ᠠᠵᠢᠯ ᠢ | ᠲᠦᠷᠭᠡᠳᠭᠡᠨ᠂ ᠣᠯᠣᠰ ᠤᠨ ᠡᠭᠦᠳᠡ ᠵᠢᠭᠤᠯᠴᠢᠯᠠᠯ ᠤᠨ ᠦᠵᠡᠮᠵᠢ ᠶᠢᠨ ᠣᠷᠣᠨ᠂ ᠡᠷᠢᠶᠡᠨ ᠣᠯᠠᠭ᠎ᠠ ᠦᠷᠳᠡᠭᠡᠨ ᠤ | ᠮᠦᠽᠸᠢ᠂ ᠲᠤᠮᠳᠠᠳᠤ ᠮᠤᠩᠭᠤᠯ ᠤᠨ ᠮᠤᠷᠢᠨ ᠮᠡᠷᠭᠡᠵᠢᠯ ᠤᠨ ᠲᠤᠭᠯᠠᠯᠳᠠ ᠶᠢᠨ ᠰᠠᠭᠤᠷᠢᠨ ᠭᠠᠵᠠᠷ᠂ | ᠶᠡᠷᠦᠩᠬᠡᠶᠢᠯᠡᠭᠰᠡᠨ ᠮᠦᠽᠸᠢ᠂ ᠬᠤᠳᠠ ᠶᠢᠨ ᠡᠭᠦᠳᠡ ᠶᠢᠨ ᠠᠭᠤᠳᠠᠮ ᠳᠠᠯᠠᠪᠠᠢ᠂ ᠳᠣᠭᠤᠢ ᠳᠡᠷᠭᠡ ᠶᠢᠨ ᠠᠶᠠᠯᠠᠯ ᠤᠨ | ᠱᠣᠭᠤᠮ ᠵᠡᠷᠭᠡ ᠦᠵᠡᠮᠵᠢ ᠶᠢᠨ ᠣᠷᠣᠨ ᠦᠵᠡᠮᠦᠷᠢ ᠶᠢᠨ ᠴᠡᠭ ᠢ ᠪᠠᠶᠢᠭᠤᠯᠣᠭᠰᠠᠨ ᠪᠠ ᠵᠠᠰᠠᠨ ᠰᠢᠨᠡᠴᠢᠯᠡᠵᠣ᠂ | ᠠᠶᠠᠯᠠᠯ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠪ᠂ ᠭᠠᠵᠠᠷ ᠰᠢᠨᠵᠢᠯᠡᠭᠡᠨ ᠤ ᠴᠡᠴᠡᠷᠯᠢᠭ ᠢ | ᠳᠡᠰ ᠳᠡᠪᠰᠢᠭᠦᠯᠬᠦ ᠵᠡᠷᠭᠡ ᠲᠦᠷᠦᠯ ᠵᠦᠢᠯ ᠢ ᠡᠬᠢᠯᠡᠨ ᠪᠠᠶᠢᠭᠤᠯᠪᠠ᠃ ᠲᠤᠮᠳᠠᠳᠤ ᠮᠤᠩᠭᠤᠯ ᠬᠤᠶᠠᠷ ᠤᠯᠤᠰ ᠤᠨ | ᠠᠶᠠᠯᠠᠯ ᠵᠢᠭᠤᠯᠴᠢᠯᠠᠯ ᠤᠨ ᠰᠠᠯᠠᠭ᠎ᠠ ᠮᠦᠴᠢᠷ ᠤᠨ ᠬᠢᠨ ᠤ ᠠᠶᠠᠯᠠᠯ ᠵᠢᠭᠤᠯᠴᠢᠯᠠᠯ ᠤᠨ ᠬᠠᠮᠳᠣ ᠶᠢᠨ ᠠᠵᠢᠯᠯᠠᠭ᠎ᠠ ᠶᠢᠨ | ᠬᠡᠯᠡᠯᠴᠡᠭᠡᠷ ᠳᠣᠭᠳᠠᠭᠠᠬᠤ ᠶᠢ ᠲᠦᠷᠭᠡᠳᠭᠡᠨ ᠪᠡᠶᠡᠯᠡᠭᠦᠯᠵᠣ᠂ ︽ᠴᠠᠢ ᠶᠢᠨ ᠵᠠᠮ︾ ᠤᠨ ᠤᠯᠠᠨ ᠤᠯᠤᠰ ᠤᠨ | ᠰᠤᠶᠤᠯ ᠵᠢᠭᠤᠯᠴᠢᠯᠠᠯ ᠤᠨ ᠪᠠᠶᠠᠷ᠂ ᠡᠷᠢᠶᠡᠨ — ᠵᠠᠮ ᠤᠨ ᠡᠭᠦᠳᠡ ᠶᠢᠨ ᠪᠦᠬᠦ ᠠᠷᠠᠳ ᠢᠶᠠᠷ ᠢᠶᠠᠨ ᠪᠡᠶ᠎ᠡ | ᠴᠢᠬᠢᠷᠠᠭᠵᠢᠭᠤᠯᠬᠤ ᠶᠡᠷᠦᠩᠬᠡᠶᠢᠯᠡᠭᠰᠡᠨ ᠲᠠᠮᠢᠷ ᠤᠨ ᠬᠦᠳᠡᠯᠬᠡᠬᠡᠨ ᠵᠡᠷᠭᠡ ᠰᠢᠷᠢᠰ ᠨᠡᠷ᠎ᠡ ᠳᠡᠮᠳᠡᠭᠳᠣ ᠬᠦᠳᠡᠯᠭᠡᠭᠡᠨ ᠢ | ᠠᠮᠵᠢᠯᠳᠠᠳᠠᠢ ᠵᠤᠬᠢᠶᠠᠨ ᠪᠠᠶᠢᠭᠤᠯᠵᠤ᠂ ᠴᠠᠢ ᠶᠢᠨ ᠵᠠᠮ ᠤᠨ ᠠᠶᠠᠯᠠᠯ ᠵᠢᠭᠤᠯᠴᠢᠯᠠᠯ ᠤᠨ ᠲᠤᠰᠬᠠᠢ ᠸᠠᠭᠤᠨ ᠢ | ᠨᠡᠪᠲᠡᠷᠡᠭᠦᠯᠵᠦ᠂ ᠮᠤᠩᠭᠤᠯ ᠤᠷᠤᠰ ᠪᠤᠯᠤᠨ ᠤᠯᠤᠰ ᠤᠨ ᠲᠤᠳᠤᠭᠠᠳᠤ ᠳᠠᠬᠢ ᠬᠤᠯᠪᠣᠭᠳᠠᠯ ᠪᠦᠬᠦᠢ ᠭᠠᠵᠠᠷ ᠤᠷᠤᠨ | ᠤ ᠠᠭᠠᠷ ᠠᠶᠠᠯᠠᠯ ᠤᠨ ᠱᠤᠭᠤᠮ ᠢ 13 ᠵᠤᠷᠪᠤᠰ ᠪᠤᠯᠭᠠᠨ ᠨᠡᠮᠡᠵᠦ᠂ ᠪᠤᠭᠤᠮᠳᠠ ᠶᠢᠨ ᠠᠶᠠᠯᠠᠯ ᠵᠢᠭᠤᠯᠴᠢᠯᠠᠯ ᠤᠨ | ᠲᠠᠳᠠᠬᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠶᠠᠯᠠᠯ ᠵᠢᠭᠤᠯᠴᠢᠯᠠᠯ ᠤᠨ ᠨᠦᠬᠦᠪᠦᠷᠢ | ᠱᠠᠩᠨᠠᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ 4 ᠵᠢᠯ ᠬᠡᠷᠡᠭᠵᠢᠭᠦᠯᠦᠨ᠂ ᠬᠤᠭᠤᠯᠠᠨ ᠭᠡᠷ᠂ ᠪᠠᠭᠤᠳᠠᠯ᠂ | ᠵᠤᠭ᠎ᠠ ᠴᠡᠩᠬᠡᠯ ᠤᠨ ᠭᠠᠵᠠᠷ ᠢ ᠲᠡᠰ ᠳᠡᠪᠰᠢᠭᠦᠯᠬᠦ ᠶᠢ ᠣᠳᠣᠷᠢᠳᠴᠣ᠂ ᠨᠡᠶᠢᠭᠡᠮ ᠤᠨ ᠪᠡᠯᠡ ᠤᠷᠤᠭᠤᠯᠤᠯᠳᠠ ᠶᠢ 2 | ᠳ᠋ᠦᠩᠰᠢᠭᠤᠷ ᠭᠠᠷᠤᠢ ᠲᠦᠭᠦᠷᠢᠭ ᠳᠠᠳᠠᠨ ᠣᠷᠣᠭᠤᠯᠣᠨ᠂ ᠪᠠ ᠯᠢ ᠳ᠋ᠤᠤ᠂ ᠱᠠᠩ ᠺᠧ ᠶᠸᠦ᠂ ᡁᠢ ᠱᠢ ᠵᠡᠷᠭᠡ | ᠬᠡᠯᠬᠢᠶᠡᠳᠣ ᠲᠡᠯᠭᠡᠭᠦᠷ ᠢ ᠳᠠᠳᠠᠨ ᠣᠷᠣᠭᠤᠯᠵᠣ᠂ ᠠᠶᠠᠯᠠᠯ ᠵᠢᠭᠤᠯᠴᠢᠯᠠᠯ ᠤᠨ ᠬᠦᠯᠢᠶᠡᠨ ᠠᠪᠬᠤ ᠦᠢᠯᠡᠴᠢᠯᠡᠭᠡᠨ ᠤ | ᠴᠢᠳᠠᠪᠬᠢ ᠢᠯᠡᠳᠳᠡ ᠲᠡᠭᠡᠭᠰᠢᠯᠡᠵᠡᠢ᠃ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠳ ᠢ ᠨᠡᠶᠢᠲᠡ 913. | 2 ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ ᠵᠢᠯ ᠪᠦᠷᠢ ᠲᠤᠮᠳᠠᠴᠢ ᠪᠠᠷ 9.4 % ᠪᠠᠷ ᠨᠡᠮᠡᠭᠳᠡᠪᠡ︔ | ᠠᠶᠠᠯᠠᠯ ᠵᠢᠭᠤᠯᠴᠢᠯᠠᠯ ᠤᠨ ᠶᠡᠷᠦᠩᠬᠡᠢ ᠤᠷᠤᠯᠭ᠎ᠠ 195.9 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠪᠦᠷᠢ | ᠲᠤᠮᠳᠠᠴᠢ ᠪᠠᠷ 16 % ᠪᠠᠷ ᠨᠡᠮᠡᠭᠳᠡᠪᠡ᠃ ᠴᠡᠪᠡᠷ ᠡᠨᠧᠷᠬᠢ ᠶᠢᠨ ᠦᠢᠯᠡᠰ ᠳᠣᠭᠳᠠᠭᠤᠨ ᠢᠶᠠᠷ ᠬᠦᠭᠵᠢᠪᠡ᠃ ︽ | ᠰᠢᠨ᠎ᠡ ᠡᠨᠧᠷᠬᠢ ᠶᠢᠨ ᠬᠦᠭᠵᠢᠯᠳᠡ ᠶᠢᠨ ᠶᠡᠷᠦᠩᠬᠡᠢ ᠲᠦᠯᠦᠪᠵᠢᠬᠦᠯᠭᠡ︾ ︽ᠳᠠᠬᠢᠨ ᠪᠣᠯᠪᠠᠰᠣᠷᠠᠭᠤᠯᠣᠭᠰᠠᠨ | ᠡᠨᠧᠷᠭᠢ ᠶᠢ 100 % ᠪᠠᠷ ᠠᠰᠢᠭᠯᠠᠬᠤ ᠵᠢᠱᠢᠶᠡᠴᠢ ᠬᠤᠳᠠ ᠶᠢᠨ ᠲᠦᠯᠦᠪᠵᠢᠬᠦᠯᠭᠡ ︵ 2016 — 2020 | ᠣᠨ︶︾ ᠢ ᠨᠠᠶᠢᠷᠠᠭᠤᠯᠣᠨ ᠳᠠᠭᠤᠰᠬᠠᠵᠣ᠂ ᠴᠡᠪᠡᠷ ᠡᠨᠧᠷᠬᠢ ᠶᠢᠨ ᠦᠢᠯᠡᠰ ᠤᠨ ᠬᠦᠭᠵᠢᠯᠳᠡ ᠶᠢᠨ | ᠪᠠᠶᠢᠷᠢᠯᠠᠭᠤᠯᠣᠯᠳᠠ ᠶᠢ ᠨᠡᠩ ᠵᠤᠬᠢᠰᠳᠠᠢ ᠪᠣᠯᠭᠠᠪᠠ᠃ ᠲᠠᠬᠢᠨ ᠪᠣᠯᠪᠠᠰᠣᠷᠠᠭᠤᠯᠣᠭᠰᠠᠨ ᠡᠨᠧᠷᠬᠢ ᠶᠢᠨ ᠪᠢᠴᠢᠯ | ᠴᠠᠬᠢᠯᠭᠠᠨ ᠲᠤᠤᠷ ᠤᠨ ᠵᠢᠱᠢᠶᠡᠴᠢ ᠲᠦᠷᠦᠯ ᠵᠦᠢᠯ ᠢ ᠲᠦᠷᠭᠡᠳᠭᠡᠨ ᠠᠬᠢᠭᠤᠯᠵᠣ᠂ 9 ᠲᠦᠮᠡᠨ ᠺᠢᠯᠤᠸᠠᠲ ᠨᠠᠷᠠᠨ | ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠣᠷᠣᠭᠰᠢᠳᠠᠢ ᠪᠠᠶᠢᠵᠣ᠂ | 28 ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠬᠢᠨᠠᠨ ᠵᠦᠪᠰᠢᠶᠡᠷᠡᠭᠦᠯᠪᠡ᠃ | ᠴᠡᠪᠡᠷ ᠡᠨᠧᠷᠭᠢ ᠶᠢᠨ ᠠᠵᠤ ᠦᠢᠯᠡᠰ ᠤᠨ ᠬᠡᠯᠬᠢᠶᠡᠰᠦ ᠶᠢ ᠤᠷᠳᠤᠳᠬᠠᠵᠤ᠂ ᠵᠦᠩ ᠬᠠᠢ ᠶᠸᠦ ᠂ ᠦᠪᠦᠷ ᠮᠤᠩᠭᠤᠯ | ᠤᠨ ᠴᠠᠬᠢᠯᠭᠠᠨ ᠬᠦᠴᠦᠨ ᠤ ᠴᠡᠪᠡᠷ ᠡᠨ᠋ᠷᠧᠬᠢ ᠪᠠᠷ ᠳᠣᠯᠠᠭᠠᠨ ᠬᠠᠩᠭᠠᠬᠤ ᠲᠦᠷᠦᠯ ᠵᠦᠢᠯ ᠢ ᠪᠠᠶᠢᠭᠤᠯᠤᠨ | ᠲᠠᠭᠤᠰᠬᠠᠵᠤ ᠠᠰᠢᠭᠯᠠᠯᠳᠠ ᠳᠤ ᠣᠷᠣᠭᠤᠯᠪᠠ᠃ ᠬᠤᠸᠠ ᠳ᠋ᠢᠶᠠᠨ᠂ ᠮᠧᠩ ᠨᠧᠩ᠂ ᠲᠢᠶᠠᠨ ᠬᠤᠩ ᠶᠠᠩ ᠭᠤᠸᠠᠩ | ᠵᠡᠷᠭᠡ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠨᠢ ᠰᠦᠯᠵᠢᠶᠡᠨ ᠳᠤ ᠨᠢᠭᠡᠳᠦᠨ ᠴᠠᠬᠢᠯᠭᠠᠨ | ᠭᠠᠷᠭᠠᠵᠤ᠂ ᠨᠠᠷᠠ ᠰᠠᠯᠬᠢ ᠬᠠᠷᠢᠯᠴᠠᠨ ᠨᠦᠬᠦᠪᠦᠷᠢᠯᠡᠭᠰᠡᠨ ᠴᠠᠬᠢᠯᠭᠠᠨ ᠬᠠᠩᠭᠠᠬᠤ ᠲᠦᠬᠦᠭᠡᠷᠦᠮᠵᠢ ᠶᠢᠨ | ᠪᠠᠭᠳᠠᠭᠠᠮᠵᠢᠳᠣ ᠴᠢᠳᠠᠯ ᠨᠢ 35.9 ᠲᠦᠮᠡᠨ ᠺᠢᠯᠤᠸᠠᠲ ᠳᠤ ᠬᠦᠷᠴᠡᠢ᠃ | ᠲᠠᠪᠤᠨ ᠵᠢᠯ ᠤᠨ ᠲᠤᠷᠰᠢ᠂ ᠪᠢᠳᠡ ᠰᠠᠭᠤᠷᠢ ᠲᠦᠭᠦᠭᠡᠷᠦᠮᠵᠢ ᠶᠢᠨ ᠨᠦᠬᠦᠴᠡᠯ ᠢ ᠴᠢᠷᠮᠠᠶᠢᠨ | ᠰᠠᠶᠢᠵᠢᠷᠠᠭᠤᠯᠵᠤ ᠂ ᠪᠤᠭᠤᠮᠳᠠ ᠪᠠ ᠬᠤᠳᠠ ᠶᠢᠨ ᠴᠢᠳᠠᠪᠬᠢ ᠰᠢᠨ᠎ᠡ ᠪᠠᠷ ᠳᠡᠭᠡᠭᠰᠢᠯᠡᠪᠡ᠃ ᠰᠢᠯᠢ ᠶᠢᠨ ᠬᠤᠳᠠ — | ᠡᠷᠢᠶᠡᠨ ᠴᠢᠭᠯᠡᠯ ᠤᠨ ᠲᠡᠮᠦᠷ ᠵᠠᠮ ᠳᠡᠷᠭᠡ ᠨᠡᠪᠳᠡᠷᠡᠵᠣ ᠠᠰᠢᠭᠯᠠᠯᠳᠠ ᠳᠤ ᠣᠷᠣᠪᠠ᠃ ᠪᠣᠭᠤᠮᠳᠠ ᠳᠤ ᠨᠡᠪᠳᠡᠷᠡᠬᠦ | ᠵᠠᠰᠠᠮᠠᠯ ᠵᠠᠮ᠂ ᠮᠤᠵᠢ ᠶᠢᠨ ᠳᠡᠰ ᠤᠨ ᠵᠠᠰᠠᠮᠠᠯ ᠵᠠᠮ ᠤᠨ 312 ᠱᠤᠭᠤᠮ ᠤᠨ ᠡᠷᠢᠶᠡᠨ ᠬᠤᠳᠠ ᠳᠠᠬᠢ ᠬᠡᠰᠡᠭ ᠤᠨ | ᠵᠠᠰᠠᠮᠠᠯ ᠵᠠᠮ᠂ ᠤᠯᠤᠰ ᠤᠨ ᠳᠡᠰ ᠤᠨ ᠵᠠᠰᠠᠮᠠᠯ ᠵᠠᠮ ᠤᠨ 331 ᠱᠤᠭᠤᠮ ᠪᠤᠯᠤᠨ ᠮᠤᠵᠢ ᠶᠢᠨ ᠳᠡᠰ ᠤᠨ ᠵᠠᠰᠠᠮᠠᠯ | ᠵᠠᠮ ᠤᠨ 312 ᠱᠤᠭᠤᠮ ᠢ ᠵᠠᠯᠭᠠᠭᠰᠠᠨ ᠬᠦᠨᠲᠦ ᠠᠴᠢᠶᠠᠯᠠᠯ ᠤᠨ ᠵᠠᠰᠠᠮᠠᠯ ᠵᠠᠮ ᠢ ᠪᠠᠶᠢᠭᠤᠯᠤᠨ ᠲᠡᠷᠭᠡ | ᠨᠡᠪᠲᠡᠷᠡᠭᠦᠯᠵᠦ᠂ ᠡᠷᠢᠶᠡᠨ — ᠮᠠᠨᠵᠤᠤᠷ ᠴᠢᠭᠯᠡᠯ ᠤᠨ ᠨᠢᠭᠡᠲᠦᠭᠡᠷ ᠲᠡᠰ ᠤᠨ ᠵᠠᠰᠠᠮᠠᠯ ᠵᠠᠮ ᠤᠨ ᠰᠢᠨ᠎ᠡ ᠪᠠᠷ | ᠪᠠᠶᠢᠭᠤᠯᠣᠭᠰᠠᠨ ᠳᠠᠩ ᠭᠦᠶᠦᠳᠡᠯ ᠤᠨ ᠱᠣᠭᠤᠮ ᠤᠨ ᠭᠤᠣᠯ ᠴᠣᠭᠴᠠᠳᠣ ᠪᠠᠷᠢᠯᠭ᠎ᠠ ᠳᠠᠭᠤᠰᠪᠠ᠃ ᠨᠢᠰᠬᠡᠯ ᠤᠨ | ᠪᠠᠭᠤᠳᠠᠯ ᠤᠨ ᠦᠷᠭᠡᠳᠬᠡᠨ ᠪᠠᠶᠢᠭᠤᠯᠬᠤ ᠢᠨᠵᠧᠨᠧᠷᠢᠩ ᠤᠨ ᠠᠵᠢᠯ ᠢᠶᠠᠨ ᠲᠠᠭᠤᠰᠬᠠᠵᠤ᠂ ᠳᠣᠬᠠᠶᠢᠯᠠᠭᠰᠠᠨ | ᠠᠵᠢᠯ ᠤᠨ ᠰᠢᠯᠭᠠᠨ ᠬᠤᠷᠢᠶᠠᠯᠳᠠ ᠶᠢ ᠦᠩᠭᠡᠷᠡᠭᠡᠵᠣ᠂ ᠤᠯᠠᠨ ᠤᠯᠤᠰ ᠤᠨ ᠠᠭᠠᠷ ᠠᠶᠠᠯᠠᠯ ᠤᠨ ᠪᠤᠭᠤᠮᠳᠠ ᠶᠢᠨ | ᠲᠦᠷᠦᠯ ᠵᠦᠢᠯ ᠢ ᠤᠯᠤᠰ ᠤᠨ ︽ ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠳᠤ ᠣᠷᠣᠭᠤᠯᠪᠠ | ᠃ ᠲᠤᠮᠳᠠᠳᠤ ᠮᠤᠩᠭᠤᠯ ᠤᠨ ᠰᠠᠭᠤᠷᠢ ᠲᠦᠬᠦᠭᠡᠷᠦᠮᠵᠢ ᠶᠢᠨ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠲᠡᠷᠡᠬᠦ ᠶᠢ | ᠴᠢᠩᠭᠠᠳᠬᠠᠵᠤ᠂ ᠮᠤᠩᠭᠤᠯ ᠤᠯᠤᠰ ᠤᠨ ᠮᠢᠩᠭᠠᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠵᠤ ᠠᠰᠢᠭᠯᠠᠯᠳᠠ ᠳᠤ | ᠤᠷᠤᠭᠤᠯᠬᠤ ᠶᠢ ᠲᠤᠰᠠᠯᠠᠨ ᠲᠡᠮᠵᠢᠵᠦ᠂ ᠲᠤᠮᠳᠠᠳᠤ ᠮᠤᠩᠭᠤᠯ ᠤᠷᠤᠰ ᠤᠨ ᠬᠢᠯᠢ ᠠᠯᠤᠰᠯᠠᠭᠰᠠᠨ ᠬᠤᠣᠰ | ᠬᠦᠶᠦᠳᠡᠯᠳᠦ ᠲᠡᠮᠦᠷ ᠵᠠᠮ ᠢ ᠴᠠᠬᠢᠯᠭᠠᠨᠵᠢᠭᠤᠯᠤᠨ ᠦᠭᠡᠷᠡᠴᠢᠯᠡᠬᠦ ᠲᠦᠷᠦᠯ ᠵᠦᠢᠯ᠂ ᠲᠤᠮᠳᠠᠳᠤ ᠮᠤᠩᠭᠤᠯ ᠤᠷᠤᠰ | ᠤᠨ ᠬᠢᠯᠢ ᠠᠯᠤᠰᠯᠠᠭᠰᠠᠨ ᠬᠤᠷᠳᠤᠨ ᠤ ᠲᠡᠮᠦᠷ ᠵᠠᠮ ᠤᠨ ᠳᠣᠮᠳᠠ ᠱᠣᠭᠤᠮ ᠤᠨ ᠢᠨᠵᠧᠨᠧᠷᠢᠩ᠂ ᠲᠤᠮᠳᠠᠳᠤ | ᠮᠤᠩᠭᠤᠯ ᠤᠨ ᠬᠢᠯᠢ ᠠᠯᠤᠰᠯᠠᠭᠰᠠᠨ ᠦᠨᠲᠦᠷ ᠬᠤᠷᠳᠤᠴᠠᠲᠦ ᠵᠠᠰᠠᠮᠠᠯ ᠵᠠᠮ ᠵᠡᠷᠭᠡ ᠴᠢᠬᠤᠯᠠ ᠲᠦᠷᠦᠯ ᠵᠦᠢᠯ ᠢ ︽ | ᠲᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠢ ᠪᠦᠲᠦᠬᠡᠨ ᠪᠠᠶᠢᠭᠤᠯᠬᠤ ᠲᠦᠯᠦᠪᠵᠢᠬᠦᠯᠭᠡ ᠶᠢᠨ | ᠬᠦᠲᠦᠯᠪᠦᠷᠢ︾ ᠳᠤ ᠣᠷᠣᠭᠤᠯᠪᠠ᠃ ︽ᠣᠯᠠᠨ ᠲᠦᠯᠦᠪᠵᠢᠭᠦᠯᠬᠡ ᠶᠢ ᠨᠢᠭᠡᠳᠦᠯᠳᠡᠢ ᠪᠣᠯᠭᠠᠬᠤ︾ ᠠᠵᠢᠯ ᠢ | ᠡᠬᠢᠯᠡᠭᠦᠯᠦᠨ᠂ ᠬᠤᠳᠠ ᠶᠢᠨ ᠶᠡᠷᠦᠩᠬᠡᠢ ᠲᠦᠯᠦᠪᠵᠢᠬᠦᠯᠭᠡ ᠶᠢ ᠲᠠᠬᠢᠨᠳᠠ ᠵᠠᠰᠠᠨ ᠳᠡᠭᠦᠯᠳᠡᠷᠵᠢᠭᠦᠯᠵᠣ᠂ 13 | ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ ᠤᠰᠤ ᠬᠠᠩᠭᠠᠬᠤ ᠪᠠ ᠭᠠᠳᠠᠭᠰᠢᠯᠠᠭᠤᠯᠬᠤ᠂ ᠳᠣᠯᠠᠭᠠᠨ | ᠬᠠᠩᠭᠠᠬᠤ᠂ ᠨᠤᠭᠤᠭᠠᠷᠠᠭᠤᠯᠤᠯᠳᠠ᠂ ᠭᠡᠭᠡᠷᠡᠭᠦᠯᠦᠯᠳᠡ᠂ ᠭᠤᠶᠣᠵᠢᠭᠤᠯᠣᠯᠳᠠ᠂ ᠬᠠᠳᠠᠭᠤᠷᠠᠭᠤᠯᠤᠯᠳᠠ ᠵᠡᠷᠭᠡ | ᠬᠤᠳᠠ ᠶᠢᠨ ᠶᠠᠪᠣᠳᠠᠯ ᠤᠨ ᠰᠠᠭᠤᠷᠢ ᠲᠦᠬᠦᠭᠡᠷᠦᠮᠵᠢ ᠶᠢ ︽ᠵᠠᠰᠠᠨ ᠴᠢᠮᠡᠭᠯᠡᠬᠦ︾ ᠢᠨᠵᠧᠨᠧᠷᠢᠩ ᠢ ᠬᠡᠷᠡᠭᠵᠢᠭᠦᠯᠦᠨ᠂ | ᠪᠦᠷᠬᠦᠬᠦᠯ ᠭᠠᠳᠠᠷᠭᠤ ᠲᠠᠢ ᠵᠠᠮ ᠱᠣᠭᠤᠮ ᠢ 42 ᠵᠣᠷᠪᠣᠰ ᠵᠠᠰᠠᠨ ᠰᠡᠯᠪᠢᠵᠣ᠂ ᠬᠠᠭᠤᠴᠢᠨ ᠠᠰᠠᠷ ᠤᠨ ᠳᠣᠳᠣᠷ | ᠭᠠᠳᠠᠷ ᠬᠠᠨ᠎ᠠ ᠵᠢᠴᠢ ᠪᠠᠷᠢᠯᠭ᠎ᠠ ᠪᠠᠨ ᠳᠣᠷᠭᠤᠨ ᠵᠣᠭᠰᠣᠭᠰᠠᠨ ᠠᠰᠠᠷ ᠢ 68 ᠬᠠᠪᠳᠠᠭᠠᠢ ᠲᠦᠷᠪᠡᠯᠵᠢᠨ ᠮᠧᠲᠷ | ᠵᠠᠰᠠᠨ ᠰᠢᠨᠡᠴᠢᠯᠡᠨ᠂ 53.4 ᠲᠦᠮᠡᠨ ᠳᠡᠭᠰᠢ ᠲᠦᠷᠪᠡᠯᠵᠢᠨ ᠮᠧᠲᠷ ᠳᠠᠯᠠᠪᠠᠢ ᠲᠠᠢ ᠵᠡᠭᠡᠯᠢ ᠭᠤᠳᠣᠮᠵᠢ ᠵᠢᠴᠢ | ᠶᠠᠪᠠᠭᠠᠨ ᠵᠠᠮ ᠢ ᠬᠠᠳᠠᠭᠤᠷᠠᠭᠤᠯᠣᠯᠳᠠ ᠬᠢᠵᠣ᠂ 243 ᠲᠦᠮᠡᠨ ᠳᠡᠭᠰᠢ ᠲᠦᠷᠪᠡᠯᠵᠢᠨ ᠮᠧᠲᠷ ᠳᠠᠯᠠᠪᠠᠢ ᠨᠣᠭᠤᠭᠠᠨ | ᠵᠦᠯᠬᠡ ᠶᠢ ᠰᠢᠨ᠎ᠡ ᠪᠠᠷ ᠨᠡᠮᠡᠨ᠂ 3749 ᠵᠠᠮ ᠤᠨ ᠳ᠋ᠧᠩ ᠢ ᠰᠢᠨᠡᠴᠢᠯᠡᠵᠣ᠂ ᠲᠦᠪᠯᠡᠷᠡᠬᠦᠯᠦᠨ ᠳᠣᠯᠠᠭᠠᠨ | ᠬᠠᠩᠭᠠᠬᠤ ᠪᠦᠷᠬᠦᠴᠡ᠂ ᠪᠣᠬᠢᠷ ᠤᠰᠤ ᠶᠢ ᠲᠦᠪᠯᠡᠷᠡᠭᠦᠯᠦᠨ ᠰᠢᠢᠳᠪᠦᠷᠢᠯᠡᠬᠦ ᠨᠤᠷᠮ᠎ᠠ᠂ ᠠᠮᠢᠳᠣᠷᠠᠯ ᠤᠨ ᠬᠤᠭ | ᠨᠣᠪᠰᠢ ᠶᠢ ᠬᠤᠣᠷᠳᠠᠯ ᠦᠬᠡᠢ ᠪᠠᠷ ᠰᠢᠢᠳᠪᠦᠷᠢᠯᠡᠬᠦ ᠨᠣᠷᠮ᠎ᠠ ᠲᠤᠰ ᠲᠤᠰ 86.5%᠂ 94% ᠪᠠ 100% ᠳᠤ | ᠬᠦᠷᠴᠦ᠂ ᠬᠦᠮᠦᠨ ᠳᠣᠮᠳᠠᠴᠢ ᠴᠡᠴᠡᠷᠯᠢᠭ ᠤᠨ ᠵᠦᠯᠭᠡᠳᠦ ᠭᠠᠵᠠᠷ ᠤᠨ ᠳᠠᠯᠠᠪᠠᠢ 22.23 ᠳᠡᠭᠰᠢ ᠲᠦᠷᠪᠡᠯᠵᠢᠨ | ᠮᠧᠲᠷ ᠬᠦᠷᠦᠨ᠂ ︽ᠦᠪᠡᠷᠳᠡᠭᠡᠨ ᠵᠠᠰᠠᠬᠤ ᠤᠷᠤᠨ ᠤ ᠴᠡᠴᠡᠷᠯᠢᠭᠳᠦ ᠬᠤᠳᠠ︾ ᠶᠢᠨ ᠴᠣᠯᠠ ᠶᠢ ᠬᠦᠷᠳᠡᠪᠡ᠃ | ᠤᠰᠤ ᠬᠡᠷᠡᠭᠯᠡᠬᠦ ︽ᠪᠣᠭᠤᠮᠢ ᠬᠢᠵᠠᠭᠠᠷᠯᠠᠯ︾ ᠤᠨ ᠠᠰᠠᠭᠤᠳᠠᠯ ᠢ ᠴᠢᠷᠮᠠᠶᠢᠨ ᠰᠢᠢᠳᠪᠤᠷᠢᠯᠡᠵᠤ᠂ ᠤᠰᠤᠨ ᠰᠤᠷᠪᠤᠯᠵᠢ | ᠶᠢᠨ ᠭᠠᠵᠠᠷ ᠠᠴᠠ ᠣᠰᠣᠨ ᠤ ᠦᠢᠯᠡᠳᠪᠦᠷᠢ ᠬᠦᠷᠬᠦ ᠣᠰᠣ ᠳᠠᠮᠵᠢᠭᠤᠯᠬᠤ ᠬᠤᠭᠤᠯᠠᠢ ᠶᠢᠨ PPP ᠲᠦᠷᠦᠯ | ᠵᠦᠢᠯ ᠤᠨ ᠡᠮᠦᠨ᠎ᠡ ᠬᠤᠭᠤᠴᠠᠭᠠᠨ ᠤ ᠠᠵᠢᠯ ᠤᠷᠤᠭᠰᠢᠳᠡᠢ ᠶᠠᠪᠤᠭᠳᠠᠵᠤ᠂ ᠬᠤᠳᠠ ᠶᠢᠨ ᠲᠤᠭᠤᠷᠢᠭ ᠤᠨ ᠤᠰᠤ | ᠬᠠᠩᠭᠠᠬᠤ ᠭᠤᠣᠷᠰᠣ ᠰᠦᠯᠵᠢᠶ᠎ᠡ ᠶᠢ ᠵᠠᠰᠠᠨ ᠰᠠᠶᠢᠵᠢᠷᠠᠭᠤᠯᠬᠤ᠂ ᠭᠤᠷᠪᠠᠳᠤᠭᠠᠷ ᠤᠰᠤᠨ ᠰᠤᠷᠪᠤᠯᠵᠢ ᠶᠢᠨ ᠭᠠᠵᠠᠷ ᠢ | ᠦᠷᠭᠡᠳᠬᠡᠨ ᠪᠠᠶᠢᠭᠤᠯᠬᠤ᠂ ᠣᠰᠣ ᠶᠢ ᠴᠡᠪᠡᠷᠰᠢᠭᠦᠯᠬᠦ ᠵᠡᠷᠭᠡ ᠰᠢᠷᠢᠰ ᠢᠨᠵᠧᠨᠧᠷᠢᠩ ᠢ ᠪᠡᠶᠡᠯᠡᠭᠦᠯᠵᠤ᠂ ᠬᠤᠳᠠ ᠶᠢᠨ | ᠡᠲᠦᠷ ᠲᠤ ᠤᠰᠤ ᠬᠠᠩᠭᠠᠬᠤ ᠬᠦᠴᠦᠨ ᠴᠢᠳᠠᠯ 3.2 ᠲᠦᠮᠡᠨ ᠲᠤᠨ ᠳᠤ ᠬᠦᠷᠪᠡ᠃ 77 ᠰᠠᠭᠤᠷᠢ ᠣᠰᠣ | ᠴᠢᠳᠬᠤᠬᠤ ᠬᠡᠯᠪᠡᠷᠢ ᠶᠢᠨ ᠨᠡᠶᠢᠳᠡ ᠶᠢᠨ ᠵᠣᠷᠯᠣᠩ ᠢ ᠰᠢᠨ᠎ᠡ ᠪᠠᠷ ᠪᠠᠶᠢᠭᠤᠯᠣᠭᠰᠠᠨ ᠪᠣᠶᠣ ᠵᠠᠰᠠᠨ ᠰᠢᠨᠡᠴᠢᠯᠡᠵᠣ᠂ | 54 ᠰᠠᠭᠤᠷᠢ ᠨᠡᠶᠢᠳᠡ ᠶᠢᠨ ᠵᠣᠷᠯᠣᠩ ᠢ ᠵᠠᠬ᠎ᠠ ᠳᠡᠯᠭᠡᠭᠦᠷᠵᠢᠭᠦᠯᠦᠨ ᠬᠠᠮᠢᠶᠠᠷᠴᠣ᠂ ᠠᠶᠠᠯᠠᠯ ᠵᠢᠭᠤᠯᠴᠢᠯᠠᠯ ᠤᠨ | ᠵᠣᠷᠯᠣᠩ ᠦᠨᠳᠦᠰᠦᠨ ᠳᠤ ᠪᠠᠨ ᠪᠦᠬᠦ ᠬᠤᠳᠠ ᠶᠢ ᠬᠠᠮᠣᠷᠣᠨ᠂ ︽ ᠵᠣᠷᠯᠣᠩ ᠤᠨ ᠬᠤᠪᠢᠰᠬᠠᠯ︾ ᠪᠦᠬᠦ ᠣᠷᠣᠨ ᠤ | ᠡᠮᠦᠨ᠎ᠡ ᠡᠩᠨᠡᠭᠡᠨ ᠳᠤ ᠵᠢᠭᠰᠠᠭᠠᠭᠳᠠᠪᠠ᠃ ︽ᠤᠶᠤᠨᠴᠢ ᠬᠤᠳᠠ︾ ᠶᠢᠨ ᠨᠢᠭᠡᠲᠦᠭᠡᠷ ᠬᠤᠭᠤᠴᠠᠭᠠᠨ ᠤ ᠠᠵᠢᠯ ᠢ | ᠳᠠᠭᠤᠰᠬᠠᠨ ᠠᠰᠢᠭᠯᠠᠯᠳᠠ ᠳᠤ ᠣᠷᠣᠭᠤᠯᠣᠨ᠂ ᠬᠤᠳᠠ ᠶᠢᠨ ᠬᠠᠮᠢᠶᠠᠷᠤᠯᠳᠠ ᠶᠢᠨ ᠰᠦᠯᠵᠢᠶᠡᠵᠢᠭᠰᠡᠨ | ᠬᠡᠰᠡᠭᠴᠢᠯᠡᠯᠳᠡ᠂ ᠨᠠᠷᠢᠯᠢᠭᠵᠢᠯᠳᠠ᠂ ᠤᠶᠤᠨᠴᠢᠯᠠᠯᠳᠠ ᠶᠢᠨ ᠬᠢᠷᠢ ᠲᠦᠪᠰᠢᠨ ᠤᠯᠠᠮ ᠨᠢᠭᠡ ᠠᠯᠬᠤᠮ ᠲᠡᠭᠡᠭᠰᠢᠯᠡᠵᠡᠢ᠃ | ᠬᠤᠳᠠ ᠴᠡᠪᠡᠷᠯᠡᠭᠡᠨ ᠤ ᠲᠦᠭᠦᠭᠡᠷᠦᠮᠵᠢ ᠶᠢ 75 ᠰᠢᠨ᠎ᠡ ᠪᠠᠷ ᠨᠡᠮᠡᠨ᠂ ᠮᠠᠰᠢᠨᠴᠢᠯᠠᠭᠰᠠᠨ ᠴᠡᠪᠡᠷᠯᠡᠯᠳᠡ ᠶᠢᠨ | ᠨᠣᠷᠮ᠎ᠠ 60% ᠠᠴᠠ ᠳᠡᠭᠡᠭᠰᠢ ᠬᠦᠷᠴᠦ᠂ ᠬᠤᠳᠠ ᠶᠢᠨ ᠣᠶᠢᠷ᠎ᠠ ᠬᠠᠪᠢ ᠶᠢᠨ ᠪᠠᠷᠢᠯᠭ᠎ᠠ ᠶᠢᠨ ᠬᠤᠭ ᠨᠣᠪᠰᠢ ᠶᠢ | 800 ᠭᠠᠷᠣᠢ ᠳᠣᠨ ᠴᠡᠪᠡᠷᠯᠡᠨ᠂ ᠬᠤᠳᠠ ᠶᠢᠨ ᠣᠷᠴᠢᠨ ᠳᠣᠭᠤᠷᠢᠨ ᠡᠷᠡᠭᠦᠯ ᠬᠠᠮᠠᠭᠠᠯᠠᠯ ᠮᠡᠳᠡᠭᠳᠡᠮ᠎ᠡ ᠰᠠᠶᠢᠵᠢᠷᠠᠪᠠ | ᠃ ︽ᠠᠮᠢ ᠠᠬᠤᠢ ᠶᠢᠨ ᠣᠷᠴᠢᠨ ᠳᠣᠭᠤᠷᠢᠨ ᠢ ᠬᠠᠮᠠᠭᠠᠯᠠᠬᠤ ᠠᠷᠪᠠᠨ ᠭᠤᠷᠪᠠᠳᠤᠭᠠᠷ ᠲᠠᠪᠤᠨ ᠵᠢᠯ ᠤᠨ | ᠳᠥᠯᠥᠪᠯᠡᠭᠡ︾ ᠶᠢ ᠨᠡᠶᠢᠳᠡᠯᠡᠵᠥ᠂ 43 ᠡᠷᠦᠬᠡ ᠶᠢᠨ ᠴᠠᠭ ᠪᠦᠷᠢ ᠢᠯᠭᠠᠷᠠᠭᠤᠯᠬᠤ ᠣᠰᠣᠨ ᠠᠭᠤᠷ ᠤᠨ ᠬᠡᠮᠵᠢᠶ᠎ᠡ | ᠨᠢ 10 ᠲᠤᠨ ᠠᠴᠠ ᠲᠤᠭᠤᠭᠰᠢᠬᠢ ᠨᠡᠭᠦᠷᠡᠰᠦ ᠰᠢᠳᠠᠭᠠᠬᠤ ᠵᠤᠤᠬ᠎ᠠ ᠶᠢ ᠡᠪᠳᠡᠨ ᠨᠣᠷᠠᠭᠠᠵᠣ᠂ ᠪᠦᠬᠦ ᠬᠤᠳᠠ ᠶᠢᠨ | ᠳᠣᠯᠠᠭᠠᠨ ᠬᠠᠩᠭᠠᠬᠤ ᠠᠵᠣ ᠠᠬᠤᠶᠢᠯᠠᠯ ᠨᠤᠭᠤᠳ ᠱᠦᠯᠳᠦ ᠶᠢᠨ ᠪᠤᠬᠢᠷᠳᠦᠯ ᠠᠴᠠ ᠰᠠᠯᠵᠣ ᠳᠣᠭᠤᠰᠣ ᠶᠢ | ᠠᠷᠢᠯᠭᠠᠬᠤ ᠰᠢᠨᠡᠴᠢᠯᠡᠯᠳᠡ ᠶᠢ ᠳᠠᠭᠤᠰᠬᠠᠨ᠂ ᠵᠢᠯ ᠤᠨ ᠴᠡᠯᠮᠡᠭ ᠡᠲᠦᠷ ᠤᠨ ᠲᠤᠭ᠎ᠠ 354 ᠡᠲᠦᠷ ᠲᠤ ᠬᠦᠷᠴᠡᠢ᠃ | 355.7 ᠡᠾᠧᠺᠲ᠋ᠡᠷ ᠰᠣᠯᠠ ᠳᠠᠯᠪᠢᠭᠳᠠᠵᠣ ᠪᠠᠶᠢᠭ᠎ᠠ ᠭᠠᠵᠠᠷ ᠢ ᠴᠡᠭᠴᠡᠯᠡᠵᠣ᠂ ︽ ᠭᠤᠷᠪᠠᠳᠤᠭᠠᠷ ᠬᠤᠭᠤᠴᠠᠭᠠᠨ ᠤ | ᠤᠯᠤᠰ ᠤᠨ ᠭᠠᠵᠠᠷ ᠰᠢᠷᠤᠢ ᠡᠬᠢ ᠪᠠᠶᠠᠯᠢᠭ ᠢ ᠠᠷᠪᠢᠯᠠᠨ ᠭᠠᠮᠨᠠᠭᠰᠠᠨ ᠵᠢᠱᠢᠶᠡᠴᠢ ᠬᠤᠳᠠ︾ ᠶᠢᠨ ᠴᠣᠯᠠ ᠶᠢ | ᠬᠦᠷᠳᠡᠵᠡᠢ᠃ | ᠲᠠᠪᠤᠨ ᠵᠢᠯ ᠤᠨ ᠳᠣᠷᠰᠢ᠂ ᠪᠢᠳᠡ ᠦᠵᠡᠰᠭᠦᠯᠡᠩᠳᠤ ᠰᠠᠶᠢᠬᠠᠨ ᠭᠦᠳᠡᠭᠡ ᠳᠣᠰᠬᠤᠨ ᠤ ᠪᠦᠳᠦᠭᠡᠨ | ᠪᠠᠶᠢᠭᠤᠯᠤᠯᠳᠠ ᠶᠢ ᠶᠡᠭᠡ ᠬᠦᠴᠦᠨ ᠢᠶᠠᠷ ᠠᠬᠢᠭᠤᠯᠵᠣ᠂ ︽ᠬᠦᠳᠡᠭᠡ ᠠᠵᠣ ᠠᠬᠤᠢ᠂ ᠬᠦᠳᠡᠭᠡ ᠳᠣᠰᠬᠤᠨ᠂ | ᠲᠠᠷᠢᠶᠠᠴᠢᠳ︾ ᠢ ᠬᠠᠮᠤᠷᠤᠭᠰᠠᠨ ᠬᠠᠮᠢᠶ᠎ᠠ ᠪᠦᠬᠦᠢ ᠠᠵᠢᠯ ᠤᠳ ᠰᠢᠨ᠎ᠡ ᠦᠷ᠎ᠡ ᠪᠦᠳᠦᠮᠵᠢ ᠣᠯᠪᠠ᠃ ᠨᠡᠶᠢᠳᠡ 2.3 | ᠳ᠋ᠦᠩᠰᠢᠭᠤᠷ ᠳᠦᠭᠦᠷᠢᠭ ᠤᠨ ᠪᠡᠯᠡ ᠣᠷᠣᠭᠤᠯᠣᠨ 102 ᠰᠠᠭᠤᠷᠢ ᠤᠷᠤᠨ ᠰᠠᠭᠤᠴᠠ ᠶᠢ ᠰᠢᠨ᠎ᠡ ᠪᠠᠷ | ᠪᠠᠶᠢᠭᠤᠯᠤᠨ ᠂ 179 ᠰᠠᠭᠤᠷᠢ ᠡᠪᠳᠡᠷᠬᠡᠢ ᠬᠠᠭᠤᠴᠢᠨ ᠭᠡᠷ ᠪᠠᠶᠢᠰᠢᠩ ᠢ ᠰᠢᠨᠡᠳᠭᠡᠨ ᠵᠠᠰᠠᠵᠤ᠂ 117 ᠺᠢᠯᠤᠮᠧᠲᠷ | ᠳᠤᠰᠬᠤᠨ ᠳᠤ ᠨᠡᠪᠳᠡᠷᠡᠬᠦ ᠵᠠᠰᠠᠮᠠᠯ ᠵᠠᠮ ᠢ ᠳᠡᠪᠢᠰᠦᠨ᠂ 120 ᠮᠠᠰᠢᠨ ᠬᠤᠳᠳᠤᠭ ᠢ ᠰᠢᠨ᠎ᠡ ᠪᠠᠷ ᠮᠠᠯᠳᠠᠵᠤ᠂ | 430 ᠰᠠᠭᠤᠷᠢ ᠤᠰᠤ ᠴᠡᠪᠡᠷᠰᠢᠭᠦᠯᠬᠦ ᠳᠦᠭᠦᠭᠡᠷᠥᠮᠵᠢ ᠪᠠᠶᠢᠷᠢᠰᠢᠭᠤᠯᠤᠨ᠂ 309 ᠺᠢᠯᠤᠮᠧᠲᠷ ᠳᠣᠣᠷᠯᠢᠭ ᠬᠠᠰᠢᠶ᠎ᠠ | ᠶᠢ ᠰᠢᠨᠡᠴᠢᠯᠡᠨ ᠪᠠᠶᠢᠭᠤᠯᠵᠤ᠂ ᠰᠠᠶᠢᠬᠤᠰᠤ ᠶᠢᠨ ᠳᠠᠷᠢᠶᠠᠨ ᠫᠧᠩ ᠢ 391 ᠰᠠᠭᠤᠷᠢ ᠪᠤᠯᠭᠠᠨ ᠨᠡᠮᠡᠨ ᠪᠠᠶᠢᠭᠤᠯᠵᠣ᠂ | ᠰᠠᠶᠢᠬᠤᠰᠤ ᠭᠠᠴᠠᠭ᠎ᠠ ᠨᠢ ᠪᠦᠬᠦ ᠤᠯᠤᠰ ᠤᠨ ᠣᠷᠴᠢᠨ ᠳᠣᠭᠤᠷᠢᠨ ᠢᠶᠠᠨ ᠴᠡᠭᠴᠡᠯᠡᠬᠦ ᠵᠢᠱᠢᠶ᠎ᠡ ᠦᠵᠡᠭᠦᠯᠬᠦ | ᠳᠤᠰᠬᠤᠨ ᠤ ᠴᠣᠯᠠ ᠶᠢ ᠬᠦᠷᠳᠡᠪᠡ᠃ ᠲᠤᠯᠤᠭᠠᠶᠢᠯᠠᠭᠴᠢ ᠠᠵᠤ ᠠᠬᠤᠶᠢᠯᠠᠯ + ᠮᠠᠯᠵᠢᠬᠤ ᠡᠷᠦᠭᠡ + | ᠬᠤᠷᠰᠢᠶᠠᠵᠢᠯ ᠭᠦᠭᠵᠢᠯᠳᠠ ᠶᠢᠨ ᠬᠡᠯᠪᠡᠷᠢ ᠶᠢ ᠢᠳᠡᠪᠬᠢᠳᠡᠢ ᠲᠡᠳᠭᠦᠨ ᠪᠤᠶᠢᠵᠢᠭᠤᠯᠵᠤ᠂ 4 ᠡᠷᠦᠬᠡ ᠠᠶᠢᠮᠠᠭ ᠤᠨ | ᠳᠡᠰ ᠠᠴᠠ ᠳᠡᠭᠡᠭᠰᠢᠬᠢ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠳᠪᠦᠷᠢᠵᠢᠭᠰᠡᠨ ᠳᠤᠯᠤᠭᠠᠶᠢᠯᠠᠭᠴᠢ ᠠᠵᠤ | ᠠᠬᠤᠶᠢᠯᠠᠯ᠂ 41 ᠡᠷᠦᠬᠡ ᠮᠠᠯᠴᠢᠨ ᠳᠠᠷᠢᠶᠠᠴᠢᠳ ᠤᠨ ᠳᠤᠰᠬᠠᠢ ᠬᠤᠷᠢᠰᠶᠠᠵᠢᠯ᠂ 22 ᠡᠷᠦᠬᠡ ᠭᠡᠷ ᠪᠦᠯᠢ ᠶᠢᠨ | ᠮᠠᠯᠵᠢᠯ ᠤᠨ ᠳᠠᠯᠠᠪᠦᠷ ᠢ ᠳᠡᠳᠭᠦᠨ ᠪᠤᠶᠢᠵᠢᠭᠤᠯᠤᠭᠰᠠᠨ ᠶᠤᠮ᠃ ᠤᠯᠤᠰ ᠤᠨ ᠭᠤᠤᠯᠳᠠᠯᠭ᠎ᠠ ᠲᠠᠢ ᠬᠦᠭᠵᠢᠭᠦᠯᠦᠯᠳᠡ | ᠨᠡᠭᠡᠭᠡᠯᠳᠡ ᠶᠢᠨ ᠳᠤᠷᠰᠢᠯᠳᠠ ᠶᠢᠨ ᠳᠣᠭᠤᠷᠢᠭ ᠤᠨ ᠠᠮᠢ ᠠᠬᠤᠢ ᠤᠷᠴᠢᠨ ᠳᠣᠭᠤᠷᠢᠨ ᠤ ᠵᠠᠰᠠᠨ ᠴᠡᠭᠴᠡᠯᠡᠯᠳᠡ ᠶᠢᠨ | PPP ᠲᠦᠷᠦᠯ ᠵᠦᠢᠯ ᠢ ᠬᠡᠷᠡᠭᠵᠢᠭᠦᠯᠵᠥ᠂ 1500 ᠮᠤ᠋ ᠳᠠᠯᠠᠪᠠᠢ ᠶᠢᠨ ᠣᠶᠢᠵᠢᠭᠤᠯᠣᠯᠳᠠ ᠶᠢ ᠪᠡᠶᠡᠯᠡᠭᠦᠯᠪᠡ᠃ | ᠪᠡᠭᠡᠵᠢᠩ ᠳᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠶᠢ ᠵᠠᠰᠠᠬᠤ ᠢᠨᠵᠧᠨᠧᠷᠢᠩ ᠢ ᠦᠷᠭᠦᠯᠵᠢᠯᠡᠨ | ᠬᠡᠷᠡᠭᠵᠢᠭᠦᠯᠵᠤ᠂ 38. 5 ᠲᠦᠮᠡᠨ ᠮᠤ᠋ ᠳᠤᠤᠷᠯᠠᠨ ᠪᠡᠯᠴᠢᠭᠡᠷᠯᠡᠯᠳᠡ ᠪᠠ ᠡᠯᠡᠰᠥ ᠬᠠᠰᠢᠨ ᠤᠶᠢᠵᠢᠭᠤᠯᠬᠤ ᠳᠦᠰᠥᠯ | ᠢ ᠪᠡᠶᠡᠯᠡᠭᠦᠯᠵᠥ᠂ 2.7 ᠳᠦᠮᠡᠨ ᠳᠡᠭᠰᠢ ᠳᠦᠷᠪᠡᠯᠵᠢᠨ ᠮᠧᠲᠷ ᠳᠠᠯᠠᠪᠠᠢ ᠲᠠᠢ ᠳᠤᠯᠠᠭᠠᠨ ᠫᠧᠩ ᠪᠠ ᠡᠪᠡᠰᠥᠨ ᠫᠧᠩ | ᠪᠠᠶᠢᠭᠤᠯᠵᠤ᠂ 324 ᠪᠠᠶᠢᠷᠢᠰᠢᠯ ᠳᠤ ᠤᠰᠤ ᠬᠡᠮᠨᠡᠭᠦ ᠤᠰᠤᠯᠠᠯᠳᠠ ᠶᠢᠨ ᠳᠦᠭᠦᠭᠡᠷᠥᠮᠵᠢ ᠶᠢ ᠣᠭᠰᠠᠷᠠᠪᠠ᠃ ︽ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠳᠤᠬᠠᠢ ᠬᠡᠷᠡᠭᠵᠢᠭᠦᠯᠬᠦ ᠰᠠᠨᠠᠯ︾ ᠢ | ᠨᠡᠶᠢᠳᠡᠯᠡᠨ ᠬᠡᠷᠡᠭᠵᠢᠭᠦᠯᠵᠣ᠂ ᠳᠠᠯ᠎ᠠ ᠨᠣᠳᠤᠭ ᠤᠨ ᠡᠷᠬᠡ ᠶᠢ ᠳᠣᠳᠣᠯᠠᠨ ᠳᠠᠩᠰᠠᠯᠠᠬᠤ ᠠᠵᠢᠯ ᠢ ᠪᠦᠬᠦ ᠳᠠᠯ᠎ᠠ ᠪᠠᠷ | ᠭᠦᠢᠴᠡᠳᠭᠡᠵᠤ ᠂ ᠠᠩᠬᠠᠳᠣᠭᠠᠷ ᠡᠭᠡᠯᠵᠢ ᠶᠢᠨ ᠳᠠᠯ᠎ᠠ ᠨᠣᠳᠤᠭ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ | ᠪᠤᠳᠤᠯᠭ᠎ᠠ ᠶᠢ ᠬᠡᠷᠡᠭᠵᠢᠭᠦᠯᠵᠣ᠂ ᠪᠡᠯᠴᠢᠭᠡᠷ ᠡᠪᠡᠰᠥᠨ ᠤ ᠤᠷᠭᠤᠴᠠ ᠳᠤᠮᠳᠠᠴᠢ ᠪᠠᠷ 2 ᠰᠡᠨᠲ᠋ᠢᠮᠧᠲᠷ ᠨᠡᠮᠡᠭᠳᠡᠨ᠂ | ᠪᠡᠯᠴᠢᠭᠡᠷ ᠤᠨ ᠪᠦᠷᠭᠦᠴᠡ ᠳᠤᠮᠳᠠᠴᠢ ᠪᠠᠷ 1.7% ᠪᠠᠷ ᠦᠷᠭᠡᠵᠢᠵᠤ᠂ ᠳᠠᠯ᠎ᠠ ᠨᠤᠳᠤᠭ ᠤᠨ ᠠᠮᠢ ᠠᠬᠤᠢ ᠶᠢᠨ | ᠤᠷᠴᠢᠨ ᠦᠷᠭᠦᠯᠵᠢᠯᠡᠨ ᠰᠠᠶᠢᠵᠢᠷᠠᠪᠠ᠃ | ᠳᠠᠪᠤᠨ ᠵᠢᠯ ᠤᠨ ᠳᠤᠷᠰᠢ᠂ ᠪᠢᠳᠡ ᠨᠢᠭᠡᠳᠥᠯᠳᠡᠢ ᠳᠥᠯᠥᠪᠯᠡᠵᠤ ᠨᠡᠶᠢᠳᠡᠮ ᠳᠤ ᠨᠢ ᠵᠤᠬᠢᠴᠠᠭᠤᠯᠬᠤ | ᠬᠥᠭᠵᠢᠯᠳᠡ ᠶᠢᠨ ᠵᠠᠷᠴᠢᠮ ᠢ ᠪᠠᠷᠢᠮᠳᠠᠯᠠᠵᠣ᠂ ᠨᠡᠶᠢᠭᠡᠮ ᠤᠨ ᠠᠵᠢᠯ ᠦᠢᠯᠡᠰ ᠰᠢᠨ᠎ᠡ ᠳᠡᠪᠰᠢᠯᠳᠠ ᠳᠤ ᠠᠬᠢᠪᠠ᠃ | ᠰᠤᠷᠭᠠᠨ ᠬᠦᠮᠦᠵᠢᠯ ᠤᠨ ᠦᠢᠯᠡᠰ ᠳᠣᠭᠳᠠᠭᠤᠨ ᠢᠶᠠᠷ ᠬᠦᠭᠵᠢᠵᠣ᠂ ᠦᠨᠳᠦᠰᠦᠳᠡᠨ ᠤ ᠭᠡᠤᠭᠡᠳ ᠤᠨ ᠴᠡᠴᠡᠷᠯᠢᠭ ᠢ | ᠰᠢᠨ᠎ᠠ ᠪᠠᠷ ᠪᠠᠶᠢᠭᠤᠯᠵᠤ᠂ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠢᠳᠡᠪᠬᠢᠳᠡᠢ ᠳᠡᠮᠵᠢᠨ᠂ ᠬᠡᠦᠬᠡᠳ | ᠤᠨ ᠴᠡᠴᠡᠷᠯᠢᠭ ᠤᠨ ᠦᠨᠳᠦᠰᠦᠨ ᠨᠦᠬᠦᠴᠡᠯ ᠮᠡᠳᠡᠭᠳᠡᠮ᠎ᠡ ᠰᠠᠶᠢᠵᠢᠷᠠᠪᠠ︔ ᠬᠤᠳᠠ ᠶᠢᠨ ᠮᠤᠩᠭᠤᠯ ᠦᠨᠳᠦᠰᠦᠳᠡᠨ | ᠤ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠵᠤ᠂ ᠮᠤᠩᠭᠤᠯ ᠦᠨᠳᠦᠰᠦᠳᠡᠨ | ᠤ ᠳᠤᠮᠳᠠᠳᠤ ᠪᠠᠭ᠎ᠠ ᠰᠤᠷᠭᠠᠭᠤᠯᠢ ᠶᠢ ᠳᠤᠰᠭᠠᠷᠯᠠᠬᠤ ᠠᠵᠢᠯ ᠢ ᠪᠡᠶᠡᠯᠡᠭᠦᠯᠪᠡ︔ ᠤᠯᠤᠰ ᠤᠨ ᠠᠯᠪᠠᠨ ᠵᠢᠷᠤᠮ ᠤᠨ | ᠰᠤᠷᠭᠠᠨ ᠬᠥᠮᠥᠵᠢᠯ ᠤᠨ ᠳᠡᠩᠴᠡᠭᠦᠷᠢᠳᠡᠢ ᠬᠦᠭᠵᠢᠯᠳᠡ ᠶᠢ ᠰᠢᠯᠭᠠᠨ ᠬᠤᠷᠢᠶᠠᠬᠤ ᠠᠵᠢᠯ ᠢ ᠣᠷᠣᠭᠰᠢᠳᠠᠢ | ᠦᠩᠭᠡᠷᠡᠭᠡᠵᠣ᠂ ᠰᠤᠷᠭᠠᠨ ᠬᠦᠮᠥᠵᠢᠯ ᠤᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠣᠯᠳᠠ ᠶᠢ ᠪᠦᠷᠢᠨ ᠪᠦᠷᠭᠦᠵᠢᠭᠦᠯᠵᠥ | ᠂ ᠳᠤᠮᠳᠠᠳᠤ ᠰᠤᠷᠭᠠᠭᠤᠯᠢ ᠪᠠ ᠶᠡᠭᠡ ᠳᠡᠭᠡᠳᠥ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠳᠠ ᠶᠢᠨ ᠬᠢᠷᠢ | ᠪᠦᠳᠥᠮᠵᠢ ᠶᠢ ᠪᠦᠬᠦ ᠠᠶᠢᠮᠠᠭ ᠤᠨ ᠬᠡᠪᠴᠢᠶᠡᠨ ᠤ ᠪᠠᠶᠢᠷᠢ ᠳᠠᠷᠠᠭᠠᠯᠠᠯ ᠢ ᠣᠷᠣᠭᠰᠢᠯᠠᠭᠤᠯᠪᠠ᠃ ᠳᠡᠭᠡᠳᠤ ᠵᠡᠷᠭᠡ ᠶᠢᠨ | ᠰᠤᠷᠭᠠᠨ ᠬᠦᠮᠥᠵᠢᠯ ᠨᠢ ᠦᠭᠡᠢ ᠪᠠᠶᠢᠭᠰᠠᠨ ᠠᠴᠠ ᠪᠠᠨ ᠪᠠᠶᠢᠬᠤ ᠪᠤᠯᠵᠤ᠂ ᠦᠪᠦᠷ ᠮᠤᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠡᠷᠢᠶᠡᠨ ᠬᠤᠳᠠ ᠶᠢᠨ ᠤᠯᠠᠨ ᠤᠯᠤᠰ ᠤᠨ ᠳᠡᠭᠡᠳᠤ ᠰᠤᠷᠭᠠᠭᠤᠯᠢ ᠶᠢ ᠪᠠᠶᠢᠭᠤᠯᠵᠤ᠂ ᠰᠤᠷᠭᠠᠨ | ᠬᠦᠮᠦᠵᠢᠯ ᠤᠨ ᠵᠦᠭᠡᠯᠡᠨ ᠬᠠᠳᠠᠭᠤ ᠲᠤᠨᠤᠭ ᠤᠨ ᠭᠦᠭᠵᠢᠯᠳᠠ ᠶᠢᠨ ᠨᠦᠬᠦᠴᠡᠯ ᠢ ᠮᠡᠳᠡᠭᠳᠡᠮ᠎ᠠ ᠰᠠᠶᠢᠵᠢᠷᠠᠭᠤᠯᠪᠠ᠃ | ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠳᠠᠯ᠎ᠠ ᠪᠠᠷ | ᠭᠦᠨᠵᠡᠭᠡᠶᠢᠷᠡᠭᠦᠯᠵᠥ᠂ ᠡᠮ ᠤᠨ ᠵᠦᠢᠯ ᠤᠨ ᠨᠡᠮᠡᠯᠳᠡ ᠦᠨ᠎ᠡ ᠶᠢ ᠦᠭᠡᠶᠢᠰᠭᠡᠵᠥ᠂ ᠡᠪᠡᠳᠴᠢᠨ ᠤ ᠳᠦᠷᠥᠯ ᠢᠶᠠᠷ | ᠰᠦᠢᠳᠭᠡᠯ ᠬᠤᠷᠢᠶᠠᠬᠤ ᠳᠦᠷᠢᠮ ᠢ ᠬᠡᠷᠡᠭᠵᠢᠭᠦᠯᠥᠨ᠂ ᠭᠤᠤᠯᠳᠠᠯᠭ᠎ᠠ ᠲᠠᠢ ᠮᠡᠷᠭᠡᠵᠢᠯ ᠤᠨ ᠰᠠᠯᠪᠤᠷᠢ ᠪᠠ ᠡᠮᠴᠢᠯᠡᠬᠦ | ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠣ᠂ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ | ᠣᠯᠠᠨ ᠣᠯᠣᠰ ᠤᠨ ᠪᠠᠴᠢᠮ ᠠᠪᠤᠷᠠᠯᠳᠠ ᠶᠢᠨ ᠲᠦᠪ ᠢ ᠡᠬᠢᠯᠡᠨ ᠪᠠᠶᠢᠭᠤᠯᠵᠤ᠂ ᠡᠷᠢᠶᠡᠨ ᠬᠤᠳᠠ ᠶᠢᠨ ᠮᠤᠩᠭᠤᠯ | ᠬᠢᠳᠠᠳ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠳᠡᠰ ᠤᠨ ᠬᠥᠭᠡᠭᠴᠢᠨ ᠵᠡᠷᠭᠡᠯᠡᠯ ᠤᠨ ᠦᠨᠳᠦᠰᠦᠳᠡᠨ ᠤ ᠡᠮᠨᠡᠯᠭᠡ | ᠶᠢᠨ ᠬᠤᠷᠢᠶ᠎ᠠ ᠪᠠᠷ᠂ ᠬᠤᠳᠠ ᠶᠢᠨ ᠡᠮᠨᠡᠯᠭᠡ ᠶᠢᠨ ᠬᠤᠷᠢᠶ᠎ᠠ ᠨᠢ ᠬᠤᠶᠠᠳᠤᠭᠠᠷ ᠳᠡᠰ ᠤᠨ ᠬᠥᠭᠡ ᠵᠡᠷᠭᠡᠯᠡᠯ ᠤᠨ | ᠡᠮᠨᠡᠯᠭᠡ ᠶᠢᠨ ᠬᠤᠷᠢᠶ᠎ᠠ ᠪᠠᠷ ᠳᠤᠰ ᠳᠤᠰ ᠦᠨᠡᠯᠡᠭᠳᠡᠪᠠ᠃ ᠰᠤᠶᠣᠯ ᠳᠠᠮᠢᠷ ᠤᠨ ᠠᠵᠢᠯ ᠦᠢᠯᠡᠰ ᠢ ᠶᠡᠬᠡᠪᠡᠷ | ᠬᠦᠭᠵᠢᠭᠦᠯᠵᠣ᠂ ᠳᠣᠣᠷ ᠪᠦᠮᠪᠦᠭᠡ ᠶᠢᠨ ᠨᠡᠶᠢᠭᠡᠮᠯᠢᠭ ᠤᠨ ᠬᠡᠢ ᠪᠦᠷᠬᠦᠪᠴᠡᠳᠤ ᠳᠠᠮᠢᠷ ᠤᠨ ᠣᠷᠳᠣᠨ ᠵᠡᠷᠭᠡ ᠡᠯ᠎ᠡ | ᠳᠦᠷᠥᠯ ᠤᠨ ᠰᠤᠶᠤᠯ ᠳᠠᠮᠢᠷ ᠤᠨ ᠬᠦᠳᠡᠯᠭᠡᠭᠡᠨ ᠤ ᠳᠠᠯᠠᠪᠣᠷ ᠢ 73 ᠪᠠᠶᠢᠷᠢᠰᠢᠯ ᠳᠤ ᠪᠠᠶᠢᠭᠤᠯᠣᠨ᠂ 320 ᠭᠠᠷᠤᠢ | ᠤᠳᠠᠭ᠎ᠠ ᠦᠨᠳᠦᠰᠥᠨ ᠱᠠᠳᠤᠨ ᠳᠤ ᠪᠠᠭᠤᠵᠤ ᠰᠤᠶᠤᠯ ᠢᠶᠠᠷ ᠠᠷᠠᠳ ᠢ ᠬᠠᠷᠭᠠᠯᠵᠠᠬᠤ ᠳᠤᠭᠯᠠᠯᠳᠠ ᠶᠢ ᠵᠤᠬᠢᠶᠠᠨ | ᠪᠠᠶᠢᠭᠤᠯᠵᠤ᠂ ᠳᠤᠮᠳᠠᠳᠤ ᠮᠤᠩᠭᠤᠯ ᠤᠨ ᠤᠯᠠᠨ ᠤᠯᠤᠰ ᠤᠨ ᠨᠠᠭᠠᠳᠤᠮ ᠨᠢ ᠤᠷᠤᠨ ᠤ ᠳᠡᠰ ᠤᠨ ᠤᠨᠴᠠᠯᠢᠭᠲᠤ | ᠨᠡᠷ᠎ᠡ ᠳᠡᠮᠳᠡᠭᠳᠣ ᠬᠦᠳᠡᠯᠭᠡᠭᠡᠨ ᠢᠶᠠᠷ ᠦᠨᠡᠯᠡᠭᠳᠡᠪᠡ᠃ ︽ᠳᠦᠮᠡᠨ ᠭᠠᠵᠠᠷ ᠤᠨ ᠴᠠᠢ ᠶᠢᠨ ᠵᠠᠮ︾ ᠢ ᠪᠤᠳᠠᠰ ᠤᠨ | ᠪᠤᠰᠤ ᠰᠤᠶᠤᠯ ᠤᠨ ᠥᠪ ᠳᠤ ᠪᠦᠷᠢᠳᠭᠡᠭᠦᠯᠬᠦ ᠪᠠᠷ ᠬᠠᠮᠳᠣᠷᠠᠨ ᠭᠤᠶᠣᠴᠢᠯᠠᠬᠤ ᠠᠵᠢᠯ ᠢ ᠳᠦᠯᠬᠢᠨ ᠠᠬᠢᠭᠤᠯᠵᠤ᠂ | ᠡᠷᠢᠶᠡᠨ ᠬᠤᠳᠠ ᠶᠢᠨ ᠴᠠᠢ ᠶᠢᠨ ᠵᠠᠮ ᠮᠦᠽᠸᠢ ᠶᠢ ᠪᠠᠶᠢᠭᠤᠯᠣᠨ ᠨᠡᠭᠡᠭᠡᠵᠣ᠂ ᠬᠤᠳᠠ ᠶᠢᠨ ᠨᠤᠮ ᠤᠨ ᠰᠠᠩ ᠤᠨ | ᠭᠤᠤᠯ ᠴᠤᠭᠴᠠ ᠶᠢᠨ ᠪᠦᠳᠦᠭᠡᠨ ᠪᠠᠶᠢᠭᠤᠯᠤᠯᠳᠠ ᠶᠢ ᠳᠠᠭᠤᠰᠬᠠᠵᠤ᠂ ᠦᠨᠳᠦᠰᠥᠲᠡᠨ ᠤ ᠤᠷᠠᠯᠢᠭ ᠤᠨ ᠪᠦᠯᠬᠦᠮ ᠨᠢ | ᠫᠠᠶᠢᠰᠠ ᠡᠯᠭᠦᠨ ᠤᠯᠠᠭᠠᠨᠮᠦ᠋ᠴᠢᠷ ᠭᠡᠳᠡᠭ ᠨᠡᠷ᠎ᠡ ᠢᠶᠠᠨ ᠳᠠᠬᠢᠨ ᠰᠡᠷᠭᠦᠭᠡᠪᠠ᠃ ᠢᠳᠡᠭᠡᠨ ᠪᠤᠯᠤᠨ ᠡᠮ ᠤᠨ ᠵᠦᠢᠯᠡᠰ | ᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠢᠳᠡᠭᠡᠨ ᠪᠤᠯᠤᠨ ᠡᠮ ᠤᠨ ᠵᠦᠢᠯᠡᠰ ᠤᠨ ᠪᠠᠶᠢᠭᠤᠯᠤᠮᠵᠢ ᠶᠢᠨ | ᠦᠭᠡᠷᠡᠴᠢᠯᠡᠯᠳᠡ ᠪᠠ ᠡᠭᠦᠷᠭᠡ ᠴᠢᠳᠠᠪᠬᠢ ᠶᠢᠨ ᠳᠣᠬᠢᠷᠠᠭᠤᠯᠣᠯᠳᠠ ᠶᠢ ᠪᠡᠶᠡᠯᠡᠭᠦᠯᠵᠣ᠂ ᠣᠬᠤᠴᠢᠯᠠᠨ ᠨᠡᠬᠡᠮᠵᠢᠯᠡᠬᠦ | ᠰᠢᠰᠲ᠋ᠧᠮ ᠤᠨ ᠳᠣᠷᠰᠢᠯᠳᠠ ᠶᠢᠨ ᠴᠡᠭ ᠤᠨ ᠪᠠᠶᠢᠭᠤᠯᠣᠯᠳᠠ ᠶᠢ ᠦᠷᠨᠢᠭᠦᠯᠵᠤ᠂ ᠵᠢᠶᠦ᠋ᠨ ᠸᠧᠢ ᠢᠳᠡᠭᠡᠨ ᠤ ᠵᠦᠢᠯᠡᠰ | ᠢ ᠪᠣᠯᠪᠠᠰᠤᠷᠠᠭᠤᠯᠬᠤ ᠠᠵᠤ ᠦᠢᠯᠡᠳᠪᠦᠷᠢ ᠶᠢᠨ ᠬᠦᠷᠢᠶᠡᠯᠡᠩ ᠢ ᠪᠠᠶᠢᠭᠤᠯᠵᠤ᠂ ᠠᠷᠠᠳ ᠣᠯᠠᠨ ᠤ ᠢᠳᠡᠭᠡᠨ ᠪᠣᠯᠣᠨ | ᠡᠮ ᠤᠨ ᠵᠦᠢᠯᠡᠰ ᠢ ᠬᠡᠷᠡᠭᠯᠡᠬᠦ ᠳᠤ ᠠᠶᠣᠯᠭᠦᠢ ᠪᠠᠶᠢᠬᠤ ᠶᠢ ᠪᠦᠲᠦᠮᠵᠢᠳᠡᠢ ᠪᠠᠳᠣᠯᠠᠪᠠ᠃ ᠨᠡᠶᠢᠭᠡᠮ ᠳᠤᠭᠤᠷᠢᠭ ᠤᠨ | ᠬᠠᠮᠢᠶᠠᠷᠤᠯᠳᠠ ᠶᠢᠨ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠠᠮᠵᠢᠯᠳᠠ ᠲᠠᠢ ᠪᠡᠶᠡᠯᠡᠭᠦᠯᠵᠣ᠂ ᠨᠡᠶᠢᠭᠡᠮ ᠳᠤᠭᠤᠷᠢᠭ | ᠤᠨ ᠦᠢᠯᠡᠴᠢᠯᠡᠭᠡ ᠬᠠᠮᠢᠶᠠᠷᠣᠯᠳᠠ ᠨᠢ ᠬᠠᠪᠳᠠᠭᠠᠶᠢᠷᠠᠬᠤ᠂ ᠰᠦᠯᠵᠢᠶᠡᠵᠢᠨ ᠬᠡᠰᠡᠭᠴᠢᠯᠡᠬᠦ᠂ ᠰᠣᠷᠠᠭ ᠵᠠᠩᠬᠢᠵᠢᠬᠤ᠂ | ᠪᠠᠷᠢᠮᠵᠢᠶᠠᠵᠢᠬᠤ ᠶᠢ ᠪᠡᠶᠡᠯᠡᠭᠦᠯᠵᠣ᠂ ᠤᠯᠤᠰ ᠤᠨ ᠠᠷᠠᠳ ᠤᠨ ᠶᠠᠪᠤᠳᠠᠯ ᠤᠨ ᠶᠠᠮᠣᠨ ᠠᠴᠠ ᠦᠷᠨᠢᠭᠦᠯᠥᠭᠰᠡᠨ ︽ | ᠬᠤᠶᠠᠳᠠᠬᠢ ᠪᠦᠯᠥᠭ ᠤᠨ ᠪᠦᠬᠦ ᠤᠯᠤᠰ ᠤᠨ ᠨᠡᠶᠢᠭᠡᠮ ᠳᠤᠭᠤᠷᠢᠭ ᠤᠨ ᠴᠡᠭᠴᠡᠯᠡᠯᠳᠡ ᠪᠠ ᠦᠢᠯᠡᠴᠢᠯᠡᠭᠡ ᠳᠤ ᠰᠢᠨ᠎ᠡ | ᠶᠢ ᠡᠭᠦᠳᠬᠦ ᠳᠤᠷᠰᠢᠯᠳᠠ ᠶᠢᠨ ᠣᠷᠣᠨ︾ ᠤ ᠳᠦᠷᠥᠯ ᠵᠦᠢᠯ ᠤᠨ ᠠᠵᠢᠯ ᠢ ᠳᠠᠭᠤᠰᠬᠠᠨ ᠰᠢᠯᠭᠠᠨ ᠬᠤᠷᠢᠶᠠᠬᠤ ᠶᠢ | ᠣᠷᠣᠭᠰᠢᠳᠠᠢ ᠦᠩᠬᠡᠷᠡᠪᠡ᠃ | ᠳᠠᠪᠤᠨ ᠵᠢᠯ ᠤᠨ ᠳᠣᠷᠰᠢ᠂ ᠪᠢᠳᠡ ᠠᠷᠠᠳ ᠤᠨ ᠠᠮᠢᠵᠢᠷᠠᠭᠠᠨ ᠤ ᠳᠦᠪᠰᠢᠨ ᠢ ᠦᠷᠭᠦᠯᠵᠢᠯᠡᠨ | ᠰᠠᠶᠢᠵᠢᠷᠠᠭᠤᠯᠣᠨ ᠪᠠᠳᠣᠯᠠᠵᠣ᠂ ᠠᠷᠠᠳ ᠢᠷᠭᠡᠳ ᠤᠨ ᠠᠮᠢᠳᠣᠷᠠᠯ ᠤᠨ ᠲᠥᠪᠰᠢᠨ ᠰᠢᠨ᠎ᠡ ᠳᠡᠭᠡᠭᠰᠢᠯᠡᠯᠳᠡ ᠲᠠᠢ | ᠪᠣᠯᠪᠠ᠃ ︽ᠠᠷᠠᠳ ᠤᠯᠠᠨ ᠢᠶᠠᠷ ᠢᠶᠠᠨ ᠦᠢᠯᠡᠰ ᠪᠦᠲᠦᠭᠡᠵᠣ᠂ ᠪᠦᠬᠦ ᠨᠡᠶᠢᠭᠡᠮ ᠢᠶᠠᠷ ᠢᠶᠠᠨ ᠰᠢᠨ᠎ᠡ ᠶᠢ ᠡᠭᠦᠳᠬᠦ︾ | ᠠᠵᠢᠯ ᠶᠢ ᠪᠦᠬᠦ ᠳᠠᠯ᠎ᠠ ᠪᠠᠷ ᠲᠦᠯᠬᠢᠨ ᠠᠬᠢᠭᠤᠯᠵᠤ᠂ ᠲᠢᠶᠠᠨ ᠯᠢ ᠦᠢᠯᠡᠰ ᠪᠦᠲᠦᠭᠡᠬᠦ ᠰᠠᠭᠤᠷᠢᠨ ᠭᠠᠵᠠᠷ᠂ | ᠡᠯᠧᠺᠲᠷᠤᠨ ᠬᠤᠳᠠᠯᠳᠤᠭ᠎ᠠ ᠪᠤᠯᠤᠨ ᠰᠢᠨ᠎ᠡ ᠶᠢ ᠡᠭᠦᠳᠦᠨ ᠦᠢᠯᠡᠰ ᠪᠤᠰᠬᠠᠬᠤ ᠰᠠᠭᠤᠷᠢᠨ ᠭᠠᠵᠠᠷ ᠵᠢᠴᠢ | ᠦᠨᠳᠦᠰᠦᠳᠡᠨ ᠤ ᠰᠣᠶᠣᠯ ᠤᠨ ᠦᠢᠯᠡᠰ ᠡᠷᠬᠢᠯᠡᠬᠦ ᠬᠦᠷᠢᠶᠡᠯᠡᠩ ᠵᠡᠷᠭᠡ ᠶᠢ ᠪᠦᠳᠦᠭᠡᠨ ᠪᠠᠶᠢᠭᠤᠯᠵᠤ᠂ ᠨᠡᠶᠢᠲᠡ | 3848 ᠬᠦᠮᠦᠨ ᠳᠤ ᠠᠵᠢᠯ ᠤᠯᠭᠤᠨ᠂ ᠬᠤᠲᠠ ᠪᠠᠯᠭᠠᠰᠦᠨ ᠤ ᠠᠵᠢᠯ ᠠᠯᠳᠠᠬᠤ ᠨᠣᠷᠮ᠎ᠠ ᠶᠢ 2.4% ᠶᠢᠨ | ᠲᠤᠲᠤᠷ᠎ᠠ ᠬᠢᠵᠠᠭᠠᠷᠯᠠᠵᠤ ᠴᠢᠳᠠᠭᠰᠠᠨ ᠪᠠᠶᠢᠨ᠎ᠠ᠃ ︽ᠴᠢᠳᠠᠪᠦᠷᠢᠲᠠᠨ ᠢᠶᠠᠷ ᠬᠤᠳᠠ ᠪᠠᠨ ᠬᠦᠭᠵᠢᠭᠦᠯᠭᠦ︾ ᠪᠠᠶᠢᠯᠳᠤᠬᠤ | ᠪᠤᠳᠣᠯᠭ᠎ᠠ ᠶᠢ ᠬᠡᠷᠡᠭᠵᠢᠭᠦᠯᠵᠤ᠂ ᠨᠡᠶᠢᠲᠡ 22 ᠨᠡᠷᠡᠰ ᠰᠤᠳᠤᠯᠬᠤ ᠰᠣᠷᠣᠭᠴᠢ ᠶᠢ ᠠᠵᠢᠯ ᠳᠤ ᠠᠪᠴᠤ᠂ 294 | ᠨᠡᠷᠡᠰ ᠠᠵᠢᠯ ᠦᠢᠯᠡᠰ ᠤᠨ ᠨᠢᠭᠡᠴᠡ ᠶᠢᠨ ᠠᠵᠢᠯᠳᠠᠳ ᠢ ᠡᠯᠰᠡᠨ ᠠᠪᠴᠤ᠂ 290 ᠨᠡᠷᠡᠰ ︽ᠭᠤᠷᠪᠠ ᠶᠢ ᠲᠡᠮᠵᠢᠵᠦ | ᠨᠢᠭᠡ ᠶᠢ ᠳᠡᠳᠭᠦᠭᠦ ᠬᠦᠮᠦᠰ︾ ᠪᠠ ᠨᠡᠶᠢᠭᠡᠮ ᠲᠣᠭᠤᠷᠢᠭ ᠤᠨ ᠰᠠᠶᠢᠨ ᠳᠣᠷᠠᠴᠣᠳ ᠢ ᠪᠠᠶᠢᠷᠢᠯᠠᠭᠤᠯᠵᠤ᠂ 712 | ᠨᠡᠷᠡᠰ ᠲᠤᠰᠬᠠᠢ ᠮᠡᠷᠭᠡᠵᠢᠯ ᠤᠨ ᠠᠵᠢᠯᠲᠠᠨ ᠳᠤ ᠮᠡᠷᠭᠡᠵᠢᠯ ᠤᠨ ᠴᠣᠯᠠ ᠣᠯᠭᠤᠵᠤ ᠠᠵᠢᠯᠯᠠᠭᠤᠯᠬᠤ ᠠᠰᠠᠭᠤᠳᠠᠯ ᠢ | ᠰᠢᠢᠳᠪᠦᠷᠢᠯᠡᠭᠰᠡᠨ ᠪᠠᠶᠢᠨ᠎ᠠ᠃ ᠨᠡᠶᠢᠭᠡᠮ ᠤᠨ ᠳᠠᠭᠠᠳᠬᠠᠯ ᠤᠨ ᠬᠠᠮᠣᠷᠬᠤ ᠬᠦᠷᠢᠶ᠎ᠡ ᠶᠢ ᠴᠢᠨᠠᠭᠰᠢᠳᠠ ᠥᠷᠭᠡᠳᠬᠡᠵᠦ᠂ | ᠬᠤᠲᠠ ᠪᠠᠯᠭᠠᠰᠦᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ︽ᠨᠢᠭᠡ ᠳᠠᠭᠠᠳᠬᠠᠯ | ᠳᠤ ᠣᠷᠣᠯᠴᠠᠪᠠᠯ ᠳᠠᠪᠣᠨ ᠪᠠᠳᠣᠯᠠᠭ᠎ᠠ ᠬᠠᠩᠭᠠᠬᠤ︾ ᠰᠢᠨ᠎ᠡ ᠲᠦᠯᠦᠪ ᠪᠠᠶᠢᠳᠠᠯ ᠢ ᠪᠣᠢ ᠪᠣᠯᠭᠠᠵᠣ᠂ ᠬᠤᠲᠠ | ᠪᠠᠯᠭᠠᠰᠦᠨ ᠤ ᠰᠠᠭᠤᠭᠠᠯᠢ ᠠᠷᠠᠳ ᠤᠨ ᠦᠨᠳᠦᠰᠦᠨ ᠨᠠᠰᠣᠵᠢᠯ ᠤᠨ ᠳᠠᠭᠠᠳᠬᠠᠯ ᠤᠨ ᠦᠨᠳᠦᠰᠦᠨ ᠠᠰᠠᠷᠠᠮᠵᠢ ᠶᠢᠨ | ᠮᠥᠩᠭᠦ ᠶᠢᠨ ᠪᠠᠷᠢᠮᠵᠢᠶ᠎ᠠ ᠨᠢ ᠪᠦᠬᠦ ᠣᠷᠣᠨ ᠤ ᠲᠡᠷᠢᠭᠦᠨ ᠡᠩᠨᠡᠭᠡᠨ ᠳᠤ ᠵᠢᠭᠰᠠᠭᠠᠭᠳᠠᠨ᠂ ᠮᠠᠯᠴᠢᠳ ᠤᠨ | ᠨᠠᠰᠣᠵᠢᠯ ᠤᠨ ᠲᠠᠭᠠᠳᠬᠠᠯ ᠳᠤ ᠬᠠᠮᠣᠷᠣᠭᠳᠠᠭᠰᠠᠨ ᠬᠡᠮᠵᠢᠶ᠎ᠡ 100% ᠳᠤ ᠬᠦᠷᠦᠭᠰᠠᠨ ᠪᠠᠶᠢᠨ᠎ᠠ᠃ ᠬᠤᠲᠠ | ᠪᠠᠯᠭᠠᠰᠦᠨ ᠤ ᠳᠣᠣᠷ᠎ᠠ ᠪᠠᠳᠤᠯᠠᠭᠠᠨ ᠤ ᠨᠦᠬᠦᠪᠦᠷᠢ ᠪᠠ ᠬᠤᠳᠠ ᠴᠡᠪᠡᠷᠯᠡᠭᠴᠢ ᠠᠵᠢᠯᠴᠢᠳ ᠤᠨ ᠰᠠᠷ᠎ᠠ ᠶᠢᠨ ᠴᠠᠯᠢᠩ | ᠬᠥᠯᠥᠰᠥ ᠶᠢᠨ ᠪᠠᠷᠢᠮᠵᠢᠶ᠎ᠠ ᠶᠢ ᠲᠣᠰ ᠲᠣᠰ 700 ᠲᠦᠭᠦᠷᠢᠭ ᠪᠠ 2200 ᠲᠦᠭᠦᠷᠢᠭ ᠬᠦᠷᠲᠡᠯ᠎ᠡ ᠨᠡᠮᠡᠭᠳᠡᠭᠦᠯᠵᠥ᠂ | ᠠᠷᠠᠳ ᠤᠨ ᠠᠮᠢᠵᠢᠷᠠᠭᠠᠨ ᠤ ᠳᠦᠪᠰᠢᠨ ᠤ ᠭᠤᠤᠯ ᠵᠢᠭᠠᠯᠳᠠ ᠳᠤᠭ᠎ᠠ ᠨᠤᠭᠤᠳ ᠦᠷᠭᠦᠯᠵᠢᠯᠡᠨ ᠪᠦᠬᠦ ᠣᠷᠣᠨ ᠪᠠ | ᠠᠶᠢᠮᠠᠭ ᠤᠨ ᠲᠡᠷᠢᠭᠦᠨ ᠡᠩᠨᠡᠭᠡᠨ ᠳᠤ ᠵᠢᠭᠰᠠᠭᠠᠭᠳᠠᠪᠠ᠃ ᠶᠠᠳᠠᠭᠤ ᠶᠢ ᠲᠡᠳᠬᠦᠬᠦ ᠠᠵᠢᠯ ᠮᠡᠳᠡᠭᠳᠡᠮ᠎ᠠ ᠠᠮᠵᠢᠯᠳᠠ | ᠤᠯᠵᠤ᠂ ᠣᠯᠣᠰ ᠤᠨ ᠶᠠᠳᠠᠭᠤ ᠶᠢᠨ ᠱᠣᠭᠤᠮ ᠠᠴᠠ ᠳᠣᠣᠷ᠎ᠠ ᠪᠠᠶᠢᠭ᠎ᠠ ᠳᠠᠩᠰᠠ ᠪᠠᠶᠢᠭᠤᠯᠵᠤ ᠺᠠᠷᠲ ᠤᠯᠭᠤᠭᠰᠠᠨ | 31 ᠡᠷᠦᠭᠡ ᠶᠢᠨ 87 ᠬᠦᠮᠥᠰ ᠪᠦᠬᠦᠳᠡᠭᠡᠷ ᠢᠶᠠᠨ ᠶᠠᠳᠠᠭᠤ ᠠᠴᠠ ᠳᠤᠭᠳᠠᠪᠦᠷᠢᠳᠠᠢ ᠠᠩᠬᠢᠵᠢᠷᠠᠪᠠ᠃ ᠳᠣᠣᠷ᠎ᠠ | ᠤᠷᠤᠯᠭᠠᠳᠤ ᠬᠦᠮᠦᠰ ᠢ ᠬᠠᠪᠰᠣᠷᠣᠨ ᠳᠡᠳᠭᠦᠬᠦ ᠠᠵᠢᠯ ᠳᠤ ᠰᠢᠨ᠎ᠡ ᠶᠢ ᠡᠬᠦᠳᠦᠨ᠂ 56 ᠡᠷᠦᠬᠡ ᠳᠣᠣᠷ᠎ᠠ | ᠤᠷᠤᠯᠭᠠᠳᠤ ᠭᠡᠷ ᠪᠦᠯᠢ ᠶᠠᠳᠠᠭᠤ ᠠᠴᠠ ᠳᠤᠭᠳᠠᠪᠦᠷᠢᠳᠠᠢ ᠠᠩᠬᠢᠵᠢᠷᠠᠭᠰᠠᠨ ᠪᠠᠶᠢᠨ᠎ᠠ᠃ ᠠᠰᠠᠷᠠᠮᠵᠢ ᠶᠢᠨ | ᠦᠢᠯᠡᠴᠢᠯᠡᠭᠡᠨ ᠤ ᠦᠢᠯᠡᠰ ᠡᠬᠢᠯᠡᠨ ᠬᠦᠭᠵᠢᠵᠤ᠂ ᠵᠢᠦᠢ ᠹᠦ᠋ ᠰᠢᠶᠠᠩ ᠠᠰᠠᠷᠠᠮᠵᠢ ᠶᠢᠨ ᠬᠦᠷᠢᠶᠡᠯᠡᠩ ᠤᠨ ᠭᠤᠣᠯ | ᠴᠣᠭᠴᠠ ᠶᠢᠨ ᠪᠦᠳᠦᠭᠡᠨ ᠪᠠᠶᠢᠭᠤᠯᠤᠯᠳᠠ ᠶᠢ ᠳᠠᠭᠤᠰᠬᠠᠵᠤ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠶᠢ | ᠳᠠᠳᠠᠨ ᠣᠷᠣᠭᠤᠯᠵᠣ᠂ ︽ᠬᠤᠶᠠᠷ ᠣᠯᠣᠰ ᠭᠤᠷᠪᠠᠨ ᠭᠠᠵᠠᠷ︾ ᠬᠡᠯᠪᠡᠷᠢ ᠶᠢᠨ ᠬᠠᠷᠢᠶ᠎ᠠ ᠪᠤᠰᠤ ᠭᠠᠵᠠᠷ | ᠲᠤ ᠨᠠᠰᠣᠲᠠᠨ ᠢ ᠠᠰᠠᠷᠠᠬᠤ ᠳᠦᠷᠦᠯ ᠵᠦᠢᠯ ᠢ ᠣᠷᠣᠭᠰᠢᠳᠠᠢ ᠬᠡᠷᠡᠭᠵᠢᠭᠦᠯᠵᠣ᠂ 323 ᠨᠠᠰᠦᠲᠠᠨ ᠤ ︽ᠵᠤᠭᠠᠴᠠᠵᠤ | ᠰᠠᠭᠤᠷᠢᠰᠢᠬᠤ ᠮᠠᠶ᠋ᠢᠭ︾ ᠤᠨ ᠨᠠᠰᠣᠵᠢᠯ ᠤᠨ ᠠᠰᠠᠷᠠᠮᠵᠢ ᠶᠢ ᠪᠡᠶᠡᠯᠠᠭᠦᠯᠪᠡ᠃ 2 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠵᠤ 116 ᠬᠠᠭᠤᠴᠢᠨ ᠬᠤᠷᠢᠶᠠᠯᠠᠯ ᠢ ᠶᠠᠷᠦᠶᠢᠩᠭᠡᠶᠢᠯᠡᠨ ᠵᠠᠰᠠᠨ ᠰᠢᠨᠡᠴᠢᠯᠡᠬᠦ ᠪᠠ 30 ᠭᠠᠷᠤᠢ ᠲᠦᠮᠡᠨ | ᠲᠡᠭᠰᠢ ᠲᠦᠷᠪᠡᠯᠵᠢᠨ ᠮᠧᠲᠷ ᠳᠠᠯᠠᠪᠠᠢ ᠭᠠᠵᠠᠷ ᠤᠨ ᠡᠨᠧᠷᠬᠢ ᠬᠡᠮᠨᠡᠬᠦ ᠰᠢᠨᠡᠴᠢᠯᠡᠯᠳᠡ ᠶᠢ ᠳᠠᠭᠤᠰᠬᠠᠪᠠ᠃ ᠬᠤᠶᠠᠷ ᠢ | ᠬᠦᠷᠢᠶᠠᠯᠡᠬᠦ ᠠᠵᠢᠯ ᠢ ᠦᠷᠬᠦᠯᠵᠢᠯᠡᠨ ᠪᠠᠳᠣᠳᠬᠠᠵᠣ᠂ ᠴᠡᠷᠢᠭ ᠠᠴᠠ ᠬᠠᠯᠠᠭᠳᠠᠨ ᠠᠵᠢᠯ ᠰᠢᠯᠵᠢᠭᠰᠡᠳ ᠪᠣᠯᠣᠨ ᠴᠡᠷᠢᠭ | ᠠᠴᠠ ᠬᠠᠯᠠᠭᠳᠠᠭᠰᠠᠳ ᠢ ᠨᠡᠶᠢᠳᠡ 93 ᠬᠦᠮᠦᠨ ᠢ ᠲᠦᠪᠬᠢᠨᠡᠭᠦᠯᠦᠨ᠂ ᠲᠦᠪᠬᠢᠨᠡᠭᠦᠯᠦᠭᠰᠡᠨ ᠨᠣᠷᠮ᠎ᠠ 100% ᠳᠤ | ᠬᠦᠷᠴᠦ᠂ ᠵᠢᠷᠦᠬᠡ ᠬᠦᠬᠡ ᠪᠠᠷᠢᠭᠠᠳ᠋ ᠲᠠᠢ ᠴᠡᠷᠢᠭ ᠪᠠ ᠣᠷᠣᠨ ᠨᠣᠳᠤᠭ ᠬᠠᠮᠳᠣᠷᠠᠨ ᠪᠠᠶᠢᠭᠤᠯᠬᠤ ᠰᠠᠨᠠᠮᠵᠢ ᠪᠢᠴᠢᠭ | ᠢ ᠳᠣᠭᠳᠠᠭᠠᠵᠣ᠂ ︽ᠪᠦᠬᠦ ᠣᠯᠣᠰ ᠤᠨ ᠬᠤᠶᠠᠷ ᠢ ᠬᠦᠷᠢᠶᠠᠯᠡᠬᠦ ᠵᠢᠱᠢᠶᠡᠴᠢ ᠬᠤᠲᠠ︾ ᠶᠢᠨ ᠴᠣᠯᠠ ᠶᠢ | ᠦᠷᠭᠦᠯᠵᠢᠯᠡᠨ ᠭᠤᠷᠪᠠ ᠤᠳᠠᠭ᠎ᠠ ᠬᠦᠷᠳᠡᠪᠡ᠃ | ᠳᠠᠪᠣᠨ ᠵᠢᠯ ᠤᠨ ᠳᠣᠷᠰᠢ᠂ ᠪᠢᠳᠡ ᠠᠷᠠᠳᠴᠢᠯᠠᠯ ᠬᠠᠦᠯᠢ ᠲᠦᠷᠢᠮ ᠪᠠ ᠵᠠᠰᠠᠭ ᠤᠨ ᠣᠷᠳᠣᠨ ᠤ | ᠬᠤᠪᠢ ᠪᠡᠶ᠎ᠡ ᠶᠢᠨ ᠪᠦᠲᠦᠭᠡᠨ ᠪᠠᠶᠢᠭᠤᠯᠣᠯᠳᠠ ᠪᠠᠨ ᠴᠢᠩᠭᠠᠳᠬᠠᠵᠣ᠂ ᠵᠠᠰᠠᠭ ᠤᠨ ᠣᠷᠳᠣᠨ ᠤ ᠡᠷᠬᠡ ᠪᠠᠨ | ᠬᠡᠷᠡᠭᠵᠢᠭᠦᠯᠬᠦ ᠲᠠᠯ᠎ᠠ ᠪᠠᠷ ᠰᠢᠨ᠎ᠡ ᠲᠦᠷᠢᠮᠵᠢᠯ ᠲᠠᠢ ᠪᠣᠯᠪᠠ᠃ ᠣᠶᠣᠨ ᠤ ᠪᠣᠯᠪᠠᠰᠣᠨ ᠢ ᠴᠣᠭᠴᠠᠯᠠᠨ ᠪᠠᠶᠢᠭᠤᠯᠬᠤ | ᠠᠵᠢᠯᠯᠠᠭ᠎ᠠ ᠶᠢ ᠬᠦᠨᠵᠡᠭᠡᠢ ᠦᠷᠨᠢᠭᠦᠯᠵᠣ᠂ ︽ᠪᠦᠬᠦ ᠣᠯᠣᠰ ᠤᠨ ᠨᠠᠰᠣᠨ ᠳᠤ ᠦᠯᠦ ᠬᠦᠷᠦᠭᠰᠡᠳ ᠤᠨ ᠦᠵᠡᠯ | ᠰᠠᠨᠠᠭ᠎ᠠ ᠶᠣᠰᠣ ᠰᠣᠷᠳᠠᠬᠤᠨ ᠤ ᠪᠠᠶᠢᠭᠤᠯᠣᠯᠳᠠ ᠶᠢᠨ ᠲᠡᠷᠢᠭᠦᠨ ᠤ ᠬᠤᠳᠠ︾ ᠬᠡᠮᠡᠬᠦ ᠴᠣᠯᠠ ᠬᠦᠷᠳᠡᠵᠣ᠂ ᠪᠦᠬᠦ | ᠣᠯᠣᠰ ᠤᠨ ᠪᠣᠯᠪᠠᠰᠣᠨ ᠨᠢᠭᠡᠴᠡ ᠶᠢ 3᠂ ᠪᠦᠬᠦ ᠣᠷᠣᠨ ᠤ ᠪᠣᠯᠪᠠᠰᠣᠨ ᠨᠢᠭᠡᠴᠡ ᠪᠠ ᠪᠣᠯᠪᠠᠰᠣᠨ ᠨᠢᠭᠡᠴᠡ ᠶᠢᠨ | ᠳᠡᠷᠢᠭᠦᠨ ᠤ ᠠᠵᠢᠯᠳᠠᠨ 14 ᠢ ᠴᠣᠭᠴᠠᠯᠠᠨ ᠪᠠᠶᠢᠭᠤᠯᠵᠣ᠂ ᠦᠪᠡᠰᠦᠪᠡᠨ ᠨᠠᠶᠢᠷᠠᠭᠤᠯᠣᠨ ᠳᠣᠭᠯᠠᠭᠰᠠᠨ ᠪᠦᠵᠢᠭᠳᠦ | ᠵᠦᠴᠦᠭᠡ ︽ ᠴᠠᠢ ᠶᠢᠨ ᠵᠠᠮ︾ ᠨᠢ ᠦᠪᠡᠷᠳᠡᠭᠡᠨ ᠵᠠᠰᠠᠬᠤ ᠣᠷᠣᠨ ᠤ ᠣᠶᠣᠨ ᠤ ᠪᠣᠯᠪᠠᠰᠣᠨ ᠤ ᠪᠠᠶᠢᠭᠤᠯᠣᠯᠳᠠ | ᠶᠢᠨ ︽ᠳᠠᠪᠣᠨ ᠨᠢᠭᠡ ᠢᠨᠵᠧᠨᠧᠷᠢᠩ︾ ᠱᠠᠩᠨᠠᠯ ᠢ ᠬᠦᠷᠳᠡᠪᠡ᠃ ︽ᠵᠢᠷᠭᠤᠳᠣᠭᠠᠷ ᠳᠠᠪᠣᠨ ᠵᠢᠯ︾ ᠤᠨ ᠬᠠᠦᠯᠢ | ᠲᠦᠭᠡᠮᠡᠯᠵᠢᠭᠦᠯᠬᠦ ᠠᠵᠢᠯ ᠢ ᠳᠡᠭᠦᠰ ᠠᠮᠵᠢᠯᠳᠠ ᠲᠠᠢ ᠪᠡᠶᠡᠯᠡᠭᠦᠯᠵᠣ᠂ ︽ᠳᠣᠯᠣᠳᠣᠭᠠᠷ ᠳᠠᠪᠣᠨ ᠵᠢᠯ︾ ᠤᠨ ᠬᠠᠦᠯᠢ | ᠲᠦᠭᠡᠮᠡᠯᠵᠢᠭᠦᠯᠬᠦ ᠠᠵᠢᠯ ᠢ ᠡᠬᠢᠯᠡᠭᠦᠯᠦᠨ᠂ ᠭᠠᠳᠠᠭᠠᠳᠣ ᠣᠯᠣᠰ ᠲᠠᠢ ᠬᠤᠯᠪᠣᠭᠳᠠᠭᠰᠠᠨ ᠬᠠᠦᠯᠢ ᠶᠢᠨ ᠳᠣᠰᠠᠯᠠᠮᠵᠢ | ᠦᠵᠡᠭᠦᠯᠬᠦ ᠠᠵᠢᠯ ᠤᠨ ᠳᠣᠭᠳᠠᠯᠴᠠᠭ᠎ᠠ ᠶᠢ ᠳᠡᠭᠦᠯᠳᠡᠷᠵᠢᠭᠦᠯᠵᠣ᠂ ᠭᠠᠳᠠᠭᠠᠳᠣ ᠣᠯᠣᠰ ᠲᠠᠢ ᠬᠤᠯᠪᠣᠭᠳᠠᠭᠰᠠᠨ | ᠬᠠᠦᠯᠢ ᠶᠢᠨ ᠦᠢᠯᠡᠴᠢᠯᠡᠬᠡᠨ ᠤ ᠲᠦᠪ ᠢ ᠫᠠᠶᠢᠰᠠ ᠡᠯᠭᠦᠨ ᠪᠠᠶᠢᠭᠤᠯᠣᠨ᠂ ᠮᠣᠩᠭᠤᠯ ᠣᠯᠣᠰ ᠤᠨ ᠢᠷᠭᠡᠳ ᠲᠤ | ᠨᠡᠶᠢᠳᠡ 17 ᠣᠳᠠᠭ᠎ᠠ ᠬᠠᠦᠯᠢ ᠶᠢᠨ ᠦᠢᠯᠡᠴᠢᠯᠡᠭᠡ ᠬᠠᠩᠭᠠᠪᠠ᠃ ᠵᠠᠰᠠᠭ ᠤᠨ ᠣᠷᠳᠣᠨ ᠤ ᠰᠢᠢᠳᠪᠦᠷᠢᠳᠣ | ᠪᠣᠳᠣᠯᠭ᠎ᠠ ᠳᠣᠭᠳᠠᠭᠠᠬᠤ ᠠᠯᠬᠤᠮ ᠶᠠᠪᠣᠴᠠ ᠶᠢ ᠦᠨᠡᠨᠬᠦ ᠲᠦᠷᠢᠮᠵᠢᠭᠦᠯᠦᠨ᠂ ︽ᠵᠠᠰᠠᠭ ᠤᠨ ᠣᠷᠳᠣᠨ ᠤ ᠨᠠᠮ ᠤᠨ | ᠣᠳᠣᠷᠢᠳᠬᠤ ᠳᠣᠭᠤᠶᠢᠯᠠᠩ ᠤᠨ ︿ᠭᠤᠷᠪᠠᠨ ᠴᠢᠬᠤᠯᠠ ᠨᠢᠭᠡ ᠳᠣᠮᠣ﹀ ᠶᠢ ᠵᠦᠪᠳᠡᠯᠴᠡᠨ ᠰᠢᠢᠳᠪᠦᠷᠢ ᠭᠠᠷᠭᠠᠬᠤ | ᠠᠵᠢᠯ ᠬᠡᠷᠡᠭ ᠤᠨ ᠨᠠᠷᠢᠨ ᠳᠠᠩᠰᠠ ︵ᠳᠣᠷᠰᠢᠨ ᠬᠡᠷᠡᠭᠵᠢᠭᠦᠯᠬᠦ︶︾ ᠶᠢ ᠭᠠᠷᠭᠠᠨ ᠬᠡᠷᠡᠭᠵᠢᠭᠦᠯᠵᠣ᠂ ᠵᠠᠰᠠᠭ ᠤᠨ | ᠣᠷᠳᠣᠨ ᠤ ᠰᠢᠢᠳᠪᠦᠷᠢᠳᠣ ᠪᠣᠳᠣᠯᠭ᠎ᠠ ᠶᠢᠨ ᠰᠢᠨᠵᠢᠯᠡᠬᠦ ᠣᠬᠠᠭᠠᠨᠴᠢᠯᠠᠭᠰᠠᠨ᠂ ᠠᠷᠠᠳᠴᠢᠯᠠᠭᠰᠠᠨ᠂ ᠲᠦᠷᠢᠮᠵᠢᠭᠰᠡᠨ | ᠲᠦᠪᠰᠢᠨ ᠢ ᠣᠯᠠᠮ ᠨᠢᠭᠡ ᠠᠯᠬᠤᠮ ᠳᠡᠭᠡᠭᠰᠢᠯᠡᠭᠦᠯᠪᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠠᠦᠯᠢ ᠶᠣᠰᠣᠨ ᠤ ᠬᠢᠨᠠᠯᠳᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠣᠬᠠᠮᠰᠠᠷ | ᠠᠴᠠ ᠪᠠᠨ ᠬᠦᠯᠢᠶᠡᠨ᠂ ᠳᠠᠪᠣᠨ ᠵᠢᠯ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ | ᠶᠢᠨ ᠰᠠᠨᠠᠯ ᠵᠦᠪᠯᠡᠯᠭᠡ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠨ ᠤ ᠰᠠᠨᠠᠯ ᠳᠣᠷᠠᠳᠣᠯᠭ᠎ᠠ ᠶᠢ 447 | ᠬᠦᠯᠢᠶᠡᠨ ᠠᠪᠴᠣ ᠰᠢᠢᠳᠪᠦᠷᠢᠯᠡᠪᠡ᠃ ᠨᠡᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠦᠪ ᠢ ᠪᠠᠶᠢᠭᠤᠯᠵᠣ᠂ | ᠵᠠᠰᠠᠭ ᠤᠨ ᠶᠠᠪᠣᠳᠠᠯ ᠤᠨ ᠦᠢᠯᠡᠴᠢᠯᠡᠭᠡ᠂ ᠨᠡᠶᠢᠳᠡ ᠶᠢᠨ ᠡᠬᠢ ᠪᠠᠶᠠᠯᠢᠭ᠂ ᠵᠠᠰᠠᠭ ᠵᠠᠬᠢᠷᠭᠠᠨ ᠤ ᠦᠷ᠎ᠡ ᠪᠦᠲᠦᠮᠵᠢ | ᠶᠢᠨ ᠬᠢᠨᠠᠨ ᠪᠠᠶᠢᠴᠠᠭᠠᠯᠳᠠ ︽ᠭᠤᠷᠪᠠ ᠶᠢ ᠨᠢᠭᠡ ᠴᠣᠭᠴᠠᠵᠢᠭᠤᠯᠣᠭᠰᠠᠨ︾ ᠠᠵᠢᠯ ᠤᠨ ᠳᠣᠭᠳᠠᠯᠴᠠᠭ᠎ᠠ ᠶᠢ | ᠪᠦᠷᠢᠨᠰᠢᠭᠦᠯᠵᠣ᠂ 26 ᠰᠠᠯᠠᠭ᠎ᠠ ᠮᠦᠴᠢᠷ ᠤᠨ 172 ᠲᠦᠷᠦᠯ ᠤᠨ ᠵᠠᠰᠠᠭ ᠵᠠᠬᠢᠷᠭᠠᠨ ᠤ ᠵᠦᠪᠰᠢᠶᠡᠷᠡᠯ᠂ 93 | ᠲᠦᠷᠦᠯ ᠤᠨ ᠣᠯᠠᠨ ᠨᠡᠶᠢᠳᠡ ᠶᠢᠨ ᠦᠢᠯᠡᠴᠢᠯᠡᠬᠡᠨ ᠤ ᠠᠵᠢᠯ ᠬᠡᠷᠡᠭ ᠢ ᠦᠢᠯᠡᠴᠢᠯᠡᠭᠡᠨ ᠤ ᠲᠢᠩᠬᠢᠮ ᠳᠤ | ᠨᠢᠭᠡᠳᠦᠯᠳᠡᠢ ᠲᠦᠪᠯᠡᠷᠡᠭᠦᠯᠦᠨ ᠰᠢᠢᠳᠪᠦᠷᠢᠯᠡᠵᠣ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠣᠳᠠᠯ ᠤᠨ | ᠦᠢᠯᠡᠴᠢᠯᠡᠭᠡ︾ ᠶᠢᠨ ᠳᠠᠪᠴᠠᠩ ᠤᠨ ᠪᠦᠲᠦᠭᠡᠨ ᠪᠠᠶᠢᠭᠤᠯᠣᠯᠳᠠ ᠶᠢ ᠲᠦᠷᠭᠡᠳᠭᠡᠨ᠂ ᠵᠠᠰᠠᠭ ᠵᠠᠬᠢᠷᠭᠠᠨ ᠤ | ᠵᠦᠪᠰᠢᠶᠡᠷᠡᠯ ᠣᠯᠭᠤᠬᠤ ᠦᠷ᠎ᠡ ᠪᠦᠲᠦᠮᠵᠢ ᠮᠡᠳᠡᠭᠳᠡᠮ᠎ᠡ ᠳᠡᠭᠡᠭᠰᠢᠯᠡᠪᠡ᠃ ︽ᠠᠮᠣᠭᠤᠯᠠᠩ ᠡᠷᠢᠶᠡᠨ︾ ᠤ ᠪᠦᠲᠦᠭᠡᠨ | ᠪᠠᠶᠢᠭᠤᠯᠣᠯᠳᠠ ᠶᠢ ᠶᠡᠬᠡᠪᠡᠷ ᠲᠦᠯᠬᠢᠨ ᠠᠬᠢᠭᠤᠯᠵᠣ᠂ ᠬᠢᠯᠢ ᠶᠢ ᠬᠠᠮᠢᠶᠠᠷᠣᠨ ᠡᠷᠬᠡᠰᠢᠶᠡᠬᠦ ᠬᠦᠴᠦᠯᠡᠴᠡ ᠪᠠᠨ | ᠶᠡᠬᠡᠰᠬᠡᠨ᠂ ᠳᠣᠮᠳᠠᠳᠣ ᠮᠣᠩᠭᠤᠯ ᠤᠨ ᠬᠢᠯᠢ ᠣᠷᠴᠢᠮ ᠤᠨ ᠣᠷᠣᠨ ᠨᠣᠳᠤᠭ ᠤᠨ ᠰᠦᠷᠳᠡᠭᠦᠯᠬᠡ ᠶᠢ ᠡᠰᠡᠷᠭᠦᠴᠡᠬᠦ᠂ | ᠬᠤᠣᠷᠳᠣ ᠪᠣᠳᠠᠰ ᠢ ᠪᠠᠶᠢᠴᠠᠭᠠᠨ ᠬᠤᠣᠷ ᠰᠠᠷᠢᠭᠠᠯᠠᠭᠴᠢ ᠶᠢ ᠪᠠᠷᠢᠪᠴᠢᠯᠠᠬᠤ ᠵᠡᠷᠭᠡ ᠬᠤᠯᠪᠣᠭᠠᠯᠠᠭᠰᠠᠨ ᠰᠣᠷᠢᠯᠳᠠ ᠶᠢ | ᠵᠣᠬᠢᠶᠠᠨ ᠪᠠᠶᠢᠭᠤᠯᠣᠨ ᠶᠠᠪᠣᠭᠳᠠᠭᠤᠯᠵᠣ᠂ ᠡᠯ᠎ᠡ ᠲᠦᠷᠦᠯ ᠤᠨ ᠬᠠᠦᠯᠢ ᠵᠦᠷᠢᠴᠡᠭᠰᠡᠨ ᠶᠠᠯᠠᠳᠣ ᠠᠵᠢᠯᠯᠠᠭ᠎ᠠ ᠳᠤ | ᠬᠦᠨᠳᠦ ᠨᠣᠴᠢᠳᠠᠢ ᠴᠣᠬᠢᠯᠳᠠ ᠦᠭᠴᠦ᠂ 3 ᠵᠢᠯ ᠦᠷᠭᠦᠯᠵᠢᠯᠡᠨ ︽ᠳᠣᠨᠣᠬᠤ᠂ ᠳᠡᠭᠡᠷᠡᠮᠳᠡᠬᠦ︾ ᠬᠡᠷᠡᠭ ᠡᠭᠦᠰᠦᠭᠰᠡᠨ | ᠦᠬᠡᠢ ᠪᠠᠶᠢᠵᠣ᠂ ᠣᠯᠠᠨ ᠲᠦᠮᠡᠨ ᠤ ᠠᠶᠣᠯᠭᠦᠢ ᠶᠢᠨ ᠰᠡᠳᠭᠢᠭᠳᠡᠯ ᠮᠡᠳᠡᠭᠳᠡᠮ᠎ᠡ ᠳᠡᠭᠡᠭᠰᠢᠯᠡᠪᠡ᠃ ᠣᠳᠣᠷᠢᠳᠣᠯᠭ᠎ᠠ | ᠺᠠᠳ᠋ᠷ ᠤᠨ ᠰᠣᠷᠪᠣᠯᠵᠢᠯᠠᠭ᠎ᠠ ᠬᠦᠯᠢᠶᠡᠨ ᠠᠪᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠦᠨ᠂ ︽ᠰᠦᠯᠵᠢᠶᠡᠨ ᠳᠡᠭᠡᠷ᠎ᠡ | ᠵᠠᠬᠢᠳᠠᠯ ᠰᠣᠷᠪᠣᠯᠵᠢᠯᠠᠭ᠎ᠠ ᠬᠢᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠣ᠂ 95% ᠠᠴᠠ ᠳᠡᠭᠡᠭᠰᠢᠬᠢ ᠠᠩᠬᠠᠨ ᠤ | ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠵᠦᠢ ᠵᠣᠬᠢᠰᠳᠠᠢ ᠰᠢᠢᠳᠪᠦᠷᠢᠯᠡᠵᠣ᠂ ᠵᠠᠷᠢᠮ ᠬᠦᠴᠢᠷ ᠲᠦᠪᠡᠭ ᠲᠠᠢ ᠬᠠᠦᠯᠢ | ᠵᠠᠷᠭᠤ ᠲᠠᠢ ᠬᠤᠯᠪᠣᠭᠳᠠᠭᠰᠠᠨ ᠬᠡᠷᠡᠭ ᠢ ᠪᠦᠲᠦᠮᠵᠢᠳᠡᠢ ᠰᠢᠢᠳᠪᠦᠷᠢᠯᠡᠨ᠂ ᠣᠯᠠᠨ ᠵᠢᠯ ᠲᠦᠪᠡᠭᠳᠡᠭᠦᠯᠦᠭᠰᠡᠨ ᠲᠡᠦᠬᠡ | ᠶᠢᠨ ᠦᠯᠡᠳᠡᠪᠦᠷᠢ ᠠᠰᠠᠭᠤᠳᠠᠯ ᠢ ᠰᠢᠪᠳᠣᠯᠣᠯᠳᠠ ᠶᠢᠨ ᠴᠢᠨᠠᠷᠳᠠᠢ ᠪᠠᠷ ᠲᠦᠯᠬᠢᠨ ᠠᠬᠢᠭᠤᠯᠪᠠ᠃ ᠠᠶᠣᠯᠭᠦᠢ | ᠦᠢᠯᠡᠳᠪᠦᠷᠢᠯᠡᠯ ᠪᠠ ᠶᠠᠰᠣ ᠴᠢᠨᠠᠷ ᠮᠡᠷᠭᠡᠵᠢᠯ ᠤᠨ ᠬᠢᠨᠠᠯᠳᠠ ᠬᠠᠮᠢᠶᠠᠷᠣᠯᠳᠠ ᠶᠢᠨ ᠳᠣᠪᠴᠢᠶ᠎ᠠ ᠶᠢ ᠪᠠᠶᠢᠭᠤᠯᠵᠣ᠂ | ᠪᠣᠭᠤᠮᠳᠠ ᠶᠢᠨ ᠳᠣᠬᠠᠢ ᠶᠢᠨ ᠳᠠᠯᠠᠪᠠᠢ᠂ ᠬᠦᠮᠦᠨ ᠲᠦᠪᠯᠡᠷᠡᠨ ᠨᠢᠭᠳᠠᠷᠠᠭᠰᠠᠨ ᠳᠠᠯᠠᠪᠣᠷ ᠵᠡᠷᠭᠡ ᠭᠤᠣᠯᠳᠠᠯᠭ᠎ᠠ ᠲᠠᠢ | ᠬᠦᠷᠢᠶᠡᠨ ᠤ ᠠᠶᠣᠯᠭᠦᠢ ᠶᠢᠨ ᠬᠢᠨᠠᠯᠳᠠ ᠬᠠᠮᠢᠶᠠᠷᠣᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠳᠠᠪᠣᠨ ᠵᠢᠯ ᠳᠤ | ᠬᠦᠨᠳᠦ ᠨᠣᠴᠢᠳᠠᠢ ᠣᠨᠴᠠᠭᠠᠢ ᠳᠣᠮᠣ ᠠᠶᠣᠯᠭᠦᠢ ᠦᠢᠯᠡᠳᠪᠦᠷᠢᠯᠡᠯ ᠤᠨ ᠠᠳᠡᠯ ᠭᠠᠷᠣᠭᠰᠠᠨ ᠦᠬᠡᠢ᠃ ᠲᠦᠪ ᠤᠨ | ᠨᠠᠢᠮᠠᠨ ᠳᠣᠭᠳᠠᠭᠠᠯ ᠢ ᠴᠢᠩᠭ᠎ᠠ ᠨᠠᠶᠢᠳᠠᠪᠣᠷᠢᠵᠢᠭᠤᠯᠣᠨ᠂ ᠨᠠᠮ ᠵᠠᠰᠠᠭ ᠤᠨ ᠪᠠᠶᠢᠭᠤᠯᠭ᠎ᠠ ᠪᠠ ᠣᠯᠣᠰ ᠤᠨ ᠠᠯᠪᠠᠳᠠᠨ | ᠢᠶᠠᠷ ᠯᠠᠪᠯᠠᠯᠳᠠ ᠪᠣᠯᠭᠠᠭᠰᠠᠨ ᠠᠵᠢᠯ ᠦᠢᠯᠡᠰ ᠤᠨ ᠨᠢᠭᠡᠴᠡ ᠶᠢᠨ ᠠᠯᠪᠠᠨ ᠳᠡᠷᠭᠡ ᠶᠢᠨ ᠲᠦᠷᠢᠮ ᠤᠨ | ᠦᠭᠡᠷᠡᠴᠢᠯᠡᠯᠳᠡ ᠶᠢ ᠪᠡᠶᠡᠯᠡᠭᠦᠯᠵᠣ᠂ ᠠᠯᠪᠠᠨ ᠬᠡᠷᠡᠭᠯᠡᠭᠡᠨ ᠤ ᠦᠷᠦᠭᠡ ᠶᠢ ᠨᠡᠶᠢᠳᠡ 1669 ᠬᠠᠪᠳᠠᠭᠠᠢ | ᠲᠦᠷᠪᠡᠯᠵᠢᠨ ᠮᠧᠲᠷ ᠴᠡᠭᠴᠡᠯᠡᠨ ᠰᠣᠯᠠᠯᠠᠵᠣ᠂ 122 ᠠᠯᠪᠠᠨ ᠲᠡᠷᠭᠡ ᠶᠢ ᠳᠠᠭᠤᠳᠠᠯᠭ᠎ᠠ ᠪᠠᠷ ᠬᠤᠳᠠᠯᠳᠣᠨ | ᠰᠢᠢᠳᠪᠦᠷᠢᠯᠡᠪᠡ᠃ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠪᠠ ᠢᠯᠵᠢᠷᠠᠯ ᠢ ᠡᠰᠡᠷᠭᠦᠴᠡᠬᠦ ᠲᠡᠮᠡᠴᠡᠯ | ᠢ ᠯᠠᠪᠳᠠᠭᠤᠨ ᠪᠠᠳᠣᠳᠠᠢ ᠲᠦᠯᠬᠢᠨ ᠠᠬᠢᠭᠤᠯᠵᠣ᠂ 63 ᠬᠡᠷᠡᠭ ᠢ ᠪᠦᠷᠢᠳᠭᠡᠨ ᠳᠠᠩᠰᠠᠯᠠᠨ᠂ 59 ᠶᠢ ᠨᠢ | ᠰᠢᠢᠳᠪᠦᠷᠢᠯᠡᠨ ᠳᠠᠭᠤᠰᠬᠠᠵᠣ᠂ 27 ᠬᠦᠮᠦᠨ ᠳᠤ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢᠨ ᠰᠢᠢᠳᠭᠡᠯ | ᠣᠯᠭᠤᠪᠠ᠃ ᠡᠭᠦᠨ ᠠᠴᠠ ᠭᠠᠳᠠᠨ᠎ᠠ᠂ ᠰᠢᠨᠵᠢᠯᠡᠬᠦ ᠲᠧᠭᠨᠢᠭ ᠤᠨ ᠬᠢᠨᠠᠨ ᠪᠣᠳᠣᠯᠳᠠ᠂ ᠳᠠᠩᠰᠠ ᠡᠪᠬᠡᠮᠡᠯ ᠳᠡᠦᠬᠡ | ᠱᠠᠰᠲᠢᠷ᠂ ᠠᠷᠠᠳ ᠤᠨ ᠠᠭᠠᠷ ᠤᠨ ᠰᠡᠷᠭᠡᠶᠢᠯᠡᠯᠳᠡ᠂ ᠭᠠᠯ ᠰᠡᠷᠭᠡᠶᠢᠯᠡᠯᠳᠡ᠂ ᠭᠠᠵᠠᠷ ᠬᠦᠳᠡᠯᠦᠯᠳᠡ᠂ ᠴᠠᠭ ᠠᠭᠤᠷ᠂ | ᠰᠢᠣᠳᠠᠨ ᠴᠢᠮᠡᠭᠡ ᠨᠡᠪᠳᠡᠷᠡᠯᠭᠡ᠂ ᠰᠣᠨᠢᠨ ᠮᠡᠳᠡᠭᠡ ᠬᠡᠪᠯᠡᠯ ᠮᠡᠳᠡᠭᠡᠯᠡᠯ᠂ ᠠᠵᠢᠯᠴᠢᠳ ᠤᠨ ᠡᠪᠯᠡᠯ᠂ ᠡᠪ ᠬᠠᠮᠳᠣ | ᠵᠠᠯᠠᠭᠤᠴᠣᠳ ᠤᠨ ᠡᠪᠯᠡᠯ᠂ ᠡᠮᠡᠭᠳᠡᠶᠢᠴᠣᠳ ᠬᠡᠦᠬᠡᠳ᠂ ᠵᠡᠮᠳᠡᠭᠴᠣᠳ ᠢ ᠳᠡᠳᠭᠦᠬᠦ ᠨᠢᠭᠦᠯᠡᠰᠦᠩᠭᠦᠢ ᠶᠢᠨ ᠦᠢᠯᠡᠰ᠂ | ᠣᠯᠠᠭᠠᠨ ᠵᠠᠭᠠᠯᠮᠠᠶᠢᠳᠠᠨ᠂ ᠠᠬᠠᠮᠠᠳ ᠺᠠᠳ᠋ᠷ ᠪᠠ ᠬᠤᠶᠢᠴᠢ ᠦᠶ᠎ᠡ ᠪᠠᠨ ᠬᠠᠷᠠᠭᠠᠯᠵᠠᠬᠤ ᠵᠡᠷᠭᠡ ᠡᠯ᠎ᠡ ᠲᠦᠷᠦᠯ ᠤᠨ | ᠠᠵᠢᠯ ᠦᠢᠯᠡᠰ ᠪᠦᠷ ᠰᠢᠨ᠎ᠡ ᠠᠬᠢᠴᠠ ᠲᠠᠢ ᠪᠣᠯᠪᠠ᠃ | ᠲᠦᠯᠦᠭᠡᠯᠡᠭᠴᠢᠳ ᠡ᠂ ᠳᠠᠪᠣᠨ ᠵᠢᠯ ᠤᠨ ᠠᠮᠵᠢᠯᠳᠠ ᠪᠦᠲᠦᠮᠵᠢ ᠶᠢ ᠣᠯᠣᠭᠰᠠᠨ ᠨᠢ ᠬᠢᠯᠪᠠᠷ ᠪᠢᠰᠢ᠃ | ᠡᠳᠡᠭᠡᠷ ᠠᠮᠵᠢᠯᠳᠠ ᠪᠦᠲᠦᠮᠵᠢ ᠶᠢ ᠣᠯᠣᠭᠰᠠᠨ ᠨᠢ ᠳᠡᠭᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠳᠠ ᠶᠢᠨ ᠨᠠᠮ ᠤᠨ ᠬᠤᠷᠢᠶ᠎ᠠ ᠶᠢᠨ ᠡᠷᠡᠰ ᠬᠠᠳᠠᠭᠤ ᠣᠳᠣᠷᠢᠳᠣᠯᠭ᠎ᠠ ᠠᠴᠠ ᠰᠠᠯᠵᠣ ᠴᠢᠳᠠᠬᠤ | ᠦᠬᠡᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠪᠠ | ᠨᠡᠶᠢᠭᠡᠮ ᠤᠨ ᠡᠯ᠎ᠡ ᠳᠠᠪᠬᠤᠷᠭ᠎ᠠ ᠶᠢᠨ ᠬᠦᠴᠦᠳᠡᠢ ᠳᠡᠮᠵᠢᠯᠭᠡ ᠠᠴᠠ ᠰᠠᠯᠵᠣ ᠴᠢᠳᠠᠬᠤ ᠦᠬᠡᠢ᠂ ᠪᠦᠬᠦ ᠬᠤᠳᠠ ᠶᠢᠨ | ᠦᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠳᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ᠂ ᠪᠢ | ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠣᠭᠤᠮᠳᠠ ᠶᠢᠨ ᠬᠦᠭᠵᠢᠯᠳᠡ ᠳᠤ ᠬᠤᠪᠢ ᠨᠡᠮᠡᠷᠢ | ᠦᠵᠡᠭᠦᠯᠦᠭᠰᠡᠨ ᠪᠦᠬᠦ ᠨᠦᠬᠦᠳ᠂ ᠨᠠᠶᠢᠵᠠ ᠨᠠᠷ ᠲᠤ ᠪᠠᠨ ᠴᠢᠩ ᠰᠡᠳᠬᠢᠯ ᠤᠨ ᠪᠠᠶᠠᠷ ᠳᠠᠯᠠᠷᠬᠠᠯ ᠢᠶᠠᠨ | ᠳᠡᠪᠰᠢᠭᠦᠯᠵᠣ᠂ ᠡᠷᠬᠢᠮ ᠳᠡᠭᠡᠳᠣ ᠬᠦᠨᠳᠦᠳᠭᠡᠯ ᠢᠶᠠᠨ ᠳᠡᠪᠰᠢᠭᠦᠯᠦᠶ᠎ᠡ︕ | ᠠᠮᠵᠢᠯᠳᠠ ᠪᠦᠲᠦᠮᠵᠢ ᠪᠠᠨ ᠨᠣᠳᠠᠯᠠᠬᠤ ᠶᠢᠨ ᠬᠠᠮᠳᠣ᠂ ᠬᠦᠭᠵᠢᠯᠳᠡ ᠶᠢᠨ ᠳᠣᠮᠳᠠ ᠳᠣᠯᠭᠠᠷᠴᠣ | ᠪᠠᠶᠢᠭ᠎ᠠ ᠬᠦᠴᠢᠷᠳᠡᠯ ᠪᠠ ᠠᠰᠠᠭᠤᠳᠠᠯ ᠢ ᠪᠢᠳᠡ ᠪᠠᠰᠠ ᠰᠡᠷᠭᠡᠭ ᠢᠶᠠᠷ ᠳᠠᠨᠢᠬᠤ ᠴᠢᠬᠤᠯᠠᠳᠠᠢ᠃ ᠭᠤᠣᠯ ᠢᠯᠡᠷᠡᠯ ᠨᠢ᠄ | ᠨᠢᠭᠡ ᠳᠤ᠂ ᠠᠵᠣ ᠦᠢᠯᠡᠰ ᠤᠨ ᠬᠦᠭᠵᠢᠯᠳᠡ ᠬᠠᠷᠠᠬᠠᠨ ᠭᠦᠢᠴᠡᠳ ᠪᠣᠰᠣ᠃ ᠣᠯᠣᠰ ᠤᠨ ᠳᠣᠳᠣᠭᠠᠳᠣ ᠶᠢᠨ | ᠵᠠᠬ᠎ᠠ ᠳᠡᠯᠭᠡᠭᠦᠷ ᠤᠨ ᠮᠠᠭᠤᠳᠠᠨ ᠰᠣᠯᠠᠷᠠᠭᠰᠠᠨ ᠪᠠ ᠮᠣᠩᠭᠤᠯ ᠣᠷᠣᠰ ᠤᠨ ᠠᠵᠣ ᠠᠬᠤᠢ ᠶᠢᠨ ᠨᠣᠮᠣᠶᠢᠷᠠᠨ | ᠵᠣᠭᠰᠣᠩᠭᠤᠶᠢᠷᠠᠭᠰᠠᠨ ᠨᠦᠯᠦᠭᠡ ᠶᠢ ᠬᠦᠷᠳᠡᠵᠣ᠂ ᠬᠢᠯᠢ ᠪᠠᠷ ᠣᠷᠣᠭᠤᠯᠵᠣ ᠭᠠᠷᠭᠠᠬᠤ ᠠᠷᠠᠯᠵᠢᠶ᠎ᠠ ᠶᠢᠨ ᠦᠰᠦᠯᠳᠡ | ᠮᠦᠨ ᠯᠡ ᠳᠣᠳᠣᠷᠬᠠᠢ ᠪᠣᠰᠣ ᠪᠠᠶᠢᠳᠠᠯ ᠣᠷᠣᠰᠢᠵᠣ ᠪᠠᠶᠢᠨ᠎ᠠ︔ ᠪᠣᠯᠪᠠᠰᠣᠷᠠᠭᠤᠯᠬᠤ ᠠᠵᠣ ᠦᠢᠯᠡᠳᠪᠦᠷᠢ ᠶᠢᠨ | ᠰᠠᠭᠤᠷᠢ ᠪᠠᠭᠤᠷᠠᠢ᠂ ᠬᠡᠪᠴᠢᠶ᠎ᠡ ᠪᠠᠭ᠎ᠠ᠂ ᠳᠡᠰ ᠳᠣᠣᠷ᠎ᠠ ᠪᠠᠶᠢᠵᠣ᠂ ᠳᠣᠮᠣ ᠲᠦᠷᠦᠯ ᠵᠦᠢᠯ ᠤᠨ ᠳᠣᠯᠭᠠᠭᠤᠷᠢ | ᠳᠣᠳᠠᠭᠳᠠᠨ᠂ ᠭᠤᠣᠯ ᠳᠠᠳᠠᠪᠣᠷᠢ ᠶᠢᠨ ᠰᠣᠷᠪᠣᠯᠵᠢ ᠪᠠ ᠳᠠᠳᠠᠪᠣᠷᠢ ᠶᠢᠨ ᠰᠣᠷᠪᠣᠯᠵᠢ ᠶᠢᠨ ᠴᠡᠭ ᠤᠨ ᠪᠠᠶᠢᠭᠤᠯᠣᠯᠳᠠ | ᠴᠢᠳᠠᠯ ᠮᠡᠬᠦᠰ ᠪᠠᠶᠢᠵᠣ᠂ ᠡᠳ᠋ ᠤᠨ ᠵᠠᠰᠠᠭ ᠳᠤ ᠦᠵᠡᠭᠦᠯᠬᠦ ᠬᠤᠪᠢ ᠨᠡᠮᠡᠷᠢ ᠦᠨᠳᠦᠷ ᠪᠣᠰᠣ ᠪᠠᠶᠢᠨ᠎ᠠ︔ ᠠᠶᠠᠯᠠᠯ | ᠵᠢᠭᠤᠯᠴᠢᠯᠠᠯ ᠤᠨ ᠦᠢᠯᠡᠰ ᠬᠠᠷᠠᠬᠠᠨ ᠪᠣᠶᠢᠵᠢᠯᠳᠡ ᠬᠦᠭᠵᠢᠯᠳᠡ ᠶᠢᠨ ᠱᠠᠳᠣᠨ ᠳᠤ ᠣᠷᠣᠰᠢᠵᠣ᠂ ᠨᠡᠷ᠎ᠡ | ᠠᠯᠳᠠᠷᠰᠢᠭᠰᠠᠨ ᠬᠡᠮᠵᠢᠶ᠎ᠡ ᠪᠠ ᠨᠦᠯᠦᠬᠡᠯᠡᠬᠦ ᠬᠦᠴᠦᠨ ᠪᠠᠰᠠ ᠳᠡᠮᠡᠢ ᠦᠨᠳᠦᠷ ᠪᠢᠰᠢ᠂ ᠠᠶᠠᠯᠠᠯ ᠵᠢᠭᠤᠯᠴᠢᠯᠠᠯ ᠤᠨ | ᠰᠠᠭᠤᠷᠢ ᠲᠦᠭᠦᠭᠡᠷᠦᠮᠵᠢ᠂ ᠦᠢᠯᠡᠴᠢᠯᠡᠬᠡᠨ ᠤ ᠴᠢᠳᠠᠪᠣᠷᠢ ᠶᠢ ᠪᠠᠰᠠ ᠣᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠᠳᠠᠢ︔ ᠴᠠᠬᠢᠯᠭᠠᠨ ᠠᠴᠢᠶᠠᠯᠠᠯ ᠬᠦᠷᠦᠯᠴᠡᠬᠦ ᠦᠬᠡᠢ ᠪᠠᠶᠢᠵᠣ᠂ ᠭᠠᠳᠠᠭᠰᠢ ᠵᠦᠭᠡᠭᠡᠪᠦᠷᠢᠯᠡᠬᠦ ᠭᠠᠷᠴᠠ ᠵᠠᠮ | ᠰᠠᠭᠠᠳ ᠲᠠᠢ᠂ ᠴᠡᠪᠡᠷ ᠡᠨᠧᠷᠬᠢ ᠶᠢᠨ ᠦᠢᠯᠡᠰ ᠤᠨ ᠬᠦᠭᠵᠢᠯᠳᠡ ᠶᠢ ᠬᠠᠷᠰᠢᠯᠠᠵᠣ ᠪᠠᠶᠢᠨ᠎ᠠ᠃ ᠬᠤᠶᠠᠷ ᠲᠤ᠂ | ᠬᠦᠭᠵᠢᠭᠦᠯᠦᠯᠳᠡ ᠨᠡᠭᠡᠭᠡᠯᠳᠡ ᠶᠢᠨ ᠬᠦᠨᠴᠡ ᠶᠢᠨ ᠲᠦᠪᠰᠢᠨ ᠬᠦᠷᠦᠯᠴᠡᠬᠦ ᠦᠬᠡᠢ᠃ ᠳᠣᠷᠰᠢᠯᠳᠠ ᠶᠢᠨ ᠳᠣᠭᠤᠷᠢᠭ | ᠤᠨ ᠪᠣᠳᠣᠯᠭ᠎ᠠ ᠶᠢ ᠬᠠᠷᠠᠬᠠᠨ ᠭᠦᠢᠴᠡᠳ ᠪᠦᠬᠡᠳ ᠠᠮᠢᠳᠣᠯᠢᠭ ᠬᠡᠷᠡᠭᠯᠡᠵᠣ ᠴᠢᠳᠠᠭ᠎ᠠ ᠦᠬᠡᠢ ᠪᠠᠶᠢᠵᠣ᠂ ᠵᠣᠷᠢᠭᠳᠠᠢ | ᠳᠡᠮᠡᠴᠡᠨ ᠵᠣᠷᠢᠭᠳᠠᠢ ᠳᠣᠷᠰᠢᠬᠤ᠂ ᠲᠦᠷᠦᠭᠦᠯᠡᠨ ᠬᠡᠷᠡᠭᠵᠢᠭᠦᠯᠦᠨ ᠣᠷᠢᠳᠴᠢᠯᠠᠨ ᠳᠣᠷᠰᠢᠬᠤ ᠬᠦᠴᠦᠯᠡᠴᠡ ᠠᠷᠠᠢ | ᠬᠦᠷᠦᠯᠴᠡᠬᠦ ᠦᠬᠡᠢ ᠪᠠᠶᠢᠵᠣ᠂ ᠰᠢᠪᠳᠣᠯᠣᠯᠳᠠ ᠶᠢᠨ ᠴᠢᠨᠠᠷᠳᠠᠢ ᠠᠬᠢᠴᠠ ᠪᠠ ᠦᠷ᠎ᠡ ᠪᠦᠲᠦᠮᠵᠢ ᠣᠯᠠᠨ ᠪᠣᠰᠣ︔ | ᠪᠦᠬᠦ ᠲᠠᠯ᠎ᠠ ᠶᠢᠨ ᠭᠠᠳᠠᠭᠠᠳᠣ ᠨᠡᠭᠡᠭᠡᠯᠳᠡ ᠶᠢᠨ ᠲᠦᠯᠦᠪ ᠪᠠᠶᠢᠳᠠᠯ ᠢ ᠳᠡᠭᠦᠯᠳᠡᠷᠵᠢᠭᠦᠯᠬᠦ ᠴᠢᠬᠤᠯᠠᠳᠠᠢ ᠪᠠᠶᠢᠵᠣ᠂ | ᠰᠢᠨ᠎ᠡ ᠶᠢ ᠡᠭᠦᠳᠬᠦ ᠬᠠᠮᠳᠣᠷᠠᠯᠴᠠᠭᠠᠨ ᠤ ᠠᠷᠭ᠎ᠠ ᠪᠠᠷᠢᠯ ᠣᠯᠠᠨ ᠪᠢᠰᠢ᠂ ᠮᠣᠩᠭᠤᠯ ᠣᠷᠣᠰ ᠯᠤᠭ᠎ᠠ ᠶᠢᠨ ᠪᠣᠳᠠᠳᠣ | ᠬᠠᠮᠳᠣ ᠶᠢᠨ ᠠᠵᠢᠯᠯᠠᠭ᠎ᠠ ᠳᠤ ᠵᠠᠰᠠᠭ ᠤᠨ ᠣᠷᠳᠣᠨ ᠠᠴᠠ ᠭᠤᠣᠯᠯᠠᠨ ᠣᠳᠣᠷᠢᠳᠣᠭᠰᠠᠨ ᠨᠢ ᠣᠯᠠᠨ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠣᠷᠣᠯᠴᠠᠯᠭ᠎ᠠ ᠴᠦᠬᠡᠨ᠂ ᠲᠦᠷᠦᠯ ᠵᠦᠢᠯ ᠢ ᠪᠣᠳᠠᠳᠠᠢ ᠲᠦᠯᠬᠢᠨ | ᠠᠬᠢᠭᠤᠯᠣᠭᠰᠠᠨ ᠢᠶᠠᠷ ᠳᠣᠳᠠᠮᠠᠭ ᠪᠠᠶᠢᠨ᠎ᠠ᠃ ᠮᠣᠩᠭᠤᠯ ᠣᠷᠣᠰ ᠯᠤᠭ᠎ᠠ ᠬᠠᠷᠢᠯᠴᠠᠨ ᠬᠤᠯᠪᠣᠯᠳᠣᠨ ᠨᠡᠪᠳᠡᠷᠡᠬᠦ | ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠶᠢᠨ ᠠᠬᠢᠴᠠ ᠣᠳᠠᠭᠠᠪᠳᠣᠷ ᠪᠠᠶᠢᠵᠣ᠂ ᠡᠮᠦᠨ᠎ᠡ ᠬᠤᠶᠢᠨ᠎ᠠ | ᠳᠠᠯ᠎ᠠ ᠶᠢᠨ ᠳᠡᠭᠡᠭᠡᠪᠦᠷᠢᠯᠡᠯᠳᠡ ᠶᠢᠨ ᠭᠠᠷᠴᠠ ᠵᠠᠮ ᠰᠠᠭᠠᠳ ᠲᠠᠢ ᠠᠰᠠᠭᠤᠳᠠᠯ ᠮᠦᠨ ᠯᠡ ᠮᠡᠳᠡᠭᠳᠡᠮ᠎ᠡ ᠰᠠᠶᠢᠵᠢᠷᠠᠭᠠ | ᠦᠬᠡᠢ ᠪᠠᠶᠢᠨ᠎ᠠ᠃ ᠭᠤᠷᠪᠠ ᠳᠤ᠂ ᠣᠯᠠᠨ ᠨᠡᠶᠢᠳᠡ ᠶᠢᠨ ᠦᠢᠯᠡᠴᠢᠯᠡᠭᠡ ᠬᠠᠮᠢᠶᠠᠷᠣᠯᠳᠠ ᠶᠢᠨ ᠲᠦᠪᠰᠢᠨ ᠦᠨᠳᠦᠷ | ᠪᠣᠰᠣ᠃ ᠬᠤᠳᠠ ᠬᠦᠳᠡᠭᠡ ᠶᠢᠨ ᠬᠦᠭᠵᠢᠯᠳᠡ ᠳᠡᠩᠴᠡᠭᠦᠷᠢ ᠦᠬᠡᠢ᠂ ᠬᠤᠳᠠ ᠶᠢᠨ ᠲᠦᠯᠦᠪᠵᠢᠭᠦᠯᠦᠯᠳᠡ᠂ | ᠪᠦᠲᠦᠭᠡᠨ ᠪᠠᠶᠢᠭᠤᠯᠣᠯᠳᠠ᠂ ᠬᠠᠮᠢᠶᠠᠷᠣᠯᠳᠠ ᠬᠠᠷᠠᠬᠠᠨ ᠨᠠᠷᠢᠯᠢᠭ ᠪᠣᠰᠣ᠂ ᠰᠣᠷᠭᠠᠨ ᠬᠦᠮᠦᠵᠢᠯ᠂ ᠡᠷᠡᠭᠦᠯ ᠬᠠᠮᠠᠭᠠᠯᠠᠯ | ᠵᠡᠷᠭᠡ ᠣᠯᠠᠨ ᠨᠡᠶᠢᠳᠡ ᠶᠢᠨ ᠦᠢᠯᠡᠴᠢᠯᠡᠬᠡᠨ ᠤ ᠴᠢᠳᠠᠪᠣᠷᠢ ᠬᠢᠵᠠᠭᠠᠷᠳᠠᠢ ᠪᠠᠶᠢᠵᠣ᠂ ᠵᠠᠬᠢᠳᠠᠯ ᠰᠣᠷᠪᠣᠯᠵᠢᠯᠠᠭ᠎ᠠ | ᠳᠣᠭᠳᠠᠭᠤᠨ ᠢ ᠬᠠᠮᠠᠭᠠᠯᠠᠬᠤ᠂ ᠠᠶᠣᠯᠭᠦᠢ ᠦᠢᠯᠡᠳᠪᠦᠷᠢᠯᠡᠯ ᠤᠨ ᠬᠦᠷᠢᠶᠡᠨ ᠳᠤ ᠪᠠᠰᠠ ᠳᠠᠯᠳᠠ ᠬᠡᠮ ᠣᠷᠣᠰᠢᠨ᠂ | ᠠᠷᠠᠳ ᠲᠦᠮᠡᠨ ᠤ ᠡᠳᠦᠷ ᠢᠷᠡᠭᠦᠶ᠎ᠡ ᠨᠡᠮᠡᠭᠳᠡᠵᠣ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠱᠠᠭᠠᠷᠳᠠᠯᠭ᠎ᠠ ᠲᠠᠢ | ᠪᠠᠰᠠ ᠵᠣᠬᠢᠬᠤ ᠵᠦᠷᠢᠶ᠎ᠡ ᠣᠷᠣᠰᠢᠵᠣ ᠪᠠᠶᠢᠨ᠎ᠠ᠃ ᠲᠦᠷᠪᠡ ᠳᠤ᠂ ᠵᠠᠰᠠᠭ ᠤᠨ ᠣᠷᠳᠣᠨ ᠤ ᠬᠤᠪᠢ ᠪᠡᠶ᠎ᠡ ᠶᠢᠨ | ᠪᠠᠶᠢᠭᠤᠯᠣᠯᠳᠠ ᠪᠠᠨ ᠪᠠᠰᠠ ᠴᠢᠩᠭᠠᠳᠬᠠᠬᠤ ᠴᠢᠬᠤᠯᠠᠳᠠᠢ᠃ ᠵᠠᠷᠢᠮ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ | ᠬᠠᠦᠯᠢ ᠶᠣᠰᠣ ᠪᠠᠷ ᠵᠠᠰᠠᠭ ᠬᠡᠷᠡᠭᠵᠢᠭᠦᠯᠬᠦ ᠣᠬᠠᠮᠰᠠᠷ ᠴᠢᠩᠭ᠎ᠠ ᠪᠣᠰᠣ᠂ ᠵᠠᠰᠠᠭ ᠵᠠᠬᠢᠷᠭᠠᠨ ᠤ ᠴᠢᠳᠠᠪᠣᠷᠢ ᠦᠨᠳᠦᠷ | ᠪᠢᠰᠢ᠂ ᠵᠠᠷᠢᠮ ᠺᠠᠳ᠋ᠷ ᠲᠦᠷᠦ ᠶᠢᠨ ᠪᠣᠳᠣᠯᠭ᠎ᠠ ᠶᠢ ᠰᠣᠳᠣᠯᠬᠤ ᠳᠠᠯ᠎ᠠ ᠪᠠᠷ ᠬᠦᠷᠦᠯᠴᠡᠬᠦ ᠦᠬᠡᠢ᠂ ᠠᠵᠢᠯ ᠤᠨ | ᠪᠠᠶᠢᠳᠠᠯ ᠳᠤ ᠪᠠᠨ ᠳᠣᠳᠣᠷᠬᠠᠢ ᠦᠬᠡᠢ᠂ ᠰᠢᠨ᠎ᠡ ᠶᠢ ᠡᠭᠦᠳᠬᠦ ᠣᠬᠠᠮᠰᠠᠷ ᠴᠢᠩᠭ᠎ᠠ ᠪᠣᠰᠣ᠂ ᠠᠵᠢᠯ ᠬᠢᠵᠣ ᠴᠢᠳᠠᠬᠤ | ᠦᠬᠡᠢ᠂ ᠠᠵᠢᠯ ᠬᠢᠬᠦ ᠳᠣᠷ᠎ᠠ ᠦᠬᠡᠢ᠂ ᠠᠵᠢᠯ ᠬᠢᠬᠦ ᠠᠴᠠ ᠪᠠᠨ ᠡᠮᠢᠶᠡᠬᠦ ᠪᠠᠶᠢᠳᠠᠯ ᠮᠦᠨ ᠯᠡ ᠣᠷᠣᠰᠢᠵᠣ ᠪᠠᠶᠢᠨ᠎ᠠ᠃ | ᠡᠭᠦᠨ ᠳᠤ᠂ ᠪᠢᠳᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠪᠦᠲᠦᠮᠵᠢᠳᠠᠢ ᠠᠷᠭ᠎ᠠ ᠬᠡᠮᠵᠢᠶ᠎ᠡ ᠠᠪᠴᠣ | ᠬᠡᠷᠡᠭᠵᠢᠭᠦᠯᠦᠨ᠂ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠳᠡᠢ᠃ | | ᠬᠤᠶᠢᠰᠢᠳᠠ ᠶᠢᠨ ᠳᠠᠪᠣᠨ ᠵᠢᠯ ᠤᠨ ᠬᠦᠭᠵᠢᠯᠳᠡ ᠶᠢᠨ ᠰᠡᠳᠬᠢᠴᠡ ᠪᠠ ᠬᠠᠷᠠᠯᠳᠠ | | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠠᠶᠢᠭᠤᠯᠣᠨ | ᠪᠡᠶᠡᠯᠡᠭᠦᠯᠬᠦ ᠰᠢᠢᠳᠪᠦᠷᠢᠳᠣ ᠢᠯᠠᠯᠳᠠ ᠶᠢ ᠣᠯᠵᠣ᠂ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ | ᠲᠠᠢ ᠨᠡᠶᠢᠭᠡᠮ ᠵᠢᠷᠣᠮ ᠤᠨ ᠠᠭᠤᠣ ᠶᠡᠭᠡ ᠢᠯᠠᠯᠳᠠ ᠶᠢ ᠳᠡᠮᠡᠴᠡᠨ ᠣᠯᠬᠤ ᠠᠤᠭ᠎ᠠ ᠲᠦᠯᠦᠪᠯᠡᠭᠡ ᠶᠢ ᠳᠣᠷᠠᠳᠣᠨ | ᠭᠠᠷᠭᠠᠭᠰᠠᠨ ᠪᠠᠶᠢᠨ᠎ᠠ᠃ ᠡᠷᠢᠶᠠᠨ ᠬᠤᠳᠠ ᠨᠢ ᠮᠠᠨ ᠤ ᠣᠯᠣᠰ ᠤᠨ ᠮᠣᠩᠭᠤᠯ ᠳᠤ ᠨᠡᠭᠡᠭᠡᠯᠳᠡ ᠲᠠᠢ ᠬᠠᠮᠤᠭ ᠤᠨ | ᠳᠣᠮᠣ ᠪᠣᠭᠤᠮᠳᠠ ᠪᠣᠯᠣᠭᠰᠠᠨ ᠤ ᠬᠤᠪᠢ ᠳᠤ᠂ ᠳᠣᠯᠭᠠᠷᠠᠨ ᠢᠷᠡᠵᠣ ᠪᠠᠶᠢᠭ᠎ᠠ ᠯᠣᠳᠣ ᠶᠡᠭᠡ ᠵᠠᠪᠰᠢᠶᠠᠨ ᠢ ᠢᠳᠡᠭᠡᠯ | ᠲᠦᠭᠦᠷᠡᠩ ᠢᠶᠠᠷ ᠣᠯᠵᠣ ᠬᠠᠷᠠᠬᠤ ᠬᠡᠷᠡᠭᠳᠡᠢ᠃ ᠳᠡᠯᠡᠬᠡᠢ ᠶᠢ ᠪᠠᠷᠠᠯᠠᠪᠠᠯ᠂ ︽ᠨᠢᠭᠡ ᠪᠦᠰᠡ ᠨᠢᠭᠡ ᠵᠠᠮ︾ | ᠰᠠᠨᠠᠭᠠᠴᠢᠯᠠᠭ᠎ᠠ ᠨᠢ ᠨᠢᠭᠡᠨᠳᠡ ᠣᠯᠠᠨ ᠣᠯᠣᠰ ᠤᠨ ᠨᠢᠭᠡᠳᠦᠭᠰᠡᠨ ᠰᠠᠨᠠᠯ ᠪᠣᠯᠵᠣ᠂ ᠳᠣᠮᠳᠠᠳᠣ ᠮᠣᠩᠭᠤᠯ ᠤᠨ ᠪᠦᠬᠦ | ᠲᠠᠯ᠎ᠠ ᠶᠢᠨ ᠪᠠᠶᠢᠯᠳᠣᠬᠤ ᠪᠣᠳᠣᠯᠭ᠎ᠠ ᠶᠢᠨ ᠠᠨᠳᠠ ᠶᠢᠨ ᠬᠠᠷᠢᠴᠠᠭ᠎ᠠ ᠦᠷᠭᠦᠯᠵᠢᠯᠡᠨ ᠪᠠᠬᠢᠵᠢᠨ ᠰᠠᠶᠢᠵᠢᠷᠠᠵᠣ᠂ | ᠳᠣᠮᠳᠠᠳᠣ ᠣᠷᠣᠰ ᠤᠨ ᠬᠠᠷᠢᠴᠠᠭ᠎ᠠ ᠲᠡᠦᠬᠡ ᠶᠢᠨ ᠬᠠᠮᠤᠭ ᠰᠠᠶᠢᠨ ᠦᠶ᠎ᠡ ᠳᠤ ᠪᠠᠨ ᠣᠷᠣᠰᠢᠨ᠂ ᠳᠣᠮᠳᠠᠳᠣ ᠮᠣᠩᠭᠤᠯ | ᠣᠷᠣᠰ ᠤᠨ ᠠᠵᠣ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠣᠯᠳᠠ ᠨᠢ ᠵᠠᠮ ᠳᠠᠭᠠᠣ ᠬᠤᠳᠠ ᠨᠤᠭᠤᠳ ᠤᠨ | ᠦᠷᠭᠡᠨ ᠬᠦᠷᠢᠶᠡᠯᠡᠯ ᠢ ᠣᠯᠪᠠ᠂ ᠡᠳᠡᠭᠡᠷ ᠨᠢ ᠪᠢᠳᠡᠨ ᠤ ᠮᠣᠩᠭᠤᠯ ᠯᠤᠭ᠎ᠠ ᠶᠢᠨ ᠠᠷᠠᠯᠵᠢᠶ᠎ᠠ ᠪᠠᠨ ᠪᠠᠳᠣᠳᠬᠠᠨ᠂ | ᠣᠷᠣᠰ ᠯᠤᠭ᠎ᠠ ᠶᠢᠨ ᠠᠷᠠᠯᠵᠢᠶ᠎ᠠ ᠪᠠᠨ ᠦᠷᠭᠡᠳᠭᠡᠵᠣ᠂ ᠡᠸᠦ᠋ᠷᠦᠫᠡ ᠯᠦᠭᠡ ᠶᠢᠨ ᠠᠷᠠᠯᠵᠢᠶ᠎ᠠ ᠪᠠᠨ ᠣᠷᠳᠣᠳᠬᠠᠬᠤ ᠳᠤ | ᠵᠠᠪᠰᠢᠶᠠᠨ ᠠᠪᠴᠢᠷᠠᠨ ᠦᠭᠭᠦᠭᠰᠡᠨ ᠪᠠᠶᠢᠨ᠎ᠠ᠃ ᠪᠦᠬᠦ ᠣᠯᠣᠰ ᠢ ᠪᠠᠷᠠᠯᠠᠪᠠᠯ᠂ ᠮᠠᠨ ᠤ ᠣᠯᠣᠰ ᠤᠨ ᠠᠵᠣ ᠠᠬᠤᠢ | ᠶᠢᠨ ᠬᠦᠭᠵᠢᠯᠳᠡ ᠰᠢᠨ᠎ᠡ ᠬᠡᠪ ᠪᠠᠶᠢᠳᠠᠯ ᠳᠤ ᠣᠷᠣᠵᠣ᠂ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠳᠠᠢ | ᠦᠬᠡᠷᠡᠴᠢᠯᠡᠯᠳᠡ ᠶᠢ ᠬᠦᠨᠵᠡᠭᠡᠢ ᠲᠦᠯᠬᠢᠨ ᠠᠬᠢᠭᠤᠯᠵᠣ᠂ ᠠᠵᠣ ᠠᠬᠤᠢ ᠨᠢᠭᠡᠨᠳᠡ ᠦᠨᠳᠦᠷ ᠬᠤᠷᠳᠣᠴᠠᠳᠣ | ᠦᠰᠦᠯᠳᠡ ᠶᠢᠨ ᠱᠠᠳᠣᠨ ᠠᠴᠠ ᠪᠠᠨ ᠦᠨᠳᠦᠷ ᠶᠠᠰᠣ ᠴᠢᠨᠠᠷ ᠲᠠᠢ ᠬᠦᠭᠵᠢᠯᠳᠡ ᠶᠢᠨ ᠱᠠᠳᠣᠨ ᠳᠤ ᠰᠢᠯᠵᠢᠵᠣ | ᠪᠠᠶᠢᠨ᠎ᠠ᠂ ᠡᠨᠡ ᠨᠢ ᠪᠢᠳᠡᠨ ᠤ ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠭᠦᠯᠬᠦ᠂ ᠦᠨᠳᠦᠷ | ᠶᠠᠰᠣ ᠴᠢᠨᠠᠷ ᠲᠠᠢ ᠬᠦᠭᠵᠢᠯᠳᠡ ᠶᠢ ᠠᠬᠢᠭᠤᠯᠬᠤ ᠳᠤ ᠣᠷᠣᠨ ᠵᠠᠢ ᠶᠢ ᠦᠷᠭᠡᠳᠭᠡᠨ ᠦᠭᠭᠦᠭᠰᠡᠨ ᠪᠠᠶᠢᠨ᠎ᠠ᠃ ᠪᠦᠬᠦ | ᠣᠷᠣᠨ ᠢ ᠪᠠᠷᠠᠯᠠᠪᠠᠯ᠂ ᠦᠪᠡᠷᠳᠡᠭᠡᠨ ᠵᠠᠰᠠᠬᠤ ᠣᠷᠣᠨ ᠠᠴᠠ ᠡᠷᠢᠶᠡᠨ ᠪᠣᠭᠤᠮᠳᠠ ᠶᠢᠨ ᠬᠦᠭᠵᠢᠯᠳᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠣᠷᠢᠳ ᠬᠤᠵᠢᠳ ︽ᠨᠡᠭᠡᠭᠡᠯᠳᠡ ᠪᠠᠷ ᠳᠠᠶᠢᠴᠢᠯᠠᠬᠤ ᠪᠠᠶᠢᠯᠳᠣᠬᠤ ᠪᠣᠳᠣᠯᠭ᠎ᠠ ᠶᠢ | ᠬᠦᠨᠵᠡᠭᠡᠢ ᠬᠡᠷᠡᠭᠵᠢᠭᠦᠯᠵᠣ᠂ ᠬᠦᠭᠵᠢᠭᠦᠯᠦᠯᠳᠡ ᠨᠡᠭᠡᠭᠡᠯᠳᠡ ᠶᠢᠨ ᠬᠦᠭᠵᠢᠯᠳᠡ ᠶᠢᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠳᠣᠬᠠᠢ ᠰᠢᠢᠳᠪᠦᠷᠢ︾ ︽ᠮᠠᠨᠵᠣᠣᠷ᠂ ᠡᠷᠢᠶᠡᠨ ᠬᠤᠳᠠ ᠶᠢᠨ ᠣᠯᠣᠰ ᠤᠨ ᠭᠤᠣᠯᠳᠠᠯᠭ᠎ᠠ ᠲᠠᠢ | ᠬᠦᠭᠵᠢᠭᠦᠯᠦᠯᠳᠡ ᠨᠡᠭᠡᠭᠡᠯᠳᠡ ᠶᠢᠨ ᠳᠣᠷᠰᠢᠯᠳᠠ ᠶᠢᠨ ᠳᠣᠭᠤᠷᠢᠭ ᠢ ᠪᠦᠲᠦᠭᠡᠨ ᠪᠠᠶᠢᠭᠤᠯᠬᠤ ᠳᠣᠬᠠᠢ ᠡᠳᠦᠢ ᠳᠡᠳᠦᠢ | ᠰᠠᠨᠠᠯ︾ ᠵᠡᠷᠭᠡ ᠰᠢᠷᠢᠰ ᠲᠦᠷᠦ ᠶᠢᠨ ᠪᠣᠳᠣᠯᠭ᠎ᠠ ᠶᠢ ᠨᠡᠶᠢᠳᠡᠯᠡᠨ ᠬᠡᠷᠡᠭᠵᠢᠭᠦᠯᠪᠡ᠂ ᠡᠨᠡ ᠨᠢ ᠪᠢᠳᠡᠨ ᠤ ᠪᠣᠳᠣᠯᠭ᠎ᠠ | ᠶᠢᠨ ᠳᠠᠪᠠᠭᠤᠯᠢᠭ ᠢᠶᠠᠨ ᠪᠠᠳᠠᠷᠠᠭᠤᠯᠣᠨ᠂ ᠣᠷᠢᠳᠴᠢᠯᠠᠨ ᠬᠦᠭᠵᠢᠬᠦ ᠳᠤ ᠲᠦᠰᠢᠭ ᠳᠣᠯᠭᠠᠭᠤᠷᠢ ᠬᠠᠩᠭᠠᠪᠠ᠃ ᠪᠢᠳᠡ | ᠡᠷᠬᠡᠪᠰᠢ ᠬᠦᠭᠵᠢᠯᠳᠡ ᠶᠢᠨ ᠢᠳᠡᠭᠡᠯ ᠵᠣᠷᠢᠭ ᠢᠶᠠᠨ ᠡᠷᠡᠰ ᠪᠠᠷᠢᠮᠳᠠᠯᠠᠵᠣ᠂ ᠬᠦᠭᠵᠢᠯᠳᠡ ᠶᠢᠨ ᠠᠵᠠ ᠳᠣᠬᠢᠶᠠᠯ ᠢ | ᠠᠮᠵᠢᠨ᠂ ᠰᠡᠳᠬᠢᠬᠦᠢ ᠪᠠ ᠠᠷᠭ᠎ᠠ ᠪᠠᠷᠢᠯ ᠢᠶᠠᠨ ᠴᠢᠷᠮᠠᠶᠢᠨ ᠰᠢᠨᠡᠴᠢᠯᠡᠵᠣ ᠠᠵᠢᠯ ᠦᠷᠨᠢᠭᠦᠯᠦᠨ᠂ ᠪᠣᠭᠤᠮᠳᠠ ᠶᠢᠨ | ᠠᠯᠣᠰ ᠤᠨ ᠬᠦᠭᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠨ᠂ ᠰᠢᠨ᠎ᠡ ᠬᠦᠳᠡᠯᠭᠡᠬᠦ ᠬᠦᠴᠦᠨ ᠢ | ᠨᠡᠮᠡᠷᠢᠯᠡᠵᠣ᠂ ᠰᠢᠨ᠎ᠡ ᠴᠠᠭ ᠦᠶ᠎ᠡ ᠶᠢᠨ ᠡᠷᠢᠶᠡᠨ ᠬᠤᠳᠠ ᠶᠢᠨ ᠬᠦᠭᠵᠢᠯᠳᠡ ᠶᠢᠨ ᠨᠡᠩ ᠭᠡᠷᠡᠯ ᠰᠠᠴᠣᠷᠠᠩᠭᠤᠢ ᠰᠠᠶᠢᠨ | ᠰᠠᠶᠢᠬᠠᠨ ᠬᠠᠭᠤᠳᠠᠰᠣ ᠶᠢ ᠴᠢᠷᠮᠠᠶᠢᠨ ᠪᠢᠴᠢᠭᠯᠡᠨ᠂ ︽ᠦᠵᠡᠰᠭᠦᠯᠡᠩᠳᠣ ᠰᠠᠶᠢᠬᠠᠨ ᠦᠪᠦᠷ ᠮᠣᠩᠭᠤᠯ ᠢ ᠪᠦᠲᠦᠭᠡᠨ | ᠪᠠᠶᠢᠭᠤᠯᠵᠣ᠂ ᠠᠭᠤᠣ ᠶᠡᠭᠡ ᠳᠣᠮᠳᠠᠳᠣ ᠶᠢᠨ ᠵᠡᠭᠦᠳᠦ ᠪᠠᠨ ᠳᠡᠷᠭᠡᠯᠰᠢᠭᠦᠯᠬᠦ︾ ᠳᠤ ᠰᠢᠨ᠎ᠡ ᠨᠡᠩ ᠶᠡᠭᠡ ᠬᠤᠪᠢ | ᠨᠡᠮᠡᠷᠢ ᠦᠵᠡᠭᠦᠯᠬᠦ ᠬᠡᠷᠡᠭᠳᠡᠢ︕ | ᠬᠤᠶᠢᠰᠢᠳᠠ ᠶᠢᠨ ᠳᠠᠪᠣᠨ ᠵᠢᠯ ᠪᠣᠯ ︽ᠬᠤᠣᠰ ᠵᠠᠭᠤᠨ ᠵᠢᠯ︾ ᠤᠨ ᠳᠡᠮᠡᠴᠡᠯ ᠤᠨ ᠬᠠᠷᠠᠯᠳᠠ ᠶᠢ | ᠪᠠᠶᠠᠯᠠᠭᠦᠯᠬᠦ ᠳᠡᠦᠬᠡ ᠶᠢᠨ ᠰᠣᠯᠪᠢᠴᠠᠯ ᠬᠤᠭᠤᠴᠠᠭ᠎ᠠ ᠪᠣᠯᠣᠨ᠎ᠠ᠃ ᠪᠢᠳᠡ ᠦᠬᠡᠷᠡᠴᠢᠯᠡᠯᠳᠡ ᠬᠢᠵᠣ ᠴᠢᠯᠦᠭᠡᠳᠡᠢ | ᠶᠠᠪᠣᠯᠴᠠᠭᠰᠠᠨ 40 ᠵᠢᠯ ᠤᠨ ᠣᠢ᠂ ᠰᠢᠨ᠎ᠡ ᠳᠣᠮᠳᠠᠳᠣ ᠣᠯᠣᠰ ᠪᠠᠶᠢᠭᠤᠯᠣᠭᠳᠠᠭᠰᠠᠨ 70 ᠵᠢᠯ ᠤᠨ ᠣᠢ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠠᠮ ᠪᠠᠶᠢᠭᠤᠯᠣᠭᠳᠠᠭᠰᠠᠨ 100 ᠵᠢᠯ ᠤᠨ ᠣᠢ ᠵᠡᠷᠭᠡ | ᠬᠦᠨᠳᠦ ᠴᠢᠬᠤᠯᠠ ᠴᠠᠭ ᠬᠤᠭᠤᠴᠠᠭᠠᠨ ᠤ ᠵᠠᠩᠬᠢᠯᠠᠭ᠎ᠠ ᠶᠢ ᠬᠤᠶᠢᠨ᠎ᠠ ᠬᠤᠶᠢᠨ᠎ᠠ ᠠᠴᠠ ᠨᠢ ᠣᠭᠳᠣᠨ ᠠᠪᠬᠤ ᠶᠣᠮ᠂ | ᠪᠢᠳᠡ ᠡᠷᠬᠡᠪᠰᠢ ᠴᠠᠭ ᠤᠨ ᠪᠠᠶᠢᠳᠠᠯ ᠳᠤ ᠵᠣᠬᠢᠴᠠᠨ᠂ ᠡᠷᠡᠯᠬᠡᠭᠯᠡᠨ ᠳᠡᠮᠡᠴᠡᠵᠣ᠂ ᠦᠨᠢ ᠡᠭᠦᠷᠢᠳᠡ ᠵᠠᠯᠬᠠᠭᠤᠷᠠᠵᠣ | ᠬᠤᠶᠢᠷᠭᠤᠵᠢᠬᠤ ᠦᠬᠡᠢ ᠵᠣᠷᠢᠭ ᠰᠠᠨᠠᠭ᠎ᠠ ᠪᠠ ᠪᠣᠴᠠᠯᠳᠠ ᠦᠬᠡᠢ ᠣᠷᠣᠭᠰᠢᠯᠠᠬᠤ ᠳᠡᠮᠡᠴᠡᠯ ᠤᠨ ᠣᠪᠣᠷ ᠢᠶᠠᠷ ᠡᠳᠡᠭᠡᠷ | ᠳᠣᠮᠣ ᠶᠠᠪᠣᠳᠠᠯ᠂ ᠴᠢᠬᠤᠯᠠ ᠶᠠᠪᠣᠳᠠᠯ᠂ ᠪᠠᠶᠠᠷ ᠤᠨ ᠶᠠᠪᠣᠳᠠᠯ ᠳᠤ ᠰᠢᠮᠳᠠᠨ ᠣᠷᠣᠯᠴᠠᠵᠣ᠂ ᠪᠣᠭᠤᠮᠳᠠ ᠶᠢᠨ | ᠬᠦᠭᠵᠢᠭᠦᠯᠦᠯᠳᠡ ᠨᠡᠭᠡᠭᠡᠯᠳᠡ ᠶᠢᠨ ᠰᠢᠨ᠎ᠡ ᠲᠦᠯᠦᠪ ᠪᠠᠶᠢᠳᠠᠯ ᠢ ᠴᠢᠷᠮᠠᠶᠢᠨ ᠴᠣᠭᠴᠠᠯᠠᠶ᠎ᠠ᠃ ᠡᠨᠡ ᠵᠢᠯ ᠵᠢᠴᠢ | ᠬᠤᠶᠢᠰᠢᠳᠠ ᠶᠢᠨ ᠬᠡᠰᠡᠭ ᠬᠤᠭᠤᠴᠠᠭᠠᠨ ᠤ ᠬᠦᠭᠵᠢᠯᠳᠡ ᠶᠢᠨ ᠶᠡᠷᠦᠩᠬᠡᠢ ᠰᠡᠳᠬᠢᠴᠡ ᠪᠣᠯ᠄ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠ ᠦᠪᠦᠷ ᠮᠣᠩᠭᠤᠯ | ᠳᠤ ᠳᠣᠭᠤᠷᠢᠨ ᠪᠠᠶᠢᠴᠠᠭᠠᠯᠳᠠ ᠬᠢᠬᠦ ᠦᠶ᠎ᠡ ᠳᠤ ᠳᠠᠯᠪᠢᠭᠰᠠᠨ ᠴᠢᠬᠤᠯᠠ ᠶᠡᠷᠢᠶ᠎ᠠ ᠶᠢᠨ ᠵᠣᠷᠢᠭ ᠰᠠᠨᠠᠭ᠎ᠠ ᠶᠢ | ᠬᠦᠨᠵᠡᠭᠡᠢ ᠰᠣᠷᠣᠯᠴᠠᠨ ᠳᠣᠣᠱᠯᠠᠭᠤᠯᠵᠣ᠂ ︽ᠳᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠣᠯᠳᠠ᠂ | ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢᠨ ᠳᠣᠭᠤᠷᠢᠨ ᠳᠤ᠂ | ᠰᠢᠨ᠎ᠡ ᠬᠦᠭᠵᠢᠯᠳᠡ ᠶᠢᠨ ᠣᠶᠢᠯᠠᠭᠠᠭᠳᠠᠬᠤᠨ ᠪᠠ ᠳᠣᠭᠳᠠᠭᠤᠨ ᠳᠣᠮᠳᠠ ᠣᠷᠣᠭᠰᠢᠯᠠᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠳᠠᠯᠠᠨ᠂ ᠴᠢᠨᠡᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠵᠣ᠂ ︽ᠨᠢᠭᠡ ᠪᠦᠰᠡ ᠨᠢᠭᠡ ᠵᠠᠮ︾ ᠪᠠ ︽ᠳᠣᠮᠳᠠᠳᠣ ᠮᠣᠩᠭᠤᠯ ᠣᠷᠣᠰ ᠤᠨ ᠠᠵᠣ ᠠᠬᠤᠢ | ᠶᠢᠨ ᠬᠤᠩᠬᠢᠯ︾ ᠤᠨ ᠪᠦᠲᠦᠭᠡᠨ ᠪᠠᠶᠢᠭᠤᠯᠣᠯᠳᠠ ᠳᠤ ᠰᠠᠨᠠᠭᠠᠴᠢᠯᠠᠭ᠎ᠠ ᠠᠴᠠ ᠪᠠᠨ ᠠᠭᠤᠰᠣᠯᠳᠣᠨ ᠣᠷᠣᠵᠣ᠂ | ᠣᠯᠣᠰ ᠤᠨ ᠭᠤᠣᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠳᠡ ᠶᠢᠨ ᠳᠣᠷᠰᠢᠯᠳᠠ ᠶᠢᠨ ᠳᠣᠭᠤᠷᠢᠭ ᠤᠨ ᠪᠦᠲᠦᠭᠡᠨ | ᠪᠠᠶᠢᠭᠤᠯᠣᠯᠳᠠ ᠪᠠᠷ ᠶᠡᠷᠦᠩᠬᠡᠶᠢᠯᠡᠨ ᠵᠢᠯᠣᠭᠤᠳᠣᠭᠤᠯᠣᠨ᠂ ᠪᠣᠭᠤᠮᠳᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠣ | ᠂ ᠣᠯᠠᠨ ᠣᠯᠣᠰ ᠤᠨ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠬᠢᠯᠢ ᠪᠠᠷ ᠣᠷᠣᠭᠤᠯᠵᠣ ᠭᠠᠷᠭᠠᠬᠤ | ᠪᠣᠯᠪᠠᠰᠣᠷᠠᠭᠤᠯᠬᠤ ᠠᠵᠣ ᠦᠢᠯᠡᠳᠪᠦᠷᠢ ᠂ ᠬᠢᠯᠢ ᠶᠢᠨ ᠣᠨᠴᠠᠯᠢᠭᠳᠣ ᠰᠣᠶᠣᠯ ᠵᠢᠭᠤᠯᠴᠢᠯᠠᠯ᠂ ᠴᠡᠪᠡᠷ ᠡᠨᠧᠷᠬᠢ ᠶᠢᠨ | ᠠᠵᠣ ᠦᠢᠯᠡᠰ ᠢ ᠶᠡᠬᠡᠪᠡᠷ ᠬᠦᠭᠵᠢᠭᠦᠯᠦᠨ ᠂ ᠬᠦᠨᠳᠦ ᠶᠡᠭᠡ ᠠᠶᠣᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ | ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ᠂ ᠪᠣᠬᠢᠷᠳᠣᠯ ᠢ ᠰᠡᠷᠭᠡᠶᠢᠯᠡᠨ ᠵᠠᠰᠠᠬᠤ ᠭᠤᠷᠪᠠᠨ ᠶᠡᠭᠡ | ᠪᠣᠭᠤᠮᠳᠠ ᠰᠢᠪᠳᠣᠯᠬᠤ ᠳᠠᠶᠢᠯᠠᠯᠳᠣᠭᠠᠨ ᠢ ᠡᠷᠡᠰ ᠴᠢᠩᠭ᠎ᠠ ᠰᠠᠶᠢᠳᠣᠷ ᠬᠢᠵᠣ᠂ ᠬᠦᠭᠵᠢᠯᠳᠡ᠂ ᠠᠷᠠᠳ ᠤᠨ | ᠠᠮᠢᠵᠢᠷᠠᠯ᠂ ᠠᠮᠢ ᠠᠬᠤᠢ ᠶᠢᠨ ᠭᠤᠷᠪᠠᠨ ᠳᠣᠣᠷᠠᠳᠣ ᠱᠣᠭᠤᠮ ᠢ ᠡᠷᠡᠰ ᠰᠠᠬᠢᠨ᠂ ᠬᠤᠳᠠ ᠶᠢᠨ ᠪᠦᠲᠦᠭᠡᠨ | ᠪᠠᠶᠢᠭᠤᠯᠣᠯᠳᠠ ᠬᠠᠮᠢᠶᠠᠷᠣᠯᠳᠠ ᠶᠢ ᠣᠯᠠᠮ ᠨᠢᠭᠡ ᠠᠯᠬᠤᠮ ᠴᠢᠩᠭᠠᠳᠬᠠᠵᠣ᠂ ᠰᠠᠭᠤᠷᠢ ᠲᠦᠭᠦᠭᠡᠷᠦᠮᠵᠢ ᠶᠢ | ᠳᠡᠭᠦᠯᠳᠡᠷᠵᠢᠭᠦᠯᠦᠨ᠂ ᠣᠷᠣᠰᠢᠨ ᠰᠠᠭᠤᠬᠤ ᠣᠷᠴᠢᠨ ᠢ ᠰᠠᠶᠢᠵᠢᠷᠠᠭᠤᠯᠵᠣ᠂ ᠪᠡᠯᠡ ᠣᠷᠣᠭᠤᠯᠣᠯᠳᠠ ᠶᠢᠨ ᠣᠷᠴᠢᠨ ᠢ | ᠰᠢᠯᠢᠳᠡᠭᠵᠢᠭᠦᠯᠦᠨ᠂ ᠦᠢᠯᠡᠴᠢᠯᠡᠬᠡᠨ ᠤ ᠶᠠᠰᠣ ᠴᠢᠨᠠᠷ ᠢ ᠳᠡᠭᠡᠭᠰᠢᠯᠡᠭᠦᠯᠦᠨ᠂ ︽ᠬᠤᠶᠠᠷ ᠬᠠᠯᠬᠠᠪᠴᠢ︾ ᠶᠢ | ᠪᠠᠳᠣᠳᠬᠠᠨ ᠪᠠᠬᠢᠵᠢᠭᠦᠯᠵᠣ᠂ ᠨᠠᠮ ᠤᠨ ᠪᠠᠶᠢᠭᠤᠯᠣᠯᠳᠠ ᠶᠢ ᠴᠢᠩᠭᠠᠳᠬᠠᠨ᠂ ᠠᠷᠠᠳ ᠲᠦᠮᠡᠨ ᠤ ᠪᠠᠭ᠋ᠠᠷᠬᠠᠯ ᠢ | ᠳᠠᠳᠠᠭᠰᠠᠨ᠂ ᠣᠯᠠᠨ ᠣᠯᠣᠰ ᠲᠤ ᠳᠠᠭᠠᠰᠢᠶᠠᠭᠳᠠᠭᠰᠠᠨ᠂ ᠣᠯᠠᠨ ᠲᠦᠮᠡᠨ ᠤ ᠬᠦᠰᠡᠨ ᠮᠦᠷᠦᠭᠡᠳᠦᠭᠰᠡᠨ ᠳᠣᠮᠳᠠᠳᠣ | ᠣᠯᠣᠰ ᠤᠨ ᠣᠮᠠᠷᠠᠳᠣ ᠣᠷᠣᠨ ᠤ ᠬᠠᠮᠤᠭ ᠰᠠᠶᠢᠨ ᠪᠣᠭᠤᠮᠳᠠ ᠬᠤᠳᠠ ᠶᠢ ᠴᠣᠭᠴᠠᠯᠠᠶ᠎ᠠ᠃ | ᠣᠳᠣ ᠠᠴᠠ 2020 ᠣᠨ ᠬᠦᠷᠳᠡᠯᠡᠬᠢ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠣᠨ ᠪᠡᠶᠡᠯᠡᠭᠦᠯᠬᠦ ᠰᠢᠢᠳᠪᠦᠷᠢᠳᠣ ᠢᠯᠠᠯᠳᠠ ᠶᠢᠨ ᠬᠤᠭᠤᠴᠠᠭ᠎ᠠ ᠪᠣᠯᠣᠨ᠎ᠠ᠂ ᠪᠢᠳᠡ ᠡᠷᠬᠡᠪᠰᠢ ᠨᠡᠩ | ᠬᠠᠳᠠᠭᠤᠵᠢᠯᠳᠠᠢ ᠪᠠᠷ ᠴᠢᠷᠮᠠᠶᠢᠪᠠᠯ ᠰᠠᠶ᠋ᠢ ᠡᠨᠡᠬᠦ ᠬᠠᠷᠠᠯᠳᠠ ᠶᠢ ᠪᠡᠶᠡᠯᠡᠭᠦᠯᠦᠨ ᠪᠠᠳᠣᠳᠬᠠᠵᠣ ᠴᠢᠳᠠᠨ᠎ᠠ᠃ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠡᠶᠡᠯᠡᠭᠦᠯᠬᠦ ᠡᠯ᠎ᠡ ᠲᠦᠷᠦᠯ ᠤᠨ ᠱᠠᠭᠠᠷᠳᠠᠯᠭ᠎ᠠ ᠪᠠᠷ᠂ ᠨᠡᠶᠢᠭᠡᠮ ᠤᠨ | ᠭᠤᠣᠯ ᠵᠦᠷᠢᠴᠡᠯ ᠤᠨ ᠬᠤᠪᠢᠷᠠᠯᠳᠠ ᠶᠢ ᠨᠢᠭᠳᠠ ᠪᠠᠷᠢᠨ᠂ ᠬᠦᠭᠵᠢᠯᠳᠡ ᠶᠢ ᠦᠷᠭᠦᠯᠵᠢᠯᠡᠨ ᠲᠦᠯᠬᠢᠨ | ᠠᠬᠢᠭᠤᠯᠣᠭᠰᠠᠨ ᠰᠠᠭᠤᠷᠢᠨ ᠳᠡᠭᠡᠷ᠎ᠡ᠂ ᠬᠦᠭᠵᠢᠯᠳᠡ ᠶᠢᠨ ᠳᠡᠩᠴᠡᠭᠦᠷᠢ ᠦᠬᠡᠢ ᠭᠦᠢᠴᠡᠳ ᠦᠬᠡᠢ ᠪᠠᠶᠢᠬᠤ | ᠠᠰᠠᠭᠤᠳᠠᠯ ᠢ ᠬᠦᠴᠦᠯᠡᠨ ᠰᠢᠢᠳᠪᠦᠷᠢᠯᠡᠵᠣ᠂ ᠠᠷᠠᠳ ᠲᠦᠮᠡᠨ ᠳᠤ ᠮᠡᠳᠡᠷᠡᠭᠳᠡᠭᠰᠡᠨ᠂ ᠳᠡᠦᠬᠡ ᠶᠢᠨ ᠰᠢᠯᠭᠠᠯᠳᠠ ᠶᠢ | ᠳᠠᠭᠠᠭᠠᠵᠣ ᠴᠢᠳᠠᠭᠰᠠᠨ ᠪᠦᠬᠦ ᠲᠠᠯ᠎ᠠ ᠶᠢᠨ ᠴᠢᠨᠡᠭᠡᠯᠢᠭ ᠢ ᠴᠢᠷᠮᠠᠶᠢᠨ ᠪᠡᠶᠡᠯᠡᠭᠦᠯᠦᠨ᠎ᠡ᠃ | ᠨᠢᠭᠡ ᠳᠤ᠂ ᠭᠤᠣᠯᠳᠠᠯᠭ᠎ᠠ ᠶᠢ ᠳᠣᠪᠣᠶᠢᠯᠭᠠᠨ ᠠᠳᠬᠤᠵᠣ᠂ ᠳᠣᠳᠠᠭᠳᠠᠯ ᠢᠶᠠᠨ ᠨᠦᠬᠦᠪᠦᠷᠢᠯᠡᠨ᠂ ᠪᠠᠭᠤᠷᠠᠢ ᠳᠠᠯ᠎ᠠ | ᠪᠠᠨ ᠬᠦᠴᠦᠷᠬᠡᠭᠵᠢᠭᠦᠯᠦᠨ᠎ᠡ᠂ ᠣᠨᠴᠠᠭᠠᠶᠢᠯᠠᠨ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠡᠷᠡᠰ | ᠴᠢᠩᠭ᠎ᠠ ᠰᠠᠶᠢᠳᠣᠷ ᠬᠢᠵᠣ᠂ ᠰᠢᠰᠲ᠋ᠧᠮᠳᠣ ᠴᠢᠨᠠᠷᠳᠣ ᠠᠶᠣᠯ ᠲᠦᠭᠰᠢᠭᠦᠷᠢ ᠶᠢᠨ ᠡᠭᠦᠰᠬᠦ ᠦᠬᠡᠢ ᠪᠠᠶᠢᠬᠤ ᠳᠣᠣᠷᠠᠳᠣ | ᠱᠣᠭᠤᠮ ᠢ ᠡᠷᠡᠰ ᠰᠠᠬᠢᠨ᠂ ᠶᠠᠳᠠᠭᠤ ᠠᠴᠠ ᠠᠩᠬᠢᠵᠢᠷᠠᠭᠰᠠᠨ ᠮᠠᠯᠴᠢᠳ ᠤᠨ ᠳᠠᠬᠢᠨ ᠶᠠᠳᠠᠭᠤᠷᠠᠬᠤ ᠦᠬᠡᠢ ᠪᠠᠶᠢᠬᠤ | ᠶᠢ ᠪᠠᠳᠣᠯᠠᠵᠣ᠂ ᠠᠮᠢ ᠠᠬᠤᠢ ᠣᠷᠴᠢᠨ ᠳᠣᠭᠤᠷᠢᠨ ᠤ ᠶᠠᠰᠣ ᠴᠢᠨᠠᠷ ᠢ ᠦᠷᠭᠦᠯᠵᠢᠯᠡᠨ ᠰᠠᠶᠢᠵᠢᠷᠠᠭᠤᠯᠣᠨ᠎ᠠ᠃ | ᠬᠤᠶᠠᠷ ᠲᠤ᠂ ᠶᠠᠰᠣ ᠴᠢᠨᠠᠷ ᠨᠢᠭᠡᠳᠦᠭᠡᠷ᠂ ᠦᠷ᠎ᠡ ᠠᠰᠢᠭ ᠢ ᠲᠡᠷᠢᠭᠦᠨ ᠳᠤ ᠳᠠᠯᠪᠢᠬᠤ ᠶᠢ ᠡᠷᠡᠰ ᠪᠠᠷᠢᠮᠳᠠᠯᠠᠨ᠂ | ᠠᠵᠣ ᠠᠬᠤᠢ ᠶᠢᠨ ᠬᠦᠭᠵᠢᠯᠳᠡ ᠶᠢᠨ ᠶᠠᠰᠣ ᠴᠢᠨᠠᠷ ᠤᠨ ᠬᠤᠪᠢᠰᠣᠯᠳᠠ᠂ ᠦᠷ᠎ᠡ ᠠᠰᠢᠭ ᠤᠨ ᠬᠤᠪᠢᠰᠣᠯᠳᠠ᠂ | ᠬᠦᠳᠡᠯᠭᠡᠬᠦ ᠬᠦᠴᠦᠨ ᠤ ᠬᠤᠪᠢᠰᠣᠯᠳᠠ ᠶᠢ ᠲᠦᠯᠬᠢᠨ ᠠᠬᠢᠭᠤᠯᠵᠣ᠂ ᠰᠢᠨᠵᠢᠯᠡᠬᠦ ᠣᠬᠠᠭᠠᠨ ᠰᠣᠷᠭᠠᠨ ᠬᠦᠮᠦᠵᠢᠯ | ᠢᠶᠠᠷ ᠬᠤᠳᠠ ᠪᠠᠨ ᠮᠠᠨᠳᠣᠭᠤᠯᠬᠤ᠂ ᠴᠢᠳᠠᠪᠣᠷᠢᠳᠠᠨ ᠢᠶᠠᠷ ᠬᠤᠳᠠ ᠪᠠᠨ ᠬᠦᠴᠦᠷᠬᠡᠭᠵᠢᠭᠦᠯᠬᠦ᠂ ᠰᠢᠨ᠎ᠡ ᠶᠢ ᠡᠭᠦᠳᠬᠦ | ᠪᠠᠷ ᠬᠦᠭᠵᠢᠯᠳᠡ ᠶᠢᠨ ᠬᠦᠳᠡᠯᠭᠡᠭᠦᠷ ᠪᠣᠯᠭᠠᠬᠤ᠂ ᠬᠦᠳᠡᠭᠡ ᠳᠣᠰᠬᠤᠨ ᠢ ᠬᠦᠭᠵᠢᠭᠦᠯᠬᠦ᠂ ᠣᠷᠣᠨ ᠪᠦᠰᠡ ᠶᠢ | ᠵᠣᠬᠢᠴᠠᠩᠭᠤᠢ ᠪᠠᠷ ᠬᠦᠭᠵᠢᠭᠦᠯᠬᠦ᠂ ᠦᠷᠭᠦᠯᠵᠢᠯᠡᠬᠦᠶᠢᠴᠡ ᠬᠦᠭᠵᠢᠯᠳᠡ᠂ ᠴᠡᠷᠢᠭ ᠠᠷᠠᠳ ᠠᠭᠤᠰᠣᠯᠳᠣᠨ ᠬᠦᠭᠵᠢᠬᠦ | ᠪᠠᠶᠢᠯᠳᠣᠬᠤ ᠪᠣᠳᠣᠯᠭ᠎ᠠ ᠶᠢ ᠡᠷᠡᠰ ᠬᠡᠷᠡᠭᠵᠢᠭᠦᠯᠦᠨ᠎ᠡ᠃ | ᠭᠤᠷᠪᠠ ᠳᠤ᠂ ᠬᠦᠭᠵᠢᠭᠦᠯᠬᠦ ᠳᠣᠮᠳᠠ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠬᠤ ᠶᠢ ᠪᠠᠷᠢᠮᠳᠠᠯᠠᠨ᠂ | ᠬᠦᠭᠵᠢᠭᠦᠯᠬᠦ ᠳᠣᠮᠳᠠ ᠠᠷᠠᠳ ᠤᠨ ᠠᠮᠢᠳᠣᠷᠠᠯ ᠤᠨ ᠳᠣᠳᠠᠭᠳᠠᠯ ᠢ ᠨᠦᠬᠦᠪᠦᠷᠢᠯᠡᠵᠣ᠂ ᠨᠡᠶᠢᠭᠡᠮ ᠤᠨ ᠡᠷᠬᠡ ᠳᠡᠭᠰᠢ | ᠲᠦᠪ ᠭᠤᠣᠯᠴᠢ ᠶᠢ ᠠᠬᠢᠭᠤᠯᠣᠨ᠂ ᠪᠠᠯᠴᠢᠷ ᠲᠤᠨᠢ ᠪᠣᠶᠢᠵᠢᠭᠤᠯᠬᠤ ᠭᠠᠵᠠᠷ ᠲᠠᠢ᠂ ᠰᠣᠷᠣᠯᠴᠠᠬᠤ ᠠᠴᠠ ᠰᠣᠷᠭᠠᠨ | ᠬᠦᠮᠦᠵᠢᠯ ᠲᠠᠢ᠂ ᠬᠦᠳᠡᠯᠮᠦᠷᠢᠯᠡᠪᠡᠯ ᠬᠦᠯᠦᠰᠦ ᠣᠯᠭᠤᠮᠵᠢ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ | ᠦᠳᠡᠯᠪᠡᠯ ᠬᠦᠷᠳᠡᠬᠦ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠣᠣᠯ ᠨᠢ ᠬᠦᠷᠳᠡᠬᠦ | ᠳᠣᠰᠠᠯᠠᠮᠵᠢ ᠲᠠᠢ ᠪᠠᠶᠢᠬᠤ ᠳᠠᠯ᠎ᠠ ᠪᠠᠷ ᠳᠠᠰᠣᠷᠠᠯᠳᠠ ᠦᠬᠡᠢ ᠰᠢᠨ᠎ᠡ ᠠᠬᠢᠴᠠ ᠲᠠᠢ ᠪᠣᠯᠭᠠᠨ᠎ᠠ᠃ | ᠲᠦᠷᠪᠡ ᠳᠤ᠂ ᠦᠵᠡᠰᠭᠦᠯᠡᠩᠳᠣ ᠰᠠᠶᠢᠬᠠᠨ ᠪᠣᠯᠣᠨ ᠬᠦᠭᠵᠢᠯᠳᠡ ᠶᠢᠨ ᠬᠤᠣᠰ ᠢᠯᠡᠯᠳᠡ ᠶᠢ ᠪᠠᠷᠢᠮᠳᠠᠯᠠᠵᠣ᠂ ᠠᠮᠢ | ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠴᠢᠩᠭᠠᠳᠬᠠᠨ᠂ ᠪᠣᠭᠤᠮᠳᠠ ᠶᠢᠨ ᠠᠮᠣᠷ ᠲᠦᠪᠰᠢᠨ ᠳᠣᠭᠳᠠᠭᠤᠨ | ᠪᠠᠶᠢᠬᠤ ᠶᠢ ᠬᠠᠮᠠᠭᠠᠯᠠᠨ᠂ ᠣᠮᠠᠷᠠᠳᠣ ᠣᠷᠣᠨ ᠤ ᠴᠢᠬᠤᠯᠠ ᠠᠮᠢ ᠠᠬᠤᠢ ᠪᠣᠯᠣᠨ ᠠᠮᠣᠷ ᠲᠦᠪᠰᠢᠨ ᠳᠣᠭᠳᠠᠭᠤᠨ ᠤ | ︽ᠬᠤᠶᠠᠷ ᠬᠠᠯᠬᠠᠪᠴᠢ︾ ᠶᠢ ᠪᠠᠶᠢᠭᠤᠯᠣᠨ ᠪᠠᠬᠢᠵᠢᠭᠦᠯᠦᠨ᠎ᠡ᠃ | ᠳᠠᠪᠤ ᠳᠤ᠂ ᠠᠷᠠᠳᠴᠢᠯᠠᠯ ᠬᠠᠦᠯᠢ ᠲᠦᠷᠢᠮ ᠪᠠ ᠵᠠᠰᠠᠭ ᠤᠨ ᠣᠷᠳᠣᠨ ᠤ ᠬᠤᠪᠢ ᠪᠡᠶ᠎ᠡ ᠶᠢᠨ ᠪᠠᠶᠢᠭᠤᠯᠣᠯᠳᠠ ᠶᠢ | ᠪᠦᠬᠦ ᠲᠠᠯ᠎ᠠ ᠪᠠᠷ ᠴᠢᠩᠭᠠᠳᠬᠠᠨ᠂ ᠨᠠᠮ ᠠᠯᠢᠪᠠ ᠶᠢ ᠣᠳᠣᠷᠢᠳᠬᠤ ᠶᠢ ᠪᠠᠷᠢᠮᠳᠠᠯᠠᠵᠣ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠳᠣᠭᠳᠠᠮᠠᠯ ᠬᠤᠭᠤᠴᠠᠭ᠎ᠠ ᠲᠠᠢ ᠪᠠᠷ ᠠᠵᠢᠯ ᠤᠨ ᠮᠡᠳᠡᠭᠦᠯᠦᠯᠳᠡ ᠬᠢᠬᠦ ᠶᠢ | ᠬᠠᠦᠯᠢ ᠶᠣᠰᠣ ᠪᠠᠷ ᠬᠡᠷᠡᠭᠵᠢᠭᠦᠯᠣᠨ᠂ ᠣᠯᠣᠰ ᠲᠦᠷᠦ ᠶᠢᠨ ᠵᠦᠪᠯᠡᠯᠭᠡᠨ ᠲᠠᠢ ᠠᠵᠢᠯ ᠵᠦᠪᠯᠡᠯᠳᠦᠬᠦ ᠶᠢ ᠢᠳᠡᠪᠬᠢᠳᠡᠢ | ᠪᠠᠷ ᠦᠷᠨᠢᠭᠦᠯᠵᠣ᠂ ᠠᠷᠠᠳ ᠲᠦᠮᠡᠨ ᠡᠷᠬᠡ ᠮᠡᠳᠡᠨ ᠡᠵᠡᠨ ᠰᠠᠭᠤᠬᠤ ᠶᠢ ᠵᠠᠰᠠᠭ ᠤᠨ ᠣᠷᠳᠣᠨ ᠤ ᠠᠵᠢᠯ ᠤᠨ | ᠪᠦᠬᠦᠶᠢᠯᠡ ᠶᠠᠪᠣᠴᠠ ᠳᠤ ᠦᠨᠡᠨᠬᠦ ᠨᠠᠶᠢᠳᠠᠪᠣᠷᠢᠵᠢᠭᠤᠯᠣᠨ᠂ ᠬᠠᠦᠯᠢ ᠪᠠᠷ ᠵᠠᠰᠠᠬᠤ ᠵᠠᠰᠠᠭ ᠤᠨ ᠣᠷᠳᠣᠨ ᠢ | ᠲᠦᠷᠭᠡᠳᠭᠡᠨ ᠪᠠᠶᠢᠭᠤᠯᠣᠨ᠎ᠠ᠃ | ᠬᠤᠶᠢᠰᠢᠳᠠ ᠶᠢᠨ ᠳᠠᠪᠣᠨ ᠵᠢᠯ ᠤᠨ ᠭᠤᠣᠯ ᠣᠷᠢᠳᠴᠢᠯᠠᠭᠰᠠᠨ ᠬᠠᠷᠠᠯᠳᠠ ᠪᠣᠯ᠄ 2022 ᠣᠨ ᠪᠣᠯᠳᠠᠯ᠎ᠠ | ᠂ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠳᠣᠮᠳᠠᠴᠢ ᠪᠠᠷ ᠵᠢᠯ ᠪᠦᠷᠢ 7 % ᠣᠷᠴᠢᠮ | ᠨᠡᠮᠡᠭᠳᠡᠭᠦᠯᠦᠨ᠎ᠡ︔ ᠡᠩ ᠤᠨ ᠣᠯᠠᠨ ᠨᠡᠶᠢᠳᠡ ᠶᠢᠨ ᠲᠦᠰᠦᠪ ᠤᠨ ᠣᠷᠣᠯᠭ᠎ᠠ ᠶᠢ ᠳᠣᠮᠳᠠᠴᠢ ᠪᠠᠷ ᠵᠢᠯ ᠪᠦᠷᠢ 8% | ᠪᠠᠷ ᠨᠡᠮᠡᠭᠳᠡᠭᠦᠯᠦᠨ᠎ᠡ︔ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ ᠳᠣᠮᠳᠠᠴᠢ ᠪᠠᠷ ᠵᠢᠯ ᠪᠦᠷᠢ 8% | ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠬᠤᠳᠠᠯᠳᠣᠬᠤ ᠶᠡᠷᠦᠩᠬᠡᠢ ᠦᠷᠳᠡᠭ | ᠢ ᠳᠣᠮᠳᠠᠴᠢ ᠪᠠᠷ ᠵᠢᠯ ᠪᠦᠷᠢ 8% ᠣᠷᠴᠢᠮ ᠨᠡᠮᠡᠭᠳᠡᠭᠦᠯᠦᠨ᠎ᠡ︔ ᠪᠦᠬᠦ ᠰᠠᠭᠤᠭᠠᠯᠢ ᠠᠷᠠᠳ ᠤᠨ ᠬᠦᠮᠦᠨ | ᠳᠣᠮᠳᠠᠴᠢ ᠡᠵᠡᠮᠳᠡᠵᠣ ᠪᠣᠯᠬᠤ ᠣᠷᠣᠯᠭ᠎ᠠ ᠶᠢ ᠳᠣᠮᠳᠠᠴᠢ ᠪᠠᠷ ᠵᠢᠯ ᠪᠦᠷᠢ 7% ᠣᠷᠴᠢᠮ ᠨᠡᠮᠡᠭᠳᠡᠭᠦᠯᠦᠨ᠎ᠡ︔ ᠬᠢᠯᠢ | ᠪᠠᠷ ᠣᠷᠣᠭᠤᠯᠵᠣ ᠭᠠᠷᠭᠠᠬᠤ ᠪᠠᠷᠠᠭ᠎ᠠ ᠳᠡᠭᠡᠭᠡᠪᠦᠷᠢ ᠶᠢᠨ ᠬᠡᠮᠵᠢᠶ᠎ᠡ ᠪᠣᠯᠣᠨ ᠬᠢᠯᠢ ᠪᠠᠷ ᠣᠷᠣᠭᠤᠯᠵᠣ ᠭᠠᠷᠭᠠᠬᠤ | ᠠᠷᠠᠯᠵᠢᠶᠠᠨ ᠤ ᠨᠣᠷᠮ᠎ᠠ ᠶᠢ ᠳᠣᠮᠳᠠᠴᠢ ᠪᠠᠷ ᠵᠢᠯ ᠪᠦᠷᠢ 10% ᠣᠷᠴᠢᠮ ᠨᠡᠮᠡᠭᠳᠡᠭᠦᠯᠦᠨ᠎ᠡ᠃ | ᠡᠳᠡᠭᠡᠷ ᠬᠠᠷᠠᠯᠳᠠ ᠶᠢ ᠪᠡᠶᠡᠯᠡᠭᠦᠯᠬᠦ ᠳᠤ᠂ ᠡᠷᠬᠡᠪᠰᠢ ︽ᠲᠦᠷᠪᠡᠨ ᠣᠬᠠᠮᠰᠠᠷ︾ ᠢ ᠭᠤᠶᠢᠪᠢᠰᠢ ᠦᠬᠡᠢ | ᠪᠠᠷᠢᠮᠳᠠᠯᠠᠵᠣ᠂ ᠣᠯᠣᠰ ᠲᠦᠷᠦ ᠶᠢᠨ ᠣᠬᠠᠮᠰᠠᠷ᠂ ᠶᠡᠭᠡ ᠳᠠᠯ᠎ᠠ ᠶᠢᠨ ᠣᠬᠠᠮᠰᠠᠷ᠂ ᠭᠤᠣᠯᠯᠠᠬᠤ ᠣᠬᠠᠮᠰᠠᠷ᠂ | ᠨᠢᠭᠡᠳᠦᠯᠳᠡᠢ ᠪᠠᠶᠢᠬᠤ ᠣᠬᠠᠮᠰᠠᠷ ᠢᠶᠠᠨ ᠳᠡᠭᠡᠭᠰᠢᠯᠡᠭᠦᠯᠦᠨ᠂ ᠲᠦᠪ ᠤᠨ ᠡᠯ᠎ᠡ ᠲᠦᠷᠦᠯ ᠤᠨ ᠰᠢᠢᠳᠪᠦᠷᠢᠳᠣ ᠪᠣᠳᠣᠯᠭ᠎ᠠ | ᠶᠢᠨ ᠪᠠᠶᠢᠷᠢᠯᠠᠭᠤᠯᠣᠯᠳᠠ ᠶᠢ ᠡᠷᠡᠰ ᠳᠣᠣᠱᠯᠠᠭᠤᠯᠵᠣ᠂ ᠪᠣᠭᠤᠮᠳᠠ ᠶᠢᠨ ᠬᠦᠭᠵᠢᠯᠳᠡ ᠶᠢᠨ ᠪᠣᠳᠠᠳᠣ ᠪᠠᠶᠢᠳᠠᠯ ᠲᠠᠢ | ᠨᠢᠭᠳᠠ ᠣᠶᠠᠯᠳᠣᠭᠤᠯᠣᠨ᠂ ᠡᠯ᠎ᠡ ᠲᠦᠷᠦᠯ ᠤᠨ ᠠᠵᠢᠯ ᠢ ᠲᠦᠯᠦᠪᠵᠢᠭᠦᠯᠦᠨ ᠲᠦᠯᠬᠢᠨ ᠣᠷᠣᠭᠰᠢᠯᠠᠭᠤᠯᠬᠤ | ᠬᠡᠷᠡᠭᠳᠡᠢ᠃ ᠡᠷᠬᠡᠪᠰᠢ ᠬᠦᠭᠵᠢᠯᠳᠡ ᠪᠣᠯ ᠲᠡᠷᠢᠭᠦᠨ ᠴᠢᠬᠤᠯᠠ ᠡᠭᠦᠷᠭᠡ ᠭᠡᠳᠡᠭ ᠢ ᠭᠤᠶᠢᠪᠢᠰᠢ ᠦᠬᠡᠢ ᠪᠠᠷᠢᠮᠳᠠᠯᠠᠵᠣ᠂ | ᠰᠢᠨ᠎ᠡ ᠶᠢ ᠡᠭᠦᠳᠬᠦ᠂ ᠡᠶ᠎ᠡ ᠵᠣᠬᠢᠴᠠᠩᠭᠤᠢ᠂ ᠪᠤᠬᠢᠷᠳᠦᠯ ᠦᠬᠡᠢ᠂ ᠨᠡᠭᠡᠭᠡᠯᠳᠡ ᠲᠠᠢ᠂ ᠬᠠᠮᠳᠣᠪᠡᠷ ᠡᠳ᠋ᠯᠡᠬᠦ | ᠬᠦᠭᠵᠢᠯᠳᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠬᠤᠳᠠ ᠶᠢᠨ | ᠪᠠᠶᠢᠳᠠᠯ ᠳᠤ ᠰᠠᠭᠤᠷᠢᠯᠠᠨ᠂ ᠠᠯᠣᠰ ᠬᠤᠯᠠ ᠶᠢ ᠪᠠᠷᠠᠯᠠᠵᠣ᠂ ᠣᠨᠴᠠᠯᠢᠭᠳᠣ ᠠᠵᠣ ᠦᠢᠯᠡᠰ ᠢᠶᠠᠨ | ᠬᠦᠴᠦᠷᠬᠡᠭᠵᠢᠭᠦᠯᠣᠨ᠂ ᠠᠵᠣ ᠠᠬᠤᠢ ᠶᠢᠨ ᠪᠦᠲᠦᠴᠡ ᠪᠠᠨ ᠰᠢᠯᠢᠳᠡᠭᠵᠢᠭᠦᠯᠵᠣ᠂ ᠶᠡᠷᠦᠩᠬᠡᠶᠢᠯᠡᠭᠰᠡᠨ ᠪᠣᠳᠠᠳᠣ | ᠬᠦᠴᠦᠨ ᠢᠶᠠᠨ ᠳᠡᠭᠡᠭᠰᠢᠯᠡᠭᠦᠯᠬᠦ ᠬᠡᠷᠡᠭᠳᠡᠢ᠃ ᠡᠷᠬᠡᠪᠰᠢ ᠦᠬᠡᠷᠡᠴᠢᠯᠡᠯᠳᠡ ᠬᠢᠵᠣ ᠰᠢᠨ᠎ᠡ ᠶᠢ ᠡᠭᠦᠳᠬᠦ ᠶᠢ ᠭᠤᠶᠢᠪᠢᠰᠢ | ᠦᠬᠡᠢ ᠪᠠᠷᠢᠮᠳᠠᠯᠠᠵᠣ᠂ ᠣᠯᠣᠰ ᠤᠨ ᠭᠤᠣᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠳᠡ ᠶᠢᠨ ᠳᠣᠷᠰᠢᠯᠳᠠ ᠶᠢᠨ | ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢᠨ ᠠᠯᠬᠤᠴᠠ ᠶᠢ ᠲᠦᠷᠭᠡᠳᠭᠡᠨ᠂ ᠦᠭᠡᠷᠡᠴᠢᠯᠡᠯᠳᠡ ᠶᠢ | ᠬᠦᠨᠵᠡᠭᠡᠶᠢᠷᠡᠭᠦᠯᠬᠦ᠂ ᠲᠦᠷᠦᠭᠦᠯᠡᠨ ᠬᠡᠷᠡᠭᠵᠢᠭᠦᠯᠵᠣ ᠣᠷᠢᠳᠴᠢᠯᠠᠨ ᠳᠣᠷᠰᠢᠬᠤ ᠪᠠ ᠬᠦᠭᠵᠢᠭᠦᠯᠦᠯᠳᠡ ᠨᠡᠭᠡᠭᠡᠯᠳᠡ ᠶᠢᠨ | ᠠᠵᠢᠯ ᠢ ᠪᠠᠳᠣᠳᠠᠢ ᠬᠢᠵᠣ᠂ ᠳᠣᠮᠳᠠᠳᠣ ᠮᠣᠩᠭᠤᠯ ᠤᠨ ᠬᠢᠯᠢ ᠠᠯᠣᠰᠯᠠᠭᠰᠠᠨ ᠠᠵᠣ ᠠᠬᠤᠢ ᠶᠢᠨ ᠬᠠᠮᠳᠣᠷᠠᠯᠴᠠᠭᠠᠨ | ᠤ ᠳᠣᠭᠤᠷᠢᠭ᠂ ᠬᠢᠯᠢ ᠶᠢᠨ ᠠᠵᠣ ᠠᠬᠤᠢ ᠶᠢᠨ ᠬᠠᠮᠳᠣᠷᠠᠯᠴᠠᠭᠠᠨ ᠤ ᠳᠣᠭᠤᠷᠢᠭ ᠪᠠ ᠬᠢᠯᠢ ᠶᠢᠨ ᠢᠷᠭᠡᠳ ᠤᠨ | ᠬᠤᠳᠠᠯᠳᠣᠭᠠᠨ ᠤ ᠳᠣᠭᠤᠷᠢᠭ ᠤᠨ ᠲᠦᠷᠦ ᠶᠢᠨ ᠪᠤᠳᠤᠯᠭ᠎ᠠ ᠶᠢᠨ ᠦᠷ᠎ᠡ ᠨᠦᠯᠦᠭᠡ ᠶᠢ ᠨᠠᠶᠢᠳᠠᠪᠣᠷᠢᠵᠢᠭᠤᠯᠣᠨ | ᠴᠢᠩᠭᠠᠷᠠᠭᠤᠯᠵᠣ᠂ ᠬᠦᠭᠵᠢᠯᠳᠡ ᠶᠢᠨ ᠰᠢᠨ᠎ᠡ ᠰᠠᠭᠤᠷᠢ ᠶᠢ ᠪᠠᠳᠣᠳᠬᠠᠨ᠂ ᠬᠦᠭᠵᠢᠯᠳᠡ ᠶᠢᠨ ᠰᠢᠨ᠎ᠡ ᠬᠦᠳᠡᠯᠭᠡᠬᠦ | ᠬᠦᠴᠦᠨ ᠢ ᠨᠡᠮᠡᠷᠢᠯᠡᠬᠦ ᠬᠡᠷᠡᠭᠳᠡᠢ᠃ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠭᠰᠠᠨ ᠦᠵᠡᠯ ᠰᠠᠨᠠᠭ᠎ᠠ ᠶᠢ | ᠭᠤᠶᠢᠪᠢᠰᠢ ᠦᠬᠡᠢ ᠪᠠᠷᠢᠮᠳᠠᠯᠠᠵᠣ᠂ ᠠᠷᠠᠳ ᠣᠯᠠᠨ ᠤ ᠰᠠᠶᠢᠨ ᠰᠠᠶᠢᠬᠠᠨ ᠠᠮᠢᠳᠣᠷᠠᠯ ᠤᠨ ᠬᠦᠰᠡᠯ ᠮᠦᠷᠦᠭᠡᠳᠦᠯ ᠢ | ᠡᠭᠦᠷᠢᠳᠡ ᠡᠯ᠎ᠡ ᠲᠦᠷᠦᠯ ᠤᠨ ᠠᠵᠢᠯ ᠤᠨ ᠡᠴᠦᠰ ᠤᠨ ᠵᠣᠷᠢᠯᠳᠠ ᠪᠣᠯᠭᠠᠨ᠂ ᠣᠯᠠᠨ ᠲᠦᠮᠡᠨ ᠤ ᠬᠤᠪᠢ ᠪᠠᠶ᠎ᠠ ᠶᠢᠨ | ᠠᠰᠢᠭ ᠳᠣᠰᠠ ᠲᠠᠢ ᠬᠤᠯᠪᠣᠭᠳᠠᠭᠰᠠᠨ ᠠᠷᠠᠳ ᠤᠨ ᠠᠮᠢᠵᠢᠷᠠᠯ ᠤᠨ ᠠᠰᠠᠭᠤᠳᠠᠯ ᠢ ᠪᠦᠬᠦ ᠴᠢᠳᠠᠯ ᠢᠶᠠᠷ ᠢᠶᠠᠨ | ᠴᠢᠷᠮᠠᠶᠢᠨ ᠰᠢᠢᠳᠪᠦᠷᠢᠯᠡᠵᠣ᠂ ᠠᠷᠭ᠎ᠠ ᠪᠦᠬᠦᠨ ᠢ ᠰᠦᠪᠡᠭᠴᠢᠯᠡᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠠᠮᠢᠳᠣᠷᠠᠯ ᠤᠨ ᠲᠦᠪᠰᠢᠨ ᠢ ᠳᠡᠭᠡᠭᠰᠢᠯᠡᠭᠦᠯᠦᠨ᠂ ᠬᠦᠭᠵᠢᠯᠳᠡ ᠶᠢᠨ ᠦᠷ᠎ᠡ ᠪᠦᠲᠦᠮᠵᠢ ᠶᠢ ᠪᠣᠭᠤᠮᠳᠠ ᠶᠢᠨ ᠡᠯ᠎ᠡ | ᠦᠨᠳᠦᠰᠦᠳᠡᠨ ᠤ ᠠᠷᠠᠳ ᠣᠯᠠᠨ ᠳᠤ ᠦᠨᠡᠨᠬᠦ ᠨᠡᠩ ᠣᠯᠠᠨ ᠬᠦᠷᠳᠡᠭᠡᠬᠦ ᠬᠡᠷᠡᠭᠳᠡᠢ᠃ ᠡᠷᠬᠡᠪᠰᠢ ᠨᠡᠶᠢᠭᠡᠮ ᠤᠨ ᠡᠶ᠎ᠡ | ᠵᠣᠬᠢᠴᠠᠯ ᠳᠣᠭᠳᠠᠭᠤᠨ ᠢ ᠲᠦᠯᠬᠢᠨ ᠠᠬᠢᠭᠤᠯᠬᠤ ᠶᠢ ᠭᠤᠶᠢᠪᠢᠰᠢ ᠦᠬᠡᠢ ᠪᠠᠷᠢᠮᠳᠠᠯᠠᠵᠣ᠂ ᠣᠯᠠᠨ ᠨᠡᠶᠢᠳᠡ ᠶᠢᠨ | ᠠᠮᠣᠷ ᠲᠦᠪᠰᠢᠨ ᠤ ᠬᠠᠮᠢᠶᠠᠷᠣᠯᠳᠠ ᠶᠢ ᠴᠢᠩᠭ᠎ᠠ ᠪᠠᠳᠣᠳᠠᠢ ᠰᠠᠶᠢᠳᠣᠷ ᠠᠳᠬᠤᠨ᠂ ᠨᠡᠶᠢᠭᠡᠮ ᠤᠨ ᠠᠮᠣᠷ ᠢ | ᠬᠠᠮᠠᠭᠠᠯᠠᠬᠤ ᠰᠡᠷᠭᠡᠶᠢᠯᠡᠨ ᠡᠷᠬᠡᠰᠢᠶᠡᠬᠦ ᠰᠢᠰᠲ᠋ᠧᠮ ᠤᠨ ᠪᠠᠶᠢᠭᠤᠯᠣᠯᠳᠠ ᠶᠢ ᠲᠦᠷᠭᠡᠳᠭᠡᠵᠣ᠂ ᠬᠠᠮᠳᠣᠪᠡᠷ ᠪᠠᠶᠢᠭᠤᠯᠵᠣ | ᠬᠠᠮᠳᠣᠪᠡᠷ ᠵᠠᠰᠠᠨ ᠬᠠᠮᠳᠣᠪᠡᠷ ᠡᠳ᠋ᠯᠡᠭᠰᠡᠨ ᠨᠡᠶᠢᠭᠡᠮ ᠤᠨ ᠵᠠᠰᠠᠯᠳᠠ ᠬᠠᠮᠢᠶᠠᠷᠣᠯᠳᠠ ᠶᠢᠨ ᠲᠦᠯᠦᠪ ᠪᠠᠶᠢᠳᠠᠯ ᠢ ᠪᠣᠢ | ᠪᠣᠯᠭᠠᠨ᠂ ᠡᠬᠡ ᠣᠯᠣᠰ ᠤᠨ ᠣᠮᠠᠷᠠᠳᠣ ᠬᠢᠯᠢ ᠶᠢᠨ ᠠᠮᠣᠷ ᠲᠦᠪᠰᠢᠨ ᠳᠣᠭᠳᠠᠭᠤᠨ ᠤ ᠬᠠᠯᠬᠠᠪᠴᠢ ᠶᠢ ᠣᠯᠠᠮ ᠨᠢᠭᠡ | ᠠᠯᠬᠤᠮ ᠴᠢᠩᠭᠠᠳᠬᠠᠨ ᠪᠠᠬᠢᠵᠢᠭᠦᠯᠬᠦ ᠬᠡᠷᠡᠭᠳᠡᠢ᠃ | | | 2018 ᠣᠨ ᠤ ᠭᠤᠣᠯ ᠠᠵᠢᠯ | | ᠡᠨᠡ ᠵᠢᠯ ᠪᠣᠯ ᠰᠢᠨ᠎ᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠳᠡ ᠶᠢᠨ ᠵᠢᠯ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠣᠷᠢᠵᠢᠭᠤᠯᠬᠤ | ᠡᠬᠢᠯᠡᠯᠳᠡ ᠶᠢᠨ ᠵᠢᠯ᠂ ᠮᠦᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠡᠶᠡᠯᠡᠭᠦᠯᠬᠦ ᠶᠢᠨ ᠵᠠᠩᠬᠢᠯᠠᠭ᠎ᠠ | ᠶᠢᠨ ᠨᠢᠭᠡ ᠵᠢᠯ ᠪᠣᠯᠣᠨ᠎ᠠ᠃ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠲᠦᠪ ᠬᠤᠷᠢᠶ᠎ᠠ᠂ | ᠦᠪᠡᠷᠳᠡᠭᠡᠨ ᠵᠠᠰᠠᠬᠤ ᠣᠷᠣᠨ ᠤ ᠠᠵᠣ ᠠᠬᠤᠢ ᠶᠢᠨ ᠠᠵᠢᠯ ᠤᠨ ᠬᠤᠷᠠᠯᠳᠣᠭᠠᠨ᠂ ᠬᠤᠳᠠ ᠶᠢᠨ ᠨᠠᠮ ᠤᠨ ᠬᠤᠷᠢᠶᠠᠨ | ᠤ ᠠᠷᠪᠠᠨ ᠭᠤᠷᠪᠠᠳᠣᠭᠠᠷ ᠬᠤᠭᠤᠴᠠᠭᠠᠨ ᠤ ᠭᠤᠷᠪᠠᠳᠣᠭᠠᠷ ᠣᠳᠠᠭᠠᠨ ᠤ ᠪᠦᠬᠦᠳᠡ ᠬᠡᠰᠢᠭᠦᠳ ︵ᠦᠷᠭᠡᠳᠭᠡᠭᠰᠡᠨ︶ | ᠤᠨ ᠬᠤᠷᠠᠯᠳᠣᠭᠠᠨ ᠵᠢᠴᠢ ᠪᠦᠬᠦ ᠬᠤᠳᠠ ᠶᠢᠨ ᠠᠵᠣ ᠠᠬᠤᠢ ᠶᠢᠨ ᠠᠵᠢᠯ ᠤᠨ ᠬᠤᠷᠠᠯᠳᠣᠭᠠᠨ ᠤ ᠵᠣᠷᠢᠭ ᠰᠠᠨᠠᠭ᠎ᠠ | ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠳᠣᠭᠳᠠᠭᠤᠨ ᠳᠣᠮᠳᠠ ᠬᠦᠭᠵᠢᠬᠦ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ ᠣᠶᠢᠯᠠᠭᠠᠭᠳᠠᠬᠤᠨ ᠢ ᠪᠠᠳᠣᠳᠠᠢ ᠪᠣᠢ ᠪᠣᠯᠭᠠᠵᠣ᠂ | ᠦᠨᠳᠦᠷ ᠶᠠᠰᠣ ᠴᠢᠨᠠᠷ ᠲᠠᠢ ᠬᠦᠭᠵᠢᠭᠦᠯᠬᠦ ᠱᠠᠭᠠᠷᠳᠠᠯᠭ᠎ᠠ ᠶᠢ ᠬᠦᠨᠵᠡᠭᠡᠢ ᠳᠣᠣᠱᠯᠠᠭᠤᠯᠣᠨ᠂ ᠦᠰᠦᠯᠳᠡ ᠶᠢ | ᠳᠣᠭᠳᠠᠭᠤᠨ ᠪᠠᠶᠢᠯᠭᠠᠬᠤ᠂ ᠦᠬᠡᠷᠡᠴᠢᠯᠡᠯᠳᠡ ᠶᠢ ᠲᠦᠯᠬᠢᠨ ᠠᠬᠢᠭᠤᠯᠬᠤ᠂ ᠪᠦᠲᠦᠴᠡ ᠳᠤ ᠳᠣᠬᠢᠷᠠᠭᠤᠯᠣᠯᠳᠠ ᠬᠢᠬᠦ᠂ | ᠠᠷᠠᠳ ᠤᠨ ᠠᠮᠢᠳᠣᠷᠠᠯ ᠳᠤ ᠬᠠᠷᠠᠭᠠᠯᠵᠠᠯ ᠬᠦᠷᠳᠡᠭᠡᠬᠦ᠂ ᠠᠶᠣᠯ ᠲᠦᠭᠰᠢᠭᠦᠷᠢ ᠶᠢ ᠰᠡᠷᠭᠡᠶᠢᠯᠡᠬᠦ ᠡᠯ᠎ᠡ ᠲᠦᠷᠦᠯ ᠤᠨ | ᠠᠵᠢᠯ ᠢ ᠨᠢᠭᠡᠳᠦᠯᠳᠡᠢ ᠲᠦᠯᠬᠢᠨ ᠠᠬᠢᠭᠤᠯᠵᠣ᠂ ᠪᠣᠭᠤᠮᠳᠠ ᠶᠢᠨ ᠠᠵᠣ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠦᠭᠵᠢᠭᠦ ᠶᠢ ᠲᠦᠯᠬᠢᠨ ᠠᠬᠢᠭᠤᠯᠣᠨ᠎ᠠ᠃ ᠡᠨᠡ ᠵᠢᠯ ᠤᠨ ᠭᠤᠣᠯ ᠣᠷᠢᠳᠴᠢᠯᠠᠭᠰᠠᠨ ᠬᠠᠷᠠᠯᠳᠠ ᠪᠣᠯ᠄ | ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 7% ᠣᠷᠴᠢᠮ ᠨᠡᠮᠡᠭᠳᠡᠭᠦᠯᠦᠨ᠎ᠡ︔ ᠡᠩ ᠤᠨ | ᠣᠯᠠᠨ ᠨᠡᠶᠢᠳᠡ ᠶᠢᠨ ᠲᠦᠰᠦᠪ ᠤᠨ ᠣᠷᠣᠯᠭ᠎ᠠ ᠶᠢ8% ᠣᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ | ᠪᠣᠳᠠᠰ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠦᠷᠳᠡᠭ ᠢ 9% ᠣᠷᠴᠢᠮ ᠨᠡᠮᠡᠭᠳᠡᠭᠦᠯᠦᠨ᠎ᠡ︔ ᠪᠦᠬᠦ | ᠰᠠᠭᠤᠭᠠᠯᠢ ᠠᠷᠠᠳ ᠤᠨ ᠬᠦᠮᠦᠨ ᠳᠣᠮᠳᠠᠴᠢ ᠡᠵᠡᠮᠳᠡᠵᠣ ᠪᠣᠯᠬᠤ ᠣᠷᠣᠯᠭ᠎ᠠ ᠶᠢ 7% ᠣᠷᠴᠢᠮ ᠨᠡᠮᠡᠭᠳᠡᠭᠦᠯᠦᠨ᠎ᠡ︔ | ᠬᠤᠳᠠ ᠪᠠᠯᠭᠠᠰᠣᠨ ᠤ ᠪᠠᠶᠢᠴᠠᠭᠠᠯᠳᠠ ᠶᠢᠨ ᠠᠵᠢᠯ ᠠᠯᠳᠠᠭᠰᠠᠨ ᠨᠣᠷᠮ᠎ᠠ ᠪᠠ ᠬᠤᠳᠠ ᠪᠠᠯᠭᠠᠰᠣᠨ ᠤ ᠠᠵᠢᠯ | ᠠᠯᠳᠠᠭᠰᠠᠳ ᠤᠨ ᠳᠠᠩᠰᠠᠯᠠᠭᠤᠯᠣᠯᠳᠠ ᠶᠢᠨ ᠨᠣᠷᠮ᠎ᠠ ᠶᠢ ᠳᠣᠰ ᠳᠣᠰ 5% ᠣᠷᠴᠢᠮ ᠪᠠ 2.4% ᠳᠣᠳᠣᠷ᠎ᠠ | ᠬᠢᠵᠠᠭᠠᠷᠯᠠᠨ᠎ᠠ︔ ᠡᠨᠧᠷᠬᠢ ᠠᠷᠪᠢᠯᠠᠨ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ | ᠪᠡᠶᠡᠯᠡᠭᠦᠯᠵᠣ᠂ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠪᠣᠳᠠᠳᠣ ᠠᠬᠢᠴᠠ | ᠲᠠᠢ ᠪᠣᠯᠭᠠᠨ᠂ ᠵᠠᠰᠠᠭ ᠤᠨ ᠣᠷᠳᠣᠨ ᠤ ᠦᠷᠢ ᠦᠭᠴᠡᠭᠡ ᠶᠢ ᠠᠷᠢᠯᠭᠠᠬᠤ ᠠᠵᠢᠯ ᠤᠨ ᠵᠢᠯ ᠤᠨ ᠡᠭᠦᠷᠭᠡ ᠪᠠᠨ | ᠪᠡᠶᠡᠯᠡᠭᠦᠯᠦᠨ᠎ᠡ᠃ | | ᠳᠡᠭᠡᠷ᠎ᠡ ᠳᠣᠷᠠᠳᠣᠭᠰᠠᠨ ᠬᠠᠷᠠᠯᠳᠠ ᠶᠢ ᠪᠡᠶᠡᠯᠡᠭᠦᠯᠬᠦ ᠳᠤ᠂ ᠵᠢᠯ ᠳᠣᠳᠣᠷ᠎ᠠ ᠳᠣᠣᠷᠠᠬᠢ ᠠᠵᠢᠯ ᠨᠤᠭᠤᠳ ᠢ | ᠭᠤᠣᠯᠳᠠᠯᠭ᠎ᠠ ᠪᠣᠯᠭᠠᠨ ᠠᠳᠬᠤᠨ᠎ᠠ᠄ | | | ︵ᠨᠢᠭᠡ︶ ᠣᠯᠣᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠣ᠂ ᠭᠤᠷᠪᠠᠨ ᠶᠡᠭᠡ ᠪᠣᠭᠤᠮᠳᠠ | ᠰᠢᠪᠳᠣᠯᠬᠤ ᠳᠠᠶᠢᠯᠠᠯᠳᠣᠭᠠᠨ ᠢ ᠬᠦᠴᠦ ᠳᠠᠯᠪᠢᠨ ᠰᠠᠶᠢᠳᠣᠷ ᠬᠢᠨ᠎ᠡ | | ᠬᠦᠨᠳᠦ ᠶᠡᠭᠡ ᠠᠶᠣᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ | ᠡᠷᠡᠰ ᠰᠠᠶᠢᠳᠣᠷ ᠬᠢᠨ᠎ᠡ᠃ ᠠᠵᠢᠯ ᠦᠢᠯᠡᠰ ᠲᠤ ᠪᠠᠨ ᠬᠠᠷᠢᠭᠤᠴᠠᠨ᠂ ᠠᠷᠠᠳ ᠲᠦᠮᠡᠨ ᠳᠤ ᠬᠠᠷᠢᠭᠤᠴᠠᠬᠤ ᠶᠢ | ᠪᠠᠷᠢᠮᠳᠠᠯᠠᠨ᠂ ᠵᠠᠰᠠᠭ ᠤᠨ ᠣᠷᠳᠣᠨ ᠤ ᠦᠷᠢ ᠦᠭᠴᠡᠭᠡᠨ ᠤ ᠠᠶᠣᠯ ᠲᠦᠭᠰᠢᠭᠦᠷᠢ ᠶᠢ ᠬᠠᠮᠢᠶᠠᠷᠣᠨ ᠡᠷᠬᠡᠰᠢᠶᠡᠬᠦ | ᠴᠢᠳᠠᠪᠣᠷᠢ ᠶᠢ ᠴᠢᠷᠮᠠᠶᠢᠨ ᠳᠡᠭᠡᠭᠰᠢᠯᠡᠭᠦᠯᠵᠣ᠂ ᠡᠳ᠋ ᠤᠨ ᠵᠠᠰᠠᠭ ᠤᠨ ᠲᠦᠰᠦᠪ ᠤᠨ ᠬᠠᠮᠢᠶᠠᠷᠣᠯᠳᠠ᠂ ᠡᠳ᠋ ᠤᠨ ᠵᠠᠰᠠᠭ | ᠤᠨ ᠪᠡᠯᠡ ᠮᠦᠩᠭᠦ ᠶᠢᠨ ᠬᠡᠷᠡᠭᠴᠡᠭᠡ ᠶᠢ ᠲᠦᠷᠢᠮᠵᠢᠭᠦᠯᠬᠦ᠂ ᠵᠢᠭᠡᠯᠡᠯᠭᠡ ᠶᠢᠨ ᠳᠡᠮᠳᠡᠭᠳᠣ ᠪᠠ ᠡᠯ᠎ᠡ ᠲᠦᠷᠦᠯ ᠤᠨ | ᠰᠠᠭᠤᠷᠢ ᠮᠦᠩᠭᠦ ᠶᠢ ᠰᠢᠨ᠎ᠡ ᠪᠠᠷ ᠨᠡᠮᠡᠭᠳᠡᠭᠦᠯᠬᠦ ᠪᠠᠷ ᠬᠦᠬᠡᠬᠡᠴᠡᠯᠳᠦᠬᠦ᠂ ᠬᠠᠳᠠᠭᠠᠯᠠᠯᠳᠠ ᠶᠢᠨ ᠪᠡᠯᠡ ᠮᠦᠩᠭᠦ ᠶᠢ | ᠰᠡᠷᠭᠦᠭᠡᠨ ᠠᠰᠢᠭᠯᠠᠬᠤ᠂ ᠣᠯᠣᠰ ᠤᠨ ᠦᠮᠴᠢᠯᠡᠯᠳᠦ ᠡᠳ᠋ ᠬᠦᠷᠦᠩᠬᠡ ᠶᠢ ᠰᠢᠢᠳᠪᠦᠷᠢᠯᠡᠬᠦ᠂ PPP ᠵᠠᠭᠪᠣᠷ ᠢ | ᠳᠡᠯᠭᠡᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠣᠨ᠂ ᠵᠠᠰᠠᠭ ᠤᠨ ᠣᠷᠳᠣᠨ ᠤ ᠦᠷᠢ ᠦᠭᠴᠡᠭᠡ ᠶᠢ | ᠠᠷᠢᠯᠭᠠᠬᠤ ᠶᠢ ᠲᠦᠯᠬᠢᠨ ᠠᠬᠢᠭᠤᠯᠵᠣ᠂ ᠳᠠᠯᠳᠠ ᠴᠢᠨᠠᠷᠳᠣ ᠦᠷᠢ ᠦᠭᠴᠡᠭᠡ ᠶᠢ ᠰᠡᠷᠭᠡᠶᠢᠯᠡᠨ ᠡᠷᠬᠡᠰᠢᠶᠡᠬᠦ ᠪᠠᠨ | ᠴᠢᠩᠭᠠᠳᠬᠠᠨ᠂ 2021 ᠣᠨ ᠪᠣᠯᠬᠤ ᠳᠤ ᠵᠠᠰᠠᠭ ᠤᠨ ᠣᠷᠳᠣᠨ ᠤ ᠦᠷᠢ ᠦᠭᠴᠡᠭᠡᠨ ᠤ ᠨᠣᠷᠮ᠎ᠠ ᠶᠢ | ᠬᠢᠵᠠᠭᠠᠷᠯᠠᠯᠳᠣ ᠱᠣᠭᠤᠮ ᠤᠨ ᠳᠣᠳᠣᠷ᠎ᠠ ᠪᠣᠯᠭᠠᠨ ᠳᠣᠷᠣᠭᠰᠢᠯᠠᠭᠤᠯᠣᠨ᠎ᠠ᠃ ᠮᠦᠩᠭᠦᠨ ᠭᠦᠢᠯᠭᠡᠭᠡᠨ ᠤ ᠪᠠᠶᠢᠭᠤᠯᠣᠮᠵᠢ | ᠶᠢᠨ ᠦᠬᠡᠷᠡᠴᠢᠯᠡᠯᠳᠡ ᠶᠢ ᠬᠦᠨᠵᠡᠭᠡᠶᠢᠷᠡᠭᠦᠯᠦᠨ᠂ ᠮᠦᠩᠭᠦᠨ ᠭᠦᠢᠯᠬᠡᠬᠡᠨ ᠤ ᠠᠶᠣᠯ ᠲᠦᠭᠰᠢᠭᠦᠷᠢ ᠶᠢᠨ ᠰᠡᠷᠭᠡᠶᠢᠯᠡᠨ | ᠵᠠᠰᠠᠯᠳᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠣᠷᠣᠨ ᠨᠣᠳᠤᠭ ᠤᠨ ᠮᠦᠩᠭᠦᠨ ᠭᠦᠢᠯᠬᠡᠬᠡᠨ ᠤ ᠬᠢᠨᠠᠯᠳᠠ | ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠡᠯ᠎ᠡ ᠲᠦᠷᠦᠯ ᠤᠨ ᠬᠠᠦᠯᠢ ᠪᠣᠰᠣ ᠪᠠᠷ | ᠮᠦᠩᠭᠦ ᠬᠤᠷᠠᠮᠳᠣᠭᠤᠯᠬᠤ᠂ ᠢᠨᠲ᠋ᠧᠷ ᠰᠦᠯᠵᠢᠶᠡᠨ ᠤ ᠮᠦᠩᠭᠦᠨ ᠭᠦᠢᠯᠬᠡᠬᠡᠨ ᠤ ᠡᠮᠬᠢ ᠵᠠᠮᠪᠠᠷᠠᠭ᠎ᠠ ᠦᠬᠡᠢ ᠪᠠᠶᠢᠳᠠᠯ | ᠳᠤ ᠴᠢᠩᠭ᠎ᠠ ᠴᠣᠬᠢᠯᠳᠠ ᠦᠭᠴᠣ᠂ ᠣᠷᠣᠨ ᠪᠦᠰᠡ ᠶᠢᠨ ᠴᠢᠨᠠᠷᠳᠠᠢ ᠮᠦᠩᠭᠦᠨ ᠭᠦᠢᠯᠬᠡᠬᠡᠨ ᠤ ᠠᠶᠣᠯ ᠲᠦᠭᠰᠢᠭᠦᠷᠢ | ᠠᠴᠠ ᠪᠦᠬᠦ ᠬᠦᠴᠦᠨ ᠢᠶᠠᠷ ᠰᠡᠷᠭᠡᠶᠢᠯᠡᠨ᠂ ᠮᠦᠩᠭᠦᠨ ᠭᠦᠢᠯᠬᠡᠬᠡᠨ ᠤ ᠭᠠᠳᠠᠭᠠᠳᠣ ᠨᠡᠭᠡᠭᠡᠯᠳᠡ ᠬᠠᠮᠳᠣᠷᠠᠯᠴᠠᠭᠠᠨ ᠤ | ᠲᠦᠪᠰᠢᠨ ᠢ ᠳᠣᠭᠳᠠᠭᠤᠨ ᠢᠶᠠᠷ ᠳᠡᠭᠡᠭᠰᠢᠯᠡᠭᠦᠯᠵᠣ᠂ ᠣᠯᠠᠨ ᠳᠡᠰ ᠳᠠᠪᠬᠤᠷᠭ᠎ᠠ ᠶᠢᠨ ᠬᠦᠷᠦᠩᠬᠡ ᠶᠢᠨ ᠵᠠᠬ᠎ᠠ | ᠳᠡᠯᠭᠡᠭᠦᠷ ᠢ ᠠᠰᠢᠭᠯᠠᠨ ᠠᠵᠣ ᠠᠬᠤᠶᠢᠯᠠᠯ ᠤᠨ ᠰᠢᠭᠤᠳ ᠬᠦᠷᠦᠩᠬᠡ ᠬᠤᠷᠠᠮᠳᠣᠭᠤᠯᠬᠤ ᠶᠢ ᠲᠦᠯᠬᠢᠨ ᠠᠬᠢᠭᠤᠯᠵᠣ᠂ | ᠮᠦᠩᠭᠦᠨ ᠭᠦᠢᠯᠬᠡᠬᠡᠨ ᠤ ᠪᠣᠳᠠᠳᠣ ᠠᠵᠣ ᠠᠬᠤᠢ ᠳᠤ ᠦᠢᠯᠡᠴᠢᠯᠡᠬᠦ ᠴᠢᠳᠠᠪᠣᠷᠢ ᠶᠢ ᠳᠡᠭᠡᠭᠰᠢᠯᠡᠭᠦᠯᠦᠨ᠎ᠡ᠃ | ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠡᠷᠡᠰ | ᠰᠠᠶᠢᠳᠣᠷ ᠬᠢᠨ᠎ᠡ᠃ ︽ᠬᠤᠶᠠᠷ ᠲᠤ ᠵᠣᠪᠠᠯᠳᠠ ᠦᠬᠡᠢ ᠭᠤᠷᠪᠠ ᠶᠢ ᠪᠠᠳᠣᠯᠠᠬᠤ︾ ᠶᠠᠳᠠᠭᠤ ᠠᠴᠠ ᠠᠩᠬᠢᠵᠢᠷᠠᠭᠤᠯᠬᠤ | ᠪᠠᠷᠢᠮᠵᠢᠶ᠎ᠠ ᠶᠢ ᠪᠠᠷᠢᠮᠳᠠᠯᠠᠨ᠂ ︽ᠵᠢᠷᠭᠤᠭᠠᠨ ᠣᠨᠣᠪᠴᠢᠳᠠᠢ︾ ︽ᠳᠠᠪᠣᠨ ᠨᠢᠭᠡ ᠪᠦᠯᠦᠭ︾ ᠤᠨ ᠱᠠᠭᠠᠷᠳᠠᠯᠭ᠎ᠠ ᠶᠢ | ᠴᠢᠩᠭ᠎ᠠ ᠨᠠᠶᠢᠳᠠᠪᠣᠷᠢᠵᠢᠭᠤᠯᠵᠣ᠂ ᠶᠠᠳᠠᠭᠤ ᠠᠴᠠ ᠠᠩᠬᠢᠵᠢᠷᠠᠭᠤᠯᠬᠤ ᠪᠠᠶᠢᠩᠭᠤ ᠶᠢᠨ ᠳᠣᠭᠳᠠᠯᠴᠠᠭ᠎ᠠ ᠶᠢ | ᠳᠡᠭᠦᠯᠳᠡᠷᠵᠢᠭᠦᠯᠦᠨ᠂ ᠶᠠᠳᠠᠭᠤ ᠶᠢ ᠳᠡᠳᠬᠦᠬᠦ ᠬᠦᠳᠡᠯᠦᠩᠭᠦᠢ ᠪᠠᠶᠢᠳᠠᠯ ᠤᠨ ᠬᠠᠮᠢᠶᠠᠷᠣᠯᠳᠠ ᠶᠢ ᠴᠢᠩᠭᠠᠳᠬᠠᠵᠣ᠂ | ᠣᠯᠣᠰ ᠤᠨ ᠣᠳᠣᠬᠠᠨ ᠤ ᠬᠡᠷᠡᠭᠵᠢᠭᠦᠯᠵᠣ ᠪᠠᠶᠢᠭ᠎ᠠ ᠪᠠᠷᠢᠮᠵᠢᠶᠠᠳᠣ ᠶᠠᠳᠠᠭᠤ ᠬᠦᠴᠢᠷᠳᠡᠯ ᠤᠨ ᠱᠣᠭᠤᠮ ᠠᠴᠠ | ᠳᠣᠷᠣᠭᠰᠢᠬᠢ ᠳᠠᠩᠰᠠ ᠪᠠᠶᠢᠭᠤᠯᠣᠨ ᠺᠠᠷᠲ ᠣᠯᠭᠤᠭᠰᠠᠨ ᠮᠠᠯᠴᠢᠳ ᠤᠨ ᠶᠠᠳᠠᠭᠤ ᠠᠴᠠ ᠠᠩᠬᠢᠵᠢᠷᠠᠭᠰᠠᠨ ᠦᠷ᠎ᠡ | ᠪᠦᠲᠦᠮᠵᠢ ᠶᠢ ᠪᠠᠳᠣᠳᠬᠠᠨ᠂ ᠶᠠᠳᠠᠭᠤ ᠶᠢ ᠳᠡᠳᠬᠦᠬᠦ ᠶᠢ ᠢᠳᠡᠭᠡᠯ ᠵᠣᠷᠢᠭ ᠢ ᠳᠡᠳᠭᠦᠬᠦ ᠪᠠ ᠣᠶᠣᠨ ᠣᠬᠠᠭᠠᠨ ᠢ | ᠳᠡᠳᠭᠦᠬᠦ ᠲᠠᠢ ᠣᠶᠠᠯᠳᠣᠭᠤᠯᠬᠤ ᠶᠢ ᠴᠢᠬᠤᠯᠠᠴᠢᠯᠠᠵᠣ᠂ ᠬᠦᠴᠢᠷ ᠲᠦᠪᠭ ᠠᠴᠠ ᠪᠠᠴᠢᠮ ᠠᠪᠣᠷᠠᠬᠤ ᠶᠢ | ᠬᠦᠴᠢᠷᠳᠡᠯᠳᠡᠢ ᠪᠠᠶᠢᠳᠠᠯ ᠠᠴᠠ ᠰᠠᠯᠭᠠᠬᠤ ᠲᠠᠢ ᠬᠠᠷᠢᠯᠴᠠᠨ ᠣᠶᠠᠯᠳᠣᠭᠤᠯᠣᠨ᠂ ᠶᠠᠳᠠᠭᠤ ᠠᠴᠠ ᠠᠩᠬᠢᠵᠢᠷᠠᠭᠰᠠᠨ | ᠮᠠᠯᠴᠢᠳ ᠤᠨ ᠦᠵᠡᠯᠳᠡ ᠳᠠᠨᠢᠯᠳᠠ ᠪᠠᠨ ᠬᠤᠪᠢᠷᠠᠭᠤᠯᠣᠨ᠂ ᠦᠪᠡᠷ ᠤᠨ ᠬᠦᠴᠦ ᠪᠠᠷ ᠢᠶᠠᠨ ᠳᠡᠭᠵᠢᠷᠡᠬᠦ ᠶᠢ | ᠣᠳᠣᠷᠢᠳᠴᠣ᠂ ᠶᠠᠳᠠᠭᠤ ᠠᠴᠠ ᠠᠩᠬᠢᠵᠢᠷᠠᠭᠰᠠᠨ ᠮᠠᠯᠴᠢᠳ ᠤᠨ ᠳᠠᠬᠢᠨ ᠶᠠᠳᠠᠭᠤᠷᠠᠬᠤ ᠦᠬᠡᠢ ᠪᠠᠶᠢᠬᠤ ᠶᠢ | ᠪᠠᠳᠣᠯᠠᠨ᠎ᠠ᠃ ᠬᠤᠳᠠ ᠶᠢᠨ ᠳᠣᠣᠷ᠎ᠠ ᠣᠷᠣᠯᠭᠠᠳᠣ ᠣᠯᠠᠨ ᠲᠦᠮᠡᠨ ᠢ ᠬᠠᠪᠰᠣᠷᠣᠨ ᠳᠡᠳᠭᠦᠬᠦ ᠠᠵᠢᠯ ᠢ ᠰᠠᠶᠢᠳᠣᠷ | ᠬᠢᠵᠣ᠂ ᠨᠡᠶᠢᠭᠡᠮ ᠤᠨ ᠳᠠᠭᠠᠳᠬᠠᠯ᠂ ᠠᠵᠢᠯ ᠣᠯᠭᠤᠯᠳᠠ ᠦᠢᠯᠡᠰ ᠪᠣᠰᠬᠠᠯᠳᠠ᠂ ᠰᠠᠭᠤᠷᠢ ᠲᠦᠭᠦᠭᠡᠷᠦᠮᠵᠢ ᠪᠠ | ᠦᠢᠯᠡᠳᠪᠦᠷᠢᠯᠡᠯ ᠢ ᠬᠦᠭᠵᠢᠭᠦᠯᠬᠦ ᠵᠡᠷᠭᠡ ᠬᠠᠪᠰᠣᠷᠣᠨ ᠳᠡᠳᠬᠦᠬᠦ ᠡᠬᠢ ᠪᠠᠶᠠᠯᠢᠭ ᠢ ᠨᠢᠭᠡᠳᠭᠡᠬᠦ ᠬᠦᠴᠦᠯᠡᠴᠡ ᠪᠠᠨ | ᠶᠡᠬᠡᠰᠬᠡᠨ᠂ ᠶᠠᠳᠠᠭᠤ ᠬᠦᠴᠢᠷᠳᠡᠯᠳᠡᠢ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠦᠨᠡᠨᠬᠦ | ᠰᠠᠶᠢᠵᠢᠷᠠᠭᠤᠯᠣᠨ᠎ᠠ᠃ ᠶᠠᠳᠠᠭᠤ ᠠᠴᠠ ᠠᠩᠬᠢᠵᠢᠷᠠᠭᠤᠯᠣᠨ ᠬᠠᠪᠰᠣᠷᠣᠨ ᠳᠡᠳᠭᠦᠬᠦ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠣᠷᠢᠵᠢᠭᠤᠯᠣᠨ᠂ ᠠᠵᠢᠯ ᠢᠶᠠᠨ ᠰᠠᠶᠢᠨ ᠬᠢᠬᠦ ᠦᠬᠡᠢ ᠪᠠ ᠰᠣᠷᠳᠠᠯ ᠴᠡᠭᠴᠡ ᠪᠣᠰᠣ᠂ ᠬᠤᠳᠠᠯ ᠬᠡᠯᠡᠵᠣ | ᠬᠠᠭᠤᠷᠮᠠᠭᠯᠠᠨ ᠮᠡᠬᠡᠯᠡᠬᠦ ᠵᠡᠷᠭᠡ ᠠᠰᠠᠭᠤᠳᠠᠯ ᠢ ᠡᠷᠡᠰ ᠬᠤᠷᠢᠭᠯᠠᠵᠣ᠂ ᠰᠣᠷᠳᠠᠯ ᠤᠨ ᠠᠰᠠᠭᠤᠳᠠᠯ ᠢ ᠳᠣᠰᠬᠠᠶᠢᠯᠠᠨ | ᠴᠡᠭᠴᠡᠯᠡᠬᠦ ᠪᠠ ᠶᠠᠳᠠᠭᠤ ᠶᠢ ᠳᠡᠳᠬᠦᠬᠦ ᠪᠡᠯᠡ ᠮᠦᠩᠭᠦ ᠶᠢᠨ ᠬᠡᠷᠡᠭᠯᠡᠯᠳᠡ ᠳᠠᠬᠢ ᠬᠢᠨᠠᠯᠳᠠ ᠬᠠᠮᠢᠶᠠᠷᠣᠯᠳᠠ ᠶᠢ | ᠴᠢᠩᠭᠠᠳᠬᠠᠨ᠂ ᠶᠠᠳᠠᠭᠤ ᠠᠴᠠ ᠠᠩᠬᠢᠵᠢᠷᠠᠭᠤᠯᠣᠨ ᠬᠠᠪᠰᠣᠷᠣᠨ ᠳᠡᠳᠭᠦᠭᠰᠡᠨ ᠦᠷ᠎ᠡ ᠪᠦᠲᠦᠮᠵᠢ ᠶᠢᠨ ᠲᠡᠦᠬᠡ | ᠪᠣᠯᠣᠨ ᠦᠢᠯᠡᠳᠦᠯᠬᠡ ᠶᠢᠨ ᠰᠢᠯᠭᠠᠯᠳᠠ ᠶᠢ ᠳᠠᠭᠠᠭᠠᠬᠤ ᠶᠢ ᠪᠠᠳᠣᠯᠠᠨ᠎ᠠ᠃ | ᠪᠣᠬᠢᠷᠳᠣᠯ ᠠᠴᠠ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠡᠷᠡᠰ ᠰᠠᠶᠢᠳᠣᠷ | ᠬᠢᠨ᠎ᠠ᠃ ᠨᠡᠶᠢᠭᠡᠮ ᠵᠢᠷᠣᠮ ᠤᠨ ᠠᠮᠢ ᠠᠬᠤᠢ ᠶᠢᠨ ᠦᠵᠡᠯᠳᠡ ᠶᠢ ᠡᠷᠡᠰ ᠪᠣᠢ ᠪᠣᠯᠭᠠᠨ ᠪᠠᠳᠣᠳᠬᠠᠵᠣ᠂ ᠪᠣᠬᠢᠷᠳᠣᠯ | ᠦᠬᠡᠢ ᠬᠦᠭᠵᠢᠯᠳᠡ ᠶᠢᠨ ᠣᠶᠢᠯᠠᠭᠠᠭᠳᠠᠬᠤᠨ ᠢ ᠡᠷᠡᠰ ᠪᠠᠷᠢᠮᠳᠠᠯᠠᠨ᠂ ︽ᠣᠷᠢᠳᠠᠪᠠᠷ ᠪᠣᠬᠢᠷᠳᠣᠭᠤᠯᠣᠨ ᠳᠠᠷᠠᠭ᠎ᠠ | ᠳᠤᠨᠢ ᠵᠠᠰᠠᠬᠤ︾ ᠬᠠᠭᠤᠴᠢᠨ ᠵᠠᠮ ᠢᠶᠠᠷ ᠶᠠᠪᠣᠬᠤ ᠠᠴᠠ ᠰᠡᠷᠭᠡᠶᠢᠯᠡᠵᠣ᠂ ᠬᠦᠮᠦᠨ ᠪᠣᠯᠣᠨ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠦᠭᠵᠢᠬᠦ ᠣᠳᠣᠬᠢᠴᠢᠯᠠᠭᠰᠠᠨ ᠪᠦᠲᠦᠭᠡᠨ ᠪᠠᠶᠢᠭᠤᠯᠣᠯᠳᠠ ᠶᠢᠨ ᠰᠢᠨ᠎ᠡ ᠲᠦᠯᠦᠪ ᠪᠠᠶᠢᠳᠠᠯ ᠢ | ᠪᠦᠷᠢᠯᠳᠦᠭᠦᠯᠬᠦ ᠶᠢ ᠲᠦᠯᠬᠢᠨ ᠠᠬᠢᠭᠤᠯᠣᠨ᠎ᠠ᠃ ᠪᠡᠬᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠰᠣᠷᠪᠣᠯᠵᠢ | ᠶᠢ ᠵᠠᠰᠠᠬᠤ᠂ ᠬᠤᠳᠠ ᠶᠢᠨ ᠬᠠᠮᠠᠭᠠᠯᠠᠯᠳᠠ ᠶᠢᠨ ᠣᠢ ᠶᠢᠨ ᠢᠨᠵᠧᠨᠧᠷᠢᠩ ᠢ ᠬᠦᠨᠵᠡᠭᠡᠢ ᠬᠡᠷᠡᠭᠵᠢᠭᠦᠯᠦᠨ᠂ ᠰᠢᠨ᠎ᠡ | ᠡᠭᠡᠯᠵᠢ ᠶᠢᠨ ᠳᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠪᠣᠳᠣᠯᠭ᠎ᠠ ᠶᠢ | ᠴᠢᠩᠭ᠎ᠠ ᠨᠠᠶᠢᠳᠠᠪᠣᠷᠢᠵᠢᠭᠤᠯᠵᠣ᠂ ᠮᠠᠯᠵᠢᠬᠤ ᠶᠢ ᠬᠤᠷᠢᠭᠯᠠᠬᠤ ᠪᠠ ᠪᠡᠯᠴᠢᠬᠡᠷ ᠮᠠᠯ ᠤᠨ ᠳᠡᠩᠴᠡᠭᠦᠷᠢᠴᠡᠯ ᠤᠨ ᠲᠦᠷᠢᠮ | ᠢ ᠴᠢᠩᠭ᠎ᠠ ᠬᠡᠷᠡᠭᠵᠢᠭᠦᠯᠦᠨ᠂ ᠳᠠᠯ᠎ᠠ ᠨᠣᠳᠤᠭ ᠤᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠣᠨ᠎ᠠ ᠃ ᠪᠦᠬᠦ ᠠᠷᠠᠳ ᠬᠠᠮᠳᠣᠪᠡᠷ ᠵᠠᠰᠠᠬᠤ᠂ ᠡᠬᠢ ᠰᠣᠷᠪᠣᠯᠵᠢ ᠠᠴᠠ ᠨᠢ ᠰᠡᠷᠭᠡᠶᠢᠯᠡᠨ ᠵᠠᠰᠠᠬᠤ ᠶᠢ | ᠪᠠᠷᠢᠮᠳᠠᠯᠠᠨ᠂ ᠠᠭᠠᠷ ᠮᠠᠨᠳᠠᠯ᠂ ᠣᠰᠣ᠂ ᠬᠦᠷᠦᠰᠣᠨ ᠤ ᠪᠣᠬᠢᠷᠳᠣᠯ ᠢ ᠰᠡᠷᠭᠡᠶᠢᠯᠡᠬᠦ ᠦᠢᠯᠡ ᠠᠵᠢᠯᠯᠠᠭᠠᠨ ᠤ | ᠲᠦᠯᠦᠪᠯᠡᠭᠡ ᠶᠢ ᠦᠷᠭᠦᠯᠵᠢᠯᠡᠨ ᠦᠷᠨᠢᠭᠦᠯᠵᠣ᠂ ᠠᠭᠠᠷ ᠮᠠᠨᠳᠠᠯ ᠤᠨ ᠣᠷᠴᠢᠨ ᠳᠣᠭᠤᠷᠢᠨ ᠤ ᠶᠠᠰᠣ ᠴᠢᠨᠠᠷ ᠤᠨ | ᠰᠢᠯᠢᠳᠡᠭ ᠪᠠᠶᠢᠳᠠᠯ ᠢ ᠦᠷᠭᠦᠯᠵᠢᠯᠡᠨ ᠪᠠᠳᠣᠯᠠᠨ᠂ ᠪᠣᠬᠢᠷ ᠣᠰᠣ ᠶᠢ ᠰᠢᠢᠳᠪᠦᠷᠢᠯᠡᠬᠦ ᠦᠢᠯᠡᠳᠪᠦᠷᠢ ᠶᠢ ᠳᠡᠰ | ᠳᠡᠪᠰᠢᠭᠦᠯᠦᠨ ᠵᠠᠰᠠᠨ ᠰᠢᠨᠡᠴᠢᠯᠡᠬᠦ ᠪᠠ ᠪᠣᠵᠠᠷ ᠰᠢᠪᠠᠷ ᠢ ᠬᠤᠣᠷᠳᠠᠯ ᠦᠬᠡᠢ ᠪᠠᠷ ᠰᠢᠢᠳᠪᠦᠷᠢᠯᠡᠬᠦ ᠢᠨᠵᠧᠨᠧᠷᠢᠩ ᠢ | ᠶᠡᠬᠡᠪᠡᠷ ᠬᠡᠷᠡᠭᠵᠢᠭᠦᠯᠵᠣ᠂ ᠬᠦᠷᠦᠰᠦᠨ ᠤ ᠣᠷᠴᠢᠨ ᠳᠣᠭᠤᠷᠢᠨ ᠤ ᠶᠠᠰᠣ ᠴᠢᠨᠠᠷ ᠤᠨ ᠬᠢᠨᠠᠨ ᠬᠡᠮᠵᠢᠯᠳᠡ ᠶᠢ | ᠯᠠᠪᠳᠠᠭᠤᠨ ᠪᠠᠳᠣᠳᠠᠢ ᠦᠷᠨᠢᠭᠦᠯᠦᠨ ᠂ ᠬᠦᠬᠡ ᠳᠡᠭᠷᠢ ᠬᠦᠷᠦᠰᠦᠳᠣ ᠳᠡᠯᠡᠬᠡᠢ ᠪᠠᠨ ᠬᠡᠪ ᠢᠶᠠᠷ ᠨᠢ ᠪᠠᠶᠢᠬᠤ ᠶᠢ | ᠪᠠᠳᠣᠯᠠᠨ᠎ᠠ᠃ | | ︵ᠬᠤᠶᠠᠷ︶ ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠵᠣ᠂ ᠬᠦᠭᠵᠢᠭᠦᠯᠦᠯᠳᠡ ᠨᠡᠭᠡᠭᠡᠯᠳᠡ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ | | ᠪᠦᠬᠦ ᠳᠠᠯ᠎ᠠ ᠪᠠᠷ ᠨᠡᠭᠡᠭᠡᠯᠳᠡ ᠲᠠᠢ ᠳᠣᠮᠣ ᠲᠦᠯᠦᠪ ᠪᠠᠶᠢᠳᠠᠯ ᠢ ᠪᠣᠢ ᠪᠣᠯᠭᠠᠬᠤ ᠶᠢ ᠲᠦᠯᠬᠢᠨ ᠠᠬᠢᠭᠤᠯᠣᠨ᠎ᠠ | ᠃ ︽ᠳᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠬᠢᠯ ᠢ ᠪᠦᠲᠦᠭᠡᠨ ᠪᠠᠶᠢᠭᠤᠯᠬᠤ ᠲᠦᠯᠦᠪᠵᠢᠭᠦᠯᠬᠡ | ᠶᠢᠨ ᠬᠦᠲᠦᠯᠪᠦᠷᠢ︾ ᠶᠢ ᠢᠳᠡᠪᠬᠢᠲᠡᠢ ᠲᠦᠯᠬᠢᠨ ᠠᠬᠢᠭᠤᠯᠵᠣ ᠨᠠᠶᠢᠳᠠᠪᠣᠷᠢᠵᠢᠭᠤᠯᠣᠨ᠂ ᠮᠣᠩᠭᠤᠯ ᠣᠷᠣᠰ ᠲᠤ | ᠬᠠᠨᠳᠣᠭᠰᠠᠨ ᠨᠡᠭᠡᠭᠡᠯᠳᠡ ᠪᠠᠨ ᠬᠦᠨᠵᠡᠭᠡᠶᠢᠷᠡᠭᠦᠯᠵᠣ᠂ ᠵᠣᠬᠢᠴᠠᠭᠤᠯᠣᠯᠳᠠ ᠪᠠ ᠬᠠᠮᠳᠣ ᠶᠢᠨ ᠠᠵᠢᠯᠯᠠᠭᠠᠨ ᠤ | ᠳᠣᠭᠳᠠᠯᠴᠠᠭ᠎ᠠ ᠪᠠᠨ ᠳᠡᠭᠦᠯᠳᠡᠷᠵᠢᠭᠦᠯᠦᠨ᠂ ᠭᠠᠳᠠᠷ ᠣᠷᠣᠨ ᠤ ᠠᠷᠠᠯᠵᠢᠶᠠᠴᠢᠳ ᠤᠨ ᠮᠠᠨ ᠤ ᠬᠤᠳᠠ ᠳᠤ ᠪᠡᠯᠡ | ᠣᠷᠣᠭᠤᠯᠬᠤ ᠳᠤ ᠵᠦᠪᠰᠢᠶᠡᠷᠡᠯ ᠣᠯᠭᠤᠬᠤ ᠪᠠᠷᠢᠮᠵᠢᠶ᠎ᠠ ᠶᠢ ᠠᠭᠠᠵᠢᠮ ᠢᠶᠠᠷ ᠠᠭᠤᠵᠢᠭᠤ ᠳᠠᠯᠪᠢᠵᠣ᠂ ᠵᠦᠪᠰᠢᠶᠡᠷᠡᠯ | ᠣᠯᠭᠤᠬᠤ ᠠᠴᠠ ᠡᠮᠦᠨᠡᠬᠢ ᠣᠯᠣᠰ ᠠᠷᠠᠳ ᠤᠨ ᠣᠯᠭᠤᠮᠵᠢ ᠳᠡᠭᠡᠷ᠎ᠡ ᠰᠦᠷᠭᠡᠦ ᠳᠠᠯ᠎ᠠ ᠶᠢᠨ ᠳᠠᠩᠰᠠ ᠶᠢ ᠨᠡᠮᠡᠨ | ᠪᠣᠳᠣᠬᠤ ᠬᠠᠮᠢᠶᠠᠷᠣᠯᠳᠠ ᠶᠢᠨ ᠬᠡᠯᠪᠡᠷᠢ ᠶᠢ ᠬᠡᠷᠡᠭᠵᠢᠭᠦᠯᠦᠨ᠂ ᠭᠠᠳᠠᠷ ᠣᠷᠣᠨ ᠤ ᠠᠷᠠᠯᠵᠢᠶᠠᠴᠢᠳ ᠤᠨ ᠪᠡᠯᠡ | ᠣᠷᠣᠭᠤᠯᠬᠤ ᠳᠤ ᠲᠦᠭᠦᠮ ᠦᠵᠡᠭᠦᠯᠬᠦ ᠶᠢ ᠠᠬᠢᠭᠤᠯᠵᠣ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠳᠠ | ᠂ ᠦᠢᠯᠡᠳᠪᠦᠷᠢᠯᠡᠯ ᠤᠨ ᠴᠢᠳᠠᠯ ᠪᠣᠯᠣᠨ ᠪᠡᠯᠡ ᠣᠷᠣᠭᠤᠯᠣᠨ ᠬᠠᠮᠳᠣᠷᠠᠨ ᠠᠵᠢᠯᠯᠠᠬᠤ ᠵᠡᠷᠭᠡ ᠭᠤᠣᠯᠳᠠᠯᠭ᠎ᠠ ᠲᠠᠢ | ᠬᠦᠷᠢᠶᠡᠨ ᠳᠤ ᠰᠢᠨ᠎ᠡ ᠠᠬᠢᠴᠠ ᠲᠠᠢ ᠪᠣᠯᠭᠠᠬᠤ ᠪᠠᠷ ᠴᠢᠷᠮᠠᠶᠢᠨ᠎ᠠ᠃ ᠣᠯᠠᠨ ᠣᠯᠣᠰ ᠤᠨ ᠬᠤᠷᠠᠯ ᠦᠵᠡᠰᠭᠦᠯᠡᠩ ᠤᠨ | ᠲᠦᠪ ᠢ ᠭᠦᠢᠴᠡᠳ ᠠᠰᠢᠭᠯᠠᠨ᠂ ᠠᠷᠪᠠᠳᠣᠭᠠᠷ ᠬᠤᠭᠤᠴᠠᠭᠠᠨ ᠤ ᠳᠣᠮᠳᠠᠳᠣ ᠮᠣᠩᠭᠤᠯ ᠣᠷᠣᠰ ᠤᠨ ᠠᠵᠣ ᠠᠬᠤᠢ | ᠠᠷᠠᠯᠵᠢᠶᠠᠨ ᠤ ᠬᠠᠮᠳᠣ ᠶᠢᠨ ᠠᠵᠢᠯᠯᠠᠭᠠᠨ ᠤ ᠡᠷᠢᠶᠡᠨ ᠬᠤᠳᠠ ᠳᠠᠬᠢ ᠴᠢᠭᠤᠯᠭ᠎ᠠ ᠠᠭᠤᠯᠵᠠᠯᠳᠠ ᠵᠡᠷᠭᠡ ᠡᠯ᠎ᠡ | ᠲᠦᠷᠦᠯ ᠤᠨ ᠬᠤᠷᠠᠯ ᠦᠵᠡᠰᠭᠦᠯᠡᠩ ᠢ ᠰᠠᠶᠢᠳᠣᠷ ᠵᠣᠬᠢᠶᠠᠨ ᠪᠠᠶᠢᠭᠤᠯᠣᠨ ᠡᠷᠬᠢᠯᠡᠵᠣ᠂ ᠬᠤᠷᠠᠯ ᠦᠵᠡᠰᠭᠦᠯᠡᠩ ᠤᠨ | ᠠᠵᠣ ᠠᠬᠤᠢ ᠶᠢᠨ ᠨᠡᠷ᠎ᠡ ᠳᠡᠮᠳᠡᠭ ᠢ ᠬᠦᠴᠦᠯᠡᠨ ᠪᠣᠶᠢᠵᠢᠭᠤᠯᠣᠨ᠎ᠠ᠃ ATA ᠪᠢᠴᠢᠭ ᠪᠠᠷᠢᠮᠳᠠ ᠪᠦᠷᠢᠳᠦᠭᠦᠯᠬᠦ ᠪᠠ | ᠣᠣᠯ ᠦᠢᠯᠡᠳᠪᠦᠷᠢᠯᠡᠭᠰᠡᠨ ᠭᠠᠵᠠᠷ ᠲᠤ ᠸᠢᠰᠠ ᠣᠯᠭᠤᠬᠤ ᠠᠵᠢᠯ ᠢ ᠦᠷᠭᠦᠯᠵᠢᠯᠡᠨ ᠰᠠᠶᠢᠳᠣᠷ ᠬᠢᠵᠣ᠂ ᠣᠯᠣᠰ | ᠤᠨ ᠳᠣᠳᠣᠭᠠᠳᠣ ᠶᠢᠨ ᠬᠦᠴᠦᠨ ᠴᠢᠳᠠᠯ ᠲᠠᠢ ᠠᠵᠣ ᠠᠬᠤᠶᠢᠯᠠᠯ ᠤᠨ ᠮᠣᠩᠭᠤᠯ ᠣᠷᠣᠰ ᠲᠤ ᠬᠦᠷᠴᠦ ᠡᠨᠧᠷᠬᠢ | ᠠᠭᠤᠷᠬᠠᠢ ᠶᠢᠨ ᠪᠦᠲᠦᠭᠡᠭᠳᠡᠭᠦᠨ᠂ ᠲᠠᠷᠢᠶᠠᠯᠠᠩ ᠮᠠᠯ ᠠᠵᠣ ᠠᠬᠤᠢ ᠣᠢ ᠰᠢᠭᠤᠢ ᠵᠢᠴᠢ ᠬᠢᠯᠢ ᠶᠢᠨ ᠭᠠᠳᠠᠨ᠎ᠠ | ᠪᠣᠯᠪᠠᠰᠣᠷᠠᠭᠤᠯᠬᠤ ᠠᠵᠣ ᠦᠢᠯᠡᠳᠪᠦᠷᠢ ᠶᠢᠨ ᠬᠦᠷᠢᠶᠡᠯᠡᠩ ᠪᠠᠶᠢᠭᠤᠯᠬᠤ ᠵᠡᠷᠭᠡ ᠬᠦᠷᠢᠶᠡᠨ ᠳᠤ ᠪᠡᠯᠡ ᠣᠷᠣᠭᠤᠯᠵᠣ | ᠬᠠᠮᠳᠣᠷᠠᠨ ᠠᠵᠢᠯᠯᠠᠬᠤ ᠶᠢ ᠢᠳᠡᠪᠬᠢᠳᠡᠢ ᠣᠳᠣᠷᠢᠳᠣᠨ ᠵᠢᠯᠣᠭᠤᠳᠣᠨ᠂ ᠲᠣᠨᠤᠭ ᠲᠦᠭᠦᠭᠡᠷᠦᠮᠵᠢ᠂ ᠪᠠᠷᠠᠭ᠎ᠠ | ᠪᠦᠲᠦᠭᠡᠭᠳᠡᠭᠦᠨ᠂ ᠮᠡᠷᠭᠡᠵᠢᠯ ᠢ ᠭᠠᠳᠠᠭᠠᠳᠣ ᠳᠤ ᠭᠠᠷᠭᠠᠬᠤ ᠪᠠ ᠬᠦᠳᠡᠯᠮᠦᠷᠢ ᠬᠦᠴᠦ ᠶᠢ ᠭᠠᠳᠠᠭᠠᠳᠣ ᠳᠤ ᠭᠠᠷᠭᠠᠬᠤ | ᠶᠢ ᠳᠠᠶᠢᠴᠢᠯᠠᠨ᠎ᠠ᠃ ᠮᠣᠩᠭᠤᠯ ᠣᠷᠣᠰ ᠯᠤᠭ᠎ᠠ ᠶᠢᠨ ᠰᠣᠯᠢᠯᠴᠠᠭ᠎ᠠ ᠬᠠᠮᠳᠣ ᠶᠢᠨ ᠠᠵᠢᠯᠯᠠᠭ᠎ᠠ ᠶᠢᠨ ᠳᠣᠭᠳᠠᠯᠴᠠᠭ᠎ᠠ | ᠳᠤ ᠰᠢᠨ᠎ᠡ ᠶᠢ ᠡᠭᠦᠳᠦᠨ᠂ ᠡᠷᠢᠶᠡᠨ ᠬᠤᠳᠠ ᠶᠢᠨ ᠠᠷᠠᠳ ᠲᠦᠮᠡᠨ ᠤ ᠭᠠᠳᠠᠭᠠᠳᠣ ᠳᠤ ᠨᠦᠬᠦᠷᠰᠡᠭ ᠨᠡᠶᠢᠭᠡᠮᠯᠢᠭ ᠢ | ᠪᠠᠶᠢᠭᠤᠯᠵᠣ᠂ ᠮᠣᠩᠭᠤᠯ ᠣᠷᠣᠰ ᠤᠨ ᠬᠤᠯᠪᠣᠭᠳᠠᠬᠤ ᠣᠷᠣᠨ ᠨᠣᠳᠤᠭ ᠯᠤᠭ᠎ᠠ ᠶᠢᠨ ᠨᠦᠬᠦᠷᠰᠡᠭ ᠬᠤᠳᠠ ᠶᠢᠨ | ᠬᠠᠷᠢᠴᠠᠭ᠎ᠠ ᠶᠢ ᠪᠠᠬᠢᠵᠢᠭᠦᠯᠦᠨ ᠦᠷᠭᠡᠳᠭᠡᠨ᠂ ᠮᠣᠩᠭᠤᠯ ᠣᠯᠣᠰ ᠤᠨ ᠳᠣᠷᠣᠨᠠᠭᠤᠪᠢ ᠠᠶᠢᠮᠠᠭ ᠤᠨ ᠰᠠᠶᠢᠨᠱᠠᠨᠳᠠ | ᠬᠤᠳᠠ ᠳᠤ ︽ᠺᠦᠩᠽᠢ ᠶᠢᠨ ᠬᠢᠴᠢᠶᠡᠯ ᠤᠨ ᠳᠠᠩᠬᠢᠮ︾ ᠢ ᠫᠠᠶᠢᠰᠠ ᠡᠯᠬᠦᠨ ᠪᠠᠶᠢᠭᠤᠯᠬᠤ ᠶᠢ ᠵᠣᠬᠢᠴᠠᠭᠤᠯᠣᠨ | ᠠᠬᠢᠭᠤᠯᠵᠣ᠂ ᠰᠣᠷᠭᠠᠨ ᠬᠦᠮᠦᠵᠢᠯ᠂ ᠰᠢᠨᠵᠢᠯᠡᠭᠡ ᠲᠧᠭᠨᠢᠭ᠂ ᠰᠣᠶᠣᠯ᠂ ᠲᠠᠮᠢᠷ᠂ ᠡᠷᠡᠭᠦᠯ ᠬᠠᠮᠠᠭᠠᠯᠠᠯ᠂ ᠠᠮᠢ ᠠᠬᠤᠢ | ᠵᠡᠷᠭᠡ ᠬᠦᠷᠢᠶᠡᠨ ᠤ ᠪᠣᠳᠠᠳᠣ ᠬᠠᠷᠢᠯᠴᠠᠭ᠎ᠠ ᠬᠠᠮᠳᠣ ᠶᠢᠨ ᠠᠵᠢᠯᠯᠠᠭ᠎ᠠ ᠪᠠᠨ ᠬᠦᠨᠵᠡᠭᠡᠶᠢᠷᠡᠭᠦᠯᠵᠣ᠂ ᠳᠣᠮᠳᠠᠳᠣ | ᠮᠣᠩᠭᠤᠯ᠂ ᠳᠣᠮᠳᠠᠳᠣ ᠣᠷᠣᠰ ᠤᠨ ᠬᠦᠮᠦᠡᠯᠢᠭ ᠤᠨ ᠬᠠᠷᠢᠯᠴᠠᠭ᠎ᠠ ᠶᠢ ᠪᠠᠶᠢᠩᠭᠤᠵᠢᠭᠤᠯᠬᠤ ᠶᠢ ᠲᠦᠯᠬᠢᠨ | ᠠᠬᠢᠭᠤᠯᠣᠨ᠎ᠠ᠃ | ᠣᠯᠠᠨ ᠣᠯᠣᠰ ᠤᠨ ᠬᠠᠮᠳᠣᠷᠠᠯᠴᠠᠭᠠᠨ ᠤ ᠶᠡᠭᠡ ᠳᠠᠪᠴᠠᠩ ᠢ ᠦᠷᠭᠡᠳᠭᠡᠨ ᠳᠡᠭᠡᠭᠰᠢᠯᠡᠭᠦᠯᠦᠨ᠎ᠡ᠃ | ᠦᠪᠡᠷᠳᠡᠭᠡᠨ ᠵᠠᠰᠠᠬᠤ ᠣᠷᠣᠨ ᠤ ︽ᠮᠠᠨᠵᠣᠣᠷ᠂ ᠡᠷᠢᠶᠡᠨ ᠬᠤᠳᠠ ᠶᠢᠨ ᠣᠯᠣᠰ ᠤᠨ ᠭᠤᠣᠯᠳᠠᠯᠭ᠎ᠠ ᠲᠠᠢ | ᠬᠦᠭᠵᠢᠭᠦᠯᠦᠯᠳᠡ ᠨᠡᠭᠡᠭᠡᠯᠳᠡ ᠶᠢᠨ ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠲᠦᠷᠭᠡᠳᠭᠡᠬᠦ | ᠳᠣᠬᠠᠢ ᠡᠳᠦᠢ ᠳᠡᠳᠦᠢ ᠰᠠᠨᠠᠯ︾ ᠢ ᠨᠠᠷᠢᠨ ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠡᠯ᠎ᠡ ᠲᠦᠷᠦᠯ ᠤᠨ | ᠪᠣᠳᠣᠯᠭ᠎ᠠ ᠠᠷᠭ᠎ᠠ ᠬᠡᠮᠵᠢᠶ᠎ᠡ ᠶᠢᠨ ᠪᠣᠳᠠᠳᠠᠢ ᠬᠡᠷᠡᠭᠵᠢᠭᠦᠯᠦᠭᠳᠡᠬᠦ ᠶᠢ ᠲᠦᠯᠬᠢᠨ ᠠᠬᠢᠭᠤᠯᠣᠨ᠎ᠠ᠃ ᠳᠣᠮᠳᠠᠳᠣ ᠮᠣᠩᠭᠤᠯ | ᠬᠤᠶᠠᠷ ᠣᠯᠣᠰ ᠤᠨ ᠬᠢᠯᠢ ᠠᠯᠣᠰᠯᠠᠭᠰᠠᠨ ᠠᠵᠣ ᠠᠬᠤᠢ ᠶᠢᠨ ᠬᠠᠮᠳᠣᠷᠠᠯᠴᠠᠭᠠᠨ ᠤ ᠳᠣᠭᠤᠷᠢᠭ ᠢ ᠪᠦᠲᠦᠭᠡᠨ | ᠪᠠᠶᠢᠭᠤᠯᠬᠤ ᠳᠣᠬᠠᠢ ᠬᠡᠯᠡᠯᠴᠡᠭᠡᠷ ᠢ ᠳᠣᠭᠳᠠᠭᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠣ᠂ ᠮᠣᠩᠭᠤᠯ ᠤᠨ | ᠳᠠᠯ᠎ᠠ ᠲᠠᠢ ᠦᠷᠭᠦᠯᠵᠢᠯᠡᠨ ᠵᠣᠬᠢᠴᠠᠭᠤᠯᠣᠨ᠂ ᠬᠢᠯᠢ ᠠᠯᠣᠰᠯᠠᠭᠰᠠᠨ ᠠᠵᠣ ᠠᠬᠤᠢ ᠶᠢᠨ ᠬᠠᠮᠳᠣᠷᠠᠯᠴᠠᠭᠠᠨ ᠤ | ᠳᠣᠭᠤᠷᠢᠭ ᠤᠨ ᠶᠡᠷᠦᠩᠬᠡᠢ ᠲᠦᠯᠦᠪᠵᠢᠭᠦᠯᠬᠡ ᠵᠢᠴᠢ ᠡᠯ᠎ᠡ ᠲᠦᠷᠦᠯ ᠤᠨ ᠳᠣᠰᠬᠠᠢ ᠲᠦᠯᠦᠪᠵᠢᠭᠦᠯᠬᠡ ᠶᠢ | ᠨᠠᠶᠢᠷᠠᠭᠤᠯᠣᠨ ᠦᠢᠯᠡᠳᠬᠦ ᠠᠵᠢᠯ ᠢ ᠲᠦᠯᠬᠢᠨ ᠠᠬᠢᠭᠤᠯᠵᠣ᠂ ᠬᠢᠯᠢ ᠠᠯᠣᠰᠯᠠᠭᠰᠠᠨ ᠠᠵᠣ ᠠᠬᠤᠢ ᠶᠢᠨ | ᠬᠠᠮᠳᠣᠷᠠᠯᠴᠠᠭᠠᠨ ᠤ ᠳᠣᠭᠤᠷᠢᠭ ᠤᠨ ᠭᠤᠣᠯ ᠬᠡᠰᠡᠭ ᠤᠨ PPP ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ | ᠶᠢᠨ ᠠᠬᠢᠴᠠ ᠶᠢ ᠲᠦᠷᠭᠡᠳᠭᠡᠨ᠂ ᠵᠢᠯ ᠳᠣᠳᠣᠷ᠎ᠠ ᠬᠡᠰᠡᠭ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠳᠠ | ᠶᠢ ᠴᠢᠷᠮᠠᠶᠢᠨ ᠳᠠᠭᠤᠰᠬᠠᠵᠣ᠂ ᠣᠯᠣᠰ ᠤᠨ ᠳᠣᠳᠣᠭᠠᠳᠣ ᠶᠢᠨ ᠠᠵᠣ ᠠᠬᠤᠶᠢᠯᠠᠯ ᠢ ᠳᠠᠳᠠᠨ ᠣᠷᠣᠭᠤᠯᠵᠣ | ᠰᠠᠭᠤᠷᠢᠰᠢᠭᠤᠯᠣᠨ᠎ᠠ᠃ ᠬᠢᠯᠢ ᠶᠢᠨ ᠢᠷᠭᠡᠳ ᠲᠤ ᠨᠡᠩ ᠣᠯᠠᠨ ᠠᠰᠢᠭ ᠬᠦᠷᠳᠡᠬᠦ ᠵᠠᠪᠰᠢᠶᠠᠨ ᠣᠯᠭᠤᠨ᠂ ᠬᠢᠯᠢ ᠶᠢᠨ | ᠢᠷᠭᠡᠳ ᠤᠨ ᠦᠨᠡᠮᠯᠡᠯ ᠤᠨ ᠬᠡᠷᠡᠭᠴᠡᠭᠡᠳᠦ ᠴᠢᠨᠡᠷ ᠢ ᠳᠡᠭᠡᠭᠰᠢᠯᠡᠭᠦᠯᠵᠣ᠂ ︽ᠠᠷᠠᠳ ᠤᠯᠠᠨ ᠢᠶᠠᠷ ᠢᠶᠠᠨ ᠦᠢᠯᠡᠰ | ᠪᠦᠲᠦᠭᠡᠬᠦ᠂ ᠪᠦᠬᠦ ᠨᠡᠶᠢᠭᠡᠮ ᠢᠶᠠᠷ ᠢᠶᠠᠨ ᠰᠢᠨ᠎ᠡ ᠶᠢ ᠡᠭᠦᠳᠬᠦ︾ ᠪᠠ ᠵᠠᠬ᠎ᠠ ᠳᠡᠯᠭᠡᠭᠦᠷ ᠤᠨ ᠬᠤᠳᠠᠯᠳᠣᠨ ᠠᠪᠬᠤ | ᠠᠷᠠᠯᠵᠢᠶᠠᠨ ᠤ ᠳᠣᠷᠰᠢᠯᠳᠠ ᠶᠢᠨ ᠴᠡᠭ ᠤᠨ ᠠᠵᠢᠯ ᠲᠠᠢ ᠣᠶᠠᠯᠳᠣᠭᠤᠯᠣᠨ᠂ ᠬᠢᠯᠢ ᠶᠢᠨ ᠢᠷᠭᠡᠳ ᠤᠨ | ᠬᠤᠳᠠᠯᠳᠣᠭᠠᠨ ᠤ ᠳᠣᠭᠤᠷᠢᠭ ᠤᠨ ᠡᠵᠡᠩᠨᠡᠯᠳᠡ ᠶᠢᠨ ᠬᠡᠪ ᠵᠠᠭᠪᠣᠷ ᠲᠤ ᠰᠢᠨ᠎ᠡ ᠶᠢ ᠡᠭᠦᠳᠴᠦ᠂ ᠬᠤᠳᠠᠯᠳᠣᠭᠠᠴᠢᠨ | ᠣᠷᠢᠬᠤ ᠶᠢ ᠣᠬᠠᠭᠤᠯᠬᠤ ᠬᠦᠴᠦᠯᠡᠴᠡ ᠪᠠᠨ ᠣᠯᠠᠮ ᠨᠢᠭᠡ ᠠᠯᠬᠤᠮ ᠶᠡᠬᠡᠰᠬᠡᠨ᠂ ᠬᠢᠯᠢ ᠶᠢᠨ ᠢᠷᠭᠡᠳ ᠵᠢᠴᠢ | ᠮᠣᠩᠭᠤᠯ ᠣᠯᠣᠰ ᠤᠨ ᠬᠤᠳᠠᠯᠳᠣᠭᠠᠴᠢᠨ ᠡᠷᠦᠬᠡ ᠶᠢᠨ ᠳᠣᠭᠤᠷᠢᠭ ᠲᠤ ᠣᠷᠣᠨ ᠠᠷᠠᠯᠵᠢᠶ᠎ᠠ ᠬᠢᠬᠦ ᠶᠢ ᠢᠳᠡᠪᠬᠢᠳᠡᠢ | ᠣᠳᠣᠷᠢᠳᠴᠦ᠂ ᠪᠣᠭᠤᠮᠳᠠ ᠶᠢᠨ ᠬᠤᠯᠪᠣᠭᠠᠯᠠᠨ ᠬᠢᠨᠠᠬᠤ ᠰᠠᠯᠠᠭ᠎ᠠ ᠮᠦᠴᠢᠷ ᠢ ᠵᠣᠬᠢᠴᠠᠭᠤᠯᠣᠨ ᠬᠢᠨᠠᠯᠳᠠ | ᠬᠠᠮᠢᠶᠠᠷᠣᠯᠳᠠ ᠶᠢᠨ ᠠᠯᠬᠤᠮ ᠶᠠᠪᠣᠴᠠ ᠶᠢ ᠨᠢ ᠰᠢᠯᠢᠳᠡᠭᠵᠢᠭᠦᠯᠣᠨ᠂ ᠬᠢᠯᠢ ᠶᠢᠨ ᠢᠷᠭᠡᠳ ᠤᠨ ᠬᠤᠳᠠᠯᠳᠣᠭᠠᠨ ᠤ | ᠳᠣᠭᠤᠷᠢᠭ ᠤᠨ ᠪᠣᠭᠤᠮᠳᠠ ᠨᠡᠪᠳᠡᠷᠡᠯᠳᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠣ᠂ ᠬᠢᠯᠢ ᠶᠢᠨ ᠢᠷᠭᠡᠳ ᠤᠨ | ᠬᠤᠳᠠᠯᠳᠤᠭ᠎ᠠ ᠶᠢ ᠣᠯᠠᠮ ᠨᠢᠭᠡ ᠠᠯᠬᠤᠮ ᠴᠡᠴᠡᠭᠯᠡᠭᠦᠯᠦᠨ ᠬᠦᠭᠵᠢᠭᠦᠯᠦᠨ᠎ᠡ᠃ ᠬᠠᠷᠢᠯᠴᠠᠨ ᠬᠤᠯᠪᠣᠯᠳᠣᠨ | ᠬᠠᠷᠢᠯᠴᠠᠨ ᠨᠡᠪᠳᠡᠷᠡᠯᠴᠡᠭᠰᠡᠨ ᠳᠣᠮᠣ ᠭᠠᠷᠴᠠ ᠵᠠᠮ ᠢ ᠪᠠᠶᠢᠭᠤᠯᠣᠨ ᠳᠡᠭᠦᠯᠳᠡᠷᠵᠢᠭᠦᠯᠦᠨ᠎ᠡ᠃ ᠡᠷᠢᠶᠠᠨ— ᠮᠠᠨᠳᠠᠯᠳᠣ | ᠴᠢᠭᠯᠡᠯ ᠤᠨ ᠨᠢᠭᠡᠳᠦᠭᠡᠷ ᠵᠡᠷᠭᠡᠯᠡᠯ ᠤᠨ ᠵᠠᠰᠠᠮᠠᠯ ᠵᠠᠮ ᠢ ᠳᠡᠷᠭᠡ ᠨᠡᠪᠳᠡᠷᠡᠭᠦᠯᠬᠦ ᠶᠢ ᠢᠳᠡᠪᠬᠢᠳᠡᠢ ᠲᠦᠯᠬᠢᠨ | ᠠᠬᠢᠭᠤᠯᠵᠣ᠂ ᠣᠯᠣᠰ ᠤᠨ ᠳᠡᠰ ᠤᠨ ᠵᠠᠮ 331 ᠱᠣᠭᠤᠮ ᠤᠨ ᠡᠷᠢᠶᠡᠨ ᠠᠴᠠ ᠠᠶᠢᠷᠠᠭ ᠬᠡᠶᠢᠳ ᠬᠦᠷᠬᠦ ᠬᠡᠰᠡᠭ | ᠤᠨ ᠵᠠᠰᠠᠮᠠᠯ ᠵᠠᠮ ᠢ ᠡᠬᠢᠯᠡᠨ ᠪᠠᠶᠢᠭᠤᠯᠬᠤ ᠶᠢ ᠵᠣᠬᠢᠴᠠᠭᠤᠯᠣᠨ ᠲᠦᠯᠬᠢᠨ ᠠᠬᠢᠭᠤᠯᠣᠨ᠎ᠠ᠃ ᠵᠢᠨᠢᠩ— ᠡᠷᠢᠶᠠᠨ | ᠴᠢᠭᠯᠡᠯ ᠤᠨ ᠲᠡᠮᠦᠷ ᠵᠠᠮ ᠵᠢᠴᠢ ᠡᠷᠢᠶᠠᠨ ᠦᠷᠳᠡᠭᠡ ᠳᠠᠯᠠᠪᠠᠢ ᠶᠢᠨ ᠰᠢᠨᠡᠴᠢᠯᠡᠯᠳᠡ᠂ ᠡᠷᠢᠶᠠᠨ ᠠᠴᠠ ᠪᠣᠭᠤᠳᠣ ᠶᠢᠨ | ᠪᠠᠶᠠᠨᠬᠤᠸᠠᠷ ᠬᠦᠷᠬᠦ ᠳᠡᠮᠦᠷ ᠵᠠᠮ ᠤᠨ ᠲᠦᠷᠦᠯ ᠵᠦᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠣᠨ᠎ᠠ᠃ | ᠮᠣᠩᠭᠤᠯ ᠣᠯᠣᠰ ᠤᠨ ᠣᠯᠠᠭᠠᠨᠪᠠᠭᠠᠳᠣᠷ᠂ ᠣᠷᠣᠰ ᠤᠨ ᠢᠷᠺᠦᠰᠲᠺ᠂ ᠣᠯᠠᠭᠠᠨ ᠡᠭᠦᠳᠡ ᠬᠦᠷᠬᠦ ᠣᠯᠠᠨ ᠣᠯᠣᠰ | ᠤᠨ ᠠᠭᠠᠷ ᠠᠶᠠᠯᠠᠯ ᠤᠨ ᠱᠣᠭᠤᠮ ᠢ ᠦᠷᠭᠦᠯᠵᠢᠯᠡᠨ ᠨᠡᠭᠡᠭᠡᠨ ᠨᠡᠪᠳᠡᠷᠡᠭᠦᠯᠵᠣ᠂ ᠣᠯᠠᠨ ᠣᠯᠣᠰ ᠤᠨ ᠠᠭᠠᠷ ᠤᠨ | ᠪᠣᠭᠤᠮᠳᠠ ᠶᠢ ᠪᠠᠶᠢᠭᠤᠯᠣᠨ ᠠᠯᠪᠠᠨ ᠶᠣᠰᠣ ᠪᠠᠷ ᠭᠠᠳᠠᠭᠰᠢ ᠨᠡᠭᠡᠭᠡᠬᠦ ᠪᠠᠷ ᠬᠦᠬᠡᠬᠡᠴᠡᠯᠳᠦᠨ᠂ ᠣᠯᠣᠰ ᠤᠨ | ᠳᠣᠳᠣᠭᠠᠳᠣ ᠶᠢᠨ ᠠᠶᠠᠯᠠᠯ ᠵᠢᠭᠤᠯᠴᠢᠯᠠᠯ ᠤᠨ ᠠᠭᠠᠷ ᠠᠶᠠᠯᠠᠯ ᠢ ᠨᠡᠮᠡᠨ ᠨᠡᠭᠡᠭᠡᠨ᠎ᠡ᠃ ︽ᠳᠣᠮᠳᠠᠳᠣ ᠮᠣᠩᠭᠤᠯ ᠣᠷᠣᠰ | ᠤᠨ ᠠᠵᠣ ᠠᠬᠤᠢ ᠶᠢᠨ ᠬᠤᠩᠬᠢᠯ ᠤᠨ ᠲᠦᠯᠦᠪᠵᠢᠭᠦᠯᠬᠡ ᠶᠢᠨ ᠬᠦᠲᠦᠯᠪᠦᠷᠢ︾ ᠳᠤ ᠣᠷᠣᠭᠤᠯᠣᠭᠰᠠᠨ | ᠪᠡᠭᠡᠵᠢᠩ— ᠡᠷᠢᠶᠡᠨ— ᠮᠣᠰᠺᠸᠠ ᠴᠢᠭᠯᠡᠯ ᠤᠨ ᠦᠨᠳᠦᠷ ᠬᠤᠷᠳᠣᠴᠠᠳᠣ ᠲᠡᠮᠦᠷ ᠵᠠᠮ᠂ ᠡᠷᠢᠶᠠᠨ— | ᠣᠯᠠᠭᠠᠨᠪᠠᠭᠠᠳᠣᠷ— ᠣᠯᠠᠭᠠᠨ ᠡᠭᠦᠳᠡ ᠴᠢᠭᠯᠡᠯ ᠤᠨ ᠲᠡᠮᠦᠷ ᠵᠠᠮ ᠤᠨ ᠬᠤᠣᠰ ᠱᠣᠭᠤᠮᠳᠣ ᠴᠠᠬᠢᠯᠭᠠᠨᠵᠢᠭᠤᠯᠣᠭᠰᠠᠨ | ᠰᠢᠨᠡᠴᠢᠯᠡᠯᠳᠡ ᠪᠠ ᠦᠨᠳᠦᠷ ᠬᠤᠷᠳᠣᠴᠠᠳᠣ ᠵᠠᠰᠠᠮᠠᠯ ᠵᠠᠮ ᠵᠡᠷᠭᠡ ᠴᠢᠬᠤᠯᠠ ᠳᠣᠮᠣ ᠲᠦᠷᠦᠯ ᠵᠦᠢᠯ ᠡᠮᠦᠨ᠎ᠡ | ᠬᠤᠭᠤᠴᠠᠭᠠᠨ ᠤ ᠠᠵᠢᠯ ᠢ ᠲᠦᠷᠭᠡᠳᠭᠡᠬᠦ ᠶᠢ ᠲᠦᠯᠬᠢᠨ ᠠᠬᠢᠭᠤᠯᠣᠨ᠎ᠠ᠃ | | | ︵ᠭᠤᠷᠪᠠ︶ ᠰᠢᠨ᠎ᠡ ᠬᠦᠭᠵᠢᠯᠳᠡ ᠶᠢᠨ ᠣᠶᠢᠯᠠᠭᠠᠭᠳᠠᠬᠤᠨ ᠢ ᠬᠦᠨᠵᠡᠭᠡᠢ ᠳᠣᠣᠱᠯᠠᠭᠤᠯᠵᠣ᠂ ᠣᠳᠣᠬᠢᠴᠢᠯᠠᠭᠰᠠᠨ | ᠠᠵᠣ ᠠᠬᠤᠢ ᠶᠢᠨ ᠰᠢᠰᠲ᠋ᠧᠮ ᠢ ᠬᠦᠴᠦᠯᠡᠨ ᠪᠠᠶᠢᠭᠤᠯᠣᠨ᠎ᠠ | | | ᠦᠬᠡᠷᠡᠴᠢᠯᠡᠯᠳᠡ ᠬᠢᠵᠣ ᠰᠢᠨ᠎ᠡ ᠶᠢ ᠡᠭᠦᠳᠬᠦ ᠪᠣᠳᠣᠯᠭ᠎ᠠ ᠶᠢᠨ ᠰᠢᠰᠲ᠋ᠧᠮ ᠢ ᠲᠦᠷᠭᠡᠳᠭᠡᠨ ᠪᠠᠶᠢᠭᠤᠯᠣᠨ᠎ᠠ᠃ | ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠭᠡᠶᠢᠷᠡᠭᠦᠯᠦᠨ᠂ ︽ | ᠦᠬᠦᠰᠢᠷᠡᠮᠡᠯ ᠠᠵᠣ ᠠᠬᠤᠶᠢᠯᠠᠯ︾ ᠢ ᠴᠡᠭᠴᠡᠯᠡᠨ ᠰᠢᠢᠳᠪᠦᠷᠢᠯᠡᠬᠦ ᠬᠦᠴᠦᠯᠡᠴᠡ ᠪᠠᠨ ᠶᠡᠬᠡᠰᠬᠡᠵᠣ᠂ ᠠᠵᠣ ᠠᠬᠤᠶᠢᠯᠠᠯ | ᠤᠨ ᠳᠡᠰ ᠳᠡᠪᠰᠢᠬᠦ ᠶᠢ ᠢᠳᠡᠪᠬᠢᠳᠡᠢ ᠣᠳᠣᠷᠢᠳᠣᠨ᠂ ᠣᠯᠠᠨ ᠠᠷᠭ᠎ᠠ ᠵᠠᠮ ᠢᠶᠠᠷ ᠠᠵᠣ ᠠᠬᠤᠶᠢᠯᠠᠯ ᠤᠨ ᠡᠵᠡᠩᠨᠡᠯᠳᠡ | ᠶᠢᠨ ᠦᠷᠳᠡᠭ ᠢ ᠳᠣᠷᠣᠭᠰᠢᠯᠠᠭᠤᠯᠵᠣ᠂ ᠬᠠᠩᠭᠠᠯᠭ᠎ᠠ ᠶᠢᠨ ᠰᠢᠰᠲ᠋ᠧᠮ ᠤᠨ ᠶᠠᠰᠣ ᠴᠢᠨᠠᠷ ᠢ ᠦᠨᠡᠨᠬᠦ | ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠵᠦᠪᠰᠢᠶᠡᠷᠡᠯ ᠤᠨ ᠲᠦᠷᠢᠮ ᠤᠨ ᠦᠭᠡᠷᠡᠴᠢᠯᠡᠯᠳᠡ ᠶᠢ ᠯᠠᠪᠳᠠᠭᠤᠨ | ᠪᠠᠳᠣᠳᠠᠢ ᠲᠦᠯᠬᠢᠨ ᠠᠬᠢᠭᠤᠯᠵᠣ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠦᠢᠯᠡᠴᠢᠯᠡᠬᠡᠨ ᠤ ᠳᠣᠪᠴᠢᠶ᠎ᠠ ᠶᠢ | ᠪᠠᠶᠢᠭᠤᠯᠣᠨ᠂ ︽ᠨᠢᠭᠡ ᠳᠠᠮᠠᠭ᠎ᠠ ᠳᠠᠷᠣᠪᠠᠯ ᠵᠦᠪᠰᠢᠶᠡᠷᠡᠯ ᠣᠯᠭᠤᠬᠤ︾ ᠶᠢ ᠪᠡᠶᠡᠯᠡᠭᠦᠯᠦᠨ᠎ᠡ᠃ ᠠᠵᠣ ᠠᠬᠤᠶᠢᠯᠠᠯ | ᠤᠨ ᠪᠡᠯᠡ ᠣᠷᠣᠭᠤᠯᠣᠯᠳᠠ ᠶᠢᠨ ᠲᠦᠷᠦᠯ ᠵᠦᠢᠯ ᠳᠤ ᠠᠮᠠᠯᠳᠠᠬᠤ ᠲᠦᠷᠢᠮ ᠤᠨ ᠦᠬᠡᠷᠡᠴᠢᠯᠡᠯᠳᠡ ᠶᠢᠨ ᠳᠣᠷᠰᠢᠯᠳᠠ | ᠶᠢᠨ ᠴᠡᠭ ᠤᠨ ᠠᠵᠢᠯ ᠢ ᠢᠳᠡᠪᠬᠢᠳᠡᠢ ᠦᠷᠨᠢᠭᠦᠯᠵᠣ᠂ ᠬᠠᠭᠤᠯᠪᠣᠷᠢᠯᠠᠵᠣ ᠪᠣᠯᠬᠤᠶᠢᠴᠠ᠂ ᠳᠡᠯᠬᠡᠷᠡᠭᠦᠯᠵᠣ ᠪᠣᠯᠬᠤᠶᠢᠴᠠ | ᠳᠣᠷᠰᠢᠯᠭ᠎ᠠ ᠠᠷᠭ᠎ᠠ ᠬᠡᠮᠵᠢᠶ᠎ᠡ ᠶᠢ ᠴᠢᠷᠮᠠᠶᠢᠨ ᠪᠦᠷᠢᠯᠳᠦᠭᠦᠯᠦᠨ᠎ᠡ᠃ ᠡᠯᠧᠺᠲᠷᠣᠨ ᠪᠣᠭᠤᠮᠳᠠ ᠶᠢᠨ ᠪᠦᠲᠦᠭᠡᠨ | ᠪᠠᠶᠢᠭᠤᠯᠣᠯᠳᠠ ᠶᠢ ᠲᠦᠷᠭᠡᠳᠭᠡᠨ᠂ ᠪᠣᠭᠤᠮᠳᠠ ᠶᠢᠨ ᠪᠣᠭᠤᠮᠳᠠ ᠨᠡᠪᠳᠡᠷᠡᠯᠳᠡ ᠶᠢ ᠲᠦᠭᠦᠮᠴᠢᠯᠡᠬᠦ ᠦᠬᠡᠷᠡᠴᠢᠯᠡᠯᠳᠡ ᠶᠢ | ᠬᠦᠨᠵᠡᠭᠡᠶᠢᠷᠡᠭᠦᠯᠵᠣ᠂ ᠳᠣᠮᠳᠠᠳᠣ ᠮᠣᠩᠭᠤᠯ ᠤᠨ ᠬᠢᠯᠢ ᠶᠢᠨ ᠪᠣᠭᠤᠮᠳᠠ ᠶᠢᠨ ᠬᠠᠮᠳᠣᠷᠠᠭᠰᠠᠨ ᠬᠢᠨᠠᠨ ᠬᠠᠮᠢᠶᠠᠷᠣᠯᠳᠠ᠂ | ︽ᠭᠤᠷᠪᠠᠨ ᠬᠠᠷᠢᠯᠴᠠᠨ ᠬᠠᠮᠳᠣᠷᠠᠬᠤ︾ ᠪᠣᠭᠤᠮᠳᠠ ᠨᠡᠪᠳᠡᠷᠡᠯᠳᠡ ᠶᠢᠨ ᠦᠬᠡᠷᠡᠴᠢᠯᠡᠯᠳᠡ ᠶᠢ ᠲᠦᠯᠬᠢᠨ ᠠᠬᠢᠭᠤᠯᠵᠣ | ᠂ ᠣᠯᠠᠨ ᠣᠯᠣᠰ ᠤᠨ ᠠᠷᠠᠯᠵᠢᠶᠠᠨ ᠳᠤ ︽ᠳᠠᠩ ᠭᠠᠭᠴᠠ ᠴᠣᠩᠬᠤ︾ ᠶᠢ ᠬᠡᠷᠡᠭᠵᠢᠭᠦᠯᠬᠦ ᠶᠢ ᠳᠡᠯᠭᠡᠷᠡᠭᠦᠯᠦᠨ᠎ᠡ᠃ | ᠣᠯᠣᠰ ᠤᠨ ᠬᠢᠵᠢᠭ ᠪᠠᠶᠢᠴᠠᠭᠠᠬᠤ ᠰᠢᠯᠭᠠᠨ ᠪᠠᠶᠢᠴᠠᠭᠠᠬᠤ ᠳᠣᠷᠰᠢᠯᠳᠠ ᠶᠢᠨ ᠳᠣᠭᠤᠷᠢᠭ ᠤᠨ ᠪᠦᠲᠦᠭᠡᠨ | ᠪᠠᠶᠢᠭᠤᠯᠣᠯᠳᠠ ᠶᠢ ᠢᠳᠡᠪᠬᠢᠳᠡᠢ ᠲᠦᠯᠬᠢᠨ ᠠᠬᠢᠭᠤᠯᠣᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠦᠯᠢ | ᠬᠡᠷᠡᠭᠵᠢᠭᠦᠯᠬᠦ ᠦᠬᠡᠷᠡᠴᠢᠯᠡᠯᠳᠡ ᠶᠢ ᠬᠦᠨᠵᠡᠭᠡᠶᠢᠷᠡᠭᠦᠯᠦᠨ᠂ ᠨᠠᠷᠢᠨ ᠳᠠᠩᠰᠠ ᠶᠢᠨ ᠬᠠᠮᠢᠶᠠᠷᠣᠯᠳᠠ ᠪᠠ ᠳᠣᠬᠢᠶᠠᠯᠳᠣᠯ | ᠢᠶᠠᠷ ᠬᠢᠨᠠᠨ ᠬᠠᠮᠢᠶᠠᠷᠬᠤ ᠳᠣᠭᠳᠠᠯᠴᠠᠭ᠎ᠠ ᠶᠢ ᠳᠡᠭᠦᠯᠳᠡᠷᠵᠢᠭᠦᠯᠵᠣ᠂ ᠡᠭᠦᠷᠭᠡ ᠴᠢᠳᠠᠪᠬᠢ ᠳᠣᠳᠣᠷᠬᠠᠢ᠂ ᠦᠷ᠎ᠡ | ᠪᠦᠲᠦᠮᠵᠢᠳᠡᠢ᠂ ᠡᠮᠬᠢ ᠳᠠᠷᠠᠭᠠᠯᠠᠯ ᠲᠠᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠦᠯᠢ ᠬᠡᠷᠡᠭᠵᠢᠭᠦᠯᠬᠦ ᠬᠢᠨᠠᠯᠳᠠ | ᠬᠠᠮᠢᠶᠠᠷᠣᠯᠳᠠ ᠶᠢᠨ ᠳᠣᠭᠳᠠᠯᠴᠠᠭ᠎ᠠ ᠶᠢ ᠢᠳᠡᠪᠬᠢᠳᠡᠢ ᠪᠠᠶᠢᠭᠤᠯᠣᠨ᠎ᠠ᠃ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ | ᠦᠬᠡᠷᠡᠴᠢᠯᠡᠯᠳᠡ ᠶᠢ ᠬᠦᠨᠵᠡᠭᠡᠶᠢᠷᠡᠭᠦᠯᠦᠨ᠂ ᠠᠷᠠᠳ ᠤᠨ ᠵᠣᠭᠤᠰ ᠪᠣᠯᠣᠨ ᠮᠣᠩᠭᠤᠯ ᠲᠦᠭᠦᠷᠢᠭ ᠤᠨ ᠣᠯᠣᠰ ᠤᠨ | ᠭᠠᠳᠠᠭᠠᠳᠣ ᠭᠤᠪᠢᠭᠤᠯᠣᠯᠭᠠ ᠶᠢᠨ ᠰᠣᠯᠢᠯᠴᠠᠭᠠᠨ ᠤ ᠲᠦᠪ ᠲᠤ ᠫᠠᠶᠢᠰᠠ ᠡᠯᠬᠦᠨ ᠠᠵᠢᠯᠯᠠᠬᠤ ᠠᠬᠢᠴᠠ ᠶᠢ ᠲᠦᠯᠬᠢᠨ | ᠠᠬᠢᠭᠤᠯᠵᠣ᠂ ᠣᠯᠠᠨ ᠳᠠᠪᠬᠤᠷᠭᠠᠳᠣ ᠬᠦᠷᠦᠩᠬᠡ ᠶᠢᠨ ᠵᠠᠬ᠎ᠠ ᠳᠡᠯᠬᠡᠭᠦᠷ ᠢ ᠠᠰᠢᠭᠯᠠᠨ ᠠᠵᠣ ᠠᠬᠤᠶᠢᠯᠠᠯ ᠤᠨ | ᠰᠢᠭᠤᠳ ᠪᠡᠯᠡ ᠬᠤᠷᠠᠮᠳᠣᠭᠤᠯᠬᠤ ᠶᠢ ᠲᠦᠯᠬᠢᠨ ᠠᠬᠢᠭᠤᠯᠵᠣ᠂ ᠮᠦᠩᠭᠦᠨ ᠭᠦᠢᠯᠬᠡᠬᠡᠨ ᠤ ᠪᠣᠳᠠᠳᠣ ᠠᠵᠣ ᠠᠬᠤᠢ | ᠳᠤ ᠦᠢᠯᠡᠴᠢᠯᠡᠬᠦ ᠴᠢᠳᠠᠪᠣᠷᠢ ᠶᠢ ᠳᠡᠭᠡᠭᠰᠢᠯᠡᠭᠦᠯᠦᠨ᠎ᠡ᠃ ᠴᠢᠳᠠᠪᠣᠷᠢᠳᠠᠨ ᠢᠶᠠᠷ ᠬᠤᠳᠠ ᠪᠠᠨ ᠬᠦᠴᠦᠷᠬᠡᠭᠵᠢᠬᠦᠯᠬᠦ | ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠦᠨ᠂ ᠡᠷᠢᠶᠠᠨ ᠬᠤᠳᠠ ᠶᠢᠨ ᠴᠢᠳᠠᠪᠣᠷᠢᠳᠠᠨ ᠤ ᠦᠬᠡᠷᠡᠴᠢᠯᠡᠯᠳᠡ ᠶᠢᠨ | ᠳᠣᠷᠰᠢᠯᠳᠠ ᠶᠢᠨ ᠣᠷᠣᠨ ᠤ ᠪᠠᠶᠢᠭᠤᠯᠣᠯᠳᠠ ᠶᠢ ᠲᠦᠯᠬᠢᠨ ᠠᠬᠢᠭᠤᠯᠵᠣ᠂ ︽ᠡᠷᠢᠶᠠᠨ ᠬᠤᠳᠠ ᠶᠢᠨ ᠴᠢᠳᠠᠪᠣᠷᠢᠳᠠᠨ | ᠢ ᠳᠠᠳᠠᠨ ᠣᠷᠣᠭᠤᠯᠬᠤ ᠪᠠ ᠬᠦᠳᠡᠯᠦᠩᠭᠦᠢ ᠪᠠᠶᠢᠳᠠᠯ ᠤᠨ ᠬᠠᠮᠢᠶᠠᠷᠣᠯᠳᠠ ᠶᠢᠨ ᠠᠷᠭ᠎ᠠ︾ ᠶᠢ ᠨᠡᠶᠢᠳᠡᠯᠡᠨ | ᠬᠡᠷᠡᠭᠵᠢᠭᠦᠯᠵᠣ᠂ ᠣᠯᠣᠰ ᠤᠨ ᠶᠠᠮᠣᠨ ᠵᠦᠪᠯᠡᠯ᠂ ᠦᠪᠡᠷᠳᠡᠭᠡᠨ ᠵᠠᠰᠠᠬᠤ ᠣᠷᠣᠨ ᠤ ᠬᠤᠯᠪᠣᠭᠳᠠᠬᠤ ᠰᠠᠯᠠᠭ᠎ᠠ ᠮᠦᠴᠢᠷ | ᠪᠠ ᠠᠳᠠᠯᠢ ᠲᠦᠷᠦᠯ ᠤᠨ ᠪᠣᠭᠤᠮᠳᠠ ᠣᠷᠣᠨ ᠤ ᠺᠠᠳ᠋ᠷ ᠢ ᠬᠤᠣᠰ ᠴᠢᠭᠯᠡᠯ ᠢᠶᠠᠷ ᠳᠣᠰᠢᠶᠠᠯ ᠬᠠᠪᠰᠣᠷᠭᠠᠨ | ᠠᠵᠢᠯᠯᠠᠭᠤᠯᠬᠤ ᠪᠠ ᠨᠠᠶᠢᠳᠠᠨ ᠪᠣᠯᠪᠠᠰᠣᠷᠠᠯ ᠬᠦᠷᠳᠡᠭᠡᠬᠦ ᠠᠵᠢᠯ ᠢ ᠴᠢᠩᠭᠠᠳᠬᠠᠨ᠂ ᠦᠨᠳᠦᠷ ᠵᠡᠷᠭᠡᠯᠡᠯ ᠤᠨ ᠰᠢᠨ᠎ᠡ ᠶᠢ | ᠡᠭᠦᠳᠦᠨ ᠦᠢᠯᠡᠰ ᠪᠣᠰᠬᠠᠭᠴᠢ᠂ ᠠᠵᠣ ᠠᠬᠤᠶᠢᠯᠠᠯ ᠡᠵᠡᠩᠨᠡᠨ ᠬᠠᠮᠢᠶᠠᠷᠣᠭᠴᠢ᠂ ᠳᠣᠰᠬᠠᠢ ᠮᠡᠷᠭᠡᠵᠢᠯᠳᠡᠨ ᠵᠡᠷᠭᠡ | ᠡᠯ᠎ᠡ ᠲᠦᠷᠦᠯ ᠤᠨ ᠳᠣᠳᠠᠭᠳᠠᠵᠣ ᠪᠠᠶᠢᠭ᠎ᠠ ᠴᠢᠳᠠᠪᠣᠷᠢᠳᠠᠨ ᠢ ᠳᠠᠳᠠᠨ ᠣᠷᠣᠭᠤᠯᠣᠨ᠎ᠠ᠃ ᠰᠢᠨ᠎ᠡ ᠬᠦᠭᠵᠢᠯᠳᠡ ᠶᠢᠨ | ᠣᠶᠢᠯᠠᠭᠠᠭᠳᠠᠬᠤᠨ ᠢ ᠳᠣᠣᠱᠯᠠᠭᠤᠯᠣᠨ᠂ ︽ᠠᠷᠪᠠᠨ ᠭᠤᠷᠪᠠᠳᠣᠭᠠᠷ ᠳᠠᠪᠣᠨ ᠵᠢᠯ︾ ᠤᠨ ᠲᠦᠯᠦᠪᠵᠢᠭᠦᠯᠬᠡ ᠶᠢᠨ | ᠳᠣᠮᠳᠠ ᠬᠤᠭᠤᠴᠠᠭᠠᠨ ᠤ ᠦᠨᠡᠯᠡᠯᠳᠡ᠂ ᠵᠠᠰᠠᠯᠳᠠ ᠶᠢᠨ ᠠᠵᠢᠯ ᠢ ᠬᠢᠨᠠᠮᠠᠭᠠᠢ ᠰᠠᠶᠢᠳᠣᠷ ᠬᠢᠨ᠎ᠡ᠃ | ᠳᠣᠯᠭᠠᠭᠤᠷᠢᠯᠠᠭᠴᠢ ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ ᠶᠢ ᠦᠷᠭᠦᠯᠵᠢᠯᠡᠨ | ᠲᠦᠯᠬᠢᠨ ᠠᠬᠢᠭᠤᠯᠣᠨ᠎ᠠ᠃ ᠣᠯᠠᠨ ᠣᠯᠣᠰ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠢ | ᠳᠣᠪᠣᠶᠢᠯᠭᠠᠨ ᠠᠳᠬᠤᠨ᠎ᠠ᠃ ᠭᠠᠳᠠᠭᠠᠳᠣ ᠠᠷᠠᠯᠵᠢᠶᠠᠨ ᠤ ᠡᠯ᠎ᠡ ᠲᠦᠷᠦᠯ ᠤᠨ ᠨᠦᠬᠦᠪᠦᠷᠢ ᠮᠦᠩᠭᠦ ᠶᠢ | ᠬᠦᠬᠡᠬᠡᠴᠡᠯᠳᠦᠬᠦ ᠬᠦᠴᠦᠯᠡᠴᠡ ᠪᠠᠨ ᠶᠡᠬᠡᠰᠬᠡᠨ᠂ ︽ᠠᠷᠠᠯᠵᠢᠶ᠎ᠠ ᠶᠢ ᠠᠬᠢᠭᠤᠯᠬᠤ ᠵᠢᠭᠡᠯᠡᠯᠭᠡ︾ ᠶᠢᠨ ᠳᠠᠪᠴᠠᠩ ᠤᠨ | ᠪᠠᠶᠢᠭᠤᠯᠣᠯᠳᠠ ᠶᠢ ᠲᠦᠷᠭᠡᠳᠭᠡᠨ ᠠᠬᠢᠭᠤᠯᠵᠣ᠂ ᠭᠠᠳᠠᠭᠠᠳᠣ ᠠᠷᠠᠯᠵᠢᠶᠠᠨ ᠤ ᠠᠵᠣ ᠠᠬᠤᠢ ᠶᠢᠨ ᠳᠣᠮᠣᠵᠢᠨ | ᠬᠦᠴᠦᠷᠬᠡᠭᠵᠢᠭᠦ ᠶᠢ ᠬᠠᠪᠰᠣᠷᠣᠨ᠂ ᠭᠠᠳᠠᠭᠠᠳᠣ ᠠᠴᠠ ᠣᠷᠣᠭᠤᠯᠬᠤ ᠪᠠᠷᠠᠭ᠎ᠠ ᠳᠡᠭᠡᠭᠡᠪᠦᠷᠢ ᠶᠢᠨ ᠬᠡᠮᠵᠢᠶ᠎ᠡ | ᠦᠷᠭᠦᠯᠵᠢᠯᠡᠨ ᠨᠡᠮᠡᠭᠳᠡᠬᠦ ᠶᠢ ᠠᠬᠢᠭᠤᠯᠣᠨ᠎ᠠ᠃ ᠠᠳᠣᠭᠤᠨ ᠤ ᠮᠢᠬ᠎ᠠ᠂ ᠠᠮᠢᠳᠣ ᠠᠳᠣᠭᠤ ᠶᠢ ᠭᠠᠳᠠᠭᠠᠳᠣ ᠠᠴᠠ | ᠣᠷᠣᠭᠤᠯᠬᠤ ᠬᠡᠮᠵᠢᠶ᠎ᠡ ᠶᠢ ᠳᠣᠭᠳᠠᠭᠤᠨ ᠢᠶᠠᠷ ᠨᠡᠮᠡᠭᠳᠡᠭᠦᠯᠦᠨ᠂ ᠠᠮᠢᠳᠣ ᠮᠠᠯ ᠳᠡᠵᠢᠭᠡᠪᠦᠷᠢ ᠶᠢ ᠳᠣᠰᠠᠭᠠᠷᠯᠠᠬᠤ᠂ | ᠬᠢᠨᠠᠨ ᠰᠢᠯᠭᠠᠬᠤ ᠲᠦᠭᠦᠭᠡᠷᠦᠮᠵᠢ ᠶᠢ ᠪᠠᠶᠢᠭᠤᠯᠵᠣ᠂ ᠮᠣᠩᠭᠤᠯ ᠣᠯᠣᠰ ᠤᠨ ᠠᠮᠢᠳᠣ ᠬᠤᠨᠢ ᠶᠢ ᠣᠷᠣᠭᠤᠯᠬᠤ ᠶᠢ | ᠵᠢᠩᠬᠢᠨᠢ ᠪᠠᠷ ᠡᠬᠢᠯᠡᠭᠦᠯᠦᠨ᠂ ᠮᠠᠰᠢᠨ ᠳᠡᠷᠭᠡ ᠶᠢ ᠪᠦᠲᠦᠨ ᠢᠶᠠᠷ ᠨᠢ ᠭᠠᠳᠠᠭᠠᠳᠣ ᠠᠴᠠ ᠣᠷᠣᠭᠤᠯᠬᠤ ᠪᠣᠭᠤᠮᠳᠠ ᠶᠢᠨ | ᠵᠦᠪᠰᠢᠶᠡᠷᠡᠯ ᠣᠯᠬᠤ ᠶᠢ ᠬᠦᠬᠡᠬᠡᠴᠡᠯᠳᠦᠬᠦ ᠬᠦᠴᠦᠯᠡᠴᠡ ᠪᠠᠨ ᠶᠡᠬᠡᠰᠬᠡᠨ᠂ ᠪᠣᠭᠤᠮᠳᠠ ᠶᠢᠨ ᠭᠠᠳᠠᠭᠠᠳᠣ ᠠᠴᠠ | ᠣᠷᠣᠭᠤᠯᠣᠭᠰᠠᠨ ᠪᠠᠷᠠᠭ᠎ᠠ ᠳᠠᠸᠠᠷ ᠤᠨ ᠲᠦᠷᠦᠯ ᠵᠦᠢᠯ ᠢ ᠣᠯᠠᠮ ᠨᠢᠭᠡ ᠠᠯᠬᠤᠮ ᠣᠯᠠᠰᠢᠷᠠᠭᠤᠯᠣᠨᠠ᠃ ᠠᠮᠣ | ᠬᠦᠨᠡᠰᠦᠨ ᠤ ᠠᠮᠣᠷ ᠲᠦᠪᠰᠢᠨ ᠤ ᠬᠤᠳᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠢ | ᠨᠠᠶᠢᠳᠠᠪᠣᠷᠢᠵᠢᠭᠤᠯᠣᠨ᠂ ᠠᠮᠣ ᠳᠣᠰᠣᠨ ᠤ ᠬᠢᠨᠠᠨ ᠰᠢᠯᠭᠠᠯᠳᠠ ᠶᠢᠨ ᠲᠦᠪ ᠢ ᠡᠬᠢᠯᠡᠨ ᠪᠠᠶᠢᠭᠤᠯᠣᠨ᠎ᠠ᠃ ᠲᠤᠮᠳᠠᠳᠤ | ᠡᠸᠦ᠋ᠷᠤᠫᠠ ᠴᠢᠭᠯᠡᠯ ᠤᠨ ᠭᠠᠯᠲᠦ ᠲᠡᠷᠭᠡ ᠶᠢ ᠨᠡᠪᠲᠡᠷᠡᠬᠦᠯᠵᠦ᠂ ︽ᠲᠢᠶᠠᠨᠵᠢᠨ— ᠡᠷᠢᠶᠡᠨ— ᠡᠸᠦ᠋ᠷᠤᠫᠠ︾᠂ | ︽ᠯᠢᠶᠤᠤᠨᠢᠩ— ᠦᠪᠦᠷ ᠮᠤᠩᠭᠤᠯ—ᠡᠸᠦ᠋ᠷᠤᠫᠠ︾ ᠵᠡᠷᠭᠡ ᠲᠤᠮᠳᠠᠳᠤ ᠡᠸᠦ᠋ᠷᠤᠫᠠ ᠶᠢ ᠬᠤᠯᠪᠤᠭᠰᠠᠨ ᠭᠠᠯᠲᠦ | ᠲᠡᠷᠭᠡᠨ ᠤ ᠪᠠᠶᠢᠩᠭᠤ ᠶᠢᠨ ᠴᠢᠨᠠᠷᠳᠠᠢ ᠠᠶᠠᠯᠠᠯ ᠢ ᠠᠬᠢᠭᠤᠯᠵᠤ᠂ ᠲᠤᠮᠳᠠᠳᠤ— ᠡᠸᠦ᠋ᠷᠤᠫᠠ ᠴᠢᠭᠯᠡᠯ ᠤᠨ ᠸᠠᠭᠤᠨ ᠤ | ᠪᠠᠶᠢᠩᠭᠤᠵᠢᠨ ᠠᠰᠢᠭᠯᠠᠭᠳᠠᠬᠤ ᠶᠢ ᠲᠦᠯᠬᠢᠨ ᠠᠬᠢᠭᠤᠯᠵᠣ᠂ ᠳᠣᠮᠳᠠᠳᠣ— ᠡᠸᠦ᠋ᠷᠤᠫᠠ ᠴᠢᠭᠯᠡᠯ ᠤᠨ ᠪᠠᠷᠠᠭ᠎ᠠ | ᠳᠡᠭᠡᠭᠡᠪᠦᠷᠢ ᠶᠢᠨ ᠲᠦᠪᠯᠡᠷᠡᠭᠦᠯᠦᠨ ᠲᠠᠷᠬᠠᠭᠠᠬᠤ ᠲᠦᠪ ᠢ ᠬᠠᠶᠢᠨ ᠪᠠᠶᠢᠭᠤᠯᠵᠤ᠂ ᠡᠸᠦ᠋ᠷᠤᠫᠠ ᠳᠤ ᠬᠠᠨᠳᠣᠭᠰᠠᠨ | ᠠᠷᠠᠯᠵᠢᠶ᠎ᠠ ᠶᠢ ᠴᠢᠷᠮᠠᠶᠢᠨ ᠦᠷᠭᠡᠳᠭᠡᠨ᠎ᠡ᠃ ᠠᠷᠠᠯᠵᠢᠶᠠᠨ ᠤ ᠰᠢᠨ᠎ᠡ ᠪᠠᠶᠢᠳᠠᠯ ᠰᠢᠨ᠎ᠡ ᠵᠠᠭᠪᠤᠷ ᠢ ᠬᠦᠴᠦᠯᠡᠨ | ᠪᠣᠶᠢᠵᠢᠭᠤᠯᠵᠣ᠂ ᠳ᠋ᠦᠨᠬᠤᠸᠠᠩ ᠰᠦᠯᠵᠢᠶ᠎ᠡ ᠵᠡᠷᠭᠡ ᠬᠢᠯᠢ ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ᠠᠵᠣ | ᠠᠬᠤᠶᠢᠯᠠᠯ ᠪᠠ ᠦᠪᠦᠷ ᠮᠤᠩᠭᠤᠯ ᠤᠨ ᠠᠭᠠᠷ ᠠᠶᠠᠯᠠᠯ ᠤᠨ ᠪᠦᠯᠦᠭᠯᠡᠯ ᠲᠠᠢ ᠬᠠᠮᠳᠤᠷᠠᠨ ᠠᠵᠢᠯᠯᠠᠬᠤ ᠪᠠᠨ | ᠴᠢᠩᠭᠠᠳᠬᠠᠵᠤ᠂ ᠬᠢᠯᠢ ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ︽ᠠᠭᠠᠷ ᠢᠶᠠᠷ ᠪᠠ ᠭᠠᠵᠠᠷ ᠳᠡᠭᠡᠷ᠎ᠡ | ᠬᠤᠯᠪᠣᠭᠠᠯᠠᠨ ᠳᠡᠭᠡᠭᠡᠪᠦᠷᠢᠯᠡᠬᠦ︾ ᠲᠦᠷᠦᠯ ᠵᠦᠢᠯ ᠢ ᠲᠦᠯᠬᠢᠨ ᠠᠬᠢᠭᠤᠯᠵᠣ᠂ ᠡᠯᠧᠺᠲᠷᠣᠨ ᠬᠤᠳᠠᠯᠳᠣᠭᠠᠨ ᠤ ᠡᠬᠢ | ᠪᠠᠶᠠᠯᠢᠭ ᠢ ᠨᠢᠭᠡᠳᠭᠡᠨ᠂ ᠬᠡᠪᠴᠢᠶᠡᠵᠢᠯ ᠤᠨ ᠦᠷ᠎ᠡ ᠨᠦᠯᠦᠭᠡ ᠶᠢ ᠪᠠᠳᠠᠷᠠᠭᠤᠯᠵᠣ᠂ ᠬᠢᠯᠢ ᠠᠯᠣᠰᠯᠠᠭᠰᠠᠨ ᠡᠯᠧᠺᠲᠷᠣᠨ | ᠬᠤᠳᠠᠯᠳᠣᠭᠠᠨ ᠤ ᠬᠦᠭᠵᠢᠯᠳᠡ ᠶᠢᠨ ᠰᠢᠨ᠎ᠡ ᠰᠢᠪᠳᠣᠯᠣᠯᠳᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠵᠠᠬ᠎ᠠ ᠳᠡᠯᠭᠡᠭᠦᠷ | ᠤᠨ ᠬᠤᠳᠠᠯᠳᠣᠨ ᠠᠪᠬᠤ ᠠᠷᠠᠯᠵᠢᠶᠠᠨ ᠤ ᠳᠣᠷᠰᠢᠯᠳᠠ ᠶᠢᠨ ᠴᠡᠭ ᠤᠨ ᠵᠦᠪᠰᠢᠶᠡᠷᠡᠯ ᠣᠯᠬᠤ ᠶᠢ ᠶᠡᠭᠡ ᠬᠦᠴᠦᠨ | ᠢᠶᠠᠷ ᠲᠦᠯᠬᠢᠨ ᠠᠬᠢᠭᠤᠯᠵᠣ᠂ ᠵᠠᠬ᠎ᠠ ᠳᠡᠯᠭᠡᠭᠦᠷ ᠤᠨ ᠬᠤᠳᠠᠯᠳᠣᠨ ᠠᠪᠬᠤ ᠰᠣᠷᠠᠭ ᠵᠠᠩᠬᠢ ᠶᠢᠨ ᠳᠠᠪᠴᠠᠩ ᠢ ᠵᠢᠯ | ᠳᠣᠳᠣᠷ᠎ᠠ ᠪᠠᠶᠢᠭᠤᠯᠣᠨ᠎ᠠ᠃ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠠᠵᠤ ᠠᠬᠤᠶᠢᠯᠠᠯ ᠪᠠ ᠬᠢᠯᠢ ᠶᠢᠨ | ᠭᠠᠳᠠᠨᠠᠬᠢ ᠪᠡᠯᠡ ᠤᠷᠤᠭᠤᠯᠤᠯᠳᠠ ᠪᠠᠨ ᠤᠯᠠᠮ ᠢᠯᠡᠬᠦᠦ ᠦᠷᠭᠡᠳᠬᠡᠵᠦ᠂ ᠢᠨᠲ᠋ᠧᠷ ᠰᠦᠯᠵᠢᠶ᠎ᠡ᠂ ᠳᠣᠮᠣ ᠳ᠋ᠠᠶᠢᠲ᠋ᠠ | ᠪᠣᠯᠣᠨ ᠭᠠᠳᠠᠭᠠᠳᠣ ᠳᠤ ᠵᠣᠷᠢᠭᠤᠯᠣᠭᠰᠠᠨ ᠬᠡᠯᠪᠡᠷᠢ ᠶᠢᠨ ᠠᠵᠣ ᠠᠬᠤᠢ ᠶᠢᠨ ᠬᠦᠨᠵᠡᠭᠡᠢ ᠠᠭᠤᠰᠣᠯᠳᠣᠨ ᠬᠦᠭᠵᠢᠭᠦ ᠶᠢ | ᠬᠠᠶᠢᠨ ᠰᠦᠪᠡᠭᠴᠢᠯᠡᠵᠣ᠂ ᠣᠳᠣᠬᠠᠨ ᠤ ᠪᠠᠶᠢᠭ᠎ᠠ ᠠᠷᠠᠯᠵᠢᠶᠠᠨ ᠤ ᠠᠵᠣ ᠠᠬᠤᠶᠢᠯᠠᠯ ᠢ ᠢᠳᠡᠪᠬᠢᠳᠡᠢ ᠣᠳᠣᠷᠢᠳᠣᠨ | ᠵᠢᠯᠣᠭᠤᠳᠴᠣ᠂ ᠳᠡᠳᠡᠨ ᠤ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠭᠤᠷᠪᠠᠳᠠᠬᠢ ᠳᠠᠯ᠎ᠠ ᠶᠢᠨ ᠳᠠᠪᠴᠠᠩ ᠳᠤ | ᠳᠦᠰᠢᠭᠯᠡᠨ ᠰᠦᠯᠵᠢᠶᠡᠨ ᠳᠡᠭᠡᠷ᠎ᠡ ᠪᠣᠷᠣᠯᠠᠭᠤᠯᠬᠤ ᠠᠵᠢᠯ ᠢ ᠦᠷᠨᠢᠭᠦᠯᠦᠨ᠂ ᠨᠦᠬᠦᠴᠡᠯ ᠲᠠᠢ ᠳᠣᠮᠣ ᠬᠡᠯᠪᠡᠷᠢ ᠶᠢᠨ | ᠣᠯᠠᠮᠵᠢᠯᠠᠯᠳᠣ ᠠᠷᠠᠯᠵᠢᠶᠠᠨ ᠤ ᠠᠵᠣ ᠠᠬᠤᠶᠢᠯᠠᠯ ᠤᠨ ᠰᠦᠯᠵᠢᠶᠡᠨ ᠳᠡᠭᠡᠷᠡᠬᠢ ᠬᠤᠳᠠᠯᠳᠣᠭᠠᠨ ᠤ ᠳᠡᠯᠭᠡᠭᠦᠷ ᠢ | ᠦᠪᠡᠰᠦᠪᠡᠨ ᠪᠠᠶᠢᠭᠤᠯᠬᠤ ᠶᠢ ᠵᠣᠷᠢᠭᠵᠢᠭᠤᠯᠵᠣ᠂ ᠣᠯᠠᠨ ᠲᠦᠷᠦᠯᠵᠢᠭᠰᠡᠨ ᠬᠤᠳᠠᠯᠳᠣᠭᠠᠨ ᠤ ᠦᠢᠯᠡᠴᠢᠯᠡᠭᠡ | ᠬᠠᠩᠭᠠᠨ᠂ ᠪᠣᠭᠤᠮᠳᠠ ᠶᠢᠨ ᠠᠷᠠᠯᠵᠢᠶ᠎ᠠ ᠬᠤᠳᠠᠯᠳᠣᠭᠠᠨ ᠤ ᠦᠢᠯᠡᠰ ᠤᠨ ᠰᠢᠨᠡᠳᠦᠨ ᠰᠣᠯᠢᠭᠳᠠᠵᠣ᠂ ᠳᠡᠰ ᠳᠡᠪᠰᠢᠬᠦ | ᠶᠢ ᠠᠬᠢᠭᠤᠯᠣᠨ᠎ᠠ᠃ ᠪᠠᠷᠣᠭᠴᠠᠯᠠᠪᠠᠯ᠂ ᠪᠦᠬᠦ ᠵᠢᠯ ᠳᠤ ᠬᠢᠯᠢ ᠪᠠᠷ ᠣᠷᠣᠭᠤᠯᠵᠣ ᠭᠠᠷᠭᠠᠬᠤ ᠪᠠᠷᠠᠭ᠎ᠠ ᠳᠡᠭᠡᠭᠡᠪᠦᠷᠢ ᠶᠢᠨ | ᠶᠡᠷᠦᠩᠬᠡᠢ ᠬᠡᠮᠵᠢᠶ᠎ᠡ ᠶᠢ 1650 ᠲᠦᠮᠡᠨ ᠳᠣᠨ ᠬᠦᠷᠬᠡᠵᠣ᠂ 10% ᠪᠠᠷ ᠨᠡᠮᠡᠭᠳᠡᠭᠦᠯᠦᠨ᠎ᠡ︔ ᠬᠢᠯᠢ ᠪᠠᠷ | ᠣᠷᠣᠭᠤᠯᠵᠣ ᠭᠠᠷᠭᠠᠬᠤ ᠠᠷᠠᠯᠵᠢᠶᠠᠨ ᠤ ᠦᠷᠳᠡᠭ ᠢ 220 ᠳ᠋ᠦᠩᠰᠢᠭᠤᠷ ᠲᠦᠭᠦᠷᠢᠭ ᠬᠦᠷᠬᠡᠵᠣ᠂ 10% ᠪᠠᠷ | ᠨᠡᠮᠡᠭᠳᠡᠭᠦᠯᠦᠨ᠎ᠡ᠃ ᠠᠵᠣ ᠦᠢᠯᠡᠳᠪᠦᠷᠢ ᠶᠢᠨ ᠠᠵᠣ ᠠᠬᠤᠢ ᠴᠢᠨᠠᠷ ᠳᠡᠭᠡᠭᠰᠢᠯᠡᠨ ᠦᠷ᠎ᠡ ᠠᠰᠢᠭ ᠨᠡᠮᠡᠭᠳᠡᠬᠦ ᠶᠢ | ᠠᠬᠢᠭᠤᠯᠣᠨ᠎ᠠ᠃ ᠬᠢᠯᠢ ᠶᠢᠨ ᠠᠵᠣ ᠠᠬᠤᠢ ᠶᠢᠨ ᠬᠠᠮᠳᠣᠷᠠᠯᠴᠠᠭᠠᠨ ᠤ ᠳᠣᠭᠤᠷᠢᠭ ᠳᠤ ᠲᠦᠰᠢᠭᠯᠡᠨ᠂ ᠠᠵᠣ ᠦᠢᠯᠡᠰ | ᠪᠣᠯᠣᠨ ᠬᠤᠳᠠ ᠠᠭᠤᠰᠣᠯᠳᠣᠨ ᠬᠦᠭᠵᠢᠬᠦ ᠣᠶᠢᠯᠠᠭᠠᠭᠳᠠᠬᠤᠨ ᠢ ᠪᠠᠷᠢᠮᠳᠠᠯᠠᠵᠣ᠂ ᠠᠽᠢᠶ᠎ᠠ ᠡᠸᠦ᠋ᠷᠦᠫᠡ ᠶᠢᠨ ᠣᠯᠠᠨ | ᠣᠯᠣᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠦᠲᠦᠭᠡᠨ ᠪᠠᠶᠢᠭᠤᠯᠣᠯᠳᠠ ᠶᠢᠨ ᠠᠬᠢᠴᠠ ᠶᠢ | ᠲᠦᠷᠭᠡᠳᠭᠡᠨ᠂ ᠠᠵᠣ ᠦᠢᠯᠡᠰ ᠤᠨ ᠪᠦᠲᠦᠴᠡ ᠪᠠ ᠣᠷᠣᠨ ᠵᠠᠢ ᠶᠢᠨ ᠪᠠᠶᠢᠷᠢᠰᠢᠭᠤᠯᠣᠯᠳᠠ ᠶᠢ ᠣᠯᠠᠮ ᠨᠢᠭᠡᠨ | ᠠᠯᠬᠤᠮ ᠰᠢᠯᠢᠳᠡᠭᠵᠢᠭᠦᠯᠵᠣ᠂ ᠠᠵᠣ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ ᠶᠢ | ᠠᠬᠢᠭᠤᠯᠣᠨ᠎ᠠ᠃ ᠬᠢᠯᠢ ᠶᠢᠨ ᠠᠵᠣ ᠠᠬᠤᠢ ᠶᠢᠨ ᠬᠠᠮᠳᠣᠷᠠᠯᠴᠠᠭᠠᠨ ᠤ ᠳᠣᠭᠤᠷᠢᠭ ᠤᠨ PPP ᠲᠦᠷᠦᠯ ᠵᠦᠢᠯ ᠢ | ᠪᠠᠶᠢᠭᠤᠯᠣᠨ ᠠᠰᠢᠭᠯᠠᠯᠳᠠ ᠳᠤ ᠣᠷᠣᠭᠤᠯᠬᠤ ᠶᠢ ᠲᠦᠯᠬᠢᠨ ᠠᠬᠢᠭᠤᠯᠵᠣ᠂ ᠲᠦᠪᠯᠡᠷᠡᠭᠦᠯᠦᠨ ᠰᠢᠯᠢᠳᠡᠭᠵᠢᠭᠦᠯᠬᠦ᠂ | ᠠᠷᠪᠢᠴᠢ ᠭᠠᠮᠳᠠᠢ ᠵᠣᠬᠢᠮᠵᠢᠳᠠᠢ ᠵᠠᠷᠴᠢᠮ ᠤᠨ ᠳᠠᠭᠠᠣ᠂ ᠠᠵᠣ ᠦᠢᠯᠡᠳᠪᠦᠷᠢ ᠶᠢᠨ ᠬᠦᠷᠢᠶᠡᠯᠡᠩ ᠤᠨ ᠴᠠᠬᠢᠯᠭᠠᠨ | ᠬᠠᠩᠭᠠᠯᠳᠠ᠂ ᠣᠰᠣᠨ ᠬᠠᠩᠭᠠᠯᠳᠠ᠂ ᠳᠣᠯᠠᠭᠠᠨ ᠬᠠᠩᠭᠠᠯᠳᠠ᠂ ᠰᠢᠳᠠᠮᠠᠬᠠᠢ ᠬᠡᠢ ᠶᠢᠨ ᠬᠠᠩᠭᠠᠯᠳᠠ ᠪᠠ ᠬᠠᠳᠠᠭᠤ | ᠪᠡᠶᠡᠳᠦ ᠬᠠᠶᠠᠭᠳᠠᠮᠠᠯ ᠪᠣᠳᠠᠰ᠂ ᠪᠣᠬᠢᠷ ᠣᠰᠣ ᠵᠡᠷᠭᠡ ᠢᠵᠢ ᠪᠦᠷᠢᠳᠦᠭᠰᠡᠨ ᠴᠢᠳᠠᠪᠬᠢ ᠶᠢ ᠨᠢᠭᠡᠳᠦᠯᠳᠡᠢ | ᠳᠡᠭᠦᠯᠳᠡᠷᠵᠢᠭᠦᠯᠦᠨ᠂ ᠠᠵᠣ ᠦᠢᠯᠡᠳᠪᠦᠷᠢ ᠶᠢᠨ ᠬᠦᠷᠢᠶᠡᠯᠡᠩ ᠤᠨ ᠠᠵᠣ ᠦᠢᠯᠡᠰ ᠢ ᠲᠦᠪᠯᠡᠷᠡᠭᠦᠯᠬᠦ᠂ ᠡᠬᠢ ᠪᠠᠶᠠᠯᠢᠭ | ᠢ ᠠᠷᠪᠢᠯᠠᠬᠤ᠂ ᠰᠦᠷᠦᠭᠵᠢᠨ ᠬᠦᠭᠵᠢᠬᠦ ᠴᠢᠳᠠᠪᠬᠢ ᠶᠢ ᠳᠡᠭᠡᠭᠰᠢᠯᠡᠭᠦᠯᠵᠣ᠂ ᠭᠠᠵᠠᠷ ᠰᠢᠷᠣᠢ ᠶᠢ ᠠᠷᠪᠢᠴᠢ ᠭᠠᠮᠳᠠᠢ | ᠲᠦᠪᠯᠡᠷᠡᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠎ᠡ᠃ ︽ᠪᠠᠳᠣᠯᠠᠭᠠᠳᠣ ᠵᠢᠭᠡᠯᠡᠯᠭᠡ︾ ᠶᠢᠨ ᠠᠵᠢᠯ ᠢ | ᠦᠷᠭᠦᠯᠵᠢᠯᠡᠨ ᠰᠠᠶᠢᠳᠣᠷ ᠬᠢᠵᠣ᠂ ᠵᠢᠭᠡᠯᠡᠯᠭᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠵᠦ᠂ ᠳᠣᠮᠳᠠ | ᠵᠢᠵᠢᠭ ᠠᠵᠣ ᠠᠬᠤᠶᠢᠯᠠᠯ ᠤᠨ ᠬᠦᠷᠦᠩᠬᠡ ᠬᠤᠷᠠᠮᠳᠤᠭᠤᠯᠬᠤ ᠳᠤ ᠬᠦᠴᠢᠷ᠂ ᠬᠦᠷᠦᠩᠬᠡ ᠬᠤᠷᠠᠮᠳᠣᠭᠤᠯᠬᠤ ᠳᠤ | ᠦᠨ᠎ᠡ ᠲᠠᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠶᠣᠸᠠᠨ ᠳ᠋ᠦᠩ ᠮᠣᠳᠣᠨ ᠮᠠᠲ᠋ᠧᠷᠢᠶᠠᠯ ᠤᠨ ᠰᠣᠯᠢᠯᠴᠠᠭᠠᠨ ᠤ | ᠬᠦᠷᠢᠶᠡᠯᠡᠩ ᠳᠤ ᠲᠦᠰᠢᠭᠯᠡᠨ᠂ ᠣᠳᠣᠬᠠᠨ ᠤ ᠪᠠᠶᠢᠭ᠎ᠠ ᠮᠣᠳᠣᠨ ᠮᠠᠲ᠋ᠧᠷᠢᠶᠠᠯ ᠪᠣᠯᠪᠠᠰᠣᠷᠠᠭᠤᠯᠬᠤ ᠠᠵᠣ ᠠᠬᠤᠶᠢᠯᠠᠯ | ᠤᠨ ᠠᠵᠣ ᠦᠢᠯᠡᠰ ᠤᠨ ᠬᠡᠯᠬᠢᠶ᠎ᠡ ᠬᠢᠨᠵᠢ ᠪᠠᠨ ᠣᠯᠠᠮ ᠨᠢᠭᠡ ᠠᠯᠬᠤᠮ ᠣᠷᠳᠣᠳᠬᠠᠬᠤ ᠶᠢ ᠵᠣᠷᠢᠭᠵᠢᠭᠤᠯᠣᠨ | ᠣᠳᠣᠷᠢᠳᠴᠣ᠂ ᠵᠢᠶᠠᠩᠰᠢ ᠶᠢᠨ ᠶᠢᠨ ᠲᠧᠩ ᠵᠡᠷᠭᠡ ᠮᠣᠳᠣᠨ ᠮᠠᠲ᠋ᠧᠷᠢᠶᠠᠯ ᠪᠣᠯᠪᠠᠰᠣᠷᠠᠭᠤᠯᠬᠤ ᠲᠦᠷᠦᠯ ᠵᠦᠢᠯ ᠢ | ᠪᠦᠲᠦᠭᠡᠨ ᠪᠠᠶᠢᠭᠤᠯᠣᠨ ᠠᠰᠢᠭᠯᠠᠯᠳᠠ ᠳᠤ ᠣᠷᠣᠭᠤᠯᠬᠤ ᠶᠢ ᠢᠳᠡᠪᠬᠢᠳᠡᠢ ᠲᠦᠯᠬᠢᠨ ᠠᠬᠢᠭᠤᠯᠵᠣ᠂ ᠮᠣᠳᠣᠨ | ᠮᠠᠲ᠋ᠧᠷᠢᠶᠠᠯ ᠪᠣᠯᠪᠠᠰᠣᠷᠠᠭᠤᠯᠬᠤ ᠠᠵᠣ ᠠᠬᠤᠶᠢᠯᠠᠯ ᠤᠨ ᠬᠡᠪᠴᠢᠶᠡᠵᠢᠨ ᠬᠦᠭᠵᠢᠬᠦ ᠶᠢ ᠲᠦᠯᠬᠢᠨ ᠠᠬᠢᠭᠤᠯᠵᠣ᠂ | ᠪᠦᠲᠦᠭᠡᠭᠳᠡᠭᠦᠨ ᠢ ᠨᠠᠷᠢᠯᠢᠭ ᠪᠣᠯᠪᠠᠰᠣᠷᠠᠭᠤᠯᠬᠤ ᠬᠡᠮᠵᠢᠶ᠎ᠡ ᠶᠢ ᠣᠯᠠᠮ ᠨᠢᠭᠡ ᠠᠯᠬᠤᠮ ᠳᠡᠭᠡᠭᠰᠢᠯᠡᠭᠦᠯᠦᠨ᠂ ᠭᠠᠳᠠᠭᠠᠳᠣ | ᠠᠴᠠ ᠣᠷᠣᠭᠤᠯᠣᠭᠰᠠᠨ ᠮᠣᠳᠣᠨ ᠮᠠᠲ᠋ᠧᠷᠢᠶᠠᠯ ᠢ ᠪᠣᠯᠪᠠᠰᠣᠷᠠᠭᠤᠯᠬᠤ ᠰᠠᠭᠤᠷᠢᠨ ᠢ ᠲᠦᠷᠭᠡᠳᠭᠡᠨ ᠪᠠᠶᠢᠭᠤᠯᠣᠨ᠎ᠠ᠃ | ᠳ᠋ᠦᠩ ᠰᠢᠨ ᠠᠮᠣ ᠳᠣᠰᠣ ᠪᠣᠯᠪᠠᠰᠣᠷᠠᠭᠤᠯᠬᠤ᠂ ᠮᠢᠩ ᠢᠦᠢ ᠸᠧᠢ ᠶᠧ ᠨᠤᠤᠰᠤ ᠨᠣᠣᠯᠣᠷ ᠪᠣᠯᠪᠠᠰᠣᠷᠠᠭᠤᠯᠬᠤ | ᠲᠦᠷᠦᠯ ᠵᠦᠢᠯ ᠤᠨ ᠠᠰᠢᠭᠯᠠᠯᠳᠠ ᠳᠤ ᠣᠷᠣᠵᠣ ᠠᠰᠢᠭ ᠬᠦᠷᠳᠡᠬᠦ ᠶᠢ ᠲᠦᠯᠬᠢᠨ ᠠᠬᠢᠭᠤᠯᠵᠣ᠂ ᠬᠦᠬᠡᠨᠠᠭᠤᠷ ᠤᠨ | ᠳ᠋ᠠ ᠰᠦᠩ 30 ᠲᠦᠮᠡᠨ ᠳᠣᠨ ᠠᠮᠣ ᠳᠣᠰᠣ ᠨᠦᠬᠡᠴᠡᠯᠡᠨ ᠪᠣᠯᠪᠠᠰᠣᠷᠠᠭᠤᠯᠬᠤ᠂ ᠵᠧᠩᠵᠸᠦ ᠶᠢᠨ ᠴᠦ ᠶᠢᠩ 30 | ᠲᠦᠮᠡᠨ ᠳᠣᠨ ᠠᠮᠣ ᠳᠣᠰᠣ ᠨᠦᠬᠡᠴᠡᠯᠡᠨ ᠪᠣᠯᠪᠠᠰᠣᠷᠠᠭᠤᠯᠬᠤ᠂ ᠶᠢᠩ ᠹᠸᠢ ᠳ᠋ᠢ ᠺᠧ 200 ᠲᠦᠮᠡᠨ ᠠᠮᠢᠳᠣ ᠬᠤᠨᠢ | ᠭᠠᠳᠠᠭᠠᠳᠣ ᠠᠴᠠ ᠣᠷᠣᠭᠤᠯᠣᠨ ᠪᠣᠯᠪᠠᠰᠣᠷᠠᠭᠤᠯᠬᠤ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠬᠤ ᠶᠢ | ᠲᠦᠯᠬᠢᠨ ᠠᠬᠢᠭᠤᠯᠵᠣ᠂ ᠢ ᠲᠠᠢ ᠪᠸᠢ ᠵᠢᠶᠠᠩ ᠣᠯᠠᠨ ᠣᠯᠣᠰ ᠤᠨ ᠠᠮᠣ ᠳᠣᠰᠣ ᠪᠣᠯᠪᠠᠰᠣᠷᠠᠭᠤᠯᠬᠤ ᠲᠦᠷᠦᠯ | ᠵᠦᠢᠯ ᠤᠨ ᠬᠡᠷᠡᠭᠵᠢᠭᠦᠯᠦᠭᠳᠡᠬᠦ ᠶᠢ ᠬᠦᠬᠡᠬᠡᠴᠡᠯᠳᠦᠨ᠂ ᠭᠠᠳᠠᠭᠠᠳᠣ ᠠᠴᠠ ᠣᠷᠣᠭᠤᠯᠣᠭᠰᠠᠨ ᠠᠮᠣ ᠳᠣᠰᠣ ᠵᠢᠴᠢ ᠮᠠᠯ | ᠠᠵᠣ ᠠᠬᠤᠢ ᠶᠢᠨ ᠪᠦᠲᠦᠭᠡᠭᠳᠡᠭᠦᠨ ᠢ ᠪᠣᠯᠪᠠᠰᠣᠷᠠᠭᠤᠯᠬᠤ ᠰᠠᠭᠤᠷᠢᠨ ᠢ ᠢᠳᠡᠪᠬᠢᠳᠡᠢ ᠪᠠᠶᠢᠭᠤᠯᠣᠨ᠎ᠠ᠃ ᠬᠦᠳᠡᠷ | ᠰᠢᠯᠢᠯᠳᠡ ᠶᠢᠨ ᠪᠣᠯᠪᠠᠰᠣᠷᠠᠭᠤᠯᠬᠤ ᠠᠵᠣ ᠦᠢᠯᠡᠳᠪᠦᠷᠢ ᠶᠢ ᠵᠣᠬᠢᠬᠤ ᠬᠡᠮᠵᠢᠶ᠎ᠡ ᠪᠠᠷ ᠬᠦᠭᠵᠢᠭᠦᠯᠦᠨ᠂ ᠲᠢᠶᠠᠨ ᠯᠢ | ᠶᠣᠸᠠᠨ᠂ ᠯᠢᠶᠡᠨ ᠵᠢᠢ ᠰᠢᠶᠠᠩ ᠯᠸᠢ᠂ ᠵᠢᠶᠦ᠋ᠨ ᠸᠧᠢ ᠲᠡᠮᠦᠷ ᠤᠨ ᠬᠦᠳᠡᠷ ᠪᠣᠯᠪᠠᠰᠣᠷᠠᠭᠤᠯᠬᠤ ᠲᠦᠷᠦᠯ ᠵᠦᠢᠯ ᠢ | ᠪᠦᠲᠦᠭᠡᠨ ᠪᠠᠶᠢᠭᠤᠯᠵᠣ ᠠᠰᠢᠭᠯᠠᠯᠳᠠ ᠳᠤ ᠣᠷᠣᠭᠤᠯᠬᠤ ᠶᠢ ᠲᠦᠯᠬᠢᠨ ᠠᠭᠢᠭᠤᠯᠵᠣ᠂ ᠲᠢᠶᠧ ᠯᠢᠨ ᠲᠡᠮᠦᠷ ᠤᠨ | ᠬᠦᠳᠡᠷ ᠪᠣᠯᠪᠠᠰᠣᠷᠠᠭᠤᠯᠬᠤ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠬᠤ ᠪᠠᠷ ᠴᠢᠷᠮᠡᠶᠢᠨ᠎ᠡ᠃ ᠪᠠᠷᠣᠭᠴᠠᠯᠠᠪᠠᠯ᠂ | ᠪᠦᠬᠦ ᠵᠢᠯ ᠤᠨ ᠠᠵᠣ ᠦᠢᠯᠡᠳᠪᠦᠷᠢ ᠶᠢᠨ ᠨᠡᠮᠡᠭᠳᠡᠯ ᠦᠷᠳᠡᠭ ᠢ 33 ᠳ᠋ᠦᠩᠰᠢᠭᠤᠷ ᠲᠦᠭᠦᠷᠢᠭ ᠬᠦᠷᠬᠡᠵᠣ᠂ 5. | 4% ᠪᠠᠷ ᠨᠡᠮᠡᠭᠳᠡᠭᠦᠯᠦᠨ᠎ᠡ᠃ ᠰᠣᠶᠣᠯ ᠵᠢᠭᠤᠯᠴᠢᠯᠠᠯ ᠤᠨ ᠬᠦᠨ ᠠᠭᠤᠰᠣᠯᠳᠣᠨ ᠬᠦᠭᠵᠢᠭᠦ ᠶᠢ ᠲᠦᠯᠬᠢᠨ | ᠠᠬᠢᠭᠤᠯᠣᠨ᠎ᠠ᠃ ᠠᠶᠠᠯᠠᠯ ᠵᠢᠭᠤᠯᠴᠢᠯᠠᠯ ᠤᠨ ︽ᠭᠤᠷᠪᠠᠨ ᠣᠷᠣᠨ︾ ᠤ ᠪᠦᠲᠦᠭᠡᠨ ᠪᠠᠶᠢᠭᠤᠯᠣᠯᠳᠠ ᠶᠢ | ᠲᠦᠷᠭᠡᠳᠭᠡᠨ᠂ ᠣᠯᠣᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶᠡᠴᠢ ᠣᠷᠣᠨ ᠢ ᠵᠢᠯ ᠳᠣᠳᠣᠷ᠎ᠠ | ᠴᠣᠭᠴᠠᠯᠠᠨ ᠪᠠᠶᠢᠭᠤᠯᠬᠤ ᠪᠠᠷ ᠴᠢᠷᠮᠠᠶᠢᠵᠣ᠂ ᠳᠣᠮᠳᠠᠳᠣ ᠮᠣᠩᠭᠤᠯ ᠬᠤᠶᠠᠷ ᠳᠠᠯ᠎ᠠ ᠶᠢᠨ ᠮᠣᠵᠢ ᠶᠢᠨ ᠱᠠᠳᠣ ᠪᠠ | ᠣᠯᠣᠰ ᠤᠨ ᠱᠠᠳᠣᠨ ᠳᠤ ᠳᠣᠮᠳᠠᠳᠣ ᠮᠣᠩᠭᠤᠯ ᠤᠨ ᠬᠢᠯᠢ ᠠᠯᠣᠰᠯᠠᠭᠰᠠᠨ ᠠᠶᠠᠯᠠᠯ ᠵᠢᠭᠤᠯᠴᠢᠯᠠᠯ ᠤᠨ | ᠬᠠᠮᠳᠣᠷᠠᠯᠴᠠᠭᠠᠨ ᠤ ᠳᠣᠭᠤᠷᠢᠭ ᠢ ᠪᠠᠶᠢᠭᠤᠯᠬᠤ ᠬᠡᠯᠡᠯᠴᠡᠭᠡᠷ ᠢ ᠳᠣᠭᠳᠠᠭᠠᠬᠤ ᠶᠢ ᠲᠦᠯᠬᠢᠨ ᠠᠬᠢᠭᠤᠯᠵᠣ᠂ ᠬᠢᠯᠢ ᠶᠢᠨ | ᠠᠶᠠᠯᠠᠯ ᠵᠢᠭᠤᠯᠴᠢᠯᠠᠯ ᠤᠨ ᠳᠣᠷᠰᠢᠯᠳᠠ ᠶᠢᠨ ᠳᠣᠭᠤᠷᠢᠭ ᠢ ᠭᠤᠶᠣᠴᠢᠯᠠᠨ ᠪᠠᠶᠢᠭᠤᠯᠬᠤ ᠵᠦᠪᠰᠢᠶᠡᠷᠡᠯ ᠣᠯᠬᠤ ᠪᠠᠷ | ᠬᠦᠭᠡᠭᠡᠴᠡᠯᠳᠦᠨ᠎ᠡ᠃ ᠡᠯ᠎ᠡ ᠲᠦᠷᠦᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠠᠰᠢᠭᠯᠠᠯᠳᠠ ᠪᠠ ᠰᠠᠭᠤᠷᠢ | ᠪᠦᠲᠦᠭᠡᠨ ᠪᠠᠶᠢᠭᠤᠯᠣᠯᠳᠠ ᠶᠢ ᠨᠢᠭᠡᠳᠦᠯᠳᠡᠢ ᠲᠦᠯᠦᠪᠵᠢᠭᠦᠯᠵᠣ᠂ ᠨᠡᠶᠢᠭᠡᠮ ᠤᠨ ᠬᠦᠷᠦᠩᠬᠡ ᠶᠢ ᠳᠠᠳᠠᠨ ᠣᠷᠣᠭᠤᠯᠵᠣ | ᠪᠦᠬᠦ ᠣᠷᠣᠨ ᠪᠦᠰᠡ ᠶᠢᠨ ᠵᠢᠭᠤᠯᠴᠢᠯᠠᠯ ᠢ ᠰᠠᠶᠢᠵᠢᠷᠠᠭᠤᠯᠬᠤ ᠢᠨᠵᠧᠨᠧᠷᠢᠩ ᠤᠨ PPP ᠲᠦᠷᠦᠯ ᠵᠦᠢᠯ ᠢ | ᠲᠦᠯᠬᠢᠨ ᠠᠬᠢᠭᠤᠯᠵᠣ᠂ ᠠᠶᠠᠯᠠᠯ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠤᠨ ᠭᠠᠳᠠᠷ | ᠣᠷᠴᠢᠨ ᠤ ᠪᠠᠶᠢᠭᠤᠯᠣᠯᠳᠠ᠂ ᠬᠤᠳᠠ ᠶᠢᠨ ᠡᠭᠦᠳᠡ ᠶᠢᠨ ᠠᠭᠤᠳᠠᠮ ᠳᠠᠯᠠᠪᠠᠢ ᠶᠢ ᠵᠠᠰᠠᠨ ᠰᠠᠶᠢᠵᠢᠷᠠᠭᠤᠯᠬᠤ | ᠢᠨᠵᠧᠨᠧᠷᠢᠩ ᠢ ᠵᠢᠯ ᠳᠣᠳᠣᠷ᠎ᠠ ᠳᠠᠭᠤᠰᠬᠠᠨ᠂ ᠣᠯᠣᠰ ᠤᠨ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ ᠳᠡᠰ | ᠳᠡᠪᠰᠢᠭᠦᠯᠬᠦ ᠲᠦᠷᠦᠯ ᠵᠦᠢᠯ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠣ᠂ ᠵᠢᠭᠤᠯᠴᠢᠯᠠᠯ ᠤᠨ ᠦᠵᠡᠮᠵᠢ ᠶᠢᠨ | ᠴᠡᠭ ᠢ ᠣᠯᠠᠮ ᠨᠢᠭᠡ ᠠᠯᠬᠤᠮ ᠣᠯᠠᠰᠢᠷᠠᠭᠤᠯᠣᠨ᠂ ᠵᠢᠭᠤᠯᠴᠢᠯᠠᠯ ᠤᠨ ᠬᠤᠳᠠᠯᠳᠣᠭᠠᠨ ᠤ ᠴᠡᠭ ᠢ ᠳᠡᠰ | ᠳᠡᠪᠰᠢᠭᠦᠯᠦᠨ᠎ᠡ᠃ ᠠᠳᠣᠭᠤᠨ ᠰᠣᠶᠣᠯ ᠤᠨ ᠠᠵᠣ ᠦᠢᠯᠡᠰ ᠢ ᠬᠦᠴᠦ ᠳᠠᠯᠪᠢᠨ ᠬᠦᠭᠵᠢᠭᠦᠯᠵᠣ᠂ ᠦᠨᠳᠦᠰᠦᠳᠡᠨ ᠤ | ᠰᠣᠶᠣᠯ ᠤᠨ ᠠᠵᠣ ᠦᠢᠯᠡᠰ ᠤᠨ ᠬᠦᠷᠢᠶᠡᠯᠡᠩ ᠢ ᠪᠠᠶᠢᠭᠤᠯᠣᠨ ᠠᠰᠢᠭᠯᠠᠯᠳᠠ ᠳᠤ ᠣᠷᠣᠭᠤᠯᠬᠤ ᠶᠢ ᠪᠠᠳᠣᠯᠠᠨ᠎ᠠ᠃ | ᠳ᠋ᠧ ᠷᠦᠩ ᠺᠤᠮᠫᠠᠨᠢ ᠶᠢᠨ ᠶᠦᠷ ᠤᠨ ᠭᠠᠯᠪᠠ ᠶᠢᠨ ᠦᠨᠳᠡᠭᠡᠨ ᠬᠡᠯᠪᠡᠷᠢᠳᠦ ᠦᠷᠦᠭᠡ ᠲᠠᠢ ᠪᠠᠭᠤᠳᠠᠯ ᠢ ᠵᠢᠯ ᠳᠣᠳᠣᠷ᠎ᠠ | ᠪᠦᠲᠦᠭᠡᠨ ᠪᠠᠶᠢᠭᠤᠯᠵᠣ ᠠᠰᠢᠭᠯᠠᠯᠳᠠ ᠳᠤ ᠣᠷᠣᠭᠤᠯᠬᠤ ᠶᠢ ᠢᠳᠡᠪᠬᠢᠳᠡᠢ ᠲᠦᠯᠬᠢᠨ ᠠᠬᠢᠭᠤᠯᠣᠨ᠎ᠠ᠃ ᠳᠣᠮᠳᠠᠳᠣ | ᠮᠣᠩᠭᠤᠯ ᠤᠨ ᠠᠶᠠᠯᠠᠯ ᠵᠢᠭᠤᠯᠴᠢᠯᠠᠯ ᠤᠨ ᠬᠠᠮᠳᠣᠷᠠᠯᠴᠠᠭᠠᠨ ᠤ ᠬᠡᠯᠡᠯᠴᠡᠭᠡᠷ᠂ ᠳᠣᠮᠳᠠᠳᠣ ᠮᠣᠩᠭᠤᠯ ᠤᠨ ᠬᠢᠯᠢ | ᠠᠯᠣᠰᠯᠠᠭᠰᠠᠨ ᠠᠶᠠᠯᠠᠯ ᠵᠢᠭᠤᠯᠴᠢᠯᠠᠯ ᠤᠨ ᠬᠠᠮᠳᠣᠷᠠᠯᠴᠠᠭᠠᠨ ᠤ ᠳᠣᠭᠤᠷᠢᠭ ᠤᠨ ᠳᠣᠶᠢᠮᠣ ᠬᠡᠯᠡᠯᠴᠡᠭᠡᠷ ᠢ ᠬᠦᠨᠵᠡᠭᠡᠢ | ᠨᠠᠶᠢᠳᠠᠪᠣᠷᠢᠵᠢᠭᠤᠯᠣᠨ᠂ ᠳᠣᠮᠳᠠᠳᠣ ᠮᠣᠩᠭᠤᠯ ᠤᠨ ᠵᠢᠭᠤᠯᠴᠢᠯᠠᠯ ᠤᠨ ᠪᠦᠯᠬᠦᠮ ᠤᠨ ᠬᠠᠷᠢᠯᠴᠠᠨ ᠸᠢᠰᠠ ᠠᠴᠠ | ᠬᠡᠯᠳᠦᠷᠢᠭᠦᠯᠬᠦ᠂ 8 ᠠᠴᠠ ᠳᠣᠷᠣᠭᠰᠢ ᠰᠠᠭᠤᠳᠠᠯ ᠲᠠᠢ ᠬᠤᠪᠢ ᠶᠢᠨ ᠮᠠᠰᠢᠨ ᠢᠶᠠᠷ ᠬᠢᠯᠢ ᠠᠯᠣᠰᠯᠠᠨ ᠨᠡᠪᠳᠡᠷᠡᠬᠦ᠂ | ᠬᠢᠯᠢ ᠶᠢᠨ ᠠᠶᠠᠯᠠᠯ ᠵᠢᠭᠤᠯᠴᠢᠯᠠᠯ ᠤᠨ ᠭᠡᠷᠡᠴᠢ ᠦᠨᠡᠮᠯᠡᠯ ᠢ ᠬᠡᠷᠡᠭᠯᠡᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠶᠢ | ᠲᠦᠯᠬᠢᠨ ᠠᠬᠢᠭᠤᠯᠣᠨ᠎ᠠ᠃ ᠳᠠᠪᠣᠳᠣᠭᠠᠷ ᠬᠤᠭᠤᠴᠠᠭᠠᠨ ᠤ ︽ᠴᠠᠢ ᠶᠢᠨ ᠵᠠᠮ︾ ᠣᠯᠠᠨ ᠣᠯᠣᠰ ᠤᠨ ᠰᠣᠶᠣᠯ | ᠵᠢᠭᠤᠯᠴᠢᠯᠠᠯ ᠤᠨ ᠪᠠᠶᠠᠷ᠂ ᠲᠦᠷᠪᠡᠳᠦᠭᠡᠷ ᠬᠤᠭᠤᠴᠠᠭᠠᠨ ᠤ ᠡᠷᠢᠶᠡᠨ ᠬᠤᠳᠠ— ᠵᠠᠮ ᠤᠨ ᠡᠭᠦᠳᠡ ᠶᠢᠨ ᠪᠦᠬᠦ | ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠶᠡᠷᠦᠩᠬᠡᠶᠢᠯᠡᠭᠰᠡᠨ ᠬᠦᠳᠡᠯᠭᠡᠭᠡᠨ ᠵᠡᠷᠭᠡ ᠣᠨᠴᠠᠯᠢᠭᠳᠣ ᠨᠡᠷ᠎ᠡ ᠳᠡᠮᠳᠡᠭᠳᠣ | ᠰᠣᠶᠣᠯ ᠳᠠᠮᠢᠷ ᠤᠨ ᠬᠦᠳᠡᠯᠭᠡᠭᠡᠨ ᠢ ᠢᠳᠡᠪᠬᠢᠳᠡᠢ ᠵᠣᠬᠢᠶᠠᠨ ᠪᠠᠶᠢᠭᠤᠯᠵᠣ᠂ ᠵᠢᠭᠤᠯᠴᠢᠯᠠᠯ ᠤᠨ ᠦᠷᠨᠢᠯᠳᠦ ᠣᠯᠠᠷᠢᠯ | ᠳᠤ ᠪᠣᠳᠠᠳᠣ ᠦᠵᠡᠮᠵᠢᠳᠦ ᠵᠦᠴᠦᠭᠡ ︽ᠡᠵᠡᠨ ᠴᠢᠩᠬᠢᠰ ᠤᠨ ᠳᠠᠭᠤᠯᠠᠯ︾᠂ ᠪᠦᠵᠢᠭᠳᠦ ᠵᠦᠴᠦᠭᠡ ︽ᠴᠠᠢ ᠶᠢᠨ | ᠵᠠᠮ︾ ᠤᠨ ᠳᠣᠭᠯᠠᠯᠳᠠ ᠶᠢᠨ ᠣᠳᠠᠭ᠎ᠠ ᠶᠢ ᠨᠡᠮᠡᠭᠳᠡᠭᠦᠯᠦᠨ᠂ ᠪᠣᠭᠤᠮᠳᠠ ᠶᠢᠨ ᠰᠣᠶᠣᠯ ᠵᠢᠭᠤᠯᠴᠢᠯᠠᠯ ᠤᠨ ᠨᠡᠷ᠎ᠡ | ᠬᠦᠨᠳᠦ ᠶᠢᠨ ᠬᠡᠮᠵᠢᠶ᠎ᠡ ᠪᠠ ᠨᠦᠯᠦᠬᠡᠯᠡᠬᠦ ᠬᠦᠴᠦᠨ ᠢ ᠣᠯᠠᠮ ᠨᠢᠭᠡ ᠠᠯᠬᠤᠮ ᠳᠡᠭᠡᠭᠰᠢᠯᠡᠭᠦᠯᠵᠣ᠂ ᠠᠶᠠᠯᠠᠯ | ᠵᠢᠭᠤᠯᠴᠢᠯᠠᠯ ᠤᠨ ᠦᠢᠯᠡᠴᠢᠯᠡᠬᠡᠨ ᠤ ᠠᠵᠣ ᠠᠬᠤᠶᠢᠯᠠᠯ ᠤᠨ ᠦᠢᠯᠡᠴᠢᠯᠡᠬᠡᠨ ᠤ ᠲᠦᠪᠰᠢᠨ ᠪᠠ ᠬᠦᠯᠢᠶᠠᠨ ᠠᠪᠬᠤ | ᠴᠢᠳᠠᠪᠣᠷᠢ ᠪᠠᠨ ᠳᠡᠭᠡᠭᠰᠢᠯᠡᠭᠦᠯᠬᠦ ᠶᠢ ᠦᠷᠭᠦᠯᠵᠢᠯᠡᠨ ᠳᠡᠳᠭᠦᠨ ᠣᠳᠣᠷᠢᠳᠣᠨ᠎ᠠ᠃ ᠣᠯᠠᠭᠠᠨᠪᠠᠭᠠᠳᠣᠷ᠂ ᠣᠯᠠᠭᠠᠨ | ᠡᠭᠦᠳᠡ ᠵᠡᠷᠭᠡ ᠮᠣᠩᠭᠤᠯ ᠣᠷᠣᠰ ᠤᠨ ᠴᠢᠬᠤᠯᠠ ᠵᠢᠭᠤᠯᠴᠢᠳ ᠤᠨ ᠰᠣᠷᠪᠣᠯᠵᠢᠳᠣ ᠣᠷᠣᠨ ᠯᠤᠭ᠎ᠠ ᠶᠢᠨ ᠬᠠᠮᠳᠣ ᠶᠢᠨ | ᠠᠵᠢᠯᠯᠠᠭ᠎ᠠ ᠪᠠᠨ ᠬᠦᠨᠵᠡᠭᠡᠶᠢᠷᠡᠭᠦᠯᠦᠨ᠂ ᠳᠣᠮᠳᠠᠳᠣ ᠮᠣᠩᠭᠤᠯ ᠣᠷᠣᠰ ᠤᠨ ᠣᠨᠴᠠᠯᠢᠭᠳᠣ ᠵᠢᠭᠤᠯᠴᠢᠯᠠᠯ ᠤᠨ | ᠪᠦᠲᠦᠭᠡᠭᠳᠡᠭᠦᠨ ᠪᠠ ᠰᠢᠯᠢᠳᠡᠭ ᠵᠢᠭᠤᠯᠴᠢᠯᠠᠯ ᠤᠨ ᠱᠣᠭᠤᠮ ᠢ ᠬᠦᠨᠴᠡ ᠲᠠᠢ ᠨᠡᠭᠡᠭᠡᠵᠣ᠂ ᠡᠬᠢ ᠪᠠᠶᠠᠯᠢᠭ ᠢ | ᠬᠠᠮᠳᠣᠪᠡᠷ ᠡᠳ᠋ᠯᠡᠬᠦ᠂ ᠵᠢᠭᠤᠯᠴᠢᠳ ᠤᠨ ᠰᠣᠷᠪᠣᠯᠵᠢ ᠶᠢ ᠬᠠᠷᠢᠯᠴᠠᠨ ᠬᠦᠷᠬᠡᠬᠦ᠂ ᠬᠠᠷᠢᠯᠴᠠᠨ ᠠᠰᠢᠭ ᠬᠦᠷᠳᠡᠬᠦ ᠶᠢ | ᠪᠡᠶᠡᠯᠡᠭᠦᠯᠦᠨ᠎ᠡ᠃ ᠪᠠᠷᠣᠭᠴᠠᠯᠠᠪᠠᠯ᠂ ᠪᠦᠬᠦ ᠵᠢᠯ ᠳᠤ ᠣᠯᠣᠰ ᠤᠨ ᠳᠣᠳᠣᠭᠠᠳᠣ ᠭᠠᠳᠠᠭᠠᠳᠣ ᠶᠢᠨ ᠵᠢᠭᠤᠯᠴᠢᠳ ᠢ | 240 ᠲᠦᠮᠡᠨ ᠬᠦᠮᠦᠨ ᠣᠳᠠᠭ᠎ᠠ ᠬᠦᠯᠢᠶᠡᠨ ᠠᠪᠴᠣ᠂ 12% ᠪᠠᠷ ᠨᠡᠮᠡᠭᠳᠡᠭᠦᠯᠦᠨ᠎ᠡ︔ ᠵᠢᠭᠤᠯᠴᠢᠯᠠᠯ ᠤᠨ | ᠶᠡᠷᠦᠩᠬᠡᠢ ᠣᠷᠣᠯᠭ᠎ᠠ ᠶᠢ 55 ᠳ᠋ᠦᠩᠰᠢᠭᠤᠷ ᠲᠦᠭᠦᠷᠢᠭ ᠲᠤ ᠬᠦᠷᠬᠡᠵᠣ᠂ 10% ᠪᠠᠷ ᠨᠡᠮᠡᠭᠳᠡᠭᠦᠯᠦᠨ᠎ᠡ᠃ ᠴᠡᠪᠡᠷ | ᠡᠨᠧᠷᠬᠢ ᠶᠢᠨ ᠦᠢᠯᠡᠰ ᠢ ᠪᠣᠶᠢᠵᠢᠭᠤᠯᠣᠨ ᠬᠦᠭᠵᠢᠭᠦᠯᠦᠨ᠎ᠡ᠃ ᠳᠠᠬᠢᠨ ᠪᠣᠯᠪᠠᠰᠣᠷᠠᠭᠤᠯᠣᠨ ᠠᠰᠢᠭᠯᠠᠵᠣ ᠪᠣᠯᠬᠤ | ᠡᠨᠧᠷᠬᠢ ᠶᠢᠨ ᠪᠢᠴᠢᠯ ᠴᠠᠬᠢᠯᠭᠠᠨ ᠰᠦᠯᠵᠢᠶᠡᠨ ᠤ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠠᠶᠢᠭᠤᠯᠣᠯᠳᠠ ᠶᠢ | ᠲᠦᠯᠬᠢᠨ ᠠᠬᠢᠭᠤᠯᠵᠣ᠂ 9 ᠲᠦᠮᠡᠨ ᠺᠢᠯᠣᠸᠠᠲ ᠤᠨ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ | ᠴᠠᠬᠢᠯᠭᠠᠨ ᠰᠦᠯᠵᠢᠶᠡᠨ ᠳᠤ ᠬᠤᠯᠪᠣᠨ ᠴᠠᠬᠢᠯᠭᠠᠨ ᠬᠠᠩᠭᠠᠬᠤ᠂ 28 ᠲᠦᠮᠡᠨ ᠺᠢᠯᠣᠸᠠᠲ ᠤᠨ ᠰᠠᠯᠬᠢᠨ ᠡᠨᠧᠷᠬᠢ ᠪᠠᠷ | ᠴᠠᠬᠢᠯᠭᠠᠨ ᠭᠠᠷᠭᠠᠬᠤ ᠪᠠ 3 ᠲᠦᠮᠡᠨ ᠺᠢᠯᠤᠸᠠᠲ ᠤᠨ ᠡᠨᠧᠷᠬᠢ ᠬᠠᠳᠠᠭᠠᠯᠠᠬᠤ ᠲᠦᠷᠦᠯ ᠵᠦᠢᠯ ᠢ ᠡᠬᠢᠯᠡᠨ | ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠣᠯᠣᠰ ᠤᠨ ᠡᠩ ᠤᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ | ᠦᠷᠳᠡᠭᠡ ᠶᠢᠨ ᠵᠢᠭᠠᠯᠳᠠ ᠳᠤᠭ᠎ᠠ᠂ ᠰᠢᠯᠢ ᠶᠢᠨ ᠭᠤᠣᠯ ᠠᠶᠢᠮᠠᠭ ᠤᠨ ᠣᠨᠴᠠ ᠦᠨᠳᠦᠷ ᠬᠦᠴᠦᠳᠡᠯ ᠢᠶᠠᠷ ᠴᠠᠬᠢᠯᠭᠠᠨ | ᠳᠠᠮᠵᠢᠭᠤᠯᠬᠤ ᠭᠠᠷᠴᠠ ᠵᠠᠮ ᠤᠨ ᠰᠢᠨ᠎ᠡ ᠡᠨᠧᠷᠬᠢ ᠶᠢᠨ ᠵᠢᠭᠠᠯᠳᠠ ᠳᠤᠭ᠎ᠠ ᠶᠢ ᠪᠣᠭᠤᠮᠳᠠ ᠵᠦᠭ ᠬᠡᠯᠪᠡᠶᠢᠬᠦ ᠶᠢ | ᠢᠳᠡᠪᠬᠢᠳᠡᠢ ᠬᠦᠭᠡᠭᠡᠴᠡᠯᠳᠦᠨ᠎ᠡ᠃ ᠳᠠᠷᠬᠠᠮᠠᠯ ᠬᠡᠯᠪᠡᠷᠢ ᠶᠢᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ᠂ ᠳᠠᠷᠠᠬᠠᠢ | ᠬᠡᠯᠪᠡᠷᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠢᠳᠡᠪᠬᠢᠳᠡᠢ ᠬᠠᠶᠢᠨ ᠰᠦᠪᠡᠭᠴᠢᠯᠡᠨ | ᠦᠷᠨᠢᠭᠦᠯᠵᠣ᠂ ᠴᠡᠪᠡᠷ ᠡᠨᠧᠷᠬᠢ ᠶᠢᠨ ᠦᠢᠯᠡᠰ ᠤᠨ ᠬᠦᠭᠵᠢᠯᠳᠡ ᠳᠤ ᠰᠢᠨ᠎ᠡ ᠠᠷᠭ᠎ᠠ ᠵᠠᠮ ᠬᠠᠶᠢᠵᠣ ᠦᠭᠭᠦᠨ᠎ᠡ᠃ | ᠴᠡᠪᠡᠷ ᠡᠨᠧᠷᠬᠢ ᠶᠢ ᠳᠣᠬᠠᠢ ᠶᠢᠨ ᠭᠠᠵᠠᠷ ᠳᠤ ᠨᠢ ᠠᠰᠢᠭᠯᠠᠬᠤ ᠬᠦᠴᠦᠯᠡᠴᠡ ᠪᠠᠨ ᠶᠡᠬᠡᠰᠬᠡᠵᠣ᠂ ᠴᠡᠪᠡᠷ ᠡᠨᠧᠷᠬᠢ ᠪᠠᠷ | ᠳᠣᠯᠠᠭᠠᠨ ᠬᠠᠩᠭᠠᠬᠤ ᠬᠡᠮᠵᠢᠶ᠎ᠡ ᠶᠢ ᠳᠣᠭᠳᠠᠭᠤᠨ ᠢᠶᠠᠷ ᠳᠡᠭᠡᠭᠰᠢᠯᠡᠭᠦᠯᠦᠨ᠂ ᠴᠡᠪᠡᠷ ᠡᠨᠧᠷᠬᠢ ᠪᠠᠷ ᠳᠣᠯᠠᠭᠠᠨ | ᠬᠠᠩᠭᠠᠬᠤ ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠪᠠᠶᠢᠭᠤᠯᠣᠨ᠎ᠠ᠃ ᠪᠠᠷᠣᠭᠴᠠᠯᠠᠪᠠᠯ᠂ ᠪᠦᠬᠦ ᠵᠢᠯ ᠳᠤ ᠨᠠᠷᠠ | ᠰᠠᠯᠬᠢ ᠬᠠᠷᠢᠯᠴᠠᠨ ᠨᠦᠬᠦᠪᠦᠷᠢᠯᠡᠭᠰᠡᠨ ᠴᠠᠬᠢᠯᠭᠠᠨ ᠭᠠᠷᠭᠠᠬᠤ ᠲᠦᠭᠦᠬᠡᠷᠦᠮᠵᠢ ᠶᠢᠨ ᠴᠠᠬᠢᠯᠭᠠᠨ ᠬᠠᠳᠠᠭᠠᠯᠠᠬᠤ | ᠪᠠᠭᠳᠠᠭᠠᠮᠵᠢ ᠶᠢ 44.9 ᠲᠦᠮᠡᠨ ᠺᠢᠯᠣᠸᠠᠲ ᠲᠤ ᠬᠦᠷᠬᠡᠵᠣ᠂ 8.5 ᠳ᠋ᠦᠩᠰᠢᠭᠤᠷ ᠺᠢᠯᠣᠸᠠᠲ ᠴᠠᠬᠢᠯᠭᠠᠨ ᠭᠠᠷᠭᠠᠨ᠂ | 12% ᠢᠶᠠᠷ ᠨᠡᠮᠡᠭᠳᠡᠭᠦᠯᠦᠨ᠎ᠡ᠃ | ᠬᠦᠷᠢᠶᠡᠯᠡᠩ ᠲᠤᠭᠤᠷᠢᠭ ᠢ ᠰᠡᠷᠬᠦᠭᠡᠨ ᠬᠦᠭᠵᠢᠬᠦᠯᠬᠦ ᠲᠦᠯᠦᠪᠯᠡᠭᠡ ᠶᠢ ᠪᠦᠬᠦ ᠲᠠᠯ᠎ᠠ ᠪᠠᠷ ᠡᠬᠢᠯᠡᠭᠦᠯᠦᠨ᠎ᠡ᠃ | ᠲᠤᠮᠳᠠᠳᠤ ᠮᠤᠩᠭᠤᠯ ᠤᠨ ᠬᠢᠯᠢ ᠠᠯᠤᠰᠯᠠᠭᠰᠠᠨ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ᠂ ᠬᠢᠯᠢ ᠶᠢᠨ | ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ᠂ ᠬᠢᠯᠢ ᠶᠢᠨ ᠢᠷᠭᠡᠳ ᠤᠨ ᠠᠷᠠᠯᠵᠢᠶᠠᠨ ᠤ ᠲᠤᠭᠤᠷᠢᠭ ᠤᠨ | ᠪᠠᠶᠢᠷᠢᠯᠠᠭᠤᠯᠤᠯᠳᠠ ᠪᠠ ᠠᠵᠤ ᠦᠢᠯᠡᠰ ᠤᠨ ᠪᠠᠶᠢᠷᠢ ᠲᠤᠭᠳᠠᠭᠠᠯᠳᠠ ᠵᠡᠷᠭᠡ ᠶᠢ ᠰᠢᠯᠢᠳᠡᠭᠵᠢᠭᠦᠯᠦᠨ ᠲᠤᠬᠢᠷᠠᠭᠤᠯᠵᠤ᠂ | ︽ᠭᠤᠷᠪᠠᠨ ᠲᠤᠭᠤᠷᠢᠭ︾ ᠤᠨ ᠬᠦᠳᠡᠯᠦᠩᠬᠦᠢ᠂ ᠵᠤᠬᠢᠴᠠᠩᠭᠤᠢ᠂ ᠲᠤᠭᠳᠠᠪᠤᠷᠢᠳᠠᠢ ᠬᠦᠭᠵᠢᠯ ᠢ ᠠᠬᠢᠭᠤᠯᠵᠤ᠂ | ᠪᠤᠭᠤᠮᠳᠠ ᠶᠢᠨ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠢ ᠴᠠᠷᠮᠠᠶᠢᠨ ᠪᠤᠢ ᠪᠤᠯᠭᠠᠨ᠎ᠠ᠃ ᠲᠤᠮᠳᠠᠳᠤ ᠮᠤᠩᠭᠤᠯ ᠤᠨ | ᠬᠢᠯᠢ ᠠᠯᠤᠰᠯᠠᠭᠰᠠᠨ ᠠᠵᠤ ᠠᠬᠤᠢ ᠶᠢᠨ ᠬᠠᠮᠳᠤᠷᠠᠯᠴᠠᠭᠠᠨ ᠤ ᠳᠣᠭᠤᠷᠢᠭ ᠨᠢ ᠡᠲᠦᠷ ᠲᠤᠳᠤᠮ ᠤᠨ ᠪᠠᠷᠠᠭ᠎ᠠ | ᠪᠦᠲᠦᠭᠡᠭᠳᠡᠬᠦᠨ᠂ ᠲᠡᠭᠡᠲᠦ ᠰᠢᠨᠵᠢᠯᠡᠭᠡ ᠮᠡᠷᠭᠡᠵᠢᠯ ᠤᠨ ᠪᠦᠲᠦᠭᠡᠭᠳᠡᠬᠦᠨ᠂ ᠭᠠᠳᠠᠭᠠᠳᠤ ᠳᠤ ᠬᠠᠨᠳᠤᠭᠤᠯᠤᠭᠰᠠᠨ | ᠦᠢᠯᠡᠴᠢᠯᠡᠭᠡᠨ ᠤ ᠲᠦᠷᠦᠯ ᠤᠨ ᠠᠵᠤ ᠦᠢᠯᠡᠰ ᠢ ᠭᠤᠤᠯᠳᠠᠯᠭ᠎ᠠ ᠲᠠᠢ ᠬᠦᠭᠵᠢᠬᠦᠯᠵᠦ᠂ ᠬᠢᠯᠢ ᠠᠯᠤᠰᠯᠠᠭᠰᠠᠨ | ᠠᠶᠠᠯᠠᠯ ᠵᠢᠭᠤᠯᠴᠢᠯᠠᠯ᠂ ᠬᠢᠯᠢ ᠠᠯᠤᠰᠯᠠᠭᠰᠠᠨ ᠠᠷᠠᠯᠵᠢᠶ᠎ᠠ᠂ ᠬᠢᠯᠢ ᠠᠯᠤᠰᠯᠠᠭᠰᠠᠨ ᠮᠦᠩᠭᠦᠨ ᠭᠦᠢᠯᠭᠡᠭᠡ᠂ ᠬᠢᠯᠢ | ᠠᠯᠤᠰᠯᠠᠭᠰᠠᠨ ᠡᠯᠧᠭᠲᠷᠤᠨ ᠬᠤᠳᠠᠯᠳᠤᠭ᠎ᠠ ᠵᠡᠷᠭᠡ ︽ᠬᠢᠯᠢ ᠠᠯᠤᠰᠯᠠᠭᠰᠠᠨ ᠠᠵᠤ ᠦᠢᠯᠡᠰ︾ ᠢ ᠲᠦᠪᠯᠡᠷᠡᠭᠦᠯᠵᠦ᠂ | ᠰᠤᠶᠤᠯ ᠤᠨ ᠰᠢᠨ᠎ᠡ ᠡᠭᠦᠳᠦᠯᠳᠡ᠂ ᠮᠡᠷᠭᠡᠵᠢᠯ ᠤᠨ ᠠᠷᠠᠯᠵᠢᠶ᠎ᠠ᠂ ᠮᠦᠩᠭᠦᠨ ᠭᠦᠢᠯᠭᠡᠭᠡᠨ ᠤ ᠦᠢᠯᠡᠴᠢᠯᠡᠭᠡ ᠪᠠ | ᠬᠤᠳᠠᠯᠳᠤᠭᠠᠨ ᠤ ᠶᠠᠪᠤᠳᠠᠯ ᠤᠨ ᠰᠤᠷᠠᠭ ᠵᠠᠩᠬᠢ ᠶᠢᠨ ᠦᠢᠯᠡᠴᠢᠯᠡᠭᠡᠨ ᠤ ᠰᠠᠯᠪᠣᠷᠢ ᠶᠢ ᠲᠦᠷᠭᠡᠳᠬᠡᠨ ᠬᠦᠭᠵᠢᠬᠦᠯᠵᠦ᠂ | ᠪᠤᠭᠤᠮᠳᠠ ᠠᠴᠠ ᠰᠠᠯᠣᠩᠬᠢᠷᠠᠭᠰᠠᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠬᠤ ᠠᠵᠤ ᠦᠢᠯᠡᠰ ᠲᠠᠢ | ᠢᠳᠡᠪᠬᠢᠳᠡᠢ ᠪᠠᠷ ᠵᠤᠯᠭᠠᠭᠤᠯᠵᠤ᠂ ᠬᠢᠯᠢ ᠠᠯᠤᠰᠯᠠᠭᠰᠠᠨ ᠲᠤᠭᠤᠷᠢᠭ ᠢ ᠲᠤᠮᠳᠠᠳᠤ ᠮᠤᠩᠭᠤᠯ ᠤᠨ ᠴᠢᠯᠦᠭᠡᠲᠦ | ᠬᠤᠳᠠᠯᠳᠤᠭᠠᠨ ᠤ ᠪᠦᠰᠡ ᠪᠤᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠬᠢᠯᠢ ᠶᠢᠨ ᠠᠵᠤ ᠠᠬᠤᠢ ᠶᠢᠨ | ᠬᠠᠮᠳᠤᠷᠠᠯᠴᠠᠭᠠᠨ ᠤ ᠳᠣᠭᠤᠷᠢᠭ ᠨᠢ ᠤᠷᠤᠭᠤᠯᠵᠤ ᠭᠠᠷᠭᠠᠬᠤ ᠡᠬᠢ ᠪᠠᠶᠠᠯᠢᠭ ᠢ ᠪᠤᠯᠪᠠᠰᠤᠷᠠᠭᠤᠯᠤᠨ ᠦᠢᠯᠡᠳᠪᠦᠷᠢᠯᠡᠬᠦ | ᠪᠠᠷ ᠭᠤᠤᠯᠳᠠᠯᠭ᠎ᠠ ᠪᠤᠯᠭᠠᠵᠤ᠂ ᠦᠨᠲᠦᠷ ᠴᠢᠨᠠᠷ ᠪᠦᠬᠦᠢ ᠵᠠᠰᠠᠮᠠᠯ ᠵᠠᠮ᠂ ᠲᠡᠮᠦᠷ ᠵᠠᠮ ᠤᠨ ᠬᠤᠯᠪᠤᠭᠠᠯᠠᠨ | ᠳᠡᠭᠡᠭᠡᠪᠦᠷᠢᠯᠡᠯᠳᠡ᠂ ᠡᠬᠡ ᠬᠠᠭᠤᠷᠠᠢ ᠪᠠ ᠲᠠᠯᠠᠢ ᠲᠠᠩᠬᠢᠰ ᠬᠠᠷᠢᠯᠴᠠᠨ ᠨᠡᠪᠳᠡᠷᠡᠭᠰᠡᠨ ᠤᠳᠤᠬᠢᠴᠢᠯᠠᠭᠰᠠᠨ ᠪᠠᠷᠠᠭᠠᠨ ᠤ | ᠭᠦᠢᠯᠭᠡᠭᠡᠨ ᠤ ᠦᠢᠯᠡᠰ ᠢ ᠴᠢᠨᠠᠷ ᠰᠠᠶᠢᠳᠠᠢ ᠬᠦᠭᠵᠢᠭᠦᠯᠵᠣ᠂ ᠴᠡᠪᠡᠷ ᠡᠨᠧᠷᠬᠢ᠂ ᠲᠡᠭᠡᠲᠦ ᠮᠡᠷᠭᠡᠵᠢᠯ ᠤᠨ ᠰᠢᠨ᠎ᠡ | ᠮᠠᠲ᠋ᠧᠷᠢᠶᠠᠯ᠂ ᠡᠯᠧᠺᠲᠷᠤᠨ ᠰᠤᠷᠠᠭ ᠵᠠᠩᠬᠢ ᠵᠡᠷᠭᠡ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠢ ᠢᠳᠡᠪᠬᠢᠳᠡᠢ | ᠪᠣᠶᠢᠵᠢᠭᠤᠯᠣᠨ᠂ ᠤᠷᠤᠭᠤᠯᠵᠤ ᠭᠠᠷᠭᠠᠬᠤ ᠮᠤᠳᠤᠨ ᠮᠠᠲ᠋ᠧᠷᠢᠶᠠᠯ ᠢ ᠪᠤᠯᠪᠠᠰᠤᠷᠠᠭᠤᠯᠬᠤ ᠠᠷᠠᠯᠵᠢᠶᠠᠨ ᠤ ᠰᠠᠭᠤᠷᠢᠨ | ᠭᠠᠵᠠᠷ᠂ ᠪᠤᠬᠢᠷᠲᠤᠯ ᠦᠭᠡᠢ ᠮᠠᠯ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠰᠠᠭᠤᠷᠢᠨ | ᠭᠠᠵᠠᠷ᠂ ᠭᠠᠳᠠᠭᠠᠳᠣ ᠠᠴᠠ ᠣᠷᠣᠭᠤᠯᠣᠭᠰᠠᠨ ᠡᠬᠢ ᠪᠠᠶᠠᠯᠢᠭ ᠢ ᠨᠦᠬᠡᠴᠡᠯᠡᠨ ᠪᠣᠯᠪᠠᠰᠣᠷᠠᠭᠤᠯᠬᠤ ᠰᠠᠭᠤᠷᠢᠨ ᠭᠠᠵᠠᠷ | ᠪᠠ ᠤᠳᠤᠬᠢᠴᠢᠯᠠᠭᠰᠠᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠦᠪ ᠢ ᠪᠤᠢ ᠪᠤᠯᠭᠠᠬᠤ ᠪᠠᠷ ᠴᠢᠷᠮᠠᠶᠢᠨ᠂ | ᠪᠤᠭᠤᠮᠳᠠ ᠬᠤᠳᠠ ᠶᠢᠨ ᠠᠵᠤ ᠦᠢᠯᠡᠰ ᠪᠠ ᠬᠤᠳᠠ ᠰᠠᠭᠤᠷᠢᠨ ᠤ ᠠᠭᠤᠰᠤᠯᠳᠤᠨ ᠬᠦᠭᠵᠢᠬᠦ ᠵᠢᠱᠢᠶ᠎ᠡ ᠦᠵᠡᠬᠦᠯᠬᠦ | ᠣᠷᠣᠨ ᠪᠠ ᠬᠢᠯᠢ ᠶᠢᠨ ᠠᠷᠠᠯᠵᠢᠶᠠᠨ ᠤ ᠰᠢᠨ᠎ᠡ ᠶᠢ ᠡᠭᠦᠳᠴᠦ ᠦᠢᠯᠡᠰ ᠪᠤᠰᠬᠠᠬᠤ ᠵᠢᠱᠢᠶ᠎ᠡ ᠦᠵᠡᠬᠦᠯᠬᠦ ᠤᠷᠤᠨ ᠢ | ᠪᠠᠶᠢᠭᠤᠯᠬᠤ ᠪᠠᠷ ᠲᠡᠮᠡᠴᠡᠨ᠎ᠡ᠃ ᠬᠢᠯᠢ ᠶᠢᠨ ᠢᠷᠭᠡᠳ ᠤᠨ ᠬᠤᠳᠠᠯᠳᠣᠭᠠᠨ ᠤ ᠲᠤᠭᠤᠷᠢᠭ ᠨᠢ ᠲᠦᠷᠦ ᠶᠢᠨ | ᠪᠤᠳᠤᠯᠭ᠎ᠠ ᠶᠢᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠢᠯᠢ ᠶᠢᠨ ᠢᠷᠭᠡᠳ ᠤᠨ ᠬᠤᠳᠠᠯᠳᠤᠭᠠᠨ ᠤ | ᠲᠤᠭᠤᠷᠢᠭ + ᠬᠢᠯᠢ ᠶᠢᠨ ᠠᠷᠠᠯᠵᠢᠶᠠᠨ ᠤ ᠦᠢᠯᠡᠴᠢᠯᠡᠭᠡ᠂ ᠬᠢᠯᠢ ᠶᠢᠨ ᠢᠷᠭᠡᠳ ᠤᠨ ᠬᠤᠳᠠᠯᠳᠤᠭᠠᠨ ᠤ | ᠲᠤᠭᠤᠷᠢᠭ + ᠲᠤᠰᠬᠠᠢ ᠵᠠᠬ᠎ᠠ ᠲᠡᠯᠭᠡᠭᠦᠷ᠂ ᠬᠢᠯᠢ ᠶᠢᠨ ᠢᠷᠭᠡᠳ ᠤᠨ ᠬᠤᠳᠠᠯᠳᠤᠭᠠᠨ ᠤ ᠲᠤᠭᠤᠷᠢᠭ + ᠰᠤᠶᠤᠯ | ᠠᠶᠠᠯᠠᠯ ᠵᠢᠭᠤᠯᠴᠢᠯᠠᠯ ᠤᠨ ᠬᠦᠭᠵᠢᠬᠦᠯᠦᠯᠳᠡ ᠶᠢᠨ ᠪᠤᠳᠤᠯᠭ᠎ᠠ ᠶᠢ ᠬᠡᠷᠡᠭᠵᠢᠬᠦᠯᠵᠦ᠂ ᠤᠯᠠᠨ ᠤᠯᠤᠰ ᠤᠨ ᠪᠠᠷᠠᠭ᠎ᠠ | ᠲᠠᠸᠠᠷ ᠤᠨ ᠰᠤᠯᠢᠯᠴᠠᠭ᠎ᠠ ᠪᠠᠷ ᠭᠤᠤᠯᠳᠠᠯᠭ᠎ᠠ ᠪᠤᠯᠭᠠᠵᠤ᠂ ᠬᠢᠯᠢ ᠶᠢᠨ ᠵᠢᠵᠢᠭ ᠬᠤᠳᠠᠯᠳᠤᠭ᠎ᠠ ᠪᠠᠷ ᠤᠨᠴᠠᠯᠢᠭ | ᠪᠤᠯᠭᠠᠵᠤ᠂ ︽ᠤᠷᠢᠳ ᠢᠶᠠᠷ ᠲᠡᠯᠭᠡᠭᠦᠷ ᠨᠡᠬᠡᠬᠡᠵᠦ᠂ ᠲᠠᠷᠠᠭ᠎ᠠ ᠨᠢ ᠦᠢᠯᠡᠳᠪᠦᠷᠢ ᠪᠤᠯᠭᠠᠬᠤ︾ ᠵᠠᠭᠪᠤᠷ ᠢ | ᠢᠳᠡᠪᠬᠢᠳᠡᠢ ᠪᠠᠷ ᠬᠠᠶᠢᠨ ᠰᠦᠪᠡᠭᠴᠢᠯᠡᠵᠦ᠂ ︽ ᠭᠠᠶᠢᠯᠢ ᠠᠴᠠ ᠬᠡᠯᠲᠦᠷᠢᠬᠦᠯᠬᠦ + ᠭᠠᠶᠢᠯᠢ ᠶᠢ ᠪᠠᠳᠤᠯᠬᠠᠤ + ᠬᠢᠯᠢ | ᠠᠯᠤᠰᠯᠠᠭᠰᠠᠨ ᠡᠯᠧᠺᠲᠷᠤᠨ ᠬᠤᠳᠠᠯᠳᠤᠭ᠎ᠠ︾ ᠶᠢ ᠨᠢᠭᠡ ᠴᠤᠭᠴᠠᠵᠢᠭᠤᠯᠤᠭᠰᠠᠨ ᠨᠢᠭᠡ ᠦᠷᠳᠡᠭᠡᠨ ᠤ ᠬᠡᠯᠪᠡᠷᠢ ᠶᠢᠨ | ᠤᠯᠠᠨ ᠲᠠᠪᠬᠤᠷᠭᠠᠳᠤ ᠬᠤᠳᠠᠯᠳᠤᠭᠠᠨ ᠤ ᠲᠠᠪᠴᠠᠩ ᠢ ᠪᠣᠢ ᠪᠤᠯᠭᠠᠵᠤ᠂ ᠲᠤᠮᠳᠠᠳᠤ ᠮᠤᠩᠭᠤᠯ ᠬᠤᠶᠠᠷ ᠤᠯᠤᠰ ᠤᠨ | ᠠᠵᠤ ᠠᠬᠤᠢ ᠠᠷᠠᠯᠵᠢᠶᠠᠨ ᠤ ᠰᠤᠯᠢᠯᠴᠠᠭᠠᠨ ᠤ ᠬᠦᠭᠦᠷᠬᠡ ᠶᠢ ᠴᠢᠷᠮᠠᠶᠢᠨ ᠪᠤᠢ ᠪᠤᠯᠭᠠᠨ᠎ᠠ᠃ ︽ᠭᠤᠷᠪᠠᠨ | ᠲᠤᠭᠤᠷᠢᠭ︾ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠢᠵᠢ ᠪᠦᠷᠢᠨ ᠴᠢᠳᠠᠪᠬᠢ | ᠶᠢ ᠲᠡᠭᠦᠯᠳᠡᠷᠵᠢᠬᠦᠯᠵᠦ᠂ ᠤᠯᠤᠰ ᠤᠨ ᠭᠤᠣᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠳᠡ ᠶᠢᠨ ᠲᠤᠷᠰᠢᠯᠳᠠ ᠶᠢᠨ | ᠳᠣᠭᠤᠷᠢᠭ᠂ ᠪᠠᠷᠠᠭᠤᠨ ᠤᠷᠤᠨ ᠢ ᠶᠡᠬᠡᠪᠡᠷ ᠨᠡᠭᠡᠭᠡᠬᠦ᠂ ᠵᠡᠭᠦᠨ ᠬᠤᠶᠢᠲᠦ ᠤᠷᠤᠨ ᠤ ᠬᠠᠭᠤᠴᠢᠨ ᠠᠵᠤ | ᠦᠢᠯᠡᠳᠪᠦᠷᠢ ᠶᠢᠨ ᠰᠠᠭᠤᠷᠢᠨ ᠭᠠᠵᠠᠷ ᠢ ᠰᠡᠷᠭᠦᠭᠡᠨ ᠮᠠᠨᠳᠤᠭᠤᠯᠬᠤ ᠵᠡᠷᠭᠡ ᠲᠦᠷᠦ ᠶᠢᠨ ᠪᠤᠳᠤᠯᠭ᠎ᠠ ᠶᠢ ᠰᠠᠶᠢᠲᠤᠷ | ᠠᠰᠢᠭᠯᠠᠨ᠂ ᠪᠡᠭᠡᠵᠢᠩ᠂ ᠲᠢᠶᠠᠨᠵᠢᠨ᠂ ᠾᠧᠪᠸᠢ ᠶᠢᠨ ᠪᠦᠰᠡ ᠨᠤᠳᠤᠭ ᠤᠨ ᠬᠦᠭᠵᠢᠯᠳᠡ ᠲᠠᠢ ᠢᠳᠡᠪᠬᠢᠳᠡᠢ ᠪᠠᠷ | ᠠᠭᠤᠰᠤᠯᠴᠠᠭᠤᠯᠵᠤ᠂ ᠪᠡᠭᠡᠵᠢᠩ ᠤᠨ ᠨᠡᠶᠢᠰᠯᠡᠯ ᠤᠨ ᠪᠤᠰᠤ ᠠᠵᠤ ᠦᠢᠯᠡᠰ ᠲᠠᠢ ᠢᠳᠡᠪᠬᠢᠳᠡᠢ ᠪᠠᠷ ᠵᠤᠯᠭᠠᠭᠤᠯᠵᠤ᠂ | ᠨᠢᠭᠡ ᠪᠦᠯᠦᠭ ᠤᠷᠴᠢᠨ ᠲᠤᠭᠤᠷᠢᠨ ᠢ ᠬᠠᠮᠠᠭᠠᠯᠠᠵᠤ᠂ ᠡᠨᠧᠷᠬᠢ ᠠᠷᠪᠢᠯᠠᠬᠤ᠂ ᠨᠡᠮᠡᠯᠳᠡ ᠦᠷᠳᠡᠭ ᠦᠨᠲᠦᠷ᠂ | ᠲᠠᠶᠢᠴᠢᠯᠠᠬᠤ ᠴᠢᠳᠠᠪᠬᠢ ᠪᠠᠷ ᠰᠠᠶᠢᠨ ᠲᠤᠮᠤ ᠰᠢᠯᠢᠳᠡᠭ ᠲᠦᠷᠦᠯ ᠵᠦᠢᠯ ᠢ ᠲᠠᠳᠠᠨ ᠤᠷᠤᠭᠤᠯᠵᠤ᠂ ᠭᠤᠤᠯᠳᠠᠯᠭᠠᠳᠤ | ᠲᠦᠷᠦᠯ ᠵᠦᠢᠯ ᠤᠨ ᠬᠦᠮᠦᠷᠭᠡ ᠶᠢᠨ ᠪᠠᠶᠢᠭᠤᠯᠤᠯᠳᠠ ᠪᠠ ᠭᠤᠤᠯᠳᠠᠯᠭᠠᠲᠦ ᠲᠦᠷᠦᠯ ᠵᠦᠢᠯ ᠤᠨ ᠨᠦᠭᠡᠴᠡ ᠶᠢ | ᠲᠦᠷᠭᠡᠳᠬᠡᠵᠦ᠂ ᠬᠤᠴᠤᠷᠤᠩᠭᠤᠢ᠂ ᠰᠢᠭᠠᠷᠦ ᠠᠵᠤ ᠦᠢᠯᠡᠳᠪᠦᠷᠢ ᠶᠢ ᠡᠷᠢᠶᠡᠨ ᠬᠤᠳᠠ ᠳᠤ ᠤᠷᠤᠭᠤᠯᠵᠤ | ᠠᠪᠴᠢᠷᠠᠬᠤ ᠶᠢ ᠡᠷᠡᠰ ᠬᠤᠷᠢᠭᠯᠠᠨ᠎ᠠ᠃ | ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ᠳᠣᠭᠳᠠᠭᠤᠨ ᠢᠶᠠᠷ ᠬᠦᠭᠵᠢᠭᠦ ᠶᠢ ᠬᠦᠴᠦᠯᠡᠨ ᠳᠡᠮᠵᠢᠨ᠎ᠡ᠃ | ᠳᠣᠭᠠᠴᠢᠯᠠᠭᠰᠠᠨ ᠭᠡᠷᠡᠯ ᠰᠢᠷᠬᠡᠭ ᠢ ᠭᠠᠳᠠᠭᠰᠢ ᠵᠦᠭᠡᠭᠡᠪᠦᠷᠢᠯᠡᠬᠦ᠂ ᠴᠡᠪᠡᠷ ᠡᠨᠧᠷᠬᠢ ᠶᠢ ᠨᠡᠭᠡᠭᠡᠨ ᠠᠰᠢᠭᠯᠠᠬᠤ ᠶᠢᠨ | ᠳᠣᠭᠤᠷᠢᠨ ᠳᠤ᠂ ᠢᠨᠲ᠋ᠧᠷ ᠰᠦᠯᠵᠢᠶ᠎ᠡ᠂ ᠳᠣᠮᠣ ᠳ᠋ᠠᠶᠢᠲ᠋ᠠ᠂ ᠵᠣᠬᠢᠶᠠᠮᠠᠯ ᠣᠶᠣᠨᠴᠢ ᠴᠢᠳᠠᠪᠬᠢ ᠪᠠ ᠪᠣᠳᠠᠳᠣ ᠠᠵᠣ | ᠠᠬᠤᠢ ᠶᠢᠨ ᠬᠦᠨ ᠠᠭᠤᠰᠣᠯᠳᠣᠨ ᠬᠦᠭᠵᠢᠭᠦ ᠶᠢ ᠶᠡᠭᠡ ᠬᠦᠴᠦᠨ ᠢᠶᠠᠷ ᠳᠠᠳᠠᠨ ᠣᠷᠣᠭᠤᠯᠵᠣ᠂ ᠪᠣᠬᠢᠷᠳᠣᠯ ᠦᠬᠡᠢ | ᠳᠣᠣᠷ᠎ᠠ ᠨᠡᠭᠦᠷᠡᠰᠦᠳᠦ᠋ᠷᠦᠭᠴᠢᠳᠣ᠂ ᠬᠠᠮᠳᠣᠪᠡᠷ ᠡᠳ᠋ᠯᠡᠬᠦ ᠠᠵᠣ ᠠᠬᠤᠢ ᠵᠡᠷᠭᠡ ᠬᠦᠷᠢᠶᠡᠨ ᠳᠤ ᠰᠢᠨ᠎ᠡ ᠳᠠᠯᠳᠠ ᠴᠢᠳᠠᠯ | ᠢ ᠬᠠᠶᠢᠨ ᠠᠭᠤᠳᠠᠯᠯᠠᠵᠣ᠂ ᠰᠢᠨ᠎ᠡ ᠬᠦᠳᠡᠯᠬᠡᠬᠦ ᠬᠦᠴᠦᠨ ᠢ ᠪᠣᠢ ᠪᠣᠯᠭᠠᠨ᠎ᠠ᠃ ᠪᠤᠭᠤᠮᠳᠠ ᠶᠢᠨ ︽ᠬᠤᠶᠠᠷ ᠵᠠᠬ᠎ᠠ | ᠲᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ︾ ᠤᠨ ᠲᠠᠪᠠᠭᠤᠯᠢᠭ ᠢ ᠭᠦᠢᠴᠡᠳ ᠠᠰᠢᠭᠯᠠᠵᠤ᠂ ᠰᠢᠨ᠎ᠡ ᠮᠡᠷᠭᠡᠵᠢᠯ᠂ | ᠰᠢᠨ᠎ᠡ ᠠᠬᠤᠢ ᠪᠠᠶᠢᠳᠠᠯ ᠢᠶᠠᠷ ᠣᠯᠠᠨ ᠣᠯᠣᠰ ᠤᠨ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡ᠂ ᠬᠢᠯᠢ ᠪᠠᠷ | ᠣᠷᠣᠭᠤᠯᠵᠣ ᠭᠠᠷᠭᠠᠬᠤ ᠪᠣᠯᠪᠠᠰᠣᠷᠠᠭᠤᠯᠬᠤ ᠦᠢᠯᠡᠰ᠂ ᠬᠢᠯᠢ ᠶᠢᠨ ᠣᠨᠴᠠᠯᠢᠭᠳᠣ ᠰᠣᠶᠣᠯ ᠵᠢᠭᠤᠯᠴᠢᠯᠠᠯ᠂ ᠴᠡᠪᠡᠷ | ᠡᠨᠧᠷᠬᠢ ᠵᠡᠷᠭᠡ ︽ᠲᠦᠷᠪᠡᠨ ᠳᠣᠯᠭᠠᠭᠤᠷᠢᠯᠠᠭᠴᠢ ᠠᠵᠣ ᠦᠢᠯᠡᠰ︾ ᠤᠨ ᠬᠡᠯᠪᠡᠷᠢ ᠶᠢ ᠬᠤᠪᠢᠷᠠᠭᠤᠯᠣᠨ ᠳᠡᠰ | ᠳᠡᠪᠰᠢᠭᠦᠯᠬᠦ ᠶᠢ ᠲᠦᠯᠬᠢᠨ ᠠᠬᠢᠭᠤᠯᠬᠤ ᠶᠢ ᠪᠠᠷᠢᠮᠳᠠᠯᠠᠨ᠂ ᠳᠡᠭᠡᠳᠦ ᠮᠡᠷᠭᠡᠵᠢᠯ ᠤᠨ ᠰᠢᠨ᠎ᠡ ᠮᠠᠲ᠋ᠧᠷᠢᠶᠠᠯ᠂ ᠡᠨᠧᠷᠬᠢ | ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ᠂ ᠡᠭᠦᠯᠡᠨ ᠲᠤᠭᠠᠴᠠᠯᠠᠭᠤᠷ᠂ ᠠᠮᠢᠲᠤ ᠪᠤᠳᠠᠰ ᠤᠨ ᠮᠡᠷᠭᠡᠵᠢᠯ᠂ | ᠮᠤᠩᠭᠤᠯ ᠬᠢᠳᠠᠳ ᠡᠮ ᠡᠮᠨᠡᠯᠭᠡ᠂ ᠲᠡᠷᠢᠬᠦᠨ ᠤ ᠦᠢᠯᠡᠳᠬᠦ ᠦᠢᠯᠡᠰ᠂ ᠣᠳᠣ ᠦᠶ᠎ᠠ ᠶᠢᠨ ᠮᠦᠩᠭᠦᠨ ᠭᠦᠢᠯᠭᠡᠭᠡᠨ ᠤ | ᠦᠢᠯᠡᠰ ᠵᠡᠷᠭᠡ ᠰᠢᠨ᠎ᠡ ᠪᠠᠷ ᠬᠦᠭᠵᠢᠭᠰᠡᠨ ᠠᠵᠣ ᠦᠢᠯᠡᠰ ᠢ ᠳᠠᠳᠠᠨ ᠣᠷᠣᠭᠤᠯᠵᠣ ᠪᠣᠶᠢᠵᠢᠭᠤᠯᠣᠨ ᠬᠦᠭᠵᠢᠭᠦᠯᠵᠣ᠂ | ᠵᠢᠯ ᠳᠣᠳᠣᠷ᠎ᠠ ᠦᠪᠦᠷ ᠮᠣᠩᠭᠤᠯ ᠤᠨ ᠵᠢᠦ ᠯᠢᠶᠠᠨ ᠳ᠋ᠠᠶᠢᠲ᠋ᠠ ᠶᠢᠨ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ | ᠬᠢᠵᠠᠭᠠᠷᠳᠣ ᠺᠣᠮᠫᠠᠨᠢ ᠶᠢᠨ ᠮᠠᠨ ᠤ ᠬᠤᠳᠠ ᠳᠤ ᠳᠣᠭᠠᠴᠢᠯᠠᠭᠰᠠᠨ ᠬᠦᠷᠢᠶᠡᠯᠡᠩ ᠢ ᠪᠠᠶᠢᠭᠤᠯᠵᠣ᠂ ᠲᠤᠷᠭᠠᠨ ᠵᠠᠮ ᠤᠨ | ᠳ᠋ᠠᠶᠢᠲ᠋ᠠ ᠶᠢᠨ ᠪᠣᠭᠤᠮᠳᠠ ᠶᠢ ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠰᠢᠨ᠎ᠡ ᠪᠠᠷ ᠬᠦᠭᠵᠢᠭᠰᠡᠨ ᠦᠢᠯᠡᠴᠢᠯᠡᠬᠡᠨ | ᠤ ᠦᠢᠯᠡᠰ ᠢ ᠬᠦᠴᠦᠯᠡᠨ ᠬᠦᠭᠵᠢᠭᠦᠯᠵᠣ᠂ ᠣᠳᠣᠬᠠᠨ ᠤ ᠪᠠᠶᠢᠭ᠎ᠠ ᠪᠠᠶᠠᠷ ᠳᠣᠷᠠᠰᠬᠠᠯ ᠤᠨ ᠬᠤᠷᠠᠯ ᠦᠵᠡᠰᠭᠦᠯᠡᠩ᠂ | ᠡᠷᠡᠭᠦᠯ ᠡᠩᠬᠡ ᠨᠠᠰᠣᠳᠠᠳ ᠤᠨ ᠠᠰᠠᠷᠠᠮᠵᠢ᠂ ᠰᠣᠶᠣᠯ ᠵᠤᠭ᠎ᠠ ᠴᠡᠩᠬᠡᠯ᠂ ᠳᠠᠮᠢᠷ ᠰᠡᠯᠡᠭᠦᠴᠡᠯ ᠵᠡᠷᠭᠡ ᠠᠮᠢᠳᠣᠷᠠᠯ ᠤᠨ | ᠴᠢᠨᠠᠷᠳᠠᠢ ᠦᠢᠯᠡᠴᠢᠯᠡᠬᠡᠨ ᠤ ᠦᠢᠯᠡᠰ ᠤᠨ ᠨᠠᠶᠢᠷᠯᠢᠭᠵᠢᠭᠤᠯᠣᠭᠰᠠᠨ ᠦᠨᠳᠦᠷ ᠴᠢᠨᠠᠷ ᠴᠢᠨᠰᠠᠭ᠎ᠠ ᠲᠠᠢ ᠪᠣᠯᠵᠣ | ᠬᠤᠪᠢᠷᠠᠬᠤ ᠶᠢ ᠲᠦᠯᠬᠢᠨ ᠠᠬᠢᠭᠤᠯᠣᠨ᠎ᠠ᠃ | | ︵ᠲᠦᠷᠪᠡ︶ ᠬᠤᠳᠠ ᠶᠢᠨ ᠪᠦᠲᠦᠭᠡᠨ ᠪᠠᠶᠢᠭᠤᠯᠣᠯᠳᠠ ᠬᠠᠮᠢᠶᠠᠷᠣᠯᠳᠠ ᠶᠢ ᠨᠢᠭᠡᠳᠦᠯᠳᠡᠢ ᠨᠠᠷᠢᠯᠢᠭ ᠲᠦᠯᠦᠪᠯᠡᠵᠣ᠂ | ᠬᠤᠳᠠ ᠬᠦᠳᠡᠭᠡ ᠨᠢᠭᠡ ᠴᠣᠭᠴᠠᠯᠠᠭᠰᠠᠨ ᠬᠦᠭᠵᠢᠯᠳᠡ ᠶᠢ ᠬᠦᠴᠦᠯᠡᠨ ᠲᠦᠯᠬᠢᠨ ᠠᠬᠢᠭᠤᠯᠣᠨ᠎ᠠ | | ᠬᠤᠳᠠ ᠶᠢᠨ ᠴᠢᠳᠠᠪᠬᠢ ᠶᠢ ᠦᠨᠳᠦᠷ ᠪᠠᠷᠢᠮᠵᠢᠶ᠎ᠠ ᠪᠠᠷ ᠳᠡᠭᠦᠯᠳᠡᠷᠵᠢᠭᠦᠯᠦᠨ᠎ᠡ᠃ ᠳᠣᠯᠣᠳᠣᠭᠠᠷ ᠣᠳᠠᠭᠠᠨ ᠤ | ᠬᠤᠳᠠ ᠶᠢᠨ ᠶᠡᠷᠦᠩᠬᠡᠢ ᠲᠦᠯᠦᠪᠵᠢᠭᠦᠯᠬᠡ ᠶᠢ ᠴᠢᠩᠭ᠎ᠠ ᠬᠡᠷᠡᠭᠵᠢᠭᠦᠯᠵᠣ᠂ ︽ᠣᠯᠠᠨ ᠲᠦᠯᠦᠪᠵᠢᠭᠦᠯᠬᠡ ᠶᠢ | ᠨᠢᠭᠡᠳᠦᠯᠳᠡᠢ ᠪᠣᠯᠭᠠᠬᠤ︾ ᠬᠠᠮᠢᠶᠠᠷᠤᠯᠳᠠ ᠶᠢᠨ ᠲᠠᠪᠴᠠᠩ ᠢ ᠪᠠᠶᠢᠭᠤᠯᠵᠤ᠂ ᠬᠤᠳᠠ ᠶᠢᠨ ᠶᠠᠪᠣᠳᠠᠯ ᠤᠨ ᠰᠦᠯᠵᠢᠶ᠎ᠡ᠂ | ᠬᠤᠳᠠ ᠶᠢᠨ ︽ᠬᠤᠣᠰ ᠵᠠᠰᠠᠯᠳᠠ︾ ᠵᠡᠷᠭᠡ ᠳᠣᠰᠬᠠᠢ ᠲᠦᠯᠦᠪᠵᠢᠭᠦᠯᠬᠡ ᠶᠢ ᠨᠠᠶᠢᠷᠠᠭᠤᠯᠣᠨ ᠦᠢᠯᠡᠳᠬᠦ ᠠᠵᠢᠯ ᠢ | ᠪᠦᠬᠦ ᠴᠢᠳᠠᠯ ᠢᠶᠠᠷ ᠢᠶᠠᠨ ᠲᠦᠯᠬᠢᠨ ᠠᠬᠢᠭᠤᠯᠵᠣ᠂ ᠬᠤᠳᠠ ᠶᠢᠨ ᠶᠡᠷᠦᠩᠬᠡᠢ ᠲᠦᠯᠦᠪᠵᠢᠭᠦᠯᠬᠡ ᠪᠠ ᠡᠷᠬᠡᠰᠢᠶᠡᠯ | ᠪᠦᠬᠦᠢ ᠨᠠᠷᠢᠯᠢᠭ ᠲᠦᠯᠦᠪᠵᠢᠭᠦᠯᠬᠡ ᠶᠢᠨ ᠴᠢᠩᠭ᠎ᠠ ᠬᠦᠴᠦᠳᠡᠢ ᠬᠢᠵᠠᠭᠠᠷᠯᠠᠯ ᠢ ᠴᠢᠩᠭᠠᠳᠬᠠᠨ᠎ᠠ᠃ ᠪᠦᠬᠦ ᠣᠯᠣᠰ | ᠤᠨ ᠪᠣᠯᠪᠠᠰᠣᠨ ᠬᠤᠳᠠ᠂ ᠪᠦᠬᠦ ᠣᠯᠣᠰ ᠤᠨ ᠡᠷᠡᠭᠦᠯ ᠬᠠᠮᠠᠭᠠᠯᠠᠯ ᠤᠨ ᠬᠤᠳᠠ᠂ ᠣᠯᠣᠰ ᠤᠨ ᠢᠳᠡᠭᠡᠨ ᠤ ᠵᠦᠢᠯ | ᠤᠨ ᠠᠶᠣᠯᠭᠦᠢ ᠵᠢᠱᠢᠶ᠎ᠡ ᠦᠵᠡᠭᠦᠯᠬᠦ ᠬᠤᠳᠠ ᠵᠡᠷᠭᠡ ︽ᠭᠤᠷᠪᠠᠨ ᠬᠤᠳᠠ ᠶᠢ ᠬᠠᠮᠳᠣ ᠳᠤ ᠨᠢ ᠴᠣᠭᠴᠠᠯᠠᠬᠤ︾ ᠪᠠᠷ | ᠬᠠᠷᠠᠯᠳᠠ ᠪᠣᠯᠭᠠᠨ᠂ ᠬᠢᠷᠢ ᠳᠣᠳᠣᠷ᠎ᠠ ᠪᠠᠨ ᠠᠵᠢᠯᠯᠠᠨ᠂ ᠴᠢᠳᠠᠯ ᠤᠨ ᠬᠢᠷᠢ ᠪᠠᠷ ᠴᠢᠷᠮᠠᠶᠢᠬᠤ ᠵᠠᠷᠴᠢᠮ ᠢ ᠪᠠᠷᠢᠮᠳᠠᠯᠠᠵᠣ | ᠂ ᠣᠯᠠᠨ ᠠᠷᠭ᠎ᠠ ᠵᠠᠮ ᠢᠶᠠᠷ ᠪᠡᠯᠡ ᠬᠤᠷᠠᠮᠳᠣᠭᠤᠯᠣᠨ ᠬᠤᠳᠠ ᠶᠢᠨ ᠵᠠᠮ ᠱᠣᠭᠤᠮ᠂ ᠣᠰᠣ ᠬᠠᠩᠭᠠᠬᠤ ᠪᠠ | ᠭᠠᠳᠠᠭᠰᠢᠯᠠᠭᠤᠯᠬᠤ᠂ ᠳᠣᠯᠠᠭᠠᠨ ᠬᠠᠩᠭᠠᠬᠤ᠂ ᠬᠠᠳᠠᠭᠤᠷᠠᠭᠤᠯᠣᠯᠳᠠ᠂ ᠭᠤᠶᠣᠵᠢᠭᠤᠯᠣᠯᠳᠠ᠂ ᠭᠡᠷᠡᠯᠳᠦᠭᠦᠯᠦᠯᠳᠡ | ᠵᠡᠷᠭᠡ ᠬᠤᠳᠠ ᠶᠢᠨ ᠶᠠᠪᠣᠳᠠᠯ ᠤᠨ ᠲᠦᠭᠦᠭᠡᠷᠦᠮᠵᠢ ᠶᠢᠨ ᠪᠠᠶᠢᠭᠤᠯᠣᠯᠳᠠ ᠶᠢ ᠴᠢᠩᠭᠠᠳᠬᠠᠨ᠂ ᠬᠠᠭᠤᠴᠢᠨ ᠬᠤᠷᠢᠶᠠᠯᠠᠯ | ᠢ ᠶᠡᠷᠦᠩᠬᠡᠶᠢᠯᠡᠨ ᠵᠠᠰᠠᠬᠤ ᠪᠠ ᠪᠠᠶᠢᠭ᠎ᠠ ᠪᠠᠷᠢᠯᠭ᠎ᠠ ᠶᠢᠨ ᠡᠨᠧᠷᠬᠢ ᠬᠡᠮᠨᠡᠬᠦ ᠰᠢᠨᠡᠴᠢᠯᠡᠯᠳᠡ ᠶᠢ ᠡᠮᠬᠢ ᠴᠡᠭᠴᠡ ᠲᠠᠢ | ᠲᠦᠯᠬᠢᠨ ᠠᠬᠢᠭᠤᠯᠵᠣ᠂ ᠣᠯᠣᠰ ᠤᠨ ᠭᠤᠣᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠳᠡ ᠶᠢᠨ ᠳᠣᠷᠰᠢᠯᠳᠠ ᠶᠢᠨ | ᠳᠣᠭᠤᠷᠢᠭ ᠤᠨ ᠠᠮᠢ ᠠᠬᠤᠢ ᠶᠢᠨ ᠣᠷᠴᠢᠨ ᠳᠣᠭᠤᠷᠢᠨ ᠢ ᠵᠠᠰᠠᠬᠤ ᠣᠯᠠᠨ ᠨᠡᠶᠢᠳᠡ ᠶᠢᠨ ᠰᠠᠭᠤᠷᠢ ᠲᠦᠭᠦᠭᠡᠷᠦᠮᠵᠢ | ᠶᠢᠨ PPP ᠢᠨᠵᠧᠨᠧᠷᠢᠩ ᠵᠡᠷᠭᠡ ᠨᠣᠭᠤᠭᠠᠷᠠᠭᠤᠯᠣᠯᠳᠠ ᠶᠢᠨ ᠦᠵᠡᠮᠵᠢ ᠶᠢᠨ ᠢᠨᠵᠧᠨᠧᠷᠢᠩ ᠢ ᠦᠷᠭᠦᠯᠵᠢᠯᠡᠨ | ᠬᠡᠷᠡᠭᠵᠢᠭᠦᠯᠵᠣ᠂ ᠬᠤᠳᠠ ᠶᠢᠨ ᠴᠢᠳᠠᠪᠬᠢ ᠶᠢ ᠣᠯᠠᠮ ᠨᠢᠭᠡ ᠠᠯᠬᠤᠮ ᠳᠡᠭᠦᠯᠳᠡᠷᠵᠢᠭᠦᠯᠦᠨ᠂ ᠡᠶ᠎ᠡ ᠵᠣᠬᠢᠴᠠᠯ ᠲᠠᠢ᠂ | ᠣᠷᠣᠰᠢᠨ ᠰᠠᠭᠤᠬᠤ ᠳᠤ ᠳᠣᠬᠢᠯᠢᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠦᠪᠡᠷᠮᠢᠴᠡ ᠣᠨᠴᠠᠯᠢᠭ ᠲᠠᠢ | ᠣᠳᠣ ᠦᠶ᠎ᠡ ᠶᠢᠨ ᠪᠣᠭᠤᠮᠳᠠ ᠬᠤᠳᠠ ᠶᠢ ᠲᠦᠷᠭᠡᠳᠭᠡᠨ ᠪᠠᠶᠢᠭᠤᠯᠣᠨ᠎ᠠ᠃ ᠣᠰᠣᠨ ᠤ ᠰᠣᠷᠪᠣᠯᠵᠢ ᠶᠢᠨ ᠭᠠᠵᠠᠷ | ᠠᠴᠠ ᠭᠤᠷᠪᠠᠳᠣᠭᠠᠷ ᠣᠰᠣᠨ ᠤ ᠦᠢᠯᠡᠳᠪᠦᠷᠢ ᠬᠦᠷᠬᠦ ᠣᠰᠣ ᠳᠠᠮᠵᠢᠭᠤᠯᠬᠤ ᠬᠤᠭᠤᠯᠠᠢ ᠶᠢᠨ PPP ᠲᠦᠷᠦᠯ | ᠵᠦᠢᠯ᠂ ᠭᠤᠷᠪᠠᠳᠣᠭᠠᠷ ᠣᠰᠣᠨ ᠤ ᠦᠢᠯᠡᠳᠪᠦᠷᠢ ᠶᠢ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠡᠬᠢᠯᠡᠨ | ᠪᠦᠲᠦᠭᠡᠨ ᠪᠠᠶᠢᠭᠤᠯᠬᠤ ᠶᠢ ᠢᠳᠡᠪᠬᠢᠳᠡᠢ ᠲᠦᠯᠬᠢᠨ ᠠᠬᠢᠭᠤᠯᠵᠣ᠂ ᠬᠤᠳᠠ ᠶᠢᠨ ᠣᠰᠣ ᠨᠦᠬᠡᠴᠡᠯᠡᠬᠦ ᠴᠢᠳᠠᠪᠣᠷᠢ ᠶᠢ | 4.1 ᠲᠦᠮᠡᠨ ᠳᠣᠨ ᠬᠦᠷᠬᠡᠬᠦ ᠶᠢ ᠪᠠᠳᠣᠯᠠᠨ᠂ ᠣᠯᠠᠨ ᠵᠢᠯ ᠤᠨ ᠳᠣᠷᠰᠢᠬᠢ ᠵᠣᠨ ᠤ ᠣᠯᠠᠷᠢᠯ ᠤᠨ ᠣᠰᠣ ᠠᠷᠪᠢᠨ | ᠬᠡᠷᠡᠭᠯᠡᠬᠦ ᠬᠤᠭᠤᠴᠠᠭᠠᠨ ᠳᠠᠬᠢ ᠰᠠᠭᠤᠭᠠᠯᠢ ᠠᠷᠠᠳ ᠤᠨ ᠣᠰᠣᠨ ᠤ ᠬᠡᠷᠡᠭᠴᠡᠭᠡ ᠶᠢ ᠪᠠᠳᠣᠯᠠᠬᠤ ᠠᠰᠠᠭᠤᠳᠠᠯ ᠢ | ᠳᠣᠶᠢᠯᠪᠣᠷᠢᠳᠠᠢ ᠰᠢᠢᠳᠪᠦᠷᠢᠯᠡᠨ᠎ᠡ᠃ ᠣᠰᠣᠨ ᠤ ᠴᠢᠨᠠᠷ ᠢ ᠴᠡᠪᠡᠷᠰᠢᠭᠦᠯᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠣ᠂ | ᠦᠷᠬᠡᠨ ᠣᠯᠠᠨ ᠬᠤᠳᠠ ᠶᠢᠨ ᠠᠷᠠᠳ ᠤᠨ ᠣᠣᠭᠤᠬᠤ ᠣᠰᠣᠨ ᠤ ᠠᠮᠣᠷ ᠲᠦᠪᠰᠢᠨ ᠢ ᠪᠠᠳᠣᠯᠠᠨ᠎ᠠ᠃ ︽ᠣᠶᠣᠨᠴᠢ | ᠣᠰᠣᠨ ᠤ ᠶᠠᠪᠣᠳᠠᠯ︾ ᠤᠨ ᠢᠨᠵᠧᠨᠧᠷᠢᠩ ᠢ ᠪᠦᠬᠦ ᠣᠷᠣᠨ ᠤ ᠣᠶᠣᠨᠴᠢ ᠣᠰᠣᠨ ᠠᠰᠢᠭᠯᠠᠯᠳᠠ ᠶᠢᠨ ᠰᠣᠷᠠᠭ | ᠵᠠᠩᠬᠢ ᠶᠢᠨ ᠳᠠᠪᠴᠠᠩ ᠤᠨ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ ᠳᠤ ᠣᠷᠣᠭᠤᠯᠬᠤ ᠶᠢ ᠲᠦᠯᠬᠢᠨ | ᠠᠭᠢᠭᠤᠯᠵᠣ᠂ ᠬᠤᠳᠠ ᠶᠢᠨ ᠡᠪᠳᠡᠷᠡᠵᠣ ᠬᠠᠭᠤᠴᠢᠷᠠᠭᠰᠠᠨ ᠭᠤᠣᠷᠰᠦ ᠰᠦᠯᠵᠢᠶ᠎ᠡ ᠪᠠ ᠡᠪᠳᠡᠷᠡᠵᠣ ᠬᠠᠭᠤᠴᠢᠷᠠᠭᠰᠠᠨ | ᠣᠰᠣᠨ ᠬᠡᠮᠵᠢᠭᠦᠷ ᠢ ᠰᠣᠯᠢᠨ ᠰᠢᠨᠡᠴᠢᠯᠡᠬᠦ ᠢᠨᠵᠧᠨᠧᠷᠢᠩ ᠢ ᠲᠦᠯᠬᠢᠨ ᠠᠬᠢᠭᠤᠯᠵᠣ᠂ ᠣᠰᠣ ᠬᠡᠮᠨᠡᠬᠦ ᠬᠡᠯᠪᠡᠷᠢ ᠶᠢᠨ | ᠬᠤᠳᠠ ᠶᠢᠨ ᠪᠦᠲᠦᠭᠡᠨ ᠪᠠᠶᠢᠭᠤᠯᠣᠯᠳᠠ ᠶᠢ ᠲᠦᠷᠭᠡᠳᠭᠡᠨ᠎ᠡ᠃ ᠬᠤᠳᠠ ᠶᠢᠨ ᠰᠢᠳᠠᠮᠠᠬᠠᠢ ᠬᠡᠢ ᠶᠢᠨ ᠲᠦᠷᠦᠯ ᠵᠦᠢᠯ | ᠢ ᠡᠬᠢᠯᠡᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ︽ᠬᠦᠮᠦᠷᠬᠡ ᠶᠢᠨ ᠬᠠᠳᠠᠭᠠᠯᠠᠯᠳᠠ ᠶᠢ ᠬᠠᠰᠣᠬᠤ︾ | ᠠᠵᠢᠯ ᠢ ᠦᠷᠭᠦᠯᠵᠢᠯᠡᠨ ᠰᠠᠶᠢᠳᠣᠷ ᠠᠳᠬᠤᠨ᠂ ᠪᠠᠶᠢᠰᠢᠩᠳᠣ ᠳᠣᠭᠤᠷᠢᠭ ᠤᠨ ᠵᠠᠰᠠᠨ ᠰᠢᠨᠡᠴᠢᠯᠡᠯᠳᠡ ᠶᠢ ᠡᠮᠬᠢ | ᠴᠡᠭᠴᠡ ᠲᠠᠢ ᠲᠦᠯᠬᠢᠨ ᠠᠬᠢᠭᠤᠯᠵᠣ᠂ ᠭᠡᠷ ᠪᠠᠶᠢᠰᠢᠩ ᠭᠠᠵᠠᠷ ᠬᠦᠷᠦᠩᠬᠡ ᠶᠢᠨ ᠲᠦᠷᠦᠯ ᠵᠦᠢᠯ ᠢ ᠨᠡᠭᠡᠭᠡᠨ | ᠠᠰᠢᠭᠯᠠᠬᠤ ᠶᠢ ᠴᠢᠩᠭ᠎ᠠ ᠬᠢᠵᠠᠭᠠᠷᠯᠠᠵᠣ᠂ ᠢᠯᠡᠭᠦᠴᠡ ᠬᠠᠳᠠᠭᠠᠯᠠᠭᠳᠠᠵᠣ ᠪᠠᠶᠢᠭ᠎ᠠ ᠬᠤᠳᠠᠯᠳᠣᠭᠠᠨ ᠤ ᠠᠰᠠᠷ ᠢ | ᠡᠷᠬᠢᠯᠳᠡ ᠳᠤ ᠣᠷᠣᠭᠤᠯᠣᠨ ᠰᠢᠩᠭᠡᠭᠡᠨ ᠬᠡᠷᠡᠭᠯᠡᠨ᠎ᠡ᠃ | ᠬᠤᠳᠠ ᠶᠢᠨ ᠬᠠᠮᠢᠶᠠᠷᠣᠯᠳᠠ ᠶᠢ ᠦᠨᠳᠦᠷ ᠲᠦᠪᠰᠢᠨ ᠢᠶᠠᠷ ᠳᠡᠭᠡᠭᠰᠢᠯᠡᠭᠦᠯᠦᠨ᠎ᠡ᠃ ᠬᠤᠳᠠ ᠶᠢᠨ | ᠬᠠᠮᠢᠶᠠᠷᠣᠯᠳᠠ ᠶᠢᠨ ᠬᠠᠦᠯᠢ ᠬᠡᠷᠡᠭᠵᠢᠭᠦᠯᠬᠦ ᠦᠬᠡᠷᠡᠴᠢᠯᠡᠯᠳᠡ ᠶᠢᠨ ᠳᠣᠷᠰᠢᠯᠳᠠ ᠶᠢᠨ ᠴᠡᠭ ᠤᠨ ᠦᠷ᠎ᠡ ᠪᠦᠲᠦᠮᠵᠢ ᠶᠢ | ᠪᠠᠳᠣᠳᠬᠠᠨ ᠦᠷᠭᠡᠳᠭᠡᠵᠣ᠂ ᠬᠤᠳᠠ ᠶᠢᠨ ᠬᠠᠮᠢᠶᠠᠷᠣᠯᠳᠠ ᠶᠢᠨ ︽ᠵᠠᠮ ᠤᠨ ᠳᠠᠷᠤᠭ᠎ᠠ ᠶᠢᠨ ᠲᠦᠷᠢᠮ︾ ᠢ ᠡᠬᠢᠯᠡᠨ | ᠬᠡᠷᠡᠭᠵᠢᠭᠦᠯᠦᠨ᠂ ᠬᠠᠦᠯᠢ ᠬᠡᠷᠡᠭᠵᠢᠭᠦᠯᠬᠦ ᠬᠦᠴᠦᠯᠡᠴᠡ ᠪᠠᠨ ᠶᠡᠬᠡᠰᠬᠡᠨ᠂ ᠬᠤᠳᠠ ᠶᠢᠨ ᠶᠠᠪᠣᠳᠠᠯ ᠤᠨ ᠲᠦᠭᠦᠭᠡᠷᠦᠮᠵᠢ | ᠂ ᠲᠤᠭᠳᠠᠭᠠᠯ ᠢ ᠵᠦᠷᠢᠴᠡᠭᠰᠡᠨ ᠪᠠᠷᠢᠯᠭ᠎ᠠ᠂ ᠵᠠᠮ ᠬᠠᠷᠢᠯᠴᠠᠭᠠᠨ ᠤ ᠡᠮᠬᠢ ᠲᠢᠭᠯᠢᠮ᠂ ᠣᠷᠴᠢᠨ ᠳᠣᠭᠤᠷᠢᠨ ᠤ ᠡᠷᠡᠭᠦᠯ | ᠬᠠᠮᠠᠭᠠᠯᠠᠯ ᠵᠡᠷᠭᠡ ᠳᠠᠯ᠎ᠠ ᠶᠢᠨ ᠴᠡᠭᠴᠡᠯᠡᠯᠳᠡ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠳᠣᠳᠬᠠᠨ | ᠬᠦᠨᠵᠡᠭᠡᠶᠢᠷᠡᠭᠦᠯᠵᠣ᠂ ᠬᠤᠳᠠ ᠶᠢᠨ ᠨᠠᠷᠢᠯᠢᠭᠵᠢᠭᠤᠯᠣᠭᠰᠠᠨ ᠬᠠᠮᠢᠶᠠᠷᠣᠯᠳᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠲᠡᠮᠦᠷ ᠵᠠᠮ ᠤᠨ ︽ᠭᠤᠷᠪᠠᠨ ᠬᠠᠩᠭᠠᠯᠳᠠ ᠨᠢᠭᠡ ᠬᠡᠷ ᠠᠬᠤᠢ︾ ᠶᠢ ᠳᠣᠰᠠᠭᠠᠷᠯᠠᠨ ᠰᠠᠯᠭᠠᠵᠣ ᠰᠢᠯᠵᠢᠭᠦᠯᠦᠨ | ᠳᠣᠰᠢᠶᠠᠬᠤ ᠠᠵᠢᠯ ᠢ ᠳᠠᠭᠤᠰᠬᠠᠨ᠎ᠠ᠃ ᠬᠤᠳᠠ ᠶᠢᠨ ᠬᠠᠮᠢᠶᠠᠷᠣᠯᠳᠠ ᠶᠢᠨ ᠵᠢᠯᠣᠭᠤᠳᠬᠤ ᠲᠦᠪ ᠢ ᠡᠬᠢᠯᠡᠭᠦᠯᠦᠨ | ᠠᠵᠢᠯᠯᠠᠭᠤᠯᠵᠣ᠂ ︽12345︾ ᠶᠡᠷᠦᠩᠬᠡᠶᠢᠯᠡᠭᠰᠡᠨ ᠦᠢᠯᠡᠴᠢᠯᠡᠬᠡᠨ ᠤ ᠣᠳᠠᠰᠣ ᠶᠢᠨ ᠬᠢᠨᠠᠯᠳᠠ ᠬᠠᠮᠢᠶᠠᠷᠣᠯᠳᠠ | ᠶᠢᠨ ᠦᠢᠯᠡᠳᠦᠯ ᠢ ᠭᠦᠢᠴᠡᠳ ᠪᠠᠳᠠᠷᠠᠭᠤᠯᠣᠨ᠂ ᠰᠢᠨ᠎ᠡ ᠬᠡᠯᠪᠡᠷᠢ ᠶᠢᠨ ︽ᠣᠶᠣᠨᠴᠢ ᠬᠤᠳᠠ︾ ᠶᠢᠨ ᠪᠠᠶᠢᠭᠤᠯᠣᠯᠳᠠ | ᠶᠢ ᠲᠦᠷᠭᠡᠳᠭᠡᠨ ᠠᠬᠢᠭᠤᠯᠵᠣ᠂ ᠬᠤᠳᠠ ᠶᠢᠨ ᠬᠠᠮᠢᠶᠠᠷᠣᠯᠳᠠ ᠶᠢᠨ ᠰᠣᠷᠠᠭ ᠵᠠᠩᠬᠢᠵᠢᠯᠳᠠ᠂ ᠣᠶᠣᠨᠵᠢᠯᠳᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ︽ᠭᠤᠣᠯ ᠮᠦᠷᠡᠨ ᠤ ᠳᠠᠷᠤᠭ᠎ᠠ ᠶᠢᠨ ᠲᠦᠷᠢᠮ︾ ᠢ ᠪᠦᠬᠦ ᠲᠠᠯ᠎ᠠ ᠪᠠᠷ | ᠨᠠᠶᠢᠳᠠᠪᠣᠷᠢᠵᠢᠭᠤᠯᠣᠨ᠂ ᠬᠠᠷᠢᠶ᠎ᠠ ᠳᠣᠭᠤᠷᠢᠭ ᠤᠨ ᠣᠰᠣᠨ ᠤ ᠡᠬᠢ ᠪᠠᠶᠠᠯᠢᠭ ᠢ ᠪᠦᠲᠦᠮᠵᠢᠳᠡᠢ ᠬᠠᠮᠢᠶᠠᠷᠣᠨ᠎ᠠ᠃ | ᠬᠤᠳᠠ ᠶᠢᠨ ᠳᠣᠯᠠᠭᠠᠨ ᠬᠠᠩᠭᠠᠬᠤ ᠠᠵᠢᠯ ᠤᠨ ᠬᠠᠮᠢᠶᠠᠷᠣᠯᠳᠠ ᠶᠢ ᠴᠢᠩᠭᠠᠳᠬᠠᠵᠣ᠂ ᠣᠯᠠᠨ ᠲᠦᠮᠡᠨ ᠤ ᠬᠠᠬᠢᠷ | ᠡᠪᠦᠯ ᠢ ᠳᠣᠯᠠᠭᠠᠬᠠᠨ ᠦᠩᠬᠡᠷᠡᠭᠦᠯᠬᠦ ᠶᠢ ᠦᠨᠡᠨᠬᠦ ᠪᠠᠳᠣᠯᠠᠨ᠎ᠠ᠃ ᠦᠨᠳᠦᠷ ᠬᠢᠷᠢ ᠬᠡᠮ ᠲᠠᠢ ᠬᠡᠷ ᠠᠬᠤᠢ ᠶᠢᠨ ᠠᠵᠣ | ᠠᠬᠤᠶᠢᠯᠠᠯ ᠢ ᠢᠳᠡᠪᠬᠢᠳᠡᠢ ᠳᠠᠳᠠᠨ ᠣᠷᠣᠭᠤᠯᠵᠣ᠂ ᠬᠡᠷ ᠠᠬᠤᠢ ᠶᠢᠨ ᠦᠢᠯᠡᠴᠢᠯᠡᠬᠡᠨ ᠤ ᠪᠠᠷᠢᠮᠵᠢᠶ᠎ᠠ ᠶᠢ | ᠳᠡᠭᠦᠯᠳᠡᠷᠵᠢᠭᠦᠯᠦᠨ᠂ ᠬᠡᠷ ᠠᠬᠤᠢ ᠶᠢᠨ ᠦᠢᠯᠡᠴᠢᠯᠡᠬᠡᠨ ᠤ ᠲᠦᠪᠰᠢᠨ ᠢ ᠳᠠᠰᠣᠷᠠᠯᠳᠠ ᠦᠬᠡᠢ ᠳᠡᠭᠡᠭᠰᠢᠯᠡᠭᠦᠯᠦᠨ᠎ᠡ᠃ | ᠬᠤᠳᠠ ᠶᠢᠨ ᠵᠡᠭᠡᠯᠢ ᠴᠡᠪᠡᠷᠯᠡᠭᠴᠢ ᠶᠢᠨ ᠵᠠᠬ᠎ᠠ ᠳᠡᠯᠭᠡᠭᠦᠷᠵᠢᠭᠰᠡᠨ ᠡᠵᠡᠩᠨᠡᠯᠳᠡ ᠬᠠᠮᠢᠶᠠᠷᠣᠯᠳᠠ ᠶᠢ ᠲᠦᠯᠬᠢᠨ | ᠠᠬᠢᠭᠤᠯᠵᠣ᠂ ᠬᠠᠶᠠᠭᠳᠠᠮᠠᠯ ᠪᠣᠳᠠᠰ ᠢ ᠬᠤᠳᠠᠯᠳᠣᠨ ᠠᠪᠬᠤ ᠦᠷᠳᠡᠭᠡ ᠶᠢ ᠨᠡᠭᠦᠯᠭᠡᠨ ᠰᠢᠯᠵᠢᠭᠦᠯᠬᠦ ᠠᠵᠢᠯ ᠢ | ᠳᠠᠭᠤᠰᠬᠠᠨ᠂ ᠣᠷᠴᠢᠨ ᠳᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠣᠯᠳᠠ ᠶᠢᠨ ᠲᠦᠪᠰᠢᠨ ᠢ ᠳᠠᠰᠣᠷᠠᠯᠳᠠ | ᠦᠬᠡᠢ ᠳᠡᠭᠡᠭᠰᠢᠯᠡᠭᠦᠯᠦᠨ᠎ᠡ᠃ ᠲᠦᠷᠢᠶᠡᠰᠦᠨ ᠮᠠᠰᠢᠨ ᠤ ᠡᠵᠡᠩᠨᠡᠯᠳᠡ ᠬᠠᠮᠢᠶᠠᠷᠤᠯᠳᠠ ᠶᠢ ᠴᠢᠩᠭᠠᠳᠬᠠᠵᠤ᠂ | ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠬᠦᠯᠦᠨ᠎ᠡ᠃ ᠪᠠᠷᠢᠯᠭ᠎ᠠ ᠶᠢᠨ ᠢᠨᠵᠧᠨᠧᠷᠢᠩ ᠤᠨ ᠶᠠᠰᠣ ᠴᠢᠨᠠᠷ ᠠᠶᠣᠯᠭᠦᠢ | ᠶᠢᠨ ᠬᠢᠨᠠᠯᠳᠠ ᠬᠠᠮᠢᠶᠠᠷᠣᠯᠳᠠ ᠶᠢ ᠣᠯᠠᠮ ᠨᠢᠭᠡ ᠠᠯᠬᠤᠮ ᠴᠢᠩᠭᠠᠳᠬᠠᠨ᠂ ᠪᠦᠲᠦᠭᠡᠨ ᠪᠠᠶᠢᠭᠤᠯᠣᠯᠳᠠ ᠶᠢᠨ ᠨᠢᠭᠡᠴᠡ | ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠠᠮᠣᠷ ᠲᠦᠪᠰᠢᠨ ᠤ | ᠠᠳᠡᠯ ᠡᠭᠦᠰᠬᠦ ᠶᠢ ᠪᠦᠲᠦᠮᠵᠢᠳᠡᠢ ᠰᠡᠷᠭᠡᠶᠢᠯᠡᠨ᠎ᠡ᠃ ᠬᠦᠳᠡᠭᠡ ᠳᠣᠰᠬᠤᠨ ᠢ ᠴᠡᠴᠡᠭᠯᠡᠭᠦᠯᠦᠨ ᠬᠦᠭᠵᠢᠭᠦᠯᠬᠦ | ᠪᠠᠶᠢᠯᠳᠣᠬᠤ ᠪᠣᠳᠣᠯᠭ᠎ᠠ ᠶᠢ ᠴᠢᠨᠠᠷ ᠰᠠᠶᠢᠳᠠᠢ ᠬᠡᠷᠡᠭᠵᠢᠭᠦᠯᠦᠨ᠎ᠡ᠃ ᠠᠵᠣ ᠦᠢᠯᠡᠰ ᠨᠢ ᠬᠦᠭᠵᠢᠯ ᠪᠠᠳᠠᠷᠠᠯ ᠲᠠᠢ᠂ | ᠠᠮᠢ ᠠᠬᠤᠢ ᠨᠢ ᠣᠷᠣᠰᠢᠨ ᠰᠠᠭᠤᠬᠤ ᠳᠤ ᠳᠣᠬᠢᠯᠢᠭ᠂ ᠬᠦᠳᠡᠭᠡ ᠳᠣᠰᠬᠤᠨ ᠨᠢ ᠪᠣᠯᠪᠠᠰᠣᠨ ᠰᠣᠷᠳᠠᠯ ᠲᠠᠢ᠂ | ᠴᠡᠭᠴᠡᠯᠡᠯᠳᠡ ᠵᠠᠰᠠᠯᠳᠠ ᠨᠢ ᠪᠦᠲᠦᠮᠵᠢᠳᠡᠢ᠂ ᠠᠮᠢᠳᠣᠷᠠᠯ ᠨᠢ ᠪᠠᠶᠠᠨ ᠴᠢᠨᠡᠭᠡᠯᠢᠭ ᠪᠠᠶᠢᠬᠤ ᠱᠠᠭᠠᠷᠳᠠᠯᠭ᠎ᠠ ᠪᠠᠷ᠂ | ᠲᠠᠷᠢᠶᠠᠯᠠᠩ ᠮᠠᠯ ᠠᠵᠣ ᠠᠬᠤᠢ ᠪᠠ ᠬᠦᠳᠡᠭᠡ ᠳᠣᠰᠬᠤᠨ ᠮᠠᠯᠵᠢᠬᠤ ᠣᠷᠣᠨ ᠤ ᠣᠳᠣᠬᠢᠴᠢᠯᠠᠯᠳᠠ ᠶᠢ ᠲᠦᠯᠬᠢᠨ | ᠠᠬᠢᠭᠤᠯᠵᠣ᠂ ᠮᠠᠯᠵᠢᠬᠤ ᠣᠷᠣᠨ ᠤ ᠮᠠᠰᠢᠨ ᠬᠤᠳᠳᠤᠭ ᠲᠤ ᠴᠠᠬᠢᠯᠭᠠᠨ ᠨᠡᠪᠳᠡᠷᠡᠭᠦᠯᠬᠦ ᠲᠦᠷᠦᠯ ᠵᠦᠢᠯ ᠢ ᠪᠦᠬᠦ | ᠲᠠᠯ᠎ᠠ ᠪᠠᠷ ᠳᠠᠭᠤᠰᠬᠠᠨ᠂ ᠣᠯᠣᠰ ᠤᠨ ᠳᠡᠰ ᠤᠨ ᠵᠠᠮ ᠤᠨ 331 ᠱᠣᠭᠤᠮ ᠠᠴᠠ ᠬᠠᠳᠠᠨᠬᠤᠰᠢᠭᠤ ᠬᠦᠷᠬᠦ ᠵᠡᠷᠭᠡ | ᠳᠣᠰᠬᠤᠨ ᠳᠤ ᠨᠡᠪᠳᠡᠷᠡᠬᠦ ᠵᠠᠰᠠᠮᠠᠯ ᠵᠠᠮ᠂ ᠳᠣᠯᠠᠭᠠᠨ ᠫᠧᠩ ᠳᠤ ᠣᠰᠣ ᠪᠣᠷᠳᠣᠭᠤᠷ ᠢ ᠨᠢᠭᠡ ᠴᠣᠭᠴᠠᠯᠠᠬᠤ ᠪᠠ | ᠰᠢᠨ᠎ᠡ ᠡᠨᠧᠷᠬᠢ ᠪᠠᠷ ᠳᠣᠯᠠᠭᠠᠨ ᠬᠠᠩᠭᠠᠬᠤ ᠲᠦᠷᠦᠯ ᠵᠦᠢᠯ ᠢ ᠡᠬᠢᠯᠡᠨ ᠪᠠᠶᠢᠭᠤᠯᠬᠤ ᠪᠠᠷ ᠬᠦᠬᠡᠬᠡᠴᠡᠯᠳᠦᠨᠡ᠃ | ᠬᠤᠳᠠ ᠬᠦᠳᠡᠭᠡ ᠶᠢ ᠠᠭᠤᠰᠣᠯᠴᠠᠭᠤᠯᠣᠨ ᠬᠦᠭᠵᠢᠭᠦᠯᠬᠦ ᠪᠣᠳᠣᠯᠭ᠎ᠠ ᠶᠢᠨ ᠳᠣᠭᠳᠠᠯᠴᠠᠭ᠎ᠠ ᠶᠢ ᠪᠦᠷᠢᠨᠰᠢᠭᠦᠯᠦᠨ | ᠳᠡᠭᠦᠯᠳᠡᠷᠵᠢᠭᠦᠯᠵᠣ᠂ ᠰᠠᠶᠢᠬᠤᠰᠣ ᠶᠢᠨ ᠭᠠᠵᠠᠷ ᠰᠢᠷᠤᠢ ᠶᠢᠨ ᠦᠮᠴᠢᠯᠡᠯ ᠤᠨ ᠡᠷᠬᠡ᠂ ᠲᠠᠭᠠᠭᠠᠴᠢᠯᠠᠯᠳᠠ ᠶᠢᠨ ᠡᠷᠬᠡ | ᠂ ᠡᠵᠡᠩᠨᠡᠯᠳᠡ ᠶᠢᠨ ᠡᠷᠬᠡ ᠵᠡᠷᠭᠡ ︽ᠭᠤᠷᠪᠠᠨ ᠡᠷᠬᠡ ᠶᠢ ᠬᠤᠪᠢᠶᠠᠷᠢᠯᠠᠨ ᠰᠠᠯᠭᠠᠬᠤ︾ ᠦᠬᠡᠷᠡᠴᠢᠯᠡᠯᠳᠡ ᠶᠢ | ᠯᠠᠪᠳᠠᠭᠤᠨ ᠪᠠᠳᠣᠳᠠᠢ ᠲᠦᠯᠬᠢᠨ ᠠᠬᠢᠭᠤᠯᠵᠣ᠂ ᠮᠠᠯᠴᠢᠨ ᠲᠠᠷᠢᠶᠠᠴᠢᠳ ᠤᠨ ᠡᠷᠬᠡ ᠠᠰᠢᠭ ᠢ ᠦᠨᠡᠨᠬᠦ ᠪᠠᠳᠣᠯᠠᠨ᠎ᠠ᠃ | ᠬᠤᠤ ᠱᠧᠩ᠂ ᠭᠡᠶᠢᠭᠦᠯᠡ ᠵᠡᠷᠭᠡ ᠲᠤᠯᠤᠭᠠᠶᠢᠯᠠᠭᠴᠢ ᠠᠵᠤ ᠠᠬᠤᠶᠢᠯᠠᠯ ᠤᠨ ᠮᠠᠯᠴᠢᠨ ᠲᠠᠷᠢᠶᠠᠴᠢᠳ ᠤᠨ ᠳᠣᠰᠬᠠᠢ | ᠬᠤᠷᠰᠢᠶᠠᠵᠢᠯ ᠪᠠ ᠮᠠᠯᠴᠢᠨ ᠲᠠᠷᠢᠶᠠᠴᠢᠳ ᠲᠠᠢ ᠬᠤᠷᠰᠢᠨ ᠬᠠᠮᠳᠤᠷᠠᠬᠤ ᠬᠦᠴᠦᠯᠡᠴᠡ ᠶᠢ ᠶᠡᠬᠡᠰᠬᠡᠨ᠂ | ᠪᠦᠲᠦᠭᠡᠭᠳᠡᠭᠦᠨ ᠪᠣᠷᠣᠯᠠᠭᠤᠯᠬᠤ ᠵᠠᠬᠢᠶᠠᠯᠭ᠎ᠠ ᠶᠢᠨ ᠳᠠᠩᠰᠠ ᠪᠠ ᠳᠠᠭᠠᠳᠬᠠᠯ ᠢ ᠬᠤᠪᠢᠶᠠᠷᠢᠯᠠᠨ ᠡᠭᠦᠷᠭᠡᠯᠡᠬᠦ ᠶᠢ | ᠬᠡᠷᠡᠭᠵᠢᠬᠦᠯᠵᠦ᠂ ᠲᠠᠷᠢᠶᠠᠴᠢᠨ ᠪᠣᠯᠣᠨ ᠠᠵᠣ ᠠᠬᠤᠶᠢᠯᠠᠯ ᠤᠨ ᠠᠰᠢᠭ ᠳᠣᠰᠠ ᠶᠢ ᠬᠤᠯᠪᠣᠬᠤ ᠳᠣᠭᠳᠠᠯᠴᠠᠭ᠎ᠠ ᠶᠢ | ᠣᠯᠠᠨ ᠨᠢᠭᠡ ᠠᠯᠬᠤᠮ ᠪᠠᠳᠤᠳᠬᠠᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠡᠵᠡᠩᠨᠡᠯᠳᠡ ᠶᠢᠨ ᠭᠤᠣᠯ ᠴᠣᠭᠴᠠ ᠶᠢ | ᠪᠣᠶᠢᠵᠢᠭᠤᠯᠣᠨ᠂ ᠮᠠᠯᠴᠢᠨ ᠲᠠᠷᠢᠶᠠᠴᠢᠳ ᠤᠨ ᠳᠣᠰᠬᠠᠢ ᠬᠤᠷᠰᠢᠶᠠᠵᠢᠯ ᠪᠠ ᠬᠡᠷ ᠪᠦᠯᠢ ᠶᠢᠨ ᠮᠠᠯᠵᠢᠯ ᠤᠨ ᠳᠠᠯᠠᠪᠠᠢ | ᠶᠢᠨ ᠬᠦᠭᠵᠢᠯᠳᠡ ᠶᠢ ᠳᠡᠳᠭᠦᠨ ᠳᠡᠮᠵᠢᠨ᠎ᠡ᠃ ᠮᠠᠯᠴᠢᠨ ᠲᠠᠷᠢᠶᠠᠴᠢᠳ ᠤᠨ ᠠᠵᠢᠯ ᠣᠯᠬᠤ᠂ ᠦᠢᠯᠡᠰ ᠪᠣᠰᠬᠠᠬᠤ ᠶᠢ | ᠳᠡᠮᠵᠢᠨ ᠵᠣᠷᠢᠭᠵᠢᠭᠤᠯᠵᠣ᠂ ᠰᠠᠶᠢᠬᠤᠰᠣ ᠶᠢᠨ ᠢᠳᠡᠰᠢᠨ ᠨᠣᠭᠤᠭ᠎ᠠ ᠲᠠᠷᠢᠬᠤ ᠵᠣᠭᠠᠴᠠᠯ ᠤᠨ ᠦᠢᠯᠡᠰ ᠪᠠ ᠬᠦᠳᠡᠭᠡ | ᠳᠣᠰᠬᠤᠨ ᠮᠠᠯᠵᠢᠬᠤ ᠣᠷᠣᠨ ᠤ ᠰᠡᠯᠡᠭᠦᠴᠡᠯ ᠵᠢᠭᠤᠯᠴᠢᠯᠠᠯ ᠤᠨ ᠦᠢᠯᠡᠰ ᠢ ᠬᠦᠭᠵᠢᠭᠦᠯᠬᠦ ᠶᠢ ᠳᠡᠳᠭᠦᠨ ᠳᠡᠮᠵᠢᠵᠣ᠂ | ︽ᠢᠨᠲ᠋ᠧᠷ ᠰᠦᠯᠵᠢᠶ᠎ᠡ + ᠲᠠᠷᠢᠶᠠᠯᠠᠩ ᠮᠠᠯ ᠠᠵᠣ ᠠᠬᠤᠢ ︾ ᠡᠯᠧᠺᠲᠷᠣᠨ ᠬᠤᠳᠠᠯᠳᠣᠭᠠᠨ ᠤ ᠬᠡᠪ ᠵᠠᠭᠪᠠᠷ ᠢ ᠶᠡᠭᠡ | ᠬᠦᠴᠦᠨ ᠢᠶᠠᠷ ᠬᠦᠭᠵᠢᠭᠦᠯᠦᠨ᠂ ᠦᠨᠳᠦᠰᠦᠳᠡᠨ ᠤ ᠭᠠᠷ ᠣᠷᠠᠯᠠᠯ ᠤᠨ ᠪᠦᠲᠦᠭᠡᠭᠳᠡᠭᠦᠨ᠂ ᠰᠦᠨᠢᠳ ᠬᠤᠨᠢ ᠶᠢᠨ | ᠮᠢᠬ᠎ᠠ᠂ ᠭᠡᠷ ᠪᠦᠯᠢ ᠶᠢᠨ ᠮᠠᠯᠵᠢᠯ ᠤᠨ ᠲᠠᠯᠠᠪᠠᠢ ᠵᠡᠷᠭᠡ ᠨᠡᠷ᠎ᠡ ᠳᠡᠮᠳᠡᠭ ᠢ ᠦᠷᠭᠡᠵᠢᠭᠦᠯᠦᠨ ᠳᠡᠯᠭᠡᠷᠡᠭᠦᠯᠵᠣ᠂ ᠮᠠᠯᠴᠢᠨ | ᠳᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠦᠷᠭᠡᠳᠭᠡᠨ᠎ᠡ᠃ ᠰᠣᠶᠣᠯ᠂ ᠰᠢᠨᠵᠢᠯᠡᠭᠡ ᠮᠡᠷᠭᠡᠵᠢᠯ | ᠂ ᠡᠷᠡᠬᠦᠯ ᠬᠠᠮᠠᠭᠠᠯᠠᠯ ︽ᠭᠤᠷᠪᠠ ᠶᠢ ᠬᠦᠳᠡᠭᠡ ᠪᠠᠭᠤᠯᠭᠠᠬᠤ︾ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ | ᠰᠣᠶᠣᠯ ᠢᠶᠠᠷ ᠬᠢᠯᠢ ᠪᠠᠨ ᠬᠠᠮᠠᠭᠠᠯᠠᠬᠤ᠂ ᠰᠣᠶᠣᠯ ᠢᠶᠠᠷ ᠬᠢᠯᠢ ᠪᠠᠨ ᠪᠠᠶᠠᠵᠢᠭᠤᠯᠬᠤ᠂ ᠰᠣᠶᠣᠯ ᠢᠶᠠᠷ ᠬᠢᠯᠢ ᠪᠠᠨ | ᠪᠠᠬᠢᠵᠢᠭᠦᠯᠬᠦ ᠢᠨᠵᠧᠨᠧᠷᠢᠩ ᠢ ᠶᠡᠭᠡ ᠬᠦᠴᠦᠨ ᠢᠶᠠᠷ ᠬᠡᠷᠡᠭᠵᠢᠭᠦᠯᠵᠣ᠂ ᠴᠢᠬᠢ ᠮᠤᠳᠤ ᠪᠤᠶᠢᠵᠢᠭᠤᠯᠬᠤ᠂ ᠵᠢᠮᠢᠰ | ᠨᠣᠭᠤᠭ᠎ᠠ ᠳᠠᠷᠢᠵᠣ ᠣᠷᠭᠤᠭᠤᠯᠬᠤ᠂ ᠮᠠᠯ ᠤᠨ ᠡᠭᠦᠯᠳᠡᠷ ᠢ ᠰᠠᠶᠢᠵᠢᠷᠡᠠᠭᠤᠯᠬᠤ ᠵᠡᠷᠭᠡ ᠳᠠᠷᠢᠶᠠᠯᠠᠩ ᠮᠠᠯ ᠠᠵᠣ | ᠠᠬᠤᠢ ᠶᠢᠨ ᠰᠢᠨᠵᠢᠯᠡᠭᠡ ᠲᠧᠭᠨᠢᠭ ᠢ ᠣᠯᠠᠷᠢᠭᠤᠯᠣᠨ ᠠᠰᠢᠭᠯᠠᠬᠤ ᠶᠢ ᠲᠦᠯᠬᠢᠨ ᠠᠬᠢᠭᠤᠯᠵᠣ᠂ ᠦᠨᠳᠦᠰᠦᠨ ᠣᠯᠠᠨ | ᠨᠡᠶᠢᠲᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠦᠷᠨᠢᠭᠦᠯᠦᠨ᠂ ᠮᠠᠯᠵᠢᠬᠤ ᠲᠠᠷᠢᠶᠠᠯᠠᠬᠤ | ᠤᠷᠤᠨ ᠤ ᠬᠦᠴᠢᠷᠳᠡᠯᠳᠡᠢ ᠬᠦᠮᠦᠨ ᠠᠮᠠ ᠳᠤ ᠡᠷᠡᠬᠦᠯ ᠮᠡᠨᠲᠦ ᠶᠢᠨ ᠪᠠᠶ᠎ᠡ ᠶᠢᠨ ᠪᠠᠶᠢᠴᠠᠭᠠᠯᠳᠠ ᠬᠢᠵᠦ ᠦᠭᠬᠦ ᠶᠢ | ᠬᠡᠷᠡᠭᠵᠢᠬᠦᠯᠦᠨ᠎ᠡ᠃ | | ︵ᠲᠠᠪᠤ︶ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠳᠠᠰᠣᠷᠠᠯᠳᠠ ᠦᠬᠡᠢ | ᠬᠠᠩᠭᠠᠵᠤ᠂ ᠠᠷᠠᠳ ᠤᠨ ᠠᠮᠢᠳᠤᠷᠠᠯ ᠢ ᠬᠦᠴᠦ ᠳᠠᠯᠪᠢᠨ ᠪᠠᠳᠣᠯᠠᠨ ᠰᠠᠶᠢᠵᠢᠷᠠᠭᠤᠯᠤᠨ᠎ᠠ | | ᠠᠷᠠᠳ ᠤᠯᠠᠨ ᠤ ᠰᠡᠳᠬᠢᠯ ᠬᠠᠨᠦᠮᠵᠢ ᠲᠠᠢ ᠠᠵᠢᠯ ᠤᠯᠭᠤᠯᠳᠠ ᠪᠠ ᠤᠷᠤᠯᠭ᠎ᠠ ᠶᠢ ᠴᠠᠷᠮᠠᠶᠢᠨ ᠪᠠᠶᠡᠯᠡᠭᠦᠯᠦᠨ᠎ᠠ | ᠃ ᠠᠵᠢᠯ ᠣᠯᠭᠤᠯᠳᠠ ᠶᠢ ᠳᠡᠷᠢᠭᠦᠨ ᠪᠠᠶᠢᠷᠢᠨ ᠳᠤ ᠳᠠᠯᠪᠢᠬᠤ ᠪᠠ ᠢᠳᠡᠪᠬᠢᠳᠡᠢ ᠪᠠᠷ ᠠᠵᠢᠯ ᠣᠯᠭᠤᠬᠤ ᠪᠣᠳᠣᠯᠭ᠎ᠠ | ᠶᠢ ᠪᠠᠷᠢᠮᠳᠠᠯᠠᠨ᠂ ︽ᠠᠷᠠᠳ ᠤᠯᠠᠨ ᠢᠶᠠᠷ ᠢᠶᠠᠨ ᠦᠢᠯᠡᠰ ᠪᠦᠲᠦᠭᠡᠵᠣ᠂ ᠪᠦᠬᠦ ᠨᠡᠶᠢᠭᠡᠮ ᠢᠶᠠᠷ ᠢᠶᠠᠨ ᠰᠢᠨ᠎ᠡ ᠶᠢ | ᠡᠭᠦᠳᠬᠦ ︾ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠵᠢᠯ ᠳᠣᠳᠣᠷ᠎ᠠ ᠰᠢᠨ᠎ᠡ ᠪᠠᠷ ᠠᠵᠢᠯ ᠣᠯᠭᠤᠬᠤ ᠬᠦᠮᠦᠨ | ᠤ ᠳᠤᠭ᠎ᠠ ᠶᠢ 800 ᠠᠴᠠ ᠳᠡᠭᠡᠭᠰᠢ ᠬᠦᠷᠬᠡᠨ᠂ ᠬᠤᠳᠠ ᠪᠠᠯᠭᠠᠰᠤᠨ ᠤ ᠠᠵᠢᠯ ᠠᠯᠳᠠᠭᠰᠠᠳ ᠤᠨ ᠳᠠᠩᠰᠠᠯᠠᠯᠳᠠ | ᠶᠢᠨ ᠨᠤᠷᠮ᠎ᠠ ᠶᠢ 2.4% ᠲᠤᠳᠤᠷ᠎ᠠ ᠬᠢᠵᠡᠭᠠᠷᠯᠠᠨᠠ᠃ ᠦᠢᠯᠡᠰ ᠪᠣᠰᠬᠠᠯᠳᠠ ᠪᠠᠷ ᠠᠵᠢᠯ ᠣᠯᠭᠤᠯᠳᠠ ᠶᠢ | ᠳᠠᠶᠢᠴᠢᠯᠠᠬᠤ ᠶᠢ ᠵᠣᠷᠢᠭᠵᠢᠭᠤᠯᠣᠨ᠂ ᠡᠯᠧᠺᠲᠷᠤᠨ ᠬᠤᠳᠠᠯᠳᠤᠭ᠎ᠠ ᠵᠢᠴᠢ ᠰᠢᠨ᠎ᠠ ᠶᠢ ᠡᠭᠦᠳᠦᠨ ᠦᠢᠯᠡᠰ ᠪᠣᠰᠬᠠᠯᠳᠠ | ᠶᠢ ᠨᠡᠪᠴᠢᠭᠦᠯᠬᠦ ᠰᠠᠭᠤᠷᠢᠨ ᠭᠠᠵᠠᠷ᠂ ᠲᠢᠶᠠᠨ ᠯᠢ ᠦᠢᠯᠡᠰ ᠪᠣᠰᠬᠠᠯᠳᠠ ᠶᠢ ᠨᠡᠪᠴᠢᠭᠦᠯᠬᠦ ᠰᠠᠭᠤᠷᠢᠨ ᠭᠠᠵᠠᠷ᠂ | ᠦᠨᠳᠦᠰᠦᠳᠡᠨ ᠤ ᠰᠤᠶᠤᠯ ᠤᠨ ᠦᠢᠯᠡᠰ ᠪᠣᠰᠬᠠᠬᠤ ᠬᠦᠷᠢᠶᠠᠯᠠᠩ ᠶᠢᠨ ᠬᠡᠪᠴᠢᠶ᠎ᠡ ᠶᠢ ᠪᠠᠳᠣᠳᠬᠠᠨ ᠦᠷᠭᠡᠳᠭᠡᠵᠤ᠂ | ᠣᠳᠣᠬᠠᠨ ᠤ ᠪᠠᠶᠢᠭ᠎ᠠ ᠠᠵᠣ ᠠᠬᠤᠶᠢᠯᠠᠯ ᠤᠨ ᠪᠣᠵᠠᠭᠠᠶᠢᠷᠠᠨ ᠬᠦᠴᠦᠷᠬᠡᠭᠵᠢᠭᠦ ᠶᠢ ᠳᠡᠳᠭᠦᠨ ᠳᠡᠮᠵᠢᠵᠣ᠂ ᠰᠢᠨ᠎ᠡ | ᠲᠦᠷᠦᠯ ᠵᠦᠢᠯ ᠰᠢᠨ᠎ᠡ ᠠᠵᠣ ᠦᠢᠯᠡᠰ ᠢ ᠢᠳᠡᠪᠬᠢᠳᠡᠢ ᠳᠠᠳᠠᠨ ᠣᠷᠣᠭᠤᠯᠣᠨ᠂ ᠠᠵᠢᠯ ᠤᠨ ᠪᠠᠶᠢᠷᠢ ᠶᠢ ᠣᠯᠠᠮ | ᠨᠢᠭᠡ ᠠᠯᠬᠤᠮ ᠨᠡᠮᠡᠭᠳᠡᠭᠦᠯᠵᠣ᠂ ᠦᠨᠳᠦᠷ ᠳᠡᠭᠡᠳᠦ ᠰᠣᠷᠭᠠᠭᠤᠯᠢ ᠳᠡᠭᠦᠰᠦᠭᠰᠡᠨ ᠣᠶᠣᠳᠠᠳ ᠤᠨ ᠦᠢᠯᠡᠰ ᠪᠣᠰᠬᠠᠨ | ᠠᠵᠢᠯ ᠣᠯᠬᠤ ᠪᠠ ᠮᠠᠯᠴᠢᠨ ᠲᠠᠷᠢᠶᠠᠴᠢᠨ ᠭᠠᠷᠣᠯ ᠲᠠᠢ ᠬᠦᠯᠦᠰᠦᠨ ᠠᠵᠢᠯᠴᠢᠳ ᠤᠨ ᠠᠵᠢᠯ ᠣᠯᠬᠤ ᠳᠤ | ᠪᠠᠳᠣᠯᠠᠭ᠎ᠠ ᠬᠠᠩᠭᠠᠨ᠎ᠠ᠃ ︽ᠠᠵᠢᠯ ᠦᠬᠡᠢ︾ ᠬᠡᠷ ᠪᠦᠯᠢ ᠶᠢ ᠬᠠᠪᠰᠣᠷᠣᠨ ᠳᠣᠰᠠᠯᠠᠬᠤ ᠬᠦᠴᠦᠯᠡᠴᠡ ᠪᠠᠨ | ᠶᠡᠬᠡᠰᠬᠡᠨ᠂ ︽ᠠᠵᠢᠯ ᠦᠬᠡᠢ︾ ᠭᠡᠷ ᠪᠦᠯᠢ ᠶᠢᠨ ᠠᠳᠠᠭ ᠲᠤ ᠪᠠᠨ ᠨᠢᠭᠡ ᠬᠦᠮᠦᠨ ᠨᠢ ᠳᠣᠭᠳᠠᠪᠣᠷᠢᠳᠠᠢ ᠠᠵᠢᠯ | ᠣᠯᠬᠤ ᠶᠢ ᠪᠠᠳᠣᠯᠠᠨ᠎ᠠ᠃ ᠠᠵᠢᠯᠳᠠᠨ ᠠᠵᠢᠯᠴᠢᠳ ᠤᠨ ᠴᠠᠯᠢᠩ ᠢ ᠬᠠᠰᠣᠬᠤ ᠦᠬᠡᠢ ᠵᠢᠯ ᠤᠨ ᠠᠮᠠᠷᠠᠯᠳᠠ ᠶᠢᠨ | ᠲᠦᠷᠢᠮ ᠢ ᠨᠠᠶᠢᠳᠠᠪᠣᠷᠢᠵᠢᠭᠤᠯᠣᠨ᠂ ᠬᠠᠳᠠᠭᠤ ᠪᠡᠷᠬᠡᠰᠢᠶᠡᠯᠳᠣ ᠬᠢᠯᠢ ᠬᠢᠵᠠᠭᠠᠷ ᠤᠷᠤᠨ ᠤ ᠲᠦᠷᠦᠯ ᠠᠩᠬᠢᠯᠠᠯ ᠢ | ᠬᠤᠶᠠᠳᠤᠭᠠᠷ ᠲᠦᠷᠦᠯ ᠠᠴᠠ ᠲᠦᠷᠪᠡᠳᠦᠭᠡᠷ ᠲᠦᠷᠦᠯ ᠪᠤᠯᠭᠠᠨ ᠲᠤᠬᠢᠷᠠᠭᠤᠯᠬᠤ ᠶᠢ ᠳᠡᠭᠡᠷ᠎ᠡ ᠱᠠᠳᠣᠨ ᠳᠤ | ᠢᠳᠡᠪᠬᠢᠳᠡᠢ ᠪᠠᠷ ᠬᠦᠬᠡᠬᠡᠴᠡᠯᠳᠦᠨᠡ᠃ ᠠᠵᠤ ᠠᠬᠤᠶᠢᠯᠠᠯ ᠤᠨ ᠴᠠᠯᠢᠩ ᠢ ᠨᠡᠶᠢᠳᠡ ᠪᠠᠷ ᠵᠦᠪᠳᠡᠨ ᠲᠤᠭᠳᠠᠭᠠᠬᠤ | ᠲᠤᠭᠳᠠᠯᠴᠠᠭ᠎ᠠ ᠶᠢ ᠬᠡᠷᠡᠭᠵᠢᠭᠦᠯᠵᠤ᠂ ᠬᠤᠳᠠ ᠶᠢᠨ ᠬᠠᠮᠤᠭ ᠲᠤᠤᠷ᠎ᠠ ᠴᠠᠯᠢᠩ ᠤᠨ ᠨᠡᠮᠡᠭᠳᠡᠯ ᠤᠨ ᠳᠣᠭᠳᠠᠯᠴᠠᠭ᠎ᠠ ᠶᠢ | ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠲᠠᠮᠵᠢᠨ ᠮᠠᠯᠴᠢᠨ ᠳᠠᠷᠢᠶᠠᠴᠢᠳ ᠤᠨ ᠡᠵᠡᠩᠨᠡᠯᠳᠡ ᠶᠢᠨ ᠴᠢᠨᠠᠷᠳᠡᠢ | ᠂ ᠡᠳ᠋ ᠬᠦᠷᠦᠩᠭᠡ ᠶᠢᠨ ᠴᠢᠨᠠᠷᠳᠡᠢ᠂ ᠲᠦᠷᠤ ᠶᠢᠨ ᠪᠤᠳᠤᠯᠭ᠎ᠠ ᠶᠢᠨ ᠴᠢᠨᠠᠷᠳᠡᠢ ᠤᠷᠤᠯᠭ᠎ᠠ ᠶᠢ ᠨᠡᠮᠡᠭᠳᠡᠭᠦᠯᠦᠨ᠂ | ᠮᠠᠯᠴᠢᠨ ᠲᠠᠷᠢᠶᠠᠴᠢᠨ ᠤ ᠤᠷᠤᠯᠭ᠎ᠠ ᠶᠢᠨ ᠲᠤᠭᠳᠠᠭᠤᠨ ᠨᠡᠮᠡᠭᠳᠡᠯ ᠢ ᠲᠦᠯᠬᠢᠨ ᠠᠬᠢᠭᠤᠯᠵᠤ᠂ ᠠᠷᠠᠳ ᠤᠯᠠᠨ ᠤ | ᠬᠦᠷᠳᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ ᠢ ᠲᠡᠭᠡᠭᠰᠢᠯᠡᠭᠦᠯᠦᠨ᠎ᠠ᠃ ᠠᠷᠠᠳ ᠤᠨ ᠬᠦᠰᠡᠨ | ᠡᠷᠡᠮᠡᠯᠵᠡᠭᠰᠡᠨ ᠨᠠᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠢᠳᠡᠪᠬᠢᠳᠡᠢ ᠪᠠᠶᠢᠭᠤᠯᠤᠨ᠎ᠠ᠃ ᠬᠤᠷᠢᠭ᠎ᠠ ᠱᠣᠭᠤᠮ ᠢ | ᠰᠠᠬᠢᠬᠤ᠂ ᠨᠢᠭᠳᠠ ᠳᠣᠣᠷ ᠢ ᠰᠦᠯᠵᠢᠬᠦ᠂ ᠳᠣᠭᠳᠠᠯᠴᠠᠭ᠎ᠠ ᠶᠢ ᠪᠠᠶᠢᠭᠤᠯᠬᠤ ᠱᠠᠭᠠᠷᠳᠠᠯᠭ᠎ᠠ ᠶᠤᠰᠤᠭᠠᠷ᠂ ᠪᠦᠬᠦ ᠳᠠᠯ᠎ᠠ | ᠶᠢᠨ᠂ ᠤᠯᠠᠨ ᠳᠠᠪᠬᠤᠷᠭ᠎ᠠ ᠶᠢᠨ᠂ ᠦᠷᠭᠦᠯᠵᠢᠯᠡᠨ ᠬᠦᠭᠵᠢᠬᠦ ᠨᠠᠶᠢᠭᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ | ᠲᠦᠷᠭᠡᠳᠭᠡᠨ ᠪᠠᠶᠢᠭᠤᠯᠵᠤ᠂ ︽ᠬᠠᠷᠢᠯᠴᠠᠨ ᠬᠤᠯᠪᠣᠯᠳᠣᠨ ᠬᠠᠷᠢᠯᠴᠠᠨ ᠨᠡᠪᠳᠡᠷᠡᠯᠴᠡᠬᠦ᠂ ᠰᠣᠷᠠᠭ ᠵᠠᠩᠬᠢ ᠪᠠᠷ ᠠᠷᠠᠳ | ᠲᠤ ᠲᠦᠭᠦᠮ ᠦᠵᠡᠭᠦᠯᠬᠦ︾ ᠠᠷᠠᠳ ᠤᠨ ᠠᠮᠢᠵᠢᠷᠠᠭᠠᠨ ᠤ ᠦᠢᠯᠡᠴᠢᠯᠡᠭᠡᠨ ᠤ ᠲᠠᠪᠴᠠᠩ ᠢ ᠡᠬᠢᠯᠡᠨ ᠪᠠᠶᠢᠭᠤᠯᠣᠨ᠎ᠠ᠃ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠲᠠᠭᠠᠳᠬᠠᠯ ᠤᠨ ᠲᠦᠷᠢᠮ ᠤᠨ | ᠦᠭᠡᠷᠡᠴᠢᠯᠡᠯᠳᠠ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠵᠣ᠂ ᠪᠦᠬᠦ ᠠᠷᠠᠳ ᠢ ᠲᠠᠭᠠᠳᠬᠠᠯ ᠳᠤ | ᠤᠷᠤᠭᠤᠯᠬᠤ ᠲᠦᠯᠦᠪᠯᠡᠭᠡ ᠶᠢ ᠪᠡᠶᠡᠯᠡᠭᠦᠯᠦᠨ᠎ᠡ᠃ ᠡᠮ ᠡᠮᠨᠡᠯᠭᠡ ᠶᠢᠨ ᠦᠢᠯᠡᠴᠢᠯᠡᠬᠡᠨ ᠤ ᠣᠶᠣᠨᠴᠢ ᠪᠠᠷ ᠡᠷᠬᠡᠰᠢᠶᠡᠬᠦ | ᠰᠢᠰᠲ᠋ᠧᠮ ᠢ ᠪᠦᠬᠦ ᠲᠠᠯ᠎ᠠ ᠪᠠᠷ ᠬᠡᠷᠡᠭᠵᠢᠭᠦᠯᠣᠨ᠂ ᠬᠤᠳᠠ ᠪᠠᠯᠭᠠᠰᠣᠨ ᠤ ᠠᠵᠢᠯᠳᠠᠳ ᠪᠠ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠳᠠᠭᠠᠳᠬᠠᠯ ᠢᠶᠠᠷ ᠮᠣᠵᠢ ᠠᠯᠣᠰᠯᠠᠨ ᠡᠮᠨᠡᠯᠭᠡ ᠳᠤ ᠰᠠᠭᠤᠵᠣ | ᠡᠮᠴᠢᠯᠡᠭᠦᠯᠦᠭᠰᠡᠨ ᠵᠠᠷᠣᠳᠠᠯ ᠢ ᠰᠢᠭᠤᠳ ᠳᠣᠭᠠᠴᠠᠭ᠎ᠠ ᠬᠢᠬᠦ ᠠᠵᠢᠯ ᠢ ᠯᠠᠪᠳᠠᠭᠤᠨ ᠪᠠᠳᠣᠳᠠᠢ ᠲᠦᠯᠬᠢᠨ ᠠᠬᠢᠭᠤᠯᠵᠣ᠂ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠲᠦᠷᠢᠮ ᠤᠨ ︽ᠨᠢᠭᠡ ᠳᠠᠭᠠᠳᠬᠠᠯ | ᠳᠤ ᠣᠷᠣᠯᠴᠠᠪᠠᠯ ᠳᠠᠪᠣᠨ ᠪᠠᠳᠣᠯᠠᠭ᠎ᠠ ᠬᠠᠩᠭᠠᠬᠤ︾ ᠲᠦᠯᠦᠪ ᠪᠠᠶᠢᠳᠠᠯ ᠢ ᠦᠷᠭᠦᠯᠵᠢᠯᠡᠨ ᠪᠠᠳᠣᠳᠬᠠᠨ᠎ᠠ᠃ ᠨᠠᠶᠢᠭᠡᠮ | ᠤᠨ ᠠᠪᠤᠷᠠᠨ ᠲᠤᠰᠠᠯᠠᠬᠤ ᠰᠢᠰᠲ᠋ᠧᠮ ᠢ ᠨᠢᠭᠡᠳᠤᠯᠳᠡᠢ ᠲᠦᠯᠦᠪᠵᠢᠭᠦᠯᠦᠨ᠂ ᠲᠤᠤᠷ᠎ᠠ ᠪᠠᠳᠤᠯᠠᠭ᠎ᠠ ᠶᠢᠨ ᠲᠦᠷᠢᠮ ᠪᠠ | ᠨᠠᠶᠢᠭᠡᠮ ᠤᠨ ᠠᠰᠠᠷᠠᠮᠵᠢ᠂ ᠨᠢᠭᠦᠯᠡᠰᠦᠩᠭᠦᠢ ᠶᠢᠨ ᠦᠢᠯᠡᠰ᠂ ᠠᠮᠣᠷᠵᠢᠭᠤᠯᠣᠨ ᠲᠦᠪᠬᠢᠨᠡᠭᠦᠯᠬᠦ ᠵᠡᠷᠭᠡ ᠶᠢᠨ ᠬᠠᠷᠢᠯᠴᠠᠨ | ᠠᠪᠴᠠᠯᠳᠣᠬᠤ ᠶᠢ ᠠᠬᠢᠭᠤᠯᠵᠣ᠂ ᠬᠡᠤᠭᠡᠳ᠂ ᠡᠮᠡᠭᠳᠡᠶᠢᠴᠦᠳ᠂ ᠨᠠᠰᠣᠳᠠᠶᠢᠴᠣᠳ᠂ ᠵᠠᠮᠳᠡᠭᠴᠦᠳ ᠢ ᠬᠠᠶᠢᠷᠠᠯᠠᠨ | ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠨᠠᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ | ᠵᠣᠬᠢᠬᠤ ᠬᠡᠮᠵᠢᠶ᠎ᠡ ᠪᠠᠷ ᠲᠡᠭᠡᠭᠰᠢᠯᠡᠭᠦᠯᠵᠤ᠂ ᠭᠤᠣᠯ ᠪᠣᠯᠬᠤ ᠠᠷᠠᠳ ᠤᠨ ᠠᠮᠢᠵᠢᠷᠠᠯ ᠤᠨ ᠵᠢᠭᠠᠯᠳᠠ ᠲᠤᠭ᠎ᠠ ᠶᠢ | ᠤᠷᠤᠨ ᠪᠠ ᠠᠶᠢᠮᠠᠭ ᠤᠨ ᠲᠡᠷᠢᠭᠦᠨ ᠡᠩᠨᠡᠭᠡᠨ ᠳᠤ ᠵᠢᠭᠰᠠᠭᠠᠭᠳᠠᠬᠤ ᠶᠢ ᠪᠠᠳᠣᠯᠠᠨ᠎ᠠ᠃ | ᠠᠷᠠᠳ ᠲᠦᠮᠡᠨ ᠤ ᠬᠦᠰᠡᠨ ᠮᠦᠷᠦᠭᠡᠳᠦᠭᠰᠡᠨ ᠨᠡᠶᠢᠭᠡᠮ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ | ᠰᠤᠷᠭᠠᠨ ᠬᠦᠮᠦᠵᠢᠯ ᠤᠨ ᠦᠨᠳᠦᠰᠦᠨ ᠨᠦᠬᠦᠴᠡᠯ ᠢ ᠰᠠᠶᠢᠵᠢᠷᠠᠭᠤᠯᠵᠣ᠂ ᠪᠦᠬᠦ ᠬᠤᠳᠠ ᠶᠢᠨ ᠲᠤᠮᠳᠠᠳᠤ ᠪᠠᠭ᠎ᠠ | ᠰᠤᠷᠭᠠᠭᠤᠯᠢ᠂ ᠴᠡᠴᠡᠷᠯᠢᠭ ᠤᠨ ᠪᠠᠶᠢᠷᠢ ᠶᠢᠨ ᠭᠡᠷ ᠢ ᠵᠠᠰᠠᠨ ᠰᠡᠯᠪᠢᠬᠦ ᠪᠠ ᠭᠠᠯ ᠰᠡᠷᠭᠡᠶᠢᠯᠡᠯᠳᠡ ᠶᠢ ᠲᠤᠷᠰᠢᠨ | ᠰᠢᠯᠭᠠᠬᠤ ᠠᠵᠢᠯ ᠢ ᠪᠠᠶᠠᠯᠡᠭᠦᠯᠦᠨ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠡᠷᠢᠶᠡᠨ ᠬᠤᠳᠠ | ᠳᠠᠬᠢ ᠤᠯᠠᠨ ᠤᠯᠤᠰ ᠤᠨ ᠲᠡᠭᠡᠲᠦ ᠰᠤᠷᠭᠠᠭᠤᠯᠢ ᠶᠢᠨ ᠨᠤᠮ ᠤᠨ ᠰᠠᠩ᠂ ᠭᠠᠳᠠᠭᠠᠳᠤ ᠶᠢᠨ ᠪᠠᠭᠰᠢ ᠶᠢᠨ ᠨᠡᠶᠢᠲᠡ | ᠶᠢᠨ ᠪᠠᠶᠢᠷᠢ᠂ ᠭᠠᠳᠠᠭᠠᠳᠣ ᠶᠢᠨ ᠣᠶᠣᠳᠠᠳ ᠤᠨ ᠨᠡᠶᠢᠲᠡ ᠶᠢᠨ ᠪᠠᠶᠢᠷᠢ ᠵᠢᠴᠢ ᠬᠤᠶᠠᠳᠤᠭᠠᠷ ᠪᠠᠭ᠎ᠠ ᠰᠤᠷᠭᠠᠭᠤᠯᠢ | ᠶᠢᠨ ᠶᠡᠷᠦᠩᠬᠡᠶᠢᠯᠡᠭᠰᠡᠨ ᠠᠰᠠᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢᠨ ᠠᠵᠢᠯ ᠢ ᠠᠰᠢᠭᠯᠠᠯᠳᠠ | ᠳᠤ ᠣᠷᠣᠭᠤᠯᠵᠣ᠂ ᠮᠣᠩᠭᠤᠯ ᠦᠨᠳᠦᠰᠦᠳᠡᠨ ᠤ ᠳᠣᠮᠳᠠᠳᠣ ᠰᠣᠷᠭᠠᠭᠤᠯᠢ ᠶᠢᠨ ᠬᠤᠭᠤᠯᠠᠨ ᠭᠡᠷ ᠪᠠ ᠳᠡᠭᠡᠪᠦᠷ ᠲᠠᠢ | ᠳᠠᠮᠢᠷ ᠤᠨ ᠳᠠᠯᠠᠪᠣᠷ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠲᠦᠯᠬᠢᠨ ᠠᠬᠢᠭᠤᠯᠣᠨ᠎ᠠ᠃ | ᠰᠤᠷᠭᠠᠭᠤᠯᠢ ︵ᠴᠡᠴᠡᠷᠯᠢᠭ︶ ᠶᠢᠨ ᠵᠠᠬᠢᠷᠤᠯ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠣ᠂ ᠰᠢᠯᠢᠳᠡᠭ | ᠪᠠᠭᠰᠢ ᠠᠪᠴᠢᠷᠠᠬᠤ ᠪᠠ ᠤᠳᠤ ᠪᠠᠶᠢᠭ᠎ᠠ ᠪᠠᠭᠰᠢ ᠨᠡᠷ ᠤᠨ ᠰᠤᠷᠭᠠᠯᠳᠠ ᠪᠤᠯᠪᠠᠰᠤᠷᠠᠯ ᠤᠨ ᠬᠦᠴᠦᠯᠡᠴᠡ ᠶᠢ | ᠶᠡᠬᠡᠰᠬᠡᠨ᠂ ᠪᠠᠭᠰᠢ ᠨᠡᠷ ᠤᠨ ᠠᠵᠢᠯ ᠤᠨ ᠢᠳᠡᠪᠬᠢᠵᠢᠯ ᠢ ᠭᠦᠢᠴᠡᠳ ᠳᠠᠶᠢᠴᠢᠯᠠᠵᠣ᠂ ᠪᠦᠬᠦ ᠬᠤᠳᠠ ᠶᠢᠨ ᠰᠣᠷᠭᠠᠨ | ᠬᠦᠮᠦᠵᠢᠯ ᠵᠢᠭᠠᠨ ᠰᠣᠷᠭᠠᠯᠳᠠ ᠶᠢᠨ ᠶᠠᠰᠣ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠤᠯᠠᠨ ᠤᠯᠤᠰ ᠤᠨ ᠬᠡᠷᠡᠭᠯᠡᠭᠡᠨ | ᠤ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠵᠦᠪᠰᠢᠶᠡᠷᠡᠯ ᠢ ᠨᠢᠭᠡ ᠵᠢᠯ ᠤᠨ ᠲᠤᠳᠤᠷ᠎ᠠ ᠬᠦᠬᠡᠬᠡᠴᠡᠯᠳᠦᠨ | ᠤᠯᠬᠤ ᠪᠠᠷ ᠴᠢᠷᠮᠠᠶᠢᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭᠵᠢᠯᠳᠡ ᠶᠢ ᠠᠬᠢᠭᠤᠯᠤᠨ᠎ᠠ᠃ | ᠡᠷᠡᠬᠦᠯ ᠡᠩᠬᠡ ᠡᠷᠢᠶᠡᠨ ᠬᠤᠳᠠ ᠶᠢᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠣ᠂ ᠡᠮ ᠡᠮᠨᠡᠯᠭᠡ | ᠡᠷᠡᠬᠦᠯ ᠬᠠᠮᠠᠭᠠᠯᠠᠯ ᠤᠨ ᠰᠢᠰᠲ᠋ᠧᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠣᠯᠠᠨ ᠣᠯᠣᠰ ᠤᠨ ᠪᠠᠴᠢᠮ | ᠠᠪᠤᠷᠠᠯᠳᠠ ᠶᠢᠨ ᠲᠦᠪ ᠤᠨ ᠲᠦᠷᠦᠯ ᠵᠦᠢᠯ ᠢ ᠳᠠᠭᠤᠰᠬᠠᠨ᠂ ᠡᠪᠡᠳᠴᠢᠨ ᠬᠢᠵᠢᠭ ᠤᠨ ᠰᠡᠷᠭᠡᠶᠢᠯᠡᠯᠳᠡ ᠶᠢᠨ ᠲᠦᠪ | ᠤᠨ ᠳᠣᠬᠠᠶᠢᠯᠠᠭᠰᠠᠨ ᠠᠵᠢᠯ ᠤᠨ ᠬᠡᠷᠡᠭᠯᠡᠭᠡᠨ ᠤ ᠪᠠᠶᠢᠰᠢᠩ ᠤᠨ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠵᠣ | ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠣᠳᠣᠷᠢᠳᠬᠤ ᠪᠠᠭ ᠪᠠ ᠡᠩᠨᠡᠭᠡᠨ ᠤ ᠪᠠᠶᠢᠭᠤᠯᠤᠯᠳᠠ ᠶᠢ ᠲᠦᠯᠬᠢᠨ | ᠠᠬᠢᠭᠤᠯᠵᠤ᠂ ᠡᠮᠨᠡᠯᠭᠡ ᠶᠢᠨ ᠬᠤᠷᠢᠶ᠎ᠠ ᠶᠢᠨ ᠭᠤᠤᠯᠳᠠᠯᠭᠠᠳᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠳᠠ ᠶᠢ | ᠴᠢᠩᠭᠠᠳᠬᠠᠵᠤ᠂ ᠬᠤᠳᠠ ᠶᠢᠨ ᠡᠮᠨᠡᠯᠭᠡ ᠶᠢᠨ ᠬᠤᠷᠢᠶ᠎ᠠ ᠪᠠ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠶᠢᠨ | ᠡᠮᠴᠢᠯᠡᠭᠡ ᠰᠣᠪᠢᠯᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠲᠡᠰ ᠤᠨ | ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠦᠷᠢᠮᠵᠢᠯᠳᠦ ᠬᠤᠳᠠ ᠶᠢᠨ ᠦᠷ᠎ᠡ ᠪᠦᠲᠦᠮᠵᠢ ᠪᠠᠨ | ᠪᠠᠳᠣᠳᠬᠠᠨ᠂ ᠡᠮ ᠡᠮᠨᠡᠯᠭᠡ᠂ ᠡᠷᠡᠬᠦᠯ ᠬᠠᠮᠠᠭᠠᠯᠠᠯ᠂ ᠤᠷᠴᠢᠨ ᠲᠤᠭᠤᠷᠢᠨ ᠵᠡᠷᠭᠡ ᠬᠠᠳᠠᠭᠤ ᠵᠦᠭᠡᠯᠡᠨ ᠲᠤᠨᠤᠭ ᠤᠨ | ᠨᠦᠬᠦᠴᠡᠯ ᠢ ᠰᠠᠶᠢᠵᠢᠷᠠᠭᠤᠯᠬᠤ ᠶᠢ ᠢᠳᠡᠪᠬᠢᠳᠡᠢ ᠲᠦᠯᠬᠢᠨ ᠠᠬᠢᠭᠤᠯᠵᠣ᠂ 2020 ᠣᠨ ᠪᠤᠯᠬᠤ ᠳᠤ ᠪᠦᠬᠦ | ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠡᠩᠨᠡᠭᠡᠨ ᠳᠤ ᠤᠷᠤᠬᠤ ᠪᠠᠷ ᠲᠡᠮᠡᠴᠡᠨ᠎ᠡ᠃ ᠣᠯᠣᠰ ᠤᠨ | ᠢᠳᠡᠭᠡᠨ ᠤ ᠵᠦᠢᠯ ᠤᠨ ᠠᠶᠣᠯᠭᠦᠢ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠪᠠᠷ ᠳᠣᠬᠢᠶᠠᠯ | ᠪᠣᠯᠭᠠᠨ᠂ ᠣᠯᠣᠰ ᠤᠨ ᠭᠤᠷᠪᠠᠳᠠᠭᠴᠢ ᠪᠦᠯᠦᠭ ᠰᠢᠶᠡᠨ ᠤ ᠳᠡᠰ ᠤᠨ ᠢᠳᠡᠭᠡᠨ ᠤ ᠵᠦᠢᠯ ᠤᠨ ᠠᠶᠣᠯᠭᠦᠢ ᠶᠢᠨ | ᠰᠢᠯᠭᠠᠨ ᠪᠠᠶᠢᠴᠠᠭᠠᠯᠳᠠ ᠬᠢᠨᠠᠨ ᠬᠡᠮᠵᠢᠯᠳᠡ ᠶᠢᠨ ᠡᠬᠢ ᠪᠠᠶᠠᠯᠢᠭ ᠢ ᠨᠢᠭᠡᠳᠭᠡᠬᠦ ᠳᠣᠷᠰᠢᠯᠳᠠ ᠶᠢᠨ ᠴᠡᠭ ᠤᠨ ᠬᠤᠳᠠ | ᠪᠣᠯᠭᠠᠬᠤ ᠪᠠᠷ ᠬᠦᠬᠡᠬᠡᠴᠡᠯᠳᠦᠵᠣ᠂ ᠢᠳᠡᠭᠡᠨ ᠤ ᠵᠦᠢᠯ ᠢ ᠰᠢᠯᠭᠠᠨ ᠪᠠᠶᠢᠴᠠᠭᠠᠯᠳᠠ ᠬᠢᠨᠠᠨ ᠬᠡᠮᠵᠢᠯᠳᠡ ᠶᠢᠨ ᠲᠦᠪ ᠢ | ᠨᠢᠭᠡᠳᠭᠡᠨ ᠪᠠᠶᠢᠭᠤᠯᠵᠣ᠂ ᠣᠶᠣᠨᠴᠢ ᠢᠳᠡᠭᠡᠨ ᠡᠮ ᠤᠨ ᠵᠦᠢᠯ ᠤᠨ ᠬᠢᠨᠠᠯᠳᠠ ᠬᠠᠮᠢᠶᠠᠷᠣᠯᠳᠠ ᠶᠢᠨ ᠰᠣᠷᠠᠭ | ᠵᠠᠩᠬᠢᠵᠢᠯᠳᠠ᠂ ᠵᠢᠶᠦ᠋ᠨ ᠸᠧᠢ ᠢᠳᠡᠭᠡᠨ ᠪᠤᠯᠪᠠᠰᠤᠷᠠᠭᠤᠯᠬᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ | ᠢᠨᠵᠧᠨᠧᠷᠢᠩ᠂ ᠳᠣᠭᠤᠭᠠᠨ ᠭᠡᠷ ᠤᠨ ᠬᠤᠭ ᠨᠣᠪᠰᠢ ᠶᠢ ᠬᠤᠣᠷ ᠦᠬᠡᠶᠢᠳᠡᠭᠦᠯᠦᠨ ᠰᠢᠢᠳᠪᠦᠷᠢᠯᠡᠬᠦ ᠵᠡᠷᠭᠡ ᠲᠦᠷᠦᠯ | ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠣᠨ᠎ᠠ᠃ ᠰᠤᠶᠤᠯ ᠲᠠᠮᠢᠷ ᠤᠨ ᠦᠢᠯᠡᠰ ᠢ ᠶᠡᠬᠡᠪᠡᠷ | ᠬᠦᠭᠵᠢᠭᠦᠯᠦᠨ᠂ ᠤᠯᠠᠭᠠᠨᠮᠦ᠋ᠴᠢᠷ ᠤᠨ ᠤᠳᠬ᠎ᠠ ᠤᠷᠠᠯᠢᠭ ᠤᠨ ᠰᠤᠳᠤᠨ ᠪᠦᠲᠦᠭᠡᠯ᠂ ᠭᠠᠳᠠᠭᠠᠳᠤ ᠬᠠᠷᠢᠯᠴᠠᠭ᠎ᠠ ᠪᠠᠨ | ᠦᠷᠭᠡᠳᠬᠡᠬᠦ ᠶᠢ ᠲᠦᠯᠬᠢᠨ ᠠᠬᠢᠭᠤᠯᠵᠤ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠪᠠ | ᠰᠣᠶᠣᠯ ᠢᠶᠠᠷ ᠠᠷᠠᠳ ᠲᠤ ᠬᠠᠷᠠᠭᠠᠯᠵᠠᠯ ᠦᠵᠡᠭᠦᠯᠬᠦ ᠢᠨᠵᠧᠨᠧᠷᠢᠩ ᠢ ᠭᠦᠨᠵᠡᠭᠡᠢ ᠲᠦᠯᠬᠢᠨ ᠠᠬᠢᠭᠤᠯᠵᠣ᠂ ᠤᠯᠠᠨ | ᠲᠦᠮᠡᠨ ᠤ ᠠᠵᠢᠯ ᠤᠨ ᠴᠢᠯᠦᠭᠡᠨ ᠤ ᠰᠤᠶᠤᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠨᠠᠰᠤᠳᠠᠨ ᠢ | ᠠᠰᠠᠷᠠᠬᠤ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠭᠦᠯᠵᠣ᠂ ᠠᠷᠠᠳ ᠲᠤ ᠲᠦᠬᠦᠮ ᠦᠵᠡᠬᠦᠯᠬᠦ | ᠨᠠᠰᠤᠳᠠᠳ ᠢ ᠠᠰᠠᠷᠠᠬᠤ ᠬᠠᠷᠠᠭᠠᠯᠵᠠᠯ ᠤᠨ ᠪᠤᠳᠤᠯᠭ᠎ᠠ ᠶᠢ ᠨᠠᠶᠢᠳᠠᠪᠣᠷᠢᠵᠢᠭᠤᠯᠣᠨ᠂ ᠵᠢᠦᠢ ᠰᠢᠶᠠᠩ ᠹᠦ᠋ ᠨᠠᠰᠤᠳᠠᠨ | ᠤᠨ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠤᠨ ᠠᠰᠢᠭᠯᠠᠯᠳᠠ ᠳᠤ ᠤᠷᠤᠬᠤ ᠶᠢ ᠠᠬᠢᠭᠤᠯᠵᠤ᠂ ᠣᠨᠳᠣᠣ ︵ | ᠬᠠᠷᠢᠶ᠎ᠠ ᠪᠣᠰᠣ︶ ᠭᠠᠵᠠᠷ ᠨᠠᠰᠣᠳᠠᠳ ᠢ ᠠᠰᠠᠷᠠᠬᠤ᠂ ᠵᠢᠭᠤᠯᠴᠢᠯᠠᠨ ᠰᠠᠭᠤᠷᠢᠰᠢᠬᠤ ᠨᠠᠰᠣᠳᠠᠳ ᠤᠨ ᠠᠰᠠᠷᠠᠮᠵᠢ ᠶᠢᠨ | ᠠᠵᠤ ᠦᠢᠯᠡᠰ ᠤᠨ ᠳᠣᠭᠳᠠᠭᠤᠨ ᠪᠦᠬᠡᠳ ᠡᠷᠡᠭᠦᠯ ᠢᠶᠠᠷ ᠬᠦᠭᠵᠢᠭᠦ ᠶᠢ ᠶᠡᠬᠡᠪᠡᠷ ᠠᠬᠢᠭᠤᠯᠤᠨ᠎ᠠ᠃ ᠶᠠᠰᠣ ᠴᠢᠨᠠᠷ | ᠢᠶᠠᠷ ᠬᠤᠳᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠣᠯᠳᠠ ᠶᠢᠨ ᠠᠬᠢᠴᠠ ᠶᠢ ᠲᠦᠷᠭᠡᠳᠭᠡᠨ᠂ ᠬᠤᠳᠠ ᠶᠢᠨ | ᠳᠠᠷᠤᠭ᠎ᠠ ᠶᠢᠨ ᠶᠠᠰᠣ ᠴᠢᠨᠠᠷ ᠤᠨ ᠱᠠᠩᠨᠠᠯ ᠤᠨ ᠦᠨᠡᠯᠡᠨ ᠰᠢᠯᠭᠠᠷᠠᠭᠤᠯᠬᠤ ᠠᠵᠢᠯ ᠢ ᠦᠷᠭᠦᠯᠵᠢᠯᠡᠨ ᠲᠦᠯᠬᠢᠨ | ᠠᠬᠢᠭᠤᠯᠵᠣ᠂ ᠪᠦᠬᠦ ᠬᠤᠳᠠ ᠶᠢᠨ ᠡᠯ᠎ᠡ ᠲᠦᠷᠦᠯ ᠤᠨ ᠠᠵᠣ ᠠᠬᠤᠶᠢᠯᠠᠯ ᠤᠨ ᠪᠦᠲᠦᠭᠡᠭᠳᠡᠭᠦᠨ ᠤ ᠶᠠᠰᠣ ᠴᠢᠨᠠᠷ ᠢ | ᠳᠡᠭᠡᠭᠰᠢᠯᠡᠭᠦᠯᠬᠦ ᠪᠠ ᠨᠡᠷ᠎ᠡ ᠳᠡᠮᠳᠡᠭᠳᠣ ᠶᠢ ᠪᠦᠲᠦᠭᠡᠨ ᠪᠠᠶᠢᠭᠤᠯᠬᠤ ᠶᠢ ᠣᠯᠠᠮ ᠨᠢᠬᠡ ᠠᠯᠬᠤᠮ ᠠᠬᠢᠭᠤᠯᠣᠨ᠎ᠠ᠃ | ᠠᠵᠢᠯᠴᠢᠳ ᠤᠨ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠰᠢᠨᠵᠢᠯᠡᠭᠡ ᠮᠡᠷᠭᠡᠵᠢᠯ ᠤᠨ | ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠤᠭ᠎ᠠ᠂ ᠠᠬᠠᠮᠠᠳ ᠺᠠᠳ᠋ᠷᠴᠣᠳ ᠤᠨ ᠳᠣᠪᠴᠢᠶ᠎ᠠ ᠵᠡᠷᠭᠡ ᠵᠤᠬᠢᠶᠠᠨ | ᠪᠠᠶᠢᠭᠤᠯᠤᠯᠳᠠ ᠶᠢᠨ ᠬᠤᠯᠪᠤᠭᠠᠰᠤ ᠶᠢᠨ ᠦᠢᠯᠡᠲᠦᠯ ᠢ ᠴᠢᠬᠤᠯᠠᠴᠢᠯᠠᠨ ᠪᠠᠳᠠᠷᠠᠭᠤᠯᠵᠤ᠂ ᠲᠤᠭ᠎ᠠ ᠪᠦᠷᠢᠳᠬᠡᠯ᠂ | ᠭᠠᠵᠠᠷ ᠬᠦᠳᠡᠯᠦᠯᠳᠡ᠂ ᠴᠠᠭ ᠠᠭᠤᠷ᠂ ᠲᠠᠩᠰᠠ ᠡᠪᠬᠡᠮᠡᠯ ᠵᠡᠷᠭᠡ ᠠᠵᠢᠯ ᠢ ᠬᠢᠨᠠᠮᠠᠭᠠᠢ ᠰᠠᠶᠢᠲᠤᠷ ᠬᠢᠵᠦ᠂ ᠡᠯ᠎ᠡ | ᠲᠦᠷᠦᠯ ᠤᠨ ᠨᠡᠶᠢᠭᠡᠮ ᠤᠨ ᠦᠢᠯᠡᠰ ᠤᠨ ᠬᠦᠭᠵᠢᠯᠳᠡ ᠶᠢ ᠰᠢᠨ᠎ᠡ ᠱᠠᠳᠣᠨ ᠳᠤ ᠠᠬᠢᠭᠤᠯᠤᠨ᠎ᠠ᠃ | | | ︵ᠵᠢᠷᠭᠤᠭ᠎ᠠ︶ ᠠᠮᠢ ᠠᠬᠤᠢ ᠤᠷᠴᠢᠨ ᠲᠤᠭᠤᠷᠢᠨ ᠤ ᠪᠠᠶᠢᠭᠤᠯᠤᠯᠳᠠ ᠶᠢ ᠬᠦᠴᠦᠯᠡᠨ ᠠᠬᠢᠭᠤᠯᠵᠤ᠂ ᠤᠮᠠᠷᠠᠳᠤ | ᠤᠷᠤᠨ ᠤ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠤᠢ ᠪᠤᠯᠭᠠᠨ᠎ᠠ | | | ᠪᠤᠬᠢᠷᠳᠤᠯ ᠦᠭᠡᠢ ᠬᠦᠭᠵᠢᠯᠳᠡ ᠶᠢ ᠲᠦᠷᠭᠡᠳᠭᠡᠨ ᠠᠬᠢᠭᠤᠯᠤᠨ᠎ᠠ᠃ ᠤᠰᠤ ᠠᠷᠪᠢᠯᠠᠬᠤ ᠶᠢ ᠡᠷᠬᠢᠮᠯᠡᠵᠦ᠂ | ᠤᠷᠴᠢᠨ ᠲᠤᠭᠤᠷᠢᠨ ᠢ ᠬᠠᠮᠠᠭᠠᠯᠠᠬᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠳᠠ ᠶᠢᠨ ᠡᠨ᠋ᠷᠧᠬᠢ ᠠᠷᠪᠢᠯᠠᠬᠤ ᠶᠢ ᠦᠨᠡᠯᠡᠨ ᠵᠢᠱᠢᠬᠦ ᠠᠵᠢᠯ ᠢ ᠴᠢᠩᠭᠠᠳᠬᠠᠵᠤ᠂ ᠬᠤᠴᠤᠷᠤᠩᠭᠤᠢ | ᠮᠡᠷᠭᠡᠵᠢᠯ ᠪᠤᠯᠤᠨ ᠦᠢᠯᠡᠳᠬᠦᠨ ᠢ ᠬᠠᠶᠠᠵᠤ᠂ ᠡᠨ᠋ᠷᠧᠬᠢ ᠠᠷᠪᠢᠯᠠᠬᠤ᠂ ᠤᠷᠴᠢᠨ ᠲᠤᠭᠤᠷᠢᠨ ᠢ ᠬᠠᠮᠠᠭᠠᠯᠠᠬᠤ ᠠᠵᠤ | ᠦᠢᠯᠡᠰ ᠢ ᠶᠡᠬᠡᠪᠡᠷ ᠬᠦᠭᠵᠢᠬᠦᠯᠵᠦ᠂ ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠲᠦ ᠡᠷᠬᠢᠯᠲᠡᠲᠦ ᠬᠦᠭᠵᠢᠯᠳᠡ | ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ᠎ᠠ᠃ ᠤᠰᠤ ᠠᠷᠪᠢᠯᠠᠬᠤ ᠬᠡᠯᠪᠡᠷᠢ ᠶᠢᠨ ᠨᠡᠶᠢᠬᠡᠮ ᠤᠨ | ᠪᠠᠶᠢᠭᠤᠯᠤᠯᠳᠠ ᠶᠢ ᠠᠬᠢᠭᠤᠯᠵᠤ᠂ ᠤᠰᠤᠨ ᠤ ᠬᠡᠮᠵᠢᠶᠡᠨ ᠳᠤ ᠲᠤᠬᠢᠷᠠᠭᠰᠠᠨ ᠪᠦᠲᠦᠭᠡᠭᠳᠡᠬᠦᠨ᠂ ᠤᠰᠤᠨ ᠤ ᠬᠡᠮᠵᠢᠶᠡᠨ | ᠳᠤ ᠲᠤᠬᠢᠷᠠᠭᠰᠠᠨ ᠬᠤᠳᠠ ᠶᠢ ᠪᠦᠲᠦᠭᠡᠨ ᠪᠠᠶᠢᠭᠤᠯᠬᠤ ᠶᠢ ᠪᠠᠷᠢᠮᠳᠠᠯᠠᠵᠤ᠂ ᠠᠵᠤ ᠦᠢᠯᠡᠳᠪᠦᠷᠢ᠂ ᠬᠤᠳᠠ ᠪᠠᠯᠭᠠᠰᠤ | ᠪᠠ ᠨᠤᠭᠤᠭᠠᠷᠠᠭᠤᠯᠤᠯᠳᠠ ᠳᠤ ᠬᠡᠷᠡᠭᠯᠡᠬᠦ ᠤᠰᠤ ᠶᠢ ᠵᠦᠢ ᠵᠤᠬᠢᠰᠳᠠᠢ ᠲᠤᠬᠢᠷᠠᠭᠤᠯᠵᠤ᠂ ᠬᠠᠮᠤᠭ ᠤᠨ ᠴᠢᠩᠭ᠎ᠠ | ᠬᠠᠳᠠᠭᠤ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠲᠦᠷᠢᠮ ᠢ ᠨᠠᠶᠢᠳᠠᠪᠣᠷᠢᠵᠢᠭᠤᠯᠵᠣ᠂ ᠭᠠᠵᠠᠷ | ᠲᠤᠤᠷᠠᠬᠢ ᠤᠰᠤᠨ ᠤ ᠦᠷᠭᠦᠯᠵᠢᠯᠡᠬᠦᠶᠢᠴᠡ ᠠᠰᠢᠭᠯᠠᠯᠳᠠ ᠶᠢ ᠲᠦᠯᠬᠢᠨ ᠠᠬᠢᠭᠤᠯᠣᠨ᠎ᠠ᠃ ᠭᠤᠷᠪᠠᠳᠤᠭᠠᠷ ᠤᠳᠠᠭᠠᠨ | ᠤ ᠭᠠᠵᠠᠷ ᠰᠢᠷᠤᠢ ᠶᠢᠨ ᠪᠠᠶᠢᠴᠠᠭᠠᠯᠳᠠ ᠶᠢᠨ ᠠᠵᠢᠯ ᠢ ᠦᠷᠨᠢᠭᠦᠯᠵᠦ᠂ ᠭᠠᠵᠠᠷ ᠰᠢᠷᠤᠢ ᠡᠬᠢ ᠪᠠᠶᠠᠯᠢᠭ ᠢ ᠵᠦᠢ | ᠵᠤᠬᠢᠰᠳᠠᠢ ᠪᠠᠷ ᠠᠰᠢᠭᠯᠠᠬᠤ ᠶᠢ ᠴᠢᠩᠭᠠᠳᠬᠠᠵᠤ᠂ ᠭᠠᠵᠠᠷ ᠰᠢᠷᠤᠢ ᠠᠰᠢᠭᠯᠠᠬᠤ ᠲᠦᠯᠦᠪᠯᠡᠭᠡᠨ ᠤ ᠬᠠᠮᠢᠶᠠᠷᠤᠯᠳᠠ ᠶᠢ | ᠰᠠᠶᠢᠵᠢᠷᠠᠭᠤᠯᠵᠤ᠂ ᠰᠣᠯᠠ ᠳᠠᠯᠪᠢᠭᠳᠠᠵᠣ ᠪᠠᠶᠢᠭ᠎ᠠ ᠭᠠᠵᠠᠷ ᠢ ᠠᠰᠢᠭᠯᠠᠯᠳᠠ ᠳᠤ ᠣᠷᠣᠭᠤᠯᠣᠨ᠂ ᠭᠠᠵᠠᠷ ᠰᠢᠷᠤᠢ ᠶᠢᠨ | ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠦᠨ᠎ᠡ᠃ ᠠᠷᠪᠢᠯᠠᠨ ᠭᠠᠮᠨᠠᠬᠤ ᠬᠡᠯᠪᠡᠷᠢ ᠶᠢᠨ ᠠᠯᠪᠠᠨ ᠪᠠᠶᠢᠭᠤᠯᠭ᠎ᠠ᠂ | ᠪᠤᠬᠢᠷᠳᠤᠯ ᠦᠭᠡᠢ ᠭᠡᠷ ᠪᠦᠯᠢ᠂ ᠪᠣᠬᠢᠷᠳᠣᠯ ᠦᠬᠡᠢ ᠰᠤᠷᠭᠠᠭᠤᠯᠢ ᠶᠢᠨ ᠬᠦᠷᠢᠶ᠎ᠡ᠂ ᠲᠤᠤᠷ᠎ᠠ ᠨᠡᠭᠦᠷᠡᠰᠦᠳᠦ᠋ᠷᠦᠭᠴᠢᠲᠦ | ᠬᠤᠷᠢᠶᠠᠯᠠᠯ ᠲᠤᠭᠤᠷᠢᠭ᠂ ᠪᠣᠬᠢᠷᠳᠣᠯ ᠦᠬᠡᠢ ᠠᠶᠠᠯᠠᠯ ᠵᠡᠷᠭᠡ ᠠᠵᠢᠯᠯᠠᠭ᠎ᠠ ᠶᠢ ᠪᠤᠢ ᠪᠤᠯᠭᠠᠵᠤ᠂ ᠵᠦᠢ ᠵᠤᠬᠢᠰᠳᠠᠢ | ᠠᠷᠪᠢᠯᠠᠨ ᠭᠠᠮᠨᠠᠭᠰᠠᠨ᠂ ᠪᠣᠬᠢᠷᠳᠣᠯ ᠦᠬᠡᠢ ᠳᠣᠣᠷ᠎ᠠ ᠨᠡᠭᠦᠷᠡᠰᠦᠳᠦ᠋ᠷᠦᠭᠴᠢᠳᠣ ᠠᠮᠢᠳᠤᠷᠠᠯ ᠤᠨ ᠠᠷᠭ᠎ᠠ ᠬᠡᠯᠪᠡᠷᠢ ᠶᠢ | ᠰᠠᠨᠠᠭᠠᠴᠢᠯᠠᠵᠣ᠂ ᠰᠢᠨ᠎ᠡ ᠡᠨᠧᠷᠬᠢ ᠶᠢᠨ ᠨᠡᠶᠢᠳᠡ ᠶᠢᠨ ᠮᠠᠰᠢᠨ ᠲᠡᠷᠭᠡ ᠪᠠᠷ ᠰᠢᠳᠠᠮᠠᠬᠠᠢ ᠳᠣᠰᠣᠨ ᠤ ᠨᠡᠶᠢᠳᠡ ᠶᠢᠨ | ᠮᠠᠰᠢᠨ ᠳᠡᠷᠭᠡ ᠶᠢ ᠣᠷᠣᠯᠠᠭᠤᠯᠬᠤ ᠠᠬᠢᠴᠠ ᠶᠢ ᠲᠦᠷᠭᠡᠳᠭᠡᠨ᠂ ᠰᠢᠨ᠎ᠡ ᠡᠨᠧᠷᠬᠢ ᠶᠢᠨ ᠨᠡᠶᠢᠳᠡ ᠶᠢᠨ ᠮᠠᠰᠢᠨ ᠲᠡᠷᠭᠡᠨ | ᠤ ᠬᠠᠷᠢᠴᠠᠯ ᠢ ᠳᠡᠭᠡᠭᠰᠢᠯᠡᠭᠦᠯᠦᠨ᠎ᠡ᠃ | ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠨ᠎ᠡ᠃ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠲᠦᠷᠢᠮ ᠪᠠ ᠬᠠᠷᠢᠭᠤᠴᠠᠯᠭ᠎ᠠ ᠡᠷᠢᠬᠦ ᠲᠦᠷᠢᠮ ᠢ ᠴᠢᠩᠭ᠎ᠠ ᠬᠡᠷᠡᠭᠵᠢᠬᠦᠯᠵᠦ᠂ ᠳᠡᠭᠡᠷ᠎ᠡ ᠱᠠᠳᠣᠨ ᠤ | ᠤᠷᠴᠢᠨ ᠲᠤᠭᠤᠷᠢᠨ ᠢ ᠬᠠᠮᠠᠭᠠᠯᠠᠬᠤ ᠬᠢᠨᠠᠨ ᠪᠠᠶᠢᠴᠠᠭᠠᠯᠳᠠ ᠶᠢᠨ ᠰᠠᠨᠠᠯ ᠢ ᠨᠠᠶᠢᠳᠠᠪᠤᠷᠢᠵᠢᠭᠤᠯᠬᠤ ᠶᠢ ᠬᠦᠨᠵᠡᠭᠡᠢ | ᠠᠬᠢᠭᠤᠯᠣᠨ᠂ ᠳᠣᠯᠠᠭᠠᠨ ᠬᠠᠩᠭᠠᠬᠤ ᠠᠵᠤ ᠠᠬᠤᠶᠢᠯᠠᠯ ᠤᠨ ᠤᠷᠴᠢᠨ ᠲᠤᠭᠤᠷᠢᠨ ᠢ ᠬᠠᠮᠠᠭᠠᠯᠠᠬᠤ ᠲᠦᠭᠦᠬᠡᠷᠦᠮᠵᠢ | ᠶᠢᠨ ᠦᠭᠡᠷᠡᠴᠢᠯᠡᠯᠳᠡ ᠵᠡᠷᠭᠡ ᠠᠰᠠᠭᠤᠳᠠᠯ ᠢ ᠪᠦᠬᠦ ᠲᠠᠯ᠎ᠠ ᠪᠠᠷ ᠰᠠᠶᠢᠲᠤᠷ ᠴᠡᠭᠴᠡᠯᠡᠨ ᠵᠠᠰᠠᠬᠤ ᠶᠢ ᠪᠠᠳᠤᠯᠠᠨ᠎ᠠ᠃ | ᠣᠷᠴᠢᠨ ᠳᠣᠭᠤᠷᠢᠨ ᠤ ᠬᠠᠮᠠᠭᠠᠯᠠᠯᠳᠠ ᠶᠢᠨ ᠬᠢᠨᠠᠨ ᠬᠡᠮᠵᠢᠯᠳᠡ ᠶᠢᠨ ᠬᠠᠦᠯᠢ ᠬᠡᠷᠡᠭᠵᠢᠭᠦᠯᠦᠯᠳᠡ ᠶᠢᠨ | ᠪᠣᠰᠣᠭᠠᠴᠢᠯᠠᠭᠰᠠᠨ ᠬᠠᠮᠢᠶᠠᠷᠣᠯᠳᠠ ᠶᠢᠨ ᠦᠬᠡᠷᠡᠴᠢᠯᠡᠯᠳᠡ ᠶᠢ ᠢᠳᠡᠪᠬᠢᠳᠡᠢ ᠲᠦᠯᠬᠢᠨ ᠠᠬᠢᠭᠤᠯᠵᠣ᠂ ᠣᠷᠴᠢᠨ | ᠳᠣᠭᠤᠷᠢᠨ ᠤ ᠬᠢᠨᠠᠨ ᠬᠡᠮᠵᠢᠯᠳᠡ ᠶᠢᠨ ᠴᠢᠳᠠᠪᠣᠷᠢ ᠶᠢᠨ ᠪᠠᠶᠢᠭᠤᠯᠣᠯᠳᠠ ᠶᠢ ᠴᠢᠩᠭᠠᠳᠬᠠᠨ᠂ ᠣᠷᠴᠢᠨ ᠳᠣᠭᠤᠷᠢᠨ ᠤ | ᠬᠢᠨᠠᠨ ᠬᠡᠮᠵᠢᠯᠳᠡ ᠶᠢᠨ ᠲᠦᠷᠦᠯ ᠵᠦᠢᠯ ᠢ 100 ᠲᠦᠷᠦᠯ ᠠᠴᠠ ᠳᠡᠭᠡᠭᠰᠢ ᠬᠦᠷᠬᠡᠬᠦ ᠪᠠᠷ ᠬᠦᠬᠡᠬᠡᠴᠡᠯᠳᠦᠨᠡ᠃ | ᠠᠵᠣ ᠠᠬᠤᠶᠢᠯᠠᠯ ᠤᠨ ᠪᠣᠬᠢᠷᠳᠣᠯ ᠢ ᠭᠠᠳᠠᠭᠰᠢᠯᠠᠭᠤᠯᠬᠤ ᠬᠡᠮᠵᠢᠶ᠎ᠡ ᠶᠢᠨ ᠬᠢᠨᠠᠨ ᠳᠣᠭᠳᠠᠭᠠᠯᠳᠠ ᠶᠢ ᠬᠦᠨᠵᠡᠭᠡᠢ | ᠦᠷᠨᠢᠭᠦᠯᠦᠨ᠂ ᠪᠣᠬᠢᠷᠳᠣᠯ ᠢ ᠭᠠᠳᠠᠭᠰᠢᠯᠠᠭᠤᠯᠬᠤ ᠵᠦᠪᠰᠢᠶᠡᠷᠡᠯ ᠤᠨ ᠦᠨᠡᠮᠯᠡᠯ ᠢ ᠡᠮᠬᠢ ᠵᠢᠷᠣᠮ ᠲᠠᠢ ᠳᠠᠷᠬᠠᠭᠠᠨ᠎ᠠ᠃ | ᠪᠣᠬᠢᠷᠳᠣᠯ ᠡᠭᠦᠰᠭᠡᠬᠦ ᠡᠬᠢ ᠰᠣᠷᠪᠣᠯᠵᠢ ᠶᠢᠨ ᠨᠠᠶᠢᠳᠠᠮ ᠤᠨ ᠪᠠᠶᠢᠴᠠᠭᠠᠯᠳᠠ ᠶᠢ ᠢᠳᠡᠪᠬᠢᠳᠡᠢ ᠠᠬᠢᠭᠤᠯᠵᠤ᠂ ᠠᠵᠣ | ᠦᠢᠯᠡᠳᠪᠦᠷᠢ ᠶᠢᠨ ᠪᠤᠬᠢᠷᠳᠤᠯ ᠤᠨ ᠰᠣᠷᠪᠣᠯᠵᠢ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠬᠤ | ᠠᠵᠢᠯ ᠢ ᠰᠠᠶᠢᠳᠣᠷ ᠬᠢᠵᠣ᠂ ᠠᠵᠢᠯ ᠲᠦᠷᠦᠯ ᠤᠨ ᠪᠣᠬᠢᠷᠳᠣᠯ ᠪᠣᠳᠠᠰ ᠭᠠᠳᠠᠭᠰᠢᠯᠠᠭᠤᠯᠬᠤ ᠦᠨᠡᠯᠡᠨ ᠵᠢᠱᠢᠯᠳᠠ ᠶᠢ | ᠳᠠᠭᠤᠰᠬᠠᠨ᠂ ᠪᠣᠬᠢᠷᠳᠣᠯ ᠪᠣᠳᠠᠰ ᠭᠠᠳᠠᠭᠰᠢᠯᠠᠭᠤᠯᠬᠤ ᠠᠵᠣ ᠠᠬᠤᠶᠢᠯᠠᠯ ᠤᠨ ︽ᠨᠢᠭᠡ ᠠᠵᠣ ᠠᠬᠤᠶᠢᠯᠠᠯ ᠳᠤ ᠨᠢᠭᠡ | ᠳᠠᠩᠰᠠ︾ ᠶᠢᠨ ᠬᠠᠮᠢᠶᠠᠷᠣᠯᠳᠠ ᠶᠢᠨ ᠲᠦᠷᠢᠮ ᠢ ᠪᠠᠶᠢᠭᠤᠯᠣᠨ ᠪᠦᠷᠢᠨᠰᠢᠭᠦᠯᠦᠨ᠎ᠡ᠃ ᠣᠷᠴᠢᠨ ᠳᠣᠭᠤᠷᠢᠨ ᠤ | ᠰᠠᠴᠣᠷᠠᠭ ᠢᠳᠡᠪᠬᠢ ᠶᠢᠨ ᠠᠦ᠋ᠲ᠋ᠣᠴᠢᠯᠠᠭᠰᠠᠨ ᠬᠢᠨᠠᠨ ᠬᠡᠮᠵᠢᠯᠳᠡ ᠶᠢᠨ ᠰᠢᠰᠲ᠋ᠧᠮ ᠢ ᠪᠠᠶᠢᠭᠤᠯᠬᠤ ᠪᠠᠷ | ᠬᠦᠬᠡᠬᠡᠴᠡᠯᠳᠦᠨᠠ᠃ | ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠪᠠᠷᠢᠮᠳᠠᠯᠠᠨ᠎ᠠ᠃ ᠴᠡᠩᠬᠡᠭ ᠤᠰᠤ ᠴᠡᠯᠡᠭᠡᠷ | ᠠᠭᠤᠯᠠ ᠪᠤᠯ ᠲᠠᠷᠤᠢ ᠠᠯᠳ᠋ᠨ ᠮᠦᠩᠭᠦᠨ ᠠᠭᠤᠯᠠ ᠭᠡᠬᠦ ᠣᠶᠢᠯᠠᠭᠠᠭᠳᠠᠬᠤᠨ ᠢ ᠳᠣᠣᠱᠯᠠᠭᠤᠯᠣᠨ᠂ ᠤᠰᠤ᠂ ᠮᠤᠳᠤ᠂ | ᠡᠪᠡᠰᠦ᠂ ᠰᠢᠷᠤᠢ ᠶᠢ ᠠᠮᠢ ᠨᠠᠰᠣᠨ ᠤ ᠬᠠᠮᠳᠣ ᠶᠢᠨ ᠴᠣᠭᠴᠠ ᠪᠣᠯᠭᠠᠨ ᠦᠵᠡᠵᠣ᠂ ᠮᠣᠩᠭᠤᠯ ᠣᠷᠣᠰ ᠤᠨ | ᠬᠤᠯᠪᠣᠭᠳᠠᠯ ᠪᠦᠬᠦᠢ ᠣᠷᠣᠨ ᠨᠣᠳᠤᠭ ᠯᠤᠭ᠎ᠠ ᠳᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ᠂ ᠡᠯᠡᠰᠦ ᠶᠢ | ᠰᠡᠷᠭᠡᠶᠢᠯᠡᠨ ᠵᠠᠰᠠᠬᠤ᠂ ᠵᠡᠷᠯᠢᠭ ᠠᠮᠢᠳᠠᠨ ᠣᠷᠭᠤᠮᠠᠯ ᠤᠨ ᠬᠠᠮᠠᠭᠠᠯᠠᠯᠳᠠ ᠵᠡᠷᠭᠡ ᠬᠦᠷᠢᠶᠡᠨ ᠳᠤ ᠬᠠᠮᠳᠣᠷᠠᠨ ᠠᠵᠢᠯᠯᠠᠬᠤ | ᠪᠠᠨ ᠴᠢᠩᠭᠠᠳᠬᠠᠨ᠂ ᠦᠪᠡᠷᠳᠡᠭᠡᠨ ᠵᠠᠰᠠᠬᠤ ᠣᠷᠣᠨ ᠤ ᠠᠮᠢ ᠠᠬᠤᠢ ᠶᠢᠨ ᠲᠦᠷᠦᠯ ᠵᠦᠢᠯ ᠪᠠ ᠪᠡᠯᠡ ᠮᠦᠩᠭᠦ ᠶᠢᠨ | ᠳᠡᠮᠵᠢᠯᠭᠡ ᠶᠢ ᠬᠦᠬᠡᠬᠡᠴᠡᠯᠳᠦᠨᠡ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠠᠮᠢ ᠠᠬᠤᠢ ᠶᠢᠨ ᠴᠢᠳᠠᠪᠬᠢᠲᠦ | ᠤᠷᠤᠨ᠂ ᠬᠤᠳᠠ ᠶᠢᠨ ᠴᠢᠳᠠᠪᠬᠢᠲᠦ ᠲᠤᠭᠤᠷᠢᠭ ᠤᠨ ᠲᠦᠷᠦᠯ ᠬᠤᠪᠢᠶᠠᠨ ᠬᠢᠨᠠᠨ ᠬᠠᠮᠢᠶᠠᠷᠬᠤ ᠶᠢ ᠰᠠᠶᠢᠲᠤᠷ | ᠠᠳᠬᠤᠵᠤ᠂ ᠡᠷᠢᠶᠡᠨ ᠬᠤᠳᠤᠭᠤᠷ — ᠴᠠᠭᠠᠨᠨᠠᠭᠤᠷ ᠠᠪᠤᠷᠭᠤ ᠭᠦᠷᠪᠡᠯ ᠤᠨ ᠴᠢᠯᠠᠭᠤᠵᠢᠮᠠᠯ ᠤᠨ ᠦᠪᠡᠷᠲᠡᠭᠡᠨ | ᠵᠠᠰᠠᠬᠤ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠦᠷᠢᠶ᠎ᠡ ᠬᠡᠪᠴᠢᠶ᠎ᠡ ᠶᠢ ᠵᠤᠬᠢᠰᠳᠠᠢ ᠲᠤᠬᠢᠷᠠᠭᠤᠯᠵᠤ | ᠂ ᠬᠤᠨᠲᠦ ᠨᠠᠭᠤᠷ ᠪᠠ ᠵᠦᠯᠭᠡᠳᠦ ᠴᠡᠴᠡᠷᠯᠢᠭ ᠤᠨ ᠬᠠᠮᠠᠭᠠᠯᠠᠯᠳᠠ ᠶᠢ ᠴᠢᠩᠭᠠᠳᠬᠠᠵᠤ᠂ ᠬᠦᠮᠦᠨ ᠪᠠ ᠠᠮᠢ ᠠᠬᠤᠢ | ᠶᠢᠨ ᠤᠷᠴᠢᠨ ᠲᠤᠭᠤᠷᠢᠨ ᠤ ᠡᠶ᠎ᠡ ᠵᠤᠬᠢᠴᠠᠩᠭᠤᠢ ᠵᠡᠷᠭᠡᠴᠡᠨ ᠤᠷᠤᠰᠢᠬᠤ ᠶᠢ ᠪᠡᠶᠡᠯᠡᠬᠦᠯᠦᠨ᠎ᠡ᠃ | | | ︵ᠲᠤᠯᠤᠭ᠎ᠠ︶ ᠡᠶ᠎ᠡ ᠵᠣᠬᠢᠴᠠᠩᠭᠤᠢ ᠡᠷᠢᠶᠡᠨ ᠤ ᠪᠦᠲᠦᠭᠡᠨ ᠪᠠᠶᠢᠭᠤᠯᠤᠯᠳᠠ ᠶᠢ ᠲᠦᠷᠭᠡᠳᠬᠡᠵᠦ᠂ ᠤᠮᠠᠷᠠᠲᠤ | ᠬᠢᠵᠠᠭᠠᠷ ᠤᠨ ᠠᠮᠤᠷ ᠲᠤᠭᠳᠠᠭᠤᠨ ᠤ ᠬᠠᠯᠬᠠᠪᠴᠢ ᠶᠢ ᠪᠤᠢ ᠪᠤᠯᠭᠠᠨ᠎ᠠ | | ᠬᠠᠦᠯᠢ ᠪᠠᠷ ᠬᠤᠳᠠ ᠪᠠᠨ ᠵᠠᠰᠠᠬᠤ ᠶᠢ ᠲᠦᠯᠬᠢᠨ ᠠᠬᠢᠭᠤᠯᠣᠨ᠎ᠠ᠃ ᠬᠠᠦᠯᠢ ᠪᠠᠷ ᠵᠠᠰᠠᠬᠤ ᠵᠠᠰᠠᠭ ᠤᠨ | ᠤᠷᠳᠤᠨ ᠤ ᠪᠠᠶᠢᠭᠤᠯᠤᠯᠳᠠ ᠶᠢ ᠨᠢᠭᠡᠳᠦᠯᠳᠡᠢ ᠲᠦᠯᠬᠢᠨ ᠠᠬᠢᠭᠤᠯᠵᠣ᠂ ᠲᠦᠪ ᠭᠤᠤᠯᠴᠢ ᠪᠤᠯᠪᠠᠰᠤᠨ ᠢᠶᠠᠷ ᠬᠠᠦᠯᠢ | ᠬᠡᠷᠡᠭᠵᠢᠬᠦᠯᠬᠦ ᠶᠢ ᠴᠢᠩᠭ᠎ᠠ ᠲᠦᠷᠢᠮᠵᠢᠭᠦᠯᠦᠨ᠂ ᠦᠭᠡ ᠶᠠᠷᠢᠶ᠎ᠠ ᠪᠠᠷ ᠬᠠᠦᠯᠢ ᠶᠢ ᠤᠷᠤᠯᠠᠭᠤᠯᠬᠤ᠂ ᠡᠷᠬᠡ ᠪᠠᠷ ᠬᠠᠦᠯᠢ | ᠶᠢ ᠭᠠᠵᠢᠳᠠᠭᠤᠯᠬᠤ᠂ ᠠᠰᠢᠭ ᠬᠦᠬᠡᠬᠡᠴᠡᠯᠲᠦᠨ ᠬᠠᠦᠯᠢ ᠶᠢ ᠵᠦᠷᠢᠴᠡᠬᠦ᠂ ᠬᠤᠪᠢ ᠶᠢᠨ ᠨᠠᠷ ᠳᠠᠯ᠎ᠠ ᠬᠠᠷᠠᠨ ᠬᠠᠦᠯᠢ | ᠴᠠᠭᠠᠵᠠ ᠶᠢ ᠲᠡᠷᠰᠯᠡᠬᠦ ᠵᠡᠷᠭᠡ ᠬᠠᠦᠯᠢ ᠪᠤᠰᠤ ᠠᠵᠢᠯᠯᠠᠭ᠎ᠠ ᠳᠤ ᠬᠦᠨᠲᠦ ᠴᠤᠬᠢᠯᠳᠠ ᠦᠭᠴᠦ᠂ ᠠᠷᠠᠳ ᠲᠦᠮᠡᠨ ᠳᠤ | ᠲᠦᠪ ᠭᠤᠤᠯᠴᠢ ᠰᠢᠳᠤᠷᠭᠤ ᠶᠤᠰᠤ ᠶᠢ ᠡᠳ᠋ᠯᠡᠬᠦᠯᠦᠨ᠎ᠡ᠃ ︽ᠳᠣᠯᠣᠳᠣᠭᠠᠷ ᠳᠠᠪᠣᠨ ᠵᠢᠯ︾ ᠤᠨ ᠬᠠᠦᠯᠢ | ᠲᠦᠭᠡᠮᠡᠯᠵᠢᠭᠦᠯᠬᠦ ᠣᠬᠠᠭᠤᠯᠭ᠎ᠠ ᠶᠢᠨ ᠬᠦᠴᠦᠯᠡᠴᠡ ᠪᠠᠨ ᠶᠠᠬᠡᠰᠬᠡᠨ᠂ ︽ᠬᠡᠨ ᠬᠠᠦᠯᠢ ᠬᠡᠷᠡᠭᠵᠢᠬᠦᠯᠪᠡᠯ᠂ ᠳᠡᠷᠡ | ᠬᠠᠦᠯᠢ ᠶᠢ ᠲᠦᠭᠡᠮᠡᠯᠵᠢᠬᠦᠯᠬᠦ︾ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠵᠦ᠂ ︽ᠬᠠᠦᠯᠢ ᠶᠢ ᠵᠢᠷᠭᠤᠭ᠎ᠠ ᠳᠤ | ᠣᠷᠣᠭᠤᠯᠬᠤ︾ ᠠᠵᠢᠯᠯᠠᠭ᠎ᠠ ᠶᠢ ᠯᠠᠪᠳᠠᠭᠤᠨ ᠪᠠᠳᠣᠳᠠᠢ ᠦᠷᠨᠢᠭᠦᠯᠵᠣ᠂ ᠨᠡᠶᠢᠭᠡᠮ ᠵᠢᠷᠣᠮ ᠤᠨ ᠭᠤᠣᠯᠯᠠᠭᠴᠢ ᠦᠷᠳᠡᠭ | ᠤᠨ ᠦᠵᠡᠯᠳᠡ ᠶᠢ ᠬᠠᠦᠯᠢ ᠪᠠᠷ ᠵᠠᠰᠠᠬᠤ ᠪᠠᠶᠢᠭᠤᠯᠤᠯᠳᠠ ᠲᠠᠢ ᠬᠠᠷᠢᠯᠴᠠᠨ ᠠᠭᠤᠰᠣᠯᠴᠠᠭᠤᠯᠣᠨ᠂ ᠨᠡᠶᠢᠭᠡᠮ ᠤᠨ | ᠵᠠᠰᠠᠯᠳᠠ᠂ ᠬᠠᠦᠯᠢ ᠴᠠᠭᠠᠵᠠ ᠲᠦᠪ ᠭᠤᠤᠯᠴᠢ᠂ ᠨᠠᠮ ᠢ ᠴᠢᠩᠭ᠎ᠠ ᠵᠠᠰᠠᠬᠤ᠂ ᠬᠠᠦᠯᠢ ᠪᠠᠷ ᠵᠠᠰᠠᠬᠤ ᠶᠢ ᠤᠬᠠᠭᠤᠯᠬᠤ | ᠵᠡᠷᠭᠡ ᠲᠠᠯ᠎ᠠ ᠳᠤ ᠨᠡᠶᠢᠭᠡᠮ ᠵᠢᠷᠦᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠲᠤᠤᠱᠯᠠᠭᠤᠯᠤᠨ᠎ᠠ᠃ ᠬᠠᠦᠯᠢ | ᠶᠢᠨ ᠳᠣᠰᠠᠯᠠᠯᠴᠠᠭ᠎ᠠ ᠦᠵᠡᠭᠦᠯᠬᠦ ᠬᠦᠷᠢᠶ᠎ᠡ ᠬᠡᠪᠴᠢᠶ᠎ᠡ ᠶᠢ ᠢᠳᠡᠪᠬᠢᠳᠡᠢ ᠦᠷᠭᠡᠳᠭᠡᠨ᠂ ᠭᠠᠳᠠᠭᠠᠳᠣ ᠲᠠᠢ | ᠬᠤᠯᠪᠣᠭᠳᠠᠭᠰᠠᠨ ᠬᠠᠦᠯᠢ ᠶᠢᠨ ᠳᠣᠰᠠᠯᠠᠯᠴᠠᠭ᠎ᠠ ᠶᠢᠨ ᠶᠠᠰᠣ ᠴᠢᠨᠠᠷ ᠢ ᠳᠡᠭᠡᠭᠰᠢᠯᠡᠭᠦᠯᠵᠣ᠂ ᠮᠠᠨ ᠤ ᠣᠯᠣᠰ ᠤᠨ | ᠠᠷᠠᠳ ᠢᠷᠭᠡᠳ᠂ ᠠᠵᠣ ᠠᠬᠤᠶᠢᠯᠠᠯ ᠤᠨ ᠬᠠᠦᠯᠢ ᠶᠢᠨ ᠡᠷᠬᠡᠳᠡᠳ ᠤᠨ ᠮᠣᠩᠭᠤᠯ ᠣᠯᠣᠰ ᠳᠠᠬᠢ ᠬᠠᠦᠯᠢ ᠶᠣᠰᠣᠨ ᠤ | ᠡᠷᠬᠡ ᠠᠰᠢᠭ ᠢ ᠦᠨᠡᠨᠬᠦ ᠬᠠᠮᠠᠭᠠᠯᠠᠨ᠂ ᠭᠠᠳᠠᠭᠠᠳᠣ ᠣᠯᠣᠰ ᠤᠨ ᠢᠷᠭᠡᠳ ᠤᠨ ᠮᠠᠨ ᠤ ᠬᠤᠳᠠ ᠳᠠᠬᠢ ᠬᠠᠦᠯᠢ | ᠶᠣᠰᠣᠨ ᠤ ᠡᠷᠬᠡ ᠠᠰᠢᠭ ᠢ ᠦᠨᠡᠨᠬᠦ ᠪᠠᠳᠣᠯᠠᠨ᠎ᠠ᠃ ᠨᠡᠶᠢᠭᠡᠮ ᠤᠨ ᠵᠦᠷᠢᠴᠡᠯ ᠮᠠᠷᠭᠤᠯᠳᠤᠭᠠᠨ ᠢ ᠪᠠᠶᠢᠴᠠᠭᠠᠨ | ᠰᠢᠢᠳᠪᠦᠷᠢᠯᠡᠬᠦ ᠪᠠᠨ ᠴᠢᠩᠭᠠᠳᠬᠠᠨ᠂ ᠵᠠᠬᠢᠳᠠᠯ ᠰᠤᠷᠪᠤᠯᠵᠢᠯᠠᠭ᠎ᠠ ᠶᠢᠨ ᠬᠠᠦᠯᠢᠵᠢᠭ᠌ᠰᠠᠨ ᠪᠠᠶᠢᠭᠤᠯᠤᠯᠳᠠ ᠶᠢ | ᠢᠳᠡᠪᠬᠢᠳᠡᠢ ᠲᠦᠯᠬᠢᠨ ᠠᠬᠢᠭᠤᠯᠵᠤ᠂ ᠬᠠᠦᠯᠢ ᠵᠠᠷᠭᠤ ᠲᠠᠢ ᠬᠤᠯᠪᠤᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ | ᠬᠠᠦᠯᠢᠴᠢ ᠪᠠᠷ ᠭᠦᠢᠴᠡᠳᠭᠡᠨ ᠨᠠᠮᠳᠠᠭᠠᠬᠤ ᠶᠢ ᠴᠢᠩᠭᠠᠳᠬᠠᠵᠤ᠂ ᠣᠳᠣᠷᠢᠳᠣᠯᠭ᠎ᠠ ᠺᠠᠳ᠋ᠷ ᠰᠣᠷᠪᠣᠯᠵᠢᠯᠠᠭ᠎ᠠ | ᠬᠦᠯᠢᠶᠡᠨ ᠠᠪᠬᠤ ᠠᠵᠢᠯ ᠢ ᠦᠷᠭᠦᠯᠵᠢᠯᠡᠨ ᠰᠠᠶᠢᠳᠣᠷ ᠬᠢᠵᠣ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠬᠠᠦᠯᠢ ᠶᠤᠰᠤᠭᠠᠷ ᠰᠠᠶᠢᠲᠤᠷ ᠰᠢᠢᠳᠪᠦᠷᠢᠯᠡᠨ᠎ᠡ᠃ ᠵᠠᠰᠠᠭ ᠤᠨ ᠤᠷᠳᠤᠨ᠂ ᠠᠵᠢᠯᠴᠢᠳ ᠤᠨ ᠡᠪᠯᠡᠯ᠂ ᠠᠵᠤ | ᠠᠬᠤᠶᠢᠯᠠᠯ ᠬᠠᠮᠳᠤᠪᠠᠷ ᠣᠷᠣᠯᠴᠠᠭᠰᠠᠨ ᠴᠠᠯᠢᠩ ᠬᠦᠯᠦᠰᠦ ᠶᠢ ᠵᠦᠪᠳᠡᠨ ᠲᠤᠬᠢᠷᠠᠯᠴᠠᠬᠤ ᠵᠣᠬᠢᠴᠠᠭᠤᠯᠣᠯᠳᠠ ᠶᠢᠨ | ᠲᠤᠭᠳᠠᠯᠴᠠᠭ᠎ᠠ ᠶᠢ ᠲᠡᠭᠦᠯᠳᠡᠷᠵᠢᠭᠦᠯᠵᠤ᠂ ᠮᠠᠯᠴᠢᠨ ᠲᠠᠷᠢᠶᠠᠴᠢᠨ ᠭᠠᠷᠣᠯ ᠲᠠᠢ ᠬᠦᠯᠦᠰᠦᠨ ᠠᠵᠢᠯᠴᠢᠳ ᠤᠨ ᠴᠠᠯᠢᠩ | ᠬᠦᠯᠦᠰᠦ ᠶᠢ ᠲᠦᠯᠦᠨ ᠳᠠᠭᠤᠰᠬᠠᠬᠤ ᠬᠦᠴᠦᠯᠡᠴᠡ ᠪᠠᠨ ᠶᠡᠬᠡᠰᠬᠡᠨ᠂ ᠡᠪ ᠨᠠᠶᠢᠷᠰᠠᠭ ᠬᠦᠳᠡᠯᠮᠦᠷᠢ ᠶᠢᠨ ᠬᠠᠷᠢᠴᠠᠭ᠎ᠠ | ᠶᠢ ᠴᠤᠭᠴᠠᠯᠠᠨ ᠪᠠᠶᠢᠭᠤᠯᠤᠨ᠎ᠠ᠃ ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠣᠯᠳᠠ ᠶᠢ ᠲᠦᠷᠭᠡᠳᠭᠡᠵᠣ | ᠂ ᠡᠷᠬᠡ ᠳᠡᠭᠰᠢ ᠦᠷᠢᠰᠦᠯᠳᠦᠭᠡᠨ ᠢ ᠬᠢᠨᠠᠨ ᠪᠠᠶᠢᠴᠠᠭᠠᠬᠤ ᠲᠦᠷᠢᠮ ᠢ ᠬᠡᠷᠡᠭᠵᠢᠭᠦᠯᠦᠨ᠎ᠡ᠃ ᠨᠡᠶᠢᠭᠡᠮ ᠤᠨ | ᠵᠠᠰᠠᠯᠳᠠ ᠳᠤ ᠰᠢᠨ᠎ᠡ ᠶᠢ ᠡᠭᠦᠳᠦᠨ᠎ᠡ᠃ ᠪᠦᠬᠦ ᠤᠯᠤᠰ ᠤᠨ ᠬᠤᠷᠢᠶᠠᠯᠠᠯ ᠲᠤᠭᠤᠷᠢᠭ ᠢ ᠬᠠᠦᠯᠢ ᠪᠠᠷ ᠵᠠᠰᠠᠬᠤ ᠪᠠ | ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠳᠠ ᠶᠢᠨ ᠤᠷᠤᠨ ᠤ ᠪᠦᠲᠦᠭᠡᠨ ᠪᠠᠶᠢᠭᠤᠯᠤᠯᠳᠠ ᠶᠢᠨ ᠦᠷ᠎ᠡ | ᠪᠦᠲᠦᠭᠡᠯ ᠢ ᠦᠷᠭᠦᠯᠵᠢᠯᠡᠨ ᠪᠠᠳᠤᠳᠬᠠᠵᠤ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠲᠦᠯ ᠢ | ᠪᠠᠳᠠᠷᠠᠭᠤᠯᠵᠤ᠂ ᠵᠠᠰᠠᠭ ᠤᠨ ᠤᠷᠳᠤᠨ ᠤ ᠬᠠᠦᠯᠢ ᠪᠠᠷ ᠵᠠᠰᠠᠬᠤ᠂ ᠨᠡᠶᠢᠭᠡᠮ ᠤᠨ ᠡᠶᠡᠳᠡᠭᠦᠯᠭᠡ ᠪᠠ ᠰᠠᠭᠤᠭᠠᠯᠢ ᠠᠷᠠᠳ | ᠤᠨ ᠦᠪᠡᠷ ᠤᠨ ᠢᠶᠠᠨ ᠵᠠᠰᠠᠬᠤ ᠣᠣᠷ ᠴᠢᠨᠠᠷ ᠤᠨ ᠨᠦᠯᠦᠭᠡᠯᠡᠯᠴᠡᠯ ᠢ ᠪᠡᠶᠡᠯᠡᠬᠦᠯᠦᠨ᠎ᠡ᠃ ᠡᠷᠦᠬᠡ ᠠᠮᠠ ᠶᠢᠨ | ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠬᠦᠯᠵᠦ᠂ ᠰᠠᠭᠤᠬᠤ ᠦᠨᠡᠮᠯᠡᠯ ᠤᠨ ᠲᠦᠢᠷᠮ ᠢ ᠪᠦᠬᠦ ᠲᠠᠯ᠎ᠠ ᠪᠠᠷ | ᠴᠢᠩᠭᠠᠳᠬᠠᠵᠤ᠂ ︽ᠨᠡᠭᠦᠳᠡᠯ ᠬᠦᠮᠦᠨ ᠠᠮᠠ᠂ ᠭᠠᠳᠠᠭᠠᠳᠤ ᠶᠢᠨ ᠬᠦᠮᠦᠨ ᠤ ᠬᠠᠮᠢᠶᠠᠷᠤᠯᠳᠠ ᠪᠠ ᠦᠢᠯᠡᠴᠢᠯᠡᠭᠡᠨ ᠤ | ᠠᠷᠭ᠎ᠠ︾ ᠶᠢ ᠲᠡᠭᠦᠯᠲᠡᠷᠵᠢᠬᠦᠯᠵᠦ᠂ ᠦᠨᠳᠦᠰᠦᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠨᠡᠨᠬᠦ | ᠲᠡᠭᠡᠭᠰᠢᠯᠡᠬᠦᠯᠦᠨ᠎ᠡ᠃ ᠡᠯ᠎ᠡ ᠵᠦᠢᠯ ᠤᠨ ᠤᠷᠢᠳᠴᠢᠯᠠᠨ ᠰᠡᠷᠡᠮᠵᠢᠯᠡᠬᠦᠯᠬᠦ ᠪᠠ ᠲᠤᠬᠢᠷᠠᠭᠤᠯᠤᠨ ᠰᠢᠢᠳᠪᠦᠷᠢᠯᠡᠬᠦ | ᠲᠦᠰᠦᠪ ᠢ ᠲᠡᠭᠦᠯᠲᠡᠷᠵᠢᠬᠦᠯᠵᠦ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠳᠠ | ᠶᠢ ᠴᠢᠩᠭᠠᠳᠬᠠᠵᠤ᠂ ᠬᠡᠨᠡᠳᠲᠡ ᠶᠢᠨ ᠬᠡᠷᠡᠭ ᠢ ᠵᠦᠢ ᠵᠤᠬᠢᠰᠳᠠᠢ ᠪᠠᠷ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠲᠡᠭᠡᠭᠰᠢᠯᠡᠬᠦᠯᠦᠨ᠎ᠡ᠃ ᠬᠢᠯᠢ ᠬᠢᠵᠠᠭᠠᠷ ᠢᠶᠠᠨ ᠮᠠᠨᠳᠣᠭᠤᠯᠵᠣ ᠠᠷᠠᠳ ᠢᠷᠭᠡᠳ ᠢᠶᠠᠨ ᠪᠠᠶᠠᠵᠢᠭᠤᠯᠬᠤ ᠠᠵᠢᠯᠯᠠᠭ᠎ᠠ ᠶᠢ | ᠠᠬᠢᠭᠤᠯᠵᠤ᠂ ᠱᠠᠰᠢᠨ ᠰᠤᠷᠳᠠᠬᠤᠨ ᠤ ᠬᠡᠷᠡᠭ ᠶᠠᠪᠤᠳᠠᠯ ᠢ ᠬᠠᠦᠯᠢ ᠶᠤᠰᠤᠭᠠᠷ ᠬᠠᠮᠢᠶᠠᠷᠴᠦ᠂ ᠦᠨᠳᠦᠰᠦᠨᠳᠡᠨ ᠤ | ᠪᠦᠯᠬᠦᠮᠳᠡᠯ᠂ ᠨᠡᠶᠢᠭᠡᠮ ᠤᠨ ᠲᠤᠭᠳᠠᠭᠤᠨ ᠢ ᠬᠠᠮᠠᠭᠠᠯᠠᠨ᠎ᠠ᠃ ᠴᠡᠷᠢᠭ ᠠᠷᠠᠳ ᠤᠨ ᠠᠭᠤᠰᠤᠯᠴᠠᠨ ᠬᠦᠭᠵᠢᠬᠦ ᠶᠢ | ᠠᠬᠢᠭᠤᠯᠵᠤ᠂ ᠤᠯᠤᠰ ᠤᠨ ᠬᠠᠮᠠᠭᠠᠯᠠᠯᠳᠠ ᠶᠢᠨ ᠲᠠᠶᠢᠴᠢᠯᠠᠯᠳᠠ᠂ ᠤᠯᠤᠰ ᠤᠨ ᠬᠠᠮᠠᠭᠠᠯᠠᠯᠳᠠ ᠶᠢᠨ ᠰᠤᠷᠭᠠᠨ | ᠬᠦᠮᠦᠵᠢᠯ᠂ ᠠᠷᠠᠳ ᠤᠨ ᠠᠭᠠᠷ ᠤᠨ ᠰᠡᠷᠭᠡᠶᠢᠯᠡᠯᠳᠡ ᠪᠠ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠵᠦ᠂ | ᠴᠡᠷᠢᠭ᠂ ᠵᠠᠰᠠᠭ᠂ ᠠᠷᠠᠳ ᠤᠨ ᠪᠦᠯᠬᠦᠮᠳᠡᠯ ᠢ ᠠᠬᠢᠭᠤᠯᠤᠨ᠎ᠠ᠃ ᠰᠦᠯᠵᠢᠶᠡᠨ ᠤ ᠦᠵᠡᠯ ᠣᠬᠠᠮᠰᠠᠷ ᠤᠨ ᠬᠡᠯᠪᠡᠷᠢ | ᠶᠢᠨ ᠬᠠᠮᠢᠶᠠᠷᠣᠯᠳᠠ ᠶᠢ ᠴᠢᠩᠭᠠᠳᠬᠠᠵᠣ᠂ ᠴᠡᠪᠡᠷ ᠰᠠᠶᠢᠬᠠᠨ ᠰᠦᠯᠵᠢᠶᠡᠨ ᠤ ᠣᠷᠣᠨ ᠵᠠᠢ ᠶᠢ ᠪᠣᠢ ᠪᠣᠯᠭᠠᠨ᠎ᠠ᠃ | ᠨᠡᠶᠢᠭᠡᠮ ᠵᠢᠷᠦᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠬᠢᠨᠠᠮᠠᠭᠠᠢ ᠦᠢᠯᠡᠳᠦᠯᠬᠡᠵᠢᠭᠦᠯᠦᠨ᠂ ᠤᠯᠠᠨ | ᠲᠦᠮᠡᠨᠴᠢ ᠴᠢᠨᠠᠷ ᠲᠠᠢ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠤ᠂ ᠪᠦᠬᠦ ᠤᠯᠤᠰ ᠤᠨ | ᠪᠤᠯᠪᠠᠰᠤᠨ ᠬᠤᠳᠠ ᠶᠢ ᠪᠦᠬᠦ ᠬᠦᠴᠦᠨ ᠢᠶᠠᠷ ᠴᠣᠭᠴᠠᠯᠠᠨ ᠪᠠᠶᠢᠭᠤᠯᠣᠨ᠎ᠠ᠃ | ᠠᠮᠤᠷ ᠲᠤᠭᠳᠠᠭᠤᠨ ᠢ ᠬᠠᠮᠠᠭᠠᠯᠠᠨ᠎ᠠ᠃ ︽ᠠᠮᠣᠭᠤᠯᠠᠩ ᠡᠷᠢᠶᠡᠨ︾ ᠤ ᠪᠠᠶᠢᠭᠤᠯᠤᠯᠳᠠ ᠶᠢ ᠪᠦᠬᠦ ᠲᠠᠯ᠎ᠠ | ᠪᠠᠷ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠢᠰᠲ᠋ᠧᠮ ᠢ ᠪᠠᠶᠢᠭᠤᠯᠵᠤ᠂ ᠭᠠᠳᠠᠭᠠᠳᠤ ᠶᠢᠨ ᠮᠠᠰᠢᠨ | ᠲᠡᠷᠭᠡᠨ ᠤ ᠬᠠᠮᠢᠶᠠᠷᠤᠯᠳᠠ ᠶᠢ ᠰᠠᠶᠢᠵᠢᠷᠠᠭᠤᠯᠵᠤ᠂ ᠫᠣᠣ ᠶᠢ ᠬᠤᠷᠢᠶᠠᠮᠵᠢᠯᠠᠨ ᠰᠦᠷᠳᠡᠭᠦᠯᠬᠡ ᠶᠢ ᠠᠷᠢᠯᠭᠠᠬᠤ ᠪᠠ ︽ | ᠱᠠᠯᠢᠭ ᠵᠠᠪᠠᠭ᠋ᠠᠢ᠂ ᠵᠤᠭᠤᠰ ᠨᠠᠭᠠᠳᠬᠤ᠂ ᠬᠤᠤᠷ ᠰᠠᠷᠢᠭᠠᠯᠠᠬᠤ᠂ ᠬᠠᠷ᠎ᠠ ᠪᠦᠯᠦᠭᠳᠡᠨ᠂ ᠮᠡᠬᠡᠯᠡᠨ ᠬᠤᠳᠠᠯᠳᠤᠬᠤ᠂ | ᠬᠠᠭᠤᠷᠮᠠᠭᠯᠠᠨ ᠤᠪᠠᠯᠠᠬᠤ︾ ᠵᠡᠷᠭᠡ ᠬᠠᠦᠯᠢ ᠪᠤᠰᠤ ᠶᠠᠯᠠᠳᠤ ᠠᠵᠢᠯᠯᠠᠭ᠎ᠠ ᠳᠤ ᠬᠦᠨᠲᠦ ᠨᠤᠴᠢᠳᠠᠢ ᠴᠤᠬᠢᠯᠳᠠ ᠦᠭᠴᠦ | ᠂ ᠡᠯ᠎ᠡ ᠵᠦᠢᠯ ᠤᠨ ᠬᠠᠦᠯᠢ ᠪᠤᠰᠤ ᠶᠠᠯᠠᠳᠤ ᠠᠵᠢᠯᠯᠠᠭ᠎ᠠ ᠳᠤ ᠴᠢᠩᠭ᠎ᠠ ᠲᠠᠷᠤᠩᠭᠤᠶᠢᠯᠠᠯ ᠦᠵᠡᠬᠦᠯᠬᠦ ᠶᠢ ᠢᠮᠠᠭᠳᠠ | ᠪᠠᠷᠢᠮᠳᠠᠯᠠᠵᠤ᠂ ᠠᠷᠠᠳ ᠣᠯᠠᠨ ᠤ ᠠᠮᠣᠷ ᠲᠦᠪᠰᠢᠨ ᠤ ᠲᠦᠷᠦᠭᠳᠡᠯ ᠢ ᠲᠡᠭᠡᠭᠰᠢᠯᠡᠬᠦᠯᠦᠨ᠎ᠡ᠃ ᠠᠮᠤᠷ ᠲᠦᠪᠰᠢᠨ | ᠬᠦᠭᠵᠢᠯᠳᠡ ᠶᠢᠨ ᠣᠶᠢᠯᠠᠭᠠᠭᠳᠠᠬᠤᠨ ᠢ ᠪᠠᠳᠣ ᠪᠤᠢ ᠪᠤᠯᠭᠠᠵᠤ᠂ ᠠᠮᠢ ᠨᠠᠰᠤ ᠡᠷᠬᠢᠮ ᠲᠡᠭᠡᠲᠦ᠂ ᠠᠮᠤᠷ ᠲᠦᠪᠰᠢᠨ ᠢ | ᠳᠡᠷᠢᠭᠦᠨ ᠳᠤ ᠳᠠᠯᠪᠢᠬᠤ ᠦᠵᠡᠯᠳᠡ ᠶᠢ ᠪᠠᠷᠢᠮᠳᠠᠯᠠᠵᠤ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠠᠶᠣᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ | ᠦᠷᠭᠦᠯᠵᠢᠯᠡᠨ ᠦᠷᠨᠢᠭᠦᠯᠵᠣ᠂ ᠬᠦᠮᠦᠰ ᠤᠨ ᠲᠦᠪᠯᠡᠷᠡᠨ ᠨᠢᠭᠳᠠᠷᠠᠭᠰᠠᠨ ᠳᠠᠯᠠᠪᠠᠢ ᠶᠢᠨ ᠭᠠᠯ ᠠᠴᠠ ᠰᠡᠷᠭᠡᠶᠢᠯᠡᠬᠦ᠂ | ᠪᠣᠭᠤᠮᠳᠠ ᠶᠢᠨ ᠠᠬᠤᠢ ᠳᠠᠯᠠᠪᠠᠢ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠣᠷ ᠲᠦᠪᠰᠢᠨ ᠤ | ᠳᠠᠯᠳᠠ ᠬᠡᠮ ᠢ ᠪᠠᠶᠢᠴᠠᠭᠠᠬᠤ ᠪᠠ ᠵᠠᠰᠠᠨ ᠴᠡᠭᠴᠡᠯᠡᠬᠦ ᠶᠢ ᠰᠠᠶᠢᠳᠣᠷ ᠨᠠᠶᠢᠳᠠᠪᠣᠷᠢᠵᠢᠭᠤᠯᠣᠨ᠂ ᠤᠨᠴᠠ ᠶᠡᠭᠡ ᠠᠶᠣᠯᠭᠦᠢ | ᠦᠢᠯᠡᠳᠪᠦᠷᠢᠯᠡᠯ ᠤᠨ ᠣᠰᠣᠯ ᠠᠳᠡᠯ ᠡᠭᠦᠰᠬᠦ ᠶᠢ ᠡᠷᠡᠰ ᠬᠤᠷᠢᠭᠯᠠᠨ᠎ᠠ᠃ ᠬᠢᠯᠢ ᠶᠢ ᠬᠠᠮᠠᠭᠠᠯᠠᠵᠤ ᠬᠢᠯᠢ ᠶᠢ ᠰᠠᠬᠢᠬᠤ | ᠂ ᠰᠦᠷᠳᠡᠭᠦᠯᠦᠯ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠤᠯᠤᠰ ᠤᠨ ᠬᠢᠯᠢ ᠬᠢᠵᠠᠭᠠᠷ ᠤᠨ ᠠᠶᠤᠯᠭᠦᠢ ᠶᠢ | ᠪᠠᠶᠢᠴᠠᠭᠠᠬᠤ ᠦᠷᠳᠡᠭᠡ ᠶᠢ ᠠᠰᠢᠭᠯᠠᠯᠳᠠ ᠳᠤ ᠤᠷᠤᠭᠤᠯᠵᠤ᠂ ᠪᠣᠭᠤᠮᠳᠠ ᠣᠷᠣᠨ ᠢᠶᠠᠷ ᠣᠷᠣᠵᠣ ᠭᠠᠷᠬᠤ ᠬᠦᠮᠦᠨ᠂ | ᠳᠡᠷᠭᠡ᠂ ᠡᠳ᠋ ᠪᠣᠳᠠᠰ ᠢ ᠪᠠᠶᠢᠴᠠᠭᠠᠨ ᠡᠷᠬᠡᠰᠢᠶᠡᠬᠦ ᠬᠦᠴᠦᠯᠡᠴᠡ ᠪᠠᠨ ᠶᠡᠬᠡᠰᠬᠡᠨ᠂ ᠬᠢᠯᠢ ᠬᠢᠵᠠᠭᠠᠷ ᠤᠨ ᠠᠮᠤᠷ | ᠲᠤᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | | | ︵ᠨᠠᠢᠮᠠ︶ ᠳᠣᠰ ᠪᠡᠶ᠎ᠡ ᠶᠢᠨ ᠪᠠᠶᠢᠭᠤᠯᠤᠯᠳᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠠᠷᠠᠳ ᠤᠨ ᠰᠡᠳᠬᠢᠯ | ᠬᠠᠨᠣᠮᠵᠢᠳᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠤᠨ ᠢ ᠬᠦᠴᠦᠯᠡᠨ ᠪᠠᠶᠢᠭᠤᠯᠤᠨ᠎ᠠ | | ᠵᠠᠰᠠᠭ ᠢ ᠴᠢᠩᠭ᠎ᠠ ᠵᠠᠰᠠᠬᠤ ᠶᠢ ᠴᠢᠩᠭᠠᠳᠬᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠬᠦᠨᠵᠡᠭᠡᠢ ᠰᠣᠷᠣᠯᠴᠠᠨ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠦᠪᠡᠷᠳᠡᠬᠡᠨ ᠵᠠᠰᠠᠬᠤ ᠤᠷᠤᠨ ᠤ ︽ | ᠲᠦᠪ ᠤᠨ ᠨᠠᠢᠮᠠᠨ ᠵᠤᠷᠪᠤᠰ ᠲᠤᠭᠳᠠᠭᠠᠯ ᠤᠨ ᠵᠤᠷᠢᠭ ᠰᠠᠨᠠᠭ᠎ᠠ ᠶᠢ ᠬᠦᠨᠵᠡᠭᠡᠢ ᠳᠣᠣᠱᠯᠠᠭᠤᠯᠣᠨ | ᠨᠠᠶᠢᠳᠠᠪᠣᠷᠢᠵᠢᠭᠤᠯᠵᠣ ᠂ ᠰᠤᠷᠳᠠᠯ ᠤᠨ ᠪᠠᠶᠢᠭᠤᠯᠤᠯᠳᠠ ᠶᠢ ᠣᠯᠠᠮ ᠨᠢᠭᠡ ᠠᠯᠬᠤᠮ ᠴᠢᠩᠭᠠᠳᠬᠠᠬᠤ ᠳᠣᠬᠠᠢ | ᠬᠡᠷᠡᠭᠵᠢᠬᠦᠯᠬᠦ ᠠᠷᠭ᠎ᠠ︾ ᠶᠢ ᠴᠢᠩᠭ᠎ᠠ ᠰᠠᠬᠢᠵᠤ᠂ ᠤᠯᠤᠰ ᠲᠦᠷᠦ ᠶᠢᠨ ᠵᠤᠭᠰᠤᠴᠠ ᠪᠠᠨ ᠤᠯᠠᠨ ᠨᠢᠭᠡ ᠠᠯᠬᠤᠮ | ᠲᠡᠭᠡᠭᠰᠢᠯᠡᠬᠦᠯᠵᠦ᠂ ︽ᠲᠦᠷᠪᠡᠨ ᠤᠬᠠᠮᠰᠠᠷ︾ ᠪᠠ ︽ᠲᠦᠷᠪᠡᠨ ᠢᠳᠡᠬᠡᠯ︾ ᠢᠶᠠᠨ ᠴᠢᠩᠭᠠᠳᠬᠠᠵᠤ᠂ ᠤᠯᠤᠰ | ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ ᠰᠠᠬᠢᠵᠤ᠂ ᠤᠯᠤᠰ ᠲᠦᠷᠦ᠂ | ᠦᠵᠡᠯ ᠰᠠᠨᠠᠭ᠎ᠠ᠂ ᠦᠢᠯᠡ ᠠᠵᠢᠯᠯᠠᠭᠠᠨ ᠳᠠᠭᠠᠨ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ ᠨᠠᠮ ᠤᠨ | ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠳᠦᠬᠦ ᠶᠢ ᠢᠮᠠᠭᠳᠠ ᠪᠠᠷᠢᠮᠳᠠᠯᠠᠨ᠎ᠠ᠃ ᠰᠢ ᠶᠢᠨ ᠫᠢᠩ ᠶᠢᠨ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ | ᠰᠠᠨᠠᠭᠠᠴᠢᠯᠠᠭ᠎ᠠ ᠠᠴᠠ ᠪᠠᠨ ᠪᠠᠷᠢᠮᠳᠠᠯᠠᠵᠤ᠂ ᠵᠠᠰᠠᠭ ᠤᠨ ᠤᠷᠳᠤᠨ ᠤ ᠠᠵᠢᠯ ᠢ ᠶᠡᠷᠦᠩᠬᠡᠶᠢᠯᠡᠨ ᠪᠠᠶᠢᠷᠢᠯᠠᠭᠤᠯᠵᠤ᠂ | ᠨᠠᠮ ᠤᠨ ᠲᠦᠪ ᠬᠤᠷᠢᠶᠠᠨ ᠤ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠳᠣᠣᠱᠯᠠᠭᠤᠯᠣᠨ | ᠬᠡᠷᠡᠭᠵᠢᠭᠦᠯᠬᠦ ᠪᠠ ᠬᠤᠪᠢᠷᠠᠭᠠᠨ ᠠᠰᠢᠭᠯᠠᠬᠤ ᠶᠢ ᠦᠨᠡᠨᠬᠦ ᠰᠠᠶᠢᠳᠣᠷ ᠠᠳᠬᠤᠨ᠂ ᠨᠠᠮ ᠤᠨ ᠲᠦᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢᠨ ᠡᠷᠢᠶᠡᠨ ᠬᠤᠳᠠ ᠳᠤ ᠦᠨᠳᠦᠰᠦ ᠬᠠᠳᠬᠤᠨ ᠪᠠᠳᠣᠳᠠᠢ | ᠬᠡᠷᠡᠭᠵᠢᠭᠦᠯᠦᠭᠳᠡᠭᠦ ᠶᠢ ᠪᠠᠳᠤᠯᠠᠨ᠎ᠠ᠃ | ᠬᠠᠦᠯᠢ ᠶᠤᠰᠤᠭᠠᠷ ᠵᠠᠰᠠᠭ ᠶᠠᠪᠤᠭᠤᠯᠬᠤ ᠶᠢ ᠴᠢᠩᠭᠠᠳᠬᠠᠨ᠎ᠠ᠃ ︽ᠡᠷᠢᠶᠡᠨ ᠬᠤᠳᠠ ᠶᠢᠨ ︿ᠬᠠᠦᠯᠢ ᠪᠠᠷ | ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢᠨ ᠬᠡᠷᠡᠭᠵᠢᠬᠦᠯᠬᠦ ᠬᠦᠲᠦᠯᠪᠦᠷᠢ﹀ ︵2015 — 2020 | ᠣᠨ︶ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠣᠬᠠᠢ ᠬᠡᠷᠡᠭᠵᠢᠬᠦᠯᠬᠦ ᠲᠦᠰᠦᠯ︾ ᠤᠨ ᠳᠠᠭᠠᠣ᠂ ᠬᠠᠦᠯᠢ ᠪᠠᠷ | ᠵᠠᠰᠠᠬᠤ ᠰᠡᠳᠬᠢᠬᠦᠢ ᠪᠠ ᠬᠠᠦᠯᠢ ᠪᠠᠷ ᠵᠠᠰᠠᠬᠤ ᠠᠷᠭ᠎ᠠ ᠬᠡᠯᠪᠡᠷᠢ ᠪᠠᠷ ᠠᠵᠢᠯ ᠢᠶᠠᠨ ᠲᠦᠯᠬᠢᠨ ᠠᠬᠢᠭᠤᠯᠬᠤ ᠶᠢ | ᠪᠠᠷᠢᠮᠳᠠᠯᠠᠨ᠂ ᠵᠠᠰᠠᠭ ᠤᠨ ᠤᠷᠳᠤᠨ ᠤ ᠬᠠᠦᠯᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠦᠨ᠎ᠡ᠃ ︽ᠭᠤᠷᠪᠠᠨ | ᠴᠢᠬᠤᠯᠠ ᠨᠢᠭᠡ ᠳᠣᠮᠣ︾ ᠬᠡᠷᠡᠭ ᠶᠠᠪᠣᠳᠠᠯ ᠤᠨ ᠨᠡᠶᠢᠳᠡ ᠶᠢᠨ ᠰᠢᠢᠳᠪᠦᠷᠢ ᠶᠢᠨ ᠲᠦᠷᠢᠮ ᠢ ᠨᠠᠶᠢᠳᠠᠪᠣᠷᠢᠵᠢᠭᠤᠯᠣᠨ᠂ | ᠵᠠᠰᠠᠭ ᠤᠨ ᠤᠷᠳᠤᠨ ᠤ ᠬᠠᠦᠯᠢ ᠴᠠᠭᠠᠴᠠ ᠶᠢᠨ ᠠᠰᠠᠭᠤᠨ ᠯᠠᠪᠯᠠᠬᠤ ᠦᠢᠯᠡᠲᠦᠯ ᠢ ᠭᠦᠢᠴᠡᠳ ᠪᠠᠳᠠᠷᠠᠭᠤᠯᠵᠤ᠂ | ᠦᠨᠳᠦᠰᠦᠨ ᠬᠠᠦᠯᠢ ᠪᠠ ᠬᠠᠦᠯᠢ ᠴᠠᠭᠠᠵᠠ ᠳᠤ ᠨᠡᠶᠢᠴᠡᠭᠰᠡᠨ ᠬᠢᠨᠠᠨ ᠪᠠᠶᠢᠴᠠᠭᠠᠯᠳᠠ ᠪᠠᠨ ᠴᠢᠩᠭᠠᠳᠬᠠᠵᠤ᠂ ᠵᠠᠰᠠᠭ | ᠤᠨ ᠤᠷᠳᠤᠨ ᠤ ᠰᠢᠢᠳᠪᠦᠷᠢᠲᠦ ᠪᠤᠳᠤᠯᠭ᠎ᠠ ᠶᠢᠨ ᠠᠷᠠᠳᠴᠢᠯᠠᠯᠳᠠ᠂ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ | ᠢ ᠲᠡᠭᠡᠭᠰᠢᠯᠡᠬᠦᠯᠦᠨ᠎ᠡ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠠᠦᠯᠢ ᠶᠣᠰᠣᠨ ᠤ ᠬᠢᠨᠠᠯᠳᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠪᠠ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠡᠳᠡᠭᠡᠳ | ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠬᠦᠯᠢᠶᠡᠨ ᠠᠪᠴᠦ ᠰᠤᠨᠤᠰᠤᠨ᠎ᠠ᠃ ᠨᠡᠶᠢᠭᠡᠮ ᠤᠨ ᠡᠯ᠎ᠡ | ᠡᠳᠡᠭᠡᠳ ᠤᠨ ᠬᠢᠨ ᠢ ᠠᠪᠴᠢᠷᠠᠵᠤ ᠨᠡᠶᠢᠲᠡ ᠶᠢᠨ ᠰᠢᠢᠳᠪᠦᠷᠢᠲᠦ ᠪᠤᠳᠤᠯᠭ᠎ᠠ ᠶᠢᠨ ᠬᠠᠮᠢᠶᠠᠷᠤᠯᠳᠠ ᠳᠤ | ᠤᠷᠤᠯᠴᠠᠭᠤᠯᠵᠤ᠂ ᠵᠦᠢ ᠶᠤᠰᠤᠨ ᠤ ᠭᠤᠶᠤᠴᠢᠯᠠᠯ ᠢ ᠢᠯᠡᠷᠬᠡᠶᠢᠯᠡᠬᠦᠯᠦᠨᠡ᠃ ᠬᠤᠳᠠ ᠶᠢᠨ ᠱᠠᠳᠣᠨ ᠤ ᠡᠳ᠋ ᠤᠨ | ᠵᠠᠰᠠᠭ ᠤᠨ ᠲᠦᠰᠪ ᠪᠣᠯᠣᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠰᠦᠯᠵᠢᠶ᠎ᠡ ᠬᠤᠯᠪᠣᠨ ᠬᠢᠨᠠᠯᠳᠠ ᠳᠠᠯᠪᠢᠬᠤ ᠰᠢᠰᠲ᠋ᠧᠮ ᠢ ᠡᠬᠢᠯᠡᠨ ᠬᠡᠷᠡᠭᠵᠢᠬᠦᠯᠵᠦ᠂ ᠲᠦᠰᠦᠪ ᠤᠨ ᠬᠠᠮᠢᠶᠠᠷᠤᠯᠳᠠ ᠶᠢ | ᠴᠢᠩᠭ᠎ᠠ ᠭᠦᠢᠴᠡᠳᠬᠡᠵᠦ᠂ ᠠᠷᠠᠳ ᠲᠦᠮᠡᠨ ᠤ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠠ᠃ | ᠦᠷ᠎ᠡ ᠪᠦᠲᠦᠮᠵᠢ ᠲᠠᠢ ᠪᠠᠷ ᠵᠠᠰᠠᠭ ᠪᠠᠷᠢᠬᠤ ᠶᠢ ᠴᠢᠩᠭᠠᠳᠬᠠᠨ᠎ᠠ᠃ ︽ᠬᠤᠶᠠᠷ ᠢ ᠰᠤᠷᠤᠯᠴᠠᠵᠤ ᠬᠢᠷᠢ | ᠳᠡᠩᠴᠡᠭᠰᠡᠨ ᠨᠠᠮ ᠤᠨ ᠭᠡᠰᠢᠭᠦᠨ ᠪᠣᠯᠬᠤ︾ ᠰᠣᠷᠣᠯᠴᠠᠯᠭ᠎ᠠ ᠬᠦᠮᠦᠵᠢᠯ ᠤᠨ ᠪᠠᠶᠢᠩᠭᠤᠵᠢᠭᠤᠯᠤᠯᠳᠠ | ᠲᠦᠷᠢᠮᠵᠢᠭᠦᠯᠦᠯᠳᠡ ᠶᠢ ᠯᠠᠪᠳᠠᠭᠤᠨ ᠪᠠᠳᠣᠳᠠᠢ ᠠᠬᠢᠭᠤᠯᠵᠤ᠂ ᠬᠤᠳᠠ ᠶᠢᠨ ᠨᠠᠮ ᠬᠤᠷᠢᠶ᠎ᠠ ᠶᠢᠨ ᠪᠠᠶᠢᠷᠢᠯᠠᠭᠤᠯᠤᠳᠠ | ᠪᠠᠷ᠂ ᠵᠠᠰᠠᠭ ᠤᠨ ᠤᠷᠳᠤᠨ ᠤ ᠰᠢᠰᠲ᠋ᠧᠮ ᠤᠨ ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ | ᠪᠠᠨ ᠪᠠᠳᠤ ᠴᠡᠭᠡᠵᠢᠯᠡᠶ᠎ᠡ︾ ᠬᠡᠮᠡᠬᠦ ᠭᠤᠤᠯ ᠰᠡᠳᠦᠪᠲᠦ ᠰᠣᠷᠣᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠯᠠᠪᠳᠠᠭᠤᠨ | ᠪᠠᠳᠣᠳᠠᠢ ᠦᠷᠨᠢᠬᠦᠯᠵᠦ᠂ ᠠᠵᠢᠯ ᠭᠦᠢᠴᠡᠳᠭᠡᠬᠦ ᠴᠢᠳᠠᠪᠣᠷᠢ ᠪᠠᠨ ᠣᠯᠠᠮ ᠨᠢᠬᠡ ᠠᠯᠬᠤᠮ ᠲᠡᠭᠡᠭᠰᠢᠯᠡᠬᠦᠯᠵᠦ᠂ ᠦᠨᠡᠨ | ᠪᠤᠳᠠᠳᠤ ᠦᠷ᠎ᠡ ᠪᠦᠲᠦᠮᠵᠢ ᠪᠠᠷ ᠠᠷᠠᠳ ᠤᠨ ᠢᠳᠡᠬᠡᠯ ᠢ ᠤᠯᠤᠨ᠎ᠠ᠃ ᠠᠰᠠᠭᠤᠳᠠᠯ ᠤᠨ ᠬᠠᠨᠳᠤᠯᠭ᠎ᠠ ᠶᠢ ᠪᠠᠷᠢᠮᠳᠠᠯᠠᠵᠤ | ᠂ ᠲᠦᠷᠦ ᠶᠢᠨ ᠪᠤᠳᠤᠯᠭ᠎ᠠ ᠶᠢᠨ ᠰᠤᠳᠤᠯᠤᠯ ᠢᠶᠠᠨ ᠴᠢᠩᠭᠠᠳᠬᠠᠵᠤ᠂ ᠠᠵᠢᠯ ᠤᠨ ᠠᠷᠭ᠎ᠠ ᠠᠪᠴᠠᠯ ᠢᠶᠠᠨ | ᠰᠢᠨᠡᠴᠢᠯᠡᠵᠦ ᠂ ᠡᠯ᠎ᠡ ᠱᠠᠳᠣᠨ ᠤ ᠺᠠᠳ᠋ᠷᠴᠣᠳ ᠤᠨ ᠦᠪᠡᠷᠮᠢᠴᠡ ᠴᠢᠳᠠᠪᠣᠷᠢ᠂ ᠳᠣᠰᠬᠠᠶᠢᠵᠢᠭᠰᠠᠨ ᠵᠣᠷᠢᠭ ᠰᠠᠨᠠᠭ᠎ᠠ | ᠪᠠ ᠳᠣᠰᠬᠠᠶᠢᠵᠢᠭᠰᠠᠨ ᠣᠷ᠎ᠠ ᠴᠢᠳᠠᠪᠦᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠳᠡᠳᠡᠨ ᠢ ᠡᠯ᠎ᠡ ᠠᠵᠢᠯ ᠲᠦᠷᠦᠯ | ᠡᠯ᠎ᠡ ᠰᠠᠯᠪᠣᠷᠢ ᠶᠢᠨ ᠦᠡᠨᠡᠬᠦ ᠮᠡᠷᠭᠡᠵᠢᠯᠳᠡᠨ ᠪᠣᠯᠭᠠᠨ᠎ᠠ᠃ ᠵᠠᠰᠠᠭ ᠤᠨ ᠣᠷᠳᠣᠨ ᠤ ᠰᠣᠷᠠᠭ ᠵᠠᠩᠬᠢᠵᠢᠯᠳᠠ ᠶᠢᠨ | ᠪᠠᠶᠢᠭᠤᠯᠣᠯᠳᠠ ᠶᠢ ᠦᠨᠡᠨᠬᠦ ᠴᠢᠩᠭᠠᠳᠬᠠᠨ᠂ ᠡᠯᠧᠺᠲᠷᠣᠨ ᠵᠠᠰᠠᠭ ᠤᠨ ᠶᠠᠪᠣᠳᠠᠯ ᠪᠠ ᠺᠣᠮᠫᠢᠦ᠋ᠲ᠋ᠧᠷ ᠳᠡᠭᠡᠷ᠎ᠡ ᠠᠯᠪᠠᠨ | ᠠᠵᠢᠯ ᠢ ᠭᠦᠢᠴᠡᠳᠭᠡᠬᠦ ᠶᠢ ᠲᠦᠯᠬᠢᠨ ᠠᠬᠢᠭᠤᠯᠵᠣ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ | ᠳᠠᠰᠣᠷᠠᠯᠳᠠ ᠦᠬᠡᠢ ᠳᠡᠭᠡᠭᠰᠢᠯᠡᠭᠦᠯᠦᠨ᠎ᠡ᠃ ᠬᠤᠳᠠ ᠶᠢᠨ ᠬᠢᠨᠠᠨ ᠪᠠᠶᠢᠴᠠᠭᠠᠬᠤ ᠬᠤᠷᠢᠶ᠎ᠠ ᠶᠢᠨ ᠠᠵᠢᠯ ᠢ ᠳᠠᠮᠵᠢᠵᠣ᠂ | ᠠᠯᠢᠪᠠ ᠠᠯᠪᠠᠨ ᠡᠷᠬᠡ ᠬᠡᠷᠡᠭᠵᠢᠭᠦᠯᠵᠣ ᠪᠠᠶᠢᠭ᠎ᠠ ᠬᠦᠮᠦᠰ ᠢ ᠪᠦᠷ ᠬᠢᠨᠠᠨ ᠪᠠᠶᠢᠴᠠᠭᠠᠯᠳᠠ ᠶᠢᠨ ᠬᠡᠪᠴᠢᠶᠡᠨ ᠳᠤ | ᠬᠠᠮᠣᠷᠣᠭᠤᠯᠬᠤ ᠶᠢ ᠪᠡᠶᠡᠯᠡᠭᠦᠯᠦᠨ᠂ ᠶᠡᠷᠦᠮᠳᠡᠭ ᠵᠠᠰᠠᠭ᠂ ᠬᠤᠶᠢᠷᠭᠤ ᠵᠠᠰᠠᠭ᠂ ᠨᠠᠵᠠᠭᠠᠢ ᠵᠠᠰᠠᠭ ᠤᠨ ᠦᠢᠯᠡ | ᠠᠵᠢᠯᠯᠠᠭ᠎ᠠ ᠶᠢ ᠣᠯᠠᠮ ᠨᠢᠭᠡ ᠠᠯᠬᠤᠮ ᠴᠡᠭᠴᠡᠯᠡᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ | ᠪᠠᠷ ᠲᠦᠯᠬᠢᠨ ᠠᠬᠢᠭᠤᠯᠵᠣ᠂ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠴᠠᠭ ᠳᠣᠬᠠᠢ ᠳᠤ ᠨᠢ ᠨᠡᠶᠢᠳᠡᠯᠡᠨ᠂ | ᠨᠡᠶᠢᠭᠡᠮ ᠤᠨ ᠬᠠᠯᠠᠮᠰᠢᠯ ᠠᠰᠠᠭᠤᠳᠠᠯ ᠳᠤ ᠬᠠᠷᠢᠭᠤ ᠦᠭᠴᠦ᠂ ᠵᠠᠰᠠᠭ ᠤᠨ ᠤᠷᠳᠤᠨ ᠤ ᠠᠵᠢᠯ ᠤᠨ ᠢᠯᠡ ᠳᠣᠳᠣ | ᠪᠠᠶᠢᠳᠠᠯ ᠪᠠ ᠢᠳᠡᠭᠡᠮᠵᠢ ᠶᠢᠨ ᠬᠦᠴᠦᠨ ᠢ ᠲᠡᠭᠡᠭᠰᠢᠯᠡᠬᠦᠯᠦᠨ᠎ᠡ᠃ | ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠴᠢᠩᠭᠠᠳᠬᠠᠨ᠎ᠠ᠃ ᠵᠠᠰᠠᠭ ᠤᠨ ᠤᠷᠳᠤᠨ ᠤ ᠰᠢᠰᠲ᠋ᠧᠮ ᠤᠨ ᠨᠠᠮ | ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠤᠯᠳᠠᠯᠭ᠎ᠠ ᠲᠠᠢ | ᠬᠦᠷᠢᠶ᠎ᠡ ᠬᠡᠪᠴᠢᠶ᠎ᠡ ᠪᠠ ᠵᠠᠩᠬᠢᠯᠠᠭ᠎ᠠ ᠶᠢᠨ ᠭᠤᠭᠴᠤᠭ᠎ᠠ ᠶᠢᠨ ᠬᠢᠨᠠᠨ ᠬᠠᠮᠢᠶᠠᠷᠤᠯᠳᠠ ᠶᠢᠨ ᠲᠦᠷᠢᠮ ᠢ | ᠲᠡᠭᠦᠯᠲᠡᠷᠵᠢᠬᠦᠯᠵᠦ᠂ ︽ᠲᠦᠷᠪᠡᠨ ᠰᠣᠷᠳᠠᠯ︾ ᠤᠨ ᠠᠰᠠᠭᠤᠳᠠᠯ ᠤᠨ ᠳᠠᠬᠢᠨ ᠳᠡᠭᠡᠭᠰᠢᠯᠡᠬᠦ ᠶᠢ ᠡᠷᠡᠰ ᠬᠤᠷᠢᠭᠯᠠᠨ᠂ | ᠢᠯᠵᠡᠷᠠᠨ ᠲᠤᠷᠤᠶᠢᠳᠠᠭᠰᠠᠳ ᠢ ᠣᠭᠳᠣ ᠠᠭᠤᠴᠢᠯᠠᠬᠤ ᠦᠭᠡᠢ ᠪᠠᠷ ᠰᠢᠢᠳᠭᠡᠨ᠎ᠡ᠃ ᠡᠲᠦᠷ ᠬᠤᠨᠤᠭ ᠢ ᠴᠢᠩᠭ᠎ᠠ | ᠬᠠᠳᠠᠭᠤ ᠪᠠᠷ ᠦᠩᠭᠡᠷᠡᠬᠦᠯᠬᠦ ᠦᠵᠡᠯ ᠰᠠᠨᠠᠭ᠎ᠠ ᠶᠢ ᠪᠤᠢ ᠪᠤᠯᠭᠠᠵᠤ᠂ ︽ᠭᠤᠷᠪᠠᠨ ᠠᠯᠪᠠᠨ︾ ᠤ ᠵᠠᠷᠤᠳᠠᠯ᠂ ᠡᠩ ᠤᠨ | ᠴᠢᠨᠠᠷᠳᠠᠢ ᠵᠠᠷᠤᠯᠭ᠎ᠠ ᠪᠠ ᠨᠡᠬᠡᠮᠵᠢᠯᠡᠨ ᠨᠡᠮᠡᠬᠦ ᠲᠦᠰᠦᠪ ᠢ ᠴᠢᠩᠭ᠎ᠠ ᠬᠢᠵᠠᠭᠠᠷᠯᠠᠨ᠎ᠠ᠃ ᠬᠢᠨᠠᠨ ᠪᠣᠳᠣᠯᠳᠠ ᠶᠢᠨ | ᠬᠢᠨᠠᠯᠳᠠ ᠳᠠᠯᠪᠢᠬᠤ ᠦᠢᠯᠡᠲᠦᠯ ᠢ ᠭᠦᠢᠴᠡᠳ ᠪᠠᠳᠠᠷᠠᠭᠤᠯᠵᠤ᠂ ᠨᠡᠶᠢᠲᠡ ᠶᠢᠨ ᠪᠡᠯᠡ ᠮᠦᠩᠭᠦ᠂ ᠤᠯᠤᠰ ᠤᠨ | ᠦᠮᠴᠢᠯᠡᠯᠳᠦ ᠡᠳ᠋ ᠬᠦᠷᠦᠩᠭᠡ᠂ ᠤᠯᠤᠰ ᠤᠨ ᠦᠮᠴᠢᠯᠡᠯᠳᠣ ᠡᠬᠢ ᠪᠠᠶᠠᠯᠢᠭ ᠤᠨ ᠬᠡᠷᠡᠭᠯᠡᠯᠳᠡ ᠪᠠ ᠦᠷ᠎ᠡ ᠠᠰᠢᠭ ᠢ | ᠡᠷᠡᠰ ᠴᠢᠩᠭ᠎ᠠ ᠬᠢᠨᠠᠨ ᠬᠠᠮᠢᠶᠠᠷᠴᠦ᠂ ᠬᠠᠦᠯᠢ ᠲᠦᠷᠢᠮ ᠰᠠᠬᠢᠯᠭ᠎ᠠ ᠪᠠᠳᠤ ᠶᠢ ᠵᠦᠷᠢᠴᠡᠬᠦ ᠦᠢᠯᠡ ᠠᠵᠢᠯᠯᠠᠭ᠎ᠠ | ᠡᠭᠦᠰᠬᠦ ᠶᠢ ᠤᠷᠢᠳᠴᠢᠯᠠᠨ ᠰᠡᠷᠭᠡᠶᠢᠯᠡᠬᠦ ᠪᠠ ᠡᠷᠡᠰ ᠬᠤᠷᠢᠭᠯᠠᠵᠣ᠂ ᠺᠠᠳ᠋ᠷ ᠲᠦᠪ ᠭᠤᠤᠯᠴᠢ᠂ ᠵᠠᠰᠠᠭ ᠠᠷᠢᠭᠤᠨ | ᠴᠢᠭᠡᠴᠢ᠂ ᠤᠯᠤᠰ ᠲᠦᠷᠦ ᠴᠢᠭᠡᠴᠢ ᠰᠢᠳᠣᠷᠭᠤ ᠪᠠᠶᠢᠬᠤ ᠵᠠᠰᠠᠭ ᠪᠠᠷᠢᠬᠤ ᠬᠡᠪ ᠰᠤᠷᠳᠠᠯ ᠢ ᠦᠨᠡᠨᠬᠦ ᠬᠠᠮᠠᠭᠠᠯᠠᠨ᠎ᠠ᠃ | | ᠲᠦᠯᠦᠭᠡᠯᠡᠭᠴᠢᠳ ᠡ︕ ᠰᠢᠨ᠎ᠡ ᠴᠠᠭ ᠦᠶ᠎ᠡ ᠤᠷᠤᠭᠰᠢᠯᠠᠯᠳᠠ ᠲᠠᠪᠰᠢᠯᠳᠠ ᠶᠢ ᠲᠦᠷᠭᠡᠳᠬᠡᠵᠦ᠂ ᠰᠢᠨ᠎ᠡ | ᠬᠦᠰᠡᠯ ᠮᠦᠷᠦᠭᠡᠳᠦᠯ ᠬᠦᠮᠦᠰ ᠤᠨ ᠰᠡᠳᠬᠢᠯ ᠢ ᠬᠦᠭᠵᠢᠭᠡᠨ᠎ᠡ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢᠨ ᠵᠢᠯᠤᠭᠤᠳᠤᠯᠭ᠎ᠠ ᠲᠤᠤᠷ᠎ᠠ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ᠡᠷᠡᠰ ᠬᠠᠳᠠᠭᠤ ᠣᠳᠣᠷᠢᠳᠣᠯᠭ᠎ᠠ ᠳᠣᠣᠷ᠎ᠠ᠂ ᠤᠯᠤᠰ | ᠤᠨ ᠭᠤᠣᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠳᠡ ᠶᠢᠨ ᠲᠤᠷᠰᠢᠯᠳᠠ ᠶᠢᠨ ᠳᠣᠭᠤᠷᠢᠭ ᠤᠨ ᠪᠠᠶᠢᠭᠤᠯᠤᠯᠳᠠ ᠶᠢᠨ | ᠠᠬᠢᠴᠠ ᠶᠢ ᠲᠦᠷᠭᠡᠳᠬᠡᠵᠦ᠂ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠵᠦ᠂ ᠪᠤᠴᠠᠯᠳᠠ ᠦᠭᠡᠢ ᠣᠷᠣᠭᠰᠢᠯᠡᠨ᠂ ᠡᠷᠴᠢ ᠵᠤᠷᠢᠭ ᠢᠶᠠᠨ ᠬᠦᠪᠴᠢᠯᠡᠵᠤ᠂ ᠲᠤᠮᠳᠠᠳᠤ ᠤᠯᠤᠰ ᠤᠨ | ᠤᠮᠠᠷᠠᠳᠤ ᠣᠷᠣᠨ ᠤ ᠬᠠᠮᠤᠭ ᠤᠨ ᠰᠠᠶᠢᠨ ᠪᠤᠭᠤᠮᠳᠠ ᠬᠤᠳᠠ ᠶᠢ ᠴᠣᠭᠴᠠᠯᠠᠨ ᠪᠠᠶᠢᠭᠤᠯᠬᠤ ᠶᠢᠨ ᠲᠦᠯᠦᠭᠡ | ᠴᠢᠷᠮᠠᠶᠢᠨ ᠳᠡᠮᠡᠴᠡᠵᠡᠭᠡᠶᠡ︕ | | |