ᠨᠠᠷᠠᠨ ᠳᠤ ᠰᠢᠷᠠᠬᠳᠠᠵᠤ ᠰᠢᠷᠬᠠᠯᠠᠪᠠᠯ ᠳᠠᠷᠦ᠋ᠢᠬᠠᠨ ᠠᠷᠭ᠎ᠠ ᠬᠡᠮᠵᠢᠶ᠎ᠠ ᠠᠪᠬᠤ ᠬᠡᠷᠡᠭᠳᠡᠢ
ᠨᠡᠶᠢᠲᠡᠯᠡᠭᠰᠡᠨ ᠴᠠᠭ᠄
2018/7/18
       1. ᠨᠠᠷᠠᠨ ᠳᠤ ᠶᠠᠪᠤᠭᠠᠳ ᠠᠷᠠᠰᠤ ᠬᠤᠷᠤᠰᠴᠤ ᠤᠯᠠᠶᠢᠬᠤ ᠪᠠᠶᠢᠳᠠᠯ ᠭᠠᠷᠪᠠᠯ ᠳᠠᠷᠦ᠋ᠢᠬᠠᠨ  ᠨᠠᠷᠠᠨ ᠠᠴᠠ  ᠬᠠᠯᠬᠠᠯᠠᠬᠤ‌ᠠᠷᠭ᠎ᠠ ᠬᠡᠮᠵᠢᠶ᠎ᠠ ᠠᠪᠬᠤ ᠭᠡᠷᠡᠭᠳᠡᠢ᠃ ᠬᠡᠷᠪᠡ ᠦᠷᠭᠦᠯᠵᠢᠯᠡᠨ  ᠨᠠᠷᠠᠨ ᠳᠤ  ᠰᠢᠷᠠᠭᠳᠠᠬᠤ ᠳᠤ  ᠬᠦᠷᠪᠡᠯ  ᠰᠢᠷᠬᠠᠳᠤᠯ ᠨᠢ  ᠤᠯᠠᠮ‌‍ᠬᠦ᠋ᠨᠳᠦᠷᠡᠳᠡᠭ᠂ ᠨᠠᠷᠠᠨ ᠤ ᠰᠢᠷᠬᠠᠳᠤᠯ ᠤᠨ ᠬᠦᠭᠵᠢᠯᠳᠡ ᠶᠢᠨ ᠶᠠᠪᠤᠴᠠ ᠨᠢ ᠪᠠᠷᠤᠭ 4 — 6 ᠴᠠᠭ ᠪᠠᠶᠢᠳᠠᠭ ᠪᠤᠯᠬᠤᠷ  ᠭᠡᠳᠦᠢ‌ᠡᠷᠳᠡ ᠠᠷᠭ᠎ᠠ ᠬᠡᠮᠵᠢᠶ᠎ᠠ ᠠᠪᠤᠪᠠᠯ ᠳᠡᠳᠦᠢ ᠰᠠᠶᠢᠨ᠃       2. ᠬᠦᠢᠳᠡᠨ ᠤᠰᠤ ᠪᠠᠷ ᠱᠠᠪᠰᠢᠵᠤ ᠴᠢᠭᠢᠭ ᠢ ᠬᠠᠮᠠᠭᠠᠯᠠᠬᠤ  ᠣ  ᠳᠦᠷᠭᠢᠨ᠎ᠠ᠃  ᠠᠩᠬᠠᠷ︕  ᠮᠦᠰᠦ  ᠭᠡᠷᠡᠭᠯᠡᠵᠦ‌‍ᠪᠤᠯᠬᠤ ᠦᠭᠡᠢ᠂ ᠠᠯᠴᠢᠭᠤᠷ ᠢᠶᠠᠨ ᠬᠦᠷᠦᠭᠡᠭᠦᠷ ᠲᠤ  ᠬᠢᠵᠦ  ᠭᠦᠢᠳᠡᠨ  ᠪᠤᠯᠭᠠᠭᠠᠳ  ᠰᠢᠷᠠᠭᠳᠠᠭᠰᠠᠨ  ᠭᠠᠵᠠᠷ ᠢᠶᠠᠨ  ᠳᠠᠷᠤᠵᠤ‌‍ᠪᠤᠯᠤᠨ᠎ᠠ᠃ ᠳᠠᠬᠢᠨ ᠳᠠᠪᠳᠠᠨ ᠴᠢᠭᠢᠭ ᠢ ᠬᠠᠮᠠᠭᠠᠯᠠᠬᠤ ᠣ ᠳᠦᠷᠭᠢᠪᠡᠯ ᠠᠷᠠᠰᠤ ᠬᠠᠭᠤᠷᠬᠤ ᠶᠢ ᠪᠠᠭᠠᠰᠬᠠᠵᠤ  ᠪᠤᠯᠳᠠᠭ᠂  ᠸᠢᠲ᠋ᠠᠮᠢᠨC᠂ E ᠡᠯᠪᠡᠭ ᠠᠭᠤᠯᠤᠭᠰᠠᠨ ᠪᠦᠲᠦᠭᠡᠭᠳᠡᠭᠦᠨ ᠭᠡᠷᠡᠭᠯᠡᠪᠡᠯ ᠰᠠᠶᠢᠨ᠃       3. ᠬᠦᠨᠳᠦ ᠭᠡᠴᠡᠭᠦᠦ ᠰᠢᠷᠠᠭᠳᠠᠵᠤ ᠴᠦᠪᠦᠷᠢᠭᠦᠦ ᠭᠠᠷᠬᠤ ᠳᠡᠭᠡᠷ᠎ᠡ ᠬᠦᠷᠪᠡᠯ ᠪᠡᠶ᠎ᠡ ᠶᠢᠨ ᠤᠰᠤ ᠠᠯᠳᠠᠭᠳᠠᠳᠠᠭ᠂ ᠤᠰᠤ‌ᠢᠯᠡᠭᠦᠦ ᠨᠦᠬᠦᠪᠡᠯ ᠵᠤᠬᠢᠨ᠎ᠠ᠃  ᠬᠡᠦᠬᠡᠳ  ᠤᠨᠴᠠᠭᠠᠢᠢᠯᠠᠨ  ᠠᠩᠬᠠᠷᠬᠤ  ᠭᠡᠷᠡᠭᠳᠡᠢ᠃  ᠨᠠᠷᠠᠨ ᠳᠤ  ᠰᠢᠷᠠᠭᠳᠠᠵᠤ  ᠴᠦᠪᠦᠷᠢᠭᠦᠦ ᠭᠠᠷᠤᠭᠰᠠᠨ ᠭᠠᠵᠠᠷ ᠨᠢ ᠪᠡᠶ᠎ᠡ ᠶᠢᠨ 20% ︵ᠬᠡᠦᠬᠡᠳ ᠤᠨ ᠪᠦᠬᠦᠯᠢ  ᠨᠢᠷᠦᠭᠤᠨ ᠤ  ᠭᠡᠰᠡᠭ ᠲᠠᠢ  ᠪᠠᠷᠤᠭ  ᠳᠡᠩᠴᠡᠨ᠎ᠠ︶ ᠡᠴᠠ‌‍ᠲ᠋ᠠᠪᠠᠭᠰᠠᠨ ᠪᠠᠶᠢᠳᠠᠯ ᠳᠤ ᠡᠮᠨᠡᠯᠭᠡ ᠳᠤ ᠤᠴᠢᠪᠠᠯ ᠵᠤᠬᠢᠨ᠎ᠠ᠃       4. ᠨᠠᠷᠠᠨ ᠳᠤ ᠰᠢᠷᠠᠭᠳᠠᠪᠠᠯ ᠠᠷᠠᠰᠤ ᠬᠡᠪᠡᠷᠡᠭ ᠪᠤᠯᠳᠠᠭ᠂  ᠳᠡᠶᠢᠮᠦ ᠠᠴᠠ  ᠪᠡᠶ᠎ᠡ  ᠤᠭᠢᠶᠠᠬᠤ ᠳᠠᠭᠠᠨ  ᠰᠢᠷᠠᠭᠳᠠᠭᠰᠠᠨ‌‍ᠭᠡᠰᠡᠭ ᠢᠶᠠᠨ ᠭᠡᠳᠦ ᠰᠢᠷᠦᠭᠦᠨ ᠨᠢᠳᠭᠡᠷᠴᠦ  ᠠᠷᠴᠢᠬᠤ  ᠦᠭᠡᠢ  ᠪᠠᠶᠢᠬᠤ ᠶᠢ  ᠬᠢᠴᠢᠶᠡᠵᠦ᠂  ᠰᠢᠷᠬᠠᠯᠠᠵᠤ  ᠦᠷᠪᠢᠰᠦᠯᠡᠬᠦ ᠡᠴᠠ‌‍ᠰᠡᠷᠭᠡᠶᠢᠯᠡᠬᠦ ᠭᠡᠷᠡᠭᠳᠡᠢ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号