ᠬᠡᠷ ᠪᠦᠯᠢ ᠪᠠ ᠴᠡᠴᠡᠷᠯᠢᠭ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠡᠷ | ᠪᠦᠯᠢ ᠪᠣᠯᠣᠨ ᠴᠡᠴᠡᠷᠯᠢᠭ ᠤᠨ ᠰᠣᠯᠢᠯᠴᠠᠭᠠᠨ ᠤ ᠬᠥᠭᠦᠷᠭᠡ ᠶᠢ ᠪᠠᠶᠢᠭᠤᠯᠬᠤ ᠶᠢᠨ ᠬᠠᠮᠲᠤ᠂ ᠪᠠᠭᠰᠢ ᠪᠣᠯᠤᠨ ᠭᠡᠷ ᠤᠨ | ᠠᠬᠠᠮᠠᠳ ᠤᠨ ᠬᠤᠶᠠᠷ ᠲᠠᠯ᠎ᠠ ᠶᠢᠨ ᠣᠶᠢᠯᠠᠭᠠᠯᠲᠠ ᠶᠢ ᠨᠡᠮᠡᠭᠳᠡᠭᠦᠯᠵᠦ᠂ ᠬᠡᠤᠬᠡᠳ ᠤᠨ ᠤᠩᠰᠢᠯᠭ᠎ᠠ ᠶᠢᠨ ᠤᠷᠮ᠎ᠠ | ᠪᠠᠬ᠎ᠠ ᠶᠢ ᠬᠥᠭᠵᠢᠭᠡᠵᠦ᠂ ᠬᠡᠤᠬᠡᠳ ᠤᠨ ᠦᠭᠡ ᠬᠡᠯᠡᠨ ᠤ ᠢᠯᠡᠳᠬᠡᠬᠦ ᠴᠢᠳᠠᠪᠤᠷᠢ ᠪᠣᠯᠤᠨ ᠲᠣᠭᠯᠠᠬᠤ ᠴᠢᠳᠠᠪᠤᠷᠢ ᠶᠢ | ᠨᠡᠮᠡᠭᠳᠡᠬᠦᠯᠦᠨ᠂ ᠬᠡᠤᠬᠡᠳ ᠲᠤ ᠥᠪᠡᠷ ᠢ ᠪᠠᠨ ᠢᠯᠡᠷᠡᠭᠦᠯᠬᠦ ᠲᠠᠪᠴᠠᠩ ᠬᠠᠩᠭᠠᠬᠤ ᠶᠢᠨ ᠳᠣᠯᠠᠳᠠ᠂ 12 ᠰᠠᠷ᠎ᠠ ᠶᠢᠨ | 12 ᠤᠨ ᠡᠳᠦᠷ᠂ ᠬᠤᠲᠠ ᠶᠢᠨ ᠦᠨᠳᠦᠰᠦᠲᠡᠨ ᠤ ᠬᠡᠤᠬᠡᠳ ᠤᠨ ᠴᠡᠴᠡᠷᠯᠢᠭ ᠨᠢ ︽ᠪᠦᠪᠠᠢ ᠶᠢᠨ ᠴᠣᠣᠷᠢᠶ᠎ᠠ︾ | ᠦᠯᠢᠬᠡᠷ ᠰᠢᠯᠦᠭ ᠤᠨ ᠦᠵᠡᠬᠦᠯᠭᠡ ᠶᠢ ᠡᠷᠬᠢᠯᠡᠪᠡ᠃ ᠠᠵᠢᠯᠯᠠᠭ᠎ᠠ ᠳᠤ ᠬᠥᠮᠦᠨ ᠪᠦᠬᠦᠨ ᠣᠷᠣᠯᠴᠠᠬᠤ ᠵᠠᠷᠴᠢᠮ ᠢ | ᠪᠠᠷᠢᠮᠲᠠᠯᠠᠵᠤ᠂ ᠠᠩᠭᠢ ᠳᠣᠳᠣᠷ᠎ᠠ ᠪᠠᠨ ᠰᠢᠯᠭᠠᠷᠠᠭᠤᠯᠣᠨ ᠰᠣᠩᠭᠤᠵᠦ᠂ ᠡᠴᠦᠰ ᠲᠡᠭᠡᠨ ᠨᠡᠶᠢᠲᠡ 36 ᠬᠡᠤᠬᠡᠳ | ᠣᠷᠣᠯᠴᠠᠪᠠ᠃ | | | | | ᠠᠵᠢᠯᠯᠠᠭᠠᠨ ᠤ ᠲᠤᠬᠠᠶ ᠶᠢᠨ ᠲᠠᠯᠠᠪᠠᠢ | | | | | ᠨᠠᠶᠢᠷᠠᠯ ᠳᠠᠭᠤᠤ | | ᠬᠡᠤᠬᠡᠳ ᠪᠠᠭᠠᠴᠤᠳ ᠠᠬᠤᠶ ᠲᠠᠯᠠᠪᠠᠢ ᠶᠢᠨ ᠦᠵᠡᠭᠴᠢᠳ ᠲᠤ ᠰᠢᠯᠦᠭ ᠤᠶᠠᠩᠭᠠᠯᠠᠨ᠂ ᠴᠣᠪᠣᠭᠤ | ᠳᠡᠭᠵᠢᠨ ᠪᠠᠶᠠᠷ ᠬᠦᠷ ᠲᠠᠢ ᠪᠠᠶᠢᠯ᠎ᠠ᠃ ᠦᠯᠢᠭᠡᠷ ᠶᠠᠷᠢᠬᠤ ᠭᠤᠭᠴᠣᠭᠠᠨ ᠳᠤ᠂ ᠲᠡᠳᠡ ᠠᠶᠢᠵᠠᠮ ᠴᠣᠬᠢᠯᠭ᠎ᠠ ᠲᠠᠢ | ᠦᠭᠡ ᠬᠡᠯᠡ ᠪᠠ ᠡᠯᠪᠡᠭ ᠪᠠᠶᠠᠯᠢᠭ ᠬᠠᠶᠢᠷ᠎ᠠ ᠰᠡᠳᠬᠢᠯᠭᠡ᠂ ᠠᠮᠢᠳᠤ ᠴᠣᠪᠣᠭᠤᠯᠢᠭ ᠮᠥᠴᠢ ᠶᠢᠨ ᠬᠥᠳᠡᠯᠦᠯ ᠢᠶᠠᠷ ᠢᠶᠠᠨ | ᠦᠯᠢᠭᠡᠷ ᠦᠢᠯᠡ ᠶᠠᠪᠤᠳᠠᠯ᠂ ᠳᠦᠷᠢ ᠶᠢᠨ ᠥᠪᠡᠷᠮᠢᠴᠡ ᠴᠢᠨᠠᠷ ᠢ ᠬᠦᠢᠴᠡᠳ ᠭᠠᠶᠢᠬᠠᠭᠤᠯᠤᠨ ᠳᠦᠷᠰᠦᠯᠡᠵᠦ᠂ | ᠦᠯᠢᠭᠡᠷ ᠠᠬᠤᠶ ᠪᠠᠶᠢᠳᠠᠯ ᠢ ᠣᠯᠠᠨ ᠳᠤ ᠠᠮᠢᠳᠤᠯᠢᠭ ᠢᠶᠠᠷ ᠳᠡᠯᠭᠡᠨ ᠦᠵᠡᠭᠦᠯᠵᠦ᠂ ᠲᠤᠬᠠᠶ ᠶᠢᠨ ᠲᠠᠯᠠᠪᠤᠷ ᠲᠤ | ᠪᠠᠶᠢᠭᠰᠠᠨ ᠪᠠᠭᠰᠢ ᠪᠠ ᠭᠡᠷ ᠤᠨ ᠠᠬᠠᠮᠠᠳ ᠢ ᠴᠥᠮ ᠪᠠᠶᠠᠷ ᠬᠥᠷ ᠲᠠᠢ ᠪᠠᠶᠠᠷ ᠪᠠᠭ᠋ᠠᠳᠤᠯ ᠲᠠᠢ ᠪᠣᠯᠭᠠᠵᠠᠶ᠃ | | | | | | | ᠦᠯᠢᠭᠡᠷ ᠶᠠᠷᠢᠬᠤ ᠭᠤᠭᠴᠤᠭ᠎ᠠ | | ᠲᠣᠰ ᠤᠳᠠᠭᠠᠨ ᠤ ᠠᠵᠢᠯᠯᠠᠭ᠎ᠠ ᠨᠢ ᠤᠳᠤ ᠦᠶ᠎ᠡ ᠶᠢᠨ ᠪᠠᠯᠴᠢᠷ ᠬᠡᠤᠬᠡᠳ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠣᠶᠢᠯᠠᠭᠠᠭᠳᠠᠬᠤᠨ ᠢ ᠬᠦᠢᠴᠡᠳ ᠢᠯᠡᠷᠡᠭᠦᠯᠵᠦ᠂ ᠣᠷᠣᠯᠴᠠᠬᠤ ᠶᠢ ᠴᠢᠬᠤᠯᠠᠴᠢᠯᠠᠨ᠂ | ᠪᠠᠯᠴᠢᠷ ᠬᠡᠤᠬᠡᠳ ᠢ ᠬᠠᠮᠠᠭᠠᠯᠠᠬᠤ ᠪᠠᠷ ᠬᠠᠷᠠᠯᠲᠠ ᠪᠣᠯᠭᠠᠵᠤ᠂ ᠪᠠᠯᠴᠢᠷ ᠬᠡᠤᠬᠡᠳ ᠤᠨ ᠦᠭᠡ ᠬᠡᠯᠡᠨ ᠤ ᠢᠯᠡᠳᠬᠡᠬᠦ | ᠴᠢᠳᠠᠪᠤᠷᠢ ᠶᠢ ᠪᠣᠯᠪᠠᠰᠤᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠲᠡᠳᠡᠨ ᠳᠤ ᠢᠲᠡᠭᠡᠯ ᠵᠣᠷᠢᠭ ᠢᠶᠠᠨ ᠨᠡᠮᠡᠭᠳᠡᠭᠦᠯᠬᠦ᠂ | ᠥᠪᠡᠷ ᠢ ᠪᠠᠨ ᠢᠯᠡᠷᠡᠭᠦᠯᠬᠦ ᠲᠠᠪᠴᠠᠩ ᠬᠠᠩᠭᠠᠵᠤ᠂ ᠬᠡᠤᠬᠡᠳ ᠤᠨ ᠴᠡᠴᠡᠷᠯᠢᠭ ᠤᠨ ᠪᠠᠯᠴᠢᠷ ᠬᠡᠤᠬᠡᠳ ᠤᠨ ᠪᠥᠬᠦ | ᠲᠠᠯ᠎ᠠ ᠶᠢᠨ ᠬᠥᠭᠵᠢᠯᠲᠡ ᠶᠢ ᠠᠬᠢᠭᠤᠯᠬᠤ ᠰᠤᠷᠭᠠᠭᠤᠯᠢ ᠡᠷᠬᠢᠯᠡᠬᠦ ᠬᠠᠷᠠᠯᠲᠠ ᠶᠢ ᠬᠦᠢᠴᠡᠳ ᠢᠯᠡᠷᠡᠭᠦᠯᠦᠭᠰᠡᠨ ᠪᠠᠶᠢᠨ᠎ᠠ᠃ | | | | | | | ᠲᠤᠬᠠᠶ ᠶᠢᠨ ᠲᠠᠯᠠᠪᠠᠢ ᠶᠢᠨ ᠦᠵᠡᠭᠴᠢᠳ | | |