ᠬᠠᠨᠤᠳᠠᠯ᠎ᠠ ᠤᠨᠳᠠᠬᠤ ᠪᠤᠯ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠬᠦᠯ ᠢᠶᠠᠷ | ᠦᠰᠤᠨ ᠪᠤᠶᠢᠵᠢᠬᠤ ᠶᠢᠨ ᠴᠢᠬᠤᠯᠠ ᠪᠠᠳᠤᠯᠠᠭ᠎ᠠ ᠪᠤᠯᠤᠨ᠎ᠠ᠃ ᠰᠤᠷᠭᠠᠨ ᠬᠥᠮᠤᠵᠢᠯ ᠤᠨ ᠶᠠᠮᠤᠨ ᠤ ︽ᠲᠤᠮᠳᠠᠳᠤ | ᠪᠠᠭ᠎ᠠ ᠰᠤᠷᠭᠠᠭᠤᠯᠢ ᠶᠢᠨ ᠡᠷᠡᠬᠦᠯ ᠮᠡᠨᠳᠤ ᠶᠢᠨ ᠬᠥᠮᠤᠵᠢᠯ ᠤᠨ ᠵᠢᠯᠤᠭᠤᠳᠬᠤ ᠲᠤᠪᠴᠢ︾ ᠳᠤ᠂ ᠪᠠᠭ᠎ᠠ | ᠰᠤᠷᠭᠠᠭᠤᠯᠢ ᠶᠢᠨ ᠰᠤᠷᠤᠭᠴᠢ ᠡᠳᠤᠷ ᠪᠦᠷᠢ 10 ᠴᠠᠭ ᠤᠨᠳᠠᠪᠠᠯ ᠵᠤᠬᠢᠨ᠎ᠠ᠂ ᠠᠩᠬ᠎ᠠ ᠲᠤᠮᠳᠠᠳᠤ ᠶᠢᠨ ᠰᠤᠷᠤᠭᠴᠢ | ᠡᠳᠤᠷ ᠪᠦᠷᠢ 9 ᠴᠠᠭ ᠤᠨᠳᠠᠪᠠᠯ ᠵᠤᠬᠢᠨ᠎ᠠ᠂ ᠦᠨᠳᠤᠷ ᠲᠤᠮᠳᠠᠳᠤ ᠶᠢᠨ ᠰᠤᠷᠤᠭᠴᠢ ᠡᠳᠤᠷ ᠪᠦᠷᠢ 8 ᠴᠠᠭ ᠤᠨᠳᠠᠪᠠᠯ | ᠵᠤᠬᠢᠨ᠎ᠠ ᠭᠡᠵᠤ ᠲᠤᠬᠳᠠᠭᠠᠵᠠᠢ᠃ ᠬᠡᠪᠡᠴᠤ᠂ ᠤᠨᠳᠠᠵᠤ ᠬᠠᠨᠤᠬᠤ ᠦᠭᠡᠢ ᠪᠠᠶᠢᠬᠤ ᠨᠢ ᠬᠠᠷᠢᠨ ᠲᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠡᠩ ᠤᠨ ᠦᠵᠡᠭᠳᠡᠯ ᠪᠤᠯᠵᠤ ᠪᠠᠶᠢᠨ᠎ᠠ᠃ | | | | ᠡᠨᠡ ᠨᠢ ᠰᠤᠷᠤᠭᠴᠢᠳ ᠤᠨ ᠰᠤᠷᠤᠯᠴᠠᠬᠤ ᠲᠠᠷᠤᠯᠳᠠ ᠶᠡᠭᠡ᠂ ᠬᠢᠴᠢᠶᠠᠯ ᠤᠨ ᠭᠠᠳᠠᠨᠠᠬᠢ ᠲᠠᠰᠬᠠᠯ ᠠᠷᠪᠢᠨ᠂ | ᠰᠤᠷᠭᠠᠭᠤᠯᠢ ᠳᠤ ᠪᠠᠶᠢᠬᠤ ᠴᠠᠭ ᠲᠡᠩᠳᠡᠬᠦᠤ ᠤᠷᠳᠤ᠂ ᠬᠢᠴᠢᠶᠠᠯ ᠤᠨ ᠭᠠᠳᠠᠨᠠᠬᠢ ᠡᠯᠳᠡᠪ ᠶᠠᠩᠵᠤ ᠶᠢᠨ ᠰᠤᠷᠤᠯᠴᠠᠬᠤ | ᠠᠩᠬᠢ ᠬᠡᠳᠤ ᠤᠯᠠᠨ ᠭᠡᠬᠦ ᠮᠡᠳᠤ ᠶᠢᠨ ᠰᠢᠯᠳᠠᠭᠠᠨ ᠠᠴᠠ ᠪᠤᠯᠵᠠᠢ᠃ ᠡᠬᠦᠨ ᠳᠤ ︽ᠰᠤᠷᠭᠠᠭᠤᠯᠢ ᠳᠤ ᠪᠠᠶᠢᠬᠤ ᠴᠠᠭ | ᠲᠡᠩᠳᠡᠬᠦᠤ ᠤᠷᠳᠤ︾ ᠪᠠᠶᠢᠬᠤ ᠠᠰᠠᠭᠤᠳᠠᠯ ᠨᠢ ᠨᠡᠩ ᠢᠯᠡᠷᠭᠡᠢ ᠪᠠᠶᠢᠨ᠎ᠠ᠃ ᠪᠠᠶᠢᠴᠠᠭᠠᠨ ᠰᠤᠳᠤᠯᠤᠯᠳᠡ ᠪᠠᠷ ᠤᠯᠵᠤ | ᠮᠡᠳᠡᠭᠰᠡᠨ ᠨᠢ᠂ ᠪᠦᠬᠦ ᠤᠯᠤᠰ ᠤᠨ ᠮᠠᠰᠢ ᠤᠯᠠᠨ ᠭᠠᠵᠠᠷ ᠤᠨ ᠪᠠᠭ᠎ᠠ ᠰᠤᠷᠭᠠᠭᠤᠯᠢ ᠶᠢᠨ ᠲᠤᠭᠳᠠᠭᠠᠭᠰᠠᠨ | ᠰᠤᠷᠭᠠᠭᠤᠯᠢ ᠳᠤ ᠬᠥᠷᠬᠦ ᠴᠠᠭ ᠨᠢ 7 ᠴᠠᠭ ᠬᠠᠭᠠᠰ ᠠᠴᠠ ᠡᠷᠳᠡ ᠪᠠᠶᠢᠵᠤ᠂ ᠲᠤᠮᠳᠠᠳᠤ ᠰᠤᠷᠭᠠᠭᠤᠯᠢ ᠶᠢᠨ | ᠲᠤᠬᠳᠠᠭᠠᠭᠰᠠᠨ ᠰᠤᠷᠭᠠᠭᠤᠯᠢ ᠳᠤ ᠬᠥᠷᠬᠦ ᠴᠠᠭ ᠨᠢ 7 ᠴᠠᠭ ᠡᠷᠳᠡ ᠪᠠᠶᠢᠳᠠᠭ᠂ ᠢᠶᠢᠮᠤ ᠪᠤᠯᠬᠤᠷ ᠪᠠᠭ᠎ᠠ | ᠰᠤᠷᠭᠠᠭᠤᠯᠢ ᠶᠢᠨ ᠰᠤᠷᠤᠭᠴᠢ 6 ᠴᠠᠭ ᠭᠠᠷᠤᠢ ᠳᠤ ᠪᠤᠰᠴᠤ᠂ ᠲᠤᠮᠳᠠᠳᠤ ᠰᠤᠷᠭᠠᠭᠤᠯᠢ ᠶᠢᠨ ᠰᠤᠷᠤᠭᠴᠢ 6 ᠴᠠᠭ | ᠦᠩᠭᠡᠷᠡᠮᠡᠭᠴᠠ ᠪᠤᠰᠴᠢᠬᠠᠳᠠᠭ᠃ ᠪᠠᠰᠠ ᠮᠠᠰᠢ ᠤᠯᠠᠨ ᠲᠤᠮᠳᠠᠳᠤ ᠰᠤᠷᠭᠠᠭᠤᠯᠢ ᠶᠢᠨ ᠤᠷᠤᠢ ᠶᠢᠨ ᠲᠠᠪᠳᠠᠯᠭ᠎ᠠ ᠶᠢᠨ | ᠴᠠᠭ ᠨᠢ 21 ᠴᠠᠭ ᠢ ᠬᠡᠳᠤᠷᠡᠳᠡᠭ ᠪᠤᠯᠬᠤᠷ ᠰᠤᠷᠤᠭᠴᠢᠳ 22 ᠴᠠᠭ ᠠᠴᠠ ᠡᠮᠤᠨ᠎ᠠ ᠤᠨᠳᠠᠬᠤ ᠳᠤ ᠪᠡᠷᠭᠡ ᠪᠠᠶᠢᠳᠠᠭ | ᠃ | | | | | | | | | | ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠠᠨᠤᠳᠠᠯ᠎ᠠ ᠤᠨᠳᠠᠬᠤ ᠶᠢ ᠪᠠᠳᠤᠯᠠᠬᠤ ᠶᠢᠨ ᠲᠤᠰᠠᠳᠠ | ᠂ ᠲᠤᠤᠷᠡᠬᠢ ᠮᠡᠳᠤ ᠬᠡᠳᠤᠨ ᠰᠠᠨᠠᠭᠤᠯᠭ᠎ᠠ ᠭᠠᠷᠭᠠᠶ᠎ᠠ᠄ | ᠲᠤᠮᠳᠠᠳᠤ ᠪᠠᠭ᠎ᠠ ᠰᠤᠷᠭᠠᠭᠤᠯᠢ ᠰᠤᠷᠭᠠᠨ ᠬᠥᠮᠤᠵᠢᠯ ᠤᠨ ᠦᠢᠯᠠᠭᠠᠬᠳᠠᠬᠤᠨ ᠢᠶᠠᠨ ᠬᠤᠪᠢᠷᠠᠭᠤᠯᠬᠤ᠃ | ᠰᠤᠷᠤᠭᠴᠢᠳ ᠤᠨ ᠪᠡᠶ᠎ᠡ ᠶᠢᠨ ᠪᠠ ᠰᠡᠳᠭᠢᠴᠡ ᠶᠢᠨ ᠡᠷᠡᠬᠦᠯ ᠮᠠᠨᠳᠤ ᠶᠢ ᠴᠢᠬᠤᠯᠠᠴᠢᠯᠠᠨ᠂ ᠰᠤᠷᠤᠭᠴᠢᠳ ᠤᠨ ᠨᠠᠰᠤᠨ | ᠲᠤᠷᠰᠢ ᠶᠢᠨ ᠬᠥᠭᠵᠢᠯᠳᠡ ᠠᠴᠠ ᠪᠤᠳᠤᠯᠬᠢᠯᠠᠵᠤ᠂ ᠰᠤᠷᠤᠭᠴᠢᠳ ᠤᠨ ᠤᠨᠳᠠᠬᠤ ᠴᠠᠭ ᠢ ᠦᠷᠡᠭᠳᠡᠬᠦᠯᠵᠤ ᠪᠠᠶᠢᠭᠠᠳ | ᠰᠢᠯᠭᠠᠯᠳᠠ ᠶᠢᠨ ᠬᠢᠷᠢ ᠪᠦᠳᠤᠮᠵᠢ ᠶᠢ ᠲᠡᠭᠡᠭᠰᠢᠯᠡᠬᠦᠯᠬᠦ ᠨᠢᠳᠤᠨ ᠡᠮᠤᠨᠡᠬᠢ ᠶᠢ ᠪᠤᠳᠤᠯᠬᠢᠯᠠᠬᠤ ᠦᠢᠯᠡ ᠠᠵᠢᠯᠯᠠᠭ᠎ᠠ ᠪᠠᠨ | ᠬᠠᠶᠠᠭᠠᠷᠠᠢ᠃ | | | | | | ᠰᠤᠷᠭᠠᠨ ᠬᠥᠮᠤᠵᠢᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠰᠤᠷᠭᠠᠭᠤᠯᠢ ᠶᠢᠨ ᠠᠵᠢᠯᠯᠠᠵᠤ ᠠᠮᠠᠷᠠᠬᠤ | ᠴᠠᠭ ᠤᠨ ᠲᠤᠬᠠᠢ ᠲᠤᠰᠬᠠᠢ ᠪᠠᠶᠢᠴᠠᠭᠠᠯᠳᠠ ᠦᠷᠨᠢᠬᠦᠯᠬᠦ᠃ ᠠᠵᠢᠯᠯᠠᠵᠤ ᠠᠮᠠᠷᠠᠬᠤ ᠴᠠᠭ ᠨᠢ ᠠᠵᠢᠯᠯᠠᠵᠤ ᠠᠮᠠᠷᠠᠬᠤ | ᠲᠦᠷᠢᠮ ᠤᠨ ᠲᠤᠭᠳᠠᠭᠠᠯ ᠲᠠᠢ ᠨᠡᠶᠢᠴᠡᠬᠦ ᠦᠭᠡᠢ ᠦᠢᠯᠡ ᠠᠵᠢᠯᠯᠠᠭ᠎ᠠ ᠶᠢ ᠰᠢᠳᠭᠡᠵᠤ᠂ ᠲᠤᠬᠳᠠᠭᠰᠠᠨ | ᠬᠤᠭᠤᠴᠠᠭᠠᠨ ᠳᠤ ᠵᠠᠯᠠᠷᠠᠭᠤᠯᠤᠭᠤᠯᠤᠨ᠎ᠠ᠃ ᠲᠤᠤᠱᠳᠠᠢ ᠬᠡᠷᠡᠭᠵᠢᠬᠦᠯᠬᠦ ᠦᠭᠡᠢ ᠨᠢᠭᠡᠴᠠ ᠠᠴᠠ ᠵᠠᠰᠠᠭ ᠵᠠᠬᠢᠷᠭᠠᠨ ᠤ | ᠬᠠᠷᠢᠭᠤᠴᠠᠯᠭ᠎ᠠ ᠨᠡᠭᠡᠮᠵᠢᠯᠠᠨ᠎ᠠ᠃ |