ᠳᠦᠷᠪᠡᠳᠦᠬᠡᠷ ᠣᠳᠠᠭᠠᠨ ᠤ ︽ᠡᠷᠢᠶᠡᠨ— ᠵᠠᠮ ᠤᠨ ᠡᠭᠦᠳᠡ︾  ᠬᠤᠨᠳᠠᠭᠠᠳᠦ ᠣᠯᠠᠨ ᠣᠯᠣᠰ ᠤᠨ ᠦᠰᠪᠣᠷᠢ ᠶᠢᠨ ᠬᠡᠣᠬᠡᠳ ᠤᠨ ᠬᠦᠯ ᠪᠦᠮᠪᠦᠬᠡᠨ ᠤ  ᠣᠷᠢᠯᠭ᠎ᠠ ᠶᠢᠨ ᠣᠷᠣᠯᠳᠣᠭᠠᠨ ᠶᠠᠪᠣᠭᠳᠠᠭᠰᠠᠨ
ᠨᠡᠶᠢᠲᠡᠯᠡᠭᠰᠡᠨ ᠴᠠᠭ᠄
2018/7/19
      ᠡᠷᠢᠶᠡᠨ ᠬᠤᠲᠠ ᠶᠢᠨ ᠮᠣᠩᠭᠤᠯ ᠦᠨᠳᠣᠰᠣᠳᠡᠨ ᠤ ᠳᠣᠮᠳᠠᠳᠦ ᠰᠣᠷᠭᠠᠭᠤᠯᠢ ᠭᠤᠣᠯᠯᠠᠨ ᠡᠷᠬᠢᠯᠡᠭᠰᠡᠨ ᠳᠦᠷᠪᠡᠳᠦᠬᠡᠷ ᠣᠳᠠᠭᠠᠨ ᠤ ︽ᠡᠷᠢᠶᠡᠨ— ᠵᠠᠮ ᠤᠨ ᠡᠭᠦᠳᠡ︾  ᠬᠤᠨᠳᠠᠭᠠᠳᠦ ᠣᠯᠠᠨ ᠣᠯᠣᠰ ᠤᠨ ᠦᠰᠪᠣᠷᠢ ᠬᠡᠣᠬᠡᠳ ᠤᠨ ᠬᠦᠯ ᠪᠦᠮᠪᠦᠬᠡᠨ ᠤ ᠣᠷᠢᠯᠭ᠎ᠠ ᠶᠢᠨ  ᠣᠷᠣᠯᠳᠣᠭᠠᠨ 7 ᠰᠠᠷ᠎ᠠ ᠶᠢᠨ 17 ᠤ ᠡᠳᠦᠷ᠂ ᠡᠷᠢᠶᠡᠨ ᠬᠤᠲᠠ  ᠶᠢᠨ ᠮᠣᠩᠭᠤᠯ ᠦᠨᠳᠣᠰᠣᠳᠡᠨ ᠤ ᠳᠣᠮᠳᠠᠳᠦ ᠰᠣᠷᠭᠠᠭᠤᠯᠢ ᠳᠤ ᠡᠬᠢᠯᠡᠨ ᠶᠠᠪᠣᠭᠳᠠᠪᠠ᠃       ᠣᠷᠣᠰ ᠤᠨ ᠣᠯᠠᠭᠠᠠᠦ᠋ᠳᠡ ᠬᠤᠲᠠ ᠶᠢᠨ ᠡᠷᠡᠭᠲᠠᠢ ᠶᠢᠨ ᠬᠦᠯ ᠪᠦᠮᠪᠦᠬᠡᠨ ᠠᠩᠬᠢ ᠪᠠ ᠰᠦᠨᠢᠳ ᠵᠡᠬᠦᠨ ᠬᠤᠰᠢᠭᠤᠨ ᠤ ᠮᠣᠩᠭᠤᠯ ᠦᠨᠳᠣᠰᠣᠳᠡᠨ ᠤ ᠳᠣᠮᠳᠠᠳᠦ ᠰᠣᠷᠭᠠᠭᠤᠯᠢ ᠶᠢᠨ ᠡᠷᠡᠭᠲᠠᠢ ᠬᠦᠯ ᠪᠦᠮᠪᠦᠬᠡᠨ ᠠᠩᠬᠢ ᠶᠢᠨ ᠮᠦᠷᠦᠶᠢᠴᠡᠭᠡᠨ ᠢᠶᠠᠷ ᠣᠷᠣᠯᠳᠣᠭᠠᠨ ᠤ ᠡᠬᠢᠯᠡᠯᠲᠠ ᠶᠢᠨ ᠬᠦᠰᠢᠭᠡ ᠶᠢ ᠰᠡᠬᠦᠭᠰᠡᠨ ᠪᠠᠶᠢᠨ᠎ᠠ᠃       ᠳᠣᠰ ᠣᠳᠠᠭᠠᠨ ᠤ ᠣᠷᠣᠯᠳᠣᠭᠠᠨ ᠳᠤ ᠮᠣᠩᠭᠤᠯ ᠣᠯᠣᠰ ᠤᠨ ᠣᠯᠠᠭᠠᠨᠪᠠᠭᠠᠳᠣᠷ ᠬᠤᠲᠠ᠂ ᠣᠷᠣᠰ ᠣᠯᠣᠰ ‍ᠤᠨ‌ᠣᠯᠠᠭᠠᠠᠦ᠋ᠳᠡ ᠬᠤᠲᠠ ᠪᠣᠯᠣᠨ ᠡᠷᠢᠶᠡᠨ ᠬᠤᠲᠠ᠂ ᠬᠦᠪᠡᠬᠡᠳᠦ ᠰᠢᠷ᠎ᠠ ᠬᠤᠰᠢᠭᠤ᠂ ᠠᠪᠠᠭ᠎ᠠ ᠬᠤᠰᠢᠭᠤ᠂ ᠰᠦᠨᠢᠳ ᠵᠡᠬᠦᠨ ᠬᠤᠰᠢᠭᠤ᠂ ᠰᠦᠨᠢᠳ ᠪᠠᠷᠠᠭᠤᠨ ᠬᠤᠰᠢᠭᠤ ᠵᠡᠷᠭᠡ ᠰᠢᠯᠢ ᠶᠢᠨ ᠭᠤᠣᠯ ᠠᠶᠢᠮᠠᠭ ᠤᠨ ᠬᠡᠰᠡᠭ ᠬᠤᠰᠢᠭᠤ ᠰᠢᠶᠠᠨ ᠠᠴᠠ ᠬᠦᠷᠦᠯᠴᠡᠨ ᠢᠷᠡᠭᠰᠡᠨ12 ᠬᠦᠯ ᠪᠦᠮᠪᠦᠬᠡᠨ ᠠᠩᠬᠢ ᠣᠷᠣᠯᠴᠠᠪᠠ᠃ ᠣᠷᠣᠯᠳᠣᠭᠠᠨ ᠤ ᠭᠤᠷᠪᠠᠨ ᠡᠳᠦᠷ ᠤᠨ ᠬᠤᠭᠤᠴᠠᠭ᠎ᠠ ᠲᠠᠢ ᠪᠠᠷ ᠡᠷᠡᠭᠲᠠᠢ ᠶᠢᠨ ᠠᠷᠪᠠᠨ ᠨᠢᠭᠡᠨ ᠬᠦᠮᠦᠨ ᠤ ᠳᠦᠷᠢᠮᠳᠦ ᠣᠷᠣᠯᠳᠣᠭᠠᠨ ᠪᠠ ᠡᠮᠡᠭᠲᠠᠢ ᠶᠢᠨ ᠳᠠᠪᠣᠨ ᠬᠦᠮᠦᠨ ᠤ ᠳᠦᠷᠢᠮᠳᠦ ᠣᠷᠣᠯᠳᠣᠭᠠᠨ ᠬᠡᠵᠦ ᠬᠤᠪᠢᠶᠠᠨ ᠶᠠᠪᠣᠭᠳᠠᠬᠤ ᠪᠣᠯᠣᠨ᠎ᠠ᠃       ᠳᠣᠰ ᠣᠳᠠᠭᠠᠨ ᠤ ︽ᠡᠷᠢᠶᠡᠨ— ᠵᠠᠮ ᠤᠨ ᠡᠭᠦᠳᠡ︾ ᠬᠤᠨᠳᠠᠭᠠᠳᠦ ᠣᠯᠠᠨ ᠣᠯᠣᠰ ᠤᠨ ᠦᠰᠪᠣᠷᠢ ᠬᠡᠣᠬᠡᠳ ᠤᠨ ᠬᠦᠯ ᠪᠦᠮᠪᠦᠬᠡᠨ ᠤ ᠣᠷᠢᠯᠭ᠎ᠠ ᠶᠢᠨ ᠣᠷᠣᠯᠳᠣᠭᠠᠨ ᠪᠣᠯ ᠡᠷᠢᠶᠡᠨ ᠬᠤᠲᠠ ᠶᠢᠨ ᠮᠣᠩᠭᠤᠯ ᠦᠨᠳᠣᠰᠣᠳᠡᠨ ᠤ ᠳᠣᠮᠳᠠᠳᠦ ᠰᠣᠷᠭᠠᠭᠤᠯᠢ ᠶᠢᠨ ᠳᠦᠷᠪᠡᠳᠡᠬᠢ ᠣᠳᠠᠭ᠎ᠠ ᠵᠣᠬᠢᠶᠠᠨ ᠪᠠᠶᠢᠭᠤᠯᠵᠦ ᠪᠠᠶᠢᠭ᠎ᠠ ᠶᠤᠮ᠃ ᠣᠶᠢᠷ᠎ᠠ ᠶᠢᠨ ᠵᠢᠯ ᠤᠨ ᠳᠣᠷᠰᠢ᠂ ᠡᠷᠢᠶᠡᠨ ᠬᠤᠲᠠ ᠶᠢᠨ ᠮᠣᠩᠭᠤᠯ ᠦᠨᠳᠣᠰᠣᠳᠡᠡ   ᠤ ᠳᠣᠮᠳᠠᠳᠦ ᠰᠣᠷᠭᠠᠭᠤᠯᠢ ᠨᠢ ᠮᠣᠩᠭᠤᠯ᠂ ᠣᠷᠣᠰ ᠣᠯᠣᠰ ᠲᠠᠢ ᠦᠰᠪᠣᠷᠢ ᠶᠢᠨ ᠬᠡᠣᠬᠡᠳ ᠤᠨ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠬᠡᠨ  ᠤ ᠰᠣᠯᠢᠯᠴᠠᠭ᠎ᠠ ᠬᠠᠮᠳᠣᠷᠠᠯᠴᠠᠭ᠎ᠠ ᠪᠠᠨ ᠠᠬᠢᠭᠤᠯᠵᠦ᠂ ᠬᠦᠯ ᠪᠦᠮᠪᠦᠬᠡᠨ ᠤ ᠠᠵᠢᠯ ᠤᠨ ᠬᠠᠷᠠᠭᠠᠰᠦ ᠶᠢ ᠦᠷᠬᠡᠳᠬᠡᠵᠦ ᠂ ᠬᠦᠯ ᠪᠦᠮᠪᠦᠭᠡᠨ ᠤ ᠠᠵᠢᠯ   ᠤᠨ ᠬᠦᠭᠵᠢᠬᠦ ᠴᠢᠭᠯᠡᠯ ᠢ ᠳᠣᠳᠣᠷᠬᠠᠢ ᠪᠣᠯᠭᠠᠵᠦ᠂ ᠡᠷᠢᠶᠡᠨ ᠬᠤᠲᠠ ᠪᠣᠯᠣᠨ ᠪᠦᠬᠦ ᠣᠷᠣᠨ ᠤ ᠵᠠᠯᠠᠭᠤ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠬᠡᠨ ᠤ ᠠᠵᠢᠯ ᠤᠨ ᠬᠢᠷᠢ ᠳᠦᠪᠰᠢᠨ ᠢ ᠳᠡᠭᠡᠭᠰᠢᠯᠡᠬᠦᠯᠬᠦ ᠳᠤ ᠵᠣᠬᠢᠬᠤ ᠨᠠᠮᠡᠷᠢ ᠦᠵᠡᠬᠦᠯᠦᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠳᠠᠪᠴᠠᠩ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号