ᠨᠣᠳᠤᠭ ᠪᠡᠯᠴᠢᠬᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠣᠬᠠᠭᠠᠨᠴᠢ ᠵᠦᠢ ᠵᠣᠬᠢᠰᠳᠠᠢ | ᠬᠠᠮᠠᠭᠠᠯᠠᠨ ᠠᠰᠢᠭᠯᠠᠵᠦ᠂ ᠮᠠᠨ ᠤ ᠬᠤᠳᠠ ᠶᠢᠨ ᠪᠡᠯᠴᠢᠬᠡᠷ ᠰᠡᠯᠬᠦᠬᠦ ᠠᠵᠢᠯ ᠤᠨ ᠣᠷᠣᠭᠰᠢᠳᠠᠢ ᠶᠠᠪᠣᠭᠳᠠᠬᠤ ᠶᠢ | ᠪᠠᠳᠣᠯᠠᠬᠤ ᠶᠢᠨ ᠳᠣᠯᠠᠳᠠ᠂ ᠪᠦᠬᠦ ᠠᠶᠢᠮᠠᠭ ᠤᠨ ᠨᠢᠬᠡᠳᠦᠯᠳᠠᠢ ᠳᠣᠬᠢᠷᠠᠭᠤᠯᠣᠯᠳᠠ ᠪᠠᠶᠢᠷᠢᠯᠠᠭᠤᠯᠣᠳᠠ ᠶᠣᠰᠣᠭᠠᠷ᠂ | ᠬᠤᠯᠪᠣᠭᠳᠠᠯ ᠪᠦᠬᠦᠢ ᠶᠠᠪᠣᠳᠠᠯ ᠢ ᠳᠣᠣᠷᠠᠬᠢ ᠮᠡᠳᠦ ᠵᠠᠷᠯᠠᠶ᠎ᠠ᠄ | ᠨᠢᠭᠡ᠂ ᠪᠡᠯᠴᠢᠬᠡᠷ ᠰᠡᠯᠬᠦᠬᠦ ᠬᠦᠷᠢᠶ᠎ᠡ ᠬᠡᠪᠴᠢᠶ᠎ᠠ᠄ ᠡᠷᠢᠶᠡᠨ ᠬᠤᠳᠠ ᠶᠢᠨ ᠬᠡᠷᠡᠯᠳᠣᠠᠣᠳᠦ ᠰᠣᠮᠣᠨ ᠤ 4 ᠭᠠᠴᠠᠭᠠᠨ | ᠤ ᠮᠠᠯ ᠪᠡᠯᠴᠢᠬᠡᠷ ᠤᠨ ᠳᠡᠩᠴᠡᠬᠦᠷᠢ ᠶᠢᠨ ᠣᠷᠣᠨ ᠤ 362 ᠳᠦᠮᠡᠨ ᠮᠦ ᠪᠠᠶᠢᠭᠠᠯᠢᠯᠢᠭ ᠨᠣᠳᠤᠭ ᠪᠡᠯᠴᠢᠬᠡᠷ ᠳᠡᠭᠡᠷ᠎ᠡ | ᠪᠡᠯᠴᠢᠬᠡᠷᠯᠡᠵᠣ ᠪᠠᠶᠢᠭ᠎ᠠ ᠦᠬᠡᠷ᠂ ᠬᠤᠨᠢ ᠪᠦᠬᠦᠨ ᠳᠤ ᠬᠠᠪᠣᠷ ᠤᠨ ᠣᠯᠠᠷᠢᠯ ᠤᠨ ᠡᠪᠡᠰᠣᠨ ᠤ ᠨᠣᠭᠤᠭᠠᠷᠠᠯᠳᠠ ᠶᠢᠨ | ᠬᠤᠭᠤᠴᠠᠭᠠᠨ ᠳᠠᠬᠢ ᠪᠡᠯᠴᠢᠬᠡᠷ ᠰᠡᠯᠬᠦᠬᠦ ᠳᠦᠷᠢᠮ ᠢ ᠬᠡᠷᠡᠭᠵᠢᠬᠦᠯᠦᠨ᠎ᠡ᠃ | ᠬᠤᠶᠠᠷ᠂ ᠪᠡᠯᠴᠢᠬᠡᠷ ᠰᠡᠯᠬᠦᠬᠦ ᠬᠤᠭᠤᠴᠠᠭ᠎ᠠ᠄ 4 ᠰᠠᠷ᠎ᠠ ᠶᠢᠨ 5 ᠤ ᠡᠳᠦᠷ ᠠᠴᠠ 5 ᠰᠠᠷ᠎ᠠ ᠶᠢᠨ 5 ᠤ ᠡᠳᠦᠷ | ᠪᠣᠯᠳᠠᠯ᠎ᠠ᠂ 30 ᠡᠳᠦᠷ ᠤᠨ ᠬᠤᠭᠤᠴᠠᠭ᠎ᠠ ᠲᠠᠢ ᠪᠡᠯᠴᠢᠬᠡᠷ ᠰᠡᠯᠬᠦᠨᠡ᠃ | ᠭᠤᠷᠪᠠ᠂ ᠨᠦᠬᠦᠪᠣᠷᠢ ᠣᠯᠭᠤᠬᠤ ᠪᠠᠷᠢᠮᠵᠢᠶ᠎ᠠ᠄ ᠪᠦᠬᠦ ᠠᠶᠢᠮᠠᠭ ᠤᠨ ᠨᠢᠬᠡᠳᠦᠯᠳᠠᠢ ᠪᠠᠷᠢᠮᠵᠢᠶ᠎ᠠ ᠶᠣᠰᠣᠭᠠᠷ᠂ ᠮᠦ | ᠪᠦᠷᠢ ᠳᠤ 0.75 ᠳᠦᠬᠦᠷᠢᠭ ᠤᠨ ᠨᠦᠬᠦᠪᠦᠷᠢ ᠣᠯᠭᠤᠨ᠎ᠠ᠃ ᠪᠡᠯᠴᠢᠬᠡᠷ ᠰᠡᠯᠬᠦᠬᠦ ᠬᠤᠭᠤᠴᠠᠭ᠎ᠠ ᠳᠠᠭᠤᠰᠣᠭᠰᠠᠨ ᠤ | ᠳᠠᠷᠠᠭ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠮᠠᠯᠵᠢᠬᠤ ᠡᠷᠦᠬᠡ ᠤᠳ ᠤᠨ ᠪᠡᠯᠴᠢᠬᠡᠷ ᠰᠡᠯᠬᠦᠭᠰᠡᠨ | ᠪᠠᠶᠢᠳᠠᠯ ᠢ ᠦᠨᠳᠣᠰᠣᠯᠠᠵᠦ ᠨᠦᠬᠦᠪᠣᠷᠢ ᠮᠦᠩᠬᠦ ᠣᠯᠭᠤᠨ᠎ᠠ᠃ | ᠳᠦᠷᠪᠡ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠮᠠᠯᠴᠢᠳ ᠣᠬᠠᠮᠰᠠᠷ ᠠᠴᠠ ᠪᠠᠨ ᠳᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠡᠬᠦᠷᠭᠡ ᠪᠠᠨ | ᠬᠦᠢᠴᠡᠳᠬᠡᠵᠦ᠂ ᠰᠣᠮᠣ᠂ ᠭᠠᠴᠠᠭ᠎ᠠ ᠵᠢᠴᠢ ᠳᠠᠯ᠎ᠠ ᠨᠣᠳᠤᠭ ᠤᠨ ᠬᠠᠣᠯᠢ ᠬᠡᠷᠡᠭᠵᠢᠬᠦᠯᠬᠦ ᠰᠠᠯᠠᠭ᠎ᠠ ᠮᠦᠴᠢᠷ ᠲᠠᠢ | ᠢᠳᠡᠪᠬᠢᠳᠠᠢ ᠪᠠᠷ ᠬᠠᠮᠵᠢᠯᠴᠠᠵᠦ᠂ ᠬᠠᠪᠣᠷ ᠤᠨ ᠣᠯᠠᠷᠢᠯ ᠤᠨ ᠡᠪᠡᠰᠣᠨ ᠤ ᠨᠣᠭᠤᠭᠠᠷᠠᠯᠳᠠ ᠶᠢᠨ ᠬᠤᠭᠤᠴᠠᠭᠠᠨ ᠳᠠᠬᠢ | ᠪᠡᠯᠴᠢᠬᠡᠷ ᠰᠡᠯᠬᠦᠬᠦ ᠠᠵᠢᠯ ᠢ ᠰᠠᠶᠢᠳᠣᠷ ᠬᠢᠬᠦ ᠬᠡᠷᠡᠭᠳᠡᠢ᠃ | ︵ᠬᠤᠶᠠᠷ︶ ᠮᠠᠯ ᠤᠨ ᠬᠦᠳᠡᠯᠭᠡᠭᠡᠨ ᠤ ᠳᠠᠯᠠᠪᠠᠢ ᠶᠢ ᠵᠣᠬᠢᠰᠳᠠᠢ ᠪᠠᠶᠢᠷᠢᠯᠠᠭᠤᠯᠬᠤ ᠬᠡᠷᠡᠭᠳᠠᠢ᠃ ᠬᠤᠨᠢ ᠪᠦᠷᠢ ᠳᠤ | 10 ᠳᠡᠭᠰᠢ ᠳᠦᠷᠪᠡᠯᠵᠢᠨ ᠮᠧᠲᠷ ᠤᠨ ᠪᠠᠷᠢᠮᠵᠢᠶ᠎ᠠ ᠪᠠᠷ ᠮᠠᠯ ᠤᠨ ᠬᠦᠳᠡᠯᠭᠡᠭᠡᠨ ᠤ ᠳᠠᠯᠠᠪᠠᠢ ᠳᠣᠬᠢᠷᠠᠭᠤᠯᠵᠣ᠂ ᠮᠠᠯ | ᠣᠰᠣᠯᠠᠬᠤ ᠵᠠᠮ ᠭᠠᠷᠭᠠᠬᠤ ᠶᠢ ᠵᠦᠪᠰᠢᠶᠡᠷᠡᠵᠦ᠂ ᠵᠠᠮ ᠤᠨ ᠦᠷᠬᠡᠨ ᠤ ᠬᠡᠮᠵᠢᠶ᠎ᠡ ᠨᠢ 100 ᠮᠧᠲᠷ ᠠᠴᠠ ᠬᠡᠳᠦᠷᠡᠵᠦ | ᠪᠣᠯᠬᠤ ᠦᠭᠡᠢ ᠪᠦᠭᠡᠳ ᠳᠣᠳᠣᠷᠬᠠᠶᠢᠯᠠᠯᠳᠠ ᠬᠢᠬᠦ ᠬᠡᠷᠡᠭᠳᠠᠢ᠃ | ︵ᠭᠤᠷᠪᠠ︶ ᠰᠣᠮᠣᠨ ᠠᠴᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠣᠷᠢᠵᠢᠭᠤᠯᠵᠦ᠂ ᠳᠠᠯ᠎ᠠ | ᠨᠣᠳᠤᠭ ᠤᠨ ᠬᠠᠣᠯᠢ ᠬᠡᠷᠡᠭᠵᠢᠬᠦᠯᠬᠦ ᠰᠠᠯᠠᠭ᠎ᠠ ᠮᠦᠴᠢᠷ ᠲᠠᠢ ᠬᠠᠮᠳᠦ ᠮᠡᠯᠴᠢᠨ ᠡᠷᠦᠬᠡ ᠶᠢᠨ ᠡᠪᠡᠰᠦ ᠪᠣᠷᠳᠤᠭ᠎ᠠ | ᠨᠦᠬᠡᠴᠡᠯᠡᠬᠦ᠂ ᠮᠠᠯ ᠢᠶᠠᠨ ᠬᠠᠰᠢᠶᠠᠯᠠᠨ ᠳᠡᠵᠢᠭᠡᠬᠦ᠂ ᠮᠠᠯ ᠤᠨ ᠬᠦᠳᠡᠯᠭᠡᠭᠡᠨ ᠳᠠᠯᠠᠪᠠᠢ ᠵᠡᠷᠭᠡ ᠶᠢ ᠱᠠᠭᠠᠷᠳᠠᠨ | ᠪᠠᠶᠢᠴᠠᠭᠠᠬᠤ ᠠᠵᠢᠯ ᠢ ᠰᠠᠶᠢᠳᠣᠷ ᠬᠢᠬᠦ ᠬᠡᠷᠡᠭᠳᠡᠢ᠃ | ︵ᠳᠦᠷᠪᠡ︶ ᠬᠤᠳᠠ ᠶᠢᠨ ᠳᠠᠯ᠎ᠠ ᠨᠣᠳᠤᠭ ᠤᠨ ᠬᠠᠣᠯᠢ ᠬᠡᠷᠡᠭᠵᠢᠬᠦᠯᠬᠦ ᠰᠯᠠᠭ᠎ᠠ ᠮᠦᠴᠢᠷ ᠠᠴᠠ ᠪᠡᠯᠴᠢᠬᠡᠷ ᠰᠡᠯᠬᠦᠬᠦ | ᠬᠤᠭᠤᠴᠠᠭᠠᠨ ᠳᠠᠬᠢ ᠳᠣᠭᠤᠷᠢᠨ ᠪᠠᠶᠢᠴᠠᠭᠠᠵᠣ ᠬᠠᠮᠢᠶᠠᠷᠣᠨ ᠬᠠᠮᠠᠭᠠᠯᠠᠬᠤ ᠠᠵᠢᠯ ᠤᠨ ᠬᠦᠴᠦᠯᠡᠴᠡ ᠪᠠᠨ | ᠴᠢᠩᠭᠠᠳᠬᠠᠵᠦ᠂ ᠳᠦᠷᠢᠮ ᠳᠣᠭᠳᠠᠭᠠᠯ ᠢ ᠵᠦᠷᠢᠴᠡᠭᠰᠡᠨ ᠠᠵᠢᠯᠯᠠᠭ᠎ᠠ ᠶᠢ ᠬᠤᠯᠪᠣᠭᠳᠠᠯ ᠪᠦᠬᠦᠢ ᠬᠠᠣᠯᠢ ᠳᠣᠭᠳᠠᠭᠠᠯ | ᠶᠣᠰᠣᠭᠠᠷ ᠴᠢᠩᠭ᠎ᠠ ᠰᠢᠳᠬᠡᠵᠦ᠂ ᠳᠠᠷᠢᠶᠠᠯᠠᠩ ᠮᠠᠯ ᠠᠵᠦ ᠠᠬᠤᠢ ᠪᠠ ᠣᠰᠣᠨ ᠤ ᠶᠠᠪᠣᠳᠠᠯ ᠤᠨ ᠰᠠᠯᠠᠭ᠎ᠠ ᠮᠦᠴᠢᠷ | ᠠᠴᠠ ᠠᠮᠢᠳᠠᠨ ᠤ ᠬᠢᠵᠢᠭ ᠢ ᠰᠡᠷᠬᠡᠶᠢᠯᠡᠬᠦ ᠪᠠ ᠮᠠᠯ ᠤᠨ ᠣᠣᠭᠤᠬᠤ ᠣᠰᠣᠨ ᠤ ᠠᠮᠣᠷ ᠳᠦᠪᠰᠢᠨ ᠤ ᠠᠵᠢᠯ ᠢ | ᠰᠠᠶᠢᠳᠣᠷ ᠬᠢᠬᠦ ᠬᠡᠷᠡᠭᠲᠠᠢ᠃ | ᠡᠭᠦᠨ ᠤ ᠳᠣᠯᠠ ᠣᠨᠴᠠᠭᠠᠶᠢᠯᠠᠨ ᠵᠠᠷᠯᠠᠪᠠ ᠃ | | | | | ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ | | | 2019 ᠣᠨ ᠤ 3 ᠰᠠᠷ᠎ᠠ ᠶᠢᠨ 29 ᠤ ᠡᠳᠦᠷ |