ᠨᠢᠭᠡᠳᠦᠭᠡᠷ ᠪᠦᠯᠦᠭ ᠶᠡᠷᠦᠩᠬᠡᠶ ᠳᠦᠷᠢᠮ | | | ᠨᠢᠭᠡᠳᠦᠭᠡᠷ ᠵᠦᠢᠯ ᠄ ᠬᠥᠳᠡᠭᠡ ᠲᠣᠰᠬᠤᠨ ᠤ ᠠᠵᠢᠯ ᠪᠣᠯ ᠨᠠᠮ ᠪᠠ ᠤᠯᠤᠰ ᠣᠷᠣᠨ ᠤ ᠠᠵᠢᠯ | ᠦᠢᠯᠡᠰ ᠤᠨ ᠪᠦᠬᠦ ᠲᠠᠯ᠎ᠠ ᠳᠤ ᠴᠢᠬᠤᠯᠠ ᠵᠦᠢᠯ ᠪᠣᠯᠬᠤ ᠪᠥᠭᠡᠳ ᠪᠦᠬᠦ ᠨᠠᠮ ᠤᠨ ᠠᠵᠢᠯ ᠤᠨ ᠴᠢᠬᠤᠯᠠ ᠵᠦᠢᠯ | ᠮᠥᠨ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠣᠯᠤᠨ ᠰᠢᠨ᠎ᠡ ᠴᠠᠭ | ᠦᠶ᠎ᠡ ᠶᠢᠨ ᠨᠠᠮ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠳᠣᠭᠤᠰᠢᠯᠠᠭᠤᠯᠣᠨ ᠨᠠᠶᠢᠳᠠᠪᠣᠷᠢᠵᠢᠭᠤᠯᠬᠤ᠂ ᠨᠠᠮ ᠤᠨ | ᠬᠥᠳᠡᠭᠡ ᠲᠣᠰᠬᠤᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠳᠣᠨ ᠳᠤ ᠬᠦᠨᠵᠡᠬᠡᠶᠢᠷᠡᠬᠦᠯᠵᠦ᠂ ᠨᠠᠮ ᠤᠨ ᠬᠥᠳᠡᠭᠡ ᠲᠣᠰᠬᠤᠨ ᠤ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ | ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ | ᠤᠯᠤᠰ ᠲᠥᠷᠥ ᠪᠣᠯᠤᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠶᠢᠨ ᠲᠥᠯᠥᠭᠡ᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠳᠦᠷᠢᠮ︾ ᠢ ᠦᠨᠳᠦᠰᠦᠯᠡᠵᠦ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ᠄ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠠ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ︵ᠭᠠᠴᠠᠭ᠎ᠠ ᠨᠢ ᠵᠠᠰᠠᠭ ᠵᠠᠬᠢᠷᠭᠠᠨ ᠤ ᠭᠠᠴᠠᠭ᠎ᠠ ᠶᠢ ᠵᠢᠭᠠᠵᠤ ᠪᠠᠶᠢᠨ᠎ᠠ︶ ᠪᠣᠯ ᠨᠠᠮ ᠤᠨ ᠬᠥᠳᠡᠭᠡ | ᠲᠣᠰᠬᠤᠨ ᠳᠠᠬᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠮᠥᠨ᠂ ᠨᠠᠮ ᠤᠨ ᠬᠥᠳᠡᠭᠡ ᠲᠣᠰᠬᠤᠨ ᠳᠠᠬᠢ | ᠪᠦᠬᠦ ᠠᠵᠢᠯ ᠪᠠ ᠳᠠᠶᠢᠴᠢᠨ ᠬᠦᠴᠦᠨ ᠤ ᠰᠠᠭᠤᠷᠢ ᠮᠥᠨ᠂ ᠰᠢᠶᠠᠩ ᠪᠠᠯᠭᠠᠰᠤ᠂ ᠭᠠᠴᠠᠭᠠᠨ ᠤ ᠡᠯ᠎ᠡ ᠲᠥᠷᠥᠯ ᠤᠨ | ᠵᠣᠬᠢᠶᠠᠨ ᠪᠠᠶᠢᠭᠤᠯᠤᠯᠲᠠ ᠪᠠ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠤᠳᠤᠷᠢᠳᠤᠨ᠎ᠠ᠃ ᠡᠷᠬᠡᠪᠰᠢ ᠨᠠᠮ ᠤᠨ | ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠶᠢᠷᠢ ᠰᠠᠭᠤᠷᠢ ᠶᠢ | ᠭᠤᠶᠢᠪᠢᠰᠢ ᠦᠭᠡᠢ ᠪᠠᠷᠢᠮᠲᠠᠯᠠᠬᠤ ᠬᠡᠷᠡᠭᠲᠡᠶ᠃ | ᠭᠤᠷᠪᠠᠳᠤᠭᠠᠷ ᠵᠦᠢᠯ᠄ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ | ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ | ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ | ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ ᠭᠤᠤᠯᠯᠠᠬᠤ ᠪᠠᠶᠢᠷᠢ ᠰᠠᠭᠤᠷᠢ ᠶᠢ ᠡᠷᠡᠰ | ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠡᠷᠡᠰ ᠬᠠᠮᠠᠭᠠᠯᠠᠬᠤ ᠬᠡᠷᠡᠭᠲᠡᠶ᠃ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠳᠥᠷᠪᠡᠨ ᠢᠲᠡᠭᠡᠯ︾ | ᠢ ᠪᠠᠲᠤᠳᠬᠠᠨ᠂ ︽ᠳᠥᠷᠪᠡᠨ ᠳᠠᠭᠠᠬᠤ︾ ᠶᠢ ᠪᠡᠶᠡᠯᠡᠭᠦᠯᠵᠦ᠂ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠪᠠᠷ | ᠭᠤᠤᠯᠳᠠᠯᠭ᠎ᠠ ᠪᠣᠯᠭᠠᠵᠤ᠂ ᠤᠯᠤᠰ ᠲᠥᠷᠦ ᠶᠢᠨ ᠴᠢᠳᠠᠮᠵᠢ ᠶᠢ ᠳᠣᠪᠤᠶᠢᠯᠭᠠᠨ᠂ ᠨᠠᠮ ᠤᠨ ᠵᠣᠷᠢᠯᠲᠠ ᠶᠢ ᠤᠬᠠᠭᠤᠯᠬᠤ᠂ | ᠨᠠᠮ ᠤᠨ ᠲᠣᠭᠲᠠᠭᠠᠯ ᠢ ᠲᠤᠭᠤᠰᠢᠯᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ᠂ ᠣᠯᠠᠨ | ᠲᠦᠮᠡᠨ ᠲᠠᠢ ᠪᠦᠯᠬᠦᠮᠳᠡᠬᠦ᠂ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ ᠪᠠᠲᠤ ᠴᠢᠩᠭ᠎ᠠ ᠳᠠᠶᠢᠴᠢᠨ | ᠪᠠᠬᠢᠯᠡᠯᠲᠡ ᠪᠣᠯᠬᠤ ᠪᠠᠷ ᠴᠢᠷᠮᠠᠶᠢᠨ᠎ᠠ᠃ | | | ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ | | | ᠳᠥᠷᠪᠡᠳᠦᠭᠡᠷ ᠵᠦᠢᠯ᠄ ᠰᠢᠶᠠᠩ ᠪᠠᠯᠭᠠᠰᠤᠨ ᠳᠤ ᠨᠠᠮ ᠤᠨ ᠦᠨᠳᠦᠰᠦᠨ ᠱᠠᠲᠤᠨ ᠤ ᠬᠤᠷᠢᠶ᠎ᠠ | ᠪᠠᠶᠢᠭᠤᠯᠬᠤ ᠬᠡᠷᠡᠭᠲᠡᠶ᠃ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠬᠤᠭᠤᠴᠠᠭ᠎ᠠ ᠪᠦᠷᠢ ᠶᠢᠨ ᠲᠤᠰᠢᠶᠠᠯ ᠤᠨ | ᠬᠤᠭᠤᠴᠠᠭ᠎ᠠ ᠨᠢ 5 ᠵᠢᠯ ᠪᠠᠶᠢᠵᠤ᠂ ᠨᠠᠮ ᠤᠨ ᠭᠡᠰᠢᠭᠦᠳ ᠤᠨ ᠶᠡᠭᠡ ᠬᠤᠷᠠᠯ ᠪᠤᠶᠤ ᠨᠠᠮ ᠤᠨ ᠭᠡᠰᠢᠭᠦᠳ ᠤᠨ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠰᠣᠩᠭᠤᠵᠤ ᠭᠠᠷᠭᠠᠨ᠎ᠠ᠃ | ᠲᠠᠪᠤᠳᠤᠭᠠᠷ ᠵᠦᠢᠯ᠄ ᠭᠠᠴᠠᠭ᠎ᠠ ᠪᠠᠷ ᠦᠨᠳᠦᠰᠦᠨ ᠨᠢᠭᠡᠴᠡ ᠪᠣᠯᠭᠠᠨ ᠨᠠᠮ ᠤᠨ ᠵᠣᠬᠢᠶᠠᠨ | ᠪᠠᠶᠢᠭᠤᠯᠤᠯᠲᠠ ᠶᠢ ᠪᠠᠶᠢᠭᠤᠯᠬᠤ ᠬᠡᠷᠡᠭᠲᠡᠶ᠃ 3 ᠬᠥᠮᠦᠨ ᠠᠴᠠ ᠳᠡᠭᠡᠭᠰᠢ ᠵᠢᠩᠬᠢᠨᠢ ᠨᠠᠮ ᠤᠨ ᠭᠡᠰᠢᠭᠦᠨ ᠲᠠᠢ | ᠭᠠᠴᠠᠭ᠎ᠠ ᠨᠢ ᠨᠠᠮ ᠤᠨ ᠡᠭᠦᠷ ᠪᠠᠶᠢᠭᠤᠯᠬᠤ ᠬᠡᠷᠡᠭᠲᠡᠶ︔ 3 ᠬᠥᠮᠦᠨ ᠬᠦᠷᠬᠦ ᠦᠭᠡᠢ ᠪᠣᠯ ᠬᠦᠷᠰᠢ ᠵᠡᠷᠬᠡᠯᠳᠡᠭᠡ | ᠭᠠᠴᠠᠭ᠎ᠠ ᠲᠠᠢ ᠬᠤᠯᠪᠣᠭᠠᠯᠠᠨ ᠨᠠᠮ ᠤᠨ ᠡᠭᠦᠷ ᠪᠠᠶᠢᠭᠤᠯᠵᠤ ᠪᠣᠯᠤᠨ᠎ᠠ᠃ ᠨᠠᠮ ᠤᠨ ᠭᠡᠰᠢᠭᠦᠨ ᠤ ᠲᠤᠭ᠎ᠠ ᠨᠢ 50 | ᠬᠥᠮᠦᠨ ᠠᠴᠠ ᠬᠡᠲᠦᠷᠡᠭᠰᠡᠨ ᠭᠠᠴᠠᠭ᠎ᠠ ᠪᠤᠶᠤ ᠨᠠᠮ ᠤᠨ ᠭᠡᠰᠢᠭᠦᠨ ᠤ ᠲᠤᠭ᠎ᠠ ᠨᠢ 50 ᠬᠥᠮᠦᠨ ᠬᠦᠷᠬᠦ ᠦᠭᠡᠢ | ᠪᠣᠯᠪᠠᠴᠤ ᠠᠵᠢᠯ ᠤᠨ ᠬᠡᠷᠡᠭᠴᠡᠭᠡ ᠠᠴᠠ ᠪᠣᠯᠤᠭᠰᠠᠨ ᠭᠠᠴᠠᠭ᠎ᠠ ᠨᠢ ᠨᠠᠮ ᠤᠨ ᠶᠡᠷᠦᠩᠬᠡᠶ ᠡᠭᠦᠷ ᠪᠠᠶᠢᠭᠤᠯᠵᠤ ᠪᠣᠯᠤᠨ᠎ᠠ᠃ | ᠨᠠᠮ ᠤᠨ ᠭᠡᠰᠢᠭᠦᠨ ᠤ ᠲᠤᠭ᠎ᠠ ᠨᠢ 100 ᠬᠥᠮᠦᠨ ᠠᠴᠠ ᠳᠡᠭᠡᠭᠰᠢ ᠭᠠᠴᠠᠭ᠎ᠠ ᠨᠢ ᠠᠵᠢᠯ ᠤᠨ ᠬᠡᠷᠡᠭᠴᠡᠭᠡ ᠪᠠᠨ | ᠦᠨᠳᠦᠰᠦᠯᠡᠨ᠂ ᠰᠢᠶᠠᠨ ᠤ ᠱᠠᠲᠤᠨ ᠤ ᠣᠷᠣᠨ ᠨᠤᠲᠤᠭ ᠤᠨ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ | ᠨᠠᠮ ᠤᠨ ᠦᠨᠳᠦᠰᠦᠨ ᠱᠠᠲᠤᠨ ᠤ ᠬᠤᠷᠢᠶ᠎ᠠ ᠶᠢ ᠪᠠᠶᠢᠭᠤᠯᠵᠤ᠂ ᠳᠣᠤᠷ᠎ᠠ ᠨᠢ ᠡᠳᠦᠶ ᠲᠡᠳᠦᠶ ᠨᠠᠮ ᠤᠨ ᠡᠭᠦᠷ | ᠪᠠᠶᠢᠭᠤᠯᠵᠤ ᠪᠣᠯᠤᠨ᠎ᠠ︔ ᠭᠠᠴᠠᠭᠠᠨ ᠤ ᠨᠠᠮ ᠤᠨ ᠬᠤᠷᠢᠶ᠎ᠠ ᠨᠢ ᠰᠤᠮᠤ ᠪᠠᠯᠭᠠᠰᠤᠨ ᠤ ᠨᠠᠮ ᠤᠨ ᠬᠤᠷᠢᠶᠠᠨ ᠤ | ᠤᠳᠤᠷᠢᠳᠤᠯᠭ᠎ᠠ ᠶᠢ ᠬᠦᠯᠢᠶᠡᠨ᠎ᠡ᠃ | ᠭᠠᠴᠠᠭᠠᠨ ᠤ ᠨᠠᠮ ᠤᠨ ᠬᠤᠷᠢᠶ᠎ᠠ᠂ ᠶᠡᠷᠦᠩᠬᠡᠶ ᠡᠭᠦᠷ ᠤᠨ ᠭᠡᠰᠢᠭᠦᠳ ᠤᠨ ᠬᠤᠷᠠᠯ᠂ ᠡᠭᠦᠷ ᠤᠨ | ᠭᠡᠰᠢᠭᠦᠳ ᠤᠨ ᠬᠤᠷᠠᠯ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ 5 ᠵᠢᠯ ᠪᠣᠯᠤᠨ᠎ᠠ᠂ ᠡᠭᠦᠨ ᠢ | ᠨᠠᠮ ᠤᠨ ᠭᠡᠰᠢᠭᠦᠳ ᠤᠨ ᠶᠡᠭᠡ ᠬᠤᠷᠠᠯ ᠢᠶᠠᠷ ᠰᠣᠩᠭᠤᠵᠤ ᠭᠠᠷᠭᠠᠨ᠎ᠠ᠃ ᠨᠠᠮ ᠤᠨ ᠭᠡᠰᠢᠭᠦᠨ ᠤ ᠲᠤᠭ᠎ᠠ ᠨᠢ 500 | ᠬᠥᠮᠦᠨ ᠠᠴᠠ ᠳᠡᠭᠡᠭᠰᠢᠬᠢ ᠭᠠᠴᠠᠭᠠᠨ ᠤ ᠨᠠᠮ ᠤᠨ ᠬᠤᠷᠢᠶ᠎ᠠ ᠶᠢ ᠰᠤᠮᠤ ᠪᠠᠯᠭᠠᠰᠤᠨ ᠤ ᠨᠠᠮ ᠤᠨ ᠬᠤᠷᠢᠶ᠎ᠠ ᠪᠠᠷ | ᠵᠥᠪᠰᠢᠶᠡᠷᠡᠭᠦᠯᠦᠭᠡᠳ ᠨᠠᠮ ᠤᠨ ᠭᠡᠰᠢᠭᠦᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠰᠣᠩᠭᠤᠵᠤ ᠭᠠᠷᠭᠠᠵᠤ | ᠪᠣᠯᠤᠨ᠎ᠠ᠃ | ᠵᠢᠷᠭᠤᠳᠤᠭᠠᠷ ᠵᠦᠢᠯ᠄ ᠰᠢᠶᠠᠨ ᠠᠴᠠ ᠳᠡᠭᠡᠭᠰᠢᠬᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠶᠠᠩ | ᠪᠠᠯᠭᠠᠰᠤᠨ ᠳᠤ ᠰᠠᠭᠤᠭ᠎ᠠ ᠨᠢᠭᠡᠴᠢ ᠨᠠᠮ ᠤᠨ ᠭᠡᠰᠢᠭᠦᠨ ᠤ ᠲᠤᠭ᠎ᠠ ᠪᠠ ᠠᠵᠢᠯ ᠤᠨ ᠬᠡᠷᠡᠭᠴᠡᠭᠡ ᠪᠠᠨ ᠦᠨᠳᠦᠰᠦᠯᠡᠨ | ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠬᠡᠷᠡᠭᠲᠡᠶ᠃ ᠡᠳᠡᠭᠡᠷ ᠨᠠᠮ ᠤᠨ ᠵᠣᠬᠢᠶᠠᠨ | ᠪᠠᠶᠢᠭᠤᠯᠤᠯᠲᠠ ᠨᠢ ᠨᠠᠮ ᠤᠨ ᠲᠥᠪ ᠬᠤᠷᠢᠶ᠎ᠠ ᠠᠴᠠ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠰᠤᠮᠤ | ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠬᠦᠯᠢᠶᠡᠨ᠎ᠡ᠃ | ᠳᠣᠯᠣᠳᠤᠭᠠᠷ ᠵᠦᠢᠯ᠄ ᠬᠥᠳᠡᠭᠡ ᠲᠣᠰᠬᠤᠨ ᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠲᠤᠰᠠᠭᠠᠷ ᠢᠶᠠᠨ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ | ᠨᠥᠬᠦᠴᠡᠯ ᠢ ᠪᠦᠷᠢᠯᠳᠦᠭᠦᠯᠦᠭᠰᠡᠨ ᠪᠠᠶᠢᠪᠡᠯ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠨᠠᠮ ᠤᠨ ᠵᠣᠬᠢᠶᠠᠨ | ᠪᠠᠶᠢᠭᠤᠯᠤᠯᠲᠠ ᠪᠠᠶᠢᠭᠤᠯᠵᠤ ᠪᠣᠯᠤᠨ᠎ᠠ᠂ ᠡᠩ ᠤᠨ ᠪᠠᠶᠢᠳᠠᠯ ᠳᠤ ᠪᠠᠶᠢᠭ᠎ᠠ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠪᠤᠶᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠤᠳᠤᠷᠢᠳᠤᠨ᠎ᠠ᠃ ᠭᠠᠴᠠᠭ᠎ᠠ ᠲᠣᠰᠬᠤᠨ ᠰᠢᠶᠠᠩ | ᠪᠠᠯᠭᠠᠰᠤ ᠠᠯᠤᠰᠯᠠᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ | ᠪᠠᠶᠢᠭᠤᠯᠤᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢ ᠲᠡᠭᠦᠨ ᠤ ᠪᠠᠶᠢᠭᠤᠯᠤᠭᠳᠠᠬᠤ ᠶᠢ ᠵᠥᠪᠰᠢᠶᠡᠷᠡᠭᠰᠡᠨ | ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠤᠶᠤ ᠰᠢᠶᠠᠨ ᠤ ᠱᠠᠲᠤᠨ ᠤ ᠨᠠᠮ ᠤᠨ ᠬᠤᠷᠢᠶ᠎ᠠ ᠠᠴᠠ | ᠬᠠᠷᠢᠶᠠᠯᠠᠭᠳᠠᠬᠤ ᠬᠠᠷᠢᠴᠠᠭ᠎ᠠ ᠶᠢ ᠲᠣᠭᠲᠠᠭᠠᠨ᠎ᠠ᠃ | ᠲᠣᠰᠬᠤᠨ ᠠᠴᠠ ᠦᠬᠡᠷᠡᠴᠢᠯᠡᠭᠳᠡᠭᠰᠡᠨ ᠨᠡᠶᠢᠭᠡᠮ ᠲᠣᠭᠤᠷᠢᠭ ᠨᠢ ᠨᠠᠮ ᠤᠨ ᠵᠣᠬᠢᠶᠠᠨ ᠪᠠᠶᠢᠭᠤᠯᠤᠯᠲᠠ ᠶᠢ | ᠵᠡᠷᠭᠡ ᠳᠤᠨᠢ ᠲᠣᠬᠢᠷᠠᠭᠤᠯᠬᠤ ᠪᠤᠶᠤ ᠪᠠᠶᠢᠭᠤᠯᠬᠤ ᠬᠡᠷᠡᠭᠲᠡᠶ᠃ | ᠭᠠᠴᠠᠭ᠎ᠠ ᠵᠢᠴᠢ ᠲᠡᠭᠦᠨ ᠠᠴᠠ ᠳᠣᠷᠣᠭᠰᠢᠬᠢ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠪᠤᠶᠤ | ᠬᠠᠰᠤᠬᠤ ᠳᠤ ᠡᠷᠬᠡᠪᠰᠢ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠤᠶᠤ ᠲᠡᠭᠦᠨ ᠠᠴᠠ ᠳᠡᠭᠡᠭᠰᠢᠬᠢ ᠨᠠᠮ ᠤᠨ | ᠵᠣᠬᠢᠶᠠᠨ ᠪᠠᠶᠢᠭᠤᠯᠤᠯᠲᠠ ᠪᠠᠷ ᠵᠥᠪᠰᠢᠶᠡᠷᠡᠭᠦᠯᠬᠦ ᠬᠡᠷᠡᠭᠲᠡᠶ᠃ | ᠨᠠᠢᠮᠠᠳᠣᠭᠠᠷ ᠵᠦᠢᠯ ᠄ ᠰᠤᠮᠤ ᠪᠠᠯᠭᠠᠰᠤᠨ ᠤ ᠨᠠᠮ ᠤᠨ ᠬᠤᠷᠢᠶ᠎ᠠ ᠳᠤ ᠶᠡᠷᠦᠩᠬᠡᠶ ᠳᠡᠭᠡᠨ 7 ᠠᠴᠠ 9 | ᠭᠡᠰᠢᠭᠦᠨ ᠲᠣᠬᠢᠷᠠᠭᠤᠯᠵᠤ᠂ ᠡᠭᠦᠨ ᠳᠤ ᠱᠦᠵᠢ 1 ᠬᠥᠮᠦᠨ᠂ ᠳᠡᠳ᠋ ᠱᠦᠵᠢ 2 ᠠᠴᠠ 3 ᠬᠥᠮᠦᠨ ᠪᠠᠶᠢᠵᠤ᠂ | ᠵᠣᠬᠢᠶᠠᠨ ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ ᠲᠣᠬᠢᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ ᠶᠢ ᠨᠠᠮ ᠤᠨ ᠬᠤᠷᠢᠶᠠᠨ ᠤ ᠭᠡᠰᠢᠭᠦᠨ ᠬᠠᠪᠰᠤᠷᠭᠠᠨ ᠬᠠᠷᠢᠭᠤᠴᠠᠬᠤ ᠬᠡᠷᠡᠭᠲᠡᠶ᠃ ᠨᠠᠮ ᠤᠨ | ᠬᠤᠷᠢᠶᠠᠨ ᠤ ᠭᠡᠰᠢᠭᠦᠨ ᠢ ᠰᠢᠶᠠᠩ ᠪᠠᠯᠭᠠᠰᠤᠨ ᠤ ᠤᠳᠤᠷᠢᠳᠬᠤ ᠲᠤᠰᠢᠶᠠᠯ ᠤᠨ ᠶᠣᠰᠣᠭᠠᠷ ᠲᠣᠬᠢᠷᠠᠭᠤᠯᠵᠤ᠂ | ᠠᠵᠢᠯ ᠢᠶᠠᠨ ᠵᠦᠶ ᠵᠣᠬᠢᠰᠲᠠᠶ ᠬᠤᠪᠢᠶᠠᠷᠢᠯᠠᠵᠤ᠂ ᠡᠯ᠎ᠡ ᠵᠦᠢᠯ ᠤᠨ ᠠᠵᠢᠯ ᠢ ᠬᠠᠷᠢᠭᠤᠴᠠᠬᠤ ᠬᠥᠮᠦᠨ ᠲᠠᠢ | ᠪᠠᠶᠢᠬᠤ ᠶᠢ ᠪᠠᠲᠤᠯᠠᠬᠤ ᠬᠡᠷᠡᠭᠲᠡᠶ᠃ | ᠭᠠᠴᠠᠭᠠᠨ ᠤ ᠨᠠᠮ ᠤᠨ ᠡᠭᠦᠷ ᠤᠨ ᠭᠡᠰᠢᠭᠦᠳ ᠤᠨ ᠬᠤᠷᠠᠯ ᠳᠤ ᠶᠡᠷᠦᠩᠬᠡᠶ ᠳᠡᠭᠡᠨ 3 ᠠᠴᠠ 5 ᠭᠡᠰᠢᠭᠦᠨ | ᠳᠣᠬᠢᠷᠠᠭᠤᠯᠣᠨ᠎ᠠ᠂ ᠡᠭᠦᠨ ᠳᠤ ᠱᠦᠵᠢ 1 ᠬᠥᠮᠦᠨ᠂ ᠴᠢᠬᠤᠯᠠ ᠲᠠᠢ ᠦᠶ᠎ᠡ ᠳᠤ ᠳᠡᠳ᠋ ᠱᠦᠵᠢ 1 ᠬᠥᠮᠦᠨ | ᠳᠣᠬᠢᠷᠠᠭᠤᠯᠵᠦ ᠪᠣᠯᠤᠨ᠎ᠠ︔ ᠨᠠᠮ ᠤᠨ ᠵᠢᠩᠬᠢᠨᠢ ᠭᠡᠰᠢᠭᠦᠨ ᠨᠢ 7 ᠬᠥᠮᠦᠨ ᠬᠦᠷᠬᠦ ᠦᠭᠡᠢ ᠨᠠᠮ ᠤᠨ ᠡᠭᠦᠷ ᠲᠤ | ᠡᠭᠦᠷ ᠤᠨ ᠭᠡᠰᠢᠭᠦᠳ ᠤᠨ ᠬᠤᠷᠠᠯ ᠪᠠᠶᠢᠭᠤᠯᠬᠤ ᠦᠭᠡᠢ᠃ ᠲᠣᠰᠬᠤᠨ ᠤ ᠨᠠᠮ ᠤᠨ ᠶᠡᠷᠦᠩᠬᠡᠶ ᠡᠭᠦᠷ ᠤᠨ | ᠭᠡᠰᠢᠭᠦᠳ ᠤᠨ ᠬᠤᠷᠠᠯ ᠳᠤ ᠶᠡᠷᠦᠩᠬᠡᠶ ᠳᠡᠭᠡᠨ 5 ᠠᠴᠠ 7 ᠭᠡᠰᠢᠭᠦᠨ ᠲᠣᠬᠢᠷᠠᠭᠤᠯᠵᠤ᠂ ᠡᠭᠦᠨ ᠳᠤ ᠱᠦᠵᠢ 1᠂ | ᠳᠡᠳ᠋ ᠱᠦᠵᠢ 1᠂ ᠰᠠᠬᠢᠯᠭ᠎ᠠ ᠪᠠᠳᠦ ᠪᠠᠶᠢᠴᠠᠭᠠᠬᠤ ᠭᠡᠰᠢᠭᠦᠨ 1 ᠪᠠᠶᠢᠬᠤ ᠬᠡᠷᠡᠭᠳᠠᠢ᠃ ᠲᠣᠰᠬᠤᠨ ᠤ ᠨᠠᠮ ᠤᠨ | ᠬᠤᠷᠢᠶ᠎ᠠ ᠨᠢ ᠶᠡᠷᠦ ᠳᠡᠭᠡᠨ 5 ᠠᠴᠠ 7 ᠭᠡᠰᠢᠭᠦᠨ ᠲᠣᠬᠢᠷᠠᠭᠤᠯᠵᠤ᠂ ᠬᠠᠮᠤᠭ ᠣᠯᠠᠨ ᠳᠠᠭᠠᠨ 9 ᠬᠥᠮᠦᠨ ᠠᠴᠠ | ᠬᠡᠲᠦᠷᠡᠵᠦ ᠪᠣᠯᠬᠤ ᠦᠭᠡᠢ᠂ ᠡᠭᠦᠨ ᠳᠤ ᠱᠦᠵᠢ 1᠂ ᠳᠡᠳ᠋ ᠱᠦᠵᠢ 1 ᠠᠴᠠ 2᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ 1 ᠪᠠᠶᠢᠬᠤ ᠬᠡᠷᠡᠭᠳᠠᠢ᠃ | | | ᠭᠤᠷᠪᠠᠳᠤᠭᠠᠷ ᠪᠦᠯᠦᠭ ᠡᠭᠦᠷᠭᠡ ᠬᠠᠷᠢᠭᠤᠴᠠᠯᠭ᠎ᠠ | | | ᠶᠢᠰᠦᠳᠦᠭᠡᠷ ᠵᠦᠢᠯ᠄ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠲᠤᠰᠢᠶᠠᠯ | ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠨᠠᠮ ᠤᠨ ᠲᠥᠪ ᠬᠤᠷᠢᠶ᠎ᠠ᠂ | ᠳᠡᠬᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠣᠰ ᠰᠢᠶᠠᠩ ᠪᠠᠯᠭᠠᠰᠤᠨ ᠤ ᠨᠠᠮ ᠤᠨ | ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ︵ᠨᠠᠮ ᠤᠨ ᠭᠡᠰᠢᠭᠦᠳ ᠤᠨ ᠶᠡᠭᠡ ᠬᠤᠷᠠᠯ︶ ᠤᠨ | ᠰᠢᠢᠳᠪᠣᠷᠢ ᠶᠢ ᠤᠬᠠᠭᠤᠯᠬᠤ ᠪᠠ ᠳᠣᠭᠤᠰᠢᠯᠠᠭᠤᠯᠣᠨ ᠬᠡᠷᠡᠭᠵᠢᠭᠦᠯᠦᠨ᠎ᠡ᠃ | ︵ᠬᠤᠶᠠᠷ︶ ᠲᠤᠰ ᠰᠢᠶᠠᠩ ᠪᠠᠯᠭᠠᠰᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ | ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠢ ᠶᠠᠷᠢᠯᠴᠠᠨ ᠲᠣᠭᠲᠠᠭᠠᠨ᠎ᠠ᠃ ᠰᠢᠶᠠᠩ ᠪᠠᠯᠭᠠᠰᠤ ᠪᠤᠶᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠲᠣᠭᠲᠠᠭᠠᠬᠤ ᠴᠢᠬᠤᠯᠠᠲᠠᠶ ᠴᠢᠬᠤᠯᠠ ᠵᠦᠢᠯᠡᠰ ᠢ | ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠠᠷ ᠰᠤᠳᠤᠯᠤᠭᠤᠯᠤᠨ ᠶᠠᠷᠢᠯᠴᠠᠭᠤᠯᠤᠭᠰᠠᠨ ᠤ ᠳᠠᠷᠠᠭ᠎ᠠ᠂ ᠰᠢᠶᠠᠩ | ᠪᠠᠯᠭᠠᠰᠤ ᠪᠤᠶᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠬᠠᠤᠯᠢ ᠴᠠᠭᠠᠵᠠ ᠪᠠ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠲᠣᠭᠲᠠᠭᠠᠯ ᠭᠠᠷᠭᠠᠨ᠎ᠠ᠃ | ︵ᠭᠤᠷᠪᠠ ︶ ᠰᠢᠶᠠᠩ ᠪᠠᠯᠭᠠᠰᠣᠨ ᠤ ᠵᠠᠰᠠᠭ ᠤᠨ ᠡᠷᠬᠡᠳᠦ ᠪᠠᠶᠢᠭᠤᠯᠭ᠎ᠠ᠂ ᠣᠯᠠᠨ ᠳᠦᠮᠡᠨᠴᠢ | ᠵᠣᠬᠢᠶᠠᠨ ᠪᠠᠶᠢᠭᠤᠯᠣᠯᠳᠠ ᠪᠣᠯᠤᠨ ᠪᠤᠰᠤᠳ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢ ᠤᠳᠤᠷᠢᠳᠤᠨ᠂ | ᠵᠢᠯᠣᠭᠤᠳᠬᠤ ᠪᠠ ᠵᠢᠷᠤᠮᠵᠢᠭᠤᠯᠬᠤ ᠶᠢ ᠴᠢᠩᠭᠠᠳᠬᠠᠵᠤ᠂ ᠡᠳᠡᠭᠡᠷ ᠪᠠᠶᠢᠭᠤᠯᠭ᠎ᠠ ᠪᠣᠯᠤᠨ ᠵᠣᠬᠢᠶᠠᠨ | ᠪᠠᠶᠢᠭᠤᠯᠤᠯᠲᠠ ᠶᠢᠨ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠦᠪᠡᠷ ᠦᠪᠡᠷ ᠤᠨ ᠢᠶᠠᠨ ᠳᠦᠷᠢᠮ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠳᠠᠮᠵᠢᠨ ᠪᠠᠲᠤᠯᠠᠬᠤ ᠬᠡᠷᠡᠭᠲᠡᠶ᠃ | ︵ ᠳᠦᠷᠪᠡ︶ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠲᠤᠰ ᠪᠡᠶ᠎ᠡ ᠶᠢᠨ ᠪᠠᠶᠢᠭᠤᠯᠤᠯᠲᠠ ᠪᠠ | ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠵᠢᠴᠢ ᠰᠤᠮᠤ ᠪᠠᠯᠭᠠᠰᠤᠨ ᠤ ᠨᠠᠮ ᠤᠨ | ᠬᠤᠷᠢᠶ᠎ᠠ ᠳᠤ ᠬᠠᠷᠢᠶᠠᠯᠠᠭᠳᠠᠬᠤ ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠪᠣᠰᠣᠳ ᠬᠠᠷᠢᠶᠠᠯᠠᠭᠳᠠᠬᠤ ᠰᠢᠶᠠᠩ ᠪᠠᠯᠭᠠᠰᠣᠨ ᠤ ᠨᠠᠮ ᠤᠨ ᠬᠤᠷᠢᠶᠠᠨ ᠤ ᠨᠠᠮ ᠤᠨ ᠵᠣᠬᠢᠶᠠᠨ ᠪᠠᠶᠢᠭᠤᠯᠣᠯᠳᠠ | ᠶᠢᠨ ᠪᠠᠶᠢᠭᠤᠯᠣᠯᠳᠠ ᠵᠢᠴᠢ ᠨᠠᠮ ᠤᠨ ᠬᠡᠰᠢᠬᠦᠨ ᠤ ᠠᠵᠢᠯ ᠢ ᠰᠠᠶᠢᠲᠤᠷ ᠠᠳᠬᠤᠵᠤ᠂ ᠨᠠᠮ ᠤᠨ ᠬᠡᠰᠢᠬᠦᠳ ᠤᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢ ᠬᠠᠮᠠᠭᠠᠯᠠᠨ | ᠬᠡᠷᠡᠭᠵᠢᠭᠦᠯᠵᠦ᠂ ᠨᠠᠮ ᠤᠨ ᠭᠡᠰᠢᠭᠦᠨ ᠺᠠᠳ᠋ᠷ ᠪᠣᠯᠤᠨ ᠪᠤᠰᠤᠳ ᠶᠠᠮᠠᠷᠪᠠ ᠠᠵᠢᠯᠲᠠᠨ ᠤ ᠤᠯᠤᠰ ᠤᠨ ᠬᠠᠤᠯᠢ ᠴᠠᠭᠠᠵᠠ | ᠬᠠᠤᠯᠢ ᠲᠣᠭᠲᠠᠭᠠᠯ ᠢ ᠴᠢᠩᠭ᠎ᠠ ᠵᠢᠷᠤᠮᠯᠠᠬᠤ ᠳᠤ ᠬᠢᠨᠠᠯᠲᠠ ᠲᠠᠯᠪᠢᠨ᠎ᠠ᠃ | ︵ᠲᠠᠪᠤ︶ ᠺᠠᠳ᠋ᠷ ᠤᠨ ᠬᠠᠮᠢᠶᠠᠷᠣᠯᠳᠠ ᠶᠢᠨ ᠡᠷᠭᠡ ᠶᠢᠨ ᠬᠡᠮᠵᠢᠶ᠎ᠡ ᠶᠣᠰᠣᠭᠠᠷ ᠺᠠᠳ᠋ᠷ ᠢ ᠰᠤᠷᠭᠠᠨ | ᠬᠥᠮᠦᠵᠢᠭᠦᠯᠬᠦ᠂ ᠪᠣᠯᠪᠠᠰᠤᠷᠠᠭᠤᠯᠬᠤ᠂ ᠰᠢᠯᠢᠨ ᠳᠡᠪᠰᠢᠭᠦᠯᠬᠦ᠂ ᠬᠢᠨᠠᠨ ᠰᠢᠯᠭᠠᠬᠤ ᠪᠠ ᠬᠢᠨᠠᠯᠲᠠ ᠲᠠᠯᠪᠢᠬᠤ ᠠᠵᠢᠯ ᠢ | ᠬᠠᠷᠢᠭᠤᠴᠠᠨ᠎ᠠ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠶᠠᠩ ᠪᠠᠯᠭᠠᠰᠤᠨ ᠤ | ᠨᠢᠭᠡᠴᠡ ᠳᠤ ᠰᠠᠭᠤᠭ᠎ᠠ ᠺᠠᠳ᠋ᠷ ᠢ ᠬᠠᠪᠰᠤᠷᠤᠨ ᠬᠠᠮᠢᠶᠠᠷᠤᠨ᠎ᠠ᠃ ᠴᠢᠳᠠᠪᠤᠷᠢᠲᠠᠨ ᠳᠤ ᠦᠢᠯᠡᠴᠢᠯᠡᠬᠦ ᠪᠠ ᠣᠷᠣᠭᠤᠯᠤᠨ | ᠠᠪᠴᠢᠷᠠᠬᠤ ᠠᠵᠢᠯ ᠢ ᠰᠠᠶᠢᠲᠤᠷ ᠬᠢᠨ᠎ᠡ᠃ | ︵ᠵᠢᠷᠭᠤᠭ᠎ᠠ︶ ᠲᠤᠰ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠴᠤ᠂ | ᠨᠡᠶᠢᠭᠡᠮ ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠪᠠ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ | ᠴᠢᠩᠭᠠᠳᠬᠠᠵᠤ᠂ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠶᠠᠳᠠᠭᠤ ᠠᠴᠠ | ᠠᠩᠬᠢᠵᠢᠷᠠᠭᠤᠯᠣᠨ ᠪᠠᠶᠠᠵᠢᠬᠤ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠰᠠᠶᠢᠲᠤᠷ ᠬᠢᠨ᠎ᠡ᠃ | ᠠᠷᠪᠠᠳᠤᠭᠠᠷ ᠵᠦᠢᠯ᠄ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠲᠤᠰᠢᠶᠠᠯ | ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠨᠠᠮ ᠤᠨ ᠲᠥᠪ ᠬᠤᠷᠢᠶ᠎ᠠ᠂ | ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠤᠰ ᠭᠠᠴᠠᠭᠠᠨ ᠤ ᠨᠠᠮ ᠤᠨ ᠭᠡᠰᠢᠭᠦᠳ ᠤᠨ ᠶᠡᠭᠡ | ᠬᠤᠷᠠᠯ ︵ᠨᠠᠮ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ︶ ᠤᠨ ᠰᠢᠢᠳᠪᠣᠷᠢ ᠶᠢ ᠤᠬᠠᠭᠤᠯᠤᠨ | ᠲᠤᠤᠱᠯᠠᠭᠤᠯᠵᠤ ᠬᠡᠷᠡᠭᠵᠢᠭᠦᠯᠦᠨ᠎ᠡ᠃ | ︵ᠬᠤᠶᠠᠷ︶ ᠲᠣᠰ ᠲᠣᠰᠬᠤᠨ ᠤ ᠠᠵᠤ ᠠᠬᠤᠢ ᠶᠢᠨ ᠪᠦᠲᠦᠭᠡᠨ ᠪᠠᠶᠢᠭᠤᠯᠣᠯᠳᠠ᠂ ᠤᠯᠤᠰ | ᠲᠥᠷᠥ ᠶᠢᠨ ᠪᠠᠶᠢᠭᠤᠯᠣᠯᠳᠠ᠂ ᠰᠣᠶᠣᠯ ᠤᠨ ᠪᠠᠶᠢᠭᠤᠯᠣᠯᠳᠠ᠂ ᠨᠠᠶᠢᠬᠡᠮ ᠤᠨ ᠪᠠᠶᠢᠭᠤᠯᠣᠯᠳᠠ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠣᠯᠳᠠ ᠪᠣᠯᠤᠨ ᠨᠠᠮ ᠤᠨ ᠪᠠᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤᠮᠳᠠᠬᠢ ᠴᠢᠬᠤᠯᠠ ᠠᠰᠠᠭᠤᠳᠠᠯ ᠢ ᠶᠠᠷᠢᠯᠴᠠᠨ ᠲᠣᠭᠲᠠᠭᠠᠬᠤ ᠶᠢᠨ ᠬᠠᠮᠲᠤ ᠴᠠᠭ ᠲᠤᠬᠠᠶ ᠳᠤᠨᠢ | ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠳᠤ ᠮᠡᠳᠡᠭᠦᠯᠬᠦ ᠬᠡᠷᠡᠭᠲᠡᠶ᠃ ᠳᠣᠰᠬᠤᠨ ᠤ ᠢᠷᠭᠡᠳ ᠵᠥᠪᠯᠡᠯ ᠠᠴᠠ | ᠳᠣᠰᠬᠤᠨ ᠤ ᠢᠷᠭᠡᠳ ᠤᠨ ᠬᠤᠷᠠᠯ᠂ ᠳᠣᠰᠬᠤᠨ ᠤ ᠢᠷᠭᠡᠳ ᠤᠨ ᠲᠥᠯᠥᠭᠡᠯᠡᠭᠴᠢᠳ ᠤᠨ ᠬᠤᠷᠠᠯ ᠳᠤ | ᠳᠡᠪᠰᠢᠭᠦᠯᠦᠨ ᠲᠣᠭᠲᠠᠭᠠᠯᠭᠠᠬᠤ ᠴᠢᠬᠤᠯᠠᠲᠠᠶ ᠤᠴᠢᠷ ᠶᠠᠪᠤᠳᠠᠯ ᠪᠤᠶᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠲᠣᠭᠲᠠᠭᠠᠭᠰᠠᠨ ᠴᠢᠬᠤᠯᠠ ᠤᠴᠢᠷ ᠶᠠᠪᠤᠳᠠᠯ ᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ | ᠰᠤᠳᠤᠯᠤᠨ ᠶᠠᠷᠢᠯᠴᠠᠭᠰᠠᠨ ᠤ ᠳᠠᠷᠠᠭ᠎ᠠ᠂ ᠳᠣᠰᠬᠤᠨ ᠤ ᠢᠷᠭᠡᠳ ᠤᠨ ᠬᠤᠷᠠᠯ᠂ ᠳᠣᠰᠬᠤᠨ ᠤ ᠢᠷᠭᠡᠳ ᠤᠨ | ᠲᠥᠯᠥᠭᠡᠯᠡᠭᠴᠢᠳ ᠤᠨ ᠬᠤᠷᠠᠯ ᠪᠤᠶᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠬᠠᠤᠯᠢ | ᠴᠠᠭᠠᠵᠠ ᠪᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠭᠠᠯ ᠭᠠᠷᠭᠠᠨ᠎ᠠ᠃ | ︵ᠭᠤᠷᠪᠠ︶ ᠲᠣᠰᠬᠤᠨ ᠤ ᠱᠠᠲᠤᠨ ᠤ ᠠᠷᠠᠳᠴᠢᠯᠠᠯ ᠢᠶᠠᠷ ᠰᠣᠩᠭᠤᠬᠤ᠂ ᠠᠷᠠᠳᠴᠢᠯᠠᠯ ᠢᠶᠠᠷ | ᠰᠢᠢᠳᠪᠣᠷᠢᠳᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠤᠳᠤᠷᠢᠳᠤᠨ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠥᠪᠳᠡᠯᠴᠡᠭᠡ ᠶᠢ ᠲᠦᠯᠬᠢᠨ ᠠᠬᠢᠭᠤᠯᠵᠤ᠂ ᠲᠣᠰᠬᠤᠨ ᠤ ᠠᠷᠠᠳ ᠤᠨ ᠬᠠᠤᠯᠢ ᠶᠣᠰᠣᠭᠠᠷ ᠥᠪᠡᠷᠲᠡᠭᠡᠨ ᠵᠠᠰᠠᠬᠤ | ᠠᠵᠢᠯᠯᠠᠭ᠎ᠠ ᠥᠷᠨᠢᠭᠦᠯᠬᠦ ᠶᠢ ᠳᠡᠮᠵᠢᠬᠦ ᠪᠠ ᠪᠠᠲᠤᠯᠠᠬᠤ ᠬᠡᠷᠡᠭᠲᠡᠶ᠃ ᠲᠣᠰᠬᠤᠨ ᠤ ᠢᠷᠭᠡᠳ ᠤᠨ ᠵᠥᠪᠯᠡᠯ ᠵᠢᠴᠢ | ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ᠂ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠪᠣᠯᠤᠨ ᠪᠤᠰᠤᠳ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠤᠳᠤᠷᠢᠳᠤᠨ᠂ ᠵᠢᠭᠠᠨ ᠵᠢᠯᠣᠭᠤᠳᠬᠤ ᠪᠠ | ᠵᠢᠷᠤᠮᠵᠢᠭᠤᠯᠬᠤ ᠪᠠᠨ ᠴᠢᠩᠭᠠᠳᠬᠠᠵᠤ᠂ ᠡᠳᠡᠭᠡᠷ ᠵᠣᠬᠢᠶᠠᠨ ᠪᠠᠶᠢᠭᠤᠯᠤᠯᠲᠠ ᠶᠢᠨ ᠤᠯᠤᠰ ᠤᠨ ᠬᠠᠤᠯᠢ ᠴᠠᠭᠠᠵᠠ | ᠬᠠᠤᠯᠢ ᠲᠣᠭᠲᠠᠭᠠᠯ ᠵᠢᠴᠢ ᠦᠪᠡᠷ ᠦᠪᠡᠷ ᠤᠨ ᠢᠶᠠᠨ ᠳᠦᠷᠢᠮ ᠤᠨ ᠶᠣᠰᠣᠭᠠᠷ ᠡᠭᠦᠷᠭᠡ ᠬᠠᠷᠢᠭᠤᠴᠠᠯᠭ᠎ᠠ ᠪᠠᠨ | ᠬᠦᠢᠴᠡᠳᠬᠡᠬᠦ ᠶᠢ ᠳᠠᠮᠵᠢᠨ ᠪᠠᠲᠤᠯᠠᠬᠤ ᠬᠡᠷᠡᠭᠲᠡᠶ᠃ | ︵ᠳᠦᠷᠪᠡ︶ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠵᠣᠬᠢᠶᠠᠨ ᠪᠠᠶᠢᠭᠤᠯᠣᠯᠳᠠ ᠶᠢᠨ ᠠᠮᠢᠳᠣᠷᠠᠯ ᠢ ᠴᠢᠩᠭ᠎ᠠ ᠨᠢᠮᠪᠠᠶ ᠬᠢᠵᠦ᠂ | ᠨᠠᠮ ᠤᠨ ᠭᠡᠰᠢᠭᠦᠳ ᠢ ᠬᠥᠮᠦᠵᠢᠭᠦᠯᠬᠦ᠂ ᠬᠠᠮᠢᠶᠠᠷᠬᠤ᠂ ᠬᠢᠨᠠᠯᠲᠠ ᠲᠠᠯᠪᠢᠬᠤ ᠪᠠ ᠦᠢᠯᠡᠴᠢᠯᠡᠬᠦ ᠬᠡᠷᠡᠭᠲᠡᠶ᠃ ᠨᠠᠮ ᠳᠤ | ᠣᠷᠣᠬᠤ ᠪᠠᠷ ᠭᠤᠶᠤᠴᠢᠯᠠᠵᠤ ᠪᠠᠶᠢᠭ᠎ᠠ ᠬᠥᠮᠦᠰ ᠢ ᠰᠤᠷᠭᠠᠨ ᠬᠥᠮᠦᠵᠢᠭᠦᠯᠬᠦ ᠠᠵᠢᠯ ᠢ ᠰᠠᠶᠢᠲᠤᠷ ᠬᠢᠬᠦ ᠶᠢ | ᠬᠠᠷᠢᠭᠤᠴᠠᠨ᠎ᠠ᠃ ᠨᠠᠮ ᠤᠨ ᠰᠠᠬᠢᠯᠭ᠎ᠠ ᠪᠠᠲᠤ ᠶᠢ ᠬᠠᠮᠠᠭᠠᠯᠠᠨ ᠬᠡᠷᠡᠭᠵᠢᠭᠦᠯᠦᠨ᠎ᠡ᠃ ᠳᠣᠰᠬᠤᠨ᠂ ᠳᠤᠭᠤᠶᠢᠯᠠᠩ ᠤᠨ | ᠺᠠᠳ᠋ᠷ ᠪᠠ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠳᠤ ᠬᠢᠬᠦ ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠵᠤ᠂ ᠭᠠᠴᠠᠭᠠᠨ ᠤ | ᠱᠠᠲᠤᠨ ᠤ ᠪᠡᠯᠡᠳᠬᠡᠯ ᠬᠦᠴᠦᠨ ᠢ ᠬᠥᠮᠦᠵᠢᠭᠦᠯᠦᠨ᠎ᠡ᠃ ᠲᠤᠰ ᠭᠠᠴᠠᠭᠠᠨ ᠤ ᠪᠠᠨ ᠴᠢᠳᠠᠪᠤᠷᠢᠲᠠᠨ ᠢ ᠤᠷᠢᠵᠤ ᠬᠡᠷᠡᠭᠯᠡᠬᠦ | ᠵᠡᠷᠭᠡ ᠠᠵᠢᠯ ᠢ ᠰᠠᠶᠢᠲᠤᠷ ᠬᠢᠨ᠎ᠡ᠃ | ︵ᠲᠠᠪᠤ︶ ᠣᠯᠠᠨ ᠲᠦᠮᠡᠨ ᠢ ᠵᠣᠬᠢᠶᠠᠨ ᠪᠠᠶᠢᠭᠤᠯᠬᠤ᠂ ᠣᠯᠠᠨ ᠲᠦᠮᠡᠨ ᠳᠤ ᠤᠬᠠᠭᠤᠯᠬᠤ᠂ ᠣᠯᠠᠨ | ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠤ ᠰᠢᠭᠦᠮᠵᠢᠯᠡᠯ ᠪᠠ ᠰᠠᠨᠠᠯ ᠢ | ᠦᠷᠭᠦᠯᠵᠢ ᠣᠶᠢᠯᠠᠭᠠᠵᠤ᠂ ᠣᠯᠠᠨ ᠲᠦᠮᠡᠨ ᠤ ᠵᠦᠶ ᠶᠣᠰᠣᠨ ᠤ ᠡᠷᠬᠡ ᠠᠰᠢᠭ ᠪᠠ ᠠᠰᠢᠭ ᠲᠤᠰᠠ ᠶᠢ ᠬᠠᠮᠠᠭᠠᠯᠠᠨ᠂ | ᠣᠯᠠᠨ ᠲᠦᠮᠡᠨ ᠢ ᠬᠦᠮᠦᠵᠢᠬᠦᠯᠦᠨ ᠬᠦᠳᠦᠯᠬᠦ ᠪᠠᠨ ᠴᠢᠩᠭᠠᠳᠬᠠᠵᠤ᠂ ᠣᠯᠠᠨ ᠲᠦᠮᠡᠨ ᠤ ᠦᠵᠡᠯ ᠰᠠᠨᠠᠭ᠎ᠠ ᠤᠯᠤᠰ | ᠲᠥᠷᠥ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ︵ᠵᠢᠷᠭᠤᠭ᠎ᠠ︶ ᠲᠤᠰ ᠳᠣᠰᠬᠤᠨ ᠤ ᠪᠠᠨ ᠨᠡᠶᠢᠭᠡᠮ ᠤᠨ ᠵᠠᠰᠠᠯᠲᠠ ᠶᠢ ᠤᠳᠤᠷᠢᠳᠴᠤ᠂ ᠲᠤᠰ | ᠳᠣᠰᠬᠤᠨ ᠤ ᠪᠠᠨ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ᠂ ᠬᠠᠤᠯᠢ ᠪᠠᠷ ᠵᠠᠰᠠᠬᠤ | ᠤᠬᠠᠭᠤᠯᠭ᠎ᠠ ᠬᠥᠮᠦᠵᠢᠯ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠠᠮᠢ ᠠᠬᠤᠶ ᠣᠷᠴᠢᠨ | ᠠᠬᠤᠶ ᠶᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠢ ᠪᠦᠲᠦᠭᠡᠨ ᠪᠠᠶᠢᠭᠤᠯᠬᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ᠂ ᠶᠠᠳᠠᠭᠤ ᠠᠴᠠ ᠠᠩᠬᠢᠵᠢᠷᠠᠭᠤᠯᠣᠨ ᠪᠠᠶᠠᠵᠢᠬᠤ᠂ ᠦᠨᠳᠦᠰᠦᠲᠡᠨ ᠱᠠᠰᠢᠨ ᠰᠤᠷᠲᠠᠬᠤᠨ | ᠵᠡᠷᠭᠡ ᠠᠵᠢᠯ ᠢ ᠰᠠᠶᠢᠲᠤᠷ ᠬᠢᠨ᠎ᠡ᠃ | ᠠᠷᠪᠠᠨ ᠨᠢᠭᠡᠳᠦᠭᠡᠷ ᠵᠦᠢᠯ ᠄ ᠨᠠᠮ ᠤᠨ ᠭᠡᠰᠢᠭᠦᠨ ᠤ ᠲᠤᠭ᠎ᠠ ᠪᠠᠷ ᠨᠡᠯᠢᠶᠡᠳ ᠣᠯᠠᠨ ᠳᠣᠰᠬᠤᠨ ᠤ | ᠨᠠᠮ ᠤᠨ ᠡᠭᠦᠷ ᠲᠤ ᠡᠳᠦᠶ ᠲᠡᠳᠦᠶ ᠨᠠᠮ ᠤᠨ ᠪᠠᠭ᠎ᠠ ᠳᠤᠭᠤᠶᠢᠯᠠᠩ ᠬᠤᠪᠢᠶᠠᠵᠤ ᠪᠣᠯᠤᠨ᠎ᠠ᠃ ᠨᠠᠮ ᠤᠨ ᠪᠠᠭ᠎ᠠ | ᠳᠤᠭᠤᠶᠢᠯᠠᠩ ᠨᠢ ᠨᠠᠮ ᠤᠨ ᠡᠭᠦᠷ ᠤᠨ ᠵᠥᠪᠯᠡᠯ ᠤᠨ ᠤᠳᠤᠷᠢᠳᠤᠯᠭ᠎ᠠ ᠶᠢᠨ ᠳᠣᠤᠷ᠎ᠠ ᠠᠵᠢᠯ ᠢᠶᠠᠨ ᠥᠷᠨᠢᠭᠦᠯᠵᠦ᠂ | ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠰᠤᠷᠤᠯᠴᠠᠭᠤᠯᠬᠤ ᠪᠠ ᠲᠡᠭᠦᠨ ᠳᠤ ᠣᠷᠣᠯᠴᠠᠭᠤᠯᠵᠤ᠂ ᠨᠠᠮ ᠤᠨ | ᠭᠡᠰᠢᠭᠦᠨ ᠤ ᠡᠭᠦᠷᠭᠡ ᠪᠠᠨ ᠬᠦᠢᠴᠡᠳᠬᠡᠭᠰᠡᠨ᠂ ᠡᠷᠬᠡ ᠪᠠᠨ ᠬᠡᠷᠡᠭᠵᠢᠭᠦᠯᠦᠭᠰᠡᠨ ᠪᠠ ᠡᠭᠦᠷ ᠤᠨ ᠭᠡᠰᠢᠭᠦᠳ ᠤᠨ | ᠬᠤᠷᠠᠯ᠂ ᠨᠠᠮ ᠤᠨ ᠭᠡᠰᠢᠭᠦᠳ ᠤᠨ ᠶᠡᠭᠡ ᠬᠤᠷᠠᠯ ᠤᠨ ᠰᠢᠢᠳᠪᠣᠷᠢ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ | ᠨᠠᠮ ᠤᠨ ᠭᠡᠰᠢᠭᠦᠨ᠂ ᠣᠯᠠᠨ ᠲᠦᠮᠡᠨ ᠤ ᠰᠠᠨᠠᠯ ᠢ ᠲᠤᠰᠬᠠᠨ᠎ᠠ᠃ | | | ᠳᠥᠷᠪᠡᠳᠦᠭᠡᠷ ᠪᠦᠯᠦᠭ ᠠᠵᠤ ᠠᠬᠤᠢ ᠶᠢᠨ ᠪᠦᠲᠦᠭᠡᠨ ᠪᠠᠶᠢᠭᠤᠯᠤᠯᠲᠠ | | | ᠠᠷᠪᠠᠨ ᠬᠤᠶᠠᠳᠤᠭᠠᠷ ᠵᠦᠢᠯ᠄ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠨᠢ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠨ᠂ ᠰᠢᠨ᠎ᠡ ᠶᠢ ᠡᠭᠦᠳᠬᠦ᠂ ᠡᠶ᠎ᠡ | ᠵᠣᠬᠢᠴᠠᠩᠭᠤᠶ᠂ ᠪᠣᠬᠢᠷᠲᠤᠯ ᠦᠭᠡᠢ᠂ ᠨᠡᠭᠡᠭᠡᠯᠲᠡᠲᠡᠶ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ | ᠳᠣᠭᠤᠰᠢᠯᠠᠭᠤᠯᠵᠦ᠂ ᠲᠠᠷᠢᠶᠠᠯᠠᠩ ᠠᠵᠦ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠪᠴᠢᠯᠡᠨ | ᠲᠦᠯᠬᠢᠨ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠣᠯᠠᠨ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠲᠤᠬᠠᠶ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠶ᠃ ᠪᠣᠳᠠᠲᠠᠶ ᠡᠭᠦᠷᠭᠡ ᠳᠤ | ᠪᠠᠭᠲᠠᠬᠤ ᠨᠢ᠄ | ︵ᠨᠢᠭᠡ︶ ᠨᠡᠶᠢᠲᠡ ᠶᠢᠨ ᠥᠮᠴᠢᠯᠡᠯ ᠢᠶᠠᠷ ᠭᠤᠤᠯ ᠴᠣᠭᠴᠠ ᠪᠣᠯᠭᠠᠭᠰᠠᠨ᠂ ᠣᠯᠠᠨ ᠲᠥᠷᠥᠯ ᠤᠨ | ᠥᠮᠴᠢᠯᠡᠯ ᠤᠨ ᠠᠵᠤ ᠠᠬᠤᠶ ᠶᠢ ᠬᠠᠮᠲᠤ ᠪᠠᠷ ᠬᠥᠭᠵᠢᠭᠦᠯᠬᠦ ᠠᠵᠤ ᠠᠬᠤᠢ ᠶᠢᠨ ᠦᠨᠳᠦᠰᠦᠨ ᠪᠠᠶᠢᠭᠤᠯᠤᠯ ᠢ | ᠪᠠᠷᠢᠮᠲᠠᠯᠠᠵᠤ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠬᠠᠮᠲᠤ ᠶᠢᠨ ᠥᠮᠴᠢᠯᠡᠯ ᠢ ᠪᠠᠷᠢᠮᠲᠠᠯᠠᠵᠤ᠂ ᠭᠡᠷ | ᠪᠦᠯᠢ ᠶᠢᠨ ᠡᠵᠡᠩᠨᠡᠯᠲᠡ ᠶᠢᠨ ᠰᠠᠭᠤᠷᠢ ᠪᠣᠯᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠭᠠᠵᠠᠷ ᠰᠢᠷᠣᠶ ᠶᠢᠨ | ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠬᠤ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠬᠤ ᠵᠠᠮ ᠢᠶᠠᠷ | ᠵᠠᠮᠨᠠᠬᠤ ᠬᠡᠷᠡᠭᠲᠡᠶ᠃ | ︵ᠬᠤᠶᠠᠷ︶ ᠠᠮᠤ ᠪᠤᠳᠠᠭᠠᠨ ᠤ ᠦᠢᠯᠡᠳᠪᠣᠷᠢᠯᠡᠯ ᠢ ᠲᠣᠭᠲᠠᠭᠤᠨ ᠢᠶᠠᠷ ᠬᠥᠭᠵᠢᠭᠦᠯᠵᠦ᠂ ᠣ᠊ᠯᠠᠨ | ᠲᠥᠷᠥᠯ ᠤᠨ ᠡᠵᠡᠩᠨᠡᠯᠲᠡ ᠶᠢ ᠬᠥᠭᠵᠢᠭᠦᠯᠬᠦ ᠶᠢ ᠠᠮᠤ ᠪᠤᠳᠠᠭᠠᠨ ᠤ ᠦᠢᠯᠡᠳᠪᠣᠷᠢᠯᠡᠯ ᠢ ᠳᠠᠮᠵᠢᠵᠤ ᠠᠬᠢᠭᠤᠯᠬᠤ ᠲᠠᠢ | ᠤᠶᠠᠯᠳᠤᠭᠤᠯᠬᠤ ᠬᠡᠷᠡᠭᠲᠡᠶ᠃ | ︵ᠭᠤᠷᠪᠠ︶ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ | ᠠᠬᠢᠭᠤᠯᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ | ᠬᠥᠭᠵᠢᠬᠦ ᠶᠢ ᠲᠦᠯᠬᠢᠨ ᠠᠬᠢᠭᠤᠯᠵᠤ᠂ ᠲᠠᠷᠢᠶᠠᠴᠢᠳ ᠲᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠥᠷᠳᠡᠭ ᠤᠨ | ᠨᠡᠮᠡᠭᠳᠡᠯ ᠤᠨ ᠠᠰᠢᠭ ᠣᠷᠣᠯᠭ᠎ᠠ ᠶᠢ ᠵᠦᠶ ᠵᠣᠬᠢᠰᠲᠠᠶ ᠬᠤᠪᠢᠶᠠᠨ ᠡᠳ᠋ᠯᠡᠭᠦᠯᠬᠦ ᠬᠡᠷᠡᠭᠲᠡᠶ᠃ | ︵ᠳᠦᠷᠪᠡ︶ ᠬᠦᠭᠡ ᠠᠭᠤᠯᠠ ᠬᠦᠬᠡᠮᠳᠡᠭ ᠣᠰᠦ ᠪᠣᠯ ᠠᠯᠳᠠᠨ ᠠᠭᠤᠯᠠ ᠮᠦᠩᠬᠦᠨ ᠬᠠᠶᠢᠷᠬᠠᠨ | ᠬᠡᠳᠡᠭ ᠣᠶᠢᠯᠠᠭᠠᠭᠳᠠᠬᠤᠨ ᠢ ᠪᠠᠷᠢᠮᠳᠠᠯᠠᠵᠦ ᠂ ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠦᠭᠡᠢ ᠬᠥᠭᠵᠢᠯᠲᠡ᠂ | ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃ | ︵ᠲᠠᠪᠤ ︶ ᠲᠣᠰ ᠭᠠᠵᠠᠷ ᠣᠷᠣᠨ ᠤ ᠪᠠᠨ ᠠᠵᠤ ᠠᠬᠤᠢ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠤᠳᠤᠷᠢᠳᠤᠨ ᠲᠣᠭᠲᠠᠭᠠᠵᠤ᠂ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠤᠨ | ᠳᠠᠶᠢᠴᠢᠯᠠᠵᠤ ᠪᠠᠶᠢᠭᠠᠳ ᠲᠥᠯᠥᠪᠵᠢᠭᠦᠯᠭᠡ ᠶᠢᠨ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ᠃ | ︵ᠵᠢᠷᠭᠤᠭ᠎ᠠ︶ ᠨᠠᠮ ᠤᠨ ᠭᠡᠰᠢᠭᠦᠨ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠲᠠᠷᠢᠶᠠᠯᠠᠩ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢ ᠰᠤᠷᠤᠯᠴᠠᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢ ᠬᠡᠷᠡᠭᠯᠡᠨ ᠠᠵᠤ ᠠᠬᠤᠶ ᠶᠢ ᠬᠥᠭᠵᠢᠭᠦᠯᠦᠨ᠎ᠡ᠃ ᠡᠯ᠎ᠡ ᠲᠥᠷᠥᠯ ᠤᠨ ᠴᠢᠳᠠᠪᠤᠷᠢᠲᠠᠨ ᠢ ᠬᠥᠳᠡᠭᠡ | ᠲᠣᠰᠬᠤᠨ ᠳᠤ ᠣᠴᠢᠵᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠳᠠᠳᠠᠨ᠎ᠠ᠃ | ᠠᠷᠪᠠᠨ ᠭᠤᠷᠪᠠᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠣᠯᠳᠠ ᠡᠷᠬᠡᠪᠰᠢ ᠣᠯᠠᠨ ᠲᠦᠮᠡᠨ ᠢ ᠳᠠᠶᠢᠴᠢᠯᠠᠨ ᠳᠠᠭᠠᠭᠤᠯᠵᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠵᠤ᠂ ᠲᠣᠭᠲᠠᠭᠰᠠᠨ ᠬᠤᠭᠤᠴᠠᠭᠠᠨ ᠳᠤ | ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠵᠦ᠂ ᠬᠥᠳᠡᠭᠡ | ᠲᠣᠰᠬᠤᠨ ᠤ ᠪᠠᠶᠠᠵᠢᠨ ᠴᠢᠨᠡᠭᠡᠯᠢᠭᠵᠢᠬᠦ ᠠᠵᠤ ᠦᠢᠯᠡᠰ ᠢ ᠵᠣᠬᠢᠶᠠᠨ ᠪᠠᠶᠢᠭᠤᠯᠣᠨ ᠬᠥᠭᠵᠢᠭᠦᠯᠵᠦ᠂ | ᠲᠠᠷᠢᠶᠠᠴᠢᠳ ᠤᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠵᠤ᠂ ᠲᠠᠷᠢᠶᠠᠴᠢᠳ ︽ᠬᠠᠷᠮᠠᠨ ᠳᠦᠬᠦᠷᠡᠩ︾ | ᠮᠥᠷᠲᠡᠭᠡᠨ ︽ ᠮᠡᠳᠡᠯᠭᠡ ᠳᠦᠬᠦᠷᠡᠩ︾ ᠪᠠᠶᠢᠵᠤ᠂ ᠥᠪᠡᠷ ᠤᠨ ᠬᠥᠳᠡᠯᠮᠦᠷᠢ ᠳᠤ ᠪᠠᠨ ᠲᠦᠰᠢᠭᠯᠡᠨ ᠵᠣᠯ ᠵᠢᠷᠭᠠᠯᠲᠤ | ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠨ ᠪᠠᠶᠢᠭᠤᠯᠬᠤ ᠶᠢ ᠬᠦᠳᠦᠯᠦᠨᠡ᠃ | ᠠᠷᠪᠠᠨ ᠳᠥᠷᠪᠡᠳᠦᠭᠡᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠨᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠠᠮᠲᠤ ᠶᠢᠨ ᠠᠵᠤ ᠠᠬᠤᠶ ᠶᠢ | ᠬᠥᠭᠵᠢᠭᠦᠯᠦᠨ ᠪᠤᠵᠠᠭᠠᠶᠢᠷᠠᠭᠤᠯᠬᠤ ᠶᠢ ᠲᠦᠯᠬᠢᠨ ᠠᠬᠢᠭᠤᠯᠵᠤ᠂ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠬᠠᠮᠲᠤ ᠶᠢᠨ ᠡᠳ᠋ ᠬᠥᠷᠥᠩᠭᠡ ᠶᠢ ᠬᠠᠮᠢᠶᠠᠷᠬᠤ ᠶᠢ ᠤᠳᠤᠷᠢᠳᠤᠨ ᠳᠠᠮᠵᠢᠵᠤ᠂ ᠠᠰᠢᠭ | ᠲᠤᠰᠠ ᠶᠢᠨ ᠬᠠᠷᠢᠴᠠᠭ᠎ᠠ ᠶᠢ ᠵᠣᠬᠢᠴᠠᠭᠤᠯᠤᠨ᠂ ᠦᠢᠯᠡᠳᠪᠣᠷᠢᠯᠡᠯ ᠤᠨ ᠦᠢᠯᠡᠴᠢᠯᠡᠭᠡ ᠪᠠ ᠬᠠᠮᠲᠤ ᠶᠢᠨ ᠡᠬᠢ | ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠵᠤ᠂ ᠬᠠᠮᠲᠤ ᠶᠢᠨ ᠡᠳ᠋ ᠬᠥᠷᠥᠩᠭᠡ ᠶᠢᠨ | ᠥᠷᠲᠡᠭ ᠨᠡᠮᠡᠭᠳᠡᠬᠦ ᠶᠢ ᠦᠨᠡᠨ ᠬᠦ ᠪᠠᠲᠤᠯᠠᠵᠤ᠂ ᠲᠠᠷᠢᠶᠠᠴᠢᠳ ᠤᠨ ᠠᠰᠢᠭ ᠬᠦᠷᠲᠡᠬᠦ ᠶᠢ ᠦᠨᠡᠨ ᠬᠦ ᠪᠠᠲᠤᠯᠠᠬᠤ | ᠬᠡᠷᠡᠭᠲᠡᠶ᠃ | | | ᠲᠠᠪᠤᠳᠤᠭᠠᠷ ᠪᠦᠯᠦᠭ ᠣᠶᠤᠨ ᠤ ᠪᠣᠯᠪᠠᠰᠤᠨ ᠤ ᠪᠠᠶᠢᠭᠤᠯᠤᠯᠲᠠ | | | ᠠᠷᠪᠠᠨ ᠲᠠᠪᠤᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠣᠯᠠᠨ ᠲᠦᠮᠡᠨ ᠢ ᠵᠣᠬᠢᠶᠠᠨ ᠪᠠᠶᠢᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠭᠤᠯᠵᠤ᠂ ᠨᠡᠶᠢᠭᠡᠮ | ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠬᠦᠯᠵᠦ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤᠮᠳᠠᠳᠤ ᠤᠨ ᠵᠡᠭᠦᠳᠦ ᠶᠢᠨ ᠤᠬᠠᠭᠤᠯᠭ᠎ᠠ ᠬᠥᠮᠦᠵᠢᠯ᠂ ᠡᠬᠡ ᠣᠷᠣᠨᠴᠢ ᠦᠵᠡᠯ᠂ | ᠨᠡᠶᠢᠭᠡᠮ ᠵᠢᠷᠤᠮ ᠤᠨ ᠬᠥᠮᠦᠵᠢᠯ᠂ ᠨᠠᠮ ᠤᠨ ᠱᠤᠭᠤᠮ ᠴᠢᠭᠯᠡᠯᠲᠡ ᠲᠥᠷᠦ ᠶᠢᠨ ᠪᠣᠳᠣᠯᠭ᠎ᠠ ᠶᠢᠨ ᠬᠥᠮᠦᠵᠢᠯ᠂ ᠦᠵᠡᠯ | ᠰᠠᠨᠠᠭ᠎ᠠ ᠶᠣᠰᠣ ᠮᠣᠷᠠᠯ ᠪᠠ ᠠᠷᠠᠳᠴᠢᠯᠠᠯ ᠬᠠᠤᠯᠢ ᠪᠠᠷ ᠵᠠᠰᠠᠬᠤ ᠬᠥᠮᠦᠵᠢᠯ ᠢ ᠦᠷᠨᠢᠬᠦᠯᠵᠦ᠂ ᠲᠠᠷᠢᠶᠠᠴᠢᠳ ᠢ | ᠬᠥᠲᠥᠯᠥᠨ ᠵᠢᠯᠣᠭᠤᠳᠴᠤ ᠪᠠᠶᠢᠭᠠᠳ ᠤᠯᠤᠰ ᠣᠷᠣᠨ᠂ ᠬᠠᠮᠲᠤ ᠨᠡᠶᠢᠲᠡ᠂ ᠬᠤᠪᠢ ᠬᠥᠮᠦᠨ ᠤ ᠬᠤᠭᠤᠷᠣᠨᠳᠣᠬᠢ | ᠠᠰᠢᠭ ᠲᠤᠰᠠ ᠶᠢᠨ ᠬᠠᠷᠢᠴᠠᠭ᠎ᠠ ᠶᠢ ᠵᠥᠪ ᠢᠶᠠᠷ ᠰᠢᠢᠳᠪᠣᠷᠢᠯᠡᠬᠦᠯᠵᠦ᠂ ᠬᠦᠰᠡᠯᠡᠩ ᠲᠠᠢ᠂ ᠮᠣᠷᠠᠯ ᠲᠠᠢ᠂ | ᠰᠣᠶᠣᠯ ᠲᠠᠢ᠂ ᠰᠠᠬᠢᠯᠭ᠎ᠠ ᠲᠠᠢ ᠰᠢᠨ᠎ᠡ ᠮᠠᠶ᠋ᠢᠭ ᠤᠨ ᠲᠠᠷᠢᠶᠠᠴᠢᠳ ᠢ ᠬᠥᠮᠦᠵᠢᠭᠦᠯᠬᠦ ᠬᠡᠷᠡᠭᠲᠡᠶ᠃ | ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢ ᠣᠯᠠᠨ | ᠲᠦᠮᠡᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ︵ | ᠭᠠᠵᠠᠷ᠂ ᠥᠷᠲᠡᠭᠡ︶᠂ ᠲᠠᠷᠢᠶᠠᠴᠢᠳ ᠤᠨ ᠣᠷᠣᠢ ᠶᠢᠨ ᠰᠤᠷᠭᠠᠭᠤᠯᠢ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ | ᠣᠯᠠᠨ ᠲᠦᠮᠡᠨ ᠢ ᠭᠦᠨᠵᠡᠭᠡᠶ ᠤᠬᠠᠭᠤᠯᠤᠨ ᠬᠥᠮᠦᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠰᠣᠶᠣᠯ᠂ ᠨᠡᠶᠢᠭᠡᠮ ᠵᠢᠷᠤᠮ ᠤᠨ ᠦᠵᠡᠯ ᠰᠠᠨᠠᠭ᠎ᠠ ᠶᠣᠰᠣ ᠮᠣᠷᠠᠯ ᠢᠶᠠᠷ ᠬᠥᠳᠡᠭᠡ ᠲᠣᠰᠬᠤᠨ ᠤ ᠦᠵᠡᠯ | ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠢ ᠪᠠᠲᠤ ᠡᠵᠡᠯᠡᠬᠦ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠨᠢ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ | ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠬᠡᠷᠡᠭᠲᠡᠶ᠃ ᠬᠥᠳᠡᠭᠡ ᠲᠣᠰᠬᠤᠨ ᠤ | ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠬᠥᠭᠵᠢᠭᠦᠯᠵᠦ ᠳᠡᠭᠡᠭᠰᠢᠯᠡᠭᠦᠯᠦᠨ᠂ ᠤᠯᠠᠮᠵᠢᠯᠠᠯᠲᠤ ᠠᠶᠢᠯ | ᠲᠣᠰᠬᠤᠨ ᠢ ᠬᠠᠮᠠᠭᠠᠯᠠᠵᠤ᠂ ᠬᠥᠳᠡᠭᠡ ᠲᠣᠰᠬᠤᠨ ᠤ ᠰᠣᠶᠣᠯ ᠤᠨ ᠳᠣᠨᠤᠭ ᠳᠦᠬᠦᠬᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠡᠷᠡᠭᠦᠯ ᠪᠥᠭᠡᠳ ᠠᠰᠢᠭᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ | ᠥᠷᠨᠢᠭᠦᠯᠬᠦ ᠬᠡᠷᠡᠭᠲᠡᠶ᠃ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠢ ᠲᠦᠭᠡᠮᠡᠯᠵᠢᠭᠦᠯᠦᠨ᠎ᠡ᠃ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠭᠡᠷ ᠪᠦᠯᠢ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠹᠧᠣᠳᠠᠯ ᠤᠨ ᠮᠤᠬᠤᠷ ᠪᠢᠰᠢᠷᠡᠯ ᠪᠠ ᠬᠠᠭᠤᠴᠢᠨ ᠶᠣᠰᠣ ᠪᠦᠳᠦᠭᠦᠯᠢᠭ | ᠳᠠᠳᠬᠠᠯ ᠢ ᠠᠷᠢᠯᠭᠠᠵᠤ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠴᠠᠭ ᠦᠶ᠎ᠡ ᠶᠢᠨ ᠰᠢᠨ᠎ᠡ ᠰᠤᠷᠲᠠᠯ ᠢ | ᠪᠠᠳᠠᠷᠠᠭᠤᠯᠤᠨ᠎ᠠ᠃ | ᠠᠷᠪᠠᠨ ᠳᠣᠯᠣᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ᠃ | ᠨᠠᠮ ᠤᠨ ᠵᠣᠬᠢᠶᠠᠨ ᠪᠠᠢᠭᠤᠯᠤᠯᠲᠠ ᠪᠣᠯᠤᠨ ᠨᠠᠮ ᠤᠨ ᠭᠡᠰᠢᠭᠦᠨ ᠤ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠵᠤ | ᠂ ᠰᠠᠶᠢᠨ ᠬᠥᠮᠦᠨ ᠰᠠᠶᠢᠨ ᠶᠠᠪᠤᠳᠠᠯ ᠢ ᠤᠬᠠᠭᠤᠯᠵᠤ᠂ ᠦᠨᠡᠨᠴᠢ ᠴᠠᠭᠠᠪᠣᠷ ᠰᠠᠶᠢᠬᠠᠨ ᠰᠣᠷᠳᠠᠯ ᠢ ᠪᠠᠳᠠᠷᠠᠭᠤᠯᠵᠤ᠂ | ᠢᠳᠡᠪᠬᠢ ᠬᠦᠴᠦᠨ ᠢ ᠤᠯᠠᠮᠵᠢᠯᠠᠨ᠎ᠠ᠃ ᠣᠯᠠᠨ ᠲᠦᠮᠡᠨ ᠤ ᠦᠵᠡᠯ ᠰᠠᠨᠠᠭᠠᠨ ᠤ ᠪᠠᠶᠢᠳᠠᠯ ᠢ ᠣᠶᠢᠯᠠᠭᠠᠵᠤ᠂ | ᠬᠠᠪᠰᠤᠷᠤᠨ ᠰᠢᠢᠳᠪᠣᠷᠢᠯᠡᠵᠦ᠂ ᠣᠯᠠᠨ ᠲᠦᠮᠡᠨ ᠤ ᠤᠬᠠᠮᠰᠠᠷ ᠠᠴᠠ ᠪᠠᠨ ᠨᠠᠮ ᠤᠨ ᠦᠭᠡ ᠶᠢ ᠰᠣᠨᠣᠰᠴᠤ᠂ | ᠨᠠᠮ ᠤᠨ ᠠᠴᠢ ᠶᠢ ᠬᠠᠷᠢᠭᠤᠯᠵᠤ᠂ ᠨᠠᠮ ᠢᠶᠠᠨ ᠳᠠᠭᠠᠬᠤ ᠶᠢ ᠬᠦᠳᠦᠯᠦᠨ ᠵᠢᠯᠣᠭᠤᠳᠣᠨ᠎ᠠ᠃ | ᠠᠷᠪᠠᠨ ᠨᠠᠢᠮᠠᠳᠣᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ᠂ ᠣᠯᠠᠨ ᠲᠦᠮᠡᠨ ᠳᠤ ᠤᠬᠠᠭᠤᠯᠭ᠎ᠠ ᠬᠥᠮᠦᠵᠢᠯ ᠬᠢᠬᠦ ᠪᠠᠨ | ᠴᠢᠩᠭᠠᠳᠬᠠᠵᠤ᠂ ᠨᠠᠮ ᠤᠨ ᠭᠡᠰᠢᠭᠦᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠢᠯᠵᠠᠷᠠᠮᠠᠯ | ᠬᠤᠴᠣᠷᠤᠩᠭᠤᠶ ᠰᠣᠶᠣᠯ ᠤᠨ ᠨᠡᠪᠴᠢᠯᠳᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠰᠢᠨᠵᠢᠯᠡᠬᠦ | ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠤᠨ ᠳᠡᠯᠭᠡᠷᠡᠭᠦᠯᠵᠦ᠂ ᠰᠢᠨᠵᠢᠯᠡᠬᠦ ᠣᠬᠠᠭᠠᠨ ᠤ ᠮᠡᠳᠡᠯᠭᠡ ᠶᠢ | ᠲᠦᠭᠡᠮᠡᠯᠵᠢᠭᠦᠯᠬᠦ ᠬᠡᠷᠡᠭᠲᠡᠶ᠃ ᠬᠥᠳᠡᠭᠡ ᠲᠣᠰᠬᠤᠨ ᠤ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠵᠦ᠂ ᠱᠠᠰᠢᠨ | ᠰᠢᠲᠦᠳᠡᠭ ᠣᠯᠠᠨ ᠲᠦᠮᠡᠨ ᠤ ᠠᠵᠢᠯ ᠢ ᠴᠢᠩᠭᠠᠳᠬᠠᠨ᠂ ᠱᠠᠰᠢᠨ ᠰᠤᠷᠲᠠᠬᠤᠨ ᠤ ᠠᠵᠢᠯᠯᠠᠭ᠎ᠠ ᠦᠷᠨᠢᠬᠦᠯᠬᠦ ᠳᠠᠯᠠᠪᠣᠷ | ᠢ ᠰᠠᠶᠢᠲᠤᠷ ᠬᠠᠮᠢᠶᠠᠷᠴᠤ᠂ ᠱᠠᠰᠢᠨ ᠰᠤᠷᠲᠠᠬᠤᠨ ᠢ ᠠᠰᠢᠭᠯᠠ ᠬᠥᠳᠡᠭᠡ ᠲᠣᠰᠬᠤᠨ ᠤ ᠣᠯᠠᠨ ᠨᠠᠶᠢᠳᠠ ᠶᠢᠨ ᠬᠡᠷᠡᠭ | ᠶᠠᠪᠣᠳᠠᠯ ᠳᠤ ᠭᠠᠷ ᠲᠦᠷᠦᠭᠦ ᠶᠢ ᠬᠠᠤᠯᠢ ᠶᠣᠰᠣᠭᠠᠷ ᠬᠤᠷᠢᠭᠯᠠᠨ ᠵᠣᠭᠰᠣᠭᠠᠵᠤ᠂ ᠬᠠᠤᠯᠢ ᠪᠤᠰᠤ ᠱᠠᠰᠢᠨ | ᠰᠤᠷᠲᠠᠬᠤᠨ ᠤ ᠠᠵᠢᠯᠯᠠᠭ᠎ᠠ ᠪᠠ ᠬᠢᠯᠢ ᠶᠢᠨ ᠭᠠᠳᠠᠨᠠᠬᠢ ᠨᠡᠪᠴᠢᠯᠲᠡ ᠶᠢᠨ ᠠᠵᠢᠯᠯᠠᠭ᠎ᠠ ᠶᠢ ᠡᠷᠡᠰ ᠡᠰᠡᠷᠭᠦᠴᠡᠨ | ᠬᠤᠷᠢᠭᠯᠠᠬᠤ ᠬᠡᠷᠡᠭᠲᠡᠶ᠃ ᠡᠷᠬᠡᠪᠰᠢ ᠦᠵᠡᠯ ᠤᠬᠠᠮᠰᠠᠷ ᠤᠨ ᠬᠡᠯᠪᠡᠷᠢ ᠶᠢᠨ ᠲᠠᠯ᠎ᠠ ᠪᠠᠷ ᠵᠣᠭᠰᠣᠯᠲᠠ ᠪᠠᠨ ᠪᠠᠲᠤᠳᠬᠠᠵᠤ | ᠂ ᠡᠯ᠎ᠡ ᠵᠦᠢᠯ ᠤᠨ ᠪᠤᠷᠤᠭᠤ ᠦᠵᠡᠯᠲᠡ ᠲᠠᠢ ᠲᠤᠭ ᠲᠡᠮᠳᠡᠭ ᠲᠣᠳᠣᠷᠬᠠᠶ ᠪᠠᠷ ᠡᠰᠡᠷᠭᠦᠴᠡᠵᠦ᠂ ᠠᠯᠢᠪᠠ ᠭᠠᠵᠢᠭᠤ | ᠰᠤᠷᠲᠠᠯ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠲᠠᠢ ᠲᠡᠮᠡᠴᠡᠯ ᠬᠢᠬᠦ ᠬᠡᠷᠡᠭᠲᠡᠶ᠃ | | | ᠵᠢᠷᠭᠤᠳᠤᠭᠠᠷ ᠪᠦᠯᠦᠭ ᠬᠥᠳᠡᠭᠡ ᠲᠣᠰᠬᠤᠨ ᠤ ᠵᠠᠰᠠᠯᠲᠠ | | | ᠠᠷᠪᠠ ᠶᠢᠰᠦᠳᠦᠭᠡᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠨᠢ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠳᠠᠬᠢ ᠨᠢᠭᠡᠳᠦᠯᠲᠡᠶ ᠤᠳᠤᠷᠢᠳᠤᠯᠭ᠎ᠠ ᠪᠠᠨ | ᠴᠢᠩᠭᠠᠳᠬᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠡᠶ᠎ᠡ ᠵᠣᠬᠢᠴᠠᠯ ᠲᠠᠢ᠂ ᠡᠮᠬᠢ ᠵᠢᠷᠤᠮ ᠲᠠᠢ ᠴᠢᠳᠠᠮᠠᠭᠠᠶ | ᠵᠠᠰᠠᠬᠤ ᠬᠥᠳᠡᠭᠡ ᠲᠣᠰᠬᠤᠨ ᠢ ᠪᠤᠢ ᠪᠣᠯᠭᠠᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ | ᠬᠥᠳᠡᠭᠡ ᠲᠣᠰᠬᠤᠨ ᠤ ᠵᠠᠰᠠᠯᠲᠠ ᠶᠢᠨ ᠬᠡᠪ ᠪᠠᠶᠢᠳᠠᠯ ᠢ ᠪᠤᠢ ᠪᠣᠯᠭᠠᠬᠤ ᠬᠡᠷᠡᠭᠲᠡᠶ᠃ | ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠠᠤᠯᠢ ᠳᠤ ᠲᠣᠭᠲᠠᠭᠠᠭᠰᠠᠨ | ᠵᠢᠷᠤᠮ ᠢᠶᠠᠷ ᠳᠠᠮᠵᠢᠭᠤᠯᠤᠨ ᠳᠣᠰᠬᠤᠨ ᠤ ᠢᠷᠭᠡᠳ ᠤᠨ ᠵᠥᠪᠯᠡᠯ ᠤᠨ ᠡᠷᠬᠢᠯᠡᠭᠴᠢ ᠪᠠ ᠭᠠᠴᠠᠭᠠᠨ ᠤ ᠱᠠᠲᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠬᠤᠷᠰᠢᠭᠰᠠᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠲᠤᠰᠢᠶᠠᠯ ᠢ ᠡᠭᠦᠷᠭᠡᠯᠡᠵᠦ᠂ ᠳᠣᠰᠬᠤᠨ ᠤ ︽ᠬᠤᠶᠠᠷ ᠵᠥᠪᠯᠡᠯ︾ ᠤᠨ | ᠪᠠᠭ ᠤᠨ ᠪᠦᠷᠢᠯᠳᠦᠬᠦᠨ ᠬᠡᠰᠢᠬᠦᠳ ᠰᠣᠯᠪᠢᠴᠠᠨ ᠲᠤᠰᠢᠶᠠᠯ ᠬᠠᠷᠢᠭᠤᠴᠠᠬᠤ ᠬᠡᠷᠡᠭᠲᠡᠶ᠃ ᠳᠣᠰᠬᠤᠨ ᠤ ᠶᠠᠪᠤᠳᠠᠯ ᠳᠤ | ᠬᠢᠨᠠᠯᠲᠠ ᠲᠠᠯᠪᠢᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠶᠡᠷᠦ ᠳᠡᠭᠡᠨ ᠨᠠᠮ ᠤᠨ ᠭᠡᠰᠢᠭᠦᠨ ᠡᠭᠦᠷᠭᠡᠯᠡᠵᠦ᠂ | ᠳᠣᠰᠬᠤᠨ ᠤ ᠢᠷᠭᠡᠳ ᠤᠨ ᠵᠥᠪᠯᠡᠯ ᠤᠨ ᠪᠦᠷᠢᠯᠳᠦᠬᠦᠨ ᠪᠤᠰᠤ ᠳᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠬᠦᠨ ᠬᠡᠰᠢᠬᠦᠨ ᠬᠠᠪᠰᠤᠷᠭᠠᠨ ᠡᠭᠦᠷᠭᠡᠯᠡᠵᠦ ᠪᠣᠯᠤᠨ᠎ᠠ᠃ | ᠳᠣᠰᠬᠤᠨ ᠤ ᠢᠷᠭᠡᠳ ᠤᠨ ᠵᠥᠪᠯᠡᠯ ᠤᠨ ᠪᠦᠷᠢᠯᠳᠦᠬᠦᠨ᠂ ᠳᠣᠰᠬᠤᠨ ᠤ ᠢᠷᠭᠡᠳ ᠤᠨ ᠲᠥᠯᠥᠭᠡᠯᠡᠭᠴᠢᠳ ᠤᠨ | ᠳᠣᠲᠣᠷ᠎ᠠ ᠨᠠᠮ ᠤᠨ ᠭᠡᠰᠢᠭᠦᠨ ᠵᠣᠬᠢᠬᠤ ᠬᠠᠷᠢᠴᠠᠯ ᠢ ᠡᠵᠡᠯᠡᠬᠦ ᠬᠡᠷᠡᠭᠲᠡᠶ᠃ | ᠳᠣᠰᠬᠤᠨ ᠤ ᠱᠠᠲᠤᠨ ᠤ ᠬᠦᠨᠳᠦ ᠴᠢᠬᠤᠯᠠ ᠵᠦᠢᠯᠡᠰ ᠲᠤ ᠰᠢᠢᠳᠪᠣᠷᠢᠳᠦ ᠪᠣᠳᠣᠯᠭ᠎ᠠ | ᠲᠣᠭᠲᠠᠭᠠᠬᠤ ᠳᠤ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠶᠢ ᠬᠡᠷᠡᠭᠵᠢᠭᠦᠯᠦᠨ᠎ᠡ᠂ ᠲᠤᠬᠠᠶᠢᠯᠠᠪᠠᠯ | ᠳᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠳᠤᠷᠠᠳᠤᠯᠭ᠎ᠠ ᠭᠠᠷᠭᠠᠬᠤ᠂ ᠳᠣᠰᠬᠤᠨ ᠤ ︽ᠬᠤᠶᠠᠷ | ᠵᠥᠪᠯᠡᠯ︾ ᠤᠨ ᠬᠤᠷᠠᠯ ᠢᠶᠠᠷ ᠵᠦᠪᠳᠡᠯᠴᠡᠬᠦ᠂ ᠨᠠᠮ ᠤᠨ ᠬᠡᠰᠢᠬᠦᠳ ᠤᠨ ᠶᠡᠭᠡ ᠬᠤᠷᠠᠯ ᠢᠶᠠᠷ ᠬᠢᠨᠠᠨ ᠶᠠᠷᠢᠯᠴᠠᠬᠤ᠂ | ᠳᠣᠰᠬᠤᠨ ᠤ ᠢᠷᠭᠡᠳ ᠤᠨ ᠬᠤᠷᠠᠯ ᠪᠤᠶᠤ ᠳᠣᠰᠬᠤᠨ ᠤ ᠢᠷᠭᠡᠳ ᠤᠨ ᠲᠥᠯᠥᠭᠡᠯᠡᠭᠴᠢᠳ ᠤᠨ ᠬᠤᠷᠠᠯ ᠢᠶᠠᠷ | ᠰᠢᠢᠳᠪᠣᠷᠢ ᠭᠠᠷᠭᠠᠬᠤ᠂ ᠰᠢᠢᠳᠪᠣᠷᠢ ᠶᠢ ᠢᠯᠡ ᠪᠣᠯᠭᠠᠬᠤ᠂ ᠬᠡᠷᠡᠭᠵᠢᠭᠦᠯᠦᠭᠰᠡᠨ ᠦᠷ᠎ᠡ ᠳ᠋ᠦᠩ ᠢ ᠢᠯᠡ ᠪᠣᠯᠭᠠᠬᠤ | ᠵᠡᠷᠭᠡ ᠪᠣᠯᠤᠨ᠎ᠠ᠃ | ᠬᠤᠷᠢᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ | ᠵᠠᠰᠠᠬᠤ᠂ ᠶᠣᠰᠣ ᠪᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠶ᠃ ᠳᠣᠰᠬᠤᠨ ᠤ ᠢᠷᠭᠡᠳ ᠤᠨ ᠥᠪᠡᠷᠲᠡᠭᠡᠨ ᠵᠠᠰᠠᠬᠤ ᠦᠢᠯᠡᠳᠦᠯᠭᠡ ᠶᠢ | ᠭᠦᠨᠵᠡᠭᠡᠶᠢᠷᠡᠭᠦᠯᠵᠦ᠂ ᠳᠣᠰᠬᠤᠨ ᠤ ᠲᠣᠭᠲᠠᠭᠠᠯ ᠠᠷᠠᠳ ᠤᠨ ᠭᠡᠷ᠎ᠡ ᠶᠢ ᠲᠣᠭᠲᠠᠭᠠᠨ ᠲᠡᠭᠦᠯᠳᠡᠷᠵᠢᠭᠦᠯᠵᠦ᠂ | ᠳᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠢ ᠪᠠᠶᠢᠭᠤᠯᠤᠨ ᠲᠡᠭᠦᠯᠳᠡᠷᠵᠢᠭᠦᠯᠵᠦ᠂ ᠳᠣᠰᠬᠤᠨ ᠤ | ᠱᠠᠲᠤᠨ ᠤ ᠠᠷᠠᠳᠴᠢᠯᠠᠭᠰᠠᠨ ᠬᠢᠨᠠᠯᠲᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢ ᠳᠡᠯᠭᠡᠷᠡᠭᠦᠯᠵᠦ᠂ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠬᠥᠳᠡᠭᠡ ᠲᠣᠰᠬᠤᠨ ᠤ ᠮᠣᠷᠠᠯ ᠢᠶᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠮᠤᠷ | ᠠᠮᠤᠭᠤᠯᠠᠩ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ᠂ ᠣᠪᠣᠭ ᠲᠥᠷᠥᠯ ᠤᠨ ᠬᠠᠷᠭᠢᠰ ᠬᠦᠴᠦᠨ | ᠂ ᠱᠠᠰᠢᠨ ᠰᠤᠷᠲᠠᠬᠤᠨ ᠤ ᠬᠡᠲᠦᠷᠡᠮᠡᠬᠡᠶ ᠬᠦᠴᠦᠨ᠂ ︽ᠲᠣᠰᠬᠤᠨ ᠤ ᠡᠵᠡᠷᠬᠡᠭᠴᠢ︾ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠴᠦ᠂ ᠦᠨᠳᠦᠰᠦᠨ ᠱᠠᠲᠤᠨ ᠤ ᠺᠠᠳ᠋ᠷ ᠪᠣᠯᠤᠨ ᠦᠨᠳᠣᠰᠣᠨ ᠱᠠᠳᠣᠨ ᠤ ᠵᠠᠰᠠᠭ ᠤᠨ ᠡᠷᠭᠡ ᠶᠢᠨ | ᠢᠯᠵᠠᠷᠠᠨ ᠳᠣᠷᠣᠶᠢᠳᠠᠬᠤ ᠶᠢ ᠰᠠᠷᠬᠡᠶᠢᠯᠡᠨᠡ᠃ ᠬᠠᠷ᠎ᠠ ᠪᠦᠯᠦᠭᠳᠡᠨ ᠬᠠᠷᠭᠢᠰ ᠬᠦᠴᠦᠨ ᠤ ︽ᠥᠮᠥᠭ ᠲᠦᠰᠢᠭ︾ ᠢ | ᠡᠷᠡᠰ ᠵᠠᠯᠬᠠᠭᠠᠨ ᠰᠢᠢᠳᠬᠡᠨ᠎ᠡ᠃ | ᠬᠤᠷᠢᠨ ᠨᠢᠭᠡᠳᠦᠭᠡᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠨᠢ ᠬᠥᠳᠡᠭᠡ ᠲᠣᠰᠬᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ | ᠨᠠᠮ ᠤᠨ ᠭᠡᠰᠢᠭᠦᠨ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠪᠠᠷ ᠵᠠᠰᠠᠬᠤ ᠠᠵᠢᠯ ᠳᠤ ᠣᠷᠣᠯᠴᠠᠭᠤᠯᠵᠤ᠂ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠂ ᠠᠮᠢ ᠠᠬᠤᠢ ᠶᠢᠨ ᠣᠷᠴᠢᠨ ᠢ ᠬᠠᠮᠠᠭᠠᠯᠠᠵᠤ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠴᠡᠴᠡᠷᠯᠢᠭ ᠲᠤ ᠣᠷᠣᠬᠤ᠂ | ᠰᠤᠷᠭᠠᠭᠤᠯᠢ ᠳᠤ ᠣᠷᠣᠬᠤ᠂ ᠠᠵᠢᠯ ᠣᠯᠬᠤ᠂ ᠡᠪᠡᠳᠴᠢᠨ ᠦᠵᠡᠭᠦᠯᠬᠦ᠂ ᠨᠠᠰᠤᠵᠢᠯ ᠤᠨ ᠠᠰᠠᠷᠠᠮᠵᠢ᠂ ᠣᠷᠣᠨ | ᠰᠠᠭᠤᠴᠠ᠂ ᠶᠠᠪᠤᠵᠤ ᠰᠠᠭᠤᠬᠤ᠂ ᠤᠤᠭᠤᠬᠤ ᠤᠰᠤ ᠵᠡᠷᠭᠡ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ | ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠴᠢᠷᠮᠠᠶᠢᠨ | ᠰᠢᠢᠳᠪᠣᠷᠢᠯᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ᠂ ᠭᠡᠷ ᠲᠡᠭᠡᠨ ᠬᠤᠴᠣᠷᠤᠭᠰᠠᠨ ᠬᠡᠤᠬᠡᠳ ᠪᠣᠯᠤᠨ | ᠡᠮᠡᠭᠲᠡᠶᠢᠴᠦᠳ᠂ ᠨᠠᠰᠤᠲᠠᠶᠢᠴᠤᠳ᠂ ᠵᠡᠮᠳᠡᠭᠴᠦᠳ᠂ ︽ᠲᠠᠪᠤᠨ ᠪᠠᠲᠤᠯᠠᠭᠠᠲᠤ ᠡᠷᠦᠬᠡ︾ ᠵᠡᠷᠭᠡ ᠬᠥᠮᠦᠰ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠶ᠃ ᠣᠯᠠᠨ ᠨᠡᠶᠢᠲᠡ ᠶᠢᠨ ᠦᠢᠯᠡᠴᠢᠯᠡᠭᠡᠨ ᠤ | ᠡᠬᠢ ᠪᠠᠶᠠᠯᠢᠭ ᠢ ᠬᠦᠳᠡᠭᠡ ᠳᠣᠰᠬᠤᠨ ᠳᠤ ᠣᠷᠣᠭᠤᠯᠵᠦ᠂ ᠰᠢᠶᠠᠩ ᠪᠠᠯᠭᠠᠰᠤ᠂ ᠳᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠵᠡᠷᠭᠡ ᠭᠤᠤᠯ ᠠᠷᠭ᠎ᠠ ᠵᠠᠮ ᠢᠶᠠᠷ ᠨᠠᠶᠢᠳᠠᠪᠣᠷᠢᠵᠢᠭᠤᠯᠬᠤ᠂ ᠣᠯᠠᠨ ᠲᠦᠮᠡᠨ ᠳᠤ ᠦᠢᠯᠡᠴᠢᠯᠡᠬᠦ ᠡᠬᠢ | ᠪᠠᠶᠠᠯᠢᠭ ᠪᠠ ᠦᠢᠯᠡᠴᠢᠯᠡᠬᠦ ᠴᠢᠳᠠᠪᠤᠷᠢ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ | ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠬᠦ ᠶᠢ ᠴᠢᠬᠤᠯᠠᠴᠢᠯᠠᠵᠤ᠂ ᠬᠥᠳᠡᠭᠡ | ᠲᠣᠰᠬᠤᠨ ᠤ ᠵᠠᠰᠠᠯᠲᠠ ᠶᠢᠨ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠦᠨ᠎ᠡ᠃ | | | ᠳᠣᠯᠣᠳᠤᠭᠠᠷ ᠪᠦᠯᠦᠭ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ | | | ᠬᠤᠷᠢᠨ ᠭᠤᠷᠪᠠᠳᠤᠭᠠᠷ ᠵᠦᠢᠯ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠦᠢᠯᠡᠳᠦᠯᠬᠡᠵᠢᠬᠦᠯᠵᠦ᠂ ᠨᠠᠮ ᠤᠨ ᠦᠨᠳᠦᠰᠦᠨ ᠤᠨᠤᠯ᠂ | ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠰᠤᠷᠤᠯᠴᠠᠵᠤ᠂ ᠬᠡᠷᠡᠭᠴᠡᠭᠡ ᠪᠦᠬᠦᠢ ᠮᠡᠳᠡᠯᠭᠡ ᠤᠷ᠎ᠠ | ᠴᠢᠳᠠᠪᠤᠷᠢ ᠶᠢ ᠰᠤᠷᠤᠯᠴᠠᠬᠤ ᠬᠡᠷᠡᠭᠲᠡᠶ᠃ ᠬᠦᠳᠡᠭᠡ ᠠᠵᠦ ᠠᠬᠤᠢ ᠶᠢ ᠣᠶᠢᠯᠠᠭᠠᠵᠤ᠂ ︽ ᠬᠦᠳᠡᠭᠡ ᠠᠵᠦ ᠠᠬᠤᠢ | ᠂ ᠬᠦᠳᠡᠭᠡ ᠳᠣᠰᠬᠤᠨ᠂ ᠮᠠᠯᠴᠢᠨ ᠳᠠᠷᠢᠶᠠᠴᠢᠨ︾ ᠤ ᠲᠥᠷᠦ ᠶᠢᠨ ᠪᠣᠳᠣᠯᠭ᠎ᠠ ᠶᠢ ᠡᠵᠡᠮᠰᠢᠵᠦ᠂ ᠬᠥᠳᠡᠭᠡ | ᠲᠣᠰᠬᠤᠨ ᠤ ᠪᠠᠶᠢᠳᠠᠯ ᠢ ᠰᠠᠶᠢᠨ ᠮᠡᠳᠡᠵᠦ᠂ ᠪᠣᠳᠠᠲᠠᠶ ᠠᠰᠠᠭᠤᠳᠠᠯ ᠢ ᠰᠢᠢᠳᠪᠣᠷᠢᠯᠡᠬᠦ ᠴᠢᠳᠠᠪᠤᠷᠢ ᠲᠠᠢ᠂ | ᠰᠢᠢᠳᠪᠣᠷᠢᠯᠡᠬᠦ ᠠᠷᠭ᠎ᠠ ᠲᠠᠢ ᠪᠠᠶᠢᠬᠤ ᠬᠡᠷᠡᠭᠳᠠᠢ︔ ᠬᠥᠳᠡᠭᠡ ᠲᠣᠰᠬᠤᠨ ᠢ ᠬᠠᠶᠢᠷᠠᠯᠠᠵᠤ᠂ ᠬᠥᠳᠡᠭᠡ ᠲᠣᠰᠬᠤᠨ ᠤ | ᠦᠨᠳᠦᠰᠦᠨ ᠱᠠᠲᠤᠨ ᠳᠤ ᠦᠨᠳᠦᠰᠦᠯᠡᠵᠦ᠂ ᠪᠡᠶ᠎ᠡ ᠰᠡᠳᠬᠢᠯ ᠠᠮᠤᠷ ᠠᠵᠢᠯᠯᠠᠵᠤ᠂ ᠳᠣᠷᠠᠳᠠᠶᠢᠶᠠ ᠬᠤᠪᠢ ᠨᠡᠮᠡᠷᠢ | ᠦᠵᠡᠭᠦᠯᠵᠦ᠂ ᠬᠠᠲᠠᠭᠤᠵᠢᠯᠲᠠᠶ ᠠᠵᠢᠯᠯᠠᠵᠤ ᠪᠣᠳᠠᠲᠠᠶ ᠠᠵᠢᠯᠯᠠᠨ᠎ᠠ︔ ᠮᠠᠯᠴᠢᠨ ᠲᠠᠷᠢᠶᠠᠴᠢᠨ ᠢ ᠬᠠᠶᠢᠷᠠᠯᠠᠵᠤ᠂ | ᠮᠠᠯᠴᠢᠨ ᠲᠠᠷᠢᠶᠠᠴᠢᠨ ᠳᠤ ᠬᠠᠶᠢᠷ᠎ᠠ ᠰᠡᠳᠬᠢᠯᠭᠡ ᠪᠢᠯᠬᠠᠮ᠎ᠠ᠂ ᠢᠮᠠᠭᠲᠠ ᠰᠡᠳᠬᠢᠯ ᠳᠡᠭᠡᠨ ᠪᠣᠳᠣᠵᠤ᠂ ᠮᠠᠯᠴᠢᠨ | ᠲᠠᠷᠢᠶᠠᠴᠢᠨ ᠤ ᠠᠰᠢᠭ ᠲᠤᠰᠠ ᠶᠢ ᠲᠡᠷᠢᠭᠦᠨ ᠪᠠᠢᠷᠢᠨ ᠳᠤ ᠲᠠᠯᠪᠢᠵᠤ᠂ ᠮᠠᠯᠴᠢᠨ ᠲᠠᠷᠢᠶᠠᠴᠢᠨ ᠲᠠᠢ ᠪᠣᠳᠣᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠰᠠᠶᠢᠨ ᠰᠠᠶᠢᠬᠠᠨ ᠠᠮᠢᠳᠤᠷᠠᠯ ᠢ ᠲᠠᠰᠤᠷᠠᠯᠲᠠ ᠦᠭᠡᠢ ᠴᠣᠭᠴᠠᠯᠠᠨ | ᠪᠠᠶᠢᠭᠤᠯᠬᠤ ᠬᠡᠷᠡᠭᠲᠡᠶ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠥᠳᠡᠭᠡ ᠲᠣᠰᠬᠤᠨ ᠤ ᠦᠨᠳᠦᠰᠦᠨ ᠱᠠᠲᠤᠨ ᠤ | ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠬᠤ ᠶᠢ ᠴᠢᠬᠤᠯᠠᠴᠢᠯᠠᠵᠤ᠂ ᠬᠡᠪ ᠴᠢᠨᠠᠷ ᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠶ᠃ ᠰᠢᠶᠠᠨ ᠤ ᠱᠠᠲᠤᠨ ᠤ ᠨᠠᠮ ᠤᠨ ᠬᠤᠷᠢᠶ᠎ᠠ ᠨᠢ ᠵᠢᠯ ᠪᠦᠷᠢ ᠠᠳᠠᠭ ᠲᠠᠭᠠᠨ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠨᠢᠭᠡ ᠤᠳᠠᠭ᠎ᠠ ᠪᠣᠯᠪᠠᠰᠤᠷᠠᠭᠤᠯᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ | ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠦᠨᠡᠨ ᠠᠴᠠ ᠵᠥᠪ ᠢ ᠡᠷᠢᠬᠦ ᠶᠢ | ᠪᠠᠷᠢᠮᠲᠠᠯᠠᠵᠤ᠂ ᠬᠤᠳᠠᠯ ᠬᠠᠭᠤᠷᠮᠠᠭ ᠢᠶᠠᠷ ᠬᠥᠭᠡᠷᠭᠡᠳᠡᠵᠦ ᠪᠣᠯᠬᠤ ᠦᠭᠡᠢ︔ ᠬᠠᠤᠯᠢ ᠶᠢ ᠵᠢᠷᠤᠮᠯᠠᠨ ᠠᠵᠢᠯᠯᠠᠬᠤ ᠶᠢ | ᠪᠠᠷᠢᠮᠲᠠᠯᠠᠬᠤ ᠬᠡᠷᠡᠭᠲᠡᠶ᠂ ᠳᠤᠷ᠎ᠠ ᠪᠠᠷ ᠢᠶᠠᠨ ᠦᠢᠯᠡᠳᠴᠦ ᠪᠣᠯᠬᠤ ᠦᠭᠡᠢ︔ ᠲᠡᠰᠪᠦᠷᠢ ᠬᠠᠲᠠᠭᠤᠵᠢᠯᠲᠠᠶ ᠪᠠᠷ | ᠲᠡᠮᠡᠴᠡᠬᠦ ᠶᠢ ᠪᠠᠷᠢᠮᠲᠠᠯᠠᠵᠤ᠂ ᠪᠦᠷᠢᠯᠭᠡᠨ ᠰᠦᠢᠳᠬᠡᠵᠦ ᠪᠣᠯᠬᠤ ᠦᠭᠡᠢ︔ ᠢᠳᠬᠠᠨ ᠰᠤᠷᠭᠠᠬᠤ ᠶᠢ ᠪᠠᠷᠢᠮᠲᠠᠯᠠᠵᠤ᠂ | ᠠᠯᠪᠠᠲᠠᠨ ᠵᠠᠷᠯᠢᠭᠳᠠᠵᠤ ᠪᠣᠯᠬᠤ ᠦᠭᠡᠢ︔ ᠠᠷᠢᠭᠤᠨ ᠴᠢᠬᠡᠴᠢ ᠪᠠᠶᠢᠬᠤ ᠶᠢ ᠪᠠᠷᠢᠮᠲᠠᠯᠠᠵᠤ᠂ ᠡᠷᠬᠡ ᠪᠠᠨ ᠠᠰᠢᠭᠯᠠᠨ | ᠬᠤᠪᠢ ᠳᠤ ᠪᠠᠨ ᠦᠢᠯᠡᠴᠢᠯᠡᠵᠦ ᠪᠣᠯᠬᠤ ᠦᠭᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠱᠠᠯᠢᠨ ᠪᠦᠷᠢᠯᠭᠡᠬᠦ | ᠰᠤᠷᠲᠠᠯ ᠢ ᠡᠷᠡᠰ ᠡᠰᠡᠷᠭᠦᠴᠡᠨ᠎ᠡ᠃ | ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠬᠠᠮᠢᠶᠠᠷᠤᠯᠲᠠ ᠬᠢᠨᠠᠯᠲᠠ ᠶᠢ ᠴᠢᠩᠭᠠᠳᠬᠠᠵᠦ᠂ | ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠡᠷᠡᠰ ᠵᠠᠯᠠᠷᠠᠭᠤᠯᠵᠤ᠂ ᠣᠯᠠᠨ | ᠲᠦᠮᠡᠨ ᠤ ᠳᠡᠷᠭᠡᠳᠡᠬᠢ ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ | ᠪᠠᠭ ᠨᠢ ᠪᠠᠲᠤ ᠴᠢᠩᠭ᠎ᠠ ᠢᠳᠡᠬᠡᠯ ᠵᠣᠷᠢᠭ ᠲᠠᠢ᠂ ᠠᠷᠠᠳ ᠲᠦᠮᠡᠨ ᠳᠤ ᠦᠢᠯᠡᠴᠢᠯᠡᠬᠦ᠂ ᠠᠵᠢᠯᠴᠢ ᠬᠢᠴᠢᠶᠡᠩᠭᠦᠶ ᠪᠠᠷ | ᠵᠠᠰᠠᠭ ᠪᠠᠷᠢᠵᠤ ᠪᠣᠳᠠᠲᠠᠶ ᠶᠢ ᠡᠷᠬᠢᠮᠯᠡᠬᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠠᠵᠢᠯ ᠢᠶᠠᠨ ᠥᠷᠨᠢᠭᠦᠯᠬᠦ ᠳᠡᠭᠡᠨ ᠴᠢᠳᠠᠮᠠᠭᠠᠶ ᠪᠠᠶᠢᠬᠤ ᠨᠠᠮ ᠤᠨ ᠭᠡᠰᠢᠭᠦᠨ ᠺᠠᠳ᠋ᠷ ᠢᠶᠠᠷ ᠪᠦᠷᠢᠯᠳᠦᠬᠦ | ᠬᠡᠷᠡᠭᠲᠡᠶ᠃ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠰᠠ ᠵᠣᠬᠢᠬᠤ ᠤᠨᠤᠯ ᠪᠠ ᠲᠥᠷᠦ ᠶᠢᠨ | ᠪᠣᠳᠣᠯᠭ᠎ᠠ ᠶᠢᠨ ᠬᠢᠷᠢ ᠬᠡᠮᠵᠢᠶ᠎ᠡ ᠲᠠᠢ ᠪᠠᠶᠢᠵᠤ᠂ ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠨᠡᠯᠢᠶᠡᠳ | ᠴᠢᠩᠭ᠎ᠠ ᠵᠣᠬᠢᠶᠠᠨ ᠪᠠᠶᠢᠭᠤᠯᠵᠤ ᠵᠣᠬᠢᠴᠠᠭᠤᠯᠬᠤ ᠴᠢᠳᠠᠪᠤᠷᠢ᠂ ᠣᠯᠠᠨ ᠲᠦᠮᠡᠨ ᠤ ᠠᠵᠢᠯ ᠤᠨ ᠴᠢᠳᠠᠪᠤᠷᠢ᠂ ᠬᠥᠳᠡᠭᠡ | ᠲᠣᠰᠬᠤᠨ ᠤ ᠪᠤᠳᠤᠯᠢᠶᠠᠨᠲᠠᠶ ᠠᠰᠠᠭᠤᠳᠠᠯ ᠢ ᠰᠢᠢᠳᠪᠣᠷᠢᠯᠡᠬᠦ ᠴᠢᠳᠠᠪᠤᠷᠢ ᠲᠠᠢ ᠪᠠᠶᠢᠵᠤ᠂ ᠨᠠᠮ ᠤᠨ ᠳᠣᠬᠠᠢ ᠠᠵᠢᠯ | ᠪᠠ ᠬᠦᠳᠡᠭᠡ ᠠᠵᠦ ᠠᠬᠤᠢ᠂ ᠬᠥᠳᠡᠭᠡ ᠲᠣᠰᠬᠤᠨ᠂ ᠮᠠᠯᠴᠢᠨ ᠲᠠᠷᠢᠶᠠᠴᠢᠨ ᠤ ᠠᠵᠢᠯ ᠢ ᠰᠠᠶᠢᠨ ᠮᠡᠳᠡᠵᠦ᠂ | ᠲᠦᠷᠦᠭᠦᠯᠡᠨ ᠪᠣᠳᠠᠲᠠᠶ ᠠᠵᠢᠯᠯᠠᠵᠤ᠂ ᠵᠣᠷᠢᠭᠲᠠᠶ ᠠᠳᠬᠤᠨ ᠵᠣᠷᠢᠭᠲᠠᠶ ᠬᠠᠮᠢᠶᠠᠷᠬᠤ ᠬᠡᠷᠡᠭᠲᠡᠶ᠃ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠯᠢᠳᠡᠭ ᠱᠦᠵᠢ᠂ ᠰᠣᠩᠭᠤᠨ ᠳᠣᠮᠢᠯᠠᠭᠰᠠᠨ | ᠰᠤᠷᠤᠭᠴᠢ᠂ ᠣᠶᠤᠲᠠᠨ ᠳᠣᠰᠬᠤᠨ ᠤ ᠳᠠᠷᠤᠭ᠎ᠠ᠂ ᠰᠢᠶᠠᠩ ᠪᠠᠯᠭᠠᠰᠤ ᠶᠢᠨ ᠠᠵᠢᠯ ᠦᠢᠯᠡᠰ ᠤᠨ ᠣᠷᠣᠨ ᠲᠣᠭᠠᠨ ᠤ | ᠠᠵᠢᠯᠲᠠᠨ ᠤ ᠳᠣᠲᠣᠷ᠎ᠠ ᠠᠴᠠ ᠰᠢᠶᠠᠩ ᠪᠠᠯᠭᠠᠰᠤ ᠶᠢᠨ ᠤᠳᠤᠷᠢᠳᠬᠤ ᠺᠠᠳ᠋ᠷ ᠢ ᠰᠢᠯᠢᠨ ᠰᠣᠩᠭᠤᠵᠤ᠂ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠯᠢᠳᠡᠭ ᠱᠦᠵᠢ ᠶᠢᠨ ᠳᠣᠲᠣᠷ᠎ᠠ ᠠᠴᠠ ᠰᠢᠶᠠᠩ ᠪᠠᠯᠭᠠᠰᠤ ᠶᠢᠨ ᠠᠯᠪᠠᠲᠠᠨ | ᠰᠢᠯᠭᠠᠨ ᠡᠯᠰᠡᠵᠦ᠂ ᠰᠢᠶᠠᠩ ᠪᠠᠯᠭᠠᠰᠤ ᠶᠢᠨ ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ ᠢ ᠤᠷᠢᠨ | ᠬᠡᠷᠡᠭᠯᠡᠬᠦ ᠶᠢ ᠴᠢᠬᠤᠯᠠᠴᠢᠯᠠᠬᠤ ᠬᠡᠷᠡᠭᠲᠡᠶ᠃ ᠰᠢᠯᠢᠳᠡᠭ ᠵᠠᠯᠠᠭᠤ ᠺᠠᠳ᠋ᠷ᠂ ᠡᠮᠡᠭᠲᠡᠶ ᠺᠠᠳ᠋ᠷ ᠪᠠ ᠴᠥᠭᠡᠨ ᠲᠣᠭᠠᠲᠤ | ᠦᠨᠳᠦᠰᠦᠲᠡᠨ ᠤ ᠺᠠᠳ᠋ᠷ ᠢ ᠢᠯᠡᠷᠡᠭᠦᠯᠦᠨ ᠬᠥᠮᠦᠵᠢᠭᠦᠯᠵᠦ ᠰᠢᠯᠢᠨ ᠳᠡᠪᠰᠢᠭᠦᠯᠬᠦ ᠶᠢ ᠴᠢᠬᠤᠯᠠᠴᠢᠯᠠᠨ᠎ᠠ᠃ | ᠬᠤᠷᠢᠨ ᠵᠢᠷᠭᠤᠳᠤᠭᠠᠷ ᠵᠦᠢᠯ ᠳᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠨᠢ ᠦᠵᠡᠯ ᠰᠠᠨᠠᠭ᠎ᠠ ᠨᠢ ᠰᠠᠶᠢᠨ᠂ ᠶᠣᠰᠣ ᠮᠣᠷᠠᠯ ᠨᠢ ᠰᠠᠶᠢᠨ᠂ ᠪᠠᠶᠠᠵᠢᠯ ᠤᠨ ᠵᠠᠮ ᠢᠶᠠᠷ | ᠳᠠᠭᠠᠭᠤᠯᠬᠤ ᠴᠢᠳᠠᠪᠤᠷᠢ ᠨᠢ ᠴᠢᠩᠭ᠎ᠠ᠂ ᠵᠣᠬᠢᠴᠠᠭᠤᠯᠬᠤ ᠴᠢᠳᠠᠪᠤᠷᠢ ᠨᠢ ᠴᠢᠩᠭ᠎ᠠ᠂ ᠲᠥᠪ ᠭᠤᠤᠯᠴᠢ᠂ ᠦᠨᠡᠨᠴᠢ | ᠰᠢᠳᠤᠷᠭᠤ᠂ ᠣᠯᠠᠨ ᠲᠦᠮᠡᠨ ᠳᠤ ᠦᠢᠯᠡᠴᠢᠯᠡᠬᠦ ᠬᠠᠯᠠᠭᠤᠨ ᠰᠡᠳᠬᠢᠯᠭᠡ ᠲᠠᠢ ᠨᠠᠮ ᠤᠨ ᠭᠡᠰᠢᠭᠦᠳ ᠢᠶᠠᠷ | ᠪᠦᠷᠢᠯᠳᠦᠭᠰᠡᠨ ᠪᠠᠶᠢᠬᠤ ᠬᠡᠷᠡᠭᠲᠡᠶ᠃ ᠳᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠᠰᠠ | ᠵᠣᠬᠢᠬᠤ ᠲᠥᠷᠦ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠲᠠᠢ ᠪᠠᠶᠢᠵᠤ᠂ ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠨ | ᠂ ᠣᠯᠠᠨ ᠲᠦᠮᠡᠨ ᠤ ᠠᠵᠢᠯ ᠢ ᠬᠢᠬᠦ ᠳᠡᠭᠡᠨ ᠴᠢᠳᠠᠮᠠᠭᠠᠶ ᠪᠠᠶᠢᠵᠤ᠂ ᠳᠣᠷᠠᠳᠠᠶᠢᠶᠠ ᠬᠤᠪᠢ ᠨᠡᠮᠡᠷᠢ ᠦᠵᠡᠭᠦᠯᠵᠦ᠂ | ᠵᠣᠷᠢᠭᠲᠠᠶ ᠳᠠᠭᠠᠷᠢᠨ ᠵᠣᠷᠢᠭᠲᠠᠶ ᠲᠡᠮᠡᠴᠡᠬᠦ ᠬᠡᠷᠡᠭᠲᠡᠶ᠃ | ᠳᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢ ᠲᠤᠰ ᠳᠣᠰᠬᠤᠨ ᠤ ᠪᠠᠨ ᠪᠠᠶᠠᠵᠢᠯ | ᠤᠨ ᠵᠠᠮ ᠢᠶᠠᠷ ᠵᠠᠮᠨᠠᠵᠦ ᠴᠢᠳᠠᠬᠤ ᠴᠢᠳᠠᠪᠤᠷᠢᠲᠠᠨ᠂ ᠭᠠᠳᠠᠭᠰᠢ ᠭᠠᠷᠴᠤ ᠬᠦᠴᠦ ᠶᠠᠪᠤᠵᠤ ᠬᠤᠳᠠᠯᠳᠤᠭ᠎ᠠ ᠮᠠᠶᠢᠮᠠᠶ | ᠬᠢᠵᠦ ᠨᠤᠲᠤᠭ ᠲᠠᠭᠠᠨ ᠪᠤᠴᠠᠭᠰᠠᠨ ᠬᠥᠮᠦᠰ᠂ ᠲᠤᠰ ᠭᠠᠵᠠᠷ ᠣᠷᠣᠨ ᠲᠤᠰ ᠨᠤᠲᠤᠭ ᠤᠨ ᠢᠶᠠᠨ ᠶᠡᠭᠡ | ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ ᠤᠨ ᠳᠣᠲᠣᠷᠠᠬᠢ ᠨᠠᠮ ᠤᠨ | ᠭᠡᠰᠢᠭᠦᠨ ᠢ ᠬᠥᠮᠦᠵᠢᠭᠦᠯᠵᠦ ᠰᠢᠯᠢᠨ ᠰᠣᠩᠭᠤᠬᠤ ᠶᠢ ᠴᠢᠬᠤᠯᠠᠴᠢᠯᠠᠬᠤ ᠬᠡᠷᠡᠭᠲᠡᠶ᠃ ᠳᠣᠰᠬᠤᠨ ᠨᠢᠭᠡᠪᠦᠷᠢ | ᠳᠣᠰᠬᠤᠨ ᠤ ᠱᠠᠲᠤᠨ ᠤ ᠪᠡᠯᠡᠳᠬᠡᠯ ᠬᠦᠴᠦᠨ ᠢ ᠨᠥᠭᠡᠴᠡᠯᠡᠬᠦ ᠬᠡᠷᠡᠭᠲᠡᠶ᠃ | ᠳᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠰᠢᠶᠠᠨ ᠤ ᠱᠠᠲᠤᠨ ᠤ ᠨᠠᠮ ᠤᠨ | ᠬᠤᠷᠢᠶ᠎ᠠ ᠳᠠᠩᠰᠠᠯᠠᠵᠤ ᠬᠠᠮᠢᠶᠠᠷᠤᠨ᠎ᠠ᠃ | ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠳᠡᠭᠡᠳᠦ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠢ ᠳᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠨᠢᠭᠡᠳᠦᠭᠡᠷ ᠱᠦᠵᠢ ᠰᠣᠩᠭᠤᠨ ᠲᠣᠮᠢᠯᠠᠵᠤ | ᠪᠣᠯᠤᠨ᠎ᠠ᠃ | ᠬᠤᠷᠢᠨ ᠳᠣᠯᠣᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠨᠠᠮ ᠤᠨ ᠤᠯᠤᠰ ᠲᠥᠷᠦ ᠶᠢᠨ ᠱᠤᠭᠤᠮ ᠢ ᠡᠷᠡᠰ ᠬᠡᠷᠡᠭᠵᠢᠭᠦᠯᠬᠦ ᠬᠡᠷᠡᠭᠲᠡᠶ᠃ | ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠶ ᠳᠤ ᠪᠠᠶᠢᠵᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠶᠠᠨ | ᠪᠠᠶᠢᠭᠤᠯᠣᠨ ᠠᠬᠢᠭᠤᠯᠵᠤ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠵᠤ᠂ ᠨᠠᠶᠢᠬᠡᠮ ᠤᠨ | ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ᠬᠤᠷᠢᠨ ᠨᠠᠢᠮᠠᠳᠣᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠨᠢ ᠨᠠᠮ ᠤᠨ ᠦᠵᠡᠯ ᠰᠠᠨᠠᠭᠠᠨ ᠤ ᠱᠤᠭᠤᠮ ᠢ ᠲᠤᠤᠱᠯᠠᠭᠤᠯᠬᠤ ᠬᠡᠷᠡᠭᠲᠡᠶ᠃ | ᠪᠠᠶᠢᠳᠠᠯ ᠢ ᠲᠤᠰᠬᠠᠬᠤ᠂ ᠠᠵᠢᠯ ᠲᠣᠬᠢᠷᠠᠭᠤᠯᠬᠤ᠂ ᠤᠴᠢᠷ ᠶᠠᠪᠤᠳᠠᠯ ᠢ ᠲᠣᠭᠲᠠᠭᠠᠬᠤ ᠳᠠᠭᠠᠨ ᠡᠷᠬᠡᠪᠰᠢ ᠦᠨᠡᠨ ᠠᠴᠠ | ᠵᠥᠪ ᠢ ᠡᠷᠢᠵᠦ᠂ ᠠᠯᠢᠪᠠ ᠪᠦᠬᠦᠨ ᠳᠤ ᠪᠣᠳᠠᠲᠤ ᠪᠠᠶᠢᠳᠠᠯ ᠢ ᠦᠨᠳᠦᠰᠦᠯᠡᠨ᠂ ᠦᠨᠡᠨ ᠦᠭᠡ ᠬᠡᠯᠡᠵᠦ᠂ ᠪᠣᠳᠠᠲᠤ | ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ᠃ | ᠬᠤᠷᠢ ᠶᠢᠰᠦᠳᠦᠭᠡᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠨᠢ ᠰᠢᠨ᠎ᠡ ᠴᠠᠭ ᠦᠶ᠎ᠡ ᠶᠢᠨ ᠨᠠᠮ ᠤᠨ ᠤᠳᠤᠷᠢᠳᠤᠯᠭ᠎ᠠ ᠶᠢ ᠲᠤᠤᠱᠯᠠᠭᠤᠯᠬᠤ | ᠬᠡᠷᠡᠭᠲᠡᠶ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠳᠠᠶᠢᠴᠢᠨ ᠪᠠᠬᠢᠯᠡᠯᠲᠡ ᠶᠢ ᠪᠠᠶᠢᠭᠤᠯᠣᠨ ᠬᠦᠴᠦᠷᠬᠡᠭᠵᠢᠭᠦᠯᠵᠦ | ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠦ᠂ ᠴᠢᠳᠠᠪᠤᠷᠢᠲᠠᠨ ᠢ ᠨᠢᠭᠲᠠᠷᠠᠭᠤᠯᠵᠤ᠂ ᠣᠯᠠᠨ ᠲᠦᠮᠡᠨ ᠢ | ᠳᠠᠶᠢᠴᠢᠯᠠᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠬᠦᠴᠦ ᠪᠠᠨ ᠬᠠᠮᠲᠤᠳᠬᠠᠨ ᠠᠬᠢᠭᠤᠯᠤᠨ᠎ᠠ᠃ | ᠭᠤᠴᠢᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠨᠢ ᠨᠠᠮ ᠤᠨ ᠣᠯᠠᠨ ᠲᠦᠮᠡᠨᠴᠢ ᠱᠤᠭᠤᠮ ᠢ ᠲᠤᠤᠱᠯᠠᠭᠤᠯᠬᠤ ᠬᠡᠷᠡᠭᠲᠡᠶ᠃ | ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ ᠳᠠᠭᠠᠨ ᠣᠯᠠᠨ ᠲᠦᠮᠡᠨ ᠲᠠᠢ ᠵᠥᠪᠳᠡᠯᠴᠡᠵᠦ᠂ ᠠᠵᠢᠯ ᠤᠨ | ᠡᠭᠦᠷᠭᠡ ᠪᠠᠨ ᠪᠠᠶᠢᠷᠢᠯᠠᠭᠤᠯᠬᠤ ᠳᠠᠭᠠᠨ ᠣᠯᠠᠨ ᠲᠦᠮᠡᠨ ᠳᠤ ᠶᠣᠰᠣ ᠤᠴᠢᠷ ᠢ ᠲᠣᠳᠣᠷᠬᠠᠶ ᠶᠠᠷᠢᠵᠤ ᠥᠭᠬᠦ ᠬᠡᠷᠡᠭᠲᠡᠶ︔ | ᠣᠯᠠᠨ ᠲᠦᠮᠡᠨ ᠤ ᠰᠠᠨᠠᠯ ᠢ ᠦᠷᠭᠦᠯᠵᠢ ᠰᠣᠨᠣᠰᠴᠤ᠂ ᠠᠵᠢᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠶ | ︔ ᠣᠯᠠᠨ ᠲᠦᠮᠡᠨ ᠤ ᠦᠢᠯᠡᠳᠪᠣᠷᠢᠯᠡᠯ ᠠᠮᠢᠳᠤᠷᠠᠯ ᠢ ᠪᠠᠲᠤᠯᠠᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠨ᠂ ᠣᠯᠠᠨ ᠲᠦᠮᠡᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ | ᠭᠤᠴᠢᠨ ᠨᠢᠭᠡᠳᠦᠭᠡᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠨᠠᠮ ᠤᠨ ᠠᠷᠠᠳᠴᠢᠯᠠᠯ ᠲᠥᠪᠯᠡᠷᠡᠯ ᠤᠨ ᠶᠣᠰᠣ ᠶᠢ ᠲᠤᠤᠱᠯᠠᠭᠤᠯᠵᠤ᠂ | ᠬᠠᠮᠲᠤ ᠶᠢᠨ ᠤᠳᠤᠷᠢᠳᠤᠯᠭ᠎ᠠ ᠪᠠ ᠬᠤᠪᠢ ᠬᠥᠮᠦᠨ ᠡᠬᠦᠷᠭᠡ ᠬᠤᠪᠢᠶᠠᠨ ᠬᠠᠷᠢᠭᠤᠴᠠᠬᠤ ᠶᠢ ᠤᠶᠠᠯᠳᠤᠭᠤᠯᠤᠭᠰᠠᠨ | ᠳᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠬᠦ ᠬᠡᠷᠡᠭᠲᠡᠶ᠃ ᠴᠢᠬᠤᠯᠠ ᠠᠰᠠᠭᠤᠳᠠᠯ ᠢ ᠡᠷᠬᠡᠪᠰᠢ ᠬᠠᠮᠲᠤ ᠪᠠᠷ ᠶᠠᠷᠢᠯᠴᠠᠨ | ᠲᠣᠭᠲᠠᠭᠠᠬᠤ ᠬᠡᠷᠡᠭᠲᠡᠶ᠂ ᠬᠤᠪᠢ ᠬᠥᠮᠦᠨ ᠪᠤᠶᠤ ᠴᠥᠭᠡᠨ ᠲᠣᠭᠠᠨ ᠤ ᠬᠥᠮᠦᠨ ᠤ ᠬᠡᠯᠡᠵᠦ ᠲᠣᠭᠲᠠᠭᠠᠬᠤ ᠶᠢ | ᠵᠥᠪᠰᠢᠶᠡᠷᠡᠬᠦ ᠦᠭᠡᠢ᠃ ᠱᠦᠵᠢ ᠨᠢ ᠠᠷᠠᠳᠴᠢᠯᠠᠭᠰᠠᠨ ᠰᠤᠷᠲᠠᠯ ᠲᠠᠢ ᠪᠠᠶᠢᠵᠤ᠂ ᠭᠡᠰᠢᠭᠦᠨ ᠨᠢᠭᠡᠪᠦᠷᠢ ᠶᠢᠨ | ᠦᠢᠯᠡᠳᠦᠯ ᠢ ᠴᠢᠳᠠᠮᠠᠭᠠᠶ ᠪᠠᠷ ᠪᠠᠳᠠᠷᠠᠭᠤᠯᠵᠤ᠂ ᠵᠣᠷᠢᠭᠲᠠᠶ ᠪᠠᠷ ᠬᠠᠷᠢᠭᠤᠴᠠᠬᠤ ᠬᠡᠷᠡᠭᠲᠡᠶ᠃ ᠭᠡᠰᠢᠭᠦᠳ ᠬᠠᠮᠲᠤ ᠶᠢᠨ | ᠤᠳᠤᠷᠢᠳᠤᠯᠭ᠎ᠠ ᠳᠤ ᠢᠳᠡᠪᠬᠢᠲᠡᠢ ᠣᠷᠣᠯᠴᠠᠨ ᠲᠡᠭᠦᠨ ᠢ ᠬᠠᠮᠠᠭᠠᠯᠠᠵᠤ᠂ ᠡᠬᠦᠷᠭᠡ ᠬᠤᠪᠢᠶᠠᠨ ᠬᠠᠷᠢᠭᠤᠴᠠᠬᠤ | ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ ᠬᠡᠷᠡᠭᠲᠡᠶ᠃ | ᠭᠤᠴᠢᠨ ᠬᠤᠶᠠᠳᠤᠭᠠᠷ ᠵᠦᠢᠯ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ | ᠵᠢᠯ ᠪᠦᠷᠢ ᠠᠳᠠᠭ ᠲᠠᠭᠠᠨ ᠨᠢᠭᠡ ᠤᠳᠠᠭ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠦ᠂ ᠲᠣᠰᠬᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ | ᠪᠠᠶᠢᠭᠤᠯᠣᠯᠳᠠ ᠶᠢᠨ ᠬᠤᠷᠠᠯ ᠬᠢᠵᠦ᠂ ᠲᠥᠪ ᠴᠢᠩᠭ᠎ᠠ ᠨᠠᠷᠢᠨ ᠬᠢᠨᠠᠮᠠᠭᠠᠶ ᠪᠠᠷ ᠥᠪᠡᠷ ᠤᠨ ᠰᠢᠭᠦᠮᠵᠢᠯᠡᠯ ᠬᠢᠵᠦ᠂ | ᠨᠠᠮ ᠤᠨ ᠭᠡᠰᠢᠭᠦᠨ᠂ ᠣᠯᠠᠨ ᠲᠦᠮᠡᠨ ᠤ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ | | | ᠨᠠᠢᠮᠠᠳᠣᠭᠠᠷ ᠪᠦᠯᠦᠭ ᠨᠠᠮ ᠤᠨ ᠬᠡᠰᠢᠬᠦᠳ ᠤᠨ ᠡᠩᠨᠡᠭᠡ ᠶᠢᠨ ᠪᠠᠶᠢᠭᠤᠯᠣᠯᠳᠠ | | | ᠭᠤᠴᠢᠨ ᠭᠤᠷᠪᠠᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠣᠯᠳᠠ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ | ᠦᠢᠯᠡᠳᠦᠯᠭᠡᠵᠢᠬᠦᠯᠵᠦ᠂ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠬᠤ ᠳᠦᠷᠢᠮᠵᠢᠭᠦᠯᠬᠦ ᠶᠢ ᠠᠬᠢᠭᠤᠯᠵᠤ᠂ ᠨᠠᠮ ᠤᠨ ᠳᠣᠲᠣᠭᠠᠳᠤ ᠶᠢᠨ ᠭᠤᠤᠯ ᠰᠡᠳᠦᠪᠲᠦ | ᠬᠥᠮᠦᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠶ ᠥᠷᠨᠢᠭᠦᠯᠵᠦ᠂ ᠨᠠᠮ ᠤᠨ ᠦᠨᠳᠦᠰᠦᠨ ᠣᠨᠣᠯ᠂ ᠦᠨᠳᠦᠰᠦᠨ | ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠰᠤᠷᠤᠯᠴᠠᠵᠤ᠂ ᠪᠠᠶᠢᠳᠠᠯ ᠲᠥᠷᠦ ᠶᠢᠨ ᠪᠣᠳᠣᠯᠭ᠎ᠠ᠂ ᠰᠢᠨᠵᠢᠯᠡᠬᠦ | ᠤᠬᠠᠭᠠᠨ ᠰᠣᠶᠣᠯ᠂ ᠵᠠᠬ᠎ᠠ ᠳᠡᠯᠭᠡᠭᠦᠷ ᠤᠨ ᠠᠵᠤ ᠠᠬᠤᠶ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠣᠯᠤᠨ | ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠮᠡᠳᠡᠯᠭᠡ ᠶᠢ ᠰᠤᠷᠤᠯᠴᠠᠬᠤ ᠬᠡᠷᠡᠭᠲᠡᠶ᠃ | ᠰᠢᠶᠠᠨ᠂ ᠰᠢᠶᠠᠩ ︵ ᠰᠣᠮᠦ︶ ᠬᠤᠶᠠᠷ ᠱᠠᠲᠤᠨ ᠤ ᠨᠠᠮ ᠤᠨ ᠬᠤᠷᠢᠶ᠎ᠠ ᠬᠥᠳᠡᠭᠡ ᠲᠣᠰᠬᠤᠨ ᠤ | ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠰᠢᠶᠠᠩ ᠪᠠᠯᠭᠠᠰᠤᠨ ᠤ ᠨᠠᠮ ᠤᠨ | ᠰᠤᠷᠭᠠᠭᠤᠯᠢ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ | ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ ᠨᠠᠮ ᠤᠨ ᠭᠡᠰᠢᠭᠦᠨ ᠤ ᠬᠥᠮᠦᠵᠢᠯ ᠥᠷᠨᠢᠭᠦᠯᠬᠦ ᠶᠢ | ᠴᠢᠬᠤᠯᠠᠴᠢᠯᠠᠬᠤ ᠬᠡᠷᠡᠭᠲᠡᠶ᠃ ᠰᠢᠶᠠᠩ ︵ᠰᠤᠮᠤ ︶ ᠪᠠᠯᠭᠠᠰᠤᠨ ᠤ ᠨᠠᠮ ᠤᠨ ᠬᠤᠷᠢᠶ᠎ᠠ ᠵᠢᠯ ᠪᠦᠷᠢ ᠠᠳᠠᠭ ᠲᠠᠭᠠᠨ | ᠪᠦᠬᠦ ᠨᠠᠮ ᠤᠨ ᠭᠡᠰᠢᠭᠦᠨ ᠢ ᠬᠤᠭᠤᠴᠠᠭ᠎ᠠ ᠪᠦᠯᠦᠭ ᠬᠤᠪᠢᠶᠠᠨ ᠨᠢᠭᠡ ᠤᠳᠠᠭ᠎ᠠ ᠲᠥᠪᠯᠡᠷᠡᠭᠦᠯᠦᠨ ᠪᠣᠯᠪᠠᠰᠤᠷᠠᠭᠤᠯᠬᠤ | ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠨᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠶ᠃ ︽ᠭᠤᠷᠪᠠᠨ ᠬᠤᠷᠠᠯ ᠨᠢᠭᠡ | ᠬᠢᠴᠢᠶᠡᠯ︾ ᠤᠨ ᠳᠦᠷᠢᠮ ᠢ ᠪᠠᠷᠢᠮᠲᠠᠯᠠᠵᠤ᠂ ᠲᠣᠰᠬᠤᠨ ᠤ ᠨᠠᠮ ᠤᠨ ᠵᠣᠬᠢᠶᠠᠨ ᠪᠠᠢᠭᠤᠯᠤᠯᠲᠠ ᠨᠠᠮ ᠤᠨ | ᠡᠭᠦᠷ ᠢᠶᠠᠷ ᠨᠢᠭᠡᠴᠡ ᠪᠣᠯᠭᠠᠵᠤ᠂ ᠰᠠᠷ᠎ᠠ ᠪᠦᠷᠢ ᠬᠠᠷᠢᠴᠠᠩᠭᠤᠶ ᠪᠠᠷ ᠳᠣᠭᠳᠠᠮᠠᠯ ᠨᠢᠭᠡ ᠡᠳᠦᠷ ᠭᠤᠤᠯ ᠰᠡᠳᠦᠪᠲᠦ | ᠨᠠᠮ ᠤᠨ ᠡᠳᠦᠷ ᠥᠷᠨᠢᠭᠦᠯᠵᠦ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠣᠨ ᠨᠠᠮ ᠤᠨ ᠪᠢᠴᠢᠭ ᠮᠠᠲ᠋ᠧᠷᠢᠶᠠᠯ ᠢ | ᠰᠤᠷᠤᠯᠴᠠᠭᠤᠯᠵᠤ᠂ ᠨᠠᠮ ᠤᠨ ᠬᠢᠴᠢᠶᠡᠯ ᠣᠷᠣᠭᠤᠯᠵᠤ᠂ ᠠᠷᠠᠳᠴᠢᠯᠠᠯ ᠢᠶᠠᠷ ᠬᠡᠷᠡᠭ ᠵᠥᠪᠯᠡᠬᠦ᠂ ᠰᠠᠶᠢᠨ ᠳᠤᠷ᠎ᠠ ᠶᠢᠨ | ᠦᠢᠯᠡᠴᠢᠯᠡᠭᠡ ᠵᠡᠷᠭᠡ ᠶᠢ ᠥᠷᠨᠢᠭᠦᠯᠵᠦ᠂ ᠨᠠᠮᠴᠢ ᠴᠢᠨᠠᠷ ᠤᠨ ᠪᠣᠯᠪᠠᠰᠤᠷᠠᠯ ᠢ ᠳᠣᠪᠤᠶᠢᠯᠭᠠᠵᠤ᠂ ᠬᠡᠯᠪᠡᠷᠢᠵᠢᠭᠦᠯᠬᠦ ᠶᠢ | ᠰᠡᠷᠭᠡᠶᠢᠯᠡᠬᠦ ᠬᠡᠷᠡᠭᠲᠡᠶ᠃ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠦᠨᠳᠦᠰᠦᠨ ᠱᠠᠲᠤᠨ ᠤ ᠨᠠᠮ ᠤᠨ | ᠭᠡᠰᠢᠭᠦᠨ ᠳᠤ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠬᠢᠴᠢᠶᠡᠯ ᠣᠷᠣᠬᠤ ᠬᠡᠷᠡᠭᠲᠡᠶ᠃ | ᠨᠠᠮ ᠤᠨ ᠡᠭᠦᠷ ᠰᠡᠳᠬᠢᠯ ᠤᠨ ᠦᠭᠡ ᠪᠠᠨ ᠶᠠᠷᠢᠯᠴᠠᠬᠤ ᠠᠵᠢᠯ ᠢ ᠦᠷᠭᠦᠯᠵᠢ ᠥᠷᠨᠢᠭᠦᠯᠬᠦ ᠬᠡᠷᠡᠭᠲᠡᠶ᠃ | | ᠭᠤᠴᠢᠨ ᠲᠠᠪᠤᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠨᠢ ᠠᠷᠠᠳᠴᠢᠯᠠᠯ ᠢᠶᠠᠷ ᠨᠠᠮ ᠤᠨ ᠭᠡᠰᠢᠭᠦᠨ ᠢ ᠦᠨᠡᠯᠡᠬᠦ ᠳᠦᠷᠢᠮ ᠢ ᠪᠠᠷᠢᠮᠲᠠᠯᠠᠨ | ᠲᠡᠭᠦᠯᠳᠡᠷᠵᠢᠭᠦᠯᠬᠦ ᠬᠡᠷᠡᠭᠲᠡᠶ᠃ ᠰᠢᠯᠢᠳᠡᠭ ᠨᠠᠮ ᠤᠨ ᠭᠡᠰᠢᠭᠦᠨ ᠢ ᠬᠥᠬᠢᠭᠦᠯᠦᠨ ᠰᠠᠶᠢᠰᠢᠶᠠᠨ᠎ᠠ︔ ᠬᠢᠷᠢ ᠲᠡᠩᠴᠡᠬᠦ | ᠦᠭᠡᠢ ᠨᠠᠮ ᠤᠨ ᠭᠡᠰᠢᠭᠦᠨ ᠢ ᠬᠥᠮᠦᠵᠢᠭᠦᠯᠦᠨ ᠬᠠᠪᠰᠤᠷᠬᠤ ᠠᠵᠢᠯ ᠢ ᠴᠢᠩᠭᠠᠳᠬᠠᠵᠤ᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ᠂ ᠢᠳᠬᠠᠵᠤ ᠪᠠᠶᠢᠭᠠᠳ ᠨᠠᠮ ᠠᠴᠠ ᠭᠠᠷᠭᠠᠬᠤ | ᠂ ᠨᠠᠮ ᠤᠨ ᠳᠣᠲᠣᠷᠠᠬᠢ ᠨᠡᠷ᠎ᠡ ᠶᠢ ᠨᠢ ᠬᠠᠰᠤᠬᠤ ᠵᠡᠷᠭᠡ ᠵᠣᠬᠢᠶᠠᠨ ᠪᠠᠶᠢᠭᠤᠯᠤᠯᠲᠠ ᠶᠢᠨ ᠰᠢᠢᠳᠬᠡᠯ ᠥᠭᠬᠦ ᠬᠡᠷᠡᠭᠲᠡᠶ᠃ | | ᠭᠤᠴᠢᠨ ᠵᠢᠷᠭᠤᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠳ ᠢ ᠬᠥᠮᠦᠵᠢᠭᠦᠯᠦᠨ ᠲᠡᠳᠡᠨ ᠳᠤ ᠬᠢᠨᠠᠯᠲᠠ ᠲᠠᠯᠪᠢᠵᠤ ᠡᠬᠦᠷᠭᠡ | ᠬᠠᠷᠢᠭᠤᠴᠠᠯᠭ᠎ᠠ ᠪᠠᠨ ᠬᠦᠢᠴᠡᠳᠬᠡᠯᠬᠡᠵᠦ᠂ ᠨᠠᠮ ᠤᠨ ᠭᠡᠰᠢᠭᠦᠨ ᠤ ᠡᠯ᠎ᠡ ᠵᠦᠢᠯ ᠤᠨ ᠡᠷᠬᠡ ᠶᠢ ᠬᠦᠨᠳᠦᠳᠬᠡᠨ | ᠪᠠᠲᠤᠯᠠᠬᠤ ᠬᠡᠷᠡᠭᠲᠡᠶ᠃ ᠨᠠᠮ ᠤᠨ ᠠᠵᠢᠯ ᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠨᠠᠮ ᠤᠨ ᠬᠡᠰᠢᠬᠦᠳ | ᠤᠨ ᠨᠠᠮ ᠤᠨ ᠳᠣᠲᠣᠭᠠᠳᠤ ᠶᠢᠨ ᠬᠡᠷᠡᠭ ᠶᠠᠪᠤᠳᠠᠯ ᠤᠨ ᠲᠤᠬᠠᠶ ᠨᠠᠩ ᠣᠯᠠᠨ ᠣᠶᠢᠯᠠᠭᠠᠯᠲᠠ ᠪᠠ ᠣᠷᠣᠯᠴᠠᠯᠭ᠎ᠠ ᠲᠠᠢ | ᠪᠣᠯᠭᠠᠬᠤ ᠬᠡᠷᠡᠭᠳᠠᠢ᠃ | ᠭᠤᠴᠢᠨ ᠳᠣᠯᠣᠳᠤᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠪᠠᠨ ᠴᠢᠩᠭᠠᠳᠬᠠᠨ | ᠰᠠᠶᠢᠵᠢᠷᠠᠭᠤᠯᠬᠤ ᠬᠡᠷᠡᠭᠲᠡᠶ᠃ ᠰᠢᠯᠵᠢᠨ ᠤᠷᠤᠭᠰᠠᠨ ᠭᠠᠵᠠᠷ ᠤᠨ ᠨᠠᠮ ᠤᠨ ᠵᠣᠬᠢᠶᠠᠨ ᠪᠠᠶᠢᠭᠤᠯᠤᠯᠲᠠ ᠨᠢ | ᠭᠠᠳᠠᠨ᠎ᠠ ᠠᠴᠠ ᠢᠷᠡᠭᠰᠡᠨ ᠨᠠᠮ ᠤᠨ ᠭᠡᠰᠢᠭᠦᠨ ᠨᠠᠮ ᠤᠨ ᠡᠭᠦᠷ ᠪᠠ ᠳᠣᠭᠤᠶᠢᠯᠠᠩ ᠢ ᠴᠠᠭ ᠲᠤᠬᠠᠶ ᠳᠤᠨᠢ ᠵᠣᠬᠢᠶᠠᠨ | ᠪᠠᠶᠢᠭᠤᠯᠵᠤ᠂ ᠲᠡᠳᠡᠨ ᠢ ᠵᠣᠬᠢᠶᠠᠨ ᠪᠠᠶᠢᠭᠤᠯᠵᠤ᠂ ᠨᠠᠮ ᠤᠨ ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠶ᠃ | ᠭᠠᠳᠠᠭᠰᠢ ᠭᠠᠷᠤᠭᠰᠠᠨ ᠭᠠᠵᠠᠷ ᠤᠨ ᠨᠠᠮ ᠤᠨ ᠵᠣᠬᠢᠶᠠᠨ ᠪᠠᠶᠢᠭᠤᠯᠤᠯᠲᠠ ᠨᠢ ᠭᠠᠳᠠᠭᠰᠢ ᠭᠠᠷᠤᠭᠰᠠᠨ ᠨᠠᠮ ᠤᠨ | ᠭᠡᠰᠢᠭᠦᠨ ᠤ ᠪᠠᠶᠢᠩᠭᠤ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠭᠠᠳᠠᠭᠰᠢ ᠭᠠᠷᠤᠭᠰᠠᠨ ᠨᠠᠮ ᠤᠨ ᠭᠡᠰᠢᠭᠦᠨ | ᠬᠠᠷᠢᠴᠠᠩᠭᠤᠶ ᠪᠠᠷ ᠲᠥᠪᠯᠡᠷᠡᠭᠰᠡᠨ ᠭᠠᠵᠠᠷ ᠲᠤ ᠨᠡᠭᠦᠳᠡᠯ ᠨᠠᠮ ᠤᠨ ᠭᠡᠰᠢᠭᠦᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠪᠠᠶᠢᠭᠤᠯᠵᠤ ᠪᠣᠯᠤᠨ᠎ᠠ᠃ | ᠨᠡᠭᠦᠳᠡᠯ ᠨᠠᠮ ᠤᠨ ᠭᠡᠰᠢᠭᠦᠨ ᠭᠠᠳᠠᠭᠰᠢ ᠭᠠᠷᠤᠭᠰᠠᠨ ᠭᠠᠵᠠᠷ ᠤᠨ ᠨᠠᠮ ᠤᠨ ᠵᠣᠬᠢᠶᠠᠨ | ᠪᠠᠢᠭᠤᠯᠤᠯᠲᠠ ᠳᠤ ᠬᠠᠭᠠᠰ ᠵᠢᠯ ᠪᠦᠷᠢ ᠠᠳᠠᠭ ᠲᠠᠭᠠᠨ 1 ᠤᠳᠠᠭ᠎ᠠ ᠭᠠᠳᠠᠨᠠᠬᠢ ᠪᠠᠶᠢᠳᠠᠯ ᠢᠶᠠᠨ ᠬᠠᠷᠢᠭᠤ ᠮᠡᠳᠡᠬᠦᠯᠬᠦ | ᠬᠡᠷᠡᠭᠳᠠᠢ᠃ | ᠭᠤᠴᠢᠨ ᠨᠠᠢᠮᠠᠳᠣᠭᠠᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠨᠠᠮ ᠤᠨ | ᠭᠡᠰᠢᠭᠦᠳ ᠲᠤ ᠰᠠᠬᠢᠯᠭ᠎ᠠ ᠶᠢ ᠵᠢᠷᠣᠮᠯᠠᠨ ᠬᠠᠣᠯᠢ ᠶᠢ ᠰᠠᠬᠢᠬᠤ ᠪᠠᠶᠢᠩᠭᠤ ᠶᠢᠨ ᠬᠥᠮᠦᠵᠢᠯ ᠬᠢᠨ᠎ᠡ᠃ ᠨᠠᠮ ᠤᠨ | ᠭᠡᠰᠢᠭᠦᠨ ᠨᠠᠮ ᠤᠨ ᠰᠠᠬᠢᠯᠭ᠎ᠠ ᠪᠠᠲᠤ ᠶᠢ ᠵᠦᠷᠢᠴᠡᠭᠰᠡᠨ ᠪᠣᠯ ᠴᠠᠭ ᠲᠤᠬᠠᠶ ᠳᠤᠨᠢ ᠬᠥᠮᠦᠵᠢᠭᠦᠯᠬᠦ ᠪᠤᠶᠤ | ᠰᠢᠢᠳᠪᠣᠷᠢᠯᠡᠬᠦ ᠬᠡᠷᠡᠭᠲᠡᠶ᠂ ᠠᠰᠠᠭᠤᠳᠠᠯ ᠨᠢ ᠬᠦᠨᠳᠦ ᠨᠣᠴᠢᠲᠠᠶ ᠪᠣᠯ ᠳᠡᠭᠡᠳᠦ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠳᠤ ᠮᠡᠳᠡᠭᠦᠯᠬᠦ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠣᠯᠤᠭᠰᠠᠳ ᠢ ᠰᠤᠷᠭᠠᠨ | ᠬᠥᠮᠦᠵᠢᠭᠦᠯᠬᠦ ᠪᠠᠨ ᠴᠢᠩᠭᠠᠳᠬᠠᠵᠤ᠂ ᠬᠠᠪᠰᠤᠷᠴᠤ ᠪᠠᠶᠢᠭᠠᠳ ᠬᠠᠯᠠᠵᠤ ᠥᠭᠡᠷᠡᠴᠢᠯᠡᠬᠦ ᠬᠡᠷᠡᠭᠲᠡᠶ᠃ | ᠭᠤᠴᠢ ᠶᠢᠰᠦᠳᠦᠭᠡᠷ ᠵᠦᠢᠯ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠨᠢ ᠶᠡᠷᠦᠩᠬᠡᠶ ᠬᠡᠮᠵᠢᠶ᠎ᠡ ᠶᠢ ᠬᠢᠵᠠᠭᠠᠷᠯᠠᠵᠦ᠂ ᠪᠦᠲᠦᠴᠡ ᠶᠢ ᠰᠢᠯᠢᠳᠡᠭᠵᠢᠬᠦᠯᠬᠦ᠂ | ᠦᠢᠯᠡᠳᠦᠯ ᠢᠶᠠᠨ ᠪᠠᠳᠠᠷᠠᠭᠤᠯᠬᠤ ᠶᠡᠷᠦᠩᠬᠡᠶ ᠱᠠᠭᠠᠷᠳᠠᠯᠭ᠎ᠠ ᠪᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠤᠯᠤᠰ ᠲᠥᠷᠦ ᠶᠢᠨ ᠪᠠᠷᠢᠮᠵᠢᠶ᠎ᠠ ᠶᠢ ᠳᠡᠷᠢᠬᠦᠨ ᠪᠠᠶᠢᠷᠢᠨ ᠳᠤ ᠳᠠᠯᠪᠢᠵᠦ᠂ ᠨᠠᠮ ᠤᠨ ᠬᠡᠰᠢᠬᠦᠨ ᠢ ᠦᠷᠬᠡᠳᠬᠡᠬᠦ | ᠠᠵᠢᠯ ᠢ ᠰᠠᠶᠢᠲᠤᠷ ᠬᠢᠬᠦ ᠬᠡᠷᠡᠭᠲᠡᠶ᠃ ᠵᠠᠯᠠᠭᠤ ᠲᠠᠷᠢᠶᠠᠴᠢᠨ᠂ ᠬᠥᠳᠡᠭᠡ ᠲᠣᠰᠬᠤᠨ ᠠᠴᠠ ᠭᠠᠳᠠᠭᠰᠢ ᠭᠠᠷᠣᠭᠰᠠᠨ | ᠬᠦᠯᠦᠰᠣᠨ ᠠᠵᠢᠯᠴᠢᠳ ᠤᠨ ᠳᠣᠮᠳᠠ ᠠᠴᠠ ᠨᠠᠮ ᠤᠨ ᠬᠡᠰᠢᠬᠦᠨ ᠡᠯᠰᠡᠬᠦ ᠶᠢ ᠬᠦᠨᠳᠦᠳᠬᠡᠨ ᠦᠵᠡᠵᠦ᠂ | ᠡᠮᠡᠭᠲᠡᠶᠢᠴᠦᠳ ᠢ ᠨᠠᠮ ᠳᠤ ᠡᠯᠰᠡᠬᠦ ᠶᠢ ᠠᠩᠬᠠᠷᠬᠤ ᠬᠡᠷᠡᠭᠲᠡᠶ᠃ | ᠳᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠡᠷᠬᠡᠪᠰᠢ ᠰᠢᠶᠠᠩ ᠪᠠᠯᠭᠠᠰᠤᠨ ᠤ | ᠨᠠᠮ ᠤᠨ ᠬᠤᠷᠢᠶ᠎ᠠ ᠪᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃ | ᠳᠥᠴᠢᠳᠦᠭᠡᠷ ᠵᠦᠢᠯ ᠬᠥᠳᠡᠭᠡ ᠲᠣᠰᠬᠤᠨ ᠤ ᠨᠠᠮ ᠤᠨ ᠭᠡᠰᠢᠭᠦᠨ ᠨᠡᠶᠢᠭᠡᠮ ᠵᠢᠷᠤᠮ ᠤᠨ | ᠪᠣᠳᠠᠰ ᠤᠨ ᠪᠣᠯᠪᠠᠰᠤᠨ ᠤ ᠪᠠᠶᠢᠭᠤᠯᠤᠯᠲᠠ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠳᠤᠮᠳᠠ ᠬᠤᠰᠢᠭᠤᠴᠢ | ᠦᠢᠯᠡᠳᠦᠯ ᠢᠶᠠᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠦᠷᠦᠭᠦᠯᠡᠨ | ᠣᠷᠣᠯᠴᠠᠵᠤ᠂ ᠣᠯᠠᠨ ᠲᠦᠮᠡᠨ ᠢ ᠳᠠᠭᠠᠭᠤᠯᠤᠨ ᠬᠠᠮᠲᠤ ᠪᠠᠷ ᠪᠠᠶᠠᠵᠢᠬᠤ ᠬᠡᠷᠡᠭᠲᠡᠶ᠃ | ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢ ᠨᠠᠮ ᠤᠨ | ᠭᠡᠰᠢᠭᠦᠨ ᠤ ᠲᠠᠷᠢᠶᠠᠴᠢᠨ ᠡᠷᠦᠬᠡ ᠲᠠᠢ ᠬᠠᠷᠢᠯᠴᠠᠬᠤ᠂ ᠨᠠᠮ ᠤᠨ ᠭᠡᠰᠢᠭᠦᠨ ᠤ ᠡᠷᠦᠬᠡ ᠫᠠᠶᠢᠰᠠ ᠡᠯᠭᠦᠬᠦ᠂ ᠠᠮᠠᠯᠠᠯᠳᠠ | ᠪᠠᠨ ᠦᠢᠯᠡᠳᠦᠯᠭᠡᠵᠢᠬᠦᠯᠬᠦ᠂ ᠠᠵᠢᠯ ᠤᠨ ᠪᠠᠶᠢᠷᠢ ᠭᠠᠷᠭᠠᠵᠤ ᠬᠠᠷᠢᠭᠤᠴᠠᠯᠭ᠎ᠠ ᠲᠣᠭᠲᠠᠭᠠᠬᠤ ᠵᠡᠷᠭᠡ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠳᠤ ᠵᠣᠬᠢᠬᠤ ᠨᠡᠶᠢᠭᠡᠮ ᠤᠨ ᠠᠵᠢᠯ ᠪᠠ ᠣᠯᠠᠨ ᠲᠦᠮᠡᠨ ᠤ | ᠠᠵᠢᠯ ᠢ ᠬᠤᠪᠢᠶᠠᠷᠢᠯᠠᠨ ᠥᠭᠴᠦ᠂ ᠨᠠᠮ ᠤᠨ ᠭᠡᠰᠢᠭᠦᠨ ᠤ ᠦᠢᠯᠡᠳᠦᠯ ᠢᠶᠠᠨ ᠪᠠᠳᠠᠷᠠᠭᠤᠯᠬᠤ ᠳᠤ ᠨᠥᠬᠦᠴᠡᠯ | ᠪᠦᠷᠢᠯᠳᠦᠭᠦᠯᠵᠦ ᠥᠭᠬᠦ ᠬᠡᠷᠡᠭᠲᠡᠶ᠃ | | | ᠶᠢᠰᠦᠳᠦᠭᠡᠷ ᠪᠦᠯᠦᠭ ᠣᠳᠣᠷᠢᠳᠣᠯᠭ᠎ᠠ ᠪᠠ ᠪᠠᠳᠣᠯᠠᠭ᠎ᠠ | | ᠳᠥᠴᠢᠨ ᠨᠢᠭᠡᠳᠦᠭᠡᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ ᠰᠢᠶᠠᠨ ᠤ | ᠱᠠᠲᠤᠨ ᠤ ᠨᠠᠮ ᠤᠨ ᠬᠤᠷᠢᠶ᠎ᠠ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠡᠶᠡᠴᠢ ᠴᠣᠭᠴᠠ ᠶᠢᠨ | ᠬᠠᠷᠢᠭᠤᠴᠠᠯᠭ᠎ᠠ ᠪᠠᠨ ᠬᠢᠨᠠᠮᠠᠭᠠᠶ ᠬᠦᠢᠴᠡᠳᠬᠡᠬᠦ ᠬᠡᠷᠡᠭᠲᠡᠶ᠃ | ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢᠨ ᠪᠠᠶᠢᠳᠠᠯ ᠢ ᠰᠢᠶᠠᠨ ᠰᠢᠶᠠᠩ ︵ ᠰᠣᠮᠦ︶ ᠤᠨ ᠬᠤᠷᠢᠶᠠᠨ ᠤ ᠱᠦᠵᠢ ᠶᠢ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠬᠢᠵᠦ ᠦᠨᠡᠯᠡᠨ ᠶᠠᠷᠢᠯᠴᠠᠵᠤ ᠬᠢᠨᠠᠨ | ᠰᠢᠯᠭᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ | ᠠᠭᠤᠯᠭ᠎ᠠ ᠳᠤ ᠣᠷᠣᠭᠤᠯᠵᠤ᠂ ᠤᠳᠤᠷᠢᠳᠬᠤ ᠪᠠᠭ ᠢ ᠶᠡᠷᠦᠩᠬᠡᠶᠢᠯᠡᠨ ᠦᠨᠡᠯᠡᠬᠦ ᠪᠠ ᠤᠳᠤᠷᠢᠳᠬᠤ ᠺᠠᠳ᠋ᠷ ᠢ ᠰᠢᠯᠢᠨ | ᠳᠡᠪᠰᠢᠭᠦᠯᠵᠦ ᠲᠣᠮᠢᠯᠠᠨ ᠬᠡᠷᠡᠭᠯᠡᠬᠦ ᠴᠢᠬᠤᠯᠠ ᠦᠨᠳᠣᠰᠣᠯᠡᠯ ᠪᠣᠯᠭᠠᠬᠤ ᠬᠡᠷᠡᠭᠲᠡᠶ᠃ ᠰᠢᠶᠠᠨ ᠤ ᠱᠠᠲᠤᠨ ᠤ ᠨᠠᠮ ᠤᠨ | ᠬᠤᠷᠢᠶ᠎ᠠ ᠨᠢ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠬᠦᠢᠴᠡᠳ ᠠᠳᠬᠤᠬᠤ ᠬᠡᠷᠡᠭᠲᠡᠶ᠃ | ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ ᠨᠠᠶᠢᠳᠠᠪᠤᠷᠢᠵᠢᠭᠤᠯᠤᠭᠰᠠᠨ ᠢᠶᠠᠷ ᠰᠤᠯᠠ ᠪᠠᠶᠢᠪᠡᠯ | ᠴᠠᠭ ᠲᠤᠬᠠᠶ ᠳᠤᠨᠢ ᠰᠠᠨᠠᠭᠤᠯᠵᠤ᠂ ᠪᠣᠯᠵᠣᠨ ᠶᠠᠷᠢᠯᠴᠠᠬᠤ ᠬᠡᠷᠡᠭᠲᠡᠶ︔ ᠬᠦᠨᠳᠦ ᠨᠣᠴᠢᠲᠠᠶ ᠠᠰᠠᠭᠤᠳᠠᠯ ᠭᠠᠷᠤᠭᠰᠠᠨ | ᠪᠠᠶᠢᠪᠡᠯ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ ᠠᠰᠠᠭᠤᠳᠠᠯ ᠢ ᠴᠡᠭᠴᠡᠯᠡᠨ ᠥᠭᠡᠷᠡᠴᠢᠯᠡᠵᠦ | ᠨᠠᠶᠢᠳᠠᠪᠤᠷᠢᠵᠢᠭᠤᠯᠬᠤ ᠶᠢ ᠰᠢᠮᠳᠠᠨ ᠠᠳᠬᠤᠨ᠎ᠠ᠃ | ᠳᠥᠴᠢᠨ ᠬᠤᠶᠠᠳᠤᠭᠠᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ ᠰᠢᠶᠠᠨ ᠤ | ᠱᠠᠲᠤᠨ ᠤ ᠨᠠᠮ ᠤᠨ ᠬᠤᠷᠢᠶ᠎ᠠ ᠰᠢᠶᠠᠩ ᠢ ᠠᠳᠬᠤᠨ ᠲᠣᠰᠬᠤᠨ ᠢ ᠠᠬᠢᠭᠤᠯᠬᠤ ᠶᠢ ᠪᠠᠷᠢᠮᠲᠠᠯᠠᠵᠤ᠂ ᠦᠨᠳᠦᠰᠦᠨ | ᠡᠩᠨᠡᠭᠡ᠂ ᠦᠨᠳᠦᠰᠦᠨ ᠠᠵᠢᠯᠯᠠᠭ᠎ᠠ᠂ ᠦᠨᠳᠦᠰᠦᠨ ᠵᠢᠭᠰᠠᠭᠠᠯ ᠤᠨ ᠭᠠᠵᠠᠷ᠂ ᠦᠨᠳᠦᠰᠦᠨ ᠳᠦᠷᠢᠮ᠂ ᠦᠨᠳᠦᠰᠦᠨ | ᠪᠠᠲᠤᠯᠠᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠣᠯᠠ ᠵᠠᠳᠠᠭᠠᠢ ᠲᠣᠰᠬᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠴᠡᠭᠴᠡᠯᠡᠵᠦ᠂ ᠪᠦᠬᠦ ᠰᠢᠶᠠᠩ ᠳᠤ ᠲᠦᠯᠬᠢᠨ ᠠᠬᠢᠭᠤᠯᠵᠤ᠂ ᠪᠦᠬᠦ ᠰᠢᠶᠠᠨ ᠢᠶᠠᠷ ᠨᠢ | ᠳᠡᠭᠡᠭᠰᠢᠯᠡᠭᠦᠯᠬᠦ ᠬᠡᠷᠡᠭᠲᠡᠶ᠃ | ᠰᠤᠮᠤ ᠪᠠᠯᠭᠠᠰᠤᠨ ᠤ ᠨᠠᠮ ᠤᠨ ᠬᠤᠷᠢᠶ᠎ᠠ ᠨᠢ ᠳᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠠᠳᠬᠤᠬᠤ ᠰᠢᠭᠤᠳ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ | ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠣᠯᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ | ᠪᠤᠰᠤᠳ ᠪᠦᠷᠢᠯᠳᠦᠬᠦᠨ ᠬᠡᠰᠢᠬᠦᠳ ᠳᠣᠰᠬᠤᠨ ᠢ ᠳᠠᠭᠠᠭᠠᠴᠢᠯᠠᠨ ᠡᠷᠦᠬᠡ ᠬᠠᠷᠢᠭᠤᠴᠠᠵᠦ᠂ ᠦᠷᠭᠦᠯᠵᠢ ᠪᠠᠶᠢᠳᠠᠯ ᠢ | ᠯᠠᠪᠳᠠᠭᠤᠨ ᠪᠠᠳᠣᠳᠠᠢ ᠣᠶᠢᠯᠭᠠᠨ᠂ ᠠᠰᠠᠭᠤᠳᠠᠯ ᠢ ᠪᠠᠶᠢᠴᠠᠭᠠᠵᠤ᠂ ᠴᠠᠭ ᠲᠤᠬᠠᠶ ᠳᠤᠨᠢ ᠰᠤᠳᠤᠯᠤᠨ ᠰᠢᠢᠳᠪᠣᠷᠢᠯᠡᠬᠦ | ᠬᠡᠷᠡᠭᠲᠡᠶ᠃ | ᠳᠥᠴᠢᠨ ᠭᠤᠷᠪᠠᠳᠤᠭᠠᠷ ᠵᠦᠢᠯ ᠰᠢᠶᠠᠩ ᠪᠠᠯᠭᠠᠰᠤᠨ ᠤ ᠠᠵᠢᠯ ᠤᠨ ᠪᠠᠶᠢᠭᠤᠯᠤᠮᠵᠢ ᠶᠢᠨ | ᠳᠣᠬᠢᠷᠠᠭᠤᠯᠣᠯᠳᠠ ᠪᠠ ᠠᠵᠢᠯᠲᠠᠨ ᠤ ᠲᠣᠬᠢᠷᠠᠭᠤᠯᠤᠯᠲᠠ ᠨᠢ ᠦᠢᠯᠡᠴᠢᠯᠡᠭᠡ ᠪᠠᠨ ᠴᠢᠩᠭᠠᠳᠬᠠᠬᠤ᠂ ᠣᠯᠠᠨ | ᠲᠦᠮᠡᠨ ᠲᠠᠢ ᠨᠢᠭᠲᠠ ᠬᠠᠷᠢᠯᠴᠠᠬᠤ᠂ ᠵᠠᠰᠠᠬᠤ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠬᠦ ᠵᠠᠷᠴᠢᠮ ᠢ ᠪᠠᠷᠢᠮᠲᠠᠯᠠᠵᠤ᠂ | ᠡᠷᠬᠡ ᠬᠠᠷᠢᠭᠤᠴᠠᠯᠭ᠎ᠠ ᠨᠢ ᠬᠠᠷᠢᠯᠴᠠᠨ ᠲᠣᠬᠢᠷᠠᠭᠰᠠᠨ᠂ ᠳᠥᠭᠦᠮ ᠪᠥᠭᠡᠳ ᠥᠨᠳᠥᠷ ᠪᠦᠲᠦᠮᠵᠢᠲᠡᠶ ᠦᠨᠳᠦᠰᠦᠨ | ᠱᠠᠲᠤᠨ ᠤ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠵᠤ᠂ ᠰᠢᠶᠠᠩ ᠪᠠᠯᠭᠠᠰᠤᠨ ᠤ ᠠᠵᠢᠯ ᠤᠨ ᠬᠦᠴᠦᠨ ᠢ | ᠪᠠᠲᠤᠯᠠᠬᠤ ᠬᠡᠷᠡᠭᠲᠡᠶ᠃ ᠰᠢᠶᠠᠩ ᠪᠠᠯᠭᠠᠰᠤᠨ ᠳᠤ ᠨᠠᠮ ᠤᠨ ᠪᠠᠶᠢᠭᠤᠯᠤᠯᠲᠠ ᠶᠢᠨ ᠠᠵᠢᠯ ᠤᠨ ᠠᠯᠪᠠᠨ ᠭᠡᠷ ᠪᠤᠶᠤ | ᠨᠠᠮ ᠤᠨ ᠪᠠᠶᠢᠭᠤᠯᠤᠯᠲᠠ ᠶᠢᠨ ᠠᠵᠢᠯ ᠤᠨ ᠥᠷᠲᠡᠭᠡ ᠪᠠᠶᠢᠭᠤᠯᠵᠤ᠂ ᠲᠤᠰᠬᠠᠶ ᠲᠤᠰᠢᠶᠠᠯᠲᠤ ᠵᠣᠬᠢᠶᠠᠨ ᠪᠠᠶᠢᠭᠤᠯᠤᠭᠴᠢ | ᠲᠣᠬᠢᠷᠠᠭᠤᠯᠵᠤ᠂ ᠨᠠᠮ ᠤᠨ ᠠᠵᠢᠯ ᠤᠨ ᠬᠦᠴᠦᠷᠬᠡᠭ ᠬᠦᠴᠦᠨ ᠲᠣᠬᠢᠷᠠᠭᠤᠯᠬᠤ ᠬᠡᠷᠡᠭᠲᠡᠶ᠃ ᠰᠢᠶᠠᠩ ᠪᠠᠯᠭᠠᠰᠤᠨ ᠤ | ᠵᠢᠵᠢᠭ ᠬᠤᠭᠤᠯᠠᠨ ᠭᠡᠷ᠂ ᠵᠢᠵᠢᠭ ᠵᠣᠷᠯᠣᠩ᠂ ᠵᠢᠵᠢᠭ ᠪᠡᠶ᠎ᠡ ᠤᠬᠢᠶᠠᠬᠤ ᠭᠠᠵᠠᠷ᠂ ᠵᠢᠵᠢᠭ ᠨᠣᠮ ᠤᠨ ᠰᠠᠩ ᠂ | ᠵᠢᠵᠢᠭ ᠰᠣᠶᠣᠯ ᠲᠠᠮᠢᠷ ᠤᠨ ᠬᠥᠳᠡᠯᠭᠡᠭᠡᠨ ᠤ ᠲᠠᠰᠤᠭ ᠪᠠ ᠪᠡᠯᠡᠳᠬᠡᠯ ᠭᠡᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠰᠢᠶᠠᠩ ᠪᠠᠯᠭᠠᠰᠤᠨ ᠤ ᠺᠠᠳ᠋ᠷ ᠤᠨ ᠠᠵᠢᠯ ᠪᠠ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠎ᠠ᠃ | ᠳᠥᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠨᠠᠮ ᠤᠨ ᠬᠤᠷᠢᠶ᠎ᠠ ᠡᠳ᠋ ᠤᠨ ᠵᠠᠰᠠᠭ ᠤᠨ | ᠣᠷᠣᠭᠤᠯᠤᠯᠲᠠ ᠪᠠᠷ ᠭᠤᠤᠯ ᠪᠣᠯᠭᠠᠭᠰᠠᠨ ᠳᠣᠭᠳᠠᠪᠣᠷᠢᠳᠠᠢ ᠳᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠠᠵᠢᠯᠯᠠᠭᠠᠨ ᠤ ᠵᠠᠷᠤᠳᠠᠯ ᠢ ᠪᠠᠲᠤᠯᠠᠬᠤ ᠳᠦᠷᠢᠮ ᠢ ᠲᠡᠭᠦᠯᠳᠡᠷᠵᠢᠭᠦᠯᠵᠦ᠂ ᠬᠡᠪ ᠤᠨ ᠨᠡᠮᠡᠭᠳᠡᠯ ᠤᠨ ᠲᠣᠭᠲᠠᠴᠠ ᠶᠢ | ᠪᠠᠶᠢᠭᠤᠯᠬᠤ ᠬᠡᠷᠡᠭᠲᠡᠶ᠃ ᠲᠣᠰᠬᠤᠨ ᠤ ᠺᠠᠳ᠋ᠷ ᠤᠨ ᠦᠨᠳᠦᠰᠦᠨ ᠬᠥᠯᠥᠰᠥ ᠣᠯᠭᠤᠮᠵᠢ ᠶᠢ ᠨᠠᠶᠢᠳᠠᠪᠣᠷᠢᠵᠢᠭᠤᠯᠬᠤ᠂ | ᠣᠯᠭᠤᠬᠤ ᠬᠥᠮᠦᠨ ᠤ ᠲᠤᠭ᠎ᠠ ᠪᠣᠯᠤᠨ ᠪᠠᠷᠢᠮᠵᠢᠶ᠎ᠠ ᠶᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ | ᠪᠣᠳᠠᠲᠠᠶ ᠠᠴᠠ ᠡᠭᠦᠰᠴᠦ ᠵᠦᠶ ᠵᠣᠬᠢᠰᠲᠠᠶ ᠲᠣᠭᠲᠠᠭᠠᠵᠤ᠂ ᠬᠡᠪ ᠤᠨ ᠪᠠᠶᠢᠳᠠᠯ ᠢᠶᠠᠷ ᠲᠤᠰᠢᠶᠠᠯ ᠠᠴᠠ ᠪᠠᠨ | ᠰᠠᠯᠤᠭᠰᠠᠨ ᠲᠣᠰᠬᠤᠨ ᠤ ᠺᠠᠳ᠋ᠷ ᠤᠨ ᠠᠮᠢᠳᠤᠷᠠᠯ ᠤᠨ ᠨᠥᠬᠦᠪᠥᠷᠢ ᠶᠢ ᠪᠠᠲᠤᠯᠠᠬᠤ ᠬᠡᠷᠡᠭᠲᠡᠶ᠃ ᠳᠣᠰᠬᠤᠨ ᠤ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠯᠪᠠᠨ ᠵᠠᠷᠤᠳᠠᠯ᠂ ᠣᠯᠠᠨ ᠲᠦᠮᠡᠨ ᠳᠤ ᠦᠢᠯᠡᠴᠢᠯᠡᠬᠦ ᠵᠠᠷᠤᠳᠠᠯ᠂ | ᠨᠠᠮ ᠤᠨ ᠭᠡᠰᠢᠭᠦᠨ ᠤ ᠠᠵᠢᠯᠯᠠᠭᠠᠨ ᠤ ᠵᠠᠷᠤᠳᠠᠯ ᠢ ᠨᠠᠶᠢᠳᠠᠪᠤᠷᠢᠵᠢᠭᠤᠯᠤᠨ᠎ᠠ᠃ ᠲᠣᠰᠬᠤᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠂ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠠᠰᠢᠭᠯᠠᠨ᠂ ᠢᠯᠭᠠᠬᠤ ᠲᠡᠮᠳᠡᠭ᠂ ᠫᠠᠶᠢᠰᠠ ᠡᠯᠭᠦᠬᠦ ᠶᠢ ᠵᠢᠷᠤᠮᠵᠢᠭᠤᠯᠵᠤ᠂ ︽ᠨᠢᠭᠡ ᠥᠷᠥᠭᠡ︾ ᠶᠢᠨ | ᠶᠡᠷᠦᠩᠬᠡᠶᠢᠯᠡᠭᠰᠡᠨ ᠴᠢᠳᠠᠮᠵᠢ ᠶᠢ ᠪᠠᠳᠠᠷᠠᠭᠤᠯᠤᠨ᠂ ᠣᠯᠠᠨ ᠲᠦᠮᠡᠨ ᠳᠤ ᠦᠢᠯᠡᠴᠢᠯᠡᠵᠦ᠂ ᠣᠯᠠᠨ ᠲᠦᠮᠡᠨ ᠢ | ᠨᠢᠭᠲᠠᠷᠠᠭᠤᠯᠬᠤ ᠬᠡᠷᠡᠭᠲᠡᠶ᠃ | ᠳᠥᠴᠢᠨ ᠲᠠᠪᠤᠳᠤᠭᠠᠷ ᠵᠦᠢᠯ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠥᠳᠡᠭᠡ | ᠲᠣᠰᠬᠤᠨ ᠤ ᠦᠨᠳᠦᠰᠦᠨ ᠱᠠᠲᠤᠨ ᠤ ᠺᠠᠳ᠋ᠷ ᠪᠠ ᠨᠠᠮ ᠤᠨ ᠭᠡᠰᠢᠭᠦᠨ ᠢ ᠬᠡᠬᠦᠳᠡᠭ ᠳᠦᠭᠦᠷᠡᠩ ᠬᠠᠶᠢᠷ᠎ᠠ ᠬᠠᠯᠠᠮᠵᠢ | ᠡᠪᠦᠷᠯᠡᠵᠦ᠂ ᠤᠯᠤᠰ ᠲᠥᠷᠥ ᠶᠢᠨ ᠲᠠᠯ᠎ᠠ ᠪᠠᠷ ᠤᠷᠮᠠᠰᠢᠭᠤᠯᠤᠨ ᠵᠣᠷᠢᠭᠵᠢᠭᠤᠯᠵᠤ᠂ ᠠᠵᠢᠯ ᠤᠨ ᠲᠠᠯ᠎ᠠ ᠪᠠᠷ ᠳᠠᠮᠵᠢᠨ᠂ | ᠣᠯᠭᠤᠮᠵᠢ ᠶᠢᠨ ᠲᠠᠯ᠎ᠠ ᠪᠠᠷ ᠪᠠᠲᠤᠯᠠᠵᠤ᠂ ᠰᠡᠳᠬᠢᠴᠡ ᠶᠢᠨ ᠲᠠᠯ᠎ᠠ ᠪᠠᠷ ᠬᠠᠯᠠᠮᠵᠢᠯᠠᠵᠤ᠂ ᠬᠥᠳᠡᠭᠡ ᠲᠣᠰᠬᠤᠨ ᠤ | ᠦᠨᠳᠦᠰᠦᠨ ᠱᠠᠲᠤᠨ ᠤ ᠰᠢᠯᠢᠳᠡᠭ ᠺᠠᠳ᠋ᠷ ᠢ ᠤᠬᠠᠭᠤᠯᠤᠨ ᠰᠠᠶᠢᠰᠢᠶᠠᠵᠤ᠂ ᠦᠯᠢᠭᠡᠷ ᠳᠠᠭᠤᠷᠢᠶᠠᠯ ᠤᠨ ᠬᠦᠴᠦᠨ ᠢ | ᠢᠯᠡᠷᠡᠭᠦᠯᠦᠨ᠂ ᠰᠢᠨ᠎ᠡ ᠡᠬᠦᠷᠭᠡ ᠬᠠᠷᠢᠭᠤᠴᠠᠯᠭ᠎ᠠ᠂ ᠰᠢᠨ᠎ᠡ ᠠᠵᠢᠯ ᠤᠨ ᠪᠦᠳᠦᠮᠵᠢ ᠶᠢ ᠵᠣᠷᠢᠭᠵᠢᠭᠤᠯᠬᠤ ᠬᠡᠷᠡᠭᠲᠡᠶ᠃ | | | | ᠠᠷᠪᠠᠳᠣᠭᠠᠷ ᠵᠦᠢᠯ ᠳᠠᠭᠠᠯᠳᠣᠭᠤᠯᠣᠯ | | ᠳᠥᠴᠢᠨ ᠵᠢᠷᠭᠤᠳᠤᠭᠠᠷ ᠵᠦᠢᠯ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠨᠠᠮ ᠤᠨ ᠬᠤᠷᠢᠶ᠎ᠠ ᠲᠤᠰ ᠳᠦᠷᠢᠮ ᠢ ᠦᠨᠳᠦᠰᠦᠯᠡᠨ᠂ ᠲᠤᠰ ᠭᠠᠵᠠᠷ ᠣᠷᠣᠨ ᠤ ᠪᠠᠨ ᠪᠠᠶᠢᠳᠠᠯ ᠲᠠᠢ | ᠤᠶᠠᠯᠳᠤᠭᠤᠯᠤᠨ ᠬᠡᠷᠡᠭᠵᠢᠭᠦᠯᠬᠦ ᠠᠷᠭ᠎ᠠ ᠲᠣᠭᠲᠠᠭᠠᠵᠤ ᠪᠣᠯᠤᠨ᠎ᠠ᠃ | ᠳᠥᠴᠢᠨ ᠳᠣᠯᠣᠳᠤᠭᠠᠷ ᠵᠦᠢᠯ ᠲᠤᠰ ᠳᠦᠷᠢᠮ ᠢ ᠳᠤᠮᠳᠠᠳᠤ ᠤᠯᠤᠰ ᠠᠴᠠ ᠡᠪ ᠬᠠᠮᠲᠤ | ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠬᠠᠷᠢᠭᠤᠴᠠᠨ ᠲᠠᠶᠢᠯᠪᠤᠷᠢᠯᠠᠨ᠎ᠠ᠃ | ᠳᠥᠴᠢᠨ ᠨᠠᠢᠮᠠᠳᠣᠭᠠᠷ ᠵᠦᠢᠯ ᠲᠤᠰ ᠳᠦᠷᠢᠮ ᠢ 2018 ᠤᠨ 12 ᠳ᠋ᠤᠭᠠᠷ ᠰᠠᠷ᠎ᠠ ᠶᠢᠨ | 28 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 1999 ᠤᠨ 2 ᠰᠠᠷ᠎ᠠ ᠶᠢᠨ 13 ᠤ ᠡᠳᠦᠷ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ | ᠳᠦᠷᠢᠮ︾ ᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃ | | |