ᠡᠷᠢᠶᠡᠨ ᠬᠤᠲᠠ ᠶᠢᠨ ᠮᠣᠩᠭᠤᠯ ᠳᠣᠮᠳᠠᠳᠦ ᠰᠣᠷᠭᠠᠭᠤᠯᠢ ᠨᠢ ᠪᠦᠬᠦ ᠠᠶᠢᠮᠠᠭ ᠤᠨ ᠠᠷᠪᠠᠨ ᠭᠤᠷᠪᠠᠳᠣᠭᠠᠷ ᠬᠤᠭᠤᠴᠠᠭᠠᠨ ᠤ ᠳᠣᠮᠳᠠᠳᠦ ᠪᠠᠭ᠎ᠠ ᠰᠣᠷᠭᠠᠭᠤᠯᠢ ᠶᠢᠨ ᠰᠣᠷᠣᠭᠴᠢ ᠶᠢᠨ ᠣᠷᠠᠯᠢᠭ ᠤᠨ  ᠨᠠᠶᠢᠷ  ᠲᠤ ᠬᠤᠣᠰ ᠮᠠᠩᠯᠠᠢ ᠳᠣᠳᠣᠷᠠᠪᠠ
ᠨᠡᠶᠢᠲᠡᠯᠡᠭᠰᠡᠨ ᠴᠠᠭ᠄
2018/7/16
      2018 ᠣᠨ ᠤ7 ᠰᠠᠷ᠎ᠠ ᠶᠢᠨ6 ᠤ ᠡᠳᠦᠷ ᠠᠴᠠ9 ᠤ ᠡᠳᠦᠷ ᠪᠣᠯᠳᠠᠯ᠎ᠠ᠂ ᠰᠢᠯᠢ ᠶᠢᠨ ᠭᠤᠣᠯ ᠠᠶᠢᠮᠠᠭ  ᠤᠨ ᠰᠣᠷᠭᠠᠨ ᠬᠦᠮᠦᠵᠢᠯ   ᠤᠨ ᠳᠣᠪᠴᠢᠶ᠎ᠠ ᠠᠴᠠ ᠡᠷᠬᠢᠯᠡᠵᠦ᠂ ᠳᠠᠶᠢᠹᠦᠰᠧ ᠬᠤᠰᠢᠭᠤᠨ ᠤ  ᠰᠣᠷᠭᠠᠨ ᠬᠦᠮᠦᠵᠢᠯ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠳᠣᠪᠴᠢᠶᠠᠨ ᠠᠴᠠ  ᠳᠠᠭᠠᠭᠠᠴᠢᠯᠠᠨ ᠡᠷᠬᠢᠯᠡᠭᠰᠡᠨ ︽ ᠨᠠᠷᠠᠨ ᠤ ᠬᠡᠷᠡᠯ  ᠳᠤ ᠪᠣᠶᠢᠵᠢᠬᠤ︾  ᠭᠤᠣᠯ ᠰᠡᠳᠦᠪᠳᠦ  ᠪᠦᠬᠦ ᠠᠶᠢᠮᠠᠭ ᠤᠨ ᠠᠷᠪᠠᠨ ᠭᠤᠷᠪᠠᠳᠣᠭᠠᠷ ᠬᠤᠭᠤᠴᠠᠭᠠᠨ ᠤ ᠳᠣᠮᠳᠠᠳᠦ ᠪᠠᠭ᠎ᠠ ᠰᠣᠷᠭᠠᠭᠤᠯᠢ ᠶᠢᠨ ᠰᠣᠷᠣᠭᠴᠢ ᠶᠢᠨ ᠰᠣᠷᠭᠠᠨ ᠬᠦᠮᠦᠵᠢᠯ ᠣᠷᠠᠯᠢᠭ ᠤᠨ ᠨᠠᠶᠢᠷ ᠤᠨ ᠰᠢᠯᠢᠳᠡᠭ ᠳᠣᠭᠯᠠᠯᠲᠠ  ᠶᠢᠨ ᠦᠵᠡᠬᠦᠯᠦᠯᠭᠡ ᠶᠢᠨ ᠬᠦᠳᠡᠯᠭᠡᠭᠡᠨ  ᠳᠠᠶᠢᠹᠦᠰᠧ ᠬᠤᠰᠢᠭᠤᠨ ᠳᠤ ᠦᠪᠡᠳᠡᠭᠰᠢ ᠪᠠᠷ ᠶᠠᠪᠣᠭᠳᠠᠪᠠ᠃        ᠳᠣᠰ  ᠣᠷᠣᠯᠳᠣᠭᠠᠨ ᠳᠤ ᠡᠯ᠎ᠡ ᠬᠤᠰᠢᠭᠤ ᠰᠢᠶᠠᠨ  ᠬᠤᠲᠠ ᠶᠢᠨ74 ᠰᠢᠯᠢᠳᠡᠭ ᠳᠣᠭᠯᠠᠯᠲᠠ ᠪᠠᠶᠢᠵᠦ᠂ ᠮᠠᠨ ᠤ ᠰᠣᠷᠭᠠᠭᠤᠯᠢ ᠨᠢ ᠡᠷᠢᠶᠡᠨ ᠬᠤᠲᠠ ᠶᠢ ᠳᠦᠯᠦᠭᠡᠯᠡᠨ ᠪᠦᠵᠢᠭ ᠪᠠ ᠬᠦᠭᠵᠢᠮ ᠤᠨ  ᠬᠤᠶᠠᠷ ᠳᠣᠭᠯᠠᠯᠲᠠ  ᠪᠡᠯᠡᠳᠬᠡᠵᠦ ᠣᠷᠣᠯᠴᠠᠪᠠ᠃ ᠭᠤᠷᠪᠡᠨ ᠡᠳᠦᠷ ᠤᠨ ᠬᠤᠷᠴᠠ ᠰᠢᠷᠦᠬᠦᠨ ᠦᠷᠢᠰᠦᠯᠳᠦᠬᠡᠨ ᠢᠶᠠᠷ ᠳᠠᠮᠵᠢᠨ ᠮᠠᠨ ᠤ ᠰᠣᠷᠭᠠᠭᠤᠯᠢ ᠶᠢᠨ ᠳᠡᠷᠬᠡᠯ ᠪᠠᠭᠰᠢ ᠪᠠ ᠦᠷᠢᠨᠴᠣᠯᠮᠣᠨ ᠪᠠᠭᠰᠢ ᠶᠢᠨ ᠵᠢᠯᠣᠭᠤᠳᠣᠭᠰᠠᠨ ᠬᠠᠮᠳᠦ   ᠶᠢᠨ ᠪᠦᠵᠢᠭ ︽ ᠰᠠᠯᠬᠢᠴᠢ ᠰᠢᠪᠠᠭᠤ︾ ᠨᠢ ᠪᠦᠵᠢᠭ ᠤᠨ ᠳᠦᠷᠦᠯ  ᠳᠣᠳᠣᠷ᠎ᠠ ᠪᠠᠨ ᠨᠢᠭᠡᠳᠦᠬᠡᠷ ᠨᠡᠷ᠎ᠡ ᠳᠤ ᠳᠣᠳᠣᠷᠠᠵᠦ  ᠂  ᠨᠠᠷᠠᠰᠦ ᠪᠠᠭᠰᠢ ᠶᠢᠨ ᠵᠢᠯᠣᠭᠤᠳᠣᠭᠰᠠᠨ ᠮᠣᠷᠢᠨ ᠬᠤᠭᠤᠷ ᠤᠨ ᠳᠦᠷᠪᠡᠯ ︽ ᠪᠣᠷᠵᠢᠬᠢᠨ ᠳᠠᠯ᠎ᠠ︾ ᠨᠢ ᠬᠦᠭᠵᠢᠮ ᠤᠨ ᠳᠦᠷᠦᠯ  ᠳᠣᠳᠣᠷ᠎ᠠ ᠪᠠᠨ ᠨᠢᠭᠡᠳᠦᠬᠡᠷ ᠨᠡᠷ᠎ᠡ ᠳᠤ ᠳᠣᠳᠣᠷᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号