ᠳᠣᠮᠳᠠᠳᠦ ᠪᠠᠭ᠎ᠠ ᠰᠣᠷᠭᠠᠭᠤᠯᠢ ᠳᠤ ᠰᠢᠨ᠎ᠡ ᠪᠠᠷ  ᠡᠯᠰᠡᠭᠳᠡᠭᠰᠡᠨ70 ᠭᠠᠷᠣᠢ ᠪᠠᠭᠰᠢ ᠨᠠᠷ ᠠᠵᠢᠯ ᠤᠨ ᠪᠠᠶᠢᠷᠢ  ᠳᠤ ᠭᠠᠷᠬᠤ ᠠᠴᠠ ᠡᠮᠦᠨᠡᠬᠢ ᠪᠣᠯᠪᠠᠰᠣᠷᠠᠯ ᠬᠦᠷᠳᠡᠪᠡ
ᠨᠡᠶᠢᠲᠡᠯᠡᠭᠰᠡᠨ ᠴᠠᠭ᠄
2019/1/17
      ᠪᠠᠭᠰᠢ ᠶᠢᠨ ᠡᠷᠬᠢᠮ ᠳᠡᠬᠡᠳᠦ  ᠵᠠᠩ ᠴᠢᠨᠠᠷ ᠢ ᠳᠠᠭᠤᠷᠢᠰᠣᠭᠤᠯᠣᠨ᠂ ᠪᠠᠭᠰᠢ ᠨᠠᠷ ᠤᠨ  ᠳᠣᠬᠠᠶᠢᠯᠠᠭᠰᠠᠨ ᠠᠵᠢᠯ ᠤᠨ ᠬᠡᠪ  ᠪᠣᠯᠪᠠᠰᠣᠷᠠᠯ  ᠂ ᠬᠠᠷᠢᠭᠤᠴᠠᠯᠭᠠᠳᠦ ᠰᠡᠳᠬᠢᠯᠭᠡ ᠪᠠ  ᠣᠬᠠᠮᠰᠠᠷᠳᠦ ᠴᠢᠨᠠᠷ ᠢ ᠴᠢᠩᠭᠠᠳᠬᠠᠵᠦ᠂ ᠰᠢᠨ᠎ᠡ ᠪᠠᠷ ᠠᠵᠢᠯ ᠳᠤ ᠭᠠᠷᠣᠭᠰᠠᠨ ᠪᠠᠭᠰᠢ ᠨᠠᠷ ᠤᠨ  ᠦᠰᠣᠨ ᠪᠣᠶᠢᠵᠢᠯᠳᠠ ᠶᠢ ᠲᠦᠷᠬᠡᠳᠬᠡᠵᠦ᠂ ᠰᠣᠷᠭᠠᠨ ᠬᠦᠮᠦᠵᠢᠯ ᠤᠨ ᠬᠠᠷᠠᠭ᠎ᠠ ᠶᠢ ᠦᠷᠬᠡᠵᠢᠬᠦᠯᠬᠦ ᠶᠢᠨ ᠳᠣᠯᠠᠳᠠ᠂ 1 ᠰᠠᠷ᠎ᠠ ᠶᠢᠨ14 ᠤ ᠡᠳᠦᠷ᠂ ᠬᠤᠳᠠ ᠶᠢᠨ ᠰᠣᠷᠭᠠᠨ ᠬᠦᠮᠦᠵᠢᠯ ᠤᠨ ᠳᠣᠪᠴᠢᠶ᠎ᠠ ᠠᠴᠠ ᠳᠣᠮᠳᠠᠳᠦ ᠪᠠᠭ᠎ᠠ ᠰᠣᠷᠭᠠᠭᠤᠯᠢ ᠶᠢᠨ ᠰᠢᠨ᠎ᠡ  ᠡᠯᠰᠡᠭᠳᠡᠭᠰᠡᠨ ᠪᠠᠭᠰᠢ ᠨᠠᠷ   ᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠣᠷᠠᠯ ᠤᠨ ᠬᠤᠷᠠᠯ ᠢ  ᠡᠷᠬᠢᠯᠡᠪᠡ᠃ ᠪᠣᠯᠪᠠᠰᠣᠷᠠᠯ ᠳᠤ ᠰᠢᠨ᠎ᠡ ᠪᠠᠷ ᠡᠯᠰᠡᠭᠳᠡᠭᠰᠡᠨ70 ᠭᠠᠷᠣᠢ ᠪᠠᠭᠰᠢ ᠨᠠᠷ ᠣᠷᠣᠯᠴᠠᠪᠠ      ᠬᠤᠷᠠᠯ ᠳᠤ ᠰᠢᠨ᠎ᠡ ᠪᠠᠷ ᠠᠵᠢᠯ ᠳᠤ ᠭᠠᠷᠣᠭᠰᠠᠨ ᠪᠠᠭᠰᠢ ᠨᠠᠷ ᠤᠨ ᠨᠠᠷᠡᠰ  ᠪᠠ ︽ ᠡᠷᠢᠶᠡᠨ ᠬᠤᠳᠠ ᠶᠢᠨ  ᠳᠣᠮᠳᠠᠳᠦ ᠪᠠᠭ᠎ᠠ ᠰᠣᠷᠭᠠᠭᠤᠯᠢ  ᠪᠠ ᠴᠡᠴᠡᠷᠯᠢᠭ ᠤᠨ ᠪᠠᠭᠰᠢ ᠨᠠᠷ ᠤᠨ ᠦᠢᠯᠡ ᠠᠵᠢᠯᠯᠠᠭᠠᠨ ᠤ ᠳᠦᠷᠢᠮᠵᠢᠯ ︵ ᠳᠣᠷᠰᠢᠨ ᠬᠡᠷᠡᠭᠯᠡᠬᠦ︶︾   ᠢ  ᠵᠠᠷᠯᠠᠨ ᠣᠩᠰᠢᠪᠠ᠃ ᠦᠪᠡᠷᠳᠡᠬᠡᠨ ᠵᠠᠰᠠᠬᠤ ᠣᠷᠣᠨ  ᠪᠠ ᠠᠶᠢᠮᠠᠭ ᠤᠨ ᠳᠡᠰ ᠤᠨ ᠰᠢᠯᠢᠳᠡᠭ ᠪᠠᠭᠰᠢ ᠪᠣᠯᠣᠨ ᠰᠢᠨ᠎ᠡ ᠪᠠᠷ ᠠᠵᠢᠯ ᠳᠤ ᠭᠠᠷᠣᠭᠰᠠᠨ ᠪᠠᠭᠰᠢ ᠨᠠᠷ ᠤᠨ  ᠳᠦᠯᠦᠬᠡᠯᠡᠭᠴᠢᠳ  ᠢᠯᠡᠳᠬᠡᠯ ᠬᠢᠵᠦ᠂ ᠰᠢᠨ᠎ᠡ ᠪᠠᠷ ᠠᠵᠢᠯ ᠳᠤ ᠭᠠᠷᠣᠭᠰᠠᠨ ᠪᠠᠭᠰᠢ ᠨᠠᠷ ᠠᠵᠢᠯ ᠳᠤ ᠭᠠᠷᠬᠤ ᠳᠠᠩᠭᠠᠷᠢᠭ ᠬᠢᠪᠡ᠃       ᠬᠤᠷᠠᠯ ᠠᠴᠠ ᠴᠢᠩᠭᠠᠳᠬᠠᠭᠰᠠᠨ ᠨᠢ᠂ ᠵᠦᠪ  ᠣᠨᠣᠪᠴᠢᠳᠠᠢ ᠰᠣᠷᠭᠠᠨ ᠬᠦᠮᠦᠵᠢᠯ ᠤᠨ ᠦᠵᠡᠯᠳᠠ᠂ ᠪᠠᠭᠰᠢ ᠶᠢᠨ ᠦᠵᠡᠯᠳᠠ ᠵᠢᠴᠢ ᠰᠣᠷᠣᠭᠴᠢ ᠶᠢᠨ ᠦᠵᠡᠯᠳᠠ ᠶᠢ ᠬᠤᠷᠠᠯ   ᠠᠴᠠ ᠴᠢᠩᠭᠠᠳᠬᠠᠵᠦ᠂ ᠰᠢᠯᠢᠳᠡᠭ ᠰᠠᠶᠢᠨ ᠳᠣᠬᠠᠶᠢᠯᠠᠭᠰᠠᠨ ᠠᠵᠢᠯ ᠤᠨ ᠶᠣᠰᠦ ᠰᠣᠷᠳᠠᠬᠤᠨ ᠪᠠ ᠦᠢᠯᠡᠰ ᠢᠶᠠᠨ ᠡᠷᠬᠢᠮᠯᠡᠬᠦ ᠵᠣᠷᠢᠭ ᠰᠠᠨᠠᠭ᠎ᠠ ᠶᠢ  ᠪᠣᠢ ᠪᠣᠯᠭᠠᠵᠦ ᠂ ᠰᠣᠷᠭᠠᠨ ᠬᠦᠮᠦᠵᠢᠯ ᠤᠨ ᠦᠨᠳᠣᠰᠣᠨ ᠮᠡᠷᠭᠡᠵᠢᠯ ᠢ ᠡᠵᠡᠮᠰᠢᠨ᠂ ᠳᠡᠬᠡᠳᠦ ᠬᠡᠮᠵᠢᠶᠡᠨ ᠤ ᠬᠠᠷᠢᠭᠤᠴᠠᠯᠭᠠᠳᠦ ᠰᠡᠳᠬᠢᠯᠭᠡ ᠪᠠᠷ ᠰᠣᠷᠣᠭᠴᠢᠳ ᠢᠶᠠᠨ ᠬᠠᠶᠢᠷᠠᠯᠠᠵᠦ᠂ ᠳᠡᠳᠡᠨ ᠤ  ᠪᠦᠬᠦ ᠳᠠᠯ᠎ᠠ   ᠶᠢᠨ ᠬᠦᠭᠵᠢᠯᠳᠠ ᠳᠤ ᠵᠢᠯᠣᠭᠤᠳᠣᠯᠭ᠎ᠠ ᠬᠠᠩᠭᠠᠬᠤ ᠬᠡᠷᠡᠭᠲᠠᠢ ᠬᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号