ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠣᠭᠳᠠᠭᠰᠠᠨ 70 ᠵᠢᠯ ᠤᠨ ᠣᠢ ᠶᠢ | ᠪᠡᠯᠭᠡᠯᠡᠵᠦ᠂ ᠡᠬᠡ ᠣᠷᠣᠨᠴᠢ ᠦᠵᠡᠯ ᠤᠨ ᠬᠥᠮᠦᠵᠢᠯ ᠢ ᠬᠦᠨᠵᠡᠬᠡᠶᠢᠷᠡᠬᠦᠯᠦᠨ᠂ ᠨᠡᠶᠢᠭᠡᠮ ᠵᠢᠷᠤᠮ ᠤᠨ ᠭᠤᠤᠯᠯᠠᠭᠴᠢ | ᠥᠷᠲᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ 10 ᠰᠠᠷ᠎ᠠ ᠶᠢᠨ 14 ᠤ ᠡᠳᠦᠷ᠂ | ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ︽ᠨᠢᠰᠦᠨ ᠳᠡᠬᠦᠯᠢᠭᠡ ᠡᠬᠡ ᠣᠷᠣᠨ ᠤ ᠮᠢᠨᠢ ᠬᠡᠷᠡᠯ | ᠰᠠᠴᠣᠷᠦᠩᠭᠤᠢ 70 ᠵᠢᠯ︾ ᠭᠡᠬᠦ ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠶᠠᠪᠤᠭᠤᠯᠪᠠ᠃ | | | | | | | ᠶᠠᠷᠢᠶᠠᠨ ᠤ ᠤᠷᠤᠯᠳᠤᠭᠠᠨ ᠤ ᠠᠬᠤᠶ ᠲᠠᠯᠠᠪᠠᠢ᠃ | | ᠲᠣᠰ ᠰᠤᠷᠭᠠᠭᠤᠯᠢ ᠶᠢᠨ ᠲᠠᠪᠤ᠂ ᠵᠢᠷᠭᠤᠳᠤᠭᠠᠷ ᠣᠨ ᠤ 24 ᠰᠤᠷᠤᠭᠴᠢ ᠲᠣᠰ ᠤᠳᠠᠭᠠᠨ ᠤ ᠶᠠᠷᠢᠶ᠎ᠠ | ᠢᠯᠡᠳᠬᠡᠯ ᠤᠨ ᠤᠷᠤᠯᠳᠤᠭᠠᠨ ᠳᠤ ᠣᠷᠣᠯᠴᠠᠪᠠ᠃ ᠡᠯ᠎ᠡ ᠣᠷᠣᠯᠳᠣᠭᠠᠨ ᠳᠤ ᠣᠷᠣᠯᠴᠠᠭᠰᠠᠳ ᠭᠤᠤᠯ ᠰᠡᠳᠦᠪ ᠤᠨ | ᠲᠣᠭᠤᠷᠢᠨ ᠳᠤ᠂ ᠤᠷᠮ᠎ᠠ ᠵᠣᠷᠢᠭ ᠪᠠᠳᠠᠷᠠᠩᠭᠤᠶ᠂ ᠬᠡᠬᠦᠳᠡᠭ ᠳᠦᠭᠦᠷᠡᠩ ᠶᠠᠷᠢᠶ᠎ᠠ ᠢᠯᠡᠳᠬᠡᠯ ᠤᠨ ᠦᠨᠡᠨ | ᠰᠡᠳᠬᠢᠯᠭᠡ ᠪᠠᠨ ᠢᠯᠡᠳᠬᠡᠵᠦ᠂ ᠨᠠᠮ ᠪᠣᠯᠤᠨ ᠡᠬᠡ ᠤᠯᠤᠰ ᠲᠤ ᠪᠠᠨ ᠬᠠᠶᠢᠷᠠᠲᠠᠶ ᠪᠠᠶᠢᠬᠤ ᠰᠡᠳᠬᠢᠯᠭᠡ ᠪᠠᠨ ᠶᠠᠷᠢᠶ᠎ᠠ | ᠢᠯᠡᠳᠬᠡᠯ ᠳᠤ ᠠᠭᠤᠰᠬᠠᠵᠤ᠂ ᠲᠤᠬᠠᠶ ᠶᠢᠨ ᠲᠠᠯᠠᠪᠠᠢ ᠶᠢᠨ ᠬᠢᠨᠠᠭᠴᠢ᠂ ᠪᠠᠭᠰᠢ ᠰᠤᠷᠤᠭᠴᠢ ᠵᠢᠴᠢ ᠭᠡᠷ ᠤᠨ | ᠠᠬᠠᠮᠠᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠠᠶ᠃ | | | | | | | | ᠶᠠᠷᠢᠶᠠᠨ ᠤ ᠠᠬᠤᠶ ᠲᠠᠯᠠᠪᠠᠢ᠃ | | ᠤᠷᠮᠠᠰᠢᠭᠤᠯᠬᠤ ᠪᠠ ᠥᠷᠢᠰᠦᠯᠳᠦᠬᠦ ᠪᠠᠷ ᠳᠠᠮᠵᠢᠨ᠂ ᠬᠢᠨᠠᠭᠴᠢ ᠶᠢᠨ ᠳᠣᠭᠤᠶᠢᠯᠠᠩ ᠤᠨ ᠢᠯᠡ | ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠶᠣᠰᠣᠭᠠᠷ᠂ ᠨᠢᠭᠡ ᠬᠤᠶᠠᠷ ᠭᠤᠷᠪᠠᠳᠤᠭᠠᠷ ᠲᠡᠰ ᠤᠨ | ᠨᠠᠷᠠ ᠶᠢ ᠰᠢᠯᠭᠠᠷᠠᠭᠤᠯᠪᠠ᠃ ᠠᠵᠢᠯᠯᠠᠭᠠᠨ ᠤ ᠡᠴᠦᠰ ᠲᠤ ᠬᠢᠨᠠᠭᠴᠢ ᠶᠢᠨ ᠳᠣᠭᠤᠶᠢᠯᠠᠩ ᠠᠴᠠ ᠲᠣᠰ ᠤᠳᠠᠭᠠᠨ ᠤ | ᠤᠷᠤᠯᠳᠤᠭᠠᠨ ᠳᠤ ᠭᠤᠶᠢᠳᠠ ᠰᠠᠶᠢᠬᠠᠨ ᠦᠨᠡᠯᠡᠯᠲᠡ ᠬᠢᠭᠰᠡᠨ ᠪᠥᠭᠡᠳ ᠱᠠᠩᠨᠠᠯ ᠬᠦᠷᠲᠡᠭᠰᠡᠳ ᠲᠤ ᠱᠠᠩᠨᠠᠯ | ᠭᠠᠷᠳᠠᠭᠤᠯᠵᠠᠢ᠃ ᠲᠣᠰ ᠤᠳᠠᠭ᠎ᠠ ᠶᠢᠨ ᠤᠷᠤᠯᠳᠤᠭᠠᠨ ᠢᠶᠠᠷ ᠳᠠᠮᠵᠢᠨ᠂ ᠰᠤᠷᠤᠭᠴᠢᠳ ᠤᠨ ᠰᠤᠷᠤᠯᠴᠠᠬᠤ ᠤᠷᠮ᠎ᠠ | ᠪᠠᠬ᠎ᠠ ᠶᠢ ᠨᠡᠮᠡᠭᠳᠡᠭᠦᠯᠵᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠪᠦᠬᠦ | ᠪᠠᠭᠰᠢ ᠰᠤᠷᠤᠭᠴᠢᠳ ᠤᠨ ᠪᠦᠯᠬᠦᠮᠳᠡᠨ ᠳᠠᠪᠰᠢᠬᠤ᠂ ᠡᠷᠡᠮᠡᠬᠡᠶᠢᠯᠡᠨ ᠳᠠᠪᠰᠢᠬᠤ ᠵᠣᠷᠢᠭ ᠰᠠᠨᠠᠭ᠎ᠠ ᠶᠢ ᠬᠦᠢᠴᠡᠳ | ᠢᠯᠡᠷᠡᠭᠦᠯᠪᠡ᠃ | | |