ᠭᠡ᠊ ᠊ ᠮᠦᠡᠭᠭᠡ ᠫᠷᠤᠹᠧᠰᠰᠤᠷ ᠤᠨ ᠮᠤᠩᠭᠤᠯ ᠬᠦᠨ ᠤᠬᠠᠭᠠᠨ ᠢ ᠲᠦᠬᠡᠮᠡᠯᠵᠢᠬᠦᠯᠬᠦ ︽ᠪᠢᠯᠢᠭ ᠤᠨ ᠤᠬᠠᠭᠠᠨ︾ ᠲᠤᠰᠬᠠᠢ ᠪᠦᠳᠦᠭᠡᠯ ᠬᠡᠪᠯᠡᠭᠳᠡᠪᠡ
ᠨᠡᠶᠢᠲᠡᠯᠡᠭᠰᠡᠨ ᠴᠠᠭ᠄
2018/6/4
ᠵᠣᠬᠢᠶᠠᠭᠴᠢ᠄ ᠮᠦᠷᠡᠨ       5 ᠰᠠᠷ᠎ᠠ ᠶᠢᠨ 18 ᠤ ᠡᠳᠤᠷ᠂ ᠮᠠᠷᠺᠰ ᠤᠨ ᠮᠠᠨᠳᠤᠯᠡᠭᠰᠡᠨ 200 ᠵᠢᠯ ᠤᠨ ᠤᠢ ᠶᠢ ᠲᠤᠷᠡᠰᠬᠠᠬᠤ — ᠭᠡ᠊ ᠊ ᠮᠦᠡᠭᠭᠡ ᠫᠷᠤᠹᠧᠰᠰᠤᠷ ᠤᠨ ︽ᠪᠢᠯᠢᠭ ᠤᠨ ᠤᠬᠠᠭᠠᠨ︾ ᠨᠤᠮ ᠢ ᠲᠠᠷᠬᠠᠭᠠᠬᠤ ᠶᠤᠰᠤᠯᠠᠯ ᠵᠢᠴᠢ ᠬᠦᠨ ᠤᠬᠠᠭᠠᠨ ᠢ ᠲᠦᠬᠡᠮᠡᠯᠵᠢᠬᠦᠯᠬᠦ ᠬᠤᠷᠡᠯ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠶᠠᠪᠤᠬᠳᠠᠪᠠ᠃ ᠡᠨᠡ ᠨᠢ ᠮᠦᠨᠴᠦ᠂ ᠭᠡ᠊ ᠊ ᠮᠦᠡᠭᠭᠡ ᠫᠷᠤᠹᠧᠰᠰᠤᠷ ᠤᠨ ᠮᠤᠩᠭᠤᠯ ᠬᠦᠨ ᠤᠬᠠᠭᠠᠨ ᠤ ᠬᠢᠴᠢᠶᠠᠯ ᠬᠦᠮᠦᠵᠢᠯ ᠬᠢᠭᠡᠳ ᠡᠷᠳᠡᠮ ᠰᠢᠨᠵᠢᠯᠡᠭᠡᠨ ᠤ ᠠᠵᠢᠯ ᠳᠤ ᠤᠷᠤᠯᠴᠠᠬᠰᠡᠨ 60 ᠵᠢᠯ ᠤᠨ ᠤᠢ ᠶᠢ ᠲᠤᠷᠡᠰᠬᠠᠬᠤ ᠠᠵᠢᠯᠯᠠᠭ᠎ᠠ ᠪᠤᠯᠤᠨ᠎ᠠ᠃
     ᠭᠡ᠊ ᠊ ᠮᠦᠡᠭᠭᠡ ᠫᠷᠤᠹᠧᠰᠰᠤᠷ ᠪᠤᠯ ᠮᠤᠩᠭᠤᠯ ᠬᠦᠨ ᠤᠬᠠᠭᠠᠨ ᠬᠢᠭᠡᠳ ᠨᠡᠶᠢᠭᠡᠮ ᠤᠨ ᠦᠵᠠᠯ ᠰᠠᠨᠠᠭᠠᠨ ᠤ ᠲᠡᠤᠭᠡ ᠶᠢᠨ ᠰᠢᠨᠵᠢᠯᠡᠭᠡᠨ ᠤ ᠰᠠᠯᠠᠭ᠎ᠠ ᠶᠢᠨ ᠰᠠᠭᠤᠷᠢᠯᠠᠬᠴᠢ᠃ ᠲᠠᠷᠠ ᠪᠠᠷ ᠮᠠᠷᠺᠰ ᠤᠨ ᠦᠵᠠᠯ ᠤᠨ ᠬᠦᠨ ᠤᠬᠠᠭᠠᠨ ᠤ ᠵᠤᠬᠰᠤᠯᠳᠠ᠂ ᠦᠵᠠᠯᠳᠠ ᠪᠠ ᠠᠷᠭ᠎ᠠ ᠶᠢᠨ ᠵᠢᠯᠤᠭᠤᠳᠤᠯᠭ᠎ᠠ ᠪᠠᠷ ᠮᠤᠩᠭᠤᠯ ᠰᠤᠶᠤᠯ ᠪᠠ ᠬᠦᠨ ᠤᠬᠠᠭᠠᠨ ᠢ ᠰᠤᠳᠤᠯᠵᠦ᠂ ᠮᠤᠩᠭᠤᠯ ᠬᠦᠨ ᠤᠬᠠᠭᠠᠨ ᠬᠢᠭᠡᠳ ᠨᠡᠶᠢᠭᠡᠮ ᠤᠨ ᠦᠵᠠᠯ ᠰᠠᠨᠠᠭᠠᠨ ᠤ ᠲᠡᠤᠭᠡ ᠶᠢᠨ ᠰᠢᠨᠵᠢᠯᠡᠭᠡᠨ ᠤ ᠦᠨᠳᠤᠰᠤᠨ ᠬᠦᠷᠢᠶ᠎ᠠ ᠴᠠᠷᠠᠭ᠎ᠠ᠂ ᠦᠨᠳᠤᠰᠤᠨ ᠤᠨᠤᠯ ᠪᠤᠯᠤᠨ ᠰᠠᠭᠤᠷᠢ ᠮᠡᠳᠡᠯᠭᠡ ᠶᠢ ᠤᠨᠤᠯᠵᠢᠭᠤᠯᠤᠨ ᠰᠢᠰᠲ᠋ᠧᠮᠵᠢᠭᠦᠯᠵᠦ᠂ ᠲᠤᠰᠠᠭᠠᠷ ᠰᠢᠨᠵᠢᠯᠡᠭᠡᠨ ᠤ ᠰᠠᠯᠠᠭ᠎ᠠ ᠪᠤᠯᠭᠠᠨ ᠪᠠᠶᠢᠭᠤᠯᠵᠠᠢ᠃ ᠲᠡᠬᠦᠨ ᠳᠤ ︽ᠭᠡ᠊ ᠊ ᠮᠦᠡᠭᠭᠡ ᠶᠢᠨ ᠵᠤᠬᠢᠶᠠᠯ ᠤᠨ ᠬᠤᠷᠢᠶᠠᠩᠭᠤᠢ︾ ︵13 ᠪᠤᠳᠢ︶᠂ ︽ᠮᠤᠩᠭᠤᠯ ᠬᠦᠨ ᠤᠬᠠᠭᠠᠨ ᠤ ᠬᠤᠷᠢᠶᠠᠩᠭᠤᠢ︾ ᠵᠡᠷᠭᠡ 18 ᠡᠷᠳᠡᠮ ᠰᠢᠨᠵᠢᠯᠡᠭᠡᠨ ᠤ ᠲᠤᠰᠬᠠᠢ ᠪᠦᠳᠦᠭᠡᠯ ᠲᠠᠢ᠃
     ᠮᠤᠩᠭᠤᠯ ᠬᠦᠨ ᠤᠬᠠᠭᠠᠨ ᠢ ᠲᠦᠬᠡᠮᠡᠯᠵᠢᠬᠦᠯᠬᠦ ᠪᠠᠷ ᠵᠤᠷᠢᠯᠭ᠎ᠠ ᠪᠤᠯᠭᠠᠨ ᠵᠤᠬᠢᠶᠠᠬᠰᠡᠨ ︽ᠪᠢᠯᠢᠭ ᠤᠨ ᠤᠬᠠᠭᠠᠨ︾ ᠬᠡᠬᠦ ᠲᠤᠰᠬᠠᠢ ᠪᠦᠳᠦᠭᠡᠯ ᠳᠤ 13 ᠦᠬᠦᠯᠠᠮᠵᠢ ᠪᠦᠬᠦᠢ 81 ᠲᠦᠮᠠᠨ ᠦᠰᠦᠭ ᠲᠠᠢ᠃ ᠲᠤᠰ ᠪᠦᠳᠦᠭᠡᠯ ᠪᠤᠯ ᠵᠤᠬᠢᠶᠠᠬᠴᠢ ᠶᠢᠨ ᠲᠡᠭᠡᠷ᠎ᠠ ᠵᠠᠭᠤᠨ ᠤ ᠲᠠᠯᠠᠭᠠᠳ ᠤᠨ ᠠᠴᠠ ᠤᠳᠦ ᠪᠤᠯᠳᠡᠯᠡᠬᠢ ᠰᠤᠷᠴᠦ ᠰᠤᠳᠤᠯᠬᠤ ᠶᠠᠪᠤᠴᠠ᠂ ᠨᠤᠮ ᠪᠢᠴᠢᠭ ᠰᠤᠨᠢᠷᠬᠠᠨ ᠤᠡᠭᠰᠢᠬᠤ ᠬᠢᠭᠡᠳ ᠡᠳᠤᠷ ᠲᠤᠳᠤᠮ ᠤᠨ ᠠᠮᠢᠳᠤᠷᠡᠯ ᠲᠤᠮᠳᠠ ᠪᠠᠨ ᠲᠤᠯᠭᠠᠷᠠᠬᠰᠡᠨ ᠠᠰᠠᠭᠤᠳᠠᠯ ᠤᠳ ᠢ ᠨᠢᠬᠳᠠᠯᠠᠨ ᠰᠢᠨᠵᠢᠯᠠᠵᠦ᠂ ᠪᠤᠳᠠᠳᠠᠢ ᠰᠢᠬᠦᠮᠵᠢᠯᠠᠨ ᠲᠤᠩᠭᠠᠵᠦ᠂ ᠬᠦᠨ ᠤᠬᠠᠭᠠᠨ ᠤ ᠬᠦᠨ ᠤᠳᠬ᠎ᠠ ᠰᠠᠨᠠᠭ᠎ᠠ ᠶᠢ ᠲᠦᠬᠦᠮ ᠤᠶᠢᠢᠯᠠᠭᠠᠮᠵᠢᠳᠠᠢ᠂ ᠠᠮᠢᠳᠦ ᠲᠦᠷᠰᠦᠯᠢᠭ᠂ ᠠᠶᠢᠵᠠᠮ ᠴᠤᠬᠢᠯᠭ᠎ᠠ ᠲᠠᠢ ᠪᠠᠷ ᠵᠤᠷᠪᠤᠰᠯᠠᠨ ᠦᠬᠦᠯᠠᠵᠠᠢ᠃ ᠠᠭᠤᠯᠤᠮᠵᠢ ᠦᠷᠭᠡᠨ᠂ ᠤᠳᠬ᠎ᠠ ᠬᠦᠨ᠂ ᠤᠬᠠᠭᠠᠨ ᠨᠠᠪᠳᠠᠷᠬᠡᠢ᠂ ᠠᠷᠭ᠎ᠠ ᠴᠢᠳᠠᠮᠠᠭᠠᠢ᠂ ᠬᠡᠯᠪᠡᠷᠢ ᠰᠤᠯᠡ ᠵᠡᠷᠭᠡ ᠤᠨᠴᠠᠯᠢᠭ ᠲᠠᠢ ᠲᠤᠰ ᠨᠤᠮ ᠳᠤ ᠶᠤᠰᠦ ᠶᠢ ᠦᠬᠦᠯᠠᠨ᠂ ᠵᠦᠢ ᠶᠢ ᠨᠤᠳᠠᠯᠠᠨ᠂ ᠦᠨ᠎ᠠ ᠦᠷᠳᠡᠭ ᠢ ᠮᠠᠭᠠᠳᠯᠠᠨ ᠬᠦᠮᠦᠨ ᠰᠤᠶᠤᠯ ᠬᠢᠭᠡᠳ ᠰᠢᠨᠵᠢᠯᠡᠬᠦ ᠤᠬᠠᠭᠠᠨ ᠤ ᠦᠵᠠᠯ ᠰᠠᠨᠠᠭ᠎ᠠ ᠶᠢ ᠰᠤᠷᠳᠠᠯᠴᠢᠯᠠᠵᠦ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠠᠯᠳᠠ ᠶᠢ ᠬᠦᠢᠴᠡᠳ ᠲᠤᠰᠬᠠᠵᠠᠢ᠃     ᠶᠤᠰᠤᠯᠠᠯ ᠳᠤ᠂ ᠭᠡ᠊ ᠊ ᠮᠦᠡᠭᠭᠡ ᠫᠷᠤᠹᠧᠰᠰᠤᠷ ᠠᠴᠠ ︽ᠰᠤᠶᠤᠯ ᠤᠨ ᠢᠳᠡᠭᠡᠯ ᠢᠶᠠᠨ ᠪᠠᠳᠤᠳᠬᠠᠵᠦ᠂ ᠮᠤᠩᠭᠤᠯᠴᠤᠳ ᠤᠨ ᠬᠦᠨ ᠤᠬᠠᠭᠠᠨ ᠤ ᠤᠬᠠᠮᠰᠠᠷ ᠢ ᠲᠡᠭᠡᠭᠰᠢᠯᠡᠬᠦᠯᠦᠶ᠎ᠠ︾ ᠬᠡᠬᠦ ᠲᠤᠰᠬᠠᠢ ᠰᠡᠳᠤᠪᠳᠦ ᠢᠯᠡᠳᠭᠡᠯ ᠬᠢᠵᠦ᠂ ᠰᠢᠨ᠎ᠠ ᠴᠠᠭ ᠦᠶ᠎ᠠ ᠳᠤ ᠮᠤᠩᠭᠤᠯ ᠬᠦᠨ ᠤᠬᠠᠭᠠᠨ ᠤ ᠤᠨᠤᠯ ᠤᠨ ᠲᠤᠬᠳᠠᠯᠴᠠᠭ᠎ᠠ ᠶᠢ ᠴᠤᠬᠴᠠᠯᠠᠨ᠂ ᠮᠤᠩᠭᠤᠯ ᠰᠤᠶᠤᠯ ᠢᠶᠠᠨ ᠨᠠᠩ ᠦᠨᠳᠤᠷᠴᠨ ᠠᠴᠠ ᠲᠠᠨᠢᠶ᠎ᠠ ᠬᠡᠬᠦ ᠦᠵᠠᠯᠳᠠ ᠪᠠᠨ ᠲᠠᠪᠰᠢᠬᠦᠯᠦᠭᠰᠡᠨ ᠪᠠᠶᠢᠨ᠎ᠠ᠃
 
ᠢᠷᠡᠯᠲᠡ᠄ ᠳᠣᠮᠳᠠᠳᠦ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号