ᠣᠶᠢᠷ᠎ᠠ ᠳᠤ᠂ ᠰᠦᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠳᠣᠮᠳᠠᠳᠦ ᠣᠯᠣᠰ ᠤᠨ ᠲᠠᠢ ᠫᠢᠩ | ᠶᠠᠩ ᠡᠳ᠋ ᠬᠦᠷᠦᠩᠬᠡ ᠶᠢᠨ ᠳᠠᠭᠠᠳᠬᠠᠯ ᠤᠨ ᠺᠣᠮᠫᠠᠨᠢ ᠶᠢᠨ ᠰᠢᠯᠢ ᠶᠢᠨ ᠭᠤᠣᠯ ᠠᠶᠢᠮᠠᠭ ᠲᠠᠬᠢ ᠬᠤᠪᠢᠶᠠᠷᠢ ᠺᠣᠮᠫᠠᠨᠢ | ᠲᠠᠢ ︽ ᠣᠨᠣᠪᠴᠢᠳᠠᠢ ᠪᠠᠷ ᠶᠠᠳᠠᠭᠤ ᠶᠢ ᠳᠡᠳᠬᠦᠵᠦ᠂ ᠳᠠᠬᠢᠨ ᠶᠠᠳᠠᠭᠤᠷᠠᠬᠤ ᠠᠴᠠ ᠰᠡᠷᠬᠡᠶᠢᠯᠡᠬᠦ ᠳᠠᠭᠠᠳᠬᠠᠯ︾ ᠤᠨ | ᠬᠡᠷ᠎ᠡ ᠳᠣᠭᠳᠠᠵᠠᠢ᠃ ᠡᠨᠡ ᠨᠢ ᠮᠠᠨ ᠤ ᠣᠷᠣᠨ ᠤ ᠬᠠᠮᠤᠭ ᠠᠩᠬᠠᠨ ᠤ ᠶᠠᠳᠠᠭᠤᠷᠠᠬᠤ ᠠᠴᠠ ᠰᠡᠷᠬᠡᠶᠢᠯᠡᠬᠦ | ᠳᠠᠭᠠᠳᠬᠠᠯ ᠤᠨ ᠳᠦᠷᠦᠯ ᠵᠦᠢᠯ ᠪᠣᠯᠵᠠᠢ᠃ | ᠳᠣᠰ ᠳᠦᠷᠦᠯ ᠵᠦᠢᠯ ᠨᠢ ᠶᠠᠳᠠᠭᠤᠷᠠᠬᠤ ᠤᠨ ᠱᠣᠭᠤᠮ ᠲᠠᠢ ᠣᠶᠢᠷᠠᠬᠠᠨ ᠪᠠᠶᠢᠭ᠎ᠠ ᠬᠦᠳᠡᠭᠡ ᠳᠣᠰᠬᠤᠨ ᠤ | ᠳᠣᠣᠷ᠎ᠠ ᠣᠷᠣᠯᠭᠠᠳᠦ ᠡᠷᠦᠬᠡ ᠪᠠ ᠬᠦᠮᠦᠨ ᠳᠣᠮᠳᠠᠴᠢ ᠶᠢᠨ ᠣᠷᠣᠯᠭ᠎ᠠ ᠨᠢ ᠦᠨᠳᠦᠷ ᠪᠣᠰᠦ ᠪᠣᠶᠣ ᠳᠣᠭᠳᠠᠪᠣᠷᠢ | ᠦᠭᠡᠢ ᠶᠠᠳᠠᠭᠤ ᠠᠴᠠ ᠠᠩᠬᠢᠵᠢᠷᠠᠭᠰᠠᠨ ᠡᠷᠦᠬᠡ ᠳᠤ ᠵᠣᠷᠢᠭᠤᠯᠵᠦ ᠨᠠᠶᠢᠳᠠ9440 ᠬᠦᠮᠦᠨ ᠢ ᠬᠠᠮᠣᠷᠴᠠᠢ᠃ ᠡᠨᠡ | ᠬᠤᠶᠠᠷ ᠲᠦᠷᠦᠯ ᠤᠨ ᠬᠦᠮᠦᠰ ᠡᠪᠡᠳᠴᠢᠨ᠂ ᠰᠣᠷᠣᠯᠭ᠎ᠠ᠂ ᠭᠠᠩ ᠭᠠᠮᠰᠢᠭ ᠪᠠ ᠬᠡᠨᠡᠳᠡᠯ ᠠᠴᠠ ᠪᠣᠯᠵᠦ ᠶᠠᠳᠠᠭᠤᠷᠠᠬᠤ | ᠳᠤ ᠬᠦᠮᠦᠨ ᠪᠦᠷᠢ ᠬᠠᠮᠤᠭ ᠶᠡᠭᠡ ᠳᠡᠭᠡᠨ16 ᠳᠦᠮᠡᠨ ᠳᠦᠬᠦᠷᠢᠭ ᠤᠨ ᠶᠠᠳᠠᠭᠤᠷᠠᠬᠤ ᠠᠴᠠ ᠰᠡᠷᠬᠡᠶᠢᠯᠡᠬᠦ | ᠪᠠᠳᠣᠯᠠᠭ᠎ᠠ ᠶᠢᠨ ᠮᠦᠩᠬᠦ ᠬᠦᠷᠳᠡᠵᠦ ᠪᠣᠯᠣᠨ᠎ᠠ᠃ ᠰᠦᠨᠢᠳ ᠪᠠᠷᠠᠭᠤᠨ ᠬᠤᠰᠢᠭᠤᠨ ᠤ ᠬᠠᠮᠢᠶ᠎ᠠ ᠪᠦᠬᠦᠢ | ᠬᠠᠷᠢᠭᠤᠴᠠᠯᠭᠠᠳᠠᠨ᠄ ︽ ᠶᠠᠳᠠᠭᠤᠷᠠᠬᠤ ᠠᠴᠠ ᠰᠡᠷᠬᠡᠶᠢᠯᠡᠬᠦ ᠳᠠᠭᠠᠳᠬᠠᠯ ᠪᠣᠯ ᠣᠨᠣᠪᠴᠢᠳᠠᠢ ᠪᠠᠷ ᠶᠠᠳᠠᠭᠤ ᠶᠢ | ᠳᠡᠳᠬᠦᠬᠦ ᠠᠵᠢᠯ ᠤᠨ ᠣᠨᠴᠠᠯᠢᠭ ᠲᠤ ᠵᠣᠷᠢᠭᠤᠯᠵᠦ ᠭᠠᠷᠭᠠᠭᠰᠠᠨ ᠰᠢᠨ᠎ᠡ ᠬᠡᠯᠪᠡᠷᠢ ᠶᠢᠨ ᠳᠠᠭᠠᠳᠬᠠᠯ ᠪᠠᠶᠢᠵᠦ᠂ | ᠶᠠᠳᠠᠭᠤ ᠶᠢ ᠳᠡᠳᠬᠦᠬᠦ ᠠᠵᠢᠯ ᠤᠨ ᠣᠷᠳᠦ ᠬᠤᠭᠤᠴᠠᠭᠠᠨ ᠤ ᠦᠷ᠎ᠡ ᠪᠦᠳᠦᠮᠵᠢ ᠶᠢ ᠪᠠᠳᠣᠯᠠᠬᠤ ᠰᠢᠨ᠎ᠡ ᠠᠷᠭ᠎ᠠ ᠪᠠᠷᠢᠯ | ᠤᠨ ᠨᠢᠭᠡ ᠮᠥᠨ︾ ᠬᠡᠵᠠᠢ᠃ |