ᠹᠷᠠᠨᠼᠢ ᠳᠤ ᠰᠤᠷᠤᠭᠴᠢ ᠶᠢᠨ ᠭᠠᠷ ᠤᠳᠠᠰᠦ ᠬᠡᠷᠡᠭᠯᠡᠬᠦ ᠶᠢ ᠴᠠᠭᠠᠵᠠᠯᠠᠬᠰᠠᠨ ᠠᠴᠠ ᠰᠡᠳᠦᠪᠯᠡᠬᠦ ᠨᠢ
ᠨᠡᠶᠢᠲᠡᠯᠡᠭᠰᠡᠨ ᠴᠠᠭ᠄
2018/6/4
        ᠤᠶᠢᠢᠷ᠎ᠠ ᠶᠢᠨ ᠡᠳᠦᠷ ᠹᠷᠠᠨᠼᠢ ᠶᠢᠨ ᠵᠠᠰᠠᠭ ᠤᠨ ᠤᠷᠳᠤᠨ ᠹᠷᠠᠨᠼᠢ ᠶᠢᠨ ᠶᠡᠷᠦᠩᠭᠡᠶᠢᠯᠡᠭᠴᠢ ᠠᠶᠢᠮᠠᠨᠦ᠋ᠯ · ᠮᠠᠶᠢᠺᠷᠤᠨ ᠤ 6 - 15 ᠨᠠᠰᠤᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠳᠤ ᠭᠠᠷ ᠤᠳᠠᠰᠦ ᠬᠡᠷᠡᠭᠯᠡᠬᠦ ᠶᠢ ᠴᠠᠭᠠᠵᠠᠯᠠᠬᠤ ᠲᠤᠷᠠᠳᠤᠯᠭ᠎ᠠ ᠶᠢ ᠵᠦᠪᠰᠢᠶᠡᠷᠡᠭᠰᠡᠨ ᠪᠠᠶᠢᠨ᠎ᠠ᠃ ᠰᠢᠨ᠎ᠡ ᠬᠠᠤᠯᠢ ᠶᠢ ᠦᠨᠳᠦᠰᠦᠯᠡᠪᠡᠯ᠂ ᠰᠤᠷᠤᠭᠴᠢ ᠭᠠᠷ ᠤᠳᠠᠰᠦ ᠠᠪᠴᠦ ᠰᠤᠷᠭᠠᠭᠤᠯᠢ ᠶᠢᠨ ᠬᠦᠷᠢᠶᠡᠨ ᠳᠤ ᠤᠷᠤᠵᠦ ᠪᠤᠯᠤᠨ᠎ᠠ᠂ ᠬᠡᠳᠡᠯ᠎ᠡ ᠬᠢᠴᠢᠶᠡᠯ ᠤᠨ ᠵᠠᠪᠰᠠᠷᠯᠠᠭ᠎ᠠ ᠳᠤ ᠬᠡᠷᠡᠭᠯᠡᠵᠦ ᠪᠤᠯᠬᠤ ᠦᠭᠡᠢ ᠭᠡᠵᠦ ᠱᠠᠭᠠᠷᠳᠠᠵᠠᠢ᠃ ᠡᠨᠡᠬᠦ ᠰᠢᠨ᠎ᠡ ᠬᠠᠤᠯᠢ ᠨᠢ ᠮᠠᠰᠢ ᠤᠯᠠᠨ ᠬᠦᠮᠦᠰ ᠤᠨ ᠠᠩᠬᠠᠷᠤᠯ ᠢ ᠲᠠᠳᠠᠵᠦ᠂ ᠰᠤᠷᠭᠠᠭᠤᠯᠢ ᠶᠢᠨ ᠬᠦᠷᠢᠶᠡᠨ ᠳᠤ ᠰᠤᠷᠤᠭᠴᠢ ᠴᠤᠬᠤᠮ ᠭᠠᠷ ᠤᠳᠠᠰᠦ ᠬᠡᠷᠡᠭᠯᠡᠪᠡᠯ ᠵᠦᠢᠲᠡᠢ ᠡᠰᠡᠬᠦ ᠶᠢᠨ ᠲᠤᠬᠠᠢ ᠲᠤᠮᠤ ᠮᠠᠷᠭᠤᠭᠠᠨ ᠡᠭᠦᠰᠭᠡᠵᠡᠢ᠃      ᠲᠦᠷᠦᠭᠦᠭᠡᠨ ᠮᠠᠨ ᠤ ᠤᠯᠤᠰ ᠲᠤ ᠴᠤ ᠬᠡᠰᠡᠨ ᠰᠤᠷᠤᠭᠴᠢ ᠶᠢᠨ ᠭᠠᠷ ᠤᠳᠠᠰᠦ ᠶᠢ ᠰᠢᠳᠠᠭᠠᠭᠰᠠᠨ ᠵᠡᠷᠭᠡ ᠬᠡᠷᠡᠭ ᠭᠠᠷᠴᠦ ᠪᠠᠶᠢᠭᠰᠠᠨ᠃ ᠲᠡᠭᠡᠪᠡᠯ ᠰᠤᠷᠭᠠᠭᠤᠯᠢ ᠲᠡᠷᠡᠴᠢᠯᠡᠨ ᠵᠠᠰᠠᠭ ᠤᠨ ᠤᠷᠳᠤᠨ ᠠᠴᠠ ᠶᠠᠭᠠᠬᠢᠭᠠᠳ ᠰᠤᠷᠤᠭᠴᠢ ᠳᠤ ᠡᠶᠢᠮᠦᠷᠬᠦ ᠲᠦᠢᠯᠰᠢᠷᠡᠩᠭᠤᠢ ᠠᠷᠭ᠎ᠠ ᠠᠪᠴᠦ ᠪᠠᠶᠢᠭ᠎ᠠ ᠲᠤᠬᠠᠢ ᠵᠠᠳᠠᠯᠪᠠᠯ᠂ ᠤᠶᠤᠨᠴᠢ ᠭᠠᠷ ᠤᠳᠠᠰᠤ ᠨᠢ ᠶᠠᠷᠢᠶᠠᠨ ᠦᠭᠡᠢ ᠬᠦᠮᠦᠰ ᠤᠨ ᠠᠮᠢᠳᠤᠷᠠᠯ ᠰᠤᠷᠤᠯᠭ᠎ᠠ ᠳᠤ ᠮᠠᠰᠢ ᠤᠯᠠᠨ ᠲᠦᠭᠦᠮ ᠨᠦᠭᠦᠴᠡᠯ ᠬᠠᠨᠭ᠍ᠭᠠᠭᠰᠠᠨ ᠴᠤ ᠨᠤᠴᠢᠲᠠᠢ ᠨᠠᠵᠠᠭᠠᠢ ᠦᠢᠯᠡᠳᠦᠯ ᠦᠵᠡᠭᠦᠯᠦᠭᠰᠡᠭᠡᠷ ᠢᠷᠡᠭᠰᠡᠨ ᠠᠴᠠ ᠪᠤᠯᠤᠭᠰᠨ ᠶᠤᠮ᠃ ᠵᠢᠱᠢᠶᠡᠯᠡᠪᠡᠯ ᠰᠤᠷᠤᠭᠴᠢ ᠭᠠᠷ ᠤᠳᠠᠰᠤᠨ ᠳᠤ ᠰᠢᠨᠤᠬᠤ ᠠᠴᠠ ᠪᠤᠯᠵᠦ ᠬᠢᠴᠢᠶᠡᠯ ᠰᠤᠷᠤᠯᠭ᠎ᠠ ᠪᠠᠨ ᠬᠠᠷᠰᠢᠯᠠᠳᠠᠭ︔ ᠨᠡᠩ ᠲᠤᠷᠠᠳᠤᠭᠤᠰᠢᠲᠠᠢ ᠨᠢ᠂ ᠰᠤᠷᠤᠭᠴᠢ ᠭᠠᠷ ᠤᠳᠠᠰᠦ ᠤᠷᠲᠦ ᠬᠤᠭᠤᠴᠠᠭ᠎ᠠ ᠬᠡᠷᠡᠭᠯᠡᠭᠰᠡᠨ ᠠᠴᠠ ᠪᠤᠯᠵᠦ ᠰᠡᠳᠬᠢᠯ ᠠᠯᠭᠠᠰᠠᠬᠤ᠂ ᠨᠦᠢᠷ ᠬᠤᠯᠵᠢᠬᠤ᠂ ᠬᠡᠢ ᠬᠤᠭᠤᠰᠤᠨ᠂ ᠭᠠᠭᠴᠠᠭᠠᠷᠳᠠᠮᠠᠯ ᠪᠤᠳᠤᠯ ᠲᠠᠢ ᠪᠤᠯᠬᠤ ᠦᠵᠡᠭᠳᠡᠯ ᠪᠤᠢ᠂ ᠡᠶᠢᠮᠦᠷᠬᠦ ᠢᠯᠡᠷᠡᠯ ᠨᠢ ᠰᠤᠷᠤᠭᠴᠢ ᠶᠢᠨ ᠠᠮᠢ ᠪᠠᠨ ᠬᠤᠤᠷᠯᠠᠬᠤ ᠨᠤᠷᠮ᠎ᠠ ᠶᠢ ᠦᠯᠦ ᠮᠡᠳᠡᠭᠳᠡᠮ᠎ᠡ ᠲᠡᠭᠡᠭᠰᠢᠯᠡᠭᠦᠯᠵᠦ ᠪᠠᠶᠢᠨ᠎ᠠ ᠭᠡᠵᠦ ᠰᠤᠳᠤᠯᠭᠠᠲᠠᠳ ᠵᠢᠭᠠᠵᠦ ᠭᠠᠷᠭᠠᠵᠠᠢ᠃        ᠲᠡᠭᠡᠪᠡᠯ ᠭᠠᠷ ᠤᠳᠠᠰᠦ ᠬᠡᠷᠡᠭᠯᠡᠬᠦ ᠶᠢ ᠴᠠᠭᠠᠵᠠᠯᠠᠭᠰᠠᠨ ᠤ ᠲᠠᠷᠠᠭᠠᠬᠢ ᠦᠷ᠎ᠡ ᠳ᠋ᠦᠡᠭ ᠨᠢ ᠶᠠᠮᠠᠷ ᠪᠠᠶᠢᠳᠠᠭ ᠪᠤᠯ︖ ᠤᠶᠢᠢᠷ᠎ᠠ ᠶᠢᠨ ᠡᠳᠦᠷ ᠲᠤ ᠯᠤᠨᠳᠤᠨ ᠤ ᠤᠯᠤᠰ ᠲᠦᠷᠦ ᠠᠵᠦ ᠠᠬᠤᠢ ᠶᠢᠨ ᠲᠡᠭᠡᠳᠦ ᠰᠤᠷᠭᠠᠭᠤᠯᠢ ᠶᠢᠨ ᠨᠢᠭᠡᠨ ᠰᠤᠳᠤᠯᠭᠠᠨ ᠳᠤ᠂ ᠭᠠᠷ ᠤᠳᠠᠰᠦ ᠶᠢ ᠴᠠᠭᠠᠵᠠᠯᠠᠭᠰᠠᠨ ᠰᠤᠷᠭᠠᠭᠤᠯᠢ ᠨᠤᠭᠤᠳ ᠤᠨ ᠲᠤᠳᠤᠷ᠎ᠠ᠂ 16 ᠨᠠᠰᠤᠲᠠᠢ ᠰᠤᠷᠤᠭᠴᠢ ᠶᠢᠨ ᠰᠢᠯᠭᠠᠯᠲᠠ ᠶᠢᠨ ᠬᠢᠷᠢ ᠪᠦᠲᠦᠮᠵᠢ ᠨᠢ 6. 4% ᠢᠶᠠᠷ ᠲᠡᠭᠡᠭᠰᠢᠯᠡᠵᠦ᠂ ᠡᠨᠡᠬᠦ ᠲᠤᠭ᠎ᠠ ᠪᠠᠷᠢᠮᠲᠠ ᠨᠢ ᠵᠢᠯ ᠪᠤᠯᠭᠠᠨ ᠢᠯᠡᠭᠦᠦ 5 ᠡᠳᠦᠷ ᠰᠤᠷᠤᠯᠴᠠᠵᠦ ᠪᠠᠶᠢᠮᠠᠨᠵᠢᠨ ᠤᠯᠬᠤ ᠬᠤᠪᠢᠨ ᠤ ᠲᠡᠭᠡᠭᠰᠢᠯᠡᠯᠲᠡ ᠲᠠᠢ ᠲᠡᠩᠴᠡᠨ᠎ᠡ ᠬᠡᠵᠡᠢ᠃ ᠡᠭᠦᠨ ᠠᠴᠠ ᠰᠤᠷᠤᠭᠴᠢ ᠶᠢᠨ ᠭᠠᠷ ᠤᠳᠠᠰᠦ ᠬᠡᠷᠡᠭᠯᠡᠬᠦ ᠶᠢ ᠴᠠᠭᠠᠵᠠᠯᠠᠭᠰᠠᠨ ᠶᠠᠪᠤᠳᠠᠯ ᠨᠢ ᠢᠳᠡᠪᠬᠢ ᠦᠢᠯᠡᠳᠦᠯ ᠭᠠᠷᠭᠠᠭᠰᠠᠨ ᠬᠡᠳᠡᠭ ᠢ ᠮᠡᠳᠡᠵᠦ ᠪᠤᠯᠤᠨ᠎ᠠ᠃       ᠭᠠᠷ ᠤᠳᠠᠰᠤᠨ ᠤ ᠠᠰᠢᠭ ᠬᠤᠤᠷ ᠢ ᠭᠦᠢᠴᠡᠳ ᠲᠠᠨᠢᠭᠰᠠᠨ ᠦᠨᠦᠳᠦᠷ᠂ ᠮᠠᠨ ᠤ ᠤᠯᠤᠰ ᠰᠤᠷᠤᠭᠴᠢᠳ ᠤᠨ ᠭᠠᠷ ᠤᠳᠠᠰᠦ ᠬᠡᠷᠡᠭᠯᠡᠬᠦ ᠳᠤ ᠬᠤᠷᠢᠭ᠎ᠠ ᠱᠤᠭᠤᠮ ᠲᠤᠭᠲᠠᠭᠠᠵᠦ ᠦᠭᠪᠡᠯ ᠵᠤᠬᠢᠨ᠎ᠠ᠃ ᠭᠠᠷ ᠤᠳᠠᠰᠦ ᠬᠡᠷᠡᠭᠯᠡᠬᠦ ᠲᠦᠷᠢᠮ ᠲᠤᠭᠲᠠᠭᠠᠵᠦ᠂ ᠶᠠᠮᠠᠷ ᠴᠠᠭ ᠶᠠᠮᠠᠷ ᠭᠠᠵᠠᠷ ᠶᠠᠮᠠᠷ ᠰᠢᠯᠲᠠᠭᠠᠨ ᠢᠶᠠᠷ ᠬᠡᠷᠡᠭᠯᠡᠬᠦ ᠲᠤᠬᠠᠢ ᠨᠠᠷᠢᠨ ᠲᠤᠭᠳᠠᠭᠠᠯ ᠭᠠᠷᠭᠠᠨ᠎ᠠ᠃ ᠵᠢᠱᠢᠶᠡᠯᠡᠪᠡᠯ᠂ ᠠᠩᠭᠢ ᠶᠢᠨ ᠭᠡᠷ ᠲᠤ ᠭᠠᠷ ᠤᠳᠠᠰᠤ ᠬᠤᠷᠢᠶᠠᠬᠤ ᠲᠤᠰᠬᠠᠢ ᠬᠤᠷᠭᠤ ᠲᠤᠬᠢᠷᠠᠭᠤᠯᠵᠦ᠂ ᠬᠢᠴᠢᠶᠡᠯ ᠤᠨ ᠴᠠᠭ ᠲᠤ ᠰᠤᠷᠤᠭᠴᠢᠳ ᠤᠨ ᠭᠠᠷ ᠤᠳᠠᠰᠦ ᠶᠢ ᠬᠤᠷᠢᠶᠠᠨ ᠠᠪᠴᠦ ᠬᠠᠲᠠᠭᠠᠯᠠᠨ᠎ᠠ︔ ᠬᠡᠷᠪᠡ ᠰᠤᠷᠭᠠᠭᠤᠯᠢ ᠠᠴᠠ ᠭᠠᠷ ᠤᠳᠠᠰᠦ ᠬᠡᠷᠡᠭᠯᠡᠬᠦ ᠶᠢ ᠴᠠᠭᠠᠵᠠᠯᠠᠭᠰᠠᠨ ᠪᠠᠶᠢᠪᠠᠯ᠂ ᠰᠤᠷᠭᠠᠭᠤᠯᠢ ᠶᠢᠨ ᠬᠦᠷᠢᠶᠡᠨ ᠤ ᠦᠨᠴᠦᠭ ᠪᠤᠯᠤᠩ ᠪᠦᠷᠢ ᠳᠤ ᠨᠡᠶᠢᠲᠡ ᠶᠢᠨ ᠳ᠋ᠢᠶᠠᠩᠬᠤᠸᠠ ᠲᠤᠬᠢᠷᠠᠭᠤᠯᠵᠦ᠂ ᠪᠠᠴᠢᠮ ᠪᠠᠶᠢᠳᠠᠯ ᠢ ᠠᠷᠭᠠᠴᠠᠵᠦ ᠪᠤᠯᠤᠨ᠎ᠠ᠃  
 
ᠢᠷᠡᠯᠲᠡ᠄ ᠳᠣᠮᠳᠠᠳᠦ ᠣᠯᠣᠰ ᠤᠨ ᠮᠣᠩᠭᠤᠯ ᠬᠡᠯᠡᠨ ᠤ ᠰᠣᠨᠢᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号