| | —— ᠡᠷᠢᠶᠡᠨ ᠬᠤᠳᠠ ᠶᠢᠨ ᠠᠷᠪᠠᠨ ᠳᠠᠪᠣᠳᠣᠭᠠᠷ ᠬᠤᠭᠤᠴᠠᠭᠠᠨ ᠤ ᠠᠷᠠᠳ ᠤᠨ | | ᠳᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠣᠳᠠᠭᠠᠨ ᠤ ᠬᠤᠷᠠᠯᠳᠣᠭᠠᠨ ᠳᠡᠭᠡᠷ᠎ᠡ | | | | ᠬᠤᠳᠠ ᠶᠢᠨ ᠳᠠᠷᠤᠭ᠎ᠠ ᠯᠢᠦ ᡁᠢ ᠫᠢᠩ | | | ᠳᠦᠯᠦᠬᠡᠯᠡᠭᠴᠢᠳ ᠡ᠄ | ᠣᠳᠦ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠳᠦᠯᠦᠬᠡᠯᠡᠵᠦ ᠶᠡᠭᠡ ᠬᠤᠷᠠᠯ ᠳᠤ | ᠠᠵᠢᠯ ᠤᠨ ᠢᠯᠡᠳᠬᠡᠯ ᠬᠢᠶ᠎ᠠ᠂ ᠬᠢᠨᠠᠨ ᠵᠦᠪᠯᠡᠬᠦ ᠪᠣᠯᠪᠠᠣ︕ ᠬᠤᠳᠠ ᠶᠢᠨ ᠣᠯᠣᠰ ᠳᠦᠷᠦ ᠶᠢᠨ ᠵᠦᠪᠯᠡᠯᠭᠡᠨ ᠤ | ᠬᠡᠰᠢᠬᠦᠳ ᠪᠣᠯᠣᠨ ᠬᠤᠷᠠᠯ ᠳᠤ ᠰᠣᠯᠠ ᠣᠷᠣᠯᠴᠠᠭᠰᠠᠨ ᠨᠦᠬᠦᠳ ᠰᠠᠨᠠᠯ ᠢᠶᠠᠨ ᠳᠣᠷᠠᠳᠣᠭᠠᠷᠠᠢ᠃ | 2018 ᠣᠨ ᠤ ᠠᠵᠢᠯ ᠤᠨ ᠡᠷᠬᠢᠴᠡᠬᠦᠯᠦᠯ | 2018 ᠣᠨ ᠪᠣᠯ ᠨᠠᠮ ᠤᠨ ᠠᠷᠪᠠ ᠶᠢᠰᠣᠳᠦᠬᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠳᠣᠣᠱᠯᠠᠭᠤᠯᠣᠨ ᠨᠠᠶᠢᠳᠠᠪᠣᠷᠢᠵᠢᠭᠤᠯᠣᠭᠰᠠᠨ ᠡᠬᠢᠨ ᠤ ᠵᠢᠯ ᠪᠣᠯᠣᠨ᠎ᠠ᠂ ᠮᠥᠨ ᠴᠦ ᠳᠣᠰ ᠬᠤᠭᠤᠴᠠᠭᠠᠨ ᠤ ᠵᠠᠰᠠᠭ | ᠤᠨ ᠣᠷᠳᠣᠨ ᠤ ᠠᠵᠢᠯ ᠤᠨ ᠡᠬᠢᠯᠡᠯᠳᠠ ᠶᠢᠨ ᠵᠢᠯ ᠪᠣᠯᠣᠨ᠎ᠠ᠃ ᠬᠤᠳᠠ ᠶᠢᠨ ᠵᠠᠰᠠᠭ ᠤᠨ ᠣᠷᠳᠣᠨ ᠳᠡᠬᠡᠳᠦ ᠱᠠᠳᠣᠨ | ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ | ᠣᠳᠣᠷᠢᠳᠣᠯᠭ᠎ᠠ ᠳᠣᠣᠷ᠎ᠠ᠂ ᠬᠤᠳᠠ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠪᠣᠯᠣᠨ ᠣᠯᠣᠰ ᠳᠦᠷᠦ | ᠶᠢᠨ ᠵᠦᠪᠯᠡᠯᠭᠡᠨ ᠤ ᠬᠢᠨᠠᠯᠳᠠ ᠪᠠ ᠳᠡᠮᠵᠢᠯᠭᠡ ᠳᠣᠣᠷ᠎ᠠ᠂ ᠳᠣᠭᠳᠠᠭᠤᠨ ᠳᠣᠮᠳᠠ ᠣᠷᠣᠭᠰᠢᠯᠠᠬᠤ ᠠᠵᠢᠯ ᠤᠨ | ᠦᠨᠳᠣᠰᠣᠨ ᠬᠦᠭ ᠠᠶᠠᠰ ᠢ ᠪᠠᠷᠢᠮᠳᠠᠯᠠᠵᠦ᠂ ᠳᠡᠭᠡᠳᠦ ᠴᠢᠨᠠᠷᠵᠢᠯ ᠤᠨ ᠬᠦᠭᠵᠢᠯᠳᠠ ᠶᠢᠨ ᠱᠠᠭᠠᠷᠳᠠᠯᠭ᠎ᠠ ᠶᠢ | ᠨᠠᠶᠢᠳᠠᠪᠣᠷᠢᠵᠢᠭᠤᠯᠣᠨ᠂ ᠣᠯᠣᠰ ᠤᠨ ᠳᠣᠳᠣᠭᠠᠳᠦ ᠭᠠᠳᠠᠭᠠᠳᠦ ᠶᠢᠨ ᠠᠵᠦ ᠠᠬᠤᠢ ᠶᠢᠨ ᠬᠦᠭᠵᠢᠯᠳᠠ ᠶᠢᠨ | ᠬᠠᠨᠳᠣᠰᠢ ᠲᠠᠢ ᠢᠳᠡᠪᠬᠢᠳᠠᠢ ᠪᠠᠷ ᠵᠣᠬᠢᠴᠠᠯᠳᠣᠵᠦ᠂ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠣᠳᠠᠯ ᠤᠨ | ᠬᠤᠷᠢᠶ᠎ᠠ ᠪᠠ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠰᠢᠯᠢ ᠶᠢᠨ | ᠭᠤᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠯ᠎ᠡ ᠳᠦᠷᠦᠯ ᠤᠨ ᠰᠢᠢᠳᠪᠦᠷᠢ ᠪᠠᠶᠢᠷᠢᠯᠠᠭᠤᠯᠣᠯᠳᠠ ᠶᠢ | ᠪᠦᠬᠦ ᠳᠠᠯ᠎ᠠ ᠪᠠᠷ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠬᠦᠴᠢᠷ ᠪᠡᠷᠭᠡᠰᠢᠶᠡᠯ ᠢ ᠢᠯᠠᠨ ᠳᠠᠪᠠᠵᠦ᠂ ᠬᠠᠯᠠᠰᠢᠷᠡᠯ | ᠦᠭᠡᠢ ᠴᠢᠷᠮᠠᠶᠢᠨ ᠵᠢᠳᠬᠦᠵᠦ᠂ ᠦᠰᠦᠯᠳᠠ ᠶᠢ ᠳᠣᠭᠳᠠᠭᠤᠨ ᠢᠶᠠᠷ ᠪᠠᠳᠣᠯᠠᠵᠦ᠂ ᠦᠬᠡᠷᠡᠴᠢᠯᠡᠯᠳᠠ ᠶᠢ ᠠᠬᠢᠭᠤᠯᠣᠨ᠂ | ᠪᠦᠳᠦᠴᠡ ᠶᠢ ᠳᠣᠬᠢᠷᠠᠭᠤᠯᠵᠣ᠂ ᠠᠷᠠᠳ ᠤᠨ ᠠᠮᠢᠳᠣᠷᠠᠯ ᠳᠤ ᠬᠠᠷᠠᠭᠠᠯᠵᠠᠯ ᠬᠦᠷᠳᠡᠭᠡᠨ᠂ ᠳᠦᠭᠰᠢᠬᠦᠷᠢ ᠶᠢ | ᠰᠡᠷᠬᠡᠶᠢᠯᠡᠵᠦ᠂ ᠪᠣᠭᠤᠮᠳᠠ ᠶᠢᠨ ᠠᠵᠦ ᠠᠬᠤᠢ ᠪᠠ ᠨᠠᠶᠢᠬᠡᠮ ᠤᠨ ᠦᠢᠯᠡᠰ ᠤᠨ ᠦᠷᠬᠦᠯᠵᠢᠯᠡᠬᠦᠶᠢᠴᠡ ᠡᠷᠡᠬᠦᠯ | ᠬᠦᠭᠵᠢᠯᠳᠠ ᠶᠢ ᠪᠡᠶᠡᠯᠡᠬᠦᠯᠪᠡ᠃ ᠪᠦᠬᠦ ᠵᠢᠯ ᠳᠤ ᠣᠷᠣᠨ ᠨᠣᠳᠤᠭ ᠤᠨ ᠦᠢᠯᠡᠳᠪᠣᠷᠢᠯᠡᠯ ᠤᠨ ᠶᠡᠷᠦᠩᠬᠡᠢ ᠦᠷᠳᠡᠭ | 4% ᠪᠠᠷ ᠨᠡᠮᠡᠭᠳᠡᠪᠡ︔ ᠡᠩ ᠤᠨ ᠣᠯᠠᠨ ᠨᠠᠶᠢᠳᠠ ᠶᠢᠨ ᠳᠦᠰᠦᠪ ᠤᠨ ᠣᠷᠣᠯᠭ᠎ᠠ 10% ᠪᠠᠷ ᠨᠡᠮᠡᠭᠳᠡᠪᠡ︔ | ᠨᠠᠶᠢᠬᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠦᠷᠳᠡᠭ 7% ᠪᠠᠷ ᠨᠡᠮᠡᠭᠳᠡᠪᠡ︔ | ᠪᠦᠬᠦ ᠰᠠᠭᠤᠭᠠᠯᠢ ᠠᠷᠠᠳ ᠤᠨ ᠬᠦᠮᠦᠨ ᠳᠣᠮᠳᠠᠴᠢ ᠡᠵᠡᠮᠳᠡᠵᠦ ᠪᠣᠯᠬᠤ ᠣᠷᠣᠯᠭ᠎ᠠ 4.7% ᠪᠠᠷ ᠨᠡᠮᠡᠭᠳᠡᠪᠡ᠃ | ᠨᠢᠭᠡ ᠵᠢᠯ ᠤᠨ ᠳᠣᠷᠰᠢ᠂ ᠪᠢᠳ᠋ᠨ ᠭᠤᠣᠯᠳᠠᠭᠤ ᠳᠣᠣᠷᠠᠬᠢ ᠠᠵᠢᠯ ᠨᠤᠭᠤᠳ ᠢ ᠬᠢᠪᠡ᠄ | ᠨᠢᠭᠡ᠂ ᠭᠤᠷᠪᠡᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠯᠠᠪᠳᠠᠭᠤᠨ ᠪᠠᠳᠣᠳᠠᠢ ᠳᠦᠯᠬᠢᠨ ᠠᠬᠢᠭᠤᠯᠵᠦ᠂ | ᠪᠣᠭᠤᠮᠳᠠ ᠶᠢᠨ ᠬᠦᠭᠵᠢᠯᠳᠠ ᠶᠢᠨ ᠰᠠᠭᠤᠷᠢ ᠶᠢ ᠨᠠᠩ ᠪᠠᠬᠢᠵᠢᠬᠦᠯᠪᠡ | ᠬᠦᠨᠳᠦ ᠶᠡᠭᠡ ᠠᠶᠣᠯ ᠳᠦᠭᠰᠢᠬᠦᠷᠢ ᠶᠢ ᠪᠦᠬᠦ ᠳᠠᠯ᠎ᠠ ᠪᠠᠷ ᠰᠡᠷᠬᠡᠶᠢᠯᠡᠨ ᠠᠷᠢᠯᠭᠠᠪᠠ᠃ ᠠᠪᠴᠠᠭᠠᠨ ᠤ | ᠡᠷᠭᠡ ᠶᠢ ᠰᠣᠯᠢᠬᠤ᠂ ᠣᠯᠣᠰ ᠤᠨ ᠦᠮᠴᠢᠯᠡᠯᠳᠦ ᠡᠳ᠋ ᠬᠦᠷᠦᠩᠬᠡ ᠶᠢ ᠰᠠᠯᠭᠠᠬᠤ᠂ ᠬᠠᠳᠠᠭᠠᠯᠠᠮᠵᠢ ᠶᠢᠨ ᠪᠡᠯᠡ ᠮᠦᠩᠬᠦ | ᠶᠢ ᠠᠮᠢᠯᠠᠭᠤᠯᠬᠤ᠂ ᠳᠣᠰᠬᠠᠢ ᠳᠦᠷᠦᠯ ᠤᠨ ᠪᠡᠯᠡ ᠮᠦᠩᠬᠦ ᠶᠢ ᠨᠢᠬᠡᠳᠬᠡᠬᠦ᠂ ᠢᠨᠵᠧᠨᠧᠷᠢᠩ ᠤᠨ ᠦᠪᠡᠷ ᠤᠨ | ᠦᠷᠳᠡᠭ ᠢ ᠪᠠᠭᠤᠷᠠᠭᠤᠯᠬᠤ ᠵᠡᠷᠭᠡ ᠠᠷᠭ᠎ᠠ ᠪᠠᠷᠢᠯ ᠢᠶᠠᠷ ᠳᠠᠮᠵᠢᠨ᠂ ᠳᠣᠰ ᠵᠢᠯ ᠤᠨ ᠦᠷᠢ ᠦᠭᠴᠡᠭᠡ ᠶᠢ ᠠᠷᠢᠯᠭᠠᠬᠤ | ᠡᠬᠦᠷᠭᠡ ᠶᠢᠨ143.6% ᠶᠢ ᠪᠡᠶᠡᠯᠡᠬᠦᠯᠪᠡ᠃ ᠮᠦᠩᠬᠦᠨ ᠬᠦᠢᠯᠭᠡᠭᠡᠨ ᠤ ᠪᠠᠶᠢᠭᠤᠯᠣᠮᠵᠢ ᠶᠢᠨ ᠳᠦᠭᠰᠢᠬᠦᠷᠢ ᠶᠢᠨ | ᠪᠠᠶᠢᠴᠠᠭᠠᠯᠳᠠ ᠪᠠᠨ ᠴᠢᠩᠭᠠᠳᠬᠠᠵᠦ᠂ ᠵᠦᠢ ᠪᠣᠰᠦ ᠵᠢᠬᠡᠯᠡᠯᠭᠡ ᠶᠢ 2.19 ᠳ᠋ᠦᠩᠰᠢᠭᠤᠷ ᠳᠦᠬᠦᠷᠢᠭ ᠠᠷᠢᠯᠭᠠᠵᠦ᠂ | ᠮᠠᠯᠴᠢᠨ ᠳᠠᠷᠢᠶᠠᠴᠢᠳ ᠤᠨ ᠦᠨᠳᠣᠷ ᠬᠦᠦ ᠲᠠᠢ ᠵᠢᠬᠡᠯᠡᠯᠭᠡ ᠶᠢᠨ ᠬᠦᠷᠢᠶ᠎ᠡ ᠬᠡᠪᠴᠢᠶ᠎ᠠ ᠶᠢ 72.9% ᠪᠠᠷ | ᠪᠠᠭᠠᠰᠬᠠᠨ᠂ ᠪᠦᠬᠦ ᠵᠢᠯ ᠳᠤ ᠬᠠᠣᠯᠢ ᠪᠣᠰᠦ ᠪᠠᠷ ᠪᠡᠯᠡ ᠮᠦᠩᠬᠦ ᠴᠣᠭᠯᠠᠭᠤᠯᠬᠤ ᠬᠡᠷᠡᠭ ᠰᠢᠨ᠎ᠡ ᠪᠠᠷ ᠡᠬᠦᠰᠦᠭᠰᠡᠨ | ᠦᠭᠡᠢ᠃ ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠶᠢ ᠪᠦᠬᠦ ᠳᠠᠯ᠎ᠠ ᠪᠠᠷ ᠬᠡᠷᠡᠭᠵᠢᠬᠦᠯᠪᠡ᠃ | ᠣᠨᠣᠪᠴᠢᠳᠠᠢ ᠪᠠᠷ ᠢᠯᠭᠠᠨ ᠳᠠᠨᠢᠬᠤ᠂ ᠣᠨᠣᠪᠴᠢᠳᠠᠢ ᠪᠠᠷ ᠪᠦᠷᠢᠳᠭᠡᠯ ᠠᠴᠠ ᠭᠠᠷᠭᠠᠭᠰᠠᠳ ᠢ ︽ᠪᠣᠴᠠᠵᠦ | ᠪᠠᠶᠢᠴᠠᠭᠠᠨ ᠦᠵᠡᠬᠦ︾ ᠶᠢ ᠬᠦᠨᠵᠡᠬᠡᠢ ᠦᠷᠨᠢᠬᠦᠯᠵᠦ᠂ ᠶᠠᠳᠠᠭᠤ ᠬᠦᠴᠢᠷᠳᠡᠯᠳᠡᠢ ᠡᠷᠦᠬᠡ ᠶᠢᠨ ᠪᠦᠷᠢᠳᠭᠡᠯ ᠳᠤ | ᠣᠷᠣᠭᠤᠯᠬᠤ ᠠᠯᠬᠤᠮ ᠶᠠᠪᠣᠴᠠ ᠶᠢ ᠪᠦᠷᠢᠨᠰᠢᠭᠦᠯᠦᠨ ᠳᠡᠭᠦᠯᠳᠡᠷᠵᠢᠭᠦᠯᠵᠣ᠂ 31 ᠡᠷᠦᠬᠡ ᠶᠢᠨ 82 ᠬᠦᠮᠦᠨ ᠳᠤ | ᠳᠠᠩᠰᠠ ᠪᠠᠶᠢᠭᠤᠯᠵᠦ ᠺᠠᠷᠲ ᠣᠯᠭᠤᠭᠰᠠᠨ ᠶᠠᠳᠠᠭᠤ ᠬᠦᠴᠢᠷᠳᠡᠯᠳᠠᠢ ᠬᠦᠮᠦᠨ ᠠᠮᠠ ᠶᠢ ︽ᠬᠤᠶᠠᠷ ᠲᠤ ᠵᠣᠪᠠᠯᠳᠠ | ᠦᠭᠡᠢ᠂ ᠭᠤᠷᠪᠡ ᠶᠢ ᠪᠠᠳᠣᠯᠠᠬᠤ︾ ᠪᠠᠷᠢᠮᠵᠢᠶᠠᠨ ᠳᠤ ᠬᠦᠷᠬᠡᠵᠦ᠂ ᠪᠦᠬᠦᠨ ᠢ ᠳᠣᠭᠳᠠᠭᠤᠨ ᠢᠶᠠᠷ ᠶᠠᠳᠠᠭᠤ ᠠᠴᠠ | ᠠᠩᠬᠢᠵᠢᠷᠠᠭᠤᠯᠬᠤ ︵ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠳᠡᠭᠰᠡᠨ ᠦᠭᠡᠢ︶ ᠶᠢ ᠪᠡᠶᠡᠯᠡᠭᠦᠯᠪᠡ᠃ | ᠳᠣᠰᠬᠤᠨ ᠳᠤ ᠰᠠᠭᠤᠷᠢᠰᠢᠭᠰᠠᠨ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠳᠣᠭᠤᠶᠢᠯᠠᠩ ᠢ ᠪᠠᠶᠢᠭᠤᠯᠵᠦ᠂ | ᠬᠤᠳᠠ ᠶᠢᠨ ᠣᠳᠣᠷᠢᠳᠣᠯᠭ᠎ᠠ ᠪᠠ ᠰᠠᠯᠠᠭ᠎ᠠ ᠮᠦᠴᠢᠷ ᠤᠨ ︽ᠨᠢᠭᠡ ᠨᠢᠭᠡ ᠶᠢᠨ ᠬᠠᠷᠠᠭᠠᠯᠵᠠᠯᠳᠦ︾ ᠬᠠᠪᠰᠣᠷᠣᠨ | ᠳᠡᠳᠬᠦᠬᠦ ᠳᠣᠭᠳᠠᠯᠴᠠᠭ᠎ᠠ ᠶᠢ ᠪᠠᠶᠢᠭᠤᠯᠣᠨ᠂ ᠶᠠᠳᠠᠭᠤ ᠬᠦᠴᠢᠷᠳᠡᠯ ᠤᠨ ᠳᠣᠭᠤᠷᠢᠨ ᠤ 19 ᠡᠷᠦᠬᠡ 44 ᠬᠦᠮᠦᠨ | ᠳᠤ ︽ᠡᠷᠦᠬᠡ ᠳᠤᠨᠢ ᠳᠣᠬᠢᠷᠠᠭᠤᠯᠬᠤ ᠪᠣᠳᠣᠯᠭ᠎ᠠ ᠬᠡᠷᠡᠭᠵᠢᠬᠦᠯᠵᠦ︾᠂ ᠠᠵᠦ ᠦᠢᠯᠡᠰ ᠢᠶᠠᠷ ᠬᠠᠪᠰᠣᠷᠣᠨ ᠳᠡᠳᠬᠦᠬᠦ᠂ | ᠰᠣᠷᠭᠠᠨ ᠬᠦᠮᠦᠵᠢᠯ ᠢᠶᠠᠷ ᠬᠠᠪᠰᠣᠷᠣᠨ ᠳᠡᠳᠬᠦᠬᠦ᠂ ᠨᠠᠶᠢᠬᠡᠮ ᠤᠨ ᠪᠠᠳᠣᠯᠠᠭ᠎ᠠ ᠪᠠᠷ ᠬᠠᠪᠰᠣᠷᠣᠨ ᠳᠡᠳᠬᠦᠬᠦ ᠵᠡᠷᠭᠡ | ᠬᠠᠪᠰᠣᠷᠣᠨ ᠳᠡᠳᠬᠦᠬᠦ ᠠᠷᠭ᠎ᠠ ᠬᠡᠮᠵᠢᠶ᠎ᠡ ᠠᠪᠴᠦ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ | ᠳᠠᠶᠢᠯᠠᠯᠳᠣᠭᠠᠨ ᠤ ᠦᠷ᠎ᠡ ᠪᠦᠳᠦᠮᠵᠢ ᠶᠢ ᠪᠠᠬᠢᠵᠢᠬᠦᠯᠪᠡ᠃ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠳᠠᠯ᠎ᠠ | ᠪᠠᠷ ᠨᠠᠶᠢᠳᠠᠪᠣᠷᠢᠵᠢᠭᠤᠯᠪᠠ᠃ ᠲᠦᠪ᠂ ᠦᠪᠡᠷᠳᠡᠬᠡᠨ ᠵᠠᠰᠠᠬᠤ ᠣᠷᠣᠨ ᠤ ᠣᠷᠴᠢᠨ ᠳᠣᠭᠤᠷᠢᠨ ᠤ ᠱᠠᠭᠠᠷᠳᠠᠨ | ᠪᠠᠶᠢᠴᠠᠭᠠᠯᠳᠠ ᠶᠢᠨ ᠬᠠᠷᠢᠭᠤ ᠳᠣᠰᠬᠠᠭᠰᠠᠨ ᠰᠠᠨᠠᠯ ᠢ ᠬᠠᠯᠠᠨ ᠨᠠᠶᠢᠳᠠᠪᠣᠷᠢᠵᠢᠭᠤᠯᠬᠤ ᠠᠵᠢᠯ ᠱᠠᠳᠣᠴᠢ ᠴᠢᠨᠠᠷᠳᠠᠢ | ᠠᠬᠢᠯᠳᠠ ᠣᠯᠵᠣ᠂ ᠳᠦᠪ ᠤᠨ ᠣᠷᠴᠢᠨ ᠳᠣᠭᠤᠷᠢᠨ ᠤ ᠱᠠᠭᠠᠷᠳᠠᠨ ᠪᠠᠶᠢᠴᠠᠭᠠᠯᠳᠠ ᠶᠢᠨ ︽ ᠪᠣᠴᠠᠵᠦ ᠪᠠᠶᠢᠴᠠᠭᠠᠨ | ᠦᠵᠡᠬᠦ︾ ᠬᠤᠭᠤᠴᠠᠭᠠᠨ ᠤ ᠡᠯ᠎ᠡ ᠳᠦᠷᠦᠯ ᠤᠨ ᠠᠵᠢᠯ ᠢ ᠳᠡᠬᠦᠰ ᠠᠮᠵᠢᠯᠳᠠ ᠲᠠᠢ ᠪᠡᠶᠡᠯᠡᠬᠦᠯᠵᠦ᠂ ᠮᠠᠨ ᠤ ᠬᠤᠳᠠ | ᠳᠤ ᠰᠢᠯᠵᠢᠬᠦᠯᠦᠨ ᠬᠦᠢᠴᠡᠳᠬᠡᠯᠬᠡᠬᠦ ᠪᠠᠷ ᠦᠭᠬᠦᠭᠰᠡᠨ ᠣᠯᠠᠨ ᠳᠦᠮᠡᠨ ᠤ ᠢᠯᠡᠴᠢᠯᠡᠨ ᠮᠡᠳᠡᠬᠦᠯᠦᠭᠰᠡᠨ 6 ᠪᠦᠯᠦᠭ 8 | ᠠᠰᠠᠭᠤᠳᠠᠯ ᠢ ᠪᠦᠬᠦᠨ ᠢ ᠰᠢᠢᠳᠪᠣᠷᠢᠯᠡᠵᠦ ᠳᠠᠭᠤᠰᠬᠠᠪᠠ᠃ ᠳᠣᠯᠠᠭᠠᠯᠭ᠎ᠠ ᠬᠠᠩᠭᠠᠬᠤ ᠵᠡᠷᠭᠡ ᠣᠷᠴᠢᠨ ᠳᠣᠭᠤᠷᠢᠨ ᠢ | ᠬᠠᠮᠠᠭᠠᠯᠠᠬᠤ ᠳᠦᠬᠦᠬᠡᠷᠦᠮᠵᠢ ᠶᠢᠨ ᠦᠬᠡᠷᠡᠴᠢᠯᠡᠯᠳᠠ ᠶᠢ ᠪᠡᠶᠡᠯᠡᠬᠦᠯᠵᠦ᠂ ᠠᠵᠦ ᠦᠢᠯᠡᠳᠪᠣᠷᠢ ᠶᠢᠨ ᠬᠦᠷᠢᠶᠡᠯᠡᠩ ᠤᠨ | ᠪᠣᠬᠢᠷ ᠣᠰᠦ ᠶᠢ ᠰᠦᠯᠵᠢᠶᠡᠨ ᠳᠤ ᠬᠤᠯᠪᠣᠨ ᠭᠠᠳᠠᠭᠰᠢᠯᠠᠭᠤᠯᠵᠦ᠂ ᠬᠠᠳᠠᠭᠤ ᠪᠡᠶᠡᠳᠣ ᠬᠠᠶᠠᠭᠳᠠᠮᠠᠯ ᠢ ᠰᠢᠢᠳᠪᠣᠷᠢᠯᠡᠬᠦ | ᠳᠦᠪ ᠤᠨ ᠪᠠᠷᠢᠯᠭ᠎ᠠ ᠶᠢᠨ ᠠᠵᠢᠯ ᠳᠠᠭᠤᠰᠪᠠ᠃ ᠬᠤᠶᠠᠳᠣᠭᠠᠷ ᠣᠳᠠᠭᠠᠨ ᠤ ᠪᠦᠬᠦ ᠣᠯᠣᠰ ᠤᠨ ᠪᠣᠬᠢᠷᠳᠣᠯ ᠤᠨ | ᠡᠬᠢ ᠰᠣᠷᠪᠣᠯᠵᠢ ᠶᠢᠨ ᠨᠡᠶᠢᠳᠡᠮ ᠤᠨ ᠪᠠᠶᠢᠴᠠᠭᠠᠯᠳᠠ ᠶᠢ ᠡᠮᠬᠢ ᠴᠡᠭᠴᠡ ᠲᠠᠢ ᠠᠬᠢᠭᠤᠯᠵᠦ᠂ ᠱᠣᠣᠬᠢᠶ᠎ᠠ ᠣᠷᠴᠢᠨ ᠤ | ᠴᠢᠳᠠᠮᠵᠢ ᠶᠢ ᠣᠷᠣᠨ ᠪᠦᠰᠡ ᠬᠤᠪᠢᠶᠠᠬᠤ ᠠᠵᠢᠯ ᠢ ᠣᠷᠣᠭᠰᠢᠳᠠᠢ ᠪᠡᠶᠡᠯᠡᠭᠦᠯᠪᠡ᠃ ᠪᠡᠬᠡᠵᠢᠩ ᠲᠢᠶᠠᠨᠵᠢᠨ ᠤ | ᠡᠯᠡᠰᠦᠨ ᠰᠢᠭᠤᠷᠭ᠎ᠠ ᠶᠢᠨ ᠡᠬᠢ ᠰᠣᠷᠪᠣᠯᠵᠢ ᠶᠢ ᠵᠠᠰᠠᠬᠤ ᠡᠬᠦᠷᠭᠡ ᠪᠠᠨ ᠠᠮᠵᠢᠯᠳᠠ ᠲᠠᠢ ᠪᠡᠶᠡᠯᠡᠬᠦᠯᠵᠦ᠂ ᠳᠠᠯ᠎ᠠ | ᠨᠣᠳᠤᠭ ᠤᠨ ᠠᠮᠢ ᠠᠬᠤᠢ ᠶᠢᠨ ᠣᠷᠴᠢᠨ ᠳᠣᠭᠤᠷᠢᠨ ᠶᠠᠪᠣᠬᠤ ᠳᠣᠳᠣᠮ ᠰᠠᠶᠢᠵᠢᠷᠠᠪᠠ᠃ | ᠬᠤᠶᠠᠷ᠂ ᠦᠬᠡᠷᠡᠴᠢᠯᠡᠯᠳᠡ ᠨᠡᠭᠡᠭᠡᠯᠳᠡ ᠶᠢ ᠬᠦᠨᠵᠡᠭᠡᠶᠢᠷᠡᠭᠦᠯᠦᠨ ᠬᠦᠭᠵᠢᠬᠦᠯᠵᠦ᠂ ᠳᠣᠷᠰᠢᠯᠳᠠ ᠶᠢᠨ ᠳᠣᠭᠤᠷᠢᠭ ᠤᠨ | ᠪᠦᠳᠦᠬᠡᠨ ᠪᠠᠶᠢᠭᠤᠯᠣᠯᠳᠠ ᠪᠣᠳᠠᠳᠦ ᠦᠷ᠎ᠡ ᠪᠦᠳᠦᠮᠵᠢ ᠣᠯᠪᠠ | ᠳᠡᠬᠡᠳᠦ ᠴᠢᠨᠠᠷᠵᠢᠯᠳᠦ ᠬᠦᠭᠵᠢᠯᠳᠠ ᠶᠢᠨ ᠳᠠᠪᠴᠠᠩ ᠢ ᠲᠦᠷᠭᠡᠳᠭᠡᠨ ᠪᠠᠶᠢᠭᠤᠯᠪᠠ᠃ ᠳᠣᠮᠳᠠᠳᠦ | ᠮᠣᠩᠭᠤᠯ ᠬᠤᠶᠠᠷ ᠣᠯᠣᠰ ᠤᠨ ᠶᠠᠮᠣᠨ ᠵᠦᠪᠯᠡᠯ ᠤᠨ ︽ᠳᠣᠮᠳᠠᠳᠦ ᠮᠣᠩᠭᠤᠯ ᠤᠨ ᠬᠢᠯᠢ ᠠᠯᠣᠰᠯᠠᠭᠰᠠᠨ ᠠᠵᠦ | ᠠᠬᠤᠢ ᠶᠢᠨ ᠬᠠᠮᠳᠣᠷᠠᠯᠴᠠᠭᠠᠨ ᠤ ᠳᠣᠭᠤᠷᠢᠭ ᠢ ᠪᠦᠳᠦᠬᠡᠨ ᠪᠠᠶᠢᠭᠤᠯᠬᠤ ᠬᠤᠶᠠᠷ ᠳᠠᠯ᠎ᠠ ᠶᠢᠨ ᠵᠠᠰᠠᠭ ᠤᠨ ᠣᠷᠳᠣᠨ | ᠤ ᠬᠤᠭᠤᠷᠣᠨᠳᠣᠬᠢ ᠬᠡᠯᠡᠯᠴᠡᠭᠡᠷ ᠤᠨ ᠠᠬᠢᠴᠠ ᠶᠢ ᠲᠦᠷᠬᠡᠳᠬᠡᠬᠦ ᠳᠣᠬᠠᠢ ᠣᠶᠢᠯᠠᠭᠠᠯᠴᠠᠯ ᠤᠨ ᠰᠠᠨᠠᠮᠵᠢ ᠪᠢᠴᠢᠭ︾ | ᠲᠤ ᠭᠠᠷ ᠤᠨ ᠦᠰᠦᠭ ᠵᠢᠷᠣᠬᠤ ᠶᠢ ᠲᠦᠷᠭᠡᠳᠭᠡᠵᠣ᠂ ᠬᠢᠯᠢ ᠠᠯᠣᠰᠯᠠᠭᠰᠠᠨ ᠠᠵᠦ ᠠᠬᠤᠢ ᠶᠢᠨ ᠬᠠᠮᠳᠣᠷᠠᠯᠴᠠᠭᠠᠨ ᠤ | ᠳᠣᠭᠤᠷᠢᠭ ᠤᠨ ᠬᠠᠮᠳᠦ ᠶᠢᠨ ᠬᠦᠭᠵᠢᠯᠳᠠ ᠶᠢᠨ ᠶᠡᠷᠦᠩᠬᠡᠢ ᠳᠦᠰᠦᠯ ︵2018—2035 ᠣᠨ︶᠂ ᠬᠢᠯᠢ | ᠠᠯᠣᠰᠯᠠᠭᠰᠠᠨ ᠠᠵᠦ ᠠᠬᠤᠢ ᠶᠢᠨ ᠬᠠᠮᠳᠣᠷᠠᠯᠴᠠᠭᠠᠨ ᠤ ᠳᠣᠭᠤᠷᠢᠭ ᠤᠨ ᠭᠤᠣᠯ ᠴᠣᠭᠴᠠ ᠶᠢᠨ ᠶᠡᠷᠦᠩᠬᠡᠶᠢᠯᠡᠭᠰᠡᠨ | ᠭᠤᠣᠷᠰᠣᠨ ᠬᠤᠩᠬᠢᠯ᠂ ᠵᠠᠮ ᠱᠣᠭᠤᠮ ᠪᠠ ᠨᠦᠬᠡᠴᠡᠯᠡᠨ ᠬᠠᠳᠠᠭᠠᠯᠠᠬᠤ ᠪᠠᠷᠠᠭᠠᠨ ᠤ ᠬᠦᠢᠯᠭᠡᠭᠡᠨ ᠤ ᠳᠦᠪ ᠤᠨ | ᠦᠢᠯᠡᠳᠪᠣᠷᠢ ᠶᠢᠨ ᠬᠡᠷ ᠪᠠᠶᠢᠰᠢᠩ ᠢ ᠪᠠᠷᠢᠯᠭ᠎ᠠ ᠡᠬᠢᠯᠡᠭᠦᠯᠦᠨ ᠪᠦᠳᠦᠬᠡᠨ ᠪᠠᠶᠢᠭᠤᠯᠪᠠ᠃ ᠬᠢᠯᠢ ᠶᠢᠨ ᠠᠵᠣ ᠠᠬᠤᠢ | ᠶᠢᠨ ᠬᠠᠮᠳᠣᠷᠠᠯᠴᠠᠭᠠᠨ ᠤ ᠳᠣᠭᠤᠷᠢᠭ ᠤᠨ ᠠᠵᠦ ᠦᠢᠯᠡᠰ ᠤᠨ ᠪᠠᠶᠢᠷᠢᠰᠢᠭᠤᠯᠣᠯᠳᠠ ᠶᠢᠨ ᠲᠦᠯᠦᠪᠵᠢᠭᠦᠯᠬᠡ ᠪᠠ | ᠭᠤᠣᠯᠳᠠᠯᠭ᠎ᠠ ᠲᠠᠢ ᠬᠡᠰᠡᠭ ᠤᠨ ᠡᠷᠬᠡᠰᠢᠶᠡᠯ ᠤᠨ ᠴᠢᠨᠠᠷᠳᠠᠢ ᠨᠠᠷᠢᠯᠢᠭ ᠲᠦᠯᠦᠪᠵᠢᠭᠦᠯᠬᠡ ᠶᠢ ᠨᠠᠶᠢᠷᠠᠭᠤᠯᠣᠨ | ᠳᠠᠭᠤᠰᠬᠠᠵᠣ᠂ ᠬᠢᠯᠢ ᠶᠢᠨ ᠠᠵᠣ ᠠᠬᠤᠢ ᠶᠢᠨ ᠬᠠᠮᠳᠣᠷᠠᠯᠴᠠᠭᠠᠨ ᠤ ᠳᠣᠭᠤᠷᠢᠭ ᠤᠨ ᠰᠠᠭᠤᠷᠢ ᠳᠦᠬᠦᠬᠡᠷᠦᠮᠵᠢ ᠶᠢᠨ | ᠪᠦᠳᠦᠬᠡᠨ ᠪᠠᠶᠢᠭᠤᠯᠣᠯᠳᠠ ᠶᠢᠨ ᠳᠦᠷᠦᠯ ᠵᠦᠢᠯ ᠢ ᠡᠬᠢᠯᠡᠨ ᠬᠡᠷᠡᠭᠵᠢᠭᠦᠯᠵᠣ᠂ ᠳᠣᠮᠳᠠ ᠵᠢᠵᠢᠭ ᠠᠵᠦ ᠠᠬᠤᠶᠢᠯᠠᠯ | ᠤᠨ ᠦᠢᠯᠡᠰ ᠪᠣᠰᠬᠠᠬᠤ ᠬᠦᠷᠢᠶᠡᠯᠡᠩ ᠤᠨ ︽ᠭᠤᠷᠪᠠ ᠶᠢ ᠨᠡᠪᠳᠡᠷᠡᠭᠦᠯᠵᠣ ᠨᠢᠭᠡ ᠶᠢ ᠳᠡᠭᠰᠢᠯᠡᠬᠦ︾ ᠶᠢ ᠪᠡᠶᠡᠯᠡᠬᠦᠯᠦᠨ᠂ | ᠪᠠᠷᠢᠮᠵᠢᠶᠠᠵᠢᠭᠰᠠᠨ ᠦᠢᠯᠡᠳᠪᠣᠷᠢ ᠶᠢᠨ ᠳᠠᠰᠤᠭ ᠤᠨ ᠰᠠᠭᠤᠷᠢ ᠢᠨᠵᠧᠨᠧᠷᠢᠩ ᠤᠨ ᠠᠵᠢᠯ ᠳᠠᠭᠤᠰᠪᠠ᠃ ︽ᠦᠪᠣᠷ | ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠤᠨ | ᠬᠠᠮᠢᠶᠠᠷᠣᠯᠳᠠ ᠶᠢᠨ ᠠᠷᠭ᠎ᠠ︾ ᠶᠢ ᠨᠡᠶᠢᠳᠡᠯᠡᠬᠦ ᠳᠤ ᠲᠦᠯᠬᠢᠴᠠ ᠦᠵᠡᠭᠦᠯᠦᠨ᠂ ᠪᠠᠷᠠᠭᠠᠨ ᠤ ᠰᠣᠯᠢᠯᠴᠠᠭᠠᠨ ᠤ | ᠦᠷᠳᠡᠭ 1.8 ᠳ᠋ᠦᠩᠰᠢᠭᠤᠷ ᠳᠦᠬᠦᠷᠢᠭ ᠲᠤ ᠬᠦᠷᠴᠦ᠂ 230% ᠪᠠᠷ ᠨᠡᠮᠡᠭᠳᠡᠪᠡ᠃ ᠭᠤᠣᠯᠳᠠᠯᠭ᠎ᠠ ᠲᠠᠢ ᠴᠠᠷ᠎ᠠ | ᠬᠦᠷᠢᠶᠡᠨ ᠤ ᠦᠬᠡᠷᠡᠴᠢᠯᠡᠯᠳᠠ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠪᠠ᠃ ᠵᠠᠰᠠᠭ ᠤᠨ ᠶᠠᠪᠣᠳᠠᠯ ᠤᠨ | ᠦᠢᠯᠡᠴᠢᠯᠡᠬᠡᠨ ᠤ ︽ᠨᠢᠭᠡ ᠦᠷᠳᠡᠭᠡ ᠬᠤᠶᠠᠷ ᠳᠠᠪᠴᠠᠩ︾ ᠢ ᠪᠠᠶᠢᠭᠤᠯᠵᠦ ᠠᠰᠢᠭᠯᠠᠯᠳᠠ ᠳᠤ ᠣᠷᠣᠭᠤᠯᠣᠨ᠂ | ᠵᠠᠰᠠᠭ ᠤᠨ ᠶᠠᠪᠣᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠭᠡᠬᠦ ᠶᠢ ᠪᠦᠬᠦ ᠣᠷᠣᠨ ᠳᠤ ᠲᠡᠷᠢᠭᠦᠯᠡᠨ | ᠪᠡᠶᠡᠯᠡᠬᠦᠯᠪᠡ᠃ ᠠᠵᠦ ᠠᠬᠤᠶᠢᠯᠠᠯ ᠤᠨ ᠪᠡᠯᠡ ᠣᠷᠣᠭᠤᠯᠣᠯᠳᠠ ᠶᠢᠨ ᠳᠦᠷᠦᠯ ᠵᠦᠢᠯ ᠤᠨ ᠠᠮᠠᠯᠠᠯᠳᠠ ᠶᠢᠨ ᠳᠦᠷᠢᠮ | ᠤᠨ ᠦᠬᠡᠷᠡᠴᠢᠯᠡᠯᠳᠡ ᠶᠢᠨ ᠳᠣᠷᠰᠢᠯᠳᠠ ᠶᠢᠨ ᠴᠡᠭ ᠢ ᠣᠷᠣᠭᠰᠢᠳᠠᠢ ᠶᠠᠪᠣᠭᠳᠠᠭᠤᠯᠵᠦ᠂ ᠭᠠᠶᠢᠯᠢ ᠶᠢᠨ ᠰᠦᠢᠳᠬᠡᠯ ᠢ | ᠰᠦᠯᠵᠢᠶᠡᠨ ᠳᠡᠭᠡᠷ᠎ᠡ ᠭᠤᠶᠣᠴᠢᠯᠠᠨ ᠮᠡᠳᠡᠭᠦᠯᠬᠦ ᠪᠠ ᠳᠣᠰᠢᠶᠠᠬᠤ ᠶᠢ ᠪᠦᠷᠢᠨ ᠪᠦᠷᠬᠦᠬᠦᠯᠵᠣ᠂ ᠣᠯᠠᠨ ᠨᠠᠶᠢᠳᠠ ᠶᠢᠨ | ᠡᠬᠢ ᠪᠠᠶᠠᠯᠢᠭ ᠤᠨ ᠰᠣᠯᠢᠯᠴᠠᠭᠠᠨ ᠤ ᠳᠠᠪᠴᠠᠩ ᠪᠠ ᠨᠠᠶᠢᠬᠡᠮ ᠤᠨ ᠢᠳᠡᠬᠡᠮᠵᠢ ᠶᠢᠨ ᠰᠣᠷᠠᠭ ᠵᠠᠩᠬᠢ ᠶᠢᠨ ᠳᠠᠪᠴᠠᠩ | ᠢ ᠪᠠᠶᠢᠭᠤᠯᠣᠨ ᠠᠰᠢᠭᠯᠠᠯᠳᠠ ᠳᠤ ᠣᠷᠣᠭᠤᠯᠣᠨ᠂ ᠦᠢᠯᠡᠳᠪᠦᠷᠢ ᠬᠤᠳᠠᠯᠳᠣᠭᠠᠨ ᠤ ᠳᠠᠩᠰᠠᠯᠠᠯᠳᠠ ᠨᠢ ︽ᠭᠤᠴᠢᠨ | ᠬᠤᠶᠠᠷ ᠦᠨᠡᠮᠡᠯ ᠢ ᠨᠢᠭᠡᠳᠭᠡᠬᠦ︾ ᠶᠢ ᠪᠡᠶᠡᠯᠡᠬᠦᠯᠵᠦ᠂ ︽ᠦᠨᠡᠮᠡᠯ ᠭᠡᠷᠡᠴᠢ ︵ᠵᠦᠪᠰᠢᠶᠡᠷᠡᠯ ᠤᠨ ᠦᠨᠡᠮᠯᠡᠯ ᠪᠠ | ᠡᠵᠡᠩᠨᠡᠯᠳᠡ ᠶᠢᠨ ᠭᠡᠷᠡᠴᠢ︶ ᠶᠢ ᠰᠠᠯᠭᠠᠬᠤ︾ ᠦᠬᠡᠷᠡᠴᠢᠯᠡᠯᠳᠠ ᠶᠢ ᠳᠣᠭᠳᠠᠭᠤᠨ ᠢᠶᠠᠷ ᠠᠬᠢᠭᠤᠯᠪᠠ᠃ ᠳᠣᠮᠳᠠᠳᠦ | ᠮᠣᠩᠭᠤᠯ ᠤᠨ ᠭᠠᠶᠢᠯᠢ ᠶᠢᠨ ᠪᠣᠭᠤᠮᠳᠠ ᠶᠢᠨ ᠪᠠᠷᠠᠭ᠎ᠠ ᠳᠡᠭᠡᠭᠡᠪᠦᠷᠢ ᠶᠢᠨ ᠨᠠᠷᠢᠨ ᠳᠠᠩᠰᠠ ᠶᠢ ᠡᠯᠧᠺᠲᠷᠣᠨᠴᠢᠯᠠᠨ | ᠳᠠᠮᠵᠢᠭᠤᠯᠬᠤ ᠶᠢ ᠠᠮᠵᠢᠯᠳᠠ ᠲᠠᠢ ᠪᠡᠶᠡᠯᠡᠭᠦᠯᠦᠨ᠂ ᠳᠣᠮᠳᠠᠳᠦ ᠮᠣᠩᠭᠤᠯ ᠤᠨ ᠵᠠᠰᠠᠮᠠᠯ ᠵᠠᠮ ᠤᠨ ᠪᠣᠭᠤᠮᠳᠠ ᠶᠢᠨ | ᠳᠠᠷᠢᠶᠠᠯᠠᠩ ᠤᠨ ᠪᠦᠳᠦᠬᠡᠭᠳᠡᠬᠦᠨ ᠤ ᠰᠠᠭᠠᠳ ᠦᠭᠡᠢ ᠭᠠᠷᠴᠠ ᠵᠠᠮ ᠢ ᠨᠡᠭᠡᠭᠡᠨ ᠨᠡᠪᠳᠡᠷᠡᠭᠦᠯᠵᠣ᠂ ᠣᠯᠠᠨ ᠣᠯᠣᠰ ᠤᠨ | ᠠᠷᠠᠯᠵᠢᠶᠠᠨ ᠤ ︽ᠳᠠᠩ ᠭᠠᠭᠴᠠ ᠴᠣᠩᠬᠤ︾ ᠶᠢᠨ ᠠᠵᠣ ᠠᠬᠤᠶᠢᠯᠠᠯ ᠤᠨ ᠠᠰᠢᠭᠯᠠᠯᠳᠠ ᠶᠢᠨ ᠨᠣᠷᠮ᠎ᠠ 100% | ᠳᠤ ᠬᠦᠷᠬᠦ ᠶᠢ ᠲᠦᠯᠬᠢᠨ ᠠᠬᠢᠭᠤᠯᠵᠣ᠂ ᠵᠠᠰᠠᠮᠠᠯ ᠵᠠᠮ ᠤᠨ ᠪᠠᠷᠠᠭ᠎ᠠ ᠳᠡᠭᠡᠭᠡᠪᠣᠷᠢ ᠶᠢᠨ ᠭᠠᠷᠴᠠ ᠶᠢᠨ | ᠣᠶᠣᠨᠴᠢᠯᠠᠭᠰᠠᠨ ᠺᠠᠷᠲ ᠣᠩᠰᠢᠨ ᠨᠡᠪᠳᠡᠷᠡᠭᠦᠯᠬᠦ ᠭᠠᠷᠴᠠ ᠶᠢ ᠳᠣᠷᠰᠢᠨ ᠬᠡᠷᠡᠭᠵᠢᠬᠦᠯᠵᠦ᠂ ᠪᠣᠭᠤᠮᠳᠠ ᠨᠡᠪᠳᠡᠷᠡᠬᠦ | ᠬᠤᠭᠤᠴᠠᠭ᠎ᠠ ᠶᠢ 1/3 ᠪᠠᠷ ᠪᠣᠭᠤᠨᠢᠰᠬᠠᠪᠠ᠃ ᠣᠯᠣᠰ ᠤᠨ ᠦᠮᠴᠢᠯᠡᠯᠳᠦ ᠭᠠᠵᠠᠷ ᠰᠢᠷᠣᠢ ᠶᠢᠨ ᠬᠤᠶᠠᠳᠣᠭᠠᠷ ᠳᠡᠰ | ᠤᠨ ᠵᠠᠬ᠎ᠠ ᠳᠡᠯᠬᠡᠬᠦᠷ ᠤᠨ ᠳᠣᠷᠰᠢᠯᠳᠠ ᠶᠢᠨ ᠴᠡᠭ ᠤᠨ ᠦᠬᠡᠷᠡᠴᠢᠯᠡᠯᠳᠠ ᠨᠢ ᠪᠠᠶᠢᠭᠠᠯᠢ ᠶᠢᠨ ᠡᠬᠢ ᠪᠠᠶᠠᠯᠢᠭ ᠤᠨ | ᠶᠠᠮᠣᠨ ᠤ ᠰᠢᠯᠭᠠᠨ ᠬᠤᠷᠢᠶᠠᠯᠳᠠ ᠶᠢ ᠣᠷᠣᠭᠰᠢᠳᠠᠢ ᠦᠩᠬᠡᠷᠡᠭᠡᠪᠡ᠃ ᠭᠠᠳᠠᠭᠠᠳᠦ ᠲᠠᠢ ᠬᠠᠮᠳᠣᠷᠠᠨ ᠠᠵᠢᠯᠯᠠᠬᠤ | ᠳᠣᠭᠳᠠᠯᠴᠠᠭ᠎ᠠ ᠳᠠᠰᠣᠷᠠᠯᠳᠠ ᠦᠭᠡᠢ ᠳᠡᠬᠦᠯᠳᠡᠷᠵᠢᠪᠡ᠃ ᠠᠷᠪᠠᠳᠣᠭᠠᠷ ᠬᠤᠭᠤᠴᠠᠭᠠᠨ ᠤ ︽ᠡᠷᠢᠶᠡᠨ ᠬᠤᠲᠠ ᠶᠢᠨ | ᠴᠢᠭᠤᠯᠭ᠎ᠠ ᠠᠭᠤᠯᠵᠠᠯᠳᠠ︾ ᠶᠢ ᠠᠮᠵᠢᠯᠳᠠ ᠲᠠᠢ ᠡᠷᠬᠢᠯᠡᠪᠡ᠃ ︽ᠭᠠᠳᠠᠭᠠᠳᠦ ᠶᠢᠨ ᠬᠠᠷᠢᠶᠠᠳᠣ ᠰᠣᠷᠣᠭᠴᠢ ᠶᠢᠨ | ᠰᠣᠷᠣᠯᠭ᠎ᠠ ᠶᠢᠨ ᠱᠠᠩᠨᠠᠯ ᠤᠨ ᠮᠦᠩᠬᠦ ᠶᠢᠨ ᠬᠡᠷᠡᠭᠵᠢᠬᠦᠯᠦᠯᠳᠠ ᠶᠢᠨ ᠠᠷᠭ᠎ᠠ ︵ᠳᠣᠷᠰᠢᠨ ᠬᠡᠷᠡᠭᠵᠢᠭᠦᠯᠬᠦ︶︾ ᠶᠢ | ᠵᠠᠰᠠᠪᠣᠷᠢᠯᠠᠨ ᠨᠠᠶᠢᠳᠠᠯᠡᠪᠡ᠃ ᠡᠷᠢᠶᠡᠨ ᠬᠤᠳᠠ ᠳᠤ ᠰᠣᠷᠣᠯᠴᠠᠵᠦ ᠪᠠᠶᠢᠭ᠎ᠠ ᠭᠠᠳᠠᠭᠠᠳᠦ ᠶᠢᠨ ᠣᠶᠣᠳᠠᠨ ᠤ ᠳᠤᠭ᠎ᠠ | 1154 ᠬᠦᠮᠦᠨ ᠪᠣᠯᠵᠦ᠂ 14.5% ᠪᠠᠷ ᠨᠡᠮᠡᠭᠳᠡᠪᠡ᠃ ︽ᠺᠦᠩᠽᠢ ᠶᠢᠨ ᠬᠢᠴᠢᠶᠡᠯ ᠤᠨ ᠳᠠᠩᠬᠢᠮ︾ ᠨᠢ | ᠮᠣᠩᠭᠤᠯ ᠣᠯᠣᠰ ᠤᠨ ᠵᠠᠮ ᠤᠨ ᠡᠬᠦᠳᠠ ᠶᠢᠨ ᠬᠤᠶᠠᠳᠣᠭᠠᠷ ᠶᠡᠷᠦᠩᠬᠡᠶᠢᠯᠡᠭᠰᠡᠨ ᠰᠣᠷᠭᠠᠭᠤᠯᠢ ᠳᠤ ᠵᠢᠩᠬᠢᠨᠢ ᠪᠠᠷ | ᠫᠠᠶᠢᠰᠠ ᠡᠯᠬᠦᠪᠡ᠃ 2018 ᠣᠨ ᠤ ᠪᠦᠬᠦ ᠣᠷᠣᠨ ᠤ ︽ᠬᠠᠷᠠᠭ᠎ᠠ ᠣᠷᠣᠭᠤᠯᠬᠤ ᠠᠶᠠᠯᠠᠯ︾ ᠤᠨ ᠨᠡᠶᠢᠭᠡᠮ ᠤᠨ | ᠠᠰᠠᠷᠠᠮᠵᠢ ᠶᠢᠨ ᠠᠵᠢᠯᠯᠠᠭ᠎ᠠ ᠶᠢᠨ ᠰᠢᠯᠢ ᠶᠢᠨ ᠭᠤᠣᠯ ᠳᠠᠬᠢ ᠠᠶᠠᠯᠠᠯ ᠵᠢᠴᠢ ︽ᠨᠢᠭᠡ ᠪᠦᠰᠡ ᠨᠢᠭᠡ ᠵᠠᠮ︾ — | ︽ᠬᠠᠷᠠᠭ᠎ᠠ ᠣᠷᠣᠭᠤᠯᠬᠤ ᠠᠶᠠᠯᠠᠯ︾ ᠤᠨ ᠮᠣᠩᠭᠤᠯ ᠣᠯᠣᠰ ᠲᠠᠬᠢ ᠠᠵᠢᠯᠯᠠᠭ᠎ᠠ ᠶᠢ ᠲᠦᠯᠬᠢᠨ ᠠᠬᠢᠭᠤᠯᠬᠤ ᠬᠤᠷᠠᠯ | ᠢ ᠠᠮᠵᠢᠯᠳᠠ ᠲᠠᠢ ᠬᠠᠮᠵᠢᠯᠴᠠᠨ ᠵᠣᠬᠢᠶᠠᠨ ᠪᠠᠶᠢᠭᠤᠯᠵᠣ᠂ ᠮᠣᠩᠭᠤᠯ ᠣᠯᠣᠰ ᠤᠨ ᠵᠠᠮ ᠤᠨ ᠡᠬᠦᠳᠠ ᠳᠤ ᠬᠦᠷᠴᠦ | ᠵᠢᠷᠣᠮ ᠤᠨ ᠡᠮᠴᠢᠯᠡᠬᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠣᠨ ᠦᠷᠨᠢᠭᠦᠯᠵᠣ᠂ ᠬᠦᠯᠢᠶᠠᠨ ᠠᠪᠴᠣ ᠡᠮᠴᠢᠯᠡᠭᠰᠡᠨ | ᠮᠣᠩᠭᠤᠯ ᠣᠯᠣᠰ ᠤᠨ ᠡᠪᠡᠳᠴᠢᠳᠡᠨ ᠤ ᠳᠤᠭ᠎ᠠ 665 ᠬᠦᠮᠦᠨ ᠣᠳᠠᠭ᠎ᠠ ᠳᠤ ᠬᠦᠷᠪᠡ᠃ ︽ᠡᠷᠢᠶᠡᠨ ᠬᠤᠳᠠ ᠶᠢᠨ | ᠮᠣᠩᠭᠤᠯ ᠣᠯᠣᠰ ᠤᠨ ᠬᠢᠯᠢ ᠶᠢᠨ ᠢᠷᠭᠡᠳ ᠤᠨ ᠦᠢᠯᠡᠴᠢᠯᠡᠭᠡ ᠬᠠᠮᠢᠶᠠᠷᠣᠯᠳᠠ ᠶᠢᠨ ᠠᠷᠭ᠎ᠠ ︵ᠳᠣᠷᠰᠢᠨ | ᠬᠡᠷᠡᠭᠵᠢᠭᠦᠯᠬᠦ︶︾ ᠶᠢ ᠨᠠᠶᠢᠳᠡᠯᠡᠵᠦ᠂ ᠭᠠᠳᠠᠭᠠᠳᠦ ᠶᠢᠨ ᠢᠷᠭᠡᠳ ᠤᠨ ᠦᠢᠯᠡᠴᠢᠯᠡᠭᠡ ᠬᠠᠮᠢᠶᠠᠷᠣᠯᠳᠠ ᠶᠢᠨ ᠳᠦᠪ ᠢ | ᠪᠠᠶᠢᠭᠤᠯᠣᠨ᠂ ᠭᠠᠳᠠᠭᠠᠳᠦ ᠶᠢᠨ ᠢᠷᠭᠡᠳ ᠤᠨ ᠦᠢᠯᠡᠴᠢᠯᠡᠭᠡ ᠬᠠᠮᠢᠶᠠᠷᠣᠯᠳᠠ ᠶᠢᠨ ᠳᠠᠪᠴᠠᠩ ᠢ ᠰᠦᠯᠵᠢᠶᠡᠨ ᠳᠤ | ᠬᠤᠯᠪᠣᠨ ᠬᠡᠷᠡᠭᠵᠢᠭᠦᠯᠵᠣ᠂ ᠭᠠᠳᠠᠭᠠᠳᠦ ᠶᠢᠨ ᠢᠷᠭᠡᠳ ᠢ ᠳᠦᠷᠦᠯ ᠠᠩᠬᠢᠯᠠᠨ ᠳᠠᠩᠰᠠᠯᠠᠨ ᠬᠠᠮᠢᠶᠠᠷᠣᠯᠳᠠ ᠬᠢᠪᠡ᠃ | ᠭᠤᠷᠪᠠ᠂ ᠣᠨᠴᠠᠯᠢᠭᠳᠦ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠵᠣ᠂ ᠰᠢᠨ᠎ᠡ | ᠬᠠᠭᠤᠴᠢᠨ ᠬᠦᠳᠡᠯᠭᠡᠭᠴᠢ ᠬᠦᠴᠦᠨ ᠤ ᠰᠣᠯᠢᠭᠳᠠᠯ ᠢ ᠲᠦᠷᠭᠡᠳᠭᠡᠪᠡ | ᠣᠯᠠᠨ ᠣᠯᠣᠰ ᠤᠨ ᠠᠷᠠᠯᠵᠢᠶ᠎ᠠ ᠪᠠᠷᠠᠭᠠᠨ ᠤ ᠭᠦᠢᠯᠭᠡᠭᠡᠨ ᠤ ᠦᠢᠯᠡᠰ ᠳᠣᠭᠳᠠᠭᠤᠨ ᠢᠶᠠᠷ ᠬᠦᠭᠵᠢᠪᠡ᠃ | ᠠᠷᠠᠯᠵᠢᠶᠠᠨ ᠤ ᠭᠤᠣᠯ ᠴᠣᠭᠴᠠ ᠡᠳᠦᠷ ᠢᠷᠡᠬᠦᠶ᠎ᠠ ᠬᠦᠴᠦᠷᠬᠡᠭᠵᠢᠨ᠂ ᠭᠠᠳᠠᠭᠠᠳᠣ ᠠᠷᠠᠯᠵᠢᠶᠠᠨ ᠤ ᠠᠵᠦ ᠠᠬᠤᠶᠢᠯᠠᠯ | ᠨᠠᠶᠢᠳᠠ 1398 ᠡᠷᠦᠬᠡ ᠪᠣᠯᠵᠦ᠂ ᠬᠢᠯᠢ ᠶᠢᠨ ᠭᠠᠳᠠᠨ᠎ᠠ ᠪᠡᠯᠡ ᠣᠷᠣᠭᠤᠯᠣᠯᠳᠠ ᠬᠢᠵᠣ ᠪᠠᠶᠢᠭ᠎ᠠ ᠠᠵᠦ ᠠᠬᠤᠶᠢᠯᠠᠯ | ᠨᠠᠶᠢᠳᠠ 20 ᠡᠷᠦᠬᠡ ᠪᠣᠯᠪᠠ᠃ ᠠᠮᠢᠳᠦ ᠬᠤᠨᠢ ᠶᠢ ᠭᠠᠳᠠᠭᠠᠳᠦ ᠠᠴᠠ ᠣᠷᠣᠭᠤᠯᠬᠤ ᠲᠦᠷᠦᠯ ᠵᠦᠢᠯ ᠤᠨ ᠬᠢᠯᠢ ᠶᠢᠨ | ᠭᠠᠳᠠᠨ᠎ᠠ ᠳᠣᠳᠣᠨᠠᠬᠢ ᠪᠢᠳᠡᠬᠦᠮᠵᠢᠯᠡᠯᠳᠠ ᠪᠠ ᠠᠯᠠᠵᠦ ᠨᠢᠳᠦᠯᠬᠦ ᠢᠵᠢ ᠪᠦᠷᠢᠳᠦᠭᠰᠡᠨ ᠳᠦᠬᠦᠬᠡᠷᠦᠮᠵᠢ ᠨᠢ ᠭᠠᠶᠢᠯᠢ | ᠶᠢᠨ ᠪᠣᠭᠤᠮᠳᠠ ᠶᠢᠨ ᠶᠡᠷᠦᠩᠬᠡᠢ ᠵᠠᠬᠢᠷᠭ᠎ᠠ ᠶᠢᠨ ᠠᠩᠬᠠᠨ ᠤ ᠰᠢᠯᠭᠠᠨ ᠬᠤᠷᠢᠶᠠᠯᠳᠠ ᠶᠢ ᠦᠩᠬᠡᠷᠡᠬᠡᠪᠡ᠃ ᠵᠠᠰᠠᠮᠠᠯ ᠵᠠᠮ | ᠤᠨ ᠪᠣᠭᠤᠮᠳᠠ ᠶᠢᠨ ᠠᠭᠤᠷ ᠢᠶᠠᠷ ᠠᠷᠢᠭᠤᠳᠬᠠᠬᠤ ᠬᠦᠮᠦᠷᠭᠡ ᠶᠢᠨ ᠬᠤᠶᠠᠳᠣᠭᠠᠷ ᠬᠤᠭᠤᠴᠠᠭᠠᠨ ᠤ ᠢᠨᠵᠧᠨᠧᠷᠢᠩ | ᠤᠨ ᠠᠰᠢᠭᠯᠠᠯᠳᠠ ᠳᠤ ᠣᠷᠣᠬᠤ ᠨᠦᠬᠦᠴᠡᠯ ᠢ ᠪᠦᠷᠢᠯᠳᠦᠬᠦᠯᠵᠦ᠂ ᠹᠦ᠋ ᠬᠤᠸᠠᠩ ᠮᠠᠰᠢᠨ ᠳᠡᠷᠭᠡᠨ ᠤ ᠵᠠᠰᠠᠪᠣᠷᠢ | ᠰᠡᠯᠪᠢᠭ ᠤᠨ ᠪᠠᠷᠠᠭᠠᠨ ᠤ ᠬᠦᠢᠯᠭᠡᠭᠡᠨ ᠤ ᠬᠦᠷᠢᠶᠡᠯᠡᠩ ᠤᠨ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠤᠨ | ᠭᠤᠣᠯ ᠴᠣᠭᠴᠠ ᠶᠢᠨ ᠪᠠᠷᠢᠯᠭ᠎ᠠ ᠳᠠᠭᠤᠰᠴᠦ᠂ ᠪᠠᠷᠠᠭᠠᠨ ᠤ ᠬᠦᠢᠯᠭᠡᠭᠡᠨ ᠤ ᠰᠠᠭᠤᠷᠢ ᠨᠦᠬᠦᠴᠡᠯ ᠢ ᠣᠯᠠᠮ | ᠰᠠᠶᠢᠵᠢᠷᠠᠭᠤᠯᠪᠠ᠃ ᠮᠠᠨ ᠤ ᠬᠤᠳᠠ ᠨᠢ ᠬᠠᠭᠤᠷᠠᠢ ᠳᠡᠭᠡᠷᠡᠬᠢ ᠬᠢᠯᠢ ᠶᠢᠨ ᠪᠣᠭᠤᠮᠳᠠ ᠶᠢᠨ ᠬᠡᠯᠪᠡᠷᠢᠳᠦ ᠣᠯᠣᠰ ᠤᠨ | ᠪᠠᠷᠠᠭᠠᠨ ᠤ ᠬᠦᠢᠯᠭᠡᠭᠡᠨ ᠤ ᠠᠭᠤᠯᠵᠠᠪᠣᠷᠢ ᠶᠢᠨ ᠠᠴᠢᠶᠠᠯᠠᠪᠣᠷᠢ ᠬᠤᠳᠠ ᠬᠡᠮᠡᠭᠳᠡᠪᠡ᠃ ᠳᠣᠮᠳᠠᠳᠦ ᠡᠸᠦ᠋ᠷᠦᠫᠠ ᠶᠢᠨ | ᠴᠣᠪᠣᠭ᠎ᠠ ᠭᠠᠯᠳᠣ ᠳᠡᠷᠭᠡᠨ ᠤ ᠱᠣᠭᠤᠮ ᠨᠢ ᠪᠦᠬᠦ ᠵᠢᠯ ᠳᠤ1052 ᠵᠣᠷᠪᠣᠰ ᠭᠠᠯ ᠳᠡᠷᠭᠡ ᠶᠢ ᠰᠢᠯᠭᠠᠨ | ᠨᠡᠪᠳᠡᠷᠡᠬᠦᠯᠵᠦ᠂ 83% ᠪᠠᠷ ᠨᠡᠮᠡᠭᠳᠡᠪᠡ᠃ ᠪᠣᠭᠤᠮᠳᠠ ᠶᠢᠨ ᠪᠠᠷᠠᠭ᠎ᠠ ᠳᠡᠭᠡᠭᠡᠪᠣᠷᠢ ᠶᠢᠨ ᠬᠡᠮᠵᠢᠶ᠎ᠡ ᠪᠠ ᠠᠷᠠᠯᠵᠢᠶᠠᠨ ᠤ | ᠰᠣᠯᠢᠯᠴᠠᠭᠠᠨ ᠤ ᠦᠷᠳᠡᠭ ᠳᠣᠰ ᠳᠣᠰ 1656 ᠳᠦᠮᠡᠨ ᠳᠣᠨ ᠪᠠ 238 ᠳ᠋ᠦᠩᠰᠢᠭᠤᠷ ᠳᠦᠬᠦᠷᠢᠭ ᠲᠤ ᠬᠦᠷᠴᠦ | ᠂ ᠳᠣᠰ ᠳᠣᠰ 10.2% ᠪᠠ14.9% ᠪᠠᠷ ᠨᠡᠮᠡᠭᠳᠡᠪᠡ︔ ᠬᠢᠯᠢ ᠪᠠᠷ ᠣᠷᠣᠵᠦ ᠭᠠᠷᠬᠤ ᠬᠦᠮᠦᠨ ᠤ ᠳᠤᠭ᠎ᠠ | 244.1 ᠳᠦᠮᠡᠨ ᠬᠦᠮᠦᠨ ᠣᠳᠠᠭ᠎ᠠ ᠳᠤ ᠬᠦᠷᠴᠦ᠂ 9.3% ᠪᠠᠷ ᠨᠡᠮᠡᠭᠳᠡᠪᠡ᠃ ᠣᠷᠣᠭᠤᠯᠵᠦ ᠭᠠᠷᠭᠠᠬᠤ | ᠪᠣᠯᠪᠠᠰᠣᠷᠠᠭᠤᠯᠬᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠪᠡ᠃ ᠳ᠋ᠦᠩ | ᠰᠢᠨ ᠠᠮᠦ ᠳᠣᠰᠦ᠂ ᠮᠢᠩ ᠢᠦᠢ ᠸᠧᠢ ᠶᠧ ᠨᠣᠣᠰᠦ ᠨᠣᠣᠯᠣᠷ ᠤᠨ ᠪᠣᠯᠪᠠᠰᠣᠷᠠᠭᠤᠯᠣᠯᠳᠠ ᠶᠢᠨ ᠲᠦᠷᠦᠯ ᠵᠦᠢᠯ ᠢ | ᠪᠦᠳᠦᠬᠡᠨ ᠪᠠᠶᠢᠭᠤᠯᠵᠦ ᠠᠰᠢᠭᠯᠠᠯᠳᠠ ᠳᠤ ᠣᠷᠣᠭᠤᠯᠵᠣ᠂ ᠲᠢᠶᠠᠨ ᠯᠢ ᠶᠤᠸᠠᠨ ᠳᠡᠮᠣᠷ ᠤᠨ ᠬᠦᠳᠡᠷ ᠤᠨ | ᠪᠣᠯᠪᠠᠰᠣᠷᠠᠭᠤᠯᠣᠯᠳᠠ ᠶᠢᠨ ᠲᠦᠷᠦᠯ ᠵᠦᠢᠯ ᠨᠢ ᠳᠣᠷᠰᠢᠨ ᠦᠢᠯᠡᠳᠪᠦᠷᠢᠯᠡᠬᠦ ᠱᠠᠳᠣᠨ ᠳᠤ ᠣᠷᠣᠵᠣ᠂ ᠶᠢᠩ ᠹᠧᠢ ᠳ᠋ᠢ | ᠺᠧ ᠠᠮᠢᠳᠦ ᠬᠤᠨᠢ ᠶᠢ ᠭᠠᠳᠠᠭᠠᠳᠦ ᠠᠴᠠ ᠣᠷᠣᠭᠤᠯᠵᠦ ᠪᠣᠯᠪᠠᠰᠣᠷᠠᠭᠤᠯᠬᠤ᠂ ᠵᠢᠶᠦ᠋ᠨ ᠸᠧᠢ ᠳᠡᠮᠣᠷ ᠤᠨ ᠬᠦᠳᠡᠷ | ᠤᠨ ᠪᠣᠯᠪᠠᠰᠣᠷᠠᠭᠤᠯᠣᠯᠳᠠ᠂ ᠯᠢᠶᠠᠨ ᠵᠢᠢ ᠰᠢᠶᠠᠩ ᠯᠧᠢ ᠳᠡᠮᠣᠷ ᠤᠨ ᠬᠦᠳᠡᠷ ᠤᠨ ᠪᠣᠯᠪᠠᠰᠣᠷᠠᠭᠤᠯᠣᠯᠳᠠ᠂ ᠬᠤᠸᠠ | ᠽᠧ ᠬᠠᠶᠢᠯᠣᠭᠤᠷ ᠵᠣᠩᠰᠢ ᠶᠢᠨ ᠪᠣᠯᠪᠠᠰᠣᠷᠠᠭᠤᠯᠣᠯᠳᠠ ᠵᠡᠷᠭᠡ ᠪᠣᠯᠪᠠᠰᠣᠷᠠᠭᠤᠯᠬᠤ ᠲᠦᠷᠦᠯ ᠵᠦᠢᠯ ᠤᠨ ᠭᠤᠣᠯ | ᠴᠣᠭᠴᠠ ᠶᠢᠨ ᠪᠠᠷᠢᠯᠭ᠎ᠠ ᠶᠢᠨ ᠠᠵᠢᠯ ᠳᠠᠭᠤᠰᠣᠭᠰᠠᠨ ᠪᠠᠶᠢᠨ᠎ᠠ᠃ ᠬᠢᠯᠢ ᠬᠢᠵᠠᠭᠠᠷ ᠣᠷᠣᠨ ᠤ ᠰᠣᠶᠣᠯ ᠵᠢᠭᠤᠯᠴᠢᠯᠠᠯ | ᠤᠨ ᠦᠢᠯᠡᠰ ᠦᠷᠨᠢᠨ ᠬᠦᠭᠵᠢᠪᠡ᠃ ᠣᠯᠣᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ | ᠦᠵᠡᠬᠦᠯᠬᠦ ᠣᠷᠣᠨ ᠤ ᠪᠦᠳᠦᠬᠡᠨ ᠪᠠᠶᠢᠭᠤᠯᠣᠯᠳᠠ ᠨᠢ ᠦᠪᠡᠷᠳᠡᠬᠡᠨ ᠵᠠᠰᠠᠬᠤ ᠣᠷᠣᠨ ᠤ ᠳᠣᠰᠬᠠᠢ ᠮᠡᠷᠭᠡᠵᠢᠯᠳᠡᠳ | ᠤᠨ ᠳᠣᠭᠤᠶᠢᠯᠠᠩ ᠤᠨ ᠰᠢᠯᠭᠠᠨ ᠬᠤᠷᠢᠶᠠᠯᠳᠠ ᠶᠢ ᠣᠷᠣᠭᠰᠢᠳᠠᠢ ᠦᠩᠭᠡᠷᠡᠭᠡᠵᠣ᠂ ︽ᠳᠣᠮᠳᠠᠳᠦ ᠮᠣᠩᠭᠤᠯ ᠤᠨ ᠬᠢᠯᠢ | ᠠᠯᠣᠰᠯᠠᠭᠰᠠᠨ ᠵᠢᠭᠤᠯᠴᠢᠯᠠᠯ ᠤᠨ ᠬᠠᠮᠳᠣᠷᠠᠯᠴᠠᠭᠠᠨ ᠤ ᠣᠷᠣᠨ ᠤ ᠣᠶᠢᠯᠠᠭᠠᠯᠴᠠᠯ ᠤᠨ ᠰᠠᠨᠠᠮᠵᠢ ᠪᠢᠴᠢᠭ︾ ᠤᠨ ᠡᠬᠡ | ᠪᠢᠴᠢᠭ ᠢ ᠨᠣᠣᠷᠠᠭᠯᠠᠬᠤ ᠠᠵᠢᠯ ᠢ ᠬᠠᠪᠰᠣᠷᠣᠨ ᠬᠦᠢᠴᠡᠳᠬᠡᠪᠡ᠃ ᠠᠶᠠᠯᠠᠯ ᠵᠢᠭᠤᠯᠴᠢᠯᠠᠯ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠳᠦᠪ᠂ ᠬᠤᠳᠠ ᠶᠢᠨ ᠡᠬᠦᠳᠠ ᠶᠢᠨ ᠵᠢᠭᠤᠯᠴᠢᠯᠠᠯ ᠤᠨ ᠦᠷᠳᠡᠭᠡ ᠶᠢ ᠳᠡᠰ ᠳᠡᠪᠰᠢᠭᠦᠯᠬᠦ ᠵᠠᠰᠠᠨ | ᠰᠢᠨᠡᠴᠢᠯᠡᠯᠳᠡ᠂ ᠣᠶᠣᠨᠴᠢ ᠵᠢᠭᠤᠯᠴᠢᠯᠠᠯ ᠤᠨ ᠳᠦᠷᠦᠯ ᠵᠦᠢᠯ ᠵᠡᠷᠭᠡ ᠶᠢ ᠪᠦᠳᠦᠬᠡᠨ ᠪᠠᠶᠢᠭᠤᠯᠵᠦ ᠠᠰᠢᠭᠯᠠᠯᠳᠠ ᠳᠤ | ᠣᠷᠣᠭᠤᠯᠪᠠ᠃ ᠳᠠᠪᠣᠳᠣᠭᠠᠷ ᠬᠤᠭᠤᠴᠠᠭᠠᠨ ᠤ ︽ᠴᠠᠢ ᠶᠢᠨ ᠵᠠᠮ︾ ᠣᠯᠠᠨ ᠣᠯᠣᠰ ᠤᠨ ᠰᠣᠶᠣᠯ ᠵᠢᠭᠤᠯᠴᠢᠯᠠᠯ | ᠤᠨ ᠪᠠᠶᠠᠷ᠂ ᠳᠦᠷᠪᠡᠳᠦᠬᠡᠷ ᠬᠤᠭᠤᠴᠠᠭᠠᠨ ᠤ ᠡᠷᠢᠶᠡᠨ — ᠵᠠᠮ ᠤᠨ ᠡᠬᠦᠳᠠ ᠶᠢᠨ ᠪᠦᠬᠦ ᠠᠷᠠᠳ ᠢᠶᠠᠷ ᠢᠶᠠᠨ | ᠪᠡᠶ᠎ᠡ ᠴᠢᠬᠢᠷᠠᠭᠵᠢᠭᠤᠯᠬᠤ ᠳᠠᠮᠢᠷ ᠤᠨ ᠴᠣᠭᠯᠠᠭᠠᠨ᠂ ᠭᠤᠷᠪᠠᠳᠣᠭᠠᠷ ᠬᠤᠭᠤᠴᠠᠭᠠᠨ ᠤ ᠳᠣᠮᠳᠠᠳᠦ ᠮᠣᠩᠭᠤᠯ ᠣᠷᠣᠰ | ᠤᠨ ᠵᠠᠯᠠᠭᠤᠴᠣᠳ ᠪᠠᠭᠠᠴᠣᠳ ᠤᠨ ᠬᠦᠯ ᠪᠦᠮᠪᠦᠭᠡ ᠶᠢᠨ ᠣᠷᠢᠯᠭᠠᠳᠣ ᠣᠷᠣᠯᠳᠣᠭᠠᠨ ᠵᠡᠷᠭᠡ ᠰᠢᠷᠢᠰ ᠬᠦᠳᠡᠯᠭᠡᠭᠡᠨ ᠢ | ᠠᠮᠵᠢᠯᠳᠠ ᠲᠠᠢ ᠡᠷᠬᠢᠯᠡᠵᠣ᠂ ᠪᠦᠬᠦ ᠵᠢᠯ ᠳᠤ ᠮᠣᠷᠢᠨ ᠮᠡᠷᠭᠡᠵᠢᠯ ᠤᠨ ᠳᠣᠭᠯᠠᠯᠳᠦ ᠵᠦᠴᠦᠭᠡ ︽ᠡᠵᠡᠨ ᠴᠢᠩᠬᠢᠰ ᠤᠨ | ᠳᠠᠭᠤᠯᠠᠯ︾ ᠢ 90 ᠣᠳᠠᠭ᠎ᠠ ᠳᠣᠭᠯᠠᠪᠠ᠃ ᠪᠦᠬᠦ ᠵᠢᠯ ᠳᠤ ᠣᠯᠣᠰ ᠤᠨ ᠳᠣᠳᠣᠭᠠᠳᠦ ᠭᠠᠳᠠᠭᠠᠳᠦ ᠶᠢᠨ | ᠵᠢᠭᠤᠯᠴᠢᠳ ᠢ 225.5 ᠳᠦᠮᠡᠨ ᠬᠦᠮᠦᠨ ᠣᠳᠠᠭ᠎ᠠ ᠬᠦᠯᠢᠶᠡᠨ ᠠᠪᠴᠦ᠂ 5.7% ᠪᠠᠷ ᠨᠡᠮᠡᠭᠳᠡᠪᠡ︔ | ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 53.1 ᠳ᠋ᠦᠩᠰᠢᠭᠤᠷ ᠳᠦᠬᠦᠷᠢᠭ ᠲᠤ ᠬᠦᠷᠴᠦ᠂ 8.6% | ᠪᠠᠷ ᠨᠡᠮᠡᠭᠳᠡᠪᠡ᠃ ᠴᠡᠪᠡᠷ ᠡᠨᠧᠷᠬᠢ ᠵᠡᠷᠭᠡ ᠰᠢᠨ᠎ᠡ ᠪᠠᠷ ᠬᠦᠭᠵᠢᠵᠦ ᠪᠠᠶᠢᠭ᠎ᠠ ᠠᠵᠦ ᠦᠢᠯᠡᠰ ᠤᠨ ᠬᠦᠷᠢᠶ᠎ᠡ ᠬᠡᠪᠴᠢᠶ᠎ᠡ | ᠬᠦᠭᠵᠢᠨ ᠪᠣᠵᠠᠭᠠᠶᠢᠷᠠᠪᠠ᠃ ᠳᠠᠬᠢᠨ ᠠᠰᠢᠭᠯᠠᠵᠦ ᠪᠣᠯᠬᠤ ᠡᠨᠧᠷᠬᠢ ᠶᠢᠨ ᠪᠢᠴᠢᠯ ᠴᠠᠬᠢᠯᠭᠠᠨ ᠳᠣᠣᠷ ᠤᠨ ᠵᠢᠱᠢᠶ᠎ᠡ | ᠦᠵᠡᠬᠦᠯᠬᠦ ᠳᠦᠷᠦᠯ ᠵᠦᠢᠯ ᠢ ᠲᠦᠷᠭᠡᠳᠭᠡᠨ ᠠᠬᠢᠭᠤᠯᠵᠣ᠂ 9 ᠳᠦᠮᠡᠨ ᠺᠢᠯᠣᠸᠠᠲ ᠨᠠᠷᠠᠨ ᠤ ᠡᠨᠧᠷᠬᠢ ᠪᠠᠷ | ᠴᠠᠬᠢᠯᠭᠠᠨ ᠭᠠᠷᠭᠠᠬᠤ ᠳᠦᠷᠦᠯ ᠵᠦᠢᠯ ᠢ ᠡᠬᠢᠯᠡᠨ ᠪᠦᠳᠦᠬᠡᠨ ᠪᠠᠶᠢᠭᠤᠯᠵᠦ᠂ 28 ᠳᠦᠮᠡᠨ ᠺᠢᠯᠣᠸᠠᠲ ᠰᠠᠯᠬᠢᠨ ᠤ | ᠡᠨᠧᠷᠬᠢ ᠪᠠᠷ ᠴᠠᠬᠢᠯᠭᠠᠨ ᠭᠠᠷᠭᠠᠬᠤ ᠵᠢᠴᠢ ᠬᠦᠴᠦᠳᠡᠯ ᠬᠤᠪᠢᠰᠬᠠᠬᠤ ᠳᠦᠷᠦᠯ ᠵᠦᠢᠯ ᠢ ᠬᠢᠨᠠᠭᠤᠯᠣᠨ | ᠵᠦᠪᠰᠢᠶᠡᠷᠡᠭᠦᠯᠪᠡ᠃ ᠪᠦᠬᠦ ᠵᠢᠯ ᠤᠨ ᠰᠠᠯᠬᠢᠨ ᠡᠨᠧᠷᠬᠢ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠣᠷᠢ ᠶᠢᠨ ᠪᠠᠭᠳᠠᠭᠠᠮᠵᠢ ᠨᠢ 36 ᠳᠦᠮᠡᠨ ᠺᠢᠯᠣᠸᠠᠲ ᠬᠦᠷᠴᠦ᠂ ᠰᠠᠯᠬᠢᠨ ᠡᠨᠧᠷᠬᠢ ᠪᠠᠷ ᠴᠠᠬᠢᠯᠭᠠᠨ | ᠭᠠᠷᠭᠠᠭᠰᠠᠨ ᠬᠡᠮᠵᠢᠶ᠎ᠡ 7.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 3.7% ᠪᠠᠷ ᠨᠡᠮᠡᠭᠳᠡᠪᠡ᠃ ᠳᠣᠮᠳᠠᠳᠦ | ᠣᠯᠣᠰ ᠤᠨ ᠳᠠᠯᠠᠢ ᠳᠠᠩᠬᠢᠰ ᠤᠨ ᠴᠢᠯᠠᠭᠤᠨ ᠳᠣᠰᠣᠨ ᠤ ᠺᠣᠮᠫᠠᠨᠢ᠂ ᠦᠪᠣᠷ ᠮᠣᠩᠭᠤᠯ ᠤᠨ ᠴᠠᠬᠢᠯᠭᠠᠨ ᠬᠦᠴᠦᠨ ᠤ | ᠺᠣᠮᠫᠠᠨᠢ ᠶᠢᠨ ᠴᠡᠪᠡᠷ ᠡᠨᠧᠷᠬᠢ ᠪᠠᠷ ᠳᠣᠯᠠᠭᠠᠯᠭ᠎ᠠ ᠬᠠᠩᠭᠠᠬᠤ ᠳᠦᠷᠦᠯ ᠵᠦᠢᠯ ᠢ ᠳᠣᠭᠳᠠᠭᠤᠨ ᠡᠷᠬᠢᠯᠳᠡ ᠳᠤ | ᠣᠷᠣᠭᠤᠯᠵᠣ᠂ ᠳᠣᠯᠠᠭᠠᠯᠭ᠎ᠠ ᠬᠠᠩᠭᠠᠬᠤ ᠳᠠᠯᠠᠪᠠᠢ ᠨᠢ18.5 ᠳᠦᠮᠡᠨ ᠳᠡᠭᠰᠢ ᠳᠦᠷᠪᠡᠯᠵᠢᠨ ᠮᠧᠲᠷ ᠲᠤ ᠬᠦᠷᠪᠡ᠃ | ᠶᠡᠭᠡ ᠳ᠋ᠠᠶᠢᠲ᠋ᠠ ᠠᠵᠦ ᠦᠢᠯᠡᠰ ᠤᠨ ᠬᠦᠷᠢᠶᠡᠯᠡᠩ ᠤᠨ ᠨᠢᠭᠡᠳᠦᠬᠡᠷ ᠬᠤᠭᠤᠴᠠᠭᠠᠨ ᠤ ᠢᠨᠵᠧᠨᠧᠷᠢᠩ ᠢ ᠪᠦᠳᠦᠬᠡᠨ | ᠪᠠᠶᠢᠭᠤᠯᠣᠨ ᠠᠰᠢᠭᠯᠠᠯᠳᠠ ᠳᠤ ᠣᠷᠣᠭᠤᠯᠪᠠ᠃ | ᠳᠦᠷᠪᠡ᠂ ᠰᠠᠭᠤᠷᠢ ᠳᠦᠬᠦᠬᠡᠷᠦᠮᠵᠢ ᠡᠳᠦᠷ ᠢᠷᠡᠭᠦᠶ᠎ᠡ ᠳᠡᠬᠦᠯᠳᠡᠷᠵᠢᠵᠦ᠂ ᠰᠠᠭᠤᠷᠢᠰᠢᠨ ᠠᠮᠢᠳᠣᠷᠠᠬᠤ ᠣᠷᠴᠢᠨ | ᠨᠦᠬᠦᠴᠡᠯ ᠳᠠᠰᠣᠷᠠᠯᠳᠠ ᠦᠬᠡᠢ ᠰᠢᠯᠢᠳᠡᠭᠵᠢᠪᠡ | ᠡᠷᠢᠶᠡᠨ— ᠮᠠᠨᠵᠣᠣᠷ ᠴᠢᠭᠯᠡᠯ ᠤᠨ ᠨᠢᠭᠡᠳᠦᠬᠡᠷ ᠵᠡᠷᠬᠡᠯᠡᠯ ᠤᠨ ᠵᠠᠰᠠᠮᠠᠯ ᠵᠠᠮ ᠵᠢᠩᠬᠢᠨᠢ ᠪᠠᠷ ᠳᠡᠷᠭᠡ | ᠨᠡᠪᠳᠡᠷᠡᠪᠡ᠃ ᠡᠷᠢᠶᠡᠨ— ᠭᠤᠸᠠᠩᠵᠸᠣ ᠴᠢᠭᠯᠡᠯ ᠤᠨ ᠬᠤᠷᠳᠣᠨ ᠤ ᠵᠠᠮ ᠤᠨ ᠡᠷᠢᠶᠡᠨ ᠠᠴᠠ ᠰᠠᠶᠢᠬᠠᠨᠳᠠᠯ᠎ᠠ ᠬᠦᠷᠬᠦ | ᠬᠡᠰᠡᠭ ᠤᠨ ᠵᠠᠰᠠᠮᠠᠯ ᠵᠠᠮ ᠤᠨ ᠳᠦᠷᠦᠯ ᠵᠦᠢᠯ ᠪᠠ ᠣᠯᠣᠰ ᠤᠨ ᠳᠡᠰ ᠤᠨ ᠵᠠᠮ 331 ᠱᠣᠭᠤᠮ ᠤᠨ ᠡᠷᠢᠶᠡᠨ ᠠᠴᠠ | ᠠᠶᠢᠷᠠᠭ ᠬᠡᠶᠢᠳ ᠬᠦᠷᠬᠦ ᠵᠠᠰᠠᠮᠠᠯ ᠵᠠᠮ ᠤᠨ ᠳᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠠᠮᠵᠢᠯᠳᠠ ᠲᠠᠢ | ᠶᠠᠪᠣᠭᠳᠠᠵᠦ ᠪᠠᠶᠢᠨ᠎ᠠ᠃ ᠳᠡᠮᠣᠷ ᠵᠠᠮ ᠤᠨ ᠦᠷᠳᠡᠭᠡ ᠳᠠᠯᠠᠪᠠᠢ ᠶᠢᠨ ᠮᠧᠬᠠᠨᠢᠭᠴᠢᠯᠠᠭᠰᠠᠨ ᠰᠣᠯᠢᠵᠦ ᠠᠴᠢᠬᠤ | ᠳᠣᠭᠤᠷᠢᠭ ᠤᠨ ᠴᠢᠩᠬᠡᠯᠢᠭ ᠬᠤᠷᠢᠶᠠᠵᠦ ᠬᠠᠳᠠᠭᠠᠯᠠᠬᠤ ᠳᠠᠯᠠᠪᠠᠢ ᠶᠢᠨ ᠬᠠᠳᠠᠭᠤᠵᠢᠭᠤᠯᠣᠯᠳᠠ ᠶᠢᠨ ᠳᠦᠷᠦᠯ ᠵᠦᠢᠯ ᠢ | ᠪᠦᠳᠦᠬᠡᠨ ᠪᠠᠶᠢᠭᠤᠯᠣᠨ ᠠᠰᠢᠭᠯᠠᠯᠳᠠ ᠳᠤ ᠣᠷᠣᠭᠤᠯᠵᠣ᠂ ᠦᠷᠭᠡᠨ ᠴᠠᠷᠭᠤᠳᠣ ᠲᠡᠮᠦᠷ ᠵᠠᠮ ᠤᠨ ᠳᠠᠯᠠᠪᠠᠢ ᠶᠢᠨ | ᠵᠠᠰᠠᠨ ᠰᠢᠨᠡᠴᠢᠯᠡᠯᠳᠡ ᠶᠢᠨ ᠪᠣᠯᠣᠮᠵᠢ ᠶᠢᠨ ᠰᠣᠳᠣᠯᠭᠠᠨ ᠤ ᠮᠡᠳᠡᠬᠦᠯᠦᠯᠳᠠ ᠨᠢ ᠣᠯᠣᠰ ᠤᠨ ᠳᠡᠮᠣᠷ ᠵᠠᠮ ᠤᠨ | ᠶᠡᠷᠦᠩᠬᠡᠢ ᠺᠣᠮᠫᠠᠨᠢ ᠶᠢᠨ ᠵᠦᠪᠰᠢᠶᠡᠷᠡᠯ ᠢ ᠬᠦᠯᠢᠶᠡᠵᠦ ᠪᠠᠶᠢᠨ᠎ᠠ᠃ ᠰᠠᠶᠢᠬᠤᠰᠦ ᠨᠢᠰᠬᠡᠯ ᠤᠨ ᠪᠠᠭᠤᠳᠠᠯ ᠢ ᠰᠢᠨᠡᠴᠢᠯᠡᠨ | ᠦᠷᠬᠡᠳᠬᠡᠬᠦ ᠢᠨᠵᠧᠨᠧᠷᠢᠩ ᠳᠠᠬᠢᠨ ᠰᠢᠯᠭᠠᠨ ᠬᠤᠷᠢᠶᠠᠯᠳᠠ ᠶᠢ ᠦᠩᠬᠡᠷᠡᠬᠡᠵᠦ᠂ ᠣᠯᠠᠨ ᠣᠯᠣᠰ ᠤᠨ ᠠᠭᠠᠷ ᠠᠶᠠᠯᠠᠯ | ᠤᠨ ᠠᠰᠠᠷ ᠵᠢᠩᠬᠢᠨᠢ ᠪᠠᠷ ᠠᠰᠢᠭᠯᠠᠯᠳᠠ ᠳᠤ ᠣᠷᠣᠵᠦ᠂ ᠵᠣᠷᠴᠢᠭᠴᠢᠳ ᠢ ᠨᠡᠪᠳᠡᠷᠡᠭᠦᠯᠬᠦ ᠬᠡᠮᠵᠢᠶ᠎ᠡ ᠠᠩᠬ᠎ᠠ ᠣᠳᠠᠭ᠎ᠠ | 20 ᠲᠦᠮᠡᠨ ᠬᠦᠮᠦᠨ ᠣᠳᠠᠭ᠎ᠠ ᠶᠢ ᠳᠠᠪᠠᠵᠣ᠂ ᠣᠯᠠᠨ ᠣᠯᠣᠰ ᠤᠨ ᠠᠭᠠᠷ ᠤᠨ ᠪᠣᠭᠤᠮᠳᠠ ᠶᠢ ᠪᠠᠶᠢᠭᠤᠯᠬᠤ | ᠭᠤᠶᠣᠴᠢᠯᠠᠯ ᠢ ᠣᠯᠣᠰ ᠤᠨ ᠪᠣᠭᠤᠮᠳᠠ ᠶᠢᠨ ᠠᠯᠪᠠᠨ ᠬᠡᠷ ᠲᠤ ᠮᠡᠳᠡᠭᠦᠯᠦᠨ ᠵᠦᠪᠰᠢᠶᠡᠷᠡᠯ ᠣᠯᠭᠤᠬᠤ ᠶᠢ ᠬᠦᠯᠢᠶᠡᠵᠦ | ᠪᠠᠶᠢᠨ᠎ᠠ᠃ ᠳᠣᠯᠣᠳᠣᠭᠠᠷ ᠣᠳᠠᠭᠠᠨ ᠤ ᠬᠤᠳᠠ ᠶᠢᠨ ᠶᠡᠷᠦᠩᠬᠡᠢ ᠲᠦᠯᠦᠪᠵᠢᠭᠦᠯᠬᠡ ᠶᠢ ᠵᠠᠰᠠᠨ ᠨᠠᠶᠢᠷᠠᠭᠤᠯᠵᠣ | ᠦᠪᠡᠷᠳᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠵᠦᠪᠰᠢᠶᠡᠷᠡᠯ ᠣᠯᠭᠤᠬᠤ ᠶᠢ ᠬᠦᠯᠢᠶᠡᠵᠦ᠂ | ᠬᠤᠳᠠ ᠶᠢᠨ ︽ᠬᠤᠣᠰ ᠵᠠᠰᠠᠯᠳᠠ︾᠂ ᠬᠤᠳᠠ ᠶᠢᠨ ᠶᠠᠪᠣᠳᠠᠯ ᠤᠨ ᠢᠨᠵᠧᠨᠧᠷᠢᠩ ᠵᠡᠷᠭᠡ ᠳᠣᠰᠬᠠᠢ ᠳᠦᠷᠦᠯ ᠤᠨ | ᠳᠦᠯᠦᠪᠵᠢᠬᠦᠯᠭᠡ ᠶᠢ ᠨᠠᠶᠢᠷᠠᠭᠤᠯᠬᠤ ᠠᠵᠢᠯ ᠢ ᠲᠦᠷᠬᠡᠳᠭᠡᠨ ᠠᠬᠢᠭᠤᠯᠪᠠ᠃ ᠣᠯᠣᠰ ᠤᠨ ᠭᠤᠣᠯᠳᠠᠯᠭ᠎ᠠ ᠲᠠᠢ | ᠬᠦᠭᠵᠢᠭᠦᠯᠦᠯᠳᠡ ᠨᠡᠭᠡᠭᠡᠯᠳᠡ ᠶᠢᠨ ᠳᠣᠷᠰᠢᠯᠳᠠ ᠶᠢᠨ ᠳᠣᠭᠤᠷᠢᠭ ᠤᠨ ᠠᠮᠢ ᠠᠬᠤᠢ ᠶᠢᠨ ᠣᠷᠴᠢᠨ ᠳᠣᠭᠤᠷᠢᠨ ᠢ | ᠵᠠᠰᠠᠬᠤ PPP ᠳᠦᠷᠦᠯ ᠵᠦᠢᠯ ᠤᠨ ᠡᠬᠢᠨ ᠤ ᠬᠤᠭᠤᠴᠠᠭᠠᠨ ᠤ ᠨᠣᠭᠤᠭᠠᠷᠠᠭᠤᠯᠣᠯᠳᠠ ᠶᠢᠨ ᠢᠨᠵᠧᠨᠧᠷᠢᠩ ᠢ | ᠳᠠᠭᠤᠰᠬᠠᠨ᠂ ᠬᠤᠳᠠ ᠶᠢᠨ ᠳᠣᠭᠤᠷᠢᠭ ᠤᠨ ᠴᠠᠬᠢᠯᠭᠠᠨ ᠳᠠᠮᠵᠢᠭᠤᠯᠬᠤ ᠱᠣᠭᠤᠮ ᠤᠨ ᠰᠢᠨᠡᠴᠢᠯᠡᠯᠳᠡ ᠪᠠ ᠰᠢᠪᠡᠷ | ᠱᠠᠯᠪᠠᠭ ᠢ ᠪᠣᠬᠢᠷᠳᠣᠯ ᠦᠬᠡᠢ ᠰᠢᠢᠳᠪᠦᠷᠢᠯᠡᠬᠦ ᠢᠨᠵᠧᠨᠧᠷᠢᠩ ᠢ ᠳᠦᠷᠬᠡᠳᠬᠡᠨ ᠠᠬᠢᠭᠤᠯᠵᠣ᠂ ᠪᠣᠬᠢᠷ ᠣᠰᠣ ᠶᠢ | ᠲᠦᠪᠯᠡᠷᠡᠭᠦᠯᠦᠨ ᠰᠢᠢᠳᠪᠦᠷᠢᠯᠡᠬᠦ ᠨᠣᠷᠮ᠎ᠠ᠂ ᠠᠮᠢᠳᠣᠷᠠᠯ ᠤᠨ ᠬᠤᠭ ᠨᠣᠪᠰᠢ ᠶᠢ ᠪᠣᠬᠢᠷᠳᠣᠯ ᠦᠬᠡᠢ ᠰᠢᠢᠳᠪᠦᠷᠢᠯᠡᠬᠦ | ᠨᠣᠷᠮ᠎ᠠ᠂ ᠳᠦᠪᠯᠡᠷᠡᠬᠦᠯᠦᠨ ᠳᠣᠯᠠᠭᠠᠯᠭ᠎ᠠ ᠬᠠᠩᠭᠠᠬᠤ ᠨᠣᠷᠮ᠎ᠠ᠂ ᠮᠧᠬᠠᠨᠢᠭᠵᠢᠭᠰᠠᠨ ᠱᠦᠬᠦᠷᠳᠡᠨ ᠴᠡᠪᠡᠷᠰᠢᠭᠦᠯᠬᠦ | ᠨᠣᠷᠮ᠎ᠠ ᠵᠡᠷᠭᠡ ᠨᠢ ᠳᠣᠰ ᠳᠣᠰ 97%᠂ 90%᠂ 86.5%᠂ 60% ᠳᠤ ᠬᠦᠷᠪᠡ᠃ ᠬᠤᠳᠠ ᠶᠢᠨ | ᠨᠠᠷᠢᠯᠢᠭᠵᠢᠭᠤᠯᠣᠭᠰᠠᠨ ᠬᠠᠮᠢᠶᠠᠷᠣᠯᠳᠠ ᠶᠢ ᠦᠨᠡᠨᠬᠦ ᠴᠢᠩᠭᠠᠳᠬᠠᠵᠦ᠂ ᠬᠤᠳᠠ ᠶᠢᠨ ᠳᠦᠷᠢ ᠳᠦᠷᠬᠦ᠂ ᠫᠠᠶᠢᠰᠠ | ᠢᠯᠡᠷᠬᠡᠶᠢᠯᠡᠯ᠂ ᠵᠠᠬ᠎ᠠ ᠳᠡᠯᠬᠡᠬᠦᠷ ᠤᠨ ᠡᠮᠬᠢ ᠳᠢᠭᠯᠢᠮ᠂ ᠬᠠᠶᠠᠭᠳᠠᠮᠠᠯ ᠪᠣᠳᠠᠰ ᠢ ᠬᠤᠳᠠᠯᠳᠣᠨ ᠠᠪᠬᠤ᠂ ᠬᠤᠭ ᠰᠢᠷᠣᠢ | ᠶᠢ ᠴᠡᠪᠡᠷᠯᠡᠨ ᠳᠡᠭᠡᠭᠡᠪᠣᠷᠢᠯᠡᠬᠦ᠂ ᠳᠣᠭᠤᠰᠦ ᠳᠡᠭᠳᠡᠬᠦ ᠶᠢ ᠵᠠᠰᠠᠬᠤ ᠵᠡᠷᠭᠡ ︽ᠵᠢᠷᠭᠤᠭᠠᠨ ᠶᠡᠭᠡ ᠪᠣᠭᠤᠮᠳᠠ | ᠰᠢᠪᠳᠣᠯᠣᠯᠳᠠ︾ ᠶᠢᠨ ᠳᠣᠰᠬᠠᠢ ᠵᠠᠰᠠᠨ ᠴᠡᠭᠴᠡᠯᠡᠬᠦ ᠠᠵᠢᠯᠯᠠᠭ᠎ᠠ ᠶᠢ ᠲᠦᠪᠯᠡᠷᠡᠭᠦᠯᠦᠨ ᠦᠷᠨᠢᠬᠦᠯᠵᠦ᠂ ᠬᠤᠷᠢᠶᠠᠨ | ᠠᠰᠢᠭᠯᠠᠵᠦ ᠪᠣᠯᠬᠤ ᠡᠬᠢ ᠪᠠᠶᠠᠯᠢᠭ ᠤᠨ ᠳᠦᠪ ᠢ ᠪᠦᠳᠦᠬᠡᠨ ᠪᠠᠶᠢᠭᠤᠯᠵᠣ᠂ ᠬᠤᠳᠠ ᠳᠣᠳᠣᠷᠠᠬᠢ ᠬᠠᠶᠠᠭᠳᠠᠮᠠᠯ | ᠪᠣᠳᠠᠰ ᠢ ᠬᠤᠳᠠᠯᠳᠣᠨ ᠠᠪᠬᠤ ᠠᠵᠦ ᠠᠬᠤᠶᠢᠯᠠᠯ ᠢ ᠪᠦᠬᠦᠨ ᠢ ᠨᠡᠭᠦᠯᠭᠡᠨ ᠰᠢᠯᠵᠢᠭᠦᠯᠵᠣ᠂ 21 ᠬᠠᠭᠤᠴᠢᠷᠠᠭᠰᠠᠨ | ᠰᠠᠭᠤᠭᠠᠯᠢ ᠳᠣᠭᠤᠷᠢᠭ ᠤᠨ ᠶᠡᠷᠦᠩᠬᠡᠶᠢᠯᠡᠭᠰᠡᠨ ᠵᠠᠰᠠᠨ ᠰᠢᠨᠡᠴᠢᠯᠡᠯᠳᠡ ᠪᠠ 6 ᠰᠠᠭᠤᠭᠠᠯᠢ ᠳᠣᠭᠤᠷᠢᠭ ᠤᠨ ᠣᠳᠣ | ᠪᠠᠶᠢᠭ᠎ᠠ ᠪᠠᠷᠢᠯᠭ᠎ᠠ ᠶᠢᠨ ᠡᠨᠧᠷᠬᠢ ᠠᠷᠪᠢᠯᠠᠬᠤ ᠵᠠᠰᠠᠨ ᠰᠢᠨᠡᠴᠢᠯᠡᠯᠳᠡ ᠶᠢ ᠳᠠᠭᠤᠰᠬᠠᠨ᠂ 150 ᠰᠠᠭᠤᠷᠢ ᠭᠡᠷ | ᠪᠠᠶᠢᠰᠢᠩ ᠢ ᠵᠠᠰᠠᠨ ᠰᠢᠨᠡᠴᠢᠯᠡᠬᠦ ᠡᠬᠦᠷᠭᠡ ᠶᠢ ᠪᠡᠶᠡᠯᠡᠭᠦᠯᠦᠨ᠂ ᠬᠤᠳᠠ ᠶᠢᠨ ᠰᠠᠭᠤᠷᠢᠰᠢᠨ ᠠᠮᠢᠳᠣᠷᠠᠬᠤ ᠣᠷᠴᠢᠨ | ᠨᠦᠬᠦᠴᠡᠯ ᠤᠨ ᠬᠢᠷᠢ ᠲᠦᠪᠰᠢᠨ ᠦᠷᠬᠦᠯᠵᠢᠯᠡᠨ ᠳᠡᠭᠡᠭᠰᠢᠯᠡᠪᠡ᠃ | ᠳᠠᠪᠤ᠂ ᠬᠦᠳᠡᠭᠡ ᠳᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠡᠬᠢᠯᠡᠨ ᠬᠡᠷᠡᠭᠵᠢᠬᠦᠯᠵᠦ᠂ | ᠮᠠᠯᠵᠢᠬᠤ ᠳᠠᠷᠢᠶᠠᠯᠠᠬᠤ ᠣᠷᠣᠨ ᠤ ᠠᠵᠢᠯ ᠢ ᠳᠣᠭᠳᠠᠭᠤᠨ ᠢᠶᠠᠷ ᠲᠦᠯᠬᠢᠨ ᠠᠬᠢᠭᠤᠯᠪᠠ | ᠬᠦᠳᠡᠭᠡ ᠳᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠲᠦᠯᠦᠪᠵᠢᠭᠦᠯᠬᠡ ᠶᠢ | ᠨᠠᠶᠢᠷᠠᠭᠤᠯᠬᠤ ᠠᠵᠢᠯ ᠢ ᠪᠦᠬᠦ ᠳᠠᠯ᠎ᠠ ᠪᠠᠷ ᠡᠬᠢᠯᠡᠭᠦᠯᠵᠣ᠂ ︽ᠡᠷᠢᠶᠡᠨ ᠬᠤᠳᠠ ᠶᠢᠨ ᠮᠠᠯᠵᠢᠬᠤ ᠲᠠᠷᠢᠶᠠᠯᠠᠬᠤ ᠣᠷᠣᠨ | ᠤ ᠰᠠᠭᠤᠷᠢᠰᠢᠨ ᠠᠮᠢᠳᠣᠷᠠᠬᠤ ᠣᠷᠴᠢᠨ ᠨᠦᠬᠦᠴᠡᠯ ᠢ ᠴᠡᠭᠴᠡᠯᠡᠬᠦ ᠭᠤᠷᠪᠠᠨ ᠵᠢᠯ ᠤᠨ ᠠᠵᠢᠯᠯᠠᠭᠠᠨ ᠤ ᠳᠦᠰᠣᠯ ︵ | 2018—2020 ᠣᠨ︶︾ ᠢ ᠳᠣᠭᠳᠠᠭᠠᠨ ᠨᠠᠶᠢᠳᠠᠯᠡᠵᠦ᠂ ᠮᠢᠬ᠎ᠠ ᠰᠦ ᠶᠢ ᠵᠡᠷᠭᠡᠪᠡᠷ ᠠᠰᠢᠭᠯᠠᠬᠤ ᠦᠬᠡᠷ | ᠳᠡᠵᠢᠬᠡᠬᠦ ᠠᠵᠦ ᠦᠢᠯᠡᠰ᠂ ᠰᠦᠨᠢᠳ ᠬᠤᠣᠰ ᠪᠦᠬᠡᠳᠦ ᠳᠡᠮᠡᠭᠡ ᠶᠢ ᠳᠡᠵᠢᠬᠡᠬᠦ ᠠᠵᠦ ᠦᠢᠯᠡᠰ᠂ ᠣᠯᠠᠮᠵᠢᠯᠠᠯᠳᠣ ᠮᠠᠯ | ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠳᠡᠰ ᠳᠡᠪᠰᠢᠭᠦᠯᠬᠦ᠂ ᠰᠠᠶᠢᠨ ᠡᠬᠦᠯᠳᠡᠷ ᠤᠨ ᠣᠷᠣᠯᠳᠣᠭᠠᠨ ᠤ ᠮᠣᠷᠢ | ᠶᠢ ᠪᠣᠶᠢᠵᠢᠭᠤᠯᠬᠤ ᠵᠡᠷᠭᠡ ᠵᠢᠱᠢᠶ᠎ᠡ ᠦᠵᠡᠬᠦᠯᠬᠦ ᠳᠦᠷᠦᠯ ᠵᠦᠢᠯ ᠢ ᠯᠠᠪᠳᠠᠭᠤᠨ ᠪᠠᠳᠣᠳᠠᠢ ᠳᠦᠯᠬᠢᠨ ᠠᠬᠢᠭᠤᠯᠵᠦ᠂ | ᠪᠠᠷᠢᠮᠵᠢᠶᠠᠵᠢᠭᠰᠠᠨ ᠮᠠᠯ ᠰᠦᠷᠦᠭ ᠢ ᠳᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠣᠨ᠂ ᠰᠦᠨᠢᠳ ᠬᠤᠨᠢᠨ | ᠤ ᠰᠢᠯᠢᠳᠡᠭ ᠡᠬᠦᠯᠳᠡᠷ ᠢ ᠬᠠᠮᠠᠭᠠᠯᠠᠨ ᠪᠣᠶᠢᠵᠢᠭᠤᠯᠬᠤ ᠪᠠ ᠬᠦᠭᠵᠢᠭᠦᠯᠬᠦ ᠶᠢ ᠴᠢᠩᠭᠠᠳᠬᠠᠵᠣ᠂ ᠮᠠᠯ ᠠᠵᠦ ᠠᠬᠤᠢ | ᠶᠢᠨ ᠠᠵᠦ ᠦᠢᠯᠡᠰᠴᠢᠯᠡᠯᠳᠠ ᠪᠠ ᠡᠷᠴᠢᠮᠵᠢᠬᠦᠯᠦᠯᠳᠠ ᠶᠢᠨ ᠬᠦᠭᠵᠢᠯᠳᠡ ᠶᠢ ᠳᠦᠯᠬᠢᠨ ᠠᠬᠢᠭᠤᠯᠪᠠ᠃ ︽ᠮᠠᠯᠴᠢᠨ | ᠠᠶᠢᠯ︾ ︵ᠳᠠᠷᠢᠶᠠᠴᠢᠨ ᠠᠶᠢᠯ ᠤᠨ ᠪᠠᠶᠠᠰᠣᠯ︶ ᠢ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠬᠦᠯᠵᠦ᠂ ᠬᠡᠷ ᠪᠦᠯᠢ | ᠶᠢᠨ ᠮᠠᠯᠵᠢᠯ ᠤᠨ ᠳᠠᠯᠠᠪᠠᠢ ᠶᠢ ᠨᠣᠳᠠᠯᠠᠨ ᠳᠣᠭᠳᠠᠭᠠᠵᠣ ᠳᠡᠳᠭᠦᠨ ᠳᠡᠮᠵᠢᠬᠦ ᠠᠵᠢᠯ ᠢ ᠳᠠᠭᠤᠰᠬᠠᠨ᠂ ᠰᠢᠨ᠎ᠡ ᠮᠠᠶ᠋ᠢᠭ | ᠤᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠠ ᠶᠢᠨ ᠭᠤᠣᠯ ᠴᠣᠭᠴᠠ ᠶᠢ ᠠᠯᠬᠤᠮ ᠠᠯᠬᠤᠮ ᠢᠶᠠᠷ | ᠬᠦᠴᠦᠷᠬᠡᠭᠵᠢᠭᠦᠯᠪᠡ᠃ ᠳᠣᠯᠣᠭᠠᠶᠢᠯᠠᠭᠴᠢ ᠠᠵᠦ ᠠᠬᠤᠶᠢᠯᠠᠯ ᠪᠠ ᠮᠠᠯᠴᠢᠨ ᠲᠠᠷᠢᠶᠠᠴᠢᠳ ᠤᠨ ᠠᠰᠢᠭ ᠳᠣᠰᠠ ᠶᠢ | ᠬᠤᠯᠪᠣᠬᠤ ᠳᠣᠭᠳᠠᠯᠴᠠᠭ᠎ᠠ ᠶᠢ ᠳᠡᠬᠦᠯᠳᠡᠷᠵᠢᠬᠦᠯᠵᠦ᠂ ᠬᠤᠣ ᠱᠧᠩ᠂ ᠸᠧ ᠲᠦ᠋ ᠳ᠋ᠢ ᠵᠡᠷᠭᠡ ᠣᠷᠭᠠᠨᠢᠭ ᠪᠣᠷᠳᠣᠭᠤᠷ | ᠤᠨ ᠠᠵᠦ ᠠᠬᠤᠶᠢᠯᠠᠯ ᠪᠣᠯᠣᠨ ᠮᠠᠯᠴᠢᠨ ᠳᠠᠷᠢᠶᠠᠴᠢᠨ ᠡᠷᠦᠬᠡ ᠶᠢᠨ ᠳᠣᠭᠳᠠᠭᠤᠨ ᠢᠶᠠᠷ ᠬᠠᠮᠳᠣᠷᠠᠨ ᠠᠵᠢᠯᠯᠠᠬᠤ | ᠬᠠᠷᠢᠴᠠᠭ᠎ᠠ ᠶᠢ ᠪᠠᠶᠢᠭᠤᠯᠵᠦ᠂ ︽ᠬᠦᠯᠠᠮᠵᠢ ᠲᠠᠢ ᠲᠦᠭᠦᠷᠵᠢᠭᠦᠯᠦᠭᠰᠡᠨ ᠭᠡᠷ ᠪᠠᠶᠢᠰᠢᠩ︾ ᠤᠨ ᠳᠣᠰᠬᠠᠢ | ᠴᠡᠭᠴᠡᠯᠡᠯᠳᠡ ᠶᠢ ᠵᠣᠬᠢᠶᠠᠨ ᠪᠠᠶᠢᠭᠤᠯᠣᠨ ᠬᠡᠷᠡᠭᠵᠢᠭᠦᠯᠵᠣ᠂ ᠮᠡᠯᠴᠢᠨ ᠲᠠᠷᠢᠶᠠᠴᠢᠳ ᠤᠨ ᠳᠣᠭᠳᠠᠭᠤᠨ ᠢᠶᠠᠷ ᠣᠷᠣᠯᠭ᠎ᠠ | ᠪᠠᠨ ᠨᠡᠮᠡᠭᠳᠡᠭᠦᠯᠵᠣ ᠪᠠᠶᠠᠵᠢᠯ ᠤᠨ ᠵᠠᠮ ᠢᠶᠠᠷ ᠵᠠᠮᠨᠠᠬᠤ ᠶᠢ ᠪᠡᠶᠡᠯᠡᠭᠦᠯᠪᠡ᠃ ᠭᠠᠭ᠋ᠠᠢ ᠶᠢᠨ ᠬᠢᠵᠢᠭ ᠤᠨ ᠪᠠᠶᠢᠴᠠᠭᠠᠯᠳᠠ᠂ | ᠳᠡᠵᠢᠬᠡᠵᠦ ᠨᠢᠳᠦᠯᠬᠦ ᠭᠠᠵᠠᠷ ᠤᠨ ᠪᠠᠶᠢᠴᠠᠭᠠᠯᠳᠠ ᠪᠠ ᠵᠠᠬ᠎ᠠ ᠳᠡᠯᠬᠡᠬᠦᠷ ᠤᠨ ᠰᠣᠯᠢᠯᠴᠠᠭᠠᠨ ᠳᠠᠬᠢ ᠬᠢᠨᠠᠨ | ᠬᠠᠮᠢᠶᠠᠷᠣᠯᠳᠠ ᠪᠠᠨ ᠴᠢᠩᠭᠠᠳᠬᠠᠵᠦ᠂ ᠠᠹᠷᠢᠺᠠ ᠶᠢᠨ ᠭᠠᠭ᠋ᠠᠢ ᠶᠢᠨ ᠬᠢᠵᠢᠭ ᠤᠨ ᠬᠠᠯᠳᠠᠪᠣᠷᠢᠯᠠᠨ ᠣᠷᠣᠵᠦ ᠢᠷᠡᠬᠦ ᠶᠢ | ᠡᠷᠡᠰ ᠰᠡᠷᠬᠡᠶᠢᠯᠡᠨ᠎ᠡ᠃ | ᠵᠢᠷᠭᠤᠭ᠎ᠠ᠂ ᠨᠠᠶᠢᠬᠡᠮ ᠤᠨ ᠦᠢᠯᠡᠰ ᠪᠦᠬᠦ ᠳᠠᠯ᠎ᠠ ᠪᠠᠷ ᠬᠦᠭᠵᠢᠵᠣ᠂ ᠠᠷᠠᠳ ᠤᠨ ᠠᠮᠢᠳᠣᠷᠠᠯ ᠤᠨ ᠴᠢᠨᠠᠷ ᠴᠢᠨᠰᠠᠭ᠎ᠠ | ᠦᠷᠭᠦᠯᠵᠢᠯᠡᠨ ᠳᠡᠭᠡᠭᠰᠢᠯᠡᠪᠡ | ᠪᠦᠬᠦ ᠵᠢᠯ ᠳᠤ 13.9 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠨ ᠠᠷᠠᠳ ᠤᠨ ᠠᠮᠢᠳᠣᠷᠠᠯ ᠪᠠ | ᠨᠠᠶᠢᠬᠡᠮ ᠤᠨ ᠦᠢᠯᠡᠰ ᠢ ᠬᠦᠭᠵᠢᠭᠦᠯᠵᠣ᠂ ᠡᠳ᠋ ᠤᠨ ᠵᠠᠰᠠᠭ ᠤᠨ ᠵᠠᠷᠣᠯᠭ᠎ᠠ ᠶᠢᠨ 66.5% ᠬᠠᠷᠢᠴᠠᠯ ᠢ ᠡᠵᠡᠯᠡᠵᠦ᠂ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ᠃ ︽ᠠᠷᠠᠳ ᠣᠯᠠᠨ ᠢᠶᠠᠷ ᠢᠶᠠᠨ | ᠦᠢᠯᠡᠰ ᠪᠣᠰᠬᠠᠵᠦ᠂ ᠪᠦᠬᠦ ᠨᠡᠶᠢᠭᠡᠮ ᠢᠶᠠᠷ ᠢᠶᠠᠨ ᠰᠢᠨ᠎ᠡ ᠶᠢ ᠡᠬᠦᠳᠬᠦ︾ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠣᠨ | ᠂ ︽ᠨᠢᠭᠡ ᠬᠦᠷᠢᠶᠡᠯᠡᠩ ᠬᠤᠶᠠᠷ ᠰᠠᠭᠤᠷᠢᠨ ᠭᠠᠵᠠᠷ︾ ᠤᠨ ᠦᠢᠯᠡᠰ ᠪᠣᠰᠬᠠᠯᠳᠠ ᠪᠠᠷ ᠠᠵᠢᠯ ᠣᠯᠭᠤᠯᠳᠠ ᠶᠢ | ᠳᠠᠶᠢᠴᠢᠯᠠᠬᠤ ᠶᠢ ᠳᠦᠯᠬᠢᠨ ᠠᠬᠢᠭᠤᠯᠵᠦ᠂ ᠦᠢᠯᠡᠰ ᠪᠣᠰᠬᠠᠬᠤ ᠬᠦᠭᠵᠢᠯᠳᠠ ᠶᠢᠨ ᠪᠡᠯᠡ ᠮᠦᠩᠬᠦ ᠶᠢᠨ ᠲᠦᠷᠦ ᠶᠢᠨ | ᠪᠣᠳᠣᠯᠭ᠎ᠠ ᠶᠢ ᠨᠠᠶᠢᠳᠠᠪᠣᠷᠢᠵᠢᠭᠤᠯᠣᠨ᠂ ᠬᠤᠳᠠ ᠪᠠᠯᠭᠠᠰᠣᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠳᠠ ᠶᠢᠨ | ᠳᠤᠭ᠎ᠠ 819 ᠬᠦᠮᠦᠨ ᠪᠠᠶᠢᠵᠦ᠂ ᠬᠤᠳᠠ ᠪᠠᠯᠭᠠᠰᠣᠨ ᠤ ᠠᠵᠢᠯ ᠠᠯᠳᠠᠭᠰᠠᠳ ᠤᠨ ᠳᠠᠩᠰᠠᠯᠠᠯᠳᠠ ᠶᠢᠨ ᠨᠣᠷᠮ᠎ᠠ ᠶᠢ | 2.4% ᠶᠢᠨ ᠳᠣᠳᠣᠷ᠎ᠠ ᠬᠢᠵᠠᠭᠠᠷᠯᠠᠪᠠ᠃ ᠡᠯ᠎ᠡ ᠰᠣᠷᠭᠠᠭᠤᠯᠢ ᠶᠢᠨ ᠬᠦᠷᠢᠶᠡᠨ ᠤ ᠳᠠᠮᠢᠷ ᠤᠨ ᠳᠠᠯᠠᠪᠠᠢ ᠣᠷᠳᠣᠨ᠂ | ᠵᠢᠭᠠᠨ ᠰᠣᠷᠭᠠᠯᠳᠠ ᠶᠢᠨ ᠠᠰᠠᠷ ᠵᠡᠷᠭᠡ ᠲᠦᠷᠦᠯ ᠵᠦᠢᠯ ᠢ ᠪᠠᠷᠢᠯᠭ᠎ᠠ ᠳᠠᠭᠤᠰᠬᠠᠨ ᠠᠰᠢᠭᠯᠠᠯᠳᠠ ᠳᠤ ᠣᠷᠣᠭᠤᠯᠵᠦ᠂ | ᠰᠣᠷᠭᠠᠨ ᠬᠦᠮᠦᠵᠢᠯ ᠤᠨ ᠰᠠᠭᠤᠷᠢ ᠳᠦᠬᠦᠬᠡᠷᠣᠮᠵᠢ ᠶᠢᠨ ᠨᠦᠬᠦᠴᠡᠯ ᠢ ᠣᠯᠠᠮ ᠨᠢᠭᠡ ᠠᠯᠬᠤᠮ ᠰᠠᠶᠢᠵᠢᠷᠠᠭᠤᠯᠪᠠ᠃ | ᠪᠠᠭᠰᠢ ᠶᠢᠨ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠨ᠂ ᠵᠢᠭᠠᠨ ᠰᠣᠷᠭᠠᠯᠳᠠ ᠶᠢᠨ ᠶᠠᠰᠣ ᠴᠢᠨᠠᠷ ᠢ ᠴᠢᠩᠭ᠎ᠠ | ᠠᠳᠬᠤᠵᠣ᠂ 74 ᠨᠡᠷᠡᠰ ᠳᠣᠮᠳᠠᠳᠦ ᠪᠠᠭ᠎ᠠ ᠰᠣᠷᠭᠠᠭᠤᠯᠢ ᠶᠢᠨ ᠪᠠᠭᠰᠢ ᠶᠢ ᠨᠠᠶᠢᠬᠡᠮ ᠠᠴᠠ ᠰᠢᠨ᠎ᠡ ᠪᠠᠷ ᠡᠯᠰᠡᠵᠦ᠂ | ᠬᠢᠳᠠᠳ ᠢᠶᠠᠷ ᠰᠣᠷᠣᠭᠰᠠᠳ ᠤᠨ ᠶᠡᠭᠡ ᠰᠣᠷᠭᠠᠭᠤᠯᠢ ᠶᠢᠨ ᠵᠢᠩᠬᠢᠨᠢ ᠠᠩᠬᠢ ᠳᠤ ᠰᠢᠯᠭᠠᠨ ᠣᠷᠣᠭᠰᠠᠨ ᠨᠣᠷᠮ᠎ᠠ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 13.1 ᠵᠠᠭᠤᠨ ᠤ ᠬᠤᠪᠢ ᠪᠠᠷ ᠳᠡᠭᠡᠭᠰᠢᠯᠡᠵᠦ᠂ ᠮᠣᠩᠭᠤᠯ | ᠢᠶᠠᠷ ᠰᠣᠷᠣᠭᠰᠠᠳ ᠤᠨ ᠶᠡᠭᠡ ᠰᠣᠷᠭᠠᠭᠤᠯᠢ ᠶᠢᠨ ᠵᠢᠩᠬᠢᠨᠢ ᠠᠩᠬᠢ ᠶᠢᠨ ᠨᠢᠭᠡᠳᠦᠬᠡᠷ ᠡᠬᠡᠯᠵᠢ ᠶᠢᠨ ᠱᠣᠭᠤᠮ ᠢ | ᠳᠠᠪᠠᠭᠰᠠᠳ ᠤᠨ ᠨᠣᠷᠮ᠎ᠠ ᠨᠢ ᠨᠢᠳᠣᠨᠣᠨ ᠠᠴᠠ 10 ᠵᠠᠭᠤᠨ ᠤ ᠬᠤᠪᠢ ᠪᠠᠷ ᠳᠡᠭᠡᠭᠰᠢᠯᠡᠪᠡ᠃ ᠪᠦᠬᠦ ᠣᠯᠣᠰ ᠤᠨ | ᠡᠷᠡᠭᠦᠯ ᠬᠠᠮᠠᠭᠠᠯᠠᠯ ᠤᠨ ᠬᠤᠳᠠ ᠶᠢ ᠪᠦᠳᠦᠬᠡᠨ ᠪᠠᠶᠢᠭᠤᠯᠬᠤ ᠪᠠᠷ ᠨᠢᠭᠡᠳᠦᠯᠳᠠᠢ ᠵᠢᠯᠣᠭᠤᠳᠣᠭᠤᠯᠣᠨ᠂ ᠦᠪᠡᠷᠳᠡᠬᠡᠨ | ᠵᠠᠰᠠᠬᠤ ᠣᠷᠣᠨ ᠤ ᠣᠳᠠᠭᠠᠨ ᠴᠢᠨᠠᠷᠳᠠᠢ ᠬᠠᠯᠳᠠᠪᠣᠷᠢᠳᠦ ᠪᠣᠰᠦ ᠡᠪᠡᠳᠴᠢᠨ ᠬᠢᠵᠢᠭ ᠢ ᠶᠡᠷᠦᠩᠬᠡᠶᠢᠯᠡᠨ ᠰᠡᠷᠭᠡᠶᠢᠯᠡᠨ | ᠡᠷᠬᠡᠰᠢᠶᠡᠬᠦ ᠵᠢᠱᠢᠶ᠎ᠡ ᠦᠵᠡᠭᠦᠯᠬᠦ ᠣᠷᠣᠨ ᠢ ᠠᠮᠵᠢᠯᠳᠠ ᠲᠠᠢ ᠡᠭᠦᠳᠦᠨ ᠪᠠᠶᠢᠭᠤᠯᠵᠣ᠂ ᠭᠡᠷᠡᠯᠳᠦᠠᠣᠳᠣ ᠰᠣᠮᠣᠨ ᠤ 5 | ᠭᠠᠴᠠᠭ᠎ᠠ ᠣᠷᠣᠨ ᠤ ᠳᠡᠰ ᠤᠨ ᠡᠷᠡᠭᠦᠯ ᠬᠠᠮᠠᠭᠠᠯᠠᠯ ᠤᠨ ᠰᠣᠮᠣ᠂ ᠭᠠᠴᠠᠭ᠎ᠠ ᠶᠢ ᠡᠭᠦᠳᠦᠨ ᠪᠠᠶᠢᠭᠤᠯᠵᠣ᠂ ᠬᠤᠳᠠ | ᠶᠢᠨ ᠡᠮᠨᠡᠯᠭᠡ ᠶᠢᠨ ᠬᠤᠷᠢᠶᠠᠨ ᠤ ᠰᠠᠭᠤᠷᠢ ᠳᠦᠬᠦᠬᠡᠷᠣᠮᠵᠢ ᠶᠢᠨ ᠰᠢᠨᠡᠴᠢᠯᠡᠯᠳᠡ᠂ ᠣᠯᠠᠨ ᠣᠯᠣᠰ ᠤᠨ ᠪᠠᠴᠢᠮ | ᠠᠪᠣᠷᠠᠯᠳᠠ ᠶᠢᠨ ᠳᠦᠪ ᠤᠨ ᠳᠦᠷᠦᠯ ᠵᠦᠢᠯ ᠢ ᠪᠦᠲᠦᠭᠡᠨ ᠪᠠᠶᠢᠭᠤᠯᠣᠨ ᠠᠰᠢᠭᠯᠠᠯᠳᠠ ᠳᠤ ᠣᠷᠣᠭᠤᠯᠵᠣ᠂ ᠬᠤᠳᠠ | ᠶᠢᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠳᠠᠳ ᠡᠮᠨᠡᠯᠭᠡ ᠶᠢᠨ ᠬᠤᠷᠢᠶ᠎ᠠ ᠵᠡᠷᠭᠡ ᠨᠢ ᠦᠪᠡᠷᠳᠡᠬᠡᠨ ᠵᠠᠰᠠᠬᠤ ᠣᠷᠣᠨ | ᠤ ᠡᠮ ᠡᠮᠨᠡᠯᠭᠡ ᠶᠢᠨ ᠬᠤᠯᠪᠣᠭᠠᠳᠦ ᠴᠣᠭᠴᠠ ᠳᠤ ᠬᠠᠮᠣᠷᠣᠭᠳᠠᠨ ᠣᠷᠣᠪᠠ᠃ ᠣᠯᠠᠭᠠᠨᠮᠦ᠋ᠴᠢᠷ ᠤᠨ ᠠᠵᠢᠯ ᠢ ᠪᠦᠬᠦ | ᠳᠠᠯ᠎ᠠ ᠪᠠᠷ ᠳᠦᠯᠬᠢᠨ ᠠᠬᠢᠭᠤᠯᠵᠣ᠂ ᠣᠯᠠᠭᠠᠨᠮᠦ᠋ᠴᠢᠷ ᠤᠨ ᠳᠠᠭᠤᠣ ᠪᠦᠵᠢᠭ ᠤᠨ ᠪᠣᠯᠪᠠᠰᠣᠷᠠᠯ ᠤᠨ ᠲᠢᠩᠬᠢᠮ ᠵᠢᠴᠢ | ᠢᠵᠢ ᠪᠦᠷᠢᠳᠦᠭᠦᠯᠦᠭᠰᠡᠨ ᠳᠣᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ ᠢ ᠡᠬᠢᠯᠡᠨ | ᠪᠠᠶᠢᠭᠤᠯᠵᠣ᠂ ᠦᠬᠡᠷᠡᠴᠢᠯᠡᠯᠳᠠ ᠨᠡᠭᠡᠭᠡᠯᠳᠠ ᠶᠢᠨ 40 ᠵᠢᠯ ᠤᠨ ᠣᠢ ᠶᠢ ᠪᠠᠶᠠᠷᠯᠠᠨ ᠪᠡᠯᠭᠡᠯᠡᠬᠦ ᠳᠣᠮᠣ ᠬᠡᠪᠴᠢᠶᠡᠨ ᠤ | ᠳᠠᠭᠤᠣ ᠪᠦᠵᠢᠭᠳᠦ ᠰᠢᠯᠦᠭᠯᠡᠯᠳᠣ ᠵᠦᠴᠦᠭᠡ ︽ᠵᠠᠮ︾ ᠢ ᠨᠠᠶᠢᠷᠠᠭᠤᠯᠣᠨ ᠵᠣᠬᠢᠶᠠᠪᠠ᠃ ᠬᠤᠳᠠ ᠶᠢᠨ ᠨᠣᠮ ᠤᠨ | ᠰᠠᠩ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠡᠷᠢᠶᠡᠨ ᠣᠯᠠᠭ᠎ᠠ ᠦᠷᠳᠡᠭᠡᠨ ᠤ ᠦᠯᠡᠳᠡᠭᠳᠡᠯ ᠤᠨ | ᠮᠦᠽᠸᠢ ᠪᠦᠬᠦ ᠣᠯᠣᠰ ᠤᠨ ᠭᠤᠣᠯᠳᠠᠯᠭ᠎ᠠ ᠲᠠᠢ ᠰᠣᠶᠣᠯ ᠤᠨ ᠦᠪ ᠤᠨ ᠬᠠᠮᠠᠭᠠᠯᠠᠯᠳᠠ ᠶᠢᠨ ᠨᠢᠭᠡᠴᠡ ᠪᠠᠷ | ᠵᠦᠪᠰᠢᠶᠡᠷᠡᠭᠳᠡᠪᠡ᠃ ᠢᠳᠡᠬᠡᠨ ᠤ ᠠᠮᠣᠷ ᠳᠦᠪᠰᠢᠨ ᠤ ᠵᠢᠱᠢᠶ᠎ᠡ ᠦᠵᠡᠬᠦᠯᠬᠦ ᠬᠤᠳᠠ ᠶᠢ ᠪᠦᠬᠦ ᠬᠦᠴᠦᠨ ᠢᠶᠠᠷ | ᠡᠭᠦᠳᠦᠨ ᠪᠠᠶᠢᠭᠤᠯᠵᠦ᠂ ᠣᠶᠣᠨᠴᠢ ᠢᠳᠡᠬᠡᠨ ᠪᠠ ᠡᠮ ᠤᠨ ᠵᠦᠢᠯ ᠳᠤ ᠬᠢᠨᠠᠯᠳᠠ ᠳᠠᠯᠪᠢᠬᠤ ᠡᠯᠧᠺᠲ᠋ᠣᠷᠣᠨ ᠬᠢᠨᠠᠯᠳᠠ | ᠬᠠᠮᠢᠶᠠᠷᠣᠯᠳᠠ ᠶᠢᠨ ᠳᠦᠷᠦᠯ ᠵᠦᠢᠯ ᠢ ᠯᠠᠪᠳᠠᠭᠤᠨ ᠪᠠᠳᠣᠳᠠᠢ ᠳᠦᠯᠬᠢᠨ ᠠᠬᠢᠭᠤᠯᠵᠦ᠂ ᠳᠣᠭᠤᠭᠠᠨ ᠬᠡᠷ ᠤᠨ | ᠬᠠᠶᠠᠭᠳᠠᠮᠠᠯ ᠢ ᠪᠣᠬᠢᠷᠳᠣᠯ ᠦᠬᠡᠢ ᠰᠢᠢᠳᠪᠣᠷᠢᠯᠡᠬᠦ ᠳᠦᠷᠦᠯ ᠵᠦᠢᠯ ᠢ ᠳᠣᠷᠰᠢᠨ ᠬᠡᠷᠡᠭᠯᠡᠵᠦ᠂ ᠵᠢᠶᠦ᠋ᠨ ᠸᠧᠢ ᠢᠳᠡᠬᠡᠨ | ᠤ ᠵᠦᠢᠯ ᠢ ᠪᠣᠯᠪᠠᠰᠣᠷᠠᠭᠤᠯᠬᠤ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠦᠳᠦᠬᠡᠨ | ᠪᠠᠶᠢᠭᠤᠯᠵᠦ ᠠᠰᠢᠭᠯᠠᠯᠳᠠ ᠳᠤ ᠣᠷᠣᠭᠤᠯᠪᠠ᠃ ᠣᠨᠳᠣᠦ ᠭᠠᠵᠠᠷ ᠡᠮᠨᠡᠭᠦᠯᠵᠣ ᠡᠮᠨᠡᠯᠭᠡ ᠳᠤ ᠰᠠᠭᠤᠬᠤ ᠰᠦᠢᠳᠬᠡᠯ ᠢ | ᠰᠢᠭᠤᠳ ᠳ᠋ᠦᠩᠨᠡᠨ ᠪᠣᠳᠣᠬᠤ ᠶᠢ ᠦᠷᠬᠦᠯᠵᠢᠯᠡᠨ ᠬᠡᠷᠡᠭᠵᠢᠬᠦᠯᠵᠦ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ | ᠨᠠᠰᠣᠵᠢᠯ ᠤᠨ ᠮᠦᠩᠬᠦ ᠪᠠ ᠬᠤᠳᠠ ᠬᠦᠳᠡᠭᠡ ᠶᠢᠨ ᠳᠣᠣᠷ᠎ᠠ ᠪᠠᠳᠣᠯᠠᠭ᠎ᠠ ᠵᠡᠷᠭᠡ ᠭᠤᠣᠯᠳᠠᠯᠭ᠎ᠠ ᠲᠠᠢ ᠠᠷᠠᠳ ᠤᠨ | ᠠᠮᠢᠳᠣᠷᠠᠯ ᠤᠨ ᠵᠢᠭᠠᠯᠳᠠ ᠳᠤᠭ᠎ᠠ ᠨᠤᠭᠤᠳ ᠨᠢ ᠦᠷᠬᠦᠯᠵᠢᠯᠡᠨ ᠣᠷᠣᠨ ᠠᠶᠢᠮᠠᠭ ᠲᠤ ᠲᠡᠷᠢᠭᠦᠨ ᠡᠩᠨᠡᠭᠡᠨ ᠳᠤ | ᠵᠢᠭᠰᠠᠭᠠᠭᠳᠠᠬᠤ ᠶᠢ ᠪᠠᠳᠣᠯᠠᠪᠠ᠃ ︽ᠬᠤᠶᠠᠷ ᠣᠯᠣᠰ ᠭᠤᠷᠪᠠᠨ ᠭᠠᠵᠠᠷ︾ ᠤᠨ ᠣᠨᠳᠣᠣ ᠭᠠᠵᠠᠷ ᠨᠠᠰᠣᠳᠠᠳ ᠢ | ᠠᠰᠠᠷᠠᠬᠤ ᠠᠵᠢᠯ ᠢ ᠦᠷᠭᠦᠯᠵᠢᠯᠡᠨ ᠦᠷᠨᠢᠭᠦᠯᠵᠣ᠂ ᠵᠢᠯ ᠳᠣᠳᠣᠷ᠎ᠠ 103 ᠨᠠᠰᠣᠳᠠᠨ ᠢ 4 ᠪᠦᠯᠦᠭ ᠬᠤᠪᠢᠶᠠᠵᠦ | ᠣᠨᠳᠣᠣ ᠭᠠᠵᠠᠷ ᠠᠰᠠᠷᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠦ᠂ ᠨᠠᠰᠣᠵᠢᠯ ᠤᠨ ᠠᠰᠠᠷᠠᠮᠵᠢ ᠶᠢᠨ ᠦᠢᠯᠡᠰ ᠢ | ᠳᠠᠰᠣᠷᠠᠯᠳᠠ ᠦᠭᠡᠢ ᠬᠦᠭᠵᠢᠬᠦᠯᠪᠡ᠃ | ᠳᠣᠯᠤᠭ᠎ᠠ᠂ ᠵᠠᠰᠠᠭ ᠤᠨ ᠣᠷᠳᠣᠨ ᠤ ᠳᠣᠰ ᠪᠡᠶ᠎ᠡ ᠶᠢᠨ ᠪᠦᠳᠦᠬᠡᠨ ᠪᠠᠶᠢᠭᠤᠯᠣᠯᠳᠠ ᠶᠢ ᠣᠯᠠᠮ ᠨᠢᠭᠡ ᠠᠯᠬᠤᠮ | ᠴᠢᠩᠭᠠᠳᠬᠠᠵᠦ᠂ ᠵᠠᠰᠠᠭ ᠵᠠᠬᠢᠷᠭᠠᠨ ᠤ ᠦᠷ᠎ᠡ ᠠᠰᠢᠭ ᠢ ᠳᠠᠰᠣᠷᠠᠯᠳᠠ ᠦᠭᠡᠢ ᠳᠡᠭᠡᠭᠰᠢᠯᠡᠭᠦᠯᠪᠡ | ᠵᠠᠰᠠᠭ ᠤᠨ ᠣᠷᠳᠣᠨ ᠤ ᠳᠣᠰ ᠪᠡᠶ᠎ᠡ ᠶᠢᠨ ᠪᠦᠳᠦᠬᠡᠨ ᠪᠠᠶᠢᠭᠤᠯᠣᠯᠳᠠ ᠶᠢ ᠴᠢᠩᠭᠠᠳᠬᠠᠵᠦ᠂ ᠨᠠᠮ ᠢ | ᠪᠦᠬᠦ ᠳᠠᠯ᠎ᠠ ᠪᠠᠷ ᠴᠢᠩᠭ᠎ᠠ ᠵᠠᠰᠠᠬᠤ ᠡᠬᠦᠷᠭᠡ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠂ ᠦᠵᠡᠯ ᠣᠬᠠᠮᠰᠠᠷ ᠤᠨ | ᠬᠡᠯᠪᠡᠷᠢ ᠶᠢᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ︽ᠬᠤᠶᠠᠷ ᠢ | ᠰᠣᠷᠣᠯᠴᠠᠵᠦ ᠬᠢᠷᠢ ᠳᠡᠩᠴᠡᠭᠰᠡᠨ ᠨᠠᠮ ᠤᠨ ᠬᠡᠰᠢᠬᠦᠨ ᠪᠣᠯᠬᠤ︾ ᠰᠣᠷᠣᠯᠴᠠᠯᠭ᠎ᠠ ᠬᠦᠮᠦᠵᠢᠯ ᠢ ᠦᠨᠡᠨᠬᠦ | ᠪᠠᠶᠢᠩᠭᠤᠵᠢᠭᠤᠯᠣᠨ ᠲᠦᠷᠢᠮᠵᠢᠭᠦᠯᠬᠦ ᠶᠢ ᠠᠬᠢᠭᠤᠯᠣᠨ᠂ ︽ᠬᠤᠶᠠᠷ ᠢ ᠬᠠᠮᠠᠭᠠᠯᠠᠬᠤ︾ ᠶᠢ ᠡᠷᠡᠰ ᠬᠦᠢᠴᠡᠳᠬᠡᠵᠦ᠂ | ᠦᠷᠬᠡᠨ ᠣᠯᠠᠨ ᠨᠠᠮ ᠤᠨ ᠬᠡᠰᠢᠬᠦᠨ ᠺᠠᠳ᠋ᠷᠴᠣᠳ ᠤᠨ ︽ᠳᠦᠷᠪᠡᠨ ᠣᠬᠠᠮᠰᠠᠷ︾ ᠢ ᠳᠠᠰᠣᠷᠠᠯᠳᠠ ᠦᠭᠡᠢ | ᠴᠢᠩᠭᠠᠳᠬᠠᠪᠠ᠃ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠦᠳᠦᠬᠡᠨ ᠪᠠᠶᠢᠭᠤᠯᠣᠯᠳᠠ ᠶᠢ ᠬᠦᠨᠵᠡᠭᠡᠶᠢᠷᠡᠭᠦᠯᠦᠨ | ᠠᠬᠢᠭᠤᠯᠵᠣ᠂ ︽ᠳᠣᠯᠣᠳᠣᠭᠠᠷ ᠳᠠᠪᠣᠨ ᠵᠢᠯ︾ ᠤᠨ ᠬᠠᠣᠯᠢ ᠶᠢ ᠳᠦᠬᠡᠮᠡᠯᠵᠢᠬᠦᠯᠬᠦ ᠠᠵᠢᠯᠯᠠᠭ᠎ᠠ ᠶᠢ ᠢᠳᠡᠪᠬᠢᠳᠠᠢ | ᠦᠷᠨᠢᠭᠦᠯᠦᠨ᠂ ᠪᠦᠬᠦ ᠠᠷᠠᠳ ᠤᠨ ᠬᠠᠣᠯᠢ ᠶᠢ ᠬᠦᠨᠳᠦᠳᠬᠡᠬᠦ᠂ ᠬᠠᠣᠯᠢ ᠶᠢ ᠰᠣᠷᠬᠤ᠂ ᠬᠠᠣᠯᠢ ᠶᠢ ᠰᠠᠬᠢᠬᠤ᠂ | ᠬᠠᠣᠯᠢ ᠶᠢ ᠬᠡᠷᠡᠭᠯᠡᠬᠦ ᠦᠵᠡᠯ ᠣᠬᠠᠮᠰᠠᠷ ᠮᠡᠳᠡᠭᠳᠡᠮ᠎ᠡ ᠳᠡᠭᠡᠭᠰᠢᠯᠡᠵᠦ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠ | ᠬᠡᠷᠡᠭ ᠵᠠᠷᠭᠤ ᠶᠢ ᠰᠢᠢᠳᠪᠦᠷᠢᠯᠡᠨ ᠭᠦᠢᠴᠡᠳᠭᠡᠬᠦ ᠴᠢᠨᠠᠷ ᠴᠢᠨᠰᠠᠭ᠎ᠠ ᠶᠢ ᠳᠠᠰᠣᠷᠠᠯᠳᠠ ᠦᠭᠡᠢ ᠳᠡᠭᠡᠭᠰᠢᠯᠡᠭᠦᠯᠦᠨ᠂ | ᠬᠠᠣᠯᠢ ᠪᠠᠷ ᠵᠠᠰᠠᠬᠤ ᠬᠢᠷᠢ ᠳᠦᠪᠰᠢᠨ ᠣᠯᠠᠮ ᠨᠢᠭᠡ ᠠᠯᠬᠤᠮ ᠳᠡᠭᠡᠭᠰᠢᠯᠡᠪᠡ᠃ ᠠᠷᠠᠳ ᠤᠨ ᠳᠦᠯᠦᠬᠡᠯᠡᠭᠴᠢᠳ ᠤᠨ | ᠬᠠᠣᠯᠢ ᠶᠣᠰᠣᠨ ᠤ ᠬᠢᠨᠠᠯᠳᠠ ᠪᠠ ᠣᠯᠣᠰ ᠳᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ ᠪᠦᠬᠦ ᠵᠢᠯ ᠳᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ | ᠤᠨ ᠲᠦᠯᠦᠬᠡᠯᠡᠭᠴᠢᠳ ᠤᠨ ᠰᠠᠨᠠᠯ ᠰᠠᠨᠠᠭᠤᠯᠭ᠎ᠠ ᠪᠠ ᠣᠯᠣᠰ ᠳᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ | ᠳᠣᠷᠠᠳᠣᠯᠭ᠎ᠠ ᠶᠢ ᠨᠠᠶᠢᠳᠠ 88 ᠵᠣᠷᠪᠣᠰ ᠭᠦᠢᠴᠡᠳᠭᠡᠪᠡ᠃ ᠳᠦᠪ ᠤᠨ ᠨᠠᠢᠮᠠᠨ ᠵᠣᠷᠪᠣᠰ ᠳᠣᠭᠳᠠᠭᠠᠯ ᠵᠢᠴᠢ ᠳᠡᠭᠦᠨ | ᠤ ᠬᠡᠷᠡᠭᠵᠢᠬᠦᠯᠬᠦ ᠨᠠᠷᠢᠨ ᠳᠦᠷᠢᠮ ᠪᠣᠯᠣᠨ ᠦᠪᠡᠷᠳᠡᠬᠡᠨ ᠵᠠᠰᠠᠬᠤ ᠣᠷᠣᠨ ᠤ ᠳᠠᠭᠠᠯᠳᠣᠬᠤ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠣᠷᠢᠵᠢᠭᠤᠯᠵᠦ᠂ ︽ᠠᠯᠪᠠᠨ ᠤ ᠭᠤᠷᠪᠠᠨ ᠵᠠᠷᠣᠳᠠᠯ︾ ᠢ 6% ᠪᠠᠷ ᠪᠠᠭᠤᠷᠠᠭᠤᠯᠪᠠ᠃ ᠬᠢᠨᠠᠨ | ᠪᠣᠳᠣᠯᠳᠠ ᠶᠢᠨ ᠬᠢᠨᠠᠯᠳᠠ ᠶᠢ ᠪᠦᠬᠦ ᠳᠠᠯ᠎ᠠ ᠪᠠᠷ ᠴᠢᠩᠭᠠᠳᠬᠠᠵᠦ᠂ ᠨᠠᠶᠢᠬᠡᠮ ᠨᠠᠶᠢᠳᠠ ᠶᠢᠨ ᠬᠢᠨᠠᠯᠳᠠ ᠶᠢ ᠣᠬᠠᠮᠰᠠᠷ | ᠠᠴᠠ ᠪᠠᠨ ᠬᠦᠯᠢᠶᠡᠨ᠂ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠲᠦᠯᠬᠢᠨ ᠠᠬᠢᠭᠤᠯᠵᠣ᠂ ᠠᠷᠢᠭᠤᠨ ᠴᠢᠬᠡᠴᠢ | ᠵᠠᠰᠠᠭ ᠤᠨ ᠣᠷᠳᠣᠨ ᠤ ᠪᠠᠶᠢᠭᠤᠯᠣᠯᠳᠠ ᠶᠢ ᠣᠯᠠᠮ ᠨᠢᠭᠡ ᠠᠯᠬᠤᠮ ᠴᠢᠩᠭᠠᠳᠬᠠᠪᠠ᠃ ᠣᠨᠴᠠ ᠬᠠᠷᠠᠭᠠᠯᠵᠠᠯᠳᠣ | ᠬᠦᠮᠦᠰ ᠢ ᠳᠣᠬᠢᠨᠠᠭᠤᠯᠬᠤ ᠪᠠ ︽ᠬᠤᠶᠠᠷ ᠢ ᠬᠦᠷᠢᠶᠡᠯᠡᠬᠦ︾ ᠠᠵᠢᠯ ᠢ ᠴᠢᠩᠭᠠᠳᠬᠠᠵᠦ᠂ ᠣᠯᠣᠰ ᠤᠨ ᠪᠠᠳᠣᠯᠠᠨ | ᠬᠠᠮᠠᠭᠠᠯᠠᠯᠳᠠ ᠪᠠ ᠴᠡᠷᠢᠭ ᠠᠩᠬᠢ ᠶᠢᠨ ᠪᠦᠳᠦᠬᠡᠨ ᠪᠠᠶᠢᠭᠤᠯᠣᠯᠳᠠ ᠶᠢ ᠦᠷᠬᠦᠯᠵᠢᠯᠡᠨ ᠳᠡᠮᠵᠢᠵᠦ᠂ ᠴᠡᠷᠢᠭ ᠠᠴᠠ | ᠬᠠᠯᠠᠭᠳᠠᠭᠰᠠᠳ ᠤᠨ ᠳᠦᠪᠬᠢᠨᠠᠬᠦᠯᠦᠯᠳᠠ᠂ ᠴᠡᠷᠢᠭ ᠤᠨ ᠬᠡᠷ ᠪᠦᠯᠢ ᠶᠢᠨ ᠠᠵᠢᠯ ᠣᠯᠭᠤᠯᠳᠠ ᠪᠠ ᠳᠣᠬᠢᠨᠠᠭᠤᠯᠬᠤ | ᠠᠵᠢᠯ ᠢ ᠪᠦᠬᠦ ᠳᠠᠯ᠎ᠠ ᠪᠠᠷ ᠰᠠᠶᠢᠳᠣᠷ ᠬᠢᠨ᠎ᠠ᠃ ᠨᠠᠶᠢᠬᠡᠮ ᠤᠨ ᠵᠦᠷᠢᠴᠡᠯ ᠮᠠᠷᠭᠤᠯᠳᠣᠭᠠᠨ ᠢ ᠡᠶᠡᠳᠡᠬᠦᠯᠬᠦ ᠳᠣᠰᠬᠠᠢ | ᠳᠦᠷᠦᠯ ᠤᠨ ᠠᠵᠢᠯᠯᠠᠭ᠎ᠠ ᠶᠢ ᠬᠦᠨᠵᠠᠬᠡᠢ ᠦᠷᠨᠢᠬᠦᠯᠵᠦ᠂ ᠳᠦᠷᠪᠡᠨ ᠣᠳᠣᠷᠢᠳᠬᠤ ᠪᠠᠭ ᠤᠨ ᠣᠳᠣᠷᠢᠳᠣᠯᠭ᠎ᠠ ᠨᠡᠷ | ᠬᠡᠷᠡᠭ ᠶᠠᠪᠣᠳᠠᠯ ᠢ ᠳᠠᠭᠠᠭᠠᠴᠢᠯᠠᠨ ᠡᠶᠡᠳᠡᠬᠦᠯᠬᠦ ᠳᠣᠭᠳᠠᠯᠴᠠᠭ᠎ᠠ ᠶᠢ ᠰᠢᠨᠡᠴᠢᠯᠡᠨ ᠪᠠᠶᠢᠭᠤᠯᠵᠦ᠂ ᠣᠷᠣᠨ ᠠᠶᠢᠮᠠᠭ ᠠᠴᠠ | ᠳᠠᠭᠠᠭᠠᠯᠭᠠᠭᠰᠠᠨ ᠬᠡᠷᠡᠭ ᠶᠠᠪᠣᠳᠠᠯ ᠤᠨ ᠡᠶᠡᠳᠡᠬᠦᠯᠦᠭᠰᠡᠨ ᠨᠣᠷᠮ᠎ᠠ 100% ᠳᠤ ᠬᠦᠷᠪᠡ᠃ ᠠᠷᠠᠳ ᠳᠦᠮᠡᠨ ᠢᠶᠠᠷ | ᠭᠤᠣᠯ ᠪᠣᠯᠭᠠᠬᠤ ᠦᠵᠡᠯ ᠰᠠᠨᠠᠭ᠎ᠠ ᠶᠢ ᠪᠠᠳᠣ ᠪᠣᠢ ᠪᠣᠯᠭᠠᠵᠣ᠂ ᠣᠯᠠᠨ ᠲᠦᠮᠡᠨ ᠤ ᠬᠤᠪᠢ ᠪᠡᠶ᠎ᠡ ᠶᠢᠨ ᠠᠰᠢᠭ | ᠳᠣᠰᠠ ᠲᠠᠢ ᠬᠤᠯᠪᠣᠭᠳᠠᠭᠰᠠᠨ ᠭᠡᠷ ᠪᠠᠶᠢᠰᠢᠩ ᠭᠠᠵᠠᠷ ᠬᠦᠷᠦᠩᠬᠡ ᠶᠢᠨ ᠦᠮᠴᠢᠯᠡᠯ ᠤᠨ ᠡᠷᠬᠡ ᠶᠢᠨ ᠭᠡᠷᠡᠴᠢ | ᠦᠨᠡᠮᠯᠡᠯ ᠤᠨ ᠦᠩᠬᠡᠷᠡᠭᠰᠡᠨ ᠤ ᠦᠯᠡᠳᠡᠭᠳᠡᠯ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠪᠡ᠃ | ᠬᠦᠴᠦᠨ ᠤ ᠠᠵᠢᠯ ᠬᠢᠵᠦ ᠪᠠᠶᠢᠭ᠎ᠠ ᠮᠠᠯᠴᠢᠨ ᠳᠠᠷᠢᠶᠠᠴᠢᠳ ᠤᠨ ᠴᠠᠯᠢᠩ ᠢ ᠣᠯᠭᠤᠬᠤ ᠪᠠᠶᠢᠩᠭᠤ ᠶᠢᠨ ᠳᠣᠭᠳᠠᠯᠴᠠᠭ᠎ᠠ | ᠶᠢ ᠪᠠᠶᠢᠭᠤᠯᠵᠦ᠂ ᠬᠦᠴᠦᠨ ᠤ ᠠᠵᠢᠯ ᠬᠢᠵᠦ ᠪᠠᠶᠢᠭ᠎ᠠ ᠮᠠᠯᠴᠢᠨ ᠳᠠᠷᠢᠶᠠᠴᠢᠳ ᠤᠨ ᠴᠠᠯᠢᠩ ᠢᠶᠠᠨ ᠣᠯᠤᠭ᠎ᠠ ᠦᠬᠡᠢ | ᠦᠯᠡᠳᠡᠭᠳᠡᠵᠣ ᠪᠠᠶᠢᠭ᠎ᠠ ᠬᠡᠷᠡᠭ ᠢ ᠪᠦᠲᠦᠮᠵᠢᠳᠡᠢ ᠰᠢᠢᠳᠪᠣᠷᠢᠯᠡᠪᠡ᠃ ᠠᠶᠣᠯ ᠦᠭᠡᠢ ᠬᠦᠭᠵᠢᠯᠳᠡ ᠶᠢᠨ ᠬᠤᠷᠢᠭ᠎ᠠ | ᠱᠣᠭᠤᠮ ᠢ ᠴᠢᠩᠭ᠎ᠠ ᠰᠠᠬᠢᠵᠦ᠂ ᠪᠣᠭᠤᠮᠳᠠ ᠶᠢᠨ ᠠᠬᠤᠢ ᠳᠠᠯᠠᠪᠠᠢ ᠪᠠ ᠬᠦᠮᠦᠨ ᠠᠮᠠ ᠨᠢᠭᠳᠠᠷᠠᠭᠰᠠᠨ ᠭᠠᠵᠠᠷ ᠵᠡᠷᠭᠡ | ᠭᠤᠣᠯᠳᠠᠯᠭ᠎ᠠ ᠲᠠᠢ ᠬᠦᠷᠢᠶᠡᠨ ᠳᠤ ᠠᠮᠣᠷ ᠳᠦᠪᠰᠢᠨ ᠤ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠭᠰᠠᠨ ᠠᠴᠠ | ᠪᠦᠬᠦ ᠵᠢᠯ ᠤᠨ ᠳᠣᠷᠰᠢ ᠬᠦᠨᠳᠦ ᠶᠡᠭᠡ ᠠᠮᠣᠷ ᠳᠦᠪᠰᠢᠨ ᠤ ᠬᠡᠷᠡᠭ ᠦᠯᠦ ᠡᠬᠦᠰᠦᠭᠰᠡᠨ ᠠᠴᠠ ᠬᠤᠳᠠ ᠶᠢᠨ ᠠᠷᠠᠳ | ᠤᠨ ᠵᠠᠰᠠᠭ ᠤᠨ ᠣᠷᠳᠣᠨ ᠨᠢ ᠪᠦᠬᠦ ᠣᠷᠣᠨ ᠤ ᠳᠣᠰ ᠵᠢᠯ ᠤᠨ ︽ᠠᠶᠣᠯ ᠦᠭᠡᠢ ᠦᠢᠯᠡᠳᠪᠣᠷᠢᠯᠡᠯ ᠤᠨ ᠰᠠᠷ᠎ᠠ︾ | ᠶᠢᠨ ᠠᠵᠢᠯᠯᠠᠭ᠎ᠠ ᠶᠢᠨ ᠳᠡᠷᠢᠬᠦᠨ ᠤ ᠨᠢᠭᠡᠴᠡ ᠪᠠᠷ ᠦᠨᠡᠯᠡᠭᠳᠡᠪᠡ᠃ ᠪᠦᠬᠦ ᠣᠯᠣᠰ᠂ ᠪᠦᠬᠦ ᠣᠷᠣᠨ ᠤ ︽ᠬᠤᠶᠠᠷ | ᠬᠤᠷᠠᠯ︾ ᠵᠢᠴᠢ ᠣᠨᠴᠠᠭᠠᠢ ᠴᠠᠭ ᠦᠶ᠎ᠡ ᠳᠠᠬᠢ ᠠᠮᠣᠷ ᠢ ᠬᠠᠮᠠᠭᠠᠯᠠᠬᠤ ᠡᠬᠦᠷᠭᠡ ᠪᠠᠨ ᠠᠮᠵᠢᠯᠳᠠ ᠲᠠᠢ ᠪᠡᠶᠡᠯᠡᠬᠦᠯᠵᠦ᠂ | ︽ᠬᠠᠷ᠎ᠠ ᠪᠦᠯᠦᠭ ᠬᠠᠷᠬᠢᠰ ᠬᠦᠴᠦᠨ ᠢ ᠠᠷᠢᠯᠭᠠᠬᠤ︾ ᠳᠣᠰᠬᠠᠢ ᠳᠡᠮᠡᠴᠡᠯ ᠢ ᠬᠦᠨᠵᠡᠬᠡᠢ ᠦᠷᠨᠢᠭᠦᠯᠦᠨ᠂ 1 ᠬᠠᠷ᠎ᠠ | ᠪᠦᠯᠦᠭ ᠤᠨ ᠵᠣᠬᠢᠶᠠᠨ ᠪᠠᠶᠢᠭᠤᠯᠣᠯᠳᠠ᠂ 2 ᠬᠠᠷᠬᠢᠰ ᠬᠦᠴᠦᠨ ᠤ ᠪᠦᠯᠦᠭᠯᠡᠯ᠂ 2 ᠬᠠᠷᠬᠢᠰ ᠬᠦᠴᠦᠨ ᠤ ᠪᠦᠯᠦᠭ ᠢ | ᠠᠮᠵᠢᠯᠳᠠ ᠲᠠᠢ ᠴᠣᠬᠢᠨ ᠣᠨᠠᠭᠠᠵᠦ᠂ ᠳᠣᠳᠣᠭᠠᠳᠦ ᠶᠢ ᠬᠠᠮᠠᠭᠠᠯᠠᠬᠤ ᠶᠠᠮᠣᠨ ᠤ ᠱᠠᠭᠠᠷᠳᠠᠨ ᠬᠦᠢᠴᠡᠳᠬᠡᠬᠦ ︽5.04 | ︾ ᠣᠯᠣᠰ ᠠᠯᠣᠰᠯᠠᠭᠰᠠᠨ ᠬᠠᠷᠬᠢᠰ ᠬᠦᠴᠦᠨ ᠤ ᠪᠦᠯᠦᠭᠯᠡᠯ ᠤᠨ ᠶᠠᠯᠠᠳᠦ ᠠᠵᠢᠯᠯᠠᠭ᠎ᠠ ᠵᠡᠷᠭᠡ ᠳᠣᠮᠦ ᠬᠡᠷᠡᠭ ᠴᠢᠬᠤᠯᠠ | ᠬᠡᠷᠡᠭ ᠢ ᠠᠮᠵᠢᠯᠳᠠ ᠲᠠᠢ ᠪᠠᠷ ᠢᠯᠡᠷᠡᠬᠦᠯᠵᠦ᠂ 18 ᠵᠢᠯ ᠳᠠᠷᠠᠭᠠᠯᠠᠨ ᠠᠮᠢᠨ ᠬᠡᠷᠡᠭ ᠢ ᠪᠦᠬᠦᠨ ᠢ ᠠᠮᠵᠢᠯᠳᠠ ᠲᠠᠢ | ᠳᠣᠳᠣᠯᠠᠨ ᠢᠯᠡᠷᠡᠬᠦᠯᠵᠦ᠂ ᠣᠯᠠᠨ ᠲᠦᠮᠡᠨ ᠤ ᠠᠮᠣᠷ ᠳᠦᠪᠰᠢᠨ ᠤ ᠲᠦᠷᠦᠭᠳᠡᠯ ᠪᠠ ᠰᠡᠳᠬᠢᠯ ᠬᠠᠨᠣᠮᠵᠢ ᠶᠢᠨ | ᠲᠦᠷᠦᠭᠳᠡᠯ ᠢ ᠣᠯᠠᠮ ᠨᠢᠭᠡ ᠠᠯᠬᠤᠮ ᠳᠡᠭᠡᠭᠰᠢᠯᠡᠬᠦᠯᠪᠡ᠃ ᠪᠦᠬᠦ ᠬᠤᠳᠠ ᠪᠠᠷ ᠢᠶᠠᠨ ᠬᠦᠴᠦ ᠪᠠᠨ ᠬᠠᠮᠳᠣᠳᠬᠠᠨ | ᠪᠦᠬᠦ ᠣᠯᠣᠰ ᠤᠨ ᠪᠣᠯᠪᠠᠰᠣᠨ ᠬᠤᠳᠠ ᠶᠢ ᠡᠭᠦᠳᠦᠨ ᠪᠠᠶᠢᠭᠤᠯᠵᠣ᠂ ᠪᠣᠯᠪᠠᠰᠣᠨ ᠬᠤᠳᠠ ᠶᠢᠨ ᠡᠭᠦᠳᠦᠨ | ᠪᠠᠶᠢᠭᠤᠯᠣᠯᠳᠠ ᠶᠢᠨ ᠬᠢᠨᠠᠨ ᠦᠨᠡᠯᠡᠯᠳᠠ ᠶᠢᠨ ᠠᠵᠢᠯ ᠰᠠᠶᠢᠨ ᠬᠢᠷᠢ ᠪᠦᠲᠦᠮᠵᠢ ᠣᠯᠪᠠ᠃ ᠡᠬᠦᠨ ᠠᠴᠠ ᠭᠠᠳᠠᠨ᠎ᠠ᠂ | ᠳᠤᠭ᠎ᠠ ᠪᠦᠷᠢᠳᠬᠡᠯ᠂ ᠰᠢᠨᠵᠢᠯᠡᠬᠦ ᠣᠬᠠᠭᠠᠨ ᠲᠧᠭᠨᠢᠭ ᠮᠡᠷᠬᠡᠵᠢᠯ᠂ ᠠᠷᠠᠳ ᠤᠨ ᠠᠭᠠᠷ ᠤᠨ ᠰᠡᠷᠬᠡᠶᠢᠯᠡᠯᠳᠠ᠂ ᠭᠠᠯ | ᠣᠨᠳᠠᠷᠠᠭᠠᠬᠤ᠂ ᠦᠨᠳᠣᠰᠣᠳᠡᠨ ᠱᠠᠰᠢᠨ ᠰᠣᠷᠳᠠᠬᠤᠨ᠂ ᠳᠠᠩᠰᠠ ᠡᠪᠬᠡᠮᠡᠯ ᠳᠡᠣᠬᠡ ᠱᠠᠰᠲᠢᠷ᠂ ᠭᠠᠵᠠᠷ ᠬᠦᠳᠡᠯᠦᠯᠳᠠ | ᠴᠠᠭ ᠠᠭᠤᠷ᠂ ᠰᠢᠣᠳᠠᠨ ᠬᠤᠯᠪᠣᠭ᠎ᠠ ᠴᠢᠮᠡᠭᠡ ᠨᠡᠪᠳᠡᠷᠡᠬᠦᠯᠭᠡ᠂ ᠰᠣᠨᠢᠨ ᠮᠡᠳᠡᠭᠡ ᠬᠡᠪᠯᠡᠯ ᠮᠡᠳᠡᠬᠡᠯᠡᠯ᠂ ᠠᠵᠢᠯᠴᠢᠳ | ᠤᠨ ᠡᠪᠯᠡᠯ᠂ ᠡᠪ ᠬᠠᠮᠳᠦ ᠵᠠᠯᠠᠭᠤᠴᠣᠳ ᠤᠨ ᠡᠪᠯᠡᠯ᠂ ᠡᠮᠡᠭᠳᠡᠶᠢᠴᠣᠳ ᠤᠨ ᠬᠤᠯᠪᠣᠭ᠎ᠠ᠂ ᠠᠬᠠᠮᠠᠳ ᠺᠠᠳ᠋ᠷᠴᠣᠳ᠂ | ᠵᠡᠮᠳᠡᠭᠴᠣᠳ ᠵᠡᠷᠭᠡ ᠡᠯ᠎ᠡ ᠳᠦᠷᠦᠯ ᠤᠨ ᠠᠵᠢᠯ ᠦᠢᠯᠡᠰ ᠴᠦᠮ ᠰᠢᠨ᠎ᠡ ᠠᠮᠵᠢᠯᠳᠠ ᠣᠯᠪᠠ᠃ | ᠳᠦᠯᠦᠬᠡᠯᠡᠭᠴᠢᠳ ᠡ᠂ ᠦᠩᠬᠡᠷᠡᠭᠰᠡᠨ ᠨᠢᠭᠡ ᠵᠢᠯ ᠤᠨ ᠠᠮᠵᠢᠯᠳᠠ ᠪᠦᠳᠦᠮᠵᠢ ᠬᠢᠯᠪᠡᠷ ᠢᠷᠡᠭᠰᠡᠨ ᠪᠣᠰᠦ᠃ | ᠡᠨᠡ ᠪᠣᠯ ᠳᠡᠬᠡᠳᠦ ᠱᠠᠳᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶᠠᠨ | ᠤ ᠰᠢᠨᠵᠢᠯᠡᠬᠦ ᠣᠬᠠᠭᠠᠨᠴᠢ ᠰᠢᠢᠳᠪᠣᠷᠢ᠂ ᠵᠦᠪ ᠣᠨᠣᠪᠴᠢᠳᠠᠢ ᠣᠳᠣᠷᠢᠳᠣᠯᠭ᠎ᠠ ᠶᠢᠨ ᠦᠷ᠎ᠡ ᠳ᠋ᠦᠩ᠂ ᠬᠤᠳᠠ ᠶᠢᠨ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ᠂ ᠣᠯᠣᠰ ᠳᠦᠷᠦ ᠶᠢᠨ ᠵᠦᠪᠯᠡᠯᠭᠡᠨ ᠪᠠ ᠨᠠᠶᠢᠬᠡᠮ ᠤᠨ ᠡᠯ᠎ᠡ | ᠳᠠᠪᠬᠤᠷᠭ᠎ᠠ ᠶᠢᠨ ᠬᠠᠣᠯᠢ ᠶᠣᠰᠣᠭᠠᠷ ᠬᠢᠨᠠᠯᠳᠠ ᠳᠠᠯᠪᠢᠵᠦ᠂ ᠬᠦᠴᠦᠳᠠᠢ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ | ᠂ ᠮᠥᠨ ᠴᠦ ᠪᠦᠬᠦ ᠬᠤᠳᠠ ᠶᠢᠨ ᠡᠯ᠎ᠡ ᠦᠨᠳᠣᠰᠣᠳᠡᠨ ᠤ ᠺᠠᠳ᠋ᠷ ᠣᠯᠠᠨ ᠳᠦᠮᠡᠨ ᠤ ᠰᠠᠬᠢᠨ ᠪᠠᠷᠠᠯᠠᠵᠣ᠂ ᠪᠦᠯᠬᠦᠮᠳᠠᠨ | ᠳᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠠ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ | ᠳᠦᠯᠦᠬᠡᠯᠡᠵᠦ᠂ ᠪᠣᠭᠤᠮᠳᠠ ᠶᠢᠨ ᠬᠦᠭᠵᠢᠯᠳᠠ ᠶᠢᠨ ᠳᠦᠯᠦᠬᠡ ᠬᠤᠪᠢ ᠨᠡᠮᠡᠷᠢ ᠦᠵᠡᠬᠦᠯᠦᠭᠰᠡᠨ ᠪᠦᠬᠦ ᠨᠠᠶᠢᠵᠠ | ᠨᠦᠬᠦᠳ ᠲᠤ ᠴᠢᠩ ᠰᠡᠳᠬᠢᠯ ᠤᠨ ᠳᠠᠯᠠᠷᠬᠠᠯ ᠪᠣᠯᠣᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠬᠦᠯᠦᠶ᠎ᠠ︕ | ᠠᠮᠵᠢᠯᠳᠠ ᠪᠦᠳᠦᠮᠵᠢ ᠪᠠᠨ ᠨᠣᠳᠠᠯᠠᠬᠤ ᠶᠢᠨ ᠬᠠᠮᠳᠦ᠂ ᠳᠣᠯᠭᠠᠷᠠᠵᠦ ᠪᠠᠶᠢᠭ᠎ᠠ ᠵᠦᠷᠢᠴᠡᠯ ᠪᠠ | ᠠᠰᠠᠭᠤᠳᠠᠯ ᠢ ᠪᠢᠳᠠ ᠪᠠᠰᠠ ᠰᠡᠷᠬᠡᠭ ᠢᠶᠠᠷ ᠳᠠᠨᠢᠬᠤ ᠴᠢᠬᠤᠯᠠ ᠲᠠᠢ᠃ ᠭᠤᠣᠯ ᠢᠯᠡᠷᠡᠯ ᠨᠢ᠄ ᠨᠢᠭᠡ ᠳᠤ᠂ ᠠᠵᠦ | ᠠᠬᠤᠢ ᠶᠢᠨ ᠬᠦᠭᠵᠢᠯᠳᠠ ᠶᠢᠨ ᠳᠣᠳᠣᠭᠠᠳᠦ ᠬᠦᠳᠡᠯᠬᠡᠬᠦ ᠬᠦᠴᠦ ᠬᠦᠷᠦᠯᠴᠡᠬᠦ ᠦᠭᠡᠢ᠃ ᠣᠯᠠᠨ ᠣᠯᠣᠰ ᠤᠨ | ᠠᠷᠠᠯᠵᠢᠶ᠎ᠠ ᠪᠠᠷᠠᠭᠠᠨ ᠤ ᠬᠦᠢᠯᠭᠡᠭᠡ ᠨᠢ ᠣᠯᠣᠰ ᠤᠨ ᠳᠣᠳᠣᠭᠠᠳᠦ ᠭᠠᠳᠠᠭᠠᠳᠦ ᠶᠢᠨ ᠠᠵᠦ ᠠᠬᠤᠢ ᠶᠢᠨ ᠪᠠᠶᠢᠳᠠᠯ ᠤᠨ | ᠨᠦᠯᠦᠬᠡ ᠶᠢ ᠬᠦᠷᠳᠡᠭᠰᠡᠨ ᠠᠴᠠ ᠳᠣᠭᠳᠠᠪᠣᠷᠢ ᠦᠭᠡᠢ ᠴᠢᠨᠠᠷ ᠲᠠᠢ ᠪᠠᠶᠢᠵᠦ᠂ ᠪᠣᠯᠪᠠᠰᠣᠷᠠᠭᠤᠯᠬᠤ ᠠᠵᠦ ᠦᠢᠯᠡᠰ ᠨᠢ | ᠳᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠤᠨ ᠲᠦᠰᠢᠭ ᠳᠣᠯᠭᠠᠭᠤᠷᠢ ᠳᠣᠳᠠᠭᠳᠠᠵᠦ᠂ ᠰᠣᠶᠣᠯ ᠵᠢᠭᠤᠯᠴᠢᠯᠠᠯ | ᠤᠨ ᠦᠢᠯᠡᠰ ᠨᠢ ᠦᠪᠡᠷᠮᠢᠴᠡ ᠣᠨᠴᠠᠯᠢᠭ ᠪᠠ ᠳᠠᠳᠠᠬᠤ ᠬᠦᠴᠦ ᠪᠠᠷ ᠪᠠᠭᠤᠷᠠᠢ᠂ ᠴᠡᠪᠡᠷ ᠡᠨᠧᠷᠬᠢ ᠶᠢᠨ ᠲᠦᠷᠦᠯ | ᠵᠦᠢᠯ ᠤᠨ ᠠᠬᠢᠴᠠ ᠣᠳᠠᠭᠠᠪᠳᠣᠷ᠂ ᠰᠢᠨ᠎ᠡ ᠪᠠᠷ ᠬᠦᠭᠵᠢᠵᠣ ᠪᠠᠶᠢᠭ᠎ᠠ ᠠᠵᠦ ᠦᠢᠯᠡᠰ ᠢ ᠳᠠᠳᠠᠨ ᠣᠷᠣᠭᠤᠯᠬᠤ ᠪᠠ | ᠪᠣᠶᠢᠵᠢᠭᠤᠯᠣᠨ ᠬᠦᠭᠵᠢᠬᠦᠯᠬᠦ ᠳᠤ ᠬᠦᠴᠢᠷᠳᠠᠢ᠂ ᠪᠣᠭᠤᠮᠳᠠ ᠶᠢᠨ ᠠᠵᠦ ᠦᠢᠯᠡᠰ ᠤᠨ ᠰᠢᠨ᠎ᠡ ᠬᠠᠭᠤᠴᠢᠨ | ᠬᠦᠳᠡᠯᠭᠡᠭᠴᠢ ᠬᠦᠴᠦᠨ ᠤ ᠰᠣᠯᠢᠭᠳᠠᠯ ᠤᠨ ᠠᠰᠠᠭᠤᠳᠠᠯ ᠢ ᠰᠢᠢᠳᠪᠦᠷᠢᠯᠡᠵᠣ ᠴᠢᠳᠠᠭ᠎ᠠ ᠦᠭᠡᠢ ᠵᠡᠷᠭᠡ ᠠᠰᠠᠭᠤᠳᠠᠯ | ᠣᠷᠣᠰᠢᠭᠰᠠᠭᠠᠷ᠃ ᠬᠤᠶᠠᠷ ᠲᠤ᠂ ᠬᠦᠭᠵᠢᠬᠦᠯᠣᠯᠳᠠ ᠨᠡᠭᠡᠭᠡᠯᠳᠠ ᠶᠢᠨ ᠬᠡᠮᠵᠢᠶ᠎ᠡ ᠦᠨᠳᠦᠷ ᠪᠣᠰᠣ᠃ ᠳᠣᠷᠰᠢᠯᠳᠠ ᠶᠢᠨ | ᠳᠣᠭᠤᠷᠢᠭ ᠤᠨ ᠣᠷᠢᠳᠴᠢᠯᠠᠨ ᠬᠡᠷᠡᠭᠵᠢᠬᠦᠯᠵᠦ ᠲᠦᠷᠦᠬᠦᠯᠡᠨ ᠳᠣᠷᠰᠢᠬᠤ ᠳᠦᠷᠦ ᠶᠢᠨ ᠪᠣᠳᠣᠯᠭ᠎ᠠ ᠶᠢ | ᠬᠦᠬᠡᠬᠡᠴᠡᠯᠳᠦᠬᠦ ᠪᠠ ᠨᠠᠶᠢᠳᠠᠪᠣᠷᠢᠵᠢᠭᠤᠯᠬᠤ ᠬᠦᠴᠦᠯᠡᠴᠡ ᠬᠦᠷᠦᠯᠴᠡᠬᠦ ᠦᠭᠡᠢ᠂ ᠳᠡᠭᠡᠳᠣ ᠴᠢᠨᠠᠷᠵᠢᠯᠳᠣ ᠬᠦᠭᠵᠢᠯᠳᠠ | ᠶᠢᠨ ᠳᠠᠪᠴᠠᠩ ᠤᠨ ᠪᠠᠶᠢᠭᠤᠯᠣᠯᠳᠠ ᠣᠳᠠᠭᠠᠪᠳᠣᠷ᠂ ᠰᠠᠭᠤᠷᠢ ᠳᠦᠬᠦᠬᠡᠷᠦᠮᠵᠢ ᠶᠢ ᠬᠠᠷᠢᠯᠴᠠᠨ ᠬᠤᠯᠪᠣᠨ ᠬᠠᠷᠢᠯᠴᠠᠨ | ᠨᠡᠪᠳᠡᠷᠡᠭᠦᠯᠬᠦ ᠠᠬᠢᠴᠠ ᠠᠯᠭᠤᠷ ᠪᠠᠶᠢᠵᠦ᠂ ᠪᠣᠭᠤᠮᠳᠠ ᠨᠡᠪᠳᠡᠷᠬᠦ ᠭᠠᠷᠴᠠ ᠵᠠᠮ ᠤᠨ ᠰᠠᠭᠠᠳ ᠲᠠᠢ ᠠᠰᠠᠭᠤᠳᠠᠯ ᠮᠦᠨ | ᠯᠡ ᠰᠠᠶᠢᠵᠢᠷᠠᠭᠠ ᠦᠭᠡᠢ ᠪᠠᠶᠢᠭᠰᠠᠭᠠᠷ︔ ᠭᠠᠳᠠᠭᠠᠳᠦ ᠲᠠᠢ ᠴᠢᠯᠦᠬᠡᠳᠠᠢ ᠶᠠᠪᠣᠯᠴᠠᠬᠤ ᠪᠠ ᠮᠣᠩᠭᠤᠯ ᠣᠷᠣᠰ ᠯᠤᠭ᠎ᠠ | ᠶᠢᠨ ᠪᠣᠳᠠᠳᠦ ᠬᠠᠮᠳᠦ ᠶᠢᠨ ᠠᠵᠢᠯᠯᠠᠭ᠎ᠠ ᠶᠢᠨ ᠬᠦᠨᠴᠡ ᠪᠠ ᠦᠷᠬᠡᠴᠡ ᠶᠢᠨ ᠬᠡᠮᠵᠢᠶ᠎ᠡ ᠬᠦᠷᠦᠯᠴᠡᠬᠦ ᠦᠭᠡᠢ᠂ | ᠪᠣᠭᠤᠮᠳᠠ ᠶᠢᠨ ᠣᠮᠠᠷᠠᠰᠢ ᠨᠡᠭᠡᠭᠡᠯᠳᠠ ᠶᠢᠨ ᠬᠦᠬᠦᠷᠭᠡ ᠶᠢᠨ ᠪᠠᠬᠢᠯᠡᠯᠳᠠ ᠶᠢᠨ ᠦᠢᠯᠡᠳᠦᠯ ᠢᠶᠠᠨ ᠪᠠᠳᠠᠷᠠᠭᠤᠯᠵᠦ | ᠪᠠᠶᠢᠬᠤ ᠨᠢ ᠬᠢᠵᠠᠭᠠᠷ ᠲᠠᠢ ᠪᠠᠶᠢᠭᠰᠠᠭᠠᠷ᠃ ᠭᠤᠷᠪᠠ᠂ ᠣᠯᠠᠨ ᠨᠠᠶᠢᠳᠠ ᠶᠢᠨ ᠦᠢᠯᠡᠴᠢᠯᠡᠬᠡᠨ ᠤ ᠳᠦᠪᠰᠢᠨ ᠬᠠᠷᠠᠬᠠᠨ | ᠦᠨᠳᠣᠷ ᠪᠣᠰᠦ᠃ ᠬᠤᠳᠠ ᠶᠢᠨ ᠵᠠᠰᠠᠭ ᠤᠨ ᠶᠠᠪᠣᠳᠠᠯ ᠤᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ | ᠶᠢᠨ ᠦᠷᠢ ᠦᠭᠴᠡᠭᠡ ᠠᠷᠪᠢᠨ ᠪᠠᠶᠢᠵᠣ᠂ ᠬᠤᠳᠠ ᠶᠢᠨ ᠬᠠᠮᠢᠶᠠᠷᠣᠯᠳᠠ ᠶᠢᠨ ᠨᠠᠷᠢᠯᠢᠭᠵᠢᠭᠤᠯᠣᠯᠳᠠ ᠶᠢᠨ ᠬᠡᠮᠵᠢᠶ᠎ᠡ | ᠬᠦᠷᠦᠯᠴᠡᠬᠦ ᠦᠭᠡᠢ︔ ︽ᠳᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠠ ᠶᠢᠨ ᠦᠷ᠎ᠡ ᠪᠦᠲᠦᠮᠵᠢ | ᠮᠡᠳᠡᠭᠳᠡᠮ᠎ᠡ ᠪᠢᠰᠢ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠣᠯᠠᠮ ᠨᠢᠭᠡ ᠠᠯᠬᠤᠮ ᠰᠠᠶᠢᠵᠢᠷᠠᠭᠤᠯᠬᠤ | ᠴᠢᠬᠤᠯᠠ ᠲᠠᠢ︔ ᠰᠣᠷᠭᠠᠨ ᠬᠦᠮᠦᠵᠢᠯ᠂ ᠡᠮ ᠡᠮᠨᠡᠯᠭᠡ᠂ ᠳᠣᠯᠠᠭᠠᠯᠭ᠎ᠠ ᠬᠠᠩᠭᠠᠬᠤ᠂ ᠭᠡᠷ ᠠᠬᠤᠢ ᠵᠡᠷᠭᠡ ᠣᠯᠠᠨ | ᠨᠠᠶᠢᠳᠠ ᠶᠢᠨ ᠦᠢᠯᠡᠴᠢᠯᠡᠭᠡᠨ ᠤ ᠬᠢᠷᠢ ᠳᠦᠪᠰᠢᠨ ᠦᠨᠳᠣᠷ ᠪᠢᠰᠢ᠂ ᠠᠷᠠᠳ ᠣᠯᠠᠨ ᠤ ᠰᠠᠶᠢᠨ ᠰᠠᠶᠢᠬᠠᠨ ᠠᠮᠢᠳᠣᠷᠠᠯ | ᠤᠨ ᠬᠦᠬᠡᠬᠡᠴᠡᠯᠳᠦᠯ ᠲᠠᠢ ᠪᠠᠰᠠ ᠶᠡᠭᠡ ᠵᠦᠷᠢᠶ᠎ᠡ ᠣᠷᠣᠰᠢᠵᠦ ᠪᠠᠶᠢᠨ᠎ᠠ᠃ ᠳᠦᠷᠪᠡ᠂ ᠵᠠᠰᠠᠭ ᠤᠨ ᠣᠷᠳᠣᠨ ᠤ | ᠬᠤᠪᠢ ᠪᠡᠶ᠎ᠡ ᠶᠢᠨ ᠪᠠᠶᠢᠭᠤᠯᠣᠯᠳᠠ ᠪᠠᠨ ᠪᠠᠰᠠ ᠴᠢᠩᠭᠠᠳᠬᠠᠬᠤ ᠴᠢᠬᠤᠯᠠᠳᠠᠢ᠃ ᠵᠠᠰᠠᠭ ᠤᠨ ᠣᠷᠳᠣᠨ ᠤ ᠵᠠᠷᠢᠮ | ᠰᠠᠯᠠᠭ᠎ᠠ ᠮᠦᠴᠢᠷ ᠰᠢᠨ᠎ᠡ ᠪᠠᠶᠢᠳᠠᠯ᠂ ᠰᠢᠨ᠎ᠡ ᠡᠬᠦᠷᠭᠡ᠂ ᠰᠢᠨ᠎ᠡ ᠱᠠᠭᠠᠷᠳᠠᠯᠭ᠎ᠠ ᠲᠠᠢ ᠵᠣᠬᠢᠴᠠᠯᠳᠣᠬᠤ ᠦᠭᠡᠢ ᠪᠠᠶᠢᠵᠣ᠂ | ᠦᠵᠡᠯ ᠰᠠᠨᠠᠭᠠᠨ ᠤ ᠣᠶᠢᠯᠠᠭᠠᠯᠳᠠ᠂ ᠠᠵᠢᠯ ᠤᠨ ᠠᠷᠭ᠎ᠠ ᠬᠡᠯᠪᠡᠷᠢ ᠨᠢ ᠬᠡᠪᠰᠢᠮᠡᠯ᠂ ᠠᠵᠢᠯ ᠤᠨ ᠰᠣᠷᠳᠠᠯ ᠲᠦᠪ | ᠪᠣᠰᠦ ᠪᠠᠶᠢᠵᠦ᠂ ᠬᠦᠢᠴᠡᠳᠬᠡᠬᠦ ᠴᠢᠳᠠᠪᠣᠷᠢ ᠶᠢ ᠣᠯᠠᠮ ᠨᠢᠭᠡ ᠠᠯᠬᠤᠮ ᠳᠡᠭᠡᠭᠰᠢᠯᠡᠬᠦᠯᠬᠦ ᠴᠢᠬᠤᠯᠠ ᠲᠠᠢ︔ ᠵᠠᠷᠢᠮ | ᠺᠠᠳ᠋ᠷᠴᠣᠳ ᠤᠨ ᠦᠢᠯᠡᠴᠢᠯᠡᠬᠡᠨ ᠤ ᠣᠬᠠᠮᠰᠠᠷ᠂ ᠬᠠᠣᠯᠢ ᠪᠠᠷ ᠵᠠᠰᠠᠬᠤ ᠣᠬᠠᠮᠰᠠᠷ᠂ ᠬᠠᠷᠢᠭᠤᠴᠠᠯᠭᠠᠳᠣ ᠣᠬᠠᠮᠰᠠᠷ | ᠴᠢᠩᠭ᠎ᠠ ᠪᠢᠰᠢ᠂ ᠬᠠᠷᠢᠭᠤᠴᠠᠯᠭ᠎ᠠ ᠡᠬᠦᠷᠬᠡᠯᠡᠬᠦ ᠪᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠬᠦᠷᠦᠯᠴᠡᠬᠦ ᠦᠬᠡᠢ᠂ | ᠠᠵᠢᠯ ᠬᠢᠬᠦ ᠳᠣᠷ᠎ᠠ ᠦᠭᠡᠢ᠂ ᠠᠵᠢᠯ ᠬᠢᠬᠦ ᠨᠢ ᠣᠳᠠᠭᠠᠨ᠂ ᠬᠠᠭᠤᠷᠮᠠᠭ ᠢᠶᠠᠷ ᠠᠵᠢᠯ ᠬᠢᠬᠦ ᠵᠡᠷᠭᠡ ᠬᠤᠶᠢᠷᠭᠤ ᠵᠠᠰᠠᠭ | ᠨᠠᠵᠠᠭᠠᠢ ᠵᠠᠰᠠᠭ ᠤᠨ ᠦᠢᠯᠡ ᠠᠵᠢᠯᠯᠠᠭ᠎ᠠ ᠪᠠᠰᠠ ᠣᠷᠣᠰᠢᠭᠰᠠᠭᠠᠷ ᠪᠠᠶᠢᠨ᠎ᠠ᠃ ᠡᠬᠦᠨ ᠳᠤ᠂ ᠪᠢᠳᠠ ᠡᠷᠬᠡᠪᠰᠢ | ᠳᠡᠬᠡᠳᠦ ᠬᠡᠮᠵᠢᠶ᠎ᠡ ᠪᠠᠷ ᠴᠢᠬᠤᠯᠠᠴᠢᠯᠠᠵᠦ᠂ ᠪᠦᠳᠦᠮᠵᠢᠳᠠᠢ ᠠᠷᠭ᠎ᠠ ᠬᠡᠮᠵᠢᠶ᠎ᠡ ᠠᠪᠴᠦ ᠬᠡᠷᠡᠭᠵᠢᠬᠦᠯᠦᠨ᠂ ᠨᠠᠷᠢᠨ | ᠬᠢᠨᠠᠮᠠᠭᠠᠢ ᠰᠢᠢᠳᠪᠣᠷᠢᠯᠡᠬᠦ ᠬᠡᠷᠡᠭᠲᠠᠢ᠃ | 2019 ᠣᠨ ᠤ ᠭᠤᠣᠯ ᠪᠣᠯᠬᠤ ᠠᠵᠢᠯ | 2019 ᠣᠨ ᠪᠣᠯ ᠰᠢᠨ᠎ᠡ ᠳᠣᠮᠳᠠᠳᠣ ᠣᠯᠣᠰ ᠪᠠᠶᠢᠭᠤᠯᠣᠭᠳᠠᠭᠰᠠᠨ 70 ᠵᠢᠯ ᠤᠨ ᠣᠢ᠂ ᠴᠢᠨᠡᠭᠡᠯᠢᠭ | ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠢᠯᠠᠯᠳᠠ ᠶᠢ ᠳᠡᠮᠡᠴᠡᠨ ᠣᠯᠬᠤ ᠵᠠᠩᠬᠢᠯᠠᠭ᠎ᠠ ᠶᠢᠨ ᠵᠢᠯ ᠪᠣᠯᠣᠨ᠎ᠠ᠃ ᠡᠨᠡ | ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠳᠣᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ | ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠬᠡᠷ ᠬᠤᠭᠤᠴᠠᠭᠠᠨ ᠤ ᠬᠤᠶᠠᠳᠣᠭᠠᠷ᠂ ᠭᠤᠷᠪᠠᠳᠣᠭᠠᠷ | ᠪᠦᠬᠦᠳᠡ ᠬᠤᠷᠠᠯᠳᠣᠭᠠᠨ ᠤ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠳᠣᠣᠱᠯᠠᠭᠤᠯᠵᠣ᠂ ︽ᠳᠠᠪᠤ ᠶᠢ ᠨᠢᠭᠡ | ᠴᠣᠭᠴᠠᠯᠠᠬᠤ︾ ᠶᠡᠷᠦᠩᠬᠡᠢ ᠪᠠᠶᠢᠷᠢᠯᠠᠭᠤᠯᠣᠯᠳᠠ ᠶᠢ ᠨᠢᠭᠡᠳᠦᠯᠳᠡᠢ ᠲᠦᠯᠬᠢᠨ ᠠᠬᠢᠭᠤᠯᠵᠣ᠂ ︽ᠲᠦᠷᠪᠡᠨ ᠪᠦᠬᠦ ᠲᠠᠯ᠎ᠠ | ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠵᠣᠬᠢᠴᠠᠭᠤᠯᠣᠨ ᠠᠬᠢᠭᠤᠯᠵᠣ᠂ ᠳᠣᠭᠳᠠᠭᠤᠨ ᠳᠣᠮᠳᠠ | ᠣᠷᠣᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ ᠣᠶᠢᠯᠠᠭᠠᠭᠳᠠᠬᠤᠨ ᠢ | ᠪᠠᠷᠢᠮᠳᠠᠯᠠᠵᠣ᠂ ᠳᠡᠭᠡᠳᠦ ᠴᠢᠨᠠᠷᠵᠢᠯᠳᠣ ᠬᠦᠭᠵᠢᠯᠳᠡ ᠶᠢ ᠲᠦᠯᠬᠢᠨ ᠠᠬᠢᠭᠤᠯᠬᠤ ᠶᠢ ᠪᠠᠷᠢᠮᠳᠠᠯᠠᠨ᠂ ᠬᠠᠩᠭᠠᠯᠭ᠎ᠠ ᠶᠢᠨ | ᠳᠠᠯ᠎ᠠ ᠳᠠᠬᠢ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠣᠯ ᠱᠣᠭᠤᠮ ᠪᠣᠯᠭᠠᠬᠤ ᠶᠢ ᠪᠠᠷᠢᠮᠳᠠᠯᠠᠵᠣ᠂ ᠵᠠᠬ᠎ᠠ | ᠳᠡᠯᠬᠡᠬᠦᠷᠴᠢᠯᠡᠯᠳᠠ ᠶᠢᠨ ᠦᠬᠡᠷᠡᠴᠢᠯᠡᠯᠳᠡ ᠶᠢᠨ ᠬᠦᠨᠵᠡᠬᠡᠶᠢᠷᠡᠯᠳᠠ ᠪᠠ ᠦᠨᠳᠦᠷ ᠲᠦᠪᠰᠢᠨ ᠤ ᠨᠡᠭᠡᠭᠡᠯᠳᠡ ᠶᠢ | ᠦᠷᠬᠡᠳᠬᠡᠬᠦ ᠶᠢ ᠪᠠᠷᠢᠮᠳᠠᠯᠠᠵᠦ᠂ ᠣᠳᠣᠬᠢᠴᠢᠯᠠᠭᠰᠠᠨ ᠠᠵᠣ ᠠᠬᠤᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠣ᠂ | ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠦᠷᠭᠦᠯᠵᠢᠯᠡᠨ ᠰᠠᠶᠢᠳᠣᠷ ᠬᠢᠨ᠂ ᠬᠤᠮᠠᠬᠢ ᠪᠠᠶᠠᠳᠣ | ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦ ᠳᠠᠯᠪᠢᠨ ᠪᠠᠳᠠᠷᠠᠭᠤᠯᠵᠣ᠂ ᠬᠤᠷᠸ᠎ᠠ ᠡᠵᠡᠮᠰᠢᠯ ᠢ ᠰᠢᠨᠡᠴᠢᠯᠡᠨ | ᠳᠡᠭᠦᠯᠳᠡᠷᠵᠢᠭᠦᠯᠵᠣ᠂ ᠳᠣᠭᠳᠠᠭᠤᠨ ᠦᠰᠦᠯᠳᠡ᠂ ᠦᠬᠡᠷᠡᠴᠢᠯᠡᠯᠳᠡ ᠶᠢ ᠠᠬᠢᠭᠤᠯᠬᠤ᠂ ᠪᠦᠲᠦᠴᠡ ᠳᠤ | ᠳᠣᠬᠢᠷᠠᠭᠤᠯᠣᠯᠳᠠ ᠬᠢᠬᠦ᠂ ᠠᠷᠠᠳ ᠤᠨ ᠠᠮᠢᠳᠣᠷᠠᠯ ᠳᠤ ᠠᠰᠢᠭ ᠬᠦᠷᠳᠡᠭᠡᠬᠦ᠂ ᠠᠶᠣᠯ ᠲᠦᠭᠰᠢᠭᠦᠷᠢ ᠶᠢ ᠰᠡᠷᠭᠡᠶᠢᠯᠡᠬᠦ | ᠵᠡᠷᠭᠡ ᠡᠯ᠎ᠡ ᠲᠦᠷᠦᠯ ᠤᠨ ᠠᠵᠢᠯ ᠢ ᠨᠢᠭᠡᠳᠦᠯᠳᠡᠢ ᠲᠦᠯᠦᠪᠵᠢᠭᠦᠯᠦᠨ ᠨᠡᠶᠢᠳᠡᠮ ᠳᠤ ᠨᠢ ᠠᠬᠢᠭᠤᠯᠵᠣ᠂ ᠠᠵᠣ ᠠᠬᠤᠢ | ᠶᠢᠨ ᠡᠷᠬᠢᠯᠳᠡ ᠶᠢ ᠳᠣᠬᠢᠷᠠᠮᠵᠢᠳᠠᠢ ᠬᠡᠪᠴᠢᠶᠡᠨ ᠳᠤ ᠪᠠᠶᠢᠬᠤ ᠶᠢ ᠪᠠᠳᠣᠯᠠᠨ᠂ ᠠᠵᠢᠯ ᠣᠯᠭᠤᠯᠳᠠ᠂ ᠮᠦᠩᠭᠦᠨ | ᠭᠦᠢᠯᠭᠡᠭᠡ᠂ ᠭᠠᠳᠠᠭᠠᠳᠣ ᠠᠷᠠᠯᠵᠢᠶ᠎ᠠ᠂ ᠪᠡᠯᠡ ᠣᠷᠣᠭᠤᠯᠣᠯᠳᠠ᠂ ᠣᠷᠢᠳᠴᠢᠯᠠᠭᠰᠠᠨ ᠵᠢᠱᠢᠯᠳᠡ ᠵᠡᠷᠭᠡ ᠶᠢ ᠣᠯᠠᠮ | ᠨᠢᠭᠡ ᠠᠯᠬᠤᠮ ᠳᠣᠭᠳᠠᠭᠤᠨ ᠪᠣᠯᠭᠠᠵᠣ᠂ ᠵᠠᠬ᠎ᠠ ᠳᠡᠯᠭᠡᠭᠦᠷ ᠤᠨ ᠢᠳᠡᠭᠡᠯ ᠢ ᠨᠡᠮᠡᠭᠳᠡᠭᠦᠯᠦᠨ᠂ ᠠᠷᠠᠳ ᠣᠯᠠᠨ ᠤ | ᠬᠦᠷᠳᠡᠭᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠵᠣ | ᠂ ᠠᠵᠣ ᠠᠬᠤᠢ ᠶᠢᠨ ᠦᠷᠭᠦᠯᠵᠢᠯᠡᠬᠦᠶᠢᠴᠡ ᠡᠷᠡᠭᠦᠯ ᠬᠦᠭᠵᠢᠯᠳᠡ ᠪᠠ ᠨᠡᠶᠢᠭᠡᠮ ᠤᠨ ᠶᠡᠷᠦᠩᠬᠡᠢ ᠪᠠᠶᠢᠳᠠᠯ ᠤᠨ ᠡᠶ᠎ᠡ | ᠵᠣᠬᠢᠴᠠᠯᠳᠠᠢ ᠳᠣᠭᠳᠠᠭᠤᠨ ᠪᠠᠶᠢᠬᠤ ᠶᠢ ᠪᠠᠳᠣᠯᠠᠨ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠶᠢᠨ | ᠳᠡᠭᠦᠰᠭᠡᠯ ᠤᠨ ᠬᠤᠭᠤᠴᠠᠭᠠᠨ ᠳᠤ ᠪᠠᠳᠣ ᠪᠠᠬᠢ ᠰᠠᠭᠤᠷᠢ ᠶᠢ ᠳᠠᠯᠪᠢᠨ ᠦᠭᠴᠦ᠂ ᠰᠢᠯᠢᠳᠡᠭ ᠠᠮᠵᠢᠯᠳᠠ ᠪᠠᠷ | ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠭᠡᠯᠡᠶ᠎ᠡ᠃ | ᠡᠨᠡ ᠵᠢᠯ ᠤᠨ ᠬᠦᠭᠵᠢᠯᠳᠡ ᠶᠢᠨ ᠭᠤᠣᠯ ᠬᠠᠷᠠᠯᠳᠠ ᠪᠣᠯ᠄ ᠣᠷᠣᠨ ᠨᠣᠳᠤᠭ ᠤᠨ ᠦᠢᠯᠡᠳᠪᠦᠷᠢᠯᠡᠯ ᠤᠨ | ᠶᠡᠷᠦᠩᠬᠡᠢ ᠦᠷᠳᠡᠭ ᠢ 6% ᠣᠷᠴᠢᠮ ᠨᠡᠮᠡᠭᠳᠡᠭᠦᠯᠵᠣ᠂ ᠳᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠶᠢ | 25% ᠣᠷᠴᠢᠮ ᠨᠡᠮᠡᠭᠳᠡᠭᠦᠯᠵᠣ᠂ ᠡᠩ ᠤᠨ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ | ᠶᠢ 7.5% ᠣᠷᠴᠢᠮ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠬᠤ | ᠶᠡᠷᠦᠩᠬᠡᠢ ᠦᠷᠳᠡᠭ ᠢ 8% ᠣᠷᠴᠢᠮ ᠨᠡᠮᠡᠭᠳᠡᠭᠦᠯᠦᠨ᠂ ᠪᠦᠬᠦ ᠰᠠᠭᠤᠭᠠᠯᠢ ᠠᠷᠠᠳ ᠤᠨ ᠬᠦᠮᠦᠨ ᠳᠣᠮᠳᠠᠴᠢ | ᠡᠵᠡᠮᠳᠡᠵᠣ ᠪᠣᠯᠬᠤᠶᠢᠴᠠ ᠣᠷᠣᠯᠭ᠎ᠠ ᠶᠢ 5% ᠣᠷᠴᠢᠮ ᠨᠡᠮᠡᠭᠳᠡᠭᠦᠯᠵᠣ᠂ ᠬᠤᠳᠠ ᠪᠠᠯᠭᠠᠰᠣᠨ ᠤ ᠠᠵᠢᠯ ᠠᠯᠳᠠᠭᠰᠠᠳ | ᠤᠨ ᠳᠠᠩᠰᠠᠯᠠᠯᠳᠠ ᠶᠢᠨ ᠨᠣᠷᠮ᠎ᠠ ᠶᠢ 4.5 % ᠳᠣᠳᠣᠷ᠎ᠠ ᠬᠢᠵᠠᠭᠠᠷᠯᠠᠵᠦ᠂ ᠦᠪᠡᠷᠳᠡᠭᠡᠨ ᠵᠠᠰᠠᠬᠤ ᠣᠷᠣᠨ᠂ ᠰᠢᠯᠢ | ᠶᠢᠨ ᠭᠤᠣᠯ ᠠᠶᠢᠮᠠᠭ ᠠᠴᠠ ᠪᠠᠭᠤᠯᠭᠠᠭᠰᠠᠨ ᠪᠣᠰᠣᠳ ᠬᠢᠵᠠᠭᠠᠷᠯᠠᠯᠳᠣ ᠵᠢᠭᠠᠯᠳᠠ ᠳᠤᠭ᠎ᠠ ᠶᠢ ᠪᠡᠶᠡᠯᠡᠭᠦᠯᠦᠨ᠎ᠡ᠃ | ᠳᠡᠭᠡᠷᠡᠬᠢ ᠱᠠᠭᠠᠷᠳᠠᠯᠭ᠎ᠠ ᠪᠠ ᠬᠠᠷᠠᠯᠳᠠ ᠶᠢᠨ ᠳᠠᠭᠠᠣ᠂ ᠳᠣᠰ ᠵᠢᠯ ᠳᠣᠳᠣᠷ᠎ᠠ ᠳᠣᠣᠷᠠᠬᠢ ᠬᠡᠳᠦᠨ ᠠᠵᠢᠯ | ᠢ ᠭᠤᠣᠯᠳᠠᠯᠭ᠎ᠠ ᠲᠠᠢ ᠰᠠᠶᠢᠳᠣᠷ ᠠᠳᠬᠤᠨ᠎ᠠ᠄ | ᠨᠢᠭᠡ᠂ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠡᠷᠡᠰ ᠰᠠᠶᠢᠳᠣᠷ ᠬᠢᠵᠣ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠰᠠᠭᠤᠷᠢ ᠶᠢ ᠪᠠᠳᠣᠳᠬᠠᠨ᠎ᠠ | ᠬᠦᠨᠳᠦ ᠶᠡᠭᠡ ᠠᠶᠣᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠳᠠ ᠰᠢᠪᠳᠣᠯᠬᠤ ᠳᠠᠶᠢᠯᠠᠯᠳᠣᠭᠠᠨ | ᠢ ᠰᠠᠶᠢᠳᠣᠷ ᠬᠢᠨ᠎ᠡ᠃ ᠵᠠᠰᠠᠭ ᠤᠨ ᠣᠷᠳᠣᠨ ᠤ ᠦᠷᠢ ᠦᠭᠴᠡᠭᠡᠨ ᠤ ᠬᠠᠮᠢᠶᠠᠷᠣᠯᠳᠠ ᠶᠢ ᠪᠦᠬᠦ ᠳᠠᠯ᠎ᠠ ᠪᠠᠷ | ᠴᠢᠩᠭᠠᠳᠬᠠᠵᠣ᠂ ᠲᠦᠰᠦᠪ ᠤᠨ ᠳᠣᠬᠢᠷᠠᠭᠤᠯᠣᠯᠳᠠ᠂ ᠠᠪᠴᠠᠭᠠᠨ ᠤ ᠡᠷᠬᠡ ᠶᠢᠨ ᠰᠣᠯᠢᠯᠳᠠ᠂ ᠡᠳ᠋ ᠬᠦᠷᠦᠩᠬᠡ ᠶᠢ | ᠳᠠᠬᠢᠨ ᠨᠢᠭᠡᠳᠭᠡᠬᠦ᠂ ᠰᠣᠯᠠ ᠳᠠᠯᠪᠢᠭᠳᠠᠵᠣ ᠪᠠᠶᠢᠭ᠎ᠠ ᠳᠣᠰᠬᠠᠢ ᠲᠦᠷᠦᠯ ᠤᠨ ᠪᠡᠯᠡ ᠮᠦᠩᠭᠦ ᠶᠢ ᠨᠢᠭᠡᠳᠭᠡᠬᠦ᠂ | ᠬᠠᠳᠠᠭᠠᠯᠠᠮᠵᠢ ᠶᠢᠨ ᠡᠳ᠋ ᠬᠦᠷᠦᠩᠬᠡ ᠶᠢ ᠡᠷᠬᠢᠯᠳᠡ ᠳᠤ ᠣᠷᠣᠭᠤᠯᠬᠤ᠂ ᠠᠯᠪᠠᠨ ᠤ ᠵᠠᠷᠣᠳᠠᠯ ᠢ ᠪᠠᠭᠠᠰᠬᠠᠬᠤ ᠵᠡᠷᠭᠡ ︽ | ᠬᠠᠮᠳᠣᠷᠠᠭᠰᠠᠨ ᠨᠢᠳᠣᠷᠭ᠎ᠠ︾ ᠶᠢ ᠰᠠᠶᠢᠳᠣᠷ ᠬᠢᠵᠣ᠂ ᠦᠯᠡᠳᠡᠵᠦ ᠪᠠᠶᠢᠭ᠎ᠠ ᠦᠷᠢ ᠦᠭᠴᠡᠭᠡ ᠶᠢ ᠡᠮᠬᠢ ᠴᠡᠭᠴᠡ ᠲᠠᠢ | ᠪᠠᠷ ᠠᠷᠢᠯᠭᠠᠨ᠂ ᠵᠢᠯ ᠤᠨ ᠡᠴᠦᠰ ᠤᠨ ᠦᠷᠢ ᠦᠭᠴᠡᠭᠡ ᠶᠢ ᠠᠷᠢᠯᠭᠠᠬᠤ ᠬᠠᠷᠠᠯᠳᠠ ᠶᠢ ᠪᠡᠶᠡᠯᠡᠭᠦᠯᠦᠨ᠎ᠡ᠃ ᠲᠦᠰᠦᠪ | ᠤᠨ ᠬᠢᠵᠠᠭᠠᠷᠯᠠᠯ ᠢ ᠴᠢᠩᠭᠠᠳᠬᠠᠨ᠂ ᠴᠢᠳᠠᠯ ᠤᠨ ᠬᠢᠷᠢ ᠪᠠᠷ ᠬᠢᠵᠣ᠂ ᠣᠷᠣᠯᠭ᠎ᠠ ᠶᠢᠨ ᠬᠢᠷᠢ ᠪᠠᠷ ᠵᠠᠷᠣᠴᠠᠭᠤᠯᠬᠤ ᠶᠢ | ᠪᠠᠷᠢᠮᠳᠠᠯᠠᠨ᠂ ᠵᠠᠰᠠᠭ ᠤᠨ ᠣᠷᠳᠣᠨ ᠤ ᠪᠡᠯᠡ ᠣᠷᠣᠭᠤᠯᠣᠯᠳᠠ ᠶᠢᠨ ᠲᠦᠷᠦᠯ ᠵᠦᠢᠯ᠂ ᠦᠷᠢ ᠳᠠᠯᠪᠢᠵᠣ ᠬᠦᠷᠦᠩᠬᠡ | ᠬᠤᠷᠠᠮᠳᠣᠭᠤᠯᠬᠤ᠂ ᠣᠯᠠᠨ ᠨᠡᠶᠢᠳᠡ ᠶᠢᠨ ᠦᠢᠯᠡᠴᠢᠯᠡᠭᠡ ᠶᠢ ᠬᠤᠳᠠᠯᠳᠣᠨ ᠠᠪᠬᠤ ᠦᠢᠯᠡ ᠠᠵᠢᠯᠯᠠᠭ᠎ᠠ ᠶᠢ ᠴᠢᠩᠭ᠎ᠠ | ᠲᠦᠷᠢᠮᠵᠢᠭᠦᠯᠵᠣ᠂ ᠵᠠᠰᠠᠭ ᠤᠨ ᠣᠷᠳᠣᠨ ᠤ ᠦᠷᠢ ᠦᠭᠴᠡᠭᠡᠨ ᠤ ᠬᠡᠮᠵᠢᠶ᠎ᠡ ᠶᠢ ᠨᠡᠮᠡᠭᠳᠡᠭᠦᠯᠬᠦ ᠶᠢ ᠡᠷᠡᠰ ᠬᠤᠷᠢᠭᠯᠠᠨ᠂ | ᠡᠯ᠎ᠡ ᠲᠦᠷᠦᠯ ᠤᠨ ᠳᠣᠭᠳᠠᠭᠠᠯ ᠢ ᠵᠦᠷᠢᠴᠡᠨ ᠬᠡᠯᠪᠡᠷᠢ ᠦᠬᠡᠷᠡᠳᠡᠭᠦᠯᠦᠨ ᠦᠷᠢ ᠳᠠᠯᠪᠢᠬᠤ ᠶᠢ ᠴᠢᠩᠭ᠎ᠠ | ᠬᠤᠷᠢᠭᠯᠠᠨ᠎ᠠ᠃ ᠮᠦᠩᠭᠦᠨ ᠭᠦᠢᠯᠭᠡᠭᠡᠨ ᠤ ᠠᠶᠣᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠨ᠂ | ᠬᠠᠦᠯᠢ ᠪᠣᠰᠣ ᠪᠠᠷ ᠬᠦᠷᠦᠩᠬᠡ ᠬᠤᠷᠠᠮᠳᠣᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠷ ᠬᠦᠦ ᠲᠠᠢ | ᠵᠢᠭᠡᠯᠡᠯᠭᠡ ᠳᠠᠯᠪᠢᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠢᠨᠲ᠋ᠧᠷ ᠰᠦᠯᠵᠢᠶᠡᠨ ᠤ ᠮᠦᠩᠭᠦᠨ | ᠭᠦᠢᠯᠭᠡᠭᠡᠨ ᠤ ᠠᠶᠣᠯ ᠲᠦᠭᠰᠢᠭᠦᠷᠢ ᠶᠢᠨ ᠳᠣᠰᠬᠠᠢ ᠴᠡᠭᠴᠡᠯᠡᠯᠳᠡ ᠶᠢ ᠦᠷᠭᠦᠯᠵᠢᠯᠡᠨ ᠦᠷᠨᠢᠭᠦᠯᠵᠣ᠂ ᠬᠦᠷᠦᠩᠬᠡ | ᠬᠤᠷᠠᠮᠳᠣᠭᠤᠯᠬᠤ ᠳᠠᠪᠴᠠᠩ ᠤᠨ ᠬᠡᠯᠪᠡᠷᠢ ᠪᠠᠨ ᠬᠤᠪᠢᠷᠠᠭᠤᠯᠣᠨ ᠬᠦᠭᠵᠢᠭᠦ ᠶᠢ ᠲᠦᠯᠬᠢᠨ ᠠᠬᠢᠭᠤᠯᠵᠣ᠂ ᠮᠦᠩᠭᠦᠨ | ᠭᠦᠢᠯᠭᠡᠭᠡᠨ ᠤ ᠪᠠᠶᠢᠭᠤᠯᠣᠮᠵᠢ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠂ ᠣᠷᠣᠨ ᠨᠣᠳᠤᠭ ᠤᠨ ᠮᠦᠩᠭᠦᠨ | ᠭᠦᠢᠯᠭᠡᠭᠡᠨ ᠤ ᠳᠣᠭᠳᠠᠭᠤᠨ ᠪᠠ ᠠᠮᠣᠷ ᠲᠦᠪᠰᠢᠨ ᠢ ᠬᠠᠮᠠᠭᠠᠯᠠᠨ᠎ᠠ᠃ | ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ | ᠰᠠᠶᠢᠳᠣᠷ ᠬᠢᠨ᠎ᠡ᠃ ᠲᠦᠪ ᠤᠨ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢᠨ ᠳᠣᠰᠬᠠᠢ ᠳᠣᠭᠤᠷᠢᠨ | ᠪᠠᠶᠢᠴᠠᠭᠠᠯᠳᠠ ᠪᠠᠷ ᠬᠠᠷᠢᠭᠤ ᠳᠣᠰᠬᠠᠭᠰᠠᠨ ᠰᠠᠨᠠᠯ ᠤᠨ ᠵᠠᠰᠠᠨ ᠴᠡᠭᠴᠡᠯᠡᠯᠳᠡ ᠶᠢᠨ ᠠᠵᠢᠯ ᠢ ᠴᠢᠩᠭ᠎ᠠ ᠠᠳᠬᠤᠵᠣ᠂ | ᠳᠠᠩᠰᠠ ᠺᠠᠷᠲ ᠪᠠᠶᠢᠭᠤᠯᠣᠭᠰᠠᠨ ᠶᠠᠳᠠᠭᠤ ᠬᠦᠴᠢᠷᠳᠡᠯᠳᠡᠢ ᠮᠠᠯᠴᠢᠳ ᠤᠨ ᠳᠣᠭᠳᠠᠭᠤᠨ ᠢᠶᠠᠷ ᠶᠠᠳᠠᠭᠤ ᠠᠴᠠ | ᠠᠩᠬᠢᠵᠢᠷᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠳᠣᠳᠬᠠᠨ᠂ ᠶᠠᠳᠠᠭᠤ ᠬᠦᠴᠢᠷᠳᠡᠯ ᠤᠨ ᠳᠣᠭᠤᠷᠢᠨ ᠤ | ᠡᠷᠦᠬᠡ ᠶᠢ ᠬᠦᠮᠦᠵᠢᠭᠦᠯᠦᠨ ᠵᠢᠯᠣᠭᠤᠳᠬᠤ ᠬᠦᠴᠦᠯᠡᠴᠡ ᠪᠠᠨ ᠶᠡᠬᠡᠰᠬᠡᠵᠣ᠂ ᠶᠠᠳᠠᠭᠤ ᠶᠢ ᠳᠡᠳᠬᠦᠬᠦ᠂ ᠢᠳᠡᠭᠡᠯ | ᠵᠣᠷᠢᠭ ᠢ ᠳᠡᠳᠭᠦᠬᠦ᠂ ᠣᠶᠣᠨ ᠣᠬᠠᠭᠠᠨ ᠢ ᠳᠡᠳᠭᠦᠬᠦ ᠶᠢ ᠬᠠᠷᠢᠯᠴᠠᠨ ᠣᠶᠠᠯᠳᠣᠭᠤᠯᠬᠤ ᠶᠢ ᠪᠠᠷᠢᠮᠳᠠᠯᠠᠨ᠂ ᠶᠠᠳᠠᠭᠤ | ᠬᠦᠴᠢᠷᠳᠡᠯ ᠤᠨ ᠳᠣᠭᠤᠷᠢᠨ ᠤ ᠡᠷᠦᠬᠡ ᠶᠢᠨ ︽ᠬᠦᠯᠢᠶᠡᠬᠦ ᠲᠦᠰᠢᠬᠦ ᠠᠪᠬᠤ︾ ᠣᠶᠢᠯᠠᠭᠠᠭᠳᠠᠬᠤᠨ ᠢ ᠨᠢ | ᠬᠤᠪᠢᠷᠠᠭᠤᠯᠵᠣ᠂ ᠦᠢᠯᠡᠰ ᠪᠣᠰᠬᠠᠨ ᠪᠠᠶᠠᠵᠢᠯ ᠤᠨ ᠵᠠᠮ ᠢᠶᠠᠷ ᠵᠠᠮᠨᠠᠬᠤ ᠳᠣᠳᠣᠭᠠᠳᠣ ᠬᠦᠳᠡᠯᠬᠡᠬᠦ ᠬᠦᠴᠦᠨ ᠢ ᠨᠢ | ᠬᠦᠭᠵᠢᠭᠡᠨ᠎ᠡ᠃ ᠰᠣᠮᠣᠨ ᠤ ᠶᠠᠳᠠᠭᠤ ᠶᠢ ᠳᠡᠳᠭᠦᠬᠦ ᠺᠠᠳ᠋ᠷ᠂ ᠭᠠᠴᠠᠭᠠᠨ ᠤ ︽ᠨᠢᠭᠡᠳᠦᠭᠡᠷ ᠱᠦᠵᠢ︾᠂ ᠳᠣᠰᠬᠤᠨ | ᠳᠤ ᠰᠠᠭᠤᠭ᠎ᠠ ᠠᠵᠢᠯᠯᠠᠬᠤ ᠪᠠᠭ ᠤᠨ ᠳᠣᠰᠢᠶᠠᠯ ᠬᠠᠷᠢᠭᠤᠴᠠᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠣᠨ᠂ ︽ | ᠡᠷᠦᠬᠡ ᠳᠤᠨᠢ ᠳᠣᠬᠢᠷᠠᠭᠤᠯᠬᠤ ᠪᠣᠳᠣᠯᠭ᠎ᠠ ᠬᠡᠷᠡᠭᠵᠢᠭᠦᠯᠵᠣ︾ ᠶᠠᠳᠠᠭᠤ ᠶᠢ ᠳᠡᠳᠭᠦᠬᠦ ᠠᠵᠣ ᠦᠢᠯᠡᠰ ᠢ ᠵᠦᠪ | ᠣᠨᠣᠪᠴᠢᠳᠠᠢ ᠰᠣᠩᠭᠤᠵᠣ᠂ ᠭᠤᠣᠯᠳᠠᠭᠤ ᠬᠡᠪᠴᠢᠶᠡᠵᠢᠭᠰᠡᠨ ᠳᠡᠵᠢᠭᠡᠨ ᠦᠷᠡᠵᠢᠭᠦᠯᠬᠦ ᠦᠢᠯᠡᠰ᠂ ᠲᠠᠷᠢᠶᠠᠯᠠᠩ ᠮᠠᠯ | ᠠᠵᠣ ᠠᠬᠤᠢ ᠶᠢᠨ ᠪᠦᠲᠦᠭᠡᠭᠳᠡᠭᠦᠨ ᠤ ᠨᠠᠷᠢᠯᠢᠭ ᠪᠣᠯᠪᠠᠰᠣᠷᠠᠭᠤᠯᠣᠯᠳᠠ᠂ ︽ᠢᠨᠲ᠋ᠧᠷ ᠰᠦᠯᠵᠢᠶ᠎ᠡ + ᠲᠠᠷᠢᠶᠠᠯᠠᠩ | ᠮᠠᠯ ᠠᠵᠣ ᠠᠬᠤᠢ︾᠂ ᠬᠢᠯᠢ ᠶᠢᠨ ᠢᠷᠭᠡᠳ ᠤᠨ ᠬᠤᠳᠠᠯᠳᠤᠭ᠎ᠠ ᠵᠡᠷᠭᠡ ᠳᠠᠯ᠎ᠠ ᠪᠠᠷ ᠳᠡᠮᠵᠢᠯᠭᠡ ᠦᠵᠡᠭᠦᠯᠦᠨ᠂ | ᠦᠢᠯᠡᠰ ᠪᠣᠰᠬᠠᠬᠤ ᠬᠡᠷᠡᠭᠯᠡᠬᠡᠨ ᠤ ᠮᠡᠷᠭᠡᠵᠢᠯ ᠤᠨ ᠪᠣᠯᠪᠠᠰᠣᠷᠠᠯ ᠬᠦᠷᠳᠡᠭᠡᠬᠦ ᠬᠦᠴᠦᠯᠡᠴᠡ ᠪᠠᠨ ᠶᠡᠬᠡᠰᠬᠡᠵᠣ᠂ ᠠᠵᠢᠯ | ᠮᠡᠷᠭᠡᠵᠢᠯ ᠤᠨ ᠳᠡᠭᠡᠳᠦ ᠰᠣᠷᠭᠠᠭᠤᠯᠢ ᠪᠠ ᠠᠵᠣ ᠠᠬᠤᠶᠢᠯᠠᠯ ᠲᠠᠢ ᠬᠠᠮᠳᠣᠷᠴᠣ ᠪᠣᠯᠪᠠᠰᠣᠷᠠᠯ ᠦᠷᠨᠢᠭᠦᠯᠬᠦ ᠪᠠᠷ | ᠭᠤᠣᠯᠳᠠᠯᠭ᠎ᠠ ᠪᠣᠯᠭᠠᠨ᠂ ᠶᠠᠳᠠᠭᠤ ᠬᠦᠴᠢᠷᠳᠡᠯ ᠤᠨ ᠳᠣᠭᠤᠷᠢᠨ ᠤ ᠡᠷᠦᠬᠡ ᠶᠢᠨ ᠠᠵᠢᠯ ᠮᠡᠷᠭᠡᠵᠢᠯ ᠤᠨ ᠣᠷ᠎ᠠ | ᠴᠢᠳᠠᠪᠣᠷᠢ ᠪᠠ ᠠᠵᠢᠯ ᠣᠯᠬᠤ ᠴᠢᠳᠠᠪᠣᠷᠢ ᠶᠢ ᠦᠨᠡᠨᠬᠦ ᠳᠡᠭᠡᠭᠰᠢᠯᠡᠭᠦᠯᠵᠣ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠯ | ᠤᠨ ᠵᠠᠮ ᠢᠶᠠᠷ ᠵᠠᠮᠨᠠᠬᠤ ᠶᠢ ᠲᠦᠯᠬᠢᠨ ᠠᠬᠢᠭᠤᠯᠣᠨ᠎ᠠ᠃ | ᠪᠣᠬᠢᠷᠳᠣᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠢ ᠰᠠᠶᠢᠳᠣᠷ ᠬᠢᠨ᠎ᠡ᠃ ᠰᠢ | ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠶᠢ ᠡᠷᠡᠰ ᠳᠣᠣᠱᠯᠠᠭᠤᠯᠣᠨ ᠨᠠᠶᠢᠳᠠᠪᠣᠷᠢᠵᠢᠭᠤᠯᠵᠣ | ᠂ ᠲᠦᠪ ᠤᠨ ᠣᠷᠴᠢᠨ ᠳᠣᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠶᠢᠨ ︽ᠪᠣᠴᠠᠵᠣ ᠪᠠᠶᠢᠴᠠᠭᠠᠨ | ᠦᠵᠡᠬᠦ︾ ᠵᠢᠴᠢ ᠳᠠᠯ᠎ᠠ ᠨᠣᠳᠤᠭ ᠤᠨ ᠠᠮᠢ ᠠᠬᠤᠢ ᠶᠢᠨ ᠣᠷᠴᠢᠨ ᠳᠣᠭᠤᠷᠢᠨ ᠤ ᠠᠰᠠᠭᠤᠳᠠᠯ ᠤᠨ ᠳᠣᠰᠬᠠᠢ | ᠱᠠᠭᠠᠷᠳᠠᠨ ᠪᠠᠶᠢᠴᠠᠭᠠᠯᠳᠠ᠂ ᠦᠪᠡᠷᠳᠡᠭᠡᠨ ᠵᠠᠰᠠᠬᠤ ᠣᠷᠣᠨ ᠤ ᠣᠷᠴᠢᠨ ᠳᠣᠭᠤᠷᠢᠨ ᠤ ᠬᠠᠮᠠᠭᠠᠯᠠᠯᠳᠠ ᠶᠢᠨ | ᠱᠠᠭᠠᠷᠳᠠᠨ ᠪᠠᠶᠢᠴᠠᠭᠠᠯᠳᠠ ᠶᠢᠨ ᠬᠠᠷᠢᠭᠤ ᠳᠣᠰᠬᠠᠭᠰᠠᠨ ᠰᠠᠨᠠᠯ ᠤᠨ ᠬᠠᠯᠠᠨ ᠨᠠᠶᠢᠳᠠᠪᠣᠷᠢᠵᠢᠭᠤᠯᠣᠯᠳᠠ ᠶᠢ ᠪᠦᠬᠦ ᠳᠠᠯ᠎ᠠ | ᠪᠠᠷ ᠲᠦᠯᠬᠢᠨ ᠠᠬᠢᠭᠤᠯᠣᠨ᠎ᠠ᠃ ᠬᠦᠬᠡ ᠳᠡᠭᠷᠢ᠂ ᠬᠦᠬᠡᠮᠳᠡᠭ ᠣᠰᠣ᠂ ᠰᠢᠮᠡᠯᠢᠭ ᠬᠦᠷᠦᠰᠦ ᠶᠢ ᠬᠠᠮᠠᠭᠠᠯᠠᠬᠤ | ᠳᠠᠶᠢᠯᠠᠯᠳᠣᠭᠠᠨ ᠤ ᠢᠯᠠᠯᠳᠠ ᠶᠢ ᠡᠷᠡᠰ ᠳᠡᠮᠡᠴᠡᠨ ᠣᠯᠵᠣ᠂ ᠠᠵᠣ ᠦᠢᠯᠡᠳᠪᠦᠷᠢ ᠶᠢᠨ ᠠᠭᠠᠷ ᠮᠠᠨᠳᠠᠯ ᠤᠨ ᠪᠣᠬᠢᠷᠳᠣᠯ | ᠤᠨ ᠶᠡᠷᠦᠩᠬᠡᠶᠢᠯᠡᠭᠰᠡᠨ ᠵᠠᠰᠠᠨ ᠴᠡᠭᠴᠡᠯᠡᠯᠳᠡ ᠶᠢ ᠴᠢᠩᠭᠠᠳᠬᠠᠨ᠂ ᠰᠢᠳᠠᠭᠠᠯᠭ᠎ᠠ ᠶᠢᠨ ᠨᠡᠭᠦᠷᠡᠰᠣᠨ ᠤ ᠪᠣᠬᠢᠷᠳᠣᠯ ᠤᠨ | ᠶᠡᠷᠦᠩᠬᠡᠶᠢᠯᠡᠭᠰᠡᠨ ᠵᠠᠰᠠᠨ ᠴᠡᠭᠴᠡᠯᠡᠯᠳᠡ ᠶᠢ ᠪᠦᠲᠦᠮᠵᠢᠳᠡᠢ ᠲᠦᠯᠬᠢᠨ ᠠᠬᠢᠭᠤᠯᠵᠣ᠂ ᠴᠠᠶᠢᠶ᠋ᠢᠣ ᠳᠣᠰᠣᠨ ᠤ | ᠳᠡᠭᠡᠭᠡᠪᠦᠷᠢ ᠶᠢᠨ ᠮᠠᠰᠢᠨ ᠲᠡᠷᠭᠡ᠂ ᠠᠭᠤᠷᠬᠠᠢ ᠶᠢᠨ ᠣᠷᠣᠨ ᠵᠢᠴᠢ ᠪᠠᠷᠠᠭᠠᠨ ᠤ ᠭᠦᠢᠯᠭᠡᠭᠡ ᠨᠦᠬᠡᠴᠡᠯᠡᠨ ᠬᠠᠳᠠᠭᠠᠯᠠᠬᠤ | ᠬᠦᠷᠢᠶᠡᠯᠡᠩ ᠤᠨ ᠳᠣᠭᠤᠰᠣ ᠰᠢᠷᠣᠢ ᠶᠢᠨ ᠪᠣᠬᠢᠷᠳᠣᠯ ᠤᠨ ᠳᠣᠰᠬᠠᠢ ᠴᠡᠭᠴᠡᠯᠡᠯᠳᠡ ᠶᠢ ᠢᠳᠡᠪᠬᠢᠳᠡᠢ ᠦᠷᠨᠢᠭᠦᠯᠦᠨ᠎ᠡ᠃ | ︽ᠭᠤᠣᠯ ︵ᠨᠠᠭᠤᠷ︶ ᠤᠨ ᠳᠠᠷᠤᠭ᠎ᠠ︾ ᠶᠢᠨ ᠲᠦᠷᠢᠮ ᠢ ᠪᠦᠬᠦ ᠲᠠᠯ᠎ᠠ ᠪᠠᠷ ᠠᠬᠢᠭᠤᠯᠣᠨ ᠨᠠᠶᠢᠳᠠᠪᠣᠷᠢᠵᠢᠭᠤᠯᠵᠣ᠂ | ᠣᠣᠭᠤᠬᠤ ᠣᠰᠣᠨ ᠤ ᠰᠣᠷᠪᠣᠯᠵᠢ ᠶᠢᠨ ᠬᠠᠮᠠᠭᠠᠯᠠᠯᠳᠠ ᠬᠠᠮᠢᠶᠠᠷᠣᠯᠳᠠ ᠶᠢ ᠴᠢᠩᠭᠠᠳᠬᠠᠨ᠂ ᠪᠣᠬᠢᠷ ᠣᠰᠣ ᠶᠢ | ᠴᠡᠪᠡᠷᠰᠢᠭᠦᠯᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠰᠢᠨᠡᠴᠢᠯᠡᠬᠦ ᠲᠦᠷᠦᠯ ᠵᠦᠢᠯ ᠢ ᠳᠠᠭᠤᠰᠬᠠᠨ᠎ᠠ᠃ | ᠲᠠᠷᠢᠶᠠᠯᠠᠬᠤ ᠭᠠᠵᠠᠷ ᠪᠠ ᠭᠤᠣᠯᠳᠠᠯᠭ᠎ᠠ ᠲᠠᠢ ᠠᠵᠢᠯ ᠲᠦᠷᠦᠯ ᠤᠨ ᠠᠵᠣ ᠠᠬᠤᠶᠢᠯᠠᠯ ᠤᠨ ᠭᠠᠵᠠᠷ ᠬᠡᠷᠡᠭᠯᠡᠯᠳᠡ ᠶᠢᠨ | ᠪᠠᠶᠢᠳᠠᠯ ᠤᠨ ᠪᠠᠶᠢᠴᠠᠭᠠᠨ ᠰᠣᠳᠣᠯᠣᠯᠳᠠ ᠶᠢ ᠲᠦᠷᠭᠡᠳᠭᠡᠨ᠂ ᠪᠣᠬᠢᠷᠳᠣᠭᠰᠠᠨ ᠭᠠᠵᠠᠷ ᠤᠨ ᠲᠦᠭᠰᠢᠭᠦᠷᠢ ᠶᠢᠨ | ᠬᠠᠮᠢᠶᠠᠷᠣᠯᠳᠠ ᠡᠷᠬᠡᠰᠢᠶᠡᠯᠳᠠ ᠪᠠ ᠵᠠᠰᠠᠨ ᠰᠡᠷᠭᠦᠭᠡᠯᠳᠡ ᠶᠢ ᠴᠢᠩᠭᠠᠳᠬᠠᠵᠣ᠂ ᠬᠠᠳᠠᠭᠤ ᠪᠠᠶᠠᠳᠣ ᠬᠠᠶᠠᠭᠳᠠᠮᠠᠯ ᠪᠠ | ᠠᠶᠣᠯ ᠲᠦᠭᠰᠢᠭᠦᠷᠢᠳᠣ ᠬᠠᠶᠠᠭᠳᠠᠮᠠᠯ ᠤᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ | ᠭᠠᠵᠠᠷ ᠤᠨ ᠪᠣᠬᠢᠷᠳᠣᠯ ᠤᠨ ᠰᠣᠷᠪᠣᠯᠵᠢ ᠶᠢᠨ ᠰᠡᠷᠭᠡᠶᠢᠯᠡᠯᠳᠡ ᠵᠠᠰᠠᠯᠳᠠ ᠶᠢ ᠴᠢᠩᠭᠠᠳᠬᠠᠵᠣ᠂ ︽ᠬᠠᠶᠠᠭᠳᠠᠮᠠᠯ ᠦᠬᠡᠢ | ᠬᠤᠳᠠ︾ ᠶᠢᠨ ᠪᠦᠲᠦᠭᠡᠨ ᠪᠠᠶᠢᠭᠤᠯᠣᠯᠳᠠ ᠶᠢ ᠲᠦᠯᠬᠢᠨ ᠠᠬᠢᠭᠤᠯᠣᠨ᠎ᠠ᠃ ᠪᠡᠭᠡᠵᠢᠩ ᠲᠢᠶᠡᠨᠵᠢᠨ ᠤ ᠡᠯᠡᠰᠦᠨ | ᠰᠢᠭᠤᠷᠭ᠎ᠠ ᠶᠢᠨ ᠡᠬᠢ ᠰᠣᠷᠪᠣᠯᠵᠢ ᠶᠢ ᠵᠠᠰᠠᠬᠤ ᠢᠨᠵᠧᠨᠧᠷᠢᠩ ᠢ ᠬᠦᠨᠵᠡᠭᠡᠢ ᠬᠡᠷᠡᠭᠵᠢᠭᠦᠯᠦᠨ᠂ ᠳᠠᠯ᠎ᠠ ᠨᠣᠳᠤᠭ ᠤᠨ | ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠦᠬᠦᠪᠦᠷᠢ ᠶᠢᠨ ᠲᠦᠷᠦ ᠶᠢᠨ ᠪᠣᠳᠣᠯᠭ᠎ᠠ ᠶᠢ ᠴᠢᠩᠭ᠎ᠠ | ᠨᠠᠶᠢᠳᠠᠪᠣᠷᠢᠵᠢᠭᠤᠯᠵᠣ᠂ ᠳᠠᠯ᠎ᠠ ᠨᠣᠳᠤᠭ ᠤᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠲᠦᠯᠬᠢᠨ | ᠠᠬᠢᠭᠤᠯᠣᠨ᠎ᠠ᠃ | ᠬᠤᠶᠠᠷ᠂ ᠳᠣᠷᠰᠢᠯᠳᠠ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠳᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠵᠣ᠂ ᠬᠦᠭᠵᠢᠭᠦᠯᠦᠯᠳᠡ ᠨᠡᠭᠡᠭᠡᠯᠳᠡ ᠶᠢᠨ ᠲᠦᠪᠰᠢᠨ ᠢ ᠬᠦᠴᠦ ᠳᠠᠯᠪᠢᠨ ᠳᠡᠭᠡᠭᠰᠢᠯᠡᠭᠦᠯᠦᠨ᠎ᠡ | ᠳᠡᠭᠡᠳᠦ ᠴᠢᠨᠠᠷᠵᠢᠯᠳᠣ ᠬᠦᠭᠵᠢᠯᠳᠡ ᠶᠢᠨ ᠳᠠᠪᠴᠠᠩ ᠤᠨ ᠪᠦᠲᠦᠭᠡᠨ ᠪᠠᠶᠢᠭᠤᠯᠣᠯᠳᠠ ᠶᠢ ᠲᠦᠷᠭᠡᠳᠭᠡᠨ᠎ᠡ᠃ | ᠳᠠᠪᠴᠠᠩ ᠤᠨ ᠪᠠᠶᠢᠭᠤᠯᠣᠯᠳᠠ ᠶᠢᠨ ᠪᠣᠭᠤᠮᠳᠠ ᠶᠢᠨ ᠠᠵᠣ ᠠᠬᠤᠢ ᠶᠢᠨ ᠳᠡᠭᠡᠳᠦ ᠴᠢᠨᠠᠷᠵᠢᠯᠳᠣ ᠬᠦᠭᠵᠢᠯᠳᠡ ᠶᠢᠨ | ᠳᠣᠮᠳᠠ ᠦᠵᠡᠭᠦᠯᠬᠦ ᠴᠢᠬᠤᠯᠠ ᠪᠠᠶᠢᠷᠢ ᠰᠠᠭᠤᠷᠢ ᠶᠢ ᠴᠢᠩᠭᠠᠳᠬᠠᠵᠣ᠂ ᠡᠯ᠎ᠡ ᠬᠦᠷᠢᠶᠡᠯᠡᠩ ᠤᠨ ᠬᠦᠭᠵᠢᠯᠳᠡ ᠶᠢᠨ | ᠪᠠᠶᠢᠷᠢ ᠳᠣᠭᠳᠠᠭᠠᠯᠳᠠ ᠶᠢ ᠳᠣᠳᠣᠷᠬᠠᠶᠢᠯᠠᠨ᠂ ᠬᠢᠯᠢ ᠠᠯᠣᠰᠯᠠᠭᠰᠠᠨ ᠠᠵᠣ ᠠᠬᠤᠢ ᠶᠢᠨ ᠬᠠᠮᠳᠣᠷᠠᠯᠴᠠᠭᠠᠨ ᠤ | ᠳᠣᠭᠤᠷᠢᠭ᠂ ᠬᠢᠯᠢ ᠶᠢᠨ ᠠᠵᠣ ᠠᠬᠤᠢ ᠶᠢᠨ ᠬᠠᠮᠳᠣᠷᠠᠯᠴᠠᠭᠠᠨ ᠤ ᠳᠣᠭᠤᠷᠢᠭ᠂ ᠬᠢᠯᠢ ᠶᠢᠨ ᠢᠷᠭᠡᠳ ᠤᠨ | ᠬᠤᠳᠠᠯᠳᠣᠭᠠᠨ ᠤ ᠳᠣᠭᠤᠷᠢᠭ ᠢ ᠨᠢᠭᠡ ᠴᠣᠭᠴᠠᠯᠠᠭᠰᠠᠨ ᠪᠦᠲᠦᠭᠡᠨ ᠪᠠᠶᠢᠭᠤᠯᠣᠯᠳᠠ ᠶᠢ ᠪᠦᠬᠦ ᠲᠠᠯ᠎ᠠ ᠪᠠᠷ ᠬᠠᠶᠢᠨ | ᠰᠦᠪᠡᠭᠴᠢᠯᠡᠨ ᠬᠡᠷᠡᠭᠵᠢᠭᠦᠯᠵᠣ᠂ ᠰᠠᠭᠤᠷᠢ ᠲᠦᠭᠦᠭᠡᠷᠦᠮᠵᠢ ᠶᠢ ᠳᠡᠭᠦᠯᠳᠡᠷᠵᠢᠭᠦᠯᠦᠨ᠂ ᠠᠵᠣ ᠦᠢᠯᠡᠰ ᠤᠨ | ᠪᠠᠶᠢᠷᠢᠰᠢᠭᠤᠯᠣᠯᠳᠠ ᠶᠢ ᠰᠢᠯᠢᠳᠡᠭᠵᠢᠭᠦᠯᠦᠨ᠂ ︽ᠭᠤᠷᠪᠠᠨ ᠳᠣᠭᠤᠷᠢᠭ︾ ᠤᠨ ᠠᠵᠣ ᠦᠢᠯᠡᠰ ᠤᠨ ᠬᠠᠷᠢᠯᠴᠠᠨ | ᠬᠦᠳᠡᠯᠦᠯᠴᠡᠨ᠂ ᠢᠯᠭᠠᠭ᠎ᠠ ᠲᠠᠢ ᠬᠦᠭᠵᠢᠭᠦ ᠶᠢ ᠲᠦᠯᠬᠢᠨ ᠠᠬᠢᠭᠤᠯᠵᠣ᠂ ᠣᠬᠢ ᠰᠢᠯᠢᠳᠡᠭ ᠠᠵᠣ ᠦᠢᠯᠡᠰ ᠢ | ᠪᠣᠶᠢᠵᠢᠭᠤᠯᠣᠨ ᠪᠦᠷᠢᠯᠳᠦᠭᠦᠯᠬᠦ ᠳᠤ ᠪᠠᠳᠣ ᠪᠠᠬᠢ ᠰᠠᠭᠤᠷᠢ ᠶᠢ ᠳᠠᠯᠪᠢᠵᠣ ᠦᠭᠭᠦᠨ᠎ᠡ᠃ ᠳᠣᠮᠳᠠᠳᠣ ᠮᠣᠩᠭᠤᠯ ᠬᠤᠶᠠᠷ | ᠣᠯᠣᠰ ᠤᠨ ᠵᠠᠰᠠᠭ ᠤᠨ ᠣᠷᠳᠣᠨ ᠤ ᠬᠤᠭᠤᠷᠣᠨᠳᠣ ᠳᠣᠭᠳᠠᠭᠠᠭᠰᠠᠨ ᠬᠢᠯᠢ ᠠᠯᠣᠰᠯᠠᠭᠰᠠᠨ ᠠᠵᠣ ᠠᠬᠤᠢ ᠶᠢᠨ | ᠬᠠᠮᠳᠣᠷᠠᠯᠴᠠᠭᠠᠨ ᠤ ᠳᠣᠭᠤᠷᠢᠭ ᠢ ᠪᠦᠲᠦᠭᠡᠨ ᠪᠠᠶᠢᠭᠤᠯᠬᠤ ᠬᠡᠯᠡᠯᠴᠡᠭᠡᠷ ᠢ ᠪᠦᠬᠦ ᠬᠦᠴᠦᠨ ᠢᠶᠠᠷ ᠲᠦᠯᠬᠢᠨ | ᠠᠬᠢᠭᠤᠯᠵᠣ᠂ ᠬᠢᠯᠢ ᠠᠯᠣᠰᠯᠠᠭᠰᠠᠨ ᠳᠣᠭᠤᠷᠢᠭ ᠤᠨ ᠡᠵᠡᠩᠨᠡᠯᠳᠡ ᠶᠢᠨ ᠬᠢᠨᠠᠯᠳᠠ ᠬᠠᠮᠢᠶᠠᠷᠣᠯᠳᠠ ᠶᠢᠨ ᠬᠡᠪ ᠵᠠᠭᠪᠣᠷ᠂ | ᠬᠦᠷᠳᠡᠭᠡᠬᠦ ᠣᠨᠴᠠ ᠬᠠᠷᠠᠭᠠᠯᠵᠠᠯᠠᠯ ᠤᠨ ᠪᠣᠳᠣᠯᠭ᠎ᠠ ᠶᠢ ᠣᠯᠣᠰ ᠠᠴᠠ ᠳᠣᠳᠣᠷᠠᠭᠤᠯᠬᠤ ᠶᠢ ᠬᠦᠬᠡᠬᠡᠴᠡᠯᠳᠦᠵᠣ᠂ ᠬᠢᠯᠢ | ᠠᠯᠣᠰᠯᠠᠭᠰᠠᠨ ᠳᠣᠭᠤᠷᠢᠭ ᠤᠨ ᠶᠡᠷᠦᠩᠬᠡᠢ ᠲᠦᠯᠦᠪᠵᠢᠭᠦᠯᠬᠡ ᠶᠢ ᠵᠠᠰᠠᠨ ᠨᠠᠶᠢᠷᠠᠭᠤᠯᠬᠤ ᠵᠢᠴᠢ ᠡᠯ᠎ᠡ ᠲᠦᠷᠦᠯ ᠤᠨ | ᠳᠣᠰᠬᠠᠢ ᠲᠦᠷᠦᠯ ᠤᠨ ᠲᠦᠯᠦᠪᠵᠢᠭᠦᠯᠬᠡ ᠶᠢ ᠨᠠᠶᠢᠷᠠᠭᠤᠯᠬᠤ ᠠᠵᠢᠯ ᠢ ᠳᠠᠭᠤᠰᠬᠠᠨ᠂ ᠭᠤᠣᠯᠯᠠᠬᠤ ᠳᠣᠭᠤᠷᠢᠭ ᠤᠨ | ᠨᠦᠬᠡᠴᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ᠂ ᠰᠠᠭᠤᠷᠢ ᠲᠦᠭᠦᠭᠡᠷᠦᠮᠵᠢ ᠵᠡᠷᠭᠡ ᠲᠦᠷᠦᠯ ᠵᠦᠢᠯ ᠤᠨ ᠪᠠᠷᠢᠯᠭ᠎ᠠ | ᠳᠠᠭᠤᠰᠬᠤ ᠶᠢ ᠲᠦᠯᠬᠢᠨ ᠣᠷᠣᠭᠰᠢᠯᠠᠭᠤᠯᠵᠣ᠂ ᠶᠡᠷᠦᠩᠬᠡᠶᠢᠯᠡᠭᠰᠡᠨ ᠰᠢᠯᠭᠠᠨ ᠨᠡᠪᠳᠡᠷᠡᠭᠦᠯᠬᠦ ᠳᠣᠭᠤᠷᠢᠭ ᠤᠨ | ᠪᠦᠲᠦᠭᠡᠨ ᠪᠠᠶᠢᠭᠤᠯᠣᠯᠳᠠ ᠶᠢ ᠡᠬᠢᠯᠡᠭᠦᠯᠬᠦ ᠪᠠᠷ ᠬᠦᠬᠡᠬᠡᠴᠡᠯᠳᠦᠨᠡ᠃ ᠬᠦᠷᠢᠶᠡᠯᠡᠩ ᠢ ᠮᠠᠨᠳᠣᠭᠤᠯᠬᠤ ᠲᠦᠯᠦᠪᠯᠡᠭᠡ ᠶᠢ | ᠬᠦᠨᠵᠡᠭᠡᠢ ᠬᠡᠷᠡᠭᠵᠢᠭᠦᠯᠦᠨ᠂ ᠬᠢᠯᠢ ᠶᠢᠨ ᠠᠵᠣ ᠠᠬᠤᠢ ᠶᠢᠨ ᠬᠠᠮᠳᠣᠷᠠᠯᠴᠠᠭᠠᠨ ᠤ ᠳᠣᠭᠤᠷᠢᠭ ᠤᠨ ᠠᠵᠣ ᠦᠢᠯᠡᠰ | ᠤᠨ ᠪᠠᠶᠢᠷᠢᠰᠢᠭᠤᠯᠣᠯᠳᠠ᠂ ᠭᠤᠣᠯᠳᠠᠯᠭ᠎ᠠ ᠲᠠᠢ ᠣᠷᠣᠨ ᠪᠦᠰᠡ ᠶᠢᠨ ᠡᠷᠬᠡᠰᠢᠶᠡᠯ ᠤᠨ ᠴᠢᠨᠠᠷᠳᠣ ᠨᠠᠷᠢᠯᠢᠭ | ᠲᠦᠯᠦᠪᠵᠢᠭᠦᠯᠬᠡ ᠶᠢ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠳᠠᠭᠤᠰᠬᠠᠵᠣ᠂ ᠬᠢᠯᠢ ᠶᠢᠨ ᠠᠵᠣ ᠠᠬᠤᠢ ᠶᠢᠨ | ᠬᠠᠮᠳᠣᠷᠠᠯᠴᠠᠭᠠᠨ ᠤ ᠳᠣᠭᠤᠷᠢᠭ ᠤᠨ ᠰᠠᠭᠤᠷᠢ ᠲᠦᠭᠦᠭᠡᠷᠦᠮᠵᠢ ᠪᠠ ᠳᠣᠮᠳᠠ ᠵᠢᠵᠢᠭ ᠠᠵᠣ ᠠᠬᠤᠶᠢᠯᠠᠯ ᠤᠨ ᠦᠢᠯᠡᠰ | ᠪᠣᠰᠬᠠᠬᠤ ᠬᠦᠷᠢᠶᠡᠯᠡᠩ ᠤᠨ ᠲᠦᠷᠦᠯ ᠵᠦᠢᠯ ᠢ ᠪᠦᠲᠦᠭᠡᠨ ᠪᠠᠶᠢᠭᠤᠯᠵᠣ ᠠᠰᠢᠭᠯᠠᠯᠳᠠ ᠳᠤ ᠣᠷᠣᠭᠤᠯᠬᠤ ᠶᠢ | ᠲᠦᠯᠬᠢᠨ ᠠᠬᠢᠭᠤᠯᠵᠣ᠂ ᠬᠦᠷᠢᠶᠡᠯᠡᠩ ᠤᠨ ᠵᠠᠮ ᠱᠣᠭᠤᠮ᠂ ᠣᠰᠣ ᠬᠠᠩᠭᠠᠬᠤ᠂ ᠳᠣᠯᠠᠭᠠᠯᠭ᠎ᠠ ᠬᠠᠩᠭᠠᠬᠤ᠂ | ᠴᠠᠬᠢᠯᠭᠠᠨ ᠬᠠᠩᠭᠠᠬᠤ᠂ ᠣᠰᠣ ᠭᠠᠳᠠᠭᠰᠢᠯᠠᠭᠤᠯᠬᠤ᠂ ᠨᠣᠭᠤᠭᠠᠷᠠᠭᠤᠯᠣᠯᠳᠠ ᠵᠡᠷᠭᠡ ᠢᠵᠢ ᠪᠦᠷᠢᠳᠦᠭᠰᠡᠨ ᠴᠢᠳᠠᠪᠬᠢ | ᠶᠢ ᠳᠡᠭᠦᠯᠳᠡᠷᠵᠢᠭᠦᠯᠣᠨ᠂ ᠲᠠᠷᠢᠶᠠᠯᠠᠩ ᠮᠠᠯ ᠠᠵᠣ ᠠᠬᠤᠢ ᠶᠢᠨ ᠪᠦᠲᠦᠭᠡᠭᠳᠡᠭᠦᠨ ᠪᠠ ᠮᠣᠳᠣᠨ ᠮᠠᠲ᠋ᠧᠷᠢᠶᠠᠯ ᠤᠨ | ᠨᠠᠷᠢᠯᠢᠭ ᠪᠣᠯᠪᠠᠰᠣᠷᠠᠭᠤᠯᠣᠯᠳᠠ᠂ ᠠᠭᠤᠷᠬᠠᠢ ᠶᠢᠨ ᠪᠦᠲᠦᠭᠡᠭᠳᠡᠭᠦᠨ ᠤ ᠪᠣᠯᠪᠠᠰᠣᠷᠠᠭᠤᠯᠣᠯᠳᠠ᠂ ᠭᠠᠶᠢᠯᠢ ᠶᠢᠨ | ᠪᠠᠳᠣᠯᠠᠭᠠᠳᠣ ᠪᠣᠯᠪᠠᠰᠣᠷᠠᠭᠤᠯᠣᠯᠳᠠ᠂ ᠭᠠᠶᠢᠯᠢ ᠶᠢᠨ ᠪᠠᠳᠣᠯᠠᠭᠠᠳᠣ ᠨᠦᠬᠡᠴᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ | ᠵᠡᠷᠭᠡ ᠠᠵᠣ ᠦᠢᠯᠡᠰ ᠢ ᠬᠦᠭᠵᠢᠭᠦᠯᠦᠨ᠎ᠡ᠃ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ ᠤᠨ | ᠣᠬᠠᠭᠤᠯᠭ᠎ᠠ ᠰᠣᠷᠳᠠᠯᠴᠢᠯᠠᠭ᠎ᠠ ᠪᠠ ᠬᠤᠳᠠᠯᠳᠣᠭᠠᠴᠢᠨ ᠣᠷᠢᠬᠤ ᠬᠦᠴᠦᠯᠡᠴᠡ ᠪᠠᠨ ᠶᠡᠬᠡᠰᠬᠡᠵᠣ᠂ ᠪᠠᠷᠠᠭ᠎ᠠ ᠳᠠᠸᠠᠷ ᠤᠨ | ᠰᠣᠯᠢᠯᠴᠠᠭᠠᠨ ᠤ ᠲᠦᠷᠦᠯ ᠵᠦᠢᠯ ᠢ ᠣᠯᠠᠮ ᠨᠢᠭᠡ ᠠᠯᠬᠤᠮ ᠣᠯᠠᠰᠢᠷᠠᠭᠤᠯᠣᠨ᠂ ᠪᠣᠭᠤᠮᠳᠠ ᠶᠢᠨ ᠬᠤᠯᠪᠣᠭᠠᠯᠠᠨ | ᠪᠠᠶᠢᠴᠠᠭᠠᠬᠤ ᠰᠠᠯᠠᠭ᠎ᠠ ᠮᠦᠴᠢᠷ ᠢ ᠵᠣᠬᠢᠴᠠᠭᠤᠯᠣᠨ ᠬᠢᠨᠠᠯᠳᠠ ᠬᠠᠮᠢᠶᠠᠷᠣᠯᠳᠠ ᠶᠢᠨ ᠠᠯᠬᠤᠮ ᠶᠠᠪᠣᠴᠠ ᠶᠢ | ᠦᠷᠭᠦᠯᠵᠢᠯᠡᠨ ᠰᠢᠯᠢᠳᠡᠭᠵᠢᠭᠦᠯᠵᠣ᠂ ᠡᠯ᠎ᠡ ᠲᠦᠷᠦᠯ ᠤᠨ ᠦᠵᠡᠰᠭᠦᠯᠡᠩ ᠬᠤᠳᠠᠯᠳᠤᠭ᠎ᠠ ᠶᠢ ᠪᠠᠶᠢᠩᠭᠤ ᠶᠢᠨ ᠴᠢᠨᠠᠷᠳᠠᠢ | ᠵᠣᠬᠢᠶᠠᠨ ᠪᠠᠶᠢᠭᠤᠯᠵᠣ ᠡᠷᠬᠢᠯᠡᠨ᠂ ᠬᠢᠯᠢ ᠶᠢᠨ ᠬᠤᠳᠠᠯᠳᠤᠭ᠎ᠠ ᠶᠢ ᠬᠦᠭᠵᠢᠭᠡᠨ᠎ᠡ᠃ ᠲᠦᠷᠦᠯ ᠵᠦᠢᠯ ᠢ | ᠨᠠᠶᠢᠳᠠᠪᠣᠷᠢᠵᠢᠭᠤᠯᠬᠤ ᠣᠬᠠᠮᠰᠠᠷ ᠢᠶᠠᠨ ᠴᠢᠩᠭᠠᠳᠬᠠᠵᠣ᠂ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ | ᠬᠦᠴᠦᠯᠡᠴᠡ ᠪᠠᠨ ᠳᠠᠰᠣᠷᠠᠯᠳᠠ ᠦᠬᠡᠢ ᠶᠡᠬᠡᠰᠬᠡᠨ᠂ ︽ᠭᠤᠷᠪᠠᠨ ᠳᠣᠭᠤᠷᠢᠭ︾ ᠪᠠ ᠣᠳᠣᠷᠢᠳᠣᠮᠵᠢ ᠶᠢᠨ ᠠᠵᠣ | ᠦᠢᠯᠡᠰ ᠲᠤ ᠲᠦᠰᠢᠭᠯᠡᠵᠣ᠂ ᠨᠢᠭᠡ ᠪᠦᠯᠦᠭ ᠠᠵᠣ ᠦᠢᠯᠡᠰ ᠤᠨ ᠬᠡᠯᠬᠢᠶ᠎ᠡ ᠣᠷᠳᠣ᠂ ᠪᠦᠲᠦᠭᠡᠭᠳᠡᠭᠦᠨ ᠤ ᠨᠡᠮᠡᠭᠦᠦ | ᠦᠷᠳᠡᠭ ᠦᠨᠳᠦᠷ᠂ ᠵᠠᠬ᠎ᠠ ᠳᠡᠯᠭᠡᠭᠦᠷ ᠤᠨ ᠢᠷᠡᠭᠡᠳᠦᠢ ᠶᠢᠨ ᠬᠠᠨᠳᠣᠰᠢ ᠰᠠᠶᠢᠨ ᠳᠣᠮᠣ ᠲᠦᠷᠦᠯ ᠵᠦᠢᠯ᠂ ᠰᠠᠶᠢᠨ | ᠲᠦᠷᠦᠯ ᠵᠦᠢᠯ ᠢ ᠬᠦᠴᠦ ᠳᠠᠯᠪᠢᠨ ᠳᠠᠳᠠᠨ ᠣᠷᠣᠭᠤᠯᠵᠣ᠂ ᠡᠭᠦᠨ ᠤ ᠬᠠᠮᠳᠣ ᠰᠢᠯᠢᠳᠡᠭ ᠴᠢᠨᠠᠷ ᠤᠨ ᠨᠡᠷ᠎ᠡ | ᠳᠡᠮᠳᠡᠭᠳᠦ ᠪᠠᠷᠠᠭ᠎ᠠ ᠪᠦᠲᠦᠭᠡᠭᠳᠡᠭᠦᠨ ᠢ ᠬᠦᠷᠢᠶᠡᠯᠡᠩ ᠳᠤ ᠰᠠᠭᠤᠷᠢᠰᠢᠭᠤᠯᠣᠨ᠂ ᠠᠵᠣ ᠦᠢᠯᠡᠰ ᠤᠨ ᠰᠠᠭᠤᠷᠢ ᠶᠢ | ᠪᠠᠳᠣᠳᠬᠠᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠦᠬᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠭᠦᠯᠦᠨ᠎ᠡ᠃ | ᠳᠡᠭᠡᠳᠦ ᠱᠠᠳᠣᠨ ᠤ ᠪᠠᠶᠢᠭᠤᠯᠣᠮᠵᠢ ᠶᠢᠨ ᠦᠬᠡᠷᠡᠴᠢᠯᠡᠯᠳᠡ ᠶᠢᠨ ᠱᠠᠭᠠᠷᠳᠠᠯᠭ᠎ᠠ ᠶᠢ ᠪᠦᠬᠦ ᠳᠠᠯ᠎ᠠ ᠪᠠᠷ ᠳᠣᠣᠱᠯᠠᠭᠤᠯᠣᠨ | ᠨᠠᠶᠢᠳᠠᠪᠣᠷᠢᠵᠢᠭᠤᠯᠵᠣ᠂ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠦᠴᠢᠷ ᠤᠨ ᠠᠵᠢᠯ ᠤᠨ ᠡᠭᠦᠷᠭᠡ | ᠴᠢᠳᠠᠪᠬᠢ ᠶᠢ ᠣᠯᠠᠮ ᠨᠢᠭᠡ ᠠᠯᠬᠤᠮ ᠰᠢᠯᠣᠭᠤᠳᠬᠠᠨ᠂ 3 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠵᠠᠰᠠᠭ | ᠤᠨ ᠣᠷᠳᠣᠨ ᠤ ᠪᠦᠷᠢᠯᠳᠦᠭᠦᠨ ᠰᠠᠯᠠᠭ᠎ᠠ ᠮᠦᠴᠢᠷ ᠤᠨ ᠠᠵᠢᠯᠳᠠᠳ ᠢ ᠰᠢᠯᠵᠢᠭᠦᠯᠦᠨ ᠳᠠᠭᠤᠰᠬᠠᠵᠣ᠂ ᠬᠡᠪ ᠤᠨ | ᠪᠠᠶᠢᠳᠠᠯ ᠢᠶᠠᠷ ᠠᠵᠢᠯ ᠢᠶᠠᠨ ᠶᠠᠪᠣᠭᠳᠠᠭᠤᠯᠬᠤ ᠶᠢ ᠪᠠᠳᠣᠯᠠᠨ᠎ᠠ᠃ ᠳᠡᠭᠡᠳᠦ ᠱᠠᠳᠣᠨ ᠤ ᠪᠠᠶᠢᠷᠢᠯᠠᠭᠤᠯᠣᠯᠳᠠ ᠪᠠᠷ᠂ | ᠠᠵᠢᠯ ᠦᠢᠯᠡᠰ ᠤᠨ ᠨᠢᠭᠡᠴᠡ ᠶᠢᠨ ᠦᠬᠡᠷᠡᠴᠢᠯᠡᠯᠳᠡ ᠶᠢᠨ ᠡᠯ᠎ᠡ ᠲᠦᠷᠦᠯ ᠤᠨ ᠠᠵᠢᠯ ᠢ ᠵᠢᠯ ᠳᠣᠳᠣᠷ᠎ᠠ | ᠡᠬᠢᠯᠡᠭᠦᠯᠦᠨ᠎ᠡ᠃ ︽ᠡᠷᠢᠶᠡᠨ ᠬᠤᠳᠠ ᠶᠢᠨ ᠴᠢᠳᠠᠪᠣᠷᠢᠳᠠᠨ ᠣᠷᠢᠨ ᠣᠷᠣᠭᠤᠯᠬᠤ ᠪᠠ ᠬᠦᠳᠡᠯᠦᠩᠭᠦᠢ ᠪᠠᠶᠢᠳᠠᠯ ᠤᠨ | ᠬᠠᠮᠢᠶᠠᠷᠣᠯᠳᠠ ᠶᠢᠨ ᠠᠷᠭ᠎ᠠ︾ ᠶᠢ ᠳᠣᠭᠳᠠᠭᠠᠨ ᠬᠡᠷᠡᠭᠵᠢᠭᠦᠯᠵᠣ᠂ ᠴᠢᠳᠠᠪᠣᠷᠢᠳᠠᠨ ᠤ ᠪᠠᠶᠢᠭᠤᠯᠣᠮᠵᠢ ᠳᠣᠭᠳᠠᠯᠴᠠᠭᠠᠨ | ᠤ ᠦᠭᠡᠷᠡᠴᠢᠯᠡᠯᠳᠡ ᠶᠢ ᠲᠦᠯᠬᠢᠨ ᠠᠬᠢᠭᠤᠯᠣᠨ᠎ᠠ᠃ ᠣᠶᠣᠨᠴᠢ ᠪᠣᠭᠤᠮᠳᠠ᠂ ᠣᠶᠣᠨᠴᠢ ᠺᠠᠷᠲ ᠰᠢᠯᠭᠠᠨ | ᠨᠡᠪᠳᠡᠷᠡᠭᠦᠯᠬᠦ ᠭᠠᠷᠴᠠ ᠶᠢᠨ ᠪᠦᠲᠦᠭᠡᠨ ᠪᠠᠶᠢᠭᠤᠯᠣᠯᠳᠠ ᠶᠢ ᠡᠮᠬᠢ ᠵᠢᠷᠣᠮ ᠲᠠᠢ ᠲᠦᠯᠬᠢᠨ ᠠᠬᠢᠭᠤᠯᠵᠣ᠂ ᠣᠯᠠᠨ | ᠣᠯᠣᠰ ᠤᠨ ᠠᠷᠠᠯᠵᠢᠶᠠᠨ ᠤ ︽ᠳᠠᠩ ᠭᠠᠭᠴᠠ ᠴᠣᠩᠬᠤ︾ ᠶᠢᠨ ᠲᠦᠷᠢᠮᠵᠢᠯᠳᠡ᠂ ᠪᠠᠷᠢᠮᠵᠢᠶᠠᠵᠢᠯᠳᠠ ᠶᠢᠨ | ᠪᠦᠲᠦᠭᠡᠨ ᠪᠠᠶᠢᠭᠤᠯᠣᠯᠳᠠ ᠶᠢ ᠲᠦᠷᠭᠡᠳᠭᠡᠨ᠂ ᠪᠣᠭᠤᠮᠳᠠ ᠨᠡᠪᠳᠡᠷᠡᠯᠳᠠ ᠶᠢ ᠰᠢᠯᠣᠭᠤᠳᠬᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠳᠠᠰᠣᠷᠠᠯᠳᠠ ᠦᠬᠡᠢ ᠰᠢᠯᠢᠳᠡᠭᠵᠢᠭᠦᠯᠦᠨ᠎ᠡ᠃ ︽ᠳᠠᠯᠪᠢᠬᠤ | ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠬᠦᠴᠦᠯᠡᠴᠡ ᠪᠠᠨ ᠶᠡᠬᠡᠰᠬᠡᠵᠣ᠂ ᠵᠠᠰᠠᠭ ᠵᠠᠬᠢᠷᠭᠠᠨ ᠤ | ᠵᠦᠪᠰᠢᠶᠡᠷᠡᠯ ᠤᠨ ᠶᠠᠪᠣᠳᠠᠯ ᠢ ᠴᠣᠮᠬᠤᠳᠬᠠᠬᠤ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠠᠯᠬᠤᠮ ᠶᠠᠪᠣᠴᠠ ᠶᠢ | ᠰᠢᠯᠢᠳᠡᠭᠵᠢᠭᠦᠯᠬᠦ ᠵᠡᠷᠭᠡ ᠠᠵᠢᠯ ᠢ ᠦᠷᠭᠦᠯᠵᠢᠯᠡᠨ ᠰᠠᠶᠢᠳᠣᠷ ᠬᠢᠵᠣ᠂ ︽ᠢᠨᠲ᠋ᠧᠷ ᠰᠦᠯᠵᠢᠶ᠎ᠠ + ᠵᠠᠰᠠᠭ ᠤᠨ | ᠶᠠᠪᠣᠳᠠᠯ ᠤᠨ ᠦᠢᠯᠡᠴᠢᠯᠡᠭᠡ︾ ᠶᠢ ᠬᠦᠨᠵᠡᠭᠡᠶᠢᠷᠡᠭᠦᠯᠦᠨ ᠠᠬᠢᠭᠤᠯᠵᠣ᠂ ︽ᠨᠢᠭᠡ ᠯᠡ ᠡᠭᠦᠳᠡ ᠪᠠᠷ ᠣᠷᠣᠵᠣ︾ ︽ | ᠬᠠᠮᠤᠭ ᠢᠯᠡᠭᠦᠦ ᠳᠤ ᠪᠠᠨ ᠨᠢᠭᠡ ᠣᠳᠠᠭ᠎ᠠ ᠶᠠᠪᠣᠬᠤ︾ ᠶᠢ ᠪᠡᠶᠡᠯᠡᠭᠦᠯᠦᠨ᠎ᠡ᠃ ᠬᠤᠳᠠᠯᠳᠣᠭᠠᠨ ᠤ ᠶᠠᠪᠣᠳᠠᠯ ᠤᠨ | ᠲᠦᠷᠢᠮ ᠤᠨ ᠦᠬᠡᠷᠡᠴᠢᠯᠡᠯᠳᠡ ᠶᠢ ᠬᠦᠨᠵᠡᠭᠡᠶᠢᠷᠡᠭᠦᠯᠦᠨ᠂ ︽ᠦᠨᠡᠮᠯᠡᠯ ᠭᠡᠷᠡᠴᠢ ᠶᠢ ᠰᠠᠯᠭᠠᠬᠤ ︵ᠵᠦᠪᠰᠢᠶᠡᠷᠡᠯ ᠤᠨ | ᠦᠨᠡᠮᠯᠡᠯ ᠪᠠ ᠡᠵᠡᠩᠨᠡᠯᠳᠡ ᠶᠢᠨ ᠡᠷᠬᠡ ᠶᠢᠨ ᠭᠡᠷᠡᠴᠢ︶︾ ᠦᠬᠡᠷᠡᠴᠢᠯᠡᠯᠳᠡ ᠶᠢ ᠪᠦᠬᠦ ᠳᠠᠯ᠎ᠠ ᠪᠠᠷ ᠲᠦᠯᠬᠢᠨ | ᠣᠷᠣᠭᠰᠢᠯᠠᠭᠤᠯᠵᠣ᠂ ᠠᠵᠣ ᠠᠬᠤᠶᠢᠯᠠᠯ ᠨᠡᠭᠡᠭᠡᠨ ᠡᠷᠬᠢᠯᠡᠬᠦ ᠭᠠᠷ ᠭᠦᠢᠴᠡᠳᠭᠡᠯ ᠤᠨ ᠬᠤᠭᠤᠴᠠᠭ᠎ᠠ ᠶᠢ ᠣᠯᠠᠮ ᠨᠢᠭᠡ | ᠠᠯᠬᠤᠮ ᠪᠠᠭᠠᠰᠬᠠᠨ᠎ᠠ᠃ ᠠᠵᠣ ᠠᠬᠤᠶᠢᠯᠠᠯ ᠤᠨ ᠪᠡᠯᠡ ᠣᠷᠣᠭᠤᠯᠣᠯᠳᠠ ᠶᠢᠨ ᠲᠦᠷᠦᠯ ᠵᠦᠢᠯ ᠤᠨ ᠠᠮᠠᠯᠠᠯᠳᠠ ᠶᠢᠨ | ᠲᠦᠷᠢᠮ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠲᠦᠯᠬᠢᠨ ᠣᠷᠣᠭᠰᠢᠯᠠᠭᠤᠯᠵᠣ᠂ ᠠᠷᠠᠳ ᠲᠤ ᠲᠦᠭᠦᠮ | ᠦᠨᠳᠦᠷ ᠦᠷ᠎ᠡ ᠠᠰᠢᠭᠳᠠᠢ ᠵᠠᠰᠠᠭ ᠤᠨ ᠶᠠᠪᠣᠳᠠᠯ ᠤᠨ ᠣᠷᠴᠢᠨ ᠢ ᠬᠦᠴᠦ ᠳᠠᠯᠪᠢᠨ ᠪᠣᠢ ᠪᠣᠯᠭᠠᠨ᠎ᠠ᠃ ᠬᠠᠦᠯᠢ | ᠶᠣᠰᠣ ᠪᠠᠷ ᠬᠤᠳᠠ ᠶᠢ ᠵᠠᠰᠠᠬᠤ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠵᠣ᠂ ︽ᠬᠤᠶᠠᠷ ᠢ ᠳᠣᠬᠢᠶᠠᠯᠳᠣᠯ | ᠢᠶᠠᠷ᠂ ᠨᠢᠭᠡ ᠶᠢ ᠢᠯᠡ ᠪᠣᠯᠭᠠᠬᠤ︾ ᠬᠢᠨᠠᠯᠳᠠ ᠬᠠᠮᠢᠶᠠᠷᠣᠯᠳᠠ ᠶᠢ ᠦᠷᠭᠦᠯᠵᠢᠯᠡᠨ ᠬᠡᠷᠡᠭᠵᠢᠭᠦᠯᠵᠣ᠂ ᠬᠠᠮᠳᠣᠷᠠᠭᠰᠠᠨ | ᠪᠠᠶᠢᠴᠠᠭᠠᠯᠳᠠ ᠪᠠ ᠰᠣᠭᠤᠴᠢᠨ ᠪᠠᠶᠢᠴᠠᠭᠠᠯᠳᠠ ᠶᠢ ᠠᠬᠢᠭᠤᠯᠣᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠡᠳᠦᠷ ᠳᠣᠳᠣᠮ ᠤᠨ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠵᠣ᠂ ᠡᠷᠬᠡ ᠳᠡᠭᠰᠢ ᠲᠦᠪ ᠭᠤᠣᠯᠴᠢ ᠬᠠᠦᠯᠢ | ᠲᠦᠷᠢᠮᠳᠦ ᠣᠷᠴᠢᠨ ᠢ ᠬᠦᠴᠦ ᠳᠠᠯᠪᠢᠨ ᠪᠦᠷᠢᠯᠳᠦᠭᠦᠯᠦᠨ᠎ᠡ᠃ ᠠᠷᠠᠳ ᠣᠯᠠᠨ ᠤ ᠬᠡᠷᠡᠭ ᠶᠠᠪᠣᠳᠠᠯ ᠭᠦᠢᠴᠡᠳᠭᠡᠬᠦ ᠳᠤ | ︽ᠲᠦᠭᠵᠢᠷᠡᠯ︾ ᠲᠠᠢ ᠪᠠᠶᠢᠭ᠎ᠠ ᠠᠰᠠᠭᠤᠳᠠᠯ ᠢ ᠬᠦᠴᠦ ᠳᠠᠯᠪᠢᠨ ᠰᠢᠢᠳᠪᠦᠷᠢᠯᠡᠵᠣ᠂ ᠢᠳᠡᠭᠡᠮᠵᠢᠳᠦ ᠵᠠᠰᠠᠭ ᠤᠨ | ᠣᠷᠳᠣᠨ ᠤ ᠪᠠᠶᠢᠭᠤᠯᠣᠯᠳᠠ ᠶᠢ ᠦᠨᠡᠨᠬᠦ ᠴᠢᠩᠭᠠᠳᠬᠠᠨ᠂ ᠪᠠᠶ᠎ᠠ ᠪᠠᠷ ᠢᠶᠠᠨ ᠳᠠᠭᠤᠷᠢᠶᠠᠯ ᠦᠵᠡᠭᠦᠯᠦᠨ ᠦᠨᠡᠨᠴᠢ | ᠢᠳᠡᠭᠡᠯ ᠲᠠᠢ ᠪᠠᠶᠢᠵᠣ᠂ ᠠᠮᠠᠯᠠᠯᠳᠠ ᠪᠠᠨ ᠪᠡᠶᠡᠯᠡᠭᠦᠯᠦᠨ᠂ ᠵᠠᠰᠠᠭ ᠤᠨ ᠣᠷᠳᠣᠨ ᠤ ᠠᠯᠪᠠᠨ ᠤ ᠢᠳᠡᠭᠡᠯ ᠢ | ᠳᠡᠭᠡᠭᠰᠢᠯᠡᠭᠦᠯᠵᠣ᠂ ᠦᠨᠡᠨᠴᠢ ᠢᠳᠡᠭᠡᠮᠵᠢ ᠲᠠᠢ ᠨᠡᠶᠢᠭᠡᠮ ᠤᠨ ᠣᠷᠴᠢᠨ ᠢ ᠪᠣᠢ ᠪᠣᠯᠭᠠᠨ᠎ᠠ᠃ ᠣᠯᠠᠨ ᠠᠷᠭ᠎ᠠ ᠠᠪᠴᠠᠯ | ᠢ ᠬᠡᠷᠡᠭᠵᠢᠭᠦᠯᠦᠨ ᠪᠣᠭᠤᠮᠳᠠ ᠶᠢᠨ ᠣᠬᠢ ᠰᠢᠯᠢᠳᠡᠭ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠪᠣᠢ ᠪᠣᠯᠭᠠᠨ᠎ᠠ᠃ | ᠬᠠᠷᠢᠯᠴᠠᠨ ᠬᠤᠯᠪᠣᠵᠣ ᠬᠠᠷᠢᠯᠴᠠᠨ ᠨᠡᠪᠳᠡᠷᠡᠭᠦᠯᠬᠦ ᠨᠦᠬᠦᠴᠡᠯ ᠢ ᠴᠢᠷᠮᠠᠶᠢᠨ ᠰᠠᠶᠢᠵᠢᠷᠠᠭᠤᠯᠣᠨ᠎ᠠ᠃ | ᠡᠷᠢᠶᠡᠨ— ᠭᠤᠸᠠᠩᠵᠸᠦ ᠴᠢᠭᠯᠡᠯ ᠤᠨ ᠬᠤᠷᠳᠣᠨ ᠤ ᠵᠠᠰᠠᠮᠠᠯ ᠵᠠᠮ ᠤᠨ ᠡᠷᠢᠶᠡᠨ ᠠᠴᠠ ᠰᠠᠶᠢᠬᠠᠨᠳᠠᠯ᠎ᠠ ᠬᠦᠷᠬᠦ | ᠬᠡᠰᠡᠭ ᠤᠨ ᠵᠠᠰᠠᠮᠠᠯ ᠵᠠᠮ᠂ ᠣᠯᠣᠰ ᠤᠨ ᠳᠡᠰ ᠤᠨ ᠵᠠᠰᠠᠮᠠᠯ ᠵᠠᠮ ᠤᠨ 331 ᠱᠣᠭᠤᠮ ᠤᠨ ᠡᠷᠢᠶᠡᠨ ᠠᠴᠠ ᠠᠶᠢᠷᠠᠭ | ᠬᠡᠶᠢᠳ ᠬᠦᠷᠬᠦ ᠬᠡᠰᠡᠭ ᠤᠨ ᠵᠠᠰᠠᠮᠠᠯ ᠵᠠᠮ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠢᠳᠡᠪᠬᠢᠳᠡᠢ | ᠲᠦᠯᠬᠢᠨ ᠠᠬᠢᠭᠤᠯᠣᠨ᠎ᠠ᠃ ᠭᠠᠷᠠᠮ ᠨᠡᠪᠳᠡᠷᠡᠭᠦᠯᠬᠦ ᠵᠠᠰᠠᠮᠠᠯ ᠵᠠᠮ ᠤᠨ ᠵᠡᠭᠦᠨ ᠬᠡᠰᠡᠭ ᠤᠨ ᠪᠦᠲᠦᠭᠡᠨ ᠪᠠᠶᠢᠭᠤᠯᠣᠯᠳᠠ | ᠶᠢᠨ ᠲᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠡᠬᠢᠯᠡᠭᠦᠯᠦᠨ᠂ ᠬᠢᠯᠢ ᠶᠢᠨ ᠠᠵᠣ ᠠᠬᠤᠢ ᠶᠢᠨ | ᠬᠠᠮᠳᠣᠷᠠᠯᠴᠠᠭᠠᠨ ᠤ ᠳᠣᠭᠤᠷᠢᠭ᠂ ᠬᠢᠯᠢ ᠠᠯᠣᠰᠯᠠᠭᠰᠠᠨ ᠳᠣᠭᠤᠷᠢᠭ᠂ ᠬᠢᠯᠢ ᠶᠢᠨ ᠢᠷᠭᠡᠳ ᠤᠨ ᠬᠤᠳᠠᠯᠳᠣᠭᠠᠨ ᠤ | ᠳᠣᠭᠤᠷᠢᠭ ᠪᠣᠯᠣᠨ ᠬᠤᠳᠠ ᠶᠢᠨ ᠭᠤᠣᠯ ᠳᠣᠭᠤᠷᠢᠭ ᠤᠨ ᠵᠠᠮ ᠱᠣᠭᠤᠮ ᠢ ᠬᠤᠯᠪᠣᠨ ᠨᠡᠪᠳᠡᠷᠡᠭᠦᠯᠬᠦ ᠠᠵᠢᠯ ᠢ | ᠲᠦᠯᠬᠢᠨ ᠠᠬᠢᠭᠤᠯᠣᠨ᠎ᠠ᠃ ᠵᠢᠨᠢᠩ— ᠡᠷᠢᠶᠡᠨ ᠴᠢᠭᠯᠡᠯ ᠤᠨ ᠲᠡᠮᠦᠷ ᠵᠠᠮ ᠵᠢᠴᠢ ᠡᠷᠢᠶᠡᠨ ᠦᠷᠳᠡᠭᠡ ᠳᠠᠯᠠᠪᠠᠢ ᠶᠢᠨ | ᠵᠠᠰᠠᠨ ᠰᠢᠨᠡᠴᠢᠯᠡᠯᠳᠡ ᠶᠢᠨ ᠲᠦᠷᠦᠯ ᠵᠦᠢᠯ ᠤᠨ ᠬᠡᠷᠡᠭᠵᠢᠭᠦᠯᠦᠯᠳᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠣ | ᠂ ᠡᠷᠢᠶᠡᠨ— ᠵᠠᠮ ᠤᠨ ᠡᠭᠦᠳᠡ ᠴᠢᠭᠯᠡᠯ ᠤᠨ ᠵᠠᠰᠠᠮᠠᠯ ᠵᠠᠮ ᠳᠡᠮᠦᠷ ᠵᠠᠮ ᠬᠤᠯᠪᠣᠭᠠᠯᠠᠭᠰᠠᠨ ᠳᠡᠭᠡᠭᠡᠪᠦᠷᠢᠯᠡᠯᠳᠡ ᠶᠢ | ᠰᠢᠯᠣᠭᠤᠳᠬᠠᠬᠤ ᠶᠢ ᠡᠷᠳᠡ ᠡᠳᠦᠷ ᠪᠡᠶᠡᠯᠡᠭᠦᠯᠦᠨ᠎ᠡ᠃ ᠮᠣᠩᠭᠤᠯ ᠣᠯᠣᠰ ᠤᠨ ᠣᠯᠠᠭᠠᠨᠪᠠᠭᠠᠳᠣᠷ᠂ ᠣᠷᠣᠰ ᠤᠨ | ᠢᠷᠺᠣᠽᠲᠺ᠂ ᠣᠯᠠᠭᠠᠠᠦ᠋ᠳᠡ ᠴᠢᠭᠯᠡᠯ ᠤᠨ ᠣᠯᠠᠨ ᠣᠯᠣᠰ ᠤᠨ ᠲᠦᠷ ᠬᠤᠭᠤᠴᠠᠭᠠᠨ ᠤ ᠨᠢᠰᠦᠯᠭᠡ ᠶᠢᠨ ᠱᠣᠭᠤᠮ ᠢ | ᠦᠷᠭᠦᠯᠵᠢᠯᠡᠨ ᠨᠡᠭᠡᠭᠡᠨ ᠨᠡᠪᠳᠡᠷᠡᠭᠦᠯᠵᠣ᠂ ᠣᠯᠣᠰ ᠤᠨ ᠳᠣᠳᠣᠭᠠᠳᠣ ᠶᠢᠨ ᠨᠢᠰᠦᠯᠭᠡ ᠶᠢᠨ ᠱᠣᠭᠤᠮ ᠤᠨ ᠰᠦᠯᠵᠢᠶ᠎ᠡ | ᠶᠢ ᠰᠢᠯᠢᠳᠡᠭᠵᠢᠭᠦᠯᠦᠨ᠂ ᠣᠯᠠᠨ ᠣᠯᠣᠰ ᠤᠨ ᠠᠭᠠᠷ ᠤᠨ ᠪᠣᠭᠤᠮᠳᠠ ᠶᠢᠨ ᠡᠷᠳᠡ ᠡᠳᠦᠷ ᠵᠦᠪᠰᠢᠶᠡᠷᠡᠯ ᠣᠯᠬᠤ ᠶᠢ | ᠬᠦᠬᠡᠬᠡᠴᠡᠯᠳᠦᠨᠡ᠃ ︽ᠳᠣᠮᠳᠠᠳᠣ ᠮᠣᠩᠭᠤᠯ ᠣᠷᠣᠰ ᠤᠨ ᠠᠵᠣ ᠠᠬᠤᠢ ᠶᠢᠨ ᠬᠤᠩᠬᠢᠯ ᠢ ᠪᠦᠲᠦᠭᠡᠨ ᠪᠠᠶᠢᠭᠤᠯᠬᠤ | ᠲᠦᠯᠦᠪᠵᠢᠭᠦᠯᠬᠡ ᠶᠢᠨ ᠬᠦᠲᠦᠯᠪᠦᠷᠢ︾ ᠳᠤ ᠬᠠᠮᠣᠷᠣᠭᠤᠯᠣᠨ ᠣᠷᠣᠭᠤᠯᠣᠭᠰᠠᠨ ᠡᠷᠢᠶᠡᠨ— | ᠣᠯᠠᠭᠠᠨᠪᠠᠭᠠᠳᠣᠷ— ᠣᠯᠠᠭᠠᠠᠦ᠋ᠳᠡ ᠴᠢᠭᠯᠡᠯ ᠤᠨ ᠲᠡᠮᠦᠷ ᠵᠠᠮ ᠤᠨ ᠬᠤᠣᠰ ᠬᠦᠶᠦᠳᠡᠯᠳᠦ ᠴᠠᠬᠢᠯᠭᠠᠨᠵᠢᠭᠤᠯᠣᠯᠳᠠ | ᠶᠢᠨ ᠰᠢᠨᠡᠴᠢᠯᠡᠯᠳᠡ ᠪᠠ ᠬᠤᠷᠳᠣᠨ ᠤ ᠵᠠᠰᠠᠮᠠᠯ ᠵᠠᠮ ᠵᠡᠷᠭᠡ ᠲᠦᠷᠦᠯ ᠵᠦᠢᠯ ᠢ ᠡᠬᠢᠯᠡᠭᠦᠯᠬᠦ ᠡᠬᠢᠨ ᠤ ᠬᠤᠭᠤᠴᠠᠭᠠᠨ ᠤ | ᠠᠵᠢᠯ ᠢ ᠲᠦᠯᠬᠢᠨ ᠠᠬᠢᠭᠤᠯᠣᠨ᠎ᠠ᠃ | ᠭᠠᠳᠠᠭᠰᠢ ᠨᠡᠭᠡᠭᠡᠯᠳᠡ ᠶᠢᠨ ᠲᠦᠪᠰᠢᠨ ᠢ ᠬᠦᠴᠦ ᠳᠠᠯᠪᠢᠨ ᠳᠡᠭᠡᠭᠰᠢᠯᠡᠭᠦᠯᠦᠨ᠎ᠡ᠃ ︽ᠳᠣᠮᠳᠠᠳᠣ ᠮᠣᠩᠭᠤᠯ | ᠣᠷᠣᠰ ᠤᠨ ᠠᠵᠣ ᠠᠬᠤᠢ ᠶᠢᠨ ᠬᠤᠩᠬᠢᠯ ᠢ ᠪᠦᠲᠦᠭᠡᠨ ᠪᠠᠶᠢᠭᠤᠯᠬᠤ ᠲᠦᠯᠦᠪᠵᠢᠭᠦᠯᠬᠡ ᠶᠢᠨ ᠬᠦᠲᠦᠯᠪᠦᠷᠢ︾ ᠶᠢ | ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠳᠣᠮᠳᠠᠳᠣ ᠮᠣᠩᠭᠤᠯ᠂ ᠳᠣᠮᠳᠠᠳᠣ ᠣᠷᠣᠰ ᠤᠨ ᠬᠠᠷᠢᠴᠠᠭ᠎ᠠ | ᠪᠠᠶᠢᠭᠤᠯᠣᠭᠰᠠᠨ 70 ᠵᠢᠯ ᠤᠨ ᠣᠢ ᠪᠠᠷ ᠳᠣᠬᠢᠶᠠᠯ ᠪᠣᠯᠭᠠᠨ᠂ ᠮᠣᠩᠭᠤᠯ ᠣᠷᠣᠰ ᠤᠨ ᠬᠠᠮᠢᠶ᠎ᠠ ᠪᠦᠬᠦᠢ ᠣᠷᠣᠨ | ᠨᠣᠳᠤᠭ ᠤᠨ ᠵᠠᠰᠠᠭ ᠤᠨ ᠣᠷᠳᠣᠨ᠂ ᠬᠤᠳᠠᠯᠳᠣᠭᠠᠴᠢᠳ ᠤᠨ ᠡᠪᠯᠡᠯ᠂ ᠨᠡᠶᠢᠭᠡᠮᠯᠢᠭ᠂ ᠠᠷᠠᠳ ᠤᠨ ᠳᠣᠮᠳᠠᠬᠢ | ᠬᠠᠷᠢᠯᠴᠠᠭ᠎ᠠ ᠬᠠᠮᠳᠣᠷᠠᠯᠴᠠᠭ᠎ᠠ ᠪᠠᠨ ᠴᠢᠩᠭᠠᠳᠬᠠᠨ᠂ ᠡᠷᠢᠶᠡᠨ ᠬᠤᠳᠠ ᠶᠢᠨ ᠠᠷᠠᠳ ᠲᠦᠮᠡᠨ ᠤ ᠭᠠᠳᠠᠭᠠᠳᠣ ᠲᠠᠢ | ᠨᠦᠬᠦᠷᠰᠡᠭ ᠢᠶᠠᠷ ᠶᠠᠪᠣᠯᠴᠠᠬᠤ ᠨᠡᠶᠢᠭᠡᠮᠯᠢᠭ᠂ ᠮᠣᠩᠭᠤᠯ ᠣᠯᠣᠰ ᠠᠴᠠ ᠡᠷᠢᠶᠡᠨ ᠬᠤᠳᠠ ᠳᠤ ᠰᠠᠭᠤᠭ᠎ᠠ | ᠬᠤᠳᠠᠯᠳᠣᠭᠠᠴᠢᠳ ᠤᠨ ᠡᠪᠯᠡᠯ ᠢ ᠪᠠᠶᠢᠭᠤᠯᠵᠣ᠂ ᠤᠷᠤᠬᠤ ᠶᠢ ᠵᠦᠪᠰᠢᠶᠡᠷᠡᠬᠦ ᠠᠴᠠ ᠡᠮᠦᠨᠡᠬᠢ ᠠᠷᠠᠳ ᠢᠷᠭᠡᠨ ᠤ | ᠬᠠᠷᠠᠭᠠᠯᠵᠠᠯ ᠲᠡᠭᠡᠷ᠎ᠡ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠨᠡᠮᠡᠬᠦ ᠬᠠᠮᠢᠶᠠᠷᠤᠯᠲᠠ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠬᠦᠯᠵᠦ᠂ ᠭᠠᠳᠠᠭᠠᠳᠣ ᠶᠢᠨ ᠠᠷᠠᠯᠵᠢᠶᠠᠴᠢᠨ ᠤ ᠪᠡᠯᠡ ᠣᠷᠣᠭᠤᠯᠣᠯᠳᠠ ᠶᠢ ᠲᠦᠭᠦᠮ ᠲᠦᠳᠡ | ᠪᠣᠯᠭᠠᠬᠤ ᠶᠢ ᠠᠬᠢᠭᠤᠯᠵᠣ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠳᠠ᠂ ᠠᠷᠠᠯᠵᠢᠶ᠎ᠠ ᠬᠤᠳᠠᠯᠳᠤᠭ᠎ᠠ | ᠪᠡᠯᠡ ᠣᠷᠣᠭᠤᠯᠣᠯᠳᠠ ᠶᠢᠨ ᠬᠠᠮᠳᠣᠷᠠᠯᠴᠠᠭ᠎ᠠ ᠵᠡᠷᠭᠡ ᠬᠦᠷᠢᠶᠡᠨ ᠳᠤ ᠰᠢᠨ᠎ᠡ ᠰᠢᠪᠳᠣᠯᠣᠯᠳᠠ ᠣᠯᠬᠤ ᠶᠢ ᠲᠦᠯᠬᠢᠨ | ᠠᠬᠢᠭᠤᠯᠣᠨ᠎ᠠ᠃ ᠠᠷᠪᠠᠨ ᠨᠢᠭᠡᠳᠦᠭᠡᠷ ᠬᠤᠭᠤᠴᠠᠭᠠᠨ ᠤ ᠳᠣᠮᠳᠠᠳᠣ ᠮᠣᠩᠭᠤᠯ ᠣᠷᠣᠰ ᠤᠨ ᠠᠵᠣ ᠠᠬᠤᠢ | ᠠᠷᠠᠯᠵᠢᠶᠠᠨ ᠤ ᠬᠠᠮᠳᠣᠷᠠᠯᠴᠠᠭᠠᠨ ᠤ ᠡᠷᠢᠶᠡᠨ ᠬᠤᠳᠠ ᠶᠢᠨ ᠴᠢᠭᠤᠯᠭ᠎ᠠ ᠠᠭᠤᠯᠵᠠᠯᠳᠠ ᠶᠢ ᠳᠡᠭᠡᠳᠦ ᠴᠢᠨᠠᠷᠵᠢᠯ ᠲᠠᠢ | ᠰᠠᠶᠢᠳᠣᠷ ᠡᠷᠬᠢᠯᠡᠨ᠂ ᠡᠯ᠎ᠡ ᠲᠦᠷᠦᠯ ᠤᠨ ᠶᠡᠷᠦᠩᠬᠡᠶᠢᠯᠡᠭᠰᠡᠨ᠂ ᠳᠣᠰᠬᠠᠶᠢᠵᠢᠭᠰᠠᠨ ᠦᠵᠡᠰᠭᠦᠯᠡᠩ ᠬᠤᠳᠠᠯᠳᠤᠭ᠎ᠠ ᠶᠢ | ᠢᠳᠡᠪᠬᠢᠳᠡᠢ ᠡᠷᠬᠢᠯᠡᠵᠣ᠂ ᠬᠤᠷᠠᠯ ᠦᠵᠡᠰᠭᠦᠯᠡᠩ ᠤᠨ ᠠᠵᠣ ᠠᠬᠤᠢ ᠶᠢ ᠬᠦᠮᠦᠵᠢᠭᠦᠯᠦᠨ ᠪᠣᠶᠢᠵᠢᠭᠤᠯᠣᠨ᠎ᠠ᠃ | ᠬᠤᠳᠠᠯᠳᠤᠭ᠎ᠠ ᠶᠢ ᠠᠬᠢᠭᠤᠯᠬᠤ ᠵᠦᠪᠯᠡᠯ ᠤᠨ ᠣᠯᠠᠭᠠᠨᠪᠠᠭᠠᠳᠣᠷ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠡᠭᠦᠷᠭᠡ | ᠳᠣᠰᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠣᠨ᠂ ᠣᠯᠣᠰ ᠤᠨ ᠳᠣᠳᠣᠭᠠᠳᠣ ᠶᠢᠨ ᠠᠵᠣ ᠠᠬᠤᠶᠢᠯᠠᠯ ᠤᠨ ︽ | ᠭᠠᠷᠴᠣ ᠶᠠᠪᠣᠬᠤ︾ ᠳᠤ ᠦᠢᠯᠡᠴᠢᠯᠡᠭᠡ ᠬᠠᠩᠭᠠᠵᠣ᠂ ᠣᠯᠣᠰ ᠤᠨ ᠳᠣᠳᠣᠭᠠᠳᠣ ᠶᠢᠨ ᠬᠦᠴᠦᠨ ᠴᠢᠳᠠᠯ ᠲᠠᠢ ᠠᠵᠣ | ᠠᠬᠤᠶᠢᠯᠠᠯ ᠤᠨ ᠮᠣᠩᠭᠤᠯ ᠣᠷᠣᠰ ᠲᠤ ᠬᠦᠷᠴᠦ ᠪᠡᠯᠡ ᠣᠷᠣᠭᠤᠯᠣᠨ ᠬᠠᠮᠳᠣᠷᠠᠨ ᠠᠵᠢᠯᠯᠠᠬᠤ ᠶᠢ ᠣᠳᠣᠷᠢᠳᠣᠨ | ᠵᠢᠯᠣᠭᠤᠳᠴᠣ᠂ ᠳᠣᠨᠤᠭ ᠲᠦᠭᠦᠭᠡᠷᠦᠮᠵᠢ᠂ ᠪᠠᠷᠠᠭ᠎ᠠ ᠪᠦᠲᠦᠭᠡᠭᠳᠡᠭᠦᠨ᠂ ᠮᠡᠷᠭᠡᠵᠢᠯ ᠪᠠ ᠬᠦᠳᠡᠯᠮᠦᠷᠢ ᠬᠦᠴᠦᠨ ᠢ | ᠭᠠᠳᠠᠭᠠᠳᠣ ᠳᠤ ᠭᠠᠷᠭᠠᠬᠤ ᠶᠢ ᠳᠠᠶᠢᠴᠢᠯᠠᠨ᠎ᠠ᠃ ᠮᠣᠩᠭᠤᠯ ᠣᠷᠣᠰ ᠤᠨ ᠬᠠᠮᠢᠶ᠎ᠠ ᠪᠦᠬᠦᠢ ᠣᠷᠣᠨ ᠨᠣᠳᠤᠭ ᠯᠤᠭ᠎ᠠ | ᠰᠣᠷᠭᠠᠨ ᠬᠦᠮᠦᠵᠢᠯ᠂ ᠰᠣᠶᠣᠯ᠂ ᠵᠢᠭᠤᠯᠴᠢᠯᠠᠯ᠂ ᠳᠠᠮᠢᠷ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠷᠢᠯᠴᠠᠭ᠎ᠠ | ᠬᠠᠮᠳᠣᠷᠠᠯᠴᠠᠭ᠎ᠠ ᠶᠢ ᠬᠦᠨᠵᠡᠭᠡᠶᠢᠷᠡᠭᠦᠯᠦᠨ᠂ ᠮᠣᠩᠭᠤᠯ ᠣᠯᠣᠰ ᠤᠨ ᠬᠠᠮᠢᠶ᠎ᠠ ᠪᠦᠬᠦᠢ ᠣᠷᠣᠨ ᠨᠣᠳᠤᠭ ᠯᠤᠭ᠎ᠠ ᠶᠢᠨ | ᠨᠦᠬᠦᠷᠰᠡᠭ ᠬᠤᠳᠠ ᠶᠢᠨ ᠬᠠᠷᠢᠴᠠᠭ᠎ᠠ ᠶᠢ ᠣᠯᠠᠮ ᠨᠢᠭᠡ ᠠᠯᠬᠤᠮ ᠪᠠᠳᠣᠳᠬᠠᠵᠣ᠂ ᠣᠯᠠᠨ ᠶᠠᠩᠵᠣ ᠬᠡᠯᠪᠡᠷᠢ ᠶᠢᠨ | ᠰᠣᠯᠢᠯᠴᠠᠭᠠᠨ ᠤ ᠠᠵᠢᠯᠯᠠᠭ᠎ᠠ ᠶᠢ ᠦᠷᠨᠢᠭᠦᠯᠦᠨ᠂ ᠳᠣᠮᠳᠠᠳᠣ ᠮᠣᠩᠭᠤᠯ ᠣᠷᠣᠰ ᠤᠨ ᠣᠷᠣᠨ ᠨᠣᠳᠤᠭ ᠤᠨ | ᠬᠤᠭᠤᠷᠣᠨᠳᠣᠬᠢ ᠣᠯᠠᠮᠵᠢᠯᠠᠯᠳᠣ ᠨᠦᠬᠦᠷᠯᠡᠯ ᠢᠶᠠᠨ ᠪᠠᠳᠣᠳᠬᠠᠨ᠎ᠠ᠃ ᠦᠪᠡᠷᠳᠡᠭᠡᠨ ᠵᠠᠰᠠᠬᠤ ᠣᠷᠣᠨ ᠤ ᠳᠣᠷᠠᠳᠣᠭᠰᠠᠨ | ︽ᠡᠷᠢᠶᠡᠨ ᠬᠤᠳᠠ᠂ ᠵᠢᠨᠢᠩ ᠢᠶᠠᠷ ᠭᠦᠢᠰᠦ ᠪᠣᠯᠭᠠᠨ᠂ ᠡᠷᠢᠶᠡᠨ ᠬᠤᠳᠠ ᠶᠢᠨ ᠣᠯᠣᠰ ᠤᠨ ᠭᠤᠣᠯᠳᠠᠯᠭ᠎ᠠ ᠲᠠᠢ | ᠬᠦᠭᠵᠢᠭᠦᠯᠦᠯᠳᠡ ᠨᠡᠭᠡᠭᠡᠯᠳᠡ ᠶᠢᠨ ᠳᠣᠷᠰᠢᠯᠳᠠ ᠶᠢᠨ ᠳᠣᠭᠤᠷᠢᠭ ᠢ ᠲᠦᠷᠭᠡᠳᠭᠡᠨ ᠪᠠᠶᠢᠭᠤᠯᠵᠣ᠂ ᠦᠪᠡᠷᠳᠡᠭᠡᠨ | ᠵᠠᠰᠠᠬᠤ ᠣᠷᠣᠨ ᠤ ᠳᠣᠮᠳᠠ ᠬᠡᠰᠡᠭ ᠣᠷᠣᠨ ᠢ ᠰᠠᠴᠣᠷᠠᠭᠠᠨ ᠨᠦᠯᠦᠬᠡᠯᠡᠬᠦ︾ ᠰᠢᠢᠳᠪᠦᠷᠢ ᠪᠠᠶᠢᠷᠢᠯᠠᠭᠤᠯᠣᠯᠳᠠ ᠶᠢ | ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠬᠤᠶᠠᠷ ᠣᠷᠣᠨ ᠤ ᠰᠠᠭᠤᠷᠢ ᠲᠦᠭᠦᠭᠡᠷᠦᠮᠵᠢ ᠶᠢ ᠬᠠᠷᠢᠯᠴᠠᠨ ᠬᠤᠯᠪᠣᠨ | ᠬᠠᠷᠢᠯᠴᠠᠨ ᠨᠡᠪᠳᠡᠷᠡᠭᠦᠯᠬᠦ᠂ ᠠᠵᠣ ᠦᠢᠯᠡᠰ ᠤᠨ ᠬᠦᠭᠵᠢᠯᠳᠡ᠂ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ᠂ | ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠵᠡᠷᠭᠡ ᠬᠦᠷᠢᠶᠡᠨ ᠳᠠᠬᠢ ᠬᠠᠮᠳᠣᠷᠠᠯᠴᠠᠭ᠎ᠠ ᠪᠠᠨ ᠬᠦᠨᠵᠡᠭᠡᠶᠢᠷᠡᠭᠦᠯᠵᠣ᠂ | ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠨ᠂ ᠬᠠᠷᠢᠯᠴᠠᠨ ᠠᠰᠢᠭ ᠬᠦᠷᠳᠡᠵᠣ ᠬᠠᠮᠳᠣ ᠶᠢᠨ ᠢᠯᠠᠯᠳᠠ ᠳᠤ ᠬᠦᠷᠬᠦ | ᠶᠢ ᠲᠦᠯᠬᠢᠨ ᠠᠬᠢᠭᠤᠯᠣᠨ᠎ᠠ᠃ | ᠭᠤᠷᠪᠠ᠂ ᠣᠨᠴᠠᠯᠢᠭᠳᠣ ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ ᠶᠢ ᠲᠦᠷᠭᠡᠳᠭᠡᠵᠣ᠂ | ᠠᠵᠣ ᠠᠬᠤᠢ ᠶᠢᠨ ᠳᠡᠭᠡᠳᠦ ᠴᠢᠨᠠᠷᠵᠢᠯᠳᠣ ᠬᠦᠭᠵᠢᠯᠳᠡ ᠶᠢ ᠠᠬᠢᠭᠤᠯᠣᠨ᠎ᠠ | ᠠᠷᠠᠳ ᠠᠴᠠ ᠡᠵᠡᠩᠨᠡᠭᠰᠡᠨ ᠠᠵᠣ ᠠᠬᠤᠢ ᠶᠢ ᠡᠷᠡᠰ ᠭᠤᠶᠢᠪᠢᠰᠢ ᠦᠬᠡᠢ ᠬᠦᠭᠵᠢᠭᠦᠯᠦᠨ᠎ᠡ᠃ ᠰᠢ ᠶᠢᠨ | ᠫᠢᠩ ᠶᠡᠷᠦᠩᠬᠡᠢ ᠱᠦᠵᠢ ᠶᠢᠨ ᠠᠷᠠᠳ ᠠᠴᠠ ᠡᠵᠡᠩᠨᠡᠭᠰᠡᠨ ᠠᠵᠣ ᠠᠬᠤᠶᠢᠯᠠᠯ ᠤᠨ ᠰᠠᠭᠤᠳᠠᠯ ᠤᠨ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠣᠯᠣᠰ᠂ ᠦᠪᠡᠷᠳᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ | ᠠᠵᠣ ᠠᠬᠤᠢ ᠶᠢᠨ ᠳᠡᠭᠡᠳᠦ ᠴᠢᠨᠠᠷᠵᠢᠯᠳᠣ ᠬᠦᠭᠵᠢᠯᠳᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ | ᠶᠢ ᠡᠷᠡᠰ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠰᠢᠨ᠎ᠡ ᠡᠭᠡᠯᠵᠢ ᠶᠢᠨ ᠳᠠᠳᠠᠪᠣᠷᠢ ᠰᠦᠢᠳᠭᠡᠯ ᠢ ᠪᠠᠭᠤᠷᠠᠭᠤᠯᠬᠤ | ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠣᠨ᠂ ᠠᠵᠣ ᠠᠬᠤᠶᠢᠯᠠᠯ ᠲᠠᠢ ᠬᠤᠯᠪᠣᠭᠳᠠᠭᠰᠠᠨ | ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠳᠣ ᠰᠦᠢᠳᠭᠡᠯ ᠬᠤᠷᠢᠶᠠᠮᠵᠢ ᠶᠢ ᠴᠡᠭᠴᠡᠯᠡᠨ ᠲᠦᠷᠢᠮᠵᠢᠭᠦᠯᠵᠣ᠂ ᠠᠵᠣ | ᠠᠬᠤᠶᠢᠯᠠᠯ ᠤᠨ ᠡᠨᠧᠷᠬᠢ ᠬᠡᠷᠡᠭᠯᠡᠬᠦ᠂ ᠭᠠᠵᠠᠷ ᠬᠡᠷᠡᠭᠯᠡᠬᠦ᠂ ᠪᠠᠷᠠᠭᠠᠨ ᠤ ᠭᠦᠢᠯᠭᠡᠭᠡ ᠵᠡᠷᠭᠡ ᠡᠯᠧᠮᠧᠨ᠋ᠲ ᠤᠨ ᠦᠷᠳᠡᠭ ᠢ | ᠪᠠᠭᠤᠷᠠᠭᠤᠯᠣᠨ᠎ᠠ᠃ ᠵᠠᠰᠠᠭ ᠤᠨ ᠣᠷᠳᠣᠨ᠂ ᠪᠠᠩᠬᠢ᠂ ᠠᠵᠣ ᠠᠬᠤᠶᠢᠯᠠᠯ ᠤᠨ ᠣᠶᠠᠯᠳᠤᠭ᠎ᠠ ᠬᠤᠯᠪᠣᠭ᠎ᠠ ᠶᠢ ᠦᠨᠡᠨᠬᠦ | ᠴᠢᠩᠭᠠᠳᠬᠠᠨ᠂ ᠮᠦᠩᠭᠦᠨ ᠭᠦᠢᠯᠭᠡᠭᠡ ᠪᠠᠷ ᠠᠷᠠᠳ ᠠᠴᠠ ᠡᠵᠡᠩᠨᠡᠭᠰᠡᠨ ᠠᠵᠣ ᠠᠬᠤᠶᠢᠯᠠᠯ ᠢ ᠳᠡᠮᠵᠢᠬᠦ ᠪᠣᠳᠠᠳᠠᠢ | ᠠᠷᠭ᠎ᠠ ᠬᠡᠮᠵᠢᠶ᠎ᠡ ᠶᠢ ᠰᠣᠳᠣᠯᠣᠨ ᠳᠣᠭᠳᠠᠭᠠᠵᠣ᠂ ︽ᠪᠠᠳᠣᠯᠠᠭᠠᠳᠣ ᠵᠢᠭᠡᠯᠡᠯᠭᠡ︾ ᠶᠢᠨ ᠬᠡᠮᠵᠢᠶ᠎ᠡ ᠶᠢ ᠦᠷᠭᠦᠯᠵᠢᠯᠡᠨ | ᠶᠡᠬᠡᠰᠬᠡᠬᠦ ᠶᠢᠨ ᠰᠠᠭᠤᠷᠢᠨ ᠳᠡᠭᠡᠷ᠎ᠡ᠂ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠵᠢᠭᠡᠯᠡᠯᠭᠡ ᠶᠢᠨ ᠪᠠᠳᠣᠯᠠᠭ᠎ᠠ ᠶᠢᠨ | ᠬᠠᠮᠳᠣᠷᠠᠯᠴᠠᠭᠠᠨ ᠤ ᠳᠣᠭᠳᠠᠯᠴᠠᠭ᠎ᠠ ᠳᠤ ᠰᠢᠨ᠎ᠡ ᠶᠢ ᠡᠭᠦᠳᠬᠦ ᠶᠢ ᠣᠳᠣᠷᠢᠳᠣᠨ ᠵᠢᠯᠣᠭᠤᠳᠴᠣ᠂ ᠦᠪᠡᠷᠳᠡᠭᠡᠨ | ᠵᠠᠰᠠᠬᠤ ᠣᠷᠣᠨ ᠤ ᠬᠦᠳᠡᠯᠦᠩᠭᠦᠢ ᠠᠶᠣᠯ ᠲᠦᠭᠰᠢᠭᠦᠷᠢ ᠶᠢ ᠰᠡᠷᠭᠡᠶᠢᠯᠡᠨ ᠡᠷᠬᠡᠰᠢᠶᠡᠬᠦ ᠰᠠᠭᠤᠷᠢ ᠮᠦᠩᠭᠦ ᠶᠢᠨ | ᠳᠡᠮᠵᠢᠯᠭᠡ ᠶᠢ ᠬᠦᠬᠡᠬᠡᠴᠡᠯᠳᠦᠨ᠂ ᠳᠣᠮᠳᠠ ᠵᠢᠵᠢᠭ ᠪᠢᠴᠢᠯ ᠠᠵᠣ ᠠᠬᠤᠶᠢᠯᠠᠯ ᠤᠨ ᠬᠦᠷᠦᠩᠬᠡ ᠬᠤᠷᠠᠮᠳᠣᠭᠤᠯᠬᠤ ᠳᠤ | ᠬᠦᠴᠢᠷ᠂ ᠬᠦᠷᠦᠩᠬᠡ ᠬᠤᠷᠠᠮᠳᠣᠭᠤᠯᠬᠤ ᠳᠤ ᠦᠨᠡᠳᠡᠢ ᠪᠠᠶᠢᠭ᠎ᠠ ᠠᠰᠠᠭᠤᠳᠠᠯ ᠢ ᠬᠦᠩᠬᠡᠷᠡᠭᠦᠯᠦᠨᠡ᠃ ᠠᠷᠠᠳ ᠤᠨ | ᠳᠣᠮᠳᠠᠬᠢ ᠪᠡᠯᠡ ᠣᠷᠣᠭᠤᠯᠣᠯᠳᠠ ᠶᠢᠨ ᠴᠠᠷ᠎ᠠ ᠬᠦᠷᠢᠶ᠎ᠡ ᠶᠢ ᠪᠦᠬᠦ ᠳᠠᠯ᠎ᠠ ᠪᠠᠷ ᠨᠡᠭᠡᠭᠡᠵᠣ᠂ ᠬᠠᠦᠯᠢ ᠶᠣᠰᠣ ᠪᠠᠷ | ᠳᠣᠳᠣᠷᠬᠠᠢ ᠴᠠᠭᠠᠵᠠᠯᠠᠭᠰᠠᠨ ᠦᠬᠡᠢ ᠠᠵᠢᠯ ᠲᠦᠷᠦᠯ ᠪᠠ ᠴᠠᠷ᠎ᠠ ᠬᠦᠷᠢᠶᠡᠨ ᠳᠤ ᠠᠷᠠᠳ ᠤᠨ ᠳᠣᠮᠳᠠᠬᠢ ᠪᠡᠯᠡ | ᠮᠦᠩᠭᠦᠨ ᠤ ᠬᠦᠷᠦᠩᠬᠡ ᠣᠷᠣᠭᠤᠯᠣᠯᠳᠠ ᠬᠢᠬᠦ ᠶᠢ ᠵᠣᠷᠢᠭᠵᠢᠭᠤᠯᠣᠨ ᠵᠢᠯᠣᠭᠤᠳᠣᠨ᠎ᠠ᠃ ᠢᠳᠡᠭᠡᠮᠵᠢᠳᠦ ᠵᠠᠰᠠᠭ ᠤᠨ | ᠣᠷᠳᠣᠨ ᠤ ᠪᠣᠯᠵᠣᠯ ᠠᠮᠠᠯᠠᠯᠳᠠ ᠪᠠᠨ ᠪᠡᠶᠡᠯᠡᠭᠦᠯᠬᠦ ᠪᠠᠶᠢᠩᠭᠤ ᠶᠢᠨ ᠳᠣᠭᠳᠠᠯᠴᠠᠭ᠎ᠠ ᠶᠢ ᠪᠠᠶᠢᠭᠤᠯᠣᠨ᠂ ᠨᠦᠬᠦᠷᠰᠡᠭ | ᠳᠣᠳᠣᠨᠣ ᠪᠦᠭᠡᠳ ᠴᠢᠭᠡᠴᠢ ᠳᠣᠳᠣᠷᠬᠠᠢ ᠰᠢᠨ᠎ᠡ ᠮᠠᠶ᠋ᠢᠭ ᠤᠨ ᠵᠠᠰᠠᠭ ᠪᠠ ᠠᠷᠠᠯᠵᠢᠶᠠᠨ ᠤ ᠬᠢᠨ ᠤ ᠬᠠᠷᠢᠴᠠᠭ᠎ᠠ ᠶᠢ | ᠪᠠᠶᠢᠭᠤᠯᠵᠣ᠂ ᠵᠠᠰᠠᠭ ᠤᠨ ᠶᠠᠪᠣᠳᠠᠯ ᠤᠨ ᠢᠳᠡᠭᠡᠮᠵᠢ ᠪᠠᠷ ᠠᠷᠠᠳ ᠤᠨ ᠳᠣᠮᠳᠠᠬᠢ ᠪᠡᠯᠡ ᠣᠷᠣᠭᠤᠯᠣᠯᠳᠠ ᠪᠠ ᠠᠷᠠᠳ | ᠠᠴᠠ ᠡᠵᠡᠩᠨᠡᠭᠰᠡᠨ ᠠᠵᠣ ᠠᠬᠤᠶᠢᠯᠠᠯ ᠤᠨ ᠬᠦᠭᠵᠢᠯᠳᠡ ᠶᠢᠨ ᠢᠳᠡᠭᠡᠯ ᠵᠣᠷᠢᠭ ᠢ ᠨᠡᠮᠡᠭᠳᠡᠭᠦᠯᠦᠨ᠎ᠡ᠃ | ᠣᠯᠠᠨ ᠣᠯᠣᠰ ᠤᠨ ᠠᠷᠠᠯᠵᠢᠶ᠎ᠠ ᠪᠠ ᠨᠦᠬᠡᠴᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠦᠢᠯᠡᠰ ᠢ | ᠬᠦᠭᠵᠢᠭᠦᠯᠦᠨ ᠬᠦᠴᠦᠷᠬᠡᠭᠵᠢᠭᠦᠯᠦᠨ᠎ᠡ᠃ ᠭᠠᠳᠠᠭᠠᠳᠣ ᠠᠷᠠᠯᠵᠢᠶᠠᠨ ᠤ ᠠᠵᠣ ᠠᠬᠤᠶᠢᠯᠠᠯ ᠤᠨ ᠴᠢᠳᠠᠪᠣᠷᠢ ᠶᠢᠨ | ᠪᠠᠶᠢᠭᠤᠯᠣᠯᠳᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠳᠣᠭᠳᠠᠭᠠᠨ ᠬᠡᠷᠡᠭᠵᠢᠭᠦᠯᠵᠣ᠂ ᠠᠷᠠᠯᠵᠢᠶᠠᠨ ᠤ | ᠬᠦᠭᠵᠢᠯᠳᠡ ᠶᠢ ᠠᠬᠢᠭᠤᠯᠬᠤ ᠪᠡᠯᠡ ᠮᠦᠩᠭᠦᠨ ᠤ ᠰᠠᠩ ᠢ ᠪᠠᠶᠢᠭᠤᠯᠣᠨ᠂ ᠬᠢᠯᠢ ᠶᠢᠨ ᠠᠷᠠᠯᠵᠢᠶᠠᠨ ᠤ ᠠᠵᠣ | ᠠᠬᠤᠶᠢᠯᠠᠯ ᠤᠨ ᠬᠦᠭᠵᠢᠯᠳᠡ ᠶᠢ ᠳᠡᠮᠵᠢᠬᠦ ᠬᠦᠴᠦᠯᠡᠴᠡ ᠪᠠᠨ ᠶᠡᠬᠡᠰᠬᠡᠵᠣ᠂ ᠮᠠᠲ᠋ᠧᠷᠢᠶᠠᠯᠯᠢᠭ ᠪᠣᠰᠣ ᠬᠦᠷᠦᠩᠬᠡ | ᠪᠦᠬᠦᠢ ᠭᠠᠳᠠᠭᠠᠳᠣ ᠠᠷᠠᠯᠵᠢᠶᠠᠨ ᠤ ᠠᠵᠣ ᠠᠬᠤᠶᠢᠯᠠᠯ ᠤᠨ ᠬᠦᠭᠵᠢᠯᠳᠡ ᠶᠢ ᠲᠦᠯᠬᠢᠨ ᠠᠬᠢᠭᠤᠯᠣᠨ᠎ᠠ᠃ ᠣᠯᠣᠰ | ᠠᠴᠠ ᠮᠣᠩᠭᠤᠯ ᠣᠯᠣᠰ ᠤᠨ ᠰᠠᠯᠠᠭ᠎ᠠ ᠳᠣᠭᠤᠷᠠᠢ ᠲᠠᠢ ᠠᠮᠢᠳᠠᠨ ᠵᠢᠴᠢ ᠳᠡᠭᠦᠨ ᠤ ᠪᠦᠲᠦᠭᠡᠭᠳᠡᠭᠦᠨ ᠢ ᠭᠠᠳᠠᠭᠠᠳᠣ | ᠠᠴᠠ ᠣᠷᠣᠭᠤᠯᠬᠤ ᠬᠢᠵᠠᠭᠠᠷᠯᠠᠯ ᠢ ᠰᠣᠯᠠᠷᠠᠭᠤᠯᠬᠤ ᠶᠢ ᠢᠳᠡᠪᠬᠢᠳᠡᠢ ᠬᠦᠬᠡᠬᠡᠴᠡᠯᠳᠦᠨ᠂ ᠪᠦᠲᠦᠨ ᠮᠠᠰᠢᠨ ᠲᠡᠷᠭᠡ᠂ | ᠲᠦᠭᠦᠭᠡᠢ ᠳᠣᠰᠣ᠂ ᠪᠠᠶᠢᠭᠠᠯᠢ ᠶᠢᠨ ᠰᠢᠳᠠᠮᠠᠬᠠᠢ ᠬᠡᠢ ᠵᠡᠷᠭᠡ ᠶᠢ ᠭᠠᠳᠠᠭᠠᠳᠣ ᠠᠴᠠ ᠣᠷᠣᠭᠤᠯᠬᠤ ᠳᠠᠯ᠎ᠠ ᠪᠠᠷ ᠰᠢᠨ᠎ᠡ | ᠰᠢᠪᠳᠣᠯᠣᠯᠳᠠ ᠲᠠᠢ ᠪᠣᠯᠬᠤ ᠪᠠᠷ ᠬᠦᠴᠦᠯᠡᠨ ᠴᠢᠷᠮᠠᠶᠢᠨ᠎ᠠ᠃ ᠡᠸᠦ᠋ᠷᠦᠫᠡ ᠳᠤ ᠬᠠᠨᠳᠣᠭᠰᠠᠨ ᠠᠷᠠᠯᠵᠢᠶ᠎ᠠ ᠶᠢ | ᠦᠷᠭᠡᠳᠭᠡᠨ᠂ ᠨᠡᠩ ᠣᠯᠠᠨ ᠬᠢᠯᠢ ᠳᠠᠮᠵᠢᠭᠰᠠᠨ ᠳᠣᠮᠳᠠᠳᠣ ᠡᠸᠦ᠋ᠷᠦᠫᠡ ᠶᠢᠨ ᠴᠣᠪᠣᠭ᠎ᠠ ᠭᠠᠯᠳᠣ ᠳᠡᠷᠭᠡᠨ ᠤ ᠪᠠᠶᠢᠩᠭᠤ | ᠶᠢᠨ ᠴᠢᠨᠠᠷᠳᠠᠢ ᠡᠵᠡᠩᠨᠡᠯᠳᠡ ᠶᠢ ᠲᠦᠯᠬᠢᠨ ᠠᠬᠢᠭᠤᠯᠵᠣ᠂ ᠳᠣᠮᠳᠠᠳᠣ ᠡᠸᠦ᠋ᠷᠦᠫᠡ ᠶᠢᠨ ᠴᠣᠪᠣᠭ᠎ᠠ ᠭᠠᠯᠳᠣ ᠳᠡᠷᠭᠡᠨ ᠤ | ᠸᠠᠭᠤᠨ ᠨᠡᠮᠡᠬᠦ᠂ ᠪᠠᠷᠠᠭ᠎ᠠ ᠲᠠᠸᠠᠷ ᠢ ᠨᠡᠶᠢᠯᠡᠭᠦᠯᠦᠨ ᠳᠡᠭᠡᠭᠡᠪᠦᠷᠢᠯᠡᠬᠦ ᠵᠡᠷᠭᠡ ᠠᠵᠢᠯ ᠦᠢᠯᠡᠴᠢᠯᠡᠭᠡ ᠶᠢ ᠰᠦᠪᠡᠭᠴᠢᠯᠡᠨ | ᠦᠷᠨᠢᠭᠦᠯᠦᠨ᠎ᠡ᠃ ᠭᠠᠳᠠᠭᠠᠳᠣ ᠠᠴᠠ ᠣᠷᠣᠭᠤᠯᠣᠭᠰᠠᠨ ᠴᠠᠭᠠᠰᠣᠨ ᠡᠭᠡᠳᠡᠩ ᠤᠨ ᠬᠤᠭᠤᠴᠠᠭᠠᠳᠣ ᠪᠠᠷᠠᠭ᠎ᠠ ᠶᠢ | ᠰᠢᠯᠵᠢᠭᠦᠯᠦᠨ ᠲᠣᠰᠢᠶᠠᠬᠤ ᠬᠦᠮᠦᠷᠬᠡ ᠶᠢ ᠪᠠᠶᠢᠭᠤᠯᠬᠤ ᠪᠠᠷ ᠬᠦᠬᠡᠬᠡᠴᠡᠯᠳᠦᠨᠡ᠃ ᠬᠢᠯᠢ ᠠᠯᠣᠰᠯᠠᠭᠰᠠᠨ ᠡᠯᠧᠺᠲᠷᠣᠨ | ᠬᠤᠳᠠᠯᠳᠣᠭᠠᠨ ᠤ ᠪᠠᠷᠠᠭ᠎ᠠ ᠲᠦᠷᠭᠡᠨ ᠨᠡᠪᠳᠡᠷᠡᠭᠦᠯᠬᠦ ᠭᠠᠷᠴᠠ ᠶᠢᠨ ᠲᠦᠷᠦᠯ ᠵᠦᠢᠯ ᠢ ᠲᠦᠷᠭᠡᠳᠭᠡᠨ ᠠᠬᠢᠭᠤᠯᠵᠣ᠂ | ᠦᠪᠡᠷᠳᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠳᠡᠭᠡᠭᠡᠪᠦᠷᠢ ᠶᠢᠨ ᠪᠦᠯᠦᠭᠯᠡᠯ᠂ ᠱᠦᠨ ᠹᠧᠩ ᠲᠦᠷᠭᠡᠨ | ᠳᠡᠭᠡᠭᠡᠪᠦᠷᠢ ᠲᠠᠢ ᠬᠠᠮᠳᠣᠷᠠᠨ ︽ᠠᠭᠠᠷ ᠬᠠᠭᠤᠷᠠᠢ ᠶᠢᠨ ᠬᠠᠮᠳᠣᠷᠠᠭᠰᠠᠨ ᠳᠡᠭᠡᠭᠡᠪᠦᠷᠢ︾ ᠶᠢᠨ ᠲᠦᠷᠦᠯ ᠵᠦᠢᠯ ᠢ | ᠪᠠᠶᠢᠭᠤᠯᠣᠨ᠂ ᠭᠠᠳᠠᠭᠠᠳᠣ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠬᠡᠨ ᠤ ᠠᠵᠣ ᠠᠬᠤᠶᠢᠯᠠᠯ ᠪᠠ ᠬᠢᠯᠢ | ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ᠰᠢᠨ᠎ᠡ ᠬᠠᠨᠳᠣᠰᠢ᠂ ᠰᠢᠨ᠎ᠡ ᠬᠡᠪ ᠵᠠᠭᠪᠣᠷ ᠢ ᠬᠦᠭᠵᠢᠭᠦᠯᠦᠨ᠎ᠡ᠃ | ᠲᠡᠮᠦᠷ ᠤᠨ ᠬᠦᠳᠡᠷ᠂ ᠵᠡᠰ ᠤᠨ ᠨᠣᠨᠳᠠᠭ᠂ ᠮᠣᠳᠣᠨ ᠮᠠᠲ᠋ᠧᠷᠢᠶᠠᠯ᠂ ᠨᠡᠭᠦᠷᠡᠰᠦ ᠵᠡᠷᠭᠡ ᠣᠯᠠᠮᠵᠢᠯᠠᠯᠳᠣ ᠶᠡᠭᠡ ᠬᠡᠮᠵᠢᠶ᠎ᠡ | ᠲᠠᠢ ᠪᠠᠷᠠᠭ᠎ᠠ ᠶᠢ ᠭᠠᠳᠠᠭᠠᠳᠣ ᠠᠴᠠ ᠣᠷᠣᠭᠤᠯᠬᠤ ᠶᠢ ᠳᠣᠭᠳᠠᠪᠣᠷᠢᠵᠢᠭᠤᠯᠣᠨ᠂ ᠠᠮᠣ ᠳᠣᠰᠣ᠂ ᠴᠠᠭᠠᠰᠣᠨ ᠡᠭᠡᠳᠡᠩ᠂ | ᠨᠣᠣᠰᠣ ᠨᠣᠣᠯᠣᠷ᠂ ᠡᠪᠡᠰᠦ ᠪᠣᠷᠳᠤᠭ᠎ᠠ᠂ ᠠᠮᠢᠳᠣ ᠬᠤᠨᠢ ᠵᠡᠷᠭᠡ ᠪᠠᠷᠠᠭ᠎ᠠ ᠶᠢ ᠭᠠᠳᠠᠭᠠᠳᠣ ᠠᠴᠠ ᠣᠷᠣᠭᠤᠯᠬᠤ | ᠬᠡᠮᠵᠢᠶ᠎ᠡ ᠶᠢ ᠶᠡᠬᠡᠰᠬᠡᠵᠣ᠂ ᠵᠠᠰᠠᠮᠠᠯ ᠵᠠᠮ ᠤᠨ ᠪᠣᠭᠤᠮᠳᠠ ᠪᠠᠷ ᠨᠡᠩ ᠣᠯᠠᠨ ᠶᠡᠭᠡ ᠬᠡᠮᠵᠢᠶ᠎ᠡ ᠲᠠᠢ ᠪᠠᠷᠠᠭ᠎ᠠ ᠶᠢ | ᠭᠠᠳᠠᠭᠠᠳᠣ ᠠᠴᠠ ᠣᠷᠣᠭᠤᠯᠬᠤ ᠶᠢ ᠲᠦᠯᠬᠢᠨ ᠠᠬᠢᠭᠤᠯᠵᠣ᠂ ᠪᠠᠷᠢᠯᠭ᠎ᠠ ᠶᠢᠨ ᠮᠠᠲ᠋ᠧᠷᠢᠶᠠᠯ᠂ ᠵᠢᠮᠢᠰ ᠨᠣᠭᠤᠭ᠎ᠠ᠂ | ᠡᠳᠦᠷ ᠳᠣᠳᠣᠮ ᠤᠨ ᠬᠡᠷᠡᠭᠯᠡᠭᠡᠨ ᠤ ᠪᠣᠳᠠᠰ ᠵᠡᠷᠭᠡ ᠶᠢ ᠭᠠᠳᠠᠭᠠᠳᠣ ᠳᠤ ᠭᠠᠷᠭᠠᠬᠤ ᠬᠠᠷᠢᠴᠠᠯ ᠢ ᠨᠡᠮᠡᠭᠳᠡᠭᠦᠯᠦᠨ᠂ | ᠪᠣᠭᠤᠮᠳᠠ ᠶᠢᠨ ᠪᠠᠷᠠᠭ᠎ᠠ ᠨᠡᠪᠳᠡᠷᠡᠭᠦᠯᠬᠦ ᠬᠡᠮᠵᠢᠶ᠎ᠡ ᠶᠢ ᠶᠡᠬᠡᠰᠬᠡᠨ᠎ᠡ᠃ ᠪᠠᠷᠣᠭᠴᠠᠭᠠᠯᠠᠪᠠᠯ᠂ ᠪᠦᠬᠦ ᠵᠢᠯ ᠤᠨ ᠣᠷᠣᠭᠤᠯᠵᠣ | ᠭᠠᠷᠭᠠᠬᠤ ᠪᠠᠷᠠᠭ᠎ᠠ ᠳᠡᠭᠡᠭᠡᠪᠦᠷᠢ ᠶᠢᠨ ᠬᠡᠮᠵᠢᠶ᠎ᠡ ᠶᠢ 1820 ᠲᠦᠮᠡᠨ ᠳᠣᠨ ᠬᠦᠷᠭᠡᠵᠣ᠂ 10% ᠪᠠᠷ ᠨᠡᠮᠡᠭᠳᠡᠭᠦᠯᠦᠨ | ᠂ 2000 ᠲᠦᠮᠡᠨ ᠳᠣᠨ ᠤ ᠣᠷᠣᠭᠤᠯᠵᠣ ᠭᠠᠷᠭᠠᠬᠤ ᠪᠠᠷᠠᠭ᠎ᠠ ᠳᠡᠭᠡᠭᠡᠪᠦᠷᠢ ᠶᠢᠨ ᠴᠢᠳᠠᠪᠬᠢ ᠲᠠᠢ ᠪᠣᠭᠤᠮᠳᠠ ᠶᠢᠨ | ᠡᠩᠨᠡᠭᠡᠨ ᠳᠤ ᠣᠷᠣᠬᠤ ᠪᠠᠷ ᠬᠦᠴᠦᠯᠡᠨ ᠴᠢᠷᠮᠠᠶᠢᠨ᠎ᠠ︔ ᠣᠷᠣᠭᠤᠯᠵᠣ ᠭᠠᠷᠭᠠᠬᠤ ᠠᠷᠠᠯᠵᠢᠶᠠᠨ ᠤ ᠦᠷᠳᠡᠭ ᠢ 262 | ᠳ᠋ᠦᠩᠰᠢᠭᠤᠷ ᠲᠦᠭᠦᠷᠢᠭ ᠬᠦᠷᠭᠡᠵᠣ᠂ 10% ᠪᠠᠷ ᠨᠡᠮᠡᠭᠳᠡᠭᠦᠯᠦᠨ᠎ᠡ᠃ | ᠠᠵᠣ ᠦᠢᠯᠡᠳᠪᠦᠷᠢ ᠶᠢᠨ ᠠᠵᠣ ᠠᠬᠤᠢ ᠶᠢᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠦ ᠶᠢ | ᠲᠦᠯᠬᠢᠨ ᠠᠬᠢᠭᠤᠯᠣᠨ᠎ᠠ᠃ ᠳᠣᠮᠳᠠᠳᠣ ᠡᠸᠦ᠋ᠷᠦᠫᠡ ᠶᠢᠨ ᠴᠣᠪᠣᠭ᠎ᠠ ᠭᠠᠯᠳᠣ ᠳᠡᠷᠭᠡᠨ ᠠᠴᠠ ᠣᠷᠣᠨ ᠨᠣᠳᠤᠭ ᠠᠰᠢᠭ | ᠬᠦᠷᠳᠡᠬᠦ ᠦᠬᠡᠢ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠵᠣ ᠦᠢᠯᠡᠳᠪᠦᠷᠢ ᠶᠢᠨ ᠠᠵᠣ ᠠᠬᠤᠢ ᠶᠢᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠳᠣᠭᠤᠷᠢᠨ ᠳᠤ᠂ ᠠᠵᠣ | ᠦᠢᠯᠡᠳᠪᠦᠷᠢ ᠶᠢᠨ ᠠᠵᠣ ᠠᠬᠤᠶᠢᠯᠠᠯ ᠤᠨ ᠡᠷᠬᠢᠯᠳᠡ ᠶᠢᠨ ᠵᠣᠬᠢᠴᠠᠭᠤᠯᠣᠯᠳᠠ ᠶᠢ ᠪᠦᠬᠦ ᠳᠠᠯ᠎ᠠ ᠪᠠᠷ ᠴᠢᠩᠭᠠᠳᠬᠠᠨ᠂ | ᠠᠵᠣ ᠠᠬᠤᠶᠢᠯᠠᠯ ᠢ ᠬᠠᠪᠰᠣᠷᠣᠨ ᠬᠦᠷᠦᠩᠬᠡ ᠬᠤᠷᠠᠮᠳᠣᠭᠤᠯᠬᠤ᠂ ᠪᠣᠭᠤᠮᠳᠠ ᠨᠡᠪᠳᠡᠷᠡᠭᠦᠯᠬᠦ᠂ ᠳᠡᠭᠡᠭᠡᠪᠦᠷᠢᠯᠡᠬᠦ ᠵᠡᠷᠭᠡ | ᠡᠵᠡᠩᠨᠡᠯᠳᠡ ᠶᠢᠨ ᠲᠦᠭᠵᠢᠷᠡᠯ ᠤᠨ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠨ᠎ᠡ᠃ ᠪᠣᠯᠪᠠᠰᠣᠷᠠᠭᠤᠯᠬᠤ ᠦᠢᠯᠡᠰ | ᠢ ᠬᠦᠭᠵᠢᠭᠦᠯᠦᠨ ᠬᠦᠴᠦᠷᠬᠡᠭᠵᠢᠭᠦᠯᠬᠦ ᠶᠢᠨ ᠳᠣᠭᠤᠷᠢᠨ ᠳᠤ᠂ B ᠬᠡᠯᠪᠡᠷᠢ ᠶᠢᠨ ᠭᠠᠶᠢᠯᠢ ᠶᠢᠨ ᠪᠠᠳᠣᠯᠠᠭᠠᠳᠣ | ᠪᠣᠯᠪᠠᠰᠣᠷᠠᠭᠤᠯᠬᠤ ᠬᠦᠷᠢᠶᠡᠯᠡᠩ ᠢ ᠪᠠᠶᠢᠭᠤᠯᠬᠤ ᠶᠢ ᠬᠦᠬᠡᠬᠡᠴᠡᠯᠳᠦᠨ᠂ ᠠᠮᠣ ᠳᠣᠰᠣ᠂ ᠨᠣᠣᠰᠣ ᠨᠣᠣᠯᠣᠷ᠂ | ᠴᠠᠭᠠᠰᠣᠨ ᠡᠭᠡᠳᠡᠩ ᠵᠡᠷᠭᠡ ᠠᠵᠣ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠣᠨ᠎ᠠ᠃ ᠭᠠᠳᠠᠭᠠᠳᠣ ᠠᠴᠠ | ᠣᠷᠣᠭᠤᠯᠣᠭᠰᠠᠨ ᠠᠮᠢᠳᠣ ᠮᠠᠯ ᠢ ᠨᠢᠳᠣᠯᠠᠨ ᠨᠠᠷᠢᠯᠢᠭ ᠪᠣᠯᠪᠠᠰᠣᠷᠠᠭᠤᠯᠬᠤ ᠦᠢᠯᠡᠰ ᠢ ᠲᠦᠷᠭᠡᠳᠭᠡᠨ ᠬᠦᠭᠵᠢᠭᠦᠯᠵᠣ᠂ | ᠶᠢᠩ ᠹᠸᠢ ᠳ᠋ᠢ ᠺᠧ ᠠᠮᠢᠳᠣ ᠮᠠᠯ ᠢ ᠭᠠᠳᠠᠭᠠᠳᠣ ᠠᠴᠠ ᠣᠷᠣᠭᠤᠯᠣᠨ ᠪᠣᠯᠪᠠᠰᠣᠷᠠᠭᠤᠯᠬᠤ ᠲᠦᠷᠦᠯ ᠵᠦᠢᠯ ᠢ | ᠠᠰᠢᠭᠯᠠᠯᠳᠠ ᠳᠤ ᠣᠷᠣᠭᠤᠯᠣᠨ ᠠᠰᠢᠭ ᠬᠦᠷᠳᠡᠬᠦ ᠶᠢ ᠲᠦᠯᠬᠢᠨ ᠠᠬᠢᠭᠤᠯᠣᠨ᠎ᠠ᠃ ᠳ᠋ᠦᠩ ᠰᠢᠨ ᠠᠮᠣ ᠳᠣᠰᠣ | ᠪᠣᠯᠪᠠᠰᠣᠷᠠᠭᠤᠯᠬᠤ ᠺᠣᠮᠫᠠᠨᠢ ᠶᠢᠨ ᠬᠤᠶᠠᠳᠣᠭᠠᠷ ᠬᠤᠭᠤᠴᠠᠭᠠᠨ ᠤ ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ | ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠣ᠂ ᠣᠳᠣᠬᠠᠨ ᠤ ᠪᠠᠶᠢᠭ᠎ᠠ ᠠᠮᠣ ᠳᠣᠰᠣ ᠪᠣᠯᠪᠠᠰᠣᠷᠠᠭᠤᠯᠬᠤ ᠠᠵᠣ | ᠠᠬᠤᠶᠢᠯᠠᠯ ᠤᠨ ᠦᠢᠯᠡᠳᠪᠦᠷᠢᠯᠡᠯ ᠤᠨ ᠬᠦᠷᠢᠶ᠎ᠡ ᠬᠡᠪᠴᠢᠶ᠎ᠡ ᠪᠠᠨ ᠦᠷᠭᠡᠳᠭᠡᠬᠦ ᠶᠢ ᠣᠳᠣᠷᠢᠳᠣᠨ ᠵᠢᠯᠣᠭᠤᠳᠴᠦ᠂ | ᠵᠠᠭᠤᠨ ᠲᠦᠮᠡᠨ ᠳᠣᠨ ᠭᠠᠳᠠᠭᠠᠳᠣ ᠠᠴᠠ ᠣᠷᠣᠭᠤᠯᠣᠭᠰᠠᠨ ᠠᠮᠣ ᠳᠣᠰᠣ ᠪᠣᠯᠪᠠᠰᠣᠷᠠᠭᠤᠯᠬᠤ ᠰᠠᠭᠤᠷᠢᠨ ᠢ | ᠪᠦᠲᠦᠭᠡᠨ ᠪᠠᠶᠢᠭᠤᠯᠣᠨ᠎ᠠ᠃ ᠣᠳᠣᠬᠠᠨ ᠤ ᠪᠠᠶᠢᠭ᠎ᠠ ᠮᠣᠳᠣᠨ ᠮᠠᠲ᠋ᠧᠷᠢᠶᠠᠯ ᠪᠣᠯᠪᠠᠰᠣᠷᠠᠭᠤᠯᠬᠤ ︽ᠵᠢᠵᠢᠭ | ᠦᠢᠯᠡᠳᠪᠦᠷᠢ︾ ᠶᠢᠨ ᠲᠦᠪᠯᠡᠷᠡᠨ ᠬᠦᠭᠵᠢᠭᠦ ᠶᠢ ᠣᠳᠣᠷᠢᠳᠣᠨ ᠵᠢᠯᠣᠭᠤᠳᠴᠣ᠂ ᠮᠣᠳᠣᠨ ᠮᠠᠲ᠋ᠧᠷᠢᠶᠠᠯ | ᠪᠣᠯᠪᠠᠰᠣᠷᠠᠭᠤᠯᠬᠤ ᠠᠵᠣ ᠠᠬᠤᠶᠢᠯᠠᠯ ᠢ ᠨᠢᠭᠡᠳᠭᠡᠨ ᠨᠡᠶᠢᠯᠡᠭᠦᠯᠬᠦ᠂ ᠬᠤᠯᠪᠣᠭᠠᠯᠠᠨ ᠳᠠᠬᠢᠨ ᠪᠠᠶᠢᠭᠤᠯᠬᠤ ᠶᠢ ᠲᠦᠯᠬᠢᠨ | ᠠᠬᠢᠭᠤᠯᠵᠣ᠂ ᠨᠡᠶᠢᠯᠡᠮᠡᠯ ᠮᠠᠲ᠋ᠧᠷᠢᠶᠠᠯ᠂ ᠮᠣᠳᠣᠨ ᠬᠠᠪᠳᠠᠰᠣ ᠵᠡᠷᠭᠡ ᠶᠢᠨ ᠦᠢᠯᠡᠳᠪᠦᠷᠢᠯᠡᠯ ᠤᠨ ᠬᠦᠷᠢᠶ᠎ᠡ ᠬᠡᠪᠴᠢᠶ᠎ᠡ | ᠶᠢ ᠦᠷᠭᠡᠳᠭᠡᠨ᠎ᠡ᠃ ᠵᠢᠶᠦ᠋ᠨ ᠸᠧᠢ ᠲᠡᠮᠦᠷ ᠤᠨ ᠬᠦᠳᠡᠷ ᠪᠣᠯᠪᠠᠰᠣᠷᠠᠭᠤᠯᠬᠤ᠂ ᠯᠢᠶᠠᠨ ᠵᠢᠢ ᠰᠢᠶᠠᠩ ᠯᠸᠢ ᠳᠡᠮᠦᠷ ᠤᠨ | ᠬᠦᠳᠡᠷ ᠪᠣᠯᠪᠠᠰᠣᠷᠠᠭᠤᠯᠬᠤ᠂ ᠬᠤᠸᠠ ᠽᠧ ᠬᠠᠶᠢᠯᠣᠭᠤᠷ ᠵᠣᠩᠰᠢ ᠪᠣᠯᠪᠠᠰᠣᠷᠠᠭᠤᠯᠬᠤ ᠲᠦᠷᠦᠯ ᠵᠦᠢᠯ ᠢ ᠠᠰᠢᠭᠯᠠᠯᠳᠠ | ᠳᠤ ᠣᠷᠣᠭᠤᠯᠣᠨ ᠠᠰᠢᠭ ᠬᠦᠷᠳᠡᠬᠦ ᠶᠢ ᠲᠦᠯᠬᠢᠨ ᠠᠬᠢᠭᠤᠯᠵᠣ᠂ ᠣᠳᠣᠬᠠᠨ ᠤ ᠪᠠᠶᠢᠭ᠎ᠠ ᠬᠦᠳᠡᠷ ᠰᠢᠯᠢᠯᠳᠡ ᠶᠢᠨ | ᠠᠵᠣ ᠠᠬᠤᠶᠢᠯᠠᠯ ᠤᠨ ᠣᠰᠣ ᠠᠷᠪᠢᠯᠠᠬᠤ ᠮᠡᠷᠭᠡᠵᠢᠯ ᠢᠶᠠᠨ ᠳᠡᠯᠭᠡᠷᠡᠭᠦᠯᠬᠦ ᠶᠢ ᠣᠳᠣᠷᠢᠳᠣᠨ ᠵᠢᠯᠣᠭᠤᠳᠴᠣ᠂ | ᠠᠭᠤᠷᠬᠠᠢ ᠶᠢᠨ ᠪᠦᠲᠦᠭᠡᠭᠳᠡᠭᠦᠨ ᠪᠣᠯᠪᠠᠰᠣᠷᠠᠭᠤᠯᠬᠤ ᠦᠢᠯᠡᠰ ᠤᠨ ᠲᠦᠪᠯᠡᠷᠡᠩᠭᠦᠢ ᠡᠷᠬᠢᠯᠳᠡᠳᠣ ᠬᠦᠭᠵᠢᠯᠳᠡ ᠶᠢ | ᠲᠦᠯᠬᠢᠨ ᠠᠬᠢᠭᠤᠯᠣᠨ᠎ᠠ᠃ | ᠰᠣᠶᠣᠯ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ | ᠨᠡᠮᠡᠭᠳᠡᠭᠦᠯᠦᠨ᠎ᠡ᠃ ᠪᠣᠭᠤᠮᠳᠠ ᠶᠢᠨ ᠰᠣᠶᠣᠯ ᠢ ᠣᠯᠠᠮᠵᠢᠯᠠᠨ ᠪᠠᠳᠠᠷᠠᠭᠤᠯᠬᠤ ᠪᠠ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠤᠨ ᠬᠠᠮᠠᠭᠠᠯᠠᠯᠳᠠ ᠪᠠ ᠨᠡᠭᠡᠭᠡᠨ ᠠᠰᠢᠭᠯᠠᠯᠳᠠ ᠶᠢ ᠴᠢᠩᠭᠠᠳᠬᠠᠬᠤ ᠶᠢ ᠭᠤᠣᠯᠳᠠᠯᠭ᠎ᠠ ᠪᠣᠯᠭᠠᠨ ᠠᠳᠬᠤᠵᠣ᠂ | ᠰᠣᠶᠣᠯ ᠤᠨ ᠠᠭᠤᠯᠠᠭᠳᠠᠬᠤᠨ ᠢ ᠨᠡᠮᠡᠭᠳᠡᠭᠦᠯᠦᠨ᠂ ᠬᠦᠮᠦᠨ ᠰᠣᠶᠣᠯ ᠤᠨ ᠦᠵᠡᠮᠦᠷᠢ ᠶᠢ ᠱᠣᠭᠤᠨ ᠪᠦᠲᠦᠭᠡᠵᠣ᠂ | ᠬᠦᠮᠦᠨ ᠰᠣᠶᠣᠯ ᠤᠨ ᠣᠨᠴᠠᠯᠢᠭ ᠢ ᠲᠦᠪᠯᠡᠷᠡᠭᠦᠯᠵᠣ᠂ ︽ᠡᠷᠢᠶᠡᠨ ᠤ ᠦᠯᠢᠭᠡᠷ︾ ᠢ ᠰᠠᠶᠢᠳᠣᠷ ᠶᠠᠷᠢᠨ᠂ ᠲᠡᠷᠢᠭᠦᠨ | ᠤ ᠬᠦᠮᠦᠨ ᠰᠣᠶᠣᠯ ᠤᠨ ᠣᠷᠴᠢᠨ ᠢ ᠪᠣᠢ ᠪᠣᠯᠭᠠᠬᠤ ᠪᠠᠷ ᠴᠢᠷᠮᠠᠶᠢᠨ᠎ᠠ᠃ ᠰᠣᠶᠣᠯ ᠵᠢᠭᠤᠯᠴᠢᠯᠠᠯ ᠤᠨ ︽ᠭᠤᠷᠪᠠᠨ | ᠣᠷᠣᠨ︾ ᠤ ᠪᠦᠲᠦᠭᠡᠨ ᠪᠠᠶᠢᠭᠤᠯᠣᠯᠳᠠ ᠶᠢ ᠲᠦᠷᠭᠡᠳᠭᠡᠨ᠂ ᠣᠯᠣᠰ ᠤᠨ ᠪᠦᠬᠦ ᠣᠷᠣᠨ ᠬᠡᠪᠴᠢᠶᠡᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠤ ᠣᠯᠣᠰ ᠤᠨ ᠰᠢᠯᠭᠠᠨ ᠬᠤᠷᠢᠶᠠᠯᠳᠠ ᠶᠢ ᠠᠮᠵᠢᠯᠳᠠ ᠲᠠᠢ | ᠦᠩᠭᠡᠷᠡᠭᠡᠬᠦ ᠶᠢ ᠬᠦᠬᠡᠬᠡᠴᠡᠯᠳᠦᠵᠣ᠂ ᠳᠣᠮᠳᠠᠳᠣ ᠮᠣᠩᠭᠤᠯ ᠬᠤᠶᠠᠷ ᠳᠠᠯ᠎ᠠ ᠶᠢᠨ ᠮᠣᠵᠢ ᠶᠢᠨ ᠳᠡᠰ᠂ ᠣᠯᠣᠰ ᠤᠨ | ᠳᠡᠰ ᠤᠨ ᠬᠡᠮᠵᠢᠶᠡᠨ ᠳᠤ ᠳᠣᠮᠳᠠᠳᠣ ᠮᠣᠩᠭᠤᠯ ᠤᠨ ᠬᠢᠯᠢ ᠠᠯᠣᠰᠯᠠᠭᠰᠠᠨ ᠵᠢᠭᠤᠯᠴᠢᠯᠠᠯ ᠤᠨ ᠬᠠᠮᠳᠣᠷᠠᠯᠴᠠᠭᠠᠨ ᠤ | ᠣᠷᠣᠨ ᠢ ᠪᠦᠲᠦᠭᠡᠨ ᠪᠠᠶᠢᠭᠤᠯᠬᠤ ᠬᠡᠯᠡᠯᠴᠡᠭᠡᠷ ᠲᠤ ᠭᠠᠷ ᠤᠨ ᠦᠰᠦᠭ ᠵᠢᠷᠣᠬᠤ ᠶᠢ ᠲᠦᠯᠬᠢᠨ ᠠᠬᠢᠭᠤᠯᠵᠣ᠂ ᠬᠢᠯᠢ | ᠶᠢᠨ ᠵᠢᠭᠤᠯᠴᠢᠯᠠᠯ ᠤᠨ ᠳᠣᠷᠰᠢᠯᠳᠠ ᠶᠢᠨ ᠣᠷᠣᠨ ᠢ ᠭᠤᠶᠣᠴᠢᠯᠠᠨ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠳᠣᠷ | ᠬᠢᠨ᠎ᠡ᠃ ᠮᠠᠨ ᠤ ᠬᠤᠳᠠ ᠳᠤ ᠣᠮᠠᠷᠠᠳᠣ ᠣᠷᠣᠨ ᠤ ᠮᠣᠷᠢᠨ ᠤ ᠰᠣᠯᠢᠯᠴᠠᠭᠠᠨ ᠤ ᠲᠦᠪ ᠢ ᠪᠠᠶᠢᠭᠤᠯᠬᠤ ᠪᠠᠷ | ᠢᠳᠡᠪᠬᠢᠳᠡᠢ ᠬᠦᠬᠡᠬᠡᠴᠡᠯᠳᠦᠨ᠂ ᠣᠳᠣ ᠦᠶ᠎ᠡ ᠶᠢᠨ ᠮᠣᠷᠢᠨ ᠤ ᠠᠵᠣ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃ | ᠦᠨᠳᠦᠰᠦᠳᠡᠨ ᠤ ᠰᠣᠶᠣᠯ ᠤᠨ ᠠᠵᠣ ᠦᠢᠯᠡᠰ ᠤᠨ ᠬᠦᠷᠢᠶᠡᠯᠡᠩ ᠢ ᠪᠠᠶᠢᠭᠤᠯᠣᠨ ᠪᠦᠲᠦᠭᠡᠵᠣ᠂ ᠳᠣᠮᠳᠠᠳᠣ ᠣᠯᠣᠰ | ᠤᠨ ᠴᠦᠬᠡᠨ ᠳᠣᠭᠠᠳᠣ ᠦᠨᠳᠦᠰᠦᠳᠡᠨ ᠤ ᠣᠨᠴᠠᠯᠢᠭᠳᠣ ᠳᠣᠰᠬᠤᠨ ᠢ ᠭᠤᠶᠣᠴᠢᠯᠠᠨ ᠮᠡᠳᠡᠭᠦᠯᠦᠨ᠎ᠡ᠃ ᠰᠣᠶᠣᠯ ᠪᠠ | ᠵᠢᠭᠤᠯᠴᠢᠯᠠᠯ ᠤᠨ ᠣᠶᠠᠯᠳᠣᠨ ᠬᠦᠭᠵᠢᠭᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠣ᠂ ᠰᠣᠶᠣᠯ ᠵᠢᠭᠤᠯᠴᠢᠯᠠᠯ | ᠤᠨ ᠠᠵᠣ ᠦᠢᠯᠡᠰ ᠤᠨ ᠬᠦᠭᠵᠢᠯᠳᠡ ᠶᠢᠨ ᠰᠠᠭᠤᠷᠢ ᠮᠦᠩᠭᠦ ᠶᠢ ᠢᠳᠡᠪᠬᠢᠳᠡᠢ ᠬᠦᠬᠡᠬᠡᠴᠡᠯᠳᠦᠨ ᠪᠠᠶᠢᠭᠤᠯᠵᠣ᠂ | ᠰᠣᠶᠣᠯ ᠵᠢᠭᠤᠯᠴᠢᠯᠠᠯ ᠤᠨ ᠪᠦᠯᠦᠭᠯᠡᠯ ᠢ ᠲᠦᠰᠦᠪᠯᠡᠨ ᠪᠠᠶᠢᠭᠤᠯᠵᠣ᠂ ᠵᠢᠭᠤᠯᠴᠢᠯᠠᠯ ᠤᠨ ᠰᠠᠭᠤᠷᠢ ᠲᠦᠭᠦᠭᠡᠷᠦᠮᠵᠢ | ᠶᠢᠨ ᠪᠦᠲᠦᠭᠡᠨ ᠪᠠᠶᠢᠭᠤᠯᠣᠯᠳᠠ᠂ ᠵᠢᠭᠤᠯᠴᠢᠯᠠᠯ ᠤᠨ ᠵᠠᠮ ᠱᠣᠭᠤᠮ ᠤᠨ ᠨᠡᠭᠡᠭᠡᠨ ᠠᠰᠢᠭᠯᠠᠯᠳᠠ ᠪᠠ ᠡᠵᠡᠩᠨᠡᠯᠳᠡ ᠶᠢ | ᠵᠣᠬᠢᠶᠠᠨ ᠪᠠᠶᠢᠭᠤᠯᠣᠨ ᠰᠠᠶᠢᠳᠣᠷ ᠬᠢᠨ᠎ᠡ᠃ ︽ᠲᠦᠮᠡᠨ ᠭᠠᠵᠠᠷ ᠤᠨ ᠴᠠᠢ ᠶᠢᠨ ᠵᠠᠮ︾ ᠢ ᠰᠣᠶᠣᠯ ᠤᠨ ᠦᠪ ᠢᠶᠠᠷ | ᠭᠤᠶᠣᠴᠢᠯᠠᠬᠤ ᠠᠵᠢᠯ ᠢ ᠲᠦᠯᠬᠢᠨ ᠠᠬᠢᠭᠤᠯᠵᠣ᠂ ᠵᠢᠷᠭᠤᠳᠣᠭᠠᠷ ᠬᠤᠭᠤᠴᠠᠭᠠᠨ ᠤ ︽ᠴᠠᠢ ᠶᠢᠨ ᠵᠠᠮ︾ ᠣᠯᠠᠨ | ᠣᠯᠣᠰ ᠤᠨ ᠰᠣᠶᠣᠯ ᠵᠢᠭᠤᠯᠴᠢᠯᠠᠯ ᠤᠨ ᠪᠠᠶᠠᠷ᠂ ᠬᠤᠶᠠᠳᠣᠭᠠᠷ ᠬᠤᠭᠤᠴᠠᠭᠠᠨ ᠤ ᠳᠣᠮᠳᠠᠳᠣ ᠮᠣᠩᠭᠤᠯ ᠤᠨ ᠣᠯᠠᠨ | ᠣᠯᠣᠰ ᠤᠨ ᠨᠠᠭᠠᠳᠣᠮ᠂ ᠳᠠᠪᠣᠳᠣᠭᠠᠷ ᠬᠤᠭᠤᠴᠠᠭᠠᠨ ᠤ ᠡᠷᠢᠶᠡᠨ ᠬᠤᠳᠠ— ᠵᠠᠮ ᠤᠨ ᠡᠭᠦᠳᠡ ᠶᠢᠨ ᠪᠦᠬᠦ | ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠳᠠᠮᠢᠷ ᠤᠨ ᠴᠣᠭᠯᠠᠭᠠᠨ᠂ ᠠᠭᠤᠳᠠᠮ ᠳᠠᠯᠠᠪᠠᠢ ᠶᠢᠨ ᠵᠣᠨ ᠤ ᠠᠮᠠᠷᠠᠯᠳᠠ | ᠶᠢᠨ ᠰᠣᠶᠣᠯ ᠤᠨ ᠰᠠᠷ᠎ᠠ ᠵᠡᠷᠭᠡ ᠣᠨᠴᠠᠯᠢᠭ ᠪᠦᠬᠦᠢ ᠨᠡᠷ᠎ᠡ ᠳᠡᠮᠳᠡᠭᠳᠣ ᠰᠣᠶᠣᠯ ᠳᠠᠮᠢᠷ ᠤᠨ ᠰᠣᠯᠢᠯᠴᠠᠭᠠᠨ ᠤ | ᠠᠵᠢᠯᠯᠠᠭ᠎ᠠ ᠶᠢ ᠰᠠᠶᠢᠳᠣᠷ ᠪᠡᠯᠡᠳᠭᠡᠨ ᠡᠷᠬᠢᠯᠡᠵᠣ᠂ ᠰᠣᠶᠣᠯ ᠵᠢᠭᠤᠯᠴᠢᠯᠠᠯ ᠤᠨ ᠨᠡᠷ᠎ᠡ ᠬᠦᠨᠳᠦ ᠪᠠ ᠨᠦᠯᠦᠬᠡᠯᠡᠬᠦ | ᠬᠦᠴᠦᠨ ᠢ ᠳᠡᠭᠡᠭᠰᠢᠯᠡᠭᠦᠯᠵᠣ᠂ ᠣᠯᠣᠰ ᠤᠨ ᠳᠣᠳᠣᠭᠠᠳᠣ ᠭᠠᠳᠠᠭᠠᠳᠣ ᠶᠢᠨ ᠨᠡᠩ ᠣᠯᠠᠨ ᠵᠢᠭᠤᠯᠴᠢᠳ ᠤᠨ ᠢᠷᠡᠵᠣ | ᠵᠢᠭᠤᠯᠴᠢᠯᠠᠨ ᠰᠣᠨᠢᠷᠬᠠᠬᠤ ᠶᠢ ᠳᠠᠳᠠᠨ᠎ᠠ᠃ ᠮᠣᠩᠭᠤᠯ ᠣᠷᠣᠰ ᠵᠢᠴᠢ ᠣᠯᠣᠰ ᠤᠨ ᠳᠣᠳᠣᠭᠠᠳᠣ ᠶᠢᠨ ᠱᠣᠭᠤᠮ | ᠳᠠᠭᠠᠣ ᠣᠷᠣᠨ ᠨᠣᠳᠤᠭ ᠯᠤᠭ᠎ᠠ ᠶᠢᠨ ᠰᠣᠯᠢᠯᠴᠠᠭ᠎ᠠ ᠬᠠᠮᠳᠣᠷᠠᠯᠴᠠᠭ᠎ᠠ ᠶᠢ ᠴᠢᠩᠭᠠᠳᠬᠠᠨ᠂ ᠪᠣᠭᠤᠮᠳᠠ ᠶᠢᠨ | ᠦᠪᠡᠷᠮᠢᠴᠡ ᠣᠨᠴᠠᠯᠢᠭ ᠪᠦᠬᠦᠢ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠮᠣᠩᠭᠤᠯ ᠣᠷᠣᠰ ᠤᠨ ᠬᠦᠨ | ᠵᠣᠵᠠᠭᠠᠨ ᠬᠠᠷᠢ ᠣᠷᠣᠨ ᠤ ᠣᠨᠴᠠᠯᠢᠭ ᠲᠠᠢ ᠣᠶᠠᠯᠳᠣᠭᠤᠯᠣᠨ᠂ ︽ᠴᠠᠢ ᠶᠢᠨ ᠵᠠᠮ︾ ᠵᠡᠷᠭᠡ ᠨᠢᠭᠡ ᠪᠦᠯᠦᠭ | ᠦᠪᠡᠷᠮᠢᠴᠡ ᠣᠨᠴᠠᠯᠢᠭ ᠪᠦᠬᠦᠢ ᠰᠣᠶᠣᠯ ᠵᠢᠭᠤᠯᠴᠢᠯᠠᠯ ᠤᠨ ᠨᠡᠷ᠎ᠡ ᠳᠡᠮᠳᠡᠭᠳᠣ ᠪᠠ ᠣᠨᠴᠠᠯᠢᠭᠳᠣ ᠦᠵᠡᠮᠵᠢ ᠶᠢᠨ | ᠳᠣᠭᠤᠷᠢᠭ ᠢ ᠬᠠᠮᠳᠣᠷᠠᠨ ᠪᠦᠲᠦᠭᠡᠨ ᠪᠠᠶᠢᠭᠤᠯᠵᠣ᠂ ᠪᠣᠭᠤᠮᠳᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠳᠡᠰ | ᠳᠠᠪᠬᠤᠷᠭ᠎ᠠ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠳᠣᠮᠳᠠᠳᠣ ᠮᠣᠩᠭᠤᠯ ᠤᠨ ᠵᠢᠭᠤᠯᠴᠢᠯᠠᠯ ᠤᠨ ᠪᠦᠯᠬᠦᠮ | ᠬᠠᠷᠢᠯᠴᠠᠨ ᠵᠣᠷᠴᠢᠬᠤ ᠳᠤ ᠸᠢᠰᠠ ᠠᠴᠠ ᠴᠢᠯᠦᠬᠡᠯᠡᠬᠦ᠂ 8 ᠠᠴᠠ ᠴᠦᠬᠡᠨ ᠰᠠᠭᠤᠳᠠᠯ ᠲᠠᠢ ᠬᠤᠪᠢ ᠶᠢᠨ | ᠵᠢᠭᠤᠯᠴᠢᠯᠠᠯ ᠤᠨ ᠮᠠᠰᠢᠨ ᠢ ᠬᠢᠯᠢ ᠪᠠᠷ ᠨᠡᠪᠳᠡᠷᠡᠭᠦᠯᠬᠦ᠂ ᠬᠢᠯᠢ ᠶᠢᠨ ᠵᠢᠭᠤᠯᠴᠢᠯᠠᠯ ᠤᠨ ᠭᠡᠷᠡᠴᠢ ᠪᠠᠷᠢᠮᠳᠠ ᠬᠡᠷᠡᠭᠯᠡᠬᠦ | ᠵᠡᠷᠭᠡ ᠬᠢᠯᠢ ᠠᠯᠣᠰᠯᠠᠭᠰᠠᠨ ᠵᠢᠭᠤᠯᠴᠢᠯᠠᠯ ᠤᠨ ᠬᠦᠭᠵᠢᠯᠳᠡ ᠶᠢ ᠬᠠᠷᠰᠢᠯᠠᠵᠣ ᠪᠠᠶᠢᠭ᠎ᠠ ᠪᠣᠭᠤᠮᠢ ᠬᠢᠵᠠᠭᠠᠷᠯᠠᠯ ᠤᠨ | ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠣᠨ᠎ᠠ᠃ | ᠴᠡᠪᠡᠷ ᠡᠨᠧᠷᠬᠢ ᠵᠡᠷᠭᠡ ᠰᠢᠨ᠎ᠡ ᠪᠠᠷ ᠬᠦᠭᠵᠢᠵᠣ ᠪᠠᠶᠢᠭ᠎ᠠ ᠠᠵᠣ ᠦᠢᠯᠡᠰ ᠢ ᠲᠦᠷᠭᠡᠳᠭᠡᠨ ᠪᠣᠶᠢᠵᠢᠭᠤᠯᠣᠨ᠎ᠠ᠃ | ᠳᠠᠬᠢᠨ ᠠᠰᠢᠭᠯᠠᠵᠣ ᠪᠣᠯᠬᠤ ᠡᠨᠧᠷᠬᠢ ᠶᠢᠨ ᠪᠢᠴᠢᠯ ᠴᠠᠬᠢᠯᠭᠠᠨ ᠳᠣᠣᠷ ᠤᠨ ᠵᠢᠱᠢᠶ᠎ᠡ ᠦᠵᠡᠭᠦᠯᠬᠦ ᠲᠦᠷᠦᠯ ᠵᠦᠢᠯ | ᠤᠨ ᠪᠦᠲᠦᠭᠡᠨ ᠪᠠᠶᠢᠭᠤᠯᠣᠯᠳᠠ ᠶᠢ ᠲᠦᠷᠭᠡᠳᠭᠡᠨ ᠠᠬᠢᠭᠤᠯᠵᠣ᠂ 9 ᠲᠦᠮᠡᠨ ᠺᠢᠯᠣᠸᠠᠲ ᠨᠠᠷᠠᠨ ᠤ ᠡᠨᠧᠷᠬᠢ ᠪᠠᠷ | ᠴᠠᠬᠢᠯᠭᠠᠨ ᠭᠠᠷᠭᠠᠬᠤ ᠲᠦᠷᠦᠯ ᠵᠦᠢᠯ ᠢ ᠰᠦᠯᠵᠢᠶᠡᠨ ᠳᠤ ᠨᠡᠶᠢᠯᠡᠭᠦᠯᠦᠨ ᠴᠠᠬᠢᠯᠭᠠᠨ ᠭᠠᠷᠭᠠᠨ᠂ 28 ᠲᠦᠮᠡᠨ | ᠺᠢᠯᠣᠸᠠᠲ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ᠂ 3 ᠲᠦᠮᠡᠨ ᠡᠨᠧᠷᠬᠢ ᠬᠠᠳᠠᠭᠠᠯᠠᠬᠤ | ᠲᠦᠷᠦᠯ ᠵᠦᠢᠯ ᠪᠠ ᠢᠵᠢ ᠪᠦᠷᠢᠨ ᠬᠦᠴᠦᠳᠡᠯ ᠬᠤᠪᠢᠰᠬᠠᠬᠤ ᠰᠦᠯᠵᠢᠶᠡᠨ ᠤ ᠦᠷᠳᠡᠭᠡ ᠶᠢ ᠪᠠᠷᠢᠯᠭ᠎ᠠ ᠡᠬᠢᠯᠡᠭᠦᠯᠦᠨ | ᠪᠦᠲᠦᠭᠡᠨ ᠪᠠᠶᠢᠭᠤᠯᠬᠤ ᠪᠠᠷ ᠬᠦᠬᠡᠬᠡᠴᠡᠯᠳᠦᠨ᠂ ᠵᠠᠷᠢᠮ ᠢ ᠨᠢ ᠰᠦᠯᠵᠢᠶᠡᠨ ᠳᠤ ᠬᠤᠯᠪᠣᠨ ᠴᠠᠬᠢᠯᠭᠠᠨ ᠭᠠᠷᠭᠠᠬᠤ ᠶᠢ | ᠪᠡᠶᠡᠯᠡᠭᠦᠯᠦᠨ᠎ᠡ᠃ ᠬᠤᠸᠠ ᠨᠧᠩ ᠪᠦᠯᠦᠭᠯᠡᠯ ᠤᠨ ᠣᠮᠠᠷᠠᠳᠣ ᠶᠢᠨ ᠯᠦᠩ ᠶᠣᠸᠠᠨ ᠰᠢᠨ᠎ᠡ ᠡᠨᠧᠷᠬᠢ ᠶᠢᠨ ᠰᠠᠭᠤᠷᠢᠨ ᠤ | ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠲᠦᠯᠬᠢᠨ ᠠᠬᠢᠭᠤᠯᠵᠣ᠂ ᠰᠢᠨ᠎ᠡ ᠡᠨᠧᠷᠬᠢ ᠶᠢ ᠭᠠᠳᠠᠭᠰᠢ | ᠬᠦᠷᠬᠡᠬᠦ ᠭᠠᠷᠴᠠ ᠶᠢᠨ ᠲᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠰᠣᠳᠣᠯᠣᠨ ᠡᠬᠢᠯᠡᠭᠦᠯᠦᠨ᠎ᠡ᠃ | ᠪᠠᠶᠢᠯᠳᠣᠬᠤ ᠪᠣᠳᠣᠯᠭ᠎ᠠ ᠶᠢᠨ ᠴᠢᠨᠠᠷᠳᠣ ᠰᠢᠨ᠎ᠡ ᠪᠠᠷ ᠬᠦᠭᠵᠢᠵᠣ ᠪᠠᠶᠢᠭ᠎ᠠ ᠠᠵᠣ ᠦᠢᠯᠡᠰ ᠢ ᠶᠡᠬᠡᠪᠡᠷ ᠬᠦᠭᠵᠢᠭᠦᠯᠦᠨ᠂ | ᠡᠷᠢᠶᠡᠨ ᠬᠤᠳᠠ ᠶᠢᠨ ᠣᠯᠠᠨ ᠣᠯᠣᠰ ᠤᠨ ᠪᠣᠬᠢᠷᠳᠣᠯ ᠦᠬᠡᠢ ᠳᠣᠭᠠᠴᠢᠯᠠᠭᠰᠠᠨ ᠭᠠᠷᠠᠮ ᠤᠨ ᠲᠦᠷᠦᠯ ᠵᠦᠢᠯ ᠢ | ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠣ᠂ ᠴᠡᠪᠡᠷ ᠡᠨᠧᠷᠬᠢ ᠪᠣᠯᠣᠨ ᠶᠡᠭᠡ ᠳ᠋ᠠᠶᠢᠲ᠋ᠠ | ᠶᠢᠨ ᠠᠵᠣ ᠦᠢᠯᠡᠰ ᠤᠨ ᠠᠭᠤᠰᠣᠯᠳᠣᠨ ᠬᠦᠭᠵᠢᠭᠦ ᠶᠢ ᠲᠦᠯᠬᠢᠨ ᠠᠬᠢᠭᠤᠯᠣᠨ᠎ᠠ᠃ | ᠲᠦᠷᠪᠡ᠂ ᠬᠤᠳᠠ ᠬᠦᠳᠡᠭᠡ ᠶᠢᠨ ᠪᠦᠲᠦᠭᠡᠨ ᠪᠠᠶᠢᠭᠤᠯᠣᠯᠳᠠ ᠶᠢ ᠨᠢᠭᠡᠳᠦᠯᠲᠡᠢ ᠲᠦᠯᠬᠢᠨ ᠠᠬᠢᠭᠤᠯᠵᠣ᠂ ᠣᠬᠢ | ᠰᠢᠯᠢᠳᠡᠭ ᠰᠠᠭᠤᠷᠢᠰᠢᠨ ᠠᠮᠢᠳᠣᠷᠠᠬᠤ ᠣᠷᠴᠢᠨ ᠢ ᠬᠦᠴᠦ ᠳᠠᠯᠪᠢᠨ ᠪᠠᠶᠢᠭᠤᠯᠣᠨ᠎ᠠ | ᠬᠤᠳᠠ ᠶᠢᠨ ᠴᠢᠳᠠᠪᠬᠢ ᠶᠢ ᠳᠠᠰᠣᠷᠠᠯᠳᠠ ᠦᠬᠡᠢ ᠳᠡᠭᠦᠯᠳᠡᠷᠵᠢᠭᠦᠯᠦᠨ᠎ᠡ᠃ ᠬᠤᠳᠠ ᠶᠢᠨ ᠪᠦᠲᠦᠭᠡᠨ | ᠪᠠᠶᠢᠭᠤᠯᠣᠯᠳᠠ ᠶᠢᠨ ᠠᠷᠠᠳ ᠲᠤ ᠲᠦᠭᠦᠮ ᠦᠵᠡᠭᠦᠯᠬᠦ ᠢᠨᠵᠧᠨᠧᠷᠢᠩ ᠢ ᠬᠡᠷᠡᠭᠵᠢᠭᠦᠯᠵᠣ᠂ ᠳᠣᠯᠣᠳᠣᠭᠠᠷ ᠣᠳᠠᠭᠠᠨ | ᠤ ᠬᠤᠳᠠ ᠶᠢᠨ ᠶᠡᠷᠦᠩᠬᠡᠢ ᠲᠦᠯᠦᠪᠵᠢᠭᠦᠯᠬᠡ ᠶᠢ ᠴᠢᠩᠭ᠎ᠠ ᠬᠡᠷᠡᠭᠵᠢᠭᠦᠯᠦᠨ᠂ ᠬᠤᠳᠠ ᠶᠢᠨ ︽ᠬᠤᠣᠰ ᠵᠠᠰᠠᠯᠳᠠ︾᠂ | ᠬᠤᠳᠠ ᠶᠢᠨ ᠶᠠᠪᠣᠳᠠᠯ ᠤᠨ ᠢᠨᠵᠧᠨᠧᠷᠢᠩ ᠵᠡᠷᠭᠡ ᠳᠣᠰᠬᠠᠢ ᠲᠦᠷᠦᠯ ᠤᠨ ᠲᠦᠯᠦᠪᠵᠢᠭᠦᠯᠬᠡ ᠶᠢ ᠨᠠᠶᠢᠷᠠᠭᠤᠯᠬᠤ | ᠠᠵᠢᠯ ᠢ ᠳᠠᠭᠤᠰᠬᠠᠵᠣ᠂ ᠬᠤᠳᠠ ᠶᠢᠨ ᠵᠠᠮ ᠱᠣᠭᠤᠮ᠂ ᠣᠰᠣ ᠬᠠᠩᠭᠠᠬᠤ ᠪᠠ ᠭᠠᠳᠠᠭᠰᠢᠯᠠᠭᠤᠯᠬᠤ᠂ ᠴᠠᠬᠢᠯᠭᠠᠨ | ᠬᠠᠩᠭᠠᠬᠤ᠂ ᠬᠠᠳᠠᠭᠤᠵᠢᠭᠤᠯᠣᠯᠳᠠ᠂ ᠨᠣᠭᠤᠷᠠᠭᠤᠯᠣᠯᠳᠠ᠂ ᠭᠤᠶᠣᠵᠢᠭᠤᠯᠣᠯᠳᠠ᠂ ᠭᠡᠭᠡᠵᠢᠭᠦᠯᠦᠯᠳᠡ ᠵᠡᠷᠭᠡ ᠬᠤᠳᠠ | ᠶᠢᠨ ᠶᠠᠪᠣᠳᠠᠯ ᠤᠨ ᠳᠣᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠶᠢ ᠳᠡᠭᠦᠯᠳᠡᠷᠵᠢᠭᠦᠯᠦᠨ᠂ ᠣᠨᠴᠠᠯᠢᠭᠳᠣ | ᠵᠡᠭᠡᠯᠢ ᠭᠤᠳᠣᠮᠵᠢ᠂ ᠴᠡᠴᠡᠷᠯᠢᠭ ᠠᠭᠤᠳᠠᠮ ᠳᠠᠯᠠᠪᠠᠢ᠂ ᠬᠠᠭᠤᠴᠢᠨ ᠰᠠᠭᠤᠭᠠᠯᠢ ᠳᠣᠭᠤᠷᠢᠭ ᠤᠨ ᠣᠳᠣ ᠪᠠᠶᠢᠭ᠎ᠠ | ᠪᠠᠷᠢᠯᠭ᠎ᠠ ᠶᠢᠨ ᠡᠨᠧᠷᠬᠢ ᠠᠷᠪᠢᠯᠠᠬᠤ ᠵᠠᠰᠠᠨ ᠰᠢᠨᠡᠴᠢᠯᠡᠯᠳᠡ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠳᠠᠭᠤᠰᠬᠠᠵᠣ᠂ | ᠣᠯᠣᠰ ᠤᠨ ᠭᠤᠣᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠳᠡ ᠶᠢᠨ ᠳᠣᠷᠰᠢᠯᠳᠠ ᠶᠢᠨ ᠳᠣᠭᠤᠷᠢᠭ ᠤᠨ ᠠᠮᠢ ᠠᠬᠤᠢ | ᠣᠷᠴᠢᠨ ᠳᠣᠭᠤᠷᠢᠨ ᠤ ᠵᠠᠰᠠᠯᠳᠠ ᠶᠢᠨ PPP ᠲᠦᠷᠦᠯ ᠵᠦᠢᠯ ᠤᠨ ᠬᠤᠶᠠᠳᠣᠭᠠᠷ ᠬᠤᠭᠤᠴᠠᠭᠠᠨ ᠤ ᠢᠨᠵᠧᠨᠧᠷᠢᠩ | ᠢ ᠦᠷᠭᠦᠯᠵᠢᠯᠡᠨ ᠬᠡᠷᠡᠭᠵᠢᠭᠦᠯᠦᠨ᠎ᠡ᠃ ᠣᠰᠣᠨ ᠤ ᠰᠣᠷᠪᠣᠯᠵᠢ ᠶᠢᠨ ᠭᠠᠵᠠᠷ ᠠᠴᠠ ᠭᠤᠷᠪᠠᠳᠣᠭᠠᠷ ᠣᠰᠣᠨ ᠤ | ᠦᠢᠯᠡᠳᠪᠦᠷᠢ ᠬᠦᠷᠬᠦ ᠭᠤᠣᠷᠰᠣ ᠱᠣᠭᠤᠮ ᠤᠨ PPP ᠲᠦᠷᠦᠯ ᠵᠦᠢᠯ᠂ ᠬᠤᠳᠠ ᠶᠢᠨ ᠬᠠᠭᠤᠴᠢᠨ ᠭᠤᠣᠷᠰᠣ | ᠰᠦᠯᠵᠢᠶᠡᠨ ᠤ ᠵᠠᠰᠠᠨ ᠰᠢᠨᠡᠴᠢᠯᠡᠯᠳᠡ ᠶᠢᠨ ᠢᠨᠵᠧᠨᠧᠷᠢᠩ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ | ᠢᠳᠡᠪᠬᠢᠳᠡᠢ ᠲᠦᠯᠬᠢᠨ ᠠᠬᠢᠭᠤᠯᠵᠣ᠂ ᠬᠤᠳᠠ ᠶᠢᠨ ᠬᠡᠷᠡᠭᠯᠡᠬᠡᠨ ᠤ ᠣᠰᠣ ᠶᠢ ᠪᠠᠳᠣᠯᠠᠬᠤ ᠴᠢᠳᠠᠪᠣᠷᠢ ᠶᠢ | ᠳᠡᠭᠡᠭᠰᠢᠯᠡᠭᠦᠯᠦᠨ᠎ᠡ᠃ | ᠨᠠᠷᠢᠯᠢᠭᠵᠢᠭᠤᠯᠣᠭᠰᠠᠨ ᠬᠠᠮᠢᠶᠠᠷᠣᠯᠳᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ︽ᠭᠤᠷᠪᠠᠨ | ᠬᠤᠳᠠ ᠶᠢ ᠵᠡᠷᠭᠡᠪᠡᠷ ᠪᠠᠶᠢᠭᠤᠯᠬᠤ︾ ᠲᠠᠢ ᠣᠶᠠᠯᠳᠣᠭᠤᠯᠣᠨ᠂ ᠬᠤᠳᠠ ᠶᠢᠨ ᠨᠠᠷᠢᠯᠢᠭᠵᠢᠭᠤᠯᠣᠭᠰᠠᠨ ᠬᠠᠮᠢᠶᠠᠷᠣᠯᠳᠠ | ᠶᠢᠨ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠳᠠᠯ᠎ᠠ ᠪᠠᠷ ᠲᠦᠯᠬᠢᠨ ᠠᠬᠢᠭᠤᠯᠵᠣ᠂ ᠬᠤᠳᠠ ᠶᠢᠨ ᠲᠦᠷᠢ ᠲᠦᠷᠬᠦ᠂ | ᠣᠷᠴᠢᠨ ᠳᠣᠭᠤᠷᠢᠨ ᠤ ᠡᠷᠡᠭᠦᠯ ᠬᠠᠮᠠᠭᠠᠯᠠᠯ᠂ ᠬᠤᠭ ᠨᠣᠪᠰᠢ ᠶᠢᠨ ᠶᠡᠷᠦᠩᠬᠡᠶᠢᠯᠡᠭᠰᠡᠨ ᠴᠡᠭᠴᠡᠯᠡᠯᠳᠡ ᠵᠡᠷᠭᠡ | ᠭᠤᠣᠯᠳᠠᠯᠭ᠎ᠠ ᠲᠠᠢ ᠡᠭᠦᠷᠭᠡ ᠶᠢᠨ ᠳᠣᠭᠤᠷᠢᠨ ᠳᠤ᠂ ︽ᠬᠠᠦᠯᠢ ᠪᠣᠰᠣ ᠵᠠᠷ ᠰᠣᠷᠳᠠᠯᠴᠢᠯᠠᠭ᠎ᠠ︾᠂ ᠲᠠᠷᠢᠶᠠᠯᠠᠩ ᠤᠨ | ᠠᠷᠠᠯᠵᠢᠶᠠᠨ ᠤ ᠵᠠᠬ᠎ᠠ᠂ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠣᠯᠳᠠ᠂ ᠳᠡᠨᠦᠭᠦᠯ ᠨᠣᠬᠠᠢ ᠶᠢᠨ ᠴᠡᠭᠴᠡᠯᠡᠯᠳᠡ | ᠵᠡᠷᠭᠡ ᠪᠠᠶᠢᠩᠭᠤ ᠶᠢᠨ ᠴᠢᠨᠠᠷᠳᠠᠢ ᠬᠠᠮᠢᠶᠠᠷᠣᠯᠳᠠ ᠶᠢᠨ ᠳᠣᠭᠳᠠᠯᠴᠠᠭ᠎ᠠ ᠶᠢ ᠪᠦᠷᠢᠨᠰᠢᠭᠦᠯᠵᠣ᠂ ︽ᠳᠡᠷᠭᠡ ᠪᠠᠨ ᠳᠣᠷ᠎ᠠ | ᠪᠠᠷ ᠵᠣᠭᠰᠣᠬᠤ᠂ ᠵᠠᠮ ᠢ ᠳᠠᠪᠠ ᠪᠠᠷ ᠡᠵᠡᠯᠡᠬᠦ᠂ ᠡᠷᠡᠭᠦᠯ ᠬᠠᠮᠠᠭᠠᠯᠠᠯ ᠡᠮᠬᠢ ᠵᠠᠮᠪᠠᠷᠠᠭ᠎ᠠ ᠦᠬᠡᠢ᠂ ᠳᠣᠨᠤᠭ | ᠲᠦᠭᠦᠭᠡᠷᠦᠮᠵᠢ ᠡᠪᠳᠡᠷᠡᠵᠣ ᠡᠯᠡᠭᠳᠡᠭᠰᠡᠨ᠂ ᠨᠣᠭᠤᠭᠠᠨ ᠵᠦᠯᠭᠡ ᠶᠢᠨ ᠪᠣᠵᠠᠷ ᠪᠣᠷᠳᠠᠭ︾ ᠵᠡᠷᠭᠡ ᠠᠰᠠᠭᠤᠳᠠᠯ ᠳᠤ | ᠦᠷᠭᠦᠯᠵᠢᠯᠡᠨ ᠴᠡᠭᠴᠡᠯᠡᠯᠳᠡ ᠬᠢᠨ᠎ᠡ᠃ ᠣᠷᠴᠢᠨ ᠳᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠤᠨ ᠵᠠᠬ᠎ᠠ | ᠳᠡᠯᠭᠡᠭᠦᠷᠴᠢᠯᠡᠯᠳᠡ ᠶᠢᠨ ᠦᠬᠡᠷᠡᠴᠢᠯᠡᠯᠳᠡ ᠶᠢ ᠡᠬᠢᠯᠡᠨ ᠬᠡᠷᠡᠭᠵᠢᠭᠦᠯᠵᠣ᠂ ︽ᠪᠢᠰᠬᠢᠬᠦᠷ ᠳᠣᠣᠭᠠᠷᠭᠠᠵᠣ︾ | ᠳᠣᠭᠳᠠᠭᠰᠠᠨ ᠴᠠᠭ ᠲᠤ ᠬᠤᠭ ᠨᠣᠪᠰᠢ ᠶᠢ ᠬᠤᠷᠢᠶᠠᠬᠤ ᠲᠦᠷᠢᠮ ᠢ ᠪᠠᠶᠢᠭᠤᠯᠣᠨ᠂ ᠰᠢᠯᠭᠠᠨ ᠦᠨᠡᠯᠡᠯᠳᠡ᠂ ᠬᠢᠨᠠᠯᠳᠠ | ᠬᠠᠮᠢᠶᠠᠷᠣᠯᠳᠠ ᠶᠢᠨ ᠳᠣᠭᠳᠠᠯᠴᠠᠭ᠎ᠠ ᠶᠢ ᠳᠡᠭᠦᠯᠳᠡᠷᠵᠢᠭᠦᠯᠵᠣ᠂ ᠬᠤᠳᠠ ᠬᠦᠳᠡᠭᠡ ᠶᠢᠨ ᠣᠷᠴᠢᠨ ᠳᠣᠭᠤᠷᠢᠨ ᠤ | ᠡᠷᠡᠭᠦᠯ ᠬᠠᠮᠠᠭᠠᠯᠠᠯ ᠤᠨ ᠬᠠᠮᠢᠶᠠᠷᠣᠯᠳᠠ ᠶᠢᠨ ᠲᠦᠪᠰᠢᠨ ᠢ ᠪᠦᠬᠦ ᠳᠠᠯ᠎ᠠ ᠪᠠᠷ ᠳᠡᠭᠡᠭᠰᠢᠯᠡᠭᠦᠯᠦᠨ᠎ᠡ᠃ ᠨᠦᠯᠦᠬᠡ ᠶᠡᠭᠡ | ᠲᠠᠢ ᠪᠦᠬᠡᠳ ᠬᠦᠴᠦᠨ ᠴᠢᠳᠠᠯ ᠲᠠᠢ ᠭᠡᠷ ᠠᠬᠤᠢ ᠶᠢᠨ ᠦᠢᠯᠡᠴᠢᠯᠡᠬᠡᠨ ᠤ ᠠᠵᠣ ᠠᠬᠤᠶᠢᠯᠠᠯ ᠢ ᠢᠳᠡᠪᠬᠢᠳᠡᠢ ᠪᠠᠷ | ᠣᠷᠢᠨ ᠣᠷᠣᠭᠤᠯᠬᠤ ᠶᠢᠨ ᠬᠠᠮᠳᠣ ᠳᠣᠰ ᠨᠣᠳᠤᠭ ᠤᠨ ᠭᠡᠷ ᠠᠬᠤᠢ ᠶᠢᠨ ᠦᠢᠯᠡᠴᠢᠯᠡᠬᠡᠨ ᠤ ᠠᠵᠣ ᠠᠬᠤᠶᠢᠯᠠᠯ ᠢ | ᠲᠦᠷᠭᠡᠳᠭᠡᠨ ᠪᠣᠶᠢᠵᠢᠭᠤᠯᠵᠣ᠂ ᠭᠡᠷ ᠠᠬᠤᠢ ᠶᠢᠨ ᠪᠠᠷᠢᠮᠵᠢᠶᠠᠵᠢᠭᠰᠡᠨ ᠬᠠᠮᠢᠶᠠᠷᠣᠯᠳᠠ ᠦᠢᠯᠡᠴᠢᠯᠡᠬᠡᠨ ᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠎ᠡ᠃ ᠭᠡᠷ ᠪᠠᠶᠢᠰᠢᠩ ᠭᠠᠵᠠᠷ ᠬᠦᠷᠦᠩᠬᠡ ᠶᠢᠨ ᠬᠦᠷᠢᠶᠡᠨ ᠳᠠᠬᠢ ᠦᠮᠴᠢᠯᠡᠯ ᠤᠨ ᠡᠷᠬᠡ | ᠶᠢᠨ ᠬᠡᠷᠡᠴᠢ ᠶᠢᠨ ᠳᠣᠬᠠᠢ ᠦᠩᠭᠡᠷᠡᠭᠰᠡᠨ ᠤ ᠦᠯᠡᠳᠡᠭᠳᠡᠯ ᠠᠰᠠᠭᠤᠳᠠᠯ ᠤᠨ ᠰᠢᠢᠳᠪᠦᠷᠢᠯᠡᠯᠳᠡ ᠶᠢ ᠦᠷᠭᠦᠯᠵᠢᠯᠡᠨ | ᠲᠦᠯᠬᠢᠨ ᠠᠬᠢᠭᠤᠯᠣᠨ᠎ᠠ᠃ | ᠬᠦᠳᠡᠭᠡ ᠳᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠲᠦᠷᠭᠡᠳᠭᠡᠨ | ᠬᠡᠷᠡᠭᠵᠢᠭᠦᠯᠦᠨ᠎ᠡ᠃ ᠬᠦᠳᠡᠭᠡ ᠳᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ | ᠲᠦᠯᠦᠪᠵᠢᠭᠦᠯᠬᠡ ᠶᠢ ᠨᠠᠶᠢᠷᠠᠭᠤᠯᠣᠨ ᠳᠠᠭᠤᠰᠬᠠᠵᠣ᠂ ᠵᠧᠵᠢᠶᠠᠩ ᠮᠣᠵᠢ ᠶᠢᠨ ︽ᠮᠢᠩᠭ᠎ᠠ ᠳᠣᠰᠬᠤᠨ ᠢᠶᠠᠷ ᠵᠢᠱᠢᠶ᠎ᠡ | ᠦᠵᠡᠭᠦᠯᠵᠣ᠂ ᠲᠦᠮᠡᠨ ᠳᠣᠰᠬᠤᠨ ᠢ ᠴᠡᠭᠴᠡᠯᠡᠬᠦ ᠢᠨᠵᠧᠨᠧᠷᠢᠩ︾ ᠤᠨ ᠳᠣᠷᠰᠢᠯᠭ᠎ᠠ ᠰᠣᠷᠭᠠᠮᠵᠢ ᠶᠢ ᠨᠠᠷᠢᠨ | ᠬᠢᠨᠠᠮᠠᠭᠠᠢ ᠰᠣᠷᠣᠯᠴᠠᠨ ᠠᠰᠢᠭᠯᠠᠵᠣ᠂ ᠲᠠᠷᠢᠶᠠᠯᠠᠬᠤ ᠮᠠᠯᠵᠢᠬᠤ ᠣᠷᠣᠨ ᠤ ᠰᠠᠭᠤᠷᠢᠰᠢᠨ ᠠᠮᠢᠳᠣᠷᠠᠬᠤ ᠣᠷᠴᠢᠨ | ᠨᠦᠬᠦᠴᠡᠯ ᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠬᠦᠨᠵᠡᠭᠡᠢ ᠬᠡᠷᠡᠭᠵᠢᠭᠦᠯᠦᠨ᠂ ᠳᠣᠰᠬᠤᠨ ᠤ ᠲᠦᠷᠢ ᠲᠦᠷᠬᠦ | ᠶᠢ ᠳᠡᠭᠡᠭᠰᠢᠯᠡᠭᠦᠯᠬᠦ᠂ ᠪᠣᠬᠢᠷ ᠣᠰᠣ ᠬᠤᠭ ᠨᠣᠪᠰᠢ ᠶᠢ ᠰᠢᠢᠳᠪᠦᠷᠢᠯᠡᠬᠦ᠂ ︽ᠵᠣᠷᠯᠣᠩ ᠤᠨ ᠰᠢᠨᠡᠴᠢᠯᠡᠯᠳᠡ︾ ᠵᠡᠷᠭᠡ | ᠢᠨᠵᠧᠨᠧᠷᠢᠩ ᠢ ᠭᠤᠣᠯᠳᠠᠯᠭ᠎ᠠ ᠪᠣᠯᠭᠠᠨ ᠲᠦᠯᠬᠢᠨ ᠠᠬᠢᠭᠤᠯᠵᠣ᠂ ︽ᠭᠤᠷᠪᠠ ᠶᠢ ᠴᠡᠭᠴᠡᠯᠡᠨ ᠨᠢᠭᠡ ᠶᠢ | ᠰᠠᠶᠢᠵᠢᠷᠠᠭᠤᠯᠬᠤ︾ ᠪᠠᠷ ᠭᠤᠣᠯᠳᠠᠯᠭ᠎ᠠ ᠪᠣᠯᠭᠠᠭᠰᠠᠨ ᠳᠣᠰᠬᠤᠨ ᠢ ᠴᠡᠪᠡᠷᠯᠡᠬᠦ ᠠᠵᠢᠯᠯᠠᠭ᠎ᠠ ᠶᠢ ᠯᠠᠪᠳᠠᠭᠤᠨ ᠪᠠᠳᠣᠳᠠᠢ | ᠦᠷᠨᠢᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠰᠠᠭᠤᠷᠢᠰᠢᠨ ᠠᠮᠢᠳᠣᠷᠠᠬᠤ ᠣᠷᠴᠢᠨ ᠨᠦᠬᠦᠴᠡᠯ ᠢ ᠣᠯᠠᠮ ᠨᠢᠭᠡ | ᠠᠯᠬᠤᠮ ᠰᠠᠶᠢᠵᠢᠷᠠᠭᠤᠯᠣᠨ᠎ᠠ᠃ ᠲᠠᠷᠢᠶᠠᠯᠠᠬᠤ ᠮᠠᠯᠵᠢᠬᠤ ᠣᠷᠣᠨ ᠤ ᠣᠳᠣᠷᠢᠳᠣᠮᠵᠢ ᠶᠢᠨ ᠠᠵᠣ ᠦᠢᠯᠡᠰ ᠢ | ᠲᠦᠷᠭᠡᠳᠭᠡᠨ ᠪᠣᠶᠢᠵᠢᠭᠤᠯᠵᠣ᠂ ᠮᠠᠯᠴᠢᠨ ᠲᠠᠷᠢᠶᠠᠴᠢᠳ ᠤᠨ ᠭᠠᠵᠠᠷ ᠣᠷᠣᠨ ᠤ ᠪᠠᠶᠢᠳᠠᠯ ᠳᠤ ᠪᠠᠨ ᠳᠣᠬᠢᠷᠠᠭᠤᠯᠣᠨ᠂ | ᠪᠣᠳᠠᠳᠠᠢ ᠠᠴᠠ ᠡᠭᠦᠰᠦᠨ ᠮᠠᠯ ᠠᠵᠣ ᠠᠬᠤᠢ᠂ ᠲᠠᠷᠢᠵᠣ ᠣᠷᠭᠤᠭᠤᠯᠬᠤ ᠦᠢᠯᠡᠰ᠂ ᠵᠢᠭᠤᠯᠴᠢᠯᠠᠯ ᠤᠨ ᠦᠢᠯᠡᠰ | ᠵᠡᠷᠭᠡ ᠠᠵᠣ ᠦᠢᠯᠡᠰ ᠢ ᠬᠦᠭᠵᠢᠭᠦᠯᠬᠦ ᠶᠢ ᠵᠣᠷᠢᠭᠵᠢᠭᠤᠯᠣᠨ ᠳᠡᠮᠵᠢᠵᠣ᠂ ᠨᠢᠭᠡᠳᠦᠭᠡᠷ ᠬᠤᠶᠠᠳᠣᠭᠠᠷ ᠭᠤᠷᠪᠠᠳᠣᠭᠠᠷ | ᠠᠵᠣ ᠦᠢᠯᠡᠰ ᠤᠨ ᠠᠭᠤᠰᠣᠯᠳᠣᠨ ᠬᠦᠭᠵᠢᠭᠦ ᠶᠢ ᠠᠬᠢᠭᠤᠯᠣᠨ᠎ᠠ᠃ ᠬᠤᠶᠠᠳᠣᠭᠠᠷ ᠡᠭᠡᠯᠵᠢ ᠶᠢᠨ ᠭᠠᠵᠠᠷ ᠰᠢᠷᠣᠢ ᠶᠢᠨ | ᠳᠠᠭᠠᠭᠠᠴᠢᠯᠠᠯᠳᠠ ᠶᠢᠨ ᠬᠤᠭᠤᠴᠠᠭ᠎ᠠ ᠳᠠᠭᠤᠰᠣᠭᠰᠠᠨ ᠤ ᠳᠠᠷᠠᠭ᠎ᠠ ᠳᠠᠬᠢᠨ 30 ᠵᠢᠯ ᠣᠷᠳᠣᠳᠬᠠᠬᠤ ᠲᠦᠷᠦ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠰᠠᠶᠢᠳᠣᠷ ᠨᠠᠶᠢᠳᠠᠪᠣᠷᠢᠵᠢᠭᠤᠯᠣᠨ᠂ ᠲᠠᠷᠢᠶᠠᠯᠠᠬᠤ ᠮᠠᠯᠵᠢᠬᠤ ᠣᠷᠣᠨ ᠤ ᠭᠠᠵᠠᠷ | ᠰᠢᠷᠣᠢ ᠨᠣᠳᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾ ᠦᠬᠡᠷᠡᠴᠢᠯᠡᠯᠳᠡ ᠶᠢ ᠨᠢᠭᠡᠳᠦᠯᠳᠡᠢ ᠲᠦᠯᠬᠢᠨ | ᠠᠬᠢᠭᠤᠯᠣᠨ᠎ᠠ᠃ ᠬᠤᠣ ᠱᠧᠩ᠂ ᠭᠡᠶᠢᠭᠦᠯ ᠵᠡᠷᠭᠡ ᠳᠣᠯᠣᠭᠠᠶᠢᠯᠠᠭᠴᠢ ᠠᠵᠣ ᠠᠬᠤᠶᠢᠯᠠᠯ ᠢ ᠦᠷᠭᠦᠯᠵᠢᠯᠡᠨ | ᠪᠣᠶᠢᠵᠢᠭᠤᠯᠣᠨ ᠬᠦᠴᠦᠷᠬᠡᠭᠵᠢᠭᠦᠯᠵᠣ᠂ ᠲᠠᠷᠢᠶᠠᠴᠢᠨ ᠪᠣᠯᠣᠨ ᠠᠵᠣ ᠠᠬᠤᠶᠢᠯᠠᠯ ᠤᠨ ᠠᠰᠢᠭ ᠳᠣᠰᠠ ᠶᠢ ᠬᠤᠯᠪᠣᠬᠤ | ᠳᠣᠭᠳᠠᠯᠴᠠᠭ᠎ᠠ ᠶᠢ ᠣᠯᠠᠮ ᠨᠢᠭᠡ ᠠᠯᠬᠤᠮ ᠳᠡᠭᠦᠯᠳᠡᠷᠵᠢᠭᠦᠯᠦᠨ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠣᠨ᠎ᠠ᠃ ᠮᠠᠯᠴᠢᠨ ᠲᠠᠷᠢᠶᠠᠴᠢᠳ ᠤᠨ ᠳᠣᠰᠬᠠᠢ ᠬᠤᠷᠰᠢᠶᠠᠵᠢᠯ ᠪᠠ ᠭᠡᠷ ᠪᠦᠯᠢ ᠶᠢᠨ ᠮᠠᠯᠵᠢᠯ | ᠤᠨ ᠳᠠᠯᠠᠪᠠᠢ ᠶᠢ ᠨᠢᠭᠡᠳᠭᠡᠨ ᠲᠦᠷᠢᠮᠵᠢᠭᠦᠯᠵᠣ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠣ ᠠᠬᠤᠢ ᠶᠢᠨ | ᠡᠵᠡᠩᠨᠡᠯᠳᠡ ᠶᠢᠨ ᠭᠤᠣᠯ ᠴᠣᠭᠴᠠ ᠶᠢ ᠪᠣᠶᠢᠵᠢᠭᠤᠯᠣᠨ᠎ᠠ᠃ ᠮᠠᠯᠴᠢᠨ ᠲᠠᠷᠢᠶᠠᠴᠢᠳ ᠤᠨ ᠣᠷ᠎ᠠ ᠴᠢᠳᠠᠪᠣᠷᠢ ᠶᠢᠨ | ᠪᠣᠯᠪᠠᠰᠣᠷᠠᠯ ᠢ ᠴᠢᠩᠭᠠᠳᠬᠠᠨ᠂ ᠬᠠᠰᠢᠷ ᠮᠠᠯᠴᠢᠨ ᠮᠡᠷᠭᠡᠵᠢᠯ ᠤᠨ ᠲᠠᠷᠢᠶᠠᠴᠢᠳ ᠢ ᠬᠦᠮᠦᠵᠢᠬᠦᠯᠵᠣ᠂ ᠮᠠᠯᠴᠢᠨ | ᠲᠠᠷᠢᠶᠠᠴᠢᠳ ᠤᠨ ᠦᠢᠯᠡᠰ ᠪᠣᠰᠬᠠᠨ ᠪᠠᠶᠠᠵᠢᠯ ᠤᠨ ᠵᠠᠮ ᠢᠶᠠᠷ ᠵᠠᠮᠨᠠᠬᠤ ᠶᠢ ᠠᠬᠢᠭᠤᠯᠣᠨ᠎ᠠ᠃ ︽ᠬᠦᠯᠡᠮᠵᠢ ᠲᠠᠢ | ᠲᠦᠭᠦᠷᠵᠢᠭᠦᠯᠦᠭᠰᠡᠨ ᠭᠡᠷ ᠪᠠᠶᠢᠰᠢᠩ︾ ᠤᠨ ᠠᠰᠠᠭᠤᠳᠠᠯ ᠢ ᠵᠠᠰᠠᠨ ᠴᠡᠭᠴᠡᠯᠡᠬᠦ ᠠᠵᠢᠯ ᠢ ᠪᠦᠬᠦ ᠳᠠᠯ᠎ᠠ ᠪᠠᠷ | ᠳᠠᠭᠤᠰᠬᠠᠨ᠎ᠠ᠃ | ᠳᠠᠪᠤ᠂ ᠨᠠᠶᠢᠬᠡᠮ ᠤᠨ ᠦᠢᠯᠡᠰ ᠢ ᠶᠡᠬᠡᠪᠡᠷ ᠬᠦᠭᠵᠢᠬᠦᠯᠵᠦ᠂ ᠠᠷᠠᠳ ᠤᠨ ᠠᠮᠢᠳᠣᠷᠠᠯ ᠤᠨ ᠵᠣᠯ ᠵᠢᠷᠭᠠᠯ ᠤᠨ ᠬᠢᠷᠢ | ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ | ᠬᠦᠢᠴᠡᠳ ᠠᠵᠢᠯ ᠣᠯᠭᠤᠯᠳᠠ ᠶᠢ ᠴᠢᠷᠮᠠᠶᠢᠨ ᠪᠡᠶᠡᠯᠡᠬᠦᠯᠦᠨ᠎ᠡ᠃ ︽ᠠᠷᠠᠳ ᠣᠯᠠᠨ ᠢᠶᠠᠷ ᠦᠢᠯᠡᠰ | ᠪᠦᠳᠦᠬᠡᠵᠦ᠂ ᠨᠡᠶᠢᠭᠡᠮ ᠨᠠᠶᠢᠳᠠ ᠪᠠᠷ ᠢᠶᠠᠨ ᠰᠢᠨ᠎ᠡ ᠶᠢ ᠡᠬᠦᠳᠬᠦ︾ ᠶᠢ ᠪᠠᠳᠣᠳᠠᠢ ᠠᠬᠢᠭᠤᠯᠵᠦ᠂ ᠠᠵᠢᠯ ᠣᠯᠭᠤᠯᠳᠠ | ᠦᠢᠯᠡᠰ ᠪᠣᠰᠬᠠᠬᠤ ᠶᠢ ᠳᠡᠳᠬᠦᠬᠦ ᠲᠦᠷᠦ ᠶᠢᠨ ᠪᠣᠳᠣᠯᠭ᠎ᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠣᠨ᠂ ᠵᠢᠯ | ᠳᠣᠳᠣᠷ᠎ᠠ ᠠᠵᠢᠯ ᠣᠯᠭᠤᠯᠳᠠ ᠶᠢ 700 ᠬᠦᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ︽ᠨᠢᠭᠡ | ᠬᠦᠷᠢᠶᠡᠯᠡᠩ ᠬᠤᠶᠠᠷ ᠰᠠᠭᠤᠷᠢᠨ ᠭᠠᠵᠠᠷ︾ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ ᠳᠡᠬᠡᠳᠦ ᠰᠣᠷᠭᠠᠭᠤᠯᠢ | ᠳᠡᠬᠦᠰᠦᠭᠰᠡᠨ ᠣᠶᠣᠳᠠᠳ᠂ ᠬᠤᠳᠠ ᠣᠷᠣᠭᠰᠠᠨ ᠮᠠᠯᠴᠢᠳ ᠪᠠ ᠴᠡᠷᠢᠭ ᠠᠴᠠ ᠬᠠᠯᠠᠭᠳᠠᠭᠰᠠᠳ ᠤᠨ ᠬᠦᠢᠴᠡᠳ | ᠠᠵᠢᠯ ᠣᠯᠬᠤ ᠶᠢ ᠠᠬᠢᠭᠤᠯᠣᠨ᠎ᠠ᠃ ᠠᠵᠢᠯ ᠣᠯᠭᠤᠯᠳᠠ ᠶᠢ ᠳᠡᠳᠬᠦᠬᠦ ᠬᠦᠴᠦᠯᠡᠴᠡ ᠪᠠᠨ ᠣᠯᠠᠮ ᠨᠢᠭᠡ ᠠᠯᠬᠤᠮ | ᠴᠢᠩᠭᠠᠳᠬᠠᠵᠦ᠂ ᠬᠤᠳᠠ ᠪᠠᠯᠭᠠᠰᠣᠨ ᠤ ᠡᠷᠦᠬᠡ ᠪᠣᠯᠭᠠᠨ ᠳᠤ ᠠᠵᠢᠯ ᠣᠯᠭᠤᠯᠳᠠ ᠲᠠᠢ ᠪᠠᠶᠢᠬᠤ ᠶᠢ ᠦᠷᠭᠦᠯᠵᠢᠯᠡᠨ | ᠪᠠᠳᠣᠯᠠᠨ᠎ᠠ᠃ | ᠨᠠᠶᠢᠬᠡᠮ ᠤᠨ ᠪᠠᠳᠣᠯᠠᠭ᠎ᠠ ᠶᠢᠨ ᠰᠢᠰᠲ᠋ᠧᠮ ᠢ ᠳᠡᠬᠦᠯᠳᠡᠷᠵᠢᠬᠦᠯᠦᠨ᠎ᠡ᠃ ᠠᠷᠠᠳ ᠲᠤ ᠠᠰᠢᠭ ᠬᠦᠷᠳᠡᠭᠡᠬᠦ ᠶᠢ | ᠪᠠᠳᠣᠯᠠᠬᠤ ᠢᠨᠵᠧᠨᠧᠷᠢᠩ ᠢ ᠬᠡᠷᠡᠭᠵᠢᠭᠦᠯᠵᠣ᠂ ᠡᠮ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ︽ | ᠭᠤᠷᠪᠠ ᠶᠢ ᠬᠠᠮᠳᠦ ᠪᠠᠷ ᠬᠦᠳᠡᠯᠦᠯᠴᠡᠬᠦ︾ ᠦᠬᠡᠷᠡᠴᠢᠯᠡᠯᠳᠠ ᠶᠢ ᠢᠳᠡᠪᠬᠢᠳᠠᠢ ᠠᠬᠢᠭᠤᠯᠣᠨ᠂ ︽ᠦᠨᠳᠣᠰᠣᠨ ᠡᠮ | ᠡᠮᠨᠡᠯᠭᠡ ᠶᠢᠨ ᠳᠠᠭᠠᠳᠬᠠᠯ + ᠬᠦᠨᠳᠦ ᠡᠪᠡᠳᠴᠢᠨ ᠤ ᠳᠠᠭᠠᠳᠬᠠᠯ + ᠡᠮᠴᠢᠯᠡᠭᠡᠨ ᠤ ᠠᠪᠣᠷᠠᠨ ᠳᠣᠰᠠᠯᠠᠮᠵᠢ︾ | ᠶᠡᠷᠦᠩᠬᠡᠶᠢᠯᠡᠭᠰᠡᠨ ᠪᠠᠳᠣᠯᠠᠭ᠎ᠠ ᠶᠢᠨ ᠵᠠᠭᠪᠣᠷ ᠢ ᠪᠠᠶᠢᠭᠤᠯᠵᠦ᠂ ᠡᠪᠡᠳᠴᠢᠨ ᠦᠵᠡᠬᠦᠯᠬᠦ ᠳᠤ ᠬᠦᠴᠢᠷ᠂ ᠡᠪᠡᠳᠴᠢᠨ | ᠦᠵᠡᠬᠦᠯᠬᠦ ᠳᠤ ᠦᠨᠡᠳᠠᠢ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠬᠤᠳᠠ ᠪᠠᠯᠭᠠᠰᠣᠨ ᠤ ᠨᠡᠶᠢᠭᠡᠮ ᠤᠨ | ᠠᠪᠣᠷᠠᠨ ᠳᠣᠰᠠᠯᠠᠬᠤ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠬᠦᠯᠵᠦ᠂ ᠠᠪᠣᠷᠠᠨ ᠳᠣᠰᠠᠯᠠᠬᠤ ᠬᠦᠷᠢᠶ᠎ᠡ | ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠦᠷᠭᠡᠳᠭᠡᠨ᠂ ᠠᠷᠠᠳ ᠤᠨ ᠠᠮᠢᠳᠣᠷᠠᠯ ᠤᠨ ᠭᠤᠣᠯ ᠪᠣᠯᠬᠤ ᠵᠢᠭᠠᠯᠳᠠ ᠳᠤᠭ᠎ᠠ | ᠶᠢᠨ ᠣᠷᠣᠨ ᠠᠶᠢᠮᠠᠭ ᠤᠨ ᠡᠮᠦᠨ᠎ᠡ ᠡᠩᠨᠡᠭᠡᠨ ᠳᠤ ᠵᠢᠭᠰᠠᠭᠠᠭᠳᠠᠬᠤ ᠶᠢ ᠪᠠᠳᠣᠯᠠᠨ᠎ᠠ᠃ ᠪᠠᠷᠢᠯᠭ᠎ᠠ ᠶᠢᠨ ᠴᠠᠷ᠎ᠠ | ᠬᠦᠷᠢᠶᠡᠨ ᠳᠠᠬᠢ ᠬᠦᠴᠦᠨ ᠤ ᠠᠵᠢᠯ ᠬᠢᠵᠣ ᠪᠠᠶᠢᠭ᠎ᠠ ᠮᠠᠯᠴᠢᠨ ᠳᠠᠷᠢᠶᠠᠴᠢᠨ ᠤ ᠴᠠᠯᠢᠩ ᠤᠨ ᠪᠠᠳᠣᠯᠠᠭᠠᠨ ᠤ ᠲᠦᠷᠦ | ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠣ᠂ ᠠᠵᠢᠯ ᠲᠦᠷᠦᠯ ᠤᠨ ᠬᠢᠨᠠᠯᠳᠠ ᠬᠠᠮᠢᠶᠠᠷᠣᠯᠳᠠ ᠶᠢᠨ ᠴᠢᠳᠠᠪᠣᠷᠢ ᠶᠢᠨ | ᠪᠠᠶᠢᠭᠤᠯᠣᠯᠳᠠ ᠶᠢ ᠴᠢᠩᠭᠠᠳᠬᠠᠨ᠂ ᠮᠠᠯᠴᠢᠨ ᠳᠠᠷᠢᠶᠠᠴᠢᠳ ᠤᠨ ᠬᠠᠣᠯᠢ ᠶᠣᠰᠣᠨ ᠤ ᠡᠷᠭᠡ ᠠᠰᠢᠭ ᠢ ᠦᠨᠡᠨᠬᠦ | ᠬᠠᠮᠠᠭᠠᠯᠠᠨ᠎ᠠ᠃ | ᠨᠠᠶᠢᠬᠡᠮ ᠤᠨ ᠦᠢᠯᠡᠰ ᠤᠨ ᠬᠦᠭᠵᠢᠯᠳᠠ ᠶᠢ ᠨᠢᠬᠡᠳᠦᠯᠳᠠᠢ ᠲᠦᠯᠦᠪᠵᠢᠭᠦᠯᠦᠨ ᠠᠬᠢᠭᠤᠯᠣᠨ᠎ᠠ᠃ ᠰᠣᠷᠭᠠᠨ | ᠬᠦᠮᠦᠵᠢᠯ ᠤᠨ ᠰᠠᠭᠤᠷᠢ ᠲᠦᠭᠦᠭᠡᠷᠦᠮᠵᠢ ᠶᠢ ᠳᠠᠰᠣᠷᠠᠯᠳᠠ ᠦᠬᠡᠢ ᠳᠡᠭᠦᠯᠳᠡᠷᠵᠢᠭᠦᠯᠵᠣ᠂ ᠰᠣᠷᠭᠠᠭᠤᠯᠢ ᠡᠷᠬᠢᠯᠡᠬᠦ | ᠨᠦᠬᠦᠴᠡᠯ ᠢ ᠣᠯᠠᠮ ᠨᠢᠭᠡ ᠠᠯᠬᠤᠮ ᠰᠠᠶᠢᠵᠢᠷᠠᠭᠤᠯᠣᠨ᠎ᠠ᠃ ᠪᠠᠭᠰᠢ ᠨᠠᠷ ᠲᠤ ᠪᠣᠯᠪᠠᠰᠣᠷᠠᠯ ᠬᠦᠷᠳᠡᠭᠡᠬᠦ ᠬᠦᠴᠦᠯᠡᠴᠡ | ᠪᠠᠨ ᠶᠡᠬᠡᠰᠬᠡᠵᠣ᠂ ᠪᠦᠬᠦ ᠬᠤᠳᠠ ᠶᠢᠨ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠶᠠᠰᠣ ᠴᠢᠨᠠᠷ ᠢ ᠴᠢᠷᠮᠠᠶᠢᠨ | ᠳᠡᠭᠡᠭᠰᠢᠯᠡᠭᠦᠯᠦᠨ᠎ᠡ᠃ ᠡᠷᠢᠶᠡᠨ ᠬᠤᠳᠠ ᠶᠢᠨ ᠣᠯᠠᠨ ᠣᠯᠣᠰ ᠤᠨ ᠳᠡᠭᠡᠳᠦ ᠰᠣᠷᠭᠠᠭᠤᠯᠢ ᠶᠢᠨ ᠮᠣᠩᠭᠤᠯ ᠣᠷᠣᠰ ᠤᠨ | ᠳᠡᠬᠡᠳᠦ ᠰᠣᠷᠭᠠᠭᠤᠯᠢ ᠯᠤᠭ᠎ᠠ ︽2+2︾᠂ ︽3+1︾ ᠶᠢᠨ ᠰᠣᠷᠭᠠᠭᠤᠯᠢ ᠡᠷᠬᠢᠯᠡᠬᠦ ᠬᠡᠪ ᠵᠠᠭᠪᠣᠷ ᠢ | ᠬᠦᠨᠵᠡᠬᠡᠶᠢᠷᠡᠬᠦᠯᠵᠦ᠂ ᠣᠯᠠᠨ ᠣᠯᠣᠰ ᠤᠨ ᠬᠡᠷᠡᠭᠯᠡᠬᠡᠨ ᠤ ᠠᠵᠢᠯ ᠮᠡᠷᠭᠡᠵᠢᠯ ᠤᠨ ᠳᠡᠬᠡᠳᠦ ᠰᠣᠷᠭᠠᠭᠤᠯᠢ ᠶᠢ | ᠪᠠᠶᠢᠭᠤᠯᠣᠨ ᠡᠷᠬᠢᠯᠡᠬᠦ ᠵᠦᠪᠰᠢᠶᠡᠷᠡᠯ ᠢ ᠣᠯᠬᠤ ᠪᠠᠷ ᠴᠢᠷᠮᠠᠶᠢᠨ ᠠᠵᠢᠯᠯᠠᠵᠦ᠂ ᠳᠡᠬᠡᠳᠦ ᠵᠡᠷᠭᠡ ᠶᠢᠨ ᠰᠣᠷᠭᠠᠨ | ᠬᠦᠮᠦᠵᠢᠯ ᠪᠠ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠢᠵᠢᠯ ᠠᠯᠬᠤᠮ ᠢᠶᠠᠷ ᠬᠦᠭᠵᠢᠬᠦ ᠶᠢ ᠳᠦᠯᠬᠢᠨ | ᠠᠬᠢᠭᠤᠯᠣᠨ᠎ᠠ᠃ ᠰᠣᠶᠣᠯ ᠢᠶᠠᠷ ᠠᠷᠠᠳ ᠲᠤ ᠬᠠᠷᠠᠭᠠᠯᠵᠠᠯ ᠬᠦᠷᠳᠡᠭᠡᠬᠦ ᠢᠨᠵᠧᠨᠧᠷᠢᠩ ᠢ ᠬᠡᠷᠡᠭᠵᠢᠭᠦᠯᠦᠨ᠂ | ᠣᠯᠠᠭᠠᠨᠮᠦ᠋ᠴᠢᠷ ᠤᠨ ᠨᠡᠩ ᠣᠯᠠᠨ ᠡᠭᠡᠯ ᠪᠣᠷᠣᠭᠵᠢᠭᠤᠨ᠂ ᠣᠯᠠᠮᠵᠢᠯᠠᠭᠳᠠᠨ ᠳᠠᠭᠠᠰᠢᠶᠠᠭᠳᠠᠬᠤ ᠰᠢᠯᠢᠳᠡᠭ ᠪᠦᠲᠦᠭᠡᠯ ᠢ | ᠨᠠᠶᠢᠷᠠᠭᠤᠯᠣᠨ ᠪᠦᠲᠦᠭᠡᠬᠦ ᠶᠢ ᠲᠦᠯᠬᠢᠨ ᠠᠬᠢᠭᠤᠯᠵᠣ᠂ ︽ᠨᠢᠭᠡ ᠪᠦᠰᠡ ᠨᠢᠭᠡ ᠵᠠᠮ︾ ᠣᠯᠠᠭᠠᠨᠮᠦ᠋ᠴᠢᠷ ᠤᠨ | ᠳᠣᠭᠤᠷᠢᠨ ᠳᠣᠭᠯᠠᠯᠳᠠ ᠶᠢ ᠦᠷᠨᠢᠭᠦᠯᠦᠨ᠎ᠡ᠃ ᠬᠤᠳᠠ ᠶᠢᠨ ᠨᠣᠮ ᠤᠨ ᠰᠠᠩ ᠤᠨ ᠵᠢᠯ ᠳᠣᠳᠣᠷ᠎ᠠ ᠣᠯᠠᠨ ᠨᠡᠶᠢᠳᠡ | ᠳᠤ ᠨᠡᠭᠡᠭᠡᠯᠳᠡ ᠲᠠᠢ ᠪᠣᠯᠭᠠᠬᠤ ᠶᠢ ᠪᠠᠳᠣᠯᠠᠨ᠎ᠠ᠃ ᠠᠷᠠᠳ ᠲᠤ ᠦᠢᠯᠡᠴᠢᠯᠡᠬᠦ ᠡᠷᠡᠭᠦᠯ ᠡᠩᠬᠡ ᠶᠢᠨ ᠢᠨᠵᠧᠨᠧᠷᠢᠩ ᠢ | ᠬᠡᠷᠡᠭᠵᠢᠭᠦᠯᠦᠨ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠶᠢᠨ ᠦᠬᠡᠷᠡᠴᠢᠯᠡᠯᠳᠡ ᠶᠢ ᠲᠦᠷᠭᠡᠳᠭᠡᠵᠣ᠂ | ᠭᠤᠣᠯᠳᠠᠯᠭ᠎ᠠ ᠲᠠᠢ ᠰᠠᠯᠠᠭ᠎ᠠ ᠪᠠ ᠰᠣᠷᠠᠭ ᠵᠠᠩᠬᠢᠴᠢᠯᠠᠯᠳᠠ ᠶᠢᠨ ᠪᠠᠶᠢᠭᠤᠯᠣᠯᠳᠠ ᠶᠢ ᠴᠢᠩᠭᠠᠳᠬᠠᠵᠣ᠂ ᠡᠮᠨᠡᠯᠭᠡ ᠶᠢᠨ | ᠬᠤᠯᠪᠣᠭᠠᠨ ᠤ ᠬᠠᠮᠳᠣᠷᠠᠨ ᠠᠵᠢᠯᠯᠠᠬᠤ ᠬᠦᠷᠢᠶ᠎ᠡ ᠬᠡᠪᠴᠢᠶ᠎ᠡ ᠶᠢ ᠦᠷᠭᠡᠳᠭᠡᠨ᠂ ᠡᠮᠴᠢᠯᠡᠬᠡᠨ ᠤ ᠦᠢᠯᠡᠴᠢᠯᠡᠬᠡᠨ ᠤ | ᠴᠢᠳᠠᠪᠣᠷᠢ ᠪᠠ ᠴᠢᠨᠠᠷ ᠴᠢᠨᠰᠠᠭ᠎ᠠ ᠶᠢ ᠳᠣᠭᠳᠠᠭᠤᠨ ᠢᠶᠠᠷ ᠳᠡᠭᠡᠭᠰᠢᠯᠡᠭᠦᠯᠵᠣ᠂ ᠡᠷᠡᠭᠦᠯ ᠡᠩᠬᠡ ᠡᠷᠢᠶᠡᠨ ᠤ ᠪᠦᠲᠦᠭᠡᠨ | ᠪᠠᠶᠢᠭᠤᠯᠣᠯᠳᠠ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠣᠨ᠎ᠠ᠃ ᠡᠮᠴᠢᠯᠡᠬᠦ ᠪᠠ ᠰᠣᠪᠢᠯᠠᠬᠤ ᠶᠢ | ᠣᠶᠠᠯᠳᠣᠭᠤᠯᠣᠨ ᠨᠢᠭᠡ ᠴᠣᠭᠴᠠᠯᠠᠭᠰᠠᠨ ᠨᠠᠰᠣᠳᠠᠳ ᠤᠨ ᠠᠰᠠᠷᠠᠮᠵᠢ ᠶᠢᠨ ᠦᠢᠯᠡᠴᠢᠯᠡᠬᠡᠨ ᠤ ᠦᠢᠯᠡᠰ ᠤᠨ | ᠬᠦᠭᠵᠢᠯᠳᠡ ᠶᠢ ᠬᠦᠨᠵᠡᠭᠡᠶᠢᠷᠡᠭᠦᠯᠦᠨ ᠠᠬᠢᠭᠤᠯᠵᠣ᠂ ᠵᠢᠦᠢ ᠰᠢᠶᠠᠩ ᠹᠦ᠋ ᠨᠠᠰᠣᠳᠠᠳ ᠤᠨ ᠠᠰᠠᠷᠠᠮᠵᠢ ᠶᠢᠨ | ᠬᠦᠷᠢᠶᠡᠯᠡᠩ ᠢ ᠪᠦᠳᠦᠬᠡᠨ ᠪᠠᠶᠢᠭᠤᠯᠵᠦ ᠠᠰᠢᠭᠯᠠᠯᠳᠠ ᠳᠤ ᠣᠷᠣᠭᠤᠯᠬᠤ ᠶᠢ ᠲᠦᠯᠬᠢᠨ ᠠᠬᠢᠭᠤᠯᠣᠨ᠎ᠠ᠃ ᠠᠵᠢᠯᠴᠢᠨ | ᠤ ᠡᠪᠯᠡᠯ᠂ ᠡᠪ ᠬᠠᠮᠳᠦ ᠵᠠᠯᠠᠭᠤᠴᠣᠳ ᠤᠨ ᠡᠪᠯᠡᠯ᠂ ᠡᠮᠡᠭᠲᠠᠶᠢᠴᠣᠳ ᠤᠨ ᠬᠤᠯᠪᠣᠭ᠎ᠠ᠂ ᠦᠢᠯᠡᠳᠪᠣᠷᠢ | ᠬᠤᠳᠠᠯᠳᠣᠭᠠᠴᠢᠳ ᠤᠨ ᠬᠤᠯᠪᠣᠭ᠎ᠠ᠂ ᠣᠯᠠᠭᠠᠨ ᠵᠠᠭᠠᠯᠮᠠᠶᠢᠳᠠᠨ ᠤ ᠨᠠᠶᠢᠬᠡᠮᠯᠢᠭ᠂ ᠰᠢᠨᠵᠢᠯᠡᠬᠦ ᠣᠬᠠᠭᠠᠨ ᠲᠧᠭᠨᠢᠭ | ᠮᠡᠷᠬᠡᠵᠢᠯ ᠤᠨ ᠨᠠᠶᠢᠬᠡᠮᠯᠢᠭ᠂ ᠣᠳᠬ᠎ᠠ ᠣᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠣᠳ ᠤᠨ ᠬᠤᠯᠪᠣᠭ᠎ᠠ᠂ | ᠠᠬᠠᠮᠠᠳ ᠺᠠᠳ᠋ᠷᠴᠣᠳ ᠤᠨ ᠳᠣᠪᠴᠢᠶ᠎ᠠ ᠵᠡᠷᠭᠡ ᠵᠣᠬᠢᠶᠠᠨ ᠪᠠᠶᠢᠭᠤᠯᠣᠯᠳᠠ ᠶᠢᠨ ᠬᠦᠬᠦᠷᠭᠡ ᠬᠤᠯᠪᠣᠭᠠᠰᠦ ᠶᠢᠨ | ᠦᠢᠯᠡᠳᠦᠯ ᠢ ᠬᠦᠢᠴᠡᠳ ᠪᠠᠳᠠᠷᠠᠭᠤᠯᠵᠦ᠂ ᠳᠤᠭ᠎ᠠ ᠪᠦᠷᠢᠳᠬᠡᠯ᠂ ᠭᠠᠵᠠᠷ ᠬᠦᠳᠡᠯᠦᠯᠳᠠ᠂ ᠴᠠᠭ ᠠᠭᠤᠷ᠂ ᠳᠠᠩᠰᠠ | ᠡᠪᠬᠡᠮᠡᠯ ᠳᠡᠦᠬᠡ ᠱᠠᠰᠲᠢᠷ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠳᠣᠷ ᠬᠢᠵᠦ᠂ ᠡᠯ᠎ᠡ ᠳᠦᠷᠦᠯ ᠤᠨ ᠨᠠᠶᠢᠬᠡᠮ ᠤᠨ | ᠦᠢᠯᠡᠰ ᠤᠨ ᠬᠦᠭᠵᠢᠯᠳᠠ ᠶᠢ ᠰᠢᠨ᠎ᠡ ᠱᠠᠳᠣᠨ ᠳᠤ ᠠᠬᠢᠭᠤᠯᠣᠨ᠎ᠠ᠃ | ᠨᠠᠶᠢᠬᠡᠮ ᠤᠨ ᠴᠡᠭᠴᠡᠯᠡᠯᠳᠠ ᠶᠢᠨ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ ᠪᠦᠬᠦ ᠣᠯᠣᠰ ᠤᠨ ᠨᠠᠶᠢᠬᠡᠮ | ᠳᠣᠭᠤᠷᠢᠭ ᠤᠨ ᠵᠠᠰᠠᠨ ᠴᠡᠭᠴᠡᠯᠡᠯᠳᠠ ᠪᠠ ᠦᠢᠯᠡᠴᠢᠯᠡᠬᠡᠨ ᠳᠤ ᠰᠢᠨ᠎ᠡ ᠶᠢ ᠡᠭᠦᠳᠬᠦ ᠳᠣᠷᠰᠢᠯᠳᠠ ᠶᠢᠨ ᠣᠷᠣᠨ ᠤ | ᠪᠦᠳᠦᠬᠡᠨ ᠪᠠᠶᠢᠭᠤᠯᠣᠯᠳᠠ ᠶᠢᠨ ᠦᠷ᠎ᠡ ᠪᠦᠳᠦᠬᠡᠯ ᠢ ᠦᠷᠬᠦᠯᠵᠢᠯᠡᠨ ᠪᠠᠬᠢᠵᠢᠬᠦᠯᠵᠦ᠂ ︽ᠨᠡᠶᠢᠭᠡᠮ ᠳᠣᠭᠤᠷᠢᠭ ᠠᠴᠠ | ᠠᠰᠠᠭᠤᠳᠠᠯ ᠢ ᠢᠯᠡᠷᠡᠭᠦᠯᠦᠨ ᠮᠡᠳᠡᠭᠦᠯᠪᠡᠯ᠂ ᠰᠠᠯᠠᠭ᠎ᠠ ᠮᠦᠴᠢᠷ ᠠᠴᠠ ᠳᠠᠷᠣᠶᠢᠬᠠᠨ ᠰᠢᠢᠳᠪᠦᠷᠢᠯᠡᠬᠦ︾ ᠶᠢ ᠲᠦᠯᠬᠢᠨ | ᠠᠬᠢᠭᠤᠯᠵᠣ᠂ ᠨᠠᠶᠢᠬᠡᠮ ᠳᠣᠭᠤᠷᠢᠭ ᠤᠨ ᠦᠢᠯᠡᠴᠢᠯᠡᠭᠡ ᠬᠠᠮᠢᠶᠠᠷᠣᠯᠳᠠ ᠶᠢᠨ ᠨᠠᠷᠢᠯᠢᠭᠵᠢᠭᠤᠯᠣᠭᠰᠠᠨ ᠬᠠᠮᠢᠶᠠᠷᠣᠯᠳᠠ | ᠶᠢᠨ ᠬᠢᠷᠢ ᠳᠦᠪᠰᠢᠨ ᠢ ᠳᠠᠰᠣᠷᠠᠯᠳᠠ ᠦᠬᠡᠢ ᠳᠡᠭᠡᠭᠰᠢᠯᠡᠬᠦᠯᠦᠨ᠎ᠡ᠃ ᠵᠠᠬᠢᠳᠠᠯ ᠰᠣᠷᠪᠣᠯᠵᠢᠯᠠᠭ᠎ᠠ ᠶᠢᠨ ᠬᠠᠮᠳᠣᠷᠠᠭᠰᠠᠨ | ᠬᠤᠷᠠᠯ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ ᠨᠠᠶᠢᠬᠡᠮ ᠤᠨ ᠵᠦᠷᠢᠴᠡᠯ ᠮᠠᠷᠭᠤᠭᠠᠨ ᠢ ᠵᠣᠬᠢᠴᠠᠭᠤᠯᠣᠨ | ᠰᠢᠢᠳᠪᠣᠷᠢᠯᠡᠬᠦ ᠬᠦᠴᠦᠯᠡᠴᠡ ᠪᠠᠨ ᠨᠡᠮᠡᠭᠳᠡᠬᠦᠯᠵᠦ᠂ ᠣᠳᠠᠭᠠᠨ ᠳᠠᠷᠣᠭᠳᠠᠵᠣ ᠪᠠᠶᠢᠭ᠎ᠠ ᠵᠠᠬᠢᠳᠠᠯ ᠰᠣᠷᠪᠣᠯᠵᠢᠯᠠᠭ᠎ᠠ ᠶᠢᠨ | ᠬᠡᠷᠡᠭ ᠢ ᠬᠠᠦᠯᠢ ᠶᠣᠰᠣ ᠪᠠᠷ ᠵᠦᠢ ᠵᠣᠬᠢᠰᠳᠠᠢ ᠰᠢᠢᠳᠪᠦᠷᠢᠯᠡᠨ᠎ᠡ᠃ ︽ᠠᠮᠣᠭᠤᠯᠠᠩ ᠡᠷᠢᠶᠡᠨ︾ ᠤ ᠪᠠᠶᠢᠭᠤᠯᠣᠯᠳᠠ | ᠶᠢ ᠯᠠᠪᠳᠠᠭᠤᠨ ᠪᠠᠳᠣᠳᠠᠢ ᠳᠦᠯᠬᠢᠨ ᠠᠬᠢᠭᠤᠯᠵᠦ᠂ ︽ᠬᠠᠷ᠎ᠠ ᠪᠦᠯᠦᠭ ᠬᠠᠷᠬᠢᠰ ᠬᠦᠴᠦᠨ ᠢ ᠠᠷᠢᠯᠭᠠᠬᠤ︾ ᠳᠣᠰᠬᠠᠢ | ᠳᠡᠮᠡᠴᠡᠯ ᠢ ᠦᠷᠭᠦᠯᠵᠢᠯᠡᠨ ᠬᠦᠨᠵᠠᠬᠡᠢ ᠦᠷᠨᠢᠬᠦᠯᠵᠦ᠂ ᠡᠯ᠎ᠡ ᠲᠦᠷᠦᠯ ᠤᠨ ᠬᠠᠷ᠎ᠠ ᠪᠦᠯᠦᠭ ᠬᠠᠷᠬᠢᠰ ᠬᠦᠴᠦᠨ ᠵᠢᠴᠢ | ᠳᠡᠭᠦᠨ ᠤ ᠠᠷᠣ ᠳᠠᠯ᠎ᠠ ᠶᠢᠨ ︽ᠬᠠᠮᠠᠭᠠᠯᠠᠭᠴᠢ︾ ᠳᠤ ᠴᠢᠩᠭ᠎ᠠ ᠴᠣᠬᠢᠯᠳᠠ ᠦᠭᠭᠦᠨ᠂ ᠠᠷᠠᠳ ᠣᠯᠠᠨ ᠳᠤ ᠠᠮᠣᠷ | ᠠᠮᠣᠭᠤᠯᠠᠩ ᠠᠮᠢᠳᠣᠷᠠᠯ ᠤᠨ ᠣᠷᠴᠢᠨ ᠢ ᠪᠣᠢ ᠪᠣᠯᠭᠠᠵᠣ ᠦᠭᠭᠦᠨ᠎ᠡ᠃ ᠠᠶᠣᠯ ᠦᠭᠡᠢ ᠦᠢᠯᠡᠳᠪᠣᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠦ᠂ ᠬᠦᠮᠦᠨ ᠠᠮᠠ ᠶᠡᠬᠡᠪᠡᠷ ᠳᠦᠪᠯᠡᠷᠡᠭᠰᠡᠨ ᠳᠠᠯᠠᠪᠣᠷ᠂ | ᠪᠠᠷᠢᠯᠭ᠎ᠠ ᠶᠢᠨ ᠭᠠᠵᠠᠷ᠂ ᠵᠠᠮ ᠨᠡᠪᠳᠡᠷᠡᠯᠭᠡ ᠵᠡᠷᠭᠡ ᠭᠤᠣᠯᠳᠠᠯᠭ᠎ᠠ ᠲᠠᠢ ᠴᠠᠷ᠎ᠠ ᠬᠦᠷᠢᠶᠡᠨ ᠤ ᠳᠠᠯᠳᠠ ᠶᠢᠨ ᠠᠶᠣᠯ ᠢ | ᠠᠷᠢᠯᠭᠠᠨ᠂ ᠬᠦᠨᠳᠦ ᠶᠡᠭᠡ ᠠᠶᠣᠯ ᠦᠭᠡᠢ ᠦᠢᠯᠡᠳᠪᠣᠷᠢᠯᠡᠯ ᠤᠨ ᠭᠡᠨᠳᠡᠯ ᠡᠬᠦᠰᠬᠦ ᠶᠢ ᠡᠷᠡᠰ ᠬᠤᠷᠢᠭᠯᠠᠨ᠎ᠠ᠃ | ᠭᠠᠮᠰᠢᠭ ᠢ ᠰᠡᠷᠬᠡᠶᠢᠯᠡᠬᠦ᠂ ᠭᠠᠮᠰᠢᠭ ᠢ ᠨᠠᠮᠳᠠᠭᠤᠯᠬᠤ᠂ ᠭᠠᠮᠰᠢᠭ ᠠᠴᠠ ᠠᠪᠣᠷᠠᠬᠤ ᠳᠣᠭᠳᠠᠯᠴᠠᠭ᠎ᠠ ᠶᠢ | ᠳᠡᠬᠦᠯᠳᠡᠷᠵᠢᠬᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠠ ᠬᠡᠨᠡᠳᠳᠡ ᠶᠢᠨ ᠬᠡᠷᠡᠭ ᠢ ᠠᠪᠣᠷᠠᠨ ᠳᠣᠰᠠᠯᠠᠬᠤ | ᠰᠢᠰᠲ᠋ᠧᠮ ᠤᠨ ᠪᠠᠶᠢᠭᠤᠯᠣᠯᠳᠠ ᠶᠢ ᠴᠢᠩᠭᠠᠳᠬᠠᠨ᠂ ᠬᠡᠨᠡᠳᠳᠠ ᠶᠢᠨ ᠬᠡᠷᠡᠭ ᠤᠨ ᠪᠠᠴᠢᠮ ᠠᠪᠣᠷᠠᠯᠳᠠ ᠶᠢᠨ ᠴᠢᠳᠠᠪᠣᠷᠢ | ᠪᠠ ᠪᠠᠳᠣᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠦᠨᠳᠣᠰᠣᠳᠡᠨ ᠤ ᠪᠦᠯᠬᠦᠮᠳᠠᠯ ᠳᠠᠪᠰᠢᠯᠳᠠ ᠶᠢ ᠡᠭᠦᠳᠦᠨ | ᠴᠣᠭᠴᠠᠯᠠᠬᠤ ᠠᠵᠢᠯᠯᠠᠭ᠎ᠠ ᠶᠢ ᠬᠦᠨᠵᠠᠬᠡᠢ ᠦᠷᠨᠢᠬᠦᠯᠵᠦ᠂ ᠱᠠᠰᠢᠨ ᠰᠣᠷᠳᠠᠬᠤᠨ ᠤ ᠶᠠᠪᠣᠳᠠᠯ ᠢ ᠬᠠᠣᠯᠢ ᠶᠣᠰᠣᠭᠠᠷ | ᠬᠠᠮᠢᠶᠠᠷᠬᠤ ᠪᠠ ᠳᠦᠷᠢᠮᠵᠢᠬᠦᠯᠵᠦ᠂ ᠦᠨᠳᠣᠰᠣᠳᠡᠨ ᠤ ᠪᠦᠯᠬᠦᠮᠳᠠᠯ᠂ ᠨᠡᠶᠢᠭᠡᠮ ᠤᠨ ᠳᠣᠭᠳᠠᠭᠤᠨ ᠢ ᠬᠠᠮᠠᠭᠠᠯᠠᠨ᠎ᠠ᠃ | ᠣᠯᠣᠰ ᠤᠨ ᠪᠠᠳᠣᠯᠠᠨ ᠬᠠᠮᠠᠭᠠᠯᠠᠯᠳᠠ᠂ ᠴᠡᠷᠢᠭ ᠠᠩᠬᠢ ᠪᠠ ᠠᠷᠠᠳ ᠤᠨ ᠠᠭᠠᠷ ᠤᠨ ᠰᠡᠷᠬᠡᠶᠢᠯᠡᠯᠳᠠ ᠶᠢᠨ | ᠪᠠᠶᠢᠭᠤᠯᠣᠯᠳᠠ ᠶᠢ ᠳᠡᠮᠵᠢᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠳᠣᠯᠠᠭ᠎ᠠ ᠶᠢᠨ ᠳᠦᠪᠰᠢᠨ ᠢ | ᠳᠡᠭᠡᠭᠰᠢᠯᠡᠭᠦᠯᠦᠨ᠂ ᠬᠤᠶᠠᠷ ᠢ ᠬᠦᠷᠢᠶᠡᠯᠡᠬᠦ ᠪᠠ ᠳᠣᠭᠳᠠᠭᠤᠨ ᠢ ᠬᠠᠮᠠᠭᠠᠯᠠᠬᠤ ᠠᠵᠢᠯ ᠢ ᠦᠷᠬᠦᠯᠵᠢᠯᠡᠨ | ᠴᠢᠩᠭᠠᠳᠬᠠᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠠᠵᠢᠯ ᠢ ᠣᠯᠠᠮ ᠨᠢᠭᠡ ᠠᠯᠬᠤᠮ | ᠰᠠᠶᠢᠵᠢᠷᠠᠭᠤᠯᠣᠨ᠎ᠠ᠃ ︽ᠣᠯᠣᠰ ᠤᠨ ᠡᠬᠦᠳᠠ ᠶᠢᠨ ᠣᠬᠠᠮᠰᠠᠷ︾ ᠢ ᠪᠠᠳᠣ ᠪᠣᠢ ᠪᠣᠯᠭᠠᠨ᠂ ᠬᠢᠯᠢ ᠶᠢᠨ ᠠᠮᠣᠷ | ᠳᠣᠭᠳᠠᠭᠤᠨ ᠢ ᠪᠠᠳᠣᠯᠠᠨ᠎ᠠ᠃ | ︽ᠭᠤᠷᠪᠠᠨ ᠬᠤᠳᠠ ᠶᠢ ᠵᠡᠷᠭᠡᠪᠡᠷ ᠪᠠᠶᠢᠭᠤᠯᠬᠤ︾ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠣᠨ᠎ᠠ᠃ | ᠪᠦᠬᠦ ᠣᠯᠣᠰ ᠤᠨ ᠪᠣᠯᠪᠠᠰᠣᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠱᠠᠳᠣᠴᠢ ᠴᠢᠨᠠᠷᠳᠠᠢ ᠦᠷ᠎ᠡ | ᠪᠦᠳᠦᠮᠵᠢ ᠶᠢ ᠪᠠᠳᠣᠳᠬᠠᠨ ᠦᠷᠭᠡᠳᠭᠡᠵᠣ᠂ ᠰᠢᠨ᠎ᠡ ᠴᠠᠭ ᠦᠶ᠎ᠡ ᠶᠢᠨ ᠪᠣᠯᠪᠠᠰᠣᠨ ᠦᠢᠯᠡᠳᠦᠯᠬᠡ ᠶᠢᠨ ᠲᠦᠪ ᠤᠨ | ᠳᠣᠷᠰᠢᠯᠳᠠ ᠶᠢᠨ ᠴᠡᠭ ᠤᠨ ᠠᠵᠢᠯ ᠢ ᠯᠠᠪᠳᠠᠭᠤᠨ ᠪᠠᠳᠣᠳᠠᠢ ᠰᠠᠶᠢᠳᠣᠷ ᠬᠢᠵᠣ᠂ ᠣᠯᠠᠨ ᠠᠷᠭ᠎ᠠ ᠬᠡᠯᠪᠡᠷᠢ ᠪᠠᠷ | ᠣᠶᠣᠨ ᠤ ᠪᠣᠯᠪᠠᠰᠣᠨ ᠤ ᠪᠠᠶᠢᠭᠤᠯᠣᠯᠳᠠ ᠶᠢᠨ ᠠᠵᠢᠯ ᠢ ᠦᠷᠨᠢᠭᠦᠯᠦᠨ᠂ ᠨᠡᠶᠢᠭᠡᠮ ᠵᠢᠷᠣᠮ ᠤᠨ ᠭᠤᠣᠯᠯᠠᠭᠴᠢ | ᠦᠷᠳᠡᠭ ᠤᠨ ᠦᠵᠡᠯᠳᠡ ᠶᠢ ᠶᠡᠬᠡᠪᠡᠷ ᠬᠦᠮᠦᠵᠢᠭᠦᠯᠵᠣ᠂ ᠪᠣᠯᠪᠠᠰᠣᠨ ᠨᠢᠭᠡᠴᠡ᠂ ᠪᠣᠯᠪᠠᠰᠣᠨ ᠨᠡᠶᠢᠭᠡᠮ ᠳᠣᠭᠤᠷᠢᠭ᠂ | ᠪᠣᠯᠪᠠᠰᠣᠨ ᠭᠡᠷ ᠪᠦᠯᠢ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠶᠢᠷᠡᠭᠦᠯᠦᠨ ᠠᠬᠢᠭᠤᠯᠵᠣ᠂ | ᠨᠡᠶᠢᠭᠡᠮ ᠤᠨ ᠢᠳᠡᠭᠡᠮᠵᠢ ᠶᠢᠨ ᠰᠢᠰᠲ᠋ᠧᠮ ᠤᠨ ᠪᠠᠶᠢᠭᠤᠯᠣᠯᠳᠠ ᠶᠢ ᠲᠦᠷᠭᠡᠳᠭᠡᠨ᠂ ᠨᠡᠶᠢᠭᠡᠮ ᠤᠨ ᠪᠣᠯᠪᠠᠰᠣᠨ ᠤ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠷᠡᠭᠦᠯ ᠬᠠᠮᠠᠭᠠᠯᠠᠯ ᠤᠨ ᠬᠤᠳᠠ ᠶᠢᠨ ᠪᠠᠶᠢᠩᠭᠤ ᠶᠢᠨ ᠬᠠᠮᠢᠶᠠᠷᠣᠯᠳᠠ ᠶᠢᠨ | ᠳᠣᠭᠳᠠᠯᠴᠠᠭ᠎ᠠ ᠶᠢ ᠪᠠᠶᠢᠭᠤᠯᠣᠨ᠂ ᠬᠤᠳᠠ ᠶᠢᠨ ᠣᠷᠴᠢᠨ ᠳᠣᠭᠤᠷᠢᠨ ᠢ ᠳᠠᠰᠣᠷᠠᠯᠳᠠ ᠦᠬᠡᠢ ᠰᠠᠶᠢᠵᠢᠷᠠᠭᠤᠯᠵᠣ᠂ | ᠠᠷᠠᠳ ᠲᠦᠮᠡᠨ ᠤ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠣᠨ᠂ ᠪᠦᠬᠦ ᠣᠯᠣᠰ ᠤᠨ ᠡᠷᠡᠭᠦᠯ ᠬᠠᠮᠠᠭᠠᠯᠠᠯ | ᠤᠨ ᠬᠤᠳᠠ ᠶᠢ ᠡᠭᠦᠳᠦᠨ ᠪᠠᠶᠢᠭᠤᠯᠬᠤ ᠵᠢᠯ ᠤᠨ ᠡᠴᠦᠰ ᠤᠨ ᠬᠠᠷᠠᠯᠳᠠ ᠡᠭᠦᠷᠭᠡ ᠶᠢ ᠪᠡᠶᠡᠯᠡᠭᠦᠯᠬᠦ ᠶᠢ ᠪᠠᠳᠣᠯᠠᠨ᠎ᠠ᠃ | ᠣᠯᠣᠰ ᠤᠨ ᠢᠳᠡᠭᠡᠨ ᠤ ᠠᠮᠣᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ | ᠯᠠᠪᠳᠠᠭᠤᠨ ᠪᠠᠳᠣᠳᠠᠢ ᠲᠦᠯᠬᠢᠨ ᠠᠬᠢᠭᠤᠯᠵᠣ᠂ ᠣᠶᠣᠨᠴᠢ ᠢᠳᠡᠭᠡᠨ ᠪᠠ ᠡᠮ ᠤᠨ ᠵᠦᠢᠯ ᠤᠨ ᠬᠢᠨᠠᠯᠳᠠ | ᠬᠠᠮᠢᠶᠠᠷᠣᠯᠳᠠ ᠶᠢᠨ ᠰᠣᠷᠠᠭ ᠵᠠᠩᠬᠢᠴᠢᠯᠠᠯᠳᠠ᠂ ᠢᠳᠡᠭᠡᠨ ᠤ ᠵᠦᠢᠯ ᠢ ᠪᠣᠯᠪᠠᠰᠣᠷᠠᠭᠤᠯᠬᠤ ᠬᠦᠷᠢᠶᠡᠯᠡᠩ ᠤᠨ | ᠬᠤᠶᠠᠳᠣᠭᠠᠷ ᠬᠤᠭᠤᠴᠠᠭᠠᠨ ᠤ ᠢᠨᠵᠧᠨᠧᠷᠢᠩ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ ᠶᠢ ᠲᠦᠯᠬᠢᠨ | ᠠᠬᠢᠭᠤᠯᠵᠣ᠂ ᠪᠣᠭᠤᠮᠳᠠ ᠶᠢᠨ ᠣᠨᠴᠠᠯᠢᠭᠳᠣ ᠢᠳᠡᠭᠡᠨ ᠣᠮᠳᠠᠭᠠᠨ ᠤ ᠵᠡᠭᠡᠯᠢ ᠶᠢ ᠲᠦᠯᠦᠪᠵᠢᠭᠦᠯᠦᠨ ᠪᠠᠶᠢᠭᠤᠯᠵᠣ᠂ | ᠪᠠᠷᠠᠭᠤᠨ ᠳᠣᠭᠤᠷᠢᠭ ᠤᠨ ᠲᠠᠷᠢᠶᠠᠯᠠᠩ ᠤᠨ ᠪᠦᠲᠦᠭᠡᠭᠳᠡᠭᠦᠨ ᠤ ᠠᠷᠠᠯᠵᠢᠶᠠᠨ ᠤ ᠵᠠᠬ᠎ᠠ ᠶᠢ ᠲᠦᠯᠦᠪᠯᠡᠨ ᠰᠢᠨ᠎ᠡ ᠪᠠᠷ | ᠪᠠᠶᠢᠭᠤᠯᠣᠨ᠂ ᠠᠷᠠᠳ ᠣᠯᠠᠨ ᠤ ᠢᠳᠡᠭᠡᠨ ᠤ ᠠᠮᠣᠷ ᠲᠦᠪᠰᠢᠨ ᠢ ᠪᠠᠳᠣᠯᠠᠨ᠎ᠠ᠃ | ᠵᠢᠷᠭᠤᠭ᠎ᠠ᠂ ᠵᠠᠰᠠᠭ ᠤᠨ ᠣᠷᠳᠣᠨ ᠤ ᠳᠣᠰ ᠪᠡᠶ᠎ᠡ ᠶᠢᠨ ᠪᠠᠶᠢᠭᠤᠯᠣᠯᠳᠠ ᠶᠢ ᠪᠦᠬᠦ ᠳᠠᠯ᠎ᠠ ᠪᠠᠷ ᠴᠢᠩᠭᠠᠳᠬᠠᠵᠦ᠂ | ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠬᠢᠷᠢ ᠳᠦᠪᠰᠢᠨ ᠢ ᠳᠠᠰᠣᠷᠠᠯᠳᠠ ᠦᠭᠡᠢ ᠳᠡᠭᠡᠭᠰᠢᠯᠡᠬᠦᠯᠦᠨ᠎ᠡ | ᠨᠠᠮ ᠤᠨ ᠣᠳᠣᠷᠢᠳᠣᠯᠭ᠎ᠠ ᠶᠢ ᠪᠠᠷᠢᠮᠳᠠᠯᠠᠨ᠎ᠠ᠃ ︽ᠳᠦᠷᠪᠡᠨ ᠣᠬᠠᠮᠰᠠᠷ︾ ᠢ ᠪᠠᠳᠣ ᠪᠣᠢ ᠪᠣᠯᠭᠠᠨ᠂ ︽ | ᠳᠦᠷᠪᠡᠨ ᠢᠳᠡᠬᠡᠯ︾ ᠢ ᠡᠷᠡᠰ ᠪᠠᠷᠢᠮᠳᠠᠯᠠᠵᠣ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠦᠵᠡᠯ ᠰᠠᠨᠠᠭ᠎ᠠ᠂ | ᠣᠯᠣᠰ ᠳᠦᠷᠦ᠂ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ | ᠳᠦᠪ ᠬᠤᠷᠢᠶ᠎ᠠ ᠲᠠᠢ ᠳᠡᠬᠡᠳᠦ ᠬᠡᠮᠵᠢᠶ᠎ᠡ ᠪᠠᠷ ᠨᠢᠭᠡᠳᠦᠯᠳᠡᠢ ᠪᠠᠶᠢᠬᠤ ᠶᠢ ᠢᠮᠠᠭᠳᠠ ᠪᠠᠷᠢᠮᠳᠠᠯᠠᠨ᠎ᠠ᠃ ᠣᠯᠣᠰ ᠳᠦᠷᠦ | ᠶᠢᠨ ᠰᠠᠬᠢᠯᠭ᠎ᠠ ᠪᠠᠳᠦ ᠪᠠ ᠣᠯᠣᠰ ᠳᠦᠷᠦ ᠶᠢᠨ ᠶᠣᠰᠦ ᠳᠦᠷᠢᠮ ᠢ ᠴᠢᠩᠭ᠎ᠠ ᠰᠠᠬᠢᠵᠦ᠂ ᠨᠠᠮ ᠤᠨ ᠳᠦᠪ ᠬᠤᠷᠢᠶᠠᠨ | ᠤ ᠱᠣᠭᠤᠮ ᠴᠢᠭᠯᠡᠯᠳᠠ ᠲᠦᠷᠦ ᠶᠢᠨ ᠪᠣᠳᠣᠯᠭ᠎ᠠ ᠪᠠ ᠦᠪᠡᠷᠳᠡᠬᠡᠨ ᠵᠠᠰᠠᠬᠤ ᠣᠷᠣᠨ᠂ ᠠᠶᠢᠮᠠᠭ᠂ ᠬᠤᠳᠠ ᠶᠢᠨ ᠨᠠᠮ | ᠤᠨ ᠬᠤᠷᠢᠶ᠎ᠠ ᠶᠢᠨ ᠡᠯ᠎ᠡ ᠲᠦᠷᠦᠯ ᠤᠨ ᠰᠢᠢᠳᠪᠦᠷᠢ ᠪᠠᠶᠢᠷᠢᠯᠠᠭᠤᠯᠣᠯᠳᠠ ᠶᠢ ᠡᠷᠡᠰ ᠳᠣᠣᠱᠯᠠᠭᠤᠯᠣᠨ | ᠨᠠᠶᠢᠳᠠᠪᠣᠷᠢᠵᠢᠭᠤᠯᠵᠦ᠂ ᠵᠠᠰᠠᠭ ᠤᠨ ᠵᠠᠷᠯᠢᠭ ᠢ ᠰᠠᠭᠠᠳ ᠦᠭᠡᠢ ᠬᠡᠷᠡᠭᠵᠢᠭᠦᠯᠵᠣ᠂ ᠪᠠᠳᠣ ᠴᠢᠩᠭ᠎ᠠ ᠬᠡᠷᠡᠭᠵᠢᠭᠦᠯᠬᠦ ᠶᠢ | ᠪᠡᠶᠡᠯᠡᠭᠦᠯᠦᠨ᠂ ᠨᠠᠮ ᠤᠨ ᠪᠠᠶᠢᠭᠤᠯᠣᠯᠳᠠ ᠶᠢᠨ ᠰᠢᠨ᠎ᠡ ᠪᠦᠳᠦᠮᠵᠢ ᠪᠠᠷ ᠵᠠᠰᠠᠭ ᠤᠨ ᠣᠷᠳᠣᠨ ᠤ ᠳᠣᠰ ᠪᠡᠶ᠎ᠡ ᠶᠢᠨ | ᠪᠠᠶᠢᠭᠤᠯᠣᠯᠳᠠ ᠶᠢ ᠰᠢᠨ᠎ᠡ ᠱᠠᠳᠣᠨ ᠳᠤ ᠠᠬᠢᠭᠤᠯᠣᠨ᠎ᠠ᠃ | ᠬᠠᠣᠯᠢ ᠶᠣᠰᠣᠭᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠣᠯᠳᠠ ᠶᠢ ᠬᠦᠨᠵᠡᠭᠡᠶᠢᠷᠡᠭᠦᠯᠦᠨ ᠠᠬᠢᠭᠤᠯᠵᠦ᠂ ᠡᠷᠬᠡ ᠳᠣᠰᠢᠶᠡᠯ ᠢ ᠬᠠᠣᠯᠢ ᠢᠶᠠᠷ ᠳᠣᠭᠳᠠᠭᠠᠬᠤ᠂ ᠬᠠᠣᠯᠢ | ᠶᠢᠨ ᠳᠠᠭᠠᠣ ᠡᠷᠭᠡ ᠪᠠᠨ ᠬᠡᠷᠡᠭᠵᠢᠭᠦᠯᠬᠦ᠂ ᠬᠠᠣᠯᠢ ᠶᠢᠨ ᠭᠠᠳᠠᠨ᠎ᠠ ᠡᠷᠭᠡ ᠪᠠᠶᠢᠬᠤ ᠦᠭᠡᠢ ᠶᠢ ᠪᠡᠶᠡᠯᠡᠭᠦᠯᠦᠨ᠂ ᠵᠠᠰᠠᠭ | ᠤᠨ ᠣᠷᠳᠣᠨ ᠤ ᠡᠷᠭᠡ ᠶᠢᠨ ᠡᠭᠦᠷᠢᠳᠡ ᠬᠠᠣᠯᠢ ᠪᠠᠷ ᠵᠠᠰᠠᠬᠤ ᠵᠢᠮ᠎ᠡ ᠶᠣᠰᠣᠨ ᠤ ᠳᠠᠭᠠᠣ ᠬᠡᠷᠡᠭᠵᠢᠭᠦᠯᠦᠭᠳᠡᠬᠦ ᠶᠢ | ᠪᠠᠳᠣᠯᠠᠨ᠎ᠠ᠃ ︽ᠭᠤᠷᠪᠠᠨ ᠴᠢᠬᠤᠯᠠ ᠨᠢᠭᠡ ᠳᠣᠮᠣ︾ ᠬᠡᠷᠡᠭ ᠶᠠᠪᠣᠳᠠᠯ ᠤᠨ ᠬᠠᠮᠳᠦ ᠶᠢᠨ ᠰᠢᠢᠳᠪᠣᠷᠢ ᠪᠠ ᠳᠣᠰᠬᠠᠢ | ᠮᠡᠷᠬᠡᠵᠢᠯᠳᠠᠨ ᠤ ᠦᠨᠡᠯᠡᠯᠭᠡ ᠦᠭᠬᠦ ᠳᠦᠷᠢᠮ ᠢ ᠴᠢᠩᠭ᠎ᠠ ᠨᠠᠶᠢᠳᠠᠪᠣᠷᠢᠵᠢᠭᠤᠯᠵᠦ᠂ ᠵᠠᠰᠠᠭ ᠤᠨ ᠣᠷᠳᠣᠨ ᠤ ᠬᠠᠣᠯᠢ | ᠶᠢᠨ ᠵᠦᠪᠯᠡᠭᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠣᠨ᠂ ᠵᠠᠰᠠᠭ ᠤᠨ ᠣᠷᠳᠣᠨ ᠤ ᠰᠢᠢᠳᠪᠣᠷᠢ ᠶᠢᠨ | ᠠᠷᠠᠳᠴᠢᠯᠠᠯᠳᠦ ᠴᠢᠨᠠᠷ ᠪᠠ ᠰᠢᠨᠵᠢᠯᠡᠬᠦ ᠣᠬᠠᠭᠠᠨᠴᠢ ᠴᠢᠨᠠᠷ ᠢ ᠳᠡᠭᠡᠭᠰᠢᠯᠡᠬᠦᠯᠦᠨ᠎ᠡ᠃ ᠬᠤᠳᠠ ᠶᠢᠨ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠬᠠᠣᠯᠢ ᠶᠣᠰᠣᠨ ᠤ ᠬᠢᠨᠠᠯᠳᠠ᠂ ᠣᠯᠣᠰ ᠳᠦᠷᠦ ᠶᠢᠨ ᠵᠦᠪᠯᠡᠯᠭᠡᠨ ᠤ | ᠠᠷᠠᠳᠴᠢᠯᠠᠯᠳᠣ ᠬᠢᠨᠠᠯᠳᠠ ᠪᠠ ᠨᠠᠶᠢᠬᠡᠮ ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ ᠠᠪᠴᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠣᠷᠢ ᠬᠤᠳᠠᠯᠳᠣᠭᠠᠴᠢᠳ ᠤᠨ ᠬᠤᠯᠪᠣᠭ᠎ᠠ᠂ | ᠨᠠᠮ ᠪᠦᠯᠦᠭ ᠤᠨ ᠪᠣᠰᠣ ᠡᠳᠡᠬᠡᠳ ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠣᠨ᠎ᠠ᠃ | ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠰᠢᠬᠦᠬᠦ ᠬᠤᠷᠢᠶ᠎ᠠ ᠪᠠ ᠪᠠᠶᠢᠴᠠᠭᠠᠬᠤ | ᠬᠤᠷᠢᠶ᠎ᠠ ᠶᠢᠨ ᠠᠵᠢᠯ ᠢ ᠳᠡᠮᠵᠢᠨ᠎ᠡ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠦ᠂ ᠠᠷᠢᠭᠤᠨ ᠴᠢᠬᠡᠴᠢ ᠪᠠᠷ ᠦᠪᠡᠷ ᠢ | ᠱᠠᠭᠠᠷᠳᠠᠬᠤ ᠲᠦᠷᠢᠮ ᠪᠠ ᠰᠠᠬᠢᠯᠭ᠎ᠠ ᠪᠠᠳᠦ ᠤᠨ ᠰᠢᠳᠬᠡᠯ ᠣᠯᠭᠤᠬᠤ ᠵᠣᠷᠪᠣᠰ ᠢ ᠴᠢᠩᠭ᠎ᠠ ᠬᠡᠷᠡᠭᠵᠢᠬᠦᠯᠵᠦ᠂ ᠵᠠᠰᠠᠭ | ᠤᠨ ᠣᠷᠳᠣᠨ ᠤ ᠰᠢᠰᠲ᠋ᠧᠮ ᠤᠨ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠶᠢ ᠦᠨᠡᠨᠬᠦ ᠴᠢᠩᠭ᠎ᠠ | ᠠᠳᠬᠤᠨ᠎ᠠ᠃ ᠲᠦᠪ ᠤᠨ ᠨᠠᠢᠮᠠᠨ ᠵᠣᠷᠪᠣᠰ ᠳᠣᠭᠳᠠᠭᠠᠯ ᠵᠢᠴᠢ ᠳᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ | ᠬᠡᠷᠡᠭᠵᠢᠭᠦᠯᠵᠣ᠂ ︽ᠠᠯᠪᠠᠨ ᠤ ᠭᠤᠷᠪᠠᠨ ᠵᠠᠷᠣᠳᠠᠯ︾ ᠪᠠ ᠡᠩ ᠤᠨ ᠴᠢᠨᠠᠷᠳᠠᠢ ᠵᠠᠷᠣᠯᠭ᠎ᠠ ᠶᠢ ᠴᠢᠩᠭ᠎ᠠ ᠬᠢᠵᠠᠭᠠᠷᠯᠠᠨ᠂ | ᠠᠯᠪᠠᠨ ᠵᠣᠴᠢᠯᠭ᠎ᠠ᠂ ᠠᠯᠪᠠᠨ ᠬᠡᠷᠡᠭᠯᠡᠭᠡᠨ ᠤ ᠳᠡᠷᠭᠡ ᠂ ᠠᠯᠪᠠᠨ ᠬᠡᠷᠡᠭᠯᠡᠭᠡᠨ ᠤ ᠬᠡᠷ ᠤᠨ ᠬᠠᠮᠢᠶᠠᠷᠣᠯᠳᠠ ᠶᠢᠨ ᠠᠵᠢᠯ | ᠢ ᠣᠯᠠᠮ ᠨᠢᠭᠡ ᠠᠯᠬᠤᠮ ᠲᠦᠷᠢᠮᠵᠢᠭᠦᠯᠦᠨ᠎ᠡ᠃ ᠬᠢᠨᠠᠨ ᠪᠣᠳᠣᠯᠳᠠ ᠶᠢᠨ ᠬᠢᠨᠠᠯᠳᠠ ᠳᠠᠯᠪᠢᠬᠤ ᠦᠢᠯᠡᠳᠦᠯ ᠢ | ᠬᠦᠢᠴᠡᠳ ᠪᠠᠳᠠᠷᠠᠭᠤᠯᠣᠨ᠂ ᠭᠤᠣᠯᠳᠠᠯᠭ᠎ᠠ ᠲᠠᠢ ᠴᠠᠷ᠎ᠠ ᠬᠦᠷᠢᠶ᠎ᠡ ᠪᠠ ᠵᠠᠩᠬᠢᠯᠭ᠎ᠠ ᠶᠢᠨ ᠭᠤᠭᠴᠣᠭᠠᠨ ᠳᠠᠬᠢ ᠬᠢᠨᠠᠨ | ᠬᠠᠮᠢᠶᠠᠷᠣᠯᠳᠠ ᠪᠠᠨ ᠳᠣᠪᠣᠶᠢᠮ᠎ᠠ ᠪᠠᠶᠢᠷᠢᠨ ᠳᠤ ᠳᠠᠯᠪᠢᠵᠣ᠂ ᠴᠢᠬᠤᠯᠠ ᠳᠣᠮᠣ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠳᠣᠣᠱᠯᠠᠭᠤᠯᠣᠭᠰᠠᠨ ᠪᠠᠶᠢᠳᠠᠯ ᠳᠤ ᠨᠡᠬᠡᠮᠵᠢᠯᠡᠨ ᠬᠢᠨᠠᠨ ᠪᠣᠳᠣᠯᠳᠠ ᠬᠢᠬᠦ ᠪᠠᠨ ᠴᠢᠩᠭᠠᠳᠬᠠᠨ᠂ ᠲᠦᠷᠦ | ᠶᠢᠨ ᠪᠣᠳᠣᠯᠭ᠎ᠠ ᠶᠢᠨ ᠪᠣᠳᠠᠳᠠᠶᠢᠵᠢᠨ ᠨᠠᠶᠢᠳᠠᠪᠣᠷᠢᠵᠢᠭᠤᠯᠣᠭᠳᠠᠬᠤ ᠶᠢ ᠠᠬᠢᠭᠤᠯᠣᠨ᠎ᠠ᠃ | ᠰᠣᠷᠳᠠᠯ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠨᠠᠶᠢᠳᠠᠪᠣᠷᠢᠵᠢᠭᠤᠯᠣᠯᠳᠠ ᠶᠢ ᠬᠡᠵᠢᠶᠡᠳᠠ ᠵᠠᠰᠠᠭ ᠤᠨ | ᠣᠷᠳᠣᠨ ᠤ ᠠᠵᠢᠯ ᠤᠨ ᠳᠡᠷᠢᠬᠦᠨ ᠴᠢᠬᠤᠯᠠ ᠡᠬᠦᠷᠭᠡ ᠪᠣᠯᠭᠠᠨ ᠠᠳᠬᠤᠵᠦ᠂ ᠬᠡᠯᠡᠵᠦ ᠬᠢᠬᠦ ᠪᠠᠨ ᠨᠢᠭᠡᠳᠭᠡᠵᠣ᠂ | ᠠᠪᠣᠨ ᠳᠣᠣᠷ᠎ᠠ ᠪᠠᠨ ᠪᠡᠶᠡᠯᠡᠬᠦᠯᠳᠡᠭ ᠠᠵᠢᠯ ᠤᠨ ᠰᠣᠷᠳᠠᠯ ᠢ ᠶᠡᠭᠡ ᠪᠠᠷ ᠣᠯᠠᠮᠵᠢᠯᠠᠨ ᠳᠡᠯᠭᠡᠷᠡᠭᠦᠯᠵᠣ᠂ ᠵᠠᠰᠠᠭ ᠤᠨ | ᠣᠷᠳᠣᠨ ᠤ ᠭᠦᠢᠴᠡᠳᠭᠡᠬᠦ ᠴᠢᠳᠠᠪᠣᠷᠢ ᠶᠢ ᠦᠨᠡᠨᠬᠦ ᠳᠡᠭᠡᠭᠰᠢᠯᠡᠭᠦᠯᠦᠨ᠎ᠡ᠃ ᠬᠤᠳᠠᠯᠳᠤᠭ᠎ᠠ ᠡᠵᠡᠩᠨᠡᠯᠳᠡ ᠶᠢᠨ ᠣᠷᠴᠢᠨ | ᠢ ᠰᠢᠯᠢᠳᠡᠭᠵᠢᠭᠦᠯᠬᠦ᠂ ᠰᠣᠶᠣᠯ ᠵᠢᠭᠤᠯᠴᠢᠯᠠᠯ ᠤᠨ ᠨᠡᠬᠡᠬᠡᠨ ᠠᠰᠢᠭᠯᠠᠯᠳᠠ ᠪᠠ ᠬᠦᠭᠵᠢᠭᠦᠯᠦᠯᠳᠡ᠂ ᠬᠤᠳᠠ ᠶᠢᠨ | ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠳᠠ᠂ ᠪᠣᠭᠤᠮᠳᠠ ᠨᠡᠪᠳᠡᠷᠡᠭᠦᠯᠬᠦ ᠴᠢᠳᠠᠪᠣᠷᠢ ᠶᠢ ᠳᠡᠭᠡᠭᠰᠢᠯᠡᠭᠦᠯᠬᠦ | ᠵᠡᠷᠭᠡ ᠠᠵᠢᠯ ᠢ ᠠᠬᠢᠭᠤᠯᠬᠤ ᠨᠠᠢᠮᠠᠨ ᠳᠣᠰᠬᠠᠢ ᠳᠣᠭᠤᠶᠢᠯᠠᠩ ᠪᠠᠶᠢᠭᠤᠯᠵᠣ᠂ ᠨᠠᠶᠢᠳᠠᠪᠣᠷᠢᠵᠢᠭᠤᠯᠣᠯᠳᠠ ᠶᠢ ᠴᠢᠩᠭ᠎ᠠ | ᠠᠳᠬᠤᠨ᠂ ᠪᠣᠳᠠᠳᠣ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃ ᠠᠵᠢᠯ ᠬᠢᠵᠣ ᠦᠢᠯᠡᠰ ᠪᠣᠰᠬᠠᠬᠤ ᠣᠷᠬᠢᠯᠣᠮ᠎ᠠ | ᠰᠡᠳᠬᠢᠯᠭᠡ ᠲᠠᠢ ᠪᠠᠶᠢᠵᠣ᠂ ᠵᠣᠷᠢᠭᠳᠠᠢ ᠬᠢᠵᠣ᠂ ᠵᠣᠷᠢᠭᠳᠠᠢ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ | ᠣᠯᠠᠮᠵᠢᠯᠠᠨ ᠳᠡᠯᠭᠡᠷᠡᠭᠦᠯᠵᠣ᠂ ᠰᠢᠨ᠎ᠡ ᠴᠠᠭ ᠦᠶ᠎ᠡ ᠶᠢᠨ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠰᠠᠶᠢᠳᠣᠷ | ᠭᠦᠢᠴᠡᠳᠭᠡᠨ᠎ᠡ᠃ ᠡᠯ᠎ᠡ ᠱᠠᠳᠣᠨ ᠤ ᠺᠠᠳ᠋ᠷᠴᠣᠳ ᠤᠨ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠣᠯᠠᠮ ᠨᠢᠭᠡ | ᠠᠯᠬᠤᠮ ᠪᠣᠢ ᠪᠣᠯᠭᠠᠵᠣ᠂ ᠠᠵᠢᠯ ᠤᠨ ᠴᠢᠳᠠᠪᠣᠷᠢ ᠶᠢ ᠳᠠᠰᠣᠷᠠᠯᠳᠠ ᠦᠬᠡᠢ ᠳᠡᠭᠡᠭᠰᠢᠯᠡᠭᠦᠯᠦᠨ᠂ ᠳᠡᠳᠡᠨ ᠢ ᠦᠨᠡᠨᠬᠦ | ᠳᠣᠰ ᠴᠠᠷ᠎ᠠ ᠬᠦᠷᠢᠶ᠎ᠡ᠂ ᠳᠣᠰ ᠠᠵᠢᠯ ᠲᠦᠷᠦᠯ ᠳᠤ ᠪᠠᠨ ᠴᠠᠭᠠᠷᠠᠭᠰᠠᠳ ᠪᠣᠯᠭᠠᠨ᠎ᠠ᠃ ᠣᠳᠣᠷᠢᠳᠣᠯᠭ᠎ᠠ ᠺᠠᠳ᠋ᠷ ᠤᠨ | ᠭᠠᠳᠠᠭᠰᠢ ᠭᠠᠷᠬᠤ ᠳᠤ ᠪᠠᠨ ᠵᠢᠭᠠᠪᠣᠷᠢ ᠠᠪᠴᠣ ᠮᠡᠳᠡᠭᠦᠯᠦᠨ ᠳᠡᠮᠳᠡᠭᠯᠡᠬᠦ ᠲᠦᠷᠢᠮ ᠢ ᠴᠢᠩᠭ᠎ᠠ ᠬᠡᠷᠡᠭᠵᠢᠭᠦᠯᠵᠣ᠂ | ᠣᠳᠣᠷᠢᠳᠣᠯᠭ᠎ᠠ ᠺᠠᠳ᠋ᠷ ᠤᠨ ᠭᠠᠳᠠᠭᠰᠢ ᠭᠠᠷᠴᠣ ᠪᠠᠶᠢᠴᠠᠭᠠᠨ ᠰᠣᠳᠣᠯᠣᠯᠳᠠ ᠬᠢᠬᠦ᠂ ᠪᠣᠯᠪᠠᠰᠣᠷᠠᠯ ᠳᠤ ᠣᠷᠣᠯᠴᠠᠬᠤ | ᠬᠠᠮᠢᠶᠠᠷᠣᠯᠳᠠ ᠶᠢ ᠴᠢᠩᠭᠠᠳᠬᠠᠨ᠎ᠠ᠃ ᠠᠰᠠᠭᠤᠳᠠᠯ ᠳᠤ ᠴᠢᠭᠯᠡᠭᠦᠯᠬᠦ ᠶᠢ ᠪᠠᠷᠢᠮᠳᠠᠯᠠᠨ᠂ ᠡᠮᠦᠨ᠎ᠡ ᠹᠷᠣᠨᠲ ᠲᠤ | ᠬᠦᠨᠵᠡᠭᠡᠶᠢᠷᠡᠵᠣ᠂ ᠪᠠᠶᠢᠴᠠᠭᠠᠨ ᠰᠣᠳᠣᠯᠣᠯᠳᠠ ᠬᠢᠬᠦ ᠪᠠ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠨ᠂ ᠦᠨᠡᠨ | ᠢᠶᠠᠷ ᠬᠢᠵᠣ ᠪᠣᠳᠠᠳᠠᠢ ᠪᠠᠷ ᠠᠵᠢᠯᠯᠠᠬᠤ ᠠᠵᠢᠯ ᠤᠨ ᠰᠣᠷᠳᠠᠯ ᠢᠶᠠᠷ ᠠᠷᠠᠳ ᠤᠨ ᠢᠳᠡᠭᠡᠯ ᠢ ᠣᠯᠣᠨ᠎ᠠ᠃ | ᠳᠦᠯᠦᠬᠡᠯᠡᠭᠴᠢᠳ ᠡ︕ ᠴᠠᠭ ᠦᠶ᠎ᠡ ᠠᠴᠠ ᠣᠯᠭᠤᠭᠰᠠᠨ ᠬᠦᠨᠳᠦ ᠡᠭᠦᠷᠭᠡ ᠶᠢ ᠡᠭᠦᠷᠭᠡᠯᠡᠵᠣ᠂ | ᠰᠢᠷᠭᠠᠭᠤ ᠬᠦᠳᠡᠯᠮᠣᠷᠢ ᠪᠠᠷ ᠭᠡᠷᠡᠯ ᠰᠠᠴᠣᠷᠠᠩᠭᠤᠢ ᠢᠷᠡᠭᠡᠳᠦᠢ ᠶᠢ ᠪᠦᠲᠦᠭᠡᠶ᠎ᠡ᠃ ᠪᠢᠳᠠ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠣᠮᠳᠠᠳᠦ ᠣᠯᠣᠰ ᠤᠨ ᠣᠨᠴᠠᠯᠢᠭ ᠲᠠᠢ ᠨᠠᠶᠢᠬᠡᠮ ᠵᠢᠷᠣᠮ ᠤᠨ ᠦᠵᠡᠯ ᠰᠠᠨᠠᠭ᠎ᠠ ᠶᠢᠨ | ᠵᠢᠯᠣᠭᠤᠳᠣᠯᠭ᠎ᠠ ᠳᠣᠣᠷ᠎ᠠ᠂ ᠦᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠡᠷᠡᠰ ᠬᠠᠳᠠᠭᠤ | ᠣᠳᠣᠷᠢᠳᠣᠯᠭ᠎ᠠ ᠳᠣᠣᠷ᠎ᠠ᠂ ᠪᠦᠬᠦ ᠬᠤᠳᠠ ᠶᠢᠨ ᠡᠯ᠎ᠡ ᠦᠨᠳᠣᠰᠣᠳᠡᠨ ᠤ ᠠᠷᠠᠳ ᠳᠦᠮᠡᠨ ᠲᠠᠢ ᠪᠦᠯᠬᠦᠮᠳᠡᠨ | ᠲᠦᠰᠢᠭᠯᠡᠵᠣ᠂ ᠡᠬᠦᠷᠭᠡ ᠬᠠᠷᠢᠭᠤᠴᠠᠯᠭ᠎ᠠ ᠪᠠᠨ ᠪᠠᠳᠦ ᠴᠡᠭᠡᠵᠢᠯᠡᠵᠦ᠂ ᠪᠣᠴᠠᠯᠳᠠ ᠦᠭᠡᠢ ᠣᠷᠣᠭᠰᠢᠯᠠᠨ᠂ ᠴᠢᠩᠭ᠎ᠠ | ᠠᠳᠬᠤᠨ ᠰᠢᠷᠭᠠᠭᠤ ᠠᠵᠢᠯᠯᠠᠵᠣ᠂ ᠮᠠᠨ ᠤ ᠬᠤᠳᠠ ᠪᠠᠨ ᠳᠣᠮᠳᠠᠳᠦ ᠣᠯᠣᠰ ᠤᠨ ᠣᠮᠠᠷᠠᠳᠦ ᠣᠷᠣᠨ ᠤ ᠲᠡᠷᠢᠭᠦᠨ | ᠵᠡᠷᠭᠡᠯᠡᠯ ᠤᠨ ᠪᠣᠭᠤᠮᠳᠠ ᠬᠤᠳᠠ ᠪᠣᠯᠭᠠᠨ ᠴᠣᠭᠴᠠᠯᠠᠬᠤ ᠪᠠᠷ ᠴᠢᠷᠮᠠᠶᠢᠨ ᠳᠡᠮᠡᠴᠡᠵᠦ᠂ ᠰᠢᠯᠢᠳᠡᠭ ᠬᠢᠷᠢ ᠪᠦᠳᠦᠮᠵᠢ | ᠪᠠᠷ ᠪᠦᠬᠦᠳᠠ ᠨᠠᠶᠢᠷᠠᠮᠳᠠᠬᠤ ᠳᠣᠮᠳᠠᠳᠦ ᠠᠷᠠᠳ ᠣᠯᠣᠰ ᠪᠠᠶᠢᠭᠤᠯᠣᠭᠳᠠᠭᠰᠠᠨ 70 ᠵᠢᠯ ᠤᠨ ᠣᠢ ᠶᠢ ᠪᠠᠶᠠᠷᠯᠠᠨ | ᠪᠡᠯᠬᠡᠯᠡᠶ᠎ᠡ︕ |